ᠤᠷᠠᠳ ᠤᠨ ᠲᠤᠮᠳᠠᠳᠤ ᠬᠤᠰᠢᠭᠤ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠷᠠᠭᠤᠨ ᠭᠡᠰᠡᠭ ᠢᠶᠠᠷ ᠪᠤᠢ᠃ ᠬᠤᠶᠢᠳᠤ ᠪᠡᠶ᠎ᠡ ᠪᠠᠷ ᠢᠶᠠᠨ | ᠮᠤᠩᠭᠤᠯ ᠤᠯᠤᠰ ᠲᠠᠢ ᠵᠠᠬ᠎ᠠ ᠨᠡᠶᠢᠯᠡᠵᠤ᠂ 184 ᠺᠢᠯᠤᠮᠧᠲᠷ ᠤᠨ ᠤᠯᠤᠰ ᠤᠨ ᠬᠢᠯᠢ ᠶᠢᠨ ᠱᠤᠭᠤᠮ ᠲᠠᠢ ᠪᠠᠶᠢᠵᠤ᠂ ᠵᠡᠬᠦᠨ ᠵᠠᠬ᠎ᠠ ᠪᠠᠷ ᠢᠶᠠᠨ ᠪᠤᠭᠤᠳᠤ ᠬᠤᠳᠠ | ᠶᠢᠨ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ᠂ ᠬᠦᠶᠠᠩ ᠰᠢᠶᠠᠨ ᠲᠠᠢ ᠬᠦᠷᠰᠢᠯᠡᠵᠤ᠂ ᠡᠮᠤᠨ᠎ᠡ ᠵᠠᠬ᠎ᠠ ᠪᠠᠷ ᠢᠶᠠᠨ ᠤᠷᠠᠳ ᠤᠨ ᠡᠮᠤᠨᠡᠳᠤ ᠬᠤᠰᠢᠭᠤ᠂ | ᠦᠶᠦᠸᠠᠨ ᠰᠢᠶᠠᠨ᠂ ᠯᠢᠨᠾᠧ ᠲᠤᠭᠤᠷᠢᠭ᠂ ᠬᠠᠩᠬᠢᠨ ᠬᠤᠶᠢᠳᠤ ᠬᠤᠰᠢᠭᠤ ᠲᠠᠢ ᠬᠦᠷᠰᠢᠯᠡᠨ᠂ ᠪᠠᠷᠠᠭᠤᠨ ᠵᠠᠬ᠎ᠠ ᠪᠠᠷ ᠢᠶᠠᠨ ᠤᠷᠠᠳ ᠤᠨ ᠬᠤᠶᠢᠳᠤ ᠬᠤᠰᠢᠭᠤ ᠲᠠᠢ | ᠵᠠᠯᠭᠠᠯᠳᠤᠵᠤ ᠪᠠᠶᠢᠳᠠᠭ᠃ ᠪᠦᠬᠦ ᠬᠤᠰᠢᠭᠤᠨ ᠤ ᠨᠤᠳᠤᠭ ᠲᠡᠪᠢᠰᠭᠡᠷ ᠵᠡᠬᠦᠨᠰᠢ ᠪᠠᠷᠠᠭᠤᠨᠰᠢ ᠤᠷᠳᠤ ᠪᠠᠷ ᠢᠶᠠᠨ 203.8 ᠺᠢᠯᠤᠮᠧᠲᠷ᠂ ᠡᠮᠦᠨ᠎ᠡ ᠤᠮᠠᠷ᠎ᠠ ᠶᠢᠨ | ᠦᠷᠭᠡᠨ ᠨᠢ 148.9 ᠺᠢᠯᠤᠮᠧᠲᠷ᠂ ᠵᠢᠭᠳᠡ ᠪᠤᠰᠤ ᠲᠦᠷᠪᠡᠯᠵᠢᠨ ᠭᠡᠯᠪᠡᠷᠢ ᠲᠠᠢ᠂ ᠶᠡᠷᠦᠩᠭᠡᠢ ᠲᠠᠯᠠᠪᠠᠢ ᠨᠢ 23096 ᠲᠡᠭᠰᠢ ᠲᠦᠷᠪᠡᠯᠵᠢᠨ ᠺᠢᠯᠤᠮᠧᠲᠷ᠃ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠬᠠᠯᠢᠭᠤᠳᠤ ᠪᠠᠯᠭᠠᠰᠤ ᠨᠢ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ | ᠰᠠᠭᠤᠭ᠎ᠠ ᠭᠠᠵᠠᠷ ᠯᠢᠨᠾᠧ ᠲᠤᠭᠤᠷᠢᠭ ᠠᠴᠠ 161 ᠺᠢᠯᠤᠮᠧᠲᠷ ᠤᠨ ᠵᠠᠢ ᠲᠠᠢ᠂ ᠪᠤᠭᠤᠳᠤ ᠬᠤᠳᠠ ᠠᠴᠠ 219 ᠺᠢᠯᠤᠮᠧᠲᠷ ᠵᠠᠢ ᠲᠠᠢ᠂ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠲᠦᠪ ᠬᠦᠭᠡᠬᠤᠳᠠ ᠠᠴᠠ391 ᠺᠢᠯᠤᠮᠧᠲᠷ ᠵᠠᠢ ᠲᠠᠢ᠂ ᠲᠤᠮᠳᠠᠳᠤ ᠤᠯᠤᠰ ᠤᠨ ᠭᠠᠭᠴᠠᠮᠤᠳᠤ ᠪᠤᠭᠤᠮᠳᠠ ᠠᠴᠠ 135 | ᠺᠢᠯᠤᠮᠧᠲᠷ ᠵᠠᠢ ᠲᠠᠢ ᠃ | ᠤᠷᠠᠳ ᠤᠨ ᠲᠤᠮᠳᠠᠳᠤ ᠬᠤᠰᠢᠭᠤ ᠠᠩᠬ᠎ᠠ ᠴᠢᠩ ᠤᠯᠤᠰ ᠤᠨ ᠦᠶ᠎ᠡ ᠶᠢᠨ ᠡᠶᠡᠪᠡᠷ ᠵᠠᠰᠠᠭᠴᠢ ᠶᠢᠨ ᠲᠠᠪᠤᠳᠤᠭᠠᠷ ᠤᠨ ︵1648 ᠤᠨ︶ ᠳᠤ | ᠪᠠᠶᠢᠭᠤᠯᠤᠭᠳᠠᠵᠤ᠂ ᠪᠠᠰᠠ ᠤᠷᠠᠳ ᠤᠨ ᠲᠤᠮᠳᠠᠳᠤ ᠬᠦᠩ ᠤᠨ ᠬᠤᠰᠢᠭᠤ ᠭᠡᠳᠡᠭ᠃ 1952 ᠤᠨ ᠳᠤ᠂ ᠤᠷᠠᠳ ᠤᠨ ᠲᠤᠮᠳᠠᠳᠤ ᠬᠤᠰᠢᠭᠤ ᠪᠤᠯᠤᠨ ᠤᠷᠠᠳ | ᠤᠨ ᠬᠤᠶᠢᠳᠤ ᠬᠤᠰᠢᠭᠤ ᠬᠤᠯᠪᠤᠭᠠᠯᠠᠨ ᠤᠷᠠᠳ ᠤᠨ ᠲᠤᠮᠳᠠᠳᠤ ᠬᠤᠶᠢᠳᠤ ᠬᠤᠯᠪᠤᠭᠠᠳᠤ ᠬᠤᠰᠢᠭᠤ ᠬᠡᠵᠤ ᠨᠡᠷᠡᠶᠢᠳᠪᠡ᠃ 1970 ᠤᠨ ᠳᠤ ᠪᠠᠷᠠᠭᠤᠨ ᠭᠡᠰᠡᠭ | ᠭᠠᠵᠠᠷ ᠢ ᠠᠰ ᠲᠤᠨᠢ ᠴᠤᠭ ᠬᠤᠰᠢᠭᠤ ︵ᠦᠨᠦ ᠶᠢᠨ ᠤᠷᠠᠳ ᠤᠨ ᠬᠤᠶᠢᠳᠤ ᠬᠤᠰᠢᠭᠤ︶ ᠭᠡᠵᠤ ᠪᠠᠶᠢᠭᠤᠯᠤᠭᠠᠳ᠂ 1981 ᠤᠨ ᠳᠤ ᠤᠷᠠᠳ ᠤᠨ ᠲᠤᠮᠳᠠᠳᠤ | ᠬᠤᠰᠢᠭᠤ ᠬᠡᠵᠤ ᠨᠡᠷ᠎ᠡ ᠶᠢ ᠨᠢ ᠬᠠᠯᠠᠪᠠ᠃ ᠤᠷᠠᠳ ᠤᠨ ᠲᠤᠮᠳᠠᠳᠤ ᠬᠤᠰᠢᠭᠤ ᠨᠢ ᠬᠠᠯᠢᠭᠤᠳᠤ᠂ ᠤᠩᠭᠤᠨ᠂ ᠦᠵᠦᠬᠦᠷ ᠭᠤᠤᠯ᠂ ᠲᠠᠯᠠᠭᠤᠯᠠ᠂ ᠰᠢᠬ᠎ᠠ ᠭᠤᠤᠯ᠂ | ᠭᠠᠭᠴᠠᠮᠤᠳᠤ ᠵᠡᠷᠭᠡ 6 ᠪᠠᠯᠭᠠᠰᠤ᠂ ᠬᠤᠯᠤᠰᠤᠳᠠᠢ᠂ ᠴᠤᠩᠵᠢ᠂ ᠪᠠᠶ᠋ᠬᠠᠤᠯᠠᠭᠠᠨ᠂ ᠰᠢᠨᠡᠬᠦ᠋ᠷᠢᠶ᠎ᠡ ᠵᠡᠷᠭᠡ 4 ᠰᠤᠮᠤ ᠵᠢᠴᠢ ᠲᠤᠩᠬᠠᠳᠠᠢ ᠡᠬᠦᠯᠳᠡᠷ ᠤᠨ ᠮᠠᠯ ᠤᠨ | ᠲᠠᠯᠠᠪᠠᠢ᠂ ᠮᠦᠶᠠᠩᠬᠠᠢ ᠮᠠᠯᠵᠢᠯ ᠤᠨ ᠲᠠᠯᠠᠪᠠᠢ ᠲᠠᠢ ᠪᠠᠶᠢᠵᠤ᠂ ᠪᠦᠬᠦ ᠬᠤᠰᠢᠭᠤᠨ ᠤ ᠬᠠᠷᠢᠶᠠᠨ ᠳᠤ᠂ 93 ᠭᠠᠴᠠᠭ᠎ᠠ ᠲᠤᠰᠬᠤᠨ ︵ᠬᠤᠪᠢᠶᠠᠷᠢ ᠲᠠᠯᠠᠪᠠᠢ︶ ᠤ | ᠵᠦᠪᠯᠡᠯ᠂ 6 ᠨᠡᠶᠢᠭᠡᠮ ᠲᠤᠭᠤᠷᠢᠭ᠂ 1 ᠪᠤᠯᠪᠠᠰᠤᠷᠠᠭᠤᠯᠤᠯᠳᠠ ᠶᠢᠨ ᠬᠠᠮᠢᠶᠠᠷᠤᠯᠳᠠ ᠶᠢᠨ ᠵᠦᠪᠯᠡᠯ᠂ 278 ᠪᠠᠶᠢᠭᠠᠯᠢᠯᠢᠭ ᠲᠤᠰᠬᠤᠨ ᠲᠠᠢ᠃ 2017 ᠤᠨ ᠤ ᠵᠢᠯ | ᠤᠨ ᠡᠴᠦᠰ ᠤᠨ ᠲᠤᠭ᠎ᠠ ᠪᠦᠷᠢᠳᠭᠡᠯ ᠢ ᠦᠨᠳᠦᠰᠦᠯᠡᠪᠡᠯ᠂ ᠤᠷᠠᠳ ᠤᠨ ᠲᠤᠮᠳᠠᠳᠤ ᠬᠤᠰᠢᠭᠤᠨ ᠤ ᠶᠡᠷᠦᠩᠭᠡᠢ ᠬᠦᠮᠦᠨ ᠠᠮᠠ 143031᠂ ᠬᠦᠳᠡᠭᠡ ᠲᠤᠰᠬᠤᠨ | ᠤ ᠬᠦᠮᠦᠨ ᠠᠮᠠ 112779᠂ ᠬᠤᠳᠠ ᠪᠠᠯᠭᠠᠰᠤ ᠶᠢᠨ ᠬᠦᠮᠦᠨ ᠠᠮᠠ 30252᠃ ᠤᠷᠠᠳ ᠤᠨ ᠲᠤᠮᠳᠠᠳᠤ ᠬᠤᠰᠢᠭᠤ ᠪᠤᠯ ᠮᠤᠩᠭᠤᠯ ᠦᠨᠳᠦᠰᠦᠳᠡᠨ ᠢᠶᠠᠷ | ᠭᠤᠤᠯ ᠪᠤᠯᠭᠠᠵᠤ᠂ ᠬᠢᠳᠠᠳ ᠦᠨᠳᠦᠰᠦᠳᠡᠨ ᠤᠯᠠᠩᠬᠢ ᠲᠤᠭ᠎ᠠ ᠶᠢ ᠡᠵᠡᠯᠡᠭᠰᠡᠨ ᠦᠨᠳᠦᠰᠦᠳᠡᠨ ᠤ ᠭᠠᠵᠠᠷ ᠤᠷᠤᠨ ᠪᠠᠶᠢᠵᠤ᠂ ᠬᠤᠳᠤᠩ᠂ ᠮᠠᠨᠵᠤ᠂ ᠲᠠᠭᠤᠷ᠂ | ᠲᠦᠪᠡᠳ᠂ ᠰᠤᠯᠤᠩᠭᠤᠰ ᠵᠡᠷᠭᠡ 13 ᠦᠨᠳᠦᠰᠦᠳᠡᠨ ᠬᠤᠯᠢᠯᠳᠤᠨ ᠰᠠᠭᠤᠷᠢᠰᠢᠵᠤ ᠪᠠᠶᠢᠳᠠᠭ᠃ | ᠤᠷᠠᠳ ᠤᠨ ᠲᠤᠮᠳᠠᠳᠤ ᠬᠤᠰᠢᠭᠤ ᠡᠭᠡ ᠬᠠᠭᠤᠷᠠᠢ ᠶᠢᠨ ᠨᠡᠪᠳᠡ ᠲᠤᠳᠤᠭᠠᠳᠤ ᠳᠤ ᠰᠠᠭᠤᠷᠢᠰᠢᠵᠤ᠂ ᠦᠨᠳᠦᠷᠯᠢᠭ ᠤᠨ ᠤᠷᠤᠨ ᠳᠤ ᠪᠠᠶᠢᠵᠤ᠂ ᠨᠤᠳᠤᠭ | ᠲᠡᠪᠢᠰᠭᠡᠷ ᠦᠷᠭᠡᠨ ᠠᠭᠤᠳᠠᠮ᠃ ᠠᠭᠤᠷ ᠠᠮᠢᠰᠬᠤᠯ ᠤᠨ ᠢᠯᠭᠠᠭ᠎ᠠ ᠶᠡᠭᠡ᠂ ᠦᠨᠳᠦᠷᠯᠢᠭ ᠭᠠᠵᠠᠷ ᠤᠨ ᠡᠪᠤᠯ ᠵᠤᠨ ᠤ ᠠᠭᠤᠷ ᠠᠮᠢᠰᠬᠤᠯ ᠢᠯᠡ ᠲᠤᠳᠤ ᠤᠨᠴᠠᠯᠢᠭ | ᠲᠠᠢ ᠂ ᠡᠭᠡ ᠬᠠᠭᠤᠷᠠᠢ ᠶᠢᠨ ᠴᠢᠨᠠᠷᠳᠠᠢ ᠭᠠᠩ ᠬᠠᠭᠤᠷᠠᠢ ᠠᠭᠤᠷ ᠠᠮᠢᠰᠬᠤᠯ ᠤᠨ ᠤᠷᠤᠨ ᠳᠤ ᠬᠠᠷᠢᠶᠠᠯᠠᠭᠳᠠᠨ᠎ᠠ᠃ ᠲᠦᠷᠪᠡᠨ ᠤᠯᠠᠷᠢᠯ ᠲᠤᠳᠤᠷᠬᠠᠢ ᠢᠯᠭᠠᠭᠳᠠᠵᠤ᠂ | ᠵᠤᠨ ᠤᠬᠤᠷ ᠪᠦᠭᠡᠳ ᠪᠦᠭᠴᠢᠮ ᠬᠠᠯᠠᠭᠤᠨ᠂ ᠬᠠᠪᠤᠷ ᠭᠠᠩ ᠬᠠᠭᠤᠷᠠᠢ ᠰᠠᠯᠬᠢ ᠤᠯᠠᠨ᠂ ᠨᠠᠮᠤᠷ ᠲᠤᠯᠠᠭᠠᠨ ᠪᠦᠭᠡᠳ ᠰᠡᠷᠢᠬᠦᠨ᠂ ᠬᠤᠷ᠎ᠠ ᠲᠤᠨᠤᠳᠠᠰᠤ ᠴᠦᠭᠡᠨ᠂ | ᠠᠭᠤᠷᠰᠢᠯᠳᠠ ᠶᠡᠭᠡ᠂ ᠡᠪᠤᠯ ᠤᠷᠳᠤ᠂ 5 ᠰᠠᠷ᠎ᠠ ᠦᠷᠬᠦᠯᠵᠢᠯᠡᠨ ︵11 ᠰᠠᠷ᠎ᠠ — ᠲᠠᠷᠠᠭ᠎ᠠ ᠵᠢᠯ ᠤᠨ 3 ᠰᠠᠷ᠎ᠠ︶᠂ ᠡᠪᠤᠯ ᠬᠠᠪᠤᠷ ᠲᠤ ᠪᠤᠷᠤᠭᠠᠨ ᠴᠠᠰᠤ ᠪᠠᠭ᠎ᠠ᠂ | ᠵᠤᠨ ᠤ ᠪᠤᠷᠤᠭᠠᠨ ᠲᠦᠪᠯᠡᠷᠡᠵᠤ᠂ ᠡᠳᠦᠷ ᠰᠦᠨᠢ ᠶᠢᠨ ᠲᠤᠯᠠᠭᠠᠨ ᠤ ᠵᠦᠷᠢᠶ᠎ᠠ ᠶᠡᠭᠡ ᠵᠡᠷᠭᠡ ᠤᠠᠴᠠᠯᠢᠭ ᠲᠠᠢ᠃ ᠤᠷᠠᠳ ᠤᠨ ᠲᠤᠮᠳᠠᠳᠤ ᠬᠤᠰᠢᠭᠤᠨ ᠤ ᠵᠢᠯ ᠤᠨ | ᠡᠭᠡᠪᠦᠷᠢᠯᠡᠬᠦ ᠴᠠᠭ ᠤᠨ ᠲᠤᠭ᠎ᠠ ᠲᠡᠭᠰᠢᠳᠭᠡᠭᠡᠳ 3096 —3250 ᠴᠠᠭ᠂ ᠨᠠᠷᠠᠨ ᠤ ᠲᠤᠰᠬᠠᠯᠳᠠ ᠶᠢᠨ ᠵᠠᠭᠤᠨ ᠤ ᠬᠤᠪᠢᠳᠠᠯ ᠤᠨ ᠨᠤᠷᠮ᠎ᠠ ᠨᠢ 71% - | 73% ᠪᠠᠶᠢᠳᠠᠭ᠃ ᠨᠠᠷᠠᠨ ᠤ ᠰᠠᠴᠤᠷᠠᠯᠳᠠ ᠨᠢ ᠠᠭᠤᠷ ᠠᠮᠢᠰᠬᠤᠯ ᠤᠨ ᠦᠩᠭᠡᠷᠡᠯᠳᠡ ᠪᠤᠯᠤᠨ ᠲᠠᠷᠢᠮᠠᠯ ᠤᠨ ᠭᠡᠷᠡᠯ ᠤᠨ ᠨᠡᠶᠢᠯᠡᠯᠭᠡ ᠶᠢᠨ ᠦᠢᠯᠡᠳᠦᠯ ᠳᠤ ᠦᠨᠡᠳᠤ | ᠡᠨᠧᠷᠬᠢ ᠶᠢ ᠬᠠᠩᠭᠠᠭᠰᠠᠨ ᠪᠠᠶᠢᠳᠠᠭ᠃ ᠨᠠᠷᠠᠨ ᠤ ᠰᠠᠴᠤᠷᠠᠯᠳᠠ ᠶᠢᠨ ᠶᠡᠷᠦᠩᠬᠡᠢ ᠭᠡᠮᠵᠢᠶ᠎ᠡ ᠶᠢ ᠪᠦᠬᠦ ᠤᠯᠤᠰ ᠤᠨ ᠡᠯ᠎ᠡ ᠭᠠᠵᠠᠷ ᠤᠷᠤᠨ ᠲᠠᠢ ᠬᠠᠷᠢᠴᠠᠭᠤᠯᠪᠠᠯ᠂ | ᠬᠦᠭᠡᠨᠡᠭᠤᠷ ᠲᠦᠪᠡᠳ ᠤᠨ ᠦᠨᠳᠦᠷᠯᠢᠭ ᠪᠤᠯᠤᠨ ᠪᠠᠷᠠᠭᠤᠨ ᠬᠤᠶᠢᠳᠤ ᠤᠷᠤᠨ ᠠᠴᠠ ᠪᠠᠭ᠎ᠠ᠂ ᠪᠤᠰᠤᠳ ᠭᠠᠵᠠᠷ ᠤᠷᠤᠨ ᠠᠴᠠ ᠶᠡᠭᠡ ᠪᠠᠶᠢᠵᠤ᠂ ᠪᠦᠬᠦ ᠤᠯᠤᠰ᠂ | ᠪᠦᠬᠦ ᠤᠷᠤᠨ ᠳᠤ ᠠᠪᠴᠤ ᠭᠡᠯᠡᠪᠡᠯ᠂ ᠭᠡᠷᠡᠯ ᠤᠨ ᠡᠬᠢ ᠰᠤᠷᠪᠤᠯᠵᠢ ᠪᠠᠷ ᠲᠤᠩ ᠪᠠᠶᠠᠯᠢᠭ ᠪᠠᠶᠢᠳᠠᠭ᠃ ᠤᠷᠠᠳ ᠤᠨ ᠲᠤᠮᠳᠠᠳᠤ ᠬᠤᠰᠢᠭᠤᠨ ᠤ ᠰᠠᠯᠬᠢᠨ ᠤ ᠡᠨᠧᠷᠬᠢ | ᠶᠢᠨ ᠡᠬᠢ ᠰᠤᠷᠪᠤᠯᠵᠢ ᠨᠡᠯᠢᠶᠡᠳ ᠪᠠᠶᠠᠯᠢᠭ ᠪᠠᠶᠢᠵᠤ᠂ ᠤᠯᠤᠰ ᠤᠨ ᠲᠤᠳᠤᠷ᠎ᠠ ᠪᠠᠨ ᠠᠪᠴᠤ ᠭᠡᠯᠡᠪᠡᠯ᠂ ᠵᠡᠬᠦᠨ ᠡᠮᠦᠨᠡᠳᠤ ᠶᠢᠨ ᠲᠠᠯᠠᠢ ᠲᠠᠭᠠᠤ ᠤᠷᠤᠨ ᠵᠢᠴᠢ ᠲᠡᠬᠦᠨ | ᠤ ᠠᠷᠠᠯ ᠤᠯᠳᠤᠷᠢᠭ ᠠᠴᠠ ᠪᠠᠭ᠎ᠠ ᠪᠠᠶᠢᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠠᠯᠬᠢᠨ ᠤ ᠡᠨᠧᠷᠬᠢ ᠪᠠᠷ ᠬᠠᠮᠤᠭ ᠰᠠᠶᠢᠨ ᠪᠤᠶᠤ ᠰᠠᠶᠢᠨ | ᠤᠷᠤᠨ ᠶᠤᠮ᠃ ᠪᠦᠬᠦ ᠤᠯᠤᠰ ᠤᠨ ᠰᠠᠯᠬᠢᠨ ᠤ ᠡᠨᠧᠷᠬᠢ ᠶᠢᠨ ᠡᠬᠢ ᠰᠤᠷᠪᠤᠯᠵᠢ ᠶᠢᠨ ᠠᠷᠪᠠᠨ ᠬᠤᠶᠠᠷ ᠬᠤᠪᠢᠨ ᠤ ᠨᠢᠭᠡ ᠶᠢ ᠡᠵᠡᠯᠡᠵᠤ᠂ ᠮᠠᠨ ᠤ ᠤᠷᠤᠨ ᠤ | ᠰᠠᠯᠬᠢᠨ ᠤ ᠡᠨᠧᠷᠬᠢ ᠶᠢᠨ ᠡᠬᠢ ᠰᠤᠷᠪᠤᠯᠵᠢ ᠶᠢᠨ ᠶᠡᠷᠦᠩᠭᠡᠢ ᠭᠡᠮᠵᠢᠶᠠᠨ ᠤ ᠲᠦᠷᠪᠡᠨ ᠤ ᠨᠢᠭᠡ ᠶᠢ ᠡᠵᠡᠯᠡᠵᠤ᠂ ᠤᠨᠤᠯ ᠤᠨ ᠲᠡᠭᠡᠷ᠎ᠡ ᠪᠠᠨ ᠨᠡᠭᠡᠭᠡᠯᠳᠡ ᠬᠢᠵᠤ ᠲᠡᠶᠢᠯᠬᠦ | ᠭᠡᠪᠴᠢᠶ᠎ᠡ ᠨᠢ 3000 ᠲᠦᠮᠡᠨ ᠺᠢᠯᠤᠸᠠᠲ᠃ | ᠤᠷᠠᠳ ᠤᠨ ᠲᠤᠮᠳᠠᠳᠤ ᠬᠤᠰᠢᠭᠤᠨ ᠤ ᠭᠠᠵᠠᠷ ᠰᠢᠨᠵᠢᠯᠡᠭᠡ ᠶᠢᠨ ᠭᠡᠰᠡᠭᠯᠡᠯ ᠳᠤ ᠦᠪᠤᠷ ᠮᠤᠩᠭᠤᠯ ᠤᠨ ᠪᠠᠷᠠᠭᠤᠨ ᠭᠡᠰᠡᠭ ᠤᠨ ᠤᠷᠤᠨ ᠳᠤ ᠬᠠᠷᠢᠶᠠᠯᠠᠭᠳᠠᠵᠤ᠂ | ᠵᠡᠬᠦᠨᠰᠢ ᠪᠠᠷᠠᠭᠤᠨᠰᠢ ᠴᠢᠭᠯᠡᠯ ᠲᠠᠢ ᠲᠤᠭᠳᠠᠴᠠ ᠶᠢᠨ ᠪᠦᠰᠡ ᠶᠢᠨ ᠨᠢᠭᠡ ᠭᠡᠰᠡᠭ ᠨᠢ ᠪᠤᠯᠤᠨ᠎ᠠ᠃ ᠬᠤᠰᠢᠭᠤᠨ ᠤ ᠬᠢᠵᠠᠭᠠᠷ ᠲᠤ ᠨᠢᠭᠡᠨᠳᠡ ᠤᠯᠵᠤ ᠮᠡᠳᠡᠭᠰᠡᠨ | ᠴᠤᠬᠤᠶᠢᠵᠤ ᠭᠠᠷᠤᠭᠰᠠᠨ ᠴᠢᠯᠠᠭᠤᠯᠢᠭ ᠨᠢ ᠶᠡᠭᠡ ᠲᠦᠷᠦᠯ ᠵᠦᠢᠯ ᠢᠶᠠᠷ ᠨᠢ ᠠᠪᠴᠤ ᠭᠡᠯᠡᠪᠡᠯ ᠮᠠᠭᠮᠠ ᠶᠢᠨ ᠴᠢᠯᠠᠭᠤᠯᠢᠭ ᠤᠨ ᠲᠦᠷᠦᠯ ᠵᠦᠢᠯ᠂ ᠲᠤᠨᠤᠮᠠᠯ | ᠴᠢᠯᠠᠭᠤᠯᠢᠭ ᠤᠨ ᠲᠦᠷᠦᠯ ᠵᠦᠢᠯ᠂ ᠬᠤᠪᠢᠷᠠᠮᠠᠯ ᠴᠢᠯᠠᠭᠤᠯᠢᠭ ᠤᠨ ᠲᠦᠷᠦᠯ ᠵᠦᠢᠯ ᠪᠠᠶᠢᠳᠠᠭ᠃ ᠤᠷᠠᠳ ᠤᠨ ᠲᠤᠮᠳᠠᠳᠤ ᠬᠤᠰᠢᠭᠤᠨ ᠤ ᠭᠠᠵᠠᠷ ᠰᠢᠨᠵᠢᠯᠡᠭᠡᠨ ᠤ | ᠪᠦᠳᠦᠴᠠ ᠪᠤᠳᠤᠯᠢᠶᠠᠨᠳᠠᠢ᠂ ᠠᠳᠤᠷᠢᠯ ᠪᠦᠰᠨ᠂ ᠬᠠᠭᠠᠷᠠᠯ ᠪᠦᠰᠡ ᠤᠯᠠᠨ ᠪᠠᠶᠢᠵᠤ᠂ ᠤᠯᠠᠨ ᠵᠦᠢᠯ ᠤᠨ ᠠᠭᠤᠷᠬᠠᠢ ᠶᠢᠨ ᠡᠬᠢ ᠪᠠᠶᠠᠯᠢᠭ ᠲᠠᠢ᠃ ᠨᠢᠭᠡᠨᠳᠡ ᠤᠯᠵᠤ | ᠮᠡᠳᠡᠭᠰᠡᠨ ᠠᠭᠤᠷᠬᠠᠢ ᠶᠢᠨ ᠡᠬᠢ ᠪᠠᠶᠠᠯᠢᠭ ᠳᠤ ᠨᠡᠬᠦᠷᠡᠰᠤ᠂ ᠴᠢᠯᠠᠭᠤᠨ ᠲᠤᠰᠤ᠂ ᠲᠡᠮᠤᠷ᠂ ᠰᠢᠵᠢᠷ ᠠᠯᠳ᠋ᠨ᠂ ᠬᠠᠷ᠎ᠠ ᠲᠤᠭᠤᠯᠭ᠎ᠠ᠂ ᠴᠠᠶᠢᠷ᠂ ᠬᠦᠬᠦᠷᠳᠤ ᠲᠡᠮᠤᠷ᠂ | ᠮᠠᠭᠨᠢ ᠶᠢᠨ ᠷᠤᠮᠪ ᠬᠦᠳᠡᠷ᠂ ᠪᠠᠯ ᠴᠢᠯᠠᠭᠤ᠂ ᠭᠠᠯᠳᠤ ᠠᠭᠤᠯᠠ ᠶᠢᠨ ᠲᠤᠨᠤᠮᠠᠯ ᠴᠢᠯᠠᠭᠤᠯᠢᠭ᠂ ᠲᠠᠭᠡᠳᠤ ᠲᠡᠰ ᠤᠨ ᠴᠢᠯᠠᠭᠤᠨ ᠮᠠᠲ᠋ᠧᠷᠢᠶᠠᠯ᠂ ᠡᠷᠳᠡᠨᠢ ᠶᠢᠨ ᠴᠢᠯᠠᠭᠤᠨ | ᠤ ᠠᠭᠤᠷᠬᠠᠢ ᠵᠡᠷᠭᠡ 76 ᠵᠦᠢᠯ ᠪᠠᠶᠢᠵᠤ᠂ ᠡᠬᠦᠨ ᠳᠤ᠂ ᠵᠤᠬᠢᠬᠤ ᠠᠵᠤ ᠦᠢᠯᠡᠳᠪᠦᠷᠢ ᠶᠢᠨ ᠦᠷᠳᠡᠭ ᠲᠠᠢ ᠨᠢ 56 ᠵᠦᠢᠯ ᠂ ᠨᠡᠭᠡᠭᠡᠨ ᠠᠰᠢᠭᠯᠠᠭᠰᠠᠨ ᠪᠤᠶᠤ | ᠨᠡᠭᠡᠭᠡᠨ ᠠᠰᠢᠭᠯᠠᠬᠤ ᠪᠠᠷ ᠪᠡᠯᠡᠳᠭᠡᠵᠤ ᠪᠠᠶᠢᠭ᠎ᠠ ᠨᠢ 49 ᠵᠦᠢᠯ ᠪᠠᠶᠢᠨ᠎ᠠ᠃ ᠠᠭᠤᠷᠬᠠᠢ ᠶᠢᠨ ᠡᠬᠢ ᠪᠠᠶᠠᠯᠢᠭ ᠤᠨ ᠲᠠᠯᠳᠠ ᠠᠵᠤ ᠠᠬᠤᠢ ᠶᠢᠨ ᠦᠨ᠎ᠡ ᠦᠷᠳᠡᠭ | 636 ᠳ᠋ᠦᠩᠰᠢᠭᠤᠷ ᠲᠦᠬᠦᠷᠢᠭ ᠠᠴᠠ ᠲᠡᠭᠡᠭᠰᠢ ᠪᠠᠶᠢᠨ᠎ᠠ᠃ | ᠤᠷᠠᠳ ᠤᠨ ᠲᠤᠮᠳᠠᠳᠤ ᠬᠤᠰᠢᠭᠤ ᠨᠢ ᠡᠬᠡ ᠤᠯᠤᠰ ᠤᠨ ᠤᠮᠠᠷᠠᠳᠤ ᠬᠢᠯᠢ ᠪᠠᠷ ᠪᠠᠶᠢᠷᠢᠯᠠᠵᠤ᠂ ᠶᠡᠷᠦᠩᠭᠡᠢ ᠭᠠᠵᠠᠷ ᠰᠢᠷᠤᠢ ᠶᠢᠨ ᠲᠠᠯᠠᠪᠠᠢ ᠨᠢ22744 | ᠲᠦᠷᠪᠡᠯᠵᠢᠨ ᠺᠢᠯᠤᠮᠧᠲᠷ ᠪᠠᠶᠢᠵᠤ᠂ ᠪᠦᠬᠦ ᠬᠤᠰᠢᠭᠤᠨ ᠤ ᠬᠦᠮᠦᠨ ᠲᠤᠮᠳᠠᠴᠢ ᠶᠢᠨ ᠭᠠᠵᠠᠷ ᠰᠢᠷᠤᠢ ᠶᠢᠨ ᠲᠠᠯᠠᠪᠠᠢ ᠨᠢ 15.87 ᠾᠧᠺᠲ᠋ᠠᠷ᠂ ᠬᠦᠮᠦᠨ ᠲᠤᠮᠳᠠᠴᠢ | ᠶᠢᠨ ᠲᠠᠷᠢᠶᠠᠨ ᠭᠠᠵᠠᠷ ᠤᠨ ᠲᠠᠯᠠᠪᠠᠢ 0.54 ᠾᠧᠺᠲ᠋ᠠᠷ᠃ ᠤᠷᠠᠳ ᠤᠨ ᠲᠤᠮᠳᠠᠳᠤ ᠬᠤᠰᠢᠭᠤᠨ ᠤ ᠨᠤᠳᠤᠭ ᠪᠡᠯᠴᠢᠭᠡᠷ ᠤᠨ ᠶᠡᠷᠦᠩᠭᠡᠢ ᠲᠠᠯᠠᠪᠡᠢ 3206.88 | ᠲᠦᠮᠡᠨ ᠮᠤ᠋᠂ ᠠᠰᠢᠭᠯᠠᠵᠤ ᠪᠤᠯᠬᠤ ᠪᠡᠯᠴᠢᠭᠡᠷ ᠤᠨ ᠲᠠᠯᠠᠪᠠᠢ 2913.97 ᠲᠦᠮᠡᠨ ᠮᠤ᠋᠃ 1981 ᠤᠨ ᠤ ᠨᠡᠶᠢᠳᠡᠮ ᠪᠠᠶᠢᠴᠠᠭᠠᠯᠳᠠ ᠶᠢ ᠦᠨᠳᠦᠰᠦᠯᠡᠪᠡᠯ᠂ | ᠤᠷᠠᠳ ᠤᠨ ᠲᠤᠮᠳᠠᠳᠤ ᠬᠤᠰᠢᠭᠤᠨ ᠤ ᠪᠠᠶᠢᠭᠠᠯᠢ ᠶᠢᠨ ᠲᠠᠷᠬᠠᠨ ᠭᠠᠵᠠᠷ ᠲᠤ ᠦᠷᠡᠳᠤ ᠤᠷᠭᠤᠮᠠᠯ ᠤᠨ 54 ᠢᠵᠠᠭᠤᠷ᠂ 155 ᠲᠦᠷᠦᠯ᠂ 303 ᠵᠦᠢᠯ ᠪᠠᠶᠢᠵᠤ | ᠂ ᠵᠡᠭᠡᠷᠭᠡᠨ᠎ᠡ᠂ ᠨᠠᠷᠠᠨ ᠨᠤᠭᠤᠭ᠎ᠠ᠂ ᠬᠠᠯᠠᠭᠤᠨ ᠲᠠᠪᠠᠭ᠂ ᠰᠢᠬᠢᠷ ᠡᠪᠡᠰᠤ᠂ ᠬᠠᠳᠠᠭᠠᠰᠤᠨ ᠡᠪᠡᠰᠤ᠂ ᠵᠢᠷᠦᠭᠡᠨ ᠴᠡᠴᠡᠭ᠂ ᠲᠠᠤᠯᠠᠢ ᠶᠢᠨ ᠮᠠᠩᠬᠢᠷ᠂ ᠤᠯᠠᠭᠠᠨ ᠭᠤᠶᠤᠤ ᠂ | ᠪᠠᠭᠪᠠᠭᠠᠢ ᠴᠡᠴᠡᠭ᠂ ᠬᠤᠩᠬᠤ ᠴᠡᠴᠡᠭ ᠵᠡᠷᠭᠡ ᠡᠮ ᠳᠤ ᠤᠷᠤᠵᠤ ᠪᠤᠯᠬᠤ ᠤᠷᠭᠤᠮᠠᠯ 186 ᠵᠦᠢᠯ ᠪᠠᠶᠢᠳᠠᠭ᠃ ᠠᠭᠤᠯᠠ ᠲᠠᠯ᠎ᠠ ᠶᠢᠨ ᠲᠠᠷᠬᠠᠨ ᠰᠠᠶᠢᠬᠠᠨ ᠤᠷᠤᠨ | ᠳᠤᠨᠢ ᠬᠤᠯᠠᠨ᠂ ᠶᠠᠩᠬᠢᠷ᠂ ᠵᠡᠭᠡᠷ᠎ᠡ᠂ ᠠᠷᠠᠭᠠᠯᠢ ᠤᠭᠠᠯᠵᠠ᠂ ᠢᠮᠠᠭᠠᠨ ᠬᠦᠷᠦᠭᠡᠰᠤ᠂ ᠰᠢᠯᠦᠬᠦᠰᠦ᠂ ᠦᠨᠡᠭᠡ᠂ ᠭᠤᠷᠭᠤᠤᠯ᠂ ᠪᠦᠳᠦᠨ᠎ᠡ᠂ ᠭᠡᠭᠡᠷ᠎ᠡ ᠶᠢᠨ ᠨᠤᠭᠤᠰᠤ᠂ | ᠡᠯᠢᠶ᠎ᠡ᠂ ᠪᠦᠷᠬᠦᠳ᠂ ᠦᠷᠪᠢ᠂ ᠤᠭᠤᠯᠢ ᠵᠡᠷᠭᠡ ᠤᠯᠠᠨ ᠵᠦᠢᠯ ᠤᠨ ᠠᠮᠢᠳᠠᠨ ᠵᠢᠬᠦᠷᠳᠡᠨ ᠪᠠᠶᠢᠳᠠᠭ᠃ ᠨᠡᠶᠢᠳᠡᠮ ᠪᠠᠶᠢᠴᠠᠭᠠᠯᠳᠠ ᠪᠠᠷ ᠵᠢᠭᠤᠯᠴᠢᠯᠠᠯ ᠤᠨ ᠡᠬᠢ | ᠰᠤᠷᠪᠤᠯᠵᠢ 36 ᠪᠠᠶᠢᠵᠤ᠂ ᠰᠠᠯᠬᠢᠨ ᠳᠤ ᠢᠳᠡᠭᠳᠡᠭᠰᠡᠨ ᠭᠠᠶᠢᠬᠠᠮᠰᠢᠭᠳᠤ ᠦᠵᠡᠮᠵᠢ ᠶᠢᠨ ᠭᠠᠵᠠᠷ ᠰᠢᠨᠵᠢᠯᠡᠭᠡ ᠶᠢᠨ ᠴᠡᠴᠡᠷᠯᠢᠭ᠂ ᠠᠷᠴᠠ ᠶᠢᠨ ᠠᠭᠤᠯᠠ ᠶᠢᠨ | ᠪᠠᠶᠢᠭᠠᠯᠢ ᠶᠢᠨ ᠲᠠᠷᠬᠠᠨ ᠭᠠᠵᠠᠷ᠂ ᠰᠢᠷᠡᠭᠡ ᠰᠦᠮ᠎ᠡ᠂ ᠴᠡᠭᠡᠯᠢ ᠶᠢᠨ ᠰᠦᠮ᠎ᠡ᠂ ᠮᠤᠨᠠ ᠠᠭᠤᠯᠠ ᠶᠢᠨ ᠬᠠᠳᠠᠨ ᠵᠢᠷᠤᠭ᠂ ᠰᠢᠬ᠎ᠠ ᠭᠤᠤᠯ ᠤᠨ ᠲᠦᠮᠡᠨ ᠮᠤ᠋ ᠶᠢᠨ | ᠰᠢᠯᠢᠮᠳᠡᠭ ᠤᠨ ᠴᠡᠴᠡᠭ ᠤᠨ ᠲᠤᠭᠤᠷᠢᠨ ᠵᠤᠭᠠᠴᠠᠬᠤ ᠰᠠᠭᠤᠷᠢᠨ ᠭᠠᠵᠠᠷ᠂ ᠴᠠᠰᠤᠳᠠᠢ ᠶᠢᠨ ᠬᠠᠪᠴᠢᠯ ᠵᠡᠷᠭᠡ ᠡᠯ᠎ᠡ ᠲᠦᠷᠦᠯ ᠤᠨ ᠦᠵᠡᠮᠵᠢ ᠶᠢᠨ ᠤᠷᠤᠨ ︵ᠴᠡᠭ︶ | 41᠂ ᠡᠬᠦᠨ ᠳᠤ A ᠲᠡᠰ ᠤᠨ ᠦᠵᠡᠮᠵᠢ ᠶᠢᠨ ᠤᠷᠤᠨ 4 ᠪᠠᠶᠢᠵᠤ᠂ ᠲᠠᠯᠠᠭᠤᠯᠠ ᠤᠰᠤᠨ ᠴᠦᠬᠦᠷᠤᠮ ᠪᠤᠯᠤᠨ ᠬᠤᠶᠠᠷᠪᠤᠭᠳᠠ ᠶᠢᠨ ᠤᠰᠤᠨ ᠴᠦᠬᠦᠷᠤᠮ ᠨᠢ | ᠤᠯᠤᠰ ᠤᠨ ᠲᠡᠰ ᠤᠨ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ ᠢᠶᠠᠷ ᠦᠨᠡᠯᠡᠭᠳᠡᠵᠤ᠂ ᠤᠩᠭᠤᠨ ᠲᠠᠯ᠎ᠠ ᠵᠢᠭᠤᠯᠴᠢᠯᠠᠯ ᠤᠨ ᠲᠤᠭᠤᠷᠢᠭ ᠨᠢ ᠤᠯᠤᠰ ᠤᠨ | ᠲᠡᠰ ᠤᠨAAA ᠲᠡᠰ ᠤᠨ ᠦᠵᠡᠮᠵᠢ ᠶᠢᠨ ᠤᠷᠤᠨ ᠶᠤᠮ᠃ | | | | | |