ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ | | —2017 ᠤᠨ ᠤ 12 ᠰᠠᠷ᠎ᠠ ᠶᠢᠨ 7 ᠤ ᠡᠳᠦᠷ ᠤᠨ ᠤᠷᠠᠳ ᠤᠨ ᠲᠤᠮᠳᠠᠳᠤ ᠬᠤᠰᠢᠭᠤᠨ ᠤ ᠠᠷᠪᠠᠨ ᠲᠤᠯᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯᠳᠤᠭᠠᠨ ᠲᠡᠭᠡᠷ᠎ᠡ | | ᠤᠷᠠᠳ ᠤᠨ ᠲᠤᠮᠳᠠᠳᠤ ᠬᠤᠰᠢᠭᠤᠨ ᠤ ᠠᠷᠠᠳ ᠤ ᠵᠠᠰᠠᠭ ᠤᠨ ᠤᠷᠳᠤᠨ ᠤ ᠬᠤᠰᠢᠭᠤ ᠲᠠᠷᠤᠭ᠎ᠠ | ᠶᠠᠨ ᠶᠦᠩ ᠴᠦᠨ | | ᠲᠦᠯᠦᠭᠡᠯᠡᠭᠴᠢᠳ ᠡ ᠄ | ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ | ᠂ ᠡᠬᠦᠨ ᠤ ᠬᠠᠮᠳᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠦᠬᠦᠳ ᠰᠠᠨᠠᠯ ᠢᠶᠠᠨ ᠲᠤᠷᠠᠳᠬᠤ ᠪᠤᠯᠪᠠᠤ᠃ | | ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠬᠦᠯᠦᠯ | ᠦᠩᠭᠡᠷᠡᠭᠰᠡᠨ ᠲᠠᠪᠤᠨ ᠵᠢᠯ ᠪᠤᠯ ᠮᠠᠨ ᠤ ᠬᠤᠰᠢᠭᠤᠨ ᠤ ᠬᠦᠭᠵᠢᠯᠳᠡ ᠶᠢᠨ ᠠᠬᠢᠴᠠ ᠲᠤᠮᠳᠠᠬᠢ ᠲᠦᠢᠯ ᠤᠨ ᠶᠡᠷᠤ ᠪᠤᠰᠤ ᠶᠢᠨ ᠲᠠᠪᠤᠨ ᠵᠢᠯ ᠮᠦᠨ᠃ ᠪᠢᠳᠡ | ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ | ᠲᠤᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠪᠦᠬᠦ | ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠲᠦᠰᠢᠭᠯᠡᠨ᠂ ᠬᠦᠴᠢᠷ ᠪᠡᠷᠭᠡᠰᠢᠶᠠᠯ ᠢ ᠢᠯᠠᠨ ᠲᠠᠪᠠᠵᠤ᠂ ᠵᠠᠮ ᠨᠡᠭᠡᠭᠡᠨ ᠤᠷᠤᠭᠰᠢᠯᠠᠵᠤ᠂ | ᠨᠡᠮᠡᠭᠳᠡᠯ ᠢ ᠲᠤᠭᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠠ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠬᠠᠷᠠᠭᠠᠯᠵᠠᠯ ᠦᠵᠡᠬᠦᠯᠬᠦ᠂ | ᠠᠶᠤᠯ ᠲᠦᠭᠰᠢᠬᠦᠷᠢ ᠶᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠰᠠᠶᠢᠳᠤᠷ ᠬᠢᠵᠤ᠂ ᠲᠤᠰ ᠬᠤᠭᠤᠴᠠᠭᠠᠨ ᠤ ᠵᠠᠰᠠᠭ ᠤᠨ | ᠤᠷᠳᠤᠨ ᠤ ᠡᠯ᠎ᠡ ᠲᠦᠷᠦᠯ ᠤᠨ ᠬᠠᠷᠠᠯᠳᠠ ᠡᠬᠦᠷᠭᠡ ᠶᠢ ᠤᠷᠤᠭᠰᠢᠳᠠᠢ ᠪᠡᠶᠡᠯᠡᠬᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠪᠠᠳᠤ ᠪᠠᠬᠢ | ᠰᠠᠭᠤᠷᠢ ᠶᠢ ᠲᠠᠯᠪᠢᠪᠠ᠃ | ᠲᠠᠪᠤᠨ ᠵᠢᠯ ᠤᠨ ᠲᠤᠷᠰᠢ᠂ ᠪᠢᠳᠡ ᠬᠦᠭᠵᠢᠯᠳᠡ ᠶᠢᠨ ᠴᠢᠬᠤᠯᠠ ᠡᠬᠦᠷᠭᠡ ᠳᠤ ᠰᠡᠳᠬᠢᠯ ᠲᠠᠯᠪᠢᠨ᠂ ᠶᠡᠷᠦᠩᠭᠡᠶᠢᠯᠡᠭᠰᠡᠨ ᠬᠦᠴᠤᠨ ᠰᠢᠨ᠎ᠡ ᠲᠡᠭᠳᠡᠷ ᠲᠤ | ᠲᠠᠪᠰᠢᠪᠠ᠃ | ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ 2012 ᠤᠨ ᠤ 82.98 ᠳ᠋ᠦᠩᠰᠢᠭᠤᠷ ᠲᠦᠬᠦᠷᠢᠭ ᠠᠴᠠ ᠪᠠᠨ | ᠨᠡᠮᠡᠭᠳᠡᠭᠡᠳ 2017 ᠤᠨ ᠤ 106 ᠳ᠋ᠦᠩᠰᠢᠭᠤᠷ ᠲᠦᠬᠦᠷᠢᠭ ᠬᠦᠷᠴᠤ᠂ ᠵᠢᠯ ᠪᠦᠷᠢ ᠲᠤᠮᠳᠠᠴᠢ ᠪᠠᠷ 5.01% ᠨᠡᠮᠡᠭᠳᠡᠪᠡ︔ ᠪᠦᠬᠦ ᠨᠠᠶᠢᠭᠡᠮ ᠤᠨ ᠲᠤᠭᠳᠠᠮᠠᠯ | ᠬᠦᠷᠦᠩᠭᠡ ᠶᠢᠨ ᠪᠡᠯᠡ ᠤᠷᠤᠭᠤᠯᠤᠯᠳᠠ ᠲᠠᠪᠤᠨ ᠵᠢᠯ ᠳᠤ ᠨᠡᠶᠢᠳᠡ 681 ᠳ᠋ᠦᠩᠰᠢᠭᠤᠷ ᠲᠦᠬᠦᠷᠢᠭ ᠢ ᠪᠡᠶᠡᠯᠡᠬᠦᠯᠵᠤ᠂ ᠲᠡᠭᠡᠷ᠎ᠡ ᠨᠢᠭᠡ ᠲᠠᠪᠤᠨ ᠵᠢᠯ ᠤᠨ ᠬᠢ ᠠᠴᠠ | 35.3% ᠪᠠᠷ ᠨᠡᠮᠡᠭᠳᠡᠵᠤ᠂ ᠵᠢᠯ ᠪᠦᠷᠢ ᠲᠤᠮᠳᠠᠴᠢ ᠪᠠᠷ 1.23% ᠨᠡᠮᠡᠭᠳᠡᠪᠡ︔ ᠤᠯᠠᠨ ᠨᠠᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠨᠢ | 2012 ᠤᠨ ᠤ 6.94 ᠳ᠋ᠦᠩᠰᠢᠭᠤᠷ ᠲᠦᠬᠦᠷᠢᠭ ᠠᠴᠠ 2017 ᠤᠨ ᠤ 7.72 ᠳ᠋ᠦᠩᠰᠢᠭᠤᠷ ᠲᠦᠬᠦᠷᠢᠭ ᠬᠦᠷᠴᠤ᠂ ᠵᠢᠯ ᠪᠦᠷᠢ ᠲᠤᠮᠳᠠᠴᠢ ᠪᠠᠷ 2.15 % | ᠨᠡᠮᠡᠭᠳᠡᠪᠡ︔ ᠨᠡᠶᠢᠭᠡᠮ ᠤᠨ ᠭᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠤᠭᠰᠠᠨ ᠶᠡᠷᠦᠩᠬᠡᠢ ᠭᠡᠮᠵᠢᠶ᠎ᠡ 2012 ᠤᠨ ᠤ 10.6 ᠳ᠋ᠦᠩᠰᠢᠭᠤᠷ ᠲᠦᠬᠦᠷᠢᠭ ᠠᠴᠠ | 2017 ᠤᠨ ᠤ 17.6 ᠳ᠋ᠦᠩᠰᠢᠭᠤᠷ ᠲᠦᠬᠦᠷᠢᠭ ᠬᠦᠷᠴᠤ᠂ ᠵᠢᠯ ᠪᠦᠷᠢ ᠲᠤᠮᠳᠠᠴᠢ ᠪᠠᠷ 10.67 % ᠨᠡᠮᠡᠭᠳᠡᠪᠡ︔ ᠬᠤᠳᠠ ᠪᠠᠯᠭᠠᠰᠤ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤᠶᠢᠴᠠ ᠤᠷᠤᠯᠭ᠎ᠠ 2012 ᠤᠨ ᠤ 19246 ᠲᠦᠬᠦᠷᠢᠭ ᠠᠴᠠ 2017 ᠤᠨ ᠤ | 29090 ᠲᠦᠬᠦᠷᠢᠭ ᠭᠦᠷᠴᠤ᠂ ᠵᠢᠯ ᠪᠦᠷᠢ ᠲᠤᠮᠳᠠᠴᠢ ᠪᠠᠷ 8.61% ᠨᠡᠮᠡᠭᠳᠡᠪᠡ︔ ᠮᠠᠯᠵᠢᠬᠤ ᠤᠷᠤᠨ ᠬᠦᠳᠡᠭᠡ ᠲᠤᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤᠶᠢᠴᠠ ᠤᠷᠤᠯᠭ᠎ᠠ 2012 ᠤᠨ ᠤ 9448 ᠲᠦᠬᠦᠷᠢᠭ ᠠᠴᠠ 2017 ᠤᠨ ᠤ 15320 ᠲᠦᠬᠦᠷᠢᠭ | ᠭᠦᠷᠴᠤ᠂ ᠵᠢᠯ ᠪᠦᠷᠢ ᠲᠤᠮᠳᠠᠴᠢ ᠪᠠᠷ10.15 % ᠨᠡᠮᠡᠭᠳᠡᠪᠡ︔ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠳᠠ ᠰᠢᠨ᠎ᠡ ᠭᠡᠪ ᠪᠠᠶᠢᠳᠠᠯ ᠳᠤ ᠤᠷᠤᠭᠰᠠᠨ | ᠵᠡᠷᠭᠡ ᠠᠯᠢ ᠤᠯᠠᠨ ᠬᠦᠨᠵᠡᠭᠡᠢ ᠬᠤᠪᠢᠷᠠᠯᠳᠠ ᠶᠢᠨ ᠡᠮᠤᠨ᠎ᠡ᠂ ᠤᠯᠤᠰ ᠤᠨ GDP ᠶᠢᠨ ᠲᠤᠭᠠᠴᠠᠭ᠎ᠠ ᠶᠢᠨ ᠦᠭᠡᠷᠡᠴᠢᠯᠡᠯᠳᠡ ᠶᠢ ᠨᠠᠶᠢᠳᠠᠪᠤᠷᠢᠵᠢᠭᠤᠯᠵᠤ᠂ ᠲᠤᠭ᠎ᠠ | ᠪᠦᠷᠢᠳᠭᠡᠯ ᠤᠨ ᠪᠠᠷᠢᠮᠵᠢᠶ᠎ᠠ ᠳᠤ ᠲᠤᠬᠢᠷᠠᠭᠤᠯᠤᠯᠳᠠ ᠬᠢᠵᠤ᠂ ᠡᠳ᠋ ᠤᠨ ᠵᠠᠰᠠᠭ ᠤᠨ ᠤᠷᠤᠯᠭ᠎ᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠪᠠᠶᠢᠳᠠᠯ ᠲᠤᠤᠷ᠎ᠠ᠂ ᠡᠬᠢ | ᠰᠤᠷᠪᠤᠯᠵᠢ ᠶᠢᠨ ᠴᠢᠨᠠᠷᠳᠠᠢ ᠤᠯᠠᠮᠵᠢᠯᠠᠯᠳᠤ ᠠᠵᠤ ᠦᠢᠯᠡᠰ ᠤᠨ ᠠᠳᠠᠯᠢᠳᠬᠠᠯ ᠤᠨ ᠲᠠᠪᠠᠭᠤᠯᠢᠭ ᠨᠢ ᠬᠠᠷᠢᠴᠠᠩᠭᠤᠢ ᠪᠠᠷ ᠪᠠᠭᠤᠷᠠᠵᠤ᠂ ᠰᠢᠨ᠎ᠡ ᠠᠵᠤ ᠠᠬᠤᠢ ᠶᠢᠨ | ᠨᠡᠮᠡᠭᠳᠡᠯ ᠴᠡᠭ ᠨᠢ ᠪᠦᠳᠦᠮᠵᠢᠳᠠᠢ ᠲᠤᠯᠭᠠᠭᠤᠷᠢᠯᠠᠯ ᠪᠤᠯᠵᠤ ᠲᠡᠶᠢᠯᠦᠭᠡ ᠪᠠᠶᠢᠭ᠎ᠠ ᠪᠠᠶᠢᠳᠠᠯ ᠲᠤᠤᠷ᠎ᠠ᠂ ᠪᠢᠳᠡ ᠡᠶᠢᠮᠦᠷᠬᠦ ᠬᠢᠷᠢ ᠪᠦᠳᠦᠮᠵᠢ ᠶᠢ ᠤᠯᠤᠭᠰᠠᠨ ᠨᠢ ᠬᠢᠯᠪᠠᠷ | ᠪᠢᠰᠢ ᠶᠤᠮ᠃ | ᠲᠠᠪᠤᠨ ᠵᠢᠯ ᠤᠨ ᠲᠤᠷᠰᠢ᠂ ᠪᠢᠳᠡ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠴᠢᠩᠭ᠎ᠠ ᠠᠳᠬᠤᠵᠤ᠂ ᠭᠡᠯᠪᠡᠷᠢ ᠶᠢ ᠬᠤᠪᠢᠷᠠᠭᠤᠯᠬᠤ ᠭᠦᠭᠵᠢᠯᠳᠠ ᠰᠢᠨ᠎ᠡ | ᠰᠢᠪᠳᠤᠯᠤᠳᠠ ᠶᠢ ᠪᠡᠶᠡᠯᠡᠬᠦᠯᠪᠡ᠃ | ᠪᠤᠯᠪᠠᠰᠤᠷᠠᠭᠤᠯᠤᠯᠳᠠ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ᠂ ᠲᠦᠷᠦᠯ ᠵᠦᠢᠯ ᠤᠨ ᠲᠦᠯᠬᠢᠨ ᠠᠬᠢᠭᠤᠯᠬᠤ᠂ ᠠᠵᠤ ᠦᠢᠯᠡᠰ ᠢ ᠪᠤᠶᠢᠵᠢᠭᠤᠯᠬᠤ | ᠶᠢ ᠲᠤᠪᠤᠶᠢᠯᠭᠠᠨ ᠠᠳᠬᠤᠵᠤ᠂ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠰᠠᠭᠤᠷᠢ ᠨᠢ ᠦᠷᠬᠦᠯᠵᠢᠯᠡᠨ ᠪᠠᠳᠤᠵᠢᠵᠤ᠂ ᠲᠠᠷᠢᠮᠠᠯ ᠤᠨ ᠶᠡᠷᠦᠩᠭᠡᠢ ᠲᠠᠯᠠᠪᠡᠢ | ᠶᠢ 130 ᠲᠦᠮᠡᠨ ᠮᠤ᠋ ᠠᠴᠠ ᠲᠡᠭᠡᠭᠰᠢ ᠪᠠᠶᠢᠬᠤ ᠲᠡᠭᠡᠷ᠎ᠡ ᠲᠤᠭᠳᠠᠪᠤᠷᠢᠵᠢᠭᠤᠯᠵᠤ᠂ ᠠᠮᠤ ᠪᠤᠳᠠᠭᠠᠨ ᠤ ᠶᠡᠷᠦᠩᠭᠡᠢ ᠤᠨᠠᠯᠲᠠ ᠶᠢ 6.5 ᠳ᠋ᠦᠩᠰᠢᠭᠤᠷ ᠵᠢᠩ ᠠᠴᠠ | ᠲᠡᠭᠡᠭᠰᠢ ᠪᠠᠶᠢᠬᠤ ᠲᠡᠭᠡᠷ᠎ᠡ ᠲᠤᠭᠳᠠᠪᠤᠷᠢᠵᠢᠭᠤᠯᠵᠤ᠂ ᠲᠦᠬᠦᠭᠡᠷᠦᠮᠵᠢᠳᠤ ᠲᠠᠷᠢᠶᠠᠯᠠᠩ ᠤᠨ ᠬᠦᠭᠵᠢᠯᠳᠡ ᠶᠢᠨ ᠭᠡᠪᠴᠢᠶ᠎ᠠ ᠨᠢ 1.2 ᠲᠦᠮᠡᠨ ᠮᠤ᠋ ᠬᠦᠷᠪᠡ︔ ᠮᠧᠩ | ᠶᠠᠩ ᠮᠠᠯᠵᠢᠯ᠂ ᠼᠣᠣ ᠶᠤᠸᠠᠨ ᠾᠧᠩ ᠲᠦᠩ ᠵᠡᠷᠭᠡ ᠨᠢᠭᠡ ᠪᠦᠯᠦᠭ ︽ᠮᠠᠯ ᠠᠵᠤ ᠠᠬᠤᠢ ᠲᠠᠷᠢᠶᠠᠯᠠᠩ︾ ᠤᠨ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ | ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠶᠢ ᠲᠡᠮᠵᠢᠵᠤ᠂ ᠮᠠᠯ ᠠᠵᠤ ᠠᠬᠤᠢ ᠲᠠᠷᠢᠶᠠᠯᠠᠩ ᠤᠨ ᠶᠡᠷᠦᠩᠭᠡᠢ ᠦᠢᠯᠡᠳᠪᠦᠷᠢᠯᠠᠯ ᠤᠨ ᠦᠷᠳᠡᠭ 23.3 ᠳ᠋ᠦᠩᠰᠢᠭᠤᠷ | ᠲᠦᠬᠦᠷᠢᠭ ᠲᠤ ᠬᠦᠷᠴᠤ᠂ ᠤᠷᠠᠳ ᠢᠳᠡᠰᠢᠨ ᠤ ᠬᠤᠨᠢ ︵ᠢᠮᠠᠭ᠎ᠠ︶᠂ ᠭᠤᠤ ᠲᠠ ᠯᠢᠶᠠᠩ ᠤᠷᠭᠠᠨᠢᠭ ᠢᠳᠡᠭᠡᠨ ᠵᠡᠷᠭᠡ ᠨᠢᠭᠡ ᠪᠦᠯᠦᠭ ᠨᠡᠷᠡᠳᠤ ᠲᠡᠮᠳᠡᠭ ᠢ | ᠡᠭᠦᠳᠪᠡ᠃ ᠨᠡᠬᠦᠷᠡᠰᠤ ᠬᠢᠮᠢ ᠶᠢᠨ ᠠᠵᠤ ᠦᠢᠯᠡᠳᠪᠤᠷᠢ᠂ ᠦᠩᠭᠡᠳᠤ ᠲᠡᠮᠦᠷᠯᠢᠭ ᠤᠨ ᠠᠵᠤ ᠦᠢᠯᠡᠰ ᠢᠶᠠᠷ ᠲᠤᠯᠤᠭᠠᠶᠢᠯᠠᠭᠴᠢ ᠪᠤᠯᠭᠠᠨ᠂ ᠬᠢᠯᠢ ᠶᠢᠨ ᠭᠠᠳᠠᠨᠠᠬᠢ | ᠡᠬᠢ ᠰᠤᠷᠪᠤᠯᠵᠢ ᠶᠢ ᠰᠢᠯᠵᠢᠬᠦᠯᠦᠨ ᠠᠰᠢᠭᠯᠠᠬᠤ ᠪᠠᠷ ᠭᠤᠤᠯᠳᠠᠯᠭ᠎ᠠ ᠪᠤᠯᠭᠠᠭᠰᠠᠨ᠂ ᠠᠵᠤ ᠦᠢᠯᠡᠳᠪᠤᠷᠢ ᠶᠢᠨ ᠭᠤᠤᠯ ᠤᠳᠤᠷᠢᠳᠦᠮᠵᠢ ᠶᠢᠨ ᠦᠢᠯᠡᠳᠦᠯ ᠨᠢ ᠡᠳᠦᠷ | ᠢᠷᠡᠬᠦᠶ᠎ᠡ ᠲᠤᠪᠤᠶᠢᠵᠤ᠂ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠨᠢ 38 ᠡᠷᠦᠬᠡ ᠳᠤ ᠬᠦᠷᠴᠤ᠂ ᠮᠢᠩᠭᠠᠨ ᠲᠦᠮᠡᠨ | ᠲᠦᠬᠦᠷᠢᠭ ᠠᠴᠠ ᠲᠡᠭᠡᠭᠰᠢᠬᠢ ᠠᠵᠤ ᠦᠢᠯᠡᠳᠪᠤᠷᠢ ᠶᠢᠨ ᠲᠦᠷᠦᠯ ᠵᠦᠢᠯ 223 ᠲᠦᠷᠦᠯ ᠢ ᠭᠡᠷᠡᠭᠵᠢᠬᠦᠯᠵᠤ᠂ ᠠᠵᠤ ᠦᠢᠯᠡᠰ ᠤᠯᠠᠨ ᠡᠰᠢᠵᠢᠭᠰᠡᠨ᠂ | ᠴᠤᠭᠯᠠᠷᠠᠭᠰᠠᠨ᠂ ᠲᠦᠪᠯᠡᠷᠡᠭᠰᠡᠨ ᠭᠦᠭᠵᠢᠯᠳᠡ ᠠᠩᠬ᠎ᠠ ᠠᠯᠬᠤᠮ ᠪᠦᠷᠢᠯᠳᠦᠵᠤ᠂ ᠰᠢᠵᠢᠷ ᠠᠯᠳᠠᠨ ᠤ ᠭᠠᠷᠤᠯᠳᠠ ᠪᠦᠬᠦ ᠤᠯᠤᠰ ᠤᠨ ᠠᠷᠪᠠᠨ ᠬᠦᠴᠦᠷᠭᠡᠭ ᠰᠢᠶᠠᠨ ᠤ | ᠡᠩᠨᠡᠭᠡᠨ ᠳᠤ ᠦᠷᠬᠦᠯᠵᠢᠯᠡᠨ ᠤᠷᠤᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠯᠬᠢᠨ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠨᠢ 200 | ᠲᠦᠮᠡᠨ ᠺᠢᠯᠦᠸᠠᠲ ᠬᠦᠷᠴᠤ᠂ ᠬᠡᠷᠡᠯ ᠤᠨ ᠡᠨᠧᠷᠬᠢ ᠶᠢᠨ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠨᠢ 26 ᠲᠦᠮᠡᠨ ᠺᠢᠯᠤᠸᠠᠲ ᠬᠦᠷᠴᠦ᠂ ᠨᠡᠶᠢᠳᠡ 235 | ᠳ᠋ᠦᠩᠰᠢᠭᠤᠷ ᠭᠷᠠᠳᠦ᠋ᠰ ᠤᠨ ᠴᠠᠬᠢᠯᠭᠠᠨ ᠭᠠᠷᠭᠠᠵᠤ᠂ ᠪᠦᠬᠦ ᠬᠤᠳᠠ ᠶᠢᠨ ᠰᠢᠨ᠎ᠡ ᠡᠨᠧᠷᠬᠢ ᠶᠢᠨ ᠠᠵᠤ ᠦᠢᠯᠡᠰ ᠤᠨ ᠲᠡᠷᠢᠬᠦᠨ ᠳᠤ ᠤᠷᠤᠪᠠ᠃ ᠰᠤᠶᠤᠯ ᠤᠨ | ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠳᠡ ᠶᠢᠨ ᠪᠠᠶᠢᠳᠠᠯ ᠰᠢᠯᠢᠳᠡᠭ ᠰᠠᠶᠢᠨ ᠪᠠᠶᠢᠵᠤ᠂ ᠱᠥᠸᠧ ᠼᠠᠢ ᠴᠢᠯᠠᠭᠤᠨ ᠰᠡᠶᠢᠯᠦᠮᠡᠯ᠂ ᠢᠦᠢ ᡁᠢ ᠶᠤᠸᠠᠨ | ᠴᠢᠯᠠᠭᠤᠨ ᠵᠢᠷᠤᠭ᠂ ᠬᠤᠨ ᠭᠠᠯᠠᠭᠤ ᠰᠤᠶᠤᠯ ᠤᠷᠠᠯᠢᠭ ᠤᠨ ᠪᠦᠯᠬᠦᠮ ᠵᠡᠷᠭᠡ ᠨᠢᠭᠡ ᠪᠦᠯᠦᠭ ᠪᠠᠭ᠎ᠠ ᠵᠢᠵᠢᠭ ᠰᠤᠶᠤᠯ ᠤᠨ ᠠᠵᠤ ᠠᠬᠤᠶᠢᠯᠠᠯ ᠶᠢ ᠢᠳᠡᠪᠬᠢᠳᠠᠢ ᠪᠠᠷ | ᠪᠤᠶᠢᠵᠢᠭᠤᠯᠵᠤ᠂ ᠵᠢᠭᠤᠯᠴᠢᠯᠠᠯ ᠤᠨ ᠡᠬᠢ ᠰᠤᠷᠪᠤᠯᠵᠢ 36 ᠶᠢ ᠨᠡᠶᠢᠳᠡᠮ ᠪᠠᠶᠢᠴᠠᠭᠠᠵᠤ᠂ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠶᠡᠷᠦᠩᠬᠡᠢ ᠡᠵᠡᠩᠨᠡᠯᠳᠡ | ᠶᠢᠨ ᠤᠷᠤᠯᠭ᠎ᠠ ᠨᠢ ᠶᠡᠭᠡᠪᠡᠷ ᠲᠡᠭᠡᠭᠰᠢᠯᠡᠪᠡ᠃ ᠬᠤᠨ ᠭᠠᠯᠠᠭᠤ ᠰᠤᠶᠤᠯ ᠤᠷᠠᠯᠢᠭ ᠤᠨ ᠨᠠᠶᠢᠷ᠂ ᠲᠤᠮᠳᠠᠳᠤ ᠮᠤᠩᠭᠤᠯ ᠤᠨ ᠤᠯᠠᠨ ᠤᠯᠤᠰ ᠤᠨ ᠨᠠᠭᠠᠳᠤᠮ ᠵᠡᠷᠭᠡ | ᠰᠢᠯᠢᠳᠡᠭ ᠵᠢᠭᠤᠯᠴᠢᠯᠠᠯ ᠤᠨ ᠪᠦᠳᠦᠭᠡᠭᠳᠡᠬᠦᠨ ᠠᠯᠬᠤᠮ ᠠᠯᠬᠤᠮ ᠢᠶᠠᠷ ᠪᠦᠷᠢᠯᠳᠦᠵᠤ᠂ ᠬᠢᠯᠢ ᠠᠯᠤᠰᠯᠠᠭᠰᠠᠨ ᠵᠢᠭᠤᠯᠴᠢᠯᠠᠯ᠂ ᠲᠤᠤᠷ᠎ᠠ ᠠᠭᠠᠷ ᠢᠶᠠᠷ ᠦᠵᠡᠮᠵᠢ | ᠰᠤᠨᠢᠷᠬᠠᠬᠤ ᠨᠢᠰᠬᠡᠯ ᠢᠶᠠᠷ ᠠᠶᠠᠯᠠᠬᠤ ᠵᠢᠭᠤᠯᠴᠢᠯᠠᠯ᠂ ᠬᠦᠳᠡᠭᠡ ᠲᠤᠰᠬᠤᠨ ᠤ ᠵᠢᠭᠤᠯᠴᠢᠯᠠᠯ ᠪᠤᠯᠤᠨ ᠦᠪᠡᠷ ᠢᠶᠠᠨ ᠲᠡᠷᠭᠡ ᠵᠢᠯᠤᠭᠤᠳᠤᠨ ᠵᠢᠭᠤᠯᠴᠢᠯᠠᠬᠤ ᠵᠡᠷᠭᠡ | ᠰᠢᠨ᠎ᠡ ᠭᠡᠯᠪᠡᠷᠢ ᠶᠢᠨ ᠵᠢᠭᠤᠯᠴᠢᠯᠠᠯ ᠤᠨ ᠪᠠᠶᠢᠷᠢᠰᠢᠯ ᠠᠩᠬ᠎ᠠ ᠠᠯᠬᠤᠮ ᠪᠦᠷᠢᠯᠳᠤᠪᠡ᠃ ᠲᠡᠯᠠᠭᠤᠯᠠ ᠴᠦᠬᠦᠷᠤᠮ ᠪᠤᠯᠤᠨ ᠪᠤᠭᠳᠠ ᠶᠢᠨ ᠠᠭᠤᠯᠠ ᠶᠢᠨ ᠴᠦᠬᠦᠷᠦᠮ ᠨᠢ | ᠤᠯᠤᠰ ᠤᠨ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ ᠢᠶᠠᠷ ᠦᠨᠡᠯᠡᠭᠳᠡᠵᠤ᠂ ᠤᠩᠭᠤᠨ ᠲᠠᠯ᠎ᠠ ᠵᠢᠭᠤᠯᠴᠢᠯᠠᠯ ᠤᠨ ᠲᠤᠭᠤᠷᠢᠭ ᠨᠢ ᠤᠯᠤᠰ ᠤᠨ ᠲᠡᠰ ᠤᠨ | 3A ᠦᠵᠡᠮᠵᠢ ᠶᠢᠨ ᠲᠤᠭᠤᠷᠢᠭ ᠢᠶᠠᠷ ᠲᠡᠰ ᠲᠠᠪᠰᠢᠵᠤ᠂ ᠦᠵᠡᠮᠵᠢ ᠶᠢᠨ ᠲᠤᠭᠤᠷᠢᠭ ᠤᠨ ᠡᠬᠦᠳᠦᠨ ᠪᠠᠶᠢᠭᠤᠯᠤᠯᠳᠠ ᠶᠢᠨ ᠲᠡᠤᠭᠡᠨ ᠴᠢᠨᠠᠷᠳᠤ ᠰᠢᠪᠳᠤᠯᠤᠯᠳᠠ ᠶᠢ | ᠪᠡᠶᠡᠯᠡᠬᠦᠯᠪᠡ᠃ ᠮᠦᠩᠬᠦᠨ ᠬᠦᠢᠯᠭᠡᠭᠡᠨ ᠤ ᠡᠷᠬᠢᠯᠳᠡ ᠨᠢ ᠶᠡᠷᠦᠩᠭᠡᠢ ᠳᠡᠭᠡᠨ ᠲᠤᠭᠳᠠᠭᠤᠨ ᠪᠠᠶᠢᠵᠤ᠂ ᠮᠦᠩᠬᠦᠨ ᠬᠦᠢᠯᠭᠡᠭᠡᠨ ᠤ ᠪᠠᠶᠢᠭᠤᠯᠤᠮᠵᠢ 12 ᠡᠷᠦᠭᠡ ᠳᠤ | ᠬᠦᠷᠴᠤ᠂ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠤᠷᠢ ᠲᠤᠭ᠎ᠠ ᠲᠤᠰᠪᠤᠷᠢ 66.3 ᠳ᠋ᠦᠩᠰᠢᠭᠤᠷ ᠲᠦᠬᠦᠷᠢᠭ ᠪᠤᠯᠤᠨ 48.6 ᠳ᠋ᠦᠩᠰᠢᠭᠤᠷ ᠲᠦᠬᠦᠷᠢᠭ ᠬᠦᠷᠪᠡ᠃ | ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠨᠢ ᠡᠵᠡᠩᠨᠡᠯᠳᠡ ᠳᠤ ᠤᠷᠤᠵᠤ᠂ ᠦᠪᠡᠷᠳᠡᠭᠡᠨ ᠵᠠᠰᠠᠬᠤ ᠤᠷᠤᠨ ᠤ ᠲᠡᠰ ᠤᠨ ᠭᠤᠷᠪᠠᠳᠤᠭᠠᠷ | ᠪᠦᠯᠦᠭ ᠤᠯᠠᠨ ᠢᠶᠠᠷ ᠢᠶᠠᠨ ᠦᠢᠯᠡᠰ ᠪᠦᠳᠦᠭᠡᠬᠦ ᠤᠷᠤᠨ ᠵᠠᠢ ᠶᠢᠨ ᠲᠤᠷᠰᠢᠯᠳᠠ ᠶᠢᠨ ᠴᠡᠭ ᠢᠶᠠᠷ ᠦᠨᠡᠯᠡᠭᠳᠡᠵᠤ᠂ ᠡᠵᠡᠩᠨᠡᠯᠳᠡ ᠶᠢᠨ ᠲᠤᠭ᠎ᠠ 6100 ᠲᠦᠮᠡᠨ | ᠲᠦᠬᠦᠷᠢᠭ ᠢ ᠪᠡᠶᠡᠯᠡᠬᠦᠯᠪᠡ᠃ ᠠᠷᠠᠯᠵᠢᠶ᠎ᠡ ᠬᠤᠳᠠᠯᠳᠤᠭᠠᠨ ᠤ ᠡᠳ᠋ ᠪᠠᠷᠠᠭᠠᠨ ᠤ ᠬᠦᠢᠯᠭᠡᠭᠡ᠂ ᠡᠷᠡᠬᠦᠯ ᠮᠡᠨᠳᠤ ᠨᠠᠰᠤᠵᠢᠯ ᠤᠨ ᠠᠰᠠᠷᠠᠮᠵᠢ᠂ ᠴᠠᠬᠢᠯᠭᠠᠨ ᠬᠤᠯᠪᠤᠭ᠎ᠠ | ᠲᠤᠤᠷ ᠰᠦᠯᠵᠢᠶ᠎ᠠ ᠵᠡᠷᠭᠡ ᠤᠳᠤ ᠴᠠᠭ ᠤᠨ ᠦᠢᠯᠡᠴᠢᠯᠡᠭᠡᠨ ᠤ ᠦᠢᠯᠡᠰ ᠲᠦᠷᠭᠡᠨ ᠢᠶᠠᠷ ᠭᠦᠭᠵᠢᠪᠡ ᠃ | ᠲᠠᠪᠤᠨ ᠵᠢᠯ ᠤᠨ ᠲᠤᠷᠰᠢ᠂ ᠪᠢᠳᠡ ᠨᠢᠭᠡᠳᠦᠯᠳᠠᠢ ᠲᠦᠯᠦᠪᠵᠢᠬᠦᠯᠤᠨ ᠵᠤᠬᠢᠴᠠᠭᠤᠯᠬᠤ ᠶᠢ ᠶᠡᠭᠡᠰᠭᠡᠵᠤ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ | ᠰᠢᠨ᠎ᠡ ᠲᠦᠷᠢ ᠲᠦᠷᠬᠦ ᠲᠠᠢ ᠪᠤᠯᠪᠠ᠃ | ᠬᠤᠳᠠ ᠬᠦᠳᠡᠭᠡ ᠶᠢᠨ ᠲᠦᠯᠤᠪᠵᠢᠬᠦᠯᠭᠡ ᠪᠦᠳᠦᠭᠡᠨ ᠪᠠᠶᠢᠭᠤᠯᠤᠯᠳᠠ ᠶᠢᠨ ᠰᠢᠰᠲ᠋ᠧᠮ ᠤᠯᠠᠮ ᠲᠡᠬᠦᠯᠳᠡᠷᠵᠢᠵᠤ᠂ ᠬᠠᠯᠢᠭᠤᠳᠤ ᠶᠢᠨ ᠬᠤᠳᠠ ᠶᠢᠨ | ᠲᠤᠭᠤᠷᠢᠭ ᠤᠨ ᠪᠠᠶᠢᠭᠤᠯᠤᠯᠳᠠ ᠶᠢᠨ ᠲᠠᠯᠠᠪᠠᠢ ᠨᠢ 10.1 ᠲᠡᠭᠰᠢ ᠲᠦᠷᠪᠡᠯᠵᠢᠨ ᠺᠢᠯᠤᠮᠧᠲᠷ ᠲᠤ ᠬᠦᠷᠴᠤ᠂ ᠰᠠᠭᠤᠭᠠᠯᠢ ᠠᠷᠠᠳ ᠤᠨ ᠬᠤᠳᠠ ᠪᠠᠯᠭᠠᠰᠤᠵᠢᠭᠰᠠᠨ | ᠨᠤᠷᠮ᠎ᠠ ᠨᠢ 52% ᠲᠤ ᠬᠦᠷᠪᠡ᠃ ᠭᠡᠷ ᠪᠠᠶᠢᠰᠢᠩ ᠤᠨ ᠭᠠᠵᠠᠷ ᠰᠢᠷᠤᠢ ᠶᠢᠨ ᠨᠡᠭᠡᠭᠡᠯᠳᠡ 108.91 ᠲᠦᠮᠡᠨ ᠲᠡᠭᠰᠢ ᠲᠦᠷᠪᠡᠯᠵᠢᠨ ᠮᠧᠲᠷ᠂ ᠲᠦᠬᠦᠮ | ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠯᠳᠡ᠂ ᠨᠡᠶᠢᠳᠡ ᠶᠢᠨ ᠲᠦᠷᠢᠶᠡᠰᠤᠨ ᠭᠡᠷ ᠵᠡᠷᠭᠡ ᠡᠯ᠎ᠡ ᠲᠦᠷᠦᠯ ᠤᠨ ᠪᠠᠳᠤᠯᠠᠭ᠎ᠠ ᠶᠢᠨ ᠴᠢᠨᠠᠷᠳᠠᠢ | ᠤᠷᠤᠨ ᠰᠠᠭᠤᠴᠠ ᠶᠢ 10678 ᠢᠵᠢ᠂ 79.2 ᠲᠦᠮᠡᠨ ᠲᠡᠭᠰᠢ ᠲᠦᠷᠪᠡᠯᠵᠢᠨ ᠮᠧᠲᠷ ᠭᠡᠷᠡᠭᠵᠢᠬᠦᠯᠵᠤ᠂ ᠬᠠᠭᠤᠴᠢᠨ ᠪᠠᠭ᠎ᠠ ᠲᠤᠭᠤᠷᠢᠭ ᠤᠨ ᠡᠨᠧᠷᠭᠢ | ᠠᠷᠪᠢᠯᠠᠬᠤ ᠦᠭᠡᠷᠡᠴᠢᠯᠡᠯᠳᠡ 20 ᠲᠦᠮᠡᠨ ᠲᠡᠭᠰᠢ ᠲᠦᠷᠪᠡᠯᠵᠢᠨ ᠮᠧᠲᠷ ᠢ ᠪᠠᠶᠡᠯᠡᠬᠦᠯᠵᠤ᠂ ᠬᠢᠯᠢ ᠶᠢᠨ ᠪᠤᠭᠤᠮᠳᠠ᠂ ᠬᠠᠯᠢᠭᠤᠳᠤ ᠶᠢᠨ ᠬᠤᠳᠠ ᠶᠢᠨ ᠲᠤᠭᠤᠷᠢᠭ᠂ | ᠠᠵᠤ ᠦᠢᠯᠡᠳᠪᠤᠷᠢ ᠶᠢᠨ ᠪᠤᠯᠪᠠᠰᠤᠷᠠᠭᠤᠯᠤᠯᠳᠠ ᠶᠢᠨ ᠲᠤᠭᠤᠷᠢᠭ ᠤᠨ ᠴᠡᠪᠡᠷᠰᠢᠬᠦᠯᠦᠭᠰᠡᠨ ᠤᠰᠤ ᠶᠢ ᠲᠡᠬᠢᠨ ᠠᠰᠢᠭᠯᠠᠬᠤ ᠢᠨᠵᠧᠨᠧᠷᠢᠩ ᠢ ᠪᠡᠶᠡᠯᠡᠬᠦᠯᠵᠤ᠂ ᠬᠤᠳᠠ | ᠪᠠᠯᠭᠠᠰᠤ ᠶᠢᠨ ᠪᠤᠬᠢᠷ ᠤᠰᠤ ᠶᠢ ᠦᠴᠦᠭᠡᠨ ᠴᠤ ᠭᠠᠳᠠᠭᠰᠢᠯᠠᠭᠤᠯᠬᠤ ᠦᠭᠡᠢ ᠪᠡᠶᠢᠬᠤ ᠶᠢ ᠪᠡᠶᠡᠯᠡᠬᠦᠯᠪᠡ᠃ ᠰᠢᠨ᠎ᠡ ᠪᠠᠷ ᠴᠡᠴᠡᠷᠯᠢᠭᠵᠢᠬᠦᠯᠤᠯᠳᠠ ᠨᠤᠭᠤᠭᠠᠷᠠᠭᠤᠯᠤᠯᠳᠠ | ᠶᠢᠨ ᠲᠠᠯᠠᠪᠠᠢ 264 ᠲᠦᠮᠡᠨ ᠲᠡᠭᠰᠢ ᠲᠦᠷᠪᠡᠯᠵᠢᠨ ᠮᠧᠲᠷ᠂ ᠬᠤᠳᠠ ᠪᠠᠯᠭᠠᠰᠤ ᠶᠢᠨ ᠴᠢᠨᠠᠷ ᠴᠢᠨᠰᠠᠭ᠎ᠠ ᠲᠠᠰᠤᠷᠠᠯᠳᠠ ᠦᠬᠡᠢ ᠲᠡᠭᠡᠭᠰᠢᠯᠡᠪᠠ᠃ ︽ᠲᠠᠪᠤᠨ | ᠪᠠᠷᠢᠮᠵᠢᠶᠠᠳᠤ ᠬᠤᠳᠠ ᠶᠢ ᠬᠠᠮᠳᠤ ᠳᠤᠨᠢ ᠴᠤᠭᠴᠠᠯᠠᠨ ᠪᠠᠶᠢᠭᠤᠯᠬᠤ︾ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠤᠰ ᠤᠨ ᠲᠡᠰ ᠤᠨ ᠡᠷᠡᠬᠦᠯ ᠬᠠᠮᠠᠭᠠᠯᠠᠯ | ᠤᠨ ᠰᠢᠶᠠᠨ ᠤ ᠬᠤᠳᠠ ᠪᠤᠯᠤᠨ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠬᠤᠰᠢᠭᠤ ᠰᠢᠶᠠᠨ ᠤ ᠬᠤᠳᠠ᠂ ᠴᠡᠴᠡᠷᠯᠢᠭᠵᠢᠬᠦᠯᠤᠯᠳᠠ ᠶᠢᠨ ᠰᠢᠶᠠᠨ ᠤ | ᠬᠤᠳᠠ᠂ ᠠᠮᠢ ᠠᠬᠤᠢ ᠤᠷᠤᠰᠢᠨ ᠠᠮᠢᠳᠤᠷᠠᠬᠤ ᠳᠤ ᠲᠤᠬᠢᠯᠢᠭ ᠰᠢᠶᠠᠨ ᠤ ᠬᠤᠳᠠ ᠶᠢ ᠠᠮᠵᠢᠯᠳᠠᠳᠠᠢ ᠪᠠᠷ ᠴᠤᠭᠴᠠᠯᠠᠨ ᠪᠠᠶᠢᠭᠤᠯᠵᠤ᠂ ᠭᠤᠷᠪᠠᠳᠤᠭᠠᠷ ᠪᠦᠯᠦᠭ | ᠤᠯᠤᠰ ᠤᠨ ᠲᠡᠰ ᠤᠨ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠶᠡᠷᠦᠩᠭᠡᠶᠢᠯᠡᠭᠰᠡᠨ ᠲᠤᠷᠰᠢᠯᠳᠠ ᠶᠢᠨ ᠴᠡᠭ ᠤᠨ ᠭᠠᠵᠠᠷ ᠤᠷᠤᠨ ᠳᠤ ᠵᠢᠭᠰᠠᠭᠠᠭᠳᠠᠵᠤ᠂ | ᠬᠠᠯᠢᠭᠤᠳᠤ ᠪᠠᠯᠭᠠᠰᠤ ᠨᠢ ᠤᠯᠤᠰ ᠤᠨ ᠲᠡᠰ ᠤᠨ ᠭᠤᠤᠯᠳᠠᠯᠭ᠎ᠠ ᠲᠠᠢ ᠪᠠᠯᠭᠠᠰᠤᠨ ᠳᠤ ᠵᠢᠭᠰᠠᠭᠠᠭᠳᠠᠵᠤ᠂ ᠭᠠᠭᠴᠠᠮᠤᠳᠤ ᠪᠠᠯᠭᠠᠰᠤ ᠨᠢ ᠪᠦᠬᠦ ᠤᠯᠤᠰ ᠤᠨ ᠵᠠᠭᠤᠨ | ᠤᠨᠴᠠᠯᠢᠭᠳᠤ ᠵᠢᠵᠢᠭ ᠪᠠᠯᠭᠠᠰᠤ ᠶᠢᠨ ᠭᠠᠷᠴᠠᠭ ᠲᠤ ᠰᠤᠩᠭᠤᠭᠳᠠᠪᠠ᠃ ᠦᠵᠦᠬᠦᠷ ᠭᠤᠤᠯ ᠪᠠᠯᠭᠠᠰᠤ ᠨᠢ ︽ᠪᠦᠬᠦ ᠤᠯᠤᠰ ᠤᠨ ᠪᠤᠯᠪᠠᠰᠤᠨ ᠪᠠᠯᠭᠠᠰᠤ︾ ᠶᠢᠨ | ᠢᠷᠠᠭᠤ ᠠᠯᠳᠠᠷ ᠢ ᠬᠦᠷᠳᠡᠵᠤ᠂ ᠴᠤᠩᠵᠢ ᠰᠤᠮᠤ᠂ ᠲᠠᠯ ᠠᠭᠤᠯᠠ ᠪᠠᠯᠭᠠᠰᠤ ᠵᠡᠷᠭᠡ 5 ᠰᠤᠮᠤ ᠪᠠᠯᠭᠠᠰᠤ ᠨᠢ ︽ᠦᠪᠡᠷᠳᠡᠭᠡᠨ ᠵᠠᠰᠠᠬᠤ ᠤᠷᠤᠨ ᠤ ᠲᠡᠰ ᠤᠨ | ᠪᠤᠯᠪᠠᠰᠤᠨ ᠰᠤᠮᠤ ᠪᠠᠯᠭᠠᠰᠤ︾ ᠪᠠᠷ ᠦᠨᠡᠯᠡᠭᠳᠡᠪᠡ᠃ ᠨᠡᠶᠢᠳᠡ 28.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠦᠵᠡᠰᠬᠦᠯᠡᠩᠳᠤ ᠬᠦᠳᠡᠭᠡ ᠲᠤᠰᠬᠤᠨ | ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠦᠨᠳᠦᠷ ᠪᠠᠷᠢᠮᠵᠢᠶ᠎ᠠ ᠦᠨᠳᠤᠷ ᠴᠢᠨᠠᠷ ᠴᠢᠨᠰᠠᠭ᠎ᠠ ᠪᠠᠷ 578 ᠭᠠᠴᠠᠭ᠎ᠠ ᠲᠤᠰᠬᠤᠨ ᠲᠤᠭᠤᠶᠢᠯᠠᠩ ᠪᠤᠯᠤᠨ | ᠲᠠᠷᠬᠠᠢ ᠪᠤᠳᠠᠷᠬᠠᠢ ᠰᠠᠭᠤᠷᠢᠰᠢᠵᠤ ᠪᠠᠶᠢᠭ᠎ᠠ ᠮᠠᠯᠴᠢᠨ ᠡᠷᠦᠭᠡ ᠳᠤ ︽ᠠᠷᠪᠠ ᠶᠢ ᠪᠦᠷᠬᠦᠬᠦᠯᠬᠦ︾ ᠪᠦᠳᠦᠭᠡᠨ ᠪᠠᠶᠢᠭᠤᠯᠤᠯᠳᠠ ᠶᠢᠨ ᠡᠬᠦᠷᠭᠡ ᠶᠢ ᠪᠠᠶᠡᠯᠡᠬᠦᠯᠵᠤ᠂ | ᠨᠤᠷᠠᠬᠤ ᠠᠶᠤᠯᠳᠠᠢ ᠭᠡᠷ ᠪᠠᠶᠢᠰᠢᠩ 11279 ᠡᠷᠦᠭᠡ ᠶᠢ ᠪᠡᠶᠡᠯᠡᠬᠦᠯᠵᠤ᠂ 8457 ᠬᠦᠮᠦᠨ ᠤ ᠠᠮᠤᠷ ᠲᠦᠪᠰᠢᠨ ᠤᠤᠭᠤᠬᠤ ᠤᠰᠤᠨ ᠤ ᠠᠰᠠᠭᠤᠳᠠᠯ ᠢ | ᠰᠢᠢᠳᠪᠤᠷᠢᠯᠡᠵᠤ᠂ ᠵᠡᠬᠡᠯᠢ ᠭᠤᠳᠤᠮᠵᠢ ᠶᠢᠨ ᠬᠠᠳᠠᠭᠤᠷᠠᠭᠤᠯᠤᠯᠳᠠ 783 ᠺᠢᠯᠤᠮᠧᠲᠷ ᠤᠨ ᠭᠡᠷᠡᠭᠵᠢᠬᠦᠯᠵᠤ᠂ ᠰᠠᠯᠬᠢ ᠭᠡᠷᠡᠯ ᠬᠠᠷᠢᠯᠴᠠᠨ ᠨᠦᠬᠦᠪᠦᠷᠢᠯᠡᠬᠦ ᠲᠤᠨᠤᠭ | ᠲᠦᠬᠦᠭᠡᠷᠦᠮᠵᠢ 4089 ᠢᠵᠢ ᠶᠢ ᠤᠭᠰᠠᠷᠠᠨ᠂ ᠲᠠᠷᠢᠶᠠᠯᠠᠬᠤ ᠤᠷᠤᠨ ᠤ ᠴᠠᠬᠢᠯᠭᠠᠨ ᠲᠤᠤᠷ ᠤᠨ ᠦᠭᠡᠷᠡᠴᠢᠯᠡᠯᠳᠡ ᠶᠢᠨ ᠢᠨᠵᠧᠨᠧᠷᠢᠩ 818 ᠺᠢᠯᠤᠮᠧᠲᠷ ᠢ | ᠭᠡᠷᠡᠭᠵᠢᠬᠦᠯᠵᠤ᠂ 219 ᠴᠠᠬᠢᠯᠭᠠᠨ ᠬᠦᠴᠦᠳᠡᠯ ᠦᠭᠡᠷᠡᠴᠢᠯᠡᠭᠴᠢ ᠶᠢ ᠤᠭᠰᠠᠷᠠᠨ᠂ ᠰᠢᠨ᠎ᠡ ᠪᠠᠷ 4 ᠰᠤᠷᠭᠠᠭᠤᠯᠢ᠂ 7 ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ | ᠦᠷᠳᠡᠭᠡ ᠶᠢ ᠪᠠᠶᠢᠭᠤᠯᠵᠤ᠂ 93 ᠰᠤᠶᠤᠯ ᠤᠨ ᠲᠠᠰᠤᠭ ᠤᠨ ᠪᠠᠭᠠᠵᠢ ᠭᠡᠷᠡᠭᠰᠡᠯ ᠢ ᠢᠵᠢ ᠪᠦᠷᠢᠳᠤᠬᠦᠯᠵᠤ᠂ ᠠᠷᠠᠳ ᠲᠤ ᠲᠦᠬᠦᠮ ᠬᠤᠯᠪᠤᠭᠠᠯᠠᠭᠰᠠᠨ ᠴᠢᠯᠦᠭᠡᠳᠤ | ᠲᠠᠯᠬᠡᠭᠦᠷ 186᠂ ᠪᠠᠷᠠᠭ᠎ᠠ ᠬᠦᠷᠬᠡᠬᠦ ᠲᠦᠪ 1 ᠶᠢ ᠰᠢᠨ᠎ᠡ ᠪᠠᠷ ᠪᠠᠶᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠲᠠᠭᠠᠳᠬᠠᠯ ᠪᠤᠯᠤᠨ ᠦᠨᠳᠦᠷ ᠨᠠᠰᠤᠵᠢᠯ ᠤᠨ ᠨᠡᠮᠡᠬᠦᠷᠢ ᠮᠦᠩᠬᠦ ᠶᠢᠨ ᠪᠠᠳᠤᠯᠠᠬᠤ ᠶᠤᠰᠤᠳᠠᠢ ᠬᠦᠮᠦᠨ ᠪᠦᠬᠦᠳᠡ ᠶᠢ ᠪᠠᠳᠤᠯᠠᠬᠤ ᠶᠢ ᠪᠡᠶᠡᠯᠡᠬᠦᠯᠪᠡ᠃ ᠪᠠᠶᠠᠠᠭᠤᠤᠯ᠂ | ᠡᠤ ᠵᠧᠨ᠂ ᠪᠠᠶᠠᠨᠴᠠᠭᠠᠨ ᠵᠡᠷᠭᠡ ᠨᠢᠭᠡ ᠪᠦᠯᠦᠭ ᠵᠢᠱᠢᠶ᠎ᠡ ᠦᠵᠡᠬᠦᠯᠬᠦ ᠭᠠᠴᠠᠭ᠎ᠠ ᠲᠤᠰᠬᠤᠨ ᠢ ᠪᠠᠶᠢᠭᠤᠯᠵᠤ᠂ ᠪᠠᠶᠠᠠᠭᠤᠤᠯ ᠭᠠᠴᠠᠭ᠎ᠠ ᠦᠪᠡᠷᠳᠡᠭᠡᠨ ᠵᠠᠰᠠᠬᠤ ᠤᠷᠤᠨ | ᠤ ᠲᠡᠰ ᠤᠨ ︽ᠦᠵᠡᠰᠬᠦᠯᠡᠩᠳᠤ ᠬᠦᠳᠡᠭᠡ ᠲᠤᠰᠬᠤᠨ︾ ᠢᠶᠠᠷ ᠦᠨᠡᠯᠡᠭᠳᠡᠵᠤ᠂ ᠯᠢᠶᠠᠨᠹᠧᠩ ᠹᠧᠨᠳ᠋ᠸᠤ ᠲᠤᠰᠬᠤᠨ ︽ᠪᠦᠬᠦ ᠤᠯᠤᠰ ᠤᠨ ᠪᠤᠯᠪᠠᠰᠤᠨ ᠲᠤᠰᠬᠤᠨ︾ | ᠤ ᠢᠷᠠᠭᠤ ᠠᠯᠳᠠᠷ ᠢ ᠬᠦᠷᠳᠡᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠲᠦᠷᠢ ᠲᠦᠷᠬᠦ ᠶᠡᠭᠡᠪᠡᠷ ᠰᠢᠨᠡᠴᠢᠯᠡᠭᠳᠡᠵᠤ᠂ ᠬᠦᠳᠡᠭᠡ ᠲᠤᠰᠬᠤᠨ ᠢ | ᠬᠦᠴᠦᠷᠭᠡᠭᠵᠢᠬᠦᠯᠬᠦ ᠶᠢ ᠪᠠᠶᠡᠯᠡᠬᠦᠯᠬᠦ ᠳᠤ ᠪᠠᠳᠤ ᠪᠠᠬᠢ ᠰᠠᠭᠤᠷᠢ ᠶᠢ ᠲᠠᠯᠪᠢᠭᠰᠨ ᠪᠠᠶᠢᠨ᠎ᠠ᠃ ᠵᠠᠮ ᠬᠠᠷᠢᠯᠴᠠᠭ᠎ᠠ᠂ ᠤᠰᠳ ᠠᠰᠢᠭᠯᠠᠯᠳᠠ᠂ ᠴᠠᠬᠢᠯᠭᠠᠨ ᠬᠦᠴᠦᠨ | ᠵᠡᠷᠭᠡ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠤᠳᠠ ᠲᠠᠰᠤᠷᠠᠯᠳᠠ ᠦᠭᠡᠢ ᠲᠡᠬᠦᠯᠳᠡᠷᠵᠢᠵᠤ᠂ 2852 ᠺᠢᠯᠤᠮᠧᠲᠷ ᠤᠨ ᠵᠠᠰᠠᠮᠠᠯ ᠵᠠᠮ ᠤᠨ ᠪᠦᠳᠦᠭᠡᠨ | ᠪᠠᠶᠢᠭᠤᠯᠤᠯᠳᠠ ᠶᠢ ᠪᠡᠶᠡᠯᠡᠬᠦᠯᠵᠤ᠂ ᠪᠠᠶᠢᠭᠤᠯᠤᠮᠵᠢᠳᠤ ᠲᠤᠰᠬᠤᠨ ᠪᠦᠬᠦᠨ ᠳᠤ ᠵᠠᠰᠠᠮᠠᠯ ᠵᠠᠮ ᠵᠠᠰᠠᠨ᠂ ︽ᠭᠤᠷᠪᠠᠨ ᠬᠦᠨᠳᠡᠯᠡᠨ ᠲᠠᠪᠤᠨ ᠭᠤᠤᠯᠳᠤ︾ ᠵᠠᠰᠠᠮᠠᠯ ᠵᠠᠮ | ᠤᠨ ᠪᠤᠷᠤ ᠲᠦᠯᠦᠪ ᠠᠩᠬ᠎ᠠ ᠠᠯᠬᠤᠮ ᠪᠦᠷᠢᠯᠳᠦᠵᠤ᠂ ᠭᠠᠭᠴᠠᠮᠤᠳᠤ ᠠᠴᠠ ᠸᠠᠨ ᠱᠦᠢ ᠴᠢᠤᠸᠠᠨ ᠬᠦᠷᠬᠦ᠂ ᠰᠢ ᠰᠢᠶᠤᠤ ᠵᠤᠤ ᠠᠴᠠ ᠶᠢᠨ ᠴᠢᠤᠸᠠᠨ ᠬᠦᠷᠬᠦ ᠲᠡᠮᠤᠷ | ᠵᠠᠮ ᠲᠤᠭᠳᠠᠭᠤᠨ ᠢᠶᠠᠷ ᠭᠡᠷᠡᠭᠯᠡᠯᠳᠡ ᠳᠤ ᠠᠰᠢᠭᠯᠠᠭᠳᠠᠵᠤ᠂ ᠨᠡᠶᠢᠳᠡᠮ ᠤᠨ ᠨᠢᠰᠭᠡᠯ ᠤᠨ ᠪᠠᠭᠤᠳᠠᠯ ᠠᠶᠠᠯᠠᠯ ᠨᠡᠪᠳᠡᠷᠡᠵᠤ᠂ ᠵᠠᠰᠠᠮᠠᠯ ᠵᠠᠮ᠂ ᠲᠠᠮᠤᠷ ᠵᠠᠮ᠂ ᠠᠭᠠᠷ ᠤᠨ | ᠠᠶᠠᠯᠠᠯ ᠢ ᠪᠠᠭᠳᠠᠭᠠᠭᠰᠠᠨ ᠪᠠᠶᠡᠳᠤ ᠴᠤᠭᠴᠠᠵᠢᠭᠰᠨ ᠵᠠᠮ ᠬᠠᠷᠢᠯᠴᠠᠭᠠᠨ ᠤ ᠰᠢᠨ᠎ᠡ ᠪᠠᠶᠢᠳᠠᠯ ᠢ ᠪᠦᠷᠢᠯᠳᠦᠬᠦᠯᠪᠡ᠃ ᠦᠶᠡᠷ ᠢ ᠰᠡᠷᠬᠡᠶᠢᠯᠡᠬᠦ᠂ ᠤᠰᠤ | ᠭᠠᠳᠠᠭᠰᠢᠯᠠᠭᠤᠯᠬᠤ ᠦᠭᠡᠷᠡᠴᠢᠯᠡᠯᠳᠡ᠂ ᠤᠰᠤ ᠠᠷᠪᠢᠯᠠᠬᠤ ᠤᠰᠤᠯᠠᠯᠳᠠ ᠵᠡᠷᠭᠡ 36 ᠴᠢᠬᠤᠯᠠ ᠤᠰᠤᠨ ᠠᠰᠢᠭᠯᠠᠯᠳᠠ ᠶᠢᠨ ᠢᠨᠵᠧᠨᠧᠷᠢᠩ ᠢ ᠭᠡᠷᠡᠭᠵᠢᠬᠦᠯᠵᠤ᠂ ᠤᠰᠤ | ᠠᠷᠪᠢᠯᠠᠬᠤ ᠤᠰᠤᠯᠠᠯᠳᠠ ᠶᠢᠨ ᠲᠡᠯᠠᠪᠠᠢ ᠰᠢᠨ᠎ᠡ ᠪᠠᠷ 29.5 ᠲᠦᠮᠡᠨ ᠮᠤ᠋ ᠨᠡᠮᠡᠭᠳᠡᠵᠤ᠂ ᠦᠨᠳᠦᠷ ᠪᠠᠷᠢᠮᠵᠢᠶᠠᠳᠤ ᠲᠠᠷᠢᠶᠠᠨ ᠭᠠᠵᠠᠷ 57 ᠲᠦᠮᠡᠨ ᠮᠤ᠋ ᠶᠢ ᠪᠠᠶᠢᠭᠤᠯᠪᠠ | ᠃ ᠴᠠᠬᠢᠯᠭᠠᠨ ᠬᠦᠴᠦᠳᠡᠯ ᠦᠭᠡᠷᠡᠴᠢᠯᠠᠬᠦ ᠦᠷᠳᠡᠭᠡ 8 ᠶᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠵᠠᠮ ᠱᠤᠭᠤᠮ ᠤᠨ ᠢᠨᠵᠧᠨᠧᠷᠢᠩ 1820 ᠺᠢᠯᠦᠮᠧᠲᠷ ᠢ | ᠭᠡᠷᠡᠭᠵᠢᠬᠦᠯᠦᠨ᠂ ᠪᠦᠬᠦ ᠬᠤᠰᠢᠭᠤᠨ ᠳᠤ ᠰᠢᠨ᠎ᠡ ᠪᠠᠷ ᠬᠦᠴᠦᠳᠡᠯ ᠦᠭᠡᠷᠡᠴᠢᠯᠡᠬᠦ ᠪᠠᠭᠳᠠᠭᠠᠮᠵᠢ 94.5 ᠲᠦᠮᠡᠨ ᠺᠢᠯᠤᠸᠤᠯᠲ ᠠᠮᠫᠧᠷ ᠨᠡᠮᠡᠭᠳᠡᠪᠡ᠃ ᠭᠠᠵᠠᠷ | ᠲᠡᠭᠡᠷᠡᠬᠢ ᠲᠤᠭᠠᠴᠠᠯᠠᠭᠰᠠᠨ ᠲᠠᠭᠠᠭᠤᠯᠢ ᠤᠳᠤᠨ ᠤ ᠰᠠᠴᠤᠷᠠᠭᠤᠯᠭ᠎ᠠ ᠶᠢᠨ ᠦᠷᠳᠡᠭᠡ 10 ᠶᠢ ᠪᠠᠶᠢᠭᠤᠯᠵᠤ᠂ ᠲᠧᠯᠸᠢᠰ ᠫᠷᠦᠭᠷᠡᠮ ᠢ ᠡᠷᠦᠭᠡ ᠪᠦᠷᠢ ᠳᠤ ᠨᠡᠪᠳᠡᠷᠡᠬᠦᠯᠬᠦ | ᠲᠦᠬᠦᠭᠡᠷᠤᠮᠵᠢ 3.45 ᠲᠦᠮᠡᠨ ᠢᠵᠢ ᠶᠢ ᠤᠭᠰᠠᠷᠠᠵᠤ᠂ ᠲᠤᠭᠠᠨ ᠤ ᠲᠤᠬᠢᠶ᠎ᠠ ᠶᠢ ᠪᠦᠬᠦᠨ ᠢ ᠪᠦᠷᠬᠦᠬᠦᠯᠪᠡ᠃ ᠨᠤᠳᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠦᠷᠤ ᠶᠢᠨ ᠪᠤᠳᠤᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠬᠤᠰᠢᠭᠤᠨ ᠤ ᠲᠤᠰ ᠱᠠᠳᠤᠨ ᠤ ᠡᠳ᠋ ᠤᠨ ᠵᠠᠰᠠᠭ ᠠᠴᠠ | 8445 ᠲᠦᠮᠡᠨ ᠲᠦᠬᠦᠷᠢᠭ ᠢ ᠤᠷᠤᠭᠤᠯᠵᠤ᠂ ᠪᠡᠯᠴᠢᠭᠡᠷ ᠮᠠᠯ ᠤᠨ ᠲᠠᠩᠴᠡᠬᠦᠷᠢᠳᠠᠢ ᠪᠠᠶᠢᠯᠭᠠᠬᠤ ᠪᠤᠯᠤᠨ ᠪᠡᠯᠴᠢᠭᠡᠷᠯᠡᠬᠦᠯᠬᠦ ᠶᠢ ᠵᠤᠭᠰᠤᠭᠠᠬᠤ ᠨᠦᠬᠦᠪᠤᠷᠢ ᠱᠠᠩᠨᠠᠯ | ᠤᠨ ᠵᠦᠷᠢᠶᠡᠨᠳᠤ ᠲᠤᠭ᠎ᠠ ᠶᠢ ᠨᠦᠬᠦᠪᠦᠷᠢᠯᠡᠨ ᠬᠦᠢᠴᠡᠳᠭᠡᠵᠤ᠂ ᠠᠰᠢᠭ ᠬᠦᠷᠳᠡᠭᠰᠡᠨ ᠮᠠᠯᠴᠢᠳ 6101ᠡᠷᠦᠭᠡ ᠬᠦᠷᠴᠤ᠂ ᠠᠮᠢ ᠠᠬᠤᠢ ᠶᠢᠨ ᠤᠷᠴᠢᠨ | ᠲᠤᠭᠤᠷᠢᠨ ᠪᠤᠯᠤᠨ ᠨᠤᠳᠤᠭ ᠪᠠᠯᠴᠢᠭᠡᠷ ᠤᠨ ᠠᠮᠢ ᠠᠬᠤᠢ ᠶᠡᠷᠦᠩᠬᠡᠢ ᠳᠡᠭᠡᠨ ᠰᠠᠶᠢᠵᠢᠷᠠᠪᠠ᠃ ᠪᠠᠶᠢᠭᠠᠯᠢᠯᠢᠭ ᠤᠢ ᠰᠢᠭᠤᠢ ᠶᠢᠨ ᠬᠠᠮᠠᠭᠠᠯᠠᠯᠳᠠ᠂ ᠬᠠᠭᠠᠯᠪᠤᠷᠢᠯᠠᠬᠤ ᠶᠢ | ᠵᠤᠭᠰᠤᠭᠠᠵᠤ ᠤᠶᠢᠵᠢᠭᠤᠯᠬᠤ᠂ ᠭᠤᠤᠯᠳᠠᠯᠭ᠎ᠠ ᠲᠠᠢ ᠤᠷᠤᠨ ᠲᠤᠭᠤᠷᠢᠭ ᠤᠨ ᠨᠤᠭᠤᠭᠠᠷᠠᠭᠤᠯᠤᠯᠳᠠ ᠵᠡᠷᠭᠡ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ | ᠢᠨᠵᠧᠨᠧᠷᠢᠩ 50 ᠲᠦᠮᠡᠨ ᠮᠤ᠋ ᠶᠢ ᠬᠦᠨᠵᠡᠭᠡᠶᠢᠷᠡᠬᠦᠯᠦᠨ ᠭᠡᠷᠡᠭᠵᠢᠬᠦᠯᠪᠡ᠃ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠶᠢᠨ ᠠᠵᠢᠯ ᠢ ᠢᠳᠡᠪᠬᠢᠳᠠᠢ ᠪᠠᠷ | ᠶᠠᠪᠤᠭᠳᠠᠭᠤᠯᠵᠤ᠂ ᠨᠢᠭᠡ ᠪᠦᠯᠦᠭ ᠤᠷᠴᠢᠨ ᠲᠤᠭᠤᠷᠢᠨ ᠤ ᠬᠠᠮᠠᠭᠠᠯᠠᠯᠳᠠ ᠳᠤ ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠪᠦᠳᠦᠮᠵᠢᠳᠠᠢ ᠰᠢᠢᠳᠪᠤᠷᠢᠯᠡᠵᠤ᠂ | ᠠᠮᠢ ᠠᠬᠤᠢ ᠶᠢᠨ ᠬᠠᠮᠠᠭᠠᠯᠠᠯᠳᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠪᠡ᠃ | ᠲᠠᠪᠤᠨ ᠵᠢᠯ ᠤᠨ ᠲᠤᠷᠰᠢ᠂ ᠪᠢᠳᠡ ᠦᠭᠡᠷᠡᠴᠢᠯᠡᠯᠳᠡ ᠬᠢᠵᠤ ᠰᠢᠨ᠎ᠡ ᠶᠢ ᠡᠬᠦᠳᠬᠦ ᠶᠢ ᠪᠠᠷᠢᠮᠳᠠᠯᠠᠵᠤ᠂ ᠨᠡᠭᠡᠭᠡᠯᠳᠡ ᠪᠠᠷ ᠲᠠᠶᠢᠴᠢᠯᠠᠨ ᠲᠠᠭᠠᠭᠤᠯᠬᠤ ᠨᠢ ᠰᠢᠨ᠎ᠡ | ᠪᠠᠶᠢᠳᠠᠯ ᠢ ᠤᠭᠳᠤᠨ ᠠᠪᠴᠢᠷᠠᠪᠠ᠃ | ︽ᠵᠠᠰᠠᠭ ᠢ ᠴᠤᠮᠬᠠᠳᠬᠠᠵᠤ ᠡᠷᠭᠡ ᠶᠢ ᠲᠠᠯᠪᠢᠬᠤ ᠡᠷᠭᠡ ᠶᠢ ᠲᠠᠯᠪᠢᠵᠤ ᠬᠠᠮᠢᠶᠠᠷᠬᠤ ᠶᠢ ᠤᠶᠠᠯᠳᠤᠭᠤᠯᠬᠤ ᠦᠢᠯᠡᠴᠢᠯᠡᠭᠡ ᠶᠢ ᠰᠢᠯᠢᠳᠡᠭᠵᠢᠬᠦᠯᠬᠦ︾ | ᠦᠭᠡᠷᠡᠴᠢᠯᠡᠯᠳᠡ ᠶᠢ ᠲᠠᠰᠤᠷᠠᠯᠳᠠ ᠦᠭᠡᠢ ᠬᠦᠨᠵᠡᠭᠡᠶᠢᠷᠡᠬᠦᠯᠵᠤ᠂ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠪᠤᠯᠤᠨ ᠡᠷᠭᠡ ᠬᠠᠷᠢᠭᠤᠴᠠᠯᠭ᠎ᠠ ᠶᠢᠨ | ᠨᠠᠷᠢᠨ ᠲᠠᠩᠰᠠᠨ ᠤ ᠲᠦᠷᠢᠮ ᠢ ᠪᠠᠶᠢᠭᠤᠯᠪᠠ᠃ ᠬᠤᠳᠠᠯᠳᠤᠭᠠᠨ ᠤ ᠭᠡᠷᠡᠭ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠵᠠᠬ᠎ᠠ ᠲᠠᠯᠭᠡᠬᠦᠷ ᠤᠨ ᠭᠤᠤᠯ ᠴᠤᠭᠴᠠᠳᠤ ᠡᠷᠦᠭᠡ 7703 ᠡᠷᠦᠬᠡ ᠶᠢ ᠰᠢᠨ᠎ᠡ ᠪᠠᠷ ᠨᠡᠮᠡᠭᠳᠡᠬᠦᠯᠪᠡ᠃ ᠶᠡᠷᠤᠩᠭᠡᠶᠢᠯᠡᠭᠰᠡᠨ ᠵᠠᠰᠠᠭ ᠵᠠᠭᠢᠷᠭᠠᠨ ᠤ ᠬᠠᠤᠯᠢ | ᠬᠡᠷᠡᠭᠵᠢᠬᠦᠯᠬᠦ ᠦᠭᠡᠷᠡᠴᠢᠯᠡᠯᠲᠡ ᠶᠢ ᠲᠤᠭᠲᠠᠭᠤᠨ ᠢᠶᠠᠷ ᠲᠦᠯᠬᠢᠨ ᠠᠬᠢᠭᠤᠯᠵᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ᠂ ᠠᠮᠢ ᠠᠬᠤᠢ᠂ ᠨᠡᠶᠢᠭᠡᠮ ᠵᠡᠷᠭᠡ ᠬᠦᠷᠢᠶ᠎ᠠ | ᠴᠠᠷᠠᠭᠠᠨ ᠤ ᠦᠭᠡᠷᠡᠴᠢᠯᠡᠯᠳᠡ 208 ᠲᠦᠷᠦᠯ ᠢ ᠶᠠᠪᠤᠭᠳᠠᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠦᠢᠯ 8᠂ ᠵᠠᠰᠠᠭ ᠵᠠᠬᠢᠷᠭᠠᠨ ᠤ | ᠰᠦᠢᠳᠭᠡᠯ ᠬᠤᠷᠢᠶᠠᠬᠤ ᠲᠦᠷᠦᠯ ᠵᠦᠢᠯ 10 ᠶᠢ ᠦᠭᠡᠶᠢᠰᠬᠡᠪᠡ ᠃ ᠬᠦᠳᠡᠭᠡ ᠲᠤᠰᠬᠤᠨ ᠮᠠᠯᠵᠢᠬᠤ ᠤᠷᠤᠨ ᠤ ᠡᠳ᠋ ᠬᠦᠷᠦᠩᠭᠡ ᠶᠢᠨ ᠡᠷᠭᠡ ᠶᠢᠨ ᠦᠭᠡᠷᠡᠴᠢᠯᠡᠯᠳᠡ | ᠶᠢ ᠬᠦᠨᠵᠡᠭᠡᠶᠢᠷᠡᠬᠦᠯᠦᠨ᠂ ᠭᠠᠵᠠᠷ ᠰᠢᠷᠣᠢ ᠶᠢᠨ ᠡᠷᠭᠡ ᠶᠢ ᠲᠤᠳᠤᠯᠠᠬᠤ ᠠᠵᠢᠯ ᠢ ᠲᠦᠷᠭᠡᠳᠭᠡᠨ ᠠᠬᠢᠭᠤᠯᠵᠤ᠂ ᠨᠤᠳᠤᠭ ᠪᠡᠯᠴᠢᠭᠡᠷ ᠤᠨ ᠡᠷᠭᠡ ᠶᠢ ᠲᠤᠳᠤᠯᠠᠬᠤ | ᠠᠵᠢᠯ ᠦᠨᠳᠦᠰᠦᠨ ᠳᠡᠭᠡᠨ ᠲᠠᠭᠤᠰᠴᠤ᠂ ᠪᠦᠬᠦ ᠬᠤᠳᠠ ᠶᠢᠨ ᠨᠢᠭᠡᠳᠦᠭᠡᠷ ᠲᠤᠭᠳᠠᠮᠠᠯ ᠬᠦᠷᠦᠩᠭᠡ ᠶᠢᠨ ᠡᠷᠭᠡ ᠶᠢᠨ ᠦᠨᠡᠮᠯᠠᠯ ᠢ ᠲᠠᠷᠬᠠᠭᠠᠪᠡ᠃ ᠬᠤᠰᠢᠭᠤᠨ ᠤ ᠲᠡᠰ | ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠤᠯᠤᠰ ᠤᠨ ᠰᠢᠶᠠᠨ ᠤ ᠲᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠲᠤᠷᠰᠢᠯᠳᠠ ᠶᠢᠨ ᠴᠡᠭ ᠪᠤᠯᠤᠭᠰᠠᠨ ᠤ ᠬᠤᠪᠢ ᠳᠤ ᠤᠯᠤᠭᠰᠠᠨ ᠦᠭᠡᠷᠡᠴᠢᠯᠡᠯᠳᠡ ᠶᠢᠨ ᠲᠤᠷᠰᠢᠯᠭ᠎ᠠ ᠶᠢ ᠪᠦᠬᠦ ᠤᠷᠤᠨ ᠤ ᠭᠡᠪᠴᠢᠶᠠᠨ ᠳᠤ ᠲᠦᠭᠡᠮᠠᠯᠵᠢᠬᠦᠯᠪᠡ᠃ | ᠭᠠᠳᠠᠭᠰᠢ ᠨᠡᠭᠡᠭᠡᠯᠳᠡ ᠡᠳᠦᠷ ᠢᠷᠡᠬᠦᠶ᠎ᠡ ᠦᠷᠭᠡᠳᠴᠤ᠂ ᠬᠢᠯᠢ ᠶᠢᠨ ᠪᠤᠭᠤᠮᠳᠠ ᠶᠢᠨ ︽ᠲᠠᠪᠤᠨ ᠤᠷᠤᠬᠤ ᠲᠠᠪᠤᠨ ᠭᠠᠷᠬᠤ︾ ᠲᠦᠬᠦᠭᠡᠢ ᠨᠡᠬᠦᠷᠡᠰᠤ ᠶᠢᠨ ᠲᠤᠰᠬᠠᠢ | ᠨᠡᠪᠳᠡᠷᠡᠬᠦ ᠵᠠᠮ᠂ ᠭᠠᠷᠠᠮ ᠤᠨ ᠲᠠᠭᠠᠭᠠᠴᠠ ᠶᠢ ᠰᠤᠯᠠᠯᠠᠬᠤ ᠵᠠᠰᠠᠮᠠᠯ ᠵᠠᠮ᠂ ᠬᠢᠯᠢ ᠪᠠᠷ ᠨᠡᠪᠳᠡᠷᠡᠬᠦ ᠦᠢᠯᠡᠴᠢᠯᠡᠭᠡᠨ ᠤ ᠲᠦᠪ ᠤᠨ ᠠᠰᠠᠷ᠂ ᠬᠢᠯᠢ ᠶᠢᠨ ᠪᠤᠭᠤᠮᠳᠠ ᠶᠢᠨ | ᠵᠢᠵᠢᠬᠦᠷᠯᠡᠭᠴᠢ ᠦᠭᠡᠢ ᠰᠢᠰᠲ᠋ᠧᠮ ᠵᠡᠷᠭᠡ ᠨᠢᠭᠡ ᠪᠦᠯᠦᠭ ᠪᠠᠷᠢᠯᠭ᠎ᠠ ᠨᠢ ᠭᠡᠷᠡᠭᠯᠡᠯᠳᠡ ᠳᠤ ᠤᠷᠤᠵᠤ᠂ ᠲᠤᠮᠳᠠᠳᠤ ᠮᠤᠩᠭᠤᠯ ᠬᠤᠶᠠᠷ ᠲᠠᠯ᠎ᠠ ᠶᠢᠨ ᠰᠠᠭᠤᠷᠢ | ᠲᠦᠬᠦᠭᠡᠷᠤᠮᠵᠢ ᠶᠢᠨ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠳᠡᠷᠡᠯᠴᠡᠬᠦ ᠶᠢ ᠠᠩᠬ᠎ᠠ ᠠᠯᠬᠤᠮ ᠪᠡᠶᠡᠯᠡᠬᠦᠯᠪᠡ᠃ ︽ᠭᠤᠷᠪᠠᠨ ᠨᠢᠭᠡ︾ ︵ ᠨᠢᠭᠡ ᠤᠳᠠᠭ᠎ᠠ | ᠮᠡᠳᠡᠬᠦᠯᠵᠤ᠂ ᠨᠢᠭᠡ ᠤᠳᠠᠭ᠎ᠠ ᠪᠠᠶᠢᠴᠠᠭᠠᠨ᠂ ᠨᠢᠭᠡ ᠤᠳᠠᠭ᠎ᠠ ᠳᠤ ᠨᠠᠪᠳᠡᠷᠡᠬᠦᠯᠦᠨᠡ︶ ᠪᠤᠯᠤᠨ ︽ᠭᠤᠷᠪᠠᠨ ᠬᠠᠷᠢᠯᠴᠠᠨ︾ ︵ᠮᠡᠳᠡᠭᠡ ᠵᠠᠩᠬᠢ ᠶᠢ ᠬᠠᠷᠢᠯᠴᠠᠨ | ᠰᠤᠯᠢᠯᠴᠠᠬᠤ᠂ ᠬᠢᠨᠠᠯᠳᠠ ᠬᠠᠮᠢᠶᠠᠷᠤᠯᠳᠠ ᠶᠢ ᠬᠠᠷᠢᠯᠴᠠᠨ ᠵᠦᠪᠰᠢᠶᠡᠷᠡᠬᠦ᠂ ᠬᠠᠤᠯᠢ ᠭᠡᠷᠡᠭᠵᠢᠬᠦᠯᠬᠦ ᠳᠤ ᠬᠠᠷᠢᠯᠴᠠᠨ ᠬᠠᠪᠰᠤᠷᠤᠯᠴᠠᠬᠤ︶ ᠬᠢᠯᠢ ᠶᠢᠨ ᠪᠤᠭᠤᠮᠳᠠ ᠶᠢᠨ | ᠨᠠᠪᠳᠡᠷᠡᠯᠴᠡᠭᠡᠨ ᠤ ᠦᠭᠡᠷᠡᠴᠢᠯᠡᠯᠳᠠ ᠶᠢ ᠢᠳᠡᠪᠬᠢᠳᠠᠢ ᠠᠬᠢᠭᠤᠯᠵᠤ᠂ ᠡᠳᠦᠷ ᠲᠤ 12 ᠴᠠᠭ ᠢᠶᠠᠷ ᠵᠤᠭᠰᠤᠯᠳᠠ ᠦᠭᠡᠢ ᠪᠤᠭᠤᠮᠳᠠ ᠪᠠᠷ ᠨᠡᠪᠳᠡᠷᠡᠬᠦ ᠶᠢ ᠪᠠᠶᠡᠯᠡᠬᠦᠯᠪᠡ᠃ | ᠵᠠᠰ ᠤᠨ ᠨᠠᠷᠢᠯᠢᠭ ᠬᠦᠳᠡᠷ ᠵᠢᠩᠬᠢᠨᠢ ᠪᠠᠷ ᠬᠢᠯᠢ ᠳᠤ ᠤᠷᠤᠵᠤ᠂ ᠤᠯᠠᠨ ᠡᠰᠢᠳᠤ ᠠᠷᠠᠯᠵᠢᠶᠠᠨ ᠤ ᠲᠤᠭᠳᠠᠴᠠ ᠦᠨᠳᠦᠰᠤᠨ ᠳᠡᠭᠡᠨ ᠪᠦᠷᠢᠯᠳᠦᠪᠡ᠃ ᠬᠢᠯᠢ ᠶᠢᠨ | ᠪᠤᠭᠤᠮᠳᠠ ᠨᠡᠪᠳᠡᠷᠡᠭᠰᠡᠨ 25 ᠵᠢᠯ ᠤᠨ ᠲᠤᠷᠰᠢ᠂ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠤᠷᠢᠯᠡᠯᠳᠡ ᠶᠢᠨ ᠭᠡᠮᠵᠢᠶ᠎ᠡ 1 | ᠳ᠋ᠦᠩᠰᠢᠭᠤᠷ ᠲᠤᠨ ᠤ ᠶᠡᠭᠡ ᠪᠤᠭᠤᠮᠳᠠ ᠶᠢ ᠰᠢᠪᠳᠤᠯᠵᠤ᠂ ᠠᠷᠠᠯᠵᠢᠶᠠᠨ ᠤ ᠶᠡᠷᠦᠩᠭᠡᠢ ᠦᠷᠳᠡᠭ 980 ᠳ᠋ᠦᠩᠰᠢᠭᠤᠷ ᠲᠦᠬᠦᠷᠢᠭ ᠬᠦᠷᠪᠡ᠃ 11 ᠰᠠᠷ᠎ᠠ ᠶᠢᠨ 13 | ᠪᠤᠯᠳᠠᠯ᠎ᠠ᠂ ᠭᠠᠳᠠᠭᠠᠳᠤ ᠠᠴᠠ ᠤᠷᠤᠭᠤᠯᠤᠭᠰᠠᠨ ᠨᠡᠬᠦᠷᠡᠰᠤ 1563 ᠲᠦᠮᠡᠨ ᠲᠤᠨ᠂ ᠵᠡᠰ ᠤᠨ ᠨᠠᠷᠢᠯᠢᠭ ᠬᠦᠳᠡᠷ 71 ᠲᠦᠮᠡᠨᠲ᠋ᠤᠨ ᠬᠦᠷᠴᠤ᠂ ᠵᠢᠱᠢᠯᠳᠡ ᠪᠠᠷ᠂ | ᠪᠦᠬᠦ ᠵᠢᠯ ᠤᠨ ᠪᠠᠷᠠᠭ᠎ᠠ ᠨᠡᠪᠳᠡᠷᠡᠭᠰᠡᠨ ᠭᠡᠮᠵᠢᠶ᠎ᠡ ᠨᠢ1800 ᠲᠦᠮᠡᠨ ᠲᠤᠨ ᠬᠦᠷᠴᠤ᠂ ᠲᠡᠬᠢᠨ ᠲᠡᠤᠭᠡᠨ ᠲᠡᠭᠡᠷᠡᠬᠢ ᠬᠠᠮᠤᠭ ᠦᠨᠳᠦᠷ ᠲᠦᠪᠰᠢᠨ ᠳᠤ ᠬᠦᠷᠬᠦ | ᠪᠤᠯᠤᠨ᠎ᠠ᠃ ᠪᠠᠷᠠᠭ᠎ᠠ ᠨᠡᠪᠳᠡᠷᠡᠭᠰᠡᠨ ᠭᠡᠮᠵᠢᠶ᠎ᠡ᠂ ᠠᠷᠠᠯᠵᠢᠶᠠᠨ ᠤ ᠶᠡᠷᠦᠩᠭᠡᠢ ᠲᠤᠭ᠎ᠠ ᠪᠤᠯᠤᠨ ᠬᠢᠯᠢ ᠶᠢᠨ ᠪᠤᠭᠤᠮᠳᠠ ᠶᠢᠨ ᠭᠠᠶᠢᠯᠢ ᠶᠢᠨ ᠤᠷᠤᠯᠭ᠎ᠠ ᠬᠦᠭᠡᠬᠤᠳᠠ ᠶᠢᠨ | ᠪᠤᠭᠤᠮᠳᠠ ᠶᠢᠨ ᠲᠤᠭᠤᠷᠢᠭ ᠤᠨ ᠲᠡᠷᠢᠬᠦᠨ ᠳᠤ ᠤᠷᠤᠪᠠ᠃ ᠬᠢᠯᠢ ᠶᠢᠨ ᠪᠤᠭᠤᠮᠳᠠ ᠶᠢᠨ ᠤᠷᠴᠢᠨ ᠲᠤᠭᠤᠷᠢᠨ ᠤ ᠶᠡᠷᠦᠩᠭᠡᠶᠢᠯᠡᠭᠰᠡᠨ ᠴᠡᠭᠴᠡᠯᠡᠨ ᠵᠠᠰᠠᠯᠳᠠ | ᠮᠡᠳᠡᠭᠳᠡᠮ᠎ᠡ ᠦᠷ᠎ᠡ ᠪᠦᠳᠦᠮᠵᠢ ᠤᠯᠵᠤ᠂ ᠪᠦᠬᠦᠶᠢᠯᠡ ᠲᠦᠷᠢ ᠲᠦᠷᠬᠦ ᠨᠢ ᠪᠦᠬᠦ ᠲᠠᠯ᠎ᠠ ᠪᠠᠷ ᠰᠠᠶᠢᠵᠢᠷᠠᠪᠠ᠃ ᠦᠪᠡᠷᠲᠡᠭᠡᠨ ᠵᠠᠰᠠᠬᠤ ᠤᠷᠤᠨ ᠤ ᠭᠤᠤᠯᠳᠠᠭ᠎ᠠ ᠲᠠᠢ | ᠪᠠᠷ ᠨᠡᠭᠡᠭᠡᠨ ᠬᠦᠭᠵᠢᠬᠦᠯᠬᠦ ᠪᠠ ᠨᠡᠭᠡᠭᠡᠯᠳᠡ ᠲᠠᠢ ᠪᠤᠯᠭᠠᠬᠤ ᠲᠤᠷᠰᠢᠯᠳᠠ ᠶᠢᠨ ᠲᠤᠭᠤᠷᠢᠭ ᠪᠤᠯᠤᠨ ᠲᠤᠮᠳᠠᠳᠤ ᠮᠤᠩᠭᠤᠯ ᠤᠨ ᠠᠵᠤ ᠠᠬᠤᠢ ᠶᠢᠨ ᠬᠠᠮᠳᠤᠷᠠᠯᠴᠠᠭᠠᠨ ᠤ | ᠵᠢᠱᠢᠶ᠎ᠡ ᠦᠵᠡᠬᠦᠯᠬᠦ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠵᠤ᠂ ᠲᠤᠮᠳᠠᠳᠤ ᠮᠤᠩᠭᠤᠯ ᠤᠨ ᠬᠠᠮᠳᠤᠷᠠᠯᠴᠠᠭᠠᠨ ᠤ ᠲᠤᠭᠳᠠᠴᠠ | ᠲᠠᠰᠤᠷᠠᠯᠳᠠ ᠦᠭᠡᠢ ᠪᠠᠳᠤᠵᠢᠵᠤ᠂ ᠬᠤᠶᠠᠷ ᠲᠠᠯ᠎ᠠ ᠶᠢᠨ ᠰᠤᠯᠢᠯᠴᠠᠭ᠎ᠠ ᠡᠳᠦᠷ ᠢᠷᠡᠬᠦᠶ᠎ᠡ ᠨᠢᠭᠳᠠᠷᠠᠪᠠ᠃ ᠪᠤᠯᠪᠠᠰᠤᠷᠠᠭᠤᠯᠤᠯᠳᠠ ᠶᠢᠨ ᠲᠤᠭᠤᠷᠢᠭ ᠤᠨ ᠲᠠᠭᠠᠭᠠᠴᠠ | ᠶᠢᠨ ᠴᠢᠳᠠᠪᠤᠷᠢ ᠲᠠᠰᠤᠷᠠᠯᠳᠠ ᠦᠭᠡᠢ ᠲᠡᠭᠡᠭᠰᠢᠯᠡᠵᠤ᠂ ᠵᠠᠮ᠂ ᠨᠤᠭᠤᠭᠠᠷᠠᠭᠤᠯᠤᠯᠳᠠ᠂ ᠪᠤᠬᠢᠷ ᠤᠰᠤ ᠶᠢ ᠰᠢᠢᠳᠪᠤᠷᠢᠯᠡᠬᠦ ᠵᠡᠷᠭᠡ ᠨᠢᠭᠡ ᠪᠦᠯᠦᠭ ᠰᠠᠭᠤᠷᠢ | ᠲᠦᠬᠦᠭᠡᠷᠦᠮᠵᠢ ᠶᠢᠨ ᠢᠨᠵᠧᠨᠧᠷᠢᠩ ᠢ ᠭᠡᠷᠡᠭᠵᠢᠬᠦᠯᠵᠤ᠂ ᠴᠠᠷᠳᠠᠮᠠᠯ ᠵᠠᠮ 50 ᠺᠢᠯᠦᠮᠧᠲᠷ᠂ ᠴᠠᠬᠢᠯᠭᠠᠨ ᠬᠦᠴᠦᠳᠡᠯ ᠦᠭᠡᠷᠡᠴᠢᠯᠡᠬᠦ ᠦᠷᠳᠡᠭᠡ 8 ᠶᠢ ᠪᠠᠶᠢᠭᠤᠯᠵᠤ᠂ | ᠡᠳᠦᠷ ᠪᠦᠷᠢ ᠶᠢᠨ ᠤᠰᠤ ᠬᠠᠩᠭᠠᠬᠤ ᠴᠢᠳᠠᠮᠵᠢ ᠨᠢ 11 ᠲᠦᠮᠡᠨ ᠲᠤᠨ ᠳᠤ ᠬᠦᠷᠴᠤ᠂ ᠨᠡᠶᠢᠳᠡ 164 ᠲᠦᠮᠡᠨ ᠲᠡᠭᠰᠢ ᠲᠦᠷᠪᠡᠯᠵᠢᠨ ᠮᠧᠲᠷ ᠤᠨ | ᠨᠤᠭᠤᠭᠠᠷᠠᠭᠤᠯᠤᠯᠳᠠ ᠶᠢ ᠬᠢᠵᠤ᠂ ᠤᠷᠤᠵᠤ ᠰᠠᠭᠤᠭᠰᠠᠨ ᠠᠵᠤ ᠠᠬᠤᠶᠢᠯᠠᠯ 35 ᠡᠷᠦᠬᠡ ᠪᠤᠯᠪᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠤᠯᠤᠨ ᠭᠠᠵᠠᠷ | ᠤᠷᠤᠨ ᠤ ᠬᠠᠮᠳᠤᠷᠠᠯᠴᠠᠭ᠎ᠠ ᠶᠢ ᠦᠷᠭᠡᠨ ᠢᠶᠠᠷ ᠶᠠᠪᠤᠭᠳᠠᠭᠤᠯᠤᠨ᠂ ᠨᠡᠶᠢᠳᠡ 224 ᠳ᠋ᠦᠩᠰᠢᠭᠤᠷ ᠲᠦᠬᠦᠷᠢᠭ ᠢ ᠤᠷᠤᠭᠤᠯᠤᠨ ᠨᠠᠶᠢᠳᠠᠪᠤᠷᠢᠵᠢᠭᠤᠯᠪᠠ᠃ | ᠲᠠᠪᠤᠨ ᠵᠢᠯ ᠤᠨ ᠲᠤᠷᠰᠢ᠂ ᠪᠢᠳᠡ ᠦᠷ᠎ᠡ ᠪᠦᠳᠦᠮᠵᠢ ᠶᠢ ᠬᠠᠮᠳᠤᠪᠡᠷ ᠡᠳ᠋ᠯᠡᠬᠦ ᠶᠢ ᠪᠠᠷᠢᠮᠳᠠᠯᠠᠵᠤ᠂ ᠨᠡᠶᠢᠭᠡᠮ ᠤᠨ ᠦᠢᠯᠡᠰ ᠰᠢᠨ᠎ᠡ ᠬᠢᠷᠢ ᠪᠦᠳᠦᠮᠵᠢ ᠲᠠᠢ | ᠪᠤᠯᠪᠠ᠃ | ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠨᠠᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢ ᠡᠵᠡᠯᠡᠭᠰᠡᠨ ᠬᠤᠪᠢ | ᠶᠢᠨ ᠵᠢᠩ ᠨᠢ ᠦᠷᠬᠦᠯᠵᠢᠯᠡᠨ ᠲᠠᠪᠤᠨ ᠵᠢᠯ 70% ᠠᠴᠠ ᠲᠠᠪᠠᠵᠤ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠠᠬᠢ ᠤᠷᠤᠭᠤᠯᠤᠯᠳᠠ 92.63 | ᠳ᠋ᠦᠩᠰᠢᠭᠤᠷ ᠲᠦᠬᠦᠷᠢᠭ ᠬᠦᠷᠴᠤ᠂ ᠲᠡᠭᠡᠷ᠎ᠡ ᠨᠢᠭᠡ ᠲᠠᠪᠤᠨ ᠵᠢᠯ ᠤᠨ 2.05 ᠲᠠᠬᠢᠨ ᠪᠠᠶᠢᠵᠤ᠂ ᠵᠢᠯ ᠪᠦᠷᠢ ᠲᠤᠮᠳᠠᠴᠢ ᠪᠠᠷ 9.44% ᠨᠡᠮᠡᠭᠳᠡᠵᠤ᠂ ᠠᠷᠠᠳ | ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ ᠢᠯᠡᠳᠳᠡ ᠨᠡᠮᠡᠭᠳᠡᠪᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠢ | ᠯᠠᠪᠳᠠᠭᠤᠨ ᠢᠶᠠᠷ ᠠᠬᠢᠭᠤᠯᠵᠤ᠂ ᠨᠡᠶᠢᠳᠡ 9715 ᠲᠦᠮᠡᠨ ᠲᠦᠬᠦᠷᠢᠭ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠦᠩᠬᠦ ᠶᠢ ᠤᠷᠤᠭᠤᠯᠵᠤ᠂ | 5767 ᠲᠦᠮᠡᠨ ᠲᠦᠬᠦᠷᠢᠭ ᠤᠨ ᠲᠦᠷᠦᠯ ᠵᠦᠢᠯ ᠤᠨ ᠪᠡᠯᠡ ᠮᠦᠩᠬᠦ ᠶᠢ ᠲᠤᠬᠢᠷᠠᠭᠤᠯᠵᠤ᠂ 652 ᠡᠷᠦᠭᠡ ᠶᠢᠨ ᠠᠵᠤ ᠦᠢᠯᠡᠰ ᠢ ᠲᠡᠳᠬᠦᠨ ᠬᠦᠭᠵᠢᠬᠦᠯᠬᠦ | ᠪᠤᠯᠤᠨ ᠰᠢᠯᠵᠢᠬᠦᠯᠦᠨ ᠠᠵᠢᠯ ᠤᠯᠭᠤᠬᠤ ᠶᠢ ᠪᠡᠶᠡᠯᠡᠬᠦᠯᠵᠤ ᠂ 134 ᠡᠷᠦᠭᠡ 285 ᠬᠦᠮᠦᠨ ᠢ ᠪᠤᠰᠤᠳ ᠭᠠᠵᠠᠷ ᠨᠡᠬᠦᠯᠭᠡᠨ ᠰᠢᠯᠵᠢᠬᠦᠯᠵᠤ ᠶᠠᠳᠠᠭᠤ ᠶᠢ ᠲᠡᠳᠬᠦᠨ | ᠂ 278 ᠡᠷᠦᠭᠡ ᠶᠢᠨ ᠠᠮᠢ ᠠᠬᠤᠢ ᠶᠢᠨ ᠨᠦᠬᠦᠪᠦᠷᠢ ᠶᠢ ᠤᠯᠭᠤᠵᠤ᠂ ᠶᠠᠳᠠᠭᠤ ᠬᠦᠴᠢᠷᠳᠡᠯᠳᠡᠢ ᠰᠤᠷᠤᠭᠴᠢ 215 ᠨᠡᠷᠡᠰ ᠢ ᠰᠤᠷᠭᠠᠨ ᠬᠦᠮᠦᠵᠢᠯ ᠢᠶᠠᠷ | ᠲᠡᠳᠬᠦᠵᠤ᠂ 1181 ᠬᠦᠮᠦᠨ ᠢ ᠪᠦᠬᠦᠨ ᠢ ᠬᠠᠮᠤᠷᠤᠨ ᠪᠠᠳᠤᠯᠠᠵᠤ᠂ ᠲᠠᠩᠰᠠ ᠡᠪᠭᠡᠮᠡᠯ ᠪᠠᠶᠢᠭᠤᠯᠤᠨ ᠺᠠᠷᠲ᠋ᠢᠴᠢᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ | 1090 ᠡᠷᠦᠭᠡ 2244 ᠨᠡᠷᠡᠰ ᠢ ᠴᠦᠭᠡᠳᠬᠡᠪᠡ᠃ ᠠᠵᠢᠯ ᠤᠯᠭᠤᠯᠳᠠ ᠲᠠᠬᠢᠨ ᠠᠵᠢᠯ ᠤᠯᠭᠤᠯᠳᠠ ᠶᠢᠨ ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠡᠶᠢᠳᠡ 9623 ᠲᠦᠮᠡᠨ ᠲᠦᠬᠦᠷᠢᠭ ᠤᠨ ᠪᠠᠭ᠎ᠠ ᠲᠤᠭᠠᠨ ᠤ ᠵᠢᠭᠡᠯᠡᠯᠭᠡ ᠲᠠᠯᠪᠢᠵᠤ᠂ 3658 ᠬᠦᠮᠦᠰ ᠢ ᠲᠠᠶᠢᠴᠢᠯᠠᠨ ᠯᠠᠪᠳᠠᠭᠤᠨ ᠢᠶᠠᠷ | ᠠᠵᠢᠯ ᠤᠯᠭᠤᠵᠤ᠂ ᠬᠤᠳᠠ ᠪᠠᠯᠭᠠᠰᠤ ᠶᠢᠨ ᠠᠵᠢᠯ ᠠᠯᠳᠠᠭᠰᠠᠨ ᠨᠤᠷᠮ᠎ᠠ ᠶᠢ 4% ᠶᠢᠨ ᠲᠤᠳᠤᠷ᠎ᠠ ᠬᠢᠵᠠᠭᠠᠷᠯᠠᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ | ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ᠂ ᠡᠮᠨᠡᠯᠭᠡ ᠶᠢᠨ ᠲᠠᠭᠠᠳᠬᠠᠯ ᠳᠤ ᠤᠷᠤᠯᠴᠠᠭᠰᠠᠨ ᠬᠦᠮᠦᠰ ᠤᠨ ᠲᠤᠭ᠎ᠠ ᠲᠤᠰᠪᠤᠷᠢ 27.75 ᠲᠦᠮᠡᠨ ᠬᠦᠮᠦᠨ | ᠤᠳᠠᠭ᠎ᠠ ᠪᠤᠯᠤᠨ 67.54 ᠲᠦᠮᠡᠨ ᠬᠦᠮᠦᠨ ᠤᠳᠠᠭ᠎ᠠ ᠳᠤ ᠬᠦᠷᠴᠤ᠂ ᠠᠵᠢᠯᠳᠠᠨ ᠠᠵᠢᠯᠴᠢᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠳᠤ | ᠤᠷᠤᠯᠴᠠᠭᠰᠠᠨ ᠬᠦᠮᠦᠰ ᠤᠨ ᠲᠤᠭ᠎ᠠ 7.05 ᠲᠦᠮᠡᠨ ᠬᠦᠮᠦᠨ ᠤᠳᠠᠭ᠎ᠠ ᠬᠦᠷᠪᠡ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠦᠮᠦᠰ ᠤᠨ | ᠨᠠᠰᠤᠵᠢᠯ ᠤᠨ ᠠᠰᠠᠷᠠᠮᠵᠢ ᠶᠢᠨ ᠴᠠᠯᠢᠩ ᠤᠯᠭᠤᠮᠵᠢ ᠨᠢ ︽ᠠᠷᠪᠠᠨ ᠭᠤᠷᠪᠠᠨ ᠵᠢᠯ ᠲᠠᠷᠠᠭᠠᠯᠠᠨ ᠲᠤᠬᠢᠷᠠᠭᠤᠯᠤᠯᠳᠠ︾ ᠬᠢᠬᠦ ᠶᠢ ᠪᠡᠶᠡᠯᠡᠬᠦᠯᠪᠡ᠃ ᠡᠯ᠎ᠡ ᠲᠦᠷᠦᠯ ᠤᠨ | ᠪᠠᠳᠤᠯᠠᠭ᠎ᠠ ᠶᠢᠨ ᠠᠪᠤᠷᠠᠨ ᠲᠤᠰᠠᠯᠠᠬᠤ ᠪᠡᠯᠡ ᠮᠦᠩᠬᠦ 2.5 ᠳ᠋ᠦᠩᠰᠢᠭᠤᠷ ᠲᠦᠬᠦᠷᠢᠭ ᠢ ᠲᠠᠷᠬᠠᠭᠠᠵᠤ᠂ ᠶᠠᠳᠠᠭᠤ ᠬᠦᠴᠢᠷᠳᠡᠯᠳᠠᠢ ᠠᠷᠠᠳ ᠤᠯᠠᠨ ᠤ ᠦᠨᠳᠦᠰᠦᠨ | ᠠᠮᠢᠳᠤᠷᠠᠯ ᠢ ᠦᠨᠡᠨᠬᠦ ᠪᠠᠳᠤᠯᠠᠪᠠ᠃ ᠪᠦᠬᠦ ᠠᠷᠠᠳ ᠢᠶᠠᠷ ᠢᠶᠠᠨ ᠰᠤᠷᠭᠠᠨ ᠬᠦᠮᠦᠵᠢᠯ ᠢ ᠬᠦᠴᠦᠷᠭᠡᠭᠵᠢᠬᠦᠯᠬᠦ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠨᠡᠶᠢᠳᠡ 2.1 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠵᠤ᠂ ᠰᠤᠷᠭᠠᠭᠤᠯᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ | ᠪᠠᠶᠢᠭᠤᠯᠤᠯᠳᠠ 15.39 ᠲᠦᠮᠡᠨ ᠲᠡᠭᠰᠢ ᠲᠦᠷᠪᠡᠯᠵᠢᠨ ᠮᠧᠲᠷ ᠢ ᠪᠡᠶᠡᠯᠡᠬᠦᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠳᠠᠢ ᠬᠦᠭᠵᠢᠯᠳᠡ ᠨᠢ | ᠪᠦᠬᠦ ᠤᠷᠤᠨ ᠤ ᠨᠢᠭᠡᠳᠦᠭᠡᠷ ᠨᠡᠷᠡᠰ ᠤᠨ ᠰᠢᠯᠢᠳᠡᠭ ᠪᠦᠳᠦᠮᠵᠢ ᠪᠠᠷ ᠤᠯᠤᠰ ᠤᠨ ᠰᠢᠯᠭᠠᠨ ᠠᠪᠬᠤ ᠶᠢ ᠦᠩᠭᠡᠷᠡᠵᠤ᠂ ᠰᠤᠷᠭᠠᠨ ᠬᠦᠮᠦᠵᠢᠯ ᠢ ᠬᠦᠭᠵᠢᠬᠦᠯᠦᠨ | ᠮᠠᠨᠳᠤᠭᠤᠯᠬᠤ ᠪᠠᠳᠤ ᠴᠢᠩᠭ᠎ᠠ ᠰᠠᠭᠤᠷᠢ ᠶᠢ ᠲᠠᠯᠪᠢᠵᠤ᠂ ᠦᠷᠭᠡᠨ ᠤᠯᠠᠨ ᠭᠡᠷ ᠤᠨ ᠠᠬᠠᠮᠠᠳ ᠪᠤᠯᠤᠨ ᠨᠡᠶᠢᠭᠡᠮ ᠤᠨ ᠡᠯ᠎ᠡ ᠡᠳᠡᠭᠡᠳ ᠤᠨ ᠨᠡᠶᠢᠳᠡᠮ ᠵᠦᠪᠰᠢᠶᠡᠷᠡᠯ ᠢ | ᠬᠦᠷᠳᠡᠪᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠠᠵᠢᠯ ᠦᠢᠯᠡᠰ ᠢ ᠲᠦᠷᠭᠡᠳᠭᠡᠨ ᠬᠦᠭᠵᠢᠬᠦᠯᠵᠤ᠂ ᠨᠠᠶᠢᠳᠡ1.09 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠵᠤ᠂ 12 ᠡᠷᠡᠬᠦᠯ ᠬᠠᠮᠠᠭᠠᠯᠠᠯ ᠤᠨ ᠬᠤᠷᠢᠶ᠎ᠠ᠂ 38 ᠡᠷᠡᠬᠦᠯ ᠬᠠᠮᠠᠭᠠᠯᠠᠯ ᠤᠨ ᠲᠠᠰᠤᠭ ᠢ ᠰᠢᠨ᠎ᠡ ᠪᠠᠷ ᠦᠷᠭᠡᠳᠭᠡᠨ ᠪᠠᠶᠢᠭᠤᠯᠵᠤ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠨᠢᠭᠡᠳᠦᠯᠳᠠᠢ ᠡᠮᠨᠡᠯᠭᠡ ᠶᠢᠨ ᠦᠨᠳᠦᠰᠤᠨ ᠲᠠᠭᠠᠳᠬᠠᠯ ᠪᠦᠬᠦᠨ ᠢ ᠬᠠᠮᠤᠷᠴᠤ᠂ ᠬᠦᠮᠦᠨ ᠲᠤᠮᠳᠠᠴᠢ ᠶᠢᠨ ᠴᠤᠭᠯᠠᠭᠤᠯᠬᠤ ᠮᠦᠩᠬᠦ ᠨᠢ 240 | ᠲᠦᠬᠦᠷᠢᠭ ᠠᠴᠠ ᠦᠰᠦᠭᠡᠳ 590 ᠲᠦᠬᠦᠷᠢᠭ ᠲᠤ ᠬᠦᠷᠪᠡ᠃ ᠮᠠᠯᠵᠢᠬᠤ ᠤᠷᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠰᠢᠨ᠎ᠡ ᠭᠡᠯᠪᠡᠷᠢ ᠶᠢ ᠡᠬᠦᠳᠴᠤ᠂ | ᠡᠷᠡᠬᠦᠯ ᠮᠠᠨᠳᠤ ᠶᠢ ᠪᠠᠳᠤᠯᠠᠬᠤ ᠡᠮ ᠤᠨ ᠬᠠᠶᠢᠷᠴᠠᠭ 4400 ᠶᠢ ᠦᠨ᠎ᠡ ᠲᠦᠯᠦᠪᠤᠷᠢ ᠦᠭᠡᠢ ᠪᠠᠷ ᠲᠠᠷᠬᠠᠭᠠᠵᠤ᠂ ᠮᠠᠯᠵᠢᠬᠤ ᠤᠷᠤᠨ ᠤ ᠮᠠᠯᠴᠢᠳ ᠤᠨ ᠡᠪᠡᠳᠴᠢᠨ | ᠦᠵᠡᠬᠦ ᠳᠤ ᠬᠦᠴᠢᠷ ᠠᠰᠠᠭᠤᠳᠠᠯ ᠢ ᠪᠦᠳᠦᠮᠵᠢᠳᠠᠢ ᠭᠦᠩᠭᠡᠷᠡᠬᠦᠯᠪᠡ᠃ ᠲᠦᠯᠦᠪᠯᠡᠭᠡᠳᠠᠢ ᠪᠠᠷ ᠭᠡᠤᠭᠡᠳ ᠠᠪᠬᠤ ᠦᠨᠳᠦᠰᠤᠨ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠪᠦᠬᠦ ᠤᠯᠤᠰ ᠤᠨ ᠲᠦᠯᠦᠪᠯᠡᠭᠡᠳᠡᠢ ᠪᠠᠷ ᠬᠡᠤᠭᠡᠳ ᠠᠪᠬᠤ ᠲᠠᠷᠢᠬᠦᠨ ᠤ ᠬᠤᠰᠢᠭᠤ ᠰᠢᠶᠡᠠ ᠢ | ᠠᠮᠵᠢᠯᠳᠠᠳᠠᠢ ᠪᠠᠷ ᠡᠬᠦᠳᠦᠨ ᠪᠠᠶᠢᠭᠤᠯᠪᠠ᠃ ᠰᠤᠶᠤᠯ ᠪᠡᠶ᠎ᠡ ᠶᠢᠨ ᠲᠠᠮᠢᠷ ᠤᠨ ᠠᠵᠢᠯ ᠦᠢᠯᠡᠰ ᠤᠨ ᠬᠦᠭᠵᠢᠯᠳᠡ ᠶᠢ ᠬᠦᠴᠦᠯᠡᠨ ᠠᠬᠢᠭᠤᠯᠵᠤ᠂ ᠬᠤᠰᠢᠭᠤ᠂ ᠰᠤᠮᠤ | ᠪᠠᠯᠭᠠᠰᠤ᠂ ᠭᠠᠴᠠᠭ᠎ᠠ ᠲᠤᠰᠬᠤᠨ ᠤ ᠭᠤᠷᠪᠠᠨ ᠱᠠᠳᠤᠨ ᠤ ᠤᠯᠠᠨ ᠨᠡᠶᠢᠳᠡ ᠶᠢᠨ ᠰᠤᠶᠤᠯ ᠤᠨ ᠰᠦᠯᠵᠢᠶ᠎ᠡ ᠦᠨᠳᠦᠰᠤᠨ ᠳᠡᠭᠡᠨ ᠪᠦᠷᠢᠯᠳᠤᠵᠤ᠂ ᠦᠨᠳᠦᠰᠤᠨ | ᠱᠠᠳᠤᠨ ᠳᠤ ᠪᠦᠬᠦᠨ ᠳᠤᠨᠢ ᠰᠤᠶᠤᠯ ᠤᠨ ᠬᠦᠳᠡᠯᠭᠡᠭᠡᠨ ᠤ ᠲᠠᠯᠠᠪᠤᠷ ᠢ ᠪᠠᠶᠢᠭᠤᠯᠪᠡ᠃ ᠮᠤᠩᠭᠤᠯ ᠬᠢᠳᠠᠳ ᠬᠤᠤᠰ ᠭᠡᠯᠡᠨ ᠤ ᠷᠠᠳᠢᠤ᠋ ᠨᠡᠪᠳᠡᠷᠡᠬᠦᠯᠭᠡ ᠲᠧᠯᠸᠢᠰ ᠤᠨ | ᠫᠷᠦᠭᠷᠡᠮ ᠤᠨ ᠡᠳᠦᠷ ᠤᠨ ᠨᠡᠪᠳᠡᠷᠡᠬᠦᠯᠭᠡ ᠶᠢ ᠨᠡᠭᠡᠭᠡᠵᠤ᠂ ︽ᠤᠷᠠᠳ ᠬᠤᠷᠢᠮ︾᠂ ︽ᠬᠤᠨ ᠭᠠᠯᠠᠭᠤᠨ ᠤ ᠨᠤᠳᠤᠭ︾ ᠵᠡᠷᠭᠡ ᠨᠢᠭᠡ ᠪᠦᠯᠦᠭ ᠰᠢᠯᠢᠳᠡᠭ ᠰᠤᠶᠤᠯ | ᠤᠨ ᠵᠦᠴᠦᠭᠡ ᠶᠢᠨ ᠪᠦᠳᠦᠭᠡᠯ ᠢ ᠢᠳᠡᠪᠬᠢᠳᠠᠢ ᠪᠠᠷ ᠡᠬᠦᠳᠤᠨ ᠪᠦᠳᠦᠭᠡᠵᠤ᠂ ᠮᠤᠩᠭᠤᠯ ᠵᠦᠴᠦᠭᠡ ︽ᠬᠤᠨ ᠭᠠᠯᠠᠭᠤ︾ ᠶᠢ ᠲᠤᠭᠯᠠᠵᠤ᠂ ᠤᠯᠠᠭᠠᠨᠮᠦ᠋ᠴᠢᠷ ᠨᠢ ︽ | ᠦᠪᠡᠷᠳᠡᠭᠡᠨ ᠵᠠᠰᠠᠬᠤ ᠤᠷᠤᠨ ᠤ ᠠᠷᠪᠠᠨ ᠰᠢᠯᠢᠳᠡᠭ ᠤᠯᠠᠭᠠᠨᠮᠦ᠋ᠴᠢᠷ︾ ᠤᠨ ᠢᠷᠠᠭᠤ ᠠᠯᠳᠠᠷ ᠢ ᠬᠦᠷᠳᠡᠵᠤ᠂ ᠤᠷᠠᠳ ᠤᠯᠠᠮᠵᠢᠯᠠᠯᠳᠤ ᠬᠤᠪᠴᠠᠰᠤ ᠵᠠᠰᠠᠯ ᠨᠢ | ᠦᠪᠡᠷᠳᠡᠭᠡᠨ ᠵᠠᠰᠠᠬᠤ ᠤᠷᠤᠨ ᠤ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠤᠷᠤᠯᠳᠤᠭᠠᠨ ᠳᠤ ᠠᠯᠳᠠᠨ ᠮᠧᠲᠯ ᠬᠦᠷᠳᠡᠵᠤ᠂ ᠮᠤᠩᠭᠤᠯ ᠬᠡᠯᠡᠨ ᠤ ᠷᠤᠮᠠᠨ | ︽ᠪᠤᠭᠤᠷᠤᠯ ᠭᠤᠪᠢ︾ ᠨᠢ ᠰᠤᠯᠤᠩᠭ᠎ᠠ ᠱᠠᠩᠨᠠᠯ ᠢ ᠬᠦᠷᠳᠡᠪᠡ᠃ ᠮᠠᠨ ᠤ ᠬᠤᠰᠢᠭᠤ ᠨᠢ ᠦᠪᠡᠷᠳᠡᠭᠡᠨ ᠵᠠᠰᠠᠬᠤ ᠤᠷᠤᠨ ᠳᠤ ︽ᠤᠷᠠᠳ ᠰᠤᠶᠤᠯ ᠤᠨ ᠠᠮᠢ ᠠᠬᠤᠢ | ᠶᠢᠨ ᠬᠠᠮᠠᠭᠠᠯᠠᠯᠳᠠ ᠶᠢᠨ ᠲᠤᠭᠤᠷᠢᠭ︾ ᠢᠶᠠᠷ ᠨᠡᠷᠡᠶᠢᠳᠦᠭᠳᠡᠵᠤ᠂ ᠤᠷᠢᠳ ᠬᠤᠵᠢᠳ ︽ᠬᠤᠨ ᠭᠠᠯᠠᠭᠤ ᠰᠤᠶᠤᠯ ᠤᠨ ᠨᠤᠳᠤᠭ︾᠂ ︽ᠲᠤᠮᠳᠠᠳᠤ ᠤᠯᠤᠰ ᠤᠨ | ᠮᠤᠩᠭᠤᠯ ᠦᠨᠳᠦᠰᠦᠳᠡᠨ ᠤ ᠠᠷᠠᠳ ᠤᠨ ᠲᠠᠭᠤᠤ ᠶᠢᠨ ᠨᠤᠳᠤᠭ︾ ᠢᠶᠠᠷ ᠦᠨᠡᠯᠡᠭᠳᠡᠪᠡ᠃ ᠬᠦᠯ ᠪᠦᠮᠪᠦᠭᠡ ᠶᠢᠨ ᠬᠦᠳᠡᠯᠭᠡᠭᠡᠨ ᠢ ᠬᠦᠴᠦᠯᠡᠨ ᠲᠦᠭᠡᠮᠡᠯᠵᠢᠬᠦᠯᠵᠤ᠂ | ᠰᠢᠨ᠎ᠡ ᠪᠠᠷ 7 ᠬᠦᠯ ᠪᠦᠮᠪᠦᠭᠡ ᠶᠢᠨ ᠲᠠᠯᠠᠪᠤᠷ᠂ 5 ᠰᠤᠷᠭᠠᠭᠤᠯᠢ ᠶᠢᠨ ᠲᠠᠮᠢᠷ ᠤᠨ ᠲᠠᠯᠠᠪᠤᠷ ᠢ ᠪᠠᠶᠢᠭᠤᠯᠵᠤ᠂ ᠬᠦᠯ ᠪᠦᠮᠪᠦᠭᠡ ᠶᠢᠨ ᠬᠦᠳᠡᠯᠭᠡᠭᠡᠨ ᠤ ᠠᠭᠤᠷ | ᠠᠮᠢᠰᠬᠤᠯ ᠨᠢ ᠡᠳᠦᠷ ᠢᠷᠡᠬᠦᠶ᠎ᠡ ᠵᠤᠵᠠᠭᠠᠳᠴᠤ᠂ ᠬᠠᠰᠠᠷ ᠬᠦᠯ ᠪᠦᠮᠪᠦᠭᠡ ᠶᠢᠨ ᠺᠯᠦ᠋ᠪ 2017 ᠤᠨ ᠤ ᠦᠪᠦᠷ ᠮᠤᠩᠭᠤᠯ ᠤᠨ ᠬᠦᠭᠡ ᠲᠡᠰ ᠤᠨ ᠬᠤᠯᠪᠤᠭᠠᠳᠤ | ᠤᠷᠤᠯᠳᠤᠭᠠᠨ ᠳᠤ ᠲᠡᠷᠢᠬᠦᠯᠡᠪᠡ᠃ ᠦᠨᠳᠦᠰᠦᠨ ᠱᠠᠳᠤᠨ ᠤ ᠰᠠᠭᠤᠷᠢ ᠪᠦᠳᠦᠭᠡᠨ ᠪᠠᠶᠢᠭᠤᠯᠤᠯᠳᠠ ᠶᠢ ᠦᠨᠳᠦᠷ ᠭᠡᠮᠵᠢᠶ᠎ᠡ ᠪᠠᠷ ᠴᠢᠬᠤᠯᠠᠴᠢᠯᠠᠵᠤ᠂ ᠰᠤᠮᠤ ᠪᠠᠯᠭᠠᠰᠤ | ᠶᠢᠨ ᠺᠠᠳ᠋ᠷᠴᠤᠳ ᠤᠨ ᠲᠦᠷ ᠰᠠᠭᠤᠬᠤ ᠭᠡᠷ 9544 ᠲᠡᠭᠰᠢ ᠲᠦᠷᠪᠡᠯᠵᠢᠨ ᠮᠧᠲᠷ ᠢ ᠰᠢᠨ᠎ᠡ ᠪᠠᠷ ᠪᠠᠶᠢᠭᠤᠯᠵᠤ᠂ ᠦᠨᠳᠤᠷ ᠪᠠᠷᠢᠮᠵᠢᠶᠠᠳᠤ ᠤᠨᠴᠠᠯᠢᠭᠳᠤ ᠨᠡᠶᠢᠭᠡᠮ | ᠲᠤᠭᠤᠷᠢᠭ 6 ᠶᠢ ᠪᠠᠶᠢᠭᠤᠯᠪᠠ᠃ ᠵᠦᠷᠢᠴᠡᠯ ᠮᠦᠷᠬᠦᠯᠳᠦᠭᠡᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠦᠨᠵᠡᠭᠡᠶᠢᠷᠡᠬᠦᠯᠦᠨ ᠶᠠᠪᠤᠭᠳᠠᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠪᠠᠶᠢᠳᠠᠯ ᠶᠡᠷᠦᠩᠭᠡᠢ ᠳᠡᠭᠡᠨ ᠲᠤᠭᠳᠠᠭᠤᠨ ᠪᠤᠯᠪᠠ᠃ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠠᠵᠢᠯ ᠦᠢᠯᠡᠰ ᠦᠷᠨᠢᠬᠦᠨ ᠬᠦᠭᠵᠢᠵᠤ᠂ | 2013 ᠤᠨ ᠳᠤ ᠪᠦᠬᠦ ᠤᠷᠤᠨ ᠤ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢ ᠴᠤᠭᠴᠠᠯᠠᠨ ᠪᠠᠶᠢᠭᠤᠯᠤᠭᠰᠠᠨ ᠵᠢᠱᠢᠶ᠎ᠡ ᠦᠵᠡᠬᠦᠯᠬᠦ ᠬᠤᠰᠢᠭᠤ ᠰᠢᠶᠠᠨ ᠢᠶᠠᠷ | ᠦᠨᠡᠯᠡᠭᠳᠡᠪᠡ᠃ ︽ᠠᠮᠤᠷ ᠲᠦᠪᠰᠢᠨ ᠲᠤᠮᠳᠠᠳᠤ ᠬᠤᠰᠢᠭᠤ︾ ᠬᠠᠷᠠᠭᠠᠨ ᠲᠠᠪᠳᠠᠮᠵᠢ ᠶᠢᠨ ᠬᠢᠨᠠᠨ ᠡᠵᠡᠮᠳᠡᠬᠦ ᠰᠦᠯᠵᠢᠶᠡᠨ ᠤ ᠢᠨᠵᠧᠨᠧᠷᠢᠩ ᠪᠤᠯᠤᠨ ᠬᠤᠷᠢᠭᠤᠯ ᠤᠨ | ᠭᠠᠵᠠᠷ᠂ ᠲᠦᠷ ᠬᠤᠷᠢᠬᠤ ᠭᠠᠵᠠᠷ ᠢ ᠪᠠᠶᠢᠭᠤᠯᠵᠤ ᠬᠡᠷᠡᠭᠯᠡᠯᠳᠡ ᠳᠤ ᠤᠷᠤᠭᠤᠯᠤᠨ᠂ ᠨᠡᠶᠢᠭᠡᠮ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠴᠢᠳᠠᠪᠤᠷᠢ ᠶᠡᠭᠡᠪᠡᠷ | ᠲᠡᠭᠡᠭᠰᠢᠯᠡᠪᠡ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠭᠡ᠂ ᠤᠶᠤᠨ ᠤ ᠪᠤᠯᠪᠠᠰᠤᠨ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠳᠠ ᠡᠮᠬᠢ | ᠲᠢᠭᠯᠢᠮ ᠲᠠᠢ ᠶᠠᠪᠤᠭᠳᠠᠵᠤ᠂ ᠪᠦᠬᠦ ᠤᠯᠤᠰ ᠤᠨ ᠬᠠᠤᠯᠢᠵᠢᠯ ᠤᠨ ᠤᠬᠠᠭᠤᠯᠭ᠎ᠠ ᠬᠦᠮᠦᠵᠢᠯ ᠤᠨ ᠲᠡᠷᠢᠬᠦᠨ ᠤ ᠬᠤᠰᠢᠭᠤ ᠰᠢᠶᠠᠨ ᠢᠶᠠᠷ ᠦᠨᠡᠯᠡᠭᠳᠡᠵᠤ᠂ ᠦ᠋ ᠵᠧᠨ | ᠲᠤᠰᠬᠤᠨ ᠨᠢ ᠪᠦᠬᠦ ᠤᠯᠤᠰ ᠤᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠬᠦᠯᠬᠦ ᠲᠤᠰᠬᠤᠨ ᠢᠶᠠᠷ ᠦᠨᠡᠯᠡᠭᠳᠡᠵᠤ᠂ ᠬᠠᠤᠯᠢ ᠪᠠᠷ ᠬᠤᠰᠢᠭᠤ ᠪᠠᠨ ᠵᠠᠰᠠᠬᠤ ᠨᠢ | ᠢᠯᠡᠳᠳᠡ ᠠᠮᠵᠢᠯᠳᠠ ᠤᠯᠪᠠ᠃ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠠᠵᠢᠯ ᠬᠢᠭᠡᠳ ᠪᠦᠬᠦ ᠠᠷᠠᠳ ᠤᠨ ᠰᠢᠨᠵᠢᠯᠡᠬᠦ ᠤᠬᠠᠭᠠᠨ ᠤ ᠭᠡᠪ ᠪᠤᠯᠪᠠᠰᠤᠷᠠᠯ ᠤᠨ ᠬᠢᠷᠢ | ᠲᠦᠪᠰᠢᠨ ᠢᠯᠡᠳᠳᠡ ᠲᠡᠭᠡᠭᠰᠢᠯᠡᠵᠤ᠂ ᠪᠦᠬᠦ ᠤᠯᠤᠰ ᠤᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠭᠡ ᠶᠢᠨ ᠵᠢᠱᠢᠶ᠎ᠡ ᠦᠵᠡᠬᠦᠯᠬᠦ ᠬᠤᠰᠢᠭᠤ ᠪᠠᠷ ᠦᠨᠡᠯᠡᠭᠳᠡᠪᠠ᠃ | ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ ᠶᠤᠰᠤ ᠮᠤᠷᠠᠯ ᠤᠨ ᠪᠠᠶᠢᠭᠤᠯᠤᠯᠳᠠ ᠲᠤᠪᠤᠶᠢᠮ᠎ᠠ ᠠᠮᠵᠢᠯᠳᠠ ᠤᠯᠵᠤ᠂ ᠤᠶᠤᠨ ᠤ ᠪᠤᠯᠪᠠᠰᠤᠨ ᠤ ᠠᠯᠪᠠᠨ ᠭᠡᠷ | ᠨᠢ ᠪᠦᠬᠦ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠤᠰᠤ ᠮᠤᠷᠠᠯ ᠤᠨ ᠪᠠᠶᠢᠭᠤᠯᠤᠯᠳᠠ ᠶᠢᠨ ᠠᠵᠢᠯ ᠤᠨ ᠲᠡᠷᠢᠬᠦᠨ ᠤ ᠪᠠᠶᠢᠭᠤᠯᠭ᠎ᠠ | ᠨᠢᠭᠡᠴᠡ ᠪᠠᠷ ᠦᠨᠡᠯᠡᠭᠳᠡᠪᠠ᠃ ᠬᠤᠶᠠᠷ ᠢ ᠬᠦᠷᠢᠶᠡᠯᠡᠵᠤ ᠬᠠᠮᠳᠤᠪᠡᠷ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠵᠤ᠂ ᠬᠢᠯᠢ ᠶᠢᠨ ᠤᠷᠤᠨ ᠠᠮᠤᠷ | ᠠᠮᠤᠭᠤᠯᠠᠩ᠂ ᠨᠡᠶᠢᠬᠡᠮ ᠠᠮᠤᠷ ᠲᠤᠭᠳᠠᠭᠤᠨ᠂ ᠴᠡᠷᠢᠭ ᠵᠠᠰᠠᠭ ᠴᠡᠷᠢᠭ ᠠᠷᠠᠳ ᠪᠦᠯᠬᠦᠮᠳᠡᠭᠰᠡᠨ ᠪᠠᠶᠢᠳᠠᠯ ᠤᠯᠠᠮ ᠨᠢᠭᠡ ᠠᠯᠬᠤᠮ ᠪᠠᠳᠤᠵᠢᠪᠠ᠃ ᠠᠬᠠᠮᠠᠳ | ᠺᠠᠳ᠋ᠷᠴᠤᠳ ᠪᠤᠯᠤᠨ ᠲᠤᠤᠷ᠎ᠠ ᠨᠢᠭᠡ ᠦᠶ᠎ᠡ ᠪᠠᠨ ᠬᠠᠯᠠᠮᠵᠢᠯᠠᠬᠤ ᠠᠵᠢᠯ ᠢ ᠲᠡᠭᠡᠳᠤ ᠭᠡᠮᠵᠢᠶ᠎ᠡ ᠪᠠᠷ ᠬᠦᠨᠳᠦᠳᠭᠡᠵᠤ᠂ ᠠᠵᠢᠯᠳᠠᠨ ᠤ ᠶᠡᠷᠦᠩᠬᠡᠢ ᠡᠪᠯᠡᠯ᠂ ᠵᠠᠯᠠᠭᠤᠴᠤᠳ | ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠷᠠᠳ ᠲᠦᠮᠡᠨ ᠤ ᠪᠦᠯᠬᠦᠮ ᠤᠨ ᠵᠤᠬᠢᠶᠠᠨ ᠪᠠᠶᠢᠭᠤᠯᠤᠯᠳᠡ ᠪᠤᠯᠤᠨ | ᠬᠤᠯᠪᠤᠭᠠᠯᠠᠨ ᠬᠢᠨᠠᠨ ᠪᠠᠶᠢᠴᠠᠭᠠᠬᠤ ᠪᠠᠶᠢᠭᠤᠯᠭ᠎ᠠ ᠨᠢᠭᠡᠴᠡ ᠶᠢᠨ ᠠᠵᠢᠯ ᠢᠶᠠᠨ ᠦᠷᠨᠢᠬᠦᠯᠬᠦ ᠶᠢ ᠢᠳᠡᠪᠬᠢᠳᠠᠢ ᠲᠡᠮᠵᠢᠪᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠴᠠᠭ ᠠᠭᠤᠷ᠂ ᠠᠶᠤᠯᠬᠦᠢ ᠦᠢᠯᠡᠳᠪᠦᠷᠢᠯᠡᠯ ᠵᠡᠷᠭᠡ ᠡᠯ᠎ᠡ ᠲᠦᠷᠦᠯ ᠤᠨ ᠠᠵᠢᠯ ᠰᠢᠨ᠎ᠡ ᠠᠬᠢᠯᠳᠠ ᠲᠠᠢ ᠪᠤᠯᠪᠠ᠃ | ᠲᠠᠪᠤᠨ ᠵᠢᠯ ᠤᠨ ᠲᠤᠷᠰᠢ᠂ ᠪᠢᠳᠡ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠦᠷᠭᠡᠳᠭᠡᠵᠤ᠂ ᠵᠠᠰᠠᠭ ᠤᠨ ᠤᠷᠳᠤᠨ ᠤ ᠪᠠᠶᠢᠭᠤᠯᠤᠯᠳᠠ ᠰᠢᠨ᠎ᠡ | ᠲᠠᠪᠰᠢᠯᠳᠠ ᠲᠠᠢ ᠪᠤᠯᠪᠠ᠃ | ᠬᠤᠰᠢᠭᠤᠨ ᠤ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠭᠡᠷᠡᠭᠵᠢᠬᠦᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠤᠰᠤᠭᠠᠷ ᠬᠢᠨᠠᠯᠳᠠ ᠲᠠᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠵᠢᠴᠢ ᠠᠷᠠᠳ ᠤᠯᠠᠨ ᠤ | ᠬᠢᠨᠠᠯᠳᠠ ᠪᠤᠯᠤᠨ ᠶᠠᠷᠢᠶ᠎ᠠ ᠭᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠵᠤ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ | ᠪᠤᠰᠤ ᠬᠦᠮᠦᠰ ᠪᠤᠯᠤᠨ ᠤᠯᠠᠨ ᠨᠡᠶᠢᠳᠡ ᠶᠢᠨ ᠪᠦᠯᠬᠦᠮ ᠤᠨ ᠵᠤᠬᠢᠶᠠᠨ ᠪᠠᠶᠢᠭᠤᠯᠤᠯᠳᠠ ᠯᠤᠭ᠎ᠠ ᠶᠢᠨ ᠬᠠᠷᠢᠯᠴᠠᠭ᠎ᠠ ᠪᠤᠯᠤᠨ ᠵᠦᠪᠳᠡᠯᠴᠡᠭᠡ ᠪᠠᠨ ᠦᠨᠡᠨᠬᠦ | ᠴᠢᠩᠭᠠᠳᠬᠠᠵᠤ᠂ ᠵᠠᠰᠠᠭ ᠤᠨ ᠤᠷᠳᠤᠨ ᠤ ᠠᠷᠠᠳᠴᠢᠯᠠᠯ ᠢᠶᠠᠷ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠤ ᠪᠤᠳᠤᠯᠭ᠎ᠠ ᠲᠤᠭᠳᠠᠭᠠᠬᠤ ᠶᠢ ᠢᠳᠡᠪᠬᠢᠳᠠᠢ ᠪᠠᠷ | ᠲᠦᠯᠬᠢᠨ ᠠᠬᠢᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠨᠡᠶᠢᠳᠡ 275 ᠬᠤᠪᠢ᠂ ᠤᠯᠤᠰ | ᠲᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠲᠤᠷᠠᠳᠤᠯᠭ᠎ᠠ ᠨᠡᠶᠢᠳᠡ 563 ᠬᠤᠪᠢ ᠶᠢ ᠰᠢᠢᠳᠪᠤᠷᠢᠯᠡᠨ ᠨᠠᠶᠢᠳᠠᠪᠤᠷᠢᠵᠢᠭᠤᠯᠪᠠ᠃ ᠵᠠᠰᠠᠭ ᠵᠠᠬᠢᠷᠭᠠᠨ ᠢᠶᠠᠷ | ᠲᠠᠬᠢᠨ ᠵᠦᠪᠯᠡᠬᠦ ᠭᠡᠷᠡᠭ 36 ᠬᠤᠪᠢ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠭᠡᠷᠡᠭ 46 ᠬᠤᠪᠢ ᠶᠢ ᠬᠦᠢᠴᠡᠳᠭᠡᠵᠤ᠂ ᠲᠦᠷᠢᠮᠵᠢᠭᠰᠡᠨ ᠪᠢᠴᠢᠭ ᠮᠠᠲ᠋ᠧᠷᠢᠶᠠᠯ 59 | ᠬᠤᠪᠢ ᠶᠢ ᠴᠡᠪᠡᠷᠯᠡᠪᠡ᠃ ᠠᠷᠠᠳᠴᠢᠯᠠᠯ ᠲᠦᠪᠯᠡᠷᠡᠯ ᠤᠨ ᠲᠦᠷᠢᠮ ᠪᠠ ︽ᠭᠤᠷᠪᠠᠨ ᠴᠢᠬᠤᠯᠡ ᠨᠢᠭᠡ ᠲᠤᠮᠤ︾ ᠰᠢᠢᠳᠪᠤᠷᠢ ᠲᠤᠭᠳᠠᠭᠠᠬᠤ ᠲᠦᠷᠢᠮ ᠢ ᠴᠢᠩᠭ᠎ᠠ | ᠬᠡᠷᠡᠭᠵᠢᠭᠦᠯᠵᠤ᠂ ᠵᠠᠰᠠᠭ ᠤᠨ ᠤᠷᠳᠤᠨ ᠤ ᠠᠵᠢᠯ ᠤᠨ ᠲᠦᠷᠢᠮ ᠢ ᠲᠠᠰᠤᠷᠠᠯᠲᠠ ᠦᠭᠡᠢ ᠲᠡᠭᠦᠯᠳᠡᠷᠵᠢᠬᠦᠯᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠪᠠᠶᠢᠭᠤᠯᠤᠯᠳᠠ ᠶᠢ ᠬᠦᠨᠵᠡᠭᠡᠶᠢᠷᠡᠬᠦᠯᠦᠨ ᠶᠠᠪᠤᠭᠳᠠᠭᠤᠯᠵᠤ᠂ | ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭᠠᠳᠤ ᠲᠦᠷᠢᠮ ᠢ ᠴᠢᠩᠭ᠎ᠠ ᠲᠤᠤᠱᠯᠠᠭᠤᠯᠤᠨ᠂ ᠨᠠᠮ ᠤᠨ ᠤᠯᠠᠨ ᠲᠦᠮᠡᠨᠴᠢ ᠱᠤᠭᠤᠮ ᠤᠨ | ᠬᠦᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠤᠪᠳᠤ ᠰᠤᠷᠭᠠᠨ ᠬᠦᠮᠦᠵᠢᠯ ᠤᠨ ᠠᠵᠢᠯᠯᠠᠭ᠎ᠠ ᠪᠤᠯᠤᠨ ︽ | ᠬᠤᠶᠠᠷ ᠢ ᠰᠤᠷᠤᠯᠴᠠᠵᠤ ᠬᠢᠷᠢ ᠲᠠᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠨᠠᠷᠢᠨ ᠬᠢᠨᠠᠮᠠᠭᠠᠢ ᠶᠠᠪᠤᠭᠳᠠᠭᠤᠯᠵᠤ᠂ ︽ᠲᠦᠷᠪᠡᠨ | ᠰᠤᠷᠳᠠᠯ︾ ᠤᠨ ᠲᠤᠪᠤᠶᠢᠮ᠎ᠠ ᠠᠰᠠᠭᠤᠳᠠᠯ ᠢ ᠨᠠᠷᠢᠨ ᠦᠭᠡᠷᠡᠴᠢᠯᠡᠨ ᠵᠠᠰᠠᠵᠤ᠂ ᠠᠯᠪᠠᠨ ᠪᠠᠶᠢᠭᠤᠯᠭ᠎ᠠ ᠪᠤᠯᠤᠨ ᠺᠠᠳ᠋ᠷᠴᠤᠳ ᠤᠨ ᠰᠤᠷᠳᠠᠯ ᠮᠡᠳᠡᠭᠳᠡᠮ᠎ᠡ ᠰᠠᠶᠢᠵᠢᠷᠠᠪᠠ᠃ | ᠭᠤᠷᠪᠠᠨ ᠵᠦᠢᠯ ᠤᠨ ᠠᠯᠪᠠᠨ ᠵᠠᠷᠤᠳᠠᠯ ᠨᠢ ᠵᠢᠯ ᠲᠤᠮᠳᠠᠴᠢ ᠪᠠᠷ 5% ᠠᠴᠠ ᠲᠡᠭᠡᠭᠰᠢ ᠪᠠᠷ ᠪᠠᠭᠤᠷᠠᠵᠤ᠂ ᠠᠯᠪᠠᠨ ᠳᠤ ᠭᠡᠷᠡᠭᠯᠡᠬᠦ ᠲᠡᠷᠭᠡ ᠶᠢᠨ ᠲᠦᠷᠢᠮ ᠤᠨ | ᠦᠭᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠬᠦᠯᠪᠡ᠃ ᠢᠯᠵᠠᠷᠠᠯ ᠢ ᠡᠰᠡᠷᠬᠦᠴᠡᠨ ᠠᠷᠢᠭᠤᠨ ᠴᠢᠭᠡᠴᠢ ᠶᠢ ᠡᠷᠬᠢᠮᠯᠡᠬᠦ ᠶᠢ ᠦᠷᠬᠦᠯᠵᠢᠯᠡᠨ ᠴᠢᠩᠭᠠᠳᠬᠠᠵᠤ᠂ ᠢᠯᠵᠠᠷᠠᠯ | ᠢ ᠵᠠᠯᠬᠠᠭᠠᠨ ᠰᠢᠳᠭᠡᠬᠦ ᠪᠠ ᠤᠷᠢᠳᠴᠢᠯᠠᠨ ᠰᠡᠷᠬᠡᠶᠢᠯᠡᠬᠦ ᠲᠤᠭᠳᠠᠯᠴᠠᠭ᠎ᠠ ᠶᠢᠨ ᠪᠠᠶᠢᠭᠤᠯᠤᠯᠳᠠ ᠰᠢᠨ᠎ᠡ ᠦᠷ᠎ᠡ ᠪᠦᠳᠦᠮᠵᠢ ᠤᠯᠪᠠ᠃ | ᠲᠦᠯᠦᠭᠡᠯᠡᠭᠴᠢᠳ ᠡ᠂ ᠲᠠᠪᠤᠨ ᠵᠢᠯ ᠤᠨ ᠲᠤᠷᠰᠢ ᠡᠷᠡᠮᠡᠭᠡᠶᠢᠯᠡᠨ ᠤᠷᠤᠭᠰᠢᠯᠠᠵᠤ᠂ ᠠᠮᠵᠢᠯᠳᠡ ᠪᠦᠳᠦᠮᠵᠢ ᠶᠢ ᠤᠯᠤᠭᠰᠠᠨ ᠨᠢ ᠬᠢᠯᠪᠡᠷ ᠪᠤᠰᠤ ᠶᠤᠮ᠂ | ᠪᠢᠳᠡ ᠰᠠᠭᠤᠷᠢ ᠶᠢ ᠪᠠᠳᠤᠳᠬᠠᠵᠤ᠂ ᠢᠷᠡᠬᠡᠳᠦᠢ ᠳᠤ ᠠᠰᠢᠭᠳᠠᠢ ᠨᠢᠭᠡ ᠪᠦᠯᠦᠭ ᠶᠡᠭᠡ ᠶᠠᠪᠤᠳᠠᠯ ᠢ ᠪᠦᠳᠦᠭᠡᠵᠤ᠂ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠡᠪ | ᠨᠠᠶᠢᠷᠠᠮᠳᠠᠯ ᠢ ᠠᠬᠢᠭᠤᠯᠤᠭᠰᠠᠨ ᠨᠢᠭᠡ ᠪᠦᠯᠦᠭ ᠪᠤᠳᠠᠳᠠᠢ ᠰᠠᠶᠢᠨ ᠶᠠᠪᠤᠳᠠᠯ ᠢ ᠬᠢᠵᠤ ᠪᠦᠳᠦᠭᠡᠪᠡ᠃ ᠪᠢᠳᠡ ᠬᠠᠳᠠᠭᠤ ᠪᠡᠷᠭᠡ ᠰᠢᠯᠭᠠᠯᠳᠠ ᠶᠢ ᠲᠤᠭᠤᠯᠤᠨ᠂ ᠲᠦᠷᠭᠡᠨ | ᠲᠠᠪᠰᠢᠯᠳᠡ ᠶᠢ ᠤᠯᠤᠭᠰᠠᠨ ᠨᠢ ᠲᠡᠭᠡᠳᠤ ᠱᠠᠳᠤᠨ ᠤ ᠨᠠᠮ ᠤᠨ ᠬᠤᠷᠢᠶ᠎ᠠ᠂ ᠵᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠳᠠ ᠲᠠᠯᠪᠢᠵᠤ᠂ ᠤᠯᠤᠰ ᠲᠦᠷᠤ ᠶᠢᠨ | ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠭᠰᠠᠨ ᠤ ᠦᠷ᠎ᠡ ᠳ᠋ᠦᠩ᠂ ᠬᠤᠭᠤᠴᠠᠭ᠎ᠠ ᠪᠦᠷᠢ ᠶᠢᠨ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠦᠨᠡᠨᠬᠦ | ᠠᠳᠬᠤᠵᠤ ᠪᠤᠳᠠᠳᠠᠢ ᠠᠵᠢᠯᠯᠠᠨ᠂ ᠵᠤᠷᠢᠭᠳᠠᠢ ᠪᠠᠷ ᠤᠷᠤᠭᠰᠢᠯᠠᠨ ᠴᠢᠷᠮᠠᠶᠢᠭᠰᠠᠨ ᠤ ᠦᠷ᠎ᠡ ᠳ᠋ᠦᠩ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠤᠶᠢᠯᠠᠭᠠᠨᠨ ᠢᠳᠡᠭᠡᠵᠤ᠂ ᠰᠠᠨᠠᠯ ᠰᠠᠨᠠᠭᠤᠯᠭ᠎ᠠ ᠠᠷᠭ᠎ᠠ ᠪᠤᠳᠤᠯᠭ᠎ᠠ ᠪᠠᠨ ᠲᠡᠪᠰᠢᠬᠦᠯᠦᠭᠰᠡᠨ | ᠤ ᠦᠷ᠎ᠡ ᠳ᠋ᠦᠩ᠂ ᠠᠬᠠᠮᠠᠳ ᠺᠠᠳ᠋ᠷᠴᠤᠳ᠂ ᠠᠬᠠᠮᠠᠳ ᠨᠦᠬᠦᠷ ᠨᠠᠷ ᠤᠨ ᠬᠠᠯᠠᠮᠵᠢᠯᠠᠨ ᠲᠡᠮᠵᠢᠭᠰᠡᠨ ᠤ ᠦᠷ᠎ᠡ ᠳ᠋ᠦᠩ᠂ ᠦᠨᠳᠦᠰᠦᠳᠡᠨ ᠤ ᠪᠦᠯᠬᠦᠮᠳᠠᠯ᠂ ᠴᠡᠷᠢᠭ | ᠠᠷᠠᠳ ᠬᠠᠮᠳᠤᠪᠡᠷ ᠪᠠᠶᠢᠭᠤᠯᠤᠭᠰᠠᠨ ᠤ ᠦᠷ᠎ᠡ ᠳ᠋ᠦᠩ ᠪᠠᠶᠢᠵᠤ ᠂ ᠪᠦᠬᠦ ᠬᠤᠰᠢᠭᠤᠨ ᠤ ᠠᠷᠠᠳ ᠲᠦᠮᠡᠨ ᠤ ᠤᠶᠤᠨ ᠤᠬᠠᠭᠠᠨ᠂ ᠬᠦᠴᠦ ᠬᠦᠯᠦᠰᠤ ᠶᠢ | ᠠᠭᠤᠰᠬᠠᠭᠰᠠᠨ ᠪᠠᠶᠢᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠤᠷᠠᠳ ᠤᠨ ᠲᠤᠮᠳᠠᠳᠤ ᠬᠤᠰᠢᠭᠤᠨ ᠤ ᠦᠭᠡᠷᠡᠴᠢᠯᠡᠯᠳᠡ | ᠭᠦᠭᠵᠢᠯᠳᠡ ᠶᠢᠨ ᠦᠢᠯᠡᠰ ᠲᠤ ᠤᠷᠤᠯᠴᠠᠨ᠂ ᠬᠠᠯᠠᠮᠵᠢᠯᠠᠵᠤ᠂ ᠲᠡᠮᠵᠢᠭᠰᠡᠨ ᠡᠯ᠎ᠡ ᠱᠠᠳᠤ ᠡᠯ᠎ᠡ ᠡᠳᠡᠭᠡᠳ᠂ ᠡᠯ᠎ᠡ ᠠᠵᠢᠯ ᠲᠦᠷᠦᠯ ᠤᠨ ᠨᠦᠬᠦᠳ᠂ ᠨᠠᠶᠢᠵᠠ ᠨᠠᠷ ᠲᠤ | ᠴᠢᠩ ᠰᠡᠳᠬᠢᠯ ᠤᠨ ᠲᠠᠯᠠᠷᠬᠠᠯ ᠪᠤᠯᠤᠨ ᠡᠷᠬᠢᠮ ᠲᠡᠭᠡᠳᠤ ᠬᠦᠨᠳᠦᠳᠭᠡᠯ ᠢᠶᠠᠨ ᠲᠡᠪᠰᠢᠬᠦᠯᠦᠶ᠎ᠡ︕ | ᠲᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠤᠨ ᠦᠷ᠎ᠡ ᠪᠦᠳᠦᠮᠵᠢ ᠶᠢ ᠡᠷᠬᠢᠴᠡᠬᠦᠯᠬᠦ ᠳᠤ᠂ ᠪᠢᠳᠡ ᠵᠠᠰᠠᠭ ᠤᠨ ᠤᠷᠳᠤᠨ ᠤ ᠠᠵᠢᠯ ᠢ ᠰᠠᠶᠢᠳᠤᠷ | ᠬᠢᠬᠦ ᠳᠤ ᠡᠷᠬᠡᠪᠰᠢ ᠬᠦᠭᠵᠢᠯᠳᠡ ᠶᠢ ᠲᠡᠷᠢᠬᠦᠨ ᠴᠢᠬᠤᠯᠠ ᠶᠠᠪᠤᠳᠠᠯ ᠢᠶᠠᠷ ᠦᠵᠡᠵᠤ᠂ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠭᠦᠭᠵᠢᠯᠳᠡ ᠶᠢᠨ ᠴᠢᠬᠤᠯᠠ ᠠᠭᠤᠯᠭ᠎ᠠ | ᠪᠠᠷ ᠦᠵᠡᠵᠤ᠂ ᠠᠵᠤ ᠦᠢᠯᠡᠰ ᠤᠨ ᠠᠭᠤᠰᠤᠯᠴᠠᠯ ᠪᠤᠯᠤᠨ ᠬᠤᠳᠠ ᠬᠦᠳᠡᠭᠡ ᠶᠢ ᠨᠢᠭᠡᠳᠦᠯᠳᠠᠢ ᠲᠦᠯᠦᠪᠵᠢᠬᠦᠯᠦᠨ ᠭᠦᠭᠵᠢᠬᠦᠯᠬᠦ ᠶᠢ ᠲᠦᠯᠬᠢᠨ ᠠᠬᠢᠭᠤᠯᠬᠤ | ᠭᠡᠷᠡᠭᠳᠠᠢ᠃ ᠡᠷᠭᠡᠪᠰᠢ ᠠᠷᠠᠳ ᠤᠨ ᠠᠮᠢᠳᠤᠷᠠᠯ ᠳᠤ ᠰᠠᠨᠠᠭ᠎ᠠ ᠲᠠᠯᠪᠢᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠷᠠᠳ ᠲᠦᠮᠡᠨ ᠢ ᠢᠮᠠᠭᠳᠠ ᠬᠠᠮᠤᠭ ᠤᠨ | ᠴᠢᠬᠤᠯᠠ ᠪᠠᠶᠢᠷᠢᠨ ᠳᠤ ᠲᠠᠯᠪᠢᠵᠤ᠂ ᠨᠡᠩ ᠶᠡᠭᠡ ᠰᠢᠢᠳᠪᠤᠷᠢᠳᠤ ᠵᠤᠷᠢᠭ ᠢᠶᠠᠷ ᠨᠡᠩ ᠶᠡᠭᠡ ᠬᠦᠴᠦᠨ ᠴᠢᠳᠠᠯ ᠭᠠᠷᠭᠠᠨ ᠠᠷᠠᠳ ᠤᠨ ᠠᠮᠢᠳᠤᠷᠡᠯ ᠢ ᠪᠠᠳᠤᠯᠠᠨ | ᠰᠠᠶᠢᠵᠢᠷᠠᠭᠤᠯᠵᠤ᠂ ᠪᠦᠬᠦ ᠬᠤᠰᠢᠭᠤᠨ ᠤ ᠠᠷᠠᠳ ᠲᠦᠮᠡᠨ ᠢ ᠦᠭᠡᠷᠡᠴᠢᠯᠡᠯᠳᠡ ᠭᠦᠭᠵᠢᠯᠳᠡ ᠶᠢᠨ ᠦᠷ᠎ᠡ ᠪᠦᠳᠦᠮᠵᠢ ᠶᠢ ᠬᠠᠮᠳᠤᠪᠡᠷ ᠡᠳ᠋ᠯᠡᠬᠦᠯᠬᠦ ᠭᠡᠷᠡᠭᠳᠠᠢ᠃ | ᠡᠷᠭᠡᠪᠰᠢ ᠦᠨᠡᠨᠬᠦ ᠠᠳᠬᠤᠵᠤ ᠪᠤᠳᠠᠳᠠᠢ ᠪᠠᠷ ᠠᠵᠢᠯᠯᠠᠵᠤ᠂ ᠵᠤᠷᠢᠭᠳᠠᠢ ᠪᠠᠷ ᠡᠬᠦᠷᠭᠡᠯᠡᠨ᠂ ᠬᠠᠷᠠᠯᠳᠠ ᠡᠬᠦᠷᠭᠡ ᠪᠠᠨ ᠨᠢᠭᠡ ᠨᠢᠭᠡ ᠲᠦᠷᠤᠯ ᠢᠶᠠᠷ ᠪᠡᠶᠡᠯᠡᠬᠦᠯᠵᠤ᠂ ᠨᠢᠭᠡ | ᠨᠢᠭᠡ ᠶᠠᠪᠤᠳᠠᠯ ᠢᠶᠠᠷ ᠨᠠᠶᠢᠳᠠᠪᠤᠷᠢᠵᠢᠭᠤᠯᠬᠤ ᠭᠡᠷᠡᠭᠳᠠᠢ ᠭᠡᠰᠡᠨ ᠢ ᠬᠦᠨᠵᠡᠭᠡᠢ ᠤᠬᠠᠭᠠᠷᠠᠪᠠ᠃ ᠦᠢᠯᠡᠳᠦᠯᠭᠡ ᠶᠢᠨ ᠲᠤᠮᠳᠠ ᠤᠯᠤᠭᠰᠠᠨ ᠲᠤᠷᠰᠢᠯᠭ᠎ᠠ ᠨᠢ ᠲᠤᠶᠢᠯ ᠤᠨ | ᠬᠤᠪᠤᠷ ᠨᠠᠨᠳᠢᠨ ᠪᠠᠶᠢᠵᠤ᠂ ᠪᠢᠳᠠ ᠡᠷᠭᠡᠪᠰᠢ ᠡᠷᠬᠢᠮᠨᠡᠨ ᠨᠠᠨᠳᠢᠩᠨᠠᠬᠤ ᠭᠡᠷᠡᠭᠳᠠᠢ᠃ | ᠠᠮᠵᠢᠯᠳᠠ ᠪᠦᠳᠦᠮᠵᠢ ᠪᠤᠯᠤᠨ ᠲᠤᠷᠰᠢᠯᠭ᠎ᠠ ᠰᠤᠷᠭᠠᠮᠵᠢ ᠪᠠᠨ ᠳ᠋ᠦᠩᠨᠡᠬᠦ ᠶᠢᠨ ᠬᠠᠮᠳᠤ ᠪᠢᠳᠠ ᠪᠠᠰᠠ ᠤᠳᠤᠬᠠᠨ ᠤ ᠭᠦᠭᠵᠢᠯᠳᠡ ᠲᠤᠮᠳᠠ ᠨᠢᠭᠡ ᠪᠦᠯᠦᠭ | ᠬᠦᠴᠢᠷᠳᠠᠯ ᠪᠤᠯᠤᠨ ᠠᠰᠠᠭᠤᠳᠠᠯ ᠤᠷᠤᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠮᠡᠳᠡᠪᠡ᠂ ᠨᠢᠭᠡ ᠲᠠᠯ᠎ᠠ ᠪᠠᠷ ᠦᠵᠡᠬᠦ ᠳᠤ᠂ ᠮᠠᠨ ᠤ ᠬᠤᠰᠢᠭᠤᠨ ᠤ ᠡᠯ᠎ᠡ ᠲᠦᠷᠦᠯ | ᠤᠨ ᠠᠵᠢᠯ ᠦᠢᠯᠡᠰ ᠨᠢ ᠲᠦᠷᠭᠡᠨ ᠲᠠᠪᠰᠢᠯᠳᠠ ᠶᠢ ᠤᠯᠤᠭᠰᠠᠨ ᠪᠠᠶᠢᠨ᠎ᠠ᠂ ᠭᠡᠪᠡᠴᠤ ᠦᠭᠡᠷ᠎ᠡ ᠨᠢᠭᠡ ᠲᠠᠯ᠎ᠠ ᠪᠠᠷ ᠠᠳᠠᠯᠢᠳᠬᠠᠬᠤ ᠳᠤ᠂ ᠤᠨᠴᠠᠭᠠᠶᠢᠯᠠᠨ ᠪᠠᠷᠢᠮᠵᠢᠶ᠎ᠠ | ᠱᠠᠭᠠᠷᠳᠠᠯᠭ᠎ᠠ ᠪᠤᠯᠤᠨ ᠤᠯᠪᠠᠰᠤ ᠵᠤᠬᠢᠬᠤ ᠠᠮᠵᠢᠯᠳᠠ ᠪᠦᠳᠦᠮᠵᠢ ᠠᠴᠠ ᠪᠠᠰᠠ ᠨᠡᠯᠢᠶᠡᠳ ᠶᠡᠭᠡ ᠵᠦᠷᠢᠶᠡᠨᠳᠠᠢ ᠪᠠᠶᠢᠨ᠎ᠠ᠂ ᠠᠵᠤ ᠠᠬᠤᠢ ᠶᠢᠨ ᠶᠡᠷᠦᠩᠭᠡᠢ ᠭᠡᠮᠵᠢᠶ᠎ᠡ | ᠪᠤᠯᠤᠨ ᠨᠡᠮᠡᠭᠳᠡᠯ ᠤᠨ ᠭᠡᠮᠵᠢᠶ᠎ᠠ ᠨᠢ ᠪᠠᠰᠠ ᠨᠡᠶᠢᠭᠡᠮ ᠤᠨ ᠬᠦᠭᠵᠢᠯᠳᠡ ᠶᠢᠨ ᠱᠠᠭᠠᠷᠳᠠᠯᠭ᠎ᠠ ᠶᠢ ᠪᠦᠳᠦᠮᠵᠢᠳᠠᠢ ᠲᠤᠯᠭᠠᠭᠤᠷᠢᠯᠠᠵᠤ ᠲᠠᠶᠢᠯᠬᠦ ᠦᠭᠡᠢ᠂ ᠬᠦᠭᠵᠢᠯᠳᠡ ᠶᠢᠨ | ᠲᠤᠮᠳᠠᠬᠢ ᠬᠠᠭᠤᠴᠢᠨ ᠬᠦᠴᠢᠷᠳᠡᠯ ᠰᠢᠨ᠎ᠡ ᠠᠰᠠᠭᠤᠳᠠᠯ ᠨᠢ ᠬᠠᠷᠢᠯᠴᠠᠨ ᠰᠤᠯᠪᠢᠴᠠᠵᠤ ᠪᠠᠶᠢᠨ᠎ᠠ᠃ ᠭᠤᠤᠯ ᠢᠯᠡᠷᠡᠯ ᠨᠢ᠄ ᠠᠵᠢᠯ ᠠᠬᠤᠢ ᠶᠢᠨ ᠶᠡᠷᠦᠩᠬᠡᠢ ᠭᠡᠮᠵᠢᠶ᠎ᠡ | ᠶᠡᠭᠡ ᠪᠢᠰᠢ᠂ ᠠᠵᠤ ᠦᠢᠯᠡᠰ ᠤᠨ ᠭᠡᠪᠴᠢᠶ᠎ᠡ ᠨᠡᠯᠢᠶᠡᠳ ᠪᠠᠭ᠎ᠠ᠂ ᠠᠵᠤ ᠦᠢᠯᠡᠰ ᠤᠨ ᠪᠦᠳᠦᠴᠠ ᠶᠢᠨ ᠵᠦᠷᠢᠴᠡᠯ ᠨᠢ ᠨᠡᠯᠢᠶᠡᠳ ᠲᠤᠪᠤᠶᠢᠮ᠎ᠠ᠂ ᠬᠦᠳᠦᠯᠤᠨ | ᠲᠠᠭᠠᠭᠤᠯᠤᠭᠰᠠᠨ ᠠᠵᠤ ᠦᠢᠯᠡᠰ ᠨᠢ ᠬᠦᠴᠦᠷᠭᠡᠭ ᠪᠤᠰᠤ᠂ ᠤᠯᠠᠨ ᠪᠤᠰᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠨᠢ | ᠬᠦᠷᠦᠯᠴᠡᠬᠦ ᠦᠭᠡᠢ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠪᠠᠰᠠ ᠨᠡᠯᠢᠶᠡᠳ ᠲᠤᠪᠤᠶᠢᠮ᠎ᠡ ᠪᠠᠶᠢᠭ᠎ᠠ︔ ᠺᠠᠳ᠋ᠷᠴᠤᠳ ᠤᠨ | ᠦᠵᠡᠯ ᠰᠠᠨᠠᠭ᠎ᠠ ᠦᠵᠡᠯ ᠤᠬᠠᠮᠰᠠᠷ᠂ ᠴᠢᠳᠠᠪᠤᠷᠢ ᠶᠢᠨ ᠬᠢᠷᠢ ᠲᠦᠪᠰᠢᠨ᠂ ᠠᠵᠢᠯ ᠤᠨ ᠰᠤᠷᠳᠠᠯ ᠨᠢ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠤᠬᠢᠴᠠᠬᠤ ᠦᠭᠡᠢ᠂ | ᠠᠵᠢᠯ ᠬᠢᠵᠤ ᠦᠢᠯᠡᠰ ᠪᠤᠰᠬᠠᠬᠤ ᠲᠤᠯᠭᠠᠮ᠎ᠠ ᠰᠡᠳᠬᠢᠯᠭᠡ ᠪᠤᠯᠤᠨ ᠡᠬᠦᠷᠭᠡ ᠬᠠᠷᠢᠭᠤᠴᠠᠯᠭᠠᠳᠤ ᠰᠡᠳᠬᠢᠯᠭᠡ ᠶᠢ ᠴᠢᠩᠭᠠᠳᠬᠠᠬᠤ ᠴᠢᠬᠤᠯᠠᠳᠠᠢ᠂ ᠦᠢᠯᠡᠴᠢᠯᠡᠭᠡᠨ ᠤ | ᠪᠦᠳᠦᠮᠵᠢ ᠶᠢ ᠪᠠᠰᠠ ᠲᠡᠭᠡᠭᠰᠢᠯᠡᠬᠦᠯᠬᠦ ᠴᠢᠬᠤᠯᠠᠳᠠᠢ ᠪᠠᠶᠢᠭ᠎ᠠ︔ ᠬᠢᠯᠢ ᠶᠢᠨ ᠪᠤᠭᠤᠮᠳᠠ ᠶᠢᠨ ᠲᠠᠪᠠᠭᠤᠯᠢᠭ ᠲᠠᠯ᠎ᠠ ᠶᠢ ᠪᠠᠰᠠ ᠬᠦᠢᠴᠡᠳ ᠪᠠᠳᠠᠷᠠᠭᠤᠯᠤᠭᠰᠠᠨ ᠦᠭᠡᠢ᠂ | ᠬᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠪᠦᠳᠦᠮᠵᠢ ᠨᠢ ᠪᠠᠰᠠ ᠦᠨᠳᠦᠷ ᠪᠢᠰᠢ︔ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠨᠠᠷᠡᠳᠤ | ᠲᠡᠮᠳᠡᠭ ᠤᠨ ᠪᠦᠳᠦᠭᠡᠨ ᠪᠠᠶᠢᠭᠤᠯᠤᠯᠳᠠ ᠶᠢᠨ ᠴᠤᠭᠯᠠᠷᠠᠯ ᠤᠨ ᠦᠢᠯᠡᠳᠦᠯ ᠴᠢᠩᠭ᠎ᠠ ᠪᠢᠰᠢ᠂ ᠨᠡᠷᠡᠳᠤ ᠲᠡᠮᠳᠡᠭ ᠢ ᠨᠡᠭᠡᠭᠡᠨ ᠦᠷᠭᠡᠳᠭᠡᠭᠰᠡᠨ ᠨᠢ ᠬᠦᠷᠦᠯᠴᠡᠬᠦ ᠦᠭᠡᠢ︔ | ᠤᠯᠠᠨ ᠨᠡᠶᠢᠳᠡ ᠶᠢᠨ ᠦᠢᠯᠡᠴᠢᠯᠡᠭᠡᠨ ᠤ ᠬᠠᠩᠭᠠᠯᠭ᠎ᠠ ᠲᠡᠩᠴᠡᠬᠦᠷᠢ ᠦᠭᠡᠢ ᠬᠦᠢᠴᠡᠳ ᠦᠭᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠨᠡᠯᠢᠶᠡᠳ | ᠵᠦᠷᠢᠶ᠎ᠠ ᠲᠠᠢ ᠪᠠᠶᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠬᠦᠷᠭᠡ ᠮᠦᠨ ᠬᠦ ᠨᠡᠯᠢᠶᠡᠳ ᠬᠦᠨᠳᠤ ᠪᠡᠷᠭᠡ ᠵᠡᠷᠭᠡ ᠪᠠᠶᠢᠭ᠎ᠠ᠃ ᠡᠬᠦᠨ ᠳᠤ᠂ ᠪᠢᠳᠡ ᠨᠡᠩ | ᠲᠡᠭᠡᠳᠤ ᠬᠡᠮᠵᠢᠶ᠎ᠡ ᠪᠠᠷ ᠴᠢᠬᠤᠯᠠᠴᠢᠯᠠᠨ᠂ ᠰᠢᠨᠵᠢᠯᠡᠬᠦ ᠤᠬᠠᠭᠠᠨᠴᠢ ᠪᠦᠳᠦᠮᠵᠢᠳᠠᠢ ᠠᠷᠭ᠎ᠠ ᠠᠪᠴᠠᠯ ᠢ ᠦᠨᠡᠨᠬᠦ ᠭᠡᠷᠡᠭᠵᠢᠬᠦᠯᠵᠤ ᠂ ᠨᠠᠷᠢᠨ ᠬᠢᠨᠠᠮᠠᠭᠠᠢ | ᠰᠢᠢᠳᠪᠤᠷᠢᠯᠡᠨ᠎ᠡ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠤᠯ ᠠᠵᠢᠯ ᠤᠨ ᠬᠠᠷᠠᠯᠳᠠ ᠡᠬᠦᠷᠭᠡ | ᠬᠤᠶᠢᠰᠢᠳᠠ ᠶᠢᠨ ᠲᠠᠪᠤᠨ ᠵᠢᠯ ᠪᠤᠯ ︽ᠬᠤᠤᠰ ᠵᠠᠭᠤᠨ ᠵᠢᠯ︾ ᠤᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢᠨ ᠲᠡᠤᠭᠡᠳᠤ ᠰᠣᠯᠪᠢᠴᠠᠯ ᠤᠨ ᠬᠤᠭᠤᠴᠠᠭ᠎ᠠ | ᠂ ᠮᠦᠨᠴᠤ ᠪᠢᠳᠠᠨ ᠤ ᠠᠵᠤ ᠠᠬᠤᠢ ᠶᠢᠨ ᠬᠦᠭᠵᠢᠯᠳᠡ ᠶᠢᠨ ᠭᠡᠯᠪᠡᠷᠢ ᠶᠢ ᠬᠤᠪᠢᠷᠠᠭᠤᠯᠵᠤ᠂ ᠬᠤᠰᠢᠭᠤᠨ ᠤ ᠭᠡᠪᠴᠢᠶᠠᠨ ᠤ ᠶᠡᠷᠦᠩᠭᠡᠶᠢᠯᠡᠭᠰᠡᠨ ᠪᠤᠳᠠᠳᠤ ᠬᠦᠴᠦᠨ ᠢ | ᠲᠡᠭᠡᠭᠰᠢᠯᠡᠬᠦᠯᠵᠤ᠂ ᠬᠦᠴᠦᠯᠡᠨ ᠴᠢᠷᠮᠠᠶᠢᠵᠤ ᠲᠠᠪᠠᠯᠳᠠ ᠶᠢ ᠪᠡᠶᠡᠯᠡᠬᠦᠯᠬᠦ ᠰᠢᠵᠢᠷ ᠠᠯᠳᠠᠨ ᠠᠵᠠ ᠲᠤᠬᠢᠶᠠᠯᠳᠤ ᠬᠤᠭᠤᠴᠠᠭ᠎ᠠ ᠪᠤᠯᠤᠨ᠎ᠠ᠃ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠠᠴᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠭᠰᠠᠨ ᠴᠢᠬᠤᠯᠠ ᠶᠡᠭᠡ ᠨᠤᠳᠠᠯᠠᠯᠳᠠ ᠶᠢ | ᠭᠠᠷᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠬᠤ᠂ ᠰᠢᠨ᠎ᠠ ᠴᠠᠭ ᠦᠶ᠎ᠠ ᠶᠢᠨ ᠲᠤᠮᠳᠠᠳᠣ ᠤᠯᠤᠰ ᠤᠨ | ᠤᠨᠴᠠᠯᠢᠭ ᠲᠠᠢ ᠨᠠᠶᠢᠬᠡᠮ ᠵᠢᠷᠦᠮ ᠤᠨ ᠠᠭᠤᠤ ᠶᠡᠭᠡ ᠢᠯᠠᠯᠳᠠ ᠶᠢ ᠲᠡᠮᠠᠴᠠᠨ ᠤᠯᠬᠤ ᠠᠤᠭ᠎ᠠ ᠶᠡᠭᠡ ᠵᠢᠷᠤᠭ ᠲᠦᠰᠦᠪ ᠢ ᠵᠢᠷᠤᠭᠯᠠᠨ᠂ ᠤᠯᠤᠰ ᠤᠨ ᠬᠦᠭᠵᠢᠯᠳᠡ ᠶᠢᠨ | ᠰᠢᠨ᠎ᠡ ᠲᠡᠤᠭᠡᠨ ᠤᠷᠤᠨ ᠪᠠᠶᠢᠷᠢ ᠶᠢ ᠲᠤᠳᠤᠳᠬᠠᠨ᠂ ᠪᠢᠳᠡᠨ ᠳᠤ ᠠᠵᠢᠯ ᠦᠢᠯᠡᠰ ᠤᠨ ᠤᠷᠤᠭᠰᠢᠯᠠᠬᠤ ᠴᠢᠭᠯᠡᠯ ᠢ ᠵᠢᠭᠠᠨ ᠭᠠᠷᠭᠠᠪᠠ᠃ ᠪᠢᠳᠡ ᠬᠤᠳᠠ ᠶᠢᠨ ᠨᠠᠮ | ᠤᠨ ᠬᠤᠷᠢᠶ᠎ᠠ ᠵᠠᠰᠠᠭ ᠤᠨ ᠤᠷᠳᠤᠨ ᠤ ︽ᠠᠷᠤ ᠭᠠᠵᠠᠷ ᠤᠨ ᠵᠢᠶᠠᠩᠨᠠᠨ᠂ ᠪᠤᠬᠢᠷᠳᠤᠯ ᠦᠭᠡᠢ ᠮᠠᠨᠳᠤᠨ ᠬᠦᠭᠵᠢᠬᠦ︾ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ | ᠶᠢᠨ ᠲᠤᠭᠤᠷᠢᠨ ᠳᠤ᠂ ᠬᠤᠰᠢᠭᠤᠨ ᠤ ᠨᠠᠮ ᠤᠨ ᠬᠤᠷᠢᠶᠠᠨ ᠤ ᠲᠤᠭᠳᠠᠭᠠᠭᠰᠠᠨ ᠬᠦᠭᠵᠢᠯᠳᠡ ᠶᠢᠨ ᠰᠡᠳᠬᠢᠴᠠ ᠪᠤᠯᠤᠨ ᠬᠦᠭᠵᠢᠯᠳᠡ ᠶᠢᠨ ᠬᠠᠷᠠᠯᠳᠠ ᠶᠢ | ᠪᠠᠷᠢᠮᠳᠠᠯᠠᠨ᠂ ᠠᠷᠭ᠎ᠠ ᠠᠪᠴᠠᠯ ᠢᠶᠠᠨ ᠴᠢᠩᠭᠠᠳᠬᠠᠨ᠂ ᠨᠠᠶᠢᠳᠠᠪᠤᠷᠢᠵᠢᠭᠤᠯᠤᠯᠳᠠ ᠶᠢ ᠪᠠᠳᠤᠯᠠᠨ᠂ ᠮᠠᠨ ᠤ ᠬᠤᠰᠢᠭᠤᠨ ᠤ ᠭᠦᠭᠵᠢᠯᠳᠡ ᠶᠢᠨ ᠤᠷᠤᠰᠢᠵᠤ ᠪᠠᠶᠢᠭ᠎ᠠ | ᠲᠡᠤᠭᠡ ᠶᠢᠨ ᠤᠷᠤᠨ ᠪᠠᠶᠢᠷᠢ ᠪᠤᠯᠤᠨ ᠱᠠᠳᠤᠴᠢ ᠴᠢᠨᠠᠷᠳᠠᠢ ᠤᠨᠴᠠᠯᠢᠭ ᠢ ᠵᠦᠪ ᠤᠨᠤᠪᠴᠢᠳᠠᠢ ᠠᠳᠬᠤᠬᠤ ᠶᠢ ᠪᠠᠷᠢᠮᠳᠠᠯᠠᠵᠤ᠂ ᠲᠦᠭᠰᠢᠬᠦᠷᠢ ᠶᠢᠨ ᠤᠬᠠᠮᠰᠠᠷ᠂ ᠠᠵᠠ | ᠲᠤᠬᠢᠶᠠᠯᠳᠤᠯ ᠤᠨ ᠤᠬᠠᠮᠰᠠᠷ᠂ ᠤᠷᠤᠭᠰᠢᠯᠠᠨ ᠲᠠᠪᠰᠢᠬᠤ ᠤᠬᠠᠮᠰᠠᠷ ᠢᠶᠠᠨ ᠤᠯᠠᠮ ᠴᠢᠩᠭᠠᠳᠬᠠᠨ᠂ ᠰᠢᠨ᠎ᠡ ᠡᠬᠢᠯᠡᠯᠳᠡ ᠲᠡᠭᠡᠷ᠎ᠡ ᠰᠢᠨ᠎ᠡ ᠭᠦᠭᠵᠢᠯᠳᠡ ᠶᠢ ᠰᠡᠳᠬᠢᠵᠤ᠂ | ᠰᠢᠨ᠎ᠡ ᠰᠢᠪᠳᠤᠯᠤᠯᠳᠠ ᠶᠢ ᠪᠡᠶᠡᠯᠡᠬᠦᠯᠦᠨ᠎ᠡ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠠᠭᠠᠷᠳᠠᠯᠭ᠎ᠠ ᠪᠤᠯᠤᠨ ᠬᠠᠷᠠᠯᠳᠠ ᠪᠤᠯ᠄ ᠮᠠᠷᠺᠰ ᠯᠧᠨᠢᠨ ᠤ ᠦᠵᠡᠯ᠂ | ᠮᠠᠤ ᠽᠧ ᠳ᠋ᠦᠩ ᠤᠨ ᠦᠵᠡᠯ ᠰᠠᠨᠠᠭ᠎ᠠ ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠦᠭᠵᠢᠯᠳᠡ ᠶᠢᠨ ᠦᠵᠡᠯᠳᠡ ᠪᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ | ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠬᠦᠯᠦᠨ ᠠᠬᠢᠭᠤᠯᠵᠤ᠂ ︽ᠲᠦᠷᠪᠠᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠬᠤᠳᠠ ᠶᠢᠨ | ᠨᠠᠮ ᠤᠨ ᠬᠤᠷᠢᠶ᠎ᠠ ᠵᠠᠰᠠᠭ ᠤᠨ ᠤᠷᠳᠤᠨ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠭᠦᠭᠵᠢᠯᠳᠡ ᠶᠢᠨ ᠦᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠬᠦᠯᠵᠤ᠂ ᠲᠤᠭᠳᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠠᠰᠠᠭᠤᠳᠠᠯ ᠤᠨ ᠤᠳᠤᠷᠢᠳᠤᠮᠵᠢ ᠶᠢ | ᠪᠠᠷᠢᠮᠳᠠᠯᠠᠨ᠂ ᠭᠤᠤᠯᠳᠠᠯᠭ᠎ᠠ ᠶᠢ ᠠᠳᠬᠤᠨ᠂ ᠲᠤᠳᠠᠭᠤᠳᠠᠯ ᠢ ᠨᠦᠬᠦᠪᠦᠷᠢᠯᠠᠨ᠂ ᠪᠠᠭᠤᠷᠠᠢ ᠵᠦᠢᠯ ᠢᠶᠠᠨ ᠬᠦᠴᠦᠷᠭᠡᠭᠵᠢᠬᠦᠯᠬᠦ ᠶᠢ ᠲᠤᠪᠤᠶᠢᠯᠭᠠᠨ᠂ ᠬᠦᠭᠵᠢᠯᠳᠡ᠂ | ᠠᠮᠢ ᠠᠬᠤᠢ᠂ ᠠᠷᠠᠳ ᠤᠨ ᠠᠮᠢᠳᠤᠷᠠᠯ ᠭᠤᠷᠪᠠᠨ ᠬᠤᠷᠢᠭ᠎ᠠ ᠱᠤᠭᠤᠮ ᠢ ᠡᠷᠡᠰ ᠰᠠᠬᠢᠨ᠂ ᠪᠡᠶᠡᠨ ᠴᠢᠨᠡᠬᠡᠯᠢᠭ᠂ ᠪᠤᠯᠪᠠᠰᠤᠨ ᠰᠠᠶᠢᠬᠠᠨ᠂ ᠦᠵᠡᠰᠬᠦᠯᠡᠩᠳᠤ ᠭᠤᠶᠤ᠂ | ᠨᠡᠬᠡᠬᠡᠯᠳᠡ ᠲᠠᠢ᠂ ᠵᠤᠯ ᠵᠢᠷᠭᠠᠯᠳᠤ᠂ ᠡᠶ᠎ᠡ ᠨᠠᠶᠢᠷᠠᠮᠳᠠᠭᠤ ᠰᠢᠨ᠎ᠡ ᠲᠤᠮᠳᠠᠳᠤ ᠬᠤᠰᠢᠭᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ 2020 | ᠤᠨ ᠪᠤᠯᠬᠤ ᠳᠤ ᠪᠦᠬᠦ ᠤᠯᠤᠰ ᠲᠠᠢ ᠠᠯᠬᠤᠮ ᠨᠢᠭᠡᠳᠡᠢ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠪᠠᠳᠤᠯᠠᠵᠤ᠂ ᠮᠠᠨ ᠤ ᠬᠤᠰᠢᠭᠤᠨ ᠤ | ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠢ ᠨᠡᠭᠡᠭᠡᠬᠦ ᠳᠤ ᠪᠠᠳᠤ ᠪᠠᠬᠢ ᠭᠦᠭᠵᠢᠯᠳᠡ ᠶᠢᠨ | ᠰᠠᠭᠤᠷᠢ ᠶᠢ ᠲᠠᠯᠪᠢᠨ᠎ᠠ᠃ | ᠬᠦᠭᠵᠢᠯᠳᠡ ᠶᠢᠨ ᠬᠠᠷᠠᠯᠳᠠ ᠪᠤᠯ᠄ ᠠᠵᠤ ᠠᠬᠤᠢ ᠶᠢᠨ ᠭᠦᠭᠵᠢᠯᠳᠡ ᠶᠢᠨ ᠶᠡᠷᠦᠩᠬᠡᠢ ᠭᠡᠮᠵᠢᠶ᠎ᠡ ᠪᠤᠯᠤᠨ ᠦᠷ᠎ᠡ ᠪᠦᠳᠦᠮᠵᠢ ᠶᠢ ᠡᠩ ᠲᠡᠷᠢᠬᠦᠨ ᠳᠤ | ᠲᠠᠯᠪᠢᠬᠤ ᠶᠢ ᠪᠠᠷᠢᠮᠳᠠᠯᠠᠵᠤ᠂ 2020 ᠤᠨ ᠪᠤᠯᠬᠤ ᠳᠤ᠂ ᠪᠦᠬᠦ ᠤᠯᠤᠰ᠂ ᠪᠦᠬᠦ ᠤᠷᠤᠨ᠂ ᠪᠦᠬᠦ ᠬᠤᠳᠠ ᠲᠠᠢ ᠠᠯᠬᠤᠮ ᠨᠢᠭᠡᠳᠡᠢ ᠪᠠᠷ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠬᠦᠯᠤᠨ᠎ᠡ︔ 2022 ᠤᠨ ᠪᠤᠯᠬᠤ ᠳᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ ᠢ ᠵᠢᠯ ᠲᠤᠮᠳᠠᠴᠢ ᠪᠠᠷ 9% ᠪᠠᠷ | ᠨᠡᠮᠡᠭᠳᠡᠭᠦᠯᠵᠤ᠂ ᠪᠦᠬᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ ᠵᠢᠯ ᠲᠤᠮᠳᠠᠴᠢ ᠪᠠᠷ 9% ᠪᠠᠷ ᠨᠡᠮᠡᠭᠳᠡᠭᠦᠯᠵᠤ᠂ ᠬᠡᠪᠴᠢᠶᠡᠵᠡᠯ ᠠᠴᠠ | ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ ᠵᠢᠯ ᠲᠤᠮᠳᠠᠴᠢ ᠪᠠᠷ 11% ᠪᠠᠷ ᠨᠡᠮᠡᠭᠳᠡᠭᠦᠯᠵᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ | ᠲᠦᠰᠦᠪ ᠤᠨ ᠤᠷᠤᠯᠭ᠎ᠠ ᠶᠢ ᠵᠢᠯ ᠲᠤᠮᠳᠠᠴᠢ ᠪᠠᠷ 7% ᠪᠠᠷ ᠨᠡᠮᠡᠭᠳᠡᠭᠦᠯᠵᠤ᠂ ᠨᠡᠶᠢᠬᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠤᠭᠰᠠᠨ ᠪᠦᠬᠦ ᠬᠡᠮᠵᠢᠶ᠎ᠡ | ᠶᠢ ᠵᠢᠯ ᠲᠤᠮᠳᠠᠴᠢ ᠪᠠᠷ 12% ᠢᠶᠠᠷ ᠨᠡᠮᠡᠭᠳᠡᠭᠦᠯᠵᠤ᠂ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ | ᠪᠤᠯᠬᠤᠶᠢᠴᠠ ᠤᠷᠤᠯᠭ᠎ᠠ ᠶᠢ ᠵᠢᠯ ᠲᠤᠮᠳᠠᠴᠢ ᠪᠠᠷ ᠲᠤᠰᠪᠤᠷᠢ 9% ᠪᠤᠯᠤᠨ 10% ᠪᠠᠷ ᠨᠡᠮᠡᠭᠳᠡᠭᠦᠯᠵᠤ᠂ ᠪᠦᠬᠦ ᠲᠠᠯ᠎ᠠ ᠪᠠᠷ ᠲᠤᠭᠳᠠᠭᠤᠨ ᠢᠶᠠᠷ ᠶᠠᠳᠠᠭᠤ ᠠᠴᠠ | ᠠᠩᠬᠢᠵᠢᠷᠠᠭᠤᠯᠬᠤ ᠶᠢ ᠪᠠᠳᠤᠯᠠᠵᠤ᠂ ᠡᠯ᠎ᠡ ᠲᠦᠷᠦᠯ ᠤᠨ ᠤᠷᠴᠢᠨ ᠲᠤᠭᠤᠷᠢᠨ ᠤ ᠬᠦᠢᠴᠡᠳᠬᠡᠯ ᠲᠤᠭ᠎ᠠ ᠶᠢ ᠬᠢᠵᠠᠭᠠᠷᠯᠠᠯ ᠤᠨ ᠬᠦᠷᠢᠶ᠎ᠡ ᠬᠡᠪᠴᠢᠶᠡᠨ ᠤ ᠲᠤᠳᠤᠷ᠎ᠡ | ᠡᠵᠡᠮᠳᠡᠨ᠎ᠠ᠃ ᠲᠡᠭᠡᠷ᠎ᠡ ᠲᠤᠷᠠᠳᠤᠭᠰᠠᠨ ᠬᠠᠷᠠᠯᠳᠠ ᠶᠢᠨ ᠲᠤᠭᠤᠷᠢᠨ ᠳᠤ ᠲᠤᠤᠷᠠᠬᠢ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠄ | ︵ᠨᠢᠭᠡ︶ ᠰᠢᠨ᠎ᠡ ᠶᠢ ᠡᠬᠦᠳᠬᠦ ᠭᠦᠭᠵᠢᠯᠳᠡ ᠶᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠠ ᠶᠢᠨ ᠭᠡᠯᠪᠡᠷᠢ ᠶᠢ ᠬᠤᠪᠢᠷᠠᠭᠤᠯᠬᠤ ᠲᠡᠭᠡᠷ᠎ᠡ ᠰᠢᠨ᠎ᠡ | ᠰᠢᠪᠳᠤᠯᠤᠯᠳᠠ ᠲᠠᠢ ᠪᠤᠯᠬᠤ ᠶᠢ ᠪᠡᠶᠡᠯᠡᠬᠦᠯᠦᠨ᠎ᠡ᠃ | ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠪᠠᠷ ᠭᠤᠤᠯ ᠱᠤᠭᠤᠮ ᠪᠤᠯᠭᠠᠵᠤ᠂ ᠪᠦᠬᠦ ᠬᠦᠴᠦᠨ ᠢᠶᠠᠷ ᠢᠶᠠᠨ ᠭᠡᠯᠪᠡᠷᠢ ᠶᠢ | ᠬᠤᠪᠢᠷᠠᠭᠤᠯᠤᠨ᠂ ᠪᠦᠳᠦᠴᠠ ᠶᠢ ᠲᠤᠬᠢᠷᠠᠭᠤᠯᠵᠤ᠂ ᠲᠤᠭᠳᠠᠭᠤᠨ ᠢ ᠪᠠᠳᠤᠯᠠᠨ᠂ ᠠᠵᠤ ᠠᠬᠤᠢ ᠶᠢᠨ ᠭᠦᠭᠵᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠪᠦᠳᠦᠮᠵᠢ | ᠶᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠠᠵᠤ ᠦᠢᠯᠡᠰ ᠤᠨ ᠬᠦᠭᠵᠢᠯᠳᠡ ᠶᠢᠨ ᠲᠤᠳᠠᠭᠤᠳᠠᠯ ᠢ ᠨᠦᠬᠦᠪᠦᠷᠢᠯᠡᠨ᠂ ᠤᠳᠤ ᠦᠶ᠎ᠡ ᠶᠢᠨ ᠮᠠᠯ ᠠᠵᠤ ᠠᠬᠤᠢ | ᠲᠠᠷᠢᠶᠠᠯᠠᠩ ᠢᠶᠠᠷ ᠰᠠᠭᠤᠷᠢ ᠪᠤᠯᠭᠠᠭᠰᠠᠨ᠂ ᠠᠵᠤ ᠦᠢᠯᠡᠳᠪᠤᠷᠢ ᠪᠠᠷ ᠭᠤᠤᠯ ᠴᠤᠭᠴᠠ ᠪᠤᠯᠭᠠᠭᠰᠠᠨ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠷ | ᠲᠤᠯᠭᠠᠭᠤᠷᠢᠯᠠᠯ ᠪᠤᠯᠭᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ | ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠦᠢᠯᠡᠰ ᠢ ᠪᠦᠬᠦ ᠲᠠᠯ᠎ᠠ ᠪᠠᠷ ᠭᠦᠭᠵᠢᠬᠦᠯᠦᠨ᠎ᠡ᠃ ᠭᠤᠷᠪᠠᠨ ᠠᠵᠤ ᠦᠢᠯᠡᠰ ᠤᠨ ᠠᠭᠤᠰᠤᠯᠴᠠᠨ | ᠭᠦᠭᠵᠢᠬᠦ ᠶᠢ ᠬᠦᠨᠵᠡᠭᠡᠶᠢᠷᠡᠬᠦᠯᠦᠨ ᠠᠬᠢᠭᠤᠯᠵᠤ᠂ ᠪᠦᠬᠦ ᠬᠦᠷᠢᠶ᠎ᠡ ᠴᠠᠷᠠᠭᠠᠨ ᠤ ᠪᠤᠬᠢᠷᠳᠤᠯ ᠦᠭᠡᠢ ᠤᠷᠭᠠᠨᠢᠭ ᠦᠨᠳᠤᠷ ᠪᠠᠷᠢᠮᠵᠢᠶᠠᠳᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠤᠷᠢᠯᠡᠨ ᠪᠤᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠬᠦ ᠭᠦᠴᠦᠨ ᠢᠶᠠᠷ ᠴᠤᠭᠴᠠᠯᠠᠨ᠎ᠠ᠃ | ᠡᠷᠳᠡᠨᠢ ᠰᠢᠰᠢ᠂ ᠨᠠᠷᠠᠨ ᠬᠤᠸᠠᠷ᠂ ᠢᠳᠡᠰᠢᠨ ᠤ ᠬᠤᠨᠢ ︵ᠢᠮᠠᠭ᠎ᠠ︶ ᠵᠡᠷᠭᠡ ᠤᠯᠠᠮᠵᠢᠯᠠᠯᠳᠤ ᠠᠵᠤ ᠦᠢᠯᠡᠰ ᠢ ᠦᠷᠭᠡᠳᠭᠡᠨ ᠬᠦᠴᠦᠷᠭᠡᠭᠵᠢᠬᠦᠯᠦᠭᠰᠡᠨ ᠰᠠᠭᠤᠷᠢᠨ | ᠲᠡᠭᠡᠷ᠎ᠡ᠂ ᠤᠷᠭᠠᠨᠢᠭ ᠪᠤᠭᠤᠳᠠᠢ᠂ ᠬᠠᠭᠤᠷᠠᠢ ᠭᠠᠵᠠᠷ ᠤᠨ ᠰᠠᠭᠠᠭ ᠶᠤᠤᠮᠠᠢ᠂ ᠯᠤᠬᠠᠱᠧᠩ ᠵᠡᠷᠭᠡ ᠤᠨᠴᠠᠯᠢᠭᠳᠤ ᠠᠵᠤ ᠦᠢᠯᠡᠰ ᠢ ᠵᠤᠷᠢᠭᠵᠢᠭᠤᠯᠤᠨ ᠬᠦᠭᠵᠢᠬᠦᠯᠵᠤ᠂ | ᠮᠦᠶᠠᠩᠬᠠᠢ ᠶᠢᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠲᠤᠭᠤᠷᠢᠭ ᠢ ᠲᠦᠷᠭᠡᠳᠭᠡᠨ ᠪᠠᠶᠢᠭᠤᠯᠵᠤ᠂ ᠮᠠᠯ ᠠᠵᠤ ᠠᠬᠤᠢ | ᠲᠠᠷᠢᠶᠠᠯᠠᠩ ᠤᠨ ᠵᠢᠭᠤᠯᠴᠢᠯᠠᠨ ᠲᠤᠭᠤᠷᠢᠬᠤ᠂ ᠰᠡᠯᠡᠬᠦᠴᠡᠨ ᠠᠮᠠᠷᠠᠬᠤ ᠵᠡᠷᠭᠡ ᠴᠢᠳᠠᠪᠬᠢ ᠶᠢ ᠦᠷᠭᠡᠳᠭᠡᠨ᠂ ᠲᠤᠭᠤᠷᠢᠨ ᠦᠵᠡᠬᠦ ᠮᠠᠯ ᠠᠵᠤ ᠠᠬᠤᠢ ᠲᠠᠷᠢᠶᠠᠯᠠᠩ᠂ | ᠪᠡᠶᠡᠴᠢᠯᠡᠨ ᠦᠢᠯᠠᠭᠠᠬᠤ ᠮᠠᠯ ᠠᠵᠤ ᠠᠬᠤᠢ ᠲᠠᠷᠢᠶᠠᠯᠠᠩ᠂ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠮᠠᠯ ᠠᠵᠤ ᠠᠬᠤᠢ ᠲᠠᠷᠢᠶᠠᠯᠠᠩ ᠢ ᠬᠦᠴᠦᠯᠡᠨ ᠭᠦᠭᠵᠢᠬᠦᠯᠵᠤ᠂ | ᠮᠠᠯ ᠤᠨ ᠠᠰᠢᠭ ᠰᠢᠮ᠎ᠡ ᠲᠡᠷᠢᠶᠠᠯᠠᠩ ᠤᠨ ᠪᠦᠳᠦᠭᠡᠭᠳᠡᠬᠦᠨ ᠤ ᠪᠤᠯᠪᠠᠰᠤᠷᠠᠭᠤᠯᠤᠯᠳᠠ ᠶᠢᠨ ᠦᠢᠯᠡᠰ ᠤᠨ ᠴᠤᠭᠯᠠᠷᠠᠯ ᠤᠨ ᠬᠦᠭᠵᠢᠯᠳᠡ ᠶᠢ ᠤᠯᠠᠮ ᠲᠦᠷᠭᠡᠳᠭᠡᠨ᠎ᠡ᠃ | ᠬᠤᠶᠠᠷ ᠪᠤᠭᠳᠠ ᠶᠢᠨ ᠠᠭᠤᠯᠠ ᠶᠢᠨ ᠴᠠᠭᠠᠨ ᠨᠤᠯᠤᠤᠷ ᠤᠨ ᠢᠮᠠᠭᠠᠨ ᠤ ᠪᠠᠷᠢᠮᠵᠢᠶᠠᠵᠢᠭᠰᠠᠨ ᠦᠢᠯᠡᠳᠪᠤᠷᠢᠯᠡᠯ ᠪᠠ ᠠᠵᠤ ᠦᠢᠯᠡᠰᠵᠢᠭᠰᠡᠨ ᠭᠦᠭᠵᠢᠯᠳᠡ ᠶᠢ | ᠢᠳᠡᠪᠬᠢᠳᠠᠢ ᠠᠬᠢᠭᠤᠯᠵᠤ᠂ ᠬᠤᠶᠠᠷ ᠪᠤᠭᠳᠠ ᠶᠢᠨ ᠠᠭᠤᠯᠠ ᠶᠢᠨ ᠴᠠᠭᠠᠨ ᠨᠤᠯᠤᠤᠷ ᠤᠨ ᠢᠮᠠᠭᠠᠨ ᠤ ᠰᠠᠶᠢᠨ ᠡᠬᠦᠯᠳᠡᠷ ᠤᠨ ᠪᠤᠶᠢᠵᠢᠭᠤᠯᠤᠯᠳᠠ ᠶᠢᠨ ᠰᠠᠭᠤᠷᠢᠨ | ᠭᠠᠵᠠᠷ᠂ ᠰᠢᠯᠢᠳᠡᠭ ᠢᠮᠠᠭᠠᠨ ᠨᠤᠯᠤᠤᠷ ᠤᠨ ᠦᠢᠯᠡᠳᠪᠤᠷᠢᠯᠡᠯ ᠤᠨ ᠲᠤᠭᠤᠷᠢᠭ ᠪᠤᠯᠤᠨ ᠢᠮᠠᠭᠠᠨ ᠨᠤᠯᠤᠤᠷ ᠤᠨ ᠬᠤᠷᠢᠶᠠᠨ ᠬᠠᠳᠠᠭᠠᠯᠠᠵᠤ ᠠᠷᠠᠯᠵᠢᠶᠠᠯᠠᠬᠤ ᠲᠦᠪ ᠢ | ᠴᠤᠭᠴᠠᠯᠠᠨ ᠪᠠᠶᠢᠭᠤᠯᠤᠨ᠎ᠠ᠃ ᠰᠢᠨ᠎ᠡ ᠭᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠭᠴᠨ ᠶᠢ ᠢᠳᠡᠪᠬᠢᠳᠠᠢ ᠪᠤᠶᠢᠵᠢᠭᠤᠯᠤᠨ᠂ | ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠶᠢ ᠴᠢᠩᠭᠠᠳᠬᠠᠵᠤ᠂ ᠤᠯᠠᠨ ᠲᠦᠷᠦᠯ ᠤᠨ ᠵᠤᠬᠢᠬᠤ ᠭᠡᠪᠴᠢᠶᠡᠵᠢᠭᠰᠡᠨ ᠡᠵᠡᠩᠨᠡᠯᠳᠡ ᠶᠢ ᠬᠦᠭᠵᠢᠬᠦᠯᠬᠦ ᠶᠢ | ᠵᠤᠷᠢᠭᠵᠢᠭᠤᠯᠤᠨ᠎ᠠ᠃ 2022 ᠤᠨ ᠪᠤᠯᠬᠤ ᠳᠤ᠂ ᠪᠦᠬᠦ ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠭᠰᠡᠨ ᠨᠤᠷᠮ᠎ᠠ 80% ᠠᠴᠠ | ᠲᠡᠭᠡᠭᠰᠢ ᠬᠦᠷᠴᠤ᠂ ᠲᠤᠯᠤᠭᠠᠶᠢᠯᠠᠭᠴᠢ ᠠᠵᠤ ᠠᠬᠤᠶᠢᠯᠠᠯ ᠨᠢ ᠮᠠᠯᠴᠢᠨ ᠲᠠᠷᠢᠶᠠᠴᠢᠳ ᠯᠦᠭᠡ ᠠᠰᠢᠭ ᠲᠤᠰᠠ ᠶᠢᠨ ᠬᠤᠯᠪᠤᠭᠠᠯᠠᠯ ᠪᠠᠶᠢᠭᠤᠯᠤᠭᠰᠠᠨ ᠬᠠᠷᠢᠴᠠᠯ ᠢ | 70% ᠬᠦᠷᠭᠡᠨ᠎ᠡ᠃ ᠨᠠᠷᠡᠳᠤ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠤ᠂ ᠤᠷᠤᠨ ᠨᠤᠳᠤᠭ ᠤᠨ ᠤᠨᠴᠠᠯᠢᠭ ᠲᠠᠢ ᠨᠡᠷᠡᠳᠤ ᠲᠠᠸᠠᠷ ᠤᠨ ᠲᠡᠮᠳᠡᠭ | ᠪᠤᠯᠤᠨ ᠨᠡᠷᠡᠳᠤ ᠪᠦᠳᠦᠭᠡᠭᠳᠡᠬᠦᠨ ᠢ ᠡᠷᠢᠵᠤ᠂ ︽ᠭᠤᠷᠪᠠᠨ ᠪᠦᠳᠦᠭᠡᠭᠳᠡᠬᠦᠨ ᠨᠢᠭᠡ ᠲᠡᠮᠳᠡᠭ︾ ︵ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠬᠦᠨ᠂ ᠪᠤᠬᠢᠷᠳᠤᠯ | ᠦᠭᠡᠢ ᠢᠳᠡᠭᠡᠨ ᠤ ᠪᠦᠳᠦᠭᠡᠭᠳᠡᠬᠦᠨ᠂ ᠤᠷᠭᠠᠨᠢᠭ ᠲᠠᠷᠢᠶᠠᠯᠠᠩ ᠤᠨ ᠪᠦᠳᠦᠭᠡᠭᠳᠡᠬᠦᠨ ᠪᠤᠯᠤᠨ ᠲᠠᠷᠢᠶᠠᠯᠠᠩ ᠤᠨ ᠪᠦᠳᠦᠭᠡᠭᠳᠡᠬᠦᠨ ᠤ ᠭᠠᠵᠠᠷ ᠵᠦᠢ ᠶᠢᠨ ᠲᠡᠮᠳᠡᠭ︶ | ᠤᠨ ᠭᠠᠷᠤᠯᠳᠠ ᠶᠢᠨ ᠭᠠᠵᠠᠷ ᠤᠨ ᠲᠤᠭᠳᠠᠭᠠᠯᠳᠠ ᠪᠤᠯᠤᠨ ᠪᠦᠳᠦᠭᠡᠭᠳᠡᠬᠦᠨ ᠤ ᠭᠡᠷᠡᠴᠢᠯᠠᠯ ᠢ ᠰᠠᠶᠢᠳᠤᠷ ᠬᠢᠵᠤ᠂ ᠭᠠᠵᠠᠷ ᠤᠷᠤᠨ ᠤ ᠨᠡᠷᠡᠳᠤ ᠲᠠᠸᠠᠷ ᠤᠨ ᠠᠯᠳᠠᠷᠰᠢᠯ | ᠪᠤᠯᠤᠨ ᠰᠠᠶᠢᠰᠢᠶᠠᠯ ᠤᠨ ᠭᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠨᠡᠷᠡᠳᠤ ᠲᠡᠮᠳᠡᠭᠳᠤ ᠮᠠᠯ ᠠᠵᠤ ᠠᠬᠤᠢ ᠲᠠᠷᠢᠶᠠᠯᠠᠩ ᠢ ᠴᠤᠭᠴᠠᠯᠠᠨ ᠪᠠᠶᠢᠭᠤᠯᠤᠨ᠎ᠠ᠃ | ᠮᠠᠯ ᠠᠵᠤ ᠠᠬᠤᠢ ᠲᠠᠷᠢᠶᠠᠯᠠᠩ ᠤᠨ ᠪᠦᠳᠦᠭᠡᠭᠳᠡᠬᠦᠨ ᠤ ᠬᠤᠳᠠᠯᠳᠤᠨ ᠠᠪᠬᠤ ᠪᠤᠷᠤᠯᠠᠭᠤᠯᠬᠤ ᠲᠡᠪᠴᠠᠩ ᠢ ᠢᠳᠡᠪᠬᠢᠳᠠᠢ ᠪᠠᠶᠢᠭᠤᠯᠵᠤ᠂ ᠦᠢᠯᠡᠳᠪᠤᠷᠢᠯᠡᠬᠦ᠂ | ᠬᠠᠩᠭᠠᠬᠤ᠂ ᠪᠤᠷᠤᠯᠠᠭᠤᠯᠬᠤ ᠨᠢᠭᠡ ᠴᠤᠭᠴᠠᠵᠢᠭᠰᠠᠨ ᠡᠵᠡᠩᠨᠡᠯᠳᠡ ᠶᠢᠨ ᠵᠠᠭᠪᠤᠷ ᠢ ᠪᠦᠷᠢᠯᠳᠦᠬᠦᠯᠵᠤ᠂ ᠬᠤᠳᠠᠯᠳᠤᠨ ᠪᠤᠷᠤᠯᠠᠭᠤᠯᠬᠤ ᠵᠠᠮ ᠮᠦᠷ ᠢᠶᠠᠨ ᠲᠠᠰᠤᠷᠠᠯᠳᠠ | ᠦᠭᠡᠢ ᠦᠷᠭᠡᠳᠭᠡᠨ᠎ᠡ᠃ ᠠᠮᠢᠳᠡᠨ ᠤᠷᠭᠤᠮᠠᠯ ᠤᠨ ᠬᠢᠵᠢᠭ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠶᠢ ᠴᠢᠩᠭᠠᠳᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠳᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠯᠭᠡ ᠶᠢᠨ ᠲᠤᠭᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠴᠠᠭ ᠠᠭᠤᠷ᠂ ᠮᠠᠯ ᠠᠵᠤ ᠠᠬᠤᠢ ᠲᠠᠷᠢᠶᠠᠯᠠᠩ ᠤᠨ ᠮᠠᠰᠢᠨᠴᠢᠯᠠᠯᠳᠠ᠂ ᠲᠠᠭᠠᠳᠬᠠᠯ ᠵᠡᠷᠭᠡ ᠦᠢᠯᠡᠴᠢᠯᠡᠭᠡᠨ ᠤ ᠪᠠᠳᠤᠯᠠᠭ᠎ᠠ ᠶᠢᠨ ᠠᠵᠢᠯ ᠢ | ᠦᠨᠡᠨᠬᠦ ᠰᠠᠶᠢᠳᠤᠷ ᠠᠳᠬᠤᠵᠤ᠂ ᠮᠠᠯ ᠠᠵᠤ ᠠᠬᠤᠢ ᠲᠠᠷᠢᠶᠠᠯᠠᠩ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ | | ᠠᠵᠤ ᠦᠢᠯᠡᠳᠪᠤᠷᠢ ᠪᠠᠷ ᠬᠤᠰᠢᠭᠤ ᠪᠠᠨ ᠬᠦᠴᠦᠷᠭᠡᠭᠵᠢᠬᠦᠯᠬᠦ ᠢᠨᠵᠧᠨᠧᠷᠢᠩ ᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ ᠲᠦᠷᠦᠯ ᠵᠦᠢᠯ ᠢᠶᠠᠷ ᠬᠦᠳᠦᠯᠤᠨ | ᠲᠠᠭᠠᠭᠤᠯᠬᠤ ᠶᠢ ᠲᠤᠪᠤᠶᠢᠯᠭᠠᠨ᠂ ᠤᠯᠠᠮ ᠨᠢᠭᠡ ᠠᠯᠬᠤᠮ ᠨᠡᠮᠡᠭᠳᠡᠯ ᠤᠨ ᠭᠡᠮᠵᠢᠶ᠎ᠡ ᠶᠢ ᠲᠦᠪᠯᠡᠷᠡᠬᠦᠯᠦᠨ᠂ ᠬᠠᠳᠠᠭᠠᠯᠠᠮᠵᠢ ᠶᠢ ᠰᠢᠯᠢᠳᠡᠭᠵᠢᠬᠦᠯᠦᠨ᠂ ᠶᠠᠰᠤ ᠴᠢᠨᠠᠷ ᠢ | ᠲᠡᠭᠡᠭᠰᠢᠯᠡᠬᠦᠯᠦᠨ᠂ ᠠᠵᠤ ᠦᠢᠯᠡᠳᠪᠤᠷᠢ ᠶᠢᠨ ᠠᠵᠤ ᠠᠬᠤᠢ ᠶᠢᠨ ᠭᠡᠮᠵᠢᠶ᠎ᠡ ᠪᠦᠳᠦᠮᠵᠢ ᠶᠢᠨ ᠬᠤᠤᠰ ᠨᠡᠮᠡᠭᠳᠡᠯ ᠢ ᠲᠡᠭᠡᠭᠰᠢᠯᠡᠬᠦᠯᠦᠨ᠎ᠡ᠃ ᠰᠢᠨ᠎ᠡ ᠭᠡᠯᠪᠡᠷᠢ ᠶᠢᠨ | ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠤᠨ ᠲᠠᠯ᠎ᠠ ᠪᠠᠷ᠂ ᠱᠧᠨ ᠬᠤᠸᠠ ᠶᠢᠨ 480 ᠲᠦᠮᠡᠨ ᠲᠤᠨ ᠭᠡᠤᠷᠰᠢᠬᠦᠯᠬᠦ᠂ 48 ᠲᠦᠮᠡᠨ ᠲᠤᠨ | ᠮᠧᠲ᠋ᠢᠯ ᠠᠯᠺᠤᠤᠯ ᠤᠨ ᠲᠦᠷᠦᠯ ᠵᠦᠢᠯ ᠪᠤᠯᠤᠨ 5 ᠲᠦᠮᠡᠨ ᠲᠤᠨ ᠹᠯᠤᠷᠳᠤ ᠤᠰᠤᠳᠦ᠋ᠷᠦᠭᠴᠢ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ | ︔ ᠦᠩᠬᠡᠳᠤ ᠲᠡᠮᠦᠷᠯᠢᠭ᠂ ᠬᠠᠷ᠎ᠠ ᠲᠡᠮᠦᠷᠯᠢᠭ ᠢ ᠰᠢᠯᠢᠨ ᠮᠠᠯᠳᠠᠵᠤ ᠪᠤᠯᠪᠠᠰᠤᠷᠠᠭᠤᠯᠬᠤ ᠲᠠᠯ᠎ᠠ ᠪᠠᠷ 22 ᠲᠦᠮᠡᠨ ᠲᠤᠨ ᠵᠡᠰ ᠤᠨ ᠪᠤᠯᠪᠠᠰᠤᠷᠠᠭᠤᠯᠤᠯᠳᠠ᠂ ᠵᠤ᠋ ᠾᠧ | ᠮᠦᠩᠬᠦᠨ ᠤ ᠠᠭᠤᠷᠬᠠᠢ ᠶᠢᠨ ᠰᠢᠯᠢᠨ ᠮᠠᠯᠳᠠᠬᠤ ᠪᠤᠯᠤᠨ ᠢᠰᠦᠯᠳᠦᠬᠦ ᠪᠦᠮᠪᠦᠭᠡᠯᠢᠭ ᠤᠨ ᠲᠦᠷᠦᠯ ᠵᠦᠢᠯ ᠢ ᠢᠳᠡᠪᠬᠢᠳᠠᠢ ᠠᠬᠢᠭᠤᠯᠤᠨ᠎ᠠ︔ ᠡᠨᠧᠷᠬᠢ ᠴᠠᠬᠢᠯᠭᠠᠨ | ᠬᠦᠴᠦᠨ ᠤ ᠲᠠᠯ᠎ᠠ ᠪᠠᠷ᠂ ᠱᠧᠨ ᠳ᠋ᠦᠩ ᠴᠠᠬᠢᠯᠭᠠᠨ ᠬᠦᠴᠦᠨ ᠤ 2×35 ᠲᠦᠮᠡᠨ ᠺᠢᠯᠤᠸᠠᠲ ᠤᠨ ᠢᠯᠴᠢ ᠪᠠᠭ᠎ᠠ ᠨᠡᠬᠦᠷᠡᠰᠤ ᠶᠢᠨ ᠴᠠᠬᠢᠯᠭᠠᠨ ᠭᠠᠷᠭᠠᠬᠤ ᠪᠤᠯᠤᠨ | ᠱᠧᠨ ᠬᠤᠸᠠ ᠭᠥᠸᠧ ᠨᠧᠩ 2×100 ᠲᠦᠮᠡᠨ ᠺᠢᠯᠤᠸᠠᠲ ᠤᠨ ᠨᠡᠬᠦᠷᠡᠰᠤ ᠴᠠᠬᠢᠯᠭᠠᠨ ᠤ ᠨᠢᠭᠡ ᠴᠤᠭᠴᠠᠵᠢᠭᠰᠠᠨ ᠲᠦᠷᠦᠯ ᠵᠦᠢᠯ ᠢ ᠲᠦᠷᠭᠡᠳᠭᠡᠨ ᠠᠬᠢᠭᠤᠯᠵᠤ | ᠂ 150 ᠲᠦᠮᠡᠨ ᠺᠢᠯᠤᠸᠠᠲ ᠪᠤᠯᠤᠨ 30 ᠲᠦᠮᠡᠨ ᠺᠢᠯᠦᠸᠠᠲ ᠤᠨ ᠭᠡᠷᠡᠯ ᠤᠨ ᠢᠯᠴᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠭᠡᠷᠡᠭᠵᠢᠬᠦᠯᠬᠦ ᠪᠠᠷ | ᠴᠢᠷᠮᠠᠶᠢᠨ᠎ᠠ︔ ᠰᠢᠨ᠎ᠡ ᠪᠠᠷ ᠬᠦᠭᠵᠢᠭᠰᠡᠨ ᠠᠵᠤ ᠤᠶᠢᠯᠡᠰ ᠤᠨ ᠲᠠᠯ᠎ᠠ ᠪᠠᠷ᠂ ᠪᠠᠯ ᠴᠢᠯᠠᠭᠤᠨ ᠤ ᠡᠬᠢ ᠪᠠᠶᠠᠯᠢᠭ ᠢ ᠦᠨᠳᠦᠷ ᠪᠦᠳᠦᠮᠵᠢᠳᠠᠢ ᠲᠦᠪᠯᠡᠷᠡᠬᠦᠯᠦᠨ | ᠠᠰᠢᠭᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠡᠨᠧᠷᠬᠢ ᠶᠢᠨ ᠬᠠᠳᠠᠭᠠᠯᠠᠮᠵᠢᠳᠤ ᠳ᠋ᠢᠶᠠᠨ ᡂᠢ ᠶᠢᠨ ᠦᠢᠯᠡᠰ ᠢ ᠢᠳᠡᠪᠬᠢᠳᠠᠢ ᠬᠦᠭᠵᠢᠬᠦᠯᠵᠤ᠂ ᠰᠢᠯᠢᠨ ᠮᠠᠯᠳᠠᠬᠤ | ᠂ ᠬᠦᠨ ᠨᠠᠷᠢᠯᠢᠭ ᠪᠤᠯᠪᠠᠰᠤᠷᠠᠭᠤᠯᠤᠯᠳᠠ ᠵᠢᠴᠢ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ᠂ ᠨᠡᠮᠡᠯᠳᠡ ᠦᠷᠳᠡᠭ ᠢᠶᠠᠷ ᠦᠨᠳᠦᠷ ᠦᠢᠯᠡᠳᠬᠦᠨ ᠢ | ᠦᠢᠯᠡᠳᠪᠤᠷᠢᠯᠡᠨ ᠠᠰᠢᠭᠯᠠᠬᠤ ᠶᠢ ᠪᠦᠷᠢᠳᠦᠬᠦᠯᠦᠭᠰᠡᠨ ᠪᠦᠷᠢᠨ ᠪᠦᠳᠦᠨ ᠠᠵᠤ ᠦᠢᠯᠡᠰ ᠤᠨ ᠭᠡᠯᠬᠢᠶ᠎ᠡ ᠶᠢ ᠠᠯᠬᠤᠮ ᠠᠯᠬᠤᠮ ᠢᠶᠠᠷ ᠪᠦᠷᠢᠯᠳᠦᠬᠦᠯᠵᠤ᠂ ᠮᠠᠨ ᠤ | ᠬᠤᠰᠢᠭᠤ ᠶᠢ ᠪᠦᠬᠦ ᠤᠯᠤᠰ ᠤᠨ ᠬᠠᠮᠤᠭ ᠤᠨ ᠶᠡᠭᠡ ᠪᠠᠯ ᠴᠢᠯᠠᠭᠤ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠪᠤᠯᠭᠠᠨ ᠪᠦᠳᠦᠭᠡᠨ | ᠪᠠᠶᠢᠭᠤᠯᠤᠨ᠎ᠠ︔ ᠬᠦᠯᠦᠷ᠎ᠡ᠂ ᠴᠦᠬᠦᠷᠤᠮ ᠤᠨ ᠰᠢᠪᠠᠷ ᠤᠨ ᠦᠨᠢᠷ ᠪᠠᠶᠠᠯᠢᠭ ᠡᠬᠢ ᠰᠤᠷᠪᠤᠯᠵᠢ ᠳᠤ ᠰᠠᠭᠤᠷᠢᠯᠠᠨ᠂ ᠠᠮᠢᠳᠤ ᠪᠤᠳᠠᠰ ᠬᠢᠮᠢ ᠶᠢᠨ ᠠᠵᠤ | ᠦᠢᠯᠡᠳᠪᠤᠷᠢ ᠶᠢᠨ ᠠᠵᠤ ᠦᠢᠯᠡᠰ ᠢ ᠶᠡᠭᠡᠪᠡᠷ ᠬᠦᠭᠵᠢᠬᠦᠯᠦᠨ᠎ᠡ᠃ 2022 ᠤᠨ ᠬᠦᠷᠬᠦ ᠳᠤ᠂ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ | ᠠᠬᠤᠶᠢᠯᠠᠯ ᠤᠨ ᠶᠡᠷᠦᠩᠭᠡᠢ ᠦᠷᠳᠡᠭ 165 ᠳ᠋ᠦᠩᠰᠢᠭᠤᠷ ᠲᠦᠬᠦᠷᠢᠭ ᠬᠦᠷᠴᠤ᠂ ᠠᠵᠤ ᠦᠢᠯᠡᠳᠪᠤᠷᠢ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ | ᠨᠡᠶᠢᠳᠡ 380 ᠳ᠋ᠦᠩᠰᠢᠭᠤᠷ ᠲᠦᠬᠦᠷᠢᠭ ᠬᠦᠷᠭᠡᠨ᠎ᠡ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠶᠡᠭᠡᠪᠡᠷ ᠶᠠᠪᠤᠭᠳᠠᠭᠤᠯᠵᠤ᠂ ︽ᠲᠤᠳᠤᠨᠤ︾᠂ ︽ | ᠠᠷᠢᠭᠤᠨ︾ ᠰᠢᠨ᠎ᠡ ᠮᠠᠶ᠋ᠢᠭ ᠤᠨ ᠵᠠᠰᠠᠭ ᠪᠠ ᠠᠷᠠᠯᠵᠢᠶᠠᠴᠢᠳ ᠤᠨ ᠬᠠᠷᠢᠯᠴᠠᠭ᠎ᠠ ᠶᠢ ᠪᠠᠶᠢᠭᠤᠯᠵᠤ᠂ ᠡᠯ᠎ᠡ ᠭᠠᠵᠠᠷ ᠤᠨ ᠠᠷᠠᠯᠵᠢᠶᠠᠴᠢᠳ ᠤᠨ ᠰᠡᠳᠬᠢᠯ ᠳᠤ | ᠲᠠᠭᠠᠰᠢᠶᠠᠭᠳᠠᠭᠰᠠᠨ ᠪᠡᠯᠡ ᠤᠷᠤᠭᠤᠯᠤᠯᠳᠠ ᠶᠢᠨ ᠤᠷᠴᠢᠨ ᠲᠤᠭᠤᠷᠢᠨ ᠢ ᠴᠢᠷᠮᠠᠶᠢᠨ ᠡᠬᠦᠳᠤᠨ᠎ᠠ᠃ ᠠᠵᠤ ᠠᠬᠤᠶᠢᠯᠠᠯᠳᠠᠨ ᠤ ᠵᠤᠷᠢᠭ ᠰᠠᠨᠠᠭ᠎ᠠ ᠪᠤᠯᠤᠨ ᠤᠷᠠᠨ | ᠲᠠᠷᠬᠠᠨ ᠤ ᠵᠤᠷᠢᠭ ᠰᠠᠨᠠᠭ᠎ᠠ ᠶᠢ ᠬᠦᠢᠴᠡᠳ ᠤᠷᠮᠠᠰᠢᠭᠤᠯᠤᠨ ᠪᠠᠳᠠᠷᠠᠭᠤᠯᠵᠤ᠂ ᠨᠡᠶᠢᠳᠡ ᠶᠢᠨ ᠪᠤᠰᠤ ᠦᠮᠴᠢᠯᠠᠯᠳᠤ ᠠᠵᠤ ᠠᠬᠤᠢ ᠶᠢ ᠪᠤᠵᠠᠭᠠᠶᠢᠷᠠᠭᠤᠯᠤᠨ | ᠬᠦᠭᠵᠢᠬᠦᠯᠬᠦ ᠶᠢ ᠪᠦᠬᠦ ᠬᠦᠴᠦᠨ ᠢᠶᠠᠷ ᠲᠡᠮᠵᠢᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠦᠬᠦ ᠲᠠᠯ᠎ᠠ ᠪᠠᠷ ᠪᠤᠵᠠᠭᠠᠶᠢᠷᠠᠭᠤᠯᠤᠨ᠎ᠠ᠃ ᠤᠯᠠᠮᠵᠢᠯᠠᠯᠳᠤ ᠦᠢᠯᠡᠴᠢᠯᠡᠭᠡᠨ ᠤ ᠦᠢᠯᠡᠰ ᠢ ᠲᠡᠭᠡᠭᠰᠢᠯᠡᠬᠦᠯᠬᠦ | ᠪᠤᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠦᠭᠵᠢᠬᠦᠯᠬᠦ ᠶᠢ ᠬᠠᠮᠳᠤ ᠳᠤᠨᠢ ᠪᠠᠷᠢᠮᠳᠠᠯᠠᠵᠤ᠂ ᠦᠢᠯᠡᠴᠢᠯᠡᠭᠡᠨ ᠤ ᠪᠦᠳᠦᠴᠠ ᠶᠢ ᠰᠢᠯᠢᠳᠡᠭᠵᠢᠬᠦᠯᠬᠦ᠂ | ᠠᠵᠤ ᠦᠢᠯᠡᠰ ᠤᠨ ᠰᠢᠨ᠎ᠡ ᠶᠢ ᠡᠬᠦᠳᠬᠦ᠂ ᠬᠠᠷᠢᠴᠠᠯ ᠤᠨ ᠨᠡᠮᠡᠭᠳᠡᠬᠦ ᠶᠢ ᠤᠯᠠᠮ ᠠᠬᠢᠭᠤᠯᠤᠨ᠎ᠠ᠃ ᠬᠠᠮ ᠵᠢᠭᠤᠯᠴᠢᠯᠠᠯ ᠪᠤᠯᠤᠨ ︽ᠵᠢᠭᠤᠯᠴᠢᠯᠠᠯ +︾ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠭᠡᠷᠡᠭᠵᠢᠬᠦᠯᠵᠤ᠂ ︽ᠨᠢᠭᠡ ᠱᠤᠭᠤᠮ ᠭᠤᠷᠪᠠᠨ ᠲᠤᠭᠤᠷᠢᠭ ᠤᠯᠠᠨ ᠴᠡᠭ︾ ᠤᠨ ᠵᠢᠭᠤᠯᠴᠢᠯᠠᠯ ᠤᠨ ᠬᠦᠭᠵᠢᠯᠳᠡ ᠶᠢᠨ ᠪᠤᠷᠤ | ᠲᠦᠯᠦᠪ ᠶᠤᠰᠣᠭᠠᠷ ᠲᠦᠯᠦᠪᠵᠢᠬᠦᠯᠭᠡ ᠪᠠᠷ ᠬᠦᠳᠦᠯᠦᠨ ᠲᠠᠭᠠᠭᠤᠯᠬᠤ ᠪᠤᠯᠤᠨ ᠲᠦᠷᠤᠯ ᠵᠦᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠵᠤ᠂ ᠰᠤᠶᠤᠯ ᠵᠢᠭᠤᠯᠴᠢᠯᠠᠯ | ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠂ 500 ᠲᠦᠮᠡᠨ ᠲᠦᠬᠦᠷᠢᠭ ᠤᠨ ᠵᠢᠭᠤᠯᠴᠢᠯᠠᠯ ᠤᠨ ᠠᠵᠤ ᠦᠢᠯᠡᠰ ᠤᠨ ᠲᠤᠰᠬᠠᠢ ᠲᠦᠷᠦᠯ ᠤᠨ ᠰᠠᠭᠤᠷᠢ ᠮᠦᠩᠬᠦ | ᠶᠢ ᠪᠠᠶᠢᠭᠤᠯᠵᠤ᠂ ᠵᠢᠭᠤᠯᠴᠢᠯᠠᠯ ᠤᠨ ᠠᠵᠤ ᠠᠬᠤᠶᠢᠯᠠᠯ ᠤᠨ ᠰᠢᠨ᠎ᠡ ᠶᠢ ᠡᠬᠦᠳᠤᠨ ᠬᠦᠭᠵᠢᠬᠦ ᠶᠢ ᠤᠷᠮᠠᠰᠢᠭᠤᠯᠤᠨ ᠲᠡᠳᠬᠦᠨ᠎ᠡ᠃ ᠬᠢᠯᠢ ᠠᠯᠤᠰᠯᠠᠭᠰᠨ ᠵᠢᠭᠤᠯᠴᠢᠯᠠᠯ | ᠢ ᠢᠳᠡᠪᠬᠢᠳᠠᠢ ᠠᠬᠢᠭᠤᠯᠵᠤ᠂ ᠦᠪᠡᠷ ᠢᠶᠠᠨ ᠲᠡᠷᠭᠡ ᠪᠠᠷᠢᠨ ᠵᠢᠭᠤᠯᠴᠢᠯᠠᠬᠤ ᠵᠠᠮ ᠱᠤᠭᠤᠮ ᠢ ᠶᠡᠭᠡᠪᠡᠷ ᠨᠡᠭᠡᠭᠡᠨ᠂ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠶᠢ | ᠲᠠᠰᠤᠷᠠᠯᠳᠠ ᠦᠭᠡᠢ ᠲᠡᠬᠦᠯᠳᠡᠷᠵᠢᠬᠦᠯᠵᠤ᠂ ᠵᠢᠭᠤᠯᠴᠢᠯᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠴᠢᠩᠭᠠᠳᠬᠠᠨ᠂ ᠤᠨᠴᠠᠯᠢᠭᠳᠤ ᠰᠢᠯᠢᠳᠡᠭ | ᠵᠢᠭᠤᠯᠴᠢᠯᠠᠯ ᠤᠨ ᠪᠦᠳᠦᠭᠡᠭᠳᠡᠬᠦᠨ ᠢ ᠰᠤᠳᠤᠯᠤᠨ ᠨᠡᠭᠡᠭᠡᠵᠤ᠂ ᠨᠢᠭᠡ ᠪᠦᠯᠦᠭ ᠤᠨᠴᠠᠯᠢᠭᠳᠤ ᠵᠢᠭᠤᠯᠴᠢᠯᠠᠯ ᠤᠨ ᠲᠤᠭᠤᠷᠢᠭ ᠢ ᠴᠢᠷᠮᠠᠶᠢᠨ ᠪᠠᠶᠢᠭᠤᠯᠤᠨ᠎ᠠ ᠃ | 2022 ᠤᠨ ᠪᠤᠯᠳᠠᠯ᠎ᠠ ᠂ 4A ᠲᠡᠰ ᠤᠨ ᠦᠵᠡᠮᠵᠢ ᠶᠢᠨ ᠤᠷᠤᠨ 2 ᠢ᠂ 3A ᠲᠡᠰ ᠤᠨ ᠦᠵᠡᠮᠵᠢ ᠶᠢᠨ ᠤᠷᠤᠨ 4 ᠶᠢ ᠴᠢᠷᠮᠠᠶᠢᠨ ᠪᠠᠶᠢᠭᠤᠯᠵᠤ᠂ ᠬᠦᠯᠢᠶᠡᠨ | ᠠᠪᠤᠭᠰᠠᠨ ᠵᠢᠭᠤᠯᠴᠢᠳ ᠤᠨ ᠲᠤᠭ᠎ᠠ 200 ᠲᠦᠮᠡᠨ ᠬᠦᠮᠦᠨ ᠤᠳᠠᠭ᠎ᠠ ᠶᠢ ᠲᠠᠪᠠᠵᠤ᠂ ᠵᠢᠭᠤᠯᠴᠢᠯᠠᠯ ᠤᠨ ᠶᠡᠷᠦᠩᠭᠡᠢ ᠤᠷᠤᠯᠭ᠎ᠠ 20 ᠳ᠋ᠦᠩᠰᠢᠭᠤᠷ ᠲᠦᠬᠦᠷᠢᠭ ᠢ | ᠲᠠᠪᠠᠵᠤ᠂ ᠮᠠᠨ ᠤ ᠬᠤᠰᠢᠭᠤ ᠶᠢ ᠤᠮᠠᠷᠠᠳᠤ ᠬᠢᠯᠢ ᠶᠢᠨ ᠤᠨᠴᠠᠯᠢᠭᠳᠤ ᠵᠢᠭᠤᠯᠴᠢᠯᠠᠯ ᠤᠨ ᠵᠤᠷᠢᠯᠳᠠ ᠶᠢᠨ ᠭᠠᠵᠠᠷ ᠪᠤᠯᠭᠠᠬᠤ ᠪᠠᠷ ᠴᠢᠷᠮᠠᠶᠢᠨ᠎ᠠ᠃ ᠬᠢᠯᠢ ᠶᠢᠨ | ᠪᠤᠭᠤᠮᠳᠠ ᠶᠢᠨ ᠵᠠᠰᠠᠮᠠᠯ ᠵᠠᠮ ᠲᠡᠮᠦᠷ ᠵᠠᠮ ᠤᠨ ᠬᠤᠯᠪᠤᠭᠠᠯᠠᠭᠰᠠᠨ ᠲᠡᠭᠡᠭᠡᠪᠤᠷᠢ ᠶᠢᠨ ᠬᠢᠨᠠᠨ ᠬᠠᠮᠢᠶᠠᠷᠤᠯᠳᠠ ᠶᠢᠨ ᠲᠤᠭᠤᠷᠢᠭ ᠪᠤᠯᠤᠨ ᠲᠠᠮᠤᠷ ᠵᠠᠮ ᠤᠨ ᠡᠳ᠋ ᠪᠠᠷᠠᠭᠠᠨ | ᠤ ᠬᠦᠢᠯᠭᠡᠭᠡᠨ ᠤ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠤᠷᠠᠳ ᠤᠨ ᠲᠤᠮᠳᠠᠳᠤ ᠬᠤᠰᠢᠭᠤᠨ ᠳᠤ ᠰᠢᠭᠤᠳ ᠨᠡᠪᠳᠡᠷᠡᠨ᠂ ᠪᠦᠬᠦ ᠤᠯᠤᠰ | ᠲᠤ ᠴᠢᠭᠯᠡᠬᠦᠯᠦᠭᠰᠡᠨ ᠡᠳ᠋ ᠪᠠᠷᠠᠭᠠᠨ ᠤ ᠬᠦᠢᠯᠭᠡᠭᠡᠨ ᠤ ᠲᠤᠭᠳᠠᠯᠴᠠᠭ᠎ᠠ ᠶᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠡᠳ᠋ ᠪᠠᠷᠠᠭᠠᠨ ᠤ ᠬᠦᠢᠯᠭᠡᠭᠡᠨ ᠤ | ᠲᠦᠬᠦᠭᠡᠷᠦᠮᠵᠢ ᠶᠢ ᠲᠦᠯᠦᠪᠵᠢᠬᠦᠯᠦᠨ ᠪᠠᠶᠢᠭᠤᠯᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠲᠡᠰ ᠤᠨ ᠡᠳ᠋ ᠪᠠᠷᠠᠭᠠᠨ ᠤ ᠵᠠᠩᠬᠢᠯᠠᠭ᠎ᠠ ᠴᠡᠭ | ᠢᠶᠠᠷ ᠲᠤᠯᠭᠠᠭᠤᠷᠢᠯᠠᠯ ᠪᠤᠯᠭᠠᠭᠰᠠᠨ ᠡᠳ᠋ ᠪᠠᠷᠠᠭᠠᠨ ᠤ ᠬᠦᠢᠯᠭᠡᠭᠡᠨ ᠤ ᠲᠤᠭᠳᠠᠯᠴᠠᠭ᠎ᠠ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠤᠨ᠎ᠠ᠃ ︽ᠢᠨᠲ᠋ᠧᠷ ᠰᠦᠯᠵᠢᠶ᠎ᠡ | +︾ ᠠᠵᠢᠯᠯᠠᠭᠠᠨ ᠤ ᠲᠦᠯᠦᠪᠯᠡᠭᠡ ᠶᠢ ᠭᠡᠷᠡᠭᠵᠢᠬᠦᠯᠵᠤ᠂ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠤᠨ ᠲᠡᠪᠴᠡᠩ ᠳᠤ ᠲᠦᠰᠢᠭᠯᠡᠨ᠂ ᠡᠯ᠎ᠡ | ᠠᠵᠢᠯ ᠲᠦᠷᠤᠯ ᠤᠨ ︽ ᠡᠯᠧᠺᠲᠷᠤᠨᠴᠢᠯᠡᠭᠰᠡᠨ ᠬᠤᠳᠠᠯᠳᠤᠭ᠎ᠠ︾ ᠶᠢᠨ ᠠᠬᠢᠴᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠤᠨ | ᠬᠤᠳᠠᠯᠳᠤᠭᠠᠨ ᠤ ᠡᠳ᠋ ᠪᠠᠷᠠᠭᠠᠨ ᠤ ᠬᠦᠢᠯᠭᠡᠭᠡᠨ ᠤ ᠲᠤᠭᠳᠠᠯᠴᠠᠭ᠎ᠠ ᠶᠢ ᠪᠠᠶᠢᠭᠤᠯᠵᠤ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠦᠭᠡᠢ ᠪᠠᠶᠢᠳᠠᠯ ᠢ | ᠦᠭᠡᠶᠢᠰᠭᠡᠨ᠎ᠡ᠃ ᠡᠯᠧᠺᠲᠷᠤᠨ ᠬᠤᠳᠠᠯᠳᠤᠭ᠎ᠠ ᠶᠢ ᠭᠦᠳᠡᠭᠡ ᠲᠤᠰᠬᠤᠨ ᠮᠠᠯᠵᠢᠬᠤ ᠤᠷᠤᠨ ᠳᠤ ᠤᠷᠤᠭᠤᠯᠬᠤ ᠶᠢ ᠯᠠᠪᠳᠠᠭᠤᠨ ᠢᠶᠠᠷ ᠶᠠᠪᠤᠭᠳᠠᠭᠤᠯᠵᠤ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠬᠦᠢᠯᠭᠡᠭᠡ ᠶᠢᠨ ᠰᠢᠨ᠎ᠡ ᠵᠠᠮ ᠢ ᠦᠷᠭᠡᠳᠭᠡᠨ᠎ᠡ᠃ ᠲᠤᠮᠤ ᠳ᠋ᠠᠶᠢᠲ᠋ᠠ ᠶᠢᠨ ᠠᠵᠤ ᠦᠢᠯᠡᠰ ᠢ ᠢᠳᠡᠪᠬᠢᠳᠠᠢ | ᠪᠤᠶᠢᠵᠢᠭᠤᠯᠤᠨ ᠭᠦᠭᠵᠢᠬᠦᠯᠵᠤ᠂ ᠤᠶᠤᠨᠴᠢ ᠬᠤᠳᠠ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠤᠶᠤᠨᠴᠢ ᠮᠠᠯ ᠠᠵᠤ ᠠᠬᠤᠢ ᠲᠠᠷᠢᠶᠠᠯᠠᠩ᠂ ᠤᠶᠤᠨᠴᠢ | ᠡᠮ ᠡᠮᠨᠡᠯᠭᠡ᠂ ᠤᠶᠤᠨᠴᠢ ᠰᠤᠷᠭᠠᠨ ᠬᠦᠮᠦᠵᠢᠯ᠂ ᠤᠶᠤᠨᠴᠢ ᠨᠡᠶᠢᠭᠡᠮ ᠲᠤᠭᠤᠷᠢᠭ᠂ ᠤᠶᠤᠨᠴᠢ ᠠᠮᠤᠷ ᠲᠦᠪᠰᠢᠨ ᠤ ᠰᠡᠷᠭᠡᠶᠢᠯᠡᠯᠳᠡ᠂ ᠤᠶᠤᠨᠴᠢ ᠬᠠᠤᠯᠢ | ᠭᠡᠷᠡᠭᠵᠢᠬᠦᠯᠦᠯᠳᠡ ᠵᠡᠷᠭᠡ ᠲᠡᠪᠴᠠᠩ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠲᠤᠮᠤ ᠳ᠋ᠠᠶᠢᠲ᠋ᠠ ᠶᠢᠨ ᠠᠰᠢᠭᠯᠠᠯᠳᠠ ᠶᠢᠨ ᠪᠦᠬᠦᠨ ᠢ ᠪᠦᠷᠬᠦᠬᠦᠯᠬᠦ ᠶᠢ | ᠪᠡᠶᠡᠯᠡᠬᠦᠯᠦᠨ᠎ᠡ᠃ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠦᠨᠳᠦᠰᠤᠨ ᠱᠠᠳᠤᠨ ᠳᠤ ᠬᠦᠨᠵᠡᠭᠡᠶᠢᠷᠡᠨ ᠡᠵᠡᠩᠨᠡᠯᠳᠡ ᠶᠢᠨ ᠲᠤᠤᠷ ᠴᠡᠭ ᠢᠶᠠᠨ ᠦᠷᠭᠡᠳᠭᠡᠵᠤ᠂ | ᠮᠦᠩᠬᠦᠨ ᠬᠦᠢᠯᠭᠡᠭᠡᠨ ᠤ ᠦᠢᠯᠡᠴᠢᠯᠡᠭᠡ ᠶᠢ ᠤᠯᠠᠮ ᠲᠡᠩᠴᠡᠬᠦᠷᠢᠳᠠᠢ ᠪᠠ ᠲᠦᠬᠦᠮ ᠲᠦᠳᠡ ᠪᠤᠯᠭᠠᠨ᠎ᠠ᠃ 2022 ᠤᠨ ᠪᠤᠯᠳᠠᠯ᠎ᠠ᠂ ᠦᠢᠯᠡᠴᠢᠯᠡᠭᠡᠨ ᠤ ᠦᠢᠯᠡᠰ | ᠨᠢ ᠦᠢᠯᠡᠳᠪᠦᠷᠢᠯᠡᠯ ᠤᠨ ᠶᠡᠷᠦᠩᠭᠡᠢ ᠦᠷᠳᠡᠭ ᠲᠤ ᠡᠵᠡᠯᠡᠬᠦ ᠬᠤᠪᠢ ᠶᠢᠨ ᠵᠢᠩ ᠢ 25% ᠠᠴᠠ ᠲᠡᠭᠡᠭᠰᠢ ᠬᠦᠷᠭᠡᠨ᠎ᠡ᠃ | ︵ᠬᠤᠶᠠᠷ︶ ᠵᠤᠬᠢᠴᠠᠩᠭᠤᠢ ᠬᠦᠭᠵᠢᠯᠳᠡ ᠶᠢ ᠪᠠᠷᠢᠮᠳᠠᠯᠠᠵᠤ᠂ ᠬᠤᠳᠠ ᠬᠦᠳᠡᠭᠡ ᠶᠢᠨ ᠭᠦᠭᠵᠢᠯᠳᠡ ᠶᠢ ᠨᠢᠬᠡᠳᠦᠯᠳᠠᠢ ᠲᠦᠯᠦᠪᠯᠡᠬᠦ ᠶᠢ ᠠᠬᠢᠭᠤᠯᠬᠤ ᠲᠡᠭᠡᠷ᠎ᠡ | ᠰᠢᠨ᠎ᠡ ᠰᠢᠪᠳᠤᠯᠤᠯᠳᠠ ᠲᠠᠢ ᠪᠤᠯᠬᠤ ᠶᠢ ᠪᠡᠶᠡᠯᠡᠬᠦᠯᠦᠨ᠎ᠡ᠃ | ᠠᠷᠠᠳ ᠤᠨ ᠠᠮᠢᠳᠤᠷᠠᠯ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠦᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠤᠯᠠᠨ ᠨᠡᠶᠢᠳᠡ | ᠶᠢᠨ ᠦᠢᠯᠡᠴᠢᠯᠡᠭᠡᠨ ᠤ ᠴᠢᠳᠠᠪᠬᠢ ᠶᠢ ᠲᠠᠰᠤᠷᠠᠯᠳᠠ ᠦᠭᠡᠢ ᠲᠡᠬᠦᠯᠳᠡᠷᠵᠢᠬᠦᠯᠵᠤ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠳᠠᠭᠤᠳᠠᠯ ᠢ | ᠬᠦᠴᠦᠯᠡᠨ ᠨᠦᠬᠦᠪᠦᠷᠢᠯᠡᠵᠤ᠂ ᠠᠷᠠᠳ ᠤᠯᠠᠨ ᠢ ᠨᠡᠩ ᠲᠦᠬᠦᠮ ᠲᠦᠳᠡ᠂ ᠨᠡᠩ ᠰᠡᠳᠬᠢᠯ ᠬᠠᠨᠤᠮᠵᠢᠳᠠᠢ᠂ ᠨᠡᠩ ᠰᠠᠶᠢᠨ ᠰᠠᠶᠢᠬᠠᠨ ᠠᠮᠢᠳᠤᠷᠠᠭᠤᠯᠤᠨ᠎ᠠ᠃ | ᠤᠷᠤᠰᠢᠨ ᠰᠠᠭᠤᠵᠤ ᠦᠢᠯᠡᠰ ᠪᠦᠳᠦᠭᠡᠬᠦ ᠳᠤ ᠲᠤᠬᠢᠯᠢᠭ ᠬᠤᠳᠠ ᠶᠢ ᠲᠦᠷᠭᠡᠳᠭᠡᠨ ᠪᠦᠳᠦᠭᠡᠨ ᠪᠠᠶᠢᠭᠤᠯᠤᠨ᠎ᠠ᠃ ︽ᠤᠯᠠᠨ ᠲᠦᠯᠦᠪᠵᠢᠬᠦᠯᠭᠡ ᠶᠢ | ᠨᠢᠭᠡᠳᠦᠬᠦᠯᠬᠦ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠭᠤᠯᠠ ᠤᠰᠤ᠂ ᠠᠮᠢ ᠠᠬᠤᠢ᠂ ᠰᠤᠶᠤᠯ᠂ ᠠᠵᠤ ᠦᠢᠯᠡᠰ ᠤᠨ ᠦᠢᠯᠠᠭᠠᠭᠳᠠᠬᠤᠨ ᠢ ᠬᠦᠨᠵᠡᠬᠡᠢ | ᠠᠭᠠᠤᠰᠤᠯᠴᠠᠭᠤᠯᠤᠨ᠂ ᠰᠤᠶᠤᠯ ᠲᠠᠢ᠂ ᠲᠡᠤᠭᠡ ᠲᠠᠢ᠂ ᠦᠯᠢᠭᠡᠷ ᠲᠠᠢ ᠠᠭᠤᠯᠠ ᠤᠰᠤ ᠬᠦᠭᠡᠷᠦᠨ ᠵᠠᠯᠭᠠᠯᠳᠤᠨ᠂ ᠠᠮᠢ ᠠᠬᠤᠢ ᠰᠠᠭᠤᠷᠢᠰᠢᠬᠤ ᠳᠤ ᠲᠤᠬᠢᠯᠢᠭ | ᠬᠤᠳᠠ ᠶᠢ ᠪᠦᠳᠦᠭᠡᠨ ᠪᠠᠶᠢᠭᠤᠯᠤᠨ᠎ᠠ᠃ ᠡᠩ ᠤᠨ ᠭᠡᠷ ᠪᠠᠶᠢᠰᠢᠩ ᠤᠨ ᠤᠷᠤᠨ ᠰᠠᠭᠤᠴᠠ ᠶᠢᠨ ᠲᠤᠭᠤᠷᠢᠭ ᠪᠤᠯᠤᠨ ᠬᠠᠭᠤᠴᠢᠨ ᠪᠠᠭ᠎ᠠ ᠲᠤᠭᠤᠷᠢᠭ ᠤᠨ | ᠶᠡᠷᠦᠩᠭᠡᠶᠢᠯᠡᠭᠰᠡᠨ ᠦᠭᠡᠷᠡᠴᠢᠯᠡᠨ ᠪᠠᠶᠢᠭᠤᠯᠬᠤ ᠬᠦᠴᠦᠯᠡᠴᠡ ᠶᠢ ᠶᠡᠭᠡᠰᠭᠡᠵᠤ᠂ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢ ᠲᠠᠰᠤᠷᠠᠯᠳᠠ ᠦᠭᠡᠢ | ᠲᠡᠬᠦᠯᠳᠡᠷᠵᠢᠬᠦᠯᠤᠨ᠎ᠡ᠃ ᠨᠤᠭᠤᠭᠠᠷᠠᠭᠤᠯᠤᠯᠳᠠ ᠶᠢᠨ ᠲᠡᠰ ᠲᠡᠪᠰᠢᠬᠦᠯᠬᠦ ᠢᠨᠵᠧᠨᠧᠷᠢᠩ ᠢ ᠭᠡᠷᠡᠭᠵᠢᠬᠦᠯᠵᠤ᠂ ᠴᠡᠴᠡᠷᠯᠢᠭᠵᠢᠬᠦᠯᠦᠯᠳᠡ ᠨᠤᠭᠤᠭᠠᠷᠠᠭᠤᠯᠤᠯᠳᠠ ᠶᠢᠨ | ᠲᠠᠯᠠᠪᠠᠢ ᠶᠢ 120 ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠦᠨ᠎ᠡ᠃ ᠲᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠯᠳᠡ ᠶᠢ | ᠦᠷᠬᠦᠯᠵᠢᠯᠡᠨ ᠰᠠᠶᠢᠳᠤᠷ ᠠᠳᠬᠤᠵᠤ᠂ ᠨᠡᠩ ᠤᠯᠠᠨ ᠠᠷᠠᠳ ᠤᠯᠠᠨ ᠤ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠬᠤᠳᠠ ᠬᠦᠳᠡᠭᠡ ᠶᠢᠨ | ᠬᠠᠮᠢᠶᠠᠷᠤᠯᠳᠠ ᠶᠢᠨ ᠪᠠᠶᠢᠭᠤᠯᠤᠯ ᠢ ᠲᠡᠬᠦᠯᠳᠡᠷᠵᠢᠬᠦᠯᠦᠨ ᠪᠦᠷᠢᠨᠰᠢᠬᠦᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠦᠨᠳᠦᠷ ᠪᠢᠰᠢ᠂ ᠭᠡᠷ ᠪᠠᠶᠢᠰᠢᠩ | ᠭᠠᠵᠠᠷ ᠰᠢᠷᠦᠢ ᠶᠢᠨ ᠬᠦᠷᠦᠩᠭᠡ ᠶᠢᠨ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠴᠢᠩᠭ᠎ᠠ ᠪᠤᠰᠤ᠂ ᠭᠡᠷ ᠪᠠᠶᠢᠰᠢᠩ ᠤᠨ ᠦᠮᠴᠢᠯᠡᠬᠦ ᠡᠷᠭᠡ ᠶᠢᠨ ᠦᠯᠡᠳᠡᠭᠳᠡᠯ | ᠠᠰᠠᠭᠤᠳᠠᠯ ᠢ ᠬᠦᠴᠦ ᠲᠠᠯᠪᠢᠨ ᠰᠢᠢᠳᠪᠤᠷᠢᠯᠡᠵᠤ᠂ ᠬᠤᠳᠠ ᠬᠦᠳᠡᠭᠡ ᠶᠢᠨ ᠬᠠᠮᠢᠶᠠᠷᠤᠯᠳᠠ ᠶᠢᠨ ᠤᠷᠤᠨ ᠲᠤᠭᠤᠷᠢᠭᠴᠢᠯᠠᠭᠰᠠᠨ᠂ ᠤᠶᠤᠨᠴᠢᠯᠠᠭᠰᠠᠨ᠂ | ᠬᠦᠮᠦᠨᠴᠢᠯᠡᠭᠰᠡᠨ ᠬᠠᠮᠢᠶᠠᠷᠤᠯᠳᠠ ᠵᠦᠭ ᠬᠦᠭᠵᠢᠬᠦᠯᠬᠦ ᠶᠢ ᠢᠳᠡᠪᠬᠢᠳᠠᠢ ᠠᠬᠢᠭᠤᠯᠤᠨ᠎ᠠ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠶᠡᠭᠡ ᠬᠦᠴᠦᠨ ᠢᠶᠠᠷ ᠠᠬᠢᠭᠤᠯᠤᠨ᠎ᠠ᠃ ᠠᠵᠤ ᠦᠢᠯᠡᠰ ᠬᠦᠭᠵᠢᠭᠰᠡᠨ᠂ ᠠᠮᠢ ᠠᠬᠤᠢ ᠨᠢ | ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ᠂ ᠨᠤᠳᠤᠭ ᠤᠨ ᠵᠠᠩᠰᠢᠯ ᠪᠤᠯᠪᠠᠰᠤᠨ᠂ ᠵᠠᠰᠠᠯᠳᠠ ᠨᠢ ᠪᠦᠳᠦᠮᠵᠢᠳᠠᠢ᠂ ᠠᠮᠢᠳᠤᠷᠠᠯ ᠨᠢ ᠪᠠᠶᠠᠨ ᠴᠢᠨᠡᠭᠡᠯᠢᠭ ᠶᠡᠷᠦᠩᠬᠡᠢ | ᠱᠠᠭᠠᠷᠳᠠᠯᠭ᠎ᠠ ᠶᠤᠰᠤᠭᠠᠷ᠂ ᠡᠯ᠎ᠡ ᠭᠠᠵᠠᠷ ᠤᠨ ᠠᠵᠤ ᠦᠢᠯᠡᠰ ᠤᠨ ᠲᠠᠪᠠᠭᠤᠯᠢᠭ ᠲᠠᠯ᠎ᠠ᠂ ᠤᠷᠤᠨ ᠪᠠᠶᠢᠷᠢᠰᠢᠯ᠂ ᠭᠠᠵᠠᠷ ᠨᠤᠳᠤᠭ ᠤᠨ ᠲᠦᠷᠢ ᠲᠦᠷᠬᠦ ᠵᠡᠷᠭᠡ | ᠤᠨᠴᠠᠯᠢᠭᠳᠤ ᠡᠬᠢ ᠰᠤᠷᠪᠤᠯᠵᠢ ᠳᠤ ᠰᠠᠭᠤᠷᠢᠯᠠᠨ᠂ ᠭᠤᠤᠯ ᠴᠤᠭᠯᠠᠭ᠎ᠠ ᠪᠠᠯᠭᠠᠰᠤ ᠪᠤᠯᠤᠨ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠤ ᠪᠦᠳᠦᠭᠡᠨ | ᠪᠠᠶᠢᠭᠤᠯᠤᠯᠳᠠ ᠶᠢ ᠲᠦᠷᠭᠡᠳᠭᠡᠵᠤ᠂ ᠨᠢᠭᠡ ᠪᠦᠯᠦᠭ ᠦᠢᠯᠡᠳᠦᠯ ᠴᠢᠳᠠᠪᠬᠢ ᠪᠦᠷᠢᠨ ᠲᠡᠬᠦᠯᠳᠡᠷ᠂ ᠬᠠᠷᠢᠯᠴᠠᠨ ᠨᠢᠭᠳᠠ ᠠᠭᠤᠰᠤᠯᠴᠠᠵᠤ᠂ ᠤᠷᠤᠰᠢᠨ ᠰᠠᠭᠤᠵᠤ | ᠦᠢᠯᠡᠰ ᠪᠦᠳᠦᠭᠡᠬᠦ ᠳᠤ ᠲᠤᠬᠢᠯᠢᠭ᠂ ᠡᠷᠴᠢᠮᠵᠢᠬᠦᠯᠦᠨ ᠭᠦᠭᠵᠢᠬᠦᠯᠦᠭᠰᠡᠨ᠂ ᠦᠪᠡᠷ ᠦᠪᠡᠷ ᠤᠨ ᠤᠨᠴᠠᠯᠢᠭ ᠲᠠᠢ ᠤᠳᠤ ᠦᠶ᠎ᠡ ᠶᠢᠨ ᠰᠢᠨ᠎ᠡ ᠮᠠᠶ᠋ᠢᠭ ᠤᠨ ᠪᠠᠭ᠎ᠠ | ᠭᠡᠯᠪᠡᠷᠢ ᠶᠢᠨ ᠪᠠᠯᠭᠠᠰᠤ ᠪᠤᠯᠤᠨ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠢ ᠴᠤᠭᠴᠠᠯᠠᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ | ᠤᠨ ᠪᠦᠳᠦᠭᠡᠨ ᠪᠠᠶᠢᠭᠤᠯᠤᠯᠳᠠ ᠪᠤᠯᠤᠨ ᠬᠠᠮᠢᠶᠠᠷᠤᠯᠳᠠ ᠬᠠᠮᠠᠭᠠᠯᠠᠯᠳᠠ ᠶᠢ ᠴᠢᠩᠭᠠᠳᠬᠠᠵᠤ᠂ ︽ᠲᠦᠷᠪᠡᠨ ᠰᠠᠶᠢᠨ︾ ︵ᠪᠠᠶᠢᠭᠤᠯᠤᠭᠰᠠᠨ ᠨᠢ ᠰᠠᠶᠢᠨ᠂ | ᠬᠠᠮᠢᠶᠠᠷᠤᠯᠳᠠ ᠨᠢ ᠰᠠᠶᠢᠨ᠂ ᠬᠠᠮᠠᠭᠠᠯᠠᠭᠰᠠᠨ ᠨᠢ ᠰᠠᠶᠢᠨ᠂ ᠡᠵᠡᠩᠨᠡᠭᠰᠡᠨ ᠨᠢ ᠰᠠᠶᠢᠨ︶ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠬᠦ ᠤᠯᠤᠰ ᠤᠨ ᠵᠢᠱᠢᠶ᠎ᠡ | ᠦᠵᠡᠬᠦᠯᠬᠦ ᠬᠤᠰᠢᠭᠤ ᠰᠢᠶᠠᠨ ᠢ ᠴᠢᠷᠮᠠᠶᠢᠨ ᠡᠬᠦᠳᠦᠨ ᠪᠠᠶᠢᠭᠤᠯᠤᠨ᠎ᠠ᠃ ᠬᠤᠯᠪᠤᠭᠠᠨ ᠤ ᠦᠷᠳᠡᠭᠡ ᠶᠢᠨ ᠬᠤᠯᠪᠤᠭ᠎ᠠ ᠨᠡᠪᠳᠡᠷᠡᠬᠦ ᠦᠭᠡᠢ ᠤᠷᠤᠨ ᠢ ᠪᠦᠷᠬᠦᠬᠦᠯᠤᠨ᠂ | ᠬᠤᠯᠪᠤᠭ᠎ᠠ ᠨᠡᠪᠳᠡᠷᠡᠬᠦᠯᠬᠦ ᠠᠵᠢᠯ ᠢ ᠪᠦᠬᠦ ᠬᠦᠴᠤᠨ ᠢᠶᠠᠷ ᠢᠳᠡᠪᠬᠢᠳᠠᠢ ᠠᠬᠢᠭᠤᠯᠤᠨ᠎ᠠ᠃ ᠴᠤᠭᠯᠠᠭ᠎ᠠ ᠪᠠᠯᠭᠠᠰᠤ ᠪᠤᠯᠤᠨ ᠭᠤᠤᠯ ᠪᠤᠯᠬᠤ ᠲᠤᠰᠬᠤᠨ ᠤ ᠪᠠᠶᠢᠭᠠᠯᠢ ᠶᠢᠨ | ᠰᠢᠳᠠᠮᠠᠬᠠᠢ ᠭᠡᠢ ᠶᠢᠨ ᠬᠤᠭᠤᠯᠠᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠨᠡᠩ ᠤᠯᠠᠨ ᠠᠷᠠᠳ ᠲᠦᠮᠡᠨ ᠢ ︽ᠪᠠᠶᠢᠭᠠᠯᠢ ᠶᠢᠨ ᠰᠢᠳᠠᠮᠠᠬᠠᠢ ᠭᠡᠢ ᠶᠢᠨ | ᠴᠠᠭ ᠦᠶ᠎ᠡ︾ ᠳᠤ ᠲᠠᠭᠠᠭᠤᠯᠤᠨ ᠤᠷᠤᠭᠤᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠨ ᠠᠷᠠᠳ ᠤᠨ ᠰᠠᠭᠤᠷᠢᠰᠢᠬᠤ ᠤᠷᠴᠢᠨ ᠲᠤᠭᠤᠷᠢᠨ ᠤ | ᠴᠡᠭᠴᠡᠯᠡᠨ ᠵᠠᠰᠠᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠦᠨᠵᠡᠭᠡᠶᠢᠷᠡᠬᠦᠯᠦᠨ ᠭᠡᠷᠡᠭᠵᠢᠬᠦᠯᠵᠤ᠂ ᠦᠪᠡᠷᠳᠡᠭᠡᠨ ᠵᠠᠰᠠᠬᠤ᠂ ᠬᠠᠤᠯᠢ ᠪᠠᠷ ᠵᠠᠰᠠᠬᠤ᠂ ᠮᠤᠷᠠᠯ ᠢᠶᠠᠷ | ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠯᠳᠠ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠮᠠᠯᠵᠢᠬᠤ ᠲᠠᠷᠢᠶᠠᠯᠠᠬᠤ ᠤᠷᠤᠨ ᠢ | ᠦᠨᠡᠨᠬᠦ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠪᠤᠯᠤᠨ ᠵᠤᠯ ᠵᠢᠷᠭᠠᠯᠳᠤ ᠭᠡᠷ ᠤᠷᠤᠨ ᠪᠤᠯᠭᠠᠨ᠎ᠠ᠃ | ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠰᠠᠭᠤᠷᠢ ᠲᠦᠬᠦᠭᠡᠷᠦᠮᠵᠢ ᠶᠢᠨ ᠬᠦᠷᠦᠯᠴᠡᠬᠦ ᠦᠭᠡᠢ ᠶᠢ | ᠨᠦᠬᠦᠪᠦᠷᠢᠯᠡᠬᠦ ᠶᠢ ᠪᠠᠷᠢᠮᠳᠠᠯᠠᠵᠤ᠂ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠦᠨᠡᠨᠬᠦ ᠰᠠᠶᠢᠵᠢᠷᠠᠭᠤᠯᠤᠨ᠎ᠠ᠃ ᠤᠷᠤᠨ ᠨᠤᠳᠤᠭ ᠤᠨ | ᠦᠨᠳᠦᠷ ᠬᠤᠷᠳᠤᠴᠠᠳᠤ ᠵᠠᠰᠠᠮᠠᠯ ᠵᠠᠮ᠂ ᠤᠯᠤᠰ ᠮᠤᠵᠢ ᠶᠢᠨ ᠭᠤᠤᠯ ᠵᠠᠮ ᠱᠤᠭᠤᠮ᠂ ᠰᠢᠶᠠᠨ ᠲᠤᠰᠬᠤᠨ ᠤ ᠵᠠᠮ ᠱᠤᠭᠤᠮ ᠤᠨ ᠴᠢᠨᠠᠷ ᠴᠢᠨᠰᠠᠭ᠎ᠠ ᠶᠢ | ᠲᠡᠭᠡᠭᠰᠢᠯᠡᠬᠦᠯᠦᠨ ᠵᠡᠷᠭᠡ ᠲᠡᠪᠰᠢᠬᠦᠯᠬᠦ ᠵᠡᠷᠭᠡ 71 ᠲᠦᠷᠦᠯ ᠵᠦᠢᠯ ᠢ ᠭᠡᠷᠡᠭᠵᠢᠬᠦᠯᠵᠤ᠂ ᠶᠡᠷᠦᠩᠭᠡᠢ ᠵᠠᠮ ᠤᠨ ᠵᠠᠢ ᠨᠢ 2800 ᠺᠢᠯᠤᠮᠧᠲᠷ ᠬᠦᠷᠬᠦ ᠪᠤᠯᠤᠨ᠎ᠠ᠃ ᠰᠢ | ᠰᠢᠶᠣᠣ ᠵᠤᠤ ᠠᠴᠠ ᠶᠢᠨ ᠴᠢᠤᠸᠠᠨ ᠪᠤᠯᠪᠠᠰᠤᠷᠠᠭᠤᠯᠤᠯᠳᠠ ᠶᠢᠨ ᠲᠤᠭᠤᠷᠢᠭ ᠬᠦᠷᠬᠦ᠂ ᠭᠠᠭᠴᠠᠮᠤᠳᠤ ᠠᠴᠠ ᠸᠠᠨ ᠱᠦᠢ ᠴᠢᠤᠸᠠᠨ ᠬᠦᠷᠬᠦ ᠲᠡᠮᠤᠷ ᠵᠠᠮ ᠤᠨ ᠡᠵᠩᠨᠡᠯᠳᠡ | ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠨᠠᠶᠢᠳᠠᠮ ᠤᠨ ᠨᠢᠰᠭᠡᠯ ᠤᠨ ᠪᠠᠭᠤᠳᠠᠯ ᠤᠨ ᠬᠤᠶᠢᠰᠢᠳᠠ ᠶᠢᠨ ᠢᠵᠢ ᠪᠦᠷᠢᠳᠦᠬᠦᠯᠬᠦ ᠢᠨᠵᠧᠨᠧᠷᠢᠩ | ᠢ ᠰᠠᠶᠢᠳᠤᠷ ᠠᠳᠬᠤᠨ᠂ ᠠᠭᠠᠷ ᠤᠨ ᠠᠶᠠᠯᠠᠯ ᠤᠨ ᠠᠵᠢᠯ ᠶᠠᠪᠤᠳᠠᠯ ᠢ ᠢᠳᠡᠪᠬᠢᠳᠠᠢ ᠦᠷᠭᠡᠳᠭᠡᠵᠤ᠂ ᠪᠦᠬᠦ ᠬᠤᠳᠠ ᠶᠢᠨ ᠠᠭᠠᠷ ᠤᠨ ᠠᠶᠠᠯᠠᠯ ᠤᠨ ᠠᠵᠤ ᠦᠢᠯᠡᠰ | ᠤᠨ ᠬᠦᠭᠵᠢᠯᠳᠡ ᠶᠢ ᠲᠤᠯᠭᠠᠭᠤᠷᠢᠯᠠᠨ ᠬᠦᠳᠦᠯᠦᠨ ᠲᠠᠭᠠᠭᠤᠯᠤᠨ᠎ᠠ᠃ ᠤᠰᠤ ᠠᠷᠪᠢᠯᠠᠬᠤ ᠤᠰᠤᠯᠠᠯᠳᠠ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠤᠰᠤᠨ | ᠠᠰᠢᠭᠯᠠᠯᠳᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ ᠭᠤᠤᠯ ᠮᠦᠷᠡᠨ ᠨᠠᠭᠤᠷ ᠴᠦᠬᠦᠷᠤᠮ ᠤᠨ ᠤᠰᠤᠨ | ᠤ ᠰᠢᠰᠲ᠋ᠧᠮ ᠤᠨ ᠵᠠᠯᠭᠠᠯᠳᠠ ᠨᠡᠪᠳᠡᠷᠡᠯᠴᠡᠭᠡ ᠪᠤᠯᠤᠨ ᠲᠠᠯ᠎ᠠ ᠨᠤᠳᠤᠭ ᠤᠨ ᠴᠦᠬᠦᠷᠦᠮ ᠤᠳ ᠤᠨ ᠡᠬᠢ ᠰᠤᠷᠪᠤᠯᠵᠢ ᠶᠢᠨ ᠬᠠᠮᠠᠭᠠᠯᠠᠯᠳᠠ ᠪᠤᠯᠤᠨ ᠨᠡᠭᠡᠭᠡᠨ | ᠠᠰᠢᠭᠯᠠᠯᠳ᠋ᠨ ᠶᠢᠨ ᠢᠨᠵᠧᠨᠧᠷᠢᠩ ᠢ ᠬᠤᠷᠳᠤᠳᠬᠠᠨ ᠠᠬᠢᠭᠤᠯᠤᠨ᠎ᠠ᠃ ᠨᠢᠭᠳᠠᠷᠠᠭᠤᠯᠤᠨ ᠬᠦᠴᠦᠨ ᠢ ᠬᠠᠮᠳᠤᠳᠬᠠᠵᠤ᠂ ᠲᠦᠪᠯᠡᠷᠡᠬᠦᠯᠦᠨ ᠬᠤᠯᠪᠤᠭᠠᠯᠠᠵᠤ ᠦᠨᠳᠤᠷ | ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠢ ᠶᠢᠨ ᠪᠦᠳᠦᠭᠡᠨ ᠪᠠᠶᠢᠭᠤᠯᠤᠯᠳᠠ | ᠶᠢ ᠴᠢᠩᠭᠠᠳᠬᠠᠵᠤ᠂ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠳᠤ ᠪᠠᠳᠤ ᠪᠠᠬᠢ ᠲᠤᠯᠭᠠᠭᠤᠷᠢᠯᠠᠯ ᠢ ᠬᠠᠩᠭᠠᠨ᠎ᠠ᠃ ᠴᠠᠬᠢᠯᠭᠠᠨ ᠲᠤᠤᠷ ᠤᠨ ᠪᠦᠳᠦᠴᠡ ᠶᠢ | ᠲᠠᠰᠤᠷᠠᠯᠳᠠ ᠦᠭᠡᠢ ᠰᠢᠯᠢᠳᠡᠭᠵᠢᠬᠦᠯᠵᠤ᠂ 220 ᠺᠢᠯᠤᠸᠤᠯᠲ ᠤᠨ ᠬᠦᠴᠦᠳᠡᠯ ᠬᠤᠪᠢᠰᠬᠠᠬᠤ ᠦᠷᠳᠡᠭᠡ 2 ᠶᠢ᠂ 110 ᠺᠢᠯᠤᠸᠤᠯᠲ ᠤᠨ ᠬᠦᠴᠦᠳᠡᠯ | ᠦᠬᠡᠷᠡᠴᠢᠯᠠᠬᠦ ᠦᠷᠳᠡᠭᠡ 3 ᠶᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠬᠦᠴᠦᠨ ᠤ ᠵᠠᠮ ᠱᠤᠭᠤᠮ 1500 ᠺᠢᠯᠤᠮᠧᠲᠷ ᠢ ᠲᠡᠳᠠᠨᠠ᠃ | ︵ᠭᠤᠷᠪᠠ︶ ᠪᠤᠬᠢᠷᠳᠤᠯ ᠦᠭᠡᠢ ᠭᠦᠭᠵᠢᠯᠳᠡ ᠶᠢ ᠪᠠᠷᠢᠮᠳᠠᠯᠠᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ | ᠲᠡᠭᠡᠷ᠎ᠡ ᠰᠢᠨ᠎ᠡ ᠰᠢᠪᠳᠤᠯᠤᠯᠳᠠ ᠶᠢ ᠪᠡᠶᠡᠯᠡᠬᠦᠯᠦᠨ᠎ᠡ᠃ | ᠬᠦᠭᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ ᠮᠦᠨ ᠬᠡᠬᠦ ᠦᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ | ᠦᠢᠯᠡᠳᠦᠯᠭᠡᠵᠢᠬᠦᠯᠦᠨ᠂ ᠠᠭᠤᠯᠠ ᠤᠰᠤ ᠤᠢ ᠰᠢᠭᠤᠢ ᠭᠡᠭᠡᠷ᠎ᠡ ᠲᠠᠯ᠎ᠠ ᠨᠠᠭᠤᠷ ᠴᠦᠬᠦᠷᠤᠮ ᠡᠯᠡᠰᠤ ᠮᠠᠩᠬ᠎ᠠ ᠶᠢᠨ ᠰᠢᠰᠲ᠋ᠧᠮ ᠤᠨ ᠵᠠᠰᠠᠯᠳᠠ ᠶᠢ ᠨᠢᠭᠡᠳᠦᠯᠳᠠᠢ | ᠲᠦᠯᠦᠪᠵᠢᠬᠦᠯᠦᠨ᠎ᠠ᠃ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ ᠤᠨ ᠲᠤᠭᠳᠠᠴᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠤᠨ᠂ ᠪᠠᠶᠢᠭᠠᠯᠢᠯᠢᠭ ᠤᠢ ᠰᠢᠭᠤᠢ ᠶᠢᠨ ᠬᠠᠮᠠᠭᠠᠯᠠᠯᠳᠠ᠂ ᠬᠠᠭᠠᠯᠪᠤᠷᠢᠯᠠᠬᠤ ᠶᠢ ᠵᠤᠭᠰᠤᠭᠠᠵᠤ ᠦᠢᠵᠢᠭᠤᠯᠬᠤ ᠵᠡᠷᠭᠡ ᠲᠦᠷᠦᠯ ᠵᠦᠢᠯ ᠳᠤ | ᠲᠦᠰᠢᠭᠯᠡᠨ᠂ ᠤᠯᠤᠰ ᠤᠨ ᠤᠢ ᠰᠢᠭᠤᠢ ᠶᠢᠨ ᠦᠢᠯᠡᠰ ᠤᠨ ᠭᠤᠤᠯᠳᠠᠯᠭ᠎ᠠ ᠲᠠᠢ ᠢᠨᠵᠧᠨᠧᠷᠢᠩ 50 ᠲᠦᠮᠡᠨ ᠮᠤ᠋ ᠶᠢ ᠪᠡᠶᠡᠯᠡᠬᠦᠯᠦᠨ᠎ᠡ᠃ ᠬᠠᠯᠢᠭᠤᠳᠤ ᠶᠢᠨ ᠤᠢ | ᠰᠢᠭᠤᠢ ᠶᠢᠨ ᠲᠠᠯᠠᠪᠠᠢ᠂ ᠵᠤᠯᠵᠠᠭᠠᠨ ᠮᠤᠳᠤᠨ ᠤ ᠬᠦᠷᠢᠶᠡᠯᠡᠩ ᠪᠤᠯᠤᠨ ᠠᠮᠢ ᠠᠬᠤᠢ ᠶᠢᠨ ᠬᠦᠷᠢᠶᠡᠯᠡᠩ ᠤᠨ ᠤᠢ ᠰᠢᠭᠤᠢ ᠶᠢᠨ ᠡᠬᠢ ᠰᠤᠷᠪᠤᠯᠵᠢ ᠶᠢ ᠨᠢᠭᠡᠳᠦᠯᠳᠠᠢ | ᠲᠦᠯᠦᠪᠵᠢᠬᠦᠯᠦᠨ᠂ ᠤᠯᠤᠰ ᠤᠨ ᠲᠡᠰ ᠤᠨ ᠤᠢ ᠰᠢᠭᠤᠢ ᠶᠢᠨ ᠴᠡᠴᠡᠷᠯᠢᠭ ᠢ ᠴᠤᠭᠴᠠᠯᠠᠨ ᠪᠠᠶᠢᠭᠤᠯᠤᠨ᠎ᠠ᠃ ᠪᠦᠬᠢᠷᠳᠤᠯ ᠦᠭᠡᠢ ᠠᠭᠤᠷᠬᠠᠢ ᠶᠢᠨ ᠠᠭᠤᠯᠠ ᠶᠢᠨ | ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠦᠷᠨᠢᠬᠦᠯᠵᠤ᠂ ᠠᠭᠤᠷᠬᠠᠢ ᠶᠢᠨ ᠠᠭᠤᠯᠠ ᠶᠢᠨ ᠡᠬᠢ ᠰᠤᠷᠪᠤᠯᠵᠢ ᠶᠢᠨ ᠨᠡᠭᠡᠭᠡᠨ ᠬᠦᠭᠵᠢᠬᠦᠯᠬᠦ ᠡᠮᠬᠢ ᠵᠢᠷᠤᠮ ᠢ | ᠴᠡᠭᠴᠡᠯᠡᠨ ᠲᠦᠷᠢᠮᠵᠢᠬᠦᠯᠵᠤ᠂ ᠠᠭᠤᠷᠬᠠᠢ ᠨᠡᠭᠡᠭᠡᠬᠦ ᠡᠷᠭᠡ ᠶᠢᠨ ᠵᠦᠪᠰᠢᠶᠡᠷᠡᠯ ᠤᠨ ᠪᠤᠭᠤᠮᠳᠠ ᠶᠢ ᠴᠢᠩᠭ᠎ᠠ ᠰᠠᠬᠢᠨ᠎ᠠ᠃ ᠠᠭᠠᠷ ᠮᠠᠨᠳᠤᠯ᠂ ᠤᠰᠤ᠂ ᠬᠦᠷᠦᠰᠤ ᠰᠢᠷᠤᠢ | ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯᠯᠠᠭ᠎ᠠ ᠶᠢ ᠬᠦᠨᠵᠡᠭᠡᠶᠢᠷᠡᠬᠦᠯᠦᠨ ᠶᠠᠪᠤᠭᠳᠠᠭᠤᠯᠵᠤ᠂ ᠨᠡᠬᠦᠷᠡᠰᠤ ᠶᠢ ᠰᠢᠳᠠᠮᠠᠬᠠᠢ ᠭᠡᠢ ᠪᠤᠯᠭᠠᠨ ᠵᠠᠰᠠᠨ ᠦᠭᠡᠷᠡᠴᠢᠯᠡᠬᠦ | ᠢᠨᠵᠧᠨᠧᠷᠢᠩ ᠢ ᠲᠦᠷᠭᠡᠳᠭᠡᠨ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠪᠤᠯᠤᠨ ᠠᠵᠢᠯ ᠲᠦᠷᠦᠯ ᠤᠨ ᠡᠨᠧᠷᠬᠢ ᠠᠷᠪᠢᠯᠠᠵᠤ ᠬᠤᠷᠤᠭᠳᠠᠯ ᠢ ᠪᠠᠭᠠᠰᠬᠠᠬᠤ | ᠶᠢ ᠢᠳᠡᠪᠬᠢᠳᠠᠢ ᠠᠬᠢᠭᠤᠯᠵᠤ᠂ ︽ᠭᠤᠤᠯ ᠮᠦᠷᠡᠨ ᠤ ᠲᠡᠷᠤᠭ᠎ᠠ︾ ᠶᠢᠨ ᠲᠦᠷᠢᠮ ᠢ ᠯᠠᠪᠳᠠᠭᠤᠨ ᠢᠶᠠᠷ ᠶᠠᠪᠤᠭᠳᠠᠭᠤᠯᠵᠤ᠂ ᠲᠠᠷᠢᠶᠠᠨ ᠡᠮ᠂ ᠬᠢᠮᠢ ᠶᠢᠨ ᠪᠤᠷᠳᠤᠭᠤᠷ᠂ | ᠰᠦᠯᠢᠶᠤᠤ ᠪᠦᠷᠬᠦᠪᠴᠢ ᠶᠢᠨ ᠭᠡᠷᠡᠭᠯᠡᠬᠦ ᠭᠡᠮᠵᠢᠶ᠎ᠡ ᠶᠢ ︽ᠦᠴᠦᠬᠡᠨ ᠴᠦ ᠦᠰᠭᠡᠬᠦ ᠦᠭᠡᠢ ᠪᠠᠶᠢᠯᠭᠠᠬᠤ︾ ᠠᠵᠢᠯᠯᠠᠭ᠎ᠠ ᠶᠢ ᠨᠠᠷᠢᠨ ᠭᠢᠨᠠᠮᠠᠭᠠᠢ ᠭᠡᠷᠡᠭᠵᠢᠬᠦᠯᠦᠨ᠎ᠡ᠃ | ᠪᠤᠬᠢᠷᠳᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠤ ᠠᠮᠢᠳᠤᠷᠠᠯ ᠤᠨ ᠠᠷᠭ᠎ᠠ ᠭᠡᠯᠪᠡᠷᠢ ᠶᠢ ᠶᠡᠭᠡ ᠬᠦᠴᠦᠨ ᠢᠶᠠᠷ ᠰᠠᠨᠠᠭᠠᠴᠢᠯᠠᠵᠤ᠂ ᠤᠷᠠᠳ ᠤᠨ ᠲᠤᠮᠳᠠᠳᠤ ᠬᠤᠰᠢᠭᠤ | ᠶᠢ ᠦᠨᠡᠨᠬᠦ ᠲᠡᠭᠷᠢ ᠨᠢ ᠴᠡᠯᠮᠡᠭ ᠠᠭᠠᠷ ᠨᠢ ᠴᠡᠪᠡᠷ᠂ ᠠᠭᠤᠯᠠ ᠤᠰᠤ ᠶᠢ ᠨᠤᠮᠢᠨ ᠨᠤᠭᠤᠭᠠᠨ ᠢᠶᠠᠷ ᠨᠢ ᠪᠠᠶᠢᠯᠭᠠᠨ᠎ᠠ᠃︵ᠲᠦᠷᠪᠡ︶ ᠨᠡᠭᠡᠭᠡᠯᠳᠡᠳᠤ ᠬᠦᠭᠵᠢᠯᠳᠠ ᠶᠢ | ᠪᠠᠷᠢᠮᠳᠠᠯᠠᠵᠤ᠂ ᠬᠠᠮᠳᠤᠷᠠᠯᠴᠠᠨ ᠬᠦᠭᠵᠢᠬᠦᠯᠬᠦ ᠤᠷᠤᠨ ᠵᠠᠢ ᠶᠢ ᠦᠷᠭᠡᠳᠬᠡᠬᠦ ᠲᠡᠭᠡᠷ᠎ᠡ ᠰᠢᠨ᠎ᠡ ᠰᠢᠪᠳᠤᠯᠤᠯᠳᠠ ᠶᠢ ᠪᠠᠶᠡᠯᠡᠬᠦᠯᠦᠨ᠎ᠡ | ᠤᠯᠤᠰ ᠤᠨ ︽ᠨᠢᠭᠡ ᠪᠦᠰᠡ ᠨᠢᠭᠡ ᠵᠠᠮ︾᠂ ᠦᠪᠡᠷᠳᠡᠭᠡᠨ ᠵᠠᠰᠠᠬᠤ ᠤᠷᠤᠨ ᠤ ︽ᠨᠢᠭᠡ ᠪᠠᠬᠢᠯᠡᠯᠳᠡ ᠨᠢᠭᠡ ᠪᠦᠰᠡ︾ ᠪᠤᠯᠤᠨ ᠬᠦᠬᠡᠬᠤᠳᠠ ᠪᠤᠭᠤᠳᠤ | ᠢᠷᠭᠠᠢ ᠢᠤᠯᠢᠨ ᠤ ᠠᠵᠤ ᠠᠬᠤᠢ ᠶᠢᠨ ᠲᠤᠭᠤᠷᠢᠭ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠤᠷᠤᠵᠤ᠂ ᠲᠤᠮᠳᠠᠳᠤ ᠮᠤᠩᠭᠤᠯ ᠤᠷᠤᠰ ᠤᠨ ᠠᠵᠤ ᠠᠬᠤᠢ | ᠶᠢᠨ ᠬᠤᠩᠬᠢᠯ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠪᠡᠭᠡᠵᠢᠩ ᠲᠢᠶᠠᠨᠵᠢᠨ ᠾᠧᠪᠸᠢ ᠵᠢᠴᠢ ᠲᠠᠯᠠᠢ ᠲᠠᠭᠠᠤ ᠤᠷᠤᠨ ᠤ ᠰᠢᠯᠢᠳᠡᠭ ᠠᠵᠤ ᠦᠢᠯᠡᠰ ᠤᠨ | ᠰᠢᠯᠵᠢᠯᠳᠡ ᠶᠢ ᠰᠠᠨᠠᠭᠠᠴᠢᠯᠠᠭ᠎ᠠ ᠠᠴᠠ ᠪᠠᠨ ᠵᠠᠯᠭᠠᠮᠵᠢᠯᠠᠵᠤ᠂ ᠲᠦᠷᠪᠡᠨ ᠵᠦᠭ ᠲᠤ ᠨᠡᠪᠳᠡᠷᠡᠬᠦᠯᠦᠨ᠂ ᠲᠤᠳᠤᠭᠠᠳᠤ ᠭᠠᠳᠠᠭᠠᠳᠤ ᠬᠤᠯᠪᠤᠭᠠᠯᠠᠨ ᠬᠦᠳᠡᠯᠦᠯᠴᠡᠵᠤ᠂ | ᠨᠠᠢᠮᠠᠨ ᠵᠦᠭ ᠠᠴᠠ ᠬᠦᠭᠵᠢᠯᠳᠡ ᠬᠤᠷᠤᠶᠢᠯᠠᠭᠰᠠᠨ ᠨᠡᠭᠡᠭᠡᠯᠳᠡ ᠶᠢᠨ ᠰᠢᠨ᠎ᠡ ᠪᠠᠶᠢᠳᠠᠯ ᠢ ᠲᠦᠷᠭᠡᠳᠭᠡᠨ ᠪᠦᠷᠢᠯᠳᠦᠬᠦᠯᠦᠨ᠎ᠡ᠃ ᠬᠢᠯᠢ ᠶᠢᠨ ᠪᠤᠭᠤᠮᠳᠠ ᠶᠢᠨ ᠪᠤᠭᠤᠮᠳᠠ | ᠨᠡᠪᠳᠡᠷᠡᠬᠦ ᠲᠤᠭᠤᠷᠢᠭ ᠤᠨ ᠴᠢᠳᠠᠪᠬᠢ ᠶᠢ ᠦᠷᠭᠡᠳᠭᠡᠨ ᠲᠡᠰ ᠲᠡᠪᠰᠢᠬᠦᠯᠬᠦ᠂ ᠬᠢᠯᠢ ᠪᠠᠷ ᠭᠠᠷᠴᠤ ᠤᠷᠤᠬᠤ ᠮᠠᠰᠢᠨ ᠲᠡᠷᠭᠡᠨ ᠤ ᠦᠢᠯᠡᠴᠢᠯᠡᠭᠡᠨ ᠤ ᠲᠤᠭᠤᠷᠢᠭ᠂ | ᠠᠶᠤᠯᠳᠤ ᠬᠢᠮᠢ ᠶᠢᠨ ᠪᠤᠳᠠᠰ ᠤᠨ ᠬᠢᠨᠠᠨ ᠬᠠᠮᠢᠶᠠᠷᠬᠤ ᠬᠦᠮᠦᠷᠭᠡ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠤ᠂ ᠮᠤᠩᠭᠤᠯ | ᠤᠯᠤᠰ ᠯᠤᠭ᠎ᠠ ᠶᠢᠨ ᠵᠤᠬᠢᠴᠠᠭᠤᠯᠤᠨ ᠲᠤᠬᠢᠷᠠᠭᠤᠯᠤᠯᠳᠠ ᠶᠢ ᠴᠢᠩᠭᠠᠳᠬᠠᠵᠤ᠂ ᠪᠤᠭᠤᠮᠳᠠ ᠶᠢᠨ ᠬᠢᠯᠢ ᠠᠯᠤᠰᠯᠠᠭᠰᠠᠨ ᠬᠦᠨᠳᠤ ᠠᠴᠢᠶᠠᠨ ᠤ ᠵᠠᠰᠠᠮᠠᠯ ᠵᠠᠮ ᠪᠤᠯᠤᠨ | ᠬᠢᠯᠢ ᠠᠯᠤᠰᠯᠠᠭᠰᠠᠨ ᠲᠡᠮᠤᠷ ᠵᠠᠮ ᠤᠨ ᠢᠨᠵᠧᠨᠧᠷᠢᠩ ᠢ ᠢᠳᠡᠪᠬᠢᠳᠠᠢ ᠠᠬᠢᠭᠤᠯᠵᠤ᠂ ᠬᠠᠷᠢᠯᠴᠠᠨ ᠬᠤᠯᠪᠤᠭᠠᠯᠠᠨ ᠨᠡᠪᠳᠡᠷᠡᠯᠴᠡᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠡ | ᠃ ᠦᠪᠡᠷᠳᠡᠭᠡᠨ ᠵᠠᠰᠠᠬᠤ ᠤᠷᠤᠨ ᠤ ᠨᠡᠭᠡᠭᠡᠯᠳᠡ ᠬᠢᠵᠤ ᠴᠢᠯᠦᠭᠡᠳᠠᠢ ᠶᠠᠪᠤᠯᠴᠠᠬᠤ ᠲᠤᠷᠰᠢᠯᠳᠠ ᠶᠢᠨ ᠲᠤᠭᠤᠷᠢᠭ᠂ ᠲᠤᠮᠳᠠᠳᠤ ᠮᠤᠩᠭᠤᠯ ᠤᠨ ᠠᠵᠤ ᠠᠬᠤᠢ ᠶᠢᠨ | ᠬᠠᠮᠳᠤᠷᠠᠯᠴᠠᠭᠠᠨ ᠤ ᠵᠢᠱᠢᠶ᠎ᠡ ᠦᠵᠡᠬᠦᠯᠬᠦ ᠲᠤᠭᠤᠷᠢᠭ ᠪᠤᠯᠤᠨ ᠲᠤᠮᠳᠠᠳᠤ ᠮᠤᠩᠭᠤᠯ ᠤᠨ ᠠᠭᠤᠷᠬᠠᠢ ᠶᠢᠨ ᠡᠨᠧᠷᠬᠢ ᠶᠢᠨ ᠠᠷᠠᠯᠵᠢᠶᠠᠨ ᠤ ᠲᠡᠪᠴᠠᠩ ᠤᠨ ᠪᠦᠳᠦᠭᠡᠨ | ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠲᠡᠮᠤᠷ ᠵᠠᠮ ᠪᠠ ᠠᠭᠠᠷ ᠤᠨ ᠠᠶᠠᠯᠠᠯ ᠢ ᠨᠡᠭᠡᠭᠡᠭᠰᠡᠨ ᠬᠢᠯᠢ ᠶᠢᠨ ᠪᠤᠭᠤᠮᠳᠠ ᠪᠤᠯᠬᠤ ᠶᠢ | ᠢᠳᠡᠪᠬᠢᠳᠠᠢ ᠪᠠᠷ ᠲᠡᠮᠡᠴᠡᠨ ᠤᠯᠤᠨ᠎ᠠ᠃ ᠬᠢᠯᠢ ᠶᠢᠨ ᠪᠤᠭᠤᠮᠳᠠ ᠶᠢᠨ ᠵᠠᠰᠠᠮᠠᠯ ᠵᠠᠮ ᠲᠡᠮᠤᠷ ᠵᠠᠮ ᠤᠨ ᠬᠤᠯᠪᠤᠭᠠᠯᠠᠭᠰᠠᠨ ᠲᠡᠭᠡᠭᠡᠪᠤᠷᠢ ᠶᠢᠨ ᠶᠡᠷᠦᠩᠭᠡᠶᠢᠯᠡᠭᠰᠡᠨ ᠬᠢᠨᠠᠨ | ᠬᠠᠮᠢᠶᠠᠷᠤᠯᠳᠠ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠪᠤᠭᠤᠳᠠᠯ ᠤᠨ ᠠᠪᠳᠠᠷ᠎ᠠ ᠶᠢᠨ ᠬᠢᠯᠢ ᠠᠯᠤᠰᠯᠠᠭᠰᠠᠨ ᠡᠳ᠋ ᠪᠠᠷᠠᠭᠠᠨ ᠤ | ᠬᠦᠢᠯᠭᠡᠭᠡ ᠶᠢ ᠬᠦᠭᠵᠢᠬᠦᠯᠦᠨ᠎ᠡ᠃ ︽ᠭᠤᠷᠪᠠᠨ ᠬᠠᠷᠢᠯᠴᠠᠨ︾ ᠪᠤᠭᠤᠮᠳᠠ ᠪᠠᠷ ᠨᠡᠪᠳᠡᠷᠡᠬᠦ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ︽ᠭᠤᠷᠪᠠᠨ | ᠨᠢᠭᠡ︾ ᠪᠤᠭᠤᠮᠳᠠ ᠨᠡᠪᠳᠡᠷᠡᠬᠦ ᠬᠡᠪ ᠵᠠᠭᠪᠤᠷ ᠢ ᠪᠦᠷᠢᠯᠳᠦᠬᠦᠯᠦᠨ᠎ᠠ᠃ 2022 ᠤᠨ ᠪᠤᠯᠳᠠᠯ᠎ᠠ᠂ ᠬᠢᠯᠢ ᠶᠢᠨ ᠪᠤᠭᠤᠮᠳᠠ ᠶᠢ ᠭᠠᠳᠠᠭᠠᠳᠤ ᠠᠴᠠ ᠤᠷᠤᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶ᠎ᠠ᠂ ᠬᠦᠮᠦᠷᠭᠡᠯᠡᠨ ᠬᠠᠳᠠᠭᠠᠯᠠᠬᠤ ᠡᠳ᠋ ᠪᠠᠷᠠᠭᠠᠨ ᠤ ᠬᠦᠢᠯᠭᠡᠭᠡ᠂ ᠡᠬᠢ ᠰᠤᠷᠪᠤᠯᠵᠢ ᠶᠢ ᠲᠤᠬᠠᠢ ᠶᠢᠨ ᠭᠠᠵᠠᠷ ᠲᠤᠨᠢ ᠬᠦᠨ ᠨᠠᠷᠢᠨ | ᠪᠤᠯᠪᠠᠰᠤᠷᠠᠭᠤᠯᠬᠤ᠂ ᠬᠢᠯᠢ ᠠᠯᠤᠰᠯᠠᠭᠰᠠᠨ ᠵᠢᠭᠤᠯᠴᠢᠯᠠᠯ᠂ ᠮᠦᠩᠬᠦᠨ ᠬᠦᠢᠯᠭᠡᠭᠡᠨ ᠤ ᠦᠢᠯᠡᠴᠢᠯᠡᠭᠡ᠂ ᠲᠠᠸᠠᠷ ᠤᠨ ᠲᠡᠯᠭᠡᠨ ᠦᠵᠡᠬᠦᠯᠦᠯᠭᠡ ᠶᠢ ᠨᠢᠭᠡ | ᠴᠤᠭᠴᠠᠵᠢᠭᠤᠯᠤᠭᠰᠠᠨ ᠶᠡᠷᠦᠩᠭᠡᠶᠢᠯᠡᠭᠰᠡᠨ ᠬᠢᠯᠢ ᠶᠢᠨ ᠪᠤᠭᠤᠮᠳᠠ ᠪᠤᠯᠭᠠᠨ ᠴᠤᠭᠴᠠᠯᠠᠨ ᠪᠠᠶᠢᠭᠤᠯᠤᠨ᠎ᠠ᠃ ᠲᠤᠮᠳᠠᠳᠤ ᠮᠤᠩᠭᠤᠯ ᠤᠨ ᠬᠤᠶᠠᠷ ᠲᠠᠯ᠎ᠠ ᠶᠢᠨ ᠠᠭᠤᠯᠵᠠᠯᠳᠠ | ᠶᠢᠨ ᠲᠤᠭᠳᠠᠴᠠ ᠪᠤᠯᠤᠨ ᠴᠠᠭᠳᠠᠭᠠᠨ ᠤ ᠶᠠᠪᠤᠳᠠᠯ ᠤᠨ ᠬᠠᠮᠳᠤᠷᠠᠯᠴᠠᠭᠠᠨ ᠤ ᠲᠤᠭᠳᠠᠴᠠ ᠶᠢ ᠬᠦᠨᠵᠡᠭᠡᠶᠢᠷᠡᠬᠦᠯᠦᠨ ᠲᠡᠬᠦᠯᠳᠡᠷᠵᠢᠬᠦᠯᠵᠤ᠂ ᠤᠯᠠᠨ ᠬᠦᠷᠢᠶ᠎ᠠ ᠴᠠᠷᠠᠭᠠᠨ ᠤ | ᠰᠤᠯᠢᠯᠴᠠᠭ᠎ᠠ ᠬᠠᠮᠳᠤᠷᠠᠯᠴᠠᠭ᠎ᠠ ᠶᠢ ᠦᠷᠭᠡᠳᠭᠡᠨ᠎ᠡ᠃ ᠪᠤᠯᠪᠠᠰᠤᠷᠠᠭᠤᠯᠤᠯᠳᠠ ᠶᠢᠨ ᠲᠤᠭᠤᠷᠢᠭ ᠤᠨ ᠰᠠᠭᠤᠷᠢ ᠲᠦᠬᠦᠭᠡᠷᠦᠮᠵᠢ ᠪᠤᠯᠤᠨ ᠨᠡᠶᠢᠭᠡᠮᠴᠢᠯᠡᠭᠰᠡᠨ ᠦᠢᠯᠡᠴᠢᠯᠡᠭᠡᠨ | ᠤ ᠴᠢᠳᠠᠪᠬᠢ ᠶᠢ ᠤᠯᠠᠮ ᠪᠦᠷᠢᠨᠰᠢᠬᠦᠯᠵᠤ᠂ ᠪᠤᠯᠪᠠᠰᠤᠷᠠᠭᠤᠯᠤᠯᠳᠠ ᠶᠢᠨ ᠲᠤᠭᠤᠷᠢᠭ ᠤᠨ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ ᠴᠢᠩᠭᠠᠳᠬᠠᠨ᠂ | ᠬᠢᠯᠢ ᠶᠢᠨ ᠭᠠᠳᠠᠨᠠᠬᠢ ᠠᠭᠤᠷᠬᠠᠢ ᠶᠢᠨ ᠪᠦᠳᠦᠭᠡᠭᠳᠡᠬᠦᠨ ᠢ ᠤᠷᠤᠭᠤᠯᠬᠤ ᠪᠠ ᠰᠢᠯᠵᠢᠬᠦᠯᠦᠨ ᠠᠰᠢᠭᠯᠠᠬᠤ ᠶᠢ ᠢᠳᠡᠪᠬᠢᠳᠠᠢ ᠠᠬᠢᠭᠤᠯᠵᠤ᠂ ᠪᠤᠯᠪᠠᠰᠤᠷᠠᠭᠤᠯᠤᠯᠳᠠ ᠶᠢᠨ | ᠲᠤᠭᠤᠷᠢᠭ ᠢ ᠤᠯᠤᠰ ᠤᠨ ᠲᠡᠰ ᠤᠨ ᠪᠠᠶᠢᠯᠳᠤᠬᠤ ᠪᠤᠳᠤᠯᠭ᠎ᠠ ᠶᠢᠨ ᠡᠬᠢ ᠰᠤᠷᠪᠤᠯᠵᠢ ᠶᠢ ᠤᠷᠤᠭᠤᠯᠤᠨ ᠪᠤᠯᠪᠠᠰᠤᠷᠠᠭᠤᠯᠬᠤ ᠰᠠᠭᠤᠷᠢᠨ ᠭᠠᠵᠠᠷ ᠪᠠᠶᠢᠭᠤᠯᠤᠨ᠎ᠠ᠃ | ︵ᠲᠠᠪᠤ︶ ᠬᠠᠮᠳᠤᠪᠡᠷ ᠡᠳ᠋ᠯᠡᠬᠦ ᠬᠦᠭᠵᠢᠯᠳᠠ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠨᠡᠮᠡᠭᠳᠡᠬᠦᠯᠬᠦ ᠲᠡᠭᠡᠷ᠎ᠡ ᠰᠢᠨ᠎ᠡ ᠰᠢᠪᠳᠤᠯᠤᠯᠳᠠ | ᠶᠢ ᠪᠠᠶᠡᠯᠡᠬᠦᠯᠦᠨ᠎ᠡ | ᠭᠡᠳᠤᠶᠢᠪᠡᠷ ᠡᠳ᠋ ᠤᠨ ᠵᠠᠰᠠᠭ ᠤᠨ ᠤᠷᠤᠯᠭ᠎ᠠ ᠶᠢᠨ ᠲᠠᠷᠤᠯᠳᠠ ᠲᠦᠢᠯ ᠤᠨ ᠶᠡᠭᠡ ᠪᠠᠶᠢᠪᠠᠴᠤ᠂ ᠶᠠᠭᠠᠬᠢᠵᠤ ᠬᠦᠴᠢᠷ ᠪᠠᠶᠢᠯ᠎ᠠ ᠭᠡᠳ᠂ ᠠᠷᠠᠳ ᠤᠯᠠᠨ ᠳᠤ ᠬᠢᠬᠦ | ᠴᠢᠬᠤᠯᠠᠳᠠᠢ ᠭᠡᠷᠡᠭ ᠶᠠᠪᠤᠳᠠᠯ ᠢ ᠨᠢᠭᠡᠳᠦᠭᠡᠷ ᠪᠠᠶᠢᠷᠢᠨ ᠳᠤ ᠲᠠᠯᠪᠢᠵᠤ᠂ ᠨᠢᠬᠡ ᠶᠢ ᠴᠦ ᠬᠠᠰᠣᠭᠳᠠᠭᠤᠯᠵᠤ ᠪᠤᠯᠬᠤ ᠦᠬᠡᠢ᠃ ᠪᠢᠳᠠ ᠬᠠᠮᠤᠭ ᠶᠡᠭᠡ ᠴᠢᠷᠮᠠᠶᠢᠯᠭ᠎ᠠ ᠪᠠᠷ᠂ | ᠨᠢᠭᠡ ᠨᠢᠭᠡ ᠤᠴᠢᠷ ᠶᠠᠪᠤᠳᠠᠯ ᠢᠶᠠᠷ ᠵᠠᠯᠭᠠᠨ ᠰᠢᠢᠳᠪᠦᠷᠢᠯᠡᠵᠤ᠂ ᠨᠢᠭᠡ ᠨᠢᠭᠡ ᠵᠢᠯ ᠢᠶᠠᠷ ᠵᠠᠯᠭᠠᠨ ᠬᠢᠵᠤ᠂ ᠠᠷᠠᠳ ᠲᠦᠮᠡᠨ ᠤ ᠠᠮᠢᠳᠤᠷᠠᠯ ᠢ ᠵᠢᠯ ᠠᠴᠠ ᠵᠢᠯ ᠳᠤ | ᠰᠠᠶᠢᠨ ᠪᠤᠯᠭᠠᠬᠤ ᠪᠠᠷ ᠴᠢᠷᠮᠠᠶᠢᠨ᠎ᠠ᠃ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠵᠠᠪᠠᠯ ᠤᠯᠤᠨ᠎ᠠ᠃ ᠤᠨᠢᠨ ᠲᠡᠬᠡᠷ᠎ᠠ ᠨᠢ ᠶᠠᠳᠠᠭᠤ ᠶᠢ | ᠲᠡᠳᠬᠦᠨ᠂ ᠤᠨᠢᠨ ᠲᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠶᠢ ᠪᠠᠷᠢᠮᠳᠠᠯᠠᠨ᠂ ᠶᠠᠳᠠᠭᠤ ᠬᠦᠴᠢᠷᠳᠠᠯᠳᠠᠢ ᠡᠷᠦᠭᠡ ᠶᠢᠨ ᠠᠵᠤ ᠦᠢᠯᠡᠰ ᠤᠨ ᠬᠦᠭᠵᠢᠯᠳᠠ ᠶᠢ | ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠬᠦᠯ ᠮᠡᠨᠳᠤ ᠪᠠᠷ | ᠶᠠᠳᠠᠭᠤ ᠶᠢ ᠲᠡᠳᠬᠦᠬᠦ᠂ ᠪᠦᠬᠦᠨ ᠢ ᠬᠠᠮᠤᠷᠤᠨ ᠪᠠᠳᠤᠯᠠᠬᠤ ᠵᠡᠷᠭᠡ ᠠᠵᠢᠯ ᠤᠨ ᠠᠷᠭ᠎ᠠ ᠪᠠᠷᠢᠯ ᠢ ᠦᠷᠬᠦᠯᠵᠢᠯᠡᠨ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠬᠢᠵᠢᠷᠠᠭᠤᠯᠤᠭᠰᠠᠨ ᠦᠷ᠎ᠡ ᠪᠦᠳᠦᠮᠵᠢ ᠶᠢ ᠪᠦᠬᠦ ᠲᠠᠯ᠎ᠠ ᠪᠠᠷ ᠪᠠᠳᠤᠳᠬᠠᠨ᠂ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ ︵2020 ᠤᠨ | ᠪᠤᠯᠬᠤ ᠳᠤ ᠶᠠᠳᠠᠭᠤ ᠬᠦᠴᠢᠷᠳᠠᠯᠳᠡᠢ ᠡᠷᠦᠭᠡ ᠢᠳᠡᠬᠦ ᠤᠤᠭᠤᠬᠤ ᠳᠤ ᠵᠤᠪᠠᠭ᠋ᠤ ᠦᠭᠡᠢ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠤᠨ ᠡᠮ ᠡᠮᠨᠡᠯᠭᠡ᠂ | ᠤᠷᠤᠨ ᠰᠠᠭᠤᠴᠠ ᠶᠢ ᠪᠠᠳᠤᠯᠠᠬᠤ︶ ᠶᠢ ᠪᠡᠶᠡᠯᠡᠬᠦᠯᠦᠭᠰᠡᠨ ᠰᠠᠭᠤᠷᠢᠨ ᠲᠡᠭᠡᠷ᠎ᠡ᠂ ᠶᠠᠳᠠᠭᠤ ᠠᠴᠠ ᠠᠩᠬᠢᠵᠢᠷᠠᠭᠰᠠᠨ ᠮᠠᠯᠴᠢᠨ ᠲᠠᠷᠢᠶᠠᠴᠢᠳ ᠤᠨ ᠤᠷᠤᠯᠭ᠎ᠠ ᠶᠢ | ᠨᠡᠮᠡᠭᠳᠡᠬᠦᠯᠬᠦ ᠠᠷᠭ᠎ᠠ ᠵᠠᠮ ᠢ ᠦᠷᠭᠡᠳᠬᠡᠵᠤ᠂ ᠤᠷᠤᠯᠭ᠎ᠠ ᠪᠠᠨ ᠨᠡᠮᠡᠭᠳᠡᠬᠦᠯᠬᠦ ᠴᠢᠳᠠᠪᠤᠷᠢ ᠶᠢ ᠲᠡᠬᠡᠭᠰᠢᠯᠡᠬᠦᠯᠦᠨ᠂ 2020 ᠤᠨ ᠪᠤᠯᠬᠤ ᠳᠤ᠂ ᠬᠦᠮᠦᠨ ᠲᠤᠮᠳᠠᠴᠢ | ᠶᠢᠨ ᠴᠡᠪᠡᠷ ᠤᠷᠤᠯᠭ᠎ᠠ ᠶᠢ 6000 ᠲᠦᠬᠦᠷᠢᠭ ᠠᠴᠠ ᠲᠡᠭᠡᠭᠰᠢ ᠬᠦᠷᠭᠡᠵᠤ᠂ ᠤᠨ ᠤ ᠤᠯᠤᠰ ᠤᠨ ᠶᠠᠳᠠᠭᠤ ᠬᠦᠴᠢᠷᠳᠠᠯᠳᠠᠢ ᠱᠤᠭᠤᠮ ᠤᠨ ᠬᠢᠷᠢ ᠲᠦᠪᠰᠢᠨ ᠠᠴᠠ | ᠳᠠᠪᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠵᠠᠮ ᠲᠡᠭᠡᠷ᠎ᠡ ᠨᠢᠭᠡ ᠡᠷᠦᠬᠡ ᠶᠢ ᠴᠤ ᠤᠷᠬᠢᠭᠳᠠᠭᠤᠯᠬᠤ ᠦᠭᠡᠢ᠂ ᠨᠢᠭᠡ ᠬᠦᠮᠦᠨ ᠢ ᠴᠤ | ᠭᠡᠭᠡᠭᠳᠡᠬᠦᠯᠬᠦ ᠦᠬᠡᠢ ᠪᠠᠶᠢᠬᠤ ᠶᠢ ᠪᠠᠳᠤᠯᠠᠨ᠎ᠠ᠃ | ᠠᠵᠢᠯ ᠤᠯᠭᠤᠯᠳᠠ ᠪᠤᠯᠤᠨ ᠨᠡᠶᠢᠭᠡᠮ ᠤᠨ ᠪᠠᠳᠤᠯᠠᠭ᠎ᠠ ᠶᠢᠨ ᠲᠤᠭᠳᠠᠯᠴᠠᠭᠠᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠦᠢᠯᠡᠰ ᠪᠤᠰᠬᠠᠬᠤ ᠺᠤᠹᠧ | ᠂ ᠦᠢᠯᠡᠰ ᠴᠤᠭᠴᠠᠯᠢᠭᠴᠢᠳ ᠤᠨ ᠤᠷᠤᠨ ᠵᠠᠢ ᠵᠡᠷᠭᠡ ᠰᠢᠨ᠎ᠡ ᠮᠠᠶ᠋ᠢᠭ ᠤᠨ ᠦᠢᠯᠡᠰ ᠪᠤᠰᠬᠠᠬᠤ ᠨᠡᠪᠴᠢᠬᠦᠯᠦᠯᠳᠡ ᠶᠢᠨ ᠲᠡᠪᠴᠠᠩ ᠢ ᠵᠤᠷᠢᠭᠵᠢᠭᠤᠯᠤᠨ | ᠬᠦᠭᠵᠢᠬᠦᠯᠵᠤ᠂ ᠦᠢᠯᠡᠰ ᠪᠤᠰᠬᠠᠬᠤ ᠲᠤᠭᠤᠷᠢᠭ ᠪᠤᠯᠤᠨ ᠦᠢᠯᠡᠰ ᠪᠤᠰᠬᠠᠬᠤ ᠵᠢᠱᠢᠶ᠎ᠡ ᠦᠵᠡᠬᠦᠯᠬᠦ ᠴᠡᠭ ᠤᠨ ᠪᠦᠳᠦᠭᠡᠨ ᠪᠠᠶᠢᠭᠤᠯᠤᠯᠳᠠ ᠶᠢ ᠲᠦᠷᠬᠡᠳᠭᠡᠵᠤ᠂ ᠶᠡᠭᠡ | ᠰᠤᠷᠭᠠᠭᠤᠯᠢ ᠶᠢᠨ ᠤᠶᠤᠳᠠᠨ᠂ ᠠᠵᠢᠯ ᠤᠯᠬᠤ ᠳᠤ ᠬᠦᠴᠢᠷᠳᠠᠯᠳᠠᠢ ᠬᠦᠮᠦᠰ ᠵᠡᠷᠭᠡ ᠭᠤᠤᠯᠳᠠᠯᠭ᠎ᠠ ᠲᠠᠢ ᠤᠯᠠᠨ ᠨᠡᠶᠢᠳᠡ ᠶᠢ ᠲᠠᠶᠢᠴᠢᠯᠠᠨ ᠠᠵᠢᠯ ᠤᠯᠭᠤᠨ᠎ᠠ᠃ | ᠠᠵᠢᠯ ᠮᠡᠷᠭᠡᠵᠢᠯ ᠪᠤᠯᠤᠨ ᠦᠢᠯᠡᠰ ᠪᠤᠰᠬᠠᠬᠤ ᠪᠤᠯᠪᠠᠰᠤᠷᠠᠯ ᠢ ᠰᠠᠶᠢᠳᠤᠷ ᠠᠳᠬᠤᠵᠤ᠂ ᠦᠨᠳᠦᠰᠤᠨ ᠱᠠᠳᠤᠨ ᠤ ᠠᠵᠢᠯ ᠤᠯᠭᠤᠯᠳᠠ ᠪᠤᠯᠤᠨ ᠨᠡᠶᠢᠭᠡᠮ ᠤᠨ | ᠪᠠᠳᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ ᠪᠦᠳᠦᠭᠡᠨ ᠪᠠᠶᠢᠭᠤᠯᠤᠯᠳᠠ ᠶᠢ ᠲᠡᠬᠦᠯᠳᠡᠷᠵᠢᠬᠦᠯᠵᠤ᠂ ᠰᠤᠮᠤ ᠪᠠᠯᠭᠠᠰᠤ ᠪᠦᠬᠦᠨ ᠳᠤ ᠪᠠᠶᠢᠭᠤᠯᠬᠤ ᠶᠢ | ᠪᠡᠶᠡᠯᠡᠬᠦᠯᠦᠨ᠎ᠡ᠃ 2022 ᠤᠨ ᠪᠤᠯᠬᠤ ᠳᠤ᠂ ᠬᠤᠳᠠ ᠪᠠᠯᠭᠠᠰᠤ ᠶᠢᠨ ᠰᠢᠨ᠎ᠡ ᠪᠠᠷ ᠨᠡᠮᠡᠭᠳᠡᠭᠰᠡᠨ ᠠᠵᠢᠯ ᠤᠯᠭᠤᠭᠰᠠᠨ ᠬᠦᠮᠦᠨ ᠤ ᠲᠤᠭ᠎ᠠ ᠶᠢ 4400 ᠤᠷᠴᠢᠮ | ᠪᠤᠯᠭᠠᠬᠤ ᠶᠢ ᠪᠡᠶᠡᠯᠡᠬᠦᠯᠬᠦ ᠪᠠᠷ ᠬᠦᠴᠦᠯᠠᠨ ᠴᠢᠷᠮᠠᠶᠢᠵᠤ᠂ ᠠᠵᠢᠯ ᠤᠯᠭᠤᠯᠳᠠ ᠲᠠᠬᠢᠨ ᠠᠵᠢᠯ ᠤᠯᠭᠤᠯᠳᠠ ᠶᠢᠨ ᠪᠤᠯᠪᠠᠰᠤᠷᠠᠯ ᠳᠤ 8000 ᠤᠷᠴᠢᠮ ᠬᠦᠮᠦᠨ | ᠤᠳᠠᠭ᠎ᠠ ᠶᠢ ᠵᠤᠬᠢᠶᠠᠨ ᠪᠠᠶᠢᠭᠤᠯᠤᠨ ᠤᠷᠤᠯᠴᠠᠭᠤᠯᠵᠤ᠂ 4 ᠲᠦᠮᠡᠨ ᠤᠷᠴᠢᠮ ᠬᠦᠮᠦᠨ ᠣᠳᠠᠭᠠᠨ ᠤ ᠮᠠᠯᠴᠢᠨ ᠲᠠᠷᠢᠶᠠᠴᠢᠳ ᠢ ᠰᠢᠯᠵᠢᠬᠦᠯᠦᠨ ᠠᠵᠢᠯ ᠤᠯᠭᠤᠨ᠎ᠠ᠃ | ᠪᠦᠬᠦ ᠠᠷᠠᠳ ᠢ ᠲᠠᠭᠠᠳᠬᠠᠯ ᠳᠤ ᠤᠷᠤᠯᠴᠠᠭᠤᠯᠬᠤ ᠲᠦᠯᠦᠪᠯᠡᠭᠡ ᠶᠢ ᠭᠡᠷᠡᠭᠵᠢᠬᠦᠯᠵᠤ᠂ ᠬᠠᠤᠯᠢ ᠪᠠᠷ ᠲᠤᠭᠳᠠᠭᠠᠭᠰᠠᠨ ᠬᠦᠮᠦᠰ ᠢ ᠪᠦᠬᠦᠨ ᠢ ᠳᠠᠭᠠᠳᠬᠠᠯ ᠳᠤ | ᠤᠷᠤᠭᠤᠯᠤᠨ᠎ᠠ᠃ ︽ᠴᠢᠳᠠᠪᠤᠷᠢᠳᠠᠨ ᠢᠶᠠᠷ ᠬᠤᠰᠢᠭᠤ ᠪᠠᠨ ᠬᠦᠴᠦᠷᠭᠡᠭᠵᠢᠬᠦᠯᠬᠦ︾ ᠢᠨᠵᠧᠨᠧᠷᠢᠩ ᠢ ᠦᠷᠬᠦᠯᠵᠢᠯᠡᠨ ᠭᠡᠷᠡᠭᠵᠢᠬᠦᠯᠵᠤ᠂ ᠡᠯ᠎ᠡ ᠲᠦᠷᠦᠯ ᠤᠨ | ᠴᠢᠳᠠᠪᠤᠷᠢᠳᠠᠨ ᠤ ᠡᠬᠦᠳᠤᠨ ᠪᠦᠳᠦᠭᠡᠬᠦ ᠠᠮᠢᠳᠤᠯᠢᠭ ᠬᠦᠴᠦᠨ ᠢ ᠦᠷᠢᠰᠦᠯᠳᠤᠬᠦᠯᠦᠨ ᠭᠦᠭᠵᠢᠬᠡᠵᠤ᠂ ᠤᠶᠤᠨ ᠤᠬᠠᠭᠠᠨ ᠠᠪᠢᠶᠠᠰ ᠪᠢᠯᠢᠭ ᠢ ᠨᠢ ᠬᠦᠢᠴᠡᠳ | ᠤᠨᠳᠤᠷᠤᠭᠤᠯᠤᠨᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠬᠦᠯᠵᠤ᠂ ᠡᠷᠦᠭᠡ ᠭᠡᠷ ᠤᠨ ᠨᠠᠰᠤᠵᠢᠯ ᠤᠨ ᠠᠰᠠᠷᠠᠮᠵᠢ | ᠪᠠᠷ ᠰᠠᠭᠤᠷᠢ ᠪᠤᠯᠭᠠᠵᠤ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠪᠠᠷ ᠲᠤᠯᠭᠠᠭᠤᠷᠢᠯᠠᠯ ᠪᠤᠯᠭᠠᠨ ᠨᠡᠶᠢᠬᠡᠮ ᠲᠤᠭᠤᠷᠢᠭ ᠤᠨ ᠨᠠᠰᠤᠵᠢᠯ ᠤᠨ ᠠᠰᠠᠷᠠᠮᠵᠢ ᠪᠠᠷ | ᠲᠦᠰᠢᠭ ᠪᠤᠯᠭᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠢᠳᠡᠪᠬᠢᠯᠡᠨ ᠪᠠᠶᠢᠭᠤᠯᠤᠨ᠎ᠠ᠃ ᠠᠬᠠᠮᠠᠳ ᠺᠠᠳ᠋ᠷᠴᠤᠳ ᠤᠨ ᠠᠵᠢᠯ ᠢ | ᠯᠠᠪᠳᠠᠭᠤᠨ ᠢᠶᠠᠷ ᠰᠠᠶᠢᠳᠤᠷ ᠬᠢᠵᠤ᠂ ᠬᠤᠶᠢᠴᠢ ᠦᠶ᠎ᠡ ᠪᠠᠨ ᠬᠠᠯᠠᠮᠵᠢᠯᠠᠬᠤ ᠦᠢᠯᠡᠰ ᠤᠨ ᠨᠡᠩ ᠰᠠᠶᠢᠨ ᠭᠦᠭᠵᠢᠯᠳᠡ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ | ᠠᠪᠤᠷᠠᠨ ᠲᠤᠰᠠᠯᠠᠬᠤ ᠰᠢᠰᠲ᠋ᠧᠮ ᠢ ᠲᠡᠬᠦᠯᠳᠡᠷᠵᠢᠬᠦᠯᠵᠤ᠂ ᠨᠢᠬᠦᠯᠡᠰᠤᠩᠬᠦᠢ ᠶᠢᠨ ᠦᠢᠯᠡᠰ ᠤᠨ ᠬᠦᠭᠵᠢᠯᠳᠡ ᠶᠢ ᠲᠡᠳᠬᠦᠵᠤ᠂ ᠡᠮᠡᠭᠳᠠᠶᠢᠴᠤᠳ ᠭᠡᠤᠭᠡᠳ ᠪᠠᠭᠠᠴᠤᠳ | ᠤᠨ ᠡᠷᠭᠡ ᠠᠰᠢᠭ ᠢ ᠬᠠᠮᠠᠭᠠᠯᠠᠨ᠂ ᠬᠦᠴᠢᠷᠳᠠᠯᠳᠠᠢ ᠬᠦᠮᠦᠰ ᠢ ᠪᠦᠬᠦᠨ ᠢ ᠬᠠᠪᠰᠤᠷᠤᠨ ᠲᠡᠳᠬᠦᠵᠤ ᠠᠪᠤᠷᠠᠨ ᠲᠤᠰᠠᠯᠠᠬᠤ ᠶᠢ ᠪᠠᠶᠡᠯᠡᠬᠦᠯᠦᠨ᠎ᠡ᠃ | ᠰᠤᠷᠭᠠᠨ ᠬᠦᠮᠦᠵᠢᠯ ᠤᠨ ᠦᠢᠯᠡᠰ ᠢ ᠤᠷᠢᠳᠠᠪᠡᠷ ᠬᠦᠭᠵᠢᠬᠦᠯᠤᠨ᠎ᠡ᠃ ᠪᠦᠬᠦ ᠠᠷᠠᠳ ᠢᠶᠠᠷ ᠢᠶᠠᠨ ᠰᠤᠷᠭᠠᠨ ᠬᠦᠮᠦᠵᠢᠯ ᠢ ᠬᠦᠴᠦᠷᠭᠡᠭᠵᠢᠬᠦᠯᠬᠦ ᠢᠨᠵᠧᠨᠧᠷᠢᠩ ᠢ | ᠦᠷᠬᠦᠯᠵᠢᠯᠡᠨ ᠲᠦᠯᠬᠢᠨ ᠠᠬᠢᠭᠤᠯᠵᠤ᠂ ᠰᠤᠷᠭᠠᠨ ᠬᠦᠮᠦᠵᠢᠯ ᠤᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠲᠠᠰᠤᠷᠠᠯᠳᠠ ᠦᠭᠡᠢ ᠬᠦᠨᠵᠡᠭᠡᠶᠢᠷᠡᠬᠦᠯᠵᠤ᠂ ᠰᠤᠷᠭᠠᠭᠤᠯᠢ | ᠶᠢᠨ ᠰᠢᠯᠢᠳᠡᠭᠵᠢᠬᠦᠯᠦᠭᠰᠡᠨ ᠬᠠᠮᠢᠶᠠᠷᠤᠯᠳᠠ ᠶᠢ ᠴᠢᠩᠭᠠᠳᠬᠠᠵᠤ᠂ ᠰᠤᠷᠭᠠᠭᠤᠯᠢ ᠶᠢᠨ ᠠᠭᠤᠯᠤᠭᠳᠠᠬᠤᠨ ᠪᠦᠬᠦᠢ ᠭᠦᠭᠵᠢᠯᠳᠡ ᠶᠢ ᠠᠬᠢᠭᠤᠯᠤᠨ᠂ ᠲᠤᠮᠳᠠᠳᠤ ᠶᠢᠨ | ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠤᠨ᠂ ᠭᠤᠶᠤ ᠰᠠᠶᠢᠬᠠᠨ᠂ ᠨᠤᠮ ᠰᠤᠳᠤᠷ ᠢ ᠲᠡᠭᠡᠳᠦᠯᠡᠭᠰᠡᠨ᠂ ᠤᠶᠤᠨ ᠪᠢᠯᠢᠭ ᠲᠠᠢ᠂ ᠪᠢᠴᠢᠭ ᠰᠤᠶᠤᠯ ᠲᠠᠢ᠂ ᠵᠤᠯ | ᠵᠢᠷᠭᠠᠯ ᠲᠠᠢ ᠰᠤᠷᠭᠠᠭᠤᠯᠢ ᠶᠢ ᠴᠤᠭᠴᠠᠯᠠᠨ ᠪᠠᠶᠢᠭᠤᠯᠤᠨ᠎ᠠ᠃ ᠭᠤᠷᠪᠠᠳᠤᠭᠠᠷ ᠪᠠᠭ᠎ᠠ ᠰᠤᠷᠭᠠᠭᠤᠯᠢ᠂ ᠮᠤᠩᠭᠤᠯ ᠲᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠳᠠ | ᠶᠢᠨ ᠠᠰᠠᠷ ᠵᠡᠷᠭᠡ 13 ᠰᠤᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠢ ᠭᠡᠷᠡᠭᠵᠢᠬᠦᠯᠵᠤ᠂ ᠰᠤᠷᠭᠠᠭᠤᠯᠢ ᠡᠷᠬᠢᠯᠡᠬᠦ ᠨᠦᠬᠦᠴᠡᠯ ᠢ ᠤᠯᠠᠮ | ᠰᠢᠯᠢᠳᠡᠭᠵᠢᠬᠦᠯᠦᠨ᠎ᠡ᠃ ᠬᠤᠳᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠢᠯᠢᠳᠡᠭᠵᠢᠭᠰᠡᠨ ᠭᠦᠭᠵᠢᠯᠳᠡ ᠶᠢ ᠢᠳᠡᠪᠬᠢᠳᠠᠢ ᠠᠬᠢᠭᠤᠯᠵᠤ᠂ | ᠦᠨᠳᠦᠰᠦᠳᠡᠨ ᠤ ᠰᠤᠷᠭᠠᠨ ᠬᠦᠮᠦᠵᠢᠯ ᠢ ᠤᠷᠢᠳᠠᠪᠡᠷ ᠭᠦᠭᠵᠢᠬᠦᠯᠵᠤ᠂ ᠠᠩᠬᠠᠨ ᠤ ᠬᠦᠮᠦᠵᠢᠯ ᠢ ᠨᠡᠶᠢᠭᠡᠮ ᠲᠤᠭᠤᠷᠢᠭ ᠲᠤ ᠤᠷᠤᠭᠤᠯᠬᠤ ᠬᠦᠳᠡᠯᠭᠡᠭᠡᠨ ᠢ ᠪᠦᠬᠦ | ᠲᠠᠯ᠎ᠠ ᠪᠠᠷ ᠶᠠᠪᠤᠭᠳᠠᠭᠤᠯᠵᠤ᠂ ᠰᠤᠷᠬᠤ ᠨᠠᠰᠤᠨ ᠤ ᠡᠮᠤᠨᠡᠬᠢ ᠰᠤᠷᠭᠠᠨ ᠬᠦᠮᠦᠵᠢᠯ ᠢ ᠦᠷᠬᠦᠯᠵᠢᠯᠡᠨ ᠰᠠᠶᠢᠳᠤᠷ ᠬᠢᠵᠤ᠂ ᠡᠷᠡᠬᠦᠯ ᠴᠢᠬᠢᠷᠠᠭ ᠭᠡᠪ ᠴᠢᠨᠠᠷ ᠤᠨ ᠰᠤᠷᠭᠠᠨ | ᠬᠦᠮᠦᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ 2022 ᠤᠨ ᠪᠤᠯᠬᠤ ᠳᠤ᠂ ᠰᠤᠷᠭᠠᠭᠤᠯᠢ ᠶᠢᠨ ᠪᠠᠶᠢᠷᠢᠰᠢᠯ ᠵᠤᠬᠢᠰᠳᠠᠢ᠂ ᠰᠤᠷᠭᠠᠭᠤᠯᠢ ᠡᠷᠬᠢᠯᠡᠬᠦ | ᠨᠦᠬᠦᠴᠡᠯ ᠪᠠᠷᠢᠮᠵᠢᠶᠠᠵᠢᠭᠰᠠᠨ᠂ ᠰᠤᠷᠭᠠᠭᠤᠯᠢ ᠶᠢᠨ ᠬᠠᠮᠢᠶᠠᠷᠤᠯᠳᠠ ᠲᠦᠷᠢᠮᠵᠢᠭᠰᠡᠨ᠂ ᠰᠤᠷᠭᠠᠨ ᠬᠦᠮᠦᠵᠢᠯ ᠤᠨ ᠡᠬᠢ ᠰᠤᠷᠪᠤᠯᠵᠢ ᠲᠠᠩᠴᠡᠬᠦᠷᠢᠳᠠᠢ | ᠤᠳᠤᠬᠢᠴᠢᠯᠠᠭᠰᠠᠨ ᠰᠤᠷᠭᠠᠨ ᠬᠦᠮᠦᠵᠢᠯ ᠤᠨ ᠲᠤᠭᠳᠠᠯᠴᠠᠭ᠎ᠠ ᠶᠢ ᠪᠠᠶᠢᠭᠤᠯᠤᠨ᠎ᠠ᠃ ᠪᠠᠭᠰᠢ ᠶᠢᠨ ᠬᠠᠮᠢᠶᠠᠷᠤᠯᠳᠠ ᠶᠢᠨ ᠪᠠᠶᠢᠭᠤᠯᠤᠯ ᠤᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠤ᠂ ᠰᠢᠯᠢᠳᠡᠭ ᠴᠢᠳᠠᠪᠤᠷᠢᠳᠠᠨ ᠪᠠᠭᠰᠢᠯᠠᠬᠤ ᠪᠠᠷ ᠦᠷᠢᠰᠦᠯᠳᠤᠨ᠂ ᠪᠠᠭᠰᠢ ᠪᠤᠯᠭᠠᠨ ᠡᠷᠳᠡᠮ ᠴᠢᠳᠠᠪᠤᠷᠢ ᠪᠠᠨ ᠪᠠᠳᠠᠷᠠᠭᠤᠯᠵᠤ᠂ ᠰᠢᠯᠢᠳᠡᠭ ᠪᠠᠭᠰᠢ | ᠲᠠᠰᠤᠷᠠᠯᠳᠠ ᠦᠭᠡᠢ ᠴᠤᠯᠭᠤᠷᠠᠨ ᠭᠠᠷᠤᠭᠰᠠᠨ ᠤᠬᠢ ᠰᠠᠶᠢᠨ ᠪᠠᠶᠢᠳᠠᠯ ᠢ ᠴᠢᠷᠮᠠᠶᠢᠨ ᠪᠤᠢ ᠪᠤᠯᠭᠠᠨ᠎ᠠ᠃ | ᠰᠤᠶᠤᠯ ᠪᠠᠶ᠎ᠡ ᠶᠢᠨ ᠲᠠᠮᠢᠷ ᠤᠨ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠬᠢᠷᠢ | ᠲᠦᠪᠰᠢᠨ ᠢ ᠲᠡᠰᠣᠷᠠᠯᠳᠠ ᠦᠬᠡᠢ ᠲᠡᠭᠡᠭᠰᠢᠯᠡᠬᠦᠯᠵᠤ᠂ ᠠᠷᠠᠳ ᠤᠯᠠᠨ ᠤ ᠰᠤᠶᠤᠯ ᠤᠨ ᠬᠦᠳᠡᠯᠭᠡᠭᠡᠨ ᠢ ᠪᠠᠶᠠᠯᠢᠭᠵᠢᠭᠤᠯᠵᠤ᠂ ᠤᠯᠠᠮᠵᠢᠯᠠᠯᠳᠤ ᠰᠢᠯᠢᠳᠡᠭ ᠰᠤᠶᠤᠯ ᠤᠨ | ᠡᠬᠦᠳᠤᠨ ᠪᠦᠳᠦᠭᠡᠯᠴᠢ ᠴᠢᠨᠠᠷᠳᠠᠢ᠂ ᠰᠢᠨ᠎ᠡ ᠶᠢ ᠡᠬᠦᠳᠬᠦ ᠴᠢᠨᠠᠷᠳᠠᠢ ᠭᠦᠭᠵᠢᠯᠳᠡ ᠶᠢ ᠠᠬᠢᠭᠤᠯᠤᠨ᠎ᠠ᠃ ᠨᠠᠭᠠᠳᠤᠮ ᠤᠨ ᠰᠤᠶᠤᠯ ᠤᠨ ᠠᠵᠤ ᠦᠢᠯᠡᠰ ᠤᠨ | ᠬᠦᠷᠢᠶᠡᠯᠡᠩ᠂ ᠮᠤᠷᠢᠨ ᠤ ᠰᠤᠶᠤᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠢ ᠭᠡᠷᠡᠭᠵᠢᠬᠦᠯᠵᠤ᠂ ᠤᠯᠤᠰ ᠤᠨ ᠨᠢᠭᠡᠳᠦᠭᠡᠷ ᠲᠡᠰ ᠤᠨ ᠨᠤᠮ ᠤᠨ | ᠰᠠᠩ᠂ ᠰᠢᠨᠵᠢᠯᠡᠭᠡ ᠮᠡᠷᠭᠡᠵᠢᠯ ᠤᠨ ᠤᠷᠳᠤᠨ᠂ ᠮᠦᠽᠸᠢ ᠶᠢ ᠰᠢᠨ᠎ᠡ ᠪᠠᠷ ᠪᠠᠶᠢᠭᠤᠯᠤᠨ᠎ᠠ᠃ ᠰᠤᠶᠤᠯ ᠤᠨ ᠬᠠᠮᠠᠭᠠᠯᠠᠯᠳᠠ ᠠᠰᠢᠭᠯᠠᠯᠳᠠ ᠪᠤᠯᠤᠨ ᠰᠤᠶᠤᠯ ᠤᠨ ᠦᠪ ᠢ | ᠬᠠᠮᠠᠭᠠᠯᠠᠨ ᠵᠠᠯᠭᠠᠮᠵᠢᠯᠠᠬᠤ ᠶᠢ ᠴᠢᠩᠭᠠᠳᠬᠠᠵᠤ᠂ ᠤᠷᠠᠳ ᠤᠨ ᠤᠯᠠᠮᠵᠢᠯᠠᠯᠳᠤ ᠭᠠᠷ ᠤᠷᠠᠯᠠᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ᠎ᠠ᠃ | ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠬᠦᠴᠦᠯᠡᠨ ᠪᠠᠳᠠᠷᠠᠭᠤᠯᠵᠤ᠂ ᠨᠡᠩ ᠤᠯᠠᠨ ᠠᠷᠠᠳ ᠲᠤ ᠲᠠᠭᠠᠰᠢᠶᠠᠭᠳᠠᠵᠤ᠂ ᠠᠷᠠᠳ ᠤᠨ ᠲᠤᠮᠳᠠ ᠤᠯᠠᠮᠵᠢᠯᠠᠭᠳᠠᠨ | ᠬᠠᠳᠠᠭᠠᠯᠠᠭᠳᠠᠬᠤ ᠰᠢᠯᠢᠳᠡᠭ ᠪᠦᠳᠦᠭᠡᠯ ᠢ ᠴᠢᠷᠮᠠᠶᠢᠨ ᠪᠦᠳᠦᠭᠡᠨ᠎ᠡ᠃ 2022 ᠤᠨ ᠪᠤᠯᠬᠤ ᠳᠤ᠂ ︽ᠨᠢᠭᠡ ᠪᠠᠯᠭᠠᠰᠤᠨ ᠳᠤ ᠨᠢᠭᠡ ᠰᠤᠶᠤᠯ ᠤᠨ ᠦᠷᠳᠡᠭᠡ ᠲᠠᠢ᠂ | ᠨᠢᠭᠡ ᠲᠤᠰᠬᠤᠨ ᠳᠤ ᠨᠢᠭᠡ ᠰᠤᠶᠤᠯ ᠤᠨ ᠲᠠᠰᠤᠭ ᠲᠠᠢ᠂ ᠨᠢᠭᠡ ᠤᠰᠤ ᠲᠤᠭᠤᠶᠢᠯᠠᠩ ᠳᠤ ᠨᠢᠭᠡ ᠰᠤᠶᠤᠯ ᠤᠨ ᠡᠷᠦᠭᠡ ᠲᠠᠢ︾ ᠰᠤᠶᠤᠯ ᠤᠨ ᠰᠢᠨ᠎ᠡ ᠪᠠᠶᠢᠷᠢᠰᠢᠯ ᠢ | ᠪᠦᠷᠢᠯᠳᠦᠬᠦᠯᠤᠨ᠂ ᠰᠤᠶᠤᠯ ᠤᠨ ᠲᠤᠮᠤ ᠬᠤᠰᠢᠭᠤ ᠠᠴᠠ ᠰᠤᠶᠤᠯ ᠤᠨ ᠬᠦᠴᠦᠷᠭᠡᠭ ᠬᠤᠰᠢᠭᠤ ᠪᠤᠯᠤᠨ ᠬᠤᠪᠢᠷᠠᠬᠤ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠳᠡ | ᠶᠢᠨ ᠪᠡᠶ᠎ᠡ ᠶᠢᠨ ᠲᠠᠮᠢᠷ ᠤᠨ ᠦᠢᠯᠡᠰ ᠢ ᠶᠡᠭᠡᠪᠡᠷ ᠬᠦᠭᠵᠢᠬᠦᠯᠵᠤ᠂ ᠤᠯᠠᠮᠵᠢᠯᠠᠯᠳᠤ ᠦᠨᠳᠦᠰᠦᠳᠡᠨ ᠤ ᠪᠠᠶ᠎ᠡ ᠶᠢᠨ ᠲᠠᠮᠢᠷ ᠤᠨ ᠰᠤᠷᠢᠶᠠᠨ ᠤ ᠤᠷᠳᠤᠨ᠂ ᠪᠡᠶ᠎ᠡ ᠶᠢᠨ | ᠲᠠᠮᠢᠷ ᠤᠨ ᠴᠡᠴᠡᠷᠯᠢᠭ ᠪᠤᠯᠤᠨ ᠴᠠᠰᠤ ᠮᠦᠰᠦᠨ ᠤ ᠲᠠᠯᠠᠪᠤᠷ ᠵᠡᠷᠭᠡ ᠲᠠᠮᠢᠷ ᠤᠨ ᠲᠦᠬᠦᠭᠡᠷᠤᠮᠵᠢ ᠶᠢ ᠰᠢᠨ᠎ᠡ ᠪᠠᠷ ᠪᠠᠶᠢᠭᠤᠯᠤᠨ᠂ ᠬᠤᠳᠠ ᠬᠦᠳᠡᠭᠡ ᠶᠢᠨ ᠠᠷᠠᠳ | ᠤᠯᠠᠨ ᠤ ᠪᠡᠶ᠎ᠡ ᠪᠠᠨ ᠴᠢᠬᠢᠷᠠᠭᠵᠢᠭᠤᠯᠬᠤ ᠬᠦᠳᠠᠯᠬᠡᠬᠡᠨ ᠤ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠨ᠎ᠡ ᠃ | ᠡᠷᠡᠬᠦᠯ ᠡᠩᠭᠡ ᠲᠤᠮᠳᠠᠳᠤ ᠬᠤᠰᠢᠭᠤᠨ ᠤ ᠪᠦᠳᠦᠭᠡᠨ ᠪᠠᠶᠢᠭᠤᠯᠤᠯᠳ᠋ᠨ ᠶᠢ ᠠᠬᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠭᠡᠷᠡᠴᠢᠯᠡᠯᠳᠠ ᠶᠢ ᠤᠯᠠᠮ ᠬᠦᠨᠵᠡᠭᠡᠶᠢᠷᠡᠬᠦᠯᠵᠤ᠂ ᠡᠮ ᠤᠨ ᠬᠤᠯᠪᠤᠭᠠᠯᠠᠯ ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠳ | ᠲᠦᠮᠡᠨ ᠡᠪᠡᠳᠴᠢᠨ ᠦᠵᠡᠬᠦ ᠳᠤ ᠬᠦᠴᠢᠷ᠂ ᠡᠪᠡᠳᠴᠢᠨ ᠦᠵᠡᠬᠦ ᠳᠤ ᠦᠨᠡᠳᠠᠢ ᠵᠡᠷᠭᠡ ᠠᠰᠠᠭᠤᠳᠠᠯ ᠢ ᠦᠨᠡᠨᠬᠦ ᠰᠢᠢᠳᠪᠤᠷᠢᠯᠡᠨ᠎ᠡ᠃ ᠲᠦᠯᠦᠪᠯᠡᠭᠡᠳᠠᠢ ᠪᠠᠷ ᠭᠡᠤᠭᠡᠳ | ᠠᠪᠬᠤ ᠤᠯᠤᠰ ᠤᠨᠦᠨᠳᠦᠰᠤᠨ ᠲᠦᠷᠦ ᠶᠢᠨ ᠪᠤᠳᠤᠯᠭ᠎ᠠ ᠶᠢ ᠪᠠᠷᠢᠮᠳᠠᠯᠠᠵᠤ᠂ ︽ᠨᠢᠭᠡ ᠬᠠᠤᠯᠢ ᠬᠤᠶᠠᠷ ᠬᠦᠳᠦᠯᠪᠤᠷᠢ︾ ︵︽ᠪᠦᠬᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠡᠭᠡ ᠨᠢᠯᠬᠠᠰ ᠤᠨ ᠡᠷᠡᠬᠦᠯᠵᠢᠯ ᠤᠨ ᠬᠠᠤᠯᠢ︾᠂ ︽ᠲᠤᠮᠳᠠᠳᠤ ᠤᠯᠤᠰ ᠤᠨ ᠡᠮᠡᠭᠳᠠᠶᠢᠴᠤᠳ ᠤᠨ ᠬᠦᠭᠵᠢᠯᠳᠡ ᠶᠢᠨ ᠬᠦᠳᠤᠯᠪᠤᠷᠢ︾᠂ | ︽ᠲᠤᠮᠳᠠᠳᠤ ᠤᠯᠤᠰ ᠤᠨ ᠭᠡᠤᠭᠡᠳ ᠪᠠᠭᠠᠴᠤᠳ ᠤᠨ ᠬᠦᠭᠵᠢᠯᠳᠡ ᠶᠢᠨ ᠬᠦᠳᠤᠯᠪᠤᠷᠢ︾︶ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠯᠦᠪᠯᠡᠭᠡᠳᠤ ᠡᠬᠡᠯᠢᠯᠡᠭᠡ ᠶᠢᠨ | ᠠᠵᠢᠯ ᠢ ᠪᠠᠳᠤᠵᠢᠭᠤᠯᠤᠨ᠂ ᠡᠮᠡᠭᠳᠠᠶᠢᠴᠤᠳ ᠭᠡᠤᠭᠡᠳ ᠪᠠᠭᠠᠴᠤᠳ ᠤᠨ ᠡᠷᠡᠬᠦᠯ ᠴᠢᠬᠢᠷᠠᠭ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠮᠤᠩᠭᠤᠯ ᠡᠮ ᠡᠮᠨᠡᠯᠭᠡ | ᠬᠢᠳᠠᠳ ᠡᠮ ᠡᠮᠨᠡᠯᠭᠡ ᠶᠢᠨ ᠦᠢᠯᠡᠰ ᠢ ᠶᠡᠭᠡ ᠬᠦᠴᠦᠨ ᠢᠶᠠᠷ ᠲᠦᠯᠬᠢᠨ ᠠᠬᠢᠭᠤᠯᠵᠤ᠂ 2 ᠮᠤᠵᠢ ᠶᠢᠨ ᠲᠡᠰ ᠤᠨ ᠪᠠ 3 ᠬᠤᠳᠠ ᠶᠢᠨ ᠲᠡᠰ ᠤᠨ ᠮᠤᠩᠭᠤᠯ | ᠬᠢᠳᠠᠳ ᠡᠮ ᠡᠮᠨᠡᠯᠭᠡ ᠶᠢᠨ ᠲᠤᠰᠬᠠᠢ ᠰᠠᠯᠪᠤᠷᠢ ᠶᠢ ᠪᠠᠶᠢᠭᠤᠯᠤᠨ᠎ᠠ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠳᠠ ᠶᠢ | ᠴᠢᠩᠭᠠᠳᠬᠠᠵᠤ᠂ ᠦᠨᠳᠤᠰᠦᠨ ᠱᠠᠳᠤᠨ ᠤ ᠡᠮ ᠡᠮᠨᠡᠯᠭᠡ ᠶᠢᠨ ᠠᠵᠢᠯᠳᠠᠳ ᠢ ᠲᠠᠰᠤᠷᠠᠯᠳᠠ ᠦᠭᠡᠢ ᠨᠦᠭᠡᠴᠡᠯᠡᠨᠠ᠃ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ | ᠦᠢᠯᠡᠴᠢᠯᠡᠭᠡ ᠪᠤᠯᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠭᠳᠠᠯᠴᠠᠭ᠎ᠠ ᠶᠢ ᠪᠠᠶᠢᠭᠤᠯᠤᠨ | ᠲᠡᠬᠦᠯᠳᠡᠷᠵᠢᠬᠦᠯᠵᠤ᠂ ᠠᠷᠠᠳ ᠲᠦᠮᠡᠨ ᠳᠤ ᠨᠡᠩ ᠲᠦᠬᠦᠮ ᠲᠦᠳᠡ ᠨᠡᠩ ᠦᠨᠳᠤᠷ ᠬᠢᠷᠢ ᠲᠦᠪᠰᠢᠨ ᠤ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠡᠳ᠋ᠯᠡᠬᠦᠯᠦᠨ᠎ᠡ᠃ | ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠤᠯᠤᠰ ᠤᠨ ᠲᠡᠰ ᠤᠨ ᠡᠷᠡᠬᠦᠯ ᠬᠠᠮᠠᠭᠠᠯᠠᠯ ᠤᠨ ᠰᠢᠶᠡᠨ ᠤ ᠬᠤᠳᠠ | ᠶᠢ ᠡᠬᠦᠳᠦᠨ ᠪᠠᠶᠢᠭᠤᠯᠤᠭᠰᠠᠨ ᠦᠷ᠎ᠡ ᠪᠦᠳᠦᠮᠵᠢ ᠪᠠᠨ ᠪᠠᠳᠤᠳᠬᠠᠨ᠎ᠠ᠃ ᠡᠮᠨᠡᠬᠦ ᠪᠤᠯᠤᠨ ᠰᠤᠪᠢᠯᠠᠬᠤ ᠶᠢ ᠤᠶᠠᠯᠳᠤᠭᠤᠯᠬᠤ ᠶᠢ ᠠᠬᠢᠭᠤᠯᠵᠤ᠂ ᠡᠷᠡᠬᠦᠯ ᠪᠤᠯᠪᠠᠰᠤᠨ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠦᠨᠳᠤ ᠶᠡᠭᠡ ᠡᠪᠡᠳᠴᠢᠨ ᠡᠮᠭᠡᠭ ᠢ ᠰᠡᠷᠬᠡᠶᠢᠯᠡᠨ ᠬᠢᠵᠠᠭᠠᠷᠯᠠᠨ᠎ᠠ᠃ ᠢᠳᠡᠭᠡᠨ ᠪᠠ ᠡᠮ ᠤᠨ ᠵᠦᠢᠯᠡᠰ ᠤᠨ ᠠᠮᠤᠷ | ᠲᠦᠪᠰᠢᠨ ᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠠᠷᠠᠳ ᠲᠦᠮᠡᠨ ᠤ ᠢᠳᠡᠭᠡᠨ ᠪᠠ ᠡᠮ ᠤᠨ ᠠᠮᠤᠷ ᠲᠦᠪᠰᠢᠨ ᠢ ᠪᠠᠳᠤᠯᠠᠨ᠎ᠠ᠃ | ᠨᠡᠶᠢᠭᠡᠮ ᠤᠨ ᠵᠠᠰᠠᠯᠳᠠ ᠶᠢᠨ ᠰᠢᠨ᠎ᠡ ᠶᠢ ᠡᠬᠦᠳᠬᠦ ᠶᠢ ᠴᠢᠩᠭᠠᠳᠬᠠᠨ᠎ᠠ᠃ ᠨᠡᠶᠢᠭᠡᠮ ᠤᠨ ᠵᠦᠷᠢᠴᠡᠯ ᠮᠦᠷᠬᠦᠯᠳᠦᠭᠡᠨ ᠢ ᠰᠡᠷᠭᠡᠶᠢᠯᠡᠨ ᠠᠷᠢᠯᠭᠠᠬᠤ ᠲᠤᠭᠳᠠᠴᠠ | ᠶᠢ ᠴᠢᠩᠭᠠᠳᠬᠠᠵᠤ᠂ ᠠᠷᠠᠳ ᠲᠦᠮᠡᠨ ᠤ ᠬᠤᠪᠢ ᠪᠠᠶ᠎ᠠ ᠶᠢᠨ ᠠᠰᠢᠭ ᠲᠤᠰᠠ ᠳᠤ ᠬᠤᠯᠪᠤᠭᠳᠠᠭᠰᠠᠨ ᠵᠦᠢ ᠶᠤᠰᠤᠨ ᠤ ᠱᠠᠭᠠᠷᠳᠠᠯᠭ᠎ᠠ ᠶᠢ ᠬᠠᠤᠯᠢ ᠶᠤᠰᠤᠭᠠᠷ | ᠵᠤᠬᠢᠰᠳᠠᠢ ᠰᠢᠢᠳᠪᠦᠷᠢᠯᠡᠨ᠎ᠡ᠃ ᠠᠮᠤᠷ ᠲᠦᠪᠰᠢᠨ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠬᠦᠨᠳᠤ ᠤᠨᠴᠠ ᠶᠡᠭᠡ ᠠᠮᠤᠷ ᠲᠦᠪᠰᠢᠨ | ᠤ ᠠᠳᠡᠯ ᠭᠠᠷᠬᠤ ᠶᠢ ᠡᠷᠡᠰ ᠬᠤᠷᠢᠭᠯᠠᠬᠤ ᠭᠡᠷᠡᠭᠳᠠᠢ᠃ ᠤᠶᠤᠨᠴᠢ ᠵᠠᠳᠠᠯᠤᠯᠳᠠ᠂ ᠮᠡᠳᠡᠭᠡ ᠵᠠᠩᠬᠢ ᠶᠢ ᠬᠠᠮᠳᠤᠪᠡᠷ ᠡᠳ᠋ᠯᠡᠬᠦ᠂ ᠪᠦᠬᠦᠶᠢᠯᠡ ᠴᠤᠭᠴᠠ ᠪᠠᠷ ᠬᠤᠯᠪᠤᠭᠠᠯᠠᠨ | ᠬᠦᠳᠡᠯᠦᠯᠴᠡᠭᠰᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠬᠢᠵᠠᠭᠠᠷᠯᠠᠬᠤ ᠲᠤᠭᠳᠠᠯᠴᠠᠭ᠎ᠠ ᠶᠢ ᠢᠳᠡᠪᠬᠢᠯᠠᠨ ᠪᠠᠶᠢᠭᠤᠯᠵᠤ ᠂ ᠬᠠᠤᠯᠢ ᠠᠴᠠ ᠵᠦᠷᠢᠴᠡᠭᠰᠡᠨ | ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠬᠦ ᠪᠠ ᠶᠠᠯᠠᠯᠠᠨ ᠰᠢᠳᠭᠡᠨ᠎ᠡ᠃ ᠨᠡᠶᠢᠭᠡᠮ ᠲᠤᠭᠤᠷᠢᠭ ᠤᠨ ᠵᠠᠰᠠᠯᠳᠠ ᠶᠢᠨ ᠰᠢᠰᠲ᠋ᠧᠮ ᠤᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠵᠤ᠂ ᠨᠡᠶᠢᠭᠡᠮ ᠤᠨ ᠵᠠᠰᠠᠯᠳᠠ ᠶᠢᠨ ᠭᠤᠤᠯᠳᠠᠯᠭ᠎ᠠ ᠶᠢ ᠦᠨᠳᠦᠰᠤᠨ ᠱᠠᠳᠤᠨ ᠵᠦᠭ ᠰᠢᠯᠵᠢᠬᠦ ᠶᠢ ᠠᠬᠢᠭᠤᠯᠵᠤ᠂ ᠵᠠᠰᠠᠭ ᠤᠨ ᠤᠷᠳᠤᠨ | ᠤ ᠵᠠᠰᠠᠯᠳᠠ ᠪᠠ ᠨᠡᠶᠢᠭᠡᠮ ᠤᠨ ᠡᠶᠡᠳᠡᠬᠦᠯᠭᠡ᠂ ᠰᠠᠭᠤᠭᠠᠯᠢ ᠠᠷᠠᠳ ᠤᠨ ᠦᠪᠡᠷ ᠤᠨ ᠵᠠᠰᠠᠯᠳᠠ ᠶᠢᠨ ᠰᠠᠶᠢᠨ ᠬᠤᠷᠰᠢᠯᠴᠡᠯ ᠢ ᠪᠡᠶᠡᠯᠡᠬᠦᠯᠦᠨ᠎ᠡ᠃ ᠨᠠᠮ ᠤᠨ | ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ | ᠵᠢᠱᠢᠶ᠎ᠡ ᠦᠵᠡᠬᠦᠯᠬᠦ ᠬᠤᠰᠢᠭᠤ ᠶᠢ ᠢᠳᠡᠪᠬᠢᠳᠠᠢ ᠡᠬᠦᠳᠤᠨ ᠪᠠᠶᠢᠭᠤᠯᠵᠤ᠂ ᠬᠢᠯᠢ ᠪᠠᠨ ᠬᠦᠴᠦᠷᠭᠡᠭᠵᠢᠬᠦᠯᠵᠤ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ | ᠬᠦᠨᠵᠡᠭᠡᠶᠢᠷᠡᠬᠦᠯᠦᠨ ᠶᠠᠪᠤᠭᠳᠠᠭᠤᠯᠵᠤ᠂ ᠦᠭᠡ ᠬᠡᠯᠡ ᠦᠰᠦᠭ ᠪᠢᠴᠢᠭ ᠢ ᠲᠦᠷᠢᠮᠵᠢᠬᠦᠯᠦᠨ ᠭᠡᠷᠡᠭᠯᠡᠬᠦ ᠬᠢᠷᠢ ᠲᠦᠪᠰᠢᠨ ᠢ ᠤᠯᠠᠮ ᠲᠡᠭᠡᠭᠰᠢᠯᠡᠬᠦᠯᠦᠨ᠎ᠡ᠃ ᠴᠢᠨᠠᠷ | ᠴᠢᠨᠰᠠᠭ᠎ᠠ ᠪᠠᠷ ᠬᠤᠰᠢᠭᠤ ᠪᠠᠨ ᠬᠦᠴᠦᠷᠭᠡᠭᠵᠢᠬᠦᠯᠬᠦ ᠠᠵᠢᠯ ᠢ ᠦᠷᠬᠦᠯᠵᠢᠯᠡᠨ ᠲᠦᠯᠬᠢᠨ ᠠᠬᠢᠭᠤᠯᠵᠤ᠂ ᠲᠠᠸᠠᠷ ᠤᠨ ᠭᠤᠤᠯ ᠪᠤᠯᠬᠤ ᠦᠷᠢᠰᠦᠯᠳᠦᠬᠦ ᠬᠦᠴᠦᠨ ᠢ | ᠴᠢᠷᠮᠠᠶᠢᠨ ᠲᠡᠭᠡᠭᠰᠢᠯᠡᠬᠦᠯᠤᠨ᠎ᠠ᠃ ᠬᠤᠶᠠᠷ ᠢ ᠬᠦᠷᠢᠶᠠᠯᠡᠬᠦ ᠠᠵᠢᠯ ᠤᠨ ᠰᠢᠨ᠎ᠡ ᠶᠢ ᠡᠬᠦᠳᠬᠦ ᠬᠦᠭᠵᠢᠯᠳᠡ ᠶᠢ ᠯᠠᠪᠳᠠᠭᠤᠨ ᠢᠶᠠᠷ ᠠᠬᠢᠭᠤᠯᠵᠤ᠂ ᠪᠦᠬᠦ ᠤᠯᠤᠰ ᠤᠨ | ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠢᠳᠡᠪᠬᠢᠳᠠᠢ ᠪᠠᠷ ᠡᠬᠦᠳᠤᠨ ᠪᠠᠶᠢᠭᠤᠯᠤᠨ᠎ᠠ᠃ ᠡᠯ᠎ᠡ ᠵᠦᠢᠯ ᠤᠨ ᠨᠡᠪᠴᠢᠯᠳᠠ ᠨᠤᠷᠠᠭᠠᠯᠳᠠ ᠡᠪᠳᠡᠯᠭᠡ ᠶᠢᠨ | ᠠᠵᠢᠯᠯᠠᠭ᠎ᠠ᠂ ᠬᠦᠴᠦᠷᠭᠡᠭᠯᠡᠯ ᠰᠦᠷᠳᠡᠬᠦᠯᠦᠯ ᠤᠨ ᠠᠵᠢᠯᠯᠠᠭ᠎ᠠ᠂ ᠦᠨᠳᠦᠰᠦᠳᠡᠨ ᠢ ᠬᠠᠭᠠᠴᠠᠭᠤᠯᠬᠤ ᠠᠵᠢᠯᠯᠠᠭ᠎ᠠ ᠪᠤᠯᠤᠨ ᠱᠠᠰᠢᠨ ᠰᠤᠷᠳᠠᠬᠤᠨ ᠤ ᠭᠡᠳᠤᠷᠡᠮᠡᠭᠡᠢ | ᠠᠵᠢᠯᠯᠠᠭ᠎ᠠ ᠶᠢ ᠴᠢᠩᠭ᠎ᠠ ᠰᠡᠷᠬᠡᠶᠢᠯᠡᠨ ᠡᠷᠡᠰ ᠴᠤᠬᠢᠯᠳᠠ ᠦᠭᠬᠦᠨ᠎ᠡ᠃ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠠᠯ ᠤᠨ ᠦᠷ᠎ᠡ ᠪᠦᠳᠤᠮᠵᠢ ᠶᠢ ᠦᠷᠬᠦᠯᠵᠢᠯᠡᠨ | ᠪᠠᠬᠢᠵᠢᠬᠦᠯᠦᠨ ᠬᠦᠨᠵᠡᠭᠡᠶᠢᠷᠡᠬᠦᠯᠵᠤ᠂ ᠨᠡᠶᠢᠭᠡᠮ ᠤᠨ ᠠᠮᠤᠷ ᠠᠮᠤᠭᠤᠯᠠᠩ᠂ ᠠᠷᠠᠳ ᠲᠦᠮᠡᠨ ᠤ ᠵᠤᠯ ᠵᠢᠷᠭᠠᠯᠠᠩ ᠢ ᠪᠠᠳᠤᠯᠠᠨ᠎ᠠ᠃ | 2018 ᠤᠨ ᠤ ᠠᠵᠢᠯ ᠤᠨ ᠲᠤᠬᠢᠷᠠᠭᠤᠯᠤᠯᠳᠠ | 2018 ᠤᠨ ᠪᠤᠯ ᠮᠠᠨ ᠤ ᠤᠯᠤᠰ ᠤᠨ ᠦᠭᠡᠷᠡᠴᠢᠯᠡᠯᠲᠡ ᠨᠡᠭᠡᠭᠡᠯᠲᠡ ᠶᠢᠨ 40 ᠵᠢᠯ ᠤᠨ ᠤᠢ᠂ ᠮᠦᠨᠴᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠤᠨ ᠵᠤᠷᠢᠭ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠶᠢᠨ ᠠᠩᠬᠠᠨ ᠤ ᠵᠢᠯ᠂ ᠪᠠᠰᠠᠴᠤ ᠰᠢᠨ᠎ᠡ ᠨᠢᠬᠡᠨ ᠬᠤᠭᠤᠴᠠᠭᠠᠨ ᠤ ᠵᠠᠰᠠᠭ ᠤᠨ ᠤᠷᠳᠤᠨ ᠤ | ᠡᠬᠦᠷᠬᠡ ᠲᠤᠰᠢᠶᠠᠯ ᠢᠶᠠᠨ ᠬᠦᠢᠴᠡᠳᠬᠡᠬᠦ ᠡᠬᠢᠯᠡᠯᠲᠡ ᠶᠢᠨ ᠨᠢᠭᠡ ᠵᠢᠯ ᠪᠤᠯᠤᠨ᠎ᠠ᠃ ᠡᠯ᠎ᠡ ᠲᠦᠷᠦᠯ ᠤᠨ ᠠᠵᠢᠯ ᠢᠶᠠᠨ ᠰᠠᠶᠢᠳᠤᠷ ᠬᠢᠬᠦ ᠨᠢ ᠬᠦᠨᠳᠦ ᠴᠢᠬᠤᠯᠨ ᠠᠴᠢ | ᠬᠤᠯᠪᠤᠭᠳᠠᠯ ᠲᠠᠢ ᠶᠤᠮ᠃ 2018 ᠤᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠵᠢᠱᠢᠭᠰᠡᠨ ᠬᠠᠷᠠᠯᠲᠠ ᠪᠤᠯ᠄ ᠭᠤᠤᠯ ᠪᠤᠯᠬᠤ | ᠠᠵᠤ ᠠᠬᠤᠢ ᠶᠢᠨ ᠬᠦᠢᠴᠡᠳᠬᠡᠯ ᠲᠤᠭᠠᠨ ᠤ ᠨᠡᠮᠡᠭᠳᠠᠯ ᠨᠢ ᠪᠦᠬᠦ ᠬᠤᠳᠠ ᠶᠢᠨ ᠲᠤᠮᠳᠠᠴᠢ ᠲᠤᠭ᠎ᠠ ᠠᠴᠠ ᠲᠤᠤᠷ᠎ᠠ ᠦᠬᠡᠢ ᠪᠠᠶᠢᠵᠤ᠂ ᠡᠨᠧᠷᠬᠢ ᠶᠢ ᠠᠷᠪᠢᠯᠡᠵᠤ | ᠤᠷᠴᠢᠨ ᠲᠤᠭᠤᠷᠢᠨ ᠢ ᠬᠠᠮᠠᠭᠠᠯᠠᠬᠤ ᠬᠦᠢᠴᠡᠳᠬᠡᠯ ᠲᠤᠭ᠎ᠠ ᠶᠢ ᠬᠢᠵᠠᠭᠠᠷᠯᠠᠯ ᠤᠨ ᠬᠦᠷᠢᠶ᠎ᠠ ᠬᠡᠪᠴᠢᠶᠠᠨ ᠳᠤ ᠪᠠᠶᠢᠬᠤ ᠶᠢ ᠴᠢᠩᠭ᠎ᠠ ᠡᠵᠠᠮᠳᠠᠵᠤ᠂ ᠨᠡᠮᠡᠭᠳᠠᠯ ᠢ | ᠲᠤᠭᠳᠠᠪᠦᠷᠢᠵᠢᠭᠤᠯᠬᠤ᠂ ᠦᠬᠡᠷᠠᠴᠢᠯᠠᠯᠳᠠ ᠶᠢ ᠠᠬᠢᠭᠤᠯᠬᠤ᠂ ᠪᠦᠳᠦᠴᠨ ᠶᠢ ᠲᠤᠬᠢᠷᠠᠭᠤᠯᠬᠤ᠂ ᠠᠷᠠᠳ ᠤᠨ ᠠᠮᠢᠳᠣᠷᠠᠯ ᠳᠤ ᠬᠠᠷᠠᠭᠠᠯᠵᠠᠯ ᠦᠵᠡᠬᠦᠯᠬᠦ᠂ ᠠᠶᠤᠯ | ᠠᠴᠠ ᠰᠡᠷᠬᠡᠶᠢᠯᠡᠬᠦ ᠠᠵᠢᠯ ᠨᠢ ᠮᠡᠳᠡᠭᠳᠠᠮ᠎ᠠ ᠳᠠᠪᠰᠢᠯᠳᠠ ᠶᠢ ᠤᠯᠤᠨ᠎ᠠ᠃ | ᠪᠦᠬᠦ ᠵᠢᠯ ᠳᠤ ᠭᠤᠤᠯᠳᠠᠭᠤ ᠳᠤᠤᠷᠠᠭᠢ ᠨᠠᠢᠮᠠᠨ ᠲᠠᠯ᠎ᠠ ᠶᠢᠨ ᠠᠵᠢᠯ ᠢ ᠭᠤᠤᠯᠳᠠᠯᠠᠭ᠎ᠠ ᠲᠠᠢ ᠰᠠᠶᠢᠳᠤᠷ ᠠᠳᠬᠤᠨ᠎ᠠ᠃ | ︵ᠨᠢᠬᠡ︶ ᠠᠵᠤ ᠠᠬᠤᠢ ᠶᠢᠨ ᠨᠠᠮᠡᠭᠳᠡᠯ ᠢ ᠬᠦᠴᠦᠯᠡᠨ ᠲᠤᠭᠲᠠᠪᠤᠷᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠡᠷᠡᠬᠦᠯ ᠢᠶᠠᠷ ᠬᠦᠭᠵᠢᠬᠦ ᠶᠢ | ᠲᠦᠯᠬᠢᠨ ᠠᠬᠢᠭᠤᠯᠤᠨ᠎ᠠ᠃ | ᠬᠦᠨᠳᠦ ᠴᠢᠬᠤᠯᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ᠎ᠠ᠃ ᠤᠯᠤᠰ ᠤᠨ ᠪᠦᠳᠦᠮᠵᠢᠳᠠᠢ ᠪᠡᠯᠡ ᠤᠷᠤᠭᠤᠯᠤᠯᠲᠠ ᠶᠢ | ᠦᠷᠭᠡᠳᠬᠡᠬᠦ᠂ ᠬᠦᠨᠳᠦ ᠴᠢᠬᠤᠯᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠦᠪᠡᠷᠲᠡᠭᠡᠨ ᠵᠠᠰᠠᠬᠤ ᠤᠷᠤᠨ ᠤ ︽ᠲᠤᠯᠤᠭᠠᠨ ᠲᠤᠤᠷ︾ ᠢ | ᠬᠠᠮᠲᠤ ᠳᠤ ᠨᠢ ᠪᠠᠶᠢᠭᠤᠯᠬᠤ ︽ᠲᠤᠯᠤᠭᠠᠨ ᠠᠵᠤ ᠦᠢᠯᠡᠰ︾ ᠢ ᠬᠠᠮᠳᠣ ᠳᠤ ᠨᠢ ᠬᠦᠴᠦᠷᠬᠡᠭᠵᠢᠬᠦᠯᠬᠦ ᠶᠢ ᠲᠦᠯᠬᠢᠨ ᠠᠬᠢᠭᠤᠯᠬᠤ ᠪᠠᠶᠢᠯᠳᠤᠬᠤ ᠪᠤᠳᠤᠯᠭ᠎ᠠ ᠶᠢ | ᠴᠢᠩᠭ᠎ᠠ ᠠᠳᠬᠤᠵᠤ᠂ ᠨᠢᠬᠡ ᠪᠦᠯᠦᠭ ᠲᠤᠯᠭᠠᠭᠤᠷᠢᠯᠠᠬᠤ ᠴᠢᠳᠠᠪᠦᠷᠢ ᠪᠠᠷ ᠴᠢᠩᠭ᠎ᠠ᠂ ᠳᠠᠶᠢᠴᠢᠯᠠᠨ ᠳᠠᠭᠠᠭᠤᠯᠬᠤ ᠦᠢᠯᠡᠳᠦᠯ ᠰᠠᠶᠢᠨ ᠲᠤᠮᠤ ᠲᠦᠷᠦᠯ ᠵᠦᠢᠯ ᠢ ᠨᠢᠮᠪᠠᠢ | ᠰᠤᠩᠭᠤᠵᠤ᠂ ᠴᠠᠭ ᠲᠤᠬᠠᠢ ᠳᠤᠨᠢ ᠲᠦᠷᠦᠯ ᠵᠦᠢᠯ ᠤᠨ ᠨᠦᠭᠡᠴᠡ ᠬᠦᠮᠦᠷᠭᠡ ᠪᠠᠨ ᠲᠡᠭᠦᠯᠳᠡᠷᠵᠢᠭᠦᠯᠵᠦ᠂ ᠲᠦᠷᠦᠯ ᠵᠦᠢᠯ ᠢ ᠲᠡᠮᠡᠴᠡᠨ ᠤᠯᠬᠤ ᠬᠦᠴᠦᠯᠡᠴᠨ ᠶᠢ | ᠶᠠᠬᠡᠰᠬᠡᠵᠤ᠂ ᠨᠡᠩ ᠤᠯᠠᠨ ᠲᠦᠷᠦᠯ ᠵᠦᠢᠯ ᠢ ᠤᠯᠤᠰ ᠤᠨ ᠪᠡ ᠦᠪᠡᠷᠲᠡᠭᠡᠨ ᠵᠠᠰᠠᠬᠤ ᠤᠷᠤᠨ ᠤ ᠶᠡᠷᠦᠩᠭᠡᠢ ᠲᠦᠯᠦᠪᠯᠡᠭᠡᠨ ᠳᠤ ᠤᠷᠤᠭᠤᠯᠤᠨ᠎ᠠ᠃ ᠵᠢᠯ ᠤᠨ | ᠲᠤᠳᠤᠷ᠎ᠠ 500 ᠲᠦᠮᠠᠨ ᠲᠦᠬᠦᠷᠢᠭ ᠠᠴᠠ ᠲᠡᠬᠡᠭᠰᠢ ᠲᠤᠭᠳᠠᠮᠠᠯ ᠬᠦᠷᠤᠩᠭᠡ ᠶᠢᠨ ᠪᠡᠯᠡ ᠤᠷᠤᠭᠤᠯᠤᠯᠲᠠ ᠶᠢᠨ ᠲᠦᠷᠦᠯ ᠵᠦᠢᠯ 74 ᠲᠦᠷᠦᠯ᠂ ᠳ᠋ᠦᠩᠰᠢᠭᠤᠷ | ᠲᠦᠭᠦᠷᠢᠭ ᠠᠴᠠ ᠲᠡᠬᠡᠭᠰᠢᠬᠢ ᠲᠦᠷᠦᠯ ᠵᠦᠢᠯ 20 ᠲᠦᠷᠦᠯ ᠢ ᠲᠦᠯᠦᠪᠯᠡᠨ ᠬᠡᠷᠡᠭᠵᠢᠬᠦᠯᠵᠤ᠂ ᠨᠠᠶᠢᠳᠠ 102 ᠳ᠋ᠦᠩᠰᠢᠭᠤᠷ ᠲᠦᠬᠦᠷᠢᠭ ᠤᠨ ᠪᠠᠯᠨ ᠤᠷᠤᠭᠤᠯᠤᠨ᠎ᠠ | ᠃᠂ | ᠠᠵᠤ ᠠᠬᠤᠢ ᠶᠢᠨ ᠡᠷᠭᠢᠯᠲᠡ ᠶᠢᠨ ᠲᠤᠬᠢᠷᠠᠭᠤᠯᠭ᠎ᠠ ᠶᠢ ᠲᠦᠷᠭᠡᠳᠭᠡᠨ᠎ᠠ᠃ ᠪᠠᠶᠢᠩᠭᠤᠵᠢᠭᠰᠠᠨ ᠵᠠᠳᠠᠯᠤᠯᠲᠠ ᠲᠤᠬᠢᠷᠠᠭᠤᠯᠭ᠎ᠠ ᠶᠢᠨ ᠲᠤᠭᠲᠠᠯᠴᠠᠭ᠎ᠠ ᠶᠢ | ᠪᠠᠶᠢᠭᠤᠯᠤᠨ ᠲᠡᠭᠦᠯᠳᠡᠷᠵᠢᠬᠦᠯᠵᠤ᠂ ᠠᠵᠤ ᠠᠬᠤᠢ ᠶᠢᠨ ᠡᠷᠬᠢᠯᠲᠡ ᠶᠢᠨ ᠲᠦᠰᠦᠭᠯᠡᠨ ᠰᠠᠷᠠᠮᠵᠢᠯᠡᠬᠦᠯᠬᠦ ᠮᠦᠷᠳᠡᠨ ᠲᠠᠭᠠᠵᠤ ᠬᠢᠨᠠᠨ ᠰᠢᠯᠭᠠᠬᠤ ᠪᠠ ᠵᠠᠳᠠᠯᠤᠨ ᠦᠨᠡᠯᠡᠬᠦ | ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠬᠦᠨᠳᠦ ᠴᠢᠬᠤᠯᠨ ᠲᠦᠷᠦᠯ ᠵᠦᠢᠯ ᠤᠨ ᠨᠠᠷᠢᠯᠢᠭᠵᠢᠭᠤᠯᠬᠤ᠂ ᠪᠠᠷᠢᠮᠵᠢᠶᠠᠵᠢᠭᠤᠯᠬᠤ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠤ᠂ ᠶᠠᠭ ᠪᠦᠲᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠦᠬᠦ ᠶᠠᠪᠤᠴᠠ ᠶᠢ ᠮᠦᠷᠳᠡᠨ ᠲᠠᠭᠠᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠲᠤᠮᠲᠠ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠤ᠂ ᠡᠷᠲᠡ ᠨᠢᠭᠡᠨ ᠡᠳᠦᠷ ᠦᠢᠯᠡᠳᠪᠦᠷᠢᠯᠡᠬᠦ | ᠪᠤᠯᠤᠨ ᠠᠰᠢᠭᠯᠠᠬᠤ ᠶᠢ ᠪᠠᠳᠤᠯᠠᠨ᠎ᠠ᠃ ᠰᠢᠨ᠎ᠠ ᠪᠠᠷ ᠡᠬᠢᠯᠡᠭᠦᠯᠵᠦ ᠪᠠᠶᠢᠭ᠎ᠠ ᠲᠦᠷᠦᠯ ᠵᠦᠢᠯ ᠳᠤ ᠡᠷᠲᠡᠬᠡᠨ ᠠᠴᠠ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ | ᠠᠵᠢᠯ ᠡᠬᠢᠯᠡᠭᠦᠯᠬᠦ ᠨᠦᠬᠦᠴᠡᠯ ᠢ ᠨᠠᠶᠢᠳᠠᠪᠤᠷᠢᠵᠢᠭᠤᠯᠬᠤ ᠶᠢ ᠰᠠᠨᠠᠭᠠᠴᠢᠯᠭ᠎ᠠ ᠠᠴᠠ ᠪᠠᠨ ᠲᠡᠮᠵᠢᠵᠤ᠂ ᠡᠷᠲᠡ ᠠᠵᠢᠯ ᠢᠶᠠᠨ ᠡᠬᠢᠯᠡᠭᠦᠯᠵᠤ ᠡᠷᠲᠡ ᠪᠦᠳᠦᠭᠡᠨ ᠪᠠᠶᠢᠭᠤᠯᠵᠤ | ᠡᠷᠲᠡ ᠠᠰᠢᠭᠯᠠᠯᠲᠠ ᠳᠤ ᠤᠷᠤᠭᠤᠯᠬᠤ ᠪᠠᠷ ᠬᠦᠴᠦᠯᠡᠨ ᠴᠢᠷᠮᠠᠶᠢᠨ᠎ᠠ᠃ | ᠠᠷᠠᠯᠵᠢᠶᠠᠴᠢᠨ ᠢ ᠤᠷᠢᠵᠤ ᠪᠠᠯᠨ ᠮᠦᠩᠬᠦ ᠣᠷᠣᠭᠤᠯᠬᠤ ᠬᠦᠴᠦᠯᠡᠴᠡ ᠶᠢ ᠶᠡᠬᠡᠰᠭᠡᠨᠠ᠃ ᠨᠠᠷᠢᠯᠢᠭ ᠤᠨᠤᠪᠴᠢᠲᠠᠢ ᠪᠠᠷ ᠠᠷᠠᠯᠵᠢᠶᠠᠴᠢᠨ ᠢ ᠤᠷᠢᠬᠤ ᠶᠢ | ᠶᠡᠬᠡᠪᠡᠷ ᠲᠦᠯᠬᠢᠨ ᠠᠬᠢᠭᠤᠯᠵᠤ᠂ ᠨᠢᠭᠡ ᠪᠦᠯᠦᠭ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠪᠠᠷ ᠦᠨᠳᠤᠷ᠂ ᠠᠵᠤ ᠦᠢᠯᠡᠰ ᠤᠨ ᠵᠢᠱᠢᠶ᠎ᠡ ᠦᠵᠡᠭᠦᠯᠬᠦ ᠪᠠᠷ | ᠲᠤᠪᠤᠶᠢᠮ᠎ᠠ ᠪᠦᠳᠤᠮᠵᠢ ᠲᠠᠢ᠂ ᠤᠷᠤᠨ ᠨᠤᠲᠤᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠬᠤᠪᠢ ᠨᠡᠮᠠᠷᠢ ᠶᠡᠭᠡ ᠲᠦᠷᠦᠯ ᠵᠦᠢᠯ ᠢ ᠤᠷᠤᠭᠤᠯᠤᠨ᠎ᠠ᠃ | ᠨᠡᠭᠦᠷᠡᠰᠦᠨ ᠤ ᠮᠠᠲ᠋ᠧᠷᠢᠶᠠᠯ ᠢ ᠨᠡᠭᠡᠭᠡᠨ ᠠᠰᠢᠭᠯᠠᠬᠤ᠂ ᠭᠡᠷᠠᠯ ᠤᠨ ᠡᠨᠧᠷᠬᠢ ᠪᠠᠷ ᠴᠠᠬᠢᠯᠭᠠᠨ ᠭᠠᠷᠭᠠᠬᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ | ᠢ ᠨᠠᠷᠢᠯᠢᠭ ᠪᠤᠯᠪᠠᠰᠤᠷᠠᠭᠤᠯᠬᠤ ᠵᠡᠷᠭᠡ ᠭᠡᠷ᠎ᠡ ᠪᠠᠶᠢᠭᠤᠯᠤᠭᠰᠠᠨ ᠲᠦᠷᠦᠯ ᠵᠦᠢᠯ ᠢ ᠪᠠᠶᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠷᠠᠯᠵᠢᠶᠠᠴᠢᠨ | ᠤᠷᠢᠵᠤ ᠪᠠᠯᠨ ᠤᠷᠤᠭᠤᠯᠤᠭᠰᠠᠨ ᠬᠡᠷ᠎ᠠ ᠪᠠᠨ ᠪᠡᠶᠡᠯᠡᠭᠦᠯᠦᠭᠰᠡᠨ ᠨᠤᠷᠮ᠎ᠠ᠂ ᠪᠡᠯᠡ ᠮᠦᠩᠭᠦ ᠨᠠᠶᠢᠳᠠᠪᠦᠷᠢᠵᠢᠭ᠌ᠰᠠᠨ ᠨᠤᠷᠮ᠎ᠠ ᠪᠠ ᠲᠦᠷᠦᠯ ᠵᠦᠢᠯ ᠤᠨ ᠠᠵᠢᠯ ᠢᠶᠠᠨ | ᠡᠬᠢᠯᠡᠬᠦᠯᠦᠭᠰᠡᠨ ᠨᠤᠷᠮ᠎ᠠ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠨ᠎ᠡ᠃ ᠰᠢᠯᠢᠳᠡᠭ ᠪᠡᠯᠡ ᠤᠷᠤᠭᠤᠯᠤᠯᠲᠠ ᠶᠢᠨ ᠦᠢᠯᠡᠴᠢᠯᠡᠭᠡᠨ ᠤ ᠤᠷᠴᠢᠨ ᠲᠤᠭᠤᠷᠢᠨ ᠢ ᠪᠦᠬᠦ | ᠲᠠᠯ᠎ᠠ ᠪᠠᠷ ᠪᠤᠢ ᠪᠤᠯᠭᠠᠵᠤ᠂ ᠵᠠᠰᠠᠭ ᠵᠠᠬᠢᠷᠭᠠᠨ ᠤ ᠦᠷ᠎ᠡ ᠪᠦᠳᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠲᠡᠬᠡᠭᠰᠢᠯᠡᠬᠦᠯᠦᠨ᠎ᠠ᠃ ᠪᠦᠬᠦ ᠵᠢᠯ ᠳᠤ 45 | ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ ᠨᠠᠶᠢᠳᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃ | ︵ᠬᠤᠶᠠᠷ︶ ᠠᠵᠤ ᠦᠢᠯᠡᠰ ᠤᠨ ᠬᠡᠯᠪᠠᠷᠢ ᠶᠢ ᠬᠤᠪᠢᠷᠠᠭᠤᠯᠤᠨ ᠲᠡᠰ ᠲᠡᠪᠰᠢᠭᠦᠯᠬᠦ ᠶᠢ ᠬᠦᠴᠦᠯᠡᠨ ᠠᠬᠢᠭᠤᠯᠵᠤ᠂ ᠬᠦᠭᠵᠢᠯᠳᠠ ᠶᠢᠨ ᠴᠢᠨᠠᠷ ᠴᠢᠨᠰᠠᠭ᠎ᠠ ᠪᠠ | ᠦᠷ᠎ᠡ ᠠᠰᠢᠭ ᠢ ᠲᠡᠬᠡᠭᠰᠢᠯᠡᠬᠦᠯᠤᠨ᠎ᠠ | ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠬᠢᠴᠨ ᠶᠢ ᠲᠦᠷᠬᠡᠳᠬᠡᠨ᠎ᠠ ᠃ ᠪᠦᠬᠦ ᠬᠤᠰᠢᠭᠤᠨ ᠤ ᠲᠠᠷᠢᠮᠠᠯ ᠤᠨ ᠶᠡᠷᠤᠩᠬᠡᠢ ᠲᠠᠯᠠᠪᠠᠢ 139 | ᠲᠦᠮᠡᠨ ᠮᠦ ᠤᠷᠴᠢᠮ᠂ ᠠᠮᠤ ᠪᠤᠳᠠᠭᠠᠨ ᠤ ᠶᠡᠷᠤᠩᠭᠡᠢ ᠤᠨᠠᠯᠲᠠ 7 ᠳ᠋ᠦᠩᠰᠢᠭᠤᠷ ᠵᠢᠩ ᠠᠴᠠ ᠲᠡᠭᠡᠭᠰᠢ ᠪᠠᠶᠢᠬᠤ ᠶᠢ ᠪᠠᠲᠤᠯᠠᠨ᠎ᠠ᠃ ᠰᠢᠨ᠎ᠠ ᠪᠠᠷ 800 ᠮᠦ | ᠲᠦᠬᠦᠭᠡᠷᠦᠮᠵᠢᠲᠤ ᠲᠠᠷᠢᠶᠠᠯᠠᠩ ᠢ ᠪᠠᠶᠢᠭᠤᠯᠵᠤ᠂ 5 ᠲᠦᠮᠡᠨ ᠮᠦ ᠲᠤᠰᠤᠯᠢᠭ ᠲᠠᠷᠢᠮᠠᠯ ᠪᠠ ᠡᠷᠳᠡᠨᠢ ᠰᠢᠰᠢ ᠶᠢᠨ ᠡᠭᠡᠯᠵᠢᠯᠡᠨ ᠲᠠᠷᠢᠬᠤ ᠪᠤᠯᠤᠨ 5000 ᠮᠦ | ᠬᠠᠭᠤᠷᠠᠢ ᠶᠢᠨ ᠲᠡᠷᠢᠮᠠᠯ ᠤᠨ ᠲᠠᠷᠢᠶᠠᠯᠠᠩ ᠤᠨ ᠮᠡᠷᠭᠡᠵᠢᠯ ᠤᠨ ᠲᠦᠭᠡᠮᠡᠯᠵᠢᠭᠦᠯᠭᠡ ᠶᠢᠨ ᠲᠦᠷᠦᠯ ᠵᠦᠢᠯ ᠢ ᠬᠡᠷᠡᠭᠵᠢᠭᠦᠯᠦᠨ᠎ᠡ᠃ | ︽ᠨᠢᠬᠡ ᠲᠤᠰᠬᠤᠨ ᠨᠢᠬᠡ ᠪᠦᠳᠦᠬᠡᠭᠳᠡᠬᠦᠨ᠂ ᠨᠢᠬᠡ ᠪᠦᠳᠦᠬᠡᠭᠳᠡᠬᠦᠨ ᠨᠢᠬᠡ ᠪᠤᠯᠪᠠᠰᠣᠷᠠᠭᠤᠯᠬᠤ ᠲᠤᠭᠤᠷᠢᠭ᠂ ᠨᠢᠬᠡ ᠪᠤᠯᠪᠠᠰᠣᠷᠠᠭᠤᠯᠬᠤ ᠲᠤᠭᠤᠷᠢᠭ ᠨᠢᠬᠡ | ᠶᠠᠷᠦᠩᠬᠡᠢ ᠴᠤᠭᠴᠨ︾ ᠶᠢ ᠪᠦᠳᠦᠬᠡᠨ ᠪᠠᠶᠢᠭᠤᠯᠵᠤ᠂ ᠲᠡᠯ ᠠᠭᠤᠯᠨ ᠪᠠᠯᠭᠠᠰᠦᠨ ᠳᠤ ᠰᠢᠨ᠎ᠠ ᠪᠠᠷ ︽ᠲᠦᠮᠠᠨ ᠮᠤ᠋ ᠯᠤᠬᠠᠱᠧᠩ ᠤᠨ ᠵᠢᠱᠢᠶ᠎ᠠ ᠦᠵᠡᠬᠦᠯᠬᠦ ᠲᠤᠭᠤᠷᠢᠭ | ︾ ᠂ ︽ᠡᠯᠳᠡᠪ ᠠᠮᠤ ᠶᠢᠨ ᠵᠢᠱᠢᠶ᠎ᠠ ᠦᠵᠡᠬᠦᠯᠬᠦ ᠲᠤᠭᠤᠷᠢᠭ︾ ᠪᠠ ︽ᠲᠦᠩ ᠷᠧᠨ ᠲᠠᠩ ᠬᠢᠳᠡᠳ ᠡᠮ ᠤᠨ ᠰᠠᠭᠤᠷᠢᠨ ᠭᠠᠵᠡᠷ︾ ᠶᠢ ᠪᠠᠶᠢᠭᠤᠯᠤᠨ᠎ᠠ᠃ | ᠢᠳᠡᠰᠢᠨ ᠤ ᠬᠤᠨᠢ ︵ᠢᠮᠠᠭ᠎ᠠ︶ ᠢᠳᠡᠰᠢᠨ ᠤ ᠦᠬᠡᠷ ᠤᠨ ᠦᠢᠯᠡᠰ ᠢ ᠲᠤᠭᠳᠠᠪᠦᠷᠢᠳᠠᠢ ᠬᠦᠭᠵᠢᠬᠦᠯᠵᠤ᠂ ᠡᠯᠵᠢᠬᠡ ᠪᠠ ᠠᠳᠣᠭᠤᠨ ᠤ ᠤᠨᠴᠠᠯᠢᠭᠳᠣ ᠠᠵᠤ ᠦᠢᠯᠡᠰ | ᠢ ᠬᠦᠭᠵᠢᠬᠦᠯᠬᠦ ᠶᠢ ᠵᠤᠷᠢᠭᠵᠢᠭᠤᠯᠵᠤ᠂ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢ ᠲᠡᠮᠵᠢᠨ ᠬᠦᠭᠵᠢᠬᠦᠯᠦᠨ᠎ᠠ᠃ | ᠰᠢᠨ᠎ᠠ ᠪᠠᠷ 1 ᠰᠠᠭᠤᠷᠢ ᠬᠤᠨᠢ ︵ᠢᠮᠠᠭ᠎ᠠ︶ ᠲᠡᠵᠢᠬᠡᠬᠦ ᠪᠤᠳᠠᠳᠣ ᠪᠤᠯᠪᠠᠰᠣᠷᠠᠯ ᠤᠨ ᠰᠠᠭᠤᠷᠢᠨ ᠭᠠᠵᠡᠷ ᠢ ᠪᠠᠶᠢᠭᠤᠯᠵᠤ᠂ ᠪᠤᠳᠠᠳᠠᠢ ᠪᠠᠶᠢᠯᠳᠣᠬᠤ ᠬᠡᠯᠪᠠᠷᠢ ᠶᠢᠨ᠂ | ᠮᠡᠷᠭᠡᠵᠢᠯ ᠤᠨ ᠬᠡᠯᠪᠡᠷᠢ ᠶᠢᠨ ᠴᠢᠳᠠᠪᠦᠷᠢᠳᠠᠨ ᠢ ᠢᠳᠡᠪᠬᠢᠳᠠᠢ ᠬᠦᠮᠦᠵᠢᠬᠦᠯᠦᠨ᠂ ᠬᠤᠨᠢ ︵ᠢᠮᠠᠭ᠎ᠠ︶ ᠲᠡᠵᠢᠬᠡᠬᠦ ᠰᠢᠨᠵᠢᠯᠡᠭᠡ ᠮᠡᠷᠬᠡᠵᠢᠯ ᠤᠨ ᠬᠡᠷᠡᠭᠯᠡᠬᠡᠨ ᠤ ᠬᠢᠷᠢ | ᠲᠦᠪᠰᠢᠨ ᠢ ᠲᠠᠰᠣᠷᠠᠯᠳᠠ ᠦᠬᠡᠢ ᠲᠡᠬᠡᠭᠰᠢᠯᠡᠬᠦᠯᠦᠨ᠎ᠠ᠃ ᠬᠤᠶᠠᠷ ᠪᠤᠭᠳᠠ ᠶᠢᠨ ᠠᠭᠤᠯᠨ ᠶᠢᠨ ᠴᠠᠭᠠᠨ ᠨᠤᠯᠤᠤᠷ ᠤᠨ ᠢᠮᠠᠭᠠᠨ ᠤ ᠡᠭᠦᠯᠳᠡᠷ ᠢ ᠬᠠᠮᠠᠭᠠᠯᠠᠵᠤ | ᠰᠤᠩᠭᠤᠨ ᠪᠤᠶᠢᠵᠢᠭᠤᠯᠬᠤ ᠬᠦᠷᠢᠶ᠎ᠡ ᠬᠡᠪᠴᠢᠶ᠎ᠡ ᠶᠢ ᠦᠷᠭᠡᠳᠭᠡᠵᠤ᠂ ᠬᠤᠶᠠᠷ ᠪᠤᠭᠳᠠ ᠶᠢᠨ ᠴᠠᠭᠠᠨ ᠨᠤᠯᠤᠤᠷ ᠤᠨ ᠢᠮᠠᠭᠠᠨ ᠤ ᠰᠠᠶᠢᠨ ᠡᠭᠦᠯᠳᠡᠷ ᠤᠨ ᠪᠤᠶᠢᠵᠢᠭᠤᠯᠤᠨ | ᠦᠷᠡᠵᠢᠬᠦᠯᠬᠦ ᠰᠠᠭᠤᠷᠢᠨ ᠭᠠᠵᠠᠷ ᠪᠠ ᠨᠤᠤᠰᠤ ᠨᠤᠯᠤᠤᠷ ᠤᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ᠮᠦᠶᠠᠩᠬᠠᠢ ᠶᠢᠨ ᠣᠳᠣ ᠦᠶ᠎ᠡ ᠶᠢᠨ ᠮᠠᠯ ᠠᠵᠤ ᠠᠬᠤᠢ | ᠲᠡᠷᠢᠶᠠᠯᠠᠩ ᠤᠨ ᠠᠵᠤ ᠦᠢᠯᠡᠰ ᠤᠨ ᠲᠤᠭᠤᠷᠢᠭ ᠤᠨ ᠰᠠᠭᠤᠷᠢ ᠲᠦᠬᠦᠭᠡᠷᠤᠮᠵᠢ ᠶᠢ ᠢᠵᠢ ᠪᠦᠷᠢᠳᠦᠬᠦᠯᠵᠤ᠂ ᠲᠤᠯᠤᠭᠠᠶᠢᠯᠠᠭᠴᠢ ᠠᠵᠤ ᠠᠬᠤᠶᠢᠯᠠᠯ ᠢ ᠳᠠᠳᠠᠨ | ᠤᠷᠤᠭᠤᠯᠬᠤ ᠶᠢ ᠵᠤᠷᠢᠭᠵᠢᠭᠤᠯᠤᠨ᠂ ᠤᠶᠤᠨᠴᠢᠯᠠᠭᠰᠠᠨ ᠮᠠᠯ ᠠᠵᠤ ᠠᠬᠤᠢ ᠲᠡᠷᠢᠶᠠᠯᠠᠩ᠂ ᠨᠠᠷᠢᠯᠢᠭ ᠤᠨᠤᠪᠴᠢᠳᠠᠢ ᠮᠠᠯ ᠠᠵᠤ ᠠᠬᠤᠢ ᠲᠠᠷᠢᠶᠠᠯᠠᠩ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠢᠳᠡᠪᠬᠢᠲᠠᠢ ᠴᠤᠭᠴᠠᠯᠠᠨ ᠪᠠᠶᠢᠭᠤᠯᠤᠨ᠎ᠠ᠃ | ᠠᠵᠤ ᠦᠢᠯᠡᠳᠪᠤᠷᠢ ᠶᠢᠨ ᠲᠦᠷᠦᠯ ᠵᠦᠢᠯ ᠤᠨ ᠴᠢᠨᠠᠷ ᠢ ᠳᠡᠬᠡᠭᠰᠢᠯᠡᠬᠦᠯᠦᠨ᠂ ᠦᠷ᠎ᠡ ᠪᠦᠳᠦᠮᠵᠢ ᠶᠢ ᠨᠠᠮᠡᠭᠳᠡᠬᠦᠯᠬᠦ ᠶᠢ ᠲᠦᠷᠭᠡᠳᠭᠡᠨ᠎ᠡ᠃ ᠪᠦᠬᠦ ᠵᠢᠯ ᠳᠤ | 15 ᠲᠦᠷᠦᠯ ᠤᠨ ᠠᠵᠤ ᠦᠢᠯᠡᠳᠪᠦᠷᠢ ᠶᠢᠨ ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠡᠵᠤ᠂ ᠵᠦᠩ ᠳ᠋ᠢᠩ ᠠᠯᠳᠠᠨ ᠤ ᠠᠭᠤᠷᠬᠠᠢ᠂ ᠵᠢᠶᠠᠨ ᠯᠢ ᠵᠣᠣ ᠱᠧᠩ᠂ | ᠬᠠᠢ ᠮᠢᠩ ᠠᠭᠤᠷᠬᠠᠢ ᠶᠢᠨ ᠦᠢᠯᠡᠰ ᠵᠡᠷᠬᠡ 3 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ ᠨᠠᠮᠡᠳᠡᠬᠦᠯᠵᠤ᠂ ᠠᠵᠤ ᠦᠢᠯᠡᠳᠪᠦᠷᠢ | ᠶᠢᠨ ᠲᠤᠭᠲᠠᠮᠠᠯ ᠬᠦᠷᠦᠩᠭᠡ ᠶᠢᠨ ᠪᠡᠯᠡᠤᠷᠤᠭᠤᠯᠤᠯᠲᠠ 46.4 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠎ᠡ᠃ ᠱᠸᠡ ᠬᠤᠸᠠ ᠶᠢᠨ ᠨᠢᠭᠡᠳᠦᠭᠡᠷ ᠬᠤᠭᠤᠴᠠᠭᠠᠨ ᠤ | ᠬᠤᠶᠠᠳᠤᠭᠠᠷ ᠱᠤᠭᠤᠮ ᠤᠨ 300 ᠲᠦᠮᠡᠨ ᠲᠤᠨ ᠨᠡᠬᠦᠷᠡᠰᠦ ᠤᠬᠢᠶᠠᠬᠤ᠂120 ᠲᠦᠮᠡᠨ ᠲᠤᠨ ᠬᠡᠤᠷᠰᠢᠭᠦᠯᠬᠦ᠂12 ᠲᠦᠮᠡᠨ ᠲᠤᠨ ᠮᠧᠲ᠋ᠢᠯ ᠠᠯᠺᠦᠤᠯ ᠪᠤᠯᠤᠨ | ᠮᠤᠤ ᠶᠤᠶᠠᠨ 100 ᠲᠦᠮᠡᠨ ᠲᠤᠨ ᠤ ᠤᠷᠭᠠᠨᠢᠭ ᠪᠤᠷᠳᠤᠭᠤᠷ ᠤᠨ ᠲᠦᠷᠦᠯ ᠵᠦᠢᠯ ᠢ ᠪᠦᠬᠦ ᠬᠦᠴᠦᠨ ᠢᠶᠠᠷ ᠲᠦᠯᠬᠢᠨ ᠠᠭᠢᠭᠤᠯᠵᠤ᠂ ᠢ ᠲᠧᠩ ᠲᠡᠮᠤᠷ ᠵᠠᠮ ᠤᠨ | ᠲᠤᠰᠬᠠᠢ ᠱᠤᠭᠤᠮ ᠪᠠ ᠬᠦᠬᠡᠬᠤᠲᠠ ᠶᠢᠨ ᠲᠡᠮᠤᠷ ᠵᠠᠮ ᠤᠨ ᠷᠤ᠋ ᠢ ᠡᠳ᠋ ᠪᠠᠷᠠᠭᠠᠨ ᠤ ᠬᠦᠢᠯᠬᠡᠬᠡᠨ ᠤ ᠤᠷᠴᠢᠨ ᠠᠬᠤᠢ ᠶᠢᠨ ᠬᠠᠮᠠᠭᠠᠯᠠᠯᠲᠠ ᠶᠢᠨ ᠲᠦᠬᠦᠬᠡᠷᠤᠮᠵᠢ ᠶᠢᠨ | ᠲᠦᠷᠦᠯ ᠵᠦᠢᠯ ᠢ ᠬᠡᠷᠡᠭᠵᠢᠬᠦᠯᠦᠨ᠎ᠠ᠃ ᠬᠠᠢ ᠮᠢᠩ ᠠᠭᠤᠷᠬᠠᠢ ᠶᠢᠨ ᠦᠢᠯᠡᠰ ᠤᠨ 110 ᠲᠦᠮᠡᠨ ᠲᠤᠨ ᠲᠡᠮᠤᠷ ᠤᠨ ᠨᠠᠷᠢᠯᠢᠭ ᠬᠦᠳᠡᠷ ᠤᠨ ᠰᠢᠯᠢᠨ ᠮᠠᠯᠲᠠᠬᠤ | ᠲᠦᠷᠦᠯ ᠵᠦᠢᠯ ᠤᠨ ᠠᠰᠢᠭᠯᠠᠯᠲᠠ ᠳᠤ ᠤᠷᠤᠬᠤ ᠶᠢ ᠪᠦᠬᠦ ᠬᠦᠴᠤᠨ ᠪᠠᠷ ᠪᠠᠳᠤᠯᠠᠵᠤ᠂ 22 ᠲᠦᠮᠡᠨ ᠲᠤᠨ ᠵᠡᠰ ᠤᠨ ᠪᠤᠯᠪᠠᠰᠤᠷᠠᠭᠤᠯᠤᠯᠲᠠ ᠪᠤᠯᠤᠨ ᠵᠦ ᠾᠧ | ᠮᠦᠩᠭᠦᠨ ᠤ ᠠᠭᠤᠷᠬᠠᠢ ᠶᠢᠨ ᠰᠢᠯᠢᠨ ᠮᠠᠯᠳᠠᠬᠤ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠲᠦᠬᠦᠷᠢᠭ ᠰᠢᠵᠢᠷ ᠠᠯᠲᠠᠨ ᠤ ᠠᠭᠤᠷᠬᠠᠢ ᠪᠠ ᠰᠢ ᠯᠢ ᠺᠧ | ᠡᠾᠷᠦᠮᠳᠣ ᠲᠡᠮᠦᠷ ᠤᠨ ᠮᠠᠷᠬᠡᠵᠢᠯ ᠶᠢ ᠰᠢᠨᠡᠳᠬᠡᠵᠤ ᠦᠷᠬᠡᠳᠬᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠬᠦᠯᠦᠨ᠎ᠠ᠃ ᠬᠦᠸᠧ ᠬᠤᠸᠠ 40 ᠲᠦᠮᠡᠨ ᠺᠢᠯᠤᠸᠠᠲ᠂ | ᠰᠾᠢ ᠬᠤᠸᠠ 20 ᠲᠦᠮᠡᠨ ᠺᠢᠯᠤᠸᠠᠲ᠂ ᠱᠧᠨ ᠬᠤᠸᠠ ᠭᠦᠸᠧ ᠨᠧᠩ 20 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠪᠤᠯᠤᠨ ᠵᠦᠩ ᠾᠧ ᠯᠦᠩ ᠲᠧᠩ | 10 ᠲᠦᠮᠡᠨ ᠺᠢᠯᠤᠸᠠᠲ ᠤᠨ ᠭᠡᠷᠡᠯ ᠤᠨ ᠢᠯᠴᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠤ᠂ ᠵᠢᠯ ᠤᠨ | ᠲᠤᠳᠤᠷ᠎ᠠ ᠲᠤᠤᠷ ᠨᠡᠶᠢᠯᠡᠭᠦᠯᠵᠦ ᠴᠠᠬᠢᠯᠭᠠᠨ ᠭᠠᠷᠭᠠᠬᠤ ᠶᠢ ᠴᠢᠷᠮᠠᠶᠢᠨ ᠪᠡᠶᠡᠯᠡᠭᠦᠯᠦᠨ᠎ᠠ᠃ ᠭᠤᠷᠪᠠᠨ ᠬᠠᠪᠴᠢᠯ ᠤᠨ 30 ᠲᠦᠮᠡᠨ ᠺᠢᠯᠤᠸᠠᠲ᠂ ᠬᠤᠸᠠ ᠳ᠋ᠦᠩ | ᠶᠤᠸᠠᠨ 25 ᠲᠦᠮᠡᠨ ᠺᠢᠯᠤᠸᠠᠲ᠂ ᠳ᠋ᠦ᠋ ᠴᠧᠩ ᠯᠢᠦᠢ ᠰᠧ 10 ᠲᠦᠮᠡᠨ ᠺᠢᠯᠤᠸᠠᠲ ᠰᠠᠯᠬᠢᠨ ᠴᠠᠬᠢᠯᠭᠠᠨ ᠤ ᠬᠦᠢᠴᠡᠳᠭᠡᠯ ᠲᠤᠭ᠎ᠠ ᠪᠠ ᠴᠠᠩ ᠱᠧᠩ ᠿᠢ ᠳ᠋ᠢᠶᠠᠨ | 2 ᠲᠦᠮᠠᠨ ᠺᠢᠯᠤᠸᠠᠲ᠂ ᠮᠧᠩ ᠶᠠᠩ 2 ᠲᠦᠮᠡᠨ ᠺᠢᠯᠤᠸᠠᠲ᠂ ᠲᠦᠩ ᠸᠧᠢ 3 ᠲᠦᠮᠡᠨ ᠺᠢᠯᠤᠸᠠᠲ ᠤᠨ ᠭᠡᠷᠡᠯ ᠢᠶᠠᠷ ᠴᠠᠬᠢᠯᠭᠠᠨ ᠭᠠᠷᠭᠠᠬᠤ ᠭᠦᠢᠴᠡᠳᠭᠡᠯ | ᠲᠤᠭ᠎ᠠ ᠶᠢ ᠢᠳᠡᠪᠬᠢᠲᠠᠢ ᠪᠠᠷ ᠲᠡᠮᠡᠴᠡᠨ ᠤᠯᠵᠤ᠂ ᠵᠢᠤᠢ ᠨᠧᠩ ᠰᠠᠯᠬᠢᠨ ᠴᠠᠬᠢᠯᠭᠠᠨ ᠤ ᠰᠤᠪᠤᠷᠭ᠎ᠠ ᠶᠢᠨ ᠲᠦᠬᠦᠭᠡᠷᠤᠮᠵᠢ᠂ ᡁᠢ ᠶᠦᠨ ᠶᠢᠨ ᠯᠢᠶᠡᠨ ᠵᠡᠷᠭᠡ ᠲᠦᠷᠦᠯ | ᠵᠦᠢᠯ ᠤᠨ ᠡᠷᠲᠡ ᠨᠢᠭᠡᠨ ᠡᠳᠦᠷ ᠠᠰᠢᠭᠯᠠᠯᠲᠠ ᠳᠤ ᠤᠷᠤᠬᠤ ᠶᠢ ᠴᠢᠷᠮᠠᠶᠢᠨ ᠪᠡᠶᠡᠯᠡᠭᠦᠯᠦᠨ᠎ᠡ᠃ ᠪᠠᠯ ᠴᠢᠯᠠᠭᠤᠨ ᠤ ᠮᠠᠲ᠋ᠧᠷᠢᠶᠠᠯ ᠤᠨ ᠨᠡᠭᠡᠭᠡᠯᠲᠡ ᠶᠢ ᠲᠦᠷᠭᠡᠳᠭᠡᠨ | ᠠᠬᠢᠭᠤᠯᠵᠤ᠂ ᠹᠧᠩ ᠢᠦᠢ ᠠᠯᠺᠧᠨ᠋ᠳᠤ ᠨᠡᠬᠦᠷᠡᠰᠦ᠋ᠳᠦᠷᠤᠭ᠍ᠴᠢ᠂ ᠶᠢᠨ ᠼᠠᠢ ᠠᠭᠤᠷᠬᠠᠢ ᠶᠢᠨ ᠦᠢᠯᠡᠰ ᠤᠨ ᠪᠠᠯ ᠴᠢᠯᠠᠭᠤᠨ ᠤ ᠰᠢᠨ᠎ᠠ ᠮᠠᠲ᠋ᠧᠷᠢᠶᠠᠯ ᠤᠨ ᠲᠦᠪᠯᠡᠷᠠᠯ | ᠤᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠭᠲᠠᠯᠴᠠᠭ᠎ᠠ ᠶᠢ ᠲᠦᠷᠭᠡᠳᠭᠡᠨ ᠪᠠᠶᠢᠭᠤᠯᠤᠨ᠎ᠠ᠃ ᠬᠠᠮ ᠵᠢᠭᠤᠯᠴᠢᠯᠠᠯ᠂ ᠲᠦᠷᠪᠡᠨ ᠤᠯᠠᠷᠢᠯ ᠤᠨ | ᠵᠢᠭᠤᠯᠴᠢᠯᠠᠯ ᠢ ᠲᠦᠷᠭᠡᠳᠭᠡᠨ ᠬᠦᠭᠵᠢᠭᠦᠯᠵᠤ᠂ ᠦᠪᠡᠷᠲᠡᠭᠡᠨ ᠵᠠᠰᠠᠬᠤ ᠤᠷᠤᠨ ᠤ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠠᠢ ᠪᠠᠷ | ᠡᠭᠦᠳᠦᠨ ᠪᠠᠶᠢᠭᠤᠯᠤᠨ᠎ᠠ᠃ ᠭᠠᠭᠴᠠᠮᠤᠳᠤ ᠵᠢᠭᠤᠯᠴᠢᠯᠠᠯ ᠤᠨ ᠲᠤᠭᠤᠷᠢᠭ᠂ ᠲᠤᠭᠤᠯᠲᠠᠢ ᠲᠠᠯ᠎ᠠ ᠨᠤᠳᠤᠭ ᠤᠨ ᠵᠢᠭᠤᠯᠴᠢᠯᠠᠯ ᠤᠨ ᠲᠤᠭᠤᠷᠢᠭ ᠪᠠ ᠪᠤᠭᠳᠠ ᠶᠢᠨ | ᠠᠭᠤᠯᠨ ᠴᠦᠬᠦᠷᠦᠮ ᠤᠨ ᠵᠢᠭᠤᠯᠴᠢᠯᠠᠯ ᠤᠨ ᠲᠤᠭᠤᠷᠢᠭ ᠤᠨ ᠲᠦᠯᠦᠪᠯᠡᠭᠡ ᠶᠢ ᠨᠠᠶᠢᠷᠠᠭᠤᠯᠤᠨ ᠵᠤᠬᠢᠶᠠᠬᠤ ᠶᠢ ᠡᠬᠢᠯᠡᠬᠦᠯᠵᠤ᠂ ᠴᠠᠭᠠᠰᠣᠳᠠᠢ ᠬᠠᠪᠴᠢᠯ᠂ ᠲᠤᠭᠤᠯᠳᠠᠢ | ᠲᠠᠯ᠎ᠠ ᠨᠤᠳᠤᠭ᠂ ᠮᠦᠶᠠᠩᠬᠠᠢ ᠬᠤᠨ ᠭᠠᠯᠠᠭᠤ ᠰᠣᠶᠣᠯ ᠤᠨ ᠵᠢᠭᠤᠯᠴᠢᠯᠠᠯ ᠤᠨ ᠤᠷᠤᠨ ᠵᠡᠷᠬᠡ ᠨᠢᠬᠡ ᠪᠦᠯᠦᠭ ᠰᠢᠯᠢᠳᠡᠭ ᠵᠢᠭᠤᠯᠴᠢᠯᠠᠯ ᠤᠨ ᠤᠷᠤᠨ ᠢ ᠢᠳᠡᠪᠬᠢᠳᠠᠢ | ᠪᠠᠶᠢᠭᠤᠯᠵᠤ᠂ ᠵᠢᠭᠤᠯᠴᠢᠯᠠᠯ ᠤᠨ ᠤᠷᠤᠨ ᠪᠠ ᠬᠦᠯᠢᠶᠠᠨ ᠠᠪᠬᠤ ᠡᠷᠦᠬᠡ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠶᠢ ᠲᠡᠰᠣᠷᠠᠯᠳᠠ ᠦᠬᠡᠢ | ᠲᠡᠬᠦᠯᠳᠡᠷᠵᠢᠬᠦᠯᠵᠤ᠂ A ᠲᠡᠰ ᠤᠨ ᠤᠳᠣ ᠳᠠᠪᠰᠢᠬᠤ ᠶᠢ ᠲᠡᠬᠢᠨᠳᠠ ᠰᠢᠪᠳᠣᠯᠣᠯᠳᠠ ᠤᠯᠬᠤ ᠪᠠᠷ ᠲᠡᠮᠠᠴᠠᠨᠠ᠃ ᠪᠦᠬᠦ ᠬᠤᠰᠢᠭᠤᠨ ᠤ ᠬᠠᠮ ᠵᠢᠭᠤᠯᠴᠢᠯᠠᠯ ᠤᠨ ᠡᠬᠢ | ᠪᠠᠶᠠᠯᠢᠭ ᠤᠨ ᠰᠣᠩᠭᠤᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠳᠣᠷ ᠬᠢᠵᠤ᠂ ᠨᠠᠩ ᠤᠯᠠᠨ ᠵᠢᠭᠤᠯᠴᠢᠯᠠᠯ ᠤᠨ ᠨᠡᠬᠡᠬᠡᠨ ᠬᠦᠭᠵᠢᠬᠦᠯᠬᠦ ᠲᠦᠷᠦᠯ ᠵᠦᠢᠯ ᠢ | ᠪᠠᠶᠢᠭᠤᠯᠤᠨ ᠬᠡᠷᠡᠭᠵᠢᠬᠦᠯᠬᠦ ᠪᠠᠷ ᠲᠡᠮᠠᠴᠠᠨᠠ᠃ ᠪᠦᠬᠦ ᠵᠢᠯ ᠳᠤ ᠬᠦᠯᠢᠶᠠᠨ ᠠᠪᠬᠤ ᠵᠢᠭᠤᠯᠴᠢᠳ ᠤᠨ ᠲᠤᠭ᠎ᠠ 100 ᠲᠦᠮᠠᠨ ᠬᠦᠮᠦᠨ ᠠᠴᠠ ᠰᠢᠪᠳᠤᠯᠬᠤ ᠪᠠᠷ | ᠴᠢᠷᠮᠠᠶᠢᠵᠤ᠂ ᠵᠢᠭᠤᠯᠴᠢᠯᠠᠯ ᠤᠨ ᠶᠠᠷᠦᠩᠬᠡᠢ ᠤᠷᠤᠯᠭ᠎ᠠ 10 ᠳ᠋ᠦᠩᠰᠢᠭᠤᠷ ᠲᠦᠭᠦᠷᠢᠭ ᠢ ᠰᠢᠪᠳᠤᠯᠬᠤ ᠪᠠᠷ ᠴᠢᠷᠮᠠᠶᠢᠨ᠎ᠠ᠃ ᠡᠯᠧᠺᠲᠷᠤᠨ ᠬᠤᠳᠠᠯᠳᠤᠭᠠᠨ ᠤ ᠠᠵᠤ | ᠦᠢᠯᠡᠰ ᠤᠨ ᠬᠦᠷᠢᠶᠡᠯᠡᠩ ᠤᠨ ᠡᠬᠢ ᠰᠤᠷᠪᠤᠯᠵᠢ ᠶᠢᠨ ᠰᠠᠭᠤᠷᠢ ᠳᠤ ᠲᠦᠰᠢᠭᠯᠡᠵᠤ᠂ ᠤᠯᠠᠮᠵᠢᠯᠠᠯᠲᠤ ᠠᠵᠢᠯ ᠲᠦᠷᠦᠯ ᠠᠴᠠ ᠪᠠᠨ ︽ᠡᠯᠧᠺᠲᠷᠦᠨᠴᠢᠯᠡᠭᠰᠡᠨ | ᠬᠤᠳᠠᠯᠳᠤᠭ᠎ᠠ︾ ᠵᠦᠭ ᠰᠢᠯᠵᠢᠬᠦ ᠶᠢ ᠲᠦᠷᠭᠡᠳᠬᠡᠵᠤ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠬᠦᠳᠡᠭᠡ | ᠲᠤᠰᠬᠤᠨ ᠤ ᠡᠳ᠋ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠢᠳᠡᠪᠬᠢᠳᠠᠢ ᠪᠠᠷ ᠡᠯᠧᠺᠲᠷᠤᠨ ᠬᠤᠳᠠᠯᠳᠤᠭᠠᠨ ᠤ ᠪᠦᠳᠦᠬᠡᠭᠳᠡᠬᠦᠨ ᠢ ᠨᠡᠬᠡᠬᠡᠨ | ᠬᠦᠭᠵᠢᠬᠦᠯᠵᠤ᠂ ᠪᠦᠬᠦ ᠬᠦᠴᠦ ᠪᠠᠷ ᠡᠯᠧᠺᠲᠷᠤᠨ ᠬᠤᠳᠠᠯᠳᠤᠭᠠᠨ ᠤ ᠨᠠᠷᠠᠳᠣ ᠲᠡᠮᠳᠡᠭ ᠢ ᠴᠣᠭᠴᠠᠯᠠᠨ ᠪᠠᠶᠢᠭᠤᠯᠤᠨ᠎ᠠ᠃ ᠪᠦᠬᠦ ᠤᠯᠤᠰ ᠤᠨ ᠲᠦᠷᠪᠡᠳᠦᠬᠡᠷ | ᠣᠳᠠᠭᠠᠨ ᠤ ᠠᠵᠤ ᠠᠬᠤᠢ ᠶᠢᠨ ᠨᠠᠶᠢᠳᠠᠮ ᠪᠠᠶᠢᠴᠠᠭᠠᠯᠳᠠ ᠶᠢᠨ ᠠᠵᠢᠯ ᠢ ᠬᠢᠨᠠᠮᠠᠭᠠᠢ ᠬᠢᠵᠤ᠂ ᠠᠵᠤ ᠠᠬᠤᠢ ᠶᠢᠨ ᠪᠠᠶᠢᠳᠠᠯ ᠢ ᠨᠠᠩ ᠲᠤᠳᠣᠷᠠᠬᠠᠢ ᠤᠶᠢᠯᠠᠭᠠᠨ᠎ᠠ᠃ | ︵ᠭᠤᠷᠪᠠ︶ ᠬᠤᠲᠠ ᠬᠦᠳᠡᠭᠡ ᠶᠢ ᠨᠢᠭᠡᠳᠦᠯᠲᠠᠢ ᠲᠦᠯᠦᠪᠵᠢᠬᠦᠯᠬᠦ ᠶᠢ ᠬᠦᠴᠦᠯᠡᠨ ᠠᠬᠢᠭᠤᠯᠵᠤ᠂ ᠪᠦᠬᠦ ᠲᠠᠯ᠎ᠠ ᠪᠠᠷ ᠵᠤᠬᠢᠴᠠᠩᠭᠤᠢ ᠬᠦᠭᠵᠢᠬᠦ ᠶᠢ | ᠲᠦᠯᠬᠢᠨ ᠠᠬᠢᠭᠤᠯᠤᠨ᠎ᠠ᠃ | ᠬᠦᠮᠤᠨ ᠢᠶᠠᠷ ᠭᠤᠤᠯ ᠪᠤᠯᠭᠠᠬᠤ ᠰᠢᠨ᠎ᠠ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠲᠦᠷᠭᠡᠳᠭᠡᠨ ᠠᠬᠢᠭᠤᠯᠤᠨ᠎ᠠ᠃ ᠭᠠᠭᠴᠠᠮᠤᠳᠤ᠂ ᠤᠩᠭᠤᠨ᠂ | ᠲᠤᠭᠤᠯᠲᠠᠢ ᠶᠢᠨ ᠶᠡᠷᠤᠩᠭᠡᠢ ᠲᠦᠯᠦᠪᠵᠢᠭᠦᠯᠭᠡ ᠶᠢ ᠮᠡᠳᠡᠬᠦᠯᠦᠨ ᠵᠦᠪᠰᠢᠶᠠᠷᠡᠬᠦᠯᠬᠦ ᠪᠠ ᠬᠠᠯᠢᠭᠤᠳᠣ᠂ ᠦᠵᠦᠬᠦᠷ ᠭᠤᠤᠯ ᠵᠡᠷᠬᠡ 6 ᠶᠠᠷᠦᠩᠬᠡᠢ ᠲᠦᠯᠦᠪᠵᠢᠬᠦᠯᠬᠡ | ᠶᠢᠨ ᠦᠨᠠᠯᠡᠨ ᠵᠠᠰᠠᠨ ᠨᠠᠶᠢᠷᠠᠭᠤᠯᠬᠤ ᠠᠵᠢᠯ ᠢ ᠪᠡᠶᠡᠯᠡᠭᠦᠯᠵᠤ᠂ ᠭᠠᠭᠴᠠᠮᠤᠳᠤ᠂ ᠤᠩᠭᠤᠨ ᠤ ᠡᠵᠡᠮᠳᠡᠯ ᠤᠨ ᠴᠢᠨᠠᠷᠲᠠᠢ ᠨᠠᠷᠢᠨ ᠲᠦᠯᠦᠪᠵᠢᠬᠦᠯᠬᠡ ᠶᠢ ᠨᠠᠶᠢᠷᠠᠭᠤᠯᠤᠨ | ᠵᠤᠬᠢᠶᠠᠵᠤ᠂ ᠬᠠᠭᠤᠴᠢᠨ ᠲᠤᠭᠤᠷᠢᠭ ᠤᠨ ᠦᠬᠡᠷᠡᠴᠢᠯᠠᠨ ᠵᠠᠰᠠᠬᠤ ᠬᠦᠴᠦᠯᠠᠴᠨ ᠶᠢ ᠶᠠᠬᠡᠰᠬᠡᠵᠤ᠂ ᠨᠥᠩ ᠯᠢᠨ᠂ ᠲᠦᠸᠧ ᠰᠢᠦ ᠵᠡᠷᠬᠡ 13 ᠵᠡᠬᠡᠯᠢ ᠪᠠ 6 | ᠬᠠᠭᠤᠴᠢᠨ ᠰᠠᠭᠤᠭᠠᠯᠢ ᠲᠤᠭᠤᠷᠢᠭ ᠤᠨ ᠵᠠᠮ ᠭᠤᠳᠣᠮᠵᠢ᠂ ᠬᠤᠭᠤᠯᠠᠢ ᠲᠤᠤᠷ ᠤᠨ ᠦᠬᠡᠷᠡᠴᠢᠯᠠᠯᠳᠠ ᠶᠢᠨ ᠢᠨᠵᠧᠨᠧᠷᠢᠩ ᠢ ᠬᠡᠷᠡᠭᠵᠢᠬᠦᠯᠵᠤ᠂ ᠭᠤᠸᠠᠩ ᠶᠤᠸᠠᠨ᠂ | ᠬᠤᠢ ᠹᠧᠩ ᠵᠡᠷᠬᠡ 6 ᠰᠠᠭᠤᠭᠠᠯᠢ ᠲᠤᠭᠤᠷᠢᠭ ᠤᠨ ᠡᠨᠧᠷᠬᠢ ᠠᠷᠪᠢᠯᠠᠬᠤ ᠦᠬᠡᠷᠠᠴᠢᠯᠠᠯᠳᠠ ᠶᠢ ᠬᠦᠢᠴᠡᠳᠬᠡᠵᠤ᠂ ᠪᠠᠶᠠᠨ ᠵᠠᠬᠡᠯᠢ᠂ ᠴᠤᠩᠵᠢ ᠵᠡᠬᠡᠯᠢ ᠵᠡᠷᠬᠡ 5 ᠬᠤᠳᠠ | ᠶᠢᠨ ᠶᠠᠪᠤᠳᠠᠯ ᠤᠨ ᠵᠠᠮ ᠢ ᠦᠬᠡᠷᠡᠴᠢᠯᠠᠨ ᠦᠷᠬᠡᠳᠬᠡᠵᠤ ᠪᠠᠶᠢᠭᠤᠯᠤᠨ᠂ ᠪᠤᠬᠢᠷ ᠤᠰᠣ ᠶᠢ ᠭᠠᠳᠠᠭᠰᠢᠯᠠᠭᠤᠯᠬᠤ ᠬᠤᠭᠤᠯᠠᠢ 4.5 ᠺᠢᠯᠤᠮᠧᠲᠷ ᠲᠡᠪᠢᠰᠴᠤ᠂ ᠪᠠᠶᠢᠭᠠᠯᠢ | ᠶᠢᠨ ᠰᠢᠲᠠᠮᠠᠬᠠᠢ ᠬᠡᠢ ᠶᠢᠨ ᠬᠤᠭᠤᠯᠠᠢ ᠲᠤᠤᠷ 1.9 ᠺᠢᠯᠤᠮᠧᠲᠷ ᠲᠡᠪᠢᠰᠴᠤ᠂ ᠬᠠᠢ ᠰᠢᠩ ᠨᠢᠬᠡᠳᠦᠬᠡᠷ ᠨᠤᠮᠧᠷᠳᠣ᠂ ᠬᠤᠶᠠᠳᠣᠭᠠᠷ ᠨᠤᠮᠧᠷᠳᠣ ᠵᠡᠷᠬᠡ 4 ᠵᠠᠬᠡᠯᠢ ᠶᠢᠨ | ᠪᠠᠶᠢᠭᠠᠯᠢ ᠶᠢᠨ ᠰᠢᠳᠠᠮᠠᠬᠠᠢ ᠬᠡᠢ ᠪᠠᠷ ᠲᠤᠯᠠᠭᠠᠯᠠᠬᠤ ᠢᠨᠵᠧᠨᠧᠷᠢᠩ ᠢ ᠬᠡᠷᠡᠭᠵᠢᠬᠦᠯᠵᠤ᠂ ᠰᠢᠨ᠎ᠠ ᠪᠠᠷ 1 ᠮᠠᠰᠢᠨ ᠲᠡᠷᠬᠡᠨ ᠤ ᠵᠤᠭᠰᠣᠭᠠᠯ ᠪᠠ 50 ᠰᠠᠭᠤᠷᠢ ᠵᠤᠷᠯᠦᠩ | ᠢ ᠣᠰᠣ ᠪᠠᠷ ᠵᠠᠶᠢᠯᠠᠬᠤ ᠵᠤᠷᠯᠤᠩ ᠪᠤᠯᠭᠠᠨ ᠦᠬᠡᠷᠡᠴᠢᠯᠠᠵᠤ᠂ ᠴᠡᠴᠡᠷᠯᠢᠭᠵᠢᠭᠦᠯᠦᠯᠲᠡ ᠨᠤᠭᠤᠭᠠᠷᠠᠭᠤᠯᠤᠯᠲᠠ 63 ᠲᠦᠮᠡᠨ ᠲᠡᠭᠰᠢ ᠲᠦᠷᠪᠡᠯᠵᠢᠨ ᠮᠧᠲᠷ | ᠨᠡᠮᠡᠭᠳᠡᠬᠦᠯᠵᠤ᠂ ᠪᠡᠶ᠎ᠡ ᠲᠠᠮᠢᠷ ᠤᠨ ᠵᠡᠭᠡᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠷᠠᠭᠤᠨ ᠵᠡᠭᠡᠯᠢ ᠪᠠ ᠭᠠᠭᠴᠠᠮᠤᠳᠣ ᠪᠠᠯᠭᠠᠰᠣᠨ ᠤ ᠳᠦᠬᠦᠮ ᠪᠦᠳᠦᠴᠡᠳᠦ | ᠤᠷᠤᠨ ᠰᠠᠭᠤᠴᠨ ᠶᠢᠨ ᠲᠤᠭᠤᠷᠢᠭ ᠤᠨ 1000 ᠡᠷᠦᠬᠡ ᠶᠢ ᠰᠢᠨᠡᠳᠬᠡᠨ ᠵᠠᠰᠠᠨ᠎ᠠ᠃ ᠴᠤᠭᠯᠠᠭ᠎ᠠ ᠪᠠᠯᠭᠠᠰᠦ ᠪᠠ ᠦᠵᠡᠰᠬᠦᠯᠡᠩᠳᠦ ᠬᠦᠳᠡᠭᠡ ᠲᠤᠰᠬᠤᠨ ᠤ | ᠪᠦᠳᠦᠬᠡᠨ ᠪᠠᠶᠢᠭᠤᠯᠤᠯᠳᠠ ᠶᠢ ᠲᠡᠳᠬᠦᠵᠤ᠂ ᠵᠠᠮ ᠭᠤᠳᠣᠮᠵᠢ ᠬᠤᠭᠤᠯᠠᠢ ᠲᠤᠤᠷ᠂ ᠪᠤᠬᠢᠷ ᠤᠰᠣ ᠶᠢ ᠰᠢᠢᠳᠪᠦᠷᠢᠯᠡᠬᠦ᠂ ᠬᠤᠭ ᠨᠤᠪᠰᠢ ᠶᠢ ᠰᠢᠢᠳᠪᠦᠷᠢᠯᠡᠬᠦ ᠵᠡᠷᠬᠡ | ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠡᠰᠣᠷᠠᠯᠳᠠ ᠦᠬᠡᠢ ᠴᠢᠩᠭᠠᠳᠬᠠᠵᠤ᠂ ᠬᠦᠳᠡᠭᠡ ᠲᠤᠰᠬᠤᠨ ᠤ ᠠᠷᠠᠴᠢᠯᠠᠨ ᠬᠠᠮᠢᠶᠠᠷᠬᠤ ᠤᠷᠳᠣ | ᠬᠤᠭᠤᠴᠠᠭᠠᠨ ᠤ ᠲᠤᠭᠳᠠᠯᠴᠠᠭ᠎ᠠ ᠶᠢ ᠪᠦᠷᠢᠨ ᠲᠡᠬᠦᠯᠳᠡᠷᠵᠢᠬᠦᠯᠵᠤ᠂ ᠠᠷᠢᠭᠤᠨ ᠴᠠᠪᠡᠷ᠂ ᠦᠵᠡᠰᠬᠦᠯᠡᠩᠳᠦ ᠬᠦᠳᠡᠭᠡ ᠲᠤᠰᠬᠤᠨ ᠢ ᠤᠷᠠᠳ ᠤᠨ ᠲᠤᠮᠳᠠᠳᠣ | ᠬᠤᠰᠢᠭᠤᠨ ᠤ ᠭᠤᠶᠤ ᠰᠠᠶᠢᠬᠠᠨ ᠦᠵᠡᠮᠵᠢ ᠪᠤᠯᠭᠠᠨ ᠪᠠᠶᠢᠭᠤᠯᠤᠨ᠎ᠠ᠃ ᠬᠤᠲᠠ ᠬᠦᠳᠡᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ | ᠲᠡᠭᠡᠭᠰᠢᠯᠡᠭᠦᠯᠵᠤ᠂ ᠬᠤᠳᠠ ᠶᠢᠨ ᠤᠷᠴᠢᠨ ᠲᠤᠭᠤᠷᠢᠨ ᠤ ᠬᠠᠮᠢᠶᠠᠷᠤᠯᠳᠠ ᠶᠢ ᠦᠨᠡᠨᠬᠦ ᠠᠳᠬᠤᠵᠤ᠂ ᠠᠷᠠᠳ ᠲᠤ ᠲᠦᠬᠦᠮ ᠦᠵᠡᠬᠦᠯᠬᠦ ᠲᠡᠷᠢᠶᠠᠯᠠᠩ ᠤᠨ | ᠪᠦᠳᠦᠬᠡᠭᠳᠡᠬᠦᠨ ᠤ ᠵᠠᠬ᠎ᠠ ᠲᠡᠯᠬᠡᠬᠦᠷ ᠪᠠ ᠢᠳᠡᠬᠡᠨ ᠪᠤᠯᠪᠠᠰᠣᠷᠠᠭᠤᠯᠬᠤ ᠲᠤᠭᠤᠷᠢᠭ ᠲᠤᠰᠪᠦᠷᠢ 1 ᠶᠢ ᠪᠠᠶᠢᠭᠤᠯᠵᠤ᠂ ᠠᠷᠠᠳ ᠲᠤ ᠲᠦᠬᠦᠮ ᠦᠵᠡᠬᠦᠯᠦᠨ᠎ᠠ᠃ | ᠤᠷᠴᠢᠨ ᠲᠤᠭᠤᠷᠢᠨ ᠤ ᠠᠷᠢᠭᠤᠨ ᠴᠠᠪᠡᠷ ᠤᠨ ᠰᠠᠭᠤᠷᠢ ᠲᠦᠬᠦᠬᠡᠷᠤᠮᠵᠢ ᠶᠢ ᠦᠷᠬᠦᠯᠵᠢᠯᠠᠨ ᠲᠡᠬᠦᠯᠳᠡᠷᠵᠢᠬᠦᠯᠵᠤ᠂ ᠮᠤᠩᠭᠤᠯ ᠬᠢᠳᠠᠳ ᠬᠤᠤᠰ ᠬᠡᠯᠨ ᠶᠢ ᠬᠠᠮᠳᠣ | ᠳᠤ ᠨᠢ ᠬᠡᠷᠡᠭᠯᠡᠬᠦ ᠠᠵᠢᠯ ᠢ ᠪᠦᠬᠦ ᠲᠡᠯ᠎ᠠ ᠪᠠᠷ ᠴᠢᠩᠭᠠᠳᠬᠠᠵᠤ᠂ ᠠᠲᠠᠯ ᠠᠬᠤᠢ ᠶᠢᠨ ᠬᠠᠮᠢᠶᠠᠷᠤᠯᠲᠠ ᠶᠢ ᠤᠯᠠᠮ ᠲᠦᠷᠢᠮᠵᠢᠬᠦᠯᠵᠤ᠂ ᠬᠠᠮᠳᠣᠪᠡᠷ ᠪᠠᠶᠢᠭᠤᠯᠬᠤ᠂ | ᠬᠠᠮᠳᠣᠪᠡᠷ ᠬᠠᠮᠢᠶᠠᠷᠬᠤ᠂ ᠬᠠᠮᠳᠣᠪᠡᠷ ᠡᠳ᠋ᠯᠡᠬᠦ ᠬᠤᠳᠠ ᠬᠦᠳᠡᠬᠡᠨ ᠤ ᠬᠦᠭᠵᠢᠯᠳᠠ ᠶᠢᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠨ᠎ᠠ᠃ | ᠬᠤᠲᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠳᠤᠭᠡᠨ ᠪᠠᠶᠢᠭᠤᠯᠤᠯᠲᠠ ᠶᠢ ᠲᠦᠷᠭᠡᠳᠭᠡᠨ ᠲᠡᠬᠦᠯᠳᠡᠷᠵᠢᠬᠦᠯᠦᠨ᠎ᠠ ᠃ ᠤᠯᠤᠰ ᠤᠨ 335 ᠵᠠᠮ | ᠱᠤᠭᠤᠮ ᠤᠨ ᠤᠤᠪᠤᠯᠠᠭ ᠤᠨ ᠠᠮᠠᠨ ᠠᠴᠠ ᠤᠤ ᠶᠢᠨ ᠭᠤᠤᠯ ᠬᠦᠷᠬᠦ ᠬᠡᠰᠡᠭ᠂ ᠤᠯᠤᠰ ᠤᠨ 331 ᠵᠠᠮ ᠱᠤᠭᠤᠮ ᠤᠨ ᠦᠵᠦᠭᠦᠷ ᠠᠴᠠ ᠪᠠᠶᠠᠨᠴᠠᠭᠠᠨ ᠬᠦᠷᠬᠦ | ᠬᠡᠰᠡᠭ᠂ ᠮᠤᠵᠢ ᠶᠢᠨ 215 ᠵᠠᠮ ᠱᠤᠭᠤᠮ ᠤᠨ ᠤᠤᠪᠤᠯᠠᠭ ᠤᠨ ᠠᠮᠠᠨ ᠠᠴᠠ ᠮᠦᠷᠡᠨ ᠭᠤᠤᠯ ᠬᠦᠷᠬᠦ ᠵᠡᠷᠭᠡ 15 ᠵᠠᠰᠠᠮᠠᠯ ᠵᠠᠮ ᠤᠨ ᠲᠦᠷᠦᠯ ᠵᠦᠢᠯ ᠢ | ᠬᠡᠷᠡᠭᠵᠢᠬᠦᠯᠵᠤ᠂ ᠶᠡᠷᠦᠩᠭᠡᠢ ᠵᠠᠮ ᠤᠨ ᠤᠷᠳᠤ ᠨᠢ 946 ᠺᠢᠯᠤᠮᠧᠲᠷ᠃ ᠬᠤᠯᠤᠰᠣᠳᠠᠢ ᠴᠦᠬᠦᠷᠦᠮ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠳᠣᠵᠢᠭᠤᠯᠨ | ᠲᠡᠬᠡᠭᠰᠢᠯᠡᠬᠦᠯᠬᠦ᠂ ᠪᠤᠭᠳᠠ ᠶᠢᠨ ᠠᠭᠤᠯᠨ ᠶᠢᠨ ᠴᠦᠬᠦᠷᠦᠮ ᠠᠴᠠ ᠭᠠᠭᠴᠠᠮᠤᠳᠣ ᠳᠤ ᠤᠰᠣ ᠬᠠᠩᠭᠠᠬᠤ ᠵᠡᠷᠬᠡ 20 ᠲᠦᠷᠦᠯ ᠤᠨ ᠭᠤᠤᠯᠳᠠᠯᠠᠭ᠎ᠠ ᠲᠠᠢ ᠤᠰᠤᠨ | ᠠᠰᠢᠭᠯᠠᠯᠳᠠ ᠶᠢᠨ ᠢᠨᠵᠧᠨᠧᠷᠢᠩ ᠢ ᠬᠡᠷᠡᠭᠵᠢᠬᠦᠯᠵᠤ᠂ ᠰᠢᠨ᠎ᠠ ᠪᠠᠷ ᠤᠰᠣ ᠠᠷᠪᠢᠯᠠᠭᠰᠠᠨ ᠤᠰᠣᠯᠠᠯᠳᠠ ᠶᠢᠨ ᠲᠡᠯᠠᠪᠠᠢ 14.22 ᠲᠦᠮᠠᠨ ᠮᠤ᠋ ᠨᠡᠮᠡᠭᠳᠡᠬᠦᠯᠤᠨ᠎ᠠ᠃ | 28 ᠲᠦᠮᠡᠨ ᠮᠦ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠠ 9.36 ᠲᠦᠮᠡᠨ ᠮᠦ ᠬᠤᠵᠢᠷᠯᠠᠭ ᠭᠠᠵᠡᠷ ᠤᠨ ᠦᠭᠡᠷᠡᠴᠢᠯᠡᠯᠲᠡ | ᠶᠢᠨ ᠢᠨᠵᠧᠨᠧᠷᠢᠩ ᠢ ᠪᠠᠶᠠᠯᠡᠬᠦᠯᠵᠤ᠂ ᠲᠡᠷᠢᠶᠠᠨ ᠭᠠᠵᠡᠷ ᠤᠨ ᠬᠠᠯᠠᠬᠠᠪᠴᠢ ᠤᠢ ᠶᠢᠨ ᠪᠦᠳᠦᠬᠡᠨ ᠪᠠᠶᠢᠭᠤᠯᠤᠯᠳᠠ ᠶᠢ ᠰᠠᠶᠢᠳᠣᠷ ᠠᠳᠬᠤᠨ᠎ᠠ᠃ ᠴᠠᠬᠢᠯᠭᠠᠨ ᠲᠤᠤᠷ | ᠤᠨ ᠢᠨᠵᠧᠨᠧᠷᠢᠩ 10 ᠲᠦᠷᠦᠯ ᠢ ᠬᠡᠷᠡᠭᠵᠢᠬᠦᠯᠵᠤ᠂ ᠴᠠᠬᠢᠯᠭᠠᠨ ᠬᠦᠴᠦᠳᠡᠯ ᠦᠭᠡᠷᠡᠴᠢᠯᠡᠭᠴᠢ ᠮᠠᠰᠢᠨ ᠢ 214 ᠰᠠᠭᠤᠷᠢ ᠰᠢᠨ᠎ᠡ ᠪᠠᠷ ᠲᠤᠬᠢᠷᠠᠭᠤᠯᠤᠨ᠂ 10 | ᠺᠢᠯᠤᠸᠠᠲ ᠤᠨ ᠤᠳᠠᠰᠤ ᠶᠢ 441 ᠺᠢᠯᠤᠮᠧᠲᠷ ᠲᠠᠲᠠᠵᠤ᠂ 0.4 ᠺᠢᠯᠤᠸᠠᠲ ᠤᠨ ᠤᠲᠠᠰᠤ ᠶᠢ 204 ᠺᠢᠯᠤᠮᠧᠲᠷ ᠲᠠᠲᠠᠬᠤ ᠪᠠᠷ ᠲᠦᠯᠦᠪᠯᠡᠵᠤ ᠪᠠᠶᠢᠨ᠎ᠠ᠃ | ︵ᠲᠦᠷᠪᠡ︶ ᠦᠭᠡᠷᠡᠴᠢᠯᠡᠯᠲᠡ ᠬᠢᠵᠤ ᠴᠢᠯᠦᠭᠡᠲᠠᠢ ᠶᠠᠪᠤᠯᠴᠠᠬᠤ ᠶᠢ ᠬᠦᠨᠵᠡᠭᠡᠶᠢᠷᠡᠭᠦᠯᠵᠤ᠂ ᠬᠦᠭᠵᠢᠯᠲᠡ ᠶᠢᠨ ᠬᠦᠳᠡᠯᠭᠡᠬᠦ ᠬᠦᠴᠦᠨ ᠢ ᠠᠮᠢᠳᠤᠯᠢᠭᠵᠢᠭᠤᠯᠤᠨ᠎ᠠ | ᠃ | ᠡᠯ᠎ᠡ ᠬᠦᠷᠢᠶ᠎ᠡ ᠴᠠᠷᠠᠭᠠᠨ ᠤ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠬᠦᠯᠦᠨᠡ᠃ ᠲᠤᠯᠤᠭᠠᠶᠢᠯᠠᠭᠴᠢ ᠠᠵᠤ ᠠᠬᠤᠶᠢᠯᠠᠯ ᠤᠨ ᠬᠤᠷᠰᠢᠶᠠᠵᠢᠯ ᠤᠨ | ᠵᠤᠬᠢᠶᠠᠨ ᠪᠠᠶᠢᠭᠤᠯᠤᠯᠲᠠ᠂ ᠮᠠᠯᠴᠢᠨ ᠲᠠᠷᠢᠶᠠᠴᠢᠨ ᠡᠷᠦᠬᠡ ᠲᠠᠢ ᠨᠡᠩ ᠨᠢᠭᠲᠠ ᠠᠰᠢᠭ ᠲᠤᠰᠠ ᠶᠢᠨ ᠬᠤᠯᠪᠤᠭᠠᠯᠠᠯ ᠤᠨ ᠲᠤᠭᠲᠠᠯᠴᠠᠭ᠎ᠠ ᠪᠠᠶᠢᠭᠤᠯᠬᠤ ᠶᠢ ᠳᠠᠭᠠᠭᠤᠯᠤᠨ | ᠵᠢᠯᠤᠭᠤᠳᠬᠤ ᠶᠢ ᠵᠤᠷᠢᠭᠵᠢᠭᠤᠯᠤᠨ᠂ ᠮᠠᠯᠴᠢᠨ ᠲᠠᠷᠢᠶᠠᠴᠢᠳ ᠢ ᠠᠭᠤᠰᠣᠯᠴᠠᠨ ᠬᠦᠭᠵᠢᠬᠦ ᠶᠢᠨ ᠠᠰᠢᠭ ᠣᠷᠣᠯᠭ᠎ᠠ ᠶᠢ ᠤᠯᠬᠤ ᠠᠵᠢᠯᠯᠠᠭ᠎ᠠ ᠳᠤ ᠬᠦᠢᠴᠡᠳ | ᠤᠷᠤᠯᠴᠠᠭᠤᠯᠵᠤ ᠬᠠᠮᠳᠤᠪᠠᠷ ᠬᠤᠪᠢᠶᠠᠨ ᠡᠳ᠋ᠯᠡᠭᠦᠯᠦᠨ᠎ᠡ᠃ ᠮᠦᠶᠠᠩᠬᠠᠢ᠂ ᠲᠤᠭᠤᠯᠲᠠᠢ ᠮᠠᠯᠵᠢᠯ ᠤᠨ ᠲᠠᠯᠠᠪᠠᠢ ᠪᠡ ᠤᠯᠤᠰ ᠤᠨ ᠦᠮᠴᠢᠯᠡᠯᠲᠦ ᠤᠢ ᠰᠢᠭᠤᠢ ᠶᠢᠨ | ᠲᠠᠯᠠᠪᠠᠢ ᠶᠢᠨ ᠦᠭᠡᠷᠡᠴᠢᠯᠡᠯᠲᠡ ᠶᠢ ᠢᠳᠡᠪᠬᠢᠲᠠᠢ ᠠᠬᠢᠭᠤᠯᠵᠤ᠂ ᠭᠠᠵᠠᠷ ᠰᠢᠷᠦᠢ᠂ ᠨᠤᠳᠤᠭ ᠪᠡᠯᠴᠢᠭᠡᠷ᠂ ᠤᠢ ᠰᠢᠭᠤᠢ ᠶᠢᠨ ᠲᠠᠯᠠᠪᠠᠢ ᠶᠢᠨ ᠡᠬᠢ ᠪᠠᠶᠠᠯᠢᠭ ᠢ | ᠴᠢᠯᠦᠭᠡᠲᠠᠢ ᠪᠤᠯᠭᠠᠵᠤ᠂ ᠬᠡᠪᠴᠢᠶᠡᠵᠢᠭᠰᠡᠨ᠂ ᠡᠷᠴᠢᠮᠵᠢᠭᠰᠡᠨ᠂ ᠠᠵᠤ ᠦᠢᠯᠡᠰᠵᠢᠭᠰᠡᠨ᠂ ᠲᠠᠷᠢᠮᠠᠯ ᠲᠡᠵᠢᠭᠡᠪᠦᠷᠢ ᠶᠢᠨ ᠦᠢᠯᠡᠰ ᠪᠠ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢ ᠶᠡᠬᠡᠪᠡᠷ ᠬᠦᠭᠵᠢᠬᠦᠯᠦᠨ᠎ᠡ᠃ ᠭᠠᠵᠡᠷ ᠰᠢᠷᠤᠢ ᠶᠢᠨ ᠲᠦᠷᠢᠮ ᠤᠨ ᠦᠬᠡᠷᠠᠴᠢᠯᠠᠯᠳᠠ | ᠪᠠ ᠳᠠᠭᠠᠭᠠᠴᠢᠯᠠᠯᠲᠠ ᠶᠢᠨ ᠭᠠᠵᠠᠷ ᠤᠨ ︽ᠭᠤᠷᠪᠠᠨ ᠡᠷᠬᠡ︾ ᠶᠢ ᠰᠠᠯᠭᠠᠨ ᠪᠠᠶᠢᠷᠢᠯᠠᠭᠤᠯᠬᠤ ᠲᠦᠷᠢᠮ ᠢ ᠭᠦᠨᠵᠡᠭᠡᠶᠢᠷᠡᠬᠦᠯᠦᠨ ᠲᠤᠤᠱᠠᠯᠠᠭᠤᠯᠵᠤ᠂ ᠲᠡᠷᠢᠶᠠᠨ ᠭᠠᠵᠡᠷ | ᠪᠠ ᠨᠤᠳᠤᠭ ᠪᠠᠯᠴᠢᠭᠡᠷ ᠢ ᠬᠠᠮᠠᠭᠠᠯᠬᠤ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ | ᠦᠭᠡᠢ ᠭᠦᠨᠵᠡᠭᠡᠶᠢᠷᠡᠭᠦᠯᠵᠦ᠂ ︽ᠤᠯᠠᠨ ᠦᠨᠠᠮᠯᠠᠯ ᠢ ᠨᠢᠭᠡᠳᠭᠡᠭᠦ︾ ᠶᠢ ᠢᠳᠡᠪᠬᠢᠲᠠᠢ ᠲᠦᠯᠬᠢᠨ ᠬᠡᠷᠡᠭᠵᠢᠬᠦᠯᠦᠨ᠎ᠠ᠃ ᠲᠦᠰᠦᠪ ᠤᠨ ᠬᠠᠮᠢᠶᠠᠷᠤᠯᠲᠠ ᠶᠢ | ᠰᠠᠶᠢᠵᠢᠷᠠᠭᠤᠯᠵᠤ᠂ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠦᠨᠡᠨᠬᠦ ᠰᠡᠷᠡᠮᠵᠢᠯᠡᠨ ᠦᠭᠡᠶᠢᠰᠭᠡᠨ᠎ᠡ᠃ ︽ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ᠂ | ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠤ᠂ ᠵᠠᠰᠠᠭ ᠵᠠᠬᠢᠷᠭᠠᠨ | ᠤ ᠦᠯᠡᠴᠢᠯᠡᠭᠡᠨ ᠤ ᠲᠦᠪ ᠢ ᠠᠰᠢᠭᠯᠠᠯᠲᠠ ᠳᠤ ᠤᠷᠤᠭᠤᠯᠤᠨ᠂ ᠬᠢᠨᠠᠨ ᠵᠦᠪᠰᠢᠶᠠᠷᠡᠬᠦ ᠦᠢᠯᠡᠴᠢᠯᠡᠬᠡᠨ ᠤ ᠵᠦᠢᠯᠡᠰ ᠤᠨ ᠪᠠᠷᠢᠮᠵᠢᠶᠠᠵᠢᠭᠰᠡᠨ ᠬᠠᠮᠢᠶᠠᠷᠤᠯᠲᠠ ᠶᠢ | ᠲᠦᠯᠬᠢᠨ ᠠᠬᠢᠭᠤᠯᠤᠨ᠎ᠠ᠃ | ᠭᠠᠳᠠᠭᠠᠳᠤ ᠲᠠᠢ ᠴᠢᠯᠦᠭᠡᠲᠠᠢ ᠶᠠᠪᠤᠯᠴᠠᠬᠤ ᠶᠢ ᠪᠦᠬᠦ ᠲᠠᠯ᠎ᠠ ᠪᠠᠷ ᠦᠷᠭᠡᠳᠭᠡᠨ᠎ᠠ᠃ ᠬᠢᠯᠢ ᠶᠢᠨ ᠪᠤᠭᠤᠮᠲᠠ ᠶᠢᠨ ᠰᠠᠭᠤᠷᠢ ᠲᠦᠬᠦᠭᠡᠷᠦᠮᠵᠢ ᠶᠢᠨ ᠪᠦᠳᠤᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠵᠤ᠂ ᠤᠶᠤᠨᠯᠢᠭ ᠪᠤᠭᠤᠮᠳᠠ ᠶᠢᠨ ᠪᠠᠶᠢᠴᠠᠭᠠᠯᠳᠠ ᠶᠢᠨ ᠴᠡᠭ᠂ ᠪᠤᠭᠤᠮᠲᠠ ᠪᠠᠷ ᠤᠷᠤᠵᠤ ᠭᠠᠷᠬᠤ ᠲᠡᠷᠭᠡᠨ | ᠤ ᠦᠢᠯᠡᠴᠢᠯᠡᠭᠡᠨ ᠤ ᠲᠤᠭᠤᠷᠢᠭ ᠵᠡᠷᠭᠡ ᠪᠤᠭᠤᠮᠳᠠ ᠨᠡᠪᠲᠡᠷᠡᠬᠦ ᠲᠤᠭᠤᠷᠢᠭ ᠤᠨ ᠴᠢᠳᠠᠪᠬᠢ ᠶᠢ ᠦᠷᠬᠡᠳᠬᠡᠨ ᠰᠢᠨᠡᠳᠬᠡᠬᠦ ᠢᠨᠵᠧᠨᠧᠷᠢᠩ ᠢ ᠪᠠᠶᠠᠯᠡᠬᠦᠯᠵᠤ᠂ ᠪᠤᠭᠤᠮᠳᠠ | ᠶᠢᠨ ᠠᠶᠠᠨᠴᠢᠳ ᠤᠨ ᠪᠠᠶᠢᠴᠠᠭᠠᠯᠳᠠ ᠶᠢᠨ ᠲᠤᠭᠤᠷᠢᠭ ᠤᠨ ᠦᠬᠡᠷᠡᠴᠢᠯᠠᠯᠳᠠ ᠪᠤᠯᠤᠨ ᠠᠶᠤᠯᠳᠣ ᠬᠢᠮᠢ ᠶᠢᠨ ᠪᠤᠳᠠᠰ ᠤᠨ ᠬᠢᠨᠠᠨ ᠬᠠᠮᠢᠶᠠᠷᠤᠯᠲᠠ ᠶᠢᠨ ᠬᠦᠮᠦᠷᠭᠡ ᠶᠢᠨ | ᠲᠦᠷᠦᠯ ᠵᠦᠢᠯ ᠢ ᠠᠬᠢᠭᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠨᠠᠬᠡᠬᠡᠯᠳᠠᠳᠣ ᠲᠤᠷᠰᠢᠯᠲᠠ ᠶᠢᠨ ᠲᠤᠭᠤᠷᠢᠭ | ᠪᠤᠯᠤᠨ ᠲᠤᠮᠳᠠᠳᠤ ᠮᠤᠩᠭᠤᠯ ᠤᠨ ᠠᠵᠤ ᠠᠬᠤᠢ ᠶᠢᠨ ᠬᠠᠮᠳᠤᠷᠠᠯᠴᠠᠭᠠᠨ ᠤ ᠵᠢᠱᠢᠶ᠎ᠡ ᠦᠵᠡᠭᠦᠯᠬᠦ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠤᠭᠤᠷᠢᠭ ᠤᠨ ᠠᠵᠢᠯ ᠢ ᠡᠬᠢᠯᠡᠬᠦᠯᠦᠨ᠎ᠠ᠃ ᠪᠤᠭᠤᠮᠲᠠ ᠶᠢᠨ ᠪᠤᠯᠪᠠᠰᠤᠷᠠᠭᠤᠯᠤᠯᠲᠠ ᠶᠢᠨ | ᠲᠤᠭᠤᠷᠢᠭ ᠠᠴᠠ ᠡᠳ᠋ ᠪᠠᠷᠠᠭ᠎ᠠ ᠶᠢᠨ ᠭᠦᠢᠯᠭᠡᠭᠡᠨ ᠤ ᠲᠤᠭᠤᠷᠢᠭ ᠬᠦᠷᠬᠦ ᠵᠠᠮ᠂ ᠲᠦᠪᠯᠡᠷᠡᠭᠦᠯᠦᠨ ᠢᠯᠴᠢ ᠬᠠᠩᠭᠠᠬᠤ ᠪᠤᠯᠤᠨ ᠶᠡᠷᠤᠩᠭᠡᠢ ᠦᠢᠯᠡᠴᠢᠯᠡᠭᠡᠨ ᠤ | ᠲᠤᠭᠤᠷᠢᠭ ᠤᠨ ᠭᠡᠷᠡᠯᠳᠦᠬᠦᠯᠭᠡ ᠵᠡᠷᠭᠡ ᠲᠦᠷᠦᠯ ᠵᠦᠢᠯ ᠢ ᠬᠡᠷᠡᠭᠵᠢᠬᠦᠯᠵᠤ᠂ ᠲᠤᠮᠳᠠ ᠪᠠᠭ᠎ᠠ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠦᠪ᠂ | ᠡᠷᠡᠭᠦᠯ ᠬᠠᠮᠠᠭᠠᠯᠠᠯ ᠤᠨ ᠬᠤᠷᠢᠶ᠎ᠠ ᠪᠤᠯᠤᠨ ᠴᠡᠴᠡᠷᠯᠢᠭ ᠢ ᠰᠢᠨ᠎ᠠ ᠪᠠᠷ ᠪᠠᠶᠢᠭᠤᠯᠵᠤ᠂ ᠪᠤᠯᠪᠠᠰᠤᠷᠠᠭᠤᠯᠤᠯᠲᠠ ᠶᠢᠨ ᠲᠤᠭᠤᠷᠢᠭ ᠤᠨ ᠠᠵᠤ ᠦᠢᠯᠡᠰ ᠤᠨ ᠠᠴᠢᠶᠠᠯᠠᠪᠤᠷᠢ | ᠶᠢᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠠ᠃ | ︵ᠲᠠᠪᠤ︶ ᠠᠮᠢ ᠠᠬᠤᠢ ᠶᠢᠨ ᠪᠤᠯᠪᠠᠰᠤᠨ ᠢ ᠬᠦᠴᠦᠯᠠᠨ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ᠎ᠠ᠃ | ︽ᠦᠵᠡᠰᠬᠦᠯᠡᠩᠳᠦ ᠰᠠᠶᠢᠬᠠᠨ ᠲᠠᠯ᠎ᠠ ᠨᠤᠳᠤᠭ ᠢᠶᠠᠨ ᠬᠠᠮᠠᠭᠠᠯᠠᠨ ᠰᠠᠬᠢᠬᠤ ᠠᠵᠢᠯᠯᠠᠭ᠎ᠠ︾ ᠶᠢ ᠢᠳᠡᠪᠬᠢᠲᠠᠢ ᠪᠠᠷ ᠵᠤᠬᠢᠶᠠᠨ ᠪᠠᠶᠢᠭᠤᠯᠤᠨ ᠦᠷᠨᠢᠬᠦᠯᠵᠤ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠦᠷᠬᠦᠯᠵᠢᠯᠠᠨ ᠰᠠᠶᠢᠳᠤᠷ | ᠨᠠᠶᠢᠳᠡᠪᠦᠷᠢᠵᠢᠭᠤᠯᠵᠤ᠂ ᠨᠤᠳᠤᠭ ᠪᠠᠯᠴᠢᠬᠡᠷ ᠤᠨ ᠬᠠᠮᠢᠶᠠᠷᠤᠨ ᠬᠠᠮᠠᠭᠠᠯᠠᠯᠲᠠ ᠶᠢ ᠤᠯᠠᠮ ᠴᠢᠩᠭᠠᠳᠬᠠᠨ᠎ᠠ᠃ ᠪᠡᠬᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ | ᠵᠠᠰᠠᠬᠤ᠂ ᠬᠠᠭᠠᠯᠪᠤᠷᠢᠯᠠᠬᠤ ᠶᠢ ᠵᠤᠭᠰᠤᠭᠠᠨ ᠤᠶᠢᠵᠢᠭᠤᠯᠬᠤ ᠵᠡᠷᠬᠡ ᠭᠤᠤᠯᠳᠠᠯᠭᠠᠳᠤ ᠲᠦᠷᠦᠯ ᠵᠦᠢᠯ 9.3 ᠲᠦᠮᠡᠨ ᠮᠦ ᠶᠢ ᠬᠡᠷᠡᠭᠵᠢᠭᠦᠯᠦᠨ᠂ ᠭᠤᠤᠯᠳᠠᠯᠭ᠎ᠠ ᠲᠠᠢ | ᠤᠷᠤᠨ ᠲᠤᠭᠤᠷᠢᠭ ᠤᠨ ᠤᠶᠢᠵᠢᠭᠤᠯᠤᠯᠲᠠ 3000 ᠮᠦ ᠶᠢ ᠪᠠᠶᠠᠯᠡᠬᠦᠯᠦᠨ᠎ᠠ᠃ ᠠᠵᠤ ᠠᠬᠤᠢ ᠶᠢᠨ ᠤᠢ ᠰᠢᠭᠤᠢ ᠶᠢ ᠲᠦᠷᠭᠡᠳᠭᠡᠨ ᠬᠦᠭᠵᠢᠭᠦᠯᠵᠤ᠂ ᠦᠵᠦᠬᠦᠷ | ᠭᠤᠤᠯ ᠤᠨ ᠢᠯᠠᠮ᠎ᠠ ᠶᠢᠨ ᠬᠦᠷᠢᠶᠡᠯᠡᠩ᠂ ᠲᠡᠯ ᠠᠭᠤᠯᠠ ᠶᠢᠨ ᠬᠠᠷ᠎ᠠ ᠴᠢᠨ᠋ᠸ᠎ᠠ ᠶᠢᠨ ᠬᠠᠷᠠᠮᠠᠭ ᠤᠨ ᠬᠦᠷᠢᠶᠡᠯᠡᠩ᠂ ᠬᠤᠯᠤᠰᠤᠲᠠᠢ ᠶᠢᠨ ᠪᠦᠭᠡᠷᠡᠯᠵᠢᠨᠠ ᠶᠢᠨ | ᠬᠦᠷᠢᠶᠡᠯᠡᠩ ᠪᠠ ᠮᠦᠶᠠᠩᠬᠠᠢ᠂ ᠬᠠᠯᠢᠭᠤᠳᠣ ᠶᠢᠨ ᠤᠢ ᠰᠢᠭᠤᠢ ᠶᠢᠨ ᠲᠠᠯᠠᠪᠠᠢ ᠶᠢᠨ ᠵᠢᠮᠢᠰᠦᠨ ᠮᠤᠳᠣᠨ ᠤ ᠬᠦᠷᠢᠶᠠᠯᠠᠩ ᠢ ᠪᠦᠳᠦᠬᠡᠨ ᠪᠠᠶᠢᠭᠤᠯᠤᠨ᠎ᠠ᠃ ᠤᠢ ᠰᠢᠭᠤᠢ | ᠶᠢᠨ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠠᠮᠢ ᠠᠬᠤᠢ ᠶᠢᠨ ᠪᠦᠳᠤᠭᠡᠨ ᠪᠠᠶᠢᠭᠤᠯᠤᠯᠲᠠ ᠶᠢᠨ ᠦᠷ᠎ᠡ | ᠪᠦᠳᠤᠮᠵᠢ ᠪᠠᠨ ᠪᠠᠬᠢᠵᠢᠭᠦᠯᠦᠨ᠎ᠠ᠃ ᠠᠭᠤᠷᠬᠠᠢ ᠮᠠᠯᠳᠠᠬᠤ ᠡᠷᠬᠡ ᠶᠢ ᠴᠢᠩᠭ᠎ᠠ ᠬᠠᠮᠢᠶᠠᠷᠴᠤ᠂ ᠠᠭᠤᠷᠬᠠᠢ ᠶᠢᠨ ᠰᠣᠷᠪᠤᠯᠵᠢ ᠶᠢᠨ ᠨᠠᠬᠡᠬᠡᠨ ᠬᠦᠭᠵᠢᠬᠦᠯᠬᠦ ᠡᠮᠬᠢ | ᠵᠢᠷᠦᠮ ᠢ ᠴᠡᠭᠴᠠᠯᠡᠨ ᠲᠦᠷᠢᠮᠵᠢᠬᠦᠯᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠣᠯᠳᠠ ᠪᠠ ᠭᠠᠵᠡᠷ ᠰᠣᠳᠣᠯᠣᠯ ᠤᠨ ᠤᠷᠴᠢᠨ ᠲᠤᠭᠤᠷᠢᠨ ᠤ | ᠵᠠᠰᠠᠯᠳᠠ ᠶᠢᠨ ᠬᠦᠴᠦᠯᠠᠴᠨ ᠶᠢ ᠶᠠᠬᠡᠰᠬᠡᠵᠤ᠂ ᠠᠭᠠᠷ ᠮᠠᠨᠳᠠᠯ᠂ ᠤᠰᠤ᠂ ᠬᠦᠷᠦᠰᠦ ᠰᠢᠷᠦᠢ ᠶᠢᠨ ᠪᠤᠬᠢᠷᠳᠤᠯ ᠠᠴᠠ ᠰᠡᠷᠭᠡᠶᠢᠯᠡᠨ ᠵᠠᠰᠠᠬᠤ ᠠᠵᠢᠯ ᠢᠶᠠᠨ ᠨᠠᠷᠢᠨ ᠰᠠᠶᠢᠨ | ᠠᠳᠬᠤᠵᠤ᠂ ᠤᠷᠴᠢᠨ ᠲᠤᠭᠤᠷᠢᠨ ᠤ ᠬᠢᠨᠠᠯᠲᠠ ᠬᠠᠮᠢᠶᠠᠷᠤᠯᠲᠠ ᠪᠤᠯᠤᠨ ᠬᠢᠨᠠᠨ ᠰᠢᠯᠭᠠᠬᠤ ᠬᠦᠴᠦᠯᠡᠴᠡ ᠪᠠᠨ ᠤᠯᠠᠮ ᠨᠢᠭᠡ ᠠᠯᠬᠤᠮ ᠶᠡᠬᠡᠰᠭᠡᠵᠤ᠂ ᠤᠷᠴᠢᠨ | ᠲᠤᠭᠤᠷᠢᠨ ᠤ ᠬᠢᠷᠢ ᠲᠦᠪᠰᠢᠨ ᠪᠦᠬᠦ ᠬᠤᠲᠠ ᠶᠢᠨ ᠲᠡᠷᠢᠬᠦᠨ ᠤ ᠡᠩᠨᠡᠭᠡᠨ ᠳᠤ ᠤᠷᠤᠬᠤ ᠶᠢ ᠪᠠᠳᠤᠯᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠤᠯᠠᠨ ᠲᠦᠮᠡᠨ ᠤ ᠵᠤᠯ ᠵᠢᠷᠭᠠᠯ ᠪᠤᠶᠠᠨ ᠬᠡᠰᠢᠭ ᠢ ᠲᠠᠰᠤᠷᠠᠯᠲᠠ ᠦᠭᠡᠢ | ᠨᠡᠮᠡᠭᠳᠡᠭᠦᠯᠦᠨ᠎ᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠠᠬᠤ ᠦᠷ᠎ᠡ ᠪᠦᠳᠦᠭᠡᠯ ᠢᠶᠠᠨ ᠪᠠᠳᠤᠵᠢᠭᠤᠯᠤᠨ ᠲᠡᠭᠦᠯᠳᠡᠷᠵᠢᠭᠦᠯᠦᠨ᠎ᠠ᠃ ᠤᠷᠤᠭᠤᠯᠤᠯᠲᠠ ᠶᠢᠨ | ᠬᠦᠴᠦᠯᠡᠴᠡ ᠪᠠᠨ ᠦᠷᠬᠦᠯᠵᠢᠯᠡᠨ ᠶᠡᠬᠡᠰᠭᠡᠵᠤ᠂ ᠡᠯ᠎ᠡ ᠲᠦᠷᠦᠯ ᠤᠨ ᠶᠠᠳᠠᠭᠤ ᠶᠢ ᠲᠡᠳᠭᠦᠬᠦ ᠡᠬᠢ ᠪᠠᠶᠠᠯᠢᠭ ᠢ ᠪᠦᠳᠦᠮᠵᠢᠲᠡᠢ ᠪᠠᠷ ᠨᠢᠭᠡᠳᠬᠡᠵᠤ᠂ ᠶᠠᠳᠠᠭᠤ ᠠᠴᠠ | ᠠᠩᠭᠢᠵᠢᠷᠠᠭᠰᠠᠨ ᠬᠦᠮᠦᠰ ᠤᠨ ᠤᠷᠤᠯᠭ᠎ᠠ ᠶᠢ ᠤᠯᠠᠮ ᠨᠢᠭᠡ ᠠᠯᠬᠤᠮ ᠪᠠᠳᠤᠵᠢᠭᠤᠯᠤᠨ ᠲᠡᠭᠡᠭᠰᠢᠯᠡᠭᠦᠯᠦᠨ᠎ᠡ᠃ ᠲᠤᠰᠬᠠᠢ ᠲᠦᠷᠦᠯ ᠤᠨ ᠶᠠᠳᠠᠭᠤ ᠶᠢ ᠲᠡᠳᠬᠦᠬᠦ ᠪᠡᠯᠡ | ᠮᠦᠩᠭᠦ 1200 ᠲᠦᠮᠡᠨ ᠲᠦᠭᠦᠷᠢᠭ ᠢ ᠤᠷᠤᠭᠤᠯᠬᠤ ᠪᠠᠷ ᠲᠦᠯᠦᠪᠯᠡᠵᠤ᠂ ᠲᠦᠷᠦᠯ ᠵᠦᠢᠯ ᠤᠨ ᠪᠡᠯᠡ ᠮᠦᠩᠭᠦ 5000 ᠲᠦᠮᠠᠨ ᠲᠦᠭᠦᠷᠢᠭ ᠢ ᠨᠢᠬᠡᠳᠦᠬᠦᠯᠦᠨ᠂ | ᠮᠦᠩᠬᠦᠨ ᠬᠦᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ 5000 ᠲᠦᠮᠡᠨ ᠲᠦᠬᠦᠷᠢᠭ ᠢ ᠲᠠᠯᠪᠢᠨ᠎ᠠ᠃ ︽ᠲᠠᠪᠤᠨ ᠨᠢᠭᠡ ᠪᠦᠯᠦᠭ︾ ᠶᠠᠳᠠᠭᠤ ᠠᠴᠠ | ᠠᠩᠭᠢᠵᠢᠷᠠᠭᠤᠯᠬᠤ ᠢᠨᠵᠧᠨᠧᠷᠢᠩ ᠢ ᠦᠷᠬᠦᠯᠵᠢᠯᠡᠨ ᠲᠦᠯᠬᠢᠨ ᠠᠬᠢᠭᠤᠯᠵᠤ᠂ ᠠᠵᠤ ᠦᠢᠯᠡᠰ ᠤᠨ ᠬᠦᠭᠵᠢᠯᠲᠠ 589 ᠡᠷᠦᠬᠡ ᠶᠢ ᠲᠡᠳᠬᠦᠵᠤ᠂ ᠬᠦᠷᠦᠩᠬᠡ ᠶᠢᠨ | ᠠᠰᠢᠭ ᠢᠶᠠᠷ 318 ᠡᠷᠦᠬᠡ ᠶᠢ ᠲᠡᠳᠬᠦᠵᠤ᠂ ᠠᠮᠢ ᠠᠬᠤᠢ ᠶᠢᠨ ᠨᠦᠬᠦᠪᠦᠷᠢ ᠱᠠᠩᠨᠠᠯ ᠢᠶᠠᠷ 278 ᠡᠷᠤᠭᠡ ᠳᠤ ᠬᠠᠷᠠᠭᠠᠯᠵᠠᠯ ᠬᠦᠷᠳᠡᠭᠡᠵᠤ᠂ ᠰᠤᠷᠭᠠᠨ ᠬᠦᠮᠦᠵᠢᠯ | ᠢᠶᠠᠷ ᠶᠠᠳᠠᠭᠤ ᠬᠦᠴᠢᠷᠳᠡᠯᠲᠠᠢ ᠰᠤᠷᠤᠭᠴᠢ 215 ᠨᠡᠷᠡᠰ ᠢ ᠬᠠᠪᠰᠣᠷᠤᠨ ᠲᠡᠳᠬᠦᠵᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ︽ᠭᠤᠷᠪᠠᠨ ᠨᠢᠭᠡ ᠪᠦᠯᠦᠭ︾ | ᠤᠨ ᠠᠵᠢᠯᠯᠠᠭ᠎ᠠ ᠶᠢᠨ ᠲᠦᠯᠦᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠪᠦᠬᠦᠨ ᠢ ᠬᠠᠮᠤᠷᠤᠨ ᠪᠠᠳᠣᠯᠠᠬᠤ ᠬᠢᠷᠢ ᠲᠦᠪᠰᠢᠨ ᠢᠶᠠᠨ | ᠲᠠᠰᠤᠷᠠᠯᠲᠠ ᠦᠭᠡᠢ ᠲᠡᠭᠡᠭᠰᠢᠯᠡᠭᠦᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠣᠯᠬᠤ ᠶᠢ ᠲᠤᠭᠳᠠᠭᠤᠨ ᠢᠶᠠᠷ ᠤᠷᠤᠭᠰᠢᠯᠠᠬᠤ ᠶᠢ ᠲᠦᠯᠬᠢᠨ | ᠠᠭᠢᠭᠤᠯᠤᠨ᠎ᠠ᠃ | ᠠᠵᠢᠯ ᠤᠯᠭᠤᠯᠲᠠ ᠪᠠ ᠨᠡᠶᠢᠭᠡᠮ ᠤᠨ ᠪᠠᠳᠣᠯᠠᠭᠠᠨ ᠤ ᠠᠵᠢᠯ ᠢ ᠲᠠᠰᠤᠷᠠᠯᠲᠠ ᠦᠬᠡᠢ ᠴᠢᠩᠭᠠᠳᠬᠠᠨ᠎ᠠ᠃ ᠦᠢᠯᠡᠰ ᠪᠤᠰᠬᠠᠬᠤ ᠨᠡᠪᠴᠢᠬᠦᠯᠦᠯᠲᠡ ᠶᠢᠨ | ᠰᠠᠭᠤᠷᠢᠨ ᠭᠠᠵᠠᠷ ᠬᠢᠬᠡᠳ ᠦᠢᠯᠡᠰ ᠪᠤᠰᠬᠠᠬᠤ ᠲᠤᠭᠤᠷᠢᠭ ᠤᠨ ᠪᠦᠳᠦᠬᠡᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠵᠤ᠂ ᠠᠵᠢᠯ ᠮᠡᠷᠭᠡᠵᠢᠯ ᠤᠨ ᠪᠤᠯᠪᠠᠰᠤᠷᠠᠯ ᠤᠨ | ᠰᠠᠭᠤᠷᠢᠨ ᠭᠠᠵᠠᠷ ᠪᠤᠯᠤᠨ ᠤᠶᠤᠲᠠᠳ ᠤᠨ ᠦᠢᠯᠡᠰ ᠪᠤᠰᠬᠠᠬᠤ ᠲᠤᠭᠤᠷᠢᠭ ᠲᠤᠰᠪᠤᠷᠢ 1 ᠶᠢ ᠰᠢᠨ᠎ᠠ ᠪᠠᠷ ᠪᠠᠶᠢᠭᠤᠯᠵᠤ᠂ ᠦᠢᠯᠡᠰ ᠪᠤᠰᠬᠠᠭᠰᠠᠨ ᠵᠢᠱᠢᠶ᠎ᠡ | ᠦᠵᠡᠭᠦᠯᠬᠦ ᠡᠷᠤᠬᠡ 10 ᠶᠢ ᠰᠤᠩᠭᠤᠨ ᠱᠤᠭᠤᠨ᠎ᠠ᠃ ᠪᠦᠬᠦ ᠵᠢᠯ ᠳᠤ ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠨ ᠬᠦᠮᠦᠨ ᠤ ᠲᠤᠭ᠎ᠠ 1000 | ᠤᠷᠴᠢᠮ ᠨᠡᠮᠡᠭᠳᠡᠬᠦ ᠶᠢ ᠪᠡᠶᠡᠯᠡᠬᠦᠯᠵᠦ᠂ 8000 ᠤᠷᠴᠢᠮ ᠮᠠᠯᠴᠢᠨ ᠲᠠᠷᠢᠶᠠᠴᠢᠳ ᠢ ᠨᠡᠬᠦᠯᠬᠡᠨ ᠰᠢᠯᠵᠢᠬᠦᠯᠦᠨ ᠲᠠᠬᠢᠨ ᠠᠵᠢᠯ ᠤᠯᠭᠤᠵᠤ᠂ ᠬᠤᠲᠠ ᠪᠠᠯᠭᠠᠰᠤᠨ ᠤ | ᠠᠵᠢᠯ ᠠᠯᠳᠠᠭᠰᠠᠳ ᠤᠨ ᠨᠤᠷᠮ᠎ᠠ ᠶᠢ 4 % ᠶᠢᠨ ᠲᠤᠳᠤᠷ᠎ᠠ ᠬᠢᠵᠠᠭᠠᠷᠯᠠᠨ᠎ᠠ᠃ ᠨᠡᠶᠢᠭᠡᠮ ᠤᠨ ᠲᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠬᠡᠬᠦ ᠶᠢ ᠪᠦᠬᠦ | ᠬᠦᠴᠦᠨ ᠢᠶᠠᠷ ᠰᠠᠶᠢᠳᠤᠷ ᠬᠢᠵᠤ᠂ ᠨᠡᠶᠢᠭᠡᠮ ᠤᠨ ᠲᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠬᠡᠨ ᠬᠤᠷᠢᠶᠠᠵᠤ ᠲᠤᠰᠢᠶᠠᠬᠤ᠂ ᠤᠯᠭᠤᠮᠵᠢ ᠶᠢ ᠳᠠᠷᠬᠠᠭᠠᠬᠤ | ᠠᠵᠢᠯ ᠢ ᠨᠠᠷᠢᠨ ᠰᠠᠶᠢᠨ ᠬᠢᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠴᠢᠳᠠᠪᠤᠷᠢ ᠶᠢᠨ ᠪᠦᠳᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ | ᠨᠠᠰᠤᠨ ᠳᠤ ᠦᠯᠦ ᠬᠦᠷᠦᠭᠰᠡᠳ ᠤᠨ ᠠᠪᠤᠷᠠᠨ ᠲᠤᠰᠠᠯᠠᠬᠤ ᠬᠠᠮᠠᠭᠠᠯᠠᠯᠲᠠ ᠶᠢᠨ ᠲᠦᠪ ᠪᠤᠯᠤᠨ ᠲᠡᠨᠦᠬᠦᠯᠴᠢ ᠭᠤᠶᠢᠷᠠᠨᠴᠢ ᠶᠢ ᠠᠪᠤᠷᠠᠨ ᠲᠤᠰᠠᠯᠠᠬᠤ ᠬᠠᠮᠢᠶᠠᠷᠤᠯᠲᠠ | ᠶᠢᠨ ᠦᠷᠳᠡᠭᠡ ᠲᠤᠰᠪᠤᠷᠢ 1 ᠶᠢ ᠰᠢᠨ᠎ᠡ ᠪᠠᠷ ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠤᠷᠤᠰᠢᠭᠤᠯᠭ᠎ᠠ ᠶᠢᠨ ᠭᠠᠵᠠᠷ ᠢ 1 | ᠪᠠᠶᠢᠭᠤᠯᠵᠤ᠂ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ᠂ ᠵᠡᠮᠳᠡᠭᠴᠤᠳ ᠢ ᠬᠠᠪᠰᠤᠷᠬᠤ᠂ ᠦᠨᠦᠴᠢᠨ ᠪᠡᠯᠪᠡᠰᠤᠨ ᠢ ᠬᠠᠷᠭᠠᠯᠵᠠᠬᠤ ᠵᠡᠷᠬᠡ ᠠᠰᠠᠷᠠᠮᠵᠢ ᠶᠢᠨ | ᠦᠢᠯᠡᠰ ᠢ ᠪᠦᠬᠦ ᠲᠠᠯ᠎ᠠ ᠪᠠᠷ ᠬᠦᠭᠵᠢᠬᠦᠯᠬᠦ ᠶᠢ ᠨᠢᠭᠡᠳᠦᠯᠲᠠᠢ ᠲᠦᠯᠦᠪᠯᠡᠵᠤ ᠲᠦᠯᠬᠢᠨ ᠠᠬᠢᠭᠤᠯᠤᠨ᠎ᠠ᠃ | ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠦᠮᠦᠵᠢᠯ ᠢ ᠪᠦᠬᠦ ᠬᠦᠴᠦᠨ ᠢᠶᠠᠷ ᠰᠠᠶᠢᠳᠤᠷ ᠪᠠᠶᠢᠭᠤᠯᠤᠨ᠎ᠠ᠃ ᠰᠣᠷᠭᠠᠨ ᠬᠦᠮᠦᠵᠢᠯ ᠤᠨ ᠰᠠᠭᠤᠷᠢ | ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠣᠯᠠᠮ ᠨᠢᠬᠡ ᠠᠯᠬᠤᠮ ᠴᠢᠩᠭᠠᠳᠬᠠᠨ᠎ᠠ᠃ ᠰᠢᠨ᠎ᠠ ᠪᠠᠷ ᠭᠠᠭᠴᠠᠮᠤᠳᠤ ᠰᠤᠷᠭᠠᠭᠤᠯᠢ᠂ ᠭᠤᠷᠪᠠᠳᠤᠭᠠᠷ ᠬᠡᠤᠬᠡᠳ | ᠤᠨ ᠴᠡᠴᠡᠷᠯᠢᠭ᠂ ᠨᠢᠭᠡᠳᠤᠭᠡᠷ ᠪᠦᠷᠢᠨ ᠪᠠᠭ᠎ᠠ ᠰᠤᠷᠭᠠᠭᠤᠯᠢ ᠶᠢᠨ ᠬᠠᠷᠢᠶᠠᠳᠤ ᠬᠡᠣᠬᠡᠳ ᠶᠢᠨ ᠴᠡᠴᠡᠷᠯᠢᠭ᠂ ᠦᠵᠦᠬᠦᠷ ᠭᠤᠤᠯ ᠰᠤᠷᠭᠠᠭᠤᠯᠢ ᠶᠢᠨ ᠪᠠᠭᠰᠢ ᠶᠢᠨ ᠪᠠᠶᠢᠷᠢ | ᠶᠢ ᠪᠠᠶᠢᠭᠤᠯᠤᠨ᠎ᠠ᠃ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠭᠤᠷᠪᠠᠳᠤᠭᠠᠷ ᠬᠤᠭᠤᠴᠠᠭᠠᠨ ᠤ 3 ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ | ᠡᠬᠢᠯᠡᠬᠦᠯᠵᠤ ᠂ ᠦᠨᠳᠦᠰᠦᠲᠡᠨ ᠤ ᠰᠤᠷᠭᠠᠨ ᠬᠦᠮᠦᠵᠢᠯ ᠢ ᠲᠤᠪᠤᠶᠢᠯᠭᠠᠨ ᠰᠠᠶᠢᠳᠤᠷ ᠠᠳᠬᠤᠵᠤ᠂ ᠦᠷᠭᠦᠯᠵᠢᠯᠡᠯ ᠰᠤᠷᠭᠠᠨ ᠬᠦᠮᠦᠵᠢᠯ ᠢ ᠲᠠᠰᠤᠷᠠᠯᠲᠠ ᠦᠬᠡᠢ | ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠪᠤᠯᠤᠨ ᠨᠠᠰᠤᠲᠠᠶᠢᠴᠤᠳ ᠤᠨ ᠰᠤᠷᠭᠠᠨ ᠬᠦᠮᠦᠵᠢᠯ ᠤᠨ ᠬᠦᠭᠵᠢᠯᠲᠡ ᠶᠢ ᠲᠡᠮᠵᠢᠨ᠎ᠡ᠃ ᠪᠠᠭᠰᠢ | ᠨᠠᠷ ᠢ ᠤᠷᠠᠮᠰᠢᠭᠤᠯᠬᠤ ᠲᠤᠭᠲᠠᠴᠠ ᠶᠢ ᠲᠡᠭᠦᠯᠳᠡᠷᠵᠢᠬᠦᠯᠦᠨ ᠰᠠᠶᠢᠵᠢᠷᠠᠭᠤᠯᠵᠤ᠂ ᠪᠠᠭᠰᠢ ᠶᠢᠨ ᠡᠩᠨᠡᠭᠡᠨ ᠤ ᠪᠦᠳᠦᠴᠡ ᠶᠢ ᠰᠢᠯᠢᠳᠡᠭᠵᠢᠬᠦᠯᠦᠨ᠎ᠡ᠃ ᠬᠤᠲᠠ ᠬᠦᠳᠡᠭᠡ | ᠶᠢᠨ ᠰᠤᠷᠭᠠᠭᠤᠯᠢ ᠶᠢᠨ ᠬᠤᠭᠤᠷᠤᠨᠳᠤᠬᠢ ᠰᠢᠯᠢᠳᠡᠭ ᠪᠠᠭᠰᠢ ᠨᠠᠷ ᠢ ᠬᠠᠷᠢᠯᠴᠠᠨ ᠰᠤᠯᠢᠯᠴᠠᠬᠤ ᠶᠢ ᠢᠳᠡᠪᠬᠢᠲᠠᠢ ᠪᠠᠷ ᠲᠦᠯᠬᠢᠨ ᠠᠬᠢᠭᠤᠯᠵᠤ᠂ ᠪᠠᠭᠰᠢ ᠨᠠᠷ ᠤᠨ ᠬᠡᠪ | ᠴᠢᠨᠡᠷ ᠴᠢᠳᠡᠪᠦᠷᠢ ᠶᠢ ᠲᠠᠰᠣᠷᠠᠯᠳᠠ ᠦᠬᠡᠢ ᠲᠡᠬᠡᠭᠰᠢᠯᠡᠬᠦᠯᠵᠤ᠂ 2000 ᠬᠦᠮᠦᠨ ᠤᠳᠠᠭ᠎ᠠ ᠶᠢᠨ ᠪᠠᠭᠰᠢ ᠶᠢᠨ ᠪᠤᠯᠪᠠᠰᠤᠷᠠᠯ ᠤᠨ ᠡᠭᠦᠷᠭᠡ ᠶᠢ ᠪᠡᠶᠡᠯᠡᠬᠦᠯᠦᠨ᠎ᠡ᠃ | ᠶᠠᠳᠠᠭᠤ ᠬᠦᠴᠢᠷᠳᠡᠯᠲᠠᠢ ᠭᠡᠷ ᠪᠦᠯᠢ ᠶᠢᠨ ᠰᠤᠷᠤᠭᠴᠢᠳ ᠢ ᠪᠦᠬᠦ ᠬᠦᠴᠦᠨ ᠢᠶᠠᠷ ᠲᠤᠰᠠᠯᠠᠨ ᠲᠡᠮᠵᠢᠵᠤ᠂ ᠶᠠᠳᠠᠭᠤ ᠬᠦᠴᠢᠷᠳᠡᠯᠲᠠᠢ ᠠᠴᠠ ᠪᠤᠯᠤᠭᠠᠳ ᠰᠤᠷᠤᠯᠭ᠎ᠠ | ᠵᠤᠭᠰᠤᠬᠤ ᠪᠠᠶᠢᠳᠠᠯ ᠢ ᠭᠠᠷᠭᠠᠬᠤ ᠦᠬᠡᠢ᠃ | ᠡᠮ ᠡᠮᠨᠡᠯᠬᠡ ᠪᠡ ᠡᠷᠡᠭᠦᠯ ᠮᠡᠨᠳᠤ ᠶᠢᠨ ᠦᠢᠯᠡᠰ ᠢ ᠪᠦᠬᠦ ᠲᠠᠯ᠎ᠠ ᠪᠠᠷ ᠬᠦᠭᠵᠢᠬᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠦᠭᠡᠷᠡᠴᠢᠯᠡᠯᠲᠡ ᠶᠢ ᠦᠷᠭᠦᠯᠵᠢᠯᠡᠨ ᠪᠠᠳᠤᠳᠬᠠᠵᠤ᠂ ᠡᠮ ᠡᠮᠨᠡᠯᠬᠡ ᠶᠢᠨ ᠬᠠᠮᠳᠤ ᠶᠢᠨ ᠴᠤᠭᠴᠠ ᠶᠢᠨ ᠪᠦᠳᠦᠬᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠦᠷᠨᠢᠭᠦᠯᠵᠤ᠂ | ᠲᠡᠰ ᠬᠤᠪᠢᠶᠠᠨ ᠤᠨᠤᠰᠢᠯᠠᠨ ᠡᠮᠨᠡᠬᠦ ᠲᠦᠷᠢᠮ ᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠳᠤ | ᠰᠠᠭᠤᠬᠤ ᠠᠰᠠᠷ ᠪᠠ ᠡᠪᠡᠳᠴᠢᠨ ᠡᠮᠭᠡᠭ ᠢ ᠤᠷᠢᠳᠴᠢᠯᠠᠨ ᠬᠢᠵᠠᠭᠠᠷᠯᠠᠬᠤ ᠲᠦᠪ ᠤᠨ ᠲᠤᠬᠠᠶᠢᠯᠠᠭᠰᠠᠨ ᠠᠵᠢᠯ ᠤᠨ ᠭᠡᠷ ᠢ ᠰᠢᠨ᠎ᠠ ᠪᠠᠷ ᠪᠠᠶᠢᠭᠤᠯᠵᠤ᠂ ᠲᠡᠯ ᠠᠭᠤᠯᠠ | ᠂ ᠬᠤᠩᠹᠧᠩ᠂ ᠰᠢᠷᠠᠯᠵᠢ᠂ ᠤᠯᠢᠶᠠᠰᠤᠲᠠᠢ᠂ ᠪᠤᠯᠪᠠᠰᠤᠷᠠᠭᠤᠯᠤᠯᠲᠠ ᠶᠢᠨ ᠲᠤᠭᠤᠷᠢᠭ ᠤᠨ ᠡᠷᠡᠬᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠵᠤ᠂ ᠦᠨᠳᠦᠰᠦᠨ | ᠱᠠᠳᠤᠨ ᠳᠤ ᠴᠦᠮ ᠡᠷᠡᠬᠦᠯ ᠬᠠᠮᠠᠭᠠᠯᠠᠯ ᠤᠨ ᠬᠤᠷᠢᠶ᠎ᠠ ᠪᠠᠶᠢᠭᠤᠯᠬᠤ ᠶᠢ ᠪᠡᠶᠡᠯᠡᠬᠦᠯᠦᠨ᠎ᠡ᠃ ᠡᠭᠡ ᠨᠢᠯᠬᠠᠰ ᠤᠨ ᠡᠷᠡᠬᠦᠯᠵᠢᠯ᠂ ᠲᠦᠯᠦᠪᠯᠡᠯᠬᠡ ᠲᠠᠢ ᠪᠠᠷ ᠬᠡᠤᠬᠡᠳ | ᠠᠪᠬᠤ ᠤᠨ ᠦᠢᠯᠡᠴᠢᠯᠡᠭᠡᠨ ᠤ ᠲᠦᠪ᠂ ᠮᠤᠩᠭᠤᠯ ᠬᠢᠳᠠᠳ ᠡᠮᠨᠡᠯᠭᠡ ᠶᠢᠨ ᠬᠤᠷᠢᠶ᠎ᠡ ᠵᠢᠴᠢ ᠨᠠᠶᠢᠳᠠᠨ ᠠᠰᠠᠷᠠᠬᠤ ᠲᠦᠪ ᠬᠢᠬᠡᠳ ᠴᠢᠯᠠᠭᠤᠳᠤ ᠶᠢᠨ ᠡᠷᠡᠭᠦᠯ ᠬᠠᠮᠠᠭᠠᠯᠠᠯ | ᠤᠨ ᠬᠤᠷᠢᠶ᠎ᠠ ᠶᠢ ᠡᠬᠢᠯᠡᠬᠦᠯᠦᠨ ᠬᠡᠷᠡᠭᠯᠡᠨ᠎ᠡ᠃ ᠤᠯᠤᠰ ᠤᠨ ᠠᠷᠬᠠᠭ ᠡᠪᠡᠳᠴᠢᠨ ᠢ ᠰᠡᠷᠬᠡᠶᠢᠯᠠᠨ ᠬᠢᠵᠠᠭᠠᠷᠯᠠᠬᠤ ᠶᠠᠷᠦᠩᠬᠡᠶᠢᠯᠡᠭᠰᠡᠨ ᠵᠢᠱᠢᠶ᠎ᠠ ᠦᠵᠡᠬᠦᠯᠬᠦ ᠬᠤᠰᠢᠭᠤ | ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠰ ᠢ ᠬᠦᠴᠦᠯᠡᠨ ᠬᠦᠭᠵᠢᠬᠦᠯᠵᠤ᠂ ︽ᠪᠦᠬᠦ ᠤᠯᠤᠰ | ᠤᠨ ᠦᠨᠳᠦᠰᠦᠨ ᠱᠠᠳᠣᠨ ᠤ ᠬᠢᠳᠠᠳ ᠡᠮ ᠡᠮᠨᠡᠯᠬᠡ ᠶᠢᠨ ᠠᠵᠢᠯ ᠤᠨ ᠲᠡᠷᠢᠬᠦᠨ ᠤ ᠬᠤᠰᠢᠭᠤ ᠰᠢᠶᠡᠨ︾ ᠢ ᠢᠳᠡᠪᠬᠢᠲᠠᠢ ᠪᠠᠷ ᠡᠭᠦᠳᠦᠨ ᠪᠠᠶᠢᠭᠤᠯᠤᠨ᠎ᠠ᠃ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠬᠤᠰᠢᠭᠤᠨ ᠤ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠢ ᠪᠠᠳᠤᠯᠠᠨ᠎ᠠ᠃ | ᠰᠤᠶᠤᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠬᠦᠯᠦᠨ ᠬᠦᠭᠵᠢᠬᠦᠯᠦᠨ᠎ᠡ᠃ ᠦᠨᠳᠤᠰᠤᠨ ᠱᠠᠳᠤᠨ ᠤ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ | ᠤ ᠲᠤᠭᠳᠠᠯᠴᠠᠭ᠎ᠠ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ 20 ᠭᠠᠴᠠᠭ᠎ᠠ ᠲᠤᠰᠬᠤᠨ ᠤ ᠶᠡᠷᠤᠩᠬᠡᠶᠢᠯᠡᠭᠰᠡᠨ ᠰᠤᠶᠤᠯ ᠤᠨ ᠬᠦᠳᠡᠯᠭᠡᠭᠡᠨ ᠤ ᠲᠦᠪ ᠤᠨ | ᠢᠵᠢ ᠪᠦᠷᠢᠳᠦᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠵᠢᠴᠢ ᠬᠤᠨ ᠭᠠᠯᠠᠭᠤ ᠰᠤᠶᠤᠯ ᠤᠷᠠᠯᠢᠭ | ᠤᠨ ᠨᠠᠶᠢᠷ᠂ ᠬᠤᠶᠠᠷ ᠬᠦᠮᠦᠨ ᠤ ᠡᠯᠬᠦᠴᠡᠭᠡ ᠶᠢᠨ ᠤᠷᠠᠨ ᠰᠠᠶᠢᠬᠠᠨ ᠤ ᠲᠤᠭᠯᠠᠯᠲᠠ ᠶᠢᠨ ᠴᠤᠭᠯᠠᠭᠠᠨ᠂ ᠮᠠᠯᠴᠢᠨ ᠲᠠᠷᠢᠶᠠᠴᠢᠳ ᠤᠨ ᠢᠳᠡᠷ ᠨᠠᠰᠤᠲᠠᠶᠢᠴᠤᠳ ᠤᠨ | ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠤᠯᠠᠨ ᠲᠦᠮᠡᠨᠴᠢ ᠴᠢᠨᠠᠷᠲᠠᠢ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠦᠷᠭᠦᠯᠵᠢᠯᠡᠨ ᠡᠷᠬᠢᠯᠡᠨ ᠶᠠᠪᠤᠭᠳᠠᠭᠤᠯᠵᠤ | ᠂ ᠰᠤᠶᠤᠯ ᠢ ᠬᠦᠳᠡᠭᠡ ᠳᠤ ᠪᠠᠭᠤᠯᠭᠠᠬᠤ ᠬᠦᠳᠡᠯᠭᠡᠭᠡᠨ ᠢ ᠢᠳᠡᠪᠬᠢᠲᠠᠢ ᠦᠷᠨᠢᠭᠦᠯᠦᠨ᠎ᠡ᠃ ᠤᠷᠠᠳ ᠰᠤᠶᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠷᠤᠨ | ᠪᠤᠯᠤᠨ ᠬᠤᠨ ᠭᠠᠯᠠᠭᠤ ᠰᠤᠶᠤᠯ ᠤᠨ ᠨᠡᠷᠡᠳᠤ ᠲᠡᠮᠳᠡᠭ ᠤᠨ ᠪᠠᠶᠢᠭᠤᠯᠤᠯᠲᠠ ᠶᠢ ᠲᠦᠷᠭᠡᠳᠬᠡᠵᠤ᠂ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠲᠠ ᠶᠢ | ᠴᠢᠩᠭᠠᠳᠬᠠᠵᠤ᠂ ᠰᠢᠨᠡᠬᠦ᠋ᠷᠢᠶᠠ ᠶᠢᠨ ᠡᠷᠲᠡᠨ ᠤ ᠬᠤᠲᠠ ᠶᠢ ᠬᠠᠮᠠᠭᠠᠯᠠᠵᠤ ᠵᠠᠰᠠᠨ ᠪᠠᠬᠢᠵᠢᠬᠦᠯᠬᠦ ᠪᠤᠯᠤᠨ ᠠᠮᠤᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠦᠨ᠎ᠡ᠃ | ᠪᠠᠶᠠᠨ᠂ ᠤᠯᠠᠭᠠᠨ᠂ ᠴᠤᠩᠵᠢ ᠶᠢᠨ ᠲᠧᠯᠸᠢᠰ ᠤᠨ ᠲᠤᠬᠢᠶ᠎ᠡ ᠰᠠᠴᠤᠷᠠᠭᠤᠯᠬᠤ ᠦᠷᠳᠡᠭᠡ ᠶᠢ ᠦᠷᠭᠡᠳᠭᠡᠨ ᠪᠠᠶᠢᠭᠤᠯᠵᠤ᠂ ᠭᠠᠵᠠᠷ ᠲᠡᠭᠡᠷᠡᠬᠢ ᠲᠤᠭᠠᠴᠢᠯᠠᠭᠰᠠᠨ | ᠲᠧᠯᠸᠢᠰ ᠪᠤᠯᠤᠨ ᠲᠤᠰ ᠭᠠᠵᠠᠷ ᠤᠷᠤᠨ ᠤ ᠲᠧᠯᠸᠢᠰ ᠬᠤᠷᠢᠶᠠᠨ ᠤ ᠫᠷᠦᠭᠷᠡᠮ ᠢ ᠪᠦᠬᠦᠨ ᠬᠤᠷᠢᠶᠠᠨ ᠠᠪᠴᠤ ᠰᠣᠨᠢᠷᠬᠠᠵᠤ ᠲᠡᠶᠢᠯᠬᠦ ᠶᠢ ᠪᠡᠶᠡᠯᠡᠭᠦᠯᠦᠨ᠎ᠡ᠃ ᠪᠡᠶ᠎ᠡ | ᠶᠢᠨ ᠲᠠᠮᠢᠷ ᠤᠨ ᠦᠢᠯᠡᠰ ᠢ ᠶᠡᠬᠡᠪᠡᠷ ᠬᠦᠭᠵᠢᠬᠦᠯᠵᠤ᠂ ᠬᠦᠯ ᠪᠦᠮᠪᠦᠭᠡ ᠶᠢᠨ ᠲᠠᠯᠠᠪᠤᠷ 4 ᠶᠢ ᠪᠠ ᠲᠤᠭᠤᠢ ᠲᠡᠷᠭᠡᠨ ᠤ ᠪᠠᠷᠳᠠᠭᠠᠳᠤ ᠵᠠᠮ ᠤᠨ ᠤᠷᠤᠯᠳᠤᠭᠠᠨ ᠤ | ᠱᠤᠭᠤᠮ 1 ᠶᠢ ᠰᠢᠨ᠎ᠡ ᠪᠠᠷ ᠪᠠᠶᠢᠭᠤᠯᠤᠨ᠂ ᠪᠡᠶ᠎ᠡ ᠶᠢᠨ ᠲᠠᠮᠢᠷ ᠤᠨ ᠤᠷᠳᠤᠨ 6 ᠶᠢ ᠪᠠᠶᠢᠭᠤᠯᠵᠤ᠂ ᠰᠤᠮᠤ ᠪᠠᠯᠭᠠᠰᠤ ᠪᠦᠬᠦᠳᠡ ᠳᠤ ᠪᠡᠶ᠎ᠡ ᠶᠢᠨ ᠲᠠᠮᠢᠷ ᠤᠨ | ᠲᠠᠯᠠᠪᠠᠢ ᠪᠤᠯᠤᠨ ᠤᠷᠳᠤᠨ ᠪᠠᠶᠢᠭᠤᠯᠬᠤ ᠶᠢ ᠪᠡᠶᠡᠯᠡᠬᠦᠯᠦᠨ᠎ᠡ᠃ | ︵ᠲᠤᠯᠤᠭ᠎ᠠ︶ ᠨᠡᠶᠢᠭᠡᠮ ᠤᠨ ᠶᠡᠷᠤᠩᠭᠡᠶᠢᠯᠡᠭᠰᠡᠨ ᠵᠠᠰᠠᠯᠲᠠ ᠶᠢ ᠬᠦᠴᠦᠯᠡᠨ ᠴᠢᠩᠭᠠᠳᠬᠠᠨ᠂ ᠬᠠᠮᠳᠤᠪᠠᠷ ᠪᠠᠶᠢᠭᠤᠯᠵᠤ᠂ ᠬᠠᠮᠳᠤᠪᠠᠷ ᠵᠠᠰᠠᠵᠤ᠂ ᠬᠠᠮᠳᠤᠪᠠᠷ | ᠡᠳ᠋ᠯᠡᠬᠦ ᠨᠡᠶᠢᠭᠡᠮ ᠤᠨ ᠶᠡᠷᠤᠩᠭᠡᠶᠢᠯᠡᠭᠰᠡᠨ ᠵᠠᠰᠠᠯᠲᠠ ᠶᠢᠨ ᠪᠠᠶᠢᠳᠠᠯ ᠢ ᠪᠤᠢ ᠪᠤᠯᠭᠠᠨ᠎ᠠ᠃ | ᠠᠶᠤᠯᠬᠦᠢ ᠦᠢᠯᠡᠳᠪᠤᠷᠢᠯᠡᠯ ᠤᠨ ᠬᠠᠷᠢᠭᠤᠴᠠᠯᠭᠠᠳᠤ ᠲᠦᠷᠢᠮ ᠢ ᠲᠠᠰᠤᠷᠠᠯᠲᠠ ᠦᠭᠡᠢ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠳᠡᠭᠡᠭᠰᠢᠯᠡᠬᠦᠯᠵᠤ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠦᠷᠬᠦᠯᠵᠢᠯᠡᠨ | ᠲᠤᠭᠳᠠᠭᠤᠨ ᠪᠠᠶᠢᠬᠤ ᠶᠢ ᠪᠠᠳᠤᠯᠠᠨ᠎ᠠ᠃ ᠨᠡᠶᠢᠬᠡᠮ ᠤᠨ ᠠᠰᠢᠭ ᠲᠤᠰᠠ ᠶᠢᠨ ᠵᠤᠬᠢᠴᠠᠭᠤᠯᠬᠤ ᠪᠠ ᠬᠠᠮᠠᠭᠠᠯᠠᠬᠤ ᠲᠤᠭᠳᠠᠴᠠ ᠶᠢ ᠲᠡᠭᠦᠯᠳᠡᠷᠵᠢᠬᠦᠯᠵᠦ᠂ ᠵᠦᠷᠢᠴᠡᠯ | ᠮᠠᠷᠭᠤᠯᠳᠤᠭᠠᠨ ᠢ ᠪᠦᠳᠦᠮᠵᠢᠲᠠᠢ ᠪᠠᠷ ᠤᠷᠢᠳᠴᠢᠯᠠᠨ ᠰᠡᠷᠭᠡᠶᠢᠯᠡᠬᠦ ᠪᠡ ᠡᠪᠰᠡᠬᠦᠯᠦᠨ ᠰᠢᠢᠳᠪᠦᠷᠢᠯᠡᠨ᠎ᠡ᠃ ᠵᠠᠰᠠᠭ ᠤᠨ ᠤᠷᠳᠤᠨ᠂ ᠠᠵᠢᠯᠲᠠᠨ ᠤ ᠶᠡᠷᠤᠩᠭᠡᠢ ᠡᠪᠯᠡᠯ᠂ | ᠠᠵᠤ ᠠᠬᠤᠶᠢᠯᠠᠯ ᠬᠠᠮᠲᠤᠪᠡᠷ ᠤᠷᠤᠯᠴᠠᠭᠰᠠᠨ ᠵᠦᠪᠯᠠᠨ ᠵᠤᠬᠢᠴᠠᠭᠤᠯᠬᠤ ᠲᠤᠭᠲᠠᠯᠴᠠᠭ᠎ᠠ ᠶᠢ ᠲᠡᠬᠦᠯᠳᠡᠷᠵᠢᠬᠦᠯᠵᠤ ᠡᠶ᠎ᠡ ᠵᠤᠬᠢᠴᠠᠯ ᠲᠠᠢ ᠬᠦᠳᠡᠯᠮᠤᠷᠢ ᠶᠢᠨ ᠬᠠᠷᠢᠴᠠᠭ᠎ᠠ | ᠶᠢ ᠪᠠᠶᠢᠭᠤᠯᠤᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠪᠤᠯᠤᠨ ᠬᠠᠣᠯᠢ ᠴᠠᠭᠠᠵᠨ ᠶᠢᠨ ᠪᠠᠶᠢᠭᠤᠯᠤᠯ ᠤᠨ ᠦᠬᠡᠷᠠᠴᠢᠯᠠᠯᠳᠠ ᠶᠢᠨ ᠠᠵᠢᠯ ᠢ ᠨᠠᠷᠢᠨ ᠬᠢᠨᠠᠮᠠᠭᠠᠢ | ᠰᠠᠶᠢᠳᠤᠷ ᠬᠢᠵᠤ᠂ ᠠᠷᠠᠳ ᠲᠦᠮᠡᠨ ᠤ ᠬᠠᠤᠯᠢᠵᠢᠯ ᠤᠨ ᠬᠡᠪ ᠪᠤᠯᠪᠠᠰᠤᠷᠠᠯ ᠢ ᠴᠢᠷᠮᠠᠶᠢᠨ ᠲᠡᠭᠡᠭᠰᠢᠯᠡᠬᠦᠯᠵᠦ᠂ ᠰᠢᠭᠤᠳ ᠰᠡᠷᠭᠡᠶᠢᠯᠡᠨ ᠡᠵᠡᠮᠳᠡᠭᠦ ᠲᠤᠭᠲᠠᠯᠴᠠᠭ᠎ᠠ ᠶᠢ | ᠪᠠᠶᠢᠭᠤᠯᠤᠨ ᠲᠡᠭᠦᠯᠳᠡᠷᠵᠢᠬᠦᠯᠵᠤ᠂ ᠬᠠᠤᠯᠢ ᠶᠢ ᠵᠦᠷᠢᠴᠡᠭᠰᠡᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠬᠦᠨ᠎ᠠ ᠃ ᠬᠠᠷᠠᠭᠠᠨ ᠲᠠᠪᠲᠠᠮᠵᠢ ᠶᠢᠨ ᠲᠤᠤᠷ | ᠰᠦᠯᠵᠢᠶᠡᠨ ᠤ ᠪᠦᠳᠦᠬᠡᠨ ᠪᠠᠶᠢᠭᠤᠯᠤᠯᠲᠡ ᠶᠢ ᠦᠷᠬᠦᠯᠵᠢᠯᠡᠨ ᠲᠡᠭᠦᠯᠳᠡᠷᠵᠢᠬᠦᠯᠵᠤ᠂ ᠲᠤᠳᠤ ᠬᠡᠷᠡᠯᠲᠦ ᠢᠨᠵᠧᠨᠧᠷᠢᠩ ᠢ ᠬᠡᠷᠡᠭᠵᠢᠬᠦᠯᠵᠦ᠂ ᠬᠤᠲᠠ ᠶᠢᠨ | ᠬᠤᠯᠪᠤᠭᠠᠯᠠᠭᠰᠠᠨ ᠤᠳᠤᠷᠢᠳᠬᠤ ᠲᠦᠪ ᠢ ᠪᠠᠶᠢᠭᠤᠯᠵᠤ᠂ ᠬᠠᠷᠠᠭᠠᠨ ᠲᠠᠪᠲᠠᠮᠵᠢ ᠶᠢᠨ ᠲᠤᠤᠷ ᠰᠦᠯᠵᠢᠶ᠎ᠡ ᠶᠢ ᠪᠦᠬᠦᠨ ᠢ ᠪᠦᠷᠬᠦᠬᠦᠯᠦᠨ᠎ᠡ᠃ ᠦᠨᠳᠦᠰᠦᠨ | ᠱᠠᠳᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠦᠷᠬᠦᠯᠵᠢᠯᠡᠨ ᠴᠢᠩᠭᠠᠳᠬᠠᠵᠤ᠂ ᠠᠷᠪᠠᠳᠤᠭᠠᠷ ᠬᠤᠭᠤᠴᠠᠭᠠᠨ ᠤ ᠭᠠᠴᠠᠭ᠎ᠠ ᠲᠤᠰᠬᠤᠨ ᠤ ᠬᠤᠭᠤᠴᠠᠭ᠎ᠠ | ᠰᠤᠯᠢᠬᠤ ᠰᠤᠩᠭᠤᠭᠤᠯᠢ ᠶᠢᠨ ᠠᠵᠢᠯ ᠢ ᠪᠡᠶᠡᠯᠡᠬᠦᠯᠦᠨ᠎ᠡ᠃ | ︵ᠨᠠᠢᠮᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠦ᠂ ᠠᠷᠠᠳ ᠲᠦᠮᠡᠨ ᠤ ᠰᠡᠳᠭᠢᠯ ᠳᠤ | ᠲᠠᠭᠠᠰᠢᠶᠠᠭᠳᠠᠭᠰᠠᠨ ᠵᠠᠰᠠᠭ ᠤᠨ ᠤᠷᠳᠤᠨ ᠢ ᠴᠤᠭᠴᠠᠯᠠᠨ ᠪᠠᠶᠢᠭᠤᠯᠤᠨ᠎ᠠ᠃ | ᠲᠦᠯᠦᠭᠡᠯᠡᠭᠴᠢᠳ ᠡ᠂ ᠰᠢᠨ᠎ᠡ ᠨᠢᠭᠡᠨ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ︽ᠠᠷᠠᠳ ᠤᠨ ᠲᠦᠯᠦᠭᠡ ᠂ ᠪᠤᠳᠠᠳᠤ ᠠᠵᠢᠯᠯᠠᠭ᠎ᠠ ᠶᠢ | ᠡᠷᠬᠢᠮᠯᠡᠬᠦ᠂ ᠠᠷᠢᠭᠤᠨ ᠴᠢᠬᠡᠴᠢ᠂ ᠦᠨᠳᠤᠷ ᠪᠦᠳᠦᠮᠵᠢᠳᠠᠢ︾ ᠪᠠᠶᠢᠬᠤ ᠤᠶᠢᠯᠭᠠᠭᠳᠠᠬᠤᠨ ᠢ ᠨᠠᠷᠢᠨ ᠬᠢᠨᠠᠮᠠᠭᠠᠢ ᠬᠢᠴᠢᠶᠡᠩᠬᠦᠶᠢᠯᠡᠨ ᠰᠠᠬᠢᠵᠤ᠂ ᠵᠠᠰᠠᠭ ᠤᠨ ᠤᠷᠳᠤᠨ ᠤ | ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠬᠦᠴᠦᠨ ᠴᠢᠳᠠᠯ ᠢᠶᠠᠷ ᠢᠶᠠᠨ ᠨᠠᠮ ᠪᠠ ᠤᠯᠠᠨ ᠲᠦᠮᠡᠨ ᠤ ᠤᠯᠭᠤᠭᠰᠠᠨ | ᠲᠠᠷᠬᠠᠨ ᠡᠭᠦᠷᠬᠡ ᠬᠠᠷᠢᠭᠤᠴᠠᠯᠭ᠎ᠠ ᠶᠢ ᠤᠯᠠᠮ ᠰᠠᠶᠢᠨ ᠭᠦᠢᠴᠡᠳᠭᠡᠨ᠎ᠡ᠃ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ | ᠤᠷᠳᠤᠨ ᠢ ᠪᠦᠳᠦᠭᠡᠨ ᠪᠠᠶᠢᠭᠤᠯᠤᠨ᠎ᠡ᠃ ᠵᠠᠰᠠᠭ ᠤᠨ ᠤᠷᠳᠤᠨ ᠤ ᠡᠯ᠎ᠡ ᠱᠠᠳᠤᠨ ᠤ ᠤᠳᠤᠷᠢᠳᠬᠤ ᠺᠠᠳ᠋ᠷ᠂ ᠤᠯᠤᠰ ᠤᠨ ᠠᠯᠪᠠᠨ ᠠᠵᠢᠯᠲᠠᠨ ᠤ ᠬᠠᠤᠯᠢ ᠶᠤᠰᠤᠭᠠᠷ | ᠵᠠᠰᠠᠭ ᠶᠠᠪᠤᠭᠤᠯᠬᠤ ᠤᠬᠠᠮᠰᠠᠷ ᠢ ᠤᠯᠠᠮ ᠨᠢᠬᠡ ᠠᠯᠬᠤᠮ ᠴᠢᠩᠭᠠᠳᠬᠠᠵᠤ᠂ ᠵᠠᠰᠠᠭ ᠤᠨ ᠤᠷᠳᠤᠨ ᠤ ᠠᠵᠢᠯ ᠤᠨ ᠲᠦᠷᠢᠮᠵᠢᠭᠰᠡᠨ ᠬᠢᠷᠢ ᠲᠦᠪᠰᠢᠨ ᠢ ᠲᠠᠰᠤᠷᠠᠯᠲᠠ | ᠦᠬᠡᠢ ᠲᠡᠭᠡᠭᠰᠢᠯᠡᠬᠦᠯᠦᠨ᠎ᠡ᠃ ᠬᠤᠰᠢᠭᠤᠨ ᠤ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠤᠭᠲᠠᠭᠠᠯ ᠢ ᠴᠢᠩᠭ᠎ᠠ | ᠬᠡᠷᠡᠭᠵᠢᠬᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠲᠠ ᠲᠠᠯᠪᠢᠬᠤ ᠪᠡ ᠤᠯᠤᠰ ᠲᠦᠷᠦ ᠶᠢᠨ ᠵᠦᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠠᠨ ᠠᠪᠴᠤ᠂ ᠤᠯᠠᠨ ᠲᠦᠮᠡᠨ ᠪᠤᠯᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠡᠯᠪᠢᠬᠤ ᠶᠢ | ᠰᠠᠨᠠᠭᠠᠴᠢᠯᠭ᠎ᠠ ᠠᠴᠠ ᠬᠦᠯᠢᠶᠡᠨ ᠠᠪᠤᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠰᠠᠨᠠᠭᠤᠯᠭ᠎ᠠ ᠪᠠ | ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠤᠨ ᠰᠠᠨᠠᠯ ᠲᠤᠷᠠᠳᠤᠯᠭ᠎ᠠ ᠶᠢ ᠰᠠᠶᠢᠳᠤᠷ ᠰᠢᠢᠳᠪᠦᠷᠢᠯᠡᠨ᠎ᠡ᠃ ᠬᠠᠤᠯᠢ ᠶᠢ ᠴᠢᠩᠭ᠎ᠠ ᠬᠡᠷᠡᠭᠵᠢᠬᠦᠯᠬᠦ᠂ ᠲᠦᠪ ᠭᠤᠤᠯᠴᠢ | ᠪᠠᠷ ᠬᠠᠤᠯᠢ ᠴᠠᠭᠠᠵᠠ ᠶᠢ ᠬᠡᠷᠡᠭᠵᠢᠬᠦᠯᠬᠦ᠂ ᠪᠦᠬᠦ ᠠᠷᠠᠳ ᠢᠶᠠᠷ ᠬᠠᠤᠯᠢ ᠶᠢ ᠰᠠᠬᠢᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠲᠦᠷᠢᠮ | ᠲᠤᠭᠲᠠᠭᠠᠯ ᠢᠶᠠᠷ ᠬᠡᠷᠡᠭ ᠶᠠᠪᠤᠳᠠᠯ ᠢ ᠡᠷᠬᠢᠯᠡᠨ ᠬᠢᠵᠤ᠂ ᠲᠦᠷᠦ ᠶᠢᠨ ᠪᠤᠳᠤᠯᠭ᠎ᠠ ᠶᠢᠨ ᠲᠡᠰ ᠳᠠᠷᠠᠭᠠᠯᠠᠯ ᠢᠶᠠᠷ ᠠᠵᠢᠯᠯᠠᠵᠤ᠂ ᠡᠯ᠎ᠡ ᠲᠦᠷᠦᠯ ᠤᠨ ᠰᠢᠢᠳᠪᠦᠷᠢᠲᠤ | ᠪᠤᠳᠤᠯᠭ᠎ᠠ ᠨᠢ ᠠᠷᠠᠳ ᠲᠦᠮᠡᠨ ᠤ ᠰᠠᠨᠠᠭᠠᠨ ᠳᠤ ᠨᠡᠶᠢᠴᠡᠵᠤ᠂ ᠦᠢᠯᠡᠳᠦᠯᠭᠡ ᠪᠡ ᠲᠡᠤᠬᠡ ᠶᠢᠨ ᠰᠢᠯᠭᠠᠯᠲᠠ ᠶᠢ ᠲᠤᠭᠤᠯᠵᠤ ᠴᠢᠳᠠᠬᠤ ᠶᠢ ᠪᠠᠳᠤᠯᠠᠨ᠎ᠠ ᠃ ᠵᠢᠩᠬᠢᠨᠢ | ᠪᠠᠷ ᠠᠳᠬᠤᠵᠤ ᠰᠢᠷᠭᠠᠭᠤ ᠠᠵᠢᠯᠯᠠᠬᠤ ᠶᠢ ᠪᠠᠷᠢᠮᠲᠠᠯᠠᠵᠤ᠂ ᠦᠨᠳᠦᠷ ᠪᠦᠳᠦᠮᠵᠢᠲᠦ ᠵᠠᠰᠠᠭ ᠤᠨ ᠤᠷᠳᠤᠨ ᠢ ᠪᠦᠳᠦᠬᠡᠨ ᠪᠠᠶᠢᠭᠤᠯᠤᠨ᠎ᠠ᠃ ᠤᠳᠤᠷᠢᠳᠬᠤ ᠺᠠᠳ᠋ᠷᠴᠤᠳ | ᠤᠨ ᠰᠤᠷᠤᠯᠴᠠᠯᠭ᠎ᠠ ᠶᠢᠨ ᠴᠢᠳᠠᠪᠤᠷᠢ᠂ ᠤᠯᠤᠰ ᠲᠦᠷᠦ ᠶᠢᠨ ᠤᠳᠤᠷᠢᠳᠤᠯᠭ᠎ᠠ ᠶᠢᠨ ᠴᠢᠳᠠᠪᠤᠷᠢ᠂ ᠦᠭᠡᠷᠡᠴᠢᠯᠡᠯᠲᠡ ᠬᠢᠵᠤ ᠰᠢᠨ᠎ᠡ ᠶᠢ ᠡᠭᠦᠳᠬᠦ ᠴᠢᠳᠠᠪᠦᠷᠢ᠂ | ᠰᠢᠨᠵᠢᠯᠡᠬᠦ ᠤᠬᠠᠭᠠᠨᠴᠢ ᠬᠦᠭᠵᠢᠯᠲᠡ ᠶᠢᠨ ᠴᠢᠳᠠᠪᠤᠷᠢ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠦᠷᠢ᠂ ᠤᠯᠠᠨ ᠲᠦᠮᠡᠨᠴᠢ ᠠᠵᠢᠯᠯᠠᠬᠤ ᠴᠢᠳᠠᠪᠦᠷᠢ᠂ ᠴᠢᠩᠭ᠎ᠠ | ᠠᠳᠬᠤᠵᠤ ᠨᠠᠶᠢᠳᠠᠪᠤᠷᠢᠵᠢᠭᠤᠯᠬᠤ ᠴᠢᠳᠠᠪᠤᠷᠢ᠂ ᠠᠶᠤᠯ ᠲᠦᠭᠰᠢᠬᠦᠷᠢ ᠶᠢ ᠡᠷᠬᠡᠰᠢᠶᠡᠬᠦ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠬᠦᠯᠵᠦ᠂ ᠠᠵᠢᠯ ᠤᠨ | ᠰᠠᠨᠠᠭᠠᠴᠢᠯᠭᠠᠳᠤ ᠡᠷᠬᠡ ᠶᠢ ᠪᠠᠳᠤᠲᠠᠢ ᠠᠳᠬᠤᠨ᠎ᠠ᠃ ᠨᠢᠭᠡᠳᠦᠬᠦᠯᠬᠦ ᠰᠡᠳᠬᠢᠴᠡ ᠶᠢ ᠪᠠᠳᠤ ᠪᠠᠬᠢ ᠪᠤᠢ ᠪᠤᠯᠭᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠢ ᠬᠠᠮᠳᠤᠪᠠᠷ | ᠪᠠᠶᠢᠭᠤᠯᠵᠤ ᠬᠠᠮᠳᠤᠪᠠᠷ ᠬᠡᠷᠡᠭᠯᠡᠨ ᠬᠠᠮᠳᠤᠪᠡᠷ ᠡᠳ᠋ᠯᠡᠬᠦ ᠶᠢ ᠪᠡᠶᠡᠯᠡᠬᠦᠯᠦᠨ᠎ᠡ᠃ ᠵᠠᠬᠢᠳᠠᠯ ᠰᠣᠷᠪᠤᠯᠵᠢᠯᠠᠭ᠎ᠠ ᠶᠢᠨ ᠲᠤᠭᠳᠠᠭᠤᠨ ᠢ ᠪᠠᠳᠣᠯᠠᠬᠤ᠂ ᠤᠷᠴᠢᠨ ᠲᠤᠭᠤᠷᠢᠨ ᠢ | ᠬᠠᠮᠠᠭᠠᠯᠠᠬᠤ᠂ ᠠᠶᠤᠯᠬᠦᠢ ᠦᠢᠯᠡᠳᠪᠦᠷᠢᠯᠠᠯ ᠤᠨ ︽ᠨᠢᠬᠡ ᠠᠵᠢᠯ ᠤᠨ ᠪᠠᠶᠢᠷᠢ ᠬᠤᠤᠯ ᠬᠠᠷᠢᠭᠤᠴᠠᠯᠭ᠎ᠠ︾ ᠶᠢᠨ ᠬᠠᠷᠢᠭᠤᠴᠠᠯᠭᠠᠳᠣ ᠲᠦᠷᠢᠮ ᠢ ᠪᠦᠬᠦ ᠲᠡᠯ᠎ᠠ ᠪᠠᠷ | ᠨᠠᠶᠢᠳᠠᠪᠦᠷᠢᠵᠢᠭᠤᠯᠵᠤ᠂ ︽ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ | ᠦᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠭᠠᠪᠰᠢᠭᠠᠢ ᠲᠦᠷᠭᠡᠨ᠂ ᠰᠢᠭᠤᠷᠬᠠᠢ ᠠᠵᠢᠯᠯᠠᠬᠤ ᠰᠤᠷᠲᠠᠯ ᠢ ᠵᠡᠷᠭᠡᠪᠡᠷ ᠰᠤᠷᠲᠠᠯᠴᠢᠯᠠᠵᠤ᠂ ᠵᠠᠰᠠᠭ ᠤᠨ | ᠤᠷᠳᠣᠨ ᠤ ᠵᠠᠰᠠᠭ ᠵᠠᠬᠢᠷᠭᠠᠨ ᠤ ᠦᠶ᠎ᠠ ᠪᠦᠳᠦᠮᠵᠢ ᠪᠠᠨ ᠲᠡᠰᠣᠷᠠᠯᠳᠠ ᠦᠬᠡᠢ ᠲᠡᠬᠡᠭᠰᠢᠯᠡᠬᠦᠯᠦᠨ᠎ᠠ᠃ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ | ᠠᠷᠢᠭᠤᠨ ᠴᠢᠭᠡᠴᠢ ᠵᠠᠰᠠᠭ ᠤᠨ ᠤᠷᠳᠤᠨ ᠢ ᠪᠦᠳᠦᠭᠡᠨ ᠪᠠᠶᠢᠭᠤᠯᠤᠨ᠎ᠠ᠃ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠦᠨᠡᠨᠬᠦ | ᠴᠢᠩᠭᠠᠳᠬᠠᠵᠤ᠂ ︽ᠬᠤᠶᠠᠷ ᠢ ᠰᠤᠷᠤᠯᠴᠠᠵᠤ᠂ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠬᠤ᠂ | ᠲᠦᠷᠢᠮᠵᠢᠭᠦᠯᠬᠦ ᠶᠢ ᠢᠳᠡᠪᠬᠢᠲᠠᠢ ᠲᠦᠯᠬᠢᠨ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ︽ᠤᠭ ᠰᠠᠨᠠᠭ᠎ᠠ | ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠲᠤᠪᠲᠤ ᠬᠦᠮᠦᠵᠢᠯ ᠢ ᠨᠠᠷᠢᠨ ᠬᠢᠨᠠᠮᠠᠭᠠᠢ ᠦᠷᠨᠢᠬᠦᠯᠦᠨ᠎ᠡ᠃ ᠨᠠᠮ ᠤᠨ ᠲᠦᠪ | ᠬᠤᠷᠢᠶᠠᠨ ᠤ ᠨᠠᠢᠮᠠᠨ ᠲᠤᠭᠲᠠᠭᠠᠯ ᠤᠨ ᠵᠤᠷᠢᠭ ᠰᠠᠨᠠᠭᠠᠨ ᠤ ᠦᠷ᠎ᠡ ᠪᠦᠳᠦᠮᠵᠢ ᠶᠢ ᠪᠠᠳᠤᠵᠢᠭᠤᠯᠤᠨ ᠨᠠᠶᠢᠳᠠᠪᠤᠷᠢᠵᠢᠭᠤᠯᠵᠤ᠂ ᠠᠯᠪᠠᠨ ᠪᠠᠶᠢᠭᠤᠯᠭ᠎ᠠ ᠶᠢᠨ ᠰᠤᠷᠳᠠᠯ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠵᠢᠯ ᠳᠤ ᠪᠠᠨ ᠰᠢᠮᠲᠠᠬᠤ ᠦᠬᠡᠢ ᠠᠯᠵᠠᠭᠤᠷᠠᠨ ᠬᠤᠶᠢᠷᠭᠤᠰᠢᠬᠤ ᠠᠵᠢᠯᠯᠠᠭ᠎ᠠ ᠶᠢ ᠲᠦᠪᠯᠡᠷᠡᠬᠦᠯᠦᠨ ᠴᠡᠭᠴᠡᠯᠡᠨ | ᠵᠠᠰᠠᠨ᠎ᠠ᠃ ᠴᠢᠩᠭ᠎ᠠ ᠪᠠᠷ ᠱᠠᠭᠠᠷᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠳᠤᠷ ᠠᠳᠬᠤᠨ᠎ᠠ᠃ ︽ᠭᠤᠷᠪᠠᠨ | ᠴᠢᠬᠤᠯᠠ ᠨᠢᠭᠡ ᠲᠤᠮᠤ︾ ᠬᠡᠷᠡᠭ ᠶᠠᠪᠤᠳᠠᠯ ᠢ ᠰᠢᠢᠳᠪᠦᠷᠢᠯᠡᠬᠦ ᠲᠦᠷᠢᠮ ᠪᠤᠯᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ | ᠪᠠᠶᠢᠷᠢ ᠬᠤᠤᠰ ᠬᠠᠷᠢᠭᠤᠴᠠᠯᠭ᠎ᠠ︾ ᠶᠢᠨ ᠬᠠᠷᠢᠭᠤᠴᠠᠯᠭᠠᠳᠣ ᠲᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠵᠦ᠂ ᠠᠷᠢᠭᠤᠨ ᠴᠢᠭᠡᠴᠢ ᠤᠯᠤᠰ ᠲᠦᠷᠦ ᠶᠢᠨ ᠠᠮᠢ ᠠᠬᠤᠢ | ᠶᠢ ᠢᠳᠡᠪᠬᠢᠲᠠᠢ ᠪᠤᠢ ᠪᠤᠯᠭᠠᠵᠤ᠂ ᠺᠠᠳ᠋ᠷ ᠠᠵᠢᠯᠲᠠᠨ ᠨᠠᠷ ᠲᠦᠪ ᠭᠤᠤᠯᠴᠢ᠂ ᠵᠠᠰᠠᠭ ᠤᠨ ᠤᠷᠳᠤᠨ ᠠᠷᠢᠭᠤᠨ ᠴᠢᠬᠡᠴᠢ᠂ ᠤᠯᠤᠰ ᠲᠦᠷᠦ ᠠᠷᠢᠭᠤᠨ ᠲᠤᠳᠤ ᠪᠠᠶᠢᠬᠤ | ᠶᠢ ᠴᠢᠷᠮᠠᠶᠢᠨ ᠪᠡᠶᠡᠯᠡᠬᠦᠯᠦᠨ᠎ᠠ᠃ | ᠲᠦᠯᠦᠭᠡᠯᠡᠭᠴᠢᠳ ᠡ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ᠂ ᠠᠷᠠᠳ ᠲᠦᠮᠡᠨ ᠤ ᠬᠦᠰᠡᠯ ᠡᠷᠡᠮᠡᠯᠵᠡᠯ ᠨᠢ ᠪᠢᠳᠡᠨ ᠢ ᠴᠦᠬᠦᠷᠡᠰᠢ ᠦᠭᠡᠢ ᠡᠷᠡᠯᠬᠡᠭᠯᠡᠨ | ᠤᠷᠤᠭᠰᠢᠯᠠᠬᠤ ᠶᠢ ᠵᠤᠷᠢᠭᠵᠢᠭᠤᠯᠵᠤ᠂ ᠤᠯᠠᠮ ᠢᠶᠠᠷ ᠰᠢᠨ᠎ᠡ ᠲᠦᠷᠢ ᠲᠦᠷᠬᠦ ᠰᠢᠨ᠎ᠠ ᠠᠵᠢᠯ ᠤᠷᠤᠯᠳᠤᠯᠭ᠎ᠠ ᠲᠠᠢ ᠪᠠᠶᠢᠬᠤ ᠶᠢ ᠱᠠᠭᠠᠷᠳᠠᠵᠤ ᠪᠠᠶᠢᠨ᠎ᠠ᠃ ᠪᠢᠳᠡ | ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ ᠤᠭ ᠰᠠᠨᠠᠭ᠎ᠠ ᠪᠠᠨ ᠦᠯᠦ ᠮᠠᠷᠳᠠᠨ᠂ ᠬᠦᠴᠢᠷ ᠪᠡᠷᠬᠡᠰᠢᠶᠡᠯ ᠢ ᠢᠯᠠᠨ ᠲᠤᠭᠤᠯᠵᠤ᠂ ᠵᠠᠮ | ᠨᠡᠭᠡᠭᠡᠨ ᠤᠷᠤᠭᠰᠢᠯᠠᠨ᠂ ︽ᠲᠤᠮᠳᠠᠳᠤ ᠶᠢᠨ ᠵᠡᠬᠦᠳᠦ︾ ᠶᠢᠨ ︽ᠨᠢᠭᠡᠳᠦᠭᠡᠷ ᠵᠠᠭᠤᠨ ᠵᠢᠯ︾ ᠤᠨ ᠬᠠᠷᠠᠯᠲᠠ ᠶᠢ ᠪᠡᠶᠡᠯᠡᠬᠦᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠵᠦ᠂ ᠪᠠᠶᠠᠨ ᠴᠢᠨᠡᠭᠡᠯᠢᠭ᠂ ᠪᠤᠯᠪᠠᠰᠤᠨ ᠰᠠᠶᠢᠬᠠᠨ᠂ ᠦᠵᠡᠰᠭᠦᠯᠡᠩᠲᠦ ᠭᠤᠶᠤ᠂ ᠨᠡᠭᠡᠭᠡᠯᠲᠡ ᠲᠠᠢ᠂ ᠵᠤᠯ ᠵᠢᠷᠭᠠᠯᠳᠤ᠂ ᠡᠶ᠎ᠡ ᠨᠠᠶᠢᠷᠠᠮᠳᠠᠭᠤ ᠰᠢᠨ᠎ᠠ | ᠲᠤᠮᠳᠠᠳᠤ ᠬᠤᠰᠢᠭᠤ ᠶᠢ ᠪᠦᠳᠦᠬᠡᠨ ᠪᠠᠶᠢᠭᠤᠯᠬᠤ ᠪᠠᠷ ᠴᠢᠷᠮᠠᠶᠢᠨ ᠲᠡᠮᠡᠴᠡᠰᠦᠭᠡᠢ︕ | |