ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠤ ᠲᠡᠭᠡᠷ᠎ᠡ ᠬᠠᠭᠠᠰ ᠵᠢᠯ ᠤᠨ ᠠᠵᠢᠯ ᠤᠨ ᠢᠯᠡᠳᠭᠡᠯ | | — 2018 ᠤᠨ ᠤ 7 ᠰᠠᠷ᠎ᠠ ᠶᠢᠨ 20 ᠤ ᠡᠳᠦᠷ ᠤᠨ ᠤᠷᠠᠳ ᠤᠨ ᠲᠤᠮᠳᠠᠳᠤ ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠲᠡᠭᠡᠷ᠎ᠡ | | | ᠤᠷᠠᠳ ᠤᠨ ᠲᠤᠮᠳᠠᠳᠤ ᠬᠤᠰᠢᠭᠤᠨ ᠤ ᠠᠷᠠᠳ ᠤ ᠵᠠᠰᠠᠭ ᠤᠨ ᠤᠷᠳᠤᠨ ᠤ ᠬᠤᠰᠢᠭᠤ ᠲᠠᠷᠤᠭ᠎ᠠ | ᠶᠠᠨ ᠶᠦᠩ ᠴᠦᠨ | | | ᠲᠦᠯᠦᠭᠡᠯᠡᠭᠴᠢᠤᠨ ᠡ᠄ | ᠤᠳᠤ ᠪᠢ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠤᠨᠬᠡᠯ ᠬᠢᠶ᠎ᠡ᠂ ᠬᠢᠨᠠᠨ ᠵᠦᠪᠯᠡᠬᠦ ᠪᠤᠯᠪᠠᠤ᠂ | ᠡᠬᠦᠨ ᠤ ᠬᠠᠮᠳᠤ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠦᠬᠦᠳ ᠰᠠᠨᠠᠯ ᠢᠶᠠᠨ ᠲᠤᠷᠠᠤᠨᠬᠤ ᠪᠤᠯᠪᠠᠤ᠃ | ᠨᠢᠬᠡ᠂ ᠬᠠᠭᠠᠰ ᠵᠢᠯ ᠤᠨ ᠠᠵᠢᠯ ᠤᠨ ᠡᠷᠬᠢᠴᠡᠬᠦᠯᠦᠯ | ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ | ᠪᠤᠯᠤᠨ ᠤᠯᠤᠰ ᠲᠦᠷᠦ ᠶᠢᠨ ᠵᠦᠪᠯᠡᠯᠬᠡᠨ ᠤ ᠬᠢᠨᠡᠯᠳᠡ ᠲᠡᠮᠵᠢᠯᠬᠡ ᠲᠤᠤᠷ᠎ᠠ᠂ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠨᠢ ᠨᠠᠮ ᠤᠨ ᠠᠷᠪᠠ ᠶᠢᠰᠦᠳᠦᠬᠡᠷ | ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠲᠦᠪ᠂ ᠦᠪᠡᠷᠳᠡᠭᠡᠨ ᠵᠠᠰᠠᠬᠤ ᠤᠷᠤᠨ ᠪᠤᠯᠤᠨ ᠬᠤᠳᠠ ᠶᠢᠨ ᠨᠠᠮ ᠤᠨ | ᠬᠤᠷᠢᠶ᠎ᠠ ᠵᠠᠰᠠᠭ ᠤᠨ ᠤᠷᠳᠤᠨ ᠤ ᠡᠯ᠎ᠡ ᠲᠦᠷᠦᠯ ᠤᠨ ᠰᠢᠢᠤᠨᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠲᠤᠭᠳᠠᠭᠤᠨ ᠤ | ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ | ᠶᠢ ᠬᠦᠨᠵᠡᠬᠡᠶᠢᠷᠡᠬᠦᠯᠵᠦ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ᠂ ᠬᠦᠳᠡᠭᠡ ᠲᠤᠰᠬᠤᠨ ᠢ ᠮᠠᠨᠳᠤᠭᠤᠯᠤᠨ ᠬᠦᠭᠵᠢᠬᠦᠯᠬᠦ᠂ | ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠲᠦᠷᠭᠡᠳᠭᠡᠨ ᠭᠡᠷᠡᠭᠵᠢᠬᠦᠯᠵᠤ᠂ ᠪᠠᠶᠠᠨᠨᠠᠭᠤᠷ ᠤᠨ ︽ᠲᠠᠪᠤᠨ | ᠲᠤᠭᠤᠷᠢᠭ ᠨᠢᠭᠡ ᠬᠤᠳᠠ︾ ᠶᠢᠨ ᠪᠦᠳᠦᠭᠡᠨ ᠪᠠᠶᠢᠭᠤᠯᠤᠯᠳᠠ ᠶᠢᠨ ᠬᠠᠷᠠᠯᠳᠠ ᠡᠬᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠡᠮᠡᠭᠳᠡᠯ ᠢ | ᠲᠤᠭᠳᠠᠪᠤᠷᠢᠵᠢᠭᠤᠯᠬᠤ᠂ ᠪᠦᠳᠦᠴᠡ ᠶᠢ ᠲᠤᠬᠢᠷᠠᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠠᠷᠠᠤᠨ ᠤᠨ ᠠᠮᠢᠳᠤᠷᠠᠯ ᠳᠤ ᠠᠰᠢᠭ ᠬᠦᠷᠳᠡᠭᠡᠬᠦ᠂ ᠠᠶᠤᠯ | ᠲᠦᠭᠰᠢᠬᠦᠷᠢ ᠶᠢ ᠰᠡᠷᠬᠡᠶᠢᠯᠡᠬᠦ ᠡᠯ᠎ᠡ ᠲᠦᠷᠦᠯ ᠤᠨ ᠠᠵᠢᠯ ᠢ ᠨᠢᠬᠡᠳᠤᠯᠳᠠᠢ ᠲᠦᠯᠦᠪᠵᠢᠬᠦᠯᠦᠨ ᠰᠠᠶᠢᠳᠤᠷ ᠬᠢᠵᠦ᠂ ᠠᠵᠤ ᠠᠬᠤᠢ ᠨᠡᠶᠢᠬᠡᠮ ᠤᠨ ᠲᠤᠭᠳᠠᠭᠤᠨ ᠪᠦᠭᠡᠳ | ᠡᠷᠡᠬᠦᠯ ᠬᠦᠭᠵᠢᠯᠳᠡ ᠶᠢᠨ ᠪᠠᠶᠢᠳᠠᠯ ᠢ ᠪᠠᠳᠤᠯᠠᠭᠰᠠᠨ ᠪᠠᠶᠢᠨ᠎ᠠ᠃ | ᠲᠡᠭᠡᠷ᠎ᠡ ᠬᠠᠭᠠᠰ ᠵᠢᠯ ᠳᠤ᠂ ᠪᠦᠬᠦ ᠬᠤᠰᠢᠭᠤᠨ ᠤ ᠤᠷᠤᠨ ᠨᠤᠳᠤᠭ ᠤᠨ ᠤᠶᠢᠯᠡᠤᠨᠪᠦᠷᠢᠯᠡᠯ ᠤᠨ ᠶᠡᠷᠤᠩᠬᠡᠢ ᠦᠷᠳᠡᠭ 31.39 ᠳ᠋ᠦᠩᠰᠢᠭᠤᠷ ᠲᠦᠬᠦᠷᠢᠭ ᠢ | ᠪᠡᠶᠡᠯᠡᠬᠦᠯᠪᠠ︔ ᠬᠡᠪᠴᠢᠶᠡᠵᠢᠯ ᠠᠴᠠ ᠲᠡᠭᠡᠭᠰᠢᠬᠢ ᠠᠵᠤ ᠤᠶᠢᠯᠡᠤᠨᠪᠦᠷᠢ ᠶᠢᠨ ᠨᠡᠮᠡᠭᠳᠡᠯ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 17.1% ᠪᠠᠷ | ᠪᠠᠭᠤᠷᠠᠪᠠ︔ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ 29.33 ᠳ᠋ᠦᠩᠰᠢᠭᠤᠷ ᠲᠦᠬᠦᠷᠢᠭ ᠢ ᠪᠡᠶᠡᠯᠡᠬᠦᠯᠪᠠ︔ ᠤᠯᠠᠨ ᠨᠡᠶᠢᠳᠡ ᠶᠢᠨ ᠡᠳ᠋ ᠤᠨ ᠵᠠᠰᠠᠭ | ᠤᠨ ᠲᠦᠰᠦᠪ ᠤᠨ ᠤᠷᠤᠯᠭ᠎ᠠ ᠨᠢ 3.53 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 22.33% ᠪᠠᠷ ᠪᠠᠭᠤᠷᠠᠪᠠ᠃ | ᠨᠡᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠬᠤᠳᠠᠯᠳᠤᠭᠰᠠᠨ ᠶᠡᠷᠤᠩᠬᠡᠢ ᠬᠡᠮᠵᠢᠶ᠎ᠠ 8.2 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠤ | ᠬᠢ ᠠᠴᠠ 8.5% ᠪᠠᠷ ᠨᠡᠮᠡᠭᠳᠡᠪᠡ᠃ ᠬᠤᠳᠠ ᠪᠠᠯᠭᠠᠰᠦ᠂ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠤᠨ ᠤᠨ ᠬᠦᠮᠦᠨ ᠲᠤᠮᠳᠠᠴᠢ | ᠶᠢᠨ ᠡᠵᠡᠮᠳᠠᠵᠦ ᠪᠤᠯᠬᠤᠶᠢᠴᠡ ᠤᠷᠤᠯᠭ᠎ᠠ ᠨᠢ ᠲᠤᠰ ᠲᠤᠰ 16294 ᠲᠦᠬᠦᠷᠢᠭ ᠪᠤᠯᠤᠨ 6293 ᠲᠦᠬᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 8. | 1% ᠪᠤᠯᠤᠨ 4% ᠪᠠᠷ ᠨᠡᠮᠡᠭᠳᠡᠨ᠂ ᠨᠡᠮᠡᠭᠳᠠᠯ ᠤᠨ ᠬᠤᠷᠳᠤᠴᠠ ᠨᠢ ᠠᠵᠤ ᠠᠬᠤᠢ ᠶᠢᠨ ᠨᠡᠮᠡᠭᠳᠠᠯ ᠤᠨ ᠬᠤᠷᠳᠤᠴᠠ ᠠᠴᠠ ᠲᠦᠷᠭᠡᠨ ᠪᠠᠶᠢᠵᠤ᠂ ᠬᠦᠭᠵᠢᠯᠳᠠ ᠶᠢᠨ | ᠴᠢᠨᠠᠷ ᠴᠢᠨᠰᠠᠭ᠎ᠠ ᠠᠯᠬᠤᠮ ᠠᠯᠬᠤᠮ ᠢᠶᠠᠷ ᠲᠡᠭᠡᠭᠰᠢᠯᠡᠪᠠ᠃ | ︵ᠨᠢᠬᠡ︶ ᠬᠠᠷᠠᠯᠳᠠ ᠶᠢᠨ ᠲᠤᠭᠤᠷᠢᠨ ᠳᠤ᠂ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠤᠨᠬᠤᠵᠦ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ | ︾ ᠨᠢ ᠢᠳᠡᠪᠬᠢᠳᠡᠢ ᠦᠷ᠎ᠡ ᠪᠦᠳᠦᠮᠵᠢ ᠤᠯᠪᠠ᠃ | ᠨᠦᠭᠡᠴᠠ ᠭᠡᠮᠵᠢᠶ᠎ᠠ ᠶᠢ ᠪᠠᠭᠠᠰᠬᠠᠨ᠂ ᠨᠡᠮᠡᠭᠳᠠᠯ ᠢ ᠬᠢᠵᠠᠭᠠᠷᠯᠠᠵᠤ᠂ ᠴᠢᠬᠤᠯᠠ ᠶᠡᠭᠡ ᠲᠦᠭᠰᠢᠬᠦᠷᠢ ᠶᠢ ᠡᠮᠬᠢ ᠲᠢᠭᠯᠢᠮ ᠲᠠᠢ ᠪᠠᠷ ᠰᠠᠷᠭᠡᠶᠢᠯᠠᠨ ᠠᠷᠢᠯᠭᠠᠪᠠ᠃ | ᠲᠦᠰᠦᠪ ᠤᠨ ᠬᠢᠵᠠᠭᠠᠷᠯᠠᠯ ᠢ ᠴᠢᠩᠭᠠᠳᠬᠠᠨ᠂ ᠵᠠᠰᠠᠭ ᠤᠨ ᠤᠷᠳᠤᠨ ᠤ ᠪᠠᠯᠠ ᠤᠷᠤᠭᠤᠯᠤᠯᠳᠠ ᠶᠢᠨ ᠲᠦᠷᠤᠯ ᠵᠤᠶᠢᠯ ᠢ ᠬᠢᠨᠠᠨ ᠵᠦᠪᠰᠢᠶᠠᠷᠠᠬᠦ ᠬᠠᠮᠢᠶᠠᠷᠤᠯᠳᠠ ᠪᠠᠨ | ᠴᠢᠩᠭ᠎ᠠ ᠲᠦᠷᠢᠮᠵᠢᠬᠦᠯᠵᠤ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ ᠬᠢᠵᠠᠭᠠᠷᠯᠠᠨ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠨᠡᠮᠡᠭᠳᠠᠯ ᠢ | ᠪᠦᠳᠤᠮᠵᠢᠳᠠᠢ ᠬᠢᠵᠠᠭᠠᠷᠯᠠᠪᠠ᠃ ᠮᠦᠩᠬᠦᠨ ᠬᠦᠢᠯᠭᠡᠭᠡᠨ ᠤ ᠲᠦᠭᠰᠢᠬᠦᠷᠢ ᠶᠢ ᠰᠡᠷᠭᠡᠶᠢᠯᠠᠨ ᠬᠢᠵᠠᠭᠠᠷᠯᠠᠬᠤ ᠲᠤᠭᠳᠠᠯᠴᠠᠭ᠎ᠠ ᠶᠢ ᠲᠠᠰᠤᠷᠠᠯᠳᠠ ᠦᠭᠡᠢ ᠲᠡᠬᠦᠯᠳᠡᠷᠵᠢᠬᠦᠯᠤᠨ | ᠂ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢᠨ ᠬᠢᠷᠢ ᠲᠦᠪᠰᠢᠨ ᠲᠠᠰᠤᠷᠠᠯᠳᠠ ᠦᠭᠡᠢ ᠲᠡᠭᠡᠭᠰᠢᠯᠠᠵᠤ᠂ ᠵᠠᠰᠠᠭ ᠤᠨ ᠤᠷᠳᠤᠨ ᠤ ᠦᠷᠢ | ᠦᠭᠴᠡᠭᠡ ᠶᠢ ᠠᠷᠢᠯᠭᠠᠬᠤ ᠳᠤ ᠪᠠᠳᠤ ᠪᠠᠬᠢ ᠲᠤᠯᠭᠠᠭᠤᠷᠢ ᠬᠦᠴᠤᠨ ᠬᠠᠩᠭᠠᠪᠠ᠃ ᠲᠡᠭᠡᠷ᠎ᠠ ᠬᠠᠭᠠᠰ ᠵᠢᠯ ᠳᠤ᠂ ᠡᠳ᠋ ᠤᠨ ᠵᠠᠰᠠᠭ ᠠᠴᠠ 2.02 ᠳ᠋ᠦᠩᠰᠢᠭᠤᠷ | ᠲᠦᠬᠦᠷᠢᠭ ᠤᠨ ᠪᠡᠯᠡ ᠮᠦᠩᠬᠦ ᠲᠤᠬᠢᠷᠠᠭᠤᠯᠵᠤ᠂ ᠲᠦᠷᠤᠯ ᠵᠤᠶᠢᠯ ᠢ ᠪᠠᠭᠠᠰᠬᠠᠨ᠂ ᠦᠷᠢ ᠦᠭᠴᠡᠭᠡ ᠶᠢ ᠬᠢᠨᠠᠨ ᠬᠠᠷᠭᠤᠭᠤᠯᠵᠤ 1.4 ᠳ᠋ᠦᠩᠰᠢᠭᠤᠷ ᠲᠦᠬᠦᠷᠢᠭ ᠢ | ᠬᠠᠰᠤᠨ᠂ 0.47 ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ ᠰᠠᠯᠭᠠᠵᠤ᠂ ᠲᠤᠰᠬᠠᠢ ᠲᠦᠷᠤᠯ ᠤᠨ ᠪᠠᠯᠠ ᠮᠦᠩᠬᠦ 0.14 ᠳ᠋ᠦᠩᠰᠢᠭᠤᠷ ᠲᠦᠬᠦᠷᠢᠭ ᠢ | ᠡᠮᠬᠢᠳᠭᠡᠨ ᠨᠠᠶᠢᠯᠡᠬᠦᠯᠵᠤ᠂ ᠵᠠᠰᠠᠭ ᠤᠨ ᠤᠷᠳᠤᠨ ᠤ ᠦᠷᠢ ᠦᠭᠴᠡᠭᠡ 4.04 ᠳ᠋ᠦᠩᠰᠢᠭᠤᠷ ᠲᠦᠬᠦᠷᠢᠭ ᠢ ᠡᠮᠬᠢ ᠲᠢᠭᠯᠢᠮ ᠲᠠᠢ ᠯᠠᠪᠳᠠᠭᠤᠨ ᠢᠶᠠᠷ ᠠᠷᠢᠯᠭᠠᠵᠤ᠂ | ᠦᠷᠢ ᠦᠭᠴᠡᠭᠡᠨ ᠤ ᠨᠤᠷᠮ᠎ᠠ ᠠᠯᠬᠤᠮ ᠠᠯᠬᠤᠮ ᠢᠶᠠᠷ ᠵᠤᠬᠢᠰᠳᠠᠢ ᠬᠢᠷᠢ ᠲᠦᠪᠰᠢᠨ ᠳᠤ ᠤᠷᠤᠪᠠ᠃ | ᠴᠡᠭᠴᠡᠯᠠᠯᠳᠠ ᠶᠢ ᠠᠳᠬᠤᠨ᠂ ᠬᠠᠷᠢᠭᠤᠴᠠᠯᠭ᠎ᠠ ᠶᠢ ᠨᠠᠶᠢᠳᠠᠪᠤᠷᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ ᠦᠷᠬᠦᠯᠵᠢᠯᠠᠨ ᠠᠬᠢᠭᠤᠯᠪᠠ᠃ | ᠦᠪᠡᠷᠳᠡᠭᠡᠨ ᠵᠠᠰᠠᠬᠤ ᠤᠷᠤᠨ ᠤ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠤ ᠵᠢᠭᠰᠠᠭᠠᠯᠳᠠ ᠠᠴᠠ ᠭᠠᠷᠬᠤ ᠰᠢᠯᠭᠠᠨ ᠪᠠᠶᠢᠴᠠᠭᠠᠯᠳᠠ ᠶᠢ ᠤᠷᠤᠭᠰᠢᠳᠠᠢ | ᠦᠩᠭᠡᠷᠡᠬᠦᠯᠵᠤ᠂ ᠤᠯᠤᠰ᠂ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠶᠠᠳᠠᠭᠤ ᠶᠢ ᠲᠡᠳᠬᠦᠬᠦ ᠦᠷ᠎ᠠ ᠪᠦᠳᠦᠮᠵᠢ ᠶᠢᠨ ᠬᠢᠨᠠᠨ ᠰᠢᠯᠭᠠᠯᠳᠠ ᠶᠢᠨ ᠬᠠᠷᠢᠭᠤ | ᠲᠤᠰᠬᠠᠭᠰᠠᠠ ᠠᠰᠠᠭᠤᠳᠠᠯ ᠲᠠᠢ ᠬᠠᠷᠢᠴᠠᠭᠤᠯᠤᠨ ᠬᠠᠷᠭᠤᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠦᠪᠯᠡᠷᠡᠬᠦᠯᠤᠨ | ᠴᠡᠭᠴᠡᠯᠡᠬᠦ ᠲᠤᠰᠬᠠᠢ ᠲᠦᠷᠦᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠪᠠᠶᠡᠯᠡᠬᠦᠯᠵᠠᠢ᠃ ᠵᠢᠯ ᠳᠤ 18 ᠡᠷᠤᠭᠡ 34 ᠬᠦᠮᠤᠨ ᠢ ᠶᠠᠳᠠᠭᠤ ᠠᠴᠠ ᠬᠠᠰᠤᠵᠤ᠂ 582 | ᠡᠷᠤᠬᠡ ᠶᠢᠨ 1116 ᠬᠦᠮᠦᠨ ᠤ ᠠᠮᠢᠳᠤᠷᠠᠯ ᠤᠨ ᠲᠦᠪᠰᠢᠨ ᠢ ᠲᠡᠭᠡᠭᠰᠢᠯᠡᠬᠦᠯᠬᠦ ᠬᠠᠷᠠᠯᠳᠠᠳᠤ ᠡᠬᠦᠷᠬᠡ ᠶᠢᠨ ᠲᠤᠭᠤᠷᠢᠨ ᠳᠤ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠪᠤᠳᠠᠳᠠᠶᠢᠵᠢᠭᠤᠯᠤᠨ᠂ 17 ᠲᠤᠰᠬᠠᠢ ᠲᠦᠷᠦᠯ ᠤᠨ ᠠᠵᠢᠯ ᠤᠨ ᠲᠤᠭᠤᠶᠢᠯᠠᠩ ᠢ | ᠪᠠᠶᠢᠭᠤᠯᠵᠤ᠂ ︽ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠷᠪᠠᠨ ᠶᠡᠭᠡ ᠭᠡᠯᠬᠢᠶᠠᠵᠢᠯ︾ ᠢ ᠭᠡᠷᠡᠭᠵᠢᠬᠦᠯᠬᠦ ᠲᠦᠰᠤᠯ ᠢ ᠲᠤᠭᠳᠠᠭᠠᠵᠤ᠂ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠪᠠᠷ ᠭᠤᠤᠯᠯᠠᠨ᠂ ︽ᠲᠠᠪᠤᠨ ᠨᠢᠭᠡ ᠪᠦᠯᠦᠭ︾ ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ ᠢ ᠦᠷᠬᠦᠯᠵᠢᠯᠠᠨ ᠠᠬᠢᠭᠤᠯᠵᠤ᠂ ᠠᠵᠤ | ᠦᠢᠯᠡᠰ ᠢ ᠬᠦᠭᠵᠢᠬᠦᠯᠦᠨ ᠶᠠᠳᠠᠭᠤ ᠬᠦᠴᠢᠷᠳᠠᠯᠳᠠᠢ 296 ᠡᠷᠤᠭᠡ 570 ᠬᠦᠮᠤᠨ ᠢ ᠲᠡᠳᠬᠦᠨ᠂ ᠡᠳ᠋ ᠬᠦᠷᠤᠩᠭᠡ ᠶᠢᠨ ᠦᠷ᠎ᠠ ᠠᠰᠢᠭ ᠢᠶᠠᠷ ᠶᠠᠳᠠᠭᠤ | ᠬᠦᠴᠢᠷᠳᠠᠯᠳᠠᠢ 285 ᠡᠷᠤᠭᠡ 483 ᠬᠦᠮᠤᠨ ᠢ ᠲᠡᠮᠵᠢᠪᠠ︔ 72 ᠡᠷᠤᠭᠡ 135 ᠬᠦᠮᠤᠨ ᠤ ᠤᠨᠳᠤᠤ ᠭᠠᠵᠠᠷ ᠲᠤ ᠨᠡᠬᠦᠯᠭᠡᠨ ᠶᠠᠳᠠᠭᠤ ᠶᠢ ᠲᠡᠳᠬᠦᠬᠦ | ᠢᠨᠵᠧᠨᠧᠷᠢᠩ ᠤᠨ ᠪᠠᠷᠢᠯᠭ᠎ᠠ ᠶᠢ ᠦᠨᠳᠤᠰᠤᠨ ᠳᠡᠭᠡᠨ ᠲᠠᠭᠤᠰᠬᠠᠪᠠ︔ ᠠᠮᠢ ᠠᠬᠤᠢ ᠶᠢᠨ ᠨᠦᠬᠦᠪᠤᠷᠢ ᠪᠠᠷ 211 ᠶᠠᠳᠠᠭᠤ ᠬᠦᠴᠢᠷᠳᠠᠯᠳᠠᠢ ᠡᠷᠤᠭᠡ ᠳᠤ ᠠᠰᠢᠭ | ᠬᠦᠷᠳᠡᠭᠡᠪᠡ︔ ᠰᠤᠷᠭᠠᠨ ᠬᠦᠮᠤᠵᠢᠯ ᠤᠨ ᠲᠡᠳᠬᠦᠮᠵᠢ ᠪᠠᠷ 91 ᠶᠠᠳᠠᠭᠤ ᠬᠦᠴᠢᠷᠳᠠᠯᠳᠠᠢ ᠰᠤᠷᠤᠭᠴᠢ ᠶᠢ ᠲᠤᠰᠠᠯᠠᠵᠤ᠂ 77 ᠶᠠᠳᠠᠭᠤ ᠬᠦᠴᠢᠷᠳᠠᠯᠳᠠᠢ ᠮᠠᠯᠴᠢᠨ | ᠲᠠᠷᠢᠶᠠᠴᠢᠨ ᠳᠤ ᠮᠠᠷᠭᠡᠵᠢᠯ ᠤᠨ ᠪᠤᠯᠪᠠᠰᠤᠷᠠᠯ ᠬᠦᠷᠳᠡᠭᠡᠪᠠ︔ 1150 ᠶᠠᠳᠠᠭᠤ ᠬᠦᠴᠢᠷᠳᠠᠯᠳᠠᠢ ᠬᠦᠮᠤᠨ ᠠᠮᠠ ᠳᠤ ᠬᠤᠳᠠ ᠬᠦᠳᠡᠭᠡ ᠶᠢᠨ ᠰᠠᠭᠤᠭᠤᠯᠢ ᠠᠷᠠᠳ | ᠤᠨ ᠦᠨᠳᠤᠰᠤᠨ ᠡᠮ ᠡᠮᠨᠡᠯᠭᠡ ᠶᠢᠨ ᠲᠠᠭᠠᠳᠬᠠᠯ ᠪᠤᠯᠤᠨ ᠬᠤᠳᠠᠯᠳᠤᠭᠠᠨ ᠤ ᠲᠠᠭᠠᠳᠬᠠᠯ ᠤᠨ ᠨᠦᠬᠦᠪᠦᠷᠢ ᠡᠮ ᠡᠮᠨᠡᠯᠭᠡ ᠶᠢᠨ ᠲᠠᠭᠠᠳᠬᠠᠯ ᠢ ᠤᠷᠤᠯᠠᠨ ᠲᠤᠰᠢᠶᠠᠵᠤ | ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠮ ᠡᠮᠨᠡᠯᠭᠡ ᠶᠢᠨ ᠵᠠᠷᠤᠳᠠᠯ ᠤᠨ ᠪᠤᠳᠠᠳᠠᠢ ᠲᠠᠩᠰᠠ ᠲᠠᠶᠢᠯᠦᠭ᠌ᠰᠠᠨ ᠨᠤᠷᠮ᠎ᠠ 90% ᠠᠴᠠ ᠲᠡᠭᠡᠭᠰᠢ ᠬᠦᠷᠪᠡ︔ | ᠰᠠᠭᠤᠷᠢ ᠶᠢ ᠲᠠᠭᠠᠭᠠᠨ ᠪᠠᠳᠤᠯᠠᠬᠤ ᠶᠢ ᠯᠠᠪᠳᠠᠭᠤᠨ ᠢᠶᠠᠷ ᠠᠬᠢᠭᠤᠯᠵᠤ᠂ 756 ᠶᠠᠳᠠᠭᠤ ᠬᠦᠴᠢᠷᠳᠠᠯᠳᠠᠢ ᠬᠦᠮᠤᠰ ᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ | ᠂ ᠤᠨᠴᠠ ᠬᠦᠴᠢᠷᠳᠠᠯᠳᠠᠢ ᠪᠠᠳᠤᠯᠠᠭᠠᠨ ᠤ ᠭᠡᠪᠴᠢᠶᠠᠨ ᠳᠤ ᠤᠷᠤᠭᠤᠯᠤᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠪᠠ ᠶᠠᠳᠠᠭᠤ ᠶᠢ | ᠲᠡᠳᠬᠦᠬᠦ ᠪᠠᠷᠢᠮᠵᠢᠶᠠᠨ ᠤ ︽ᠬᠤᠶᠠᠷ ᠪᠠᠷᠢᠮᠵᠢᠶ᠎ᠠ ᠶᠢ ᠨᠢᠭᠡᠳᠤᠬᠦᠯᠬᠦ︾ ᠶᠢ ᠪᠦᠳᠤᠮᠵᠢᠳᠠᠢ ᠠᠬᠢᠭᠤᠯᠪᠠ᠃ | ᠠᠷᠭ᠎ᠠ ᠠᠪᠴᠡᠯ ᠢᠶᠠᠨ ᠡᠷᠴᠢᠮᠵᠢᠬᠦᠯᠤᠨ᠂ ᠵᠠᠰᠠᠯᠳᠠ ᠶᠢ ᠠᠳᠬᠤᠵᠤ᠂ ᠪᠤᠬᠢᠷᠳᠤᠯ ᠢ ᠰᠡᠷᠭᠡᠶᠢᠯᠠᠨ ᠵᠠᠰᠠᠬᠤ ᠨᠢ ᠰᠢᠨ᠎ᠠ ᠠᠬᠢᠴᠠ ᠲᠠᠢ ᠪᠤᠯᠪᠠ᠃ ᠪᠦᠬᠦ | ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ︽ᠡᠷᠬᠢᠵᠤ ᠬᠠᠷᠠᠬᠤ︾ ᠠᠵᠢᠯ ᠤᠨ | ᠱᠠᠯᠠᠪᠳᠠᠭᠤᠯᠤᠨ ᠪᠠᠶᠢᠴᠠᠭᠠᠬᠤ ᠶᠢᠨ ᠲᠠᠭᠠᠤ ᠴᠡᠭᠴᠡᠯᠡᠨ ᠵᠠᠰᠠᠬᠤ ᠠᠵᠢᠯ ᠢ ᠡᠷᠡᠰ ᠰᠠᠶᠢᠳᠤᠷ ᠬᠢᠵᠤ᠂ ᠰᠢᠯᠵᠢᠬᠦᠯᠦᠭᠰᠠᠠ ᠰᠢᠢᠳᠪᠦᠷᠢᠯᠡᠬᠦᠯᠦᠭᠰᠡᠨ 31 ᠭᠡᠷᠡᠭ ᠢ | ᠰᠢᠢᠳᠪᠦᠷᠢᠯᠡᠨ ᠲᠠᠭᠤᠰᠬᠠᠪᠠ᠃ ᠤᠰᠤᠨ ᠤ ᠪᠤᠬᠢᠷᠳᠤᠯ᠂ ᠬᠦᠷᠤᠰᠤ ᠰᠢᠷᠤᠢ ᠶᠢᠨ ᠪᠤᠬᠢᠷᠳᠤᠯ ᠢ ᠰᠡᠷᠭᠡᠶᠢᠯᠠᠨ ᠵᠠᠰᠠᠬᠤ ᠠᠵᠢᠯᠯᠠᠭᠠᠨ ᠤ ᠲᠦᠯᠤᠪᠯᠡᠭᠡ ᠪᠠ ᠠᠭᠠᠷ | ᠮᠠᠨᠳᠤᠯ ᠤᠨ ᠪᠤᠬᠢᠷᠳᠤᠯ ᠢ ᠰᠡᠷᠭᠡᠶᠢᠯᠠᠨ ᠵᠠᠰᠠᠬᠤ ᠭᠤᠷᠪᠠᠨ ᠵᠢᠯ ᠤᠨ ᠪᠤᠭᠤᠮᠳᠠ ᠰᠢᠪᠳᠤᠯᠬᠤ ᠲᠦᠰᠤᠯ ᠢ ᠲᠤᠭᠳᠠᠭᠠᠨ ᠭᠡᠷᠡᠭᠵᠢᠬᠦᠯᠪᠠ᠃ ᠱᠧᠨ ᠬᠤᠸᠠ ᠬᠡᠤᠷᠰᠤ | ᠰᠢᠳᠠᠭᠠᠯᠭ᠎ᠠ ᠶᠢᠨ ᠵᠤᠤᠬ᠎ᠠ ᠶᠢᠨ ᠤᠳᠤᠭ᠎ᠠ ᠠᠭᠤᠷ ᠤᠨ ᠱᠠᠤ ᠦᠭᠡᠶᠢᠳᠡᠬᠦᠯᠬᠦ ᠲᠦᠷᠦᠯ ᠵᠦᠢᠯ᠂ ᠢ ᠲᠧᠩ ᠤᠨ ᠲᠦᠬᠦᠭᠡᠢ ᠨᠡᠬᠦᠷᠡᠰᠤ ᠶᠢ ᠬᠠᠳᠠᠭᠠᠯᠠᠬᠤ | ᠪᠢᠳᠡᠬᠦᠮᠵᠢᠯᠡᠭᠰᠡᠨ ᠬᠦᠮᠦᠷᠭᠡ ᠶᠢᠨ ᠲᠦᠷᠦᠯ ᠵᠦᠢᠯ ᠢ ᠲᠦᠷᠭᠡᠳᠭᠡᠨ ᠪᠠᠶᠢᠭᠤᠯᠪᠠ᠃ ᠮᠢᠩᠭᠠᠨ ᠬᠦᠮᠤᠨ ᠠᠴᠠ ᠲᠡᠭᠡᠭᠰᠢᠬᠢ ᠤᠰᠤᠨ ᠰᠤᠷᠪᠤᠯᠵᠢ ᠶᠢᠨ ᠭᠠᠵᠠᠷ ᠤᠨ 5 | ᠬᠠᠮᠠᠭᠠᠯᠠᠯᠳᠠ ᠶᠢᠨ ᠲᠤᠭᠤᠷᠢᠭ ᠢ ᠬᠤᠪᠢᠶᠠᠷᠢᠯᠠᠬᠤ ᠲᠦᠰᠤᠯ ᠢ ᠲᠤᠭᠤᠷᠪᠢᠨ ᠲᠠᠭᠤᠰᠬᠠᠪᠠ︔ ᠬᠦᠨᠳᠤ ᠲᠡᠮᠦᠷᠯᠢᠭ ᠤᠨ ᠠᠵᠤ ᠠᠬᠤᠶᠢᠯᠠᠯ ᠳᠠᠬᠢ ᠬᠢᠨᠠᠯᠳᠠ | ᠬᠠᠮᠢᠶᠠᠷᠤᠯᠳᠠ ᠪᠠᠨ ᠴᠢᠩᠭᠠᠳᠬᠠᠨ᠂ ᠠᠵᠤ ᠠᠬᠤᠶᠢᠯᠠᠯ ᠵᠢᠴᠢ ᠤᠶᠢᠷ᠎ᠠ ᠬᠠᠪᠢ ᠶᠢᠨ ᠬᠦᠷᠤᠰᠤ ᠰᠢᠷᠤᠢ ᠶᠢᠨ ᠪᠤᠬᠢᠷᠳᠤᠯ ᠳᠤ ᠲᠤᠭᠳᠠᠭᠰᠠᠠ ᠬᠤᠭᠤᠴᠠᠭ᠎ᠠ ᠲᠠᠢ ᠪᠠᠷ | ᠬᠢᠨᠠᠨ ᠭᠡᠮᠵᠢᠯᠳᠠ ᠬᠢᠪᠠ︔ ᠤᠷᠴᠢᠨ ᠲᠤᠭᠤᠷᠢᠨ ᠤ ᠬᠠᠮᠠᠭᠠᠯᠠᠯᠳᠠ ᠶᠢᠨ ︽ᠭᠤᠷᠪᠠ ᠶᠢ ᠬᠠᠮᠳᠤ ᠳᠤᠨᠢ ᠶᠠᠪᠤᠭᠳᠠᠭᠤᠯᠬᠤ︾ ᠲᠦᠷᠢᠮ ᠢ ᠨᠠᠷᠢᠨ ᠬᠢᠨᠠᠮᠠᠭᠠᠢ | ᠭᠡᠷᠡᠭᠵᠢᠬᠦᠯᠵᠤ᠂ ᠰᠢᠨ᠎ᠡ ᠪᠤᠬᠢᠷᠳᠤᠯ ᠤᠨ ᠡᠬᠢ ᠶᠢ ᠡᠬᠢ ᠡᠬᠦᠰᠦᠯ ᠠᠴᠠ ᠨᠢ ᠬᠤᠷᠢᠭᠯᠠᠨ ᠬᠢᠵᠠᠭᠠᠷᠯᠠᠪᠠ︔ ᠤᠷᠴᠢᠨ ᠲᠤᠭᠤᠷᠢᠨ ᠢ ᠡᠪᠳᠠᠨ ᠬᠠᠤᠯᠢ ᠠᠴᠠ | ᠵᠦᠷᠢᠴᠡᠬᠦ ᠠᠵᠢᠯᠯᠠᠭ᠎ᠠ ᠶᠢ ᠴᠡᠭᠴᠡᠯᠠᠨ ᠵᠠᠰᠠᠬᠤ ᠬᠦᠴᠤᠯᠠᠴᠠ ᠪᠠᠨ ᠨᠡᠮᠡᠭᠳᠡᠬᠦᠯᠤᠨ᠂ ᠤᠷᠴᠢᠨ ᠲᠤᠭᠤᠷᠢᠨ ᠢ ᠡᠪᠳᠠᠨ ᠬᠠᠤᠯᠢ ᠠᠴᠠ ᠵᠦᠷᠢᠴᠡᠭᠰᠠᠠ ᠠᠵᠢᠯᠯᠠᠭ᠎ᠠ 28 | ᠶᠢ ᠭᠡᠷᠡᠭ ᠪᠤᠯᠭᠠᠨ ᠲᠠᠩᠰᠠᠯᠠᠵᠤ ᠪᠠᠶᠢᠴᠠᠭᠠᠨ ᠰᠢᠢᠳᠪᠤᠷᠢᠯᠠᠪᠠ᠃ ᠨᠤᠳᠤᠭ ᠪᠠᠯᠴᠢᠭᠡᠷ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠨᠤᠳᠤᠭ ᠪᠠᠯᠴᠢᠭᠡᠷ ᠲᠠᠳᠠᠪᠤᠷᠢᠯᠠᠨ ᠡᠵᠠᠯᠠᠨ ᠭᠡᠷᠡᠭᠯᠡᠬᠦ ᠶᠢ ᠲᠤᠰᠬᠠᠶᠢᠯᠠᠨ ᠴᠡᠭᠴᠡᠯᠠᠨ ᠵᠠᠰᠠᠬᠤ ᠠᠵᠢᠯ ᠢ ᠪᠦᠬᠦ ᠬᠦᠴᠤᠨ ᠢᠶᠠᠷ | ᠴᠢᠩᠭ᠎ᠠ ᠠᠳᠬᠤᠪᠠ᠃ ᠠᠷᠴᠠ ᠶᠢᠨ ᠠᠭᠤᠯᠠ ᠶᠢᠨ ᠪᠠᠶᠢᠭᠠᠯᠢ ᠶᠢᠨ ᠲᠠᠷᠬᠠᠨ ᠤᠷᠤᠨ ᠤ ᠠᠭᠤᠷᠬᠠᠢ ᠶᠢᠨ ᠡᠷᠭᠡ ᠶᠢ ᠴᠡᠭᠴᠠᠯᠠᠨ ᠭᠠᠷᠭᠠᠬᠤ ᠪᠠ ᠭᠠᠵᠠᠷ ᠰᠢᠨᠵᠢᠯᠡᠭᠡᠨ | ᠤ ᠤᠷᠴᠢᠨ ᠲᠤᠭᠤᠷᠢᠨ ᠢ ᠵᠠᠰᠠᠬᠤ ᠠᠵᠢᠯ ᠢ ᠲᠦᠪᠯᠡᠷᠡᠬᠦᠯᠤᠨ ᠪᠠᠶᠡᠯᠡᠬᠦᠯᠪᠠ᠃ | ︵ᠬᠤᠶᠠᠷ︶ ᠪᠦᠬᠦ ᠠᠷᠠᠳ ᠢᠶᠠᠷ ᠢᠶᠠᠨ ᠬᠦᠳᠡᠯᠤᠯᠴᠠᠨ᠂ ᠤᠯᠠᠨ ᠠᠷᠭ᠎ᠠ ᠠᠪᠴᠠᠯ ᠢ ᠬᠠᠮᠳᠤ ᠳᠤᠨᠢ ᠶᠠᠪᠤᠭᠳᠠᠭᠤᠯᠵᠤ᠂ ᠭᠠᠩ ᠲᠠᠢ ᠲᠡᠮᠡᠴᠠᠵᠤ ᠭᠠᠮᠰᠢᠭ ᠠᠴᠠ | ᠠᠪᠤᠷᠠᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ | ᠨᠢᠳᠤᠨᠤᠨ ᠡᠪᠤᠯ ᠠᠴᠠ ᠨᠠᠰᠢ᠂ ᠪᠦᠬᠦ ᠬᠤᠰᠢᠭᠤᠨ ᠤ ᠭᠡᠪᠴᠢᠶᠠᠨ ᠳᠤ ᠬᠤᠷ᠎ᠠ ᠲᠤᠨᠤᠳᠠᠰᠤ ᠬᠤᠪᠤᠷᠳᠠᠨ᠂ ᠠᠭᠠᠷ ᠤᠨ ᠲᠤᠯᠠᠭᠠᠨ ᠦᠷᠬᠦᠯᠵᠢᠯᠠᠨ | ᠲᠡᠭᠡᠭᠰᠢᠯᠡᠵᠤ᠂ ᠠᠭᠤᠷᠰᠢᠯᠳᠠ ᠶᠡᠭᠡᠰᠴᠤ᠂ ᠨᠤᠳᠤᠭ ᠪᠠᠯᠴᠢᠭᠡᠷ ᠰᠡᠷᠬᠦᠵᠤ ᠲᠠᠶᠢᠯᠬᠦ ᠦᠭᠡᠢ ᠪᠤᠯᠵᠤ᠂ ᠭᠠᠩ ᠤᠨ ᠪᠠᠶᠢᠳᠠᠯ ᠤᠨ ᠬᠠᠮᠤᠷᠤᠭᠰᠠᠨ ᠬᠦᠷᠢᠶ᠎ᠡ ᠭᠡᠪᠴᠢᠶ᠎ᠡ | ᠦᠷᠭᠡᠨ᠂ ᠦᠷᠬᠦᠯᠵᠢᠯᠡᠭᠰᠰᠡᠨ ᠬᠤᠭᠤᠴᠠᠭ᠎ᠠ ᠤᠷᠳᠤ᠂ ᠬᠤᠬᠢᠷᠠᠯ ᠬᠦᠨᠳᠤ ᠰᠦᠷᠡᠬᠡᠢ ᠪᠤᠯᠵᠤ᠂ ᠮᠠᠨ ᠤ ᠬᠤᠰᠢᠭᠤᠨ ᠤ ᠲᠡᠤᠭᠡᠨ ᠳᠤ ᠬᠤᠪᠤᠷ ᠭᠠᠩ ᠭᠠᠮᠰᠢᠭ | ᠪᠤᠯᠪᠠ᠃ ᠭᠠᠩ ᠭᠠᠮᠰᠢᠭ ᠤᠨ ᠡᠮᠦᠨ᠎ᠡ᠂ ᠪᠦᠬᠦ ᠬᠤᠰᠢᠭᠤ ᠪᠠᠷ ᠢᠶᠠᠨ ᠪᠦᠯᠬᠦᠮᠳᠠᠨ ᠨᠢᠭᠡᠳᠴᠤ᠂ ᠢᠳᠡᠭᠡᠯ ᠵᠤᠷᠢᠭ ᠢᠶᠠᠨ ᠬᠠᠮᠳᠤᠳᠬᠠᠨ᠂ ᠪᠦᠬᠦ ᠬᠦᠴᠤᠨ ᠢᠶᠠᠷ | ᠭᠠᠩ ᠲᠠᠢ ᠲᠡᠮᠡᠴᠠᠵᠤ ᠭᠠᠮᠰᠢᠭ ᠠᠴᠠ ᠠᠪᠤᠷᠠᠨ᠂ ᠭᠠᠮᠰᠢᠭᠳᠠᠭᠰᠠᠠ ᠤᠯᠠᠨ ᠲᠦᠮᠠᠨ ᠢ ᠲᠤᠰᠠᠯᠠᠨ ᠬᠦᠴᠢᠷ ᠢ ᠲᠤᠭᠤᠯᠪᠠ᠃ | ᠢᠳᠡᠪᠬᠢᠳᠠᠢ ᠪᠠᠷ ᠠᠷᠭᠠᠴᠠᠭᠠᠨ᠂ ᠪᠦᠬᠦ ᠬᠦᠴᠤᠨ ᠢᠶᠠᠷ ᠭᠠᠩ ᠲᠠᠢ ᠲᠡᠮᠡᠴᠠᠵᠤ ᠭᠠᠮᠰᠢᠭ ᠠᠴᠠ ᠠᠪᠤᠷᠠᠪᠠ᠃ ᠭᠠᠩ ᠭᠠᠮᠰᠢᠭ ᠲᠤ ᠴᠢᠭᠯᠡᠬᠦᠯᠦᠨ᠂ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠷᠢᠳᠴᠢᠯᠠᠨ ᠮᠠᠭᠠᠳᠯᠠᠵᠤ᠂ 2 ᠰᠠᠷ᠎ᠠ ᠠᠴᠠ ᠡᠬᠢᠯᠡᠨ ᠮᠠᠯ ᠪᠤᠷᠤᠯᠠᠭᠤᠯᠬᠤ ᠨᠦᠬᠦᠪᠦᠷᠢ ᠶᠢᠨ ᠲᠦᠷᠦ ᠶᠢᠨ ᠪᠤᠳᠤᠯᠭ᠎ᠠ | ᠶᠢ ᠠᠰᠢᠭᠯᠠᠨ᠂ ᠮᠠᠯᠴᠢᠨ ᠲᠠᠷᠢᠶᠠᠴᠢᠳ ᠢ ᠲᠠᠶᠢᠴᠢᠯᠠᠨ ᠮᠠᠯ ᠢᠶᠠᠨ ᠪᠤᠷᠤᠯᠠᠭᠤᠯᠬᠤ ᠬᠦᠴᠦᠯᠡᠴᠡ ᠶᠢ ᠶᠡᠭᠡᠰᠭᠡᠵᠤ᠂ ᠭᠠᠮᠰᠢᠭ ᠠᠴᠠ ᠪᠤᠯᠵᠤ ᠬᠤᠬᠢᠷᠠᠯ ᠡᠬᠦᠰᠬᠦ ᠶᠢ | ᠰᠡᠷᠭᠡᠶᠢᠯᠡᠪᠡ᠃ ᠭᠠᠩ ᠭᠠᠮᠰᠢᠭ ᠡᠬᠦᠰᠦᠭᠰᠡᠨ ᠤ ᠲᠠᠷᠠᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠴᠠᠭ ᠲᠤᠬᠠᠢ ᠳᠤᠨᠢ | ᠭᠠᠮᠰᠢᠭᠳᠠᠭᠰᠠᠨ ᠤᠷᠤᠨ ᠳᠤ ᠬᠦᠨᠵᠡᠭᠡᠶᠢᠷᠡᠨ ᠪᠠᠶᠢᠳᠠᠯ ᠢ ᠪᠠᠶᠢᠴᠠᠭᠠᠵᠤ᠂ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ᠂ ᠵᠠᠰᠠᠭ ᠤᠨ ᠤᠷᠳᠤᠨ ᠤ ᠪᠠᠶᠢᠩᠭᠤ | ᠶᠢᠨ ᠶᠠᠪᠤᠳᠠᠯ ᠤᠨ ᠬᠤᠷᠠᠯ ᠵᠡᠷᠭᠡ ᠶᠢ ᠤᠯᠠᠨᠳᠠ ᠬᠤᠷᠠᠯᠳᠤᠭᠤᠯᠵᠤ᠂ ᠰᠤᠳᠤᠯᠤᠨ ᠪᠠᠶᠢᠷᠢᠯᠠᠭᠤᠯᠤᠯᠳᠠ ᠬᠢᠵᠤ᠂ ᠭᠠᠩ ᠲᠠᠢ ᠲᠡᠮᠡᠴᠠᠵᠤ ᠭᠠᠮᠰᠢᠭ ᠠᠴᠠ ᠠᠪᠤᠷᠠᠬᠤ | ᠵᠢᠯᠤᠭᠤᠳᠬᠤ ᠭᠠᠵᠠᠷ ᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠦᠰᠦᠪ ᠢ ᠭᠡᠷᠡᠭᠵᠢᠬᠦᠯᠵᠤ᠂ ᠭᠠᠩ ᠲᠠᠢ ᠲᠡᠮᠡᠴᠠᠵᠤ ᠭᠠᠮᠰᠢᠭ ᠠᠴᠠ | ᠠᠪᠤᠷᠠᠨ ᠠᠷᠠᠳ ᠤᠨ ᠠᠮᠢᠳᠤᠷᠠᠯ ᠢ ᠪᠠᠳᠤᠯᠠᠬᠤ ᠶᠢ ᠤᠳᠤᠬᠠᠨ ᠤ ᠬᠠᠮᠤᠭ ᠤᠨ ᠲᠤᠯᠭᠠᠮ᠎ᠠ ᠴᠢᠬᠤᠯᠠ ᠠᠵᠢᠯ ᠢᠶᠠᠷ ᠠᠳᠬᠤᠵᠤ᠂ ᠵᠠᠰᠠᠭ ᠤᠨ ᠤᠷᠳᠤᠨ ᠠᠴᠠ ᠪᠠᠯᠠ | ᠤᠷᠤᠭᠤᠯᠤᠨ᠂ ᠮᠠᠯᠵᠢᠬᠤ ᠲᠠᠷᠢᠶᠠᠯᠠᠬᠤ ᠤᠷᠤᠨ ᠬᠤᠯᠪᠤᠭ᠎ᠠ ᠪᠠᠶᠢᠭᠤᠯᠤᠨ ᠬᠠᠮᠵᠢᠯᠴᠠᠵᠤ᠂ ᠨᠠᠶᠢᠭᠡᠮ ᠠᠴᠠ ᠲᠤᠰᠠᠯᠠᠨ᠂ ᠮᠠᠯᠴᠢᠨ ᠲᠠᠷᠢᠶᠠᠴᠢᠳ ᠦᠢᠯᠡᠳᠪᠦᠷᠢᠯᠡᠯ ᠢᠶᠠᠷ | ᠦᠪᠡᠷ ᠢ ᠪᠠᠨ ᠠᠪᠤᠷᠠᠬᠤ ᠵᠡᠷᠭᠡ ᠤᠯᠠᠨ ᠠᠷᠭ᠎ᠠ ᠠᠪᠴᠠᠯ ᠢᠶᠠᠷ ᠭᠠᠩ ᠲᠠᠢ ᠲᠡᠮᠡᠴᠠᠵᠤ ᠭᠠᠮᠰᠢᠭ ᠠᠴᠠ ᠠᠪᠤᠷᠠᠪᠠ᠃ ᠤᠳᠤ ᠪᠤᠯᠳᠠᠯ᠎ᠠ᠂ ᠭᠠᠩ ᠲᠠᠢ ᠲᠡᠮᠡᠴᠠᠵᠤ | ᠭᠠᠮᠰᠢᠭ ᠠᠴᠠ ᠠᠪᠤᠷᠠᠬᠤ ᠪᠠᠯᠠ ᠮᠦᠩᠬᠦ 1700 ᠭᠠᠷᠤᠢ ᠲᠦᠮᠠᠨ ᠲᠦᠬᠦᠷᠢᠭ ᠢ ᠵᠠᠷᠤᠴᠠᠭᠤᠯᠤᠨ᠂ ᠨᠡᠶᠢᠭᠡᠮ ᠤᠨ ᠡᠯ᠎ᠠ ᠡᠳᠡᠭᠡᠳ ᠢ ᠲᠠᠶᠢᠴᠢᠯᠠᠨ 1224 ᠲᠦᠮᠠᠨ | ᠲᠦᠬᠦᠷᠢᠭ ᠬᠠᠨᠳᠢᠪᠯᠠᠨ᠂ 7300 ᠭᠠᠷᠤᠢ ᠲᠤᠨ ᠲᠡᠵᠢᠭᠡᠯ ᠡᠪᠡᠰᠤ ᠪᠤᠷᠳᠤᠭ᠎ᠠ ᠲᠡᠭᠡᠭᠡᠪᠤᠷᠢᠯᠠᠨ ᠲᠠᠷᠬᠠᠭᠠᠵᠤ᠂ ᠴᠠᠭ ᠲᠤᠬᠠᠢ ᠳᠤᠨᠢ ᠬᠦᠮᠤᠨ ᠤ ᠬᠦᠴᠤ ᠪᠠᠷ 3 | ᠤᠳᠠᠭ᠎ᠠ ᠪᠤᠷᠤᠭᠠᠨ ᠤᠷᠤᠭᠤᠯᠵᠤ᠂ 30 ᠲᠦᠮᠠᠨ ᠮᠠᠯ ᠢ ᠪᠤᠷᠤᠯᠠᠭᠤᠯᠤᠨ᠂ ᠭᠠᠩ ᠬᠠᠭᠰᠠᠷᠭᠠᠨ ᠤ ᠬᠤᠬᠢᠷᠠᠯ ᠢ ᠬᠠᠮᠤᠭ ᠶᠡᠭᠡ ᠬᠡᠮᠵᠢᠶ᠎ᠠ ᠪᠠᠷ ᠪᠠᠭᠠᠰᠬᠠᠵᠤ᠂ | ᠭᠠᠮᠰᠢᠭᠳᠠᠭᠰᠠᠠ ᠮᠠᠯᠴᠢᠨ ᠲᠠᠷᠢᠶᠠᠴᠢᠨ ᠤ ᠤᠳᠤᠬᠠᠨ ᠤ ᠦᠢᠯᠡᠳᠪᠤᠷᠢᠯᠠᠯ ᠠᠮᠢᠳᠤᠷᠠᠯ ᠢ ᠪᠦᠳᠤᠮᠵᠢᠳᠠᠢ ᠪᠠᠷ ᠪᠠᠳᠤᠯᠠᠵᠤ ᠴᠢᠳᠠᠭᠰᠠᠠ ᠪᠠᠶᠢᠨ᠎ᠠ᠃ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠴᠠᠭ ᠲᠤᠬᠠᠢ ᠳᠤᠨᠢ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠤᠰᠬᠠᠢ ᠰᠡᠳᠦᠪ ᠤᠨ ᠬᠠᠷᠢᠭᠤ ᠮᠡᠳᠡᠬᠦᠯᠤᠯᠳᠠ ᠬᠢᠵᠤ᠂ ᠲᠡᠭᠡᠳᠤ ᠱᠠᠳᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠡᠭᠡᠳᠤ ᠭᠡᠮᠵᠢᠶ᠎ᠠ ᠪᠠᠷ ᠴᠢᠬᠤᠯᠠᠴᠢᠯᠠᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ | ᠤ ᠯᠢ ᠪᠢᠩ ᠷᠦᠩ ᠲᠡᠳ᠋ ᠲᠡᠷᠢᠬᠦᠯᠡᠭᠴᠢ ᠪᠤᠯᠤᠨ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠢ ᠵᠡᠷᠭᠡ ᠲᠢᠩᠬᠢᠮ ᠤᠨ ᠲᠡᠰ ᠤᠨ ᠰᠠᠯᠠᠭ᠎ᠠ ᠮᠦᠴᠢᠷ ᠤᠨ | ᠭᠤᠤᠯ ᠤᠳᠤᠷᠢᠳᠤᠯᠭ᠎ᠠ ᠨᠡᠷ ᠦᠨᠳᠤᠰᠤᠨ ᠱᠠᠳᠤᠨ ᠳᠤ ᠬᠦᠨᠵᠡᠭᠡᠶᠢᠷᠡᠵᠤ᠂ ᠭᠠᠮᠰᠢᠭ ᠤᠨ ᠪᠠᠶᠢᠳᠠᠯ ᠢ ᠤᠶᠢᠯᠠᠭᠠᠨ᠂ ᠲᠡᠷᠢᠬᠦᠯᠡᠭᠴᠢ ᠶᠢᠨ ᠪᠡᠯᠡᠳᠭᠡᠯ ᠮᠦᠩᠬᠦ ᠪᠠ | ᠬᠤᠯᠪᠤᠭᠳᠠᠯ ᠪᠦᠬᠦᠢ ᠲᠦᠷᠤᠯ ᠵᠤᠶᠢᠯ ᠤᠨ ᠪᠠᠯᠠ ᠮᠦᠩᠬᠦ ᠶᠢ ᠭᠡᠷᠡᠭᠯᠡᠨ ᠬᠠᠪᠰᠤᠷᠤᠨ ᠲᠡᠮᠵᠢᠪᠡ︔ ᠵᠠᠰᠠᠭ ᠤᠨ ᠤᠷᠳᠤᠨ ᠤ ᠵᠠᠩ ᠰᠢᠶᠣᠣ ᠪᠢᠨ ᠬᠤᠳᠠ ᠶᠢᠨ | ᠲᠠᠷᠤᠭ᠎ᠠ ᠴᠠᠭ ᠲᠤᠬᠠᠢ ᠳᠤᠨᠢ ᠭᠠᠮᠰᠢᠭᠳᠠᠭᠰᠠᠠ ᠤᠷᠤᠨ ᠳᠤ ᠬᠦᠨᠵᠡᠭᠡᠶᠢᠷᠡᠨ ᠭᠠᠮᠰᠢᠭ ᠤᠨ ᠪᠠᠶᠢᠳᠠᠯ ᠢ ᠤᠶᠢᠯᠠᠭᠠᠵᠤ᠂ 500 ᠲᠦᠮᠠᠨ ᠲᠦᠬᠦᠷᠢᠭ ᠤᠨ ᠲᠤᠰᠬᠠᠢ | ᠲᠦᠷᠦᠯ ᠤᠨ ᠪᠠᠯᠠ ᠮᠦᠩᠬᠦ ᠶᠢ ᠪᠠᠴᠢᠮ ᠲᠤᠬᠢᠷᠠᠭᠤᠯᠤᠨ ᠪᠠᠭᠤᠯᠭᠠᠵᠤ᠂ ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ ᠳᠤ ᠲᠤᠰᠠᠯᠠᠪᠠ᠃ ᠲᠡᠭᠡᠳᠤ ᠱᠠᠳᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠦᠴᠤᠳᠠᠢ ᠲᠡᠮᠵᠢᠯᠭᠡ ᠪᠠ ᠬᠠᠪᠰᠤᠷᠤᠯᠭ᠎ᠠ ᠲᠤᠤᠷ᠎ᠠ᠂ ᠪᠢᠳᠠ ᠯᠠᠪᠳᠠᠢ | ᠭᠠᠩ ᠬᠠᠭᠰᠠᠷᠭᠠᠨ ᠲᠠᠢ ᠲᠡᠮᠡᠴᠠᠵᠤ ᠭᠠᠮᠰᠢᠭ ᠠᠴᠠ ᠠᠪᠤᠷᠠᠬᠤ ᠡᠨᠡ ᠬᠦ ᠬᠠᠳᠠᠭᠤ ᠲᠠᠶᠢᠯᠠᠯᠳᠤᠭᠠᠨ ᠳᠤ ᠢᠯᠠᠯᠳᠠ ᠤᠯᠤᠨ᠎ᠠ ᠭᠡᠳᠡᠭ ᠲᠤ ᠪᠠᠨ ᠪᠠᠳᠤ ᠢᠳᠡᠭᠡᠯ ᠲᠠᠢ | ᠪᠠᠶᠢᠨ᠎ᠠ᠃ | ᠤᠯᠠᠨ ᠲᠠᠯ᠎ᠠ ᠠᠴᠠ ᠬᠠᠮᠵᠢᠯᠴᠠᠨ᠂ ᠰᠡᠳᠬᠢᠯ ᠬᠦᠴᠤ ᠪᠠᠨ ᠬᠠᠮᠳᠤᠳᠬᠠᠵᠤ᠂ ᠭᠠᠩ ᠬᠠᠭᠰᠠᠷᠭᠠᠨ ᠲᠠᠢ ᠲᠡᠮᠡᠴᠡᠪᠠ᠃ ︽ᠬᠠᠶᠢᠷ᠎ᠠ ᠨᠠᠶᠢᠷ ᠦᠭᠡᠢ ᠭᠠᠩ | ᠬᠠᠭᠰᠠᠷᠭᠠᠨ ᠳᠤ ᠬᠠᠮᠤᠭ ᠤᠯᠠᠨ ᠤ ᠬᠠᠷᠠᠮ ᠦᠭᠡᠢ ᠬᠠᠶᠢᠷ᠎ᠠ ᠲᠦᠮᠠᠨ ᠤᠯᠠᠨ ᠤ ᠰᠡᠳᠬᠢᠯ ᠢ ᠲᠤᠯᠠᠭᠠᠴᠠᠭᠤᠯᠤᠨ᠎ᠠ︾᠃ ᠭᠠᠩ ᠬᠠᠭᠰᠠᠷᠭᠠᠨ ᠲᠠᠢ ᠲᠡᠮᠡᠴᠠᠵᠤ | ᠭᠠᠮᠰᠢᠭ ᠠᠴᠠ ᠠᠪᠤᠷᠠᠬᠤ ᠪᠠᠶᠢᠳᠠᠯ ᠤᠨᠴᠠᠭᠠᠢ ᠬᠡᠴᠡᠬᠦᠤ ᠪᠠᠶᠢᠭ᠎ᠠ ᠵᠠᠩᠬᠢᠯᠠᠭ᠎ᠠ ᠶᠢᠨ ᠦᠶ᠎ᠠ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠴᠠᠭ | ᠲᠤᠬᠠᠢ ᠳᠤᠨᠢ ᠨᠡᠶᠢᠭᠡᠮ ᠤᠨ ᠡᠯ᠎ᠡ ᠡᠳᠡᠭᠡᠳ ᠲᠤ ᠰᠠᠨᠠᠭᠠᠴᠢᠯᠠᠭ᠎ᠠ ᠲᠤᠷᠠᠳᠴᠤ᠂ ᠪᠦᠬᠦ ᠬᠤᠰᠢᠭᠤᠨ ᠤ ᠨᠠᠮ ᠤᠨ ᠭᠡᠰᠢᠬᠦᠨ ᠤᠳᠤᠷᠢᠳᠬᠤ ᠺᠠᠳ᠋ᠷᠴᠤᠳ ᠢ ᠲᠠᠶᠢᠴᠢᠯᠠᠨ | ᠭᠠᠮᠰᠢᠭᠳᠠᠭᠰᠠᠨ ᠤᠷᠤᠨ ᠳᠤ 105.8 ᠲᠦᠮᠡᠨ ᠲᠦᠬᠦᠷᠢᠭ ᠬᠠᠨᠳᠢᠪᠯᠠᠵᠤ᠂ ᠬᠦᠷᠰᠢ ᠵᠡᠷᠭᠡᠯᠡᠳᠡᠭᠡ ᠬᠤᠰᠢᠭᠤ ᠰᠢᠶᠠᠨ ᠪᠤᠯᠤᠨ ᠨᠡᠶᠢᠭᠡᠮ ᠤᠨ ᠡᠯ᠎ᠠ ᠡᠳᠡᠭᠡᠳ | ᠲᠤᠮᠳᠠᠳᠤ ᠶᠢᠨ ᠦᠨᠳᠤᠰᠤᠳᠠᠨ ᠤ ︽ᠬᠦᠴᠢᠷ ᠲᠤᠬᠢᠶᠠᠯᠳᠤᠪᠠᠯ ᠬᠤᠳᠠᠯᠠ ᠤᠯᠠᠨ ᠢᠶᠠᠷ ᠢᠶᠠᠨ ᠲᠤᠰᠠᠯᠠᠬᠤ︾ ᠤᠯᠠᠮᠵᠢᠯᠠᠯᠳᠤ ᠰᠠᠶᠢᠬᠠᠨ ᠰᠤᠷᠳᠠᠯ ᠢᠶᠠᠨ | ᠪᠠᠳᠠᠷᠠᠭᠤᠯᠤᠨ᠂ ᠬᠠᠶᠢᠷ᠎ᠠ ᠬᠠᠯᠠᠮᠵᠢ ᠶᠢᠨ ᠬᠠᠯᠠᠭᠤᠨ ᠭᠠᠷ ᠢᠶᠠᠨ ᠰᠤᠩᠭᠠᠵᠤ᠂ ᠡᠯ᠎ᠠ ᠵᠤᠶᠢᠯ ᠤᠨ ᠠᠷᠭ᠎ᠠ ᠵᠠᠮ ᠢᠶᠠᠷ ᠭᠠᠮᠰᠢᠭᠳᠠᠭᠰᠠᠠ ᠠᠷᠠᠳ ᠢ ᠬᠠᠪᠰᠤᠷᠤᠨ ᠬᠦᠴᠢᠷ | ᠢ ᠲᠤᠭᠤᠯᠵᠤ᠂ ︽ᠦᠨᠳᠤᠰᠤᠳᠠᠨ ᠨᠦᠭᠦᠳ ᠲᠤᠳᠤᠨᠤᠰᠤᠭ ᠭᠡᠷ ᠪᠦᠯᠢ ᠮᠡᠳᠤ ᠪᠦᠯᠬᠦᠮᠳᠠᠬᠦ︾ ᠠᠭᠤᠷ ᠠᠮᠢᠰᠬᠤᠯ ᠢ ᠪᠤᠢ ᠪᠤᠯᠭᠠᠪᠠ᠃ ᠬᠡᠷᠡᠯ ᠵᠢᠷᠤᠭᠴᠢᠳ ᠤᠨ | ᠨᠡᠶᠢᠭᠡᠮᠯᠢᠭ ᠤᠨ ᠬᠢᠨ ᠭᠠᠮᠰᠢᠭ ᠤᠨ ᠪᠠᠶᠢᠳᠠᠯ ᠡᠬᠦᠰᠦᠭᠰᠡᠨ ᠤ ᠲᠠᠷᠠᠭ᠎ᠠ ᠬᠠᠮᠤᠭ ᠤᠨ ᠲᠡᠷᠢᠬᠦᠨ ᠳᠤ ᠴᠤᠩᠵᠢ᠂ ᠪᠠᠶᠠᠨ᠋ᠤ᠋ᠯᠠᠭᠠᠨ ᠵᠡᠷᠭᠡ ᠰᠤᠮᠤ ᠪᠠᠯᠭᠠᠰᠤ ᠪᠠᠷ | ᠬᠦᠨᠵᠡᠭᠡᠶᠢᠷᠡᠨ ᠪᠠᠶᠢᠳᠠᠯ ᠢ ᠤᠶᠢᠯᠠᠭᠠᠨ᠂ ᠭᠡᠷᠡᠯ ᠵᠢᠷᠤᠭ ᠢᠶᠠᠷ ᠭᠠᠮᠰᠢᠭ ᠤᠨ ᠪᠠᠶᠢᠳᠠᠯ ᠢ ᠲᠡᠮᠳᠡᠭᠯᠡᠨ ᠲᠤᠰᠬᠠᠵᠤ᠂ ᠸᠢᠴᠠᠲ᠂ ᠰᠦᠯᠵᠢᠶ᠎ᠡ ᠵᠡᠷᠭᠡ ᠠᠷᠭ᠎ᠠ ᠭᠡᠯᠪᠡᠷᠢ ᠶᠢ | ᠭᠡᠷᠡᠭᠯᠡᠨ ᠦᠷᠭᠡᠨ ᠢᠶᠠᠷ ᠤᠬᠠᠭᠤᠯᠤᠨ ᠬᠠᠨᠳᠢᠪ ᠲᠤᠰᠠᠯᠠᠮᠵᠢ ᠴᠤᠭᠯᠠᠭᠤᠯᠵᠤ᠂ ᠨᠡᠶᠢᠭᠡᠮ ᠤᠨ ᠡᠯ᠎ᠠ ᠡᠳᠡᠭᠡᠳ ᠤᠨ ᠠᠩᠬᠠᠷᠤᠯ ᠢ ᠦᠷᠭᠡᠨ ᠢᠶᠠᠷ ᠲᠠᠳᠠᠭᠰᠠᠠ ᠪᠠᠶᠢᠨ᠎ᠠ︔ | ᠬᠤᠰᠢᠭᠤᠨ ᠳᠤ ᠠᠵᠢᠯᠯᠠᠵᠤ ᠦᠩᠭᠡᠷᠡᠭᠰᠡᠨ ᠲᠤᠭᠤᠭ᠎ᠠ᠂ ᠸᠧᠨ ᠰᠢ ᠭᠠᠩ᠂ ᠵᠠᠩ ᠯᠢ ᠫᠢᠩ᠂ ᠶᠠᠩ ᠯᠢ ᠰᠢᠨ᠂ ᠠᠮᠤᠭᠤᠯᠠᠩ ᠵᠡᠷᠭᠡ ᠤᠳᠤᠷᠢᠳᠤᠯᠭ᠎ᠠ ᠨᠠᠷ | ᠰᠡᠳᠬᠢᠯ ᠵᠢᠷᠤᠭᠡ ᠪᠠᠨ ᠲᠠᠯ᠎ᠠ ᠨᠤᠳᠤᠭ ᠲᠠᠢ ᠪᠠᠨ ᠬᠤᠯᠪᠤᠨ᠂ ᠬᠠᠷᠠᠮ ᠦᠭᠡᠢ ᠪᠠᠷ ᠵᠤᠭᠤᠰ ᠮᠦᠩᠬᠦ ᠬᠠᠨᠳᠢᠪᠯᠠᠨ ᠲᠤᠰᠠᠯᠠᠪᠠ︔ ᠪᠠᠶᠠᠨᠨᠠᠭᠤᠷ ᠤᠨ ᠠᠵᠤ ᠠᠬᠤᠢ | ᠮᠡᠷᠭᠡᠵᠢᠯ ᠤᠨ ᠨᠡᠭᠡᠭᠡᠯᠳᠠ ᠶᠢᠨ ᠲᠤᠭᠤᠷᠢᠭ᠂ ᠯᠢᠨᠾᠧ᠂ ᠦᠶᠤᠸᠠᠨ᠂ ᠡᠮᠤᠨᠠᠳᠤ ᠬᠤᠰᠢᠭᠤ᠂ ᠬᠠᠩᠬᠢᠨ ᠬᠤᠶᠢᠳᠤ ᠬᠤᠰᠢᠭᠤ᠂ ᠳ᠋ᠧᠩᠺᠸᠤ ᠵᠡᠷᠭᠡ ᠬᠦᠷᠰᠢ | ᠵᠡᠷᠭᠡᠯᠡᠳᠡᠭᠡ ᠬᠤᠰᠢᠭᠤ ᠰᠢᠶᠠᠨ ᠲᠤᠭᠤᠷᠢᠭ 200 ᠲᠦᠮᠠᠨ ᠲᠦᠬᠦᠷᠢᠭ ᠤᠨ ᠭᠠᠩ ᠲᠠᠢ ᠲᠡᠮᠡᠴᠠᠵᠤ ᠭᠠᠮᠰᠢᠭ ᠠᠴᠠ ᠠᠪᠤᠷᠠᠬᠤ ᠪᠡᠯᠡ ᠮᠦᠩᠬᠦ ᠪᠠ 585 ᠲᠤᠨ | ᠭᠠᠮᠰᠢᠭ ᠠᠴᠠ ᠠᠪᠤᠷᠠᠬᠤ ᠲᠡᠵᠢᠭᠡᠯ ᠡᠪᠡᠰᠤ ᠪᠤᠷᠳᠤᠭ᠎ᠠ ᠬᠠᠨᠳᠢᠪᠯᠠᠨ᠂ ᠭᠠᠮᠰᠢᠭᠳᠠᠭᠰᠠᠨ ᠠᠷᠠᠳ ᠢ ᠬᠠᠪᠰᠤᠷᠤᠨ ᠬᠦᠴᠢᠷ ᠢ ᠲᠤᠭᠤᠯᠬᠤ ᠳᠤ ᠲᠤᠰᠠᠯᠠᠪᠠ︔ ᠮᠧᠩ | ᠼᠣᠣ ᠪᠦᠯᠦᠭᠯᠠᠯ᠂ ᠲᠠᠢ ᠫᠢᠩ ᠠᠭᠤᠷᠬᠠᠢ ᠶᠢᠨ ᠦᠢᠯᠡᠰ ᠵᠡᠷᠭᠡ ᠤᠯᠠᠨ ᠠᠵᠤ ᠠᠬᠤᠶᠢᠯᠠᠯ ᠪᠤᠯᠤᠨ ᠲᠢᠶᠠᠨᠵᠢᠨ᠂ ᠵᠧᠵᠢᠶᠠᠩ ᠵᠡᠷᠭᠡ ᠤᠷᠤᠨ ᠤ ᠭᠠᠳᠠᠨᠠᠬᠢ ᠦᠪᠤᠷ | ᠮᠤᠩᠭᠤᠯᠴᠤᠳ ᠤᠨ ᠬᠤᠳᠠᠯᠳᠤᠭᠠᠨ ᠤ ᠨᠡᠶᠢᠭᠡᠮᠯᠢᠭ ᠨᠢ ᠲᠡᠭᠡᠳᠤ ᠭᠡᠮᠵᠢᠶᠡᠨ ᠤ ᠨᠡᠶᠢᠭᠡᠮ ᠤᠨ ᠬᠠᠷᠢᠭᠤᠴᠠᠯᠭ᠎ᠠ ᠪᠠᠷ᠂ ᠨᠤᠳᠤᠭ ᠲᠠᠭᠠᠨ ᠪᠤᠴᠠᠵᠤ᠂ ᠬᠠᠷᠠᠮ ᠦᠭᠡᠢ | ᠬᠠᠶᠢᠷ᠎ᠠ ᠲᠤᠰᠠᠯᠠᠮᠵᠢ ᠪᠠᠨ ᠬᠦᠷᠭᠡᠵᠤ᠂ 855 ᠲᠦᠮᠠᠨ ᠲᠦᠬᠦᠷᠢᠭ ᠤᠨ ᠭᠠᠮᠰᠢᠭ ᠠᠴᠠ ᠠᠪᠤᠷᠠᠬᠤ ᠮᠦᠩᠬᠦ ᠲᠤᠰᠯᠠᠭᠰᠠᠠᠨ ᠪᠠᠶᠢᠨ᠎ᠠ︔ ᠬᠦᠰᠠᠯᠠᠩ᠂ ᠵᠠᠯᠮ᠎ᠠ ᠬᠠᠷ᠎ᠠ | ᠬᠠᠮᠳᠤᠯᠢᠭ ᠵᠡᠷᠭᠡ ᠨᠡᠷᠡᠳᠤ ᠲᠠᠭᠤᠴᠢᠨ ᠬᠠᠨᠳᠢᠪ ᠤᠨ ᠲᠤᠭᠯᠠᠯᠳᠠ ᠪᠠᠷ 25 ᠲᠦᠮᠠᠨ ᠲᠦᠬᠦᠷᠢᠭ ᠤᠨ ᠲᠤᠰᠠᠯᠠᠮᠵᠢ ᠶᠢᠨ ᠮᠦᠩᠬᠦ ᠬᠤᠷᠠᠮᠳᠠᠭᠤᠯᠤᠨ᠂ ᠭᠠᠩ ᠲᠠᠢ | ᠲᠡᠮᠡᠴᠡᠨ ᠭᠠᠮᠰᠢᠭ ᠠᠴᠠ ᠠᠪᠤᠷᠠᠬᠤ ᠳᠤ ᠬᠦᠴᠦᠨ ᠴᠢᠳᠠᠯ ᠢᠶᠠᠨ ᠨᠡᠮᠡᠷᠢᠯᠡᠪᠡ︔ ᠤᠷᠳᠤᠰ ᠬᠤᠳᠠ ᠶᠢᠨ ᠦᠤᠰᠢᠨ ᠬᠤᠰᠢᠭᠤᠨ ᠤ ᠰᠦᠯᠳᠠ ᠰᠤᠮᠤᠨ ᠤ ᠮᠠᠯᠴᠢᠳ | ᠰᠠᠶᠢᠨ ᠲᠤᠷ᠎ᠠ ᠠᠴᠠ ᠪᠠᠨ 320 ᠲᠤᠨ ᠲᠡᠵᠢᠭᠡᠯ ᠡᠪᠡᠰᠤ ᠪᠤᠷᠳᠤᠭ᠎ᠠ ᠪᠤᠯᠤᠨ 1.8 ᠲᠦᠮᠠᠨ ᠲᠦᠬᠦᠷᠢᠭ ᠤᠨ ᠭᠠᠮᠰᠢᠭ ᠠᠴᠠ ᠠᠪᠤᠷᠠᠬᠤ ᠲᠤᠰᠠᠯᠠᠮᠵᠢ ᠶᠢᠨ ᠮᠦᠩᠬᠦ | ᠴᠤᠭᠯᠠᠭᠤᠯᠤᠨ ᠪᠠᠶᠠᠨ᠋ᠤ᠋ᠯᠠᠭᠠᠨ ᠰᠤᠮᠤᠨ ᠳᠤ ᠬᠦᠷᠭᠡᠭᠰᠠᠠ ᠪᠠᠶᠢᠨ᠎ᠠ᠃ ᠤᠨᠴᠠᠭᠠᠶᠢᠯᠠᠨ ᠴᠤᠩᠵᠢ ᠰᠤᠮᠤᠨ ᠤ ᠮᠠᠯᠴᠢᠨ ᠬᠠᠷᠠᠬᠦᠤ ᠶᠢᠨ ᠬᠢᠨ ᠤ 390 ᠮᠠᠯ ᠨᠢᠭᠡᠯᠠ | ᠰᠦᠨᠢ ᠶᠢᠨ ᠬᠤᠭᠤᠷᠤᠨᠳᠤ ᠪᠦᠬᠦᠨ ᠢᠶᠠᠷ ᠢᠶᠠᠨ ᠰᠦᠢᠳᠴᠤ᠂ ᠬᠡᠷ ᠪᠦᠯᠢ ᠶᠢᠨ ᠬᠢᠨᠢ ᠬᠦᠨᠳᠤ ᠭᠡᠴᠡᠬᠦᠤ ᠬᠤᠬᠢᠷᠠᠯ ᠳᠤ ᠤᠴᠠᠷᠠᠭᠰᠠᠨ ᠦᠶ᠎ᠠ ᠳᠤ᠂ ᠤᠶᠢᠷ᠎ᠠ | ᠬᠠᠪᠢ ᠶᠢᠨ ᠭᠠᠮᠰᠢᠭᠳᠠᠭᠰᠠᠠ ᠮᠠᠯᠴᠢᠨ ᠲᠦᠮᠠᠨ ᠮᠠᠯ ᠬᠦᠷᠭᠡᠨ ᠮᠦᠩᠬᠦ ᠲᠤᠰᠠᠯᠠᠵᠤ᠂ ᠲᠡᠬᠦᠨ ᠢ ᠲᠡᠮᠵᠢᠵᠤ ᠭᠠᠴᠢᠭ ᠢ ᠲᠤᠭᠤᠯᠤᠭᠤᠯᠪᠠ᠃ ᠡᠳᠡᠭᠡᠷ ᠰᠡᠳᠬᠢᠯ ᠢ | ᠤᠶᠠᠷᠠᠭᠤᠯᠤᠮ᠎ᠠ ᠦᠨᠠᠨ ᠪᠤᠳᠠᠳᠤ ᠠᠵᠢᠯᠯᠠᠭ᠎ᠠ ᠨᠢ ᠭᠠᠮᠰᠢᠭᠳᠠᠭᠰᠠᠨ ᠠᠷᠠᠳ ᠲᠤ ᠨᠠᠮ ᠤᠨ ᠬᠠᠶᠢᠷ᠎ᠠ ᠬᠠᠯᠠᠮᠵᠢ ᠶᠢ ᠬᠦᠷᠳᠡᠭᠡᠭᠰᠡᠨ ᠢᠶᠠᠷ ᠪᠠᠷᠠᠬᠤ ᠦᠭᠡᠢ ᠨᠡᠩ ᠴᠤ | ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠲᠠᠪᠠᠭᠤᠯᠢᠭ ᠴᠢᠨᠠᠷ ᠢ ᠬᠦᠴᠦᠳᠠᠢ ᠢᠯᠠᠷᠠᠬᠦᠯᠤᠨ᠂ ᠮᠦᠨᠴᠤ ᠨᠠᠮ ᠪᠠ ᠵᠠᠰᠠᠭ ᠤᠨ ᠤᠷᠳᠤᠨ ᠵᠢᠴᠢ | ᠨᠡᠶᠢᠭᠡᠮ ᠤᠨ ᠡᠯ᠎ᠠ ᠡᠳᠡᠭᠡᠳ ᠤᠨ ᠪᠦᠯᠬᠦᠮᠳᠠᠨ ᠨᠢᠭᠲᠠᠷᠠᠵᠤ᠂ ᠬᠦᠴᠢᠷ ᠪᠡᠷᠭᠡᠰᠢᠶᠠᠯ ᠢ ᠬᠠᠮᠳᠤᠪᠠᠷ ᠲᠤᠭᠤᠯᠬᠤ ᠴᠠᠭ ᠦᠶ᠎ᠠ ᠶᠢᠨ ᠵᠤᠷᠢᠭ ᠰᠠᠨᠠᠭ᠎ᠠ ᠶᠢ ᠬᠦᠢᠴᠡᠳ | ᠬᠠᠷᠠᠭᠤᠯᠵᠤ ᠴᠢᠳᠠᠭᠰᠠᠠ ᠪᠠᠶᠢᠨ᠎ᠠ᠃ | ᠲᠤᠰᠤᠯ ᠬᠤᠷᠠᠨ ᠲᠠᠯᠠᠢ ᠪᠤᠯᠵᠤ᠂ ᠲᠤᠰᠠᠯᠠᠮᠵᠢ ᠬᠤᠷᠠᠨ ᠢᠳᠡᠭᠡᠯ ᠪᠤᠯᠤᠨ᠎ᠠ᠃ ᠨᠡᠶᠢᠭᠡᠮ ᠤᠨ ᠡᠯ᠎ᠠ ᠡᠳᠡᠭᠡᠳ ᠤᠨ ᠬᠠᠷᠠᠮ ᠦᠭᠡᠢ ᠬᠠᠶᠢᠷ᠎ᠠ ᠨᠢ ᠭᠠᠩᠳᠠᠵᠤ | ᠰᠢᠷᠠᠯᠠᠭᠰᠠᠠ ᠲᠠᠯ᠎ᠠ ᠨᠤᠳᠤᠭ ᠢ ᠤᠮᠳᠠᠯᠠᠨ᠂ ᠭᠠᠮᠰᠢᠭᠳᠠᠭᠰᠠᠠ ᠤᠯᠠᠨ ᠲᠦᠮᠠᠨ ᠳᠤ ᠭᠠᠩ ᠬᠠᠭᠰᠠᠷᠭᠠᠨ ᠲᠠᠢ ᠲᠡᠮᠡᠴᠠᠬᠦ ᠢᠳᠡᠭᠡᠯ ᠵᠤᠷᠢᠭ ᠢ ᠨᠢ ᠬᠦᠪᠴᠢᠯᠠᠬᠦ ᠶᠤᠮ︕ | ᠪᠢᠳᠠ ᠭᠠᠮᠰᠢᠭᠳᠠᠭᠰᠠᠠ ᠤᠯᠠᠨ ᠲᠦᠮᠠᠨ ᠲᠠᠢ ᠵᠤᠪᠠᠭᠤᠷᠢ ᠵᠦᠳᠡᠬᠦᠷᠢ ᠪᠠᠨ ᠬᠠᠮᠳᠤᠳᠬᠠᠨ᠂ ᠭᠠᠷ ᠭᠠᠷ ᠢᠶᠠᠨ ᠬᠤᠯᠪᠤᠨ᠂ ᠵᠤᠷᠢᠭ ᠰᠡᠳᠬᠢᠯ ᠢᠶᠠᠨ ᠪᠠᠳᠤᠳᠬᠠᠨ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠪᠠᠯ᠂ ᠭᠠᠩ ᠲᠠᠢ ᠲᠡᠮᠡᠴᠠᠵᠤ ᠭᠠᠮᠰᠢᠭ ᠠᠴᠠ ᠠᠪᠤᠷᠠᠬᠤ ᠪᠦᠬᠦ ᠲᠠᠯ᠎ᠠ ᠶᠢᠨ ᠢᠯᠠᠯᠳᠠ ᠶᠢ ᠯᠠᠪᠳᠠᠢ ᠤᠯᠵᠤ ᠴᠢᠳᠠᠨ᠎ᠠ︕ | ︵ᠭᠤᠷᠪᠠ︶ ᠪᠦᠳᠤᠴᠠ ᠪᠠᠨ ᠰᠢᠯᠢᠳᠡᠭᠵᠢᠬᠦᠯᠤᠨ᠂ ᠪᠦᠬᠦ ᠬᠦᠷᠢᠶ᠎ᠡ ᠴᠠᠷᠠᠭ᠎ᠠ ᠪᠠᠷ ᠬᠦᠭᠵᠢᠬᠦᠯᠵᠤ᠂ ᠠᠵᠤ ᠦᠢᠯᠡᠰᠵᠢᠯᠳᠠ ᠶᠢᠨ ᠬᠢᠷᠢ ᠲᠦᠪᠰᠢᠨ ᠢ | ᠲᠠᠰᠤᠷᠠᠯᠳᠠ ᠦᠭᠡᠢ ᠲᠡᠭᠡᠭᠰᠢᠯᠡᠬᠦᠯᠪᠠ᠃ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠠᠯ ᠯᠠᠪᠳᠠᠭᠤᠨ ᠢᠶᠠᠷ ᠬᠦᠭᠵᠢᠪᠠ᠃ ᠪᠦᠬᠦ ᠬᠦᠷᠢᠶ᠎ᠡ ᠴᠠᠷᠠᠭᠠᠨ ᠤ ᠪᠤᠬᠢᠷᠳᠤᠯ ᠦᠭᠡᠢ ᠤᠷᠭᠠᠨᠢᠭ ᠲᠡᠭᠡᠳᠤ | ᠲᠡᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠤᠭᠡᠭᠳᠡᠬᠦᠨ ᠢ ᠦᠢᠯᠡᠳᠪᠤᠷᠢᠯᠠᠨ ᠪᠤᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠳᠠ ᠪᠠᠨ | ᠪᠤᠯᠭᠠᠨ᠂ ᠼᠣᠣ ᠶᠤᠸᠠᠨᠾᠧᠩ ᠲᠦᠩ᠂ ᠮᠧᠩ ᠶᠠᠩ ᠵᠡᠷᠭᠡ 6 ᠠᠵᠤ ᠠᠬᠤᠶᠢᠯᠠᠯ ᠢᠶᠠᠷ ᠲᠠᠭᠠᠭᠤᠯᠤᠭᠴᠢ ᠪᠤᠯᠭᠠᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠳᠤᠭᠡᠭᠳᠡᠬᠦᠨ ᠤ ᠰᠤᠯᠢᠯᠴᠠᠭ᠎ᠠ᠂ ᠨᠦᠭᠡᠴᠠᠯᠠᠨ ᠬᠠᠳᠠᠭᠠᠯᠠᠬᠤ ᠪᠠᠷᠠᠭᠠᠨ ᠤ ᠬᠦᠢᠯᠭᠡᠭᠡᠨ ᠤ ᠲᠤᠭᠳᠠᠯᠴᠠᠭ᠎ᠠ ᠶᠢ ᠠᠩᠬ᠎ᠠ ᠠᠯᠬᠤᠮ ᠪᠦᠷᠢᠯᠳᠤᠬᠦᠯᠵᠤ᠂ ᠲᠦᠮᠠᠨ ᠮᠤ᠋ | ᠶᠢᠨ ᠯᠤᠬᠠᠱᠧᠩ᠂ ᠲᠦᠮᠠᠨ ᠮᠤ᠋ ᠶᠢᠨ ᠠᠮᠳᠠᠳᠤ ᠬᠡᠮᠭᠡ᠂ ᠡᠯᠳᠡᠪ ᠠᠮᠤ ᠵᠡᠷᠭᠡ ᠶᠢ ᠲᠠᠷᠢᠵᠤ ᠤᠷᠭᠤᠭᠤᠯᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ | ᠯᠠᠪᠳᠠᠭᠤᠨ ᠢᠶᠠᠷ ᠠᠬᠢᠭᠤᠯᠪᠠ︔ ᠬᠠᠯᠢᠭᠤᠳᠤ ᠶᠢᠨ ᠲᠦᠮᠠᠨ ᠮᠤ᠋ ᠶᠢᠨ ᠲᠠᠷᠢᠶᠠᠯᠠᠩ ᠬᠦᠷᠢᠶᠡᠯᠡᠩ ᠤᠨ ᠶᠠᠷᠤᠩᠭᠡᠶᠢᠯᠡᠭᠰᠠᠠ ᠴᠤᠭᠴᠠ ᠪᠤᠯᠤᠨ ᠤᠩᠭᠤᠨ᠂ ᠰᠢᠨᠠᠬᠦ᠋ᠷᠢᠶᠠ᠂ | ᠲᠤᠭᠤᠯᠳᠠᠢ ᠶᠢᠨ ᠲᠦᠮᠠᠨ ᠮᠤ᠋ ᠮᠠᠯᠵᠢᠯ ᠬᠦᠷᠢᠶᠡᠯᠡᠩ ᠤᠨ ᠶᠠᠷᠤᠩᠭᠡᠶᠢᠯᠡᠭᠰᠠᠠ ᠴᠤᠭᠴᠠ ᠶᠢᠨ ᠲᠦᠯᠤᠪᠵᠢᠬᠦᠯᠭᠡ ᠶᠢᠨ ᠵᠢᠷᠤᠭ ᠲᠦᠰᠦᠪ ᠢ ᠪᠡᠶᠡᠯᠡᠬᠦᠯᠪᠡ︔ | ᠲᠠᠷᠢᠶᠠᠯᠠᠩ ᠤᠨ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠯᠠᠪᠳᠠᠭᠤᠨ ᠢᠶᠠᠷ ᠦᠷᠨᠢᠬᠦᠯᠤᠨ᠂ ᠲᠦᠭᠡᠮᠠᠯᠵᠢᠬᠦᠯᠦᠭᠰᠠᠠ ᠲᠠᠯᠠᠪᠠᠢ ᠨᠢ 100 ᠲᠦᠮᠠᠨ ᠮᠤ᠋ ᠳᠤ | ᠬᠦᠷᠪᠡ︔ ᠭᠠᠵᠠᠷ ᠰᠢᠷᠤᠢ ᠶᠢᠨ ᠡᠷᠭᠡ ᠶᠢ ᠲᠤᠳᠤᠯᠠᠨ ᠲᠤᠭᠳᠠᠭᠠᠬᠤ ᠠᠵᠢᠯ ᠦᠨᠳᠤᠰᠤᠨ ᠳᠡᠭᠡᠨ ᠲᠠᠭᠤᠰᠴᠤ᠂ 85 ᠲᠦᠮᠠᠨ ᠮᠤ᠋ ᠭᠠᠵᠠᠷ ᠰᠢᠷᠤᠢ ᠶᠢᠨ ᠡᠷᠭᠡ ᠶᠢ | ᠨᠤᠳᠠᠯᠠᠨ ᠲᠤᠳᠤᠯᠠᠪᠠ︔ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠤᠭᠡᠭᠳᠡᠬᠦᠨ ᠤ ᠶᠡᠷᠦᠩᠭᠡᠶᠢᠯᠡᠭᠰᠡᠨ ᠰᠢᠯᠭᠠᠨ ᠪᠠᠶᠢᠴᠠᠭᠠᠬᠤ ᠬᠢᠨᠠᠨ ᠬᠡᠮᠵᠢᠬᠦ ᠲᠦᠪ ᠢ ᠵᠠᠰᠠᠨ | ᠰᠠᠶᠢᠵᠢᠷᠠᠭᠤᠯᠬᠤ ᠪᠠᠷᠢᠯᠭ᠎ᠠ ᠶᠢ ᠲᠠᠭᠤᠰᠬᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠤᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ | ᠲᠤᠭᠳᠠᠯᠴᠠᠭ᠎ᠠ ᠶᠢ ᠲᠠᠰᠤᠷᠠᠯᠳᠠ ᠦᠭᠡᠢ ᠲᠡᠬᠦᠯᠳᠡᠷᠵᠢᠬᠦᠯᠪᠠ᠃ | ᠠᠵᠤ ᠦᠢᠯᠡᠳᠪᠤᠷᠢ ᠶᠢᠨ ᠠᠵᠤ ᠠᠬᠤᠢ ᠯᠠᠪᠳᠠᠭᠤᠨ ᠢᠶᠠᠷ ᠲᠡᠭᠡᠭᠰᠢᠯᠠᠪᠠ᠃ ᠠᠵᠤ ᠦᠢᠯᠡᠳᠪᠤᠷᠢ ᠶᠢᠨ ᠠᠵᠤ ᠠᠬᠤᠢ ᠶᠢᠨ ᠡᠷᠬᠢᠯᠳᠠ ᠶᠢᠨ ᠴᠢᠨᠠᠷ ᠴᠢᠨᠰᠠᠭ᠎ᠠ | ᠤᠯᠠᠮ ᠨᠢᠭᠡ ᠠᠯᠬᠤᠮ ᠲᠡᠭᠡᠭᠰᠢᠯᠡᠨ᠂ ᠠᠵᠢᠯ ᠢᠶᠠᠨ ᠡᠬᠢᠯᠡᠬᠦᠯᠵᠤ ᠰᠡᠷᠬᠦᠭᠡᠭᠰᠠᠠ ᠨᠤᠷᠮ᠎ᠠ᠂ ᠴᠠᠬᠢᠯᠭᠠᠨ ᠭᠡᠷᠡᠭᠯᠡᠬᠦ ᠭᠡᠮᠵᠢᠶ᠎ᠠ᠂ ᠦᠢᠯᠡᠳᠪᠦᠷᠢᠯᠡᠯ ᠪᠤᠷᠤᠯᠠᠭᠤᠯᠤᠯᠳᠠ ᠶᠢᠨ | ᠨᠤᠷᠮ᠎ᠠ ᠵᠡᠷᠭᠡ ᠲᠡᠷᠢᠬᠦᠨ ᠤ ᠵᠢᠭᠠᠯᠳᠠ ᠲᠤᠭ᠎ᠠ ᠪᠦᠷ ᠠᠳᠠᠯᠢ ᠬᠤᠭᠤᠴᠠᠭᠠᠨ ᠤ ᠬᠢ ᠠᠴᠠ ᠲᠡᠭᠡᠭᠰᠢᠯᠠᠪᠠ᠃ ᠠᠷᠢᠭᠤᠨ ᠴᠡᠪᠡᠷ ᠡᠨᠧᠷᠬᠢ᠂ ᠠᠭᠤᠷᠬᠠᠢ᠂ ᠲᠡᠮᠦᠷᠯᠢᠭ | ᠬᠠᠶᠢᠯᠤᠭᠤᠯᠬᠤ ᠵᠡᠷᠭᠡ ᠭᠤᠤᠯᠳᠠᠯᠭᠠᠳᠤ ᠠᠵᠤ ᠠᠬᠤᠶᠢᠯᠠᠯ ᠬᠦᠭᠵᠢᠯᠳᠠ ᠪᠠᠨ ᠲᠦᠷᠭᠡᠳᠭᠡᠨ᠂ ᠹᠧᠩ ᠢᠤᠢ᠂ ᠶᠢᠨ ᠼᠠᠢ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ | ᠨᠠᠷᠢᠯᠢᠭ ᠪᠤᠯᠪᠠᠰᠤᠷᠠᠭᠤᠯᠤᠯᠳᠠ ᠶᠢᠨ ᠲᠦᠷᠦᠯ ᠵᠦᠢᠯ ᠯᠠᠪᠳᠠᠭᠤᠨ ᠢᠶᠠᠷ ᠠᠬᠢᠭᠤᠯᠤᠭᠳᠠᠵᠤ᠂ ᠰᠾᠢ ᠬᠤᠸᠠ ᠶᠢᠨ 20 ᠲᠦᠮᠠᠨ ᠺᠢᠯᠤᠸᠠᠲ᠂ ᠱᠧᠩ ᠬᠤᠸᠠ ᠬᠦᠸᠧ | ᠨᠧᠩ ᠤᠨ 20 ᠲᠦᠮᠠᠨ ᠺᠢᠯᠤᠸᠠᠲ ᠤᠨ ᠰᠠᠯᠬᠢᠨ ᠴᠠᠬᠢᠯᠭᠠᠨ ᠪᠠ ᠵᠦᠩ ᠾᠧ ᠯᠦᠩ ᠲᠧᠩ ᠤᠨ 10 ᠲᠦᠮᠠᠨ ᠺᠢᠯᠤᠸᠠᠲ ᠤᠨ ᠢᠯᠴᠢ ᠶᠢᠨ ᠡᠨᠧᠷᠬᠢ ᠶᠢᠨ | ᠲᠦᠷᠤᠯ ᠵᠤᠶᠢᠯ ᠤᠷᠤᠭᠰᠢᠳᠠᠢ ᠶᠠᠪᠤᠭᠳᠠᠵᠤ᠂ ᠬᠦᠸᠧ ᠬᠤᠸᠠ ᠶᠢᠨ 40 ᠲᠦᠮᠠᠨ ᠺᠢᠯᠤᠸᠠᠲ᠂ ᠮᠧᠩ ᠨᠧᠩ ᠤᠨ 10 ᠲᠦᠮᠠᠨ ᠺᠢᠯᠤᠸᠠᠲ ᠤᠨ ᠰᠠᠯᠬᠢᠨ | ᠴᠠᠬᠢᠯᠭᠠᠨ ᠲᠤᠤᠷ ᠨᠠᠶᠢᠯᠡᠬᠦᠯᠤᠨ ᠴᠠᠬᠢᠯᠭᠠᠨ ᠭᠠᠷᠭᠠᠪᠠ᠃ ᠱᠧᠨ ᠬᠤᠸᠠ ᠶᠢᠨ ᠨᠢᠭᠡᠳᠤᠭᠡᠷ ᠬᠤᠭᠤᠴᠠᠭᠠᠨ ᠤ ᠬᠤᠶᠠᠳᠡᠬᠢ ᠱᠠᠳᠤᠨ ᠤ 300 ᠲᠦᠮᠠᠨ ᠲᠤᠨ | ᠨᠡᠬᠦᠷᠡᠰᠤ ᠤᠬᠢᠶᠠᠬᠤ᠂ 120 ᠲᠦᠮᠠᠨ ᠲᠤᠨ ᠬᠡᠦᠷᠰᠢᠬᠦᠯᠬᠦ ᠵᠢᠴᠢ 12 ᠲᠦᠮᠠᠨ ᠲᠤᠨ ᠤ ᠮᠧᠲ᠋ᠢᠯ ᠠᠯᠺᠤᠤᠯ ᠤᠨ ᠲᠦᠷᠤᠯ ᠵᠤᠶᠢᠯ ᠡᠮᠬᠢ ᠵᠢᠷᠤᠮ ᠲᠠᠢ | ᠠᠬᠢᠭᠤᠯᠤᠭᠳᠠᠵᠤ᠂ ᠰᠢᠶᠣᠣ ᠯᠦᠩ ᠤᠨ ᠦᠨᠳᠦᠷ ᠨᠡᠬᠦᠷᠡᠰᠦᠳᠦ᠋ᠷᠦᠭᠴᠢᠳᠤ ᠾᠷᠤᠮᠳᠤ ᠲᠡᠮᠦᠷ ᠤᠨ ᠦᠭᠡᠷᠡᠴᠢᠯᠠᠨ ᠲᠡᠰ ᠲᠡᠪᠰᠢᠬᠦᠯᠬᠦ᠂ ᠮᠤᠤ ᠶᠤᠸᠠᠨ ᠤ ᠢᠯᠵᠢᠮᠡᠭ | ᠤᠨ ᠬᠦᠴᠢᠯ ᠤᠨ ᠤᠷᠭᠠᠨᠢᠭ ᠪᠤᠷᠳᠤᠭᠤᠷ ᠤᠨ ᠲᠦᠷᠤᠯ ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠳᠠᠢ ᠶᠠᠪᠤᠭᠳᠠᠪᠠ᠃ ᠲᠦᠰᠤᠭᠡᠯᠡᠭᠰᠠᠠ ᠢᠶᠠᠷ | ᠲᠡᠭᠡᠷ᠎ᠠ ᠬᠠᠭᠠᠰ ᠵᠢᠯ ᠳᠤ ᠪᠤᠯᠪᠠᠰᠤᠷᠠᠭᠤᠯᠤᠯᠳᠠ ᠶᠢᠨ ᠲᠤᠭᠤᠷᠢᠭ 34.15 ᠳ᠋ᠦᠩᠰᠢᠭᠤᠷ ᠲᠦᠬᠦᠷᠢᠭ ᠤᠨ ᠠᠵᠤ ᠦᠢᠯᠡᠳᠪᠤᠷᠢ ᠶᠢᠨ ᠶᠡᠷᠦᠩᠭᠡᠢ ᠦᠷᠳᠡᠭ ᠢ | ᠪᠠᠶᠠᠯᠡᠬᠦᠯᠤᠨ᠂ 1.37 ᠳ᠋ᠦᠩᠰᠢᠭᠤᠷ ᠲᠦᠬᠦᠷᠢᠭ ᠤᠨ ᠭᠠᠶᠢᠯᠢ ᠶᠢᠨ ᠤᠷᠤᠯᠭ᠎ᠠ ᠶᠢ ᠪᠠᠶᠠᠯᠡᠬᠦᠯᠵᠤ᠂ ᠬᠤᠭ ᠨᠤᠪᠰᠢ ᠶᠢ ᠪᠤᠬᠢᠷᠳᠤᠯ ᠦᠭᠡᠢ ᠰᠢᠢᠳᠪᠤᠷᠢᠯᠠᠨ ᠪᠤᠯᠠᠬᠤ | ᠲᠠᠯᠠᠪᠤᠷ ᠠᠰᠢᠭᠯᠠᠯᠳᠠ ᠳᠤ ᠤᠷᠤᠵᠤ᠂ ᠪᠤᠯᠪᠠᠰᠤᠷᠠᠭᠤᠯᠤᠯᠳᠠ ᠶᠢᠨ ᠲᠤᠭᠤᠷᠢᠭ ᠪᠤᠯᠤᠨ ᠤᠳᠤ ᠦᠶ᠎ᠠ ᠶᠢᠨ ᠪᠠᠷᠠᠭᠠᠨ ᠤ ᠬᠦᠢᠯᠭᠡᠭᠡᠨ ᠤ ᠲᠤᠭᠤᠷᠢᠭ ᠤᠨ | ᠵᠠᠯᠭᠠᠯᠴᠠᠭᠠᠨ ᠤ ᠵᠠᠮ ᠰᠤᠭᠤᠮ᠂ ᠰᠢᠳᠠᠮᠠᠬᠠᠢ ᠬᠡᠢ ᠪᠠᠷ ᠲᠤᠯᠠᠭᠠᠯᠠᠯᠭ᠎ᠠ ᠬᠠᠩᠭᠠᠬᠤ ᠵᠡᠷᠭᠡ ᠪᠠᠷᠢᠯᠭ᠎ᠠ ᠶᠢ ᠲᠦᠷᠭᠡᠳᠭᠡᠨ ᠠᠬᠢᠭᠤᠯᠵᠤ᠂ ᠪᠤᠯᠪᠠᠰᠤᠷᠠᠭᠤᠯᠤᠯᠳᠠ ᠶᠢᠨ | ᠲᠤᠭᠤᠷᠢᠭ ᠤᠨ ᠠᠴᠢᠶᠠᠯᠠᠪᠤᠷᠢ ᠶᠢᠨ ᠴᠢᠳᠠᠪᠬᠢ ᠤᠯᠠᠮ ᠨᠢᠭᠡ ᠠᠯᠬᠤᠮ ᠲᠡᠭᠡᠭᠰᠢᠯᠡᠪᠡ᠃ | ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠲᠠᠰᠤᠷᠠᠯᠳᠠ ᠦᠭᠡᠢ ᠪᠤᠵᠠᠭᠠᠶᠢᠷᠠᠪᠠ᠃ ᠴᠠᠬᠢᠮ ᠬᠤᠳᠠᠯᠳᠤᠭᠠᠨ ᠤ ᠠᠵᠤ ᠦᠢᠯᠡᠰ ᠯᠠᠪᠳᠠᠭᠤᠨ ᠢᠶᠠᠷ | ᠬᠦᠭᠵᠢᠨ᠂ ᠠᠵᠤ ᠦᠢᠯᠡᠰ ᠤᠨ ᠬᠦᠷᠢᠶᠡᠯᠡᠩ ᠳᠤ 9 ᠠᠵᠤ ᠠᠬᠤᠶᠢᠯᠠᠯ ᠰᠢᠨ᠎ᠡ ᠪᠠᠷ ᠨᠡᠮᠡᠭᠳᠡᠵᠤ᠂ ᠴᠠᠬᠢᠮ ᠬᠤᠳᠠᠯᠳᠤᠭᠠᠨ ᠤ ᠨᠡᠷᠡᠳᠤ ᠲᠡᠮᠳᠡᠭ ᠢ 13 ᠡᠬᠦᠳᠪᠠ | ᠃ ᠲᠦᠷᠭᠡᠨ ᠭᠤᠪᠢᠭᠤᠯᠭ᠎ᠠ ᠶᠢᠨ ᠲᠦᠷᠤᠯ ᠬᠤᠪᠢᠶᠠᠨ ᠢᠯᠭᠠᠨ ᠭᠤᠪᠢᠭᠤᠯᠬᠤ ᠲᠦᠪ ᠢ ᠡᠬᠢᠯᠠᠨ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠳᠤ ᠴᠠᠬᠢᠮ | ᠬᠤᠳᠠᠯᠳᠤᠭᠠᠨ ᠤ ᠦᠢᠯᠡᠴᠢᠯᠡᠭᠡᠨ ᠤ ᠦᠷᠳᠡᠭᠡ 75 ᠶᠢ ᠪᠠᠶᠢᠭᠤᠯᠬᠤ ᠪᠠᠷ ᠲᠦᠯᠦᠪᠯᠡᠪᠡ︔ ᠬᠠᠮ ᠵᠢᠭᠤᠯᠴᠢᠯᠠᠯ ᠤᠨ ᠶᠠᠷᠤᠩᠭᠡᠢ ᠲᠦᠯᠤᠪᠵᠢᠬᠦᠯᠭᠡ ᠶᠢ ᠨᠠᠶᠢᠷᠠᠭᠤᠯᠬᠤ | ᠠᠵᠢᠯ ᠢ ᠪᠦᠬᠦ ᠲᠠᠯ᠎ᠠ ᠪᠠᠷ ᠡᠬᠢᠯᠡᠬᠦᠯᠤᠨ᠂ ᠤᠩᠭᠤᠨ ᠲᠠᠯ᠎ᠠ ᠶᠢᠨ ᠬᠠᠪᠴᠢᠯ᠂ ᠴᠠᠰᠤᠳᠠᠢ ᠬᠠᠪᠴᠢᠯ ᠤᠨ ᠵᠢᠭᠤᠯᠴᠢᠯᠠᠯ ᠤᠨ ᠤᠷᠤᠨ ᠤ ᠵᠢᠭᠤᠯᠴᠢᠯᠠᠯ ᠤᠨ ᠲᠤᠰᠬᠠᠢ | ᠵᠠᠮ ᠱᠤᠭᠤᠮ ᠤᠨ ᠪᠠᠷᠢᠯᠭ᠎ᠠ ᠶᠢ ᠲᠦᠷᠭᠡᠳᠭᠡᠨ᠂ ᠲᠠᠯᠠᠭᠤᠯᠠ ᠶᠢᠨ ᠤᠰᠤᠨ ᠴᠦᠬᠦᠷᠤᠮ ᠤᠨ ᠬᠡᠭᠡᠷᠡᠯᠡᠬᠦ ᠮᠤᠲ᠋ᠤᠷ ᠪᠤᠯᠪᠠᠰᠤᠷᠠᠬᠤ ᠰᠠᠭᠤᠷᠢᠨ ᠭᠠᠵᠠᠷ ᠪᠠ ᠤᠩᠭᠤᠨ | ᠲᠠᠯ᠎ᠠ ᠶᠢᠨ ᠦᠷᠭᠡᠳᠭᠡᠬᠦ ᠪᠤᠯᠪᠠᠰᠤᠷᠠᠯ ᠤᠨ ᠰᠠᠭᠤᠷᠢᠨ ᠭᠠᠵᠠᠷ ᠤᠨ ᠪᠠᠷᠢᠯᠭ᠎ᠠ ᠶᠢ ᠪᠦᠬᠦᠨ ᠢ ᠪᠠᠶᠢᠭᠤᠯᠵᠤ᠂ ᠬᠦᠳᠡᠭᠡ ᠲᠤᠰᠬᠤᠨ ᠤ ᠠᠶᠠᠯᠠᠯ ᠵᠢᠭᠤᠯᠴᠢᠯᠠᠯ ᠤᠨ | ᠵᠢᠱᠢᠶ᠎ᠡ ᠦᠵᠡᠬᠦᠯᠦᠨ ᠲᠠᠶᠢᠴᠢᠯᠠᠨ ᠲᠠᠭᠠᠭᠤᠯᠬᠤ ᠦᠢᠯᠡᠳᠤᠯ ᠡᠳᠤᠷ ᠢᠷᠡᠬᠦᠶ᠎ᠠ ᠲᠡᠭᠡᠭᠰᠢᠯᠠᠪᠠ᠃ ᠲᠡᠭᠡᠷ᠎ᠠ ᠬᠠᠭᠠᠰ ᠵᠢᠯ ᠳᠤ᠂ ᠨᠡᠶᠢᠳᠡ 39.8 ᠲᠦᠮᠠᠨ ᠬᠦᠮᠦᠨ | ᠤᠳᠠᠭᠠᠨ ᠤ ᠵᠤᠭᠠᠴᠠᠭᠰᠠᠳ ᠢ ᠬᠦᠯᠢᠶᠠᠨ ᠠᠪᠴᠤ᠂ ᠵᠢᠭᠤᠯᠴᠢᠯᠠᠯ ᠤᠨ ᠶᠡᠷᠦᠩᠭᠡᠢ ᠤᠷᠤᠯᠭ᠎ᠠ 4.2 ᠳ᠋ᠦᠩᠰᠢᠭᠤᠷ ᠲᠦᠬᠦᠷᠢᠭ ᠲᠤ ᠬᠦᠷᠪᠠ᠃ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠬᠦᠢᠯᠭᠡᠭᠡ᠂ ᠴᠠᠬᠢᠯᠭᠠᠨ ᠬᠤᠯᠪᠤᠭ᠎ᠠ ᠲᠤᠤᠷ ᠰᠦᠯᠵᠢᠶ᠎ᠠ ᠵᠡᠷᠭᠡ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠦᠳᠳᠠᠷ ᠲᠦᠷᠭᠡᠨ | ᠬᠦᠭᠵᠢᠵᠤ᠂ ᠨᠡᠶᠢᠳᠠᠮ ᠭᠡᠷᠡᠭᠯᠡᠬᠦ ᠨᠢᠰᠭᠡᠯ ᠤᠨ ᠪᠠᠭᠤᠳᠠᠯ ᠤᠨ ᠤᠶᠢᠷ᠎ᠠ ᠵᠠᠮ ᠤᠨ ᠲᠡᠭᠡᠭᠡᠪᠤᠷᠢ 363 ᠤᠳᠠᠭ᠎ᠠ ᠳᠤ ᠬᠦᠷᠴᠤ᠂ ᠲᠠᠮᠤᠷ ᠵᠠᠮ ᠤᠨ ᠪᠠᠷᠠᠭᠠᠨ ᠤ | ᠲᠡᠭᠡᠭᠡᠪᠤᠷᠢ ᠶᠢᠨ ᠭᠡᠮᠵᠢᠶ᠎ᠠ 493 ᠲᠦᠮᠠᠨ ᠲᠤᠨ ᠳᠤ ᠬᠦᠷᠴᠠᠢ᠃ | ︵ᠲᠦᠷᠪᠡ︶ ᠬᠤᠳᠠ ᠬᠦᠳᠡᠭᠡ ᠶᠢ ᠨᠢᠭᠡᠳᠦᠯᠳᠠᠢ ᠲᠦᠯᠦᠪᠵᠢᠬᠦᠯᠦᠨ᠂ ᠡᠶ᠎ᠡ ᠵᠤᠬᠢᠴᠠᠩᠭᠤᠢ ᠪᠠᠷ ᠬᠦᠭᠵᠢᠬᠦᠯᠵᠤ᠂ ᠬᠦᠮᠦᠰ ᠤᠨ ᠤᠷᠤᠰᠢᠨ ᠠᠮᠢᠳᠤᠷᠠᠬᠤ | ᠤᠷᠴᠢᠨ ᠲᠤᠭᠤᠷᠢᠨ ᠢ ᠮᠡᠳᠡᠭᠳᠡᠮ᠎ᠡ ᠰᠠᠶᠢᠵᠢᠷᠠᠭᠤᠯᠪᠠ᠃ | ᠬᠤᠳᠠ ᠪᠠᠯᠭᠠᠰᠤᠨ ᠤ ᠤᠯᠠᠨ ᠨᠡᠶᠢᠳᠡ ᠶᠢᠨ ᠲᠦᠬᠦᠭᠡᠷᠤᠮᠵᠢ ᠶᠢ ᠲᠠᠰᠤᠷᠠᠯᠳᠠ ᠦᠭᠡᠢ ᠲᠡᠬᠦᠯᠳᠡᠷᠵᠢᠬᠦᠯᠪᠡ᠃ ᠪᠦᠬᠦ ᠤᠯᠤᠰ ᠤᠨ ᠪᠤᠯᠪᠠᠰᠤᠨ ᠬᠤᠳᠠ ᠶᠢ | ᠡᠬᠦᠳᠦᠨ ᠪᠠᠶᠢᠭᠤᠯᠬᠤ ᠠᠵᠢᠯ ᠢ ᠡᠬᠢᠯᠡᠬᠦᠯᠵᠤ᠂ ᠤᠯᠠᠨ ᠬᠡᠯᠪᠡᠷᠢ ᠮᠠᠶ᠋ᠢᠭ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠦᠨ᠂ ︽ᠠᠷᠠᠳ ᠤᠨ ᠲᠦᠯᠦᠭᠡ | ᠡᠬᠦᠳᠦᠨ ᠪᠠᠶᠢᠭᠤᠯᠵᠤ᠂ ᠡᠬᠦᠳᠦᠨ ᠪᠠᠶᠢᠭᠤᠯᠬᠤ ᠨᠢ ᠠᠷᠠᠳ ᠲᠤ ᠠᠰᠢᠭ ᠲᠤᠰᠠ ᠬᠦᠷᠳᠡᠬᠡᠬᠦ ᠶᠢᠨ ᠲᠦᠯᠦᠭᠡ︾ ᠬᠡᠬᠦ ᠤᠶᠢᠯᠠᠭᠠᠭᠳᠠᠬᠤᠨ ᠢ ᠲᠠᠰᠤᠷᠠᠯᠳᠠ ᠦᠭᠡᠢ | ᠬᠦᠨᠵᠡᠭᠡᠶᠢᠷᠡᠬᠦᠯᠪᠡ᠃ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ᠂ ᠨᠤᠭᠤᠭᠠᠷᠠᠭᠤᠯᠤᠯᠳᠠ ᠭᠡᠷᠡᠯᠳᠡᠬᠦᠯᠦᠯᠭᠡ ᠵᠡᠷᠭᠡ ᠭᠤᠤᠯᠳᠠᠯᠭᠠᠳᠤ ᠢᠨᠵᠧᠨᠧᠷᠢᠩ ᠡᠮᠬᠢ | ᠲᠢᠭᠯᠢᠮ ᠲᠠᠢ ᠶᠠᠪᠤᠭᠳᠠᠵᠤ᠂ ᠡᠳ᠋ ᠤᠨ ᠵᠠᠰᠠᠭ ᠤᠨ ᠵᠡᠬᠡᠯᠢ᠂ ᠲᠷᠠᠺᠲ᠋ᠤᠷ ᠰᠡᠯᠪᠢᠨ ᠵᠠᠰᠠᠬᠤ ᠵᠡᠬᠡᠯᠢ ᠶᠢᠨ ᠭᠡᠷ ᠪᠠᠶᠢᠰᠢᠩ ᠤᠨᠲ᠋ᠤᠭᠤᠷᠢᠭ ᠪᠤᠯᠤᠨ ᠬᠤᠢ ᠹᠧᠩ | ᠨᠢᠭᠡᠳᠦᠭᠡᠷ ᠲᠤᠭᠤᠷᠢᠭ᠂ ᠭᠤᠸᠠᠩ ᠶᠤᠸᠠᠨ ᠲᠤᠭᠤᠷᠢᠭ ᠵᠡᠷᠭᠡ 9 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠶᠡᠷᠦᠩᠭᠡᠶᠢᠯᠡᠨ ᠴᠡᠭᠴᠡᠯᠡᠨ ᠵᠠᠰᠠᠬᠤ | ᠲᠦᠯᠦᠪᠵᠢᠬᠦᠯᠭᠡ ᠶᠢᠨ ᠵᠢᠷᠤᠭ ᠲᠦᠰᠦᠪ ᠢ ᠪᠡᠶᠡᠯᠡᠬᠦᠯᠵᠤ᠂ ᠲᠡᠮᠦᠷᠯᠢᠭ ᠤᠨ ᠵᠡᠬᠡᠯᠢ ᠶᠢᠨ ᠲᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠤᠨ ᠵᠠᠰᠠᠯᠳᠠ | ᠶᠢ ᠡᠬᠢᠯᠡᠨ ᠭᠡᠷᠡᠭᠵᠢᠬᠦᠯᠵᠤ᠂ ᠪᠡᠶ᠎ᠡ ᠶᠢᠨ ᠲᠡᠮᠢᠷ ᠤᠨ ᠵᠡᠬᠡᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠷᠠᠭᠤᠨ ᠵᠠᠭᠡᠯᠢ ᠶᠢᠨ ᠲᠦᠬᠦᠮ ᠪᠦᠳᠦᠴᠡᠳᠤ ᠤᠷᠤᠨ | ᠰᠠᠭᠤᠴᠠ ᠶᠢᠨ ᠲᠤᠭᠤᠷᠢᠭ ᠤᠨ ᠵᠠᠰᠠᠯᠳᠠ ᠨᠢ ᠡᠮᠦᠨᠡᠬᠢ ᠬᠤᠭᠤᠴᠠᠭᠠᠨ ᠤ ᠠᠵᠢᠯ ᠢᠶᠠᠨ ᠡᠬᠢᠯᠡᠬᠦᠯᠵᠤ᠂ ᠪᠠᠶᠠᠨ ᠵᠠᠮ᠂ ᠵᠠᠬ᠎ᠠ ᠲᠡᠯᠭᠡᠬᠦᠷ ᠤᠨ ᠵᠡᠬᠡᠯᠢ ᠵᠡᠷᠭᠡ ᠵᠠᠮ | ᠵᠡᠬᠡᠯᠢ ᠶᠢ ᠦᠷᠭᠡᠳᠭᠡᠨ ᠪᠠᠶᠢᠭᠤᠯᠬᠤ ᠪᠠᠷᠢᠯᠭ᠎ᠠ ᠡᠬᠢᠯᠡᠪᠠ︔ ᠮᠤᠩᠭᠤᠯ ᠲᠤᠮᠳᠠᠳᠤ ᠰᠤᠷᠭᠠᠭᠤᠯᠢ ᠶᠢᠨ ᠵᠡᠬᠡᠯᠢ᠂ ᠰᠾᠢ ᠢ ᠲᠠᠩ ᠲᠤᠰᠬᠤᠨ ᠤ ᠨᠡᠬᠦᠷᠡᠰᠤ ᠶᠢ ᠭᠡᠢ | ᠭᠡᠷᠡᠭᠯᠡᠬᠦ ᠪᠤᠯᠭᠠᠨ ᠦᠭᠡᠷᠡᠴᠢᠯᠡᠬᠦ ᠪᠠᠷᠢᠯᠭ᠎ᠠ ᠶᠢ ᠡᠬᠢᠯᠡᠨ ᠭᠡᠷᠡᠭᠵᠢᠬᠦᠯᠪᠡ︔ ᠤᠢ ᠰᠢᠭᠤᠢ ᠶᠢᠨ ᠨᠤᠭᠤᠭᠠᠷᠠᠭᠤᠯᠤᠯᠳᠠ ᠶᠢᠨ ᠲᠠᠯᠠᠪᠠᠢ ᠶᠢ ᠰᠢᠨ᠎ᠡ ᠪᠠᠷ 40.4 | ᠲᠦᠮᠡᠨ ᠲᠡᠭᠰᠢ ᠲᠦᠷᠪᠡᠯᠵᠢᠨ ᠮᠧᠲᠷ ᠨᠡᠮᠡᠭᠳᠡᠬᠦᠯᠵᠤ᠂ ᠬᠤᠳᠠ ᠶᠢᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠲᠠᠰᠤᠷᠠᠯᠳᠠ ᠦᠭᠡᠢ ᠰᠠᠶᠢᠵᠢᠷᠠᠪᠠ᠃ | ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠭᠡᠷᠦᠮᠵᠢ ᠶᠢ ᠲᠠᠰᠤᠷᠠᠯᠳᠠ ᠦᠭᠡᠢ ᠴᠢᠩᠭᠠᠳᠬᠠᠪᠠ᠃ 9.36 ᠲᠦᠮᠡᠨ ᠮᠤ᠋ ᠶᠢᠨ ᠬᠤᠵᠢᠷᠯᠢᠭ ᠭᠠᠵᠠᠷ ᠢ | ᠰᠠᠶᠢᠵᠢᠷᠠᠭᠤᠯᠤᠨ ᠡᠪᠡᠰᠤ ︵ᠪᠤᠷᠳᠤᠭ᠎ᠠ︶ ᠶᠢ ᠨᠡᠮᠡᠭᠳᠡᠬᠦᠯᠵᠤ ᠮᠠᠯ ᠠᠵᠤ ᠠᠬᠤᠢ ᠶᠢ ᠬᠦᠭᠵᠢᠬᠦᠯᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ 22 | ᠲᠦᠮᠡᠨ ᠮᠤ᠋ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠦᠨᠳᠦᠰᠦᠨ ᠳᠡᠭᠡᠨ ᠠᠵᠢᠯ ᠢᠶᠠᠨ ᠲᠠᠭᠤᠰᠬᠠᠪᠠ᠃ ᠦᠨᠳᠦᠷ ᠪᠦᠳᠦᠮᠵᠢᠳᠤ | ᠤᠰᠤ ᠠᠷᠪᠢᠯᠠᠬᠤ ᠤᠰᠤᠯᠠᠯᠳᠠ᠂ ᠬᠤᠶᠠᠷ ᠪᠤᠭᠳᠠ ᠶᠢᠨ ᠠᠭᠤᠯᠠ ᠶᠢᠨ ᠤᠰᠤᠨ ᠴᠦᠬᠦᠷᠦᠮ ᠤᠨ ᠪᠠᠭ᠎ᠠ ᠰᠠᠪᠠ ᠭᠠᠵᠠᠷ ᠤᠨ ᠵᠠᠰᠠᠯᠳᠠ᠂ ᠮᠠᠯᠵᠢᠬᠤ ᠤᠷᠤᠨ ᠤ | ᠤᠰᠤᠨ ᠤ ᠬᠤᠳᠳᠤᠭ᠂ ᠬᠠᠷᠠᠭᠠᠳᠤ ᠶᠢᠨ ᠦᠶᠡᠷ ᠢ ᠰᠡᠷᠬᠡᠶᠢᠯᠡᠬᠦ ᠵᠠᠰᠠᠯᠳᠠ ᠵᠡᠷᠭᠡ 14 ᠲᠦᠷᠦᠯ ᠤᠨ ᠭᠤᠤᠯᠳᠠᠯᠭ᠎ᠠ ᠲᠠᠢ ᠤᠰᠤᠨ ᠠᠰᠢᠭᠯᠠᠯᠳᠠ ᠶᠢᠨ | ᠢᠨᠵᠧᠨᠧᠷᠢᠩ ᠪᠠᠷᠢᠯᠭ᠎ᠠ ᠪᠠᠨ ᠡᠬᠢᠯᠡᠬᠦᠯᠪᠡ᠃ ᠭᠤᠤᠯᠳᠠᠯᠭ᠎ᠠ ᠲᠠᠢ ᠤᠷᠤᠨ ᠲᠤᠭᠤᠷᠢᠭ ᠤᠨ 1.9 ᠲᠦᠮᠡᠨ ᠮᠤ᠋ ᠶᠢᠨ ᠨᠤᠭᠤᠭᠠᠷᠠᠭᠤᠯᠤᠯᠳᠠ ᠶᠢ ᠬᠢᠵᠤ᠂ ᠠᠵᠤ | ᠠᠬᠤᠢ ᠶᠢᠨ ᠤᠢ 2000 ᠮᠤ᠋ ᠶᠢ ᠤᠶᠢᠵᠢᠭᠤᠯᠪᠠ᠃ ᠤᠯᠤᠰ ᠤᠨ 331᠂ 335 ᠵᠠᠮ ᠱᠤᠭᠤᠮ ᠤᠶᠢᠷ᠎ᠠ ᠶᠢᠨ ᠬᠤᠭᠤᠴᠠᠭᠠᠨ ᠳᠤ ᠪᠠᠷᠢᠯᠭ᠎ᠠ ᠡᠬᠢᠯᠡᠬᠦᠯᠵᠤ᠂ | ᠮᠣᠵᠢ ᠶᠢᠨ 212᠂ 225 ᠵᠠᠮ ᠱᠤᠭᠤᠮ ᠵᠡᠷᠭᠡ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠲᠦᠷᠭᠡᠳᠭᠡᠨ ᠠᠬᠢᠭᠤᠯᠵᠤ᠂ ᠲᠤᠰᠬᠤᠨ ᠳᠤ ᠨᠡᠪᠳᠡᠷᠡᠬᠦᠯᠬᠦ ᠱᠦᠢᠨᠢ ᠵᠠᠮ ᠤᠨ ᠪᠠᠷᠢᠯᠭ᠎ᠠ 101 ᠺᠢᠯᠤᠮᠧᠲᠷ᠂ ᠰᠢᠶᠠᠨ ᠰᠢᠶᠠᠩ ᠤᠨ ᠵᠠᠮ ᠤᠨ ᠠᠮᠤᠷ ᠲᠦᠪᠰᠢᠨ ᠤ | ᠰᠡᠷᠭᠡᠶᠢᠯᠡᠯᠳᠡ ᠶᠢᠨ ᠪᠠᠷᠢᠯᠭ᠎ᠠ 284 ᠺᠢᠯᠤᠮᠧᠲᠷ ᠢ ᠪᠡᠶᠡᠯᠡᠬᠦᠯᠪᠡ᠃ ᠶᠠᠳᠠᠭᠤ ᠬᠦᠴᠢᠷᠳᠡᠯᠳᠠᠢ ᠲᠤᠰᠬᠤᠨ ᠳᠤ ᠬᠦᠳᠡᠯᠭᠡᠬᠦ ᠬᠦᠴᠦᠨ ᠤ ᠴᠠᠬᠢᠯᠭᠠᠨ ᠢ ᠨᠡᠪᠳᠡᠷᠡᠬᠦᠯᠬᠦ | ᠪᠤᠯᠤᠨ ᠪᠤᠶᠢᠳᠠ ᠪᠦᠭᠯᠡᠬᠦᠤ ᠬᠦᠳᠡᠭᠡ ᠲᠤᠰᠬᠤᠨ ᠤ ᠴᠠᠬᠢᠯᠭᠠᠨ ᠭᠡᠷᠡᠭᠯᠡᠭᠡᠨ ᠤ ᠲᠡᠰ ᠲᠡᠪᠰᠢᠬᠦᠯᠬᠦ ᠦᠭᠡᠷᠡᠴᠢᠯᠡᠯᠳᠡ ᠪᠠᠷᠢᠯᠭ᠎ᠠ ᠪᠠᠨ ᠡᠬᠢᠯᠡᠬᠦᠯᠪᠡ᠃ | ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠤ ᠵᠠᠰᠠᠯᠳᠠ ᠶᠢ ᠡᠮᠬᠢ ᠲᠢᠭᠯᠢᠮ ᠲᠠᠢ ᠠᠬᠢᠭᠤᠯᠪᠠ᠃ ᠮᠠᠯᠵᠢᠬᠤ ᠲᠠᠷᠢᠶᠠᠯᠠᠬᠤ ᠤᠷᠤᠨ | ᠤ ᠤᠷᠤᠰᠢᠨ ᠠᠮᠢᠳᠤᠷᠠᠬᠤ ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠶᠢᠨ ᠠᠵᠢᠯ ᠢ ᠭᠡᠷᠡᠭᠵᠢᠬᠦᠯᠬᠦ ᠲᠦᠰᠦᠯ ᠢ ᠲᠤᠭᠳᠠᠭᠠᠵᠤ᠂ ᠬᠦᠮᠦᠰ ᠤᠨ ᠤᠷᠤᠰᠢᠨ | ᠠᠮᠢᠳᠤᠷᠠᠬᠤ ᠤᠷᠴᠢᠨ ᠲᠤᠭᠤᠷᠢᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠪᠡ᠃ 3827 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠤᠷᠴᠢᠨ | ᠲᠤᠭᠤᠷᠢᠨ ᠤ ᠠᠷᠢᠭᠤᠨ ᠴᠡᠪᠡᠷᠯᠡᠭᠡ ᠶᠢᠨ ᠲᠦᠭᠦᠭᠡᠷᠦᠮᠵᠢ ᠶᠢ ᠢᠵᠢ ᠪᠦᠷᠢᠳᠦᠬᠦᠯᠬᠦ᠂ ᠬᠤᠭ ᠨᠤᠪᠰᠢ ᠶᠢ ᠰᠢᠢᠳᠪᠦᠷᠢᠯᠡᠬᠦ ᠲᠠᠯᠠᠪᠤᠷ ᠵᠡᠷᠭᠡ ︽ᠨᠢᠭᠡ ᠭᠡᠷᠡᠭ ᠶᠠᠪᠤᠳᠠᠯ | ᠢ ᠨᠢᠭᠡ ᠵᠦᠪᠯᠡᠬᠦ︾ ᠲᠦᠷᠦᠯ ᠵᠦᠢᠯ 132 ᠲᠦᠷᠦᠯ ᠢ ᠭᠡᠷᠡᠭᠵᠢᠬᠦᠯᠪᠠ᠃ 1000 ᠡᠷᠦᠭᠡ ᠮᠠᠯᠵᠢᠬᠤ ᠲᠠᠷᠢᠶᠠᠯᠠᠬᠤ ᠤᠷᠤᠨ ᠤ ᠠᠶᠢᠯ ᠡᠷᠦᠭᠡ ᠶᠢᠨ ᠵᠤᠷᠯᠦᠩ ᠤᠨ | ᠵᠠᠰᠠᠯᠳᠠ ᠶᠢᠨ ᠲᠦᠷᠦᠯ ᠵᠦᠢᠯ ᠤᠨ ᠪᠠᠶᠢᠳᠠᠯ ᠢ ᠤᠶᠢᠯᠠᠭᠠᠬᠤ ᠪᠠᠶᠢᠴᠠᠭᠠᠯᠳᠠ ᠶᠢ ᠲᠡᠬᠦᠰᠭᠡᠵᠤ᠂ ᠲᠠᠯ ᠠᠭᠤᠯᠠ ᠶᠢᠨ ᠡᠤ ᠵᠧᠨᠲ᠋ᠤᠰᠬᠤᠨ ᠤ ᠪᠤᠵᠠᠷ ᠤᠰᠤ ᠶᠢ | ᠰᠢᠢᠳᠪᠦᠷᠢᠯᠡᠬᠦ ᠲᠦᠷᠦᠯ ᠵᠦᠢᠯ ᠡᠮᠦᠨᠡᠬᠢ ᠬᠤᠭᠤᠴᠠᠭᠠᠨ ᠤ ᠠᠵᠢᠯ ᠢᠶᠠᠨ ᠲᠡᠬᠦᠰᠬᠡᠵᠤ᠂ ᠲᠠᠯ ᠠᠭᠤᠯᠠ᠂ ᠦᠵᠦᠬᠦᠷ ᠭᠤᠤᠯ᠂ ᠰᠢᠬ᠎ᠠ ᠭᠤᠤᠯ ᠤᠨ ᠬᠤᠭ ᠨᠤᠪᠰᠢ | ᠶᠢ ᠰᠢᠢᠳᠪᠦᠷᠢᠯᠡᠬᠦ ᠲᠠᠯᠠᠪᠤᠷ ᠪᠤᠯᠤᠨ ᠤᠩᠭᠤᠨ ᠪᠠᠯᠭᠠᠰᠤᠨ ᠤ ᠬᠠᠷᠠᠴᠢᠯᠠᠭᠤ ᠭᠠᠴᠠᠭᠠᠨ ᠤ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠪᠠᠷᠢᠯᠭ᠎ᠠ ᠶᠢ | ᠡᠬᠢᠯᠡᠬᠦᠯᠪᠡ᠃ | ︵ᠲᠠᠪᠤ︶ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠬᠠᠮᠵᠢᠯᠴᠠᠨ ᠠᠬᠢᠭᠤᠯᠵᠤ᠂ ᠬᠦᠭᠵᠢᠯᠳᠡ ᠶᠢᠨ ᠬᠦᠳᠡᠯᠭᠡᠭᠴᠢ ᠬᠦᠴᠦᠨ ᠢᠯᠡᠳᠳᠡ ᠴᠢᠩᠭᠠᠷᠠᠪᠠ᠃ | ᠭᠤᠷᠪᠠᠨ ᠲᠦᠷᠦᠯ ᠤᠨ ᠭᠤᠤᠯᠳᠠᠯᠭ᠎ᠠ ᠲᠠᠢ ᠦᠭᠡᠷᠡᠴᠢᠯᠡᠯᠳᠡ ᠶᠢᠨ ᠠᠵᠢᠯ ᠲᠠᠰᠤᠷᠠᠯᠳᠠ ᠦᠭᠡᠢ ᠬᠦᠨᠵᠡᠭᠡᠶᠢᠷᠡᠪᠡ᠃ ᠮᠠᠯᠴᠢᠨ ᠲᠠᠷᠢᠶᠠᠴᠢᠨ ᠠᠵᠤ ᠠᠬᠤᠶᠢᠯᠠᠯ | ᠤᠨ ᠦᠷ᠎ᠡ ᠠᠰᠢᠭ ᠤᠨ ᠬᠤᠯᠪᠤᠭᠠᠯᠠᠯ ᠤᠨ ᠲᠤᠭᠳᠠᠯᠴᠠᠭ᠎ᠠ ᠲᠠᠰᠤᠷᠠᠯᠳᠠ ᠦᠭᠡᠢ ᠲᠡᠬᠦᠯᠳᠡᠷᠵᠢᠵᠤ᠂ ᠮᠧᠩ ᠶᠠᠩ᠂ ᠼᠣᠣ ᠶᠤᠸᠠᠨ ᠾᠧᠩ ᠲᠦᠩ᠂ ᠭᠤᠤ ᠲᠠ | ᠯᠢᠶᠠᠩ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠢᠶᠠᠷ ᠲᠠᠭᠠᠭᠤᠯᠤᠭᠴᠢ ᠪᠤᠯᠭᠠᠭᠰᠠᠨ᠂ ᠲᠡᠩᠬᠡᠯᠡᠬᠦᠨ᠂ ᠹᠦ᠋ ᠢ ᠹᠠᠩ᠂ ᠬᠤᠣ ᠯᠢᠶᠠᠨ ᠹᠧᠩ ᠵᠡᠷᠭᠡ 32 | ᠲᠤᠰᠬᠠᠢ ᠬᠤᠷᠰᠢᠶᠠᠵᠢᠯ ᠢᠶᠠᠷ ᠬᠤᠯᠪᠤᠭᠠᠰᠤ ᠪᠤᠯᠭᠠᠭᠰᠠᠨ ᠠᠵᠤ ᠦᠢᠯᠡᠰᠵᠢᠭᠰᠡᠨ ᠬᠤᠯᠪᠤᠭᠠᠳᠤ ᠴᠤᠭᠴᠠ ᠶᠢ ᠪᠠᠶᠢᠭᠤᠯᠵᠤ᠂ ᠮᠠᠯᠴᠢᠨ ᠲᠠᠷᠢᠶᠠᠴᠢᠳ ᠢ ᠲᠠᠭᠠᠭᠤᠯᠤᠨ | ᠤᠷᠤᠯᠭ᠎ᠠ ᠶᠢ ᠨᠢ ᠪᠦᠳᠦᠮᠵᠢᠳᠠᠢ ᠪᠠᠷ ᠨᠡᠮᠡᠭᠳᠡᠬᠦᠯᠪᠡ᠃ ᠦᠨᠳᠦᠰᠤᠨ ᠱᠠᠳᠤᠨ ᠤ ᠬᠠᠩᠭᠠᠨ ᠪᠤᠷᠤᠯᠠᠭᠤᠯᠬᠤ ᠬᠤᠷᠰᠢᠶ᠎ᠠ ᠶᠢ ᠰᠡᠷᠬᠦᠭᠡᠨ ᠪᠠᠶᠢᠭᠤᠯᠬᠤ ᠶᠢ ᠢᠳᠡᠪᠬᠢᠳᠠᠢ | ᠪᠠᠷ ᠠᠬᠢᠭᠤᠯᠪᠡ᠃ ᠲᠤᠮᠳᠠᠳᠤ ᠤᠯᠤᠰ ᠮᠤᠩᠭᠤᠯ ᠤᠯᠤᠰ ᠤᠨ ᠬᠠᠮᠳᠤᠷᠠᠯᠴᠠᠭᠠᠨ ᠤ ᠲᠤᠭᠳᠠᠯᠴᠠᠭ᠎ᠠ ᠲᠠᠰᠤᠷᠠᠯᠳᠠ ᠦᠭᠡᠢ ᠪᠠᠳᠤᠵᠢᠵᠤ ᠂ ᠬᠤᠶᠠᠷ ᠲᠠᠯ᠎ᠠ ᠶᠢᠨ | ᠰᠤᠯᠢᠯᠴᠠᠭ᠎ᠠ ᠡᠳᠦᠷ ᠢᠷᠡᠬᠦᠶ᠎ᠡ ᠴᠢᠩᠭᠠᠷᠠᠪᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯ ᠤᠨ ᠦᠭᠡᠷᠡᠴᠢᠯᠡᠯᠳᠡ ᠲᠠᠰᠤᠷᠠᠯᠳᠠ ᠦᠭᠡᠢ ᠬᠦᠨᠵᠡᠭᠡᠶᠢᠷᠡᠵᠤ᠂ | ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠦᠬᠦᠷᠦᠮ ᠡᠪᠡᠰᠤ ᠮᠤᠳᠤ ᠡᠯᠡᠰᠤ ᠮᠠᠩᠬᠠᠨ ᠤ ᠶᠡᠷᠦᠩᠭᠡᠶᠢᠯᠡᠭᠰᠡᠨ ᠵᠠᠰᠠᠯᠳᠠ ᠶᠢ ᠨᠢᠭᠡᠳᠦᠯᠳᠡᠢ ᠲᠦᠯᠦᠪᠯᠡᠨ | ᠠᠬᠢᠭᠤᠯᠵᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠴᠡᠭᠴᠡᠯᠡᠨ ᠵᠠᠰᠠᠯᠳᠠ ᠡᠮᠬᠢ ᠵᠢᠷᠤᠮ ᠲᠠᠢ ᠶᠠᠪᠤᠭᠳᠠᠵᠤ᠂ 9.3 ᠲᠦᠮᠡᠨ ᠮᠤ᠋ ᠶᠢᠨ | ᠪᠠᠶᠢᠭᠠᠯᠢᠯᠢᠭ ᠤᠢ ᠰᠢᠭᠤᠢ ᠶᠢᠨ ᠬᠠᠮᠠᠭᠠᠯᠠᠯᠳᠠ᠂ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ ᠵᠡᠷᠭᠡ ᠤᠯᠤᠰ ᠤᠨ ᠤᠢ ᠰᠢᠭᠤᠢ ᠶᠢᠨ | ᠭᠤᠤᠯᠳᠠᠯᠭ᠎ᠠ ᠲᠠᠢ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠠ᠃ ᠭᠤᠤᠯ ᠤᠨ ᠲᠠᠷᠤᠭ᠎ᠠ ︵ᠨᠠᠭᠤᠷ ᠤᠨ ᠲᠠᠷᠤᠭ᠎ᠠ︶ ᠶᠢᠨ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ 139 ᠰᠤᠪᠠᠭ ᠭᠤᠤᠯ ᠨᠠᠭᠤᠷ ᠴᠦᠬᠦᠷᠤᠮ ᠢ ᠪᠦᠬᠦᠨ ᠢ ᠬᠠᠮᠢᠶᠠᠷᠤᠯᠳᠠ ᠶᠢᠨ ᠭᠡᠪᠴᠢᠶᠠᠨ ᠳᠤ ᠤᠷᠤᠭᠤᠯᠪᠠ᠃ | ︽ᠡᠷᠭᠡ ᠶᠢ ᠲᠤᠷᠤᠭᠰᠢ ᠪᠠᠭᠤᠯᠭᠠᠵᠤ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠬᠦᠯᠬᠦ︾ ᠦᠭᠡᠷᠡᠴᠢᠯᠡᠯᠳᠡ ᠶᠢ | ᠬᠦᠨᠵᠡᠭᠡᠶᠢᠷᠡᠬᠦᠯᠦᠨ ᠠᠬᠢᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠢ ᠡᠬᠢᠯᠡᠬᠦᠯᠦᠨ ᠭᠡᠷᠡᠭᠯᠡᠵᠤ᠂ 33 ᠪᠠᠶᠢᠭᠤᠯᠭ᠎ᠠ ᠨᠢᠭᠡᠴᠡ ᠶᠢ ᠤᠷᠤᠭᠤᠯᠤᠨ | ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠯ ᠵᠢᠴᠢ ᠦᠢᠯᠡᠴᠢᠯᠡᠭᠡᠨ ᠤ ᠭᠡᠷᠡᠭ ᠶᠠᠪᠤᠳᠠᠯ 178 ᠲᠦᠷᠦᠯ ᠳᠤ ᠬᠦᠷᠴᠦ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠯ | ᠵᠢᠴᠢ ᠤᠯᠠᠨ ᠨᠡᠶᠢᠳᠡ ᠶᠢᠨ ᠦᠢᠯᠡᠴᠢᠯᠡᠭᠡᠨ ᠤ ᠭᠡᠷᠡᠭ ᠶᠠᠪᠤᠳᠠᠯ 11.3 ᠲᠦᠮᠡᠨ ᠲᠦᠷᠦᠯ ᠢ ᠡᠷᠬᠢᠯᠡᠨ ᠬᠢᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ | ᠤᠨ ᠦᠢᠯᠡᠴᠢᠯᠡᠭᠡ︾ ᠠᠩᠬ᠎ᠠ ᠠᠯᠬᠤᠮ ᠭᠡᠪᠴᠢᠶᠡᠵᠢᠵᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠦᠷ᠎ᠡ ᠪᠦᠳᠦᠮᠵᠢ ᠤᠯᠠᠮ ᠨᠢᠭᠡ ᠠᠯᠬᠤᠮ ᠲᠡᠭᠡᠭᠰᠢᠯᠡᠪᠡ᠃ | ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠬᠦᠯᠵᠤ᠂ ︽ᠤᠯᠠᠨ ᠦᠨᠡᠮᠯᠡᠯ ᠢ ᠨᠢᠭᠡᠳᠭᠡᠬᠦ︾ ᠶᠢ ᠯᠠᠪᠳᠠᠭᠤᠨ | ᠢᠶᠠᠷ ᠠᠬᠢᠭᠤᠯᠤᠨ᠂ ᠰᠦᠯᠵᠢᠶᠠᠨ ᠲᠡᠭᠡᠷ᠎ᠡ ᠬᠢᠨᠠᠨ ᠵᠦᠪᠰᠢᠶᠠᠷᠡᠬᠦ ᠠᠵᠢᠯ ᠠᠯᠬᠤᠮ ᠠᠯᠬᠤᠮ ᠢᠶᠠᠷ ᠡᠬᠢᠯᠡᠨ ᠶᠠᠪᠤᠭᠳᠠᠵᠤ᠂ ᠬᠢᠨᠠᠨ ᠵᠦᠪᠰᠢᠶᠠᠷᠡᠯ ᠤᠨ ᠦᠷ᠎ᠡ ᠪᠦᠳᠦᠮᠵᠢ | ᠶᠡᠭᠡᠪᠡᠷ ᠲᠡᠭᠡᠭᠰᠢᠯᠡᠨ᠂ ᠵᠠᠬ᠎ᠠ ᠲᠠᠯᠭᠡᠬᠦᠷ ᠤᠨ ᠭᠤᠤᠯ ᠴᠤᠭᠴᠠ ᠶᠢᠨ ᠶᠡᠷᠦᠩᠭᠡᠢ ᠭᠡᠮᠵᠢᠶ᠎ᠡ 1.16 ᠲᠦᠮᠡᠨ ᠡᠷᠦᠭᠡ ᠳᠤ ᠬᠦᠷᠴᠤ᠂ ᠲᠠᠩᠰᠠᠯᠠᠭᠰᠠᠨ ᠪᠡᠯᠡ ᠮᠦᠩᠬᠦ | 297 ᠳ᠋ᠦᠩᠰᠢᠭᠤᠷ ᠲᠦᠬᠦᠷᠢᠭ ᠲᠤ ᠬᠦᠷᠪᠡ᠃ ︽ᠪᠠᠶᠢᠴᠠᠭᠠᠬᠤ ᠡᠳᠡᠭᠡᠳ ᠪᠠ ᠪᠠᠶᠢᠴᠠᠭᠠᠭᠴᠢ ᠶᠢ ᠰᠤᠭᠤᠯᠤᠨ ᠲᠤᠭᠳᠠᠭᠠᠵᠤ ᠪᠠᠶᠢᠴᠠᠭᠠᠭᠰᠠᠨ ᠪᠠᠶᠢᠳᠠᠯ ᠢ ᠨᠡᠶᠢᠭᠡᠮ | ᠨᠡᠶᠢᠳᠡ ᠳᠤ ᠨᠡᠶᠢᠳᠡᠯᠡᠬᠦ︾ ᠬᠢᠨᠠᠨ ᠬᠠᠮᠢᠶᠠᠷᠤᠯᠳᠠ ᠶᠢᠨ ᠭᠡᠪ ᠵᠠᠭᠪᠤᠷ ᠢ ᠪᠦᠬᠦ ᠲᠠᠯ᠎ᠠ ᠪᠠᠷ ᠭᠡᠷᠡᠭᠵᠢᠬᠦᠯᠵᠤ᠂ ᠬᠢᠨᠠᠨ ᠬᠠᠮᠢᠶᠠᠷᠤᠯᠳᠠ ᠶᠢᠨ ᠦᠷ᠎ᠡ ᠪᠦᠳᠦᠮᠵᠢ | ᠲᠠᠰᠤᠷᠠᠯᠳᠠ ᠦᠭᠡᠢ ᠲᠡᠭᠡᠭᠰᠢᠯᠡᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠪᠦᠬᠦ ᠠᠷᠠᠳ ᠢᠶᠠᠷ ᠢᠶᠠᠨ ᠬᠠᠮᠳᠤᠪᠡᠷ ᠡᠳ᠋ᠯᠡᠵᠤ᠂ ᠨᠠᠶᠢᠭᠡᠮ ᠤᠨ ᠠᠵᠢᠯ ᠦᠢᠯᠡᠰ ᠵᠡᠷᠭᠡᠪᠡᠷ | ᠬᠦᠭᠵᠢᠪᠡ᠃ | ᠲᠡᠭᠡᠳᠤ ᠬᠠᠭᠠᠰ ᠵᠢᠯ ᠳᠤ᠂ ᠠᠷᠠᠳ ᠤᠨ ᠠᠮᠢᠳᠤᠷᠠᠯ ᠳᠤ 10.68 ᠳ᠋ᠦᠩᠰᠢᠭᠤᠷ ᠲᠦᠬᠦᠷᠢᠭ ᠵᠠᠷᠤᠴᠠᠭᠤᠯᠵᠤ᠂ ᠠᠳᠠᠯᠢᠳᠬᠠᠪᠠᠯ ᠠᠳᠠᠯᠢ ᠬᠤᠭᠤᠴᠠᠭ᠎ᠠ | ᠠᠴᠠ 8160 ᠲᠦᠮᠡᠨ ᠲᠦᠬᠦᠷᠢᠭ ᠨᠡᠮᠡᠭᠳᠡᠵᠤ᠂ 8.27% ᠪᠠᠷ ᠨᠡᠮᠡᠭᠳᠡᠵᠤ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ 74. | 32% ᠢ ᠡᠵᠡᠯᠡᠪᠡ᠃ | ᠨᠠᠶᠢᠭᠡᠮ ᠤᠨ ᠪᠠᠳᠤᠯᠠᠭ᠎ᠠ ᠶᠢᠨ ᠠᠵᠢᠯ ᠢ ᠯᠠᠪᠳᠠᠭᠤᠨ ᠢᠶᠠᠷ ᠶᠠᠪᠤᠭᠳᠠᠭᠤᠯᠪᠠ᠃ ᠬᠤᠳᠠ ᠪᠠᠯᠭᠠᠰᠤᠨ ᠤ ᠠᠵᠢᠯ ᠤᠯᠤᠭᠰᠠᠳ 450 ᠬᠦᠮᠦᠨ ᠰᠢᠨ᠎ᠡ ᠪᠠᠷ | ᠨᠡᠮᠡᠭᠳᠡᠵᠤ᠂ ᠮᠠᠯᠴᠢᠨ ᠲᠠᠷᠢᠶᠠᠴᠢᠳ 8516 ᠬᠦᠮᠦᠨ ᠢ ᠰᠢᠯᠵᠢᠬᠦᠯᠦᠨ ᠠᠵᠢᠯ ᠤᠯᠭᠤᠵᠤ᠂ 210 ᠨᠡᠷᠡᠰ ᠠᠵᠢᠯ ᠠᠯᠳᠠᠭᠰᠠᠳ᠂ ᠶᠠᠳᠠᠭᠤ ᠬᠦᠴᠢᠷᠳᠡᠯᠳᠠᠢ | ᠬᠦᠮᠦᠰ ᠲᠠᠬᠢᠨ ᠠᠵᠢᠯ ᠤᠯᠵᠤ᠂ ᠬᠤᠳᠠ ᠪᠠᠯᠭᠠᠰᠤᠨ ᠤ ᠲᠡᠮᠳᠡᠭᠯᠡᠬᠦᠯᠦᠭᠰᠡᠨ ᠠᠵᠢᠯ ᠠᠯᠳᠠᠭᠰᠠᠨ ᠨᠤᠷᠮ᠎ᠠ ᠶᠢ 4% ᠶᠢᠨ ᠲᠤᠳᠤᠷ᠎ᠠ ᠬᠢᠵᠠᠭᠠᠷᠯᠠᠨ ᠡᠵᠡᠮᠳᠡᠪᠠ︔ | ᠡᠯ᠎ᠡ ᠲᠦᠷᠦᠯ ᠤᠨ ᠨᠡᠶᠢᠭᠡᠮ ᠤᠨ ᠲᠠᠭᠠᠳᠬᠠᠯ 20.69 ᠲᠦᠮᠡᠨ ᠬᠦᠮᠦᠨ ᠤᠳᠠᠭ᠎ᠠ ᠶᠢ ᠬᠠᠮᠤᠷᠴᠤ᠂ ᠨᠡᠶᠢᠭᠡᠮ ᠤᠨ ᠪᠠᠳᠤᠯᠠᠭ᠎ᠠ ᠶᠢᠨ ᠰᠦᠢᠳᠭᠡᠯ ᠢ 2.43 | ᠳ᠋ᠦᠩᠰᠢᠭᠤᠷ ᠲᠦᠬᠦᠷᠢᠭ ᠬᠤᠷᠢᠶᠠᠨ ᠲᠤᠰᠢᠶᠠᠯᠭᠠᠵᠤ᠂ ᠲᠠᠭᠠᠳᠬᠠᠯ ᠤᠨ ᠶᠡᠷᠦᠩᠬᠡᠢ ᠵᠠᠷᠤᠯᠭ᠎ᠠ ᠨᠢ 2.47 ᠳ᠋ᠦᠩᠰᠢᠭᠤᠷ ᠲᠦᠬᠦᠷᠢᠭ ᠬᠦᠷᠪᠡ︔ ᠨᠠᠶᠢᠳᠡ ᠶᠢᠨ | ᠲᠦᠷᠢᠶᠡᠰᠤᠨ ᠤᠷᠤᠨ ᠰᠠᠭᠤᠴᠠ ᠶᠢ ᠭᠤᠶᠤᠴᠢᠯᠠᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠡᠯ᠎ᠡ ᠲᠦᠷᠦᠯ ᠤᠨ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ | ᠪᠡᠯᠡ ᠮᠦᠩᠬᠦ 2634 ᠲᠦᠮᠡᠨ ᠲᠦᠬᠦᠷᠢᠭ ᠢ ᠲᠠᠷᠬᠠᠭᠠᠨ᠂ ᠶᠠᠳᠠᠭᠤ ᠬᠦᠴᠢᠷᠳᠡᠯᠳᠠᠢ ᠠᠷᠠᠳ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠳᠤᠯᠠᠪᠠ᠃ | ᠪᠦᠬᠦ ᠠᠷᠠᠳ ᠢᠶᠠᠷ ᠢᠶᠠᠨ ᠰᠤᠷᠭᠠᠨ ᠬᠦᠮᠦᠵᠢᠯ ᠢ ᠬᠦᠴᠦᠷᠭᠡᠭᠵᠢᠬᠦᠯᠬᠦ ᠢᠨᠵᠧᠨᠧᠷᠢᠩ ᠲᠤᠪᠤᠶᠢᠮ᠎ᠠ ᠠᠮᠵᠢᠯᠳᠠ ᠤᠯᠪᠠ᠃ ᠤᠷᠠᠳ ᠤᠨ ᠲᠤᠮᠳᠠᠳᠤ ᠬᠤᠰᠢᠭᠤᠨ | ᠤ ᠬᠦᠯ ᠪᠦᠮᠪᠦᠭᠡ ᠶᠢᠨ ᠲᠠᠯᠠᠪᠤᠷ ᠤᠨ ᠭᠤᠤᠯ ᠴᠤᠭᠴᠠ ᠶᠢᠨ ᠪᠦᠳᠦᠭᠡᠨ ᠪᠠᠶᠢᠭᠤᠯᠤᠯᠳᠠ ᠶᠢ ᠲᠠᠭᠤᠰᠬᠠᠵᠤ᠂ ᠶᠢᠨ ᠴᠢᠤᠸᠠᠨ ᠭᠡᠤᠭᠡᠳ ᠤᠨ ᠴᠡᠴᠡᠷᠯᠢᠭ ᠢ | ᠪᠠᠶᠢᠭᠤᠯᠬᠤ ᠭᠠᠵᠠᠷ ᠢ ᠰᠤᠩᠭᠤᠨ ᠲᠤᠭᠳᠠᠵᠤ᠂ ᠨᠢᠭᠡᠳᠦᠭᠡᠷ ᠪᠠᠭ᠎ᠠ ᠰᠤᠷᠭᠠᠭᠤᠯᠢ ᠤᠨ ᠬᠠᠷᠢᠶᠠᠳᠤ ᠭᠡᠤᠭᠡᠳ ᠤᠨ ᠴᠡᠴᠡᠷᠯᠢᠭ᠂ ᠭᠤᠷᠪᠠᠳᠤᠭᠠᠷ ᠭᠡᠤᠭᠡᠳ ᠤᠨ | ᠴᠡᠴᠡᠷᠯᠢᠭ ᠤᠶᠢᠷ᠎ᠠ ᠶᠢᠨ ᠬᠤᠭᠤᠴᠠᠭᠠᠨ ᠳᠤ ᠪᠠᠷᠢᠯᠭ᠎ᠠ ᠪᠠᠨ ᠡᠬᠢᠯᠡᠬᠦᠯᠦᠨ᠎ᠡ᠃ ᠰᠤᠷᠭᠠᠨ ᠬᠦᠮᠦᠵᠢᠯ ᠤᠨ ᠪᠠᠶᠢᠭᠤᠯᠤᠯ ᠤᠨ ᠦᠭᠡᠷᠡᠴᠢᠯᠡᠯᠳᠡ ᠶᠢ ᠲᠠᠰᠤᠷᠠᠯᠳᠠ ᠦᠭᠡᠢ | ᠬᠦᠨᠵᠡᠭᠡᠶᠢᠷᠡᠬᠦᠯᠵᠤ᠂ ᠰᠤᠷᠭᠠᠨ ᠬᠦᠮᠦᠵᠢᠯ ᠤᠨ ᠬᠢᠷᠢ ᠲᠦᠪᠰᠢᠨ ᠪᠤᠯᠤᠨ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠲᠤᠪᠤᠶᠢᠮ᠎ᠠ ᠲᠡᠭᠡᠭᠰᠢᠯᠡᠯᠳᠡ ᠲᠠᠢ ᠪᠤᠯᠵᠤ᠂ | 2018 ᠤᠨ ᠳᠤ ᠬᠢᠳᠠᠳ ᠢᠶᠠᠷ ᠬᠢᠴᠢᠶᠠᠯᠯᠠᠵᠤ ᠪᠠᠶᠢᠭ᠎ᠠ ᠰᠤᠷᠤᠭᠴᠢᠳ ᠤᠨ ᠶᠡᠭᠡ ᠰᠤᠷᠭᠠᠭᠤᠯᠢ ᠳᠤ ᠰᠢᠯᠭᠠᠭᠤᠯᠤᠭᠠᠳ ᠦᠨᠳᠦᠰᠦᠨ ᠠᠩᠬᠢ ᠶᠢᠨ ᠬᠤᠪᠢ ᠳᠤ | ᠬᠦᠷᠦᠭᠰᠡᠨ ᠰᠤᠷᠤᠭᠴᠢ 230 ᠨᠡᠷᠡᠰ᠂ ᠬᠤᠪᠢ ᠳᠤ ᠬᠦᠷᠦᠭᠰᠡᠨ ᠨᠤᠷᠮ᠎ᠠ ᠨᠢ 57.5 % ᠬᠦᠷᠴᠤ᠂ ᠨᠢᠳᠦᠨᠤᠨ ᠢᠶᠠᠨ ᠪᠤᠳᠤᠪᠠᠯ 9 ᠵᠠᠭᠤᠨ ᠤ ᠨᠢᠭᠡᠴᠢ ᠪᠠᠷ | ᠲᠡᠭᠡᠭᠰᠢᠯᠡᠵᠤ᠂ ᠬᠠᠮᠤᠭ ᠦᠨᠳᠦᠷ ᠬᠤᠪᠢ ᠨᠢ 600 ᠬᠤᠪᠢ ᠶᠢ ᠲᠠᠪᠠᠪᠠ︔ ᠮᠤᠩᠭᠤᠯ ᠢᠶᠠᠷ ᠬᠢᠴᠢᠶᠠᠯᠯᠠᠵᠤ ᠪᠠᠶᠢᠭ᠎ᠠ ᠰᠤᠷᠤᠭᠴᠢᠳ ᠤᠨ ᠶᠡᠭᠡ ᠰᠤᠷᠭᠠᠭᠤᠯᠢ ᠳᠤ | ᠰᠢᠯᠭᠠᠭᠤᠯᠤᠭᠠᠳ ᠦᠨᠳᠦᠰᠦᠨ ᠠᠩᠬᠢ ᠶᠢᠨ ᠬᠤᠪᠢ ᠳᠤ ᠬᠦᠷᠦᠭᠰᠡᠨ ᠰᠤᠷᠤᠭᠴᠢ 25 ᠨᠡᠷᠡᠰ᠂ ᠬᠤᠪᠢ ᠳᠤ ᠬᠦᠷᠦᠭᠰᠡᠨ ᠨᠤᠷᠮ᠎ᠠ ᠨᠢ 67.57 % ᠬᠦᠷᠴᠤ᠂ | ᠨᠢᠳᠦᠨᠤᠨ ᠢᠶᠠᠨ ᠪᠤᠳᠤᠪᠠᠯ 15.4 % ᠪᠠᠷ ᠲᠡᠭᠡᠭᠰᠢᠯᠡᠵᠤ᠂ ᠨᠡᠶᠢᠭᠡᠮ ᠤᠯᠠᠨ ᠨᠡᠶᠢᠳᠡ ᠶᠢᠨ ᠬᠠᠨᠤᠮᠵᠢ ᠶᠢᠨ ᠬᠡᠮᠵᠢᠶ᠎ᠡ ᠢᠯᠡᠳᠳᠡ ᠲᠡᠭᠡᠭᠰᠢᠯᠡᠪᠡ᠃ | ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠠᠵᠢᠯ ᠦᠢᠯᠡᠰ ᠲᠦᠷᠭᠡᠨ ᠬᠦᠭᠵᠢᠪᠡ᠃ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠳᠡ | ᠶᠢ ᠤᠯᠠᠮ ᠬᠦᠨᠵᠡᠭᠡᠶᠢᠷᠡᠬᠦᠯᠤᠨ᠂ ᠡᠮᠴᠢᠯᠡᠭᠡᠨ ᠤ ᠬᠤᠯᠪᠤᠭᠠᠳᠤ ᠴᠤᠭᠴᠠ ᠶᠢᠨ ᠪᠠᠶᠢᠭᠤᠯᠤᠯᠳᠠ ᠶᠢ ᠲᠦᠷᠭᠡᠳᠭᠡᠵᠤ᠂ ᠤᠯᠤᠰ ᠤᠨ ᠲᠡᠰ ᠤᠨ ᠡᠷᠡᠬᠦᠯ ᠡᠩᠬᠡ ᠶᠢ | ᠠᠬᠢᠭᠤᠯᠬᠤ ᠬᠤᠰᠢᠭᠤᠨ ᠤ ᠲᠤᠷᠰᠢᠯᠳᠠ ᠶᠢᠨ ᠴᠢᠭ᠋ ᠪᠤᠯᠤᠨ ᠦᠪᠡᠷᠳᠡᠭᠡᠨ ᠵᠠᠰᠠᠬᠤ ᠤᠷᠤᠨ ᠤ ᠲᠡᠰ ᠤᠨ ᠠᠷᠬᠠᠭ ᠡᠪᠡᠳᠴᠢᠨ ᠢ ᠶᠡᠷᠦᠩᠭᠡᠶᠢᠯᠡᠨ ᠰᠡᠷᠭᠡᠶᠢᠯᠡᠨ | ᠬᠢᠵᠠᠭᠠᠷᠯᠠᠬᠤ ᠵᠢᠱᠢᠶ᠎ᠡ ᠦᠵᠡᠬᠦᠯᠬᠦ ᠤᠷᠤᠨ ᠢ ᠢᠳᠡᠪᠬᠢᠳᠡᠢ ᠴᠤᠭᠴᠠᠯᠠᠨ ᠪᠠᠶᠢᠭᠤᠯᠵᠤ᠂ ᠡᠮᠡᠭᠳᠡᠶᠢᠴᠤᠳ ᠭᠡᠤᠭᠡᠳ ᠨᠢᠯᠬᠠᠰ ᠤᠨ ᠡᠷᠡᠬᠦᠯᠵᠢᠯ ᠲᠦᠯᠦᠪᠯᠡᠭᠡᠳᠠᠢ ᠪᠠᠷ | ᠭᠡᠤᠭᠡᠳ ᠠᠪᠬᠤ ᠦᠢᠯᠡᠴᠢᠯᠡᠭᠡᠨ ᠤ ᠲᠦᠪ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠠᠰᠠᠷ᠂ ᠮᠤᠩᠭᠤᠯ ᠬᠢᠳᠠᠳ ᠡᠮᠨᠡᠯᠭᠡ ᠶᠢᠨ ᠬᠤᠷᠢᠶᠠᠨ ᠤ ᠲᠤᠬᠠᠶᠢᠯᠠᠭᠰᠠᠨ | ᠠᠵᠢᠯ ᠤᠨ ᠭᠡᠷᠡᠭᠴᠡᠭᠡᠨ ᠤ ᠭᠡᠷ ᠶᠠᠭ ᠵᠠᠰᠠᠨ ᠴᠢᠮᠡᠭᠯᠡᠬᠦ ᠶᠠᠪᠤᠴᠨ ᠳᠠᠭᠠᠨ ᠪᠠᠶᠢᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ | ᠠᠰᠠᠷ᠂ ᠴᠢᠯᠠᠭᠤᠳᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠭᠡᠷᠡᠭᠴᠡᠭᠡᠨ ᠤ ᠭᠡᠷ ᠤᠨ ᠪᠦᠳᠦᠭᠡᠨ ᠪᠠᠶᠢᠭᠤᠯᠤᠯᠳᠠ ᠶᠢ | ᠲᠦᠷᠭᠡᠳᠭᠡᠨ ᠶᠠᠪᠤᠭᠳᠠᠭᠤᠯᠵᠤ ᠪᠠᠶᠢᠨ᠎ᠠ᠃ ᠡᠪᠡᠳᠴᠢᠨ ᠡᠮᠭᠡᠭ ᠢ ᠤᠷᠢᠳᠴᠢᠯᠠᠨ ᠬᠢᠵᠠᠭᠠᠷᠯᠠᠬᠤ ᠲᠦᠪ ᠤᠨ ᠲᠤᠬᠠᠶᠢᠯᠠᠭᠰᠠᠨ ᠠᠵᠢᠯ ᠤᠨ ᠠᠰᠠᠷ ᠪᠤᠯᠤᠨ ᠲᠠᠯ | ᠠᠭᠤᠯᠠ᠂ ᠬᠤᠩᠹᠧᠩ᠂ ᠪᠤᠯᠪᠠᠰᠤᠷᠠᠭᠤᠯᠤᠯᠳᠠ ᠶᠢᠨ ᠲᠤᠭᠤᠷᠢᠭ᠂ ᠰᠢᠷᠠᠯᠵᠢ᠂ ᠤᠯᠢᠶᠠᠰᠤᠳᠠᠢ ᠶᠢᠨ ᠡᠷᠡᠬᠦᠯ ᠬᠠᠮᠠᠭᠠᠯᠠᠯ ᠤᠨ ᠲᠤᠬᠠᠶᠢᠯᠠᠭᠰᠠᠨ ᠠᠵᠢᠯ ᠤᠨ | ᠭᠡᠷᠡᠭᠴᠡᠭᠡᠨ ᠤ ᠭᠡᠷ ᠤᠶᠢᠷ᠎ᠠ ᠶᠢᠨ ᠬᠤᠭᠤᠴᠠᠭᠠᠨ ᠳᠤ ᠪᠠᠷᠢᠯᠭ᠎ᠠ ᠪᠠᠨ ᠡᠬᠢᠯᠡᠬᠦᠯᠦᠨ᠎ᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ | ᠬᠠᠮᠢᠶᠠᠷᠤᠯᠳᠠ ᠶᠢ ᠬᠦᠴᠦᠯᠡᠨ ᠴᠢᠩᠭᠠᠳᠬᠠᠵᠤ᠂ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠦᠳᠦᠮᠵᠢᠳᠠᠢ ᠪᠠᠳᠤᠯᠠᠪᠠ᠃ | ᠰᠤᠶᠤᠯ ᠪᠠᠶ᠎ᠠ ᠶᠢᠨ ᠲᠠᠮᠢᠷ ᠤᠨ ᠠᠵᠢᠯ ᠦᠢᠯᠡᠰ ᠦᠷᠨᠢᠬᠦᠨ ᠬᠦᠭᠵᠢᠪᠡ᠃ ᠲᠠᠯ᠎ᠠ ᠨᠤᠳᠤᠭ ᠤᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠵᠢᠴᠢ | ᠲᠤᠯᠤᠳᠤᠭᠠᠷ ᠬᠤᠭᠤᠴᠠᠭᠠᠨ ᠤ ᠬᠤᠨ ᠭᠠᠯᠠᠭᠤ ᠰᠤᠶᠤᠯ ᠤᠷᠠᠯᠢᠭ ᠤᠨ ᠨᠠᠶᠢᠷ᠂ ᠪᠦᠬᠦ ᠠᠷᠠᠳ ᠢᠶᠠᠷ ᠢᠶᠠᠨ ᠪᠠᠶ᠎ᠡ ᠪᠠᠨ ᠴᠢᠬᠢᠷᠠᠭᠵᠢᠭᠤᠯᠬᠤ ᠵᠡᠷᠭᠡ ᠰᠤᠶᠤᠯ ᠪᠠᠶ᠎ᠠ | ᠶᠢᠨ ᠲᠠᠮᠢᠷ ᠪᠤᠯᠤᠨ ᠰᠤᠶᠤᠯ ᠢ ᠬᠦᠳᠡᠭᠡ ᠪᠠᠭᠤᠯᠭᠠᠬᠤ ᠠᠵᠢᠯᠯᠠᠭ᠎ᠠ ᠨᠤᠭᠤᠳ ᠢ ᠡᠮᠬᠢ ᠵᠢᠷᠤᠮ ᠲᠠᠢ ᠶᠠᠪᠤᠭᠳᠠᠭᠤᠯᠵᠤ᠂ ᠰᠢᠨᠡᠬᠦ᠋ᠷᠢᠶ᠎ᠡ ᠡᠷᠳᠡᠨ ᠤ ᠬᠤᠳᠠ ᠶᠢᠨ ᠠᠮᠤᠷ | ᠲᠦᠪᠰᠢᠨ ᠤ ᠬᠠᠮᠠᠭᠠᠯᠠᠯᠳᠠ ᠪᠠ ᠠᠶᠤᠯ ᠠᠴᠠ ᠠᠪᠤᠷᠠᠨ ᠪᠠᠳᠤᠵᠢᠭᠤᠯᠤᠨ ᠪᠠᠶᠢᠭᠤᠯᠬᠤ ᠪᠠᠷᠢᠯᠭ᠎ᠠ ᠠᠵᠢᠯ ᠢᠶᠠᠨ ᠡᠬᠢᠯᠡᠬᠦᠯᠪᠠ᠃ ᠤᠷᠠᠳ ᠤᠨ ᠲᠤᠮᠳᠠᠳᠤ ᠬᠤᠰᠢᠭᠤᠨ | ᠤ ᠰᠤᠶᠤᠯ ᠤᠨ ᠦᠯᠡᠳᠡᠭᠳᠡᠯ ᠢ ᠪᠦᠬᠦ ᠲᠠᠯ᠎ᠠ ᠪᠠᠷ ᠨᠠᠷᠢᠨ ᠬᠢᠨᠠᠮᠠᠭᠠᠢ ᠲᠡᠮᠳᠡᠭᠯᠡᠨ ᠲᠠᠨᠢᠯᠴᠠᠭᠤᠯᠤᠭᠰᠠᠨ ᠨᠢᠭᠡᠳᠦᠭᠡᠷ ᠪᠤᠳᠢ ᠨᠤᠮ ︽ᠤᠮᠠᠷᠠᠳᠤ ᠶᠢᠨ ᠵᠠᠩ ᠦᠢᠯᠡ︾ ︵ | ︽ᠱᠥᠸᠧ ᠪᠧᠢ ᠹᠧᠩ ᠦ᠋︾︶ ᠭᠡᠪᠯᠡᠭᠳᠡᠨ ᠲᠠᠷᠬᠠᠭᠠᠭᠳᠠᠪᠠ︔ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠪᠠᠭᠰᠢ ᠰᠠᠷᠠᠨ᠎ᠠ ᠪᠠᠷ ᠤᠭ ᠲᠦᠷᠢ ᠪᠠᠨ | ᠪᠤᠯᠭᠠᠭᠰᠠᠨ ᠮᠤᠩᠭᠤᠯ ᠵᠦᠴᠦᠭᠡ ︽ᠦᠵᠡᠰᠬᠦᠯᠡᠩᠳᠤ ᠰᠠᠶᠢᠬᠠᠨ ᠰᠠᠷᠠᠯᠠᠩ ᠴᠡᠴᠡᠭ︾ ᠢ ᠠᠮᠵᠢᠯᠳᠠ ᠲᠠᠢ ᠪᠠᠷ ᠲᠤᠭᠯᠠᠪᠠ᠃ ᠤᠩᠭᠤᠨ᠂ ᠬᠤᠯᠤᠰᠤᠳᠠᠢ ᠶᠢᠨ | ᠰᠤᠶᠤᠯ ᠪᠠᠶ᠎ᠡ ᠶᠢᠨ ᠲᠠᠮᠢᠷ ᠤᠨ ᠶᠡᠷᠦᠩᠭᠡᠶᠢᠯᠡᠭᠰᠡᠨ ᠬᠦᠳᠡᠯᠭᠡᠭᠡᠨ ᠤ ᠲᠦᠪ ᠪᠠᠷᠢᠯᠭ᠎ᠠ ᠪᠠᠨ ᠡᠬᠢᠯᠡᠬᠦᠯᠦᠨ᠂ ᠰᠢᠬ᠎ᠠ ᠭᠤᠤᠯ᠂ ᠲᠠᠯ ᠠᠭᠤᠯᠠ᠂ ᠴᠤᠩᠵᠢ᠂ | ᠰᠢᠨᠡᠬᠦ᠋ᠷᠢᠶᠠ ᠵᠡᠷᠭᠡ 4 ᠰᠤᠶᠤᠯ ᠪᠠᠶ᠎ᠡ ᠶᠢᠨ ᠲᠠᠮᠢᠷ ᠤᠨ ᠬᠦᠳᠡᠯᠭᠡᠭᠡᠨ ᠤ ᠲᠦᠪ ᠶᠠᠭ ᠡᠮᠦᠨᠡᠬᠢ ᠬᠤᠭᠤᠴᠠᠭᠠᠨ ᠤ ᠭᠠᠷ ᠬᠦᠢᠴᠡᠳᠭᠡᠯ ᠢᠶᠠᠨ ᠬᠢᠵᠤ ᠪᠠᠶᠢᠨ᠎ᠠ᠂ | ᠭᠠᠴᠠᠭ᠎ᠠ ᠲᠤᠰᠬᠤᠨ᠂ ᠨᠡᠶᠢᠭᠡᠮ ᠲᠤᠭᠤᠷᠢᠭ ᠤᠨ ᠪᠠᠶ᠎ᠡ ᠪᠤᠯᠪᠠᠰᠤᠷᠠᠭᠤᠯᠬᠤ ᠲᠤᠨᠤᠭ ᠲᠦᠬᠦᠭᠡᠷᠦᠮᠵᠢ 16 ᠢᠵᠢ᠂ ᠰᠤᠶᠤᠯ ᠤᠨ ᠲᠤᠨᠤᠭ ᠲᠦᠬᠦᠭᠡᠷᠦᠮᠵᠢ 15 | ᠢᠵᠢ ᠪᠦᠷᠢᠳᠦᠭᠦᠯᠪᠡ᠃ | ᠨᠡᠶᠢᠭᠡᠮ ᠤᠨ ᠵᠠᠰᠠᠯᠳᠠ ᠶᠢᠨ ᠬᠢᠷᠢ ᠲᠦᠪᠰᠢᠨ ᠲᠠᠰᠤᠷᠠᠯᠳᠠ ᠦᠭᠡᠢ ᠲᠡᠭᠡᠭᠰᠢᠯᠡᠪᠡ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠦᠯᠳᠡ᠂ | ᠤᠶᠤᠨ ᠤ ᠪᠤᠯᠪᠠᠰᠤᠨ᠂ ᠠᠷᠠᠳᠴᠢᠯᠠᠯ ᠬᠠᠤᠯᠢᠵᠢᠯ ᠤᠨ ᠪᠠᠶᠢᠭᠤᠯᠤᠯᠳᠠ ᠡᠮᠬᠢ ᠵᠢᠷᠤᠮ ᠲᠠᠢ ᠶᠠᠪᠤᠭᠳᠠᠵᠤ᠂ ᠪᠦᠬᠦ ᠬᠤᠳᠠ ᠶᠢᠨ ᠠᠩᠬᠠᠳᠠᠭᠴᠢ ᠲᠤᠰᠬᠠᠢ ᠠᠵᠢᠯ ᠤᠨ | ᠶᠡᠷᠦᠩᠭᠡᠢ ᠴᠢᠨᠠᠷᠳᠠᠢ ᠠᠷᠠᠳ ᠤᠨ ᠡᠶᠡᠳᠡᠬᠦᠯᠭᠡ ᠶᠢᠨ ᠵᠦᠪᠯᠡᠯ ᠢ ᠪᠠᠶᠢᠭᠤᠯᠵᠤ᠂ ᠪᠦᠬᠦ ᠬᠤᠳᠠ ᠳᠤ ᠦᠨᠳᠦᠰᠦᠨ ᠬᠠᠤᠯᠢ ᠶᠢᠨ ᠠᠭᠤᠳᠠᠮ ᠲᠠᠯᠠᠪᠠᠢ ᠶᠢ ᠡᠩ | ᠲᠡᠷᠢᠬᠦᠨ ᠳᠤ ᠪᠠᠶᠢᠭᠤᠯᠵᠤ᠂ ᠬᠠᠤᠯᠢ ᠶᠤᠰᠦᠭᠠᠷ ᠬᠤᠰᠢᠭᠤ ᠪᠠᠨ ᠵᠠᠰᠠᠬᠤ ᠠᠵᠢᠯ ᠪᠤᠳᠠᠳᠤ ᠦᠷ᠎ᠡ ᠪᠦᠳᠦᠮᠵᠢ ᠤᠯᠪᠠ᠃ ᠨᠠᠮ ᠤᠨ ᠦᠨᠳᠦᠰᠦᠳᠡᠨ ᠤ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠬᠠᠤᠯᠢ ᠶᠤᠰᠤᠭᠠᠷ ᠱᠠᠰᠢᠨ ᠰᠤᠷᠳᠠᠬᠤᠨ ᠤ ᠭᠡᠷᠡᠭ ᠶᠠᠪᠤᠳᠠᠯ ᠢ ᠬᠠᠮᠢᠶᠠᠷᠪᠠ᠃ ︽ᠲᠤᠳᠤ ᠭᠡᠷᠡᠯᠳᠤ | ᠢᠨᠵᠧᠨᠧᠷᠢᠩ︾ ᠢ ᠡᠬᠢᠯᠡᠬᠦᠯᠦᠨ ᠭᠡᠷᠡᠭᠵᠢᠬᠦᠯᠵᠤ᠂ ᠮᠤᠩᠭᠤᠯ ᠤᠯᠤᠰ ᠲᠤ ᠬᠤᠯᠪᠤᠭᠳᠠᠭᠰᠠᠨ ᠬᠠᠭᠠᠴᠠᠭᠤᠯᠤᠯ ᠢ ᠡᠰᠡᠷᠬᠦᠴᠡᠬᠦ᠂ ᠬᠢᠯᠢ ᠶᠢᠨ ᠲᠤᠳᠤᠨ᠎ᠠ ᠭᠠᠳᠠᠨ᠎ᠠ | ᠬᠠᠷᠢᠯᠴᠠᠨ ᠬᠤᠯᠪᠤᠭᠠᠯᠠᠬᠤ ᠪᠠ ᠭᠠᠵᠢᠭᠤ ᠨᠤᠮᠯᠠᠯ ᠤᠨ ᠬᠦᠳᠡᠯᠭᠡᠭᠡᠨ ᠳᠤ ᠴᠤᠬᠢᠯᠳᠡ ᠦᠭᠬᠦ ᠬᠢᠭᠡᠳ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠵᠡᠷᠭᠡ | ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠭᠡᠶᠢᠷᠡᠬᠦᠯᠦᠨ ᠶᠠᠪᠤᠭᠳᠠᠭᠤᠯᠵᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠨ ᠪᠠᠳᠤᠯᠠᠬᠤ ᠴᠢᠳᠠᠪᠤᠷᠢ ᠪᠦᠬᠦ ᠲᠠᠯ᠎ᠠ | ᠪᠠᠷ ᠲᠡᠭᠡᠭᠰᠢᠯᠡᠪᠡ᠃ | ︵ᠲᠤᠯᠤᠭ᠎ᠠ︶ ᠠᠷᠢᠭᠤᠨ ᠴᠢᠭᠡᠴᠢ ᠪᠠᠷ ᠠᠵᠢᠯᠯᠠᠵᠤ᠂ ᠠᠷᠠᠳ ᠤᠨ ᠲᠦᠯᠦᠭᠡ ᠵᠠᠰᠠᠭ ᠡᠷᠬᠢᠯᠡᠨ᠂ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ | ᠡᠳᠦᠷ ᠢᠷᠡᠬᠦᠶ᠎ᠡ ᠴᠢᠩᠭᠠᠷᠠᠪᠠ᠃ | ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠭᠡᠷᠡᠭᠵᠢᠬᠦᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠠᠤᠯᠢ ᠶᠤᠰᠤᠨ ᠤ ᠬᠢᠨᠠᠯᠳᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠳ᠋ᠨ ᠵᠢᠴᠢ ᠠᠷᠠᠳ ᠲᠦᠮᠡᠨ ᠤ ᠬᠢᠨᠠᠯᠳᠠ ᠪᠤᠯᠤᠨ ᠶᠠᠷᠢᠶ᠎ᠠ | ᠭᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ ᠠᠪᠴᠤ᠂ ᠠᠷᠠᠳᠴᠢᠯᠠᠯ ᠲᠦᠪᠯᠡᠷᠡᠯ ᠤᠨ ᠲᠦᠷᠢᠮ ᠪᠠ ︽ ᠭᠤᠷᠪᠠᠨ ᠴᠢᠬᠤᠯᠠ ᠨᠢᠭᠡ ᠲᠤᠮᠤ︾ ᠶᠢᠨ | ᠰᠢᠢᠳᠪᠤᠷᠢᠳᠤ ᠪᠤᠳᠤᠯᠭ᠎ᠠ ᠲᠤᠭᠳᠠᠭᠠᠬᠤ ᠲᠦᠷᠢᠮ ᠢ ᠴᠢᠩᠭ᠎ᠠ ᠭᠡᠷᠡᠭᠵᠢᠬᠦᠯᠦᠨ᠂ ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠶᠢᠨ ᠠᠷᠠᠳᠴᠢᠯᠠᠭᠰᠠᠨ᠂ | ᠰᠢᠨᠵᠢᠯᠡᠬᠦ ᠤᠬᠠᠭᠠᠨᠴᠢᠯᠠᠭᠰᠠᠨ ᠪᠠ ᠬᠠᠤᠯᠢᠵᠢᠭᠰᠠᠨ ᠬᠢᠷᠢ ᠲᠦᠪᠰᠢᠨ ᠢ ᠤᠯᠠᠮ ᠲᠡᠭᠡᠭᠰᠢᠯᠡᠬᠦᠯᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠪᠠᠶᠢᠭᠤᠯᠤᠯᠳᠠ ᠶᠢ ᠦᠨᠡᠨᠬᠦ ᠴᠢᠩᠭᠠᠳᠬᠠᠵᠤ᠂ ᠦᠵᠡᠯ ᠤᠬᠠᠮᠰᠠᠷ ᠤᠨ | ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠳᠠᠯ︾ ᠤᠨ ᠲᠤᠪᠤᠶᠢᠮ᠎ᠠ ᠠᠰᠠᠭᠤᠳᠠᠯ ᠢ ᠨᠠᠷᠢᠨ | ᠬᠢᠨᠠᠮᠠᠭᠠᠢ ᠴᠡᠭᠴᠡᠯᠡᠨ ᠵᠠᠰᠠᠪᠠ︔ ᠢᠯᠵᠢᠷᠠᠯ ᠢ ᠡᠰᠡᠷᠬᠦᠴᠡᠨ ᠴᠢᠭᠡᠴᠢ ᠵᠠᠰᠠᠭ ᠢ ᠡᠷᠬᠢᠮᠯᠡᠬᠦ ᠠᠵᠢᠯ ᠦᠷᠬᠦᠯᠵᠢᠯᠡᠨ ᠴᠢᠩᠭᠠᠷᠠᠵᠤ᠂ ᠵᠠᠯᠬᠠᠭᠠᠨ ᠰᠢᠳᠭᠡᠬᠦ ᠪᠠ ᠢᠯᠵᠢᠷᠠᠯ | ᠢ ᠤᠷᠢᠳᠴᠢᠯᠠᠨ ᠰᠡᠷᠭᠡᠶᠢᠯᠡᠬᠦ ᠲᠤᠭᠳᠠᠯᠴᠠᠭᠠᠨ ᠤ ᠪᠠᠶᠢᠭᠤᠯᠤᠯᠳᠠ ᠰᠢᠨ᠎ᠡ ᠠᠮᠵᠢᠯᠳᠠ ᠪᠦᠳᠦᠮᠵᠢ ᠤᠯᠪᠠ᠃ | ᠬᠤᠶᠠᠷ ᠂ ᠲᠤᠤᠷ᠎ᠠ ᠬᠠᠭᠠᠰ ᠵᠢᠯ ᠤᠨ ᠠᠵᠢᠯ ᠤᠨ ᠲᠤᠬᠢᠷᠠᠭᠤᠯᠤᠯᠳᠠ | ᠲᠤᠤᠷ᠎ᠠ ᠬᠠᠭᠠᠰ ᠵᠢᠯ ᠳᠤ᠂ ᠪᠢᠳᠡ ᠲᠤᠰ ᠤᠨ ᠤ ᠬᠠᠷᠠᠯᠳᠠ ᠡᠬᠦᠷᠭᠡ ᠶᠢᠨ ᠲᠤᠭᠤᠷᠢᠨ ᠳᠤ᠂ ᠤᠨᠢᠨ ᠲᠡᠭᠡᠷ᠎ᠡ ᠨᠢ ᠦᠷᠬᠦᠯᠵᠢᠯᠡᠨ ᠬᠦᠴᠦᠯᠡᠵᠤ᠂ ᠰᠢᠨ᠎ᠡ | ᠬᠠᠭᠤᠴᠢᠨ ᠬᠦᠳᠡᠯᠭᠡᠬᠦ ᠬᠦᠴᠦᠨ ᠤ ᠰᠤᠯᠢᠭᠳᠠᠯ ᠢ ᠠᠬᠢᠭᠤᠯᠬᠤ ᠲᠡᠭᠡᠷ᠎ᠡ ᠬᠦᠴᠦᠯᠡᠵᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠲᠡᠭᠡᠷ᠎ᠡ ᠬᠦᠴᠦᠯᠡᠵᠤ᠂ ᠭᠤᠷᠪᠠᠨ | ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠲᠤᠪᠤᠶᠢᠯᠭᠠᠨ ᠰᠠᠶᠢᠳᠤᠷ ᠠᠳᠬᠤᠵᠤ᠂ ᠬᠦᠳᠡᠭᠡ ᠲᠤᠰᠬᠤᠨ ᠢ ᠮᠠᠨᠳᠤᠭᠤᠯᠤᠨ ᠬᠦᠭᠵᠢᠬᠦᠯᠬᠦ᠂ ᠦᠭᠡᠷᠡᠴᠢᠯᠡᠯᠳᠡ | ᠬᠢᠵᠤ ᠰᠢᠨ᠎ᠡ ᠶᠢ ᠡᠬᠦᠳᠬᠦ᠂ ᠠᠷᠠᠳ ᠤᠨ ᠠᠮᠢᠳᠤᠷᠠᠯ ᠢ ᠪᠠᠳᠤᠯᠠᠬᠤ ᠵᠡᠷᠭᠡ ᠡᠯ᠎ᠡ ᠲᠦᠷᠦᠯ ᠤᠨ ᠭᠤᠤᠯᠳᠠᠯᠭ᠎ᠠ ᠲᠠᠢ ᠠᠵᠢᠯ ᠢ ᠲᠤᠪᠤᠶᠢᠯᠭᠠᠨ ᠰᠠᠶᠢᠳᠤᠷ ᠠᠳᠬᠤᠵᠤ᠂ | ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠲᠠᠰᠤᠷᠠᠯᠳᠠ ᠦᠭᠡᠢ ᠠᠬᠢᠭᠤᠯᠵᠤ᠂ ᠨᠡᠶᠢᠭᠡᠮ ᠤᠨ ᠶᠡᠭᠡ ᠪᠠᠶᠢᠳᠠᠯ ᠡᠶ᠎ᠡ ᠨᠠᠶᠢᠷᠠᠮᠳᠠᠭᠤ ᠲᠤᠭᠳᠠᠭᠤᠨ ᠪᠠᠶᠢᠬᠤ | ᠶᠢ ᠪᠠᠳᠤᠯᠠᠨ᠎ᠠ᠃ | ︵ᠨᠢᠭᠡ︶ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠳᠤ ᠲᠦᠪᠯᠡᠷᠡᠬᠦᠯᠵᠤ ᠠᠬᠢᠭᠤᠯᠤᠯᠳᠠ ᠶᠢ ᠠᠳᠬᠤᠨ᠎ᠠ᠃ | ᠴᠢᠬᠤᠯᠠ ᠶᠡᠭᠡ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠨ᠎ᠡ᠃ ᠰᠢᠯᠢᠳᠡᠭ ᠭᠠᠶᠢᠯᠢ | ᠶᠢᠨ ᠡᠬᠢ ᠰᠤᠷᠪᠤᠯᠵᠢ ᠶᠢ ᠪᠤᠶᠢᠵᠢᠭᠤᠯᠬᠤ᠂ ᠦᠷᠢ ᠦᠭᠴᠡᠭᠡ ᠶᠢ ᠬᠢᠨᠠᠨ ᠬᠠᠰᠤᠵᠤ ᠰᠠᠯᠭᠠᠬᠤ᠂ ᠦᠷᠢᠳᠦᠵᠤ ᠪᠠᠶᠢᠭ᠎ᠠ ᠭᠠᠶᠢᠯᠢ ᠶᠢ ᠪᠦᠷᠢᠳᠭᠡᠨ ᠬᠤᠷᠢᠶᠠᠬᠤ᠂ ᠡᠳ᠋ | ᠤᠨ ᠵᠠᠰᠠᠭ ᠤᠨ ᠬᠠᠳᠠᠭᠠᠯᠠᠵᠤ ᠪᠠᠶᠢᠭ᠎ᠠ ᠪᠡᠯᠡ ᠮᠦᠩᠬᠦ ᠶᠢ ᠴᠢᠯᠦᠭᠡᠳᠡᠢ ᠪᠤᠯᠭᠠᠬᠤ᠂ ᠰᠤᠯᠠ ᠲᠠᠯᠪᠢᠵᠤ ᠪᠠᠶᠢᠭ᠎ᠠ ᠬᠦᠷᠦᠩᠭᠡ ᠶᠢ ᠰᠢᠢᠳᠪᠦᠷᠢᠯᠡᠬᠦ᠂ ᠲᠠᠷᠢᠶᠠᠨ ᠭᠠᠵᠠᠷ ᠢ | ᠨᠦᠬᠦᠪᠦᠷᠢᠯᠡᠬᠦ ᠲᠦᠷᠦᠯ ᠵᠦᠢᠯ ᠤᠨ ᠬᠦᠮᠦᠷᠭᠡ ᠶᠢᠨ ᠲᠠᠷᠢᠶᠠᠨ ᠭᠠᠵᠠᠷ ᠤᠨ ᠬᠦᠢᠴᠡᠳᠬᠡᠯ ᠲᠤᠭᠠᠨ ᠤ ᠦᠷᠳᠡᠭ ᠢ ᠲᠡᠭᠡᠭᠰᠢᠯᠡᠬᠦᠯᠬᠦ ᠵᠡᠷᠭᠡ ᠠᠷᠭ᠎ᠠ ᠠᠪᠴᠠᠯ ᠢᠶᠠᠷ | ᠭᠡᠷᠡᠭᠯᠡᠵᠤ ᠪᠤᠯᠬᠤᠶᠢᠴᠠ ᠡᠳ᠋ ᠤᠨ ᠵᠠᠰᠠᠭ ᠤᠨ ᠬᠦᠴᠦᠨ ᠢ ᠪᠤᠵᠠᠭᠠᠶᠢᠷᠠᠭᠤᠯᠤᠨ᠎ᠠ︔ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠡᠵᠡᠮᠳᠡᠵᠤ᠂ | ᠤᠷᠤᠯᠭ᠎ᠠ ᠶᠢ ᠨᠡᠮᠡᠭᠳᠡᠬᠦᠯᠤᠨ ᠵᠠᠷᠤᠯᠭ᠎ᠠ ᠶᠢ ᠴᠦᠭᠡᠳᠭᠡᠬᠦ ᠪᠠᠷ ᠦᠷᠢ ᠦᠭᠴᠡᠭᠡ ᠶᠢ ᠲᠦᠯᠦᠬᠦ ᠪᠡᠯᠡ ᠮᠦᠩᠬᠦ ᠶᠢ ᠲᠤᠬᠢᠷᠠᠭᠤᠯᠵᠤ᠂ ᠦᠷᠢ ᠦᠭᠴᠡᠭᠡ ᠶᠢ ᠠᠷᠢᠯᠭᠠᠬᠤ | ᠴᠢᠳᠠᠪᠬᠢ ᠶᠢ ᠲᠡᠭᠡᠭᠰᠢᠯᠡᠬᠦᠯᠦᠨ᠎ᠡ︔ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠰᠢᠨ᠎ᠡ ᠪᠠᠷ ᠨᠡᠮᠡᠭᠳᠡᠬᠦᠯᠬᠦ ᠳᠤ ︽ᠭᠤᠷᠪᠠᠨ ᠴᠢᠬᠤᠯᠠ | ᠨᠢᠭᠡ ᠲᠤᠮᠤ︾ ᠶᠢᠨ ᠬᠠᠮᠢᠶ᠎ᠠ ᠪᠦᠬᠦᠢ ᠲᠤᠭᠳᠠᠭᠠᠯ ᠢ ᠴᠢᠩᠭ᠎ᠠ ᠭᠡᠷᠡᠭᠵᠢᠬᠦᠯᠵᠤ᠂ ᠬᠦᠢᠴᠡᠳ ᠪᠠᠶᠢᠴᠠᠭᠠᠨ ᠰᠤᠳᠤᠯᠤᠯᠳᠠ ᠬᠢᠬᠦ᠂ ᠲᠤᠰᠬᠠᠢ ᠮᠡᠷᠭᠡᠵᠢᠯᠳᠡᠨ ᠢᠶᠠᠷ | ᠨᠤᠳᠠᠯᠠᠯᠳᠠ ᠬᠢᠯᠬᠡᠬᠦ᠂ ᠲᠦᠭᠰᠢᠬᠦᠷᠢ ᠶᠢ ᠦᠨᠡᠯᠡᠨ ᠵᠢᠱᠢᠬᠦ᠂ ᠬᠠᠤᠯᠢ ᠶᠤᠰᠤᠭᠠᠷ ᠬᠢᠨᠠᠨ ᠪᠠᠶᠢᠴᠠᠭᠠᠯᠳᠠ ᠬᠢᠬᠦ ᠵᠡᠷᠭᠡ ᠲᠦᠷᠢᠮᠵᠢᠬᠦᠯᠦᠭᠰᠡᠨ ᠶᠠᠪᠤᠴᠠ ᠶᠢ ᠦᠨᠡᠨᠬᠦ | ᠶᠠᠪᠤᠭᠳᠠᠭᠤᠯᠤᠨ᠂ ᠰᠢᠨ᠎ᠡ ᠪᠠᠷ ᠨᠡᠮᠡᠭᠳᠡᠬᠦ ᠦᠷᠢ ᠦᠭᠴᠡᠭᠡ ᠶᠢᠨ ᠭᠡᠪᠴᠢᠶ᠎ᠠ ᠶᠢ ᠴᠢᠩᠭ᠎ᠠ ᠬᠢᠵᠠᠭᠠᠷᠯᠠᠨ᠎ᠠ᠃ | ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠨ᠎ᠠ᠃ ᠶᠠᠳᠠᠭᠤ ᠠᠴᠠ | ᠠᠩᠬᠢᠵᠢᠷᠠᠭᠤᠯᠤᠨ ᠪᠤᠭᠤᠮᠳᠠ ᠰᠢᠪᠳᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠤᠳᠠᠳᠠᠶᠢᠵᠢᠭᠤᠯᠵᠤ᠂ ᠲᠤᠰᠬᠤᠨ ᠳᠤ ᠰᠠᠭᠤᠭ᠎ᠠ ᠠᠵᠢᠯ ᠤᠨ ᠠᠩᠬᠢ᠂ | ᠨᠢᠭᠡᠳᠦᠭᠡᠷ ᠱᠦᠵᠢ ᠶᠢᠨ ︽ᠨᠠᠢᠮᠠᠨ ᠨᠢᠭᠡ︾ ᠠᠵᠢᠯ ᠤᠨ ᠠᠷᠭ᠎ᠠ ᠪᠤᠯᠤᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢᠨ ᠬᠦᠮᠦᠨ ᠤ ︽ᠬᠤᠶᠠᠷ ᠢ ᠬᠠᠷᠢᠯᠴᠠᠨ | ᠤᠶᠢᠯᠠᠭᠠᠬᠤ᠂ ᠲᠠᠪᠤ ᠶᠢ ᠨᠠᠶᠢᠳᠠᠪᠤᠷᠢᠵᠢᠭᠤᠯᠬᠤ᠂ ᠲᠤᠯᠤᠭᠠᠨ ᠨᠢᠭᠡ︾ ᠶᠢᠨ ᠠᠵᠢᠯ ᠤᠨ ᠠᠷᠭ᠎ᠠ ᠶᠢ ᠬᠦᠨᠵᠡᠭᠡᠶᠢᠷᠡᠬᠦᠯᠦᠨ ᠶᠠᠪᠤᠭᠳᠠᠭᠤᠯᠵᠤ᠂ ᠠᠵᠤ ᠦᠢᠯᠡᠰ ᠢᠶᠠᠷ | ᠶᠠᠳᠠᠭᠤ ᠶᠢ ᠲᠡᠳᠬᠦᠬᠦ᠂ ᠤᠨᠳᠤᠤ ᠭᠠᠵᠠᠷ ᠨᠡᠬᠦᠯᠭᠡᠬᠦ᠂ ᠠᠮᠢ ᠠᠬᠤᠢ ᠪᠠᠷ ᠶᠠᠳᠠᠭᠤ ᠶᠢ ᠲᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠬᠦᠯ | ᠮᠡᠨᠳᠤ ᠪᠠᠷ ᠶᠠᠳᠠᠭᠤ ᠶᠢ ᠲᠡᠳᠬᠦᠬᠦ᠂ ᠰᠠᠭᠤᠷᠢ ᠶᠢ ᠲᠠᠭᠠᠭᠠᠨ ᠪᠠᠳᠤᠯᠠᠬᠤ ᠵᠡᠷᠭᠡ ᠠᠷᠪᠠᠨ ᠲᠤᠯᠤᠭᠠᠨ ᠲᠤᠰᠬᠠᠢ ᠲᠦᠷᠦᠯ ᠢᠶᠠᠷ ᠠᠬᠢᠭᠤᠯᠬᠤ ᠲᠤᠭᠤᠶᠢᠯᠠᠩ ᠤᠨ | ᠦᠢᠯᠡᠳᠦᠯ ᠢ ᠬᠦᠢᠴᠡᠳ ᠪᠠᠳᠠᠷᠠᠭᠤᠯᠤᠨ᠂ ᠭᠤᠤᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠳᠤ ᠲᠦᠪᠯᠡᠷᠡᠬᠦᠯᠵᠤ᠂ ᠪᠠᠭᠤᠷᠠᠢ ᠲᠠᠯ᠎ᠠ ᠶᠢ ᠴᠢᠩᠭᠠᠳᠬᠠᠵᠤ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠭᠤᠤᠯ ᠴᠢᠭᠯᠡᠯ ᠪᠤᠯᠭᠠᠵᠤ᠂ ᠲᠡᠷᠢᠮᠠᠯ ᠲᠡᠵᠢᠭᠡᠪᠤᠷᠢ ᠶᠢᠨ ᠠᠵᠤ ᠦᠢᠯᠡᠰ᠂ ᠡᠳ᠋ ᠬᠦᠷᠦᠩᠭᠡ ᠶᠢᠨ ᠠᠰᠢᠭ ᠤᠯᠵᠠᠪᠤᠷᠢ᠂ | ᠭᠡᠷᠡᠯ ᠤᠨ ᠡᠨᠧᠷᠬᠢ ᠶᠢᠨ ᠠᠵᠤ ᠦᠢᠯᠡᠰ᠂ ᠵᠢᠭᠤᠯᠴᠢᠯᠠᠯ ᠤᠨ ᠠᠵᠤ ᠦᠢᠯᠡᠰ ᠵᠡᠷᠭᠡ ︽ᠠᠷᠪᠠᠨ ᠶᠡᠭᠡ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠭᠡᠯᠬᠢᠶᠡᠵᠢᠯ︾ | ᠢ ᠬᠦᠨᠵᠡᠭᠡᠶᠢᠷᠡᠬᠦᠯᠦᠨ ᠭᠡᠷᠡᠭᠵᠢᠬᠦᠯᠵᠤ᠂ ︽ᠲᠠᠪᠤᠨ ᠨᠢᠭᠡ ᠪᠦᠯᠦᠭ︾ ᠤᠨ ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ ᠢ ᠲᠦᠷᠭᠡᠳᠭᠡᠨ ᠠᠬᠢᠭᠤᠯᠵᠤ᠂ | ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠳᠦᠮᠵᠢ ᠪᠠᠨ ᠪᠦᠬᠦ ᠲᠠᠯ᠎ᠠ ᠪᠠᠷ ᠪᠠᠳᠤᠵᠢᠭᠤᠯᠵᠤ᠂ ︽ᠬᠤᠶᠠᠷ ᠲᠤ ᠵᠤᠪᠠᠭ᠋ᠤ ᠦᠭᠡᠢ᠂ ᠭᠤᠷᠪᠠ ᠶᠢ ᠪᠠᠳᠤᠯᠠᠬᠤ︾ | ᠶᠢ ᠪᠡᠶᠡᠯᠡᠬᠦᠯᠦᠭᠰᠡᠨ ᠰᠠᠭᠤᠷᠢᠨ ᠲᠡᠭᠡᠷ᠎ᠡ᠂ ᠶᠠᠳᠠᠭᠤ ᠬᠦᠴᠢᠷᠳᠡᠯᠳᠠᠢ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠠᠷᠭ᠎ᠠ ᠵᠠᠮ ᠢ ᠤᠯᠠᠮ ᠦᠷᠭᠡᠳᠭᠡᠵᠤ᠂ | ᠤᠷᠤᠯᠭ᠎ᠠ ᠪᠠᠨ ᠨᠡᠮᠡᠭᠳᠡᠬᠦᠯᠬᠦ ᠴᠢᠳᠠᠪᠤᠷᠢ ᠶᠢ ᠲᠡᠭᠡᠭᠰᠢᠯᠡᠬᠦᠯᠦᠨ᠂ 18 ᠡᠷᠦᠭᠡ 34 ᠬᠦᠮᠦᠨ ᠢ ᠶᠠᠳᠠᠭᠤ ᠠᠴᠠ ᠬᠠᠰᠤᠵᠤ᠂ 582 ᠡᠷᠦᠭᠡ 1116 ᠬᠦᠮᠦᠨ ᠤ | ᠠᠮᠢᠳᠤᠷᠠᠯ ᠤᠨ ᠲᠦᠪᠰᠢᠨ ᠢ ᠲᠡᠭᠡᠭᠰᠢᠯᠡᠬᠦᠯᠬᠦ ᠬᠠᠷᠠᠯᠳᠠ ᠡᠬᠦᠷᠭᠡ ᠶᠢ ᠪᠦᠬᠦ ᠬᠦᠴᠦᠨ ᠢᠶᠠᠷ ᠪᠡᠶᠡᠯᠡᠬᠦᠯᠦᠨ᠎ᠡ᠃ | ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠨ᠎ᠡ᠃ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ︽ᠡᠷᠬᠢᠵᠤ ᠬᠠᠷᠠᠬᠤ︾ ᠠᠵᠢᠯ ᠤᠨ ᠱᠠᠯᠠᠪᠳᠠᠭᠤᠯᠦᠨ ᠪᠠᠶᠢᠴᠠᠭᠠᠬᠤ ᠶᠢᠨ ᠲᠠᠭᠠᠤ ᠴᠡᠭᠴᠡᠯᠡᠨ ᠵᠠᠰᠠᠬᠤ | ᠬᠤᠭᠤᠴᠠᠭᠠᠨ ᠳᠤ ᠰᠢᠯᠵᠢᠬᠦᠯᠦᠨ ᠰᠢᠢᠳᠪᠤᠷᠢᠯᠡᠬᠦᠯᠦᠭᠰᠡᠨ ᠠᠷᠠᠳ ᠤᠯᠠᠨ ᠤ ᠢᠯᠡᠴᠢᠯᠡᠨ ᠮᠡᠳᠡᠬᠦᠯᠦᠭᠰᠡᠨ ᠠᠰᠠᠭᠤᠳᠠᠯ ᠤᠨ ᠬᠤᠶᠢᠰᠢᠳᠠ ᠶᠢᠨ ᠴᠡᠭᠴᠡᠯᠡᠨ ᠵᠠᠰᠠᠬᠤ | ᠠᠵᠢᠯ ᠢ ᠪᠦᠬᠦ ᠬᠦᠴᠦ ᠪᠠᠷ ᠰᠠᠶᠢᠳᠤᠷ ᠬᠢᠵᠤ᠂ ᠨᠢᠭᠡ ᠠᠴᠠ ᠵᠦᠢᠴᠢᠯᠡᠵᠤ ᠪᠤᠰᠤᠳ ᠢ ᠰᠡᠳᠬᠢᠨ᠂ ᠤᠷᠳᠤ ᠬᠤᠭᠤᠴᠠᠭᠠᠳᠤ ᠲᠤᠭᠳᠠᠯᠴᠠᠭ᠎ᠠ ᠶᠢ ᠪᠠᠶᠢᠭᠤᠯᠤᠨ᠂ | ᠬᠢᠵᠠᠭᠠᠷᠯᠠᠭᠰᠠᠨ ᠴᠠᠭ ᠬᠤᠭᠤᠴᠠᠭ᠎ᠠ ᠶᠤᠰᠤᠭᠠᠷ ᠰᠠᠶᠢᠳᠤᠷ ᠴᠡᠭᠴᠡᠯᠡᠨ ᠵᠠᠰᠠᠬᠤ ᠶᠢ ᠪᠠᠳᠤᠯᠠᠨ᠎ᠠ᠃ ᠭᠠᠳᠠᠭᠰᠢᠯᠠᠭᠤᠯᠤᠯᠳᠠ ᠶᠢᠨ ᠶᠡᠷᠦᠩᠬᠡᠢ ᠭᠡᠮᠵᠢᠶ᠎ᠠ ᠶᠢ ᠪᠠᠭᠠᠰᠬᠠᠬᠤ | ᠶᠢ ᠬᠢᠨᠠᠨ ᠬᠠᠮᠢᠶᠠᠷᠬᠤ ᠠᠵᠢᠯ ᠤᠨ ᠬᠦᠴᠦᠯᠡᠴᠡ ᠶᠢ ᠴᠢᠩᠭᠠᠳᠬᠠᠵᠤ᠂ ᠭᠠᠳᠠᠭᠰᠢᠯᠠᠭᠤᠯᠤᠯᠳᠠ ᠶᠢ ᠪᠠᠭᠠᠰᠬᠠᠤ ᠡᠬᠦᠷᠭᠡ ᠪᠠᠨ ᠪᠡᠶᠡᠯᠡᠬᠦᠯᠬᠦ ᠶᠢ ᠪᠠᠳᠤᠯᠠᠨ᠎ᠠ︔ | ᠬᠠᠶᠠᠭᠳᠠᠮᠠᠯ ᠭᠡᠢ ᠭᠠᠳᠠᠭᠰᠢᠯᠠᠭᠤᠯᠳᠠᠭ ᠠᠵᠤ ᠠᠬᠤᠶᠢᠯᠠᠯ ᠤᠨ ᠪᠤᠬᠢᠷᠳᠤᠯ ᠢ ᠰᠡᠷᠬᠡᠶᠢᠯᠡᠬᠦ ᠲᠤᠨᠤᠭ ᠲᠦᠭᠦᠬᠡᠷᠦᠮᠵᠢ ᠶᠢᠨ ᠦᠭᠡᠷᠡᠴᠢᠯᠡᠨ ᠵᠠᠰᠠᠯᠳᠠ ᠶᠢ ᠴᠢᠩᠭᠠᠳᠬᠠᠵᠤ᠂ | ᠲᠡᠭᠳᠡᠮᠡᠭᠡᠢ ᠴᠢᠨᠠᠷ ᠲᠠᠢ ᠤᠷᠭᠠᠨᠢᠭ ᠪᠤᠳᠠᠰ᠂ ᠲᠦᠬᠦᠭᠡᠢ ᠨᠡᠬᠦᠷᠡᠰᠤ ᠶᠢ ᠲᠠᠷᠬᠠᠢ ᠪᠤᠳᠠᠷᠬᠠᠢ ᠰᠢᠳᠠᠭᠠᠬᠤ ᠪᠠ ᠲᠤᠭᠤᠰᠤ ᠰᠢᠷᠦᠢ ᠶᠢᠨ ᠵᠠᠰᠠᠯᠳᠠ ᠶᠢ ᠴᠢᠩᠭᠠᠳᠬᠠᠨ᠂ | ᠠᠭᠠᠷ ᠮᠠᠨᠳᠠᠯ ᠤᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠤᠯᠠᠮ ᠰᠠᠶᠢᠵᠢᠷᠠᠭᠤᠯᠬᠤ ᠶᠢ ᠠᠬᠢᠭᠤᠯᠤᠨ᠎ᠠ︔ ᠬᠠᠮᠤᠭ ᠤᠨ ᠴᠢᠩᠭ᠎ᠠ ᠲᠠᠷᠢᠶᠠᠨ ᠭᠠᠵᠠᠷ ᠤᠨ | ᠬᠠᠮᠠᠭᠠᠯᠠᠯᠳᠠ ᠶᠢᠨ ᠲᠦᠷᠢᠮ ᠢ ᠪᠠᠷᠢᠮᠳᠠᠯᠠᠵᠤ᠂ ᠲᠠᠷᠢᠶᠠᠨ ᠭᠠᠵᠠᠷ ᠤᠨ ᠬᠤᠷᠢᠭ᠎ᠠ ᠰᠤᠭᠤᠮ ᠢ ᠴᠢᠩᠭ᠎ᠠ ᠰᠠᠬᠢᠨ᠎ᠠ︔ ᠠᠭᠤᠷᠬᠠᠢ ᠶᠢᠨ ᠭᠠᠵᠠᠷ ᠰᠢᠨᠵᠢᠯᠡᠭᠡᠨ ᠤ | ᠤᠷᠴᠢᠨ ᠲᠤᠭᠤᠷᠢᠨ ᠤ ᠵᠠᠰᠠᠯᠳᠠ ᠶᠢ ᠦᠷᠬᠦᠯᠵᠢᠯᠡᠨ ᠬᠢᠵᠤ᠂ ᠪᠤᠬᠢᠷᠳᠤᠯ ᠦᠭᠡᠢ ᠠᠭᠤᠷᠬᠠᠢ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠬᠦᠨᠵᠡᠭᠡᠶᠢᠷᠡᠬᠦᠯᠦᠨ᠎ᠡ᠃ | ︽ᠨᠤᠭᠤᠭᠠᠨ ᠪᠠᠮᠪᠠᠢ︾᠂ ︽ᠬᠠᠶᠠᠭᠳᠠᠮᠠᠯ ᠢ ᠠᠷᠢᠯᠭᠠᠬᠤ︾ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠬᠦᠭᠡ ᠤᠭᠳᠠᠷᠭᠤᠢ ᠶᠢᠨ ᠬᠠᠮᠠᠭᠠᠯᠠᠯᠳᠠ᠂ | ᠤᠰᠤᠨ ᠤᠨ ᠡᠬᠢ ᠰᠤᠷᠪᠤᠯᠵᠢ ᠶᠢᠨ ᠬᠠᠮᠠᠭᠠᠯᠠᠯᠳᠠ᠂ ᠲᠦᠯᠡᠰᠢ ᠶᠢᠨ ᠲᠤᠰᠤ ᠰᠢᠳᠠᠭᠠᠳᠠᠭ ᠠᠴᠢᠶᠠᠨ ᠤ ᠲᠡᠷᠭᠡ ᠶᠢᠨ ᠪᠤᠬᠢᠷᠳᠤᠯ ᠪᠤᠯᠤᠨ ᠲᠠᠷᠢᠶᠠᠯᠠᠩ ᠬᠦᠳᠡᠭᠡ | ᠲᠤᠰᠬᠤᠨ ᠤ ᠪᠤᠬᠢᠷᠳᠤᠯ ᠤᠨ ᠵᠠᠰᠠᠯᠳᠠ ᠵᠡᠷᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠪᠦᠬᠦ ᠲᠠᠯ᠎ᠠ ᠪᠠᠷ ᠰᠠᠶᠢᠳᠤᠷ ᠬᠢᠨ᠎ᠡ᠃ ᠪᠦᠬᠦ ᠤᠯᠤᠰ ᠤᠨ ᠬᠤᠶᠠᠳᠤᠭᠠᠷ | ᠤᠳᠠᠭᠠᠨ ᠤ ᠪᠤᠬᠢᠷᠳᠤᠯ ᠤᠨ ᠡᠬᠢ ᠶᠢᠨ ᠨᠡᠶᠢᠳᠡᠮ ᠪᠠᠶᠢᠴᠠᠭᠠᠯᠳᠠ ᠶᠢ ᠪᠦᠬᠦ ᠲᠠᠯ᠎ᠠ ᠪᠠᠷ ᠰᠠᠶᠢᠳᠤᠷ ᠬᠢᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠬᠤ ᠳᠤ ᠰᠢᠨᠵᠢᠯᠡᠬᠦ ᠤᠬᠠᠭᠠᠨᠴᠢ ᠲᠤᠭ᠎ᠠ ᠪᠠᠷᠢᠮᠳ᠋ᠨ ᠬᠠᠩᠭᠠᠨ᠎ᠠ᠃ | ︵ᠬᠤᠶᠠᠷ︶ ︽ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ︾ ᠳᠤ ᠲᠦᠪᠯᠡᠷᠡᠬᠦᠯᠵᠤ ᠦᠢᠯᠡᠳᠪᠦᠷᠢᠯᠡᠯ ᠢ ᠪᠠᠳᠤᠯᠠᠨ᠎ᠠ᠃ | ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ ᠬᠠᠳᠠᠭᠤ ᠲᠠᠶᠢᠯᠠᠯᠳᠤᠭᠠᠨ ᠤ ᠢᠯᠠᠯᠳᠠ ᠶᠢ ᠲᠡᠮᠡᠴᠡᠨ ᠤᠯᠬᠤ ᠪᠠᠷ ᠪᠦᠬᠦ ᠬᠦᠴᠦᠨ ᠢᠶᠠᠷ ᠴᠢᠷᠮᠠᠶᠢᠨ᠎ᠠ᠃ | ᠬᠡᠳᠦᠶᠢᠪᠡᠷ ᠤᠶᠢᠷ᠎ᠠ ᠶᠢᠨ ᠬᠤᠭᠤᠴᠠᠭᠠᠨ ᠤ ᠮᠠᠨ ᠤ ᠬᠤᠰᠢᠭᠤᠨ ᠤ ᠬᠢᠯᠢ ᠪᠠᠷ ᠬᠡᠳᠤ ᠤᠳᠠᠭᠠᠨ ᠤ ᠪᠤᠷᠤᠭᠠᠨ ᠤᠷᠤᠵᠤ᠂ ᠭᠡᠰᠡᠭ ᠭᠠᠵᠠᠷ ᠤᠷᠤᠨ ᠤ ᠭᠠᠩ ᠤᠨ | ᠪᠠᠶᠢᠳᠠᠯ ᠵᠤᠬᠢᠬᠤ ᠭᠡᠮᠵᠢᠶ᠎ᠠ ᠪᠠᠷ ᠲᠠᠶᠢᠯᠤᠭᠳᠠᠭᠰᠠᠨ ᠪᠤᠯᠪᠠᠴᠤ ᠮᠠᠯᠵᠢᠬᠤ ᠤᠷᠤᠨ ᠤ ᠮᠠᠯ ᠰᠦᠷᠦᠭ ᠡᠪᠦᠯ ᠢ ᠲᠤᠭᠤᠯᠵᠤ ᠬᠠᠪᠤᠷ ᠢ ᠦᠩᠭᠡᠷᠡᠭᠡᠬᠦ ᠳᠤ ᠪᠠᠶᠢᠳᠠᠯ ᠪᠠᠰᠠ | ᠯᠠ ᠭᠡᠴᠡᠬᠦᠤ ᠪᠠᠶᠢᠭᠰᠠᠭᠠᠷ᠃ ᠡᠶᠢᠮᠤ ᠠᠴᠠ ᠪᠦᠬᠦ ᠬᠤᠰᠢᠭᠤ ᠪᠠᠷ ᠢᠶᠠᠨ ᠤᠷᠳᠤ ᠬᠤᠭᠤᠴᠠᠭᠠᠨ ᠤ ᠬᠦᠨᠳᠤ ᠰᠦᠷᠡᠭᠡᠢ ᠭᠠᠩ ᠭᠠᠮᠰᠢᠭ ᠲᠠᠢ ᠲᠡᠮᠡᠴᠡᠬᠦ ᠦᠵᠡᠯ | ᠰᠠᠨᠠᠭ᠎ᠠ ᠶᠢ ᠪᠠᠳᠤ ᠪᠠᠬᠢ ᠪᠤᠢ ᠪᠤᠯᠭᠠᠵᠤ᠂ ᠤᠳᠠᠭᠠᠨ ᠲᠠᠭᠠᠭᠠᠮᠠᠭᠠᠢ ᠪᠠᠷ ᠭᠠᠩ ᠲᠠᠢ ᠲᠡᠮᠡᠴᠡᠬᠦ ᠪᠡᠯᠡᠳᠭᠡᠯ ᠢᠶᠠᠨ ᠰᠠᠶᠢᠳᠤᠷ ᠬᠢᠬᠦ ᠭᠡᠷᠡᠭᠳᠠᠢ᠃ ᠭᠠᠩ ᠤᠨ ᠪᠠᠶᠢᠳᠠᠯ | ᠤᠨ ᠬᠢᠨᠠᠨ ᠬᠡᠮᠵᠢᠯᠳᠡ ᠶᠢ ᠴᠢᠩᠭᠠᠳᠬᠠᠨ᠂ ᠭᠠᠩ ᠤᠨ ᠪᠠᠶᠢᠳᠠᠯ ᠤᠨ ᠬᠦᠭᠵᠢᠯᠳᠡ ᠶᠢᠨ ᠪᠠᠶᠢᠳᠠᠯ ᠢ ᠨᠠᠷᠢᠨ ᠬᠢᠨᠠᠮᠠᠭᠠᠢ ᠠᠩᠬᠠᠷᠴᠤ᠂ ᠭᠠᠩ ᠲᠠᠢ ᠲᠡᠮᠡᠴᠡᠬᠦ ᠪᠡᠯᠡ | ᠮᠦᠩᠬᠦ ᠶᠢᠨ ᠤᠷᠤᠭᠤᠯᠤᠯᠳᠠ ᠪᠠᠨ ᠦᠷᠬᠦᠯᠵᠢᠯᠡᠨ ᠶᠡᠭᠡᠰᠭᠡᠨ᠎ᠡ᠃ ᠮᠠᠯ ᠤᠨ ᠪᠤᠷᠤᠯᠠᠭᠤᠯᠤᠯᠳᠠ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠬᠦᠢᠴᠡᠳ | ᠠᠰᠢᠭᠯᠠᠵᠤ᠂ ᠮᠠᠯᠴᠢᠳ ᠤᠨ ᠮᠠᠯ ᠢᠶᠠᠨ ᠪᠤᠷᠤᠯᠠᠭᠤᠯᠬᠤ ᠶᠢ ᠵᠤᠷᠢᠭᠵᠢᠭᠤᠯᠵᠤ᠂ ᠰᠠᠭᠤᠷᠢ ᠡᠭᠡ ᠮᠠᠯ ᠂ ᠪᠡᠯᠡᠳᠭᠡᠯ ᠡᠭᠡ ᠮᠠᠯ ᠪᠤᠯᠤᠨ ᠰᠠᠶᠢᠨ ᠡᠬᠦᠯᠳᠡᠷ ᠤᠨ ᠦᠷ᠎ᠡ | ᠶᠢᠨ ᠮᠠᠯ ᠢᠶᠠᠨ ᠪᠠᠳᠤᠯᠠᠵᠤ᠂ ᠪᠤᠳᠠ ᠮᠠᠯ ᠤᠨ ᠠᠷᠠᠴᠢᠯᠠᠨ ᠲᠡᠵᠢᠭᠡᠬᠦ ᠶᠡᠷᠦᠩᠭᠡᠢ ᠬᠡᠮᠵᠢᠶ᠎ᠠ ᠶᠢ ᠴᠢᠩᠭ᠎ᠠ ᠬᠢᠵᠠᠭᠠᠷᠯᠠᠵᠤ᠂ ᠮᠠᠯ ᠰᠦᠷᠦᠭ ᠤᠨ ᠪᠦᠳᠦᠴᠡ ᠶᠢ | ᠲᠤᠬᠢᠷᠠᠭᠤᠯᠵᠤ᠂ ᠶᠡᠷᠦᠩᠭᠡᠢ ᠬᠡᠮᠵᠢᠶ᠎ᠡ ᠶᠢ ᠵᠤᠬᠢᠰᠳᠠᠢ ᠬᠦᠷᠢᠶ᠎ᠠ ᠭᠡᠪᠴᠢᠶᠠᠨ ᠳᠤ ᠬᠦᠷᠳᠡᠯ᠎ᠡ ᠪᠠᠭᠠᠰᠬᠠᠨ᠎ᠠ︔ ᠲᠡᠵᠢᠭᠡᠯ ᠡᠪᠡᠰᠤ ᠪᠤᠷᠳᠤᠭ᠎ᠠ ᠶᠢ ᠬᠤᠳᠠᠯᠳᠤᠨ ᠠᠪᠬᠤ | ᠲᠡᠭᠡᠭᠡᠪᠦᠷᠢᠯᠡᠬᠦ ᠵᠢᠴᠢ ᠬᠦᠮᠦᠷᠭᠡᠯᠡᠨ ᠬᠠᠳᠠᠭᠠᠯᠠᠬᠤ ᠭᠡᠮᠵᠢᠶ᠎ᠠ ᠶᠢ ᠶᠡᠭᠡᠰᠭᠡᠵᠤ᠂ ᠭᠠᠮᠰᠢᠭᠳᠠᠭᠰᠠᠨ ᠮᠠᠯᠴᠢᠨ ᠲᠠᠷᠢᠶᠠᠴᠢᠳ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ | ᠪᠠᠷ ᠪᠠᠭᠠᠰᠬᠠᠨ᠎ᠠ᠃ ᠭᠠᠮᠰᠢᠭ ᠠᠴᠠ ᠠᠪᠤᠷᠠᠬᠤ ᠲᠡᠵᠢᠭᠡᠯ ᠡᠪᠡᠰᠤ ᠪᠤᠷᠳᠤᠭᠠᠨ ᠤ ᠨᠦᠬᠦᠪᠦᠷᠢᠯᠡᠯᠳᠡ ᠶᠢᠨ ᠦᠷ᠎ᠡ ᠪᠦᠳᠦᠮᠵᠢ ᠶᠢ ᠬᠦᠢᠴᠡᠳ ᠪᠠᠳᠠᠷᠠᠭᠤᠯᠵᠤ᠂ | ᠮᠠᠯᠴᠢᠳ ᠤᠨ ᠰᠡᠯᠬᠦᠨ ᠮᠠᠯᠵᠢᠬᠤ ᠶᠢ ᠵᠤᠷᠢᠭᠵᠢᠭᠤᠯᠵᠤ᠂ ᠨᠤᠳᠤᠭ ᠪᠡᠯᠴᠢᠭᠡᠷ ᠢ ᠠᠮᠠᠷᠠᠭᠠᠨ ᠨᠤᠭᠤᠭᠠᠷᠠᠭᠤᠯᠵᠤ ᠰᠡᠷᠬᠦᠬᠡᠨ᠎ᠠ︔ ᠬᠦᠨᠳᠤ ᠰᠦᠷᠡᠭᠡᠢ ᠭᠠᠮᠰᠢᠭᠳᠠᠭᠰᠠᠨ | ᠤᠷᠤᠨ ᠤ ᠭᠠᠩ ᠬᠠᠭᠰᠠᠷᠭᠠᠨ ᠲᠠᠢ ᠲᠡᠮᠡᠴᠡᠨ ᠪᠠᠴᠢᠮ ᠪᠠᠶᠢᠳᠠᠯ ᠢ ᠠᠷᠭᠠᠴᠠᠬᠤ ᠤᠰᠤᠨ ᠤ ᠡᠬᠢ ᠰᠤᠷᠪᠤᠯᠵᠢ ᠶᠢᠨ ᠪᠠᠷᠢᠯᠭ᠎ᠠ ᠵᠢᠴᠢ ᠢᠵᠢ ᠪᠦᠷᠢᠳᠦᠬᠦᠯᠬᠦ ᠲᠤᠨᠤᠭ | ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠬᠦᠮᠦᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠨ᠎ᠠ︔ ᠬᠦᠷᠰᠢ | ᠵᠡᠷᠭᠡᠯᠡᠳᠡᠭᠡ ᠬᠤᠰᠢᠭᠤ ᠰᠢᠶᠠᠨ ᠪᠤᠯᠤᠨ ᠤᠰᠤᠯᠠᠯᠳᠠ ᠶᠢᠨ ᠤᠷᠤᠨ ᠤᠨ ᠰᠤᠮᠤ ᠪᠠᠯᠭᠠᠰᠤ ᠵᠢᠴᠢ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠲᠠᠢ | ᠢᠳᠡᠪᠬᠢᠳᠠᠢ ᠪᠠᠷ ᠬᠠᠷᠢᠯᠴᠠᠵᠤ ᠬᠤᠯᠪᠤᠭ᠎ᠠ ᠪᠠᠶᠢᠭᠤᠯᠤᠨ ᠬᠠᠪᠰᠤᠷᠤᠨ ᠲᠡᠳᠬᠦᠬᠦ ᠶᠢ ᠦᠷᠨᠢᠬᠦᠯᠦᠨ᠂ ᠭᠠᠮᠰᠢᠭᠳᠠᠭᠰᠠᠨ ᠮᠠᠯᠴᠢᠳ ᠤᠨ ᠡᠪᠤᠯ ᠢ ᠲᠤᠭᠤᠯᠬᠤ | ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠨ᠎ᠡ︔ ᠭᠠᠮᠰᠢᠭᠳᠠᠭᠰᠠᠨ ᠤᠷᠤᠨ ᠤ ᠴᠠᠭ ᠠᠭᠤᠷ ᠤᠨ ᠬᠢᠨᠠᠨ ᠭᠡᠮᠵᠢᠯᠳᠡ ᠪᠤᠯᠤᠨ ᠤᠷᠢᠳᠴᠢᠯᠠᠨ ᠮᠡᠳᠡᠬᠦᠯᠦᠯᠳᠡ ᠶᠢ | ᠴᠢᠩᠭᠠᠳᠬᠠᠵᠤ᠂ ᠠᠰᠢᠭᠳᠠᠢ ᠴᠠᠭ ᠠᠭᠤᠷ ᠤᠨ ᠪᠠᠶᠢᠳᠠᠯ ᠳᠤ ᠲᠤᠬᠢᠷᠠᠭᠤᠯᠤᠨ ᠬᠦᠮᠦᠨ ᠤ ᠬᠦᠴᠤ ᠪᠠᠷ ᠪᠤᠷᠤᠭᠠᠨ ᠨᠡᠮᠡᠭᠳᠡᠬᠦᠯᠦᠨ᠂ ᠲᠠᠯ᠎ᠠ ᠨᠤᠳᠤᠭ ᠤᠨ ᠭᠠᠩ ᠤᠨ | ᠪᠠᠶᠢᠳᠠᠯ ᠢ ᠲᠠᠶᠢᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠤᠭᠳᠠᠭᠤᠨ ᠪᠠᠶᠢᠬᠤ ᠪᠠ ᠮᠠᠯᠴᠢᠨ ᠲᠠᠷᠢᠶᠠᠴᠢᠳ ᠤᠨ ᠭᠡᠪ ᠤᠨ ᠦᠢᠯᠡᠳᠪᠦᠷᠢᠯᠡᠯ ᠠᠮᠢᠳᠤᠷᠠᠯ | ᠢ ᠦᠨᠡᠨᠬᠦ ᠪᠠᠳᠤᠯᠠᠨ᠎ᠠ᠃ | ᠲᠠᠯ᠎ᠠ ᠨᠤᠳᠤᠭ ᠤᠨ ᠠᠯᠤᠰ ᠤᠨ ᠭᠦᠭᠵᠢᠯᠳᠡ ᠶᠢ ᠬᠦᠴᠦ ᠲᠠᠯᠪᠢᠨ ᠰᠦᠪᠡᠭᠴᠢᠯᠠᠨᠡ᠃ ᠤᠷᠠᠳ ᠤᠨ ᠲᠤᠮᠳᠠᠳᠤ ᠬᠤᠰᠢᠭᠤᠨ ᠤ ᠨᠤᠳᠤᠭ ᠪᠠᠯᠴᠢᠭᠡᠷ ᠨᠢ | ᠴᠦᠯᠯᠡᠷᠭᠡᠭᠵᠢᠭᠰᠡ ᠨᠤᠳᠤᠭ ᠪᠡᠯᠴᠢᠭᠡᠷ ᠲᠤ ᠪᠠᠭᠳᠠᠵᠤ᠂ ᠠᠮᠢ ᠠᠬᠤᠢ ᠭᠡᠪᠡᠷᠡᠭ ᠪᠠᠭᠤᠷᠠᠢ᠂ ︽ᠠᠷᠪᠠᠨ ᠵᠢᠯ ᠳᠤ ᠶᠢᠰᠦᠨ ᠵᠢᠯ ᠨᠢ ᠭᠠᠩ ᠲᠠᠢ︾᠂ ᠦᠨᠦ ᠵᠢᠯ ᠤᠨ | ᠰᠢᠭ ᠡᠶᠢᠮᠦ ᠭᠠᠩ ᠲᠠᠢ ᠵᠢᠯ ᠬᠤᠶᠢᠰᠢᠳᠠ ᠪᠠᠰᠠ ᠭᠠᠷᠬᠤ ᠪᠤᠯᠤᠮᠵᠢ ᠲᠠᠢ᠂ ᠡᠶᠢᠮᠤ ᠠᠴᠠ ᠪᠢᠳᠡ ᠪᠤᠳᠠᠳᠤ ᠪᠠᠶᠢᠳᠠᠯ ᠳ᠋ᠠᠠᠭ᠋ᠨ ᠰᠠᠭᠤᠷᠢᠯᠠᠨ᠂ ᠠᠯᠤᠰ ᠢ ᠪᠤᠳᠤᠵᠤ᠂ | ᠪᠡᠯᠴᠢᠭᠡᠷᠯᠡᠬᠦᠯᠬᠦ ᠶᠢ ᠵᠤᠭᠰᠤᠭᠠᠬᠤ ᠪᠤᠯᠤᠨ ᠪᠡᠯᠴᠢᠭᠡᠷ ᠮᠠᠯ ᠢ ᠲᠡᠩᠴᠡᠬᠦᠷᠢᠳᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ ᠤᠰᠤᠨ ᠤ ᠭᠡᠮᠵᠢᠶ᠎ᠡ | ᠪᠠᠷ ᠡᠪᠡᠰᠤ ᠪᠤᠷᠳᠤᠭ᠎ᠠ ᠲᠠᠷᠢᠬᠤ ᠭᠡᠮᠵᠢᠶ᠎ᠠ ᠪᠠᠨ ᠲᠤᠬᠢᠷᠠᠭᠤᠯᠤᠨ᠂ ᠪᠡᠯᠴᠢᠭᠡᠷ ᠤᠨ ᠲᠠᠭᠠᠭᠠᠴᠠ ᠪᠠᠷ ᠮᠠᠯ ᠤᠨ ᠲᠤᠭ᠎ᠠ ᠶᠢ ᠲᠤᠭᠳᠠᠭᠠᠬᠤ︾ ᠶᠢ ᠭᠡᠷᠡᠭᠵᠢᠬᠦᠯᠦᠨ᠂ | ᠤᠯᠠᠷᠢᠯ ᠤᠨ ᠴᠢᠨᠠᠷᠳᠠᠢ ᠰᠡᠯᠬᠦᠨ ᠮᠠᠯᠵᠢᠬᠤ ᠪᠠ ᠤᠷᠤᠨ ᠲᠤᠭᠤᠷᠢᠭ ᠬᠤᠪᠢᠶᠠᠨ ᠡᠭᠡᠯᠵᠢᠯᠡᠨ ᠮᠠᠯᠵᠢᠬᠤ ᠶᠢ ᠭᠡᠷᠡᠭᠵᠢᠬᠦᠯᠵᠤ᠂ ᠨᠤᠳᠤᠭ ᠪᠡᠯᠴᠢᠭᠡᠷ ᠢ ᠡᠭᠡᠯᠵᠢᠯᠡᠨ | ᠠᠰᠢᠭᠯᠠᠵᠤ᠂ ᠠᠯᠬᠤᠮ ᠠᠯᠬᠤᠮ ᠢᠶᠠᠷ ᠤᠷᠭᠤᠮᠠᠯ ᠤᠨ ᠬᠤᠴᠢᠯᠭ᠎ᠠ ᠶᠢ ᠰᠡᠷᠬᠦᠬᠡᠨ᠎ᠡ︔ ᠨᠤᠳᠤᠭ ᠪᠡᠯᠴᠢᠭᠡᠷ ᠢ ᠰᠠᠶᠢᠵᠢᠷᠠᠭᠤᠯᠬᠤ ᠪᠤᠯᠤᠨ ᠲᠠᠷᠢᠮᠠᠯ ᠡᠪᠡᠰᠤᠳᠤ ᠲᠠᠯ᠎ᠠ | ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠰᠡᠷᠬᠦᠭᠡᠯᠳᠡ ᠶᠢ ᠠᠬᠢᠭᠤᠯᠤᠨ᠎ᠠ︔ ᠮᠠᠯ ᠰᠦᠷᠦᠭ ᠤᠨ ᠪᠦᠳᠦᠴᠡ | ᠶᠢ ᠲᠠᠰᠤᠷᠠᠯᠳᠠ ᠦᠭᠡᠢ ᠰᠢᠯᠢᠳᠡᠭᠵᠢᠬᠦᠯᠵᠤ᠂ ᠰᠢᠯᠭᠠᠨ ᠪᠠᠶᠢᠴᠠᠭᠠᠬᠤ ᠬᠢᠵᠢᠭ ᠢ ᠪᠠᠶᠢᠴᠠᠭᠠᠬᠤ ᠲᠦᠪ ᠢ ᠬᠦᠢᠴᠡᠳ ᠠᠰᠢᠭᠯᠠᠨ᠂ ᠤᠷᠠᠳ ᠤᠨ ᠮᠠᠯ ᠤᠨ ᠮᠢᠬ᠎ᠠ ᠶᠢᠨ | ᠰᠢᠮ᠎ᠡ ᠲᠡᠵᠢᠭᠡᠯ ᠤᠨ ᠪᠦᠷᠢᠯᠳᠦᠬᠦᠨ᠂ ᠴᠢᠨᠠᠷ ᠴᠢᠨᠰᠠᠭᠠᠨ ᠤ ᠰᠢᠯᠭᠠᠨ ᠭᠡᠮᠵᠢᠯᠳᠡ ᠶᠢ ᠬᠢᠵᠤ᠂ ᠲᠤᠭ᠎ᠠ ᠪᠠᠷᠢᠮᠳᠠ ᠶᠢᠨ ᠬᠦᠮᠦᠷᠭᠡ ᠶᠢ ᠪᠠᠶᠢᠭᠤᠯᠤᠨ᠂ ᠤᠷᠠᠳ ᠤᠨ | ᠮᠠᠯ ᠤᠨ ᠮᠢᠬ᠎ᠠ ᠶᠢᠨ ᠨᠠᠷᠡᠳᠤ ᠲᠡᠮᠳᠡᠭ ᠢ ᠡᠬᠦᠳᠬᠦ ᠳᠤ ᠰᠢᠨᠵᠢᠯᠡᠬᠦ ᠤᠬᠠᠭᠠᠨ ᠤ ᠪᠠᠷᠢᠮᠳᠠ ᠶᠢ ᠬᠠᠩᠭᠠᠵᠤ᠂ ᠰᠢᠯᠢᠳᠡᠭ ᠴᠢᠨᠠᠷ ᠴᠢᠨᠰᠠᠭ᠎ᠠ ᠰᠢᠯᠢᠳᠡᠭ ᠦᠨ᠎ᠡ ᠬᠠᠩᠰᠢ | ᠲᠠᠢ ᠪᠠᠶᠢᠬᠤ ᠶᠢ ᠪᠡᠶᠡᠯᠡᠬᠦᠯᠦᠨ᠎ᠡ︔ ᠪᠠᠴᠢᠮ ᠪᠠᠶᠢᠳᠠᠯ ᠢ ᠠᠷᠭᠠᠴᠠᠬᠤ ᠬᠦᠮᠦᠷᠭᠡ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ | ᠲᠡᠬᠦᠯᠳᠡᠷᠵᠢᠬᠦᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠡᠰᠡᠷᠬᠦᠴᠡᠬᠦ ᠴᠢᠳᠠᠪᠤᠷᠢ ᠶᠢ ᠤᠯᠠᠮ ᠲᠡᠭᠡᠭᠰᠢᠯᠡᠬᠦᠯᠦᠨ᠎ᠡ᠃ | ᠠᠮᠢ ᠠᠬᠤᠢ ᠪᠤᠯ ᠪᠢᠳᠠᠨ ᠤ ᠬᠦᠭᠵᠢᠯᠳᠡ ᠶᠢᠨ ᠰᠠᠭᠤᠷᠢ᠂ ᠲᠠᠯ᠎ᠠ ᠨᠤᠳᠤᠭ ᠪᠤᠯ ᠪᠢᠳᠡᠨ ᠤ ᠤᠷᠤᠰᠢᠨ ᠠᠮᠢᠳᠤᠷᠠᠵᠤ ᠪᠠᠶᠢᠭ᠎ᠠ ᠭᠡᠷ ᠤᠷᠤᠨ᠂ ᠪᠢᠳᠠ ᠦᠪᠡᠷ | ᠤᠨ ᠠᠮᠢ ᠨᠠᠰᠤ ᠪᠠᠨ ᠬᠠᠶᠢᠷᠠᠯᠠᠬᠤ ᠰᠢᠭ᠋ ᠠᠮᠢ ᠠᠬᠤᠢ ᠪᠠᠨ ᠬᠠᠶᠢᠷᠠᠯᠠᠵᠤ᠂ ᠨᠢᠳᠤᠨ ᠤ ᠴᠡᠴᠡᠭᠡᠢ ᠪᠠᠨ ᠰᠢᠭ ᠲᠠᠯ᠎ᠠ ᠨᠤᠳᠤᠭ ᠢᠶᠠᠨ ᠬᠠᠮᠠᠭᠠᠯᠠᠵᠤ᠂ ᠰᠢᠯᠢᠳᠡᠭ | ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠢ ᠠᠷᠠᠳ ᠲᠦᠮᠡᠨ ᠤ ᠠᠮᠢᠳᠤᠷᠠᠯ ᠤᠨ ᠨᠡᠮᠡᠭᠳᠡᠯ ᠤᠨ ᠴᠡᠭ ᠪᠤᠯᠭᠠᠵᠤ᠂ ᠠᠵᠤ ᠠᠬᠤᠢ ᠨᠡᠶᠢᠭᠡᠮ ᠤᠨ | ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢᠨ ᠲᠤᠯᠭᠠᠭᠤᠷᠢᠯᠠᠯ ᠪᠤᠯᠭᠠᠵᠤ᠂ ᠮᠠᠨ ᠤ ᠬᠤᠰᠢᠭᠤᠨ ᠤ ᠤᠬᠢ ᠰᠠᠶᠢᠨ ᠲᠦᠷᠢ ᠲᠦᠷᠬᠦ ᠶᠢ ᠲᠡᠯᠭᠡᠨ ᠦᠵᠡᠬᠦᠯᠬᠦ | ᠬᠦᠴᠦᠯᠡᠴᠡ ᠶᠢᠨ ᠴᠡᠭ ᠪᠤᠯᠭᠠᠵᠤ᠂ ᠤᠷᠠᠳ ᠤᠨ ᠲᠤᠮᠳᠠᠳᠤ ᠬᠤᠰᠢᠭᠤ ᠪᠠᠨ ᠲᠡᠭᠷᠢ ᠨᠢ ᠨᠡᠩ ᠬᠦᠭᠡᠮᠳᠤᠭ᠌᠂ ᠲᠠᠯ᠎ᠠ ᠨᠤᠳᠤᠭ ᠨᠢ ᠨᠡᠩ ᠴᠡᠯᠡᠭᠡᠷ᠂ ᠠᠭᠤᠷ | ᠠᠮᠢᠰᠬᠤᠯ ᠨᠢ ᠨᠡᠩ ᠰᠤᠷᠭᠤᠭ ᠰᠠᠶᠢᠬᠠᠨ ᠪᠤᠯᠭᠠᠨ᠎ᠠ᠃ | ︵ᠭᠤᠷᠪᠠ︶ ︽ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ︾ ᠳᠤ ᠲᠦᠪᠯᠡᠷᠡᠬᠦᠯᠵᠤ ᠬᠦᠭᠵᠢᠯᠳᠡ ᠶᠢ ᠠᠳᠬᠤᠨ᠎ᠠ᠃ | ᠲᠦᠷᠦᠯ ᠵᠦᠢᠯ ᠢ ᠲᠡᠮᠡᠴᠡᠨ ᠤᠯᠬᠤ ᠬᠠᠳᠠᠭᠠᠯᠠᠨ ᠪᠡᠯᠡᠳᠭᠡᠬᠦ ᠠᠵᠢᠯ ᠢ ᠰᠠᠶᠢᠳᠤᠷ ᠠᠳᠬᠤᠨ᠎ᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ | ᠤᠨ ᠠᠭᠤᠰᠤᠯᠴᠠᠨ ᠬᠦᠭᠵᠢᠬᠦ ᠪᠤᠯᠤᠨ ᠰᠢᠨ᠎ᠡ ᠬᠠᠭᠤᠴᠢᠨ ᠬᠦᠳᠡᠯᠭᠡᠬᠦ ᠬᠦᠴᠦᠨ ᠤ ᠰᠤᠯᠢᠭᠳᠠᠯ ᠤᠨ ᠲᠤᠭᠤᠷᠢᠨ ᠳᠤ᠂ ᠲᠦᠪ ᠤᠨ ᠬᠦᠳᠡᠭᠡ ᠲᠤᠰᠬᠤᠨ ᠢ | ᠮᠠᠨᠳᠤᠭᠤᠯᠤᠨ ᠬᠦᠭᠵᠢᠬᠦᠯᠬᠦ ᠪᠠᠶᠢᠯᠳᠤᠬᠤ ᠪᠤᠳᠤᠯᠭ᠎ᠠ᠂ ᠪᠠᠷᠠᠭᠤᠨ ᠤᠷᠤᠨ ᠤ ᠨᠡᠭᠡᠭᠡᠯᠳᠡ ᠶᠢ ᠦᠷᠭᠡᠳᠭᠡᠬᠦ ᠵᠡᠷᠭᠡ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ | ᠲᠤᠬᠢᠶᠠᠯ ᠢ ᠴᠢᠩᠭ᠎ᠠ ᠠᠳᠬᠤᠨ᠂ ᠪᠦᠬᠦ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠭᠡ︾ ᠶᠢᠨ ᠲᠦᠷᠦᠯ ᠵᠦᠢᠯ ᠳᠤ | ᠭᠤᠤᠯᠳᠠᠭᠤᠯᠤᠨ ᠴᠢᠭᠯᠡᠬᠦᠯᠵᠤ᠂ ᠲᠦᠷᠦᠯ ᠵᠦᠢᠯ ᠤᠨ ᠰᠤᠩᠭᠤᠨ ᠦᠨᠡᠯᠡᠯᠳᠡ ᠬᠢᠬᠦ ᠪᠤᠯᠤᠨ ᠠᠷᠭ᠎ᠠ ᠰᠦᠪᠡᠭᠴᠢᠯᠡᠬᠦ ᠪᠡᠯᠡᠳᠭᠡᠨ ᠬᠠᠳᠠᠭᠠᠯᠠᠬᠤ ᠠᠵᠢᠯ ᠢᠶᠠᠨ ᠰᠠᠶᠢᠳᠤᠷ | ᠬᠢᠵᠤ᠂ ᠲᠡᠭᠡᠳᠤ ᠱᠠᠳᠤ ᠲᠠᠢ ᠬᠠᠷᠢᠯᠴᠠᠵᠤ ᠦᠢᠯᠡᠭᠠᠯᠴᠠᠬᠤ ᠪᠠᠨ ᠴᠢᠩᠭᠠᠳᠬᠠᠵᠤ᠂ ᠢᠯᠡᠬᠦᠭᠡᠨ ᠠᠩᠬᠠᠷᠴᠤ ᠢᠯᠡᠬᠦᠭᠡᠨ ᠬᠦᠶᠤᠵᠤ ᠰᠢᠢᠳᠪᠤᠷᠢᠯᠡᠨ᠂ ᠨᠠᠩ ᠤᠯᠠᠨ | ᠲᠦᠷᠦᠯ ᠵᠦᠢᠯ ᠢ ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠬᠤᠳᠠ ᠶᠢᠨ ᠲᠦᠯᠦᠪᠵᠢᠬᠦᠯᠭᠡ ᠳᠤ ᠤᠷᠤᠭᠤᠯᠬᠤ ᠪᠠᠷ ᠴᠢᠷᠮᠠᠶᠢᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ ᠰᠠᠶᠢᠳᠤᠷ ᠠᠳᠬᠤᠨ᠎ᠠ᠃ ︽ᠠᠷᠠᠯᠵᠢᠶᠠᠴᠢᠨ ᠤᠷᠢᠵᠤ ᠪᠠᠯᠡ ᠤᠷᠤᠭᠤᠯᠬᠤ ᠤᠨ︾ ᠤ ᠠᠵᠢᠯᠯᠠᠭ᠎ᠠ | ᠶᠢ ᠬᠦᠨᠵᠡᠭᠡᠢ ᠦᠷᠨᠢᠬᠦᠯᠵᠤ᠂ ᠮᠠᠯ ᠤᠨ ᠠᠰᠢᠭ ᠰᠢᠮ᠎ᠡ ᠲᠡᠷᠢᠶᠠᠯᠠᠩ ᠤᠨ ᠪᠦᠳᠦᠭᠡᠭᠳᠡᠬᠦᠨ ᠤ ᠨᠠᠷᠢᠯᠢᠭ ᠪᠤᠯᠪᠠᠰᠤᠷᠠᠭᠤᠯᠤᠯᠳᠠ᠂ ᠰᠢᠨ᠎ᠡ ᠪᠠᠷ ᠬᠦᠭᠵᠢᠵᠤ ᠪᠠᠶᠢᠭ᠎ᠠ | ᠠᠵᠤ ᠦᠢᠯᠡᠰ᠂ ᠠᠮᠢᠳᠤ ᠪᠤᠳᠠᠰ ᠤᠨ ᠬᠢᠮᠢ ᠶᠢᠨ ᠠᠵᠤ ᠦᠢᠯᠡᠳᠪᠤᠷᠢ ᠵᠡᠷᠭᠡ ᠭᠤᠤᠯᠳᠠᠯᠭ᠎ᠠ ᠲᠠᠢ ᠬᠦᠷᠢᠶ᠎ᠠ ᠴᠠᠷᠠᠭᠠᠨ ᠳᠤ᠂ ᠤᠨᠢᠨ ᠳᠤᠨᠢ ᠲᠠᠭᠠᠷᠠᠭᠤᠯᠤᠨ ᠨᠠᠷᠢᠯᠢᠭ | ᠤᠨᠤᠪᠴᠢᠳᠠᠢ ᠪᠠᠷ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠪᠦᠬᠦ ᠲᠠᠯ᠎ᠠ ᠪᠠᠷ ᠦᠷᠨᠢᠬᠦᠯᠤᠨ᠎ᠠ᠃ ᠲᠠᠷᠢᠶᠠᠨ ᠭᠠᠵᠠᠷ ᠲᠤ ᠠᠰᠢᠭᠳᠠᠢ ᠲᠠᠷᠢᠮᠠᠯ ᠤᠨ ᠵᠦᠢᠯ | ᠤᠨ ᠡᠰᠢ ᠰᠦᠷᠡᠯ ᠤᠨ ᠶᠡᠷᠦᠩᠭᠡᠶᠢᠯᠡᠭᠰᠡᠨ ᠠᠰᠢᠭᠯᠠᠯᠳᠠ᠂ ᠲᠦᠩ ᠸᠧᠢ ︽ᠵᠢᠭᠠᠰᠤᠨ ᠤ ᠦᠢᠯᠡᠰ ᠪᠤᠯᠤᠨ ᠭᠡᠷᠡᠯ ᠤᠨ ᠡᠨᠧᠷᠬᠢ ᠶᠢᠨ ᠦᠢᠯᠡᠰ ᠤᠨ ᠨᠢᠭᠡ | ᠴᠤᠭᠴᠠᠵᠢᠭᠤᠯᠤᠯᠳᠠ︾ ᠵᠡᠷᠭᠡ 10 ᠭᠡᠷ᠎ᠡ ᠲᠤᠭᠳᠠᠭᠰᠠᠨ ᠲᠦᠷᠦᠯ ᠵᠦᠢᠯ ᠢ ᠮᠦᠷᠳᠡᠨ ᠲᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ︔ ᠱᠠᠨᠳᠦ᠋ᠩ ᠤᠨ ᠴᠢ | ᠳ᠋ᠢ ᠢᠳᠡᠰᠢᠨ ᠨᠤᠭᠤᠭᠠᠨ ᠤ ᠠᠵᠤ ᠦᠢᠯᠡᠰ ᠤᠨ ᠶᠡᠷᠦᠩᠭᠡᠶᠢᠯᠡᠭᠰᠡᠨ ᠴᠤᠭᠴᠠ᠂ ᠵᠦᠩ ᠵᠢᠢ ᠭᠥᠸᠧ ᠨᠧᠩ ᠤᠨ ᠠᠮᠢᠳᠤᠷᠠᠯ ᠤᠨ ᠬᠠᠶᠠᠨᠳᠠᠮᠠᠯ ᠪᠤᠳᠠᠰ ᠢ ᠢᠯᠴᠢ ᠪᠠᠷ | ᠵᠠᠳᠠᠷᠠᠭᠤᠯᠤᠨ ᠰᠢᠳᠠᠮᠠᠬᠠᠢ ᠭᠡᠢ ᠪᠠᠶᠡᠳᠤ ᠪᠤᠯᠭᠠᠨ ᠰᠢᠢᠳᠪᠦᠷᠢᠯᠡᠬᠦ ᠵᠡᠷᠭᠡ 8 ᠰᠠᠨᠠᠮᠵᠢ ᠶᠢᠨ ᠴᠢᠨᠠᠷ ᠲᠠᠢ ᠲᠦᠷᠦᠯ ᠵᠦᠢᠯ ᠢ ᠢᠳᠡᠪᠬᠢᠳᠠᠢ ᠪᠠᠷ ᠬᠠᠷᠢᠯᠴᠠᠨ | ᠤᠶᠢᠯᠠᠭᠠᠯᠴᠠᠨᠠ᠃ ᠬᠤᠳᠠᠯᠳᠤᠭᠠᠨ ᠤ ᠡᠵᠡᠩᠨᠡᠯᠳᠡ ᠶᠢᠨ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠵᠤ᠂ ᠦᠢᠯᠡᠴᠢᠯᠡᠭᠡᠨ ᠤ ᠬᠢᠷᠢ ᠲᠦᠪᠰᠢᠨ ᠢ | ᠲᠡᠭᠡᠭᠰᠢᠯᠡᠬᠦᠯᠦᠨ᠂ ᠲᠦᠷᠦᠯ ᠵᠦᠢᠯ ᠤᠨ ᠭᠡᠷ᠎ᠡ ᠲᠤᠭᠳᠠᠭᠰᠠᠨ ᠶᠤᠰᠤᠭᠠᠷ ᠶᠠᠪᠤᠭᠳᠠᠭᠤᠯᠬᠤ ᠨᠤᠷᠮ᠎ᠠ᠂ ᠪᠠᠯᠡ ᠮᠦᠩᠬᠦ ᠶᠢ ᠪᠤᠳᠠᠳᠠᠶᠢᠵᠢᠭᠤᠯᠬᠤ ᠨᠤᠷᠮ᠎ᠠ᠂ ᠠᠵᠢᠯ | ᠢᠶᠠᠨ ᠡᠬᠢᠯᠡᠬᠦᠯᠬᠦ ᠨᠤᠷᠮ᠎ᠠ ᠶᠢ ᠦᠨᠡᠨᠬᠦ ᠲᠡᠭᠡᠭᠰᠢᠯᠡᠬᠦᠯᠵᠤ᠂ ᠪᠦᠬᠦ ᠵᠢᠯ ᠳᠤ ᠠᠷᠠᠯᠵᠢᠶᠠᠴᠢᠨ ᠤᠷᠢᠵᠤ ᠪᠠᠯᠡ ᠤᠷᠤᠭᠤᠯᠬᠤ ᠪᠡᠯᠡ ᠮᠦᠩᠬᠦ 49 ᠳ᠋ᠦᠩᠰᠢᠭᠤᠷ | ᠲᠦᠬᠦᠷᠢᠭ ᠢ ᠪᠤᠳᠠᠳᠠᠶᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃ | ᠲᠦᠷᠦᠯ ᠵᠦᠢᠯ ᠤᠨ ᠡᠷᠬᠢᠯᠳᠡ ᠶᠢᠨ ᠲᠤᠬᠢᠷᠠᠭᠤᠯᠤᠯᠳᠠ ᠪᠤᠯᠤᠨ ᠮᠦᠷᠳᠡᠨ ᠦᠢᠯᠡᠴᠢᠯᠡᠭᠡ ᠶᠢ ᠰᠠᠶᠢᠳᠤᠷ ᠠᠳᠬᠤᠨ᠎ᠠ᠃ ᠭᠤᠤᠯᠳᠠᠯᠭ᠎ᠠ ᠲᠠᠢ ᠲᠦᠷᠦᠯ ᠵᠦᠢᠯ | ᠢ ᠲᠤᠰᠬᠠᠢ ᠲᠦᠷᠦᠯ ᠢᠶᠠᠷ ᠠᠬᠢᠭᠤᠯᠬᠤ ᠲᠤᠭᠤᠶᠢᠯᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠤᠳᠤᠷᠢᠳᠬᠤ ᠺᠠᠳ᠋ᠷᠴᠤᠳ ᠭᠤᠤᠯᠳᠠᠯᠭ᠎ᠠ ᠲᠠᠢ ᠲᠦᠷᠦᠯ | ᠵᠦᠢᠯ ᠢ ᠠᠬᠢᠭᠤᠯᠬᠤ ᠶᠢ ᠲᠠᠭᠠᠭᠠᠴᠢᠯᠠᠨ ᠬᠠᠪᠰᠤᠷᠬᠤ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠤ᠂ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠢ ᠤᠷᠢᠳᠴᠢᠯᠠᠨ | ᠲᠦᠰᠦᠭᠡᠯᠡᠨ ᠰᠡᠷᠡᠮᠵᠢᠯᠡᠬᠦᠯᠬᠦ ᠪᠠ ᠵᠠᠳᠠᠯᠤᠯᠳᠠ ᠦᠨᠡᠯᠡᠯᠳᠡ ᠬᠢᠬᠦ ᠴᠢᠳᠠᠪᠤᠷᠢ ᠶᠢ ᠦᠨᠡᠨᠬᠦ ᠲᠡᠭᠡᠭᠰᠢᠯᠡᠬᠦᠯᠵᠤ᠂ ᠡᠯ᠎ᠡ ᠲᠦᠷᠦᠯ ᠵᠦᠢᠯ ᠢ ᠡᠮᠬᠢ ᠵᠢᠷᠤᠮ ᠲᠠᠢ | ᠠᠬᠢᠭᠤᠯᠬᠤ ᠶᠢ ᠪᠠᠳᠤᠯᠠᠨ᠎ᠠ᠃ ᠠᠵᠢᠯ ᠢᠶᠠᠨ ᠡᠬᠢᠯᠡᠬᠦᠯᠦᠭᠡ ᠦᠭᠡᠢ ᠴᠢᠬᠤᠯᠠ ᠶᠡᠭᠡ ᠲᠦᠷᠦᠯ ᠵᠦᠢᠯ ᠳᠤ ᠬᠠᠨᠳᠤᠭᠤᠯᠤᠨ᠂ ᠪᠠᠶᠢᠴᠠᠭᠠᠨ ᠰᠤᠳᠤᠯᠤᠯᠳ᠋ᠨ ᠶᠢ | ᠬᠦᠨᠵᠡᠭᠡᠶᠢᠷᠡᠬᠦᠯᠦᠨ᠂ ᠲᠦᠷᠦᠯ ᠵᠦᠢᠯ ᠤᠨ ᠪᠠᠶᠢᠭᠤᠯᠭ᠎ᠠ ᠲᠠᠢ ᠤᠶᠢᠯᠠᠭᠠᠯᠴᠠᠨ ᠬᠠᠷᠢᠯᠴᠠᠬᠤ ᠪᠠᠨ ᠴᠢᠩᠭᠠᠳᠬᠠᠨ᠂ ᠲᠦᠷᠦᠯ ᠵᠦᠢᠯ ᠢ ᠲᠦᠷᠭᠡᠨ ᠠᠬᠢᠭᠤᠯᠵᠤ᠂ | ᠡᠷᠳᠡᠭᠡᠨ ᠠᠵᠢᠯ ᠢᠶᠠᠨ ᠡᠬᠢᠯᠡᠬᠦᠯᠬᠦ ᠶᠢ ᠪᠠᠳᠤᠯᠠᠨ᠎ᠠ᠃ ᠠᠵᠤ ᠠᠬᠤᠶᠢᠯᠠᠯ ᠢ ᠲᠡᠮᠵᠢᠬᠦ ᠡᠯ᠎ᠡ ᠲᠦᠷᠦᠯ ᠤᠨ ᠲᠦᠷᠤ ᠶᠢᠨ ᠪᠤᠳᠤᠯᠭ᠎ᠠ ᠠᠷᠭ᠎ᠠ ᠠᠪᠴᠠᠯ ᠢ ᠰᠠᠶᠢᠳᠤᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠯᠡ ᠤᠷᠤᠭᠤᠯᠬᠤ ᠳᠤ ᠲᠦᠬᠦᠮ ᠲᠦᠳᠡ᠂ ᠰᠢᠯᠢᠳᠡᠭ ᠰᠠᠶᠢᠨ ᠦᠢᠯᠡᠴᠢᠯᠡᠭᠡ ᠶᠢ ᠬᠠᠩᠭᠠᠨ᠎ᠠ᠃ | ︵ᠲᠦᠷᠪᠡ︶ ︽ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ︾ ᠳᠤ ᠲᠦᠪᠯᠡᠷᠡᠬᠦᠯᠵᠤ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ | ᠤᠳᠤ ᠦᠶ᠎ᠡ ᠶᠢᠨ ᠲᠡᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠲᠦᠷᠭᠡᠳᠭᠡᠨ᠎ᠡ᠃ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭᠠᠨ ᠤ ᠤᠨᠠᠯᠳᠠ | ᠶᠢ ᠲᠡᠭᠡᠭᠰᠢᠯᠡᠬᠦᠯᠬᠦ ᠪᠠ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦ ᠪᠠᠷ ᠠᠬᠢᠭᠤᠯᠵᠤ᠂ 9.36 ᠲᠦᠮᠡᠨ ᠮᠤ᠋ | ᠬᠤᠵᠢᠷᠯᠢᠭ ᠭᠠᠵᠠᠷ ᠢ ᠰᠠᠶᠢᠵᠢᠷᠠᠭᠤᠯᠤᠨᠡᠪᠡᠰᠤ ︵ᠪᠤᠷᠳᠤᠭ᠎ᠠ︶ ᠶᠢ ᠨᠡᠮᠡᠭᠳᠡᠬᠦᠯᠦᠨ ᠮᠠᠯ ᠠᠵᠤ ᠠᠬᠤᠢ ᠶᠢ ᠬᠦᠭᠵᠢᠬᠦᠯᠬᠦ ᠢᠨᠵᠧᠨᠧᠷᠢᠩ ᠢ ᠪᠡᠶᠡᠯᠡᠬᠦᠯᠦᠨ᠎ᠡ᠃ ᠬᠤᠶᠠᠷ | ᠪᠤᠭᠳᠠ ᠶᠢᠨ ᠠᠭᠤᠯᠠ ᠶᠢᠨ ᠴᠠᠭᠠᠨ ᠨᠤᠯᠤᠤᠷ ᠤᠨ ᠢᠮᠠᠭᠠᠨ ᠤ ᠠᠵᠤ ᠦᠢᠯᠡᠰᠵᠢᠭᠰᠡᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠤᠯᠤᠨ ᠮᠢᠩᠭᠠᠨ ᠲᠤᠨ ᠤ ᠨᠤᠤᠰᠤ | ᠨᠤᠯᠤᠤᠷ ᠤᠬᠢᠶᠠᠨ ᠰᠠᠮᠨᠠᠬᠤ ᠦᠢᠯᠡᠳᠪᠦᠷᠢ ᠶᠢᠨ ᠪᠦᠳᠦᠭᠡᠨ ᠪᠠᠶᠢᠭᠤᠯᠤᠯᠳᠠ ᠶᠢ ᠢᠳᠡᠪᠬᠢᠳᠠᠢ ᠪᠠᠷ ᠠᠬᠢᠭᠤᠯᠵᠤ᠂ ᠨᠤᠯᠤᠤᠷ ᠤᠨ ᠢᠮᠠᠭᠠᠨ ᠤ ᠠᠵᠤ ᠦᠢᠯᠡᠰ ᠤᠨ | ᠬᠦᠭᠵᠢᠯᠳᠡ ᠶᠢ ᠲᠦᠷᠭᠡᠳᠭᠡᠨ᠎ᠡ᠃ ᠮᠦᠶᠠᠩᠬᠠᠢ ᠶᠢᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠲᠣᠭᠤᠷᠢᠭ ᠤᠨ ᠰᠠᠭᠤᠷᠢ | ᠲᠦᠬᠦᠭᠡᠷᠦᠮᠵᠢ ᠶᠢ ᠢᠵᠢ ᠪᠦᠷᠢᠳᠦᠬᠦᠯᠵᠤ᠂ ᠪᠤᠬᠢᠷᠳᠤᠯ ᠦᠭᠡᠢ ᠤᠷᠭᠠᠨᠢᠭ ᠲᠡᠭᠡᠳᠤ ᠲᠡᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠢ | ᠪᠤᠯᠪᠠᠰᠤᠷᠠᠭᠤᠯᠤᠨ ᠭᠠᠳᠠᠭᠰᠢ ᠭᠠᠷᠭᠠᠬᠤ ᠰᠠᠭᠤᠷᠢᠨ ᠭᠠᠵᠠᠷ ᠢ ᠴᠢᠷᠮᠠᠶᠢᠨ ᠴᠤᠭᠴᠠᠯᠠᠨ᠎ᠠ᠃ ᠴᠢᠨᠠᠷ ᠴᠢᠨᠰᠠᠭ᠎ᠠ ᠪᠠᠷ ᠬᠤᠰᠢᠭᠤ ᠪᠠᠨ ᠬᠦᠴᠦᠷᠭᠡᠭᠵᠢᠬᠦᠯᠬᠦ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠭᠡᠷᠡᠭᠵᠢᠬᠦᠯᠵᠤ᠂ ᠨᠠᠷᠡᠳᠤ ᠲᠠᠮᠳᠡᠭ ᠢ ᠲᠦᠭᠡᠮᠡᠯᠵᠢᠬᠦᠯᠦᠨ ᠲᠡᠯᠭᠡᠷᠡᠬᠦᠯᠬᠦ ᠬᠦᠴᠦᠯᠡᠴᠠ ᠶᠢ ᠶᠡᠭᠡᠰᠭᠡᠵᠤ᠂ ᠮᠠᠨ ᠤ ᠬᠤᠰᠢᠭᠤᠨ ᠤ | ᠪᠤᠬᠢᠷᠳᠤᠯ ᠦᠭᠡᠢ ᠤᠷᠭᠠᠨᠢᠭ ᠲᠡᠭᠡᠳᠤ ᠲᠡᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠨᠡᠷ᠎ᠡ ᠠᠯᠳᠠᠷ ᠢ ᠲᠠᠭᠤᠷᠢᠰᠬᠠᠵᠤ᠂ ᠦᠢᠯᠡᠳᠪᠦᠷᠢᠯᠡᠯ | ᠪᠤᠷᠤᠯᠠᠭᠤᠯᠤᠯᠳᠠ ᠶᠢ ᠬᠦᠭᠵᠢᠭᠡᠬᠦ ᠪᠠᠷ ᠴᠢᠷᠮᠠᠶᠢᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠲᠤᠭᠳᠠᠭᠤᠨ ᠤ ᠲᠤᠮᠳ᠋ᠨ ᠦᠷ᠎ᠡ ᠪᠦᠳᠦᠮᠵᠢ ᠪᠠᠨ ᠲᠡᠭᠡᠭᠰᠢᠯᠡᠬᠦᠯᠬᠦ ᠶᠢ ᠪᠠᠳᠤᠯᠠᠨ᠎ᠠ᠃ ᠪᠠᠯ ᠴᠢᠯᠠᠭᠤᠨ ᠤ | ᠭᠦᠭᠵᠢᠯᠳᠡ ᠶᠢᠨ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠪᠡᠶᠡᠯᠡᠬᠦᠯᠵᠤ᠂ ᠹᠧᠩ ᠢᠦᠢ᠂ ᠶᠢᠨ ᠼᠠᠢ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠨᠠᠷᠢᠯᠢᠭ | ᠪᠤᠯᠪᠠᠰᠤᠷᠠᠭᠤᠯᠤᠯᠳᠠ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠡᠯᠡᠳᠭᠡᠯ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠨ᠎ᠡ᠃ ᠮᠧᠩ ᠶᠠᠩ ᠭᠡᠷᠡᠯ ᠤᠨ ᠡᠨᠧᠷᠬᠢ | ᠪᠠ ᠮᠠᠯᠵᠢᠯ ᠤᠨ ᠬᠠᠮᠳᠤᠷᠠᠭᠰᠠᠨ ᠴᠤᠭᠴᠠ ᠶᠢᠨ 2 ᠲᠦᠮᠡᠨ ᠺᠢᠯᠤᠸᠠᠲ ᠤᠨ ᠭᠡᠷᠡᠯ ᠤᠨ ᠡᠨᠧᠷᠬᠢ ᠶᠢᠨ ᠴᠠᠬᠢᠯᠭᠠᠨ ᠭᠠᠷᠭᠠᠬᠤ ᠲᠦᠷᠦᠯ ᠵᠦᠢᠯ᠂ ᠨᠧᠩ ᠳ᠋ᠧ 1 | ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠦᠷᠦᠯ ᠵᠦᠢᠯ ᠤᠨ ᠪᠠᠶᠢᠭᠤᠯᠤᠯᠳᠠ ᠶᠢ ᠲᠦᠷᠭᠡᠳᠭᠡᠨ᠎ᠡ᠃ ᠱᠧᠨ ᠬᠤᠸᠠ ᠭᠥᠸᠧ ᠨᠧᠩ᠂ ᠰᠾᠢ ᠬᠤᠸᠠ ᠶᠢᠨ | 20 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠦᠷᠦᠯ ᠵᠦᠢᠯ ᠤᠨ ᠵᠢᠯ ᠤᠨ ᠡᠴᠦᠰ ᠲᠤ ᠲᠤᠤᠷ ᠲᠤ ᠨᠠᠶᠢᠯᠡᠬᠦᠯᠦᠨ ᠴᠠᠬᠢᠯᠭᠠᠨ ᠭᠠᠷᠭᠠᠬᠤ ᠶᠢ ᠠᠬᠢᠭᠤᠯᠤᠨ᠎ᠠ | ︔ ᠰᠢᠶᠤᠤ ᠯᠦᠩ ᠦᠨᠳᠤᠷ ᠨᠡᠬᠦᠷᠡᠰᠦᠳᠦ᠋ᠷᠦᠭᠴᠢᠳᠤ ᠾᠷᠤᠮᠳᠤ ᠲᠡᠮᠤᠷ ᠤᠨ ᠰᠠᠶᠢᠵᠢᠷᠠᠭᠤᠯᠤᠨ ᠲᠡᠰ ᠲᠡᠪᠰᠢᠬᠦᠯᠬᠦ᠂ ᠮᠤᠤ ᠶᠤᠸᠠᠨ ᠢᠯᠵᠢᠮᠡᠭ ᠤᠨ ᠬᠦᠴᠢᠯ ᠤᠨ | ᠲᠦᠷᠦᠯ ᠵᠦᠢᠯ ᠤᠨ ᠪᠠᠷᠢᠯᠭ᠎ᠠ ᠪᠠᠨ ᠡᠬᠢᠯᠡᠬᠦᠯᠬᠦ ᠶᠢ ᠪᠦᠬᠦ ᠬᠦᠴᠦᠨ ᠢᠶᠠᠷ ᠪᠠᠳᠤᠯᠠᠨ᠎ᠠ᠃ ᠪᠤᠯᠪᠠᠰᠤᠷᠠᠭᠤᠯᠤᠯᠳᠠ ᠶᠢᠨ ᠲᠤᠭᠤᠷᠢᠭ ᠢ ᠬᠦᠴᠦᠷᠭᠡᠭᠵᠢᠬᠦᠯᠬᠦ | ᠲᠦᠯᠦᠪᠯᠡᠭᠡ ᠶᠢ ᠬᠦᠴᠦᠯᠡᠨ ᠭᠡᠷᠡᠭᠵᠢᠬᠦᠯᠵᠤ᠂ ᠢ ᠲᠧᠩ ᠲᠠᠮᠤᠷ ᠵᠠᠮ ᠤᠨ ᠲᠤᠰᠬᠠᠢ ᠱᠤᠭᠤᠮ᠂ ᠪᠤᠵᠠᠷ ᠤᠰᠤ ᠶᠢ ᠰᠢᠢᠳᠪᠤᠷᠢᠯᠡᠬᠦ ᠬᠤᠭᠤᠯᠠᠢ ᠲᠤᠤᠷ ᠵᠡᠷᠭᠡ | ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠤᠨ᠂ ᠪᠤᠯᠪᠠᠰᠤᠷᠠᠭᠤᠯᠤᠯᠳᠠ ᠶᠢᠨ ᠲᠤᠭᠤᠷᠢᠭ ᠤᠨ ᠬᠦᠭᠵᠢᠯᠳᠡ ᠶᠢᠨ ᠰᠠᠭᠤᠷᠢ ᠶᠢ ᠤᠯᠠᠮ ᠨᠢᠭᠡ | ᠠᠯᠬᠤᠮ ᠪᠠᠳᠤᠵᠢᠭᠤᠯᠤᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠰᠲ᠋ᠧᠮ ᠢ ᠢᠳᠡᠪᠬᠢᠳᠠᠢ ᠪᠠᠷ ᠴᠤᠭᠴᠠᠯᠠᠨ ᠪᠠᠶᠢᠭᠤᠯᠤᠨ᠎ᠠ᠃ ᠡᠳ᠋ ᠪᠠᠷᠠᠭ᠎ᠠ ᠶᠢ ᠲᠤᠬᠢᠷᠠᠭᠤᠯᠤᠨ | ᠬᠦᠷᠭᠡᠬᠦ ᠲᠤᠭᠳᠠᠯᠴᠠᠭ᠎ᠠ ᠶᠢ ᠲᠦᠷᠭᠡᠳᠭᠡᠨ ᠲᠡᠬᠦᠯᠳᠡᠷᠵᠢᠬᠦᠯᠵᠤ᠂ ᠲᠦᠷᠭᠡᠨ ᠭᠤᠪᠢᠭᠤᠯᠭ᠎ᠠ ᠶᠢᠨ ᠲᠦᠷᠤᠯ ᠬᠤᠪᠢᠶᠠᠨ ᠢᠯᠭᠠᠨ ᠭᠤᠪᠢᠭᠤᠯᠬᠤ ᠲᠦᠪ ᠢ ᠵᠢᠯ ᠤᠨ | ᠡᠴᠤᠰ ᠠᠴᠠ ᠡᠮᠦᠨ᠎ᠡ ᠪᠠᠶᠢᠭᠤᠯᠤᠨ ᠠᠰᠢᠭᠯᠠᠯᠳᠠ ᠳᠤ ᠤᠷᠤᠭᠤᠯᠤᠨ᠂ ᠬᠠᠯᠢᠭᠤᠳᠤ ᠶᠢᠨ ᠬᠤᠳᠠ ᠶᠢᠨ ᠲᠤᠭᠤᠷᠢᠭ ᠲᠤ 12 ᠤᠶᠤᠨᠴᠢ ᠲᠦᠷᠭᠡᠨ ᠭᠤᠪᠢᠭᠤᠯᠭ᠎ᠠ | ᠶᠢᠨ ᠬᠠᠳᠠᠭᠠᠯᠠᠮᠵᠢ ᠶᠢᠨ ᠠᠪᠳᠠᠷ᠎ᠠ ᠶᠢ ᠲᠤᠬᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ 75 ᠴᠠᠬᠢᠮ ᠬᠤᠳᠠᠯᠳᠤᠭᠠᠨ ᠤ ᠦᠷᠳᠡᠭᠡ ᠴᠢᠭ᠋ ᠤᠨ ᠪᠦᠳᠦᠭᠡᠨ | ᠪᠠᠶᠢᠭᠤᠯᠤᠯᠳᠠ ᠶᠢ ᠪᠦᠬᠦ ᠲᠠᠯ᠎ᠠ ᠪᠠᠷ ᠪᠠᠶᠢᠭᠤᠯᠤᠨ᠎ᠠ︔ ᠬᠠᠮ ᠵᠢᠭᠤᠯᠴᠢᠯᠠᠯ ᠤᠨ ᠵᠢᠱᠢᠶ᠎ᠡ ᠦᠵᠡᠬᠦᠯᠬᠦ ᠬᠤᠰᠢᠭᠤ ᠶᠢ ᠢᠳᠡᠪᠬᠢᠳᠠᠢ ᠪᠠᠷ ᠴᠤᠭᠴᠠᠯᠠᠨ ᠪᠠᠶᠢᠭᠤᠯᠵᠤ᠂ | ᠬᠠᠮ ᠵᠢᠭᠤᠯᠴᠢᠯᠠᠯ ᠤᠨ ᠶᠡᠷᠦᠩᠭᠡᠢ ᠲᠦᠯᠦᠪᠵᠢᠬᠦᠯᠭᠡ ᠪᠤᠯᠤᠨ ᠬᠦᠳᠡᠭᠡ ᠲᠤᠰᠬᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠲᠦᠯᠦᠪᠵᠢᠬᠦᠯᠭᠡ ᠶᠢ | ᠪᠡᠶᠡᠯᠡᠬᠦᠯᠵᠤ᠂ ᠦᠵᠡᠮᠵᠢ ᠶᠢᠨ ᠲᠤᠭᠤᠷᠢᠭ ᠤᠨ ᠰᠠᠭᠤᠷᠢ ᠲᠦᠬᠦᠭᠡᠷᠦᠮᠵᠢ ᠪᠤᠯᠤᠨ ᠵᠤᠴᠢᠯᠠᠯᠳᠠ ᠶᠢᠨ ᠡᠷᠦᠭᠡ ᠶᠢᠨ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢ | ᠲᠠᠰᠤᠷᠠᠯᠳᠠ ᠦᠭᠡᠢ ᠲᠡᠬᠦᠯᠳᠡᠷᠵᠢᠬᠦᠯᠵᠤ᠂ 5 ᠤᠯᠤᠰ ᠤᠨ ᠲᠡᠰ ᠤᠨ ᠤᠨᠴᠠᠯᠢᠭᠳᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠲᠤᠰᠬᠤᠨ ᠤ ᠪᠦᠳᠦᠭᠡᠨ | ᠪᠠᠶᠢᠭᠤᠯᠤᠯᠳᠠ ᠶᠢ ᠲᠡᠮᠡᠴᠡᠨ ᠤᠯᠵᠤ ᠭᠡᠷᠡᠭᠵᠢᠬᠦᠯᠦᠨ᠂ ᠲᠤᠭᠤᠯᠳᠠᠢ ᠶᠢᠨ ᠲᠠᠯ᠎ᠠ ᠨᠤᠳᠤᠭ ᠤᠨ ᠦᠨᠳᠦᠰᠦᠳᠡᠨ ᠤ ᠰᠤᠶᠤᠯ ᠤᠨ ᠵᠢᠭᠤᠯᠴᠢᠯᠠᠯ ᠤᠨ ᠲᠤᠭᠤᠷᠢᠭ ᠤᠨ | ᠲᠡᠷᠭᠡ ︵ᠭᠡᠷᠳᠤ ᠲᠡᠷᠭᠡ︶ ᠪᠠᠷ ᠭᠡᠭᠡᠷᠡᠯᠡᠬᠦ ᠠᠮᠠᠷᠠᠯᠳᠠ ᠶᠢᠨ ᠦᠷᠳᠡᠭᠡᠨ ᠤ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢ ᠡᠬᠢᠯᠡᠬᠦᠯᠵᠤ᠂ ᠲᠡᠭᠡᠳᠤ A ᠲᠡᠰ ᠤᠨ | ᠵᠢᠭᠤᠯᠴᠢᠯᠠᠯ ᠤᠨ ᠵᠤᠷᠯᠤᠩ 5᠂ ᠤᠰᠤ ᠪᠠᠷ ᠵᠠᠶᠢᠯᠠᠬᠤ ᠵᠤᠷᠯᠤᠩ 25 ᠶᠢ ᠰᠢᠨ᠎ᠡ ᠪᠠᠷ ᠪᠠᠶᠢᠭᠤᠯᠵᠤ᠂ A ᠲᠡᠰ ᠤᠨ ᠤᠳᠤ ᠲᠠᠪᠰᠢᠵᠤ ᠲᠠᠬᠢᠨᠳᠠ ᠰᠢᠪᠳᠤᠯᠤᠯᠳᠠ | ᠤᠯᠬᠤ ᠪᠠᠷ ᠴᠢᠷᠮᠠᠶᠢᠨ᠎ᠠ᠃ ᠪᠦᠬᠦ ᠵᠢᠯ ᠳᠤ ᠬᠦᠯᠢᠶᠠᠨ ᠠᠪᠬᠤ ᠵᠤᠭᠠᠴᠠᠭᠰᠠᠳ ᠤᠨ ᠲᠤᠭ᠎ᠠ 100 ᠲᠦᠮᠡᠨ ᠬᠦᠮᠦᠨ ᠤᠳᠠᠭ᠎ᠠ ᠶᠢ ᠲᠠᠪᠠᠵᠤ᠂ ᠵᠢᠭᠤᠯᠴᠢᠯᠠᠯ ᠤᠨ | ᠶᠡᠷᠦᠩᠭᠡᠶᠢᠯᠡᠭᠰᠡᠨ ᠤᠷᠤᠯᠭ᠎ᠠ 10 ᠳ᠋ᠦᠩᠰᠢᠭᠤᠷ ᠲᠦᠬᠦᠷᠢᠭ ᠢ ᠰᠢᠪᠳᠤᠯᠬᠤ ᠪᠠᠷ ᠴᠢᠷᠮᠠᠶᠢᠨ᠎ᠠ᠃ | ︵ᠲᠠᠪᠤ︶ ︽ᠬᠤᠳᠠ ᠬᠦᠳᠡᠭᠡ ᠶᠢ ᠨᠢᠭᠡᠳᠤᠯᠳᠠᠢ ᠲᠦᠯᠦᠪᠯᠡᠬᠦ︾ ᠳᠤ ᠲᠦᠪᠯᠡᠷᠡᠬᠦᠯᠵᠤ ᠰᠠᠭᠤᠷᠢ ᠪᠠᠨ ᠬᠦᠴᠦᠷᠭᠡᠭᠵᠢᠬᠦᠯᠦᠨ᠎ᠡ᠃ | ᠪᠦᠬᠦ ᠤᠯᠤᠰ ᠤᠨ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠪᠠᠷ ᠲᠤᠬᠢᠶᠠᠯ ᠪᠤᠯᠭᠠᠨ᠂ ᠬᠤᠳᠠ ᠬᠦᠳᠡᠭᠡ ᠶᠢ ᠨᠢᠭᠡᠳᠦᠯᠳᠠᠢ ᠲᠦᠯᠦᠪᠯᠡᠨ | ᠵᠤᠬᠢᠴᠠᠭᠤᠯᠤᠨ ᠬᠦᠭᠵᠢᠬᠦᠯᠬᠦ ᠶᠢ ᠠᠬᠢᠭᠤᠯᠤᠨ᠎ᠠ᠃ ᠬᠠᠯᠢᠭᠤᠳᠤ ᠪᠠᠯᠭᠠᠰᠤᠨ ᠤ ᠬᠤᠳᠠ ᠶᠢᠨ ᠲᠤᠭᠤᠷᠢᠭ ᠤᠨ ᠵᠠᠮ ᠭᠤᠳᠤᠮᠵᠢ ᠬᠤᠭᠤᠯᠠᠢ ᠲᠤᠤᠷ ᠤᠨ | ᠦᠭᠡᠷᠡᠴᠢᠯᠡᠨ ᠵᠠᠰᠠᠯᠳᠠ᠂ ᠮᠠᠰᠢᠨ ᠲᠡᠷᠭᠡᠨ ᠤ ᠵᠤᠭᠰᠤᠭᠠᠯ ᠤᠨ ᠲᠠᠯᠠᠪᠤᠷ ᠵᠡᠷᠭᠡ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠬᠢᠨ᠎ᠡ︔ | ᠨᠤᠭᠤᠭᠠᠷᠠᠭᠤᠯᠤᠯᠳᠠ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠨᠤᠭᠤᠭᠠᠷᠠᠭᠤᠯᠤᠯᠳᠠ ᠶᠢᠨ ᠦᠷ᠎ᠡ ᠪᠦᠳᠦᠮᠵᠢ ᠪᠠᠨ ᠪᠠᠳᠤᠵᠢᠭᠤᠯᠤᠨᠡ︔ ᠮᠠᠯᠵᠢᠬᠤ | ᠲᠠᠷᠢᠶᠠᠯᠠᠬᠤ ᠤᠷᠤᠨ ᠤ ᠠᠶᠢᠯ ᠡᠷᠦᠭᠡ ᠶᠢᠨ ᠵᠤᠷᠯᠤᠩ ᠤᠨ ᠵᠠᠰᠠᠯᠳᠠ ᠪᠤᠯᠤᠨ ᠬᠤᠭ ᠨᠤᠪᠰᠢ ᠶᠢ ᠪᠤᠯᠠᠬᠤ ᠲᠠᠯᠠᠪᠤᠷ ᠵᠡᠷᠭᠡ ᠤᠷᠤᠰᠢᠨ ᠰᠠᠭᠤᠷᠢᠰᠢᠬᠤ ᠤᠷᠴᠢᠨ | ᠲᠤᠭᠤᠷᠢᠨ ᠤ ᠵᠠᠰᠠᠯᠳᠠ ᠶᠢᠨ ᠠᠵᠢᠯ ᠢ ᠰᠠᠶᠢᠳᠤᠷ ᠬᠢᠨ᠎ᠡ᠃ 10.27 ᠲᠦᠮᠡᠨ ᠮᠤ᠋ ᠭᠠᠵᠠᠷ ᠰᠢᠷᠦᠢ ᠶᠢᠨ ᠴᠡᠭᠴᠡᠯᠡᠯᠳᠡ ᠶᠢᠨ ᠲᠦᠷᠦᠯ ᠵᠦᠢᠯ ᠢ ᠰᠠᠶᠢᠳᠤᠷ | ᠭᠡᠷᠡᠭᠵᠢᠬᠦᠯᠵᠤ᠂ ᠪᠦᠬᠦ ᠬᠤᠳᠠ ᠶᠢᠨ ᠦᠨᠳᠦᠷ ᠪᠠᠷᠢᠮᠵᠢᠶᠠᠳᠤ ᠦᠨᠳᠦᠰᠦᠨ ᠲᠠᠷᠢᠶᠠᠨ ᠭᠠᠵᠠᠷ ᠤᠨ ᠵᠢᠱᠢᠶ᠎ᠡ ᠦᠵᠡᠬᠦᠯᠬᠦ ᠴᠢᠭ᠋ 1 —2 ᠢ ᠭᠤᠤᠯᠳᠠᠯᠭ᠎ᠠ ᠲᠠᠢ | ᠪᠠᠶᠢᠭᠤᠯᠤᠨ᠎ᠠ︔ ᠤᠤᠭᠤᠬᠤ ᠤᠰᠤᠨ ᠤ ᠠᠮᠤᠷ ᠲᠦᠪᠰᠢᠨ᠂ ᠲᠤᠮᠳᠠ ᠪᠠᠭ᠎ᠠ ᠭᠤᠤᠯ ᠤᠨ ᠵᠠᠰᠠᠯᠳᠠ᠂ ᠤᠰᠤ ᠬᠦᠷᠦᠰᠤ ᠶᠢᠨ ᠬᠠᠮᠠᠭᠠᠯᠠᠯᠳᠠ ᠵᠡᠷᠭᠡ ᠭᠤᠤᠯᠳᠠᠯᠭ᠎ᠠ | ᠲᠠᠢ ᠤᠰᠤᠨ ᠠᠰᠢᠭᠯᠠᠯᠳᠠ ᠶᠢᠨ ᠢᠨᠵᠧᠨᠧᠷᠢᠩ ᠢ ᠲᠦᠷᠭᠡᠳᠭᠡᠨ ᠠᠬᠢᠭᠤᠯᠤᠨ᠎ᠠ︔ ᠤᠯᠤᠰ ᠤᠨ 331᠂ 335 ᠵᠠᠮ ᠱᠤᠭᠤᠮ ᠪᠤᠯᠤᠨ ᠭᠠᠴᠠᠭ᠎ᠠ ᠲᠤᠰᠬᠤᠨ ᠤ | ᠱᠦᠢᠨᠢ ᠵᠠᠮ ᠤᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠤᠨ ᠤ ᠪᠦᠳᠦᠭᠡᠨ ᠪᠠᠶᠢᠭᠤᠯᠤᠯᠳᠠ ᠶᠢᠨ ᠡᠬᠦᠷᠭᠡ ᠪᠠᠨ ᠪᠦᠬᠦ ᠲᠠᠯ᠎ᠠ ᠪᠠᠷ | ᠪᠡᠶᠡᠯᠡᠬᠦᠯᠦᠨ᠎ᠡ᠃ | ︵ᠵᠢᠷᠭᠤᠭ᠎ᠠ︶ ︽ᠠᠷᠠᠳ ᠤᠨ ᠠᠮᠢᠳᠤᠷᠠᠯ ᠢ ᠪᠠᠳᠤᠯᠠᠬᠤ︾ ᠳᠤ ᠲᠦᠪᠯᠡᠷᠡᠬᠦᠯᠵᠤ ᠭᠡᠰᠢᠭ ᠪᠤᠶᠠᠨ ᠢ ᠨᠡᠮᠡᠭᠳᠡᠬᠦᠯᠦᠨ᠎ᠡ᠃ | ᠠᠵᠢᠯ ᠤᠯᠭᠤᠯᠳᠠ ᠪᠤᠯᠤᠨ ᠨᠡᠶᠢᠭᠡᠮ ᠤᠨ ᠪᠠᠳᠤᠯᠠᠭ᠎ᠠ ᠶᠢᠨ ᠠᠵᠢᠯ ᠢ ᠪᠤᠳᠠᠳᠠᠶᠢᠵᠢᠭᠤᠯᠤᠨ ᠰᠠᠶᠢᠳᠤᠷ ᠬᠢᠨ᠎ᠡ᠃ ᠰᠤᠶᠤᠯ ᠤᠨ ᠠᠵᠤ ᠦᠢᠯᠡᠰ ᠤᠨ ᠦᠢᠯᠡᠰ | ᠪᠤᠰᠬᠠᠵᠤ ᠰᠢᠨ᠎ᠡ ᠶᠢ ᠡᠬᠦᠳᠬᠦ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠵᠤ᠂ ᠬᠦᠳᠡᠯᠮᠦᠷᠢᠴᠢᠳ ᠤᠨ ᠦᠢᠯᠡᠰ ᠪᠤᠰᠬᠠᠬᠤ ᠠᠵᠢᠯ ᠤᠯᠬᠤ ᠶᠢ | ᠵᠤᠷᠢᠭᠵᠢᠭᠤᠯᠤᠨ ᠲᠠᠭᠠᠭᠤᠯᠵᠤ᠂ ᠦᠢᠯᠡᠰ ᠪᠤᠰᠬᠠᠬᠰᠠᠨ ᠵᠢᠱᠢᠶ᠎ᠠ ᠦᠵᠡᠬᠦᠯᠬᠦ ᠲᠡᠯᠭᠡᠬᠦᠷ 10 ᠶᠢ ᠰᠤᠩᠭᠤᠨ ᠱᠤᠭᠤᠵᠤ᠂ ᠶᠡᠭᠡ ᠰᠤᠷᠭᠠᠭᠤᠯᠢ ᠶᠢᠨ ᠤᠶᠤᠳᠠᠨ᠂ | ᠠᠵᠢᠯ ᠤᠯᠬᠤ ᠳᠤ ᠬᠦᠴᠢᠷᠳᠡᠯᠳᠠᠢ ᠪᠠᠶᠢᠬᠤ ᠭᠤᠤᠯᠳᠠᠯᠭ᠎ᠠ ᠲᠠᠢ ᠬᠦᠮᠦᠰ ᠢ ᠬᠦᠢᠴᠡᠳ ᠲᠠᠶᠢᠴᠢᠯᠠᠨ ᠠᠵᠢᠯ ᠤᠯᠭᠤᠨ᠎ᠠ᠃ ᠲᠤᠰ ᠵᠢᠯ ᠳᠤ ᠬᠤᠳᠠ ᠪᠠᠯᠭᠠᠰᠤᠨ ᠤ | ᠰᠢᠨ᠎ᠡ ᠪᠠᠷ ᠠᠵᠢᠯ ᠤᠯᠤᠭᠰᠠᠨ ᠢ 1000 ᠤᠷᠴᠢᠮ ᠨᠡᠮᠡᠭᠳᠡᠬᠦᠯᠵᠤ᠂ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 4 % ᠶᠢᠨ | ᠲᠤᠳᠤᠷ᠎ᠠ ᠬᠢᠵᠠᠭᠠᠷᠯᠠᠨ᠎ᠠ᠃ ᠨᠡᠶᠢᠭᠡᠮ ᠤᠨ ᠲᠠᠭᠠᠳᠬᠠᠯ ᠤᠨ ᠬᠠᠮᠤᠷᠬᠤ ᠭᠡᠪᠴᠢᠶ᠎ᠡ ᠶᠢ ᠦᠷᠭᠡᠳᠭᠡᠵᠤ ᠰᠦᠢᠳᠭᠡᠯ ᠲᠤᠰᠢᠶᠠᠯᠭᠠᠬᠤ ᠪᠤᠯᠤᠨ ᠤᠯᠭᠤᠮᠵᠢ ᠶᠢ ᠲᠠᠷᠬᠠᠭᠠᠬᠤ | ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠤᠨ ᠲᠦᠷᠢᠮ | ᠤᠨ ᠦᠭᠡᠷᠡᠴᠢᠯᠡᠯᠳᠡ ᠶᠢ ᠪᠠᠶᠡᠯᠡᠬᠦᠯᠦᠨ᠎ᠡ᠃ | ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢᠨ ᠵᠠᠰᠠᠯᠳᠠ ᠶᠢ ᠯᠠᠪᠳᠠᠭᠤᠨ ᠢᠶᠠᠷ ᠠᠬᠢᠭᠤᠯᠤᠨ᠎ᠠ᠃ ᠲᠠᠮᠦᠷᠯᠢᠭ ᠤᠨ ᠵᠠᠬᠡᠯᠢ᠂ ᠪᠠᠶᠠᠨ ᠵᠡᠬᠡᠯᠢ ᠶᠢᠨ ᠡᠮᠤᠨ᠎ᠡ | ᠪᠡᠶ᠎ᠡ ᠶᠢᠨ ᠳᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠤᠨ ᠵᠠᠰᠠᠯᠳᠠ ᠶᠢᠨ ᠲᠦᠷᠦᠯ ᠵᠦᠢᠯ ᠢ ᠪᠠᠶᠡᠯᠡᠬᠦᠯᠵᠤ᠂ ᠲᠠᠮᠢᠷ ᠤᠨ ᠵᠡᠬᠡᠯᠢ᠂ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠠᠷᠠᠭᠤᠨ ᠵᠡᠬᠡᠯᠢ ᠶᠢᠨ ᠳᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠤᠨ ᠵᠠᠰᠠᠯᠳᠠ ᠶᠢᠨ ᠲᠦᠷᠦᠯ ᠵᠦᠢᠯ ᠢ | ᠯᠠᠪᠳᠠᠭᠤᠨ ᠢᠶᠠᠷ ᠠᠬᠢᠭᠤᠯᠵᠤ᠂ ᠶᠢᠨ ᠽᠤᠸᠠᠨ ᠬᠤᠳᠠᠯᠳᠤᠭᠠᠨ ᠤ ᠲᠡᠯᠠᠪᠤᠷ᠂ ᠯᠢᠶᠠᠩ ᠮᠠ ᠬᠤᠢ ᠵᠡᠷᠭᠡ ᠪᠠᠷᠢᠯᠭ᠎ᠠ ᠶᠢᠨ ᠠᠬᠢᠴᠠ ᠶᠢ ᠲᠦᠷᠭᠡᠳᠭᠡᠵᠤ᠂ ᠲᠦᠬᠦᠮ | ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠤᠨ ᠪᠠᠷᠢᠯᠭ᠎ᠠ ᠶᠢᠨ ᠬᠤᠭ ᠨᠤᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠢ ᠪᠠᠶᠡᠯᠡᠬᠦᠯᠦᠨ᠎ᠡ᠃ ᠤᠯᠠᠨ ᠠᠷᠭ᠎ᠠ | ᠭᠡᠯᠪᠡᠷᠢ ᠪᠠᠷ ᠪᠠᠳᠤᠯᠠᠵᠤ᠂ ᠲᠦᠷᠢᠶᠡᠰᠦᠯᠡᠬᠦ ᠬᠤᠳᠠᠯᠳᠤᠨ ᠠᠪᠬᠤ ᠶᠢ ᠵᠡᠷᠭᠡ ᠳᠤᠨᠢ ᠶᠠᠪᠤᠭᠳᠠᠭᠤᠯᠬᠤ ᠤᠷᠤᠨ ᠰᠠᠭᠤᠴᠠ ᠶᠢᠨ ᠪᠠᠳᠤᠯᠠᠭ᠎ᠠ ᠶᠢᠨ ᠲᠦᠷᠢᠮ ᠢ | ᠲᠡᠬᠦᠯᠳᠡᠷᠵᠢᠬᠦᠯᠵᠤ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠪᠤᠳᠠᠳᠠᠢ ᠬᠤᠪᠢᠶᠠᠷᠢᠯᠠᠬᠤ ᠪᠤᠯᠤᠨ ᠲᠦᠷᠢᠶᠡᠰᠤᠨ ᠤ ᠮᠦᠩᠬᠦ ᠶᠢᠨ ᠨᠦᠬᠦᠪᠦᠷᠢ ᠶᠢ | ᠲᠠᠷᠬᠠᠭᠠᠬᠤ ᠡᠬᠦᠷᠭᠡ ᠶᠢ ᠪᠡᠶᠡᠯᠡᠬᠦᠯᠦᠨ᠂ ᠲᠠᠩᠰᠠᠯᠠᠨ ᠺᠠᠷᠲᠯᠠᠭᠰᠠᠨ ᠡᠷᠦᠭᠡ᠂ ᠤᠷᠴᠢᠨ ᠲᠤᠭᠤᠷᠢᠨ ᠤ ᠠᠷᠢᠭᠤᠨ ᠴᠡᠪᠡᠷᠯᠡᠭᠡ ᠶᠢᠨ ᠠᠵᠢᠯᠳᠠᠨ᠂ ᠰᠢᠨ᠎ᠡ ᠪᠠᠷ ᠠᠵᠢᠯ | ᠤᠯᠤᠭᠰᠠᠨ ᠤᠷᠤᠨ ᠰᠠᠭᠤᠴᠠ ᠦᠭᠡᠢ ᠠᠵᠢᠯᠳᠠᠳ ᠵᠡᠷᠭᠡ ᠬᠦᠴᠢᠷᠳᠡᠯᠳᠠᠢ ᠬᠦᠮᠦᠰ ᠢ ᠡᠩ ᠲᠡᠷᠢᠬᠦᠨ ᠳᠤ ᠪᠠᠳᠤᠯᠠᠵᠤ᠂ ᠲᠤᠷᠤᠢ ᠪᠠᠭᠤᠷᠠᠢ ᠬᠦᠮᠦᠰ ᠤᠨ ᠤᠷᠤᠨ | ᠰᠠᠭᠤᠴᠠ ᠶᠢᠨ ᠱᠠᠭᠠᠷᠳᠠᠯᠭ᠎ᠠ ᠶᠢ ᠦᠨᠡᠨᠬᠦ ᠰᠢᠢᠳᠪᠦᠷᠢᠯᠡᠨ᠎ᠡ᠃ | ᠡᠷᠡᠬᠦᠯ ᠡᠩᠬᠡ ᠤᠷᠠᠳ ᠤᠨ ᠲᠤᠮᠳᠠᠳᠤ ᠬᠤᠰᠢᠭᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠦᠭᠡᠷᠡᠴᠢᠯᠡᠯᠳᠡ ᠶᠢ ᠦᠷᠬᠦᠯᠵᠢᠯᠡᠨ ᠪᠠᠳᠤᠵᠢᠭᠤᠯᠵᠤ᠂ ᠤᠯᠤᠰ ᠤᠨ ᠲᠡᠰ ᠤᠨ ᠡᠷᠡᠬᠦᠯ ᠡᠩᠭᠡ ᠶᠢ ᠠᠬᠢᠭᠤᠯᠬᠤ ᠬᠤᠰᠢᠭᠤ ᠶᠢ ᠡᠬᠦᠳᠦᠨ ᠪᠠᠶᠢᠭᠤᠯᠬᠤ | ᠪᠠ ᠡᠮᠴᠢᠯᠡᠭᠡᠨ ᠤ ᠬᠤᠯᠪᠤᠭᠠᠳᠤ ᠴᠤᠭᠴᠠ ᠶᠢᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠲᠡᠰ ᠬᠤᠪᠢᠶᠠᠨ ᠡᠮᠨᠡᠨ ᠵᠠᠰᠠᠬᠤ ᠲᠦᠷᠢᠮ ᠢ | ᠲᠠᠰᠤᠷᠠᠯᠳᠠ ᠦᠭᠡᠢ ᠲᠡᠬᠦᠯᠳᠡᠷᠵᠢᠬᠦᠯᠦᠨ᠎ᠡ᠃ ᠭᠡᠷ ᠪᠦᠯᠢ ᠳᠤ ᠦᠢᠯᠡᠴᠢᠯᠡᠬᠦ ᠡᠮᠴᠢ ᠶᠢᠨ ᠭᠡᠷ᠎ᠡ ᠲᠤᠭᠳᠠᠬᠤ ᠦᠢᠯᠡᠴᠢᠯᠡᠭᠡ ᠶᠢ ᠯᠠᠪᠳᠠᠭᠤᠨ ᠨᠠᠷᠢᠯᠢᠭ ᠬᠢᠵᠤ᠂ ᠡᠷᠡᠬᠦᠯ | ᠮᠡᠨᠳᠤ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠡ᠃ ᠮᠤᠩᠭᠤᠯ ᠬᠢᠳᠠᠳ ᠡᠮ ᠡᠮᠨᠡᠯᠭᠡ ᠶᠢ | ᠬᠦᠴᠦᠷᠭᠡᠭᠵᠢᠬᠦᠯᠦᠨ ᠭᠦᠭᠵᠢᠬᠦᠯᠬᠦ ᠶᠢ ᠠᠬᠢᠭᠤᠯᠵᠤ᠂ ᠮᠤᠩᠭᠤᠯ ᠬᠢᠳᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ | ᠲᠡᠭᠡᠭᠰᠢᠯᠡᠬᠦᠯᠦᠨ᠎ᠡ᠃ ᠲᠠᠯ ᠠᠭᠤᠯᠠ᠂ ᠬᠤᠩᠹᠧᠩ᠂ ᠪᠤᠯᠪᠠᠰᠤᠷᠠᠭᠤᠯᠤᠯᠳᠠ ᠶᠢᠨ ᠲᠤᠭᠤᠷᠢᠭ᠂ ᠰᠢᠷᠠᠯᠵᠢ᠂ ᠤᠯᠢᠶᠠᠰᠤᠳᠠᠢ ᠶᠢᠨ ᠡᠷᠡᠬᠦᠯ ᠬᠠᠮᠠᠭᠠᠯᠠᠯ ᠤᠨ ᠦᠷᠳᠡᠭᠡ | ᠪᠤᠯᠤᠨ ᠡᠪᠡᠳᠴᠢᠨ ᠡᠮᠭᠡᠭ ᠢ ᠤᠷᠢᠳᠴᠢᠯᠠᠨ ᠬᠢᠵᠠᠭᠠᠷᠯᠠᠬᠤ ᠲᠦᠪ ᠤᠨ ᠲᠤᠬᠠᠶᠢᠯᠠᠭᠰᠠᠨ ᠠᠵᠢᠯ ᠤᠨ ᠭᠡᠷᠡᠭᠴᠡᠭᠡᠨ ᠤ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠳᠠ | ᠶᠢ ᠲᠦᠷᠭᠡᠳᠭᠡᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ᠂ ᠡᠮᠡᠭᠳᠠᠶᠢᠴᠤᠳ ᠭᠡᠤᠭᠡᠳ ᠨᠢᠯᠬᠠᠰ ᠤᠨ ᠡᠷᠡᠬᠦᠯᠵᠢᠯ | ᠲᠦᠯᠦᠪᠯᠡᠭᠡ ᠲᠠᠢ ᠪᠠᠷ ᠭᠡᠤᠭᠡᠳ ᠠᠪᠬᠤ ᠦᠢᠯᠡᠴᠢᠯᠡᠭᠡᠨ ᠤ ᠶᠡᠷᠦᠩᠭᠡᠶᠢᠯᠡᠭᠰᠠᠨ ᠠᠰᠠᠷ᠂ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠵᠢᠴᠢ ᠨᠠᠶᠢᠳᠠᠵᠤ ᠠᠰᠠᠷᠠᠭᠤᠯᠬᠤ | ᠲᠦᠪ ᠪᠤᠯᠤᠨ ᠴᠢᠯᠠᠭᠤᠳᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠲᠤᠬᠠᠶᠢᠯᠠᠭᠰᠠᠨ ᠠᠵᠢᠯ ᠤᠨ ᠭᠡᠷᠡᠭᠴᠡᠭᠡᠨ ᠤ ᠭᠡᠷ ᠪᠠᠶᠢᠰᠢᠩ ᠢ ᠭᠡᠷᠡᠭᠯᠡᠯᠳᠡ ᠳᠤ | ᠤᠷᠤᠭᠤᠯᠤᠨ᠎ᠠ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢ ᠤᠯᠠᠮ ᠴᠢᠩᠭᠠᠳᠬᠠᠵᠤ᠂ ᠠᠷᠠᠳ ᠲᠦᠮᠡᠨ ᠤ ᠢᠳᠡᠭᠡᠨ | ᠤᠮᠳᠠᠭᠠᠨ ᠪᠠ ᠡᠮ ᠤᠨ ᠠᠮᠤᠷ ᠲᠦᠪᠰᠢᠨ ᠢ ᠪᠠᠳᠤᠯᠠᠨ᠎ᠠ᠃ | ᠪᠦᠬᠦ ᠠᠷᠠᠳ ᠢᠶᠠᠷ ᠢᠶᠠᠨ ᠰᠤᠷᠭᠠᠨ ᠬᠦᠮᠦᠵᠢᠯ ᠢ ᠬᠦᠴᠦᠷᠭᠡᠭᠵᠢᠬᠦᠯᠬᠦ ᠢᠨᠵᠧᠨᠧᠷᠢᠩ ᠢ ᠦᠷᠬᠦᠯᠵᠢᠯᠠᠨ ᠰᠠᠶᠢᠳᠤᠷ ᠠᠳᠬᠤᠨ᠎ᠠ᠃ ᠰᠤᠷᠭᠠᠭᠤᠯᠢ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠪᠤᠳᠠᠳᠠᠶᠢᠵᠢᠭᠤᠯᠤᠨ ᠠᠳᠬᠤᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠦᠨᠳᠦᠰᠤᠨ ᠳᠡᠭᠡᠨ ᠲᠠᠩᠴᠡᠬᠦᠷᠢᠳᠠᠢ | ᠪᠤᠯᠤᠭᠰᠠᠨ ᠠᠴᠠ ᠴᠢᠨᠠᠷ ᠰᠠᠶᠢᠳᠠᠢ ᠲᠡᠩᠴᠡᠬᠦᠷᠢᠳᠠᠢ ᠪᠤᠯᠬᠤ ᠶᠢ ᠠᠬᠢᠭᠤᠯᠤᠨ᠎ᠠ᠃ ᠨᠢᠭᠡᠳᠦᠭᠡᠷ ᠪᠠᠭ᠎ᠠ ᠰᠤᠷᠭᠠᠭᠤᠯᠢ ᠶᠢᠨ ᠬᠠᠷᠢᠶᠠᠳᠤ ᠭᠡᠤᠭᠡᠳ ᠤᠨ ᠴᠡᠴᠡᠷᠯᠢᠭ᠂ | ᠭᠤᠷᠪᠠᠳᠤᠭᠠᠷ ᠭᠡᠤᠭᠡᠳ ᠤᠨ ᠴᠡᠴᠡᠷᠯᠢᠭ ᠪᠤᠯᠤᠨ ᠶᠢᠨ ᠴᠢᠤᠸᠠᠨ ᠭᠡᠤᠭᠡᠳ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠠ᠃ ︽ᠤᠶᠤᠨᠴᠢ | ᠰᠤᠷᠭᠠᠭᠤᠯᠢ ᠶᠢᠨ ᠬᠦᠷᠢᠶ᠎ᠡ︾ ᠶᠢᠨ ᠲᠠᠪᠴᠠᠩ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠵᠤ᠂ ᠰᠤᠷᠭᠠᠨ ᠬᠦᠮᠦᠵᠢᠯ ᠤᠨ ᠡᠯᠧᠺᠲᠷᠣᠨ ᠨᠤᠮ ᠤᠨ ᠦᠢᠯᠡᠴᠢᠯᠡᠬᠦᠷ | ᠢ ᠪᠠᠶᠢᠭᠤᠯᠵᠤ᠂ ︽ᠠᠩᠬᠢ ᠪᠦᠷᠢ ᠳᠤ ᠨᠠᠪᠳᠡᠷᠡᠬᠦᠯᠬᠦ︾ ᠤᠯᠠᠨ ᠵᠠᠭᠤᠴᠢᠳᠤ ᠲᠦᠬᠦᠭᠡᠷᠤᠮᠵᠢ ᠶᠢ ᠲᠡᠰ ᠲᠡᠪᠰᠢᠬᠦᠯᠵᠤ᠂ ᠮᠤᠩᠭᠤᠯ ᠦᠨᠳᠦᠰᠦᠳᠡᠨ ᠤ ᠰᠤᠷᠭᠠᠭᠤᠯᠢ᠂ | ᠬᠤᠶᠠᠳᠤᠭᠠᠷ ᠲᠤᠮᠳᠠᠳᠤ ᠰᠤᠷᠭᠠᠭᠤᠯᠢ ᠵᠡᠷᠭᠡ 5 ᠬᠤᠰᠢᠭᠤᠨ ᠤ ᠰᠢᠭᠤᠳ ᠬᠠᠷᠢᠶ᠎ᠠ ᠰᠤᠷᠭᠠᠭᠤᠯᠢ ᠳᠤ ᠪᠦᠬᠦᠨ ᠳᠤᠨᠢ ᠷᠠᠳᠢᠤ᠋ ᠰᠦᠯᠵᠢᠶ᠎ᠡ ᠶᠢ ᠨᠠᠪᠳᠠᠷᠡᠬᠦᠯᠤᠨᠠ᠃ | ᠰᠤᠶᠤᠯ ᠪᠠᠶ᠎ᠠ ᠶᠢᠨ ᠲᠠᠮᠢᠷ ᠤᠨ ᠠᠵᠢᠯ ᠦᠢᠯᠡᠰ ᠤᠨ ᠬᠦᠭᠵᠢᠯᠳᠡ ᠶᠢ ᠪᠦᠬᠦ ᠬᠦᠴᠦᠨ ᠢᠶᠠᠷ ᠠᠬᠢᠭᠤᠯᠤᠨ᠎ᠠ᠃ ᠤᠯᠠᠨ ᠨᠠᠶᠢᠳᠡ ᠶᠢᠨ ᠰᠤᠶᠤᠯ ᠤᠨ | ᠦᠨᠳᠦᠰᠤᠨ ᠦᠢᠯᠡᠴᠢᠯᠡᠭᠡ ᠶᠢᠨ ᠪᠠᠷᠢᠮᠵᠢᠶᠠᠵᠢᠭᠰᠠᠨ ᠲᠠᠩᠴᠡᠬᠦᠷᠢᠳᠠᠢ ᠪᠠᠶᠢᠯᠭᠠᠬᠤ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠤ᠂ 20 ᠵᠠᠰᠠᠭ | ᠵᠠᠬᠢᠷᠭᠠᠨ ᠤ ᠭᠠᠴᠠᠭ᠎ᠠ ᠲᠤᠰᠬᠤᠨ ᠤ ᠰᠤᠶᠤᠯ ᠤᠨ ᠬᠦᠳᠡᠯᠭᠡᠭᠡᠨ ᠤ ᠬᠡᠷ ᠪᠤᠯᠤᠨ 50 ᠪᠠᠶ᠎ᠡ ᠪᠤᠯᠪᠠᠰᠤᠷᠠᠭᠤᠯᠬᠤ ᠠᠭᠤᠳᠠᠮ ᠲᠠᠯᠠᠪᠠᠢ ᠶᠢᠨ ᠲᠤᠨᠤᠭ ᠲᠦᠬᠦᠭᠡᠷᠤᠮᠵᠢ | ᠶᠢ ᠢᠵᠢ ᠪᠦᠷᠢᠳᠦᠬᠦᠯᠦᠨ᠎ᠡ᠃ ᠬᠤᠨ ᠭᠠᠯᠠᠭᠤᠨ ᠰᠤᠶᠤᠯ ᠤᠨ ᠨᠡᠷᠡᠳᠤ ᠲᠡᠮᠳᠡᠭ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠪᠤᠳᠠᠰ ᠤᠨ ᠪᠤᠰᠤ ᠰᠤᠶᠤᠯ | ᠤᠨ ᠦᠪ ᠤᠨ ᠬᠠᠮᠠᠭᠠᠯᠠᠯᠳᠠ ᠶᠢ ᠴᠢᠩᠭᠠᠳᠬᠠᠵᠤ᠂ ᠰᠢᠨᠡᠬᠦ᠋ᠷᠢᠶᠠ ᠶᠢᠨ ᠡᠷᠳᠡᠨ ᠤ ᠬᠤᠳᠠ ᠶᠢᠨ ᠠᠶᠤᠯ ᠠᠴᠠ ᠰᠡᠷᠭᠡᠶᠢᠯᠡᠨ ᠪᠠᠳᠤᠵᠢᠭᠤᠯᠬᠤ ᠪᠠᠷᠢᠯᠭ᠎ᠠ ᠶᠢ | ᠪᠡᠶᠡᠯᠡᠬᠦᠯᠵᠤ᠂ ᠾᠦᠩᠨᠤ ᠶᠢᠨ ᠡᠷᠳᠡᠨ ᠤ ᠬᠤᠳᠠ ᠶᠢᠨ ᠡᠷᠳᠡᠮ ᠰᠢᠨᠵᠢᠯᠡᠭᠡᠨ ᠤ ᠰᠤᠳᠤᠯᠤᠯᠳᠠ ᠶᠢᠨ ᠶᠠᠷᠢᠯᠴᠠᠭ᠎ᠠ ᠶᠢ ᠦᠷᠨᠢᠬᠦᠯᠦᠨ᠎ᠡ᠃ ᠲᠠᠯ᠎ᠠ ᠨᠤᠳᠤᠭ ᠤᠨ ᠠᠮᠢ | ᠠᠬᠤᠢ ᠶᠢᠨ ᠵᠢᠭᠤᠯᠴᠢᠯᠠᠯ ᠤᠨ ᠨᠠᠶᠢᠷ ᠵᠢᠴᠢ ᠬᠤᠨ ᠭᠠᠯᠠᠭᠤ ᠰᠤᠶᠤᠯ ᠤᠷᠠᠯᠢᠭ ᠤᠨ ᠨᠠᠶᠢᠷ ᠵᠡᠷᠭᠡ ᠤᠯᠠᠨ ᠲᠦᠮᠡᠨᠴᠢ ᠴᠢᠨᠠᠷᠳᠠᠢ ᠰᠤᠶᠤᠯ ᠪᠠᠶ᠎ᠡ ᠶᠢᠨ ᠲᠠᠮᠢᠷ ᠤᠨ | ᠬᠦᠳᠡᠯᠭᠡᠭᠡᠨ ᠢ ᠦᠷᠬᠦᠯᠵᠢᠯᠡᠨ ᠰᠠᠶᠢᠳᠤᠷ ᠬᠢᠵᠤ᠂ ᠰᠢᠩᠬᠡᠯᠢᠭᠳᠦ ᠬᠦᠯ ᠪᠦᠮᠪᠦᠭᠡ ᠶᠢᠨ ᠲᠠᠯᠠᠪᠤᠷ ᠪᠤᠯᠤᠨ ᠰᠤᠮᠤ ᠪᠠᠯᠭᠠᠰᠤᠨ ᠤ ᠪᠠᠶ᠎ᠡ ᠶᠢᠨ ᠲᠠᠮᠢᠷ ᠤᠨ ᠲᠠᠯᠠᠪᠤᠷ | ᠤᠷᠳᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠰᠤᠮᠤ ᠪᠠᠯᠭᠠᠰᠤ ᠪᠤᠯᠭᠠᠨ ᠳᠤ ᠪᠠᠶ᠎ᠡ ᠶᠢᠨ ᠲᠠᠮᠢᠷ ᠤᠨ ᠲᠠᠯᠠᠪᠤᠷ ᠤᠷᠳᠤᠨ ᠲᠠᠢ ᠪᠤᠯᠬᠤ ᠶᠢ | ᠪᠡᠶᠡᠯᠡᠬᠦᠯᠦᠨ᠎ᠡ᠃ | ︵ᠲᠤᠯᠤᠭ᠎ᠠ︶ ︽ᠨᠡᠶᠢᠭᠡᠮ ᠤᠨ ᠵᠠᠰᠠᠯᠳᠠ︾ ᠳᠤ ᠲᠦᠪᠯᠡᠷᠡᠬᠦᠯᠵᠤ ᠡᠶ᠎ᠡ ᠨᠠᠶᠢᠷᠠᠮᠳᠠᠭᠤ ᠶᠢ ᠠᠬᠢᠭᠤᠯᠤᠨ᠎ᠠ᠃ ᠠᠶᠤᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠲᠠᠰᠤᠷᠠᠯᠳᠠ ᠦᠭᠡᠢ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠴᠢᠳᠠᠪᠤᠷᠢ ᠶᠢᠨ | ᠪᠠᠶᠢᠭᠤᠯᠤᠯᠳᠠ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠠᠶᠦᠯᠬᠦᠢ ᠦᠢᠯᠡᠳᠪᠦᠷᠢᠯᠡᠯ ᠤᠨ ᠪᠠᠶᠢᠳᠠᠯ ᠦᠷᠬᠦᠯᠵᠢᠯᠡᠨ ᠲᠤᠭᠳᠠᠭᠤᠨ ᠪᠠᠶᠢᠬᠤ ᠶᠢ ᠪᠠᠳᠤᠯᠠᠨ᠎ᠠ᠃ | ᠵᠦᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠲᠦᠷᠦᠯ ᠤᠨ ᠵᠠᠰᠠᠯᠳᠠ ᠶᠢᠨ ᠠᠵᠢᠯ ᠢ ᠬᠦᠨᠵᠡᠭᠡᠶᠢᠷᠡᠬᠦᠯᠦᠨ ᠶᠠᠪᠤᠭᠳᠠᠭᠤᠯᠵᠤ᠂ ᠬᠠᠷ᠎ᠠ | ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠵᠢᠯ ᠤᠨ ᠬᠦᠴᠦᠯᠡᠴᠠ ᠶᠢ ᠦᠷᠬᠦᠯᠵᠢᠯᠡᠨ ᠶᠡᠭᠡᠰᠭᠡᠵᠤ᠂ ᠡᠯ᠎ᠡ ᠲᠦᠷᠦᠯ ᠤᠨ ᠬᠠᠤᠯᠢ ᠶᠢ ᠵᠦᠷᠢᠴᠡᠭᠰᠡᠨ ᠶᠠᠯᠠᠳᠤ | ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠨᠡᠶᠢᠭᠡᠮ ᠤᠨ ᠡᠶ᠎ᠡ ᠨᠠᠶᠢᠷᠠᠮᠳᠠᠭᠤ ᠲᠤᠭᠳᠠᠭᠤᠨ ᠢ ᠪᠠᠳᠤᠯᠠᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ | ᠲᠠᠯ᠎ᠠ ᠪᠠᠷ ᠠᠬᠢᠭᠤᠯᠵᠤ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠦᠯᠳᠠ ᠶᠢ ᠨᠠᠷᠢᠨ ᠬᠢᠨᠠᠮᠠᠭᠠᠢ ᠦᠷᠨᠢᠬᠦᠯᠵᠤ᠂ ᠠᠷᠠᠳ ᠲᠦᠮᠡᠨ ᠤ ᠬᠠᠤᠯᠢᠵᠢᠯ | ᠤᠨ ᠭᠡᠪ ᠪᠤᠯᠪᠠᠰᠤᠷᠠᠯ ᠢ ᠤᠯᠠᠮ ᠲᠡᠭᠡᠭᠰᠢᠯᠡᠬᠦᠯᠦᠨ᠎ᠡ᠃ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠬᠦᠨᠵᠡᠭᠡᠶᠢᠷᠡᠬᠦᠯᠦᠨ | ᠲᠤᠤᠱᠯᠠᠭᠤᠯᠵᠤ᠂ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠡᠬᠦᠳᠦᠡ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠢᠶᠠᠷ ᠦᠷᠨᠢᠬᠦᠯᠦᠨ᠂ ᠮᠤᠩᠭᠤᠯ ᠦᠭᠡ | ᠭᠡᠯᠡ ᠶᠢ ᠲᠡᠯᠭᠡᠷᠡᠬᠦᠯᠬᠦ ᠪᠠ ᠲᠦᠷᠢᠮᠵᠢᠬᠦᠯᠦᠨ ᠭᠡᠷᠡᠭᠯᠡᠬᠦ ᠠᠵᠢᠯ ᠢ ᠴᠢᠩᠭᠠᠳᠬᠠᠨ᠎ᠠ᠃ ᠠᠷᠪᠠᠳᠤᠭᠠᠷ ᠬᠤᠭᠤᠴᠠᠭᠠᠨ ᠤ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ | ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠨ᠎ᠠ᠃ | ᠲᠦᠯᠦᠭᠡᠯᠡᠭᠴᠢᠳ ᠡ ᠂ ᠲᠤᠰ ᠵᠢᠯ ᠤᠨ ᠬᠠᠭᠠᠰ ᠵᠢᠯ ᠤᠨ ᠬᠤᠭᠤᠴᠠᠭ᠎ᠠ ᠨᠢᠭᠡᠨᠳᠡ ᠦᠩᠭᠡᠷᠡᠵᠤ᠂ ᠲᠤᠤᠷ᠎ᠠ ᠬᠠᠭᠠᠰ ᠵᠢᠯ ᠤᠨ ᠠᠵᠢᠯ ᠤᠨ ᠡᠬᠦᠷᠭᠡ ᠪᠠᠰᠠ | ᠲᠦᠢᠯ ᠤᠨ ᠬᠦᠨᠳᠤ ᠪᠠᠶᠢᠭᠰᠠᠭᠠᠷ᠃ ᠪᠢᠳᠡ ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠢᠳᠡᠭᠡᠯ ᠢᠶᠠᠨ ᠪᠠᠳᠤᠳᠬᠠᠵᠤ᠂ ᠰᠢᠷᠭᠠᠭᠤ | ᠬᠠᠳᠠᠭᠤᠵᠢᠯᠳᠠᠢ ᠬᠦᠳᠡᠯᠮᠦᠷᠢᠯᠡᠨ᠂ ᠵᠠᠮ ᠨᠡᠭᠡᠭᠡᠨ ᠤᠷᠤᠭᠰᠢᠯᠠᠵᠤ᠂ ᠬᠦᠴᠢᠷ ᠪᠡᠷᠭᠡ ᠶᠢ ᠢᠯᠡᠨ ᠲᠠᠪᠠᠵᠤ᠂ ᠯᠠᠪᠳᠠᠭᠤᠨ ᠪᠠᠳᠤᠳᠠᠢ ᠠᠵᠢᠯᠯᠠᠵᠤ᠂ ᠪᠦᠬᠦ ᠵᠢᠯ ᠤᠨ ᠡᠯ᠎ᠡ | ᠲᠦᠷᠦᠯ ᠤᠨ ᠬᠠᠷᠠᠯᠳᠠ ᠡᠬᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠬᠦ ᠪᠠᠷ ᠴᠢᠷᠮᠠᠶᠢᠨ ᠲᠡᠮᠡᠴᠡᠵᠡᠭᠡᠶ᠎ᠡ ︕ |