ᠵᠠᠰᠠᠭ ᠤᠨ ᠤᠷᠳᠤᠨ ᠤ ᠠᠵᠢᠯ ᠤᠨ ᠢᠯᠡᠳᠭᠡᠯ ︵2018.12.28︶
ᠨᠡᠶᠢᠲᠡᠯᠡᠭᠰᠡᠨ ᠴᠠᠭ᠄
2019/1/2
          ——2018  ᠤᠨ   ᠤ 12 ᠰᠠᠷ᠎ᠠ   ᠶᠢᠨ  28   ᠤ ᠡᠳᠦᠷ   ᠤᠨ  ᠤᠷᠠᠳ   ᠤᠨ  ᠲᠤᠮᠳᠠᠳᠤ  ᠬᠤᠰᠢᠭᠤᠨ   ᠤ  ᠠᠷᠪᠠᠨ  ᠲᠤᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ                          ᠤᠷᠠᠳ ᠤᠨ ᠲᠤᠮᠳᠠᠳᠤ ᠬᠤᠰᠢᠭᠤᠨ ᠤ ᠠᠷᠠᠳ ᠤ ᠵᠠᠰᠠᠭ ᠤᠨ ᠤᠷᠳᠤᠨ ᠤ ᠬᠤᠰᠢᠭᠤ ᠲᠠᠷᠤᠭ᠎ᠠ                                                                       ᠶᠠᠨ ᠶᠦᠩ ᠴᠦᠨᠲᠦᠯᠦᠭᠡᠯᠡᠭᠴᠢᠳ ᠡ  ᠄        ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ ᠂ ᠡᠬᠦᠨ ᠤ ᠬᠠᠮᠳᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠦᠬᠦᠳ ᠰᠠᠨᠠᠯ ᠢᠶᠠᠨ ᠲᠤᠷᠠᠳᠬᠤ ᠪᠤᠯᠪᠠᠤ᠃      ᠨᠢᠭᠡ᠂ 2018 ᠤᠨ ᠤ ᠠᠵᠢᠯ ᠤᠨ ᠡᠷᠭᠢᠴᠡᠬᠦᠯᠦᠯ      2018 ᠤᠨ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ ᠡᠬᠢᠯᠡᠯᠳᠡ ᠶᠢᠨ ᠵᠢᠯ ᠮᠦᠷᠳᠡᠭᠡᠨ ᠬᠠᠳᠠᠭᠤ ᠪᠡᠷᠭᠡ ᠰᠢᠯᠭᠠᠯᠳᠠ ᠶᠢ ᠦᠩᠬᠡᠷᠡᠭᠡᠭᠰᠡᠨ ᠨᠢᠬᠡ ᠵᠢᠯ ᠪᠤᠯᠤᠨ᠎ᠠ᠃ ᠨᠢᠬᠡ ᠵᠢᠯ ᠤᠨ ᠲᠤᠷᠰᠢ᠂ ᠪᠢᠳᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ ᠪᠦᠬᠦ ᠬᠤᠰᠢᠭᠤᠨ  ᠤ ᠠᠷᠠᠳ ᠲᠦᠮᠡᠨ ᠬᠦᠴᠦ ᠪᠠᠨ ᠬᠠᠮᠳᠤᠤᠨᠬᠠᠨ᠂ ᠬᠦᠴᠢᠷ ᠪᠡᠷᠭᠡᠰᠢᠶᠠᠯ ᠢ ᠢᠯᠠᠨ ᠲᠠᠪᠠᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ ᠂ ᠪᠦᠳᠦᠴᠠ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠬᠦᠷᠢ ᠶᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠲᠦᠯᠬᠢᠨ ᠠᠬᠢᠭᠤᠯᠵᠦ᠂ ᠠᠵᠤ ᠠᠬᠤᠢ ᠨᠡᠶᠢᠬᠡᠮ ᠨᠢ ᠦᠷᠬᠦᠯᠵᠢᠯᠡᠨ ᠡᠷᠡᠬᠦᠯ ᠢᠶᠠᠷ ᠬᠦᠭᠵᠢᠬᠦ ᠬᠠᠨᠳᠤᠰᠢ ᠶᠢ ᠪᠠᠷᠢᠮᠳᠠᠯᠠᠪᠠ᠃ ᠵᠢᠱᠢᠯᠳᠡ ᠪᠠᠷ᠂ ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ᠃ ᠬᠡᠪᠴᠢᠶᠠᠵᠢᠯ ᠠᠴᠠ ᠲᠡᠭᠡᠭᠰᠢᠬᠢ ᠠᠵᠤ ᠤᠶᠢᠯᠡᠤᠨᠪᠦᠷᠢ ᠶᠢᠨ ᠨᠡᠮᠡᠭᠳᠡᠯ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ᠃ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ 39 ᠳ᠋ᠦᠩᠰᠢᠭᠤᠷ ᠲᠦᠬᠦᠷᠢᠭ ᠢ ᠪᠡᠶᠡᠯᠡᠬᠦᠯᠪᠠ᠃ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 7.9 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ᠃ ᠨᠡᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠬᠤᠳᠠᠯᠳᠤᠭᠰᠠᠨ ᠶᠡᠷᠤᠩᠬᠡᠢ ᠬᠡᠮᠵᠢᠶ᠎ᠠ 18.6 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ᠃ ᠬᠤᠳᠠ ᠪᠠᠯᠭᠠᠰᠦ ᠪᠤᠯᠤᠨ ᠬᠦᠳᠡᠭᠡ ᠲᠤᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠤᠨ ᠤᠨ ᠬᠦᠮᠦᠨ ᠲᠤᠮᠳᠠᠴᠢ ᠶᠢᠨ ᠡᠵᠡᠮᠳᠠᠵᠦ ᠪᠤᠯᠬᠤᠶᠢᠴᠡ ᠤᠷᠤᠯᠭ᠎ᠠ ᠨᠢ ᠲᠤᠰ ᠲᠤᠰ 31450 ᠲᠦᠬᠦᠷᠢᠭ ᠪᠤᠯᠤᠨ 16550 ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8 % ᠪᠤᠯᠤᠨ 8.5 % ᠪᠠᠷ ᠨᠡᠮᠡᠭᠳᠡᠪᠡ᠃      ︵ᠨᠢᠬᠡ︶ ᠭᠤᠤᠯᠳᠠᠯᠭ᠎ᠠ ᠪᠠᠨ ᠠᠤᠨᠬᠤᠨ᠂ ᠲᠦᠷᠦ ᠶᠢᠨ ᠪᠤᠳᠤᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠦ᠂ ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠨᠢ ᠮᠡᠳᠡᠭᠳᠡᠮ᠎ᠡ ᠦᠷ᠎ᠠ ᠪᠦᠳᠦᠮᠵᠢ ᠤᠯᠪᠠ      ᠡᠳ᠋ ᠤᠨ ᠵᠠᠰᠠᠭ ᠮᠦᠩᠬᠦᠨ ᠬᠦᠢᠯᠬᠡᠬᠡᠨ ᠤ ᠠᠶᠤᠯ ᠲᠦᠭᠰᠢᠬᠦᠷᠢ ᠶᠢ ᠯᠠᠪᠳᠠᠭᠤᠨ ᠢᠶᠠᠷ ᠰᠡᠷᠬᠡᠶᠢᠯᠡᠨ ᠡᠵᠡᠮᠳᠡᠪᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠲᠦᠷᠦᠯ ᠵᠤᠶᠢᠯ ᠢ ᠬᠢᠨᠠᠨ ᠵᠦᠪᠰᠢᠶᠠᠷᠠᠬᠦ ᠬᠠᠮᠢᠶᠠᠷᠤᠯᠳᠠ ᠪᠠᠨ ᠴᠢᠩᠭ᠎ᠠ ᠲᠦᠷᠢᠮᠵᠢᠬᠦᠯᠵᠤ᠂ ᠡᠳ᠋ ᠤᠨ ᠵᠠᠰᠠᠭ ᠤᠨ ᠲᠦᠰᠦᠪ ᠢ ᠬᠢᠵᠠᠭᠠᠷᠯᠠᠬᠤ ᠴᠢᠳᠠᠪᠤᠷᠢ ᠪᠠᠨ ᠤᠯᠠᠮ ᠨᠢᠬᠡ ᠠᠯᠬᠤᠮ ᠴᠢᠩᠭᠠᠤᠨᠬᠠᠨ᠂ ᠵᠠᠰᠠᠭ ᠤᠨ ᠤᠷᠳᠤᠨ ᠤ ᠦᠷᠢ ᠦᠭᠴᠡᠭᠡᠨ ᠤ ᠨᠡᠮᠡᠭᠳᠠᠯ ᠢ ᠪᠦᠳᠤᠮᠵᠢᠳᠠᠢ ᠬᠢᠵᠠᠭᠠᠷᠯᠠᠪᠠ᠃ ᠨᠢᠬᠡ ᠵᠢᠯ ᠤᠨ ᠲᠤᠷᠰᠢ᠂ ᠡᠳ᠋ ᠤᠨ ᠵᠠᠰᠠᠭ ᠠᠴᠠ ᠪᠡᠯᠡ ᠮᠦᠩᠬᠦ ᠲᠤᠬᠢᠷᠠᠭᠤᠯᠬᠤ᠂ ᠲᠦᠷᠦᠯ ᠵᠤᠶᠢᠯ ᠢ ᠴᠤᠮᠬᠠᠤᠨᠬᠠᠬᠤ᠂ ᠦᠷᠢ ᠦᠭᠴᠡᠭᠡ ᠶᠢ ᠬᠢᠨᠠᠨ ᠬᠠᠰᠤᠬᠤ᠂ ᠦᠷᠢ ᠦᠭᠴᠡᠭᠡ  ᠶᠢ ᠰᠠᠯᠭᠠᠬᠤ ᠵᠡᠷᠬᠡ ᠠᠷᠭ᠎ᠠ ᠪᠠᠷᠢᠯ ᠢᠶᠠᠷ ᠲᠠᠮᠵᠢᠨ᠂ 6.56 ᠳ᠋ᠦᠩᠰᠢᠭᠤᠷ ᠲᠦᠬᠦᠷᠢᠭ ᠤᠨ ᠦᠷᠢ ᠦᠭᠴᠡᠭᠡ ᠶᠢ ᠪᠦᠳᠦᠮᠵᠢᠳᠡᠢ ᠠᠷᠢᠯᠭᠠᠵᠦ᠂ ᠲᠤᠭᠳᠠᠭᠰᠠᠨ ᠬᠤᠭᠤᠴᠠᠭᠠᠨ ᠳᠤ ᠶᠤᠰᠤᠭᠠᠷ ᠤᠨ ᠤ ᠦᠷᠢ ᠦᠭᠴᠡᠭᠡ ᠪᠠᠨ ᠠᠷᠢᠯᠭᠠᠬᠤ ᠶᠢ ᠪᠠᠶᠡᠯᠡᠬᠦᠯᠵᠤ᠂ ︽ᠠᠷᠪᠠ ᠶᠢ ᠪᠦᠷᠬᠦᠬᠦᠯᠬᠦ ᠢᠨᠵᠧᠨᠧᠷᠢᠩ︾ ᠤᠨ 10 ᠲᠦᠷᠦᠯ ᠤᠨ ᠪᠠᠷᠢᠯᠭ᠎ᠠ ᠶᠢᠨ ᠦᠷᠢᠳᠦᠭᠰᠡᠨ ᠵᠤᠭᠤᠰ ᠢ ᠪᠦᠬᠦᠨ ᠢ ᠠᠷᠢᠯᠭᠠᠪᠠ᠃ ᠬᠠᠤᠯᠢ ᠪᠤᠰᠤ ᠪᠠᠷ ᠪᠡᠯᠡ ᠮᠦᠩᠬᠦ ᠴᠤᠭᠯᠠᠭᠤᠯᠬᠤ᠂ ᠮᠦᠩᠬᠦᠨ ᠬᠦᠢᠯᠬᠡᠬᠡᠨ ᠤ ᠮᠡᠬᠡᠯᠡᠯ ᠵᠡᠷᠬᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠡᠷᠡᠰ ᠴᠢᠩᠭ᠎ᠠ ᠴᠤᠬᠢᠯᠳᠠ ᠦᠭᠴᠦ᠂ ᠮᠦᠩᠬᠦᠨ ᠬᠦᠢᠯᠬᠡᠬᠡᠨ ᠤ ᠲᠦᠭᠰᠢᠬᠦᠷᠢ ᠶᠢ ᠰᠡᠷᠬᠡᠶᠢᠯᠡᠨ ᠬᠢᠵᠠᠭᠠᠷᠯᠠᠬᠤ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠪᠡ᠃      ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠱᠠᠳᠤᠴᠢ ᠴᠢᠨᠠᠷᠳᠦ ᠠᠮᠵᠢᠯᠳᠠ ᠤᠯᠪᠠ᠃ ᠦᠪᠡᠷᠳᠡᠭᠡᠨ ᠵᠠᠰᠠᠬᠤ ᠤᠷᠤᠨ ᠤ ᠶᠠᠳᠠᠭᠤ ᠬᠦᠴᠢᠷᠳᠠᠯᠳᠠᠢ ᠬᠤᠰᠢᠭᠤ ᠰᠢᠶᠠᠨ ᠤ ᠲᠠᠬᠢᠨ ᠪᠠᠶᠢᠴᠠᠭᠠᠬᠤ ᠰᠢᠯᠭᠠᠯᠳᠠ ᠶᠢ ᠠᠮᠵᠢᠯᠳᠠ ᠲᠠᠢ ᠲᠤᠭᠤᠯᠵᠦ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠬᠦᠴᠢᠷᠳᠠᠯᠳᠠᠢ ᠬᠤᠰᠢᠭᠤᠨ ᠤ ᠨᠡᠷ᠎ᠡ ᠪᠠᠨ ᠬᠠᠶᠠᠪᠠ᠃ ᠤᠯᠤᠰ᠂ ᠦᠪᠡᠷᠳᠡᠭᠡᠨ ᠵᠠᠰᠠᠬᠤ ᠤᠷᠤᠨ᠂ ᠬᠤᠳᠠ ᠶᠢᠨ ᠶᠠᠳᠠᠭᠤ ᠶᠢ ᠲᠡᠳᠬᠦᠬᠦ ᠦᠷ᠎ᠠ ᠪᠦᠳᠦᠮᠵᠢ ᠶᠢᠨ ᠬᠢᠨᠠᠨ ᠰᠢᠯᠭᠠᠯᠳᠠ  ᠶᠢᠨ ᠬᠠᠷᠢᠭᠤ ᠲᠤᠰᠬᠠᠭᠰᠠᠠ ᠠᠰᠠᠭᠤᠳᠠᠯ ᠲᠠᠢ ᠬᠠᠷᠢᠴᠠᠭᠤᠯᠤᠨ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠤᠯᠠᠮ ᠨᠢᠬᠡ ᠠᠯᠬᠤᠮ ᠪᠤᠳᠠᠳᠠᠶᠢᠵᠢᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠳᠦᠮᠵᠢᠳᠡᠢ ᠲᠦᠯᠬᠢᠨ ᠠᠬᠢᠭᠤᠯᠪᠠ᠃ ︽ᠠᠷᠪᠠᠨ ᠶᠡᠭᠡ ᠠᠵᠤ ᠦᠢᠯᠡᠰ ᠤᠨ ᠭᠡᠯᠬᠢᠶᠠᠵᠢᠯ︾ ᠤᠨ ᠶᠠᠳᠠᠭᠤ ᠶᠢ ᠲᠡᠤᠨᠬᠦᠬᠦ ᠠᠷᠭ᠎ᠠ ᠪᠠᠷᠢᠯ ᠢ ᠬᠦᠨᠵᠡᠬᠡᠢ ᠬᠡᠷᠡᠭᠵᠢᠬᠦᠯᠵᠦ᠂ ︽ᠲᠠᠪᠤᠨ ᠨᠢᠭᠡ ᠪᠦᠯᠦᠭ︾ ᠤᠨ ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠣᠨ᠂ ᠠᠵᠤ ᠤᠶᠢᠯᠡᠰ ᠢ ᠬᠦᠭᠵᠢᠬᠦᠯᠬᠦ ᠪᠠᠷ 206 ᠶᠠᠳᠠᠭᠤ ᠬᠦᠴᠢᠷᠳᠠᠯᠳᠠᠢ ᠡᠷᠤᠬᠡ ᠶᠢᠨ 497 ᠬᠦᠮᠦᠨ ᠢ ᠲᠡᠤᠨᠬᠦᠵᠦ᠂ ᠡᠳ᠋ ᠬᠦᠷᠤᠩᠭᠡ ᠶᠢᠨ ᠦᠷ᠎ᠠ ᠠᠰᠢᠭ ᠢᠶᠠᠷ 286 ᠶᠠᠳᠠᠭᠤ ᠬᠦᠴᠢᠷᠳᠠᠯᠳᠠᠢ ᠡᠷᠤᠭᠡ ᠶᠢᠨ 485 ᠬᠦᠮᠤᠨ ᠢ ᠲᠡᠮᠵᠢᠨ᠂ ᠤᠩᠭᠤᠨ᠂ ᠰᠢᠨᠡᠬᠦ᠋ᠷᠢᠶ᠎ᠡ ᠶᠢᠨ 59 ᠶᠠᠳᠠᠭᠤ ᠬᠦᠴᠢᠷᠳᠠᠯᠳᠠᠢ ᠡᠷᠤᠭᠡ ᠶᠢᠨ 110 ᠬᠦᠮᠤᠨ ᠢ ᠤᠨᠳᠤᠤ ᠭᠠᠵᠠᠷ ᠲᠤ ᠨᠡᠬᠦᠯᠭᠡᠨ ᠲᠦᠪᠬᠢᠨᠡᠬᠦᠯᠵᠦ᠂ ᠠᠮᠢ ᠠᠬᠤᠢ ᠶᠢᠨ ᠨᠦᠬᠦᠪᠤᠷᠢ ᠪᠠᠷ 230 ᠶᠠᠳᠠᠭᠤ ᠬᠦᠴᠢᠷᠳᠠᠯᠳᠠᠢ ᠡᠷᠤᠭᠡ ᠳᠤ ᠬᠠᠷᠠᠭᠠᠯᠵᠠᠯ ᠬᠦᠷᠳᠡᠬᠡᠨ᠂ ᠰᠤᠷᠭᠠᠨ ᠬᠦᠮᠤᠵᠢᠯ ᠤᠨ ᠲᠡᠳᠬᠦᠮᠵᠢ ᠪᠠᠷ 98 ᠶᠠᠳᠠᠭᠤ ᠬᠦᠴᠢᠷᠳᠠᠯᠳᠠᠢ ᠰᠤᠷᠤᠭᠴᠢ ᠶᠢ ᠲᠤᠰᠠᠯᠠᠵᠤ᠂ 1150 ᠶᠠᠳᠠᠭᠤ ᠬᠦᠴᠢᠷᠳᠠᠯᠳᠠᠢ ᠬᠦᠮᠤᠨ ᠠᠮᠠ ᠳᠤ ᠡᠷᠡᠬᠦᠯ ᠮᠡᠨᠳᠤ ᠶᠢᠨ ᠪᠠᠳᠤᠯᠠᠭ᠎ᠠ ᠬᠠᠩᠭᠠᠨ᠂ 765 ᠶᠠᠳᠠᠭᠤ ᠬᠦᠴᠢᠷᠳᠠᠯᠳᠠᠢ ᠬᠦᠮᠦᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠪᠤᠯᠤᠨ ᠶᠠᠳᠠᠭᠤ ᠶᠢ ᠲᠡᠳᠬᠦᠬᠦ ᠪᠠᠷᠢᠮᠵᠢᠶᠠᠨ ᠤ ︽ ᠬᠤᠶᠠᠷ ᠪᠠᠷᠢᠮᠵᠢᠶ᠎ᠠ ᠶᠢ ᠨᠢᠭᠡᠳᠤᠬᠦᠯᠬᠦ  ︾ ᠶᠢ ᠪᠡᠶᠡᠯᠡᠬᠦᠯᠵᠦ᠂ 18 ᠡᠷᠤᠬᠡ ᠶᠢᠨ 34  ᠬᠦᠮᠦᠨ ᠢ  ᠶᠠᠳᠠᠭᠤ ᠠᠴᠠ ᠠᠩᠬᠢᠵᠢᠷᠠᠭᠤᠯᠤᠨ᠂ 582 ᠡᠷᠤᠬᠡ ᠶᠢᠨ 1116 ᠬᠦᠮᠦᠨ ᠤ  ᠠᠮᠢᠳᠤᠷᠠᠯ ᠤᠨ  ᠬᠢᠷᠢ ᠲᠦᠪᠰᠢᠨ ᠢ ᠲᠡᠭᠡᠭᠰᠢᠯᠡᠬᠦᠯᠵᠦ᠂ ᠵᠢᠯ  ᠤᠨ ᠬᠠᠷᠠᠯᠳᠠᠳᠤ ᠡᠬᠦᠷᠬᠡ ᠪᠠᠨ ᠪᠦᠬᠦ ᠲᠠᠯ᠎ᠠ ᠪᠠᠷ ᠪᠡᠶᠡᠯᠡᠬᠦᠯᠪᠡ᠃      ᠪᠤᠬᠢᠷᠳᠤᠯ ᠢ ᠰᠡᠷᠭᠡᠶᠢᠯᠠᠨ ᠵᠠᠰᠠᠬᠤ ᠠᠵᠢᠯ ᠮᠡᠳᠡᠭᠳᠡᠮ᠎ᠡ ᠪᠦᠳᠦᠮᠵᠢ ᠤᠯᠪᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ︽ᠡᠷᠬᠢᠵᠤ ᠬᠠᠷᠠᠬᠤ︾ ᠠᠵᠢᠯ ᠤᠨ ᠪᠠᠶᠢᠴᠠᠭᠠᠯᠳᠠ ᠶᠢ ᠤᠭᠳᠤᠬᠤ ᠠᠵᠢᠯ ᠢᠶᠠᠨ ᠠᠮᠵᠢᠯᠳᠠ ᠲᠠᠢ ᠪᠡᠶᠡᠯᠡᠬᠦᠯᠵᠦ᠂ ᠰᠢᠯᠵᠢᠬᠦᠯᠦᠨ ᠰᠢᠢᠳᠪᠦᠷᠢᠯᠡᠬᠦᠯᠦᠭᠰᠡᠨ 31 ᠭᠡᠷᠡᠭ ᠢ ᠬᠦᠢᠴᠡᠤᠨᠬᠡᠨ ᠰᠢᠢᠳᠪᠦᠷᠢᠯᠡᠪᠠ᠃ ᠪᠤᠬᠢᠷᠳᠤᠯ ᠢ ᠰᠡᠷᠭᠡᠶᠢᠯᠠᠨ ᠵᠠᠰᠠᠬᠤ ᠪᠤᠭᠤᠮᠳᠠ ᠰᠢᠪᠳᠤᠯᠬᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠪᠤᠯᠤᠨ ᠬᠦᠭᠡ ᠤᠭᠳᠠᠷᠭᠤᠢ᠂ ᠨᠤᠭᠤᠭᠠᠨ ᠪᠠᠮᠪᠠᠢ ᠵᠡᠷᠬᠡ 6 ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠵᠦ᠂ ᠱᠧᠨ ᠬᠤᠸᠠ ᠬᠡᠤᠷᠰᠤ ᠰᠢᠳᠠᠭᠠᠯᠭ᠎ᠠ ᠶᠢᠨ ᠵᠤᠤᠬ᠎ᠠ ᠶᠢᠨ ᠤᠳᠤᠭ᠎ᠠ ᠠᠭᠤᠷ ᠤᠨ ᠱᠠᠤ ᠦᠭᠡᠶᠢᠳᠡᠬᠦᠯᠬᠦ ᠲᠦᠷᠦᠯ ᠵᠦᠢᠯ᠂ 10 ᠲᠣᠨ ᠠᠴᠠ ᠲᠡᠭᠡᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ ᠢᠨᠵᠧᠨᠧᠷᠢᠩ ᠢ ᠬᠡᠷᠡᠭᠵᠢᠭᠦᠯᠪᠠ︔ ᠠᠷᠴᠠ ᠶᠢᠨ ᠠᠭᠤᠯᠠ ᠶᠢᠨ ᠪᠠᠶᠢᠭᠠᠯᠢ ᠶᠢᠨ ᠲᠠᠷᠬᠠᠨ ᠤᠷᠤᠨ ᠤ ᠠᠭᠤᠷᠬᠠᠢ ᠶᠢᠨ ᠡᠷᠭᠡ ᠶᠢ ᠴᠡᠭᠴᠠᠯᠠᠨ ᠭᠠᠷᠭᠠᠬᠤ ᠪᠤᠯᠤᠨ ᠠᠭᠤᠷᠬᠠᠢ ᠶᠢᠨ ᠬᠠᠵᠠᠭᠤ ᠬᠠᠪᠢ ᠶᠢᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠡᠯᠡᠬᠦᠯᠪᠠ᠃ ᠭᠠᠷ ᠬᠦᠢᠴᠡᠳᠭᠡᠯ ᠭᠢᠭᠰᠡᠨ ᠦᠭᠡᠢ ᠪᠠᠷ ᠨᠤᠳᠤᠭ ᠪᠡᠯᠴᠢᠬᠡᠷ ᠢ ᠡᠵᠡᠯᠡᠨ ᠬᠡᠷᠡᠭᠯᠡᠭᠰᠡᠨ 87 ᠬᠡᠷᠡᠭ ᠤᠨ ᠠᠰᠠᠭᠤᠳᠠᠯ ᠢ ᠰᠢᠢᠤᠨᠪᠦᠷᠢᠯᠡᠪᠡ᠃ ᠮᠢᠩᠭᠠᠨ ᠬᠦᠮᠤᠨ ᠠᠴᠠ ᠲᠡᠭᠡᠭᠰᠢᠬᠢ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ 5 ᠬᠠᠮᠠᠭᠠᠯᠠᠯᠳᠠ ᠶᠢᠨ ᠤᠷᠤᠨ ᠲᠤᠭᠤᠷᠢᠭ ᠤᠨ ᠲᠦᠷᠢᠮᠵᠢᠭᠰᠡᠨ ᠪᠦᠳᠦᠭᠡᠨ ᠪᠠᠶᠢᠭᠤᠯᠤᠯᠳᠠ ᠪᠤᠯᠤᠨ 118 ᠬᠤᠶᠡᠷ ᠲᠠᠪᠬᠤᠷᠭᠠᠳᠤ ᠲᠤᠰᠤᠨ ᠰᠠᠪᠠ ᠶᠢᠨ ᠦᠬᠡᠷᠡᠴᠢᠯᠡᠯᠳᠡ ᠶᠢᠨ ᠠᠵᠢᠯ ᠢ ᠪᠡᠶᠡᠯᠡᠬᠦᠯᠪᠡ᠃ ᠤᠯᠠᠭᠠᠨᠰᠤᠬᠠᠢ ᠳᠤ ᠲᠤᠭᠳᠠᠭᠰᠠᠨ ᠴᠡᠭ ᠪᠦᠬᠦᠢ ᠪᠤᠬᠢᠷᠳᠤᠯ ᠤᠨ ᠡᠬᠢ ᠶᠢᠨ ᠪᠤᠵᠠᠷ ᠤᠰᠤ ᠶᠢ ︽ᠨᠠᠭᠤᠷ ᠲᠤ ᠤᠷᠤᠭᠤᠯᠬᠤ ᠦᠬᠡᠢ︾ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠰᠡᠨ ᠪᠤᠯᠤᠨ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ︽ᠲᠦᠷᠪᠡ ᠶᠢ ᠬᠢᠵᠠᠭᠠᠷᠯᠠᠭᠰᠠᠨ︾ ᠲᠠᠯᠠᠪᠠᠢ ᠨᠢ 100 ᠲᠦᠮᠡᠨ ᠮᠤ᠋ ᠬᠦᠷᠪᠡ᠃ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠦ ᠤᠷᠤᠨ ᠤ ᠰᠢᠶᠠᠨ ᠤ ᠬᠡᠪᠴᠢᠶᠠᠨ ᠤ ᠠᠮᠢ ᠠᠬᠤᠢ ᠶᠢᠨ ᠤᠷᠴᠢᠨ ᠲᠤᠭᠤᠷᠢᠨ ᠤ ᠶᠠᠰᠦ ᠴᠢᠨᠡᠷ ᠤᠨ ᠰᠢᠯᠭᠠᠯᠳᠠ ᠳᠤ ᠪᠦᠬᠦ ᠤᠷᠤᠨ ᠤ ᠠᠷᠪᠠᠳᠤᠭᠠᠷ ᠲᠤ ᠵᠢᠭᠰᠠᠭᠠᠭᠳᠠᠵᠦ᠂ 5866 ᠲᠦᠮᠡᠨ ᠲᠦᠬᠦᠷᠢᠭ ᠤᠨ ᠱᠠᠩᠨᠠᠯ ᠤᠨ ᠮᠦᠩᠬᠦ ᠤᠯᠪᠠ᠃      ︵ᠬᠤᠶᠠᠷ︶ ᠡᠬᠦᠷᠬᠡ ᠲᠤᠰᠢᠶᠠᠯ ᠢᠶᠠᠨ ᠬᠦᠢᠴᠡᠤᠨᠬᠡᠬᠦ ᠶᠢ ᠴᠢᠩᠭ᠎ᠠ ᠠᠤᠨᠬᠤᠵᠦ᠂ ᠬᠠᠷᠢᠭᠤᠴᠠᠯᠭ᠎ᠠ ᠪᠠᠨ ᠴᠢᠩᠭᠠᠤᠨᠬᠠᠨ᠂ ᠦᠶᠡᠷ ᠠᠴᠠ ᠰᠡᠷᠬᠡᠶᠢᠯᠡᠨ ᠭᠠᠩ  ᠲᠠᠢ ᠲᠡᠮᠡᠴᠡᠬᠦ ᠠᠵᠢᠯ ᠮᠠᠰᠢ ᠶᠡᠭᠡ ᠠᠮᠵᠢᠯᠳᠠ ᠤᠯᠪᠠ      ᠬᠠᠪᠤᠷ ᠠᠴᠠ ᠨᠠᠰᠢ᠂ ᠪᠦᠬᠦ ᠬᠤᠰᠢᠭᠤᠨ ᠤ ᠭᠡᠪᠴᠢᠶᠠᠨ ᠳᠤ ᠬᠤᠷ᠎ᠠ ᠲᠤᠨᠤᠳᠠᠰᠤ ᠬᠤᠪᠤᠷᠳᠠᠨ᠂ ᠨᠤᠳᠤᠭ ᠪᠠᠯᠴᠢᠭᠡᠷ ᠰᠡᠷᠬᠦᠵᠤ  ᠲᠠᠶᠢᠯᠬᠦ ᠦᠭᠡᠢ  ᠪᠤᠯᠵᠤ᠂ ᠭᠠᠩ ᠤᠨ ᠪᠠᠶᠢᠳᠠᠯ ᠤᠨ ᠬᠠᠮᠤᠷᠤᠭᠰᠠᠨ ᠬᠦᠷᠢᠶ᠎ᠡ ᠭᠡᠪᠴᠢᠶ᠎ᠡ ᠦᠷᠭᠡᠨ᠂ ᠦᠷᠬᠦᠯᠵᠢᠯᠡᠭᠰᠡᠨ ᠬᠤᠭᠤᠴᠠᠭ᠎ᠠ ᠤᠷᠳᠤ᠂ ᠬᠤᠬᠢᠷᠠᠯ ᠬᠦᠨᠳᠤ ᠰᠦᠷᠡᠬᠡᠢ ᠭᠠᠮᠰᠢᠭ ᠪᠤᠯᠪᠠ᠃ 7 ᠰᠠᠷ᠎ᠠ ᠠᠴᠠ ᠨᠠᠰᠢ᠂ ᠤᠷᠢᠤᠨ ᠬᠤᠵᠢᠤᠨ ᠭᠤᠷᠪᠠ ᠤᠳᠠᠭ᠎ᠠ ᠰᠢᠷᠦᠬᠦᠨ ᠪᠤᠷᠤᠭᠠᠨ ᠤᠷᠤᠭᠰᠠᠨ ᠠᠴᠠ ᠬᠦᠨᠳᠦ ᠨᠤᠴᠢᠳᠠᠢ ᠦᠶᠡᠷ ᠤᠨ ᠭᠠᠮᠰᠢᠭ ᠪᠤᠯᠵᠦ᠂ ᠠᠵᠤ ᠠᠬᠤᠢ ᠶᠢᠨ ᠰᠢᠭᠤᠤᠨ ᠬᠤᠬᠢᠷᠠᠯ 14.09 ᠳ᠋ᠦᠩᠰᠢᠭᠤᠷ ᠲᠦᠬᠦᠷᠢᠭ ᠬᠦᠷᠪᠡ᠃ ᠭᠠᠩ ᠭᠠᠮᠰᠢᠭ ᠤᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠦ᠂ ᠦᠶᠡᠷ ᠠᠴᠠ ᠰᠡᠷᠬᠡᠶᠢᠯᠡᠨ ᠭᠠᠩ ᠲᠠᠢ ᠲᠡᠮᠡᠴᠡᠵᠦ ᠠᠶᠤᠯ ᠠᠴᠠ ᠠᠪᠤᠷᠠᠨ ᠭᠠᠮᠰᠢᠭ ᠠᠴᠠ ᠠᠪᠤᠷᠠᠬᠤ ᠠᠵᠢᠯ  ᠢ ᠲᠡᠷᠢᠬᠦᠨ ᠭᠤᠤᠯᠳᠠᠯᠭ᠎ᠠ ᠪᠤᠯᠭᠠᠨ ᠠᠤᠨᠬᠤᠵᠦ᠂ ᠴᠠᠭ ᠲᠤᠬᠠᠢ ᠳᠤᠨᠢ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠦᠰᠦᠯ ᠲᠤᠭᠳᠠᠭᠠᠨ ᠬᠡᠷᠡᠭᠵᠢᠬᠦᠯᠵᠦ᠂ ᠪᠦᠬᠦ ᠬᠤᠰᠢᠭᠤ ᠪᠠᠷ ᠢᠶᠠᠨ ᠪᠦᠯᠬᠦᠮᠳᠠᠨ ᠨᠢᠭᠡᠳᠴᠤ᠂ ᠨᠠᠮ ᠤᠨ ᠬᠡᠰᠢᠬᠦᠨ ᠺᠠᠳ᠋ᠷ ᠤᠯᠠᠨ ᠲᠦᠮᠡᠨ ᠬᠤᠯᠪᠤᠭᠠᠯᠠᠨ᠂ ᠴᠡᠷᠢᠭ ᠠᠷᠠᠤᠨ ᠬᠠᠮᠳᠤᠪᠡᠷ ᠬᠦᠳᠡᠯᠦᠯᠴᠡᠵᠣ᠂ ᠵᠠᠰᠠᠭ ᠤᠨ ᠤᠷᠳᠤᠨ ᠠᠴᠠ ᠪᠡᠯᠡ ᠤᠷᠤᠭᠤᠯᠬᠤ᠂ ᠮᠠᠯᠵᠢᠬᠤ ᠲᠠᠷᠢᠶᠠᠯᠠᠬᠤ ᠤᠷᠤᠨ ᠬᠤᠯᠪᠤᠭᠠᠯᠠᠬᠤ᠂ ᠨᠡᠶᠢᠬᠡᠮ ᠠᠴᠠ ᠠᠪᠤᠷᠠᠨ ᠲᠤᠰᠠᠯᠠᠬᠤ᠂ ᠮᠠᠯᠴᠢᠨ ᠲᠠᠷᠢᠶᠠᠴᠢᠤᠨ ᠦᠪᠡᠷᠳᠡᠭᠡᠨ ᠠᠪᠤᠷᠠᠬᠤ ᠵᠡᠷᠬᠡ ᠤᠯᠠᠨ ᠲᠦᠷᠦᠯ ᠤᠨ ᠠᠷᠭ᠎ᠠ ᠪᠠᠷᠢᠯ ᠢᠶᠠᠷ ᠭᠠᠮᠰᠢᠭ ᠢ ᠠᠷᠭᠠᠴᠠᠭᠰᠠᠨ ᠶᠤᠮ᠃ ᠦᠶᠡᠷ ᠢ ᠰᠡᠷᠬᠡᠶᠢᠯᠡᠨ ᠭᠠᠩ ᠲᠠᠢ ᠲᠡᠮᠡᠴᠠᠵᠤ ᠭᠠᠮᠰᠢᠭ ᠠᠴᠠ ᠠᠪᠤᠷᠠᠬᠤ ᠲᠣᠰᠬᠠᠢ ᠲᠦᠷᠦᠯ ᠤᠨ ᠪᠠᠯᠠ ᠮᠦᠩᠬᠦ 2292 ᠲᠦᠮᠠᠨ ᠲᠦᠬᠦᠷᠢᠭ ᠵᠠᠷᠤᠴᠠᠭᠤᠯᠤᠨ᠂ ᠨᠠᠮ ᠤᠨ ᠬᠡᠰᠢᠬᠦᠨ ᠺᠠᠳ᠋ᠷ ᠠᠵᠢᠯᠳᠠᠤᠨ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠢ ᠲᠠᠶᠢᠴᠢᠯᠠᠨ 1417 ᠲᠦᠮᠠᠨ ᠲᠦᠬᠦᠷᠢᠭ ᠬᠠᠨᠳᠢᠪᠯᠠᠵᠦ᠂ 6500 ᠲᠤᠨ ᠲᠡᠵᠢᠭᠡᠯ ᠡᠪᠡᠰᠤ ᠪᠤᠷᠳᠤᠭ᠎ᠠ ᠲᠡᠭᠡᠭᠡᠪᠤᠷᠢᠯᠠᠨ ᠲᠠᠷᠬᠠᠭᠠᠵᠤ᠂ 30 ᠲᠦᠮᠠᠨ ᠮᠠᠯ ᠢ ᠪᠤᠷᠤᠯᠠᠭᠤᠯᠤᠨ᠂ ᠰᠢᠨ᠎ᠡ ᠪᠠᠷ 8 ᠰᠠᠤᠷᠢ ᠪᠠᠴᠢᠮ ᠪᠠᠶᠢᠳᠠᠯ ᠢ ᠠᠷᠭᠠᠴᠠᠬᠤ ᠬᠦᠮᠦᠷᠬᠡ ᠪᠠᠶᠢᠭᠤᠯᠵᠦ᠂ ᠦᠨᠦ ᠡᠪᠤᠯ ᠲᠠᠷᠠᠭ᠎ᠠ ᠬᠠᠪᠤᠷ ᠤᠨ ᠭᠠᠮᠰᠢᠭ ᠲᠠᠢ ᠲᠡᠮᠡᠴᠡᠵᠦ ᠮᠠᠯ ᠤᠨᠤᠭ᠎ᠠ ᠪᠠᠨ ᠪᠠᠳᠤᠯᠠᠬᠤ ᠪᠡᠯᠡ ᠮᠦᠩᠬᠦ 658 ᠲᠦᠮᠡᠨ ᠲᠦᠬᠦᠷᠢᠭ ᠲᠤᠬᠢᠷᠠᠭᠤᠯᠪᠠ᠃ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠬᠢ᠂ ᠬᠤᠰᠢᠭᠤᠨ ᠤ ᠰᠢᠭᠤᠤᠨ ᠬᠠᠷᠢᠶ᠎ᠠ ᠪᠠᠶᠢᠭᠤᠯᠭ᠎ᠠ ᠨᠢᠭᠡᠴᠡ ᠶᠢᠨ 1300 ᠭᠠᠷᠤᠢ ᠤᠳᠤᠷᠢᠳᠤᠯᠭ᠎ᠠ ᠺᠠᠳ᠋ᠷᠴᠤᠤᠨ ᠢ ᠵᠤᠬᠢᠶᠠᠨ ᠪᠠᠶᠢᠭᠤᠯᠤᠨ᠂ ᠠᠶᠤᠯ ᠠᠴᠠ ᠠᠪᠤᠷᠠᠨ ᠲᠤᠰᠠᠯᠠᠬᠤ ᠲᠤᠭᠤᠶᠢᠯᠠᠩ ᠪᠠᠶᠢᠭᠤᠯᠵᠦ᠂ 4996 ᠬᠦᠮᠦᠨ ᠣᠳᠠᠭ᠎ᠠ ᠶᠢᠨ ᠭᠠᠮᠰᠢᠭᠳᠠᠭᠰᠠᠨ ᠠᠷᠠᠤᠨ ᠲᠦᠮᠡᠨ ᠢ ᠪᠠᠴᠢᠮ ᠲᠦᠷᠭᠡᠨ ᠨᠡᠬᠦᠯᠬᠡᠨ ᠲᠦᠪᠬᠢᠨᠡᠬᠦᠯᠵᠦ᠂ 340 ᠲᠦᠮᠡᠨ ᠲᠦᠬᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠦᠩᠬᠦ ᠲᠠᠷᠬᠠᠭᠠᠪᠠ᠃ 74 ᠲᠦᠮᠡᠨ ᠮᠤ᠋ ᠭᠠᠮᠰᠢᠭᠳᠠᠭᠰᠠᠨ ᠲᠠᠷᠢᠶᠠᠨ ᠭᠠᠵᠠᠷ ᠤᠨ ᠲᠠᠭᠠᠤᠨᠬᠠᠯ ᠤᠨ ᠲᠦᠯᠦᠪᠦᠷᠢ ᠦᠭᠬᠦ ᠠᠵᠢᠯ ᠢ ᠦᠷᠨᠢᠬᠦᠯᠵᠦ᠂ 4550 ᠲᠦᠮᠡᠨ ᠲᠦᠬᠦᠷᠢᠭ ᠤᠨ ᠲᠦᠯᠦᠪᠦᠷᠢ ᠮᠦᠩᠭᠦ ᠶᠢ ᠬᠢᠨᠠᠨ ᠬᠠᠷᠭᠤᠭᠤᠯᠵᠦ ᠲᠠᠷᠬᠠᠭᠠᠪᠠ᠃ ᠵᠠᠮ ᠬᠠᠷᠢᠯᠴᠠᠭ᠎ᠠ᠂ ᠤᠰᠤᠨ ᠠᠰᠢᠭᠯᠠᠯᠳᠠ᠂ ᠴᠠᠬᠢᠯᠭᠠᠨ ᠬᠦᠴᠦ᠂ ᠴᠢᠮᠡᠭᠡ ᠨᠡᠪᠳᠡᠷᠡᠬᠦᠯᠬᠡ ᠵᠡᠷᠬᠡ ᠰᠠᠯᠠᠭ᠎ᠠ ᠮᠦᠴᠢᠷ ᠨᠢ ᠭᠠᠮᠰᠢᠭ ᠲᠤ ᠡᠪᠳᠡᠭᠳᠡᠭᠰᠡᠨ ᠪᠠᠷᠢᠯᠭ᠎ᠠ ᠪᠠᠨ ᠴᠠᠭ ᠲᠤᠬᠠᠢ ᠳᠤᠨᠢ ᠵᠠᠰᠠᠵᠦ᠂ ᠮᠠᠯᠴᠢᠨ ᠲᠠᠷᠢᠶᠠᠴᠢᠤᠨ ᠤᠨ ᠬᠡᠪ ᠤᠨ ᠤᠶᠢᠯᠡᠤᠨᠪᠦᠷᠢᠯᠡᠯ ᠠᠮᠢᠳᠤᠷᠠᠯ ᠢ ᠬᠦᠴᠦᠨ ᠲᠠᠢ ᠪᠠᠳᠤᠯᠠᠪᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠪᠦᠬᠦ ᠬᠤᠳᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠭᠰᠡᠨ ᠲᠡᠷᠢᠭᠦᠨ ᠤ ᠬᠠᠮᠲᠤ ᠨᠠᠶᠢᠳᠠ ᠪᠠᠷ ᠦᠨᠡᠯᠡᠭᠳᠡᠪᠡ᠃      ︵ᠭᠤᠷᠪᠡ︶  ᠬᠤᠳᠠᠯᠳᠣᠭᠠᠴᠢᠨ ᠤᠷᠢᠬᠤ ᠪᠠᠨ ᠠᠤᠨᠬᠤᠵᠦ  ᠂  ᠲᠦᠷᠦᠯ ᠵᠤᠶᠢᠯ ᠢ ᠤᠷᠤᠭᠤᠯᠤᠨ ᠠᠪᠴᠢᠷᠠᠵᠦ᠂ ᠬᠦᠭᠵᠢᠯᠳᠡ ᠶᠢᠨ ᠠᠯᠬᠤᠭ᠎ᠠ ᠪᠠᠨ ᠦᠷᠬᠦᠯᠵᠢᠯᠡᠨ ᠲᠦᠷᠬᠡᠤᠨᠬᠡᠪᠡ      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠰᠠᠶᠢᠨ ᠦᠷ᠎ᠠ ᠪᠦᠳᠦᠮᠵᠢ ᠤᠯᠪᠠ᠃ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠨ︾ ᠤ ᠠᠵᠢᠯᠯᠠᠭ᠎ᠠ ᠶᠢ ᠭᠦᠨᠵᠡᠭᠡᠶ ᠥᠷᠨᠢᠭᠦᠯᠣᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠤᠶᠢᠯ ᠤᠨ ᠬᠥᠮᠥᠷᠭᠡ ᠶᠢᠨ ᠪᠠᠶᠢᠭᠤᠯᠤᠯᠲᠠ ᠶᠢ ᠪᠡᠶᠡᠯᠡᠭᠦᠯᠵᠦ᠂ 116 ᠲᠥᠷᠥᠯ ᠵᠦᠢᠯ ᠢ ᠨᠦᠬᠡᠴᠡᠯᠡᠪᠡ᠃ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠤᠳᠠᠯᠳᠣᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠶᠠᠷᠢᠯᠴᠠᠭᠠᠨ ᠤ ᠬᠤᠷᠠᠯ ᠢ ᠠᠮᠵᠢᠯᠲᠠ ᠲᠠᠢ ᠡᠷᠬᠢᠯᠡᠵᠦ᠂ ᠥᠪᠥᠷ ᠮᠣᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠤᠯᠠᠨ ᠤᠯᠤᠰ ᠤᠨ ᠦᠵᠡᠬᠦᠯᠦᠯᠬᠡ ᠶᠢᠨ ᠴᠤᠭᠯᠠᠭᠠᠨ᠂ ︽ᠲᠡᠭᠷᠢ ᠶᠢᠨ ᠬᠡᠰᠢᠭ ᠲᠠᠢ ᠪᠣᠷᠣᠲᠣᠬᠤᠶ︾ ᠶᠢᠨ ᠨᠠᠶᠢᠳᠠ ᠶᠢᠨ ᠬᠡᠷᠡᠭᠯᠡᠬᠡᠨ ᠤ ᠨᠡᠷᠡᠳᠦ ᠲᠡᠮᠳᠡᠭ ᠢ ᠳᠡᠯᠭᠡᠷᠡᠭᠦᠯᠦᠨ ᠲᠠᠨᠢᠯᠴᠠᠭᠤᠯᠬᠤ ᠬᠤᠷᠠᠯ᠂ ᠵᠢᠶᠠᠩᠰᠦ ᠮᠤᠵᠢ ᠶᠢᠨ ᠺᠦᠨ ᠱᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠴᠤᠭᠯᠠᠭᠠᠨ ᠵᠡᠷᠭᠡ ᠠᠵᠢᠯᠯᠠᠭᠠᠨ ᠳᠤ ᠢᠳᠡᠪᠬᠢᠲᠡᠶ ᠵᠣᠬᠢᠶᠠᠨ ᠪᠠᠶᠢᠭᠤᠯᠤᠨ ᠣᠷᠣᠯᠴᠠᠵᠤ᠂ ᠠᠮᠢ ᠠᠬᠤᠢ ᠶᠢᠨ ᠢᠳᠡᠰᠢᠨ ᠡᠯᠵᠢᠬᠡ ᠶᠢᠨ ᠪᠦᠬᠦ ᠠᠵᠤ ᠤᠶᠢᠯᠡᠰ ᠤᠨ ᠬᠡᠯᠬᠢᠶᠡᠵᠢᠯ᠂ ᠰᠢᠯᠢᠳᠡᠭ ᠯᠤᠬᠠᠱᠧᠩ ᠤᠨ ᠲᠠᠷᠢᠮᠠᠯ ᠤᠨ ᠰᠠᠭᠤᠷᠢᠨ ᠭᠠᠵᠠᠷ ᠵᠡᠷᠬᠡ 16 ᠲᠦᠷᠦᠯ ᠵᠤᠶᠢᠯ ᠨᠢ ᠬᠡᠷ᠎ᠡ ᠲᠤᠭᠳᠠᠭᠠᠵᠦ᠂ ᠬᠡᠯᠡᠯᠴᠡᠬᠡᠷ ᠤᠨ ᠶᠡᠷᠤᠩᠬᠡᠢ ᠪᠡᠯᠡ ᠤᠷᠤᠭᠤᠯᠤᠯᠳᠠ ᠨᠢ 42.75 ᠳ᠋ᠦᠩᠰᠢᠭᠤᠷ ᠲᠦᠬᠦᠷᠢᠭ ᠪᠠᠶᠢᠵᠦ᠂ 27.08 ᠳ᠋ᠦᠩᠰᠢᠭᠤᠷ ᠲᠦᠬᠦᠷᠢᠭ ᠢ ᠪᠤᠳᠠᠳᠠᠶᠢᠵᠢᠭᠤᠯᠪᠠ᠃      ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠮᠡᠳᠡᠭᠳᠡᠮ᠎ᠡ ᠪᠦᠳᠦᠮᠵᠢ ᠤᠯᠪᠠ᠃ ᠴᠢᠬᠤᠯᠠ ᠶᠡᠭᠡ ᠲᠦᠷᠦᠯ ᠵᠤᠶᠢᠯ ᠢ ᠨᠦᠬᠡᠴᠡᠯᠡᠬᠦ ᠲᠦᠷᠢᠮ ᠢ ᠤᠯᠠᠮ ᠨᠢᠬᠡ ᠠᠯᠬᠤᠮ ᠪᠦᠷᠢᠨᠰᠢᠬᠦᠯᠦᠨ ᠲᠡᠬᠦᠯᠳᠡᠷᠵᠢᠬᠦᠯᠵᠦ᠂ 2018 - 2020 ᠤᠨ ᠤ ᠲᠦᠰᠦᠪ ᠤᠨ ᠲᠤᠳᠤᠷᠠᠬᠢ ᠪᠡᠯᠡ ᠤᠷᠤᠭᠤᠯᠬᠤ ᠲᠦᠷᠦᠯ ᠵᠤᠶᠢᠯ ᠨᠢ 143 ᠲᠦᠷᠦᠯ ᠤᠨ 371 ᠳ᠋ᠦᠩᠰᠢᠭᠤᠷ ᠲᠦᠬᠦᠷᠢᠭ ᠢ ᠰᠢᠯᠢᠨ ᠰᠤᠩᠭᠤᠵᠦ᠂ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠲᠦᠷᠦᠯ ᠵᠤᠶᠢᠯ ᠤᠨ 58 ᠲᠦᠷᠦᠯ ᠤᠨ 314 ᠳ᠋ᠦᠩᠰᠢᠭᠤᠷ ᠲᠦᠬᠦᠷᠢᠭ ᠢ ᠪᠦᠬᠦᠨ ᠢ ᠤᠯᠤᠰ ᠤᠨ ᠴᠢᠬᠤᠯᠠ ᠶᠡᠭᠡ ᠲᠦᠷᠦᠯ ᠵᠤᠶᠢᠯ ᠤᠨ ᠬᠦᠮᠦᠷᠬᠡ ᠳᠤ ᠨᠦᠬᠡᠴᠡᠯᠡᠪᠡ᠃ ᠪᠦᠬᠦ ᠵᠢᠯ ᠳᠤ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠲᠦᠷᠦᠯ ᠵᠤᠶᠢᠯ ᠨᠢ ᠨᠠᠶᠢᠳᠠ 70 ᠲᠦᠷᠦᠯ ᠪᠠᠶᠢᠵᠦ᠂ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠲᠦᠷᠦᠯ ᠵᠤᠶᠢᠯ ᠢ 17 ᠲᠦᠷᠦᠯ ᠬᠡᠷᠡᠭᠵᠢᠬᠦᠯᠣᠨ᠂ 28 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠤᠨ᠂ ᠴᠢᠬᠤᠯᠠ ᠶᠡᠭᠡ ᠲᠦᠷᠦᠯ ᠵᠤᠶᠢᠯ ᠨᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠳᠠᠬᠢ ᠬᠤᠪᠢ ᠶᠢᠨ ᠵᠢᠩ ᠨᠢ 69% ᠬᠦᠷᠴᠦ᠂ ᠲᠡᠭᠡᠷ᠎ᠡ ᠵᠢᠯ ᠠᠴᠠ 34% ᠪᠠᠷ ᠨᠡᠮᠡᠭᠳᠡᠨ᠂ ᠴᠢᠬᠤᠯᠠ ᠶᠡᠭᠡ ᠲᠦᠷᠦᠯ ᠵᠤᠶᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠬᠡᠮ ᠳᠠᠬᠢ ᠲᠤᠯᠭᠠᠭᠤᠷᠢᠯᠠᠯ ᠤᠶᠢᠯᠡᠳᠤᠯ ᠨᠢ ᠤᠯᠠᠮ ᠮᠡᠳᠡᠭᠳᠡᠮ᠎ᠡ ᠪᠤᠯᠪᠠ᠃      ︵ᠲᠦᠷᠪᠡ︶ ᠬᠡᠯᠪᠡᠷᠢ ᠪᠠᠨ ᠬᠤᠪᠢᠷᠠᠭᠤᠯᠬᠤ ᠶᠢ ᠠᠤᠨᠬᠤᠵᠦ᠂ ᠴᠢᠨᠡᠷ ᠴᠢᠨᠰᠠᠭ᠎ᠠ ᠦᠷ᠎ᠠ ᠪᠦᠳᠦᠮᠵᠢ ᠪᠠᠨ ᠲᠡᠭᠡᠭᠰᠢᠯᠡᠬᠦᠯᠦᠨ᠂ ᠠᠵᠤ ᠤᠶᠢᠯᠡᠰ ᠤᠨ ᠲᠤᠯᠭᠠᠭᠤᠷᠢᠯᠠᠯ ᠨᠢ ᠤᠯᠠᠮ ᠬᠦᠴᠦᠨ ᠲᠠᠢ ᠪᠤᠯᠪᠠ      ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠤᠶᠢᠯᠡᠰ ᠢ ᠯᠠᠪᠳᠠᠭᠤᠨ ᠢᠶᠠᠷ ᠬᠦᠭᠵᠢᠬᠦᠯᠪᠡ᠃  ᠪᠦᠬᠦ ᠬᠤᠰᠢᠭᠤᠨ ᠤ ᠲᠠᠷᠢᠮᠠᠯ ᠤᠨ ᠲᠠᠯᠠᠪᠠᠢ 150 ᠲᠦᠮᠡᠨ ᠮᠤ᠋ ᠬᠦᠷᠴᠦ᠂ ᠠᠮᠤ ᠪᠤᠳᠠᠭᠠᠨ ᠤ ᠤᠨᠠᠯᠳᠠ ᠨᠢ 8.6 ᠳ᠋ᠦᠩᠰᠢᠭᠤᠷ ᠵᠢᠩ ᠬᠦᠷᠦᠨ᠂ 80 ᠲᠦᠮᠡᠨ ᠮᠤ᠋ ᠠᠮᠤ ᠪᠤᠳᠠᠭ᠎ᠠ ᠤᠶᠢᠯᠡᠤᠨᠪᠦᠷᠢᠯᠡᠬᠦ ᠴᠢᠳᠠᠮᠵᠢ ᠶᠢᠨ ᠲᠣᠭᠤᠷᠢᠭ ᠢ ᠲᠤᠭᠳᠠᠭᠠᠪᠠ᠃ ᠪᠦᠬᠦ ᠬᠤᠰᠢᠭᠤᠨ ᠤ ᠪᠤᠳᠠ ᠪᠤᠭ ᠮᠠᠯ ᠢ ᠠᠷᠠᠴᠢᠯᠠᠨ ᠲᠡᠵᠢᠬᠡᠭᠰᠡᠨ ᠲᠤᠭ᠎ᠠ 336 ᠲᠦᠮᠡᠨ ᠲᠤᠯᠤᠭᠠᠢ ᠬᠦᠷᠴᠦ᠂ ᠮᠠᠯ ᠤᠨ ᠪᠤᠷᠤᠯᠠᠭᠤᠯᠤᠯᠳᠠ ᠶᠢᠨ ᠲᠤᠭ᠎ᠠ ᠨᠢ 118.3 ᠲᠦᠮᠡᠨ ᠲᠤᠯᠤᠭᠠᠢ ᠬᠦᠷᠪᠡ᠃ ᠪᠦᠬᠦ ᠤᠷᠤᠨ ᠪᠦᠰᠡ ᠶᠢᠨ ᠪᠤᠬᠢᠷᠳᠤᠯ ᠦᠭᠡᠢ ᠤᠷᠭᠠᠨᠢᠭ ᠲᠡᠭᠡᠳᠤ ᠲᠡᠰ  ᠤᠨ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠳᠠ ᠶᠢ ᠦᠢᠯᠡᠳᠪᠤᠷᠢᠯᠠᠨ ᠪᠤᠯᠪᠠᠰᠤᠷᠠᠭᠤᠯᠵᠦ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠲᠤᠭᠤᠷᠢᠨ ᠳᠤ᠂ ᠤᠩᠭᠤᠨ᠂ ᠰᠢᠨᠠᠬᠦ᠋ᠷᠢᠶ᠎ᠠ᠂ ᠲᠤᠭᠤᠯᠳᠠᠢ ᠶᠢᠨ ᠲᠦᠮᠠᠨ ᠮᠤ᠋ ᠮᠠᠯᠵᠢᠯ ᠬᠦᠷᠢᠶᠡᠯᠡᠩ ᠤᠨ ᠶᠠᠷᠤᠩᠭᠡᠶᠢᠯᠡᠭᠰᠠᠠ ᠴᠤᠭᠴᠠ ᠪᠤᠯᠤᠨ ᠬᠠᠯᠢᠭᠤᠳᠤ᠂ ᠲᠠᠯ ᠠᠭᠤᠯᠠ᠂ ᠬᠤᠯᠤᠰᠤᠳᠠᠢ ᠶᠢᠨ 3 ᠲᠠᠷᠢᠶᠠᠯᠠᠩ ᠬᠦᠷᠢᠶᠠᠯᠠᠩ ᠤᠨ ᠶᠡᠷᠤᠩᠬᠡᠶᠢᠯᠡᠭᠰᠡᠨ ᠴᠤᠭᠴᠠ ᠶᠢᠨ ᠪᠦᠳᠦᠭᠡᠨ ᠪᠠᠶᠢᠭᠤᠯᠤᠯᠳᠠ ᠶᠢᠨ ᠲᠦᠯᠤᠪᠵᠢᠬᠦᠯᠭᠡ ᠪᠠᠨ ᠪᠡᠶᠡᠯᠡᠬᠦᠯᠪᠡ᠃ ᠯᠤᠬᠠᠱᠧᠩ᠂ ᠢᠯᠠᠮ᠎ᠠ᠂ ᠬᠠᠪᠣᠷ ᠤᠨ ᠨᠣᠭᠤᠭ᠎ᠠ ᠵᠡᠷᠭᠡ ᠨᠢᠬᠡ ᠪᠦᠯᠦᠭ ᠲᠠᠷᠢᠵᠤ ᠤᠷᠭᠤᠭᠤᠯᠬᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠤᠯᠤᠨ 11 ᠦᠨᠳᠦᠷ ᠪᠠᠷᠢᠮᠵᠢᠶᠠᠳᠤ ᠲᠠᠷᠢᠶᠠᠯᠠᠩ ᠮᠠᠯ ᠠᠵᠤ ᠠᠬᠤᠢ ᠶᠢᠨ ᠲᠧᠭᠨᠢᠭ ᠮᠡᠷᠬᠡᠵᠢᠯ ᠤᠨ ᠵᠢᠱᠢᠶ᠎ᠡ ᠦᠵᠡᠬᠦᠯᠬᠦ ᠲᠤᠭᠤᠷᠢᠭ ᠢ ᠪᠦᠳᠦᠭᠡᠨ ᠪᠠᠶᠢᠭᠤᠯᠪᠠ᠃ ᠢᠳᠡᠰᠢᠨ ᠬᠤᠨᠢ ᠢᠮᠠᠭ᠎ᠠ᠂ ᠦᠬᠡᠷ᠂ ᠡᠯᠵᠢᠬᠡ ᠶᠢᠨ ᠪᠠᠷᠢᠮᠵᠢᠶᠠᠵᠢᠭᠰᠠᠨ ᠬᠡᠪᠴᠢᠶᠠᠵᠢᠯ ᠤᠨ ᠲᠡᠵᠢᠬᠡᠨ ᠦᠷᠡᠵᠢᠬᠦᠯᠬᠦ ᠲᠠᠯᠠᠪᠠᠢ 9 ᠶᠢ ᠰᠢᠨ᠎ᠡ ᠪᠠᠷ ᠪᠠᠶᠢᠭᠤᠯᠵᠦ᠂ ᠪᠠᠷᠢᠮᠵᠢᠶᠠᠵᠢᠭᠰᠠᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ10 ᠶᠢ ᠦᠷᠬᠡᠤᠨᠬᠡᠨ ᠪᠠᠶᠢᠭᠤᠯᠪᠠ᠃ ᠢᠳᠡᠬᠡᠨ ᠤ ᠵᠤᠶᠢᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠢ ᠶᠡᠷᠤᠩᠬᠡᠶᠢᠯᠡᠨ ᠰᠢᠯᠭᠠᠨ ᠪᠠᠶᠢᠴᠠᠭᠠᠵᠦ ᠬᠡᠮᠵᠢᠨ ᠲᠤᠷᠰᠢᠬᠦ ᠲᠦᠪ ᠤᠨ ᠦᠬᠡᠷᠡᠴᠢᠯᠠᠯᠳᠠ ᠪᠠᠨ ᠲᠠᠭᠤᠰᠬᠠᠨ᠂ ᠨᠡᠷᠡᠳᠦ ᠲᠡᠮᠳᠡᠭ ᠤᠨ ᠰᠠᠭᠤᠷᠢᠨ ᠭᠠᠵᠠᠷ 8 ᠶᠢ ᠪᠠᠶᠢᠭᠤᠯᠵᠦ᠂ ᠤᠷᠭᠠᠨᠢᠭ ᠪᠤᠬᠢᠷᠳᠤᠯ ᠦᠬᠡᠢ ᠢᠳᠡᠬᠡᠨ ᠤ ᠬᠡᠷᠡᠴᠢᠯᠡᠯ ᠢ ᠦᠩᠭᠡᠷᠡᠭᠡᠭᠰᠡ ᠠᠵᠤ ᠠᠬᠤᠶᠢᠯᠠᠯ ᠨᠢ 14 ᠡᠷᠤᠬᠡ ᠪᠤᠯᠪᠠ᠃ ᠠᠮᠢᠳᠠᠨ ᠤ ᠬᠢᠵᠢᠭ ᠢ ᠰᠡᠷᠬᠡᠶᠢᠯᠡᠨ ᠬᠢᠵᠠᠭᠠᠷᠯᠠᠬᠤ ᠠᠵᠢᠯ ᠢᠶᠠᠨ ᠬᠦᠨᠵᠡᠬᠡᠢ ᠦᠷᠨᠢᠬᠦᠯᠵᠦ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠬᠡᠶᠢᠯᠡᠨ ᠬᠢᠵᠠᠭᠠᠷᠯᠠᠬᠤ ᠠᠵᠢᠯ ᠢᠶᠠᠨ ᠦᠨᠡᠨᠬᠦ ᠰᠠᠶᠢᠳᠤᠷ ᠠᠤᠨᠬᠤᠨ᠂ ᠬᠢᠵᠢᠭ ᠤᠨ ᠬᠠᠯᠳᠠᠪᠤᠷᠢᠯᠠᠯᠳᠠ ᠶᠢ ᠪᠦᠳᠦᠮᠵᠢᠳᠡᠢ ᠰᠡᠷᠬᠡᠶᠢᠯᠡᠪᠠ᠃      ᠠᠵᠤ ᠦᠢᠯᠡᠳᠪᠤᠷᠢ ᠶᠢᠨ ᠠᠵᠤ ᠠᠬᠤᠢ ᠶᠢᠨ ᠶᠠᠰᠦ ᠴᠢᠨᠡᠷ ᠢ ᠲᠡᠭᠡᠭᠰᠢᠯᠡᠬᠦᠯᠤᠨ ᠦᠷ᠎ᠠ ᠪᠦᠳᠦᠮᠵᠢ ᠶᠢ ᠨᠡᠮᠡᠭᠳᠡᠬᠦᠯᠪᠡ᠃ ᠠᠵᠤ ᠠᠬᠤᠢ ᠶᠢᠨ ᠡᠷᠬᠢᠯᠳᠡ ᠶᠢᠨ ᠶᠡᠷᠤᠩᠬᠡᠢ ᠴᠤᠭᠴᠠ ᠨᠢ ᠯᠠᠪᠳᠠᠭᠤᠨ ᠰᠠᠶᠢᠨ ᠪᠠᠶᠢᠵᠦ᠂ ᠪᠦᠬᠦ ᠵᠢᠯ ᠳᠤ ᠠᠵᠤ ᠤᠶᠢᠯᠡᠤᠨᠪᠦᠷᠢ ᠶᠢᠨ ᠤᠶᠢᠯᠡᠤᠨᠬᠦᠨ ᠤ ᠶᠡᠷᠤᠩᠬᠡᠢ ᠦᠷᠳᠡᠭ 110 ᠳ᠋ᠦᠩᠰᠢᠭᠤᠷ ᠲᠦᠬᠦᠷᠢᠭ ᠢ ᠪᠡᠶᠡᠯᠡᠬᠦᠯᠤᠨ᠂ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ᠃ ᠬᠠᠢ ᠮᠢᠩ᠂ ᠵᠦᠩ ᠳ᠋ᠢᠩ᠂ ᠵᠢᠶᠠᠨ ᠯᠢ ᠵᠣᠣ ᠱᠧᠩ 3 ᠬᠡᠪᠴᠢᠶᠠᠵᠢᠯ  ᠠᠴᠠ ᠲᠡᠭᠡᠭᠰᠢᠬᠢ ᠠᠵᠤ ᠠᠬᠤᠶᠢᠯᠠᠯ ᠰᠢᠨ᠎ᠡ ᠪᠠᠷ ᠨᠡᠮᠡᠭᠳᠡᠪᠡ᠃ ᠠᠵᠤ ᠠᠬᠤᠶᠢᠯᠠᠯ ᠤᠨ ᠦᠷ᠎ᠠ ᠠᠰᠢᠭ ᠦᠷᠬᠦᠯᠵᠢᠯᠡᠨ ᠰᠠᠶᠢᠵᠢᠷᠠᠵᠦ᠂ ᠡᠨᠧᠷᠬᠢ᠂ ᠬᠢᠮᠢ ᠶᠢᠨ ᠤᠶᠢᠯᠡᠤᠨᠪᠦᠷᠢ᠂ ᠲᠡᠮᠦᠷᠯᠢᠭ ᠬᠠᠶᠢᠯᠤᠭᠤᠯᠬᠤ ᠵᠡᠷᠬᠡ ᠤᠯᠠᠮᠵᠢᠯᠠᠯᠳᠤ ᠠᠵᠤ ᠠᠬᠤᠶᠢᠯᠠᠯ ᠨᠢ ᠲᠤᠭᠳᠠᠭᠤᠨ ᠢᠶᠠᠷ ᠦᠰᠣᠨ᠂ ᠰᠢᠨ᠎ᠡ ᠪᠠᠷ ᠬᠦᠭᠵᠢᠨ ᠮᠠᠨᠳᠤᠵᠦ ᠪᠠᠶᠢᠭ᠎ᠠ ᠠᠵᠤ ᠤᠶᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠪᠠᠯ ᠴᠢᠯᠠᠭᠤᠨ ᠤ ᠠᠵᠤ ᠤᠶᠢᠯᠡᠰ ᠶᠡᠷᠤᠩᠬᠡᠢ ᠴᠤᠭᠴᠠ ᠶᠢᠨ ᠲᠦᠯᠦᠪᠵᠢᠬᠦᠯᠬᠡ ᠪᠠᠨ ᠲᠠᠭᠤᠰᠬᠠᠨ᠂ ᠹᠧᠩ ᠢᠦᠢ ᠠᠵᠤ ᠠᠬᠤᠶᠢᠯᠠᠯ ᠨᠢ ᠳ᠋ᠠ ᠦ᠋ ᠳ᠋ᠢᠶᠠᠨ ᠤ ᠪᠡᠯ ᠴᠢᠯᠠᠭᠤ ᠶᠢ ᠨᠡᠬᠡᠬᠡᠨ ᠮᠠᠯᠳᠠᠬᠤ ᠵᠦᠪᠰᠢᠶᠡᠷᠡᠯ ᠢ ᠤᠯᠪᠠ᠃ ᠵᠢᠦᠢ ᠨᠧᠩ ᠰᠠᠯᠬᠢᠨ ᠴᠠᠬᠢᠯᠭᠠᠨ ᠤ ᠰᠣᠪᠣᠷᠭ᠎ᠠ ᠶᠢᠨ ᠬᠤᠭᠤᠯᠠᠢ ᠶᠢᠨ ᠲᠦᠷᠦᠯ ᠵᠤᠶᠢᠯ ᠨᠢ ᠠᠰᠢᠭᠯᠠᠯᠳᠠ ᠳᠤ ᠤᠷᠤᠪᠠ᠃ ᠵᠦᠩ ᠾᠧ ᠯᠦᠩ ᠲᠧᠩ ᠤᠨ 10 ᠲᠦᠮᠠᠨ ᠺᠢᠯᠤᠸᠠᠲ ᠤᠨ ᠭᠡᠷᠡᠯ ᠤᠨ ᠡᠨᠧᠷᠬᠢ ᠶᠢᠨ ᠲᠦᠷᠤᠯ ᠵᠤᠶᠢᠯ ᠤᠷᠤᠭᠰᠢᠳᠠᠢ ᠶᠠᠪᠤᠭᠳᠠᠪᠠ᠃ ᠱᠧᠨ ᠬᠤᠸᠠ ᠭᠥᠸᠧ ᠨᠧᠩ᠂ ᠰᠾᠢ ᠬᠤᠸᠠ ᠵᠡᠷᠬᠡ 4 ᠰᠠᠯᠬᠢᠨ ᠴᠠᠬᠢᠯᠭᠠᠨ ᠤ ᠲᠦᠷᠦᠯ ᠵᠤᠶᠢᠯ ᠢ ᠲᠤᠤᠷ ᠨᠠᠶᠢᠯᠡᠬᠦᠯᠤᠨ ᠴᠠᠬᠢᠯᠭᠠᠨ ᠭᠠᠷᠭᠠᠵᠦ᠂ ᠪᠦᠬᠦ ᠬᠤᠰᠢᠭᠤᠨ ᠤ ᠴᠡᠪᠡᠷ ᠡᠨᠧᠷᠬᠢ ᠶᠢᠨ ᠶᠡᠷᠤᠩᠬᠡᠢ ᠲᠤᠨᠤᠭᠯᠠᠯ ᠤᠨ ᠪᠠᠭᠳᠠᠭᠠᠮᠵᠢ ᠨᠢ 300 ᠲᠦᠮᠡᠨ ᠺᠢᠯᠤᠸᠠᠲ  ᠢ ᠰᠢᠪᠳᠤᠯᠪᠠ᠃ ᠠᠵᠤ ᠤᠶᠢᠯᠡᠤᠨᠪᠦᠷᠢ ᠶᠢᠨ ᠲᠤᠭᠤᠷᠢᠭ ᠤᠨ ᠲᠠᠭᠠᠭᠠᠴᠠ ᠶᠢᠨ ᠴᠢᠳᠠᠪᠤᠷᠢ ᠤᠯᠠᠮ ᠨᠢᠬᠡ ᠠᠯᠬᠤᠮ ᠲᠡᠭᠡᠭᠰᠢᠯᠡᠵᠦ᠂ ᠬᠤᠭ ᠨᠤᠪᠰᠢ ᠶᠢ ᠪᠤᠬᠢᠷᠳᠤᠯ ᠦᠬᠡᠢ ᠪᠠᠷ ᠰᠢᠢᠤᠨᠪᠦᠷᠢᠯᠡᠨ ᠪᠤᠯᠠᠬᠤ ᠲᠠᠯᠠᠪᠤᠷ᠂ ᠰᠢᠳᠠᠮᠠᠬᠠᠢ ᠬᠡᠢ ᠪᠠᠷ ᠲᠤᠯᠠᠭᠠᠯᠠᠯᠭ᠎ᠠ ᠬᠠᠩᠭᠠᠬᠤ ᠪᠠᠷᠢᠯᠭ᠎ᠠ ᠠᠰᠢᠭᠯᠠᠯᠳᠠ ᠳᠤ ᠤᠷᠤᠵᠦ᠂ ᠲᠦᠰᠤᠭᠡᠯᠡᠭᠰᠠᠠ ᠢᠶᠠᠷ ᠪᠦᠬᠦ ᠵᠢᠯ ᠳᠤ᠂ ᠠᠵᠤ ᠤᠶᠢᠯᠡᠤᠨᠪᠦᠷᠢ ᠶᠢᠨ ᠲᠤᠭᠤᠷᠢᠭ ᠨᠢ ᠠᠵᠤ ᠦᠢᠯᠡᠳᠪᠤᠷᠢ ᠶᠢᠨ ᠦᠢᠯᠡᠳᠬᠦᠨ ᠤ ᠶᠡᠷᠦᠩᠭᠡᠢ ᠦᠷᠳᠡᠭ 89 ᠳ᠋ᠦᠩᠰᠢᠭᠤᠷ ᠲᠦᠬᠦᠷᠢᠭ ᠢ ᠪᠠᠶᠠᠯᠡᠬᠦᠯᠤᠨ᠂ 2.6 ᠳ᠋ᠦᠩᠰᠢᠭᠤᠷ ᠲᠦᠬᠦᠷᠢᠭ ᠤᠨ ᠭᠠᠶᠢᠯᠢ ᠶᠢᠨ ᠤᠷᠤᠯᠭ᠎ᠠ ᠶᠢ ᠪᠠᠶᠠᠯᠡᠬᠦᠯᠪᠠ᠃      ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢᠶᠠᠨ ᠲᠠᠰᠤᠷᠠᠯᠳᠠ ᠦᠭᠡᠢ ᠪᠤᠵᠠᠭᠠᠶᠢᠷᠠᠭᠤᠯᠪᠠ᠃ ᠴᠠᠬᠢᠮ ᠬᠤᠳᠠᠯᠳᠤᠭᠠᠨ ᠤ ᠠᠵᠤ ᠦᠢᠯᠡᠰ ᠦᠤᠨᠳᠦᠷ ᠲᠦᠷᠬᠡᠨ ᠬᠦᠭᠵᠢᠵᠦ᠂ ᠠᠵᠤ ᠦᠢᠯᠡᠰ ᠤᠨ ᠬᠦᠷᠢᠶᠡᠯᠡᠩ ᠳᠤ 10 ᠠᠵᠤ ᠠᠬᠤᠶᠢᠯᠠᠯ ᠰᠢᠨ᠎ᠡ ᠪᠠᠷ ᠨᠡᠮᠡᠭᠳᠡᠨ᠂ ᠴᠠᠬᠢᠮ ᠬᠤᠳᠠᠯᠳᠤᠭᠠᠨ ᠤ ᠠᠵᠤ ᠠᠬᠤᠶᠢᠯᠠᠯ ᠨᠢ 85 ᠡᠷᠤᠬᠡ ᠪᠤᠯᠵᠦ᠂ ᠠᠷᠠᠯᠵᠢᠶᠠᠯᠠᠭᠰᠠᠨ ᠲᠤᠭ᠎ᠠ ᠨᠢ 1 ᠳ᠋ᠦᠩᠰᠢᠭᠤᠷ ᠲᠦᠬᠦᠷᠢᠭ ᠤᠨ ᠶᠡᠭᠡ ᠪᠤᠭᠤᠮᠳᠠ ᠶᠢ ᠰᠢᠪᠳᠤᠯᠣᠨ᠂ ᠴᠠᠬᠢᠮ ᠬᠤᠳᠠᠯᠳᠤᠭᠠᠨ ᠤ ᠠᠵᠤ ᠤᠶᠢᠯᠡᠰ ᠤᠨ ᠬᠦᠷᠢᠶᠡᠯᠡᠩ ᠨᠢ ᠦᠪᠡᠷᠳᠡᠭᠡᠨ ᠵᠠᠰᠠᠬᠤ ᠤᠷᠤᠨ ᠤ ᠲᠡᠰ ᠤᠨ ᠴᠠᠬᠢᠮ ᠬᠤᠳᠠᠯᠳᠤᠭᠠᠨ ᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠤᠯᠤᠨ ᠦᠪᠡᠷᠳᠡᠭᠡᠨ ᠵᠠᠰᠠᠬᠤ ᠤᠷᠤᠨ ᠤ ᠲᠡᠰ ᠤᠨ ᠵᠠᠯᠠᠭᠤᠴᠤᠤᠨ ᠤᠨ ᠤᠶᠢᠯᠡᠰ ᠪᠤᠰᠬᠠᠬᠤ ᠶᠢ ᠬᠦᠮᠦᠵᠢᠬᠦᠯᠦᠨ ᠪᠤᠶᠢᠵᠢᠭᠤᠯᠬᠤ ᠰᠠᠭᠤᠷᠢᠨ ᠭᠠᠵᠠᠷ ᠢᠶᠠᠷ ᠦᠨᠡᠯᠡᠭᠳᠡᠪᠡ᠃ ᠲᠦᠷᠭᠡᠨ ᠭᠤᠪᠢᠭᠤᠯᠭ᠎ᠠ ᠶᠢᠨ ᠲᠦᠷᠤᠯ ᠬᠤᠪᠢᠶᠠᠨ ᠢᠯᠭᠠᠨ ᠭᠤᠪᠢᠭᠤᠯᠬᠤ ᠲᠦᠪ ᠢ ᠪᠠᠶᠢᠭᠤᠯᠤᠨ᠂ 12 ᠭᠠᠵᠠᠷ ᠲᠤ ᠲᠦᠷᠭᠡᠨ ᠭᠤᠪᠢᠭᠤᠯᠭ᠎ᠠ ᠶᠢᠨ ᠤᠶᠤᠨᠳᠤ ᠠᠪᠳᠠᠷ᠎ᠠ ᠤᠭᠰᠠᠷᠠᠵᠦ᠂ ᠮᠠᠯᠵᠢᠬᠤ ᠲᠠᠷᠢᠶᠠᠯᠠᠬᠤ ᠤᠷᠤᠨ ᠳᠤ ᠴᠠᠬᠢᠮ ᠬᠤᠳᠠᠯᠳᠤᠭᠠᠨ ᠤ ᠦᠢᠯᠡᠴᠢᠯᠡᠭᠡᠨ ᠤ ᠦᠷᠳᠡᠭᠡ 75 ᠶᠢ ᠪᠠᠶᠢᠭᠤᠯᠤᠨ ᠠᠰᠢᠭᠯᠠᠯᠳᠠ ᠳᠤ ᠤᠷᠤᠭᠤᠯᠵᠦ᠂ ᠭᠤᠪᠢᠭᠤᠯᠭ᠎ᠠ ᠬᠦᠷᠬᠡᠬᠦ ᠪᠦᠳᠦᠮᠵᠢ ᠮᠡᠳᠡᠭᠳᠡᠮ᠎ᠡ ᠲᠡᠭᠡᠭᠰᠢᠯᠡᠪᠡ᠃ ᠬᠠᠮ ᠵᠢᠭᠤᠯᠴᠢᠯᠠᠯ ᠤᠨ ᠶᠠᠷᠤᠩᠭᠡᠢ ᠲᠦᠯᠤᠪᠵᠢᠬᠦᠯᠭᠡ ᠶᠢ ᠨᠠᠶᠢᠷᠠᠭᠤᠯᠬᠤ ᠠᠵᠢᠯ ᠢ ᠪᠦᠬᠦ ᠲᠠᠯ᠎ᠠ  ᠪᠠᠷ ᠡᠬᠢᠯᠡᠬᠦᠯᠵᠣ᠂ ᠤᠩᠭᠤᠨ ᠲᠠᠯ᠎ᠠ ᠶᠢᠨ ᠬᠠᠪᠴᠢᠯ ᠪᠤᠯᠤᠨ ᠴᠠᠰᠤᠳᠠᠢ ᠶᠢᠨ ᠬᠠᠪᠴᠢᠯ ᠤᠨ ᠵᠢᠭᠤᠯᠴᠢᠯᠠᠯ ᠤᠨ ᠤᠷᠤᠨ ᠤ ᠵᠢᠭᠤᠯᠴᠢᠯᠠᠯ ᠤᠨ ᠵᠠᠮ ᠱᠤᠭᠤᠮ ᠤᠨ ᠪᠦᠳᠦᠭᠡᠨ ᠪᠠᠶᠢᠭᠤᠯᠤᠯᠳᠠ ᠪᠠᠨ ᠲᠠᠭᠤᠰᠬᠠᠨ᠂ ᠲᠤᠭᠤᠯᠳᠠᠢ ᠮᠠᠯᠵᠢᠯ ᠤᠨ ᠬᠤᠪᠢᠶᠠᠷᠢ ᠲᠠᠯᠠᠪᠠᠢ ᠶᠢᠨ ᠵᠢᠭᠤᠯᠴᠢᠯᠠᠯ ᠢᠶᠠᠷ ᠶᠠᠳᠠᠭᠤ ᠶᠢ ᠲᠡᠤᠨᠬᠦᠬᠦ ᠬᠤᠷᠰᠢᠶᠡᠵᠢᠯ ᠢ ᠵᠤᠬᠢᠶᠠᠨ ᠪᠠᠶᠢᠭᠤᠯᠵᠦ᠂ ᠤᠩᠭᠤᠨ ᠲᠠᠯ᠎ᠠ ᠶᠢᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠤᠨ ᠤᠨ ᠡᠬᠡ ᠤᠷᠤᠨᠴᠢ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠂ ᠦᠵᠦᠬᠦᠷ ᠭᠤᠤᠯ ᠤᠨ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ ᠨᠢ ᠤᠯᠤᠰ ᠤᠨ ᠤᠰᠤᠨ ᠠᠰᠢᠭᠯᠠᠯᠳᠠ ᠶᠢᠨ ᠦᠵᠡᠮᠵᠢ ᠶᠢᠨ ᠤᠷᠤᠨ ᠢᠶᠠᠷ ᠦᠨᠡᠯᠡᠭᠳᠡᠵᠦ᠂ ᠵᠢᠩᠴᠢᠤᠨ ᠤᠨ ᠥᠷᠲᠡᠭᠡ ᠨᠢ ᠤᠯᠤᠰ ᠤᠨ 3 A ᠲᠠᠰ ᠤᠨ ᠦᠵᠡᠮᠵᠢᠲᠦ ᠣᠷᠣᠨ ᠪᠤᠯᠵᠦ᠂ ᠦᠵᠡᠮᠵᠢ ᠶᠢᠨ ᠤᠷᠤᠨ  ᠢ ᠴᠤᠭᠴᠠᠯᠠᠨ ᠪᠠᠶᠢᠭᠤᠯᠬᠤ ᠠᠵᠢᠯ ᠨᠢ ᠲᠠᠬᠢᠨᠳᠠ ᠰᠢᠨ᠎ᠡ ᠰᠢᠪᠳᠤᠯᠤᠯᠳᠠ ᠶᠢ ᠡᠬᠦᠤᠨᠪᠡ᠃ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠳᠡ ᠨᠢ ᠮᠡᠳᠡᠭᠳᠡᠮ᠎ᠡ ᠪᠠᠶᠢᠵᠦ᠂ ᠲᠦᠰᠦᠭᠡᠯᠡᠭᠰᠡᠨ ᠢᠶᠠᠷ ᠪᠦᠬᠦ ᠵᠢᠯ ᠳᠤ ᠨᠠᠶᠢᠳᠠ 87 ᠲᠦᠮᠡᠨ ᠬᠦᠮᠦᠨ ᠤᠳᠠᠭᠠᠨ ᠤ ᠵᠤᠭᠠᠴᠠᠭᠰᠠᠤᠨ ᠢ ᠬᠦᠯᠢᠶᠠᠨ ᠠᠪᠴᠦ᠂ ᠵᠢᠭᠤᠯᠴᠢᠯᠠᠯ ᠤᠨ ᠶᠡᠷᠤᠩᠬᠡᠶᠢᠯᠡᠭᠰᠡᠨ ᠤᠷᠤᠯᠭ᠎ᠠ 10 ᠳ᠋ᠦᠩᠰᠢᠭᠤᠷ ᠲᠦᠬᠦᠷᠢᠭ ᠢ ᠰᠢᠪᠳᠤᠯᠪᠠ᠃ ᠤᠷᠠᠤᠨ ᠤᠨ ᠲᠤᠮᠳᠠᠳᠤ ᠬᠤᠰᠢᠭᠤᠨ ᠤ ᠨᠢᠰᠬᠡᠯ ᠤᠨ ᠪᠠᠭᠤᠳᠠᠯ ᠨᠢ ᠪᠠᠶᠠᠨᠨᠠᠭᠤᠷ  ᠢᠶᠠᠷ ᠲᠠᠮᠵᠢᠨ ᠪᠡᠭᠡᠵᠢᠩ᠂ ᠰᠢ ᠠᠨ᠂ ᠬᠦᠬᠡᠬᠤᠳᠠ ᠬᠦᠷᠬᠦ ᠡᠬᠡᠯᠵᠢ ᠶᠢᠨ ᠱᠤᠭᠤᠮ ᠪᠤᠯᠤᠨ ᠰᠢᠭᠤᠤᠨ ᠬᠦᠬᠡᠬᠤᠳᠠ ᠳᠤ ᠬᠦᠷᠬᠦ ᠡᠬᠡᠯᠵᠢ ᠶᠢᠨ ᠨᠢᠰᠬᠡᠯ ᠤᠨ ᠱᠤᠭᠤᠮ  ᠢ ᠨᠠᠪᠳᠠᠷᠠᠬᠦᠯᠵᠦ᠂ ᠤᠮᠠᠷᠠᠳᠤ ᠤᠷᠤᠨ ᠤ ᠠᠩᠬᠠᠳᠠᠭᠴᠢ ᠰᠢᠭᠤᠤᠨ ᠨᠡᠪᠳᠡᠷᠡᠬᠦ ᠭᠤᠤᠯ ᠱᠤᠭᠤᠮ ᠤᠨ ᠨᠢᠰᠬᠡᠯ ᠤᠨ ᠪᠠᠭᠤᠳᠠᠯ ᠪᠤᠯᠤᠨ ᠮᠤᠵᠢ ᠶᠢᠨ ᠲᠦᠪ ᠬᠤᠳᠠ ᠳᠤ ᠨᠡᠪᠳᠡᠷᠡᠬᠦ ᠨᠢᠰᠬᠡᠯ ᠤᠨ ᠪᠠᠭᠤᠳᠠᠯ ᠪᠤᠯᠵᠦ᠂ ᠪᠦᠬᠦ ᠵᠢᠯ ᠳᠤ᠂ ᠨᠢᠰᠭᠡᠯ ᠤᠨ ᠪᠠᠭᠤᠳᠠᠯ ᠤᠨ ᠤᠶᠢᠷ᠎ᠠ ᠵᠠᠮ ᠤᠨ ᠲᠡᠭᠡᠭᠡᠪᠤᠷᠢ 1070 ᠤᠳᠠᠭ᠎ᠠ ᠳᠤ ᠬᠦᠷᠦᠨ᠂ ᠠᠶᠠᠨᠴᠢᠤᠨ ᠤᠨ ᠲᠤᠭ᠎ᠠ 4500 ᠬᠦᠮᠦᠨ ᠤᠳᠠᠭ᠎ᠠ ᠶᠢ ᠰᠢᠪᠳᠤᠯᠵᠦ᠂ ᠪᠦᠬᠦ ᠤᠯᠤᠰ ᠤᠨ ᠴᠤᠷ ᠤᠨ ᠭᠠᠭᠴᠠ ᠤᠶᠢᠷ᠎ᠠ ᠵᠠᠮ ᠤᠨ ᠲᠡᠭᠡᠭᠡᠪᠤᠷᠢ ᠶᠢᠨ ᠠᠶᠠᠨᠴᠢᠤᠨ  ᠤᠨ ᠲᠤᠭ᠎ᠠ 2500 ᠬᠦᠮᠦᠨ ᠤᠳᠠᠭ᠎ᠠ ᠶᠢ ᠰᠢᠪᠳᠤᠯᠤᠭᠰᠠᠨ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠪᠤᠯᠬᠤ ᠮᠦᠷᠳᠡᠭᠡᠨ ᠤᠯᠤᠰ ᠤᠨ ᠲᠤᠳᠤᠭᠠᠳᠤ ᠶᠢᠨ ᠠᠩᠬᠠᠳᠠᠭᠴᠢ ᠰᠦᠯᠵᠢᠶᠡᠨ ᠲᠡᠭᠡᠷ᠎ᠡ ᠪᠢᠯᠧᠲ ᠬᠤᠳᠠᠯᠳᠤᠬᠤ ᠶᠢ ᠪᠡᠶᠡᠯᠡᠬᠦᠯᠦᠭᠰᠡᠨ ᠨᠢᠰᠬᠡᠯ ᠤᠨ ᠪᠠᠭᠤᠳᠠᠯ ᠪᠤᠯᠤᠨ᠎ᠠ᠃     ︵ᠲᠠᠪᠤ︶ ᠦᠬᠡᠷᠡᠴᠢᠯᠡᠯᠳᠡ ᠶᠢ ᠠᠤᠨᠬᠤᠵᠦ᠂ ᠴᠢᠯᠤᠭᠡᠳᠡᠢ ᠶᠠᠪᠤᠯᠴᠠᠬᠤ ᠶᠢ ᠠᠬᠢᠭᠤᠯᠤᠨ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢᠶᠠᠨ ᠤᠯᠠᠮ ᠴᠢᠩᠭᠠᠤᠨᠬᠠᠪᠠ     ᠭᠤᠷᠪᠠᠨ ᠲᠦᠷᠦᠯ ᠤᠨ ᠭᠤᠤᠯᠳᠠᠯᠭ᠎ᠠ ᠲᠠᠢ ᠦᠭᠡᠷᠡᠴᠢᠯᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠮᠠᠯᠴᠢᠨ ᠲᠠᠷᠢᠶᠠᠴᠢᠨ ᠠᠵᠤ ᠠᠬᠤᠶᠢᠯᠠᠯ ᠤᠨ ᠦᠷ᠎ᠡ ᠠᠰᠢᠭ ᠤᠨ ᠬᠤᠯᠪᠤᠭᠠᠯᠠᠯ ᠤᠨ ᠲᠤᠭᠳᠠᠯᠴᠠᠭ᠎ᠠ ᠪᠠᠨ ᠲᠠᠰᠤᠷᠠᠯᠳᠠ ᠦᠭᠡᠢ ᠲᠡᠬᠦᠯᠳᠡᠷᠵᠢᠭᠦᠯᠵᠦ᠂ ᠤᠷᠠᠤᠨ ᠢᠳᠡᠰᠢᠨ ᠮᠠᠯ᠂ ᠤᠷᠠᠤᠨ ᠤᠨ ᠪᠤᠭᠤᠳᠠᠢ᠂ ᠬᠤᠶᠠᠷ ᠪᠤᠭᠳᠠ ᠶᠢᠨ ᠠᠭᠤᠯᠠ ᠶᠢᠨ ᠴᠠᠭᠠᠨ ᠨᠤᠯᠤᠤᠷ ᠤᠨ ᠢᠮᠠᠭᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰ ᠤᠨ ᠬᠤᠯᠪᠤᠭᠠᠳᠤ ᠴᠤᠭᠴᠠ ᠶᠢ ᠪᠠᠶᠢᠭᠤᠯᠤᠨ᠂ ᠮᠠᠯᠴᠢᠨ ᠲᠠᠷᠢᠶᠠᠴᠢᠤᠨ ᠤᠨ ᠤᠷᠤᠯᠭ᠎ᠠ ᠶᠢᠨ ᠨᠡᠮᠡᠭᠳᠡᠯ ᠢ ᠪᠦᠳᠦᠮᠵᠢᠳᠡᠢ ᠲᠠᠶᠢᠴᠢᠯᠠᠪᠠ᠃ ᠲᠤᠮᠳᠠᠳᠤ ᠮᠤᠩᠭᠤᠯ ᠤᠯᠤᠰ ᠤᠨ ᠬᠠᠮᠳᠤᠷᠠᠯᠴᠠᠭᠠᠨ ᠤ ᠲᠤᠭᠳᠠᠯᠴᠠᠭ᠎ᠠ ᠶᠢ ᠲᠠᠰᠤᠷᠠᠯᠳᠠ ᠦᠭᠡᠢ ᠪᠠᠳᠤᠤᠨᠬᠠᠵᠦ᠂ ᠰᠤᠶᠤᠯ᠂ ᠵᠢᠭᠤᠯᠴᠢᠯᠠᠯ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ ᠵᠡᠷᠬᠡ ᠬᠦᠷᠢᠶ᠎ᠡ ᠴᠠᠷᠠᠭᠠᠨ ᠤ ᠬᠤᠶᠡᠷ ᠲᠠᠯ᠎ᠠ ᠶᠢᠨ ᠶᠠᠪᠤᠯᠴᠠᠭ᠎ᠠ ᠡᠳᠤᠷ ᠢᠷᠡᠬᠦᠶ᠎ᠡ ᠨᠡᠮᠡᠭᠳᠡᠪᠡ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯ ᠤᠨ ᠦᠬᠡᠷᠡᠴᠢᠯᠡᠯᠳᠡ ᠪᠠᠨ ᠲᠠᠰᠤᠷᠠᠯᠳᠠ ᠦᠬᠡᠢ ᠬᠦᠨᠵᠡᠬᠡᠶᠢᠷᠡᠬᠦᠯᠣᠨ᠂ ᠠᠭᠤᠯᠠ ᠤᠰᠤ ᠰᠢᠭᠤᠢ ᠲᠠᠷᠢᠶ᠎ᠠ ᠨᠠᠭᠤᠷ ᠡᠪᠡᠰᠤ ᠡᠯᠡᠰᠤ ᠶᠢ ᠶᠡᠷᠤᠩᠬᠡᠶᠢᠯᠡᠨ ᠵᠠᠰᠠᠬᠤ ᠶᠢ ᠨᠢᠭᠡᠳᠦᠯᠳᠡᠢ ᠲᠦᠯᠦᠪᠯᠡᠨ ᠲᠦᠯᠬᠢᠨ ᠠᠬᠢᠭᠤᠯᠵᠤ᠂ ᠲᠠᠷᠢᠶᠠᠯᠠᠬᠤ ᠪᠠᠨ ᠵᠤᠭᠰᠤᠭᠠᠵᠦ ᠤᠶᠢᠵᠢᠭᠤᠯᠬᠤ᠂ ᠪᠠᠶᠢᠭᠠᠯᠢᠯᠢᠭ ᠤᠢ ᠰᠢᠭᠤᠢ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ ᠵᠡᠷᠭᠡ 13 ᠲᠦᠮᠡᠨ ᠮᠤ᠋ ᠤᠢ ᠰᠢᠭᠤᠢ ᠶᠢᠨ ᠭᠤᠤᠯᠳᠠᠯᠭ᠎ᠠ ᠲᠠᠢ ᠢᠨᠵᠧᠨᠧᠷᠢᠩ ᠢ ᠪᠡᠶᠡᠯᠡᠬᠦᠯᠪᠡ᠃ ᠭᠤᠤᠯ ᠤᠨ ᠲᠠᠷᠤᠭ᠎ᠠ ︵ᠨᠠᠭᠤᠷ ᠤᠨ ᠲᠠᠷᠤᠭ᠎ᠠ︶ ᠶᠢᠨ ᠲᠦᠷᠢᠮ ᠢ ᠬᠦᠨᠵᠡᠬᠡᠢ ᠲᠦᠯᠬᠢᠨ ᠠᠬᠢᠭᠤᠯᠵᠦ᠂ ᠭᠤᠤᠯ ᠤᠨ ᠵᠠᠮ ᠱᠤᠭᠤᠮ ᠢ ᠴᠡᠪᠡᠷᠯᠡᠨ ᠵᠠᠰᠠᠬᠤ ᠪᠤᠯᠤᠨ ᠭᠤᠤᠯ ᠨᠠᠭᠤᠷ ᠴᠦᠬᠦᠷᠤᠮ ᠤᠨ ︽ᠲᠦᠷᠪᠡ ᠶᠢ ᠴᠡᠪᠡᠷᠯᠡᠬᠦ︾ ᠲᠤᠰᠬᠠᠢ ᠲᠦᠷᠦᠯ ᠤᠨ ᠠᠵᠢᠯᠯᠠᠭ᠎ᠠ ᠶᠢ ᠯᠠᠪᠳᠠᠭᠤᠨ ᠢᠶᠠᠷ ᠦᠷᠨᠢᠬᠦᠯᠪᠠ᠃ ᠭᠠᠵᠠᠷ ᠰᠢᠷᠤᠢ ᠨᠤᠳᠤᠭ ᠪᠡᠯᠴᠢᠬᠡᠷ ᠤᠨ ᠡᠷᠭᠡ ᠶᠢ ᠲᠤᠳᠤᠯᠠᠨ ᠲᠠᠩᠰᠠᠯᠠᠵᠦ ᠬᠡᠷᠡᠴᠢ ᠤᠯᠭᠤᠬᠤ ᠠᠵᠢᠯ ᠢᠶᠠᠨ ᠦᠨᠳᠦᠰᠦᠨ ᠳᠡᠭᠡᠨ ᠲᠠᠭᠤᠰᠬᠠᠪᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠡᠷᠡᠰ ᠴᠢᠩᠭ᠎ᠠ ᠨᠠᠶᠢᠳᠠᠪᠤᠷᠢᠵᠢᠭᠤᠯᠵᠦ᠂ 5981 ᠮᠠᠯᠴᠢᠨ ᠡᠷᠤᠬᠡ ᠳᠤ 5923 ᠲᠦᠮᠡᠨ ᠲᠦᠬᠦᠷᠢᠭ ᠤᠨ ᠨᠦᠬᠦᠪᠦᠷᠢ ᠮᠦᠩᠬᠦ ᠲᠠᠷᠬᠠᠭᠠᠪᠠ᠃      ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠯ ᠤᠨ ᠲᠦᠷᠢᠮ ᠤᠨ ᠦᠬᠡᠷᠡᠴᠢᠯᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠰᠢᠯᠢᠳᠡᠭᠵᠢᠬᠦᠯᠦᠨ ᠲᠤᠬᠢᠷᠠᠭᠤᠯᠬᠤ  ᠶᠢ ᠪᠡᠶᠡᠯᠡᠬᠦᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠢ ᠠᠰᠢᠭᠯᠠᠯᠳᠠ ᠳᠤ ᠤᠷᠤᠭᠤᠯᠵᠦ᠂ 34 ᠪᠠᠶᠢᠭᠤᠯᠭ᠎ᠠ ᠨᠢᠭᠡᠴᠡ ᠶᠢ ᠤᠷᠤᠭᠤᠯᠤᠨ᠂ ᠵᠠᠰᠠᠭ ᠵᠠᠬᠢᠷᠭᠠᠨ ᠤ ᠬᠢᠨᠠᠨ ᠵᠦᠪᠰᠢᠶᠠᠷᠡᠯ ᠵᠢᠴᠢ ᠦᠢᠯᠡᠴᠢᠯᠡᠭᠡᠨ ᠤ ᠭᠡᠷᠡᠭ ᠶᠠᠪᠤᠳᠠᠯ 207 ᠲᠦᠷᠦᠯ ᠳᠤ ᠬᠦᠷᠴᠦ᠂ ︽ᠲᠦᠷᠪᠡᠨ ᠬᠦᠢᠴᠡᠤᠨᠬᠡᠬᠦ︾  ᠠᠵᠢᠯ ᠢ 679 ᠲᠦᠷᠦᠯ ᠨᠡᠶᠢᠳᠡᠯᠡᠵᠦ᠂ ᠲᠤᠭᠳᠠᠮᠠᠯ ᠬᠦᠷᠦᠩᠬᠡ ᠶᠢᠨ ᠠᠷᠠᠯᠵᠢᠶᠠᠨ ᠤ ᠲᠠᠩᠰᠠᠯᠳᠠ ᠶᠢᠨ ᠠᠵᠢᠯ ᠢ ᠨᠢᠬᠡ ᠴᠤᠩᠬᠤᠪᠴᠢ ᠲᠡᠭᠡᠷ᠎ᠡ ᠬᠦᠢᠴᠡᠤᠨᠬᠡᠬᠦ ᠤᠶᠢᠯᠡᠴᠢᠯᠡᠭᠡ  ᠶᠢ ᠪᠡᠶᠡᠯᠡᠬᠦᠯᠪᠡ᠃  ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠠᠩᠬ᠎ᠠ ᠠᠯᠬᠤᠮ ᠭᠡᠪᠴᠢᠶᠡᠵᠢᠵᠤ᠂ ᠪᠡᠯᠡ ᠤᠷᠤᠭᠤᠯᠤᠯᠳᠠ ᠶᠢᠨ ᠲᠦᠷᠦᠯ ᠵᠤᠶᠢᠯ ᠤᠨ ᠬᠢᠨᠠᠨ ᠵᠦᠪᠰᠢᠶᠡᠷᠠᠯ ᠤᠨ ᠲᠦᠷᠢᠮ ᠤᠨ ᠦᠬᠡᠷᠡᠴᠢᠯᠡᠯᠳᠡ ᠶᠢ ᠦᠷᠬᠦᠯᠵᠢᠯᠡᠨ ᠲᠦᠯᠬᠢᠨ ᠠᠬᠢᠭᠤᠯᠪᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠪᠠᠨ ᠲᠠᠰᠤᠷᠠᠯᠳᠠ ᠦᠬᠡᠢ ᠬᠦᠨᠵᠡᠬᠡᠶᠢᠷᠡᠬᠦᠯᠦᠨ᠂  ︽ᠤᠯᠠᠨ ᠦᠨᠡᠮᠯᠡᠯ ᠢ ᠨᠡᠶᠢᠯᠡᠬᠦᠯᠦᠨ ᠨᠢᠭᠡ ᠪᠤᠯᠭᠠᠬᠤ︾ ᠪᠤᠯᠤᠨ ︽ᠦᠨᠡᠮᠯᠡᠯ  ᠪᠠ ᠭᠡᠷᠡᠴᠢ ᠶᠢ ᠰᠠᠯᠭᠠᠬᠤ︾ ᠦᠬᠡᠷᠡᠴᠢᠯᠡᠯᠳᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠠᠵᠤ ᠠᠬᠤᠶᠢᠯᠠᠯ ᠤᠨ ᠬᠢᠨᠠᠨ ᠰᠢᠢᠤᠨᠪᠦᠷᠢᠯᠡᠬᠦ ᠪᠦᠬᠦ ᠶᠠᠪᠤᠴᠠ ᠶᠢ ᠰᠦᠯᠵᠢᠶᠠᠨ ᠲᠡᠭᠡᠷ᠎ᠡ ᠬᠦᠢᠴᠡᠤᠨᠬᠡᠬᠦ ᠶᠢ ᠪᠡᠶᠡᠯᠡᠬᠦᠯᠦᠨ᠂ 1655 ᠡᠷᠤᠬᠡ ᠶᠢᠨ ︽ᠭᠤᠴᠢᠨ ᠬᠤᠶᠡᠷ ᠦᠨᠡᠮᠯᠡᠯ ᠢ ᠨᠢᠬᠡᠤᠨᠬᠡᠭᠰᠡᠨ︾ ᠡᠵᠡᠩᠨᠡᠯᠳᠡ ᠶᠢᠨ ᠪᠠᠳᠤᠯᠠᠪᠤᠷᠢ ᠪᠢᠴᠢᠭ ᠢ ᠲᠠᠷᠬᠠᠭᠠᠵᠦ᠂  ᠵᠠᠬ᠎ᠠ ᠲᠠᠯᠭᠡᠬᠦᠷ ᠤᠨ ᠭᠤᠤᠯ ᠴᠤᠭᠴᠠ ᠶᠢᠨ ᠶᠡᠷᠦᠩᠭᠡᠢ ᠭᠡᠮᠵᠢᠶ᠎ᠡ 1.12 ᠲᠦᠮᠡᠨ ᠡᠷᠦᠭᠡ ᠳᠤ ᠬᠦᠷᠴᠤ᠂ ᠲᠠᠩᠰᠠᠯᠠᠭᠰᠠᠨ ᠪᠡᠯᠡ ᠮᠦᠩᠬᠦ 314 ᠳ᠋ᠦᠩᠰᠢᠭᠤᠷ ᠲᠦᠬᠦᠷᠢᠭ ᠲᠤ ᠬᠦᠷᠪᠡ᠃ ︽ᠪᠠᠶᠢᠴᠠᠭᠠᠬᠤ ᠡᠳᠡᠭᠡᠳ ᠪᠠ ᠪᠠᠶᠢᠴᠠᠭᠠᠭᠴᠢ ᠶᠢ ᠰᠤᠭᠤᠯᠤᠨ ᠲᠤᠭᠳᠠᠭᠠᠵᠤ᠂ ᠪᠠᠶᠢᠴᠠᠭᠠᠭᠰᠠᠨ ᠪᠠᠶᠢᠳᠠᠯ ᠢ ᠨᠡᠶᠢᠭᠡᠮ ᠨᠡᠶᠢᠳᠡ ᠳᠤ ᠨᠡᠶᠢᠳᠡᠯᠡᠬᠦ︾ ᠬᠢᠨᠠᠨ ᠬᠠᠮᠢᠶᠠᠷᠤᠯᠳᠠ ᠶᠢᠨ ᠭᠡᠪ ᠵᠠᠭᠪᠤᠷ ᠢ ᠪᠦᠬᠦ ᠲᠠᠯ᠎ᠠ ᠪᠠᠷ ᠭᠡᠷᠡᠭᠵᠢᠬᠦᠯᠵᠤ᠂ ᠬᠢᠨᠠᠨ ᠬᠠᠮᠢᠶᠠᠷᠤᠯᠳᠠ ᠶᠢᠨ ᠦᠷ᠎ᠡ ᠪᠦᠳᠦᠮᠵᠢ  ᠪᠠᠨ ᠤᠯᠠᠮ ᠨᠢᠬᠡ ᠠᠯᠬᠤᠮ ᠲᠡᠭᠡᠭᠰᠢᠯᠡᠬᠦᠯᠪᠡ᠃      ᠲᠤᠷᠰᠢᠯᠳᠠ ᠶᠢᠨ ᠴᠡᠭ ᠤᠨ ᠦᠬᠡᠷᠡᠴᠢᠯᠡᠯᠳᠡ ᠪᠤᠯᠤᠨ ᠦᠪᠡᠰᠦᠪᠡᠨ ᠤᠶᠢᠯᠡᠴᠢᠯᠡᠬᠦ ᠦᠬᠡᠷᠡᠴᠢᠯᠡᠯᠳᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠤᠯᠤᠰ  ᠤᠨ ᠲᠡᠰ ᠤᠨ ᠰᠢᠨ᠎ᠡ ᠭᠡᠯᠪᠡᠷᠢ ᠶᠢᠨ ᠬᠤᠳᠠ ᠪᠠᠯᠭᠠᠰᠤᠴᠢᠯᠠᠭᠰᠠᠨ ᠶᠡᠷᠤᠩᠬᠡᠶᠢᠯᠡᠭᠰᠡᠨ ᠲᠤᠷᠰᠢᠯᠳᠠ ᠶᠢᠨ ᠴᠡᠭ ᠤᠨ ᠦᠬᠡᠷᠡᠴᠢᠯᠡᠯᠳᠡ ᠶᠢᠨ ᠠᠵᠢᠯ ᠨᠢ ᠱᠠᠳᠤᠴᠢ ᠴᠢᠨᠡᠷᠳᠤ ᠪᠦᠳᠦᠮᠵᠢ ᠤᠯᠵᠦ᠂ ᠤᠯᠤᠰ ᠤᠨ ᠦᠮᠴᠢᠯᠡᠯᠳᠤ ᠤᠢ ᠰᠢᠭᠤᠢ ᠶᠢᠨ ᠲᠠᠯᠠᠪᠠᠢ ᠶᠢᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠬᠦᠯᠦᠨ᠂ ᠦᠨᠳᠦᠰᠦᠨ ᠱᠠᠳᠤᠨ ᠤ ᠬᠠᠩᠭᠠᠯᠭ᠎ᠠ ᠶᠢᠨ ᠬᠤᠷᠰᠢᠶ᠎ᠠ ᠶᠢ ᠰᠡᠷᠬᠦᠬᠡᠨ ᠪᠠᠶᠢᠭᠤᠯᠬᠤ ᠠᠵᠢᠯ ᠪᠤᠯᠤᠨ ᠬᠠᠮᠳᠤ ᠶᠢᠨ ᠦᠮᠴᠢᠯᠡᠯ ᠤᠨ ᠲᠦᠷᠢᠮ ᠤᠨ ᠦᠬᠡᠷᠡᠴᠢᠯᠡᠯᠳᠡ ᠶᠢ ᠯᠠᠪᠳᠠᠭᠤᠨ  ᠢᠶᠠᠷ ᠲᠦᠯᠬᠢᠨ ᠠᠬᠢᠭᠤᠯᠵᠦ᠂ ᠮᠦᠶᠠᠩᠬᠠᠢ ᠶᠢᠨ ᠠᠳᠠᠷ ᠬᠠᠭᠠᠯᠪᠤᠷᠢᠯᠠᠯᠳᠠ ᠶᠢᠨ ᠦᠬᠡᠷᠡᠴᠢᠯᠠᠯᠳᠠ᠂ ᠲᠠᠪᠤᠰᠤᠨ ᠤ ᠤᠶᠢᠯᠡᠰ ᠤᠨ ᠪᠠᠶᠢᠭᠤᠯᠤᠯ ᠤᠨ ᠦᠬᠡᠷᠡᠴᠢᠯᠡᠯᠳᠡ  ᠶᠢ ᠦᠨᠳᠦᠰᠦᠨ ᠳᠡᠭᠡᠨ ᠪᠡᠶᠡᠯᠡᠬᠦᠯᠦᠨ᠂ ᠰᠤᠷᠭᠠᠨ ᠬᠦᠮᠦᠵᠢᠯ᠂ ᠲᠧᠭᠨᠢᠭ ᠮᠡᠷᠬᠡᠵᠢᠯ᠂ ᠰᠤᠶᠤᠯ᠂ ᠡᠷᠡᠬᠦᠯ ᠬᠠᠮᠠᠭᠠᠯᠠᠯ ᠵᠡᠷᠬᠡ ᠬᠦᠷᠢᠶ᠎ᠠ ᠴᠠᠷᠠᠭᠠᠨ ᠤ ᠦᠬᠡᠷᠡᠴᠢᠯᠠᠯᠳᠠ  ᠨᠢ ᠰᠢᠨ᠎ᠡ ᠠᠬᠢᠯᠳᠠ ᠲᠠᠢ ᠪᠤᠯᠪᠠ᠃      ︵ᠵᠢᠷᠭᠤᠭ᠎ᠠ︶ ᠨᠢᠬᠡᠳᠤᠯᠳᠠᠢ ᠲᠦᠯᠦᠪᠯᠡᠬᠦ ᠶᠢ ᠠᠤᠨᠬᠤᠵᠦ᠂ ᠰᠠᠭᠤᠷᠢ ᠪᠠᠨ ᠪᠠᠬᠢᠵᠢᠬᠦᠯᠦᠨ᠂ ᠬᠤᠳᠡ ᠬᠦᠳᠡᠭᠡ ᠶᠢᠨ ᠰᠠᠭᠤᠷᠢᠰᠢᠬᠤ ᠳᠤ ᠲᠤᠬᠢᠯᠢᠭ ᠬᠢᠷᠢ ᠲᠦᠪᠰᠢᠨ ᠮᠡᠳᠡᠭᠳᠡᠮ᠎ᠡ ᠲᠡᠭᠡᠭᠰᠢᠯᠡᠪᠡ      ᠰᠠᠭᠤᠷᠢ ᠲᠦᠬᠦᠬᠡᠷᠤᠮᠵᠢ ᠪᠠᠨ ᠪᠦᠬᠦ ᠲᠠᠯ᠎ᠠ ᠪᠠᠷ ᠴᠢᠩᠭᠠᠤᠨᠬᠠᠪᠠ᠃ 1.91 ᠳ᠋ᠦᠩᠰᠢᠭᠤᠷ ᠲᠦᠬᠦᠷᠢᠭ ᠤᠨ ᠪᠡᠯᠡ ᠵᠠᠷᠤᠴᠠᠭᠤᠯᠤᠨ᠂ ᠦᠨᠳᠦᠷ ᠪᠦᠳᠦᠮᠵᠢᠳᠦ ᠤᠰᠤ ᠠᠷᠪᠢᠯᠠᠬᠤ ᠤᠰᠤᠯᠠᠯᠳᠠ᠂ ᠮᠠᠯᠵᠢᠬᠤ ᠤᠷᠤᠨ ᠤ ᠤᠰᠤᠨ ᠵᠤᠭᠤᠷᠢ᠂ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠳᠤᠤᠨᠬᠠᠨ ᠲᠡᠭᠡᠭᠰᠢᠯᠡᠬᠦᠯᠬᠦ ᠵᠡᠷᠬᠡ 14 ᠲᠦᠷᠦᠯ ᠤᠨ ᠭᠤᠤᠯᠳᠠᠯᠭ᠎ᠠ ᠲᠠᠢ ᠤᠰᠤᠨ ᠠᠰᠢᠭᠯᠠᠯᠳᠠ ᠶᠢᠨ ᠢᠨᠵᠧᠨᠧᠷᠢᠩ ᠢ ᠪᠡᠶᠡᠯᠡᠬᠦᠯᠪᠡ᠃ ᠲᠠᠷᠢᠶ᠎ᠠ ᠬᠠᠭᠠᠯᠪᠤᠷᠢᠯᠠᠬᠤ ᠲᠤᠭ᠎ᠠ ᠬᠡᠮᠵᠢᠶ᠎ᠡ᠂ ᠶᠠᠰᠦ ᠴᠢᠨᠡᠷ ᠪᠤᠯᠤᠨ ᠠᠮᠢ ᠠᠬᠤᠢ ᠶᠢᠨ ︽ᠭᠤᠷᠪᠡ ᠶᠢ ᠨᠢᠬᠡ ᠳᠤ ᠴᠤᠭᠴᠠᠵᠢᠭᠤᠯᠬᠤ︾ ᠬᠠᠮᠠᠭᠠᠯᠠᠯᠳᠠ ᠶᠢ ᠢᠳᠡᠪᠬᠢᠳᠡᠢ ᠲᠦᠯᠬᠢᠨ ᠠᠬᠢᠭᠤᠯᠵᠦ ᠂  ᠲᠠᠷᠢᠶᠠᠨ ᠭᠠᠵᠠᠷ ᠤᠨ ᠬᠠᠳᠠᠭᠠᠯᠠᠯᠳᠠ ᠶᠢᠨ ᠬᠡᠮᠵᠢᠶᠠᠨ ᠤ ᠬᠦᠢᠴᠡᠤᠨᠬᠡᠯ ᠲᠤᠭ᠎ᠠ ᠪᠤᠯᠤᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠬᠦᠷᠬᠡ ᠪᠠᠨ ᠠᠮᠵᠢᠯᠳᠠ  ᠲᠠᠢ ᠪᠡᠶᠡᠯᠡᠬᠦᠯᠦᠨ᠂ 22.7 ᠲᠦᠮᠡᠨ ᠮᠤ᠋ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠪᠤᠯᠤᠨ 6 ᠲᠦᠮᠡᠨ ᠮᠤ᠋ ᠬᠤᠵᠢᠷᠯᠢᠭ ᠭᠠᠵᠠᠷ  ᠢ ᠰᠠᠶᠢᠵᠢᠷᠠᠭᠤᠯᠬᠤ ᠶᠢ ᠬᠡᠷᠡᠭᠵᠢᠬᠦᠯᠵᠦ᠂ 2.2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠪᠡ᠃ ᠤᠯᠤᠰ ᠤᠨ 331᠂ 335 ᠵᠠᠮ ᠱᠤᠭᠤᠮ ᠤᠨ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠨᠢ ᠠᠵᠢᠯ ᠢᠶᠠᠨ ᠡᠬᠢᠯᠡᠬᠦᠯᠵᠦ᠂ ᠨᠠᠶᠢᠳᠠ 8.99 ᠳ᠋ᠦᠩᠰᠢᠭᠤᠷ ᠲᠦᠬᠦᠷᠢᠭ ᠤᠨ ᠪᠡᠯᠡ ᠮᠦᠩᠬᠦ ᠵᠠᠷᠤᠴᠠᠭᠤᠯᠪᠠ᠃ ᠮᠠᠯᠵᠢᠬᠤ ᠲᠠᠷᠢᠶᠠᠯᠠᠬᠤ ᠤᠷᠤᠨ ᠤ 170 ᠺᠢᠯᠤᠮᠧᠲᠷ ᠤᠨ ᠵᠠᠰᠠᠮᠠᠯ ᠵᠠᠮ᠂ ᠰᠢᠶᠠᠨ ᠰᠢᠶᠠᠩ ᠤᠨ 166 ᠺᠢᠯᠤᠮᠧᠲᠷ ᠤᠨ ᠵᠠᠮ ᠱᠤᠭᠤᠮ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠪᠠᠷᠢᠯᠭ᠎ᠠ ᠶᠢ ᠪᠡᠶᠡᠯᠡᠬᠦᠯᠵᠦ᠂ ᠦᠪᠡᠷᠳᠡᠭᠡᠨ ᠵᠠᠰᠠᠬᠤ ᠤᠷᠤᠨ ᠤ ︽ᠮᠠᠯᠵᠢᠬᠤ ᠲᠠᠷᠢᠶᠠᠯᠠᠬᠤ ᠤᠷᠤᠨ ᠤ ᠲᠦᠷᠪᠡᠨ ᠰᠠᠶᠢᠨ ᠵᠠᠮ︾ ᠤᠨ ᠵᠢᠱᠢᠶ᠎ᠡ ᠦᠵᠡᠬᠦᠯᠬᠦ ᠬᠤᠰᠢᠭᠤ ᠪᠠᠷ ᠦᠨᠡᠯᠡᠭᠳᠡᠪᠡ᠃ 1.28 ᠳ᠋ᠦᠩᠰᠢᠭᠤᠷ ᠲᠦᠬᠦᠷᠢᠭ ᠵᠠᠷᠤᠴᠠᠭᠤᠯᠤᠨ᠂ ᠶᠠᠳᠠᠭᠤ ᠬᠦᠴᠢᠷᠳᠠᠯᠳᠠᠢ ᠲᠤᠰᠬᠤᠨ ᠳᠤ ᠬᠦᠳᠡᠯᠬᠡᠭᠴᠢ ᠬᠦᠴᠦᠨ ᠤ ᠴᠠᠬᠢᠯᠭᠠᠨ ᠨᠡᠪᠳᠡᠷᠡᠬᠦᠯᠬᠦ᠂ ᠪᠤᠶᠢᠳᠠ ᠪᠦᠭᠯᠡᠬᠦᠦ ᠮᠠᠯᠵᠢᠬᠤ ᠲᠠᠷᠢᠶᠠᠯᠠᠬᠤ ᠤᠷᠤᠨ ᠳᠤ ᠴᠠᠬᠢᠯᠭᠠᠨ ᠤ ᠲᠡᠰ ᠲᠡᠪᠰᠢᠬᠦᠯᠦᠨ ᠦᠬᠡᠷᠡᠴᠢᠯᠡᠬᠦ ᠵᠡᠷᠬᠡ 7 ᠲᠦᠷᠦᠯ ᠤᠨ ᠪᠠᠷᠢᠯᠭ᠎ᠠ ᠶᠢ ᠪᠡᠶᠡᠯᠡᠬᠦᠯᠪᠡ᠃ 5000 ᠲᠦᠮᠡᠨ ᠲᠦᠬᠦᠷᠢᠭ ᠤᠨ ᠪᠡᠯᠡ ᠵᠠᠷᠤᠴᠠᠭᠤᠯᠤᠨ᠂ 4G ᠲᠤᠤᠷ ᠰᠦᠯᠵᠢᠶᠠᠨ ᠤ ᠪᠦᠷᠬᠦᠯᠳᠡ ᠶᠢᠨ ᠪᠦᠳᠦᠭᠡᠨ ᠪᠠᠶᠢᠭᠤᠯᠤᠯᠳᠠ᠂ ᠮᠠᠯᠵᠢᠬᠤ  ᠲᠠᠷᠢᠶᠠᠯᠠᠬᠤ ᠤᠷᠤᠨ ᠤ  ᠬᠡᠷᠡᠯ ᠰᠢᠷᠬᠡᠭ ᠤᠨ ᠰᠦᠯᠵᠢᠶ᠎ᠡ ᠶᠢ ᠦᠬᠡᠷᠡᠴᠢᠯᠡᠬᠦ ᠵᠡᠷᠬᠡ ᠲᠦᠷᠦᠯ ᠵᠤᠶᠢᠯ ᠢ ᠬᠡᠷᠡᠭᠵᠢᠬᠦᠯᠵᠦ᠂ ᠮᠡᠳᠡᠭᠡ ᠴᠢᠮᠡᠬᠡᠯᠡᠯ ᠤᠨ ᠪᠠᠳᠤᠯᠠᠭ᠎ᠠ ᠶᠢᠨ ᠴᠢᠳᠠᠪᠤᠷᠢ ᠪᠠᠨ ᠲᠠᠰᠤᠷᠠᠯᠳᠠ ᠦᠬᠡᠢ ᠴᠢᠩᠭᠠᠤᠨᠬᠠᠪᠠ᠃      ᠬᠤᠳᠠ ᠶᠢᠨ ᠤᠶᠢᠯᠡᠳᠤᠯ ᠴᠢᠳᠠᠪᠬᠢ ᠤᠯᠠᠮ ᠲᠡᠬᠦᠯᠳᠡᠷᠵᠢᠪᠡ᠃ ᠪᠦᠬᠦ ᠤᠯᠤᠰ ᠤᠨ ᠪᠤᠯᠪᠠᠰᠤᠨ ᠬᠤᠳᠠ ᠶᠢ ᠡᠬᠦᠳᠦᠨ ᠪᠠᠶᠢᠭᠤᠯᠬᠤ ᠠᠵᠢᠯ ᠢᠶᠠᠨ ᠬᠦᠨᠵᠡᠬᠡᠢ ᠲᠦᠯᠬᠢᠨ ᠠᠬᠢᠭᠤᠯᠵᠦ᠂ ᠬᠤᠳᠠ ᠶᠢᠨ ᠨᠡᠶᠢᠬᠡᠮ ᠤᠨ ᠤᠷᠴᠢᠨ ᠲᠤᠭᠤᠷᠢᠨ ᠪᠤᠯᠤᠨ ᠪᠤᠯᠪᠠᠰᠤᠨ ᠤ ᠬᠢᠷᠢ ᠬᠡᠮᠵᠢᠶ᠎ᠡ ᠮᠡᠳᠡᠭᠳᠡᠮ᠎ᠡ ᠲᠡᠭᠡᠭᠰᠢᠯᠡᠪᠡ᠃ ᠬᠤᠳᠠ ᠶᠢᠨ ᠶᠠᠪᠤᠳᠠᠯ ᠤᠨ ᠰᠠᠭᠤᠷᠢ ᠲᠦᠬᠦᠬᠡᠷᠤᠮᠵᠢ᠂ ᠨᠤᠭᠤᠭᠠᠷᠠᠭᠤᠯᠤᠯᠳᠠ᠂ ᠬᠡᠷᠡᠯᠳᠦᠬᠦᠯᠬᠡ ᠵᠡᠷᠬᠡ ᠪᠠᠷᠢᠯᠭ᠎ᠠ ᠶᠢ ᠡᠮᠬᠢ ᠵᠢᠷᠤᠮ ᠲᠠᠢ ᠲᠦᠯᠬᠢᠨ ᠠᠬᠢᠭᠤᠯᠪᠠ᠃ ᠬᠠᠭᠤᠴᠢᠨ ᠪᠠᠶᠢᠰᠢᠩᠳᠤ ᠲᠤᠭᠤᠷᠢᠭ ᠢ ᠶᠡᠷᠤᠩᠬᠡᠶᠢᠯᠡᠨ ᠵᠠᠰᠠᠨ ᠦᠬᠡᠷᠡᠴᠢᠯᠡᠬᠦ ᠪᠤᠯᠤᠨ ᠪᠠᠶᠠᠨ ᠵᠠᠮ ᠤᠨ ᠡᠮᠤᠨ᠎ᠠ᠂ ᠲᠡᠮᠦᠷᠯᠢᠭ ᠤᠨ ᠵᠡᠬᠡᠯᠢ ᠶᠢᠨ 907 ᠡᠷᠤᠬᠡ ᠶᠢᠨ ᠲᠦᠬᠦᠮ ᠪᠦᠳᠦᠴᠡᠳᠤ ᠤᠷᠤᠨ ᠰᠠᠭᠤᠴᠠ ᠶᠢᠨ ᠲᠤᠭᠤᠷᠢᠭ ᠤᠨ ᠦᠬᠡᠷᠡᠴᠢᠯᠡᠯᠳᠡ ᠵᠡᠷᠬᠡ ᠲᠦᠷᠦᠯ ᠵᠤᠶᠢᠯ ᠢ ᠡᠬᠢᠯᠡᠨ ᠬᠡᠷᠡᠭᠵᠢᠬᠦᠯᠪᠡ᠃ ᠠᠮᠤ ᠪᠤᠳᠠᠭᠠᠨ ᠤ ᠲᠤᠪᠴᠢᠶᠠᠨ ᠤ ᠬᠦᠷᠢᠶᠠᠨ ᠳᠤ᠂ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠲᠦᠪ ᠵᠡᠷᠬᠡ 3 ᠭᠠᠵᠠᠷ ᠤᠨ ᠮᠠᠰᠢᠨ ᠲᠡᠷᠭᠡ ᠵᠤᠭᠰᠤᠭᠠᠬᠤ ᠲᠠᠯᠠᠪᠤᠷ ᠢ ᠰᠢᠨ᠎ᠡ ᠪᠠᠷ ᠪᠠᠶᠢᠭᠤᠯᠵᠦ᠂ 5.1 ᠺᠢᠯᠤᠮᠧᠲᠷ ᠤᠨ ᠴᠠᠷᠳᠠᠮᠠᠯ ᠵᠠᠮ᠂ 4.8 ᠺᠢᠯᠤᠮᠧᠲᠷ ᠤᠨ ᠲᠤᠯᠠᠭᠠᠯᠠᠯᠭ᠎ᠠ ᠬᠠᠩᠭᠠᠬᠤ ᠲᠤᠤᠷ ᠬᠤᠭᠤᠯᠠᠢ᠂ 2.4 ᠺᠢᠯᠤᠮᠧᠲᠷ ᠤᠨ ᠪᠤᠵᠠᠷ ᠤᠰᠤᠨ ᠤ ᠲᠤᠤᠷ ᠬᠤᠭᠤᠯᠠᠢ ᠵᠡᠷᠬᠡ ᠬᠤᠳᠠ ᠶᠢᠨ ᠶᠠᠪᠤᠳᠠᠯ ᠤᠨ ᠪᠠᠷᠢᠯᠭ᠎ᠠ ᠶᠢ ᠬᠡᠷᠡᠭᠵᠢᠬᠦᠯᠪᠡ᠃ ᠬᠤᠳᠠ ᠶᠢᠨ ᠲᠤᠭᠤᠷᠢᠭ ᠤᠨ ᠨᠤᠭᠤᠭᠠᠷᠠᠭᠤᠯᠤᠯᠳᠠ ᠶᠢ 63 ᠲᠦᠮᠡᠨ ᠲᠡᠭᠰᠢ ᠲᠦᠷᠪᠡᠯᠵᠢᠨ ᠮᠧᠲᠷ ᠪᠡᠶᠡᠯᠡᠬᠦᠯᠵᠦ᠂ ᠨᠤᠭᠤᠭᠠᠷᠠᠭᠤᠯᠤᠯᠳᠠ ᠶᠢᠨ ᠪᠦᠷᠬᠦᠯᠳᠡ ᠶᠢᠨ ᠲᠠᠯᠠᠪᠠᠢ ᠨᠢ 37.9% ᠬᠦᠷᠴᠦ᠂ ᠬᠤᠳᠠ ᠶᠢᠨ ᠨᠤᠭᠤᠭᠠᠷᠠᠭᠤᠯᠤᠯᠳᠠ ᠶᠢᠨ ᠬᠢᠷᠢ ᠲᠦᠪᠰᠢᠨ ᠮᠡᠳᠡᠭᠳᠡᠮ᠎ᠡ ᠲᠡᠭᠡᠭᠰᠢᠯᠡᠪᠡ᠃      ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠪᠠ᠃ ᠬᠥᠮᠦᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢᠶᠠᠨ ᠶᠡᠬᠡᠪᠡᠷ ᠳᠥᠯᠭᠢᠨ ᠠᠬᠢᠭᠤᠯᠵᠤ᠂ 14 ᠲᠦᠪ ᠪᠣᠯᠬᠤ ᠭᠠᠴᠠᠭ᠎ᠠ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠦᠬᠡᠷᠡᠴᠢᠯᠡᠨ ᠰᠠᠶᠢᠵᠢᠷᠠᠭᠤᠯᠬᠤ ᠶᠢ ᠪᠡᠶᠡᠯᠡᠬᠦᠯᠤᠨ᠂ ᠰᠢᠨ᠎ᠡ ᠪᠠᠷ 50 ᠨᠡᠶᠢᠲᠡ ᠶᠢᠨ ᠵᠣᠷᠯᠣᠩ ᠢ ᠪᠠᠶᠢᠭᠤᠯᠵᠦ᠂ 1000 ᠡᠷᠦᠬᠡ ᠶᠢᠨ ᠵᠣᠷᠯᠣᠩ ᠢ ᠦᠬᠡᠷᠡᠴᠢᠯᠡᠨ ᠵᠠᠰᠠᠵᠦ᠂ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠲᠠᠯᠠᠪᠤᠷ1᠂ ᠭᠠᠴᠠᠭ᠎ᠠ ᠲᠤᠰᠬᠤᠨ ᠤ ᠠᠮᠢᠳᠤᠷᠠᠯ ᠤᠨ ᠬᠤᠭ ᠨᠣᠪᠰᠢ ᠰᠢᠢᠤᠨᠪᠦᠷᠢᠯᠡᠬᠦ ᠭᠠᠵᠠᠷ 41 ᠪᠤᠯᠤᠨ ᠪᠤᠵᠠᠷ ᠤᠰᠤ ᠰᠢᠶᠳᠪᠦᠷᠢᠯᠡᠬᠦ ᠲᠤᠷᠰᠢᠯᠲᠠ ᠶᠢᠨ ᠴᠢᠭ᠋ 5 ᠶᠢ ᠪᠠᠶᠢᠭᠤᠯᠵᠦ᠂ ᠬᠤᠯᠤᠰᠤᠲᠠᠶ᠂  ᠪᠠᠶᠠᠨ᠋ᠤ᠋ᠯᠠᠭᠠᠨ ᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠲᠤᠯᠠᠭᠠᠯᠠᠯᠭ᠎ᠠ ᠬᠠᠩᠭᠠᠬᠤ ᠢᠨᠵᠧᠨᠧᠷᠢᠩ ᠢ ᠠᠰᠢᠭᠯᠠᠯᠲᠠ ᠳᠤ ᠤᠷᠤᠭᠤᠯᠪᠠ᠃ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠨᠢ 4500 ᠮᠥ ᠬᠦᠷᠴᠦ᠂ ᠠᠵᠤ ᠠᠬᠤᠶ ᠶᠢᠨ ᠤᠢ ᠶᠢ 3000 ᠮᠥ ᠬᠦᠭᠵᠢᠬᠦᠯᠦᠨ᠂ ᠳᠠᠯ ᠠᠭᠤᠯᠠ ᠪᠠᠯᠭᠠᠰᠤᠨ ᠤ ᠰᠾᠢ ᠶᠢ ᠳᠠᠩ᠂ ᠦ᠋ ᠵᠧᠨ ᠵᠡᠷᠭᠡ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠨᠣᠭᠤᠭᠠᠷᠠᠭᠤᠯᠤᠨ ᠥᠭᠡᠷᠡᠴᠢᠯᠡᠵᠦ ᠳᠡᠭᠡᠭᠰᠢᠯᠡᠭᠦᠯᠬᠦ ᠪᠠᠷᠢᠯᠭ᠎ᠠ ᠪᠠᠨ ᠪᠡᠶᠡᠯᠡᠬᠦᠯᠵᠦ᠂ ᠬᠥᠳᠡᠭᠡ ᠲᠣᠰᠬᠤᠨ ᠤ ᠰᠠᠭᠤᠷᠢᠰᠢᠬᠤ ᠳᠤ ᠲᠤᠬᠢᠯᠢᠭ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃      ︵ᠲᠤᠯᠤᠭ᠎ᠠ︶ ᠠᠷᠠᠳ ᠤᠨ ᠠᠮᠢᠳᠤᠷᠠᠯ ᠢ ᠠᠳᠬᠤᠵᠦ᠂ ᠵᠣᠯ ᠵᠢᠷᠭᠠᠯ ᠢ ᠨᠡᠮᠡᠭᠳᠡᠭᠦᠯᠤᠨ᠂ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ ᠢ ᠲᠠᠰᠤᠷᠠᠯᠳᠠ ᠦᠬᠡᠢ ᠴᠢᠩᠭᠠᠳᠬᠠᠪᠠ      ᠪᠦᠬᠦ ᠵᠢᠯ ᠳᠤ᠂ ᠠᠷᠠᠳ ᠤᠨ ᠠᠮᠢᠳᠤᠷᠠᠯ ᠳᠤ 22.09 ᠳ᠋ᠦᠩᠰᠢᠭᠤᠷ ᠲᠥᠭᠦᠷᠢᠭ ᠵᠠᠷᠤᠴᠠᠭᠤᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 71.63% ᠶᠢ ᠡᠵᠡᠯᠡᠪᠡ᠃      ᠨᠡᠶᠢᠭᠡᠮ ᠤᠨ ᠪᠠᠲᠤᠯᠠᠭ᠎ᠠ ᠶᠢᠨ ᠠᠵᠢᠯ ᠢᠶᠠᠨ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠦᠢᠯᠡᠰ ᠪᠤᠰᠬᠠᠨ ᠰᠢᠨ᠎ᠡ ᠶᠢ ᠡᠬᠦᠤᠨᠴᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠦ᠂ ᠨᠠᠶᠢᠳᠠ 23 ᠡᠷᠤᠬᠡ ᠠᠵᠤ ᠠᠬᠤᠶᠢᠯᠠᠯ᠂ ᠬᠤᠳᠠᠯᠳᠤᠭᠠᠨ ᠤ ᠡᠪᠯᠡᠯ ᠰᠠᠭᠤᠷᠢᠨ ᠭᠠᠵᠠᠷ ᠲᠤ ᠤᠷᠤᠵᠦ᠂ ᠮᠠᠯᠴᠢᠨ ᠲᠠᠷᠢᠶᠠᠴᠢᠳ᠂ ᠶᠡᠭᠡ ᠰᠤᠷᠭᠠᠭᠤᠯᠢ ᠶᠢᠨ ᠣᠶᠤᠲᠠᠳ᠂ ᠨᠤᠲᠤᠭ ᠲᠠᠭᠠᠨ ᠪᠤᠴᠠᠵᠤ ᠦᠶᠯᠡᠰ ᠪᠤᠰᠬᠠᠭᠰᠠᠨ ᠬᠥᠮᠦᠰ ᠵᠡᠷᠬᠡ 317 ᠬᠦᠮᠦᠨ ᠳᠤ ᠠᠵᠢᠯ ᠤᠯᠵᠤ ᠦᠢᠯᠡᠰ ᠪᠤᠰᠬᠠᠬᠤ ᠶᠢ ᠲᠠᠶᠢᠴᠢᠯᠠᠨ ᠲᠣᠰᠠᠯᠠᠪᠠ᠃ ᠪᠦᠬᠦ ᠵᠢᠯ ᠳᠤ ᠬᠤᠲᠠ ᠪᠠᠯᠭᠠᠰᠤᠨ ᠤ 890 ᠬᠦᠮᠦᠨ ᠳᠤ ᠰᠢᠨ᠎ᠡ ᠪᠠᠷ ᠠᠵᠢᠯ ᠤᠯᠭᠤᠨ᠂ 8516 ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠤᠯᠭᠤᠵᠦ᠂ 978 ᠬᠥᠮᠦᠨ ᠢ ᠵᠤᠬᠢᠶᠠᠨ ᠪᠠᠶᠢᠭᠤᠯᠤᠨ ᠠᠵᠢᠯ ᠣᠯᠭᠤᠬᠤ ᠦᠢᠯᠡᠰ ᠪᠤᠰᠬᠠᠬᠤ ᠪᠤᠯᠪᠠᠰᠤᠷᠠᠯ ᠳᠤ ᠤᠷᠤᠯᠴᠠᠭᠤᠯᠤᠨ᠂ 1100 ᠲᠦᠮᠡᠨ ᠲᠦᠬᠦᠷᠢᠭ ᠤᠨ ᠤᠶᠢᠯᠡᠰ ᠪᠤᠰᠬᠠᠬᠤ ᠪᠠᠳᠤᠯᠠᠭᠠᠳᠤ ᠵᠢᠬᠡᠯᠡᠯᠬᠡ ᠲᠠᠯᠪᠢᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠪᠠ᠃ ᠣᠨᠳᠣᠤ ᠭᠠᠵᠠᠷ ᠡᠪᠡᠳᠴᠢᠨ  ᠢᠶᠠᠨ ᠦᠵᠡᠭᠦᠯᠦᠭᠰᠡᠨ ᠵᠠᠷᠤᠳᠠᠯ ᠢᠶᠠᠨ ᠳ᠋ᠦᠩᠨᠡᠨ ᠪᠤᠳᠤᠬᠤ ᠶᠢ ᠪᠦᠬᠦ ᠲᠠᠯ᠎ᠠ ᠪᠠᠷ ᠡᠬᠢᠯᠡᠬᠦᠯᠵᠦ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ︽ᠡᠴᠦᠰ ᠤᠨ ᠨᠢᠭᠡ ᠺᠢᠯᠣᠮᠧᠲᠷ︾ ᠤᠨ ᠤᠶᠢᠯᠡᠴᠢᠯᠡᠭᠡ ᠬᠠᠩᠭᠠᠬᠤ ᠶᠢ ᠪᠡᠶᠡᠯᠡᠬᠦᠯᠪᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠨᠠᠶᠢᠳᠠ 6.17 ᠳ᠋ᠦᠩᠰᠢᠭᠤᠷ ᠲᠦᠬᠦᠷᠢᠭ ᠤᠨ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠲᠠᠲᠠᠪᠤᠷᠢᠯᠠᠨ ᠲᠤᠰᠢᠶᠠᠵᠦ᠂ ᠲᠠᠭᠠᠤᠨᠬᠠᠯ ᠤᠨ ᠵᠠᠷᠤᠯᠭ᠎ᠠ ᠨᠢ ᠨᠡᠶᠢᠲᠡ 6.05 ᠳ᠋ᠦᠩᠰᠢᠭᠤᠷ ᠲᠥᠭᠦᠷᠢᠭ ᠬᠦᠷᠴᠦ᠂ ᠨᠡᠶᠢᠭᠡᠮ ᠤᠨ ᠲᠠᠭᠠᠤᠨᠬᠠᠯ ᠨᠢ 36.93 ᠲᠦᠮᠡᠨ ᠬᠥᠮᠦᠨ ᠤᠳᠠᠭ᠎ᠠ ᠶᠢ ᠬᠠᠮᠤᠷᠪᠠ᠃ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠦᠷᠨᠢᠬᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠡᠮ ᠡᠮᠨᠡᠯᠭᠡ ᠵᠡᠷᠭᠡ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ 5130.39 ᠲᠦᠮᠡᠨ ᠲᠥᠭᠦᠷᠢᠭ ᠲᠠᠷᠬᠠᠭᠠᠪᠠ᠃ ᠬᠤᠶᠠᠷ ᠢ ᠬᠦᠷᠢᠶᠡᠯᠡᠵᠦ ᠬᠠᠷᠠᠭᠠᠯᠵᠠᠯ ᠦᠵᠡᠭᠦᠯᠬᠦ ᠠᠵᠢᠯ   ᠢᠶᠠᠨ ᠦᠷᠭᠦᠯᠵᠢᠯᠡᠨ  ᠲᠦᠯᠬᠢᠨ ᠠᠬᠢᠭᠤᠯᠵᠤ᠂ ᠲᠣᠬᠤᠨᠢᠭᠤᠯᠭ᠎ᠠ ᠶᠢᠨ ᠮᠦᠩᠬᠦ᠂ ᠠᠰᠠᠷᠠᠮᠵᠢ ᠶᠢᠨ ᠮᠦᠩᠬᠦ ᠵᠡᠷᠭᠡ ᠨᠥᠬᠦᠪᠥᠷᠢ ᠶᠢ ᠨᠠᠶᠢᠳᠠ 463.6 ᠲᠦᠮᠡᠨ ᠲᠥᠭᠦᠷᠢᠭ ᠲᠠᠷᠬᠠᠭᠠᠪᠠ᠃ 747 ᠢᠵᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠬᠤᠪᠢᠶᠠᠵᠦ᠂ 584.49 ᠲᠦᠮᠡᠨ ᠲᠦᠬᠦᠷᠢᠭ ᠤᠨ ᠬᠢᠮᠳᠠ ᠲᠦᠷᠢᠶᠡᠰᠦᠨ ᠤᠷᠤᠨ ᠰᠠᠭᠤᠴᠠ  ᠶᠢᠨ ᠨᠥᠬᠦᠪᠥᠷᠢ ᠲᠠᠷᠬᠠᠭᠠᠨ᠂ ᠮᠠᠯᠵᠢᠬᠤ ᠲᠠᠷᠢᠶᠠᠯᠠᠬᠤ ᠣᠷᠣᠨ ᠤ 280 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠵᠦ᠂ ᠲᠤᠤᠷ᠎ᠠ ᠣᠷᠣᠯᠭ᠎ᠠ ᠲᠠᠢ ᠭᠡᠷ ᠪᠦᠯᠢ ᠶᠢᠨ ᠣᠷᠣᠨ ᠰᠠᠭᠤᠴᠠ ᠶᠢᠨ ᠨᠥᠬᠦᠴᠡᠯ ᠢᠯᠡᠳᠲᠡ ᠰᠠᠶᠢᠵᠢᠷᠠᠪᠠ᠃      ᠨᠡᠶᠢᠬᠡᠮ ᠤᠨ ᠠᠵᠢᠯ ᠤᠶᠢᠯᠡᠰ ᠪᠦᠬᠦ ᠲᠠᠯ᠎ᠠ ᠪᠠᠷ ᠲᠠᠪᠰᠢᠪᠡ᠃  ᠪᠦᠬᠦ ᠠᠷᠠᠤᠨ ᠢᠶᠠᠷ ᠢᠶᠠᠨ ᠰᠤᠷᠭᠠᠨ ᠬᠦᠮᠦᠵᠢᠯ ᠢ ᠬᠦᠭᠵᠢᠬᠦᠯᠬᠦ ᠢᠨᠵᠧᠨᠧᠷᠢᠩ ᠨᠢ ᠮᠡᠳᠡᠭᠳᠡᠮ᠎ᠡ ᠦᠷ᠎ᠠ ᠪᠦᠳᠦᠮᠵᠢ ᠤᠯᠪᠠ᠃ 2018 ᠤᠨ ᠳᠤ ᠬᠢᠳᠠᠳ ᠢᠶᠠᠷ ᠬᠢᠴᠢᠶᠠᠯᠯᠠᠵᠤ ᠪᠠᠶᠢᠭ᠎ᠠ ᠰᠤᠷᠤᠭᠴᠢᠳ ᠤᠨ ᠶᠡᠭᠡ ᠰᠤᠷᠭᠠᠭᠤᠯᠢ ᠶᠢᠨ ᠵᠢᠩᠬᠢᠨᠢ ᠠᠩᠬᠢ  ᠶᠢᠨ ᠬᠤᠪᠢ ᠳᠤ ᠬᠦᠷᠦᠭᠰᠡᠨ ᠰᠤᠷᠤᠭᠴᠢ 230 ᠨᠡᠷᠡᠰ ᠪᠠᠶᠢᠵᠦ᠂ ᠬᠤᠪᠢ ᠳᠤ ᠬᠦᠷᠦᠭᠰᠡᠨ ᠨᠤᠷᠮ᠎ᠠ ᠨᠢ 57.5 % ᠬᠦᠷᠴᠦ᠂ ᠬᠠᠮᠤᠭ ᠦᠨᠳᠦᠷ ᠬᠤᠪᠢ ᠨᠢ 600 ᠬᠤᠪᠢ ᠶᠢ ᠲᠠᠪᠠᠪᠠ᠃ ᠮᠤᠩᠭᠤᠯ ᠢᠶᠠᠷ ᠬᠢᠴᠢᠶᠠᠯᠯᠠᠵᠤ ᠪᠠᠶᠢᠭ᠎ᠠ ᠰᠤᠷᠤᠭᠴᠢᠳ ᠤᠨ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠬᠤᠪᠢ ᠳᠤ ᠬᠦᠷᠦᠭᠰᠡᠨ ᠰᠤᠷᠤᠭᠴᠢ 25 ᠨᠡᠷᠡᠰ ᠪᠠᠶᠢᠵᠦ᠂ ᠬᠤᠪᠢ ᠳᠤ ᠬᠦᠷᠦᠭᠰᠡᠨ ᠨᠤᠷᠮ᠎ᠠ ᠨᠢ 67.6 % ᠬᠦᠷᠪᠡ᠃ ᠲᠡᠭᠡᠲᠦ ᠲᠣᠮᠳᠠᠳᠣ ᠳᠤ ᠰᠢᠯᠭᠠᠯᠠᠭᠤᠯᠬᠤ ᠰᠢᠯᠭᠠᠯᠳᠠ ᠳᠤ 44 ᠰᠤᠷᠤᠭᠴᠢ ᠪᠦᠷᠢᠨ ᠬᠤᠪᠢ ᠰᠢᠯᠭᠠᠵᠦ᠂ ᠪᠦᠷᠢᠨ ᠬᠤᠪᠢ ᠤᠯᠤᠭᠰᠠᠨ ᠨᠤᠷᠮ᠎ᠠ ᠨᠢ ᠬᠤᠶᠡᠷ ᠵᠢᠯ ᠲᠠᠷᠠᠭᠠᠯᠠᠨ ᠪᠦᠬᠦ ᠬᠤᠳᠠ ᠶᠢᠨ ᠲᠡᠷᠢᠬᠦᠨ ᠳᠤ ᠵᠢᠭᠰᠠᠭᠠᠭᠳᠠᠪᠠ᠃ ᠤᠷᠠᠳ ᠤᠨ ᠲᠤᠮᠳᠠᠳᠤ ᠬᠤᠰᠢᠭᠤᠨ ᠤ ᠬᠦᠯ ᠪᠦᠮᠪᠦᠭᠡ ᠶᠢᠨ ᠤᠷᠳᠤᠨ ᠨᠢ ᠵᠠᠰᠠᠯ ᠴᠢᠮᠡᠭᠯᠡᠯ ᠢᠶᠠᠨ ᠲᠠᠭᠤᠰᠬᠠᠵᠤ᠂ ᠭᠤᠷᠪᠠᠳᠤᠭᠠᠷ ᠭᠡᠤᠭᠡᠳ ᠤᠨ ᠴᠡᠴᠡᠷᠯᠢᠭ ᠨᠢ ᠪᠠᠷᠢᠯᠭ᠎ᠠ ᠪᠠᠨ ᠡᠬᠢᠯᠡᠬᠦᠯᠦᠨ᠂ ᠰᠤᠷᠭᠠᠭᠤᠯᠢ ᠡᠷᠬᠢᠯᠡᠬᠦ ᠨᠦᠬᠦᠴᠡᠯ ᠢᠶᠠᠨ ᠦᠷᠬᠦᠯᠵᠢᠯᠡᠨ ᠰᠠᠶᠢᠵᠢᠷᠠᠭᠤᠯᠪᠠ᠃ ᠪᠠᠭᠰᠢ ᠶᠢ ᠤᠷᠮᠠᠰᠢᠭᠤᠯᠤᠨ ᠱᠠᠩᠨᠠᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠷᠠᠲᠤ ᠪᠠᠭᠰᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠢᠨᠵᠧᠨᠧᠷᠢᠩ ᠢ ᠦᠷᠬᠦᠯᠵᠢᠯᠡᠨ ᠲᠦᠯᠬᠢᠨ ᠠᠬᠢᠭᠤᠯᠵᠤ᠂ ᠪᠠᠭᠰᠢ ᠶᠢᠨ ᠪᠤᠯᠪᠠᠰᠤᠷᠠᠯ ᠳᠤ 2000 ᠬᠥᠮᠦᠨ ᠤᠳᠠᠭ᠎ᠠ ᠤᠷᠤᠯᠴᠠᠨ᠂ ᠰᠤᠷᠭᠠᠨ ᠬᠥᠮᠦᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ᠃ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠢᠯᠡᠰ ᠲᠦᠷᠭᠡᠨ ᠬᠥᠭᠵᠢᠪᠡ᠃ ᠪᠦᠬᠦ ᠠᠷᠠᠳ ᠤᠨ ᠡᠷᠡᠭᠦᠯ ᠮᠡᠨᠳᠤ ᠶᠢ ᠪᠠᠲᠤᠯᠠᠬᠤ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠮᠡᠭᠳᠡᠶᠢᠴᠤᠳ ᠭᠡᠤᠭᠡᠳ ᠨᠢᠯᠬᠠᠰ ᠤᠨ ᠡᠷᠡᠬᠦᠯᠵᠢᠯ ᠤᠨ ᠬᠤᠷᠢᠶ᠎ᠠ᠂ ᠮᠣᠩᠭᠤᠯ ᠬᠢᠲᠠᠳ ᠡᠮ ᠡᠮᠨᠡᠯᠭᠡ ᠶᠢᠨ ᠬᠤᠷᠢᠶ᠎ᠠ᠂ ᠴᠢᠯᠠᠭᠤᠲᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ ᠤᠷᠤᠭᠤᠯᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ ᠨᠢ ᠤᠳᠤᠬᠠᠨ ᠳᠤ ᠲᠤᠳᠤᠷ ᠲᠠᠯ᠎ᠠ ᠶᠢᠨ ᠵᠠᠰᠠᠯ ᠴᠢᠮᠡᠭᠯᠡᠯ ᠬᠢᠵᠦ᠂ ᠤᠯᠢᠶᠠᠰᠤᠲᠠᠢ᠂ ᠰᠢᠷᠠᠯᠵᠢ᠂ ᠬᠤᠩᠹᠧᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠥᠷᠥᠯ ᠵᠦᠶᠯ ᠤᠨ ᠪᠦᠳᠦᠭᠡᠨ ᠪᠠᠶᠢᠭᠤᠯᠤᠯᠳᠠ ᠪᠠᠨ ᠲᠦᠷᠬᠡᠤᠨᠬᠡᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠳᠠ ᠲᠠᠢ ᠴᠤᠭᠴᠠᠯᠠᠨ ᠪᠠᠶᠢᠭᠤᠯᠪᠠ᠃ ᠪᠦᠬᠦ ᠤᠯᠤᠰ ᠤᠨ ᠡᠷᠡᠬᠦᠯ ᠡᠩᠬᠡ ᠶᠢ ᠠᠬᠢᠭᠤᠯᠬᠤ ᠬᠤᠰᠢᠭᠤ ᠶᠢ ᠴᠤᠭᠴᠠᠯᠠᠨ ᠪᠠᠶᠢᠭᠤᠯᠬᠤ ᠪᠤᠯᠤᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠪᠤᠯᠤᠨ ᠡᠷᠡᠭᠦᠯ ᠬᠠᠮᠠᠭᠠᠯᠠᠯ ᠡᠷᠡᠬᠦᠯ ᠡᠩᠬᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ ᠲᠠᠰᠤᠷᠠᠯᠳᠠ ᠦᠬᠡᠢ ᠴᠢᠩᠭᠠᠤᠨᠬᠠᠪᠠ᠃ ᠰᠤᠶᠤᠯ ᠪᠠᠶ᠎ᠠ ᠶᠢᠨ ᠲᠠᠮᠢᠷ ᠤᠨ ᠠᠵᠢᠯ ᠦᠢᠯᠡᠰ ᠦᠷᠨᠢᠬᠦᠨ ᠬᠦᠭᠵᠢᠪᠡ᠃ ᠤᠷᠠᠤᠨ ᠤᠨ ᠲᠤᠮᠳᠠᠳᠤ ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠵᠢᠴᠢ ᠲᠤᠯᠤᠳᠤᠭᠠᠷ ᠬᠤᠭᠤᠴᠠᠭᠠᠨ ᠤ ᠬᠤᠨ ᠭᠠᠯᠠᠭᠤ ᠰᠤᠶᠤᠯ ᠤᠷᠠᠯᠢᠭ ᠤᠨ ᠨᠠᠶᠢᠷ᠂ ᠲᠤᠮᠳᠠᠳᠤ ᠮᠤᠩᠭᠤᠯ ᠤᠨ ᠰᠤᠶᠤᠯ ᠤᠨ ᠰᠤᠯᠢᠯᠴᠠᠭᠠᠨ ᠤ ᠭᠠᠷᠠᠭ᠂ ᠮᠠᠯᠴᠢᠨ ᠲᠠᠷᠢᠶᠠᠴᠢᠤᠨ ᠤᠨ ᠪᠡᠶ᠎ᠡ ᠶᠢᠨ ᠲᠠᠮᠢᠷ ᠤᠨ ᠬᠦᠳᠡᠯᠬᠡᠬᠡᠨ ᠵᠡᠷᠬᠡ ᠰᠤᠶᠤᠯ ᠤᠨ ᠰᠢᠷᠢᠰ ᠠᠵᠢᠯᠯᠠᠭ᠎ᠠ ᠶᠢ ᠠᠮᠵᠢᠯᠳᠠᠳᠠᠢ ᠲᠠᠢ ᠶᠠᠪᠤᠭᠳᠠᠭᠤᠯᠵᠦ᠂ ︽ᠬᠤᠨ ᠭᠠᠯᠠᠭᠤ︾ ᠵᠦᠴᠦᠬᠡ ᠶᠢᠨ ᠲᠤᠭᠤᠶᠢᠯᠠᠩ ᠤᠨ ᠭᠠᠳᠠᠷ ᠦᠵᠡᠮᠵᠢ ᠶᠢ ᠰᠡᠭᠦᠳᠡᠷᠯᠡᠬᠦ ᠠᠵᠢᠯ ᠢ ᠬᠠᠮᠵᠢᠨ ᠪᠡᠶᠡᠯᠡᠬᠦᠯᠪᠡ᠃ ᠤᠯᠠᠭᠠᠨᠮᠥ᠋ᠴᠢᠷ ᠤᠨ ᠦᠢᠯᠡᠰ ᠢᠶᠠᠨ ᠲᠠᠰᠤᠷᠠᠯᠲᠠ ᠦᠭᠡᠢ ᠬᠦᠭᠵᠢᠬᠦᠯᠵᠦ᠂ ᠪᠥᠬᠦ ᠣᠷᠣᠨ ᠤ ᠲᠡᠷᠢᠬᠦᠨ ᠲᠡᠰ ᠤᠨ ᠤᠯᠠᠭᠠᠨᠮᠥ᠋ᠴᠢᠷ ᠢᠶᠠᠷ ᠦᠨᠡᠯᠡᠭᠳᠡᠪᠡ᠃ ᠤᠷᠠᠳ ᠮᠣᠩᠭᠤᠯ ᠬᠤᠪᠴᠠᠰᠤ ᠵᠠᠰᠠᠯ ᠨᠢ ᠥᠪᠡᠷᠲᠡᠭᠡᠨ ᠵᠠᠰᠠᠬᠤ ᠣᠷᠣᠨ ᠤ ᠮᠣᠩᠭᠤᠯ ᠬᠤᠪᠴᠠᠰᠤ ᠵᠠᠰᠠᠯ ᠤᠨ ᠤᠷᠤᠯᠳᠤᠭᠠᠨ ᠳᠤ ᠨᠢᠭᠡ ᠠᠯᠳᠠᠨ ᠮᠧᠳᠠᠯ ᠭᠤᠷᠪᠠᠨ ᠮᠦᠩᠬᠦᠨ ᠮᠧᠳᠠᠯ ᠭᠠᠷᠳᠠᠵᠦ᠂ ᠨᠠᠷᠡᠳᠤ ᠲᠡᠮᠳᠡᠭ ᠤᠨ ᠨᠦᠯᠦᠬᠡᠯᠡᠯ ᠢᠶᠠᠨ ᠤᠯᠠᠮ ᠨᠢᠬᠡ ᠠᠯᠬᠤᠮ ᠲᠤᠪᠤᠶᠢᠯᠭᠠᠪᠠ᠃ ᠰᠢᠨᠡᠬᠦ᠋ᠷᠢᠶ᠎ᠡ ᠡᠷᠳᠡᠨ ᠤ ᠬᠤᠳᠠ ᠶᠢᠨ ᠠᠮᠤᠷ ᠲᠦᠪᠰᠢᠨ ᠤ ᠬᠠᠮᠠᠭᠠᠯᠠᠯᠳᠠ ᠪᠤᠯᠤᠨ ᠠᠶᠤᠯ ᠠᠴᠠ ᠠᠪᠤᠷᠠᠨ ᠪᠠᠬᠢᠵᠢᠭᠦᠯᠬᠦ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠪᠠᠨ ᠲᠦᠷᠬᠡᠤᠨᠬᠡᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢᠶᠠᠨ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠤᠶᠢᠯ ᠳᠤ ᠰᠢᠨ᠎ᠡ ᠪᠠᠷ 3 ᠲᠦᠷᠦᠯ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ 4 ᠬᠦᠮᠦᠨ ᠢ ᠰᠢᠨ᠎ᠡ ᠪᠠᠷ ᠨᠡᠮᠡᠭᠳᠡᠬᠦᠯᠪᠡ᠃ ᠰᠣᠶᠣᠯ ᠤᠨ ᠣᠷᠳᠣᠨ ᠨᠢ ᠤᠯᠤᠰ ᠤᠨ ᠰᠢᠶᠠᠨ ᠤ ᠱᠠᠲᠤᠨ ᠤ ᠲᠡᠷᠢᠬᠦᠨ ᠲᠡᠰ ᠤᠨ ᠣᠷᠳᠣᠨ ᠢᠶᠠᠷ ᠦᠨᠡᠯᠡᠭᠳᠡᠵᠦ᠂ ᠨᠣᠮ ᠤᠨ ᠰᠠᠩ ᠨᠢ ᠤᠯᠤᠰ ᠤᠨ ᠰᠢᠶᠠᠨ ᠤ ᠱᠠᠳᠤᠨ ᠤ ᠬᠤᠶᠠᠳᠤᠭᠠᠷ ᠲᠡᠰ ᠤᠨ ᠨᠤᠮ ᠤᠨ ᠰᠡᠩ ᠢᠶᠠᠷ ᠦᠨᠡᠯᠡᠭᠳᠡᠪᠠ᠃ ᠥᠪᠡᠷᠲᠡᠭᠡᠨ ᠵᠠᠰᠠᠬᠤ ᠣᠷᠣᠨ ᠤ ᠲᠡᠷᠢᠬᠦᠨ ᠪᠦᠯᠦᠭ᠂ ᠪᠦᠬᠦ ᠬᠤᠲᠠ ᠶᠢᠨ ᠠᠩᠬᠠᠳᠠᠭᠴᠢ ᠬᠠᠮ ᠵᠠᠭᠤᠴᠢᠯᠠᠭᠤᠷ ᠤᠨ ᠲᠥᠪ ᠫᠠᠶᠢᠰᠠ ᠡᠯᠭᠦᠨ ᠪᠠᠶᠢᠭᠤᠯᠤᠭᠳᠠᠵᠦ᠂ ᠵᠠᠭᠤᠴᠢᠯᠠᠭᠤᠷ ᠤᠨ ᠳᠠᠮᠵᠢᠭᠤᠯᠬᠤ ᠬᠦᠴᠦᠨ᠂ ᠬᠦᠳᠦᠯᠦᠨ ᠳᠠᠭᠠᠭᠤᠯᠬᠤ ᠬᠦᠴᠦᠨ᠂ ᠨᠥᠯᠥᠭᠡᠯᠡᠬᠦ ᠬᠦᠴᠦᠨ ᠪᠤᠯᠤᠨ ᠨᠡᠶᠢᠲᠡ ᠳᠤ ᠢᠲᠡᠭᠡᠭᠦᠯᠬᠦ ᠬᠦᠴᠦᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠠᠶᠠᠨ᠂ ᠤᠯᠠᠭᠠᠨ᠂ ᠴᠣᠩᠵᠢ ᠶᠢᠨ ᠲᠧᠯᠸᠢᠰ ᠰᠠᠴᠤᠷᠠᠭᠤᠯᠭ᠎ᠠ ᠶᠢᠨ ᠥᠷᠲᠡᠭᠡ ᠪᠠᠶᠢᠭᠤᠯᠤᠭᠳᠠᠨ ᠬᠡᠷᠡᠭᠯᠡᠭᠡᠨ ᠳᠤ ᠣᠷᠣᠵᠦ᠂ ᠷᠠᠳᠢᠣ᠋ ᠺᠢᠨᠣ᠋ ᠲᠧᠯᠸᠢᠰ ᠤᠨ ᠬᠢᠯᠢ ᠬᠢᠵᠠᠭᠠᠷ ᠢᠶᠠᠨ ᠪᠠᠬᠢᠵᠢᠭᠦᠯᠬᠦ ᠢᠨᠵᠧᠨᠧᠷᠢᠩ ᠨᠢ ᠪᠦᠭᠦ ᠣᠷᠣᠨ ᠤ ᠡᠮᠦᠨ᠎ᠡ ᠡᠩᠨᠡᠭᠡᠨ ᠳᠤ ᠤᠷᠤᠪᠠ᠃ ᠬᠠᠯᠢᠭᠤᠲᠤ ᠶᠢᠨ ᠨᠠᠰᠤᠲᠠᠶᠢᠴᠤᠳ ᠤᠨ ᠬᠥᠳᠡᠯᠭᠡᠭᠡᠨ ᠤ ᠲᠠᠯᠠᠪᠤᠷ᠂ ᠪᠠᠶᠠᠨ᠋ᠤ᠋ᠯᠠᠭᠠᠨ᠂ ᠤᠩᠭᠤᠨ ᠤ ᠪᠡᠶ᠎ᠡ ᠶᠢᠨ ᠲᠠᠮᠢᠷ ᠤᠨ ᠣᠷᠳᠣᠨ ᠪᠣᠯᠤᠨ ᠨᠢᠭᠡᠳᠦᠭᠡᠷ ᠳᠤᠮᠳᠠᠳᠤ ᠰᠤᠷᠭᠠᠭᠤᠯᠢ᠂ ᠮᠣᠩᠭᠤᠯ ᠬᠡᠦᠬᠡᠳ ᠤᠨ ᠴᠡᠴᠡᠷᠯᠢᠭ ᠵᠡᠷᠭᠡ 4 ᠬᠦᠯ ᠪᠦᠮᠪᠦᠭᠡ ᠶᠢᠨ ᠲᠠᠯᠠᠪᠤᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠭᠠᠳᠠᠭᠰᠢ ᠨᠡᠬᠡᠬᠡᠬᠦ ᠬᠦᠴᠦᠯᠡᠴᠡ ᠪᠠᠨ ᠨᠡᠮᠡᠭᠳᠡᠬᠦᠯᠵᠦ᠂ ᠠᠷᠠᠳ ᠲᠦᠮᠡᠨ ᠤ ᠪᠡᠶ᠎ᠡ ᠮᠠᠬᠠᠪᠤᠤᠨ ᠢᠶᠠᠨ ᠴᠢᠭᠢᠷᠠᠭᠵᠢᠭᠤᠯᠬᠤ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠪᠠ᠃      ᠨᠡᠶᠢᠭᠡᠮ ᠤᠨ ᠵᠠᠰᠠᠯᠳᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠪᠡ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠶᠳᠪᠦᠷᠢᠯᠡᠬᠦ ᠠᠵᠢᠯ ᠢ ᠶᠡᠬᠡᠪᠡᠷ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠡᠷᠤᠩᠬᠡᠢ ᠳᠡᠭᠡᠨ ᠲᠣᠭᠲᠠᠭᠤᠨ ᠪᠠᠶᠢᠨ᠎ᠠ᠃ ︽ᠲᠤᠳᠤ ᠭᠡᠷᠡᠯᠳᠤ ᠢᠨᠵᠧᠨᠧᠷᠢᠩ︾ ᠤᠨ ᠨᠢᠭᠡᠳᠦᠭᠡᠷ ᠬᠤᠭᠤᠴᠠᠭᠠᠨ ᠤ ᠠᠵᠢᠯ ᠢᠶᠠᠨ ᠪᠦᠬᠦᠨ ᠢ ᠳᠠᠭᠤᠰᠬᠠᠨ᠂ ᠨᠡᠶᠢᠭᠡᠮ ᠤᠨ ᠠᠮᠤᠷ ᠢ ᠬᠠᠮᠠᠭᠠᠯᠠᠬᠤ ᠪᠡᠶᠡᠲᠦ ᠴᠣᠭᠴᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮ  ᠢᠶᠠᠨ ᠤᠯᠠᠮ ᠲᠡᠭᠦᠯᠳᠡᠷᠵᠢᠭᠦᠯᠪᠠ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠦᠯᠳᠡ᠂ ᠠᠷᠠᠤᠨᠴᠢᠯᠠᠯ ᠬᠠᠤᠯᠢ ᠲᠦᠷᠢᠮ ᠤᠨ ᠪᠠᠶᠢᠭᠤᠯᠤᠯᠳᠠ ᠶᠢ ᠬᠦᠨᠵᠡᠬᠡᠢ ᠦᠷᠨᠢᠬᠦᠯᠦᠨ᠂ ᠪᠦᠬᠦ ᠬᠤᠳᠠ ᠶᠢᠨ ᠠᠩᠬᠠᠳᠠᠭᠴᠢ ᠶᠡᠷᠤᠩᠬᠡᠶᠢᠯᠡᠭᠰᠡᠨ ᠴᠢᠨᠠᠷᠳᠠᠢ ᠲᠤᠰᠬᠠᠢ ᠠᠵᠢᠯ ᠤᠨ ᠠᠷᠠᠳ ᠤᠨ ᠡᠶᠡᠳᠡᠬᠦᠯᠭᠡ ᠶᠢᠨ ᠵᠦᠪᠯᠡᠯ ᠢ ᠪᠠᠶᠢᠭᠤᠯᠵᠤ᠂ ᠪᠦᠬᠦ ᠬᠤᠳᠠ ᠶᠢᠨ ᠠᠩᠬᠠᠳᠠᠭᠴᠢ ᠦᠨᠳᠦᠰᠦᠨ ᠬᠠᠤᠯᠢ ᠶᠢᠨ ᠠᠭᠤᠳᠠᠮ ᠲᠠᠯᠠᠪᠠᠢ ᠶᠢ ᠡᠩ ᠲᠡᠷᠢᠬᠦᠨ ᠳᠤ ᠪᠠᠶᠢᠭᠤᠯᠤᠨ᠂ ᠬᠠᠤᠯᠢ ᠪᠠᠷ ᠵᠠᠰᠠᠬᠤ ᠰᠣᠶᠣᠯ ᠤᠨ ᠵᠢᠱᠢᠶ᠎ᠡ ᠦᠵᠡᠭᠦᠯᠬᠦ ᠲᠣᠭᠤᠷᠢᠭ 2 ᠢ ᠪᠠᠶᠢᠭᠤᠯᠤᠨ᠂ ᠬᠠᠤᠯᠢ ᠪᠠᠷ ᠵᠠᠰᠠᠬᠤ ᠤᠮᠠᠷᠠᠲᠤ ᠶᠢᠨ ᠬᠢᠯᠢ ᠪᠤᠯᠤᠨ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠪᠤᠳᠠᠳᠤ ᠦᠷ᠎ᠡ ᠪᠦᠳᠦᠮᠵᠢ ᠤᠯᠪᠠ᠃ ᠢᠳᠡᠭᠡᠨ ᠤᠮᠳᠠᠭᠠᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠢᠶᠠᠨ ᠡᠬᠢᠯᠡᠭᠦᠯᠵᠦ᠂ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠦᠳᠦᠮᠵᠢᠳᠡᠢ ᠪᠠᠳᠤᠯᠠᠪᠠ᠃ ᠠᠶᠤᠯᠬᠦᠢ ᠤᠶᠢᠯᠡᠤᠨᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢ ᠪᠠᠳᠤᠯᠠᠪᠠ᠃ ᠬᠥᠯᠥᠰᠥᠨ ᠠᠵᠢᠯᠴᠢᠨ ᠤ ᠴᠠᠯᠢᠩ ᠤᠨ ᠬᠠᠮᠢᠶᠠᠷᠤᠯᠳᠠ ᠶᠢᠨ ᠠᠵᠢᠯ ᠢᠶᠠᠨ ᠲᠠᠰᠤᠷᠠᠯᠲᠠ ᠦᠭᠡᠶ ᠴᠢᠩᠭᠠᠳᠬᠠᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠭᠠᠳᠠᠭᠠᠳᠤ ᠲᠠᠢ ᠬᠤᠯᠪᠣᠭᠳᠠᠬᠤ ᠬᠠᠭᠠᠴᠠᠭᠤᠯᠬᠤ ᠶᠢ ᠡᠰᠡᠷᠭᠦᠴᠡᠬᠦ᠂ ᠬᠢᠯᠢ ᠶᠢᠨ ᠭᠠᠳᠠᠨ᠎ᠠ ᠳᠣᠲᠣᠨ᠎ᠠ ᠬᠤᠤᠪᠢᠯᠳᠤᠬᠤ ᠠᠵᠢᠯᠯᠠᠭ᠎ᠠ ᠪᠤᠯᠤᠨ ᠭᠠᠵᠢᠭᠤ ᠨᠣᠮᠯᠠᠯ ᠤᠨ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠲᠤᠰᠬᠠᠶ ᠲᠦᠷᠦᠯ ᠤᠨ ᠠᠵᠢᠯᠯᠠᠭ᠎ᠠ ᠶᠢ ᠬᠦᠨᠵᠡᠬᠡᠢ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠪᠠᠳᠤᠯᠠᠬᠤ ᠤᠶᠢᠯᠡᠴᠢᠯᠡᠬᠡᠨ ᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠪᠠ᠃ ᠠᠷᠪᠠᠳᠤᠭᠠᠷ ᠬᠤᠭᠤᠴᠠᠭᠠᠨ ᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢᠶᠠᠨ ᠠᠮᠵᠢᠯᠳᠠᠢ ᠲᠠᠢ ᠪᠡᠶᠡᠯᠡᠬᠦᠯᠪᠡ᠃      ︵ᠨᠠᠢᠮᠠ︶ ᠨᠠᠶᠢᠳᠠᠪᠤᠷᠢᠵᠢᠭᠤᠯᠤᠯᠳᠠ ᠶᠢ ᠠᠤᠨᠬᠤᠵᠦ᠂ ᠪᠤᠳᠠᠳᠤ ᠪᠦᠳᠦᠮᠵᠢ ᠶᠢ ᠱᠠᠭᠠᠷᠳᠠᠨ᠂ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ  ᠪᠠᠨ ᠡᠳᠦᠷ ᠢᠷᠡᠬᠦᠶ᠎ᠡ ᠴᠢᠩᠭᠠᠤᠨᠬᠠᠪᠠ      ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ  ᠤᠨ ᠬᠡᠰᠢᠬᠦᠨ ᠪᠤᠯᠬᠤ︾ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠪᠠ᠃ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠩ ᠤᠨ ᠴᠢᠨᠠᠷᠲᠠᠶ ᠵᠠᠷᠤᠯᠭ᠎ᠠ ᠶᠢ ᠶᠡᠬᠡᠪᠡᠷ ᠪᠠᠭᠠᠰᠬᠠᠪᠠ᠃ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠳᠦᠷᠦ ᠶᠢᠨ ᠵᠥᠪᠯᠡᠯᠭᠡᠨ ᠤ ᠬᠢᠨᠠᠯᠲᠠ ᠵᠢᠴᠢ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠨ ᠠᠪᠴᠦ᠂ ᠠᠷᠠᠤᠨᠴᠢᠯᠠᠯ ᠲᠦᠪᠯᠡᠷᠡᠯ ᠤᠨ ᠲᠦᠷᠢᠮ ᠪᠤᠯᠤᠨ ︽ᠭᠤᠷᠪᠠᠨ ᠴᠢᠬᠤᠯᠠ ᠨᠢᠭᠡ ᠶᠡᠭᠡ︾ ᠰᠢᠢᠳᠪᠤᠷᠢᠳᠤ ᠪᠤᠳᠤᠯᠭ᠎ᠠ ᠲᠤᠭᠳᠠᠭᠠᠬᠤ ᠲᠦᠷᠢᠮ ᠢ ᠴᠢᠩᠭ᠎ᠠ ᠭᠡᠷᠡᠭᠵᠢᠬᠦᠯᠦᠨ᠂ ᠵᠠᠰᠠᠭ ᠤᠨ ᠤᠷᠳᠤᠨ ᠤ ᠰᠢᠢᠳᠪᠦᠷᠢᠳᠤ ᠪᠤᠳᠤᠯᠭ᠎ᠠ ᠶᠢᠨ ᠠᠷᠠᠳᠴᠢᠯᠠᠭᠰᠠᠨ᠂ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠮᠡᠳᠡᠭᠳᠡᠮ᠎ᠡ ᠲᠡᠭᠡᠭᠰᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 63 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 99 ᠬᠤᠪᠢ ᠰᠠᠨᠠᠯ ᠳᠤᠷᠠᠳᠤᠯᠭ᠎ᠠ᠂ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦ ᠬᠡᠷᠡᠭ 2 ᠬᠤᠪᠢ᠂ ᠵᠠᠰᠠᠭ ᠵᠠᠬᠢᠷᠭᠠᠨ ᠤ ᠵᠠᠷᠭᠤ ᠬᠦᠯᠢᠶᠡᠭᠰᠡᠨ ᠬᠡᠷᠡᠭ 8 ᠬᠤᠪᠢ ᠶᠢ ᠬᠦᠢᠴᠡᠤᠨᠬᠡᠨ ᠰᠢᠢᠤᠨᠪᠦᠷᠢᠯᠡᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠴᠢᠳᠠᠮᠵᠢ ᠶᠢᠨ ᠱᠠᠭᠠᠷᠳᠠᠨ ᠪᠠᠶᠢᠴᠠᠭᠠᠯᠳᠠ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠪᠤᠯᠤᠨ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠬᠦᠴᠦᠯᠡᠴᠡ ᠪᠠᠨ ᠨᠡᠮᠡᠭᠳᠡᠬᠦᠯᠦᠨ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠨᠢ ᠰᠢᠨ᠎ᠡ ᠠᠮᠵᠢᠯᠲᠠ ᠪᠦᠲᠦᠮᠵᠢ ᠤᠯᠪᠠ᠃      ᠡᠬᠦᠨ ᠤ ᠬᠠᠮᠳᠤ᠂ ᠤᠯᠤᠰ ᠤᠨ ᠬᠠᠮᠠᠭᠠᠯᠠᠯᠳᠠ ᠶᠢᠨ ᠲᠠᠶᠢᠴᠢᠯᠠᠯᠳᠠ᠂ ᠭᠠᠳᠠᠭᠠᠳᠤ ᠶᠠᠪᠤᠳᠠᠯ ᠬᠠᠷᠢᠶᠠᠳᠤ ᠶᠢᠨ ᠶᠠᠪᠤᠳᠠᠯ᠂ ᠠᠵᠢᠯᠴᠢᠨ ᠤ ᠡᠪᠯᠡᠯ᠂ ᠡᠮᠡᠭᠳᠡᠶᠢᠴᠤᠤᠨ ᠬᠡᠤᠬᠡᠤᠨ ᠪᠠᠭᠠᠴᠤᠤᠨ᠂ ᠵᠡᠮᠳᠡᠭᠴᠤᠤᠨ᠂ ᠤᠯᠠᠭᠠᠨ ᠵᠠᠭᠠᠯᠮᠠᠶᠢᠳᠠᠨ᠂ ᠴᠠᠭ ᠠᠭᠤᠷ᠂ ᠲᠧᠭᠨᠢᠭ ᠮᠡᠷᠬᠡᠵᠢᠯ ᠵᠡᠷᠬᠡ ᠲᠠᠯ᠎ᠠ ᠶᠢᠨ ᠠᠵᠢᠯ ᠴᠦ ᠰᠢᠨ᠎ᠡ ᠠᠮᠵᠢᠯᠳᠠ ᠤᠯᠤᠭᠰᠠᠨ ᠪᠠᠶᠢᠨ᠎ᠠ᠃      ᠲᠦᠯᠦᠭᠡᠯᠡᠭᠴᠢᠤᠨ ᠡ᠂ ᠦᠩᠬᠡᠷᠡᠭᠰᠡᠨ ᠨᠢᠬᠡ ᠵᠢᠯ ᠳᠤ᠂ ᠪᠢᠳᠠ ᠰᠢᠷᠭᠠᠭᠤ ᠲᠡᠮᠡᠴᠡᠨ᠂ ᠬᠠᠳᠠᠭᠤᠵᠢᠯᠳᠠᠢ ᠴᠢᠷᠮᠠᠶᠢᠨ ᠤᠷᠤᠭᠰᠢᠯᠠᠵᠦ᠂ ᠡᠳᠡᠭᠡᠷ ᠠᠮᠵᠢᠯᠳᠠ ᠪᠦᠳᠦᠮᠵᠢ ᠶᠢ ᠤᠯᠤᠭᠰᠠᠨ ᠨᠢ ᠬᠢᠯᠪᠠᠷ ᠪᠤᠰᠤ ᠪᠠᠶᠢᠵᠦ᠂ ᠲᠤᠶᠢᠯ ᠤᠨ ᠡᠷᠬᠢᠮ ᠨᠠᠨᠳᠢᠨ ᠶᠤᠮ ᠡ᠃ ᠡᠳᠡᠬᠡᠷ ᠠᠮᠵᠢᠯᠳᠠ ᠶᠢ ᠤᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠᠶᠢᠵᠤ᠂ ᠲᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠤᠨ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠤᠨᠪᠦᠷᠢᠳᠦ ᠪᠤᠳᠤᠯᠭ᠎ᠠ ᠶᠢᠨ ᠦᠷ᠎ᠠ ᠳ᠋ᠦᠩ ᠪᠠᠶᠢᠵᠦ᠂ ᠮᠦᠨᠴᠦ ᠬᠤᠰᠢᠭᠤᠨ ᠤ ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠪᠦᠳᠦᠮᠵᠢᠳᠡᠢ ᠬᠢᠨᠠᠯᠳᠠ ᠲᠠᠯᠪᠢᠯᠳᠠ ᠪᠤᠯᠤᠨ ᠬᠦᠴᠦᠳᠠᠢ ᠲᠡᠮᠵᠢᠯᠬᠡ ᠦᠵᠡᠬᠦᠯᠦᠭᠰᠡᠨ ᠤ ᠦᠷ᠎ᠠ ᠳ᠋ᠦᠩ ᠪᠠᠶᠢᠵᠦ᠂ ᠪᠠᠰᠠᠴᠦ ᠪᠦᠬᠦ ᠬᠤᠰᠢᠭᠤᠨ ᠤ ᠠᠷᠠᠳ ᠲᠦᠮᠡᠨ ᠰᠡᠤᠨᠬᠢᠯ ᠵᠤᠷᠢᠭ ᠢᠶᠠᠨ ᠨᠢᠬᠡᠤᠨᠬᠡᠨ᠂ ᠪᠦᠯᠬᠦᠮᠳᠡᠨ ᠲᠡᠮᠡᠴᠡᠭᠰᠡᠨ ᠤ ᠦᠷ᠎ᠠ ᠳ᠋ᠦᠩ ᠪᠤᠯᠤᠨ᠎ᠠ︕ ᠠᠳᠡ ᠪᠢ ᠬᠤᠰᠢᠭᠤᠨ ᠤ ᠠᠷᠠᠤᠨ  ᠤᠨ ᠵᠠᠰᠠᠭ ᠤᠨ ᠤᠷᠳᠤᠨ ᠢ ᠲᠦᠯᠦᠭᠡᠯᠡᠨ᠂ ᠨᠡᠶᠢᠬᠡᠮ ᠤᠨ ᠡᠯ᠎ᠡ ᠹᠷᠤᠨᠲ ᠲᠡᠭᠡᠷ᠎ᠡ ᠰᠢᠷᠭᠠᠭᠤ ᠠᠵᠢᠯᠯᠠᠵᠦ ᠪᠠᠶᠢᠭ᠎ᠠ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ᠂ ᠵᠠᠰᠠᠭ ᠤᠨ ᠤᠷᠳᠤᠨ ᠳᠤ ᠲᠡᠮᠵᠢᠯᠬᠡ ᠦᠵᠡᠬᠦᠯᠦᠭᠰᠡᠨ ᠪᠠ ᠬᠢᠨᠡᠯᠳᠡ ᠲᠠᠯᠪᠢᠭᠰᠠᠨ ᠠᠷᠠᠤᠨ ᠤᠨ ᠲᠦᠯᠦᠭᠡᠯᠡᠭᠴᠢᠤᠨ ᠤᠨ ᠶᠡᠭᠡ ᠬᠤᠷᠠᠯ ᠤᠨ ᠲᠦᠯᠦᠭᠡᠯᠡᠭᠴᠢᠤᠨ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠤᠨ᠂ ᠤᠶᠢᠯᠡᠤᠨᠪᠤᠷᠢ ᠬᠤᠳᠠᠯᠳᠤᠭᠠᠨ ᠤ ᠬᠤᠯᠪᠤᠭ᠎ᠠ᠂ ᠡᠯ᠎ᠡ ᠠᠷᠠᠤᠨ ᠤᠨ ᠪᠦᠯᠬᠦᠮ᠂ ᠨᠠᠮ ᠪᠦᠯᠦᠭ ᠤᠨ ᠪᠤᠰᠤ ᠬᠦᠮᠦᠰ ᠪᠤᠯᠤᠨ ᠪᠦᠬᠦᠶᠢᠯᠡ ᠭᠠᠶᠢᠯᠢ ᠲᠤᠰᠢᠶᠠᠭᠴᠢᠤᠨ᠂ ᠨᠡᠶᠢᠬᠡᠮ ᠨᠡᠶᠢᠲᠡ ᠳᠤ ᠬᠤᠪᠢ ᠨᠡᠮᠡᠷᠢ ᠦᠵᠡᠭᠦᠯᠦᠭᠰᠡᠨ ᠠᠷᠠᠳ ᠤᠨ ᠴᠢᠯᠥᠭᠡᠯᠡᠬᠦ ᠴᠡᠷᠢᠭ᠂ ᠵᠡᠪᠰᠡᠭᠲᠦ ᠬᠦᠴᠦᠨ ᠤ ᠴᠡᠷᠢᠭ ᠪᠠᠶᠢᠯᠳᠤᠭᠴᠢ᠂ ᠡᠷᠦᠭᠡ ᠶᠢᠨ ᠴᠡᠷᠢᠭ ᠤᠨ ᠪᠡᠯᠡᠳᠬᠡᠯ ᠠᠯᠪᠠᠨ ᠤ ᠴᠡᠷᠢᠭ ᠠᠩᠭᠢ᠂ ᠤᠯᠤᠰ ᠲᠦᠷᠦ ᠬᠠᠤᠯᠢ ᠴᠠᠭᠠᠵᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠠᠵᠢᠯ ᠠᠴᠠ ᠪᠠᠨ ᠠᠮᠠᠷᠠᠭᠰᠠᠨ ᠠᠬᠠᠮᠠᠤᠨ ᠺᠠᠳ᠋ᠷ ᠪᠤᠯᠤᠨ ᠠᠯᠢᠪᠠ ᠮᠠᠨ ᠤ ᠬᠤᠰᠢᠭᠤᠨ ᠤ ᠠᠵᠤ ᠠᠬᠤᠢ ᠨᠡᠶᠢᠬᠡᠮ  ᠤᠨ ᠪᠦᠳᠦᠭᠡᠨ ᠪᠠᠶᠢᠭᠤᠯᠤᠯᠳᠠ ᠳᠤ ᠣᠷᠣᠯᠴᠠᠵᠣ ᠬᠠᠯᠠᠮᠵᠢᠯᠠᠨ ᠲᠡᠮᠵᠢᠭᠰᠡᠨ ᠶᠢ ᠬᠠᠯᠠᠮᠵᠢᠯᠠᠨ ᠲᠡᠮᠵᠢᠭᠰᠡᠨ ᠨᠡᠶᠢᠬᠡᠮ ᠤᠨ ᠡᠯ᠎ᠡ ᠡᠳᠡᠬᠡᠤᠨ ᠲᠤ ᠴᠢᠩ ᠰᠡᠤᠨᠬᠢᠯ ᠤᠨ ᠲᠠᠯᠠᠷᠬᠠᠯ ᠪᠤᠯᠤᠨ ᠡᠷᠬᠢᠮ ᠲᠡᠭᠡᠳᠦ ᠬᠦᠨᠳᠦᠤᠨᠬᠡᠯ ᠢᠶᠠᠨ ᠲᠡᠪᠰᠢᠬᠦᠯᠦᠶ᠎ᠡ︕      ᠠᠮᠵᠢᠯᠳᠠ ᠪᠠᠨ ᠤᠯᠵᠦ ᠬᠠᠷᠠᠬᠤ ᠶᠢᠨ ᠬᠠᠮᠳᠤ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠪᠠᠰᠠ ᠬᠦᠴᠢᠷᠳᠠᠯ ᠪᠤᠯᠤᠨ ᠠᠰᠠᠭᠤᠳᠠᠯ ᠲᠤᠯᠭᠠᠷᠠᠵᠦ ᠪᠠᠶᠢᠬᠤ ᠶᠢ ᠪᠢᠳᠠ ᠰᠡᠷᠬᠡᠭ ᠢᠶᠠᠷ ᠲᠠᠨᠢᠵᠦ ᠮᠡᠳᠡᠪᠡ᠃ ᠲᠤᠪᠤᠶᠢᠮ᠎ᠠ ᠢᠯᠡᠷᠡᠯ ᠨᠢ᠄ ᠲᠧᠭᠨᠢᠭ ᠮᠡᠷᠬᠡᠵᠢᠯ ᠤᠨ ᠰᠢᠨ᠎ᠡ ᠶᠢ ᠡᠬᠦᠤᠨᠬᠦ ᠴᠢᠳᠠᠪᠤᠷᠢ  ᠨᠢ ᠬᠦᠴᠦᠷᠬᠡᠭ ᠪᠢᠰᠢ᠂ ᠠᠵᠤ ᠤᠶᠢᠯᠡᠰᠵᠢᠭᠰᠡᠨ ᠬᠢᠷᠢ ᠲᠦᠪᠰᠢᠨ ᠲᠤᠤᠷ᠎ᠠ ᠪᠠᠶᠢᠵᠦ᠂ ᠠᠵᠤ ᠤᠶᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠤᠳᠠᠭᠠᠨ ᠪᠠᠶᠢᠨ᠎ᠠ︔ ᠬᠦᠭᠵᠢᠯᠳᠡ ᠶᠢ ᠲᠤᠯᠭᠠᠭᠤᠷᠢᠯᠠᠬᠤ ᠲᠤᠮᠤ ᠲᠦᠷᠦᠯ ᠵᠤᠶᠢᠯ ᠰᠠᠶᠢᠨ ᠲᠦᠷᠦᠯ ᠵᠤᠶᠢᠯ ᠴᠦᠬᠡᠨ ᠪᠠᠶᠢᠨ᠎ᠠ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ  ᠶᠢᠨ ᠵᠦᠷᠢᠴᠡᠯ ᠲᠤᠪᠤᠶᠢᠮ᠎ᠠ ᠪᠠᠶᠢᠵᠦ᠂ ᠦᠷᠢ ᠦᠭᠴᠡᠭᠡ ᠶᠢ ᠠᠷᠢᠯᠭᠠᠬᠤ ᠲᠠᠷᠤᠯᠳᠠ ᠪᠠᠰᠠ ᠨᠡᠯᠢᠶᠠᠤᠨ ᠶᠡᠭᠡ ᠪᠠᠶᠢᠨ᠎ᠠ᠃ ᠬᠤᠳᠠ ᠶᠢᠨ ᠴᠢᠳᠠᠮᠵᠢ ᠶᠢ ᠤᠯᠠᠮ ᠲᠡᠬᠦᠯᠳᠡᠷᠵᠢᠬᠦᠯᠬᠦ ᠴᠢᠬᠤᠯᠠ ᠲᠠᠢ᠂ ᠬᠦᠳᠡᠭᠡ ᠲᠤᠰᠬᠤᠨ ᠤ ᠰᠠᠭᠤᠷᠢ ᠲᠥᠬᠦᠭᠡᠷᠦᠮᠵᠢ ᠳᠤ ᠮᠥᠨ ᠪᠠᠭᠤᠷᠠᠶ ᠭᠤᠭᠴᠤᠭ᠎ᠠ ᠣᠷᠣᠰᠢᠵᠤ᠂ ᠠᠷᠠᠤᠨ ᠤᠨ ᠠᠮᠢᠳᠤᠷᠠᠯ ᠢ ᠪᠠᠳᠤᠯᠠᠬᠤ ᠠᠵᠢᠯ ᠨᠢ ᠡᠬᠦᠷᠬᠡ ᠬᠦᠨᠳᠦ ᠵᠠᠮ ᠬᠤᠯᠠ ᠪᠠᠶᠢᠨ᠎ᠠ᠃ ᠴᠦᠬᠡᠨ ᠲᠤᠭᠠᠨ ᠤ ᠺᠠᠳ᠋ᠷ ᠠᠵᠢᠯᠳᠠᠤᠨ ᠤᠨ ᠠᠵᠢᠯ ᠤᠨ ᠰᠤᠷᠳᠠᠯ ᠬᠦᠩᠭᠡᠨ ᠬᠠᠭᠤᠮᠠᠭᠠᠢ᠂ ᠠᠯᠪᠠᠨ ᠪᠠᠶᠢᠭᠤᠯᠭ᠎ᠠ ᠶᠢᠨ ᠰᠤᠷᠳᠠᠯ ᠢ ᠤᠯᠠᠮ ᠨᠢᠬᠡ ᠠᠯᠬᠤᠮ ᠲᠡᠭᠡᠭᠰᠢᠯᠡᠬᠦᠯᠬᠦ ᠬᠡᠷᠡᠭᠳᠡᠢ ᠵᠡᠷᠬᠡ ᠠᠰᠠᠭᠤᠳᠠᠯ ᠤᠷᠤᠰᠢᠵᠦ ᠪᠤᠢ᠃ ᠡᠳᠡᠭᠡᠷ ᠠᠰᠠᠭᠤᠳᠠᠯ ᠢ ᠪᠢᠳᠡ ᠡᠷᠭᠡᠪᠰᠢ ᠨᠠᠷᠢᠨ ᠬᠢᠨᠠᠮᠠᠭᠠᠢ ᠰᠤᠳᠤᠯᠵᠦ᠂ ᠤᠯᠠᠮ ᠢᠯᠡᠬᠦᠤ ᠴᠢᠷᠮᠠᠶᠢᠨ᠂ ᠬᠦᠴᠢᠷ ᠠᠰᠠᠭᠤᠳᠠᠯ ᠢ ᠢᠳᠡᠪᠬᠢᠳᠠᠢ ᠰᠢᠢᠤᠨᠪᠦᠷᠢᠯᠡᠵᠦ᠂ ᠤᠯᠠᠨ ᠲᠦᠮᠡᠨ ᠤ ᠬᠦᠰᠡᠯ ᠡᠷᠡᠮᠠᠯᠵᠡᠯ ᠪᠤᠯᠤᠨ ᠬᠦᠨᠳᠤ ᠨᠠᠶᠢᠳᠠᠯᠭ᠎ᠠ ᠶᠢ ᠬᠦᠰᠡᠷᠳᠡᠬᠦᠯᠵᠦ ᠪᠤᠯᠬᠤ ᠦᠬᠡᠢ᠃      ᠬᠤᠶᠡᠷ᠂ 2019 ᠤᠨ ᠤ ᠠᠵᠢᠯ ᠤᠨ ᠲᠤᠬᠢᠷᠠᠭᠤᠯᠤᠯᠳᠠ      2019 ᠤᠨ ᠪᠤᠯ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠠᠶᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠤᠷᠢᠳᠤ ᠢᠯᠠᠯᠳᠠ ᠶᠢ ᠤᠯᠬᠤ ᠨᠢᠬᠡᠳᠤᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢᠨ ᠵᠠᠩᠬᠢᠯᠠᠭ᠎ᠠ ᠶᠢᠨ ᠵᠢᠯ ᠪᠤᠯᠤᠨ᠎ᠠ᠃      2019 ᠤᠨ ᠤ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠦ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ᠂ ᠦᠬᠡᠷᠡᠴᠢᠯᠡᠯᠳᠡ ᠨᠡᠬᠡᠬᠡᠯᠳᠡ ᠬᠢᠭᠰᠡᠨ 40 ᠵᠢᠯ ᠤᠨ ᠤᠢ ᠶᠢ ᠪᠡᠯᠬᠡᠯᠡᠬᠦ ᠶᠡᠭᠡ ᠬᠤᠷᠠᠯ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠤᠨᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠬᠡᠢ ᠨᠠᠶᠢᠳᠠᠪᠤᠷᠢᠵᠢᠭᠤᠯᠤᠨ᠂ ︽ᠲᠠᠪᠤ ᠶᠢ ᠨᠢᠬᠡ ᠴᠤᠭᠴᠠᠵᠢᠭᠤᠯᠬᠤ︾ ᠶᠡᠷᠤᠩᠬᠡᠢ ᠪᠠᠶᠢᠷᠢᠰᠢᠯᠠᠭᠤᠯᠤᠯᠳᠠ ᠶᠢ ᠨᠢᠬᠡᠳᠤᠯᠳᠠᠢ ᠲᠦᠯᠥᠪᠵᠢᠬᠦᠯᠥᠨ ᠠᠬᠢᠭᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠦ᠂ ︽ᠠᠷᠤ ᠭᠠᠵᠠᠷ ᠤᠨ ᠵᠢᠶᠠᠩᠨᠠᠨ᠂ ᠪᠤᠬᠢᠷᠳᠤᠯ ᠦᠭᠡᠢ ᠮᠠᠨᠳᠤᠨ ᠬᠦᠭᠵᠢᠬᠦ︾  ᠬᠦᠭᠵᠢᠯᠳᠡ ᠶᠢᠨ ᠬᠠᠷᠠᠯᠳᠠ ᠶᠢᠨ ᠲᠤᠭᠤᠷᠢᠨ ᠳᠤ᠂ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ᠂ ᠪᠤᠬᠢᠷᠳᠤᠯ ᠦᠬᠡᠢ ᠴᠢᠨᠠᠷ ᠰᠠᠶᠢᠳᠠᠢ ᠬᠦᠭᠵᠢᠯᠳᠡ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ  ᠶᠢᠨ ᠡᠬᠦᠷᠬᠡ ᠶᠢ ᠪᠦᠬᠦ ᠬᠦᠴᠦ ᠪᠠᠷ ᠠᠤᠨᠬᠤᠨ᠂ ᠪᠤᠷᠤᠳᠤᠬᠤᠢ ᠶᠢᠨ ᠤᠷᠤᠨ ᠪᠦᠰᠡ ᠶᠢᠨ ᠪᠤᠬᠢᠷᠳᠤᠯ ᠦᠭᠡᠢ ᠤᠷᠭᠠᠨᠢᠭ ᠲᠡᠭᠡᠳᠤ ᠲᠡᠰ ᠤᠨ ᠲᠠᠷᠢᠶᠠᠯᠠᠩ ᠤᠨ ᠪᠦᠳᠤᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠳᠠ ᠶᠢ ᠦᠢᠯᠡᠳᠪᠤᠷᠢᠯᠠᠨ ᠪᠤᠯᠪᠠᠰᠤᠷᠠᠭᠤᠯᠵᠦ ᠭᠠᠷᠭᠠᠬᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ᠂ ᠠᠭᠤᠯᠠ ᠤᠰᠤ ᠰᠢᠭᠤᠢ ᠲᠠᠷᠢᠶ᠎ᠠ ᠨᠠᠭᠤᠷ ᠡᠪᠡᠰᠦ ᠡᠯᠡᠰᠦ ᠶᠢ ᠶᠡᠷᠤᠩᠬᠡᠶᠢᠯᠡᠨ ᠵᠠᠰᠠᠬᠤ᠂ ︽ᠲᠡᠭᠷᠢ ᠶᠢᠨ ᠬᠡᠰᠢᠭ ᠲᠠᠢ ᠪᠣᠷᠣᠲᠣᠬᠤᠶ︾ ᠶᠢᠨ ᠤᠷᠤᠨ ᠪᠦᠰᠡ ᠶᠢᠨ ᠨᠠᠶᠢᠳᠠ ᠶᠢᠨ ᠬᠡᠷᠡᠭᠯᠡᠬᠡᠨ ᠤ ᠨᠡᠷᠡᠳᠦ ᠲᠡᠮᠳᠡᠭ ᠢ ᠪᠤᠶᠢᠵᠢᠭᠤᠯᠬᠤ᠂ ᠪᠦᠬᠦ ᠤᠯᠤᠰ ᠤᠨ ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠵᠡᠷᠬᠡ ᠭᠤᠤᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠪᠠᠶᠠᠨ ᠴᠢᠨᠡᠭᠡᠯᠢᠭ᠂ ᠪᠤᠯᠪᠠᠰᠤᠨ ᠰᠠᠶᠢᠬᠠᠨ᠂ ᠦᠵᠡᠰᠭᠦᠯᠡᠩᠲᠦ ᠭᠤᠶᠤ᠂ ᠨᠡᠭᠡᠭᠡᠯᠲᠡ ᠲᠠᠢ᠂ ᠵᠤᠯ ᠵᠢᠷᠭᠠᠯᠳᠤ᠂ ᠡᠶ᠎ᠡ ᠨᠠᠶᠢᠷᠠᠮᠳᠠᠭᠤ ᠤᠷᠠᠤᠨ ᠤᠨ ᠲᠤᠮᠳᠠᠳᠤ ᠬᠤᠰᠢᠭᠤ ᠶᠢ ᠪᠦᠳᠦᠬᠡᠨ ᠪᠠᠶᠢᠭᠤᠯᠬᠤ ᠶᠢᠨ ᠲᠦᠯᠦᠬᠡ ᠴᠢᠷᠮᠠᠶᠢᠨ ᠲᠡᠮᠡᠴᠡᠵᠦ᠂ ᠰᠢᠯᠢᠳᠡᠭ ᠬᠢᠷᠢ ᠪᠦᠳᠦᠮᠵᠢ ᠪᠠᠷ ᠰᠢᠨ᠎ᠡ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠨ᠎ᠡ᠃      ᠭᠤᠤᠯ ᠪᠤᠯᠬᠤ ᠵᠢᠱᠢᠭᠰᠡᠨ ᠬᠠᠷᠠᠯᠳᠠ ᠪᠤᠯ  ᠄  ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠤᠩᠬᠡᠢ ᠦᠷᠲᠡᠭ᠂ ᠪᠦᠬᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ᠂ ᠬᠡᠪᠴᠢᠶᠡᠵᠡᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ᠂ ᠤᠯᠠᠨ ᠨᠡᠶᠢᠲᠡ ᠶᠢᠨ ᠡᠳ᠋ ᠤᠨ ᠵᠠᠰᠠᠭ  ᠤᠨ ᠲᠦᠰᠦᠪ ᠤᠨ ᠤᠷᠤᠯᠭ᠎ᠠ᠂ ᠨᠡᠶᠢᠬᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠤᠭᠰᠠᠨ ᠪᠦᠬᠦ ᠬᠡᠮᠵᠢᠶ᠎ᠡ ᠪᠤᠯᠤᠨ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤᠶᠢᠴᠠ ᠤᠷᠤᠯᠭ᠎ᠠ ᠶᠢᠨ ᠨᠡᠮᠡᠭᠳᠡᠯ ᠢ ᠪᠦᠬᠦ ᠬᠤᠳᠠ ᠶᠢᠨ ᠲᠡᠭᠰᠢᠤᠨᠬᠡᠭᠰᠡᠨ ᠬᠢᠷᠢ ᠲᠦᠪᠰᠢᠨ ᠠᠴᠠ ᠲᠡᠭᠡᠷ᠎ᠡ ᠪᠠᠶᠢᠯᠭᠠᠵᠦ᠂ ᠡᠯ᠎ᠡ ᠲᠦᠷᠦᠯ ᠤᠨ ᠤᠷᠴᠢᠨ ᠲᠤᠭᠤᠷᠢᠨ ᠤ ᠬᠦᠢᠴᠡᠳᠬᠡᠯ ᠲᠤᠭ᠎ᠠ ᠶᠢ ᠬᠢᠵᠠᠭᠠᠷᠯᠠᠯ ᠤᠨ ᠬᠦᠷᠢᠶ᠎ᠡ ᠬᠡᠪᠴᠢᠶᠡᠨ ᠲᠤᠳᠤᠷ᠎ᠡ ᠡᠵᠡᠮᠳᠡᠵᠦ᠂ ᠶᠡᠷᠤᠩᠬᠡᠶᠢᠯᠡᠭᠰᠡᠨ ᠠᠵᠤ ᠠᠬᠤᠢ ᠶᠢᠨ ᠪᠤᠳᠠᠳᠦ ᠬᠦᠴᠦᠨ ᠪᠤᠯᠤᠨ ᠠᠷᠠᠤᠨ ᠤᠨ ᠠᠮᠢᠳᠤᠷᠠᠯ ᠤᠨ ᠬᠢᠷᠢ ᠲᠦᠪᠰᠢᠨ ᠢᠶᠠᠨ ᠵᠡᠷᠬᠡᠪᠡᠷ ᠲᠡᠭᠡᠭᠰᠢᠯᠡᠬᠦᠯᠦᠨ᠎ᠡ᠃      ᠲᠡᠭᠡᠷᠡᠬᠢ ᠬᠠᠷᠠᠯᠳᠠ ᠶᠢᠨ ᠲᠤᠭᠤᠷᠢᠨ ᠳᠤ᠂ ᠲᠤᠤᠷᠠᠬᠢ 9 ᠲᠦᠷᠦᠯ ᠤᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠡ᠄      ︵ᠨᠢᠭᠡ︶ ︽ ᠭᠤᠷᠪᠠᠨ ᠶᠡᠭᠡ ᠪᠤᠭᠤᠮᠳᠠ ᠰᠢᠪᠳᠤᠯᠬᠤ  ᠲᠠᠶᠢᠯᠠᠯᠳᠤᠭᠠᠨ  ︾ ᠳᠤ ᠬᠦᠴᠦ ᠪᠠᠨ ᠲᠦᠪᠯᠡᠷᠡᠬᠦᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠲᠡᠭᠡᠷ᠎ᠡ ᠰᠢᠨ᠎ᠡ ᠰᠢᠪᠳᠤᠯᠤᠯᠳᠠ ᠭᠠᠷᠭᠠᠨ᠎ᠠ      ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠠᠷᠢᠯᠭᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠨ᠎ᠡ᠃ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠭᠰᠡᠨ ᠦᠷᠢ ᠦᠭᠴᠡᠭᠡ ᠶᠢ ᠵᠤᠬᠢᠰᠳᠠᠢ ᠡᠵᠡᠮᠳᠡᠨ᠂ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠤᠶᠢᠯ ᠢ ᠬᠢᠨᠠᠨ ᠵᠦᠪᠰᠢᠶᠡᠷᠡᠬᠦ ᠠᠵᠢᠯ ᠢᠶᠠᠨ ᠡᠷᠡᠰ ᠴᠢᠩᠭᠠᠤᠨᠬᠠᠨ᠎ᠠ︔ ᠰᠢᠯᠢᠳᠡᠭ ᠭᠠᠶᠢᠯᠢ ᠶᠢᠨ ᠡᠬᠢ ᠰᠤᠷᠪᠤᠯᠵᠢ ᠶᠢ ᠪᠤᠶᠢᠵᠢᠭᠤᠯᠵᠦ᠂ ᠭᠠᠶᠢᠯᠢ ᠶᠢᠨ ᠲᠠᠳᠠᠪᠤᠷᠢᠯᠠᠯᠳᠠ ᠬᠠᠮᠢᠶᠠᠷᠤᠯᠳᠠ  ᠪᠠᠨ ᠴᠢᠩᠭᠠᠤᠨᠬᠠᠨ᠂ ᠬᠤᠷᠢᠶᠠᠪᠠᠰᠦ ᠵᠤᠬᠢᠬᠤ ᠪᠦᠬᠦᠨ ᠢ ᠪᠦᠬᠦᠳᠡ ᠶᠢ ᠬᠤᠷᠢᠶᠠᠨ᠎ᠠ᠃ ᠡᠳ᠋ ᠤᠨ ᠵᠠᠰᠠᠭ ᠤᠨ ᠲᠦᠰᠦᠪ ᠤᠨ ᠲᠤᠬᠢᠷᠠᠭᠤᠯᠤᠯᠳᠠ᠂ ᠬᠠᠳᠠᠭᠠᠯᠠᠵᠦ ᠪᠠᠶᠢᠭ᠎ᠠ ᠪᠡᠯᠡ ᠮᠦᠩᠬᠦ ᠶᠢ ᠡᠷᠬᠢᠯᠳᠡ ᠳᠤ ᠤᠷᠤᠭᠤᠯᠬᠤ᠂ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠪᠠᠭᠠᠰᠬᠠᠬᠤ᠂ ᠲᠡᠭᠡᠳᠦ ᠱᠠᠳᠤᠨ ᠠᠴᠠ ᠦᠷᠢ ᠦᠭᠴᠡᠭᠡ ᠶᠢ ᠠᠷᠢᠯᠭᠠᠬᠤ ᠱᠠᠩᠨᠠᠯ ᠮᠦᠩᠬᠦ ᠶᠢ ᠲᠡᠮᠡᠴᠡᠨ ᠤᠯᠬᠤ ᠵᠡᠷᠬᠡ ᠤᠯᠠᠨ ᠵᠤᠶᠢᠯ ᠤᠨ ᠠᠷᠭ᠎ᠠ ᠪᠠᠷᠢᠯ ᠢᠶᠠᠷ ᠲᠠᠮᠵᠢᠨ᠂ ᠦᠷᠢ ᠦᠭᠴᠡᠭᠡ ᠶᠢ ᠠᠷᠢᠯᠭᠠᠬᠤ ᠪᠡᠯᠡ ᠮᠦᠩᠬᠦ ᠶᠢ ᠢᠳᠡᠪᠬᠢᠳᠡᠢ ᠴᠤᠭᠯᠠᠭᠤᠯᠤᠨ᠂ ᠦᠷᠢ ᠦᠭᠴᠡᠭᠡ ᠪᠠᠨ ᠠᠷᠢᠯᠭᠠᠬᠤ ᠡᠬᠦᠷᠬᠡ ᠪᠠᠨ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠪᠠᠳᠤᠯᠠᠨ᠎ᠠ᠃ ᠨᠡᠶᠢᠬᠡᠮ ᠤᠨ ᠢᠳᠡᠬᠡᠮᠵᠢ ᠶᠢᠨ ᠲᠤᠭᠳᠠᠯᠴᠠᠭᠠᠨ ᠤ ᠪᠠᠶᠢᠭᠤᠯᠤᠯᠳᠠ ᠪᠤᠯᠤᠨ ᠠᠷᠠᠤᠨ ᠤᠨ ᠬᠦᠢᠯᠬᠡᠬᠡᠨ ᠤ ᠪᠡᠯᠡ ᠮᠦᠩᠬᠦ ᠶᠢᠨ ᠬᠢᠨᠠᠨ ᠬᠠᠮᠢᠶᠠᠷᠤᠯᠳᠠ ᠪᠠᠨ ᠴᠢᠩᠭᠠᠤᠨᠬᠠᠨ᠂ ᠬᠠᠤᠯᠢ ᠲᠤᠭᠳᠠᠭᠠᠯ ᠠᠴᠠ ᠵᠦᠷᠢᠴᠡᠭᠰᠡᠨ ᠮᠦᠩᠬᠦᠨ ᠬᠦᠢᠯᠬᠡᠬᠡᠨ ᠤ ᠠᠵᠢᠯᠯᠠᠭ᠎ᠠ ᠳᠤ ᠡᠷᠡᠰ ᠴᠢᠩᠭ᠎ᠠ ᠴᠤᠬᠢᠯᠳᠠ ᠦᠭᠴᠦ᠂ ᠮᠦᠩᠬᠦᠨ ᠬᠦᠢᠯᠬᠡᠬᠡᠨ  ᠤ ᠬᠦᠷᠢᠶ᠎ᠠ ᠴᠠᠷᠠᠭᠠᠨ ᠤ ᠠᠶᠤᠯ ᠲᠦᠭᠰᠢᠬᠦᠷᠢ ᠶᠢ ᠪᠦᠳᠦᠮᠵᠢᠳᠡᠢ ᠰᠡᠷᠬᠡᠶᠢᠯᠡᠨ᠎ᠡ᠃      ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠤᠳᠠᠳᠠᠶᠢᠵᠢᠭᠤᠯᠵᠤ᠂ ᠬᠤᠰᠢᠭᠤ᠂ ᠰᠤᠮᠤ ᠪᠠᠯᠭᠠᠰᠤ ︵ᠲᠠᠯᠠᠪᠠᠢ︶᠂ ᠭᠠᠴᠠᠭ᠎ᠠ ᠲᠤᠰᠬᠤᠨ ᠭᠤᠷᠪᠠᠨ ᠱᠠᠳᠤ ᠬᠤᠯᠪᠤᠭᠠᠯᠠᠭᠰᠠᠨ ᠠᠵᠢᠯ ᠤᠨ ᠲᠤᠭᠳᠠᠴᠠ ᠪᠤᠯᠤᠨ ᠱᠠᠭᠠᠷᠳᠠᠨ ᠪᠠᠶᠢᠴᠠᠭᠠᠨ ᠵᠢᠯᠤᠭᠤᠤᠨᠬᠤ ᠪᠠᠶᠢᠩᠭᠤ ᠶᠢᠨ ᠲᠤᠭᠳᠠᠴᠠ ᠶᠢ ᠲᠡᠬᠦᠯᠳᠡᠷᠵᠢᠬᠦᠯᠦᠨ᠎ᠡ᠃ ᠶᠠᠳᠠᠭᠤ ᠶᠢ ᠲᠡᠤᠨᠬᠦᠬᠦ ᠬᠦᠷᠢᠶ᠎ᠠ ᠴᠠᠷᠠᠭᠠᠨ ᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠨᠠᠷᠢᠨ ᠬᠢᠨᠠᠮᠠᠭᠠᠢ ᠰᠠᠶᠢᠳᠤᠷ ᠬᠢᠵᠦ᠂ ᠠᠰᠠᠭᠤᠳᠠᠯ ᠢ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠶᠢ ᠪᠠᠶᠢᠩᠭᠤᠵᠢᠭᠤᠯᠬᠤ ᠶᠢ ᠪᠡᠶᠡᠯᠡᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠠᠭᠤᠷᠢ ᠪᠠᠨ ᠪᠦᠬᠦ ᠲᠠᠯ᠎ᠠ ᠪᠠᠷ ᠪᠠᠬᠢᠵᠢᠬᠦᠯᠦᠨ᠂ ᠴᠠᠭ ᠲᠤᠨᠢ ᠲᠤᠬᠢᠷᠠᠭᠤᠯᠤᠨ ᠶᠠᠳᠠᠭᠤ ᠶᠢ ᠲᠡᠤᠨᠬᠦᠬᠦ ᠡᠳᠡᠬᠡᠤᠨ ᠤᠨ ᠬᠦᠳᠡᠯᠦᠩᠬᠦᠢ ᠬᠠᠮᠢᠶᠠᠷᠤᠯᠳᠠ ᠶᠢ ᠦᠷᠨᠢᠬᠦᠯᠵᠦ᠂ ᠶᠠᠳᠠᠭᠤ ᠬᠦᠴᠢᠷᠳᠡᠯ ᠢ ᠢᠯᠭᠠᠨ ᠲᠤᠳᠤᠯᠠᠬᠤ ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠪᠠᠷᠢᠮᠵᠢᠶ᠎ᠠ ᠪᠤᠯᠤᠨ ᠠᠯᠬᠤᠮ ᠲᠠᠷᠠᠭ᠎ᠠ ᠶᠢ ᠴᠢᠩᠭᠠᠤᠨᠬᠠᠨ᠂ ᠢᠯᠭᠠᠨ ᠲᠤᠳᠤᠯᠠᠬᠤ ᠴᠢᠬᠤᠯᠠᠳᠠᠢ ᠪᠦᠬᠦᠨ ᠢ ᠤᠨᠤᠪᠴᠢᠳᠠᠢ ᠢᠯᠭᠠᠨ ᠲᠤᠳᠤᠯᠠᠵᠤ᠂ ᠤᠬᠤᠷᠢᠭᠤᠯᠤᠨ ᠭᠠᠷᠭᠠᠬᠤ ᠴᠢᠬᠤᠯᠠᠳᠠᠢ ᠪᠦᠬᠦᠨ  ᠢ ᠤᠬᠤᠷᠢᠭᠤᠯᠤᠨ ᠭᠠᠷᠭᠠᠬᠤ ᠶᠢ ᠦᠨᠡᠨᠬᠦ ᠪᠡᠶᠡᠯᠡᠬᠦᠯᠦᠨ᠎ᠡ᠃ ︽ᠲᠠᠪᠤᠨ ᠨᠢᠭᠡ ᠪᠦᠯᠦᠭ︾ ᠤᠨ ᠶᠠᠳᠠᠭᠤ ᠠᠴᠠ ᠠᠩᠬᠢᠵᠢᠷᠠᠭᠤᠯᠬᠤ ᠢᠨᠵᠧᠨᠧᠷᠢᠩ ᠢ ᠦᠷᠬᠦᠯᠵᠢᠯᠡᠨ ᠬᠦᠨᠵᠡᠬᠡᠶᠢᠷᠡᠬᠦᠯᠵᠦ᠂ ᠡᠯ᠎ᠡ ᠲᠦᠷᠦᠯ ᠤᠨ ᠶᠠᠳᠠᠭᠤ ᠶᠢ ᠲᠡᠤᠨᠬᠦᠬᠦ ᠲᠦᠷᠦ ᠶᠢᠨ ᠪᠤᠳᠤᠯᠭ᠎ᠠ ᠶᠢ ᠵᠦᠪ ᠤᠨᠤᠪᠴᠢᠳᠠᠢ ᠨᠠᠶᠢᠳᠠᠪᠤᠷᠢᠵᠢᠭᠤᠯᠬᠤ ᠬᠡᠷᠡᠭᠳᠡᠢ᠃ ᠠᠵᠤ ᠤᠶᠢᠯᠡᠰ ᠢᠶᠠᠷ ᠶᠠᠳᠠᠭᠤ ᠶᠢ ᠲᠡᠤᠨᠬᠦᠬᠦ ᠶᠢ ᠲᠤᠪᠤᠶᠢᠯᠭᠠᠨ ᠠᠤᠨᠬᠤᠵᠦ᠂ ︽ᠠᠷᠪᠠᠨ ᠶᠡᠭᠡ ᠠᠵᠤ ᠤᠶᠢᠯᠡᠰ ᠤᠨ ᠬᠡᠯᠬᠢᠶᠠᠵᠢᠯ︾ ᠢᠶᠠᠷ ᠭᠠᠷᠳᠠᠴᠠ ᠪᠤᠯᠭᠠᠨ᠂ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠬᠢᠬᠡᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠠᠵᠤ ᠤᠶᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠨᠢᠭᠳᠠ ᠤᠶᠠᠯᠳᠤᠭᠤᠯᠵᠦ᠂ ᠶᠠᠳᠠᠭᠤ ᠬᠦᠴᠢᠷᠳᠠᠯᠳᠠᠢ ᠬᠦᠮᠦᠨ ᠠᠮᠠ ᠶᠢ ︽ᠠᠵᠤ ᠤᠶᠢᠯᠡᠰ ᠤᠨ ᠬᠡᠯᠬᠢᠶᠠᠵᠢᠯ︾ ᠢᠶᠠᠷ ᠪᠦᠬᠦᠨ ᠢ ᠪᠦᠷᠬᠦᠬᠦᠯᠬᠦ  ᠶᠢ ᠪᠡᠶᠡᠯᠡᠬᠦᠯᠬᠦ ᠪᠠᠷ ᠴᠢᠷᠮᠠᠶᠢᠵᠦ᠂ 587 ᠡᠷᠤᠬᠡ ᠶᠢᠨ 1141 ᠶᠠᠳᠠᠭᠤ ᠬᠦᠴᠢᠷᠳᠠᠯᠳᠠᠢ ᠬᠦᠮᠦᠨ ᠠᠮᠠ ᠶᠢᠨ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠦᠮᠵᠢ  ᠶᠢ ᠪᠦᠬᠦ ᠬᠦᠴᠦᠨ ᠢᠶᠠᠷ ᠪᠠᠳᠤᠤᠨᠬᠠᠨ᠂ ᠶᠠᠳᠠᠭᠤ ᠬᠦᠴᠢᠷᠳᠠᠯᠳᠠᠢ ᠮᠠᠯᠴᠢᠨ ᠲᠠᠷᠢᠶᠠᠴᠢᠤᠨ ᠵᠡᠷᠬᠡᠪᠡᠷ ᠴᠢᠨᠡᠬᠡᠯᠢᠭᠵᠢᠬᠦ ᠶᠢ ᠪᠠᠳᠤᠯᠠᠨ᠎ᠠ᠃      ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠨ᠎ᠡ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ︽ᠡᠷᠬᠢᠵᠤ ᠬᠠᠷᠠᠬᠤ︾ ᠠᠵᠢᠯ ᠤᠨ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢᠶᠠᠨ ᠪᠦᠬᠦ ᠬᠦᠴᠦ ᠪᠠᠷ ᠰᠠᠶᠢᠳᠤᠷ ᠬᠢᠵᠦ᠂ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠬᠡᠶᠢᠯᠡᠨ ᠵᠠᠰᠠᠬᠤ ᠶᠢ ᠬᠦᠨᠵᠡᠬᠡᠢ ᠲᠦᠯᠬᠢᠨ ᠠᠬᠢᠭᠤᠯᠵᠦ᠂ ᠪᠤᠬᠢᠷᠳᠤᠯ ᠢ ᠰᠡᠷᠬᠡᠶᠢᠯᠡᠨ ᠵᠠᠰᠠᠬᠤ ᠵᠢᠯ ᠤᠨ ᠠᠵᠢᠯᠯᠠᠭᠠᠨ ᠤ ᠲᠦᠯᠦᠪᠯᠡᠭᠡ ᠪᠤᠯᠤᠨ ᠬᠦᠭᠡ ᠤᠭᠳᠠᠷᠭᠤᠢ᠂ ᠨᠤᠭᠤᠭᠠᠨ ᠪᠠᠮᠪᠠᠢ ᠵᠡᠷᠬᠡ 6 ᠲᠤᠰᠬᠠᠢ ᠲᠦᠷᠦᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠡᠷᠡᠰ ᠴᠢᠩᠭ᠎ᠠ ᠨᠠᠶᠢᠳᠠᠪᠤᠷᠢᠵᠢᠭᠤᠯᠵᠦ᠂ ᠨᠤᠳᠤᠭ ᠪᠡᠯᠴᠢᠬᠡᠷ ᠤᠨ ᠠᠮᠢ ᠠᠬᠤᠢ ᠶᠢᠨ ᠰᠡᠷᠬᠦᠬᠡᠯᠳᠡ ᠪᠤᠯᠤᠨ ᠬᠠᠮᠠᠭᠠᠯᠠᠯᠳᠠ ᠪᠠᠨ ᠴᠢᠩᠭᠠᠤᠨᠬᠠᠨ᠂ ᠠᠭᠤᠳᠠᠮ ᠰᠠᠶᠢᠬᠠᠨ ᠲᠠᠯ᠎ᠠ ᠨᠤᠳᠤᠭ ᠢᠶᠠᠨ ᠰᠠᠬᠢᠨ ᠬᠠᠮᠠᠭᠠᠯᠠᠬᠤ ᠠᠵᠢᠯᠯᠠᠭ᠎ᠠ ᠶᠢ ᠦᠷᠬᠦᠯᠵᠢᠯᠡᠨ ᠲᠦᠯᠬᠢᠨ ᠠᠬᠢᠭᠤᠯᠣᠨ᠎ᠠ᠃ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠤ ᠵᠠᠰᠠᠯᠳᠠ  ᠶᠢ ᠬᠦᠨᠵᠡᠬᠡᠢ ᠦᠷᠨᠢᠬᠦᠯᠵᠦ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠬᠠᠮᠠᠭᠠᠯᠠᠯᠳᠠ ᠪᠠᠨ ᠦᠨᠡᠨᠬᠦ ᠴᠢᠩᠭᠠᠤᠨᠬᠠᠨ᠂ ᠠᠭᠤᠷᠬᠠᠢ ᠶᠢᠨ ᠤᠶᠢᠯᠡᠰ  ᠤᠨ ᠡᠷᠬᠡ ᠪᠠᠨ ᠰᠢᠯᠵᠢᠬᠦᠯᠦᠨ ᠬᠤᠳᠠᠯᠳᠤᠬᠤ ᠪᠤᠯᠤᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠵᠦ᠂ ᠠᠭᠤᠷᠬᠠᠢ ᠶᠢᠨ ᠡᠬᠢ ᠰᠤᠷᠪᠤᠯᠵᠢ ᠶᠢ ᠨᠡᠬᠡᠬᠡᠨ ᠠᠰᠢᠭᠯᠠᠬᠤ ᠶᠢ ᠲᠠᠰᠤᠷᠠᠯᠳᠠ ᠦᠬᠡᠢ ᠲᠦᠷᠢᠮᠵᠢᠬᠦᠯᠦᠨ᠂ ᠪᠤᠬᠢᠷᠳᠤᠯ ᠦᠬᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠲᠦᠯᠬᠢᠨ ᠠᠬᠢᠭᠤᠯᠣᠨ᠎ᠠ᠃ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠳᠤᠯᠠᠵᠦ᠂ ᠮᠢᠩᠭᠠᠨ ᠬᠦᠮᠦᠨ ᠠᠴᠠ ᠲᠡᠭᠡᠭᠰᠢᠬᠢ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ 24 ᠶᠢ ᠢᠯᠭᠠᠨ ᠬᠤᠪᠢᠶᠠᠬᠤ ᠵᠢᠴᠢ ᠲᠦᠷᠢᠮᠵᠢᠬᠦᠯᠦᠨ ᠪᠦᠳᠦᠭᠡᠨ ᠪᠠᠶᠢᠭᠤᠯᠬᠤ ᠶᠢ ᠪᠡᠶᠡᠯᠡᠬᠦᠯᠦᠨ᠎ᠡ᠃ ︽ᠲᠦᠷᠪᠡ ᠶᠢ ᠬᠢᠵᠠᠭᠠᠷᠯᠠᠨ ᠲᠠᠪᠤᠵᠢᠭᠤᠯᠬᠤ︾ ᠠᠵᠢᠯᠯᠠᠭ᠎ᠠ ᠶᠢ ᠦᠷᠬᠦᠯᠵᠢᠯᠡᠨ ᠲᠦᠯᠬᠢᠨ ᠠᠬᠢᠭᠤᠯᠵᠦ᠂ ᠤᠯᠠᠭᠠᠨᠰᠤᠬᠠᠢ ᠶᠢᠨ ᠪᠤᠬᠢᠷᠳᠤᠯ ᠢ ᠵᠠᠰᠠᠬᠤ ᠶᠢ ᠬᠦᠴᠦᠯᠡᠨ ᠴᠢᠩᠭᠠᠤᠨᠬᠠᠨ᠎ᠠ᠃ ᠭᠤᠤᠯ ᠤᠨ ᠲᠠᠷᠤᠭ᠎ᠠ ︵ᠨᠠᠭᠤᠷ ᠤᠨ ᠲᠠᠷᠤᠭ᠎ᠠ︶ ᠶᠢᠨ ᠲᠦᠷᠢᠮ ᠢ ᠡᠷᠡᠰ ᠴᠢᠩᠭ᠎ᠠ ᠨᠠᠶᠢᠳᠠᠪᠤᠷᠢᠵᠢᠭᠤᠯᠤᠨ᠂ 139 ᠵᠤᠷᠪᠤᠰ ︵ᠰᠠᠭᠤᠷᠢ︶ ᠰᠤᠪᠠᠭ ᠭᠤᠤᠯ ᠨᠠᠭᠤᠷ ᠴᠦᠬᠦᠷᠤᠮ ᠤᠨ ᠬᠠᠮᠢᠶᠠᠷᠤᠯᠳᠠ ᠬᠠᠮᠠᠭᠠᠯᠠᠯᠳᠠ ᠪᠤᠯᠤᠨ ︽ᠲᠦᠷᠪᠡ ᠶᠢ ᠴᠡᠪᠡᠷᠯᠡᠬᠦ︾ ᠲᠤᠰᠬᠠᠢ ᠲᠦᠷᠦᠯ ᠤᠨ ᠠᠵᠢᠯᠯᠠᠭ᠎ᠠ ᠶᠢ ᠰᠠᠶᠢᠳᠤᠷ ᠦᠷᠨᠢᠬᠦᠯᠵᠦ᠂ ᠭᠤᠤᠯ ᠨᠠᠭᠤᠷ ᠴᠦᠬᠦᠷᠤᠮ ᠤᠨ ᠬᠠᠮᠢᠢᠶᠠᠷᠤᠯᠳᠠ ᠬᠠᠮᠠᠭᠠᠯᠠᠯᠳᠠ ᠶᠢᠨ ᠤᠷᠳᠤ ᠬᠤᠭᠤᠴᠠᠭᠠᠨ ᠤ ᠲᠤᠭᠳᠠᠯᠴᠠᠭ᠎ᠠ ᠶᠢ ᠲᠠᠰᠤᠷᠠᠯᠳᠠ ᠦᠬᠡᠢ ᠲᠡᠬᠦᠯᠳᠡᠷᠵᠢᠬᠦᠯᠦᠨ ᠪᠠᠶᠢᠭᠤᠯᠵᠦ᠂ ᠭᠤᠤᠯ ᠨᠠᠭᠤᠷ ᠤᠨ ᠬᠠᠮᠢᠶᠠᠷᠤᠯᠳᠠ ᠨᠢ ᠪᠤᠳᠠᠳᠤ ᠪᠦᠳᠦᠮᠵᠢ ᠤᠯᠬᠤ ᠶᠢ ᠪᠠᠳᠤᠯᠠᠨ᠎ᠠ᠃      ︵ᠬᠤᠶᠡᠷ︶ ᠴᠢᠬᠤᠯᠠ ᠶᠡᠭᠡ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠳᠤ ᠬᠦᠴᠦ ᠪᠠᠨ ᠲᠦᠪᠯᠡᠷᠡᠬᠦᠯᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠬᠤ ᠲᠡᠭᠡᠷ᠎ᠡ ᠰᠢᠨ᠎ᠡ ᠬᠢᠷᠢ ᠪᠦᠳᠦᠮᠵᠢ ᠭᠠᠷᠭᠠᠨ᠎ᠠ      ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠠᠬᠢᠭᠤᠯᠤᠨ᠎ᠠ᠃ ᠪᠦᠬᠦ ᠬᠤᠰᠢᠭᠤᠨ ᠤ ᠬᠤᠶᠡᠷ ᠲᠡᠰ ᠤᠨ ᠲᠦᠷᠦᠯ ᠵᠤᠶᠢᠯ ᠤᠨ ᠬᠦᠮᠦᠷᠬᠡ  ᠶᠢᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦ ᠪᠠᠷ ᠲᠦᠯᠬᠢᠨ ᠠᠬᠢᠭᠤᠯᠵᠦ᠂ ᠲᠦᠷᠦᠯ ᠵᠤᠶᠢᠯ ᠤᠨ ᠬᠦᠮᠦᠷᠬᠡ ᠶᠢᠨ ᠬᠦᠳᠡᠯᠦᠩᠬᠦᠢ ᠬᠠᠮᠢᠶᠠᠷᠤᠯᠳᠠ ᠪᠤᠯᠤᠨ ᠦᠨᠡᠯᠡᠨ ᠵᠢᠱᠢᠵᠦ ᠨᠤᠳᠠᠯᠠᠬᠤ ᠠᠵᠢᠯ ᠢᠶᠠᠨ ᠦᠷᠬᠦᠯᠵᠢᠯᠡᠨ ᠰᠠᠶᠢᠳᠤᠷ ᠠᠤᠨᠬᠤᠨ᠂ ᠲᠦᠷᠦᠯ ᠵᠤᠶᠢᠯ ᠢ ᠨᠦᠬᠡᠴᠡᠯᠡᠬᠦ ᠶᠠᠰᠦ ᠴᠢᠨᠡᠷ ᠢᠶᠠᠨ ᠲᠡᠭᠡᠭᠰᠢᠯᠡᠬᠦᠯᠵᠦ᠂ ᠨᠡᠩ ᠤᠯᠠᠨ ᠲᠦᠷᠦᠯ ᠵᠤᠶᠢᠯ ᠢ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠲᠦᠯᠦᠪᠵᠢᠬᠦᠯᠭᠡ ᠳᠤ ᠤᠷᠤᠭᠤᠯᠬᠤ ᠪᠠᠷ ᠴᠢᠷᠮᠠᠶᠢᠨ ᠲᠡᠮᠡᠴᠡᠨ᠎ᠡ᠃ 500 ᠲᠦᠮᠡᠨ ᠲᠦᠬᠦᠷᠢᠭ ᠠᠴᠠ ᠲᠡᠭᠡᠭᠰᠢᠬᠢ ᠲᠤᠭᠳᠠᠮᠠᠯ ᠬᠦᠷᠦᠩᠬᠡ ᠶᠢᠨ ᠪᠠᠯᠠ ᠤᠷᠤᠭᠤᠯᠤᠯᠳᠠ ᠶᠢᠨ ᠲᠦᠷᠦᠯ ᠵᠤᠶᠢᠯ ᠢ 45 ᠲᠦᠷᠦᠯ ᠬᠡᠷᠡᠭᠵᠢᠬᠦᠯᠬᠦ ᠪᠠᠷ ᠲᠦᠯᠦᠪᠯᠡᠨ᠂ 47.37 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠨ᠎ᠡ᠂ ᠡᠬᠦᠨ ᠳᠤ᠂ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠲᠦᠷᠦᠯ ᠵᠤᠶᠢᠯ ᠨᠢ 8  ᠪᠠᠶᠢᠵᠤ᠂  36.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠨ᠎ᠡ᠃ ᠤᠯᠤᠰ ᠤᠨ ᠵᠠᠮ ᠱᠤᠭᠤᠮ 331 ᠶᠢᠨ ᠦᠵᠦᠬᠦᠷ ᠠᠴᠠ ᠪᠠᠶᠠᠨᠴᠠᠭᠠᠨ ᠬᠦᠷᠬᠦ ᠬᠡᠰᠡᠭ᠂ ᠤᠯᠤᠰ ᠤᠨ ᠵᠠᠮ ᠱᠤᠭᠤᠮ 335 ᠶᠢᠨ ᠤᠤᠪᠤᠯᠠᠭ ᠤᠨ ᠠᠮᠠ ᠠᠴᠠ ᠤᠦ ᠶᠢᠨ ᠭᠤᠤᠯ ᠬᠦᠷᠬᠦ ᠬᠡᠰᠡᠭ᠂ ᠬᠦᠨ ᠬᠤᠤᠨᠳᠤᠭ ᠠᠴᠠ ᠬᠠᠯᠢᠭᠤᠳᠤ ᠬᠦᠷᠬᠦ ᠬᠡᠰᠡᠭ᠂ ᠵᠦᠩ ᠾᠧ ᠯᠥᠩ ᠲᠧᠩ 10 ᠲᠦᠮᠡᠨ ᠺᠢᠯᠤᠸᠠᠲ ᠤᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ᠂ ᠱᠧᠨ ᠬᠤᠸᠠ ᠶᠢᠨ ᠨᠢᠬᠡᠳᠤᠭᠡᠷ ᠬᠤᠭᠤᠴᠠᠭᠠᠨ ᠤ ᠬᠤᠶᠠᠳᠤᠭᠠᠷ ᠱᠤᠭᠤᠮ ᠵᠡᠷᠬᠡ ᠴᠢᠬᠤᠯᠠ ᠶᠡᠭᠡ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠨᠢᠬᠡᠳᠤᠯᠳᠠᠢ ᠲᠦᠯᠦᠪᠵᠢᠬᠦᠯᠦᠨ ᠲᠦᠯᠬᠢᠨ ᠠᠬᠢᠭᠤᠯᠤᠨ᠎ᠠ᠃      ᠤᠨᠤᠪᠴᠢᠳᠠᠢ ᠪᠠᠷ ᠬᠤᠳᠠᠯᠳᠤᠭᠠᠴᠢᠨ ᠤᠷᠢᠬᠤ ᠶᠢ ᠬᠦᠨᠵᠡᠬᠡᠢ ᠦᠷᠨᠢᠬᠦᠯᠦᠨ᠎ᠡ᠃ ᠪᠦᠬᠦ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠡ ᠤᠷᠤᠭᠤᠯᠬᠤ ᠲᠦᠷᠦᠯ ᠵᠤᠶᠢᠯ ᠤᠨ ᠬᠦᠮᠦᠷᠬᠡ ᠶᠢᠨ ᠲᠠᠪᠴᠠᠩ ᠤᠨ ᠤᠶᠢᠯᠡᠳᠤᠯ ᠢᠶᠠᠨ ᠪᠠᠳᠠᠷᠠᠭᠤᠯᠵᠦ᠂ ᠲᠡᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠤᠶᠢᠯᠡᠤᠨᠪᠦᠷᠢᠯᠡᠨ ᠪᠤᠯᠪᠠᠰᠤᠷᠠᠭᠤᠯᠬᠤ᠂ ᠪᠠᠯ ᠴᠢᠯᠠᠭᠤᠨ ᠤ ᠰᠢᠨ᠎ᠡ ᠮᠠᠲ᠋ᠧᠷᠢᠶᠡᠯ ᠤᠨ ᠨᠠᠷᠢᠯᠢᠭ ᠪᠤᠯᠪᠠᠰᠤᠷᠠᠭᠤᠯᠤᠯᠳᠠ᠂ ᠠᠮᠢᠳᠤ ᠪᠤᠳᠠᠰ ᠤᠨ ᠬᠢᠮᠢ ᠶᠢᠨ ᠠᠵᠤ ᠦᠢᠯᠡᠳᠪᠤᠷᠢ᠂ ᠮᠤᠩᠭᠤᠯ ᠡᠮ ᠡᠮᠨᠡᠯᠬᠡ ᠵᠡᠷᠬᠡ ᠭᠤᠤᠯᠳᠠᠯᠭ᠎ᠠ ᠲᠠᠢ ᠬᠦᠷᠢᠶ᠎ᠠ ᠴᠠᠷᠠᠭᠠᠨ ᠤ ᠲᠤᠭᠤᠷᠢᠨ ᠳᠤ᠂ ᠲᠦᠯᠦᠪᠯᠡᠭᠡ ᠪᠠᠨ ᠲᠦᠷᠬᠡᠤᠨᠬᠡᠨ᠂ ᠨᠢᠬᠡ ᠪᠦᠯᠦᠭ ᠬᠦᠭᠵᠢᠯᠳᠡ ᠶᠢᠨ ᠢᠷᠠᠬᠡᠳᠤᠢ ᠨᠢ ᠰᠠᠶᠢᠨ᠂ ᠲᠠᠶᠢᠴᠢᠯᠠᠯᠳᠠ ᠶᠢᠨ ᠤᠶᠢᠯᠡᠳᠤᠯ ᠢᠶᠠᠷ ᠴᠢᠩᠭ᠎ᠠ ᠲᠦᠷᠦᠯ ᠵᠤᠶᠢᠯ ᠢ ᠤᠷᠢᠨ ᠠᠪᠴᠢᠷᠠᠨ᠎ᠠ᠃ ᠦᠪᠦᠷ ᠮᠤᠩᠭᠤᠯ ᠤᠨ ᠼᠣᠣ ᠶᠤᠸᠠᠨ ᠢᠦᠢ ᠯᠢᠦᠢ᠂ ᠰᠠᠨ ᠵᠢᠦᠢ ᠤᠷᠴᠢᠨ ᠠᠬᠤᠢ ᠶᠢᠨ ᠬᠠᠮᠠᠭᠠᠯᠠᠯᠳᠠ ᠵᠡᠷᠬᠡ ᠬᠡᠷ᠎ᠡ ᠲᠤᠭᠳᠠᠭᠰᠠᠨ ᠲᠦᠷᠦᠯ ᠵᠤᠶᠢᠯ ᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠬᠤᠳᠠᠯᠳᠤᠭᠠᠴᠢᠨ ᠤᠷᠢᠵᠤ ᠪᠠᠯᠡ ᠤᠷᠤᠭᠤᠯᠬᠤ ᠠᠵᠢᠯ ᠤᠨ ᠬᠡᠷ᠎ᠡ ᠪᠠᠨ ᠪᠡᠶᠡᠯᠡᠬᠦᠯᠬᠦ ᠨᠤᠷᠮ᠎ᠠ᠂ ᠪᠡᠯᠡ ᠮᠦᠩᠬᠦ ᠶᠢ ᠨᠠᠶᠢᠳᠠᠪᠤᠷᠢᠵᠢᠭᠤᠯᠬᠤ ᠨᠤᠷᠮ᠎ᠠ ᠪᠤᠯᠤᠨ ᠲᠦᠷᠦᠯ ᠵᠤᠶᠢᠯ ᠤᠨ ᠠᠵᠢᠯ ᠢᠶᠠᠨ ᠡᠬᠢᠯᠡᠬᠦᠯᠬᠦ ᠨᠤᠷᠮ᠎ᠠ ᠶᠢ ᠤᠯᠠᠮ ᠨᠢᠬᠡ ᠠᠯᠬᠤᠮ ᠲᠡᠭᠡᠭᠰᠢᠯᠡᠬᠦᠯᠤᠨ᠂ ᠪᠦᠬᠦ ᠵᠢᠯ ᠳᠤ 40 ᠳ᠋ᠦᠩᠰᠢᠭᠤᠷ ᠲᠦᠬᠦᠷᠢᠭ ᠤᠨ ᠪᠠᠯᠡ ᠣᠷᠣᠭᠤᠯᠣᠯᠲᠠ ᠶᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃      ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠢᠶᠠᠨ ᠪᠦᠬᠦ ᠲᠠᠯ᠎ᠠ ᠪᠠᠷ ᠰᠢᠯᠢᠳᠡᠭᠵᠢᠬᠦᠯᠦᠨ᠎ᠡ᠃ ︽ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢᠨ ᠤᠨ︾ ᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠬᠢᠨᠡᠨ ᠵᠦᠪᠰᠢᠶᠡᠷᠡᠬᠦ ᠶᠠᠪᠤᠴᠠ ᠪᠠᠨ ᠤᠯᠠᠮ ᠨᠢᠬᠡ ᠠᠯᠬᠤᠮ ᠨᠠᠷᠢᠯᠢᠭᠵᠢᠭᠤᠯᠤᠨ ᠲᠦᠬᠦᠮᠴᠢᠯᠡᠵᠦ᠂ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠪᠠᠨ ᠪᠠᠭᠠᠰᠬᠠᠨ᠂ ᠠᠵᠤ ᠠᠬᠤᠶᠢᠯᠠᠯ ᠤᠨ ᠬᠡᠷᠡᠭ ᠬᠦᠢᠴᠡᠤᠨᠬᠡᠬᠦ ᠶᠠᠪᠤᠴᠠ ᠶᠢ ᠰᠢᠯᠢᠳᠡᠭᠵᠢᠬᠦᠯᠵᠦ᠂ ᠤᠶᠢᠯᠡᠴᠢᠯᠡᠬᠡᠨ ᠤ ᠪᠦᠳᠦᠮᠵᠢ᠂ ᠤᠶᠢᠯᠡᠴᠢᠯᠡᠬᠡᠨ ᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠠᠷᠠᠤᠨ ᠠᠴᠠ ᠡᠵᠡᠩᠨᠡᠭᠰᠡᠨ ᠠᠵᠤ ᠠᠬᠤᠢ ᠶᠢ ᠬᠦᠭᠵᠢᠬᠦᠯᠬᠦ ᠲᠦᠷᠦ ᠶᠢᠨ ᠪᠤᠳᠤᠯᠭ᠎ᠠ ᠠᠷᠭ᠎ᠠ ᠪᠠᠷᠢᠯ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠵᠤ ᠠᠬᠤᠶᠢᠯᠠᠯ ᠤᠨ ᠭᠠᠶᠢᠯᠢ ᠶᠢᠨ ᠲᠠᠷᠤᠭᠠᠰᠦ ᠶᠢ ᠬᠦᠩᠬᠡᠷᠡᠬᠦᠯᠤᠨ᠂ ᠪᠡᠯᠡ ᠮᠦᠩᠬᠦ ᠴᠤᠭᠯᠠᠭᠤᠯᠬᠤ ᠳᠤ ᠬᠦᠴᠢᠷ᠂ ᠪᠡᠯᠡ ᠮᠦᠩᠬᠦ ᠴᠤᠭᠯᠠᠭᠤᠯᠬᠤ ᠳᠤ ᠦᠨᠡᠳᠡᠢ ᠪᠠᠶᠢᠭ᠎ᠠ ᠠᠰᠠᠭᠤᠳᠠᠯ ᠢ ᠰᠢᠢᠤᠨᠪᠦᠷᠢᠯᠡᠵᠦ᠂ ᠠᠷᠠᠤᠨ  ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠳᠡ ᠶᠢ ᠶᠡᠬᠡᠪᠡᠷ ᠲᠠᠮᠵᠢᠵᠦ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠨ᠎ᠡ᠃      ︵ᠭᠤᠷᠪᠠ︶ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠡᠬᠡᠷ᠎ᠡ ᠬᠦᠴᠦ ᠪᠠᠨ ᠲᠦᠪᠯᠡᠷᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢ ᠲᠦᠯᠬᠢᠨ ᠠᠬᠢᠭᠤᠯᠬᠤ ᠠᠵᠢᠯ ᠤᠨ ᠰᠢᠨ᠎ᠡ ᠪᠠᠶᠢᠳᠠᠯ ᠢ ᠡᠬᠦᠳᠦᠨ᠎ᠡ      ᠤᠳᠤ ᠦᠶ᠎ᠡ ᠶᠢᠨ ᠲᠡᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰ ᠤᠨ ᠲᠤᠭᠳᠠᠯᠴᠠᠭ᠎ᠠ ᠶᠢ ᠪᠠᠶᠢᠭᠤᠯᠬᠤ ᠪᠠᠨ ᠲᠦᠷᠬᠡᠤᠨᠬᠡᠨ᠎ᠡ᠃ ︽ᠠᠵᠤ ᠤᠶᠢᠯᠡᠰ  ᠢᠶᠠᠷ ᠬᠦᠭᠵᠢᠬᠦᠯᠦᠨ ᠮᠠᠨᠳᠤᠭᠤᠯᠬᠤ︾ ᠪᠠᠷ ᠭᠤᠤᠯ ᠪᠤᠯᠭᠠᠨ᠂ ᠮᠠᠯᠵᠢᠯ ᠲᠠᠷᠢᠶᠠᠯᠠᠩ ᠬᠦᠷᠢᠶᠠᠯᠠᠩ ᠤᠨ ᠶᠡᠷᠤᠩᠬᠡᠶᠢᠯᠡᠭᠰᠡᠨ ᠴᠤᠭᠴᠠ ᠪᠠᠷ ᠭᠠᠷᠳᠠᠴᠠ ᠪᠤᠯᠭᠠᠵᠦ᠂ ᠲᠠᠷᠢᠮᠠᠯ ᠤᠨ ᠪᠦᠳᠦᠴᠡ ᠪᠠᠨ ᠤᠯᠠᠮ ᠨᠢᠬᠡ ᠠᠯᠬᠤᠮ ᠰᠢᠯᠢᠳᠡᠭᠵᠢᠬᠦᠯᠦᠨ᠂ ᠠᠨ ᠹᠠ᠂ ᠶᠢ ᠹᠧᠩ ᠬᠤᠢ ᠨᠥᠩ᠂ ᠬᠤᠣ ᠯᠢᠶᠠᠨ ᠹᠧᠩ᠂ ᠲᠣᠣ ᠺᠤᠸᠠᠨ ᠵᠡᠷᠬᠡ ᠲᠠᠷᠢᠶᠠᠯᠠᠩ ᠤᠨ ᠪᠦᠳᠦᠬᠡᠭᠳᠡᠬᠦᠨ ᠢ ᠪᠤᠯᠪᠠᠰᠤᠷᠠᠭᠤᠯᠬᠤ ᠠᠵᠤ ᠠᠬᠤᠶᠢᠯᠠᠯ ᠳᠤ ᠲᠦᠰᠢᠭᠯᠡᠵᠦ᠂ ᠪᠤᠭᠤᠳᠠᠢ᠂ ᠡᠷᠳᠡᠨᠢ ᠰᠢᠰᠢ ᠵᠡᠷᠬᠡ ᠲᠠᠷᠢᠶᠠᠨ ᠤ ᠤᠷᠭᠤᠮᠠᠯ ᠤᠨ ᠪᠠᠷᠢᠮᠵᠢᠶᠠᠵᠢᠭᠰᠠᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠠᠮᠤ ᠪᠤᠳᠠᠭᠠᠨ ᠤ ᠤᠶᠢᠯᠡᠤᠨᠪᠦᠷᠢᠯᠡᠯ ᠤᠨ ᠴᠢᠳᠠᠪᠤᠷᠢ ᠶᠢ 8 ᠳ᠋ᠦᠩᠰᠢᠭᠤᠷ ᠵᠢᠩ ᠠᠴᠠ ᠲᠡᠭᠡᠭᠰᠢ ᠲᠤᠭᠳᠠᠭᠤᠨ ᠪᠠᠶᠢᠯᠭᠠᠨ᠎ᠠ᠃ ᠡᠯᠳᠡᠪ ᠠᠮᠤ ᠡᠯᠳᠡᠪ ᠪᠤᠷᠴᠠᠭ᠂ ᠯᠤᠬᠠᠱᠧᠩ᠂ ᠤᠯᠠᠭᠠᠨ ᠪᠦᠭᠡᠷᠡᠯᠵᠢᠬᠡᠨ᠎ᠡ᠂ ᠤᠷᠭᠠᠨᠢᠭ ᠪᠤᠭᠤᠳᠠᠢ ᠵᠡᠷᠬᠡ ᠤᠨᠴᠠᠯᠢᠭᠳᠤ ᠲᠠᠷᠢᠮᠠᠯ ᠤᠨ ᠬᠡᠪᠴᠢᠶᠠᠵᠢᠯ ᠢᠶᠠᠨ ᠤᠯᠠᠮ ᠨᠢᠬᠡ ᠠᠯᠬᠤᠮ ᠦᠷᠬᠡᠤᠨᠬᠡᠨ᠂ ᠨᠠᠷᠢᠯᠢᠭ ᠪᠤᠯᠪᠠᠰᠤᠷᠠᠭᠤᠯᠤᠯᠳᠠ᠂ ᠴᠠᠬᠢᠮ ᠬᠤᠳᠠᠯᠳᠤᠭᠠᠨ ᠤ ᠠᠷᠠᠯᠵᠢᠶ᠎ᠠ ᠶᠢ ᠶᠡᠬᠡᠪᠡᠷ ᠬᠦᠭᠵᠢᠬᠦᠯᠵᠦ᠂ ᠲᠠᠷᠢᠶᠠᠯᠠᠩ ᠤᠨ ᠪᠦᠳᠦᠭᠡᠭᠳᠡᠬᠦᠨ ᠤ ᠪᠦᠬᠦ ᠠᠵᠤ ᠤᠶᠢᠯᠡᠰ ᠤᠨ ᠬᠡᠯᠬᠢᠶᠠᠵᠢᠯ ᠢ ᠴᠤᠭᠴᠠᠯᠠᠨ ᠪᠠᠶᠢᠭᠤᠯᠤᠨ᠎ᠠ᠃ ᠤᠯᠠᠮᠵᠢᠯᠠᠯᠳᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠲᠦᠯᠬᠢᠨ ᠠᠬᠢᠭᠤᠯᠵᠦ᠂ ᠮᠠᠯ᠂ ᠠᠳᠤᠭᠤ᠂ ᠦᠬᠡᠷ ᠲᠡᠭᠡᠷ᠎ᠡ ᠠᠴᠠ ᠰᠢᠪᠳᠤᠯᠤᠯᠳᠠ ᠤᠯᠵᠦ᠂ ᠬᠤᠶᠡᠷ ᠪᠤᠭᠳᠠ ᠶᠢᠨ ᠠᠭᠤᠯᠠ ᠶᠢᠨ ᠴᠠᠭᠠᠨ ᠨᠤᠯᠤᠤᠷ ᠤᠨ ᠢᠮᠠᠭᠠᠨ ᠤ ᠡᠬᠦᠯᠳᠡᠷ ᠢ ᠬᠠᠮᠠᠭᠠᠯᠠᠨ ᠪᠤᠶᠢᠵᠢᠭᠤᠯᠬᠤ ᠰᠠᠭᠤᠷᠢᠨ ᠭᠠᠵᠠᠷ᠂ ᠢᠮᠠᠭᠠᠨ ᠨᠤᠤᠯᠤᠷ ᠬᠤᠷᠢᠶᠠᠨ ᠴᠤᠭᠯᠠᠭᠤᠯᠬᠤ ᠪᠠᠷᠢᠮᠵᠢᠶᠠᠵᠢᠭᠰᠠᠨ ᠠᠷᠠᠯᠵᠢᠶᠠᠨ ᠤ ᠲᠦᠪ ᠪᠤᠯᠤᠨ ᠮᠤᠩᠭᠤᠯ ᠮᠤᠷᠢ ᠶᠢᠨ ᠡᠬᠦᠯᠳᠡᠷ ᠤᠨ ᠬᠠᠮᠠᠭᠠᠯᠠᠯᠳᠠ ᠶᠢᠨ ᠲᠤᠭᠤᠷᠢᠭ ᠢ ᠪᠦᠳᠦᠭᠡᠨ ᠪᠠᠶᠢᠭᠤᠯᠵᠦ᠂ ᠴᠡᠭᠡ ᠶᠢᠨ ᠲᠠᠭᠠᠯᠳᠠ ᠪᠦᠳᠦᠭᠡᠭᠳᠡᠬᠦᠨ ᠢ ᠪᠤᠯᠪᠠᠰᠤᠷᠠᠭᠤᠯᠬᠤ ᠶᠢ ᠬᠦᠭᠵᠢᠬᠦᠯᠤᠨ᠂ ᠨᠤᠳᠤᠭ ᠤᠨ ᠦᠬᠡᠷ ᠤᠨ ᠲᠡᠵᠢᠬᠡᠪᠦᠷᠢ ᠶᠢᠨ ᠤᠶᠢᠯᠡᠰ ᠤᠨ ᠬᠡᠪᠴᠢᠶᠠᠵᠢᠯ ᠢ ᠦᠷᠬᠡᠤᠨᠬᠡᠵᠦ᠂ ᠪᠠᠷᠢᠮᠵᠢᠶᠠᠵᠢᠭᠰᠠᠨ ᠲᠡᠵᠢᠬᠡᠪᠤᠷᠢ ᠶᠢᠨ ᠲᠠᠯᠠᠪᠠᠢ 6᠂ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ 10 ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠵᠦ᠂ ᠮᠠᠯ ᠤᠨᠤᠭ᠎ᠠ ᠶᠢ ᠲᠡᠵᠢᠬᠡᠨ ᠠᠷᠠᠴᠢᠯᠠᠭᠰᠠᠨ ᠬᠡᠮᠵᠢᠶ᠎ᠠ  ᠶᠢ 320 ᠲᠦᠮᠡᠨ ᠲᠤᠯᠤᠭᠠᠢ ᠤᠷᠴᠢᠮ ᠪᠠᠶᠢᠬᠤ ᠶᠢ ᠪᠠᠳᠤᠯᠠᠨ᠎ᠠ᠃ ᠮᠦᠶᠠᠩᠬᠠᠢ ᠶᠢᠨ ᠤᠰᠤᠨ ᠭᠠᠷᠤᠯᠳᠠ ᠶᠢᠨ ᠠᠷᠠᠯᠵᠢᠶᠠᠨ ᠤ ᠵᠠᠬ᠎ᠠ ᠲᠡᠯᠬᠡᠬᠦᠷ ᠤᠨ ᠪᠦᠳᠦᠭᠡᠨ ᠪᠠᠶᠢᠭᠤᠯᠤᠯᠳᠠ ᠪᠠᠨ ᠲᠦᠷᠬᠡᠤᠨᠬᠡᠨ᠂ ᠤᠰᠤᠨ ᠭᠠᠷᠤᠯᠳᠠ ᠶᠢᠨ ᠲᠡᠵᠢᠬᠡᠪᠤᠷᠢ ᠶᠢᠨ ᠤᠶᠢᠯᠡᠰ ᠤᠨ ᠬᠡᠪᠴᠢᠶᠡᠵᠢᠭᠰᠡᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ︽ᠲᠡᠭᠷᠢ ᠶᠢᠨ ᠬᠡᠰᠢᠭ ᠲᠠᠢ ᠪᠤᠷᠤᠳᠤᠬᠤᠢ︾ ᠶᠢᠨ ᠤᠷᠤᠨ ᠪᠦᠰᠡ ᠶᠢᠨ ᠨᠠᠶᠢᠳᠠ ᠶᠢᠨ ᠬᠡᠷᠡᠭᠯᠡᠬᠡᠨ ᠤ ᠨᠡᠷᠡᠳᠤ ᠲᠡᠮᠳᠡᠭ ᠲᠤ ᠲᠦᠰᠢᠭᠯᠡᠨ᠂ ᠲᠠᠷᠢᠶᠠᠯᠠᠩ ᠤᠨ ᠪᠦᠳᠦᠭᠡᠭᠳᠡᠬᠦᠨ ᠢ ᠬᠠᠮᠢᠶᠠᠷᠤᠨ ᠬᠢᠵᠠᠭᠠᠷᠯᠠᠬᠤ᠂ ᠤᠬᠠᠭᠤᠯᠤᠨ ᠲᠡᠯᠬᠡᠷᠡᠬᠦᠯᠬᠦ᠂ ᠵᠠᠬ᠎ᠠ ᠲᠡᠯᠬᠡᠬᠦᠷ ᠤᠨ ᠪᠤᠷᠤᠯᠠᠭᠤᠯᠭ᠎ᠠ᠂ ᠲᠦᠷᠦ ᠶᠢᠨ ᠪᠤᠳᠤᠯᠭ᠎ᠠ ᠶᠢᠨ ᠵᠤᠷᠢᠭᠵᠢᠭᠤᠯᠤᠯ ᠵᠡᠷᠬᠡ ᠲᠦᠷᠪᠡᠨ ᠶᠡᠭᠡ ᠲᠤᠭᠳᠠᠯᠴᠠᠭ᠎ᠠ ᠶᠢ ᠪᠦᠬᠦ ᠲᠠᠯ᠎ᠠ ᠪᠠᠷ ᠪᠠᠶᠢᠭᠤᠯᠵᠦ᠂ ᠤᠨᠴᠠᠯᠢᠭᠳᠤ ᠰᠢᠯᠢᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠢ ᠶᠡᠬᠡᠪᠡᠷ ᠪᠤᠶᠢᠵᠢᠭᠤᠯᠤᠨ᠂ ᠬᠤᠰᠢᠭᠤᠨ ᠤ ᠨᠡᠷᠡᠳᠤ ᠲᠡᠮᠳᠡᠭ ᠨᠢ ︽ᠲᠡᠭᠷᠢ ᠶᠢᠨ ᠬᠡᠰᠢᠭ ᠲᠠᠢ ᠪᠤᠷᠤᠳᠤᠬᠤᠢ︾ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠨᠡᠷᠡᠰ ᠤᠨ ᠵᠢᠭᠰᠠᠭᠠᠯᠳᠠ ᠳᠤ ᠰᠤᠩᠭᠤᠭᠳᠠᠬᠤ ᠶᠢ ᠲᠦᠯᠬᠢᠨ ᠠᠬᠢᠭᠤᠯᠵᠦ᠂ ᠰᠢᠯᠢᠳᠡᠭ ᠤᠨᠴᠠᠯᠢᠭᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠨᠡᠷ᠎ᠡ ᠠᠯᠳᠠᠷᠰᠢᠯ ᠢᠶᠠᠨ ᠲᠡᠭᠡᠭᠰᠢᠯᠡᠬᠦᠯᠦᠨ᠎ᠡ᠃      ᠬᠦᠳᠡᠭᠡ ᠲᠤᠰᠬᠤᠨ ᠤ ᠪᠤᠬᠢᠷᠳᠤᠯ ᠦᠬᠡᠢ ᠬᠦᠭᠵᠢᠯᠳᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ᠠᠮᠢ ᠠᠬᠤᠢ ᠤᠷᠤᠰᠢᠨ ᠰᠠᠭᠤᠷᠢᠰᠢᠬᠤ  ᠳᠤ ᠲᠤᠬᠢᠯᠢᠭ︾ ᠢᠶᠠᠷ ᠬᠠᠷᠠᠯᠳᠠ ᠪᠤᠯᠭᠠᠨ᠂ ᠠᠭᠤᠯᠠ ᠤᠰᠤ ᠰᠢᠭᠤᠢ ᠲᠠᠷᠢᠶ᠎ᠠ ᠨᠠᠭᠤᠷ ᠡᠪᠡᠰᠦ ᠡᠯᠡᠰᠦ ᠶᠢ ᠶᠡᠷᠤᠩᠬᠡᠶᠢᠯᠡᠨ ᠵᠠᠰᠠᠬᠤ ᠶᠢ ᠨᠢᠬᠡᠳᠤᠯᠳᠠᠢ ᠲᠦᠯᠦᠪᠯᠡᠨ ᠲᠦᠯᠬᠢᠨ ᠠᠬᠢᠭᠤᠯᠵᠦ᠂ ᠲᠠᠷᠢᠶᠠᠯᠠᠬᠤ ᠪᠠᠨ ᠵᠤᠭᠰᠤᠭᠠᠵᠦ ᠤᠶᠢᠵᠢᠭᠤᠯᠬᠤ᠂ ᠪᠡᠬᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ᠂ ᠪᠠᠶᠢᠭᠠᠯᠢ ᠶᠢᠨ ᠤᠢ  ᠶᠢᠨ ᠬᠠᠮᠠᠭᠠᠯᠠᠯᠳᠠ ᠵᠡᠷᠬᠡ 8.1 ᠲᠦᠮᠡᠨ ᠮᠤ᠋ ᠤᠯᠤᠰ ᠤᠨ ᠤᠢ ᠰᠢᠭᠤᠢ ᠶᠢᠨ ᠭᠤᠤᠯᠳᠠᠯᠭ᠎ᠠ ᠲᠠᠢ ᠲᠦᠷᠦᠯ ᠵᠤᠶᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠠᠵᠤ ᠠᠬᠤᠢ ᠶᠢᠨ ᠤᠢ ᠶᠢᠨ ᠬᠦᠷᠢᠶᠠᠯᠠᠩ 10 ᠶᠢ ᠬᠦᠭᠵᠢᠬᠦᠯᠦᠨ᠂ ᠬᠦᠷᠢᠶ᠎ᠡ ᠬᠠᠰᠢᠶ᠎ᠠ ᠶᠢᠨ ᠠᠵᠤ ᠠᠬᠤᠶ ᠶᠢᠨ ᠤᠢ ᠶᠢᠨ ᠵᠢᠱᠢᠶ᠎ᠡ ᠦᠵᠡᠬᠦᠯᠬᠦ ᠲᠤᠰᠬᠤᠨ 2 ᠢ ᠴᠤᠭᠴᠠᠯᠠᠨ ᠪᠠᠶᠢᠭᠤᠯᠵᠦ᠂ ᠪᠠᠷᠠᠭᠤᠨᠪᠤᠯᠠᠭ ᠲᠤᠰᠬᠤᠨ᠂ ᠬᠤᠩ ᠸᠧᠢ ᠲᠤᠰᠬᠤᠨ ᠵᠡᠷᠬᠡ 10 ᠭᠤᠣᠯᠳᠠᠯᠭ᠎ᠠ ᠲᠠᠢ ᠭᠠᠴᠠᠭ᠎ᠠ ᠲᠣᠰᠬᠤᠨ ᠤ ᠨᠣᠭᠤᠭᠠᠷᠠᠭᠤᠯᠤᠯᠳᠠ ᠶᠢ ᠳᠡᠭᠡᠭᠰᠢᠯᠡᠭᠦᠯᠬᠦ ᠪᠤᠯᠤᠨ ᠮᠦᠶᠠᠩᠬᠠᠢ ᠶᠢᠨ ᠨᠠᠭᠤᠷ ᠲᠠᠭᠠᠤ ᠵᠠᠰᠠᠮᠠᠯ ᠵᠠᠮ᠂ ᠤᠯᠤᠰ ᠤᠨ 242 ᠵᠠᠮ ᠱᠤᠭᠤᠮ ᠤᠨ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠴᠢᠩᠭ᠎ᠠ ᠠᠤᠨᠬᠤᠨ᠎ᠠ᠃ ᠤᠰᠤᠨ ᠠᠰᠢᠭᠯᠠᠯᠲᠠ ᠤᠰᠣᠨ ᠤ ᠬᠠᠮᠠᠭᠠᠯᠠᠯᠲᠠ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠰᠢᠰᠲ᠋ᠧᠮ ᠢ ᠬᠤᠯᠪᠤᠭᠠᠯᠠᠬᠤ᠂ ᠨᠤᠲᠤᠭ ᠪᠡᠯᠴᠢᠭᠡᠷ ᠤᠨ ᠴᠥᠭᠦᠷᠥᠮ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠲᠦᠷᠦᠯ ᠵᠤᠶᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠵᠠᠰᠠᠬᠤ ᠤᠷᠳᠤ ᠬᠤᠭᠤᠴᠠᠭᠠᠨ ᠤ ᠦᠷ᠎ᠡ ᠪᠦᠲᠦᠮᠵᠢᠳᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠠᠮᠢᠳᠤᠷᠠᠯ ᠤᠨ ᠪᠤᠵᠠᠷ ᠤᠰᠤ ᠪᠤᠯᠤᠨ ᠬᠤᠭ ᠨᠣᠪᠰᠢ ᠶᠢ ᠰᠢᠶᠳᠪᠦᠷᠢᠯᠡᠬᠦ᠂ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠬᠦᠨᠦᠬᠡᠯ ᠦᠬᠡᠢ ᠪᠠᠷ ᠰᠢᠶᠳᠪᠦᠷᠢᠯᠡᠬᠦ᠂ ᠵᠣᠷᠯᠣᠩ ᠢ ᠥᠭᠡᠷᠡᠴᠢᠯᠡᠨ ᠪᠠᠶᠢᠭᠤᠯᠬᠤ ᠵᠡᠷᠭᠡ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠪᠠᠨ ᠲᠦᠷᠬᠡᠤᠨᠬᠡᠨ᠂ ᠮᠠᠯᠵᠢᠬᠤ ᠲᠠᠷᠢᠶᠠᠯᠠᠬᠤ ᠣᠷᠣᠨ ᠤ ᠤᠷᠤᠰᠢᠨ ᠰᠠᠭᠤᠷᠢᠰᠢᠬᠤ ᠳᠤ ᠲᠤᠬᠢᠯᠢᠭ ᠪᠠᠶᠢᠬᠤ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠤᠨ᠎ᠠ᠃      ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃  ︽ᠲᠣᠳᠠᠭᠤᠳᠠᠯ ᠢᠶᠠᠨ ᠨᠦᠬᠦᠪᠦᠷᠢᠯᠡᠬᠦ︾ ᠪᠠᠷ ᠭᠤᠣᠯᠳᠠᠯᠭ᠎ᠠ ᠪᠣᠯᠭᠠᠵᠤ᠂ 6.88 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ 5 ᠲᠦᠮᠡᠨ ᠮᠦ ᠬᠤᠵᠢᠷᠯᠢᠭ ᠭᠠᠵᠠᠷ ᠢ ᠰᠠᠶᠢᠵᠢᠷᠠᠭᠤᠯᠤᠨ ᠲᠡᠵᠢᠭᠡᠯ ᠡᠪᠡᠰᠦ ᠪᠣᠷᠳᠤᠭ᠎ᠠ ᠲᠠᠷᠢᠨ ᠮᠠᠯ ᠠᠵᠣ ᠠᠬᠤᠢ ᠶᠢ ᠭᠦᠭᠵᠢᠬᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠲᠦᠯᠦᠪᠯᠡᠵᠦ ᠪᠠᠶᠢᠨ᠎ᠠ᠃ ᠡᠯ᠎ᠡ ᠲᠦᠷᠦᠯ ᠤᠨ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠬᠡᠬᠦ ᠶᠢ ᠲᠦᠷᠭᠡᠳᠬᠡᠨ᠂ ᠳᠠᠯ ᠠᠭᠤᠯᠠ᠂ ᠬᠠᠨ ᠠᠭᠤᠯᠠ ᠵᠡᠷᠭᠡ 5 ᠲᠣᠮᠣ ᠤᠰᠤᠨ ᠴᠥᠭᠦᠷᠥᠮ ᠤᠨ ᠯᠠᠭ ᠰᠢᠪᠠᠷ ᠢ ᠬᠡᠮᠵᠢᠨ ᠴᠡᠪᠡᠷᠯᠡᠵᠦ᠂ ᠬᠤᠯᠤᠰᠤᠲᠠᠶ ᠤᠰᠤᠨ ᠴᠥᠭᠦᠷᠥᠮ᠂ ᠮᠥᠷᠡᠨ ᠭᠤᠣᠯ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠤᠶᠢᠯ ᠢ ᠢᠳᠡᠪᠬᠢᠳᠡᠢ ᠲᠡᠮᠡᠴᠡᠨ ᠤᠯᠵᠦ᠂ ᠨᠡᠭᠦᠷᠡᠰᠦᠨ ᠠᠭᠤᠷᠬᠠᠶ ᠶᠢᠨ ᠰᠤᠪᠠᠭ ᠢ ᠵᠠᠰᠠᠬᠤ ᠵᠢᠴᠢ ᠠᠭᠤᠯᠠ ᠳᠠᠭᠠᠤ ᠭᠠᠵᠠᠷ ᠣᠷᠣᠨ  ᠤ 5 ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠤᠨ᠂ ᠠᠭᠤᠯᠠᠨ ᠦᠶᠡᠷ ᠤᠨ ᠭᠠᠶ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ  ᠪᠠᠨ ᠪᠥᠬᠦ ᠲᠠᠯ᠎ᠠ ᠪᠠᠷ ᠲᠡᠭᠡᠭᠰᠢᠯᠡᠭᠦᠯᠦᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠦᠵᠦᠭᠦᠷ ᠭᠤᠣᠯ ᠠᠴᠠ ᠬᠤᠩᠹᠧᠩ ᠬᠦᠷᠲᠡᠯᠡᠬᠢ᠂ ᠰᠢᠷᠠᠯᠵᠢ ᠠᠴᠠ ᠪᠣᠭᠳᠠ ᠠᠭᠤᠯᠠ ᠶᠢᠨ ᠣᠰᠣᠨ ᠴᠦᠬᠦᠷᠦᠮ ᠬᠦᠷᠲᠡᠯᠡᠬᠢ ᠵᠡᠷᠭᠡ 49.9 ᠺᠢᠯᠦᠮᠧᠲᠷ ᠤᠨ ᠵᠠᠮ ᠱᠣᠭᠤᠮ᠂ 110.9 ᠺᠢᠯᠣᠮᠧᠲᠷ ᠤᠨ ᠬᠢᠯᠢ ᠶᠢᠨ ᠭᠠᠴᠠᠭ᠎ᠠ ᠲᠣᠰᠬᠤᠨ ᠳᠤ ᠨᠡᠪᠲᠡᠷᠡᠬᠦ ᠵᠠᠰᠠᠮᠠᠯ ᠵᠠᠮ᠂ 190.4 ᠺᠢᠯᠣᠮᠧᠲᠷ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠪᠠᠷᠢᠯᠭ᠎ᠠ ᠪᠠ 5 ᠰᠠᠭᠤᠷᠢ ᠠᠶᠤᠯᠲᠠᠶ ᠬᠥᠭᠦᠷᠭᠡ ᠶᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠴᠢᠷᠮᠠᠶᠢᠨ ᠬᠡᠷᠡᠭᠵᠢᠭᠦᠯᠦᠨ᠎ᠠ᠃ ᠬᠢᠯᠢ ᠶᠢᠨ ᠭᠠᠴᠠᠭ᠎ᠠ ᠲᠣᠰᠬᠤᠨ ᠤ ᠲᠠᠷᠢᠶᠠᠯᠠᠩ ᠤᠨ ᠴᠠᠬᠢᠯᠭᠠᠨ ᠤ ᠲᠣᠣᠷ ᠢ ᠦᠭᠡᠷᠡᠴᠢᠯᠡᠨ ᠲᠡᠰ ᠲᠡᠪᠰᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ 10 ᠺᠢᠯᠤᠸᠤᠯᠲ ᠵᠢᠴᠢ ᠲᠡᠭᠦᠨ ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ᠂ ᠮᠠᠯᠵᠢᠬᠤ ᠲᠠᠷᠢᠶᠠᠯᠠᠬᠤ ᠣᠷᠣᠨ ᠳᠤ ᠬᠥᠳᠡᠯᠭᠡᠭᠴᠢ ᠬᠦᠴᠦᠨ ᠤ ᠴᠠᠬᠢᠯᠭᠠᠨ ᠨᠡᠪᠲᠡᠷᠡᠭᠦᠯᠬᠦ ᠵᠡᠷᠭᠡ ᠲᠣᠣᠷ ᠰᠦᠯᠵᠢᠶ᠎ᠡ ᠲᠣᠬᠢᠷᠠᠭᠤᠯᠬᠤ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠬᠤᠶᠠᠳᠤᠭᠠᠷ ᠪᠦᠯᠦᠭ ᠤᠨ ᠴᠠᠬᠢᠯᠭᠠᠨ ᠬᠤᠯᠪᠣᠭᠠᠨ ᠤ ᠲᠦᠭᠡᠮᠡᠯ ᠦᠶᠯᠡᠴᠢᠯᠡᠭᠡ ᠶᠢᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠬᠢᠵᠠᠭᠠᠷ ᠤᠨ ᠮᠠᠯᠵᠢᠬᠤ ᠣᠷᠣᠨ ᠤ ᠰᠦᠯᠵᠢᠶᠡᠨ ᠤ ᠲᠤᠬᠢᠶ᠎ᠠ ᠶᠢ ᠪᠦᠷᠬᠦᠬᠦᠯᠬᠦ ᠠᠰᠠᠭᠤᠳᠠᠯ ᠢ ᠪᠦᠲᠦᠮᠵᠢᠲᠡᠶ ᠪᠠᠷ ᠰᠢᠶᠳᠪᠦᠷᠢᠯᠡᠨ᠎ᠡ᠃      ︵ᠲᠦᠷᠪᠡ︶ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠳᠤ ᠤᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠳᠡᠭᠡᠷ᠎ᠡ ᠰᠢᠨ᠎ᠡ ᠳᠠᠪᠠᠯᠲᠠ ᠶᠢ ᠪᠡᠶᠡᠯᠡᠭᠦᠯᠦᠨ᠎ᠡ      ᠳᠠᠪᠠᠭᠤᠯᠢᠭ ᠠᠵᠤ ᠦᠢᠯᠡᠰ ᠢ ᠬᠦᠴᠦᠯᠡᠨ ᠪᠣᠶᠢᠵᠢᠭᠤᠯᠣᠨ᠎ᠠ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠵᠦ ᠾᠧ  ᠮᠦᠩᠭᠦᠨ ᠤ ᠠᠭᠤᠷᠬᠠᠢ ᠶᠢᠨ ᠲᠦᠷᠦᠯ ᠵᠦᠢᠯ ᠤᠨ ᠨᠠᠶᠢᠳᠠᠪᠦᠷᠢᠵᠢᠭᠤᠯᠬᠤ ᠶᠢ ᠠᠬᠢᠭᠤᠯᠣᠨ᠂ ᠰᠢᠶᠤᠤ ᠯᠦᠩ ᠥᠨᠳᠥᠷ ᠨᠡᠭᠦᠷᠡᠰᠦᠲᠥ᠋ᠷᠥᠭᠴᠢᠲᠦ ᠡᠾᠷᠤᠮ ᠳᠡᠮᠤᠷ ᠤᠨ ᠥᠭᠡᠷᠡᠴᠢᠯᠡᠨ ᠲᠠᠰ ᠳᠡᠪᠰᠢᠭᠦᠯᠬᠦ ᠲᠦᠷᠦᠯ ᠵᠣᠶᠢᠯ ᠢ ᠪᠦᠬᠦ ᠬᠦᠴᠦ ᠪᠠᠷ ᠢᠶᠠᠨ ᠲᠦᠯᠬᠢᠨ ᠠᠬᠢᠭᠤᠯᠤᠨ᠎ᠠ᠃ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠨᠡᠭᠡᠭᠡᠯᠲᠠ ᠶᠢᠨ ᠡᠷᠴᠢᠮ ᠢᠶᠠᠨ ᠴᠢᠩᠭᠠᠷᠠᠭᠤᠯᠣᠨ᠂ ᠤᠯᠤᠰ ᠤᠨ ᠬᠤᠶᠠᠳᠤᠭᠠᠷ ᠪᠦᠯᠦᠭ ᠤᠨ ᠬᠡᠷᠡᠯ ᠤᠨ ᠡᠨᠧᠷᠬᠢ ᠶᠢᠨ ᠵᠢᠱᠢᠶ᠎ᠡ ᠦᠵᠡᠭᠦᠯᠬᠦ ᠲᠥᠷᠥᠯ ᠵᠦᠶᠯ ᠢ ᠢᠳᠡᠪᠬᠢᠯᠡᠨ ᠲᠡᠮᠡᠴᠡᠨ ᠣᠯᠵᠣ᠂ ᠲᠠᠷᠬᠠᠮᠠᠯ ᠬᠡᠯᠪᠡᠷᠢ ᠶᠢᠨ᠂ ᠪᠢᠴᠢᠯ ᠴᠠᠬᠢᠯᠭᠠᠨ ᠲᠣᠤᠷ᠂ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠠᠷᠢᠭᠤᠨ ᠴᠡᠪᠡᠷ ᠡᠨᠧᠷᠬᠢ ᠪᠠᠷ ᠢᠯᠴᠢ ᠬᠠᠩᠭᠠᠬᠤ ᠵᠡᠷᠭᠡ ᠤᠯᠠᠨ ᠡᠰᠢᠵᠢᠭᠰᠡᠨ ᠬᠥᠭᠵᠢᠯᠲᠡ ᠶᠢ ᠪᠠᠷᠢᠮᠲᠠᠯᠠᠨ᠂ ᠨᠡᠩ ᠣᠯᠠᠨ ᠰᠠᠯᠬᠢᠨ ᠤ ᠬᠦᠴᠦᠨ  ᠢᠶᠠᠷ ᠴᠠᠬᠢᠯᠭᠠᠨ ᠭᠠᠷᠭᠠᠬᠤ᠂ ᠭᠡᠷᠡᠯ ᠸᠣᠯᠲ ᠤᠨ ᠪᠠᠶᠢᠭᠤᠯᠣᠯᠲᠠ ᠶᠢᠨ ᠬᠦᠢᠴᠡᠳᠬᠡᠯ ᠲᠤᠭ᠎ᠠ ᠶᠢ ᠲᠡᠮᠡᠴᠡᠨ ᠣᠯᠵᠣ᠂ ᠵᠦᠩ ᠾᠧ ᠯᠦᠩ ᠲᠧᠩ ᠤᠨ 10 ᠲᠦᠮᠡᠨ ᠺᠢᠯᠣᠸᠠᠲ ᠤᠨ ᠬᠡᠷᠡᠯ ᠤᠨ ᠡᠨᠧᠷᠬᠢ ᠶᠢᠨ ᠲᠦᠷᠦᠯ ᠵᠦᠢᠯ ᠤᠨ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠮᠢᠩᠭᠠᠨ ᠲᠦᠮᠡᠨ ᠺᠢᠯᠣᠸᠠᠲ ᠤᠨ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ ᠴᠢᠷᠮᠠᠶᠢᠨ ᠪᠦᠲᠦᠭᠡᠨ ᠪᠠᠶᠢᠭᠤᠯᠣᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠶᠡᠭᠡ ᠪᠠᠷ ᠪᠤᠶᠢᠵᠢᠭᠤᠯᠤᠨ ᠪᠤᠵᠠᠭᠠᠶᠢᠷᠠᠭᠤᠯᠵᠣ᠂ ᠹᠧᠩ ᠢᠦᠢ᠂ ᠶᠢᠨ ᠼᠠᠢ ᠪᠠᠯ ᠴᠢᠯᠠᠭᠤᠨ ᠤ ᠰᠢᠨ᠎ᠡ ᠮᠡᠲ᠋ᠧᠷᠢᠶᠠᠯ ᠢ ᠨᠠᠷᠢᠯᠢᠭ ᠭᠦᠨᠵᠡᠭᠡᠶ ᠡᠳ᠋ᠰᠢᠯᠡᠭᠦᠯᠦᠨ ᠦᠢᠯᠡᠳᠪᠦᠷᠢᠯᠡᠬᠦ᠂ ᠮᠤᠤ ᠶᠤᠸᠠᠨ ᠤ ᠢᠯᠵᠠᠮᠠᠭ ᠬᠦᠴᠢᠯ ᠵᠡᠷᠭᠡ ᠲᠥᠷᠥᠯ ᠵᠦᠶᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ ᠡᠷᠲᠡᠬᠡᠨ ᠡᠬᠢᠯᠡᠭᠦᠯᠵᠦ᠂ ᠡᠷᠲᠡ ᠠᠰᠢᠭᠯᠠᠯᠲᠠ ᠳᠤ ᠣᠷᠣᠭᠤᠯᠣᠨ᠎ᠠ᠃       ᠪᠣᠯᠪᠠᠰᠤᠷᠠᠭᠤᠯᠣᠯᠲᠠ ᠶᠢᠨ ᠲᠣᠭᠤᠷᠢᠭ ᠢ ᠬᠦᠴᠦᠷᠬᠡᠭᠵᠢᠭᠦᠯᠦᠨ ᠬᠦᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠣᠨ᠎ᠠ᠃ ᠪᠣᠯᠪᠠᠰᠣᠷᠠᠭᠤᠯᠣᠯᠲᠠ ᠶᠢᠨ ᠲᠣᠭᠤᠷᠢᠭ ᠤᠨ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠪᠡᠯᠡ ᠣᠷᠣᠭᠤᠯᠤᠯᠲᠠ ᠶᠢᠨ ᠬᠡᠮᠵᠢᠶ᠎ᠡ ᠪᠠᠷ ᠶᠡᠭᠡ᠂ ᠵᠠᠬ᠎ᠠ ᠳᠡᠯᠭᠡᠭᠦᠷ ᠤᠨ ᠠᠯᠤᠰ ᠤᠨ ᠲᠥᠯᠥᠪ ᠢᠶᠠᠷ ᠰᠠᠶᠢᠨ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠲᠦᠷᠦᠯ ᠵᠤᠶᠢᠯ ᠢ ᠨᠡᠩ ᠣᠯᠠᠨ ᠣᠷᠣᠭᠤᠯᠤᠨ ᠠᠪᠴᠢᠷᠠᠵᠤ᠂ ᠪᠣᠯᠪᠠᠰᠣᠷᠠᠭᠤᠯᠣᠯᠲᠠ ᠶᠢᠨ ᠲᠣᠭᠤᠷᠢᠭ ᠤᠨ ᠠᠵᠤ ᠦᠢᠯᠡᠰ ᠤᠨ ᠲᠦᠪᠯᠡᠷᠡᠯ᠂ ᠬᠠᠮᠲᠣᠷᠠᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠠ᠃ ᠪᠣᠯᠪᠠᠰᠣᠷᠠᠭᠤᠯᠣᠯᠲᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠨᠥᠬᠦᠪᠥᠷᠢ ᠪᠠ ᠪᠣᠯᠪᠠᠰᠣᠷᠠᠭᠤᠯᠣᠯᠲᠠ ᠶᠢᠨ ᠲᠣᠭᠤᠷᠢᠭ ᠢ ᠬᠦᠭᠵᠢᠭᠦᠯᠬᠦ ᠲᠦᠷᠦᠯ ᠵᠣᠶᠢᠯ ᠤᠨ ᠪᠡᠯᠡ ᠮᠦᠩᠭᠦ ᠶᠢ ᠲᠡᠮᠡᠴᠡᠨ ᠣᠯᠵᠣ᠂ ᠪᠣᠯᠪᠠᠰᠣᠷᠠᠭᠤᠯᠣᠯᠲᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠣ᠂ ᠪᠣᠯᠪᠠᠰᠣᠷᠠᠭᠤᠯᠣᠯᠲᠠ  ᠶᠢᠨ ᠲᠣᠭᠤᠷᠢᠭ ᠬᠢᠭᠡᠳ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠲᠣᠭᠤᠷᠢᠭ ᠢ ᠵᠠᠯᠭᠠᠭᠰᠠᠨ ᠵᠠᠮ ᠱᠣᠭᠤᠮ ᠤᠨ ᠲᠦᠷᠦᠯ ᠵᠦᠢᠯ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠤᠨ ᠪᠣᠬᠢᠷ ᠪᠣᠳᠠᠰ ᠢ ᠭᠠᠳᠠᠭᠰᠢᠯᠠᠭᠤᠯᠬᠤ ᠢᠨᠵᠧᠨᠧᠷᠢᠩ ᠢ ᠡᠬᠢᠯᠡᠭᠦᠯᠤᠨ᠂ ᠢ ᠲᠧᠩ ᠪᠠ ᠬᠤᠣ ᠰᠢᠶᠠᠩ ᠲᠡᠮᠦᠷ ᠵᠠᠮ ᠤᠨ ᠲᠤᠰᠬᠠᠶ ᠱᠤᠭᠤᠮ ᠤᠨ ᠲᠦᠷᠦᠯ ᠵᠣᠶᠢᠯ ᠤᠨ ᠪᠦᠲᠦᠭᠡᠨ ᠪᠠᠶᠢᠭᠤᠯᠣᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠣ᠂ ᠣᠷᠣᠨ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠠ᠃      ︵ᠲᠠᠪᠤ︶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠬᠦᠴᠦᠨ ᠢᠶᠠᠨ ᠲᠥᠪᠯᠡᠷᠡᠭᠦᠯᠦᠨ᠂ ᠠᠵᠣ ᠠᠬᠤᠢ ᠶᠢᠨ ᠠᠮᠢᠵᠢᠷᠠᠯ ᠤᠨ ᠬᠦᠴᠦᠨ ᠢ ᠬᠦᠭᠵᠢᠭᠡᠬᠦ ᠲᠠᠯ᠎ᠠ ᠪᠠᠷ ᠰᠢᠨ᠎ᠡ ᠠᠬᠢᠴᠠ ᠲᠠᠢ ᠪᠣᠯᠣᠨ᠎ᠠ      ᠴᠠᠬᠢᠮ ᠬᠤᠳᠠᠯᠳᠣᠭᠠᠨ ᠤ ᠠᠵᠣ ᠦᠢᠯᠡᠰ ᠢ ᠶᠡᠬᠡᠪᠡᠷ ᠬᠦᠭᠵᠢᠭᠦᠯᠦᠨ᠎ᠠ᠃ ᠴᠠᠬᠢᠮ ᠬᠤᠳᠠᠯᠳᠤᠭᠠᠨ ᠤ ᠠᠵᠤ ᠦᠶᠯᠡᠰ ᠤᠨ ᠲᠣᠭᠤᠷᠢᠭ ᠤᠨ ᠵᠢᠱᠢᠶ᠎ᠡ ᠦᠵᠡᠭᠦᠯᠬᠦ ᠴᠢᠨᠠᠷᠲᠠᠢ ᠪᠦᠲᠦᠭᠡᠨ ᠪᠠᠶᠢᠭᠤᠯᠣᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠴᠠᠬᠢᠮ ᠬᠤᠳᠠᠯᠳᠤᠭᠠᠨ ᠤ ᠠᠵᠤ ᠦᠢᠯᠡᠰ ᠬᠢᠬᠡᠤᠨ ᠰᠣᠶᠣᠯ ᠤᠨ ᠠᠵᠤ ᠦᠢᠯᠡᠰ᠂ ᠦᠨᠳᠦᠰᠦᠲᠡᠨ ᠤ ᠣᠨᠴᠠᠯᠢᠭᠲᠣ ᠭᠠᠷ ᠤᠷᠠᠯᠠᠯ ᠤᠨ ᠠᠵᠤ ᠦᠢᠯᠡᠰ ᠤᠨ ᠣᠷᠭᠠᠨᠢᠭ ᠠᠭᠤᠰᠤᠯᠴᠠᠯ ᠢ ᠢᠳᠡᠪᠬᠢᠲᠠᠢ ᠠᠬᠢᠭᠤᠯᠣᠨ᠂ ︽ᠲᠡᠭᠷᠢ ᠶᠢᠨ ᠬᠡᠰᠢᠭ  ᠲᠠᠢ ᠪᠣᠷᠣᠲᠣᠬᠤᠢ︾ ᠰᠦᠯᠵᠢᠶᠡᠨ ᠤ ᠬᠤᠳᠠᠯᠳᠤᠭᠠᠴᠢᠨ ᠤ ᠵᠢᠵᠢᠭ ᠦᠷᠦᠭᠡ ᠳᠤ ᠰᠠᠨᠠᠭᠠᠴᠢᠯᠠᠭ᠎ᠠ ᠠᠴᠠ ᠪᠠᠨ ᠠᠭᠤᠰᠣᠯᠴᠠᠨ ᠣᠷᠣᠵᠣ᠂ ᠣᠨᠴᠠᠯᠢᠭᠲᠣ ᠲᠠᠸᠠᠷ ᠤᠨ ︽ᠡᠯᠧᠺᠲᠷᠤᠨᠴᠢᠯᠠᠭᠰᠠᠨ ᠬᠤᠳᠠᠯᠳᠤᠭ᠎ᠠ︾ ᠶᠢ ᠪᠡᠶᠡᠯᠡᠭᠦᠯᠦᠨ᠎ᠠ᠃ ︽ᠰᠦᠯᠵᠢᠶᠡᠨ ᠠᠴᠠ ᠭᠠᠳᠠᠨᠠᠬᠢ︾ ᠪᠠ ︽ᠰᠦᠯᠵᠢᠶᠡᠨ ᠳᠡᠭᠡᠷᠡᠬᠢ︾ ᠶᠢᠨ ᠢᠨᠵᠧᠨᠧᠷᠢᠩ ᠢ ᠠᠭᠤᠰᠬᠠᠨ ᠬᠥᠭᠵᠢᠭᠦᠯᠵᠦ᠂ ᠣᠶᠣᠨᠲᠣ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠦᠷᠦᠯ ᠵᠦᠢᠯ ᠢ ᠬᠡᠷᠡᠭᠵᠢᠭᠦᠯᠣᠨ᠂ ᠬᠥᠭᠵᠢᠯᠲᠡ ᠶᠢᠨ ᠢᠷᠡᠭᠡᠳᠦᠶ ᠲᠠᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠤ ᠳᠠᠷᠢᠵᠤ ᠲᠡᠵᠢᠭᠡᠬᠦ ᠲᠣᠮᠣ ᠡᠷᠦᠬᠡ ᠪᠣᠯᠤᠨ ᠪᠣᠯᠪᠠᠰᠣᠷᠠᠭᠤᠯᠬᠤ ᠠᠵᠣ ᠠᠬᠤᠶᠢᠯᠠᠯ  ᠠᠴᠠ 10 ᠶᠢ ᠲᠡᠮᠵᠢᠨ ᠠᠷᠠᠯᠵᠢᠶᠠᠯᠠᠬᠤ ᠲᠡᠪᠴᠡᠩ ᠳᠤ ᠣᠷᠣᠭᠤᠯᠵᠣ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠠᠬᠢᠭᠤᠯᠣᠨ᠎ᠠ᠃ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠦᠨ᠎ᠠ᠃      ︽ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ︾ ᠤᠨ ᠠᠭᠤᠰᠣᠯᠴᠠᠭᠰᠠᠨ ᠬᠦᠭᠵᠢᠯᠲᠠ ᠶᠢ ᠬᠦᠴᠦᠯᠡᠨ ᠠᠬᠢᠭᠤᠯᠣᠨ᠎ᠠ᠃ ︽ᠰᠣᠶᠣᠯ + ᠪᠡᠶ᠎ᠡ ᠲᠠᠮᠢᠷ + ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠰᠡᠳᠬᠢᠴᠡ ᠶᠢ ᠰᠢᠨᠡᠳᠬᠡᠨ᠂ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠠᠵᠢᠯ ᠢ ᠲᠦᠷᠭᠡᠳᠬᠡᠵᠦ᠂ ᠲᠣᠭᠤᠯᠲᠠᠢ ᠲᠠᠯ᠎ᠠ ᠨᠤᠲᠤᠭ ᠤᠨ ᠦᠨᠳᠦᠰᠦᠲᠡᠨ ᠤ ᠰᠣᠶᠣᠯ ᠤᠨ ᠵᠢᠭᠤᠯᠴᠢᠯᠠᠯ ᠤᠨ ᠲᠣᠭᠤᠷᠢᠭ᠂ ᠴᠠᠰᠣᠲᠠᠢ ᠶᠢᠨ ᠬᠠᠪᠴᠢᠯ  — ᠥᠩᠭᠡᠲᠦ ᠰᠠᠶᠢᠬᠠᠨ ᠰᠢᠬ᠎ᠠ ᠭᠤᠣᠯ ᠤᠨ ᠵᠢᠭᠤᠯᠴᠢᠯᠠᠯ ᠤᠨ ᠲᠣᠭᠤᠷᠢᠭ᠂ ᠬᠠᠯᠢᠭᠤᠲᠤ ᠶᠢᠨ ᠠᠮᠢ ᠠᠬᠤᠢ ᠶᠢᠨ ᠬᠦᠷᠢᠶᠠᠯᠡᠩ ᠵᠡᠷᠭᠡ ᠵᠢᠭᠤᠯᠴᠢᠯᠠᠯ ᠤᠨ ᠦᠵᠡᠮᠵᠢ ᠶᠢᠨ ᠲᠣᠭᠤᠷᠢᠭ ᠤᠨ ᠤᠰᠤ ᠴᠠᠬᠢᠯᠭᠠᠨ ᠵᠠᠮ᠂ ᠮᠡᠳᠡᠭᠡ ᠬᠤᠯᠪᠣᠭ᠎ᠠ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠲᠡᠷᠭᠡᠨ ᠵᠣᠭᠰᠣᠭᠠᠯ᠂ ᠫᠠᠶᠢᠰᠠ ᠲᠡᠮᠲᠡᠭ᠂ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠥᠪ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠢᠵᠢ ᠪᠦᠷᠢᠳᠦᠭᠦᠯᠦᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠤᠰᠬᠠᠶ ᠲᠦᠷᠦᠯ ᠤᠨ ᠪᠡᠯᠡ ᠮᠥᠩᠭᠦ ᠶᠢ ᠢᠳᠡᠪᠬᠢᠯᠡᠨ ᠲᠡᠮᠡᠴᠡᠨ ᠣᠯᠵᠣ᠂ ᠰᠢᠨ᠎ᠡ ᠭᠤᠷᠪᠠᠨ ᠵᠢᠯ  ᠤᠨ ᠵᠣᠷᠯᠣᠩ ᠤᠨ ᠬᠤᠪᠢᠰᠬᠠᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠬᠡᠷᠡᠭᠵᠢᠭᠦᠯᠦᠨ᠎ᠠ᠃ ᠬᠦᠳᠡᠭᠡ ᠲᠣᠰᠬᠤᠨ ᠤ ᠵᠢᠭᠤᠯᠴᠢᠯᠠᠯ ᠢᠶᠠᠷ ᠶᠠᠳᠠᠭᠤ  ᠶᠢ ᠲᠡᠳᠬᠦᠬᠦ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠵᠣ᠂ ᠤᠯᠤᠰ ᠤᠨ ᠲᠡᠰ ᠤᠨ ᠣᠨᠴᠠᠯᠢᠭᠲᠣ ᠵᠢᠭᠤᠯᠴᠢᠯᠠᠯ ᠤᠨ ᠭᠠᠴᠠᠭ᠎ᠠ ᠲᠣᠰᠬᠤᠨ ᠤ ᠶᠠᠳᠠᠭᠤ ᠶᠢ ᠲᠡᠳᠬᠦᠬᠦ ᠲᠦᠷᠦᠯ ᠵᠤᠶᠢᠯ ᠢ ᠬᠡᠷᠡᠭᠵᠢᠭᠦᠯᠬᠦ ᠠᠬᠢᠴᠠ ᠶᠢ ᠠᠬᠢᠭᠤᠯᠣᠨ᠂ ᠲᠠᠷᠢᠶᠠᠯᠡᠩ ᠮᠠᠯᠵᠢᠯ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠳᠤ ᠭᠦᠨ ᠠᠭᠤᠰᠤᠯᠴᠠᠭᠤᠯᠵᠦ᠂ ᠬᠦᠳᠡᠭᠡ ᠲᠣᠰᠬᠤᠨ ᠤ ᠵᠢᠭᠤᠯᠴᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠣᠷᠠᠳ ᠤᠨ ᠲᠣᠮᠳᠠᠳᠣ ᠬᠤᠰᠢᠭᠤᠨ ᠤ ᠲᠠᠯ᠎ᠠ ᠨᠣᠲᠤᠭ ᠤᠨ ᠠᠮᠢ ᠠᠬᠤᠢ ᠤᠨ ᠵᠢᠭᠤᠯᠴᠢᠯᠠᠯ ᠵᠢᠴᠢ ᠨᠠᠢᠮᠠᠳᠣᠭᠠᠷ ᠬᠤᠭᠤᠴᠠᠭᠠᠨ ᠤ ᠬᠤᠨ ᠭᠠᠯᠠᠭᠤ ᠰᠣᠶᠣᠯ ᠣᠷᠠᠯᠢᠭ ᠤᠨ ᠨᠠᠶᠢᠷ᠂ ᠪᠦᠬᠦ ᠠᠷᠠᠳ ᠢᠶᠠᠷ ᠢᠶᠠᠨ ᠪᠡᠶ᠎ᠡ ᠪᠠᠨ ᠴᠢᠬᠢᠷᠠᠭᠵᠢᠭᠤᠯᠬᠤ ᠰᠠᠷ᠎ᠠ ᠵᠡᠷᠭᠡ ︽ᠰᠣᠶᠣᠯ ᠪᠡᠶ᠎ᠡ ᠶᠢᠨ ᠲᠠᠮᠢᠷ  ᠵᠢᠭᠤᠯᠴᠢᠯᠠᠯ︾ ᠤᠨ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠦ᠂ ᠵᠢᠭᠤᠯᠴᠢᠯᠠᠯ ᠤᠨ ᠠᠭᠤᠯᠣᠭᠳᠠᠬᠤᠨ ᠢ ᠪᠠᠶᠠᠯᠢᠭᠵᠢᠭᠤᠯᠤᠨ᠂ ᠨᠡᠷ᠎ᠡ ᠠᠯᠲᠠᠷ ᠪᠠᠨ ᠮᠠᠨᠳᠣᠭᠤᠯᠣᠨ᠎ᠠ᠃ ᠪᠦᠬᠦ ᠵᠢᠯ ᠳᠤ 95 ᠲᠦᠮᠡᠨ ᠬᠥᠮᠦᠨ ᠤᠳᠠᠭ᠎ᠠ ᠶᠢ ᠬᠦᠯᠢᠶᠡᠨ ᠠᠪᠴᠣ ᠵᠣᠴᠢᠯᠠᠨ᠂ ᠵᠢᠭᠤᠯᠴᠢᠯᠠᠯ ᠤᠨ ᠶᠠᠷᠣᠩᠭᠡᠶᠢᠯᠡᠭᠰᠡᠨ ᠣᠷᠣᠯᠭ᠎ᠠ 11 ᠳ᠋ᠦᠩᠰᠢᠭᠤᠷ ᠲᠥᠭᠦᠷᠢᠭ ᠢ ᠰᠢᠪᠳᠤᠯᠤᠨ᠎ᠠ᠃      ᠰᠢᠨ᠎ᠡ ᠬᠡᠯᠪᠡᠷᠢ ᠶᠢᠨ ᠦᠶᠯᠡᠴᠢᠯᠡᠭᠡᠨ ᠤ ᠦᠶᠯᠡᠰ ᠢ  ᠪᠦᠬᠦ ᠬᠦᠴᠦᠨ ᠢᠶᠠᠷ ᠪᠤᠶᠢᠵᠢᠭᠤᠯᠣᠨ᠎ᠠ᠃ ᠦᠢᠯᠡᠴᠢᠯᠡᠭᠡᠨ ᠤ ᠦᠢᠯᠡᠰ ᠢ ᠬᠦᠭᠵᠢᠭᠦᠯᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ ᠮᠡᠳᠡᠭᠡ ᠵᠠᠩᠭᠢ ᠶᠢᠨ ᠦᠢᠯᠡᠴᠢᠯᠡᠭᠡ᠂ ᠲᠤᠰᠬᠠᠶ ᠵᠠᠬ᠎ᠠ ᠳᠡᠯᠭᠡᠭᠦᠷ ᠵᠡᠷᠭᠡ ᠰᠢᠨ᠎ᠡ ᠬᠡᠯᠪᠡᠷᠢ ᠶᠢᠨ ᠠᠵᠢᠯ ᠦᠢᠯᠡᠰ ᠢ ᠲᠦᠷᠭᠡᠳᠬᠡᠨ ᠪᠤᠶᠢᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠂ ᠰᠣᠶᠣᠯ ᠤᠨ ᠪᠦᠲᠦᠭᠡᠯᠴᠢ ᠰᠡᠳᠬᠢᠮᠵᠢ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠪᠣᠯᠤᠨ ᠭᠡᠷ ᠤᠨ ᠶᠠᠪᠤᠳᠠᠯ᠂ ᠨᠠᠰᠤᠵᠢᠯ ᠤᠨ ᠠᠰᠠᠷᠠᠮᠵᠢ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠢᠳᠡᠪᠬᠢᠲᠡᠶ ᠬᠥᠭᠵᠢᠭᠦᠯᠤᠨ᠂ ᠡᠷᠡᠭᠦᠯ ᠮᠡᠨᠳᠦ ᠪᠡᠶ᠎ᠡ ᠰᠣᠪᠢᠯᠠᠯᠲᠠ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠪᠡᠶᠡᠯᠡᠬᠦᠯᠦᠨ᠂ ᠤᠶᠢᠷ᠎ᠠ ᠵᠠᠮ ᠤᠨ ᠲᠡᠭᠡᠭᠡᠪᠦᠷᠢ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠶᠠᠨᠴᠢᠳ ᠤᠨ ᠲᠤᠭ᠎ᠠ ᠶᠢᠨ ᠳᠠᠬᠢᠨ ᠰᠢᠨ᠎ᠡ ᠨᠡᠮᠡᠭᠳᠡᠯ ᠲᠠᠢ ᠪᠣᠯᠬᠤ ᠶᠢ ᠪᠡᠶᠡᠯᠡᠭᠦᠯᠣᠨ᠂ ᠨᠢᠰᠬᠡᠯ ᠤᠨ ᠪᠠᠭᠤᠳᠠᠯ ᠤᠨ ᠲᠡᠰ ᠳᠡᠪᠰᠢᠬᠦ ᠥᠭᠡᠷᠡᠴᠢᠯᠡᠯᠲᠡ ᠶᠢᠨ ᠪᠠᠷᠢᠯᠭ᠎ᠠ ᠶᠢ ᠠᠬᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ  ᠲᠦᠷᠦᠭᠦᠯᠡᠨ ᠬᠡᠷᠡᠭᠵᠢᠭᠦᠯᠵᠦ  ᠪᠠᠶᠢᠭ᠎ᠠ ᠤᠯᠤᠰ ᠤᠨ ︽ ᠬᠤᠨ  ︾ ᠲᠤᠰᠬᠠᠶ ᠲᠦᠷᠦᠯ ᠤᠨ ᠡᠭᠦᠷᠭᠡ ᠶᠢ ᠭᠤᠣᠯᠳᠠᠯᠭ᠎ᠠ ᠲᠠᠢ ᠪᠠᠲᠤᠯᠠᠨ᠂ ᠪᠠᠷᠠᠭᠤᠨ ᠣᠷᠣᠨ ᠤ ᠵᠢᠯᠣᠭᠤᠴᠢ ᠥᠬᠡᠶ ᠨᠢᠰᠦᠭᠦᠷ ᠤᠨ ᠪᠤᠯᠪᠠᠰᠤᠷᠠᠯ ᠵᠢᠴᠢ ᠲᠣᠷᠰᠢᠨ ᠨᠢᠰᠬᠦ ᠰᠢᠯᠭᠠᠨ ᠪᠠᠲᠣᠯᠠᠯᠲᠠ ᠶᠢᠨ ᠰᠠᠭᠤᠷᠢᠨ ᠭᠠᠵᠠᠷ ᠪᠠ ᠴᠡᠷᠢᠭ ᠤᠨ ᠬᠡᠷᠡᠭᠯᠡᠭᠡ ᠪᠣᠯᠣᠨ ᠠᠷᠠᠳ ᠤᠨ ᠬᠡᠷᠡᠭᠯᠡᠭᠡ ᠶᠢ ᠬᠠᠪᠰᠣᠷᠭᠠᠨ ᠨᠡᠶᠢᠯᠡᠭᠦᠯᠦᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃     ︵ᠵᠢᠷᠭᠤᠭ᠎ᠠ︶ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠲᠡᠭᠡᠷ᠎ᠡ ᠬᠦᠴᠦ ᠪᠠᠨ ᠲᠦᠪᠯᠡᠷᠡᠬᠦᠯᠦᠨ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠡᠭᠡᠷ᠎ᠡ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ     ᠬᠤᠲᠠ ᠶᠢᠨ ᠬᠠᠮᠢᠶᠠᠷᠤᠯᠲᠠ ᠶᠢᠨ ᠠᠵᠢᠯ ᠢᠶᠠᠨ ᠬᠦᠴᠦᠯᠡᠨ ᠰᠠᠶᠢᠲᠤᠷ ᠠᠳᠬᠤᠨ᠎ᠠ᠃ ᠪᠦᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠳᠣᠵᠢᠭᠤᠯᠤᠨ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠠ᠃ ︽ᠵᠡᠭᠡᠯᠢ ᠭᠤᠳᠣᠮᠵᠢ ᠶᠢᠨ ᠲᠠᠷᠤᠭ᠎ᠠ︾ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠬᠤᠲᠠ ᠶᠢᠨ ᠬᠠᠤᠯᠢ ᠬᠡᠷᠡᠭᠵᠢᠭᠦᠯᠬᠦ ᠵᠡᠷᠭᠡ ᠡᠯ᠎ᠡ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠬᠡᠷᠡᠭᠵᠢᠭᠦᠯᠬᠦ ᠶᠢ ᠠᠬᠢᠭᠤᠯᠤᠨ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠᠶᠢᠩᠭᠤ ᠶᠢᠨ ᠪᠠᠶᠢᠳᠠᠯ ᠢ ᠪᠤᠢ ᠪᠣᠯᠭᠠᠵᠦ᠂ ᠴᠡᠪᠡᠷ ᠴᠡᠮᠴᠡᠭᠡᠷ᠂ ᠡᠮᠬᠢ ᠲᠢᠭᠯᠢᠮ ᠲᠠᠢ᠂ ᠬᠠᠮᠢᠶᠠᠷᠤᠯᠲᠠ ᠨᠢ ᠡᠮᠬᠢ ᠵᠢᠷᠤᠮ ᠲᠠᠢ ᠬᠤᠳᠠ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ ᠬᠠᠮ ᠵᠠᠭᠤᠴᠢᠯᠠᠭᠤᠷ ᠤᠨ ᠠᠵᠢᠯ ᠤᠨ ᠪᠠᠶᠢᠳᠠᠯ ᠢ ᠲᠦᠷᠭᠡᠳᠬᠡᠨ ᠪᠠᠶᠢᠭᠤᠯᠵᠤ᠂ ᠤᠷᠠᠳ ᠤᠨ ᠳᠤᠮᠳᠠᠳᠤ ᠬᠤᠰᠢᠭᠤ ᠪᠠᠨ ᠪᠦᠬᠦ ᠲᠠᠯ᠎ᠠ ᠠᠴᠠ᠂ ᠪᠠᠶᠠᠲᠦ ᠴᠣᠭᠴᠠᠵᠢᠭᠤᠯᠣᠭᠰᠠᠨ᠂ ᠥᠷᠭᠡᠨ ᠬᠦᠷᠢᠶ᠎ᠡ ᠬᠡᠪᠴᠢᠶ᠎ᠠ ᠪᠠᠷ᠂ ᠣᠯᠠᠨ ᠬᠠᠷᠠᠭᠠᠰᠣ ᠠᠴᠠ ᠤᠬᠠᠭᠤᠯᠤᠨ ᠲᠠᠨᠢᠯᠴᠠᠭᠤᠯᠣᠨ᠎ᠠ᠃ ᠠᠳᠠᠯ ᠠᠬᠤᠶ ᠶᠢᠨ ᠦᠶᠯᠡᠴᠢᠯᠡᠭᠡᠨ ᠤ ᠬᠠᠮᠢᠶᠠᠷᠤᠯᠲᠠ ᠪᠠᠨ ᠴᠢᠩᠭᠠᠳᠬᠠᠨ᠂ ᠠᠳᠠᠯ ᠠᠬᠤᠶ ᠶᠢᠨ ᠠᠵᠤ ᠠᠬᠤᠶᠢᠯᠠᠯ ᠤᠨ ᠠᠵᠢᠯᠯᠠᠭᠠᠨ ᠢ ᠵᠢᠷᠤᠮᠵᠢᠭᠤᠯᠣᠨ᠎ᠠ᠃ ᠣᠶᠣᠨᠴᠢ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠠᠬᠤᠶ ᠨᠡᠶᠢᠭᠡᠮ ᠤᠨ ᠡᠯ᠎ᠡ ᠬᠦᠷᠢᠶ᠎ᠡ ᠬᠡᠪᠴᠢᠶᠡᠨ ᠳᠠᠬᠢ ᠬᠡᠷᠡᠭᠯᠡᠯᠲᠡ ᠶᠢ ᠴᠢᠩᠭᠠᠳᠬᠠᠵᠤ᠂ ᠬᠤᠳᠠ ᠶᠢᠨ ᠠᠷᠠᠳ ᠲᠤ ᠣᠶᠣᠨᠴᠢᠯᠠᠭᠰᠠᠨ ᠠᠮᠢᠳᠤᠷᠠᠯ ᠢ ᠬᠠᠮᠲᠤᠪᠠᠷ ᠡᠳ᠋ᠯᠡᠭᠦᠯᠦᠨ᠎ᠠ᠃       ᠬᠠᠭᠤᠴᠢᠨ ᠬᠤᠲᠠ ᠶᠢᠨ ᠲᠣᠭᠤᠷᠢᠭ ᠢ ᠰᠢᠨᠡᠳᠬᠡᠨ ᠪᠠᠶᠢᠭᠤᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠣᠨ᠎ᠠ᠃ ᠪᠠᠶᠠᠨ ᠵᠡᠭᠡᠯᠢ ᠶᠢᠨ ᠡᠮᠦᠨᠡᠬᠢ᠂ ᠲᠡᠮᠦᠷᠯᠢᠭ ᠤᠨ ᠵᠡᠭᠡᠯᠢ ᠶᠢᠨ ᠲᠦᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠣ᠂ ᠪᠡᠶ᠎ᠡ ᠶᠢᠨ ᠲᠠᠮᠢᠷ ᠤᠨ ᠵᠡᠭᠡᠯᠢ᠂ ᠠᠵᠢᠯ ᠮᠡᠷᠭᠡᠵᠢᠯ ᠤᠨ ᠰᠣᠷᠭᠠᠭᠤᠯᠢ ᠶᠢᠨ ᠪᠠᠷᠠᠭᠤᠨ ᠵᠡᠭᠡᠯᠢ ᠶᠢᠨ ᠲᠦᠭᠦᠮ ᠪᠦᠲᠦᠴᠡᠲᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠪᠠ ᠮᠣᠩᠭᠤᠯ ᠦᠨᠳᠦᠰᠦᠲᠡᠨ ᠤ ᠰᠣᠷᠭᠠᠭᠤᠯᠢ ᠶᠢᠨ ᠵᠡᠭᠡᠯᠢ ᠶᠢᠨ ᠨᠡᠭᠦᠷᠡᠰᠦ ᠶᠢ ᠰᠢᠳᠠᠮᠠᠬᠠᠢ ᠬᠡᠢ ᠪᠠᠷ ᠰᠣᠯᠢᠬᠤ ᠢᠨᠵᠧᠨᠧᠷᠢᠩ ᠢ ᠪᠡᠶᠡᠯᠡᠭᠦᠯᠣᠨ᠂ ᠰᠢᠨᠵᠢᠯᠡᠭᠡ ᠮᠡᠷᠭᠡᠵᠢᠯ ᠤᠨ ᠵᠦᠪᠯᠡᠯ ᠤᠨ ᠵᠡᠭᠡᠯᠢ ᠭᠤᠳᠣᠮᠵᠢ᠂ ᠤᠯᠠᠭᠠᠨ ᠶᠡᠭᠡ ᠵᠡᠭᠡᠯᠢ᠂ ᠬᠢᠯᠢ ᠬᠠᠮᠠᠭᠠᠯᠠᠯᠲᠠ ᠶᠢᠨ ᠵᠠᠮ ᠠᠷᠠᠴᠢᠯᠠᠯᠲᠠ ᠶᠢᠨ ᠵᠡᠭᠡᠯᠢ ᠪᠠ ᠮᠣᠩᠭᠤᠯ ᠦᠨᠳᠦᠰᠦᠲᠡᠨ ᠤ ᠰᠣᠷᠭᠠᠭᠤᠯᠢ ᠶᠢᠨ ᠵᠡᠭᠡᠯᠢ ᠵᠡᠷᠭᠡ ᠪᠠᠶᠢᠰᠢᠩᠲᠣ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠣ᠂ ᠤᠰᠤ ᠪᠠᠷ ᠴᠡᠪᠡᠷᠯᠡᠬᠦ ᠵᠣᠷᠯᠣᠩ 40 ᠶᠢ ᠥᠭᠡᠷᠡᠴᠢᠯᠡᠨ ᠪᠠᠶᠢᠭᠤᠯᠤᠨ᠎ᠠ᠃ ᠬᠠᠭᠤᠴᠢᠨ ᠲᠣᠭᠤᠷᠢᠭ ᠤᠨ ᠨᠣᠭᠤᠭᠠᠷᠠᠭᠤᠯᠤᠯᠳᠠ ᠪᠠ ᠦᠬᠡᠷᠡᠴᠢᠯᠡᠯᠳᠡ ᠶᠢᠨ ᠢᠨᠵᠧᠨᠧᠷᠢᠩ ᠢᠶᠠᠨ ᠡᠬᠢᠯᠡᠭᠦᠯᠵᠦ᠂ ᠨᠢᠭᠡ ᠪᠦᠯᠦᠭ ᠵᠢᠵᠢᠭ ᠵᠤᠭᠠᠴᠠᠯ ᠤᠨ ᠴᠡᠴᠡᠷᠯᠢᠭ ᠪᠠ ᠵᠡᠭᠡᠯᠢ ᠲᠡᠭᠡᠷᠡᠬᠢ ᠵᠦᠯᠭᠡ ᠭᠠᠵᠠᠷ ᠢ ᠪᠥᠳᠥᠭᠡᠨ ᠪᠠᠶᠢᠭᠤᠯᠵᠤ᠂ ᠬᠠᠭᠤᠴᠢᠨ ᠬᠤᠲᠠ ᠶᠢᠨ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠢᠵᠢ ᠪᠦᠷᠢᠳᠦᠭᠦᠯᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠣᠨ᠎ᠠ᠃     ︵ᠲᠤᠯᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠬᠦᠴᠦᠨ ᠴᠢᠳᠠᠯ ᠢᠶᠠᠨ ᠨᠢᠭᠲᠠᠷᠠᠭᠤᠯᠵᠤ᠂ ᠦᠢᠯᠡᠴᠢᠯᠡᠭᠡᠨ ᠤ ᠬᠦᠭᠵᠢᠯᠲᠠ ᠶᠢᠨ ᠰᠢᠨᠡᠴᠢᠯᠡᠯᠲᠠ  ᠳᠤ ᠰᠢᠨ᠎ᠡ ᠬᠥᠳᠡᠯᠭᠡᠬᠦ ᠬᠦᠴᠦᠨ ᠢ ᠬᠦᠭᠵᠢᠭᠡᠨ᠎ᠠ       ᠭᠤᠷᠪᠠᠨ ᠲᠦᠷᠦᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯᠵᠢᠯ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠯᠠᠯ ᠤᠨ ᠲᠣᠭᠲᠠᠴᠠ ᠶᠢ ᠭᠦᠨᠵᠡᠭᠡᠶᠢᠷᠡᠭᠦᠯᠵᠦ᠂ ᠵᠠᠬᠢᠶᠠᠯᠠᠭ᠎ᠠ ᠶᠢᠨ ᠭᠡᠷ᠎ᠡ ᠲᠣᠭᠲᠠᠬᠤ᠂ ᠬᠤᠪᠢ ᠣᠷᠣᠭᠤᠯᠤᠨ ᠬᠤᠷᠰᠢᠬᠤ᠂ ᠦᠶᠯᠡᠴᠢᠯᠡᠨ ᠬᠠᠮᠵᠢᠯᠴᠠᠬᠤ ᠵᠡᠷᠭᠡ ᠵᠠᠭᠪᠤᠷ ᠢ ᠶᠡᠬᠡᠪᠡᠷ ᠳᠡᠯᠭᠡᠷᠡᠭᠦᠯᠤᠨ᠂ ᠲᠣᠯᠣᠭᠠᠶᠢᠯᠠᠭᠴᠢ ᠠᠵᠤ ᠠᠬᠤᠶᠢᠯᠠᠯ ᠪᠣᠯᠤᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠂ ᠮᠠᠯᠵᠢᠬᠤ ᠲᠠᠷᠢᠶᠠᠯᠠᠬᠤ ᠡᠷᠦᠬᠡ ᠶᠢᠨ ᠨᠡᠩ ᠨᠢᠭᠲᠠ ᠠᠰᠢᠭ ᠲᠤᠰᠠ ᠶᠢᠨ ᠬᠤᠯᠪᠣᠭᠠᠯᠠᠯ ᠤᠨ ᠲᠣᠭᠲᠠᠴᠠ ᠶᠢ ᠪᠠᠶᠢᠭᠤᠯᠣᠨ᠎ᠠ᠃ ᠮᠣᠩᠭᠤᠯ ᠣᠯᠣᠰ ᠲᠠᠢ ᠬᠠᠮᠲᠤᠷᠠᠯᠴᠠᠬᠤ ᠲᠣᠭᠲᠠᠴᠠ ᠶᠢᠨ ᠰᠢᠨ᠎ᠡ ᠶᠢ ᠡᠭᠦᠳᠴᠦ᠂ ᠭᠠᠳᠠᠭᠠᠳᠤ ᠶᠠᠪᠤᠳᠠᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠭᠠᠳᠠᠭᠠᠳᠤ ᠶᠠᠪᠤᠳᠠᠯ ᠤᠨ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠬᠦᠷᠢᠶ᠎ᠡ ᠴᠠᠷᠠᠭᠠᠨ ᠤ ᠭᠦᠨᠵᠡᠭᠡᠢ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠪᠦᠲᠦᠴᠡ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠣᠷᠣᠨ ᠲᠣᠭᠤᠷᠢᠭᠴᠢᠯᠠᠭᠰᠠᠨ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠠᠳᠣᠳᠬᠠᠨ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠪᠠ ᠲᠥᠯᠥᠪᠦᠷᠢ ᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠤᠳᠤᠷᠢᠳᠬᠤ ᠺᠠᠳ᠋ᠷᠴᠣᠳ ᠤᠨ ᠲᠣᠰᠢᠶᠠᠯ ᠠᠴᠠ ᠪᠠᠨ ᠰᠠᠯᠬᠤ ︵ᠲᠣᠰᠢᠶᠠᠯ ᠳᠠᠭᠠᠨ ᠪᠠᠶᠢᠬᠤ︶ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ  ᠶᠢᠨ ᠬᠢᠨᠠᠨ ᠪᠣᠳᠣᠯᠲᠠ ᠶᠢ ᠢᠳᠡᠪᠬᠢᠲᠠᠢ ᠶᠠᠪᠣᠭᠳᠠᠭᠤᠯᠣᠨ᠎ᠠ᠃      ︽ᠪᠠᠭᠤᠯᠭᠠᠬᠤ ᠬᠠᠮᠢᠶᠠᠷᠬᠤ  ᠦᠢᠯᠡᠴᠢᠯᠡᠬᠦ  ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠣᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠢᠯ ᠤᠨ ᠳᠣᠲᠣᠷ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠦᠯᠵᠢᠶᠡᠨ ᠳᠡᠭᠡᠷ᠎ᠡ ᠭᠦᠶᠴᠡᠳᠬᠡᠭᠰᠡᠨ ᠬᠠᠷᠢᠴᠠᠯ ᠢ 70% ᠠᠴᠠ ᠳᠡᠭᠡᠭᠰᠢ ᠬᠦᠷᠬᠡᠨ᠎ᠠ᠃ ᠡᠯᠧᠺᠲᠷᠣᠨ ᠰᠢᠯᠭᠠᠨ ᠪᠠᠶᠢᠴᠠᠭᠠᠬᠤ ᠬᠢᠨᠠᠨ ᠵᠥᠪᠰᠢᠶᠡᠷᠡᠬᠦ ᠰᠢᠰᠲ᠋ᠧᠮ ᠢ ᠢᠳᠡᠪᠬᠢᠲᠠᠢ ᠪᠠᠷ ᠬᠡᠷᠡᠭᠯᠡᠯᠲᠠ ᠳᠤ ᠣᠷᠣᠭᠤᠯᠤᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠭᠤᠷᠪᠠ ᠳᠤ ᠲᠦᠪᠯᠡᠷᠡᠭᠦᠯᠦᠨ ᠭᠤᠷᠪᠠ ᠶᠢ ᠨᠠᠶᠢᠳᠠᠪᠣᠷᠢᠵᠢᠭᠤᠯᠬᠤ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠠᠵᠢᠯ ᠡᠷᠭᠢᠯᠡᠬᠦ ᠶᠡᠭᠡ ᠲᠢᠩᠬᠢᠮ ᠪᠣᠯᠤᠨ ᠪᠣᠳᠠᠲᠤ ᠴᠣᠭᠴᠠ ᠶᠢᠨ ᠶᠡᠭᠡ ᠲᠢᠩᠬᠢᠮ ᠤᠨ ᠦᠢᠯᠡᠴᠢᠯᠡᠭᠡᠨ ᠤ ᠠᠭᠤᠰᠣᠯᠴᠠᠯ ᠬᠥᠭᠵᠢᠯᠲᠡ ᠶᠢ ᠴᠢᠷᠮᠠᠶᠢᠨ ᠪᠡᠶᠡᠯᠡᠭᠦᠯᠤᠨ᠂ ︽ᠲᠤᠭ᠎ᠠ ᠪᠠᠷᠢᠮᠲᠠ ᠶᠢᠨ ᠦᠢᠯᠡᠳᠦᠯ ᠢ ᠢᠯᠡᠭᠦᠬᠡᠨ ᠬᠡᠷᠡᠭᠯᠡᠵᠦ᠂ ᠤᠯᠠᠨ ᠲᠦᠮᠡᠨ ᠢ ᠳᠤᠲᠠᠭᠤ ᠭᠦᠶᠦᠯᠭᠡᠨ᠎ᠡ︾︔ ᠦᠨᠳᠦᠰᠦᠨ ᠱᠠᠲᠤᠨ  ᠤ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠬᠢᠷᠢ ᠲᠦᠪᠰᠢᠨ ᠢ ᠲᠦᠷᠭᠡᠨ ᠳᠡᠭᠡᠭᠰᠢᠯᠡᠭᠦᠯᠵᠦ᠂ 1 — 2 ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠣᠷᠣᠯᠠᠨ ᠭᠦᠢᠴᠡᠳᠬᠡᠬᠦ ᠴᠡᠭ ᠢ ᠪᠠᠶᠢᠭᠤᠯᠤᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ  ᠳᠤ  ᠠᠰᠢᠭ ᠬᠦᠷᠲᠡᠭᠡᠨ᠂ ᠠᠷᠠᠳ ᠲᠤ ᠲᠥᠬᠦᠮ ᠦᠵᠡᠭᠦᠯᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠢᠯᠡᠴᠢᠯᠡᠭᠡ ᠶᠢ ᠬᠠᠩᠭᠠᠬᠤ ᠪᠠᠷ ᠴᠢᠷᠮᠠᠶᠢᠨ᠎ᠠ᠃                                                                                     ᠭᠤᠣᠯ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠬᠦᠴᠦᠯᠡᠨ ᠰᠠᠶᠢᠲᠤᠷ ᠠᠳᠬᠤᠨ᠎ᠠ᠃ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠤᠮᠵᠢ ᠶᠢᠨ ᠥᠭᠡᠷᠡᠴᠢᠯᠡᠯᠲᠡ ᠪᠠᠨ ᠪᠥᠬᠦ ᠲᠠᠯ᠎ᠠ ᠪᠠᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯᠤᠨ ᠲᠠᠷᠢᠶᠠᠯᠠᠩ ᠤᠨ ᠠᠳᠠᠷ ᠬᠠᠭᠠᠯᠪᠤᠷᠢᠯᠠᠯᠲᠠ ᠶᠢᠨ ᠪᠠᠶᠢᠭᠤᠯᠤᠯ ᠵᠡᠷᠭᠡ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠣᠨ᠎ᠠ᠃ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠥᠭᠡᠷᠡᠴᠢᠯᠡᠯᠲᠡ ᠶᠢᠨ ᠠᠬᠢᠴᠠ ᠪᠠᠨ ᠲᠦᠷᠭᠡᠳᠬᠡᠨ᠂ ᠰᠠᠯᠠᠭ᠎ᠠ ᠮᠥᠴᠢᠷ ᠤᠨ ᠲᠥᠰᠦᠪ᠂ ᠤᠯᠤᠰ ᠤᠨ ᠰᠠᠩ ᠠᠴᠠ ᠲᠥᠪᠯᠡᠷᠡᠭᠦᠯᠦᠨ ᠦᠭᠬᠦ᠂ ᠵᠠᠰᠠᠭ ᠤᠨ ᠣᠷᠳᠣᠨ ᠤ ᠨᠢᠭᠲᠠᠯᠠᠨ ᠪᠤᠳᠤᠬᠤ ᠲᠦᠷᠢᠮ ᠵᠡᠷᠭᠡ ᠡᠯ᠎ᠡ ᠵᠦᠢᠯ ᠤᠨ ᠥᠭᠡᠷᠡᠴᠢᠯᠡᠯᠲᠡ ᠪᠠᠨ ᠦᠷᠬᠦᠯᠵᠢᠯᠡᠨ ᠬᠦᠨᠵᠡᠬᠡᠶᠢᠷᠡᠬᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠲᠡᠭᠦᠯᠳᠡᠷᠵᠢᠭᠦᠯᠵᠦ᠂ ᠱᠠᠲᠤ ᠬᠤᠪᠢᠶᠠᠵᠤ ᠣᠨᠣᠰᠢᠯᠠᠨ ᠡᠮᠨᠡᠬᠦ ᠪᠠ ︽ᠲᠣᠣᠷ ᠰᠦᠯᠵᠢᠶ᠎ᠡ + ᠡᠮ ᠡᠮᠨᠡᠯᠭᠡ ᠡᠷᠡᠭᠦᠯ ᠮᠡᠨᠳᠦ︾ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠣᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠪᠡᠶᠡᠯᠡᠭᠦᠯᠦᠨ᠎ᠠ᠃      ︵ᠨᠠᠢᠮᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦᠨ ᠴᠢᠳᠠᠯ ᠢᠶᠠᠨ ᠨᠢᠭᠲᠠᠷᠠᠭᠤᠯᠵᠤ᠂ ᠠᠷᠠᠳ ᠲᠦᠮᠡᠨ ᠤ ᠵᠣᠯ ᠵᠢᠷᠭᠠᠯ ᠤᠨ ᠲᠦᠷᠦᠭᠳᠡᠯ ᠢ ᠰᠢᠨ᠎ᠡ ᠦᠨᠳᠦᠷ ᠲᠦᠪᠰᠢᠨ ᠳᠤ ᠬᠦᠷᠬᠡᠨ᠎ᠡ      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠨ᠎ᠠ᠃  ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠬᠢᠬᠡᠤᠨ ᠬᠠᠮᠢᠶᠠᠷᠣᠯᠲᠠ ᠪᠠᠨ ᠴᠢᠩᠭᠠᠳᠬᠠᠵᠤ᠂ ᠺᠠᠳ᠋ᠷ ᠠᠵᠢᠯᠲᠠᠳ ᠤᠨ ᠶᠡᠷᠦᠩᠬᠡᠶᠢᠯᠡᠭᠰᠡᠨ ᠬᠡᠪ ᠴᠢᠨᠠᠷ ᠪᠤᠯᠤᠨ ᠴᠢᠳᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠰᠢᠨ᠎ᠡ ᠪᠠᠷ ᠣᠯᠠᠨ ᠨᠡᠶᠢᠲᠡ ᠶᠢᠨ ᠪᠣᠲᠠᠲᠠᠢ ᠪᠣᠯᠪᠠᠰᠣᠷᠠᠯ ᠤᠨ ᠭᠠᠵᠠᠷ ᠢ ᠨᠢᠭᠡ ᠪᠠᠶᠢᠭᠤᠯᠵᠣ᠂ ᠰᠢᠬ᠎ᠠ ᠭᠤᠣᠯ ᠤᠨ ᠮᠠᠯᠴᠢᠨ ᠲᠠᠷᠢᠶᠠᠴᠢᠳ ᠤᠨ ᠠᠵᠢᠯ ᠣᠯᠭᠤᠯᠲᠠ ᠶᠢᠨ ᠵᠠᠬ᠎ᠠ ᠲᠡᠯᠭᠡᠭᠦᠷ ᠪᠠ ᠬᠠᠯᠢᠭᠤᠲᠣ ᠪᠠᠯᠭᠠᠰᠣᠨ ᠤ ᠪᠠᠶᠠᠨᠲᠠᠯ᠎ᠠ ᠲᠣᠰᠬᠤᠨ ᠤ ᠠᠷᠠᠳ ᠤᠨ ᠬᠤᠨᠤᠭ ᠤᠨ ᠪᠠᠭᠤᠴᠠ ᠢᠳᠡᠭᠡᠨ ᠣᠮᠳᠠᠭᠠᠨ ᠤ ᠦᠢᠯᠡᠰ ᠪᠣᠰᠬᠠᠬᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠤᠨ᠂ ᠦᠨᠳᠦᠰᠦᠲᠠᠨ ᠤ ᠰᠣᠶᠣᠯ ᠤᠨ ᠠᠵᠢᠯ ᠦᠢᠯᠡᠰ ᠤᠨ ᠦᠢᠯᠡᠰ ᠪᠣᠰᠬᠠᠨ ᠰᠢᠨ᠎ᠠ ᠶᠢ ᠡᠭᠦᠳᠬᠦ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠲᠡᠮᠵᠢᠨ ᠪᠣᠵᠠᠭᠠᠶᠢᠷᠠᠭᠤᠯᠵᠣ᠂ ᠠᠵᠢᠯ ᠮᠡᠷᠭᠡᠵᠢᠯ ᠤᠨ ᠴᠢᠳᠠᠪᠣᠷᠢ ᠪᠠ ᠦᠢᠯᠡᠰ ᠪᠣᠰᠬᠠᠬᠤ ᠪᠣᠯᠪᠠᠰᠣᠷᠠᠯ ᠢ ᠨᠠᠷᠢᠨ ᠬᠢᠨᠠᠮᠠᠭᠠᠢ ᠠᠳᠬᠤᠨ᠂ ᠬᠦᠳᠡᠯᠮᠦᠷᠢᠴᠢᠳ ᠤᠨ ᠠᠵᠢᠯ ᠣᠯᠵᠣ ᠦᠢᠯᠡᠰ ᠪᠣᠰᠬᠠᠬᠤ ᠪᠠ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠣᠨ᠎ᠠ᠃ ᠵᠢᠯ ᠤᠨ ᠲᠣᠲᠣᠷ᠎ᠠ ᠬᠤᠳᠠ ᠬᠦᠳᠡᠭᠡ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠣᠭᠰᠠᠨ ᠬᠦᠮᠦᠨ ᠤ ᠲᠤᠭ᠎ᠠ ᠶᠢ 900 ᠳᠤ ᠬᠦᠷᠭᠡᠵᠦ᠂ 8000 ᠭᠠᠷᠤᠢ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠤᠯᠭᠤᠨ᠂ ᠬᠤᠲᠠ ᠪᠠᠯᠭᠠᠰᠣᠨ ᠤ ᠠᠵᠢᠯ ᠠᠯᠳᠠᠭᠰᠠᠨ ᠨᠣᠷᠮ᠎ᠠ ᠶᠢ 4% ᠶᠢᠨ ᠲᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠤ ᠬᠢᠨᠠᠨ ᠬᠠᠮᠢᠶᠠᠷᠣᠯᠲᠠ ᠪᠤᠯᠤᠨ ᠴᠠᠯᠢᠩ ᠣᠯᠭᠤᠮᠵᠢ ᠲᠠᠷᠬᠠᠭᠠᠬᠤ ᠠᠵᠢᠯ ᠢᠶᠠᠨ ᠨᠠᠷᠢᠨ ᠬᠢᠨᠠᠮᠠᠭᠠᠢ ᠰᠠᠶᠢᠨ ᠬᠢᠵᠣ᠂ ᠰᠦᠯᠵᠢᠶᠡᠨ ᠲᠡᠭᠡᠷ᠎ᠡ ᠰᠢᠢᠳᠪᠦᠷᠢᠯᠡᠬᠦ ᠪᠠ ᠣᠶᠣᠨᠲᠣ ᠦᠢᠯᠡᠴᠢᠯᠡᠭᠡᠨ ᠤ ᠨᠢᠭᠡ ᠴᠣᠭᠴᠠᠵᠢᠭᠤᠯᠣᠭᠰᠠᠨ ᠠᠵᠢᠯ ᠬᠦᠢᠴᠡᠳᠬᠡᠬᠦ ᠬᠡᠯᠪᠡᠷᠢ ᠶᠢ ᠢᠳᠡᠪᠬᠢᠲᠠᠢ ᠡᠷᠢᠯᠬᠢᠯᠡᠨ᠂ ᠲᠠᠭᠠᠳᠬᠠᠯ ᠳᠤ ᠤᠷᠤᠯᠴᠠᠭᠰᠠᠤᠨ ᠲᠤ ᠲᠦᠭᠦᠮ ᠤᠶᠢᠯᠡᠴᠢᠯᠡᠭᠡ ᠦᠵᠡᠭᠦᠯᠦᠨ᠎ᠠ ᠃ ᠨᠡᠶᠢᠭᠡᠮ ᠤᠨ ᠠᠪᠣᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠰᠠᠶᠢᠲᠣᠷ ᠬᠢᠵᠦ᠂ ᠨᠠᠶᠢᠭᠡᠮ ᠤᠨ ᠠᠪᠣᠷᠠᠨ ᠲᠤᠰᠠᠯᠠᠯᠳᠠ ᠶᠢᠨ ᠪᠦᠬᠦᠨ ᠢ ᠬᠠᠮᠤᠷᠬᠤ ᠪᠠᠲᠣᠯᠠᠭ᠎ᠠ  ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠣᠨ᠎ᠠ᠃ ᠨᠠᠭᠠᠲᠣ ᠵᠠᠬ᠎ᠠ ᠶᠢᠨ ᠠᠮᠢᠲᠣᠷᠠᠯ ᠤᠨ ᠪᠠᠲᠣᠯᠠᠭ᠎ᠠ ᠶᠢᠨ ᠭᠤᠷᠪᠠᠳᠣᠭᠠᠷ ᠡᠳᠡᠭᠡᠳ ᠤᠨ ᠦᠨᠡᠯᠡᠯᠲᠠ ᠶᠢ ᠲᠦᠯᠬᠢᠨ ᠠᠬᠢᠭᠤᠯᠵᠣ᠂ ᠲᠣᠰᠠᠯᠠᠮᠵᠢ ᠶᠢᠨ ᠣᠨᠣᠪᠴᠢ ᠶᠢᠨ ᠬᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠭᠦᠯᠣᠨ᠂ ᠶᠠᠳᠠᠭᠤ ᠬᠦᠴᠢᠷᠳᠡᠯᠲᠠᠢ ᠣᠯᠠᠨ ᠲᠦᠮᠡᠨ ᠤ ᠬᠠᠣᠯᠢ ᠶᠤᠰᠤᠨ ᠤ ᠡᠷᠬᠡ ᠠᠰᠢᠭ ᠢ ᠪᠠᠲᠣᠯᠠᠨ᠎ᠠ᠃ ᠭᠠᠮᠰᠢᠭ ᠤᠨ ᠲᠠᠷᠠᠭᠠᠬᠢ ᠲᠠᠬᠢᠨ ᠪᠠᠶᠢᠭᠤᠯᠬᠤ ᠶᠢ ᠦᠷᠭᠦᠯᠵᠢᠯᠡᠨ ᠰᠠᠶᠢᠲᠣᠷ ᠠᠳᠬᠤᠵᠣ᠂ ᠡᠪᠳᠡᠭᠳᠡᠭᠰᠡᠨ ᠬᠡᠷ ᠪᠠᠶᠢᠰᠢᠩ  ᠢ ᠲᠠᠬᠢᠨ ᠵᠠᠰᠠᠨ ᠪᠠᠶᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠥᠨ᠎ᠠ᠃ ᠲᠡᠭᠡᠲᠦ ᠱᠠᠲᠣᠨ ᠤ ᠱᠠᠩᠨᠠᠯᠲᠣ ᠰᠣᠭᠤᠯᠤᠭ᠎ᠠ ᠶᠢᠨ ᠨᠡᠶᠢᠲᠠ ᠶᠢᠨ ᠠᠰᠠᠷᠠᠮᠵᠢ ᠶᠢᠨ ᠮᠦᠩᠭᠦ  ᠶᠢ ᠢᠳᠡᠪᠬᠢᠲᠠᠢ ᠲᠡᠮᠡᠴᠡᠨ ᠣᠯᠵᠣ᠂ ᠨᠠᠰᠣᠵᠢᠯ ᠤᠨ ᠠᠰᠠᠷᠠᠮᠵᠢ ᠶᠢᠨ ᠪᠠᠶᠢᠭᠤᠯᠣᠮᠵᠢ ᠶᠢᠨ ᠪᠡᠯᠡᠳᠭᠡᠮᠵᠢ ᠲᠦᠬᠦᠭᠡᠷᠦᠮᠵᠢ ᠶᠢ ᠰᠢᠨᠡᠳᠬᠡᠨ ᠵᠠᠰᠠᠬᠤ ᠪᠠ ᠮᠠᠯᠵᠢᠬᠤ ᠲᠠᠷᠢᠶᠠᠯᠬᠤ ᠣᠷᠣᠨ ᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠣᠨ᠎ᠠ᠃      ᠨᠡᠶᠢᠭᠡᠮ ᠤᠨ ᠠᠵᠢᠯ ᠦᠢᠯᠡᠰ ᠤᠨ ᠭᠦᠭᠵᠢᠯᠲᠠ ᠶᠢ ᠲᠦᠷᠭᠡᠳᠬᠡᠨ᠎ᠠ᠃  ᠪᠦᠬᠦ ᠠᠷᠠᠳ ᠢᠶᠠᠷ ᠢᠶᠠᠨ ᠰᠣᠷᠭᠠᠨ ᠬᠦᠮᠦᠵᠢᠯ ᠢ ᠬᠦᠭᠵᠢᠬᠦᠯᠬᠦ ᠢᠨᠵᠧᠨᠧᠷᠢᠩ ᠢ ᠶᠡᠭᠡ ᠬᠦᠴᠦᠨ ᠢᠶᠠᠷ ᠲᠦᠯᠬᠢᠨ ᠠᠬᠢᠭᠤᠯᠣᠨ᠎ᠠ᠃ ᠭᠤᠷᠪᠠᠳᠣᠭᠠᠷ ᠬᠤᠭᠤᠴᠠᠭᠠᠨ ᠤ ᠰᠣᠷᠭᠠᠭᠤᠯᠢ ᠶᠢᠨ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠠᠵᠢᠯᠯᠠᠭᠠᠨ ᠤ ᠲᠦᠯᠦᠪᠯᠡᠭᠡ ᠶᠢ ᠲᠣᠣᠱᠯᠠᠭᠤᠯᠵᠣ᠂ ᠬᠡᠤᠬᠡᠤᠨ ᠤᠨ ᠴᠡᠴᠡᠷᠯᠢᠭ ᠪᠠᠶᠢᠭᠤᠯᠬᠤ ᠬᠢᠷᠢ ᠲᠦᠪᠰᠢᠨ ᠢᠶᠠᠨ ᠰᠠᠶᠢᠵᠢᠷᠠᠭᠤᠯᠣᠨ᠂ ᠭᠤᠷᠪᠠᠳᠣᠭᠠᠷ ᠬᠡᠤᠬᠡᠤᠨ  ᠤᠨ ᠴᠡᠴᠡᠷᠯᠢᠭ ᠪᠠ ᠨᠢᠭᠡᠳᠦᠭᠡᠷ ᠪᠠᠭ᠎ᠠ ᠰᠣᠷᠭᠠᠭᠤᠯᠢ ᠶᠢᠨ ᠬᠠᠷᠢᠶᠠᠲᠣ ᠬᠡᠤᠬᠡᠤᠨ ᠤᠨ ᠴᠡᠴᠡᠷᠯᠢᠭ ᠢ ᠪᠠᠶᠢᠭᠤᠯᠣᠨ᠎ᠠ᠃ ᠠᠯᠪᠠᠨ ᠵᠢᠷᠣᠮ ᠤᠨ ᠰᠣᠷᠭᠠᠨ ᠬᠦᠮᠦᠵᠢᠯ ᠤᠨ ᠰᠢᠯᠢᠳᠡᠭ ᠲᠡᠩᠴᠡᠭᠦᠷᠢᠲᠠᠢ ᠬᠦᠭᠵᠢᠯᠲᠠ ᠶᠢ ᠦᠷᠭᠦᠯᠵᠢᠯᠡᠨ ᠠᠬᠢᠭᠤᠯᠣᠨ᠎ᠠ᠃ ᠶᠢᠨ ᠴᠢᠦᠸᠠᠨ ᠬᠡᠦᠬᠡᠳ ᠤᠨ ᠴᠡᠴᠡᠷᠯᠢᠭ᠂ ᠦᠵᠦᠭᠦᠷ ᠭᠤᠣᠯ ᠤᠨ ᠪᠠᠭᠰᠢ ᠶᠢᠨ ᠲᠦᠷ ᠰᠠᠭᠤᠬᠤ ᠬᠡᠷ ᠪᠠᠶᠢᠰᠢᠩ ᠵᠡᠷᠭᠡ ᠲᠦᠷᠦᠯ ᠵᠤᠶᠢᠯ ᠤᠨ ᠪᠦᠳᠦᠭᠡᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠣᠨ᠎ᠠ᠃ ᠪᠠᠭᠰᠢ ᠶᠢ ᠣᠷᠮᠠᠰᠢᠭᠤᠯᠬᠤ ᠵᠣᠬᠢᠴᠠᠮᠵᠢ  ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠣ᠂ ᠰᠢᠯᠢᠳᠡᠭ ᠭᠤᠣᠯᠯᠠᠭᠴᠢ ᠪᠠᠭᠰᠢ ᠶᠢ ᠢᠯᠡ ᠪᠠᠷ ᠣᠷᠢᠵᠣ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠎ᠠ᠃ ᠡᠷᠡᠭᠦᠯ ᠡᠩᠬᠡ ᠣᠷᠠᠳ ᠤᠨ ᠲᠣᠮᠳᠠᠳᠣ ᠬᠤᠰᠢᠭᠤ ᠶᠢ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠣᠨ᠎ᠠ᠃ ᠣᠯᠣᠰ  ᠤᠨ ᠲᠡᠰ ᠤᠨ ᠡᠷᠡᠭᠦᠯ ᠡᠩᠭᠡ ᠶᠢ ᠠᠬᠢᠭᠤᠯᠬᠤ ᠬᠤᠰᠢᠭᠤ ᠶᠢ ᠪᠠᠶᠢᠭᠤᠯᠵᠣ᠂ ᠡᠷᠡᠭᠦᠯ ᠡᠩᠬᠡ ᠳᠤ ᠠᠰᠢᠭᠲᠠᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠣᠯᠲᠠ ᠪᠤᠯᠤᠨ ᠡᠷᠡᠭᠦᠯ ᠡᠩᠬᠡ ᠶᠢ ᠠᠬᠢᠭᠤᠯᠬᠤ ᠭᠠᠵᠠᠷ ᠲᠠᠯᠠᠪᠣᠷ ᠤᠨ ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠪᠦᠬᠦ ᠠᠷᠠᠳ ᠤᠨ ᠡᠷᠡᠭᠦᠯ ᠴᠢᠬᠢᠷᠠᠭ ᠤᠨ ᠬᠢᠷᠢ ᠲᠦᠪᠰᠢᠨ ᠢ ᠲᠠᠰᠦᠷᠠᠯᠲᠠ ᠦᠭᠡᠢ ᠲᠡᠭᠡᠭᠰᠢᠯᠡᠭᠦᠯᠦᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠣᠯᠲᠠ ᠶᠢ ᠣᠯᠠᠮ ᠨᠢᠭᠡ ᠠᠯᠬᠤᠮ ᠴᠢᠩᠭᠠᠳᠬᠠᠨ᠂ ᠰᠢᠷᠠᠯᠵᠢ᠂ ᠬᠤᠩᠹᠧᠩ᠂ ᠣᠯᠢᠶᠠᠰᠣᠲᠠᠢ ᠰᠣᠮᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠦᠷᠭᠦᠯᠵᠢᠯᠡᠨ ᠪᠦᠲᠦᠭᠡᠨ ᠪᠠᠶᠢᠭᠤᠯᠵᠣ᠂ ᠡᠪᠡᠳᠴᠢᠨ ᠡᠮᠭᠡᠭ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠲᠦᠪ ᠪᠠ ᠲᠠᠯ ᠠᠭᠤᠯᠠ᠂ ᠪᠣᠯᠪᠠᠰᠣᠷᠠᠭᠤᠯᠣᠯᠲᠠ ᠶᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠢᠨ᠎ᠠ ᠪᠠᠷ ᠪᠠᠶᠢᠭᠤᠯᠣᠨ᠎ᠠ᠃ ᠮᠣᠩᠭᠤᠯ ᠬᠢᠳᠠᠳ ᠡᠮ ᠡᠮᠨᠡᠯᠭᠡ ᠶᠢᠨ ᠬᠦᠭᠵᠢᠯᠲᠠ ᠶᠢ ᠢᠳᠡᠪᠬᠢᠲᠠᠢ ᠲᠡᠮᠵᠢᠨ᠂ ᠮᠣᠩᠭᠤᠯ ᠬᠢᠳᠠᠳ ᠡᠮ ᠡᠮᠨᠡᠯᠭᠡ ᠶᠢᠨ ᠬᠤᠷᠢᠶᠠᠨ ᠤ ︽ᠢᠯᠡᠷᠡᠭᠡ ᠦᠭᠡᠢ ᠡᠪᠡᠳᠴᠢᠨ ᠢ ᠵᠠᠰᠠᠬᠤ︾ ᠴᠢᠳᠠᠪᠣᠷᠢ ᠶᠢᠨ ᠪᠠᠶᠢᠭᠤᠯᠣᠯᠲᠠ ᠪᠤᠯᠤᠨ ᠦᠨᠳᠦᠰᠦᠨ ᠱᠠᠳᠣᠨ  ᠤ ᠮᠣᠩᠭᠤᠯ ᠡᠮᠨᠡᠯᠭᠡ ᠶᠢᠨ ᠦᠷᠦᠭᠡ ᠬᠢᠳᠠᠳ ᠡᠮᠨᠡᠯᠭᠡ ᠶᠢᠨ ᠦᠷᠦᠭᠡᠨ ᠤ ᠪᠦᠲᠦᠭᠡᠨ ᠪᠠᠶᠢᠭᠤᠯᠣᠯᠲᠠ ᠶᠢ ᠲᠠᠰᠦᠷᠠᠯᠲᠠ ᠦᠭᠡᠢ ᠲᠡᠭᠡᠭᠰᠢᠯᠡᠭᠦᠯᠵᠦ᠂ ᠮᠣᠩᠭᠤᠯ ᠡᠮ ᠡᠮᠨᠡᠯᠭᠡ ᠬᠢᠳᠠᠳ ᠡᠮ ᠡᠮᠨᠡᠯᠭᠡ ᠶᠢᠨ ᠴᠢᠨᠠᠷ ᠴᠢᠨᠰᠠᠭ᠎ᠠ ᠪᠤᠯᠤᠨ ᠨᠡᠷᠡᠲᠦ ᠲᠡᠮᠲᠡᠭ ᠤᠨ ᠪᠠᠶᠢᠭᠤᠯᠣᠯᠲᠠ ᠪᠠᠨ ᠦᠷᠭᠦᠯᠵᠢᠯᠡᠨ ᠴᠢᠩᠭᠠᠳᠬᠠᠨ᠂ ᠡᠮᠴᠢᠯᠡᠵᠣ ᠰᠣᠪᠢᠯᠠᠬᠤ  ᠶᠢ ᠣᠶᠠᠯᠳᠣᠭᠤᠯᠬᠤ ᠶᠢ ᠭᠦᠨᠵᠡᠭᠡᠢ ᠠᠬᠢᠭᠤᠯᠣᠨ᠎ᠠ᠃ ᠰᠣᠶᠣᠯ ᠪᠡᠶ᠎ᠡ ᠶᠢᠨ ᠲᠠᠮᠢᠷ ᠤᠨ ᠴᠡᠴᠡᠭᠯᠡᠨ ᠬᠦᠭᠵᠢᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠦᠨᠳᠦᠰᠦᠲᠠᠨ  ᠤ ᠰᠣᠶᠣᠯ ᠤᠨ ᠠᠵᠣ ᠦᠢᠯᠡᠰ ᠤᠨ ᠬᠦᠷᠢᠶᠡᠯᠡᠩ ᠢ ᠰᠢᠨ᠎ᠠ ᠪᠠᠷ ᠪᠠᠶᠢᠭᠤᠯᠬᠤ ᠶᠢ ᠲᠡᠮᠡᠴᠡᠨ ᠣᠯᠵᠣ᠂ ᠦᠨᠳᠦᠰᠦᠲᠡᠨ ᠤ ᠣᠯᠠᠮᠵᠢᠯᠠᠯᠲᠣ ᠭᠠᠷ ᠣᠷᠠᠯᠠᠯ᠂ ᠬᠤᠪᠴᠠᠰᠣ ᠵᠠᠰᠠᠯ᠂ ᠬᠠᠴᠢᠨ ᠴᠢᠯᠠᠭᠤ᠂ ᠴᠠᠭᠠᠨ ᠢᠳᠡᠭᠡᠨ ᠦᠢᠯᠡᠳᠬᠦ᠂ ᠣᠨᠴᠠᠯᠢᠭᠲᠣ ᠢᠳᠡᠭᠡᠨ ᠣᠮᠳᠠᠭᠠᠨ ᠵᠡᠷᠭᠡ ᠠᠵᠢᠯ ᠦᠢᠯᠡᠰ ᠤᠨ ᠡᠮᠬᠢ ᠵᠢᠷᠣᠮ ᠲᠠᠢ ᠪᠠᠷ ᠲᠦᠪᠯᠡᠷᠡᠨ ᠴᠣᠭᠯᠠᠷᠠᠬᠤ᠂ ᠬᠡᠪᠴᠢᠶᠡᠵᠢᠨ ᠬᠦᠭᠵᠢᠬᠦ ᠶᠢ ᠵᠣᠷᠢᠭᠵᠢᠭᠤᠯᠣᠨ ᠲᠠᠭᠠᠭᠤᠯᠣᠨ᠎ᠠ᠃ ᠣᠯᠠᠭᠠᠨᠮᠦ᠋ᠴᠢᠷ ᠤᠨ ᠰᠢᠯᠢᠳᠡᠭ ᠣᠳᠣᠮᠰᠢᠯ ᠢ ᠬᠦᠴᠦᠯᠡᠨ ᠪᠠᠳᠠᠷᠠᠭᠤᠯᠵᠣ᠂ ᠣᠯᠠᠭᠠᠨᠮᠦ᠋ᠴᠢᠷ ᠤᠨ ᠡᠩᠨᠡᠭᠡᠨ ᠤ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠨ᠂ ᠨᠡᠩ ᠣᠯᠠᠨ ᠠᠷᠠᠳ ᠤᠨ ᠠᠮᠢᠳᠣᠷᠠᠯ ᠳᠤ ᠣᠶᠢᠷᠠᠬᠠᠨ᠂ ᠣᠯᠠᠮᠵᠢᠯᠠᠬᠤ ᠳᠤ ᠠᠮᠠᠷᠬᠠᠨ᠂ ᠦᠯᠡᠳᠡᠭᠡᠵᠦ ᠲᠠᠶᠢᠯᠬᠦ ᠰᠢᠯᠢᠳᠡᠭ ᠪᠦᠳᠦᠭᠡᠯ ᠢ ᠴᠢᠷᠮᠠᠶᠢᠨ ᠵᠣᠬᠢᠶᠠᠨ ᠪᠦᠲᠦᠭᠡᠨ᠎ᠠ᠃ ᠦᠨᠳᠦᠰᠦᠨ ᠱᠠᠲᠣᠨ ᠤ ᠰᠣᠶᠣᠯ ᠪᠡᠶ᠎ᠡ ᠶᠢᠨ ᠲᠠᠮᠢᠷ ᠤᠨ ᠲᠣᠨᠤᠭ ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠣ᠂ ᠮᠦᠽᠸᠢ ᠶᠢ ᠲᠡᠰ ᠲᠡᠪᠰᠢᠭᠦᠯᠦᠨ ᠦᠭᠡᠷᠡᠴᠢᠯᠡᠬᠦ ᠪᠠ 20 ᠭᠠᠴᠠᠭ᠎ᠠ ᠲᠣᠰᠬᠤᠨ ᠤ ᠰᠣᠶᠣᠯ ᠤᠨ ᠠᠵᠢᠯᠯᠠᠭᠠᠨ ᠤ ᠲᠠᠰᠤᠭ ᠤᠨ ᠢᠵᠢ ᠪᠦᠷᠢᠳᠦᠭᠦᠯᠬᠦ ᠢᠨᠵᠧᠨᠧᠷᠢᠩ ᠢ ᠪᠡᠶᠡᠯᠡᠭᠦᠯᠤᠨ᠂ ᠲᠠᠯ ᠠᠭᠤᠯᠠ᠂ ᠰᠢᠬ᠎ᠠ ᠭᠤᠣᠯ᠂ ᠬᠤᠯᠣᠰᠣᠲᠠᠢ᠂ ᠰᠢᠨᠡᠬᠦ᠋ᠷᠢᠶ᠎ᠡ᠂ ᠴᠣᠩᠵᠢ ᠶᠢᠨ ᠬᠦᠳᠡᠯᠭᠡᠭᠡᠨ ᠤ ᠲᠦᠪ ᠢ ᠪᠦᠲᠦᠭᠡᠨ ᠪᠠᠶᠢᠭᠤᠯᠵᠣ᠂ ᠰᠣᠮᠣ ᠪᠠᠯᠭᠠᠰᠣ ᠪᠦᠬᠦᠨ ᠳᠤ ᠪᠠᠶ᠎ᠡ ᠶᠢᠨ ᠲᠠᠮᠢᠷ ᠤᠨ ᠲᠠᠯᠠᠪᠣᠷ ᠲᠠᠢ ᠪᠤᠯᠬᠤ ᠶᠢ ᠪᠡᠶᠡᠯᠡᠬᠦᠯᠦᠨ᠎ᠡ ᠃ ᠵᠠᠯᠠᠭᠤᠴᠣᠳ ᠪᠠᠭᠠᠴᠣᠳ ᠤᠨ ᠪᠣᠯᠪᠠᠰᠣᠷᠠᠯ ᠤᠨ ᠰᠠᠭᠤᠷᠢᠨ ᠭᠠᠵᠠᠷ 1᠂ ᠰᠢᠩᠭᠡᠯᠢᠭ ᠬᠡᠯᠪᠡᠷᠢ ᠶᠢᠨ ᠬᠦᠯ ᠪᠦᠮᠪᠦᠭᠡᠨ ᠲᠠᠯᠠᠪᠣᠷ 2 ᠢ ᠰᠢᠨ᠎ᠡ ᠪᠠᠷ ᠪᠠᠶᠢᠭᠤᠯᠣᠨ᠂ ᠡᠯ᠎ᠡ ᠵᠣᠶᠢᠯ ᠤᠨ ᠲᠠᠯᠠᠪᠣᠷ ᠤᠨ ᠦᠨ᠎ᠡ ᠲᠦᠯᠦᠪᠦᠷᠢ ᠦᠭᠡᠢ ᠪᠠᠷ ᠨᠡᠭᠡᠭᠡᠨ ᠠᠰᠢᠭᠯᠠᠭᠤᠯᠬᠤ ᠠᠵᠢᠯ ᠢ ᠦᠷᠭᠦᠯᠵᠢᠯᠡᠨ ᠰᠠᠶᠢᠲᠣᠷ ᠬᠢᠵᠣ᠂ ᠦᠷᠭᠡᠨ ᠣᠯᠠᠨ ᠠᠷᠠᠳ ᠲᠦᠮᠡᠨ ᠤ ᠰᠣᠶᠣᠯ ᠤᠨ ᠠᠮᠢᠳᠣᠷᠠᠯ ᠪᠠ ᠪᠡᠶ᠎ᠠ ᠪᠠᠨ ᠪᠣᠯᠪᠠᠰᠣᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠲᠠᠰᠣᠷᠠᠯᠲᠠ ᠦᠭᠡᠢ ᠬᠠᠩᠭᠠᠨ᠎ᠠ᠃      ᠨᠡᠶᠢᠬᠡᠮ ᠤᠨ ᠡᠶ᠎ᠡ ᠨᠠᠶᠢᠷᠠᠮᠳᠠᠭᠤ ᠲᠣᠭᠳᠠᠭᠤᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠠᠰᠣᠷᠠᠯᠲᠠ ᠦᠭᠡᠢ ᠴᠢᠩᠭᠠᠳᠬᠠᠵᠣ᠂ ᠠᠶᠣᠯᠭᠦᠢ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠣᠯᠠᠨ᠎ᠠ᠃ ᠢᠳᠡᠭᠡᠨ ᠣᠮᠳᠠᠭᠠᠨ ᠤ ᠠᠮᠣᠷ ᠲᠦᠪᠰᠢᠨ ᠤ ᠨᠠᠮ ᠵᠠᠰᠠᠭ ᠠᠳᠠᠯᠢ ᠬᠠᠷᠢᠭᠤᠴᠠᠯᠭ᠎ᠠ ᠡᠬᠦᠷᠬᠡᠯᠡᠬᠦ ᠪᠠ ︽ᠲᠦᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠢᠳᠡᠭᠡᠨ ᠤ ᠠᠮᠣᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠢ ᠯᠠᠪᠳᠠᠭᠤᠨ ᠪᠠᠲᠣᠲᠠᠢ ᠲᠦᠯᠬᠢᠨ ᠠᠬᠢᠭᠤᠯᠣᠨ᠎ᠠ᠃ ︽ᠲᠣᠲᠣ ᠬᠡᠷᠡᠯᠲᠦ ᠢᠨᠵᠧᠨᠧᠷᠢᠩ︾ ᠤᠨ ᠪᠠᠶᠢᠭᠤᠯᠣᠯᠲᠠ ᠶᠢ ᠦᠷᠭᠦᠯᠵᠢᠯᠡᠨ ᠲᠦᠯᠬᠢᠨ ᠠᠬᠢᠭᠤᠯᠵᠣ᠂ ᠲᠣᠣᠷ ᠰᠦᠯᠵᠢᠶ᠎ᠡ ᠶᠢᠨ ᠲᠣᠲᠣ ᠲᠣᠲᠣᠷᠬᠠᠢ ᠬᠢᠨᠠᠨ ᠡᠵᠡᠮᠳᠡᠯ ᠤᠨ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠠ᠃ ᠵᠦᠷᠢᠴᠡᠯ ᠮᠦᠷᠭᠦᠯᠳᠦᠭᠡᠨ ᠢ ᠪᠠᠶᠢᠴᠠᠭᠠᠨ ᠰᠢᠢᠳᠪᠦᠷᠢᠯᠡᠬᠦ ᠲᠣᠰᠬᠠᠢ ᠲᠦᠷᠦᠯ ᠤᠨ ᠵᠠᠰᠠᠯᠲᠠ ᠶᠢᠨ ᠠᠵᠢᠯ ᠢ ᠭᠦᠨᠵᠡᠭᠡᠶᠢᠷᠡᠭᠦᠯᠦᠨ ᠶᠠᠪᠣᠭᠳᠠᠭᠤᠯᠵᠣ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠠᠵᠢᠯ ᠤᠨ ᠬᠦᠴᠦᠯᠡᠴᠡ ᠪᠠᠨ ᠦᠷᠭᠦᠯᠵᠢᠯᠡᠨ ᠶᠡᠬᠡᠰᠬᠡᠨ᠂ ᠬᠠᠣᠯᠢ ᠵᠦᠷᠢᠴᠡᠵᠦ ᠶᠠᠯ᠎ᠠ ᠬᠢᠬᠦ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠣ᠂ ᠨᠡᠶᠢᠭᠡᠮ ᠤᠨ ᠡᠶ᠎ᠡ ᠨᠠᠶᠢᠷᠠᠮᠳᠠᠭᠤ ᠲᠣᠭᠳᠠᠭᠤᠨ ᠪᠠᠶᠢᠳᠠᠯ ᠢ ᠪᠠᠲᠣᠯᠠᠨ᠎ᠠ᠃ ᠬᠦᠯᠦᠰᠦᠨ ᠠᠵᠢᠯᠴᠢᠨ ᠤ ᠴᠠᠯᠢᠩ ᠮᠦᠩᠬᠦ ᠶᠢᠨ ᠬᠠᠮᠢᠶᠠᠷᠣᠯᠲᠠ ᠪᠠᠨ ᠲᠠᠰᠣᠷᠠᠯᠲᠠ ᠦᠭᠡᠢ ᠴᠢᠩᠭᠠᠳᠬᠠᠵᠣ᠂ ᠡᠶ᠎ᠡ ᠵᠣᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠠᠢ ᠪᠠᠶᠢᠭᠤᠯᠣᠨ᠎ᠠ᠃ ᠬᠠᠣᠯᠢ ᠶᠣᠰᠣᠭᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ︽ᠲᠣᠯᠣᠳᠣᠭᠠᠷ ᠲᠠᠪᠣᠨ ᠵᠢᠯ︾ ᠤᠨ ᠬᠠᠦᠯᠢ ᠲᠦᠭᠡᠮᠡᠯᠵᠢᠭᠦᠯᠬᠦ ᠪᠠ ᠬᠠᠣᠯᠢ ᠪᠠᠷ ᠵᠠᠰᠠᠬᠤ ᠠᠵᠢᠯ ᠢ ᠨᠠᠷᠢᠨ ᠬᠢᠨᠠᠮᠠᠭᠠᠢ ᠦᠷᠨᠢᠭᠦᠯᠤᠨ᠂ ᠠᠷᠠᠳ ᠣᠯᠠᠨ ᠤ ᠬᠠᠣᠯᠢᠵᠢᠯ ᠤᠨ ᠬᠡᠪ ᠪᠣᠯᠪᠠᠰᠣᠷᠠᠯ ᠢ ᠣᠯᠠᠮ ᠨᠢᠭᠡ ᠠᠯᠬᠤᠮ ᠲᠡᠭᠡᠭᠰᠢᠯᠡᠭᠦᠯᠤᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠴᠣᠭᠴᠠᠯᠠᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠶᠠᠪᠣᠭᠳᠠᠭᠤᠯᠵᠣ᠂ ᠬᠢᠯᠢ ᠪᠠᠨ ᠬᠦᠭᠵᠢᠭᠦᠯᠦᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠬᠦᠴᠦᠯᠡᠨ ᠠᠬᠢᠭᠤᠯᠣᠨ᠎ᠠ᠃ ᠦᠭᠡ ᠬᠡᠯᠡ ᠦᠰᠦᠭ ᠪᠢᠴᠢᠭ ᠤᠨ ᠲᠦᠷᠢᠮᠵᠢᠭᠰᠡᠨ ᠬᠡᠷᠡᠭᠯᠡᠯᠲᠠ ᠪᠤᠯᠤᠨ ᠱᠠᠰᠢᠨ ᠰᠣᠷᠲᠠᠬᠤᠨ ᠤ ᠬᠡᠷᠡᠭ ᠶᠠᠪᠣᠳᠠᠯ ᠤᠨ ᠬᠠᠮᠢᠶᠠᠷᠣᠯᠲᠠ ᠪᠠᠨ ᠴᠢᠩᠭᠠᠳᠬᠠᠵᠣ᠂ ᠰᠠᠱᠢᠨ ᠰᠣᠷᠲᠠᠬᠤᠨ ᠤ ᠬᠢᠨ ᠤ ᠡᠶ᠎ᠡ ᠨᠠᠶᠢᠷᠠᠮᠳᠠᠭᠤ ᠲᠤᠭᠳᠠᠭᠤᠨ ᠢ ᠪᠠᠲᠣᠯᠠᠨ᠎ᠠ᠃      ︵ᠶᠢᠰᠦ︶ ᠲᠣᠰ ᠪᠡᠶ᠎ᠡ ᠶᠢᠨ ᠪᠠᠶᠢᠭᠤᠯᠣᠯᠲᠠ ᠳᠤ ᠬᠦᠴᠦ ᠪᠠᠨ ᠲᠦᠪᠯᠡᠷᠡᠭᠦᠯᠵᠦ᠂ ᠠᠷᠠᠳ ᠲᠦᠮᠡᠨ ᠤ ᠰᠡᠳᠬᠢᠯ ᠰᠠᠨᠠᠭᠠᠨ ᠳᠤ ᠨᠡᠶᠢᠴᠡᠭᠰᠡᠨ ᠵᠠᠰᠠᠭ ᠤᠨ ᠣᠷᠳᠣᠨ ᠢ ᠪᠠᠶᠢᠭᠤᠯᠬᠤ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ      ᠰᠢᠨ᠎ᠡ ᠴᠠᠭ ᠦᠶ᠎ᠡ᠂ ᠰᠢᠨ᠎ᠠ ᠬᠠᠷᠠᠯᠲᠠ ᠨᠢ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠲᠠ ᠳᠤ ᠰᠢᠨ᠎ᠡ ᠱᠠᠭᠠᠷᠳᠠᠯᠭ᠎ᠠ ᠲᠣᠷᠠᠤᠨᠴᠦ᠂ ᠪᠢᠳᠡ ᠦᠢᠯᠡᠴᠢᠯᠡᠭᠡᠨ ᠤ ᠬᠡᠯᠪᠡᠷᠢ ᠶᠢᠨ᠂ ᠬᠠᠣᠯᠢ ᠪᠠᠷ ᠵᠠᠰᠠᠭᠰᠠᠨ᠂ ᠦᠨᠳᠦᠷ ᠪᠦᠲᠦᠮᠵᠢᠲᠦ ᠠᠷᠢᠭᠤᠨ ᠴᠢᠭᠡᠴᠢ ᠵᠠᠰᠠᠭ ᠤᠨ ᠣᠷᠳᠣᠨ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠣᠷᠢ ᠶᠢᠨ ᠪᠠᠶᠢᠭᠤᠯᠣᠯᠲᠠ ᠪᠠᠨ ᠲᠠᠰᠣᠷᠠᠯᠲᠠ ᠦᠭᠡᠢ ᠴᠢᠩᠭᠠᠳᠬᠠᠵᠣ᠂ ᠵᠠᠰᠠᠭ ᠤᠨ ᠣᠷᠳᠣᠨ ᠤ ᠠᠷᠠᠳ ᠤᠨ ᠲᠣᠮᠳᠠᠬᠢ ᠢᠳᠡᠭᠡᠮᠵᠢ ᠶᠢᠨ ᠬᠦᠴᠦᠨ ᠪᠠ ᠬᠦᠢᠴᠡᠳᠬᠡᠭᠦ ᠴᠢᠳᠠᠪᠣᠷᠢ ᠶᠢ ᠦᠨᠡᠨᠬᠦ ᠴᠢᠩᠭᠠᠳᠬᠠᠨ᠎ᠠ᠃ ᠠᠷᠠᠳ ᠤᠨ ᠲᠦᠯᠦᠭᠡ ᠵᠠᠰᠠᠭ ᠪᠠᠷᠢᠬᠤ ᠶᠢ ᠲᠣᠪᠣᠶᠢᠯᠭᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠲᠠ ᠶᠢᠨ ᠦᠵᠡᠯ ᠰᠠᠨᠠᠭ᠎ᠠ ᠶᠢ ᠪᠠᠳᠣᠵᠢᠭᠤᠯᠣᠨ᠂ ᠠᠷᠠᠳ ᠤᠨ ᠲᠦᠯᠦᠭᠡ ᠲᠦᠷᠦ ᠪᠠᠷᠢᠬᠤ ᠣᠶᠢᠯᠠᠭᠠᠭᠳᠠᠬᠤᠨ ᠢ ᠬᠢᠴᠢᠶᠡᠩᠭᠦᠶᠢᠯᠡᠨ ᠵᠢᠷᠣᠮᠯᠠᠵᠣ᠂ ᠠᠷᠠᠳ ᠣᠯᠠᠨ ᠤ ᠨᠡᠶᠢᠳᠡᠮ ᠬᠠᠯᠠᠮᠵᠢᠯᠠᠨ ᠠᠩᠬᠠᠷᠴᠣ ᠪᠠᠶᠢᠭ᠎ᠠ ᠠᠵᠢᠯ ᠣᠯᠵᠣ ᠦᠢᠯᠡᠰ ᠪᠣᠰᠬᠠᠬᠤ᠂ ᠦᠷ᠎ᠡ ᠬᠡᠦᠬᠡᠳ ᠢᠶᠠᠨ ᠰᠣᠷᠭᠠᠨ ᠬᠦᠮᠦᠵᠢᠭᠦᠯᠬᠦ᠂ ᠡᠪᠡᠳᠴᠢᠨ ᠦᠵᠡᠭᠦᠯᠬᠦ᠂ ᠡᠷᠡᠭᠦᠯ ᠮᠡᠨᠳᠦ ᠨᠠᠰᠣᠵᠢᠯ ᠤᠨ ᠠᠰᠠᠷᠠᠮᠵᠢ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠨ᠂ ᠣᠷᠠᠳ ᠤᠨ ᠲᠣᠮᠳᠠᠳᠣ ᠬᠤᠰᠢᠭᠤᠨ ᠤ ᠠᠷᠠᠳ ᠲᠦᠮᠡᠨ ᠳᠤ ᠵᠣᠯ ᠵᠢᠷᠭᠠᠯᠲᠠᠢ ᠰᠠᠶᠢᠨ ᠰᠠᠶᠢᠬᠠᠨ ᠠᠮᠢᠲᠣᠷᠠᠯ ᠢ ᠡᠳ᠋ᠯᠡᠭᠦᠯᠦᠨ᠎ᠠ᠃ ᠬᠠᠦᠯᠢ ᠶᠣᠰᠣᠭᠠᠷ ᠵᠠᠰᠠᠭ ᠶᠠᠪᠣᠭᠤᠯᠬᠤ ᠶᠢ ᠲᠣᠪᠣᠶᠢᠯᠭᠠᠨ᠎ᠠ᠃ ︽ᠲᠦᠷᠪᠡᠨ ᠣᠬᠠᠮᠰᠠᠷ︾ ᠢ ᠪᠠᠲᠣ ᠪᠠᠬᠢ ᠪᠣᠢ ᠪᠣᠯᠭᠠᠨ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠣᠯᠲᠠ ᠶᠢ ᠡᠷᠡᠰ ᠲᠣᠣᠱᠯᠠᠭᠤᠯᠵᠣ᠂ ︽ᠭᠤᠷᠪᠠᠨ ᠴᠢᠬᠤᠯᠠ ᠨᠢᠭᠡ ᠲᠣᠮᠣ︾ ᠰᠢᠢᠳᠪᠦᠷᠢᠲᠣ ᠪᠣᠳᠣᠯᠭ᠎ᠠ ᠶᠢ ᠴᠢᠩᠭ᠎ᠠ ᠬᠡᠷᠡᠭᠵᠢᠭᠦᠯᠤᠨ᠂ ᠰᠢᠨᠵᠢᠯᠡᠬᠦ ᠣᠬᠠᠭᠠᠨᠴᠢ᠂ ᠠᠷᠠᠳᠴᠢᠯᠠᠭᠰᠠᠨ᠂ ᠬᠠᠣᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠳᠠᠭᠠᠬᠤ ᠶᠢ ᠪᠠᠷᠢᠮᠲᠠᠯᠠᠨ᠎ᠠ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠤᠨ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠣ᠂ ᠡᠷᠬᠡ ᠪᠠᠨ ᠢᠯᠡ ᠲᠣᠲᠣ ᠪᠠᠷ ᠬᠡᠷᠡᠭᠵᠢᠭᠦᠯᠦᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠶᠢᠨ ᠬᠢᠨᠠᠯᠲᠠ ᠪᠠ ᠣᠯᠣᠰ ᠲᠦᠷᠦ  ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠣᠬᠠᠮᠰᠠᠷ ᠠᠴᠠ ᠪᠠᠨ ᠬᠦᠯᠢᠶᠡᠨ ᠠᠪᠴᠣ᠂ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠨᠠᠮ ᠪᠦᠯᠦᠭ ᠤᠨ ᠪᠣᠰᠣ ᠬᠦᠮᠦᠰ ᠪᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠣᠯᠲᠠ ᠶᠢᠨ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠤᠯᠤᠨ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠰᠠᠨᠠᠯ ᠲᠣᠷᠠᠳᠣᠯᠭ᠎ᠠ ᠵᠦᠪᠯᠡᠯᠭᠡ ᠶᠢ ᠪᠦᠬᠦ ᠬᠦᠴᠦ ᠪᠠᠷ ᠢᠶᠠᠨ ᠰᠠᠶᠢᠲᠣᠷ ᠰᠢᠢᠳᠪᠦᠷᠢᠯᠡᠨ ᠬᠦᠢᠴᠡᠤᠨᠬᠡᠵᠦ᠂ ᠵᠠᠰᠠᠭ ᠤᠨ ᠣᠷᠳᠣᠨ ᠤ ᠠᠷᠠᠳ ᠣᠯᠠᠨ ᠤ ᠲᠣᠮᠳᠠᠬᠢ ᠢᠳᠡᠭᠡᠮᠵᠢ ᠶᠢ ᠦᠨᠡᠨᠬᠦ ᠲᠡᠭᠡᠭᠰᠢᠯᠡᠭᠦᠯᠦᠨ᠎ᠠ᠃ ᠪᠣᠲᠠᠳᠣ ᠠᠵᠢᠯ ᠳᠤ ᠰᠢᠮᠳᠠᠨ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠶᠢ ᠲᠣᠪᠣᠶᠢᠯᠭᠠᠨ᠎ᠠ᠃ ︽ᠲᠦᠷᠪᠡᠨ ᠰᠣᠷᠲᠠᠯ︾ ᠤᠨ ᠰᠢᠨ᠎ᠡ ᠢᠯᠡᠷᠡᠯ ᠢ ᠡᠷᠡᠰ ᠵᠠᠯᠠᠷᠠᠭᠤᠯᠣᠨ ᠰᠡᠷᠭᠡᠶᠢᠯᠡᠵᠦ᠂ ︽ᠡᠭᠦᠲᠡ ᠪᠠᠷ ᠣᠷᠣᠬᠤ ᠳᠤ ᠠᠮᠠᠷᠬᠠᠨ᠂ ᠦᠢᠯᠡᠴᠢᠯᠡᠬᠦ ᠣᠪᠣᠷ ᠰᠠᠶᠢᠨ᠂ ᠬᠡᠷᠡᠭ ᠶᠠᠪᠣᠳᠠᠯ ᠪᠦᠲᠦᠭᠡᠬᠦ ᠳᠤ ᠬᠦᠴᠢᠷᠲᠠᠢ︾ ᠪᠠ ︽ᠠᠵᠢᠯ ᠢ ᠲᠦᠯᠬᠢᠬᠦ᠂ ᠣᠳᠠᠭᠠᠰᠢᠷᠠᠭᠤᠯᠬᠤ᠂ ᠪᠣᠳᠣᠯᠢᠶᠠᠨᠳᠣᠭᠤᠯᠬᠤ︾ ᠵᠡᠷᠭᠡ ᠠᠵᠢᠯ ᠬᠢᠬᠦ ᠦᠭᠡᠢ᠂ ᠠᠵᠢᠯ ᠢ ᠣᠳᠠᠭᠠᠰᠢᠷᠠᠭᠤᠯᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠠ᠃ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠪᠠᠶᠢᠭᠤᠯᠣᠯᠲᠠ ᠶᠢ ᠦᠨᠡᠨᠬᠦ ᠴᠢᠩᠭᠠᠳᠬᠠᠨ ᠰᠠᠶᠢᠵᠢᠷᠠᠭᠤᠯᠵᠣ᠂ ᠰᠢᠯᠭᠠᠨ ᠬᠢᠨᠠᠵᠣ ᠣᠷᠮᠠᠰᠢᠭᠤᠯᠬᠤ᠂ ᠦᠷ᠎ᠡ ᠪᠦᠲᠦᠮᠵᠢ ᠶᠢ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠶᠢ ᠦᠨᠡᠨᠬᠦ ᠴᠢᠩᠭᠠᠳᠬᠠᠨ᠂ ᠵᠠᠰᠠᠭ  ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠲᠠᠰᠣᠷᠠᠯᠲᠠ ᠦᠭᠡᠢ ᠲᠡᠭᠡᠭᠰᠢᠯᠡᠭᠦᠯᠵᠦ᠂ ᠠᠵᠢᠯ ᠢ ᠲᠦᠷᠬᠡᠨ ᠨᠠᠶᠢᠳᠠᠪᠣᠷᠢᠵᠢᠭᠤᠯᠬᠤ᠂ ᠲᠦᠷᠦᠯ ᠵᠦᠢᠯ ᠢ ᠲᠦᠷᠬᠡᠨ ᠠᠬᠢᠭᠤᠯᠬᠤ᠂ ᠠᠰᠠᠭᠤᠳᠠᠯ ᠢ ᠲᠦᠷᠭᠡᠨ ᠰᠢᠢᠳᠪᠦᠷᠢᠯᠡᠬᠦ᠂ ᠬᠠᠷᠠᠯᠲᠠ ᠶᠢ ᠲᠦᠷᠬᠡᠨ ᠪᠡᠶᠡᠯᠡᠭᠦᠯᠬᠦ ᠶᠢ ᠪᠡᠶᠡᠯᠡᠬᠦᠯᠦᠨ᠎ᠡ᠃ ᠵᠠᠰᠠᠭ ᠤᠨ ᠣᠷᠳᠣᠨ ᠤ ᠰᠣᠷᠠᠭ ᠵᠠᠩᠬᠢᠴᠢᠯᠠᠯᠲᠠ ᠶᠢᠨ ᠪᠠᠶᠢᠭᠤᠯᠣᠯᠲᠠ ᠶᠢ ᠲᠦᠷᠭᠡᠳᠬᠡᠨ᠂ ᠲᠣᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠡᠬᠢ ᠪᠠᠶᠠᠯᠢᠭ ᠢ ᠬᠠᠮᠲᠣᠪᠠᠷ ᠡᠳ᠋ᠯᠡᠬᠦ ᠶᠢ ᠴᠢᠩᠭᠠᠳᠬᠠᠵᠣ᠂ ᠨᠡᠶᠢᠭᠡᠮ ᠤᠨ ᠣᠯᠠᠨ ᠨᠡᠶᠢᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠲᠡᠭᠡᠭᠰᠢᠯᠡᠭᠦᠯᠦᠨ᠎ᠠ᠃ ᠰᠢᠭᠤᠷᠬᠠᠢ ᠠᠵᠢᠯᠯᠠᠬᠤ᠂ ᠪᠠᠷᠢᠨ ᠲᠣᠭᠲᠠᠭᠠᠵᠣ ᠪᠠᠷᠢᠨ ᠬᠡᠷᠡᠭᠵᠢᠭᠦᠯᠬᠦ ᠠᠵᠢᠯ ᠤᠨ ᠰᠣᠷᠲᠠᠯ ᠢ ᠶᠡᠬᠡᠪᠡᠷ ᠰᠠᠨᠠᠭᠠᠴᠢᠯᠠᠨ᠂ ᠲᠦᠪ ᠴᠢᠭᠯᠡᠯ ᠤᠨ ᠵᠣᠷᠢᠭᠵᠢᠭᠤᠯᠣᠯ ᠢ ᠣᠯᠠᠮ ᠴᠢᠩᠭᠠᠳᠬᠠᠵᠣ᠂ ᠪᠣᠷᠣᠭᠤ ᠶᠢ ᠠᠭᠤᠴᠢᠯᠠᠨ ᠠᠯᠳᠠᠭ᠎ᠠ ᠶᠢ ᠵᠠᠯᠠᠷᠠᠭᠤᠯᠬᠤ ᠲᠣᠭᠲᠠᠴᠠ ᠶᠢ ᠨᠠᠶᠢᠲᠠᠪᠣᠷᠢᠵᠢᠭᠤᠯᠣᠨ᠂ ᠺᠠᠳ᠋ᠷᠴᠣᠳ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠦᠭᠡᠷᠡᠴᠢᠯᠡᠯᠲᠠ᠂ ᠶᠠᠳᠠᠭᠤ ᠠᠴᠠ ᠠᠩᠬᠢᠵᠢᠷᠠᠭᠤᠯᠣᠨ  ᠪᠣᠭᠤᠮᠲᠠ ᠰᠢᠪᠲᠣᠯᠬᠤ  ᠵᠡᠷᠭᠡ ᠡᠮᠦᠨ᠎ᠠ ᠹᠷᠣᠨᠲ ᠲᠤ ᠬᠠᠷᠢᠭᠤᠴᠠᠯᠭ᠎ᠠ ᠡᠭᠦᠷᠭᠡᠯᠡᠨ᠂ ᠠᠵᠢᠯ ᠬᠢᠵᠣ ᠦᠢᠯᠡᠰ ᠪᠣᠰᠬᠠᠬᠤ ᠶᠢ ᠬᠦᠲᠦᠯᠦᠨ ᠵᠢᠯᠣᠭᠤᠳᠣᠨ᠎ᠠ᠃ ᠠᠷᠢᠭᠤᠨ ᠴᠢᠭᠡᠴᠢ ᠪᠠᠷ ᠵᠠᠰᠠᠭ ᠶᠠᠪᠣᠭᠤᠯᠬᠤ ᠶᠢ ᠲᠣᠪᠣᠶᠢᠯᠭᠠᠨ᠎ᠠ᠃ ᠨᠠᠮ ᠤᠨ ᠪᠠᠶᠢᠭᠤᠯᠣᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠲᠠᠪᠣᠷᠢᠵᠢᠭᠤᠯᠣᠨ᠂ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠵᠣ᠂ ᠲᠦᠪ ᠤᠨ ᠨᠠᠢᠮᠠᠨ ᠲᠣᠭᠳᠠᠭᠠᠯ ᠵᠢᠴᠢ ᠬᠡᠷᠡᠭᠵᠢᠭᠦᠯᠬᠦ ᠨᠠᠷᠢᠨ  ᠲᠦᠷᠢᠮ ᠤᠨ ᠵᠣᠷᠢᠭ ᠰᠠᠨᠠᠭ᠎ᠠ   ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠣᠨ᠂ ᠨᠠᠮ ᠤᠨ ᠲᠣᠲᠣᠭᠠᠲᠣ ᠶᠢᠨ  ᠣᠯᠣᠰ ᠲᠦᠷᠦ ᠶᠢᠨ ᠠᠮᠢᠳᠣᠷᠠᠯ ᠢ ᠲᠦᠪ ᠴᠢᠩᠭ᠎ᠠ ᠪᠠᠶᠢᠯᠭᠠᠵᠣ᠂ ᠢᠯᠵᠡᠷᠡᠯ ᠢ ᠡᠰᠡᠷᠭᠦᠴᠡᠨ ᠠᠷᠢᠭᠤᠨ ᠴᠢᠭᠡᠴᠢ ᠶᠢ ᠡᠷᠬᠢᠮᠯᠡᠬᠦ ᠶᠢ ᠬᠦᠨᠵᠡᠭᠡᠢ ᠠᠬᠢᠭᠤᠯᠤᠨ᠂ ᠰᠣᠷᠲᠠᠯ ᠰᠠᠬᠢᠯᠭ᠎ᠠ ᠶᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠲᠠ ᠪᠠᠷᠢᠮᠳᠠᠯᠠᠨ᠎ᠠ︔ ᠬᠢᠨᠠᠨ ᠪᠣᠳᠣᠯᠲᠠ ᠶᠢᠨ ᠬᠢᠨᠠᠨ ᠪᠠᠶᠢᠴᠠᠭᠠᠯᠲᠠ ᠶᠢ ᠶᠡᠬᠡᠰᠬᠡᠵᠦ᠂ ᠢᠯᠵᠡᠷᠡᠯ ᠢ ᠵᠠᠯᠬᠠᠭᠠᠨ ᠰᠢᠢᠳᠬᠡᠬᠦ ᠪᠠ ᠣᠷᠢᠳᠴᠢᠯᠠᠨ ᠰᠡᠷᠭᠡᠶᠢᠯᠡᠬᠦ ᠲᠣᠭᠲᠠᠯᠴᠠᠭ᠎ᠠ ᠶᠢᠨ ᠪᠠᠶᠢᠭᠤᠯᠣᠯᠲᠠ ᠶᠢ ᠬᠦᠨᠵᠡᠭᠡᠶᠢᠷᠡᠭᠦᠯᠦᠨ᠂ ᠡᠷᠭᠡ ᠶᠢ ᠬᠡᠷᠡᠭᠵᠢᠭᠦᠯᠬᠦ ᠶᠢ ᠬᠢᠨᠠᠨ ᠡᠵᠡᠮᠳᠡᠬᠦ ᠲᠣᠭᠲᠠᠯᠴᠠᠭ᠎ᠠ ᠶᠢ ᠪᠦᠷᠢᠨᠰᠢᠭᠦᠯᠵᠣ᠂ ᠺᠠᠳ᠋ᠷᠴᠣᠳ ᠤᠨ ᠲᠦᠪ ᠰᠢᠳᠣᠷᠭᠤ᠂ ᠵᠠᠰᠠᠭ ᠤᠨ ᠣᠷᠳᠣᠨ ᠤ ᠠᠷᠢᠭᠤᠨ ᠴᠢᠭᠡᠴᠢ᠂ ᠣᠯᠣᠰ ᠲᠦᠷᠦ ᠬᠡᠬᠡᠨ ᠰᠠᠷᠠᠭᠤᠯ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠠ᠃      ᠲᠦᠯᠦᠭᠡᠯᠡᠭᠴᠢᠳ ᠡ᠂ ᠪᠦᠯᠬᠦᠮᠳᠡᠯ ᠨᠢ ᠬᠦᠴᠦᠨ ᠴᠢᠳᠠᠯ ᠢ ᠨᠢᠬᠡᠳᠬᠡᠨ᠂ ᠪᠣᠲᠠᠲᠠᠢ ᠠᠵᠢᠯᠯᠠᠬᠤ ᠨᠢ ᠬᠡᠬᠡᠨ ᠰᠠᠷᠠᠭᠤᠯ ᠢᠷᠡᠭᠡᠲᠦᠢ ᠶᠢ ᠡᠭᠦᠳᠦᠨ᠎ᠠ᠃ ᠪᠢᠲᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠣ ᠴᠢᠩᠭ᠎ᠠ ᠣᠳᠣᠷᠢᠳᠣᠯᠭ᠎ᠠ ᠲᠣᠣᠷ᠎ᠠ᠂ ᠰᠢᠭᠤᠷᠬᠠᠶᠢᠯᠠᠨ ᠴᠢᠷᠮᠠᠶᠢᠵᠣ᠂ ᠯᠠᠪᠳᠠᠭᠤᠨ ᠪᠠᠲᠣᠲᠠᠢ ᠠᠵᠢᠯᠯᠠᠨ᠂ ᠠᠵᠣ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠣᠨ᠂ ᠪᠠᠶᠠᠨ ᠴᠢᠨᠡᠭᠡᠯᠢᠭ᠂ ᠪᠣᠯᠪᠠᠰᠣᠨ ᠰᠠᠶᠢᠬᠠᠨ᠂ ᠦᠵᠡᠰᠭᠦᠯᠡᠩᠲᠦ ᠭᠤᠶᠣ᠂ ᠨᠡᠭᠡᠭᠡᠯᠲᠠ ᠲᠠᠢ᠂ ᠵᠣᠯ ᠵᠢᠷᠭᠠᠯᠲᠣ᠂ ᠡᠶ᠎ᠡ ᠨᠠᠶᠢᠷᠠᠮᠳᠠᠭᠤ ᠣᠷᠠᠳ ᠤᠨ ᠲᠣᠮᠳᠠᠳᠣ ᠬᠤᠰᠢᠭᠤ ᠶᠢ ᠪᠦᠳᠦᠭᠡᠨ ᠪᠠᠶᠢᠭᠤᠯᠬᠤ ᠪᠠᠷ ᠴᠣᠴᠠᠯᠲᠠ ᠦᠭᠡᠢ ᠲᠡᠮᠡᠴᠡᠰᠦᠭᠡᠢ︕     ᠨᠡᠷᠡᠰ ᠤᠨ ᠲᠠᠶᠢᠯᠪᠤᠷᠢ᠄      1. ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾᠄ ᠭᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠵᠢᠭᠠᠨ᠎ᠠ  ᠃      2 . ︽ᠠᠷᠪᠠᠨ ᠶᠡᠭᠡ ᠠᠵᠤ ᠦᠢᠯᠡᠰ ᠤᠨ ᠭᠡᠯᠭᠢᠶᠡᠵᠢᠯ︾᠄ ᠨᠠᠮ ᠤᠨ ᠪᠠᠶᠢᠭᠤᠯᠤᠯᠳᠠ ᠪᠠᠷ ᠠᠵᠤ ᠦᠢᠯᠡᠰ ᠢ ᠲᠠᠭᠠᠭᠤᠯᠤᠨ ᠶᠠᠳᠠᠭᠤ ᠶᠢ ᠲᠡᠳᠬᠦᠬᠦ᠂ ᠴᠠᠬᠢᠮ ᠬᠤᠳᠠᠯᠳᠤᠭᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠭᠡᠷᠡᠯ ᠤᠨ ᠡᠨᠧᠷᠬᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠤ ᠠᠬᠤᠶᠢᠯᠠᠯ  ᠢᠶᠠᠷ ᠶᠠᠳᠠᠭᠤ ᠶᠢ ᠲᠡᠳᠬᠦᠬᠦ᠂ ᠲᠠᠷᠢᠮᠠᠯ ᠲᠡᠵᠢᠬᠡᠪᠦᠷᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠳ᠋ ᠬᠦᠷᠦᠩᠭᠡ ᠶᠢᠨ ᠦᠷ᠎ᠡ ᠠᠰᠢᠭ ᠤᠨ ᠭᠡᠯᠪᠡᠷᠢ ᠪᠠᠷ ᠶᠠᠳᠠᠭᠤ ᠶᠢ ᠲᠡᠳᠬᠦᠬᠦ᠂ ᠠᠮᠢ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠦᠬᠦᠭᠡᠷᠤᠮᠵᠢᠳᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠦᠢᠯᠡᠰ ᠪᠤᠰᠬᠠᠨ ᠠᠵᠢᠯ ᠤᠯᠭᠤᠬᠤ ᠪᠠᠷ ᠶᠠᠳᠠᠭᠤ ᠶᠢ ᠲᠡᠳᠬᠦᠬᠦ᠂ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠵᠢᠭᠠᠨ᠎ᠠ  ᠃      3. ︽ᠲᠠᠪᠤᠨ ᠨᠢᠭᠡ ᠪᠦᠯᠦᠭ︾᠄ ᠦᠢᠯᠡᠳᠪᠦᠷᠢᠯᠠᠯ ᠢ ᠬᠦᠭᠵᠢᠬᠦᠯᠬᠦ ᠪᠠᠷ ᠨᠢᠭᠡ ᠪᠦᠯᠦᠭ ᠢ ᠶᠠᠳᠠᠭᠤ ᠠᠴᠠ ᠠᠩᠬᠢᠵᠢᠷᠠᠭᠤᠯᠬᠤ᠂ ᠤᠨᠳᠤᠤ ᠭᠠᠵᠠᠷ ᠨᠡᠭᠦᠯᠭᠡᠨ ᠰᠢᠯᠵᠢᠬᠦᠯᠬᠦ ᠪᠠᠷ ᠨᠢᠭᠡ ᠪᠦᠯᠦᠭ ᠢ ᠶᠠᠳᠠᠭᠤ ᠠᠴᠠ ᠠᠩᠬᠢᠵᠢᠷᠠᠭᠤᠯᠬᠤ᠂ ᠠᠮᠢ ᠠᠬᠤᠢ ᠶᠢᠨ ᠨᠦᠬᠦᠪᠦᠷᠢ ᠦᠭᠬᠦ ᠪᠠᠷ ᠨᠢᠭᠡ ᠪᠦᠯᠦᠭ ᠢ ᠶᠠᠳᠠᠭᠤ ᠠᠴᠠ ᠠᠩᠬᠢᠵᠢᠷᠠᠭᠤᠯᠬᠤ᠂ ᠬᠦᠮᠦᠵᠢᠯ  ᠪᠤᠯᠪᠠᠰᠤᠷᠠᠯ ᠢᠶᠠᠷ ᠨᠢᠭᠡ ᠪᠦᠯᠦᠭ ᠢ ᠶᠠᠳᠠᠭᠤ ᠠᠴᠠ ᠠᠩᠬᠢᠵᠢᠷᠠᠭᠤᠯᠬᠤ᠂ ᠨᠡᠶᠢᠭᠡᠮ ᠤᠨ ᠪᠠᠳᠤᠯᠠᠭ᠎ᠠ ᠪᠠᠷ ᠨᠢᠭᠡ ᠪᠦᠯᠦᠭ ᠢ ᠶᠠᠳᠠᠭᠤ  ᠠᠴᠠ ᠠᠩᠬᠢᠵᠢᠷᠠᠭᠤᠯᠬᠤ ᠶᠢ ᠵᠢᠭᠠᠨ᠎ᠠ  ᠃      4. ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ᠄  ᠪᠤᠷᠳᠤᠭᠤᠷ ᠢ ᠬᠢᠵᠠᠭᠠᠷᠯᠠᠬᠤ᠂ ᠲᠠᠷᠢᠶᠠᠨ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠰᠦᠯᠢᠶᠤᠤ ᠪᠦᠷᠭᠦᠪᠴᠢ ᠶᠢ ᠬᠢᠵᠠᠭᠠᠷᠯᠠᠬᠤ ᠶᠢ ᠵᠢᠭᠠᠨ᠎ᠠ  ᠃      5. ︽ᠲᠦᠷᠪᠡ ᠶᠢ ᠴᠡᠪᠡᠷᠯᠡᠬᠦ︾᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠵᠤ ᠪᠠᠷᠢᠬᠤ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠤᠮᠳᠠ ᠳᠤᠪᠤᠶᠢᠮ᠎ᠠ ᠤᠷᠤᠰᠢᠵᠤ ᠪᠠᠶᠢᠭ᠎ᠠ ᠠᠰᠠᠭᠤᠳᠠᠯ  ᠳᠤ ᠲᠤᠰᠬᠠᠶ ᠵᠦᠢᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ   ᠶᠢ ᠵᠢᠭᠠᠨ᠎ᠠ᠃      6. ︽ᠪᠠᠭᠤᠯᠭᠠᠬᠤ ᠬᠠᠮᠢᠶᠠᠷᠬᠤ ᠦᠢᠯᠡᠴᠢᠯᠡᠬᠦ︾᠄  ᠵᠠᠰᠠᠭ ᠢ ᠴᠤᠮᠬᠠᠳᠬᠠᠨ ᠡᠷᠬᠡ ᠶᠢ ᠲᠤᠷᠤᠭᠰᠢ ᠪᠠᠭᠤᠯᠭᠠᠵᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠶᠢ ᠰᠢᠯᠢᠳᠡᠭᠵᠢᠬᠦᠯᠬᠦ ᠶᠢ ᠵᠢᠭᠠᠨ᠎ᠠ᠃      7. ︽ᠲᠦᠷᠪᠠᠨ ᠬᠦᠢᠴᠡᠳᠭᠡᠬᠦ︾᠄  ᠴᠠᠭ ᠲᠤᠬᠠᠢ ᠳᠤᠨᠢ ᠬᠦᠢᠴᠡᠳᠭᠡᠬᠦ᠂ ᠰᠦᠯᠵᠢᠶᠡᠨ ᠲᠡᠭᠡᠷ᠎ᠡ ᠬᠦᠢᠴᠡᠳᠭᠡᠬᠦ᠂ ᠨᠢᠭᠡ ᠤᠳᠠᠭ᠎ᠠ ᠳᠤ ᠬᠦᠢᠴᠡᠳᠭᠡᠬᠦ᠂ ᠤᠶᠢᠷ᠎ᠠ ᠲᠦᠳᠡ ᠭᠠᠵᠠᠷ ᠲᠤᠨᠢ ᠬᠦᠢᠴᠡᠳᠭᠡᠬᠦ ᠶᠢ ᠵᠢᠭᠠᠨ᠎ᠠ  ᠃      8. ︽ᠤᠯᠠᠨ ᠦᠨᠡᠮᠯᠡᠯ ᠢ ᠨᠡᠶᠢᠯᠡᠬᠦᠯᠦᠨ ᠨᠢᠭᠡ ᠪᠤᠯᠭᠠᠬᠤ︾᠄ ᠨᠢᠭᠡᠨᠲᠡ ᠬᠡᠷᠡᠭᠵᠢᠭᠦᠯᠵᠦ ᠪᠠᠶᠢᠭ᠎ᠠ ᠡᠵᠡᠩᠨᠡᠯᠲᠡ ᠶᠢᠨ ᠪᠠᠳᠣᠯᠠᠪᠣᠷᠢ ᠪᠢᠴᠢᠭ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠺᠣᠳ᠋ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠲᠠᠩᠰᠯᠠᠯᠲᠠ ᠶᠢᠨ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠶᠢᠨ ᠦᠨᠡᠮᠯᠡᠯ᠂ ᠲᠤᠭ᠎ᠠ ᠪᠦᠷᠢᠳᠬᠡᠯ ᠤᠨ ᠦᠨᠡᠮᠯᠡᠯ ᠵᠡᠷᠭᠡ ︽ᠲᠠᠪᠤᠨ ᠦᠨᠡᠮᠯᠡᠯ ᠢ ᠨᠢᠭᠡᠳᠬᠡᠬᠦ︾ ᠰᠠᠭᠤᠷᠢᠨ ᠳᠡᠭᠡᠷ᠎ᠡ᠂ ᠭᠤᠶᠤᠴᠢᠯᠠᠭᠴᠢ ᠳᠤ ᠣᠯᠭᠤᠭᠰᠠᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠪᠠ ᠢᠳᠡᠭᠡᠨ ᠤ ᠵᠦᠶᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠨᠣᠮᠧᠷ ᠵᠡᠷᠭᠡ ᠨᠢᠭᠡ ᠦᠨᠡᠮᠯᠡᠯ ᠬᠤᠶᠠᠷ ᠨᠤᠮᠧᠷ ᠪᠤᠶᠤ ᠤᠯᠠᠨ ᠨᠤᠮᠧᠷ ᠲᠠᠢ ︽ ᠣᠯᠠᠨ ᠦᠨᠡᠮᠯᠡᠯ  ᠢ ᠨᠡᠶᠢᠯᠡᠭᠦᠯᠦᠨ ᠨᠢᠭᠡ ᠪᠣᠯᠭᠠᠬᠰᠠᠨ  ︾ ᠡᠵᠡᠩᠨᠡᠯᠲᠡ ᠶᠢᠨ ᠦᠨᠡᠮᠯᠡᠯ ᠢ ᠵᠢᠭᠠᠵᠣ ᠪᠣᠢ᠃ ᠣᠨᠴᠠᠭᠠᠶ ᠪᠠᠶᠢᠳᠠᠯ ᠠᠴᠠ ᠭᠠᠳᠠᠨ᠎ᠠ ᠬᠤᠯᠪᠣᠭᠳᠠᠯ ᠪᠦᠬᠦᠢ ᠵᠥᠪᠰᠢᠶᠡᠷᠡᠯ ᠤᠨ ᠭᠡᠷᠡᠴᠢ ᠪᠢᠴᠢᠭ ᠢ ᠲᠠᠬᠢᠵᠤ ᠠᠰ ᠲᠤᠨᠢ ᠣᠯᠭᠤᠳᠠᠭ ᠦᠭᠡᠢ ᠬᠤᠯᠪᠣᠭᠠᠯᠠᠨ ᠬᠥᠳᠡᠯᠦᠯᠴᠡᠵᠦ ᠨᠢᠭᠡᠳᠦᠯᠲᠡᠶ ᠳᠠᠩᠰᠠᠯᠠᠬᠤ ᠠᠷᠭ᠎ᠠ ᠶᠢ ᠵᠢᠭᠠᠨ᠎ᠠ᠃      9 .︽ᠦᠨᠡᠮᠯᠡᠯ ᠪᠠ ᠭᠡᠷᠡᠴᠢ ᠶᠢ ᠰᠠᠯᠭᠠᠬᠤ︾᠄ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠠᠴᠠ ᠣᠯᠭᠤᠭᠰᠠᠨ ᠡᠵᠡᠩᠨᠡᠯᠲᠡ ᠶᠢᠨ ᠪᠠᠲᠣᠯᠠᠪᠣᠷᠢ ᠪᠢᠴᠢᠭ ᠪᠣᠯᠤᠨ ᠡᠯ᠎ᠡ ᠬᠤᠯᠪᠣᠭᠳᠠᠯ ᠪᠦᠬᠦᠢ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠦᠨᠡᠮᠡᠯᠡᠯ ᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠵᠢᠭᠠᠨ᠎ᠠ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠭᠤᠣᠯ ᠨᠢ ᠦᠨᠡᠮᠯᠡᠯ ᠠᠪᠬᠤ ᠭᠤᠭᠴᠤᠭ᠎ᠠ ᠶᠢᠨ ᠲᠤᠭᠤᠷᠢᠨ ᠳᠤ᠂ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠥᠭᠡᠷᠡᠴᠢᠯᠡᠬᠦ ᠪᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠨᠡᠮᠯᠡᠯ ᠢ ᠨᠡᠩ ᠲᠦᠷᠭᠡᠨ ᠪᠥᠭᠡᠳ ᠳᠥᠭᠦᠮ ᠳᠥᠲᠡ ᠥᠨᠳᠥᠷ ᠦᠷ᠎ᠡ ᠪᠦᠲᠦᠮᠵᠢ ᠲᠠᠢ   ᠪᠠᠷ ᠬᠢᠵᠤ ᠦᠭᠬᠦ ᠪᠣᠯᠭᠠᠨ᠎ᠠ᠃      10 . ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾᠄  ᠪᠠᠶᠢᠭᠤᠯᠤᠭᠰᠠᠨ ᠨᠢ ᠰᠠᠶᠢᠨ᠂ ᠬᠠᠮᠢᠶᠠᠷᠤᠯᠳᠠ ᠨᠢ ᠰᠠᠶᠢᠨ᠂ ᠬᠠᠮᠠᠭᠠᠯᠠᠯᠳᠠ ᠨᠢ ᠰᠠᠶᠢᠨ᠂ ᠡᠵᠡᠩᠨᠡᠭᠰᠡᠨ ᠨᠢ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ ᠶᠢ ᠵᠢᠭᠠᠨ᠎ᠠ᠃      11 . ︽ᠡᠮᠴᠢᠯᠡᠭᠡᠨ ᠤ ᠬᠠᠮᠲᠤ ᠶᠢᠨ ᠴᠣᠭᠴᠠ︾᠄ ᠬᠤᠰᠢᠭᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠠᠷ ᠭᠤᠣᠯ ᠴᠣᠭᠴᠠ ᠪᠣᠯᠭᠠᠭᠰᠠᠨ᠂ ᠬᠤᠰᠢᠭᠤᠨ ᠤ ᠬᠦᠷᠢᠶ᠎ᠡ ᠭᠡᠪᠴᠢᠶᠡᠨ ᠳᠠᠬᠢ ᠪᠦᠬᠦ ᠪᠤᠶᠤ ᠬᠡᠰᠡᠭ ᠰᠤᠮᠤ ᠪᠠᠯᠭᠠᠰᠤ ︵ᠲᠠᠯᠠᠪᠠᠢ︶ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠬᠤᠯᠪᠤᠭᠠᠯᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢ ᠪᠦᠷᠢᠯᠳᠦᠭᠦᠯᠵᠦ᠂ ᠬᠤᠰᠢᠭᠤ᠂ ᠰᠤᠮᠤ ᠪᠠᠯᠭᠠᠰᠤ ︵ᠲᠠᠯᠠᠪᠠᠢ︶᠂ ᠭᠠᠴᠠᠭ᠎ᠠ ᠲᠣᠰᠬᠤᠨ ᠭᠤᠷᠪᠠᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠢᠶᠠᠨ ᠬᠤᠪᠢᠶᠠᠷᠢᠯᠠᠨ ᠬᠠᠮᠵᠢᠯᠴᠠᠨ ᠠᠵᠢᠯᠯᠠᠬᠤ ᠵᠠᠭᠪᠤᠷ ᠢ ᠪᠠᠶᠢᠭᠤᠯᠤᠨ᠂ ᠭᠤᠷᠪᠠᠨ ᠱᠠᠳᠤ ᠪᠠᠷ ᠢᠶᠠᠨ ᠬᠠᠮᠲᠤᠷᠠᠨ ᠬᠥᠳᠡᠯᠦᠯᠴᠡᠭᠰᠡᠨ ᠬᠤᠰᠢᠭᠤᠨ ᠤ ᠬᠡᠪᠴᠢᠶᠡᠨ ᠤ ᠡᠮᠴᠢᠯᠡᠭᠡ   ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃      12 . ︽ᠲᠤᠳᠤ ᠭᠡᠷᠡᠯᠳᠤ ᠢᠨᠵᠧᠨᠧᠷᠢᠩ︾᠄ ᠰᠢᠶᠠᠨ᠂ ᠰᠢᠶᠠᠩ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠦᠪ ᠢᠶᠠᠷ ᠵᠢᠯᠣᠭᠤᠳᠬᠤ ᠲᠠᠪᠴᠠᠩ ᠪᠣᠯᠭᠠᠵᠤ᠂ ᠶᠡᠷᠦᠩᠬᠡᠶᠢᠯᠡᠨ ᠵᠠᠰᠠᠯᠲᠠ ᠶᠢᠨ ᠮᠡᠳᠡᠭᠡ ᠵᠠᠩᠭᠢᠴᠢᠯᠠᠯᠲᠠ ᠪᠠᠷ ᠲᠤᠯᠭᠠᠭᠤᠷᠢᠯᠠᠨ᠂ ᠣᠷᠣᠨ ᠲᠣᠭᠤᠷᠢᠨ᠋ᠠᠴᠢᠯᠠᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ᠂ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠦᠯᠵᠢᠶ᠎ᠡ ᠶᠢᠨ ᠬᠡᠷᠡᠭᠯᠡᠯᠲᠡ ᠪᠠᠷ ᠭᠤᠣᠯᠳᠠᠯᠭ᠎ᠠ ᠪᠣᠯᠭᠠᠭᠰᠠᠨ ︽ᠣᠯᠠᠨ ᠲᠦᠮᠡᠨᠴᠢ ᠴᠢᠨᠠᠷᠲᠠᠶ ᠠᠮᠤᠷ ᠢ ᠬᠠᠮᠠᠭᠠᠯᠠᠵᠣ ᠰᠡᠷᠭᠡᠶᠢᠯᠡᠨ ᠡᠵᠡᠮᠳᠡᠬᠦ ᠢᠨᠵᠧᠨᠧᠷᠢᠩ︾ ᠢ ᠵᠢᠭᠠᠨ᠎ᠠ᠃      13 . ︽ᠭᠤᠷᠪᠠᠨ ᠴᠢᠬᠤᠯᠠ ᠨᠢᠭᠡ ᠶᠡᠭᠡ︾᠄ ᠴᠢᠬᠤᠯᠠ ᠶᠡᠭᠡ ᠬᠡᠷᠡᠭ ᠶᠠᠪᠣᠳᠠᠯ ᠤᠨ ᠰᠢᠶᠳᠪᠦᠷᠢᠲᠦ ᠪᠤᠳᠤᠯᠭ᠎ᠠ ᠶᠢ ᠲᠣᠭᠲᠠᠭᠠᠬᠤ ᠳᠤ᠂ ᠴᠢᠬᠤᠯᠠ ᠺᠠᠳ᠋ᠷ ᠢ ᠲᠣᠮᠢᠯᠠᠬᠤ ᠪᠠ ᠪᠠᠭᠤᠯᠭᠠᠬᠤ᠂ ᠴᠢᠬᠤᠯᠠ ᠲᠥᠷᠥᠯ ᠵᠦᠶᠯ ᠢ ᠳᠣᠭᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠶᠠᠪᠤᠳᠠᠯ ᠪᠣᠯᠤᠨ᠎ᠠ᠃      14 . ︽ᠲᠦᠷᠪᠡ ᠶᠢ ᠬᠢᠵᠠᠭᠠᠷᠯᠠᠨ ᠲᠠᠪᠤᠵᠢᠭᠤᠯᠬᠤ︾ ᠄  ᠪᠣᠷᠳᠣᠭᠤᠷ᠂ ᠡᠮ᠂ ᠣᠰᠣ᠂ ᠰᠣᠯᠢᠶᠣᠣ ᠪᠦᠷᠬᠦᠪᠴᠢ ᠶᠢ ᠬᠢᠵᠠᠭᠠᠷᠯᠠᠨ᠂ ︽ᠳᠥᠷᠪᠡᠨ ᠬᠢᠵᠠᠭᠠᠷᠯᠠᠬᠤ︾ ᠶᠢ ᠣᠷᠣᠨ ᠪᠦᠰᠡ ᠳᠤᠨᠢ ᠣᠨᠣᠪᠴᠢᠲᠠᠢ ᠬᠦᠢᠴᠡᠳᠬᠡᠵᠦ᠂ ᠢᠯᠭᠠᠳᠠᠰᠣ ᠪᠣᠵᠠᠷ ᠪᠣᠳᠠᠰ ᠪᠠ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠬᠤᠤᠷ ᠥᠬᠡᠶ ᠪᠣᠯᠭᠠᠨ ᠰᠢᠶᠳᠪᠦᠷᠢᠯᠡᠬᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠬᠢ ᠪᠠᠶᠠᠯᠢᠭᠵᠢᠭᠤᠯᠬᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠤᠷᠲᠤ ᠬᠤᠭᠤᠴᠠᠭᠠᠨ ᠤ ᠦᠷ᠎ᠡ ᠪᠦᠲᠦᠮᠵᠢᠲᠡᠢ ᠪᠣᠯᠭᠠᠬᠤ᠂ ᠨᠠᠷᠠᠲᠤ ᠲᠥᠷᠥᠯ ᠲᠡᠮᠳᠡᠭᠲᠦ ᠶᠢᠨ ᠪᠠᠷᠢᠮᠵᠢᠶ᠎ᠠ ᠶᠢ ᠪᠦᠬᠦ ᠶᠠᠪᠤᠴᠠ ᠳᠤ ᠨᠡᠬᠡᠮᠵᠢᠯᠡᠵᠦ ᠪᠣᠯᠬᠤ ᠪᠣᠯᠭᠠᠬᠤ ᠶᠢ ᠵᠢᠭᠠᠨ᠎ᠠ᠃      15 . ︽ ᠭᠤᠷᠪᠠ ᠶᠢ ᠲᠦᠪᠯᠡᠷᠡᠭᠦᠯᠦᠨ ᠭᠤᠷᠪᠠ ᠶᠢ ᠨᠠᠶᠢᠳᠠᠪᠤᠷᠢᠵᠢᠭᠤᠯᠬᠤ︾ ᠄ ︽ᠭᠤᠷᠪᠠ ᠶᠢ ᠲᠥᠪᠯᠡᠷᠡᠭᠦᠯᠬᠦ︾ ᠭᠡᠳᠡᠭ ᠪᠣᠯ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠰᠢᠶᠠᠯ ᠴᠢᠳᠠᠪᠬᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠰᠢᠶᠠᠯ ᠴᠢᠳᠠᠪᠬᠢ ᠶᠢ ᠡᠭᠦᠷᠭᠡᠯᠡᠭᠰᠡᠨ ᠲᠠᠰᠤᠭ ᠰᠠᠯᠠᠭ᠎ᠠ ᠶᠢ ᠦᠢᠯᠡᠴᠢᠯᠡᠭᠡᠨ ᠤ ᠲᠥᠪ ᠲᠤ ᠲᠥᠪᠯᠡᠷᠡᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠳᠤ ᠲᠥᠪᠯᠡᠷᠡᠭᠦᠯᠬᠦ ᠶᠢ ᠵᠢᠭᠠᠨ᠎ᠠ᠃ ︽ᠭᠤᠷᠪᠠ ᠶᠢ ᠨᠠᠶᠢᠳᠠᠪᠤᠷᠢᠵᠢᠭᠤᠯᠬᠤ︾ ᠬᠡᠳᠡᠭ ᠪᠣᠯ ᠣᠴᠢᠷ ᠶᠠᠪᠣᠳᠠᠯ ᠢ ᠰᠢᠢᠳᠪᠦᠷᠢᠯᠡᠬᠦ  ᠶᠢ ᠦᠢᠯᠡᠴᠢᠯᠡᠭᠡᠨ ᠤ ᠶᠡᠭᠡ ᠲᠢᠩᠬᠢᠮ ᠳᠤ ᠣᠷᠣᠭᠤᠯᠬᠤ ᠶᠢ ᠨᠠᠶᠢᠳᠠᠪᠣᠷᠢᠵᠢᠭᠤᠯᠵᠣ᠂ ᠬᠢᠨᠠᠨ ᠵᠥᠪᠰᠢᠶᠡᠷᠡᠬᠦ ᠡᠷᠬᠡ ᠲᠠᠢ ᠦᠢᠯᠡᠴᠢᠯᠡᠭᠡᠨ ᠤ ᠠᠵᠢᠯ ᠤᠨ ᠪᠠᠶᠢᠷᠢ ᠶᠢ ᠨᠠᠶᠢᠳᠠᠪᠣᠷᠢᠵᠢᠭᠤᠯᠵᠣ᠂ ᠡᠯᠧᠺᠲᠷᠣᠨ ᠬᠢᠨᠠᠨ ᠪᠠᠶᠢᠴᠠᠭᠠᠯᠲᠠ ᠶᠢ ᠨᠠᠶᠢᠳᠠᠪᠣᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      16 . ︽ᠢᠯᠡᠷᠡᠭᠡ ᠦᠭᠡᠢ ᠡᠪᠡᠳᠴᠢᠨ ᠢ ᠤᠷᠢᠳᠴᠢᠯᠠᠨ ᠵᠠᠰᠠᠬᠤ︾᠄ ᠰᠡᠷᠭᠡᠶᠢᠯᠡᠬᠦ ᠪᠣᠶᠣ ᠡᠮᠴᠢᠯᠡᠨ ᠵᠠᠰᠠᠬᠤ ᠠᠷᠭ᠎ᠠ ᠪᠠᠷᠢᠯ ᠢᠶᠠᠷ ᠡᠪᠡᠳᠴᠢᠨ ᠡᠮᠭᠡᠭ ᠡᠭᠦᠰᠬᠦ᠂ ᠬᠦᠨᠳᠦᠷᠡᠬᠦ ᠶᠢ ᠰᠡᠷᠭᠡᠶᠢᠯᠡᠬᠦ ᠠᠷᠭ᠎ᠠ ᠪᠣᠯᠤᠨ᠎ᠠ᠃ ︽ᠡᠪᠡᠳᠴᠢᠨ ᠡᠭᠦᠰᠬᠦ ᠶᠢ ᠤᠷᠢᠳᠴᠢᠯᠠᠨ ᠰᠡᠷᠭᠡᠶᠢᠯᠡᠵᠦ᠂ ᠡᠪᠡᠳᠴᠢᠯᠡᠭᠰᠡᠨ ᠢ ᠨᠢ ᠬᠦᠨᠳᠦᠷᠡᠬᠦ ᠠᠴᠠ ᠰᠡᠷᠭᠡᠶᠢᠯᠡᠬᠦ᠂ ᠡᠪᠡᠳᠴᠢᠨ ᠨᠢ ᠡᠳᠡᠭᠡᠷᠡᠭᠰᠡᠨ ᠤ ᠲᠠᠷᠠᠭ᠎ᠠ ᠲᠠᠬᠢᠨ ᠡᠪᠡᠳᠴᠢᠯᠡᠬᠦ ᠠᠴᠠ ᠰᠡᠷᠭᠡᠶᠢᠯᠡᠬᠦ︾  ᠲᠤᠬᠠᠶ ᠭᠤᠷᠪᠠᠨ ᠠᠭᠤᠯᠭ᠎ᠠ ᠶᠢ ᠪᠠᠭᠲᠠᠭᠠᠨ᠎ᠠ᠃      17 . ︽ᠳᠥᠷᠪᠡᠨ ᠬᠠᠮᠤᠭ ᠤᠨ ᠴᠢᠩᠭ᠎ᠠ︾᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠨ ᠬᠠᠮᠢᠶᠠᠷᠤᠯᠲᠠ᠂ ᠬᠠᠮᠤᠭ ᠤᠨ ᠬᠠᠲᠠᠭᠤ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠵᠢᠭᠠᠨ᠎ᠠ᠃      18. ᠬᠦᠭᠡ ᠤᠭᠳᠠᠷᠭᠤᠢ᠄  ᠬᠦᠭᠡ ᠤᠭᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠢ ᠵᠢᠭᠠᠨ᠎ᠠ  ᠃      19. ᠨᠤᠭᠤᠭᠠᠨ ᠪᠠᠮᠪᠠᠢ᠄  ᠪᠠᠶᠢᠭᠠᠯᠢ ᠶᠢᠨ ᠬᠠᠮᠠᠭᠠᠯᠠᠯᠳᠠ ᠤᠨ ᠤᠷᠤᠨ ᠤ ᠬᠢᠨᠠᠨ ᠪᠠᠶᠢᠴᠠᠭᠠᠯᠳᠠ ᠶᠢᠨ ᠲᠤᠰᠬᠠᠢ ᠲᠦᠷᠦᠯ ᠤᠨ ᠠᠵᠢᠯᠯᠠᠭ᠎ᠠ ᠶᠢ ᠵᠢᠭᠠᠨ᠎ᠠ᠃
ᠢᠷᠡᠯᠲᠡ᠄ ᠲᠣᠰ ᠰᠦᠯᠵᠢᠶ᠎ᠡ