ᠲᠦᠯᠦᠭᠡᠯᠡᠭᠴᠢᠳ ᠡ ᠄ | ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ | ᠂ ᠡᠬᠦᠨ ᠤ ᠬᠠᠮᠳᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠵᠤ ᠪᠠᠶᠢᠭ᠎ᠠ ᠨᠦᠬᠦᠳ ᠰᠠᠨᠠᠯ ᠢᠶᠠᠨ ᠲᠤᠷᠠᠳᠬᠤ ᠪᠤᠯᠪᠠᠤ᠃ | | ᠨᠢᠭᠡ᠂ ᠨᠢᠭᠡ ᠵᠢᠯ ᠤᠨ ᠲᠤᠷᠰᠢᠬᠢ ᠠᠵᠢᠯ ᠤᠨ ᠡᠷᠭᠢᠴᠡᠭᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠪᠡᠯᠭᠡᠯᠡᠭᠰᠡᠨ ᠪᠠᠶᠠᠰᠬᠤᠯᠠᠩᠳᠤ ᠤᠨ ᠵᠢᠯ᠂ ᠮᠥᠨᠴᠦ | ᠪᠦᠬᠦ ᠬᠤᠰᠢᠭᠤ ᠪᠠᠷ ᠢᠶᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠣᠯᠬᠤ ᠶᠢᠨ ᠲᠦᠯᠦᠭᠡ ᠭᠠᠷ ᠭᠠᠷ ᠢᠶᠠᠨ | ᠬᠤᠯᠪᠤᠯᠴᠠᠨ᠂ ᠡᠷᠡᠮᠡᠭᠡᠶᠢᠯᠡᠨ ᠤᠷᠤᠭᠰᠢᠯᠠᠭᠰᠠᠨ ᠵᠠᠩᠬᠢᠯᠠᠭ᠎ᠠ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠬᠦᠳᠡ ᠬᠤᠷᠠᠯ | ᠤᠨ ᠵᠤᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ | ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ | ᠢ ᠭᠦᠨᠵᠡᠭᠡᠢ ᠦᠢᠯᠡᠳᠦᠯᠭᠡᠵᠢᠭᠦᠯᠵᠦ᠂ ᠴᠢᠨᠠᠷ ᠰᠠᠶᠢᠳᠠᠢ ᠬᠥᠭᠵᠢᠯᠲᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ ᠲᠣᠭᠳᠠᠭᠤᠨ ᠢ ᠪᠠᠳᠣᠯᠠᠬᠤ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠨᠡᠶᠢᠭᠡᠮ | ᠲᠣᠭᠲᠠᠭᠤᠨ ᠤ ᠲᠣᠮᠳᠠ ᠤᠷᠤᠭᠰᠢᠯᠠᠨ ᠳᠠᠪᠰᠢᠬᠰᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠢᠢᠳᠪᠦᠷᠢᠲᠦ ᠢᠯᠠᠯᠲᠠ ᠶᠢ ᠣᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ ᠵᠢᠱᠢᠯᠲᠡ ᠪᠠᠷ᠂ ᠪᠥᠬᠦ ᠵᠢᠯ ᠤᠨ ᠭᠠᠵᠠᠷ ᠤᠷᠤᠨ ᠤ ᠦᠶᠯᠡᠳᠪᠦᠷᠢᠯᠡᠯ ᠤᠨ | ᠶᠡᠷᠦᠩᠬᠡᠶ ᠥᠷᠲᠡᠭ 96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ | ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 36 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠨᠡᠶᠢᠬᠡᠮ ᠤᠨ ᠬᠡᠷᠡᠭᠯᠡᠬᠡᠨ ᠤ ᠪᠤᠳᠠᠰ ᠢ ᠵᠢᠵᠢᠭᠯᠡᠨ ᠬᠤᠳᠠᠯᠳᠤᠭᠰᠠᠨ ᠶᠡᠷᠤᠩᠬᠡᠢ ᠲᠤᠭ᠎ᠠ 19 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ︔ ᠬᠤᠳᠠ ᠪᠠᠯᠭᠠᠰᠦ ᠪᠤᠯᠤᠨ ᠬᠦᠳᠡᠭᠡ ᠲᠤᠰᠬᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠤᠨ ᠤᠨ ᠬᠦᠮᠦᠨ ᠲᠤᠮᠳᠠᠴᠢ ᠶᠢᠨ ᠡᠵᠡᠮᠳᠠᠵᠦ ᠪᠤᠯᠬᠤᠶᠢᠴᠡ ᠤᠷᠤᠯᠭ᠎ᠠ ᠨᠢ ᠲᠤᠰ ᠲᠤᠰ 33550 ᠲᠥᠭᠦᠷᠢᠭ ᠪᠠ 18020 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠ 8% ᠪᠠᠷ ᠨᠡᠮᠡᠭᠳᠡᠪᠡ︔ ᠠᠵᠤ ᠠᠬᠤᠢ ᠶᠢᠨ ᠪᠠᠭᠤᠷᠠᠯᠲᠠ᠂ ᠶᠡᠭᠡ ᠬᠡᠪᠴᠢᠶ᠎ᠡ ᠪᠠᠷ | ᠭᠠᠶᠢᠯᠢ ᠶᠢ ᠬᠥᠩᠭᠡᠯᠡᠵᠤ ᠰᠦᠢᠳᠭᠡᠯ ᠢ ᠪᠠᠭᠠᠰᠬᠠᠬᠤ ᠵᠡᠷᠭᠡ ᠨᠥᠯᠥᠭᠡ ᠶᠢ ᠢᠯᠠᠨ ᠲᠠᠪᠠᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ | 7.75 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠭᠤᠤᠯ ᠪᠣᠯᠬᠤ ᠪᠤᠬᠢᠷᠳᠤᠯ ᠡᠳ᠋ ᠭᠠᠳᠠᠭᠰᠢᠯᠠᠭᠤᠯᠬᠤ ᠭᠡᠮᠵᠢᠶ᠎ᠡ ᠶᠢ ᠴᠥᠮ ᠬᠢᠵᠠᠭᠠᠷᠯᠠᠬᠤ ᠴᠢᠨᠠᠷᠳᠠᠢ | ᠭᠦᠶᠴᠡᠳᠬᠡᠯ ᠲᠤᠭ᠎ᠠ ᠶᠢᠨ ᠳᠣᠲᠣᠷ᠎ᠠ ᠴᠢᠩᠭ᠎ᠠ ᠡᠵᠡᠮᠳᠡᠪᠡ᠃ | ᠨᠢᠭᠡ ᠵᠢᠯ ᠤᠨ ᠲᠤᠷᠰᠢ᠂ ᠪᠢᠳᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠦᠪᠯᠡᠷᠡᠬᠦᠯᠦᠨ᠂ ︽ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ︾ ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠪᠠᠨ ᠪᠦᠬᠦ ᠲᠠᠯ᠎ᠠ ᠪᠠᠷ | ᠪᠠᠬᠢᠵᠢᠭᠦᠯᠪᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠣᠭᠤᠷᠢᠨ ᠪᠠᠶᠢᠴᠠᠭᠠᠯᠳᠠ ᠰᠢᠮᠳᠠᠭᠤᠯᠤᠨ ᠪᠠᠶᠢᠴᠠᠭᠠᠯᠳᠠ ᠬᠢᠨᠠᠨ | ᠰᠢᠯᠭᠠᠯᠳᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠵᠢᠷᠭᠤᠭ᠎ᠠ ᠶᠢ | ᠦᠭᠡᠶᠢᠰᠭᠡᠨ ᠲᠦᠷᠪᠡ ᠶᠢ ᠪᠠᠷᠢᠮᠵᠢᠶ᠎ᠠ ᠳᠤ ᠬᠦᠷᠦᠭᠦᠯᠬᠦ︾ ᠡᠬᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠂ ᠡᠯ᠎ᠡ ᠲᠦᠷᠦᠯ ᠤᠨ ᠬᠠᠪᠰᠤᠷᠤᠨ ᠲᠡᠳᠬᠦᠬᠦ ᠲᠥᠷᠥᠯ | ᠵᠦᠢᠯ ᠢ 105 ᠶᠢ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ 13 ᠶᠢ ᠪᠠᠶᠢᠭᠤᠯᠤᠨ᠂ 156 ᠶᠠᠳᠠᠭᠤ ᠬᠦᠴᠢᠷᠳᠡᠯᠲᠡᠢ ᠡᠷᠦᠬᠡ | ᠶᠢᠨ ᠤᠰᠤᠨ ᠤ ᠴᠢᠨᠠᠷ ᠤᠨ ᠪᠠᠷᠢᠮᠵᠢᠶ᠎ᠠ ᠠᠴᠠ ᠭᠡᠳᠦᠷᠡᠭᠰᠡᠨ ᠠᠰᠠᠭᠤᠳᠠᠯ ᠢ ᠰᠢᠢᠳᠪᠦᠷᠢᠯᠡᠪᠡ᠃ ︽ᠳᠥᠷᠪᠡ ᠶᠢ ᠲᠣᠭᠲᠠᠭᠠᠵᠤ ᠲᠦᠷᠪᠡ ᠳᠤ ᠲᠤᠬᠢᠷᠠᠭᠤᠯᠬᠤ︾ | ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠪᠠᠷ ᠲᠠᠮᠵᠢᠨ 179 ᠨᠡᠷᠡᠰ ᠶᠠᠳᠠᠭᠤ ᠬᠦᠴᠢᠷᠳᠡᠯᠲᠡᠢ ᠬᠥᠮᠦᠰ ᠲᠤ ᠠᠵᠢᠯ ᠤᠯᠭᠤᠵᠤ᠂ 86 ᠨᠡᠷᠡᠰ ᠶᠠᠳᠠᠭᠤ | ᠬᠦᠴᠢᠷᠳᠡᠯᠲᠡᠢ ᠰᠤᠷᠤᠭᠴᠢ ᠶᠢ ᠲᠤᠰᠠᠯᠠᠨ᠂ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠪᠦᠬᠦᠨ ᠢ ᠦᠭᠡᠷᠡᠴᠢᠯᠡᠨ ᠵᠠᠰᠠᠵᠤ᠂ | ᠦᠨᠳᠦᠰᠦᠨ ᠱᠠᠳᠤᠨ ᠤ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠪᠠᠷᠢᠮᠵᠢᠶ᠎ᠠ ᠳᠤ ᠬᠦᠷᠭᠡᠨ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ | ᠪᠤᠵᠠᠭᠠᠶᠢᠷᠠᠭᠤᠯᠬᠤ 1.2 ᠰᠠᠶ᠎ᠠ ᠸᠠᠲ ᠤᠨ ᠭᠡᠷᠡᠯ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠲᠤᠭᠳᠠᠭᠤᠨ ᠢᠶᠠᠷ ᠬᠦᠭᠵᠢᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠴᠢᠨᠠᠷ ᠴᠢᠨᠰᠠᠭ᠎ᠠ ᠪᠦᠬᠦᠶᠢᠯᠡ | ᠴᠤᠭᠴᠠ ᠪᠠᠷ ᠢᠶᠠᠨ ᠲᠡᠭᠡᠭᠰᠢᠯᠡᠪᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠡᠵᠡᠮᠳᠡᠪᠡ᠃ ᠵᠠᠰᠠᠭ ᠤᠨ ᠣᠷᠳᠣᠨ ᠤ ᠥᠷᠢ | ᠲᠠᠯᠪᠢᠬᠤ ᠠᠵᠢᠯᠯᠠᠭ᠎ᠠ ᠶᠢ ᠴᠢᠩᠭ᠎ᠠ ᠬᠢᠵᠠᠭᠠᠷᠯᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠥᠰᠦᠪ ᠤᠨ ᠬᠠᠮᠢᠶᠠᠷᠤᠯᠲᠠ ᠶᠢ ᠴᠢᠩᠳᠠᠯᠠᠵᠤ᠂ ᠡᠩ ᠤᠨ | ᠴᠢᠨᠠᠷᠲᠠᠢ ᠵᠠᠷᠤᠯᠭ᠎ᠠ ᠶᠢ 10% ᠪᠠᠷ ᠪᠠᠭᠠᠰᠬᠠᠪᠠ᠃ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠢ ᠲᠥᠯᠥᠬᠦ ᠪᠡᠯᠡ ᠮᠦᠩᠬᠦᠨ ᠤ ᠢᠷᠡᠯᠳᠡ | ᠶᠢ ᠥᠷᠭᠡᠳᠬᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ 6.55 ᠳ᠋ᠦᠩᠰᠢᠭᠤᠷ ᠲᠥᠭᠦᠷᠢᠭ ᠰᠢᠶᠳᠪᠦᠷᠢᠯᠡᠵᠣ᠂ ︽ᠠᠷᠪᠠ ᠶᠢ ᠪᠦᠷᠬᠦᠭᠦᠯᠬᠦ︾ ᠳᠤ | ᠰᠢᠭᠤᠳ ᠬᠤᠯᠪᠣᠭᠳᠠᠬᠤ ᠢᠨᠵᠧᠨᠧᠷᠢᠩ ᠤᠨ ᠦᠷᠢ ᠦᠭᠴᠡᠭᠡ ᠶᠢ ᠪᠦᠬᠦᠨ ᠢ ᠠᠷᠢᠯᠭᠠᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ | ᠠᠬᠤᠶᠢᠯᠠᠯ ᠤᠨ ᠦᠷᠢ ᠦᠭᠴᠡᠭᠡ ᠶᠢ ᠠᠷᠢᠯᠭᠠᠬᠤ ᠤᠨ ᠤ ᠲᠤᠭᠳᠠᠭᠠᠭᠰᠠᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠠ᠃ ᠡᠯ᠎ᠡ ᠲᠥᠷᠥᠯ ᠤᠨ ᠮᠥᠩᠭᠦᠨ | ᠭᠦᠶᠯᠭᠡᠭᠡᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠦᠩᠬᠦᠨ ᠬᠦᠢᠯᠭᠡᠭᠡᠨ ᠤ ᠵᠠᠬ᠎ᠠ ᠲᠡᠯᠭᠡᠬᠦᠷ ᠤᠨ ᠡᠮᠬᠢ | ᠲᠢᠭᠯᠢᠮ ᠢ ᠪᠦᠳᠦᠮᠵᠢᠳᠠᠢ ᠬᠠᠮᠠᠭᠠᠯᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠲᠥᠪ᠂ ᠦᠪᠡᠷᠳᠡᠭᠡᠨ ᠵᠠᠰᠠᠬᠤ | ᠤᠷᠤᠨ ᠤ ᠤᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠦᠷᠭᠦᠯᠵᠢᠯᠡᠨ ᠴᠡᠭᠴᠡᠯᠡᠨ | ᠰᠠᠶᠢᠵᠢᠷᠠᠭᠤᠯᠪᠡ᠃ ᠠᠭᠠᠷ ᠮᠠᠨᠳᠠᠯ᠂ ᠤᠰᠤ᠂ ᠬᠦᠷᠦᠰᠤ ᠰᠢᠷᠦᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠪᠠ᠃ 42 ᠲᠤᠰᠤ ᠨᠡᠮᠡᠬᠦ | ᠥᠷᠲᠡᠭᠡᠨ ᠤ ᠭᠠᠵᠠᠷ ᠳᠣᠣᠷᠠᠬᠢ ᠲᠣᠰᠣᠨ ᠰᠠᠪᠠ ᠶᠢᠨ ᠨᠡᠪᠴᠢᠯᠲᠡ ᠶᠢ ᠰᠡᠷᠭᠡᠶᠢᠯᠡᠬᠦ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠲᠥᠪᠯᠡᠷᠡᠩᠭᠦᠢ ᠤᠤᠭᠤᠬᠤ | ᠤᠰᠤᠨ ᠤ ᠡᠬᠢ ᠰᠤᠷᠪᠤᠯᠵᠢ ᠶᠢᠨ ᠭᠠᠵᠠᠷ ᠢ ᠬᠤᠪᠢᠶᠠᠷᠢᠯᠠᠨ ᠲᠤᠭᠳᠠᠭᠠᠬᠤ ᠠᠵᠢᠯ ᠢ ᠲᠦᠷᠭᠡᠳᠬᠡᠨ ᠠᠬᠢᠭᠤᠯᠵᠤ᠂ ᠠᠵᠤ ᠦᠶᠯᠡᠳᠪᠦᠷᠢ ᠶᠢᠨ ᠪᠤᠯᠪᠠᠰᠤᠷᠠᠭᠤᠯᠤᠯᠳᠠ | ᠶᠢᠨ ᠲᠣᠭᠤᠷᠢᠭ ᠤᠨ ᠴᠡᠪᠡᠷ ᠡᠨᠧᠷᠭᠢ ᠪᠠᠷ ᠢᠯᠴᠢ ᠬᠠᠩᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠪᠦᠬᠦ ᠵᠢᠯ ᠳᠤ ᠠᠭᠠᠷ ᠤᠨ ᠴᠢᠨᠠᠷ ᠰᠢᠯᠢᠳᠡᠭ ᠰᠠᠶᠢᠨ ᠡᠳᠦᠷ | ᠤᠨ ᠲᠤᠭ᠎ᠠ 331 ᠡᠳᠦᠷ ᠬᠦᠷᠴᠦ᠂ ᠰᠢᠯᠢᠳᠡᠭ ᠰᠠᠶᠢᠨ ᠨᠣᠷᠮ᠎ᠠ ᠨᠢ 91% ᠪᠤᠯᠪᠠ᠃ | ᠨᠢᠭᠡ ᠵᠢᠯ ᠤᠨ ᠲᠤᠷᠰᠢ᠂ ᠪᠢᠳᠡ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠣ᠂ ᠠᠮᠢ ᠠᠬᠤᠢ ᠶᠢᠨ ᠣᠷᠴᠢᠨ | ᠲᠣᠭᠤᠷᠢᠨ ᠤ ᠴᠢᠨᠠᠷ ᠴᠢᠨᠰᠠᠭ᠎ᠠ ᠢᠯᠡᠳᠲᠡ ᠰᠠᠶᠢᠵᠢᠷᠠᠪᠠ᠃ ᠠᠭᠤᠯᠠ ᠤᠰᠤ ᠣᠢ ᠰᠢᠭᠤᠢ ᠭᠠᠵᠠᠷ ᠲᠠᠷᠢᠶ᠎ᠠ ᠨᠠᠭᠤᠷ ᠴᠦᠬᠦᠷᠤᠮ ᠡᠪᠡᠰᠤ ᠪᠡᠯᠴᠢᠭᠡᠷ ᠢ ᠶᠡᠷᠦᠩᠬᠡᠶᠢᠯᠡᠨ | ᠵᠠᠰᠠᠬᠤ ᠶᠢ ᠰᠢᠰᠲ᠋ᠧᠮᠵᠢᠳᠤ ᠰᠡᠳᠬᠢᠮᠵᠢ ᠪᠠᠷ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠵᠥᠩ ᠳ᠋ᠢᠩ᠂ ᠰᠢᠷᠡᠭᠡ | ᠵᠡᠷᠭᠡ 4 ᠪᠣᠬᠢᠷᠲᠤᠯ ᠦᠭᠡᠢ ᠠᠭᠤᠷᠬᠠᠢ ᠨᠢ ᠭᠤᠷᠪᠠᠳᠡᠬᠢ ᠡᠳᠡᠭᠡᠳ ᠤᠨ ᠬᠢᠨᠠᠨ ᠦᠨᠡᠯᠡᠯᠳᠡ ᠶᠢ ᠦᠩᠭᠡᠷᠡᠭᠡᠪᠡ᠃ 1.09 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠨ᠂ ᠠᠷᠴᠠ ᠶᠢᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠷᠭᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ | ᠰᠡᠷᠭᠦᠭᠡᠵᠦ᠂ 31 ᠠᠭᠤᠷᠬᠠᠢ ᠶᠢᠨ ᠠᠵᠤ ᠠᠬᠤᠶᠢᠯᠠᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠳᠠ ᠶᠢ ᠪᠡᠶᠡᠯᠡᠭᠦᠯᠪᠡ᠃ 18 ᠲᠦᠮᠡᠨ ᠮᠤ᠋ ᠶᠢᠨ | ᠣᠢ ᠰᠢᠭᠤᠶ ᠶᠢᠨ ᠠᠮᠢ ᠠᠬᠤᠢ ᠶᠢᠨ ᠢᠨᠵᠧᠨᠧᠷᠢᠩ᠂ 10 ᠠᠵᠤ ᠠᠬᠤᠢ ᠶᠢᠨ ᠤᠢ ᠶᠢᠨ ᠬᠦᠷᠢᠶᠡᠯᠡᠩ ᠢ ᠪᠠᠶᠢᠭᠤᠯᠵᠤ᠂ 5100 ᠮᠤ᠋ ᠠᠵᠤ ᠠᠬᠤᠢ ᠶᠢᠨ ᠤᠢ ᠶᠢ | ᠲᠠᠷᠢᠵᠤ ᠤᠶᠢᠵᠢᠭᠤᠯᠤᠨ᠂ ᠤᠯᠤᠰ ᠤᠨ ᠵᠠᠮ 242 ᠤᠨ ᠵᠠᠮ ᠲᠠᠭᠠᠤ ᠶᠢᠨ ᠨᠤᠭᠤᠭᠠᠷᠠᠭᠤᠯᠤᠯᠳᠠ ᠪᠠ ᠬᠠᠷᠠᠬᠤᠯᠣ ᠵᠡᠷᠭᠡ 6 ᠲᠣᠰᠬᠤᠨ ᠤ ᠨᠣᠭᠤᠭᠠᠷᠠᠭᠤᠯᠤᠯᠲᠠ ᠶᠢ | ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠪᠠ᠃ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠪᠦᠬᠦ ᠤᠯᠤᠰ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠢ ᠬᠦᠷᠲᠡᠪᠡ᠃ ᠤᠯᠠᠭᠠᠨᠰᠤᠬᠠᠢ | ᠶᠢᠨ ᠰᠠᠪᠠ ᠭᠠᠵᠠᠷ ᠤᠨ ᠲᠠᠷᠬᠠᠮᠠᠯ ᠡᠬᠢᠳᠤ ᠪᠤᠬᠢᠷᠳᠤᠯ ᠢ ᠶᠡᠷᠦᠩᠭᠡᠶᠢᠯᠡᠨ ᠵᠠᠰᠠᠬᠤ ᠶᠢ ᠬᠦᠨᠵᠡᠭᠡᠶᠢᠷᠡᠬᠦᠯᠦᠨ ᠠᠬᠢᠭᠤᠯᠵᠤ᠂ ᠲᠠᠷᠢᠶᠠᠯᠠᠩ ᠤᠨ ︽ᠳᠥᠷᠪᠡ ᠶᠢ | ᠬᠢᠵᠠᠭᠠᠷᠯᠠᠬᠤ︾ ᠠᠵᠢᠯᠯᠠᠭ᠎ᠠ ᠶᠢ ᠭᠦᠨᠵᠡᠭᠡᠶ ᠶᠠᠪᠤᠭᠳᠠᠭᠤᠯᠣᠨ᠂ ᠬᠢᠮᠢ ᠶᠢᠨ ᠪᠣᠷᠳᠣᠭᠤᠷ ᠤᠨ ᠭᠡᠷᠡᠭᠯᠡᠯᠳᠡ 400 ᠲᠣᠨ ᠤᠷᠴᠢᠮ ᠪᠠᠭᠠᠰᠴᠤ᠂ 300 ᠲᠦᠮᠡᠨ | ᠪᠣᠰᠤᠭ᠎ᠠ ᠳᠥᠷᠪᠡᠯᠵᠢᠨ ᠮᠧᠲᠷ ᠰᠢᠬᠠᠮ ᠤᠨ ᠤᠰᠤ ᠶᠢ ᠠᠷᠪᠢᠯᠠᠨ᠂ ᠦᠯᠡᠳᠡᠭᠳᠡᠯ ᠪᠦᠷᠬᠦᠪᠴᠢ ᠶᠢ 1700 ᠭᠠᠷᠤᠢ ᠲᠣᠨ ᠬᠤᠷᠢᠶᠠᠨ ᠠᠪᠴᠤ᠂ 70 ᠲᠦᠮᠡᠨ ᠮᠦ | ᠶᠢᠨ ᠲᠠᠷᠢᠶ᠎ᠠ ᠶᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠵᠤ᠂ ᠲᠠᠷᠢᠶᠠᠨ ᠤ ᠡᠮ ᠤᠨ ᠭᠡᠷᠡᠭᠯᠡᠯᠳᠡ ᠶᠢ 5.1 ᠲᠤᠨ ᠪᠠᠭᠠᠰᠬᠠᠪᠠ᠃ ᠭᠤᠤᠯ ᠤᠨ ᠲᠠᠷᠤᠭ᠎ᠠ ᠨᠠᠭᠤᠷ | ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠲᠦᠷᠪᠡᠨ ᠡᠷᠦᠢ ᠬᠤᠷᠤᠢ ᠦᠭᠡᠢ︾ ᠠᠰᠠᠭᠤᠳᠠᠯ ᠢ | ᠪᠦᠳᠦᠮᠵᠢᠳᠠᠢ ᠴᠡᠭᠴᠡᠯᠡᠨ ᠵᠠᠰᠠᠪᠠ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠪᠡᠯᠴᠢᠭᠡᠷᠯᠡᠬᠦᠯᠬᠦ ᠶᠢ ᠵᠤᠭᠰᠤᠭᠠᠨ ᠰᠡᠯᠭᠦᠨ ᠮᠠᠯᠵᠢᠬᠤ᠂ ᠪᠡᠯᠴᠢᠭᠡᠷ ᠮᠠᠯ ᠢ ᠲᠡᠩᠴᠡᠭᠦᠷᠢᠳᠠᠢ ᠪᠠᠶᠢᠯᠭᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ 530 ᠲᠦᠮᠡᠨ ᠮᠦ ᠪᠡᠯᠴᠢᠭᠡᠷ ᠲᠤ ᠤᠯᠠᠷᠢᠯ ᠤᠨ ᠴᠢᠨᠠᠷᠳᠠᠢ ᠰᠡᠯᠭᠦᠨ ᠮᠠᠯᠵᠢᠬᠤ ᠶᠢ ᠶᠠᠪᠤᠭᠳᠠᠭᠤᠯᠪᠠ᠃ ᠨᠢᠰᠬᠡᠯ ᠢᠶᠠᠷ ᠭᠠᠵᠠᠷ ᠤᠷᠤᠨ ᠳᠤ | ᠪᠣᠷᠣᠭᠠᠨ ᠨᠡᠮᠡᠭᠳᠡᠭᠦᠯᠬᠦ ᠠᠵᠢᠯ ᠢ ᠢᠳᠡᠪᠬᠢᠲᠡᠢ ᠥᠷᠨᠢᠭᠦᠯᠤᠨ᠂ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠵᠢᠯ ᠠᠴᠠ ᠵᠢᠯ ᠳᠤ ᠰᠠᠶᠢᠵᠢᠷᠠᠵᠣ᠂ ᠡᠬᠡ ᠤᠯᠤᠰ | ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠤᠰᠢᠭᠤᠨ ᠤ ᠬᠡᠪᠴᠢᠶᠠᠨ ᠤ ᠬᠠᠮᠠᠭᠠᠯᠠᠯᠲᠠ ᠶᠢᠨ ᠱᠤᠭᠤᠮ ᠢ ᠨᠠᠩ | ᠪᠠᠲᠤᠵᠢᠭᠤᠯᠪᠠ᠃ | ᠨᠢᠭᠡ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠲᠦᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠲᠠᠰᠤᠷᠠᠯᠲᠠ ᠦᠭᠡᠢ | ᠰᠢᠯᠢᠳᠡᠭᠵᠢᠪᠡ᠃ ᠪᠥᠬᠦ ᠴᠠᠷᠠᠭᠠᠨ ᠤ ᠪᠣᠬᠢᠷᠲᠤᠯ ᠥᠬᠡᠶ ᠣᠷᠭᠠᠨᠢᠭ ᠦᠨᠳᠦᠷ ᠲᠡᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠶᠯᠡᠳᠪᠦᠷᠢᠯᠡᠨ ᠡᠳ᠋ᠰᠢᠭᠦᠯᠵᠤ | ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠣ᠂ ᠶᠡᠷᠦᠩᠬᠡᠶ ᠲᠠᠷᠢᠮᠠᠯ ᠤᠨ ᠲᠠᠯᠠᠪᠠᠢ ᠶᠢ 150 | ᠲᠦᠮᠡᠨ ᠮᠦ ᠣᠷᠴᠢᠮ ᠳᠤ ᠲᠣᠭᠳᠠᠭᠤᠨ ᠪᠠᠶᠢᠯᠭᠠᠵᠣ᠂ 8.8 ᠳ᠋ᠦᠩᠰᠢᠭᠤᠷ ᠵᠢᠩ ᠤᠨ ᠠᠮᠤ ᠪᠤᠳᠠᠭᠠᠨ ᠤ ᠬᠤᠷᠢᠶᠠᠯᠳᠠ ᠶᠢ ᠤᠯᠵᠤ᠂ ᠮᠠᠯ ᠤᠨ ᠲᠤᠭ᠎ᠠ ᠲᠣᠯᠣᠭᠠᠶ | 300 ᠭᠠᠷᠣᠢ ᠲᠦᠮᠡᠨ ᠲᠣᠯᠣᠭᠠᠶ ᠪᠤᠯᠪᠠ᠃ ᠬᠤᠯᠤᠰᠤᠳᠠᠢ ᠶᠢᠨ ᠬᠤᠨ ᠭᠠᠯᠠᠭᠤ᠂ ᠤᠩᠭᠤᠨ ᠤ ᠢᠮᠠᠭᠠᠲᠤ ᠮᠠᠯᠵᠢᠯ ᠬᠦᠷᠢᠶᠡᠯᠡᠩ ᠤᠨ ᠶᠡᠷᠦᠩᠭᠡᠶᠢᠯᠡᠭᠰᠡᠨ ᠴᠣᠭᠴᠠ | ᠶᠢ ᠲᠦᠷᠭᠡᠳᠬᠡᠨ ᠪᠠᠶᠢᠭᠤᠯᠵᠤ᠂ ᠦᠵᠦᠭᠦᠷ ᠭᠤᠣᠯ ᠤᠨ ᠯᠢᠶᠠᠨᠹᠧᠩ ᠹᠧᠨᠳ᠋ᠸᠤ᠂ ᠲᠡᠯ ᠠᠭᠤᠯᠠ ᠶᠢᠨ ᠰᠾᠢ ᠢ ᠲᠠᠩ ᠤᠨ ᠲᠠᠷᠢᠶᠠᠯᠠᠩ ᠬᠦᠷᠢᠶᠡᠯᠡᠩ ᠤᠨ | ᠶᠡᠷᠦᠩᠬᠡᠶᠢᠯᠡᠭᠰᠡᠨ ᠴᠣᠭᠴᠠ ᠨᠢ ᠠᠩᠬ᠎ᠠ ᠠᠯᠬᠤᠮ ᠬᠡᠪᠴᠢᠶᠡᠵᠢᠪᠡ᠃ ᠬᠤᠶᠠᠷ ᠪᠤᠭᠳᠠ ᠶᠢᠨ ᠴᠠᠭᠠᠨ ᠨᠣᠯᠤᠤᠷ ᠤᠨ ᠢᠮᠠᠭ᠎ᠠ᠂ ᠪᠠᠶ᠋ᠬᠠᠤᠯᠠᠭᠠᠨ ᠤ ᠴᠡᠭᠡ ᠶᠢᠨ ᠠᠵᠤ | ᠦᠢᠯᠡᠰ ᠢ ᠯᠠᠪᠳᠠᠭᠤᠨ ᠢᠶᠠᠷ ᠠᠬᠢᠭᠤᠯᠵᠤ᠂ ᠬᠠᠷ᠎ᠠ ᠭᠠᠭ᠋ᠠᠶ᠂ ᠦᠭᠡᠷ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠯᠤᠬᠠᠱᠧᠩ᠂ ᠰᠢᠰᠢ᠂ ᠯᠤᠤ ᠶᠢᠨ ᠰᠠᠬᠠᠯ᠂ ᠤᠯᠠᠭᠠᠨ ᠪᠥᠭᠡᠷᠡᠯᠵᠢᠭᠡᠨ᠎ᠡ ᠵᠡᠷᠭᠡ ᠤᠨᠴᠠᠯᠢᠭᠳᠤ ᠲᠠᠷᠢᠮᠠᠯ ᠤᠨ ᠬᠡᠪᠴᠢᠶ᠎ᠡ 5 ᠲᠦᠮᠡᠨ | ᠮᠤ᠋ ᠳᠤ ᠬᠦᠷᠴᠤ᠂ ᠲᠠᠯ ᠠᠭᠤᠯᠠ ᠪᠠᠯᠭᠠᠰᠤᠨ ᠤ ᠰᠤᠳᠠᠯ ᠤᠨ ᠬᠤᠳᠳᠤᠭ ᠭᠠᠴᠠᠭ᠎ᠠ ᠨᠢ ᠤᠯᠤᠰ ᠤᠨ ︽ᠨᠢᠭᠡ ᠲᠣᠰᠬᠤᠨ ᠨᠢᠭᠡ ᠨᠡᠷᠡᠲᠦ ᠲᠡᠮᠳᠡᠭ︾ ᠤᠨ ᠵᠢᠱᠢᠶ᠎ᠡ | ᠦᠵᠡᠭᠦᠯᠬᠦ ᠲᠣᠰᠬᠤᠨ ᠪᠠᠯᠭᠠᠰᠤ ᠪᠠᠷ ᠦᠨᠡᠯᠡᠭᠳᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠲᠠᠰᠤᠷᠠᠯᠲᠠ ᠥᠬᠡᠶ ᠲᠡᠭᠡᠭᠰᠢᠯᠡᠵᠣ᠂ | ᠲᠤᠭᠤᠯᠳᠠᠢ ᠨᠣᠯᠤᠤᠷ ᠤᠨ ᠢᠮᠠᠭᠠᠨ ᠤ ᠪᠠᠷᠢᠮᠵᠢᠶᠠᠵᠢᠭᠰᠠᠨ ᠲᠡᠵᠢᠭᠡᠨ ᠦᠷᠡᠵᠢᠬᠦᠯᠬᠦ ᠪᠠ ᠲᠠᠯ᠎ᠠ ᠨᠤᠲᠤᠭ ᠤᠨ ᠾᠧᠩ ᠲᠦᠩ ᠤᠷᠠᠳ ᠤᠨ ᠪᠤᠭ ᠮᠠᠯ ᠤᠨ ᠮᠢᠬᠠᠨ ᠤ | ᠴᠢᠨᠠᠷ ᠴᠢᠨᠰᠠᠭ᠎ᠠ ᠶᠢ ᠰᠤᠳᠤᠯᠬᠤ ᠳ᠋ᠣᠺᠲ᠋ᠣᠷ ᠤᠨ ᠠᠵᠢᠯᠯᠠᠬᠤ ᠥᠷᠲᠡᠭᠡ ᠫᠠᠶᠢᠰᠠ ᠡᠯᠬᠦᠨ ᠪᠠᠶᠢᠭᠤᠯᠤᠭᠳᠠᠵᠤ᠂ ᠮᠢᠨ ᠶᠠᠩ ᠮᠠᠯᠵᠢᠯ ᠤᠨ ᠦᠢᠯᠡᠰ ᠢ ᠬᠤᠲᠠ ᠶᠢᠨ | ᠲᠡᠰ ᠤᠨ ᠰᠤᠳᠤᠯᠤᠨ ᠨᠡᠭᠡᠭᠡᠬᠦ ᠲᠥᠪ ᠢᠶᠠᠷ ᠮᠠᠭᠠᠳᠯᠠᠨ ᠲᠣᠭᠲᠠᠭᠠᠪᠠ᠃ ᠲᠡᠭᠷᠢ ᠶᠢᠨ ᠭᠡᠰᠢᠭᠳᠦ ᠪᠣᠷᠣᠲᠣᠬᠤᠶ ᠶᠢᠨ ᠨᠡᠷᠡᠲᠦ ᠲᠡᠮᠳᠡᠭ ᠢ ᠳᠡᠯᠭᠡᠷᠡᠭᠦᠯᠬᠦ ᠪᠠ ︽ | ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢ ᠭᠡᠷᠡᠴᠢᠯᠡᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠤᠷᠠᠳ ᠤᠨ ᠪᠤᠭ ᠮᠠᠯ ᠤᠨ ᠮᠢᠬ᠎ᠠ᠂ ᠰᠢᠬ᠎ᠠ | ᠭᠤᠤᠯ ᠤᠨ ᠶᠤᠤᠮᠠᠢ ᠰᠠᠭᠠᠭ ᠵᠡᠷᠭᠡ ᠨᠢ ᠪᠥᠬᠦ ᠤᠯᠤᠰ ᠤᠨ ᠨᠡᠷᠡᠲᠦ ᠲᠡᠮᠳᠡᠭ ᠤᠨ ᠰᠢᠨ᠎ᠡ ᠰᠢᠯᠢᠳᠡᠭ ᠤᠨᠴᠠᠯᠢᠭᠳᠤ ᠮᠠᠯ ᠲᠠᠷᠢᠶᠠᠯᠠᠩ ᠤᠨ ᠪᠦᠲᠦᠭᠡᠭᠳᠡᠬᠦᠨ ᠢᠶᠠᠷ | ᠦᠨᠡᠯᠡᠭᠳᠡᠵᠦ᠂ ᠰᠢᠷᠡᠭᠡ ᠰᠦᠮ᠎ᠡ ᠶᠢᠨ ᠷᠠᠰᠢᠶᠠᠨ ᠨᠢ ᠦᠪᠡᠷᠳᠡᠭᠡᠨ ᠵᠠᠰᠠᠬᠤ ᠤᠷᠤᠨ ᠤ ᠪᠤᠬᠢᠷᠳᠤᠯ ᠥᠬᠡᠶ ᠪᠦᠳᠦᠭᠡᠭᠳᠡᠬᠦᠨ ᠤ ᠭᠡᠷᠡᠴᠢᠯᠡᠭᠡ ᠶᠢ ᠬᠦᠷᠳᠡᠪᠡ᠃ ᠪᠥᠬᠦ | ᠬᠤᠲᠠ ᠶᠢᠨ ᠠᠩᠬᠠᠳᠠᠭᠴᠢ ᠲᠩᠷᠢ ᠶᠢᠨ ᠬᠡᠰᠢᠭᠲᠦ ᠪᠣᠷᠣᠲᠣᠬᠤᠶ ᠶᠢᠨ ︽ᠤᠷᠠᠳ ᠨᠤᠳᠤᠭ ᠤᠨ ᠨᠠᠨᠳᠢᠨ ᠪᠡᠯᠡᠭ︾ ᠬᠤᠰᠢᠭᠤᠴᠢ ᠳᠡᠯᠭᠡᠭᠦᠷ ᠵᠢᠩᠬᠢᠨᠢ ᠪᠠᠷ | ᠡᠵᠡᠩᠨᠡᠯᠳᠡ ᠪᠠᠨ ᠡᠬᠢᠯᠡᠬᠦᠯᠵᠤ᠂ ᠤᠷᠠᠳ ᠤᠨ ᠪᠤᠭ ᠮᠠᠯ ᠤᠨ ᠮᠢᠬ᠎ᠠ ᠶᠢ ᠲᠣᠭᠳᠠᠭᠰᠠᠨ ᠬᠦᠮᠦᠨ ᠳᠤ ᠦᠢᠯᠡᠳᠴᠣ ᠪᠣᠷᠣᠯᠠᠭᠤᠯᠬᠤ ᠠᠵᠢᠯᠯᠠᠭ᠎ᠠ ᠶᠢ ᠠᠮᠵᠢᠯᠲᠠ ᠲᠠᠢ | ᠡᠷᠬᠢᠯᠡᠵᠦ᠂ ᠲᠠᠯ᠎ᠠ ᠨᠤᠲᠤᠭ ᠤᠨ ᠪᠤᠭ ᠮᠠᠯ ᠢ ᠰᠦᠯᠵᠢᠶᠠᠨ ᠲᠡᠭᠡᠷ᠎ᠡ 1.3 ᠲᠦᠮᠡᠨ ᠲᠣᠯᠣᠭᠠᠢ ᠪᠤᠷᠤᠯᠠᠭᠤᠯᠤᠨ᠂ ᠨᠡᠷᠡᠲᠦ ᠲᠡᠮᠳᠡᠭ ᠤᠨ ᠦᠷ᠎ᠡ ᠪᠦᠳᠦᠮᠵᠢ ᠨᠢ | ᠠᠯᠬᠤᠮ ᠠᠯᠬᠤᠮ ᠢᠶᠠᠷ ᠳᠡᠭᠡᠭᠰᠢᠯᠡᠪᠡ᠃ ᠠᠵᠤ ᠦᠶᠯᠡᠳᠪᠦᠷᠢ ᠶᠢᠨ ᠠᠵᠤ ᠠᠬᠤᠶ ᠲᠣᠭᠲᠠᠭᠤᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠣᠯᠪᠠ᠃ ᠠᠵᠤ | ᠦᠶᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ᠂ ᠨᠡᠮᠡᠭᠳᠡᠯ ᠥᠷᠲᠡᠭ ᠵᠡᠷᠭᠡ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠡᠮᠵᠢᠶ᠎ᠡ ᠴᠥᠮ ᠬᠤᠶᠠᠷ | ᠤᠷᠤᠨᠳᠤ ᠲᠤᠭ᠎ᠠ ᠪᠠᠷ ᠨᠡᠮᠡᠭᠳᠡᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠠᠵᠢᠯ ᠡᠬᠢᠯᠡᠭᠦᠯᠦᠭᠰᠡᠨ ᠨᠣᠷᠮ᠎ᠠ 93% ᠳᠤ ᠬᠦᠷᠴᠦ᠂ ᠨᠡᠭᠦᠷᠡᠰᠤ | ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠭᠢ᠂ ᠥᠩᠭᠡᠲᠦ ᠲᠡᠮᠦᠷᠯᠢᠭ ᠪᠠ ᠬᠠᠷ᠎ᠠ ᠦᠩᠭᠡᠳᠤ ᠲᠡᠮᠦᠷᠯᠢᠭ ᠰᠣᠩᠭᠤᠨ ᠪᠣᠯᠪᠠᠰᠤᠷᠠᠭᠤᠯᠬᠤ ᠵᠡᠷᠭᠡ | ᠲᠤᠯᠭᠠᠭᠤᠷᠢᠯᠠᠬᠤ ᠠᠵᠤ ᠦᠢᠯᠡᠰ ᠤᠨ ᠠᠵᠢᠯᠯᠠᠭᠠᠨ ᠨᠢ ᠲᠣᠭᠲᠠᠭᠤᠨ ᠶᠠᠪᠤᠭᠳᠠᠪᠠ᠃ ᠱᠧᠨ ᠬᠤᠸᠠ ᠶᠢᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠱᠤᠭᠤᠮ ᠤᠨ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠦᠨᠳᠦᠰᠦᠨ ᠳᠡᠭᠡᠨ ᠳᠠᠭᠤᠰᠬᠠᠵᠤ᠂ ᠤᠯᠤᠰ ᠤᠨ ᠡᠨᠧᠷᠭᠢ ᠶᠢᠨ ᠪᠦᠯᠦᠭᠯᠡᠯ ᠤᠨ ᠳᠣᠲᠣᠭᠠᠳᠤ ᠶᠢᠨ | ᠬᠢᠨᠠᠨ ᠰᠢᠯᠭᠠᠯᠲᠠ ᠶᠢ ᠥᠩᠭᠡᠷᠡᠭᠡᠪᠡ᠃ ᠰᠢᠶᠤᠤ ᠯᠦᠩ ᠥᠨᠳᠥᠷ ᠨᠡᠭᠦᠷᠡᠰᠦᠲᠥ᠋ᠷᠥᠭᠴᠢᠲᠦ ᠾᠷᠣᠮᠳᠤ ᠲᠡᠮᠦᠷ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ | ᠦᠢᠯᠡᠳᠪᠦᠷᠢᠯᠡᠯ ᠢᠶᠠᠨ ᠡᠬᠢᠯᠡᠬᠦᠯᠪᠡ᠃ ᠱᠧᠨ ᠬᠤᠸᠠ ᠭᠦᠸᠧ ᠨᠧᠩ ᠤᠨ 20 ᠲᠦᠮᠡᠨ ᠺᠢᠯᠣᠸᠠᠲ᠂ ᠰᠾᠢ ᠬᠤᠸᠠ ᠶᠢᠨ 20 ᠲᠦᠮᠡᠨ ᠺᠢᠯᠣᠸᠠᠲ ᠤᠨ ᠰᠠᠯᠬᠢᠨ | ᠴᠠᠬᠢᠯᠭᠠᠨ ᠤ ᠲᠥᠷᠥᠯ ᠵᠦᠢᠯ ᠨᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠵᠦᠩ ᠾᠧ ᠯᠦᠩ ᠲᠧᠩ ᠤᠨ 10 ᠲᠦᠮᠡᠨ ᠺᠢᠯᠣᠸᠠᠲ ᠤᠨ ᠭᠡᠷᠡᠯ ᠤᠨ | ᠢᠯᠴᠢ ᠶᠢᠨ ᠲᠥᠷᠥᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ᠂ ᠪᠦᠬᠦ ᠬᠤᠰᠢᠭᠤᠨ ᠤ ᠴᠡᠪᠡᠷ ᠡᠨᠧᠷᠭᠢ ᠶᠢᠨ ᠶᠡᠷᠦᠩᠬᠡᠢ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 327 ᠲᠦᠮᠡᠨ ᠺᠢᠯᠣᠸᠠᠲ ᠲᠤ ᠬᠦᠷᠴᠣ᠂ ᠪᠦᠬᠦ ᠬᠤᠲᠠ ᠶᠢᠨ ᠨᠢᠭᠡᠳᠦᠭᠡᠷ ᠲᠤ ᠲᠤᠭᠳᠠᠭᠤᠨ ᠪᠠᠶᠢᠷᠢᠯᠠᠪᠠ᠃ ᠪᠣᠭᠤᠮᠲᠠ | ᠶᠢᠨ ᠪᠣᠯᠪᠠᠰᠤᠷᠠᠭᠤᠯᠤᠯᠳᠠ ᠶᠢᠨ ᠲᠣᠭᠤᠷᠢᠭ ᠤᠨ ᠠᠴᠢᠶᠠᠯᠠᠪᠣᠷᠢ ᠶᠢᠨ ᠴᠢᠳᠠᠮᠵᠢ ᠤᠯᠠᠮ ᠨᠢᠭᠡ ᠠᠯᠬᠤᠮ ᠴᠢᠩᠭᠠᠷᠠᠵᠤ᠂ ᠶᠡᠷᠦᠩᠬᠡᠶᠢᠯᠡᠭᠰᠡᠨ ᠦᠶᠯᠡᠴᠢᠯᠡᠭᠡᠨ ᠤ | ᠲᠣᠭᠤᠷᠢᠭ ᠤᠨ ᠪᠣᠬᠢᠷ ᠤᠰᠤᠨ ᠤ ᠬᠤᠭᠤᠯᠠᠶ ᠶᠢᠨ ᠲᠣᠤᠷ᠂ ᠤᠰᠤᠨ ᠳᠤ ᠡᠪᠳᠡᠭᠳᠡᠭᠰᠡᠨ ᠬᠥᠭᠦᠷᠭᠡ᠂ ᠵᠠᠮ ᠰᠡᠯᠪᠢᠨ ᠵᠠᠰᠠᠬᠤ ᠵᠡᠷᠭᠡ ᠢᠨᠵᠧᠨᠧᠷᠢᠩ ᠢ | ᠬᠡᠷᠡᠭᠵᠢᠭᠦᠯᠵᠦ᠂ ᠪᠤᠯᠪᠠᠰᠤᠷᠠᠭᠤᠯᠤᠯᠳᠠ ᠶᠢᠨ ᠲᠤᠭᠤᠷᠢᠭ ᠤᠨ ᠭᠤᠤᠯ ᠪᠤᠯᠬᠤ ᠠᠵᠤ ᠦᠶᠯᠡᠳᠪᠦᠷᠢ ᠶᠢᠨ ᠦᠶᠯᠡᠳᠬᠦᠨ ᠤ ᠦᠢᠯᠡᠳᠪᠦᠷᠢᠯᠡᠯ ᠤᠨ ᠭᠡᠮᠵᠢᠶ᠎ᠠ ᠨᠢ | ᠲᠤᠭᠳᠠᠭᠤᠨ ᠢᠶᠠᠷ ᠨᠡᠮᠡᠭᠳᠡᠵᠤ᠂ ᠰᠢᠯᠢᠳᠡᠭ ᠨᠠᠷᠢᠯᠢᠭ ᠨᠡᠭᠦᠷᠡᠰᠦᠨ ᠤ ᠭᠠᠷᠤᠯᠲᠠ 796 ᠲᠦᠮᠡᠨ ᠲᠣᠨ ᠬᠦᠷᠴᠣ᠂ 32% ᠢᠶᠠᠷ ᠨᠡᠮᠡᠭᠳᠡᠨ᠂ ᠮᠧᠲ᠋ᠢᠯ ᠠᠯᠺᠣᠣᠯ ᠤᠨ | ᠭᠠᠷᠤᠯᠲᠠ 11.3 ᠲᠦᠮᠡᠨ ᠲᠣᠨ ᠬᠦᠷᠴᠣ᠂ 15% ᠪᠠᠷ ᠨᠡᠮᠡᠭᠳᠡᠨ᠂ ᠬᠡᠦᠷᠡᠰᠦ ᠶᠢᠨ ᠭᠠᠷᠤᠯᠲᠠ ᠪᠠᠭ᠎ᠠ ᠬᠡᠮᠵᠢᠶ᠎ᠡ ᠪᠠᠷ ᠨᠡᠮᠡᠭᠳᠡᠪᠡ᠃ ᠪᠤᠯᠪᠠᠰᠤᠷᠠᠭᠤᠯᠤᠯᠳᠠ ᠶᠢᠨ | ᠲᠣᠭᠤᠷᠢᠭ ᠤᠨ ᠠᠵᠤ ᠦᠶᠯᠡᠳᠪᠦᠷᠢ ᠶᠢᠨ ᠶᠡᠷᠦᠩᠬᠡᠢ ᠥᠷᠳᠡᠭ 98.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9 % ᠪᠠᠷ | ᠨᠡᠮᠡᠭᠳᠡᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠥᠷᠨᠢᠭᠦᠨ ᠬᠥᠭᠵᠢᠪᠡ᠃ ᠬᠠᠮ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ ᠳᠠᠭᠤᠰᠬᠠᠪᠠ᠃ ᠮᠠᠯᠴᠢᠨ ᠠᠶᠢᠯ᠂ ᠣᠩᠭᠤᠨ ᠲᠠᠯ᠎ᠠ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠣᠷᠣᠨ ᠢᠶᠠᠷ ᠦᠨᠡᠯᠡᠭᠳᠡᠪᠡ᠃ ᠳᠤᠮᠳᠠᠳᠤ ᠮᠣᠩᠭᠤᠯ ᠤᠯᠠᠨ ᠤᠯᠤᠰ ᠤᠨ ᠮᠦᠩᠬᠦᠨ ᠡᠪᠤᠯ ᠤᠨ ᠨᠠᠭᠠᠳᠤᠮ᠂ ᠮᠢᠩᠭᠠᠨ ᠲᠡᠷᠭᠡ ᠲᠦᠮᠡᠨ ᠬᠥᠮᠦᠨ ᠲᠠᠯ᠎ᠠ | ᠨᠤᠲᠤᠭ ᠲᠤ ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠵᠢᠭᠤᠯᠴᠢᠯᠠᠯ ᠤᠨ | ᠬᠡᠷᠡᠭᠯᠡᠭᠡᠨ ᠤ ᠨᠡᠮᠡᠭᠳᠡᠯ ᠢ ᠪᠦᠲᠦᠮᠵᠢᠲᠡᠢ ᠲᠠᠶᠢᠴᠢᠯᠠᠨ᠂ ᠪᠦᠬᠦ ᠵᠢᠯ ᠳᠤ 87.2 ᠲᠦᠮᠡᠨ ᠬᠥᠮᠦᠨ ᠤᠳᠠᠭᠠᠨ ᠤ ᠵᠢᠭᠤᠯᠴᠢᠯᠠᠭᠴᠢᠳ ᠢ ᠬᠦᠯᠢᠶᠡᠨ ᠠᠪᠴᠤ ᠵᠣᠴᠢᠯᠠᠨ᠂ | ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 10.3 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ | ᠬᠦᠷᠢᠶᠡᠯᠡᠩ ᠳᠤ ᠣᠷᠣᠵᠤ ᠰᠠᠭᠤᠭᠰᠠᠨ ᠠᠵᠤ ᠠᠬᠤᠶᠢᠯᠠᠯ ᠨᠢ 61 ᠡᠷᠦᠬᠡ ᠳᠤ ᠬᠦᠷᠴᠦ᠂ 18 ᠡᠯᠧᠺᠲᠷᠣᠨ ᠬᠤᠳᠠᠯᠳᠤᠭᠠᠨ ᠤ ᠨᠡᠷᠡᠲᠦ ᠲᠡᠮᠳᠡᠭ ᠢ | ᠬᠦᠭᠵᠢᠬᠦᠯᠦᠨ᠂ ᠠᠷᠠᠯᠵᠢᠶᠠᠨ ᠤ ᠲᠤᠭ᠎ᠠ 1.3 ᠳ᠋ᠦᠩᠰᠢᠭᠤᠷ ᠲᠥᠭᠦᠷᠢᠭ ᠲᠤ ᠬᠥᠷᠴᠤ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠣᠯᠠᠨ︾ ᠦᠶᠯᠡᠰ | ᠪᠣᠰᠬᠠᠬᠤ ᠲᠤᠯᠭᠠᠭᠤᠷᠢᠯᠠᠬᠤ ᠲᠠᠪᠴᠠᠩ ᠢᠶᠠᠷ ᠦᠨᠡᠯᠡᠭᠳᠡᠪᠡ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ | ᠲᠤᠰ ᠲᠤᠰ 78.99 ᠳ᠋ᠦᠩᠰᠢᠭᠤᠷ ᠲᠥᠭᠦᠷᠢᠭ ᠪᠠ 54.77 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠡᠯᠡᠯᠭᠡ ᠬᠠᠳᠠᠭᠠᠯᠠᠮᠵᠢ ᠶᠢᠨ ᠬᠠᠷᠢᠴᠠᠯ ᠨᠢ 69. | 34% ᠳᠤ ᠬᠦᠷᠪᠡ᠃ ᠭᠠᠭᠴᠠᠮᠤᠳᠤ ᠠᠴᠠ ᠸᠠᠨ ᠱᠦᠢ ᠴᠢᠤᠸᠠᠨ ᠬᠦᠷᠬᠦ᠂ ᠰᠢ ᠰᠢᠶᠣᠣ ᠵᠣᠣ ᠠᠴᠠ ᠶᠢᠨ ᠴᠢᠤᠸᠠᠨ ᠪᠤᠯᠪᠠᠰᠤᠷᠠᠭᠤᠯᠤᠯᠳᠠ ᠶᠢᠨ ᠲᠤᠭᠤᠷᠢᠭ | ᠬᠦᠷᠬᠦ ᠲᠡᠮᠦᠷ ᠵᠠᠮ ᠤᠨ ᠲᠡᠭᠡᠭᠡᠪᠦᠷᠢ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠨᠢ 1510 ᠲᠦᠮᠡᠨ ᠲᠣᠨ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ | 23% ᠪᠠᠷ ᠨᠡᠮᠡᠭᠳᠡᠪᠡ᠃ ᠤᠷᠠᠳ ᠤᠨ ᠲᠤᠮᠳᠠᠳᠤ ᠬᠤᠰᠢᠭᠤᠨ ᠤ ᠨᠢᠰᠬᠡᠯ ᠤᠨ ᠪᠠᠭᠤᠳᠠᠯ ᠨᠢ ᠪᠦᠬᠦ ᠤᠯᠤᠰ ᠤᠨ ᠠᠩᠬᠠᠳᠠᠭᠴᠢ ᠵᠢᠯ ᠤᠨ ᠠᠶᠠᠨᠴᠢᠳ ᠤᠨ | ᠲᠡᠭᠡᠭᠡᠪᠦᠷᠢ ᠶᠢᠨ ᠬᠡᠮᠵᠢᠶ᠎ᠡ 1 ᠲᠦᠮᠡᠨ ᠬᠥᠮᠦᠨ ᠤᠳᠠᠭ᠎ᠠ ᠶᠢ ᠳᠠᠪᠠᠭᠰᠠᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠵᠤ᠂ ᠪᠦᠬᠦ ᠤᠯᠤᠰ ᠤᠨ ᠨᠡᠶᠢᠳᠡᠮ | ᠬᠡᠷᠡᠭᠯᠡᠭᠡᠨ ᠤ ᠠᠭᠠᠷ ᠤᠨ ᠠᠶᠠᠯᠠᠯ ᠤᠨ ᠬᠥᠭᠵᠢᠯᠲᠡ ᠳᠤ ︽ᠲᠤᠮᠳᠠᠳᠤ ᠬᠤᠰᠢᠭᠤᠨ ᠤ ᠲᠥᠰᠦᠯ︾ ᠢ ᠬᠠᠩᠭᠠᠵᠤ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ | ᠠᠶᠠᠯᠠᠯ ᠤᠨ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠲᠣᠤᠷ ᠰᠦᠯᠵᠢᠶ᠎ᠡ ᠶᠢ ᠨᠠᠩ ᠢᠯᠡᠭᠦᠦ ᠲᠡᠭᠦᠯᠳᠡᠷᠵᠢᠭᠦᠯᠪᠡ᠃ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠨᠢ ᠢᠯᠡᠳᠳᠡ ᠦᠷ᠎ᠡ ᠪᠦᠳᠦᠮᠵᠢ ᠤᠯᠪᠠ᠃ | ᠪᠦᠬᠦ ᠬᠤᠰᠢᠭᠤᠨ ᠤ ᠬᠤᠶᠠᠷ ᠱᠠᠲᠤᠨ ᠤ ᠲᠥᠷᠥᠯ ᠵᠦᠢᠯ ᠤᠨ ᠬᠥᠮᠥᠷᠭᠡ ᠶᠢ ᠲᠤᠬᠢᠷᠠᠭᠤᠯᠤᠨ ᠰᠢᠯᠢᠳᠡᠭᠵᠢᠭᠦᠯᠵᠦ᠂ 186 ᠲᠥᠷᠥᠯ ᠵᠦᠢᠯ ᠢ ᠭᠤᠷᠪᠠᠨ ᠵᠢᠯ ᠤᠨ | ᠲᠥᠯᠥᠪᠯᠡᠭᠡ ᠳᠤ ᠣᠷᠣᠭᠤᠯᠪᠠ᠃ ᠪᠥᠬᠦ ᠵᠢᠯ ᠳᠤ ᠲᠠᠷᠢᠶᠠᠯᠠᠩ ᠮᠠᠯ ᠠᠵᠤ ᠠᠬᠤᠶ ᠣᠢ ᠰᠢᠭᠤᠶ ᠤᠰᠤ᠂ ᠣᠷᠴᠢᠨ ᠲᠣᠭᠤᠷᠢᠨ ᠤ ᠵᠠᠰᠠᠯᠲᠠ᠂ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠥᠷᠥᠯ | ᠵᠦᠶᠯ ᠢ 18 ᠵᠦᠶᠯ 1.68 ᠳ᠋ᠦᠩᠰᠢᠭᠤᠷ ᠲᠥᠭᠦᠷᠢᠭ ᠴᠢᠷᠮᠠᠶᠢᠨ ᠣᠯᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 65 ᠶᠢ | ᠬᠡᠷᠡᠭᠵᠢᠭᠦᠯᠵᠦ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ 11 ᠪᠠᠶᠢᠵᠤ᠂ 29.7 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠡᠯᠡᠯᠴᠡᠭᠡᠷ ᠲᠣᠭᠲᠠᠭᠰᠠᠨ ᠲᠥᠷᠥᠯ ᠵᠦᠢᠯ 5 ᠪᠠᠶᠢᠵᠤ᠂ ᠬᠡᠯᠡᠯᠴᠡᠭᠡᠷ | ᠲᠣᠭᠲᠠᠭᠰᠠᠨ ᠪᠡᠯᠡ ᠣᠷᠣᠭᠤᠯᠤᠯᠲᠠ ᠨᠢ 63.4 ᠳ᠋ᠦᠩᠰᠢᠭᠤᠷ ᠲᠥᠭᠦᠷᠢᠭ ᠲᠤ ᠬᠦᠷᠴᠦ᠂ 23.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠳᠠᠳᠠᠢ | ᠨᠠᠶᠢᠳᠠᠪᠣᠷᠢᠵᠢᠭᠤᠯᠪᠠ᠃ | ᠨᠢᠭᠡ ᠵᠢᠯ ᠤᠨ ᠲᠤᠷᠰᠢ᠂ ᠪᠢᠳᠡ ᠬᠤᠲᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠬᠦᠮᠦᠰ ᠤᠨ ᠤᠷᠤᠰᠢᠨ ᠰᠠᠭᠤᠷᠢᠰᠢᠬᠤ ᠤᠷᠴᠢᠨ | ᠲᠤᠭᠤᠷᠢᠨ ᠡᠳᠦᠷ ᠢᠷᠡᠬᠦᠶ᠎ᠡ ᠰᠠᠶᠢᠵᠢᠷᠠᠪᠠ᠃ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠰᠢᠯᠢᠳᠡᠭᠵᠢᠪᠡ᠃ 1.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠬᠢᠯᠢ ᠶᠢᠨ ᠬᠠᠮᠠᠭᠠᠯᠠᠯᠳᠠ᠂ ᠮᠤᠩᠭᠤᠯ ᠲᠤᠮᠳᠠᠳᠤ ᠰᠤᠷᠭᠠᠭᠤᠯᠢ ᠵᠡᠷᠭᠡ ᠪᠠᠶᠢᠰᠢᠩᠳᠤ ᠲᠣᠭᠤᠷᠢᠭ᠂ ᠬᠠᠭᠤᠴᠢᠨ ᠰᠠᠭᠤᠭᠠᠯᠢ | ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠬᠦ ᠢᠨᠵᠧᠨᠧᠷᠢᠩ ᠢ ᠶᠡᠬᠡᠪᠡᠷ ᠠᠬᠢᠭᠤᠯᠵᠤ᠂ ᠳᠤᠯᠠᠭᠠᠯᠠᠭ᠎ᠠ ᠬᠠᠩᠭᠠᠬᠤ᠂ ᠤᠰᠤ ᠵᠠᠯᠠᠬᠤ ᠬᠤᠭᠤᠯᠠᠶ ᠶᠢᠨ ᠲᠣᠤᠷ ᠢ 34 | ᠺᠢᠯᠣᠮᠧᠲᠷ ᠳᠡᠪᠢᠰᠴᠤ᠂ ᠭᠤᠳᠤᠮᠵᠢᠨ ᠤ ᠵᠠᠮ ᠤᠨ ᠳ᠋ᠧᠩ ᠢ 357 ᠰᠠᠭᠤᠷᠢ ᠤᠭᠰᠠᠷᠠᠨ᠂ ᠵᠠᠬ᠎ᠠ ᠳᠡᠯᠭᠡᠭᠦᠷ ᠤᠨ ᠵᠡᠭᠡᠯᠢ᠂ ᠴᠠᠬᠢᠯᠭᠠᠨ ᠤ ᠦᠢᠯᠡᠰ ᠤᠨ ᠵᠠᠮ ᠵᠡᠷᠭᠡ | ᠡᠪᠳᠡᠭᠳᠡᠭᠰᠡᠨ ᠵᠠᠮ ᠤᠨ ᠭᠠᠳᠠᠷᠭᠤ ᠶᠢ 2.1 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠵᠠᠰᠠᠵᠤ᠂ ᠭᠤᠸᠠᠩ ᠶᠤᠸᠠᠨ᠂ ᠴᠠᠬᠢᠯᠭᠠᠨ ᠬᠤᠯᠪᠤᠭ᠎ᠠ ᠵᠡᠷᠭᠡ | ᠬᠠᠭᠤᠴᠢᠨ ᠰᠠᠭᠤᠭᠠᠯᠢ ᠲᠤᠭᠤᠷᠢᠭ ᠤᠨ ᠰᠠᠭᠤᠷᠢ ᠲᠥᠬᠦᠭᠡᠷᠦᠮᠵᠢ ᠶᠢ 8.8 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ ᠵᠠᠰᠠᠪᠠ᠃ ᠴᠡᠴᠡᠷᠯᠢᠭᠵᠢᠬᠦᠯᠭᠡ | ᠨᠣᠭᠤᠭᠠᠷᠠᠭᠤᠯᠤᠯᠲᠠ ᠶᠢ ᠨᠥᠬᠦᠪᠥᠷᠢᠯᠡᠨ ᠨᠡᠮᠡᠭᠳᠡᠭᠦᠯᠵᠦ ᠬᠠᠮᠠᠭᠠᠯᠠᠬᠤ ᠠᠵᠢᠯᠯᠠᠭ᠎ᠠ ᠶᠢ ᠢᠳᠡᠪᠬᠢᠳᠠᠢ ᠥᠷᠨᠢᠭᠦᠯᠦᠨ᠂ ᠱᠠᠩ ᠱᠦᠢ ᠶᠤᠸᠠᠨ ᠤ ᠡᠮᠦᠨ᠎ᠡ ᠪᠠᠯ ᠤᠨ ᠠᠮᠢ | ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠪᠡᠶᠡᠯᠡᠭᠦᠯᠵᠦ᠂ ᠦᠵᠡᠮᠵᠢ ᠰᠤᠨᠢᠷᠬᠠᠯ ᠤᠨ ᠦᠷ᠎ᠡ ᠪᠦᠲᠦᠮᠵᠢ ᠶᠢ ᠤᠯᠠᠮ ᠰᠠᠶᠢᠬᠠᠨ ᠪᠤᠯᠭᠠᠪᠠ᠃ ᠮᠠᠯᠵᠢᠬᠤ | ᠲᠠᠷᠢᠶᠠᠯᠠᠬᠤ ᠣᠷᠣᠨ ᠤ ᠰᠠᠭᠤᠷᠢ ᠲᠦᠭᠦᠭᠡᠷᠦᠮᠵᠢ ᠶᠢ ᠳᠡᠰ ᠳᠡᠪᠰᠢᠭᠦᠯᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠭᠠᠵᠠᠷ ᠰᠢᠷᠣᠶ ᠶᠢ ᠴᠡᠭᠴᠡᠯᠡᠨ ᠵᠠᠰᠠᠵᠤ | ᠪᠠᠷᠢᠮᠵᠢᠶ᠎ᠠ ᠶᠢ ᠲᠡᠭᠡᠭᠰᠢᠯᠡᠭᠦᠯᠦᠨ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ 11.88 ᠲᠦᠮᠡᠨ ᠮᠤ᠋ ᠬᠡᠷᠡᠭᠵᠢᠭᠦᠯᠪᠡ᠃ ᠤᠰᠤᠨ ᠤ ᠡᠬᠢ ᠰᠤᠷᠪᠤᠯᠵᠢ ᠶᠢ | ᠬᠠᠳᠠᠭᠠᠯᠠᠬᠤ᠂ ᠨᠡᠬᠦᠷᠡᠰᠤᠨ ᠤ ᠭᠤᠤ ᠵᠢᠯᠠᠭ᠎ᠠ ᠶᠢᠨ ᠦᠶᠡᠷ ᠢ ᠰᠡᠷᠬᠡᠶᠢᠯᠡᠬᠦ ᠢᠨᠵᠧᠨᠧᠷᠢᠩ ᠢ ᠲᠦᠷᠭᠡᠳᠭᠡᠨ ᠠᠬᠢᠭᠤᠯᠵᠤ᠂ ᠤᠰᠤᠨ ᠤ ᠡᠪᠳᠡᠭᠳᠡᠯ ᠢ ᠵᠠᠰᠠᠨ | ᠰᠡᠷᠬᠦᠭᠡᠬᠦ᠂ ᠦᠶᠡᠷ ᠢ ᠵᠠᠯᠠᠬᠤ ᠭᠤᠤᠯ ᠰᠤᠪᠠᠭ ᠤᠨ ᠯᠠᠭ ᠰᠢᠪᠡᠷ ᠢ ᠠᠷᠢᠯᠭᠠᠬᠤ᠂ ᠬᠥᠷᠥᠰᠥ ᠰᠢᠷᠣᠶ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠵᠡᠷᠭᠡ | ᠢᠨᠵᠧᠨᠧᠷᠢᠩ ᠢ ᠪᠦᠬᠦ ᠲᠠᠯ᠎ᠠ ᠪᠠᠷ ᠲᠠᠭᠤᠰᠬᠠᠪᠠ᠃ 11.12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠦ᠂ ᠤᠯᠤᠰ ᠤᠨ ᠵᠠᠮ 335 ︵ᠪᠠᠷᠠᠭᠤᠨᠳᠠᠬᠢ | ᠭᠡᠰᠡᠭ︶᠂ ᠤᠯᠤᠰ ᠤᠨ ᠵᠠᠮ 331 ᠶᠢᠨ ᠲᠦᠷᠦᠯ ᠵᠦᠢᠯ ᠢ ᠭᠤᠤᠯᠳᠠᠯᠭ᠎ᠠ ᠲᠠᠢ ᠭᠡᠷᠡᠭᠵᠢᠬᠦᠯᠦᠨ᠂ ᠦᠵᠤᠬᠦᠷ ᠭᠤᠤᠯ ᠠᠴᠠ ᠬᠤᠩᠹᠧᠩ ᠬᠦᠷᠬᠦ ᠵᠠᠮ ᠱᠤᠭᠤᠮ᠂ | ᠤᠢ ᠰᠢᠭᠤᠢ ᠶᠢᠨ ᠲᠠᠯᠠᠪᠤᠷ ᠲᠤ ᠨᠡᠪᠳᠡᠷᠡᠬᠦ ᠵᠠᠮ ᠵᠡᠷᠭᠡ ᠬᠦᠳᠡᠭᠡ ᠲᠤᠰᠬᠤᠨ ᠤ ᠵᠠᠰᠠᠮᠠᠯ ᠵᠠᠮ ᠢ 155.5 ᠺᠢᠯᠤᠮᠧᠲᠷ ᠵᠠᠰᠠᠵᠤ᠂ ᠤᠤᠪᠤᠯᠠᠭ ᠤᠨ ᠠᠮᠠ ᠶᠢᠨ ᠶᠡᠭᠡ | ᠬᠦᠬᠦᠷᠭᠡ ᠵᠡᠷᠭᠡ 6 ᠬᠦᠬᠦᠷᠭᠡ ᠶᠢ ᠵᠠᠰᠠᠵᠣ ᠪᠠᠶᠢᠭᠤᠯᠤᠨ᠂ ᠨᠠᠷᠢᠨ ᠵᠠᠮ ᠢ ᠦᠷᠭᠡᠳᠭᠡᠬᠦ᠂ ᠠᠮᠤᠷ ᠲᠦᠪᠰᠢᠨ ᠤ ᠰᠡᠷᠭᠡᠶᠢᠯᠡᠯᠳᠡ ᠬᠢᠬᠦ ᠵᠡᠷᠭᠡ ᠲᠣᠮᠣ ᠲᠣᠮᠳᠠ ᠬᠡᠯᠪᠡᠷᠢ | ᠶᠢᠨ ᠵᠠᠰᠠᠵᠣ ᠠᠷᠠᠴᠢᠯᠠᠨ ᠬᠠᠮᠠᠭᠠᠯᠠᠬᠤ ᠢᠨᠵᠧᠨᠧᠷᠢᠩ ᠢ 383 ᠺᠢᠯᠤᠮᠧᠲᠷ ᠪᠡᠶᠡᠯᠡᠬᠦᠯᠪᠡ᠃ 1.25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ | ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ᠂ ᠬᠥᠳᠡᠭᠡ ᠲᠣᠰᠬᠤᠨ ᠳᠤ ᠬᠦᠳᠡᠯᠭᠡᠭᠴᠢ ᠬᠦᠴᠦᠨ ᠤ ᠴᠠᠬᠢᠯᠭᠠᠨ ᠨᠡᠪᠲᠡᠷᠡᠭᠦᠯᠬᠦ ᠵᠡᠷᠭᠡ 7 | ᠵᠦᠢᠯ ᠤᠨ ᠴᠠᠬᠢᠯᠭᠠᠨ ᠬᠦᠴᠦᠨ ᠤ ᠢᠨᠵᠧᠨᠧᠷᠢᠩ ᠢ ᠬᠡᠷᠡᠭᠵᠢᠭᠦᠯᠪᠡ᠃ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠵᠡᠷᠭᠡ ᠴᠢᠮᠡᠭᠡ ᠬᠤᠯᠪᠣᠭᠠᠨ ᠤ ᠲᠥᠷᠥᠯ | ᠵᠦᠢᠯ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ 38 ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠣᠨ᠂ 51 ᠤᠰᠤ | ᠳᠤᠭᠤᠶᠢᠯᠠᠩ ᠤᠨ ᠴᠢᠮᠡᠭᠡ ᠬᠤᠯᠪᠣᠭᠠᠨ ᠤ ᠳᠣᠬᠢᠶ᠎ᠠ ᠶᠢᠨ ᠠᠰᠠᠭᠤᠳᠠᠯ ᠢ ᠰᠢᠢᠳᠪᠦᠷᠢᠯᠡᠪᠡ᠃ ᠴᠦᠭᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠪᠡᠯᠡ ᠮᠦᠩᠬᠦ | ᠂ ᠠᠮᠢ ᠠᠬᠤᠢ ᠶᠢᠨ ᠨᠦᠬᠦᠪᠦᠷᠢ ᠱᠠᠩᠨᠠᠯ ᠤᠨ ᠵᠠᠯᠭᠠᠮᠵᠢ ᠠᠵᠤ ᠦᠢᠯᠡᠰ ᠤᠨ ᠪᠡᠯᠡ ᠮᠦᠩᠬᠦ ᠶᠢ ᠠᠰᠢᠭᠯᠠᠨ᠂ 10 ᠲᠤᠮᠤ ᠭᠡᠯᠪᠡᠷᠢ ᠶᠢᠨ ᠡᠪᠡᠰᠤ ᠪᠤᠷᠳᠤᠭ᠎ᠠ | ᠬᠤᠷᠢᠶᠠᠨ ᠨᠦᠭᠡᠴᠡᠯᠡᠬᠦ ᠬᠦᠮᠦᠷᠭᠡ᠂ 5.6 ᠲᠦᠮᠡᠨ ᠲᠡᠭᠰᠢ ᠲᠦᠷᠪᠡᠯᠵᠢᠨ ᠮᠧᠲᠷ ᠤᠨ ᠡᠪᠡᠰᠤ ᠬᠠᠳᠠᠭᠠᠯᠠᠬᠤ ᠫᠧᠩ ᠢ ᠪᠠᠶᠢᠭᠤᠯᠵᠤ᠂ ᠮᠠᠯᠵᠢᠬᠤ ᠤᠷᠤᠨ ᠤ ᠭᠠᠮᠰᠢᠭ | ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠪᠡ᠃ ᠬᠤᠲᠠ ᠬᠥᠳᠡᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ | ᠠᠯᠬᠤᠮ ᠠᠯᠬᠤᠮ ᠢᠶᠠᠷ ᠳᠡᠭᠡᠭᠰᠢᠯᠡᠪᠡ᠃ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠤᠷᠤᠨ ᠲᠤᠭᠤᠷᠢᠭᠴᠢᠯᠠᠭᠰᠠᠨ ᠬᠠᠮᠢᠶᠠᠷᠤᠯᠲᠠ ᠶᠢ | ᠭᠡᠷᠡᠭᠵᠢᠬᠦᠯᠦᠨ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠠᠮ ᠡᠵᠡᠯᠡᠨ ᠡᠵᠡᠩᠨᠡᠬᠦ ᠵᠡᠷᠭᠡ ᠬᠤᠲᠠ ᠶᠢᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠪᠦᠳᠦᠮᠵᠢᠳᠠᠢ | ᠴᠡᠭᠴᠡᠯᠡᠨ ᠵᠠᠰᠠᠪᠠ᠃ ᠬᠠᠯᠢᠭᠤᠳᠤ ᠶᠢᠨ ᠬᠤᠲᠠ ᠶᠢᠨ ᠲᠣᠭᠤᠷᠢᠭ ᠤᠨ ᠠᠷᠢᠭᠤᠨ ᠴᠡᠪᠡᠷᠯᠡᠭᠡ ᠶᠢᠨ ᠢᠵᠢ ᠪᠦᠷᠢᠳᠦᠭᠰᠡᠨ ᠲᠦᠬᠦᠭᠡᠷᠤᠮᠵᠢ ᠪᠡᠯᠡᠳᠭᠡᠮᠵᠢ ᠨᠢ ᠨᠡᠩ | ᠲᠡᠬᠦᠯᠳᠡᠷᠵᠢᠵᠤ᠂ ᠮᠠᠰᠢᠨ ᠢᠶᠠᠷ ᠴᠡᠪᠡᠷᠯᠡᠭᠰᠡᠨ ᠨᠣᠷᠮ᠎ᠠ ᠨᠢ 80% ᠠᠴᠠ ᠲᠡᠭᠡᠭᠰᠢ ᠬᠦᠷᠪᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠤᠭ ᠨᠣᠪᠰᠢ ᠪᠤᠯᠠᠬᠤ ᠲᠠᠯᠠᠪᠠᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ | ᠵᠡᠷᠭᠡ 17 ᠭᠠᠵᠠᠷ ᠤᠨ ᠲᠦᠬᠦᠭᠡᠷᠤᠮᠵᠢ ᠶᠢ ᠪᠠᠶᠢᠭᠤᠯᠣᠨ᠂ ᠮᠠᠯ ᠵᠢᠭᠦᠷᠲᠡᠨ ᠤ ᠢᠯᠭᠠᠳᠠᠰᠤ ᠶᠢ ᠰᠢᠢᠳᠪᠦᠷᠢᠯᠡᠬᠦ ᠲᠥᠪ 10᠂ ᠤᠰᠤ ᠪᠠᠷ ᠵᠠᠶᠢᠯᠠᠬᠤ ᠵᠤᠷᠯᠤᠩ | 1800 ᠭᠠᠷᠤᠢ ᠶᠢ ᠪᠠᠶᠢᠭᠤᠯᠵᠣ᠂ ᠬᠦᠳᠡᠭᠡ ᠲᠣᠰᠬᠤᠨ ᠤ ᠣᠷᠣᠰᠢᠨ ᠰᠠᠭᠤᠷᠢᠰᠢᠬᠤ ᠳᠤ ᠲᠣᠬᠢᠯᠢᠭ ᠬᠢᠷᠢ ᠲᠦᠪᠰᠢᠨ ᠨᠢ ᠮᠡᠳᠡᠭᠳᠡᠮ᠎ᠠ ᠲᠡᠭᠡᠭᠰᠢᠯᠡᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠤᠰᠢᠭᠤᠨ ᠤ ᠭᠡᠪᠴᠢᠶᠠᠨ ᠤ ᠬᠥᠭᠵᠢᠯᠲᠡ ᠶᠢᠨ ᠠᠮᠢᠵᠢᠷᠠᠯ ᠤᠨ | ᠬᠦᠴᠦᠨ ᠢ ᠲᠠᠰᠤᠷᠠᠯᠲᠠ ᠦᠭᠡᠢ ᠪᠠᠳᠠᠷᠠᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ ︽ ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ︽12345︾ ᠵᠠᠰᠠᠭ ᠤᠨ ᠣᠷᠳᠣᠨ ᠤ ᠦᠢᠯᠡᠴᠢᠯᠡᠭᠡᠨ | ᠤ ᠬᠠᠯᠠᠮᠰᠢᠯ ᠤᠲᠠᠰᠤ᠂ ︽ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾᠂ ᠴᠢᠬᠤᠯᠠ ᠶᠡᠭᠡ ᠲᠥᠷᠦᠯ ᠵᠦᠢᠯ ᠢ ᠰᠢᠭᠤᠳ ᠨᠡᠪᠲᠡᠷᠡᠭᠦᠯᠵᠦ | ᠲᠦᠷᠭᠡᠨ ᠭᠦᠢᠴᠡᠳᠬᠡᠬᠦ᠂ ᠦᠷ᠎ᠡ ᠪᠦᠲᠦᠮᠵᠢ ᠶᠢ ᠬᠢᠨᠠᠨ ᠪᠠᠶᠢᠴᠠᠭᠠᠬᠤ ᠲᠠᠪᠴᠠᠩ ᠢ ᠨᠡᠪᠲᠡᠷᠡᠭᠦᠯᠦᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ | ᠴᠤᠪᠤᠷᠠᠯ ᠤᠨ ᠵᠦᠶᠯᠡᠰ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠭᠠᠳ 100 ᠠᠵᠢᠯᠯᠠᠬᠤ ᠡᠳᠦᠷ ᠤᠨ ᠳᠣᠲᠣᠷ᠎ᠠ ᠪᠣᠯᠭᠠᠪᠠ᠃ ᠵᠠᠰᠠᠭ | ᠵᠠᠬᠢᠷᠭᠠᠨ ᠤ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 80% ᠠᠴᠠ ᠳᠡᠭᠡᠭᠰᠢ ᠳᠤ ᠬᠦᠷᠭᠡᠪᠡ᠃ ᠬᠤᠳᠠᠯᠳᠤᠭᠠᠨ ᠤ | ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠵᠤ᠂ ︽ᠭᠡᠷᠡᠴᠢ ᠪᠠ ᠦᠨᠡᠮᠯᠡᠯ ᠢ ᠰᠠᠯᠭᠠᠵᠤ᠂ ᠣᠯᠠᠨ ᠦᠨᠡᠮᠯᠡᠯ ᠢ | ᠨᠢᠭᠡᠳᠬᠡᠬᠦ︾ ᠶᠢ ᠯᠠᠪᠳᠠᠭᠤᠨ ᠢᠶᠠᠷ ᠠᠬᠢᠭᠤᠯᠣᠨ᠂ ᠬᠤᠪᠢ ᠶᠢᠨ ᠡᠵᠡᠩᠨᠡᠯᠳᠡ ᠶᠢᠨ ᠡᠷᠦᠭᠡ ᠪᠠ ᠠᠵᠤ ᠠᠬᠤᠶᠢᠯᠠᠯ ᠢ ᠨᠡᠭᠡᠭᠡᠨ ᠡᠷᠬᠢᠯᠡᠬᠦ ᠴᠠᠭ ᠤᠨ ᠬᠢᠵᠠᠭᠠᠷ ᠢ 1 | ᠠᠵᠢᠯᠯᠠᠬᠤ ᠡᠳᠦᠷ ᠪᠣᠯᠲᠠᠯ᠎ᠠ ᠬᠠᠰᠤᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ ᠨᠢ 1.25 ᠲᠦᠮᠡᠨ ᠡᠷᠦᠬᠡ ᠳᠤ ᠬᠦᠷᠪᠡ᠃ ︽ | ᠬᠤᠶᠠᠷ ᠢ ᠲᠣᠬᠢᠶᠠᠯᠳᠤᠯ ᠢᠶᠠᠷ ᠰᠣᠩᠭᠤᠵᠣ ᠨᠢᠭᠡ ᠶᠢ ᠢᠯᠡ ᠪᠣᠯᠭᠠᠬᠤ︾ ᠶᠢ ᠭᠦᠨᠵᠡᠭᠡᠶ ᠨᠠᠶᠢᠳᠠᠪᠣᠷᠢᠵᠢᠭᠤᠯᠵᠣ᠂ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠭᠤᠤᠯᠳᠠᠯᠭ᠎ᠠ ᠲᠠᠢ ᠥᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠪᠠ᠃ ᠲᠠᠷᠢᠶᠠᠯᠠᠩ ᠮᠠᠯᠵᠢᠯ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ᠂ ᠮᠣᠩᠭᠤᠯ ᠤᠯᠤᠰ ᠲᠠᠢ ᠬᠠᠮᠲᠤᠷᠠᠯᠴᠠᠬᠤ ᠶᠢᠨ ᠰᠢᠨ᠎ᠡ | ᠶᠢ ᠡᠭᠦᠳᠬᠦ ᠲᠣᠭᠲᠠᠴᠠ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠵᠡᠷᠭᠡ ᠭᠤᠷᠪᠠᠨ ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠪᠠ᠃ | ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠶᠢᠨ | ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠪᠠ᠃ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠦᠭᠡᠷᠡᠴᠢᠯᠡᠯᠳᠡ ᠶᠢ ᠬᠦᠨᠵᠡᠬᠡᠢ | ᠠᠬᠢᠭᠤᠯᠤᠨ᠂ ᠤᠯᠠᠨ ᠲᠠᠯ᠎ᠠ ᠪᠠᠷ ᠬᠠᠤᠯᠢ ᠭᠡᠷᠡᠭᠵᠢᠬᠦᠯᠬᠦ᠂ ᠲᠠᠬᠢᠨ ᠲᠠᠪᠳᠠᠨ ᠬᠠᠤᠯᠢ ᠭᠡᠷᠡᠭᠵᠢᠬᠦᠯᠬᠦ ᠵᠡᠷᠭᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠪᠡ᠃ | ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠭᠡ ᠶᠢᠨ ᠲᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠰᠤᠷᠭᠠᠨ | ᠬᠥᠮᠦᠵᠢᠯ ᠰᠤᠶᠤᠯ᠂ ᠡᠮᠴᠢᠯᠡᠭᠡ ᠡᠷᠡᠭᠦᠯ ᠬᠠᠮᠠᠭᠠᠯᠠᠯ᠂ ᠡᠳ᠋ ᠤᠨ ᠵᠠᠰᠠᠭ ᠭᠠᠶᠢᠯᠢ ᠮᠥᠩᠭᠦᠨ ᠭᠦᠶᠯᠭᠡᠭᠡ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ | ᠢᠶᠠᠷ ᠬᠡᠷᠡᠭᠵᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢᠨ ᠬᠦᠴᠦᠨ ᠦᠷᠭᠦᠯᠵᠢᠯᠡᠨ ᠴᠢᠩᠭᠠᠷᠠᠪᠠ᠃ ᠠᠷᠠᠳ ᠠᠴᠠ ᠡᠵᠡᠩᠨᠡᠭᠰᠡᠨ | ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠦᠬᠦ | ᠵᠢᠯ ᠳᠤ ᠠᠵᠤ ᠠᠬᠤᠶᠢᠯᠠᠯ ᠳᠤ 4.8 ᠳ᠋ᠦᠩᠰᠢᠭᠤᠷ ᠲᠥᠭᠦᠷᠢᠭ ᠤᠨ ᠭᠠᠶᠢᠯᠢ ᠵᠠᠷᠣᠳᠠᠯ ᠢ ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ | ᠥᠪᠡᠷ ᠤᠨ ᠥᠷᠲᠡᠭ ᠢ 3000 ᠲᠦᠮᠡᠨ ᠲᠥᠭᠦᠷᠢᠭ ᠣᠷᠴᠢᠮ ᠪᠠᠭᠠᠰᠬᠠᠵᠣ᠂ ᠡᠯ᠎ᠡ ᠲᠦᠷᠦᠯ ᠤᠨ ᠨᠦᠬᠦᠪᠦᠷᠢ ᠶᠢᠨ ᠪᠡᠯᠡ ᠮᠦᠩᠭᠦ 3300 ᠭᠠᠷᠣᠢ ᠲᠦᠮᠡᠨ | ᠲᠦᠭᠦᠷᠢᠭ ᠢ ᠴᠢᠷᠮᠠᠶᠢᠨ ᠣᠯᠪᠠ᠃ ᠠᠵᠤ ᠠᠬᠤᠶᠢᠯᠠᠯ ᠳᠤ ᠦᠢᠯᠡᠴᠢᠯᠡᠬᠦ ᠠᠵᠢᠯ ᠤᠨ ᠰᠢᠨ᠎ᠡ ᠶᠢ ᠡᠬᠦᠳᠴᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ | ᠲᠦᠷᠦᠯ ᠵᠦᠢᠯ ᠤᠨ ᠠᠰᠠᠭᠤᠳᠠᠯ ᠤᠨ ᠡᠬᠡ ᠳᠠᠩᠰᠠ ᠶᠢᠨ ᠬᠠᠮᠢᠶᠠᠷᠤᠯᠲᠠ ᠪᠠ ᠰᠢᠯᠵᠢᠭᠦᠯᠦᠨ ᠰᠢᠢᠳᠪᠦᠷᠢᠯᠡᠵᠤ ᠬᠠᠰᠤᠬᠤ ᠳᠦᠷᠢᠮ ᠢ ᠪᠠᠶᠢᠭᠤᠯᠣᠨ᠂ ᠡᠯ᠎ᠡ ᠲᠥᠷᠥᠯ | ᠤᠨ ᠭᠤᠤᠯᠳᠠᠯᠭ᠎ᠠ ᠲᠠᠢ ᠠᠰᠠᠭᠤᠳᠠᠯ ᠢ 40 ᠭᠠᠷᠤᠶ ᠰᠢᠶᠳᠪᠦᠷᠢᠯᠡᠵᠦ᠂ ᠠᠵᠣ ᠠᠬᠤᠶᠢᠯᠠᠯ ᠤᠨ ᠬᠦᠭᠵᠢᠯᠲᠡ ᠶᠢ ᠪᠦᠳᠦᠮᠵᠢᠲᠠᠢ ᠪᠠᠳᠣᠯᠠᠪᠠ᠃ | ᠨᠢᠭᠡ ᠵᠢᠯ ᠤᠨ ᠲᠤᠷᠰᠢ ᠂ ᠪᠢᠳᠡ ᠬᠦᠴᠦ ᠪᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠷᠠᠳ ᠣᠯᠠᠨ ᠤ ᠪᠤᠶᠠᠨ ᠭᠡᠰᠢᠭ ᠢ | ᠦᠷᠭᠦᠯᠵᠢᠯᠡᠨ ᠨᠡᠮᠡᠭᠳᠡᠭᠦᠯᠪᠡ᠃ ᠪᠦᠬᠦ ᠵᠢᠯ ᠳᠤ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 18.25 ᠳ᠋ᠦᠩᠰᠢᠭᠤᠷ ᠲᠥᠭᠦᠷᠢᠭ ᠲᠤ ᠬᠦᠷᠴᠦ᠂ ᠣᠯᠠᠨ | ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 69.18% ᠶᠢ ᠡᠵᠡᠯᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠲᠠᠰᠤᠷᠠᠯᠲᠠ ᠦᠭᠡᠢ | ᠴᠢᠩᠭᠠᠷᠠᠪᠠ᠃ ᠬᠤᠲᠠ ᠪᠠᠯᠭᠠᠰᠤᠨ ᠤ 850 ᠬᠥᠮᠦᠨ ᠳᠤ ᠰᠢᠨ᠎ᠡ ᠪᠠᠷ ᠠᠵᠢᠯ ᠣᠯᠭᠤᠵᠤ᠂ 8516 ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠨᠢ 4.3% ᠪᠣᠯᠣᠨ᠎ᠠ︔ 898 ᠲᠦᠮᠡᠨ ᠲᠥᠭᠦᠷᠢᠭ ᠤᠨ ᠦᠢᠯᠡᠰ ᠪᠣᠰᠬᠠᠬᠤ | ᠪᠠᠲᠤᠯᠠᠭᠠᠲᠤ ᠵᠢᠭᠡᠯᠡᠯᠭᠡ ᠲᠠᠯᠪᠢᠵᠤ᠂ 290 ᠬᠦᠮᠦᠨ ᠤ ᠠᠵᠢᠯ ᠣᠯᠭᠤᠯᠲᠠ ᠶᠢ ᠳᠠᠶᠢᠴᠢᠯᠠᠨ᠂ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠦᠢᠯᠡᠰ | ᠪᠣᠰᠬᠠᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠦᠢᠯᠡᠰ ᠪᠤᠰᠬᠠᠬᠤ | ᠬᠦᠷᠢᠶᠡᠯᠡᠩ ᠪᠠᠷ ᠦᠨᠡᠯᠡᠭᠳᠡᠪᠡ᠃ ᠬᠤᠲᠠ ᠪᠠᠯᠭᠠᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ | ᠦᠷᠬᠦᠯᠵᠢᠯᠡᠨ ᠲᠡᠭᠡᠭᠰᠢᠯᠡᠬᠦᠯᠵᠤ᠂ ᠪᠦᠬᠦᠯᠢ 60 ᠨᠠᠰᠤᠨ ᠠᠴᠠ ᠳᠡᠭᠡᠭᠰᠢᠬᠢ 2.6 ᠲᠦᠮᠡᠨ ᠨᠠᠰᠤᠲᠠᠶᠢᠴᠤᠳ ᠲᠤ ᠰᠠᠨᠠᠭᠠᠨ ᠳᠤ ᠦᠭᠡᠢ ᠬᠡᠮᠳᠤᠯ ᠤᠨ ᠳᠠᠭᠠᠳᠬᠠᠯ | ᠬᠤᠳᠠᠯᠳᠤᠨ ᠠᠪᠴᠤ ᠥᠭᠪᠡ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ | ᠢ ︽ᠠᠷᠪᠠᠨ ᠲᠠᠪᠤᠨ ᠵᠢᠯ ᠳᠠᠷᠠᠭᠠᠯᠠᠨ ᠲᠣᠬᠢᠷᠠᠭᠤᠯᠵᠤ︾᠂ ᠡᠨᠡ ᠵᠢᠯ ᠬᠥᠮᠦᠨ ᠪᠦᠷᠢ ᠳᠤ ᠳᠤᠮᠳᠠᠴᠢ ᠪᠠᠷ ᠰᠠᠷ᠎ᠠ ᠪᠦᠷᠢ 112 ᠲᠥᠭᠦᠷᠢᠭ ᠤᠨ ᠴᠠᠯᠢᠩ ᠨᠡᠮᠡᠵᠦ᠂ | ᠡᠯ᠎ᠡ ᠵᠦᠶᠯ ᠤᠨ ᠨᠡᠶᠢᠭᠡᠮ ᠤᠨ ᠳᠠᠭᠠᠳᠬᠠᠯ ᠨᠢ 43.17 ᠲᠦᠮᠡᠨ ᠬᠥᠮᠦᠨ ᠤᠳᠠᠭ᠎ᠠ ᠶᠢ ᠬᠠᠮᠤᠷᠪᠠ᠃ ᠪᠦᠬᠦ ᠵᠢᠯ ᠳᠤ ᠡᠯ᠎ᠡ ᠲᠦᠷᠦᠯ ᠤᠨ ᠭᠠᠮᠰᠢᠭ ᠠᠴᠠ | ᠠᠪᠤᠷᠠᠬᠤ᠂ ᠠᠪᠤᠷᠠᠨ ᠲᠤᠰᠠᠯᠠᠬᠤ ᠪᠡᠯᠡ ᠮᠦᠩᠬᠦ 5293 ᠲᠦᠮᠡᠨ ᠲᠥᠭᠦᠷᠢᠭ ᠲᠠᠷᠬᠠᠭᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠢ ᠡᠮᠬᠢ | ᠵᠢᠷᠤᠮ ᠲᠠᠢ ᠪᠠᠷ ᠠᠬᠢᠭᠤᠯᠵᠤ᠂ ᠡᠯ᠎ᠡ ᠲᠥᠷᠥᠯ ᠤᠨ ᠠᠰᠠᠷᠠᠨ ᠬᠠᠷᠠᠭᠠᠯᠵᠠᠬᠤ ᠪᠡᠯᠡ ᠮᠥᠩᠭᠦ ᠶᠢ 1038 ᠲᠦᠮᠡᠨ ᠲᠥᠭᠦᠷᠢᠭ ᠲᠠᠷᠬᠠᠭᠠᠨ᠂ 2565 ᠡᠷᠦᠬᠡ | ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠴᠡᠷᠢᠭ ᠤᠨ ᠭᠡᠷ ᠪᠦᠯᠢ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠡᠷ ᠪᠦᠯᠢ ᠳᠤ ᠢᠷᠠᠭᠤ ᠠᠯᠳᠠᠷ ᠤᠨ | ᠫᠠᠶᠢᠰᠠ ᠡᠯᠭᠦᠪᠡ᠃ 189 ᠡᠷᠦᠭᠡ ᠶᠢᠨ ᠨᠤᠷᠠᠬᠤ ᠠᠶᠤᠯᠲᠠᠢ ᠭᠡᠷ ᠪᠠᠶᠢᠰᠢᠩ ᠪᠠ ᠭᠠᠮᠰᠢᠭ ᠤᠨ ᠳᠠᠷᠠᠭ᠎ᠠ ᠡᠪᠳᠡᠭᠳᠡᠭᠰᠡᠨ ᠭᠡᠷ ᠪᠠᠶᠢᠰᠢᠩ ᠢ ᠦᠭᠡᠷᠡᠴᠢᠯᠡᠨ | ᠪᠠᠶᠢᠭᠤᠯᠬᠤ ᠪᠠ ᠰᠡᠯᠪᠢᠨ ᠵᠠᠰᠠᠵᠤ ᠳᠠᠬᠢᠨ ᠪᠠᠶᠢᠭᠤᠯᠤᠨ᠂ ᠬᠦᠴᠢᠷᠳᠡᠯᠲᠡᠢ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠪᠦᠲᠦᠮᠵᠢᠲᠡᠢ ᠰᠠᠶᠢᠵᠢᠷᠠᠭᠤᠯᠪᠠ | ᠃ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠠᠬᠢᠭᠤᠯᠪᠠ᠃ ︽ᠪᠦᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠥᠭᠵᠢᠭᠦᠯᠬᠦ︾ ᠢᠨᠵᠧᠨᠧᠷᠢᠩ ᠢ | ᠭᠦᠨᠵᠡᠭᠡᠶ ᠬᠡᠷᠡᠭᠵᠢᠭᠦᠯᠵᠦ᠂ 2019 ᠣᠨ ᠳᠤ ᠬᠢᠲᠠᠳ ᠢᠶᠠᠷ ᠬᠢᠴᠢᠶᠡᠯᠯᠡᠬᠦ᠂ ᠮᠣᠩᠭᠤᠯ ᠢᠶᠠᠷ ᠬᠢᠴᠢᠶᠡᠯᠯᠡᠬᠦ ᠶᠡᠭᠡ ᠰᠤᠷᠭᠠᠭᠤᠯᠢ ᠳᠤ ᠡᠯᠰᠡᠬᠦ ᠰᠢᠯᠭᠠᠯᠲᠠ ᠶᠢᠨ | ᠵᠢᠩᠬᠢᠨᠢ ᠠᠩᠭᠢ ᠳᠤ ᠣᠷᠣᠭᠰᠠᠨ ᠨᠣᠷᠮ᠎ᠠ ᠨᠢ ᠲᠣᠰ ᠲᠣᠰ 50.5% ᠪᠠ 71.43% ᠪᠠᠶᠢᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠲᠠᠪᠰᠢᠬᠤ | ᠰᠢᠯᠭᠠᠯᠲᠠ ᠳᠤ ᠪᠦᠷᠢᠨ ᠬᠤᠪᠢ ᠤᠯᠤᠭᠰᠠᠨ ᠨᠣᠷᠮ᠎ᠠ ᠨᠢ ᠭᠤᠷᠪᠠᠨ ᠵᠢᠯ ᠲᠠᠷᠠᠭᠠᠯᠠᠨ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠨᠢᠭᠡᠳᠦᠭᠡᠷ ᠪᠠᠭ᠎ᠠ | ᠰᠤᠷᠭᠠᠭᠤᠯᠢ ᠨᠢ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ ᠨᠢᠭᠡᠳᠦᠭᠡᠷ ᠪᠠᠭ᠎ᠠ ᠰᠤᠷᠭᠠᠭᠤᠯᠢ | ᠶᠢᠨ ᠬᠠᠷᠢᠶᠠᠲᠤ ᠬᠡᠦᠬᠡᠳ ᠤᠨ ᠴᠡᠴᠡᠷᠯᠢᠭ᠂ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠳᠤᠮᠳᠠᠳᠤ ᠰᠤᠷᠭᠠᠭᠤᠯᠢ ᠶᠢᠨ ᠪᠠᠭᠰᠢ 13 ᠨᠡᠷᠡᠰ᠂ ᠬᠡᠦᠬᠡᠳ ᠤᠨ ᠴᠡᠴᠡᠷᠯᠢᠭ ᠤᠨ ᠪᠠᠭᠰᠢ 20 ᠨᠡᠷᠡᠰ ᠢ ᠤᠷᠢᠨ ᠭᠡᠷᠡᠭᠯᠡᠪᠡ᠃ ᠪᠡᠭᠡᠵᠢᠩ ᠤᠨ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠵᠡᠷᠭᠡ 13 ᠰᠤᠷᠭᠠᠭᠤᠯᠢ ᠲᠠᠢ ︽ᠲᠠᠯ᠎ᠠ ᠨᠤᠳᠤᠭ ᠪᠡᠭᠡᠵᠢᠩ ᠭᠠᠷ ᠭᠠᠷ ᠢᠶᠠᠨ ᠬᠤᠯᠪᠤᠯᠴᠠᠬᠤ︾ ᠤᠷᠳᠤ | ᠬᠤᠭᠤᠴᠠᠭᠠᠨ ᠤ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠢᠯᠢᠳᠡᠭ ᠬᠦᠭᠵᠢᠯᠳᠡ ᠶᠢ ᠠᠬᠢᠭᠤᠯᠪᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠯᠠᠪᠳᠠᠭᠤᠨ ᠢᠶᠠᠷ ᠠᠬᠢᠭᠤᠯᠵᠦ᠂ ᠡᠮᠴᠢᠯᠡᠭᠡᠨ ᠤ ᠬᠠᠮᠳᠣ ᠶᠢᠨ ᠴᠣᠭᠴᠠ ᠶᠢᠨ ᠲᠣᠷᠰᠢᠯᠲᠠ ᠶᠢᠨ ᠴᠡᠭ ᠤᠨ | ᠠᠵᠢᠯ ᠢ ᠯᠠᠪᠳᠠᠭᠤᠨ ᠢᠶᠠᠷ ᠶᠠᠪᠣᠭᠳᠠᠭᠤᠯᠣᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠡᠷᠡᠭᠦᠯ ᠡᠩᠭᠡ ᠶᠢ ᠠᠬᠢᠭᠤᠯᠬᠤ ᠬᠤᠰᠢᠭᠤ ᠶᠢ ᠠᠮᠵᠢᠯᠲᠠ ᠲᠠᠢ | ᠪᠠᠶᠢᠭᠤᠯᠪᠠ᠃ 1717 ᠨᠡᠷᠡᠰ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠤ ᠠᠷᠬᠠᠭ ᠡᠪᠡᠳᠴᠢᠨ ᠤᠨ ᠪᠠᠶᠢᠴᠠᠭᠠᠯᠳᠠ ᠶᠢᠨ ᠦᠢᠯᠡᠴᠢᠯᠡᠭᠡ ᠶᠢ ᠬᠠᠩᠭᠠᠵᠣ᠂ | ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠨᠢ ᠤᠯᠤᠰ ᠤᠨ ᠬᠤᠶᠠᠳᠤᠭᠠᠷ ᠲᠡᠰ ᠤᠨ ᠬᠥᠬᠡ ᠲᠡᠰ ᠤᠨ ᠳᠠᠬᠢᠨ ᠬᠢᠨᠠᠯᠲᠠ ᠪᠠᠷ ᠪᠠᠲᠤᠯᠠᠭᠳᠠᠨ᠂ ᠡᠪᠡᠳᠴᠢᠨ ᠡᠮᠭᠡᠭ ᠢ | ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠠᠯᠪᠠᠨ ᠠᠰᠠᠷ᠂ ᠲᠡᠯ ᠠᠭᠤᠯᠠ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠠᠷᠢᠯᠭ᠎ᠠ | ᠶᠢᠨ ᠭᠤᠣᠯ ᠴᠣᠭᠴᠠ ᠶᠢᠨ ᠪᠦᠳᠦᠭᠡᠨ ᠪᠠᠶᠢᠭᠤᠯᠤᠯᠳᠠ ᠶᠢ ᠲᠠᠭᠤᠰᠬᠠᠵᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠰᠢᠨ᠎ᠡ | ᠠᠰᠠᠷ ᠪᠠ ᠬᠤᠩᠹᠧᠩ᠂ ᠰᠢᠷᠠᠯᠵᠢ᠂ ᠤᠯᠢᠶᠠᠰᠤᠲᠠᠢ ᠡᠷᠡᠭᠦᠯ ᠬᠠᠮᠠᠭᠠᠯᠠᠯ ᠤᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠰᠣᠶᠣᠯ ᠪᠡᠶ᠎ᠡ ᠶᠢᠨ | ᠲᠠᠮᠢᠷ ᠤᠨ ᠦᠢᠯᠡᠰ ᠴᠡᠴᠡᠭᠯᠡᠨ ᠬᠥᠭᠵᠢᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠵᠢᠱᠢᠶ᠎ᠡ | ᠦᠵᠡᠭᠦᠯᠬᠦ ᠬᠤᠰᠢᠭᠤ ᠶᠢᠨ ᠢᠷᠠᠭᠤ ᠠᠯᠳᠠᠷ ᠢ ᠬᠦᠷᠲᠡᠪᠡ᠃ ︽ᠨᠢᠭᠡ ᠪᠦᠰᠡ ᠨᠢᠭᠡ ᠵᠠᠮ︾ ᠪᠦᠬᠦ ᠤᠯᠤᠰ ᠤᠨ ᠳᠤᠮᠳᠠᠳᠤ ᠮᠠᠶ᠋ᠢᠭ ᠤᠨ ᠪᠥᠬᠡ ᠶᠢᠨ ᠱᠠᠩᠨᠠᠯᠲᠤ | ᠤᠷᠤᠯᠳᠤᠭᠠᠨ᠂ ᠲᠤᠮᠳᠠᠳᠤ ᠮᠤᠩᠭᠤᠯ ᠤᠯᠤᠰ ᠤᠨ ᠰᠤᠶᠤᠯ ᠤᠨ ᠰᠤᠯᠢᠯᠴᠠᠭᠠᠨ ᠤ ᠭᠠᠷᠠᠭ᠂ ᠬᠤᠨ ᠭᠠᠯᠠᠭᠤ ᠰᠣᠶᠣᠯ ᠤᠷᠠᠯᠢᠭ ᠤᠨ ᠨᠠᠶᠢᠷ ᠵᠡᠷᠭᠡ ᠠᠵᠢᠯᠯᠠᠭ᠎ᠠ ᠶᠢ | ᠠᠮᠵᠢᠯᠲᠠ ᠲᠠᠢ ᠡᠷᠬᠢᠯᠡᠪᠡ᠃ ᠤᠷᠠᠳ ᠮᠣᠩᠭᠤᠯᠴᠤᠳ ᠤᠨ ᠬᠤᠪᠴᠠᠰᠤ ᠵᠠᠰᠠᠯ ᠨᠢ ᠳᠤᠮᠳᠠᠳᠤ ᠤᠯᠤᠰ ᠤᠨ ᠣᠯᠠᠨ ᠤᠯᠤᠰ ᠤᠨ ᠬᠤᠪᠴᠠᠰᠤ ᠵᠠᠰᠠᠯ ᠤᠨ ᠭᠠᠷᠠᠭ | ᠳᠡᠭᠡᠷ᠎ᠡ ᠳᠡᠯᠭᠡᠭᠳᠡᠵᠦ᠂ ᠭᠤᠷᠪᠠᠨ ᠵᠢᠯ ᠳᠠᠷᠠᠭᠠᠯᠠᠨ ᠪᠥᠬᠦ ᠣᠷᠣᠨ ᠤ ᠬᠤᠪᠴᠠᠰᠤ ᠵᠠᠰᠠᠯ ᠤᠨ ᠤᠷᠠᠯᠢᠭ ᠤᠨ ᠲᠠᠪᠴᠠᠩ ᠳᠤ ᠠᠯᠲᠠᠨ ᠮᠧᠳᠠᠯ ᠣᠯᠪᠠ᠃ ᠤᠷᠠᠳ ᠤᠨ | ᠵᠡᠰ ᠡᠳ᠋ᠯᠠᠯ ᠮᠥᠩᠭᠦᠨ ᠡᠳ᠋ᠯᠡᠯ ᠢ ᠦᠶᠯᠡᠳᠬᠦ ᠤᠷ᠎ᠠ ᠮᠡᠷᠭᠡᠵᠢᠯ ᠪᠠ ᠤᠯᠠᠮᠵᠢᠯᠠᠯᠲᠤ ᠱᠠᠭ᠎ᠠ ᠲᠣᠭᠯᠠᠭᠠᠮ ᠨᠢ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠨᠡᠷᠡᠰ ᠤᠨ ᠵᠢᠭᠰᠠᠭᠠᠯᠳᠠ ᠳᠤ ᠣᠷᠣᠪᠠ᠃ ᠳᠡᠯ ᠠᠭᠤᠯᠠ ᠶᠢᠨ ᠴᠢᠯᠠᠭᠤᠨ ᠤᠩᠭᠤᠨ ᠨᠢ ᠪᠦᠬᠦ ᠤᠯᠤᠰ ᠤᠨ ᠨᠠᠶᠮᠠᠳᠤᠭᠠᠷ ᠪᠦᠯᠦᠭ ᠤᠨ ᠭᠤᠤᠯᠳᠠᠯᠭ᠎ᠠ | ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ ᠳᠤ ᠵᠢᠭᠰᠠᠭᠠᠭᠳᠠᠪᠠ᠃ ᠰᠢᠬ᠎ᠠ ᠭᠤᠣᠯ ᠤᠨ ᠰᠣᠶᠣᠯ ᠲᠠᠮᠢᠷ ᠤᠨ ᠬᠥᠳᠡᠯᠭᠡᠭᠡᠨ ᠤ | ᠲᠥᠪ ᠪᠠ ᠪᠠᠶ᠋ᠬᠠᠤᠯᠠᠭᠠᠨ᠂ ᠤᠩᠭᠤᠨ ᠤ ᠲᠠᠪᠤᠨ ᠬᠦᠮᠦᠨ ᠤ ᠲᠦᠷᠢᠮᠳᠤ ᠬᠥᠯ ᠪᠥᠮᠪᠦᠭᠡ ᠶᠢᠨ ᠲᠠᠯᠠᠪᠤᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠮᠠᠨ ᠤ | ᠬᠤᠰᠢᠭᠤᠨ ᠤ ᠲᠠᠮᠢᠷᠴᠢᠨ ᠪᠦᠬᠦ ᠤᠯᠤᠰ ᠤᠨ ᠵᠠᠯᠠᠭᠤᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠲᠤᠮᠳᠠᠳᠤ ᠮᠠᠶ᠋ᠢᠭ ᠤᠨ ᠪᠦᠭᠡ ᠶᠢᠨ ᠤᠷᠤᠯᠳᠤᠭᠠᠨ ᠤ | ᠲᠦᠷᠦᠯ ᠵᠦᠢᠯ ᠳᠤ ᠬᠤᠪᠢ ᠬᠦᠮᠦᠨ ᠤ ᠲᠡᠷᠢᠬᠦᠨ ᠲᠡᠰ ᠢᠶᠠᠷ ᠲᠤᠳᠤᠷᠠᠪᠠ᠃ ᠪᠦᠬᠦ ᠵᠢᠯ ᠳᠤ᠂ ᠡᠯ᠎ᠡ ᠲᠥᠷᠥᠯ ᠤᠨ ᠰᠣᠶᠣᠯ ᠲᠠᠮᠢᠷ ᠤᠨ ᠬᠥᠳᠡᠯᠭᠡᠭᠡᠨ ᠢ 240 | ᠭᠠᠷᠤᠢ ᠲᠠᠯᠠᠪᠤᠷ ᠤᠳᠠᠭ᠎ᠠ ᠡᠷᠬᠢᠯᠡᠵᠦ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 110 ᠲᠠᠯᠠᠪᠤᠷ ᠤᠳᠠᠭ᠎ᠠ ᠶᠠᠪᠤᠭᠳᠠᠭᠤᠯᠪᠠ᠃ | ᠨᠡᠶᠢᠭᠡᠮ ᠤᠨ ᠶᠡᠭᠡ ᠲᠠᠯ᠎ᠠ ᠡᠶ᠎ᠡ ᠨᠠᠶᠢᠷᠠᠮᠳᠠᠭᠤ ᠲᠣᠭᠲᠠᠭᠤᠨ ᠪᠠᠶᠢᠨ᠎ᠠ᠃ ︽ᠠᠮᠤᠷ ᠲᠦᠪᠰᠢᠨ ᠲᠤᠮᠳᠠᠳᠤ ᠬᠤᠰᠢᠭᠤ︾ ᠶᠢᠨ ᠪᠦᠳᠦᠭᠡᠨ ᠪᠠᠶᠢᠭᠤᠯᠤᠯᠳᠠ ᠶᠢ | ᠯᠠᠪᠳᠠᠭᠤᠨ ᠢᠶᠠᠷ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠠᠬᠢᠭᠤᠯᠤᠨ᠂ ᠠᠮᠤᠷ ᠢ ᠬᠠᠮᠠᠭᠠᠯᠠᠬᠤ | ᠰᠡᠷᠭᠡᠶᠢᠯᠡᠨ ᠡᠵᠡᠮᠳᠡᠬᠦ ᠰᠢᠰᠲ᠋ᠧᠮ ᠨᠢ ᠠᠯᠬᠤᠮ ᠠᠯᠬᠤᠮ ᠢᠶᠠᠷ ᠲᠡᠬᠦᠯᠳᠡᠷᠵᠢᠪᠡ᠃ ᠨᠡᠶᠢᠭᠡᠮ ᠤᠨ ᠵᠥᠷᠢᠴᠡᠯ ᠢ ᠨᠠᠮᠳᠠᠭᠤᠯᠬᠤ ᠪᠠ ᠬᠦᠯᠦᠰᠤᠨ ᠠᠵᠢᠯᠴᠢᠨ ᠤ ᠴᠠᠯᠢᠩ | ᠢ ᠦᠷᠢᠳᠡᠬᠦ ᠶᠢ ᠴᠡᠭᠴᠡᠯᠡᠨ ᠵᠠᠰᠠᠵᠤ᠂ ᠴᠠᠯᠢᠩ ᠬᠦᠯᠦᠰᠤ ᠶᠢ ᠨᠢ ᠪᠠᠳᠤᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠂ ᠬᠥᠯᠥᠰᠥᠨ ᠠᠵᠢᠯᠴᠢᠨ ᠤ ᠴᠠᠯᠢᠩ ᠢ | ᠥᠷᠢᠲᠦᠵᠦ ᠤᠳᠠᠭᠠᠰᠢᠷᠠᠭᠤᠯᠤᠭᠰᠠᠨ 597 ᠲᠦᠮᠡᠨ ᠲᠥᠭᠦᠷᠢᠭ ᠢ ᠰᠢᠢᠳᠪᠦᠷᠢᠯᠡᠪᠡ᠃ ᠯᠢᠶᠠᠩ ᠮᠠ ᠬᠤᠢ᠂ ᠹᠦ᠋ ᠱᠢ ᠶᠠ ᠳ᠋ᠦ᠋ ᠬᠤᠳᠠᠯᠳᠤᠭᠠᠨ ᠤ ᠰᠠᠭᠤᠭᠠᠯᠢ | ᠲᠣᠭᠤᠷᠢᠭ ᠢ ᠦᠷᠭᠦᠯᠵᠢᠯᠡᠨ ᠪᠠᠶᠢᠭᠤᠯᠬᠤ ᠶᠢ ᠪᠡᠶᠡᠯᠡᠬᠦᠯᠵᠤ᠂ ᠦᠯᠦ ᠬᠥᠳᠡᠯᠬᠦ ᠬᠥᠷᠥᠩᠭᠡ ᠶᠢᠨ ︽ᠭᠤᠷᠪᠠ ᠶᠢ ᠣᠷᠢᠳ ᠢᠶᠠᠷ ᠬᠢᠵᠣ᠂ ᠭᠤᠷᠪᠠ ᠶᠢ ᠲᠠᠷᠠᠭ᠎ᠠ ᠪᠠᠷ | ᠨᠢ ᠬᠢᠬᠦ︾ ᠵᠠᠷᠴᠢᠮ ᠢ ᠪᠠᠷᠢᠮᠳᠠᠯᠠᠨ᠂ ᠰᠠᠭᠤᠭᠠᠯᠢ ᠡᠷᠦᠭᠡ ᠶᠢᠨ ᠦᠯᠦ ᠬᠦᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠡᠷᠭᠡ ᠶᠢ ᠣᠷᠢᠳᠠᠪᠠᠷ ᠪᠠᠳᠤᠯᠠᠵᠤ᠂ ᠭᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠭᠡ ᠶᠢᠨ ᠦᠯᠡᠳᠡᠭᠳᠡᠯ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠪᠡ᠃ ᠮᠠᠨ ᠤ | ᠬᠤᠰᠢᠭᠤ ᠨᠢ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠤᠨ ᠲᠤᠮᠳᠠ ᠬᠤᠭᠤᠴᠠᠭᠠᠨ ᠤ ᠬᠢᠨᠠᠨ ᠰᠢᠯᠭᠠᠯᠳᠠ ᠳᠤ ᠤᠯᠤᠰ ᠤᠨ | ᠲᠡᠷᠢᠬᠦᠨ ᠤ ᠬᠤᠰᠢᠭᠤ ᠪᠠᠷ ᠦᠨᠡᠯᠡᠭᠳᠡᠵᠤ᠂ ᠬᠠᠤᠯᠢᠵᠢᠯ ᠤᠨ ᠵᠠᠰᠠᠭ ᠤᠨ ᠤᠷᠳᠤᠨ ᠤ ᠠᠦ᠋ᠲ᠋ᠤᠴᠢᠯᠠᠭᠰᠠᠨ ᠬᠠᠤᠯᠢ ᠭᠡᠷᠡᠭᠵᠢᠬᠦᠯᠦᠯᠳᠡ ᠪᠠ ᠮᠡᠳᠡᠭᠡ ᠵᠠᠩᠬᠢᠴᠢᠯᠠᠭᠰᠠᠨ | ᠬᠢᠨᠠᠨ ᠰᠢᠯᠭᠠᠯᠳᠠ ᠨᠢ ᠪᠦᠬᠦ ᠤᠷᠤᠨ ᠤ ᠲᠤᠷᠰᠢᠯᠳᠠ ᠶᠢᠨ ᠴᠡᠭ ᠢᠶᠠᠷ ᠭᠡᠷᠡᠭᠵᠢᠬᠦᠯᠦᠭᠳᠡᠬᠦ ᠬᠤᠰᠢᠭᠤ ᠰᠢᠶᠠᠨ ᠳᠤ ᠵᠢᠭᠰᠠᠭᠠᠭᠳᠠᠪᠠ᠃ ᠠᠶᠤᠯᠭᠦᠶ ᠦᠶᠯᠡᠳᠪᠦᠷᠢᠯᠡᠯ | ᠤᠨ ᠶᠡᠭᠡ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠨᠢ ᠲᠣᠭᠲᠠᠭᠤᠨ ᠪᠠᠶᠢᠳᠠᠯ ᠢᠶᠠᠨ ᠪᠠᠲᠤᠯᠠᠪᠠ᠃ ᠶᠠᠰᠤ ᠴᠢᠨᠠᠷ | ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠯ ᠲᠡᠷᠢᠶᠠᠯᠠᠩ ᠤᠨ ᠪᠦᠳᠦᠭᠡᠭᠳᠡᠬᠦᠨ ᠤ ᠶᠡᠷᠦᠩᠭᠡᠢ ᠭᠡᠮᠵᠢᠨ | ᠲᠤᠷᠰᠢᠵᠤ ᠰᠢᠯᠭᠠᠨ ᠪᠠᠶᠢᠴᠠᠭᠠᠬᠤ ᠲᠦᠪ ᠨᠢ ᠦᠪᠡᠷᠳᠡᠭᠡᠨ ᠵᠠᠰᠠᠬᠤ ᠤᠷᠤᠨ ᠤ ︽ᠬᠤᠤᠰ ᠭᠡᠷᠡᠴᠢᠯᠡᠭᠡ︾ ᠪᠠᠷ ᠪᠠᠳᠣᠯᠠᠭᠳᠠᠵᠣ᠂ ᠢᠳᠡᠭᠡᠨ ᠪᠠ ᠡᠮ ᠤᠨ ᠵᠦᠢᠯᠡᠰ | ᠤᠨ ᠠᠮᠤᠷ ᠲᠦᠪᠰᠢᠨ ᠢ ᠪᠠᠲᠤᠯᠠᠬᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠪᠦᠬᠦ ᠬᠤᠰᠢᠭᠤ ᠪᠠᠷ ᠢᠶᠠᠨ ᠬᠦᠴᠦᠨ ᠴᠢᠳᠠᠯ ᠢᠶᠠᠨ ᠬᠠᠮᠳᠤᠳᠬᠠᠨ᠂ | ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠢᠵᠠᠭᠠᠷᠯᠠᠵᠤ᠂ ᠬᠤᠯᠤᠭᠠᠨ᠎ᠠ ᠬᠢᠵᠢᠭ ᠤᠨ ᠪᠠᠶᠢᠳᠠᠯ ᠢ ᠲᠤᠭᠳᠠᠭᠤᠨ ᠢᠶᠠᠷ ᠬᠢᠵᠠᠭᠠᠷᠯᠠᠨ ᠡᠵᠡᠮᠳᠡᠪᠡ᠃ ᠤᠯᠤᠰ ᠤᠨ | ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠪᠠ ᠬᠤᠶᠠᠷ ᠢ ᠬᠦᠷᠢᠶᠡᠯᠡᠨ ᠬᠠᠮᠳᠤ ᠪᠠᠷ ᠪᠠᠶᠢᠭᠤᠯᠬᠤ ᠠᠵᠢᠯᠯᠠᠭ᠎ᠠ ᠶᠢ ᠢᠳᠡᠪᠬᠢᠳᠠᠢ ᠶᠠᠪᠤᠭᠳᠠᠭᠤᠯᠵᠤ᠂ ᠬᠢᠯᠢ | ᠬᠢᠵᠠᠭᠠᠷ ᠠᠮᠤᠷ ᠠᠮᠣᠭᠤᠯᠠᠩ᠂ ᠨᠡᠶᠢᠭᠡᠮ ᠠᠮᠣᠷ ᠲᠣᠭᠲᠠᠭᠤᠨ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠪᠦᠯᠬᠦᠮᠳᠡᠯ ᠲᠠᠢ ᠪᠠᠶᠢᠳᠠᠯ ᠤᠯᠠᠮ ᠪᠠᠬᠢᠵᠢᠪᠡ᠃ | ᠨᠢᠭᠡ ᠵᠢᠯ ᠤᠨ ᠲᠤᠷᠰᠢ᠂ ᠪᠢᠳᠡ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ ᠃ ︽ᠤᠭ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ | ᠰᠡᠳᠦᠪᠲᠦ ᠬᠥᠮᠦᠵᠢᠯ ᠢ ᠬᠦᠨᠵᠡᠭᠡᠢ ᠶᠠᠪᠤᠭᠳᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠨ ᠬᠦᠰᠡᠯᠡᠩ ᠢᠲᠡᠭᠡᠯ ᠪᠢᠰᠢᠷᠡᠯ ᠪᠠ | ᠵᠣᠷᠢᠯᠲᠠ ᠶᠢᠨ ᠤᠬᠠᠮᠰᠠᠷ ᠣᠯᠠᠮ ᠴᠢᠩᠭᠠᠷᠠᠪᠠ᠃ ᠨᠠᠮ ᠤᠨ ᠰᠤᠷᠲᠠᠯ ᠤᠨ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠥᠪ | ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ︽ᠳᠥᠷᠪᠡᠨ ᠰᠤᠷᠲᠠᠯ︾ ᠢ ᠢᠮᠠᠭᠳᠠ | ᠴᠡᠭᠴᠡᠯᠡᠨ ᠵᠠᠰᠠᠵᠤ᠂ ᠵᠠᠰᠠᠭ ᠤᠨ ᠰᠤᠷᠳᠠᠯ ᠠᠵᠢᠯ ᠤᠨ ᠰᠤᠷᠳᠠᠯ ᠤᠯᠠᠮ ᠨᠢᠭᠡ ᠠᠯᠬᠤᠮ ᠰᠠᠶᠢᠵᠢᠷᠠᠪᠠ᠃ ᠠᠷᠠᠳᠴᠢᠯᠠᠯ ᠲᠥᠪᠯᠡᠷᠡᠯ ᠤᠨ ᠲᠦᠷᠢᠮ ᠢ ᠬᠢᠨᠠᠮᠠᠭᠠᠶ | ᠬᠡᠷᠡᠭᠵᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠬᠠᠮᠲᠤ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠪᠦᠬᠦ ᠵᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ | 28 ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ 94 ᠬᠤᠪᠢ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ 15 ᠬᠤᠪᠢ | ᠶᠢ ᠰᠢᠶᠳᠪᠦᠷᠢᠯᠡᠨ ᠬᠦᠢᠴᠡᠳᠭᠡᠪᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠪᠠ ᠵᠢᠭᠰᠠᠭᠠᠯ ᠤᠨ ᠭᠠᠵᠠᠷ ᠤᠨ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠦᠷᠭᠦᠯᠵᠢᠯᠡᠨ ᠲᠡᠭᠡᠭᠰᠢᠯᠡᠭᠦᠯᠪᠡ᠃ | ᠡᠭᠦᠨ ᠤ ᠬᠠᠮᠲᠤ᠂ ᠬᠢᠨᠠᠨ ᠪᠣᠳᠣᠯᠲᠠ ᠲᠤᠭ᠎ᠠ ᠪᠦᠷᠢᠳᠬᠡᠯ᠂ ᠣᠶᠤᠨ ᠤ ᠪᠣᠯᠪᠠᠰᠤᠨ᠂ ᠭᠠᠳᠠᠭᠠᠳᠤ ᠶᠠᠪᠤᠳᠠᠯ ᠬᠤᠳᠠᠯᠳᠤᠭᠠᠨ ᠤ ᠶᠠᠪᠤᠳᠠᠯ᠂ ᠳᠠᠩᠰᠠ ᠡᠪᠬᠡᠮᠡᠯ | ᠲᠡᠤᠬᠡ ᠣᠶᠢᠯᠠᠯᠭ᠎ᠠ ᠵᠡᠷᠭᠡ ᠡᠯ᠎ᠡ ᠲᠥᠷᠥᠯ ᠤᠨ ᠠᠵᠢᠯ ᠰᠢᠨ᠎ᠡ ᠠᠬᠢᠴᠠ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭᠠᠳᠣ ᠬᠤᠷᠠᠯ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠣᠯᠠᠨ ᠲᠦᠮᠡᠨᠴᠢ | ᠵᠤᠬᠢᠶᠠᠨ ᠪᠠᠶᠢᠭᠤᠯᠤᠯᠳᠠ ᠨᠢ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ | ᠨᠡᠮᠡᠷᠢ ᠦᠵᠡᠭᠦᠯᠪᠡ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠪᠣᠯ ᠪᠦᠬᠦ ᠬᠤᠰᠢᠭᠤ ᠪᠠᠷ ᠢᠶᠠᠨ ᠬᠦᠴᠦ ᠪᠠᠨ ᠬᠠᠮᠳᠣᠳᠬᠠᠨ ᠰᠡᠳᠬᠢᠯ ᠢᠶᠠᠨ ᠨᠢᠭᠡᠳᠬᠡᠵᠣ᠂ ᠢᠳᠡᠪᠬᠢᠲᠡᠢ | ᠠᠵᠢᠯᠯᠠᠭᠰᠠᠨ ᠨᠢᠭᠡ ᠵᠢᠯ ᠪᠣᠯᠤᠨ᠎ᠠ᠃ ᠪᠢᠳᠡ ᠪᠦᠬᠦ ᠲᠠᠯ᠎ᠠ ᠶᠢ ᠡᠵᠡᠮᠳᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠲᠡᠭᠡᠳᠤ ᠬᠡᠮᠵᠢᠶᠠᠨ ᠤ ᠤᠯᠤᠰ ᠲᠦᠷᠦ | ᠶᠢᠨ ᠤᠬᠠᠮᠰᠠᠷ᠂ ᠡᠷᠡᠰ ᠴᠢᠩᠭ᠎ᠠ ᠬᠠᠷᠢᠭᠤᠴᠠᠯᠭ᠎ᠠ ᠶᠢᠨ ᠤᠬᠠᠮᠰᠠᠷ᠂ ᠪᠤᠳᠠᠳᠠᠢ ᠶᠢ ᠡᠷᠬᠢᠮᠯᠡᠬᠦ ᠠᠵᠢᠯ ᠤᠨ ᠰᠤᠷᠳᠠᠯ ᠢᠶᠠᠷ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠲᠣᠭᠤᠷᠢᠨ ᠪᠠᠶᠢᠴᠠᠭᠠᠯᠳᠠ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠳᠠ ᠵᠡᠷᠭᠡ ᠠᠯᠢ ᠤᠯᠠᠨ ᠣᠯᠣᠰ ᠲᠦᠷᠦ ᠶᠢᠨ ᠰᠢᠯᠭᠠᠨ ᠪᠠᠶᠢᠴᠠᠭᠠᠯᠳᠠ ᠶᠢ ᠬᠦᠯᠢᠶᠡᠵᠤ᠂ ᠡᠯ᠎ᠡ ᠲᠦᠷᠦᠯ ᠤᠨ ᠠᠵᠢᠯ ᠤᠨ ᠪᠦᠬᠦ ᠲᠠᠯ᠎ᠠ ᠶᠢᠨ | ᠲᠡᠭᠡᠭᠰᠢᠯᠡᠯᠳᠡ ᠶᠢ ᠬᠦᠴᠦᠳᠠᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠨᠠᠩ ᠥᠷᠭᠡᠨ ᠠᠭᠤᠳᠠᠮ ᠬᠦᠭᠵᠢᠯᠲᠡ ᠶᠢᠨ ᠣᠷᠣᠨ ᠵᠠᠢ ᠪᠣᠯᠤᠨ ᠨᠠᠩ | ᠭᠡᠭᠡᠨ ᠰᠠᠷᠠᠭᠤᠯ ᠬᠦᠭᠵᠢᠯᠳᠡ ᠶᠢᠨ ᠢᠷᠡᠭᠡᠳᠦᠶ ᠶᠢ ᠤᠭᠲᠤᠨ ᠠᠪᠴᠢᠷᠠᠪᠠ᠃ | ᠡᠳᠡᠭᠡᠷ ᠠᠮᠵᠢᠯᠲᠠ ᠶᠢ ᠣᠯᠤᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠭᠠᠨ ᠵᠢᠯᠣᠭᠤᠳᠤᠯᠭ᠎ᠠ ᠶᠢᠨ ᠦᠷ᠎ᠡ ᠳ᠋ᠦᠩ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ | ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠳᠤ ᠪᠤᠳᠤᠯᠭ᠎ᠠ ᠶᠢᠨ ᠦᠷ᠎ᠡ ᠳ᠋ᠦᠩ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠦᠴᠦᠲᠡᠶ ᠬᠢᠨᠠᠯᠲᠠ᠂ ᠪᠦᠬᠦ ᠬᠦᠴᠦᠨ ᠢᠶᠠᠷ ᠢᠶᠠᠨ | ᠳᠡᠮᠵᠢᠭᠰᠡᠨ ᠤ ᠦᠷ᠎ᠡ ᠳ᠋ᠦᠩ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠲᠠ ᠪᠢ ᠬᠤᠰᠢᠭᠤᠨ ᠤ ᠠᠷᠠᠳ ᠤᠨ ᠵᠠᠰᠠᠭ | ᠤᠨ ᠣᠷᠳᠣᠨ ᠤ ᠡᠮᠦᠨ᠎ᠡ ᠠᠴᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠴᠢᠷᠮᠠᠶᠢᠨ ᠠᠵᠢᠯᠯᠠᠵᠤ ᠪᠦᠬᠦ ᠬᠦᠴᠦᠨ ᠢᠶᠠᠷ ᠢᠶᠠᠨ | ᠲᠣᠮᠳᠠᠳᠣ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠭᠡᠳᠤ | ᠬᠦᠨᠳᠦᠳᠬᠡᠯ ᠢᠶᠠᠨ ᠳᠡᠪᠰᠢᠭᠦᠯᠦᠶ᠎ᠡ︕ | ᠬᠦᠭᠵᠢᠯᠳᠡ ᠶᠢ ᠠᠬᠢᠭᠤᠯᠬᠤ ᠶᠠᠪᠤᠴᠠ ᠳᠤ ᠪᠢᠳᠡ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠪᠠᠨ ᠰᠡᠷᠭᠡᠭ ᠢᠶᠠᠷ | ᠲᠠᠨᠢᠵᠤ ᠮᠡᠳᠡᠪᠡ᠂ ᠭᠤᠣᠯᠳᠠᠭᠤ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠪᠦᠲᠦᠴᠡ ᠰᠢᠯᠢᠳᠡᠭᠵᠢᠭᠡᠳᠦᠢ᠂ ᠠᠵᠤ ᠦᠢᠯᠡᠰᠵᠢᠯᠲᠡ᠂ | ᠨᠡᠷᠡᠳᠤ ᠲᠠᠮᠳᠡᠭ ᠤᠨ ᠬᠢᠷᠢ ᠲᠦᠪᠰᠢᠨ ᠥᠨᠳᠥᠷ ᠪᠢᠰᠢ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠪᠠᠰᠠ ᠯᠠ ᠲᠤᠪᠤᠶᠢᠮ᠎ᠠ ᠪᠠᠶᠢᠵᠤ᠂ ᠵᠠᠰᠠᠭ | ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠰᠠ ᠮᠠᠰᠢ ᠬᠠᠲᠠᠭᠤ ᠪᠡᠷᠬᠡ ᠪᠠᠶᠢᠭᠰᠠᠭᠠᠷ︔ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠲᠠ | ᠪᠠ ᠰᠡᠷᠭᠦᠭᠡᠯᠲᠡ ᠶᠢᠨ ᠡᠭᠦᠷᠭᠡ ᠪᠠᠰᠠ ᠬᠦᠨᠳᠦ ᠪᠠᠶᠢᠭᠰᠠᠭᠠᠷ︔ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠳᠤ ᠪᠠᠰᠠ ᠳᠤᠲᠠᠭᠤᠳᠠᠯ ᠣᠷᠣᠰᠢᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠠᠰᠠ ᠳᠡᠭᠡᠭᠰᠢᠯᠡᠭᠦᠯᠬᠦ ᠴᠢᠬᠤᠯᠠᠲᠠᠢ︔ ᠦᠭᠡᠷᠡᠴᠢᠯᠡᠯᠳᠡ ᠶᠢ ᠠᠬᠢᠭᠤᠯᠬᠤ ᠬᠦᠴᠦᠨ ᠢᠶᠠᠷ ᠪᠠᠰᠠ ᠬᠦᠷᠦᠯᠴᠡᠬᠦ | ᠦᠭᠡᠢ ᠪᠠᠶᠢᠵᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ︔ ᠴᠥᠭᠡᠨ ᠲᠣᠭᠠᠨ ᠤ ᠺᠠᠳ᠋ᠷ ᠤᠨ | ᠬᠦᠭᠵᠢᠯᠳᠡ ᠶᠢᠨ ᠲᠤᠯᠭᠠᠮ᠎ᠠ ᠰᠡᠳᠬᠢᠯᠭᠡ᠂ ᠡᠬᠦᠷᠭᠡ ᠬᠠᠷᠢᠭᠤᠴᠠᠯᠭᠠᠳᠤ ᠰᠡᠳᠬᠢᠯᠭᠡ ᠨᠢ ᠪᠠᠰᠠ ᠴᠢᠩᠭ᠎ᠠ ᠦᠭᠡᠢ ᠪᠠᠶᠢᠵᠤ᠂ ᠠᠵᠢᠯ ᠢᠶᠠᠨ ᠲᠥᠰᠦᠪᠯᠡᠬᠦ ᠬᠠᠷᠠᠭ᠎ᠠ ᠨᠢ | ᠥᠷᠭᠡᠨ ᠪᠢᠰᠢ᠂ ᠠᠵᠢᠯ ᠬᠢᠬᠦ ᠳᠡᠭᠡᠨ ᠪᠣᠳᠠᠲᠠᠶ ᠪᠢᠰᠢ ᠨᠠᠷᠢᠨ ᠪᠢᠰᠢ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠲᠠᠢ ᠪᠠᠰᠠ ᠵᠤᠬᠢᠴᠠᠯᠳᠤᠬᠤ ᠦᠭᠡᠢ ᠪᠠᠶᠢᠬᠤ | ᠵᠡᠷᠭᠡ ᠪᠣᠯᠤᠨ᠎ᠠ᠃ ᠡᠭᠦᠨ ᠤ ᠲᠤᠬᠠᠶ ᠪᠢᠳᠡ ᠨᠠᠷᠢᠨ ᠬᠢᠨᠠᠮᠠᠭᠠᠶ ᠰᠤᠳᠤᠯᠵᠤ᠂ ᠪᠦᠬᠦ ᠬᠦᠴᠦ ᠪᠠᠷ ᠢᠶᠠᠨ ᠨᠢᠭᠡᠳ ᠨᠢᠭᠡ ᠪᠠᠷ ᠰᠢᠶᠳᠪᠦᠷᠢᠯᠡᠵᠦ᠂ ᠠᠷᠠᠳ ᠣᠯᠠᠨ ᠤ | ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ︕ | ᠬᠤᠶᠠᠷ᠂ 2020 ᠤᠨ ᠤ ᠠᠵᠢᠯ ᠤᠨ ᠲᠣᠬᠢᠷᠠᠭᠤᠯᠤᠯᠲᠠ | 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠬᠦᠯ ᠬᠤᠷᠢᠶᠠᠬᠤ ᠨᠢᠭᠡ ᠵᠢᠯ ᠪᠠᠶᠢᠵᠣ᠂ ᠮᠥᠨᠴᠦ ᠮᠠᠨ ᠤ ᠬᠤᠰᠢᠭᠤᠨ ᠤ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠨ ᠠᠬᠢᠭᠤᠯᠬᠤ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠲᠡᠤᠬᠡ ᠶᠢᠨ | ᠰᠢᠨ᠎ᠡ ᠭᠠᠷᠤᠭ᠎ᠠ ᠳᠡᠭᠡᠷ᠎ᠡ ᠵᠣᠭᠰᠣᠬᠤᠶᠠ᠂ ᠪᠢᠳᠡ ᠡᠷᠬᠡᠪᠰᠢ ᠢᠳᠡᠪᠬᠢᠲᠡᠢ ᠪᠠᠷ ᠰᠢᠨ᠎ᠡ ᠠᠵᠠ ᠲᠣᠬᠢᠶᠠᠯ ᠢ ᠠᠮᠵᠢᠨ ᠠᠳᠬᠤᠵᠤ᠂ ᠰᠢᠨ᠎ᠡ ᠬᠥᠳᠡᠯᠭᠡᠭᠴᠢ ᠬᠦᠴᠦᠨ ᠢ | ᠴᠢᠷᠮᠠᠶᠢᠨ ᠬᠦᠭᠵᠢᠭᠦᠯᠵᠣ᠂ ᠰᠢᠨ᠎ᠡ ᠳᠠᠪᠠᠭᠤᠯᠢᠭ ᠢ ᠲᠦᠷᠭᠡᠳᠭᠡᠨ ᠪᠦᠷᠢᠯᠳᠦᠭᠦᠯᠵᠦ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠪᠣᠬᠢᠷᠲᠤᠯ ᠦᠭᠡᠢ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠲᠡᠰᠢ ᠤᠷᠤᠭᠰᠢᠯᠠᠨ ᠳᠠᠪᠰᠢᠬᠤ ᠶᠢ ᠬᠦᠴᠦᠯᠡᠨ ᠠᠬᠢᠭᠤᠯᠬᠤ ᠬᠡᠷᠡᠭᠲᠠᠢ᠃ | 2020 ᠤᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠦᠪ ᠬᠤᠷᠢᠶᠠᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠶᠠᠷᠤᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ | ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ | ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ | ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠤᠰᠤᠭᠠᠷ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠳᠠ ᠡᠭᠦᠷᠭᠡ ᠲᠠᠢ | ᠨᠢᠭᠲᠠ ᠣᠶᠠᠯᠳᠣᠭᠤᠯᠵᠣ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠨ ᠰᠢᠨ᠎ᠡ ᠬᠦᠭᠵᠢᠯᠲᠠ ᠶᠢᠨ ᠣᠶᠢᠯᠠᠭᠠᠭᠳᠠᠬᠤᠨ ᠢ ᠪᠠᠷᠢᠮᠳᠠᠯᠠᠵᠣ᠂ ︽ᠪᠠᠬᠢᠵᠢᠭᠦᠯᠬᠦ᠂ ᠴᠢᠩᠭᠠᠳᠬᠠᠬᠤ᠂ ᠳᠡᠭᠡᠭᠰᠢᠯᠡᠭᠦᠯᠬᠦ᠂ | ᠰᠢᠯᠤᠭᠤᠳᠬᠠᠬᠤ︾ ᠴᠢᠭᠯᠡᠯᠳᠠ ᠶᠢ ᠪᠠᠷᠢᠮᠳᠠᠯᠠᠨ᠂ ᠦᠭᠡᠷᠡᠴᠢᠯᠡᠯᠲᠡ ᠬᠢᠵᠣ ᠴᠢᠯᠦᠭᠡᠲᠠᠢ ᠶᠠᠪᠣᠯᠴᠠᠬᠤ ᠪᠠ ᠡᠯ᠎ᠡ ᠬᠦᠷᠢᠶ᠎ᠡ ᠴᠠᠷᠠᠭᠠᠨ ᠤ ᠲᠦᠷᠢᠮ ᠲᠣᠭᠳᠠᠴᠠ ᠶᠢᠨ | ᠰᠢᠨ᠎ᠡ ᠶᠢ ᠡᠭᠦᠳᠬᠦ ᠪᠠᠷ ᠬᠦᠳᠡᠯᠭᠡᠭᠴᠢ ᠬᠦᠴᠦᠨ ᠪᠣᠯᠭᠠᠬᠤ ᠶᠢ ᠪᠠᠷᠢᠮᠳᠠᠯᠠᠨ᠂ ᠨᠡᠮᠡᠭᠳᠡᠯ ᠢ ᠲᠣᠭᠳᠠᠪᠣᠷᠢᠵᠢᠭᠤᠯᠬᠤ᠂ ᠦᠭᠡᠷᠡᠴᠢᠯᠡᠯᠲᠠ ᠶᠢ ᠠᠬᠢᠭᠤᠯᠬᠤ᠂ ᠪᠦᠳᠦᠴᠡ | ᠶᠢ ᠲᠣᠬᠢᠷᠠᠭᠤᠯᠬᠤ᠂ ᠠᠷᠠᠳ ᠤᠨ ᠠᠮᠢᠳᠣᠷᠠᠯ ᠳᠤ ᠠᠰᠢᠭ ᠬᠦᠷᠳᠡᠭᠡᠬᠦ᠂ ᠠᠶᠣᠯ ᠲᠦᠭᠰᠢᠭᠦᠷᠢ ᠶᠢ ᠰᠡᠷᠭᠡᠶᠢᠯᠡᠭᠦ ᠡᠯ᠎ᠡ ᠲᠦᠷᠦᠯ ᠤᠨ ᠠᠵᠢᠯ ᠢ ᠨᠢᠭᠡᠳᠦᠯᠲᠠᠢ | ᠲᠦᠯᠦᠪᠵᠢᠭᠦᠯᠦᠨ ᠠᠬᠢᠭᠤᠯᠵᠣ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠤᠯᠤᠨ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠤᠯᠬᠤ ᠶᠢ ᠪᠠᠳᠤᠯᠠᠨ᠂ ᠪᠣᠬᠢᠷᠲᠤᠯ ᠥᠬᠡᠶ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠦᠵᠡᠰᠬᠦᠯᠡᠩᠲᠦ ᠭᠤᠶᠤ᠂ ᠨᠡᠭᠡᠭᠡᠯᠲᠡ ᠲᠠᠢ᠂ ᠵᠣᠯ | ᠵᠢᠷᠭᠠᠯᠳᠤ᠂ ᠡᠶ᠎ᠡ ᠨᠠᠶᠢᠷᠠᠮᠳᠠᠭᠤ ᠤᠷᠠᠤᠨ ᠤᠨ ᠲᠤᠮᠳᠠᠳᠤ ᠬᠤᠰᠢᠭᠤ ᠶᠢ ᠪᠦᠳᠦᠭᠡᠨ ᠪᠠᠶᠢᠭᠤᠯᠬᠤ ᠬᠠᠷᠠᠯᠲᠠ ᠵᠦᠭ ᠦᠷᠭᠦᠯᠵᠢᠯᠡᠨ ᠤᠷᠤᠭᠰᠢᠯᠠᠨ᠎ᠠ᠃ | ᠵᠢᠱᠢᠭᠰᠡᠨ ᠬᠠᠷᠠᠯᠲᠠ ᠪᠤᠯ ᠄ ᠭᠤᠤᠯ ᠪᠣᠯᠬᠤ ᠠᠵᠤ ᠠᠬᠤᠢ ᠶᠢᠨ ᠭᠦᠶᠴᠡᠳᠬᠡᠯ ᠲᠤᠭᠠᠨ ᠤ ᠨᠡᠮᠡᠭᠳᠡᠯ ᠤᠨ ᠬᠡᠮᠵᠢᠶ᠎ᠡ ᠶᠢ ᠪᠦᠬᠦ ᠬᠤᠲᠠ ᠶᠢᠨ ᠳᠤᠮᠳᠠᠴᠢ | ᠲᠦᠪᠰᠢᠨ ᠠᠴᠠ ᠳᠣᠤᠷ᠎ᠠ ᠪᠠᠶᠢᠯᠭᠠᠬᠤ ᠦᠭᠡᠢ᠂ ᠡᠨᠧᠷᠬᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠲᠦᠷᠦᠯ ᠤᠨ ᠭᠦᠶᠴᠡᠳᠬᠡᠯ ᠲᠤᠭ᠎ᠠ ᠶᠢ ᠬᠢᠵᠠᠭᠠᠷᠯᠠᠬᠦ | ᠬᠡᠪᠴᠢᠶᠡᠨ ᠳᠣᠲᠣᠷ᠎ᠠ ᠴᠢᠩᠭ᠎ᠠ ᠡᠵᠡᠮᠳᠡᠨ᠎ᠡ᠃ | ᠳᠡᠭᠡᠷᠡᠬᠢ ᠬᠠᠷᠠᠯᠲᠠ ᠶᠢ ᠪᠡᠶᠡᠯᠡᠬᠦᠯᠬᠦ ᠶᠢᠨ ᠲᠣᠭᠤᠷᠢᠨ ᠳᠤ᠂ ᠪᠢᠳᠡ ᠠᠷᠪᠠᠨ ᠲᠦᠷᠦᠯ ᠤᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠠ ᠄ | ︵ᠨᠢᠭᠡ︶ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠤᠯᠬᠤ ᠪᠠᠷ ᠬᠦᠴᠦᠯᠡᠨ ᠴᠢᠷᠮᠠᠶᠢᠵᠤ᠂ ᠴᠢᠨᠠᠷ ᠰᠠᠶᠢᠲᠠᠢ | ᠬᠦᠭᠵᠢᠯᠲᠡ ᠶᠢᠨ ᠰᠠᠭᠤᠷᠢ ᠶᠢ ᠪᠠᠳᠤ ᠪᠠᠬᠢᠵᠢᠬᠦᠯᠦᠨ᠎ᠡ | ᠤᠨᠢᠨ ᠲᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠲᠡᠮᠡᠴᠡᠨ ᠤᠯᠤᠨ᠎ᠠ᠃ ︽ᠶᠠᠳᠠᠭᠤ | ᠬᠦᠴᠢᠷᠳᠡᠯᠳᠠᠢ ᠮᠠᠯᠠᠭᠠᠢ︾ ᠪᠠᠨ ᠠᠪᠴᠤ ᠬᠠᠶᠠᠭᠰᠠᠨ ᠴᠦ ᠬᠠᠷᠢᠭᠤᠴᠠᠯᠭ᠎ᠠ ᠪᠠᠨ ᠠᠪᠴᠤ ᠬᠠᠶᠠᠬᠤ ᠦᠬᠡᠢ᠂ ᠲᠦᠷᠦ ᠶᠢᠨ ᠪᠤᠳᠤᠯᠭ᠎ᠠ ᠪᠠᠨ ᠬᠠᠶᠠᠬᠤ ᠦᠬᠡᠢ᠂ | ᠬᠠᠪᠰᠤᠷᠤᠨ ᠲᠡᠳᠬᠦᠬᠦ ᠪᠠᠨ ᠬᠠᠶᠠᠬᠤ ᠦᠬᠡᠢ᠂ ᠬᠢᠨᠠᠯᠲᠠ ᠬᠠᠮᠢᠶᠠᠷᠤᠯᠳᠠ ᠪᠠᠨ ᠬᠠᠶᠠᠬᠤ ᠦᠬᠡᠢ ᠪᠠᠶᠢᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ | ᠪᠤᠭᠤᠮᠲᠠ ᠰᠢᠪᠳᠤᠯᠤᠯᠳᠠ ᠶᠢᠨ ︽ᠪᠤᠴᠠᠵᠤ ᠪᠠᠶᠢᠴᠠᠭᠠᠨ ᠦᠵᠡᠬᠦ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠱᠠᠳᠤᠨ ᠤ ᠲᠣᠭᠤᠷᠢᠨ ᠪᠠᠶᠢᠴᠠᠭᠠᠯᠳᠠ | ᠰᠢᠮᠳᠠᠭᠤᠯᠤᠨ ᠪᠠᠶᠢᠴᠠᠭᠠᠯᠳᠠ ᠬᠢᠨᠠᠨ ᠰᠢᠯᠭᠠᠯᠳᠡ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ | ᠪᠡᠶᠡᠯᠡᠬᠦᠯᠵᠤ᠂ ᠶᠠᠳᠠᠭᠤ ᠬᠦᠴᠢᠷᠳᠡᠯᠳᠠᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠳᠦᠭᠡᠯ ᠢᠶᠠᠨ ᠰᠠᠶᠢᠳᠣᠷ ᠪᠠᠳᠤᠳᠬᠠᠨ᠎ᠠ᠃ ᠶᠠᠳᠠᠭᠤ | ᠬᠦᠴᠢᠷᠳᠡᠯᠳᠠᠢ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠰᠢᠯᠭᠠᠬᠤ ᠠᠵᠢᠯ ᠢ ᠰᠠᠶᠢᠲᠤᠷ ᠬᠢᠵᠦ᠂ ᠲᠤᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠲᠤ ᠬᠤᠭᠤᠴᠠᠭᠠᠨ ᠤ ᠪᠦᠲᠦᠮᠵᠢᠳᠠᠢ ᠲᠣᠭᠲᠠᠴᠠ ᠶᠢ ᠪᠠᠶᠢᠭᠤᠯᠣᠨ᠂ ᠣᠶᠤᠨ ᠤᠬᠠᠭᠠᠨ ᠢᠶᠠᠷ ᠲᠡᠳᠬᠦᠬᠦ ᠪᠠ ᠢᠳᠡᠭᠡᠯ | ᠵᠣᠷᠢᠭ ᠢᠶᠠᠷ ᠲᠡᠳᠬᠦᠬᠦ ᠶᠢ ᠵᠡᠷᠭᠡᠪᠡᠷ ᠠᠤᠠᠬᠤᠵᠤ᠂ ︽ᠴᠢᠰᠦ ᠶᠡᠬᠦᠯᠡᠬᠦ︾ ᠪᠠ ︽ᠴᠢᠰᠦ ᠦᠢᠯᠡᠳᠬᠦ︾ ᠶᠢ ᠬᠠᠷᠢᠯᠴᠠᠨ ᠤᠶᠠᠯᠳᠤᠭᠤᠯᠬᠤ ᠶᠢ ᠲᠤᠪᠤᠶᠢᠯᠭᠠᠨ᠂ ︽ | ᠳᠥᠷᠪᠡ ᠶᠢ ᠲᠣᠭᠲᠠᠭᠠᠵᠤ ᠳᠥᠷᠪᠡ ᠳᠤ ᠲᠤᠬᠢᠷᠠᠭᠤᠯᠬᠤ︾ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠲᠣᠬᠢᠷᠠᠭᠤᠯᠬᠤ ᠪᠠ ᠶᠠᠳᠠᠭᠤ ᠬᠦᠴᠢᠷᠳᠡᠯᠲᠡᠶ | ᠤᠯᠠᠨ ᠨᠡᠶᠢᠳᠡ ᠶᠢᠨ ᠦᠨᠳᠦᠰᠦᠨ ᠵᠦᠶᠯ ᠢ ᠪᠠᠳᠤᠯᠠᠬᠤ ᠠᠵᠢᠯ ᠢ ᠦᠷᠬᠦᠯᠵᠢᠯᠡᠨ ᠥᠷᠨᠢᠭᠦᠯᠵᠦ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ | ᠵᠢᠱᠢᠶ᠎ᠡ ᠦᠵᠡᠬᠦᠯᠦᠨ ᠲᠠᠶᠢᠴᠢᠯᠠᠬᠤ ᠴᠢᠳᠠᠪᠤᠷᠢ ᠶᠢ ᠪᠠᠳᠤᠳᠬᠠᠨ ᠲᠡᠭᠡᠭᠰᠢᠯᠡᠬᠦᠯᠵᠤ᠂ ᠶᠠᠳᠠᠭᠤ ᠬᠦᠴᠢᠷᠳᠡᠯᠳᠠᠢ ᠡᠷᠦᠬᠡ ᠶᠢᠨ ᠠᠰᠢᠭ ᠲᠤᠰᠠ ᠶᠢᠨ ᠬᠤᠯᠪᠤᠯᠴᠠᠭᠠᠨ ᠤ | ᠲᠣᠭᠲᠠᠴᠠ ᠶᠢ ᠲᠡᠭᠦᠯᠳᠡᠷᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠪᠠ ᠠᠵᠤ ᠦᠢᠯᠡᠰ ᠤᠨ ᠬᠥᠭᠵᠢᠯᠲᠡ ᠶᠢ ᠭᠦᠨᠵᠡᠭᠡᠶ | ᠠᠭᠤᠰᠤᠯᠴᠠᠭᠤᠯᠬᠤ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠲᠠᠶᠢᠯᠠᠯᠳᠤᠭᠠᠨ ᠤ ᠬᠠᠷᠠᠯᠳᠠ ᠡᠭᠦᠷᠭᠡ ᠶᠢ ᠬᠤᠭᠤᠴᠠᠭ᠎ᠠ | ᠶᠣᠰᠣᠭᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠬᠦᠨᠳᠦ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠪᠤᠭᠤᠮᠲᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ | ᠡᠷᠡᠰ ᠪᠠᠳᠤ᠂ ᠡᠵᠡᠮᠳᠡᠵᠤ ᠴᠢᠳᠠᠬᠤ᠂ ᠡᠮᠬᠢ ᠵᠢᠷᠤᠮ ᠲᠠᠢ᠂ ᠵᠤᠬᠢᠰᠲᠠᠢ ᠪᠠᠶᠢᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠣᠨ᠂ ᠡᠳ᠋ ᠤᠨ ᠵᠠᠰᠠᠭ ᠤᠨ ᠲᠥᠰᠦᠪ | ᠤᠨ ᠬᠢᠵᠠᠭᠠᠷᠯᠠᠯ ᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠦᠩᠬᠦᠨ ᠤ ᠦᠷ᠎ᠡ ᠪᠦᠲᠦᠮᠵᠢ ᠶᠢᠨ ᠬᠢᠨᠠᠨ ᠦᠨᠡᠯᠡᠯᠳᠡ ᠶᠢ ᠴᠢᠩᠭᠠᠳᠬᠠᠨ᠂ ᠡᠳ᠋ ᠤᠨ ᠵᠠᠰᠠᠭ ᠤᠨ | ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠣ᠂ ᠡᠩ ᠤᠨ ᠴᠢᠨᠠᠷᠲᠠᠶ ᠵᠠᠷᠤᠯᠭ᠎ᠠ ᠶᠢ ᠪᠠᠰᠠ 10% ᠪᠠᠷ ᠪᠠᠭᠠᠰᠬᠠᠬᠤ ᠶᠢ ᠪᠠᠳᠤᠯᠠᠨ᠎ᠠ᠃ ᠵᠠᠰᠠᠭ ᠤᠨ ᠣᠷᠳᠣᠨ ᠤ | ᠪᠡᠯᠡ ᠤᠷᠤᠭᠤᠯᠤᠯᠲᠠ ᠶᠢᠨ ᠠᠵᠢᠯᠯᠠᠭ᠎ᠠ ᠶᠢ ᠴᠢᠩᠭ᠎ᠠ ᠲᠦᠷᠢᠮᠵᠢᠬᠦᠯᠵᠤ᠂ ᠰᠢᠨ᠎ᠡ ᠪᠠᠷ ᠨᠡᠮᠡᠭᠳᠡᠬᠦ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ | ᠵᠦᠢᠯ ᠳᠤ ᠴᠥᠮ ᠥᠷᠢ ᠥᠭᠴᠡᠭᠡ ᠶᠢᠨ ᠠᠶᠤᠯ ᠲᠦᠭᠰᠢᠭᠦᠷᠢ ᠶᠢᠨ ᠦᠨᠡᠯᠡᠨ ᠵᠢᠱᠢᠯᠳᠡ ᠪᠠ ᠬᠠᠤᠯᠢ ᠶᠤᠰᠤᠨ ᠳᠤ ᠨᠡᠶᠢᠴᠡᠬᠦ ᠡᠰᠡᠬᠦ ᠶᠢᠨ ᠬᠢᠨᠠᠨ ᠪᠠᠶᠢᠴᠠᠭᠠᠯᠲᠠ | ᠬᠢᠬᠦ ᠶᠢ ᠬᠡᠷᠡᠭᠵᠢᠭᠦᠯᠦᠨ᠎ᠡ᠃ ᠬᠠᠳᠠᠭᠠᠯᠠᠮᠵᠢ ᠨᠦᠬᠡᠴᠡ ᠪᠦᠬᠦᠢ ᠪᠡᠯᠡ ᠮᠦᠩᠭᠦ ᠡᠳ᠋ ᠬᠦᠷᠦᠩᠭᠡ ᠪᠠᠨ ᠴᠢᠯᠦᠭᠡᠲᠡᠢ ᠪᠣᠯᠭᠠᠨ᠂ ᠰᠢᠯᠢᠳᠡᠭ ᠭᠠᠶᠢᠯᠢ ᠶᠢᠨ ᠢᠷᠡᠯᠲᠡ ᠶᠢ | ᠪᠦᠬᠦ ᠬᠦᠴᠦᠨ ᠢᠶᠠᠷ ᠨᠡᠮᠡᠭᠳᠡᠬᠦᠯᠵᠤ᠂ ᠡᠯ᠎ᠡ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠶᠯ ᠢ ᠢᠳᠡᠪᠬᠢᠲᠡᠶ ᠪᠠᠷ ᠲᠡᠮᠡᠴᠡᠨ ᠣᠯᠵᠤ᠂ ᠤᠯᠠᠨ ᠵᠦᠢᠯ | ᠤᠨ ᠠᠷᠭ᠎ᠠ ᠪᠠᠷᠢᠯ ᠢᠶᠠᠷ ᠦᠷᠢ ᠦᠭᠴᠡᠭᠡ ᠪᠠᠨ ᠲᠦᠯᠦᠬᠦ ᠪᠡᠯᠡ ᠮᠦᠩᠭᠦ ᠶᠢ ᠴᠤᠭᠯᠠᠭᠤᠯᠤᠨ᠂ ᠵᠠᠰᠠᠭ ᠤᠨ ᠤᠷᠳᠤᠨ ᠤ ᠦᠷᠢ ᠦᠭᠴᠡᠭᠡ ᠪᠠᠨ ᠠᠷᠢᠯᠭᠠᠬᠤ ᠣᠨ ᠤ | ᠡᠬᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠦᠨ᠎ᠡ᠃ ᠮᠥᠩᠭᠦᠨ ᠭᠦᠶᠯᠭᠡᠭᠡᠨ ᠤ ᠡᠮᠬᠢ ᠳᠢᠭᠯᠢᠮ ᠢ ᠡᠪᠲᠡᠨ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠳᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠮᠦᠩᠬᠦᠨ ᠬᠦᠢᠯᠭᠡᠭᠡᠨ ᠤ ᠠᠶᠤᠯ ᠲᠦᠭᠰᠢᠭᠦᠷᠢ ᠡᠬᠦᠰᠬᠦ ᠦᠭᠡᠢ ᠪᠠᠶᠢᠬᠤ ᠬᠤᠷᠢᠭ᠎ᠠ | ᠱᠤᠭᠤᠮ ᠢ ᠪᠠᠲᠤ ᠰᠠᠬᠢᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ ᠴᠢᠭᠯᠡᠯ ᠢᠶᠠᠨ ᠬᠤᠪᠢᠷᠠᠭᠤᠯᠬᠤ ᠦᠭᠡᠢ᠂ ᠡᠷᠴᠢᠮ | ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠪᠤᠬᠢᠷᠳᠤᠯ ᠢ ᠤᠨᠢᠨ ᠲᠡᠭᠡᠷ᠎ᠡ ᠨᠢ ᠵᠠᠰᠠᠬᠤ᠂ ᠪᠤᠬᠢᠷᠳᠤᠯ ᠢ ᠰᠢᠨᠵᠢᠯᠡᠬᠦ ᠤᠬᠠᠭᠠᠨᠴᠢ ᠪᠠᠷ ᠵᠠᠰᠠᠬᠤ᠂ | ᠪᠤᠬᠢᠷᠳᠤᠯ ᠢ ᠬᠠᠤᠯᠢ ᠶᠤᠰᠤᠭᠠᠷ ᠵᠠᠰᠠᠬᠤ ᠶᠢ ᠲᠤᠪᠤᠶᠢᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠣᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠤᠳ ᠢ ᠴᠡᠭᠴᠡᠯᠡᠨ ᠵᠠᠰᠠᠬᠤ ᠶᠢ ᠦᠷᠬᠦᠯᠵᠢᠯᠡᠨ ᠭᠦᠨᠵᠡᠭᠡᠶᠢᠷᠡᠬᠦᠯᠵᠤ᠂ | ᠲᠦᠪᠯᠡᠷᠡᠩᠬᠦᠢ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ︽ᠬᠤᠪᠢᠶᠠᠷᠢᠯᠠᠬᠤ᠂ ᠪᠠᠶᠢᠭᠤᠯᠬᠤ᠂ ᠵᠠᠰᠠᠬᠤ︾ ᠠᠵᠢᠯ ᠢ ᠬᠢᠨᠠᠮᠠᠭᠠᠶ ᠰᠠᠶᠢᠲᠤᠷ ᠬᠢᠵᠤ᠂ | ᠭᠤᠤᠯᠳᠠᠯᠭ᠎ᠠ ᠲᠠᠢ ᠠᠵᠢᠯ ᠲᠥᠷᠥᠯ ᠤᠨ ᠪᠤᠬᠢᠷᠳᠤᠯ ᠭᠠᠳᠠᠭᠰᠢᠯᠠᠭᠤᠯᠬᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠣᠭᠤᠰᠣ ᠰᠢᠷᠤᠢ ᠶᠢᠨ ᠵᠠᠰᠠᠯᠲᠠ | ᠵᠢᠴᠢ ᠴᠠᠶᠢᠶ᠋ᠢᠤ ᠲᠤᠰᠤᠨ ᠤ ᠠᠴᠢᠶ᠎ᠠ ᠲᠡᠭᠡᠭᠡᠪᠦᠷᠢ ᠶᠢᠨ ᠮᠠᠰᠢᠨ ᠲᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢ | ᠦᠷᠨᠢᠬᠦᠯᠦᠨ᠎ᠡ᠃ ᠠᠭᠤᠷᠬᠠᠢ ᠶᠢᠨ ᠤᠷᠤᠨ ᠤ ᠣᠷᠴᠢᠨ ᠲᠣᠭᠤᠷᠢᠨ ᠤ ᠶᠡᠷᠦᠩᠭᠡᠶᠢᠯᠡᠨ ᠵᠠᠰᠠᠯᠳᠠ ᠶᠢ ᠲᠤᠭᠲᠠᠭᠤᠨ ᠢᠶᠠᠷ ᠲᠦᠯᠬᠢᠨ ᠠᠬᠢᠭᠤᠯᠵᠤ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠦᠷᠨᠢᠬᠦᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠨ᠂ ᠤᠷᠴᠢᠨ ᠲᠤᠭᠤᠷᠢᠨ ᠤ ᠬᠠᠣᠯᠢ ᠶᠢ ᠵᠦᠷᠢᠴᠡᠭᠰᠡᠨ ᠶᠠᠯᠠᠳᠣ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠵᠤ᠂ ᠤᠷᠠᠳ ᠤᠨ ᠲᠤᠮᠳᠠᠳᠤ | ᠬᠤᠰᠢᠭᠤᠨ ᠤ ᠲᠠᠯ᠎ᠠ ᠨᠤᠳᠤᠭ ᠤᠨ ᠬᠦᠬᠡ ᠤᠭᠳᠠᠷᠭᠤᠢ᠂ ᠴᠡᠩᠭᠡᠷ ᠤᠰᠤ᠂ ᠠᠷᠢᠭᠤᠨ ᠬᠦᠷᠦᠰᠦ ᠶᠢ ᠰᠠᠶᠢᠳᠤᠷ ᠬᠠᠮᠠᠭᠠᠯᠠᠨ᠎ᠠ᠃ | ︵ᠬᠤᠶᠠᠷ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠴᠢᠨᠠᠷ ᠰᠠᠶᠢᠳᠠᠢ ᠬᠦᠭᠵᠢᠯᠲᠡ ᠶᠢᠨ ᠰᠠᠭᠤᠷᠢ ᠪᠠᠨ | ᠪᠠᠳᠤᠳᠬᠠᠨ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠳᠠᠪᠤᠷᠢᠵᠢᠭᠤᠯᠵᠤ ᠂ ︽ᠬᠦᠭᠡᠮᠳᠤᠭ᠌ | ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠮᠦᠨ︾ ᠬᠡᠬᠦ ᠤᠶᠢᠯᠠᠭᠠᠭᠳᠠᠬᠤᠨ ᠢ ᠨᠠᠷᠢᠨ ᠬᠢᠨᠠᠮᠠᠭᠠᠢ ᠦᠢᠯᠡᠳᠦᠯᠭᠡᠵᠢᠬᠦᠯᠵᠤ᠂ ᠠᠭᠤᠯᠠ | ᠤᠰᠤ ᠣᠢ ᠰᠢᠭᠤᠢ ᠭᠠᠵᠠᠷ ᠲᠠᠷᠢᠶ᠎ᠠ ᠨᠠᠭᠤᠷ ᠴᠦᠬᠦᠷᠤᠮ ᠡᠪᠡᠰᠤ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢᠨ ᠲᠤᠭᠤᠷᠢᠨ ᠳᠤ᠂ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠬᠦᠭᠡᠬᠦ ᠶᠢ ᠨᠢᠭᠡᠳᠦᠯᠲᠠᠢ ᠲᠦᠯᠦᠪᠯᠡᠨ ᠵᠡᠷᠭᠡᠪᠡᠷ ᠠᠬᠢᠭᠤᠯᠤᠨ᠎ᠠ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠥᠷᠨᠢᠭᠦᠯᠵᠦ᠂ 2 ᠡᠷᠦᠬᠡ ᠪᠤᠬᠢᠷᠳᠤᠯ ᠦᠬᠡᠢ ᠠᠭᠤᠷᠬᠠᠢ ᠶᠢ ᠨᠡᠮᠡᠨ ᠪᠠᠶᠢᠭᠤᠯᠤᠨ᠎ᠠ᠃ ︽ᠭᠤᠷᠪᠠᠨ ᠲᠤᠭᠤᠷᠢᠭ ᠬᠤᠶᠠᠷ ᠱᠤᠭᠤᠮ︾ ᠤᠨ | ᠠᠭᠤᠷᠬᠠᠢ ᠶᠢᠨ ᠤᠷᠤᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠤ᠂ ᠦᠯᠡᠳᠡᠭᠳᠡᠯ | ᠠᠭᠤᠷᠬᠠᠢ ᠶᠢᠨ ᠡᠬᠢ ᠰᠤᠷᠪᠤᠯᠵᠢ ᠶᠢ ᠡᠭᠡᠬᠦᠯᠵᠤ ᠦᠨᠳᠦᠷ ᠪᠦᠳᠦᠮᠵᠢᠳᠠᠢ ᠶᠡᠷᠦᠩᠭᠡᠶᠢᠯᠡᠨ ᠠᠰᠢᠭᠯᠠᠬᠤ ᠶᠢ ᠬᠠᠶᠢᠨ ᠰᠦᠪᠡᠭᠴᠢᠯᠡᠵᠤ᠂ ᠪᠦᠷᠢᠨ ᠬᠦᠢᠴᠡᠳ ᠰᠠᠶᠢᠳᠣᠷ | ᠠᠰᠢᠭᠯᠠᠬᠤ ᠶᠢ ᠴᠢᠷᠮᠠᠶᠢᠨ ᠪᠡᠶᠡᠯᠡᠬᠦᠯᠦᠨ᠎ᠡ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢᠨ ᠠᠵᠢᠯ ᠢ ᠪᠦᠬᠦ ᠲᠠᠯ᠎ᠠ ᠪᠠᠷ | ᠪᠡᠶᠡᠯᠡᠬᠦᠯᠦᠨ᠎ᠡ᠃ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠵᠢᠴᠢ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ | ᠲᠤᠷᠰᠢᠯᠲᠠ ᠶᠢᠨ ᠰᠢᠶᠠᠨ ᠤ ᠲᠦᠷᠦᠯ ᠵᠦᠢᠯ ᠢ ᠲᠡᠮᠡᠴᠡᠨ ᠤᠯᠵᠤ ᠭᠡᠷᠡᠭᠵᠢᠬᠦᠯᠦᠨ᠎ᠡ᠃ ᠠᠵᠤ ᠠᠬᠤᠢ ᠶᠢᠨ ᠤᠢ ᠰᠢᠭᠤᠢ ᠶᠢᠨ ᠲᠠᠷᠢᠵᠤ ᠤᠷᠭᠤᠭᠤᠯᠬᠤ ᠬᠡᠪᠴᠢᠶ᠎ᠡ | ᠶᠢ ᠪᠠᠳᠤᠳᠬᠠᠨ ᠦᠷᠭᠡᠳᠬᠡᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢᠯᠢᠭ ᠣᠢ ᠰᠢᠭᠤᠶ ᠶᠢᠨ ᠬᠠᠮᠠᠭᠠᠯᠠᠯᠲᠠ ᠵᠡᠷᠭᠡ ᠣᠢ | ᠰᠢᠭᠤᠶ ᠶᠢᠨ ᠦᠢᠯᠡᠰ ᠤᠨ ᠭᠤᠤᠯᠳᠠᠯᠭ᠎ᠠ ᠲᠠᠢ ᠢᠨᠵᠧᠨᠧᠷᠢᠩ 8 ᠲᠦᠮᠡᠨ ᠮᠤ᠋ ᠶᠢ ᠪᠡᠶᠡᠯᠡᠭᠦᠯᠦᠨ᠎ᠡ᠃ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠲᠠᠷᠬᠠᠮᠠᠯ | ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠢᠯᠵᠢᠮᠠᠭ ᠬᠦᠴᠢᠯ ᠤᠨ ᠰᠦᠯᠢᠶᠣᠣ ᠪᠦᠷᠬᠦᠪᠴᠢ᠂ ᠪᠦᠷᠬᠦᠪᠴᠢ ᠦᠭᠡᠢ ᠲᠠᠷᠢᠮᠠᠯ | ᠵᠡᠷᠭᠡ ᠮᠡᠷᠭᠡᠵᠢᠯ ᠠᠷᠭ᠎ᠠ ᠪᠠᠷᠢᠯ ᠢ ᠰᠢᠨ᠎ᠡ ᠪᠠᠷ ᠡᠬᠦᠳᠴᠤ ᠲᠦᠭᠡᠮᠡᠯᠵᠢᠬᠦᠯᠤᠨ᠂ ᠲᠦᠮᠡᠨ ᠮᠤ᠋ ᠶᠢᠨ ︽ᠳᠥᠷᠪᠡ ᠶᠢ ᠬᠢᠵᠠᠭᠠᠷᠯᠠᠬᠤ︾ ᠵᠢᠱᠢᠶ᠎ᠡ ᠦᠵᠡᠬᠦᠯᠬᠦ | ᠬᠦᠷᠢᠶᠡᠯᠡᠩ ᠲᠤᠭᠤᠷᠢᠭ 14 ᠶᠢ ᠰᠢᠨ᠎ᠡ ᠪᠠᠷ ᠨᠠᠮᠠᠨ ᠪᠠᠶᠢᠭᠤᠯᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ 105 ᠲᠦᠮᠡᠨ ᠮᠤ᠋ ᠲᠠᠷᠢᠶᠠᠨ ᠭᠠᠵᠠᠷ ᠢ ︽ | ᠳᠥᠷᠪᠡ ᠶᠢ ᠬᠢᠵᠠᠭᠠᠷᠯᠠᠬᠤ︾ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠭᠤᠣᠯ ᠤᠨ ᠲᠠᠷᠤᠭ᠎ᠠ ᠨᠠᠭᠤᠷ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠣᠨ᠂ ᠭᠤᠣᠯ ᠨᠠᠭᠤᠷ ᠭᠤᠤ ᠰᠤᠪᠠᠭ ᠤᠨ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠣᠨ᠎ᠠ᠃ ᠦᠵᠡᠰᠬᠦᠯᠡᠩᠲᠦ ᠰᠠᠶᠢᠬᠠᠨ ᠨᠤᠲᠤᠭ ᠪᠡᠯᠴᠢᠭᠡᠷ | ᠢᠶᠠᠨ ᠰᠠᠬᠢᠨ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠤ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ | ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠣ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠪᠡᠯᠴᠢᠭᠡᠷ ᠮᠠᠯ ᠢ ᠲᠡᠩᠴᠡᠬᠦᠷᠢᠳᠠᠢ | ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠡᠯᠬᠦᠨ ᠮᠠᠯᠵᠢᠬᠤ ᠪᠠ ᠤᠷᠤᠨ ᠬᠤᠪᠢᠶᠠᠵᠤ ᠡᠬᠡᠯᠵᠢᠯᠡᠨ ᠮᠠᠯᠵᠢᠬᠤ ᠶᠢ ᠢᠳᠡᠪᠬᠢᠳᠡᠢ ᠲᠦᠯᠬᠢᠨ | ᠠᠬᠢᠭᠤᠯᠵᠤ᠂ 39.6 ᠲᠦᠮᠡᠨ ᠮᠤ᠋ ᠮᠠᠭᠤᠳᠠᠵᠤ ᠪᠠᠶᠢᠭ᠎ᠠ ᠨᠤᠳᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ | ᠵᠦᠶᠯ ᠢ ᠬᠡᠷᠡᠭᠵᠢᠭᠦᠯᠦᠨ᠂ ᠨᠤᠳᠤᠭ ᠪᠡᠯᠴᠢᠭᠡᠷ ᠢᠶᠠᠨ ᠰᠡᠯᠭᠦᠨ ᠠᠮᠠᠷᠠᠭᠠᠵᠣ᠂ ᠦᠩᠰᠢᠭᠦᠯᠦᠨ ᠰᠡᠷᠭᠦᠭᠡᠵᠣ᠂ ᠨᠠᠮ ᠰᠡᠯᠡᠭᠦᠨ᠂ ᠡᠶ᠎ᠡ ᠵᠤᠬᠢᠴᠠᠯ ᠲᠠᠢ᠂ | ᠦᠵᠡᠰᠬᠦᠯᠡᠩᠲᠦ ᠰᠠᠶᠢᠬᠠᠨ ᠪᠠᠶᠢᠯᠭᠠᠨ᠎ᠠ᠃ | ︵ᠭᠤᠷᠪᠠ︶ ᠰᠢᠨ᠎ᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦᠯᠡᠨ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠭᠦᠷ ᠢ | ᠡᠬᠦᠳᠤᠨ᠎ᠡ | ᠲᠥᠷᠥᠯ ᠵᠦᠢᠯ ᠢ ᠦᠭᠡᠷᠡᠴᠢᠯᠡᠨ ᠬᠠᠳᠠᠭᠠᠯᠠᠬᠤ ᠪᠠ ᠪᠠᠶᠢᠭᠤᠯᠬᠤ ᠶᠢ ᠯᠠᠪᠳᠠᠭᠤᠨ ᠰᠠᠶᠢᠨ ᠬᠢᠨ᠎ᠡ᠃ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ | ᠰᠠᠭᠤᠷᠢᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ | ᠳᠣᠪᠤᠶᠢᠯᠭᠠᠵᠤ᠂ ᠦᠨᠡᠨ ᠠᠴᠠ ᠵᠥᠪ ᠢ ᠡᠷᠢᠨ᠂ ᠵᠢᠮ᠎ᠡ ᠬᠠᠤᠯᠢ ᠶᠢ ᠵᠢᠷᠤᠮᠯᠠᠨ᠂ ᠠᠯᠤᠰ ᠬᠡᠲᠦ ᠶᠢ ᠪᠣᠳᠣᠯᠬᠢᠯᠠᠨ᠂ ᠰᠡᠳᠬᠢᠯ ᠲᠠᠯᠪᠢᠨ ᠵᠣᠬᠢᠶᠠᠨ ᠪᠠᠶᠢᠭᠤᠯᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ ᠵᠤᠬᠢᠶᠠᠨ᠎ᠠ᠃ ᠲᠥᠷᠥᠯ ᠵᠦᠶᠯ ᠤᠨ ᠬᠥᠮᠥᠷᠭᠡ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠤᠤᠯᠳᠠᠭᠤ ᠠᠮᠢ ᠠᠬᠤᠢ ᠣᠷᠴᠢᠨ ᠲᠣᠭᠤᠷᠢᠨ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠤᠭᠤᠯᠬᠤ᠂ ᠤᠳᠤ ᠦᠶ᠎ᠡ ᠶᠢᠨ ᠡᠨᠧᠷᠭᠢ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠴᠢᠨᠠᠷ ᠰᠠᠶᠢᠲᠠᠶ ᠬᠥᠭᠵᠢᠯᠲᠡ ᠶᠢᠨ | ᠲᠥᠷᠥᠯ ᠵᠦᠶᠯ ᠢ ᠲᠥᠰᠦᠪᠯᠡᠨ ᠬᠠᠳᠠᠭᠠᠯᠠᠨ᠎ᠠ᠃ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠳᠤᠷ ᠡᠵᠡᠮᠰᠢᠨ ᠬᠡᠷᠡᠭᠵᠢᠬᠦᠯᠵᠤ᠂ ᠬᠠᠷᠢᠯᠴᠠᠨ ᠵᠤᠯᠭᠠᠭᠤᠯᠵᠤ | ᠠᠪᠴᠠᠯᠳᠤᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ | ᠲᠥᠷᠥᠯ ᠵᠦᠶᠯ ᠤᠨ ᠬᠦᠮᠦᠷᠭᠡ ᠶᠢᠨ ᠨᠦᠭᠡᠴᠡᠯᠡᠬᠦ ᠴᠢᠨᠠᠷ ᠴᠢᠨᠰᠠᠭ᠎ᠠ ᠪᠠ ᠪᠤᠯᠪᠠᠰᠤᠷᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠨᠠᠩ ᠣᠯᠠᠨ ᠲᠥᠷᠥᠯ ᠵᠦᠶᠯ ᠢ ᠲᠡᠭᠡᠳᠦ | ᠱᠠᠲᠤᠨ ᠤ ᠲᠥᠯᠥᠪᠵᠢᠭᠦᠯᠭᠡ ᠳᠤ ᠣᠷᠣᠭᠤᠯᠬᠤ ᠪᠠᠷ ᠲᠡᠮᠡᠴᠡᠨ ᠴᠢᠷᠮᠠᠶᠢᠨ᠎ᠠ᠃ ᠰᠢᠨ᠎ᠡ ᠪᠠᠷ ᠪᠠᠶᠢᠭᠤᠯᠬᠤ ᠲᠥᠷᠥᠯ ᠵᠦᠶᠯ ᠤᠨ ᠦᠶᠯᠡᠴᠢᠯᠡᠭᠡᠨ ᠤ ᠪᠠᠲᠤᠯᠠᠭ᠎ᠠ ᠶᠢ | ᠴᠢᠩᠭᠠᠳᠬᠠᠵᠤ᠂ ᠪᠦᠬᠦ ᠵᠢᠯ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠶᠯ 41 ᠵᠦᠢᠯ ᠢ ᠬᠡᠷᠡᠭᠵᠢᠭᠦᠯᠤᠨ᠂ 32 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ ᠪᠠᠷ ᠲᠦᠯᠦᠪᠯᠡᠵᠤ ᠪᠠᠶᠢᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠠᠵᠤ ᠦᠢᠯᠡᠰ ᠤᠨ ᠲᠥᠷᠦ ᠶᠢᠨ ᠪᠣᠳᠣᠯᠭ᠎ᠠ ᠪᠠ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠰᠠᠶᠢᠳᠤᠷ ᠠᠩᠬᠠᠷᠴᠤ᠂ ᠠᠵᠤ ᠦᠢᠯᠡᠰ ᠤᠨ | ᠰᠠᠭᠤᠷᠢ ᠪᠠ ᠡᠬᠢ ᠪᠠᠶᠠᠯᠢᠭ ᠤᠨ ᠲᠠᠪᠠᠭᠤᠯᠢᠭ ᠲᠤ ᠪᠠᠨ ᠲᠦᠰᠢᠭᠯᠡᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠳᠠ ᠵᠡᠷᠬᠡ ᠬᠦᠷᠢᠶ᠎ᠡ ᠴᠠᠷᠠᠭᠠᠨ ᠳᠤ ᠲᠦᠪᠯᠡᠷᠡᠬᠦᠯᠵᠤ᠂ ︽ᠬᠤᠶᠠᠷ ᠵᠢᠷᠤᠭ ᠨᠢᠭᠡ ᠲᠦᠰᠦᠯ︾ ᠢ ᠨᠠᠷᠢᠨ ᠤᠨᠤᠪᠴᠢᠲᠠᠢ ᠲᠤᠭᠲᠠᠭᠠᠨ᠂ ᠪᠦᠬᠦ ᠲᠠᠯ᠎ᠠ ᠪᠠᠷ᠂ | ᠣᠯᠠᠨ ᠶᠠᠩᠵᠤ ᠶᠢᠨ ᠠᠷᠭ᠎ᠠ ᠠᠪᠴᠤ᠂ ᠲᠥᠷᠥᠯ ᠵᠦᠢᠯ ᠢ ᠲᠠᠨᠢᠯᠴᠠᠭᠤᠯᠬᠤ ᠪᠠ ᠣᠨᠣᠪᠴᠢᠲᠠᠢ ᠪᠠᠷ ᠠᠷᠠᠯᠵᠢᠶᠠᠴᠢᠨ ᠤᠷᠢᠬᠤ ᠶᠢ ᠦᠷᠨᠢᠬᠦᠯᠦᠨ᠎ᠡ᠃ ᠠᠷᠠᠯᠵᠢᠶᠠᠴᠢᠨ | ᠢᠶᠠᠷ ᠠᠷᠠᠯᠵᠢᠶᠠᠴᠢᠨ ᠢ ᠤᠷᠢᠬᠤ᠂ ᠠᠵᠤ ᠦᠢᠯᠡᠰ ᠤᠨ ᠭᠡᠯᠬᠢᠶᠡᠵᠢᠯ ᠢᠶᠠᠷ ᠠᠷᠠᠯᠵᠢᠶᠠᠴᠢᠨ ᠤᠷᠢᠬᠤ ᠶᠢ ᠵᠣᠷᠢᠭᠵᠢᠭᠤᠯᠵᠤ᠂ ᠢ ᠪᠥᠸᠧ ᠰᠾᠢ ᠲᠧ ᠰᠠᠭᠠᠯᠢ ᠶᠢᠨ | ᠢᠮᠠᠭᠠᠨ ᠤ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠲᠧ ᠯᠢ ᠡᠯ ᠨᠡᠭᠦᠷᠡᠰᠦ ᠤᠬᠢᠶᠠᠬᠤ ᠥᠨᠳᠥᠷ ᠪᠦᠲᠦᠮᠵᠢᠳᠤ ᠠᠰᠢᠭᠯᠠᠯᠳᠠ ᠵᠡᠷᠭᠡ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠨᠢᠭᠳᠠ ᠠᠩᠬᠠᠷᠴᠤ᠂ ᠴᠢᠯᠠᠭᠤᠨ ᠮᠠᠲ᠋ᠧᠷᠢᠶᠠᠯ ᠤᠨ ᠪᠣᠯᠪᠠᠰᠤᠷᠠᠭᠤᠯᠤᠯᠲᠠ ᠶᠢᠨ ᠲᠣᠭᠤᠷᠢᠭ᠂ ᠬᠤᠸᠠᠨ ᠴᠣᠸᠠᠩ ᠬᠠᠶᠠᠭᠳᠠᠮᠠᠯ | ᠬᠠᠭᠤᠴᠢᠨ ᠲᠡᠷᠭᠡᠨ ᠪᠤᠯᠤ ᠶᠢ ᠶᠡᠷᠦᠩᠭᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ ᠲᠦᠷᠭᠡᠳᠭᠡᠨ ᠠᠬᠢᠭᠤᠯᠵᠤ᠂ ᠪᠦᠬᠦ ᠵᠢᠯ ᠳᠤ 24 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠲᠡᠮᠡᠴᠡᠨ ᠤᠯᠵᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠭᠦᠷ ᠢ ᠴᠢᠩᠭᠠᠳᠬᠠᠨ᠎ᠠ᠃ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠳᠤᠮᠳᠠᠳᠤ ᠤᠯᠤᠰ ᠤᠨ ᠣᠩᠭᠤᠴᠠᠨ ᠤ ᠬᠦᠨᠳᠦ ᠠᠵᠤ ᠦᠶᠯᠡᠳᠪᠦᠷᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯᠤᠨ ᠰᠢᠨᠵᠢᠯᠡᠭᠡ | ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠰᠢᠨ᠎ᠡ ᠶᠢ ᠡᠭᠦᠳᠬᠦ ᠭᠤᠤᠯ | ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠨ᠂ ᠠᠵᠤ ᠠᠬᠤᠶᠢᠯᠠᠯ ᠤᠨ ᠤᠷ᠎ᠠ ᠮᠡᠷᠭᠡᠵᠢᠯ ᠤᠨ ᠥᠭᠡᠷᠡᠴᠢᠯᠡᠯᠲᠡ᠂ ᠡᠨᠧᠷᠭᠢ ᠠᠷᠪᠢᠯᠠᠨ ᠣᠷᠴᠢᠨ ᠲᠣᠭᠤᠷᠢᠨ ᠢ | ᠬᠠᠮᠠᠭᠠᠯᠠᠬᠤ ᠵᠡᠷᠭᠡ ᠲᠠᠯ᠎ᠠ ᠶᠢᠨ ᠪᠡᠯᠡ ᠣᠷᠣᠭᠤᠯᠤᠯᠳᠠ ᠪᠠᠨ ᠶᠡᠭᠡᠰᠭᠡᠬᠦ ᠶᠢ ᠵᠣᠷᠢᠭᠵᠢᠭᠤᠯᠵᠤ᠂ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠬᠡᠷᠡᠭᠯᠡᠭᠡᠨ ᠢ | ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠪᠠᠭ᠎ᠠ ᠬᠦᠷᠢᠶᠡᠯᠡᠩ 5᠂ ᠳ᠋ᠤᠺᠲ᠋ᠤᠷ ᠤᠨ ᠠᠵᠢᠯᠯᠠᠬᠤ ᠥᠷᠲᠡᠭᠡ 2 ᠪᠠ | ᠥᠪᠡᠷᠲᠡᠭᠡᠨ ᠵᠠᠰᠠᠬᠤ ᠣᠷᠣᠨ ᠤ ᠲᠡᠰ ᠤᠨ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠳᠡ ᠪᠠᠷ ᠢᠶᠠᠨ ᠰᠢᠨ᠎ᠡ ᠶᠢ ᠡᠭᠦᠳᠬᠦ ᠣᠷᠣᠨ ᠵᠠᠶ 1 ᠶᠢ ᠴᠢᠷᠮᠠᠶᠢᠨ | ᠪᠠᠶᠢᠭᠤᠯᠤᠨ᠎ᠠ᠃ ᠤᠶᠤᠨᠴᠢ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠯᠦᠪᠵᠢᠬᠦᠯᠭᠡ ᠶᠢ ᠡᠬᠢᠯᠡᠬᠦᠯᠦᠨ ᠨᠠᠶᠢᠷᠠᠭᠤᠯᠤᠨ ᠵᠤᠬᠢᠶᠠᠵᠤ᠂ ᠰᠤᠷᠠᠭ ᠵᠠᠩᠬᠢᠴᠢᠯᠠᠯᠲᠠ | ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠲᠠ ᠶᠢ ᠲᠤᠭᠲᠠᠭᠤᠨ ᠢᠶᠠᠷ ᠲᠦᠯᠬᠢᠨ ᠠᠬᠢᠭᠤᠯᠵᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠶᠢᠨ ᠮᠡᠷᠭᠡᠵᠢᠯ ᠢᠶᠠᠷ | ᠤᠯᠠᠮᠵᠢᠯᠠᠯᠲᠤ ᠠᠵᠤ ᠦᠶᠯᠡᠰ ᠲᠤ ᠡᠨᠧᠷᠭᠢ ᠤᠯᠭᠤᠬᠤ ᠶᠢ ᠲᠦᠷᠭᠡᠳᠭᠡᠨ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠲᠦᠯᠬᠢᠨ | ᠠᠬᠢᠭᠤᠯᠤᠨ᠎ᠠ᠃ | ︽ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠲᠡᠪᠰᠢᠬᠦᠯᠬᠦ ᠱᠠᠭᠠᠷᠳᠠᠯᠭ᠎ᠠ ᠶᠢᠨ ᠲᠣᠭᠤᠷᠢᠨ ᠳᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠶᠡᠭᠡᠪᠡᠷ ᠤᠷᠢᠨ ᠣᠷᠣᠭᠤᠯᠬᠤ ᠪᠠ | ᠬᠥᠮᠦᠵᠢᠭᠦᠯᠵᠦ᠂ ᠰᠢᠨ᠎ᠡ ᠶᠢ ᠡᠬᠦᠳᠬᠦ ᠬᠦᠳᠡᠯᠭᠡᠬᠦᠷ ᠲᠤ ᠤᠶᠤᠨ ᠤᠬᠠᠭᠠᠨ ᠤ ᠪᠠᠳᠤᠯᠠᠭ᠎ᠠ ᠬᠠᠩᠭᠠᠨ᠎ᠠ᠃ | ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠦᠴᠦᠯᠡᠨ ᠬᠡᠷᠡᠭᠵᠢᠬᠦᠯᠵᠤ᠂ ᠴᠢᠨᠠᠷ ᠰᠠᠶᠢᠲᠠᠢ | ᠬᠥᠭᠵᠢᠯᠲᠡ ᠶᠢᠨ ᠲᠠᠯᠳᠠ ᠬᠦᠴᠦᠨ ᠢ ᠢᠯᠡᠷᠡᠬᠦᠯᠦᠨ᠎ᠡ | ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠲᠠ ᠶᠢᠨ ᠶᠠᠪᠤᠴᠠ ᠶᠢ ᠲᠦᠷᠭᠡᠳᠭᠡᠨ ᠠᠬᠢᠭᠤᠯᠤᠨ᠎ᠠ ᠃ ᠶᠠᠰᠤ ᠴᠢᠨᠠᠷ ᠢᠶᠠᠷ ᠲᠠᠷᠢᠶᠠᠯᠠᠩ ᠮᠠᠯ ᠠᠵᠤ | ᠠᠬᠤᠶ ᠶᠢ ᠬᠦᠴᠦᠷᠭᠡᠭᠵᠢᠬᠦᠯᠬᠦ᠂ ᠨᠡᠷᠡᠳᠤ ᠲᠡᠮᠳᠡᠭ ᠢᠶᠠᠷ ᠲᠠᠷᠢᠶᠠᠯᠠᠩ ᠮᠠᠯ ᠠᠵᠤ ᠠᠬᠤᠶ ᠶᠢ ᠬᠦᠭᠵᠢᠬᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ | ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠶᠢ ᠨᠡᠮᠡᠭᠳᠡᠭᠦᠯᠬᠦ ᠪᠠᠷ ᠤᠳᠤᠷᠢᠳᠤᠮᠵᠢ ᠪᠤᠯᠭᠠᠵᠤ ᠪᠠᠶᠢᠭᠰᠠᠨ ᠠᠴᠠ ᠪᠠᠨ ᠶᠠᠰᠤ ᠴᠢᠨᠠᠷ ᠢ ᠳᠡᠭᠡᠭᠰᠢᠯᠡᠭᠦᠯᠬᠦ ᠪᠠᠷ | ᠤᠳᠤᠷᠢᠳᠤᠮᠵᠢ ᠪᠤᠯᠭᠠᠬᠤ ᠶᠢ ᠲᠦᠷᠭᠡᠳᠬᠡᠨ ᠠᠬᠢᠭᠤᠯᠤᠨ᠎ᠠ᠃ ᠪᠦᠬᠦ ᠬᠤᠲᠠ ᠶᠢᠨ ᠠᠮᠤ ᠪᠤᠳᠠᠭ᠎ᠠ ᠲᠤᠰᠤ᠂ ᠮᠢᠬ᠎ᠠ ᠰᠦ ᠨᠤᠤᠰᠤ ᠨᠤᠯᠤᠤᠷ᠂ ᠨᠤᠭᠤᠭ᠎ᠠ ᠵᠢᠮᠢᠰ᠂ | ᠮᠤᠩᠭᠤᠯ ᠬᠢᠳᠠᠳ ᠡᠮ ᠤᠨ ᠮᠠᠲ᠋ᠧᠷᠢᠶᠠᠯ᠂ ᠡᠪᠡᠰᠦ ᠪᠤᠷᠳᠤᠭ᠎ᠠ᠂ ᠠᠮᠢᠳᠤ ᠪᠤᠳᠠᠰ ᠤᠨ ᠮᠠᠰ ᠡᠨᠧᠷᠬᠢ ᠵᠡᠷᠭᠡ ᠵᠢᠷᠭᠤᠭᠠᠨ ᠶᠡᠭᠡ ᠠᠵᠤ ᠦᠢᠯᠡᠰ ᠤᠨ ᠲᠤᠭᠤᠷᠢᠨ ᠳᠤ᠂ | ᠤᠷᠭᠠᠨᠢᠭ ᠪᠤᠭᠤᠳᠠᠢ᠂ ᠯᠤᠬᠠᠱᠧᠩ᠂ ᠤᠯᠠᠭᠠᠨ ᠪᠥᠭᠡᠷᠡᠯᠵᠢᠭᠡᠨ᠎ᠡ ᠵᠡᠷᠭᠡ ᠤᠨᠴᠠᠯᠢᠭᠳᠤ ᠲᠠᠷᠢᠮᠠᠯ ᠢ ᠲᠦᠭᠡᠮᠡᠯᠵᠢᠬᠦᠯᠦᠨ ᠲᠡᠯᠭᠡᠷᠡᠬᠦᠯᠵᠤ᠂ ᠦᠨᠳᠦᠷ ᠪᠠᠷᠢᠮᠵᠢᠶᠠᠳᠦ | ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠬᠦᠯᠬᠦ ᠬᠦᠷᠢᠶᠡᠯᠡᠩ 16 ᠶᠢ ᠪᠠᠶᠢᠭᠤᠯᠵᠤ᠂ ᠨᠢᠭᠡ ᠪᠦᠯᠦᠭ ᠮᠦ ᠪᠦᠷᠢ ᠶᠢᠨ ᠶᠡᠷᠦᠩᠬᠡᠶ ᠪᠦᠳᠦᠭᠡᠭᠳᠡᠬᠦᠨ ᠤ ᠥᠷᠲᠡᠭ ᠨᠢ 2 | ᠲᠦᠮᠡᠨ ᠲᠥᠭᠦᠷᠢᠭ ᠢ ᠲᠠᠪᠠᠭ᠋ᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠬᠤᠶᠠᠷ ᠪᠤᠭᠲᠠ ᠶᠢᠨ ᠴᠠᠭᠠᠨ ᠨᠣᠯᠤᠤᠷ ᠤᠨ ᠢᠮᠠᠭᠠᠨ ᠤ ᠰᠤᠳᠤᠯᠤᠨ | ᠨᠡᠭᠡᠭᠡᠬᠦ ᠲᠥᠪ᠂ ᠨᠣᠤᠰᠣ ᠨᠤᠯᠤᠤᠷ ᠢ ᠬᠤᠷᠢᠶᠠᠨ ᠬᠠᠳᠠᠭᠠᠯᠠᠵᠤ ᠠᠷᠠᠯᠵᠢᠶᠠᠯᠠᠬᠤ ᠰᠤᠯᠢᠯᠴᠠᠭᠠᠨ ᠤ ᠲᠥᠪ ᠪᠠ ᠴᠡᠭᠡ ᠨᠡᠷᠡᠬᠦ ᠦᠢᠯᠡᠳᠪᠦᠷᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠦᠬᠡᠷ᠂ ᠢᠳᠡᠰᠢᠨ ᠤ ᠡᠯᠵᠢᠭᠡ ᠵᠡᠷᠭᠡ ᠤᠨᠴᠠᠯᠢᠭᠳᠤ ᠠᠵᠤ ᠦᠢᠯᠡᠰ ᠢ ᠬᠦᠭᠵᠢᠬᠦᠯᠦᠨ ᠪᠤᠵᠠᠭᠠᠶᠢᠷᠠᠭᠤᠯᠵᠤ᠂ | ᠪᠠᠷᠢᠮᠵᠢᠶᠠᠵᠢᠭᠰᠡᠨ ᠲᠡᠵᠢᠬᠡᠨ ᠦᠷᠡᠵᠢᠬᠦᠯᠬᠦ ᠲᠤᠭᠤᠷᠢᠭ 12 ᠢ ᠪᠠᠶᠢᠭᠤᠯᠤᠨ᠎ᠠ᠃ ᠮᠦᠶᠠᠩᠬᠠᠢ ᠶᠢᠨ ᠤᠳᠤᠬᠢᠴᠢᠯᠠᠭᠰᠠᠨ ᠲᠠᠷᠢᠶᠠᠯᠠᠩ ᠮᠠᠯ ᠠᠬᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ᠂ ᠠᠵᠤ ᠦᠢᠯᠡᠰ ᠤᠨ ᠭᠡᠯᠬᠢᠶᠡᠵᠢᠯ ᠢᠶᠠᠷ ᠤᠷᠳᠤ᠂ ᠪᠦᠳᠦᠭᠡᠭᠳᠡᠬᠦᠨ ᠤ ᠲᠠᠭᠠᠯᠲᠠ | ᠡᠳ᠋ ᠤᠨ ᠦᠷᠳᠡᠭ ᠢᠶᠠᠷ ᠦᠨᠳᠦᠷ ᠮᠠᠯ ᠲᠠᠷᠢᠶᠠᠯᠠᠩ ᠤᠨ ᠪᠦᠳᠦᠭᠡᠭᠳᠡᠬᠦᠨ ᠢ ᠨᠠᠷᠢᠯᠢᠭ ᠬᠦᠨᠵᠡᠭᠡᠢ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠤᠷᠢᠵᠤ᠂ | ᠠᠵᠣ ᠦᠢᠯᠡᠰ ᠤᠨ ᠬᠦᠷᠢᠶᠡᠯᠡᠩ ᠤᠨ ᠲᠠᠶᠢᠴᠢᠯᠠᠨ ᠲᠠᠭᠠᠭᠤᠯᠬᠤ ᠴᠢᠳᠠᠪᠣᠷᠢ ᠶᠢ ᠲᠡᠭᠡᠭᠰᠢᠯᠡᠬᠦᠯᠦᠨ᠎ᠡ᠃ ᠬᠤᠰᠢᠭᠤᠨ ᠤ ᠬᠦᠷᠢᠶ᠎ᠡ ᠴᠠᠷᠠᠭᠠᠨ ᠤ ᠨᠡᠷᠡᠲᠦ ᠲᠡᠮᠳᠡᠭ ᠪᠠ | ︽ᠲᠡᠭᠷᠢ ᠶᠢᠨ ᠭᠡᠰᠢᠭᠳᠦ ᠪᠣᠷᠣᠲᠣᠬᠤᠶ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠲᠦᠭᠡᠮᠡᠯᠵᠢᠬᠦᠯᠬᠦ ᠬᠦᠴᠦᠯᠡᠴᠡ ᠪᠠᠨ | ᠨᠡᠮᠡᠭᠳᠡᠭᠦᠯᠦᠨ᠂ ︽ᠭᠤᠷᠪᠠᠨ ᠪᠦᠳᠦᠭᠡᠭᠳᠡᠬᠦᠨ ᠨᠢᠭᠡ ᠲᠡᠮᠳᠡᠭ︾ ᠤᠨ ᠪᠦᠲᠦᠭᠡᠭᠳᠡᠬᠦᠨ 16 ᠶᠢ ᠮᠡᠳᠡᠬᠦᠯᠦᠨ ᠭᠤᠶᠤᠴᠢᠯᠠᠵᠤ᠂ 2 ᠠᠵᠤ ᠠᠬᠤᠶᠢᠯᠠᠯ ᠢ ︽ᠲᠡᠭᠷᠢ | ᠶᠢᠨ ᠭᠡᠰᠢᠭᠳᠦ ᠪᠣᠷᠣᠲᠣᠬᠤᠶ︾ ᠶᠢᠨ ᠨᠠᠷᠡᠳᠤ ᠲᠠᠮᠳᠡᠭ ᠤᠨ ᠵᠢᠭᠰᠠᠭᠠᠯᠳᠠ ᠳᠤ ᠣᠷᠣᠭᠤᠯᠬᠤ ᠪᠠᠷ ᠴᠢᠷᠮᠠᠶᠢᠨ᠎ᠠ᠃ ᠤᠯᠤᠰ ᠤᠨ ᠮᠠᠯ ᠲᠠᠷᠢᠶᠠᠯᠠᠩ ᠤᠨ ᠪᠦᠳᠦᠭᠡᠭᠳᠡᠬᠦᠨ | ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠬᠦᠯᠬᠦ ᠬᠤᠰᠢᠭᠤ ᠶᠢ ᠢᠳᠡᠪᠬᠢᠲᠠᠢ ᠪᠠᠷ ᠡᠬᠦᠳᠦᠨ ᠪᠠᠶᠢᠭᠤᠯᠤᠨ᠎ᠠ᠃ ᠭᠠᠴᠠᠭ᠎ᠠ ᠲᠣᠰᠬᠤᠨ ᠤ ᠬᠠᠮᠲᠤ ᠶᠢᠨ | ᠠᠵᠤ ᠠᠬᠤᠶ ᠶᠢᠨ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ ᠶᠢ 5 ᠲᠦᠮᠡᠨ ᠲᠥᠭᠦᠷᠢᠭ ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ | ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠥᠬᠦᠭᠡᠷᠦᠮᠵᠢ ᠶᠢ ᠪᠦᠬᠦ ᠲᠠᠯ᠎ᠠ ᠪᠠᠷ ᠲᠡᠭᠦᠯᠳᠡᠷᠵᠢᠭᠦᠯᠦᠨ᠎ᠡ᠃ 69 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠵᠤ᠂ ᠭᠠᠭᠴᠠᠮᠤᠳᠤ ᠠᠴᠠ ᠬᠠᠯᠢᠭᠤᠳᠤ ᠬᠦᠷᠬᠦ ᠲᠡᠭᠡᠳᠤ ᠬᠤᠷᠳᠤ ᠶᠢᠨ ᠵᠠᠰᠠᠮᠠᠯ ᠵᠠᠮ᠂ ᠤᠯᠤᠰ ᠤᠨ ᠵᠠᠮ 335 ︵ᠵᠡᠬᠦᠨᠳᠡᠬᠢ ᠬᠡᠰᠡᠭ︶᠂ ᠮᠤᠵᠢ ᠶᠢᠨ | ᠵᠠᠮ 215 ᠶᠢᠨ ᠲᠦᠷᠦᠯ ᠵᠦᠢᠯ ᠢ ᠴᠢᠷᠮᠠᠶᠢᠨ ᠭᠡᠷᠡᠭᠵᠢᠬᠦᠯᠬᠦ ᠪᠠᠷ ᠲᠦᠯᠦᠪᠯᠡᠵᠤ ᠪᠤᠢ᠃ ᠤᠯᠤᠰ ᠤᠨ ᠵᠠᠮ 331᠂ 335 ︵ᠪᠠᠷᠠᠭᠤᠨᠳᠠᠬᠢ ᠬᠡᠰᠡᠭ︶ ᠶᠢᠨ | ᠦᠷᠬᠦᠯᠵᠢᠯᠠᠨ ᠪᠠᠶᠢᠭᠤᠯᠬᠤ ᠲᠦᠷᠦᠯ ᠵᠦᠢᠯ ᠢ ᠪᠡᠶᠡᠯᠡᠬᠦᠯᠦᠨ᠎ᠡ᠃ 3.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠪᠠᠶᠢᠭᠠᠯᠢ ᠶᠢᠨ ᠲᠣᠰᠬᠤᠨ ᠳᠤ 399 | ᠺᠢᠯᠣᠮᠧᠲᠷ ᠤᠨ ᠬᠠᠳᠠᠭᠤᠷᠠᠭᠤᠯᠤᠭᠰᠠᠨ ᠵᠠᠮ ᠢ ᠨᠡᠪᠲᠡᠷᠡᠬᠦᠯᠦᠨ᠂ ᠲᠠᠷᠢᠶᠠᠯᠠᠬᠤ ᠤᠷᠤᠨ ᠤ 200 ᠺᠢᠯᠣᠮᠧᠲᠷ ᠤᠨ ᠵᠠᠰᠠᠮᠠᠯ ᠵᠠᠮ ᠢ ᠵᠠᠰᠠᠨ ᠠᠷᠠᠴᠢᠯᠠᠵᠤ ᠬᠠᠮᠠᠭᠠᠯᠠᠬᠤ | ᠢᠨᠵᠧᠨᠧᠷᠢᠩ ᠢ ᠪᠡᠶᠡᠯᠡᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠲᠤᠭᠲᠠᠴᠠ ᠶᠢ | ᠲᠡᠬᠦᠯᠳᠡᠷᠵᠢᠬᠦᠯᠵᠤ᠂ ᠠᠷᠠᠴᠢᠯᠠᠨ ᠬᠠᠮᠠᠭᠠᠯᠠᠬᠤ ᠴᠢᠳᠠᠪᠤᠷᠢ ᠪᠠ ᠬᠢᠷᠢ ᠲᠦᠪᠰᠢᠨ ᠢᠶᠠᠨ ᠲᠡᠭᠡᠭᠰᠢᠯᠡᠬᠦᠯᠵᠤ᠂ ᠤᠯᠤᠰ ᠤᠨ ︽ᠬᠥᠳᠡᠭᠡ ᠲᠣᠰᠬᠤᠨ ᠤ ᠳᠥᠷᠪᠡᠨ ᠰᠠᠶᠢᠨ | ᠵᠠᠰᠠᠮᠠᠯ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ 3.3 ᠲᠦᠮᠡᠨ ᠮᠤ᠋ ᠶᠢᠨ ᠬᠤᠵᠢᠷᠯᠢᠭ ᠭᠠᠵᠠᠷ ᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠦᠨ᠎ᠡ᠃ ᠠᠭᠤᠯᠠ ᠲᠠᠭᠠᠤ ᠤᠷᠤᠨ ᠳᠤ ᠤᠰᠤᠨ ᠰᠤᠷᠪᠤᠯᠵᠢ ᠶᠢ | ᠬᠠᠳᠠᠭᠠᠯᠠᠬᠤ ᠢᠨᠵᠧᠨᠧᠷᠢᠩ 8 ᠶᠢ ᠴᠢᠷᠮᠠᠶᠢᠨ ᠬᠡᠷᠡᠭᠵᠢᠭᠦᠯᠵᠦ᠂ ᠡᠬᠦᠪᠡᠷ ᠦᠩᠭᠡᠷᠡᠬᠦ ᠦᠶᠡᠷ ᠤᠨ ᠤᠰᠤ ᠶᠢ ᠪᠦᠳᠦᠮᠵᠢᠳᠠᠢ ᠲᠤᠬᠢᠷᠠᠭᠤᠯᠤᠨ ᠬᠠᠳᠠᠭᠠᠯᠠᠵᠤ᠂ | ᠭᠠᠵᠠᠷ ᠲᠤᠤᠷᠠᠬᠢ ᠤᠰᠤᠨ ᠰᠤᠷᠪᠤᠯᠵᠢ ᠶᠢ ᠨᠦᠬᠦᠪᠦᠷᠢᠯᠡᠨ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠴᠠᠬᠢᠯᠭᠠᠨ ᠲᠣᠣᠷ ᠢ ᠥᠭᠡᠷᠡᠴᠢᠯᠡᠬᠦ᠂ ᠬᠢᠯᠢ ᠶᠢᠨ ᠭᠠᠴᠠᠭ᠎ᠠ ᠲᠣᠰᠬᠤᠨ ᠳᠤ ᠴᠠᠬᠢᠯᠭᠠᠨ ᠨᠡᠪᠳᠡᠷᠡᠬᠦᠯᠬᠦ ᠵᠡᠷᠭᠡ ᠴᠠᠬᠢᠯᠭᠠᠨ ᠬᠦᠷᠭᠡᠬᠦ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠽᠣᠣ ᠱᠦ ᠺᠧᠦ᠂ ᠲᠤᠭᠤᠯᠲᠠᠢ ᠵᠡᠷᠭᠡ 5 ᠴᠠᠬᠢᠯᠭᠠᠨ ᠭᠦᠷᠭᠡᠬᠦ ᠴᠠᠬᠢᠯᠭᠠᠨ ᠬᠤᠪᠢᠰᠬᠠᠭᠤᠷ ᠤᠨ ᠢᠨᠵᠧᠨᠧᠷᠢᠩ ᠢ | ᠢᠳᠡᠪᠬᠢᠲᠠᠢ ᠠᠬᠢᠭᠤᠯᠵᠤ᠂ ᠴᠠᠬᠢᠯᠭᠠᠨ ᠬᠦᠴᠦᠨ ᠤ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠴᠢᠮᠡᠭᠡ | ᠬᠤᠯᠪᠣᠭᠠᠨ ᠤ ᠳᠣᠬᠢᠶ᠎ᠠ ᠶᠢᠨ ᠪᠦᠷᠬᠦᠴᠡ ᠪᠠ ᠴᠠᠬᠢᠯᠭᠠᠨ ᠬᠤᠯᠪᠤᠭᠠᠨ ᠤ ᠲᠦᠬᠦᠭᠡᠷᠤᠮᠵᠢ ᠶᠢᠨ ᠬᠠᠮᠠᠭᠠᠯᠠᠯᠳᠠ ᠵᠡᠷᠭᠡ ᠶᠢᠨ ᠢᠨᠵᠧᠨᠧᠷᠢᠩ ᠢ ᠬᠦᠴᠦᠯᠡᠨ ᠠᠬᠢᠭᠤᠯᠵᠤ᠂ | ᠵᠠᠮ ᠬᠠᠷᠢᠯᠴᠠᠭᠠᠨ ᠤ ᠭᠤᠤᠯ ᠵᠠᠮ ᠤᠨ ᠴᠢᠮᠡᠭᠡ ᠳᠣᠬᠢᠶ᠎ᠠ ᠶᠢᠨ ᠢᠵᠢ ᠪᠦᠷᠢᠳᠦᠭᠦᠯᠬᠦ᠂ ᠴᠠᠬᠢᠯᠭᠠᠨ ᠬᠤᠯᠪᠣᠭᠠᠨ ᠤ ᠲᠦᠭᠡᠮᠡᠯ ᠦᠶᠯᠡᠴᠢᠯᠡᠭᠡ ᠵᠡᠷᠭᠡ ᠲᠥᠷᠥᠯ ᠵᠦᠶᠯ ᠢ | ᠴᠢᠷᠮᠠᠶᠢᠨ ᠬᠡᠷᠡᠭᠵᠢᠬᠦᠯᠵᠤ᠂ ᠴᠢᠮᠡᠭᠡ ᠬᠤᠯᠪᠤᠭᠠᠨ ᠤ ᠲᠤᠬᠢᠶ᠎ᠠ ᠶᠢᠨ ᠨᠡᠪᠳᠡᠷᠡᠬᠦ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠪᠣᠯᠣᠨ ᠪᠦᠷᠬᠦᠯᠲᠠ ᠶᠢᠨ ᠬᠦᠷᠢᠶ᠎ᠡ ᠭᠡᠪᠴᠢᠶ᠎ᠡ | ᠶᠢ ᠬᠦᠴᠦᠯᠡᠨ ᠦᠷᠭᠡᠳᠬᠡᠨ᠎ᠠ᠃ | ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠣᠷᠴᠢᠨ ᠠᠬᠤᠢ ᠶᠢᠨ ᠴᠡᠭᠴᠡᠯᠡᠨ ᠵᠠᠰᠠᠯᠳᠠ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ︽ᠨᠢᠭᠡ ᠶᠢ ᠬᠠᠮᠠᠭᠠᠯᠠᠬᠤ᠂ ᠬᠤᠶᠠᠷ ᠢ ᠵᠠᠰᠠᠬᠤ᠂ ᠭᠤᠷᠪᠠ ᠶᠢ ᠪᠠᠭᠠᠰᠬᠠᠬᠤ᠂ ᠲᠦᠷᠪᠡ ᠶᠢ ᠲᠡᠭᠡᠭᠰᠢᠯᠡᠬᠦᠯᠬᠦ︾ ᠠᠵᠢᠯᠯᠠᠭ᠎ᠠ ᠶᠢ | ᠪᠦᠬᠦ ᠲᠠᠯ᠎ᠠ ᠪᠠᠷ ᠦᠷᠨᠢᠬᠦᠯᠵᠤ᠂ ︽ᠵᠣᠷᠯᠣᠩ ᠤᠨ ᠬᠤᠪᠢᠰᠬᠠᠯ︾᠂ ᠡᠰᠢ ᠰᠦᠷᠡᠯ ᠢ ᠬᠤᠤᠷ ᠦᠭᠡᠶᠢᠳᠡᠬᠦᠯᠦᠨ ᠰᠢᠢᠳᠪᠦᠷᠢᠯᠡᠬᠦ᠂ ᠬᠤᠭ ᠨᠣᠪᠰᠢ ᠪᠤᠵᠠᠷ ᠤᠰᠤ ᠂ | ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠤᠨ ᠵᠠᠰᠠᠯᠲᠠ ᠶᠢ ᠶᠡᠭᠡᠪᠡᠷ ᠲᠦᠯᠬᠢᠨ ᠠᠬᠢᠭᠤᠯᠵᠤ᠂ ᠤᠰᠤ ᠪᠠᠷ ᠵᠠᠶᠢᠯᠠᠬᠤ ᠵᠤᠷᠯᠤᠩ 9400 ᠶᠢ ᠪᠠᠶᠢᠭᠤᠯᠵᠤ᠂ | ᠪᠤᠵᠠᠷ ᠤᠰᠤ ᠰᠢᠢᠳᠪᠦᠷᠢᠯᠡᠬᠦ ᠦᠷᠳᠡᠭᠡ 13᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ 13᠂ ᠲᠠᠮᠵᠢᠭᠤᠯᠤᠨ ᠲᠡᠭᠡᠭᠡᠪᠦᠷᠢᠯᠡᠬᠦ ᠦᠷᠳᠡᠭᠡ 4 ᠶᠢ | ᠪᠠᠶᠢᠭᠤᠯᠵᠤ᠂ ᠬᠤᠭ ᠨᠤᠪᠰᠢ ᠶᠢ ᠴᠡᠪᠡᠷᠯᠡᠨ ᠰᠢᠢᠳᠪᠦᠷᠢᠯᠡᠬᠦ ᠲᠦᠬᠦᠭᠡᠷᠤᠮᠵᠢ 19 ᠶᠢ ᠤᠭᠰᠠᠷᠠᠵᠤ᠂ ᠡᠷᠡᠬᠦᠯ ᠬᠠᠮᠠᠭᠠᠯᠠᠯ ᠤᠨ ᠵᠤᠷᠯᠤᠩ ᠤᠨ ᠲᠦᠭᠡᠮᠡᠯᠵᠢᠬᠦᠯᠬᠦ | ᠨᠤᠷᠮ᠎ᠠ᠂ ᠢᠯᠭᠠᠳᠠᠰᠤ ᠪᠤᠵᠠᠷ ᠪᠤᠳᠠᠰ ᠢ ᠶᠡᠷᠦᠩᠭᠡᠶᠢᠯᠡᠨ ᠠᠰᠢᠭᠯᠠᠬᠤ ᠨᠤᠷᠮ᠎ᠠ᠂ ᠡᠰᠢ ᠰᠦᠷᠡᠯ ᠢ ᠲᠠᠬᠢᠨ ᠠᠰᠢᠭᠯᠠᠬᠤ ᠨᠤᠷᠮ᠎ᠠ ᠶᠢ 85%᠂ 80%᠂ 90% | ᠠᠴᠠ ᠲᠡᠭᠡᠭᠰᠢ ᠳᠤ ᠬᠦᠷᠭᠡᠨ᠎ᠡ᠃ ᠭᠠᠴᠠᠭ᠎ᠠ ᠲᠤᠰᠬᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠤᠷᠳᠤ ᠬᠤᠭᠤᠴᠠᠭᠠᠨ ᠤ ᠬᠠᠮᠢᠶᠠᠷᠤᠯᠲᠠ | ᠬᠠᠮᠠᠭᠠᠯᠠᠯᠳᠠ ᠶᠢᠨ ᠲᠤᠭᠲᠠᠴᠠ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠤᠨ᠂ ᠮᠠᠯᠴᠢᠨ ᠲᠠᠷᠢᠶᠠᠴᠢᠳ ᠤᠨ ᠭᠤᠤᠯ ᠴᠤᠭᠴᠠ ᠶᠢᠨ ᠦᠢᠯᠡᠳᠦᠯ ᠢ ᠬᠦᠢᠴᠡᠳ | ᠪᠠᠳᠠᠷᠠᠭᠤᠯᠤᠨ᠂ ᠮᠠᠯᠴᠢᠨ ᠲᠠᠷᠢᠶᠠᠴᠢᠳ ᠢ ᠦᠵᠡᠰᠬᠦᠯᠡᠩᠳᠤ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠬᠤ ᠳᠤ ᠤᠷᠤᠯᠴᠠᠭᠤᠯᠵᠤ᠂ ᠮᠠᠯᠵᠢᠬᠤ ᠲᠠᠷᠢᠶᠠᠯᠠᠬᠤ | ᠤᠷᠤᠨ ᠢᠶᠠᠨ ᠠᠭᠤᠯᠠ ᠣᠰᠣᠨ ᠤ ᠦᠵᠡᠮᠵᠢ ᠨᠢ ᠰᠠᠶᠢᠬᠠᠨ᠂ ᠠᠷᠠᠳ ᠢᠷᠭᠡᠳ ᠤᠨ ᠰᠡᠳᠬᠢᠯ ᠨᠢ ᠲᠣᠯᠠᠭᠠᠬᠠᠨ᠂ ᠦᠷᠭᠦᠯᠵᠢ ᠰᠠᠨᠠᠭᠠᠴᠢᠯᠠᠨ ᠲᠣᠷᠠᠰᠣᠭᠳᠠᠬᠤ ᠵᠣᠯ | ᠵᠢᠷᠭᠠᠯᠳᠣ ᠬᠡᠷ ᠣᠷᠣᠨ ᠪᠣᠯᠭᠠᠨ ᠪᠠᠶᠢᠭᠤᠯᠣᠨ᠎ᠠ᠃ | ︵ᠲᠠᠪᠤ︶ ᠠᠵᠤ ᠦᠶᠯᠡᠳᠪᠦᠷᠢ ᠶᠢᠨ ᠠᠵᠤ ᠠᠬᠤᠢ ᠶᠢ ᠬᠦᠴᠦᠯᠡᠨ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢᠶᠠᠨ | ᠨᠡᠮᠡᠭᠳᠡᠭᠦᠯᠤᠨ᠎ᠠ | ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠢᠲᠡᠭᠡᠯ ᠵᠤᠷᠢᠭ ᠢ ᠨᠡᠩ ᠪᠠᠲᠤᠳᠬᠠᠵᠤ᠂ ᠪᠦᠬᠦ ᠵᠢᠯ ᠳᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 11 | ᠲᠦᠷᠦᠯ ᠬᠡᠷᠡᠭᠵᠢᠭᠦᠯᠬᠦ ᠪᠠᠷ ᠲᠥᠯᠥᠪᠯᠡᠵᠦ᠂ 18.4 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠤᠯᠤᠰ ᠤᠨ ᠡᠨᠧᠷᠭᠢ ᠶᠢᠨ | ᠪᠦᠯᠦᠭᠯᠡᠯ ᠯᠦᠭᠡ ᠶᠢᠨ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠢᠩᠭᠠᠨ ᠲᠦᠮᠡᠨ ᠺᠢᠯᠣᠸᠠᠲ ᠤᠨ ᠴᠠᠬᠢᠯᠭᠠᠨ ᠭᠠᠷᠭᠠᠬᠤ᠂ ᠮᠢᠩᠭᠠᠨ ᠲᠦᠮᠡᠨ ᠲᠣᠨ ᠤ | ᠬᠡᠦᠷᠡᠰᠦ ᠪᠠ ᠨᠠᠷᠢᠯᠢᠭ ᠬᠢᠮᠢ ᠶᠢᠨ ᠠᠵᠤ ᠦᠶᠯᠡᠳᠪᠦᠷᠢ᠂ ᠪᠠᠷᠠᠭ᠎ᠠ ᠶᠢᠨ ᠭᠦᠢᠯᠭᠡᠭᠡ ᠵᠡᠷᠭᠡ ᠲᠥᠷᠥᠯ ᠵᠦᠢᠯ ᠢ ᠤᠯᠤᠰ ᠤᠨ ᠡᠨᠧᠷᠭᠢ ᠶᠢᠨ ᠪᠦᠯᠦᠭᠯᠡᠯ ᠤᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠵᠣ᠂ ᠱᠧᠨ ᠬᠤᠸᠠ ᠶᠢᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ | ᠱᠤᠭᠤᠮ ᠤᠨ ᠲᠥᠷᠥᠯ ᠵᠦᠢᠯ ᠢ ᠨᠠᠶᠢᠳᠠᠪᠤᠷᠢᠵᠢᠭᠤᠯᠣᠨ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠪᠤᠳᠠᠳᠠᠶᠢᠵᠢᠭᠤᠯᠬᠤ ᠪᠠᠷ ᠴᠢᠷᠮᠠᠶᠢᠨ᠎ᠠ︔ ᠵᠤ᠋ ᠾᠧ | ᠮᠦᠩᠭᠦᠨ ᠤ ᠠᠭᠤᠷᠬᠠᠢ᠂ ᠳ᠋ᠠ ᠦ᠋ ᠳ᠋ᠢᠶᠠᠨ ᠪᠠᠯ ᠴᠢᠯᠠᠭᠤᠨ ᠤ ᠠᠵᠤ ᠦᠢᠯᠡᠰ ᠤᠨ ᠶᠡᠷᠦᠩᠬᠡᠶᠢᠯᠡᠭᠰᠡᠨ ᠨᠡᠭᠡᠭᠡᠯᠲᠡ᠂ ᠾᠧᠢ ᠮᠣᠣ ᠨᠡᠬᠦᠷᠡᠰᠤ ᠬᠢᠮᠢ ᠶᠢᠨ ᠠᠵᠤ | ᠦᠢᠯᠡᠳᠪᠦᠷᠢ᠂ ᠮᠤᠤ ᠶᠤᠸᠠᠨ ᠢᠯᠵᠢᠮᠠᠭ ᠬᠦᠴᠢᠯ᠂ ᠭᠥᠸᠧ ᠬᠤᠸᠠ 2 ᠲᠦᠮᠡᠨ ᠺᠢᠯᠤᠸᠠᠲ ᠤᠨ ᠭᠡᠷᠡᠯ ᠤᠨ ᠡᠨᠧᠷᠬᠢ ᠵᠡᠷᠭᠡ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠬᠦᠴᠦᠨ ᠢᠶᠠᠨ ᠲᠥᠪᠯᠡᠷᠡᠭᠦᠯᠦᠨ ᠠᠬᠢᠭᠤᠯᠵᠤ ᠂ ᠵᠦᠩ ᠾᠧ ᠯᠥᠩ ᠲᠧᠩ᠂ ᠰᠢᠶᠣᠣ ᠯᠥᠩ ᠥᠨᠳᠥᠷ ᠨᠡᠭᠦᠷᠡᠰᠦᠲᠥ᠋ᠷᠥᠭᠴᠢᠲᠦ | ᠾᠷᠣᠮᠳᠤ ᠲᠡᠮᠦᠷ ᠵᠡᠷᠭᠡ ᠦᠷᠬᠦᠯᠵᠢᠯᠡᠨ ᠪᠦᠳᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠪᠦᠬᠦ ᠬᠦᠴᠦᠨ ᠢᠶᠠᠷ ᠭᠡᠷᠡᠭᠵᠢᠬᠦᠯᠵᠤ᠂ ᠡᠮᠦᠨᠡᠬᠢ ᠬᠤᠭᠤᠴᠠᠭᠠᠨ ᠤ | ᠲᠥᠷᠥᠯ ᠵᠦᠢᠯ ᠤᠨ ᠡᠷᠲᠡ ᠨᠢᠭᠡᠨ ᠡᠳᠦᠷ ᠠᠵᠢᠯ ᠢᠶᠠᠨ ᠡᠬᠢᠯᠡᠬᠦᠯᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠡᠷᠲᠡ ᠠᠰᠢᠭᠯᠠᠯᠲᠠ ᠳᠤ ᠣᠷᠣᠬᠤ ᠶᠢ | ᠠᠬᠢᠭᠤᠯᠤᠨ᠎ᠠ᠃ | ᠪᠤᠯᠪᠠᠰᠤᠷᠠᠭᠤᠯᠤᠯᠲᠠ ᠶᠢᠨ ᠲᠣᠭᠤᠷᠢᠭ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃ ᠢ ᠲᠧᠩ᠂ ᠬᠤᠣ ᠰᠢᠶᠠᠩ ᠤᠨ ᠲᠡᠮᠦᠷ | ᠵᠠᠮ ᠤᠨ ᠲᠤᠰᠬᠠᠢ ᠱᠤᠭᠤᠮ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠲᠡᠮᠦᠷ ᠵᠠᠮ ᠤᠨ | ᠪᠠᠷᠠᠭᠠᠨ ᠤ ᠭᠦᠢᠯᠭᠡᠭᠡ ᠶᠢᠨ ᠢᠵᠢ ᠪᠦᠷᠢᠳᠦᠬᠦᠯᠬᠦ ᠲᠦᠪᠰᠢᠨ ᠢ ᠳᠡᠭᠡᠭᠰᠢᠯᠡᠭᠦᠯᠦᠨ᠂ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠠᠵᠤ ᠠᠬᠤᠶᠢᠯᠠᠯ ᠤᠨ ᠥᠪᠡᠷ ᠤᠨ | ᠥᠷᠲᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠪᠠ ᠴᠡᠪᠡᠷᠵᠢᠭᠰᠡᠨ ᠦᠢᠯᠡᠳᠪᠦᠷᠢᠯᠡᠯ ᠢ ᠲᠦᠯᠬᠢᠨ ᠠᠬᠢᠭᠤᠯᠤᠨ᠎ᠠ︔ ᠪᠤᠯᠪᠠᠰᠤᠷᠠᠭᠤᠯᠤᠯᠲᠠ ᠶᠢᠨ | ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠤᠨ ᠪᠣᠬᠢᠷᠲᠤᠯ ᠢ ᠭᠠᠳᠠᠭᠰᠢᠯᠠᠭᠤᠯᠬᠤ᠂ ᠴᠢᠯᠠᠭᠤᠨ ᠮᠠᠲ᠋ᠧᠷᠢᠶᠠᠯ ᠤᠨ ᠪᠤᠯᠪᠠᠰᠤᠷᠠᠭᠤᠯᠤᠯᠲᠠ ᠶᠢᠨ | ᠲᠣᠭᠤᠷᠢᠭ ᠤᠨ ᠵᠠᠮ ᠬᠤᠭᠤᠯᠠᠶ ᠶᠢᠨ ᠲᠣᠣᠷ᠂ ᠰᠢᠶᠣᠤ ᠯᠦᠩ ᠤᠨ ᠡᠷᠭᠢᠨ ᠲᠣᠭᠤᠷᠢᠨ ᠤ ᠵᠠᠮ ᠵᠢᠴᠢ ᠦᠶᠡᠷ ᠢ ᠰᠡᠷᠭᠡᠶᠢᠯᠡᠬᠦ ᠵᠡᠷᠭᠡ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠶᠢ ᠪᠡᠶᠡᠯᠡᠭᠦᠯᠵᠤ᠂ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠠᠴᠢᠶᠠᠯᠠᠪᠤᠷᠢ ᠶᠢᠨ ᠴᠢᠳᠠᠪᠤᠷᠢ ᠶᠢ ᠨᠡᠮᠡᠭᠳᠡᠬᠦᠯᠦᠨ᠎ᠡ᠃ ᠪᠤᠯᠪᠠᠰᠤᠷᠠᠭᠤᠯᠤᠯᠲᠠ ᠶᠢᠨ | ᠲᠣᠭᠤᠷᠢᠭ ᠤᠨ ᠠᠵᠤ ᠦᠢᠯᠡᠰ ᠤᠨ ᠲᠥᠪᠯᠡᠷᠡᠯ ᠪᠠ ᠢᠵᠢ ᠪᠦᠷᠢᠳᠦᠭᠰᠡᠨ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠣᠨ᠂ | ᠪᠤᠯᠪᠠᠰᠤᠷᠠᠭᠤᠯᠤᠯᠲᠠ ᠶᠢᠨ ᠲᠣᠭᠤᠷᠢᠭ ᠢ ᠠᠵᠤ ᠦᠢᠯᠡᠰ ᠤᠨ ᠬᠡᠯᠬᠢᠶᠡᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠵᠤ᠂ ᠠᠵᠤ ᠦᠢᠯᠡᠰ ᠤᠨ ᠪᠦᠯᠦᠭᠵᠢᠯ ᠢ | ᠪᠤᠵᠠᠭᠠᠶᠢᠷᠠᠭᠤᠯᠤᠨ ᠪᠤᠶᠢᠵᠢᠭᠤᠯᠬᠤ ᠴᠢᠬᠤᠯᠠ ᠠᠴᠢᠶᠠᠯᠠᠪᠤᠷᠢ ᠪᠣᠯᠭᠠᠨ᠎ᠠ᠃ | ᠠᠵᠤ ᠦᠶᠯᠡᠳᠪᠦᠷᠢ ᠶᠢᠨ ᠠᠵᠤ ᠠᠬᠤᠢ ᠶᠢᠨ ᠲᠣᠬᠢᠷᠠᠭᠤᠯᠤᠯᠲᠠ ᠦᠢᠯᠡᠴᠢᠯᠡᠭᠡ ᠪᠠᠨ ᠴᠢᠩᠭᠠᠳᠬᠠᠨ᠎ᠠ ᠃ ᠠᠵᠢᠯᠯᠠᠭᠠᠨ ᠤ ᠬᠢᠨᠠᠨ ᠬᠡᠮᠵᠢᠯᠲᠡ ᠵᠠᠳᠠᠯᠤᠯᠳᠠ ᠪᠠ | ᠲᠦᠷᠦᠯ ᠵᠦᠢᠯ ᠤᠨ ᠲᠤᠬᠢᠷᠠᠭᠤᠯᠤᠯᠲᠠ ᠶᠢ ᠲᠤᠭᠲᠠᠭᠰᠠᠨ ᠬᠤᠭᠤᠴᠠᠭ᠎ᠠ ᠪᠠᠷ ᠦᠷᠨᠢᠬᠦᠯᠵᠤ᠂ ᠠᠰᠠᠭᠤᠳᠠᠯ ᠢ ᠲᠠᠩᠰᠠᠯᠠᠨ ᠬᠠᠮᠢᠶᠠᠷᠬᠤ ᠪᠠ ᠰᠢᠯᠵᠢᠬᠦᠯᠦᠨ | ᠰᠢᠢᠳᠪᠦᠷᠢᠯᠡᠬᠦᠯᠬᠦ ᠲᠦᠷᠢᠮ ᠢ ᠬᠡᠷᠡᠭᠵᠢᠬᠦᠯᠦᠨ᠂ ᠰᠠᠨᠠᠭᠠᠴᠢᠯᠠᠭ᠎ᠠ ᠠᠴᠠ ᠪᠠᠨ ᠮᠦᠷᠳᠡᠨ ᠦᠢᠯᠡᠴᠢᠯᠡᠵᠤ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ | ᠬᠦᠴᠢᠷ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠨ᠂ ᠠᠵᠤ ᠦᠶᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ | ᠪᠠᠲᠤᠯᠠᠵᠤ᠂ ᠪᠦᠬᠦ ᠵᠢᠯ ᠳᠤ 5 ᠡᠷᠦᠬᠡ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠬᠦᠯᠬᠦ ᠪᠠᠷ ᠴᠢᠷᠮᠠᠶᠢᠨ᠎ᠠ | ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ | ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠬᠦᠯᠵᠣ᠂ ᠥᠪᠡᠷ ᠤᠨ ᠥᠷᠲᠡᠭ ᠢ ᠪᠠᠭᠤᠷᠠᠭᠤᠯᠣᠨ᠂ | ᠦᠷ᠎ᠡ ᠠᠰᠢᠭ ᠢ ᠨᠡᠮᠡᠭᠳᠡᠭᠦᠯᠦᠨ᠎ᠡ᠃ | ︵ᠵᠢᠷᠭᠤᠭ᠎ᠠ︶ ᠦᠢᠯᠡᠴᠢᠯᠡᠭᠡᠨ ᠤ ᠦᠢᠯᠡᠰ ᠢ ᠬᠦᠴᠦᠯᠡᠨ ᠬᠦᠭᠵᠢᠬᠦᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠢ ᠲᠥᠪᠯᠡᠷᠡᠬᠦᠯᠦᠨᠡ | ᠬᠠᠮ ᠵᠢᠭᠤᠯᠴᠢᠯᠠᠯ ᠤᠨ ᠬᠦᠭᠵᠢᠯᠳᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠬᠠᠮ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠵᠢᠭᠤᠯᠴᠢᠯᠠᠯ ᠬᠢᠭᠡᠳ ᠣᠯᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠥᠬᠦ | ᠲᠠᠯ᠎ᠠ ᠪᠠᠷ ᠠᠬᠢᠭᠤᠯᠤᠨ᠎ᠠ᠃ ᠬᠤᠨ ᠭᠠᠯᠠᠭᠤᠨ ᠰᠣᠶᠣᠯ᠂ ᠨᠡᠭᠦᠳᠡᠯ ᠮᠠᠯᠵᠢᠯ ᠰᠣᠶᠣᠯ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠰᠤᠳᠤᠯᠤᠨ᠂ | ᠲᠠᠯ᠎ᠠ ᠨᠤᠲᠤᠭ ᠤᠨ ᠦᠵᠡᠮᠵᠢ ᠰᠤᠨᠢᠷᠬᠠᠯ ᠤᠨ ᠵᠤᠭᠠᠴᠠᠯ᠂ ᠬᠥᠳᠡᠭᠡ ᠲᠣᠰᠬᠤᠨ ᠢᠶᠠᠷ ᠰᠡᠯᠡᠭᠦᠴᠡᠨ ᠲᠤᠭᠤᠷᠢᠬᠤ ᠵᠡᠷᠭᠡ ᠨᠢᠭᠡ ᠪᠦᠯᠦᠭ ᠵᠢᠭᠤᠯᠴᠢᠯᠠᠯ ᠤᠨ ᠰᠤᠳᠤᠨ | ᠲᠦᠷᠦᠯ ᠵᠦᠢᠯ ᠢ ᠨᠠᠷᠢᠯᠢᠭ ᠴᠣᠭᠴᠠᠯᠠᠨ ᠪᠠᠶᠢᠭᠤᠯᠵᠣ᠂ ᠣᠨᠴᠠᠯᠢᠭᠲᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠶᠡᠬᠡᠪᠡᠷ ᠨᠡᠭᠡᠭᠡᠨ ᠬᠥᠭᠵᠢᠭᠦᠯᠦᠨ᠎ᠡ᠃ ᠬᠦᠷᠡᠩ | ᠣᠪᠣᠭᠠᠨ ᠤ ᠬᠠᠳᠠᠨ ᠵᠢᠷᠤᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠤ᠂ ᠵᠢᠭᠤᠯᠴᠢᠯᠠᠯ ᠤᠨ ᠲᠤᠭᠤᠷᠢᠭ ᠦᠵᠡᠮᠵᠢ ᠶᠢᠨ ᠭᠠᠵᠠᠷ ᠤᠨ | ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠥᠨᠳᠥᠷ A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠳᠤ | ᠳᠠᠬᠢᠨ ᠰᠢᠪᠲᠤᠯᠤᠯᠲᠠ ᠤᠯᠬᠤ ᠪᠠᠷ ᠴᠢᠷᠮᠠᠶᠢᠨ᠎ᠠ᠃ | ᠠᠷᠠᠯᠵᠢᠶ᠎ᠠ ᠬᠤᠳᠠᠯᠳᠤᠭ᠎ᠠ ᠪᠠᠷᠠᠭ᠎ᠠ ᠬᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠪᠠᠳᠤᠲᠠᠢ ᠠᠬᠢᠭᠤᠯᠤᠨ᠎ᠠ᠃ ᠠᠷᠠᠯᠵᠢᠶ᠎ᠠ | ᠬᠤᠳᠠᠯᠳᠤᠭᠠᠨ ᠤ ᠬᠦᠢᠯᠬᠡᠬᠡᠨ ᠤ ᠬᠦᠷᠢᠶ᠎ᠡ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠨᠣᠭᠤᠭ᠎ᠠ ᠵᠢᠮᠢᠰ ᠢ | ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠭᠦᠯᠵᠦ᠂ ᠮᠠᠨ ᠤ ᠬᠤᠰᠢᠭᠤᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠦᠲᠦᠭᠡᠭᠳᠡᠬᠦᠨ ᠤ ᠲᠥᠷᠥᠯ ᠵᠦᠢᠯ ᠢᠶᠠᠨ ᠪᠠᠶᠠᠯᠢᠭᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭ᠎ᠠ ᠪᠠᠷᠠᠭ᠎ᠠ ᠭᠦᠶᠯᠭᠡᠭᠡᠨ ᠤ | ᠲᠤᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠤ ᠂ ᠰᠦᠯᠵᠢᠶ᠎ᠡ ᠪᠠᠷ ᠪᠣᠷᠣᠯᠠᠭᠤᠯᠬᠤ ᠪᠦᠲᠦᠭᠡᠭᠳᠡᠬᠦᠨ ᠤ ︽ᠨᠢᠭᠡ ᠪᠠᠯᠭᠠᠰᠤ ᠨᠢᠭᠡ ᠨᠡᠷᠡᠳᠤ ᠲᠡᠮᠳᠡᠭ᠂ | ᠨᠢᠭᠡ ᠰᠤᠮᠤ ᠨᠢᠭᠡ ᠣᠨᠴᠠᠯᠢᠭᠳᠤ ᠭᠠᠷᠤᠯᠳᠠ︾ ᠶᠢᠨ ᠠᠵᠢᠯᠯᠠᠭ᠎ᠠ ᠶᠢ ᠲᠡᠯᠭᠡᠷᠡᠬᠦᠯᠵᠤ᠂ ᠮᠠᠯ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶᠠᠵᠢᠭᠰᠠᠨ᠂ ᠡᠯᠧᠺᠲᠷᠣᠨ | ᠬᠤᠳᠠᠯᠳᠤᠭᠠᠴᠢᠯᠠᠭᠰᠠᠨ ᠪᠠ ᠨᠡᠷᠡᠲᠦ ᠳᠡᠮᠳᠡᠭᠵᠢᠯᠲᠡ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠲᠠᠸᠠᠷ ᠤᠨ ᠨᠡᠷᠡᠲᠦ ᠲᠡᠮᠳᠡᠭ ᠢ 30 ᠲᠦᠷᠦᠯ ᠳᠤ | ᠬᠦᠷᠭᠡᠵᠦ᠂ ᠡᠯᠧᠺᠲᠷᠣᠨ ᠬᠤᠳᠠᠯᠳᠤᠭᠠᠨ ᠤ ᠠᠷᠠᠯᠵᠢᠶᠠᠯᠠᠭᠰᠠᠨ ᠲᠤᠭ᠎ᠠ ᠭᠡᠮᠵᠢᠶ᠎ᠡ ᠶᠢ 1.5 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ ᠃ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ | ᠤᠨ ᠡᠷᠡᠬᠦᠯ ᠢᠶᠠᠷ ᠬᠦᠭᠵᠢᠬᠦ ᠶᠢ ᠲᠠᠮᠵᠢᠨ᠎ᠡ᠃ ᠮᠣᠩᠭᠤᠯ ᠬᠢᠲᠠᠳ ᠡᠮ ᠡᠮᠨᠡᠯᠭᠡ ᠪᠠ ᠨᠠᠰᠤᠵᠢᠯ ᠤᠨ ᠠᠰᠠᠷᠠᠮᠵᠢ ᠯᠤᠭ᠎ᠠ ᠶᠢᠨ ᠤᠷᠭᠠᠨᠢᠭ ᠤᠶᠠᠯᠳᠤᠯ ᠢ ᠠᠬᠢᠭᠤᠯᠵᠤ᠂ | ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠷᠰᠢᠯᠲᠠ ᠶᠢᠨ ᠴᠡᠭ ᠢ ᠪᠠᠶᠢᠭᠤᠯᠤᠨ᠎ᠠ᠃ ᠦᠨᠳᠦᠰᠦᠳᠡᠨ ᠤ ᠤᠯᠠᠮᠵᠢᠯᠠᠯᠳᠤ ᠠᠵᠤ ᠦᠢᠯᠡᠰ ᠤᠨ | ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠦᠨᠳᠦᠰᠦᠳᠡᠨ ᠤ ᠤᠯᠠᠮᠵᠢᠯᠠᠯᠳᠤ ᠭᠠᠷ ᠤᠷᠠᠯᠠᠯ ᠤᠨ ᠠᠵᠤ ᠦᠢᠯᠡᠰ ᠢ ᠬᠦᠭᠵᠢᠬᠦᠯᠦᠨ | ᠪᠤᠵᠠᠭᠠᠶᠢᠷᠠᠭᠤᠯᠤᠨ᠎ᠠ᠃ ᠤᠶᠢᠷ᠎ᠠ ᠵᠠᠮ ᠤᠨ ᠠᠶᠠᠨ ᠲᠡᠭᠡᠭᠡᠪᠦᠷᠢ ᠪᠠ ᠨᠡᠶᠢᠳᠡᠮ ᠬᠡᠷᠡᠭᠯᠡᠬᠡᠨ ᠤ ᠲᠤᠬᠠᠶᠢᠯᠠᠭᠰᠠᠨ ᠠᠵᠢᠯ ᠢ ᠬᠠᠮᠳᠤ ᠪᠠᠷ ᠭᠦᠭᠵᠢᠬᠦᠯᠬᠦ᠂ ᠤᠶᠢᠷ᠎ᠠ ᠵᠠᠮ | ᠤᠨ ᠠᠶᠠᠨ ᠲᠡᠭᠡᠭᠡᠪᠤᠷᠢ ᠶᠢ ᠤᠷᠢᠳ ᠢᠶᠠᠷ ᠬᠦᠭᠵᠢᠬᠦᠯᠬᠦ ᠰᠡᠳᠬᠢᠴᠡ ᠶᠤᠰᠤᠭᠠᠷ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠲᠠ᠂ ᠬᠤᠰᠢᠭᠤ ᠳᠥᠷᠪᠡᠨ ᠱᠠᠳᠤ ᠪᠠᠷ ᠢᠶᠠᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠭᠦᠭᠵᠢᠯᠲᠡ ᠶᠢ ᠲᠡᠮᠵᠢᠬᠦ ᠲᠤᠭᠲᠠᠴᠠ ᠶᠢ | ᠪᠠᠶᠢᠭᠤᠯᠵᠤ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠲᠤᠬᠠᠶᠢᠯᠠᠭᠰᠠᠨ ᠠᠵᠢᠯ ᠢ ᠥᠷᠭᠡᠳᠬᠡᠨ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ | ᠦᠢᠯᠡᠰ ᠤᠨ ᠦᠷᠭᠦᠯᠵᠢᠯᠡᠬᠦ ᠭᠦᠭᠵᠢᠯᠳᠡ ᠶᠢᠨ ᠰᠠᠭᠤᠷᠢ ᠶᠢ ᠪᠠᠬᠢᠵᠢᠭᠦᠯᠦᠨ᠎ᠡ᠃ | ︵ᠲᠤᠯᠤᠭ᠎ᠠ︶ ᠪᠦᠬᠦ ᠤᠯᠤᠰ ᠤᠨ ᠪᠤᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ | ᠪᠠᠶᠢᠷᠢᠰᠢᠯ ᠢ ᠪᠣᠢ ᠪᠣᠯᠭᠠᠨ᠎ᠠ | ᠬᠤᠲᠠ ᠪᠠᠯᠭᠠᠰᠤᠨ ᠤ ᠶᠡᠷᠦᠩᠬᠡᠶᠢᠯᠡᠭᠰᠡᠨ ᠠᠴᠢᠶᠠᠯᠠᠪᠤᠷᠢ ᠶᠢᠨ ᠴᠢᠳᠠᠮᠵᠢ ᠶᠢ ᠦᠷᠬᠦᠯᠵᠢᠯᠡᠨ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠭᠤᠴᠢᠨ ᠬᠤᠲᠠ ᠶᠢᠨ ᠲᠣᠭᠤᠷᠢᠭ ᠤᠨ ᠦᠭᠡᠷᠡᠴᠢᠯᠡᠨ ᠵᠠᠰᠠᠯᠳᠠ ᠶᠢ ᠴᠢᠩᠭᠠᠳᠬᠠᠵᠤ᠂ 3357 ᠡᠷᠦᠬᠡ ᠶᠢᠨ | ᠢᠵᠢ ᠪᠦᠷᠢᠨ ᠪᠤᠰᠤ ᠤᠷᠤᠨ ᠰᠠᠭᠤᠴᠠ ᠪᠠ 8 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠶᠡᠷᠦᠩᠬᠡᠶᠢᠯᠡᠨ ᠦᠭᠡᠷᠡᠴᠢᠯᠡᠨ | ᠵᠠᠰᠠᠬᠤ ᠶᠢ ᠬᠡᠷᠡᠭᠵᠢᠭᠦᠯᠵᠦ᠂ ᠬᠠᠯᠢᠭᠤᠲᠤ ᠪᠠᠯᠭᠠᠰᠣᠨ ᠤ ᠬᠤᠲᠠ ᠶᠢᠨ ᠲᠣᠭᠤᠷᠢᠭ ᠤᠨ ᠭᠡᠪ ᠢᠶᠠᠷ ᠪᠠᠶᠢᠯᠭᠠᠬᠤ ᠲᠣᠭᠤᠷᠢᠭ ᠲᠤ ᠪᠦᠬᠦᠨ ᠢ ᠲᠥᠪᠯᠡᠷᠡᠭᠦᠯᠦᠨ | ᠲᠤᠯᠠᠭᠠᠯᠠᠭ᠎ᠠ ᠬᠠᠩᠭᠠᠬᠤ ᠶᠢ ᠪᠡᠶᠡᠯᠡᠭᠦᠯᠬᠦ ᠪᠠᠷ ᠴᠢᠷᠮᠠᠶᠢᠵᠤ᠂ ᠲᠠᠷᠬᠠᠢ ᠪᠤᠳᠠᠷᠬᠠᠢ ᠨᠡᠬᠦᠷᠡᠰᠤ ᠶᠢᠨ ᠰᠢᠲᠠᠭᠠᠯᠭ᠎ᠠ ᠶᠢᠨ ᠪᠤᠬᠢᠷᠳᠤᠯ ᠢ ᠪᠦᠳᠦᠮᠵᠢᠳᠠᠢ ᠵᠠᠰᠠᠨ᠎ᠠ᠃ | ᠬᠠᠯᠢᠭᠤᠲᠤ ᠪᠠᠯᠭᠠᠰᠤᠨ ᠤ ᠬᠤᠲᠠ ᠶᠢᠨ ᠲᠤᠭᠤᠷᠢᠭ ᠤᠨ ᠤᠰᠤ ᠪᠠᠷ ᠵᠠᠶᠢᠯᠠᠬᠤ 48 ᠰᠠᠭᠤᠷᠢ ᠨᠡᠶᠢᠲᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠤᠨ᠎ᠠ᠃ | ᠬᠠᠯᠢᠭᠤᠲᠤ ᠪᠠᠯᠭᠠᠰᠤᠨ ᠤ ᠬᠤᠲᠠ ᠲᠣᠭᠤᠷᠢᠭᠰᠠᠨ ᠵᠠᠮ ᠤᠨ ᠲᠣᠣᠷ ᠂ ᠪᠤᠵᠠᠷ ᠤᠰᠤᠨ ᠤ ᠬᠤᠭᠤᠯᠠᠢ ᠶᠢᠨ ᠲᠣᠣᠷ᠂ ᠴᠡᠴᠡᠷᠯᠢᠭᠵᠢᠬᠦᠯᠭᠡ ᠨᠣᠭᠤᠭᠠᠷᠠᠭᠤᠯᠤᠯᠲᠠ ᠵᠡᠷᠭᠡ | ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠰᠤᠮᠤ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠦᠢᠯᠡᠴᠢᠯᠡᠭᠡᠨ ᠤ ᠴᠢᠳᠠᠪᠬᠢ ᠶᠢ ᠲᠡᠬᠦᠯᠳᠡᠷᠵᠢᠬᠦᠯᠦᠨ᠂ | ᠲᠦᠪ ᠪᠠᠯᠭᠠᠰᠤ ᠪᠠ ᠰᠤᠮᠤ ᠪᠠᠯᠭᠠᠰᠤᠨ ᠤ ᠬᠠᠷᠢᠯᠴᠠᠨ ᠵᠤᠬᠢᠴᠠᠭᠤᠯᠤᠨ ᠬᠤᠯᠪᠤᠭᠠᠯᠠᠨ ᠬᠦᠳᠡᠯᠦᠯᠴᠡᠬᠦ ᠬᠦᠭᠵᠢᠯᠲᠡ ᠶᠢ ᠠᠬᠢᠭᠤᠯᠵᠤ᠂ ᠪᠦᠳᠦᠴᠡ ᠪᠠᠶᠢᠷᠢᠯᠠᠭᠤᠯᠤᠯ | ᠨᠢ ᠵᠦᠶ ᠵᠣᠬᠢᠰᠲᠠᠶ᠂ ᠦᠩᠭᠡ ᠦᠵᠡᠮᠵᠢ ᠪᠠᠷ ᠭᠤᠶᠤ ᠰᠠᠶᠢᠬᠠᠨ᠂ ᠤᠷᠤᠰᠢᠨ ᠰᠠᠭᠤᠷᠢᠰᠢᠬᠤ ᠳᠤ ᠲᠤᠬᠢᠯᠢᠭ ᠬᠤᠳᠠ ᠪᠠᠯᠭᠠᠰᠤ ᠶᠢ ᠡᠬᠦᠳᠦᠨ ᠪᠠᠶᠢᠭᠤᠯᠤᠨ᠎ᠠ᠃ | ᠬᠤᠲᠠ ᠪᠠᠯᠭᠠᠰᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠡᠷᠡᠬᠦᠯ ᠬᠠᠮᠠᠭᠠᠯᠠᠯ ᠤᠨ ᠰᠢᠶᠡᠨ ᠤ ᠬᠤᠲᠠ ᠶᠢᠨ ᠦᠷ᠎ᠡ | ᠪᠦᠳᠦᠭᠡᠯ ᠢ ᠪᠠᠳᠤᠳᠬᠠᠬᠤ ᠪᠠᠷ ᠭᠠᠷᠳᠠᠴᠠ ᠪᠤᠯᠭᠠᠨ᠂ ︽ᠵᠡᠭᠡᠯᠢ ᠭᠤᠳᠤᠮᠵᠢ ᠶᠢᠨ ᠳᠠᠷᠤᠭ᠎ᠠ︾ ᠶᠢᠨ ᠲᠦᠷᠢᠮ ᠤᠨ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ | ᠠᠬᠢᠭᠤᠯᠵᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠳᠤᠷ᠎ᠠ ᠪᠠᠷ ᠢᠶᠠᠨ ᠲᠡᠷᠭᠡ ᠵᠣᠭᠰᠣᠭᠠᠵᠤ᠂ ᠳᠤᠷ᠎ᠠ ᠪᠠᠷ ᠢᠶᠠᠨ ᠲᠠᠯᠪᠢᠬᠤ ᠦᠢᠯᠡ ᠠᠵᠢᠯᠯᠠᠭ᠎ᠠ ᠶᠢ ᠴᠡᠭᠴᠡᠯᠡᠨ | ᠵᠠᠰᠠᠬᠤ ᠬᠦᠴᠦᠯᠡᠴᠡ ᠪᠠᠨ ᠴᠢᠩᠭᠠᠷᠠᠭᠤᠯᠣᠨ᠂ ᠬᠤᠭ ᠨᠣᠪᠰᠢ ᠪᠠᠨ ᠲᠥᠷᠥᠯ ᠬᠤᠪᠢᠶᠠᠨ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠵᠤ᠂ ᠬᠤᠲᠠ ᠶᠢᠨ | ᠬᠠᠮᠢᠶᠠᠷᠤᠯᠲᠠ ᠶᠢᠨ ᠲᠣᠤᠷᠵᠢᠯᠲᠠ᠂ ᠨᠠᠷᠢᠯᠢᠭᠵᠢᠭᠤᠯᠤᠯᠲᠠ ᠶᠢ ᠠᠬᠢᠭᠤᠯᠤᠨ᠎ᠠ᠃ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠲᠠᠰᠤᠷᠠᠯᠲᠠ | ᠦᠭᠡᠢ ᠴᠢᠩᠭᠠᠳᠬᠠᠵᠤ᠂ ᠥᠮᠴᠢᠲᠡᠨ ᠤ ᠵᠥᠪᠯᠡᠯ ᠢ ᠪᠦᠬᠦᠨ ᠢ ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠤᠶᠤᠨᠴᠢ ᠬᠤᠲᠠ ᠶᠢᠨ | ᠬᠠᠮᠢᠶᠠᠷᠤᠯᠲᠠ ᠶᠢᠨ ᠲᠣᠭᠠᠴᠢᠯᠠᠭᠰᠠᠨ ᠵᠢᠯᠣᠭᠤᠳᠬᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠣᠶᠤᠨᠴᠢᠯᠠᠯᠲᠠ | ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠨᠡᠶᠢᠭᠡᠮ ᠢᠶᠠᠷ ᠢᠶᠠᠨ ᠪᠦᠬᠦ ᠤᠯᠤᠰ ᠤᠨ ᠪᠤᠯᠪᠠᠰᠤᠨ ᠬᠤᠲᠠ ᠶᠢ ᠡᠬᠦᠳᠤᠨ ᠪᠠᠶᠢᠭᠤᠯᠬᠤ ᠳᠤ ᠤᠷᠤᠯᠴᠠᠬᠤ ᠶᠢ | ᠲᠠᠶᠢᠴᠢᠯᠠᠵᠤ᠂ ︽ᠬᠠᠮᠲᠤ ᠪᠠᠷ ᠢᠶᠠᠨ ᠬᠠᠮᠢᠶᠠᠷᠴᠤ᠂ ᠬᠠᠮᠲᠤ ᠪᠠᠷ ᠢᠶᠠᠨ ᠵᠠᠰᠠᠬᠤ᠂ ᠬᠠᠮᠳᠤ ᠪᠠᠷ ᠢᠶᠠᠨ ᠪᠠᠶᠢᠭᠤᠯᠵᠤ᠂ ᠬᠠᠮᠲᠤ ᠪᠠᠷ ᠢᠶᠠᠨ ᠡᠳ᠋ᠯᠡᠬᠦ︾ ᠬᠤᠲᠠ ᠶᠢᠨ | ᠬᠠᠮᠢᠶᠠᠷᠤᠯᠲᠠ ᠶᠢᠨ ᠪᠠᠶᠢᠷᠢᠰᠢᠯ ᠢ ᠲᠠᠰᠤᠷᠠᠯᠲᠠ ᠦᠬᠡᠢ ᠲᠡᠬᠦᠯᠳᠡᠷᠵᠢᠬᠦᠯᠦᠨ᠎ᠡ᠃ | ᠰᠢᠨ᠎ᠡ ᠴᠠᠭ ᠦᠶ᠎ᠡ ᠶᠢᠨ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ | ᠦᠵᠡᠯᠲᠡ ᠶᠢ ᠪᠤᠶᠢᠵᠢᠭᠤᠯᠬᠤ ᠪᠠ ᠦᠶᠯᠡᠳᠦᠯᠭᠡᠵᠢᠭᠦᠯᠬᠦ ᠶᠢ ᠪᠠᠷᠢᠮᠲᠠᠯᠠᠵᠤ᠂ ᠡᠬᠡ ᠤᠷᠤᠨᠴᠢ ᠬᠦᠮᠦᠵᠢᠯ ᠤᠨ ᠦᠵᠡᠯ ᠪᠡ ᠰᠢᠨ᠎ᠡ ᠴᠠᠭ ᠦᠶ᠎ᠡ ᠶᠢᠨ ᠠᠷᠠᠳ ᠢᠷᠭᠡᠳ | ᠤᠨ ᠶᠤᠰᠦ ᠮᠤᠷᠠᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ︽ᠪᠣᠯᠪᠠᠰᠤᠨ ᠲᠣᠰᠬᠤᠨ ᠪᠠᠯᠭᠠᠰᠤ︾᠂ ︽ᠦᠵᠡᠰᠬᠦᠯᠡᠩᠲᠦ ᠰᠠᠶᠢᠬᠠᠨ ᠬᠦᠳᠡᠭᠡ ᠲᠣᠰᠬᠤᠨ︾ ᠢ ᠡᠭᠦᠳᠦᠨ ᠪᠠᠶᠢᠭᠤᠯᠬᠤ ᠪᠠ ︽ᠪᠣᠯᠪᠠᠰᠤᠨ ᠭᠡᠷ ᠪᠦᠯᠢ︾᠂ ︽ | ᠠᠵᠢᠯᠰᠠᠭ ᠪᠦᠰᠡᠬᠦᠢ︾ ᠵᠡᠷᠭᠡ ᠰᠢᠯᠭᠠᠷᠠᠭᠤᠯᠤᠯᠲᠠ ᠶᠢᠨ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠣ᠂ ᠠᠷᠠᠳ ᠢᠷᠭᠡᠳ ᠤᠨ ᠪᠤᠯᠪᠠᠰᠤᠨ ᠤ ᠬᠡᠪ ᠴᠢᠨᠠᠷ | ᠲᠡᠭᠡᠭᠰᠢᠯᠡᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠬᠡᠪ ᠵᠠᠩᠰᠢᠯ ᠢ ᠦᠭᠡᠷᠡᠴᠢᠯᠡᠬᠦ ᠶᠢ ᠠᠬᠢᠭᠤᠯᠵᠤ᠂ ᠦᠷᠭᠡᠨ ᠣᠯᠠᠨ ᠲᠦᠮᠡᠨ ᠢ ᠲᠠᠭᠠᠭᠤᠯᠵᠤ ᠰᠢᠯᠢᠳᠡᠭ ᠰᠠᠶᠢᠨ | ᠶᠣᠰᠣ ᠮᠣᠷᠠᠯ ᠬᠡᠪ ᠰᠤᠷᠲᠠᠯ ᠪᠣᠯᠤᠨ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠪᠣᠶ ᠪᠣᠯᠭᠠᠵᠤ᠂ ᠣᠯᠠᠨ ᠲᠦᠮᠡᠨ ᠤ ᠬᠦᠯᠢᠶᠡᠨ ᠵᠦᠪᠰᠢᠶᠡᠷᠡᠬᠦ ᠲᠦᠷᠦᠭᠳᠡᠯ | ᠪᠣᠯᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠂ ᠪᠦᠬᠦ ᠠᠷᠠᠳ ᠢᠶᠠᠷ ᠢᠶᠠᠨ ᠦᠵᠡᠰᠬᠦᠯᠡᠩᠳᠦ ᠰᠠᠶᠢᠬᠠᠨ ᠭᠡᠷ ᠤᠷᠤᠨ ᠢᠶᠠᠨ ᠪᠦᠳᠦᠭᠡᠨ ᠪᠠᠶᠢᠭᠤᠯᠵᠤ᠂ | ᠠᠵᠠ ᠵᠢᠷᠭᠠᠯᠳᠤ ᠠᠮᠢᠳᠤᠷᠠᠯ ᠢᠶᠠᠨ ᠴᠣᠭᠴᠠᠯᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ᠃ | ︵ᠨᠠᠢᠮᠠ︶ ᠥᠭᠡᠷᠡᠴᠢᠯᠡᠯᠲᠡ ᠨᠡᠭᠡᠭᠡᠯᠲᠡ ᠶᠢ ᠬᠦᠴᠦᠯᠡᠨ ᠭᠦᠨᠵᠡᠭᠡᠶᠢᠷᠡᠭᠦᠯᠵᠤ᠂ ᠴᠢᠨᠠᠷ ᠰᠠᠶᠢᠲᠠᠶ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠬᠡᠨᠠ | ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠎ᠡ ᠃ ︽ᠨᠢᠭᠡ ᠰᠦᠯᠵᠢᠶ᠎ᠡ᠂ ᠨᠢᠭᠡ ᠡᠭᠦᠳᠡ᠂ | ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠪᠠᠶᠠᠨᠨᠠᠭᠤᠷ ᠤᠨ ᠶᠠᠪᠤᠳᠠᠯ ᠢ ᠲᠦᠷᠭᠡᠨ ᠭᠦᠢᠴᠡᠳᠭᠡᠬᠦ︾ ᠶᠢ ᠪᠦᠬᠦ ᠲᠠᠯ᠎ᠠ ᠪᠠᠷ | ᠠᠬᠢᠭᠤᠯᠵᠤ᠂ ᠦᠨᠳᠦᠰᠦᠨ ᠱᠠᠲᠤᠨ ᠤ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠲᠥᠪ᠂ ᠣᠷᠣᠯᠠᠨ ᠭᠦᠶᠴᠡᠳᠬᠡᠬᠦ ᠴᠡᠭ ᠢ ᠲᠦᠷᠢᠮᠵᠢᠬᠦᠯᠦᠨ | ᠪᠠᠶᠢᠭᠤᠯᠬᠤ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠰᠤᠮᠤ ᠪᠠᠯᠭᠠᠰᠤ ᠲᠠᠯᠠᠪᠠᠢ ᠳᠤ ᠦᠷᠭᠡᠳᠬᠡᠬᠦ ᠶᠢ ᠪᠦᠬᠦ | ᠲᠠᠯ᠎ᠠ ᠪᠠᠷ ᠠᠬᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠴᠢᠷᠮᠠᠶᠢᠨ ᠪᠡᠶᠡᠯᠡᠬᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ | ᠰᠤᠯᠢᠯᠴᠠᠭᠠᠨ ᠤ ᠲᠠᠪᠴᠠᠩ ᠢ ᠨᠢᠭᠡᠳᠦᠯᠲᠡᠶ ᠪᠠᠷ ᠲᠦᠷᠢᠮᠵᠢᠬᠦᠯᠦᠨ ᠪᠠᠶᠢᠭᠤᠯᠵᠤ᠂ ᠡᠭᠦᠷᠭᠡ ᠲᠤᠰᠢᠶᠠᠯᠳᠤ ᠰᠠᠯᠠᠭ᠎ᠠ ᠮᠥᠴᠢᠷ ᠣᠷᠣᠯᠠᠨ ᠭᠦᠶᠦᠵᠦ ᠣᠷᠣᠯᠠᠨ | ᠭᠦᠶᠴᠡᠳᠬᠡᠬᠦ ᠳᠦᠷᠢᠮ ᠢ ᠬᠡᠷᠡᠭᠵᠢᠭᠦᠯᠵᠤ᠂ ᠠᠷᠠᠯᠵᠢᠶᠠᠨ ᠤ ᠡᠵᠡᠩᠨᠡᠯᠲᠡ ᠶᠢᠨ ᠣᠷᠴᠢᠨ ᠲᠤᠭᠤᠷᠢᠨ ᠢ ᠦᠨᠡᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠂ ︽ | ᠰᠠᠶᠢᠨ ᠮᠠᠭᠤ ᠦᠨᠡᠯᠡᠯᠲᠡ︾ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠶᠢ ᠳᠥᠭᠦᠮᠴᠢᠯᠡᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠭᠦᠯᠬᠦ ᠲᠣᠤᠷ ᠴᠡᠭ ᠤᠨ ᠣᠷᠣᠯᠠᠨ ᠭᠦᠶᠴᠡᠳᠬᠡᠬᠦ ᠲᠤᠬᠠᠶᠢᠯᠠᠭᠰᠠᠨ ᠠᠵᠢᠯ ᠢ | ᠠᠬᠢᠭᠤᠯᠤᠨ᠎ᠠ᠃ ᠨᠡᠶᠢᠬᠡᠮ ᠤᠨ ᠢᠲᠡᠭᠡᠮᠵᠢᠳᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠢᠳᠡᠭᠡᠯ ᠠᠯᠳᠠᠭᠰᠠᠳ ᠢ ᠬᠠᠮᠳᠤᠷᠠᠨ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠲᠡᠬᠦᠯᠳᠡᠷᠵᠢᠬᠦᠯᠦᠨ᠂ ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠪᠤᠢ ᠪᠤᠯᠭᠠᠨ᠎ᠠ᠃ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠬᠦᠴᠦᠯᠡᠨ ᠰᠠᠶᠢᠲᠤᠷ ᠠᠳᠬᠤᠨ᠎ᠠ ᠃ ᠭᠤᠷᠪᠠᠨ ᠵᠦᠶᠯ ᠤᠨ ᠭᠤᠤᠯᠳᠠᠯᠭ᠎ᠠ ᠲᠠᠢ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠮᠤᠭ ᠤᠨ ᠶᠡᠭᠡ ᠬᠡᠪᠴᠢᠶᠡᠨ ᠳᠤ ᠥᠭᠡᠷᠡᠴᠢᠯᠡᠯᠲᠡ ᠶᠢᠨ ᠬᠠᠮᠳᠤᠷᠠᠨ ᠵᠤᠬᠢᠴᠠᠯᠳᠤᠬᠤ ᠨᠡᠮᠡᠯᠲᠡ | ᠨᠦᠯᠦᠭᠡᠯᠡᠯ ᠤᠨ ᠦᠷ᠎ᠡ ᠪᠦᠳᠦᠮᠵᠢ ᠶᠢ ᠭᠠᠷᠭᠠᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠶᠢᠨ ᠥᠭᠡᠷᠡᠴᠢᠯᠡᠯᠲᠡ ᠶᠢ ᠪᠦᠬᠦ ᠪᠠᠯᠭᠠᠰᠤ | ᠪᠠᠷ ᠬᠦᠨᠵᠡᠭᠡᠶᠢᠷᠡᠬᠦᠯᠦᠨ᠂ ᠰᠤᠮᠤ ᠪᠠᠯᠭᠠᠰᠤᠨ ᠤ ᠬᠢᠨᠠᠨ ᠵᠦᠪᠰᠢᠶᠡᠷᠡᠯ ᠤᠨ ᠦᠢᠯᠡᠴᠢᠯᠡᠭᠡᠨ ᠤ ᠬᠠᠣᠯᠢ ᠬᠡᠷᠡᠭᠵᠢᠭᠦᠯᠦᠯᠲᠡ ᠶᠢᠨ ᠬᠦᠴᠤᠨ ᠢ ᠨᠢᠭᠡᠳᠬᠡᠬᠦ ᠶᠢ | ᠠᠬᠢᠭᠤᠯᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ | ᠨᠢᠭᠡᠴᠡ᠂ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠭᠤᠣᠯᠳᠠᠯᠭ᠎ᠠ ᠲᠠᠢ ᠴᠡᠭ ᠪᠠ ᠲᠤᠷᠰᠢᠯᠲᠠ ᠶᠢᠨ ᠴᠡᠭ ᠤᠨ | ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠢ ᠨᠠᠶᠢᠳᠠᠪᠤᠷᠢᠵᠢᠭᠤᠯᠤᠨ᠂ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠪᠠᠶᠢᠭᠤᠯᠤᠯ ᠤᠨ | ᠥᠭᠡᠷᠡᠴᠢᠯᠡᠯᠲᠡ ᠵᠤᠬᠢᠬᠤ ᠠᠬᠢᠴᠠ ᠲᠠᠢ ᠪᠤᠯᠬᠤ ᠶᠢ ᠠᠬᠢᠭᠤᠯᠤᠨ᠎ᠠ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠬᠡᠮᠯᠢᠭ ᠪᠤᠯᠤᠨ ᠵᠠᠰᠠᠭ ᠵᠠᠬᠢᠷᠭᠠᠨ ᠤ | ᠪᠠᠶᠢᠭᠤᠯᠭ᠎ᠠ ᠯᠤᠭ᠎ᠠ ᠶᠢᠨ ᠬᠤᠯᠪᠤᠭ᠎ᠠ ᠶᠢ ᠲᠠᠰᠤᠯᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ ᠬᠠᠮᠲᠤ ᠶᠢᠨ ᠦᠮᠴᠢᠯᠡᠬᠦ ᠡᠷᠭᠡ ᠶᠢᠨ ᠲᠦᠷᠢᠮ ᠤᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠵᠤ᠂ ᠬᠠᠮᠲᠤ ᠶᠢᠨ ᠪᠡᠯᠡ ᠮᠦᠩᠬᠦ ᠶᠢ ᠤᠯᠠᠮ ᠴᠢᠯᠦᠭᠡᠲᠡᠢ ᠪᠤᠯᠭᠠᠵᠤ ᠮᠠᠯᠵᠢᠬᠤ ᠲᠠᠷᠢᠶᠠᠯᠠᠬᠤ | ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠢᠨ᠎ᠡ ᠡᠨᠧᠷᠭᠢ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ᠂ ᠴᠡᠷᠢᠭ ᠠᠷᠠᠳ ᠤᠨ | ᠠᠭᠤᠰᠤᠯᠴᠠᠭᠰᠠᠨ ᠬᠥᠭᠵᠢᠯᠲᠡ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ᠂ ᠪᠡᠶ᠎ᠡ ᠪᠠᠨ ᠲᠠᠭᠠᠭᠠᠭᠰᠠᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ | ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠤᠯᠠᠨ ᠳᠤ ᠨᠡᠩ ᠤᠯᠠᠨ ᠨᠡᠩ ᠦᠷᠭᠡᠨ ᠲᠡᠯᠭᠡᠷ ᠢᠶᠠᠷ ᠬᠦᠷᠳᠡᠭᠡᠨ᠎ᠡ᠃ | ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠶᠢ ᠪᠦᠬᠦ ᠲᠠᠯ᠎ᠠ ᠪᠠᠷ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ | ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠮᠣᠩᠭᠤᠯ ᠤᠯᠤᠰ ᠯᠤᠭ᠎ᠠ ᠶᠢᠨ ᠰᠤᠷᠭᠠᠨ ᠬᠥᠮᠦᠵᠢᠯ᠂ ᠰᠣᠶᠣᠯ᠂ | ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠬᠤᠶᠠᠷ ᠲᠠᠯ᠎ᠠ ᠶᠢᠨ ᠠᠷᠠᠳ ᠲᠦᠮᠡᠨ ᠤ ᠬᠤᠭᠤᠷᠣᠨᠳᠣᠬᠢ ᠶᠠᠪᠤᠯᠴᠠᠭ᠎ᠠ ᠶᠢ ᠲᠠᠰᠤᠷᠠᠯᠲᠠ ᠥᠬᠡᠶ ᠥᠷᠭᠡᠳᠬᠡᠨ᠎ᠡ᠃ ᠪᠡᠭᠡᠵᠢᠩ ᠲᠢᠶᠠᠨᠵᠢᠨ᠂ ᠾᠧᠪᠸᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠢᠴᠢ ᠳᠠᠯᠠᠢ ᠳᠠᠭᠠᠤ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ | ᠰᠢᠯᠵᠢᠯᠲᠡ ᠶᠢᠨ ᠰᠢᠨ᠎ᠡ ᠬᠠᠨᠳᠤᠰᠢ ᠶᠢ ᠨᠢᠭᠲᠠ ᠠᠩᠬᠠᠷᠴᠤ᠂ ᠠᠵᠤ ᠦᠢᠯᠡᠰ ᠤᠨ ᠰᠢᠯᠵᠢᠯᠲᠡ ᠲᠠᠢ ᠵᠤᠯᠭᠠᠭᠤᠯᠬᠤ ᠪᠠ ᠲᠡᠰ ᠳᠡᠪᠰᠢᠭᠦᠯᠬᠦ᠂ ᠡᠬᠢ ᠪᠠᠶᠠᠯᠢᠭ ᠤᠨ | ᠲᠠᠪᠠᠭᠤᠯᠢᠭ ᠢᠶᠠᠨ ᠠᠵᠤ ᠦᠢᠯᠡᠰ ᠤᠨ ᠲᠠᠪᠠᠭᠤᠯᠢᠭ᠂ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠣᠷᠣᠨ ᠪᠦᠰᠡ ᠶᠢᠨ | ᠨᠡᠭᠡᠭᠡᠯᠲᠡ ᠶᠢᠨ ᠬᠠᠮᠲᠤᠷᠠᠯᠴᠠᠭᠠᠨ ᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ | ︵ᠶᠢᠰᠦ︶᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠦᠴᠦᠯᠡᠨ ᠨᠡᠮᠡᠭᠳᠡᠭᠦᠯᠵᠤ᠂ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ | ᠢᠶᠠᠨ ᠡᠳ᠋ᠯᠡᠨ᠎ᠡ | ᠨᠡᠶᠢᠭᠡᠮ ᠤᠨ ᠪᠠᠲᠤᠯᠠᠭ᠎ᠠ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ ᠃ ᠠᠷᠠᠳ ᠤᠨ ᠠᠮᠢᠳᠤᠷᠠᠯ ᠤᠨ ᠨᠡᠶᠢᠳᠡᠮ ᠬᠠᠷᠠᠭᠠᠯᠵᠠᠬᠤ ᠴᠢᠨᠠᠷ᠂ | ᠰᠠᠭᠤᠷᠢ ᠴᠢᠨᠠᠷ᠂ ᠦᠨᠳᠦᠰᠦᠨ ᠵᠦᠶᠯ ᠢ ᠪᠠᠲᠤᠯᠠᠬᠤ ᠴᠢᠨᠠᠷ ᠢ ᠴᠢᠬᠤᠯᠠᠴᠢᠯᠠᠵᠤ᠂ ᠤᠯᠠᠮ ᠢᠳᠡᠪᠬᠢᠲᠠᠢ ᠪᠠᠷ ᠠᠵᠢᠯ ᠣᠯᠭᠤᠯᠲᠠ ᠶᠢᠨ ᠲᠥᠷᠦ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠣᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠦᠢᠯᠡᠰ ᠪᠦᠲᠦᠭᠡᠬᠦ ᠬᠢᠴᠢᠶᠡᠯ ᠪᠣᠯᠪᠠᠰᠤᠷᠠᠯ ᠢ ᠨᠠᠷᠢᠨ ᠬᠢᠨᠠᠮᠠᠭᠠᠢ ᠰᠠᠶᠢᠲᠤᠷ | ᠠᠳᠬᠤᠵᠤ᠂ ᠲᠡᠭᠡᠳᠤ ᠰᠤᠷᠭᠠᠭᠤᠯᠢ ᠲᠡᠭᠦᠰᠦᠭᠰᠡᠨ ᠤᠶᠤᠲᠠᠳ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠬᠦᠯᠦᠭᠰᠡᠨ ᠬᠥᠳᠡᠯᠮᠦᠷᠢ ᠬᠦᠴᠤᠨ᠂ ᠴᠡᠷᠢᠭ ᠤᠨ ᠠᠯᠪᠠ | ᠠᠴᠠ ᠬᠠᠯᠠᠭᠳᠠᠭᠰᠠᠳ ᠵᠡᠷᠭᠡ ᠤᠯᠠᠨ ᠨᠡᠶᠢᠲᠡ ᠳᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠤ᠂ ᠠᠵᠢᠯ ᠤᠯᠭᠤᠯᠲᠠ ᠶᠢᠨ ᠪᠦᠳᠦᠴᠡ ᠶᠢ ᠰᠠᠶᠢᠵᠢᠷᠠᠭᠤᠯᠵᠤ᠂ | ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠵᠢᠯ ᠤᠨ ᠳᠣᠲᠣᠷ᠎ᠠ 900 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠴᠢᠷᠮᠠᠶᠢᠨ ᠪᠡᠶᠡᠯᠡᠬᠦᠯᠵᠤ᠂ | 8400 ᠨᠡᠷᠡᠰ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ᠂ ᠠᠵᠢᠯ ᠠᠯᠳᠠᠭᠰᠠᠳ ᠤᠨ ᠲᠠᠩᠰᠠᠯᠠᠭᠤᠯᠣᠭᠰᠠᠨ ᠨᠣᠷᠮ᠎ᠠ ᠶᠢ 4.5% ᠶᠢᠨ ᠳᠣᠲᠣᠷ᠎ᠠ | ᠬᠢᠵᠠᠭᠠᠷᠯᠠᠨ᠎ᠠ᠃ ᠪᠦᠬᠦ ᠠᠷᠠᠳ ᠢᠶᠠᠷ ᠢᠶᠠᠨ ᠨᠡᠶᠢᠭᠡᠮ ᠤᠨ ᠳᠠᠭᠠᠳᠬᠠᠯ ᠳᠤ ᠣᠷᠣᠯᠴᠠᠵᠤ ᠲᠠᠩᠰᠠᠯᠠᠭᠤᠯᠬᠤ ᠲᠦᠯᠦᠪᠯᠡᠭᠡ ᠶᠢ ᠬᠦᠴᠦᠯᠡᠨ ᠠᠬᠢᠭᠤᠯᠵᠤ᠂ ᠨᠡᠶᠢᠭᠡᠮ ᠤᠨ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠬᠡᠨ᠂ ︽ᠤᠨ ᠤ ᠪᠠᠶᠢᠴᠠᠭᠠᠯᠲᠠ︾ ᠶᠢᠨ ᠬᠡᠷᠡᠴᠢᠯᠡᠬᠦ ᠠᠷᠭ᠎ᠠ ᠮᠠᠶ᠋ᠢᠭ ᠢ ᠰᠢᠨ᠎ᠡ ᠪᠠᠷ ᠡᠭᠦᠳᠴᠦ᠂ ᠨᠡᠶᠢᠭᠡᠮ ᠤᠨ | ᠳᠠᠭᠠᠳᠬᠠᠯ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ︽ᠨᠠᠰᠤᠲᠠᠨ ᠪᠠ ᠬᠡᠤᠬᠡᠳ︾ ᠤᠨ ᠠᠰᠠᠭᠤᠳᠠᠯ | ᠢ ᠴᠢᠬᠤᠯᠠᠴᠢᠯᠠᠨ ᠰᠢᠢᠳᠪᠦᠷᠢᠯᠡᠵᠤ᠂ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠲᠡᠬᠦᠯᠳᠡᠷᠵᠢᠬᠦᠯᠦᠨ᠂ ᠨᠡᠶᠢᠬᠡᠮ ᠤᠨ ᠬᠦᠴᠦᠨ ᠤ | ᠨᠡᠶᠢᠳᠡᠮ ᠳᠤ ᠨᠢ ᠬᠠᠷᠭᠠᠯᠵᠠᠬᠤ ᠨᠠᠶᠢᠳᠠᠨ ᠠᠰᠠᠷᠠᠬᠤ ᠦᠢᠯᠡᠴᠢᠯᠡᠭᠡ ᠳᠤ ᠤᠷᠤᠯᠴᠠᠬᠤ ᠶᠢ ᠬᠦᠳᠦᠯᠦᠨ ᠲᠠᠭᠠᠭᠤᠯᠵᠤ᠂ ᠨᠠᠰᠤᠨ ᠳᠤ ᠥᠯᠥ ᠬᠦᠷᠦᠭᠰᠡᠳ ᠢ ᠠᠪᠤᠷᠠᠨ | ᠲᠤᠰᠠᠯᠠᠬᠤ ᠲᠥᠪ᠂ ᠨᠠᠰᠤᠲᠠᠶᠢᠴᠤᠳ ᠢ ᠠᠰᠠᠷᠠᠨ ᠰᠤᠪᠢᠯᠠᠬᠤ ᠬᠦᠷᠢᠶᠡᠯᠡᠩ ᠵᠡᠷᠭᠡ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠬᠤᠲᠠ | ᠬᠥᠳᠡᠭᠡ ᠶᠢᠨ ᠶᠠᠳᠠᠭᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠂ ᠬᠠᠷᠠᠭᠠᠯᠵᠠᠨ ᠲᠦᠪᠬᠢᠨᠡᠬᠦᠯᠬᠦ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠬᠠᠷᠠᠭᠠᠯᠵᠠᠨ ᠲᠡᠳᠬᠦᠬᠦ ᠡᠲᠡᠭᠡᠳ ᠵᠡᠷᠭᠡ ᠠᠮᠢᠳᠤᠷᠠᠯ ᠨᠢ ᠬᠦᠴᠢᠷᠲᠡᠶ ᠣᠯᠠᠨ | ᠲᠦᠮᠡᠨ ᠤ ᠠᠰᠠᠭᠤᠳᠠᠯ ᠢ ᠵᠤᠬᠢᠰᠲᠠᠢ ᠰᠢᠶᠳᠪᠦᠷᠢᠯᠡᠵᠤ᠂ ᠣᠷᠣᠰᠢᠭᠤᠯᠭ᠎ᠠ ᠶᠢᠨ ᠦᠶᠯᠡᠴᠢᠯᠡᠭᠡᠨ ᠤ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠨᠡᠩ ᠪᠦᠷᠢᠨ ᠲᠡᠭᠦᠯᠳᠡᠷ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠲᠡᠬᠦᠯᠳᠡᠷᠵᠢᠬᠦᠯᠦᠨ ᠪᠠᠶᠢᠭᠤᠯᠤᠨ᠎ᠠ᠃ | ᠨᠡᠶᠢᠭᠡᠮ ᠤᠨ ᠠᠵᠢᠯ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠨᠢᠭᠡᠳᠤᠯᠲᠠᠢ ᠲᠦᠯᠦᠪᠵᠢᠬᠦᠯᠦᠨ᠎ᠡ᠃ ︽ᠪᠦᠬᠦ ᠠᠷᠠᠳ ᠢᠶᠠᠷ ᠢᠶᠠᠨ ᠰᠤᠷᠭᠠᠨ | ᠬᠥᠮᠦᠵᠢᠯ ᠢ ᠬᠥᠭᠵᠢᠭᠦᠯᠬᠦ︾ ᠪᠠᠷ ᠭᠠᠷᠲᠠᠴᠠ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠦᠨᠳᠤᠰᠦᠨ ᠳᠤ ᠪᠠᠨ ᠲᠡᠩᠴᠡᠬᠦᠷᠶᠢᠲᠠᠢ ᠪᠠᠶᠢᠭᠰᠠᠨ ᠠᠴᠠ | ᠰᠢᠯᠢᠳᠡᠭ ᠲᠡᠩᠴᠡᠭᠦᠷᠢᠲᠡᠢ ᠲᠡᠰᠢ ᠲᠠᠪᠰᠢᠬᠤ ᠶᠢ ᠠᠬᠢᠭᠤᠯᠤᠨ᠎ᠠ᠃ ᠨᠢᠭᠡᠳᠦᠭᠡᠷ ᠪᠠᠭ᠎ᠠ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠪᠠ ᠭᠤᠷᠪᠠᠳᠤᠭᠠᠷ | ᠬᠡᠦᠬᠡᠳ ᠤᠨ ᠴᠡᠴᠡᠷᠯᠢᠭ ᠢ ᠪᠠᠶᠢᠭᠤᠯᠵᠤ᠂ ᠦᠵᠦᠭᠦᠷ ᠭᠤᠣᠯ ᠪᠠᠯᠭᠠᠰᠤ ᠶᠢᠨ ᠰᠤᠷᠭᠠᠭᠤᠯᠢ ᠶᠢᠨ ᠪᠠᠭᠰᠢ ᠨᠠᠷ ᠤᠨ ᠲᠦᠷ ᠰᠠᠭᠤᠬᠤ ᠭᠡᠷ ᠪᠠᠶᠢᠰᠢᠩ ᠤᠨ ᠲᠥᠷᠥᠯ | ᠵᠦᠢᠯ ᠢ ᠬᠡᠷᠡᠭᠵᠢᠭᠦᠯᠦᠨ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠵᠡᠷᠭᠡ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠲᠡᠭᠡᠳᠦ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠶᠢ | ᠵᠤᠷᠢᠭᠵᠢᠭᠤᠯᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠠᠭᠰᠢ ᠶᠢᠨ ᠡᠬᠢ ᠰᠤᠷᠪᠤᠯᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠬᠢᠴᠢᠶᠡᠯ ᠤᠨ ᠲᠢᠩᠬᠢᠮ ᠤᠨ ᠭᠤᠤᠯ ᠰᠠᠭᠤᠷᠢᠨ ᠭᠠᠵᠠᠷ ᠤᠨ ᠦᠶᠯᠡᠳᠦᠯ ᠢ ᠴᠢᠩᠭᠠᠳᠬᠠᠨ᠂ ᠪᠠᠭᠰᠢ ᠶᠢᠨ ᠪᠤᠯᠪᠠᠰᠤᠷᠠᠯ ᠬᠦᠮᠦᠵᠢᠯ ᠢ ᠲᠤᠪᠤᠶᠢᠯᠭᠠᠨ ᠰᠠᠶᠢᠳᠤᠷ | ᠠᠳᠬᠤᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠠᠷᠠᠳ ᠤᠨ ᠰᠠᠨᠠᠭᠠᠨ ᠳᠤ ᠨᠡᠶᠢᠴᠡᠭᠰᠡᠨ ᠰᠤᠷᠭᠠᠨ | ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃ ︽ᠡᠷᠡᠬᠦᠯ ᠡᠩᠭᠡ ᠤᠷᠠᠳ ᠤᠨ ᠲᠤᠮᠳᠠᠳᠤ ᠬᠤᠰᠢᠭᠤ︾ ᠶᠢᠨ ᠪᠠᠶᠢᠭᠤᠯᠤᠯᠲᠠ ᠶᠢ ᠬᠦᠨᠵᠡᠭᠡᠶᠢᠷᠡᠬᠦᠯᠵᠤ᠂ ᠱᠠᠲᠤ | ᠬᠤᠪᠢᠶᠠᠨ ᠣᠨᠣᠰᠢᠯᠠᠨ ᠡᠮᠨᠡᠬᠦ ᠳᠦᠷᠢᠮ ᠢ ᠲᠡᠬᠦᠯᠳᠡᠷᠵᠢᠬᠦᠯᠦᠨ ᠪᠠᠶᠢᠭᠤᠯᠵᠤ᠂ ᠪᠦᠬᠦ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ | ᠤᠨᠳᠤᠤ ᠭᠠᠵᠠᠷ ᠡᠮᠨᠡᠬᠦᠯᠬᠦ ᠳᠤ ᠰᠢᠭᠤᠳ ᠲᠠᠩᠰᠠ ᠴᠠᠶᠢᠷᠠᠭᠤᠯᠵᠤ ᠪᠤᠯᠬᠤ ᠶᠢ ᠬᠦᠨᠵᠡᠭᠡᠢ ᠠᠬᠢᠭᠤᠯᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠢ | ᠶᠡᠬᠡᠪᠡᠷ ᠬᠦᠭᠵᠢᠬᠦᠯᠵᠤ᠂ ᠮᠤᠩᠭᠤᠯ ᠬᠢᠳᠠᠳ ᠡᠮᠨᠡᠯᠭᠡ ᠶᠢᠨ ᠬᠤᠷᠢᠶᠠᠨ ᠤ ᠡᠬᠦᠳᠡᠨ ᠡᠮᠨᠡᠯᠭᠡ ᠶᠢᠨ ᠠᠯᠪᠠᠨ ᠠᠰᠠᠷ ᠢ ᠦᠷᠭᠡᠳᠭᠡᠨ ᠵᠠᠰᠠᠨ ᠪᠠᠶᠢᠭᠤᠯᠬᠤ ᠶᠢ | ᠪᠡᠶᠡᠯᠡᠬᠦᠯᠵᠤ᠂ ᠰᠠᠩ ᠤᠨ ᠳᠠᠯᠠᠢ ᠪᠣᠯᠤᠨ ᠭᠠᠭᠴᠠᠮᠤᠳᠤ ᠬᠢᠯᠢ ᠶᠢᠨ ᠪᠣᠭᠤᠮᠲᠠ ᠶᠢᠨ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠡᠷᠡᠬᠦᠯ ᠬᠠᠮᠠᠭᠠᠯᠠᠯ ᠤᠨ ᠬᠤᠷᠢᠶᠠᠨ | ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠪᠠᠳᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠰᠣᠶᠣᠯ ᠪᠡᠶ᠎ᠡ ᠶᠢᠨ ᠲᠠᠮᠢᠷ ᠤᠨ ᠬᠥᠭᠵᠢᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠤᠭᠲᠠᠯᠴᠠᠭ᠎ᠠ ᠪᠠᠨ | ᠲᠠᠰᠤᠷᠠᠯᠲᠠ ᠦᠬᠡᠢ ᠲᠡᠬᠦᠯᠳᠡᠷᠵᠢᠬᠦᠯᠦᠨ᠂ ᠰᠤᠶᠤᠯ ᠢᠶᠠᠷ ᠠᠷᠠᠳ ᠲᠤ ᠬᠠᠷᠠᠭᠠᠯᠵᠠᠯ ᠬᠦᠷᠲᠡᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠡᠯ᠎ᠡ | ᠲᠥᠷᠥᠯ ᠤᠨ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠰᠡᠳᠬᠢᠯ ᠲᠠᠯᠪᠢᠨ ᠵᠣᠬᠢᠶᠠᠨ ᠪᠠᠶᠢᠭᠤᠯᠤᠨ ᠦᠷᠨᠢᠬᠦᠯᠦᠨ᠎ᠡ︔ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠳᠦᠷᠢᠮ︾ ᠢ ᠨᠠᠷᠢᠨ ᠬᠢᠨᠠᠮᠠᠭᠠᠶ ᠲᠣᠣᠱᠯᠠᠭᠤᠯᠵᠣ᠂ ᠤᠯᠠᠭᠠᠨᠮᠥ᠋ᠴᠢᠷ ᠤᠨ ᠨᠠᠩ ᠣᠯᠠᠨ | ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠭᠠᠷᠭᠠᠬᠤ ᠶᠢ ᠲᠡᠮᠵᠢᠨ᠎ᠡ᠃ ᠰᠤᠶᠤᠯ ᠤᠨ ᠤᠷᠳᠤᠨ ᠤ ᠮᠦᠽᠧᠶ ᠶᠢ ᠳᠡᠰ ᠳᠡᠪᠰᠢᠭᠦᠯᠦᠨ ᠥᠭᠡᠷᠡᠴᠢᠯᠡᠨ ᠵᠠᠰᠠᠬᠤ ᠪᠠ | ᠲᠡᠯ ᠠᠭᠤᠯᠠ ᠪᠠᠯᠭᠠᠰᠤᠨ ᠤ ᠶᠡᠷᠦᠩᠬᠡᠶᠢᠯᠡᠭᠰᠡᠨ ᠬᠦᠳᠡᠯᠭᠡᠭᠡᠨ ᠤ ᠲᠥᠪ ᠤᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠦᠨᠳᠦᠰᠦᠲᠡᠨ ᠤ | ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠬᠤᠨ ᠭᠠᠯᠠᠭᠤᠨ ᠰᠣᠶᠣᠯ︾ ᠤᠨ ᠨᠡᠷᠡᠲᠦ | ᠲᠡᠮᠳᠡᠭ ᠤᠨ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠨᠠᠷᠢᠨ ᠬᠢᠨᠠᠮᠠᠭᠠᠶ ᠰᠠᠶᠢᠳᠤᠷ ᠬᠢᠨ᠎ᠡ᠃ | ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ᠃ ᠬᠠᠮᠳᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ | ᠵᠠᠰᠠᠯᠲᠠ ᠶᠢᠨ ᠳᠦᠷᠢᠮ ᠢ ᠪᠠᠷᠢᠮᠲᠠᠯᠠᠨ ᠲᠡᠬᠦᠯᠳᠡᠷᠵᠢᠬᠦᠯᠵᠤ᠂ ᠨᠡᠶᠢᠭᠡᠮ ᠤᠨ ᠵᠠᠰᠠᠯᠲᠠ ᠶᠢᠨ ᠲᠤᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠨ᠎ᠠ᠃ ︽ᠲᠤᠳᠤ ᠬᠡᠷᠡᠯᠳᠦ ᠢᠨᠵᠧᠨᠧᠷᠢᠩ︾ ᠢ ᠲᠦᠷᠭᠡᠳᠭᠡᠨ ᠠᠬᠢᠭᠤᠯᠵᠤ᠂ ᠪᠡᠶᠡᠳᠦ ᠴᠤᠭᠴᠠᠵᠢᠭᠰᠠᠨ᠂ ᠰᠤᠷᠠᠭ ᠵᠠᠩᠭᠢᠴᠢᠯᠠᠭᠰᠠᠨ | ᠂ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠵᠠᠰᠠᠬᠤ ᠲᠤᠭᠲᠠᠯᠴᠠᠭ᠎ᠠ ᠶᠢ ᠲᠦᠷᠭᠡᠳᠭᠡᠨ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠪᠠᠷ ᠬᠦᠳᠦᠯᠦᠮᠵᠢ ᠪᠤᠯᠭᠠᠨ᠂ ᠠᠵᠢᠯ ᠲᠦᠷᠦᠯ ᠤᠨ ᠶᠡᠷᠦᠩᠬᠡᠶᠢᠯᠡᠭᠰᠡᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠷ ᠪᠦᠳᠦᠮᠵᠢᠳᠤ ᠤᠷᠳᠤ | ᠬᠤᠭᠤᠴᠠᠭᠠᠨ ᠤ ᠤᠲᠠᠭᠠᠨ ᠤ ᠵᠠᠰᠠᠯᠲᠠ ᠶᠢᠨ ᠲᠤᠭᠲᠠᠴᠠ ᠶᠢ ᠪᠦᠷᠢᠯᠳᠦᠬᠦᠯᠦᠨ᠎ᠡ᠃ ᠵᠠᠬᠢᠳᠠᠯ ᠰᠤᠷᠪᠤᠯᠵᠢᠯᠠᠯ ᠤᠨ ᠬᠤᠯᠪᠤᠭᠠᠳᠤ ᠬᠤᠷᠠᠯᠳᠤᠭᠠᠨ ᠤ ᠳᠦᠷᠢᠮ ᠤᠨ | ᠦᠢᠯᠡᠳᠦᠯ ᠢ ᠭᠦᠶᠴᠡᠳ ᠪᠠᠳᠠᠷᠠᠭᠤᠯᠤᠨ᠂ ︽ᠭᠤᠷᠪᠠ ᠶᠢ ᠬᠦᠢᠴᠡᠳ ᠬᠢᠵᠣ᠂ ᠨᠢᠭᠡ ᠶᠢ ᠰᠢᠶᠳᠪᠦᠷᠢᠯᠡᠬᠦ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠬᠠᠤᠯᠢ ᠲᠤᠭᠲᠠᠭᠠᠯ ᠶᠤᠰᠤᠭᠠᠷ ᠡᠯ᠎ᠡ ᠵᠦᠢᠯ ᠤᠨ ᠵᠠᠬᠢᠲᠠᠯ ᠰᠤᠷᠪᠤᠯᠵᠢᠯᠠᠯ ᠤᠨ ᠵᠦᠷᠢᠴᠡᠯᠳᠤᠭᠡᠨ ᠢ ᠰᠢᠢᠳᠪᠦᠷᠢᠯᠡᠨ᠎ᠡ᠃ ᠬᠦᠯᠦᠰᠦᠨ ᠠᠵᠢᠯᠴᠢᠨ ᠤ ᠴᠠᠯᠢᠩ ᠬᠦᠯᠦᠰᠦ | ᠶᠢ ᠦᠷᠢᠳᠡᠬᠦ ᠶᠢ ᠴᠡᠭᠴᠡᠯᠡᠨ ᠵᠠᠰᠠᠵᠤ᠂ ᠴᠠᠯᠢᠩ ᠢ ᠨᠢ ᠴᠠᠭ ᠲᠤᠬᠠᠢ ᠳᠤ ᠨᠢ ᠲᠠᠷᠬᠠᠭᠠᠨ ᠦᠭᠬᠦ ᠠᠵᠢᠯ ᠢ ᠯᠠᠪᠳᠠᠭᠤᠨ ᠰᠠᠶᠢᠳᠤᠷ ᠬᠢᠵᠤ᠂ ᠬᠦᠯᠦᠰᠦᠨ ᠠᠵᠢᠯᠴᠢᠳ | ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭᠠᠳᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ | ᠨᠡᠬᠦᠷᠡᠰᠤᠨ ᠠᠭᠤᠷᠬᠠᠢ᠂ ᠨᠡᠭᠦᠷᠡᠰᠦᠨ ᠤ ᠪᠣᠰᠣ ᠠᠭᠤᠷᠬᠠᠢ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠲᠤᠰᠬᠠᠢ ᠲᠦᠷᠦᠯ ᠢᠶᠠᠷ | ᠴᠡᠭᠴᠡᠯᠡᠨ ᠵᠠᠰᠠᠬᠤ ᠶᠢ ᠴᠢᠩᠭᠠᠳᠬᠠᠵᠣ᠂ ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨ ᠬᠦ ᠪᠤᠳᠠᠳᠠᠢ ᠠᠳᠬᠤᠵᠤ᠂ ᠡᠯ᠎ᠡ | ᠲᠦᠷᠦᠯ ᠤᠨ ᠠᠶᠤᠯᠬᠦᠢ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠣᠷᠣᠨ ᠪᠦᠰᠡ ᠶᠢᠨ ᠴᠢᠨᠠᠷᠲᠠᠶ ᠬᠦᠨᠳᠦ ᠶᠡᠭᠡ ᠬᠢᠵᠢᠭ ᠤᠨ ᠪᠠᠶᠢᠳᠠᠯ ᠭᠠᠷᠬᠤ ᠦᠬᠡᠢ ᠪᠠᠶᠢᠬᠤ ᠶᠢ ᠦᠨᠡᠨ | ᠬᠦ ᠪᠠᠲᠤᠯᠠᠨ᠎ᠠ᠃ ᠬᠠᠤᠯᠢ ᠪᠠᠷ ᠬᠤᠰᠢᠭᠤ ᠪᠠᠨ ᠵᠠᠰᠠᠬᠤ ᠶᠢ ᠬᠦᠨᠵᠡᠭᠡᠢ ᠠᠬᠢᠭᠤᠯᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢᠶᠠᠨ | ᠠᠮᠵᠢᠯᠲᠠ ᠲᠠᠢ ᠪᠡᠶᠡᠯᠡᠭᠦᠯᠵᠤ᠂ ᠤᠳᠤᠬᠢᠴᠢᠯᠠᠭᠰᠠᠨ᠂ ᠮᠡᠳᠡᠭᠡ ᠵᠠᠩᠬᠢᠴᠢᠯᠠᠭᠰᠠᠨ ᠠᠷᠭ᠎ᠠ ᠠᠪᠴᠠᠯ ᠢᠶᠠᠷ ᠬᠠᠣᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠲᠠ | ᠶᠢᠨ ᠠᠬᠢᠴᠠ ᠶᠢ ᠠᠬᠢᠭᠤᠯᠤᠨ᠎ᠠ᠃ ᠬᠤᠶᠠᠷ ᠢ ᠬᠦᠷᠢᠶᠡᠯᠡᠬᠦ ᠬᠠᠷᠠᠭᠠᠯᠵᠠᠨ ᠲᠦᠪᠬᠢᠨᠡᠬᠦᠯᠬᠦ ᠠᠵᠢᠯ ᠢ ᠯᠠᠪᠳᠠᠭᠤᠨ ᠪᠠᠲᠤᠲᠠᠢ ᠪᠠᠷ ᠠᠬᠢᠭᠤᠯᠵᠤ᠂ ᠪᠦᠬᠦ ᠤᠯᠤᠰ ᠤᠨ | ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠨᠠᠮ ᠤᠨ ᠡᠯ᠎ᠡ ᠵᠦᠢᠯ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤ ᠶᠢ ᠵᠥᠪᠰᠢᠶᠡᠷᠡᠬᠦ︾ ᠵᠡᠷᠭᠡ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠴᠦ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ | ᠠᠬᠢᠭᠤᠯᠤᠨ᠎ᠠ᠃ | ︵ᠠᠷᠪᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠬᠠᠮᠳᠤᠷᠠᠯ ᠤᠨ | ᠬᠦᠴᠦᠨ ᠢ ᠨᠢᠭᠲᠠᠷᠠᠭᠤᠯᠤᠨ᠎ᠠ | ᠬᠦᠭᠵᠢᠯᠲᠡ ᠶᠢᠨ ᠬᠦᠨᠳᠦ ᠡᠭᠦᠷᠭᠡ ᠪᠠ ᠠᠷᠠᠳ ᠲᠦᠮᠡᠨ ᠤ ᠬᠦᠰᠡᠯ ᠡᠷᠡᠮᠡᠯᠵᠡᠯ ᠨᠢ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠨᠠᠩ | ᠥᠨᠳᠥᠷ ᠱᠠᠭᠠᠷᠳᠠᠯᠭ᠎ᠠ ᠲᠤᠷᠠᠳᠪᠠ᠃ ᠪᠢᠳᠡ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠤᠯᠤᠰ ᠲᠥᠷᠦ ᠶᠢᠨ ᠬᠡᠪ ᠴᠢᠨᠠᠷ᠂ ᠰᠢᠷᠭᠠᠭᠤ ᠬᠢᠴᠢᠶᠡᠩᠭᠦᠶ ᠠᠵᠢᠯ ᠤᠨ | ᠰᠤᠷᠲᠠᠯ ᠢᠶᠠᠷ ᠵᠠᠰᠠᠭ ᠤᠨ ᠶᠠᠪᠤᠳᠠᠯ ᠳᠤ ᠤᠷᠤᠯᠴᠠᠨ᠂ ᠡᠬᠦᠷᠭᠡ ᠲᠤᠰᠢᠶᠠᠯ ᠢᠶᠠᠨ ᠭᠦᠶᠴᠡᠳᠬᠡᠵᠦ᠂ ᠵᠤᠷᠢᠭᠲᠠᠢ ᠬᠠᠷᠢᠭᠤᠴᠠᠨ ᠴᠢᠷᠮᠠᠶᠢᠨ ᠠᠵᠢᠯᠯᠠᠵᠤ᠂ ᠰᠢᠨ᠎ᠡ ᠴᠠᠭ | ᠦᠶ᠎ᠡ ᠶᠢᠨ ᠠᠷᠠᠳ ᠤᠯᠠᠨ ᠤ ᠰᠡᠳᠬᠢᠯ ᠰᠠᠨᠠᠭᠠᠨ ᠳᠤ ᠨᠡᠶᠢᠴᠡᠭᠰᠡᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠶᠢ ᠢᠮᠠᠭᠲᠠ ᠪᠠᠷᠢᠮᠲᠠᠯᠠᠨ᠎ᠠ᠃ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ | ᠴᠢᠩᠭᠠᠳᠬᠠᠬᠤ ᠲᠡᠷᠢᠭᠦᠨ ᠪᠠᠶᠢᠷᠢᠨ ᠳᠤ ᠲᠠᠯᠪᠢᠵᠤ᠂ ᠤᠭ ᠵᠤᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠪᠠᠷ ᠡᠭᠦᠷᠢᠳᠡ ᠶᠢᠨ | ᠰᠤᠷᠤᠯᠴᠠᠬᠤ ᠬᠢᠴᠢᠶᠡᠯ ᠤᠨ ᠰᠡᠳᠦᠪ ᠢᠶᠠᠨ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠪᠠ ᠰᠠᠬᠢᠯᠭ᠎ᠠ ᠪᠠᠲᠤ ᠶᠢᠨ ᠪᠠᠶᠢᠭᠤᠯᠤᠯᠲᠠ ᠵᠡᠷᠭᠡ ᠡᠯ᠎ᠡ ᠲᠠᠯ᠎ᠠ ᠳᠤ ᠠᠭᠤᠰᠬᠠᠵᠤ᠂ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠦᠨ᠂ ᠨᠠᠮ ᠤᠨ ᠭᠡᠰᠢᠭᠦᠨ ᠺᠠᠳ᠋ᠷᠴᠤᠳ ᠤᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠬᠦ ᠤᠯᠤᠰ ᠲᠥᠷᠦ ᠶᠢᠨ ᠬᠡᠪ ᠴᠢᠨᠠᠷ ᠢ ᠴᠥᠬᠦᠷᠡᠰᠢ ᠦᠭᠡᠢ ᠳᠠᠪᠲᠠᠨ ᠪᠣᠯᠪᠠᠰᠤᠷᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ ᠨᠠᠮ ᠤᠨ | ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭᠠᠳᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠰᠠᠭᠤᠷᠢᠨ ᠭᠠᠵᠠᠷ ᠢᠶᠠᠨ | ᠪᠠᠲᠤ ᠰᠠᠬᠢᠨ᠎ᠠ᠃ | ᠬᠠᠤᠯᠢ ᠶᠤᠰᠤᠭᠠᠷ ᠵᠠᠰᠠᠭ ᠶᠠᠪᠤᠭᠤᠯᠬᠤ ᠡᠭᠦᠷᠭᠡ ᠬᠠᠷᠢᠭᠤᠴᠠᠯᠭ᠎ᠠ ᠪᠠᠨ ᠢᠮᠠᠭᠲᠠ ᠬᠦᠢᠴᠡᠳᠭᠡᠨ᠎ᠡ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠵᠠᠰᠠᠭ ᠤᠨ | ᠤᠷᠳᠤᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠬᠠᠣᠯᠢ ᠪᠠᠷ ᠵᠠᠰᠠᠬᠤ ᠰᠡᠳᠬᠢᠬᠦᠶ᠂ ᠬᠠᠣᠯᠢ ᠪᠠᠷ ᠵᠠᠰᠠᠬᠤ ᠬᠡᠯᠪᠡᠷᠢ ᠪᠠᠷ ᠵᠠᠰᠠᠭ ᠤᠨ | ᠣᠷᠳᠣᠨ ᠤ ᠡᠯ᠎ᠡ ᠬᠦᠷᠢᠶ᠎ᠡ ᠴᠠᠷᠠᠭᠠᠨ ᠤ ᠠᠵᠢᠯ ᠢ ᠠᠬᠢᠭᠤᠯᠬᠤ ᠶᠢ ᠤᠬᠠᠮᠰᠠᠷ ᠠᠴᠠ ᠪᠠᠨ ᠬᠡᠷᠡᠭᠵᠢᠬᠦᠯᠤᠨ᠎ᠠ᠃ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ | ᠵᠦᠪᠯᠡᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ ᠬᠠᠮᠲᠤ ᠶᠢᠨ ᠰᠢᠢᠳᠪᠦᠷᠢᠲᠦ ᠪᠣᠳᠣᠯᠭ᠎ᠠ ᠲᠤᠭᠲᠠᠭᠠᠬᠤ | ᠳᠦᠷᠢᠮ ᠪᠠ ᠨᠡᠶᠢᠭᠡᠮ ᠤᠨ ᠲᠤᠭᠲᠠᠭᠤᠨ ᠤ ᠠᠶᠤᠯ ᠲᠦᠭᠰᠢᠬᠦᠷᠢ ᠶᠢ ᠦᠨᠡᠯᠡᠬᠦ ᠲᠦᠷᠢᠮ ᠢ ᠴᠢᠩᠭ᠎ᠠ ᠬᠡᠷᠡᠭᠵᠢᠬᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠬᠡᠰᠢᠬᠦᠳ ᠤᠨ ᠳᠤᠷᠠᠳᠤᠯᠭ᠎ᠠ ᠶᠢ ᠨᠠᠷᠢᠨ ᠬᠢᠨᠠᠮᠠᠭᠠᠢ ᠲᠠᠭᠠᠭᠠᠨ | ᠭᠦᠢᠴᠡᠳᠬᠡᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠭᠰᠠᠨ᠂ ᠠᠷᠠᠳᠴᠢᠯᠠᠭᠰᠠᠨ᠂ ᠬᠠᠤᠯᠢᠵᠢᠭᠰᠠᠨ ᠬᠢᠷᠢ ᠲᠦᠪᠰᠢᠨ ᠢ | ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠬᠦᠨᠵᠡᠭᠡᠶᠢᠷᠡᠬᠦᠯᠦᠨ᠂ ᠡᠷᠬᠡ ᠪᠠᠨ ᠢᠯᠡ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠳᠡᠭᠡᠬᠦᠯᠬᠦ ᠬᠦᠴᠦᠨ ᠢᠶᠠᠨ ᠲᠠᠰᠤᠷᠠᠯᠲᠠ | ᠦᠬᠡᠢ ᠳᠡᠭᠡᠭᠰᠢᠯᠡᠭᠦᠯᠦᠨ᠎ᠡ᠃ | ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠪᠠᠨ ᠢᠮᠠᠭᠲᠠ ᠨᠠᠶᠢᠳᠠᠪᠤᠷᠢᠵᠢᠭᠤᠯᠤᠨ᠎ᠠ᠃ ᠠᠷᠠᠳ ᠤᠨ ᠬᠦᠰᠡᠯ ᠱᠠᠭᠠᠷᠳᠠᠯᠭ᠎ᠠ ᠪᠠᠷ ᠵᠠᠰᠠᠭ ᠶᠠᠪᠤᠭᠤᠯᠬᠤ | ᠴᠢᠭᠯᠡᠯ ᠢᠶᠠᠨ ᠪᠤᠯᠭᠠᠬᠤ ᠶᠢ ᠪᠠᠷᠢᠮᠳᠠᠯᠠᠵᠤ᠂ ᠨᠢᠭᠡᠳᠦᠭᠡᠷ ᠹᠷᠤᠨᠲ ᠲᠤ ᠠᠵᠢᠯᠯᠠᠬᠤ ᠠᠷᠭ᠎ᠠ ᠶᠢ ᠶᠡᠬᠡᠪᠡᠷ ᠦᠢᠯᠡᠳᠦᠯᠭᠡᠵᠢᠬᠦᠯᠵᠤ᠂ ᠪᠤᠳᠠᠳᠤ ᠠᠷᠭ᠎ᠠ ᠠᠪᠴᠠᠯ ᠢᠶᠠᠷ | ᠬᠦᠴᠢᠷᠳᠡᠯ ᠠᠰᠠᠭᠤᠳᠠᠯ ᠢ ᠰᠢᠢᠳᠪᠦᠷᠢᠯᠡᠨ᠂ ᠡᠯ᠎ᠡ ᠲᠦᠷᠦᠯ ᠤᠨ ᠠᠵᠢᠯ ᠤᠨ ᠡᠬᠦᠷᠭᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠤᠯᠠᠨ ᠤ ᠰᠡᠳᠬᠢᠯ ᠵᠤᠪᠠᠵᠤ | ᠪᠠᠶᠢᠭ᠎ᠠ ᠤᠴᠢᠷ ᠶᠠᠪᠤᠳᠠᠯ ᠢ ᠰᠠᠶᠢᠳᠤᠷ ᠰᠢᠢᠳᠪᠦᠷᠢᠯᠡᠨ᠎ᠡ᠃ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠲᠠᠯ ᠤᠨ | ᠪᠠᠶᠢᠭᠤᠯᠤᠯᠲᠠ ᠶᠢ ᠦᠷᠬᠦᠯᠵᠢᠯᠡᠨ ᠰᠠᠶᠢᠳᠤᠷ ᠠᠳᠬᠤᠨ᠂ ᠠᠵᠢᠯ ᠤᠨ ᠪᠦᠲᠦᠮᠵᠢ ᠶᠢ ᠰᠢᠯᠭᠠᠨ ᠬᠢᠨᠠᠬᠤ ᠪᠠ ᠦᠷ᠎ᠡ ᠪᠦᠲᠦᠮᠵᠢ ᠳᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠠᠯᠳᠠᠭ᠎ᠠ ᠪᠤᠷᠤᠭᠤ ᠪᠠᠨ ᠮᠡᠳᠡᠷᠡᠬᠦ ᠪᠠ ᠵᠦᠪ ᠲᠠᠯ᠎ᠠ ᠠᠴᠠ ᠤᠷᠮᠠᠰᠢᠭᠤᠯᠤᠨ ᠵᠣᠷᠢᠭᠵᠢᠭᠤᠯᠬᠤ ᠲᠣᠭᠲᠠᠯᠴᠠᠭ᠎ᠠ ᠶᠢ ᠴᠢᠩᠭ᠎ᠠ ᠨᠠᠶᠢᠳᠠᠪᠤᠷᠢᠵᠢᠭᠤᠯᠣᠨ᠂ | ᠤᠷᠮ᠎ᠠ ᠲᠠᠢ ᠠᠵᠢᠯᠯᠠᠬᠤ᠂ ᠵᠤᠷᠢᠭᠲᠠᠢ ᠠᠵᠢᠯᠯᠠᠬᠤ᠂ ᠪᠦᠳᠦᠭᠡᠯᠴᠢ ᠪᠠᠷ ᠠᠵᠢᠯᠯᠠᠬᠤ ᠠᠵᠢᠯ ᠤᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ᠃ | ᠲᠦᠪ ᠭᠤᠤᠯᠴᠢ ᠠᠷᠢᠭᠤᠨ ᠴᠢᠬᠡᠴᠢ ᠶᠢᠨ ᠬᠡᠪ ᠳᠠᠭᠤᠷᠢᠶᠠᠯ ᠢᠶᠠᠨ ᠢᠮᠠᠭᠲᠠ ᠬᠠᠳᠠᠭᠠᠯᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ | ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ ᠠᠬᠢᠭᠤᠯᠵᠤ᠂ ᠨᠠᠮ ᠤᠨ ᠰᠤᠷᠲᠠᠯ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ︾ | ᠶᠢ ᠨᠠᠷᠢᠨ ᠬᠢᠨᠠᠮᠠᠭᠠᠶ ᠭᠦᠶᠴᠡᠳᠬᠡᠵᠦ᠂ ᠨᠠᠮ ᠤᠨ ᠲᠥᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ | ᠶᠢ ᠴᠢᠩᠭ᠎ᠠ ᠨᠠᠶᠢᠳᠠᠪᠤᠷᠢᠵᠢᠭᠤᠯᠤᠨ᠂ ᠲᠦᠪ ᠰᠤᠷᠲᠠᠯ ᠬᠢᠴᠢᠶᠡᠩᠭᠦᠢ ᠰᠠᠬᠢᠯᠭ᠎ᠠ ᠶᠢ ᠢᠮᠠᠭᠲᠠ ᠪᠠᠷᠢᠮᠲᠠᠯᠠᠨ᠎ᠠ᠃ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ | ᠣᠯᠠᠨ ᠲᠦᠮᠡᠨ ᠤ ᠳᠡᠷᠭᠡᠳᠡ ᠡᠭᠦᠰᠦᠭᠰᠡᠨ ᠢᠯᠵᠠᠷᠠᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠭᠡᠵᠤ ᠤᠷᠢᠳᠴᠢᠯᠠᠨ ᠰᠡᠷᠭᠡᠶᠢᠯᠡᠵᠤ᠂ ᠲᠥᠪ ᠴᠢᠬᠡᠴᠢ ᠤᠯᠤᠰ | ᠲᠥᠷᠦ ᠶᠢᠨ ᠠᠮᠢ ᠠᠬᠤᠢ ᠶᠢ ᠪᠤᠢ ᠪᠣᠯᠭᠠᠨ᠎ᠠ᠃ | ᠲᠥᠯᠥᠭᠡᠯᠡᠭᠴᠢᠳ ᠡ᠂ ᠡᠭᠦᠷᠭᠡ ᠬᠠᠷᠢᠭᠤᠴᠠᠯᠭ᠎ᠠ ᠪᠠᠨ ᠵᠤᠷᠢᠭᠲᠠᠢ ᠬᠦᠢᠴᠡᠳᠭᠡᠵᠤ᠂ ᠪᠤᠳᠠᠳᠠᠢ ᠠᠵᠢᠯᠯᠠᠨ ᠭᠦᠰᠡᠯ ᠢᠶᠠᠨ ᠪᠡᠶᠡᠯᠡᠬᠦᠯᠦᠶ᠎ᠡ᠃ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢᠶᠠᠨ ᠪᠦᠯᠬᠦᠮᠳᠠᠬᠦᠯᠦᠨ ᠳᠠᠭᠠᠭᠤᠯᠵᠤ᠂ ᠢᠲᠡᠭᠡᠯ | ᠵᠣᠷᠢᠭ ᠢᠶᠠᠨ ᠪᠠᠳᠤᠳᠬᠠᠨ᠂ ᠵᠤᠭᠰᠤᠯᠲᠠ ᠪᠠᠨ ᠪᠠᠷᠢᠮᠲᠠᠯᠠᠵᠣ᠂ ᠵᠠᠮ ᠨᠡᠭᠡᠭᠡᠨ ᠰᠢᠨ᠎ᠡ ᠶᠢ ᠡᠭᠦᠳᠦᠨ᠂ ᠰᠢᠭᠤᠷᠬᠠᠶᠢᠯᠠᠨ ᠴᠢᠷᠮᠠᠶᠢᠵᠤ᠂ ᠤᠷᠠᠳ ᠤᠨ ᠲᠤᠮᠳᠠᠳᠤ | ᠬᠤᠰᠢᠭᠤᠨ ᠤ ᠪᠣᠬᠢᠷᠲᠤᠯ ᠦᠭᠡᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ | ᠣᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | | ᠨᠡᠷᠡᠰ ᠤᠨ ᠲᠠᠶᠢᠯᠪᠤᠷᠢ᠄ | 1. ︽ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ︾ ᠄ ᠭᠦᠨᠳᠤ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠲᠡᠭᠡᠷ᠎ᠡ ᠨᠢ | ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠵᠢᠭᠠᠨ᠎ᠠ ᠃ | 2. ︽ᠵᠢᠷᠭᠤᠭ᠎ᠠ ᠶᠢ ᠦᠭᠡᠶᠢᠰᠬᠡᠨ ᠳᠥᠷᠪᠡ ᠶᠢ ᠪᠠᠷᠢᠮᠵᠢᠶ᠎ᠠ ᠳᠤ ᠬᠦᠷᠦᠭᠦᠯᠬᠦ︾᠄ ᠲᠤᠬᠠᠶᠢᠯᠠᠪᠠᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠲᠤᠯᠤᠯᠲᠠ ᠶᠢᠨ ᠠᠵᠢᠯ ᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠡᠷᠡᠭᠵᠢᠭᠦᠯᠬᠦ | ᠲᠠᠯ᠎ᠠ ᠪᠠᠷ ᠵᠥᠷᠢᠶ᠎ᠡ ᠲᠠᠢ ᠪᠠᠶᠢᠬᠤ ᠪᠠᠶᠢᠳᠠᠯ ᠢ ᠦᠭᠡᠶᠢᠰᠬᠡᠨ᠎ᠡ︔ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠶᠠᠳᠠᠭᠤ ᠶᠢ ᠲᠡᠳᠬᠦᠬᠦ | ᠠᠵᠤ ᠦᠢᠯᠡᠰ ᠤᠨ ᠲᠥᠷᠥᠯ ᠵᠦᠢᠯ ᠢ ᠪᠦᠷᠬᠦᠭᠦᠯᠦᠭᠰᠡᠨ ᠥᠬᠡᠶ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠥᠨ ᠠᠮᠠ ᠶᠢ ᠪᠦᠬᠦᠨ ᠢ | ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠷᠬᠦᠭᠦᠯᠦᠭᠰᠡᠨ ᠥᠬᠡᠶ ᠪᠠᠶᠢᠬᠤ ᠶᠢ ᠦᠭᠡᠶᠢᠰᠬᠡᠨ᠎ᠡ︔ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠵᠤ᠂ ᠬᠠᠮᠲᠤ ᠶᠢᠨ ᠠᠵᠤ ᠠᠬᠤᠢ ᠪᠠᠭᠤᠷᠠᠢ ᠪᠠᠶᠢᠬᠤ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠦᠭᠡᠶᠢᠰᠬᠡᠵᠤ | ᠤᠷᠤᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠦᠨ᠎ᠡ︔ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ | ᠦᠭᠡᠶᠢᠰᠬᠡᠨ᠎ᠡ︔ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠬᠥᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠡᠳᠦᠶ ᠪᠠᠶᠢᠬᠤ ᠪᠠ ᠶᠠᠳᠠᠭᠤ ᠬᠦᠴᠢᠷᠳᠡᠯᠲᠡᠶ | ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠶᠢ ᠦᠭᠡᠶᠢᠰᠬᠡᠬᠦ ᠶᠢ ᠪᠡᠶᠡᠯᠡᠭᠦᠯᠦᠨ᠎ᠡ︔ ᠲᠠᠩᠰᠠᠯᠠᠨ ᠺᠠᠷᠲᠯᠠᠭᠰᠠᠨ | ᠶᠠᠳᠠᠭᠤ ᠬᠦᠴᠢᠷᠳᠡᠯᠲᠡᠶ ᠡᠷᠦᠬᠡ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠪᠦᠬᠦᠨ ᠢ ᠪᠡᠶᠡᠯᠡᠬᠦᠯᠦᠨ᠎ᠡ᠃ ᠤᠨᠢᠨ ᠲᠡᠭᠡᠷ᠎ᠡ ᠨᠢ ᠶᠠᠳᠠᠭᠤ | ᠶᠢ ᠲᠡᠳᠬᠦᠬᠦ ᠺᠠᠷᠲᠯᠠᠨ ᠳᠠᠩᠰᠠᠯᠠᠬᠤ ᠲᠠᠪᠴᠠᠩ ᠤᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠦᠨ᠎ᠡ︔ ᠶᠠᠳᠠᠭᠤ | ᠬᠦᠴᠢᠷᠳᠡᠯᠲᠡᠶ ᠬᠥᠮᠥᠨ ᠠᠮᠠ ᠶᠢᠨ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠤᠮᠤ | ᠰᠢᠶᠠᠩ ᠪᠠᠯᠭᠠᠰᠤ ᠭᠠᠴᠠᠭ᠎ᠠ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶ ᠶᠢᠨ ᠪᠡᠯᠡᠳᠬᠡᠮᠵᠢ᠂ ᠠᠵᠢᠯᠲᠠᠨ᠂ ᠡᠮ ᠵᠡᠷᠭᠡ | ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠪᠠᠷᠢᠮᠵᠢᠶ᠎ᠠ ᠳᠤ ᠬᠦᠷᠦᠭᠦᠯᠦᠨ᠎ᠡ︔ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ | ᠤᠰᠤᠨ ᠤ ᠠᠮᠤᠷ ᠲᠦᠪᠰᠢᠨ ᠢ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠦᠨ᠎ᠡ︔ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠪᠠᠭᠤᠷᠠᠶ ᠪᠠᠶᠢᠬᠤ ᠰᠤᠷᠭᠠᠭᠤᠯᠢ ᠶᠢᠨ ᠥᠭᠡᠷᠡᠴᠢᠯᠡᠯᠲᠡ ᠪᠠ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ | ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠥᠭᠡᠷᠡᠴᠢᠯᠡᠯᠲᠡ ᠶᠢ ᠪᠡᠶᠡᠯᠡᠬᠦᠯᠦᠨ᠎ᠡ︔ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠷ᠎ᠡ ᠬᠡᠦᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠭᠠᠭᠤᠯᠢ ᠳᠤ ᠣᠷᠣᠬᠤ | ᠶᠢ ᠪᠠᠷᠢᠮᠵᠢᠶ᠎ᠠ ᠳᠤ ᠬᠦᠷᠦᠬᠦᠯᠬᠦ ᠶᠢ ᠪᠡᠶᠡᠯᠡᠬᠦᠯᠦᠨ᠎ᠡ᠃ | 3. ︽ᠳᠥᠷᠪᠡ ᠶᠢ ᠲᠣᠭᠲᠠᠭᠠᠵᠤ ᠲᠦᠷᠪᠡ ᠳᠤ ᠲᠣᠬᠢᠷᠠᠭᠤᠯᠬᠤ︾᠄ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠡᠷᠦᠬᠡ ᠳᠤ ᠬᠥᠮᠦᠨ | ᠲᠣᠭᠲᠠᠭᠠᠨ᠂ ᠠᠵᠢᠯ ᠤᠨ ᠪᠠᠶᠢᠷᠢ ᠲᠣᠭᠲᠠᠭᠠᠨ᠂ ᠬᠠᠷᠢᠭᠤᠴᠠᠯᠭ᠎ᠠ ᠲᠣᠭᠲᠠᠭᠠᠨ᠂ ᠴᠠᠯᠢᠩ ᠲᠣᠭᠲᠠᠭᠠᠵᠤ᠂ ᠣᠷᠴᠢᠨ ᠲᠣᠭᠤᠷᠢᠨ ᠤ ᠴᠡᠪᠡᠷᠯᠡᠭᠴᠢ᠂ ᠣᠢ ᠰᠢᠭᠤᠶ | ᠶᠢᠨ ᠬᠠᠮᠠᠭᠠᠯᠠᠭᠴᠢ᠂ ᠭᠤᠤᠯ ᠤᠨ ᠴᠠᠭᠳᠠᠭᠴᠢ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠠᠵᠢᠯ ᠤᠨ ᠪᠠᠶᠢᠷᠢ ᠳᠤ ᠲᠣᠬᠢᠷᠠᠭᠤᠯᠣᠨ᠎ᠠ᠃ | 4. ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾᠄ ︽ᠬᠤᠶᠠᠷ ᠲᠤ ᠵᠣᠪᠠᠭ᠋ᠤ ᠥᠬᠡᠶ︾ ᠭᠡᠳᠡᠭ ᠨᠢ ᠢᠳᠡᠬᠦ ᠳᠡᠭᠡᠨ ᠵᠣᠪᠠᠭ᠋ᠤ ᠥᠬᠡᠶ᠂ | ᠡᠮᠦᠰᠬᠦ ᠳᠡᠭᠡᠨ ᠵᠣᠪᠠᠭ᠋ᠤ ᠥᠬᠡᠶ᠂ ︽ᠭᠤᠷᠪᠠ ᠶᠢ ᠪᠠᠲᠤᠯᠠᠬᠤ︾ ᠭᠡᠳᠡᠭ ᠨᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠣᠷᠣᠨ | ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠣᠯᠭᠠᠨ᠎ᠠ᠃ | 5. ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ᠄ ᠪᠤᠷᠳᠤᠭᠤᠷ ᠢ ᠬᠢᠵᠠᠭᠠᠷᠯᠠᠬᠤ᠂ ᠲᠠᠷᠢᠶᠠᠨ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ | ᠰᠦᠯᠢᠶᠤᠤ ᠪᠦᠷᠭᠦᠪᠴᠢ ᠶᠢ ᠬᠢᠵᠠᠭᠠᠷᠯᠠᠬᠤ ᠶᠢ ᠵᠢᠭᠠᠨ᠎ᠠ ᠃ | 6. ᠭᠤᠤᠯ ᠤᠨ ᠰᠠᠪᠠ ᠭᠠᠵᠠᠷ ᠳᠠᠬᠢ ︽ᠲᠦᠷᠪᠡᠨ ᠡᠷᠦᠢ ᠬᠤᠷᠤᠢ ᠦᠭᠡᠢ︾ ᠠᠰᠠᠭᠤᠳᠠᠯ᠄ ᠡᠷᠦᠢ ᠬᠤᠷᠤᠢ ᠦᠭᠡᠢ ᠡᠵᠡᠯᠡᠬᠦ᠂ ᠡᠷᠦᠢ ᠬᠤᠷᠤᠢ ᠦᠭᠡᠢ | ᠮᠠᠯᠲᠠᠬᠤ᠂ ᠡᠷᠦᠢ ᠬᠤᠷᠤᠢ ᠦᠭᠡᠢ ᠣᠪᠣᠭᠠᠯᠠᠬᠤ᠂ ᠡᠷᠦᠢ ᠬᠤᠷᠤᠢ ᠦᠭᠡᠢ ᠪᠠᠶᠢᠭᠤᠯᠵᠤ ᠪᠠᠷᠢᠬᠤ ᠵᠡᠷᠭᠡ ᠠᠰᠠᠭᠤᠳᠠᠯ ᠢ ᠵᠢᠭᠠᠨ᠎ᠠ ᠃ | 7. ︽ᠲᠦᠷᠪᠠᠨ ᠤᠯᠠᠨ︾ ᠦᠶᠯᠡᠰ ᠪᠣᠰᠬᠠᠬᠤ ᠲᠤᠯᠭᠠᠭᠤᠷᠢᠯᠠᠬᠤ ᠲᠠᠪᠴᠠᠩ᠄ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠮᠠᠭᠠᠳᠯᠠᠨ ᠲᠣᠭᠲᠠᠭᠠᠭᠰᠠᠨ ᠤᠯᠠᠨ ᠢᠶᠠᠷ ᠢᠶᠠᠨ ᠡᠬᠦᠳᠬᠦ᠂ ᠤᠯᠠᠨ ᠢᠶᠠᠷ ᠢᠶᠠᠨ ᠲᠠᠭᠠᠭᠠᠴᠢᠯᠠᠬᠤ᠂ | ᠤᠯᠠᠨ ᠢᠶᠠᠷ ᠢᠶᠠᠨ ᠲᠠᠳᠬᠦᠬᠦ᠂ ᠤᠯᠠᠨ ᠢᠶᠠᠷ ᠢᠶᠠᠨ ᠪᠡᠯᠡ ᠮᠦᠩᠬᠦ ᠬᠤᠷᠠᠮᠳᠤᠭᠤᠯᠬᠤ ᠲᠠᠯ᠎ᠠ ᠪᠠᠷ ᠠᠮᠵᠢᠯᠲᠠ ᠪᠦᠲᠦᠮᠵᠢ ᠪᠠᠷ ᠲᠣᠪᠣᠶᠢᠮ᠎ᠠ ᠦᠶᠯᠡᠰ ᠪᠣᠰᠬᠠᠬᠤ | ᠲᠣᠭᠤᠷᠢᠭ᠂ ᠦᠶᠯᠡᠰ ᠪᠣᠰᠬᠠᠬᠤ ᠶᠢ ᠪᠣᠶᠢᠵᠢᠭᠤᠯᠬᠤ ᠰᠠᠭᠤᠷᠢᠨ ᠭᠠᠵᠠᠷ ᠵᠡᠷᠭᠡ ᠦᠶᠯᠡᠰ ᠪᠣᠰᠬᠠᠬᠤ ᠠᠴᠢᠶᠠᠯᠠᠪᠤᠷᠢ ᠶᠢ ᠵᠢᠭᠠᠨ᠎ᠠ᠃ | 8. ᠤᠯᠤᠰ ᠤᠨ ᠵᠠᠮ 335᠄ ᠮᠠᠨ ᠤ ᠬᠤᠰᠢᠭᠤᠨ ᠤ ᠬᠢᠯᠢ ᠳᠣᠲᠣᠷ᠎ᠠ ᠵᠡᠭᠦᠨ ᠪᠠᠷᠠᠭᠤᠨ ᠬᠤᠶᠠᠷ ᠬᠡᠰᠡᠭ ᠬᠤᠪᠢᠶᠠᠵᠤ᠂ ᠵᠡᠭᠦᠨ ᠬᠡᠰᠡᠭ ᠨᠢ ᠬᠦᠨᠬᠤᠳᠳᠤᠭ | ᠠᠴᠠ ᠬᠠᠯᠢᠭᠤᠳᠤ ᠬᠦᠷᠴᠤ ᠬᠢᠯᠢ ᠶᠢᠨ ᠲᠤᠳᠤᠷᠠᠬᠢ ᠪᠥᠬᠦ ᠤᠷᠲᠤ ᠨᠢ 81.2 ᠺᠢᠯᠣᠮᠧᠲᠷ ᠪᠠᠶᠢᠵᠤ᠂ ᠬᠤᠶᠠᠳᠤᠭᠠᠷ ᠲᠡᠰ ᠤᠨ ᠵᠠᠰᠠᠮᠠᠯ ᠵᠠᠮ ᠪᠣᠯᠭᠠᠨ ᠪᠠᠶᠢᠭᠤᠯᠬᠤ | ᠪᠠᠷ ᠲᠥᠯᠥᠪᠯᠡᠵᠦ ᠪᠤᠢ︔ ᠪᠠᠷᠠᠭᠤᠨ ᠬᠡᠰᠡᠭ ᠨᠢ ᠤᠤᠪᠤᠯᠠᠭ ᠤᠨ ᠠᠮᠠ ᠠᠴᠠ ᠤᠤ ᠶᠢᠨ ᠭᠤᠤᠯ ᠬᠦᠷᠴᠤ᠂ ᠬᠢᠯᠢ ᠶᠢᠨ ᠳᠣᠲᠣᠷᠠᠬᠢ ᠪᠦᠬᠦ ᠤᠷᠲᠤ ᠨᠢ 86.5 | ᠺᠢᠯᠦᠮᠧᠲᠷ ᠪᠠᠶᠢᠵᠤ᠂ ᠲᠣᠰ ᠲᠥᠷᠥᠯ ᠵᠦᠶᠯ ᠢ ᠨᠢᠭᠡᠨᠲᠡ ᠠᠵᠢᠯ ᠡᠬᠢᠯᠡᠭᠦᠯᠵᠦ᠂ 2020 ᠣᠨ ᠳᠤ ᠪᠦᠬᠦ ᠲᠠᠯ᠎ᠠ ᠪᠠᠷ ᠠᠵᠢᠯ ᠳᠠᠭᠤᠰᠬᠠᠨ᠎ᠠ᠃ | 9. ᠤᠯᠤᠰ ᠤᠨ ᠵᠠᠮ 331 ᠄ ᠮᠠᠨ ᠤ ᠬᠤᠰᠢᠭᠤᠨ ᠤ ᠬᠢᠯᠢ ᠳᠣᠲᠣᠷᠠᠬᠢ ᠡᠬᠢᠯᠡᠯᠲᠡ ᠶᠢᠨ ᠴᠡᠭ ᠨᠢ ᠦᠵᠦᠬᠦᠷ᠂ ᠲᠡᠬᠦᠰᠭᠡᠯ ᠤᠨ ᠴᠡᠭ ᠨᠢ ᠪᠠᠶᠠᠨᠴᠠᠭᠠᠨ | ᠪᠠᠶᠢᠵᠤ᠂ ᠬᠢᠯᠢ ᠶᠢᠨ ᠳᠣᠲᠣᠷᠠᠬᠢ ᠪᠥᠬᠦ ᠤᠷᠲᠤ ᠨᠢ 187.6 ᠺᠢᠯᠣᠮᠧᠲᠷ᠂ ᠭᠤᠷᠪᠠᠳᠤᠭᠠᠷ ᠲᠡᠰ ᠤᠨ ᠵᠠᠰᠠᠮᠠᠯ ᠵᠠᠮ ᠢᠶᠠᠷ ᠪᠦᠲᠦᠭᠡᠨ ᠪᠠᠶᠢᠭᠤᠯᠤᠨ᠎ᠠ᠃ | 10. ᠮᠤᠵᠢ ᠶᠢᠨ ᠵᠠᠮ 215 ᠄ ᠮᠠᠨ ᠤ ᠬᠤᠰᠢᠭᠤᠨ ᠤ ᠬᠢᠯᠢ ᠳᠣᠲᠣᠷᠠᠬᠢ ᠡᠬᠢᠯᠡᠯᠲᠡ ᠶᠢᠨ ᠴᠡᠭ ᠨᠢ ᠤᠤᠪᠤᠯᠠᠭ ᠤᠨ ᠠᠮᠠ᠂ ᠲᠡᠬᠦᠰᠭᠡᠯ ᠤᠨ ᠴᠡᠭ ᠨᠢ | ᠮᠦᠷᠡᠡᠭᠤᠤᠤᠯ ᠪᠠᠶᠢᠵᠤ᠂ ᠬᠢᠯᠢ ᠶᠢᠨ ᠲᠤᠳᠤᠷᠠᠬᠢ ᠪᠦᠬᠦ ᠤᠷᠳᠤ ᠨᠢ 28.5 ᠺᠢᠯᠣᠮᠧᠲᠷ᠂ ᠬᠤᠶᠠᠳᠤᠭᠠᠷ ᠲᠡᠰ ᠤᠨ ᠵᠠᠰᠠᠮᠠᠯ ᠵᠠᠮ ᠪᠣᠯᠭᠠᠨ ᠪᠠᠶᠢᠭᠤᠯᠬᠤ ᠪᠠᠷ | ᠪᠠᠶᠢᠨ᠎ᠠ᠃ | 11. ︽ᠨᠢᠭᠡ ᠶᠢ ᠬᠠᠮᠠᠭᠠᠯᠠᠵᠤ᠂ ᠬᠤᠶᠠᠷ ᠢ ᠵᠠᠰᠠᠵᠤ᠂ ᠭᠤᠷᠪᠠ ᠶᠢ ᠪᠠᠭᠠᠰᠬᠠᠵᠤ᠂ ᠳᠥᠷᠪᠡ ᠶᠢ ᠳᠡᠭᠡᠭᠰᠢᠯᠡᠭᠦᠯᠬᠦ︾᠄ ︽ᠨᠢᠭᠡ ᠶᠢ ᠬᠠᠮᠠᠭᠠᠯᠠᠬᠤ︾ ᠭᠡᠳᠡᠭ | ᠨᠢ ᠬᠥᠳᠡᠭᠡ ᠲᠣᠰᠬᠤᠨ ᠤ ᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠨᠠᠩ | ᠪᠠᠲᠤᠯᠠᠭ᠎ᠠ ᠲᠠᠢ ᠪᠣᠯᠭᠠᠨ᠎ᠠ︔ ︽ᠬᠤᠶᠠᠷ ᠢ ᠵᠠᠰᠠᠬᠤ︾ ᠭᠡᠳᠡᠭ ᠨᠢ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠣᠯᠤᠨ ᠪᠣᠬᠢᠷ ᠤᠰᠤ ᠶᠢ ᠵᠠᠰᠠᠨ | ᠴᠡᠭᠴᠡᠯᠡᠵᠤ᠂ ᠠᠶᠢᠯ ᠲᠣᠰᠬᠤᠨ ᠤ ᠣᠷᠴᠢᠨ ᠲᠣᠭᠤᠷᠢᠨ ᠢ ᠴᠡᠪᠡᠷ ᠲᠡᠭᠰᠢ ᠡᠮᠬᠢ ᠳᠢᠭᠯᠢᠮ ᠲᠠᠢ ᠪᠣᠯᠭᠠᠨ᠎ᠠ︔ ︽ᠭᠤᠷᠪᠠ ᠶᠢ ᠪᠠᠭᠠᠰᠬᠠᠬᠤ︾ ᠭᠡᠳᠡᠭ ᠨᠢ ᠲᠠᠷᠢᠶᠠᠨ | ᠡᠮ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠪᠠ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠪᠠᠭᠠᠰᠬᠠᠬᠤ ᠶᠢ ᠬᠡᠯᠡᠵᠦ ᠪᠠᠶᠢᠨ᠎ᠠ ︔ ︽ | ᠳᠥᠷᠪᠡ ᠶᠢ ᠳᠡᠭᠡᠭᠰᠢᠯᠡᠭᠦᠯᠬᠦ︾ ᠭᠡᠳᠡᠭ ᠨᠢ ᠤᠰᠤᠨ ᠴᠣᠭᠴᠠ ᠶᠢᠨ ᠤᠰᠤᠨ ᠤ ᠴᠢᠨᠠᠷ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ | ᠣᠷᠴᠢᠨ ᠲᠣᠭᠤᠷᠢᠨ ᠢ ᠬᠢᠨᠠᠨ ᠬᠠᠮᠢᠶᠠᠷᠬᠤ ᠴᠢᠳᠠᠪᠤᠷᠢ ᠪᠣᠯᠤᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠴᠠᠬᠤ ᠬᠡᠮᠵᠢᠶ᠎ᠡ ᠶᠢ ᠯᠠᠪᠳᠠᠭᠤᠨ ᠢᠶᠠᠷ | ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ | 12. ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ᠄ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ | ᠴᠠᠭᠳᠠᠭᠠᠨ ᠤ ᠶᠠᠪᠤᠳᠠᠯ ᠤᠨ ᠪᠤᠰᠤ᠂ ᠪᠠᠴᠢᠮ ᠪᠤᠰᠤ ᠲᠤᠰᠠᠯᠠᠮᠵᠢ ᠭᠤᠶᠤᠬᠤ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠰᠬᠠᠢ ᠱᠤᠭᠤᠮ ᠤᠨ | ᠡᠭᠦᠷᠭᠡ ᠴᠢᠳᠠᠪᠬᠢ ᠵᠢᠴᠢ ᠨᠣᠮᠧᠷ ᠢ ᠡᠮᠬᠢᠯᠡᠨ ᠨᠡᠶᠢᠯᠡᠭᠦᠯᠵᠦ᠂ 12345 ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢ ᠪᠠᠶᠢᠭᠤᠯᠵᠤ᠂ ︽ | ᠨᠢᠭᠡᠳᠦᠯᠲᠡᠶ ᠭᠥᠯᠢᠶᠡᠨ ᠠᠪᠴᠤ ᠰᠢᠶᠳᠪᠦᠷᠢᠯᠡᠬᠦ᠂ ᠲᠥᠷᠥᠯ ᠬᠤᠪᠢᠶᠠᠨ ᠰᠢᠶᠳᠪᠦᠷᠢᠯᠡᠬᠦ᠂ ᠬᠠᠷᠢᠭᠤᠴᠠᠯᠭ᠎ᠠ ᠶᠣᠰᠣᠭᠠᠷ ᠳᠠᠭᠠᠭᠠᠨ ᠭᠦᠶᠴᠡᠳᠬᠡᠬᠦ᠂ ᠴᠠᠭ ᠬᠢᠵᠠᠭᠠᠷᠯᠠᠨ | ᠭᠦᠶᠴᠡᠳᠬᠡᠵᠦ ᠳᠠᠭᠤᠰᠬᠠᠬᠤ᠂ ᠵᠣᠬᠢᠴᠠᠭᠤᠯᠤᠨ ᠰᠢᠮᠳᠠᠭᠤᠯᠤᠨ ᠭᠦᠶᠴᠡᠳᠬᠡᠬᠦ᠂ ᠨᠢᠭᠡᠳᠦᠯᠲᠡᠶ ᠰᠢᠯᠭᠠᠨ ᠬᠢᠨᠠᠬᠤ︾ ᠠᠵᠢᠯ ᠤᠨ ᠲᠣᠭᠲᠠᠴᠠ ᠶᠢ ᠪᠠᠶᠢᠭᠤᠯᠤᠨ᠎ᠠ᠃ | 13. ︽ᠬᠡᠷᠡᠴᠢ ᠪᠠ ᠦᠨᠡᠮᠯᠡᠯ ᠢ ᠰᠠᠯᠭᠠᠬᠤ︾᠄ ᠠᠵᠤ ᠦᠶᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠤᠨ ᠣᠯᠭᠤᠭᠰᠠᠨ ᠡᠵᠡᠩᠨᠡᠯᠲᠡ ᠶᠢᠨ | ᠦᠨᠡᠮᠯᠡᠯ ᠪᠣᠯᠤᠨ ᠡᠯ᠎ᠡ ᠬᠠᠮᠢᠶ᠎ᠠ ᠪᠦᠬᠦᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠣᠯᠭᠤᠭᠰᠠᠨ ᠡᠵᠡᠩᠨᠡᠯᠲᠡ ᠶᠢᠨ ᠵᠥᠪᠰᠢᠶᠡᠷᠡᠯ ᠤᠨ | ᠭᠡᠷᠡᠴᠢ ᠶᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠵᠢᠭᠠᠵᠤ ᠪᠣᠢ᠃ ︽ᠬᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠥᠷᠨᠢᠭᠦᠯᠬᠦ ᠳᠤ | ᠭᠤᠤᠯᠳᠠᠭᠤ ᠭᠡᠷᠡᠴᠢ ᠬᠢᠬᠦ ᠶᠠᠪᠣᠴᠠ ᠲᠠᠢ ᠤᠶᠠᠯᠳᠤᠭᠤᠯᠤᠨ᠂ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢᠶᠠᠨ ᠦᠭᠡᠷᠡᠴᠢᠯᠡᠬᠦ ᠪᠠ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ | ᠠᠬᠤᠶᠢᠯᠠᠯ ᠤᠨ ᠭᠡᠷᠡᠴᠢ ᠬᠢᠬᠦ ᠶᠢ ᠨᠠᠩ ᠲᠦᠷᠭᠡᠨ ᠪᠥᠭᠡᠳ ᠳᠥᠭᠦᠮ ᠳᠥᠲᠡ ᠥᠨᠳᠥᠷ ᠪᠦᠲᠦᠮᠵᠢᠲᠡᠶ ᠪᠣᠯᠭᠠᠨ᠎ᠠ᠃ | 14. ︽ᠤᠯᠠᠨ ᠦᠨᠡᠮᠯᠡᠯ ᠢ ᠨᠢᠭᠡᠳᠭᠡᠬᠦ︾᠄ ᠨᠢᠭᠡᠨᠲᠡ ᠬᠡᠷᠡᠭᠵᠢᠭᠦᠯᠵᠦ ᠪᠠᠶᠢᠭ᠎ᠠ ᠡᠵᠡᠩᠨᠡᠯᠲᠡ ᠶᠢᠨ ᠪᠠᠳᠣᠯᠠᠪᠣᠷᠢ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠺᠣᠳ᠋ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠲᠠᠩᠰᠯᠠᠯᠲᠠ ᠶᠢᠨ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠶᠢᠨ ᠦᠨᠡᠮᠯᠡᠯ᠂ | ᠲᠤᠭ᠎ᠠ ᠪᠦᠷᠢᠳᠬᠡᠯ ᠤᠨ ᠦᠨᠡᠮᠯᠡᠯ ᠵᠡᠷᠭᠡ ︽ᠲᠠᠪᠤᠨ ᠦᠨᠡᠮᠯᠡᠯ ᠢ ᠨᠢᠭᠡᠳᠬᠡᠬᠦ︾ ᠰᠠᠭᠤᠷᠢᠨ ᠳᠡᠭᠡᠷ᠎ᠡ᠂ ᠭᠤᠶᠤᠴᠢᠯᠠᠭᠴᠢ ᠳᠤ ᠣᠯᠭᠤᠭᠰᠠᠨ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠪᠠ ᠢᠳᠡᠭᠡᠨ ᠤ ᠵᠦᠶᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠨᠣᠮᠧᠷ ᠵᠡᠷᠭᠡ ᠨᠢᠭᠡ ᠦᠨᠡᠮᠯᠡᠯ ᠬᠤᠶᠠᠷ | ᠨᠤᠮᠧᠷ ᠪᠤᠶᠤ ᠤᠯᠠᠨ ᠨᠤᠮᠧᠷ ᠲᠠᠢ ︽ᠣᠯᠠᠨ ᠦᠨᠡᠮᠯᠡᠯ ᠢ ᠨᠢᠭᠡᠳᠭᠡᠭᠰᠡᠨ︾ ᠡᠵᠡᠩᠨᠡᠯᠲᠡ ᠶᠢᠨ ᠦᠨᠡᠮᠯᠡᠯ ᠢ ᠵᠢᠭᠠᠵᠣ ᠪᠣᠢ᠃ ᠣᠨᠴᠠᠭᠠᠶ ᠪᠠᠶᠢᠳᠠᠯ ᠠᠴᠠ ᠭᠠᠳᠠᠨ᠎ᠠ | ᠬᠤᠯᠪᠣᠭᠳᠠᠯ ᠪᠦᠬᠦᠢ ᠵᠥᠪᠰᠢᠶᠡᠷᠡᠯ ᠤᠨ ᠭᠡᠷᠡᠴᠢ ᠦᠨᠡᠮᠯᠠᠯ ᠢ ᠲᠠᠬᠢᠵᠤ ᠠᠰ ᠲᠤᠨᠢ ᠣᠯᠭᠤᠳᠠᠭ ᠦᠭᠡᠢ ᠬᠤᠯᠪᠣᠭᠠᠯᠠᠨ ᠬᠥᠳᠡᠯᠦᠯᠴᠡᠬᠦ ᠨᠢᠭᠡᠳᠦᠯᠲᠡᠶ ᠳᠠᠩᠰᠠᠯᠠᠬᠤ | ᠠᠷᠭ᠎ᠠ ᠶᠢ ᠭᠡᠯᠡᠨ᠎ᠡ ᠃ | 15. ︽ᠭᠤᠷᠪᠠ ᠶᠢ ᠤᠷᠢᠳ ᠢᠶᠠᠷ ᠬᠢᠵᠦ᠂ ᠭᠤᠷᠪᠠ ᠶᠢ ᠲᠠᠷᠠᠭ᠎ᠠ ᠪᠠᠷ ᠬᠢᠬᠦ︾ ᠵᠠᠷᠴᠢᠮ᠄ ᠲᠤᠬᠠᠶᠢᠯᠠᠪᠠᠯ ᠤᠷᠢᠳ ᠢᠶᠠᠷ ᠦᠨᠡᠮᠯᠡᠯ ᠢ ᠭᠦᠶᠴᠡᠳᠬᠡᠵᠤ᠂ | ᠳᠠᠷᠠᠭ᠎ᠠ ᠪᠠᠷ ᠭᠠᠶᠢᠯᠢ ︵ᠰᠦᠶᠳᠬᠡᠯ︶ ᠶᠢ ᠲᠤᠰᠢᠶᠠᠬᠤ᠂ ᠤᠷᠢᠳ ᠢᠶᠠᠷ ᠦᠨᠡᠮᠯᠡᠯ ᠢ ᠭᠦᠶᠴᠡᠳᠬᠡᠵᠤ᠂ ᠳᠠᠷᠠᠭ᠎ᠠ ᠪᠠᠷ ᠵᠠᠷᠭᠤ ᠵᠠᠭᠠᠯᠳᠤᠯᠭ᠎ᠠ ᠶᠢ ᠰᠢᠢᠳᠪᠦᠷᠢᠯᠡᠬᠦ᠂ | ᠤᠷᠢᠳ ᠢᠶᠠᠷ ᠦᠨᠡᠮᠯᠡᠯ ᠢ ᠭᠦᠶᠴᠡᠳᠬᠡᠵᠤ᠂ ᠳᠠᠷᠠᠭ᠎ᠠ ᠪᠠᠷ ᠬᠠᠷᠢᠭᠤᠴᠠᠯᠭ᠎ᠠ ᠨᠡᠭᠡᠮᠵᠢᠯᠡᠬᠦ ᠶᠢ ᠵᠢᠭᠠᠨ᠎ᠠ᠃ ᠭᠡᠷ ᠪᠠᠶᠢᠰᠢᠩ ᠤᠨ ᠦᠯᠦ ᠬᠥᠳᠡᠯᠬᠦ ᠬᠥᠷᠥᠩᠭᠡ ᠶᠢᠨ | ᠦᠨᠡᠮᠯᠡᠯ ᠢ ᠭᠦᠶᠴᠡᠳᠬᠡᠬᠦ ᠳᠤ ᠭᠡᠷ ᠬᠤᠳᠠᠯᠳᠤᠨ ᠠᠪᠤᠭᠴᠢ ᠨᠢ ᠭᠦᠶᠴᠡᠳᠬᠡᠨ᠎ᠡ᠃ | 16. ︽ᠳᠥᠷᠪᠡᠨ ᠰᠤᠷᠲᠠᠯ︾᠄ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ᠃ | 17. ︽ᠭᠤᠷᠪᠠᠨ ᠴᠢᠬᠤᠯᠠ ᠨᠢᠭᠡ ᠶᠡᠭᠡ︾᠄ ᠴᠢᠬᠤᠯᠠ ᠶᠡᠭᠡ ᠬᠡᠷᠡᠭ ᠶᠠᠪᠣᠳᠠᠯ ᠤᠨ ᠰᠢᠶᠳᠪᠦᠷᠢᠲᠦ ᠪᠤᠳᠤᠯᠭ᠎ᠠ᠂ ᠴᠢᠬᠤᠯᠠ ᠺᠠᠳ᠋ᠷ ᠢ ᠲᠣᠮᠢᠯᠠᠬᠤ ᠪᠠ | ᠪᠠᠭᠤᠯᠭᠠᠬᠤ᠂ ᠴᠢᠬᠤᠯᠠ ᠲᠥᠷᠥᠯ ᠵᠦᠶᠯ ᠢ ᠳᠣᠭᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠶᠠᠪᠤᠳᠠᠯ ᠢ ᠵᠢᠭᠠᠨ᠎ᠠ᠃ | 18. ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ ᠦᠶᠯᠡᠳᠪᠦᠷᠢ ᠶᠢᠨ ᠠᠵᠤ ᠠᠬᠤᠶᠢᠯᠠᠯ᠄ ᠠᠵᠤ ᠦᠢᠯᠡᠰ ᠤᠨ ᠲᠥᠷᠥ ᠶᠢᠨ | ᠪᠣᠳᠣᠯᠭ᠎ᠠ ᠳᠤ ᠨᠡᠶᠢᠴᠡᠬᠦ ᠥᠬᠡᠶ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠳᠤ ᠨᠡᠶᠢᠴᠡᠬᠦ ᠥᠬᠡᠶ᠂ ᠠᠵᠤ | ᠦᠶᠯᠡᠳᠪᠦᠷᠢ ᠶᠢᠨ ᠪᠣᠯᠪᠠᠰᠣᠷᠠᠭᠤᠯᠣᠯᠲᠠ ᠶᠢᠨ ᠲᠣᠭᠤᠷᠢᠭ ᠲᠤ ᠣᠷᠣᠵᠤ ᠰᠠᠭᠤᠭᠰᠠᠨ ᠥᠬᠡᠶ ᠬᠡᠪᠴᠢᠶᠡᠵᠢᠯ ᠠᠴᠠ ᠳᠣᠷᠣᠭᠰᠢᠬᠢ ᠠᠵᠤ ᠦᠶᠯᠡᠳᠪᠦᠷᠢ ᠶᠢᠨ ᠠᠵᠤ | ᠠᠬᠤᠶᠢᠯᠠᠯ ᠢ ᠵᠢᠭᠠᠵᠤ ᠪᠤᠢ︔ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠠᠮᠢ | ᠠᠬᠤᠢ ᠶᠢᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ᠂ ᠪᠠᠴᠢᠮ ᠪᠠᠶᠢᠳᠠᠯ ᠢ ᠠᠷᠭᠠᠴᠠᠭᠠᠬᠤ᠂ ᠤᠰᠤᠨ ᠠᠰᠢᠭᠯᠠᠯᠲᠠ ᠵᠡᠷᠭᠡ | ᠬᠤᠯᠪᠣᠭᠳᠠᠯ ᠪᠦᠬᠦᠢ ᠬᠢᠨᠠᠨ ᠵᠥᠪᠰᠢᠶᠡᠷᠡᠭᠦᠯᠬᠦ ᠭᠠᠷ ᠭᠦᠶᠴᠡᠳᠬᠡᠯ ᠢ ᠭᠦᠶᠴᠡᠳᠬᠡᠭᠰᠡᠨ ᠦᠭᠡᠢ︔ ᠪᠣᠬᠢᠷᠲᠤᠯ ᠢ ᠵᠠᠰᠠᠬᠤ ᠪᠡᠯᠡᠳᠬᠡᠮᠵᠢ ᠶᠢ ᠬᠠᠤᠯᠢ ᠶᠣᠰᠣᠭᠠᠷ | ᠤᠭᠰᠠᠷᠠᠪᠠᠯ ᠵᠣᠬᠢᠬᠤ ᠪᠠᠶᠢᠳᠠᠯ᠎ᠠ ᠤᠭᠰᠠᠷᠠᠭᠰᠠᠨ ᠦᠭᠡᠢ ᠪᠤᠶᠤ ᠪᠣᠬᠢᠷᠲᠤᠯ ᠢ ᠵᠠᠰᠠᠬᠤ ᠪᠡᠯᠡᠳᠬᠡᠮᠵᠢ ᠨᠢ ᠪᠦᠷᠢᠨ ᠪᠤᠰᠤ᠂ ᠪᠣᠬᠢᠷᠳᠣᠯ ᠪᠣᠳᠠᠰ ᠢ ᠪᠦᠲᠦᠮᠵᠢᠲᠡᠶ | ᠴᠤᠭᠯᠠᠭᠤᠯᠵᠤ ᠲᠡᠶᠢᠯᠭᠦ ᠦᠭᠡᠢ᠂ ᠵᠣᠬᠢᠶᠠᠨ ᠪᠠᠶᠢᠭᠤᠯᠣᠯᠲᠠ ᠦᠭᠡᠢ ᠪᠠᠷ ᠪᠣᠬᠢᠷ ᠪᠣᠳᠠᠰ ᠢ ᠬᠦᠨᠳᠦ ᠨᠣᠴᠢᠲᠠᠶ ᠭᠠᠳᠠᠭᠰᠢᠯᠠᠭᠤᠯᠵᠤ᠂ ᠪᠣᠬᠢᠷᠲᠤᠯ ᠢ ᠰᠡᠷᠭᠡᠶᠢᠯᠡᠨ | ᠵᠠᠰᠠᠬᠤ ᠪᠡᠯᠡᠳᠬᠡᠮᠵᠢ ᠨᠢ ᠪᠠᠷᠢᠮᠵᠢᠶ᠎ᠠ ᠳᠤ ᠬᠦᠷᠭᠡᠵᠣ ᠭᠠᠳᠠᠭᠰᠢᠯᠠᠭᠤᠯᠬᠤ ᠴᠢᠳᠠᠪᠤᠷᠢ ᠦᠭᠡᠢ ᠠᠵᠤ ᠠᠬᠤᠶᠢᠯᠠᠯ ᠢ ᠵᠢᠭᠠᠨ᠎ᠠ᠃ | 19. ︽ ᠭᠤᠷᠪᠠᠨ ᠲᠣᠭᠤᠷᠢᠭ ᠬᠤᠶᠠᠷ ᠱᠤᠭᠤᠮ︾᠄ ᠴᠢᠬᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠦᠵᠡᠮᠵᠢ ᠶᠢᠨ ᠣᠷᠣᠨ᠂ ᠰᠠᠭᠤᠭᠠᠯᠢ | ᠠᠷᠠᠳ ᠤᠨ ᠲᠥᠪᠯᠡᠷᠡᠨ ᠰᠠᠭᠤᠷᠢᠰᠢᠬᠤ ᠣᠷᠣᠨ ᠤ ᠡᠷᠭᠢᠨ ᠲᠣᠭᠤᠷᠢᠨ ᠪᠠ ᠴᠢᠬᠤᠯᠠ ᠵᠠᠮ ᠬᠠᠷᠢᠯᠴᠠᠭᠠᠨ ᠤ ᠭᠤᠤᠯ ᠱᠤᠭᠤᠮ᠂ ᠭᠤᠤᠯ ᠮᠥᠷᠡᠨ ᠨᠠᠭᠤᠷ ᠴᠦᠬᠦᠷᠦᠮ | ᠤᠨ ᠰᠢᠭᠤᠳ ᠦᠵᠡᠭᠳᠡᠬᠦ ᠬᠡᠪᠴᠢᠶ᠎ᠡ ᠶᠢ ᠳᠥᠭᠦᠮᠴᠢᠯᠡᠭᠡᠳ ︽ᠭᠤᠷᠪᠠᠨ ᠲᠣᠭᠤᠷᠢᠭ ᠬᠤᠶᠠᠷ ᠱᠤᠭᠤᠮ︾ ᠭᠡᠳᠡᠭ ᠃ | 20. ︽ᠬᠤᠶᠠᠷ ᠵᠢᠷᠤᠭ ᠨᠢᠭᠡ ᠲᠦᠰᠦᠯ︾᠄ ᠬᠤᠰᠢᠭᠤᠨ ᠤ ᠠᠷᠠᠯᠵᠢᠶᠠᠴᠢᠨ ᠤᠷᠢᠬᠤ ᠴᠤᠪᠤᠷᠠᠯ ᠵᠢᠷᠤᠭ᠂ ᠠᠷᠠᠯᠵᠢᠶᠠᠴᠢᠨ ᠤᠷᠢᠬᠤ ᠠᠵᠤ ᠦᠢᠯᠡᠰ ᠤᠨ | ᠬᠡᠯᠬᠢᠶᠡᠵᠢᠯ ᠤᠨ ᠵᠢᠷᠤᠭ ᠪᠣᠯᠤᠨ ᠬᠤᠰᠢᠭᠤᠨ ᠤ ᠠᠷᠠᠯᠵᠢᠶᠠᠴᠢᠨ ᠤᠷᠢᠬᠤ ᠬᠡᠷᠡᠭᠵᠢᠭᠦᠯᠬᠦ ᠲᠥᠰᠦᠯ ᠢ ᠬᠡᠯᠡᠵᠤ ᠪᠠᠶᠢᠨ᠎ᠠ᠃ | 21. ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠄ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ ᠤ ᠵᠦᠢᠯ᠂ | ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ ᠢ ᠵᠢᠭᠠᠨ᠎ᠠ᠃ | 22. ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾᠄ ᠶᠡᠷᠦᠩᠬᠡᠶ ᠱᠦᠵᠢ ᠰᠢ ᠶᠢᠨ ᠫᠢᠩ 2014 ᠣᠨ ᠤ 3 ᠰᠠᠷ᠎ᠠ ᠶᠢᠨ 4 ᠤ ᠡᠳᠦᠷ ︽ | ᠬᠥᠳᠡᠭᠡ ᠲᠣᠰᠬᠤᠨ ᠤ ᠵᠠᠰᠠᠮᠠᠯ ᠵᠠᠮ ᠢ ᠤᠯᠠᠮ ᠰᠠᠶᠢᠨ ᠪᠠᠶᠢᠭᠤᠯᠵᠤ᠂ ᠰᠠᠶᠢᠨ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠨ ᠡᠵᠡᠩᠨᠡᠵᠦ᠂ ᠬᠥᠳᠡᠭᠡ ᠲᠣᠰᠬᠤᠨ ᠤ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠮ ᠬᠠᠷᠢᠯᠴᠠᠭᠠᠨ ᠤ ᠠᠰᠠᠭᠤᠳᠠᠯ ᠢ ᠠᠯᠬᠤᠮ ᠠᠯᠬᠤᠮ ᠢᠶᠠᠷ ᠠᠷᠢᠯᠭᠠᠬᠤ ᠬᠡᠷᠡᠭᠲᠡᠶ︾ ᠭᠡᠵᠦ ᠳᠤᠷᠠᠳᠤᠨ ᠭᠠᠷᠭᠠᠵᠠᠶ᠃ | 23. ᠢᠵᠢ ᠪᠦᠷᠢᠨ ᠪᠤᠰᠤ ᠣᠷᠣᠨ ᠰᠠᠭᠤᠴᠠ᠄ ᠲᠤᠬᠠᠶᠢᠯᠠᠪᠠᠯ ᠰᠠᠭᠤᠭᠠᠯᠢ ᠠᠷᠠᠳ ᠤᠨ ᠠᠮᠢᠳᠤᠷᠠᠯ ᠳᠤ ᠵᠣᠷᠢᠭᠤᠯᠤᠭᠰᠠᠨ ᠪᠣᠯᠪᠠᠴᠤ ᠢᠵᠢ ᠪᠦᠷᠢᠨ ᠪᠤᠰᠤ | ᠭᠡᠷ ᠪᠠᠶᠢᠰᠢᠩ ᠪᠣᠯᠤᠨ᠎ᠠ᠃ ᠶᠡᠷᠦ ᠳᠡᠭᠡᠨ ᠭᠠᠯ ᠲᠣᠭᠤᠭᠠᠨ ᠤ ᠭᠡᠷ᠂ ᠵᠤᠷᠯᠤᠩ ᠨᠢ ᠭᠡᠷ ᠳᠣᠲᠣᠷ᠎ᠠ ᠪᠠᠶᠢᠬᠤ ᠦᠭᠡᠢ᠂ ᠭᠤᠳᠤᠮᠵᠢ ᠶᠢᠨ ᠨᠦᠭᠦᠭᠡ ᠵᠠᠬ᠎ᠠ ᠳᠤ ᠪᠠᠶᠢᠵᠤ | ᠂ ᠶᠡᠷᠦ ᠳᠡᠭᠡᠨ ᠨᠢᠭᠡ ᠲᠤᠭᠤᠭᠠᠨ ᠤ ᠭᠡᠷ ᠪᠤᠶᠤ ᠵᠤᠷᠯᠤᠩ ᠢ ᠬᠡᠳᠦᠨ ᠠᠶᠢᠯ ᠬᠠᠮᠳᠤᠷᠠᠨ ᠭᠡᠷᠡᠭᠯᠡᠵᠤ ᠪᠠᠶᠢᠳᠠᠭ ᠃ | 24. ︽ᠲᠡᠯᠪᠢᠬᠤ ᠬᠠᠮᠢᠶᠠᠷᠬᠤ ᠦᠢᠯᠡᠴᠢᠯᠡᠬᠦ︾᠄ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠤᠨ᠂ | ᠦᠢᠯᠡᠴᠢᠯᠡᠭᠡ ᠶᠢ ᠰᠢᠯᠢᠳᠡᠭᠵᠢᠬᠦᠯᠬᠦ ᠶᠢ ᠵᠢᠭᠠᠨ᠎ᠠ᠃ | 25. ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ︾ ᠶᠢᠨ ᠥᠭᠡᠷᠡᠴᠢᠯᠡᠯᠲᠡ᠄ ᠨᠢᠭᠡ ᠰᠦᠯᠵᠢᠶᠡᠨ ᠳᠡᠭᠡᠷ᠎ᠡ ᠭᠠᠷᠪᠠᠯ ᠪᠦᠬᠦ ᠣᠴᠢᠷ ᠶᠠᠪᠤᠳᠠᠯ ᠢ | ᠬᠦᠢᠴᠡᠳᠬᠡᠵᠣ᠂ ᠨᠢᠭᠡ ᠪᠠᠶᠢᠭᠤᠯᠭ᠎ᠠ ᠶᠢᠨ ᠡᠭᠦᠳᠡ ᠪᠠᠷ ᠣᠷᠣᠪᠠᠯ ᠪᠠᠶᠢᠳᠠᠭ ᠣᠴᠢᠷ ᠶᠠᠪᠤᠳᠠᠯ ᠢ ᠬᠦᠢᠴᠡᠳᠬᠡᠵᠣ᠂ ᠨᠢᠭᠡ ᠯᠡ ᠤᠳᠠᠭ᠎ᠠ ᠭᠦᠶᠦᠪᠡᠯ ᠤᠴᠢᠷ ᠶᠠᠪᠤᠳᠠᠯ | ᠢ ᠬᠦᠢᠴᠡᠳᠬᠡᠵᠣ ᠲᠡᠶᠢᠯᠬᠦ ᠶᠢ ᠭᠡᠯᠡᠨ᠎ᠡ᠃ | 26. ︽ᠪᠠᠶᠠᠨᠨᠠᠭᠤᠷ ᠤᠨ ᠶᠠᠪᠤᠳᠠᠯ ᠢ ᠲᠦᠷᠭᠡᠨ ᠬᠦᠢᠴᠡᠳᠬᠡᠬᠦ︾ ᠲᠠᠪᠴᠠᠩ᠄ ᠪᠠᠶᠠᠨᠨᠠᠭᠤᠷ ᠬᠤᠲᠠ ᠨᠢ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ | ᠤᠨ ᠦᠶᠯᠡᠴᠢᠯᠡᠭᠡ︾ ᠶᠢᠨ ᠮᠡᠳᠡᠭᠡ ᠵᠠᠩᠭᠢᠴᠢᠯᠠᠯᠲᠠ ᠶᠢᠨ ᠠᠵᠢᠯ ᠤᠨ ᠠᠷᠭ᠎ᠠ ᠪᠠᠷᠢᠯ ᠢ ᠠᠰᠢᠭᠯᠠᠨ᠂ ︽12345︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠬᠠᠯᠠᠮᠰᠢᠯ ᠤᠳᠠᠰᠤ᠂ ︽ᠨᠢᠭᠡ ᠴᠤᠩᠬᠤᠪᠴᠢ ᠪᠠᠷ ᠬᠦᠢᠴᠡᠳᠭᠡᠬᠦ︾᠂ ᠴᠢᠬᠤᠯᠠ ᠶᠡᠭᠡ ᠲᠥᠷᠥᠯ ᠵᠦᠶᠯ ᠢ ᠰᠢᠭᠤᠳ ᠨᠡᠪᠲᠡᠷᠡᠭᠦᠯᠵᠦ ᠲᠦᠷᠭᠡᠨ ᠭᠦᠶᠴᠡᠳᠬᠡᠬᠦ᠂ | ᠦᠷ᠎ᠡ ᠪᠦᠳᠦᠮᠵᠢ ᠶᠢ ᠬᠢᠨᠠᠨ ᠪᠠᠶᠢᠴᠠᠭᠠᠬᠤ ᠲᠡᠪᠴᠠᠩ ᠢ ᠪᠠᠶᠢᠭᠤᠯᠵᠤ᠂ ︽ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠡ ᠤᠳᠠᠰᠤ ᠪᠠᠷ ᠤᠶᠢᠯᠠᠭᠠᠬᠤ᠂ | ᠰᠦᠯᠵᠢᠶᠡᠨ ᠳᠡᠭᠡᠷ᠎ᠡ ᠪᠠ ᠰᠦᠯᠵᠢᠶᠡᠨ ᠳᠣᠤᠷ᠎ᠠ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠶᠳᠪᠦᠷᠢᠯᠡᠬᠦ᠂ ᠴᠢᠬᠤᠯᠠ ᠶᠡᠭᠡ ᠲᠥᠷᠥᠯ ᠵᠦᠶᠯ ᠢ ᠰᠢᠭᠤᠳ | ᠨᠡᠪᠲᠡᠷᠡᠭᠦᠯᠵᠦ ᠲᠦᠷᠭᠡᠨ ᠭᠦᠶᠴᠡᠳᠬᠡᠬᠦ᠂ ᠦᠷ᠎ᠡ ᠪᠦᠳᠦᠮᠵᠢ ᠶᠢ ᠬᠢᠨᠠᠨ ᠪᠠᠶᠢᠴᠠᠭᠠᠵᠤ ᠮᠥᠷᠳᠡᠨ ᠰᠢᠮᠳᠠᠭᠤᠯᠤᠨ ᠭᠦᠶᠴᠡᠳᠬᠡᠬᠦ︾ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠪᠠᠶᠢᠷᠢᠰᠢᠯ ᠢ ᠪᠠᠶᠢᠭᠤᠯᠤᠨ᠎ᠠ᠃ | 28. ︽ᠬᠤᠶᠠᠷ ᠢ ᠲᠣᠬᠢᠶᠠᠯᠳᠣᠯ ᠢᠶᠠᠷ ᠰᠤᠩᠭᠤᠵᠤ᠂ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠬᠤ ᠡᠲᠡᠭᠡᠳ ᠢ | ᠲᠣᠬᠢᠶᠠᠯᠳᠣᠯ ᠢᠶᠠᠷ ᠰᠣᠩᠭᠤᠨ ᠠᠪᠴᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠲᠠᠨ ᠢ ᠲᠣᠬᠢᠶᠠᠯᠳᠣᠯ ᠢᠶᠠᠷ ᠰᠣᠩᠭᠤᠨ ᠲᠣᠮᠢᠯᠠᠵᠤ᠂ ᠰᠣᠩᠭᠤᠨ | ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠶᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠶᠢ ᠵᠢᠭᠠᠨ᠎ᠠ᠃ | 29. ︽ᠡᠮᠴᠢᠯᠡᠭᠡᠨ ᠤ ᠬᠠᠮᠳᠤ ᠶᠢᠨ ᠴᠤᠭᠴᠠ︾᠄ ᠬᠤᠰᠢᠭᠤ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ ᠪᠠᠷ ᠭᠤᠣᠯ ᠴᠣᠭᠴᠠ | ᠪᠣᠯᠭᠠᠨ᠂ ᠬᠤᠰᠢᠭᠤᠨ ᠤ ᠬᠡᠪᠴᠢᠶᠡᠨ ᠳᠣᠲᠣᠷᠠᠬᠢ ᠪᠦᠬᠦ ᠰᠤᠮᠤ ᠪᠠᠯᠭᠠᠰᠤ ︵ᠲᠠᠯᠠᠪᠠᠢ︶ ᠪᠤᠶᠤ ᠭᠡᠰᠡᠭ ᠰᠤᠮᠤ ᠪᠠᠯᠭᠠᠰᠤ ︵ᠲᠠᠯᠠᠪᠠᠢ︶ ᠶᠢᠨ ᠡᠷᠡᠭᠦᠯ ᠬᠠᠮᠠᠭᠠᠯᠠᠯ | ᠤᠨ ᠬᠤᠷᠢᠶ᠎ᠠ ᠪᠤᠯᠤᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠬᠤᠯᠪᠤᠭᠠᠯᠠᠨ ᠡᠮᠴᠢᠯᠡᠭᠡᠨ ᠤ ᠬᠠᠮᠳᠤ ᠶᠢᠨ ᠴᠤᠭᠴᠠ ᠶᠢ ᠵᠣᠬᠢᠶᠠᠨ ᠪᠠᠶᠢᠭᠤᠯᠵᠤ᠂ | ᠬᠤᠰᠢᠭᠤ᠂ ᠰᠤᠮᠤ ᠪᠠᠯᠭᠠᠰᠤ ︵ᠲᠠᠯᠠᠪᠠᠢ︶᠂ ᠭᠠᠴᠠᠭ᠎ᠠ ᠲᠣᠰᠬᠤᠨ ᠭᠤᠷᠪᠠᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠢᠶᠠᠨ | ᠬᠤᠪᠢᠳᠠᠨ ᠬᠠᠮᠵᠢᠯᠴᠠᠬᠤ ᠵᠠᠭᠪᠤᠷ ᠢ ᠪᠦᠷᠢᠯᠳᠦᠭᠦᠯᠵᠦ᠂ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠭᠰᠡᠨ ᠬᠤᠰᠢᠭᠤᠨ ᠤ ᠬᠡᠪᠴᠢᠶᠡᠨ ᠤ ᠡᠮᠴᠢᠯᠡᠭᠡᠨ ᠤ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ | 30. ︽ᠲᠤᠳᠤ ᠭᠡᠷᠡᠯᠳᠤ ᠢᠨᠵᠧᠨᠧᠷᠢᠩ︾᠄ ᠰᠢᠶᠠᠨ᠂ ᠰᠢᠶᠠᠩ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠦᠪ ᠢᠶᠠᠷ ᠵᠢᠯᠣᠭᠤᠳᠬᠤ | ᠲᠠᠪᠴᠠᠩ ᠪᠣᠯᠭᠠᠵᠤ᠂ ᠶᠡᠷᠦᠩᠬᠡᠶᠢᠯᠡᠭᠰᠡᠨ ᠵᠠᠰᠠᠯᠲᠠ ᠶᠢᠨ ᠮᠡᠳᠡᠭᠡ ᠵᠠᠩᠭᠢᠴᠢᠯᠠᠯᠲᠠ ᠪᠠᠷ ᠲᠤᠯᠭᠠᠭᠤᠷᠢᠯᠠᠨ᠂ ᠣᠷᠣᠨ ᠲᠣᠭᠤᠷᠢᠨ᠋ᠠᠴᠢᠯᠠᠭᠰᠠᠨ ᠬᠠᠮᠢᠶᠠᠷᠤᠯᠲᠠ ᠪᠠᠷ | ᠰᠠᠭᠤᠷᠢ ᠪᠣᠯᠭᠠᠭᠰᠠᠨ᠂ ᠣᠯᠠᠨ ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠦᠯᠵᠢᠶᠡᠨ ᠬᠡᠷᠡᠭᠯᠡᠯᠲᠡ ᠪᠠᠷ ᠭᠤᠣᠯᠳᠠᠯᠭ᠎ᠠ | ᠪᠣᠯᠭᠠᠭᠰᠠᠨ ︽ᠣᠯᠠᠨ ᠲᠦᠮᠡᠨᠴᠢ ᠴᠢᠨᠠᠷᠲᠠᠶ ᠠᠮᠤᠷ ᠢ ᠬᠠᠮᠠᠭᠠᠯᠠᠵᠣ ᠰᠡᠷᠭᠡᠶᠢᠯᠡᠨ ᠡᠵᠡᠮᠳᠡᠬᠦ ᠢᠨᠵᠧᠨᠧᠷᠢᠩ︾ ᠢ ᠵᠢᠭᠠᠨ᠎ᠠ᠃ | 31. ︽ᠭᠤᠷᠪᠠ ᠶᠢ ᠬᠦᠢᠴᠡᠳ ᠬᠢᠵᠤ᠂ ᠨᠢᠭᠡ ᠶᠢ ᠰᠢᠶᠳᠪᠦᠷᠢᠯᠡᠬᠦ︾᠄ ᠣᠯᠠᠨ ᠲᠦᠮᠡᠨ ᠤ ᠬᠦᠰᠡᠯ ᠱᠠᠭᠠᠷᠳᠠᠯᠭ᠎ᠠ ᠨᠢ ᠵᠦᠶ ᠵᠣᠬᠢᠰᠲᠠᠶ ᠪᠠᠶᠢᠪᠠᠯ ᠭᠦᠶᠴᠡᠳ | ᠰᠢᠶᠳᠪᠦᠷᠢᠯᠡᠵᠦ᠂ ᠬᠦᠰᠡᠯ ᠱᠠᠭᠠᠷᠳᠠᠯᠭ᠎ᠠ ᠨᠢ ᠵᠦᠢ ᠶᠤᠰᠤ ᠦᠭᠡᠢ ᠪᠠᠶᠢᠪᠠᠯ ᠦᠵᠡᠯ ᠰᠠᠨᠠᠭᠠᠨ ᠤ ᠬᠦᠮᠦᠵᠢᠯ ᠢ ᠬᠦᠢᠴᠡᠳ ᠬᠢᠵᠤ᠂ ᠠᠮᠢᠳᠤᠷᠠᠯ ᠨᠢ ᠬᠦᠴᠢᠷᠳᠡᠯ | ᠲᠠᠢ ᠪᠠᠶᠢᠪᠠᠯ ᠭᠦᠶᠴᠡᠳ ᠬᠠᠪᠰᠤᠷᠤᠨ ᠲᠡᠳᠬᠦᠨ᠎ᠡ︔ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠪᠠᠶᠪᠠᠯ ᠬᠠᠤᠯᠢ ᠶᠣᠰᠣᠭᠠᠷ ᠰᠢᠶᠳᠪᠦᠷᠢᠯᠡᠨ᠎ᠡ᠃ | 32. ︽ᠭᠤᠷᠪᠠᠨ ᠰᠠᠯᠵᠤ ᠴᠢᠳᠠᠬᠤ ᠦᠭᠡᠢ︾᠄ ᠳᠠᠷᠤᠶ ︽ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ | ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠠᠷᠢᠯᠴᠠᠨ ᠰᠠᠯᠵᠤ | ᠴᠢᠳᠠᠬᠤ ᠦᠭᠡᠢ︾ ᠶᠢ ᠵᠢᠭᠠᠵᠤ ᠪᠠᠶᠢᠨ᠎ᠠ᠃ | 33. ︽ᠲᠠᠪᠤᠨ ᠶᠢ ᠵᠦᠪᠰᠢᠶᠡᠷᠡᠬᠦ︾᠄ ᠲᠤᠬᠠᠶᠢᠯᠠᠪᠠᠯ᠂ ᠠᠭᠤᠤ ᠶᠡᠭᠡ ᠡᠭᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ | ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠵᠦᠪᠰᠢᠶᠡᠷᠡᠬᠦ ᠪᠤᠯᠤᠨ᠎ᠠ᠃ | 34. ︽ᠳᠥᠷᠪᠡᠨ ᠤᠬᠠᠮᠰᠠᠷ︾᠄ ᠳᠠᠷᠤᠶ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ | ᠪᠠᠶᠢᠬᠤ ᠤᠬᠠᠮᠰᠠᠷ ᠪᠣᠯᠤᠨ᠎ᠠ᠃ | 35. ︽ᠳᠥᠷᠪᠡᠨ ᠢᠲᠡᠭᠡᠯ︾᠄ ᠳᠠᠷᠤᠶ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ | ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠪᠣᠯᠤᠨ᠎ᠠ᠃ | 36. ︽ᠬᠤᠶᠠᠷ ᠢ ᠬᠠᠮᠠᠭᠠᠯᠠᠬᠤ︾᠄ ᠳᠠᠷᠤᠶ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ | ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠡᠷᠡᠰ ᠬᠠᠮᠠᠭᠠᠯᠠᠨ᠎ᠠ᠃ 37. ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ | ᠬᠤᠶᠠᠷ ᠬᠠᠷᠢᠭᠤᠴᠠᠯᠭ᠎ᠠ︾᠄ ᠲᠤᠬᠠᠶᠢᠯᠠᠪᠠᠯ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠥᠪᠡᠷ ᠤᠨ ᠲᠤᠰᠢᠶᠠᠯ ᠤᠨ ᠪᠠᠶᠢᠷᠢ ᠶᠢᠨ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠶᠴᠡᠳᠬᠡᠬᠦ ᠶᠢᠨ ᠬᠠᠮᠲᠤ ᠪᠠᠰᠠ ᠪᠠᠶᠢᠭ᠎ᠠ ᠨᠢᠭᠡᠴᠢ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠬᠦᠷᠢᠶᠡᠨ ᠳᠠᠬᠢ ᠨᠠᠮ ᠤᠨ ᠰᠤᠷᠲᠠᠯ | ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠳᠤ ᠬᠠᠷᠢᠭᠤᠴᠠᠬᠤ ᠬᠡᠷᠡᠭᠲᠡᠶ᠃ | |