ᠤᠳᠤᠨᠴᠡᠴᠡᠭ
ᠨᠡᠶᠢᠲᠡᠯᠡᠭᠰᠡᠨ ᠴᠠᠭ᠄
2020/11/12
奥登琪琪格.jpg     
     ᠠᠵᠢᠯ ᠤᠨ ᠬᠤᠪᠢᠶᠠᠷᠢᠯᠠᠯ᠄ ᠲᠡᠷᠢᠬᠦᠯᠡᠭᠴᠢ ᠶᠢ ᠬᠠᠪᠰᠤᠷᠤᠨ ᠠᠵᠤ ᠠᠬᠤᠢ ᠡᠬᠢ ᠰᠤᠷᠪᠤᠯᠵᠢ ᠤᠷᠴᠢᠨ ᠠᠬᠤᠢ ᠶᠢᠨ ᠠᠵᠢᠯ ᠤᠨ ᠵᠦᠪᠯᠡᠯ ᠪᠤᠯᠤᠨ ᠰᠠᠨᠠᠯ ᠲᠤᠷᠠᠳᠤᠯᠭ᠎ᠠ ᠰᠤᠶᠤᠯ ᠲᠡᠤᠭᠡ ᠶᠢᠨ ᠠᠵᠢᠯ ᠤᠨ ᠵᠦᠪᠯᠡᠯ ᠢ ᠬᠤᠪᠢᠶᠠᠷᠢᠯᠠᠨ ᠬᠠᠮᠢᠶᠠᠷᠤᠨ᠎ᠠ᠃ ᠬᠤᠳᠠ ᠬᠦᠳᠡᠭᠡ ᠶᠢᠨ ᠲᠦᠯᠦᠪᠵᠢᠬᠦᠯᠭᠡ ᠶᠢᠨ ᠪᠦᠳᠦᠭᠡᠨ ᠪᠠᠶᠢᠭᠤᠯᠤᠯᠳᠠ ᠬᠠᠮᠢᠶᠠᠷᠤᠯᠳᠠ᠂ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ᠂ ᠤᠯᠤᠰ ᠲᠦᠷᠦ ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠪᠤᠯᠤᠨ ᠰᠤᠶᠤᠯ ᠲᠡᠤᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠰᠢᠭᠤᠨ ᠤ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠠᠰᠤᠭ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠱᠠᠭᠠᠷᠳᠠᠨ ᠪᠠᠶᠢᠴᠠᠭᠠᠬᠤ ᠲᠠᠰᠤᠭ᠂ ᠤᠷᠤᠨ ᠰᠠᠭᠤᠴᠠ ᠪᠤᠯᠤᠨ ᠬᠤᠳᠠ ᠬᠦᠳᠡᠭᠡ ᠶᠢᠨ ᠲᠦᠯᠦᠪᠵᠢᠬᠦᠯᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ ︵ᠭᠡᠷ ᠪᠠᠶᠢᠰᠢᠩ ᠤᠨ ᠦᠮᠴᠢᠯᠡᠯ ᠤᠨ ᠡᠷᠭᠡ ᠶᠢᠨ ᠠᠷᠠᠯᠵᠢᠶᠠᠨ ᠤ ᠲᠦᠪ᠂ ᠭᠡᠷ ᠪᠠᠶᠢᠰᠢᠩ ᠲᠠᠳᠠᠪᠤᠷᠢᠯᠠᠨ ᠬᠤᠷᠢᠶᠠᠬᠤ ᠲᠤᠪᠴᠢᠶ᠎ᠠ᠂ ᠬᠤᠳᠠ ᠬᠦᠳᠡᠭᠡ ᠶᠢᠨ ᠲᠦᠯᠦᠪᠵᠢᠬᠦᠯᠭᠡ ᠶᠢᠨ ᠬᠠᠮᠢᠶᠠᠷᠤᠯᠳᠠ ᠶᠢᠨ ᠲᠦᠪ᠂ ᠴᠡᠴᠡᠷᠯᠢᠭᠵᠢᠬᠦᠯᠭᠡ ᠶᠢᠨ ᠲᠤᠪᠴᠢᠶ᠎ᠠ ᠶᠢ ᠪᠠᠭᠳᠠᠭᠠᠨ᠎ᠠ︶  ᠂ ᠵᠠᠬ᠎ᠠ ᠲᠠᠯᠭᠡᠬᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠬᠤᠳᠠ ᠶᠢᠨ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ  ︵ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠤᠨᠤᠭ ᠤᠨ ᠦᠢᠯᠡᠴᠢᠯᠡᠭᠡᠨ ᠤ ᠲᠦᠪ᠂ ᠨᠤᠳᠤᠭ ᠪᠡᠯᠴᠢᠭᠡᠷ ᠤᠨ ᠬᠢᠨᠠᠨ ᠬᠠᠮᠢᠶᠠᠷᠤᠯᠳᠠ   ᠶᠢᠨ ᠲᠤᠪᠴᠢᠶ᠎ᠠ  ᠂ ᠲᠠᠷᠢᠶᠠᠯᠠᠬᠤ ᠤᠷᠤᠨ ᠤ ᠮᠠᠯᠵᠢᠯ ᠤᠨ ᠦᠢᠯᠡᠰ ᠤᠨ ᠠᠬᠢᠭᠤᠯᠤᠯᠳᠠ ᠶᠢᠨ ᠠᠯᠪᠠᠨ ᠭᠡᠷ ᠢ ᠪᠠᠭᠳᠠᠭᠠᠨ᠎ᠠ︶᠂ ᠤᠰᠤᠨ ᠤ ᠶᠠᠪᠤᠳᠠᠯ ᠤᠨ ᠲᠤᠪᠴᠢᠶ᠎ᠠ ︵ᠬᠤᠳᠠ ᠶᠢᠨ ᠤᠰᠤ ᠬᠠᠩᠭᠠᠯᠳᠠ ᠶᠢᠨ ᠦᠢᠯᠡᠴᠢᠯᠡᠭᠡᠨ ᠤ ᠲᠦᠪ   ᠢ ᠪᠠᠭᠳᠠᠭᠠᠨ᠎ᠠ︶᠂ ᠤᠢ ᠰᠢᠭᠤᠢ ᠶᠢᠨ ᠲᠤᠪᠴᠢᠶ᠎ᠠ  ︵ᠤᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ᠂ ᠦᠪᠦᠷ ᠮᠤᠩᠭᠤᠯ ᠤᠨ ᠤᠷᠠᠳ ᠤᠨ ᠵᠠᠭ ᠤᠨ ᠤᠢ — ᠮᠤᠩᠭᠤᠯ ᠬᠤᠯᠠᠨ ᠤ ᠤᠯᠤᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠬᠠᠮᠢᠶᠠᠷᠤᠯᠳᠠ ᠶᠢᠨ ᠲᠤᠪᠴᠢᠶᠠᠨ ᠤ ᠤᠷᠠᠳ ᠤᠨ ᠲᠤᠮᠳᠠᠳᠤ ᠬᠤᠰᠢᠭᠤᠨ ᠤ ᠦᠷᠳᠡᠭᠡ ᠶᠢ ᠪᠠᠭᠳᠠᠭᠠᠨ᠎ᠠ︶᠂ ᠶᠠᠳᠠᠭᠤ ᠶᠢ ᠲᠡᠳᠬᠦᠬᠦ ᠠᠯᠪᠠᠨ ᠭᠡᠷ᠂ ᠲᠠᠷᠢᠶᠠᠯᠠᠩ ᠤᠨ ᠨᠡᠭᠡᠭᠡᠯᠳᠡ ᠶᠢᠨ ᠠᠯᠪᠠᠨ ᠭᠡᠷ᠂ ᠢᠳᠡᠭᠡᠮᠵᠢ ᠶᠢᠨ ᠬᠤᠯᠪᠤᠭᠠᠳᠤ ᠬᠤᠷᠰᠢᠶ᠎ᠠ᠂ ᠲᠠᠷᠢᠶᠠᠯᠠᠩ ᠤᠨ ᠭᠦᠭᠵᠢᠬᠦᠯᠦᠯᠳᠡ ᠶᠢᠨ ᠪᠠᠩᠬᠢ᠂ ᠴᠠᠭ ᠠᠭᠤᠷ ᠤᠨ ᠲᠤᠪᠴᠢᠶ᠎ᠠ᠂ ᠠᠮᠤ ᠪᠤᠳᠠᠭᠠᠨ ᠤ ᠲᠤᠪᠴᠢᠶ᠎ᠠ᠂ ᠬᠠᠩᠭᠠᠨ ᠪᠤᠷᠤᠯᠠᠭᠤᠯᠬᠤ ᠬᠤᠷᠰᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠠᠯᠪᠠᠨ ᠭᠡᠷ᠂ ᠭᠠᠵᠠᠷ ᠬᠦᠳᠡᠯᠦᠯᠳᠡ ᠶᠢᠨ ᠠᠯᠪᠠᠨ ᠭᠡᠷ᠂ ᠲᠦᠭᠡᠭᠡᠯ ᠤᠰᠤᠨ ᠤ ᠺᠤᠮᠫᠠᠨᠢ᠂ ᠪᠤᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠬᠠᠮᠢᠶᠠᠷᠤᠯᠳᠠ ᠶᠢᠨ ᠲᠦᠪ᠂ ᠯᠦᠩ ᠹᠦ᠋ ᠶᠤᠸᠠᠨ ᠺᠤᠮᠫᠠᠨᠢ᠂ ᠨᠠᠮ ᠤᠨ ᠲᠡᠤᠭᠡ ᠶᠢᠨ ᠠᠯᠪᠠᠨ ᠭᠡᠷ᠂ ᠤᠷᠤᠨ ᠨᠤᠳᠤᠭ ᠤᠨ ᠦᠢᠯᠠᠯᠭ᠎ᠠ ᠶᠢᠨ ᠠᠯᠪᠠᠨ ᠭᠡᠷ᠂ ᠤᠳᠬ᠎ᠠ ᠤᠷᠠᠯᠢᠭ ᠤᠨ ᠬᠤᠯᠪᠤᠭ᠎ᠠ᠂ ᠲᠠᠩᠰᠠ ᠡᠪᠬᠡᠮᠡᠯ ᠤᠨ ᠲᠤᠪᠴᠢᠶ᠎ᠠ᠂ ᠳ᠋ᠠ ᠬᠦᠩ ᠢᠯᠴᠢ ᠬᠠᠩᠭᠠᠬᠤ ᠺᠤᠮᠫᠠᠨᠢ᠂ ᠭᠠᠭᠴᠠᠮᠤᠳᠤ ᠪᠠᠯᠭᠠᠰᠤᠨ ᠤ ᠢᠯᠴᠢ ᠬᠠᠩᠭᠠᠬᠤ ᠦᠷᠳᠡᠭᠡ᠂ ᠲᠤᠭᠤᠯᠳᠠᠢ ᠡᠬᠦᠯᠳᠡᠷ ᠤᠨ ᠮᠠᠯ ᠤᠨ ᠲᠠᠯᠠᠪᠠᠢ᠂ ᠮᠦᠶᠠᠩᠬᠠᠢ ᠮᠠᠯᠵᠢᠯ ᠤᠨ ᠲᠠᠯᠠᠪᠠᠢ ᠵᠡᠷᠭᠡ ᠪᠠᠶᠢᠭᠤᠯᠭ᠎ᠠ ᠲᠠᠢ ᠬᠠᠷᠢᠯᠴᠠᠨ᠎ᠠ᠃       ᠤᠳᠤᠨᠴᠡᠴᠡᠭ᠂ ᠡᠮᠡᠭᠳᠠᠢ᠂ ᠮᠤᠩᠭᠤᠯ ᠦᠨᠳᠦᠰᠦᠳᠡᠨ᠂ 1968 ᠤᠨ ᠤ 7 ᠰᠠᠷ᠎ᠠ ᠳᠤ ᠲᠦᠷᠦᠪᠡ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠬᠦᠨ᠃ ᠤᠳᠤ ᠤᠯᠤᠰ ᠲᠦᠷᠦ ᠶᠢᠨ ᠵᠦᠪᠯᠡᠯᠭᠡᠨ ᠤ ᠤᠷᠠᠳ ᠤᠨ ᠲᠤᠮᠳᠠᠳᠤ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶᠠᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃      1988.08 — — 1995.09  ᠤᠷᠠᠳ ᠤᠨ ᠲᠤᠮᠳᠠᠳᠤ ᠬᠤᠰᠢᠭᠤᠨ ᠤ ᠤᠤᠯ ᠤᠨ ᠪᠠᠶᠠᠨᠬᠠᠳᠠᠢ ᠰᠤᠮᠤᠨ ᠤ ᠡᠮᠡᠭᠳᠠᠶᠢᠴᠤᠳ ᠤᠨ ᠬᠤᠯᠪᠤᠭᠠᠳᠤ ᠬᠤᠷᠠᠯ ᠤᠨ ᠡᠷᠬᠢᠯᠡᠭᠴᠢ ᠪᠠᠷ ᠠᠵᠢᠯᠯᠠᠪᠠ︔      1995.09 — — 1997.08 ᠤᠷᠠᠳ ᠤᠨ ᠲᠤᠮᠳᠠᠳᠤ ᠬᠤᠰᠢᠭᠤᠨ ᠤ ᠤᠤᠯ ᠤᠨ ᠪᠠᠶᠠᠨᠬᠠᠳᠠᠢ ᠰᠤᠮᠤᠨ ᠤ ᠲᠡᠳ᠋ ᠰᠤᠮᠤᠨ ᠲᠠᠷᠤᠭ᠎ᠠ ᠶᠢᠨ ᠲᠤᠰᠢᠶᠠᠯ  ᠢ ᠬᠠᠷᠢᠭᠤᠴᠠᠪᠠ  ︔      1997.09 — — 2002.04 ᠤᠷᠠᠳ ᠤᠨ ᠲᠤᠮᠳᠠᠳᠤ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠪᠠ︔      2002.04 — — 2005.04 ᠤᠷᠠᠳ ᠤᠨ ᠲᠤᠮᠳᠠᠳᠤ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠡᠷᠢᠬᠦᠯᠡᠭᠴᠢ  ᠶᠢᠨ ᠲᠤᠰᠢᠶᠠᠯ ᠢ ᠬᠠᠷᠢᠭᠤᠴᠠᠪᠠ︔      2005.04 — — 2008.10 ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠲᠡᠳ᠋ ᠡᠷᠬᠢᠯᠡᠭᠴᠢ ᠵᠢᠨ‌‍ᠲ᠋ᠤᠰᠢᠶᠠᠯ ᠢ ᠬᠠᠷᠢᠭᠤᠴᠠᠪᠠ︔      2008.10 — — 2010.04 ᠤᠷᠠᠳ ᠤᠨ ᠲᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠲᠡᠳ᠋ ᠲᠠᠷᠤᠭ᠎ᠠ  ᠶᠢᠨ ᠲᠤᠰᠢᠶᠠᠯ ᠢ ᠬᠠᠷᠢᠭᠤᠴᠠᠪᠠ︔      2010.04 — — 2012.03  ᠤᠷᠠᠳ ᠤᠨ ᠲᠤᠮᠳᠠᠳᠤ ᠬᠤᠰᠢᠭᠤᠨ ᠤ ᠰᠢᠨᠡᠬᠦ᠋ᠷᠢᠶ᠎ᠠ ᠰᠤᠮᠤᠨ ᠤ ᠰᠤᠮᠤᠨ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ︔      2012.03 — — 2017.12 ᠤᠷᠠᠳ ᠤᠨ ᠲᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠤᠨ ᠲᠡᠳ᠋ ᠲᠠᠷᠤᠭ᠎ᠠ  ᠂ ᠤᠷᠠᠳ ᠤᠨ ᠲᠤᠮᠳᠠᠳᠤ ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠶᠢᠨ ᠲᠤᠪᠴᠢᠶᠠᠨ ᠤ ᠲᠠᠷᠤᠭ᠎ᠠ ᠶᠢᠨ ᠲᠤᠰᠢᠶᠠᠯ  ᠢ ᠬᠠᠷᠢᠭᠤᠴᠠᠪᠠ︔      2017.12 — — ᠠᠴᠠ ᠤᠳᠤ ᠪᠤᠯᠳᠠᠯ᠎ᠠ ᠤᠯᠤᠰ ᠲᠦᠷᠦ ᠶᠢᠨ ᠵᠦᠪᠯᠡᠯᠭᠡᠨ ᠤ ᠤᠷᠠᠳ ᠤᠨ ᠲᠤᠮᠳᠠᠳᠤ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶᠠᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
ᠢᠷᠡᠯᠲᠡ᠄ ᠲᠤᠰ ᠰᠦᠯᠵᠢᠶ᠎ᠠ