ᠤᠷᠠᠳ ᠤᠨ ᠲᠤᠮᠳᠠᠳᠤ ᠬᠤᠰᠢᠭᠤᠨ ᠤ ᠨᠤᠳᠤᠭ ᠤᠰᠤᠨ ᠤ ᠤᠯᠠᠷᠢᠯᠲᠠ ᠵᠢᠴᠢ ᠬᠦᠮᠦᠨ ᠠᠮᠠ᠂ ᠦᠨᠳᠦᠰᠦᠲᠡᠨ ᠤ ᠪᠦᠷᠢᠯᠳᠦᠴᠡ
ᠨᠡᠶᠢᠲᠡᠯᠡᠭᠰᠡᠨ ᠴᠠᠭ᠄
2020/11/27
          ᠨᠢᠭᠡ᠂ ᠤᠷᠠᠳ ᠤᠨ ᠲᠤᠮᠳᠠᠳᠤ ᠬᠤᠰᠢᠭᠤᠨ ᠤ ᠨᠤᠳᠤᠭ ᠤᠰᠤᠨ ᠤ ᠤᠯᠠᠷᠢᠯᠲᠠ᠄            1᠂ ᠢᠷᠭᠡᠨ ᠤᠯᠤᠰ ᠤᠨ ᠦᠶ᠎ᠡ ᠶᠢᠨ ᠤᠷᠠᠳ ᠤᠨ ᠲᠤᠮᠳᠠᠳᠤ ᠬᠦᠩ ᠤᠨ ᠬᠤᠰᠢᠭᠤ            ᠢᠷᠭᠡᠨ ᠤᠯᠤᠰ ᠤᠨ ᠡᠬᠢᠨ ᠳᠤ ᠴᠢᠩ ᠤᠯᠤᠰ ᠤᠨ ᠬᠡᠷᠡᠭᠵᠢᠬᠦᠯᠵᠤ ᠪᠠᠶᠢᠭᠰᠠᠨ ᠲᠦᠷᠢᠮ ᠢ ᠵᠠᠯᠭᠠᠮᠵᠢᠯᠠᠨ ᠨᠤᠳᠤᠭ ᠤᠰᠤ ᠨᠢ ᠬᠤᠪᠢᠷᠠᠯᠲᠠ ᠭᠠᠷᠤᠭᠰᠠᠨ ᠦᠬᠡᠢ᠃ ᠮᠥᠨ ᠯᠡ ᠤᠯᠠᠭᠠᠨᠴᠠᠪ ᠴᠢᠭᠤᠯᠭᠠᠨ ᠳᠤ ᠬᠠᠷᠢᠶᠠᠯᠠᠭᠳᠠᠵᠤ᠂ ᠰᠦᠢᠶᠤᠸᠠᠨ ᠤ ᠤᠨᠴᠠᠭᠠᠢ ᠵᠠᠰᠠᠭ ᠵᠠᠬᠢᠷᠭᠠᠨ ᠤ ᠤᠷᠤᠨ ᠤ ᠳ᠋ᠦᠲ᠋ᠦ᠋ᠩ ᠤᠨ ᠵᠠᠬᠢᠷᠤᠯ ᠢ ᠬᠦᠯᠢᠶᠡᠵᠤ ᠪᠠᠶᠢᠵᠠᠢ᠃ ᠢᠷᠭᠡᠨ ᠤ ᠤᠯᠤᠰ ᠤᠨ 26 ᠤᠨ ︵1937 ᠤᠨ︶ ᠤ 10 ᠰᠠᠷ᠎ᠠ ᠳᠤ ᠶᠠᠫᠤᠨ ᠴᠡᠷᠢᠭ ᠤᠯᠠᠭᠠᠨᠴᠠᠪ ᠴᠢᠭᠤᠯᠭᠠᠨ ᠢ ᠡᠵᠡᠷᠭᠡᠭᠯᠡᠵᠤ᠂ ᠤᠷᠠᠳ ᠤᠨ ᠭᠤᠷᠪᠠᠨ ᠬᠤᠰᠢᠭᠤ ᠨᠤᠳᠤᠭ ᠤᠰᠤ ᠪᠠᠨ ᠠᠯᠳᠠᠵᠤ ᠮᠤᠩᠭᠤᠯ ᠬᠢᠵᠠᠭᠠᠷ ᠤᠨ ᠬᠤᠯᠪᠤᠭᠠᠳᠤ ᠵᠠᠰᠠᠭ ᠤᠨ ᠬᠠᠷᠢᠶᠠᠨ ᠳᠤ ᠤᠷᠤᠪᠠ᠃ ᠡᠬᠦᠨ ᠳᠤ ᠲᠤᠮᠳᠠᠳᠤ ᠬᠦᠩ ᠤᠨ ᠬᠤᠰᠢᠭᠤᠨ ᠤ ᠪᠠᠷᠠᠭᠤᠨ ᠭᠡᠰᠡᠭ ᠤᠨ ᠠᠷᠤ ᠬᠤᠷᠴᠢᠨ ᠰᠤᠮᠤ᠂ ᠮᠠᠯᠳᠠᠭᠤᠷ ᠰᠤᠮᠤ ᠶᠢᠨ ᠪᠦᠭᠲᠡᠢ ᠳᠤ ᠬᠡᠷᠡᠭ ᠡᠷᠬᠢᠯᠡᠬᠦ ᠭᠠᠵᠠᠷ ᠪᠠᠶᠢᠭᠤᠯᠤᠨ ᠭᠤᠮᠢᠨᠳᠠᠩ ᠤᠨ ᠨᠤᠶᠠᠷᠬᠠᠯ ᠤᠨ ᠡᠵᠡᠮᠰᠢᠯ ᠲᠤᠤᠷ᠎ᠠ ᠪᠠᠶᠢᠵᠠᠢ᠃ ᠶᠠᠫᠤᠨ ᠪᠠᠭᠤᠵᠤ ᠦᠭᠬᠦᠭᠰᠡᠨ ᠤ ᠲᠠᠷᠠᠭ᠎ᠠ᠂ ᠤᠷᠠᠳ ᠤᠨ ᠲᠤᠮᠳᠠᠳᠤ ᠬᠦᠩ ᠤᠨ ᠬᠤᠰᠢᠭᠤ ᠤᠤᠯ ᠤᠨ ᠬᠡᠪ ᠲᠤ ᠪᠠᠨ ᠤᠷᠤᠵᠠᠢ᠃            2᠂ ᠰᠢᠨ᠎ᠡ ᠲᠤᠮᠳᠠᠳᠤ ᠤᠯᠤᠰ ᠤᠨ ᠦᠶ᠎ᠡ ᠶᠢᠨ ᠤᠷᠠᠳ ᠤᠨ ᠲᠤᠮᠳᠠᠳᠤ ᠬᠤᠰᠢᠭᠤᠨ ᠤ ᠵᠠᠰᠠᠭ ᠵᠠᠬᠢᠷᠭᠠᠨ ᠤ ᠤᠷᠤᠨ ᠤ ᠬᠤᠪᠢᠶᠠᠷᠢ᠄           ︵1︶ ᠬᠤᠰᠢᠭᠤᠨ ᠤ ᠪᠠᠶᠢᠷᠢᠰᠢᠯ᠄ ᠪᠠᠶᠠᠨᠨᠠᠭᠤᠷ ᠠᠶᠢᠮᠠᠭ ᠤᠨ ᠵᠡᠬᠦᠨ ᠬᠤᠶᠢᠳᠤ ᠬᠡᠰᠡᠭ ᠲᠤ ᠪᠠᠶᠢᠷᠢᠰᠢᠵᠤ ᠪᠤᠢ᠃ ᠵᠡᠬᠦᠨ ᠤᠷᠳᠤᠷᠢᠭ ᠤᠨ 107。16、 ᠠᠴᠠ 109。42、 ᠤᠨ  ᠬᠤᠭᠤᠷᠤᠨᠳᠤ ᠪᠤᠢ᠃ ᠤᠮᠠᠷᠠᠳᠤ ᠦᠷᠭᠡᠷᠢᠭ ᠤᠨ 41。7、 ᠠᠴᠠ 42。28、 ᠶᠢᠨ ᠬᠤᠭᠤᠷᠤᠨᠳᠤ ᠪᠤᠢ᠃ ᠤᠮᠠᠷᠠᠳᠤ ᠲᠠᠯ᠎ᠠ ᠪᠠᠷ ᠢᠶᠠᠨ ᠮᠤᠩᠭᠤᠯ ᠤᠯᠤᠰ ᠲᠠᠢ ᠬᠢᠯᠢ ︵ᠤᠯᠤᠰ ᠤᠨ ᠬᠢᠯᠢ ᠶᠢᠨ ᠵᠠᠭᠠᠭ ᠱᠤᠭᠤᠮ184.4  ᠺᠢᠯᠤᠮᠧᠲᠷ ᠪᠤᠢ︶ ᠵᠠᠯᠭᠠᠯᠳᠤᠵᠤ᠂ ᠵᠡᠬᠦᠨ ᠲᠠᠯ᠎ᠠ  ᠪᠠᠷ ᠢᠶᠠᠨ ᠲᠠᠷᠬᠠᠨ ᠮᠤᠤᠮᠢᠩᠭᠠᠨ ᠬᠤᠰᠢᠭᠤ᠂ ᠭᠦᠶᠠᠩ ᠰᠢᠶᠠᠨ ᠲᠠᠢ ᠵᠠᠬ᠎ᠠ ᠨᠡᠶᠢᠯᠡᠵᠤ᠂ ᠡᠮᠦᠨ᠎ᠡ ᠲᠠᠯ᠎ᠠ ᠪᠠᠷ ᠢᠶᠠᠨ ᠤᠷᠠᠳ ᠤᠨ ᠡᠮᠦᠨᠡᠳᠦ ᠬᠤᠰᠢᠭᠤ᠂ ᠦᠶᠦᠸᠠᠨ ᠰᠢᠶᠠᠨ᠂ ᠯᠢᠨ ᠾᠧ ᠲᠤᠭᠤᠷᠢᠭ᠂ ᠬᠠᠩᠭᠢᠨ ᠬᠤᠶᠢᠳᠤ ᠬᠤᠰᠢᠭᠤ ᠲᠠᠢ ᠬᠦᠷᠰᠢᠯᠡᠵᠤ᠂ ᠪᠠᠷᠠᠭᠤᠨ ᠲᠠᠯ᠎ᠠ ᠪᠠᠷ ᠢᠶᠠᠨ ᠤᠷᠠᠳ ᠤᠨ ᠬᠤᠶᠢᠳᠦ ᠬᠤᠰᠢᠭᠤ ᠲᠠᠢ ᠵᠠᠬ᠎ᠠ ᠨᠡᠶᠢᠯᠡᠨ᠎ᠡ᠃ ᠪᠦᠬᠦ ᠬᠤᠰᠢᠭᠤᠨ ᠤ ᠶᠡᠷᠤᠩᠬᠡᠢ ᠲᠠᠯᠠᠪᠠᠢ ᠨᠢ  22744  ᠲᠡᠭᠰᠢ  ᠲᠦᠷᠪᠡᠯᠵᠢᠨ  ᠺᠢᠯᠤᠮᠧᠲᠷ  ᠂ ᠵᠡᠬᠦᠨᠰᠢ ᠪᠠᠷᠠᠭᠤᠨᠰᠢ ᠤᠷᠳᠤ ᠨᠢ 203.8 ᠺᠢᠯᠤᠮᠧᠲᠷ᠂ ᠡᠮᠤᠨᠡᠰᠢ ᠤᠮᠠᠷᠠᠰᠢ ᠦᠷᠭᠡᠨ ᠨᠢ 148.9 ᠺᠢᠯᠤᠮᠧᠲᠷ ᠪᠤᠯᠤᠨ᠎ᠠ᠃ ᠶᠡᠷᠤᠩᠬᠡᠢ ᠲᠠᠯᠠᠪᠠᠢ ᠨᠢ ᠪᠠᠶᠠᠨᠨᠠᠭᠤᠷ ᠬᠤᠲᠠ ᠳᠤ ᠪᠠᠨ ᠬᠤᠶᠠᠳᠤᠭᠠᠷ ᠲᠤ ᠤᠷᠤᠵᠤ᠂ ᠪᠦᠬᠦ ᠬᠤᠲᠠ ᠶᠢᠨ ᠶᠡᠷᠤᠩᠬᠡᠢ ᠲᠠᠯᠠᠪᠠᠢ ᠶᠢᠨ 34.7% ᠶᠢ ᠡᠵᠡᠯᠡᠨ᠎ᠡ᠃           ︵2︶ ᠬᠤᠰᠢᠭᠤᠨ ᠤ ᠵᠠᠭᠠᠭ᠄ ᠡᠮᠤᠨ᠎ᠡ ᠵᠠᠬ᠎ᠠ ᠨᠢ ᠲᠠᠯ ᠠᠭᠤᠯᠠ ᠠᠷᠠᠳ ᠤᠨ ᠨᠢᠭᠡᠳᠦᠯ ᠤᠨ ᠴᠢᠶᠠᠨ ᠤᠨ ᠶᠡᠭᠡ ᠪᠠᠷᠢᠭᠠᠲᠠ ᠶᠢᠨ ᠡᠮᠦᠨᠡᠬᠦᠷᠬᠢ 45 ᠺᠢᠯᠤᠮᠧᠲᠷ ᠢᠶᠠᠷ ᠦᠶᠦᠸᠠᠨ ᠰᠢᠶᠠᠨ ᠲᠠᠢ ᠵᠠᠭᠠᠭᠯᠠᠨ᠎ᠠ᠃ ᠵᠡᠬᠦᠨ ᠡᠮᠦᠨ᠎ᠡ ᠲᠠᠯ᠎ᠠ ᠪᠠᠷ ᠢᠶᠠᠨ ᠭᠤᠪᠢ ᠨᠢᠭᠡᠳᠦᠯ ᠤᠨ ᠠᠭᠠᠷᠤ ᠭᠤᠤᠯ ᠤᠨ ᠠᠷᠤ ᠠᠮᠠ ᠶᠢᠨ 107 ᠺᠢᠯᠤᠮᠧᠲᠷ ᠤᠨ ᠤᠷᠴᠢᠮ ᠢᠶᠠᠷ ᠤᠷᠠᠳ ᠤᠨ ᠡᠮᠤᠨᠡᠳᠦ ᠬᠤᠰᠢᠭᠤ ᠲᠠᠢ ᠵᠠᠭᠠᠭᠯᠠᠨ᠎ᠠ᠃ ᠪᠠᠷᠠᠭᠤᠨ ᠡᠮᠦᠨᠡᠬᠦᠷ ᠢᠶᠠᠨ ᠰᠢᠷᠠᠯᠵᠢ ᠨᠢᠭᠡᠳᠤᠯ ᠤᠨ ᠡᠮᠤᠨᠡᠬᠢ 126 ᠺᠢᠯᠤᠮᠧᠲᠷ ᠤᠨ ᠤᠷᠴᠢᠮ ᠢᠶᠠᠷ ᠯᠢᠨ ᠾᠧ ᠪᠤᠯᠤᠨ ᠬᠠᠩᠭᠢᠨ ᠬᠤᠶᠢᠳᠤ ᠬᠤᠰᠢᠭᠤ ᠲᠠᠢ ᠵᠠᠭᠠᠭᠯᠠᠨ᠎ᠠ᠃ ᠤᠮᠠᠷ᠎ᠠ ᠲᠠᠯ᠎ᠠ ᠪᠠᠷ ᠢᠶᠠᠨ ᠤᠯᠠᠭᠠᠨ ᠨᠢᠭᠡᠳᠦᠯ ᠤᠨ ᠲᠤᠮᠳ᠋ᠬᠤᠰᠤ ᠶᠡᠭᠡ ᠪᠠᠷᠢᠭᠠᠲᠠ ᠶᠢᠨ ᠲᠦᠮᠬᠠᠦᠯᠵᠠᠢ ᠤᠪᠤᠭ᠎ᠠ ᠶᠢᠨ ᠤᠷᠴᠢᠮ100 ᠺᠢᠯᠤᠮᠧᠲᠷ ᠢᠶᠠᠷ ᠵᠠᠭᠠᠭᠯᠠᠵᠤ᠂ ᠮᠤᠩᠭᠤᠯ ᠠᠷᠠᠳ ᠤᠯᠤᠰ ᠲᠠᠢ ᠬᠦᠷᠰᠢᠯᠡᠨ᠎ᠡ᠃ ᠵᠡᠬᠦᠨ ᠲᠠᠯ᠎ᠠ ᠪᠠᠷ ᠢᠶᠠᠨ ᠰᠢᠬ᠎ᠠ ᠭᠤᠤᠯ ᠨᠢᠭᠡᠳᠦᠯ ᠤᠨ ᠬᠠᠨᠢ ᠲᠤᠰᠬᠤᠨ ᠤ ᠵᠡᠬᠦᠨ ᠳᠠᠬᠢ 76.5 ᠺᠢᠯᠤᠮᠧᠲᠷ ᠢᠶᠠᠷ ᠵᠠᠭᠠᠭᠯᠠᠵᠤ ᠲᠠᠷᠬᠠᠨ ᠮᠤᠤᠮᠢᠩᠭᠠᠨ ᠬᠤᠰᠢᠭᠤ  ᠲᠠᠢ ᠵᠠᠯᠭᠠᠯᠳᠤᠨ᠎ᠠ᠃ ᠪᠠᠷᠠᠭᠤᠨ ᠲᠠᠯ᠎ᠠ ᠪᠠᠷ ᠢᠶᠠᠨ ᠬᠠᠩᠭᠠᠶᠢᠭᠤᠪᠢ ᠨᠢᠭᠡᠳᠦᠯ ᠠᠴᠠ 88 ᠺᠢᠯᠤᠮᠧᠲᠷ ᠵᠠᠶᠢᠲᠠᠢ ᠪᠠᠷ ᠤᠷᠠᠳ ᠤᠨ ᠬᠤᠶᠢᠳᠤ ᠬᠤᠰᠢᠭᠤ ᠲᠠᠢ ᠵᠠᠯᠭᠠᠯᠳᠤᠨ᠎ᠠ᠃           ︵3︶ ᠬᠤᠰᠢᠭᠤᠨ ᠲᠦᠪ᠄ ᠬᠤᠰᠢᠭᠤᠨ ᠲᠦᠪ ᠨᠢ ᠬᠠᠯᠢᠭᠤᠳᠤ ᠪᠠᠯᠭᠠᠰᠤᠨ ᠳᠤ ᠪᠤᠢ᠃ ᠵᠡᠬᠦᠨ ᠡᠮᠤᠨᠡᠰᠢ ᠪᠤᠭᠤᠳᠤ ᠬᠤᠲᠠ ᠶᠢᠨ ᠲᠦᠪ ᠠᠴᠠ ︵ᠵᠡᠬᠦᠨ ᠵᠠᠮ ᠢᠶᠠᠷ︶ 219 ᠺᠢᠯᠤᠮᠧᠲᠷ ᠵᠠᠶᠢᠲᠠᠢ᠃ ᠵᠡᠬᠦᠨᠰᠢ ᠭᠦᠶᠠᠩ ᠰᠢᠶᠠᠨ ᠤ ᠲᠦᠪ ᠠᠴᠠ 201 ᠺᠢᠯᠤᠮᠧᠲᠷ ᠵᠠᠶᠢᠲᠠᠢ᠃ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠶᠢᠰᠯᠡᠯ ᠬᠦᠬᠡᠬᠤᠲᠠ ᠠᠴᠠ 391 ᠺᠢᠯᠤᠮᠧᠲᠷ ᠵᠠᠶᠢᠲᠠᠢ᠃ ᠡᠮᠤᠨᠡᠰᠢ ᠦᠶᠦᠸᠠᠨ ᠰᠢᠶᠠᠨ ᠤ ᠲᠦᠪ ᠠᠴᠠ 72 ᠺᠢᠯᠤᠮᠧᠲᠷ ᠵᠠᠢ ᠲᠠᠢ᠃ ᠪᠠᠶᠠᠨᠨᠠᠭᠤᠷ ᠬᠤᠲᠠ ᠶᠢᠨ ᠲᠦᠪ ᠠᠴᠠ 161 ᠺᠢᠯᠤᠮᠧᠲᠷ ᠵᠠᠶᠢᠲᠠᠢ᠃           ᠬᠤᠶᠠᠷ᠂ ᠤᠷᠠᠳ ᠤᠨ ᠲᠤᠮᠳᠠᠳᠤ ᠬᠤᠰᠢᠭᠤᠨ ᠤ ᠬᠦᠮᠦᠨ ᠠᠮᠠ᠄             ᠴᠢᠩ ᠤᠯᠤᠰ ᠤᠨ ᠡᠶᠡᠪᠡᠷ ᠵᠠᠰᠠᠭᠴᠢ ᠶᠢᠨ ᠲᠠᠪᠤᠳᠤᠭᠠᠷ ᠤᠨ ︵1648 ᠤᠨ︶ ᠳᠤ ᠤᠷᠠᠳ ᠤᠨ ᠭᠤᠷᠪᠠᠨ ᠬᠤᠰᠢᠭᠤ — ᠡᠮᠤᠨᠡᠳᠤ᠂ ᠲᠤᠮᠳᠠᠳᠤ ᠂ ᠬᠤᠶᠢᠳᠤ ᠬᠤᠰᠢᠭᠤ ᠶᠢ ᠪᠠᠶᠢᠭᠤᠯᠵᠠᠢ᠃ ᠤᠷᠠᠳ ᠠᠶᠢᠮᠠᠭ ᠬᠦᠯᠦᠨ ᠪᠤᠶᠢᠷ ᠠᠴᠠ ᠨᠡᠬᠦᠵᠤ ᠢᠷᠡᠬᠦ ᠳᠤ ᠤᠷᠠᠳ ᠤᠨ ᠲᠤᠮᠳᠠᠳᠤ ᠬᠤᠰᠢᠭᠤ ᠨᠢ 6 ᠰᠤᠮᠤ ᠲᠠᠢ ᠪᠠᠶᠢᠵᠠᠢ᠃ ᠡᠷᠦᠭᠡ ᠪᠠᠷ ᠪᠦᠷᠢᠳᠭᠡᠪᠡᠯ ᠤᠷᠠᠳ ᠤᠨ ᠲᠤᠮᠳᠠᠳᠤ ᠬᠤᠰᠢᠭᠤ   ᠨᠢ 1400 ᠭᠠᠷᠤᠢ ᠡᠷᠦᠭᠡ ᠲᠠᠢ᠂ ᠬᠦᠮᠦᠨ ᠠᠮᠠ ᠨᠢ ᠪᠠᠷᠤᠭ 5000   ᠶᠢᠨ ᠨᠠᠭᠠᠭᠤᠷ ᠴᠠᠭᠠᠭᠤᠷ ᠪᠠᠶᠢᠵᠠᠢ᠃ 1933 ᠤᠨ ᠤ ︽ᠦᠪᠦᠷ ᠮᠤᠩᠭᠤᠯ ᠤᠨ ᠰᠢᠷ᠎ᠠ ᠶᠢᠨ ᠱᠠᠰᠢᠨ ᠤ ᠪᠠᠶᠢᠴᠠᠭᠠᠯᠲᠠ ᠶᠢᠨ ᠲᠡᠮᠳᠡᠭᠯᠡᠯ︾ ᠢ ᠦᠨᠳᠦᠰᠦᠯᠡᠪᠡᠯ᠂ ᠤᠷᠠᠳ ᠤᠨ ᠲᠤᠮᠳᠠᠳᠤ ᠬᠤᠰᠢᠭᠤ   ᠨᠢ 5013 ᠬᠦᠮᠦᠨ ᠠᠮᠠ ᠲᠠᠢ ᠪᠠᠶᠢᠵᠠᠢ᠃ 1953 ᠤᠨ ᠤ 7 ᠰᠠᠷ᠎ᠠ ᠶᠢᠨ 1 ᠤ ᠡᠳᠦᠷ᠂ ᠪᠦᠬᠦ ᠤᠯᠤᠰ ᠤᠨ ᠨᠢᠭᠡᠳᠦᠭᠡᠷ ᠤᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ 9194 ᠡᠷᠦᠭᠡ᠂ 36352 ᠬᠦᠮᠦᠨ ᠠᠮᠠ ᠲᠠᠢ ᠪᠠᠶᠢᠵᠤ᠂ ᠡᠷᠡᠭᠲᠡᠢ 21440᠂ ᠡᠮᠡᠭᠲᠡᠢ 14912 ᠪᠠᠶᠢᠵᠠᠢ᠃ ᠡᠬᠦᠨ ᠳᠤ ᠲᠠᠷᠢᠶᠠᠯᠠᠩ ᠠᠵᠤ ᠠᠬᠤᠢ ᠶᠢᠨ ᠬᠦᠮᠦᠨ ᠠᠮᠠ ᠨᠢ 25309᠂ ᠮᠠᠯ ᠠᠵᠤ ᠠᠬᠤᠢ ᠶᠢᠨ ᠬᠦᠮᠦᠨ ᠠᠮᠠ ᠨᠢ 10495᠂ ᠬᠤᠲᠠ ᠪᠠᠯᠭᠠᠰᠤᠨ ᠤ ᠬᠦᠮᠦᠨ ᠠᠮᠠ ᠨᠢ 548 ᠪᠠᠶᠢᠵᠠᠢ᠃ 1964 ᠤᠨ ᠤ ᠪᠦᠬᠦ ᠤᠯᠤᠰ ᠤᠨ ᠬᠤᠶᠠᠳᠤᠭᠠᠷ ᠤᠳᠠᠭᠠᠨ ᠤ ᠬᠦᠮᠦᠨ ᠠᠮᠠ ᠶᠢᠨ ᠨᠡᠶᠢᠲᠡᠮ ᠪᠠᠶᠢᠴᠠᠭᠠᠯᠲᠠ ᠳᠤ ᠪᠦᠬᠦ ᠬᠤᠰᠢᠭᠤᠨ ᠳᠤ ᠨᠡᠶᠢᠲᠡ 17844 ᠡᠷᠦᠭᠡ᠂ 72267 ᠬᠦᠮᠦᠨ ᠠᠮᠠ ᠲᠠᠢ ᠪᠠᠶᠢᠵᠠᠢ᠃ 1982 ᠤᠨ ᠤ 7 ᠰᠠᠷ᠎ᠠ ᠶᠢᠨ 1 ᠤ ᠡᠳᠦᠷ᠂ ᠪᠦᠬᠦ ᠤᠯᠤᠰ ᠤᠨ ᠭᠤᠷᠪᠠᠳᠡᠬᠢ ᠤᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠪᠦᠬᠦ ᠬᠤᠰᠢᠭᠤᠨ ᠳᠤ ᠨᠡᠶᠢᠲᠡ 24310 ᠡᠷᠦᠭᠡ᠂ 110434 ᠬᠦᠮᠦᠨ ᠠᠮᠠ ᠲᠠᠢ ᠪᠠᠶᠢᠵᠠᠢ᠃ 1985 ᠤᠨ ᠳᠤ ᠪᠦᠬᠦ ᠬᠤᠰᠢᠭᠤᠨ ᠤ ᠶᠡᠷᠤᠩᠬᠡᠢ ᠬᠦᠮᠦᠨ ᠠᠮᠠ 114224᠂ ᠡᠬᠦᠨ ᠳᠤ ᠲᠠᠷᠢᠶᠠᠯᠠᠩ ᠠᠵᠤ ᠠᠬᠤᠢ ᠶᠢᠨ ᠬᠦᠮᠦᠨ ᠠᠮᠠ ᠨᠢ 91990᠂ ᠲᠠᠷᠢᠶᠠᠯᠠᠩ ᠠᠵᠤ ᠠᠬᠤᠢ ᠶᠢᠨ ᠪᠤᠰᠤ ᠬᠦᠮᠦᠨ ᠠᠮᠠ ᠨᠢ 22234 ᠪᠠᠶᠢᠵᠠᠢ᠃ ᠬᠤᠲᠠ ᠪᠠᠯᠭᠠᠰᠤᠨ   ᠤ  ᠬᠦᠮᠦᠨ ᠠᠮᠠ   ᠨᠢ  14672  ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠮᠦᠨ ᠠᠮᠠ 99552 ᠪᠠᠶᠢᠵᠠᠢ᠃ ᠡᠷᠡᠭᠲᠡᠢ 59738 ᠬᠦᠮᠦᠨ᠂ ᠡᠮᠡᠭᠲᠡᠢ 54486 ᠬᠦᠮᠦᠨ᠂ ᠪᠦᠬᠦ ᠬᠤᠰᠢᠭᠤᠨ ᠤ ᠬᠦᠮᠦᠨ ᠠᠮᠠ ᠶᠢᠨ ᠨᠢᠭᠲᠠᠴᠠ ᠨᠢᠭᠡ ᠲᠡᠭᠰᠢ ᠲᠦᠷᠪᠡᠯᠵᠢᠨ ᠺᠢᠯᠤᠮᠧᠲᠷ ᠪᠦᠷᠢ ᠳᠤ ᠲᠡᠭᠰᠢᠳᠭᠡᠭᠡᠳ 5.02 ᠬᠦᠮᠦᠨ ᠪᠠᠶᠢᠵᠠᠢ᠃ 2005 ᠤᠨ ᠳᠤ᠂ ᠶᠡᠷᠤᠩᠬᠡᠢ ᠬᠦᠮᠦᠨ ᠠᠮᠠ 137481᠂ ᠡᠬᠦᠨ ᠳᠤ ᠡᠮᠡᠭᠲᠡᠢ 66771 ᠬᠦᠮᠦᠨ᠂ ᠲᠠᠷᠢᠶᠠᠯᠠᠩ ᠮᠠᠯ ᠠᠵᠤ ᠠᠬᠤᠢ ᠶᠢᠨ ᠪᠤᠰᠤ ᠬᠦᠮᠦᠨ ᠠᠮᠠ 35179᠂ ᠬᠤᠲᠠ ᠪᠠᠯᠭᠠᠰᠤᠨ ᠤ ᠬᠦᠮᠦᠨ ᠠᠮᠠ 35396᠂ ᠡᠷᠦᠭᠡ ᠠᠮᠠ ᠪᠠᠨ ᠪᠠᠭᠤᠯᠭᠠᠭᠰᠠᠨ ᠦᠬᠡᠢ ᠤᠷᠳᠤ ᠬᠤᠭᠤᠴᠠᠭ᠎ᠠ ᠪᠠᠷ ᠰᠠᠭᠤᠵᠤ ᠪᠠᠶᠢᠭ᠎ᠠ ᠬᠦᠮᠦᠨ ᠠᠮᠠ 1722 ᠪᠤᠯᠤᠨ᠎ᠠ᠃           ᠭᠤᠷᠪᠠ᠂ ᠤᠷᠠᠳ ᠤᠨ ᠲᠤᠮᠳᠠᠳᠤ ᠬᠤᠰᠢᠭᠤᠨ ᠤ ᠦᠨᠳᠦᠰᠦᠲᠡᠨ ᠤ ᠪᠦᠷᠢᠯᠳᠤᠴᠡ᠄           ᠤᠷᠠᠳ ᠤᠨ ᠲᠤᠮᠳᠠᠳᠤ ᠬᠤᠰᠢᠭᠤ ᠪᠤᠯ ᠮᠤᠩᠭᠤᠯ ᠦᠨᠳᠦᠰᠦᠲᠡᠨ ᠢᠶᠠᠷ ᠭᠤᠤᠯ ᠴᠤᠭᠴᠠ ᠪᠤᠯᠭᠠᠵᠤ᠂ ᠬᠢᠲᠠᠳ ᠦᠨᠳᠦᠰᠦᠲᠡᠨ ᠤᠯᠠᠩᠬᠢ ᠲᠤᠭ᠎ᠠ ᠶᠢ ᠡᠵᠡᠯᠡᠭᠰᠡᠨ᠂ ᠬᠤᠳᠤᠩ᠂ ᠮᠠᠨᠵᠤ᠂ ᠲᠠᠭᠤᠷ᠂ ᠰᠤᠯᠤᠩᠭᠤᠰ᠂ ᠲᠦᠪᠡᠳ᠂  ᠡᠸᠡᠩᠬᠢ᠂ ᠰᠢᠪᠡᠭᠡ᠂ ᠵᠤᠸᠠᠩ᠂ ᠮᠤᠩᠭᠤᠷ᠂ ᠮᠢᠶᠣᠣ᠂ ᠢ ᠵᠡᠷᠭᠡ ᠠᠷᠪᠠᠨ ᠬᠡᠳᠤᠨ ᠦᠨᠳᠦᠰᠦᠲᠡᠨ ᠢᠶᠠᠷ ᠪᠦᠷᠢᠯᠳᠦᠭᠰᠡᠨ ᠮᠠᠯᠵᠢᠬᠤ ᠤᠷᠤᠨ ᠪᠤᠯᠤᠨ᠎ᠠ᠃ 2005 ᠤᠨ ᠤ ᠪᠦᠷᠢᠳᠭᠡᠯ ᠢ ᠦᠨᠳᠦᠰᠦᠯᠡᠪᠡᠯ᠂ ᠪᠦᠬᠦ ᠬᠤᠰᠢᠭᠤᠨ ᠤ ᠮᠤᠩᠭᠤᠯ ᠦᠨᠳᠦᠰᠦᠲᠡᠨ 25762 ᠬᠦᠮᠦᠨ᠂ ᠶᠡᠷᠤᠩᠬᠡᠢ ᠬᠦᠮᠦᠨ ᠠᠮᠠ ᠶᠢᠨ 18.7% ᠶᠢ ᠡᠵᠡᠯᠡᠨ᠎ᠡ᠃ ᠬᠤᠳᠤᠩ ᠦᠨᠳᠦᠰᠦᠲᠡᠨ 710 ᠬᠦᠮᠦᠨ᠂ ᠪᠤᠰᠤᠳ ᠴᠦᠭᠡᠨ ᠲᠤᠭᠠᠳᠤ ᠦᠨᠳᠦᠰᠦᠲᠡᠨ 279 ᠬᠦᠮᠦᠨ ᠪᠠᠶᠢᠵᠠᠢ᠃ ︽ᠤᠷᠠᠳ ᠲᠡᠤᠬᠡ ᠰᠤᠶᠤᠯ︾ ᠤᠨ ︵ᠲᠡᠭᠡᠲᠦ ᠲᠡᠪᠲᠡᠷ︶ ᠠᠴᠠ ᠪᠠᠭᠤᠯᠭᠠᠪᠠ
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ