6 ᠳ᠋ᠤᠭᠠᠷ ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠮᠢᠶ᠎ᠠ ᠪᠥᠬᠦᠶ | ᠵᠠᠭᠤᠴᠢᠯᠠᠭᠤᠷ ᠵᠢᠴᠢ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠳ ᠢ ᠵᠣᠬᠢᠶᠠᠨ ᠪᠠᠶᠢᠭᠤᠯᠵᠤ ᠬᠠᠲᠤᠨ ᠭᠤᠤᠯ ᠤᠨ ᠶᠡᠭᠡ ᠬᠠᠪᠴᠢᠯ ᠤᠨ ᠰᠣᠶᠣᠯ ᠪᠠ | ᠵᠢᠭᠤᠯᠴᠢᠯᠠᠯ ᠢ ᠠᠭᠤᠰᠤᠯᠴᠠᠭᠤᠯᠤᠭᠰᠠᠨ ᠨᠠᠷᠠᠲᠤ ᠲᠡᠮᠳᠡᠭ ᠤᠨ ᠵᠠᠮ ᠱᠤᠭᠤᠮ ᠢ ᠲᠤᠷᠰᠢᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠪᠡ᠃ | ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠲᠤᠬᠠᠶ ᠶᠢᠨ ᠭᠠᠵᠠᠷ ᠲᠤ ᠨᠢ ᠪᠡᠶᠡᠴᠢᠯᠡᠨ ᠣᠶᠢᠯᠠᠭᠠᠵᠤ ᠰᠣᠷᠪᠣᠯᠵᠢᠯᠠᠬᠤ ᠪᠠᠷ ᠳᠠᠮᠵᠢᠨ᠂ ᠣᠷᠣᠨ ᠤ | ᠲᠥᠪ ᠣᠷᠣᠨ ᠤ ᠬᠠᠳᠤᠨ ᠭᠤᠣᠯ ᠤᠨ ᠰᠣᠶᠣᠯ ᠬᠢᠭᠡᠳ ᠲᠠᠯ᠎ᠠ ᠨᠤᠲᠤᠭ ᠤᠨ ᠰᠣᠶᠣᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ ᠲᠤᠰ ᠱᠤᠭᠤᠮ ᠳᠤ ᠭᠤᠣᠯᠳᠠᠭᠤ ᠮᠢᠩ ᠤᠯᠤᠰ ᠤᠨ ᠤᠷᠲᠤ ᠴᠠᠭᠠᠨ ᠬᠡᠷᠡᠮ ᠤᠨ ᠰᠢᠶᠣᠤ | ᠶᠤᠸᠠᠨ ᠮᠤᠤ ᠶᠢᠨ ᠬᠡᠰᠡᠭ — ᠯᠣᠤ ᠨᠢᠤ ᠫᠦᠸᠧ ᠶᠢᠨ ᠬᠤᠪᠢᠰᠬᠠᠯ ᠤᠨ ᠰᠣᠶᠣᠯ ᠵᠢᠭᠤᠯᠴᠢᠯᠠᠯ ᠤᠨ ᠣᠷᠣᠨ — ᠴᠢᠩ ᠯᠦᠩ ᠳ᠋ᠦᠩ ᠤᠨ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠭᠠᠨ ᠰᠤᠷᠭᠠᠬᠤ ᠴᠡᠭ — ᠯᠣᠤ ᠨᠢᠤ ᠸᠠᠨ ᠬᠠᠲᠤᠨ ᠭᠤᠤᠯ ᠤᠨ ᠶᠡᠭᠡ ᠬᠠᠪᠴᠢᠯ ᠤᠨ ᠦᠵᠡᠮᠵᠢ ᠶᠢᠨ ᠣᠷᠣᠨ ᠢ | ᠪᠠᠭᠲᠠᠭᠠᠵᠤ᠂ ᠬᠠᠲᠤᠨ ᠭᠤᠤᠯ ᠤᠨ ᠰᠣᠶᠣᠯ᠂ ᠬᠤᠪᠢᠰᠬᠠᠯᠲᠤ ᠰᠣᠶᠣᠯ ᠪᠣᠯᠤᠨ ᠠᠮᠢ ᠠᠬᠤᠶ ᠶᠢᠨ ᠰᠣᠶᠣᠯ ᠢ ᠲᠥᠪᠯᠡᠷᠡᠭᠦᠯᠦᠨ ᠬᠠᠷᠠᠭᠤᠯᠬᠤ ᠪᠣᠯᠣᠨ᠎ᠠ᠃ | ᠤᠯᠤᠰ ᠤᠨ 4A ᠲᠡᠰ ᠤᠨ ᠦᠵᠡᠮᠵᠢ ᠶᠢᠨ ᠣᠷᠣᠨ ᠪᠣᠯᠬᠤ ᠯᠣᠤ ᠨᠢᠤ ᠸᠠᠨ ᠤ ᠬᠠᠳᠤᠨ ᠭᠤᠤᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠨᠢ ᠡᠨᠡ ᠬᠦ ᠵᠢᠭᠤᠯᠴᠢᠯᠠᠯ ᠤᠨ ᠱᠤᠭᠤᠮ ᠳᠡᠭᠡᠷ᠎ᠡ ᠭᠡᠷᠡᠯᠲᠦ ᠰᠣᠪᠣᠳ ᠪᠣᠯᠣᠨ ᠭᠢᠯᠠᠯᠵᠠᠨ᠎ᠠ᠃ 30 ᠭᠠᠷᠤᠶ ᠺᠢᠯᠣᠮᠧᠲᠷ ᠦᠷᠭᠦᠯᠵᠢᠯᠡᠭᠰᠡᠨ ᠶᠡᠭᠡ | ᠬᠠᠪᠴᠢᠯ ᠤᠨ ᠬᠡᠰᠡᠭ ᠤᠨ ᠬᠤᠶᠠᠷ ᠡᠷᠭᠢ ᠳᠤ ᠰᠣᠨᠢᠨ ᠣᠷᠭᠢᠯ ᠰᠡᠬᠦ᠋ᠢᠨ ᠰᠦᠨᠳᠡᠷᠯᠡᠵᠦ᠂ ᠡᠷᠲᠡᠨ ᠤ ᠰᠣᠶᠣᠯ ᠤᠨ ᠤᠯᠠ ᠮᠥᠷ ᠳᠤᠷᠠᠶᠢᠵᠤ᠂ ᠪᠠᠶᠢᠭᠠᠯᠢ ᠪᠣᠯᠣᠨ | ᠬᠥᠮᠦᠨ ᠰᠣᠶᠣᠯ ᠤᠨ ᠦᠵᠡᠮᠵᠢ ᠨᠢ ᠡᠲᠡᠭᠡᠳ ᠭᠤᠶᠣᠬᠠᠨ᠂ ᠲᠡᠤᠬᠡ ᠰᠣᠶᠣᠯ ᠤᠨ ᠢᠵᠠᠭᠤᠷ ᠭᠦᠨ ᠬᠠᠳᠠᠭᠠᠯᠠᠭᠳᠠᠵᠤ ᠪᠠᠶᠢᠳᠠᠭ ᠢᠶᠠᠷ ᠢᠶᠠᠨ ᠵᠢᠭᠤᠯᠴᠢᠯᠠᠭᠴᠢᠳ ᠤᠨ | ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠬᠤ ᠰᠠᠶᠢᠬᠠᠨ ᠦᠵᠡᠮᠵᠢᠲᠦ ᠣᠷᠣᠨ ᠪᠣᠯᠤᠨ᠎ᠠ᠃ ᠣᠶᠢᠷ᠎ᠠ ᠶᠢᠨ ᠵᠢᠯ ᠤᠨ ᠲᠤᠷᠰᠢ᠂ ᠲᠤᠬᠠᠶ ᠶᠢᠨ ᠭᠠᠵᠠᠷ ᠤᠨ ᠣᠯᠠᠨ | ᠲᠦᠮᠡᠨ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢᠶᠠᠨ ᠠᠰᠢᠭᠯᠠᠨ᠂ ᠲᠠᠷᠢᠶᠠᠴᠢᠨ ᠠᠶᠢᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠰᠣᠶᠣᠯ | ᠵᠢᠭᠤᠯᠴᠢᠯᠠᠯ ᠤᠨ ᠰᠢᠷᠢᠰ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠬᠥᠬᠡ ᠠᠭᠤᠯᠠ ᠬᠥᠬᠡᠮᠳᠦᠭ ᠤᠰᠤ ᠶᠢ ᠠᠯᠲᠠ ᠮ᠊ ᠥ᠋ᠩᠭᠦᠨ ᠠᠭᠤᠯᠠ ᠤᠰᠤ ᠪᠣᠯᠭᠠᠨ | ᠬᠤᠪᠢᠷᠠᠭᠤᠯᠪᠡ᠃ ︽ᠪᠢᠳᠡ ᠵᠢᠯ ᠪᠦᠷᠢ ᠳᠤᠮᠳᠠᠴᠢ ᠪᠠᠷ ᠲᠦᠮᠡ ᠭᠠᠷᠤᠶ ᠵᠢᠭᠤᠯᠴᠢᠯᠠᠭᠴᠢᠳ ᠢ ᠭᠥᠯᠢᠶᠡᠨ ᠠᠪᠴᠤ᠂ 30 ᠲᠦᠮᠡᠨ ᠲᠥᠭᠦᠷᠢᠭ ᠣᠷᠴᠢᠮ ᠣᠷᠣᠯᠭ᠎ᠠ | ᠣᠯᠵᠤ ᠪᠠᠶᠢᠨ᠎ᠠ︾ ᠬᠡᠮᠡᠨ ᠯᠣᠤ ᠨᠢᠤ ᠸᠠᠨ ᠲᠣᠰᠬᠤᠨ ᠤ ᠸᠧᠨ ᠴᠢᠩ ᠲᠠᠷᠢᠶᠠᠴᠢᠨ ᠠᠶᠢᠯ ᠤᠨ ᠬᠦᠷᠢᠶᠡᠯᠡᠩ ᠤᠨ ᠬᠠᠷᠢᠭᠤᠴᠠᠯᠭᠠᠲᠠᠨ ᠯᠢ ᠸᠧᠨ ᠴᠢᠩ | ᠲᠠᠨᠢᠯᠴᠠᠭᠤᠯᠪᠠ᠃ |