ᠣᠷᠠᠨ᠎ᠠ
ᠨᠡᠶᠢᠲᠡᠯᠡᠭᠰᠡᠨ ᠴᠠᠭ᠄
2020/8/12
乌日娜.jpg      
      ᠠᠵᠢᠯ ᠤᠨ ᠬᠤᠪᠢᠶᠠᠷᠢᠯᠠᠯ᠄ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠶᠢ ᠬᠠᠮᠵᠢᠨ ᠦᠨᠳᠦᠰᠦᠲᠡᠨ ᠤ ᠶᠠᠪᠤᠳᠠᠯ᠂  ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠬᠤ᠂ ᠰᠤᠶᠤᠯ ᠪᠡᠶ᠎ᠡ ᠶᠢᠨ ᠲᠠᠮᠢᠷ ᠷᠠᠳᠢᠤ᠋ ᠲᠧᠯᠸᠢᠰ᠂ ᠵᠢᠭᠤᠯᠴᠢᠯᠠᠯ᠂ ᠭᠠᠳᠠᠭᠠᠳᠤ ᠶᠠᠪᠤᠳᠠᠯ᠂ ᠠᠷᠠᠯᠵᠢᠶ᠎ᠠ ᠬᠤᠳᠠᠯᠳᠤᠭ᠎ᠠ ᠶᠢᠨ ᠬᠦᠢᠯᠭᠡᠭᠡ᠂ ᠠᠮᠢ ᠠᠬᠤᠢ ᠤᠷᠴᠢᠨ ᠲᠤᠭᠤᠷᠢᠨ᠂ ᠲᠤᠮᠤ ᠳ᠋ᠠᠶᠢᠲ᠋ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠦᠴᠢᠷ ᠤᠨ ᠲᠦᠷᠦᠯ ᠵᠦᠢᠯ᠂ ᠠᠶᠤᠯᠬᠦᠢ ᠦᠢᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠴᠢᠭᠡᠴᠢ ᠵᠠᠰᠠᠭ ᠤᠨ ᠪᠦᠳᠤᠭᠡᠨ ᠪᠠᠶᠢᠭᠤᠯᠤᠯᠳᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠳᠤᠷ ᠠᠳᠬᠤᠨ᠎ᠠ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ᠂ ᠬᠢᠯᠢ ᠬᠢᠵᠠᠭᠠᠷ ᠣᠷᠣᠨ ᠢᠶᠠᠨ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠢᠨᠵᠧᠨᠧᠷᠢᠩ ᠤᠨ ᠠᠯᠪᠠᠨ ᠭᠡᠷ︶᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠵᠢᠭᠤᠯᠴᠢᠯᠠᠯ ᠤᠨ ᠦᠢᠯᠡᠴᠢᠯᠡᠭᠡᠨ ᠤ ᠲᠥᠪ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠲᠡ ᠶᠢᠨ ᠶᠡᠭᠡ ᠠᠩᠭᠢ᠂ ᠤᠯᠠᠭᠠᠨᠮᠥ᠋ᠴᠢᠷ︶᠂ ᠭᠠᠳᠠᠭᠠᠳᠤ ᠶᠠᠪᠤᠳᠠᠯ ᠤᠨ ᠠᠯᠪᠠᠨ ᠭᠡᠷ ︵ᠬᠤᠳᠠᠯᠳᠤᠭᠠᠨ ᠤ ᠶᠠᠪᠤᠳᠠᠯ ᠠᠷᠠᠯᠵᠢᠶᠠᠨ ᠤ ᠦᠢᠯᠡᠴᠢᠯᠡᠭᠡᠨ ᠤ ᠲᠥᠪ︶᠂ ᠠᠷᠠᠯᠵᠢᠶᠠᠨ ᠤ ᠠᠬᠢᠭᠤᠯᠬᠤ ᠬᠤᠷᠠᠯ ᠢ ᠬᠤᠪᠢᠳᠠᠨ ᠬᠠᠮᠢᠶᠠᠷᠤᠨ᠎ᠠ᠃ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠷᠠᠳᠢᠣ᠋ ᠲᠧᠯᠸᠢᠰ ᠲᠣᠤᠷ ᠰᠦᠯᠵᠢᠶ᠎ᠡ ᠶᠢᠨ ᠬᠤᠪᠢᠶᠠᠷᠢ ᠺᠣᠮᠫᠠᠨᠢ᠂ ᠳᠣᠯᠤᠭ᠎ᠠ ᠭᠤᠷᠪᠠ ᠭᠤᠷᠪᠠ ᠬᠤᠷᠢᠶ᠎ᠡ᠂ ᠰᠢᠨᠬᠤᠸᠠ ᠨᠣᠮ ᠤᠨ ᠳᠡᠯᠭᠡᠭᠦᠷ᠂ ᠬᠤᠸᠠ ᠮᠧᠩ ᠲᠠᠯ᠎ᠠ ᠨᠤᠳᠤᠭ ᠤᠨ ᠰᠣᠶᠣᠯ ᠵᠢᠭᠤᠯᠴᠢᠯᠠᠯ ᠤᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠲᠠᠢ ᠬᠠᠷᠢᠯᠴᠠᠨ᠎ᠠ᠃ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠤᠷᠠᠨ᠎ᠠ᠂ ᠡᠮᠡᠭᠲᠡᠶ᠂ ᠮᠣᠩᠭᠤᠯ ᠦᠨᠳᠦᠰᠦᠲᠡᠨ᠂ 1979 ᠤᠨ ᠤ 12 ᠰᠠᠷ᠎ᠠ ᠳᠤ ᠲᠥᠷᠥᠵᠡᠢ᠂ ᠥᠪᠥᠷ ᠮᠣᠩᠭᠤᠯ ᠤᠨ ᠤᠷᠠᠳ ᠤᠨ ᠳᠤᠮᠳᠠᠳᠤ ᠬᠤᠰᠢᠭᠤᠨ ᠤ ᠬᠥᠮᠦᠨ᠃ ᠨᠠᠮ ᠪᠦᠯᠦᠭ ᠤᠨ ᠪᠤᠰᠤ ᠬᠦᠮᠤᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ 1999 ᠣᠨ ᠳᠤ ᠠᠵᠢᠯ ᠳᠤ ᠣᠷᠣᠵᠤ᠂ ᠤᠳᠤ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃      1999.10 — 2011.03 ᠤᠷᠠᠳ ᠤᠨ ᠳᠤᠮᠳᠠᠳᠤ ᠬᠤᠰᠢᠭᠤᠨ ᠤ ᠠᠵᠢᠯᠲᠠᠨ ᠤ ᠶᠠᠪᠤᠳᠠᠯ ᠤᠨ ᠲᠣᠪᠴᠢᠶᠠᠨ ᠤ ᠺᠠᠳ᠋ᠷ ᠢᠶᠠᠷ ᠠᠵᠢᠯᠯᠠᠵᠤ ᠪᠠᠶᠢᠪᠠ ︵ᠡᠨᠡ ᠬᠤᠭᠤᠴᠠᠭᠠᠨ ᠳᠤ᠄ 2003 ᠣᠨ ᠤ 10 ᠰᠠᠷ᠎ᠠ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠰᠠᠯᠪᠤᠷᠢ ᠶᠢᠨ ᠦᠪᠡᠷᠳᠡᠭᠡᠨ ᠰᠢᠯᠭᠠᠭᠤᠯᠬᠤ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠳᠠᠷ ᠢ ᠤᠯᠪᠠ︶᠃      2011.03 — 2015.08 ᠤᠷᠠᠳ ᠤᠨ ᠳᠤᠮᠳᠠᠳᠤ ᠬᠤᠰᠢᠭᠤᠨ ᠤ ᠢᠳᠡᠭᠡᠨ ᠪᠠ ᠡᠮ ᠤᠨ ᠵᠦᠢᠯ   ᠤᠨ ᠬᠢᠨᠠᠯᠲᠠ  ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠶᠢᠨ ᠲᠤᠰᠢᠶᠠᠯ ᠢ  ᠬᠠᠷᠢᠭᠤᠴᠠᠪᠠ᠃      2015.08 — 2017.02 ᠤᠷᠠᠳ ᠤᠨ ᠳᠤᠮᠳᠠᠳᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃      2017.02 — 2020.09 ᠤᠷᠠᠳ ᠤᠨ ᠳᠤᠮᠳᠠᠳᠤ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠬᠦᠯᠡᠭᠴᠢ ᠶᠢᠨ ᠲᠤᠰᠢᠶᠠᠯ ᠢ ᠬᠠᠷᠢᠭᠤᠴᠠᠪᠠ᠃      2020.09 — ᠣᠲᠣ ᠪᠣᠯᠲᠠᠯ᠎ᠠ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃    
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ