| | | ᠠᠵᠢᠯ ᠤᠨ ᠬᠤᠪᠢᠶᠠᠷᠢᠯᠠᠯ᠄ ᠬᠤᠰᠢᠭᠤ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠢ᠂ ᠠᠵᠤ ᠦᠢᠯᠡᠳᠪᠦᠷᠢ ᠶᠢᠨ ᠠᠵᠤ ᠠᠬᠤᠢ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ | ᠪᠠᠷᠠᠭ᠎ᠠ ᠨᠥᠭᠡᠴᠡᠯᠡᠬᠦ ᠦᠢᠯᠡᠴᠢᠯᠡᠭᠡᠨ ᠤ ᠲᠥᠪ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ | ᠲᠥᠪ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠨᠢᠰᠬᠡᠯ ᠤᠨ ᠪᠠᠭᠤᠳᠠᠯ ᠤᠨ ᠪᠡᠯᠡ | ᠣᠷᠣᠭᠤᠯᠤᠯᠲᠠ ᠶᠢᠨ ᠺᠣᠮᠫᠠᠨᠢ᠂ ᠭᠠᠷᠠᠮ ᠤᠨ ᠶᠠᠪᠤᠳᠠᠯ ᠤᠨ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠢᠯᠢ ᠶᠢᠨ | ᠬᠠᠮᠠᠭᠠᠯᠠᠯᠲᠠ ᠶᠢᠨ ᠪᠠᠲᠯᠢᠶᠤᠨ᠂ ᠵᠡᠪᠰᠡᠭᠲᠦ ᠴᠠᠭᠳᠠᠭ᠎ᠠ ᠶᠢᠨ ᠬᠤᠶᠠᠳᠤᠭᠠᠷ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠰᠢᠤᠳᠠᠨ ᠤ ᠺᠣᠮᠫᠠᠨᠢ᠂ ᠨᠠᠪᠴᠢᠨ ᠲᠠᠮᠠᠬᠢᠨ ᠤ ᠺᠣᠮᠫᠠᠨᠢ᠂ ᠴᠢᠯᠠᠭᠤᠨ ᠲᠤᠰᠤᠨ ᠤ | ᠺᠣᠮᠫᠠᠨᠢ᠂ ᠡᠯ᠎ᠡ ᠮᠡᠳᠡᠭᠡ ᠬᠤᠯᠪᠣᠭᠠᠨ ᠤ ᠪᠠᠶᠢᠭᠤᠯᠤᠮᠵᠢ᠂ ᠡᠯ᠎ᠡ ᠲᠡᠮᠦᠷ ᠵᠠᠮ ᠤᠨ ᠪᠠᠶᠢᠭᠤᠯᠤᠮᠵᠢ᠂ ᠡᠯ᠎ᠡ ᠠᠭᠠᠷ ᠤᠨ ᠠᠶᠠᠯᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃ | ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠤᠪᠢ ᠬᠥᠮᠥᠨ ᠤ ᠲᠣᠪᠴᠢ ᠨᠠᠮᠲᠠᠷ᠄ ᠶᠠᠩ ᠳ᠋ᠦᠩ ᠸᠧᠢ᠂ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 8 ᠰᠠᠷ᠎ᠠ ᠳᠤ ᠳᠦᠷᠦᠵᠡᠶ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠷᠠᠳ ᠤᠨ ᠳᠤᠮᠳᠠᠳᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠭᠠᠭᠴᠠᠮᠤᠳᠤ ᠬᠢᠯᠢ ᠶᠢᠨ ᠪᠣᠭᠤᠮᠲᠠ ᠶᠢᠨ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ |