| | | ᠠᠵᠢᠯ ᠤᠨ ᠬᠤᠪᠢᠶᠠᠷᠢᠯᠠᠯ᠄ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠶ᠂ ᠠᠵᠤ ᠦᠶᠯᠡᠳᠪᠦᠷᠢ ᠶᠢᠨ ᠠᠵᠤ | ᠠᠬᠤᠶ᠂ ᠲᠤᠭ᠎ᠠ ᠪᠦᠷᠢᠳᠬᠡᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠦᠶᠯᠡᠴᠢᠯᠡᠭᠡᠨ ᠤ ᠲᠥᠪ︶᠂ ᠭᠠᠭᠴᠠᠮᠤᠳᠤ ᠬᠢᠯᠢ ᠶᠢᠨ ᠪᠣᠭᠤᠮᠲᠠ ᠶᠢᠨ ᠪᠤᠯᠪᠠᠰᠤᠷᠠᠭᠤᠯᠤᠯᠲᠠ ᠶᠢᠨ ᠲᠣᠭᠤᠷᠢᠭ | ᠤᠨ ᠬᠠᠮᠢᠶᠠᠷᠤᠯᠲᠠ ᠶᠢᠨ ᠵᠥᠪᠯᠡᠯ᠂ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ︵ᠲᠤᠭ᠎ᠠ ᠪᠦᠷᠢᠳᠬᠡᠯ | ᠤᠨ ᠪᠠᠶᠢᠴᠠᠭᠠᠯᠲᠠ ᠶᠢᠨ ᠲᠥᠪ︶᠂ ᠪᠠᠯᠠ ᠣᠷᠣᠭᠤᠯᠤᠯᠲᠠ ᠶᠢ ᠠᠬᠢᠭᠤᠯᠬᠤ ᠲᠥᠪ᠂ ᠨᠢᠰᠬᠡᠯ ᠤᠨ ᠪᠠᠭᠤᠳᠠᠯ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠭᠠᠷᠠᠮ | ᠤᠨ ᠶᠠᠪᠤᠳᠠᠯ ᠤᠨ ᠺᠣᠮᠫᠠᠨᠢ ᠶᠢ ᠲᠦᠷ ᠴᠠᠭ ᠣᠷᠣᠯᠠᠨ ᠬᠠᠮᠢᠶᠠᠷᠴᠤ ᠪᠤᠢ᠃ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠰᠢᠦᠳᠠᠨ ᠤ ᠶᠠᠪᠤᠳᠠᠯ ᠤᠨ ᠺᠣᠮᠫᠠᠨᠢ᠂ | ᠨᠠᠪᠴᠢᠨ ᠲᠠᠮᠠᠬᠢᠨ ᠤ ᠺᠣᠮᠫᠠᠨᠢ᠂ ᠴᠢᠯᠠᠭᠤᠨ ᠲᠤᠰᠦᠠ ᠤ ᠺᠣᠮᠫᠠᠨᠢ᠂ ᠡᠯ᠎ᠡ ᠮᠡᠳᠡᠭᠡ ᠬᠤᠯᠪᠣᠭᠠᠨ ᠤ ᠪᠠᠶᠢᠭᠤᠯᠤᠮᠵᠢ᠂ ᠲᠡᠮᠦᠷ ᠵᠡᠮ ᠤᠨ ᠪᠠᠶᠢᠭᠤᠯᠤᠮᠵᠢ᠂ ᠠᠭᠠᠷ ᠤᠨ | ᠠᠶᠠᠯᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ | ᠬᠤᠪᠢ ᠬᠥᠮᠦᠨ ᠤ ᠲᠣᠪᠴᠢ ᠨᠠᠮᠲᠠᠷ᠄ ᠸᠠᠩ ᠶᠦᠨ᠂ ᠡᠷᠡᠭᠲᠡᠢ᠂ ᠬᠢᠲᠠᠳ ᠦᠨᠳᠦᠰᠦᠲᠡᠨ᠂ 1980 ᠣᠨ ᠤ 2 ᠰᠠᠷ᠎ᠠ ᠳᠤ ᠲᠦᠷᠦᠵᠠᠢ᠂ ᠠᠰᠫᠢᠷᠠᠨᠲ ᠤᠨ | ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ | ᠳᠡᠳ᠋ ᠬᠤᠰᠢᠭᠤ ᠳᠠᠷᠤᠭ᠎ᠠ ᠪᠠᠷ ᠨᠡᠷ᠎ᠡ ᠳᠤᠷᠠᠳᠤᠭᠳᠠᠨ ᠰᠤᠩᠭᠤᠭᠳᠠᠬᠤ ᠬᠥᠮᠦᠨ ᠪᠣᠯᠤᠨ᠎ᠠ᠃ | |