2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/1/27
ᠲᠦᠯᠦᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠃ ᠡᠬᠦᠨ ᠤ ᠬᠠᠮᠳᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠲᠡᠪᠰᠢᠬᠦᠯᠬᠦ ᠪᠣᠯᠪᠠᠤ᠃     ᠨᠢᠭᠡ᠂ 2020 ᠣᠨ ᠤ ᠠᠵᠢᠯ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠬᠦᠭᠵᠢᠯᠲᠡ ᠶᠢᠨ ᠡᠷᠭᠢᠴᠡᠭᠦᠯᠦᠯ      ᠰᠠᠶ᠋ᠢᠬᠠᠨ ᠦᠩᠭᠡᠷᠡᠨ ᠤᠳᠤᠭᠰᠠᠨ 2020 ᠣᠨ ᠨᠢ ᠮᠠᠨ ᠤ ᠬᠤᠰᠢᠭᠤᠨ ᠳᠤ ᠠᠪᠴᠤ ᠬᠡᠯᠡᠪᠡᠯ ᠲᠦᠢᠯ ᠤᠨ ᠶᠡᠷᠦ ᠪᠤᠰᠤ ᠮᠦᠷᠳᠡᠭᠡᠨ ᠬᠢᠯᠪᠠᠷ ᠪᠤᠰᠤ ᠨᠢᠭᠡ ᠵᠢᠯ ᠪᠤᠯᠬᠤ ᠶᠤᠮ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠬᠢᠵᠢᠭ ᠤᠨ ᠳᠠᠪᠬᠤᠷ ᠲᠠᠭᠠᠷᠢᠯᠲᠠ ᠪᠤᠯᠤᠨ ᠬᠦᠨᠳᠦ ᠭᠡᠴᠡᠬᠦᠤ ᠨᠠᠷᠢᠨ ᠪᠤᠳᠤᠯᠢᠶᠠᠨᠲᠠᠶ ᠦᠭᠡᠷᠡᠴᠢᠯᠡᠯᠳᠡ ᠬᠥᠭᠵᠢᠯᠲᠡ ᠲᠤᠭᠳᠠᠭᠤᠨ ᠤ ᠪᠠᠶᠢᠳᠠᠯ ᠤᠨ ᠡᠮᠦᠨ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠬᠤᠰᠢᠭᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠦᠰᠢᠭᠯᠡᠵᠤ᠂ ᠬᠦᠴᠢᠷ ᠪᠡᠷᠭᠡᠰᠢᠶᠡᠯ ᠢ ᠳᠤᠭᠤᠯᠤᠨ ᠳᠠᠪᠠᠵᠤ᠂ ᠪᠠᠶᠢᠳᠠᠯ ᠢ ᠰᠥᠷᠥᠨ ᠤᠷᠤᠭᠰᠢᠯᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠤᠰ ᠢᠯᠠᠯᠲᠠ ᠶᠢ ᠲᠡᠮᠡᠴᠡᠨ ᠣᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠭᠤᠤᠯ ᠬᠠᠷᠠᠯᠳᠠ ᠡᠬᠦᠷᠭᠡ ᠶᠢ ᠰᠠᠶᠢᠳᠤᠷ ᠪᠡᠶᠡᠯᠡᠬᠦᠯᠪᠡ᠃ ᠵᠢᠱᠢᠯᠲᠡ ᠪᠠᠷ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 91.8 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 32 ᠳ᠋ᠦᠩᠰᠢᠭᠤᠷ ᠲᠦᠭᠦᠷᠢᠭ ᠢ  ᠪᠡᠶᠡᠯᠡᠭᠦᠯᠦᠨ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 7.3 ᠳ᠋ᠦᠩᠰᠢᠭᠤᠷ ᠲᠥᠭᠦᠷᠢᠭ  ᠢ ᠪᠡᠶᠡᠯᠡᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 25.5 ᠳ᠋ᠦᠩᠰᠢᠭᠤᠷ ᠲᠥᠭᠦᠷᠢᠭ ᠢ ᠪᠡᠶᠡᠯᠡᠭᠦᠯᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 15.2 ᠳ᠋ᠦᠩᠰᠢᠭᠤᠷ ᠲᠦᠭᠦᠷᠢᠭ ᠲᠤ ᠬᠦᠷᠴᠤ᠂ ᠬᠤᠲᠠ ᠪᠠᠯᠭᠠᠰᠤ ᠪᠣᠯᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠨᠢ ᠲᠤᠰ ᠲᠤᠰ 34670 ᠲᠥᠭᠦᠷᠢᠭ᠂ 19567 ᠲᠥᠭᠦᠷᠢᠭ ᠲᠤ ᠬᠦᠷᠴᠦ᠂ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ ᠲᠣᠰ ᠲᠣᠰ 3.3% ᠪᠠ 8.6% ᠪᠠᠷ ᠨᠡᠮᠡᠭᠳᠡᠪᠡ᠃ ᠠᠵᠤ ᠠᠬᠤᠶ ᠶᠢᠨ ᠬᠦᠭᠵᠢᠯᠲᠡ ᠬᠡᠳᠦᠶᠢᠪᠡᠷ ᠵᠠᠶᠢᠯᠠᠰᠢ ᠦᠭᠡᠢ ᠳᠠᠭᠠᠷᠢᠯᠳᠠ ᠳᠤ ᠤᠴᠠᠷᠠᠭᠰᠠᠨ ᠪᠣᠯᠪᠠᠴᠤ ᠡᠯ᠎ᠡ ᠵᠦᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠪᠠᠭᠤᠷᠠᠯᠲᠠ ᠶᠢᠨ ᠬᠡᠮᠵᠢᠶ᠎ᠡ ᠦᠷᠭᠦᠯᠵᠢᠯᠡᠨ ᠪᠠᠭᠠᠰᠴᠤ᠂ ᠠᠵᠤ ᠠᠬᠤᠢ ᠶᠢᠨ ᠬᠥᠭᠵᠢᠯᠲᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠪᠠ᠃     ᠨᠢᠭᠡ ᠵᠢᠯ ᠤᠨ ᠲᠤᠷᠰᠢ ᠂ ᠪᠦᠬᠦ ᠬᠦᠴᠦᠨ ᠢᠶᠠᠷ ᠢᠶᠠᠨ ᠬᠢᠵᠢᠭ ᠲᠠᠢ ᠲᠡᠮᠡᠴᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠰᠠᠬᠢᠨ ᠬᠠᠮᠠᠭᠠᠯᠠᠪᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠠ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠢᠲᠡᠭᠡᠯ ᠵᠣᠷᠢᠭ ᠢᠶᠠᠨ ᠪᠠᠳᠤᠳᠬᠠᠨ᠂ ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠨᠠᠷᠢᠨ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠶᠡᠷᠦᠩᠬᠡᠶ ᠱᠠᠭᠠᠷᠳᠠᠯᠭ᠎ᠠ ᠶᠤᠰᠤᠭᠠᠷ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠠᠷᠭ᠎ᠠ ᠪᠠᠷᠢᠯ ᠢ ᠨᠠᠷᠢᠨ ᠪᠤᠳᠠᠳᠠᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠥᠷᠭᠡᠨ ᠣᠯᠠᠨ ᠡᠮᠴᠢ ᠰᠤᠪᠢᠯᠠᠭᠴᠢ᠂ ᠺᠠᠳ᠋ᠷ ᠣᠯᠠᠨ ᠲᠦᠮᠡᠨ᠂ ᠰᠠᠶᠢᠨ ᠳᠤᠷᠠᠴᠤᠳ ᠠᠶᠤᠯ ᠲᠦᠭᠰᠢᠭᠦᠷᠢ ᠠᠴᠠ ᠰᠦᠷᠳᠡᠯ ᠦᠭᠡᠢ᠂ ᠡᠮᠦᠨ᠎ᠡ ᠹᠷᠣᠨᠲ ᠲᠤ ᠴᠢᠷᠮᠠᠶᠢᠨ ᠠᠵᠢᠯᠯᠠᠵᠤ᠂ ᠪᠦᠬᠦ ᠨᠡᠶᠢᠭᠡᠮ ᠤᠨ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ᠂ ᠪᠦᠬᠦ ᠬᠦᠴᠦ ᠪᠠᠨ ᠬᠠᠮᠳᠤᠳᠬᠠᠨ ᠬᠢᠵᠢᠭ ᠲᠠᠢ ᠲᠡᠮᠡᠴᠡᠵᠤ᠂ ᠬᠢᠵᠢᠭ ᠢ ᠡᠰᠡᠷᠭᠦᠴᠡᠬᠦ ᠪᠡᠯᠡ ᠮᠥᠩᠭᠦ ᠨᠡᠶᠢᠳᠡ 1.07 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠡᠶᠢᠭᠡᠮ ᠤᠨ ᠬᠠᠨᠳᠢᠪ 622.3 ᠲᠦᠮᠡᠨ ᠲᠥᠭᠦᠷᠢᠭ ᠢ ᠬᠦᠯᠢᠶᠡᠨ ᠠᠪᠴᠤ᠂ 8000 ᠭᠠᠷᠤᠶ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠭᠤᠯᠵᠤ᠂ ︽ᠳᠣᠲᠣᠭᠠᠳᠤ ᠳᠤ ᠪᠠᠨ ᠲᠠᠷᠬᠠᠬᠤ ᠶᠢ ᠰᠡᠷᠭᠡᠶᠢᠯᠡᠬᠦ᠂ ᠭᠠᠳᠠᠭᠰᠢ ᠬᠠᠯᠳᠠᠪᠤᠷᠢᠯᠠᠬᠤ ᠶᠢ ᠰᠡᠷᠭᠡᠶᠢᠯᠡᠬᠦ︾ ᠬᠤᠷᠢᠭ᠎ᠠ ᠱᠤᠭᠤᠮ ᠢ ᠰᠠᠬᠢᠵᠤ᠂ ᠠᠮᠢ ᠨᠠᠰᠤ ᠶᠢ ᠰᠠᠬᠢᠨ ᠬᠠᠮᠠᠭᠠᠯᠠᠬᠤ ᠪᠤᠯᠤᠳ ᠬᠠᠨ᠎ᠠ ᠶᠢ ᠪᠠᠶᠢᠭᠤᠯᠤᠭᠰᠠᠨ ᠪᠠᠶᠢᠨ᠎ᠠ᠃     ᠨᠢᠭᠡ ᠵᠢᠯ ᠤᠨ ᠲᠤᠷᠰᠢ᠂ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠵᠦᠢ ᠵᠣᠬᠢᠰᠲᠠᠢ ᠣᠷᠣᠨ ᠪᠠᠶᠢᠷᠢ ᠳᠤ ᠪᠠᠶᠢᠬᠤ ᠶᠢ  ᠪᠠᠳᠤᠯᠠᠪᠠ᠃ ᠴᠠᠭ ᠲᠣᠬᠢᠶᠠᠯ ᠢ ᠠᠮᠵᠢᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ᠂ ᠬᠤᠳᠠᠯᠳᠤᠭ᠎ᠠ ᠳᠡᠯᠭᠡᠭᠦᠷ ᠢᠶᠠᠨ ᠰᠡᠷᠭᠦᠭᠡᠬᠦ ᠶᠢ ᠠᠮᠵᠢᠨ ᠶᠠᠪᠤᠭᠳᠠᠭᠤᠯᠵᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠵᠦ᠂ ᠢᠲᠡᠭᠡᠯ ᠵᠣᠷᠢᠭ ᠢ ᠬᠥᠪᠴᠢᠯᠡᠨ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠭᠠᠶᠢᠯᠢ ᠰᠦᠢᠳᠭᠡᠯ ᠢ ᠬᠥᠩᠭᠡᠷᠡᠭᠦᠯᠬᠦ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ 5.99 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠭᠡᠯ ᠢ ᠬᠥᠩᠭᠡᠷᠡᠭᠦᠯᠦᠨ ᠪᠠᠭᠤᠷᠠᠭᠤᠯᠵᠤ᠂ ᠠᠵᠤ ᠦᠶᠯᠡᠰ ᠤᠨ ᠭᠡᠯᠬᠢᠶᠡᠵᠢᠯ᠂ ᠬᠠᠩᠭᠠᠯᠭ᠎ᠠ  ᠶᠢᠨ ᠭᠡᠯᠬᠢᠶᠡᠵᠢᠯ᠂ ᠦᠶᠯᠡᠴᠢᠯᠡᠭᠡᠨ ᠤ ᠭᠡᠯᠬᠢᠶᠡᠵᠢᠯ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠬᠢᠵᠢᠭ ᠤᠨ ᠪᠠᠶᠢᠳᠠᠯ ᠤᠨ ᠨᠥᠯᠥᠭᠡ ᠶᠢ ᠪᠦᠲᠦᠮᠵᠢᠲᠡᠶ ᠰᠢᠢᠳᠪᠦᠷᠢᠯᠡᠪᠡ᠃ ᠪᠦᠬᠦ ᠵᠢᠯ ᠤᠨ ᠠᠮᠤ ᠪᠤᠳᠠᠭᠠᠨ ᠤ ᠶᠡᠷᠤᠩᠬᠡᠢ ᠤᠨᠠᠯᠲᠠ 10 ᠳ᠋ᠦᠩᠰᠢᠭᠤᠷ ᠵᠢᠩ ᠤᠨ ᠪᠤᠭᠤᠮᠲᠠ ᠶᠢ ᠲᠠᠪᠠᠵᠤ᠂ ᠮᠠᠯ ᠰᠦᠷᠦᠭ ᠤᠨ ᠠᠷᠠᠴᠢᠯᠠᠨ ᠲᠡᠵᠢᠭᠡᠬᠦ ᠲᠤᠭ᠎ᠠ ᠶᠢ 300 ᠲᠦᠮᠡᠨ ᠲᠤᠯᠤᠭᠠᠢ ᠠᠴᠠ ᠳᠡᠭᠡᠭᠰᠢ ᠪᠠᠶᠢᠯᠭᠠᠬᠤ ᠶᠢ ᠲᠣᠭᠲᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ ᠦᠶᠯᠡᠰ ᠤᠨ ᠬᠡᠯᠬᠢᠶᠡᠵᠢᠯ ᠤᠨ ᠦᠶᠯᠡᠳᠬᠦᠨ ᠤ ᠥᠷᠲᠡᠭ 36  ᠳ᠋ᠦᠩᠰᠢᠭᠤᠷ ᠲᠥᠭᠦᠷᠢᠭ ᠢ ᠰᠢᠪᠳᠤᠯᠪᠠ᠃ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ  ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠤᠰᠢᠭᠤ ᠪᠠᠷ ᠲᠣᠭᠲᠠᠭᠠᠭᠳᠠᠵᠤ᠂ ᠮᠠᠯᠵᠢᠬᠤ ᠣᠷᠣᠨ ᠤ ᠴᠢᠨᠠᠷ ᠰᠠᠶᠢᠲᠠᠶ ᠬᠥᠭᠵᠢᠯᠲᠡ ᠰᠢᠨ᠎ᠡ ᠠᠵᠠ ᠲᠣᠬᠢᠶᠠᠯ ᠢ ᠤᠭᠳᠤᠨ ᠠᠪᠴᠢᠷᠠᠪᠠ᠃ 18 ᠲᠦᠷᠦᠯ ᠤᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 7 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ  ᠶᠢᠨ ᠦᠢᠯᠡᠳᠬᠦᠨ ᠤ ᠶᠡᠷᠦᠩᠬᠡᠶ ᠥᠷᠲᠡᠭ 126 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠵᠤ ᠦᠢᠯᠡᠳᠪᠦᠷᠢ ᠶᠢᠨ ᠴᠠᠬᠢᠯᠭᠠᠨ ᠭᠡᠷᠡᠭᠰᠡᠬᠦ ᠬᠡᠮᠵᠢᠶ᠎ᠡ᠂ ᠲᠠᠮᠤᠷ ᠵᠠᠮ ᠤᠨ ᠪᠠᠷᠠᠭ᠎ᠠ ᠲᠡᠭᠡᠭᠡᠪᠤᠷᠢ ᠶᠢᠨ ᠬᠡᠮᠵᠢᠶ᠎ᠡ᠂ ᠦᠢᠯᠡᠳᠪᠦᠷᠢᠯᠡᠯ ᠪᠤᠷᠤᠯᠠᠭᠤᠯᠤᠯᠭ᠎ᠠ ᠶᠢᠨ ᠨᠤᠷᠮ᠎ᠠ ᠵᠡᠷᠭᠡ ᠢᠳᠡᠪᠬᠢᠴᠠ ᠶᠢᠨ ᠢᠯᠡᠳᠭᠡᠮᠵᠢ ᠦᠷᠬᠦᠯᠵᠢᠯᠡᠨ ᠲᠡᠭᠡᠭᠰᠢᠯᠠᠪᠠ᠃ ᠵᠦᠩ ᠾᠧ ᠯᠦᠩ ᠲᠧᠩ ᠤᠨ 100 ᠰᠠᠶ᠎ᠠ ᠸᠠᠲ ᠤᠨ ᠭᠡᠷᠡᠯ ᠢᠯᠴᠢ ᠶᠢᠨ ᠲᠥᠷᠥᠯ ᠵᠦᠢᠯ ᠪᠦᠬᠦᠨ ᠢᠶᠠᠷ ᠢᠶᠠᠨ ᠴᠠᠬᠢᠯᠭᠠᠨ ᠭᠠᠷᠭᠠᠬᠤ ᠶᠢ ᠪᠡᠶᠡᠯᠡᠬᠦᠯᠵᠤ᠂ ᠰᠢᠶᠤᠤ ᠯᠦᠩ ᠥᠨᠳᠥᠷ ᠨᠡᠭᠦᠷᠡᠰᠦᠲᠥ᠋ᠷᠥᠭᠴᠢᠲᠦ ᠾᠷᠣᠮᠳᠤ ᠲᠡᠮᠦᠷ ᠂ ᠬᠤᠸᠠᠨ ᠴᠤᠸᠠᠩ ᠲᠦᠬᠦᠬᠡᠢ ᠭᠤᠮ᠂ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠬᠦᠷᠢᠶᠡᠯᠡᠩ ᠵᠡᠷᠭᠡ ᠲᠥᠷᠥᠯ ᠵᠦᠢᠯ ᠡᠮᠬᠢ ᠵᠢᠷᠤᠮ ᠲᠠᠢ ᠶᠠᠪᠤᠭᠳᠠᠵᠤ᠂ ᠱᠧᠨ ᠬᠤᠸᠠ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠱᠤᠭᠤᠮ ᠤᠨ ᠲᠦᠷᠦᠯ ᠵᠦᠢᠯ ᠪᠦᠬᠦ ᠲᠠᠯ᠎ᠠ ᠪᠠᠷ ᠠᠵᠢᠯ   ᠢᠶᠠᠨ  ᠡᠬᠢᠯᠡᠭᠦᠯᠪᠡ  ᠃ ᠡᠯᠧᠺᠲᠷᠣᠨ  ᠬᠤᠳᠠᠯᠳᠤᠭ᠎ᠠ   ᠶᠢᠨ  ᠠᠷᠠᠯᠵᠢᠶᠠᠨ  ᠤ  ᠲᠤᠭ᠎ᠠ  1.89  ᠳ᠋ᠦᠩᠰᠢᠭᠤᠷ ᠲᠥᠭᠦᠷᠢᠭ ᠬᠦᠷᠴᠤ᠂ ᠨᠡᠮᠡᠭᠳᠡᠯ ᠤᠨ ᠬᠡᠮᠵᠢᠶ᠎ᠡ ᠨᠢ 30% ᠶᠢ ᠳᠠᠪᠠᠪᠠ᠃ ᠪᠦᠬᠦ ᠵᠢᠯ ᠳᠤ 55.4 ᠲᠦᠮᠡᠨ ᠬᠦᠮᠦᠨ ᠤᠳᠠᠭᠠᠨ ᠤ ᠵᠢᠭᠤᠯᠴᠢᠯᠠᠭᠰᠠᠳ ᠢ ᠬᠦᠯᠢᠶᠡᠨ ᠠᠪᠴᠤ ᠵᠤᠴᠢᠯᠠᠨ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 5.24 ᠳ᠋ᠦᠩᠰᠢᠭᠤᠷ ᠲᠥᠭᠦᠷᠢᠭ ᠲᠤ ᠬᠦᠷᠪᠡ᠃   ︽ᠭᠤᠷᠪᠠᠳᠡᠬᠢ ᠡᠳᠡᠭᠡᠳ ᠲᠤ ᠨᠠᠶᠢᠳᠠᠵᠤ ᠠᠷᠠᠯᠵᠢᠶᠠᠴᠢᠨ ᠤᠷᠢᠬᠤ︾ ᠬᠡᠯᠪᠡᠷᠢ ᠶᠢ ᠠᠪᠴᠤ᠂ ᠲᠦᠷᠦᠯ ᠵᠦᠢᠯ ᠢ ᠥᠨᠳᠥᠷ ᠪᠦᠲᠦᠮᠵᠢᠲᠡᠢ ᠤᠷᠤᠭᠰᠢᠲᠠᠶ ᠰᠠᠭᠠᠳ ᠦᠭᠡᠢ ᠪᠠᠷ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ 10 ᠳ᠋ᠦᠩᠰᠢᠭᠤᠷ ᠲᠦᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠬᠦᠭᠵᠢᠯᠲᠡ ᠶᠢᠨ ᠨᠦᠭᠡᠴᠡ ᠬᠦᠴᠦᠨ ᠤᠯᠠᠮ ᠴᠢᠩᠭᠠᠷᠠᠪᠠ᠃     ᠨᠢᠭᠡ ᠵᠢᠯ ᠤᠨ ᠲᠤᠷᠰᠢ᠂ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠬᠤᠳᠠ ᠬᠦᠳᠡᠭᠡ ᠶᠢᠨ ᠲᠦᠷᠢ ᠲᠦᠷᠬᠦ ᠦᠷᠬᠦᠯᠵᠢᠯᠡᠨ ᠰᠠᠶᠢᠵᠢᠷᠠᠪᠠ᠃ 1.43 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠠᠯᠢᠭᠤᠲᠤ ᠪᠠᠯᠭᠠᠰᠤᠨ ᠤ 3 ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠢ ᠪᠦᠬᠦᠢ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠶᠡᠷᠦᠩᠬᠡᠶᠢᠯᠡᠨ ᠥᠭᠡᠷᠡᠴᠢᠯᠡᠬᠦ ᠪᠠ 1546 ᠡᠷᠦᠬᠡ ᠶᠢᠨ ᠢᠵᠢ ᠪᠦᠷᠢᠨ ᠪᠤᠰᠤ ᠣᠷᠣᠨ ᠰᠠᠭᠤᠴᠠ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ 48 ᠰᠠᠭᠤᠷᠢ ᠨᠡᠶᠢᠲᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠪᠠ᠃ ᠦᠶᠡᠷ ᠢ ᠰᠡᠷᠭᠡᠶᠢᠯᠡᠨ ᠭᠠᠮᠰᠢᠭ ᠢ ᠡᠰᠡᠷᠬᠦᠴᠡᠬᠦ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠨᠢ ᠤᠯᠤᠰ᠂ ᠦᠪᠡᠷᠳᠡᠭᠡᠨ ᠵᠠᠰᠠᠬᠤ ᠤᠷᠤᠨ ᠤ ᠤᠰᠤᠨ ᠠᠰᠢᠭᠯᠠᠯᠳᠠ  ᠶᠢᠨ ᠰᠢᠨ᠎ᠡ ᠶᠢ ᠡᠬᠦᠳᠬᠦ ᠵᠢᠱᠢᠶ᠎ᠡ ᠦᠵᠡᠬᠦᠯᠬᠦ ᠢᠨᠵᠧᠨᠧᠷᠢᠩ ᠪᠤᠯᠪᠠ᠃ ᠤᠤᠭᠤᠬᠤ ᠤᠰᠤᠨ ᠤ ᠠᠮᠤᠷ ᠲᠦᠪᠰᠢᠨ᠂ ᠤᠰᠤ ᠠᠷᠪᠢᠯᠠᠬᠤ ᠤᠰᠤᠯᠠᠯᠲᠠ ᠵᠡᠷᠭᠡ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢ ᠬᠤᠭᠤᠴᠠᠭ᠎ᠠ ᠶᠣᠰᠣᠭᠠᠷ ᠳᠠᠭᠤᠰᠬᠠᠵᠤ᠂ 8.3 ᠲᠦᠮᠡᠨ ᠮᠦ ᠲᠠᠯᠠᠪᠠᠢ ᠪᠦᠬᠦᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ᠂ ᠮᠠᠨ ᠤ ᠬᠤᠰᠢᠭᠤᠨ ᠤ ᠬᠢᠯᠢ ᠲᠤᠳᠤᠷᠠᠬᠢ ᠤᠯᠤᠰ ᠤᠨ ᠵᠠᠮ 331᠂ ᠤᠯᠤᠰ ᠤᠨ ᠵᠠᠮ 335 ᠵᠡᠷᠭᠡ ᠤᠯᠤᠰ ᠤᠨ ᠭᠤᠤᠯᠳᠠᠯᠭ᠎ᠠ ᠲᠠᠢ ᠵᠠᠮ ᠬᠠᠷᠯᠴᠠᠭᠠᠨ ᠤ ᠲᠦᠷᠦᠯ ᠵᠦᠢᠯ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠢ ᠦᠨᠳᠦᠰᠦᠨ ᠳᠡᠭᠡᠨ ᠪᠡᠶᠡᠯᠡᠬᠦᠯᠵᠤ᠂ ᠭᠠᠭᠴᠠᠮᠤᠳᠤ  ᠠᠴᠠ ᠬᠠᠯᠢᠭᠤᠳᠤ ᠬᠦᠷᠬᠦ ᠤᠷᠤᠨ ᠨᠤᠳᠤᠭ ᠤᠨ ᠲᠦᠷᠬᠡᠨ ᠤ ᠵᠠᠮ᠂ ᠤᠤᠪᠤᠯᠠᠭ ᠤᠨ ᠠᠮᠠ ᠠᠴᠠ ᠰᠢᠩ ᠠᠨ ᠬᠦᠷᠬᠦ ᠤᠯᠤᠰ ᠮᠤᠵᠢ ᠶᠢᠨ ᠭᠤᠤᠯ ᠱᠤᠭᠤᠮ ᠤᠨ ᠲᠦᠷᠦᠯ ᠵᠦᠢᠯ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠪᠠ᠃ 5G ᠶᠢᠨ ᠰᠠᠭᠤᠷᠢ ᠥᠷᠲᠡᠭᠡ 8 ᠶᠢ ᠰᠢᠨ᠎ᠡ ᠪᠠᠷ ᠪᠠᠶᠢᠭᠤᠯᠵᠤ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ 4G ᠶᠢᠨ ᠴᠢᠮᠡᠭᠡ ᠳᠣᠬᠢᠶ᠎ᠠ ᠶᠢᠨ ᠪᠦᠷᠬᠦᠴᠡ ᠶᠢᠨ ᠨᠣᠷᠮ᠎ᠠ ᠶᠢ 98 % ᠠᠴᠠ ᠳᠡᠭᠡᠭᠰᠢ ᠳᠤ ᠬᠦᠷᠭᠡᠪᠡ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠦᠭᠡᠷᠡᠴᠢᠯᠡᠨ ᠳᠡᠰ ᠳᠡᠪᠰᠢᠭᠦᠯᠬᠦ᠂ ᠬᠢᠯᠢ ᠬᠢᠵᠠᠭᠠᠷ ᠤᠷᠤᠨ ᠤ ᠭᠠᠴᠠᠭ᠎ᠠ ᠲᠣᠰᠬᠤᠨ ᠳᠤ ᠴᠠᠬᠢᠯᠭᠠᠨ ᠨᠡᠪᠲᠡᠷᠡᠭᠦᠯᠬᠦ ᠵᠡᠷᠭᠡ ᠢᠨᠵᠧᠨᠧᠷᠢᠩ ᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ 1.36 ᠲᠦᠮᠡᠨ ᠡᠷᠦᠬᠡ ᠶᠢᠨ ᠵᠤᠷᠯᠤᠩ ᠢ ᠦᠭᠡᠷᠡᠴᠢᠯᠡᠨ ᠰᠢᠨᠡᠳᠭᠡᠵᠤ᠂ 17 ᠰᠠᠭᠤᠷᠢ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠰᠢᠶᠳᠪᠦᠷᠢᠯᠡᠬᠦ ᠦᠷᠲᠡᠭᠡ ᠶᠢ ᠪᠠᠶᠢᠭᠤᠯᠪᠠ᠃ ᠳᠡᠯ ᠠᠭᠤᠯᠠ ᠪᠠᠯᠭᠠᠰᠤᠨ ᠤ ᠰᠧ ᠢ ᠳᠠᠩ ᠲᠣᠰᠬᠤᠨ ᠨᠢ ︽ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾ ᠪᠠᠷ ᠦᠨᠡᠯᠡᠭᠳᠡᠪᠡ᠃     ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢᠨ ᠬᠠᠮᠠᠭᠠᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂ ᠤᠷᠴᠢᠨ ᠲᠤᠭᠤᠷᠢᠨ  ᠤ ᠴᠢᠨᠠᠷ ᠴᠢᠨᠰᠠᠭ᠎ᠠ ᠠᠯᠬᠤᠮ ᠠᠯᠬᠤᠮ ᠢᠶᠠᠷ ᠲᠡᠭᠡᠭᠰᠢᠯᠡᠪᠡ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠲᠠᠬᠢᠨ ᠪᠠᠶᠢᠴᠠᠭᠠᠯᠳᠠ︾ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠦᠪᠡᠷᠲᠡᠭᠡᠨ ᠵᠠᠰᠠᠬᠤ ᠤᠷᠤᠨ ᠤ ᠠᠮᠢ ᠠᠬᠤᠢ  ᠶᠢᠨ ᠣᠷᠴᠢᠨ ᠲᠣᠭᠤᠷᠢᠨ ᠤ ᠶᠡᠭᠡ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠪᠠ᠃ ᠠᠷᠴᠠ ᠶᠢᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠪᠡᠶᠡᠯᠡᠬᠦᠯᠵᠤ᠂ ᠵᠠᠳᠠᠭᠠᠢ ᠨᠡᠭᠦᠷᠡᠰᠦᠨ ᠠᠭᠤᠷᠬᠠᠢ ᠶᠢ ᠶᠡᠷᠤᠩᠬᠡᠶᠢᠯᠡᠨ ᠴᠡᠭᠴᠡᠯᠡᠨ ᠵᠠᠰᠠᠬᠤ ᠶᠢ ᠬᠦᠨᠵᠡᠭᠡᠶᠢᠷᠡᠬᠦᠯᠦᠨ ᠠᠬᠢᠭᠤᠯᠪᠠ᠃ ᠭᠤᠣᠯ ᠮᠦᠷᠡᠨ ᠨᠠᠭᠤᠷ ᠴᠦᠬᠦᠷᠤᠮ ᠤᠨ ︽ᠳᠥᠷᠪᠡᠨ ᠡᠷᠤᠢ ᠬᠤᠷᠤᠢ ᠦᠭᠡᠢ︾ ᠠᠰᠠᠭᠤᠳᠠᠯ 53 ᠵᠦᠢᠯ ᠢ ᠴᠡᠭᠴᠡᠯᠡᠨ ᠵᠠᠰᠠᠪᠠ᠃ ᠪᠠᠶᠢᠭᠠᠯᠢ ᠶᠢᠨ ᠤᠢ ᠮᠤᠳᠤ ᠶᠢᠨ ᠬᠠᠮᠠᠭᠠᠯᠠᠯᠲᠠ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠣᠢ ᠰᠢᠭᠤᠶ ᠶᠢᠨ ᠠᠮᠢ ᠠᠬᠤᠢ ᠶᠢᠨ ᠢᠨᠵᠧᠨᠧᠷᠢᠩ 15 ᠲᠦᠮᠡᠨ ᠮᠤ᠋ ᠶᠢ ᠶᠠᠪᠤᠭᠳᠠᠭᠤᠯᠪᠠ᠃ ᠲᠦᠮᠡᠨ ᠮᠦ ᠵᠠᠯᠭᠠᠯᠳᠤᠭᠰᠠᠨ ᠲᠠᠷᠢᠮᠠᠯ ᠤᠨ ︽ᠳᠥᠷᠪᠡ ᠶᠢ ᠬᠢᠵᠠᠭᠠᠷᠯᠠᠬᠤ︾ ᠬᠦᠷᠢᠶᠡᠯᠡᠩ ᠲᠣᠭᠤᠷᠢᠭ 14 ᠰᠠᠭᠤᠷᠢ ᠪᠠᠶᠢᠭᠤᠯᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠨ ᠴᠡᠭᠴᠡᠯᠡᠬᠦ ᠨᠢ ᠢᠯᠡᠳᠲᠡ ᠦᠷ᠎ᠡ ᠪᠦᠳᠦᠮᠵᠢ ᠤᠯᠪᠠ᠃ 39.6 ᠲᠦᠮᠡᠨ ᠮᠦ ᠲᠠᠯᠠᠪᠠᠢ ᠲᠠᠢ ᠡᠯᠡᠰᠦᠷᠬᠡᠭᠵᠢᠭᠰᠡᠨ ᠨᠤᠲᠤᠭ ᠪᠡᠯᠴᠢᠭᠡᠷ ᠲᠤ ᠬᠦᠮᠦᠨ ᠤ ᠬᠦᠴᠦ ᠪᠠᠷ ᠡᠪᠡᠰᠦ ᠲᠠᠷᠢᠵᠤ ᠠᠮᠢ ᠠᠬᠤᠶ ᠶᠢ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠶᠠᠪᠤᠭᠳᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠠᠯᠬᠤᠮ ᠠᠯᠬᠤᠮ ᠢᠶᠠᠷ ᠰᠠᠶᠢᠵᠢᠷᠠᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠦᠪᠡᠷᠳᠡᠭᠡᠨ ᠵᠠᠰᠠᠬᠤ ᠤᠷᠤᠨ ᠤ ᠰᠢᠶᠠᠨ ᠤ ᠬᠡᠪᠴᠢᠶᠡᠨ ᠳᠠᠬᠢ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠢᠨᠠᠨ ᠦᠨᠡᠯᠡᠯᠲᠡ ᠪᠠ ᠰᠢᠯᠭᠠᠨ ᠬᠢᠨᠠᠯᠲᠠ ᠳᠤ ᠨᠢᠭᠡᠳᠦᠭᠡᠷ ᠨᠡᠷᠡᠰ ᠲᠤ ᠵᠢᠭᠰᠠᠭᠠᠭᠳᠠᠪᠠ᠃     ᠨᠢᠭᠡ ᠵᠢᠯ ᠤᠨ ᠲᠤᠷᠰᠢ᠂ ᠠᠷᠠᠳ ᠤᠨ ᠠᠮᠢᠳᠤᠷᠠᠯ ᠢ ᠦᠨᠡᠨᠬᠦ ᠪᠠᠳᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠪᠦᠳᠦᠮᠵᠢᠳᠠᠢ ᠪᠠᠳᠤᠯᠠᠪᠠ᠃ ᠡᠳ᠋ ᠤᠨ ᠵᠠᠰᠠᠭ ᠪᠠᠴᠢᠮ ᠪᠠᠶᠢᠳᠠᠯ ᠳᠣᠣᠷ᠎ᠠ᠂ ᠠᠷᠠᠳ ᠤᠨ ᠠᠮᠢᠳᠤᠷᠠᠯ ᠳᠤ 21.39 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠩ ᠤᠨ ᠤᠯᠠᠨ ᠨᠡᠶᠢᠳᠡ ᠶᠢᠨ ᠲᠦᠰᠦᠪ ᠤᠨ ᠵᠠᠷᠤᠯᠭ᠎ᠠ ᠶᠢᠨ 70.92% ᠢ ᠡᠵᠡᠯᠡᠵᠤ᠂ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ 10.11% ᠨᠡᠮᠡᠭᠳᠡᠵᠡᠢ᠃ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠳᠦ ᠲᠣᠭᠲᠠᠴᠠ ᠶᠢ ᠲᠡᠭᠦᠯᠳᠡᠷᠵᠢᠭᠦᠯᠵᠦ᠂ ᠬᠢᠵᠢᠭ  ᠠᠴᠠ ᠪᠤᠯᠵᠤ ᠲᠠᠬᠢᠨ ᠶᠠᠳᠠᠭᠤᠷᠠᠬᠤ᠂ ᠬᠢᠵᠢᠭ ᠠᠴᠠ ᠪᠤᠯᠵᠤ ᠶᠠᠳᠠᠭᠤᠷᠠᠬᠤ ᠶᠢ ᠴᠢᠩᠭ᠎ᠠ ᠰᠡᠷᠭᠡᠶᠢᠯᠡᠵᠤ᠂ ᠰᠢᠨ᠎ᠡ ᠴᠠᠭ ᠦᠶ᠎ᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠦᠯᠦᠪᠯᠡᠭᠡ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠦᠷᠭᠦᠯᠵᠢᠯᠡᠨ ᠥᠷᠭᠡᠳᠭᠡᠪᠡ᠃ 5136 ᠲᠦᠮᠡᠨ ᠲᠥᠭᠦᠷᠢᠭ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠨᠥᠬᠦᠪᠥᠷᠢ ᠮᠥᠩᠭᠦ ᠲᠠᠷᠬᠠᠭᠠᠵᠤ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠬᠦᠴᠦᠲᠡᠢ ᠪᠠᠲᠤᠯᠠᠪᠠ᠃ ᠠᠵᠢᠯ ᠣᠯᠭᠤᠬᠤ ᠪᠠ ᠦᠢᠯᠡᠰ ᠪᠤᠰᠬᠠᠬᠤ ᠶᠢ ᠲᠤᠪᠤᠶᠢᠯᠭᠠᠨ ᠠᠳᠬᠤᠵᠤ᠂ ᠪᠦᠬᠦ ᠬᠤᠲᠠ ᠶᠢᠨ ︽ᠲᠡᠭᠷᠢ ᠶᠢᠨ ᠬᠡᠰᠢᠭᠳᠦ  ᠪᠤᠷᠤᠳᠤᠬᠤᠢ ᠬᠤᠨᠳᠠᠭᠠᠳᠤ ︾ ᠦᠢᠯᠡᠰ ᠪᠦᠳᠦᠭᠡᠬᠦ ᠰᠢᠨ᠎ᠡ ᠶᠢ ᠡᠭᠦᠳᠬᠦ ᠤᠷᠤᠯᠳᠤᠭᠠᠨ ᠢ ᠠᠮᠵᠢᠯᠲᠠᠲᠠᠢ ᠡᠷᠬᠢᠯᠡᠵᠤ᠂ 292 ᠨᠡᠷᠡᠰ ᠲᠤᠬᠠᠢ ᠶᠢᠨ ᠭᠠᠵᠠᠷ ᠤᠨ ᠶᠡᠭᠡ ᠰᠤᠷᠭᠠᠭᠤᠯᠢ ᠶᠢᠨ ᠣᠶᠤᠲᠠᠳ ᠤᠨ ᠠᠵᠢᠯ ᠣᠯᠬᠤ ᠶᠢ ᠲᠡᠮᠵᠢᠵᠤ᠂ ᠬᠤᠲᠠ ᠪᠠᠯᠭᠠᠰᠤᠨ ᠤ 850 ᠬᠥᠮᠦᠨ ᠳᠤ ᠰᠢᠨ᠎ᠡ ᠪᠠᠷ ᠠᠵᠢᠯ ᠣᠯᠭᠤᠵᠤ᠂ 8408 ᠨᠡᠷᠡᠰ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠪᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠲᠡᠭᠡᠭᠰᠢᠯᠡᠬᠦᠯᠬᠦ ᠢᠨᠵᠧᠨᠧᠷᠢᠩ ᠢ ᠬᠦᠨᠵᠡᠭᠡᠶᠢᠷᠡᠬᠦᠯᠦᠨ ᠬᠡᠷᠡᠭᠵᠢᠭᠦᠯᠵᠦ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠬᠠᠷᠢᠶᠠᠲᠤ ᠬᠡᠤᠬᠡᠳ ᠤᠨ ᠴᠡᠴᠡᠷᠯᠢᠭ᠂ ᠭᠤᠷᠪᠠᠳᠤᠭᠠᠷ ᠬᠡᠤᠬᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠬᠢᠲᠠᠳ ᠢᠶᠠᠷ ᠬᠢᠴᠢᠶᠡᠯᠯᠡᠬᠦ ᠶᠡᠭᠡ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠶ ᠰᠢᠯᠭᠠᠯᠲᠠ ᠳᠤ ᠨᠡᠶᠢᠭᠡᠮ ᠤᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠢᠯᠭᠠᠭᠤᠯᠤᠭᠰᠠᠳ ᠤᠨ ᠬᠠᠮᠤᠭ ᠤᠨ ᠦᠨᠳᠦᠷ ᠬᠤᠪᠢ ᠨᠢ ᠴᠥᠮ 600 ᠬᠤᠪᠢ ᠶᠢ ᠲᠠᠪᠠᠭᠰᠠᠨ ᠦᠨᠳᠦᠷ ᠬᠢᠷᠢ ᠪᠦᠳᠦᠮᠵᠢ ᠤᠯᠵᠠᠢ᠃ ᠠᠩᠬᠠᠨ ᠤ ᠪᠦᠯᠦᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠪᠡᠶᠡᠯᠡᠭᠦᠯᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠡ᠃ ᠴᠢᠨ ᠬᠠᠨ ᠤ ᠦᠶ᠎ᠡ ᠶᠢᠨ ᠤᠷᠲᠤ ᠴᠠᠭᠠᠨ ᠬᠡᠷᠡᠮ ᠤᠨ ᠲᠤᠭᠤᠯᠲᠠᠢ ᠠᠴᠠ ᠰᠢᠷᠠᠴᠢᠯᠠᠭᠤ ᠭᠠᠴᠠᠭ᠎ᠠ ᠶᠢᠨ ᠵᠡᠬᠦᠨᠲᠡᠢ ᠬᠦᠷᠬᠦ ᠭᠡᠰᠡᠭ ᠨᠢ ᠤᠷᠲᠤ ᠴᠠᠭᠠᠨ ᠬᠡᠷᠡᠮ ᠤᠨ ᠤᠯᠤᠰ ᠤᠨ ᠲᠡᠰ ᠤᠨ ᠴᠢᠬᠤᠯᠠ ᠬᠡᠰᠡᠭ ᠴᠡᠭ ᠤᠨ ᠨᠡᠷᠡᠰ ᠲᠤ ᠵᠢᠭᠰᠠᠭᠠᠭᠳᠠᠵᠤ᠂  ᠤᠷᠳᠤ ᠴᠠᠭᠠᠨ ᠬᠡᠷᠡᠮ ᠤᠨ ᠬᠠᠭᠤᠴᠢᠨ ᠪᠠᠭᠤᠷᠢ ᠶᠢᠨ ᠰᠤᠶᠤᠯ ᠤᠨ ᠴᠡᠴᠡᠷᠯᠢᠭ ᠢ ᠦᠪᠡᠷᠳᠡᠭᠡᠨ ᠵᠠᠰᠠᠬᠤ ᠤᠷᠤᠨ ᠤ ᠲᠦᠯᠦᠪᠵᠢᠬᠦᠯᠭᠡ ᠳᠤ ᠤᠷᠤᠭᠤᠯᠵᠤ᠂ ᠤᠷᠠᠳ ᠤᠨ ᠮᠦᠩᠬᠦᠨ ᠲᠠᠷᠬᠠᠨ ᠤ ᠤᠷ᠎ᠠ ᠮᠡᠷᠭᠡᠵᠢᠯ ᠨᠢ ᠲᠠᠪᠤᠳᠤᠭᠠᠷ ᠪᠦᠯᠦᠭ ᠤᠨ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠤᠨ ᠵᠢᠭᠰᠠᠭᠠᠯᠳᠠ ᠳᠤ ᠤᠷᠤᠪᠠ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠨᠡᠶᠢᠭᠡᠮ ᠤᠨ ᠪᠣᠯᠪᠠᠰᠤᠨ ᠪᠦᠬᠦᠯᠢ ᠴᠣᠭᠴᠠ ᠶᠢᠨ ᠳᠠᠪᠰᠢᠯᠲᠠ ᠲᠠᠢ ᠪᠤᠯᠵᠤ᠂ ᠰᠡᠷᠭᠦᠯᠡᠩ᠂ ᠵᠢᠷᠭᠠᠯ᠂ ᠵᠢᠷᠠᠡᠨᠢᠭᠡ᠂ ᠯᠥᠸᠧ ᠴᠢᠩ ᠢᠦᠢ ᠵᠡᠷᠭᠡ ᠨᠢᠭᠡ ᠪᠦᠯᠦᠭ ᠤᠯᠤᠰ ᠤᠨ ᠲᠡᠰ ᠤᠨ᠂ ᠤᠷᠤᠨ ᠤ ᠲᠡᠰ ᠤᠨ ᠲᠡᠷᠢᠬᠦᠨ ᠤ ᠨᠡᠶᠢᠲᠡᠯᠢᠭ ᠵᠢᠱᠢᠶ᠎ᠡ᠂ ᠤᠶᠤᠨ ᠰᠠᠨᠠᠭᠠᠨ ᠤ ᠲᠠᠭᠤᠷᠢᠶᠠᠯ ᠪᠤᠯᠤᠭᠰᠠᠨ ᠬᠦᠮᠦᠰ ᠴᠤᠯᠭᠤᠷᠠᠨ ᠭᠠᠷᠪᠠ᠃ ᠦᠨᠳᠦᠰᠦᠨ ᠱᠠᠳᠤ ᠪᠠᠨ ᠬᠦᠴᠦᠷᠭᠡᠭᠵᠢᠬᠦᠯᠵᠤ᠂ ᠬᠢᠯᠢ ᠬᠢᠵᠠᠭᠠᠷ ᠤᠷᠤᠨ ᠢᠶᠠᠨ ᠪᠠᠬᠢᠵᠢᠬᠦᠯᠬᠦ ᠠᠵᠢᠯᠯᠠᠭ᠎ᠠ ᠶᠢ ᠯᠠᠪᠳᠠᠭᠤᠨ ᠠᠬᠢᠭᠤᠯᠵᠤ᠂ ᠮᠠᠨ ᠤ ᠬᠤᠰᠢᠭᠤ ᠪᠦᠬᠦ ᠣᠷᠣᠨ ᠤ ᠬᠢᠯᠢ ᠬᠢᠵᠠᠭᠠᠷ ᠣᠷᠣᠨ ᠢᠶᠠᠨ ᠮᠠᠨᠳᠤᠭᠤᠯᠤᠨ ᠠᠷᠠᠳ ᠢᠶᠠᠨ ᠪᠠᠶᠠᠵᠢᠭᠤᠯᠬᠤ ᠠᠵᠢᠯᠯᠠᠭᠠᠨ ᠳᠠᠬᠢ ᠲᠥᠪ ᠬᠤᠲᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢᠨ ᠴᠣᠷ ᠤᠨ ᠭᠠᠭᠴᠠ ᠲᠤᠷᠰᠢᠯᠲᠠ ᠶᠢᠨ ᠬᠤᠰᠢᠭᠤ ᠪᠠᠷ ᠲᠣᠭᠲᠠᠭᠠᠭᠳᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠦᠷᠦᠯ ᠤᠨ ᠠᠵᠢᠯᠯᠠᠭ᠎ᠠ ᠱᠠᠲᠤ ᠦᠶᠡᠴᠢ ᠴᠢᠨᠠᠷᠲᠠᠶ ᠦᠷ᠎ᠡ ᠪᠦᠳᠦᠮᠵᠢ ᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠤᠭᠲᠠᠭᠠᠯ ᠠᠴᠠ ᠵᠥᠷᠢᠴᠡᠭᠰᠡᠨ ᠠᠰᠠᠭᠤᠳᠠᠯ ᠪᠣᠯᠤᠨ ᠠᠭᠤᠷᠬᠠᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠳᠣᠪᠤᠶᠢᠮ᠎ᠠ ᠠᠰᠠᠭᠤᠳᠠᠯ ᠤᠳ ᠢ ᠲᠤᠰᠬᠠᠶ ᠲᠦᠷᠦᠯ  ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ ᠵᠠᠬᠢᠳᠠᠯ ᠰᠤᠷᠪᠤᠯᠵᠢᠯᠠᠯ ᠲᠤᠭᠲᠠᠭᠤᠨ ᠢ ᠪᠠᠳᠤᠯᠠᠬᠤ᠂ ᠠᠶᠤᠯᠭᠦᠶ ᠦᠢᠯᠡᠳᠪᠦᠷᠢᠯᠡᠯ᠂ ᠭᠠᠢ ᠭᠠᠮᠰᠢᠭ ᠢ ᠰᠡᠷᠭᠡᠶᠢᠯᠡᠨ ᠪᠠᠭᠠᠰᠬᠠᠬᠤ᠂ ᠥᠷᠢ ᠦᠭᠴᠡᠭᠡ ᠪᠠᠨ ᠴᠡᠪᠡᠷᠯᠡᠨ ᠵᠠᠷᠤᠳᠠᠯ ᠵᠠᠷᠤᠯᠭ᠎ᠠ ᠪᠠᠨ ᠪᠠᠲᠤᠯᠠᠬᠤ ᠵᠡᠷᠭᠡ ᠠᠵᠢᠯ ᠢ ᠨᠢᠭᠡᠳᠦᠯᠲᠠᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠪᠠᠶᠢᠳᠠᠯ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠪᠠ᠃        ᠲᠥᠯᠥᠭᠡᠯᠡᠭᠴᠢᠳ ᠡ᠂ 2020 ᠣᠨ ᠤ ᠡᠯ᠎ᠡ ᠲᠦᠷᠦᠯ ᠤᠨ ᠠᠵᠢᠯ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠡᠭᠦᠰ ᠠᠮᠵᠢᠯᠲᠠ ᠲᠠᠢ ᠪᠠᠷ ᠰᠡᠬᠦᠯ ᠬᠤᠷᠢᠶᠠᠬᠤ ᠳᠤ ᠢᠳᠡᠪᠬᠢᠳᠠᠢ ᠬᠤᠪᠢ ᠨᠡᠮᠡᠷᠢ ᠦᠵᠡᠭᠦᠯᠪᠡ᠃ ᠥᠩᠭᠡᠷᠡᠭᠰᠡᠨ ᠲᠠᠪᠤᠨ ᠵᠢᠯ ᠢ ᠡᠷᠭᠢᠴᠡᠭᠦᠯᠪᠡᠯ᠂ ᠪᠢᠳᠡ ᠮᠠᠰᠢ ᠣᠯᠠᠨ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ ᠢᠯᠠᠵᠤ᠂ ᠬᠠᠲᠠᠭᠤ ᠴᠢᠩᠭ᠎ᠠ ᠥᠷᠢᠰᠥᠯᠳᠦᠭᠡᠨ ᠪᠠ ᠰᠢᠯᠭᠠᠯᠲᠠ ᠶᠢ ᠲᠠᠪᠠᠵᠤ᠂ ᠪᠦᠬᠦ ᠬᠤᠰᠢᠭᠤᠨ ᠤ ᠬᠠᠮᠲᠤ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠨᠢᠭᠡᠨ ᠳᠡᠭᠲᠡᠷ ᠲᠤ  ᠭᠠᠷᠪᠠ᠃     ᠲᠠᠪᠤᠨ ᠵᠢᠯ ᠤᠨ ᠲᠤᠷᠰᠢ᠂ ᠪᠢᠳᠡ ᠪᠤᠭᠤᠮᠳᠠ ᠰᠢᠪᠳᠤᠯᠬᠤ ᠪᠠᠶᠢᠳᠠᠯ ᠪᠠ ᠪᠤᠭᠤᠮᠳᠠ ᠰᠢᠪᠳᠤᠯᠬᠤ ᠬᠦᠴᠦᠯᠡᠴᠠ ᠪᠠᠨ ᠪᠠᠷᠢᠮᠳᠠᠯᠠᠵᠤ᠂ ᠪᠦᠬᠦ ᠬᠤᠰᠢᠭᠤᠨ ᠤ ᠬᠦᠴᠦᠨ ᠢ ᠲᠠᠶᠢᠴᠢᠯᠠᠨ᠂ ᠭᠤᠷᠪᠠᠨ ᠶᠡᠭᠡ ᠪᠤᠭᠤᠮᠲᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠵᠤ ᠢᠯᠠᠯᠳᠠ ᠤᠯᠪᠠ᠃ ︽ᠲᠠᠪᠤᠨ ᠨᠢᠭᠡ ᠪᠦᠯᠦᠭ︾ ᠪᠠ ︽ᠵᠢᠷᠭᠤᠭᠠᠨ ᠨᠠᠷᠢᠯᠢᠭ ᠣᠨᠣᠪᠴᠢᠲᠠᠶ︾ ᠪᠠᠶᠢᠬᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠠᠷᠪᠠᠨ ᠶᠡᠭᠡ ᠠᠵᠤ ᠦᠢᠯᠡᠰ ᠤᠨ ᠬᠡᠯᠬᠢᠶᠡᠵᠢᠯ︾ ᠤᠨ ᠶᠠᠳᠠᠭᠤ ᠶᠢ ᠲᠡᠳᠬᠦᠬᠦ ᠠᠷᠭ᠎ᠠ ᠪᠠᠷᠢᠯ ᠢ ᠬᠡᠷᠡᠭᠵᠢᠭᠦᠯᠵᠤ᠂ ︽ᠵᠢᠷᠭᠤᠭ᠎ᠠ ᠶᠢ ᠦᠭᠡᠶᠢᠰᠭᠡᠨ ᠲᠦᠷᠪᠡ ᠶᠢ ᠪᠠᠷᠢᠮᠵᠢᠶ᠎ᠠ ᠳᠤ ᠬᠦᠷᠭᠡᠬᠦ︾ ᠡᠭᠦᠷᠭᠡ ᠶᠢ ᠦᠨᠳᠦᠷ ᠪᠠᠷᠢᠮᠵᠢᠶ᠎ᠠ ᠪᠠᠷ ᠪᠡᠶᠡᠯᠡᠬᠦᠯᠵᠤ᠂ ᠶᠠᠳᠠᠭᠤ ᠬᠦᠴᠢᠷᠳᠡᠯᠲᠡᠢ ᠡᠷᠦᠭᠡ ᠪᠠ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠂ ᠣᠷᠣᠨ ᠤ ᠲᠡᠰ ᠤᠨ ᠶᠠᠳᠠᠭᠤ ᠬᠦᠴᠢᠷᠳᠡᠯᠲᠡᠢ ᠬᠤᠰᠢᠭᠤ ᠶᠢᠨ ︽ᠶᠠᠳᠠᠭᠤ ᠨᠡᠷ᠎ᠡ︾ ᠪᠠᠨ ᠠᠪᠴᠤ ᠬᠠᠶᠠᠨ᠂ ᠶᠠᠳᠠᠭᠤᠷᠠᠬᠤ ᠨᠤᠷᠮ᠎ᠠ ᠶᠢ ᠬᠦᠳᠡᠯᠦᠩᠬᠦᠢ ᠪᠠᠷ ᠲᠡᠭ ᠪᠠᠶᠢᠯᠭᠠᠬᠤ ᠶᠢ ᠦᠷᠬᠦᠯᠵᠢᠯᠡᠨ ᠪᠠᠳᠤᠯᠠᠪᠠ᠃ ᠵᠠᠰᠠᠭ ᠤᠨ ᠤᠷᠳᠤᠨ ᠤ ᠦᠷᠢ ᠦᠭᠴᠡᠭᠡ ᠶᠢᠨ ᠠᠶᠤᠯ ᠲᠦᠭᠰᠢᠬᠦᠷᠢ ᠶᠢᠨ ᠦᠨᠠᠯᠡᠨ ᠵᠢᠱᠢᠯᠲᠡ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠠᠮᠢᠶᠠᠷᠬᠤ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠬᠦᠯᠵᠤ᠂ ᠤᠷᠤᠨ ᠪᠦᠰᠡ ᠶᠢᠨ ᠴᠢᠨᠠᠷᠳᠠᠢ ᠮᠦᠩᠬᠦᠨ ᠬᠦᠢᠯᠭᠡᠭᠡᠨ ᠤ ᠠᠶᠤᠯ ᠲᠦᠭᠰᠢᠬᠦᠷᠢ ᠡᠬᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠰᠠᠬᠢᠪᠠ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠭᠠᠷ ᠤᠨ ᠴᠢᠨᠠᠷ ᠰᠢᠯᠢᠳᠡᠭ ᠰᠠᠶᠢᠨ ᠪᠠᠶᠢᠬᠤ ᠨᠣᠷᠮ᠎ᠠ ᠨᠢ 2016 ᠣᠨ ᠳᠤ  85 % ᠪᠠᠶᠢᠭᠰᠠᠨ ᠠᠴᠠ ᠤᠳᠤ 94% ᠪᠤᠯᠵᠤ ᠳᠡᠭᠡᠭᠰᠢᠯᠡᠨ᠂ ᠭᠠᠵᠠᠷ ᠳᠣᠤᠷᠠᠬᠢ ᠤᠰᠤ ᠶᠢ ᠬᠡᠳᠦᠷᠡᠲᠡᠯ᠎ᠡ ᠭᠡᠷᠡᠭᠯᠡᠭᠰᠡᠨ ᠭᠠᠵᠠᠷ ᠤᠷᠤᠨ ᠤ ᠬᠡᠷᠡᠭᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠪᠡᠶᠡᠯᠡᠭᠦᠯᠵᠤ᠂ ᠬᠦᠷᠦᠰᠦ ᠰᠢᠷᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠨᠢ ᠶᠡᠷᠦᠩᠬᠡᠶ ᠳᠡᠭᠡᠨ ᠰᠠᠶᠢᠨ ᠪᠠᠶᠢᠨ᠎ᠠ᠃ ᠬᠦᠬᠡ ᠤᠭᠳᠠᠷᠭᠤᠢ᠂ ᠬᠦᠬᠡᠮᠳᠦᠭ ᠤᠰᠤ᠂ ᠠᠷᠢᠭᠤᠨ ᠬᠦᠷᠦᠰᠦ ᠪᠠᠨ ᠬᠠᠮᠠᠭᠠᠯᠠᠬᠤ ᠲᠠᠶᠢᠯᠠᠯᠳᠤᠭᠠᠨ ᠳᠤ ᠦᠷᠬᠦᠯᠵᠢᠯᠡᠨ ᠬᠦᠴᠦᠯᠡᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠬᠦᠯᠬᠦ   ᠶᠢᠨ ᠰᠠᠭᠤᠷᠢ ᠶᠢ ᠪᠠᠳᠤᠵᠢᠭᠤᠯᠵᠤ ᠴᠢᠨᠠᠷ ᠢ ᠰᠠᠶᠢᠵᠢᠷᠠᠭᠤᠯᠪᠠ᠃     ᠲᠠᠪᠤᠨ ᠵᠢᠯ ᠤᠨ ᠲᠤᠷᠰᠢ ᠂ ᠪᠢᠳᠡ ᠰᠢᠨᠵᠢᠯᠡᠬᠦ ᠤᠬᠠᠭᠠᠨᠴᠢ ᠬᠦᠭᠵᠢᠯᠲᠡ᠂ ᠠᠷᠠᠳ ᠢᠶᠠᠨ ᠪᠠᠶᠠᠵᠢᠭᠤᠯᠵᠤ ᠬᠤᠰᠢᠭᠤ ᠪᠠᠨ ᠬᠦᠴᠦᠷᠭᠡᠭᠵᠢᠬᠦᠯᠬᠦ ᠶᠢ ᠪᠠᠷᠢᠮᠳᠠᠯᠠᠨ᠂ ᠶᠡᠷᠦᠩᠭᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠢ ᠯᠠᠪᠳᠠᠭᠤᠨ ᠢᠶᠠᠷ ᠨᠡᠮᠡᠭᠳᠡᠬᠦᠯᠪᠠ᠃ ᠠᠵᠤ ᠦᠶᠯᠡᠳᠪᠦᠷᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠵᠡᠷᠭᠡᠪᠡᠷ ᠳᠡᠭᠡᠭᠰᠢᠯᠡᠵᠦ᠂ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠬᠠᠷ᠎ᠠ ᠲᠡᠮᠦᠷᠯᠢᠭ ᠤᠨ ᠰᠤᠩᠭᠤᠨ ᠪᠣᠯᠪᠠᠰᠤᠷᠠᠭᠤᠯᠬᠤ ᠵᠡᠷᠭᠡ ᠲᠤᠯᠭᠠᠭᠤᠷᠢᠯᠠᠯ ᠠᠵᠤ ᠦᠢᠯᠡᠰ ᠢ ᠳᠡᠰ ᠳᠠᠪᠰᠢᠭᠦᠯᠵᠤ᠂ ᠴᠡᠪᠡᠷ ᠡᠨᠧᠷᠭᠢ ᠶᠢᠨ ᠶᠡᠷᠤᠩᠬᠡᠢ ᠲᠤᠨᠤᠭᠯᠠᠯ ᠤᠨ ᠪᠠᠭᠲᠠᠭᠠᠮᠵᠢ ᠨᠢ 330 ᠲᠦᠮᠡᠨ ᠺᠢᠯᠣᠸᠠᠲ ᠢ ᠰᠢᠪᠳᠤᠯᠵᠤ᠂ ᠪᠦᠬᠦ ᠬᠤᠲᠠ ᠳᠤ ᠪᠠᠨ ᠨᠢᠭᠡᠳᠦᠭᠡᠷ ᠲᠤ ᠤᠷᠤᠵᠤ᠂ ᠰᠢᠵᠢᠷ ᠠᠯᠲᠠ ᠶᠢᠨ ᠭᠠᠷᠤᠯᠲᠠ ᠨᠢ  ᠪᠦᠬᠦ ᠤᠯᠤᠰ ᠤᠨ ᠠᠷᠪᠠᠨ ᠬᠦᠴᠦᠷᠬᠡᠭ ᠬᠤᠰᠢᠭᠤ ᠰᠢᠶᠠᠨ ᠤ ᠡᠩᠨᠡᠭᠡᠨ ᠳᠤ ᠪᠠᠶᠢᠬᠤ ᠶᠢ ᠪᠠᠳᠤᠯᠠᠪᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠬᠢᠴᠠ ᠲᠠᠰᠤᠷᠠᠯᠲᠠ ᠦᠭᠡᠢ ᠲᠦᠷᠭᠡᠳᠴᠦ᠂ ᠣᠨᠴᠠᠯᠢᠭᠲᠤ ᠲᠠᠷᠢᠮᠠᠯ ᠲᠡᠵᠢᠭᠡᠪᠦᠷᠢ ᠶᠢᠨ ᠰᠠᠭᠤᠷᠢᠨ ᠭᠠᠵᠠᠷ 36᠂ ᠲᠠᠷᠢᠶᠠᠯᠠᠩ ᠮᠠᠯᠵᠢᠯ ᠬᠦᠷᠢᠶᠡᠯᠡᠩ ᠤᠨ ᠶᠡᠷᠤᠩᠬᠡᠶᠢᠯᠡᠭᠰᠡᠨ ᠴᠤᠭᠴᠠ 10 ᠶᠢ ᠪᠠᠶᠢᠭᠤᠯᠵᠤ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠠᠵᠤ ᠠᠬᠤᠶᠢᠯᠠᠯ 18 ᠶᠢ ᠬᠦᠭᠵᠢᠭᠦᠯᠦᠨ ᠪᠤᠵᠠᠭᠠᠶᠢᠷᠠᠭᠤᠯᠵᠤ᠂ ᠤᠷᠠᠳ ᠤᠨ ᠦᠬᠡᠷ ᠬᠤᠨᠢᠨ ᠮᠢᠬ᠎ᠠ᠂  ᠰᠢᠬ᠎ᠠ ᠭᠤᠤᠯ ᠤᠨ ᠬᠠᠭᠤᠷᠠᠶ ᠭᠠᠵᠠᠷ ᠤᠨ ᠪᠤᠭᠤᠳᠠᠢ ᠪᠠ ᠶᠤᠤᠮᠠᠢ ᠰᠠᠭᠠᠭ ᠨᠢ ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠦᠨᠡᠯᠡᠭᠳᠡᠵᠦ᠂ ᠪᠦᠬᠦ ᠴᠠᠷᠠᠭᠠᠨ ᠤ ᠪᠣᠬᠢᠷᠲᠤᠯ ᠦᠭᠡᠢ ᠣᠷᠭᠠᠨᠢᠭ ᠦᠨᠳᠦᠷ ᠲᠡᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠤ ᠦᠢᠯᠡᠴᠢᠯᠠᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠲᠡᠭᠡᠭᠰᠢᠯᠡᠨ ᠬᠤᠷᠳᠤᠴᠠ ᠲᠦᠷᠭᠡᠳᠴᠤ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ 5 ᠳ᠋ᠦᠩᠰᠢᠭᠤᠷ ᠲᠥᠭᠦᠷᠢᠭ ᠤᠨ ᠶᠡᠭᠡ ᠪᠤᠭᠤᠮᠳᠠ ᠶᠢ ᠰᠢᠪᠳᠤᠯᠵᠤ᠂ ᠤᠯᠤᠰ ᠤᠨ 3A ᠲᠠᠰ ᠤᠨ ᠦᠵᠡᠮᠵᠢᠳᠤ ᠣᠷᠣᠨ 3 ᠶᠢ ᠪᠠᠶᠢᠭᠤᠯᠵᠤ᠂ ᠬᠤᠶᠠᠷ ᠪᠤᠭᠲᠠ ᠶᠢᠨ ᠤᠰᠤᠨ ᠴᠥᠭᠦᠷᠥᠮ᠂ ᠲᠡᠯ ᠠᠭᠤᠯᠠ ᠤᠰᠤᠨ ᠴᠦᠬᠦᠷᠤᠮ ᠨᠢ ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢᠶᠠᠷ ᠦᠨᠡᠯᠡᠭᠳᠡᠨ᠂ ᠨᠢᠰᠬᠡᠯ ᠤᠨ ᠪᠠᠭᠤᠳᠠᠯ ᠨᠢ ᠪᠦᠬᠦ ᠤᠯᠤᠰ ᠤᠨ ᠠᠩᠬᠠᠳᠠᠭᠴᠢ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠵᠢᠯ ᠳᠤ ᠲᠦᠮᠡᠨ ᠬᠦᠮᠦᠨ ᠤᠳᠠᠭ᠎ᠠ ᠶᠢ ᠲᠠᠪᠠᠭᠰᠠᠨ ᠨᠡᠶᠢᠳᠡᠮ ᠭᠡᠷᠡᠭᠯᠡᠭᠡᠨ ᠤ ᠨᠢᠰᠭᠡᠯ ᠤᠨ ᠪᠠᠭᠤᠳᠠᠯ ᠪᠤᠯᠵᠤ᠂ ᠪᠥᠬᠦ ᠤᠯᠤᠰ ᠤᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠢᠯ ᠦᠢᠯᠡᠰ ᠲᠤ ︽ᠳᠤᠮᠳᠠᠳᠤ ᠬᠤᠰᠢᠭᠤᠨ ᠤ ᠲᠦᠰᠦᠯ︾ ᠢ ᠬᠠᠩᠭᠠᠨ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠮᠦᠩᠬᠦᠨ ᠭᠦᠢᠯᠭᠡᠭᠡ᠂ ᠲᠠᠭᠠᠳᠬᠠᠯ᠂ ᠭᠡᠷ ᠤᠨ ᠶᠠᠪᠤᠳᠠᠯ ᠤᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠦᠬᠦ ᠲᠠᠯ᠎ᠠ ᠪᠠᠷ ᠬᠦᠭᠵᠢᠬᠦᠯᠵᠤ᠂ ᠠᠵᠤ ᠠᠬᠤᠢ ᠶᠢᠨ ᠰᠢᠨ᠎ᠡ ᠬᠦᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠪᠠ᠃     ᠲᠠᠪᠤᠨ ᠵᠢᠯ ᠤᠨ ᠲᠤᠷᠰᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠦᠢᠯᠡᠳᠦᠯᠭᠡᠵᠢᠬᠦᠯᠵᠤ  ᠂ ᠠᠮᠢ ᠠᠬᠤᠢ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠢᠯᠡᠳᠳᠡ ᠲᠡᠭᠡᠭᠰᠢᠯᠡᠬᠦᠯᠪᠡ᠃ ᠪᠣᠬᠢᠷᠲᠤᠯ ᠥᠬᠡᠶ ᠠᠭᠤᠷᠬᠠᠶ 6 ᠶᠢ ᠪᠠᠶᠢᠭᠤᠯᠵᠤ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠤᠭᠤᠷᠢᠨ ᠢ 23.7 ᠲᠡᠭᠰᠢ ᠳᠥᠷᠪᠡᠯᠵᠢᠨ ᠺᠢᠯᠣᠮᠧᠲᠷ ᠴᠡᠭᠴᠡᠯᠡᠨ ᠵᠠᠰᠠᠵᠤ᠂ 11 ᠲᠦᠮᠡᠨ ᠮᠦ ᠬᠥᠷᠥᠰᠥ ᠰᠢᠷᠣᠢ ᠶᠢᠨ ᠬᠠᠮᠠᠭᠠᠯᠠᠯᠲᠠ  ᠶᠢᠨ ᠶᠡᠷᠦᠩᠬᠡᠶᠢᠯᠡᠭᠰᠡᠨ ᠵᠠᠰᠠᠯᠲᠠ᠂ 43 ᠲᠦᠮᠡᠨ ᠮᠥ ᠲᠠᠯᠠᠪᠠᠢ ᠪᠦᠬᠦᠢ ᠤᠯᠤᠰ ᠤᠨ ᠣᠶ ᠰᠢᠭᠤᠶ ᠶᠢᠨ ᠦᠶᠯᠡᠰ ᠤᠨ ᠭᠤᠤᠯᠳᠠᠯᠭ᠎ᠠ ᠲᠠᠢ ᠢᠨᠵᠧᠨᠧᠷᠢᠩ ᠢ ᠪᠡᠶᠡᠯᠡᠬᠦᠯᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠤ᠂ ᠲᠠᠴᠢᠷᠳᠠᠵᠤ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠵᠠᠰᠠᠨ ᠰᠡᠷᠭᠦᠭᠡᠬᠦ᠂ ᠣᠶ ᠰᠢᠭᠤᠶ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠰᠢᠰᠲ᠋ᠧᠮᠲᠦ ᠠᠮᠢ ᠠᠬᠤᠶ ᠶᠢᠨ ᠢᠨᠵᠧᠨᠧᠷᠢᠩ ᠢ ᠬᠡᠷᠡᠭᠵᠢᠬᠦᠯᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠪᠠ ᠣᠶ ᠰᠢᠭᠤᠶ ᠶᠢᠨ ᠪᠦᠷᠬᠦᠴᠡ ᠶᠢᠨ ᠨᠣᠷᠮ᠎ᠠ  ᠶᠢᠨ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠳᠡᠭᠡᠭᠰᠢᠯᠡᠪᠡ᠃     ᠲᠠᠪᠤᠨ ᠵᠢᠯ ᠤᠨ ᠲᠤᠷᠰᠢ᠂ ᠪᠢᠳᠡ ᠦᠭᠡᠷᠡᠴᠢᠯᠡᠯᠲᠡ ᠶᠢ ᠬᠦᠨᠵᠡᠭᠡᠶᠢᠷᠡᠬᠦᠯᠵᠤ᠂ ᠨᠡᠭᠡᠭᠡᠯᠳᠡ ᠶᠢ ᠦᠷᠭᠡᠳᠭᠡᠬᠦ ᠶᠢ ᠪᠠᠷᠢᠮᠳᠠᠯᠠᠵᠤ᠂ ᠬᠤᠰᠢᠭᠤᠨ ᠤ ᠬᠡᠪᠴᠢᠶᠡᠨ  ᠤ ᠬᠦᠭᠵᠢᠯᠲᠡ ᠶᠢᠨ ᠰᠢᠨ᠎ᠡ ᠲᠠᠪᠠᠭᠤᠯᠢᠭ ᠢ ᠪᠦᠬᠦ ᠲᠠᠯ᠎ᠠ ᠪᠠᠷ ᠪᠠᠶᠢᠭᠤᠯᠪᠠ᠃ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠲᠠ᠂ ᠲᠠᠷᠢᠶᠠᠯᠠᠩ ᠮᠠᠯᠵᠢᠯ ᠠᠵᠤ ᠠᠬᠤᠶᠢᠯᠠᠯ ᠤᠨ ᠠᠰᠢᠭ ᠲᠤᠰᠠ ᠶᠢᠨ ᠨᠡᠶᠢᠯᠡᠮᠠᠯ ᠲᠣᠭᠲᠠᠯᠴᠠᠭ᠎ᠠ᠂ ᠳᠤᠮᠳᠠᠳᠤ ᠮᠣᠩᠭᠤᠯ ᠤᠨ ᠬᠠᠮᠲᠤᠷᠠᠯᠴᠠᠭᠠᠨ ᠤ ᠲᠣᠭᠲᠠᠴᠠ ᠵᠡᠷᠭᠡ ᠭᠤᠷᠪᠠᠨ ᠲᠦᠷᠦᠯ ᠤᠨ ᠭᠤᠤᠯᠳᠠᠯᠭ᠎ᠠ ᠲᠠᠢ ᠥᠭᠡᠷᠡᠴᠢᠯᠡᠯᠲᠡ ᠢᠯᠡᠳᠲᠡ ᠦᠷ᠎ᠡ ᠪᠦᠳᠦᠮᠵᠢ ᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠦᠭᠡᠷᠡᠴᠢᠯᠡᠯᠲᠡ ᠶᠢᠨ ᠬᠡᠯᠪᠡᠷᠢ ᠶᠢ ᠪᠦᠬᠦ ᠬᠤᠳᠠ ᠳᠤ ᠲᠡᠯᠭᠡᠷᠡᠬᠦᠯᠵᠤ᠂ ᠳᠤᠮᠳᠠᠴᠢ ᠭᠦᠢᠴᠡᠳᠭᠡᠬᠦ ᠴᠠᠭ ᠢ 45.8% ᠪᠠᠷ ᠪᠣᠭᠤᠨᠢᠰᠬᠠᠪᠠ︔ ︽ᠣᠯᠠᠨ ᠦᠨᠡᠮᠯᠡᠯ ᠢ ᠨᠢᠭᠡᠳᠬᠡᠬᠦ︾᠂ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠢ ᠡᠷᠬᠢᠯᠡᠨ ᠨᠡᠭᠡᠬᠡᠬᠦ ᠭᠠᠷ ᠬᠦᠢᠴᠡᠳᠭᠡᠯ ᠢ ᠨᠢᠭᠡ ᠡᠳᠦᠷ ᠲᠤ ᠬᠦᠢᠴᠡᠳᠭᠡᠬᠦ ᠶᠢ ᠪᠡᠶᠡᠯᠡᠬᠦᠯᠵᠤ᠂ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 1.2 ᠲᠦᠮᠡᠨ ᠡᠷᠦᠬᠡ ᠪᠤᠯᠪᠠ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠯᠤᠭ᠎ᠠ ᠰᠠᠨᠠᠭᠠᠴᠢᠯᠠᠭ᠎ᠠ ᠲᠠᠢ ᠪᠠᠷ ᠠᠭᠤᠰᠤᠯᠴᠠᠵᠤ᠂ ᠳᠤᠮᠳᠠᠳᠤ ᠮᠣᠩᠭᠤᠯ ᠤᠨ ᠠᠵᠤ ᠠᠬᠤᠶ ᠠᠷᠠᠯᠵᠢᠶ᠎ᠠ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠡᠷᠭᠡ ᠬᠦᠷᠢᠶ᠎ᠡ ᠴᠠᠷᠠᠭᠠᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠥᠬᠦ ᠲᠠᠯ᠎ᠠ ᠪᠠᠷ ᠭᠦᠨᠵᠡᠭᠡᠶᠢᠷᠡᠪᠡ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ᠂ ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠶᠢᠨ ᠦᠭᠡᠷᠡᠴᠢᠯᠡᠯᠲᠡ ᠶᠢ ᠠᠮᠵᠢᠯᠲᠠ ᠲᠠᠢ ᠪᠡᠶᠡᠯᠡᠭᠦᠯᠵᠤ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ᠂ ᠭᠠᠵᠠᠷ ᠰᠢᠷᠣᠶ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠶᠢ ᠡᠮᠬᠢ ᠵᠢᠷᠤᠮ ᠲᠠᠢ ᠨᠠᠶᠢᠳᠠᠪᠤᠷᠢᠵᠢᠭᠤᠯᠪᠡ᠃ ᠡᠳ᠋ ᠤᠨ ᠵᠠᠰᠠᠭ ᠭᠠᠶᠢᠯᠢ᠂ ᠡᠷᠡᠭᠦᠯ ᠬᠠᠮᠠᠭᠠᠯᠠᠯ᠂ ᠨᠡᠶᠢᠭᠡᠮ ᠵᠡᠷᠭᠡ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠴᠥᠮ  ᠰᠢᠨ᠎ᠡ  ᠰᠢᠪᠲᠤᠯᠤᠯᠲᠠ ᠲᠠᠢ  ᠪᠣᠯᠵᠤ  ᠂ ᠬᠦᠭᠵᠢᠯᠲᠡ ᠶᠢᠨ ᠠᠮᠢᠵᠢᠷᠠᠯ ᠤᠨ ᠬᠦᠴᠦᠨ ᠤᠯᠠᠮ ᠴᠢᠩᠭᠠᠷᠠᠪᠠ᠃      ᠲᠠᠪᠤᠨ ᠵᠢᠯ ᠤᠨ ᠲᠤᠷᠰᠢ ᠂ ᠪᠢᠳᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠬᠤᠲᠠ ᠬᠦᠳᠡᠭᠡ ᠶᠢᠨ ᠵᠤᠬᠢᠴᠠᠩᠭᠤᠢ ᠬᠦᠭᠵᠢᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠪᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠠᠯᠠᠪᠠᠢ 10.1 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 48.8% ᠳᠤ ᠬᠦᠷᠪᠡ᠃ ᠨᠢᠭᠡ ᠪᠦᠯᠦᠭ ᠵᠠᠮ ᠱᠤᠭᠤᠮ᠂ ᠲᠤᠤᠷ ᠬᠤᠭᠤᠯᠠᠶ ᠵᠢᠴᠢ ᠬᠠᠭᠤᠴᠢᠨ ᠰᠠᠭᠤᠭᠠᠯᠢ ᠲᠤᠭᠤᠷᠢᠭ ᠤᠨ ᠦᠨᠳᠦᠰᠦᠨ ᠰᠠᠭᠤᠷᠢ ᠲᠦᠬᠦᠭᠡᠷᠦᠮᠵᠢ ᠶᠢ ᠶᠡᠷᠦᠩᠬᠡᠶᠢᠯᠡᠨ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠲᠤᠭᠤᠷᠢᠭ ᠤᠨ ᠲᠥᠪᠯᠡᠷᠡᠭᠦᠯᠦᠨ ᠲᠤᠯᠠᠭᠠᠯᠠᠯᠭ᠎ᠠ ᠬᠠᠩᠭᠠᠬᠤ ᠨᠣᠷᠮ᠎ᠠ 86% ᠳᠤ ᠬᠦᠷᠴᠤ᠂ ᠬᠤᠲᠠ ᠪᠠᠯᠭᠠᠰᠤᠨ ᠤ ᠪᠣᠬᠢᠷ ᠤᠰᠤ ᠶᠢ ᠵᠤᠬᠢᠰᠲᠠᠢ ᠰᠢᠢᠳᠪᠦᠷᠢᠯᠡᠨ ᠪᠦᠬᠦᠨ ᠢ ᠡᠭᠡᠬᠦᠯᠦᠨ ᠠᠰᠢᠭᠯᠠᠬᠤ ᠶᠢ ᠪᠦᠬᠦ ᠬᠤᠲᠠ ᠶᠢᠨ ᠬᠡᠪᠴᠢᠶᠡᠨ ᠳᠤ ᠲᠡᠷᠢᠬᠦᠯᠡᠨ ᠪᠡᠶᠡᠯᠡᠭᠦᠯᠵᠦ᠂ ᠨᠤᠭᠤᠭᠠᠷᠠᠭᠤᠯᠤᠯᠲᠠ ᠶᠢᠨ ᠨᠣᠷᠮ᠎ᠠ 37.9% ᠳᠤ ᠬᠥᠷᠴᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠪᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ᠂ ᠴᠡᠴᠡᠷᠯᠢᠭᠵᠢᠭᠦᠯᠭᠡ ᠶᠢᠨ ᠰᠢᠶᠠᠨ ᠤ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠭᠤᠷᠪᠠᠨ ᠵᠢᠯ ᠤᠨ ᠴᠡᠭᠴᠡᠯᠡᠨ ᠵᠠᠰᠠᠬᠤ ᠠᠵᠢᠯᠯᠠᠭ᠎ᠠ ᠲᠡᠭᠦᠰ ᠠᠮᠵᠢᠯᠳᠠᠳᠠᠢ ᠪᠡᠶᠡᠯᠡᠭᠳᠡᠵᠤ᠂ ᠪᠣᠬᠢᠷ ᠤᠰᠤ ᠂ ᠬᠤᠭ ᠨᠣᠪᠰᠢ ᠰᠢᠢᠳᠪᠦᠷᠢᠯᠡᠬᠦ ᠲᠤᠨᠤᠭ ᠲᠥᠬᠦᠭᠡᠷᠦᠮᠵᠢ ᠶᠢ ᠠᠯᠬᠤᠮ ᠠᠯᠬᠤᠮ ᠢᠶᠠᠷ ᠲᠡᠬᠦᠯᠳᠡᠷᠵᠢᠬᠦᠯᠵᠤ᠂ ᠡᠷᠡᠬᠦᠯ ᠬᠠᠮᠠᠭᠠᠯᠠᠯ ᠤᠨ ᠵᠤᠷᠯᠤᠩ ᠢ ᠲᠦᠭᠡᠮᠡᠯᠵᠢᠭᠦᠯᠦᠭᠰᠡᠨ ᠨᠤᠷᠮ᠎ᠠ ᠨᠢ 86.3% ᠳᠤ ᠬᠦᠷᠪᠡ᠃ ᠤᠤᠭᠤᠬᠤ ᠤᠰᠤᠨ ᠤ ᠠᠮᠤᠷ ᠲᠦᠪᠰᠢᠨ᠂ ᠦᠶᠡᠷ ᠤᠰᠤᠲᠤᠯ ᠭᠠᠢ ᠭᠠᠮᠰᠢᠭ ᠢ ᠰᠡᠷᠭᠡᠶᠢᠯᠡᠨ ᠪᠠᠭᠠᠰᠬᠠᠬᠤ ᠵᠡᠷᠭᠡ 31 ᠲᠦᠷᠦᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠪᠡᠶᠡᠯᠡᠭᠦᠯᠵᠤ᠂ 2058 ᠺᠢᠯᠣᠮᠧᠲᠷ ᠤᠨ ᠴᠠᠬᠢᠯᠭᠠᠨ ᠲᠣᠣᠷ ᠤᠨ ᠵᠠᠮ ᠱᠤᠭᠤᠮ ᠢ ᠪᠡᠶᠡᠯᠡᠭᠦᠯᠵᠦ᠂ ︽ᠲᠦᠰᠦᠯ ᠨᠢᠭᠡᠪᠦᠷᠢ ᠪᠠᠷ ᠵᠥᠪᠯᠡᠬᠦ︾ ᠳᠤ ᠡᠳ᠋ ᠤᠨ ᠵᠠᠰᠠᠭ ᠠᠴᠠ ᠤᠯᠭᠤᠬᠤ ᠱᠠᠩᠨᠠᠯ ᠨᠦᠬᠦᠪᠦᠷᠢ ᠶᠢᠨ ᠲᠥᠷᠥᠯ ᠵᠦᠢᠯ ᠢ 479 ᠬᠡᠷᠡᠭᠵᠢᠭᠦᠯᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠪᠦᠬᠦᠨ ᠢ ᠬᠠᠮᠤᠷᠪᠠ᠃ 608 ᠺᠢᠯᠣᠮᠧᠲᠷ ᠤᠷᠳᠤ ᠤᠯᠤᠰ ᠮᠤᠵᠢ ᠶᠢᠨ ᠭᠤᠤᠯ ᠱᠤᠭᠤᠮ᠂ 1671 ᠺᠢᠯᠣᠮᠧᠲᠷ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ ︽ᠭᠤᠷᠪᠠᠨ ᠬᠥᠨᠳᠡᠯᠡᠨ ᠲᠠᠪᠤᠨ ᠭᠤᠯᠳᠤ᠂ ᠲᠤᠰᠬᠤᠨ ᠳᠤ ᠨᠡᠪᠳᠡᠷᠡᠬᠦᠯᠦᠨ ᠬᠢᠯᠢ ᠳᠤ ᠬᠦᠷᠬᠦ︾ ᠵᠠᠮ ᠱᠤᠭᠤᠮ ᠤᠨ ᠲᠣᠤᠷ ᠤᠨ ᠪᠦᠲᠦᠴᠡ ᠡᠳᠦᠷ ᠢᠷᠡᠬᠦᠶ᠎ᠡ ᠲᠡᠭᠦᠯᠳᠡᠷᠵᠢᠵᠤ᠂ ᠥᠪᠡᠷᠲᠡᠭᠡᠨ ᠵᠠᠰᠠᠬᠤ ᠣᠷᠣᠨ ᠤ         ︽ᠬᠥᠳᠡᠭᠡ ᠲᠣᠰᠬᠤᠨ ᠤ ᠲᠦᠷᠪᠡᠨ ᠰᠠᠶᠢᠨ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠᠲᠠᠢ ᠪᠠᠶᠢᠭᠤᠯᠪᠠ᠃     ᠲᠠᠪᠤᠨ ᠵᠢᠯ ᠤᠨ ᠲᠤᠷᠰᠢ ᠂ ᠪᠢᠳᠡ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ  ᠤᠨ ᠬᠦᠷᠳᠡᠮᠵᠢ ᠶᠢ ᠪᠦᠳᠦᠮᠵᠢᠳᠠᠢ ᠲᠡᠭᠡᠭᠰᠢᠯᠡᠬᠦᠯᠪᠡ᠃ ᠠᠷᠠᠳ ᠤᠨ ᠠᠮᠢᠳᠤᠷᠠᠯ ᠳᠤ ᠨᠡᠶᠢᠲᠡ 106 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ 74% ᠶᠢ ᠡᠵᠡᠯᠡᠪᠡ᠃ ᠨᠠᠰᠤᠵᠢᠯ ᠤᠨ ᠠᠰᠠᠷᠠᠮᠵᠢ᠂ ᠡᠮ ᠡᠮᠴᠢᠯᠡᠭᠡ ᠵᠡᠷᠭᠡ ᠨᠡᠶᠢᠭᠡᠮ  ᠤᠨ ᠳᠠᠭᠠᠳᠬᠠᠯ ᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠣᠨᠴᠠᠭᠠᠢ ᠬᠦᠴᠢᠷᠳᠡᠯᠲᠡᠢ ᠬᠦᠮᠦᠰ ᠤᠨ ᠪᠠᠲᠤᠯᠠᠬᠤ ᠶᠣᠰᠣᠲᠠᠢ ᠪᠦᠬᠦᠨ ᠢ ᠴᠥᠮ ᠪᠠᠲᠤᠯᠠᠪᠠ᠃ 4648 ᠲᠦᠮᠡᠨ ᠲᠥᠭᠦᠷᠢᠭ ᠤᠨ ᠦᠢᠯᠡᠰ ᠪᠣᠰᠬᠠᠬᠤ ᠳᠡᠮ ᠬᠦᠦ  ᠲᠠᠢ ᠵᠢᠭᠡᠯᠡᠯᠭᠡ ᠲᠠᠯᠪᠢᠵᠤ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠳᠠᠩᠰᠠᠯᠠᠭᠤᠯᠤᠭᠰᠠᠨ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠪᠠ᠃ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ᠂ ᠳᠥᠭᠦᠮ ᠪᠦᠳᠦᠴᠡᠳᠦ ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠭᠡᠬᠦ ᠵᠡᠷᠭᠡ 10438 ᠡᠷᠦᠬᠡ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠬᠡᠷᠡᠭᠵᠢᠭᠦᠯᠵᠦ᠂ ᠠᠷᠠᠳ ᠣᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶ᠎ᠡ ᠴᠠᠷᠠᠭᠠᠨ ᠳᠠᠬᠢ ᠦᠨᠡᠮᠯᠡᠯ ᠭᠠᠷᠳᠠᠬᠤ ᠳᠤ ᠬᠦᠴᠢᠷᠳᠡᠯᠲᠡᠢ᠂ ᠤᠷᠤᠵᠤ ᠰᠠᠭᠤᠬᠤ ᠳᠤ ᠬᠦᠴᠢᠷᠳᠡᠯᠲᠡᠢ᠂ ᠪᠤᠴᠠᠵᠤ ᠨᠡᠭᠦᠯᠭᠡᠬᠦ  ᠳᠤ ᠬᠦᠴᠢᠷᠳᠡᠯᠲᠡᠢ ᠵᠡᠷᠭᠡ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ ᠪᠦᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠦᠭᠵᠢᠬᠦᠯᠬᠦ ᠢᠨᠵᠧᠨᠧᠷᠢᠩ ᠰᠠᠶᠢᠨ ᠦᠷ᠎ᠡ  ᠪᠦᠳᠦᠮᠵᠢ ᠤᠯᠵᠤ᠂ ᠬᠢᠳᠡᠳ ᠢᠶᠠᠷ ᠬᠢᠴᠢᠶᠠᠯᠯᠠᠬᠦ ᠦᠨᠳᠦᠷ ᠳᠤᠮᠳᠠᠳᠤ ᠶᠢᠨ ᠰᠢᠯᠭᠠᠯᠲᠠ ᠳᠤ ᠪᠦᠷᠢᠨ ᠬᠤᠪᠢ ᠣᠯᠤᠭᠰᠠᠨ ᠨᠣᠷᠮ᠎ᠠ ᠨᠢ ᠲᠦᠷᠪᠡᠨ ᠵᠢᠯ ᠳᠠᠷᠠᠭᠠᠯᠠᠨ ᠪᠦᠬᠦ ᠬᠤᠲᠠ ᠶᠢᠨ ᠨᠢᠭᠡᠳᠦᠭᠡᠷ ᠲᠤ ᠣᠷᠣᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠨᠢ ᠪᠦᠬᠦ ᠣᠷᠣᠨ ᠳᠤ ᠨᠢᠭᠡᠳᠦᠭᠡᠷ ᠲᠡᠰ ᠲᠤ ᠤᠷᠤᠭᠰᠠᠨ ᠬᠢᠷᠢ ᠪᠦᠳᠦᠮᠵᠢ ᠪᠠᠷ ᠤᠯᠤᠰ ᠤᠨ ᠦᠨᠡᠯᠡᠨ ᠵᠢᠱᠢᠯᠲᠡ ᠶᠢ ᠲᠤᠭᠤᠯᠪᠠ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠮᠤᠩᠭᠤᠯ ᠬᠢᠳᠠᠳ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠭᠠᠵᠠᠷ᠂ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠤᠨ ᠠᠰᠢᠭᠯᠠᠯᠲᠠ ᠳᠤ ᠤᠷᠤᠭᠤᠯᠵᠤ᠂ ᠤᠯᠤᠰ ᠤᠨ ᠡᠷᠡᠭᠦᠯ ᠡᠩᠬᠡ ᠶᠢ ᠠᠬᠢᠭᠤᠯᠬᠤ ᠬᠤᠰᠢᠭᠤ ᠪᠠ ᠥᠪᠡᠷᠲᠡᠭᠡᠨ ᠵᠠᠰᠠᠬᠤ ᠣᠷᠣᠨ ᠤ ᠠᠷᠬᠠᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠᠲᠠᠢ ᠪᠠᠶᠢᠭᠤᠯᠪᠠ᠃ ᠰᠤᠮᠤ ᠪᠠᠯᠭᠠᠰᠤᠨ ᠤ ᠰᠤᠶᠤᠯ ᠤᠨ ᠦᠷᠲᠡᠭᠡ᠂ ᠭᠠᠴᠠᠭ᠎ᠠ ᠲᠤᠰᠬᠤᠨ ᠤ ᠰᠤᠶᠤᠯ ᠤᠨ ᠦᠷᠲᠡᠭᠡ ᠶᠢ ᠪᠦᠬᠦᠨ ᠢ ᠪᠦᠷᠬᠦᠭᠦᠯᠬᠦ ᠶᠢ ᠪᠡᠶᠡᠯᠡᠬᠦᠯᠪᠡ᠃ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠠᠵᠢᠯ ᠤᠨ ᠰᠢᠨ᠎ᠡ ᠶᠢ ᠡᠬᠦᠳᠦᠨ ᠥᠷᠨᠢᠭᠦᠯᠵᠦ᠂ ᠪᠦᠬᠦ ᠤᠯᠤᠰ ᠤᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠲᠡ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠪᠠᠳᠤᠯᠠᠬᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠦᠷᠦᠯ ᠤᠨ ᠲᠡᠮᠡᠴᠡᠯ ᠴᠢᠬᠤᠯᠠ ᠦᠷ᠎ᠡ ᠪᠦᠲᠦᠮᠵᠢ ᠤᠯᠵᠤ᠂  ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠪᠠᠶᠢᠳᠠᠯ ᠤᠯᠠᠮ ᠨᠢᠭᠡ ᠠᠯᠬᠤᠮ ᠪᠠᠳᠤᠵᠢᠵᠤ᠂ ᠳᠣᠯᠣᠭᠠᠨ ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ︾ ᠪᠠᠷ ᠦᠨᠡᠯᠡᠭᠳᠡᠵᠤ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠠᠵᠠ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠤᠯᠠᠮ ᠬᠦᠢᠴᠡᠳ ᠪᠤᠯᠪᠠ᠃      ᠲᠠᠪᠤᠨ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠰᠤᠷᠲᠠᠯ ᠤᠨ ᠪᠠᠶᠢᠭᠤᠯᠤᠯᠲᠠ ᠶᠢ ᠬᠦᠨᠵᠡᠭᠡᠶᠢᠷᠡᠬᠦᠯᠵᠤ᠂ ᠵᠠᠰᠠᠭ ᠵᠠᠬᠢᠷᠭᠠᠨ ᠤ ᠡᠭᠦᠷᠭᠡ ᠴᠢᠳᠠᠪᠬᠢ ᠶᠢ ᠲᠡᠭᠡᠭᠰᠢᠯᠡᠬᠦᠯᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠤ  ᠂ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠳᠤ ᠶᠢ ᠴᠢᠩᠳᠠᠯᠠᠬᠤ ᠶᠢ ᠰᠢᠨᠳᠡᠷᠡᠰᠢ ᠦᠭᠡᠢ ᠪᠠᠷᠢᠮᠲᠠᠯᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠳᠤᠳᠬᠠᠵᠤ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ  ᠪᠤᠯᠤᠨ ᠵᠠᠰᠠᠭ  ᠤᠨ ᠤᠷᠳᠤᠨ ᠤ ᠰᠢᠰᠲ᠋ᠧᠮ ᠤᠨ ᠨᠠᠮ ᠤᠨ ᠪᠠᠶᠢᠭᠤᠯᠤᠯᠳ᠋ᠨ ᠶᠢ ᠤᠯᠠᠮ ᠴᠢᠩᠭᠠᠳᠬᠠᠪᠠ᠃ ᠵᠠᠰᠠᠭ ᠤᠨ ᠰᠤᠷᠲᠠᠯ᠂ ᠠᠵᠢᠯ ᠲᠥᠷᠥᠯ ᠤᠨ ᠰᠤᠷᠲᠠᠯ ᠢᠯᠡᠳᠲᠡ ᠰᠠᠶᠢᠵᠢᠷᠠᠪᠠ᠃ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠢᠲᠡᠭᠡᠭᠦᠯᠬᠦ ᠬᠦᠴᠦᠨ᠂ ᠬᠡᠷᠡᠭᠵᠢᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠬᠦᠯᠪᠡ᠃ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠪᠡ᠃ ᠵᠠᠰᠠᠭ ᠤᠨ ᠣᠷᠳᠣᠨ ᠤ 26 ᠬᠤᠪᠢ ᠳᠦᠷᠢᠮ ᠲᠣᠭᠲᠠᠭᠠᠯ ᠢ ᠲᠣᠭᠳᠠᠭᠠᠭᠰᠠᠨ ᠪᠤᠶᠤ ᠵᠠᠰᠠᠪᠤᠷᠢ ᠣᠷᠣᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢ 830 ᠬᠤᠪᠢ ᠭᠦᠢᠴᠡᠳᠬᠡᠨ ᠰᠢᠢᠳᠪᠦᠷᠢᠯᠡᠪᠡ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠭᠦᠷᠭᠡ  ᠴᠢᠳᠠᠪᠬᠢ ᠶᠢᠨ ᠬᠤᠪᠢᠷᠠᠯᠲᠠ ᠶᠢ ᠲᠦᠷᠭᠡᠳᠬᠡᠨ᠂ ᠵᠠᠰᠠᠭ ᠵᠠᠬᠢᠷᠭᠠᠨ ᠤ ᠡᠷᠬᠡ ᠶᠢ ᠦᠷᠭᠦᠯᠵᠢᠯᠡᠨ ᠲᠦᠷᠢᠮᠵᠢᠬᠦᠯᠵᠤ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ ᠲᠡᠬᠦᠰ ᠠᠮᠵᠢᠯᠲᠠ ᠲᠠᠢ ᠪᠡᠶᠡᠯᠡᠬᠦᠯᠵᠤ᠂  ᠬᠠᠤᠯᠢᠵᠢᠯ ᠤᠨ ᠵᠠᠰᠠᠭ ᠤᠨ ᠤᠷᠳᠤᠨ ᠢ ᠦᠨᠳᠦᠰᠦᠨ ᠳᠤ ᠪᠠᠨ ᠪᠠᠶᠢᠭᠤᠯᠵᠤ᠂ ᠪᠦᠬᠦ ᠤᠯᠤᠰ ᠤᠨ ᠬᠠᠤᠯᠢᠵᠢᠯ  ᠤᠨ ᠤᠬᠠᠭᠤᠯᠭ᠎ᠠ ᠬᠦᠮᠦᠵᠢᠯ ᠤᠨ ᠲᠡᠷᠢᠬᠦᠨ ᠤ ᠬᠠᠮᠳᠤ᠂ ᠪᠦᠬᠦ ᠤᠷᠤᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠬᠦᠯᠬᠦ ᠬᠤᠰᠢᠭᠤ ᠪᠠᠷ ᠦᠨᠡᠯᠡᠭᠳᠡᠪᠡ᠃ ᠬᠢᠨᠠᠨ ᠪᠣᠳᠣᠯᠲᠠ᠂ ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠵᠠᠷ ᠬᠥᠳᠡᠯᠦᠯᠲᠡ ᠭᠠᠢ ᠭᠠᠮᠰᠢᠭ ᠢ ᠰᠡᠷᠭᠡᠶᠢᠯᠡᠨ ᠪᠠᠭᠠᠰᠬᠠᠬᠤ ᠵᠡᠷᠭᠡ ᠠᠵᠢᠯ ᠰᠢᠨ᠎ᠡ ᠠᠬᠢᠴᠠ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠣᠯᠠᠨ ᠲᠦᠮᠡᠨᠴᠢ ᠪᠦᠯᠬᠦᠮ ᠤᠨ ᠵᠣᠬᠢᠶᠠᠨ ᠪᠠᠶᠢᠭᠤᠯᠤᠯᠲᠠ  ᠶᠢᠨ ᠠᠵᠢᠯ ᠦᠢᠯᠡᠰ ᠪᠦᠬᠦ ᠲᠠᠯ᠎ᠠ ᠪᠠᠷ ᠲᠠᠪᠰᠢᠯᠲᠠ ᠲᠠᠢ ᠪᠤᠯᠪᠠ᠃      ᠲᠦᠯᠦᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠢᠶᠠᠨ ᠡᠷᠭᠢᠴᠡᠭᠦᠯᠭᠦᠶ᠎ᠡ᠂ ᠬᠦᠴᠢᠷ ᠪᠡᠷᠬᠡᠰᠢᠶᠡᠯ ᠤᠨ ᠲᠤᠮᠲᠠ ᠡᠷᠡᠯᠬᠡᠭ ᠵᠣᠷᠢᠭ ᠢ ᠰᠢᠯᠭᠠᠵᠤ᠂ ᠰᠢᠷᠭᠠᠭᠤ ᠴᠢᠷᠮᠠᠶᠢᠯᠭ᠎ᠠ ᠪᠠᠷ ᠰᠢᠯᠢᠳᠡᠭ ᠠᠮᠵᠢᠯᠲᠠ ᠤᠯᠳᠠᠭ᠃ ᠪᠢᠳᠡᠨ ᠳᠤ ᠲᠤᠯᠭᠠᠷᠠᠭᠰᠠᠨ ᠬᠦᠴᠢᠷᠳᠡᠯ ᠰᠠᠨᠠᠭᠠᠨ ᠠᠴᠠ ᠭᠠᠳᠠᠭᠤᠷ ᠤᠯᠠᠨ  ᠪᠠᠶᠢᠭᠰᠠᠨ ᠪᠤᠯᠪᠠᠴᠤ ᠣᠯᠤᠭᠰᠠᠨ ᠦᠷ᠎ᠡ ᠪᠦᠳᠦᠭᠡᠯ ᠨᠢ ᠵᠢᠱᠢᠭᠰᠡᠨ ᠠᠴᠠ ᠰᠠᠶᠢᠨ ᠪᠠᠶᠢᠨ᠎ᠠ᠃ ᠡᠳᠡᠭᠡᠷ ᠠᠮᠵᠢᠯᠲᠠ ᠶᠢ ᠤᠯᠤᠭᠰᠠᠨ ᠨᠢ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠤᠷᠠᠳ ᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠬᠦᠭᠵᠢᠯᠲᠡ ᠶᠢ ᠬᠠᠯᠠᠮᠵᠢᠯᠠᠨ ᠲᠡᠮᠵᠢᠵᠤ ᠤᠷᠤᠯᠴᠠᠭᠰᠠᠨ ᠨᠠᠶᠢᠵᠠ ᠨᠥᠬᠦᠳ ᠨᠠᠷ ᠲᠤ ᠴᠢᠩ ᠰᠡᠳᠬᠢᠯ ᠤᠨ ᠲᠠᠯᠠᠷᠬᠠᠯ ᠪᠤᠯᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠪᠢᠳᠡ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠮᠡᠳᠡᠪᠡ᠃ ᠲᠣᠪᠣᠶᠢᠮ᠎ᠠ ᠢᠯᠡᠷᠡᠯ ᠭᠡᠪᠡᠯ᠄ ᠠᠵᠤ ᠠᠬᠤᠢ ᠶᠢᠨ ᠶᠡᠷᠦᠩᠬᠡᠶ ᠬᠡᠮᠵᠢᠶ᠎ᠡ ᠪᠠᠭ᠎ᠠ᠂ ᠠᠵᠤ ᠦᠢᠯᠡᠰ ᠤᠨ ᠪᠦᠲᠦᠴᠡ ᠰᠢᠯᠢᠳᠡᠭᠵᠢᠭᠡᠳᠦᠢ᠂ ᠬᠦᠭᠵᠢᠯᠲᠡ ᠲᠡᠶᠢᠮᠦ ᠬᠤᠷᠳᠤᠨ ᠪᠢᠰᠢ︔ ᠡᠬᠢ ᠪᠠᠶᠠᠯᠢᠭ ᠤᠨ ᠤᠷᠴᠢᠨ ᠨᠦᠬᠦᠴᠡᠯ ᠤᠨ ᠬᠢᠵᠠᠭᠠᠷᠯᠠᠯ ᠮᠥᠨ ᠯᠡ ᠴᠢᠩᠭᠠᠷᠠᠵᠤ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠪᠠᠰᠠ ᠦᠷᠬᠦᠯᠵᠢᠯᠡᠨ ᠰᠢᠯᠢᠳᠡᠭᠵᠢᠬᠦᠯᠬᠦ ᠬᠡᠷᠡᠭᠲᠡᠢ︔ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠲᠡᠭᠡᠭᠰᠢᠯᠡᠬᠦᠯᠬᠦ ᠡᠭᠦᠷᠭᠡ ᠡᠳᠦᠷ ᠢᠷᠡᠬᠦᠶ᠎ᠡ ᠬᠦᠨᠳᠦᠷᠡᠵᠤ᠂ ᠲᠣᠭᠲᠠᠭᠤᠨ ᠪᠠᠶᠢᠳᠠᠯ   ᠢ  ᠨᠥᠯᠥᠭᠡᠯᠡᠬᠦ  ᠨᠢᠭᠤᠭᠳᠠᠮᠠᠯ  ᠬᠦᠴᠦᠨ ᠨᠡᠯᠢᠶᠡᠳ ᠤᠷᠤᠰᠢᠵᠤ ᠪᠠᠶᠢᠨ᠎ᠠ᠃ ᠬᠡᠰᠡᠭ ᠺᠠᠳ᠋ᠷᠴᠤᠳ ᠤᠨ ᠦᠭᠡᠷᠡᠴᠢᠯᠡᠯᠲᠡ ᠶᠢᠨ ᠤᠬᠠᠮᠰᠠᠷ  ᠂ ᠦᠢᠯᠡᠴᠢᠯᠡᠬᠦ ᠤᠬᠠᠮᠰᠠᠷ᠂ ᠬᠠᠤᠯᠢᠵᠢᠯ ᠤᠨ ᠤᠬᠠᠮᠰᠠᠷ᠂ ᠡᠬᠦᠷᠭᠡᠯᠡᠯ ᠤᠨ ᠤᠬᠠᠮᠰᠠᠷ ᠤᠨ ᠲᠠᠯ᠎ᠠ ᠪᠠᠷ ᠬᠦᠷᠦᠯᠴᠡᠬᠦ ᠦᠭᠡᠢ᠂ ᠵᠠᠰᠠᠭ ᠵᠠᠬᠢᠷᠭᠠᠨ ᠤ ᠴᠢᠳᠠᠪᠤᠷᠢ ᠪᠠᠷ ᠲᠤᠤᠷ᠎ᠠ ᠪᠠᠶᠢᠵᠤ᠂ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠬᠤ ᠦᠭᠡᠢ ᠪᠠᠶᠢᠨ᠎ᠠ︔ ᠵᠠᠷᠢᠮ ᠬᠦᠷᠢᠶ᠎ᠡ ᠴᠠᠷᠠᠭᠠᠨ ᠳᠠᠬᠢ ᠨᠠᠵᠠᠭᠠᠢ ᠢᠯᠵᠠᠷᠠᠮᠠᠯ ᠪᠠᠶᠢᠳᠠᠯ ᠤᠷᠤᠰᠢᠵᠤ ᠪᠠᠶᠢᠬᠤ ᠵᠡᠷᠭᠡ ᠦᠵᠡᠭᠳᠡᠯ ᠪᠤᠢ᠃ ᠡᠭᠦᠨ ᠳᠤ᠂ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠯᠠᠪᠳᠠᠭᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠨᠠᠷᠢᠨ ᠬᠢᠨᠠᠮᠠᠭᠠᠢ ᠰᠢᠢᠳᠪᠦᠷᠢᠯᠡᠨ᠎ᠡ᠃      ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠲᠡᠮᠡᠴᠡᠬᠦ ᠬᠠᠷᠠᠯᠳᠠ ᠪᠠ ᠭᠤᠤᠯ ᠡᠬᠦᠷᠭᠡ      ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠬᠦᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠤᠯᠤᠨ᠎ᠠ᠃ ᠤᠯᠤᠰ ᠠᠴᠠ ︽ᠨᠢᠭᠡ ᠪᠦᠰᠡ ᠨᠢᠭᠡ ᠵᠠᠮ︾ ᠪᠤᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ᠂ ᠬᠠᠳᠤᠨ ᠭᠤᠤᠯ ᠤᠨ ᠤᠷᠤᠰᠬᠠᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠰᠢᠷᠢᠰ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠮᠠᠨ ᠤ ᠬᠤᠰᠢᠭᠤᠨ ᠤ ᠬᠥᠭᠵᠢᠯᠲᠡ ᠳᠤ ᠤᠷᠲᠤ ᠬᠤᠭᠤᠴᠠᠭᠠᠨ ᠤ ᠠᠰᠢᠭᠲᠠᠢ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ ᠪᠦᠷᠢᠯᠳᠦᠭᠦᠯᠦᠨ ᠦᠭᠴᠦ᠂ ᠣᠯᠳᠠᠬᠤᠶ᠎ᠠ ᠪᠡᠷᠬᠡ ᠬᠥᠭᠵᠢᠯᠲᠡ ᠶᠢᠨ ᠠᠵᠠ ᠲᠣᠬᠢᠶᠠᠯ ᠢ ᠬᠠᠩᠭᠠᠨ᠂ ᠪᠢᠳ᠋ᠨ ᠰᠢᠨ᠎ᠡ ᠬᠥᠭᠵᠢᠯᠲᠡ ᠶᠢᠨ ᠱᠠᠳᠤ ᠦᠶ᠎ᠡ ᠳᠤ ᠨᠡᠩ ᠦᠨᠳᠦᠷ ᠠᠮᠵᠢᠯᠲᠠ ᠪᠦᠳᠦᠮᠵᠢ ᠭᠠᠷᠭᠠᠬᠤ ᠢᠳᠡᠭᠡᠯ ᠵᠤᠷᠢᠭ ᠬᠦᠴᠦᠨ ᠴᠢᠳᠠᠪᠤᠷᠢ ᠨᠦᠬᠦᠴᠡᠯ ᠲᠡᠬᠦᠯᠳᠡᠷ ᠪᠠᠶᠢᠨ᠎ᠠ᠃      ᠬᠤᠰᠢᠭᠤᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠤᠭᠲᠠᠭᠠᠬᠤ ᠲᠤᠬᠠᠢ ᠰᠠᠨᠠᠭᠤᠯᠭ᠎ᠠ︾ ᠶᠢ ᠦᠨᠳᠦᠰᠦᠯᠡᠨ᠂ ᠬᠤᠰᠢᠭᠤᠨ ᠤ ᠵᠠᠰᠠᠭ ᠤᠨ ᠤᠷᠳᠤᠨ ︽ᠤᠷᠠᠳ ᠤᠨ ᠲᠤᠮᠳᠠᠳᠤ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ  ᠤᠨ ᠲᠥᠯᠥᠪᠵᠢᠭᠦᠯᠭᠡ ᠪᠠ  2035 ᠣᠨ ᠤ ᠠᠯᠤᠰ ᠤᠨ ᠬᠠᠷᠠᠯᠲᠠ ᠶᠢᠨ ᠬᠦᠳᠦᠯᠪᠦᠷᠢ ︵ᠲᠦᠰᠦᠯ︶︾ ᠶᠢ ᠲᠤᠭᠲᠠᠭᠠᠵᠤ ᠶᠡᠭᠡ ᠬᠤᠷᠠᠯ ᠳᠤ ᠬᠢᠨᠠᠨ ᠵᠦᠪᠯᠡᠬᠦᠯᠬᠦ  ᠪᠠᠷ ᠲᠡᠪᠰᠢᠬᠦᠯᠪᠡ᠃ ᠲᠤᠰ ᠤᠳᠠᠭᠠᠨ ᠤ ᠬᠤᠷᠠᠯ ᠢᠶᠠᠷ ᠵᠦᠪᠰᠢᠶᠡᠷᠡᠬᠦᠯᠦᠭᠰᠡᠨ ᠤ ᠲᠠᠷᠠᠭ᠎ᠠ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃      ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠠᠬᠢ ᠬᠦᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠶᠡᠷᠤᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠢᠯᠡᠳᠭᠡᠯ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂  ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠳᠠᠢ ᠬᠦᠭᠵᠢᠯᠲᠡ  ᠶᠢ ᠠᠬᠢᠭᠤᠯᠬᠤ ᠪᠠᠷ ᠭᠤᠤᠯ ᠰᠡᠳᠤᠪ ᠪᠤᠯᠭᠠᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠬᠠᠷᠠᠯᠲᠠ ᠪᠠᠨ ᠪᠣᠯᠭᠠᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠤᠷᠤᠭᠰᠢᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠴᠡᠭ ᠤᠨ ᠣᠷᠣᠨ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠳᠠ ᠶᠢᠨ ᠵᠢᠱᠢᠶ᠎ᠡ ᠦᠵᠡᠭᠦᠯᠬᠦ ᠣᠷᠣᠨ᠂ ᠪᠥᠬᠦ ᠴᠠᠷᠠᠭᠠᠨ ᠤ ᠪᠣᠬᠢᠷᠲᠤᠯ ᠥᠬᠡᠶ ᠣᠷᠭᠠᠨᠢᠭ ᠦᠨᠳᠦᠷ ᠲᠠᠰ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠤ ᠦᠢᠯᠡᠴᠢᠯᠡᠨ ᠭᠠᠳᠠᠭᠰᠢ ᠭᠠᠷᠭᠠᠬᠤ ᠰᠠᠭᠤᠷᠢᠨ ᠭᠠᠵᠠᠷ᠂ ᠮᠢᠩᠭᠠᠨ ᠲᠦᠮᠡᠨ ᠺᠢᠯᠣᠸᠠᠲ ᠤᠨ ᠲᠠᠰ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠥᠨᠳᠥᠷ ᠲᠦᠪᠰᠢᠨ ᠢᠶᠠᠷ ᠪᠦᠳᠦᠭᠡᠨ ᠪᠠᠶᠢᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠤᠳᠤᠬᠢᠴᠢᠯᠠᠯᠳᠠ ᠶᠢᠨ ᠰᠢᠨ᠎ᠠ ᠠᠶᠠᠨ ᠵᠠᠮ ᠳᠤ ᠪᠠᠳᠤ ᠪᠠᠬᠢ ᠰᠠᠭᠤᠷᠢ ᠶᠢ ᠲᠠᠯᠪᠢᠨ᠎ᠠ᠃      ︽ᠠᠷᠪᠠᠨ ᠳᠥᠷᠪᠡᠳᠦᠭᠡᠷ ᠲᠠᠪᠤᠨ ᠵᠢᠯ ︾ ᠤᠨ ᠬᠤᠭᠤᠴᠠᠭᠠᠨ ᠳᠠᠬᠢ ᠭᠤᠤᠯ ᠬᠠᠷᠠᠯᠲᠠ ᠪᠣᠯ᠄ ᠪᠢᠳᠡ 2035 ᠣᠨ ᠤ ᠠᠯᠤᠰ ᠤᠨ ᠬᠠᠷᠠᠯᠲᠠ ᠶᠢ ᠲᠣᠭᠲᠠᠭᠠᠵᠤ᠂ ᠪᠣᠳᠠᠲᠠᠶ ᠠᠵᠢᠯᠯᠠᠬᠤ ᠶᠢ ᠡᠷᠬᠢᠮᠯᠡᠨ᠂ ᠪᠣᠬᠢᠷᠲᠤᠯ ᠥᠬᠡᠶ ᠶᠢ ᠰᠠᠨᠠᠭᠠᠴᠢᠯᠠᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠵᠣᠬᠢᠴᠠᠭᠤᠯᠭ᠎ᠠ ᠶᠢ ᠴᠢᠬᠤᠯᠠᠴᠢᠯᠠᠵᠤ᠂ ᠲᠠᠪᠤᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠪᠥᠬᠦ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠡᠯ᠎ᠡ ᠲᠥᠷᠥᠯ ᠤᠨ ᠠᠵᠢᠯ ᠦᠶᠯᠡᠰ ᠤᠨ ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠦᠨ᠎ᠡ᠃      ᠶᠡᠷᠦᠩᠬᠡᠶᠢᠯᠡᠭᠰᠡᠨ ᠪᠣᠳᠠᠲᠤ ᠬᠦᠴᠦᠨ ᠢ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠲᠡᠩᠴᠡᠭᠦᠷᠢᠲᠡᠢ᠂ ᠵᠣᠬᠢᠴᠠᠩᠭᠤᠢ ᠪᠠᠷ ᠨᠡᠮᠡᠭᠳᠡᠭᠦᠯᠵᠦ᠂ ᠠᠵᠤ ᠠᠬᠤᠢ ᠶᠢᠨ ᠪᠦᠲᠦᠴᠡ ᠶᠢ ᠦᠷᠭᠦᠯᠵᠢᠯᠡᠨ ᠲᠤᠬᠢᠷᠠᠭᠤᠯᠤᠨ ᠰᠢᠯᠢᠳᠡᠭᠵᠢᠭᠦᠯᠵᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠵᠤ᠂ ᠤᠳᠤ ᠦᠶ᠎ᠡ ᠶᠢᠨ ᠪᠣᠬᠢᠷᠲᠤᠯ ᠦᠭᠡᠢ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ᠂ ᠮᠢᠩᠭᠠᠨ ᠲᠦᠮᠡᠨ ᠺᠢᠯᠣᠸᠠᠲ ᠤᠨ ᠲᠡᠰ ᠤᠨ ᠴᠡᠪᠡᠷ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ᠂ ᠪᠣᠬᠢᠷᠲᠤᠯ ᠦᠭᠡᠢ ᠠᠭᠤᠷᠬᠠᠶ ᠶᠢᠨ ᠲᠥᠪᠯᠡᠷᠡᠭᠦᠯᠦᠨ ᠵᠢᠱᠢᠶ᠎ᠡ ᠦᠵᠡᠭᠦᠯᠬᠦ ᠲᠤᠭᠤᠷᠢᠭ ᠢ ᠦᠨᠳᠦᠰᠦᠨ ᠳᠡᠭᠡᠨ ᠪᠠᠶᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠵᠢᠯ ᠪᠣᠳᠠᠲᠤ ᠠᠬᠢᠴᠠ ᠲᠠᠢ ᠪᠠᠶᠢᠵᠤ᠂ ᠠᠵᠤ ᠠᠬᠤᠢ ᠶᠢᠨ ᠦᠷ᠎ᠡ ᠠᠰᠢᠭ᠂ ᠬᠥᠭᠵᠢᠯᠲᠡ ᠶᠢᠨ ᠴᠢᠨᠠᠷ ᠴᠢᠨᠰᠠᠭ᠎ᠠ ᠮᠡᠳᠡᠭᠳᠡᠮ᠎ᠡ ᠳᠡᠭᠡᠭᠰᠢᠯᠡᠵᠦ᠂ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ  ᠨᠢ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠦᠨᠳᠦᠷ ᠪᠠᠶᠢᠯᠭᠠᠬᠤ ᠶᠢ ᠠᠬᠢᠭᠤᠯᠤᠨ᠎ᠠ᠃ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢ ᠤᠷᠢᠳᠠᠪᠠᠷ ᠬᠥᠭᠵᠢᠭᠦᠯᠵᠦ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ︽ᠭᠤᠷᠪᠠᠨ ᠶᠡᠭᠡ ᠲᠣᠭᠲᠠᠯᠴᠠᠭ᠎ᠠ︾ ᠶᠢ ᠲᠦᠷᠭᠡᠳᠭᠡᠨ ᠪᠠᠶᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠬᠠᠮᠠᠭᠠᠯᠠᠯᠲᠠ ᠶᠢᠨ ᠴᠢᠬᠤᠯᠠ ᠣᠷᠣᠨ ᠪᠠ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠠᠪᠠᠭᠤᠯᠢᠭᠳᠤ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠤᠰᠢᠭᠤ ᠶᠢᠨ ᠡᠬᠦᠷᠭᠡ ᠶᠢ ᠪᠡᠶᠡᠯᠡᠬᠦᠯᠦᠨ᠂ ᠪᠦᠬᠦ ᠤᠷᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠵᠢᠱᠢᠶ᠎ᠡ ᠦᠵᠡᠬᠦᠯᠦᠨ ᠬᠦᠳᠦᠯᠦᠨ ᠲᠠᠭᠠᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠵᠢᠴᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠳᠦᠮᠵᠢᠲᠡᠢ ᠵᠤᠯᠭᠠᠭᠤᠯᠬᠤ ᠶᠢ ᠲᠤᠭᠲᠠᠭᠤᠨ ᠢᠶᠠᠷ ᠠᠬᠢᠭᠤᠯᠤᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠴᠢᠩᠭᠠᠳᠬᠠᠵᠤ᠂ ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ ᠶᠢ ᠬᠦᠨᠵᠡᠭᠡᠢ ᠬᠡᠷᠡᠭᠵᠢᠬᠦᠯᠵᠤ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠭᠦᠯᠵᠦ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠦᠷᠭᠡᠳᠭᠡᠵᠤ᠂ ᠬᠡᠤᠬᠡᠳ ᠤᠨ ᠬᠦᠮᠦᠵᠢᠯ᠂ ᠭᠡᠷ ᠤᠨ ᠶᠠᠪᠤᠳᠠᠯ᠂ ᠡᠷᠡᠭᠦᠯᠵᠢᠯ ᠰᠤᠪᠢᠯᠠᠯᠲᠠ ᠵᠡᠷᠭᠡ ᠰᠢᠨ᠎ᠡ ᠮᠠᠶ᠋ᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠭᠡᠨ᠂ ᠦᠢᠯᠡᠴᠢᠯᠡᠭᠡᠨ ᠤ ᠦᠢᠯᠡᠰ ᠤᠨ ᠦᠨᠳᠦᠷ ᠴᠢᠨᠠᠷ ᠲᠠᠢ ᠣᠯᠠᠨ ᠡᠰᠵᠢᠭᠰᠡᠨ ᠪᠤᠯᠵᠤ ᠳᠡᠰ ᠳᠡᠪᠰᠢᠬᠦ ᠶᠢ ᠠᠬᠢᠭᠤᠯᠤᠨ᠎ᠠ᠃      ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠲᠠᠪᠠᠭᠤᠯᠢᠭ ᠢ ᠪᠤᠢ ᠪᠤᠯᠭᠠᠨ᠎ᠠ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠠᠨ ᠪᠤᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢᠶᠠᠷ ᠬᠠᠷᠢᠯᠴᠠᠨ ᠠᠬᠢᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠮᠤᠩᠭᠤᠯ ᠳᠤ ᠨᠡᠭᠡᠭᠡᠯᠲᠡ ᠬᠢᠬᠦ ᠴᠢᠬᠤᠯᠠ ᠦᠶᠯᠡᠳᠦᠯ ᠢᠶᠠᠨ ᠬᠦᠢᠴᠡᠳ ᠪᠠᠳᠠᠷᠠᠭᠤᠯᠵᠤ᠂ ᠮᠤᠩᠭᠤᠯ ᠤᠯᠤᠰ ᠯᠤᠭ᠎ᠠ  ᠶᠢᠨ ᠬᠠᠮᠲᠤᠷᠠᠯᠴᠠᠭᠠᠨ ᠤ ᠲᠤᠭᠳᠠᠴᠠ ᠪᠠᠨ ᠬᠦᠨᠵᠡᠭᠡᠶᠢᠷᠡᠬᠦᠯᠦᠨ᠂ ᠪᠥᠬᠦ ᠲᠠᠯ᠎ᠠ ᠶᠢᠨ ᠥᠨᠳᠥᠷ ᠲᠦᠪᠰᠢᠨ ᠪᠥᠬᠦᠶ ᠭᠠᠳᠠᠭᠠᠳᠤ ᠲᠤᠳᠤᠭᠠᠳᠤ ᠨᠡᠭᠡᠭᠡᠯᠲᠡ ᠶᠢ ᠠᠬᠢᠭᠤᠯᠤᠨ᠎ᠠ᠃ ᠠᠮᠢ  ᠠᠬᠤᠶ  ᠶᠢᠨ  ᠪᠣᠯᠪᠠᠰᠤᠨ  ᠂ ᠮᠠᠯᠵᠢᠬᠤ ᠲᠠᠷᠢᠶᠠᠯᠠᠬᠤ ᠣᠷᠣᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠬᠦᠷᠢᠶᠡᠨ ᠴᠠᠷᠠᠭᠠᠨ  ᠳᠠᠬᠢ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠶᠡᠭᠡᠪᠡᠷ ᠰᠠᠶᠢᠵᠢᠷᠠᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨ᠎ᠡ ᠶᠢ ᠡᠭᠦᠳᠬᠦ ᠡᠯᠧᠮᠧᠨ᠋ᠲ᠂ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠬᠦᠯᠦᠨ᠎ᠠ᠃ ᠲᠣᠭᠠᠴᠢᠯᠠᠭᠰᠠᠨ ᠤᠷᠠᠳ ᠤᠨ ᠳᠤᠮᠳᠠᠳᠤ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠳᠠᠪᠤᠷᠢᠲᠠᠨ ᠢ ᠴᠤᠭᠯᠠᠭᠤᠯᠤᠨ ᠴᠢᠳᠠᠪᠤᠷᠢᠲᠠᠨ ᠢ ᠬᠡᠷᠡᠭᠯᠡᠬᠦ ᠴᠢᠳᠠᠪᠤᠷᠢᠳᠠᠨ ᠢ ᠬᠦᠮᠦᠵᠢᠬᠦᠯᠬᠦ ᠣᠷᠴᠢᠨ ᠲᠣᠭᠤᠷᠢᠨ ᠢ ᠶᠡᠭᠡ ᠪᠠᠷ ᠰᠠᠶᠢᠵᠢᠷᠠᠭᠤᠯᠤᠨ᠎ᠠ᠃      ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠲᠡᠭᠡᠭᠰᠢᠯᠡᠯᠳᠡ ᠲᠠᠢ ᠪᠤᠯᠭᠠᠨ᠎ᠠ᠃ ᠡᠬᠡ ᠣᠷᠣᠨᠴᠢ ᠦᠵᠡᠯ᠂ ᠨᠡᠶᠢᠭᠡᠮ ᠵᠢᠷᠤᠮ ᠤᠨ ᠦᠵᠡᠯ ᠰᠠᠨᠠᠭ᠎ᠠ ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠵᠡᠷᠭᠡ ᠬᠥᠮᠦᠵᠢᠯ ᠢ ᠭᠦᠨᠵᠡᠭᠡᠶ ᠥᠷᠨᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠬᠥᠮᠦᠰ  ᠤᠨ ᠰᠡᠳᠬᠢᠯ ᠳᠤ ᠬᠠᠳᠠᠩᠰᠢᠭᠤᠯᠤᠨ᠎ᠠ᠃ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠰᠣᠶᠣᠯ ᠢᠶᠠᠷ ᠠᠷᠠᠳ ᠲᠤ ᠬᠠᠷᠠᠭᠠᠯᠵᠠᠯ ᠦᠵᠡᠬᠦᠯᠬᠦ ᠢᠨᠵᠧᠨᠧᠷᠢᠩ ᠢ ᠬᠡᠷᠡᠭᠵᠢᠭᠦᠯᠵᠦ᠂ ᠤᠷᠠᠳ ᠰᠣᠶᠣᠯ᠂ ᠬᠤᠨ ᠭᠠᠯᠠᠭᠤᠨ ᠰᠣᠶᠣᠯ ᠤᠨ ᠨᠡᠷᠡᠲᠦ ᠲᠡᠮᠳᠡᠭ ᠢ ᠪᠤᠶᠢᠵᠢᠭᠤᠯᠵᠤ᠂ ᠰᠤᠶᠤᠯ ᠤᠨ ᠠᠵᠤ ᠦᠢᠯᠡᠰ ᠢ ᠪᠤᠵᠠᠭᠠᠶᠢᠷᠠᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠪᠠ ᠰᠤᠶᠤᠯ ᠤᠨ ᠠᠵᠤ ᠦᠢᠯᠡᠰ ᠤᠨ ᠰᠢᠰᠲ᠋ᠧᠮ ᠢ ᠨᠡᠩ ᠲᠡᠭᠦᠯᠳᠡᠷᠵᠢᠬᠦᠯᠦᠨ᠎ᠡ᠃ ᠤᠯᠠᠨ ᠲᠦᠮᠡᠨᠴᠢ ᠴᠢᠨᠠᠷ ᠲᠠᠢ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠦᠷᠭᠡᠨ ᠢᠶᠠᠷ ᠦᠷᠨᠢᠬᠦᠯᠵᠤ᠂ ᠪᠤᠯᠪᠠᠰᠤᠨ ᠲᠤᠰᠬᠤᠨ ᠪᠠᠯᠭᠠᠰᠤ᠂ ᠪᠣᠯᠪᠠᠰᠤᠨ ᠬᠡᠷ ᠪᠦᠯᠢ᠂ ᠪᠤᠯᠪᠠᠰᠤᠨ ᠪᠠᠶᠢᠭᠤᠯᠭ᠎ᠠ ᠨᠢᠭᠡᠴᠢ᠂ ᠪᠤᠯᠪᠠᠰᠤᠨ ᠨᠡᠶᠢᠭᠡᠮ ᠲᠤᠭᠤᠷᠢᠭ᠂ ᠪᠤᠯᠪᠠᠰᠤᠨ ᠰᠤᠷᠭᠠᠭᠤᠯᠢ ᠶᠢ ᠡᠬᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠶᠢᠷᠡᠬᠦᠯᠵᠤ᠂ ᠪᠦᠬᠦ ᠠᠷᠠᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠡᠪ ᠰᠤᠷᠳᠠᠯ᠂ ᠰᠢᠨᠵᠢᠯᠡᠬᠦ ᠤᠬᠠᠭᠠᠨ ᠰᠣᠶᠣᠯ ᠤᠨ ᠬᠡᠪ ᠪᠤᠯᠪᠠᠰᠤᠷᠠᠯ ᠪᠠ ᠪᠡᠶ᠎ᠡ ᠰᠡᠳᠬᠢᠯ ᠤᠨ ᠡᠷᠡᠭᠦᠯ ᠮᠡᠨᠳᠤ ᠶᠢᠨ ᠬᠡᠪ ᠴᠢᠨᠠᠷ ᠢ ᠢᠯᠡᠳᠲᠡ ᠳᠡᠭᠡᠭᠰᠢᠯᠡᠭᠦᠯᠵᠦ᠂ ᠠᠷᠠᠳ ᠤᠯᠠᠨ ᠤ ᠤᠶᠤᠨ ᠤ ᠪᠠ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠤᠨ᠂ ᠪᠦᠬᠦ ᠤᠯᠤᠰ ᠤᠨ ᠪᠤᠯᠪᠠᠰᠤᠨ ᠬᠤᠲᠠ ᠶᠢ ᠴᠢᠷᠮᠠᠶᠢᠨ ᠪᠠᠶᠢᠭᠤᠯᠤᠨ᠎ᠠ᠃      ᠪᠤᠬᠢᠷᠳᠤᠯ ᠦᠭᠡᠢ ᠭᠦᠭᠵᠢᠯᠳᠡ ᠶᠢ ᠲᠠᠬᠢᠨ ᠰᠢᠨ᠎ᠡ ᠲᠦᠪᠰᠢᠨ ᠳᠤ ᠬᠦᠷᠭᠡᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠷᠢᠮᠲᠠᠯᠠᠵᠤ᠂ ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠰᠡᠯᠪᠢᠨ ᠰᠡᠷᠭᠦᠭᠡᠬᠦ ᠪᠠ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ ᠶᠢᠨ ᠴᠢᠳᠠᠪᠬᠢ ᠶᠢ ᠮᠡᠳᠡᠭᠳᠡᠮ᠎ᠡ ᠲᠡᠭᠡᠭᠰᠢᠯᠡᠬᠦᠯᠵᠤ᠂ ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠳᠠ ᠶᠢᠨ ᠲᠤᠭᠳᠠᠴᠠ ᠶᠢ ᠦᠨᠳᠦᠰᠦᠨ ᠳᠤ ᠪᠠᠨ ᠪᠦᠷᠢᠯᠳᠦᠬᠦᠯᠵᠤ᠂ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ ᠬᠢᠷᠢ ᠲᠦᠪᠰᠢᠨ ᠢ ᠶᠡᠭᠡᠪᠡᠷ ᠲᠡᠭᠡᠭᠰᠢᠯᠡᠬᠦᠯᠦᠨ᠂ ᠬᠥᠬᠡ ᠣᠭᠲᠠᠷᠭᠤᠶ᠂ ᠬᠥᠬᠡᠮᠳᠦᠭ ᠤᠰᠤ᠂ ᠠᠷᠢᠭᠤᠨ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠤ᠂ ᠪᠤᠬᠢᠷᠳᠤᠯ ᠦᠭᠡᠢ ᠦᠶᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠬᠦᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠲᠠᠯ᠎ᠠ ᠪᠠᠷ ᠰᠠᠶᠢᠵᠢᠷᠠᠭᠤᠯᠵᠤ᠂ ᠤᠮᠠᠷᠠᠳᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠳᠤᠵᠢᠭᠤᠯᠤᠨ᠎ᠠ᠃      ᠠᠷᠠᠳ ᠤᠨ ᠠᠮᠢᠳᠤᠷᠠᠯ ᠤᠨ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠨ᠎ᠡ᠃  ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠤ ᠪᠠᠨ ᠠᠳᠠᠯᠢ ᠪᠠᠷ ᠶᠠᠪᠤᠭᠳᠠᠭᠤᠯᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠤᠯᠠᠮ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠪᠠᠶᠢᠯᠭᠠᠨ᠂ ᠬᠤᠳᠠ ᠬᠦᠳᠡᠭᠡ ᠶᠢᠨ ᠴᠢᠨᠠᠷ ᠴᠢᠨᠰᠠᠭ᠎ᠠ ᠶᠢ ᠯᠠᠪᠳᠠᠭᠤᠨ ᠢᠶᠠᠷ ᠲᠡᠭᠡᠭᠰᠢᠯᠡᠬᠦᠯᠵᠤ᠂ ᠬᠤᠳᠠ ᠬᠦᠳᠡᠭᠡ ᠶᠢᠨ ᠤᠷᠤᠯᠭ᠎ᠠ ᠶᠢ ᠪᠦᠬᠦ ᠤᠷᠤᠨ ᠤ ᠲᠤᠮᠳᠠᠴᠢ ᠬᠢᠷᠢ ᠲᠦᠪᠰᠢᠨ ᠳᠤ ᠬᠦᠷᠭᠡᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠨᠡᠩ ᠭᠦᠢᠴᠡᠳ ᠨᠡᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠦᠨ᠎ᠡ᠃ ︽ᠪᠦᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠦᠭᠵᠢᠬᠦᠯᠬᠦ︾ ᠢᠨᠵᠧᠨᠧᠷᠢᠩ ᠢ ᠦᠷᠬᠦᠯᠵᠢᠯᠡᠨ ᠭᠦᠨᠵᠡᠭᠡᠶᠢᠷᠡᠬᠦᠯᠵᠤ᠂ ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠤᠨ᠎ᠠ᠃ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠴᠢᠯᠡᠭᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠨᠡᠶᠢᠭᠡᠮ  ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠳᠡᠰ ᠳᠠᠪᠬᠤᠷᠭᠠᠳᠤ ᠪᠠᠲᠤᠯᠠᠭ᠎ᠠ ᠶᠢᠨ ᠰᠢᠰᠲ᠋ᠧᠮ ᠢ ᠤᠯᠠᠮ ᠲᠡᠭᠦᠯᠳᠡᠷᠵᠢᠬᠦᠯᠦᠨ᠎ᠡ᠃ ᠭᠡᠨᠡᠳᠲᠡ ᠶᠢᠨ ᠡᠬᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠰᠢᠯᠭᠠᠬᠤ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠰᠢᠢᠳᠪᠦᠷᠢᠯᠡᠬᠦ ᠪᠠ ᠶᠡᠷᠤᠩᠬᠡᠶᠢᠯᠡᠨ ᠠᠪᠤᠷᠠᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠬᠦᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠢ ᠤᠯᠠᠮ ᠲᠡᠭᠦᠯᠳᠡᠷᠵᠢᠭᠦᠯᠦᠨ᠎ᠡ᠃ ᠬᠥᠮᠦᠨ ᠢᠶᠠᠷ ᠭᠤᠤᠯ ᠪᠤᠯᠭᠠᠬᠤ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠣᠯ ᠵᠢᠷᠭᠠᠯᠲᠤ ᠬᠡᠷ ᠣᠷᠣᠨ ᠢᠶᠠᠨ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ᠃      ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ᠃ ᠬᠤᠰᠢᠭᠤᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠲᠠ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠬᠦᠳᠴᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠵᠠᠭᠪᠤᠷ ᠢ ᠦᠨᠳᠦᠰᠦᠨ ᠳᠤ ᠪᠠᠨ ᠪᠦᠷᠢᠯᠳᠦᠭᠦᠯᠦᠨ᠎ᠡ᠃ ᠨᠡᠶᠢᠭᠡᠮ ᠤᠨ ᠠᠰᠢᠭ ᠲᠤᠰᠠ ᠶᠢᠨ ᠢᠯᠡᠳᠬᠡᠬᠦ᠂ ᠵᠣᠬᠢᠴᠠᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢ ᠭᠦᠨᠵᠡᠭᠡᠢ ᠥᠷᠨᠢᠭᠦᠯᠵᠦ᠂ ᠨᠡᠶᠢᠭᠡᠮ ᠵᠢᠷᠤᠮ ᠤᠨ ᠠᠷᠠᠳᠴᠢᠯᠠᠯ ᠪᠠ ᠬᠠᠤᠯᠢ ᠪᠠᠷ ᠵᠠᠰᠠᠬᠤ ᠶᠢ ᠤᠯᠠᠮ ᠲᠡᠭᠦᠯᠳᠡᠷᠵᠢᠭᠦᠯᠦᠨ᠎ᠡ᠃ ᠤᠷᠤᠨ ᠲᠤᠭᠤᠷᠢᠭᠴᠢᠯᠠᠭᠰᠠᠨ ᠬᠠᠮᠢᠶᠠᠷᠤᠯᠲᠠ᠂ ᠨᠠᠷᠢᠯᠢᠬᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠴᠢᠯᠠᠯᠲᠠ ᠶᠢᠨ ᠲᠤᠯᠭᠠᠭᠤᠷᠢᠯᠠᠯᠲᠠ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠨᠡᠩ ᠪᠦᠷᠢᠨᠰᠢᠬᠦᠯᠵᠤ᠂ ᠬᠦᠨᠳᠦ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠲᠤᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠂ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠬᠦᠰᠬᠦ ᠶᠢ ᠪᠠᠴᠢᠮ ᠠᠷᠭᠠᠴᠠᠭᠠᠨ ᠰᠢᠢᠳᠪᠦᠷᠢᠯᠡᠬᠦ ᠪᠠ ᠪᠠᠶᠢᠭᠠᠯᠢ ᠶᠢᠨ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠤ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠤᠯᠠᠮ ᠴᠢᠩᠭᠠᠳᠬᠠᠨ᠂ ᠠᠮᠤᠷ ᠠᠮᠤᠭᠤᠯᠠᠩ ᠤᠷᠠᠳ ᠤᠨ ᠳᠤᠮᠳᠠᠳᠤ ᠬᠤᠰᠢᠭᠤ ᠶᠢ ᠨᠡᠩ ᠦᠨᠳᠦᠷ ᠲᠦᠪᠰᠢᠨ ᠳᠤ ᠲᠠᠪᠰᠢᠭᠤᠯᠤᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠤᠯᠠᠮ ᠪᠠᠳᠤ ᠴᠤᠭᠴᠠᠯᠠᠨ᠎ᠠ᠃      ᠲᠥᠯᠥᠭᠡᠯᠡᠭᠴᠢᠳ ᠡ᠂  ᠪᠢᠳᠡ ᠨᠢᠭᠡᠨᠲᠡ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢᠶᠠᠨ ᠡᠬᠢᠯᠡᠭᠦᠯᠪᠡ᠂ ᠪᠢᠳᠡ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠪᠦᠯᠬᠦᠮᠳᠡᠨ ᠲᠡᠮᠡᠴᠡᠳᠡᠭ ᠯᠡ ᠶᠤᠮ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠠᠷᠠᠯᠲᠠ ᠡᠭᠦᠷᠭᠡ ᠶᠢ ᠯᠠᠪᠲᠠᠶ ᠦᠵᠡᠰᠬᠦᠯᠡᠩᠲᠦ ᠰᠠᠶᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠵᠤ ᠴᠢᠳᠠᠨ᠎ᠠ︕     ᠭᠤᠷᠪᠠ᠂ 2021 ᠤᠨ ᠤ ᠵᠠᠰᠠᠭ ᠤᠨ ᠤᠷᠳᠤᠨ ᠤ ᠠᠵᠢᠯ ᠤᠨ ᠲᠤᠬᠢᠷᠠᠭᠤᠯᠤᠯᠲᠠ      ᠡᠨᠡ ᠵᠢᠯ ᠪᠤᠯ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠦᠯᠦᠪᠵᠢᠬᠦᠯᠭᠡ ᠶᠢᠨ ᠡᠬᠢᠯᠡᠯᠲᠡ ᠶᠢᠨ ᠵᠢᠯ ᠪᠠᠶᠢᠵᠤ᠂ ᠮᠦᠨᠴᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠬᠦ ᠠᠩᠬᠠᠨ ᠤ ᠵᠢᠯ ᠮᠦᠨ᠂ ᠪᠠᠰᠠᠴᠤ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠰᠡᠬᠦᠯ ᠬᠤᠷᠢᠶᠠᠬᠤ ᠵᠢᠯ ᠪᠤᠯᠤᠨ᠎ᠠ᠃ ︽ᠬᠤᠤᠰ ᠵᠠᠭᠤᠨ ᠵᠢᠯ︾ ᠤᠨ ᠲᠡᠦᠬᠡ ᠶᠢᠨ ᠠᠭᠤᠯᠵᠠᠷ ᠲᠤ ᠵᠣᠭᠰᠣᠵᠤ᠂ ᠦᠭᠡᠷᠡᠴᠢᠯᠡᠯᠳᠡ ᠨᠡᠭᠡᠭᠡᠯᠳᠡ ᠬᠦᠭᠵᠢᠯᠳᠡ ᠲᠤᠭᠳᠠᠭᠤᠨ ᠤ ᠡᠬᠦᠷᠭᠡ ᠲᠤᠶᠢᠯ ᠤᠨ ᠨᠦᠰᠡᠷ ᠬᠦᠨᠳᠤ ᠪᠠᠶᠢᠵᠤ᠂ ᠪᠢᠳᠡ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠲᠤᠯᠤᠳᠤᠭᠠᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠪᠠᠷ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠣᠳᠠᠲᠠᠢ ᠠᠵᠢᠯᠯᠠᠬᠤ ᠶᠢ ᠡᠷᠬᠢᠮᠯᠡᠨ ᠳᠡᠭᠡᠳᠦᠯᠡᠵᠦ᠂ ᠰᠢᠨ᠎ᠡ ᠠᠵᠠ ᠲᠣᠬᠢᠶᠠᠯ ᠢ ᠠᠮᠵᠢᠨ ᠠᠳᠬᠤᠵᠤ᠂ ᠰᠢᠨ᠎ᠡ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶᠯ ᠤᠨ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠢᠯ ᠢᠶᠠᠨ ᠰᠠᠶᠢᠨ  ᠢᠶᠠᠷ ᠡᠬᠢᠯᠡᠬᠦᠯᠦᠨ ᠰᠠᠶᠢᠳᠤᠷ ᠦᠷᠨᠢᠬᠦᠯᠬᠦ ᠶᠢ ᠪᠠᠲᠤᠯᠠᠵᠤ᠂ ᠰᠢᠯᠢᠳᠡᠭ ᠬᠢᠷᠢ ᠪᠦᠳᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠳᠤᠨ᠎ᠠ᠃      ᠪᠥᠬᠦ ᠵᠢᠯ ᠤᠨ ᠭᠤᠤᠯ ᠵᠢᠱᠢᠭᠰᠡᠨ ᠬᠠᠷᠠᠯᠲᠠ ᠪᠣᠯ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠤᠷ᠎ᠠ ᠪᠠᠶᠢᠯᠭᠠᠬᠤ ᠥᠬᠡᠶ ᠪᠠᠶᠢᠵᠤ᠂ ᠡᠨᠧᠷᠭᠢ ᠶᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ  ᠶᠢ ᠪᠠᠭᠠᠰᠬᠠᠬᠤ ᠶᠢ ᠭᠦᠶᠴᠡᠳᠬᠡᠯ ᠲᠤᠭ᠎ᠠ ᠶᠢᠨ ᠳᠣᠲᠣᠷ᠎ᠠ ᠴᠢᠩᠭ᠎ᠠ ᠬᠢᠵᠠᠭᠠᠷᠯᠠᠵᠤ᠂ ᠠᠵᠤ ᠠᠬᠤᠶ᠂ ᠨᠡᠶᠢᠭᠡᠮ᠂ ᠰᠣᠶᠣᠯ᠂ ᠠᠮᠢ ᠠᠬᠤᠶ ᠶᠢᠨ ᠡᠯ᠎ᠡ ᠬᠦᠷᠢᠶᠡᠨ ᠴᠠᠷᠠᠭ᠎ᠠ ᠨᠢ ᠴᠥᠮ ᠠᠮᠢ ᠠᠬᠤᠶ ᠶᠢ ᠤᠷᠢᠳ ᠢᠶᠠᠷ ᠪᠤᠳᠤᠯᠬᠢᠯᠠᠵᠤ᠂ ᠪᠣᠬᠢᠷᠲᠤᠯ ᠥᠬᠡᠶ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠶ ᠬᠥᠭᠵᠢᠯᠲᠡ  ᠶᠢᠨ ᠰᠢᠨ᠎ᠡ ᠵᠠᠮ ᠢᠶᠠᠷ ᠤᠷᠤᠭᠰᠢᠯᠠᠨ᠎ᠠ᠃      ᠣᠳᠣᠬᠠᠨ ᠳᠤ᠂ ᠳᠡᠯᠡᠬᠡᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠲᠤᠰ ᠭᠠᠵᠠᠷ ᠣᠷᠣᠨ ᠤ ᠬᠢᠵᠢᠭ ᠤᠯᠠᠨ ᠭᠠᠵᠠᠷ ᠲᠤ ᠠᠲᠡ ᠲᠡᠨᠲᠡ ᠳᠡᠯᠭᠡᠷᠡᠬᠦ ᠪᠠ ᠬᠡᠰᠡᠭ ᠭᠠᠵᠠᠷ ᠲᠤ ᠲᠥᠪᠯᠡᠷᠡᠯ ᠤᠨ ᠴᠢᠨᠠᠷᠲᠠᠢ ᠬᠢᠵᠢᠭ ᠰᠣᠯᠪᠢᠴᠠᠨ ᠳᠠᠪᠬᠤᠴᠠᠬᠤ ᠪᠠᠶᠢᠳᠠᠯ ᠢᠯᠡᠷᠡᠵᠦ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠢ ᠬᠠᠳᠠᠭᠤ ᠴᠢᠩᠭ᠎ᠠ ᠪᠠᠶᠢᠨ᠎ᠠ᠃ ᠪᠢᠳᠡ ᠡᠷᠭᠡᠪᠰᠢ ᠰᠡᠷᠭᠡᠶᠢᠯᠡᠯᠲᠡ ᠪᠠᠨ ᠴᠠᠭ ᠢᠮᠠᠭᠲᠠ ᠴᠢᠩᠭᠠᠳᠬᠠᠵᠤ᠂ ᠤᠯᠠᠨ ᠡᠪᠡᠳᠴᠢᠨ ᠲᠠᠬᠤᠯ ᠢ ᠬᠠᠮᠳᠤ ᠳᠤ ᠨᠢ ᠰᠡᠷᠭᠡᠶᠢᠯᠡᠬᠦ᠂ ᠬᠥᠮᠦᠨ ᠬᠠᠷ᠎ᠠ ᠤᠷᠴᠢᠨ ᠲᠤᠭᠤᠷᠢᠨ  ᠢ ᠬᠠᠮᠲᠤ ᠪᠠᠷ ᠰᠡᠷᠭᠡᠶᠢᠯᠡᠬᠦ ᠶᠢ ᠪᠠᠷᠢᠮᠲᠠᠯᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠨ᠂ ᠳᠣᠲᠣᠭᠠᠳᠤ   ᠳᠠᠭᠠᠨ ᠲᠠᠬᠢᠨ ᠡᠭᠦᠰᠬᠦ   ᠶᠢ  ᠰᠡᠷᠭᠡᠶᠢᠯᠡᠬᠦ  ︾ ᠬᠢᠵᠢᠭ ᠢ ᠰᠡᠷᠭᠡᠶᠢᠯᠡᠨ ᠡᠵᠡᠮᠳᠡᠬᠦ ᠶᠡᠷᠦᠩᠬᠡᠢ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠦᠨ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭᠠᠳᠬᠠᠨ ᠪᠣᠳᠠᠲᠠᠶᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯᠤᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠶᠢ ᠴᠠᠭ ᠢᠮᠠᠭᠲᠠ ᠪᠣᠯᠭᠤᠮᠵᠢᠲᠠᠢ   ᠪᠠᠷ ᠰᠠᠶᠢᠲᠤᠷ  ᠠᠳᠬᠤᠵᠤ  ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠢ ᠡᠷᠡᠰ ᠰᠠᠬᠢᠨ ᠬᠠᠮᠠᠭᠠᠯᠠᠨ᠎ᠠ᠃ ᠬᠢᠵᠢᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠪᠣᠳᠠᠲᠠᠢ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠢᠶᠠᠨ ᠴᠢᠩᠭᠠᠳᠬᠠᠭᠰᠠᠨ ᠰᠠᠭᠤᠷᠢᠨ ᠳᠡᠭᠡᠷ᠎ᠡ᠂ ᠳᠣᠣᠷᠠᠬᠢ ᠬᠡᠳᠦᠨ ᠲᠠᠯ᠎ᠠ  ᠶᠢᠨ ᠠᠵᠢᠯ ᠢ ᠭᠤᠣᠯᠳᠠᠯᠭ᠎ᠠ ᠲᠠᠢ ᠪᠡᠶᠡᠯᠡᠭᠦᠯᠦᠨ᠎ᠡ᠃      ︵ᠨᠢᠭᠡ︶ ᠮᠠᠯᠵᠢᠬᠤ ᠲᠠᠷᠢᠶᠠᠯᠠᠬᠤ ᠤᠷᠤᠨ ᠢ ᠤᠷᠢᠳ ᠢᠶᠠᠷ ᠬᠦᠭᠵᠢᠬᠦᠯᠦᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ  ᠶᠢ ᠤᠯᠠᠮ ᠨᠢᠭᠡ ᠠᠯᠬᠤᠮ ᠠᠬᠢᠭᠤᠯᠤᠨ᠎ᠠ᠃      ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠳᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢᠨ ᠵᠢᠷᠤᠭ ᠲᠥᠯᠥᠪᠯᠡᠭᠡ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠪᠡᠶᠡᠯᠡᠭᠦᠯᠵᠤ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾᠂ ︽ᠠᠮᠤ ᠪᠤᠳᠠᠭ᠎ᠠ ᠶᠢᠨ ᠪᠤᠰᠤ︾ ᠪᠠᠷ ᠬᠡᠷᠡᠭᠯᠡᠬᠦ ᠶᠢ ᠡᠷᠡᠰ ᠬᠤᠷᠢᠭᠯᠠᠨ ᠰᠡᠷᠬᠡᠶᠢᠯᠡᠨ᠎ᠡ᠃ ᠲᠠᠷᠢᠮᠠᠯ ᠤᠨ ᠪᠦᠲᠦᠴᠡ ᠪᠣᠯᠤᠨ ᠲᠥᠷᠥᠯ ᠵᠦᠢᠯ ᠢ ᠲᠠᠰᠤᠷᠠᠯᠲᠠ ᠤᠢᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠪᠣᠷᠣᠯᠠᠭᠤᠯᠭ᠎ᠠ ᠰᠠᠶᠢᠲᠠᠶ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠶᠡᠬᠡᠪᠡᠷ ᠬᠥᠭᠵᠢᠭᠦᠯᠦᠨ᠎ᠡ᠃ ᠲᠡᠯ ᠠᠭᠤᠯᠠ ᠶᠢᠨ ᠰᠧ ᠢ ᠲᠠᠩ᠂ ᠦᠵᠦᠬᠦᠷ ᠭᠤᠤᠯ ᠤᠨ ᠯᠢᠶᠡᠨᠹᠧᠩ ᠹᠧᠨᠳ᠋ᠸᠤ ᠲᠠᠷᠢᠶᠠᠯᠠᠩ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠪᠣᠯᠤᠨ ᠰᠢᠬ᠎ᠠ ᠭᠤᠤᠯ ᠤᠨ ᠴᠢᠯᠠᠭᠤᠳᠤ ᠶᠢᠨ ᠦᠨᠳᠦᠷ ᠠᠰᠢᠭᠳᠤ ᠤᠰᠤ ᠠᠷᠪᠢᠯᠠᠬᠤ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠰᠢᠨ᠎ᠡ ᠰᠤᠷᠭᠤᠭ ᠢᠶᠠᠷ ᠨᠢ ᠬᠦᠮᠦᠷᠭᠡᠯᠡᠨ ᠬᠠᠳᠠᠭᠠᠯᠠᠬᠤ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡᠨ ᠤ ᠲᠥᠪ 4 ᠭᠠᠵᠠᠷ᠂ ᠴᠢᠬᠢ ᠪᠣᠶᠢᠵᠢᠭᠤᠯᠬᠤ ᠰᠠᠭᠤᠷᠢᠨ ᠭᠠᠵᠠᠷ 3 ᠶᠢ ᠰᠢᠨ᠎ᠡ ᠪᠠᠷ ᠪᠠᠶᠢᠭᠤᠯᠵᠤ᠂ ᠮᠦ ᠪᠦᠷᠢ ᠶᠢᠨ ᠳᠤᠮᠳᠠᠴᠢ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠨᠢ 2 ᠲᠦᠮᠡᠨ ᠲᠥᠭᠦᠷᠢᠭ ᠢ ᠲᠠᠪᠠᠭ᠋ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠲᠤᠯᠤᠭᠠᠶᠢᠯᠠᠭᠴᠢ ᠠᠵᠤ ᠠᠬᠤᠶᠢᠯᠠᠯ ᠲᠠᠭᠠᠭᠤᠯᠤᠨ᠂ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠲᠠᠭᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ ᠣᠷᠣᠯᠴᠠᠭᠰᠠᠨ ᠠᠵᠤ ᠦᠢᠯᠡᠰ ᠤᠨ ᠬᠤᠯᠪᠣᠭᠠᠲᠤ ᠴᠣᠭᠴᠠ  ᠶᠢᠨ ᠬᠥᠭᠵᠢᠯᠲᠡ ᠶᠢ ᠲᠡᠳᠬᠦᠵᠦ᠂ ᠤᠷᠠᠳ ᠤᠨ ᠬᠤᠨᠢ ᠢᠮᠠᠭᠠᠨ ᠮᠢᠬ᠎ᠠ᠂ ᠰᠢᠬ᠎ᠠ ᠭᠤᠤᠯ ᠤᠨ ᠬᠠᠭᠤᠷᠠᠶ ᠭᠠᠵᠠᠷ ᠤᠨ ᠲᠠᠷᠢᠮᠠᠯ᠂ ᠬᠤᠯᠤᠰᠤᠲᠠᠶ ᠶᠢᠨ ᠤᠯᠠᠭᠠᠨ ᠪᠥᠭᠡᠷᠡᠯᠵᠢᠭᠡᠨ᠎ᠡ ᠵᠡᠷᠭᠡ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠶᠢ ᠠᠬᠢᠭᠤᠯᠵᠤ᠂ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠪᠦᠳᠦᠭᠡᠭᠳᠡᠬᠦᠨ 5 ᠶᠢ ᠰᠢᠨ᠎ᠡ ᠪᠠᠷ ᠨᠡᠮᠡᠭᠳᠡᠭᠦᠯᠵᠦ᠂ ᠰᠢᠯᠢᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ︽ᠲᠩᠷᠢ ᠶᠢᠨ ᠬᠡᠰᠢᠭᠲᠦ ᠪᠣᠷᠣᠲᠣᠬᠤᠢ︾ ᠶᠢᠨ ᠣᠷᠣᠨ ᠪᠦᠰᠡ ᠶᠢᠨ ᠨᠡᠷᠡᠲᠦ ᠲᠡᠮᠳᠡᠭ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ  ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ᠂ ᠪᠠᠶᠢᠴᠠᠭᠠᠨ ᠬᠢᠨᠠᠬᠤ ᠪᠠ ᠮᠦᠷᠳᠡᠨ ᠨᠡᠬᠡᠮᠵᠢᠯᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠬᠤᠰᠢᠭᠤ ᠶᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃      ᠦᠪᠡᠷᠳᠡᠭᠡᠨ ᠵᠠᠰᠠᠬᠤ ᠤᠷᠤᠨ ᠤ ᠮᠠᠯᠵᠢᠬᠤ ᠤᠷᠤᠨ ᠤ ᠤᠳᠤᠬᠢᠴᠢᠯᠠᠯᠲᠠ ᠶᠢᠨ ᠲᠤᠷᠰᠢᠯᠳᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃  ︽1 +5 +N︾ ᠲᠤᠷᠰᠢᠯᠲᠠ ᠶᠢᠨ ᠴᠡᠭ ᠤᠨ ᠵᠢᠱᠢᠶ᠎ᠡ ᠦᠵᠡᠬᠦᠯᠬᠦ ᠲᠤᠭᠤᠷᠢᠭ ᠤᠨ ᠪᠠᠶᠢᠭᠤᠯᠤᠯᠲᠠ ᠪᠠᠷ ᠲᠠᠭᠠᠭᠤᠯᠭ᠎ᠠ ᠪᠤᠯᠭᠠᠵᠤ᠂ ︽ ᠳᠥᠷᠪᠡᠨ  ᠶᠡᠭᠡ  ᠬᠤᠪᠢᠷᠠᠯᠲᠠ  ︾ ᠶᠢ ᠰᠦᠪᠡᠭᠴᠢᠯᠡᠨ ᠠᠬᠢᠭᠤᠯᠵᠤ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠬᠦᠨᠵᠡᠭᠡᠢ ᠠᠬᠢᠭᠤᠯᠤᠨ᠎ᠠ᠃ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭ᠎ᠠ ᠵᠡᠷᠭᠡ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ 3 ᠶᠢ ᠪᠦᠲᠦᠭᠡᠨ ᠪᠠᠶᠢᠭᠤᠯᠵᠤ᠂ ᠨᠢᠭᠡ ᠪᠦᠯᠦᠭ ᠲᠣᠭᠠᠴᠢᠯᠠᠭᠰᠠᠨ᠂ ᠪᠠᠷᠢᠮᠵᠢᠶᠠᠵᠢᠭᠰᠠᠨ ᠤᠶᠤᠨᠴᠢ ᠭᠡᠷ ᠪᠦᠯᠢ ᠶᠢᠨ ᠠᠮᠢ ᠠᠬᠤᠶ ᠶᠢᠨ ᠮᠠᠯᠵᠢᠯ ᠤᠨ ᠲᠠᠯᠠᠪᠠᠶ ᠶᠢ ᠬᠥᠭᠵᠢᠭᠦᠯᠵᠦ᠂ ᠦᠨᠳᠦᠰᠦᠲᠡᠨ ᠤ ᠤᠯᠠᠮᠵᠢᠯᠠᠯᠳᠤ ᠴᠠᠭᠠᠨ ᠢᠳᠡᠭᠡᠨ ᠤ ᠦᠢᠯᠡᠳᠪᠦᠷᠢᠯᠡᠯ ᠪᠤᠯᠪᠠᠰᠤᠷᠠᠭᠤᠯᠤᠯᠲᠠ ᠶᠢᠨ ᠰᠠᠭᠤᠷᠢᠨ ᠭᠠᠵᠠᠷ ᠪᠠ ᠣᠶᠤᠨᠴᠢ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠡᠬᠦᠳᠦᠨ ᠪᠠᠶᠢᠭᠤᠯᠵᠤ᠂ ᠬᠤᠶᠠᠷ ᠪᠤᠭᠲᠠ ᠶᠢᠨ ᠴᠠᠭᠠᠨ ᠨᠤᠯᠤᠤᠷ ᠤᠨ ᠢᠮᠠᠭᠠᠨ ᠤ ᠨᠤᠯᠤᠤᠷ  ᠤᠨ ᠰᠤᠳᠤᠯᠤᠨ ᠨᠡᠭᠡᠭᠡᠬᠦ ᠵᠢᠴᠢ ᠰᠤᠯᠢᠯᠴᠠᠭᠠᠨ ᠤ ᠲᠦᠪ ᠤᠨ ᠪᠠᠶᠢᠭᠤᠯᠤᠯᠲᠠ ᠶᠢ ᠲᠦᠷᠭᠡᠳᠬᠡᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠤᠭᠲᠠᠭᠤᠨ ᠢᠶᠠᠷ ᠲᠡᠭᠡᠭᠰᠢᠯᠡᠬᠦᠯᠦᠨ᠎ᠡ᠃ ︽ᠤᠷᠠᠳ︾ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠳᠦ ᠲᠡᠮᠳᠡᠭ ᠢ ᠶᠡᠬᠡᠪᠡᠷ ᠪᠤᠶᠢᠵᠢᠭᠤᠯᠵᠤ᠂ ᠬᠠᠩᠭᠠᠨ ᠪᠣᠷᠣᠯᠠᠭᠤᠯᠭ᠎ᠠ᠂ ᠡᠯᠧᠺᠲᠷᠣᠨ ᠬᠤᠳᠠᠯᠳᠤᠭ᠎ᠠ ᠵᠡᠷᠭᠡ ᠲᠣᠤᠷ ᠰᠦᠯᠵᠢᠶᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠬᠦᠯᠦᠨ᠂ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠬᠦᠯᠦᠨ᠎ᠡ᠃ ᠡᠷᠦᠬᠡ ᠬᠤᠯᠪᠣᠭᠠᠯᠠᠨ ᠲᠣᠤᠷ ᠨᠡᠶᠢᠯᠡᠭᠦᠯᠦᠨ ᠡᠵᠡᠩᠨᠡᠬᠦ ᠶᠢ ᠵᠣᠷᠢᠭᠵᠢᠭᠤᠯᠵᠤ᠂ ᠨᠤᠳᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠥᠨᠳᠥᠷ ᠦᠷ᠎ᠡ ᠠᠰᠢᠭ ᠲᠠᠢ ᠪᠠᠷ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠣᠳᠣᠨ ᠲᠡᠰ ᠤᠨ ᠮᠠᠯᠴᠢᠨ ᠠᠶᠢᠯ ᠤᠨ ᠵᠢᠭᠤᠯᠴᠢᠯᠠᠯ᠂ ᠵᠠᠩ ᠦᠢᠯᠡ ᠶᠢ ᠪᠡᠶᠡᠴᠢᠯᠡᠨ ᠣᠶᠢᠯᠠᠭᠠᠬᠤ ᠵᠡᠷᠭᠡ ᠲᠠᠯ᠎ᠠ ᠨᠤᠲᠤᠭ ᠤᠨ ᠠᠮᠢ ᠠᠬᠤᠢ ᠶᠢᠨ ᠵᠢᠭᠤᠯᠴᠢᠯᠠᠯ ᠤᠨ ᠦᠢᠯᠡᠰ  ᠢ ᠵᠣᠬᠢᠰᠲᠠᠢ ᠬᠥᠭᠵᠢᠭᠦᠯᠵᠦ᠂ ᠮᠠᠯ ᠠᠵᠤ ᠠᠬᠤᠢ ᠶᠢᠨ ᠬᠤᠶᠠᠳᠤᠭᠠᠷ ᠭᠤᠷᠪᠠᠳᠤᠭᠠᠷ ᠠᠵᠤ ᠦᠢᠯᠡᠰ ᠯᠦᠭᠡ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ 5 ᠶᠢ ᠲᠡᠳᠬᠦᠨ ᠪᠠᠶᠢᠭᠤᠯᠵᠤ ᠂ ᠵᠢᠯ ᠤᠨ ᠡᠵᠡᠩᠨᠡᠯᠳᠡ ᠶᠢᠨ ᠣᠷᠣᠯᠭ᠎ᠠ ᠶᠢ ᠨᠢ 20 ᠲᠦᠮᠡᠨ ᠲᠥᠭᠦᠷᠢᠭ ᠠᠴᠠ ᠲᠡᠭᠡᠭᠰᠢ ᠬᠦᠷᠭᠡᠬᠦ ᠪᠠᠷ ᠴᠢᠷᠮᠠᠶᠢᠨ᠎ᠠ᠃ ᠮᠠᠯᠵᠢᠬᠤ ᠣᠷᠣᠨ ᠤ ᠨᠡᠶᠢᠭᠡᠮᠴᠢᠯᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠥᠬᠦ ᠣᠷᠣᠨ ᠪᠦᠰᠡᠴᠢᠯᠡᠬᠦ᠂ ᠴᠢᠨᠠᠷ ᠰᠠᠶᠢᠲᠠᠶ ᠦᠷ᠎ᠡ ᠬᠠᠩᠭᠠᠬᠤ ᠢᠨᠵᠧᠨᠧᠷᠢᠩ ᠢ ᠪᠥᠬᠦ ᠣᠷᠣᠨ ᠪᠦᠰᠡᠴᠢᠯᠡᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠦᠢᠯᠡᠴᠢᠯᠡᠭᠡᠨ ᠢ ᠪᠥᠬᠦ ᠣᠷᠣᠨ ᠪᠦᠰᠡᠴᠢᠯᠡᠬᠦ᠂ ᠨᠡᠶᠢᠭᠡᠮ ᠤᠨ ᠣᠯᠠᠨ ᠨᠡᠶᠢᠲᠡ ᠶᠢᠨ ᠰᠠᠭᠤᠷᠢ ᠦᠢᠯᠡᠴᠢᠯᠡᠭᠡᠨ ᠤ ᠴᠢᠳᠠᠪᠤᠷᠢ ᠶᠢ ᠪᠥᠬᠦ ᠣᠷᠣᠨ ᠪᠦᠰᠡᠴᠢᠯᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠪᠥᠬᠦ ᠣᠷᠣᠨ ᠪᠦᠰᠡᠴᠢᠯᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃      ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠦᠬᠦᠭᠡᠷᠤᠮᠵᠢ ᠶᠢ ᠦᠷᠭᠦᠯᠵᠢᠯᠡᠨ ᠪᠦᠷᠢᠨᠰᠢᠬᠦᠯᠵᠤ᠂ ︽ᠬᠥᠳᠡᠭᠡ ᠲᠣᠰᠬᠤᠨ ᠤ ᠳᠥᠷᠪᠡᠨ ᠰᠠᠶᠢᠨ ᠵᠠᠰᠠᠮᠠᠯ ᠵᠠᠮ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠯᠢᠶᠡᠳ ᠶᠡᠭᠡ ᠪᠠᠶᠢᠭᠠᠯᠢ ᠶᠢᠨ ᠭᠠᠴᠠᠭ᠎ᠠ ᠲᠣᠰᠬᠤᠨ ᠳᠤ ᠬᠠᠳᠠᠭᠤᠷᠠᠭᠤᠯᠤᠭᠰᠠᠨ ᠵᠠᠮ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠤ᠂ ᠤᠯᠤᠰ ᠤᠨ ᠵᠠᠮ 335 ᠶᠢᠨ ᠭᠦᠨᠬᠤᠳᠳᠤᠭ ᠠᠴᠠ ᠬᠠᠯᠢᠭᠤᠳᠤ ᠬᠦᠷᠬᠦ᠂ ᠭᠠᠭᠴᠠᠮᠤᠳᠤ ᠠᠴᠠ ᠬᠠᠯᠢᠭᠤᠳᠤ ᠬᠦᠷᠬᠦ ᠤᠷᠤᠨ ᠨᠤᠳᠤᠭ ᠤᠨ ᠲᠦᠷᠭᠡᠨ ᠤ ᠵᠠᠮ ᠵᠡᠷᠭᠡ ᠤᠯᠤᠰ ᠮᠤᠵᠢ ᠶᠢᠨ ᠭᠤᠤᠯ ᠱᠤᠭᠤᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠠᠷᠠᠴᠢᠯᠠᠭᠤ ᠨᠠᠭᠤᠷ᠂ ᠪᠠᠢ ᠱᠠ ᠳᠧᠦ ᠵᠡᠷᠭᠡ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠴᠢ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ  ᠢ ᠡᠬᠢᠯᠡᠭᠦᠯᠦᠨ ᠪᠠᠶᠢᠭᠤᠯᠤᠨ᠎ᠠ᠃ ᠬᠥᠳᠡᠭᠡ ᠲᠣᠰᠬᠤᠨ ᠤ ᠴᠠᠬᠢᠯᠭᠠᠨ ᠲᠣᠣᠷ ᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ 10 ᠺᠢᠯᠤᠸᠤᠯᠲ ᠵᠢᠴᠢ ᠲᠡᠬᠦᠨ ᠠᠴᠠ ᠪᠠᠭ᠎ᠠ ᠪᠠᠭᠳᠠᠭᠠᠮᠵᠢ ᠶᠢᠨ 428 ᠺᠢᠯᠣᠮᠧᠲᠷ ᠤᠷᠳᠤ ᠵᠠᠮ ᠱᠤᠭᠤᠮ ᠢ ᠰᠢᠨ᠎ᠡ ᠪᠠᠷ ᠥᠭᠡᠷᠡᠴᠢᠯᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ ᠲᠤᠨᠤᠭ ᠲᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ 4G  ᠶᠢᠨ ᠰᠠᠭᠤᠷᠢ ᠥᠷᠲᠡᠭᠡ 9 ᠶᠢ ᠰᠢᠨ᠎ᠡ ᠪᠠᠷ ᠪᠠᠶᠢᠭᠤᠯᠵᠤ᠂ 5G ᠶᠢᠨ ᠰᠠᠭᠤᠷᠢ ᠥᠷᠲᠡᠭᠡ ᠶᠢᠨ ᠪᠠᠶᠢᠷᠢᠰᠢᠭᠤᠯᠤᠯᠲᠠ ᠶᠢ ᠲᠦᠷᠭᠡᠳᠬᠡᠨ᠂ ᠴᠢᠮᠡᠭᠡ ᠬᠤᠯᠪᠣᠭᠠᠨ ᠤ ᠳᠣᠬᠢᠶ᠎ᠠ ᠶᠢᠨ ᠶᠠᠰᠤ ᠴᠢᠨᠠᠷ ᠢ ᠴᠢᠩᠭᠠᠷᠠᠭᠤᠯᠤᠨ᠎ᠠ᠃ ᠬᠦᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠲᠡᠭᠡᠭᠰᠢᠯᠡᠬᠦᠯᠬᠦ 5 ᠵᠢᠯ  ᠤᠨ ᠠᠵᠢᠯᠯᠠᠭ᠎ᠠ   ᠶᠢ ᠦᠷᠭᠦᠯᠵᠢᠯᠡᠨ  ᠠᠬᠢᠭᠤᠯᠵᠤ  ᠂ ᠬᠦᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠬᠠᠮᠢᠶᠠᠷᠤᠯᠳᠠ ᠬᠠᠮᠠᠭᠠᠯᠠᠯᠳᠠ ᠶᠢᠨ ᠤᠷᠲᠤ ᠬᠤᠭᠤᠴᠠᠭᠠᠨ ᠤ ᠪᠦᠲᠦᠮᠵᠢᠳᠦ ᠲᠣᠭᠲᠠᠴᠠ ᠶᠢ ᠲᠡᠭᠦᠯᠳᠡᠷᠵᠢᠭᠦᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠭᠠᠴᠠᠭ᠎ᠠ ᠲᠣᠰᠬᠤᠨ ᠤ ᠲᠦᠷᠢ ᠲᠦᠷᠬᠦ ᠶᠢ ᠦᠨᠡᠨᠬᠦ ᠰᠠᠶᠢᠵᠢᠷᠠᠭᠤᠯᠤᠨ᠎ᠠ᠃ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠪᠣᠯᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠢᠶᠠᠨ ᠲᠠᠭᠠᠭᠤᠯᠤᠨ ᠬᠦᠳᠦᠯᠵᠤ ᠬᠡᠪ ᠵᠠᠩᠰᠢᠯ ᠢᠶᠠᠨ ᠰᠠᠶᠢᠵᠢᠷᠠᠭᠤᠯᠵᠤ᠂ ᠪᠣᠯᠪᠠᠰᠤᠨ ᠰᠠᠶᠢᠬᠠᠨ ᠤᠷᠤᠨ ᠨᠤᠳᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ ᠰᠢᠳᠤᠷᠭᠤ ᠠᠷᠠᠳ ᠤᠨ ᠰᠤᠷᠲᠠᠯ ᠢ ᠬᠦᠮᠦᠵᠢᠬᠦᠯᠵᠤ ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠤᠨ᠎ᠠ᠃      ᠪᠠᠶᠢᠯᠳᠤᠬᠤ ᠪᠣᠳᠣᠯᠭ᠎ᠠ ᠶᠢᠨ ᠵᠣᠯᠭᠠᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ︽ᠳᠥᠷᠪᠡ ᠶᠢ ᠥᠯᠥ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠥᠳᠡᠯᠦᠩᠭᠦᠶ ᠪᠠᠷ ᠬᠢᠨᠠᠨ ᠰᠢᠯᠭᠠᠵᠤ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠬᠦᠯᠵᠤ᠂ ᠲᠠᠷᠢᠶᠠᠯᠠᠩ ᠮᠠᠯ ᠠᠵᠤ ᠠᠬᠤᠶ᠂ ᠵᠢᠭᠤᠯᠴᠢᠯᠠᠯ᠂ ᠬᠡᠷᠡᠯ ᠤᠨ ᠡᠨᠧᠷᠬᠢ ᠵᠡᠷᠭᠡ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠯᠴᠢᠨ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠯᠴᠠᠭᠠᠨ ᠤ ᠲᠣᠭᠲᠠᠴᠠ ᠶᠢ ᠪᠦᠷᠢᠨᠰᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠦᠶᠴᠡᠳᠬᠡᠯ ᠲᠣᠭᠠᠨ ᠤ ᠰᠢᠰᠲ᠋ᠧᠮ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ᠂ ᠮᠠᠯ ᠠᠵᠤ ᠠᠬᠤᠶ ᠲᠠᠷᠢᠶᠠᠯᠠᠩ᠂ ᠮᠠᠯᠴᠢᠨ ᠲᠠᠷᠢᠶᠠᠴᠢᠳ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠠᠵᠤ ᠦᠶᠯᠡᠰ᠂ ᠵᠣᠬᠢᠶᠠᠨ ᠪᠠᠶᠢᠭᠤᠯᠤᠯᠲᠠ ᠪᠣᠯᠤᠨ ᠴᠢᠳᠠᠪᠤᠷᠢᠲᠠᠨ ᠵᠡᠷᠭᠡ ᠲᠠᠯ᠎ᠠ  ᠪᠠᠷ ᠪᠦᠲᠦᠮᠵᠢᠲᠡᠶ ᠵᠣᠯᠭᠠᠭᠤᠯᠬᠤ ᠶᠢ ᠢᠳᠡᠪᠬᠢᠲᠡᠶ ᠠᠬᠢᠭᠤᠯᠵᠤ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠳᠡᠮᠵᠢᠵᠤ ᠪᠠᠶᠢᠭᠰᠠᠨ ᠠᠴᠠ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠡᠰᠢ ᠲᠣᠭᠲᠠᠭᠤᠨ ᠢᠶᠠᠷ ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠭᠠᠴᠠᠭ᠎ᠠ ᠲᠤᠰᠬᠤᠨ ᠤ ︽ᠡᠭᠦᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠰᠠᠶᠢᠳᠤᠷ ᠬᠢᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠴᠢᠳᠠᠪᠤᠷᠢᠲᠠᠨ ᠢ ᠰᠠᠶᠢᠨ ᠰᠤᠩᠭᠤᠵᠤ᠂ ᠤᠳᠤᠷᠢᠳᠬᠤ ᠪᠠᠭ ᠢ ᠰᠠᠶᠢᠳᠤᠷ ᠲᠤᠬᠢᠷᠠᠭᠤᠯᠤᠨ᠎ᠠ᠃      ︵ ᠬᠤᠶᠠᠷ︶  ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠦᠨ᠎ᠡ      ᠲᠥᠷᠥᠯ ᠵᠦᠶᠯ ᠤᠨ ᠨᠥᠭᠡᠴᠡᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ︵ᠬᠦᠷᠢᠶᠡᠯᠡᠩ ᠲᠣᠭᠤᠷᠢᠭ︶ ᠢᠶᠠᠷ ᠲᠡᠭᠡᠭᠰᠢ ᠮᠡᠳᠡᠭᠦᠯᠬᠦ ᠪᠠᠷ ᠲᠠᠮᠵᠢᠨ᠂ ᠳᠤᠮᠳᠠᠳᠤ ᠮᠣᠩᠭᠤᠯ ᠤᠨ ᠠᠭᠤᠷᠬᠠᠢ ᠶᠢᠨ ᠡᠨᠧᠷᠭᠢ ᠶᠢᠨ ᠬᠠᠮᠲᠤᠷᠠᠯᠴᠠᠭ᠎ᠠ ᠶᠢᠨ ᠰᠢᠨ᠎ᠡ ᠳᠠᠪᠠᠭᠤᠯᠢᠭ  ᠢ  ᠪᠤᠢ  ᠪᠣᠯᠭᠠᠨ᠎ᠠ  ᠃ ᠡᠬᠢ ᠪᠠᠶᠠᠯᠢᠭ ᠤᠨ ᠬᠡᠰᠢᠭ ᠰᠤᠶᠤᠷᠬᠠᠯ ᠪᠠ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠨ᠂ ᠭᠤᠤᠯᠳᠠᠭᠤ ︽ᠬᠤᠶᠠᠷ ᠰᠢᠨ᠎ᠡ ᠨᠢᠭᠡ ᠴᠢᠬᠤᠯᠠ︾᠂ ᠠᠵᠤ ᠦᠶᠯᠡᠰ  ᠤᠨ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠪᠥᠬᠦ ᠬᠤᠰᠢᠭᠤᠨ ᠤ ᠬᠤᠶᠠᠷ ᠱᠠᠲᠤᠨ ᠤ ᠲᠥᠷᠥᠯ ᠵᠦᠶᠯ ᠤᠨ ᠬᠥᠮᠥᠷᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠰᠢᠯᠢᠳᠡᠭ ᠲᠥᠷᠥᠯ ᠵᠦᠶᠯ ᠢ ᠲᠥᠰᠦᠪᠯᠡᠨ ᠨᠥᠭᠡᠴᠡᠯᠡᠵᠦ᠂ ᠨᠠᠩ ᠣᠯᠠᠨ ᠲᠥᠷᠥᠯ ᠵᠦᠶᠯ ᠢ ᠤᠯᠤᠰ᠂ ᠥᠪᠡᠷᠲᠡᠭᠡᠨ ᠵᠠᠰᠠᠬᠤ ᠣᠷᠣᠨ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ᠭᠠᠶᠢᠯᠢ ᠰᠦᠢᠳᠭᠡᠯ ᠢ ᠬᠥᠩᠭᠡᠯᠡᠵᠦ ᠪᠠᠭᠤᠷᠠᠭᠤᠯᠬᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠮᠥᠩᠭᠦᠨ ᠭᠦᠶᠯᠭᠡᠭᠡᠨ ᠤ ᠲᠡᠮᠵᠢᠯᠭᠡ ᠶᠢᠨ ᠦᠶᠯᠡᠴᠢᠯᠡᠭᠡ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ᠃ ᠲᠥᠷᠥᠯ ᠵᠦᠢᠯ ᠤᠳ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠥᠷᠥᠯ ᠵᠦᠢᠯ ᠤᠨ ᠠᠵᠢᠯ ᠢᠶᠠᠨ ᠡᠷᠲᠡᠬᠡᠨ ᠡᠬᠢᠯᠡᠭᠦᠯᠵᠤ ᠪᠦᠳᠦᠭᠡᠨ ᠪᠠᠶᠢᠭᠤᠯᠬᠤ ᠶᠢ ᠠᠬᠢᠭᠤᠯᠤᠨ᠎ᠠ᠃                ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠤᠭᠤᠷᠢᠨ ᠳᠤ ᠤᠨᠢᠨ ᠲᠡᠭᠡᠷ᠎ᠡ ᠨᠢ ᠬᠦᠴᠦᠯᠡᠨ᠎ᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ ᠠᠷᠠᠯᠵᠢᠶᠠᠴᠢᠨ ᠤᠷᠢᠬᠤ ᠵᠠᠭᠪᠤᠷ ᠤᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠬᠤ ᠶᠡᠷᠦᠩᠬᠡᠶᠢᠯᠡᠭᠰᠡᠨ ᠦᠢᠯᠡᠴᠢᠯᠡᠭᠡ ᠶᠢ ᠰᠢᠯᠢᠳᠡᠭᠵᠢᠭᠦᠯᠦᠨ᠂ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠶᠢ ᠢᠳᠡᠪᠬᠢᠲᠡᠢ ᠥᠷᠨᠢᠭᠦᠯᠵᠦ᠂ ᠨᠢᠭᠡᠳᠦᠮᠡᠯ ᠹᠷᠣᠨᠲ ᠤᠨ ᠪᠦᠯᠬᠦᠮ᠂ ᠠᠷᠠᠳ ᠤᠨ ᠬᠤᠳᠠᠯᠳᠤᠭᠠᠴᠢᠨ ᠤ ᠡᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠤᠯᠠᠨ ᠨᠡᠩ ᠰᠢᠯᠢᠳᠡᠭ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠪᠠᠶᠢᠭᠤᠯᠤᠨ᠎ᠠ᠃ ᠬᠠᠮᠵᠢᠯᠴᠠᠨ ᠠᠷᠠᠯᠵᠢᠶᠠᠴᠢᠨ ᠤᠷᠢᠬᠤ ᠶᠢ ᠳᠣᠪᠣᠶᠢᠯᠭᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠴᠢᠳᠠᠪᠤᠷᠢᠲᠠᠨ ᠢ ᠤᠷᠢᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠨ ᠦᠶᠯᠡᠴᠢᠯᠡᠬᠦ ᠶᠢ ᠴᠢᠩᠭᠠᠳᠬᠠᠨ᠂ ᠪᠠᠯᠠ ᠣᠷᠣᠭᠤᠯᠤᠯᠲᠠ ᠶᠢᠨ ᠦᠶᠯᠡᠴᠢᠯᠡᠬᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ᠃  ᠪᠡᠭᠡᠵᠢᠩ ᠲᠢᠶᠠᠨᠵᠢᠨ ᠾᠧᠪᠧᠶ᠂ ᠬᠦᠭᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠢᠴᠢ ᠠᠵᠤ ᠠᠬᠤᠶ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢᠨ ᠰᠢᠨ᠎ᠡ ᠬᠠᠨᠳᠤᠰᠢ ᠶᠢ ᠨᠢᠭᠲᠠ ᠠᠩᠬᠠᠷᠴᠤ᠂ ᠡᠬᠢ ᠪᠠᠶᠠᠯᠢᠭ ᠤᠨ ᠲᠠᠪᠠᠭᠤᠯᠢᠭ ᠲᠠᠯ᠎ᠠ ᠪᠠ ᠣᠨᠴᠠᠯᠢᠭᠲᠤ ᠠᠵᠤ ᠦᠢᠯᠡᠰ ᠤᠨ ᠰᠠᠭᠤᠷᠢᠯᠠᠯ ᠳᠤ ᠲᠦᠰᠢᠭᠯᠡᠨ᠂ ᠡᠳ᠋ ᠬᠥᠷᠥᠩᠭᠡ᠂ ᠤᠷ᠎ᠠ ᠮᠡᠷᠭᠡᠵᠢᠯ᠂ ᠴᠢᠳᠠᠪᠤᠷᠢᠲᠠᠨ ᠵᠡᠷᠭᠡ ᠲᠡᠭᠡᠳᠦ ᠲᠡᠰ ᠤᠨ ᠴᠢᠬᠤᠯᠠ ᠡᠯᠧᠮᠧᠨ᠋ᠲ ᠢ ᠬᠦᠴᠦᠯᠡᠨ ᠣᠷᠣᠭᠤᠯᠵᠤ᠂ ᠴᠢᠩᠳᠣᠤ ᠶᠢᠨ ᠲᠧ ᠯᠢ ᠡᠯ᠂ ᠭᠦᠸᠧ ᠬᠤᠸᠠ ᠶᠢᠨ ᠰᠢᠨ᠎ᠡ ᠡᠨᠧᠷᠭᠢ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢᠨ ᠭᠡᠷ᠎ᠡ ᠭᠦᠢᠴᠡᠳᠬᠡᠬᠦ ᠨᠣᠷᠮ᠎ᠠ᠂ ᠪᠡᠯᠡ ᠮᠥᠩᠭᠦᠨ ᠤ ᠨᠠᠶᠢᠳᠠᠪᠤᠷᠢᠵᠢᠭᠤᠯᠤᠯᠲᠠ ᠶᠢᠨ ᠨᠣᠷᠮ᠎ᠠ ᠪᠠ ᠲᠥᠷᠦᠯ ᠵᠦᠢᠯ ᠤᠨ ᠠᠵᠢᠯ ᠡᠬᠢᠯᠡᠬᠦᠯᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠠᠵᠤ ᠦᠶᠯᠡᠳᠪᠦᠷᠢ ᠶᠢᠨ ᠠᠵᠤ ᠠᠬᠤᠶ ᠶᠢᠨ ᠬᠡᠯᠬᠢᠶ᠎ᠡ ᠶᠢ ᠤᠷᠳᠤᠳᠬᠠᠨ ᠨᠦᠬᠦᠪᠦᠷᠢᠯᠡᠬᠦ   ᠶᠢ  ᠲᠦᠷᠭᠡᠳᠭᠡᠨ᠎ᠡ  ᠃  ᠭᠤᠣᠯᠳᠠᠯᠭ᠎ᠠ ᠲᠠᠢ ᠠᠵᠤ ᠦᠶᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 2 ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠭᠦᠸᠧ ᠨᠧᠩ ᠨᠡᠬᠦᠷᠡᠰᠤ ᠭᠡᠤᠷᠰᠢᠬᠦᠯᠤᠯᠳᠠ ᠶᠢᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠱᠤᠭᠤᠮ ᠤᠨ ᠲᠦᠷᠦᠯ ᠵᠦᠢᠯ ᠳᠤ ᠪᠦᠬᠦ ᠬᠦᠴᠤ ᠪᠠᠷ ᠢᠶᠠᠨ ᠦᠢᠯᠡᠴᠢᠯᠡᠵᠤ᠂ ᠭᠦᠸᠧ ᠨᠧᠩ ᠨᠡᠬᠦᠷᠡᠰᠤ ᠭᠡᠤᠷᠰᠢᠬᠦᠯᠤᠯᠳᠠ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠪᠤᠯᠤᠨ ᠳ᠋ᠠ ᠡᠦ ᠳ᠋ᠢᠶᠠᠨ ᠤ ᠪᠠᠯ ᠴᠢᠯᠠᠭᠤᠨ ᠠᠭᠤᠷᠬᠠᠢ ᠶᠢᠨ ᠨᠡᠭᠡᠭᠡᠨ ᠮᠠᠯᠲᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠡᠬᠢᠯᠡᠬᠦᠯᠵᠤ᠂ ︽ᠰᠠᠯᠬᠢ — ᠭᠡᠷᠡᠯ — ᠤᠰᠤᠳᠦ᠋ᠷᠦᠭᠴᠢ — ᠨᠦᠭᠡᠴᠡ︾ ᠶᠢᠨ ᠵᠢᠱᠢᠶ᠎ᠠ ᠦᠵᠡᠬᠦᠯᠬᠦ ᠲᠦᠷᠦᠯ ᠵᠦᠢᠯ ᠢ ᠢᠳᠡᠪᠬᠢᠳᠠᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠪᠠ ᠮᠥᠷᠳᠡᠨ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠴᠢᠬᠤᠯᠠ ᠵᠦᠢᠯᠡᠰ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨ᠎ᠡ ᠭᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠠᠭᠤᠷᠬᠠᠶ ᠲᠡᠮᠦᠷᠯᠢᠭ ᠬᠠᠶᠢᠯᠤᠭᠤᠯᠬᠤ ᠵᠡᠷᠭᠡ ᠲᠤᠯᠭᠠᠭᠤᠷᠢᠯᠠᠬᠤ ᠠᠵᠢᠯ ᠦᠢᠯᠡᠰ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ ᠪᠤᠯᠪᠠᠰᠤᠷᠠᠭᠤᠯᠤᠯᠲᠠ ᠶᠢᠨ ᠲᠣᠭᠤᠷᠢᠭ ᠢ ᠬᠦᠭᠵᠢᠬᠦᠯᠦᠨ ᠮᠠᠨᠳᠤᠭᠤᠯᠬᠤ ᠲᠦᠯᠦᠪᠯᠡᠭᠡ ᠶᠢ ᠬᠦᠨᠵᠡᠭᠡᠢ ᠦᠷᠨᠢᠬᠦᠯᠵᠤ᠂ ᠠᠵᠤ ᠦᠶᠯᠡᠳᠪᠦᠷᠢ ᠶᠢᠨ ᠬᠠᠲᠠᠭᠤ ᠪᠡᠶᠡᠳᠤ ᠬᠠᠶᠠᠭᠳᠠᠮᠠᠯ ᠪᠣᠳᠠᠰ ᠢ ᠪᠤᠯᠠᠬᠤ ᠲᠠᠯᠠᠪᠤᠷ᠂ ᠵᠠᠮ ᠱᠤᠭᠤᠮ ᠲᠤᠤᠷ ᠬᠤᠭᠤᠯᠠᠶ᠂ ᠲᠦᠭᠡᠭᠡᠯ ᠤᠰᠤ ᠬᠠᠩᠭᠠᠬᠤ ᠪᠤᠬᠢᠷ ᠤᠰᠤ ᠭᠠᠳᠠᠭᠰᠢᠯᠠᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠤᠤ ᠰᠢᠶᠠᠩ᠂ ᠢ ᠲᠧᠩ ᠲᠡᠮᠦᠷ ᠵᠠᠮ ᠤᠨ ᠲᠤᠰᠬᠠᠶ ᠱᠤᠭᠤᠮ ᠪᠠ ᠲᠡᠮᠦᠷ ᠵᠠᠮ ᠤᠨ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠲᠥᠪᠯᠡᠷᠡᠭᠦᠯᠦᠨ ᠲᠠᠷᠬᠠᠭᠠᠬᠤ ᠴᠢᠳᠠᠮᠵᠢ ᠶᠢ ᠳᠡᠭᠡᠭᠰᠢᠯᠡᠭᠦᠯᠦᠨ᠂ ᠲᠤᠤᠷ᠎ᠠ ᠦᠷ᠎ᠡ ᠠᠰᠢᠭᠳᠤ ᠬᠡᠷᠡᠭᠯᠡᠬᠡᠨ ᠤ ᠭᠠᠵᠠᠷ᠂ ᠰᠤᠯᠠ ᠵᠠᠳᠠᠭᠠᠢ ᠭᠠᠵᠠᠷ ᠰᠢᠷᠣᠶ ᠶᠢ ᠴᠡᠪᠡᠷᠯᠡᠨ ᠴᠡᠭᠴᠡᠯᠡᠬᠦ ᠶᠢ ᠪᠦᠬᠦ ᠲᠠᠯ᠎ᠠ ᠪᠠᠷ ᠥᠷᠨᠢᠭᠦᠯᠵᠦ᠂ ᠲᠦᠷᠦᠯ ᠵᠦᠢᠯ ᠤᠨ ᠦᠢᠯᠡᠴᠢᠯᠡᠭᠡᠨ ᠤ ᠪᠠᠳᠤᠯᠠᠭ᠎ᠠ ᠶᠢ ᠴᠢᠩᠭᠠᠳᠬᠠᠨ᠂ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠠᠴᠢᠶᠠᠯᠠᠪᠤᠷᠢ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠪᠣᠭᠤᠮᠲᠠ ᠪᠠᠷ ᠥᠩᠭᠡᠷᠡᠭᠦᠯᠬᠦ ᠬᠢᠭᠡᠳ ᠡᠳ᠋ᠰᠢᠭᠦᠯᠦᠨ ᠬᠤᠪᠢᠷᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠪᠦᠲᠦᠮᠵᠢ ᠦᠭᠡᠶ ᠦᠢᠯᠡᠳᠪᠦᠷᠢᠯᠡᠬᠦ ᠴᠢᠳᠠᠪᠤᠷᠢ ᠶᠢ ᠢᠯᠭᠠᠷᠠᠭᠤᠯᠤᠨ ᠴᠡᠭᠴᠡᠯᠡᠵᠦ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠪᠣᠳᠠᠲᠠᠶᠢᠵᠢᠭᠤᠯᠤᠨ ᠡᠳ᠋ᠰᠢᠭᠦᠯᠵᠦ ᠥᠷᠲᠡᠭ ᠢ ᠨᠡᠮᠡᠭᠳᠡᠭᠦᠯᠬᠦ ᠥᠷᠢᠰᠥᠯᠳᠦᠭᠡᠨ ᠤ ᠬᠦᠴᠦᠨ ᠢ ᠳᠡᠭᠡᠭᠰᠢᠯᠡᠭᠦᠯᠦᠨ᠎ᠡ᠃      ᠣᠳᠣ ᠦᠶ᠎ᠡ ᠶᠢᠨ ᠦᠶᠯᠡᠴᠢᠯᠡᠭᠡᠨ ᠤ ᠦᠶᠯᠡᠰ ᠢ ᠪᠤᠵᠠᠭᠠᠶᠢᠷᠠᠭᠤᠯᠤᠨ ᠬᠦᠭᠵᠢᠬᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠠᠮ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠬᠠᠮ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠦᠷᠭᠦᠯᠵᠢᠯᠡᠨ ᠠᠬᠢᠭᠤᠯᠵᠤ᠂ ᠬᠠᠩᠭᠠᠢ ᠠᠶᠢᠮᠠᠭ᠂ ᠮᠦᠶᠠᠩᠬᠠᠢ ᠶᠢᠨ ᠬᠤᠨ ᠭᠠᠯᠠᠭᠤᠨ ᠰᠣᠶᠣᠯ ᠤᠨ ᠵᠢᠭᠤᠯᠴᠢᠯᠠᠯ ᠤᠨ ᠣᠷᠣᠨ ᠤ ᠲᠥᠷᠥᠯ ᠵᠦᠶᠯ ᠢ ᠬᠡᠷᠡᠭᠵᠢᠭᠦᠯᠵᠦ ᠂ ᠲᠤᠭᠤᠯᠲᠠᠢ ᠶᠢᠨ ᠠᠭᠠᠷ ᠤᠨ ᠠᠶᠠᠯᠠᠯ ᠤᠨ ᠪᠠᠭᠤᠴᠠ ᠶᠢᠨ ᠪᠠᠶᠢᠭᠤᠯᠤᠯᠲᠠ ᠶᠢ ᠲᠦᠷᠭᠡᠳᠬᠡᠵᠤ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠵᠢᠷᠤᠭᠯᠠᠨ ᠲᠥᠯᠥᠪᠯᠡᠵᠦ ᠨᠡᠭᠡᠭᠡᠨ ᠬᠥᠭᠵᠢᠭᠦᠯᠵᠦ᠂ ᠦᠪᠡᠷᠲᠡᠭᠡᠨ ᠵᠠᠰᠠᠬᠤ ᠤᠷᠤᠨ ᠤ ᠰᠡᠯᠡᠭᠦᠴᠡᠯ ᠵᠢᠭᠤᠯᠴᠢᠯᠠᠯ ᠤᠨ ᠠᠮᠠᠷᠠᠯᠲᠠ ᠶᠢᠨ ᠤᠷᠤᠨ ᠢ ᠡᠬᠦᠳᠤᠨ ᠪᠠᠶᠢᠭᠤᠯᠤᠨ᠎ᠠ᠃ ᠨᠢᠰᠬᠡᠯ ᠤᠨ ᠪᠠᠭᠤᠳᠠᠯ ᠤᠨ ᠪᠤᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠭᠦᠶᠦᠯᠲᠡ ᠶᠢᠨ ᠵᠠᠮ ᠱᠤᠭᠤᠮ ᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠬᠦ ᠪᠠᠷ ᠴᠢᠷᠮᠠᠶᠢᠵᠤ᠂ ᠨᠢᠰᠦᠯᠲᠡ ᠶᠢᠨ ᠰᠤᠷᠢᠯᠲᠠ᠂ ᠠᠭᠠᠷ ᠤᠨ ᠠᠶᠠᠯᠠᠯ ᠤᠨ ᠪᠣᠯᠪᠠᠰᠤᠷᠠᠯ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠠᠭᠠᠷ ᠤᠨ ᠠᠶᠠᠯᠠᠯ ᠤᠨ ᠦᠢᠯᠡᠰ ᠤᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠤᠷᠠᠳ ᠰᠣᠶᠣᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠤ᠂ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠨᠡᠷᠡᠳᠦ ᠲᠡᠮᠳᠡᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶᠢᠷᠡᠬᠦᠯᠦᠨ ᠶᠠᠪᠤᠭᠳᠠᠭᠤᠯᠵᠤ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠮᠠᠯᠵᠢᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃      ︵ᠭᠤᠷᠪᠠ︶  ᠬᠠᠮᠠᠭᠠᠯᠠᠯᠳᠠ ᠵᠠᠰᠠᠯᠳᠠ ᠶᠢ ᠴᠢᠩᠭᠠᠳᠬᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠬᠦᠴᠦᠯᠡᠨ ᠲᠦᠷᠭᠡᠳᠭᠡᠨ᠎ᠡ      ︽ᠬᠠᠮᠠᠭᠠᠯᠠᠬᠤ ᠶᠢ ᠤᠷᠢᠳ ᠢᠶᠠᠷ ᠪᠤᠳᠤᠯᠬᠢᠯᠠᠵᠤ᠂ ᠵᠠᠰᠠᠬᠤ ᠪᠠᠷ ᠭᠤᠤᠯ ᠪᠤᠯᠭᠠᠬᠤ︾ ᠶᠢ ᠪᠠᠷᠢᠮᠲᠠᠯᠠᠨ᠎ᠠ᠃ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠬᠠᠮᠢᠶᠠᠷᠤᠯᠳᠠ ᠡᠵᠡᠮᠳᠡᠯ ᠢ ᠴᠢᠩᠭᠠᠳᠬᠠᠨ᠂ ᠠᠮᠢ ᠠᠬᠤᠢ ᠶᠢ ᠰᠡᠷᠭᠦᠭᠡᠬᠦ ᠪᠠ ᠶᠡᠷᠤᠩᠬᠡᠶᠢᠯᠡᠨ ᠵᠠᠰᠠᠬᠤ ᠶᠢ ᠬᠦᠨᠵᠡᠭᠡᠢ ᠦᠷᠨᠢᠭᠦᠯᠦᠨ᠎ᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠤᠭᠲᠠᠯᠴᠠᠭ᠎ᠠ ᠶᠣᠰᠣᠭᠠᠷ᠂ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠰᠦᠪᠡᠭᠴᠢᠯᠡᠨ ᠬᠡᠷᠡᠭᠵᠢᠭᠦᠯᠵᠤ᠂ ᠤᠯᠤᠰ ᠤᠨ ᠬᠦᠷᠦᠰᠦ ᠰᠢᠷᠣᠶ ᠶᠢᠨ ᠨᠤᠭᠤᠭᠠᠷᠠᠭᠤᠯᠤᠯᠲᠠ ᠶᠢᠨ ᠠᠵᠢᠯᠯᠠᠭ᠎ᠠ ᠶᠢ ᠶᠡᠬᠡᠪᠡᠷ ᠲᠦᠯᠬᠢᠨ ᠠᠬᠢᠭᠤᠯᠵᠤ᠂ 9 ᠲᠦᠮᠡᠨ ᠮᠦ ᠤᠯᠤᠰ ᠤᠨ ᠭᠤᠤᠯᠳᠠᠯᠭ᠎ᠠ ᠲᠠᠢ ᠤᠢ ᠮᠤᠳᠤ  ᠶᠢᠨ ᠢᠨᠵᠧᠨᠧᠷᠢᠩ ᠢ ᠪᠡᠶᠡᠯᠡᠬᠦᠯᠵᠤ᠂ 18 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠵᠠᠰᠠᠨ ᠰᠡᠷᠭᠦᠭᠡᠨ᠎ᠡ᠃ ᠲᠠᠷᠢᠶᠠᠯᠠᠩ ᠤᠨ ᠤᠯᠠᠨ ᠡᠬᠢᠳᠤ ᠪᠤᠬᠢᠷᠳᠤᠯ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠲᠦᠮᠡᠨ ᠮᠦ ᠶᠢᠨ ︽ᠲᠦᠷᠪᠡ ᠶᠢ ᠬᠢᠵᠠᠭᠠᠷᠯᠠᠬᠤ︾ ᠵᠢᠱᠢᠶ᠎ᠡ ᠦᠵᠡᠬᠦᠯᠬᠦ ᠬᠦᠷᠢᠶᠡᠯᠡᠩ ᠲᠤᠭᠤᠷᠢᠭ15 ᠶᠢ ᠪᠠᠶᠢᠭᠤᠯᠤᠨ᠎ᠠ᠃ ᠭᠤᠤᠯ ᠤᠨ ᠲᠠᠷᠤᠭ᠎ᠠ ᠨᠠᠭᠤᠷ ᠤᠨ ᠲᠠᠷᠤᠭ᠎ᠠ ᠶᠢᠨ ᠲᠦᠷᠢᠮ ᠢ  ᠴᠢᠩᠭ᠎ᠠ ᠨᠠᠶᠢᠳᠠᠪᠤᠷᠢᠵᠢᠭᠤᠯᠤᠨ᠂ ᠭᠤᠤᠯ ᠨᠠᠭᠤᠷ ᠤᠨ ᠬᠠᠮᠠᠭᠠᠯᠠᠯᠲᠠ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠡᠯᠡᠰᠦᠷᠬᠡᠭᠵᠢᠭᠰᠡᠨ ᠨᠤᠳᠤᠭ ᠪᠡᠯᠴᠢᠭᠡᠷ ᠤᠨ ᠭᠦᠢᠴᠡᠳ ᠤᠰᠤᠯᠠᠯᠲᠠ ᠶᠢᠨ ᠪᠤᠰᠤ ᠵᠢᠱᠢᠶ᠎ᠡ ᠦᠵᠡᠬᠦᠯᠬᠦ ᠲᠦᠷᠦᠯ ᠵᠦᠢᠯ 4 ᠲᠦᠮᠡᠨ ᠮᠦ ᠶᠢ ᠬᠡᠷᠡᠭᠵᠢᠬᠦᠯᠵᠤ᠂ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ  ᠶᠢ ᠴᠢᠩᠭᠠᠳᠬᠠᠨ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠲᠤᠭᠤᠷᠢᠭ ᠢ ᠵᠦᠢ ᠵᠣᠬᠢᠰᠲᠠᠢ ᠬᠤᠪᠢᠶᠠᠷᠢᠯᠠᠨ ᠲᠣᠭᠲᠠᠭᠠᠵᠤ᠂ ᠪᠡᠯᠴᠢᠭᠡᠷ ᠬᠤᠪᠢᠶᠠᠨ ᠰᠡᠯᠭᠦᠨ ᠮᠠᠯᠵᠢᠬᠤ᠂ ᠤᠯᠠᠷᠢᠯ ᠤᠨ ᠴᠢᠨᠠᠷᠲᠠᠢ ᠰᠡᠯᠭᠦᠨ ᠮᠠᠯᠵᠢᠬᠤ ᠪᠠ ᠬᠠᠰᠢᠶᠠᠯᠠᠨ ᠲᠡᠵᠢᠭᠡᠬᠦ ᠪᠤᠶᠤ ᠬᠠᠭᠠᠰ ᠬᠠᠰᠢᠶᠠᠯᠠᠨ ᠲᠡᠵᠢᠭᠡᠨ ᠦᠷᠡᠵᠢᠭᠦᠯᠬᠦ ᠶᠢ ᠶᠠᠪᠤᠭᠳᠠᠭᠤᠯᠵᠤ᠂ ᠨᠤᠲᠤᠭ ᠪᠡᠯᠴᠢᠭᠡᠷ ᠢᠶᠠᠨ ᠤᠯᠠᠮ ᠰᠠᠶᠢᠵᠢᠷᠠᠭᠤᠯᠤᠨ᠎ᠠ᠃      ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠳᠤᠯᠬᠤ ᠲᠠᠶᠢᠯᠠᠯᠳᠤᠭᠠᠨ ᠢ ᠭᠦᠨᠵᠡᠭᠡᠶᠢᠷᠡᠬᠦᠯᠦᠨ ᠰᠠᠶᠢᠳᠤᠷ ᠬᠢᠨ᠎ᠡ᠃ ᠬᠦᠬᠡ ᠤᠭᠳᠠᠷᠭᠤᠢ᠂ ᠬᠦᠬᠡᠮᠳᠦᠭ ᠤᠰᠤ᠂ ᠠᠷᠢᠭᠤᠨ ᠬᠦᠷᠦᠰᠦᠨ ᠤ ᠬᠠᠮᠠᠭᠠᠯᠠᠯᠲᠠ ᠶᠢᠨ ᠲᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠵᠤ᠂ ᠦᠪᠡᠷᠲᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠳᠤᠷ ᠠᠳᠬᠤᠨ᠎ᠠ᠃ ᠠᠭᠠᠷ ᠮᠠᠨᠳᠠᠯ ᠤᠨ ᠪᠤᠬᠢᠷᠳᠤᠯ ᠢ ᠶᠡᠷᠤᠩᠬᠡᠶᠢᠯᠡᠨ ᠵᠠᠰᠠᠬᠤ ᠶᠢ ᠴᠢᠩᠭᠠᠳᠬᠠᠵᠤ᠂ ᠬᠠᠯᠢᠭᠤᠳᠤ ᠪᠠᠯᠭᠠᠰᠤᠨ ᠤ ᠬᠤᠲᠠ ᠶᠢᠨ ᠲᠤᠭᠤᠷᠢᠭ ᠤᠨ 3131 ᠪᠠᠶᠢᠰᠢᠩᠳᠤ ᠲᠤᠭᠤᠷᠢᠭ ᠤᠨ ᠡᠷᠦᠬᠡ ᠳᠤ ᠲᠦᠪᠯᠡᠷᠡᠬᠦᠯᠦᠨ ᠲᠤᠯᠠᠭᠠᠯᠠᠯᠭ᠎ᠠ ᠬᠠᠩᠭᠠᠬᠤ ᠦᠭᠡᠷᠡᠴᠢᠯᠡᠯᠳᠡ ᠶᠢ ᠪᠡᠶᠡᠯᠡᠬᠦᠯᠵᠤ᠂ ᠪᠤᠯᠪᠠᠰᠤᠷᠠᠭᠤᠯᠤᠯᠳᠠ ᠶᠢᠨ ᠲᠤᠭᠤᠷᠢᠭ  ᠤᠨ ᠲᠤᠭᠤᠰᠤ ᠰᠢᠷᠤᠢ ᠶᠢᠨ ᠵᠠᠰᠠᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠶᠠᠪᠤᠭᠳᠠᠭᠤᠯᠤᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠨᠤᠨᠲᠠᠭ ᠡᠳ᠋ ᠪᠣᠳᠠᠰ  ᠢ ᠪᠢᠳᠡᠬᠦᠮᠵᠢᠯᠠᠨ ᠬᠥᠮᠥᠷᠭᠡᠯᠡᠬᠦ ᠪᠠᠶᠢᠭᠤᠯᠤᠯᠲᠠ ᠶᠢ ᠬᠡᠷᠡᠭᠵᠢᠭᠦᠯᠵᠦ᠂ ᠮᠠᠯ ᠵᠢᠭᠦᠷᠲᠡᠨ ᠤ ᠢᠯᠭᠠᠳᠠᠰᠤ᠂ ᠲᠠᠷᠢᠮᠠᠯ ᠤᠨ ᠡᠰᠢ ᠰᠦᠷᠡᠯ ᠢ ᠡᠬᠢ ᠪᠠᠶᠠᠯᠢᠭᠵᠢᠭᠤᠯᠤᠨ ᠶᠡᠷᠤᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠵᠤ᠂ ᠡᠰᠢ ᠰᠦᠷᠡᠯ ᠰᠢᠲᠠᠭᠠᠬᠤ ᠬᠠᠮᠢᠶᠠᠷᠤᠯᠲᠠ᠂ ᠬᠤᠸᠠᠷ ᠫᠤᠤᠵᠢᠩ ᠲᠠᠯᠪᠢᠬᠤ ᠶᠢ ᠬᠠᠮᠢᠶᠠᠷᠤᠨ ᠡᠵᠡᠮᠳᠡᠬᠦ᠂ ᠲᠣᠭᠤᠰᠣ ᠰᠢᠷᠣᠢ ᠶᠢᠨ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠪᠣᠬᠢᠷ ᠤᠰᠤ ᠶᠢ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠢᠩᠭᠠᠨ ᠬᠦᠮᠦᠨ ᠠᠴᠠ ᠲᠡᠭᠡᠭᠰᠢᠬᠢ ᠲᠥᠪᠯᠡᠷᠡᠬᠦᠯᠦᠭᠰᠡᠨ ᠤᠤᠭᠤᠬᠤ ᠤᠰᠤᠨ ᠤ ᠡᠬᠢ ᠰᠤᠷᠪᠤᠯᠵᠢ  ᠶᠢᠨ ᠭᠠᠵᠠᠷ ᠤᠨ ︽ᠬᠤᠪᠢᠶᠠᠷᠢᠯᠠᠬᠤ᠂ ᠪᠠᠶᠢᠭᠤᠯᠬᠤ᠂ ᠵᠠᠰᠠᠬᠤ︾ ᠠᠵᠢᠯ ᠢ ᠪᠡᠶᠡᠯᠡᠭᠦᠯᠵᠦ᠂ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠣᠯᠠᠨ ᠲᠦᠮᠡᠨ ᠤ ᠲᠤᠰᠬᠠᠯ ᠴᠢᠩᠭ᠎ᠠ ᠣᠷᠴᠢᠨ ᠲᠣᠭᠤᠷᠢᠨ ᠤ ᠠᠰᠠᠭᠤᠳᠠᠯ ᠢ ᠦᠨᠡᠨᠬᠦ ᠰᠠᠶᠢᠲᠤᠷ ᠰᠢᠶᠳᠪᠦᠷᠢᠯᠡᠨ᠎ᠡ᠃      ︵ᠳᠥᠷᠪᠡ︶ ᠨᠢᠭᠡᠳᠦᠯᠲᠡᠢ ᠲᠦᠯᠦᠪᠯᠡᠨ ᠵᠤᠬᠢᠴᠠᠭᠤᠯᠬᠤ ᠶᠢ ᠴᠢᠩᠭᠠᠳᠬᠠᠵᠤ᠂ ᠤᠷᠤᠰᠢᠨ ᠰᠠᠭᠤᠷᠢᠰᠢᠬᠤ ᠠᠵᠢᠯᠯᠠᠵᠤ ᠠᠮᠢᠳᠤᠷᠠᠬᠤ ᠳᠤ ᠲᠤᠬᠢᠷᠠᠮᠵᠢᠲᠠᠢ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ      ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠵᠠᠮ ᠱᠤᠭᠤᠮ᠂ ᠭᠠᠵᠠᠷ ᠳᠣᠣᠷᠠᠬᠢ ᠲᠤᠤᠷ ᠬᠤᠭᠤᠯᠠᠢ ᠵᠡᠷᠭᠡ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠵᠠᠰᠠᠬᠤ ᠬᠦᠴᠦᠯᠡᠴᠡ ᠪᠠᠨ ᠴᠢᠩᠭᠠᠳᠬᠠᠵᠤ᠂ 4 ᠺᠢᠯᠣᠮᠧᠲᠷ ᠤᠷᠳᠤ ᠵᠠᠮ ᠱᠤᠭᠤᠮ ᠢ ᠥᠭᠡᠷᠡᠴᠢᠯᠡᠨ ᠵᠠᠰᠠᠵᠤ᠂ 72 ᠺᠢᠯᠣᠮᠧᠲᠷ ᠤᠷᠳᠤ ᠬᠤᠲᠠ ᠶᠢᠨ ᠶᠠᠪᠤᠳᠠᠯ ᠤᠨ ᠤᠰᠤ ᠵᠠᠯᠠᠬᠤ ᠬᠤᠭᠤᠯᠠᠢ ᠲᠣᠣᠷ ᠢ ᠵᠠᠰᠠᠨ ᠪᠠᠶᠢᠭᠤᠯᠵᠤ᠂ ᠲᠦᠭᠡᠭᠡᠯ ᠤᠰᠤᠨ ᠤ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠪᠠᠶᠢᠰᠢᠩᠳᠤ ᠲᠣᠭᠤᠷᠢᠭ ᠤᠨ ᠢᠵᠢ ᠪᠦᠷᠢᠨ ᠪᠤᠰᠤ ᠤᠷᠤᠨ ᠰᠠᠭᠤᠴᠠ ᠶᠢ ᠶᠡᠷᠤᠩᠬᠡᠶᠢᠯᠡᠨ ᠵᠠᠰᠠᠬᠤ ᠵᠢᠴᠢ ᠬᠠᠭᠤᠴᠢᠨ ᠰᠠᠭᠤᠭᠠᠯᠢ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠰᠡᠯᠪᠢᠨ ᠵᠠᠰᠠᠬᠤ ᠢᠨᠵᠧᠨᠧᠷᠢᠩ ᠢ ᠠᠬᠢᠭᠤᠯᠤᠨ᠎ᠠ᠃ ᠨᠤᠭᠤᠭᠠᠷᠠᠭᠤᠯᠤᠯᠲᠠ ᠶᠢ ᠨᠡᠮᠡᠭᠳᠡᠭᠦᠯᠦᠨ ᠨᠥᠬᠦᠪᠥᠷᠢᠯᠡᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠴᠡᠷᠯᠢᠭᠵᠢᠬᠦᠯᠭᠡ ᠶᠢᠨ ᠨᠣᠭᠤᠭᠠᠷᠠᠭᠤᠯᠤᠯᠲᠠ ᠶᠢ ᠬᠠᠮᠢᠶᠠᠷᠴᠤ ᠠᠷᠠᠴᠢᠯᠠᠬᠤ ᠶᠢᠨ ᠨᠠᠷᠢᠯᠢᠭᠵᠢᠭᠤᠯᠤᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠤᠯᠤᠰ ᠤᠨ ᠴᠡᠴᠡᠷᠯᠢᠭᠵᠢᠬᠦᠯᠭᠡ ᠶᠢᠨ ᠰᠢᠶᠠᠨ ᠤ ᠬᠤᠲᠠ ᠶᠢ ᠴᠢᠷᠮᠠᠶᠢᠨ ᠡᠭᠦᠳᠦᠨ᠎ᠡ᠃ ᠰᠤᠮᠤ ᠪᠠᠯᠭᠠᠰᠤᠨ ᠤ ᠴᠤᠭᠯᠠᠭ᠎ᠠ ᠪᠠᠯᠭᠠᠰᠦ ᠶᠢᠨ ᠰᠠᠭᠤᠷᠢ ᠲᠥᠬᠦᠭᠡᠷᠦᠮᠵᠢ ᠶᠢᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠵᠦ᠂ ᠴᠤᠭᠯᠠᠭ᠎ᠠ ᠪᠠᠯᠭᠠᠰᠤᠨ ᠤ ᠲᠥᠪᠯᠡᠷᠡᠯ ᠤᠨ ᠦᠢᠯᠡᠳᠦᠯ ᠪᠠ ᠳᠠᠶᠢᠴᠢᠯᠠᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ᠬᠤᠲᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠦᠨ᠂ ᠡᠯᠧᠺᠲᠷᠣᠨ ᠴᠠᠭᠳᠠᠭ᠎ᠠ᠂ ᠤᠶᠤᠨᠲᠤ ᠬᠤᠲᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠳᠤᠷ᠎ᠠ ᠪᠠᠷ ᠪᠠᠷᠢᠯᠭ᠎ᠠ ᠪᠠᠷᠢᠬᠤ᠂ ᠳᠤᠷ᠎ᠠ ᠪᠠᠷ ᠲᠡᠷᠭᠡ ᠵᠣᠭᠰᠣᠭᠠᠬᠤ᠂ ᠳᠤᠷ᠎ᠠ  ᠪᠠᠷ ᠦᠷᠦᠵᠤ ᠲᠠᠯᠪᠢᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠵᠡᠷᠭᠡ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠬᠦᠴᠦᠯᠡᠴᠡ ᠪᠠᠨ ᠴᠢᠩᠭᠠᠷᠠᠭᠤᠯᠤᠨ᠂ ᠲᠦᠬᠦᠮ ᠰᠢᠯᠤᠭᠤᠨ᠂ ᠨᠠᠷᠢᠯᠢᠭ ᠥᠨᠳᠥᠷ ᠪᠦᠲᠦᠮᠵᠢᠳᠦ ᠲᠣᠮᠣ ᠬᠤᠲᠠ ᠶᠢᠨ ᠬᠠᠮᠢᠶᠠᠷᠤᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠡᠬᠦᠳᠦᠨ ᠪᠠᠶᠢᠭᠤᠯᠤᠨ᠎ᠠ᠃ ᠬᠤᠭ ᠨᠣᠪᠰᠢ ᠶᠢ ᠲᠥᠷᠥᠯ ᠬᠤᠪᠢᠶᠠᠨ ᠬᠡᠮᠵᠢᠶ᠎ᠠ ᠶᠢ ᠨᠢ ᠪᠠᠭᠠᠰᠬᠠᠨ ᠰᠢᠶᠳᠪᠦᠷᠢᠯᠡᠬᠦ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠡᠷᠡᠭᠵᠢᠬᠦᠯᠦᠨ᠎ᠡ᠃ ᠨᠡᠶᠢᠭᠡᠮ ᠤᠨ ᠥᠩᠭᠡᠨ ᠭᠡᠷᠡᠭᠯᠡᠭᠡᠨ ᠤ ᠮᠣᠩᠭᠤᠯ ᠬᠢᠲᠠᠳ ᠦᠰᠦᠭ ᠪᠢᠴᠢᠭ ᠢ ᠵᠡᠷᠭᠡᠪᠡᠷ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠶ ᠶᠢᠨ ᠦᠶᠯᠡᠴᠢᠯᠡᠭᠡᠨ ᠤ ᠠᠳᠠᠯᠢᠳᠬᠠᠨ ᠰᠢᠯᠭᠠᠷᠠᠭᠤᠯᠤᠯᠳᠠ ᠪᠠ ᠤᠳᠤᠨ ᠲᠡᠰ ᠤᠨ ᠦᠨᠡᠯᠡᠨ ᠲᠤᠭᠳᠠᠭᠠᠯᠳᠠ ᠶᠢ ᠦᠷᠨᠢᠬᠦᠯᠵᠤ᠂ ᠤᠯᠠᠭᠠᠨ ᠬᠠᠷ᠎ᠠ ᠨᠡᠷᠡᠰ ᠤᠨ ᠲᠠᠩᠰᠠ ᠪᠠᠶᠢᠭᠤᠯᠬᠤ ᠲᠦᠷᠢᠮ ᠢ ᠭᠡᠷᠡᠭᠵᠢᠬᠦᠯᠦᠨ᠂ ᠠᠳᠠᠯ ᠠᠬᠤᠢ  ᠶᠢᠨ ᠦᠢᠯᠡᠴᠢᠯᠡᠭᠡᠨ ᠤ ᠪᠠᠷᠢᠮᠵᠢᠶᠠᠵᠢᠭᠰᠠᠨ ᠪᠠᠶᠢᠭᠤᠯᠤᠯᠲᠠ ᠶᠢ ᠠᠬᠢᠭᠤᠯᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃      ᠰᠠᠭᠤᠭᠠᠯᠢ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠥᠷᠭᠡᠨ ᠤᠯᠠᠨ ᠰᠠᠭᠤᠭᠠᠯᠢ ᠠᠷᠠᠳ ᠢᠶᠠᠨ ᠵᠢᠯᠤᠭᠤᠳᠤᠨ ᠲᠠᠭᠠᠭᠤᠯᠵᠤ ᠰᠢᠯᠢᠳᠡᠭ ᠰᠠᠶᠢᠨ ᠶᠣᠰᠣ ᠮᠣᠷᠠᠯ ᠬᠡᠪ ᠰᠤᠷᠲᠠᠯ ᠪᠠ ᠪᠣᠯᠪᠠᠰᠤᠨ ᠰᠠᠶᠢᠬᠠᠨ ᠠᠮᠢᠳᠤᠷᠠᠯ ᠤᠨ ᠠᠷᠭ᠎ᠠ ᠬᠡᠯᠪᠡᠷᠢ ᠶᠢ ᠪᠤᠢ ᠪᠣᠯᠭᠠᠵᠤ᠂ ᠰᠠᠭᠤᠭᠠᠯᠢ ᠠᠷᠠᠳ  ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠨᠢᠭᠡᠴᠢ᠂ ᠪᠣᠬᠢᠷᠲᠤᠯ ᠦᠭᠡᠢ ᠭᠡᠷ ᠪᠦᠯᠢ᠂ ᠪᠣᠬᠢᠷᠲᠤᠯ ᠦᠭᠡᠢ ᠰᠤᠷᠭᠠᠭᠤᠯᠢ᠂ ᠪᠣᠬᠢᠷᠲᠤᠯ ᠦᠭᠡᠢ ᠨᠡᠶᠢᠭᠡᠮ ᠲᠣᠭᠤᠷᠢᠭ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠬᠢᠭᠤᠯᠵᠤ᠂ ᠡᠷᠡᠭᠦᠯ ᠬᠠᠮᠠᠭᠠᠯᠠᠯ ᠢ ᠡᠷᠬᠢᠮᠯᠡᠬᠦ᠂ ᠡᠮᠬᠢ ᠵᠢᠷᠤᠮ ᠢ ᠰᠠᠬᠢᠬᠤ᠂ ᠳᠥᠭᠦᠮ ᠲᠤᠪᠴᠢ ᠵᠤᠬᠢᠰᠲᠠᠢ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠦ ᠠᠮᠢᠳᠤᠷᠠᠯ ᠢ ᠰᠠᠨᠠᠭᠠᠴᠢᠯᠠᠨ᠂ ᠰᠠᠭᠤᠭᠠᠯᠢ ᠠᠷᠠᠳ ᠢᠶᠠᠨ ᠥᠷᠭᠡᠨ ᠢᠶᠠᠷ ᠳᠠᠶᠢᠴᠢᠯᠠᠨ ᠲᠠᠭᠠᠭᠤᠯᠵᠤ ᠦᠵᠡᠰᠬᠦᠯᠡᠩᠲᠦ ᠰᠠᠶᠢᠬᠠᠨ ᠭᠡᠷ ᠣᠷᠣᠨ ᠤ ᠪᠦᠲᠦᠭᠡᠨ ᠪᠠᠶᠢᠭᠤᠯᠤᠭᠴᠢ᠂ ᠰᠠᠬᠢᠨ ᠬᠠᠮᠠᠭᠠᠯᠠᠭᠴᠢ ᠪᠣᠯᠭᠠᠬᠤ ᠪᠠᠷ ᠴᠢᠷᠮᠠᠶᠢᠨ᠎ᠠ      ︵ᠲᠠᠪᠤ︶  ᠥᠭᠡᠷᠡᠴᠢᠯᠡᠯᠲᠡ ᠨᠡᠭᠡᠭᠡᠯᠲᠡ ᠶᠢ ᠬᠦᠨᠵᠡᠭᠡᠶᠢᠷᠡᠬᠦᠯᠵᠤ᠂ ᠪᠠᠶᠢᠭᠤᠯᠤᠯ ᠲᠤᠭᠳᠠᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠬᠦᠭᠵᠢᠬᠡᠨ᠎ᠡ      ᠥᠭᠡᠷᠡᠴᠢᠯᠡᠯᠲᠡ ᠶᠢᠨ ᠲᠦᠯᠬᠢᠴᠡ ᠬᠦᠴᠦᠨ ᠢᠶᠠᠨ ᠦᠷᠭᠦᠯᠵᠢᠯᠡᠨ ᠴᠢᠩᠭᠠᠳᠬᠠᠨ᠎ᠠ᠃  ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ  ᠶᠢ ᠲᠡᠭᠡᠭᠰᠢᠯᠡᠬᠦᠯᠬᠦ ᠣᠨ ᠤ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠬᠠᠤᠯᠢᠵᠢᠯ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ︽ᠢᠨᠲ᠋ᠧᠷ  ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠡᠷᠭᠡᠪᠡᠷ ᠬᠢᠨᠠᠨ ᠵᠥᠪᠰᠢᠶᠡᠷᠡᠵᠦ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ ᠠᠵᠢᠯ ᠤᠨ ᠳᠤᠮᠳᠠᠬᠢ ᠪᠠ ᠠᠵᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ︽ᠤᠯᠠᠨ ᠲᠦᠷᠢᠮ ᠢ ᠨᠢᠭᠡᠳᠬᠡᠬᠦ  ︾᠂  ︽ᠤᠯᠠᠨ ᠬᠢᠨᠠᠯᠲᠠ ᠶᠢ ᠨᠢᠭᠡᠳᠬᠡᠬᠦ  ︾ ᠶᠢ ᠠᠬᠢᠭᠤᠯᠵᠤ᠂ ᠤᠯᠤᠰ ᠤᠨ ᠭᠠᠵᠠᠷ ᠰᠢᠷᠣᠢ ᠶᠢᠨ ᠤᠷᠤᠨ ᠵᠠᠢ ᠶᠢᠨ ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠨ᠎ᠠ᠃ ︽ᠬᠤᠶᠠᠷ ᠢ ᠲᠣᠬᠢᠶᠠᠯᠳᠤᠯ  ᠢᠶᠠᠷ ᠰᠤᠩᠭᠤᠵᠤ᠂ ᠨᠢᠭᠡ ᠶᠢ ᠢᠯᠡ ᠪᠣᠯᠭᠠᠬᠤ︾ ᠲᠣᠭᠲᠠᠴᠠ ᠶᠢ ᠲᠡᠭᠦᠯᠳᠡᠷᠵᠢᠭᠦᠯᠵᠦ᠂ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠪᠠᠷ ᠭᠤᠤᠯᠳᠠᠯᠭ᠎ᠠ ᠪᠤᠯᠭᠠᠵᠤ᠂ ︽ᠨᠢᠭᠡ ᠡᠬᠦᠳᠡ ᠨᠢᠭᠡ ᠴᠤᠩᠬᠤᠪᠴᠢ ᠨᠢᠭᠡ ᠰᠦᠯᠵᠢᠶ᠎ᠡ ᠨᠢᠭᠡ ᠤᠳᠠᠭ᠎ᠠ︾ ᠶᠢᠨ ᠦᠭᠡᠷᠡᠴᠢᠯᠡᠯᠲᠡ ᠶᠢ ᠶᠡᠭᠡᠪᠡᠷ ᠠᠬᠢᠭᠤᠯᠵᠤ᠂ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠡᠭᠦᠷᠭᠡ ᠶᠢ ᠮᠦᠷᠲᠡᠨ ᠨᠠᠶᠢᠳᠠᠪᠤᠷᠢᠵᠢᠭᠤᠯᠤᠨ᠎ᠠ᠃ ᠪᠦᠬᠦ ᠶᠠᠪᠤᠴᠠ ᠶᠢᠨ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠠᠬᠢᠭᠤᠯᠵᠤ᠂ ᠡᠳ᠋ ᠤᠨ ᠵᠠᠰᠠᠭ ᠤᠨ ᠴᠢᠬᠤᠯᠠ ᠶᠡᠭᠡ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠨᠢᠭᠡᠳᠦᠬᠦᠯᠦᠨ ᠰᠢᠯᠤᠭᠤᠳᠬᠠᠵᠤ᠂ ᠲᠤᠭ᠎ᠠ ᠪᠠᠷᠢᠮᠲᠠ ᠶᠢᠨ ︽ᠪᠠᠬᠢᠯᠡᠯᠲᠡ︾ ᠶᠢ ᠨᠡᠪᠲᠡᠷᠡᠭᠦᠯᠵᠦ᠂ ᠮᠡᠳᠡᠭᠡ ᠵᠠᠩᠭᠢᠴᠢᠯᠠᠯᠲᠠ ᠪᠠᠷ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠵᠠᠰᠠᠯᠲᠠ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠲᠤᠯᠭᠠᠭᠤᠷᠢᠯᠠᠨ᠎ᠠ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠲᠤᠭᠳᠠᠭᠤᠨ  ᠢᠶᠠᠷ ᠲᠦᠯᠬᠢᠨ ᠠᠬᠢᠭᠤᠯᠤᠨ᠎ᠠ᠃ ᠭᠠᠵᠠᠷ ᠰᠢᠷᠣᠢ ᠶᠢ ᠰᠢᠯᠵᠢᠭᠦᠯᠬᠦ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠵᠠᠷ ᠰᠢᠷᠣᠢ ᠶᠢ ᠰᠢᠯᠵᠢᠭᠦᠯᠬᠦ ᠶᠢ ᠲᠦᠷᠢᠮᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠬᠦᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃      ᠭᠠᠳᠠᠭᠠᠳᠤ ᠨᠡᠭᠡᠭᠡᠯᠳᠡ ᠶᠢᠨ ᠳᠠᠶᠢᠴᠢᠯᠠᠬᠤ ᠬᠦᠴᠦᠨ ᠢ ᠦᠷᠭᠦᠯᠵᠢᠯᠡᠨ ᠴᠢᠩᠭᠠᠳᠬᠠᠨ᠎ᠠ᠃ ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠰᠠᠭᠤᠷᠢ ᠲᠦᠭᠦᠭᠡᠷᠦᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ  ᠶᠢ ᠠᠬᠢᠭᠤᠯᠤᠨ᠂ ᠠᠭᠤᠷᠬᠠᠶ ᠶᠢᠨ ᠡᠨᠧᠷᠭᠢ ᠶᠢᠨ ᠡᠬᠢ ᠪᠠᠶᠠᠯᠢᠭ ᠢ ᠲᠤᠬᠠᠶ ᠶᠢᠨ ᠭᠠᠵᠠᠷ ᠲᠤ ᠨᠢ ᠡᠳ᠋ᠰᠢᠬᠦᠯᠬᠦ᠂ ᠤᠯᠠᠷᠢᠭᠤᠯᠤᠨ ᠥᠷᠲᠡᠭ ᠢ ᠨᠢ ᠨᠡᠮᠡᠭᠳᠡᠭᠦᠯᠬᠦ ᠶᠢ ᠠᠬᠢᠭᠤᠯᠤᠨ᠎ᠠ᠃  ᠳᠤᠮᠳᠠᠳᠤ ᠮᠣᠩᠭᠤᠯ ᠬᠤᠶᠠᠷ ᠲᠠᠯ᠎ᠠ ᠶᠢᠨ ᠰᠤᠷᠭᠠᠨ ᠬᠥᠮᠦᠵᠢᠯ᠂ ᠡᠮᠴᠢᠯᠡᠭᠡ᠂ ᠰᠤᠶᠤᠯ ᠵᠢᠭᠤᠯᠴᠢᠯᠠᠯ ᠵᠡᠷᠭᠡ ᠬᠦᠷᠢᠶ᠎ᠡ ᠴᠠᠷᠠᠭᠠᠨ ᠳᠠᠬᠢ ᠪᠤᠳᠠᠳᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠬᠦᠯᠵᠤ᠂ ᠬᠤᠶᠠᠷ ᠲᠠᠯ᠎ᠠ ᠶᠢᠨ ᠶᠠᠪᠤᠯᠴᠠᠭ᠎ᠠ ᠶᠢ ᠤᠯᠠᠮ ᠦᠨᠳᠦᠷ ᠲᠦᠪᠰᠢᠨ ᠳᠤ ᠬᠦᠷᠭᠡᠨ᠎ᠡ᠃ ᠪᠦᠬᠦ ᠲᠠᠯ᠎ᠠ  ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ᠂ ᠨᠡᠶᠢᠭᠡᠮ ᠤᠨ ᠵᠠᠰᠠᠯᠲᠠ᠂ ᠡᠬᠢ ᠪᠠᠶᠠᠯᠢᠭ ᠤᠨ ᠴᠢᠬᠤᠯᠠ ᠡᠯᠧᠮᠧᠨ᠋ᠲ ᠵᠡᠷᠭᠡ ᠲᠠᠯ᠎ᠠ ᠪᠠᠷ ᠵᠣᠬᠢᠴᠠᠩᠭᠤᠢ ᠬᠥᠭᠵᠢᠵᠤ᠂ ᠬᠠᠷᠢᠯᠴᠠᠨ ᠠᠰᠢᠭᠲᠠᠢ ᠬᠠᠮᠳᠤ ᠳᠤ ᠪᠠᠨ ᠠᠰᠢᠭ ᠤᠯᠬᠤ ᠶᠢ ᠪᠡᠶᠡᠯᠡᠭᠦᠯᠵᠦ᠂ ᠣᠷᠣᠨ ᠪᠦᠰᠡ ᠶᠢᠨ ᠨᠡᠭᠡᠭᠡᠯᠲᠡ ᠬᠢᠵᠦ ᠬᠠᠮᠲᠤᠷᠠᠯᠴᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠰᠢᠨ᠎ᠡ ᠶᠢ ᠡᠭᠦᠳᠬᠦ ᠬᠥᠳᠡᠯᠭᠡᠭᠦᠷ ᠬᠦᠴᠦᠨ ᠢ ᠦᠷᠭᠦᠯᠵᠢᠯᠡᠨ ᠴᠢᠩᠭᠠᠳᠬᠠᠨ᠎ᠠ᠃  ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠳᠡᠭᠡᠳᠦ ᠰᠤᠷᠭᠠᠭᠤᠯᠢ ᠯᠤᠭ᠎ᠠ ᠶᠢᠨ ᠰᠢᠨ᠎ᠡ  ᠶᠢ ᠡᠭᠦᠳᠬᠦ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠢ ᠤᠯᠠᠷᠢᠯᠠᠭᠤᠯᠤᠨ ᠬᠡᠷᠡᠭᠯᠡᠬᠦ ᠶᠢ ᠴᠢᠩᠭᠠᠳᠬᠠᠵᠤ᠂ ︽ᠦᠶᠯᠡᠳᠪᠦᠷᠢᠯᠡᠬᠦ ᠰᠤᠷᠤᠯᠴᠠᠬᠤ ᠰᠤᠳᠤᠯᠬᠤ ᠬᠡᠷᠡᠭᠯᠡᠬᠦ︾ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂ ᠳ᠋ᠤᠺᠲ᠋ᠤᠷ ᠤᠨ ᠠᠵᠢᠯᠯᠠᠬᠤ ᠭᠠᠵᠠᠷ 1᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 17 ᠶᠢ ᠪᠠᠶᠢᠭᠤᠯᠤᠨ᠎ᠠ᠃ ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ︽ᠭᠤᠷᠪᠠᠳᠡᠬᠢ ᠡᠳᠡᠭᠡᠤᠨ ᠲᠤ ᠨᠠᠶᠢᠳᠠᠵᠦ ᠲᠤᠭ᠎ᠠ ᠪᠠᠷᠢᠮᠳᠠ ᠪᠠᠷ ᠤᠶᠤᠨᠴᠢᠯᠠᠭᠰᠠ ᠤᠳᠤᠬᠢᠴᠢᠯᠠᠯᠳᠠ ᠳᠤ ᠬᠦᠴᠦᠨ ᠨᠡᠮᠡᠷᠢᠯᠡᠬᠦ︾ ᠠᠵᠢᠯᠯᠠᠭ᠎ᠠ ᠶᠢ ᠬᠦᠨᠵᠡᠭᠡᠶᠢᠷᠡᠬᠦᠯᠦᠨ ᠶᠠᠪᠤᠭᠳᠠᠭᠤᠯᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠨᠡᠶᠢᠭᠡᠮ ᠤᠨ ᠵᠠᠰᠠᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠳᠠᠬᠢ ᠲᠣᠮᠣ ᠳ᠋ᠠᠶᠢᠲ᠋ᠠ᠂ ᠡᠭᠦᠯᠡᠨ ᠪᠣᠳᠣᠯᠲᠠ ᠶᠢᠨ ᠬᠡᠷᠡᠭᠯᠡᠯᠲᠡ ᠶᠢ ᠪᠤᠶᠢᠵᠢᠭᠤᠯᠤᠨ ᠥᠷᠭᠡᠳᠬᠡᠨ᠎ᠡ᠃ ᠴᠢᠳᠠᠪᠤᠷᠢᠲᠠᠨ ᠢ ᠣᠷᠣᠭᠤᠯᠬᠤ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢᠲᠠᠨ ᠢ ᠦᠯᠡᠳᠡᠭᠡᠬᠦ ᠲᠣᠭᠲᠠᠴᠠ ᠶᠢ ᠲᠡᠭᠦᠯᠳᠡᠷᠵᠢᠬᠦᠯᠵᠤ᠂ ᠵᠥᠪᠯᠡᠭᠴᠢ  ᠶᠢᠨ ᠵᠢᠭᠠᠨ ᠵᠢᠯᠣᠭᠤᠳᠬᠤ᠂ ᠲᠤᠰᠢᠶᠠᠯ ᠬᠠᠪᠰᠤᠷᠭᠠᠵᠤ ᠦᠶᠯᠡᠴᠢᠯᠡᠬᠦ᠂ ︽ᠨᠡᠭᠦᠳᠡᠯ ᠤᠨ ᠰᠢᠪᠠᠭᠤ ᠮᠠᠶ᠋ᠢᠭ︾ ᠤᠨ ᠤᠷᠢᠨ ᠲᠣᠮᠢᠯᠠᠬᠤ ᠵᠡᠷᠭᠡ ᠠᠷᠭ᠎ᠠ ᠮᠠᠶ᠋ᠢᠭ ᠢ ᠳᠡᠯᠭᠡᠷᠡᠭᠦᠯᠵᠦ᠂ ᠣᠷᠣᠨ ᠨᠤᠲᠤᠭ ᠤᠨ ᠴᠢᠳᠠᠪᠤᠷᠢᠲᠠᠨ ᠢ ᠢᠳᠡᠪᠬᠢᠲᠡᠶ ᠬᠥᠮᠦᠵᠢᠭᠦᠯᠦᠨ᠂ ᠡᠯ᠎ᠡ ᠠᠵᠢᠯ ᠲᠥᠷᠥᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠴᠤᠭᠯᠠᠭᠤᠯᠤᠨ᠂ ᠴᠢᠨᠠᠷ ᠰᠠᠶᠢᠲᠠᠶ ᠬᠥᠭᠵᠢᠯᠲᠡ ᠳᠤ ᠤᠶᠤᠨ ᠤ ᠲᠤᠯᠭᠠᠭᠤᠷᠢᠯᠠᠯ ᠬᠦᠴᠦᠨ ᠢ ᠬᠠᠩᠭᠠᠨ᠎ᠠ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠨ᠂ ᠬᠠᠮᠳᠤ ᠪᠠᠷ ᠢᠶᠠᠨ ᠪᠠᠶᠢᠭᠤᠯᠵᠤ ᠬᠠᠮᠳᠤ ᠪᠠᠷ ᠢᠶᠠᠨ ᠵᠠᠰᠠᠵᠤ ᠬᠠᠮᠳᠤ ᠪᠠᠷ ᠢᠶᠠᠨ ᠡᠳ᠋ᠯᠡᠬᠦ ᠬᠢᠷᠢ ᠲᠦᠪᠰᠢᠨ ᠢ ᠬᠦᠴᠦᠯᠡᠨ ᠲᠡᠭᠡᠭᠰᠢᠯᠡᠬᠦᠯᠦᠨ᠎ᠡ      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠪᠠ ᠦᠢᠯᠡᠰ ᠪᠤᠰᠬᠠᠬᠤ ᠶᠢ ᠠᠬᠢᠭᠤᠯᠵᠤ᠂ ᠠᠵᠢᠯ ᠲᠦᠷᠦᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ᠂ ᠠᠵᠢᠯ ᠣᠯᠭᠤᠯᠲᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠦᠨᠳᠦᠰᠦᠨ ᠵᠦᠢᠯ ᠢ ᠪᠠᠲᠤᠯᠠᠨ ᠲᠦᠪᠬᠢᠨᠡᠬᠦᠯᠬᠦ ᠶᠢ ᠴᠢᠩᠭᠠᠳᠬᠠᠵᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠂ ᠠᠵᠢᠯ ᠤᠯᠬᠤ ᠳᠤ ᠬᠦᠴᠢᠷᠳᠡᠯᠲᠡᠢ ᠬᠥᠮᠦᠰ ᠲᠤ ᠭᠦᠢᠴᠡᠳ ᠠᠵᠢᠯ ᠤᠯᠭᠤᠬᠤ᠂ ᠲᠣᠭᠲᠠᠭᠤᠨ ᠢᠶᠠᠷ ᠠᠵᠢᠯ ᠤᠯᠭᠤᠬᠤ ᠶᠢ ᠠᠬᠢᠭᠤᠯᠤᠨ᠎ᠠ᠃ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ︽ᠤᠷᠠᠳ ᠤᠨ ᠤᠷᠠᠨ ᠳᠠᠷᠬᠠᠨ︾ ᠤ ᠨᠠᠷᠠᠲᠤ ᠲᠡᠮᠳᠡᠭ ᠢ ᠪᠣᠶ ᠪᠣᠯᠭᠠᠨ᠂ ᠣᠷᠣᠨ ᠨᠤᠲᠤᠭ ᠤᠨ ᠣᠯᠠᠨ ᠲᠦᠮᠡᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠭᠦᠨᠵᠡᠭᠡᠶᠢᠷᠡᠭᠦᠯᠵᠤ᠂ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ᠂ ᠦᠢᠯᠡᠰ ᠪᠤᠰᠬᠠᠬᠤ ᠲᠡᠳᠬᠦᠮᠵᠢ ᠨᠥᠬᠦᠪᠥᠷᠢ᠂ ᠦᠢᠯᠡᠰ ᠪᠤᠰᠬᠠᠬᠤ ᠪᠤᠯᠪᠠᠰᠤᠷᠠᠯ ᠤᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠶᠡᠭᠡ ᠰᠤᠷᠭᠠᠭᠤᠯᠢ ᠲᠡᠭᠦᠰᠦᠭᠰᠡᠨ ᠤᠶᠤᠲᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠤᠨ ᠭᠦᠢᠴᠡᠳ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠳᠡᠮᠵᠢᠵᠦ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ  ᠶᠢ ᠠᠬᠢᠭᠤᠯᠤᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶᠢᠷᠡᠭᠦᠯᠵᠦ᠂ ᠪᠠᠲᠤᠯᠠᠪᠠᠰᠤ ᠵᠣᠬᠢᠬᠤ ᠪᠦᠬᠦᠨ ᠢ ᠪᠠᠳᠤᠯᠠᠨ᠎ᠠ ᠃ ᠦᠷᠢ ᠦᠭᠴᠡᠭᠡ ᠶᠢ ᠵᠠᠰᠠᠵᠤ ᠵᠠᠷᠤᠯᠭ᠎ᠠ ᠶᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠨᠡᠷ᠎ᠡ ᠬᠦᠨᠳᠦᠳᠦ ᠴᠡᠷᠢᠭ ᠤᠨ ᠰᠤᠪᠢᠯᠠᠯᠲᠠ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  ︽ᠨᠠᠰᠤᠲᠠᠶᠢᠴᠤᠳ ᠪᠣᠯᠤᠨ ᠨᠢᠯᠬᠠᠰ︾ ᠤᠨ ᠠᠰᠠᠭᠤᠳᠠᠯ ᠢ ᠴᠢᠬᠤᠯᠠᠴᠢᠯᠠᠨ ᠰᠢᠶᠳᠪᠦᠷᠢᠯᠡᠵᠦ᠂ ᠨᠠᠰᠤᠲᠠᠨ ᠢ ᠠᠰᠠᠷᠠᠬᠤ ᠭᠤᠤᠯ ᠬᠦᠷᠢᠶᠡᠯᠡᠩ ᠤᠨ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠲᠥᠷᠥᠯ ᠵᠦᠶᠯ ᠢ ᠬᠡᠷᠡᠭᠵᠢᠭᠦᠯᠦᠨ᠂ ︽ᠪᠠᠶᠢᠭᠤᠯᠤᠮᠵᠢ + ᠨᠡᠶᠢᠭᠡᠮ ᠲᠣᠭᠤᠷᠢᠭ + ᠬᠡᠷ ᠤᠷᠤᠨ︾ ᠤ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠨᠡᠶᠢᠭᠡᠮ ᠤᠨ ᠬᠦᠴᠦᠨ ᠢ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠤᠨ ᠪᠤᠶᠢᠵᠢᠭᠤᠯᠬᠤ ᠦᠶᠯᠡᠴᠢᠯᠡᠭᠡ ᠳᠤ ᠣᠷᠣᠯᠴᠠᠬᠤ ᠶᠢ ᠬᠥᠲᠥᠯᠥᠨ ᠵᠢᠯᠣᠭᠤᠳᠴᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠳᠤᠯᠠᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠣᠷᠣᠰᠢᠭᠤᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠨᠠᠩ ᠪᠦᠷᠢᠨ ᠲᠡᠭᠦᠯᠳᠡᠷ᠂ ᠦᠷᠭᠦᠯᠵᠢᠬᠦᠶᠢᠴᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃      ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠠᠷ ᠲᠤᠬᠢᠶᠠᠯ ᠪᠤᠯᠭᠠᠨ᠂ ︽ᠪᠦᠬᠦ ᠠᠷᠠᠳ ᠢᠶᠠᠷ ᠢᠶᠠᠨ ᠰᠤᠷᠭᠠᠨ ᠬᠦᠮᠦᠵᠢᠯ ᠢ ᠬᠦᠭᠵᠢᠬᠦᠯᠬᠦ︾ ᠦᠷ᠎ᠡ ᠪᠦᠳᠦᠭᠡᠯ ᠢ ᠦᠷᠭᠦᠯᠵᠢᠯᠡᠨ ᠪᠠᠳᠤᠵᠢᠭᠤᠯᠤᠨ ᠦᠷᠭᠡᠳᠬᠡᠵᠤ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠂ ᠲᠠᠪᠤᠳᠤᠭᠠᠷ ᠬᠡᠦᠬᠡᠳ ᠤᠨ ᠴᠡᠴᠡᠷᠯᠢᠭ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠠᠭᠰᠢ ᠶᠢᠨ ᠡᠩᠨᠡᠭᠡᠨ ᠤ ᠪᠤᠯᠪᠠᠰᠤᠷᠠᠯ ᠬᠦᠮᠦᠵᠢᠯ ᠪᠠ ᠤᠷᠢᠨ ᠬᠡᠷᠡᠭᠯᠡᠬᠦ ᠬᠦᠴᠦᠯᠡᠴᠡ ᠶᠢ ᠴᠢᠩᠭᠠᠳᠬᠠᠵᠤ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠎ᠡ᠃ ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠩᠭᠢᠯᠠᠭ᠎ᠠ ᠶᠢᠨ ᠪᠠᠶᠢᠷᠢ ᠰᠠᠭᠤᠷᠢ ᠶᠢ ᠳᠣᠪᠣᠶᠢᠯᠭᠠᠵᠤ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠬᠦᠯᠵᠤ᠂ ︽ᠲᠡᠤᠬᠡ︾᠂ ︽ᠶᠤᠰᠤ ᠰᠤᠷᠳᠠᠬᠤᠨ ᠬᠢᠭᠡᠳ ᠬᠠᠤᠯᠢ ᠪᠠᠷ ᠵᠠᠰᠠᠬᠤᠢ︾ ᠶᠢᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠳᠤᠷ ᠬᠢᠵᠤ᠂ ᠲᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠤᠯᠠᠮ ᠪᠠᠳᠤᠵᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠢᠯᠡᠰ ᠢ ᠶᠡᠭᠡ ᠪᠠᠷ ᠬᠥᠭᠵᠢᠭᠦᠯᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠱᠠᠳᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠡᠭᠦᠯᠳᠡᠷᠵᠢᠭᠦᠯᠵᠦ᠂ ᠡᠮ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠦᠨ᠎ᠡ᠃ ᠮᠣᠩᠭᠤᠯ ᠬᠢᠲᠠᠳ  ᠡᠮᠨᠡᠯᠭᠡ   ᠶᠢᠨ  ᠬᠤᠷᠢᠶ᠎ᠠ  ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠠᠷ ᠰᠠᠶᠢᠳᠤᠷ ᠬᠢᠨ᠎ᠠ᠃ ᠡᠷᠡᠭᠦᠯ ᠡᠩᠬᠡ ᠤᠷᠠᠳ ᠤᠨ ᠲᠤᠮᠳᠠᠳᠤ ᠬᠤᠰᠢᠭᠤᠨ ᠤ ᠠᠵᠢᠯᠯᠠᠭ᠎ᠠ ᠶᠢ ᠭᠦᠨᠵᠡᠭᠡᠶᠢᠷᠡᠬᠦᠯᠦᠨ ᠠᠬᠢᠭᠤᠯᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ᠴᠢᠨ ᠬᠠᠨ ᠤᠯᠤᠰ ᠤᠨ ᠦᠶ᠎ᠡ ᠶᠢᠨ ᠤᠷᠳᠤ ᠴᠠᠭᠠᠨ ᠬᠡᠷᠡᠮ ᠢ ᠠᠪᠤᠷᠠᠯᠲᠠ ᠶᠢᠨ ᠴᠢᠨᠠᠷᠲᠠᠢ ᠪᠠᠷ ᠬᠠᠮᠠᠭᠠᠯᠠᠨ ᠠᠰᠢᠭᠯᠠᠬᠤ ᠪᠠ ᠰᠢᠨᠡᠬᠦ᠋ᠷᠢᠶ᠎ᠡ ᠡᠷᠲᠡᠨ ᠤ ᠬᠤᠲᠠ ᠶᠢᠨ ᠳᠡᠯᠭᠡᠨ ᠦᠵᠡᠭᠦᠯᠦᠯᠭᠡ ᠶᠢᠨ ᠢᠨᠵᠧᠨᠧᠷᠢᠩ ᠢ ᠪᠡᠶᠡᠯᠡᠭᠦᠯᠦᠨ᠂ ᠮᠤᠨᠢ ᠠᠭᠤᠯᠠ ᠶᠢᠨ ᠬᠠᠳᠠᠨ ᠰᠡᠶᠢᠯᠦᠮᠡᠯ ᠤᠨ ᠪᠠᠭᠤᠴᠡ᠂ ᠬᠦᠷᠡᠩ ᠣᠪᠣᠭ᠎ᠠ ᠶᠢᠨ ᠬᠠᠳᠠᠨ ᠵᠢᠷᠤᠭ ᠤᠨ ᠰᠦᠷᠦᠭᠵᠢᠯ ᠤᠨ ᠲᠥᠷᠥᠯ ᠵᠦᠢᠯ ᠢ ᠠᠬᠢᠭᠤᠯᠵᠤ᠂ ᠤᠯᠠᠭᠠᠨᠮᠥ᠋ᠴᠢᠷ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠦᠳᠡᠯᠭᠡᠭᠡᠨ ᠤ ᠭᠡᠷ᠂ ᠳᠡᠯ ᠠᠭᠤᠯᠠ ᠪᠠᠯᠭᠠᠰᠤ ᠪᠠ ᠬᠤᠯᠤᠰᠤᠲᠠᠢ ᠰᠤᠮᠤ ᠶᠢᠨ ᠶᠡᠷᠦᠩᠬᠡᠶᠢᠯᠡᠭᠰᠡᠨ ᠬᠥᠳᠡᠯᠭᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠤᠷᠠᠳ ᠤᠨ ᠠᠷᠠᠳ ᠤᠨ ᠳᠠᠭᠤᠤ ᠶᠢ ᠴᠤᠭᠯᠠᠭᠤᠯᠬᠤ᠂ ᠬᠠᠮᠠᠭᠠᠯᠠᠬᠤ ᠪᠠ ᠤᠯᠠᠮᠵᠢᠯᠠᠨ ᠠᠰᠢᠭᠯᠠᠬᠤ ᠶᠢ ᠰᠠᠶᠢᠲᠤᠷ ᠬᠢᠵᠦ᠂ ︽ᠰᠣᠶᠣᠯ ᠢ ᠬᠥᠳᠡᠭᠡ ᠲᠤᠰᠬᠤᠨ ᠳᠤ ᠬᠦᠷᠭᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃      ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠬᠤᠰᠢᠭᠤᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢᠶᠠᠷ ᠲᠠᠭᠠᠭᠤᠯᠭ᠎ᠠ ᠪᠤᠯᠭᠠᠵᠤ᠂ ᠵᠥᠷᠢᠴᠡᠯ ᠮᠠᠷᠭᠤᠯᠳᠤᠭᠠᠨ ᠢ ᠣᠯᠠᠨ ᠡᠰᠢᠵᠢᠭᠦᠯᠦᠨ ᠰᠢᠶᠳᠪᠦᠷᠢᠯᠡᠬᠦ ᠲᠣᠭᠲᠠᠴᠠ ᠶᠢ ᠲᠡᠭᠦᠯᠳᠡᠷᠵᠢᠬᠦᠯᠵᠤ᠂ ᠲᠠᠪᠬᠤᠴᠠᠭᠰᠠᠨ ᠵᠠᠬᠢᠳᠠᠯ ᠰᠤᠷᠪᠤᠯᠵᠢᠯᠠᠯ ᠢ ᠴᠡᠭᠴᠡᠯᠡᠨ ᠵᠠᠰᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠲᠤᠰᠬᠠᠶ ᠲᠦᠷᠦᠯ ᠤᠨ ᠠᠵᠢᠯ ᠢ ᠲᠥᠪᠯᠡᠷᠡᠭᠦᠯᠦᠨ ᠥᠷᠨᠢᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠦᠷᠦᠯ ᠤᠨ ᠲᠡᠮᠡᠴᠡᠯ ᠢ ᠪᠠᠶᠢᠩᠭᠤᠵᠢᠭᠤᠯᠤᠨ ᠶᠠᠪᠤᠭᠳᠠᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠮᠥᠩᠭᠦᠨ ᠭᠦᠢᠯᠭᠡᠭᠡᠨ ᠤ ᠦᠯᠡᠳᠡᠭᠳᠡᠯ ᠠᠶᠤᠯ ᠲᠦᠭᠰᠢᠭᠦᠷᠢ ᠶᠢ ᠨᠠᠮᠳᠠᠭᠤᠯᠬᠤ ᠪᠠ ᠨᠡᠮᠡᠭᠳᠡᠯ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠣᠷᠣᠨ ᠪᠦᠰᠡ ᠶᠢᠨ ᠴᠢᠨᠠᠷᠲᠠᠶ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠶᠤᠯᠬᠦᠢ ᠦᠢᠯᠡᠳᠪᠦᠷᠢᠯᠡᠯ ᠤᠨ ᠲᠤᠰᠬᠠᠶ ᠲᠦᠷᠦᠯ ᠤᠨ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ  ᠵᠢᠯᠣᠭᠤᠳᠬᠤ ᠲᠥᠪ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠠᠳᠡᠭᠳᠡᠯ   ᠢ  ᠡᠷᠡᠰ ᠰᠡᠷᠭᠡᠶᠢᠯᠡᠨ  ᠬᠤᠷᠢᠭᠯᠠᠨ᠎ᠠ  ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠠᠬᠢᠭᠤᠯᠵᠤ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠦᠢᠯ ᠤᠨ ᠠᠮᠤᠷ ᠲᠦᠪᠰᠢᠨ ᠢ ᠪᠠᠲᠤᠯᠠᠨ᠎ᠠ᠃ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤ ᠶᠢ ᠵᠦᠪᠰᠢᠶᠡᠷᠡᠬᠦ︾ ᠵᠡᠷᠭᠡ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠬᠦᠯᠬᠦ ᠬᠤᠰᠢᠭᠤ ᠶᠢ ᠴᠢᠷᠮᠠᠶᠢᠨ ᠪᠠᠶᠢᠭᠤᠯᠤᠨ᠎ᠠ᠃      ︵ᠳᠣᠯᠤᠭ᠎ᠠ︶  ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ      ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠬᠦᠨ ᠳᠤ ᠲᠠᠯᠪᠢᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠪᠠᠷ ᠮᠥᠩᠬᠡ ᠶᠢᠨ ᠰᠡᠳᠦᠪ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠳᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠠᠬᠦ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠵᠥᠪ ᠴᠢᠭᠯᠡᠯ ᠢ ᠪᠠᠷᠢᠮᠲᠠᠯᠠᠵᠤ᠂ ᠡᠶ᠎ᠡ ᠨᠠᠶᠢᠷᠠᠮᠳᠠᠭᠤ ᠦᠨᠳᠦᠰᠦᠲᠡᠨ ᠤ ᠪᠦᠯᠬᠦᠮᠳᠠᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ᠎ᠡ᠃      ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠠᠬᠢᠭᠤᠯᠤᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠲᠦᠷᠢᠮ ᠢ ᠲᠡᠬᠦᠯᠳᠡᠷᠵᠢᠬᠦᠯᠵᠤ᠂ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢ ᠲᠦᠷᠢᠮᠵᠢᠬᠦᠯᠦᠨ᠎ᠡ᠃ ︽ᠬᠠᠤᠯᠢᠵᠢᠯ ᠤᠨ ᠨᠡᠶᠢᠭᠡᠮ ᠤᠨ ᠬᠦᠳᠦᠯᠪᠦᠷᠢ ︵2020 —2025︶︾ ᠪᠤᠯᠤᠨ ︽ᠬᠠᠤᠯᠢᠵᠢᠯ ᠤᠨ ᠲᠤᠮᠳᠠᠳᠤ ᠤᠯᠤᠰ ᠤᠨ ᠪᠠᠶᠢᠭᠤᠯᠤᠯᠲᠠ ᠶᠢᠨ ᠲᠦᠯᠦᠪᠵᠢᠬᠦᠯᠭᠡ ︵2020 —2025︶︾ ᠶᠢ ᠭᠦᠨᠵᠡᠭᠡᠢ ᠲᠤᠭᠤᠰᠢᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠢ ᠬᠢᠨᠠᠮᠠᠭᠠᠶ ᠬᠡᠷᠡᠭᠵᠢᠭᠦᠯᠵᠦ ᠂ ᠬᠠᠤᠯᠢᠵᠢᠯ ᠤᠨ ᠵᠠᠰᠠᠭ ᠤᠨ ᠣᠷᠳᠣᠨ ᠤ ᠣᠶᠤᠨᠴᠢᠯᠠᠯᠲᠠ ᠶᠢᠨ ᠨᠢᠭᠡ ᠴᠤᠭᠴᠠᠵᠢᠭᠤᠯᠤᠭᠰᠠᠨ ᠲᠠᠪᠴᠠᠩ ᠤᠨ ᠬᠡᠷᠡᠭᠯᠡᠯᠲᠡ ᠶᠢ ᠪᠦᠬᠦ ᠲᠠᠯ᠎ᠠ ᠪᠠᠷ ᠪᠦᠷᠬᠦᠬᠦᠯᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠵᠥᠪᠯᠡᠬᠦ ᠰᠢᠢᠳᠪᠦᠷᠢᠲᠦ ᠪᠤᠳᠤᠯᠭ᠎ᠠ ᠲᠤᠭᠲᠠᠭᠠᠬᠤ ᠲᠦᠷᠢᠮ ᠪᠠ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ  ᠶᠢ ᠦᠨᠡᠯᠡᠨ ᠵᠢᠱᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠯᠳᠠ ᠶᠢᠨ ᠴᠢᠳᠠᠪᠤᠷᠢ ᠪᠠᠨ ᠲᠡᠭᠡᠭᠰᠢᠯᠡᠬᠦᠯᠦᠨ᠎ᠡ᠃ ᠡᠯᠧᠺᠲᠷᠤᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠯᠠᠪᠯᠠᠯᠳᠠ ᠶᠢᠨ ᠦᠢᠯᠡᠴᠢᠯᠡᠭᠡᠨ ᠪᠣᠯᠤᠨ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ ᠲᠠᠪᠴᠠᠩ ᠢ ᠪᠠᠶᠢᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠪᠦᠬᠦ ᠠᠷᠠᠳ ᠤᠨ ᠬᠠᠤᠯᠢᠵᠢᠯ ᠤᠨ ᠬᠡᠪ ᠪᠣᠯᠪᠠᠰᠤᠷᠠᠯ ᠪᠠ ᠪᠦᠬᠦ ᠨᠡᠶᠢᠭᠡᠮ ᠢᠶᠠᠷ ᠢᠶᠠᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠤᠬᠠᠮᠰᠠᠷ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ  ᠶᠢᠨ ᠬᠢᠨᠠᠯᠲᠠ ᠲᠠᠯᠪᠢᠬᠤ ᠶᠢ ᠬᠠᠤᠯᠢ ᠶᠤᠰᠤᠭᠠᠷ ᠬᠦᠯᠢᠶᠡᠨ ᠠᠪᠴᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠴᠤ᠂ ᠬᠠᠤᠯᠢ ᠴᠠᠭᠠᠵᠠ᠂ ᠬᠢᠨᠠᠨ ᠪᠤᠳᠤᠯᠳᠠ᠂ ᠶᠠᠷᠢᠶ᠎ᠠ ᠭᠡᠯᠡᠯᠴᠡᠭᠡ ᠪᠠ ᠨᠡᠶᠢᠭᠡᠮ ᠤᠨ ᠬᠢᠨᠠᠯᠲᠠ ᠲᠠᠯᠪᠢᠬᠤ ᠶᠢ ᠤᠬᠠᠮᠰᠠᠷ  ᠠᠴᠠ ᠪᠠᠨ ᠬᠦᠯᠢᠶᠡᠨ ᠠᠪᠤᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠠᠬᠢᠭᠤᠯᠵᠤ᠂ ᠦᠨᠡᠨᠴᠢ ᠢᠲᠡᠭᠡᠮᠵᠢ ᠲᠠᠢ ᠵᠠᠰᠠᠭ ᠤᠨ ᠣᠷᠳᠣᠨ ᠤ ᠪᠠᠶᠢᠭᠤᠯᠤᠯᠲᠠ  ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢ ᠬᠥᠲᠥᠯᠥᠨ ᠳᠠᠭᠠᠭᠤᠯᠤᠨ᠎ᠠ᠃            ᠵᠠᠰᠠᠭ ᠤᠨ ᠤᠷᠳᠤᠨ ᠤ ᠵᠠᠰᠠᠭ ᠶᠠᠪᠤᠭᠤᠯᠬᠤ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠢ ᠵᠣᠬᠢᠴᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠠᠵᠢᠯᠲᠠᠨ ᠤ ᠦᠵᠡᠯ ᠰᠠᠨᠠᠭᠠᠨ ᠤ ᠪᠠᠶᠢᠭᠤᠯᠤᠯᠲᠠ ᠪᠠ ᠬᠡᠪ ᠰᠤᠷᠳᠠᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠣᠨᠣᠯ ᠤᠨ ᠬᠡᠪ ᠪᠣᠯᠪᠠᠰᠤᠷᠠᠯ᠂ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ᠂ ᠬᠠᠤᠯᠢᠵᠢᠯ ᠤᠨ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠪ ᠴᠢᠨᠠᠷ ᠪᠠ ᠡᠷᠳᠡᠮ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠬᠦᠢᠴᠡᠳᠬᠡᠯ ᠲᠤᠭ᠎ᠠ ᠶᠢ ᠲᠤᠭᠳᠠᠭᠠᠵᠤ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠠᠵᠢᠯ ᠤᠨ ᠡᠭᠦᠷᠭᠡ ᠶᠢ ᠨᠠᠷᠢᠨ ᠲᠠᠩᠰᠠ ᠪᠠᠷ ᠬᠠᠮᠢᠶᠠᠷᠬᠤ᠂ ᠡᠬᠡ ᠲᠠᠩᠰᠠ ᠪᠠᠷ ᠬᠦᠢᠴᠡᠳᠬᠡᠬᠦ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠠᠵᠢᠯ ᠤᠨ ᠱᠠᠭᠠᠷᠳᠠᠨ ᠪᠠᠶᠢᠴᠠᠭᠠᠬᠤ ᠲᠤᠭᠲᠠᠴᠠ ᠶᠢ ᠪᠦᠷᠢᠨᠰᠢᠬᠦᠯᠵᠤ᠂ ᠵᠠᠰᠠᠭ ᠤᠨ ᠤᠷᠳᠤᠨ ᠤ ᠭᠦᠢᠴᠡᠳᠭᠡᠨ ᠨᠠᠶᠢᠳᠠᠪᠤᠷᠢᠵᠢᠭᠤᠯᠬᠤ ᠬᠦᠴᠦᠯᠡᠴᠡ ᠶᠢ ᠲᠡᠭᠡᠭᠰᠢᠯᠡᠬᠦᠯᠦᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ  ᠤ ᠡᠯ᠎ᠡ ᠵᠦᠶᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠪᠣᠳᠠᠲᠠᠶ ᠠᠵᠢᠯᠯᠠᠬᠤ ᠶᠢ ᠴᠢᠬᠤᠯᠠᠴᠢᠯᠠᠨ᠂ ᠪᠣᠳᠠᠲᠤ ᠪᠦᠳᠦᠮᠵᠢ ᠭᠠᠷᠭᠠᠬᠤ ᠪᠠᠷ ᠤᠳᠤᠷᠢᠳᠤᠮᠵᠢ ᠪᠤᠯᠭᠠᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠵᠠᠯᠠᠷᠠᠭᠤᠯᠬᠤ ᠪᠠ ᠤᠷᠮᠠᠰᠢᠭᠤᠯᠬᠤ ᠲᠣᠭᠲᠠᠴᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠵᠤᠷᠢᠯᠲᠠ ᠶᠢᠨ ᠤᠬᠠᠮᠰᠠᠷ ᠢ ᠤᠯᠠᠮ ᠴᠢᠩᠭᠠᠳᠬᠠᠵᠤ᠂ ᠬᠦᠭᠵᠢᠯᠲᠡ ᠶᠢᠨ ᠬᠡᠷᠡᠭᠴᠡᠭᠡ᠂ ᠦᠨᠳᠦᠰᠦᠨ ᠱᠠᠳᠤᠨ ᠤ ᠬᠦᠰᠡᠯ ᠡᠷᠡᠮᠡᠯᠵᠡᠯ᠂ ᠠᠷᠠᠳ ᠤᠨ ᠰᠠᠨᠠᠭ᠎ᠠ ᠳᠤ ᠲᠦᠪᠯᠡᠷᠡᠬᠦᠯᠦᠨ᠂ ᠠᠷᠠᠳ ᠤᠨ ᠰᠠᠨᠠᠭ᠎ᠠ ᠲᠠᠯᠪᠢᠵᠤ ᠪᠠᠶᠢᠭ᠎ᠠ ᠶᠠᠪᠤᠳᠠᠯ ᠢ ᠬᠦᠴᠦ ᠪᠠᠨ ᠲᠦᠪᠯᠡᠷᠡᠬᠦᠯᠦᠨ ᠰᠢᠢᠳᠪᠦᠷᠢᠯᠡᠵᠤ᠂ ᠠᠷᠠᠳ ᠲᠦᠮᠡᠨ ᠤ ᠦᠢᠯᠡᠴᠢᠯᠡᠭᠴᠢ ᠶᠢᠨ ᠠᠵᠢᠯ ᠢᠶᠠᠨ ᠰᠠᠶᠢᠳᠤᠷ ᠬᠢᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠲᠡᠮᠵᠢᠨ᠎ᠠ᠃ ᠭᠠᠳᠠᠭᠠᠳᠤ ᠶᠠᠪᠤᠳᠠᠯ᠂ ᠱᠠᠰᠢᠨ ᠰᠤᠷᠲᠠᠬᠤᠨ᠂ ᠲᠤᠭ᠎ᠠ ᠪᠦᠷᠢᠳᠬᠡᠯ᠂ ᠬᠢᠨᠠᠨ ᠪᠣᠳᠣᠬᠤ᠂ ᠣᠷᠣᠨ ᠨᠤᠲᠤᠭ ᠤᠨ ᠣᠶᠢᠯᠠᠯᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠠᠵᠢᠯ ᠵᠡᠷᠭᠡ ᠶᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠦᠢᠯᠡᠰ ᠤᠨ  ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃      ᠲᠦᠪ ᠭᠤᠤᠯᠴᠢ ᠠᠷᠢᠭᠤᠨ ᠴᠢᠭᠡᠴᠢ ᠶᠢ ᠪᠠᠷᠢᠮᠳᠠᠯᠠᠨ᠎ᠠ᠃ ᠨᠠᠮ ᠤᠨ ᠰᠤᠷᠲᠠᠯ ᠤᠨ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ︽ᠳᠥᠷᠪᠡᠨ ᠰᠤᠷᠲᠠᠯ︾ ᠢ ᠡᠷᠡᠰ ᠴᠡᠭᠴᠡᠯᠡᠨ ᠵᠠᠰᠠᠵᠤ᠂ ᠦᠬᠡᠨᠴᠡ ᠵᠠᠰᠠᠭ ᠠᠯᠵᠠᠭᠤ ᠵᠠᠰᠠᠭ ᠬᠤᠶᠢᠷᠭᠤ ᠵᠠᠰᠠᠭ ᠢ ᠡᠷᠡᠰ ᠴᠡᠭᠴᠡᠯᠡᠵᠦ᠂ ᠡᠯ᠎ᠡ ᠲᠥᠷᠥᠯ ᠤᠨ ᠢᠯᠵᠠᠷᠠᠮᠠᠯ ᠠᠵᠢᠯᠯᠠᠭ᠎ᠠ ᠶᠢ ᠡᠷᠡᠰ ᠵᠠᠯᠬᠠᠭᠠᠨ ᠰᠢᠢᠳᠬᠡᠨ᠎ᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ  ᠳᠠᠬᠢ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠢ ᠳᠡᠮᠵᠢᠨ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠬᠡᠷᠡᠭᠵᠢᠭᠦᠯᠬᠦ ᠶᠢ ᠲᠡᠮᠵᠢᠵᠦ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ︽ᠵᠠᠰᠠᠭ ᠤᠨ ᠣᠷᠳᠣᠨ ᠠᠷᠪᠢᠯᠠᠨ ᠭᠠᠮᠨᠠᠬᠤ᠂ ᠣᠯᠠᠨ ᠲᠦᠮᠡᠨ ᠢ ᠪᠠᠶᠠᠨ ᠴᠢᠨᠡᠭᠡᠯᠢᠭ ᠠᠮᠢᠳᠤᠷᠠᠭᠤᠯᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ ᠲᠥᠰᠦᠪ  ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠤ᠂ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠡᠵᠡᠮᠳᠡᠵᠤ᠂ ᠬᠢᠵᠠᠭᠠᠷ ᠲᠠᠢ ᠪᠡᠯᠡ ᠮᠥᠩᠭᠦ ᠪᠠᠨ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠡᠷᠡᠭᠯᠡᠨ᠎ᠡ᠃      ᠲᠥᠯᠥᠭᠡᠯᠡᠭᠴᠢᠳ ᠡ᠂ ᠴᠠᠭ ᠦᠶ᠎ᠡ ᠤᠷᠤᠭᠰᠢᠯᠠᠨ ᠳᠠᠪᠰᠢᠬᠤ ᠶᠢ ᠬᠥᠲᠥᠯᠥᠨ ᠳᠠᠭᠠᠭᠤᠯᠵᠤ᠂ ᠪᠣᠳᠠᠲᠠᠶ ᠠᠵᠢᠯᠯᠠᠨ ᠢᠷᠡᠭᠡᠳᠦᠶ ᠪᠠᠨ ᠴᠣᠭᠴᠠᠯᠠᠶ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ  ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠠᠵᠢᠯᠯᠠᠵᠤ᠂ ᠰᠢᠯᠢᠳᠡᠭ ᠬᠢᠷᠢ ᠪᠦᠳᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ ᠤᠷᠠᠳ ᠤᠨ ᠲᠤᠮᠳᠠᠳᠤ ᠬᠤᠰᠢᠭᠤᠨ ᠤ ᠬᠥᠭᠵᠢᠯᠲᠡ  ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠦᠯᠦᠭᠡ ᠴᠢᠷᠮᠠᠶᠢᠨ ᠲᠡᠮᠡᠴᠡᠰᠦᠭᠡᠢ︕ᠨᠡᠷᠡᠰ ᠤᠨ ᠲᠠᠶᠢᠯᠪᠤᠷᠢ      1. ︽ᠵᠢᠷᠭᠤᠭ᠎ᠠ ᠶᠢ ᠲᠣᠭᠲᠠᠪᠤᠷᠢᠵᠢᠭᠤᠯᠬᠤ︾᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂  ᠪᠡᠯᠡᠳᠭᠡᠯ ᠵᠢᠱᠢᠯᠲᠡ ᠶᠢᠨ ᠠᠵᠢᠯ ᠢ ᠲᠣᠭᠲᠠᠪᠤᠷᠢᠵᠢᠭᠤᠯᠬᠤ ᠶᠢ ᠵᠢᠭᠠᠵᠦ ᠪᠤᠢ᠃      2. ︽ᠵᠢᠷᠭᠤᠭ᠎ᠠ ᠶᠢ ᠪᠠᠲᠤᠯᠠᠬᠤ︾᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶᠡᠵᠢᠯ ᠬᠠᠩᠭᠠᠯᠭ᠎ᠠ ᠶᠢᠨ ᠬᠡᠯᠬᠢᠶᠡᠵᠢᠯ ᠢ ᠲᠣᠭᠲᠠᠭᠤᠨ ᠪᠠᠶᠢᠯᠭᠠᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠵᠢᠭᠠᠵᠦ ᠪᠤᠢ᠃      3. ︽ᠭᠤᠷᠪᠠᠳᠠᠬᠢ ᠡᠳᠡᠭᠡᠤᠨ ᠲᠤ ᠨᠠᠶᠢᠳᠠᠵᠦ ᠠᠷᠠᠯᠵᠢᠶᠠᠴᠢᠨ ᠤᠷᠢᠬᠤ︾ ᠵᠠᠭᠪᠤᠷ᠄ ᠠᠵᠤ ᠠᠬᠤᠶᠢᠯᠠᠯ ᠤᠨ ᠠᠷᠠᠯᠵᠢᠶᠠᠴᠢᠨ ᠤᠷᠢᠬᠤ ᠠᠯᠢᠪᠠ ᠶᠠᠪᠤᠳᠠᠯ ᠢ ᠴᠥᠮ ᠲᠤᠰᠬᠠᠶ ᠮᠡᠷᠭᠡᠵᠢᠯ ᠤᠨ ᠠᠷᠠᠯᠵᠢᠶᠠᠴᠢᠨ ᠤᠷᠢᠬᠤ ᠭᠤᠷᠪᠠᠳᠤᠭᠠᠷ ᠡᠲᠡᠭᠡᠳ ᠲᠤ ᠳᠠᠭᠠᠭᠠᠴᠢᠯᠠᠭᠤᠯᠵᠤ ᠪᠣᠯᠬᠤ ᠶᠢ ᠵᠢᠭᠠᠵᠤ ᠪᠠᠶᠢᠨ᠎ᠠ᠂ ᠠᠵᠤ ᠠᠬᠤᠶᠢᠯᠠᠯ ᠵᠥᠪᠬᠡᠨ ᠬᠦᠴᠦᠨ ᠢᠶᠠᠨ ᠲᠥᠪᠯᠡᠷᠡᠭᠦᠯᠦᠨ ᠲᠣᠰ ᠪᠡᠶ᠎ᠡ ᠶᠢᠨ ᠭᠤᠤᠯᠯᠠᠬᠤ ᠲᠤᠬᠠᠶᠢᠯᠠᠭᠰᠠᠨ ᠠᠵᠢᠯ ᠢᠶᠠᠨ ᠰᠠᠶᠢᠲᠤᠷ ᠡᠵᠡᠩᠨᠡᠵᠤ᠂ ᠲᠤᠰᠬᠠᠶ ᠮᠡᠷᠭᠡᠵᠢᠯ ᠤᠨ ᠠᠷᠠᠯᠵᠢᠶᠠᠴᠢᠨ ᠤᠷᠢᠬᠤ ᠪᠦᠯᠬᠦᠮ ᠨᠡᠶᠢᠲᠡ ᠳᠤ ᠠᠷᠭ᠎ᠠ ᠵᠠᠮ ᠢᠶᠠᠨ ᠦᠷᠭᠡᠳᠬᠡᠬᠦ ᠪᠥᠬᠦ ᠡᠷᠬᠡ ᠪᠠᠨ ᠲᠤᠰᠢᠶᠠᠨ ᠥᠭᠴᠦ ᠪᠣᠯᠤᠨ᠎ᠠ᠃      4. ᠭᠤᠣᠯ ᠨᠠᠭᠤᠷ ᠤᠨ ︽ᠲᠦᠷᠪᠡᠨ ᠡᠷᠤᠢ ᠬᠤᠷᠤᠢ ᠦᠬᠡᠢ︾ ᠠᠰᠠᠭᠤᠳᠠᠯ᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ  ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠠᠰᠠᠭᠤᠳᠠᠯ ᠢ ᠵᠢᠭᠠᠵᠦ ᠪᠤᠢ᠃      5. ᠣᠶ ᠰᠢᠭᠤᠶ ᠶᠢᠨ ᠳᠠᠷᠤᠭ᠎ᠠ ᠶᠢᠨ ᠳᠦᠷᠢᠮ᠄ ︽ᠱᠠᠲᠤ ᠬᠤᠪᠢᠶᠠᠨ ᠬᠠᠷᠢᠭᠤᠴᠠᠬᠤ︾ ᠵᠠᠷᠴᠢᠮ ᠤᠨ ᠶᠣᠰᠣᠭᠠᠷ᠂ ᠮᠤᠵᠢ ᠬᠤᠲᠠ ᠰᠢᠶᠠᠨ ᠰᠢᠶᠠᠩ ᠲᠣᠰᠬᠤᠨ ᠲᠠᠪᠤᠨ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠳᠦᠷᠢᠮ ᠤᠨ ᠰᠢᠰᠲ᠋ᠧᠮᠵᠢ ᠶᠢ ᠪᠠᠶᠢᠭᠤᠯᠵᠦ᠂ ᠡᠯ᠎ᠡ ᠱᠠᠲᠤᠨ ᠤ ᠣᠢ ᠰᠢᠭᠤᠶ ᠶᠢᠨ ᠳᠠᠷᠤᠭ᠎ᠠ ᠨᠢ ᠲᠤᠰ ᠬᠠᠷᠢᠭᠤᠴᠠᠯᠭᠠᠲᠤ ᠣᠷᠣᠨ ᠤ ᠳᠣᠲᠣᠷᠠᠬᠢ ᠣᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠂ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠣᠶ ᠰᠢᠭᠤᠶ  ᠶᠢᠨ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠬᠦ ᠶᠢ ᠵᠢᠭᠠᠵᠦ ᠪᠤᠢ᠃      6. ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ᠄ ᠬᠢᠮᠢ ᠶᠢᠨ ᠪᠤᠷᠳᠤᠭᠤᠷ ᠢ ᠬᠢᠵᠠᠭᠠᠷᠯᠠᠬᠤ᠂ ᠲᠠᠷᠢᠶᠠᠨ ᠡᠮ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠰᠦᠯᠢᠶᠤᠤ ᠪᠦᠷᠭᠦᠪᠴᠢ ᠶᠢ ᠬᠢᠵᠠᠭᠠᠷᠯᠠᠬᠤ ᠶᠢ ᠵᠢᠭᠠᠵᠦ ᠪᠤᠢ᠃      7. ︽ᠲᠠᠪᠤᠨ ᠨᠢᠭᠡ ᠪᠦᠯᠦᠭ︾᠄ ᠦᠢᠯᠡᠳᠪᠦᠷᠢᠯᠡᠯ ᠢ ᠬᠥᠭᠵᠢᠭᠦᠯᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠭᠢᠵᠢᠷᠠᠭᠤᠯᠬᠤ᠂ ᠣᠨᠳᠣᠣ ᠭᠠᠵᠠᠷ ᠲᠤ ᠨᠡᠭᠦᠯᠭᠡᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠭᠢᠵᠢᠷᠠᠭᠤᠯᠬᠤ᠂ ᠠᠮᠢ ᠠᠬᠤᠢ ᠶᠢᠨ ᠨᠥᠬᠦᠪᠥᠷᠢ ᠥᠭᠴᠦ ᠪᠠᠶᠢᠭᠠᠳ ᠨᠢᠭᠡ ᠪᠦᠯᠦᠭ ᠬᠦᠮᠦᠰ ᠢ ᠶᠠᠳᠠᠭᠤ  ᠠᠴᠠ ᠠᠩᠭᠢᠵᠢᠷᠠᠭᠤᠯᠬᠤ᠂ ᠰᠤᠷᠭᠠᠨ ᠬᠥᠮᠦᠵᠢᠯ ᠢ ᠬᠥᠭᠵᠢᠭᠦᠯᠵᠦ ᠨᠢᠭᠡ ᠪᠦᠯᠦᠭ ᠬᠦᠮᠦᠰ ᠢ ᠶᠠᠳᠠᠭᠤ ᠠᠴᠠ ᠠᠩᠭᠢᠵᠢᠷᠠᠭᠤᠯᠬᠤ᠂ ᠨᠡᠶᠢᠭᠡᠮ ᠤᠨ ᠪᠠᠲᠤᠯᠠᠭ᠎ᠠ ᠪᠠᠷ ᠨᠢᠭᠡ ᠪᠦᠯᠦᠭ ᠬᠦᠮᠦᠰ ᠤᠨ ᠦᠨᠳᠦᠰᠦᠨ ᠵᠦᠢᠯ ᠢ ᠨᠢ ᠪᠠᠲᠤᠯᠠᠬᠤ ᠶᠢ ᠵᠢᠭᠠᠵᠦ ᠪᠤᠢ᠃      8. ︽ᠵᠢᠷᠭᠤᠭᠠᠨ ᠨᠠᠷᠢᠯᠢᠭ ᠤᠨᠤᠪᠴᠢᠳᠠᠢ︾᠄ ᠶᠠᠳᠠᠭᠤ ᠶᠢ ᠲᠡᠳᠬᠦᠬᠦ ᠡᠲᠡᠭᠡᠳ ᠨ᠊ ᠢ ᠨᠠᠷᠢᠯᠢᠭ  ᠣᠨᠣᠪᠴᠢᠲᠠᠶ  ᠂ ᠠᠷᠭ᠎ᠠ ᠪᠠᠷᠢᠯ ᠢ ᠡᠷᠦᠬᠡ ᠳᠤ ᠭᠦᠨᠵᠡᠭᠡᠶᠢᠷᠡᠬᠦᠯᠬᠦ ᠠᠵᠢᠯ ᠨᠢ ᠨᠠᠷᠢᠯᠢᠭ ᠤᠨᠤᠪᠴᠢᠳᠠᠢ᠂ ᠲᠥᠷᠥᠯ ᠵᠦᠶᠯ ᠤᠨ ᠲᠣᠬᠢᠷᠠᠭᠤᠯᠤᠯᠲᠠ ᠨᠢ ᠨᠠᠷᠢᠯᠢᠭ ᠤᠨᠤᠪᠴᠢᠳᠠᠢ᠂ ᠪᠠᠯᠠ ᠮᠥᠩᠭᠦ ᠶᠢᠨ ᠬᠡᠷᠡᠭᠯᠡᠯᠲᠡ ᠨᠢ ᠨᠠᠷᠢᠯᠢᠭ ᠤᠨᠤᠪᠴᠢᠳᠠᠢ᠂ ᠲᠣᠰᠬᠤᠨ ᠳᠤ ᠲᠤᠮᠢᠯᠠᠬᠤ ᠬᠥᠮᠦᠨ ᠨᠢ ᠨᠠᠷᠢᠯᠢᠭ ᠤᠨᠤᠪᠴᠢᠳᠠᠢ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠨᠢ ᠨᠠᠷᠢᠯᠢᠭ ᠤᠨᠤᠪᠴᠢᠳᠠᠢ ᠪᠠᠶᠢᠬᠤ ᠶᠢ ᠵᠢᠭᠠᠵᠦ ᠪᠤᠢ᠃      9. ︽ᠠᠷᠪᠠᠨ ᠶᠡᠭᠡ ᠠᠵᠤ ᠦᠢᠯᠡᠰ ᠤᠨ ᠬᠡᠯᠬᠢᠶᠡᠵᠢᠯ︾᠄ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠢ ᠲᠠᠭᠠᠭᠤᠯᠤᠨ ᠶᠠᠳᠠᠭᠤ ᠶᠢ ᠲᠡᠳᠬᠦᠬᠦ᠂ ᠴᠠᠬᠢᠮ ᠬᠤᠳᠠᠯᠳᠤᠭᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠭᠡᠷᠡᠯ ᠤᠨ ᠡᠨᠧᠷᠬᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠤ ᠠᠬᠤᠶᠢᠯᠠᠯ ᠢᠶᠠᠷ ᠶᠠᠳᠠᠭᠤ ᠶᠢ ᠲᠡᠳᠬᠦᠬᠦ᠂ ᠲᠠᠷᠢᠵᠦ ᠲᠡᠵᠢᠬᠡᠬᠦ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠳ᠋ ᠬᠦᠷᠦᠩᠬᠡ ᠶᠢᠨ ᠠᠰᠢᠭ ᠤᠷᠤᠯᠭ᠎ᠠ ᠪᠠᠷ ᠶᠠᠳᠠᠭᠤ ᠶᠢ ᠲᠡᠳᠬᠦᠬᠦ᠂ ᠠᠮᠢ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ  ᠂ ᠲᠦᠬᠦᠭᠡᠷᠤᠮᠵᠢᠳᠦ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠦᠢᠯᠡᠰ ᠪᠤᠰᠬᠠᠵᠦ ᠠᠵᠢᠯ ᠤᠯᠭᠤᠬᠤ ᠪᠠᠷ ᠶᠠᠳᠠᠭᠤ ᠶᠢ ᠲᠡᠳᠬᠦᠬᠦ᠂ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠵᠢᠭᠠᠵᠦ ᠪᠤᠢ᠃      10. ︽ᠵᠢᠷᠭᠤᠭ᠎ᠠ ᠶᠢ ᠦᠭᠡᠶᠢᠰᠬᠡᠨ ᠳᠥᠷᠪᠡ ᠶᠢ ᠪᠠᠷᠢᠮᠵᠢᠶ᠎ᠠ ᠳᠤ ᠬᠦᠷᠦᠭᠦᠯᠬᠦ︾᠄ ᠲᠤᠬᠠᠶᠢᠯᠠᠪᠠᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠠᠵᠢᠯ ᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠡᠷᠡᠭᠵᠢᠭᠦᠯᠬᠦ ᠲᠠᠯ᠎ᠠ ᠪᠠᠷ ᠵᠥᠷᠢᠶ᠎ᠡ ᠲᠠᠢ ᠪᠠᠶᠢᠬᠤ ᠪᠠᠶᠢᠳᠠᠯ ᠢ ᠦᠭᠡᠶᠢᠰᠬᠡᠨ᠎ᠡ᠃ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠢ ᠪᠦᠷᠬᠦᠭᠦᠯᠦᠭᠰᠡᠨ ᠥᠬᠡᠶ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠥᠨ ᠠᠮᠠ ᠶᠢ ᠪᠦᠬᠦᠨ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠷᠬᠦᠭᠦᠯᠦᠭᠰᠡᠨ ᠥᠬᠡᠶ ᠪᠠᠶᠢᠬᠤ ᠶᠢ ᠦᠭᠡᠶᠢᠰᠬᠡᠨ᠎ᠡ᠃ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠠᠮᠲᠤ ᠶᠢᠨ ᠠᠵᠤ ᠠᠬᠤᠢ ᠪᠠᠭᠤᠷᠠᠢ ᠪᠠᠶᠢᠬᠤ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠦᠭᠡᠶᠢᠰᠬᠡᠵᠤ ᠤᠷᠤᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠲᠠᠩᠰᠠ ᠡᠪᠬᠡᠮᠡᠯ ᠪᠠᠶᠢᠭᠤᠯᠤᠨ ᠺᠠᠷᠲ ᠵᠤᠬᠢᠶᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠦᠭᠡᠶᠢᠰᠬᠡᠨ᠎ᠡ᠃ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠬᠥᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠡᠳᠦᠶ ᠪᠠᠶᠢᠬᠤ ᠪᠠ ᠶᠠᠳᠠᠭᠤ ᠬᠦᠴᠢᠷᠳᠡᠯᠲᠡᠶ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠶᠢ ᠦᠭᠡᠶᠢᠰᠬᠡᠬᠦ ᠶᠢ ᠪᠡᠶᠡᠯᠡᠭᠦᠯᠦᠨ᠎ᠡ᠃ ᠲᠠᠩᠰᠠ ᠡᠪᠬᠡᠮᠡᠯ ᠪᠠᠶᠢᠭᠤᠯᠤᠨ ᠺᠠᠷᠲ ᠵᠤᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠪᠦᠬᠦᠨ ᠢ ᠪᠡᠶᠡᠯᠡᠬᠦᠯᠦᠨ᠎ᠡ᠃ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠺᠠᠷᠲᠯᠠᠨ ᠳᠠᠩᠰᠠᠯᠠᠬᠤ ᠲᠠᠪᠴᠠᠩ ᠤᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠦᠨ᠎ᠡ᠃ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶ ᠶᠢᠨ ᠪᠡᠯᠡᠳᠬᠡᠮᠵᠢ᠂ ᠠᠵᠢᠯᠲᠠᠨ᠂ ᠡᠮ ᠵᠡᠷᠭᠡ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠪᠠᠷᠢᠮᠵᠢᠶ᠎ᠠ ᠳᠤ ᠬᠦᠷᠦᠭᠦᠯᠦᠨ᠎ᠡ᠃ ᠲᠠᠩᠰᠠ ᠡᠪᠬᠡᠮᠡᠯ ᠪᠠᠶᠢᠭᠤᠯᠤᠨ ᠺᠠᠷᠲ ᠵᠤᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠦᠨ᠎ᠡ ᠃ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠪᠠᠭᠤᠷᠠᠶ ᠪᠠᠶᠢᠬᠤ ᠰᠤᠷᠭᠠᠭᠤᠯᠢ ᠶᠢᠨ ᠥᠭᠡᠷᠡᠴᠢᠯᠡᠯᠲᠡ ᠪᠠ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠥᠭᠡᠷᠡᠴᠢᠯᠡᠯᠲᠡ ᠶᠢ ᠪᠡᠶᠡᠯᠡᠬᠦᠯᠦᠨ᠎ᠡ ᠃ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠷ᠎ᠡ ᠬᠡᠦᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠭᠠᠭᠤᠯᠢ ᠳᠤ ᠣᠷᠣᠬᠤ ᠶᠢ ᠪᠠᠷᠢᠮᠵᠢᠶ᠎ᠠ ᠳᠤ ᠬᠦᠷᠦᠬᠦᠯᠬᠦ ᠶᠢ ᠪᠡᠶᠡᠯᠡᠬᠦᠯᠬᠦ ᠶᠢ ᠵᠢᠭᠠᠵᠤ ᠪᠤᠢ᠃      11. ︽ᠬᠤᠶᠠᠷ ᠪᠦᠲᠦᠭᠡᠭᠳᠡᠬᠦᠨ ᠨᠢᠭᠡ ᠲᠡᠮᠳᠡᠭ︾᠄ ᠪᠣᠬᠢᠷᠳᠤᠯ ᠦᠭᠡᠢ ᠢᠳᠡᠭᠡᠨ ᠤ ᠵᠦᠢᠯ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ ᠢ ᠵᠢᠭᠠᠵᠦ ᠪᠤᠢ᠃      12.︽ᠲᠡᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠄ ᠲᠤᠬᠠᠶᠢᠯᠠᠪᠠᠯ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠪᠣᠯᠤᠨ᠎ᠠ᠃ ︽ᠲᠠᠯᠪᠢᠬᠤ︾ ᠭᠡᠳᠡᠭ ᠨᠢ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠲᠠᠯᠪᠢᠵᠦ᠂ ᠵᠥᠪᠰᠢᠶᠡᠷᠡᠬᠦ ᠪᠠᠷᠢᠮᠵᠢᠶ᠎ᠠ ᠶᠢ ᠳᠣᠷᠣᠭᠰᠢᠯᠠᠭᠤᠯᠤᠨ᠎ᠠ᠃ ︽ᠬᠠᠮᠢᠶᠠᠷᠬᠤ︾ ᠭᠡᠳᠡᠭ ᠨᠢ ᠲᠥᠪ ᠭᠤᠤᠯᠴᠢ ᠪᠠᠷ ᠬᠢᠨᠠᠨ ᠬᠠᠮᠢᠶᠠᠷᠴᠤ᠂ ᠲᠥᠪ ᠭᠤᠤᠯᠴᠢ  ᠪᠠᠷ ᠥᠷᠢᠰᠥᠯᠳᠦᠬᠦ ᠶᠢ ᠠᠬᠢᠭᠤᠯᠤᠨ᠎ᠠ᠃ ︽ᠦᠶᠯᠡᠴᠢᠯᠡᠬᠦ︾ ᠨᠢ ᠳᠠᠷᠤᠶ ᠥᠨᠳᠥᠷ ᠪᠦᠲᠦᠮᠵᠢᠲᠡᠶ ᠦᠶᠯᠡᠴᠢᠯᠡᠵᠦ᠂ ᠳᠥᠭᠦᠮ ᠳᠥᠲᠡ ᠣᠷᠴᠢᠨ ᠨᠥᠬᠦᠴᠡᠯ ᠢ ᠪᠣᠶ ᠪᠣᠯᠭᠠᠬᠤ ᠶᠢ ᠵᠢᠭᠠᠵᠦ ᠪᠤᠢ᠃      13. ︽ᠤᠯᠠᠨ ᠦᠨᠡᠮᠯᠡᠯ ᠢ ᠨᠢᠭᠡᠳᠭᠡᠬᠦ︾᠄ ᠨᠢᠭᠡᠨᠲᠡ ᠬᠡᠷᠡᠭᠵᠢᠭᠦᠯᠵᠦ ᠪᠠᠶᠢᠭ᠎ᠠ ᠡᠵᠡᠩᠨᠡᠯᠲᠡ ᠶᠢᠨ ᠪᠠᠳᠣᠯᠠᠪᠣᠷᠢ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠺᠣᠳ᠋ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠲᠠᠩᠰᠠᠯᠠᠯᠲᠠ ᠶᠢᠨ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠳᠡᠩᠰᠡᠯᠡᠯᠲᠡ ᠶᠢᠨ ᠦᠨᠡᠮᠯᠡᠯ᠂ ᠲᠤᠭ᠎ᠠ ᠪᠦᠷᠢᠳᠬᠡᠯ ᠤᠨ ᠦᠨᠡᠮᠯᠡᠯ ᠵᠡᠷᠭᠡ   ︽ᠲᠠᠪᠤᠨ ᠦᠨᠡᠮᠯᠡᠯ ᠢ ᠨᠢᠭᠡᠳᠬᠡᠬᠦ︾ ᠰᠠᠭᠤᠷᠢᠨ ᠳᠡᠭᠡᠷ᠎ᠡ᠂ ᠭᠤᠶᠤᠴᠢᠯᠠᠭᠴᠢ ᠳᠤ ᠣᠯᠭᠤᠭᠰᠠᠨ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠪᠤᠯᠤᠨ ᠢᠳᠡᠭᠡᠨ ᠤ ᠵᠦᠶᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠨᠣᠮᠧᠷ ᠵᠡᠷᠭᠡ ᠨᠢᠭᠡ ᠦᠨᠡᠮᠯᠡᠯ ᠬᠤᠶᠠᠷ ᠨᠤᠮᠧᠷ ᠪᠤᠶᠤ ᠤᠯᠠᠨ ᠨᠤᠮᠧᠷ ᠲᠠᠢ ︽ᠣᠯᠠᠨ ᠦᠨᠡᠮᠯᠡᠯ ᠢ ᠨᠢᠭᠡᠳᠭᠡᠭᠰᠡᠨ︾ ᠡᠵᠡᠩᠨᠡᠯᠲᠡ ᠶᠢᠨ ᠦᠨᠡᠮᠯᠡᠯ ᠢ ᠵᠢᠭᠠᠵᠣ ᠪᠣᠢ᠃ ᠣᠨᠴᠠᠭᠠᠶ ᠪᠠᠶᠢᠳᠠᠯ ᠠᠴᠠ ᠭᠠᠳᠠᠨ᠎ᠠ ᠬᠤᠯᠪᠣᠭᠳᠠᠯ ᠪᠦᠬᠦᠢ ᠵᠥᠪᠰᠢᠶᠡᠷᠡᠯ ᠤᠨ ᠭᠡᠷᠡᠴᠢ ᠦᠨᠡᠮᠯᠠᠯ ᠢ ᠲᠠᠬᠢᠵᠤ ᠠᠰ ᠲᠤᠨᠢ ᠤᠯᠭᠤᠬᠤ ᠦᠭᠡᠢ ᠨᠢᠭᠡᠳᠦᠯᠲᠡᠶ ᠪᠠᠷ ᠬᠠᠮᠲᠤᠷᠠᠨ ᠬᠥᠳᠡᠯᠦᠯᠴᠡᠬᠦ ᠳᠡᠩᠰᠡᠯᠡᠯᠲᠡ  ᠶᠢᠨ ᠠᠷᠭ᠎ᠠ ᠶᠢ ᠵᠢᠭᠠᠵᠦ ᠪᠤᠢ᠃      14. ︽ᠬᠡᠷᠡᠴᠢ ᠪᠠ ᠦᠨᠡᠮᠯᠡᠯ ᠢ ᠰᠠᠯᠭᠠᠬᠤ︾᠄ ᠠᠵᠤ ᠦᠶᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠤᠨ ᠣᠯᠭᠤᠭᠰᠠᠨ ᠡᠵᠡᠩᠨᠡᠯᠲᠡ ᠶᠢᠨ ᠦᠨᠡᠮᠯᠡᠯ ᠪᠣᠯᠤᠨ ᠡᠯ᠎ᠡ ᠬᠠᠮᠢᠶ᠎ᠠ ᠪᠦᠬᠦᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠣᠯᠭᠤᠭᠰᠠᠨ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠶᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠵᠢᠭᠠᠵᠤ ᠪᠣᠢ᠃ ︽ᠬᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠥᠷᠨᠢᠭᠦᠯᠬᠦ ᠳᠤ ᠭᠤᠤᠯᠳᠠᠭᠤ ᠭᠡᠷᠡᠴᠢ ᠬᠢᠬᠦ ᠶᠠᠪᠣᠴᠠ ᠲᠠᠢ ᠤᠶᠠᠯᠳᠤᠭᠤᠯᠤᠨ᠂ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢᠶᠠᠨ ᠦᠭᠡᠷᠡᠴᠢᠯᠡᠬᠦ ᠪᠠ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠭᠡᠷᠡᠴᠢ ᠬᠢᠬᠦ ᠶᠢ ᠨᠠᠩ ᠲᠦᠷᠭᠡᠨ ᠪᠥᠭᠡᠳ ᠳᠥᠭᠦᠮ ᠳᠥᠲᠡ ᠥᠨᠳᠥᠷ ᠪᠦᠲᠦᠮᠵᠢᠲᠡᠶ ᠪᠤᠯᠭᠠᠬᠤ ᠶᠢ ᠵᠢᠭᠠᠵᠤ ᠪᠤᠢ᠃      15. ︽ᠨᠢᠭᠡ ᠪᠦᠰᠡ ᠨᠢᠭᠡ ᠵᠠᠮ︾᠄ ᠲᠣᠷᠭᠠᠨ ᠵᠠᠮ ᠤᠨ ᠠᠵᠤ ᠠᠬᠤᠶ ᠶᠢᠨ ᠪᠦᠰᠡ ᠪᠤᠯᠤᠨ 21 ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ  ᠤᠨ ᠲᠣᠪᠴᠢ ᠨᠡᠷᠡᠶᠢᠳᠦᠯ ᠪᠣᠯᠤᠨ᠎ᠠ᠃      16. ︽ᠨᠢᠭᠡ ᠬᠡᠷᠡᠭ ᠢ ᠨᠢᠭᠡ ᠵᠥᠪᠯᠡᠬᠦ︾᠄ ᠬᠥᠳᠡᠭᠡ ᠲᠣᠰᠬᠤᠨ ᠤ ᠭᠠᠶᠢᠯᠢ ᠰᠦᠶᠳᠬᠡᠯ ᠤᠨ ᠥᠭᠡᠷᠡᠴᠢᠯᠡᠯᠲᠡ ᠶᠢᠨ ᠡᠨᠡᠬᠦ ᠰᠢᠰᠲ᠋ᠧᠮᠲᠦ ᠢᠨᠵᠧᠨᠧᠷᠢᠩ ᠳᠤᠮᠳᠠ᠂ ᠰᠢᠶᠠᠩ ᠤᠨ ᠨᠢᠭᠡᠳᠦᠯᠲᠡᠶ ᠲᠥᠯᠥᠪᠯᠡᠬᠦ ᠪᠠ ᠲᠣᠰᠬᠤᠨ ᠤ ᠦᠯᠡᠳᠡᠭᠡᠨ ᠠᠪᠬᠤ ᠶᠢ ᠥᠭᠡᠷᠡᠴᠢᠯᠡᠭᠰᠡᠨ ᠤ ᠳᠠᠷᠠᠭ᠎ᠠ᠂ ᠤᠤᠯ ᠤᠨ ᠰᠤᠮᠤᠨ ᠠᠴᠠ ᠨᠢᠭᠡᠳᠦᠯᠲᠡᠢ ᠴᠤᠭᠯᠠᠭᠤᠯᠬᠤ ᠪᠠ ᠭᠠᠴᠠᠭᠠᠨ ᠤ ᠬᠤᠪᠢᠳᠠᠨ ᠦᠯᠡᠳᠡᠭᠡᠬᠦ ᠳᠤ ᠵᠠᠷᠤᠴᠠᠭᠤᠯᠤᠭᠰᠠᠨ ᠲᠠᠷᠢᠶᠠᠯᠠᠩ ᠤᠨ ᠤᠰᠦᠠ ᠠᠰᠢᠭᠯᠠᠯᠲᠠ ᠶᠢᠨ ᠦᠨᠳᠦᠰᠦᠨ ᠪᠦᠳᠦᠭᠡᠠ ᠪᠠᠶᠢᠭᠤᠯᠤᠯᠲᠠ᠂ ᠵᠠᠮ ᠵᠠᠰᠠᠬᠤ᠂ ᠮᠣᠳᠣ ᠲᠠᠷᠢᠵᠤ ᠣᠶᠢᠵᠢᠭᠤᠯᠬᠤ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠲᠠᠢ ᠬᠤᠯᠪᠣᠭᠳᠠᠬᠤ ᠭᠠᠵᠠᠷ ᠰᠢᠷᠣᠶ  ᠶᠢ ᠵᠠᠰᠠᠬᠤ ᠲᠥᠷᠥᠯ ᠵᠦᠶᠯ ᠪᠣᠯᠤᠨ ᠲᠣᠰᠬᠤᠨ ᠤ ᠠᠷᠠᠳ ᠤᠨ ᠡᠷᠬᠢᠯᠡᠬᠦ ᠴᠢᠬᠤᠯᠠ ᠲᠠᠢ ᠭᠡᠵᠦ ᠦᠵᠡᠭᠰᠡᠨ ᠬᠠᠮᠲᠤ ᠶᠢᠨ ᠦᠶᠯᠡᠳᠪᠦᠷᠢᠯᠡᠯ ᠠᠮᠢᠳᠤᠷᠠᠯ ᠵᠡᠷᠭᠡ ᠪᠤᠰᠤᠳ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠲᠥᠷᠥᠯ ᠵᠦᠶᠯ ᠤᠨ ᠬᠡᠷᠡᠭᠰᠡᠬᠦ ᠪᠡᠯᠡ ᠮᠥᠩᠭᠦ ᠶᠢ ᠲᠠᠷᠢᠶᠠᠴᠢᠳ ᠠᠴᠠ ᠲᠣᠭᠲᠠᠮᠠᠯ ᠪᠤᠰᠤ ᠪᠠᠷ ᠬᠤᠷᠢᠶᠠᠬᠤ ᠦᠭᠡᠢ᠂ ︽ᠨᠢᠭᠡ ᠬᠡᠷᠡᠭ ᠢ ᠨᠢᠭᠡ ᠵᠥᠪᠯᠡᠬᠦ  ︾ ᠪᠠᠷ ᠪᠡᠯᠡ ᠮᠦᠩᠬᠦ ᠴᠤᠭᠯᠠᠭᠤᠯᠬᠤ ᠠᠷᠭ᠎ᠠ ᠶᠢ ᠵᠢᠭᠠᠵᠦ ᠪᠤᠢ᠃      17. ︽ᠭᠤᠷᠪᠠᠨ ᠬᠦᠨᠳᠡᠯᠡᠨ ᠲᠠᠪᠤᠨ ᠭᠤᠯᠳᠤ︾  ᠄ ᠡᠨᠡ ᠨᠢ ᠮᠠᠨ ᠤ ᠬᠤᠰᠢᠭᠤᠨ ᠤ ᠬᠢᠯᠢ ᠳᠣᠲᠣᠷᠠᠬᠢ ᠭᠤᠣᠯ ᠪᠣᠯᠬᠤ ᠵᠠᠮ ᠤᠨ ᠲᠣᠣᠷ ᠤᠨ ᠪᠦᠲᠦᠴᠡ  ᠶᠢ ᠵᠢᠭᠠᠵᠤ ᠪᠠᠶᠢᠨ᠎ᠠ᠂    ︽ᠭᠤᠷᠪᠠᠨ ᠬᠥᠨᠳᠡᠯᠡᠨ︾ ᠨᠢ ᠲᠤᠰ ᠲᠤᠰ ᠤᠯᠤᠰ ᠤᠨ ᠵᠠᠮ G331 ᠦᠵᠦᠭᠦᠷ ᠭᠤᠤᠯ ᠠᠴᠠ ᠬᠤᠶᠢᠳᠤ ᠢᠩᠭᠡᠨ ᠬᠦᠷᠬᠦ ᠪᠦᠬᠦ ᠣᠷᠳᠣ ᠨᠢ 187.6 ᠺᠢᠯᠣᠮᠧᠲᠷ ᠤᠨ ᠵᠠᠮ ᠱᠤᠭᠤᠮ᠃ ᠤᠯᠤᠰ ᠤᠨ ᠵᠠᠮ G335 ᠬᠦᠨᠬᠤᠳᠳᠤᠭ ᠠᠴᠠ ᠤᠤ ᠶᠢᠨ ᠭᠤᠤᠯ ᠬᠦᠷᠬᠦ ᠪᠥᠬᠦ ᠣᠷᠳᠣ ᠨᠢ 222 ᠺᠢᠯᠣᠮᠧᠲᠷ ᠤᠨ ᠵᠠᠮ ᠱᠤᠭᠤᠮ᠃ ᠰᠢᠶᠠᠨ ᠤ ᠵᠠᠮ X717 ᠳ᠋ᠠ ᠳᠧᠦ ᠳ᠋ᠢ ᠠᠴᠠ ᠤᠷᠠᠳ ᠤᠨ ᠳᠤᠮᠳᠠᠳᠤ ᠬᠤᠶᠢᠲᠤ ᠬᠤᠰᠢᠭᠤᠨ ᠤ ᠵᠠᠭᠠᠭ ᠲᠡᠭᠡᠷᠡᠬᠢ ᠴᠠᠭᠠᠨᠲᠤᠯᠤᠭᠠᠢ ᠬᠦᠷᠬᠦ ᠪᠥᠬᠦ ᠣᠷᠳᠣ ᠨᠢ 217.5 ᠺᠢᠯᠣᠮᠧᠲᠷ ᠤᠨ ᠵᠠᠮ ᠱᠤᠭᠤᠮ᠃ ︽ᠲᠠᠪᠤᠨ ᠭᠤᠯᠳᠤ︾ ᠨᠢ ᠲᠣᠰ ᠲᠣᠰ ᠤᠯᠤᠰ ᠤᠨ ᠵᠠᠮ G242 ᠭᠠᠭᠴᠠᠮᠤᠳᠤ ᠬᠢᠯᠢ ᠶᠢᠨ ᠪᠣᠭᠤᠮᠲᠠ ᠠᠴᠠ ᠯᠢᠨᠾᠧ ᠬᠦᠷᠬᠦ ᠪᠥᠬᠦ ᠣᠷᠳᠣ ᠨᠢ 94.2 ᠺᠢᠯᠣᠮᠧᠲᠷ ᠤᠨ  ᠵᠠᠮ  ᠱᠤᠭᠤᠮ  ᠃ ᠮᠤᠵᠢ ᠶᠢᠨ ᠵᠠᠮ S212 ᠭᠠᠭᠴᠠᠮᠤᠳᠤ ᠬᠢᠯᠢ ᠶᠢᠨ ᠪᠣᠭᠤᠮᠲᠠ ᠠᠴᠠ ᠦᠶᠤᠸᠠᠨ ᠬᠦᠷᠬᠦ ᠪᠥᠬᠦ ᠣᠷᠳᠣ ᠨᠢ 184.5 ᠺᠢᠯᠣᠮᠧᠲᠷ ᠤᠨ ᠵᠠᠮ ᠱᠤᠭᠤᠮ᠃ ᠰᠢᠶᠠᠨ ᠤ ᠵᠠᠮ X709 ᠪᠠᠶᠠᠨᠬᠠᠩᠭᠠᠶ ᠠᠴᠠ ᠰᠢ ᠰᠢᠶᠣᠣ ᠵᠣᠣ ᠬᠦᠷᠬᠦ ᠪᠥᠬᠦ ᠣᠷᠳᠣ ᠨᠢ 147 ᠺᠢᠯᠣᠮᠧᠲᠷ ᠤᠨ ᠵᠠᠮ ᠱᠤᠭᠤᠮ᠃ ᠰᠢᠶᠠᠨ ᠤ ᠵᠠᠮ X707 ᠰᠢᠨᠡᠬᠦ᠋ᠷᠢᠶ᠎ᠡ ᠠᠴᠠ ᠰᠢ ᠰᠢᠶᠣᠤ ᠵᠤᠤ ᠬᠦᠷᠬᠦ ᠪᠦᠬᠦ ᠤᠷᠳᠤ ᠨᠢ 82.4 ᠺᠢᠯᠣᠮᠧᠲᠷ ᠤᠨ ᠵᠠᠮ ᠱᠤᠭᠤᠮ᠃ ᠮᠤᠵᠢ ᠶᠢᠨ ᠵᠠᠮ S225 ᠦᠵᠦᠭᠦᠷ ᠭᠤᠤᠯ ᠠᠴᠠ ᠬᠠᠳᠠᠮᠠᠨ ᠬᠦᠷᠬᠦ ᠪᠦᠬᠦ ᠤᠷᠳᠤ ᠨᠢ 148.6 ᠺᠢᠯᠣᠮᠧᠲᠷ ᠤᠨ ᠵᠠᠮ ᠱᠤᠭᠤᠮ ᠢ ᠵᠢᠭᠠᠵᠦ ᠪᠤᠢ᠃    18. ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾᠄ ᠨᠢᠭᠡ ᠳᠤ᠂ ᠬᠥᠳᠡᠭᠡ ᠲᠣᠰᠬᠤᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠪᠦᠲᠦᠭᠡᠨ ᠪᠠᠶᠢᠭᠤᠯᠵᠤ᠂ ᠲᠦᠷᠦᠬᠦᠴᠢ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠬᠤᠶᠠᠷ ᠲᠤ᠂ ᠬᠥᠳᠡᠭᠡ ᠲᠣᠰᠬᠤᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠬᠠᠮᠢᠶᠠᠷᠴᠤ᠂ ᠡᠷᠬᠡ ᠬᠠᠷᠢᠭᠤᠴᠠᠯᠭ᠎ᠠ ᠶᠢ ᠦᠨᠡᠨᠬᠦ ᠨᠢᠭᠡᠳᠬᠡᠵᠦ᠂ ᠠᠵᠢᠯᠯᠠᠭᠠᠨ ᠢ ᠵᠢᠷᠤᠮᠵᠢᠭᠤᠯᠤᠨ᠎ᠠ᠃ ᠭᠤᠷᠪᠠ ᠳᠤ᠂ ᠬᠥᠳᠡᠭᠡ ᠲᠣᠰᠬᠤᠨ ᠤ ᠵᠠᠰᠠᠮᠠᠯ ᠵᠠᠮ ᠢ ᠪᠥᠬᠦ ᠲᠠᠯ᠎ᠠ ᠪᠠᠷ ᠰᠠᠶᠢᠲᠤᠷ ᠬᠠᠮᠠᠭᠠᠯᠠᠵᠤ᠂ ᠲᠤᠰᠬᠠᠶ ᠮᠡᠷᠭᠡᠵᠢᠯᠲᠡᠨ ᠪᠠ ᠣᠯᠠᠨ ᠲᠦᠮᠡᠨ ᠢ ᠤᠶᠠᠯᠳᠤᠭᠤᠯᠬᠤ᠂ ᠵᠠᠮ ᠪᠠᠶᠢᠪᠠᠯ ᠵᠠᠪᠠᠯ ᠠᠷᠠᠴᠢᠯᠠᠬᠤ ᠶᠢ ᠦᠨᠡᠨᠬᠦ ᠪᠡᠶᠡᠯᠡᠭᠦᠯᠦᠨ᠎ᠡ᠃ ᠳᠥᠷᠪᠡ ᠳᠤ᠂ ᠬᠥᠳᠡᠭᠡ ᠲᠣᠰᠬᠤᠨ ᠤ ᠵᠠᠰᠠᠮᠠᠯ ᠵᠠᠮ ᠢ ᠪᠥᠬᠦ ᠲᠠᠯ᠎ᠠ ᠪᠠᠷ ᠰᠠᠶᠢᠲᠤᠷ ᠡᠵᠡᠩᠨᠡᠵᠦ᠂ ᠬᠤᠲᠠ ᠬᠥᠳᠡᠭᠡ ᠶᠢᠨ ᠠᠵᠤ ᠠᠬᠤᠶ ᠨᠡᠶᠢᠭᠡᠮ  ᠤᠨ ᠬᠥᠭᠵᠢᠯᠲᠡ ᠳᠤ ᠦᠨᠡᠨᠬᠦ ᠦᠶᠯᠡᠴᠢᠯᠡᠨ᠎ᠡ᠃      19. ︽ᠭᠤᠷᠪᠠᠨ ᠴᠢᠩᠭ᠎ᠠ ᠭᠤᠷᠪᠠᠨ ᠪᠣᠳᠠᠲᠠᠶ︾᠄ ᠪᠡᠶ᠎ᠡ ᠪᠠᠨ ᠴᠢᠩᠭ᠎ᠠ ᠵᠠᠰᠠᠬᠤ᠂ ᠡᠷᠬᠡ ᠪᠠᠨ ᠴᠢᠩᠭ᠎ᠠ ᠬᠡᠷᠡᠭᠯᠡᠬᠦ᠂ ᠪᠡᠶ᠎ᠡ ᠪᠠᠨ ᠴᠢᠩᠭ᠎ᠠ ᠱᠠᠭᠠᠷᠳᠠᠬᠤ᠃ ᠪᠣᠳᠠᠲᠠᠶ ᠠᠵᠢᠯ ᠬᠢᠵᠦ᠂ ᠪᠣᠳᠠᠲᠠᠶ ᠦᠶᠯᠡᠰ ᠪᠦᠲᠦᠭᠡᠵᠦ᠂ ᠶᠤᠰᠤ ᠰᠤᠷᠲᠠᠯ ᠲᠠᠢ ᠬᠦᠮᠦᠨ ᠪᠣᠯᠬᠤ ᠶᠢ ᠵᠢᠭᠠᠵᠤ ᠪᠤᠢ᠃      20. ︽ᠬᠤᠶᠠᠷ ᠢ ᠰᠤᠷᠤᠯᠴᠠᠵᠤ ᠬᠢᠷᠢ ᠲᠠᠩᠴᠡᠭᠰᠡᠨ ᠨᠠᠮ ᠤᠨ ᠭᠡᠰᠢᠬᠦᠨ ᠪᠤᠯᠬᠤ︾᠄ ︽ᠨᠠᠮ ᠤᠨ ᠲᠦᠷᠢᠮ ᠲᠣᠭᠲᠠᠭᠠᠯ ᠢ ᠰᠤᠷᠤᠯᠴᠠᠵᠤ᠂ ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠶᠠᠷᠢᠶ᠎ᠠ ᠢᠯᠡᠳᠭᠡᠯ ᠢ ᠰᠤᠷᠤᠯᠴᠠᠨ᠂ ᠨᠢᠭᠡᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠶᠢ ᠵᠢᠭᠠᠵᠤ ᠪᠤᠢ᠃      21. ︽ᠲᠠᠪᠤ ᠶᠢ ᠨᠢᠭᠡ ᠴᠤᠭᠴᠠᠵᠢᠭᠤᠯᠬᠤ︾᠄ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠪᠤᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠪᠤ ᠶᠢ ᠨᠢᠭᠡ ᠴᠤᠭᠴᠠᠵᠢᠭᠤᠯᠵᠦ᠂ ᠪᠦᠬᠦ ᠲᠠᠯ᠎ᠠ  ᠪᠠᠷ ᠲᠦᠯᠬᠢᠨ ᠠᠬᠢᠭᠤᠯᠬᠤ ᠶᠢ ᠵᠢᠭᠠᠵᠤ ᠪᠤᠢ᠃      22. ︽ᠳᠥᠷᠪᠡᠨ ᠪᠦᠬᠦ ᠲᠠᠯ᠎ᠠ︾᠄ ᠲᠤᠬᠠᠶᠢᠯᠠᠪᠠᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠵᠢᠭᠠᠵᠦ ᠪᠤᠢ᠃      23. ︽ᠵᠢᠭᠤᠯᠴᠢᠯᠠᠯ +︾ ᠪᠠᠶᠢᠯᠳᠤᠬᠤ ᠪᠣᠳᠣᠯᠭ᠎ᠠ᠄ ᠵᠢᠭᠤᠯᠴᠢᠯᠠᠯ ᠤᠨ ᠠᠵᠤ ᠦᠶᠯᠡᠰ ᠢ ᠪᠤᠰᠤᠳ ᠠᠵᠢᠯ ᠦᠶᠯᠡᠰ ᠲᠠᠢ ᠣᠷᠭᠠᠨᠢᠭ ᠢᠶᠠᠷ ᠤᠶᠠᠯᠳᠤᠭᠤᠯᠵᠤ᠂ ᠵᠢᠭᠤᠯᠴᠢᠯᠠᠯ ᠤᠨ ᠦᠶᠯᠡᠰ ᠤᠨ ᠬᠥᠭᠵᠢᠯᠲᠡ ᠳᠤ ᠠᠭᠤᠯᠭ᠎ᠠ ᠪᠠ ᠰᠣᠶᠣᠯ ᠤᠨ ᠡᠯᠧᠮᠧᠨ᠋ᠲ ᠢ ᠬᠠᠩᠭᠠᠬᠤ ᠪᠠᠷ ᠪᠠᠷᠠᠬᠤ ᠥᠬᠡᠶ᠂ ᠪᠠᠰᠠ ᠡᠯ᠎ᠡ ᠠᠵᠢᠯ ᠲᠥᠷᠥᠯ ᠤᠨ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠶᠢ ᠵᠢᠭᠠᠵᠤ ᠪᠤᠢ᠃      24. ︽ᠬᠤᠤᠰ ᠵᠠᠭᠤᠨ ᠵᠢᠯ︾᠄ ᠨᠢᠭᠡᠳᠦᠭᠡᠷ ᠵᠠᠭᠤᠨ ᠵᠢᠯ ᠪᠣᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ︵2021 ᠤᠨ︶ ᠪᠤᠯᠬᠤ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠵᠢᠭᠠᠵᠤ ᠪᠤᠢ᠃ ᠬᠤᠶᠠᠳᠤᠭᠠᠷ ᠵᠠᠭᠤᠨ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 100 ᠵᠢᠯ ᠤᠨ ᠣᠢ ︵2049 ᠤᠨ︶ ᠪᠤᠯᠬᠤ ᠳᠤ ᠪᠠᠶᠠᠨ ᠬᠦᠴᠦᠷᠭᠡᠭ᠂ ᠠᠷᠠᠳᠴᠢᠯᠠᠯ ᠲᠠᠢ᠂ ᠡᠶ᠎ᠡ ᠨᠠᠶᠢᠷᠠᠮᠳᠠᠭᠤ᠂ ᠦᠵᠡᠰᠬᠦᠯᠡᠩᠳᠦ ᠰᠠᠶᠢᠬᠠᠨ ᠨᠡᠶᠢᠭᠡᠮ ᠵᠢᠷᠤᠮᠳᠤ ᠤᠳᠤᠬᠢᠴᠢᠯᠠᠭᠰᠠᠨ ᠬᠦᠴᠦᠷᠭᠡᠭ ᠤᠯᠤᠰ ᠢ ᠪᠦᠳᠦᠭᠡᠨ ᠪᠠᠶᠢᠭᠤᠯᠬᠤ ᠶᠢ ᠵᠢᠭᠠᠵᠤ ᠪᠤᠢ᠃      25. ︽ᠲᠦᠷᠪᠡᠨ ᠲᠠᠯ᠎ᠠ ᠶᠢᠨ ᠬᠠᠷᠢᠭᠤᠴᠠᠯᠭ᠎ᠠ︾᠄ ᠬᠢᠵᠢᠭ ᠤᠨ ᠬᠤᠭᠤᠴᠠᠭᠠᠨ ᠳᠤ᠂ ᠪᠦᠬᠦ ᠬᠤᠲᠠ ᠪᠠᠨ ᠲᠠᠶᠢᠴᠢᠯᠠᠨ ᠲᠠᠭᠠᠭᠤᠯᠵᠤ᠂ ᠬᠠᠷᠢᠶ᠎ᠠ ᠤᠷᠤᠨ  ᠤ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠠᠷᠢᠭᠤᠴᠠᠯᠭ᠎ᠠ᠂ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭ᠎ᠠ᠂ ᠬᠤᠪᠢ ᠬᠦᠮᠦᠨ ᠤ ᠬᠠᠷᠢᠭᠤᠴᠠᠯᠭ᠎ᠠ ᠵᠡᠷᠭᠡ ᠲᠦᠷᠪᠡᠨ ᠲᠠᠯ᠎ᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢᠶᠠᠷ ᠢᠶᠠᠨ ᠰᠡᠷᠭᠡᠶᠢᠯᠡᠨ ᠡᠵᠡᠮᠳᠡᠬᠦ ᠲᠤᠭᠲᠠᠯᠴᠠᠭ᠎ᠠ ᠶᠢ ᠪᠠᠶᠢᠭᠤᠯᠬᠤ ᠶᠢ ᠵᠢᠭᠠᠵᠤ ᠪᠤᠢ      26. ︽ᠲᠠᠷᠢᠶᠠᠯᠠᠩ ᠤᠨ ᠪᠤᠰᠤ︾᠄ ᠲᠠᠷᠢᠶᠠᠨ ᠭᠠᠵᠠᠷ ᠳᠡᠭᠡᠷ᠎ᠡ ᠲᠠᠷᠢᠶᠠᠯᠠᠩ ᠤᠨ ᠪᠤᠰᠤ ᠠᠵᠢᠯᠯᠠᠭ᠎ᠠ ᠬᠢᠬᠦ ᠶᠢ ᠵᠢᠭᠠᠵᠤ ᠪᠤᠢ᠃      27. ︽1 + N︾ ᠲᠤᠷᠰᠢᠯᠲᠠ ᠶᠢᠨ ᠴᠡᠭ ᠤᠨ ᠵᠢᠱᠢᠶ᠎ᠡ ᠦᠵᠡᠬᠦᠯᠬᠦ ᠲᠤᠭᠤᠷᠢᠭ᠄ 1 ︽ᠲᠠᠪᠤ ᠶᠢ ᠨᠢᠭᠡ ᠴᠤᠭᠴᠠᠵᠢᠭᠤᠯᠬᠤ︾ ᠣᠳᠣᠬᠢᠴᠢᠯᠠᠭᠰᠠᠨ ᠵᠠᠭᠤᠨ ᠲᠦᠮᠡᠨ ᠮᠥ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠴᠣᠭᠴᠠ ︵ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ᠂ ᠪᠣᠬᠢᠷᠲᠤᠯ ᠥᠬᠡᠶ ᠠᠵᠤ ᠦᠶᠯᠡᠰ ᠤᠨ ᠲᠥᠪᠯᠡᠷᠡᠯ ᠤᠨ ᠣᠷᠣᠨ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠣᠷᠣᠨ᠂ ᠵᠢᠭᠤᠯᠴᠢᠯᠠᠯ ᠰᠡᠯᠡᠭᠦᠴᠡᠯ ᠤᠨ ᠣᠷᠣᠨ ᠵᠢᠴᠢ ᠲᠠᠯ᠎ᠠ ᠨᠤᠲᠤᠭ ᠤᠨ ᠰᠣᠶᠣᠯ ᠢ ᠣᠶᠢᠯᠠᠭᠠᠬᠤ ᠣᠷᠣᠨ︶᠂ N ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠭᠠᠴᠠᠭ᠎ᠠ ᠶᠢ ᠵᠢᠭᠠᠵᠦ ᠪᠤᠢ᠃      28. ︽ᠲᠦᠷᠪᠡᠨ ᠶᠡᠭᠡ ᠬᠤᠪᠢᠷᠠᠯᠲᠠ︾᠄ ᠨᠤᠲᠤᠭ ᠪᠡᠯᠴᠢᠭᠡᠷ ᠢ ᠤᠯᠠᠮᠵᠢᠯᠠᠯᠲᠤ ᠪᠦᠳᠦᠭᠦᠯᠢᠭ ᠢᠶᠠᠷ ᠠᠰᠢᠭᠯᠠᠵᠤ ᠪᠠᠶᠢᠭᠰᠠᠨ ᠠᠴᠠ ᠨᠢ ᠣᠶᠤᠨᠴᠢ ᠰᠢᠨᠵᠢᠯᠡᠬᠦ ᠤᠬᠠᠭᠠᠨᠴᠢ ᠪᠠᠷ ᠡᠵᠡᠩᠨᠡᠬᠦ ᠪᠣᠯᠭᠠᠨ ᠬᠤᠪᠢᠷᠠᠭᠤᠯᠬᠤ ᠶᠢ ᠠᠬᠢᠭᠤᠯᠵᠦ᠂ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠤᠯᠠᠮᠵᠢᠯᠠᠯᠳᠦ ᠠᠴᠠ ᠤᠳᠤ ᠦᠶ᠎ᠡ ᠲᠡᠰᠢ ᠬᠤᠪᠢᠷᠠᠭᠤᠯᠬᠤ ᠶᠢ ᠠᠬᠢᠭᠤᠯᠤᠨ᠂ ᠮᠠᠯᠵᠢᠬᠤ ᠣᠷᠣᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠵᠦ᠂ ᠡᠵᠡᠩᠨᠡᠯᠲᠡ ᠶᠢᠨ ᠠᠷᠭ᠎ᠠ ᠬᠡᠯᠪᠡᠷᠢ ᠶᠢ ᠤᠯᠠᠮᠵᠢᠯᠠᠯᠳᠤ ᠠᠴᠠ ᠵᠣᠬᠢᠶᠠᠨ ᠪᠠᠶᠢᠭᠤᠯᠤᠯᠲᠠ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢ ᠵᠢᠭᠠᠵᠦ ᠪᠤᠢ᠃      29. ︽ᠲᠠᠪᠤ ᠶᠢ ᠪᠦᠬᠦ ᠤᠷᠤᠨ ᠪᠦᠰᠡᠴᠢᠯᠡᠬᠦ︾᠄ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠥᠬᠦ ᠣᠷᠣᠨ ᠪᠦᠰᠡᠴᠢᠯᠡᠬᠦ᠂ ᠴᠢᠨᠠᠷ ᠰᠠᠶᠢᠲᠠᠶ ᠦᠷ᠎ᠡ ᠬᠠᠩᠭᠠᠬᠤ ᠢᠨᠵᠧᠨᠧᠷᠢᠩ ᠢ ᠪᠦᠬᠦ ᠣᠷᠣᠨ ᠪᠦᠰᠡᠴᠢᠯᠡᠬᠦ᠂ ᠨᠡᠶᠢᠭᠡᠮᠴᠢᠯᠡᠭᠰᠡᠨ ᠦᠶᠯᠡᠴᠢᠯᠡᠭᠡ  ᠶᠢ ᠪᠥᠬᠦ ᠣᠷᠣᠨ ᠪᠦᠰᠡᠴᠢᠯᠡᠬᠦ᠂ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠪᠥᠬᠦ ᠣᠷᠣᠨ ᠪᠦᠰᠡᠴᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠪᠦᠬᠦ ᠣᠷᠣᠨ ᠪᠦᠰᠡᠴᠢᠯᠡᠬᠦ ᠶᠢ ᠵᠢᠭᠠᠵᠦ ᠪᠤᠢ᠃      30. ︽ᠲᠦᠷᠪᠡ ᠶᠢ ᠲᠠᠶᠠᠭᠳᠠᠬᠤ ᠦᠭᠡᠢ︾᠄  ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠲᠠᠶᠠᠭᠳᠠᠬᠤ ᠦᠭᠡᠢ᠃ ᠶᠠᠳᠠᠭᠤ ᠠᠴᠠ ᠠᠩᠭᠢᠵᠢᠷᠠᠭᠰᠠᠨ ᠴᠤ ᠲᠦᠷᠦ ᠶᠢᠨ ᠪᠤᠳᠤᠯᠭ᠎ᠠ ᠪᠠᠨ ᠬᠠᠶᠠᠬᠤ ᠦᠭᠡᠢ᠃ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ  ᠵᠤᠭᠰᠤᠬᠤ ᠦᠭᠡᠢ᠃ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ ᠪᠠᠶᠢᠬᠤ ᠶᠢ ᠵᠢᠭᠠᠵᠦ ᠪᠤᠢ᠃      31. ︽ᠬᠤᠶᠠᠷ ᠰᠢᠨ᠎ᠡ ᠨᠢᠭᠡ ᠴᠢᠬᠤᠯᠠ︾᠄ ᠳᠠᠷᠤᠢ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠬᠡᠯᠪᠡᠷᠢ  ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠵᠢᠭᠠᠵᠦ ᠪᠤᠢ᠃      32. ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠄ ᠢᠨᠲ᠋ᠧᠷ ᠰᠦᠯᠵᠢᠶ᠎ᠡ ᠶᠢ ᠠᠰᠢᠭᠯᠠᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠬᠦᠯᠵᠦ᠂ ᠣᠯᠠᠨ ᠲᠦᠮᠡᠨ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠭᠦᠶᠴᠡᠳᠬᠡᠬᠦ ᠵᠦᠶᠯᠡᠰ ᠢᠶᠠᠨ ᠪᠡᠶᠡᠯᠡᠭᠦᠯᠤᠨ᠂ ᠴᠥᠮ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠠᠰᠠᠭᠤᠨ ᠯᠠᠪᠯᠠᠵᠤ ᠵᠠᠭᠠᠯᠳᠤᠬᠤ ᠵᠡᠷᠭᠡ ᠬᠠᠮᠢᠶ᠎ᠠ ᠪᠥᠬᠦᠶ ᠦᠶᠯᠡᠴᠢᠯᠡᠭᠡ ᠶᠢ ᠭᠥᠷᠳᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ ︾ ᠶᠢ ᠦᠨᠡᠨᠬᠦ ᠪᠡᠶᠡᠯᠡᠭᠦᠯᠵᠦ ᠪᠤᠯᠬᠤ ᠶᠢ ᠵᠢᠭᠠᠵᠦ ᠪᠤᠢ᠃      33. ︽ᠤᠯᠠᠨ ᠲᠦᠷᠢᠮ ᠢ ᠨᠢᠬᠡᠤᠨᠬᠡᠬᠦ︾᠄ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠᠷ ᠦᠨᠳᠦᠰᠦ ᠪᠠᠷᠢᠮᠲᠠ ᠪᠣᠯᠭᠠᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠭᠠᠵᠠᠷ ᠰᠢᠷᠣᠶ ᠶᠢᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠲᠡᠦᠬᠡ  ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠣᠶ ᠰᠢᠭᠤᠶ ᠶᠢᠨ ᠭᠠᠵᠠᠷ ᠤᠨ ᠬᠠᠮᠠᠭᠠᠯᠠᠯᠲᠠ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠤᠰᠤᠨ ᠤ ᠡᠬᠢ ᠪᠠᠶᠠᠯᠢᠭ᠂ ᠰᠣᠶᠣᠯ ᠵᠢᠭᠤᠯᠴᠢᠯᠠᠯ᠂ ᠨᠡᠶᠢᠭᠡᠮ ᠤᠨ ᠦᠢᠯᠡᠰ ᠵᠡᠷᠭᠡ ᠡᠯ᠎ᠡ ᠲᠥᠷᠥᠯ ᠤᠨ ᠲᠥᠯᠥᠪᠵᠢᠭᠦᠯᠭᠡ ᠶᠢᠨ ᠵᠣᠯᠭᠠᠭᠤᠯᠤᠯᠲᠠ ᠶᠢ ᠴᠢᠩᠭᠠᠤᠨᠬᠠᠨ᠂ ︽ᠣᠯᠠᠨ ᠲᠣᠭᠲᠠᠭᠠᠯ︾ ᠳᠤ ᠲᠣᠭᠲᠠᠭᠠᠭᠰᠠᠨ ᠬᠠᠮᠠᠭᠠᠯᠠᠯᠲᠠ ᠶᠢᠨ ᠴᠢᠨᠠᠷᠲᠠᠶ ᠣᠷᠣᠨ ᠵᠠᠶ᠂ ᠨᠡᠭᠡᠭᠡᠨ ᠬᠥᠭᠵᠢᠭᠦᠯᠬᠦ ᠵᠠᠭᠠᠭ᠂ ᠬᠤᠲᠠ ᠶᠢᠨ ᠬᠡᠪᠴᠢᠶ᠎ᠡ ᠵᠡᠷᠭᠡ ᠴᠢᠬᠤᠯᠠ ᠣᠷᠣᠨ ᠵᠠᠶ ᠶᠢᠨ ᠪᠣᠯᠵᠣᠯᠲᠤ ᠲᠤᠭ᠎ᠠ ᠶᠢ ᠨᠢᠭᠡᠳᠦᠯᠲᠡᠶ ᠪᠠᠶᠢᠯᠭᠠᠬᠤ ᠶᠢ ᠦᠨᠡᠨᠬᠦ ᠪᠠᠲᠤᠯᠠᠬᠤ ᠶᠢᠨ ᠬᠠᠮᠲᠤ ᠨᠢᠭᠡᠳᠦᠯᠲᠡᠶ ᠣᠷᠣᠨ ᠵᠠᠶ ᠶᠢᠨ ᠮᠡᠳᠡᠭᠡ ᠵᠠᠩᠭᠢ ᠶᠢᠨ ᠲᠠᠪᠴᠠᠩ ᠳᠡᠭᠡᠷ᠎ᠡ ᠡᠵᠡᠮᠳᠡᠬᠦ ᠱᠤᠭᠤᠮ ᠤᠨ ᠰᠢᠰᠲ᠋ᠧᠮᠵᠢ ᠶᠢ ᠪᠠᠶᠢᠭᠤᠯᠵᠦ᠂ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠭᠠᠵᠠᠷ ᠰᠢᠷᠣᠶ ᠶᠢᠨ ᠡᠬᠢ ᠪᠠᠶᠠᠯᠢᠭ  ᠢ ᠪᠦᠲᠦᠮᠵᠢᠲᠡᠶ ᠲᠣᠬᠢᠷᠠᠭᠤᠯᠬᠤ᠂ ᠵᠠᠰᠠᠭ ᠤᠨ ᠣᠷᠳᠣᠨ ᠤ ᠣᠷᠣᠨ ᠵᠠᠶ ᠶᠢ ᠬᠠᠮᠢᠶᠠᠷᠤᠨ ᠡᠵᠡᠮᠳᠡᠬᠦ ᠬᠢᠷᠢ ᠲᠦᠪᠰᠢᠨ ᠪᠣᠯᠤᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠬᠦ ᠶᠢ ᠵᠢᠭᠠᠵᠦ ᠪᠤᠢ᠃      34. ︽ᠤᠯᠠᠨ ᠬᠢᠨᠠᠯᠳᠠ ᠶᠢ ᠨᠢᠬᠡᠤᠨᠬᠡᠬᠦ︾᠄ ᠭᠠᠵᠠᠷ ᠰᠣᠩᠭᠤᠬᠤ ᠪᠠ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠶᠢ ᠨᠡᠶᠢᠯᠡᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠪᠤᠯᠤᠨ ᠭᠠᠵᠠᠷ ᠬᠡᠷᠡᠭᠯᠡᠬᠦ ᠶᠢ ᠵᠥᠪᠰᠢᠶᠡᠷᠡᠬᠦ ᠶᠢ ᠨᠢᠬᠡᠤᠨᠬᠡᠬᠦ ᠶᠢ ᠵᠢᠭᠠᠵᠦ ᠪᠤᠢ᠃      35. ︽ᠬᠤᠶᠠᠷ ᠢ ᠲᠣᠬᠢᠶᠠᠯᠳᠤᠯ ᠢᠶᠠᠷ ᠰᠤᠩᠭᠤᠵᠦ᠂ ᠨᠢᠭᠡ ᠶᠢ ᠢᠯᠡ ᠪᠣᠯᠭᠠᠬᠤ︾᠄ ᠲᠤᠬᠠᠶᠢᠯᠠᠪᠠᠯ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠬᠤ ᠡᠲᠡᠭᠡᠳ ᠢᠶᠠᠨ ᠲᠣᠬᠢᠶᠠᠯᠳᠤᠯ ᠢᠶᠠᠷ ᠰᠤᠭᠤᠴᠢᠨ ᠠᠪᠴᠤ᠂ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠢᠶᠠᠨ ᠲᠣᠬᠢᠶᠠᠯᠳᠤᠯ ᠢᠶᠠᠷ ᠰᠣᠩᠭᠤᠨ ᠲᠣᠮᠢᠯᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠶᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠶᠢ ᠵᠢᠭᠠᠵᠦ ᠪᠤᠢ᠃      36. ︽ᠨᠢᠭᠡ ᠡᠭᠦᠳᠡ ᠨᠢᠭᠡ ᠴᠣᠩᠬᠤᠪᠴᠢ ᠨᠢᠭᠡ ᠰᠦᠯᠵᠢᠶ᠎ᠡ ᠨᠢᠭᠡ ᠤᠳᠠᠭ᠎ᠠ︾᠄ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ ᠭᠦᠶᠴᠡᠳᠬᠡᠬᠦ  ᠳᠤ ︽ᠨᠢᠭᠡ ᠯᠡ ᠡᠭᠦᠳᠡ ᠪᠠᠷ ᠣᠷᠣᠬᠤ︾   ᠪᠠᠷ  ᠬᠠᠷᠠᠯᠲᠠ  ᠪᠣᠯᠭᠠᠨ  ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪᠯᠡᠷᠡᠭᠦᠯᠦᠨ ᠭᠦᠶᠴᠡᠳᠬᠡᠬᠦ ᠶᠢ ᠬᠡᠷᠡᠭᠵᠢᠭᠦᠯᠦᠨ᠂ ︽ᠣᠯᠠᠨ ᠡᠭᠦᠳᠡ︾ ᠶᠢ  ︽ᠨᠢᠭᠡ ᠡᠭᠦᠳᠡ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠲᠥᠪᠯᠡᠷᠡᠭᠦᠯᠦᠨ ᠦᠶᠯᠡᠴᠢᠯᠡᠬᠦ᠂ ᠨᠢᠭᠡ ᠥᠷᠲᠡᠭᠡ ᠳᠤ ᠭᠦᠶᠴᠡᠳᠬᠡᠵᠦ ᠳᠠᠭᠤᠰᠬᠠᠬᠤ︾ ᠶᠢ ᠬᠡᠷᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠲᠤᠬᠠᠶ ᠶᠢᠨ ᠲᠠᠯᠠᠪᠠᠶ ᠳᠤ ᠭᠦᠶᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠶᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠨᠢᠭᠡᠳᠦᠯᠲᠡᠶ ᠪᠢᠴᠢᠭ ᠮᠠᠲ᠋ᠧᠷᠢᠶᠠᠯ ᠭᠠᠷᠭᠠᠬᠤ︾ ᠵᠠᠭᠪᠤᠷ ᠢᠶᠠᠷ ᠣᠯᠠᠨ ᠲᠦᠮᠡᠨ ᠢ ᠠᠵᠢᠯ ᠶᠠᠪᠤᠳᠠᠯ ᠭᠦᠶᠴᠡᠳᠬᠡᠬᠦ ᠳᠤ ᠵᠥᠪᠬᠡᠨ ᠨᠢᠭᠡ ᠯᠡ ᠴᠣᠩᠬᠤᠪᠴᠢ ᠳᠤ ᠨᠢᠭᠡ ᠯᠡ ᠤᠳᠠᠭ᠎ᠠ ᠤᠴᠢᠭᠤᠯᠤᠨ᠎ᠠ᠃ ᠰᠦᠯᠵᠢᠶᠡᠨ ᠳᠤ ᠣᠷᠣᠭᠰᠠᠨ ᠨᠢᠭᠡᠴᠢ ᠨᠢ ᠲᠤᠬᠠᠶᠢᠯᠠᠭᠰᠠᠨ ᠠᠵᠢᠯ ᠤᠨ ᠬᠡᠮᠵᠢᠶ᠎ᠡ ᠪᠠᠷ ᠶᠡᠭᠡ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠲᠤᠭ᠎ᠠ ᠪᠠᠷ ᠣᠯᠠᠨ ᠪᠠᠶᠢᠳᠠᠭ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠡᠮᠴᠢᠯᠡᠭᠡᠨ ᠤ ᠳᠠᠭᠠᠳᠬᠠᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠷᠡᠭᠦᠯ ᠬᠠᠮᠠᠭᠠᠯᠠᠯ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠪᠠᠶᠢᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠨᠢᠭᠡ ᠰᠦᠯᠵᠢᠶ᠎ᠡ︾ ᠪᠠᠷ ᠨᠡᠶᠢᠳᠡᠮ ᠭᠦᠶᠴᠡᠳᠬᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︽ᠲᠤᠭ᠎ᠠ ᠪᠠᠷᠢᠮᠲᠠ ᠪᠠ ᠵᠠᠰᠠᠭ  ᠤᠨ ᠣᠷᠳᠣᠨ ᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠪᠠ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ︽ᠣᠯᠠᠨ ᠲᠦᠮᠡᠨ ᠳᠤ ᠰᠠᠶᠢᠨ ᠶᠠᠪᠤᠳᠠᠯ ᠬᠢᠵᠦ ᠥᠭᠬᠦ  ︾ ᠶᠢᠨ ᠭᠤᠤᠯ ᠬᠠᠷᠠᠯᠲᠠ ᠪᠣᠯᠭᠠᠨ᠂ ᠢᠳᠡᠪᠬᠢᠲᠡᠶ ᠪᠠᠷ ᠠᠷᠠᠳ ᠤᠨ ᠲᠥᠯᠥᠭᠡ ᠠᠵᠢᠯ ᠶᠠᠪᠤᠳᠠᠯ ᠭᠦᠶᠴᠡᠳᠬᠡᠬᠦ ᠲᠠᠯ᠎ᠠ ᠪᠠᠷ ᠭᠤᠭᠴᠤᠭ᠎ᠠ ᠶᠢ ᠨᠢ ᠬᠠᠰᠤᠵᠤ᠂ ᠴᠤᠪᠤᠷᠠᠯ ᠢ ᠨᠢ ᠰᠢᠯᠢᠳᠡᠭᠵᠢᠭᠦᠯᠦᠨ᠂ ᠴᠠᠭ ᠤᠨ ᠬᠢᠵᠠᠭᠠᠷ ᠢ ᠨᠢ ᠳᠠᠷᠤᠵᠤ᠂ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ︽ᠳᠠᠷᠤᠶ ᠲᠦᠷᠭᠡᠨ ᠭᠦᠶᠴᠡᠳᠬᠡᠵᠦ᠂ ᠰᠠᠶᠢᠲᠤᠷ ᠭᠦᠶᠴᠡᠳᠬᠡᠬᠦ︾ ᠶᠢ ᠦᠶᠯᠡᠳᠦᠯᠭᠡᠵᠢᠭᠦᠯᠬᠦ ᠶᠢ ᠵᠢᠭᠠᠵᠦ ᠪᠤᠢ᠃      37. ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾᠄ ᠨᠢᠭᠡ ᠵᠦᠶᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠠᠭᠪᠤᠷ ᠮᠦᠨ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠶᠢ ᠠᠬᠢᠭᠤᠯᠬᠤ ᠪᠣᠯ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠵᠠᠮ ᠪᠣᠯᠤᠨ᠎ᠠ᠂ ᠤᠯᠤᠰ ᠠᠷᠠᠳ ᠤᠨ ᠠᠵᠤ ᠠᠬᠤᠶ ᠶᠢᠨ ᠡᠷᠭᠢᠯᠲᠡ ᠶᠢ ᠰᠢᠯᠤᠭᠤᠳᠬᠠᠬᠤ᠂ ᠴᠢᠬᠤᠯᠠ ᠬᠦᠴᠦᠨ ᠵᠦᠶᠯ ᠤᠨ ᠴᠢᠯᠥᠭᠡᠲᠡᠶ ᠰᠢᠯᠵᠢᠬᠦ ᠶᠢ ᠠᠬᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠂ ᠡᠨᠡ ᠨᠢ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠴᠢᠬᠤᠯᠠ ᠦᠶᠯᠡᠳᠦᠯ ᠲᠠᠢ ᠶᠤᠮ᠃      38. ︽ᠭᠤᠷᠪᠠᠳᠡᠬᠢ ᠡᠳᠡᠭᠡᠤᠨ ᠲᠤ ᠨᠠᠶᠢᠳᠠᠵᠦ ᠲᠤᠭ᠎ᠠ ᠪᠠᠷᠢᠮᠳᠠ ᠪᠠᠷ ᠤᠶᠤᠨᠴᠢᠯᠠᠭᠰᠠ ᠤᠳᠤᠬᠢᠴᠢᠯᠠᠯᠳᠠ ᠳᠤ ᠬᠦᠴᠦᠨ ᠨᠡᠮᠡᠷᠢᠯᠡᠬᠦ ᠠᠵᠢᠯᠯᠠᠭ᠎ᠠ︾᠄  ︽ᠭᠤᠷᠪᠠᠳᠠᠬᠢ ᠡᠳᠡᠭᠡᠤᠨ ᠤᠨ ᠲᠠᠪᠴᠠᠩ︾ ᠭᠡᠳᠡᠭ ᠨᠢ ᠲᠦᠭᠡᠮᠡᠯ ᠬᠠᠷᠠᠭᠠᠯᠵᠠᠯ ᠤᠨ ᠬᠡᠯᠪᠡᠷᠢ ᠶᠢᠨ ᠡᠭᠦᠯᠡᠨ ᠦᠶᠯᠡᠴᠢᠯᠡᠭᠡ ᠶᠢ ᠶᠠᠪᠤᠭᠳᠠᠭᠤᠯᠬᠤ ᠶᠢ ᠰᠦᠪᠡᠭᠴᠢᠯᠡᠨ᠂ ︽ᠲᠤᠭ᠎ᠠ ᠪᠠᠷᠢᠮᠳᠠ︾ ᠪᠣᠯ ᠲᠤᠮᠤ ᠳ᠋ᠠᠶᠢᠲ᠋ᠠ ᠶᠢᠨ ᠠᠭᠤᠰᠤᠯᠴᠠᠯ ᠬᠡᠷᠡᠭᠯᠡᠭᠡ ᠶᠢ ᠨᠡᠩ ᠭᠦᠨ ᠳᠠᠪᠬᠤᠷᠭ᠎ᠠ ᠠᠴᠠ ᠠᠬᠢᠭᠤᠯᠵᠤ ᠪᠠᠶᠢᠭ᠎ᠠ ᠶᠠᠪᠤᠳᠠᠯ ᠪᠠᠶᠢᠵᠦ᠂ ︽ᠤᠶᠤᠨᠴᠢᠯᠠᠭᠰᠠ ᠤᠳᠤᠬᠢᠴᠢᠯᠠᠯᠳᠠ ᠳᠤ ᠬᠦᠴᠦᠨ ᠨᠡᠮᠡᠷᠢᠯᠡᠬᠦ︾ ᠭᠡᠳᠡᠭ ᠨᠢ ᠠᠵᠤ ᠠᠬᠤᠶᠢᠯᠠᠯ ᠤᠨ ᠤᠶᠤᠨᠴᠢᠯᠠᠭᠰᠠᠨ ᠥᠭᠡᠷᠡᠴᠢᠯᠡᠯᠲᠡ ᠶᠢ ᠳᠡᠮᠵᠢᠬᠦ ᠡᠷᠴᠢᠮ ᠢᠶᠠᠨ ᠴᠢᠩᠭᠠᠤᠨᠬᠠᠬᠤ ᠶᠠᠪᠤᠳᠠᠯ ᠪᠣᠯᠤᠨ᠎ᠠ᠂ ᠢᠯᠠᠩᠭᠤᠶ᠎ᠠ ᠵᠣᠬᠢᠶᠠᠮᠠᠯ ᠤᠶᠤᠨ ᠴᠢᠳᠠᠪᠤᠷᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢ ᠵᠢᠭᠠᠵᠦ ᠪᠤᠢ᠃     39. ︽ᠨᠡᠭᠦᠳᠡᠯ ᠤᠨ ᠰᠢᠪᠠᠭᠤ ᠮᠠᠶ᠋ᠢᠭ︾ ᠤᠨ ᠤᠷᠢᠨ ᠲᠤᠮᠢᠯᠠᠬᠤ᠄ ᠲᠤᠰᠬᠠᠶ ᠮᠡᠷᠭᠡᠵᠢᠯᠲᠡᠨ ᠡᠷᠳᠡᠮᠲᠡᠨ ᠤ ᠠᠮᠠᠷᠠᠯᠲᠠ ᠶᠢᠨ ᠴᠠᠭ ᠢ ᠠᠰᠢᠭᠯᠠᠨ᠂ ᠲᠤᠰᠬᠠᠶ ᠮᠡᠷᠭᠡᠵᠢᠯᠲᠡᠨ ᠡᠷᠳᠡᠮᠲᠡᠨ ᠢ ᠲᠠᠲᠠᠵᠤ ᠵᠢᠯ ᠪᠦᠷᠢ ᠮᠠᠨ ᠤ ᠬᠤᠰᠢᠭᠤᠨ ᠳᠤ ᠢᠷᠡᠭᠦᠯᠵᠦ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ᠂ ᠰᠡᠳᠦᠪ ᠤᠨ ᠰᠤᠳᠤᠯᠭᠠᠨ᠂ ᠮᠡᠷᠭᠡᠵᠢᠯ ᠤᠨ ᠵᠢᠯᠣᠭᠤᠳᠣᠯᠭ᠎ᠠ᠂ ᠦᠷ᠎ᠡ ᠪᠦᠲᠦᠭᠡᠯ ᠢ ᠤᠯᠠᠷᠢᠭᠤᠯᠬᠤ᠂ ᠮᠡᠷᠭᠡᠵᠢᠯ ᠢ ᠳᠡᠯᠭᠡᠷᠡᠭᠦᠯᠬᠦ ᠵᠡᠷᠭᠡ ᠣᠶᠤᠨ ᠤ ᠦᠶᠯᠡᠴᠢᠯᠡᠭᠡ ᠶᠢ ᠥᠷᠨᠢᠭᠦᠯᠬᠦ  ᠶᠢ ᠵᠢᠭᠠᠵᠦ ᠪᠤᠢ᠃     40. ︽ᠲᠠᠪᠤᠨ ᠬᠥᠮᠦᠵᠢᠯ ᠢ ᠵᠡᠷᠭᠡᠪᠡᠷ ᠬᠥᠭᠵᠢᠭᠦᠯᠬᠦ︾᠄ ᠶᠣᠰᠣ ᠰᠤᠷᠲᠠᠬᠤᠨ᠂ ᠣᠶᠤᠨ ᠤᠬᠠᠭᠠᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ᠂ ᠬᠥᠳᠡᠯᠮᠦᠷᠢ ᠶᠢᠨ ᠬᠥᠮᠦᠵᠢᠯ ᠢ ᠪᠦᠬᠦ ᠲᠠᠯ᠎ᠠ ᠪᠠᠷ ᠬᠥᠮᠦᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮ ᠢ ᠵᠢᠭᠠᠵᠤ ᠪᠤᠢ᠃     41. ︽ᠭᠤᠷᠪᠠᠨ ᠰᠠᠯᠵᠤ ᠴᠢᠳᠠᠬᠤ ᠦᠭᠡᠢ︾᠄ ᠲᠤᠬᠠᠶᠢᠯᠠᠪᠠᠯ ︽ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ︾᠃      42. ︽ᠲᠠᠪᠤ ᠶᠢ ᠵᠦᠪᠰᠢᠶᠡᠷᠡᠬᠦ︾᠄ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠢ ᠵᠦᠪᠰᠢᠶᠡᠷᠡᠬᠦ ᠶᠢ ᠵᠢᠭᠠᠵᠦ ᠪᠤᠢ᠃      43. ︽ᠳᠥᠷᠪᠡᠨ ᠤᠬᠠᠮᠰᠠᠷ︾᠄ ᠳᠠᠷᠤᠶ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ   ᠢ  ᠵᠢᠭᠠᠵᠦ  ᠪᠤᠢ᠃      44. ︽ᠳᠦᠷᠪᠡᠨ ᠢᠲᠡᠭᠡᠯ︾᠄ ᠲᠤᠬᠠᠶᠢᠯᠠᠪᠠᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠵᠢᠭᠠᠵᠦ ᠪᠤᠢ᠃      45. ︽ᠬᠤᠶᠠᠷ ᠢ ᠬᠠᠮᠠᠭᠠᠯᠠᠬᠤ︾᠄ ᠲᠤᠬᠠᠶᠢᠯᠠᠪᠠᠯ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠥᠬᠦ ᠨᠠᠮ ᠤᠨ ᠭᠤᠤᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠵᠢᠭᠠᠵᠦ ᠪᠤᠢ᠃      46.  ︽ᠭᠤᠷᠪᠠᠨ ᠴᠢᠬᠤᠯᠠ ᠨᠢᠭᠡ ᠶᠡᠭᠡ︾᠄ ᠴᠢᠬᠤᠯᠠ ᠶᠡᠭᠡ ᠤᠴᠢᠷ ᠶᠠᠪᠤᠳᠠᠯ ᠳᠤ ᠰᠢᠶᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠲᠥᠷᠥᠯ ᠵᠦᠶᠯ ᠢ ᠲᠣᠬᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠶᠢ ᠵᠢᠭᠠᠵᠦ ᠪᠤᠢ᠃     47. ︽ᠳᠥᠷᠪᠡᠨ ᠰᠤᠷᠲᠠᠯ︾᠄ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠵᠢᠭᠠᠵᠤ ᠪᠤᠢ᠃      48. ︽ᠠᠯᠪᠠᠨ ᠤ ᠭᠤᠷᠪᠠᠨ ᠵᠠᠷᠤᠳᠠᠯ︾᠄ ᠡᠳ᠋ ᠤᠨ ᠵᠠᠰᠠᠭ ᠠᠴᠠ ᠰᠠᠯᠭᠠᠨ ᠦᠭᠴᠦ ᠲᠣᠬᠢᠷᠠᠭᠤᠯᠤᠭᠰᠠᠨ ᠤᠯᠤᠰ ︵ᠬᠢᠯᠢ︶ ᠠᠴᠠ ᠭᠠᠷᠬᠤ ᠵᠠᠷᠤᠳᠠᠯ᠂ ᠲᠡᠷᠭᠡ ᠬᠥᠰᠬᠡ ᠬᠤᠳᠠᠯᠳᠤᠨ ᠠᠪᠬᠤ ᠵᠢᠴᠢ ᠠᠵᠢᠯᠯᠠᠭᠠᠨ ᠤ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ ᠵᠡᠷᠭᠡ ᠭᠤᠷᠪᠠᠨ ᠵᠦᠢᠯ ᠤᠨ ᠵᠠᠷᠤᠳᠠᠯ ᠢ ᠵᠢᠭᠠᠵᠤ ᠪᠤᠢ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ