ᠣᠶᠢᠷ᠎ᠠ ᠶᠢᠨ ᠪᠦᠷᠢᠳᠬᠡᠯ ᠠᠴᠠ ᠦᠵᠡᠪᠡᠯ᠂ ᠤᠷᠠᠳ ᠤᠨ ᠳᠤᠮᠳᠠᠳᠤ ᠬᠤᠰᠢᠭᠤᠨ ᠤ ᠶᠡᠷᠦᠩᠬᠡᠶ ᠬᠥᠮᠦᠨ ᠠᠮᠠ ᠶᠢᠨ ᠲᠤᠭ᠎ᠠ 143031 ᠪᠠᠶᠢᠵᠤ᠂ | ᠲᠡᠭᠡᠷ᠎ᠡ ᠵᠢᠯ ᠲᠠᠢ ᠬᠠᠷᠢᠴᠠᠭᠤᠯᠪᠠᠯ 0.3% ᠪᠠᠷ ᠨᠡᠮᠡᠭᠳᠡᠵᠡᠶ᠃ ᠡᠭᠦᠨ ᠤ ᠳᠣᠲᠣᠷ᠎ᠠ ᠡᠷᠡᠭᠲᠡᠶ 72500 ᠬᠦᠮᠦᠨ ᠪᠠᠶᠢᠵᠤ᠂ ᠡᠮᠡᠭᠲᠡᠶ 70531 ᠬᠦᠮᠦᠨ | ᠪᠠᠶᠢᠵᠤ᠂ ᠲᠣᠰ ᠲᠣᠰ ᠶᠡᠷᠦᠩᠬᠡᠶ ᠬᠥᠮᠦᠨ ᠠᠮᠠ ᠶᠢᠨ 50.7% ᠪᠠ 49.3% ᠶᠢ ᠡᠵᠡᠯᠡᠵᠦ ᠪᠠᠶᠢᠨ᠎ᠠ᠃ ᠶᠡᠷᠦᠩᠬᠡᠶ ᠬᠥᠮᠦᠨ ᠠᠮᠠ ᠶᠢᠨ ᠳᠣᠲᠣᠷ᠎ᠠ ᠬᠤᠲᠠ | ᠪᠠᠯᠭᠠᠰᠤᠨ ᠤ ᠬᠥᠮᠦᠨ ᠠᠮᠠ 30252 ᠪᠠᠶᠢᠵᠤ ᠂ 0.5% ᠪᠠᠷ ᠲᠤᠷᠤᠭᠰᠢᠯᠠᠨ᠂ ᠶᠡᠷᠦᠩᠬᠡᠶ ᠬᠥᠮᠦᠨ ᠠᠮᠠ ᠶᠢᠨ 21.2% ᠢ ᠡᠵᠡᠯᠡᠪᠡ︔ ᠬᠥᠳᠡᠭᠡ | ᠲᠣᠰᠬᠤᠨ ᠤ ᠬᠥᠮᠦᠨ ᠠᠮᠠ 112779 ᠪᠠᠶᠢᠵᠤ᠂ 0.5% ᠪᠠᠷ ᠨᠡᠮᠡᠭᠳᠡᠨ᠂ ᠶᠡᠷᠤᠩᠬᠡᠢ ᠬᠥᠮᠦᠨ ᠠᠮᠠ ᠶᠢᠨ 78.8% ᠶᠢ ᠡᠵᠡᠯᠡᠪᠡ᠃ ᠬᠥᠳᠡᠭᠡ | ᠲᠣᠰᠬᠤᠨ ᠤ ᠬᠥᠮᠦᠨ ᠠᠮᠠ ᠶᠢᠨ ᠳᠣᠲᠣᠷ᠎ᠠ᠂ ᠲᠠᠷᠢᠶᠠᠯᠠᠬᠤ ᠤᠷᠤᠨ ᠤ ᠬᠦᠮᠦᠨ 85167 ᠪᠠᠶᠢᠵᠤ᠂ 0.5% ᠪᠠᠷ ᠨᠡᠮᠡᠭᠳᠡᠪᠡ︔ ᠮᠠᠯᠵᠢᠬᠤ ᠣᠷᠣᠨ ᠤ ᠬᠥᠮᠦᠨ | 27612 ᠪᠠᠶᠢᠵᠤ᠂ 0.7% ᠪᠠᠷ ᠨᠡᠮᠡᠭᠳᠡᠪᠡ᠃ ᠬᠥᠮᠦᠨ ᠠᠮᠠ ᠶᠢᠨ ᠨᠢᠭᠲᠠᠴᠠ ᠲᠡᠭᠰᠢ ᠳᠥᠷᠪᠡᠯᠵᠢᠨ ᠺᠢᠯᠣᠮᠧᠲᠷ ᠪᠦᠷᠢ ᠳᠤ 6 ᠬᠥᠮᠦᠨ ᠪᠠᠶᠢᠵᠤ᠂ ᠪᠥᠬᠦ | ᠵᠢᠯ ᠳᠤ ᠰᠢᠨ᠎ᠡ ᠪᠠᠷ ᠲᠥᠷᠥᠭᠰᠡᠨ ᠬᠥᠮᠦᠨ ᠠᠮᠠ 1420 ᠪᠠᠶᠢᠵᠤ᠂ ᠲᠥᠷᠥᠭᠰᠡᠨ ᠨᠣᠷᠮ᠎ᠠ ᠨᠢ 9.9‰ ᠳᠤ ᠬᠦᠷᠴᠡᠢ︔ ᠨᠠᠰᠤ ᠪᠠᠷᠠᠭᠰᠠᠨ ᠬᠦᠮᠦᠨ 892 | ᠪᠠᠶᠢᠵᠤ ᠂ ᠦᠬᠦᠯᠲᠡ ᠶᠢᠨ ᠨᠣᠷᠮ᠎ᠠ ᠨᠢ 6.2‰ ᠪᠣᠯᠪᠠ︔ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠨᠤᠷᠮ᠎ᠠ ᠨᠢ 3.7 ‰ ᠪᠤᠯᠪᠠ᠃ | ᠤᠷᠠᠳ ᠤᠨ ᠳᠤᠮᠳᠠᠳᠤ ᠬᠤᠰᠢᠭᠤ ᠪᠣᠯ ᠮᠣᠩᠭᠤᠯ ᠦᠨᠳᠦᠰᠦᠲᠡᠨ ᠢᠶᠠᠷ ᠭᠤᠣᠯ ᠪᠣᠯᠭᠠᠵᠤ᠂ ᠬᠢᠲᠠᠳ ᠦᠨᠳᠦᠰᠦᠲᠡᠨ ᠣᠯᠠᠩᠬᠢ ᠲᠤᠭ᠎ᠠ ᠶᠢ | ᠡᠵᠡᠯᠡᠭᠰᠡᠨ ᠦᠨᠳᠦᠰᠦᠲᠡᠨ ᠤ ᠭᠠᠵᠠᠷ ᠣᠷᠣᠨ ᠪᠠᠶᠢᠵᠤ᠂ ᠮᠠᠨᠵᠤ ᠦᠨᠳᠦᠰᠦᠲᠡᠨ᠂ ᠳᠠᠭᠤᠷ ᠦᠨᠳᠦᠰᠦᠲᠡᠨ᠂ ᠲᠥᠪᠡᠳ ᠦᠨᠳᠦᠰᠦᠲᠡᠨ᠂ ᠰᠣᠯᠣᠩᠭᠤᠰ | ᠦᠨᠳᠦᠰᠦᠲᠡᠨ᠂ ᠲᠦᠵᠢᠶᠠ ᠦᠨᠳᠦᠰᠦᠲᠡᠨ ᠵᠡᠷᠭᠡ 13 ᠴᠥᠭᠡᠨ ᠲᠣᠭᠠᠲᠤ ᠦᠨᠳᠦᠰᠦᠲᠡᠨ ᠬᠤᠯᠢᠯᠳᠤᠨ ᠰᠠᠭᠤᠷᠢᠰᠢᠵᠤ ᠪᠠᠶᠢᠳᠠᠭ᠃ ᠪᠥᠬᠦ ᠬᠤᠰᠢᠭᠤᠨ ᠳᠤ | ᠮᠣᠩᠭᠤᠯ ᠦᠨᠳᠦᠰᠦᠲᠡᠨ 27844 ᠪᠠᠶᠢᠵᠤ᠂ ᠳᠡᠭᠡᠷ᠎ᠡ ᠵᠢᠯ ᠲᠠᠢ ᠬᠠᠷᠢᠴᠠᠭᠤᠯᠪᠠᠯ 0.5% ᠪᠠᠷ ᠨᠡᠮᠡᠭᠳᠡᠨ᠂ ᠪᠥᠬᠦ ᠬᠤᠰᠢᠭᠤᠨ ᠤ ᠶᠠᠷᠤᠩᠬᠡᠢ ᠬᠥᠮᠦᠨ ᠠᠮᠠ ᠶᠢᠨ | 19.5% ᠶᠢ ᠡᠵᠡᠯᠡᠪᠡ︔ ᠬᠢᠲᠠᠳ ᠦᠨᠳᠦᠰᠦᠲᠡᠨ 113956 ᠪᠠᠶᠢᠵᠤ᠂ ᠳᠡᠭᠡᠷ᠎ᠡ ᠵᠢᠯ ᠲᠠᠢ ᠬᠠᠷᠢᠴᠠᠭᠤᠯᠪᠠᠯ 0.3% ᠪᠠᠷ ᠨᠡᠮᠡᠭᠳᠡᠨ᠂ ᠪᠥᠬᠦ ᠬᠤᠰᠢᠭᠤᠨ ᠤ | ᠶᠠᠷᠤᠩᠬᠡᠢ ᠬᠥᠮᠦᠨ ᠠᠮᠠ ᠶᠢᠨ 79.6 % ᠶᠢ ᠡᠵᠡᠯᠡᠪᠡ︔ ᠬᠤᠲᠣᠩ ᠦᠨᠳᠦᠰᠦᠲᠡᠨ 804 ᠪᠠᠶᠢᠵᠤ᠂ ᠳᠡᠭᠡᠷ᠎ᠡ ᠵᠢᠯ ᠲᠠᠢ ᠬᠠᠷᠢᠴᠠᠭᠤᠯᠪᠠᠯ 1.0 % ᠪᠠᠷ | ᠨᠡᠮᠡᠭᠳᠡᠨ᠂ ᠪᠥᠬᠦ ᠬᠤᠰᠢᠭᠤᠨ ᠤ ᠶᠠᠷᠤᠩᠬᠡᠢ ᠬᠥᠮᠦᠨ ᠠᠮᠠ ᠶᠢᠨ 0. 6 % ᠶᠢ ᠡᠵᠡᠯᠡᠪᠡ︔ ᠮᠠᠨᠵᠤ ᠦᠨᠳᠦᠰᠦᠲᠡᠨ᠂ ᠳᠠᠭᠤᠷ ᠦᠨᠳᠦᠰᠦᠲᠡᠨ᠂ ᠲᠥᠪᠡᠳ | ᠦᠨᠳᠦᠰᠦᠲᠡᠨ᠂ ᠰᠣᠯᠣᠩᠭᠤᠰ ᠦᠨᠳᠦᠰᠦᠲᠡᠨ᠂ ᠲᠦᠵᠢᠶᠠ ᠦᠨᠳᠦᠰᠦᠲᠡᠨ ᠵᠡᠷᠭᠡ ᠴᠦᠭᠡᠨ ᠲᠤᠭᠠᠳᠤ ᠦᠨᠳᠦᠰᠦᠲᠡᠨ ᠨᠡᠶᠢᠲᠡ 427 ᠪᠠᠶᠢᠵᠤ᠂ ᠳᠡᠭᠡᠷ᠎ᠡ | ᠵᠢᠯ ᠲᠠᠢ ᠬᠠᠷᠢᠴᠠᠭᠤᠯᠪᠠᠯ 3. 4 % ᠪᠠᠷ ᠨᠡᠮᠡᠭᠳᠡᠵᠦ᠂ ᠪᠥᠬᠦ ᠬᠤᠰᠢᠭᠤᠨ ᠤ ᠶᠠᠷᠤᠩᠬᠡᠢ ᠬᠥᠮᠦᠨ ᠠᠮᠠ ᠶᠢᠨ 0.3 % ᠶᠢ ᠡᠵᠡᠯᠡᠪᠡ᠃ |