ᠤᠷᠠᠳ ᠤᠨ ᠳᠤᠮᠳᠠᠳᠤ ᠬᠤᠰᠢᠭᠤ ᠨᠢ ᠥᠪᠥᠷ ᠮᠣᠩᠭᠤᠯ ᠤᠨ ᠪᠠᠷᠠᠭᠤᠨ ᠬᠤᠶᠢᠲᠤ ᠬᠡᠰᠡᠭ ᠢᠶᠠᠷ ᠪᠠᠶᠢᠷᠢᠯᠠᠵᠤ᠂ ᠬᠤᠶᠢᠲᠤ ᠪᠡᠶ᠎ᠡ ᠪᠠᠷ ᠢᠶᠠᠨ | ᠮᠣᠩᠭᠤᠯ ᠤᠯᠤᠰ ᠲᠠᠢ ᠬᠢᠯᠢ ᠨᠡᠶᠢᠯᠡᠵᠤ᠂ ᠭᠠᠵᠠᠷ ᠨᠤᠳᠤᠭ ᠤᠨ ᠶᠡᠷᠦᠩᠬᠡᠶ ᠲᠠᠯᠠᠪᠠᠶ ᠨᠢ 2.3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠨᠡᠶᠢᠲᠡ 14. | 6 ᠲᠦᠮᠡᠨ ᠬᠥᠮᠦᠨ ᠠᠮᠠ ᠲᠠᠢ ᠬᠤᠰᠢᠭᠤ ᠪᠤᠯᠤᠨ᠎ᠠ᠃ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾᠂ ᠥᠪᠡᠷᠲᠡᠭᠡᠨ ᠵᠠᠰᠠᠬᠤ ᠣᠷᠣᠨ ᠤ ︽ | ᠪᠣᠯᠪᠠᠰᠤᠨ ᠬᠤᠲᠠ︾᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠰᠢᠶᠠᠨ︾᠂ | ︽ᠴᠡᠴᠡᠷᠯᠢᠭᠵᠢᠬᠦᠯᠭᠡ ᠶᠢᠨ ᠰᠢᠶᠠᠨ ᠤ ᠬᠤᠲᠠ︾᠂ ︽ᠠᠮᠢ ᠠᠬᠤᠶ ᠶᠢᠨ ᠤᠷᠤᠰᠢᠨ ᠰᠠᠭᠤᠷᠢᠰᠢᠬᠤ ᠳᠤ ᠲᠤᠬᠢᠯᠢᠭ ᠰᠢᠶᠠᠨ ᠤ ᠬᠤᠲᠠ︾ ᠪᠠᠶᠢᠵᠤ᠂ ︽ᠮᠣᠩᠭᠤᠯ | ᠷᠣᠮᠠᠨ ᠤ ᠦᠯᠦᠭᠡᠢ︾᠂ ︽ᠭᠤᠪᠢ ᠶᠢᠨ ᠬᠠᠴᠢᠨ ᠴᠢᠯᠠᠭᠤᠨ ᠤ ᠨᠤᠲᠤᠭ︾᠂ ︽ᠳᠤᠮᠳᠠᠳᠤ ᠤᠯᠤᠰ ᠤᠨ ᠮᠣᠩᠭᠤᠯ ᠦᠨᠳᠦᠰᠦᠲᠡᠨ ᠤ ᠠᠷᠠᠳ ᠤᠨ ᠳᠠᠭᠤᠤ ᠶᠢᠨ | ᠨᠤᠲᠤᠭ︾᠂ | ︽ᠤᠷᠠᠳ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ︾ ᠭᠡᠬᠦ ᠮᠡᠳᠦ ᠶᠢᠨ ᠰᠠᠶᠢᠬᠠᠨ ᠨᠡᠷ᠎ᠡ ᠠᠯᠳᠠᠷ ᠢ ᠤᠯᠵᠤ᠂ ᠳᠡᠯᠡᠬᠡᠶ ᠳᠤ ᠠᠯᠳᠠᠷᠰᠢᠭᠰᠠᠨ | ᠮᠤᠩᠭᠤᠯ ᠠᠷᠠᠳ ᠤᠨ ᠳᠠᠭᠤᠤ ︽ᠬᠤᠨ ᠭᠠᠯᠠᠭᠤ︾ ᠨᠢ ᠮᠠᠨ ᠤ ᠤᠷᠠᠳ ᠤᠨ ᠳᠤᠮᠳᠠᠳᠤ ᠬᠤᠰᠢᠭᠤ ᠠᠴᠠ ᠢᠷᠡᠯᠲᠡᠶ ᠶᠤᠮ᠃ | ᠪᠥᠬᠦ ᠬᠤᠰᠢᠭᠤᠨ ᠤ ᠲᠠᠷᠢᠶᠠᠨ ᠭᠠᠵᠠᠷ ᠤᠨ ᠲᠠᠯᠠᠪᠠᠢ ᠨᠢ 100 ᠭᠠᠷᠤᠶ ᠲᠦᠮᠡᠨ ᠮᠥ ᠪᠠᠶᠢᠵᠤ᠂ ᠪᠤᠭᠤᠳᠠᠶ᠂ ᠡᠷᠳᠡᠨᠢ ᠰᠢᠰᠢ ᠵᠡᠷᠭᠡ ᠲᠠᠷᠢᠮᠠᠯ ᠤᠨ | ᠵᠦᠢᠯ ᠢᠶᠠᠷ ᠡᠯᠪᠡᠭ ᠪᠠᠶᠢᠵᠤ᠂ ᠤᠯᠤᠰ ᠤᠨ ᠴᠢᠬᠤᠯᠠ ᠲᠠᠸᠠᠷ ᠤᠨ ᠠᠮᠤ ᠪᠤᠳᠠᠭ᠎ᠠ ᠪᠠ ᠪᠣᠬᠢᠷᠲᠤᠯ ᠥᠬᠡᠶ ᠢᠳᠡᠭᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ | ᠪᠣᠯᠤᠨ᠎ᠠ︔ ᠠᠰᠢᠭᠯᠠᠵᠤ ᠪᠤᠯᠬᠤ ᠨᠤᠳᠤᠭ ᠪᠡᠯᠴᠢᠭᠡᠷ ᠤᠨ ᠲᠠᠯᠠᠪᠠᠢ 2900 ᠭᠠᠷᠤᠶ ᠲᠦᠮᠡᠨ ᠮᠥ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠤᠰᠢᠭᠤ ᠪᠣᠯᠤᠨ᠎ᠠ᠃ ᠬᠢᠯᠢ ᠶᠢᠨ ᠳᠣᠲᠣᠷᠠᠬᠢ ᠡᠬᠢ ᠪᠠᠶᠠᠯᠢᠭ ᠨᠢ ᠡᠯᠪᠡᠭ ᠳᠡᠯᠪᠡᠭ ᠪᠠᠶᠢᠵᠤ᠂ ᠪᠠᠯ ᠴᠢᠯᠠᠭᠤᠨ ᠤ | ᠡᠬᠢ ᠪᠠᠶᠠᠯᠢᠭ ᠤᠨ ᠬᠠᠳᠠᠭᠠᠯᠠᠭᠳᠠᠴᠠ ᠨᠢ ᠪᠥᠬᠦ ᠤᠯᠤᠰ ᠤᠨ ᠲᠠᠯᠠᠰᠲᠤ ᠪᠠᠯ ᠴᠢᠯᠠᠭᠤᠨ ᠤ ᠬᠠᠳᠠᠭᠠᠯᠠᠭᠳᠠᠴᠠ ᠶᠢᠨ 31.7% ᠶᠢ ᠡᠵᠡᠯᠡᠵᠤ ᠪᠤᠢ︔ ᠰᠠᠯᠬᠢᠨ ᠤ | ᠡᠨᠧᠷᠭᠢ ᠶᠢᠨ ᠡᠬᠢ ᠪᠠᠶᠠᠯᠢᠭ ᠨᠢ ᠥᠪᠡᠷᠲᠡᠭᠡᠨ ᠵᠠᠰᠠᠬᠤ ᠣᠷᠣᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ 3 ᠰᠠᠭᠤᠷᠢᠨ | ᠭᠠᠵᠠᠷ ᠤᠨ ᠨᠢᠭᠡ ᠨᠢ ᠪᠤᠯᠤᠨ᠎ᠠ᠃ | ᠪᠥᠬᠦ ᠬᠤᠰᠢᠭᠤᠨ ᠤ ᠬᠡᠪᠴᠢᠶᠡᠨ ᠳᠤ ᠤᠩᠭᠤᠨᠲᠠᠯᠠ᠂ ᠲᠡᠯ ᠠᠭᠤᠯᠠ ᠤᠰᠤᠨ ᠴᠥᠭᠦᠷᠥᠮ᠂ ᠲᠡᠮᠡᠭᠡᠨ ᠵᠢᠩ ᠤᠨ ᠤᠯᠠᠭ᠎ᠠ ᠥᠷᠲᠡᠭᠡ ᠵᠡᠷᠭᠡ | 3A ᠲᠠᠰ ᠤᠨ ᠦᠵᠡᠮᠵᠢ ᠶᠢᠨ ᠣᠷᠣᠨ᠂ ᠤᠯᠤᠰ ᠤᠨ ᠲᠠᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠬᠤᠶᠠᠷ ᠪᠤᠭᠲᠠ ᠶᠢᠨ ᠤᠰᠤᠨ ᠴᠥᠭᠦᠷᠥᠮ᠂ | ᠰᠢᠷᠡᠭᠡᠳᠦ ᠰᠦᠮ᠎ᠡ ᠵᠡᠷᠭᠡ ᠠᠶᠠᠯᠠᠯ ᠵᠢᠭᠤᠯᠴᠢᠯᠠᠯ ᠤᠨ ᠦᠵᠡᠮᠵᠢ ᠶᠢᠨ ᠣᠷᠣᠨ ᠲᠠᠢ᠃ ᠮᠤᠨᠢ ᠠᠭᠤᠯᠠ ᠶᠢᠨ ᠬᠠᠲᠠᠨ ᠵᠢᠷᠤᠭ᠂ ᠵᠣᠣ᠂ ᠴᠢᠨ᠂ ᠬᠠᠨ ᠤᠯᠤᠰ ᠤᠨ | ᠦᠶ᠎ᠡ ᠶᠢᠨ ᠣᠷᠳᠣ ᠴᠠᠭᠠᠨ ᠬᠡᠷᠡᠮ᠂ ᠡᠷᠲᠡᠨ ᠤ ᠤᠩᠭᠤᠨ ᠪᠤᠩᠬᠤᠨ ᠤ ᠪᠠᠭᠤᠷᠢ ᠵᠡᠷᠭᠡ ᠶᠢᠨ ᠲᠡᠤᠬᠡ᠂ ᠰᠤᠶᠤᠯ ᠤᠨ ᠦᠯᠡᠳᠡᠭᠳᠡᠯ ᠤᠨ ᠦᠨ᠎ᠡ ᠥᠷᠲᠡᠭ ᠨᠢ ᠪᠥᠬᠦ | ᠣᠷᠣᠨ ᠴᠢᠨᠠᠭᠰᠢᠯᠠᠪᠠᠯ ᠪᠥᠬᠦ ᠤᠯᠤᠰ ᠲᠤ ᠶᠡᠭᠡ ᠠᠯᠳᠠᠷᠲᠠᠶ ᠶᠤᠮ᠃ | | | |