| | | | | | | ᠪᠠᠭᠠᠳᠣᠷ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠶᠢᠨ ᠲᠦᠯᠦᠭᠡ᠂ ᠣᠯᠣᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠦᠨᠡᠨᠴᠢ ᠰᠢᠳᠣᠷᠭᠤ | ᠬᠠᠮᠠᠭᠠᠯᠠᠭᠴᠢ ᠪᠤᠯᠤᠭᠰᠠᠨ ᠪᠦᠬᠦ ᠤᠯᠤᠰ ᠤᠨ ᠵᠢᠱᠢᠶᠡᠴᠢ ᠬᠠᠣᠯᠢ ᠴᠠᠭᠠᠵᠠ ᠶᠢᠨ ᠰᠠᠯᠪᠤᠷᠢ ᠶᠢᠨ ᠳᠠᠷᠤᠭ᠎ᠠ ᠬᠠᠰᠳᠠᠨ᠎ᠠ ᠨᠦᠬᠦᠷ ᠤᠨ ᠲᠡᠷᠢᠭᠦᠨ ᠤ ᠦᠢᠯᠡ | ᠠᠵᠢᠯᠯᠠᠭ᠎ᠠ ᠶᠢᠨ ᠮᠡᠳᠡᠭᠦᠯᠦᠯᠳᠡ ᠶᠢᠨ ᠬᠤᠷᠠᠯ ᠨᠢ ᠤᠶᠢᠷ᠎ᠠ ᠳᠤ ᠬᠠᠯᠢᠭᠤᠲᠤ ᠪᠠᠯᠭᠠᠰᠣᠨ ᠤ ᠬᠤᠳᠠ ᠶᠢᠨ ᠠᠷᠠᠳ ᠤᠨ ᠲᠦᠪ ᠲᠤ ᠶᠠᠪᠤᠭᠳᠠᠭᠰᠠᠨ ᠪᠠᠶᠢᠨ᠎ᠠ᠃ | ᠬᠠᠰᠳᠠᠨ᠎ᠠ ᠨᠦᠬᠦᠷ ᠣᠣᠯ ᠨᠢ ᠤᠩᠭᠤᠨ ᠪᠠᠯᠭᠠᠰᠣ ᠶᠢᠨ ᠬᠠᠤᠯᠢ ᠴᠠᠭᠠᠵᠠ ᠶᠢᠨ ᠰᠠᠯᠪᠤᠷᠢ ᠶᠢᠨ ᠳᠠᠷᠤᠭ᠎ᠠ ᠪᠠᠷ ᠠᠵᠢᠯᠯᠠᠵᠤ ᠪᠠᠶᠢᠵᠠᠢ᠃ 2000 | ᠣᠨ ᠠᠴᠠ ᠤᠳᠣ ᠪᠤᠯᠳᠠᠯ᠎ᠠ ᠲᠡᠷᠡ ᠬᠠᠣᠯᠢ ᠴᠠᠭᠠᠵᠠ ᠶᠢᠨ ᠠᠵᠢᠯ ᠤᠨ ᠪᠠᠶᠢᠷᠢ ᠳᠤ ᠬᠤᠷᠢᠨ ᠬᠠᠪᠤᠷ ᠨᠠᠮᠤᠷ ᠢ ᠡᠯᠡᠭᠡᠵᠦ᠂ ᠨᠠᠷᠢᠨ ᠨᠢᠮᠪᠠᠢ ᠠᠵᠢᠯ ᠤᠨ ᠤᠪᠤᠷ ᠢᠶᠠᠷ | ᠠᠷᠠᠳ ᠤᠨ ᠲᠦᠯᠦᠭᠡ ᠬᠠᠷᠠᠮ ᠦᠭᠡᠢ ᠦᠢᠯᠡᠴᠢᠯᠡᠭᠰᠡᠭᠡᠷ ᠢᠷᠡᠵᠡᠢ᠃ ᠣᠳᠣ ᠬᠡᠳᠦᠶᠢᠪᠡᠷ ᠠᠵᠢᠯ ᠠᠴᠠ ᠪᠠᠨ ᠠᠮᠠᠷᠠᠭᠰᠠᠨ ᠪᠤᠯᠪᠠᠴᠣ ᠬᠤᠰᠢᠭᠤᠨ ᠤ | ᠶᠡᠷᠦᠩᠬᠡᠶᠢᠯᠡᠭᠰᠡᠨ ᠠᠷᠠᠳ ᠤᠨ ᠡᠶᠡᠳᠡᠭᠦᠯᠬᠦ ᠵᠦᠪᠯᠡᠯ ᠤᠨ ᠡᠷᠬᠢᠯᠡᠭᠴᠢ ᠬᠢᠭᠡᠳ 148 ᠬᠠᠤᠯᠢ ᠴᠠᠭᠠᠵᠠ ᠶᠢᠨ ᠦᠢᠯᠡᠴᠢᠯᠡᠭᠡᠨ ᠤ ᠡᠷᠬᠢᠯᠡᠭᠴᠢ ᠪᠠᠷ ᠳᠠᠬᠢᠨ | ᠤᠷᠢᠭᠲᠠᠵᠤ᠂ ᠦᠪᠡᠷ ᠤᠨ ᠢᠶᠠᠨ ᠪᠤᠲᠠᠲᠤ ᠦᠢᠯᠡ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠴᠠᠭᠳᠠᠭᠠᠨ ᠤ ᠲᠦᠷᠢ | ᠲᠦᠷᠬᠦ ᠶᠢ ᠢᠯᠡᠷᠡᠬᠦᠯᠦᠭᠰᠡᠨ ᠪᠠᠶᠢᠨ᠎ᠠ᠃ | | | | | | | | | | | | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠰᠢᠭᠤᠨ ᠤ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠵᠠᠰᠠᠨ ᠴᠡᠭᠴᠡᠯᠡᠬᠦ ᠣᠳᠣᠷᠢᠳᠣᠯᠭ᠎ᠠ ᠳᠣᠭᠤᠶᠢᠯᠠᠩ ᠯᠢ ᠶᠦᠨ ᠯᠤ᠋ ᠮᠡᠳᠡᠭᠦᠯᠦᠯᠳᠡ ᠶᠢᠨ ᠬᠤᠷᠠᠯ ᠳᠡᠭᠡᠷ᠎ᠡ ᠶᠠᠷᠢᠶ᠎ᠠ | ᠳᠠᠯᠪᠢᠨ ᠵᠢᠭᠠᠵᠤ ᠭᠠᠷᠭᠠᠭᠰᠠᠨ ᠨᠢ᠂ ᠪᠦᠬᠦ ᠣᠯᠣᠰ ᠤᠨ ᠵᠢᠱᠢᠶᠡᠴᠢ ᠬᠠᠣᠯᠢ ᠴᠠᠭᠠᠵᠠ ᠶᠢᠨ ᠰᠠᠯᠪᠤᠷᠢ ᠶᠢᠨ ᠳᠠᠷᠤᠭ᠎ᠠ ᠬᠠᠰᠳᠠᠨ᠎ᠠ ᠨᠦᠬᠦᠷ ᠤᠨ ᠲᠡᠷᠢᠭᠦᠨ ᠤ ᠦᠢᠯᠡ | ᠠᠵᠢᠯᠯᠠᠭ᠎ᠠ ᠶᠢᠨ ᠮᠡᠳᠡᠭᠦᠯᠦᠯᠳᠡ ᠶᠢᠨ ᠬᠤᠷᠠᠯ ᠨᠢ ᠪᠦᠬᠦ ᠣᠯᠣᠰ ᠤᠨ ᠤᠯᠤᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠳᠡ ᠶᠢ ᠲᠦᠯᠬᠢᠨ | ᠠᠬᠢᠭᠤᠯᠵᠤ᠂ ᠪᠠᠭᠠᠳᠣᠷ ᠤᠨ ᠦᠢᠯᠡ ᠠᠵᠢᠯᠯᠠᠭ᠎ᠠ ᠪᠠᠷ ᠬᠦᠮᠦᠵᠢᠯ ᠬᠦᠷᠲᠡᠨ ᠂ ᠪᠠᠭᠠᠳᠣᠷ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠴᠠᠭᠳᠠᠭᠠᠨ ᠤ ᠡᠩᠨᠡᠭᠡ ᠶᠢ | ᠪᠦᠯᠬᠦᠮᠳᠡᠨ ᠨᠢᠭᠳᠠᠷᠠᠭᠤᠯᠵᠤ᠂ ᠪᠠᠶᠢᠯᠳᠣᠬᠤ ᠵᠤᠷᠢᠭ ᠢ ᠬᠦᠪᠴᠢᠯᠡᠨ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠴᠠᠭᠳᠠᠭ᠎ᠠ ᠪᠤᠯᠤᠨ ᠡᠯ᠎ᠡ | ᠦᠨᠳᠦᠰᠦᠳᠡᠨ ᠤ ᠺᠠᠳ᠋ᠷ ᠣᠯᠠᠨ ᠲᠦᠮᠡᠨ ᠢ ᠳᠠᠶᠢᠴᠢᠯᠠᠨ ᠡᠩᠬᠡ ᠲᠠᠶᠢᠪᠤᠩ ᠤᠷᠠᠳ ᠤᠨ ᠳᠣᠮᠳᠠᠳᠣ ᠬᠤᠰᠢᠭᠤ᠂ ᠬᠠᠣᠯᠢ ᠪᠠᠷ ᠵᠠᠰᠠᠭᠰᠠᠨ ᠤᠷᠠᠳ ᠤᠨ ᠳᠣᠮᠳᠠᠳᠣ | ᠬᠤᠰᠢᠭᠤ ᠶᠢ ᠪᠦᠲᠦᠭᠡᠨ ᠪᠠᠶᠢᠭᠤᠯᠬᠤ ᠳᠤ ᠢᠳᠡᠪᠬᠢᠳᠠᠢ ᠣᠷᠣᠯᠴᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ | ᠪᠡᠯᠭᠡᠯᠡᠬᠦ ᠳᠤ ᠬᠦᠨᠳᠦ ᠴᠢᠬᠤᠯᠠ ᠣᠳᠬ᠎ᠠ ᠠᠭᠤᠯᠭ᠎ᠠ ᠲᠠᠢ ᠪᠠᠶᠢᠲᠠᠭ᠃ ᠬᠠᠰᠳᠠᠨ᠎ᠠ ᠨᠦᠬᠦᠷ ᠪᠤᠯ ᠤᠷᠠᠳ ᠤᠨ ᠳᠣᠮᠳᠠᠳᠣ ᠬᠤᠰᠢᠭᠤᠨ ᠳᠤ ᠲᠦᠷᠦᠵᠦ | ᠦᠰᠴᠦ᠂ ᠲᠡᠷᠡ 20 ᠵᠢᠯ ᠨᠢᠭᠡ ᠯᠠ ᠬᠡᠪ ᠢᠶᠠᠷ ᠢᠶᠠᠨ ᠠᠵᠢᠯ ᠤᠨ ᠪᠠᠶᠢᠷᠢᠨ ᠳᠡᠭᠡᠷ᠎ᠡ ᠴᠢᠷᠮᠠᠶᠢᠨ ᠠᠵᠢᠯᠯᠠᠵᠤ᠂ ᠡᠭᠡᠯ ᠵᠢᠷ ᠤᠨ ᠠᠵᠢᠯ ᠤᠨ ᠪᠠᠶᠢᠷᠢᠨ ᠳᠤ ᠪᠠᠨ | ᠶᠡᠷᠦ ᠪᠤᠰᠣ ᠶᠢᠨ ᠬᠢᠷᠢ ᠪᠦᠲᠦᠮᠵᠢ ᠭᠠᠷᠭᠠᠨ᠂ ᠠᠷᠠᠳ ᠲᠦᠮᠡᠨ ᠤ ᠲᠦᠯᠦᠭᠡ ᠨᠢᠭᠡ ᠯᠠ ᠰᠡᠳᠭᠢᠯ ᠢᠶᠠᠷ ᠵᠢᠳᠬᠦᠵᠦ᠂ ᠡᠪ ᠬᠠᠮᠲᠤ ᠨᠠᠮ ᠤᠨ ᠭᠡᠰᠢᠭᠦᠨ ᠤ ᠡᠭᠦᠷᠭᠡ | ᠬᠠᠷᠢᠭᠤᠴᠠᠯᠭ᠎ᠠ ᠶᠢ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠦᠢᠯᠡᠲᠦᠯᠭᠡᠵᠢᠬᠦᠯᠦᠭᠰᠡᠨ ᠶᠤᠮ᠃ ᠨᠡᠶᠢᠳᠡᠯᠢᠭ ᠵᠢᠱᠢᠶᠡᠴᠢ ᠪᠤᠯ ᠳᠠᠷᠤᠢ ᠲᠤᠭᠴᠢ᠂ ᠬᠡᠪ ᠳᠠᠭᠤᠷᠢᠶᠠᠯ | ᠪᠤᠯ ᠬᠦᠴᠦᠨ᠂ ᠪᠠᠭᠠᠳᠣᠷ ᠢ ᠪᠠᠭ᠋ᠠᠷᠬᠠᠪᠠᠯ ᠰᠠᠶ᠋ᠢ ᠪᠠᠭᠠᠳᠣᠷ ᠪᠤᠢ ᠪᠤᠯᠵᠤ᠂ ᠪᠠᠭᠠᠳᠣᠷ ᠪᠤᠯᠬᠤ ᠪᠠᠷ ᠴᠢᠷᠮᠠᠶᠢᠪᠠᠯ ᠰᠠᠶ᠋ᠢ ᠪᠠᠭᠠᠳᠣᠷ ᠣᠯᠠᠨ ᠭᠠᠷᠳᠠᠭ ᠭᠡᠪᠡ᠃ ᠯᠢ | ᠶᠦᠨ ᠯᠤ᠋ ᠴᠢᠩᠭᠠᠳᠬᠠᠬᠤ ᠳᠤ ᠪᠠᠨ᠂ ᠪᠦᠬᠦ ᠬᠤᠰᠢᠭᠤᠨ ᠤ ᠦᠷᠭᠡᠨ ᠤᠯᠠᠨ ᠣᠯᠣᠰ ᠲᠦᠷᠦ ᠬᠠᠤᠯᠢ ᠴᠠᠭᠠᠵᠠ ᠶᠢᠨ ᠴᠠᠭᠳᠠᠭ᠎ᠠ ᠨᠠᠷ ᠨᠠᠮ ᠤᠨ ᠲᠡᠣᠬᠡ ᠶᠢᠨ | ᠰᠣᠷᠣᠯᠴᠠᠯᠭ᠎ᠠ ᠬᠦᠮᠦᠵᠢᠯ ᠪᠤᠯᠤᠨ ᠣᠯᠣᠰ ᠲᠦᠷᠦ ᠬᠠᠣᠯᠢ ᠴᠠᠭᠠᠵᠠ ᠶᠢᠨ ᠡᠩᠨᠡᠭᠡᠨ ᠤ ᠬᠦᠮᠦᠵᠢᠯ ᠴᠡᠭᠴᠡᠯᠡᠯᠳᠡ ᠲᠠᠢ ᠨᠢᠭᠳᠠ ᠤᠶᠠᠯᠳᠣᠵᠣ᠂ ᠬᠠᠰᠳᠠᠨ᠎ᠠ ᠨᠦᠬᠦᠷ | ᠤᠨ ᠲᠡᠷᠢᠭᠦᠨ ᠤ ᠵᠢᠱᠢᠶᠡᠴᠢ ᠦᠢᠯᠡ ᠠᠵᠢᠯᠯᠠᠭ᠎ᠠ ᠶᠢ ᠵᠢᠭᠠᠨ ᠰᠣᠷᠭᠠᠯᠳᠠ ᠶᠢᠨ ᠮᠠᠲ᠋ᠧᠷᠢᠶᠠᠯ ᠪᠤᠯᠭᠠᠨ ᠂ ᠦᠳᠲᠡᠷ ᠲᠦᠷᠭᠡᠨ ᠰᠣᠷᠣᠯᠴᠠᠯᠭ᠎ᠠ ᠶᠢᠨ ᠦᠷᠨᠢᠯᠳᠡ ᠶᠢ | ᠪᠤᠢ ᠪᠤᠯᠭᠠᠵᠤ᠂ ᠴᠠᠭᠳᠠᠭᠠᠨ ᠤ ᠰᠦᠭ ᠰᠦᠨᠡᠰᠦ ᠶᠢ ᠪᠠᠬᠢᠵᠢᠬᠦᠯᠦᠨ᠂ ᠠᠷᠠᠳ ᠲᠦᠮᠡᠨ ᠤ ᠲᠦᠯᠦᠭᠡ ᠦᠢᠯᠡᠴᠢᠯᠡᠬᠦ ᠵᠤᠷᠢᠯᠳᠠ ᠶᠢ ᠪᠠᠲᠤ ᠴᠡᠭᠡᠵᠢᠯᠡᠵᠤ᠂ ᠣᠯᠣᠰ | ᠲᠦᠷᠦ ᠶᠢᠨ ᠮᠦᠨ ᠴᠢᠨᠠᠷ ᠢ ᠡᠭᠦᠷᠢᠳᠡ ᠬᠠᠳᠠᠭᠠᠯᠠᠬᠤ ᠬᠡᠷᠡᠭᠳᠠᠢ ᠭᠡᠰᠡᠨ ᠪᠠᠶᠢᠨ᠎ᠠ᠃ | | | | | | | | | | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠵᠢᠶᠦᠨ ᠱᠧᠩ᠂ | ᠬᠤᠰᠢᠭᠤᠨ ᠤ ᠣᠯᠣᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠭᠧᠩ ᠰᠦᠩ ᠿᠤ᠋ ᠵᠢᠴᠢ ᠬᠤᠰᠢᠭᠤᠨ ᠤ ᠣᠯᠣᠰ ᠲᠦᠷᠦ ᠬᠠᠣᠯᠢ ᠴᠠᠭᠠᠵᠠ ᠶᠢᠨ ᠬᠤᠷᠢᠶ᠎ᠠ | ᠂ ᠳᠣᠳᠣᠭᠠᠳᠣ ᠶᠢ ᠬᠠᠮᠠᠭᠠᠯᠠᠬᠤ ᠲᠤᠪᠴᠢᠶ᠎ᠠ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠬᠠᠣᠯᠢ ᠴᠠᠭᠠᠵᠠ ᠶᠢᠨ ᠲᠤᠪᠴᠢᠶᠠᠨ ᠤ | ᠪᠦᠬᠦ ᠴᠠᠭᠳᠠᠭ᠎ᠠ ᠨᠠᠷ ᠮᠡᠳᠡᠭᠦᠯᠦᠯᠳᠡ ᠶᠢᠨ ᠬᠤᠷᠠᠯ ᠢ ᠰᠣᠨᠣᠰᠣᠭᠰᠠᠨ ᠪᠠᠶᠢᠨ᠎ᠠ᠃ | ᠭᠦᠸᠧ ᠶᠣᠸᠠᠨ ᠶᠣᠸᠠᠨ᠂ ᠵᠧᠩ ᠯᠢ ᠰᠢᠨ᠂ ᠵᠢᠷᠠᠡᠨᠢᠭᠡ᠂ ᠰᠠᠷᠠᠨ᠎ᠠ ᠵᠡᠷᠭᠡ ᠳᠦᠷᠪᠡᠨ ᠮᠡᠳᠡᠭᠦᠯᠦᠯᠳᠡ ᠶᠢᠨ ᠪᠦᠯᠬᠦᠮ ᠤᠨ ᠭᠡᠰᠢᠬᠦᠨ ᠦᠪᠡᠷ ᠦᠪᠡᠷ | ᠤᠨ ᠬᠠᠷᠠᠭᠠᠰᠤ ᠠᠴᠠ ᠬᠠᠰᠳᠠᠨ᠎ᠠ ᠨᠦᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢ ᠶᠠᠷᠢᠨ ᠲᠤᠭᠠᠴᠢᠭᠰᠠᠨ ᠪᠠᠶᠢᠨ᠎ᠠ᠃ | ︵ᠰᠠᠷᠠᠠᠭᠡᠷᠡᠯ ᠢᠯᠠᠨ᠎ᠠ ᠮᠡᠳᠡᠭᠡᠯᠡᠪᠡ︶ | | | | |