| ᠠᠵᠢᠯ ᠤᠨ ᠬᠤᠪᠢᠶᠠᠷᠢᠯᠠᠯ᠄ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠶᠢ ᠬᠠᠮᠵᠢᠨ ᠨᠠᠶᠢᠭᠡᠮ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠯ | ᠲᠤᠭᠲᠠᠭᠤᠨ ᠢ ᠬᠠᠮᠠᠭᠠᠯᠠᠵᠤ᠂ ᠬᠠᠤᠯᠢ ᠴᠠᠭᠠᠵᠠ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ | ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶᠠᠨ ︵ᠤᠢ ᠰᠢᠭᠤᠢ ᠶᠢᠨ ᠠᠮᠤᠷ ᠢ ᠬᠠᠮᠠᠭᠠᠯᠠᠬᠤ ᠲᠤᠪᠴᠢᠶ᠎ᠠ︶ ᠤ ᠪᠦᠬᠦ ᠲᠠᠯ᠎ᠠ ᠶᠢᠨ ᠠᠵᠢᠯ ᠢ ᠠᠳᠬᠤᠨ | ᠠᠵᠢᠯᠯᠠᠨ᠎ᠠ᠃ ᠵᠠᠬᠢᠳᠠᠯ ᠰᠤᠷᠪᠤᠯᠵᠢᠯᠠᠯ ᠤᠨ ᠲᠤᠪᠴᠢᠶ᠎ᠠ᠂ ᠬᠠᠤᠯᠢ ᠴᠠᠭᠠᠵᠠ ᠶᠢᠨ ᠲᠤᠪᠴᠢᠶ᠎ᠠ ︵ᠠᠯᠪᠠᠨ ᠭᠡᠷᠡᠴᠢᠯᠡᠭᠡ ᠶᠢᠨ ᠭᠠᠵᠠᠷ ︶᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ ︵ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠦᠪ ︶ ᠵᠡᠷᠭᠡ ᠪᠠᠶᠢᠭᠤᠯᠭ᠎ᠠ ᠶᠢ ᠬᠤᠪᠢᠳᠠᠨ | ᠬᠠᠮᠢᠶᠠᠷᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠬᠤᠰᠢᠭᠤ ᠪᠠᠨ ᠪᠥᠬᠦ ᠲᠠᠯ᠎ᠠ ᠪᠠᠷ ᠬᠠᠤᠯᠢ ᠪᠠᠷ ᠵᠠᠰᠠᠬᠤ ᠬᠤᠷᠢᠶ᠎ᠠ᠂ ᠬᠤᠰᠢᠭᠤᠨ ᠤ ᠨᠠᠮ ᠤᠨ | ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠷᠠᠳ ᠤᠨ ᠵᠡᠪᠰᠡᠭᠳᠤ ᠬᠦᠴᠤᠨ ᠤ ᠭᠡᠯᠳᠡᠰ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ | ᠬᠢᠯᠢ ᠶᠢᠨ ᠬᠠᠮᠠᠭᠠᠯᠠᠯᠲᠠ ᠶᠢᠨ ᠪᠠᠲ᠋ᠠᠯᠢᠶᠤᠨ᠂ ᠠᠮᠤᠷ ᠲᠦᠪᠰᠢᠨ ᠤ ᠲᠤᠪᠴᠢᠶ᠎ᠠ᠂ ᠬᠢᠯᠢ ᠶᠢᠨ ᠬᠠᠮᠠᠭᠠᠯᠠᠯᠳᠠ ᠶᠢᠨ ᠶᠡᠭᠡ ᠠᠩᠬᠢ᠂ ᠵᠡᠪᠰᠡᠭᠳᠤ ᠴᠠᠭᠳᠠᠭᠠᠨ ᠤ | ᠬᠤᠶᠠᠳᠤᠭᠠᠷ ᠶᠡᠭᠡ ᠠᠩᠬᠢ᠂ ᠵᠡᠪᠰᠡᠭᠳᠤ ᠴᠠᠭᠳᠠᠭᠠᠨ ᠤ ᠲᠤᠮᠳᠠ ᠠᠩᠬᠢ᠂ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠬᠢ ᠵᠡᠷᠭᠡ ᠪᠠᠶᠢᠭᠤᠯᠭ᠎ᠠ ᠲᠠᠢ | ᠬᠠᠷᠢᠯᠴᠠᠨ᠎ᠠ᠃ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠬᠦᠷᠭᠡ ᠶᠢ ᠪᠡᠶᠡᠯᠡᠬᠦᠯᠦᠨ᠎ᠡ᠃ | ᠬᠤᠪᠢ ᠬᠥᠮᠦᠨ ᠤ ᠲᠣᠪᠴᠢ ᠨᠠᠮᠲᠠᠷ ᠄ ᠵᠢᠷᠠᠡᠨᠢᠭᠡ᠂ ᠡᠷᠡᠭᠲᠡᠢ᠂ ᠮᠣᠩᠭᠤᠯ ᠦᠨᠳᠦᠰᠦᠲᠡᠨ᠂ 1975 ᠣᠨ ᠤ 12 ᠰᠠᠷ᠎ᠠ ᠳᠤ ᠲᠦᠷᠦᠵᠠᠢ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠤ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ | ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ |