ᠲᠥᠯᠥᠭᠡᠯᠡᠭᠴᠢᠳ ᠡ᠂ ᠨᠥᠬᠦᠳ ᠡ᠄ | ᠤᠳᠤ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠳᠤᠮᠳᠠᠳᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢ | ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠤᠯᠪᠠᠤ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ | ᠬᠤᠷᠠᠯ ᠪᠣᠯ ᠮᠠᠨ ᠤ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠬᠢᠯᠡᠬᠦᠯᠬᠦ ᠲᠡᠦᠬᠡ ᠶᠢᠨ ᠵᠠᠩᠭᠢᠯᠠᠭ᠎ᠠ ᠶᠢᠨ ᠱᠠᠳᠤ | ᠦᠶ᠎ᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠲᠤᠶᠢᠯ ᠤᠨ ᠴᠢᠬᠤᠯᠠ ᠬᠤᠷᠠᠯᠳᠤᠭᠠᠨ ᠪᠣᠯᠤᠨ᠎ᠠ᠃ | ᠶᠡᠭᠡ ᠬᠤᠷᠠᠯ ᠤᠨ ᠭᠤᠤᠯ ᠰᠡᠳᠦᠪ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ | ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠢᠯᠡᠳᠭᠡᠯ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠳᠠᠶᠢᠴᠢᠯᠠᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠰᠠᠶᠢᠨ ᠰᠠᠶᠢᠬᠠᠨ ᠠᠯᠤᠰ ᠢᠷᠡᠭᠡᠳᠦᠢ ᠪᠠᠨ ᠡᠭᠦᠳᠦᠨ ᠪᠠᠶᠢᠭᠤᠯᠵᠤ᠂ ᠤᠷᠠᠳ ᠤᠨ ᠲᠤᠮᠳᠠᠳᠤ ᠬᠤᠰᠢᠭᠤᠨ ᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠶᠯᠡᠰ ᠢ ᠤᠷᠤᠭᠰᠢ ᠠᠬᠢᠭᠤᠯᠬᠤ ᠪᠠᠷ ᠬᠦᠴᠦᠯᠡᠨ ᠴᠢᠷᠮᠠᠶᠢᠨ᠎ᠠ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ | ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠲᠠᠪᠤᠨ ᠵᠢᠯ ᠪᠣᠯ᠂ ᠮᠠᠨ ᠤ ᠬᠤᠰᠢᠭᠤᠨ | ᠤ ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ ᠲᠠᠪᠤᠨ ᠵᠢᠯ ᠪᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠢᠳᠪᠦᠷᠢᠳᠦ ᠲᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠤᠬᠡ ᠶᠢᠨ ᠬᠦᠨᠳᠦ ᠡᠭᠦᠷᠭᠡ ᠶᠢᠨ | ᠡᠮᠦᠨ᠎ᠡ᠂ ᠲᠡᠯᠡᠭᠡᠢ ᠶᠢᠨ ᠠᠵᠤ ᠠᠬᠤᠶ ᠶᠢᠨ ᠰᠡᠷᠭᠦᠯᠲᠡ ᠤᠳᠠᠭᠠᠰᠢᠷᠠᠭᠰᠠᠨ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ | ᠨᠡᠮᠡᠭᠳᠡᠭᠰᠡᠨ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠬᠦᠨᠳᠦ ᠶᠡᠭᠡ ᠪᠠᠶᠢᠭᠠᠯᠢ ᠶᠢᠨ ᠭᠠᠮᠰᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠠ ᠬᠤᠯᠤᠭᠠᠨ᠎ᠠ | ᠬᠢᠵᠢᠭ ᠵᠠᠯᠭᠠᠭ᠎ᠠ ᠪᠠᠷ ᠡᠭᠦᠰᠦᠭᠰᠡᠨ ᠬᠠᠲᠠᠭᠤ ᠰᠢᠯᠭᠠᠯᠲᠠ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢᠶᠠᠨ ᠪᠦᠯᠬᠦᠮᠳᠡᠭᠦᠯᠦᠨ ᠳᠠᠭᠠᠭᠤᠯᠵᠤ᠂ ᠳᠠᠷᠤᠯᠲᠠ ᠶᠢ ᠰᠥᠷᠥᠨ | ᠲᠠᠪᠠᠨ᠂ ᠵᠠᠮ ᠨᠡᠭᠡᠭᠡᠨ ᠤᠷᠤᠭᠰᠢᠯᠠᠵᠤ᠂ ᠪᠦᠬᠦ ᠲᠠᠯ᠎ᠠ ᠪᠠᠷ ᠴᠢᠨᠡᠭᠡᠯᠢᠭᠵᠢᠬᠦ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠲᠠ ᠲᠠᠢ ᠪᠠᠷ ᠪᠡᠶᠡᠯᠡᠬᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ | ᠰᠢᠯᠢᠳᠡᠭ ᠰᠠᠶᠢᠨ ᠢᠶᠠᠷ ᠡᠬᠢᠯᠡᠬᠦᠯᠪᠡ᠃ | ᠡᠨᠡ ᠨᠢ ᠰᠢᠨ᠎ᠡ ᠶᠢ ᠡᠭᠦᠳᠬᠦ ᠬᠥᠭᠵᠢᠯᠲᠡ ᠶᠢ ᠬᠥᠭᠡᠭᠡᠴᠡᠯᠳᠦᠵᠦ᠂ ᠪᠤᠭᠤᠮᠢ ᠬᠢᠵᠠᠭᠠᠷᠯᠠᠯ ᠢ ᠰᠢᠪᠳᠤᠯᠠᠭᠰᠠᠨ ᠲᠠᠪᠤᠨ ᠵᠢᠯ ᠮᠥᠨ᠃ ᠲᠠᠪᠤᠨ ᠵᠢᠯ ᠤᠨ | ᠲᠤᠷᠰᠢ᠂ ᠪᠢᠳᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ | ᠵᠠᠰᠠᠭ ᠤᠨ ᠪᠠᠶᠢᠭᠤᠯᠤᠮᠵᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠳᠦᠷᠢᠮ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠡᠮᠬᠢ ᠵᠢᠷᠤᠮ ᠲᠠᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠭᠠᠶᠢᠯᠢ᠂ ᠡᠷᠡᠭᠦᠯ ᠬᠠᠮᠠᠭᠠᠯᠠᠯ᠂ | ᠨᠡᠶᠢᠭᠡᠮ ᠵᠡᠷᠭᠡ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ | ᠠᠯᠬᠤᠮ ᠪᠠᠳᠠᠷᠠᠭᠤᠯᠪᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠬᠥᠲᠥᠯᠦᠮᠵᠢ ᠪᠣᠯᠭᠠᠵᠤ᠂ ᠠᠵᠤ ᠦᠢᠯᠡᠰ ᠤᠨ ᠲᠡᠰ | ᠲᠠᠪᠰᠢᠬᠤ ᠶᠢ ᠠᠬᠢᠭᠤᠯᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ 10 ᠳ᠋ᠦᠩᠰᠢᠭᠤᠷ ᠵᠢᠩ ᠤᠨ ᠶᠡᠭᠡ ᠪᠣᠭᠤᠮᠲᠠ ᠶᠢ ᠳᠠᠪᠠᠵᠤ᠂ ᠮᠠᠯ ᠰᠦᠷᠦᠭ ᠤᠨ ᠲᠡᠵᠢᠭᠡᠨ | ᠮᠠᠯᠵᠢᠬᠤ ᠲᠤᠭ᠎ᠠ ᠶᠢ 300 ᠲᠦᠮᠡᠨ ᠲᠤᠯᠤᠭᠠᠢ ᠠᠴᠠ ᠳᠡᠭᠡᠭᠰᠢ ᠪᠠᠶᠢᠯᠭᠠᠬᠤ ᠶᠢ ᠲᠤᠭᠲᠠᠭᠤᠨ ᠢᠶᠠᠷ ᠪᠠᠲᠤᠯᠠᠨ᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ | ᠤᠨ ᠠᠵᠤ ᠠᠬᠤᠶᠢᠯᠠᠯ 6 ᠡᠷᠦᠬᠡ᠂ ᠪᠦᠲᠦᠭᠡᠭᠳᠡᠬᠦᠨ 22 ᠲᠦᠷᠦᠯ ᠪᠠᠶᠢᠵᠤ᠂ ᠤᠷᠠᠳ ᠤᠨ ᠦᠬᠡᠷ ᠬᠤᠨᠢᠨ ᠮᠢᠬ᠎ᠠ᠂ ᠰᠢᠬ᠎ᠠ ᠭᠤᠤᠯ ᠪᠠᠯᠭᠠᠰᠤ ᠶᠢᠨ ᠬᠠᠭᠤᠷᠠᠶ | ᠲᠠᠷᠢᠶᠠᠨ ᠭᠠᠵᠠᠷ ᠤᠨ ᠪᠣᠭᠤᠳᠠᠶ ᠪᠠ ᠶᠤᠤᠮᠠᠶ ᠰᠠᠭᠠᠭ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ | ᠦᠨᠡᠯᠡᠭᠳᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠤᠨ ᠬᠤᠪᠢᠷᠠᠭᠤᠯᠤᠭᠰᠠᠨ ᠨᠣᠷᠮ᠎ᠠ ᠨᠢ ︽ᠠᠷᠪᠠᠨ ᠬᠤᠶᠠᠳᠤᠭᠠᠷ ᠲᠠᠪᠤᠨ | ᠵᠢᠯ︾ ᠤᠨ ᠲᠦᠯᠦᠪᠵᠢᠭᠦᠯᠭᠡ ᠶᠢᠨ ᠰᠡᠭᠦᠯᠴᠢ ᠶᠢᠨ ᠬᠤᠭᠤᠴᠠᠭ᠎ᠠ ᠠᠴᠠ 5.5 ᠵᠠᠭᠤᠨ ᠤ ᠬᠤᠪᠢ ᠶᠢᠨ ᠨᠢᠭᠡᠴᠢ ᠪᠠᠷ ᠳᠡᠭᠡᠭᠰᠢᠯᠡᠵᠤ᠂ ᠥᠪᠡᠷᠲᠡᠭᠡᠨ ᠵᠠᠰᠠᠬᠤ | ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠳᠠ ᠶᠢᠨ ᠬᠤᠰᠢᠭᠤ ᠪᠠᠷ ᠰᠤᠩᠭᠤᠭᠳᠠᠵᠤ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ᠂ ᠴᠡᠪᠡᠷ | ᠡᠨᠧᠷᠭᠢ᠂ ᠥᠩᠭᠡᠲᠦ ᠲᠡᠮᠦᠷᠯᠢᠭ ᠬᠠᠷ᠎ᠠ ᠲᠡᠮᠦᠷᠯᠢᠭ ᠵᠢᠴᠢ ᠦᠨᠡᠲᠦ ᠲᠡᠮᠦᠷᠯᠢᠭ ᠢ ᠰᠣᠩᠭᠤᠨ ᠪᠣᠯᠪᠠᠰᠤᠷᠠᠭᠤᠯᠬᠤ ᠵᠡᠷᠭᠡ ᠳᠠᠪᠠᠭᠤᠯᠢᠭ ᠠᠵᠤ ᠦᠢᠯᠡᠰ ᠨᠢ ᠰᠢᠨ᠎ᠡ ᠶᠢ | ᠡᠭᠦᠳᠴᠤ᠂ ᠪᠠᠯ ᠴᠢᠯᠠᠭᠤ ᠶᠢᠨ ᠰᠠᠭᠤᠷᠢ ᠨᠡᠭᠦᠷᠡᠰᠦᠲᠥ᠋ᠷᠥᠭᠴᠢᠳᠦ ᠮᠠᠲ᠋ᠧᠷᠢᠶᠠᠯ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠬᠦᠭᠵᠢᠭᠰᠡᠨ ᠠᠵᠤ ᠦᠶᠯᠡᠰ ᠡᠬᠢᠯᠡᠨ | ᠠᠵᠢᠯᠯᠠᠵᠤ᠂ ᠨᠢᠭᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠠᠵᠤ ᠦᠶᠯᠡᠳᠪᠦᠷᠢ ᠶᠢᠨ ᠲᠥᠷᠥᠯ ᠵᠦᠶᠯ ᠢ 36 ᠵᠦᠢᠯ ᠬᠡᠷᠡᠭᠵᠢᠭᠦᠯᠵᠦ᠂ | ᠨᠡᠶᠢᠲᠡ 607.58 ᠳ᠋ᠦᠩᠰᠢᠭᠤᠷ ᠲᠥᠭᠦᠷᠢᠭ ᠤᠨ ᠠᠵᠤ ᠦᠶᠯᠡᠳᠪᠦᠷᠢ ᠶᠢᠨ ᠶᠡᠷᠦᠩᠭᠡᠢ ᠦᠶᠯᠡᠳᠬᠦᠨ ᠤ ᠥᠷᠲᠡᠭ ᠢ ᠪᠡᠶᠡᠯᠡᠭᠦᠯᠪᠡ︔ ᠰᠣᠶᠣᠯ ᠵᠢᠭᠤᠯᠴᠢᠯᠠᠯ ᠤᠨ | ᠠᠭᠤᠰᠤᠯᠴᠠᠯ ᠪᠣᠳᠠᠲᠠᠶᠢᠵᠢᠵᠤ ᠭᠦᠨᠵᠡᠭᠡᠶᠢᠷᠡᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠪᠠᠶᠢᠭᠤᠯᠤᠨ ᠪᠤᠵᠠᠭᠠᠶᠢᠷᠠᠭᠤᠯᠬᠤ ᠲᠡᠤᠭᠡ ᠶᠢᠨ ᠰᠢᠪᠳᠤᠯᠤᠯᠳᠠ ᠶᠢ | ᠪᠡᠶᠡᠯᠡᠬᠦᠯᠵᠤ᠂ ᠲᠠᠪᠤᠨ ᠵᠢᠯ ᠤᠨ ᠲᠤᠷᠰᠢ ᠠᠷᠠᠯᠵᠢᠶᠠᠨ ᠤ ᠦᠷᠲᠡᠭ ᠨᠢ 5.7 ᠳ᠋ᠦᠩᠰᠢᠭᠤᠷ ᠲᠥᠭᠦᠷᠢᠭ ᠲᠤ ᠬᠥᠷᠴᠤ᠂ ᠪᠥᠬᠦ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠤᠰᠬᠤᠨ ᠳᠤ ᠤᠷᠤᠭᠤᠯᠬᠤ ᠶᠡᠷᠤᠩᠬᠡᠶᠢᠯᠡᠭᠰᠡᠨ ᠵᠢᠱᠢᠶ᠎ᠡ ᠦᠵᠡᠬᠦᠯᠬᠦ ᠬᠤᠰᠢᠭᠤ ᠪᠠᠷ ᠦᠨᠡᠯᠡᠭᠳᠡᠪᠡ᠃ 2020 ᠣᠨ ᠳᠤ᠂ | ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠡᠶᠢᠲᠡ 95.16 ᠳ᠋ᠦᠩᠰᠢᠭᠤᠷ ᠲᠥᠭᠦᠷᠢᠭ ᠢ ᠪᠡᠶᠡᠯᠡᠬᠦᠯᠵᠤ᠂ ︽ᠠᠷᠪᠠᠨ | ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠰᠡᠭᠦᠯᠴᠢ ᠶᠢᠨ ᠬᠤᠭᠤᠴᠠᠭ᠎ᠠ ᠲᠠᠢ ᠬᠠᠷᠢᠴᠠᠭᠤᠯᠪᠠᠯ 21.8% ᠪᠠᠷ ᠨᠡᠮᠡᠭᠳᠡᠪᠡ︔ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ 7.35 ᠳ᠋ᠦᠩᠰᠢᠭᠤᠷ ᠲᠥᠭᠦᠷᠢᠭ ᠲᠤ ᠬᠦᠷᠴᠦ᠂ ᠬᠡᠷᠡᠭᠯᠡᠵᠦ ᠪᠣᠯᠬᠤᠶᠢᠴᠠ ᠡᠳ᠋ ᠤᠨ ᠬᠦᠴᠦᠨ ᠵᠢᠯ ᠳᠠᠷᠠᠭᠠᠯᠠᠨ ᠨᠡᠮᠡᠭᠳᠡᠵᠦ | ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠪᠠᠲᠤᠲᠠᠢ ᠵᠢᠭᠰᠠᠭᠠᠭᠳᠠᠪᠠ᠃ | ᠡᠨᠡ ᠨᠢ ᠵᠣᠬᠢᠴᠠᠩᠭᠤᠢ ᠬᠥᠭᠵᠢᠯᠲᠡ ᠶᠢ ᠴᠢᠬᠤᠯᠠᠴᠢᠯᠠᠵᠤ᠂ ᠲᠠᠯᠳᠠ ᠬᠦᠳᠡᠯᠭᠡᠬᠦ ᠬᠦᠴᠦᠨ ᠨᠦᠭᠡᠴᠡ ᠬᠦᠴᠦᠨ ᠢ ᠬᠤᠷᠠᠮᠳᠤᠭᠤᠯᠤᠭᠰᠠᠨ ᠲᠠᠪᠤᠨ ᠵᠢᠯ ᠮᠥᠨ᠃ | ᠲᠠᠪᠤᠨ ᠵᠢᠯ ᠤᠨ ᠲᠤᠷᠰᠢ᠂ ᠪᠢᠳᠠ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠬᠠᠯᠢᠭᠤᠲᠤ | ᠪᠠᠯᠭᠠᠰᠤᠨ ᠤ 23.1 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠬᠠᠭᠤᠴᠢᠨ ᠰᠠᠭᠤᠭᠠᠯᠢ ᠲᠣᠭᠤᠷᠢᠭ᠂ 22 ᠬᠡᠰᠡᠭ ᠦᠯᠡᠳᠡᠭᠡᠬᠦ ᠪᠠᠶᠢᠰᠢᠩᠳᠤ | ᠲᠣᠭᠤᠷᠢᠭ ᠤᠨ ᠶᠡᠷᠦᠩᠬᠡᠶᠢᠯᠡᠭᠰᠡᠨ ᠵᠠᠰᠠᠯᠳᠠ ᠶᠢ ᠪᠡᠶᠡᠯᠡᠬᠦᠯᠦᠨ᠂ 2046 ᠡᠷᠦᠬᠡ ᠶᠢᠨ ᠢᠵᠢ ᠪᠦᠷᠢᠨ ᠪᠤᠰᠤ ᠣᠷᠣᠨ ᠰᠠᠭᠤᠴᠠ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠬᠡᠷᠡᠭᠵᠢᠭᠦᠯᠵᠦ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠨᠣᠷᠮ᠎ᠠ ᠨᠢ 35.3% ᠳᠤ ᠬᠦᠷᠴᠦ᠂ ᠤᠯᠤᠰ ᠤᠨ ᠡᠷᠡᠭᠦᠯ ᠬᠠᠮᠠᠭᠠᠯᠠᠯ ᠤᠨ | ᠰᠢᠶᠠᠨ ᠤ ᠬᠤᠲᠠ ᠪᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ᠂ ᠴᠡᠴᠡᠷᠯᠢᠭᠵᠢᠭᠦᠯᠭᠡ ᠶᠢᠨ ᠰᠢᠶᠠᠨ ᠤ ᠬᠤᠲᠠ ᠶᠢ ᠠᠮᠵᠢᠯᠲᠠᠲᠠᠢ ᠡᠭᠦᠳᠦᠨ | ᠪᠠᠶᠢᠭᠤᠯᠪᠠ᠃ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠨ ᠵᠠᠰᠠᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ | ᠠᠬᠢᠭᠤᠯᠵᠤ᠂ 7317 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠠ ᠤᠰᠤᠨ ᠳᠤ ᠡᠪᠳᠡᠭᠳᠡᠭᠰᠡᠨ ᠭᠡᠷ ᠪᠠᠶᠢᠰᠢᠩ ᠢ ᠳᠠᠬᠢᠨ | ᠪᠠᠶᠢᠭᠤᠯᠵᠤ᠂ 18510 ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠪᠠᠷᠢᠮᠵᠢᠶᠠᠵᠢᠭᠰᠠᠨ ᠦᠢᠯᠡᠳᠪᠦᠷᠢ ︵ | ᠲᠠᠯᠠᠪᠠᠢ︶ 20 ᠶᠢ ᠪᠠᠶᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠳᠦᠷᠢ ᠲᠥᠷᠬᠦ ᠶᠢ ᠮᠡᠳᠡᠭᠳᠡᠬᠦᠶᠢᠴᠡ ᠰᠠᠶᠢᠵᠢᠷᠠᠭᠤᠯᠪᠠ᠃ ᠣᠳᠣᠬᠢᠴᠢᠯᠠᠭᠰᠠᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠤᠰᠤ ᠠᠷᠪᠢᠯᠠᠵᠤ | ᠦᠷ᠎ᠡ ᠠᠰᠢᠭ ᠢ ᠨᠡᠮᠡᠭᠳᠡᠭᠦᠯᠬᠦ ᠵᠡᠷᠭᠡ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ 149.3 ᠲᠦᠮᠡᠨ ᠮᠦ ᠬᠡᠷᠡᠭᠵᠢᠭᠦᠯᠵᠦ᠂ ᠤᠷᠠᠳ ᠤᠨ | ᠳᠤᠮᠳᠠᠳᠤ ᠬᠤᠰᠢᠭᠤᠨ ᠤ ᠨᠢᠰᠬᠡᠯ ᠤᠨ ᠪᠠᠭᠤᠳᠠᠯ ᠪᠠᠶᠢᠭᠤᠯᠤᠭᠳᠠᠨ ᠠᠶᠠᠯᠠᠯ ᠨᠡᠪᠲᠡᠷᠡᠭᠰᠡᠨ ᠮᠦᠷᠲᠡᠭᠡᠨ ᠲᠦᠷᠭᠡᠨ ᠢᠶᠠᠷ ᠪᠤᠵᠠᠭᠠᠶᠢᠷᠠᠵᠤ᠂ ᠰᠢᠨ᠎ᠡ ᠪᠠᠷ ᠨᠡᠮᠡᠭᠳᠡᠭᠰᠡᠨ | ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠵᠠᠮ ᠤᠨ ᠣᠷᠳᠣ ᠨᠢ 2324 ᠺᠢᠯᠣᠮᠧᠲᠷ ᠲᠤ ᠬᠦᠷᠴᠦ᠂ 2058 ᠺᠢᠯᠣᠮᠧᠲᠷ ᠤᠷᠳᠤ ᠴᠠᠬᠢᠯᠭᠠᠨ ᠬᠦᠴᠦᠨ ᠤ ᠱᠤᠭᠤᠮ | ᠢ ᠰᠢᠨ᠎ᠡ ᠪᠠᠷ ᠨᠡᠮᠡᠭᠳᠡᠭᠦᠯᠦᠨ ᠥᠭᠡᠷᠡᠴᠢᠯᠡᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ 4G ᠶᠢᠨ ᠳᠣᠬᠢᠶᠠᠨ ᠤ ᠪᠦᠷᠬᠦᠯᠲᠡ ᠶᠢᠨ ᠨᠣᠷᠮ᠎ᠠ 93.7% ᠠᠴᠠ | ᠪᠠᠨ 98.9% ᠪᠣᠯᠲᠠᠯ᠎ᠠ ᠳᠡᠭᠡᠭᠰᠢᠯᠡᠵᠦ᠂ ᠰᠠᠭᠤᠷᠢ ᠲᠦᠬᠦᠭᠡᠷᠦᠮᠵᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠡᠬᠡᠪᠡᠷ ᠳᠡᠭᠡᠭᠰᠢᠯᠡᠪᠡ᠃ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠶᠢ ᠴᠢᠬᠤᠯᠠᠴᠢᠯᠠᠵᠤ᠂ ᠡᠯ᠎ᠡ ᠬᠦᠷᠢᠶ᠎ᠡ ᠴᠠᠷᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ | ᠵᠣᠬᠢᠴᠠᠭᠤᠯᠤᠨ ᠠᠬᠢᠭᠤᠯᠵᠤ᠂ ᠨᠡᠶᠢᠲᠡ 21.66 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠪᠤᠴᠠᠭᠠᠨ ᠲᠦᠯᠦᠵᠦ᠂ ᠡᠷᠡᠭᠦᠦ ᠶᠢᠨ ᠬᠡᠷᠡᠭ᠂ ᠨᠡᠶᠢᠭᠡᠮ ᠤᠨ | ᠠᠮᠤᠷ ᠲᠦᠪᠰᠢᠨ ᠤ ᠬᠡᠷᠡᠭ ᠵᠠᠷᠭᠤ ᠶᠢᠨ ᠡᠭᠦᠰᠦᠭᠰᠡᠨ ᠨᠤᠷᠮ᠎ᠠ ᠨᠢ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠲᠠᠢ | ᠬᠠᠷᠢᠴᠠᠭᠤᠯᠪᠠᠯ ᠲᠤᠰ ᠲᠤᠰ 41.54% ᠪᠠ 74.89% ᠪᠠᠷ ᠪᠠᠭᠤᠷᠠᠨ᠂ ᠠᠶᠤᠯᠭᠦᠢ ᠦᠢᠯᠡᠳᠪᠦᠷᠢᠯᠡᠯ᠂ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ | ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠤ ᠬᠡᠷᠡᠭ ᠴᠥᠭᠡᠨ ᠡᠭᠦᠰᠬᠦ ᠪᠠᠶᠢᠳᠠᠯ ᠢᠶᠠᠨ ᠪᠠᠲᠤᠯᠠᠵᠤ᠂ ︽ᠲᠤᠯᠤᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠦᠯᠲᠡ ᠶᠢ ᠦᠨᠳᠦᠷ ᠠᠰᠢᠭ ᠲᠠᠢ ᠪᠠᠷ ᠬᠡᠷᠡᠭᠵᠢᠭᠦᠯᠵᠤ᠂ ᠪᠦᠬᠦ ᠤᠯᠤᠰ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠲᠡᠷᠢᠭᠦᠨ ᠤ ᠬᠤᠰᠢᠭᠤ᠂ | ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ | ᠡᠨᠡ ᠨᠢ ᠪᠣᠬᠢᠷᠲᠤᠯ ᠦᠭᠡᠢ ᠬᠥᠭᠵᠢᠯᠲᠡ ᠶᠢ ᠰᠠᠨᠠᠭᠠᠴᠢᠯᠠᠵᠤ᠂ ᠠᠮᠢ ᠠᠬᠤᠢ ᠶᠢᠨ ᠰᠠᠭᠤᠷᠢ ᠶᠢ ᠪᠠᠬᠢᠵᠢᠭᠦᠯᠦᠭᠰᠡᠨ ᠲᠠᠪᠤᠨ ᠵᠢᠯ ᠪᠣᠯᠤᠨ᠎ᠠ᠃ ᠲᠠᠪᠤᠨ ᠵᠢᠯ ᠤᠨ | ᠲᠤᠷᠰᠢ᠂ ᠪᠢᠳᠠ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠣᠭᠤᠰᠣ ᠳᠡᠭᠳᠡᠬᠦ᠂ | ᠡᠰᠢ ᠰᠦᠷᠡᠯ ᠰᠢᠲᠠᠭᠠᠬᠤ᠂ ᠲᠦᠯᠡᠰᠢᠨ ᠨᠡᠬᠦᠷᠡᠰᠤ ᠶᠢ ᠰᠢᠳᠠᠭᠠᠬᠤ ᠵᠢᠴᠢ | ︽ᠲᠠᠷᠬᠠᠢ ᠪᠤᠳᠠᠷᠬᠠᠢ᠂ ᠡᠷᠦᠢ ᠬᠤᠷᠤᠢ ᠦᠭᠡᠢ᠂ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠶᠢ ᠶᠡᠷᠦᠩᠬᠡᠶᠢᠯᠡᠨ ᠭᠡᠷᠡᠭᠵᠢᠬᠦᠯᠵᠤ᠂ ᠠᠭᠠᠷ ᠮᠠᠨᠳᠤᠯ | ᠤᠨ ᠶᠠᠰᠤ ᠴᠢᠨᠠᠷ ᠤᠨ ᠰᠢᠯᠢᠳᠡᠭ ᠴᠡᠪᠡᠷ ᠪᠠᠶᠢᠬᠤ ᠨᠣᠷᠮ᠎ᠠ ᠨᠢ 94.5% ᠪᠣᠯᠵᠤ ᠳᠡᠭᠡᠭᠰᠢᠯᠡᠪᠡ︔ ᠤᠯᠠᠭᠠᠨᠰᠤᠬᠠᠢ ᠶᠢᠨ ᠰᠠᠪᠠ ᠭᠠᠵᠠᠷ ᠤᠨ ᠣᠯᠠᠨ ᠡᠬᠢᠲᠦ | ᠪᠣᠬᠢᠷᠲᠤᠯ ᠢ ᠶᠡᠷᠦᠩᠬᠡᠶᠢᠯᠡᠨ ᠵᠠᠰᠠᠬᠤ ᠂ ᠭᠤᠤᠯ ᠨᠠᠭᠤᠷ ︵ ᠭᠤᠤ ᠰᠤᠪᠠᠭ︶ ᠤᠨ | ︽ᠳᠥᠷᠪᠡᠨ ᠡᠷᠦᠢ ᠬᠤᠷᠤᠢ ᠦᠭᠡᠢ ᠪᠠᠶᠢᠬᠤ ᠶᠢ ᠴᠡᠭᠴᠡᠯᠡᠨ ᠵᠠᠰᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ 21 ᠭᠡᠰᠡᠭ ᠭᠠᠵᠠᠷ ᠤᠨ ᠤᠤᠭᠤᠬᠤ | ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ︽ᠵᠠᠭᠠᠭᠯᠠᠨ ᠲᠣᠭᠲᠠᠭᠠᠬᠤ᠂ ᠪᠠᠶᠢᠭᠤᠯᠬᠤ᠂ ᠵᠠᠰᠠᠬᠤ︾ ᠠᠵᠢᠯ ᠢ ᠦᠨᠳᠦᠰᠦᠨ ᠳᠤ ᠪᠠᠨ | ᠪᠡᠶᠡᠯᠡᠭᠦᠯᠵᠦ᠂ ᠴᠤᠭᠯᠠᠭ᠎ᠠ ᠬᠤᠲᠠ ᠪᠠᠯᠭᠠᠰᠤ ᠪᠠ ᠭᠤᠤᠯᠳᠠᠯᠭ᠎ᠠ ᠲᠠᠢ ᠣᠷᠣᠨ ᠪᠦᠰᠡ ᠶᠢᠨ ᠵᠠᠪᠰᠠᠷ ᠤᠨ ᠤᠰᠤ ᠶᠢ ᠡᠭᠡᠭᠦᠯᠦᠨ ᠬᠡᠷᠡᠭᠯᠡᠬᠦ ᠰᠢᠰᠲ᠋ᠧᠮ ᠢ ᠪᠦᠬᠦᠨ ᠢ | ᠪᠦᠷᠬᠦᠭᠦᠯᠬᠦ ᠶᠢ ᠪᠡᠶᠡᠯᠡᠭᠦᠯᠪᠡ︔ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠨ ᠬᠤᠶᠠᠷᠵᠢᠭᠤᠯᠤᠨ ᠠᠰᠢᠭᠯᠠᠵᠤ ᠨᠢᠭᠡ ᠶᠢ ᠴᠡᠭᠴᠡᠯᠡᠨ ᠵᠠᠰᠠᠬᠤ︾᠂ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠨᠢ ᠢᠳᠡᠪᠬᠢᠲᠡᠶ ᠦᠷ᠎ᠡ ᠪᠦᠳᠦᠮᠵᠢ ᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠭᠠᠷᠲᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠦᠨᠳᠦᠰᠦᠨ ᠳᠤ ᠪᠠᠨ ᠪᠡᠶᠡᠯᠡᠭᠦᠯᠵᠤ᠂ ᠤᠯᠤᠰ ᠤᠨ | ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠰᠢᠶᠠᠨ ᠤ ᠬᠡᠪᠴᠢᠶᠡᠨ ᠳᠠᠬᠢ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ | ᠦᠨᠡᠯᠡᠬᠦ ᠪᠠ ᠰᠢᠯᠭᠠᠨ ᠪᠠᠶᠢᠴᠠᠭᠠᠯᠳᠠ ᠳᠤ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃ ᠪᠡᠯᠴᠢᠭᠡᠷᠯᠡᠭᠦᠯᠬᠦ ᠶᠢ ᠵᠤᠭᠰᠤᠭᠠᠬᠤ᠂ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠰᠡᠯᠭᠦᠨ ᠮᠠᠯᠵᠢᠬᠤ ᠡᠭᠡᠯᠵᠢᠯᠡᠨ ᠮᠠᠯᠵᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠨᠡᠶᠢᠲᠡᠯᠡᠨ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠤᠢ ᠶᠢᠨ ᠨᠤᠭᠤᠭᠠᠷᠠᠭᠤᠯᠤᠯᠲᠠ ᠪᠠ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠴᠢᠩᠭᠠᠳᠬᠠᠵᠤ᠂ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠶᠢᠨ ᠬᠡᠮᠵᠢᠶ᠎ᠡ ᠪᠣᠯᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ ᠲᠤᠰ ᠲᠤᠰ | 20% ᠪᠠ 8.79% ᠳᠤ ᠭᠦᠷᠴᠦ᠂ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠤᠯᠠᠮ ᠨᠢᠭᠡ ᠠᠯᠬᠤᠮ ᠴᠢᠩᠭᠠᠷᠠᠪᠠ᠃ | ᠡᠨᠡ ᠨᠢ ᠨᠡᠭᠡᠭᠡᠯᠲᠡᠲᠦ ᠬᠥᠭᠵᠢᠯᠲᠡ ᠶᠢ ᠬᠦᠨᠵᠡᠭᠡᠶᠢᠷᠡᠬᠦᠯᠵᠤ᠂ ᠬᠠᠷᠢᠴᠠᠩᠭᠤᠢ ᠳᠠᠪᠠᠭᠤᠯᠢᠭ ᠢ ᠪᠠᠬᠢᠵᠢᠭᠦᠯᠦᠭᠰᠡᠨ ᠲᠠᠪᠤᠨ ᠵᠢᠯ ᠮᠥᠨ᠃ ᠲᠠᠪᠤᠨ ᠵᠢᠯ ᠤᠨ | ᠲᠤᠷᠰᠢ᠂ ᠪᠢᠳᠡ ᠮᠣᠩᠭᠤᠯ ᠤᠯᠤᠰ ᠯᠤᠭ᠎ᠠ ᠶᠢᠨ ᠬᠠᠷᠢᠯᠴᠠᠨ ᠠᠰᠢᠭᠲᠠᠢ ᠶᠠᠪᠤᠯᠴᠠᠭ᠎ᠠ ᠰᠣᠯᠢᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠶᠠᠷ ᠲᠠᠯ᠎ᠠ | ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠦᠷᠭᠦᠯᠵᠢᠯᠡᠨ ᠥᠷᠭᠡᠳᠴᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ | ᠶᠡᠷᠦᠩᠬᠡᠶ ᠥᠷᠲᠡᠭ ᠨᠡᠶᠢᠲᠡ 989.5 ᠳ᠋ᠦᠩᠰᠢᠭᠤᠷ ᠲᠥᠭᠦᠷᠢᠭ ᠲᠤ ᠬᠦᠷᠴᠦ᠂ ᠰᠣᠶᠣᠯ᠂ ᠰᠤᠷᠭᠠᠨ ᠬᠥᠮᠦᠵᠢᠯ᠂ ᠡᠮ ᠡᠮᠨᠡᠯᠭᠡ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠡᠷᠭᠡ ᠡᠯ᠎ᠡ ᠬᠦᠷᠢᠶ᠎ᠠ ᠴᠠᠷᠠᠭᠠᠨ ᠤ ᠰᠤᠯᠢᠯᠴᠠᠭ᠎ᠠ ᠶᠠᠪᠤᠯᠴᠠᠭ᠎ᠠ ᠪᠠᠨ ᠦᠷᠭᠦᠯᠵᠢᠯᠡᠨ ᠵᠤᠵᠠᠭᠠᠳᠬᠠᠵᠤ᠂ ᠬᠥᠷᠰᠢ ᠵᠡᠷᠭᠡᠯᠡᠳᠡᠭᠡ ᠶᠢᠨ ᠡᠶᠡᠯᠳᠡᠭ | ᠨᠥᠬᠦᠷᠰᠡᠭ ᠬᠠᠷᠢᠯᠴᠠᠭ᠎ᠠ ᠪᠠᠨ ᠲᠠᠰᠤᠷᠠᠯᠲᠠ ᠥᠬᠡᠶ ᠪᠠᠬᠢᠵᠢᠭᠦᠯᠪᠡ᠃ ᠣᠷᠣᠨ ᠪᠦᠰᠡ ᠶᠢᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠶ ᠠᠭᠤᠰᠤᠯᠴᠠᠵᠤ᠂ | ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠡᠮᠬᠢ ᠵᠢᠷᠤᠮ ᠲᠠᠢ ᠪᠠᠷ ᠬᠦᠯᠢᠶᠡᠨ ᠠᠪᠴᠤ᠂ ᠵᠦᠩ ᠾᠧ ᠯᠦᠩ ᠲᠧᠩ ᠤᠨ ᠭᠡᠷᠡᠯ ᠢᠯᠴᠢ | ᠶᠢᠨ ᠴᠠᠬᠢᠯᠭᠠᠨ ᠭᠠᠷᠭᠠᠬᠤ᠂ ᠰᠢᠶᠤᠤ ᠯᠦᠩ ᠥᠨᠳᠥᠷ ᠨᠡᠭᠦᠷᠡᠰᠦᠲᠥ᠋ᠷᠥᠭᠴᠢᠲᠦ ᠾᠷᠣᠮᠲᠤ ᠲᠡᠮᠦᠷ ᠵᠡᠷᠭᠡ ᠨᠢᠭᠡ ᠪᠦᠯᠦᠭ ᠵᠢᠱᠢᠶ᠎ᠡ ᠦᠵᠡᠬᠦᠯᠬᠦ ᠲᠥᠷᠥᠯ ᠵᠦᠶᠯ ᠢ | ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠤᠭᠰᠠᠨ ᠪᠡᠯᠡ ᠮᠦᠩᠬᠦ ᠨᠡᠶᠢᠲᠡ 145 ᠳ᠋ᠦᠩᠰᠢᠭᠤᠷ ᠲᠥᠭᠦᠷᠢᠭ ᠢ ᠪᠤᠳᠠᠳᠠᠢ ᠳᠤ | ᠨᠠᠶᠢᠳᠠᠪᠤᠷᠢᠵᠢᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠵᠤ᠂ ︽ᠲᠠᠯᠪᠢᠬᠤ ᠬᠠᠮᠢᠶᠠᠷᠬᠤ ᠦᠶᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠪᠦᠲᠦᠮᠵᠢᠲᠡᠶ ᠨᠠᠶᠢᠳᠠᠪᠤᠷᠢᠵᠢᠭᠤᠯᠤᠨ᠂ ᠴᠢᠬᠤᠯᠠ ᠶᠡᠭᠡ ᠲᠥᠷᠥᠯ ᠵᠦᠶᠯ ᠢ ᠰᠢᠭᠤᠳ ᠨᠡᠪᠲᠡᠷᠡᠭᠦᠯᠵᠦ ᠲᠦᠷᠭᠡᠨ ᠭᠦᠶᠴᠡᠳᠬᠡᠬᠦ ᠵᠡᠷᠭᠡ ᠲᠠᠪᠴᠠᠩ ᠢ ᠨᠡᠪᠲᠡᠷᠡᠭᠦᠯᠦᠨ | ᠠᠵᠢᠯᠯᠠᠭᠤᠯᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠬᠢᠨᠠᠨ ᠵᠥᠪᠰᠢᠶᠡᠷᠡᠯ ᠪᠠ | ᠳᠠᠩᠰᠠᠯᠠᠯ ᠤᠨ ᠲᠥᠷᠥᠯ ᠵᠦᠢᠯ ᠤᠨ ᠪᠥᠬᠦ ᠶᠠᠪᠤᠴᠠ ᠶᠢᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠲᠣᠰ ᠲᠣᠰ 65᠂ 60 ᠠᠵᠢᠯᠯᠠᠬᠤ ᠡᠳᠦᠷ ᠪᠣᠯᠭᠠᠨ | ᠪᠠᠭᠠᠰᠬᠠᠵᠤ᠂ ᠵᠢᠯ ᠪᠦᠷᠢ ᠳᠤᠮᠳᠠᠴᠢ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠦᠬᠡ ᠶᠢ 1200 ᠡᠷᠦᠭᠡ ᠠᠴᠠ ᠲᠡᠭᠡᠭᠰᠢ ᠰᠢᠨ᠎ᠡ ᠪᠠᠷ ᠨᠡᠮᠡᠭᠳᠡᠭᠦᠯᠦᠨ᠂ | ᠬᠦᠭᠵᠢᠯᠳᠡ ᠶᠢᠨ ᠠᠮᠢᠵᠢᠷᠠᠯ ᠤᠨ ᠬᠦᠴᠦᠨ ᠪᠠ ᠲᠤᠳᠤᠭᠠᠳᠤ ᠬᠥᠳᠡᠯᠭᠡᠬᠦ ᠬᠦᠴᠦᠨ ᠢ ᠪᠦᠳᠦᠮᠵᠢᠳᠠᠢ ᠬᠦᠭᠵᠢᠭᠡᠪᠡ᠃ | ᠡᠨᠡ ᠨᠢ ᠬᠠᠮᠲᠤᠪᠠᠷ ᠡᠳ᠋ᠯᠡᠬᠦ ᠬᠥᠭᠵᠢᠯᠲᠡ ᠶᠢ ᠠᠬᠢᠭᠤᠯᠵᠤ᠂ ᠠᠷᠠᠳ ᠤᠨ ᠪᠤᠳᠤᠯ ᠰᠠᠨᠠᠭ᠎ᠠ ᠶᠢ ᠠᠩᠬᠠᠷᠴᠤ ᠬᠠᠯᠠᠮᠵᠢᠯᠠᠭᠰᠠᠨ ᠲᠠᠪᠤᠨ ᠵᠢᠯ ᠪᠣᠯᠤᠨ᠎ᠠ᠃ | ᠲᠠᠪᠤᠨ ᠵᠢᠯ ᠤᠨ ᠲᠤᠷᠰᠢ᠂ ᠪᠢᠳᠠ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ | ᠦᠢᠯᠡᠳᠦᠯᠭᠡᠵᠢᠭᠦᠯᠵᠦ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ᠬᠡᠷᠡᠭᠯᠡᠭᠰᠡᠨ ᠪᠡᠯᠡ ᠣᠷᠣᠭᠤᠯᠤᠯᠲᠠ ᠨᠡᠶᠢᠲᠡ 106.4 | ᠳ᠋ᠦᠩᠰᠢᠭᠤᠷ ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠲᠠᠢ ᠬᠠᠷᠢᠴᠠᠭᠤᠯᠪᠠᠯ 38% ᠪᠠᠷ | ᠨᠡᠮᠡᠭᠳᠡᠪᠡ︔ 2020 ᠤᠨ ᠳᠤ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤᠶᠢᠴᠠ | ᠣᠷᠣᠯᠭ᠎ᠠ ᠨᠢ ᠲᠤᠰ ᠲᠤᠰ 34370 ᠲᠥᠭᠦᠷᠢᠭ ᠪᠠ 19953 ᠲᠥᠭᠦᠷᠢᠭ ᠲᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ | ᠶᠢᠨ ᠰᠡᠭᠦᠯᠴᠢ ᠶᠢᠨ ᠬᠤᠭᠤᠴᠠᠭ᠎ᠠ ᠲᠠᠢ ᠬᠠᠷᠢᠴᠠᠭᠤᠯᠪᠠᠯ ᠲᠣᠰ ᠲᠣᠰ 37.8% ᠪᠠ 53% ᠪᠠᠷ ᠨᠡᠮᠡᠭᠳᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠪᠠᠷ ᠢᠯᠠᠯᠲᠠ ᠣᠯᠵᠤ᠂ ᠲᠤᠶᠢᠯ ᠤᠨ ᠶᠠᠳᠠᠭᠤ ᠬᠦᠴᠢᠷᠳᠡᠯᠲᠡᠢ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠨ᠂ | ᠰᠢᠬ᠎ᠠ ᠭᠤᠣᠯ ᠪᠠᠯᠭᠠᠰᠤᠨ ᠤ ᠨᠠᠮ ᠤᠨ ᠬᠤᠷᠢᠶ᠎ᠠ᠂ ᠤᠩᠭᠤᠨ ᠪᠠᠯᠭᠠᠰᠤᠨ ᠤ ᠨᠠᠮ ᠤᠨ ᠬᠤᠷᠢᠶ᠎ᠠ ᠲᠤᠰ ᠲᠤᠰ ᠪᠦᠬᠦ ᠤᠯᠤᠰ᠂ ᠪᠦᠬᠦ ᠣᠷᠣᠨ ᠤ ᠲᠡᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠨᠢᠭᠡᠴᠡ ᠪᠠᠷ ᠦᠨᠡᠯᠡᠭᠳᠡᠪᠡ᠃ ︽ᠦᠢᠯᠡᠰ ᠪᠣᠰᠬᠠᠵᠤ ᠰᠢᠨ᠎ᠡ ᠶᠢ ᠡᠭᠦᠳᠬᠦ︾ ᠠᠵᠢᠯ ᠢ | ᠬᠦᠴᠦᠲᠡᠢ ᠠᠬᠢᠭᠤᠯᠵᠤ᠂ ᠪᠠᠷᠢᠮᠵᠢᠶᠠᠵᠢᠭᠰᠠᠨ ᠦᠢᠯᠡᠰ ᠪᠣᠰᠬᠠᠬᠤ ᠬᠦᠷᠢᠶᠡᠯᠡᠩ ᠲᠣᠭᠤᠷᠢᠭ 5 ᠶᠢ ᠪᠠᠶᠢᠭᠤᠯᠵᠤ᠂ 12 ᠳ᠋ᠣᠺᠲ᠋ᠣᠷ ᠤᠨ ᠠᠵᠢᠯ ᠤᠨ ᠥᠷᠲᠡᠭᠡ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠮᠵᠢ ᠶᠢ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠬᠤᠲᠠ ᠪᠠᠯᠭᠠᠰᠤᠨ ᠤ ᠠᠵᠢᠯ | ᠠᠯᠳᠠᠭᠰᠠᠳ ᠤᠨ ᠳᠠᠩᠰᠠᠯᠠᠭᠤᠯᠤᠭᠰᠠᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠪᠠ᠃ ᠪᠥᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠥᠭᠵᠢᠭᠦᠯᠬᠦ | ᠢᠨᠵᠧᠨᠧᠷᠢᠩ ᠢ ᠭᠦᠨᠵᠡᠭᠡᠶᠢᠷᠡᠭᠦᠯᠦᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠠᠵᠢᠯ ᠪᠥᠬᠦ ᠣᠷᠣᠨ ᠤ ᠡᠮᠦᠨ᠎ᠡ | ᠡᠩᠨᠡᠭᠡᠨ ᠳᠤ ᠣᠷᠣᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠰᠢᠯᠢᠳᠡᠭ ᠤᠨ ᠨᠤᠷᠮ᠎ᠠ ᠲᠦᠷᠪᠡᠨ ᠵᠢᠯ ᠳᠠᠷᠠᠭᠠᠯᠠᠨ | ᠪᠥᠬᠦ ᠬᠤᠲᠠ ᠶᠢᠨ ᠲᠡᠷᠢᠭᠦᠨ ᠳᠤ ᠣᠷᠣᠵᠤ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠪᠠ ᠬᠢᠲᠠᠳ ᠢᠶᠠᠷ ᠬᠢᠴᠢᠶᠡᠯᠯᠡᠬᠦ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠶᠡᠭᠡ ᠲᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠤᠷᠤᠬᠤ ᠨᠣᠷᠮ᠎ᠠ ᠲᠤᠭᠲᠠᠭᠤᠨ ᠢᠶᠠᠷ ᠲᠡᠭᠡᠭᠰᠢᠯᠡᠵᠤ᠂ ᠪᠥᠬᠦ ᠬᠤᠲᠠ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠭᠦᠭᠵᠢᠯᠳᠡ ᠶᠢᠨ ᠲᠤᠷᠰᠢᠯᠲᠠ ᠶᠢᠨ ᠬᠤᠰᠢᠭᠤ ᠪᠠᠷ ᠲᠣᠭᠳᠠᠭᠠᠭᠳᠠᠪᠠ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡ ᠪᠠ ᠡᠪᠡᠳᠴᠢᠨ ᠬᠢᠵᠢᠭ ᠢ ᠤᠷᠢᠳᠴᠢᠯᠠᠨ ᠰᠡᠷᠭᠡᠶᠢᠯᠡᠨ ᠡᠵᠡᠮᠳᠡᠬᠦ ᠲᠤᠭᠲᠠᠯᠴᠠᠭ᠎ᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ᠂ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ | ᠶᠢ ᠰᠢᠨ᠎ᠡ ᠪᠠᠶᠢᠷᠢᠨ ᠳᠤ ᠪᠠᠶᠢᠭᠤᠯᠵᠤ ᠠᠰᠢᠭᠯᠠᠯᠲᠠ ᠳᠤ ᠣᠷᠣᠭᠤᠯᠤᠨ᠂ ᠠᠷᠠᠳ ᠤᠨ ᠡᠮᠨᠡᠯᠭᠡ ᠶᠢᠨ ᠬᠤᠷᠢᠶ᠎ᠠ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ | ᠬᠢᠵᠠᠭᠠᠷᠯᠠᠬᠤ ᠲᠥᠪ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠢ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠪᠠ ᠬᠤᠯᠤᠭᠠᠨ᠎ᠠ ᠬᠢᠵᠢᠭ ᠢ ᠪᠠᠶᠢᠩᠭᠤ ᠰᠡᠷᠭᠡᠶᠢᠯᠡᠨ ᠡᠵᠡᠮᠳᠡᠬᠦ ᠪᠢᠳᠡᠬᠦᠮᠵᠢᠯᠡᠬᠦ ᠶᠠᠪᠤᠴᠠ ᠶᠢ ᠲᠣᠭᠲᠠᠭᠤᠨ ᠢᠶᠠᠷ ᠶᠠᠪᠤᠭᠳᠠᠭᠤᠯᠵᠤ᠂ | ᠤᠯᠤᠰ ᠤᠨ ᠲᠠᠰ ᠤᠨ ᠡᠷᠡᠭᠦᠯ ᠡᠩᠬᠡ ᠶᠢ ᠠᠬᠢᠭᠤᠯᠬᠤ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠢ | ᠶᠡᠬᠡᠪᠡᠷ ᠭᠦᠭᠵᠢᠭᠦᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠲᠦᠯᠭᠡᠵᠢᠬᠦᠯᠬᠦ ᠲᠥᠪ ︵ᠥᠷᠲᠡᠭᠡ︶ ᠤᠨ ᠴᠢᠳᠠᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ | ᠂ ᠤᠷᠠᠳ ᠮᠦᠩᠬᠦᠨ ᠲᠠᠷᠬᠠᠨ ᠤ ᠮᠡᠷᠭᠡᠵᠢᠯ ᠨᠢ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠲᠦᠷᠦᠯ ᠵᠦᠢᠯ ᠳᠤ ᠰᠤᠩᠭᠤᠭᠳᠠᠵᠤ᠂ | ᠲᠠᠯ ᠠᠭᠤᠯᠠ ᠶᠢᠨ ᠴᠢᠯᠠᠭᠤᠨ ᠬᠠᠪᠳᠠᠰᠤᠨ ᠤᠩᠭᠤᠨ ᠨᠢ ᠤᠯᠤᠰ ᠤᠨ ᠲᠡᠰ ᠤᠨ ᠲᠡᠤᠭᠡ ᠶᠢᠨ ᠲᠤᠷᠠᠰᠬᠠᠯᠳᠤ ᠵᠦᠢᠯᠡᠰ ᠤᠨ ᠬᠠᠮᠠᠭᠠᠯᠠᠯᠳᠠ ᠶᠢᠨ ᠨᠢᠭᠡᠴᠢ ᠪᠠᠷ | ᠲᠤᠭᠳᠠᠭᠠᠭᠳᠠᠵᠤ᠂ ᠪᠠᠶ᠋ᠬᠠᠤᠯᠠᠭᠠᠨ ᠰᠤᠮᠤᠨ ᠤ ᠤᠯᠤᠰ ᠤᠨ ᠲᠠᠰ ᠤᠨ ᠲᠡᠳ᠋ ᠥᠨᠳᠦᠷᠯᠢᠭ ᠤᠨ ᠰᠤᠷᠢᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠦᠨᠳᠦᠰᠦᠨ ᠳᠤ | ᠪᠠᠨ ᠪᠠᠶᠢᠭᠤᠯᠵᠤ᠂ ᠪᠦᠬᠦ ᠤᠯᠤᠰ ᠤᠨ ᠬᠤᠰᠢᠭᠤ ᠰᠢᠶᠠᠨ ᠤ ᠬᠡᠪᠴᠢᠶᠡᠨ ᠳᠠᠬᠢ ᠬᠥᠯ ᠪᠥᠮᠪᠦᠭᠡ ᠶᠢᠨ ᠨᠡᠶᠢᠲᠡᠯᠢᠭ ᠵᠢᠱᠢᠶ᠎ᠡ ᠪᠠ ᠥᠪᠡᠷᠲᠡᠭᠡᠨ ᠵᠠᠰᠠᠬᠤ ᠣᠷᠣᠨ ᠤ | ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ ᠨᠡᠶᠢᠭᠡᠮ ᠤᠨ ᠪᠠᠲᠤᠯᠠᠭ᠎ᠠ ᠶᠢᠨ ᠲᠣᠤᠷ | ᠰᠦᠯᠵᠢᠶ᠎ᠡ ᠶᠢ ᠲᠠᠰᠤᠷᠠᠯᠲᠠ ᠥᠬᠡᠶ ᠨᠢᠭᠲᠠᠷᠠᠭᠤᠯᠵᠤ᠂ ︽ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ︾ ᠨᠢ ᠨᠡᠶᠢᠲᠡ 49.2 ᠲᠦᠮᠡᠨ | ᠬᠥᠮᠦᠨ ᠤᠳᠠᠭ᠎ᠠ ᠶᠢ ᠪᠦᠷᠬᠦᠬᠦᠯᠵᠤ᠂ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ ᠨᠢ ᠬᠤᠲᠠ ᠬᠥᠳᠡᠭᠡ ᠶᠢᠨ 1.9 ᠲᠦᠮᠡᠨ | ᠡᠷᠦᠬᠡ ᠶᠢᠨ ᠰᠠᠭᠤᠭᠠᠯᠢ ᠠᠷᠠᠳ ᠲᠤ ᠠᠰᠢᠭ ᠬᠦᠷᠲᠡᠭᠡᠨ᠂ ᠵᠡᠮᠳᠡᠭᠴᠦᠳ᠂ ᠨᠠᠰᠤᠲᠠᠶᠢᠴᠤᠳ᠂ ᠡᠮᠡᠭᠳᠡᠶᠢᠴᠤᠳ ᠬᠡᠤᠭᠡᠳ ᠨᠢᠯᠬᠠᠰ ᠪᠤᠯᠤᠨ ᠨᠢᠭᠦᠯᠡᠰᠦᠩᠭᠦᠶ ᠶᠢᠨ | ᠦᠶᠯᠡᠰ ᠢ ᠵᠣᠬᠢᠴᠠᠩᠭᠤᠶ ᠪᠠᠷ ᠬᠥᠭᠵᠢᠭᠦᠯᠵᠤ᠂ ᠠᠷᠠᠳ ᠤᠯᠠᠨ ᠳᠤ ᠨᠠᠩ ᠤᠯᠠᠨ ᠬᠦᠷᠲᠡᠮᠵᠢ ᠶᠢᠨ ᠲᠥᠷᠥᠭᠳᠡᠯ᠂ ᠠᠵᠠ ᠵᠢᠷᠭᠠᠯᠳᠤ ᠰᠡᠳᠬᠢᠯᠭᠡ᠂ ᠠᠮᠤᠷ ᠲᠦᠪᠰᠢᠨ | ᠤ ᠲᠥᠷᠥᠭᠳᠡᠯ ᠦᠭᠪᠡ᠃ | ᠲᠥᠯᠥᠭᠡᠯᠡᠭᠴᠢᠳ ᠡ᠂ ᠨᠦᠬᠦᠳ ᠡ᠂ ᠦᠩᠭᠡᠷᠡᠭᠰᠡᠨ ᠲᠠᠪᠤᠨ ᠵᠢᠯ ᠢᠶᠠᠨ ᠡᠷᠭᠢᠴᠡᠭᠦᠯᠪᠡᠯ᠂ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ ᠢ ᠢᠯᠡᠨ ᠲᠠᠪᠠᠭᠰᠠᠨ | ᠪᠦᠭᠡᠳ ᠣᠮᠤᠭ ᠲᠡᠭᠦᠯᠳᠡᠷ ᠢᠶᠠᠷ ᠡᠷᠡᠮᠡᠬᠡᠶᠢᠯᠡᠨ ᠤᠷᠤᠭᠰᠢᠯᠠᠬᠰᠠᠨ ᠪᠠᠶᠢᠨ᠎ᠠ᠃ ᠲᠠᠪᠤᠨ ᠵᠢᠯ ᠤᠨ ᠲᠣᠷᠰᠢ ᠰᠠᠯᠬᠢ ᠪᠣᠷᠣᠭᠠᠨ ᠳᠤ ᠰᠢᠷᠭᠠᠭᠤ ᠴᠢᠷᠮᠠᠶᠢᠯᠭ᠎ᠠ ᠪᠠᠷ ᠢᠶᠠᠨ | ᠰᠢᠯᠢᠳᠡᠭ ᠪᠦᠳᠦᠭᠡᠯ ᠭᠠᠷᠭᠠᠪᠠ᠂ ᠡᠬᠦᠨ ᠤ ᠡᠬᠢ ᠦᠨᠳᠦᠰᠦ ᠨᠢ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ | ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠤ᠂ ᠦᠢᠯᠡᠳᠦᠯᠭᠡ ᠶᠢ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠨ᠂ ᠶᠡᠷᠦᠩᠬᠡᠶ ᠱᠦᠵᠢ ᠰᠢ | ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠢᠮᠠᠭᠲᠠ ᠪᠠᠷᠢᠮᠵᠢᠶᠠᠯᠠᠵᠤ᠂ | ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ ᠠᠷᠭ᠎ᠠ ᠰᠦᠪᠡᠭᠴᠢᠯᠡᠨ ᠵᠣᠯᠭᠠᠭᠤᠯᠬᠤ ᠪᠠ ᠵᠠᠳᠠᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠲᠠᠩᠰᠠᠯᠠᠯ ᠤᠨ | ᠬᠡᠯᠪᠡᠷᠢ ᠶᠢᠨ ᠬᠠᠮᠢᠶᠠᠷᠤᠯᠲᠠ᠂ ᠲᠦᠷᠦᠯ ᠵᠦᠢᠯ ᠢᠶᠠᠷ ᠠᠬᠢᠭᠤᠯᠬᠤ ᠲᠤᠭᠲᠠᠴᠠ ᠶᠢ ᠴᠢᠩᠭ᠎ᠠ ᠭᠡᠷᠡᠭᠵᠢᠬᠦᠯᠦᠨ᠂ ︽ᠬᠤᠶᠠᠷ ᠡᠮᠦᠨᠡᠲᠦ ᠬᠤᠶᠠᠷ ᠤᠮᠠᠷᠠᠲᠤ︾ ᠶᠢᠨ | ᠣᠷᠣᠨ ᠪᠦᠰᠡ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠭᠡ ᠡᠷᠭᠢᠯᠲᠡ ᠶᠢᠨ ᠰᠢᠰᠲ᠋ᠧᠮ᠂ ᠵᠠᠪᠰᠠᠷ ᠤᠨ ᠤᠰᠤ ᠶᠢ ᠡᠭᠡᠭᠦᠯᠦᠨ ᠠᠰᠢᠭᠯᠠᠬᠤ᠂ ᠪᠥᠬᠦ | ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠥᠭᠵᠢᠭᠦᠯᠬᠦ ᠵᠡᠷᠭᠡ ᠲᠥᠪ ᠤᠨ ᠱᠠᠭᠠᠷᠳᠠᠯᠭ᠎ᠠ ᠳᠤ ᠨᠡᠶᠢᠴᠡᠭᠰᠡᠨ᠂ ᠣᠷᠣᠨ ᠨᠤᠲᠤᠭ ᠤᠨ ᠪᠣᠳᠠᠲᠤ ᠪᠠᠶᠢᠳᠠᠯ ᠳᠤ ᠪᠠᠨ | ᠵᠤᠬᠢᠴᠠᠬᠰᠠᠨ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠰᠡᠨ ᠳᠦᠷᠢᠮ ᠲᠤᠭᠲᠠᠭᠠᠯ ᠤᠨ ᠦᠷ᠎ᠡ ᠪᠦᠲᠦᠮᠵᠢ ᠪᠠ ᠦᠢᠯᠡᠳᠦᠯᠭᠡ ᠶᠢᠨ ᠦᠷ᠎ᠡ ᠪᠦᠲᠦᠮᠵᠢ ᠶᠢ | ᠪᠦᠷᠢᠯᠲᠦᠬᠦᠯᠦᠨ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠮᠠᠨ ᠤ ᠬᠤᠰᠢᠭᠤᠨ ᠳᠤ ᠲᠡᠷᠡ ᠶᠣᠰᠣᠭᠠᠷ ᠨᠢ | ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠭᠠᠷᠭᠠᠬᠤ ᠶᠢ ᠪᠠᠳᠤᠯᠠᠪᠠ᠃ ᠲᠠᠪᠤᠨ ᠵᠢᠯ ᠤᠨ ᠲᠤᠷᠰᠢ ᠰᠢᠷᠭᠠᠭᠤ ᠬᠠᠳᠠᠭᠤᠵᠢᠯᠲᠠᠢ ᠪᠠᠷ ᠡᠷᠡᠯᠭᠡᠭᠯᠡᠨ ᠤᠷᠤᠭᠰᠢᠯᠠᠪᠠ᠂ | ᠡᠬᠦᠨ ᠤ ᠵᠠᠩᠭᠢᠯᠠᠭ᠎ᠠ ᠨᠢ ᠪᠢᠳᠡ ᠨᠠᠮ ᠢ ᠬᠠᠮᠢᠶᠠᠷᠴᠤ ᠨᠠᠮ ᠢ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠬᠠᠮᠵᠢᠯᠴᠠᠨ ᠨᠠᠶᠢᠳᠠᠪᠤᠷᠢᠵᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠤ᠂ ︽ᠬᠤᠶᠠᠷ ᠢ ᠰᠤᠷᠤᠯᠴᠠᠵᠤ ᠨᠢᠭᠡᠨ | ᠬᠢᠷᠢ ᠲᠡᠩᠴᠡᠭᠰᠡᠨ ᠨᠠᠮ ᠤᠨ ᠬᠡᠰᠢᠬᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠦᠷᠨᠢᠬᠦᠯᠦᠨ᠂ ᠰᠤᠮᠤ ᠪᠠᠯᠭᠠᠰᠤᠨ ᠤ ᠨᠠᠮ | ᠤᠨ ᠬᠤᠷᠢᠶ᠎ᠠ᠂ ᠭᠠᠴᠠᠭ᠎ᠠ ᠲᠣᠰᠬᠤᠨ ᠨᠡᠶᠢᠭᠡᠮ ᠲᠤᠭᠤᠷᠢᠭ ᠤᠨ ︽ᠡᠭᠦᠷ ᠵᠥᠪᠯᠡᠯ︾ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠥᠨᠳᠥᠷ | ᠪᠠᠷᠢᠮᠵᠢᠶ᠎ᠠ ᠴᠢᠩᠭ᠎ᠠ ᠱᠠᠭᠠᠷᠲᠠᠯᠭ᠎ᠠ ᠪᠠᠷ ᠪᠡᠶᠡᠯᠡᠭᠦᠯᠵᠤ᠂ ᠬᠢᠯᠢ ᠬᠢᠵᠠᠭᠠᠷ ᠤᠨ ᠮᠠᠯᠵᠢᠬᠤ ᠣᠷᠣᠨ ᠤ ︽ᠲᠠᠪᠤᠨ ᠨᠢᠭᠡ︾᠂ ᠮᠠᠯᠵᠢᠬᠤ ᠲᠠᠷᠢᠶᠠᠯᠠᠬᠤ ᠣᠷᠣᠨ ᠤ ︽ᠲᠠᠪᠤ | ᠶᠢ ᠲᠠᠭᠠᠭᠤᠯᠤᠨ ᠬᠤᠶᠠᠷ ᠢ ᠪᠠᠶᠢᠭᠤᠯᠬᠤ︾᠂ ᠬᠤᠲᠠ ᠪᠠᠯᠭᠠᠰᠤᠨ ᠤ ᠨᠡᠶᠢᠭᠡᠮ ᠲᠣᠭᠤᠷᠢᠭ ᠤᠨ ︽1 + N︾ ᠤᠨ ᠣᠷᠣᠨ ᠪᠦᠰᠡᠵᠢᠭᠰᠡᠨ ᠨᠠᠮ ᠤᠨ | ᠪᠠᠶᠢᠭᠤᠯᠤᠯᠲᠠ ᠵᠡᠷᠭᠡ ᠦᠪᠡᠷᠮᠢᠴᠡ ᠣᠨᠴᠠᠯᠢᠭᠲᠤ ᠠᠵᠢᠯ ᠤᠨ ᠵᠠᠭᠪᠤᠷ ᠢ ᠴᠤᠭᠴᠠᠯᠠᠨ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠬᠦᠴᠦᠨ ᠢ ᠪᠦᠲᠦᠮᠵᠢᠲᠡᠶ ᠴᠢᠩᠭᠠᠳᠬᠠᠨ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ | ᠳᠡᠶᠢᠯᠦᠩᠭᠦᠶ ᠢᠯᠠᠯᠲᠠ ᠶᠢᠨ ᠪᠠᠶᠢᠳᠠᠯ ᠢ ᠪᠠᠬᠢᠵᠢᠭᠦᠯᠦᠨ ᠥᠷᠭᠡᠳᠬᠡᠵᠤ᠂ ᠴᠢᠬᠡᠴᠢ ᠣᠪᠣᠷ ᠠᠷᠢᠭᠤᠨ ᠰᠤᠷᠲᠠᠯ ᠲᠠᠢ᠂ ᠠᠵᠢᠯ ᠬᠢᠵᠤ ᠦᠢᠯᠡᠰ ᠪᠦᠳᠦᠭᠡᠬᠦ ᠰᠢᠯᠢᠳᠡᠭ | ᠤᠯᠤᠰ ᠲᠥᠷᠥ ᠶᠢᠨ ᠠᠮᠢ ᠠᠬᠤᠶ ᠶᠢ ᠪᠣᠶ ᠪᠤᠯᠭᠠᠨ᠂ ᠡᠯ᠎ᠡ ᠲᠦᠷᠦᠯ ᠤᠨ ᠠᠵᠢᠯ ᠦᠶᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ ᠪᠠᠲᠤᠯᠠᠭ᠎ᠠ ᠬᠠᠩᠭᠠᠪᠠ᠃ | ᠲᠠᠪᠤᠨ ᠵᠢᠯ ᠤᠨ ᠲᠤᠷᠰᠢ ᠬᠦᠴᠢᠷ ᠪᠡᠷᠬᠡᠰᠢᠶᠡᠯ ᠤᠨ ᠲᠤᠮᠳᠠ ᠬᠠᠳᠠᠭᠤᠵᠢᠵᠤ ᠦᠢᠯᠡᠰ ᠪᠦᠲᠦᠭᠡᠪᠡ᠂ ᠡᠭᠦᠨ ᠤ ᠭᠤᠤᠯ ᠰᠢᠯᠳᠠᠭᠠᠨ ᠨᠢ ᠪᠢᠳᠡ ᠬᠤᠰᠢᠭᠤᠨ ᠤ ᠨᠠᠮ | ᠤᠨ ᠬᠤᠷᠢᠶᠠᠨ ᠤ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠡᠯ᠎ᠡ ᠲᠠᠯ᠎ᠠ ᠶᠢ ᠵᠣᠬᠢᠴᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠲᠣᠭᠲᠠᠭᠠᠬᠤ᠂ ᠲᠣᠮᠢᠯᠠᠵᠤ ᠪᠠᠭᠤᠯᠭᠠᠬᠤ ᠡᠭᠦᠷᠭᠡ ᠲᠤᠰᠢᠶᠠᠯ ᠢᠶᠠᠨ | ᠭᠦᠢᠴᠡᠳᠬᠡᠬᠦ ᠶᠢ ᠲᠡᠮᠵᠢᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢ ᠲᠦᠷᠭᠡᠳᠬᠡᠬᠦ ᠶᠢ ᠳᠡᠮᠵᠢᠨ᠂ ᠵᠠᠰᠠᠭ ᠢ ᠴᠣᠮᠬᠠᠳᠬᠠᠨ ᠡᠷᠬᠡ | ᠪᠠᠨ ᠲᠠᠯᠪᠢᠬᠤ ᠶᠢ ᠭᠦᠨᠵᠡᠭᠡᠶᠢᠷᠡᠭᠦᠯᠵᠤ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠵᠦᠪᠯᠡᠯᠳᠦᠬᠦ ᠭᠤᠤᠯ ᠠᠷᠭ᠎ᠠ ᠵᠠᠮ ᠤᠨ ᠦᠢᠯᠡᠳᠦᠯ ᠢᠶᠠᠨ | ᠪᠠᠳᠠᠷᠠᠭᠤᠯᠬᠤ ᠶᠢ ᠲᠡᠮᠵᠢᠪᠡ︔ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ ᠤᠨ ᠠᠵᠢᠯ ᠦᠢᠯᠡᠰ ᠤᠨ ᠤᠯᠤᠰ | ᠲᠥᠷᠥ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠦᠷᠭᠦᠯᠵᠢᠯᠡᠨ ᠪᠠᠬᠢᠵᠢᠭᠦᠯᠦᠨ ᠦᠷᠭᠡᠳᠭᠡᠵᠤ᠂ ︽ᠨᠠᠮ ᠠᠴᠠ | ᠵᠡᠪᠰᠡᠭᠳᠤ ᠬᠦᠴᠦᠨ ᠢ ᠬᠠᠮᠢᠶᠠᠷᠬᠤ︾ ᠳᠦᠷᠢᠮ ᠢ ᠨᠠᠶᠢᠲᠠᠪᠤᠷᠢᠵᠢᠭᠤᠯᠤᠨ᠂ ᠪᠦᠬᠦ ᠬᠤᠰᠢᠭᠤᠨ ᠤ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠡᠩ ᠤᠨ ᠦᠶ᠎ᠡ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠬᠠᠲᠠᠭᠤᠵᠢᠨ ᠲᠡᠮᠡᠴᠡᠵᠦ ᠪᠣᠭᠤᠮᠲᠠ ᠰᠢᠪᠲᠤᠯᠤᠨ᠂ | ᠵᠥᠷᠢᠴᠡᠯ ᠤᠨ ᠡᠮᠦᠨ᠎ᠡ ᠠᠳᠠᠯᠢ ᠲᠠᠯ᠎ᠠ ᠪᠠᠨ ᠡᠷᠢᠵᠤ ᠵᠥᠷᠢᠶ᠎ᠡ ᠪᠠᠨ ᠦᠯᠡᠳᠡᠭᠡᠨ᠂ ᠦᠴᠦᠬᠡᠨ ᠶᠠᠪᠤᠳᠠᠯ ᠢ ᠤᠮᠠᠷᠲᠠᠨ ᠶᠡᠭᠡ ᠲᠠᠯ᠎ᠠ ᠶᠢ ᠪᠤᠳᠤᠯᠬᠢᠯᠠᠵᠤ᠂ ᠵᠠᠩᠭᠢᠯᠠᠭ᠎ᠠ | ᠶᠢᠨ ᠦᠶ᠎ᠡ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠢᠩᠭ᠎ᠠ ᠥᠷᠢᠰᠥᠯᠳᠦᠭᠡᠨ ᠢ ᠦᠷᠭᠦᠯᠵᠢ ᠢᠯᠠᠨ ᠳᠠᠪᠠᠵᠤ᠂ ᠬᠠᠲᠠᠭᠤ ᠳᠠᠶᠢᠯᠠᠯᠳᠤᠭᠠᠨ ᠤ | ᠢᠯᠠᠯᠲᠠ ᠶᠢ ᠵᠠᠯᠭᠠᠪᠠᠷ ᠲᠡᠮᠡᠴᠡᠨ ᠣᠯᠵᠤ᠂ ᠤᠷᠠᠳ ᠤᠨ ᠳᠤᠮᠳᠠᠳᠤ ᠬᠤᠰᠢᠭᠤᠨ ᠤ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ︽ᠠᠷᠠᠳ ᠲᠦᠮᠡᠨ ᠢ | ᠲᠡᠭᠡᠳᠦᠯᠡᠬᠦ ᠶᠢ ᠪᠠᠷᠢᠮᠳᠠᠯᠠᠵᠤ᠂ ᠠᠷᠠᠳ ᠲᠦᠮᠡᠨ ᠢ ᠴᠢᠩᠭ᠎ᠠ ᠲᠦᠰᠢᠭᠯᠡᠵᠤ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠶᠯᠡᠳᠴᠤ᠂ ᠠᠷᠠᠳ ᠲᠦᠮᠡᠨ ᠤ | ᠳᠤᠮᠳᠠ ᠪᠠᠲᠤ ᠦᠨᠳᠦᠰᠦᠯᠡᠬᠦ︾ ᠲᠡᠤᠭᠡ ᠶᠢᠨ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | ᠲᠦᠯᠦᠭᠡᠯᠡᠭᠴᠢᠳ ᠡ᠂ ᠨᠦᠬᠦᠳ ᠡ᠂ ᠦᠵᠡᠬᠦ ᠳᠤ ᠡᠭᠡᠯ ᠶᠡᠷᠦᠮᠳᠡᠭ ᠲᠦᠬᠦᠮ ᠬᠢᠯᠪᠠᠷ ᠪᠤᠯᠪᠠᠴᠤ ᠦᠨᠡᠨ ᠳᠤ ᠪᠠᠨ ᠪᠠᠶᠡᠯᠡᠬᠦᠯᠬᠦ ᠳᠤ ᠬᠦᠴᠢᠷ | ᠪᠤᠳᠤᠯᠢᠶᠠᠨᠳᠠᠢ ᠰᠢᠷᠭᠠᠭᠤ ᠬᠠᠳᠠᠭᠤᠵᠢᠯᠳᠠᠢ ᠶᠤᠮ᠃ ᠡᠨᠡ ᠪᠣᠯ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠦᠩᠭᠡᠷᠡᠭᠰᠡᠨ ᠤ ᠬᠤᠭᠤᠴᠠᠭ᠎ᠠ ᠪᠦᠷᠢ ᠶᠢᠨ ᠬᠤᠰᠢᠭᠤ ᠨᠠᠮ ᠤᠨ ᠬᠤᠷᠢᠶᠠᠨ ᠤ | ᠣᠶᠤᠨ ᠤᠬᠠᠭᠠᠨ ᠪᠠ ᠬᠦᠴᠦᠨ ᠴᠢᠳᠠᠯ ᠤᠨ ᠬᠤᠷᠠᠮᠳᠤᠯ ᠪᠠᠶᠢᠵᠤ᠂ ᠪᠦᠬᠦ ᠬᠤᠰᠢᠭᠤᠨ ᠤ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠣᠯᠠᠨ ᠲᠦᠮᠡᠨ᠂ ᠨᠡᠶᠢᠭᠡᠮ ᠤᠨ ᠡᠯ᠎ᠡ ᠡᠳᠡᠭᠡᠳ ᠤᠨ ᠬᠦᠮᠦᠰ ᠤᠨ ᠬᠦᠴᠦ ᠬᠥᠯᠥᠰᠥ ᠶᠢ ᠰᠢᠩᠭᠡᠭᠡᠵᠤ ᠪᠠᠶᠢᠨ᠎ᠠ᠃ ᠠᠳᠡ ᠪᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠷᠠᠳ ᠤᠨ ᠳᠤᠮᠳᠠᠳᠤ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠡᠮᠦᠨ᠎ᠡ ᠠᠴᠠ᠂ ᠪᠦᠬᠦ | ᠬᠤᠰᠢᠭᠤᠨ ᠤ ᠦᠭᠡᠷᠡᠴᠢᠯᠡᠯᠲᠡ ᠬᠥᠭᠵᠢᠯᠲᠡ ᠲᠤᠭᠳᠠᠭᠤᠨ ᠤ ᠦᠢᠯᠡᠰ ᠲᠤ ᠬᠤᠪᠢ ᠨᠡᠮᠡᠷᠢ ᠦᠵᠡᠭᠦᠯᠦᠭᠰᠡᠨ ᠨᠠᠶᠢᠵᠠ ᠨᠥᠬᠦᠳ ᠨᠠᠷ ᠲᠤ ᠴᠢᠩ ᠰᠡᠳᠬᠢᠯ ᠤᠨ | ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠨᠳᠤᠰᠢ᠂ ᠡᠭᠦᠷᠭᠡ ᠪᠠ ᠠᠵᠢᠯ ᠤᠨ ᠰᠡᠳᠬᠢᠴᠡ᠂ ᠠᠷᠭ᠎ᠠ ᠠᠪᠴᠠᠯ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠥᠭᠵᠢᠯᠲᠡ ᠶᠢᠨ ᠰᠢᠨ᠎ᠡ ᠭᠠᠷᠤᠭ᠎ᠠ ᠠᠴᠠ ᠢᠷᠡᠭᠡᠳᠦᠶ ᠪᠠᠨ ᠪᠠᠷᠠᠯᠠᠬᠤᠶ᠎ᠠ ᠂ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠬᠠᠷᠢᠯᠴᠠᠨ | ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠲᠦᠷᠭᠡᠳᠬᠡᠨ ᠪᠠᠶᠢᠭᠤᠯᠤᠭᠳᠠᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠭᠦᠨᠵᠡᠭᠡᠶ ᠬᠡᠷᠡᠭᠵᠢᠭᠦᠯᠦᠭᠳᠡᠨ᠂ ᠪᠥᠬᠦ ᠬᠤᠲᠠ ᠶᠢᠨ ᠪᠣᠷᠣᠲᠣᠬᠤᠶ ᠶᠢᠨ ᠪᠥᠬᠦ ᠣᠷᠣᠨ | ᠪᠦᠰᠡ ᠶᠢᠨ ᠪᠣᠬᠢᠷᠲᠤᠯ ᠥᠬᠡᠶ ᠣᠷᠭᠠᠨᠢᠭ ᠳᠡᠭᠡᠳᠦ ᠲᠠᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠶᠯᠡᠳᠪᠦᠷᠢᠯᠡᠵᠦ ᠪᠣᠯᠪᠠᠰᠤᠷᠠᠭᠤᠯᠤᠨ | ᠭᠠᠳᠠᠭᠰᠢ ᠭᠠᠷᠭᠠᠬᠤ ᠤᠶᠢᠯᠡᠴᠢᠯᠡᠬᠡᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠭᠦᠨᠵᠡᠭᠡᠶᠢᠷᠡᠨ ᠶᠠᠪᠤᠭᠳᠠᠵᠦ ᠪᠠᠶᠢᠭ᠎ᠠ ᠨᠢ ᠮᠠᠨ ᠤ ᠬᠤᠰᠢᠭᠤᠨ ᠤ ᠤᠯᠠᠨ | ᠡᠰᠢᠳᠦ ᠬᠠᠮᠵᠢᠯᠴᠠᠭᠠᠨ ᠤ ᠠᠵᠤ ᠦᠶᠯᠡᠰ ᠤᠨ ᠳᠠᠪᠠᠭᠤᠯᠢᠭ᠂ ᠮᠠᠯ ᠠᠵᠤ ᠠᠬᠤᠶ ᠲᠠᠷᠢᠶᠠᠯᠠᠩ ᠬᠤᠤᠰᠯᠠᠭᠰᠠᠨ ᠡᠬᠢ ᠪᠠᠶᠠᠯᠢᠭ ᠤᠨ ᠳᠠᠪᠠᠭᠤᠯᠢᠭ᠂ ᠮᠣᠩᠭᠤᠯ ᠤᠯᠤᠰ | ᠯᠤᠭ᠎ᠠ ᠶᠢᠨ ᠨᠡᠭᠡᠭᠡᠯᠲᠡ ᠬᠢᠬᠦ ᠣᠷᠣᠨ ᠪᠠᠶᠢᠷᠢ ᠶᠢᠨ ᠳᠠᠪᠠᠭᠤᠯᠢᠭ ᠢᠶᠠᠨ ᠵᠡᠷᠭᠡᠪᠡᠷ ᠪᠠᠳᠠᠷᠠᠭᠤᠯᠬᠤ ᠳᠤ ᠠᠯᠬᠤᠮ ᠨᠢᠬᠡᠤᠨᠴᠦ ᠬᠦᠴᠦᠨ ᠨᠡᠮᠡᠷᠢᠯᠡᠨ᠂ ᠪᠢᠳᠡ ᠰᠢᠨ᠎ᠡ | ᠱᠠᠲᠤ ᠦᠶ᠎ᠡ ᠳᠤ ᠨᠠᠩ ᠶᠡᠭᠡ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠢᠲᠡᠭᠡᠯ ᠬᠦᠴᠦᠨ ᠪᠠ ᠨᠥᠬᠦᠴᠡᠯ ᠲᠠᠢ ᠶᠤᠮ᠃ ᠡᠭᠦᠨ ᠤ ᠬᠠᠮᠲᠤ᠂ ᠮᠠᠨ ᠤ ᠬᠤᠰᠢᠭᠤᠨ | ᠤ ᠬᠠᠷᠠᠬᠠᠨ ᠬᠥᠭᠵᠢᠭᠡᠳᠦᠢ ᠪᠠᠶᠢᠳᠠᠯ ᠦᠨᠳᠦᠰᠦᠨ ᠠᠴᠠ ᠪᠠᠨ ᠬᠤᠪᠢᠷᠠᠭᠠᠳᠤᠢ᠂ ᠬᠥᠭᠵᠢᠯᠲᠡ ᠶᠢᠨ ᠠᠷᠭ᠎ᠠ ᠮᠠᠶ᠋ᠢᠭ ᠮᠥᠨ ᠯᠡ ᠨᠡᠯᠢᠶᠡᠳ ᠪᠦᠳᠦᠭᠦᠯᠢᠭ ᠪᠠᠶᠢᠭᠰᠠᠭᠠᠷ | ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠳᠤᠲᠠᠭᠤᠳᠠᠯ ᠣᠷᠣᠰᠢᠵᠤ᠂ ᠤᠳᠤ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ | ᠪᠠᠶᠢᠭᠤᠯᠤᠯᠲᠠ ᠬᠤᠴᠣᠷᠤᠩᠭᠤᠢ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ ᠪᠠᠶᠢᠵᠦ᠂ | ᠵᠠᠷᠢᠮ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠣᠪᠣᠷ ᠰᠤᠷᠲᠠᠯ ᠪᠤᠯᠤᠨ ᠴᠢᠳᠠᠪᠤᠷᠢ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠴᠢᠬᠤᠯᠠᠲᠠᠢ ᠪᠠᠶᠢᠵᠦ᠂ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠬᠤ ᠶᠢ ᠰᠡᠷᠭᠡᠭ ᠢᠶᠠᠷ ᠲᠠᠨᠢᠵᠦ ᠮᠡᠳᠡᠬᠦ ᠬᠡᠷᠡᠭᠳᠡᠢ᠃ ᠡᠳᠡᠭᠡᠷ ᠠᠰᠠᠭᠤᠳᠠᠯ ᠢ ᠡᠷᠬᠡᠪᠰᠢ | ᠬᠤᠶᠢᠰᠢᠳᠠ ᠶᠢᠨ ᠠᠵᠢᠯ ᠤᠨ ᠳᠤᠮᠳᠠ ᠪᠠᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ | ᠶᠡᠷᠦᠩᠬᠡᠶ ᠳᠤᠨᠢ ᠠᠪᠴᠤ ᠦᠵᠡᠪᠡᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠬᠤᠰᠢᠭᠤ ᠮᠥᠨ | ᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠭᠡᠪᠡᠴᠦ ᠠᠵᠠ ᠲᠣᠬᠢᠶᠠᠯ ᠪᠠ ᠥᠷᠢᠰᠥᠯᠳᠦᠭᠡᠨ ᠳᠤ ᠴᠥᠮ ᠰᠢᠨ᠎ᠡ | ᠬᠥᠭᠵᠢᠯᠲᠡ ᠪᠠ ᠬᠤᠪᠢᠷᠠᠯᠲᠠ ᠭᠠᠷᠪᠠ᠃ ᠪᠢᠳᠡ ᠡᠷᠬᠡᠪᠰᠢ ᠭᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾᠂ ︽ᠤᠯᠤᠰ ᠤᠨ ᠶᠡᠭᠡ ᠲᠠᠯ᠎ᠠ︾ ᠶᠢ ᠪᠠᠭᠲᠠᠭᠠᠨ | ᠂ ᠣᠷᠣᠰᠢᠵᠤ ᠪᠠᠶᠢᠭ᠎ᠠ ᠴᠠᠭ ᠡᠷᠡᠨ ᠤ ᠣᠷᠣᠨ ᠪᠠᠶᠢᠷᠢ ᠪᠠᠨ ᠭᠦᠨᠵᠡᠭᠡᠢ ᠡᠵᠡᠮᠳᠡᠵᠦ᠂ ᠬᠤᠪᠢᠷᠠᠯᠲᠠ ᠶᠢ ᠣᠨᠣᠪᠴᠢᠲᠠᠶ ᠲᠠᠨᠢᠵᠤ᠂ ᠰᠢᠨᠵᠢᠯᠡᠬᠦ ᠤᠬᠠᠭᠠᠨᠴᠢ ᠪᠠᠷ | ᠵᠤᠬᠢᠴᠠᠭᠤᠯᠤᠨ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠭᠠᠷᠭᠠᠵᠦ᠂ ᠴᠠᠭ ᠤᠨ ᠪᠠᠶᠢᠳᠠᠯ ᠳᠤ ᠵᠣᠬᠢᠴᠠᠭᠤᠯᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ | ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠳᠡᠢ᠃ | ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ | ᠶᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ | ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠤᠯ | ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠂ ᠠᠮᠢ ᠠᠬᠤᠶ ᠶᠢ ᠲᠡᠷᠢᠬᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠭᠦᠯᠬᠦ ᠶᠢ ᠪᠠᠷᠢᠮᠲᠠᠯᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠨ ᠦᠶᠯᠡᠴᠢᠯᠡᠵᠦ᠂ ᠲᠠᠷᠢᠶᠠᠯᠠᠩ ᠢ ᠬᠦᠴᠦᠷᠬᠡᠭᠵᠢᠭᠦᠯᠦᠨ ᠦᠨᠳᠦᠰᠦ ᠶᠢ ᠪᠠᠬᠢᠵᠢᠭᠦᠯᠬᠦ᠂ ᠬᠡᠯᠬᠢᠶ᠎ᠡ ᠪᠠᠨ ᠤᠷᠲᠤᠳᠬᠠᠨ ᠳᠡᠰ ᠳᠡᠪᠰᠢᠭᠦᠯᠬᠦ | ᠂ ᠦᠬᠡᠷᠡᠴᠢᠯᠡᠯᠳᠡ ᠨᠡᠭᠡᠭᠡᠯᠳᠡ ᠶᠢᠨ ᠪᠤᠭᠤᠮᠳᠠ ᠰᠢᠪᠳᠤᠯᠤᠯᠳᠠ᠂ ᠠᠮᠢ ᠠᠬᠤᠢ ᠠᠵᠤ ᠤᠶᠢᠯᠡᠤᠨᠪᠦᠷᠢᠯᠡᠯ ᠠᠮᠢᠳᠤᠷᠠᠯ ᠤᠨ ᠤᠷᠤᠨ ᠵᠠᠢ ᠶᠢ ᠬᠠᠮᠲᠤ ᠪᠠᠷ | ᠠᠭᠤᠰᠤᠯᠴᠠᠭᠤᠯᠬᠤ᠂ ᠰᠣᠶᠣᠯ ᠤᠨ ᠢᠨᠵᠧᠨᠧᠷᠢᠩ᠂ ᠨᠡᠶᠢᠳᠡᠮ ᠠᠰᠢᠭ ᠬᠦᠷᠲᠡᠭᠡᠵᠦ ᠬᠠᠮᠲᠤᠪᠠᠷ ᠡᠳ᠋ᠯᠡᠬᠦ᠂ ᠵᠠᠰᠠᠯᠲᠠ ᠶᠢᠨ ᠰᠢᠨ᠎ᠡ ᠶᠢ ᠡᠭᠦᠳᠬᠦ ︽ᠲᠤᠯᠤᠭᠠᠨ | ᠲᠦᠷᠦᠯ ᠤᠨ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ᠡᠭᠡ ᠤᠯᠤᠰ ᠤᠨ ᠤᠮᠠᠷᠠᠳᠦ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ᠂ ᠮᠠᠨ ᠤ ᠤᠯᠤᠰ ᠤᠨ | ᠤᠮᠠᠷᠠᠳᠦ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠡᠨᠧᠷᠭᠢ ᠶᠢᠨ ᠰᠤᠷᠪᠤᠯᠵᠢ ᠶᠢᠨ ᠪᠠᠶᠢᠯᠳᠤᠬᠤ ᠪᠣᠳᠣᠯᠭ᠎ᠠ | ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠂ ᠪᠣᠬᠢᠷᠲᠤᠯ ᠥᠬᠡᠶ | ᠣᠷᠭᠠᠨᠢᠭ ᠳᠡᠭᠡᠳᠦ ᠲᠠᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠦᠶᠯᠡᠳᠪᠦᠷᠢᠯᠡᠵᠦ ᠪᠣᠯᠪᠠᠰᠤᠷᠠᠭᠤᠯᠤᠨ ᠭᠠᠳᠠᠭᠰᠢ ᠭᠠᠷᠭᠠᠬᠤ | ᠤᠶᠢᠯᠡᠴᠢᠯᠡᠬᠡᠨ ᠤ ᠰᠠᠭᠤᠷᠢᠨ ᠭᠠᠵᠠᠷ᠂ ᠴᠡᠪᠡᠷ ᠡᠨᠧᠷᠭᠢ ᠶᠢᠨ ᠰᠠᠭᠤᠷᠢᠨ ᠭᠠᠵᠠᠷ ᠪᠠ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠵᠡᠷᠭᠡ ︽ᠲᠠᠪᠤᠨ ᠶᠡᠭᠡ ᠰᠠᠭᠤᠷᠢᠨ | ᠭᠠᠵᠠᠷ︾ ᠢ ᠲᠦᠷᠭᠡᠳᠬᠡᠨ ᠪᠠᠶᠢᠭᠤᠯᠵᠤ᠂ ᠮᠣᠩᠭᠤᠯ ᠤᠯᠤᠰ ᠯᠤᠭ᠎ᠠ ᠶᠢᠨ ᠨᠡᠭᠡᠭᠡᠯᠲᠡ ᠬᠢᠬᠦ ᠪᠠᠬᠢᠯᠡᠯᠲᠡ ᠶᠢ ᠴᠣᠭᠴᠠᠯᠠᠨ᠂ ᠤᠷᠠᠤᠨ ᠤᠨ ᠲᠤᠮᠳᠠᠳᠤ ᠬᠤᠰᠢᠭᠤᠨ ᠤ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠢ ᠴᠢᠷᠮᠠᠶᠢᠨ ᠠᠬᠢᠭᠤᠯᠤᠨ᠎ᠠ᠃ | ᠭᠤᠤᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠳᠤᠮᠳᠠᠴᠢ ᠪᠠᠷ 5% ᠣᠷᠴᠢᠮ ᠨᠡᠮᠡᠭᠳᠡᠭᠦᠯᠤᠨ᠂ ᠡᠩ ᠤᠨ | ᠣᠯᠠᠨ ᠨᠠᠶᠢᠳᠠ ᠶᠢᠨ ᠲᠥᠰᠦᠪ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠭᠠᠨ᠂ | ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠶᠢ ᠠᠵᠤ ᠠᠬᠤᠢ ᠶᠢᠨ | ᠬᠥᠭᠵᠢᠯᠲᠡ ᠲᠠᠢ ᠵᠡᠷᠭᠡᠪᠡᠷ ᠨᠡᠮᠡᠭᠳᠡᠭᠦᠯᠵᠦ᠂ ᠨᠢᠬᠡᠴᠢ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠯ ᠪᠠ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ︽ᠬᠤᠤᠰ ᠪᠠᠭᠤᠷᠠᠯᠲᠠ︾ ᠶᠢ ᠪᠡᠶᠡᠯᠡᠬᠦᠯᠤᠨ᠎ᠡ᠃ | ᠲᠥᠯᠥᠭᠡᠯᠡᠭᠴᠢᠳ ᠡ᠂ ᠨᠥᠬᠦᠳ ᠡ᠂ ᠤᠳᠤᠬᠢᠴᠢᠯᠠᠯᠳᠠ ᠶᠢᠨ ᠪᠦᠳᠦᠭᠡᠠ ᠪᠠᠶᠢᠭᠤᠯᠤᠯᠲᠠ ᠶᠢᠨ ᠬᠠᠷᠠᠯᠲᠠ ᠶᠢ ᠲᠡᠶᠢᠮᠦ ᠬᠢᠯᠪᠠᠷᠬᠠᠨ ᠢᠶᠠᠷ᠂ ᠬᠤᠭᠤᠰᠣᠨ | ᠤᠷᠢᠶ᠎ᠠ ᠬᠠᠰᠬᠢᠷᠪᠠᠯ ᠳᠠᠷᠤᠢ ᠪᠡᠶᠡᠯᠡᠭᠦᠯᠴᠢᠬᠡᠬᠦ ᠪᠢᠰᠢ ᠶᠤᠮ᠂ ᠡᠷᠬᠡᠪᠰᠢ ᠨᠡᠩ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠬᠡᠷᠡᠭᠲᠡᠢ᠃ ᠪᠦᠬᠦ ᠬᠤᠰᠢᠭᠤᠨ ᠤ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠪᠣᠭᠤᠮᠲᠠ ᠰᠢᠪᠲᠤᠯᠬᠤ ᠰᠥᠰᠥ ᠵᠣᠷᠢᠭ | ᠢᠶᠠᠨ ᠪᠠᠲᠤᠯᠠᠵᠦ᠂ ᠪᠣᠭᠤᠮᠲᠠ ᠰᠢᠪᠲᠤᠯᠬᠤ ᠡᠷᠴᠢ ᠵᠣᠷᠢᠭ ᠢᠶᠠᠨ ᠬᠥᠪᠴᠢᠯᠡᠨ᠂ ᠪᠣᠭᠤᠮᠲᠠ ᠰᠢᠪᠲᠤᠯᠬᠤ ᠲᠡᠮᠡᠴᠡᠯ ᠤᠨ ᠵᠣᠷᠢᠭ ᠢᠶᠠᠨ ᠬᠦᠭᠵᠢᠬᠡᠵᠦ᠂ ᠪᠦᠯᠬᠦᠮᠳᠡᠨ | ᠨᠢᠭᠡᠳᠴᠦ ᠰᠢᠨ᠎ᠡ ᠵᠠᠮ ᠨᠡᠭᠡᠭᠡᠵᠦ᠂ ᠰᠢᠨ᠎ᠡ ᠠᠵᠠ ᠲᠣᠬᠢᠶᠠᠯ ᠢ ᠠᠮᠵᠢᠨ᠂ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠤᠷᠠᠳ ᠤᠨ ᠳᠤᠮᠳᠠᠳᠤ ᠬᠤᠰᠢᠭᠤᠨ ᠤ | ᠰᠢᠨ᠎ᠡ ᠢᠷᠡᠭᠡᠳᠦᠶ ᠶᠢ ᠴᠢᠷᠮᠠᠶᠢᠨ ᠴᠣᠭᠴᠠᠯᠠᠬᠤ ᠬᠡᠷᠡᠭᠲᠡᠶ᠃ | ︵ᠨᠢᠭᠡ︶ ᠲᠠᠷᠢᠶᠠᠯᠠᠩ ᠢ ᠬᠦᠴᠦᠷᠬᠡᠭᠵᠢᠭᠦᠯᠦᠨ ᠦᠨᠳᠦᠰᠦ ᠶᠢ ᠪᠠᠬᠢᠵᠢᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ | ᠬᠥᠭᠵᠢᠯᠲᠡ ᠶᠢᠨ ︽ᠰᠠᠭᠤᠷᠢ︾ ᠪᠠᠨ ᠲᠤᠭᠳᠠᠪᠤᠷᠢᠵᠢᠭᠤᠯᠤᠨᠡ | ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠲᠠᠷᠢᠶᠠᠨ ᠭᠠᠵᠠᠷ ᠪᠣᠯᠤᠨ ᠦᠨᠳᠦᠰᠦᠨ | ᠨᠤᠲᠤᠭ ᠪᠡᠯᠴᠢᠭᠡᠷ ᠤᠨ ᠬᠤᠷᠢᠭ᠎ᠠ ᠱᠤᠭᠤᠮ ᠢ ᠰᠠᠶᠢᠲᠤᠷ ᠰᠠᠬᠢᠭᠰᠠᠨ ᠤᠷᠢᠲᠠᠯ ᠳᠣᠣᠷ᠎ᠠ᠂ ︽ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠥᠭᠵᠢᠭᠦᠯᠬᠦ᠂ ᠵᠣᠬᠢᠬᠤ | ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ︾ ᠭᠤᠣᠯ ᠴᠢᠭᠯᠡᠯ ᠢ ᠪᠠᠷᠢᠮᠲᠠᠯᠠᠨ᠂ ᠡᠬᠢ ᠪᠠᠶᠠᠯᠢᠭ ᠠᠷᠪᠢᠯᠠᠬᠤ ᠬᠡᠯᠪᠡᠷᠢ ᠶᠢᠨ᠂ ᠣᠷᠴᠢᠨ ᠲᠣᠭᠤᠷᠢᠨ ᠨᠥᠬᠦᠷᠰᠡᠭ | ᠬᠡᠯᠪᠡᠷᠢ ᠶᠢᠨ᠂ ᠠᠮᠢ ᠠᠬᠤᠶ ᠶᠢ ᠬᠠᠮᠠᠭᠠᠯᠠᠨ ᠪᠣᠶᠢᠵᠢᠭᠤᠯᠬᠤ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ | ᠳᠠᠭᠠᠨ ᠲᠤᠬᠢᠷᠠᠭᠤᠯᠤᠨ ᠬᠡᠪᠴᠢᠶᠡᠵᠢᠭᠦᠯᠦᠨ ᠲᠠᠷᠢᠬᠤ᠂ ᠬᠠᠰᠢᠶᠠᠯᠠᠨ ᠲᠡᠵᠢᠬᠡᠬᠦ ᠬᠠᠭᠠᠰ ᠬᠠᠰᠢᠶᠠᠯᠠᠨ ᠲᠡᠵᠢᠭᠡᠬᠦ᠂ ᠬᠠᠭᠤᠷᠠᠢ ᠲᠠᠷᠢᠶᠠᠯᠠᠩ ᠤᠨ ᠰᠢᠨ᠎ᠡ ᠶᠢ ᠡᠭᠦᠳᠦᠨ | ᠬᠥᠭᠵᠢᠬᠦ ᠶᠢ ᠠᠬᠢᠭᠤᠯᠤᠨ᠂ ᠲᠠᠷᠢᠮᠠᠯ ᠲᠡᠵᠢᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ᠂ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠡᠭᠦᠯᠳᠡᠷ | ᠪᠣᠯᠤᠨ ᠮᠡᠷᠭᠡᠵᠢᠯ ᠢ ᠳᠡᠯᠭᠡᠷᠡᠭᠦᠯᠬᠦ᠂ ᠴᠢᠨᠠᠷ ᠰᠠᠶᠢᠲᠠᠶ ᠦᠷ᠎ᠡ ᠡᠬᠦᠯᠳᠡᠷ ᠤᠨ ᠡᠬᠢ ᠪᠠᠶᠠᠯᠢᠭ ᠢ ᠴᠡᠪᠡᠷᠰᠢᠭᠦᠯᠦᠨ ᠰᠢᠯᠢᠳᠡᠭᠵᠢᠭᠦᠯᠬᠦ ᠶᠢ ᠨᠢᠭᠡᠳᠦᠯᠲᠡᠶ ᠲᠥᠯᠥᠪᠵᠢᠭᠦᠯᠦᠨ | ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠪᠣᠯᠤᠨ ᠦᠢᠯᠡᠳᠬᠦᠨ | ᠤ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠤᠨ᠎ᠡ᠃ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷᠡᠳᠦ ᠲᠦᠷᠦᠯ ᠲᠡᠮᠳᠡᠭᠳᠦ ᠶᠢᠨ | ᠡᠵᠡᠩᠨᠡᠨ ᠪᠤᠷᠤᠯᠠᠭᠤᠯᠬᠤ ᠢᠨᠵᠧᠨᠧᠷᠢᠩ ᠢ ᠬᠡᠷᠡᠭᠵᠢᠬᠦᠯᠵᠦ᠂ ᠣᠲᠣ ᠶᠢᠨ ᠪᠠᠶᠢᠭ᠎ᠠ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠳᠡᠭᠡᠳᠦ ᠲᠠᠰ ᠤᠨ ᠵᠠᠬ᠎ᠠ ᠳᠡᠯᠭᠡᠭᠦᠷ ᠳᠠᠰᠢ ᠳᠠᠪᠰᠢᠬᠤ ᠶᠢ ᠪᠥᠬᠦ ᠬᠦᠴᠦᠨ ᠢᠶᠠᠷ ᠳᠡᠮᠵᠢᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠶᠢ ᠰᠤᠳᠤᠯᠤᠨ ᠨᠡᠭᠡᠭᠡᠬᠦ ᠪᠠ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠢ ᠦᠷᠭᠦᠯᠵᠢᠯᠡᠨ | ᠴᠢᠩᠭᠠᠳᠬᠠᠵᠤ᠂ ︽ᠲᠩᠷᠢ ᠶᠢᠨ ᠬᠡᠰᠢᠭᠲᠦ ᠪᠣᠷᠣᠲᠣᠬᠤᠶ︾ ᠶᠢᠨ ᠣᠷᠣᠨ ᠪᠦᠰᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠨᠡᠷᠡᠰ ᠤᠨ ᠡᠯᠰᠡᠯᠲᠡ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠨᠠᠷᠠᠲᠤ ᠲᠥᠷᠥᠯ ᠲᠡᠮᠳᠡᠭᠲᠦ ᠪᠠᠷ ᠲᠠᠷᠢᠶᠠᠯᠠᠩ ᠮᠠᠯ ᠠᠵᠤ ᠠᠬᠤᠶ | ᠶᠢ ᠬᠥᠭᠵᠢᠭᠦᠯᠦᠨ ᠮᠠᠨᠳᠤᠭᠤᠯᠬᠤ᠂ ᠭᠠᠷᠤᠯᠳᠠ ᠨᠢ ᠰᠢᠯᠢᠳᠡᠭ ᠰᠠᠶᠢᠨ ᠦᠨ᠎ᠡ ᠬᠠᠩᠰᠢ ᠨᠢ ᠦᠨᠳᠦᠷ ᠪᠤᠯᠬᠤ ᠶᠢ ᠴᠢᠷᠮᠠᠶᠢᠨ ᠪᠡᠶᠡᠯᠡᠬᠦᠯᠦᠨ᠎ᠡ᠃ ᠬᠥᠳᠡᠭᠡ ᠲᠣᠰᠬᠤᠨ | ᠤ ᠠᠵᠤ ᠦᠢᠯᠡᠰ ᠤᠨ ᠰᠢᠰᠲ᠋ᠧᠮ ᠢ ᠢᠳᠡᠪᠬᠢᠲᠡᠢ ᠪᠠᠶᠢᠭᠤᠯᠤᠨ᠎ᠠ᠃ ᠣᠷᠣᠨ ᠪᠦᠰᠡ ᠶᠢᠨ ᠣᠨᠴᠠᠯᠢᠭ ᠢ ᠳᠤᠪᠤᠶᠢᠯᠭᠠᠬᠤ ᠶᠢ ᠬᠥᠳᠡᠭᠡ ᠲᠣᠰᠬᠤᠨ ᠤ ᠠᠵᠤ ᠦᠢᠯᠡᠰ | ᠤᠨ ᠬᠥᠭᠵᠢᠯᠲᠡ ᠶᠢᠨ ᠦᠨᠳᠦᠰᠦᠨ ᠤᠳᠤᠷᠢᠳᠤᠮᠵᠢ ᠪᠣᠯᠭᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢᠶᠠᠷ ᠵᠢᠯᠣᠭᠤᠳᠤᠮᠵᠢ | ᠪᠣᠯᠭᠠᠬᠤ ᠶᠢ ᠪᠠᠷᠢᠮᠲᠠᠯᠠᠨ᠂ ᠡᠯ᠎ᠡ ᠰᠤᠮᠤ ᠪᠠᠯᠭᠠᠰᠤ ᠶᠢᠨ ᠣᠨᠴᠠᠯᠢᠭᠲᠤ ᠡᠬᠢ ᠪᠠᠶᠠᠯᠢᠭ ᠲᠠᠭᠠᠨ ᠲᠦᠰᠢᠭᠯᠡᠨ ᠭᠤᠣᠯᠯᠠᠬᠤ ᠠᠵᠤ ᠦᠢᠯᠡᠰ ᠢ ᠪᠠᠶᠢᠷᠢᠰᠢᠭᠤᠯᠬᠤ ᠶᠢ | ᠲᠦᠯᠬᠢᠨ ᠠᠬᠢᠭᠤᠯᠵᠤ᠂ ᠦᠬᠡᠷ ᠬᠤᠨᠢᠨ ᠮᠢᠬ᠎ᠠ᠂ ᠦᠬᠡᠷ ᠠᠳᠤᠭᠤᠨ ᠤ ᠰᠦ ᠰᠠᠭᠠᠯᠢ᠂ ᠯᠣᠬᠠᠱᠧᠩ᠂ ᠯᠠᠵᠤᠤ᠂ ᠪᠤᠭᠤᠳᠠᠢ᠂ ᠶᠤᠤᠮᠠᠢ ᠰᠠᠭᠠᠭ ᠵᠡᠷᠭᠡ ᠲᠠᠷᠢᠶᠠᠯᠠᠩ | ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠠᠷᠤᠯᠲᠠ ᠶᠢᠨ ᠣᠷᠣᠨ ᠤ ᠠᠩᠬ᠎ᠠ ᠪᠣᠯᠪᠠᠰᠤᠷᠠᠭᠤᠯᠤᠯᠲᠠ ᠠᠴᠠ ᠨᠠᠷᠢᠯᠢᠭ ᠪᠣᠯᠪᠠᠰᠤᠷᠠᠭᠤᠯᠤᠯᠲᠠ ᠪᠠ | ᠶᠡᠷᠦᠩᠬᠡᠶᠢᠯᠡᠨ ᠠᠰᠢᠭᠯᠠᠵᠤ ᠪᠣᠯᠪᠠᠰᠤᠷᠠᠭᠤᠯᠬᠤ ᠲᠡᠰᠢ ᠢᠳᠡᠪᠬᠢᠲᠡᠢ ᠲᠦᠯᠬᠢᠨ ᠠᠬᠢᠭᠤᠯᠵᠦ᠂ ᠪᠤᠬᠢᠷᠳᠦᠯ ᠦᠬᠡᠢ ᠤᠷᠭᠠᠨᠢᠭ ᠲᠡᠭᠡᠳᠦ ᠲᠡᠰ ᠤᠨ ᠲᠠᠷᠢᠶᠠᠯᠠᠩ ᠤᠨ | ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠤᠶᠢᠯᠡᠤᠨᠪᠦᠷᠢᠯᠡᠵᠦ ᠪᠤᠯᠪᠠᠰᠤᠷᠠᠭᠤᠯᠤᠨ ᠭᠠᠳᠠᠭᠰᠢ ᠭᠠᠷᠭᠠᠬᠤ ᠤᠶᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠵᠦ᠂ | ᠵᠢᠮᠢᠰ ᠢᠳᠡᠰᠢᠨ ᠨᠣᠭᠤᠭ᠎ᠠ᠂ ᠠᠯᠠᠰᠢᠨ ᠡᠯᠵᠢᠭᠡ᠂ ᠲᠡᠮᠡᠭᠡ ᠵᠡᠷᠭᠡ ᠣᠨᠴᠠᠯᠢᠭᠲᠤ ᠠᠵᠤ ᠦᠢᠯᠡᠰ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ︽ᠲᠠᠪᠤᠨ | ᠥᠩᠬᠡ ᠪᠠᠷ ᠰᠤᠯᠤᠩᠭᠠᠷᠠᠭᠰᠠᠨ ᠰᠢᠬ᠎ᠠ ᠭᠤᠤᠯ︾᠂ ︽ᠮᠦᠩᠬᠦᠨ ᠡᠪᠤᠯ ᠤᠨ ᠨᠠᠭᠠᠳᠤᠮ︾ ᠵᠡᠷᠭᠡ ᠣᠷᠣᠨ ᠪᠦᠰᠡ ᠶᠢᠨ ᠴᠢᠨᠠᠷᠲᠠᠢ ᠣᠨᠴᠠᠯᠢᠭᠲᠤ ᠰᠣᠶᠣᠯ | ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠳᠠᠮᠵᠢᠵᠦ᠂ ︽ᠲᠤᠭᠠᠴᠢᠯᠠᠭᠰᠠᠨ ᠬᠦᠳᠡᠭᠡ ᠲᠤᠰᠬᠤᠨ︾ ᠤ ᠪᠦᠳᠦᠭᠡᠨ ᠪᠠᠶᠢᠭᠤᠯᠤᠯᠳᠠ ᠳᠤ ᠲᠦᠰᠢᠭᠯᠡᠨ | ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠡᠨᠧᠷᠭᠢ ᠣᠯᠭᠤᠬᠤ ᠶᠢ ᠠᠬᠢᠭᠤᠯᠤᠨ᠂ | ᠦᠶᠯᠡᠳᠪᠦᠷᠢᠯᠡᠯ ᠪᠤᠯᠪᠠᠰᠤᠷᠠᠭᠤᠯᠤᠯᠳᠠ ᠪᠣᠷᠣᠯᠠᠭᠤᠯᠭ᠎ᠠ ᠶᠢ ᠨᠡᠪᠲᠡᠷᠡᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ᠂ ᠲᠠᠷᠢᠶᠠᠯᠠᠩ ᠮᠠᠯ ᠠᠵᠤ | ᠠᠬᠤᠶ ᠶᠢᠨ ︽ᠠᠵᠤ ᠦᠢᠯᠡᠰ ᠤᠨ ᠬᠡᠯᠬᠢᠶᠡᠵᠢᠯ︾ ᠤᠨ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠪᠥᠬᠦ ᠠᠵᠤ ᠦᠶᠯᠡᠰ | ᠤᠨ ᠬᠡᠯᠬᠢᠶ᠎ᠡ ᠶᠢ ᠪᠠᠶᠢᠭᠤᠯᠤᠨ᠎ᠠ᠃ ᠠᠰᠢᠭ ᠲᠤᠰᠠ ᠶᠢᠨ ᠬᠤᠯᠪᠣᠭᠠᠨ ᠤ ᠲᠣᠭᠲᠠᠯᠴᠠᠭ᠎ᠠ ᠪᠠᠨ ᠲᠡᠬᠦᠯᠳᠡᠷᠵᠢᠬᠦᠯᠦᠨ᠎ᠡ᠃ ᠶᠠᠳᠠᠭᠤ ᠶᠢ ᠲᠡᠳᠬᠦᠬᠦ ᠠᠵᠤ ᠦᠶᠯᠡᠰ ᠤᠨ | ᠬᠦᠷᠢᠶᠡᠯᠡᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠤᠯᠤᠨ ᠲᠠᠷᠢᠶᠠᠯᠠᠩ ᠮᠠᠯ ᠠᠵᠤ ᠠᠬᠤᠶ ᠶᠢᠨ ᠳᠠᠭᠠᠭᠤᠯᠤᠭᠴᠢ ᠠᠵᠤ ᠠᠬᠤᠶᠢᠯᠠᠯ᠂ | ᠲᠤᠰᠬᠠᠶᠢᠵᠢᠭᠰᠠᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠵᠤ ᠪᠣᠶᠢᠵᠢᠭᠤᠯᠬᠤ ᠶᠢ ᠦᠷᠭᠦᠯᠵᠢᠯᠡᠨ ᠠᠬᠢᠭᠤᠯᠵᠦ᠂ ᠲᠠᠷᠢᠵᠤ ᠲᠡᠵᠢᠭᠡᠬᠦ | ᠰᠠᠭᠤᠷᠢᠨ ᠭᠠᠵᠠᠷ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠡᠷᠦᠩᠬᠡᠶᠢᠯᠡᠭᠰᠡᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠦᠳᠦᠭᠡᠨ | ᠪᠠᠶᠢᠭᠤᠯᠤᠯᠲᠠ ᠪᠠᠨ ᠲᠦᠷᠭᠡᠳᠬᠡᠨ᠂ ︽ᠨᠠᠮ ᠤᠨ ᠡᠭᠦᠷ + ᠠᠵᠤ ᠠᠬᠤᠶᠢᠯᠠᠯ + ᠬᠤᠷᠰᠢᠭᠰᠠᠨ ᠵᠣᠬᠢᠶᠠᠨ ᠪᠠᠶᠢᠭᠤᠯᠤᠯᠲᠠ + ᠰᠠᠭᠤᠷᠢᠨ ᠭᠠᠵᠠᠷ + ᠮᠠᠯᠵᠢᠬᠤ | ᠲᠠᠷᠢᠶᠠᠯᠠᠬᠤ ᠡᠷᠦᠬᠡ︾ ᠶᠢᠨ ᠳᠠᠭᠠᠭᠤᠯᠤᠨ ᠲᠠᠶᠢᠴᠢᠯᠠᠬᠤ᠂ ︽ᠬᠤᠷᠰᠢᠭᠰᠠᠨ ᠵᠣᠬᠢᠶᠠᠨ ᠪᠠᠶᠢᠭᠤᠯᠤᠯᠲᠠ + ᠴᠢᠳᠠᠪᠤᠷᠢᠲᠠᠨ + ᠮᠠᠯᠵᠢᠬᠤ ᠲᠠᠷᠢᠶᠠᠯᠠᠬᠤ ᠡᠷᠦᠬᠡ︾ | ᠶᠢᠨ ᠴᠢᠳᠠᠪᠤᠷᠢᠲᠠᠨ ᠢᠶᠠᠷ ᠳᠠᠶᠢᠴᠢᠯᠠᠬᠤ᠂ ︽ᠠᠵᠤ ᠦᠢᠯᠡᠰ + ᠬᠤᠷᠰᠢᠭᠰᠠᠨ ᠵᠣᠬᠢᠶᠠᠨ ᠪᠠᠶᠢᠭᠤᠯᠤᠯᠲᠠ + ᠮᠠᠯᠵᠢᠬᠤ ᠲᠠᠷᠢᠶᠠᠯᠠᠬᠤ ᠡᠷᠦᠬᠡ︾ ᠶᠢᠨ ᠠᠵᠤ ᠦᠢᠯᠡᠰ | ᠢᠶᠠᠷ ᠳᠠᠶᠢᠴᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠦᠬᠦᠢ ᠲᠠᠷᠢᠶᠠᠯᠠᠩ ᠮᠠᠯ ᠠᠵᠤ ᠠᠬᠤᠶ ᠶᠢ ᠳᠠᠶᠢᠴᠢᠯᠠᠬᠤ ᠵᠠᠭᠪᠤᠷ ᠢ ᠪᠤᠶᠢᠵᠢᠭᠤᠯᠤᠨ ᠪᠤᠵᠠᠭᠠᠶᠢᠷᠠᠭᠤᠯᠵᠦ᠂ | ᠠᠵᠤ ᠠᠬᠤᠶᠢᠯᠠᠯ᠂ ᠲᠤᠰᠬᠠᠶ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠬᠢᠬᠡᠤᠨ ᠮᠠᠯᠵᠢᠬᠤ | ᠲᠠᠷᠢᠶᠠᠯᠠᠬᠤ ᠡᠷᠦᠬᠡ ᠯᠦᠭᠡ ᠭᠡᠷ᠎ᠡ ᠶᠢᠨ ᠬᠡᠯᠪᠡᠷᠢ ᠶᠢᠨ᠂ ᠰᠲ᠋ᠣᠺ ᠤᠨ ᠡᠷᠬᠡ ᠶᠢᠨ ᠬᠡᠯᠪᠡᠷᠢ ᠶᠢᠨ ᠠᠰᠢᠭ ᠲᠤᠰᠠ ᠶᠢᠨ ᠬᠤᠯᠪᠤᠭᠠᠨ ᠤ ᠲᠤᠭᠳᠠᠯᠴᠠᠭ᠎ᠠ ᠶᠢ ᠪᠠᠶᠢᠭᠤᠯᠵᠤ | ᠂ ᠮᠠᠯᠴᠢᠨ ᠲᠠᠷᠢᠶᠠᠴᠢᠨ ᠳᠤ ᠪᠥᠬᠦ ᠠᠵᠤ ᠦᠶᠯᠡᠰ ᠤᠨ ᠬᠡᠯᠬᠢᠶ᠎ᠡ ᠶᠢᠨ ᠥᠷᠲᠡᠭ ᠤᠨ ᠨᠡᠮᠡᠭᠳᠡᠯ ᠤᠨ ᠠᠰᠢᠭ ᠣᠯᠵᠠᠪᠤᠷᠢ ᠶᠢ ᠨᠠᠩ ᠣᠯᠠᠨ ᠡᠳ᠋ᠯᠡᠭᠦᠯᠵᠦ᠂ ᠠᠮᠢᠳᠤᠷᠠᠯ | ᠢ ᠨᠠᠩ ᠬᠦᠰᠡᠯ ᠡᠷᠡᠮᠡᠯᠵᠡᠯ ᠲᠠᠢ ᠪᠣᠯᠭᠠᠨ᠎ᠠ᠃ | ︵ᠬᠤᠶᠠᠷ︶ ᠬᠡᠯᠬᠢᠶ᠎ᠡ ᠪᠠᠨ ᠤᠷᠲᠤᠳᠬᠠᠨ ᠳᠡᠰ ᠳᠡᠪᠰᠢᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ︽ | ᠭᠤᠣᠯ ᠬᠥᠳᠡᠯᠭᠡᠭᠦᠷ︾ ᠢ ᠲᠠᠬᠢᠨ ᠴᠣᠭᠴᠠᠯᠠᠨ᠎ᠠ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠦᠷ᠎ᠡ ᠠᠰᠢᠭ ᠢ | ᠬᠠᠮᠵᠢᠯᠴᠠᠨ ᠨᠡᠮᠡᠭᠳᠡᠭᠦᠯᠬᠦ ᠬᠥᠭᠵᠢᠯᠲᠡ ᠶᠢᠨ ᠤᠳᠤᠷᠢᠳᠤᠮᠵᠢ ᠳᠤ ᠵᠣᠬᠢᠴᠠᠭᠤᠯᠤᠨ᠂ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ | ᠰᠠᠭᠠᠷᠮᠠᠭᠵᠢᠯ ᠢ ᠪᠡᠶᠡᠯᠡᠬᠦᠯᠬᠦ ᠴᠢᠬᠤᠯᠠ ᠶᠡᠭᠡ ᠰᠡᠳᠬᠢᠴᠡ ᠠᠷᠭ᠎ᠠ ᠬᠡᠮᠵᠢᠶ᠎ᠡ ᠶᠢ ᠵᠣᠯᠭᠠᠭᠤᠯᠤᠨ ᠨᠠᠶᠢᠳᠠᠪᠤᠷᠢᠵᠢᠭᠤᠯᠵᠦ᠂ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ | ᠠᠵᠤ ᠦᠶᠯᠡᠳᠪᠦᠷᠢ ᠶᠢᠨ ᠠᠵᠤ ᠦᠶᠯᠡᠰ ᠤᠨ ᠳᠡᠭᠡᠳᠦ ᠲᠠᠰ ᠤᠨ ᠦᠶᠯᠡᠳᠬᠦᠨ ᠤ ᠬᠠᠩᠭᠠᠯᠭ᠎ᠠ ᠶᠢ ᠥᠷᠭᠡᠳᠬᠡᠬᠦ᠂ ᠣᠶᠤᠨᠴᠢᠯᠠᠭᠰᠠᠨ ᠡᠵᠡᠩᠨᠡᠯᠲᠡ ᠵᠢᠴᠢ ᠪᠣᠬᠢᠷᠲᠤᠯ | ᠥᠬᠡᠶ ᠡᠷᠬᠢᠯᠳᠡᠳᠦ ᠴᠢᠭᠯᠡᠯ ᠳᠠᠰᠢ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠱᠧᠨ ᠬᠤᠸᠠ ᠶᠢᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ | ᠱᠤᠭᠤᠮ᠂ ᠬᠤᠶᠠᠳᠤᠭᠠᠷ ᠬᠤᠭᠤᠴᠠᠭᠠᠨ ᠤ ᠲᠥᠷᠥᠯ ᠵᠦᠶᠯ ᠢ ᠪᠣᠳᠠᠲᠠᠶᠢᠵᠢᠭᠤᠯᠬᠤ ᠪᠠᠷ ᠢᠳᠡᠪᠬᠢᠲᠡᠶ ᠴᠢᠷᠮᠠᠶᠢᠵᠦ᠂ ᠨᠡᠭᠦᠷᠡᠰᠦ - ᠬᠡᠦᠷᠡᠰᠦ - ᠴᠠᠬᠢᠯᠭᠠᠨ - ᠢᠯᠴᠢ | - ᠬᠢᠮᠢ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠵᠦ᠂ ᠡᠨᠧᠷᠬᠢ ᠶᠢᠨ ᠪᠠᠶᠢᠯᠳᠤᠬᠤ ᠪᠤᠳᠤᠯᠭ᠎ᠠ ᠶᠢᠨ ᠡᠬᠢ ᠰᠤᠷᠪᠤᠯᠵᠢ ᠶᠢᠨ ᠰᠠᠭᠤᠷᠢᠨ | ᠭᠠᠵᠠᠷ ᠢ ᠪᠠᠶᠢᠭᠤᠯᠤᠨ᠎ᠠ᠃ ᠬᠢᠯᠢ ᠶᠢᠨ ᠭᠠᠳᠠᠨᠠᠬᠢ ᠡᠬᠢ ᠪᠠᠶᠠᠯᠢᠭ ᠢ ᠰᠠᠭᠤᠷᠢᠰᠢᠭᠤᠯᠤᠨ ᠡᠳ᠋ᠰᠢᠭᠦᠯᠬᠦ ᠠᠵᠤ ᠦᠶᠯᠡᠰ ᠤᠨ ᠭᠠᠳᠠᠭᠠᠳᠤ ᠠᠴᠠ ᠣᠷᠣᠭᠤᠯᠬᠤ ᠵᠡᠰ ᠤᠨ | ᠨᠠᠷᠢᠯᠢᠭ ᠬᠦᠳᠡᠷ ᠤᠨ ᠲᠤᠬᠠᠢ ᠶᠢᠨ ᠭᠠᠵᠠᠷ ᠲᠤᠨᠢ ᠤᠶᠢᠷ᠎ᠠ ᠬᠠᠪᠢ ᠳᠤᠨᠢ ᠬᠤᠪᠢᠷᠠᠭᠤᠯᠤᠨ ᠥᠷᠲᠡᠭ ᠨᠡᠮᠡᠭᠳᠡᠭᠦᠯᠬᠦ ᠲᠠᠯ᠎ᠠ ᠪᠠᠷ ᠰᠢᠪᠲᠤᠯᠤᠯᠲᠠ ᠲᠠᠢ ᠪᠣᠯᠬᠤ ᠶᠢ | ᠠᠬᠢᠭᠤᠯᠵᠦ᠂ ᠰᠢᠵᠢᠷ ᠠᠯᠲᠠ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠶᠯ ᠢ ᠢᠵᠢ ᠪᠥᠷᠢᠳᠦᠭᠦᠯᠵᠦ᠂ ᠬᠢᠯᠢ ᠶᠢᠨ ᠭᠠᠳᠠᠨᠠᠬᠢ ᠡᠬᠢ ᠪᠠᠶᠠᠯᠢᠭ ᠢ | ᠰᠠᠭᠤᠷᠢᠰᠢᠭᠤᠯᠤᠨ ᠪᠤᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠵᠦ᠂ ︽ᠦᠯᠦ ᠰᠢᠩᠬᠡᠬᠡᠬᠦ︾ ᠠᠰᠠᠭᠤᠳᠠᠯ ᠢ ᠰᠠᠶᠢᠲᠤᠷ ᠰᠢᠶᠳᠪᠦᠷᠢᠯᠡᠨ᠎ᠡ᠃ ᠥᠩᠭᠡᠲᠦ | ᠲᠡᠮᠦᠷᠯᠢᠭ ᠬᠠᠷ᠎ᠠ ᠲᠡᠮᠦᠷᠯᠢᠭ ᠵᠢᠴᠢ ᠦᠨᠡᠲᠦ ᠲᠡᠮᠦᠷᠯᠢᠭ ᠤᠨ ᠠᠵᠤ ᠦᠢᠯᠡᠰ ᠤᠨ ᠦᠢᠯᠡᠳᠪᠦᠷᠢᠯᠡᠯ ᠤᠨ ᠬᠠᠮᠢᠶᠠᠷᠤᠯᠲᠠ᠂ ᠡᠵᠡᠩᠨᠡᠯᠲᠡ ᠶᠢᠨ ᠠᠦ᠋ᠲ᠋ᠣᠴᠢᠯᠠᠭᠰᠠᠨ | ᠤᠶᠤᠨᠴᠢᠯᠠᠬᠰᠠᠨ ᠥᠭᠡᠷᠡᠴᠢᠯᠡᠯᠲᠡ ᠶᠢ ᠲᠦᠷᠭᠡᠳᠬᠡᠵᠦ᠂ ᠴᠢᠳᠬᠤᠨ ᠡᠳ᠋ᠰᠢᠭᠦᠯᠬᠦ᠂ ᠲᠣᠨᠣᠭᠯᠠᠯ ᠦᠶᠯᠡᠳᠬᠦ ᠵᠡᠷᠭᠡ ᠠᠵᠤ ᠦᠶᠯᠡᠰ ᠯᠦᠭᠡ ᠨᠢᠭᠲᠠ ᠵᠣᠯᠭᠠᠭᠤᠯᠤᠨ᠎ᠠ᠃ | ᠴᠡᠪᠡᠷ ᠡᠨᠧᠷᠭᠢ ᠶᠢᠨ ᠠᠵᠤ ᠦᠶᠯᠡᠰ ᠤᠨ ︽ᠡᠨᠧᠷᠭᠢ ᠶᠢᠨ ᠡᠬᠢ ᠰᠤᠷᠪᠤᠯᠵᠢ ᠲᠣᠤᠷ ᠳᠠᠭᠠᠭᠠᠴᠠ ᠨᠥᠭᠡᠴᠡ︾ ᠶᠢᠨ ᠨᠢᠭᠡ ᠴᠤᠭᠴᠠᠵᠢᠭᠰᠠᠨ ᠬᠥᠭᠵᠢᠯᠲᠡ ᠶᠢ | ᠢᠳᠡᠪᠬᠢᠲᠡᠶ ᠠᠬᠢᠭᠤᠯᠵᠤ᠂ ᠰᠠᠯᠬᠢᠨ ᠬᠦᠴᠦᠨ᠂ ᠭᠡᠷᠡᠯ᠂ ᠢᠯᠴᠢ᠂ ᠬᠠᠳᠠᠭᠠᠯᠠᠬᠤ ᠶᠢ ᠶᠡᠷᠦᠩᠬᠡᠶᠢᠯᠡᠭᠰᠡᠨ ᠡᠨᠧᠷᠭᠢ ᠶᠢᠨ ᠲᠥᠷᠥᠯ ᠵᠦᠢᠯ ᠪᠠ ᠲᠠᠷᠬᠠᠯᠲᠠ ᠶᠢᠨ | ᠬᠡᠯᠪᠡᠷᠢ ᠶᠢᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠢᠳᠡᠪᠬᠢᠳᠡᠢ ᠬᠡᠷᠡᠭᠵᠢᠭᠦᠯᠦᠨ᠂ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠵᠦ᠂ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠳᠠᠶᠢᠴᠢᠯᠠᠨ ᠬᠥᠭᠵᠢᠭᠦᠯᠵᠦ᠂ ᠡᠬᠢ ᠪᠠᠶᠠᠯᠢᠭ ᠡᠨᠧᠷᠭᠢ ᠶᠢ ᠥᠨᠳᠥᠷ ᠪᠦᠲᠦᠮᠵᠢᠲᠡᠢ | ᠡᠷᠴᠢᠮᠵᠢᠭᠦᠯᠦᠨ ᠠᠰᠢᠭᠯᠠᠬᠤ ᠶᠢ ᠪᠡᠶᠡᠯᠡᠭᠦᠯᠦᠨ᠎ᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠪᠠᠯ ᠴᠢᠯᠠᠭᠤ᠂ ᠭᠤᠮ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠠᠬᠤᠶᠢᠯᠠᠯ ᠤᠨ ᠠᠯᠬᠤᠴᠠ ᠪᠠᠨ | ᠲᠦᠷᠭᠡᠳᠬᠡᠬᠦ ᠶᠢ ᠭᠤᠣᠯᠳᠠᠯᠭ᠎ᠠ ᠲᠠᠢ ᠳᠡᠮᠵᠢᠵᠦ᠂ ᠨᠡᠭᠡᠭᠡᠨ ᠬᠥᠭᠵᠢᠭᠦᠯᠬᠦ᠂ ᠡᠳ᠋ᠰᠢᠭᠦᠯᠬᠦ ᠵᠢᠴᠢ ᠰᠤᠳᠤᠯᠤᠨ ᠨᠡᠭᠡᠭᠡᠬᠦ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ | ᠤᠨ ᠬᠡᠯᠬᠢᠶᠡᠰᠦ ᠶᠢ ᠠᠯᠬᠤᠮ ᠠᠯᠬᠤᠮ ᠢᠶᠠᠷ ᠪᠦᠷᠢᠯᠳᠦᠭᠦᠯᠤᠨ᠂ ᠰᠢᠨ᠎ᠡ ᠮᠠᠲ᠋ᠧᠷᠢᠶᠡᠯ ᠤᠨ ᠠᠵᠤ ᠤᠶᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠣᠨᠣᠭᠯᠠᠯ ᠦᠶᠯᠡᠳᠬᠦ᠂ ᠲᠣᠮᠣ ᠳ᠋ᠠᠶᠢᠲ᠋ᠠ | ᠡᠭᠦᠯᠡᠨ ᠪᠤᠳᠤᠯᠲᠠ᠂ ᠠᠵᠤ ᠦᠶᠯᠡᠳᠪᠦᠷᠢ ᠢᠨᠲ᠋ᠧᠷ ᠰᠦᠯᠵᠢᠶ᠎ᠡ ᠵᠡᠷᠭᠡ ᠰᠢᠨ᠎ᠡ ᠪᠠᠷ ᠬᠥᠭᠵᠢᠭᠰᠡᠨ ᠠᠵᠤ ᠦᠶᠯᠡᠰ ᠢ ᠤᠷᠢᠳᠴᠢᠯᠠᠨ ᠪᠠᠶᠢᠷᠢᠰᠢᠭᠤᠯᠵᠤ᠂ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠤᠨ᠎ᠠ᠃ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠢ ᠪᠤᠵᠠᠭᠠᠶᠢᠷᠠᠭᠤᠯᠵᠤ᠂ | ᠠᠷᠠᠯᠵᠢᠶ᠎ᠠ ᠬᠤᠳᠠᠯᠳᠤᠭ᠎ᠠ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠰᠡᠯᠡᠭᠦᠴᠡᠯ ᠵᠤᠭᠠᠴᠠᠯ᠂ ᠬᠡᠷ ᠤᠨ ᠶᠠᠪᠤᠳᠠᠯ ᠤᠨ ᠤᠶᠢᠯᠡᠴᠢᠯᠡᠭᠡ | ᠨᠠᠶᠢᠳᠠᠨ ᠬᠥᠮᠦᠵᠢᠭᠦᠯᠬᠦ ᠵᠡᠷᠭᠡ ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠢ | ᠢᠳᠡᠪᠬᠢᠲᠡᠶ ᠠᠬᠢᠭᠤᠯᠤᠨ᠂ ᠣᠲᠣ ᠦᠶ᠎ᠡ ᠶᠢᠨ ᠮᠥᠩᠭᠦᠨ ᠭᠦᠶᠯᠭᠡᠭᠡ᠂ ᠣᠲᠣ ᠦᠶ᠎ᠡ ᠶᠢᠨ ᠪᠠᠷᠠᠭᠠᠨ ᠤ ᠭᠦᠶᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠰᠢᠨ᠎ᠡ ᠰᠣᠷᠭᠤᠭ ᠢᠶᠠᠷ ᠨᠢ ᠬᠦᠮᠦᠷᠭᠡᠯᠡᠬᠦ ᠵᠡᠷᠭᠡ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠨᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠭᠦᠨ ᠳᠠᠪᠬᠤᠷᠭ᠎ᠠ ᠲᠡᠰᠢ ᠨᠡᠪᠴᠢᠵᠦ᠂ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠦᠷᠢᠯᠳᠦᠭᠦᠯᠦᠨ᠎ᠡ᠃ ᠰᠢᠨ᠎ᠡ ᠶᠢ ᠡᠭᠦᠳᠬᠦ ᠬᠥᠳᠡᠯᠭᠡᠬᠦ ᠬᠦᠴᠦᠨ | ᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠦᠢᠯᠡᠰ ᠤᠨ ᠬᠡᠯᠬᠢᠶᠠᠵᠢᠯ᠂ ᠬᠠᠩᠭᠠᠯᠭ᠎ᠠ ᠶᠢᠨ ᠬᠡᠯᠬᠢᠶᠠᠵᠢᠯ ᠤᠨ ᠲᠤᠭᠤᠷᠢᠨ ᠳᠤ ᠰᠢᠨ᠎ᠡ ᠶᠢ | ᠡᠭᠦᠳᠬᠦ ᠬᠡᠯᠬᠢᠶᠡᠵᠢᠯ ᠢ ᠪᠠᠶᠢᠷᠢᠯᠠᠭᠤᠯᠵᠦ᠂ ᠪᠥᠬᠦ ᠤᠯᠤᠰ ᠤᠨ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ | ᠪᠠᠶᠢᠭᠤᠯᠬᠤ ᠠᠵᠢᠯ ᠢ ᠰᠠᠶᠢᠲᠤᠷ ᠠᠳᠬᠤᠨ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠶᠡᠬᠡᠪᠡᠷ | ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ᠂ ᠰᠢᠨ᠎ᠡ ᠶᠢ ᠡᠭᠦᠳᠬᠦ ᠲᠠᠪᠴᠠᠩ ᠪᠤᠯᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢᠨ | ᠪᠥᠲᠥᠭᠡᠨ ᠪᠠᠶᠢᠭᠤᠯᠤᠯᠲᠠ ᠪᠠᠨ ᠴᠢᠩᠭᠠᠤᠨᠬᠠᠨ᠂ ᠠᠵᠤ ᠠᠬᠤᠶᠢᠯᠠᠯ ᠢᠶᠠᠷ ᠤᠳᠤᠷᠢᠳᠤᠮᠵᠢ ᠪᠤᠯᠭᠠᠭᠰᠠᠨ ᠰᠠᠭᠤᠷᠢ ᠰᠤᠳᠤᠯᠭᠠᠨ᠂ ᠮᠡᠷᠭᠡᠵᠢᠯ ᠤᠨ ᠬᠡᠷᠡᠭᠯᠡᠭᠡ᠂ ᠠᠵᠤ | ᠦᠶᠯᠡᠰ ᠤᠨ ᠬᠤᠪᠢᠷᠠᠭᠤᠯᠤᠯᠲᠠ ᠶᠢᠨ ᠰᠢᠨ᠎ᠡ ᠶᠢ ᠡᠭᠦᠳᠬᠦ ᠬᠡᠯᠬᠢᠶᠡᠰᠦ ᠶᠢ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠳᠤᠲᠠᠭᠤᠳᠠᠯ ᠢᠶᠠᠨ ᠨᠥᠬᠦᠪᠥᠷᠢᠯᠡᠵᠤ᠂ | ᠲᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠤᠨ᠂ ᠨᠢᠭᠡ ᠪᠦᠯᠦᠭ ᠤᠤᠭᠠᠯ ᠡᠭᠦᠳᠦᠯᠲᠡ ᠶᠢᠨ ᠮᠡᠷᠭᠡᠵᠢᠯ ᠤᠨ ᠭᠤᠯᠤᠮᠳᠠ ᠪᠠ ᠤᠳᠤ ᠦᠶ᠎ᠡ ᠶᠢᠨ ᠠᠵᠤ ᠦᠢᠯᠡᠰ ᠤᠨ | ᠬᠡᠯᠬᠢᠶᠡᠵᠢᠯ ᠢ ᠪᠣᠶᠢᠵᠢᠭᠤᠯᠤᠨ᠎ᠠ᠃ ᠴᠢᠳᠠᠪᠤᠷᠢᠲᠠᠨ ᠤ ᠰᠢᠨ᠎ᠡ ᠶᠢ ᠡᠭᠦᠳᠬᠦ ᠦᠢᠯᠡᠴᠢᠯᠡᠭᠡᠨ ᠤ ᠪᠠᠲᠤᠯᠠᠭ᠎ᠠ ᠪᠤᠯᠤᠨ ᠤᠶᠠᠨ ᠬᠠᠳᠠᠨ ᠴᠢᠨᠠᠷ ᠢᠶᠠᠷ ᠴᠢᠳᠠᠪᠤᠷᠢᠲᠠᠨ ᠢ | ᠲᠠᠳᠠᠨ ᠣᠷᠣᠭᠤᠯᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠵᠢᠯ ᠤᠨ ᠴᠢᠳᠠᠪᠤᠷᠢᠲᠠᠨ᠂ ᠤᠷᠠᠨ ᠲᠠᠷᠬᠠᠨ᠂ ᠨᠤᠲᠤᠭ | ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠨ᠂ ᠤᠳᠠᠭ᠎ᠠ ᠪᠦᠷᠢ ᠶᠢᠨ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠡᠭᠦᠳᠦᠨ | ᠪᠦᠲᠦᠭᠡᠬᠦ ᠶᠢ ᠲᠡᠮᠵᠢᠨ ᠬᠠᠮᠠᠭᠠᠯᠠᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠭᠤᠷᠪᠡ ︶ ᠥᠭᠡᠷᠡᠴᠢᠯᠡᠯᠲᠡ ᠨᠡᠬᠡᠬᠡᠯᠳᠡ ᠶᠢᠨ ᠪᠤᠭᠤᠮᠳᠠ ᠰᠢᠪᠳᠤᠯᠤᠯᠳᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ | ᠬᠥᠭᠵᠢᠯᠲᠡ ᠶᠢᠨ ︽ᠵᠦᠭᠯᠡᠭᠦᠷ︾ ᠢ ᠪᠠᠲᠤ ᠪᠤᠢ ᠪᠣᠯᠭᠠᠨ᠎ᠠ | ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠦᠢᠯᠡᠴᠢᠯᠡᠬᠦ ᠳᠤᠮᠳᠠ | ᠡᠯ᠎ᠡ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠭᠤᠷᠪᠠᠨ ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ | ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠠᠯ | ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠶᠯ ᠤᠨ ᠦᠶᠯᠡᠴᠢᠯᠡᠭᠡ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠲᠣᠭᠤᠷᠢᠨ ᠳᠤ᠂ ᠨᠢᠭᠡ | ᠪᠦᠯᠦᠭ ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠶᠢᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠨᠡᠩ ᠤᠯᠠᠨ ᠪᠦᠲᠦᠮᠵᠢᠲᠡᠢ ᠪᠥᠭᠡᠳ ᠲᠤᠰᠠᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠴᠢᠷᠮᠠᠶᠢᠨ ᠲᠣᠭᠲᠠᠭᠠᠵᠤ᠂ ᠪᠣᠭᠤᠮᠲᠠ ᠰᠢᠪᠲᠤᠯᠬᠤ ᠳᠠᠶᠢᠯᠠᠯᠳᠤᠭᠠᠨ ᠪᠤᠯᠤᠨ ᠬᠠᠮᠳᠤᠷᠠᠯ ᠤᠨ ᠠᠵᠢᠯ ᠢᠶᠠᠨ ᠰᠠᠶᠢᠲᠤᠷ | ᠬᠢᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠥᠳᠤᠯᠤᠨ ᠳᠠᠭᠠᠭᠤᠯᠤᠨ᠎ᠠ᠃ ᠬᠤᠣᠰ ᠴᠢᠭᠯᠡᠯᠲᠦ | ᠨᠡᠭᠡᠭᠡᠯᠲᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠲᠠᠢ ᠪᠦᠬᠦ ᠬᠦᠴᠦ ᠪᠠᠷ ᠢᠶᠠᠨ ᠬᠠᠮᠵᠢᠯᠴᠠᠵᠦ᠂ ᠬᠢᠯᠢ | ᠶᠢᠨ ᠪᠣᠭᠤᠮᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠤᠨ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ | ᠯᠦᠭᠡ ᠶᠢᠨ ᠬᠠᠮᠲᠤᠷᠠᠯᠴᠠᠭ᠎ᠠ ᠬᠤᠷᠰᠢᠯᠴᠠᠭ᠎ᠠ ᠪᠠᠨ ᠴᠢᠩᠭᠠᠳᠬᠠᠵᠤ᠂ ᠤᠯᠤᠰ᠂ ᠦᠪᠡᠷᠳᠡᠭᠡᠨ ᠵᠠᠰᠠᠬᠤ ᠤᠷᠤᠨ ᠤ ᠨᠡᠬᠡᠬᠡᠨ ᠬᠦᠭᠵᠢᠬᠦᠯᠵᠦ ᠴᠢᠯᠦᠬᠡᠳᠡᠢ ᠪᠤᠯᠭᠠᠬᠤ | ᠲᠤᠷᠰᠢᠯᠳᠠ ᠶᠢᠨ ᠤᠷᠤᠨ ᠪᠤᠯᠤᠨ ᠲᠡᠮᠤᠷ ᠵᠠᠮ ᠬᠢᠯᠢ ᠶᠢᠨ ᠪᠤᠭᠤᠮᠳᠠ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡ ᠶᠢᠨ | ᠵᠠᠩᠬᠢᠯᠠᠭ᠎ᠠ ᠶᠢᠨ ᠲᠦᠷᠦᠯ ᠵᠦᠢᠯ ᠵᠡᠷᠬᠡ ᠶᠢ ᠲᠦᠷᠭᠡᠨ ᠪᠡᠶᠡᠯᠡᠭᠦᠯᠤᠨ᠎ᠡ᠃ ᠮᠣᠩᠭᠤᠯ ᠤᠯᠤᠰ ᠯᠤᠭ᠎ᠠ ᠶᠢᠨ ᠰᠠᠭᠤᠷᠢ ᠲᠦᠬᠦᠬᠡᠷᠤᠮᠵᠢ ᠶᠢᠨ ︽ᠬᠠᠳᠠᠭᠤ ᠤᠶᠠᠯᠳᠤᠯ︾ | ᠪᠤᠯᠤᠨ ᠬᠥᠮᠦᠨ ᠨᠡᠶᠢᠭᠡᠮ ᠤᠨ ᠰᠤᠯᠢᠯᠴᠠᠭᠠᠨ ᠤ ︽ᠵᠥᠭᠡᠯᠡᠨ ᠬᠤᠯᠪᠣᠭᠠᠯᠠᠯ︾ ᠢᠶᠠᠨ ᠴᠢᠩᠭᠠᠳᠬᠠᠨ᠂ ᠥᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ ᠪᠠ ︽ | ᠠᠮᠠᠨ ᠬᠡᠪᠡᠯᠢ︾ ᠪᠠᠷ ᠬᠤᠯᠪᠣᠭᠠᠯᠠᠨ ᠬᠥᠳᠡᠯᠦᠯᠴᠡᠬᠦ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠮᠣᠩᠭᠤᠯ ᠤᠯᠤᠰ ᠲᠤ ᠨᠡᠭᠡᠭᠡᠯᠲᠡ ᠬᠢᠬᠦ ᠪᠠᠬᠢᠯᠡᠯᠲᠡ ᠶᠢ ᠥᠨᠳᠥᠷ | ᠲᠦᠪᠰᠢᠨ ᠢᠶᠠᠷ ᠰᠠᠶᠢᠲᠤᠷ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠰᠢᠨ᠎ᠡ ᠪᠠᠶᠢᠷᠢᠰᠢᠯ ᠢ | ᠪᠦᠷᠢᠯᠳᠦᠭᠦᠯᠬᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠤᠯᠤᠨ ᠴᠢᠨᠠᠷ ᠰᠠᠶᠢᠲᠠᠶ ᠬᠥᠭᠵᠢᠯᠲᠡ ᠵᠡᠷᠭᠡ ᠴᠢᠬᠤᠯᠠ ᠶᠡᠭᠡ ᠣᠷᠣᠨ | ᠪᠦᠰᠡ ᠶᠢᠨ ᠪᠠᠶᠢᠯᠳᠤᠬᠤ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠷᠬᠢᠨ ᠲᠣᠭᠤᠷᠢᠨ ᠤ ᠠᠶᠢᠮᠠᠭ ᠬᠤᠳᠠ᠂ ᠬᠥᠭᠵᠢᠭᠰᠡᠨ ᠭᠠᠵᠠᠷ ᠣᠷᠣᠨ | ᠯᠤᠭ᠎ᠠ ᠶᠢᠨ ᠬᠦᠨᠵᠡᠬᠡᠢ ᠬᠠᠮᠲᠤᠷᠠᠯᠴᠠᠭ᠎ᠠ ᠪᠠᠨ ᠴᠢᠩᠭᠠᠳᠬᠠᠨ᠂ ᠭᠠᠳᠠᠭᠠᠳᠤ ᠠᠴᠠ ᠣᠷᠣᠭᠤᠯᠵᠤ ᠳᠣᠲᠣᠭᠠᠳᠤ ᠳᠠᠭᠠᠨ ᠬᠤᠯᠪᠣᠭᠠᠯᠠᠬᠤ ᠥᠪᠡᠷᠮᠢᠴᠡ ᠣᠷᠣᠨ ᠪᠠᠶᠢᠷᠢ | ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠨᠡᠩ ᠰᠠᠶᠢᠲᠤᠷ ᠬᠤᠪᠢᠷᠠᠭᠤᠯᠤᠨ᠎ᠠ ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢᠶᠠᠨ | ᠦᠷᠭᠦᠯᠵᠢᠯᠡᠨ ᠰᠢᠯᠢᠳᠡᠭᠵᠢᠭᠦᠯᠦᠨ᠎ᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠴᠦᠲᠡᠢ ᠡᠮᠬᠢ ᠵᠢᠷᠤᠮ ᠲᠠᠢ ᠭᠦᠨᠵᠡᠭᠡᠶᠢᠷᠡᠭᠦᠯᠵᠦ᠂ ᠰᠦᠯᠵᠢᠶᠡᠨ ᠳᠡᠭᠡᠷ᠎ᠡ ︽ᠨᠢᠭᠡ | ᠰᠦᠯᠵᠢᠶ᠎ᠡ ᠪᠠᠷ ᠭᠦᠶᠴᠡᠳᠬᠡᠬᠦ︾᠂ ︽ᠠᠯᠠᠭᠠᠨ ᠳᠡᠭᠡᠷ᠎ᠡ ᠭᠦᠶᠴᠡᠳᠬᠡᠬᠦ︾ ᠪᠤᠯᠤᠨ ᠰᠦᠯᠵᠢᠶᠡᠨ ᠭᠠᠳᠠᠨ᠎ᠠ ︽ᠨᠢᠭᠡ ᠯᠡ ᠤᠳᠠᠭ᠎ᠠ ᠳᠤ ᠭᠦᠶᠴᠡᠳᠬᠡᠬᠦ︾᠂ ︽ᠲᠠᠨ | ᠢ ᠬᠠᠪᠰᠤᠷᠤᠨ ᠭᠦᠶᠴᠡᠳᠬᠡᠬᠦ︾ ᠠᠵᠢᠯ ᠢ ᠭᠦᠨᠵᠡᠭᠡᠶ ᠠᠬᠢᠭᠤᠯᠤᠨ᠂ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ | ᠂ ︽ᠨᠢᠭᠡ ᠳᠤ ᠨᠢᠭᠡ︾ ᠪᠠᠷ ᠬᠠᠪᠰᠤᠷᠤᠨ ᠲᠡᠳᠬᠦᠬᠦ ᠪᠠ ︽ᠴᠡᠭ ᠬᠠᠷᠠᠭᠠᠯᠵᠠᠭᠤᠯᠬᠤ︾ ᠤᠶᠢᠯᠡᠴᠢᠯᠡᠬᠡᠨ ᠤ ᠠᠵᠤ ᠠᠬᠤᠶᠢᠯᠠᠯ ᠤᠨ ᠲᠦᠷᠢᠮ ᠢ ᠲᠡᠬᠦᠯᠳᠡᠷᠵᠢᠬᠦᠯᠦᠨ | ᠂ ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠪᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ | ᠂ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠠᠶᠢᠭᠤᠯᠤᠨ᠎ᠠ᠃ ᠭᠠᠭᠴᠠᠮᠤᠳᠤ ᠬᠢᠯᠢ ᠶᠢᠨ ᠪᠤᠭᠤᠮᠳᠠ ᠶᠢᠨ ᠪᠤᠯᠪᠠᠰᠤᠷᠠᠭᠤᠯᠤᠯᠳᠠ ᠶᠢᠨ | ᠲᠣᠭᠤᠷᠢᠭ ᠤᠨ ᠤᠰᠤ ᠴᠠᠬᠢᠯᠭᠠᠨ ᠵᠠᠮ ᠰᠢᠲᠠᠮᠠᠬᠠᠶ ᠬᠡᠶ ᠲᠤᠯᠠᠭᠠᠯᠠᠯᠭ᠎ᠠ ᠪᠣᠯᠤᠨ ᠮᠡᠳᠡᠭᠡ ᠵᠠᠩᠭᠢᠴᠢᠯᠠᠯᠳᠠ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠲᠦᠷᠭᠡᠳᠬᠡᠵᠦ᠂ ᠪᠤᠯᠪᠠᠰᠤᠷᠠᠭᠤᠯᠤᠯᠳᠠ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ᠂ ᠪᠠᠯᠠ ᠣᠷᠣᠭᠤᠯᠤᠯᠲᠠ ᠶᠢᠨ ᠦᠶᠯᠡᠴᠢᠯᠡᠭᠡ ᠵᠡᠷᠭᠡ ᠴᠢᠳᠠᠮᠵᠢ ᠪᠠᠨ ᠴᠢᠩᠭᠠᠤᠨᠬᠠᠬᠤ ᠶᠢ ᠳᠡᠮᠵᠢᠵᠦ᠂ ︽ᠲᠤᠬᠢᠷᠠᠬᠤ ᠦᠬᠡᠢ ᠶᠢ ᠨᠢ ᠭᠠᠷᠭᠠᠵᠦ | ᠰᠢᠯᠢᠳᠡᠭ ᠢ ᠨᠢ ᠰᠤᠩᠭᠤᠨ ᠤᠷᠤᠭᠤᠯᠬᠤ︾ ᠠᠵᠢᠯ ᠢ ᠡᠮᠬᠢ ᠵᠢᠷᠤᠮ ᠲᠠᠢ ᠠᠬᠢᠭᠤᠯᠤᠨ᠂ ᠥᠷᠢᠰᠥᠯᠳᠦᠬᠦ ᠬᠦᠴᠦᠨ ᠲᠠᠢ ᠨᠡᠮᠡᠭᠳᠡᠯ ᠤᠨ ᠲᠤᠶᠢᠯ ᠢ ᠪᠣᠶ ᠪᠤᠯᠭᠠᠨ᠎ᠠ᠃ | ︵ᠲᠦᠷᠪᠡ︶ ᠠᠮᠢ ᠠᠬᠤᠢ ᠠᠵᠤ ᠤᠶᠢᠯᠡᠤᠨᠪᠦᠷᠢᠯᠡᠯ ᠠᠮᠢᠳᠤᠷᠠᠯ ᠤᠨ ᠤᠷᠤᠨ ᠵᠠᠢ ᠶᠢ ᠬᠠᠮᠲᠤ ᠪᠠᠷ ᠠᠭᠤᠰᠤᠯᠴᠠᠭᠤᠯᠬᠤ ᠢᠨᠵᠧᠨᠧᠷᠢᠩ ᠢ ᠶᠡᠬᠡᠪᠡᠷ | ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ︽ᠬᠥᠳᠡᠯᠦᠩᠭᠦᠢ ᠲᠡᠩᠴᠡᠭᠦᠷᠢᠲᠡᠢ︾ ᠪᠠᠶᠢᠬᠤ ᠶᠢ ᠠᠬᠢᠭᠤᠯᠤᠨ᠎ᠠ | ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠰᠢᠰᠲ᠋ᠧᠮ ᠲᠠᠢ ᠠᠬᠢᠭᠤᠯᠤᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠬᠡᠷ ᠡᠯᠡᠰᠦ ᠶᠢᠨ | ᠰᠢᠰᠲ᠋ᠧᠮᠵᠢᠭᠰᠡᠨ ᠵᠠᠰᠠᠯᠳᠠ ᠶᠢ ᠨᠢᠬᠡᠳᠤᠯᠳᠠᠢ ᠲᠦᠯᠦᠪᠯᠡᠵᠦ᠂ ᠵᠠᠳᠠᠭᠠᠢ ᠠᠭᠤᠷᠬᠠᠢ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ | ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠵᠠᠷ ᠳᠣᠤᠷᠠᠬᠢ ᠤᠰᠤ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ | ᠴᠢᠩᠳᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠶᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠪᠤᠯᠤᠨ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠢ | ᠠᠰᠢᠭᠯᠠᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠦᠨ᠎ᠡ᠃ ︽ᠤᠢ ᠶᠢᠨ ᠳᠠᠷᠤᠭ᠎ᠠ ᠶᠢᠨ ᠳᠦᠷᠢᠮ︾ ᠢ ᠶᠡᠭᠡ ᠪᠠᠷ ᠬᠡᠷᠡᠭᠵᠢᠭᠦᠯᠵᠦ᠂ ᠤᠢ ᠰᠢᠭᠤᠢ ᠡᠪᠡᠰᠦ | ᠪᠡᠯᠴᠢᠬᠡᠷ ᠤᠨ ᠤᠶᠤᠨᠳᠦ ᠲᠤᠭ᠎ᠠ ᠪᠠᠷᠢᠮᠳᠠ ᠶᠢ ᠬᠢᠨᠠᠨ ᠬᠡᠮᠵᠢᠬᠦ ᠲᠠᠪᠴᠠᠩ ᠢ ᠰᠠᠶᠢᠳᠤᠷ ᠪᠠᠶᠢᠭᠤᠯᠤᠨ ᠰᠠᠶᠢᠳᠤᠷ ᠬᠡᠷᠡᠭᠯᠡᠵᠦ᠂ ᠭᠤᠤᠯᠳᠠᠯᠭ᠎ᠠ ᠲᠠᠢ ᠤᠷᠤᠨ ᠪᠦᠰᠡ | ᠶᠢᠨ ᠠᠮᠢ ᠠᠬᠤᠢ ᠶᠢ ᠬᠠᠮᠠᠭᠠᠯᠠᠬᠤ ᠪᠤᠯᠤᠨ ᠰᠡᠷᠬᠦᠬᠡᠬᠦ ᠢᠨᠵᠧᠨᠧᠷᠢᠩ ᠢ ᠬᠡᠷᠡᠭᠵᠢᠬᠦᠯᠦᠨ᠎ᠡ᠃ ᠮᠠᠯ ᠵᠢᠭᠦᠷᠲᠡᠨ ᠤ ᠢᠯᠭᠠᠳᠠᠰᠦ ᠪᠠ ᠡᠰᠢ ᠰᠦᠷᠡᠯ ᠢ ᠡᠬᠢ | ᠪᠠᠶᠠᠯᠢᠭᠵᠢᠭᠤᠯᠤᠨ ᠠᠰᠢᠭᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠦ᠂ ᠲᠠᠷᠢᠶᠠᠨ ᠭᠠᠵᠠᠷ ᠢ ᠰᠡᠯᠭᠦᠨ ᠲᠠᠷᠢᠬᠤ ᠡᠭᠡᠯᠵᠢᠯᠡᠨ ᠲᠠᠷᠢᠬᠤ ᠳᠦᠷᠢᠮ ᠢ | ᠪᠦᠷᠢᠨᠰᠢᠭᠦᠯᠤᠨ᠂ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠨ ᠰᠡᠷᠭᠦᠭᠡᠬᠦ ᠶᠢ ᠠᠬᠢᠭᠤᠯᠤᠨ᠎ᠠ᠃ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ | ᠶᠢᠨ ᠲᠦᠷᠢᠮ︾ ᠵᠢᠴᠢ ᠭᠤᠤᠯ ᠮᠥᠷᠡᠨ ᠨᠠᠭᠤᠷ ᠴᠥᠭᠦᠷᠥᠮ ︵ᠭᠤᠤ ᠰᠤᠪᠠᠭ︶ ᠤᠨ ︽ᠳᠥᠷᠪᠡᠨ ᠡᠷᠤᠢ ᠬᠤᠷᠤᠢ ᠦᠬᠡᠢ ᠪᠠᠶᠢᠬᠤ ᠶᠢ ᠴᠡᠭᠴᠡᠯᠡᠬᠦ︾ | ᠪᠠᠶᠢᠩᠭᠤᠵᠢᠭᠰᠠᠨ ᠲᠣᠭᠲᠠᠯᠴᠠᠭ᠎ᠠ ᠶᠢ ᠲᠡᠬᠦᠯᠳᠡᠷᠵᠢᠬᠦᠯᠵᠦ᠂ ᠤᠯᠤᠰ ᠤᠨ ᠤᠰᠤᠨ ᠤ ᠰᠢᠰᠲ᠋ᠧᠮ ᠢ ᠬᠤᠯᠪᠤᠭᠰᠠᠨ ᠪᠠ ᠤᠰᠤᠨ ᠠᠰᠢᠭᠯᠠᠯᠳᠠ ᠶᠢᠨ ᠦᠵᠡᠰᠬᠦᠯᠡᠩᠳᠦ | ᠰᠠᠶᠢᠬᠠᠨ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠬᠤᠰᠢᠭᠤ ᠰᠢᠶᠠᠨ ᠳᠤ ᠰᠤᠩᠭᠤᠭᠳᠠᠬᠤ ᠪᠠᠷ ᠠᠵᠠ ᠲᠤᠬᠢᠶᠠᠯ ᠪᠤᠯᠭᠠᠨ᠂ ᠮᠤᠨᠠ | ᠠᠭᠤᠯᠠ ᠬᠠᠲᠤᠨ ᠭᠤᠤᠯ ᠤᠨ ᠰᠠᠪᠠ ᠭᠠᠵᠠᠷ ᠳᠠᠭᠠᠤ ᠶᠢᠨ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ | ᠢᠨᠵᠧᠨᠧᠷᠢᠩ ᠢ ᠲᠦᠯᠬᠢᠨ ᠠᠬᠢᠭᠤᠯᠵᠦ᠂ ᠭᠤᠤᠯ ᠮᠥᠷᠡᠨ ᠨᠠᠭᠤᠷ ᠴᠥᠭᠦᠷᠥᠮ ᠤᠨ ᠭᠤᠤ ᠰᠤᠪᠠᠭ ᠤᠨ ᠠᠮᠢ ᠠᠬᠤᠶ ᠶᠢᠨ ᠴᠢᠳᠠᠮᠵᠢ ᠶᠢ ᠨᠡᠮᠡᠭᠳᠡᠬᠦᠯᠦᠨ᠎ᠡ᠃ | ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠥᠷᠪᠡᠨ ᠦᠨᠳᠦᠰᠦᠨ ᠳᠦᠷᠢᠮ ᠢ ᠴᠢᠩᠭ᠎ᠠ ᠬᠡᠷᠡᠭᠵᠢᠭᠦᠯᠵᠦ᠂ ᠡᠯᠡᠰᠤᠵᠢᠨ ᠲᠠᠴᠢᠷᠳᠠᠭᠰᠠᠨ ᠨᠤᠲᠤᠭ ᠪᠡᠯᠴᠢᠭᠡᠷ ᠤᠨ | ᠬᠥᠮᠦᠨ ᠤ ᠬᠦᠴᠦ ᠪᠠᠷ ᠡᠪᠡᠰᠦ ᠲᠠᠷᠢᠵᠤ ᠠᠮᠢ ᠠᠬᠤᠶ ᠶᠢ ᠰᠡᠷᠭᠦᠭᠡᠬᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠭᠦᠢᠴᠡᠳ ᠪᠤᠰᠤ ᠤᠰᠤᠯᠠᠯᠲᠠ ᠶᠢᠨ ᠠᠮᠢ ᠠᠬᠤᠶ | ᠶᠢ ᠰᠡᠷᠭᠦᠭᠡᠬᠦ ᠵᠡᠷᠭᠡ ᠲᠥᠷᠥᠯ ᠵᠦᠢᠯ ᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠲᠦᠷᠬᠡᠨ ᠰᠡᠷᠬᠦᠯᠳᠡ ᠶᠢ ᠠᠬᠢᠭᠤᠯᠤᠨ᠂ ᠠᠮᠢ ᠠᠬᠤᠶ ᠶᠢᠨ | ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ᠂ ᠠᠮᠢ ᠠᠬᠤᠶ ᠶᠢᠨ ᠰᠢᠰᠲ᠋ᠧᠮ ᠢ ᠦᠷᠭᠦᠯᠵᠢᠯᠡᠨ ᠰᠢᠯᠢᠳᠡᠭᠵᠢᠭᠦᠯᠬᠦ᠂ ᠪᠦᠬᠦᠯᠢ ᠴᠣᠭᠴᠠ ᠶᠢᠨ ᠴᠢᠳᠠᠮᠵᠢ ᠶᠢ | ᠦᠷᠭᠦᠯᠵᠢᠯᠡᠨ ᠳᠡᠭᠡᠭᠰᠢᠯᠡᠭᠦᠯᠬᠦ ᠶᠢ ᠪᠡᠶᠡᠯᠡᠬᠦᠯᠵᠦ᠂ ᠮᠠᠨ ᠤ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ | ᠪᠠᠬᠢᠵᠢᠬᠦᠯᠦᠨ᠎ᠡ᠃ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠲᠠᠷᠤᠯᠳᠠ ᠦᠭᠴᠦ ᠭᠦᠨᠵᠡᠭᠡᠶᠢᠷᠡᠭᠦᠯᠤᠨ᠎ᠡ᠃ ᠪᠣᠭᠤᠮᠲᠠ ᠰᠢᠪᠲᠤᠯᠬᠤ ᠡᠷᠴᠢᠮ ᠢᠶᠠᠨ | ᠪᠠᠲᠤᠯᠠᠵᠤ᠂ ᠪᠣᠭᠤᠮᠲᠠ ᠰᠢᠪᠲᠤᠯᠬᠤ ᠭᠦᠨᠴᠡ ᠪᠠᠨ ᠤᠷᠲᠤᠳᠬᠠᠨ᠂ ᠪᠣᠭᠤᠮᠲᠠ ᠰᠢᠪᠲᠤᠯᠬᠤ ᠥᠷᠭᠡᠴᠡ ᠪᠠᠨ ᠥᠷᠭᠡᠳᠬᠡᠵᠦ᠂ ᠤᠨᠢᠨ ᠳᠡᠭᠡᠷ᠎ᠡ ᠨᠢ ᠪᠣᠬᠢᠷᠲᠤᠯ ᠢ | ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠨᠡᠩ ᠲᠤᠪᠤᠶᠢᠯᠭᠠᠨ᠂ ᠪᠣᠬᠢᠷᠲᠤᠯ ᠢ ᠰᠡᠷᠭᠡᠶᠢᠯᠡᠨ | ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠬᠦᠭᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠨ᠎ᠡ᠃ ᠠᠵᠤ ᠦᠶᠯᠡᠳᠪᠦᠷᠢ ᠶᠢᠨ ᠬᠠᠶᠠᠭᠳᠠᠮᠠᠯ ᠬᠡᠢ᠂ ᠵᠠᠮ ᠬᠠᠷᠢᠯᠴᠠᠭᠠᠨ ᠤ ᠪᠣᠬᠢᠷᠲᠤᠯ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ | ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠶᠢ ᠴᠢᠩᠭᠠᠳᠬᠠᠵᠤ᠂ ᠬᠤᠭ ᠲᠣᠭᠤᠰᠣᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ︽ᠨᠡᠭᠦᠷᠡᠰᠦ | ᠰᠢᠳᠠᠭᠠᠬᠤ ᠶᠢ ᠴᠠᠬᠢᠯᠭᠠᠨ ᠢᠶᠠᠷ ᠲᠤᠯᠠᠭᠠᠯᠠᠯᠭ᠎ᠠ ᠬᠠᠩᠭᠠᠬᠤ ᠪᠤᠯᠭᠠᠨ ᠦᠬᠡᠷᠡᠴᠢᠯᠡᠬᠦ︾ ᠴᠡᠪᠡᠷ ᠲᠤᠯᠠᠭᠠᠯᠠᠯᠭ᠎ᠠ ᠶᠢᠨ ᠥᠭᠡᠷᠡᠴᠢᠯᠡᠯᠲᠡ ᠶᠢ ᠲᠤᠪᠤᠶᠢᠮ᠎ᠠ ᠰᠠᠶᠢᠲᠤᠷ | ᠠᠳᠬᠤᠨ᠎ᠠ᠃ ᠲᠥᠪ ᠬᠤᠲᠠ ᠪᠠᠯᠭᠠᠰᠤ ᠪᠣᠯᠤᠨ ᠭᠤᠣᠯᠳᠠᠯᠭ᠎ᠠ ᠲᠠᠢ ᠣᠷᠣᠨ ᠪᠦᠰᠡ ᠶᠢᠨ ᠪᠣᠷᠣᠭᠠᠨ ᠤ ᠤᠰᠤ ᠪᠣᠬᠢᠷ ᠪᠣᠳᠠᠰ ᠢ ᠰᠠᠯᠭᠠᠬᠤ᠂ ᠴᠤᠭᠯᠠᠭᠤᠯᠬᠤ ᠪᠠ | ᠪᠤᠴᠠᠭᠠᠨ ᠬᠡᠷᠡᠭᠯᠡᠬᠦ ᠰᠢᠰᠲ᠋ᠧᠮ ᠢ ᠲᠡᠭᠦᠯᠳᠡᠷᠵᠢᠭᠦᠯᠤᠨ᠂ ᠰᠤᠮᠤ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠵᠦ᠂ ᠬᠠᠳᠤᠨ ᠭᠤᠣᠯ ᠤᠨ | ᠰᠠᠪᠠ ᠭᠠᠵᠠᠷ ᠢᠯᠠᠩᠭᠤᠶ᠎ᠠ ᠤᠯᠠᠭᠠᠨᠰᠤᠬᠠᠢ ᠶᠢᠨ ᠰᠠᠪᠠ ᠭᠠᠵᠠᠷ ᠤᠨ ᠠᠵᠤ ᠦᠢᠯᠡᠳᠪᠦᠷᠢ ᠶᠢᠨ ᠴᠡᠭ ᠤᠨ ᠪᠣᠬᠢᠷᠲᠤᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠡᠳ᠋ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠪᠠ ᠬᠦᠨᠳᠦ ᠲᠡᠮᠦᠷᠯᠢᠭ ᠤᠨ ᠪᠣᠬᠢᠷᠲᠤᠯ ᠢ ᠵᠠᠰᠠᠬᠤ ᠶᠢ ᠴᠢᠩᠭᠠᠤᠨᠬᠠᠨ᠂ ᠬᠤᠭ ᠨᠣᠪᠰᠢ ᠶᠢ ᠲᠥᠷᠥᠯ ᠬᠤᠪᠢᠶᠠᠬᠤ ᠶᠢ ᠶᠡᠬᠡᠪᠡᠷ ᠶᠠᠪᠤᠭᠳᠠᠭᠤᠯᠵᠦ | ᠂ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶᠳᠪᠦᠷᠢᠯᠡᠬᠦ ᠲᠦᠬᠦᠬᠡᠷᠤᠮᠵᠢ ᠪᠤᠯᠤᠨ ᠳᠠᠬᠢᠯᠲᠠ ᠡᠬᠢ ᠪᠠᠶᠠᠯᠢᠭ ᠤᠨ | ᠲᠠᠯᠠᠪᠤᠷ ᠥᠷᠲᠡᠬᠡᠨ ᠤ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠂ ᠬᠤᠲᠠ ᠬᠥᠳᠡᠭᠡ ᠶᠢᠨ ᠬᠤᠭ ᠨᠣᠪᠰᠢ ᠶᠢ ᠬᠤᠤᠷ ᠥᠬᠡᠶᠢᠳᠡᠭᠦᠯᠦᠨ ᠰᠢᠶᠳᠪᠦᠷᠢᠯᠡᠬᠦ ᠶᠢ | ᠪᠦᠬᠦᠨ ᠢ ᠪᠥᠷᠬᠦᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠲᠦᠭᠡᠮᠡᠯᠵᠢᠭᠦᠯᠬᠦ ᠶᠢ | ᠲᠦᠷᠭᠡᠳᠬᠡᠨ᠂ ᠤᠷᠴᠢᠨ ᠲᠤᠭᠤᠷᠢᠨ ᠤ ᠪᠤᠬᠢᠷᠳᠦᠯ ᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠳᠡ ᠪᠠᠨ ᠴᠢᠩᠭᠠᠳᠬᠠᠵᠤ᠂ ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠠᠵᠢᠯ ᠢᠶᠠᠨ ᠲᠠᠰᠤᠷᠠᠯᠲᠠ ᠥᠬᠡᠶ ᠰᠠᠶᠢᠲᠤᠷ ᠬᠢᠬᠦ ᠬᠡᠷᠡᠭᠲᠡᠶ᠃ ᠬᠦᠴᠦ ᠪᠠᠨ ᠲᠥᠪᠯᠡᠷᠡᠭᠦᠯᠦᠨ ᠬᠤᠲᠠ ᠬᠥᠳᠡᠭᠡ | ᠶᠢᠨ ᠬᠤᠯᠪᠣᠭᠠᠯᠠᠨ ᠬᠥᠳᠡᠯᠦᠯᠴᠡᠬᠦ ᠪᠠᠶᠢᠷᠢᠰᠢᠯ ᠢ ᠲᠡᠭᠦᠯᠳᠡᠷᠵᠢᠭᠦᠯᠦᠨ᠎ᠡ᠃ ᠬᠤᠲᠠ ᠶᠢᠨ ᠰᠢᠨᠡᠴᠢᠯᠡᠯᠲᠡ ᠪᠣᠯᠤᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ | ᠶᠢᠨ ᠠᠵᠢᠯᠯᠠᠭ᠎ᠠ ᠶᠢ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠪᠦᠬᠦ ᠤᠯᠤᠰ ᠤᠨ ᠬᠢᠯᠢ ᠬᠢᠵᠠᠭᠠᠷ ᠣᠷᠣᠨ ᠢᠶᠠᠨ ᠬᠦᠴᠦᠷᠭᠡᠭᠵᠢᠬᠦᠯᠵᠦ ᠠᠷᠠᠳ ᠢᠶᠠᠨ | ᠪᠠᠶᠠᠵᠢᠭᠤᠯᠬᠤ ᠠᠵᠢᠯᠯᠠᠭᠠᠨ ᠤ ᠲᠥᠪ ᠤᠨ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢᠶᠠᠷ ᠠᠵᠠ ᠲᠣᠬᠢᠶᠠᠯ ᠪᠣᠯᠭᠠᠨ᠂ ᠭᠤᠤᠯ | ᠬᠤᠳᠠ ᠶᠢᠨ ᠲᠤᠭᠤᠷᠢᠭ ᠤᠨ ᠬᠠᠭᠤᠴᠢᠨ ᠰᠠᠭᠤᠭᠠᠯᠢ ᠲᠣᠭᠤᠷᠢᠭ ᠪᠣᠯᠤᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠵᠠᠮ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠤᠨ᠂ ᠤᠶᠤᠨᠳᠦ ᠬᠤᠳᠠ ᠶᠢᠨ ᠵᠢᠯᠤᠭᠤᠤᠨᠬᠤ ᠡᠵᠡᠩᠨᠡᠯᠳᠡ ᠶᠢᠨ | ᠲᠦᠪ ᠢ ᠪᠠᠶᠢᠭᠤᠯᠵᠦ᠂ ᠬᠤᠲᠠ ᠬᠥᠳᠡᠭᠡ ᠶᠢ ᠬᠠᠮᠤᠷᠤᠭᠰᠠᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠣᠤᠷ ᠢ ᠪᠠᠶᠢᠭᠤᠯᠵᠤ᠂ | ᠬᠤᠲᠠ ᠬᠥᠳᠡᠭᠡ ᠶᠢᠨ ᠬᠠᠮᠢᠶᠠᠷᠤᠯᠲᠠ ᠶᠢᠨ ᠨᠠᠷᠢᠯᠢᠬᠵᠢᠭᠤᠯᠤᠭᠰᠠᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠤᠨ᠎ᠡ᠃ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠠᠬᠢᠭᠤᠯᠵᠤ᠂ ᠰᠠᠭᠤᠷᠢᠰᠢᠨ ᠠᠮᠢᠳᠤᠷᠠᠬᠤ | ᠣᠷᠴᠢᠨ ᠨᠥᠬᠦᠴᠡᠯ ᠤᠨ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠢᠵᠢ ᠪᠦᠷᠢᠳᠦᠬᠦᠯᠬᠦ ᠵᠢᠴᠢ | ᠤᠷᠳᠤ ᠬᠤᠭᠤᠴᠠᠭᠠᠨ ᠤ ᠪᠦᠲᠦᠮᠵᠢᠲᠡᠢ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠳᠤᠯᠠᠭᠠᠨ ᠢ ᠪᠠᠲᠤᠯᠠᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠦᠳᠦᠯᠦᠨ ᠵᠢᠯᠣᠭᠤᠳᠴᠤ᠂ 5G ᠰᠦᠯᠵᠢᠶ᠎ᠡ ᠶᠢᠨ ᠲᠥᠯᠥᠪᠵᠢᠭᠦᠯᠭᠡ ᠶᠢᠨ ᠪᠦᠳᠦᠭᠡᠨ ᠪᠠᠶᠢᠭᠤᠯᠤᠯᠲᠠ ᠪᠠᠨ | ᠴᠢᠩᠭᠠᠳᠬᠠᠨ᠂ ᠵᠣᠷᠯᠣᠩ ᠢ ᠥᠭᠡᠷᠡᠴᠢᠯᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠤᠨ᠎ᠠ᠃ ᠰᠠᠭᠤᠷᠢ ᠲᠦᠬᠦᠬᠡᠷᠤᠮᠵᠢ ᠶᠢᠨ ᠢᠵᠢ ᠪᠦᠷᠢᠳᠦᠭᠦᠯᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠤᠯᠤᠰ ᠤᠨ ︽ᠬᠤᠶᠠᠷ ᠰᠢᠨ᠎ᠡ ᠨᠢᠭᠡ ᠭᠤᠤᠯᠳᠠᠯᠭ᠎ᠠ︾ ᠶᠢᠨ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ | ᠠᠵᠠ ᠲᠤᠬᠢᠶᠠᠯ ᠢ ᠠᠰᠢᠭᠯᠠᠨ᠂ ᠤᠰᠤ ᠠᠷᠪᠢᠯᠠᠬᠤ ᠤᠰᠤᠯᠠᠯᠳᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠨ ᠭᠠᠵᠠᠷ | ᠤᠨ ᠶᠠᠰᠤ ᠴᠢᠨᠠᠷ ᠢ ᠬᠠᠮᠠᠭᠠᠯᠠᠨ ᠳᠡᠭᠡᠭᠰᠢᠯᠡᠭᠦᠯᠬᠦ ᠵᠡᠷᠬᠡ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠴᠢᠷᠮᠠᠶᠢᠨ᠂ | ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠥᠬᠦ ᠤᠯᠤᠰ ᠤᠨ ᠠᠶᠠᠯᠠᠯ ᠨᠡᠪᠲᠡᠷᠡᠬᠦ ᠣᠶᠢᠷ᠎ᠠ ᠵᠠᠮ ᠤᠨ ᠲᠡᠭᠡᠭᠡᠪᠦᠷᠢ ᠶᠢᠨ ᠳᠠᠭᠠᠭᠤᠯᠤᠭᠴᠢ ᠪᠠ ᠵᠢᠯᠣᠭᠤᠴᠢ ᠥᠬᠡᠶ | ᠪᠠᠷ ᠲᠤᠷᠰᠢᠨ ᠨᠢᠰᠬᠦ᠂ ᠰᠢᠯᠭᠠᠨ ᠪᠠᠲᠤᠯᠠᠬᠤ᠂ ᠪᠣᠯᠪᠠᠰᠤᠷᠠᠯ ᠤᠨ ᠰᠠᠭᠤᠷᠢᠨ ᠭᠠᠵᠠᠷ ᠳᠠᠰᠢ ᠬᠦᠭᠵᠢᠬᠦ ᠶᠢ ᠳᠡᠮᠵᠢᠵᠦ᠂ S39 ᠲᠦᠷᠬᠡᠨ ᠤ ᠵᠠᠮ ᠪᠤᠯᠤᠨ G335᠂ | S215 ᠵᠡᠷᠭᠡ ᠤᠯᠤᠰ ᠮᠤᠵᠢ ᠶᠢᠨ ᠭᠤᠤᠯ ᠵᠠᠮ ᠪᠤᠯᠤᠨ ᠮᠠᠯᠵᠢᠬᠤ ᠲᠠᠷᠢᠶᠠᠯᠠᠬᠤ ᠣᠷᠣᠨ ᠤ ᠡᠬᠢ ᠪᠠᠶᠠᠯᠢᠭ ᠤᠨ ᠵᠠᠮ᠂ ᠠᠵᠤ ᠦᠶᠯᠡᠰ ᠤᠨ ᠵᠠᠮ᠂ ᠵᠢᠭᠤᠯᠴᠢᠯᠠᠯ | ᠤᠨ ᠵᠠᠮ ᠤᠨ ᠪᠦᠳᠦᠭᠡᠨ ᠪᠠᠶᠢᠭᠤᠯᠤᠯᠳᠠ ᠪᠠᠨ ᠲᠦᠷᠬᠡᠤᠨᠬᠡᠵᠦ᠂ ᠬᠥᠳᠡᠭᠡ ᠲᠣᠰᠬᠤᠨ ᠤ ᠴᠠᠬᠢᠯᠭᠠᠨ ᠲᠣᠤᠷ ᠢ ᠲᠠᠰ ᠳᠡᠪᠰᠢᠭᠦᠯᠦᠨ ᠥᠭᠡᠷᠡᠴᠢᠯᠡᠬᠦ᠂ ᠠᠵᠤ | ᠠᠬᠤᠶᠢᠯᠠᠯ ᠤᠨ ᠬᠠᠭᠤᠴᠢᠨ ᠴᠠᠬᠢᠯᠭᠠᠨ ᠬᠦᠴᠦᠨ ᠤ ᠲᠦᠬᠦᠬᠡᠷᠤᠮᠵᠢ ᠶᠢ ᠥᠭᠡᠷᠡᠴᠢᠯᠡᠬᠦ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ ᠲᠦᠬᠦᠬᠡᠷᠤᠮᠵᠢ | ᠶᠢᠨ ᠪᠥᠲᠥᠭᠡᠨ ᠪᠠᠶᠢᠭᠤᠯᠤᠯᠲᠠ ᠬᠠᠮᠠᠭᠠᠯᠠᠯᠳᠠ ᠶᠢ ᠲᠦᠯᠬᠢᠨ ᠠᠬᠢᠭᠤᠯᠵᠦ᠂ ᠲᠣᠮᠣ ᠳ᠋ᠠᠶᠢᠲ᠋ᠠ ᠶᠢᠨ ᠲᠥᠪ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ | ᠴᠡᠨᠡᠭᠯᠡᠬᠦ ᠭᠠᠵᠠᠷ ᠵᠡᠷᠭᠡ ᠰᠢᠨ᠎ᠡ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠢᠳᠡᠪᠬᠢᠲᠡᠶ ᠵᠣᠯᠭᠠᠭᠤᠯᠤᠨ ᠨᠠᠶᠢᠳᠠᠪᠤᠷᠢᠵᠢᠭᠤᠯᠵᠤ᠂ ᠪᠠᠶᠢᠷᠢᠰᠢᠯ ᠨᠢ | ᠵᠦᠶ ᠵᠣᠬᠢᠰᠲᠠᠶ᠂ ᠴᠢᠳᠠᠮᠵᠢ ᠨᠢ ᠢᠵᠢ ᠪᠥᠷᠢᠳᠦᠭᠰᠡᠨ᠂ ᠠᠮᠤᠷ ᠲᠦᠪᠰᠢᠨ ᠥᠨᠳᠥᠷ ᠪᠦᠲᠦᠮᠵᠢᠲᠡᠶ ᠣᠳᠣᠬᠢᠴᠢᠯᠠᠭᠰᠠᠨ ᠰᠠᠭᠤᠷᠢ ᠲᠦᠬᠦᠬᠡᠷᠤᠮᠵᠢ ᠶᠢᠨ ᠰᠢᠰᠲ᠋ᠧᠮ ᠢ | ᠪᠠᠶᠢᠭᠤᠯᠵᠤ᠂ ᠰᠢᠨ᠎ᠡ ᠪᠠᠶᠢᠷᠢᠰᠢᠯ ᠳᠤ ᠨᠠᠩ ᠰᠠᠶᠢᠲᠤᠷ ᠠᠭᠤᠰᠤᠯᠴᠠᠨ᠂ ᠰᠢᠨ᠎ᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠢᠨ᠎ᠡ ᠬᠡᠷᠡᠭᠯᠡᠭᠡ ᠶᠢ ᠠᠬᠢᠭᠤᠯᠵᠤ᠂ | ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠨ᠎ᠠ᠃ | ︵ᠲᠠᠪᠤ︶ ᠰᠣᠶᠣᠯ ᠤᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ︽ᠠᠯᠲᠠᠨ ᠫᠠᠶᠢᠰᠠ︾ ᠶᠢ | ᠭᠡᠷᠡᠯᠲᠦᠭᠦᠯᠦᠨ᠎ᠡ | ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠤᠨ᠎ᠠ᠃ ᠦᠵᠡᠯ ᠰᠠᠨᠠᠭᠠᠨ ᠤ ᠰᠦᠭ ᠰᠦᠨᠡᠰᠦ ᠴᠣᠭᠴᠠᠯᠠᠬᠤ ᠢᠨᠵᠧᠨᠧᠷᠢᠩ ᠢ | ᠬᠡᠷᠡᠭᠵᠢᠭᠦᠯᠵᠦ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠬᠡᠬᠡᠯᠳᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ | ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠡᠬᠡ ᠤᠷᠤᠨᠴᠢ ᠦᠵᠡᠯ᠂ ᠬᠠᠮᠳᠤ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ | ᠴᠢᠩᠭᠠᠳᠬᠠᠨ᠂ ᠨᠠᠮ ᠤᠨ ᠰᠢᠨ᠎ᠡ ᠶᠢ ᠡᠭᠦᠳᠬᠦ ᠤᠨᠤᠯ ᠪᠣᠯᠤᠨ ᠠᠭᠤᠤ ᠶᠡᠭᠡ ᠵᠣᠷᠢᠭ ᠰᠠᠨᠠᠭ᠎ᠠ ᠪᠠᠷ ᠨᠠᠮ ᠤᠨ ᠭᠡᠰᠢᠭᠦᠨ ᠺᠠᠳ᠋ᠷ ᠢ ᠵᠡᠪᠰᠡᠭᠯᠡᠵᠦ᠂ ᠠᠷᠠᠳ ᠤᠯᠠᠨ ᠢ | ᠬᠥᠮᠦᠵᠢᠭᠦᠯᠤᠨ᠂ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠤᠨ ᠣᠯᠠᠨ ᠲᠦᠮᠡᠨ ᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ | ᠢᠶᠠᠨ ᠳᠠᠭᠠᠬᠤ ᠶᠢ ᠬᠥᠲᠥᠯᠥᠨ ᠵᠢᠯᠣᠭᠤᠳᠤᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ᠂ ᠳᠣᠯᠣᠳᠤᠭᠠᠷ | ᠬᠤᠭᠤᠴᠠᠭᠠᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠠᠷᠠᠳ ᠢᠷᠭᠡᠳ ᠤᠨ ᠶᠣᠰᠣ ᠮᠣᠷᠠᠯ ᠤᠨ | ᠪᠠᠶᠢᠭᠤᠯᠤᠯᠲᠠ᠂ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠪᠤᠯᠤᠨ ᠰᠦᠯᠵᠢᠶᠡᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ | ᠢᠷᠭᠡᠳ ᠤᠨ ᠪᠣᠯᠪᠠᠰᠤᠨ ᠤ ᠬᠡᠪ ᠴᠢᠨᠠᠷ ᠪᠤᠯᠤᠨ ᠨᠡᠶᠢᠭᠡᠮ ᠤᠨ ᠪᠣᠯᠪᠠᠰᠤᠨ ᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ | ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠵᠢᠴᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠲᠡᠦᠬᠡ ᠶᠢᠨ ᠬᠥᠮᠦᠵᠢᠯ᠂ ᠰᠣᠶᠣᠯ ᠤᠨ ᠵᠢᠯᠣᠭᠤᠳᠤᠮᠵᠢ ᠪᠤᠯᠤᠨ ᠬᠠᠤᠯᠢᠵᠢᠯ ᠤᠨ ᠤᠬᠠᠭᠤᠯᠭ᠎ᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠦᠨᠳᠦᠰᠦᠲᠡᠨ | ᠨᠦᠭᠦᠳ ᠤᠨ ᠠᠷᠠᠳ ᠲᠦᠮᠡᠨ ᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠢᠴᠢᠬᠦᠷᠢ ᠪᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ | ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠬᠤ ᠶᠢ ᠬᠦᠳᠦᠯᠦᠨ ᠵᠢᠯᠤᠭᠤᠳᠤᠨ᠎ᠠ᠃ ᠭᠤᠤᠯ | ᠦᠵᠡᠯ ᠰᠠᠨᠠᠭᠠᠨ ᠤ ᠶᠠᠷᠢᠶ᠎ᠠ ᠬᠡᠯᠡᠯᠴᠡᠭᠡ ᠪᠠᠨ ᠪᠤᠵᠠᠭᠠᠶᠢᠷᠠᠭᠤᠯᠤᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ ᠪᠠᠬᠢᠵᠢᠭᠦᠯᠬᠦ︾ ᠦᠨᠳᠦᠰᠦᠨ ᠡᠭᠦᠷᠭᠡ ᠳᠤ ᠠᠩᠬᠠᠷᠤᠯ | ᠢᠶᠠᠨ ᠲᠥᠪᠯᠡᠷᠡᠭᠦᠯᠤᠨ᠂ ᠡᠯ᠎ᠡ ᠲᠥᠷᠥᠯ ᠤᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ︵ᠥᠷᠲᠡᠭᠡ︶ ᠤᠨ ᠴᠢᠳᠠᠮᠵᠢ ᠶᠢ ᠥᠷᠭᠡᠳᠬᠡᠨ᠂ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ | ᠪᠠᠨ ᠪᠥᠬᠦ ᠲᠠᠯ᠎ᠠ ᠪᠠᠷ ᠴᠢᠩᠭᠠᠳᠬᠠᠵᠦ᠂ ᠤᠯᠠᠭᠠᠨᠮᠥ᠋ᠴᠢᠷ ᠤᠨ ᠦᠶᠯᠡᠰ ᠤᠨ ᠲᠦᠪ ᠶᠣᠰᠣ ᠶᠢ ᠪᠠᠷᠢᠮᠲᠠᠯᠠᠨ ᠰᠢᠨ᠎ᠡ ᠶᠢ ᠡᠬᠦᠤᠨᠬᠦ ᠶᠢ ᠳᠡᠮᠵᠢᠵᠦ᠂ ᠡᠯ᠎ᠡ ᠲᠦᠷᠦᠯ ᠤᠨ | ᠵᠢᠭᠰᠠᠭᠠᠯ ᠤᠨ ᠭᠠᠵᠠᠷ ᠢ ᠵᠢᠯᠣᠭᠤᠳᠤᠨ ᠦᠵᠡᠯ ᠰᠠᠨᠠᠭᠠᠨ ᠤ ᠢᠯᠭᠠᠨ ᠲᠠᠨᠢᠬᠤ ᠴᠢᠳᠠᠪᠤᠷᠢ᠂ ᠤᠨᠤᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠬᠠᠮᠲᠤ ᠶᠢᠨ | ᠲᠠᠨᠢᠯᠲᠠ ᠶᠢᠨ ᠨᠢᠭᠲᠠᠷᠠᠯ ᠤᠨ ᠬᠦᠴᠦᠨ ᠢᠶᠠᠷ ᠭᠤᠣᠯ ᠪᠣᠯᠭᠠᠭᠰᠠᠨ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ | ᠳᠤᠮᠳᠠᠳᠤ ᠬᠤᠰᠢᠭᠤᠨ ᠤ ᠦᠯᠢᠭᠡᠷ ᠲᠡᠤᠬᠡ ᠶᠢ ᠰᠠᠶᠢᠲᠤᠷ ᠶᠠᠷᠢᠨ ᠤᠬᠠᠭᠤᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ | ᠰᠠᠨᠠᠭᠠᠴᠢᠯᠠᠭᠠᠲᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠨ᠎ᠡ᠃ ᠰᠣᠶᠣᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠪᠠᠨ ᠰᠢᠯᠢᠳᠡᠭᠵᠢᠭᠦᠯᠦᠨ᠎ᠡ᠃ ᠰᠣᠶᠣᠯ | ᠤᠨ ᠣᠷᠳᠣᠨ᠂ ᠨᠣᠮ ᠤᠨ ᠰᠠᠩ᠂ ᠮᠦᠽᠧᠶ ᠪᠤᠯᠤᠨ ᠲᠣᠭᠠᠴᠢᠯᠠᠭᠰᠠᠨ ᠲᠠᠩᠰᠠ ᠡᠪᠬᠡᠮᠡᠯ ᠤᠨ ᠣᠷᠳᠣᠨ ᠤ ᠪᠥᠲᠥᠭᠡᠨ ᠪᠠᠶᠢᠭᠤᠯᠤᠯᠲᠠ ᠪᠠᠨ ᠲᠦᠷᠬᠡᠤᠨᠬᠡᠨ᠂ ︽ | ᠤᠶᠤᠨᠲᠤ ᠷᠠᠳᠢᠣ᠋ ᠲᠧᠯᠸᠢᠰ︾ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ︽ᠲᠣᠰᠬᠤᠨ ᠪᠣᠯᠭᠠᠨ ᠳᠤ ᠨᠡᠪᠳᠡᠷᠡᠬᠦ︾ ᠢᠨᠵᠧᠨᠧᠷᠢᠩ ᠢ ᠠᠬᠢᠭᠤᠯᠵᠦ᠂ ᠪᠦᠬᠦ | ᠠᠷᠠᠳ ᠤᠨ ᠪᠡᠶ᠎ᠡ ᠮᠠᠬᠠᠪᠤᠤᠨ ᠢᠶᠠᠨ ᠴᠢᠭᠢᠷᠠᠭᠵᠢᠭᠤᠯᠬᠤ ᠲᠥᠪ᠂ ᠨᠡᠶᠢᠭᠡᠮ ᠲᠣᠭᠤᠷᠢᠭ ᠤᠨ ᠣᠯᠠᠨ ᠴᠢᠳᠠᠮᠵᠢᠲᠤ ᠬᠥᠳᠡᠯᠭᠡᠭᠡᠨ ᠤ ᠲᠠᠯᠠᠪᠤᠷ᠂ ᠶᠡᠷᠦᠩᠬᠡᠶᠢᠯᠡᠭᠰᠡᠨ | ᠬᠥᠳᠡᠯᠭᠡᠭᠡᠨ ᠤ ᠲᠥᠪ ᠵᠡᠷᠭᠡ ᠲᠥᠷᠥᠯ ᠵᠦᠶᠯ ᠢ ᠰᠠᠶᠢᠳᠤᠷ ᠬᠡᠷᠡᠭᠵᠢᠬᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠬᠦᠬᠡᠷᠤᠮᠵᠢ ᠶᠢᠨ | ᠪᠠᠷᠢᠮᠵᠢᠶᠠᠵᠢᠭᠰᠠᠨ᠂ ᠲᠡᠩᠴᠡᠭᠦᠷᠢᠰᠢᠭᠰᠡᠨ᠂ ᠤᠶᠤᠨᠴᠢᠯᠠᠭᠰᠠᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ | ᠤᠯᠠᠮᠵᠢᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠨ᠂ ᠠᠷᠠᠳ ᠤᠨ ᠵᠠᠩ ᠦᠢᠯᠡ ᠶᠢᠨ ᠲᠣᠭᠯᠠᠯᠲᠠ᠂ ᠦᠨᠳᠦᠰᠦᠲᠡᠨ ᠤ ᠭᠠᠷ ᠤᠷᠠᠯᠠᠯ᠂ ᠪᠠᠶᠠᠷ ᠳᠤᠷᠠᠰᠬᠠᠯ | ᠤᠨ ᠠᠵᠢᠯᠯᠠᠭ᠎ᠠ ᠵᠡᠷᠭᠡ ᠰᠢᠨ᠎ᠡ ᠮᠠᠶ᠋ᠢᠭ ᠤᠨ ᠰᠣᠶᠣᠯ ᠤᠨ ᠠᠵᠤ ᠠᠬᠤᠶᠢᠯᠠᠯ᠂ ᠰᠣᠶᠣᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠣᠶᠣᠯ ᠤᠨ ᠬᠡᠷᠡᠭᠯᠡᠭᠡᠨ ᠤ | ᠵᠠᠭᠪᠤᠷ ᠢ ᠢᠳᠡᠪᠬᠢᠲᠡᠢ ᠪᠠᠷ ᠬᠥᠭᠵᠢᠭᠦᠯᠵᠦ᠂ ︽ᠤᠷᠠᠳ︾ ᠰᠣᠶᠣᠯ ᠤᠨ ᠲᠦᠷᠦᠯ ᠲᠡᠮᠳᠡᠭᠳᠦ ᠶᠢᠨ ᠨᠥᠯᠥᠭᠡᠯᠡᠬᠦ ᠬᠦᠴᠦᠨ ᠪᠣᠯᠤᠨ ᠤᠷᠢᠶᠠᠯᠠᠬᠤ ᠬᠦᠴᠦᠨ ᠢᠶᠠᠨ | ᠲᠠᠰᠤᠷᠠᠯᠲᠠ ᠤᠢᠭᠡᠢ ᠨᠡᠮᠡᠭᠳᠡᠭᠦᠯᠦᠨ᠎ᠡ᠃ | ︵ᠵᠢᠷᠭᠤᠭ᠎ᠠ︶ ᠨᠡᠶᠢᠳᠡᠮ ᠠᠰᠢᠭ ᠬᠦᠷᠲᠡᠭᠡᠵᠦ ᠬᠠᠮᠲᠤᠪᠠᠷ ᠡᠳ᠋ᠯᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ | ︽ᠰᠠᠭᠤᠷᠢ ᠶᠢ ᠪᠠᠲᠤᠯᠠᠬᠤ ᠲᠣᠤᠷ︾ ᠢ ᠨᠢᠭᠲᠠ ᠰᠦᠯᠵᠢᠨ᠎ᠡ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠲᠠᠬᠢᠨ ᠶᠠᠳᠠᠭᠤᠷᠠᠬᠤ ᠪᠠ | ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠷ ᠬᠢᠨᠠᠨ ᠬᠡᠮᠵᠢᠬᠦ᠂ ᠴᠠᠭ ᠲᠤᠬᠠᠢ ᠳᠤᠨᠢ ᠢᠯᠡᠷᠡᠭᠦᠯᠬᠦ᠂ ᠲᠦᠷᠭᠡᠨ ᠬᠦᠳᠡᠯᠦᠯᠴᠡᠵᠦ᠂ ᠥᠨᠳᠥᠷ ᠪᠦᠲᠦᠮᠵᠢᠲᠡᠢ ᠪᠠᠷ | ᠬᠠᠪᠰᠤᠷᠤᠨ ᠲᠡᠳᠬᠦᠬᠦ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠣᠷᠣᠯᠭ᠎ᠠ ᠶᠢᠨ ᠲᠦᠪᠰᠢᠨ ᠤ ᠬᠤᠪᠢᠷᠠᠯᠲᠠ ᠪᠤᠯᠤᠨ ︽ᠬᠤᠶᠠᠷ ᠲᠤ ᠵᠣᠪᠠᠭ᠋ᠤ ᠥᠬᠡᠶ | ᠭᠤᠷᠪᠠ ᠶᠢ ᠪᠠᠲᠤᠯᠠᠬᠤ︾ ᠶᠢ ᠪᠠᠬᠢᠵᠢᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠬᠡᠮᠵᠢᠵᠦ᠂ ᠬᠦᠨᠳᠦ ᠡᠪᠡᠳᠴᠢᠨ᠂ ᠪᠠᠶᠢᠭᠠᠯᠢ ᠶᠢᠨ ᠭᠠᠮᠰᠢᠭ ᠵᠡᠷᠭᠡ ᠠᠴᠠ | ᠪᠣᠯᠤᠭᠰᠠᠨ ᠶᠠᠳᠠᠭᠤᠷᠠᠬᠤ ᠲᠠᠬᠢᠨ ᠶᠠᠳᠠᠭᠤᠷᠠᠬᠤ ᠠᠰᠠᠭᠤᠳᠠᠯ ᠢ ᠪᠦᠲᠦᠮᠵᠢᠲᠡᠢ ᠰᠡᠷᠭᠡᠶᠢᠯᠡᠨ᠂ ᠪᠦᠯᠦᠭ ᠢᠶᠠᠷ ᠢᠶᠠᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠠᠵᠢᠯ ᠣᠯᠭᠤᠯᠲᠠ ᠪᠠᠷ ᠦᠢᠯᠡᠰ ᠴᠣᠭᠴᠠᠯᠠᠬᠤ ᠶᠢ ᠠᠬᠢᠭᠤᠯᠬᠤ᠂ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ ᠤᠶᠤᠳᠠᠤᠨ᠂ ᠬᠤᠲᠠ ᠪᠠᠯᠭᠠᠰᠤᠨ ᠤ ᠠᠵᠢᠯ ᠤᠯᠬᠤ ᠳᠤ ᠬᠦᠴᠢᠷᠲᠡᠢ ᠬᠥᠮᠦᠰ᠂ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ | ᠢ ᠠᠵᠤ ᠦᠢᠯᠡᠰ ᠢᠶᠠᠷ ᠳᠡᠮᠵᠢᠬᠦ ᠪᠤᠯᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠨ᠂ ᠠᠵᠢᠯ ᠣᠯᠭᠤᠯᠲᠠ ᠶᠢᠨ ᠳᠠᠳᠤᠯᠭ᠎ᠠ ᠶᠢᠨ ᠰᠠᠭᠤᠷᠢᠨ | ᠭᠠᠵᠠᠷ ᠪᠣᠯᠤᠨ ᠦᠢᠯᠡᠰ ᠴᠤᠭᠴᠠᠯᠠᠬᠤ ᠶᠢ ᠬᠦᠮᠦᠵᠢᠬᠦᠯᠦᠨ ᠪᠤᠶᠢᠵᠢᠭᠤᠯᠬᠤ ᠬᠦᠷᠢᠶᠡᠯᠡᠩ ᠤᠨ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠭᠤᠣᠯᠳᠠᠯᠭ᠎ᠠ ᠲᠠᠢ | ᠠᠵᠢᠯᠴᠢᠨ ᠬᠡᠷᠡᠭᠯᠡᠬᠦ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠳᠦᠷᠢᠮ ᠢ ᠬᠡᠷᠡᠭᠵᠢᠭᠦᠯᠤᠨ᠂ ᠬᠥᠳᠡᠭᠡ ᠲᠣᠰᠬᠤᠨ ᠤ ᠠᠵᠤ ᠦᠢᠯᠡᠰ | ᠤᠨ ᠠᠵᠢᠯ ᠣᠯᠭᠤᠯᠲᠠ ᠶᠢ ᠳᠠᠶᠢᠴᠢᠯᠠᠬᠤ ᠶᠢ ᠵᠣᠷᠢᠭᠵᠢᠭᠤᠯᠵᠤ᠂ ᠨᠡᠩ ᠴᠢᠨᠠᠷ ᠰᠠᠶᠢᠲᠠᠢ ᠨᠡᠩ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠦᠨ᠎ᠡ᠃ ︽ᠪᠦᠬᠦ ᠠᠷᠠᠳ ᠢᠶᠠᠷ ᠢᠶᠠᠨ ᠰᠤᠷᠭᠠᠨ ᠬᠥᠮᠦᠵᠢᠯ ᠢ ᠬᠥᠭᠵᠢᠭᠦᠯᠬᠦ | ︾ ᠢᠨᠵᠧᠨᠧᠷᠢᠩ ᠢ ᠬᠦᠨᠵᠡᠬᠡᠶᠢᠷᠡᠬᠦᠯᠦᠨ ᠪᠠᠶᠠᠯᠢᠭᠵᠢᠭᠤᠯᠵᠦ᠂ ᠲᠠᠪᠤᠳᠤᠭᠠᠷ ᠬᠡᠦᠬᠡᠳ ᠤᠨ ᠴᠡᠴᠡᠷᠯᠢᠭ᠂ ᠭᠤᠷᠪᠠᠳᠤᠭᠠᠷ ᠪᠠᠭ᠎ᠠ ᠰᠤᠷᠭᠠᠭᠤᠯᠢ ᠵᠡᠷᠭᠡ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶᠯ ᠢ ᠰᠠᠶᠢᠲᠤᠷ ᠬᠡᠷᠡᠭᠵᠢᠭᠦᠯᠦᠨ᠂ ᠨᠠᠶᠢᠳᠠᠨ ᠬᠥᠮᠦᠵᠢᠭᠦᠯᠵᠦ ᠪᠤᠶᠢᠵᠢᠭᠤᠯᠬᠤ ᠪᠠ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠦᠢᠯᠡᠴᠢᠯᠡᠭᠡᠨ ᠤ ᠬᠠᠩᠭᠠᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ | ᠲᠡᠩᠴᠡᠭᠦᠷᠢᠲᠡᠶ ᠬᠥᠭᠵᠢᠭᠦᠯᠬᠦ ᠲᠤᠷᠰᠢᠯᠲᠠ ᠶᠢᠨ ᠴᠡᠭ ᠪᠤᠯᠤᠨ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ | ᠰᠠᠶᠢᠲᠤᠷ ᠠᠤᠨᠬᠤᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠠᠷᠠᠳ | ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠬᠤᠰᠢᠭᠤ ᠱᠠᠲᠤᠨ ᠤ ᠠᠯᠪᠠᠨ ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ | ᠶᠢᠨ ᠦᠶᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠤᠯᠤᠨ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠴᠢᠳᠠᠪᠤᠷᠢ ᠶᠢᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠶᠯᠡᠰ ᠤᠨ ᠬᠥᠭᠵᠢᠯᠲᠡ ᠶᠢ ᠳᠡᠮᠵᠢᠵᠦ᠂ ᠬᠤᠰᠢᠭᠤ ᠨᠤᠲᠤᠭ ᠤᠨ ᠡᠮ | ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠤᠨ᠎ᠡ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠪᠣᠯᠤᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠬᠤ ᠶᠢ ᠨᠠᠷᠢᠯᠢᠭ ᠨᠠᠶᠢᠳᠠᠪᠤᠷᠢᠵᠢᠭᠤᠯᠵᠤ᠂ ᠭᠡᠨᠡᠳᠲᠡ ᠡᠭᠦᠰᠦᠭᠰᠡᠨ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠥᠮᠦᠨ ᠠᠮᠠ ᠶᠢᠨ ᠨᠠᠰᠤᠵᠢᠯᠳᠠ | ᠪᠤᠯᠤᠨ ᠭᠤᠷᠪᠠᠨ ᠬᠡᠤᠬᠡᠤᠨ ᠠᠪᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢᠨ ᠵᠣᠬᠢᠴᠠᠭᠤᠯᠤᠨ ᠵᠣᠯᠭᠠᠭᠤᠯᠬᠤ ᠠᠵᠢᠯ ᠢᠶᠠᠨ ᠴᠢᠩᠭᠠᠳᠬᠠᠵᠤ᠂ ᠹᠦ᠋ | ᠯᠧ ᠺᠠᠩ ᠨᠠᠰᠤᠳᠠᠶᠢᠴᠤᠤᠨ ᠤᠨ ᠠᠰᠠᠷᠠᠮᠵᠢ ᠶᠢᠨ ᠬᠦᠷᠢᠶᠡᠯᠡᠩ ᠤᠨ ᠪᠠᠶᠢᠭᠤᠯᠤᠯᠲᠠ ᠪᠠᠨ ᠲᠦᠷᠭᠡᠳᠬᠡᠨ᠂ ᠡᠮᠴᠢᠯᠡᠬᠦ ᠰᠤᠪᠢᠯᠠᠬᠤ ᠶᠢ ᠤᠶᠠᠯᠳᠤᠭᠤᠯᠬᠤ᠂ ᠡᠬᠡ | ᠨᠢᠯᠬᠠᠰ ᠤᠨ ᠡᠷᠡᠭᠦᠯᠵᠢᠯ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶᠢᠵᠢᠭᠰᠠᠨ ᠦᠢᠯᠡᠴᠢᠯᠡᠭᠡᠨ ᠤ ᠲᠣᠣᠷ ᠢ ᠲᠡᠭᠦᠯᠳᠡᠷᠵᠢᠭᠦᠯᠵᠦ᠂ ᠬᠥᠮᠦᠨ ᠠᠮᠠ | ᠶᠢᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ | ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠤᠶᠠᠷ ᠢ ᠬᠦᠷᠢᠶᠡᠯᠡᠬᠦ ᠬᠠᠷᠠᠭᠠᠯᠵᠠᠯᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠶᠠᠳᠠᠭᠤ ᠬᠦᠴᠢᠷᠳᠡᠯᠲᠡᠶ ᠬᠥᠮᠦᠰ ᠢ ᠠᠪᠤᠷᠠᠨ | ᠲᠤᠰᠠᠯᠠᠬᠤ ᠪᠠᠷ ᠰᠠᠭᠤᠷᠢ ᠪᠣᠯᠭᠠᠭᠰᠠᠨ᠂ ᠨᠢᠭᠦᠯᠡᠰᠦᠩᠭᠦᠶ ᠶᠢᠨ ᠲᠡᠳᠬᠦᠮᠵᠢ ᠪᠠ ᠨᠡᠶᠢᠭᠡᠮ ᠤᠨ ᠲᠡᠳᠬᠦᠮᠵᠢ ᠪᠠᠷ ᠨᠥᠬᠦᠪᠥᠷᠢ ᠪᠣᠯᠭᠠᠭᠰᠠᠨ ᠣᠯᠠᠨ ᠲᠠᠰ ᠳᠠᠪᠬᠤᠷᠭ᠎ᠠ | ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠤᠨ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠲᠥᠪ | ᠭᠤᠣᠯᠴᠢ ᠨᠢᠭᠡᠳᠦᠯᠲᠡᠢ᠂ ᠦᠷᠭᠦᠯᠵᠢᠯᠡᠬᠦᠶᠢᠴᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠣᠷ ᠢ ᠪᠦᠷᠢᠨᠰᠢᠬᠦᠯᠵᠤ᠂ ᠬᠠᠮᠲᠤ ᠪᠠᠷ | ᠴᠢᠨᠡᠭᠡᠯᠢᠭᠵᠢᠬᠦ ᠠᠬᠢᠴᠠ ᠳᠤ ᠨᠡᠩ ᠰᠠᠶᠢᠨ ᠵᠤᠬᠢᠴᠠᠬᠤ ᠬᠡᠷᠡᠭᠳᠡᠢ᠃ | ︵ᠲᠤᠯᠤᠭ᠎ᠠ︶ ᠵᠠᠰᠠᠯᠲᠠ ᠶᠢᠨ ᠰᠢᠨ᠎ᠡ ᠶᠢ ᠡᠭᠦᠳᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ︽ᠢᠵᠢᠯ | ᠲᠥᠪᠲᠦ ᠲᠣᠭᠤᠷᠢᠭ︾ ᠢ ᠰᠠᠶᠢᠲᠤᠷ ᠵᠢᠷᠤᠭᠯᠠᠨ᠎ᠠ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠢᠶᠠᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠡᠭ ᠤᠨ ᠠᠵᠢᠯ ᠢᠶᠠᠨ ᠢᠳᠡᠪᠬᠢᠲᠡᠶ ᠠᠬᠢᠭᠤᠯᠵᠤ᠂ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ᠂ ᠬᠦᠴᠦᠨ ᠢᠶᠠᠨ ᠳᠣᠷᠣᠭᠰᠢ ᠪᠠᠭᠤᠯᠭᠠᠬᠤ᠂ | ᠡᠬᠢ ᠪᠠᠶᠠᠯᠢᠭ ᠢᠶᠠᠨ ᠳᠣᠷᠣᠭᠰᠢ ᠪᠠᠭᠤᠯᠭᠠᠬᠤ ᠶᠢ ᠪᠠᠷᠢᠮᠲᠠᠯᠠᠨ᠂ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ + ︿ᠭᠤᠷᠪᠠ ᠶᠢ ᠵᠠᠰᠠᠵᠦ | ᠠᠭᠤᠰᠤᠯᠴᠠᠭᠤᠯᠬᠤ﹀ + ᠪᠢᠴᠢᠯ ᠵᠠᠰᠠᠯᠲᠠ︾ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠵᠠᠭᠪᠤᠷ ᠢ ᠶᠡᠭᠡ ᠪᠠᠷ ᠳᠡᠯᠭᠡᠷᠡᠭᠦᠯᠵᠦ᠂ | ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠬᠢᠴᠢᠯᠠᠯᠳᠠ ᠶᠢᠨ ᠲᠤᠯᠭᠠᠭᠤᠷᠢᠯᠠᠯ᠂ ᠨᠡᠬᠡᠬᠡᠯᠳᠡᠳᠦ ᠬᠠᠮᠲᠤᠪᠠᠷ ᠡᠳ᠋ᠯᠡᠬᠦ | ᠦᠨᠳᠦᠰᠦᠨ ᠱᠠᠲᠤᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ | ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠦᠨ ᠪᠦᠬᠦᠨ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠂ ᠦᠨᠳᠦᠰᠦᠨ | ᠱᠠᠲᠤᠨ ᠤ ᠲᠣᠭᠲᠠᠭᠤᠨ ᠡᠮᠬᠢ ᠵᠢᠷᠤᠮ ᠲᠠᠢ ᠪᠥᠭᠡᠳ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠬᠤ ᠶᠢ ᠪᠠᠲᠤᠯᠠᠨ᠎ᠠ᠃ ᠨᠡᠶᠢᠭᠡᠮ ᠵᠢᠷᠤᠮ ᠤᠨ ᠠᠷᠠᠳᠴᠢᠯᠠᠯ ᠪᠠ | ᠬᠠᠤᠯᠢ ᠪᠠᠷ ᠵᠠᠰᠠᠬᠤ ᠶᠢ ᠬᠥᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ︽ᠨᠢᠬᠡ ᠣᠷᠳᠣᠨ | ᠨᠢᠭᠡ ᠵᠦᠪᠯᠠᠯ ᠬᠤᠶᠡᠷ ᠬᠤᠷᠢᠶ᠎ᠠ︾ ᠳᠤ ᠬᠢᠨᠠᠯᠲᠠ ᠲᠠᠯᠪᠢᠬᠤ ᠶᠢ ᠳᠡᠮᠵᠢᠵᠦ᠂ ᠠᠷᠠᠳ ᠲᠦᠮᠡᠨ ᠤ ᠨᠡᠶᠢᠭᠡᠮ ᠤᠨ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ | ᠶᠢ ᠪᠠᠲᠤᠯᠠᠨ᠎ᠠ᠃ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠶᠢ ᠳᠡᠮᠵᠢᠵᠦ᠂ ︽ᠲᠠᠯᠪᠢᠬᠤ | ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠵᠢᠷᠤᠮ ᠤᠨ ᠠᠷᠠᠳᠴᠢᠯᠠᠯ ᠢᠶᠠᠷ ᠵᠦᠪᠯᠡᠬᠦ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠬᠤ ᠶᠢ | ᠲᠡᠮᠵᠢᠵᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠨ᠎ᠠ᠃ ᠰᠢᠨ᠎ᠡ ᠳᠠᠪᠬᠤᠷᠭ᠎ᠠ᠂ ᠰᠢᠨ᠎ᠡ ᠬᠦᠷᠢᠶ᠎ᠡ | ᠴᠠᠷᠠᠭᠠᠨ ᠤ ᠨᠢᠭᠡᠳᠦᠮᠡᠯ ᠹᠷᠣᠨᠲ ᠤᠨ ᠠᠵᠢᠯ ᠢᠶᠠᠨ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠴᠢᠩᠭᠠᠳᠬᠠᠨ᠂ ᠶᠡᠭᠡ ᠨᠢᠭᠡᠳᠦᠮᠡᠯ ᠹᠷᠣᠨᠲ ᠤᠨ ᠠᠵᠢᠯ ᠤᠨ | ᠪᠠᠶᠢᠷᠢᠰᠢᠯ ᠢᠶᠠᠨ ᠲᠡᠭᠦᠯᠳᠡᠷᠵᠢᠭᠦᠯᠤᠨ᠎ᠡ᠃ ᠬᠠᠤᠯᠢ ᠪᠠᠷ ᠵᠠᠰᠠᠬᠤ ᠤᠷᠠᠤᠨ ᠤᠨ ᠳᠤᠮᠳᠠᠳᠤ ᠬᠤᠰᠢᠭᠤᠨ ᠤ ᠪᠠᠶᠢᠭᠤᠯᠤᠯᠲᠠ ᠪᠠᠨ ᠲᠦᠷᠭᠡᠳᠬᠡᠵᠦ᠂ ︽ᠨᠠᠢᠮᠠᠳᠤᠭᠠᠷ | ᠲᠠᠪᠤᠨ ᠵᠢᠯ︾ ᠤᠨ ᠬᠠᠤᠯᠢ ᠲᠦᠭᠡᠮᠡᠯᠵᠢᠭᠦᠯᠤᠯᠳᠡ ᠶᠢᠨ ᠤᠬᠠᠭᠤᠯᠭ᠎ᠠ ᠬᠥᠮᠦᠵᠢᠯ ᠢᠶᠠᠨ ᠭᠦᠨᠵᠡᠭᠡᠶᠢᠷᠡᠭᠦᠯᠤᠨ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ | ᠭᠤᠣᠯᠴᠢ ᠪᠠᠷ ᠬᠠᠤᠯᠢ ᠪᠠᠷᠢᠬᠤ᠂ ᠠᠷᠠᠳ ᠨᠡᠶᠢᠲᠡ ᠪᠠᠷ ᠢᠶᠠᠨ ᠬᠠᠤᠯᠢ ᠶᠢ ᠰᠠᠬᠢᠬᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠠᠭᠠᠯᠠᠨ᠎ᠠ᠃ | ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠬᠤᠰᠢᠭᠤ ᠶᠢ ᠪᠦᠲᠦᠭᠡᠨ ᠪᠠᠶᠢᠭᠤᠯᠤᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠤᠯᠤᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠠᠮ | ᠠᠴᠠ ᠵᠡᠪᠰᠡᠭᠲᠦ ᠬᠦᠴᠦᠨ ᠢ ᠬᠠᠮᠢᠶᠠᠷᠬᠤ︾ ᠠᠵᠢᠯ ᠢᠶᠠᠨ ᠴᠢᠩᠭᠠᠳᠬᠠᠨ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦᠨ ᠢᠶᠠᠨ ᠬᠠᠮᠲᠤᠳᠬᠠᠨ ᠬᠢᠯᠢ ᠪᠠᠨ | ᠬᠦᠴᠦᠷᠬᠡᠭᠵᠢᠭᠦᠯᠵᠦ ᠰᠡᠷᠭᠡᠶᠢᠯᠡᠯᠲᠡ ᠪᠠᠨ ᠪᠠᠬᠢᠵᠢᠭᠦᠯᠬᠦ ᠠᠵᠢᠯ ᠢᠶᠠᠨ ᠭᠦᠨᠵᠡᠭᠡᠶᠢᠷᠡᠭᠦᠯᠵᠦ᠂ ᠬᠠᠭᠠᠴᠠᠭᠤᠯᠬᠤ ᠶᠢ ᠡᠰᠡᠷᠭᠦᠴᠡᠬᠦ᠂ ᠨᠡᠪᠴᠢᠯᠲᠡ ᠶᠢ ᠡᠰᠡᠷᠭᠦᠴᠡᠬᠦ᠂ | ᠬᠦᠴᠦᠷᠬᠡᠭᠯᠡᠯ ᠰᠦᠷᠳᠡᠭᠦᠯᠦᠯ ᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠲᠠᠩᠨᠠᠭᠤᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠥᠷᠨᠢᠭᠦᠯᠤᠨ᠂ ᠡᠭᠡ ᠤᠯᠤᠰ | ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠷᠬᠦᠯᠵᠢᠯᠡᠨ ᠪᠠᠬᠢᠵᠢᠭᠦᠯᠤᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠪᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠪᠠᠶᠢᠩᠭᠤ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠢ | ᠰᠡᠷᠭᠡᠶᠢᠯᠡᠨ ᠡᠵᠡᠮᠳᠡᠬᠦ᠂ ᠠᠶᠤᠯᠬᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ᠂ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠶᠤᠯ ᠲᠦᠭᠰᠢᠭᠦᠷᠢ | ᠶᠢ ᠰᠡᠷᠭᠡᠶᠢᠯᠡᠨ ᠰᠢᠢᠤᠨᠪᠦᠷᠢᠯᠡᠬᠦ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠩ ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠤᠷᠠᠳ ᠤᠨ ᠳᠤᠮᠳᠠᠳᠤ | ᠬᠤᠰᠢᠭᠤ ᠶᠢ ᠪᠥᠲᠥᠭᠡᠨ ᠪᠠᠶᠢᠭᠤᠯᠤᠨ᠎ᠡ᠃ | ᠭᠤᠷᠪᠠ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠢ | ᠬᠥᠲᠥᠯᠥᠨ ᠳᠠᠭᠠᠭᠤᠯᠬᠤ ᠪᠠᠲᠤᠯᠠᠭ᠎ᠠ ᠬᠠᠩᠭᠠᠨ᠎ᠠ | ᠠᠵᠢᠯ ᠦᠢᠯᠡᠰ ᠤᠨ ᠮᠠᠨᠳᠤᠵᠤ ᠮᠦᠬᠦᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠡᠷᠡᠰ | ᠲᠤᠭᠤᠰᠢᠯᠠᠭᠤᠯᠤᠨ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ ᠠᠬᠢᠭᠤᠯᠵᠤ᠂ ᠮᠠᠨ ᠤ ᠬᠤᠰᠢᠭᠤᠨ ᠤ | ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢᠨ ᠦᠶᠯᠡᠰ ᠲᠤ ᠪᠠᠲᠤ ᠴᠢᠩᠭ᠎ᠠ ᠵᠢᠯᠣᠭᠤᠳᠣᠯᠭ᠎ᠠ ᠪᠠ ᠬᠦᠴᠦᠲᠡᠶ ᠪᠠᠲᠤᠯᠠᠭ᠎ᠠ ᠬᠠᠩᠭᠠᠨ᠎ᠠ᠃ | ︵ᠨᠢᠭᠡ︶ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠵᠦ᠂ ᠤᠷᠤᠭᠰᠢᠯᠠᠬᠤ ᠴᠢᠭᠯᠡᠯ ᠢᠶᠠᠨ ᠢᠮᠠᠭᠲᠠ ᠵᠦᠪ ᠲᠤᠭᠳᠠᠭᠠᠨ᠎ᠠ᠃ ᠨᠠᠮ | ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠢᠩᠭ᠎ᠠ | ᠨᠠᠶᠢᠳᠠᠪᠤᠷᠢᠵᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠤᠨ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ | ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠬᠥᠮᠦᠵᠢᠭᠦᠯᠦᠨ ᠵᠢᠯᠣᠭᠤᠳᠴᠤ᠂ ︽ᠳᠥᠷᠪᠡᠨ | ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ | ᠤᠯᠤᠰ ᠲᠥᠷᠥ ᠦᠢᠯᠡ ᠠᠵᠢᠯᠯᠠᠭ᠎ᠠ ᠲᠡᠭᠡᠷ᠎ᠡ ᠪᠠᠨ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠬᠡ ᠲᠠᠩᠰᠠ ᠶᠢᠨ ᠲᠦᠷᠢᠮ ᠢ ᠤᠯᠠᠮ ᠨᠢᠬᠡ ᠠᠯᠬᠤᠮ ᠲᠡᠭᠦᠯᠳᠡᠷᠵᠢᠭᠦᠯᠦᠨ ᠬᠡᠷᠡᠭᠵᠢᠭᠦᠯᠵᠦ᠂ ᠪᠠᠶᠢᠩᠭᠤ ᠲᠣᠬᠢᠷᠠᠭᠤᠯᠬᠤ᠂ ᠦᠷ᠎ᠡ ᠪᠦᠲᠦᠮᠵᠢ | ᠶᠢ ᠮᠥᠷᠳᠡᠨ ᠠᠰᠠᠭᠤᠬᠤ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠯᠴᠠᠭ᠎ᠠ ᠶᠢ ᠡᠷᠡᠰ ᠴᠢᠩᠭ᠎ᠠ ᠬᠡᠷᠡᠭᠵᠢᠬᠦᠯᠦᠨ᠂ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠢᠱᠢᠯᠲᠡ ᠶᠢᠨ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠬᠤ ᠶᠢ ᠱᠠᠭᠠᠷᠳᠠᠵᠦ᠂ ᠦᠷᠭᠦᠯᠵᠢ ᠬᠠᠷᠭᠤᠭᠤᠯᠤᠨ | ᠪᠠᠷᠢᠮᠵᠢᠶᠠᠯᠠᠵᠤ᠂ ᠠᠯᠳᠠᠭ᠎ᠠ ᠪᠤᠷᠤᠭᠤ ᠪᠠᠨ ᠴᠠᠭ ᠲᠤᠬᠠᠢ ᠳᠤᠨᠢ ᠵᠠᠯᠠᠷᠠᠭᠤᠯᠤᠨ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠭᠠᠳᠠᠭᠠᠳᠤ | ᠱᠠᠭᠠᠷᠳᠠᠯᠭ᠎ᠠ ᠠᠴᠠ ᠳᠣᠲᠣᠭᠠᠳᠤ ᠰᠠᠨᠠᠭᠠᠴᠢᠯᠠᠭᠠᠲᠤ ᠴᠢᠨᠠᠷ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ | ᠪᠠᠨ ᠦᠢᠯᠡᠳᠦᠯᠭᠡᠵᠢᠭᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠠᠨ ᠢᠯᠡᠤᠨᠬᠡᠨᠡ᠃ | ︵ᠬᠤᠶᠠᠷ︶ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠪᠠᠨ ᠴᠢᠩᠭᠠᠳᠬᠠᠵᠦ᠂ ᠤᠶᠤᠨ ᠰᠠᠨᠠᠭᠠᠨ ᠤ ᠲᠤᠯᠭᠠᠭᠤᠷᠢ ᠪᠠᠨ ᠦᠷᠭᠦᠯᠵᠢᠯᠡᠨ ᠴᠤᠭᠴᠠᠯᠠᠨ | ᠪᠠᠬᠢᠵᠢᠭᠦᠯᠤᠨ᠎ᠠ᠃ ᠡᠷᠡᠰ ᠭᠤᠶᠢᠪᠢᠰᠢ ᠦᠭᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠤᠨ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠶᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠰᠤᠷᠤᠯᠴᠠᠯᠭ᠎ᠠ ᠶᠢᠨ ᠶᠠᠰᠤ ᠴᠢᠨᠠᠷ ᠪᠤᠯᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠨᠠᠮ ᠤᠨ ᠰᠤᠷᠭᠠᠭᠤᠯᠢ ᠶᠢᠨ ᠨᠠᠮ ᠤᠨ ᠭᠡᠰᠢᠭᠦᠨ | ᠺᠠᠳ᠋ᠷᠴᠤᠤᠨ ᠢ ᠬᠥᠮᠦᠵᠢᠭᠦᠯᠦᠨ ᠪᠣᠯᠪᠠᠰᠤᠷᠠᠭᠤᠯᠬᠤ ᠭᠤᠤᠯ ᠠᠷᠭ᠎ᠠ ᠵᠠᠮ ᠤᠨ ᠦᠶᠯᠡᠳᠦᠯ ᠢᠶᠠᠨ ᠪᠠᠳᠠᠷᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠡᠯ᠎ᠡ ᠲᠥᠷᠥᠯ ᠤᠨ ᠰᠤᠷᠤᠯᠴᠠᠯᠭ᠎ᠠ ᠶᠢᠨ ᠲᠠᠪᠴᠠᠩ ᠢᠶᠠᠨ ᠰᠠᠶᠢᠲᠤᠷ ᠠᠰᠢᠭᠯᠠᠵᠤ᠂ ᠨᠠᠮ ᠤᠨ ᠭᠡᠰᠢᠭᠦᠨ ᠺᠠᠳ᠋ᠷᠴᠤᠤᠨ ᠤᠨ ᠤᠯᠤᠰ ᠲᠥᠷᠥ ᠶᠢᠨ ᠣᠨᠣᠯ ᠤᠨ ᠬᠡᠪ | ᠪᠣᠯᠪᠠᠰᠤᠷᠠᠯ ᠪᠠ ᠪᠣᠭᠤᠮᠲᠠ ᠰᠢᠪᠲᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠣᠶᠢᠯᠠᠭᠠᠵᠤ ᠲᠤᠭᠤᠰᠢᠯᠠᠭᠤᠯᠬᠤ᠂ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠨ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ᠂ ᠠᠭᠤᠰᠤᠯᠴᠠᠭᠤᠯᠤᠨ | ᠲᠤᠭᠤᠰᠢᠲᠠᠶ ᠣᠶᠢᠯᠠᠭᠠᠬᠤ᠂ ᠮᠡᠳᠡᠬᠦᠶ ᠬᠢᠬᠦᠶ ᠶᠢ ᠨᠢᠭᠡᠳᠬᠡᠬᠦ ᠳᠡᠭᠡᠷ᠎ᠡ ᠦᠷᠭᠦᠯᠵᠢᠯᠡᠨ ᠬᠦᠴᠦᠯᠡᠵᠦ᠂ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠭᠰᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠠᠷ ᠪᠦᠬᠦ ᠲᠠᠯ᠎ᠠ ᠪᠠᠷ | ᠲᠤᠭᠤᠰᠢᠯᠠᠭᠤᠯᠤᠭᠰᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠰᠠᠨ ᠦᠢᠯᠡᠳᠦᠯᠭᠡ ᠶᠢᠨ ᠦᠷ᠎ᠡ ᠪᠦᠲᠦᠮᠵᠢ ᠪᠣᠯᠭᠠᠨ ᠬ᠊ᠤᠪᠢᠷᠠᠭᠤᠯᠬᠤ ᠪᠠᠷ | ᠴᠢᠷᠮᠠᠶᠢᠨ᠎ᠠ᠃ | ︵ᠭᠤᠷᠪᠠ︶ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠᠨ ᠴᠢᠩᠭᠠᠳᠬᠠᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠦᠷᠭᠡᠪᠴᠢᠯᠡᠨ | ᠲᠡᠭᠦᠯᠳᠡᠷᠵᠢᠭᠦᠯᠦᠨ᠎ᠡ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠬᠦᠨᠵᠡᠬᠡᠢ ᠲᠤᠭᠤᠰᠢᠯᠠᠭᠤᠯᠵᠦ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ︽ ᠵᠢᠷᠭᠤᠭᠠᠨ ᠶᠡᠭᠡ ᠠᠵᠢᠯᠯᠠᠭ᠎ᠠ︾ ᠶᠢ ᠬᠡᠷᠡᠭᠵᠢᠭᠦᠯᠤᠨ᠂ | ︽ᠪᠦᠬᠦᠶᠢᠯᠡ ᠰᠢᠶᠠᠩ ᠪᠠᠯᠭᠠᠰᠦ ᠪᠠᠷ ᠲᠦᠯᠬᠢᠨ ᠠᠬᠢᠭᠤᠯᠬᠤ︾ ᠵᠢᠱᠢᠶ᠎ᠡ ᠦᠵᠡᠭᠦᠯᠬᠦ ᠰᠤᠮᠤ ᠪᠠᠯᠭᠠᠰᠤ ᠵᠢᠴᠢ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ︽1432︾ ᠰᠢᠪᠠᠳᠠᠨ ᠪᠠᠶᠢᠴᠠᠭᠠᠵᠤ ᠰᠢᠯᠭᠠᠨ ᠦᠨᠡᠯᠡᠬᠦ ᠠᠵᠢᠯ ᠤᠨ ᠠᠷᠭ᠎ᠠ ᠶᠢ ᠬᠡᠷᠡᠭᠵᠢᠭᠦᠯᠤᠨ᠂ | ᠪᠣᠳᠠᠲᠤ ᠠᠵᠢᠯ ᠤᠨ ᠬᠢᠷᠢ ᠪᠦᠲᠦᠮᠵᠢ ᠶᠢ ᠬᠢᠨᠠᠨ ᠰᠢᠯᠭᠠᠬᠤ ᠭᠦᠶᠴᠡᠳᠬᠡᠯ ᠲᠤᠭ᠎ᠠ ᠶᠢᠨ ᠰᠢᠰᠲ᠋ᠧᠮ ᠪᠣᠯᠤᠨ ᠡᠳᠦᠷ ᠲᠤᠲᠤᠮ ᠤᠨ ᠬᠢᠨᠠᠨ ᠰᠢᠯᠭᠠᠬᠤ ᠵᠠᠭᠪᠤᠷ ᠢ | ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠩ ᠡᠷᠡᠰ ᠴᠢᠩᠭ᠎ᠠ ᠬᠦᠴᠦᠨ ᠲᠡᠬᠦᠯᠳᠡᠷ ᠪᠤᠯᠭᠠᠨ᠎ᠠ᠃ ᠨᠠᠮ ᠠᠴᠠ ᠺᠠᠳ᠋ᠷ ᠢ | ᠴᠢᠩᠭ᠎ᠠ ᠬᠠᠮᠢᠶᠠᠷᠬᠤ ᠶᠢ ᠪᠠᠷᠢᠮᠲᠠᠯᠠᠨ᠂ ᠡᠯ᠎ᠡ ᠱᠠᠳᠤᠨ ᠤ ᠤᠳᠤᠷᠢᠤᠨᠬᠤ ᠪᠠᠭ ᠪᠤᠯᠤᠨ ᠵᠠᠩᠭᠢᠯᠠᠭ᠎ᠠ ᠶᠢᠨ ᠪᠠᠶᠢᠷᠢᠨ ᠳᠤ ᠰᠢᠯᠢᠳᠡᠭ ᠤᠳᠤᠷᠢᠳᠬᠤ ᠺᠠᠳ᠋ᠷ | ᠲᠣᠬᠢᠷᠠᠭᠤᠯᠤᠨ᠂ ᠵᠠᠯᠠᠭᠤ ᠺᠠᠳ᠋ᠷ᠂ ᠡᠮᠡᠭᠲᠡᠢ ᠺᠠᠳ᠋ᠷ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠪᠠ ᠨᠠᠮ ᠤᠨ ᠭᠠᠳᠠᠨᠠᠬᠢ ᠺᠠᠳ᠋ᠷ ᠢ ᠬᠥᠮᠦᠵᠢᠭᠦᠯᠵᠦ ᠰᠣᠩᠭᠤᠨ | ᠳᠡᠪᠰᠢᠭᠦᠯᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠦᠵᠡᠯ ᠰᠠᠨᠠᠭᠠᠨ ᠤ ᠪᠣᠯᠪᠠᠰᠤᠷᠠᠯ᠂ ᠤᠯᠤᠰ ᠲᠦᠷᠦ ᠶᠢᠨ ᠪᠣᠯᠪᠠᠰᠤᠷᠠᠯ᠂ ᠦᠢᠯᠡᠳᠦᠯᠭᠡ ᠶᠢᠨ | ᠪᠣᠯᠪᠠᠰᠤᠷᠠᠯ ᠪᠠ ᠲᠤᠰᠬᠠᠢ ᠮᠡᠷᠭᠡᠵᠢᠯ ᠤᠨ ᠪᠣᠯᠪᠠᠰᠤᠷᠠᠯ ᠢ ᠲᠥᠯᠥᠪᠯᠡᠭᠡ ᠲᠠᠢ ᠪᠠᠷ ᠴᠢᠩᠭᠠᠳᠬᠠᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠢᠲᠡᠭᠡᠯ | ᠵᠣᠷᠢᠭ ᠨᠢ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ᠂ ᠪᠣᠳᠠᠲᠠᠶ ᠶᠢ ᠴᠢᠬᠤᠯᠠᠴᠢᠯᠠᠬᠤ᠂ ᠦᠨᠡᠨ ᠠᠴᠠ ᠵᠥᠪ ᠢ ᠡᠷᠢᠬᠦ ᠶᠢ ᠬᠦᠮᠦᠵᠢᠬᠦᠯᠦᠨ ᠵᠢᠯᠤᠭᠤᠤᠨᠴᠦ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠴᠢᠳᠠᠮᠠᠭᠠᠶ ᠪᠠᠷ ᠠᠵᠢᠯᠯᠠᠵᠤ᠂ ᠵᠠᠷᠴᠢᠮ ᠢ ᠪᠠᠷᠢᠮᠲᠠᠯᠠᠨ᠂ ᠵᠣᠷᠢᠭᠲᠠᠶ ᠪᠠᠷ ᠲᠡᠮᠡᠴᠡᠵᠦ᠂ ᠶᠣᠰᠣ ᠲᠦᠷᠢᠮ ᠢ ᠴᠢᠩᠭ᠎ᠠ | ᠰᠠᠬᠢᠨ᠂ ᠬᠤᠷᠢᠭ᠎ᠠ ᠱᠤᠭᠤᠮ ᠢ ᠲᠠᠪᠠᠭ᠋ᠤ ᠥᠬᠡᠶ ᠪᠠᠶᠢᠬᠤ ᠶᠢ ᠡᠷᠡᠰ ᠴᠢᠩᠭ᠎ᠠ ᠪᠠᠷᠢᠮᠳᠠᠯᠠᠵᠦ᠂ ᠰᠢᠷᠭᠠᠭᠤ ᠬᠠᠳᠠᠭᠤᠵᠢᠯᠳᠠᠢ ᠰᠤᠷᠤᠯᠴᠠᠨ ᠪᠣᠯᠪᠠᠰᠤᠷᠠᠵᠤ᠂ ᠴᠢᠳᠠᠪᠤᠷᠢ | ᠪᠠᠨ ᠲᠡᠭᠡᠭᠰᠢᠯᠡᠬᠦᠯᠦᠨ᠂ ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠴᠢᠳᠠᠬᠤ ᠴᠢᠳᠠᠪᠤᠷᠢᠲᠠᠨ ᠪᠣᠯᠬᠤ ᠪᠠᠷ ᠴᠢᠷᠮᠠᠶᠢᠬᠤ ᠬᠡᠷᠡᠭᠲᠡᠶ᠃ | ︵ᠲᠦᠷᠪᠡ︶ ᠨᠠᠮ ᠤᠨ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠦ᠂ ᠬᠤᠪᠢᠰᠬᠠᠯ ᠤᠨ ᠵᠤᠷᠢᠭ ᠰᠠᠨᠠᠭ᠎ᠠ ᠶᠢ ᠭᠦᠨᠵᠡᠭᠡᠶ ᠤᠯᠠᠮᠵᠢᠯᠠᠨ᠎ᠠ᠃ | ᠪᠠᠶᠢᠭᠤᠯᠬᠤ ᠪᠠ ᠡᠪᠳᠡᠬᠦ ᠶᠢ ᠵᠡᠷᠭᠡ ᠪᠠᠷ ᠠᠳᠬᠤᠬᠤ᠂ ᠲᠥᠪ ᠰᠤᠷᠲᠠᠯ ᠢ ᠲᠡᠳᠬᠦᠨ ᠭᠠᠵᠢᠭᠤ ᠪᠤᠷᠤᠭᠤ ᠶᠢ ᠠᠷᠢᠯᠭᠠᠬᠤ ᠶᠢ ᠪᠠᠷᠢᠮᠲᠠᠯᠠᠨ᠂ ᠲᠥᠪ ᠬᠤᠷᠢᠶᠠᠨ ᠤ | ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠲᠠᠯ ᠤᠨ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠦᠲᠦᠮᠵᠢᠲᠡᠶ ᠠᠷᠭ᠎ᠠ ᠵᠠᠮ᠂ ᠠᠵᠢᠯ ᠤᠨ ᠠᠴᠢᠶᠠᠯᠠᠪᠤᠷᠢ᠂ ᠪᠣᠳᠠᠲᠠᠶ ᠠᠷᠭ᠎ᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠂ | ︽ᠳᠥᠷᠪᠡᠨ ᠰᠤᠷᠲᠠᠯ︾ ᠤᠨ ᠨᠢᠭᠤᠭᠳᠠᠮᠠᠯ ᠣᠨᠳᠣᠤᠰᠢᠭᠰᠠᠨ ᠠᠰᠠᠭᠤᠳᠠᠯ ᠢ ᠡᠷᠡᠰ ᠪᠠᠶᠢᠴᠠᠭᠠᠨ ᠰᠢᠶᠳᠪᠦᠷᠢᠯᠡᠵᠦ᠂ ᠲᠤᠭ ᠲᠡᠮᠳᠡᠭ ᠲᠣᠳᠣᠷᠬᠠᠶ ᠪᠠᠷ ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠡᠰᠡᠷᠭᠦᠴᠡᠨ᠂ ᠨᠠᠮ ᠳᠠᠭᠠᠨ ᠦᠨᠡᠨᠴᠢ ᠰᠢᠳᠤᠷᠭᠤ᠂ ᠦᠨᠡᠨ ᠠᠴᠠ ᠵᠥᠪ ᠢ ᠡᠷᠢᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ | ᠠᠷᠢᠭᠤᠨ ᠴᠢᠬᠡᠴᠢ ᠪᠠᠶᠢᠬᠤ ᠵᠡᠷᠭᠡ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠤᠨ᠂ ᠰᠠᠶᠢᠨ ᠤᠯᠠᠮᠵᠢᠯᠠᠯ ᠢᠶᠠᠨ ᠰᠢᠨ᠎ᠡ ᠠᠶᠠᠨ ᠳᠤ ᠦᠨᠡᠨᠬᠦ ᠰᠠᠶᠢᠲᠤᠷ ᠤᠯᠠᠮᠵᠢᠯᠠᠨ | ᠲᠡᠯᠬᠡᠷᠡᠬᠦᠯᠵᠦ᠂ ᠰᠠᠶᠢᠨ ᠰᠤᠷᠲᠠᠯ ᠢ ᠰᠢᠨ᠎ᠡ ᠴᠠᠭ ᠦᠶ᠎ᠡ ᠳᠤ ᠪᠠᠳᠠᠷᠠᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠡᠯ᠎ᠡ ᠱᠠᠲᠤᠨ ᠤ | ᠤᠳᠤᠷᠢᠳᠬᠤ ᠺᠠᠳ᠋ᠷᠴᠤᠤᠨ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠴᠥᠬᠦᠷᠡᠰᠢ ᠦᠭᠡᠢ ᠪᠠᠳᠠᠷᠠᠭᠤᠯᠤᠨ᠂ ᠳᠠᠷᠤᠤ ᠬᠢᠴᠢᠶᠡᠩᠭᠦᠢ᠂ | ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠠᠵᠢᠯᠴᠢ ᠠᠷᠪᠢᠴᠢ ᠠᠷᠪᠢᠯᠠᠨ ᠭᠠᠮᠨᠠᠬᠤ ᠰᠤᠷᠲᠠᠯ ᠢ ᠶᠡᠭᠡ ᠪᠠᠷ ᠦᠢᠯᠡᠳᠦᠯᠭᠡᠵᠢᠭᠦᠯᠵᠦ᠂ ᠤᠯᠠᠨ ᠲᠦᠮᠡᠨ ᠲᠠᠢ ᠨᠢᠭᠲᠠ | ᠬᠠᠷᠢᠯᠴᠠᠬᠤ ᠰᠤᠷᠲᠠᠯ ᠢ ᠶᠡᠬᠡᠪᠡᠷ ᠦᠢᠯᠡᠳᠦᠯᠭᠡᠵᠢᠭᠦᠯᠤᠨ᠂ ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ ︽ᠮᠣᠩᠭᠤᠯ ᠮᠤᠷᠢᠨ ᠤ ᠵᠣᠷᠢᠭ | ᠰᠠᠨᠠᠭ᠎ᠠ︾ ᠶᠢ ᠶᠡᠭᠡ ᠪᠠᠷ ᠦᠢᠯᠡᠳᠦᠯᠭᠡᠵᠢᠭᠦᠯᠵᠦ᠂ ᠡᠷᠡᠰ ᠭᠤᠶᠢᠪᠢᠰᠢ ᠦᠭᠡᠢ ᠪᠠᠷ ᠰᠢᠯᠢᠳᠡᠭ ᠰᠤᠷᠲᠠᠯ ᠢᠶᠠᠷ ᠴᠤᠭ ᠰᠦᠯᠳᠡ ᠪᠠᠨ ᠪᠠᠳᠠᠷᠠᠭᠤᠯᠤᠨ᠂ ᠲᠡᠮᠡᠴᠡᠯ ᠤᠨ | ᠵᠣᠷᠢᠭ ᠢᠶᠠᠨ ᠬᠦᠪᠴᠢᠯᠡᠵᠦ᠂ ᠲᠦᠷᠢ ᠲᠥᠷᠬᠦ ᠪᠠᠨ ᠪᠤᠢ ᠪᠣᠯᠭᠠᠨ᠂ ᠠᠷᠠᠳ ᠤᠨ ᠰᠡᠳᠬᠢᠯ ᠢ ᠤᠯᠤᠨ᠎ᠠ᠃ | ︵ᠲᠠᠪᠤ︶ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠨ ᠴᠢᠩᠭᠠᠳᠬᠠᠵᠦ᠂ ᠤᠯᠤᠰ ᠲᠥᠷᠥ ᠶᠢᠨ ᠠᠮᠢ ᠠᠬᠤᠶ ᠪᠠᠨ ᠲᠠᠰᠤᠷᠠᠯᠲᠠ ᠦᠭᠡᠢ | ᠰᠢᠯᠢᠳᠡᠭᠵᠢᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠴᠢᠩᠭ᠎ᠠ ᠨᠠᠶᠢᠳᠠᠪᠤᠷᠢᠵᠢᠭᠤᠯᠵᠦ᠂ ᠢᠯᠵᠠᠷᠠᠬᠤ ᠵᠤᠷᠢᠭ ᠦᠬᠡᠢ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠪᠠᠶᠢᠭᠤᠯᠤᠮᠵᠢ ᠶᠢᠨ ᠲᠤᠭᠳᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ | ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠᠷ ᠶᠡᠭᠡ᠂ ᠪᠡᠯᠡ ᠣᠷᠣᠭᠤᠯᠤᠯᠲᠠ ᠪᠠᠷ ᠤᠯᠠᠨ᠂ ᠡᠬᠢ ᠪᠠᠶᠠᠯᠢᠭ ᠲᠥᠪᠯᠡᠷᠡᠭᠰᠡᠨ ᠬᠦᠷᠢᠶ᠎ᠡ ᠴᠠᠷᠠᠭ᠎ᠠ ᠪᠠ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠤᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠢᠯᠵᠠᠷᠠᠯ ᠤᠨ ᠠᠰᠠᠭᠤᠳᠠᠯ ᠢ ᠡᠷᠡᠰ ᠪᠠᠶᠢᠴᠠᠭᠠᠨ | ᠰᠢᠢᠳᠪᠦᠷᠢᠯᠡᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠲᠥᠪ ᠰᠤᠷᠲᠠᠯ ᠲᠠᠢ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ | ᠬᠢᠨᠠᠯᠲᠠ ᠲᠠᠯᠪᠢᠬᠤ ᠪᠠᠲᠤᠯᠠᠬᠤ ᠬᠡᠷᠡᠭᠵᠢᠭᠦᠯᠬᠦ ᠪᠤᠯᠤᠨ ᠠᠬᠢᠭᠤᠯᠬᠤ ᠲᠡᠭᠦᠯᠳᠡᠷᠵᠢᠬᠦᠯᠬᠦ ᠬᠥᠭᠵᠢᠬᠦᠯᠬᠦ ᠶᠢ ᠠᠬᠢᠭᠤᠯᠬᠤ ᠲᠤᠰᠢᠶᠠᠯ ᠴᠢᠳᠠᠪᠤᠷᠢ ᠦᠶᠯᠡᠳᠦᠯ ᠢ | ᠬᠦᠢᠴᠡᠤᠨ ᠪᠠᠳᠠᠷᠠᠭᠤᠯᠤᠨ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢ ᠰᠢᠪᠠᠳᠠᠨ | ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ | ᠵᠥᠪ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠵᠡᠷᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠬᠢᠨᠠᠯᠳᠠ ᠲᠠᠯᠪᠢᠯᠳᠠ ᠪᠠᠨ ᠴᠢᠩᠭᠠᠳᠬᠠᠵᠦ᠂ ᠡᠯ᠎ᠡ | ᠱᠠᠲᠤᠨ ᠤ ᠬᠢᠨ ᠤ ᠬᠠᠷᠢᠭᠤᠴᠠᠯᠭ᠎ᠠ ᠪᠠᠨ ᠪᠡᠳᠦ ᠴᠡᠭᠡᠵᠢᠯᠡᠵᠦ᠂ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠶᠴᠡᠳᠬᠡᠬᠦ ᠶᠢ ᠠᠬᠢᠭᠤᠯᠬᠤ | ᠬᠡᠷᠡᠭᠲᠡᠶ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ | ᠨᠠᠮ ᠤᠨ ᠭᠡᠰᠢᠭᠦᠨ ᠺᠠᠳ᠋ᠷᠴᠤᠳ ᠤᠨ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠲᠠ | ᠦᠭᠡᠢ ᠪᠠᠲᠤ ᠪᠠᠬᠢ ᠪᠣᠯᠭᠠᠬᠤ ᠶᠢ ᠬᠦᠳᠦᠯᠦᠨ ᠵᠢᠯᠤᠭᠤᠤᠨᠴᠦ᠂ ᠵᠥᠪ ᠵᠠᠮ ᠢ ᠪᠠᠲᠤ ᠰᠠᠬᠢᠬᠤ᠂ ᠢᠳᠡᠪᠬᠢᠲᠡᠢ ᠪᠠᠷ ᠥᠭᠡᠳᠡᠯᠡᠨ ᠳᠠᠪᠰᠢᠬᠤ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠢ ᠪᠠᠷᠢᠮᠲᠠᠯᠠᠨ ᠡᠷᠡᠯᠬᠡᠭᠯᠡᠨ ᠤᠷᠤᠭᠰᠢᠯᠠᠬᠤ ᠰᠢᠯᠢᠳᠡᠭ ᠬᠡᠪ ᠰᠤᠷᠲᠠᠯ ᠢ ᠪᠤᠢ ᠪᠣᠯᠭᠠᠨ᠎ᠠ᠃ | ︵ᠵᠢᠷᠭᠤᠭ᠎ᠠ︶ ᠨᠠᠮ ᠤᠨ ᠳᠦᠷᠢᠮ ᠤᠨ ᠪᠠᠶᠢᠭᠤᠯᠤᠯᠲᠠ ᠪᠠᠨ ᠴᠢᠩᠭᠠᠳᠬᠠᠵᠦ᠂ ᠳᠦᠷᠢᠮ ᠲᠣᠭᠲᠠᠭᠠᠯ ᠢ ᠪᠦᠬᠦ ᠲᠠᠯ᠎ᠠ ᠪᠠᠷ ᠴᠢᠩᠭ᠎ᠠ ᠲᠣᠳᠣᠷᠬᠠᠶ ᠪᠤᠯᠭᠠᠨ᠎ᠠ᠃ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠲᠦᠷᠢᠮ ᠤᠨ ᠪᠠᠶᠢᠭᠤᠯᠤᠯᠲᠠ ᠶᠢ ᠠᠬᠢᠭᠤᠯᠬᠤ ᠳᠤ᠂ ᠨᠢᠭᠡ ᠲᠠᠯ᠎ᠠ ᠪᠠᠷ ᠲᠣᠭᠲᠠᠭᠠᠬᠤ ᠶᠢ ᠠᠳᠬᠤᠵᠤ᠂ | ᠨᠦᠬᠦᠬᠡ ᠲᠠᠯ᠎ᠠ ᠪᠠᠷ ᠬᠡᠷᠡᠭᠵᠢᠭᠦᠯᠬᠦ ᠶᠢ ᠠᠳᠬᠤᠨ᠂ ᠦᠨᠡᠨᠬᠦ ︽ᠴᠢᠩᠭ᠎ᠠ ᠲᠤᠭᠳᠠᠭᠠᠯ︾ ᠢ ᠬᠡᠷᠡᠭᠯᠡᠨ ᠴᠠᠭᠠᠵᠠᠯᠠᠯ ᠪᠤᠯᠭᠠᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ | ᠲᠠᠯ᠎ᠠ ᠪᠠᠷ ᠣᠷᠣᠰᠢᠵᠤ ᠪᠠᠶᠢᠭ᠎ᠠ ᠵᠥᠷᠢᠴᠡᠯ ᠪᠣᠯᠤᠨ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠤᠨ᠂ ᠬᠤᠯᠪᠣᠭᠳᠠᠯ ᠪᠥᠬᠦᠶ ᠢᠵᠢ ᠪᠦᠷᠢᠳᠦᠭᠰᠡᠨ ᠨᠠᠷᠢᠨ | ᠲᠦᠷᠢᠮ᠂ ᠨᠠᠶᠢᠳᠠᠪᠤᠷᠢᠵᠢᠭᠤᠯᠤᠯᠳᠠ ᠶᠢᠨ ᠠᠷᠭ᠎ᠠ ᠬᠡᠮᠵᠢᠶ᠎ᠡ ᠶᠢ ᠮᠥᠷᠳᠡᠨ ᠲᠡᠭᠦᠯᠳᠡᠷᠵᠢᠭᠦᠯᠵᠦ᠂ ᠲᠦᠷᠢᠮ ᠤᠨ ︽ᠰᠢᠩᠭᠡᠯᠢᠭ︾ ᠢ ᠲᠠᠰᠤᠷᠠᠯᠲᠠ ᠥᠬᠡᠶ ᠴᠢᠩᠳᠠᠯᠠᠨ᠂ | ᠲᠦᠷᠢᠮ ᠤᠨ ︽ᠬᠡᠯᠬᠢᠶ᠎ᠡ︾ ᠶᠢ ᠴᠢᠩᠭ᠎ᠠ ᠡᠵᠡᠮᠳᠡᠨ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢᠨ ᠳᠦᠷᠢᠮᠵᠢᠯᠲᠡ᠂ ᠵᠢᠷᠤᠮᠵᠢᠯᠲᠠ ᠶᠢᠨ ᠲᠦᠪᠰᠢᠨ ᠢᠶᠠᠨ | ᠳᠡᠭᠡᠭᠰᠢᠯᠡᠭᠦᠯᠤᠨ᠎ᠠ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠨᠢᠭᠡᠳᠬᠡᠬᠦ ᠰᠠᠯᠭᠠᠬᠤ ᠶᠢ ᠤᠶᠠᠯᠳᠤᠭᠤᠯᠬᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ | ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠤᠨ᠂ | ᠦᠨᠳᠦᠰᠦᠨ ᠳᠦᠷᠢᠮ ᠢ ᠴᠢᠩᠳᠠᠯᠠᠬᠤ ᠠᠴᠠ ᠡᠬᠢᠯᠡᠨ᠂ ᠡᠳᠦᠷ ᠲᠤᠲᠤᠮ ᠤᠨ ᠵᠢᠷᠤᠮᠵᠢᠯ ᠠᠴᠠ ᠡᠬᠢᠯᠡᠨ ᠠᠳᠬᠤᠵᠦ᠂ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠪᠦᠬᠦ ᠶᠠᠪᠤᠴᠠ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠪᠠ ᠦᠷ᠎ᠡ ᠪᠦᠲᠦᠮᠵᠢ ᠶᠢ | ᠠᠰᠠᠭᠤᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠲᠥᠪ ᠴᠢᠩᠭ᠎ᠠ ᠴᠢᠨᠠᠷ ᠪᠠ ᠡᠷᠬᠡ | ᠰᠦᠷᠲᠦ ᠴᠢᠨᠠᠷ ᠢ ᠡᠷᠡᠰ ᠬᠠᠮᠠᠭᠠᠯᠠᠨ᠂ ᠵᠠᠷᠯᠢᠭ ᠴᠠᠭᠠᠵᠠ ᠶᠢ ᠲᠠᠭᠠᠵᠦ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠲᠤᠯᠠᠨ᠎ᠠ᠃ | ᠲᠥᠯᠥᠭᠡᠯᠡᠭᠴᠢᠳ ᠡ᠂ ᠨᠥᠬᠦᠳ ᠡ᠂ ᠨᠢᠭᠡ ᠦᠶ᠎ᠡ ᠶᠢᠨ ᠬᠥᠮᠦᠨ ᠳᠤ ᠨᠢᠭᠡ ᠦᠶ᠎ᠡ ᠶᠢᠨ ᠬᠦᠮᠦᠨ ᠤ ᠬᠦᠰᠡᠯ ᠤᠷᠤᠯᠳᠤᠯᠭ᠎ᠠ ᠲᠠᠢ ᠪᠠᠶᠢᠵᠦ᠂ ᠨᠢᠭᠡ | ᠦᠶ᠎ᠡ ᠶᠢᠨ ᠬᠥᠮᠦᠨ ᠳᠤ ᠨᠢᠭᠡ ᠦᠶ᠎ᠡ ᠶᠢᠨ ᠬᠥᠮᠦᠨ ᠤ ᠡᠭᠦᠷᠭᠡᠯᠡᠯ ᠬᠠᠷᠢᠭᠤᠴᠠᠯᠭ᠎ᠠ ᠪᠤᠢ᠃ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠶᠠᠨ ᠳᠤ ᠪᠢᠳᠡᠨ ᠤ | ᠬᠠᠷᠢᠭᠤᠴᠠᠯᠭ᠎ᠠ ᠶᠡᠭᠡ᠂ ᠡᠭᠦᠷᠭᠡ ᠭᠦᠨᠳᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠠᠩ ᠨᠢᠭᠲᠠᠷᠠᠨ ᠪᠦᠯᠬᠦᠮᠳᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠨ᠂ ᠰᠠᠶᠢᠨ ᠰᠠᠶᠢᠬᠠᠨ ᠢᠷᠡᠭᠡᠳᠦᠢ ᠶᠢ ᠨᠡᠭᠡᠭᠡᠨ ᠡᠭᠦᠳᠴᠦ᠂ ᠪᠦᠬᠦ ᠬᠤᠰᠢᠭᠤᠨ ᠤ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ | ᠢ ᠬᠦᠴᠦᠯᠡᠨ ᠲᠦᠯᠬᠢᠨ ᠤᠷᠤᠭᠰᠢᠯᠠᠭᠤᠯᠤᠶ᠎ᠠ︕ | | | ᠨᠡᠷ᠎ᠡ ᠦᠭᠡᠰ ᠤᠨ ᠲᠠᠶᠢᠯᠪᠤᠷᠢ | 1᠂ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠄ ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠬᠡᠢ ᠢᠳᠡᠭᠡᠨ ᠤᠮᠳᠠᠭᠠᠨ ᠤ | ᠵᠦᠢᠯ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠳᠭᠡᠮᠵᠢ ᠳᠡᠮᠳᠡᠭ ᠢ ᠵᠢᠭᠠᠵᠤ ᠪᠤᠢ᠃ | 2᠂ ︽ᠳᠥᠷᠪᠡᠨ ᠡᠷᠦᠢ ᠬᠤᠷᠤᠢ ᠦᠭᠡᠢ ᠶᠢ ᠴᠡᠪᠡᠷᠯᠡᠬᠦ︾᠄ ᠭᠤᠤᠯ ᠮᠦᠷᠡᠨ ᠨᠠᠭᠤᠷ ᠴᠦᠬᠦᠷᠦᠮ ᠤᠨ ᠭᠡᠪᠴᠢᠶᠡᠨ ᠳᠤ ᠳᠤᠷ᠎ᠠ ᠪᠠᠷ ᠢᠶᠠᠨ ᠡᠵᠡᠯᠡᠬᠦ᠂ | ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠵᠤ ᠪᠠᠷᠢᠬᠤ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠳᠠ ᠬᠠᠮᠠᠭᠠᠯᠠᠯᠳᠠ ᠶᠢᠨ ᠲᠤᠮᠳᠠ ᠳᠤᠪᠤᠶᠢᠮ᠎ᠠ ᠤᠷᠤᠰᠢᠵᠤ ᠪᠠᠶᠢᠭ᠎ᠠ ᠠᠰᠠᠭᠤᠳᠠᠯ ᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ ᠶᠢ ᠵᠢᠭᠠᠵᠤ ᠪᠤᠢ ᠃ | 3᠂ ︽ᠵᠠᠭᠠᠭᠯᠠᠨ ᠲᠣᠭᠲᠠᠭᠠᠬᠤ᠂ ᠪᠠᠶᠢᠭᠤᠯᠬᠤ᠂ ᠵᠠᠰᠠᠬᠤ︾᠄ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ᠂ | ᠬᠠᠮᠠᠭᠠᠯᠠᠯᠲᠠ ᠶᠢᠨ ᠣᠷᠣᠨ ᠤ ᠵᠠᠭᠠᠭ ᠱᠤᠭᠤᠮ ᠤᠨ ᠰᠢᠨᠵᠢ ᠲᠡᠮᠳᠡᠭ ᠢ ᠪᠠᠶᠢᠭᠤᠯᠬᠤ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠤ | ᠠᠰᠠᠭᠤᠳᠠᠯ ᠢ ᠴᠡᠭᠴᠡᠯᠡᠨ ᠵᠠᠰᠠᠬᠤ᠃ | 4᠂ ︽ᠳᠥᠷᠪᠡ ᠶᠢ ᠬᠢᠵᠠᠭᠠᠷᠯᠠᠨ ᠬᠤᠶᠠᠷᠵᠢᠭᠤᠯᠣᠨ ᠠᠰᠢᠭᠯᠠᠵᠣ ᠨᠢᠭᠡ ᠶᠢ ᠴᠡᠭᠴᠡᠯᠡᠨ ᠵᠠᠰᠠᠬᠤ︾᠄ ᠲᠠᠷᠢᠶᠠᠨ ᠤ ᠤᠰᠤ ᠶᠢ ᠡᠵᠡᠮᠳᠡᠵᠤ ᠬᠤᠷᠣᠭᠳᠠᠯ ᠢ | ᠪᠠᠭᠠᠰᠬᠠᠬᠤ᠂ ᠲᠠᠷᠢᠶᠠᠨ ᠡᠮ ᠢ ᠬᠢᠵᠠᠭᠠᠷᠯᠠᠵᠤ ᠬᠥᠨᠥᠭᠡᠯ ᠢ ᠪᠠᠭᠤᠷᠠᠭᠤᠯᠬᠤ᠂ ᠪᠣᠷᠳᠣᠭᠤᠷ ᠢ ᠪᠠᠭᠠᠰᠬᠠᠵᠤ ᠠᠰᠢᠭ ᠤᠷᠤᠯᠭ᠎ᠠ ᠶᠢ ᠨᠡᠮᠡᠭᠳᠡᠭᠦᠯᠬᠦ᠂ ᠰᠦᠯᠢᠶᠤᠤ | ᠪᠦᠷᠭᠦᠪᠴᠢ ᠶᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ︔ ᠡᠰᠢ ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ᠂ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ︔ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠃ | 5᠂ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾᠄ ︽ᠭᠤᠷᠪᠠ ᠶᠢ ᠲᠥᠪᠯᠡᠷᠡᠭᠦᠯᠬᠦ︾ ᠭᠡᠳᠡᠭ ᠪᠣᠯ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠣᠰᠢᠶᠠᠯ ᠴᠢᠳᠠᠪᠬᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠰᠢᠶᠠᠯ ᠴᠢᠳᠠᠪᠬᠢ ᠶᠢ | ᠡᠭᠦᠷᠭᠡᠯᠡᠭᠰᠡᠨ ᠲᠠᠰᠤᠭ ᠰᠠᠯᠠᠭ᠎ᠠ ᠶᠢ ᠦᠢᠯᠡᠴᠢᠯᠡᠭᠡᠨ ᠤ ᠲᠥᠪ ᠲᠤ ᠲᠥᠪᠯᠡᠷᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠡᠯᠧᠺᠲᠷᠤᠨ ᠵᠠᠰᠠᠭ ᠤᠨ | ᠶᠠᠪᠤᠳᠠᠯ ᠤᠨ ᠲᠠᠪᠴᠠᠩ ᠳᠤ ᠲᠥᠪᠯᠡᠷᠡᠭᠦᠯᠬᠦ ᠶᠢ ᠵᠢᠭᠠᠵᠤ︔ ︽ᠭᠤᠷᠪᠠ ᠶᠢ ᠪᠣᠳᠠᠲᠠᠶᠢᠵᠢᠭᠤᠯᠬᠤ ︾ ᠬᠡᠳᠡᠭ ᠪᠣᠯ ᠣᠴᠢᠷ ᠶᠠᠪᠣᠳᠠᠯ ᠢ ᠰᠢᠢᠳᠪᠦᠷᠢᠯᠡᠬᠦ ᠶᠢ | ᠦᠢᠯᠡᠴᠢᠯᠡᠭᠡᠨ ᠤ ᠶᠡᠭᠡ ᠲᠢᠩᠬᠢᠮ ᠳᠤ ᠣᠷᠣᠭᠤᠯᠬᠤ ᠶᠢ ᠪᠣᠳᠠᠲᠠᠶᠢᠵᠢᠭᠤᠯᠬᠤ ᠂ ᠬᠢᠨᠠᠨ ᠵᠥᠪᠰᠢᠶᠡᠷᠡᠬᠦ ᠡᠷᠬᠡ ᠲᠠᠢ ᠦᠢᠯᠡᠴᠢᠯᠡᠭᠡᠨ ᠤ ᠠᠵᠢᠯ ᠤᠨ ᠪᠠᠶᠢᠷᠢ ᠶᠢ | ᠪᠣᠳᠠᠲᠠᠶᠢᠵᠢᠭᠤᠯᠬᠤ᠂ ᠡᠯᠧᠺᠲᠷᠣᠨ ᠬᠢᠨᠠᠨ ᠪᠠᠶᠢᠴᠠᠭᠠᠯᠲᠠ ᠶᠢ ᠨᠠᠶᠢᠳᠠᠪᠣᠷᠢᠵᠢᠭᠤᠯᠬᠤ ᠶᠢ ᠦᠨᠡᠨᠬᠦ ᠪᠠᠲᠤᠯᠠᠬᠤ ᠶᠢ ᠪᠤᠳᠠᠲᠠᠶᠢᠵᠢᠭᠤᠯᠬᠤ᠃ | 6᠂ ︽ᠬᠤᠶᠠᠷ ᠡᠮᠦᠨᠡᠲᠦ ᠬᠤᠶᠠᠷ ᠤᠮᠠᠷᠠᠲᠤ︾᠄ ᠡᠮᠦᠨ᠎ᠡ ᠪᠡᠶ᠎ᠡ ᠶᠢᠨ ᠲᠠᠷᠢᠶᠠᠯᠠᠩ ᠲᠠᠷᠢᠵᠤ ᠤᠮᠠᠷ᠎ᠠ ᠭᠠᠵᠠᠷ ᠤᠨ ᠮᠠᠯ ᠠᠵᠤ ᠠᠬᠤᠢ᠂ ᠡᠮᠦᠨᠡᠳᠡᠭᠢ ᠡᠪᠡᠰᠦ | ᠤᠮᠠᠷᠠᠳᠡᠬᠢ ᠪᠤᠷᠳᠤᠭ᠎ᠠ᠂ ᠮᠠᠯᠵᠢᠬᠤ ᠤᠷᠤᠨ ᠳᠤ ᠦᠷᠡᠵᠢᠬᠦᠯᠵᠤ ᠲᠠᠷᠢᠶᠠᠯᠠᠬᠤ ᠤᠷᠤᠨ ᠳᠤ ᠪᠤᠶᠢᠵᠢᠭᠤᠯᠬᠤ᠂ ᠠᠷᠤ ᠳᠠᠬᠢ ᠪᠤᠷᠳᠤᠭᠤᠷ ᠢ ᠡᠮᠤᠨᠡᠳᠤ ᠳᠤ ᠭᠡᠷᠡᠭᠯᠡᠬᠦ | ᠣᠷᠣᠨ ᠪᠦᠰᠡ ᠶᠢᠨ ᠲᠠᠷᠢᠶᠠᠯᠠᠩ ᠮᠠᠯ ᠠᠵᠤ ᠠᠬᠤᠶ ᠶᠢᠨ ᠡᠷᠭᠢᠯᠲᠡ ᠶᠢᠨ ᠰᠢᠰᠲ᠋ᠧᠮᠵᠢ᠃ | 7᠂ ᠬᠢᠯᠢ ᠬᠢᠵᠠᠭᠠᠷ ᠤᠨ ᠮᠠᠯᠵᠢᠬᠤ ᠣᠷᠣᠨ ᠤ ︽ᠲᠠᠪᠤᠨ ᠨᠢᠭᠡ︾᠄ ᠨᠡᠭᠦᠳᠡᠯ ᠨᠠᠮ ᠤᠨ ᠰᠤᠷᠭᠠᠭᠤᠯᠢ᠂ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ᠂ | ᠠᠷᠠᠳ ᠢ ᠪᠠᠶᠠᠵᠢᠭᠤᠯᠬᠤ ᠠᠵᠤ ᠦᠢᠯᠡᠰ᠂ ᠨᠠᠮ ᠤᠨ ᠭᠡᠰᠢᠬᠦᠨ ᠪᠠ ᠣᠯᠠᠨ ᠲᠦᠮᠡᠨ ᠤ ᠶᠡᠷᠦᠩᠬᠡᠶᠢᠯᠡᠭᠰᠡᠨ ᠨᠡᠭᠦᠳᠡᠯ ᠦᠢᠯᠡᠴᠢᠯᠡᠭᠡᠨ ᠤ ᠠᠩᠭᠢ᠂ ᠠᠷᠠᠳ ᠢᠶᠠᠨ | ᠬᠠᠯᠠᠮᠵᠢᠯᠠᠵᠤ ᠬᠢᠯᠢ ᠬᠢᠵᠠᠭᠠᠷ ᠤᠷᠤᠨ ᠢᠶᠠᠨ ᠪᠠᠬᠢᠵᠢᠭᠦᠯᠬᠦ ᠰᠢᠭᠤᠳ ᠨᠡᠪᠲᠡᠷᠡᠬᠦ ᠲᠡᠷᠭᠡ | 8᠂ ᠮᠠᠯᠵᠢᠬᠤ ᠲᠠᠷᠢᠶᠠᠯᠠᠬᠤ ᠣᠷᠣᠨ ᠤ ︽ᠲᠠᠪᠤ ᠶᠢ ᠳᠠᠭᠠᠭᠤᠯᠵᠤ ᠬᠤᠶᠠᠷ ᠢ ᠪᠠᠶᠢᠭᠤᠯᠬᠤ︾᠄ ᠨᠠᠮ ᠤᠨ ᠬᠤᠷᠢᠶ᠎ᠠ ᠨᠢ ᠨᠠᠮ ᠤᠨᠡᠭᠦᠷ ᠢ ᠳᠠᠭᠠᠭᠤᠯᠵᠤ᠂ | ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠲᠣᠭᠲᠠᠭᠠᠬᠤ᠂ ᠨᠠᠮ ᠤᠨ ᠡᠭᠦᠷ ᠨᠢ ᠨᠠᠮ ᠤᠨ ᠭᠡᠰᠢᠭᠦᠳ ᠢ ᠳᠠᠭᠠᠭᠤᠯᠵᠤ᠂ ᠠᠵᠤ ᠦᠢᠯᠡᠰ ᠤᠨ | ᠬᠥᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠭᠦ᠂ ᠨᠠᠮ ᠤᠨ ᠭᠡᠰᠢᠭᠦᠳ ᠨᠢ ᠣᠯᠠᠨ ᠲᠦᠮᠡᠨ ᠢ ᠳᠠᠭᠠᠭᠤᠯᠵᠤ᠂ ᠠᠵᠤ ᠦᠢᠯᠡᠰ ᠤᠨ ᠬᠥᠭᠵᠢᠯᠲᠡ ᠶᠢᠨ | ᠬᠡᠪᠴᠢᠶ᠎ᠡ ᠶᠢ ᠥᠷᠭᠡᠳᠬᠡᠬᠦ᠂ ᠨᠠᠮ ᠤᠨ ᠵᠣᠬᠢᠶᠠᠨ ᠪᠠᠶᠢᠭᠤᠯᠤᠯᠲᠠ ᠨᠢ ᠲᠤᠰᠬᠠᠶᠢᠵᠢᠭᠰᠠᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠳᠠᠭᠠᠭᠤᠯᠵᠤ᠂ ᠠᠵᠤ | ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ︔ ᠲᠤᠰᠬᠠᠶᠢᠵᠢᠭᠰᠠᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠨᠢ ᠤᠯᠠᠨ ᠲᠦᠮᠡᠨ ᠢ ᠳᠠᠭᠠᠭᠤᠯᠵᠤ᠂ | ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ︔ ᠲᠤᠰᠬᠠᠶᠢᠵᠢᠭᠰᠠᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ᠂ ᠲᠤᠰᠬᠠᠶᠢᠵᠢᠭᠰᠠᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢ ᠪᠠᠶᠢᠭᠤᠯᠬᠤ ᠃ | 9᠂ ᠬᠤᠳᠠ ᠪᠠᠯᠭᠠᠰᠤᠨ ᠤ ᠨᠡᠶᠢᠭᠡᠮ ᠲᠣᠭᠤᠷᠢᠭ ᠤᠨ ︽1+N︾ ᠣᠷᠣᠨ ᠪᠦᠰᠡᠵᠢᠭᠰᠡᠨ ᠨᠠᠮ ᠤᠨ ᠪᠠᠶᠢᠭᠤᠯᠤᠯᠲᠠ᠄ ︽1︾ ᠭᠡᠳᠡᠭ ᠨᠢ ᠨᠡᠶᠢᠭᠡᠮ | ᠲᠣᠭᠤᠷᠢᠭ ᠤᠨ ᠨᠠᠮ ᠤᠨ ᠶᠡᠷᠦᠩᠬᠡᠶ ᠡᠭᠦᠷ᠂ ︽N︾ ᠭᠡᠳᠡᠭ ᠨᠢ ᠬᠠᠷᠢᠶ᠎ᠠ ᠲᠤᠭᠤᠷᠢᠭ ᠲᠤ ᠬᠠᠷᠢᠶᠠᠯᠠᠭᠳᠠᠬᠤ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠡᠯ᠎ᠡ | ᠲᠦᠷᠦᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠤᠢ᠃ | 10᠂ ︽ᠬᠤᠶᠠᠷ ᠶᠡᠭᠡ ᠲᠠᠯ᠎ᠠ︾᠄ ᠨᠢᠭᠡ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ | ᠪᠦᠬᠦ ᠲᠠᠯ᠎ᠠ᠂ ᠨᠦᠭᠦᠭᠡ ᠨᠢ ᠳᠡᠯᠡᠬᠡᠶ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠲᠠᠯ᠎ᠠ ᠶᠢᠨ ᠬᠤᠪᠢᠷᠠᠯᠲᠠ᠃ | 11᠂ ︽ᠡᠨᠧᠷᠬᠢ ᠶᠢᠨ ᠡᠬᠢ ᠰᠤᠷᠪᠤᠯᠵᠢ ᠲᠣᠤᠷ ᠲᠠᠭᠠᠭᠠᠴᠠ ᠨᠥᠭᠡᠴᠡ︾ ᠶᠢᠨ ᠨᠢᠭᠡ ᠴᠤᠭᠴᠠᠵᠢᠭᠤᠯᠬᠤ᠄ ᠴᠠᠬᠢᠯᠭᠠᠨ ᠡᠨᠧᠷᠬᠢ ᠶᠢᠨ ᠡᠬᠢ ᠰᠤᠷᠪᠤᠯᠵᠢ᠂ | ᠴᠠᠬᠢᠯᠭᠠᠨ ᠲᠣᠤᠷ᠂ ᠳᠠᠭᠠᠭᠠᠴᠠ᠂ ᠨᠦᠭᠡᠴᠡᠯᠡᠨ ᠬᠠᠳᠠᠭᠠᠯᠠᠬᠤ︾ ᠪᠦᠬᠦᠯᠢ ᠴᠣᠭᠴᠠ ᠶᠢᠨ ᠰᠢᠢᠳᠪᠦᠷᠢᠯᠡᠬᠦ ᠲᠥᠰᠦᠯ ᠤᠨ ᠡᠵᠡᠩᠨᠡᠯᠲᠡ ᠶᠢᠨ ᠵᠠᠭᠪᠤᠷ ᠪᠣᠯᠤᠨ᠎ᠠ᠃ | 12᠂ ︽ ᠦᠷᠭᠡᠨ ᠭᠡᠪᠴᠢᠶᠠᠨ ᠤ ᠪᠣᠭᠤᠮᠲᠠ ᠶᠢᠨ ᠠᠵᠤ ᠠᠬᠤᠶ︾᠄ ᠭᠠᠭᠴᠠᠮᠤᠳᠤ ᠪᠣᠭᠤᠮᠲᠠ ᠪᠠᠷ ᠠᠴᠢᠶᠠᠯᠠᠪᠤᠷᠢ ᠪᠣᠯᠭᠠᠵᠤ᠂ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠪᠠ ᠪᠣᠯᠪᠠᠰᠤᠷᠠᠭᠤᠯᠬᠤ ᠠᠷᠠᠯᠵᠢᠶ᠎ᠠ ᠪᠠᠷ ᠰᠠᠭᠤᠷᠢ ᠪᠣᠯᠭᠠᠵᠤ᠂ ᠬᠥᠮᠦᠨ ᠤ ᠬᠦᠴᠦᠨ ᠤ ᠭᠦᠢᠯᠭᠡᠭᠡ᠂ ᠪᠡᠯᠡ | ᠮᠥᠩᠭᠦᠨ ᠤ ᠭᠦᠢᠯᠭᠡᠭᠡ᠂ ᠪᠣᠳᠠᠰ ᠤᠨ ᠭᠦᠢᠯᠭᠡᠭᠡ᠂ ᠮᠡᠳᠡᠭᠡ ᠵᠠᠩᠭᠢ ᠶᠢᠨ ᠭᠦᠢᠯᠭᠡᠭᠡ ᠵᠡᠷᠭᠡ ᠠᠵᠤ ᠠᠬᠤᠶ ᠶᠢᠨ ᠡᠯᠧᠮᠧᠨ᠋ᠲ ᠤᠨ ᠬᠤᠣᠰ ᠴᠢᠭᠯᠡᠯ ᠢᠶᠠᠷ ᠬᠠᠷᠢᠭᠤ | ᠲᠤᠰᠬᠠᠬᠤ ᠪᠠᠷ ᠳᠠᠮᠵᠢᠭᠤᠯᠤᠨ᠂ ᠠᠷᠠᠯᠵᠢᠶ᠎ᠠ᠂ ᠪᠣᠯᠪᠠᠰᠤᠷᠠᠭᠤᠯᠤᠯᠲᠠ᠂ ᠬᠥᠮᠥᠷᠭᠡᠯᠡᠨ ᠬᠠᠳᠠᠭᠠᠯᠠᠬᠤ᠂ ᠠᠵᠤ ᠠᠬᠤᠶ ᠮᠡᠷᠭᠡᠵᠢᠯ ᠤᠨ ᠬᠠᠮᠲᠤᠷᠠᠯᠴᠠᠭ᠎ᠠ᠂ ᠡᠯᠧᠺᠲᠷᠣᠨ | ᠬᠤᠳᠠᠯᠳᠤᠭ᠎ᠠ᠂ ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ᠂ ᠠᠷᠠᠯᠵᠢᠶ᠎ᠠ ᠬᠤᠳᠠᠯᠳᠤᠭ᠎ᠠ ᠮᠥᠩᠭᠦᠨ ᠭᠦᠢᠯᠭᠡᠭᠡ᠂ ᠵᠠᠮ ᠬᠠᠷᠢᠯᠴᠠᠭ᠎ᠠ ᠵᠢᠴᠢ ᠦᠢᠯᠡᠴᠢᠯᠡᠭᠡᠨ ᠤ | ᠠᠵᠢᠯ ᠲᠦᠷᠦᠯ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠠᠵᠤ ᠠᠬᠤᠶ ᠶᠢᠨ ᠠᠵᠢᠯᠯᠠᠭ᠎ᠠ ᠶᠢᠨ ᠬᠥᠭᠵᠢᠯᠲᠡ ᠶᠢ ᠲᠠᠶᠢᠴᠢᠯᠠᠵᠦ᠂ ᠡᠭᠦᠨ ᠤ | ᠤᠯᠠᠮ ᠠᠴᠠ ᠪᠦᠬᠦᠯᠢ ᠴᠣᠭᠴᠠ ᠶᠢᠨ ᠴᠢᠳᠠᠮᠵᠢ ᠪᠠᠨ ᠢᠯᠡᠷᠡᠭᠦᠯᠦᠭᠰᠡᠨ ᠠᠵᠤ ᠠᠬᠤᠶ ᠶᠢᠨ ᠰᠢᠰᠲ᠋ᠧᠮ ᠪᠣᠯᠤᠨ᠎ᠠ᠃ | 13᠂ ︽ᠣᠶ ᠰᠢᠭᠤᠶ ᠶᠢᠨ ᠳᠠᠷᠤᠭ᠎ᠠ ᠶᠢᠨ ᠲᠦᠷᠢᠮ︾᠄ ︽ᠱᠠᠲᠤ ᠬᠤᠪᠢᠶᠠᠨ ᠬᠠᠷᠢᠭᠤᠴᠠᠬᠤ︾ ᠵᠠᠷᠴᠢᠮ ᠶᠣᠰᠣᠭᠠᠷ᠂ ᠮᠤᠵᠢ ᠬᠤᠲᠠ ᠰᠢᠶᠠᠨ ᠰᠢᠶᠠᠩ | ᠲᠣᠰᠬᠤᠨ ᠤ ᠲᠠᠪᠤᠨ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠨᠠᠷ | ᠲᠣᠰ ᠬᠠᠷᠢᠭᠤᠴᠠᠯᠭ᠎ᠠ ᠶᠢᠨ ᠣᠷᠣᠨ ᠤ ᠳᠣᠲᠣᠷᠠᠬᠢ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠵᠢᠯ ᠢ ᠰᠢᠮᠳᠠᠭᠤᠯᠤᠨ ᠵᠢᠯᠣᠭᠤᠳᠬᠤ ᠶᠢ | ᠬᠠᠷᠢᠭᠤᠴᠠᠵᠤ᠂ ᠣᠶ ᠰᠢᠭᠤᠶ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠣᠶ ᠰᠢᠭᠤᠶ ᠶᠢᠨ | ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | 14᠂ ︽ᠬᠤᠶᠠᠷ ᠰᠢᠨ᠎ᠡ ᠨᠢᠭᠡ ᠬᠦᠨᠳᠦ︾᠄ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ | ᠃ | 15᠂ S39 ᠲᠦᠷᠭᠡᠨ ᠤ ᠵᠠᠰᠠᠮᠠᠯ ᠵᠠᠮ᠄ ᠭᠠᠭᠴᠠᠮᠤᠳᠤ ᠬᠢᠯᠢ ᠶᠢᠨ ᠪᠣᠭᠤᠮᠲᠠ ᠠᠴᠠ ᠮᠤᠨᠠ ᠠᠭᠤᠯᠠ ᠬᠥᠷᠬᠦ ᠬᠡᠰᠡᠭ ᠤᠨ ᠲᠦᠷᠭᠡᠨ ᠤ ᠵᠠᠰᠠᠮᠠᠯ ᠵᠠᠮ ᠤᠨ | ᠲᠥᠷᠥᠯ ᠵᠦᠢᠯ᠃ ᠪᠥᠬᠦ ᠣᠷᠳᠣ ᠨᠢ 177 ᠺᠢᠯᠣᠮᠧᠲᠷ ᠪᠠᠶᠢᠵᠤ᠂ ᠲᠦᠷᠭᠡᠨ ᠤ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠪᠠ᠃ | 16᠂ G335 ᠤᠯᠤᠰ ᠤᠨ ᠵᠠᠮ᠄ ᠮᠠᠨ ᠤ ᠬᠤᠰᠢᠭᠤᠨ ᠤ ᠬᠢᠯᠢ ᠶᠢᠨ ᠳᠣᠲᠣᠷ᠎ᠠ ᠵᠡᠭᠦᠨ ᠪᠠᠷᠠᠭᠤᠨ ᠬᠤᠶᠠᠷ ᠬᠡᠰᠡᠭ ᠬᠤᠪᠢᠶᠠᠵᠤ᠂ ᠵᠡᠭᠦᠨ ᠬᠡᠰᠡᠭ ᠨᠢ | ᠬᠦᠨᠬᠤᠳᠳᠤᠭ ᠠᠴᠠ ᠬᠠᠯᠢᠭᠤᠳᠤ ᠬᠦᠷᠴᠤ᠂ ᠬᠢᠯᠢ ᠶᠢᠨ ᠳᠣᠲᠣᠷᠠᠬᠢ ᠪᠥᠬᠦ ᠣᠷᠳᠣ ᠨᠢ 81.2 ᠺᠢᠯᠣᠮᠧᠲᠷ᠂ ᠬᠤᠶᠠᠳᠤᠭᠠᠷ ᠳᠡᠰ ᠤᠨ ᠵᠠᠰᠠᠮᠠᠯ ᠵᠠᠮ ᠤᠨ | ᠪᠠᠷᠢᠮᠵᠢᠶ᠎ᠠ ᠪᠠᠷ ᠪᠥᠲᠥᠭᠡᠨ ᠪᠠᠶᠢᠭᠤᠯᠤᠨ᠎ᠠ᠃ ᠪᠠᠷᠠᠭᠤᠨ ᠬᠡᠰᠡᠭ ᠨᠢ ᠤᠤᠪᠤᠯᠠᠭ ᠤᠨ ᠠᠮᠠ ᠠᠴᠠ ᠤᠤ ᠶᠢᠨ ᠭᠤᠤᠯ ᠬᠦᠷᠴᠤ᠂ ᠬᠢᠯᠢ ᠶᠢᠨ ᠳᠣᠲᠣᠷᠠᠬᠢ ᠪᠥᠬᠦ | ᠣᠷᠳᠣ ᠨᠢ 85.2 ᠺᠢᠯᠣᠮᠧᠲᠷ ᠪᠠᠶᠢᠵᠤ᠂ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠨᠢᠭᠡᠨᠲᠡ ᠪᠠᠶᠢᠭᠤᠯᠵᠤ | ᠳᠠᠭᠤᠰᠬᠠᠭᠠᠳ ᠲᠡᠷᠭᠡ ᠨᠡᠪᠲᠡᠷᠡᠪᠡ᠃ | 17᠂ S215 ᠮᠤᠵᠢ ᠶᠢᠨ ᠵᠠᠮ᠄ ᠮᠠᠨ ᠤ ᠬᠤᠰᠢᠭᠤᠨ ᠤ ᠬᠢᠯᠢ ᠶᠢᠨ ᠳᠣᠲᠣᠷᠠᠬᠢ ᠤᠤᠪᠤᠯᠠᠭ ᠤᠨ ᠠᠮᠠ ᠠᠴᠠ ᠮᠦᠷᠡᠨ ᠭᠤᠤᠯ᠂ ᠬᠢᠯᠢ ᠶᠢᠨ ᠳᠣᠲᠣᠷᠠᠬᠢ | ᠪᠥᠬᠦ ᠣᠷᠳᠣ ᠨᠢ 28.85 ᠺᠢᠯᠣᠮᠧᠲᠷ᠂ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠤᠨ᠎ᠠ᠃ | 18 ︽ᠬᠤᠶᠠᠷ ᠢ ᠪᠠᠬᠢᠵᠢᠭᠦᠯᠬᠦ︾᠄ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ | ᠪᠠᠬᠢᠵᠢᠭᠦᠯᠵᠦ᠂ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ | 19. ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠥᠷᠪᠡᠨ ᠵᠦᠢᠯ ᠤᠨ ᠦᠨᠳᠦᠰᠦᠨ ᠲᠦᠷᠢᠮ᠄ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠲᠦᠷᠢᠮ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠰᠡᠷᠭᠦᠭᠡᠬᠦ ᠰᠡᠯᠭᠦᠨ ᠮᠠᠯᠵᠢᠬᠤ ᠲᠦᠷᠢᠮ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠢᠨᠠᠨ ᠬᠡᠮᠵᠢᠵᠦ ᠦᠨᠡᠯᠡᠨ ᠵᠢᠱᠢᠬᠦ ᠲᠦᠷᠢᠮ᠃ | 20᠂ ︽ᠭᠤᠷᠪᠠᠨ ᠰᠠᠯᠵᠤ ᠴᠢᠳᠠᠬᠤ ᠦᠭᠡᠢ︾᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ | ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠤᠭᠤᠷᠣᠨᠳᠣ ᠪᠠᠨ ᠰᠠᠯᠵᠤ | ᠴᠢᠳᠠᠬᠤ ᠦᠭᠡᠢ ᠪᠠᠶᠢᠳᠠᠭ᠃ | 21᠂ ︽ᠲᠠᠪᠤ ᠶᠢ ᠵᠦᠪᠰᠢᠶᠡᠷᠡᠬᠦ︾᠄ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠭᠤᠤ ᠶᠡᠭᠡ ᠡᠭᠡ ᠣᠷᠣᠨ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠶ ᠲᠠᠪᠤ ᠶᠢ | ᠵᠦᠪᠰᠢᠶᠡᠷᠡᠬᠦ ᠶᠢ ᠴᠢᠩᠭᠠᠳᠬᠠᠨ᠎ᠠ᠃ | 22᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠵᠢᠷᠭᠤᠭᠠᠨ ᠶᠡᠭᠡ ᠠᠵᠢᠯᠯᠠᠭ᠎ᠠ︾᠄ ᠤᠯᠤᠰ ᠲᠥᠷᠥ ᠶᠢᠨ ᠬᠥᠲᠥᠯᠦᠨ ᠳᠠᠭᠠᠭᠤᠯᠬᠤ | ᠠᠵᠢᠯᠯᠠᠭ᠎ᠠ᠂ ᠪᠠᠬᠢᠯᠡᠯᠲᠡ ᠶᠢᠨ ᠬᠥᠲᠥᠯᠦᠨ ᠳᠠᠭᠠᠭᠤᠯᠬᠤ ᠠᠵᠢᠯᠯᠠᠭ᠎ᠠ᠂ ᠴᠢᠳᠠᠪᠤᠷᠢᠲᠠᠨ ᠤ ᠬᠥᠭᠵᠢᠯᠲᠡ ᠶᠢᠨ ᠠᠵᠢᠯᠯᠠᠭ᠎ᠠ᠂ ᠠᠮᠢ ᠠᠬᠤᠶ ᠶᠢᠨ ᠵᠠᠰᠠᠯᠲᠠ ᠶᠢᠨ | ᠠᠵᠢᠯᠯᠠᠭ᠎ᠠ ᠂ ᠦᠢᠯᠡᠴᠢᠯᠡᠭᠡᠨ ᠤ ᠬᠥᠲᠥᠯᠦᠨ ᠳᠠᠭᠠᠭᠤᠯᠬᠤ ᠠᠵᠢᠯᠯᠠᠭ᠎ᠠ᠂ ᠵᠣᠬᠢᠶᠠᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠠᠵᠢᠯᠯᠠᠭ᠎ᠠ ᠃ | 23᠂ ︽1432︾ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠠᠵᠢᠯ ᠤᠨ ᠠᠷᠭ᠎ᠠ᠄ ᠨᠢᠭᠡ ᠢᠵᠢ ᠰᠢᠯᠭᠠᠨ ᠦᠨᠡᠯᠡᠬᠦ ᠪᠠᠷᠢᠮᠵᠢᠶ᠎ᠠ᠄ ᠭᠠᠴᠠᠭ᠎ᠠ | ᠲᠣᠰᠬᠤᠨ᠂ ᠨᠡᠶᠢᠭᠡᠮ ᠲᠣᠭᠤᠷᠢᠭ᠂ ᠨᠡᠶᠢᠲᠡ ᠶᠢᠨ ᠦᠮᠴᠢᠯᠡᠯ ᠤᠨ ᠪᠤᠰᠤ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ︽︿ᠬᠠᠮᠤᠭ ᠤᠨ ᠬᠦᠴᠦᠷᠬᠡᠭ ᠨᠠᠮ ᠤᠨ | ᠡᠭᠦᠷ﹀ ᠢ ᠡᠭᠦᠳᠦᠨ ᠪᠠᠶᠢᠭᠤᠯᠬᠤ ᠶᠢ ᠬᠢᠨᠠᠨ ᠪᠠᠶᠢᠴᠠᠭᠠᠵᠤ ᠬᠤᠪᠢ ᠦᠭᠬᠦ ᠭᠠᠷ ᠠᠪᠤᠯᠭ᠎ᠠ︾ ᠢ ᠲᠣᠰ ᠲᠣᠰ ᠲᠣᠭᠲᠠᠭᠠᠬᠤ︔ ᠳᠥᠷᠪᠡᠨ ᠵᠦᠢᠯ ᠤᠨ ᠰᠢᠯᠭᠠᠨ | ᠦᠨᠡᠯᠡᠬᠦ ᠠᠷᠭ᠎ᠠ ᠮᠠᠶ᠋ᠢᠭ᠄ ᠳᠠᠷᠤᠶ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠪᠢᠴᠢᠭ ᠮᠠᠲ᠋ᠧᠷᠢᠶᠠᠯ ᠢ ᠤᠩᠰᠢᠨ ᠦᠵᠡᠬᠦ᠂ ᠲᠤᠭᠤᠷᠢᠨ ᠶᠠᠪᠤᠵᠤ | ᠰᠤᠷᠪᠤᠯᠵᠢᠯᠠᠬᠤ᠂ ᠪᠠᠶᠢᠴᠠᠭᠠᠨ ᠰᠢᠯᠭᠠᠯᠲᠠ ᠬᠢᠬᠦ︔ ᠭᠤᠷᠪᠠᠨᠵᠦ᠋ᠢᠯ ᠤᠨ ᠬᠤᠪᠢ ᠲᠣᠭᠲᠠᠭᠠᠬᠤ ᠠᠷᠭ᠎ᠠ᠄ ᠳᠠᠷᠤᠢ ᠶᠡᠷᠦᠩᠬᠡᠶᠢᠯᠡᠭᠰᠡᠨ ᠠᠵᠢᠯ ᠤᠨ ᠠᠬᠢᠭᠤᠯᠤᠯᠲᠠ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ᠂ ᠨᠠᠮ ᠤᠨ ᠭᠡᠰᠢᠭᠦᠳ ᠤᠨ ᠰᠢᠯᠭᠠᠯᠲᠠ ᠵᠡᠷᠭᠡ ᠭᠤᠷᠪᠠᠨ ᠵᠦᠢᠯ ᠤᠨ ᠪᠣᠳᠠᠲᠠᠢ ᠠᠭᠤᠯᠭ᠎ᠠ ᠳᠤ ᠬᠤᠪᠢ ᠣᠯᠭᠤᠬᠤ︔ | ᠨᠢᠭᠤᠷ ᠳᠡᠭᠡᠷ᠎ᠡ ᠨᠢ ᠬᠠᠷᠢᠭᠤ ᠲᠤᠰᠬᠠᠬᠤ᠄ ᠨᠠᠮ ᠤᠨ ᠬᠤᠷᠢᠶ᠎ᠠ ᠪᠤᠯᠤᠨ ᠨᠠᠮ ᠤᠨ ᠡᠭᠦᠷ ᠤᠨ ᠡᠮᠦᠨ᠎ᠡ ᠬᠤᠪᠢ ᠲᠤᠭᠲᠠᠭᠠᠭᠰᠠᠨᠦᠷᠡ ᠳ᠋ᠦᠩ ᠢ ᠨᠡᠶᠢᠲᠡᠯᠡᠬᠦ᠃ | | |