2022 ᠤᠨ ᠤ 1 ᠰᠠᠷ᠎ᠠ ᠶᠢᠨ 10 ᠤ ᠡᠳᠦᠷ ᠤᠷᠠᠳ ᠤᠨ ᠲᠤᠮᠳᠠᠳᠤ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠲᠡᠭᠡᠷ᠎ᠡ | ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠲᠠᠷᠤᠭ᠎ᠠ | ᠪᠤᠤ ᠯᠢᠨ | | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠶᠢᠨ ᠬᠠᠮᠲᠤ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠤᠨ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠡᠷᠭᠢᠴᠡᠭᠦᠯᠦᠯ | ᠥᠩᠭᠡᠷᠡᠭᠰᠡᠨ ᠳᠥᠷᠪᠡᠨ ᠵᠢᠯ ᠪᠣᠯ ᠮᠠᠨ ᠤ ᠬᠤᠰᠢᠭᠤᠨ ᠤ ᠬᠥᠭᠵᠢᠯᠲᠡ ᠶᠢᠨ ᠠᠬᠢᠴᠠ ᠳᠤᠮᠳᠠᠬᠢ ᠲᠤᠶᠢᠯ ᠤᠨ ᠶᠡᠷᠦ ᠪᠤᠰᠤ ᠶᠢᠨ ᠮᠥᠷᠲᠡᠭᠡᠨ | ᠥᠷᠢᠰᠥᠯᠳᠦᠭᠡᠨ ᠶᠡᠬᠡᠲᠡᠢ ᠳᠥᠷᠪᠡᠨ ᠵᠢᠯ ᠪᠣᠯᠤᠨ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ | ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠪᠦᠯᠬᠦᠮᠳᠡᠭᠦᠯᠦᠨ ᠲᠦᠰᠢᠭᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠬᠠᠷᠢᠭᠤᠴᠠᠯᠭ᠎ᠠ ᠡᠭᠦᠷᠭᠡᠯᠡᠨ ᠤᠷᠤᠭᠰᠢᠯᠠᠨ ᠳᠠᠪᠰᠢᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠶ ᠠᠷᠭᠠᠴᠠᠭᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠠᠮᠢ ᠠᠬᠤᠢ ᠶᠢ ᠤᠷᠢᠳ ᠢᠶᠠᠷ | ᠪᠤᠳᠤᠯᠬᠢᠯᠠᠬᠤ᠂ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠤᠯᠵᠦ᠂ ᠪᠦᠬᠦ | ᠬᠤᠰᠢᠭᠤᠨ ᠤ ᠠᠵᠤ ᠠᠬᠤᠶ ᠨᠡᠶᠢᠭᠡᠮ ᠲᠣᠭᠲᠠᠭᠤᠨ ᠤ ᠳᠤᠮᠳᠠ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠷᠭᠦᠯᠵᠢᠯᠡᠨ ᠰᠠᠶᠢᠵᠢᠷᠠᠬᠤ ᠰᠠᠶᠢᠨ ᠰᠠᠶᠢᠬᠠᠨ | ᠬᠥᠭᠵᠢᠯᠲᠡ ᠶᠢᠨ ᠪᠠᠶᠢᠳᠠᠯ ᠢᠯᠡᠷᠡᠪᠡ᠃ | ᠲᠦᠷᠪᠡᠨ ᠵᠢᠯ ᠤᠨ ᠲᠤᠷᠰᠢ᠂ ᠪᠢᠳᠡ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢᠨ | ᠪᠠᠶᠢᠷᠢᠰᠢᠯ ᠢᠶᠠᠨ ᠦᠷᠭᠦᠯᠵᠢᠯᠡᠨ ᠰᠢᠯᠢᠳᠡᠭᠵᠢᠬᠦᠯᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠨ᠂ | ᠪᠦᠬᠦ ᠬᠦᠴᠦᠨ ᠢᠶᠠᠷ ᠢᠶᠠᠨ ᠬᠡᠯᠪᠡᠷᠢ ᠪᠠᠨ ᠬᠤᠪᠢᠷᠠᠭᠤᠯᠵᠦ᠂ ᠪᠦᠲᠦᠴᠡ ᠪᠠᠨ ᠲᠣᠬᠢᠷᠠᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠵᠦ᠂ ᠠᠵᠤ ᠠᠬᠤᠶ ᠶᠢᠨ | ᠬᠥᠭᠵᠢᠯᠲᠡ ᠶᠢᠨ ᠶᠠᠰᠤ ᠴᠢᠨᠠᠷ ᠪᠤᠯᠤᠨ ᠦᠷ᠎ᠡ ᠠᠰᠢᠭ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠪᠠᠷ ᠰᠠᠭᠤᠷᠢ ᠪᠣᠯᠭᠠᠭᠰᠠᠨ᠂ | ᠠᠵᠤ ᠤᠶᠢᠯᠡᠤᠨᠪᠦᠷᠢ ᠪᠠᠷ ᠭᠤᠤᠯ ᠴᠣᠭᠴᠠ ᠪᠣᠯᠭᠠᠭᠰᠠᠨ᠂ ᠤᠶᠢᠯᠡᠴᠢᠯᠡᠬᠡᠨ ᠤ ᠤᠶᠢᠯᠡᠰ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ ᠤᠶᠢᠯᠡᠰ ᠤᠨ | ᠲᠤᠭᠳᠠᠯᠴᠠᠭ᠎ᠠ ᠶᠢ ᠲᠦᠷᠭᠡᠳᠬᠡᠨ ᠪᠦᠷᠢᠯᠳᠦᠭᠦᠯᠪᠡ᠃ ᠭᠤᠷᠪᠠᠨ ᠠᠵᠤ ᠦᠢᠯᠡᠰ ᠤᠨ ᠬᠠᠷᠢᠴᠠᠯ 19.6᠄ 42.7᠄ 37.7 ᠪᠠᠶᠢᠭᠰᠠᠨ ᠠᠴᠠ ᠪᠠᠨ 15.6᠄ 43. | 9᠄ 40.5 ᠪᠣᠯᠵᠣ᠂ ᠠᠵᠤ ᠤᠶᠢᠯᠡᠰ ᠤᠨ ᠪᠣᠷᠣ ᠲᠥᠯᠥᠪ ᠨᠠᠩ ᠲᠣᠭᠲᠠᠪᠤᠷᠢᠲᠠᠶ ᠪᠣᠯᠵᠣ᠂ ᠠᠵᠤ ᠦᠢᠯᠡᠰ ᠤᠨ ᠪᠦᠲᠦᠴᠡ ᠨᠠᠩ ᠰᠢᠯᠢᠳᠡᠭᠵᠢᠪᠡ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠪᠥᠬᠦ ᠲᠠᠯ᠎ᠠ ᠪᠠᠷ ᠬᠦᠭᠵᠢᠬᠦᠯᠪᠡ᠃ ᠪᠣᠬᠢᠷᠲᠤᠯ ᠦᠭᠡᠶ ᠲᠠᠷᠢᠶᠠᠯᠠᠩ ᠮᠠᠯ ᠠᠵᠤ ᠠᠬᠤᠶ ᠶᠢ | ᠬᠥᠭᠵᠢᠭᠦᠯᠬᠦ ᠶᠢ ᠪᠠᠷᠢᠮᠲᠠᠯᠠᠵᠤ᠂ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠶ ᠠᠬᠢᠭᠤᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ | 10 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠤᠨᠴᠠᠯᠢᠬᠳᠤ ᠲᠠᠷᠢᠮᠠᠯ ᠲᠡᠵᠢᠭᠡᠪᠤᠷᠢ ᠶᠢᠨ ᠰᠠᠭᠤᠷᠢᠨ ᠭᠠᠵᠠᠷ ᠢ 27 ᠪᠠᠶᠢᠭᠤᠯᠵᠤ᠂ | ᠲᠠᠷᠢᠶᠠᠯᠠᠩ ᠮᠠᠯᠵᠢᠯ ᠬᠦᠷᠢᠶᠡᠯᠡᠩ ᠤᠨ ᠶᠡᠷᠦᠩᠬᠡᠶᠢᠯᠡᠭᠰᠡᠨ ᠴᠣᠭᠴᠠ ᠶᠢ 10 ᠪᠠᠶᠢᠭᠤᠯᠤᠨ᠂ ᠪᠠᠷᠢᠮᠵᠢᠶᠠᠵᠢᠭᠰᠠᠨ ᠲᠣᠯᠣᠭᠠᠶᠢᠯᠠᠭᠴᠢ ᠠᠵᠤ ᠠᠬᠤᠶᠢᠯᠠᠯ 18 ᠡᠷᠦᠬᠡ᠂ | ᠡᠯ᠎ᠡ ᠲᠥᠷᠥᠯ ᠤᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠵᠢᠯ 649 ᠶᠢ ᠪᠤᠶᠢᠵᠢᠭᠤᠯᠵᠦ᠂ 17.6 ᠳ᠋ᠦᠩᠰᠢᠭᠤᠷ ᠲᠥᠭᠦᠷᠢᠭ ᠤᠨ ᠦᠢᠯᠡᠳᠪᠦᠷᠢ | ᠬᠤᠳᠠᠯᠳᠤᠭᠠᠨ ᠤ ᠬᠦᠷᠦᠩᠬᠡ ᠶᠢ ᠲᠠᠲᠠᠨ ᠤᠷᠤᠭᠤᠯᠵᠤ᠂ ᠤᠷᠠᠳ ᠤᠨ ᠦᠬᠡᠷ ᠬᠤᠨᠢᠨ ᠮᠢᠬ᠎ᠠ᠂ ᠰᠢᠬ᠎ᠠ ᠭᠤᠣᠯ ᠤᠨ ᠤᠯᠠᠭᠠᠨ ᠬᠠᠯᠢᠰᠤᠲᠤ ᠪᠤᠭᠤᠳᠠᠢ ᠪᠣᠯᠤᠨ | ᠶᠤᠤᠮᠠᠢ ᠰᠠᠭᠠᠭ ᠨᠢ ᠪᠦᠬᠦ ᠤᠯᠤᠰ ᠤᠨ ᠨᠡᠷᠡᠳᠦ ᠰᠢᠯᠢᠳᠡᠭ ᠣᠨᠴᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠᠷ ᠦᠨᠡᠯᠡᠭᠳᠡᠵᠦ᠂ ᠦᠵᠦᠬᠦᠷ | ᠭᠤᠣᠯ ᠪᠠᠯᠭᠠᠰᠤ ᠶᠢᠨ ᠯᠢᠶᠠᠨᠹᠧᠩ ᠹᠧᠨᠳ᠋ᠸᠤ ᠲᠣᠰᠬᠤᠨ᠂ ᠲᠠᠯ ᠠᠭᠤᠯᠠ ᠪᠠᠯᠭᠠᠰᠤ ᠶᠢᠨ ᠰᠾᠢ ᠢ ᠲᠠᠩ ᠲᠣᠰᠬᠤᠨ ᠪᠦᠬᠦ ᠤᠯᠤᠰ ᠤᠨ ︽ᠨᠢᠭᠡ ᠲᠣᠰᠬᠤᠨ ᠨᠢᠭᠡ | ᠨᠡᠷᠡᠳᠤ ᠪᠦᠲᠦᠭᠡᠭᠳᠡᠬᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠦᠨᠡᠯᠡᠭᠳᠡᠵᠦ᠂ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ | ᠤ ᠦᠶᠯᠡᠰ ᠴᠣᠭᠴᠠᠯᠠᠵᠤ ᠰᠢᠨ᠎ᠡ ᠶᠢ ᠡᠭᠦᠳᠦᠭᠰᠡᠨ ᠨᠡᠶᠢᠲᠡᠯᠢᠭ ᠬᠤᠰᠢᠭᠤ ᠪᠠᠷ ᠰᠣᠩᠭᠤᠭᠳᠠᠨ᠂ ᠭᠤᠷᠪᠠᠳᠤᠭᠠᠷ ᠪᠦᠯᠦᠭ ᠤᠨ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠤᠰᠢᠭᠤ ᠪᠠᠷ ᠲᠣᠭᠳᠠᠭᠠᠭᠳᠠᠵᠦ᠂ ᠪᠣᠬᠢᠷᠲᠤᠯ ᠦᠭᠡᠢ ᠣᠷᠭᠠᠨᠢᠭ ᠥᠨᠳᠥᠷᠴᠡ ᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠤᠶᠢᠯᠡᠤᠨᠪᠦᠷᠢᠯᠡᠵᠦ ᠡᠳ᠋ᠰᠢᠭᠦᠯᠬᠦ ᠤᠶᠢᠯᠡᠴᠢᠯᠡᠬᠡᠨ ᠤ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ | ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ | ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠥᠬᠡᠶ ᠲᠣᠰᠬᠤᠨ ᠢ ︽ᠦᠬᠡᠶᠢᠰᠬᠡᠬᠦ︾ ᠶᠢ ᠪᠡᠶᠡᠯᠡᠭᠦᠯᠪᠡ᠃ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ︽1+5+N︾ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ | ᠣᠷᠣᠨ ᠲᠤᠭᠤᠷᠢᠭ ᠪᠤᠯᠤᠨ ᠮᠠᠯᠵᠢᠬᠤ ᠣᠷᠣᠨ ᠤ ︽ᠲᠠᠪᠤ ᠶᠢ ᠪᠥᠬᠦ ᠣᠷᠣᠨ ᠪᠦᠰᠡᠵᠢᠭᠦᠯᠬᠦ︾ ᠶᠢ ᠲᠦᠷᠭᠡᠳᠬᠡᠨ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ | ᠠᠬᠤᠶ ᠪᠠ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠵᠡᠷᠭᠡ ᠪᠠᠷ ᠳᠡᠭᠡᠭᠰᠢᠯᠡᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠴᠢᠬᠤᠯᠠ ᠶᠡᠭᠡ ᠠᠵᠤ ᠦᠢᠯᠡᠳᠪᠦᠷᠢ ᠶᠢᠨ ᠲᠥᠷᠥᠯ ᠵᠦᠢᠯ ᠢ ᠨᠡᠶᠢᠳᠡ 17 ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ | 493.6 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠵᠦᠩ ᠾᠧ ᠯᠦᠩ ᠲᠧᠩ ᠤᠨ 10 ᠲᠦᠮᠡᠨ ᠺᠢᠯᠣᠸᠠᠲ ᠤᠨ ᠬᠡᠷᠡᠯ ᠢᠯᠴᠢ ᠶᠢᠨ ᠲᠥᠷᠥᠯ ᠵᠦᠶᠯ ᠨᠢ | ᠤᠯᠤᠰ ᠤᠨ ᠳᠣᠲᠣᠭᠠᠳᠤ ᠶᠢᠨ ᠠᠳᠠᠯᠢ ᠥᠷᠭᠡᠷᠢᠭ ᠤᠨ ᠠᠩᠬᠠᠳᠠᠭᠴᠢ ᠳᠦᠭᠦᠷᠡᠩ ᠲᠠᠭᠠᠭᠠᠴᠠ ᠪᠠᠷ ᠴᠠᠬᠢᠯᠭᠠᠨ ᠭᠠᠷᠭᠠᠬᠤ ᠬᠡᠷᠡᠯ ᠢᠯᠴᠢ ᠶᠢᠨ ᠲᠥᠷᠥᠯ ᠵᠦᠶᠯ | ᠪᠤᠯᠵᠦ᠂ ᠳᠡᠯᠡᠬᠡᠶ ᠶᠢᠨ 4 ᠵᠦᠢᠯ ᠤᠨ ᠲᠡᠮᠳᠡᠭᠯᠡᠯ ᠢ ᠡᠭᠦᠳᠪᠡ᠃ ᠭᠦᠸᠧ ᠬᠤᠸᠠ᠂ ᠰᠢᠶᠣᠤ ᠯᠦᠩ ᠵᠡᠷᠭᠡ ᠨᠢᠭᠡ ᠪᠦᠯᠦᠭ ᠬᠥᠭᠵᠢᠯᠲᠡ ᠶᠢᠨ ᠳᠠᠯᠳᠠ ᠬᠦᠴᠦᠨ | ᠢᠶᠠᠷ ᠨᠡᠯᠢᠶᠡᠳ ᠶᠡᠭᠡ ᠠᠵᠤ ᠠᠬᠤᠶᠢᠯᠠᠯ ᠪᠠ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ᠂ ᠭᠡᠷᠡᠯ ᠢᠯᠴᠢ | ᠵᠡᠷᠭᠡ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠲᠦᠷᠭᠡᠨ ᠬᠥᠭᠵᠢᠵᠦ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ᠂ ᠬᠡᠷᠡᠯ ᠢᠯᠴᠢ ᠵᠡᠷᠭᠡ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠴᠡᠪᠡᠷ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠶ ᠪᠠᠭᠲᠠᠭᠠᠮᠵᠢ 333 | ᠲᠦᠮᠡᠨ ᠺᠢᠯᠣᠸᠠᠲ ᠲᠤ ᠬᠦᠷᠴᠦ᠂ ᠲᠣᠣᠷ ᠲᠤ ᠨᠡᠶᠢᠯᠡᠭᠦᠯᠦᠭᠰᠡᠨ ᠬᠡᠪᠴᠢᠶ᠎ᠡ ᠪᠦᠬᠦ ᠬᠤᠲᠠ ᠳᠤ ᠲᠡᠷᠢᠭᠦᠯᠡᠨ᠂ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 577.5 | ᠳ᠋ᠦᠩᠰᠢᠭᠤᠷ ᠭᠷᠠᠳᠦ᠋ᠰ ᠲᠤ ᠬᠦᠷᠴᠦ᠂ 303 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠠᠯᠲᠠᠨ ᠤ ᠭᠠᠷᠤᠯᠲᠠ ᠪᠦᠬᠦ ᠤᠯᠤᠰ | ᠤᠨ ᠠᠷᠪᠠᠨ ᠬᠦᠴᠦᠷᠬᠡᠭ ᠰᠢᠶᠠᠨ ᠤ ᠡᠩᠨᠡᠭᠡᠨ ᠳᠤ ᠪᠠᠶᠢᠬᠤ ᠶᠢ ᠪᠠᠳᠤᠯᠠᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠤᠨ ᠬᠤᠷᠳᠤᠴᠠ ᠪᠠᠨ ᠨᠡᠮᠡᠭᠳᠡᠬᠦᠯᠪᠡ᠃ ᠤᠯᠤᠰ ᠤᠨ 3A ᠲᠠᠰ ᠤᠨ | ᠦᠵᠡᠮᠵᠢ ᠶᠢᠨ ᠣᠷᠣᠨ ᠢ 3 ᠪᠠᠶᠢᠭᠤᠯᠵᠤ᠂ ᠪᠤᠭᠳᠠ ᠶᠢᠨ ᠠᠭᠤᠯᠠ ᠶᠢᠨ ᠤᠰᠤᠨ ᠴᠥᠭᠦᠷᠥᠮ᠂ ᠲᠠᠯ ᠠᠭᠤᠯᠠ ᠤᠰᠤᠨ ᠴᠥᠭᠦᠷᠥᠮ ᠨᠢ ᠤᠯᠤᠰ ᠤᠨ ᠲᠠᠰ ᠤᠨ | ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ | ᠦᠯᠡᠳᠡᠪᠦᠷᠢ ᠲᠤᠭ᠎ᠠ ᠲᠣᠰ ᠲᠣᠰ 83.9 ᠳ᠋ᠦᠩᠰᠢᠭᠤᠷ ᠲᠥᠭᠦᠷᠢᠭ ᠪᠠ 50.8 ᠳ᠋ᠦᠩᠰᠢᠭᠤᠷ ᠲᠥᠭᠦᠷᠢᠭ ᠲᠤ ᠬᠦᠷᠴᠦ᠂ ᠬᠠᠳᠠᠭᠠᠯᠠᠮᠵᠢ ᠪᠠ ᠵᠢᠭᠡᠯᠡᠯᠭᠡ ᠶᠢᠨ | ᠬᠠᠷᠢᠴᠠᠯ 1.6:1 ᠳᠤ ᠬᠦᠷᠴᠡᠶ᠃ ᠤᠷᠠᠳ ᠤᠯᠠᠮᠵᠢᠯᠠᠯᠲᠤ ᠭᠠᠷ ᠤᠷᠠᠯᠠᠯ ᠤᠨ ᠠᠵᠤ ᠦᠶᠯᠡᠰ ᠤᠨ ᠪᠤᠶᠢᠵᠢᠭᠤᠯᠤᠨ ᠬᠦᠮᠦᠵᠢᠬᠦᠯᠬᠦ ᠰᠠᠭᠤᠷᠢᠨ ᠭᠠᠵᠠᠷ ᠢ | ᠲᠦᠷᠭᠡᠳᠬᠡᠨ ᠪᠠᠶᠢᠭᠤᠯᠵᠤ᠂ ︽ᠤᠮᠠᠷᠠᠲᠤ ᠶᠢᠨ ᠪᠦᠰᠡᠭᠦᠶ︾ ᠠᠵᠢᠯ ᠣᠯᠭᠤᠯᠲᠠ ᠶᠢᠨ ᠰᠠᠭᠤᠷᠢᠨ ᠭᠠᠵᠠᠷ ᠢ ᠫᠠᠶᠢᠰᠠ ᠡᠯᠭᠦᠨ ᠪᠠᠶᠢᠭᠤᠯᠪᠠ᠃ ᠨᠢᠰᠬᠡᠯ ᠤᠨ | ᠪᠠᠭᠤᠳᠠᠯ ᠨᠢ ᠪᠦᠬᠦ ᠤᠯᠤᠰ ᠤᠨ ᠠᠩᠬᠠᠳᠠᠭᠴᠢ ᠵᠢᠯ ᠤᠨ ᠠᠶᠠᠨᠴᠢᠤᠨ ᠤᠨ ᠲᠡᠭᠡᠭᠡᠪᠤᠷᠢ ᠶᠢᠨ ᠬᠡᠮᠵᠢᠶ᠎ᠡ 1 ᠲᠦᠮᠡᠨ ᠬᠦᠮᠦᠨ ᠤᠳᠠᠭ᠎ᠠ ᠶᠢ ᠲᠠᠪᠠᠭᠰᠠᠨ ᠨᠡᠶᠢᠳᠡᠮ | ᠬᠡᠷᠡᠭᠯᠡᠬᠡᠨ ᠤ ᠨᠢᠰᠬᠡᠯ ᠤᠨ ᠪᠠᠭᠤᠳᠠᠯ ᠪᠤᠯᠪᠠ᠃ ᠡᠯᠧᠺᠲᠷᠣᠨ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠦᠶᠯᠡᠴᠢᠯᠡᠭᠡᠨ ᠤ ᠥᠷᠲᠡᠭᠡ | ᠴᠡᠭ 85 ᠶᠢ ᠪᠠᠶᠢᠭᠤᠯᠵᠦ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠲᠤᠭ᠎ᠠ 6 ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠦ᠂ ᠤᠯᠤᠰ | ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ︽ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ︾ ᠪᠠᠷ ᠲᠣᠭᠲᠠᠭᠠᠪᠠ᠃ | ᠳᠥᠷᠪᠡᠨ ᠵᠢᠯ ᠤᠨ ᠲᠤᠷᠰᠢ᠂ ᠪᠢᠳᠠ ᠵᠤᠬᠢᠴᠠᠭᠤᠯᠤᠨ ᠬᠤᠯᠪᠣᠭᠠᠯᠠᠵᠦ ᠬᠥᠳᠡᠯᠦᠯᠴᠡᠬᠦ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ | ᠪᠠᠨ ᠦᠷᠭᠦᠯᠵᠢᠯᠡᠨ ᠪᠠᠬᠢᠵᠢᠬᠦᠯᠪᠡ᠃ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠤᠨ᠂ ᠰᠠᠭᠤᠷᠢ ᠲᠥᠬᠦᠭᠡᠷᠦᠮᠵᠢ | ᠶᠢᠨ ᠪᠦᠲᠦᠭᠡᠨ ᠪᠠᠶᠢᠭᠤᠯᠤᠯᠲᠠ ᠪᠤᠯᠤᠨ ᠣᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠦᠷᠢᠳᠦᠭᠦᠯᠬᠦ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ | ᠬᠥᠳᠡᠭᠡ ᠶᠢᠨ ᠳᠦᠷᠰᠦ ᠪᠠᠶᠢᠳᠠᠯ ᠮᠡᠳᠡᠭᠳᠡᠮ᠎ᠡ ᠰᠠᠶᠢᠵᠢᠷᠠᠪᠠ᠃ | ᠬᠤᠲᠠ ᠪᠠᠯᠭᠠᠰᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠲᠡᠭᠡᠭᠰᠢᠯᠡᠬᠦᠯᠪᠡ᠃ ᠬᠤᠲᠠ ᠪᠠᠯᠭᠠᠰᠤᠨ ᠤ | ᠪᠠᠶᠢᠭᠤᠯᠤᠭᠰᠠᠨ ᠲᠣᠭᠤᠷᠢᠭ ᠤᠨ ᠲᠠᠯᠠᠪᠠᠶ 10.1 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ 54.6% ᠳᠤ ᠬᠦᠷᠴᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠨ ᠬᠥᠷᠥᠰᠥ ᠶᠢᠨ ᠨᠣᠷᠮ᠎ᠠ 35.3% ᠳᠤ ᠬᠦᠷᠴᠦ᠂ ᠤᠯᠤᠰ | ᠤᠨ ᠠᠮᠢ ᠠᠬᠤᠶ ᠶᠢᠨ ᠴᠡᠴᠡᠷᠯᠢᠭᠵᠢᠭᠦᠯᠦᠭᠰᠡᠨ ᠬᠤᠲᠠ ᠶᠢ ᠡᠭᠦᠳᠦᠨ ᠪᠠᠶᠢᠭᠤᠯᠬᠤ ᠪᠠᠷᠢᠮᠵᠢᠶ᠎ᠠ ᠠᠴᠠ ᠳᠠᠪᠠᠭᠤᠯᠢᠭ ᠪᠣᠯᠪᠠ᠃ ᠨᠢᠭᠡ ᠪᠦᠯᠦᠭ ᠵᠠᠮ ᠱᠤᠭᠤᠮ ᠤᠨ | ᠬᠤᠭᠤᠯᠠᠢ ᠲᠣᠣᠷ ᠵᠢᠴᠢ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠢᠨᠵᠧᠨᠧᠷᠢᠩ ᠢ | ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠨᠣᠷᠮ᠎ᠠ ᠶᠢ 86% ᠳᠤ ᠬᠦᠷᠦᠭᠦᠯᠵᠦ᠂ ᠰᠢᠨ᠎ᠡ ᠲᠦᠭᠡᠭᠡᠯ ᠤᠰᠤᠨ ᠤ | ᠦᠶᠯᠡᠳᠪᠦᠷᠢ ᠪᠠᠷᠢᠯᠭ᠎ᠠ ᠪᠠᠨ ᠡᠬᠢᠯᠡᠭᠦᠯᠤᠨ᠂ ᠬᠤᠲᠠ ᠶᠢᠨ ᠲᠣᠭᠤᠷᠢᠭ ᠤᠨ ᠬᠤᠭ ᠨᠣᠪᠰᠢ ᠪᠤᠯᠠᠬᠤ ᠲᠠᠯᠠᠪᠠᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ | ᠶᠡᠷᠦᠩᠬᠡᠶᠢᠯᠡᠨ ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ᠂ ᠲᠠᠬᠢᠯᠳᠠ ᠤᠰᠤ ᠶᠢ | ᠡᠭᠡᠬᠦᠯᠦᠨ ᠬᠡᠷᠡᠭᠯᠡᠭᠰᠡᠨ ᠨᠣᠷᠮ᠎ᠠ ᠪᠦᠬᠦ ᠬᠤᠲᠠ ᠳᠤ ᠲᠡᠷᠢᠭᠦᠯᠡᠵᠦ᠂ ᠵᠠᠮ ᠤᠨ ᠨᠣᠭᠤᠭᠠᠷᠠᠭᠤᠯᠤᠯᠲᠠ ᠶᠢᠨ ᠲᠦᠭᠡᠮᠡᠯᠵᠢᠭᠰᠡᠨ ᠨᠣᠷᠮ᠎ᠠ 100% ᠳᠤ ᠬᠦᠷᠪᠡ᠃ | ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠪᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ᠂ ᠴᠡᠴᠡᠷᠯᠢᠭᠵᠢᠭᠦᠯᠭᠡ ᠶᠢᠨ ᠰᠢᠶᠠᠨ ᠤ | ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠠᠴᠠ ᠪᠥᠬᠦ ᠤᠯᠤᠰ ᠤᠨ | ᠪᠣᠯᠪᠠᠰᠤᠨ ᠬᠤᠲᠠ ︵ᠰᠢᠶᠠᠨ ᠤ ᠲᠡᠰ︶ ᠶᠢᠨ ᠨᠡᠷ᠎ᠡ ᠳᠤᠷᠠᠳᠤᠭᠰᠠᠨ ᠬᠤᠲᠠ ᠪᠠᠷ ᠲᠣᠭᠲᠠᠭᠠᠪᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠨᠳᠥᠷ ᠪᠦᠳᠦᠮᠵᠢᠳᠠᠢ ᠭᠡᠷᠡᠭᠵᠢᠬᠦᠯᠪᠡ᠃ ᠮᠠᠯᠵᠢᠬᠤ ᠲᠠᠷᠢᠶᠠᠯᠠᠬᠤ ᠣᠷᠣᠨ ᠤ | ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠪᠡᠶᠡᠯᠡᠭᠦᠯᠤᠨ᠂ | ᠵᠣᠷᠯᠣᠩ ᠤᠨ ᠬᠤᠪᠢᠰᠬᠠᠯ ᠤᠨ ᠦᠷ᠎ᠡ ᠪᠦᠲᠦᠮᠵᠢ ᠮᠡᠳᠡᠭᠳᠡᠮ᠎ᠡ ᠪᠠᠶᠢᠵᠦ᠂ 1.6 ᠲᠦᠮᠡᠨ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠬᠡᠷᠡᠭᠵᠢᠭᠦᠯᠤᠨ᠂ | ᠠᠷᠢᠭᠤᠨ ᠴᠡᠪᠡᠷ ᠤᠨ ᠵᠣᠷᠯᠣᠩ ᠤᠨ ᠲᠦᠭᠡᠮᠡᠯᠵᠢᠭᠰᠡᠨ ᠨᠣᠷᠮ᠎ᠠ 85.3% ᠳᠤ ᠬᠥᠷᠪᠡ᠃ ᠤᠤᠭᠤᠬᠤ ᠤᠰᠤᠨ ᠤ ᠠᠮᠤᠷ ᠲᠦᠪᠰᠢᠨ᠂ ᠦᠶᠡᠷ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠵᠡᠷᠭᠡ 31 ᠵᠦᠢᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠪᠠᠶᠢᠭᠤᠯᠵᠤ᠂ ᠴᠠᠬᠢᠯᠭᠠᠨ ᠲᠣᠤᠷ ᠤᠨ ᠱᠤᠭᠤᠮ ᠢ 2058 | ᠺᠢᠯᠣᠮᠧᠲᠷ ᠪᠡᠶᠡᠯᠡᠭᠦᠯᠤᠨ᠂ ᠤᠯᠤᠰ ᠤᠨ ᠪᠠ ᠮᠤᠵᠢ ᠶᠢᠨ ᠭᠤᠤᠯ ᠵᠠᠮ ᠱᠤᠭᠤᠮ ᠢ 608 ᠺᠢᠯᠣᠮᠧᠲᠷ ᠰᠢᠨ᠎ᠡ ᠪᠠᠷ ᠵᠠᠰᠠᠵᠦ᠂ G335 ᠤᠤᠪᠤᠯᠠᠭ ᠤᠨ ᠠᠮᠠ ᠠᠴᠠ | ᠤᠦ ᠶᠢᠨ ᠭᠤᠤᠯ ᠬᠦᠷᠬᠦ ᠵᠠᠮ ᠱᠤᠭᠤᠮ᠂ G331 ᠦᠵᠦᠭᠦᠷ ᠠᠴᠠ ᠪᠠᠶᠠᠨᠴᠠᠭᠠᠨ ᠬᠦᠷᠬᠦ ᠬᠡᠰᠡᠭ ᠢ ᠳᠠᠭᠤᠰᠬᠠᠭᠠᠳ ᠲᠡᠷᠭᠡ ᠨᠡᠪᠳᠡᠷᠡᠨ᠂ S215 ᠤᠤᠪᠤᠯᠠᠭ | ᠤᠨ ᠠᠮᠠ ᠠᠴᠠ ᠰᠢᠨ ᠠᠨ ᠬᠦᠷᠬᠦ ᠵᠠᠮ ᠤᠨ ᠳᠤᠮᠳᠠᠳᠤ ᠬᠤᠰᠢᠭᠤᠨ ᠤ ᠬᠡᠰᠡᠭ᠂ S39 ᠲᠦᠷᠭᠡᠨ ᠤ ᠵᠠᠮ ᠤᠨ ᠭᠠᠭᠴᠠᠮᠤᠳᠤ ᠬᠢᠯᠢ ᠶᠢᠨ ᠪᠣᠭᠤᠮᠲᠠ ᠠᠴᠠ | ᠬᠠᠯᠢᠭᠤᠲᠤ ᠬᠦᠷᠬᠦ ᠬᠡᠰᠡᠭ ᠤᠨ ᠲᠥᠷᠥᠯ ᠵᠦᠢᠯ ᠲᠣᠭᠲᠠᠭᠤᠨ ᠢᠶᠠᠷ ᠠᠬᠢᠪᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ 1671 ᠺᠢᠯᠣᠮᠧᠲᠷ ᠰᠢᠨ᠎ᠡ | ᠪᠠᠷ ᠨᠡᠮᠡᠭᠳᠡᠭᠦᠯᠵᠦ᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠲᠣᠭᠲᠠᠴᠠ ᠶᠢ ᠠᠩᠬ᠎ᠠ ᠠᠯᠬᠤᠮ ᠪᠣᠶ | ᠪᠣᠯᠭᠠᠨ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ | ᠡᠭᠦᠳᠦᠨ ᠪᠠᠶᠢᠭᠤᠯᠪᠠ᠃ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠳᠣᠬᠢᠶᠠᠨ ᠤ ᠪᠦᠷᠬᠦᠴᠡ ᠶᠢᠨ ᠨᠣᠷᠮ᠎ᠠ ᠶᠢ 98.9% ᠳᠤ ᠬᠦᠷᠬᠡᠪᠡ᠃ ︽ᠲᠦᠰᠦᠯ | ᠨᠢᠭᠡᠪᠦᠷᠢ ᠪᠠᠷ ᠵᠥᠪᠯᠡᠬᠦ︾ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠲᠦᠷᠦᠯ ᠵᠦᠢᠯ 479 ᠶᠢ ᠨᠠᠶᠢᠳᠠᠪᠤᠷᠢᠵᠢᠭᠤᠯᠵᠤ᠂ ᠪᠣᠶ ᠪᠥᠬᠦᠶ ᠵᠠᠰᠠᠭ ᠵᠠᠬᠢᠷᠭᠠᠨ ᠤ | ᠭᠠᠴᠠᠭ᠎ᠠ ᠲᠣᠰᠬᠤᠨ ᠢ ᠬᠠᠮᠤᠷᠪᠠ᠃ | ᠳᠥᠷᠪᠡᠨ ᠵᠢᠯ ᠤᠨ ᠲᠤᠷᠰᠢ᠂ ᠪᠢᠳᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠪᠡ᠃ ᠠᠭᠠᠷ | ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠤᠯᠠ | ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ | ᠭᠦᠨᠵᠡᠭᠡᠶ ᠠᠬᠢᠭᠤᠯᠪᠠ᠃ ᠪᠣᠬᠢᠷᠲᠤᠯ ᠦᠭᠡᠢ ᠠᠭᠤᠷᠬᠠᠶ ᠶᠢ 6 ᠪᠠᠶᠢᠭᠤᠯᠵᠤ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠠᠬᠤᠶ ᠶᠢ 24.7 ᠲᠡᠭᠰᠢ | ᠳᠥᠷᠪᠡᠯᠵᠢᠨ ᠺᠢᠯᠣᠮᠧᠲᠷ ᠵᠠᠰᠠᠪᠠ᠃ ︽ᠲᠠᠷᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ ᠠᠬᠤᠶᠢᠯᠠᠯ ᠪᠠ ᠪᠣᠬᠢᠷᠲᠤᠯ ᠶᠡᠬᠡᠲᠡᠶ 17 ᠠᠵᠤ | ᠠᠬᠤᠶᠢᠯᠠᠯ ᠢ ᠵᠣᠭᠰᠣᠭᠠᠨ ᠬᠦᠴᠦᠨ ᠥᠬᠡᠶ ᠪᠣᠯᠭᠠᠵᠤ᠂ 43 ᠲᠣᠰᠣ ᠨᠡᠮᠡᠬᠦ ᠥᠷᠲᠡᠭᠡ ᠶᠢᠨ ᠭᠠᠵᠠᠷ ᠳᠣᠤᠷᠠᠬᠢ ᠨᠡᠪᠴᠢᠯᠳᠠ ᠶᠢ ᠰᠡᠷᠭᠡᠶᠢᠯᠡᠬᠦ ᠥᠭᠡᠷᠡᠴᠢᠯᠡᠯᠲᠡ ᠶᠢ | ᠪᠡᠶᠡᠯᠡᠭᠦᠯᠪᠡ᠃ ᠬᠥᠳᠡᠭᠡ ᠠᠵᠤ ᠠᠬᠤᠢ ᠶᠢᠨ ︽ᠲᠦᠷᠪᠡ ᠶᠢ ᠬᠢᠵᠠᠭᠠᠷᠯᠠᠨ ᠬᠤᠶᠠᠷ ᠢ ᠪᠡᠶᠡᠯᠡᠭᠦᠯᠵᠦ ᠨᠢᠭᠡ ᠶᠢ ᠳᠡᠭᠡᠭᠰᠢᠯᠡᠭᠦᠯᠬᠦ︾᠂ ᠭᠤᠣᠯ ᠮᠥᠷᠡᠨ ᠨᠠᠭᠤᠷ | ᠴᠥᠭᠦᠷᠥᠮ ᠤᠨ ︽ᠲᠦᠷᠪᠡᠨ ᠰᠠᠮᠠᠭᠤᠨ ᠢ ᠠᠷᠢᠯᠭᠠᠬᠤ︾ ᠠᠵᠢᠯᠯᠠᠭ᠎ᠠ ᠢᠳᠡᠪᠬᠢᠲᠡᠢ ᠦᠷ᠎ᠡ ᠪᠦᠲᠦᠮᠵᠢ ᠤᠯᠵᠦ᠂ ᠴᠢᠨᠠᠷ ᠰᠠᠶᠢᠲᠠᠶ ︽ᠲᠦᠷᠪᠡ ᠶᠢ ᠬᠢᠵᠠᠭᠠᠷᠯᠠᠬᠤ︾ | ᠬᠦᠷᠢᠶᠡᠯᠡᠩ ᠲᠣᠭᠤᠷᠢᠭ ᠢ 17 ᠪᠠᠶᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠳᠣᠲᠣᠷᠠᠬᠢ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ | ᠠᠵᠢᠯ ᠢ ᠨᠡᠶᠢᠳᠡᠮ ᠪᠡᠶᠡᠯᠡᠬᠦᠯᠦᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠲᠠᠳᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ | ᠪᠠᠶᠢᠯᠭᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠮᠢᠩᠭᠠᠨ ᠬᠥᠮᠦᠨ ᠠᠴᠠ ᠳᠡᠭᠡᠭᠰᠢ ᠲᠥᠪᠯᠡᠷᠡᠭᠰᠡᠨ ᠮᠠᠶ᠋ᠢᠭ ᠤᠨ 19 ᠭᠠᠵᠠᠷ ᠤᠨ ᠤᠤᠭᠤᠬᠤ ᠤᠰᠤᠨ ᠤ ᠡᠬᠢ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠢ ︽ᠵᠠᠭᠠᠭᠯᠠᠨ ᠲᠣᠭᠲᠠᠭᠠᠬᠤ᠂ ᠪᠠᠶᠢᠭᠤᠯᠬᠤ᠂ ᠵᠠᠰᠠᠬᠤ︾ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ | ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ 284.4 ᠲᠦᠮᠡᠨ ᠮᠥ ᠣᠶ ᠰᠢᠭᠤᠶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ 12.5 ᠲᠦᠮᠡᠨ ᠮᠥ | ᠬᠥᠷᠥᠰᠥ ᠰᠢᠷᠣᠶ ᠶᠢᠨ ᠬᠠᠮᠠᠭᠠᠯᠠᠯᠳᠠ ᠶᠢᠨ ᠶᠡᠷᠦᠩᠬᠡᠶᠢᠯᠡᠭᠰᠡᠨ ᠵᠠᠰᠠᠯᠲᠠ᠂ 43.2 ᠲᠦᠮᠡᠨ ᠮᠥ ᠣᠶ ᠰᠢᠭᠤᠶ ᠶᠢᠨ ᠭᠤᠤᠯᠳᠠᠯᠭ᠎ᠠ ᠲᠠᠢ ᠢᠨᠵᠧᠨᠧᠷᠢᠩ ᠢ | ᠪᠡᠶᠡᠯᠡᠬᠦᠯᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ ᠪᠠ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢᠨ ︽ᠬᠤᠤᠰ | ᠳᠡᠭᠡᠭᠰᠢᠯᠡᠯᠲᠡ︾ ᠶᠢ ᠪᠡᠶᠡᠯᠡᠭᠦᠯᠪᠡ᠃ ᠠᠭᠠᠷ ᠤᠨ ᠴᠢᠨᠠᠷ ᠴᠢᠨᠰᠠᠭ᠎ᠠ ᠶᠢᠨ ᠰᠢᠯᠢᠳᠡᠭ ᠰᠠᠶᠢᠨ ᠨᠤᠷᠮ᠎ᠠ 91% ᠳᠤ ᠬᠦᠷᠴᠦ᠂ ᠠᠮᠢ ᠠᠬᠤᠢ ᠶᠢᠨ ᠣᠷᠴᠢᠨ | ᠲᠣᠭᠤᠷᠢᠨ ᠮᠡᠳᠡᠭᠳᠡᠮ᠎ᠡ ᠰᠠᠶᠢᠵᠢᠷᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠣᠬᠢᠷᠲᠤᠯ ᠦᠭᠡᠢ ᠰᠠᠭᠤᠷᠢ ᠶᠢ ᠲᠠᠯᠪᠢᠪᠠ᠃ | ᠲᠦᠷᠪᠡᠨ ᠵᠢᠯ ᠤᠨ ᠲᠤᠷᠰᠢ᠂ ᠪᠢᠳᠡ ᠨᠡᠬᠡᠬᠡᠯᠳᠡ ᠬᠢᠵᠦ ᠬᠠᠷᠢᠯᠴᠠᠨ ᠬᠥᠳᠡᠯᠦᠯᠴᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠥᠭᠵᠢᠯᠲᠡ ᠶᠢᠨ ᠣᠷᠣᠨ ᠵᠠᠢ ᠶᠢ | ᠦᠷᠭᠦᠯᠵᠢᠯᠡᠨ ᠥᠷᠭᠡᠳᠬᠡᠪᠡ᠃ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ᠂ ᠲᠠᠷᠢᠶᠠᠯᠠᠩ ᠮᠠᠯᠵᠢᠯ ᠠᠵᠤ ᠠᠬᠤᠶᠢᠯᠠᠯ ᠤᠨ ᠠᠰᠢᠭ ᠲᠤᠰᠠ ᠶᠢᠨ | ᠬᠤᠯᠪᠣᠯᠴᠠᠭᠠᠨ ᠤ ᠲᠣᠭᠲᠠᠴᠠ᠂ ᠳᠤᠮᠳᠠᠳᠤ ᠤᠯᠤᠰ ᠮᠣᠩᠭᠤᠯ ᠤᠯᠤᠰ ᠤᠨ ᠬᠠᠮᠲᠤᠷᠠᠯᠴᠠᠭᠠᠨ ᠤ ᠲᠣᠭᠲᠠᠴᠠ ᠵᠡᠷᠭᠡ ᠭᠤᠷᠪᠠᠨ ᠵᠦᠢᠯ ᠤᠨ ᠭᠤᠤᠯᠳᠠᠯᠭ᠎ᠠ ᠲᠠᠢ | ᠥᠭᠡᠷᠡᠴᠢᠯᠡᠯᠲᠡ ᠶᠢᠨ ᠦᠷ᠎ᠡ ᠪᠦᠲᠦᠮᠵᠢ ᠮᠡᠳᠡᠭᠳᠡᠮ᠎ᠡ ᠪᠣᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠵᠠᠭᠪᠤᠷ ᠢ ᠪᠥᠬᠦ ᠬᠤᠲᠠ ᠳᠤ | ᠳᠡᠯᠭᠡᠷᠡᠭᠦᠯᠵᠦ᠂ ᠬᠦᠢᠴᠡᠳᠬᠡᠬᠦ ᠳᠤᠮᠳᠠᠴᠢ ᠴᠠᠭ ᠤᠨ ᠬᠢᠵᠠᠭᠠᠷ ᠢ 45.8% ᠪᠠᠷ ᠪᠣᠭᠤᠨᠢᠰᠬᠠᠪᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠲᠠᠪᠴᠠᠩ ᠵᠢᠩᠬᠢᠨᠢ ᠪᠠᠷ ᠠᠰᠢᠭᠯᠠᠯᠲᠠ ᠳᠤ ᠤᠷᠤᠵᠦ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢ ᠬᠤᠰᠢᠭᠤ᠂ ᠪᠠᠯᠭᠠᠰᠤ᠂ ᠲᠣᠰᠬᠤᠨ | ᠭᠤᠷᠪᠠᠨ ᠱᠠᠲᠤᠨ ᠳᠤ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠤᠨ᠂ ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠶᠢ ᠨᠠᠩ | ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠣᠯᠭᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠮᠡᠳᠡᠭᠳᠡᠮ᠎ᠡ | ᠲᠡᠭᠡᠭᠰᠢᠯᠡᠪᠡ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠳᠤᠮᠳᠠᠳᠤ ᠤᠯᠤᠰ ᠮᠣᠩᠭᠤᠯ ᠤᠯᠤᠰ ᠤᠨ ᠠᠵᠤ ᠠᠬᠤᠶ ᠠᠷᠠᠯᠵᠢᠶ᠎ᠠ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ | ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 905.5 ᠳ᠋ᠦᠩᠰᠢᠭᠤᠷ ᠲᠥᠭᠦᠷᠢᠭ ᠲᠤ ᠬᠥᠷᠪᠡ᠃ ᠵᠠᠰᠠᠭ ᠤᠨ ᠣᠷᠳᠣᠨ ᠤ ᠪᠠᠶᠢᠭᠤᠯᠤᠮᠵᠢ᠂ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠠᠵᠢᠯ ᠦᠢᠯᠡᠰ ᠤᠨ ᠨᠢᠭᠡᠴᠢ ᠶᠢᠨ ᠭᠤᠷᠪᠠᠨ ᠵᠦᠢᠯ ᠤᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠠᠷ | ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ᠂ ᠭᠠᠵᠠᠷ ᠰᠢᠷᠣᠢ ᠨᠤᠲᠤᠭ ᠪᠡᠯᠴᠢᠭᠡᠷ ᠤᠨ ᠡᠷᠬᠡ ᠶᠢ | ᠲᠤᠳᠤᠯᠠᠨ ᠳᠠᠭᠠᠭᠠᠴᠢᠯᠠᠭᠤᠯᠬᠤ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠡᠳ᠋ ᠤᠨ ᠵᠠᠰᠠᠭ ᠭᠠᠶᠢᠯᠢ᠂ ᠡᠷᠡᠭᠦᠯ | ᠬᠠᠮᠠᠭᠠᠯᠠᠯ᠂ ᠨᠡᠶᠢᠭᠡᠮ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠰᠢᠨ᠎ᠡ ᠰᠢᠪᠲᠤᠯᠤᠯᠲᠠ ᠲᠠᠢ ᠪᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠤᠯᠠᠮ ᠨᠢᠭᠡ | ᠠᠯᠬᠤᠮ ᠴᠢᠩᠭᠠᠷᠠᠪᠠ᠃ | ᠲᠦᠷᠪᠡᠨ ᠵᠢᠯ ᠤᠨ ᠲᠤᠷᠰᠢ᠂ ᠪᠢᠳᠠ ᠬᠠᠮᠲᠤᠪᠠᠷ ᠡᠳ᠋ᠯᠡᠬᠦ ᠶᠢ ᠠᠬᠢᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ | ᠵᠤᠵᠠᠭᠠᠳᠬᠠᠪᠠ᠃ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ ᠳᠤ ᠲᠥᠯᠥᠪᠵᠢᠭᠦᠯᠤᠨ᠂ ᠠᠷᠠᠳ ᠤᠨ | ᠠᠮᠢᠳᠤᠷᠠᠯ ᠤᠨ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ | ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠲᠤ | ᠬᠦᠷᠲᠡᠭᠡᠪᠡ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠠᠵᠢᠯ ᠪᠦᠬᠦ ᠲᠠᠯ᠎ᠠ ᠶᠢᠨ ᠢᠯᠠᠯᠲᠠ ᠶᠢ ᠤᠯᠪᠠ᠃ ᠤᠨᠢᠨ ᠳᠡᠭᠡᠷ᠎ᠡ ᠨᠢ ᠶᠠᠳᠠᠭᠤ ᠶᠢ | ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠨ᠂ ︽ᠠᠷᠪᠠᠨ ᠶᠡᠭᠡ ᠠᠵᠤ ᠦᠢᠯᠡᠰ ᠤᠨ | ᠭᠡᠯᠬᠢᠶᠡᠵᠢᠯ︾ ᠤᠨ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠵᠢᠷᠭᠤᠭ᠎ᠠ ᠶᠢ ᠦᠭᠡᠶᠢᠰᠭᠡᠨ ᠲᠦᠷᠪᠡ ᠶᠢ ᠪᠠᠷᠢᠮᠵᠢᠶ᠎ᠠ ᠳᠤ | ᠬᠦᠷᠦᠭᠦᠯᠬᠦ︾ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠤᠨ᠂ 4688 ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ | ᠠᠩᠭᠢᠵᠢᠷᠠᠭᠤᠯᠵᠤ᠂ ᠣᠷᠣᠨ ᠤ ᠲᠡᠰ ᠤᠨ ᠶᠠᠳᠠᠭᠤ ᠬᠦᠴᠢᠷᠳᠡᠯᠲᠡᠢ ᠬᠤᠰᠢᠭᠤ ᠶᠢ ᠶᠠᠳᠠᠭᠤ ᠠᠴᠠ ᠠᠩᠭᠢᠵᠢᠷᠠᠭᠤᠯᠤᠨ᠂ ᠶᠠᠳᠠᠭᠤᠷᠠᠯ ᠤᠨ ᠨᠣᠷᠮ᠎ᠠ ᠬᠥᠳᠡᠯᠦᠩᠭᠦᠶ ᠪᠠᠷ | ᠲᠡᠭ ᠪᠣᠯᠵᠣ᠂ ᠬᠡᠪᠴᠢᠶᠡᠲᠦ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠪᠠ᠃ ᠰᠢᠬ᠎ᠠ ᠭᠤᠤᠯ ᠪᠠᠯᠭᠠᠰᠤᠨ ᠤ ᠨᠠᠮ ᠤᠨ | ᠬᠤᠷᠢᠶ᠎ᠠ᠂ ᠤᠩᠭᠤᠨ ᠪᠠᠯᠭᠠᠰᠤᠨ ᠤ ᠨᠠᠮ ᠤᠨ ᠬᠤᠷᠢᠶ᠎ᠠ 2 ᠬᠠᠮᠳᠤ ᠶᠢᠨ ᠨᠢᠬᠡᠴᠢ᠂ ᠳ᠋ᠠᠩ ᠵᠠᠨ ᠹᠦ᠋ ᠵᠡᠷᠬᠡ ᠶᠠᠳᠠᠭᠤ ᠶᠢ ᠲᠡᠤᠨᠬᠦᠬᠦ ᠹᠷᠤᠨᠲ ᠤᠨ 4 ᠨᠡᠷᠡᠰ ᠺᠠᠳ᠋ᠷ | ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠲᠡᠷᠢᠭᠦᠨ ᠤ ᠬᠠᠮᠲᠤ︾ ᠪᠤᠯᠤᠨ ︽ᠶᠠᠳᠠᠭᠤ | ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠲᠡᠷᠢᠭᠦᠨ ᠤ ᠬᠤᠪᠢ ᠬᠥᠮᠦᠨ︾ ᠤ ᠢᠷᠠᠭᠤ ᠠᠯᠳᠠᠷ ᠢ ᠭᠥᠷᠳᠡᠪᠡ᠃ | ᠨᠡᠶᠢᠭᠡᠮ ᠤᠨ ᠠᠷᠠᠳ ᠤᠨ ᠠᠮᠢᠳᠤᠷᠠᠯ ᠢ ᠬᠦᠴᠦᠲᠡᠶ ᠪᠠᠳᠤᠯᠠᠪᠠ᠃ ᠠᠷᠠᠳ ᠤᠨ ᠠᠮᠢᠳᠤᠷᠠᠯ ᠳᠤ ᠨᠡᠶᠢᠲᠡ 106 ᠳ᠋ᠦᠩᠰᠢᠭᠤᠷ ᠲᠥᠭᠦᠷᠢᠭ ᠤᠨ ᠪᠠᠯᠠ ᠮᠥᠩᠭᠦ | ᠣᠷᠣᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 74% ᠶᠢ ᠡᠵᠡᠯᠡᠪᠡ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠵᠡᠷᠭᠡ | ᠨᠡᠶᠢᠭᠡᠮ ᠤᠨ ᠳᠠᠭᠠᠳᠬᠠᠯ ᠢ ᠨᠡᠶᠢᠳᠡᠮ ᠬᠡᠷᠡᠭᠵᠢᠭᠦᠯᠵᠦ᠂ ᠣᠨᠴᠠᠭᠠᠶ ᠬᠦᠴᠢᠷᠳᠡᠯ ᠲᠠᠢ ᠬᠦᠮᠦᠰ ᠤᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠪᠠ᠃ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ ᠳᠣᠲᠣᠷ᠎ᠠ ᠬᠢᠵᠠᠭᠠᠷᠯᠠᠪᠠ᠃ ᠨᠡᠶᠢᠳᠡ 10438 ᠡᠷᠤᠭᠡ ᠶᠢᠨ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠶᠢ ᠬᠡᠷᠡᠭᠵᠢᠭᠦᠯᠵᠦ᠂ ᠠᠷᠠᠳ ᠤᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠭᠡᠷ ᠪᠠᠶᠢᠰᠢᠩ ᠭᠠᠵᠠᠷ ᠰᠢᠷᠣᠶ ᠶᠢᠨ ᠬᠥᠷᠤᠩᠭᠡ ᠶᠢᠨ | ᠬᠦᠷᠢᠶᠡᠨ ᠳᠠᠬᠢ ︽ᠭᠤᠷᠪᠠᠨ ᠬᠦᠴᠢᠷ︾ ᠤᠨ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ ᠨᠢᠭᠡᠳᠦᠭᠡᠷ ᠬᠡᠦᠬᠡᠳ ᠤᠨ ᠴᠡᠴᠡᠷᠯᠢᠭ᠂ ᠭᠤᠷᠪᠠᠳᠤᠭᠠᠷ | ᠬᠡᠦᠬᠡᠳ ᠤᠨ ᠴᠡᠴᠡᠷᠯᠢᠭ ᠢ ᠪᠠᠶᠢᠭᠤᠯᠵᠤ᠂ ᠬᠢᠲᠠᠳ ᠢᠶᠠᠷ ᠬᠢᠴᠢᠶᠡᠯᠯᠡᠬᠦ ᠰᠤᠷᠭᠠᠭᠤᠯᠢ ᠶᠢᠨ ᠲᠡᠭᠡᠳᠤ ᠳᠤᠮᠳᠠᠳᠤ ᠳᠤ ᠲᠠᠪᠰᠢᠬᠤ ᠰᠢᠯᠭᠠᠯᠲᠠ ᠶᠢᠨ ᠪᠦᠷᠢᠨ ᠬᠤᠪᠢ ᠶᠢᠨ | ᠨᠤᠷᠮ᠎ᠠ ᠲᠦᠷᠪᠡᠨ ᠵᠢᠯ ᠳᠠᠷᠠᠭᠠᠯᠠᠨ ᠪᠦᠬᠦ ᠬᠤᠳᠠ ᠳᠤ ᠲᠡᠷᠢᠭᠦᠯᠡᠪᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ | ᠳᠡᠯᠭᠡᠷᠡᠭᠦᠯᠦᠨ ᠬᠡᠷᠡᠭᠯᠡᠵᠦ᠂ ︽ᠬᠤᠶᠠᠷ ᠢ ᠪᠠᠭᠤᠷᠠᠭᠤᠯᠬᠤ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ | ᠰᠤᠷᠭᠠᠭᠤᠯᠢ ᠶᠢ 100% ᠪᠠᠷ ᠪᠡᠶᠡᠯᠡᠭᠦᠯᠪᠠ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ | ᠡᠮᠨᠡᠯᠭᠡ ᠳᠤ ᠰᠠᠭᠤᠬᠤ ᠠᠰᠠᠷ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢ ᠰᠢᠨ᠎ᠡ ᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠤᠯᠤᠰ ᠤᠨ ᠡᠷᠡᠭᠦᠯ ᠡᠩᠭᠡ ᠶᠢ ᠠᠬᠢᠭᠤᠯᠬᠤ ᠬᠤᠰᠢᠭᠤ ᠪᠠ ᠥᠪᠡᠷᠲᠡᠭᠡᠨ ᠵᠠᠰᠠᠬᠤ ᠣᠷᠣᠨ ᠤ ᠠᠷᠬᠠᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ | ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠬᠦᠯᠦᠨ ᠬᠥᠭᠵᠢᠭᠦᠯᠵᠦ᠂ ᠰᠤᠮᠤ | ᠪᠠᠯᠭᠠᠰᠤ ᠶᠢᠨ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ᠤ ᠰᠣᠶᠣᠯ ᠤᠨ ᠥᠷᠥᠭᠡ ᠶᠢ ᠨᠡᠶᠢᠳᠡᠮ ᠪᠠᠶᠢᠭᠤᠯᠪᠠ᠃ ᠮᠠᠨ ᠤ ᠬᠤᠰᠢᠭᠤ ᠨᠢ ᠪᠥᠬᠦ ᠤᠯᠤᠰ ᠤᠨ | ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠨᠡᠶᠢᠲᠡᠯᠢᠭ ᠬᠤᠰᠢᠭᠤ ᠪᠠ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ ᠰᠣᠶᠣᠯ ᠤᠨ ᠣᠷᠳᠣᠨ ᠨᠢ ᠲᠠᠪᠤᠳᠤᠭᠠᠷ ᠪᠦᠯᠦᠭ ᠤᠨ ᠤᠯᠤᠰ ᠤᠨ ᠲᠡᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠬᠠᠮᠠᠭᠠᠯᠠᠯᠲᠠ ᠶᠢᠨ ᠨᠢᠬᠡᠴᠢ ᠪᠠᠷ ᠦᠨᠡᠯᠡᠭᠳᠡᠭᠰᠡᠨ ᠪᠥᠭᠡᠳ ᠤᠯᠤᠰ ᠤᠨ ᠨᠢᠭᠡᠳᠦᠭᠡᠷ ᠳᠡᠰ ᠤᠨ ᠰᠣᠶᠣᠯ ᠤᠨ | ᠣᠷᠳᠣᠨ ᠢᠶᠠᠷ ᠦᠨᠡᠯᠡᠭᠳᠡᠪᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠠᠶᠤᠯᠬᠦᠢ | ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠴᠢᠬᠤᠯᠠ ᠦᠷ᠎ᠡ | ᠪᠦᠲᠦᠭᠡᠯ ᠣᠯᠵᠤ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠯᠠᠪᠳᠠᠭᠤᠨ ᠢᠶᠠᠷ ᠠᠭᠢᠵᠤ᠂ ᠨᠠᠮ ᠵᠠᠰᠠᠭ ᠴᠡᠷᠢᠭ ᠴᠠᠭᠳᠠᠭ᠎ᠠ | ᠠᠷᠠᠳ ᠤᠨ ᠪᠦᠯᠬᠦᠮᠳᠡᠯ ᠤᠨ ᠪᠠᠶᠢᠳᠠᠯ ᠤᠯᠠᠮ ᠨᠢᠭᠡ ᠠᠯᠬᠤᠮ ᠪᠠᠬᠢᠵᠢᠨ᠂ ᠵᠠᠯᠭᠠᠭ᠎ᠠ ᠪᠠᠷ 4 ᠤᠳᠠᠭ᠎ᠠ ᠤᠯᠤᠰ ᠤᠨ ᠲᠠᠰ ᠤᠨ ︽ᠬᠤᠶᠠᠷ ᠢ ᠬᠦᠷᠢᠶᠡᠯᠡᠬᠦ ᠵᠢᠱᠢᠶᠡᠴᠢ | ᠬᠤᠰᠢᠭᠤ︾ ᠪᠠᠷ ᠦᠨᠡᠯᠡᠭᠳᠡᠵᠦ᠂ ᠪᠥᠬᠦ ᠤᠯᠤᠰ ᠤᠨ ︽ᠬᠢᠯᠢ ᠬᠢᠵᠠᠭᠠᠷ ᠤᠷᠤᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠪ ᠬᠤᠲᠠ | ᠪᠠᠯᠭᠠᠰᠤ︾ ᠶᠢᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠬᠤᠰᠢᠭᠤ ᠶᠢ ᠠᠮᠵᠢᠯᠲᠠ ᠲᠠᠢ ᠭᠤᠶᠤᠴᠢᠯᠠᠨ ᠮᠡᠳᠡᠭᠦᠯᠪᠡ᠃ | ᠲᠥᠯᠥᠭᠡᠯᠡᠭᠴᠢᠳ ᠡ᠂ ᠥᠩᠭᠡᠷᠡᠭᠰᠡᠨ ᠲᠦᠷᠪᠡᠨ ᠵᠢᠯ ᠳᠤ᠂ ᠪᠢᠳᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠣᠯᠤᠨ ᠵᠠᠰᠠᠭ ᠤᠨ ᠣᠷᠳᠣᠨ | ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠵᠡᠷᠬᠡᠪᠡᠷ ᠠᠬᠢᠭᠤᠯᠵᠤ᠂ ᠵᠡᠷᠬᠡᠪᠡᠷ ᠲᠥᠪᠯᠡᠷᠡᠭᠦᠯᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠂ | ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠲᠠᠰᠤᠷᠠᠯᠲᠠ ᠦᠭᠡᠢ ᠪᠠᠳᠤᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ | ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠤᠭ ᠰᠠᠨᠠᠭ᠎ᠠ | ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠤᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ᠂ ᠭᠦᠢᠴᠡᠳᠬᠡᠬᠦ ᠬᠦᠴᠦᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠵᠢᠴᠢ ᠣᠯᠠᠨ ᠲᠦᠮᠡᠨ ᠤ ᠬᠢᠨᠠᠯᠲᠠ ᠪᠠ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠣᠯᠤᠨ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠷᠢᠯᠴᠠᠭ᠎ᠠ ᠬᠢᠭᠡᠳ ᠵᠥᠪᠳᠡᠯᠴᠡᠭᠡ ᠪᠠᠨ ᠦᠨᠡᠨᠬᠦ ᠴᠢᠩᠭᠠᠳᠬᠠᠵᠤ᠂ ᠵᠠᠰᠠᠭ ᠤᠨ ᠣᠷᠳᠣᠨ ᠤ ᠰᠢᠶᠳᠪᠦᠷᠢᠲᠦ | ᠪᠣᠳᠣᠯᠭ᠎ᠠ ᠲᠣᠭᠲᠠᠭᠠᠬᠤ ᠶᠢ ᠠᠷᠠᠳᠴᠢᠯᠠᠬᠤ ᠪᠠ ᠰᠢᠨᠵᠢᠯᠡᠬᠦ ᠤᠬᠠᠭᠠᠨᠴᠢᠯᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠲᠡ 157 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠨᠡᠶᠢᠲᠡ 380 ᠬᠤᠪᠢ ᠬᠦᠢᠴᠡᠳᠭᠡᠨ ᠰᠢᠢᠳᠪᠦᠷᠢᠯᠡᠪᠠ᠃ ᠠᠷᠠᠳᠴᠢᠯᠠᠯ ᠲᠥᠪᠯᠡᠷᠡᠯ ᠤᠨ ᠶᠣᠰᠣ ᠪᠣᠯᠤᠨ ︽ᠭᠤᠷᠪᠠᠨ ᠴᠢᠬᠤᠯᠠ ᠨᠢᠭᠡ ᠶᠡᠭᠡ︾ ᠰᠢᠶᠳᠪᠦᠷᠢᠲᠦ | ᠪᠣᠳᠣᠯᠭ᠎ᠠ ᠲᠣᠭᠲᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠳᠦᠷᠢᠮ ᠢ ᠲᠠᠰᠤᠷᠠᠯᠲᠠ ᠤᠢᠭᠡᠢ ᠪᠦᠷᠢᠨᠰᠢᠭᠦᠯᠪᠡ᠃ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ | ᠲᠦᠷᠭᠡᠳᠬᠡᠨ᠂ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠡᠷᠬᠡ | ᠶᠢ ᠦᠷᠭᠦᠯᠵᠢᠯᠡᠨ ᠵᠢᠷᠤᠮᠵᠢᠭᠤᠯᠵᠦ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠳᠡ ᠶᠢᠨ ᠠᠵᠢᠯ ᠢ ᠠᠮᠵᠢᠯᠲᠠ ᠲᠠᠢ ᠪᠡᠶᠡᠯᠡᠭᠦᠯᠤᠨ᠂ ᠬᠠᠤᠯᠢ | ᠪᠠᠷ ᠵᠠᠰᠠᠬᠤ ᠵᠠᠰᠠᠭ ᠤᠨ ᠣᠷᠳᠣᠨ ᠢ ᠦᠨᠳᠦᠰᠦᠨ ᠳᠡᠭᠡᠨ ᠪᠠᠶᠢᠭᠤᠯᠵᠤ᠂ ᠪᠦᠬᠦ ᠤᠯᠤᠰ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠲᠡᠷᠢᠭᠦᠨ ᠤ ᠬᠤᠰᠢᠭᠤ | ᠂ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ ︽ᠠᠯᠪᠠᠨ ᠤ ᠭᠤᠷᠪᠠᠨ | ᠵᠠᠷᠤᠳᠠᠯ︾ ᠢ ᠵᠢᠯ ᠳᠤᠮᠳᠠᠴᠢ ᠪᠠᠷ 10% ᠠᠴᠠ ᠳᠡᠭᠡᠭᠰᠢ ᠪᠠᠭᠤᠷᠠᠭᠤᠯᠵᠤ᠂ ᠠᠯᠪᠠᠨ ᠳᠤ ᠬᠡᠷᠡᠭᠯᠡᠬᠦ ᠲᠡᠷᠭᠡ ᠶᠢᠨ ᠲᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠪᠡᠶᠡᠯᠡᠭᠦᠯᠤᠨ᠂ ᠵᠠᠰᠠᠭ ᠤᠨ ᠣᠷᠳᠣᠨ ᠤ ︽ᠠᠷᠪᠢᠯᠠᠨ ᠭᠠᠮᠨᠠᠬᠤ︾ ᠶᠠᠪᠤᠳᠠᠯ ᠢ ᠬᠡᠪ ᠤᠨ ᠪᠠᠶᠢᠳᠠᠯ ᠪᠣᠯᠭᠠᠪᠠ᠃ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ | ᠡᠷᠬᠢᠮᠯᠡᠬᠦ ᠠᠵᠢᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠢᠯᠵᠠᠷᠠᠯ ᠢ ᠡᠰᠡᠷᠭᠦᠴᠡᠬᠦ ᠶᠢᠨ ᠳᠠᠪᠠᠭᠤ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠪᠡ᠃ | ᠬᠢᠨᠠᠨ ᠪᠤᠳᠤᠬᠤ᠂ ᠲᠤᠭ᠎ᠠ ᠪᠦᠷᠢᠳᠬᠡᠯ᠂ ᠴᠠᠭ ᠠᠭᠤᠷ᠂ ᠲᠠᠩᠰᠠ ᠡᠪᠬᠡᠮᠡᠯ ᠲᠡᠤᠬᠡ ᠤᠶᠢᠯᠠᠯᠭ᠎ᠠ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ | ᠪᠠᠭᠠᠰᠬᠠᠬᠤ ᠵᠡᠷᠭᠡ ᠠᠵᠢᠯ ᠰᠢᠨ᠎ᠡ ᠠᠬᠢᠴᠠ ᠲᠠᠢ ᠪᠣᠯᠵᠣ᠂ ᠠᠵᠢᠯᠴᠢᠨ ᠤ ᠶᠡᠷᠦᠩᠭᠡᠢ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠤᠭᠠᠳᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠠᠵᠢᠯ | ᠦᠢᠯᠡᠰ ᠪᠥᠬᠦ ᠲᠠᠯ᠎ᠠ ᠪᠠᠷ ᠳᠡᠪᠰᠢᠪᠡ᠃ | ᠲᠥᠯᠥᠭᠡᠯᠡᠭᠴᠢᠳ ᠡ᠂ ᠬᠠᠳᠠᠭᠤ ᠴᠢᠩᠭ᠎ᠠ ᠰᠢᠯᠭᠠᠯᠳᠠ ᠶᠢᠨ ᠲᠤᠮᠳᠠ ᠬᠦᠴᠦᠨ ᠵᠤᠷᠢᠭ ᠲᠠᠪᠳᠠᠭᠳᠠᠵᠤ᠂ ᠬᠦᠴᠢᠷ ᠪᠡᠷᠭᠡᠰᠢᠶᠡᠯ ᠢ ᠰᠦᠷᠦᠨ ᠤᠯᠠᠮ ᠡᠷᠡᠯᠭᠡᠭᠯᠡᠨ | ᠤᠷᠤᠭᠰᠢᠯᠠᠨ᠎ᠠ᠃ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠨ᠂ ︽ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ | ᠲᠡᠯᠭᠡᠷᠡᠬᠦ ᠶᠢ ᠰᠡᠷᠭᠡᠶᠢᠯᠡᠬᠦ︾ ᠬᠢᠵᠢᠭ ᠤᠨ ᠰᠡᠷᠭᠡᠶᠢᠯᠡᠯᠳᠠ ᠶᠢᠨ ᠶᠡᠷᠦᠩᠬᠡᠢ ᠠᠷᠭ᠎ᠠ ᠪᠤᠳᠤᠯᠭ᠎ᠠ ᠶᠢ ᠪᠠᠷᠢᠮᠲᠠᠯᠠᠵᠤ᠂ ᠬᠢᠨᠠᠨ ᠬᠡᠮᠵᠢᠬᠦ ᠶᠢ ᠪᠠᠶᠢᠩᠭᠤᠵᠢᠭᠤᠯᠤᠨ | ᠤᠷᠢᠳᠴᠢᠯᠠᠨ ᠰᠡᠷᠡᠮᠵᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ᠂ ᠪᠦᠬᠦ ᠠᠷᠠᠳ ᠤᠨ ᠸᠠᠺᠼᠢᠨ ᠤ ᠲᠠᠷᠢᠯᠭ᠎ᠠ᠂ ᠤᠷᠤᠨ ᠲᠤᠭᠤᠷᠢᠭᠴᠢᠯᠠᠭᠰᠠᠨ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠪᠠᠯᠭᠠᠰᠤᠨ ᠤ ᠪᠠᠶᠢᠩᠭᠤ | ᠰᠠᠭᠤᠭ᠎ᠠ ᠬᠥᠮᠦᠨ ᠠᠮᠠ ᠶᠢᠨ ᠸᠠᠺᠼᠢᠨ ᠤ ᠲᠠᠷᠢᠯᠭ᠎ᠠ ᠶᠢᠨ ᠪᠦᠷᠬᠦᠴᠡ ᠶᠢᠨ ᠨᠤᠷᠮ᠎ᠠ 95.6% ᠳᠤ ᠬᠦᠷᠴᠦ᠂ ᠪᠠᠶᠢᠴᠠᠭᠠᠪᠠᠰᠤ ᠵᠣᠬᠢᠬᠤ ᠬᠦᠮᠦᠰ ᠢ ᠪᠦᠬᠦᠨ ᠢ ᠨᠢ | ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠯᠭᠡᠨ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ | ᠬᠦᠴᠦᠲᠡᠢ ᠪᠠᠲᠤᠯᠠᠪᠠ᠃ ᠥᠷᠭᠡᠨ ᠣᠯᠠᠨ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠲᠠᠨ᠂ | ᠮᠠᠯᠵᠢᠬᠤ ᠲᠠᠷᠢᠶᠠᠯᠠᠬᠤ ᠣᠷᠣᠨ ᠤ ᠲᠤᠭᠤᠷᠢᠭᠴᠢᠯᠠᠭᠰᠠᠨ ᠬᠠᠮᠢᠶᠠᠷᠤᠯᠳᠠ ᠶᠢᠨ ᠠᠵᠢᠯᠲᠠᠨ᠂ ᠰᠠᠶᠢᠨ ᠲᠤᠷᠠᠴᠤᠳ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ | ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ | ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ᠂ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠤ᠂ ᠤᠷᠢᠳᠤ ᠡᠮᠦᠨ᠎ᠡ ᠪᠠᠶᠢᠭ᠎ᠠ ᠦᠭᠡᠢ ᠬᠦᠴᠦᠷᠬᠡᠭ ᠶᠡᠭᠡ | ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢᠶᠠᠷ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠤᠶᠢᠯᠡᠳᠤᠯᠭᠡᠵᠢᠬᠦᠯᠵᠦ᠂ ᠳᠤᠮᠳᠠᠳᠤ | ᠬᠤᠰᠢᠭᠤᠨ ᠤ ᠬᠦᠴᠦᠨ ᠴᠢᠳᠠᠯ᠂ ᠳᠤᠮᠳᠠᠳᠤ ᠬᠤᠰᠢᠭᠤᠨ ᠤ ᠬᠠᠷᠢᠭᠤᠴᠠᠯᠭ᠎ᠠ ᠡᠬᠦᠷᠬᠡᠯᠡᠯ ᠢ ᠬᠠᠷᠠᠭᠤᠯᠤᠭᠰᠠᠨ ᠪᠠᠶᠢᠨ᠎ᠠ᠃ | ᠲᠥᠯᠥᠭᠡᠯᠡᠭᠴᠢᠳ ᠡ᠂ ᠥᠩᠭᠡᠷᠡᠭᠰᠡᠨ ᠲᠦᠷᠪᠡᠨ ᠵᠢᠯ ᠳᠤ ᠬᠦᠴᠢᠷᠳᠡᠯ ᠨᠢ ᠵᠢᠱᠢᠭᠰᠡᠨ ᠠᠴᠠ ᠠᠷᠪᠢᠨ ᠪᠠᠶᠢᠵᠦ᠂ ᠦᠷ᠎ᠡ ᠪᠦᠲᠦᠮᠵᠢ ᠨᠢ ᠵᠢᠱᠢᠭᠰᠡᠨ ᠠᠴᠠ | ᠰᠠᠶᠢᠨ ᠪᠠᠶᠢᠨ᠎ᠠ᠃ ᠪᠥᠬᠦ ᠬᠤᠰᠢᠭᠤ ᠪᠠᠷ ᠢᠶᠠᠨ ᠰᠡᠳᠬᠢᠯ ᠢᠶᠠᠨ ᠨᠢᠭᠡᠳᠬᠡᠨ᠂ ᠵᠣᠷᠢᠭᠲᠠᠶ ᠰᠡᠳᠬᠢᠵᠦ ᠵᠣᠷᠢᠭᠲᠠᠶ ᠬᠢᠨ᠂ ᠬᠠᠲᠠᠭᠤ ᠴᠢᠩᠭ᠎ᠠ ᠰᠢᠯᠭᠠᠯᠲᠠ ᠶᠢ | ᠳᠠᠭᠠᠭᠠᠵᠤ᠂ ᠮᠠᠰᠢ ᠣᠯᠠᠨ ᠬᠦᠴᠢᠷ ᠪᠡᠷᠬᠡᠰᠢᠶᠡᠯ ᠢ ᠢᠯᠠᠨ ᠲᠠᠪᠠᠨ᠂ ᠰᠢᠷᠭᠠᠭᠤ ᠬᠥᠳᠡᠯᠮᠦᠷᠢ ᠪᠠ ᠬᠦᠴᠦ ᠬᠥᠯᠥᠰᠥ ᠪᠠᠷ ᠢᠶᠠᠨ ᠤᠷᠠᠳ ᠤᠨ ᠳᠤᠮᠳᠠᠳᠤ ᠬᠤᠰᠢᠭᠤᠨ | ᠤ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠴᠢᠳᠠᠪᠤᠷᠢ ᠶᠢ ᠨᠡᠮᠡᠷᠢᠯᠡᠭᠰᠡᠨ ᠪᠥᠭᠡᠳ ᠤᠷᠠᠳ ᠤᠨ ᠳᠤᠮᠳᠠᠳᠤ ᠬᠤᠰᠢᠭᠤᠨ ᠤ ᠣᠳᠣᠬᠢᠴᠢᠯᠠᠯᠳᠠ ᠶᠢᠨ ᠪᠥᠲᠥᠭᠡᠨ | ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠡᠶ᠃ | ᠬᠠᠲᠠᠭᠤ ᠪᠡᠷᠬᠡᠰᠢᠶᠡᠯ ᠳᠤ ᠡᠷᠡᠯᠬᠡᠭ ᠪᠠᠭᠠᠲᠤᠷ ᠢᠯᠡᠷᠡᠨ᠎ᠡ᠂ ᠬᠠᠲᠠᠭᠤᠵᠢᠯ ᠪᠣᠯᠪᠠᠰᠤᠷᠠᠯ ᠳᠤ ᠠᠮᠵᠢᠯᠲᠠ ᠣᠯᠤᠨ᠎ᠠ᠃ ᠡᠲᠡᠭᠡᠷ ᠠᠮᠵᠢᠯᠲᠠ ᠶᠢ ᠣᠯᠤᠭᠰᠠᠨ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠭ ᠢ ᠮᠠᠨᠳᠤᠭᠤᠯᠤᠨ ᠴᠢᠭᠯᠡᠯ ᠢ | ᠲᠣᠭᠲᠠᠭᠠᠵᠤ᠂ ᠭᠠᠷᠮᠠᠭᠠᠶ ᠪᠠᠷ ᠬᠥᠲᠥᠯᠦᠨ ᠳᠠᠭᠠᠭᠤᠯᠤᠭᠰᠠᠨ ᠤ ᠦᠷ᠎ᠡ ᠳ᠋ᠦᠩ ᠮᠥᠨ᠂ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ | ᠰᠢᠨᠵᠢᠯᠡᠬᠦ ᠤᠬᠠᠭᠠᠨᠴᠢ ᠰᠢᠶᠳᠪᠦᠷᠢᠲᠦ ᠪᠣᠳᠣᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠤ ᠬᠠᠯᠠᠮᠵᠢᠯᠠᠯ ᠳᠡᠮᠵᠢᠯᠭᠡ᠂ ᠪᠦᠲᠦᠮᠵᠢᠲᠡᠶ ᠬᠢᠨᠠᠯᠲᠠ ᠲᠠᠯᠪᠢᠯᠳᠠ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠠᠷᠠᠳ ᠲᠦᠮᠡᠨ | ᠪᠦᠯᠬᠦᠮᠳᠡᠨ ᠲᠡᠮᠡᠴᠡᠵᠦ᠂ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠮᠥᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠶᠤᠨ | ᠤᠬᠠᠭᠠᠨ ᠪᠠ ᠬᠤᠪᠢ ᠨᠡᠮᠡᠷᠢ ᠶᠢᠨ ᠨᠢᠭᠲᠠᠷᠠᠯ ᠶᠤᠮ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ | ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠠᠷᠠᠳᠴᠢᠯᠠᠭᠰᠠᠨ | ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠥᠮᠦᠰ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ | ᠨᠥᠬᠦᠳ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠦᠷᠭᠦᠯᠵᠢᠯᠡᠨ ᠲᠡᠮᠡᠴᠡᠵᠦ ᠪᠠᠶᠢᠭ᠎ᠠ ᠨᠥᠬᠦᠳ᠂ ᠤᠷᠠᠳ ᠤᠨ ᠳᠤᠮᠳᠠᠳᠤ ᠬᠤᠰᠢᠭᠤᠨ ᠤ ᠥᠭᠡᠷᠡᠴᠢᠯᠡᠯᠲᠡ | ᠬᠥᠭᠵᠢᠯᠲᠡ ᠶᠢ ᠬᠠᠯᠠᠮᠵᠢᠯᠠᠨ ᠳᠡᠮᠵᠢᠵᠦ ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ | ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠠ ᠲᠤᠷᠰᠢᠯᠭ᠎ᠠ ᠪᠠᠨ ᠳ᠋ᠦᠩᠨᠡᠬᠦ ᠶᠢᠨ ᠵᠡᠷᠭᠡᠪᠡᠷ ᠪᠢᠳᠠ ᠪᠠᠰᠠ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠵᠠᠷᠢᠮ ᠬᠦᠴᠢᠷᠳᠡᠯ ᠪᠠ | ᠠᠰᠠᠭᠤᠳᠠᠯ ᠢᠶᠠᠨ ᠰᠡᠷᠭᠡᠭ ᠢᠶᠠᠷ ᠣᠯᠵᠤ ᠦᠵᠡᠬᠦ ᠬᠡᠷᠡᠭᠲᠡᠶ᠃ ᠭᠤᠤᠯᠳᠠᠭᠤ᠄ ᠪᠦᠬᠦ ᠬᠤᠰᠢᠭᠤᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ ᠪᠠᠶᠢᠵᠦ᠂ ᠠᠵᠤ | ᠦᠢᠯᠡᠰ ᠤᠨ ᠪᠦᠲᠦᠴᠡ ᠰᠢᠯᠢᠳᠡᠭ ᠪᠢᠰᠢ ᠪᠠᠶᠢᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠠᠷᠤᠯᠲᠠ ᠨᠡᠯᠢᠶᠡᠳ ᠶᠡᠭᠡ ᠪᠠᠶᠢᠨ᠎ᠠ᠃ | ᠰᠠᠭᠤᠷᠢ ᠲᠦᠬᠦᠬᠡᠷᠤᠮᠵᠢ ᠶᠢᠨ ᠪᠤᠭᠤᠮᠢᠯᠠᠯ ᠲᠣᠪᠣᠶᠢᠮ᠎ᠠ ᠪᠠᠶᠢᠵᠦ᠂ ᠡᠨᠧᠷᠭᠢ ᠶᠢᠨ ᠬᠤᠷᠣᠭᠳᠠᠭᠤᠯᠭ᠎ᠠ ᠶᠢᠨ ᠬᠤᠣᠰ ᠡᠵᠡᠮᠳᠡᠯ ᠤᠨ ᠪᠠᠶᠢᠳᠠᠯ ᠬᠦᠨᠳᠦ ᠬᠡᠴᠡᠭᠦᠦ | ᠪᠠᠶᠢᠨ᠎ᠠ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠡᠭᠦᠷᠭᠡ ᠬᠠᠲᠠᠭᠤ ᠪᠡᠷᠬᠡ ᠪᠠᠶᠢᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ | ᠪᠠᠶᠢᠭᠤᠯᠤᠯ ᠲᠣᠭᠲᠠᠴᠠ ᠲᠡᠭᠦᠯᠳᠡᠷᠵᠢᠭᠡᠳᠦᠶ ᠪᠠᠶᠢᠭᠰᠠᠭᠠᠷ ᠪᠠᠶᠢᠨ᠎ᠠ᠃ ᠰᠢᠨ᠎ᠡ ᠶᠢ ᠡᠭᠦᠳᠬᠦ ᠴᠢᠳᠠᠪᠤᠷᠢ ᠨᠢ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ | ᠵᠣᠬᠢᠴᠠᠬᠤ ᠦᠭᠡᠢ ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠵᠠᠰᠠᠯᠲᠠ ᠳᠤ ᠮᠥᠨ ᠬᠦ ᠬᠦᠷᠦᠯᠴᠡᠬᠦ ᠦᠭᠡᠶ ᠲᠠᠯ᠎ᠠ ᠣᠷᠣᠰᠢᠵᠤ᠂ ᠤᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠂ ᠵᠠᠷᠢᠮ ᠺᠠᠳ᠋ᠷ ᠤᠨ ᠠᠵᠢᠯ | ᠤᠨ ᠰᠤᠷᠲᠠᠯ ᠪᠠ ᠴᠢᠳᠠᠪᠤᠷᠢ ᠶᠢ ᠪᠠᠰᠠ ᠬᠤᠪᠢᠷᠠᠭᠤᠯᠬᠤ ᠪᠠ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠵᠡᠷᠭᠡ ᠪᠣᠯᠤᠨ᠎ᠠ᠃ ᠡᠭᠦᠨ ᠳᠤ ᠪᠢᠳᠡ ᠠᠰᠠᠭᠤᠳᠠᠯ ᠪᠠ | ᠥᠷᠢᠰᠥᠯᠳᠦᠭᠡᠨ ᠳᠤ ᠰᠢᠭᠤᠳ ᠬᠠᠨᠳᠤᠵᠤ᠂ ᠵᠠᠶᠢᠯᠠᠬᠤ ᠦᠭᠡᠢ᠂ ᠬᠦᠴᠢᠷ ᠠᠴᠠ ᠠᠶᠤᠬᠤ ᠦᠭᠡᠢ᠂ ᠴᠠᠯᠠᠭᠠᠶᠢᠷᠠᠬᠤ ᠦᠭᠡᠢ ᠪᠠᠷ ᠪᠥᠬᠦ ᠰᠡᠳᠬᠢᠯ ᠪᠥᠬᠦ ᠴᠢᠳᠠᠯ ᠢᠶᠠᠷ | ᠢᠶᠠᠨ ᠠᠵᠢᠯ ᠢᠶᠠᠨ ᠰᠠᠶᠢᠵᠢᠷᠠᠭᠤᠯᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ | ᠬᠥᠰᠡᠷᠳᠡᠭᠦᠯᠬᠦ ᠥᠬᠡᠶ︕ | ᠬᠤᠶᠠᠷ᠂ ᠬᠤᠶᠢᠰᠢᠲᠠ ᠶᠢᠨ ᠲᠠᠪᠤᠨ ᠵᠢᠯ ᠤᠨ ᠠᠵᠢᠯ ᠤᠨ ᠭᠤᠤᠯ ᠬᠠᠷᠠᠯᠳᠠ ᠡᠭᠦᠷᠭᠡ | ᠲᠥᠯᠥᠭᠡᠯᠡᠭᠴᠢᠳ ᠡ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠳᠤ ᠮᠣᠷᠳᠠᠨ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠰᠢᠨ᠎ᠡ ᠱᠠᠲᠤᠨ ᠳᠤ ᠲᠠᠪᠰᠢᠨ ᠣᠷᠣᠬᠤ ᠨᠢ ᠮᠠᠨ ᠤ ᠬᠤᠰᠢᠭᠤᠨ ᠤ ᠲᠡᠷᠢᠬᠦᠨ ᠳᠤ ᠤᠷᠤᠬᠤ ᠪᠠᠷ | ᠡᠷᠡᠯᠭᠡᠭᠯᠡᠨ ᠲᠡᠮᠡᠴᠡᠵᠤ᠂ ᠬᠤᠵᠢᠮᠳᠠᠵᠤ ᠪᠠᠶᠢᠭᠰᠠᠨ ᠠᠴᠠ ᠪᠠᠨ ᠲᠠᠪᠰᠢᠨ ᠲᠦᠷᠦᠬᠦᠯᠡᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠴᠠᠭ | ᠬᠤᠭᠤᠴᠠᠭ᠎ᠠ ᠪᠣᠯᠤᠨ᠎ᠠ᠃ ᠰᠢᠨ᠎ᠡ ᠡᠬᠢᠯᠡᠯᠲᠡ ᠶᠢᠨ ᠴᠡᠭ ᠲᠡᠭᠡᠷ᠎ᠡ ᠵᠣᠭᠰᠣᠨ᠂ ᠰᠢᠨ᠎ᠡ ᠬᠥᠭᠵᠢᠯᠲᠡ ᠶᠢ ᠲᠥᠰᠦᠪᠯᠡᠬᠦ ᠳᠤ᠂ ᠪᠢᠳᠡ ᠤᠷᠠᠳ ᠤᠨ ᠳᠤᠮᠳᠠᠳᠤ | ᠬᠤᠰᠢᠭᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠳᠠ ᠶᠢᠨ ᠠᠤᠭ᠎ᠠ ᠲᠥᠰᠦᠪ ᠢ ᠵᠢᠷᠤᠭᠯᠠᠬᠤ ᠢᠲᠡᠭᠡᠯ ᠵᠣᠷᠢᠭ ᠪᠠᠲᠤ ᠴᠢᠩᠭ᠎ᠠ᠂ ᠢᠳᠡ ᠬᠦᠴᠦ | ᠲᠡᠭᠦᠯᠳᠡᠷ ᠪᠠᠶᠢᠨ᠎ᠠ᠃ ᠡᠬᠦᠨ ᠤ ᠡᠬᠢ ᠰᠤᠷᠪᠤᠯᠵᠢ ᠨᠢ ᠣᠯᠠᠨ ᠵᠢᠯ ᠤᠨ ᠲᠤᠷᠰᠢ ᠦᠷᠭᠦᠯᠵᠢᠯᠡᠨ ᠲᠡᠮᠡᠴᠡᠵᠦ ᠬᠤᠷᠠᠮᠳᠤᠭᠤᠯᠤᠭᠰᠠᠨ ᠪᠠᠳᠤ ᠰᠠᠭᠤᠷᠢ ᠂ ᠤᠷᠲᠦ | ᠬᠤᠭᠤᠴᠠᠭ᠎ᠠ ᠪᠠᠷ ᠴᠥᠬᠦᠷᠡᠰᠢ ᠦᠭᠡᠢ ᠴᠢᠷᠮᠠᠶᠢᠵᠤ ᠬᠤᠷᠠᠮᠳᠤᠭᠤᠯᠤᠭᠰᠠᠨ ᠰᠠᠶᠢᠠ ᠪᠠᠶᠢᠳᠠᠯ᠂ ᠨᠠᠩ ᠴᠤ ᠪᠦᠭᠦ ᠬᠤᠰᠢᠭᠤ ᠪᠠᠷ ᠢᠶᠠᠨ ᠪᠦᠯᠬᠦᠮᠳᠡᠨ ᠲᠡᠮᠡᠴᠡᠵᠦ | ᠡᠬᠦᠳᠦᠨ ᠪᠠᠶᠢᠭᠤᠯᠤᠭᠰᠠᠨ ᠰᠠᠶᠢᠬᠠᠨ ᠤᠷᠴᠢᠨ ᠨᠦᠬᠦᠴᠡᠯ ᠪᠤᠯᠬᠤ ᠶᠤᠮ᠃ ᠪᠢᠳ᠋ᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠨᠢ ᠮᠠᠨ ᠤ ᠬᠤᠰᠢᠭᠤᠨ ᠤ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠪᠠᠷ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠵᠢᠯᠯᠠᠭᠠᠨ ᠤ ᠵᠦᠭᠯᠡᠭᠦᠷ ᠢ ᠬᠠᠩᠭᠠᠵᠠᠢ︔ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ ᠬᠠᠲᠤᠨ ᠭᠤᠤᠯ ᠤᠨ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ᠂ ᠰᠢᠨ᠎ᠡ ᠨᠢᠭᠡ ᠡᠭᠡᠯᠵᠢ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠵᠡᠷᠭᠡ ᠰᠢᠷᠢᠰ ᠴᠢᠬᠤᠯᠠ | ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠳᠥᠯᠭᠢᠨ ᠠᠬᠢᠭᠤᠯᠤᠭᠰᠠᠨ ᠨᠢ ᠮᠠᠨ ᠤ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠬᠤᠯᠠ ᠭᠠᠵᠠᠷ᠂ | ᠨᠡᠭᠡᠭᠡᠯᠲᠡ ᠶᠢᠨ ᠡᠭᠦᠳᠡ᠂ ᠠᠮᠢ ᠠᠬᠤᠶ ᠶᠢᠨ ᠬᠠᠯᠬᠠᠪᠴᠢ ᠵᠡᠷᠭᠡ ᠣᠯᠠᠨ ᠳᠠᠪᠬᠤᠷ ᠳᠠᠪᠠᠭᠤᠯᠢᠭ ᠢᠶᠠᠨ ᠬᠦᠢᠴᠡᠳ ᠪᠠᠳᠠᠷᠠᠭᠤᠯᠬᠤ ᠳᠤ ᠠᠰᠢᠭᠲᠠᠶ ᠨᠥᠬᠦᠴᠡᠯ ᠢ | ᠬᠠᠩᠭᠠᠭᠰᠠᠨ ᠪᠠᠶᠢᠨ᠎ᠠ︔ ᠤᠯᠤᠰ ᠤᠨ ᠳᠣᠲᠣᠭᠠᠳᠤ ᠶᠢᠨ ᠶᠡᠭᠡ ᠤᠷᠴᠢᠯ ᠢᠶᠠᠷ ᠭᠤᠣᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ | ᠤᠨ ᠬᠤᠣᠰ ᠤᠷᠴᠢᠯ ᠬᠠᠷᠢᠯᠴᠠᠨ ᠠᠬᠢᠭᠤᠯᠤᠯᠴᠠᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠭᠰᠠᠨ ᠨᠢ ᠮᠠᠨ ᠤ ᠬᠤᠰᠢᠭᠤᠨ ᠤ ᠵᠠᠮ ᠬᠠᠷᠢᠯᠴᠠᠭᠠᠨ ᠤ | ᠣᠷᠣᠨ ᠪᠠᠶᠢᠷᠢ᠂ ᠣᠷᠣᠨ ᠵᠠᠶ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠬᠠᠷᠢᠴᠠᠩᠭᠤᠢ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠳᠤ ᠯᠤᠲᠤ ᠶᠡᠭᠡ ᠣᠷᠣᠨ ᠵᠠᠶ ᠶᠢ ᠡᠭᠦᠳᠴᠦ ᠥᠭᠴᠡᠶ︔ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠤᠰ ᠬᠥᠳᠡᠯᠭᠡᠭᠦᠷ ᠨᠢ ᠮᠠᠨ ᠤ ᠬᠤᠰᠢᠭᠤᠨ ᠤ ᠪᠥᠬᠦ ᠤᠯᠤᠰ ᠤᠨ ᠬᠢᠯᠢ ᠬᠢᠵᠠᠭᠠᠷ ᠣᠷᠣᠨ ᠢᠶᠠᠨ | ᠬᠥᠭᠵᠢᠭᠦᠯᠵᠦ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢᠨ ᠲᠥᠪ ᠤᠨ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠪᠠ | ᠥᠪᠡᠷᠲᠡᠭᠡᠨ ᠵᠠᠰᠠᠬᠤ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠠᠩ | ᠰᠠᠶᠢᠲᠤᠷ ᠪᠠᠳᠠᠷᠠᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ︔ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ | ᠭᠠᠵᠠᠷ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠪᠥᠬᠦ ᠬᠤᠲᠠ ᠶᠢᠨ ᠪᠣᠬᠢᠷᠲᠤᠯ ᠥᠬᠡᠶ ᠣᠷᠭᠠᠨᠢᠭ ᠦᠨᠳᠦᠷ | ᠲᠠᠰ ᠤᠨ ᠮᠠᠯ ᠲᠠᠷᠢᠶᠠᠯᠠᠩ ᠤᠨ ᠪᠦᠳᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠤ ᠦᠢᠯᠡᠴᠢᠯᠡᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ ᠨᠢ ᠮᠠᠨ ᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠠᠵᠤ | ᠦᠢᠯᠡᠰ ᠤᠨ ᠳᠠᠪᠠᠭᠤᠯᠢᠭ ᠢᠶᠠᠨ ᠪᠠᠳᠠᠷᠠᠭᠤᠯᠬᠤ ᠳᠤ ᠴᠢᠬᠤᠯᠠ ᠲᠠᠪᠴᠠᠩ ᠢ ᠬᠠᠩᠭᠠᠭᠰᠠᠨ ᠪᠠᠶᠢᠨ᠎ᠠ ᠭᠡᠳᠡᠭ ᠢ ᠬᠦᠨᠵᠡᠭᠡᠢ ᠲᠠᠨᠢᠵᠤ ᠮᠡᠳᠡᠬᠦ ᠭᠡᠷᠡᠭᠳᠠᠢ᠃ ᠪᠢᠳᠡ | ᠡᠷᠬᠡᠪᠰᠢ ᠡᠳᠡᠭᠡᠷ ᠤᠯᠠᠨ ᠲᠠᠪᠬᠤᠷ ᠬᠥᠭᠵᠢᠯᠲᠡ ᠶᠢᠨ ᠠᠵᠠ ᠲᠣᠬᠢᠶᠠᠯ ᠪᠣᠯᠤᠨ ᠤᠯᠠᠨ ᠲᠠᠯ᠎ᠠ ᠶᠢᠨ ᠠᠰᠢᠭᠲᠠᠢ ᠨᠥᠬᠦᠴᠡᠯ ᠢ ᠪᠠᠲᠤ ᠡᠵᠡᠮᠳᠡᠵᠦ᠂ ᠡᠬᠢ ᠪᠠᠶᠠᠯᠢᠭ | ᠪᠣᠯᠤᠨ ᠣᠷᠣᠨ ᠪᠠᠶᠢᠷᠢ ᠶᠢᠨ ᠲᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠥᠭᠵᠢᠯᠲᠡ ᠶᠢ ᠲᠦᠷᠭᠡᠳᠬᠡᠬᠦ᠂ ᠨᠡᠭᠡᠭᠡᠯᠳᠡ ᠲᠠᠢ ᠬᠥᠭᠵᠢᠭᠦᠯᠬᠦ᠂ ᠰᠢᠨ᠎ᠡ ᠶᠢ ᠡᠭᠦᠳᠤᠨ | ᠬᠥᠭᠵᠢᠬᠦᠯᠬᠦ ᠶᠢᠨ ᠳᠠᠪᠠᠭᠤᠯᠢᠭ ᠢ ᠪᠦᠬᠦ ᠲᠠᠯ᠎ᠠ ᠪᠠᠷ ᠪᠠᠳᠤᠳᠬᠠᠵᠤ᠂ ᠪᠤᠰᠤᠳ ᠠᠴᠠ ᠡᠮᠦᠨ᠎ᠡ ᠠᠷᠭ᠎ᠠ ᠰᠦᠪᠡᠭᠴᠢᠯᠡᠵᠤ᠂ ᠪᠤᠰᠤᠳ ᠠᠴᠠ ᠵᠠᠪᠳᠤᠨ ᠬᠦᠳᠡᠯᠦᠯᠴᠡᠵᠤ᠂ | ᠬᠥᠭᠵᠢᠯᠲᠡ ᠶᠢᠨ ᠲᠤᠮᠳᠠᠬᠢ ᠬᠦᠴᠢᠷ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠨᠡᠩ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠤᠷᠠᠳ ᠤᠨ | ᠳᠤᠮᠳᠠᠳᠤ ᠬᠤᠰᠢᠭᠤ ᠶᠢ ᠴᠢᠷᠮᠠᠶᠢᠨ ᠪᠦᠳᠦᠭᠡᠨ ᠪᠠᠶᠢᠭᠤᠯᠬᠤ ᠭᠡᠷᠡᠭᠳᠡᠢ᠃ | ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠬᠠᠷᠠᠯᠲᠠ ᠪᠠ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠲᠤᠮᠲᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠬᠥᠭᠵᠢᠯᠳᠠ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠳᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠬᠦᠴᠦᠯᠡᠨ ᠦᠢᠯᠡᠴᠢᠯᠡᠬᠦ ᠪᠠ ᠠᠭᠤᠰᠤᠯᠴᠠᠵᠤ᠂ ︽ᠬᠤᠶᠠᠷ ᠬᠠᠯᠬᠠᠪᠴᠢ︾ ᠶᠢ ᠪᠠᠲᠤ ᠪᠠᠬᠢᠵᠢᠬᠦᠯᠵᠤ᠂ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ | ᠶᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠶ ᠪᠠᠳᠤᠳᠬᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠬᠤᠰᠢᠭᠤᠨ ᠤ ᠠᠷᠪᠠᠨ | ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠠᠵᠤ ᠦᠢᠯᠡᠰ ᠤᠨ | ᠲᠥᠯᠥᠪᠵᠢᠭᠦᠯᠭᠡ᠂ ᠣᠷᠣᠨ ᠪᠦᠰᠡ ᠶᠢᠨ ᠪᠠᠶᠢᠷᠢᠰᠢᠭᠤᠯᠤᠯᠲᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ︾ | ᠬᠤᠰᠢᠭᠤᠨ ᠤ ᠭᠡᠪᠴᠢᠶᠠᠨ ᠤ ᠠᠵᠤ ᠠᠬᠤᠶ ᠶᠢᠨ ᠶᠡᠷᠦᠩᠬᠡᠶ ᠰᠡᠳᠬᠢᠴᠡ ᠶᠢᠨ ᠲᠤᠭᠤᠷᠢᠨ ᠳᠤ᠂ ᠭᠤᠷᠪᠠᠨ ᠠᠵᠤ ᠦᠢᠯᠡᠰ ᠲᠤ ᠲᠥᠪᠯᠡᠷᠡᠭᠦᠯᠵᠦ᠂ ︽ᠠᠷᠪᠠᠨ | ᠵᠢᠷᠭᠤᠭᠠᠨ ᠠᠵᠤ ᠦᠢᠯᠡᠰ ᠤᠨ ᠪᠦᠯᠦᠭᠵᠢᠯ︾ ᠢ ᠬᠦᠴᠦᠯᠡᠨ ᠪᠤᠶᠢᠵᠢᠭᠤᠯᠤᠨ ᠬᠦᠭᠵᠢᠬᠦᠯᠵᠤ᠂ ︽ᠨᠠᠢᠮᠠᠨ ᠶᠡᠭᠡ ᠰᠠᠭᠤᠷᠢᠨ ᠭᠠᠵᠠᠷ︾ ᠢ ᠪᠥᠬᠦ ᠬᠦᠴᠦᠨ ᠢᠶᠠᠷ ᠢᠶᠠᠨ | ᠴᠣᠭᠴᠠᠯᠠᠨ ᠪᠠᠶᠢᠭᠤᠯᠵᠤ᠂ ᠠᠵᠤ ᠠᠬᠤᠶ ᠶᠢᠨ ᠬᠥᠭᠵᠢᠯᠲᠡ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ᠂ ᠥᠭᠡᠷᠡᠴᠢᠯᠡᠯᠲᠡ | ᠨᠡᠭᠡᠭᠡᠯᠲᠡ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠠᠩ ᠥᠨᠳᠥᠷ ᠲᠠᠰ ᠳᠠᠪᠬᠤᠷᠭ᠎ᠠ ᠲᠡᠶᠢᠰᠢ ᠠᠬᠢᠭᠤᠯᠬᠤ ᠶᠢ ᠵᠣᠬᠢᠴᠠᠭᠤᠯᠤᠨ ᠠᠬᠢᠭᠤᠯᠵᠤ᠂ ᠠᠮᠢ | ᠠᠬᠤᠶ ᠶᠢ ᠤᠷᠢᠳ ᠢᠶᠠᠷ ᠪᠤᠳᠤᠯᠬᠢᠯᠠᠵᠤ ᠪᠣᠬᠢᠷᠲᠤᠯ ᠥᠬᠡᠶ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠤᠷᠠᠳ ᠤᠨ ᠳᠤᠮᠳᠠᠳᠤ ᠬᠤᠰᠢᠭᠤᠨ ᠤ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠯ ᠰᠠᠴᠤᠷᠠᠩᠭᠤᠶ ᠬᠠᠷᠠᠯᠲᠠ ᠵᠦᠭ ᠣᠮᠤᠭ ᠲᠡᠭᠦᠯᠳᠡᠷ ᠢᠶᠠᠷ ᠤᠷᠤᠭᠰᠢᠯᠠᠨ᠎ᠠ᠃ | ᠲᠥᠯᠥᠭᠡᠯᠡᠭᠴᠢᠳ ᠡ᠂ ᠰᠢᠨᠳᠠᠷᠠᠰᠢ ᠦᠭᠡᠢ ᠤᠷᠤᠭᠰᠢᠯᠠᠨ ᠲᠡᠮᠡᠴᠡᠵᠤ᠂ ᠭᠡᠭᠡᠨ ᠰᠠᠷᠠᠭᠤᠯ ᠢᠷᠡᠭᠡᠳᠦᠶ ᠪᠠᠨ ᠢᠳᠡᠭᠡᠯ ᠲᠦᠬᠦᠷᠡᠩ ᠴᠤᠭᠴᠠᠯᠠᠨ ᠪᠠᠶᠢᠭᠤᠯᠤᠶ᠎ᠠ᠃ | ᠬᠤᠶᠢᠰᠢᠲᠠ ᠶᠢᠨ ᠲᠠᠪᠤᠨ ᠵᠢᠯ ᠪᠤᠯ ᠤᠷᠠᠳ ᠤᠨ ᠳᠤᠮᠳᠠᠳᠤ ᠬᠤᠰᠢᠭᠤᠨ ᠤ ᠬᠦᠭᠵᠢᠯᠲᠡ ᠶᠢᠨ ᠠᠯᠬᠤᠴᠠ ᠡᠷᠴᠢ ᠬᠦᠴᠦᠨ ᠲᠠᠢ᠂ ᠯᠠᠪᠳᠠᠭᠤᠨ ᠲᠤᠭᠲᠠᠭᠤᠨ ᠢᠶᠠᠷ | ᠠᠯᠤᠰ ᠢ ᠵᠣᠷᠢᠬᠤ ᠲᠠᠪᠤᠨ ᠵᠢᠯ ᠪᠣᠯᠤᠨ᠎ᠠ᠂ ᠪᠢᠳᠡ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠲᠠᠢ ᠪᠥᠬᠦ ᠲᠠᠯ᠎ᠠ ᠪᠠᠷ | ᠬᠠᠷᠭᠤᠭᠤᠯᠤᠨ ᠪᠠᠷᠢᠮᠵᠢᠶᠠᠯᠠᠵᠤ᠂ ᠡᠷᠡᠯᠬᠡᠭ ᠯᠠᠪᠳᠠᠭᠤᠨ ᠢᠶᠠᠷ ᠤᠷᠤᠭᠰᠢᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠲᠣᠭᠲᠠᠭᠠᠭᠰᠠᠨ ᠬᠠᠷᠠᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠷᠠᠳ ᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ | ᠢ ᠴᠢᠷᠮᠠᠶᠢᠨ ᠡᠬᠦᠳᠦᠶ᠎ᠡ᠃ | ︵ᠨᠢᠭᠡ︶ ᠰᠢᠨ᠎ᠡ ᠶᠢ ᠡᠭᠦᠳᠦᠨ ᠬᠠᠮᠲᠤ ᠪᠠᠷ ᠪᠠᠶᠢᠭᠤᠯᠬᠤ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ | ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠳᠤ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠤᠬᠢᠷᠳᠤᠯ ᠦᠭᠡᠢ ᠤᠨᠴᠠᠯᠢᠭᠳᠤ | ᠪᠦᠲᠦᠭᠡᠭᠳᠡᠬᠦᠨ ᠤ ᠳᠠᠪᠠᠭᠤᠯᠢᠭ ᠢ ᠴᠢᠩᠭ᠎ᠠ ᠠᠳᠬᠤᠵᠤ᠂ ᠳᠠᠷᠢᠵᠤ ᠲᠡᠵᠢᠭᠡᠨ ᠦᠷᠡᠵᠢᠭᠦᠯᠬᠦ ᠶᠢᠨ ᠡᠬᠢ ᠡᠭᠦᠰᠦᠯ ᠠᠴᠠ ᠨᠢ ᠴᠡᠭᠴᠡᠯᠡᠨ ᠨᠡᠶᠢᠯᠡᠭᠦᠯᠬᠦ ᠶᠢ ᠪᠠᠷᠢᠮᠲᠠᠯᠠᠨ᠂ | ᠬᠡᠪᠴᠢᠶᠡᠵᠢᠭᠰᠡᠨ᠂ ᠡᠷᠴᠢᠮᠵᠢᠭᠰᠡᠨ᠂ ᠰᠢᠨᠵᠢᠯᠡᠬᠦ ᠤᠬᠠᠭᠠᠨᠴᠢᠯᠠᠭᠰᠠᠨ ᠳᠠᠷᠢᠵᠤ ᠲᠡᠵᠢᠭᠡᠬᠦ ᠵᠠᠭᠪᠤᠷ ᠢ ᠪᠣᠶ ᠪᠣᠯᠭᠠᠨ᠎ᠠ︔ ᠪᠤᠯᠪᠠᠰᠤᠷᠠᠭᠤᠯᠵᠤ ᠡᠳ᠋ᠰᠢᠭᠦᠯᠬᠦ ᠬᠡᠯᠬᠢᠶᠡᠵᠢᠯ | ᠢ ᠤᠷᠳᠤᠳᠬᠠᠬᠤ ᠶᠢ ᠪᠠᠷᠢᠮᠲᠠᠯᠠᠵᠤ᠂ ᠪᠦᠳᠦᠭᠡᠭᠳᠡᠬᠦᠨ ᠤ ᠦᠢᠯᠡᠳᠪᠦᠷᠢᠯᠡᠯ ᠨᠢ ᠣᠳᠣᠬᠢᠴᠢᠯᠠᠭᠰᠠᠨ᠂ ᠠᠵᠤ ᠦᠢᠯᠡᠰ ᠤᠨ ᠬᠡᠯᠬᠢᠶᠡᠵᠢᠯ ᠨᠢ ᠳᠡᠭᠡᠳᠦ ᠲᠡᠰᠵᠢᠭᠰᠡᠨ | ᠨᠠᠷᠢᠯᠢᠭ ᠭᠦᠨᠵᠡᠭᠡᠢ ᠪᠤᠯᠪᠠᠰᠤᠷᠠᠭᠤᠯᠤᠯᠳᠠ ᠶᠢᠨ ᠪᠠᠶᠢᠷᠢᠰᠢᠯ ᠢ ᠪᠦᠷᠢᠯᠳᠦᠭᠦᠯᠦᠨ᠎ᠡ︔ ᠡᠵᠡᠩᠨᠡᠯᠲᠡ ᠪᠣᠷᠣᠯᠠᠭᠤᠯᠭ᠎ᠠ ᠶᠢᠨ ᠲᠠᠯ᠎ᠠ ᠪᠠᠷ ᠰᠢᠪᠲᠤᠯᠤᠯᠲᠠ ᠲᠠᠢ ᠪᠤᠯᠬᠤ ᠶᠢ | ᠪᠠᠷᠢᠮᠲᠠᠯᠠᠵᠤ᠂ ᠴᠢᠨᠠᠷ ᠴᠢᠨᠰᠠᠭ᠎ᠠ ᠨᠢ ᠰᠢᠯᠢᠳᠡᠭ ᠰᠠᠶᠢᠨ᠂ ᠲᠥᠷᠥᠯ ᠲᠡᠮᠳᠡᠭᠲᠦ ᠨᠢ ᠨᠡᠷ᠎ᠡ ᠠᠯᠳᠠᠷᠰᠢᠯ ᠲᠠᠢ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ | ᠬᠠᠮᠳᠤ ᠪᠠᠷ ᠬᠦᠭᠵᠢᠭᠰᠡᠨ ᠡᠵᠡᠩᠨᠡᠨ ᠪᠣᠷᠣᠯᠠᠭᠤᠯᠬᠤ ᠪᠠᠶᠢᠳᠠᠯ ᠢ ᠪᠣᠶ ᠪᠣᠯᠭᠠᠨ᠎ᠠ᠃ ᠢᠲᠡᠭᠡᠯ ᠬᠦᠨᠳᠦᠲᠠᠢ᠂ ᠪᠣᠳᠠᠲᠤ ᠬᠦᠴᠦᠨ ᠢᠶᠠᠷ ᠴᠢᠩᠭ᠎ᠠ ᠠᠵᠤ ᠠᠬᠤᠶᠢᠯᠠᠯ ᠢ | ᠢᠳᠡᠪᠬᠢᠲᠡᠶ ᠪᠠᠷ ᠲᠠᠲᠠᠨ ᠣᠷᠣᠭᠤᠯᠵᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠢᠳᠡᠰᠢᠨ ᠬᠤᠨᠢ᠂ ᠢᠳᠡᠰᠢᠨ ᠦᠬᠡᠷ᠂ | ᠠᠳᠤᠭᠤ᠂ ᠰᠠᠭᠠᠯᠢ ᠶᠢᠨ ᠦᠢᠯᠡᠰ᠂ ᠢᠮᠠᠭᠠᠨ ᠨᠣᠯᠤᠤᠷ᠂ ᠲᠡᠵᠢᠭᠡᠯ ᠡᠪᠡᠰᠦ᠂ ᠪᠤᠭᠤᠳᠠᠶ᠂ ᠡᠷᠳᠡᠨᠢ ᠰᠢᠰᠢ᠂ ᠨᠡᠷᠡᠨ ᠬᠤᠸᠠᠷ ᠤᠨ ᠦᠷ᠎ᠡ ᠪᠠᠷ ᠭᠤᠣᠯᠯᠠᠬᠤ ᠠᠵᠤ | ᠦᠢᠯᠡᠰ ᠪᠣᠯᠭᠠᠵᠤ᠂ ᠯᠣᠬᠠᠱᠧᠩ᠂ ᠯᠠᠵᠤᠤ᠂ ᠲᠥᠪᠡᠳ ᠬᠠᠰᠢ᠂ ᠶᠤᠤᠮᠠᠶ ᠰᠠᠭᠠᠭ᠂ ᠨᠠᠷᠢᠮᠤ᠂ ᠲᠡᠮᠡᠭᠡ᠂ ᠡᠯᠵᠢᠭᠡ ᠵᠡᠷᠭᠡ ᠪᠠᠷ ᠣᠨᠴᠠᠯᠢᠠᠠᠳᠣ ᠨᠥᠬᠦᠪᠥᠷᠢ ᠠᠵᠤ | ᠦᠢᠯᠡᠰ ᠪᠣᠯᠭᠠᠵᠤ᠂ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢ ᠬᠡᠪᠴᠢᠶᠡᠵᠢᠭᠦᠯᠦᠭᠰᠡᠨ᠂ ᠴᠢᠨᠠᠷᠵᠢᠭᠤᠯᠤᠭᠰᠠᠨ᠂ ᠪᠤᠯᠪᠠᠰᠤᠷᠠᠭᠤᠯᠵᠤ ᠡᠳ᠋ᠰᠢᠭᠦᠯᠬᠦ ᠶᠢ ᠬᠦᠷᠢᠶᠡᠯᠡᠩ | ᠲᠣᠭᠤᠷᠢᠭᠵᠢᠭᠤᠯᠤᠭᠰᠠᠨ᠂ ᠣᠳᠣᠬᠢᠴᠢᠯᠠᠭᠰᠠᠨ᠂ ᠪᠦᠳᠦᠭᠡᠭᠳᠡᠬᠦᠨ ᠤ ᠪᠣᠷᠣᠯᠠᠭᠤᠯᠭ᠎ᠠ ᠶᠢ ᠨᠠᠷᠠᠲᠤ ᠲᠡᠮᠳᠡᠭᠵᠢᠬᠦᠯᠦᠭᠰᠡᠨ᠂ ᠰᠦᠯᠵᠢᠶᠡᠵᠢᠬᠦᠯᠦᠭᠰᠡᠨ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠭᠦᠯᠵᠦ᠂ ᠲᠤᠰᠬᠠᠢ ᠮᠡᠷᠭᠡᠵᠢᠯ ᠤᠨ ᠵᠦᠪᠯᠡᠮᠵᠢ ᠦᠭᠬᠦ ᠺᠣᠮᠫᠠᠨᠢ᠂ ᠤᠶᠤᠨᠳᠤ ᠬᠥᠮᠥᠷᠭᠡ ᠵᠡᠷᠭᠡ ᠪᠠᠶᠢᠭᠤᠯᠤᠮᠵᠢ ᠶᠢ ᠢᠳᠡᠪᠬᠢᠲᠡᠢ | ᠤᠷᠢᠨ ᠣᠷᠣᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠪᠤᠳᠠᠳᠠᠢ ᠪᠠᠶᠢᠳᠠᠯ ᠳᠤᠨᠢ ᠲᠤᠬᠢᠷᠠᠭᠤᠯᠤᠨ ᠲᠣᠭᠲᠠᠭᠠᠵᠤ᠂ ᠦᠵᠦᠬᠦᠷ ᠭᠤᠤᠯ | ᠪᠠᠯᠭᠠᠰᠤ᠂ ᠲᠡᠯ ᠠᠭᠤᠯᠠ ᠪᠠᠯᠭᠠᠰᠤ ᠶᠢ ᠪᠦᠬᠦ ᠤᠷᠤᠨ ᠤ ᠴᠢᠨᠠᠭᠰᠢᠯᠠᠪᠠᠯ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠭᠡᠷ | ᠳᠠᠭᠤᠷᠢᠶᠠᠯᠳᠤ ᠪᠠᠯᠭᠠᠰᠤ ᠪᠠᠷ ᠡᠬᠦᠳᠦᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠣᠳᠣᠬᠢᠴᠢᠯᠠᠯᠲᠠ ᠳᠤ ᠲᠥᠪᠯᠡᠷᠡᠭᠦᠯᠵᠦ᠂ ᠬᠠᠲᠤᠨ ᠭᠤᠤᠯ ᠤᠨ ︽几︾ | ᠦᠰᠦᠭᠳᠦ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠬᠡᠷᠡᠯ ᠸᠣᠯᠲ᠂ ᠰᠠᠯᠬᠢᠨ | ᠬᠦᠴᠦᠨ ᠤ ᠴᠠᠬᠢᠯᠭᠠᠨ᠂ ᠬᠡᠷᠡᠯ ᠢᠯᠴᠢ ᠵᠡᠷᠭᠡ ᠠᠵᠤ ᠦᠢᠯᠡᠰ ᠤᠨ ᠳᠠᠪᠠᠭᠤᠯᠢᠭ ᠲᠤ ᠰᠠᠭᠤᠷᠢᠯᠠᠨ᠂ ᠲᠣᠨᠣᠭᠯᠠᠯ ᠲᠦᠬᠦᠭᠡᠷᠦᠮᠵᠢ ᠦᠢᠯᠡᠳᠬᠦ ᠠᠵᠤ ᠦᠢᠯᠡᠰ ᠤᠨ | ᠬᠡᠯᠬᠢᠶᠡᠵᠢᠯ ᠢ ᠪᠤᠯᠪᠠᠰᠤᠷᠠᠭᠤᠯᠤᠨ ᠪᠤᠶᠢᠵᠢᠭᠤᠯᠵᠤ᠂ ᠤᠳᠤ ᠦᠶ᠎ᠡ ᠶᠢᠨ ᠲᠣᠨᠣᠭᠯᠠᠯ ᠲᠦᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠤᠨ | ᠨᠡᠷᠡᠲᠦ ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠶ ᠪᠠᠷ ᠤᠷᠢᠨ ᠣᠷᠣᠭᠤᠯᠵᠤ᠂ ᠰᠠᠯᠬᠢ ᠭᠡᠷᠡᠯ ᠤᠨ ᠴᠡᠪᠡᠷ ᠡᠨᠧᠷᠭᠢ ᠶᠢᠨ ᠰᠤᠷᠪᠤᠯᠵᠢ᠂ ︽ᠡᠬᠢ | ᠰᠤᠷᠪᠤᠯᠵᠢ᠂ ᠲᠣᠤᠷ ᠰᠦᠯᠵᠢᠶ᠎ᠡ᠂ ᠠᠴᠢᠶᠠᠯᠠᠪᠤᠷᠢ ᠲᠠᠭᠠᠭᠠᠴᠠ᠂ ᠨᠦᠬᠡᠴᠡ ᠬᠠᠳᠠᠭᠠᠯᠠᠮᠵᠢ︾ ᠶᠢ ᠨᠢᠭᠡ ᠴᠤᠭᠴᠠᠵᠢᠭᠤᠯᠤᠭᠰᠠᠨ᠂ ᠤᠶᠤᠨᠳᠤ ᠴᠠᠬᠢᠯᠭᠠᠨ ᠲᠣᠤᠷ | ᠵᠡᠷᠭᠡ ᠲᠥᠷᠥᠯ ᠵᠦᠢᠯ ᠢ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠯᠬᠢᠨ ᠴᠠᠬᠢᠯᠭᠠᠨ᠂ ᠭᠡᠷᠡᠯ ᠸᠤᠯᠲ ᠤᠨ ᠮᠢᠩᠭᠠᠨ ᠲᠦᠮᠡᠨ ᠺᠢᠯᠣᠸᠠᠲ ᠤᠨ | ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠤᠰᠤᠲᠥ᠋ᠷᠥᠭᠴᠢ ᠦᠢᠯᠡᠳᠬᠦ᠂ ᠤᠰᠤᠲᠥ᠋ᠷᠥᠭᠴᠢ ᠬᠠᠳᠠᠭᠠᠯᠠᠬᠤ᠂ | ᠤᠰᠤᠲᠥ᠋ᠷᠥᠭᠴᠢ ᠶᠢᠨ ᠮᠠᠲ᠋ᠧᠷᠢᠶᠠᠯ ᠤᠨ ᠳ᠋ᠢᠶᠠᠨ ᡂᠢ᠂ ᠤᠰᠤᠲᠥ᠋ᠷᠥᠭᠴᠢ ᠶᠢᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠯᠲᠡ ᠵᠡᠷᠭᠡ ᠠᠵᠤ ᠦᠢᠯᠡᠰ ᠤᠨ ᠬᠡᠯᠬᠢᠶᠡᠵᠢᠯ ᠢ | ᠤᠷᠲᠤᠳᠬᠠᠨ ᠬᠥᠭᠵᠢᠭᠦᠯᠦᠨ᠎ᠡ︔ ᠪᠠᠯ ᠴᠢᠯᠠᠭᠤᠨ ᠤ ᠠᠵᠤ ᠦᠢᠯᠡᠰ ᠤᠨ ᠬᠥᠭᠵᠢᠯᠲᠡ ᠶᠢ ᠥᠨᠳᠥᠷ ᠡᠬᠢᠯᠡᠯᠲᠡ ᠲᠠᠢ ᠪᠠᠷ ᠠᠬᠢᠭᠤᠯᠵᠤ᠂ ᠠᠭᠤᠷᠬᠠᠶ ᠶᠢᠨ ᠡᠷᠬᠡ ᠶᠢ | ᠴᠡᠭᠴᠡᠯᠡᠨ ᠨᠡᠶᠢᠯᠡᠭᠦᠯᠬᠦ ᠶᠢ ᠲᠦᠷᠭᠡᠳᠬᠡᠨ᠂ ᠪᠠᠯ ᠴᠢᠯᠠᠭᠤᠨ ᠮᠠᠲ᠋ᠧᠷᠢᠶᠠᠯ ᠤᠨ ᠨᠡᠭᠡᠭᠡᠨ ᠪᠣᠯᠪᠠᠰᠤᠷᠠᠭᠤᠯᠬᠤ ᠪᠠ ᠬᠡᠷᠡᠭᠯᠡᠭᠡᠨ ᠤ ᠠᠵᠤ ᠦᠢᠯᠡᠰ ᠤᠨ ᠬᠡᠯᠬᠢᠶᠡᠵᠢᠯ ᠤᠨ | ᠬᠥᠭᠵᠢᠯᠲᠡ ᠶᠢ ᠠᠬᠢᠭᠤᠯᠵᠤ᠂ ᠪᠠᠯ ᠴᠢᠯᠠᠭᠤ ᠨᠡᠭᠡᠭᠡᠨ ᠮᠠᠯᠲᠠᠬᠤ ᠣᠷᠣᠨ ᠲᠤᠭᠤᠷᠢᠭ᠂ ᠪᠣᠯᠪᠠᠰᠤᠷᠠᠭᠤᠯᠬᠤ ᠣᠷᠣᠨ ᠲᠤᠭᠤᠷᠢᠭ᠂ ᠰᠤᠳᠤᠯᠤᠨ ᠨᠡᠭᠡᠭᠡᠬᠦ ᠣᠷᠣᠨ | ᠲᠤᠭᠤᠷᠢᠭ᠂ ᠠᠮᠢᠳᠤᠷᠠᠯ ᠤᠨ ᠣᠷᠣᠨ ᠲᠤᠭᠤᠷᠢᠭ ᠵᠡᠷᠭᠡ ᠶᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠢ ᠰᠤᠳᠤᠯᠤᠨ | ᠨᠡᠭᠡᠭᠡᠵᠦ ᠬᠡᠷᠡᠭᠯᠡᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ︔ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠪᠣᠯᠪᠠᠰᠤᠷᠠᠭᠤᠯᠤᠯᠳᠠ ᠠᠰᠢᠭᠯᠠᠯᠳᠠ ᠶᠢ | ᠤᠷᠲᠤᠳᠬᠠᠵᠤ᠂ ᠦᠷᠳᠡᠭ ᠤᠨ ᠬᠡᠯᠬᠢᠶᠡᠵᠢᠯ ᠢ ᠳᠤᠮᠳᠠ ᠳᠡᠭᠡᠳᠦ ᠳᠡᠰ ᠵᠦᠭ ᠲᠠᠪᠰᠢᠬᠤ ᠶᠢ ᠢᠳᠡᠪᠬᠢᠲᠡᠶ ᠪᠠᠷ ᠠᠬᠢᠭᠤᠯᠵᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠢ | ᠨᠠᠷᠢᠯᠢᠭᠵᠢᠭᠤᠯᠤᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ︔ ᠴᠡᠪᠡᠷ ᠡᠨᠧᠷᠭᠢ ᠪᠠᠷ ᠣᠷᠣᠯᠠᠭᠤᠯᠬᠤ᠂ ᠴᠠᠬᠢᠯᠭᠠᠨ ᠡᠨᠧᠷᠭᠢ ᠪᠠᠷ | ᠣᠷᠣᠯᠠᠭᠤᠯᠬᠤ ᠵᠡᠷᠭᠡ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭᠠᠰᠬᠠᠬᠤ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠵᠦ᠂ ᠪᠠᠷᠠᠭᠤᠨ ᠣᠷᠣᠨ ᠤ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠦᠢᠯᠡᠴᠢᠯᠡᠭᠡᠨ ᠤ | ᠦᠢᠯᠡᠰ ᠤᠨ ᠣᠳᠣᠬᠢᠴᠢᠯᠠᠯᠲᠠ ᠳᠤ ᠲᠥᠪᠯᠡᠷᠡᠭᠦᠯᠵᠦ᠂ ᠬᠢᠯᠢ ᠶᠢᠨ ᠪᠣᠭᠤᠮᠲᠠ ᠪᠠᠷ ᠦᠩᠭᠡᠷᠡᠬᠦ ᠪᠠ ᠪᠣᠭᠤᠮᠲᠠ ᠶᠢᠨ ᠪᠤᠯᠪᠠᠰᠤᠷᠠᠭᠤᠯᠤᠯᠲᠠ ᠶᠢᠨ ᠲᠣᠭᠤᠷᠢᠭ ᠤᠨ | ᠲᠥᠪᠯᠡᠷᠡᠭᠦᠯᠦᠨ ᠨᠡᠪᠲᠡᠷᠡᠭᠦᠯᠬᠦ ᠴᠢᠳᠠᠮᠵᠢ ᠳᠤ ᠲᠦᠰᠢᠭᠯᠡᠨ᠂ ᠬᠠᠭᠤᠷᠠᠶ ᠵᠠᠮ ᠤᠨ ᠪᠣᠭᠤᠮᠲᠠ ᠶᠢᠨ ᠬᠡᠯᠪᠡᠷᠢ ᠶᠢᠨ ᠤᠯᠤᠰ ᠤᠨ ᠪᠠᠷᠠᠭᠠᠨ ᠤ ᠬᠦᠢᠯᠭᠡᠭᠡᠨ ᠤ ᠬᠦᠢᠰᠦ ᠶᠢ | ᠪᠥᠲᠥᠭᠡᠨ ᠪᠠᠶᠢᠭᠤᠯᠤᠨ᠎ᠠ᠃ ᠬᠡᠷᠡᠭᠯᠡᠭᠡᠨ ᠤ ᠲᠠᠰ ᠳᠡᠪᠰᠢᠬᠦ ᠶᠢ ᠬᠠᠩᠭᠠᠬᠤ ᠪᠠᠷ ᠭᠤᠤᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠶᠢᠨ ᠲᠣᠭᠤᠷᠢᠨ ᠳᠤ᠂ ᠨᠢᠭᠡ ᠪᠦᠯᠦᠭ ᠨᠠᠷᠠᠲᠤ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠤᠷᠢᠨ ᠣᠷᠣᠭᠤᠯᠵᠤ᠂ ᠬᠤᠲᠠ ᠬᠥᠳᠡᠭᠡ ᠶᠢᠨ ᠵᠠᠬ᠎ᠠ | ᠳᠡᠯᠭᠡᠭᠦᠷ ᠤᠨ ᠬᠦᠢᠯᠭᠡᠭᠡᠨ ᠤ ᠲᠤᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ | ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ︽1+5+9︾ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠣᠰᠣᠭᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠢᠶᠠᠷ ᠭᠤᠤᠯ ᠰᠡᠳᠦᠪ ᠪᠣᠯᠭᠠᠬᠤ ᠶᠢ ᠶᠡᠬᠡᠪᠡᠷ ᠬᠦᠭᠵᠢᠬᠦᠯᠵᠤ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠵᠤ ᠦᠢᠯᠡᠰ ᠤᠨ ᠦᠵᠡᠭᠦᠯᠦᠯᠭᠡ ᠪᠠᠷ | ᠲᠤᠯᠭᠠᠭᠤᠷᠢᠯᠠᠯ ᠪᠣᠯᠭᠠᠵᠤ᠂ ᠰᠤᠷᠭᠠᠨ ᠬᠥᠮᠦᠵᠢᠯ ᠪᠣᠯᠪᠠᠰᠤᠷᠠᠯ᠂ ᠲᠣᠭᠤᠷᠢᠨ ᠵᠤᠭᠠᠴᠠᠬᠤ᠂ ᠰᠡᠯᠡᠭᠦᠴᠡᠨ ᠠᠮᠠᠷᠠᠬᠤ ᠶᠢ ᠨᠢᠭᠡ ᠴᠣᠠᠠᠴᠠᠵᠢᠭᠤᠯᠥᠠᠠᠰᠠᠨ ᠤᠯᠤᠰ ᠤᠨ | ᠪᠠᠲᠤᠯᠠᠨ ᠬᠠᠮᠠᠭᠠᠯᠠᠯᠲᠠ + ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ | ᠰᠠᠭᠤᠷᠢᠨ ᠭᠠᠵᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯᠤᠨ ᠵᠠᠯᠠᠭᠤᠴᠤᠳ ᠪᠠᠭᠠᠴᠤᠳ ᠤᠨ ᠨᠡᠶᠢᠭᠡᠮ ᠤᠨ | ᠦᠢᠯᠡᠳᠦᠯᠭᠡ ᠶᠢᠨ ᠰᠠᠭᠤᠷᠢᠨ ᠭᠠᠵᠠᠷ ᠢ ᠡᠬᠦᠳᠦᠨ ᠪᠠᠶᠢᠭᠤᠯᠤᠨ᠎ᠠ᠃ ᠠᠵᠤ ᠦᠢᠯᠡᠰ ᠤᠨ ᠲᠣᠭᠠᠴᠠᠯᠠᠯᠲᠠ ᠳᠤ ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠶ᠂ | ᠠᠵᠤ ᠦᠢᠯᠡᠳᠪᠦᠷᠢ᠂ ᠡᠯᠧᠺᠲᠷᠣᠨ ᠬᠤᠳᠠᠯᠳᠤᠭ᠎ᠠ᠂ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠲᠣᠭᠤᠷᠢᠨ ᠳᠤ | ᠂ ᠲᠣᠭᠠᠴᠠᠯᠠᠭᠰᠠᠨ ᠮᠡᠷᠭᠡᠵᠢᠯ ᠬᠢᠭᠡᠳ ᠤᠯᠠᠮᠵᠢᠯᠠᠯᠲᠤ ᠠᠵᠤ ᠦᠢᠯᠡᠰ ᠢ ᠠᠭᠤᠰᠤᠯᠴᠠᠭᠤᠯᠤᠨ ᠬᠡᠷᠡᠭᠯᠡᠬᠦ ᠶᠢ ᠢᠳᠡᠪᠬᠢᠲᠡᠶ ᠠᠬᠢᠭᠤᠯᠵᠤ᠂ ᠲᠣᠮᠣ ᠳ᠋ᠠᠶᠢᠲ᠋ᠠ ᠶᠢᠨ | ᠬᠡᠷᠡᠭᠯᠡᠭᠡᠨ ᠤ ᠠᠬᠤᠶ ᠪᠠᠶᠢᠳᠠᠯ ᠢ ᠥᠷᠭᠡᠳᠬᠡᠨ᠂ ᠠᠮᠢ ᠠᠬᠤᠶ ᠶᠢᠨ ᠡᠬᠢ ᠪᠠᠶᠠᠯᠢᠭ ᠤᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠪᠠᠴᠢᠮ ᠪᠠᠶᠢᠳᠠᠯ ᠢ | ᠠᠷᠭᠠᠴᠠᠭᠠᠬᠤ ᠵᠢᠯᠣᠭᠤᠳᠣᠮᠵᠢ᠂ ᠰᠢᠢᠳᠪᠦᠷᠢᠳᠦ ᠪᠣᠳᠣᠯᠭ᠎ᠠ ᠶᠢᠨ ᠵᠠᠳᠠᠯᠤᠯᠲᠠ ᠵᠡᠷᠭᠡ ᠲᠣᠭᠠᠴᠠᠯᠠᠭᠰᠠᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠲᠤᠭᠠᠴᠠᠯᠠᠯᠳᠠ ᠶᠢᠨ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠬᠡᠯᠪᠡᠷᠢ ᠪᠠᠷ ᠴᠢᠨᠠᠷ ᠰᠠᠶᠢᠳᠠᠢ ᠬᠦᠭᠵᠢᠯᠲᠡ ᠳᠤ ᠬᠦᠴᠦᠨ ᠨᠡᠮᠡᠷᠢᠯᠡᠬᠦ ᠶᠢ | ᠠᠬᠢᠭᠤᠯᠤᠨ᠎ᠠ᠃ | ︵ᠬᠤᠶᠠᠷ︶ ᠬᠠᠮᠵᠢᠯᠴᠠᠨ ᠵᠤᠬᠢᠴᠠᠭᠤᠯᠵᠤ ᠬᠠᠮᠲᠤᠪᠠᠷ ᠤᠷᠤᠭᠰᠢᠯᠠᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠰᠢᠨ᠎ᠡ | ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠬᠠᠯᠢᠭᠤᠳᠤ ᠪᠠᠯᠭᠠᠰᠤ ᠪᠠᠷ ᠲᠥᠪ ᠪᠤᠯᠭᠠᠵᠤ | ᠂ ᠤᠰᠤᠯᠠᠯᠲᠠ ᠶᠢᠨ ᠤᠷᠤᠨ᠂ ᠠᠭᠤᠯᠠᠷᠬᠠᠭ ᠭᠠᠩᠳᠠᠩᠭᠤᠢ ᠤᠷᠤᠨ᠂ ᠮᠠᠯᠵᠢᠬᠤ ᠤᠷᠤᠨ ᠤ ᠭᠤᠤᠯ ᠪᠤᠯᠬᠤ ᠰᠤᠮᠤ ᠪᠠᠯᠭᠠᠰᠤ ᠪᠠᠷ ᠲᠤᠯᠭᠠᠭᠤᠷᠢᠯᠠᠯ ᠢᠶᠠᠨ | ᠪᠤᠯᠭᠠᠭᠰᠠᠨ᠂ ᠡᠯ᠎ᠡ ᠰᠤᠮᠤ ᠪᠠᠯᠭᠠᠰᠤ ᠬᠤᠯᠪᠣᠭᠠᠯᠠᠨ ᠬᠥᠳᠡᠯᠦᠯᠴᠡᠵᠦ ᠠᠭᠤᠰᠤᠯᠴᠠᠨ ᠬᠥᠭᠵᠢᠭᠰᠡᠨ ᠰᠢᠨ᠎ᠡ ᠬᠡᠯᠪᠡᠷᠢ ᠶᠢᠨ ᠬᠤᠲᠠ ᠪᠠᠯᠭᠠᠰᠤ ᠶᠢᠨ ᠬᠥᠭᠵᠢᠯᠲᠡ ᠶᠢᠨ | ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ ᠬᠤᠲᠠ ᠪᠠᠯᠭᠠᠰᠤᠨ ᠤ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠬᠦᠴᠦᠨ ᠢᠶᠠᠨ | ᠴᠢᠩᠭᠠᠷᠠᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠵᠤᠬᠢᠴᠠᠭᠰᠠᠨ ᠴᠢᠳᠠᠮᠵᠢᠳᠤ ᠴᠢᠨᠠᠷᠲᠠᠶ ᠤᠨᠴᠠᠯᠢᠭᠳᠤ ᠪᠠᠯᠭᠠᠰᠤ ᠪᠠ ᠵᠢᠱᠢᠶᠡᠴᠢ ᠴᠢᠨᠠᠷᠲᠠᠶ | ᠰᠣᠳᠣᠨ ᠪᠠᠯᠭᠠᠰᠤ ᠶᠢ ᠪᠤᠵᠠᠭᠠᠶᠢᠷᠠᠭᠤᠯᠤᠨ ᠬᠥᠭᠵᠢᠭᠦᠯᠦᠨ᠎ᠡ᠃ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠨᠢᠭᠡ ᠴᠤᠭᠴᠠᠵᠢᠭᠤᠯᠤᠨ ᠬᠥᠭᠵᠢᠭᠦᠯᠬᠦ | ᠲᠣᠭᠲᠠᠴᠠ ᠶᠢ ᠲᠦᠷᠭᠡᠳᠭᠡᠨ ᠪᠠᠶᠢᠭᠤᠯᠵᠤ᠂ ᠬᠤᠳᠠ ᠬᠥᠳᠡᠭᠡ ᠶᠢᠨ ᠤᠰᠤ ᠴᠠᠬᠢᠯᠭᠠᠨ ᠵᠠᠮ ᠬᠠᠷᠢᠯᠴᠠᠭ᠎ᠠ ᠲᠣᠣᠷ ᠰᠦᠯᠵᠢᠶ᠎ᠡ᠂ ᠬᠥᠮᠥᠷᠭᠡᠯᠡᠨ ᠬᠠᠳᠠᠭᠠᠯᠠᠬᠤ ᠡᠳ᠋ | ᠪᠠᠷᠠᠭᠠᠨ ᠤ ᠭᠦᠢᠯᠭᠡᠭᠡ ᠶᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠴᠠᠬᠢᠯᠭᠠᠨ ᠬᠦᠴᠦᠨ ᠮᠡᠳᠡᠭᠡ ᠬᠤᠯᠪᠣᠭ᠎ᠠ᠂ ᠰᠢᠲᠠᠮᠠᠬᠠᠢ ᠬᠡᠢ ᠢᠯᠴᠢ | ᠲᠤᠯᠠᠭᠠᠯᠠᠭ᠎ᠠ ᠬᠠᠩᠭᠠᠬᠤ ᠶᠢ ᠪᠠᠲᠤᠯᠠᠬᠤ ᠴᠢᠳᠠᠪᠤᠷᠢ ᠪᠠᠨ ᠴᠢᠩᠭᠠᠷᠠᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠶᠢ | ᠬᠤᠳᠠ ᠬᠥᠳᠡᠭᠡ ᠳᠤ ᠨᠡᠶᠢᠳᠡᠮ ᠬᠠᠷᠠᠭᠠᠯᠵᠠᠯ ᠦᠵᠡᠭᠦᠯᠵᠦ ᠬᠠᠮᠲᠤ ᠪᠠᠷ ᠡᠳ᠋ᠯᠡᠬᠦᠯᠬᠦ ᠶᠢ ᠲᠦᠯᠬᠢᠨ ᠠᠬᠢᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠪᠠ ᠳᠤᠮᠳᠠᠳᠤ ᠶᠢᠨ ᠵᠡᠭᠦᠳᠦ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠬᠥᠳᠡᠭᠡ ᠲᠣᠰᠬᠤᠨ ᠤ ᠰᠢᠯᠢᠳᠡᠭ ᠰᠣᠶᠣᠯ ᠤᠨ | ᠪᠦᠲᠦᠭᠡᠭᠳᠡᠬᠦᠨ ᠪᠠ ᠦᠢᠯᠡᠴᠢᠯᠡᠭᠡ ᠬᠠᠩᠭᠠᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ | ᠨᠦᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠲᠦᠷᠭᠡᠳᠭᠡᠨ ᠠᠬᠢᠭᠤᠯᠵᠤ᠂ ᠬᠤᠳᠠ ᠬᠥᠳᠡᠭᠡ ᠶᠢᠨ ᠡᠮᠬᠢ ᠲᠢᠭᠯᠢᠮ ᠢ | ᠦᠷᠭᠦᠯᠵᠢᠯᠡᠨ ᠵᠢᠷᠤᠮᠵᠢᠭᠤᠯᠵᠤ᠂ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠢ ᠲᠠᠶᠢᠴᠢᠯᠠᠨ ᠲᠠᠭᠠᠭᠤᠯᠵᠤ ᠦᠵᠡᠰᠬᠦᠯᠡᠩᠲᠦ ᠰᠠᠶᠢᠬᠠᠨ ᠭᠡᠷ | ᠣᠷᠣᠨ ᠤ ᠪᠠᠨ ᠪᠦᠳᠦᠭᠡᠨ ᠪᠠᠶᠢᠭᠤᠯᠤᠭᠴᠢ ᠪᠠ ᠰᠠᠬᠢᠨ ᠬᠠᠮᠠᠭᠠᠯᠠᠭᠴᠢ ᠪᠣᠯᠭᠠᠨ᠎ᠠ᠃ | ︵ᠭᠤᠷᠪᠠ︶ ᠪᠣᠬᠢᠷᠲᠤᠯ ᠥᠬᠡᠶ ᠬᠦᠭᠵᠢᠯᠲᠡ ᠶᠢ ᠬᠠᠮᠲᠤᠪᠠᠷ ᠪᠠᠶᠢᠭᠤᠯᠬᠤ ᠶᠢ ᠪᠠᠷᠢᠮᠲᠠᠯᠠᠵᠤ᠂ ᠠᠮᠢ ᠠᠬᠤᠶ ᠶᠢᠨ ᠤᠷᠴᠢᠨ ᠲᠤᠭᠤᠷᠢᠨ ᠰᠢᠨ᠎ᠡ | ᠦᠭᠡᠷᠡᠴᠢᠯᠡᠯᠳᠡ ᠲᠠᠢ ᠪᠤᠯᠬᠤ ᠶᠢ ᠠᠬᠢᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠤᠰᠤ ᠮᠥᠨ︾ ᠭᠡᠬᠦ | ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠠᠭᠤᠷᠬᠠᠶ ᠶᠢᠨ ᠤᠷᠤᠨ ᠤ ᠶᠡᠷᠤᠩᠬᠡᠶᠢᠯᠡᠭᠰᠡᠨ ᠴᠡᠭᠴᠡᠯᠡᠨ ᠵᠠᠰᠠᠯᠲᠠ ᠶᠢ ᠶᠡᠬᠡᠪᠡᠷ ᠠᠬᠢᠭᠤᠯᠵᠤ᠂ | ᠠᠭᠤᠷᠬᠠᠶ ᠶᠢᠨ ᠤᠷᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠪᠠ ᠠᠭᠤᠷᠬᠠᠢ ᠶᠢᠨ ᠬᠠᠶᠠᠭᠳᠠᠮᠠᠯ ᠭᠠᠵᠠᠷ ᠢ ᠳᠠᠬᠢᠨ ᠬᠠᠭᠠᠯᠪᠤᠷᠢᠯᠠᠨ | ᠠᠰᠢᠭᠯᠠᠬᠤ ᠶᠢ ᠲᠦᠷᠭᠡᠳᠬᠡᠨ᠎ᠡ᠃ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠬᠦᠯᠬᠦ ᠶᠢ ᠨᠠᠶᠢᠳᠠᠪᠤᠷᠢᠵᠢᠭᠤᠯᠵᠤ᠂ ᠤᠰᠤᠨ ᠤ | ᠡᠬᠢ ᠪᠠᠶᠠᠯᠢᠭ ᠢ ᠬᠠᠮᠠᠭᠠᠯᠠᠬᠤ᠂ ᠤᠰᠤᠨ ᠤ ᠠᠮᠢ ᠠᠬᠤᠶ ᠶᠢ ᠰᠡᠷᠭᠦᠭᠡᠬᠦ᠂ ᠤᠰᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠬᠦᠯᠵᠢᠯᠡᠨ | ᠴᠢᠩᠭᠠᠳᠬᠠᠨ᠎ᠠ᠃ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠷᠠᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠶᠡᠬᠡᠪᠡᠷ ᠠᠬᠢᠭᠤᠯᠵᠤ᠂ ᠠᠵᠤ ᠠᠬᠤᠶ ᠶᠢᠨ | ᠣᠶ ᠮᠤᠳᠤ ᠳᠠᠷᠢᠬᠤ ᠲᠠᠯᠠᠪᠠᠶ ᠶᠢ ᠪᠠᠬᠢᠵᠢᠭᠦᠯᠦᠨ ᠥᠷᠭᠡᠳᠬᠡᠨ᠎ᠡ᠃ ᠲᠠᠷᠢᠶᠠᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ | ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠦᠨᠡᠨ ᠬᠦ | ᠠᠬᠢᠭᠤᠯᠤᠨ᠎ᠠ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠲᠦᠷᠢᠮ ᠤᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ | ᠪᠠ ᠦᠢᠯᠡᠳᠪᠦᠷᠢᠯᠡᠯ ᠤᠨ ᠴᠢᠳᠠᠮᠵᠢ ᠶᠢ ᠳᠡᠭᠡᠭᠰᠢᠯᠡᠭᠦᠯᠦᠨ᠎ᠡ᠃ ᠰᠢᠲᠠᠭᠠᠯᠭ᠎ᠠ ᠶᠢᠨ ᠨᠡᠭᠦᠷᠡᠰᠦ ᠶᠢ ᠬᠠᠮᠢᠶᠠᠷᠤᠨ ᠡᠵᠡᠮᠳᠡᠬᠦ᠂ ᠵᠠᠳᠠᠭᠠᠢ ᠨᠡᠭᠦᠷᠡᠰᠦᠨ ᠤ ᠪᠣᠬᠢᠷᠲᠤᠯ᠂ | ᠤᠳᠤᠭ᠎ᠠ ᠲᠣᠭᠤᠰᠣ ᠶᠢᠨ ᠪᠣᠬᠢᠷᠲᠤᠯ ᠢ ᠵᠠᠰᠠᠬᠤ ᠬᠦᠴᠦᠨ ᠢᠶᠠᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ | ᠲᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠨ᠎ᠠ᠃ ᠪᠦᠬᠦ ᠠᠷᠠᠳ ᠤᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠦ ᠠᠵᠢᠯᠯᠠᠭ᠎ᠠ ᠶᠢ ᠶᠡᠬᠡᠪᠡᠷ ᠠᠬᠢᠭᠤᠯᠵᠤ᠂ | ᠪᠣᠬᠢᠷᠲᠤᠯ ᠦᠭᠡᠢ ᠠᠮᠢᠳᠤᠷᠠᠯ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠳᠥᠭᠦᠮ ᠪᠥᠭᠡᠳ ᠲᠤᠬᠢᠯᠢᠭ᠂ ᠲᠤᠤᠷ᠎ᠠ ᠨᠡᠭᠦᠷᠡᠰᠦᠲᠥ᠋ᠷᠥᠭᠴᠢᠳᠦ | ᠪᠣᠬᠢᠷᠲᠤᠯ ᠦᠭᠡᠢ ᠠᠮᠢᠳᠤᠷᠠᠯ ᠤᠨ ᠣᠶᠢᠯᠠᠭᠠᠭᠳᠠᠬᠤᠨ ᠪᠠ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ ᠳᠡᠯᠭᠡᠷᠡᠭᠦᠯᠵᠦ᠂ ᠪᠦᠬᠦ ᠠᠷᠠᠳ ᠤᠨ ᠠᠮᠢ ᠠᠬᠤᠶ ᠶᠢᠨ | ᠪᠣᠯᠪᠠᠰᠤᠨ ᠤ ᠤᠬᠠᠮᠰᠠᠷ ᠢ ᠴᠢᠩᠭᠠᠳᠬᠠᠨ᠎ᠠ᠃ | ︵ᠲᠦᠷᠪᠡ︶ ᠨᠡᠭᠡᠭᠡᠯᠳᠡ ᠬᠢᠵᠦ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠠᠯᠬᠤᠴᠠ ᠶᠢ ᠠᠬᠢᠭᠤᠯᠤᠨ᠎ᠠ᠃ | ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠵᠤ᠂ ᠤᠯᠤᠰ ᠤᠨ ᠳᠣᠲᠣᠭᠠᠳᠤ ᠶᠢᠨ ᠪᠠ ᠤᠯᠠᠨ ᠤᠯᠤᠰ ᠤᠨ ᠬᠤᠣᠰ ᠣᠷᠴᠢᠯ | ᠬᠠᠷᠢᠯᠴᠠᠨ ᠠᠬᠢᠭᠤᠯᠤᠯᠴᠠᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠥᠪᠡᠷᠮᠢᠴᠡ ᠣᠷᠣᠨ ᠪᠠᠶᠢᠷᠢ ᠶᠢᠨ | ᠳᠠᠪᠠᠭᠤᠯᠢᠭ ᠲᠤ ᠪᠠᠨ ᠰᠠᠭᠤᠷᠢᠯᠠᠨ᠂ ᠡᠨᠧᠷᠭᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ᠂ ᠦᠨᠳᠦᠰᠦᠲᠡᠨ ᠤ ᠰᠣᠶᠣᠯ᠂ ᠵᠢᠭᠤᠯᠴᠢᠯᠠᠯ ᠵᠡᠷᠭᠡ ᠠᠵᠤ | ᠦᠢᠯᠡᠰ ᠤᠨ ᠬᠦᠷᠢᠶ᠎ᠡ ᠴᠠᠷᠠᠭᠠᠨ ᠳᠤ ᠲᠥᠪᠯᠡᠷᠡᠭᠦᠯᠵᠦ᠂ ᠭᠠᠳᠠᠭᠠᠳᠤ ᠨᠡᠭᠡᠭᠡᠯᠳᠡ ᠶᠢᠨ ᠰᠢᠨ᠎ᠡ ᠣᠷᠣᠨ ᠵᠠᠢ ᠶᠢ ᠤᠨᠤᠪᠴᠢᠲᠠᠢ ᠥᠷᠭᠡᠳᠬᠡᠨ᠎ᠡ᠃ ᠭᠠᠭᠴᠠᠮᠤᠳᠤ ᠬᠢᠯᠢ | ᠶᠢᠨ ᠪᠣᠭᠤᠮᠲᠠ ᠯᠤᠭ᠎ᠠ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠴᠢᠯᠦᠭᠡᠲᠡᠢ ᠶᠠᠪᠤᠯᠴᠠᠬᠤ | ᠶᠢᠨ ᠲᠤᠷᠰᠢᠯᠲᠠ ᠶᠢᠨ ᠣᠷᠣᠨ ᠪᠠ ᠲᠡᠮᠦᠷ ᠵᠠᠮ ᠤᠨ ᠬᠢᠯᠢ ᠶᠢᠨ ᠪᠣᠭᠤᠮᠲᠠ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠪᠠᠷᠠᠭᠠᠨ ᠤ ᠬᠦᠢᠯᠭᠡᠭᠡᠨ ᠤ | ᠬᠦᠢᠰᠦ ᠵᠡᠷᠭᠡ ᠲᠥᠷᠥᠯ ᠵᠦᠢᠯ ᠢ ᠲᠦᠷᠭᠡᠳᠭᠡᠨ ᠠᠬᠢᠭᠤᠯᠵᠤ᠂ ᠮᠣᠩᠭᠤᠯ ᠤᠯᠤᠰ ᠯᠤᠭ᠎ᠠ ᠶᠢᠨ ᠰᠠᠭᠤᠷᠢ ᠲᠦᠬᠦᠭᠡᠷᠦᠮᠵᠢ ᠶᠢᠨ ᠲᠠᠯ᠎ᠠ ᠪᠠᠷ ᠬᠢ ᠬᠠᠷᠢᠯᠴᠠᠭ᠎ᠠ | ᠰᠤᠯᠢᠯᠴᠠᠭ᠎ᠠ ᠪᠠ ᠬᠥᠮᠦᠨ ᠨᠡᠶᠢᠭᠡᠮ ᠤᠨ ᠲᠠᠯ᠎ᠠ ᠪᠠᠷ ᠬᠢ ᠬᠠᠷᠢᠯᠴᠠᠭ᠎ᠠ ᠰᠤᠯᠢᠯᠴᠠᠭ᠎ᠠ ᠶᠢ ᠴᠢᠩᠭᠠᠳᠬᠠᠵᠤ᠂ ︽ᠨᠠᠷᠮᠠᠶ ᠪᠣᠭᠤᠮᠲᠠ ᠶᠢᠨ ᠠᠵᠤ ᠠᠬᠤᠶ︾ ᠪᠤᠯᠤᠨ ︽ | ᠬᠢᠯᠢ ᠶᠢᠨ ᠪᠤᠭᠤᠮᠲᠠ ᠪᠠ ᠲᠤᠳᠤᠷ ᠭᠠᠵᠠᠷ︾ ᠤᠨ ᠬᠠᠮᠳᠤᠷᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠥᠨᠳᠥᠷ ᠬᠢᠷᠢ ᠲᠦᠪᠰᠢᠨ ᠢᠶᠠᠷ ᠮᠣᠩᠭᠤᠯ ᠤᠯᠤᠰ | ᠲᠤ ᠨᠡᠭᠡᠭᠡᠯᠲᠡ ᠬᠢᠬᠦ ᠪᠠᠬᠢᠯᠡᠯᠲᠡ ᠪᠠᠨ ᠰᠠᠶᠢᠲᠤᠷ ᠪᠠᠶᠢᠭᠤᠯᠤᠨ᠎ᠠ᠃ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ | ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠣᠯᠤᠨ ᠬᠥᠬᠡᠬᠤᠲᠠ ᠪᠤᠭᠤᠲᠤ ᠤᠷᠳᠤᠰ ᠲᠡᠮᠡᠭᠡᠳᠦ ᠵᠡᠷᠭᠡ ᠬᠤᠳᠠ ᠶᠢᠨ ᠪᠦᠯᠦᠭᠵᠢᠯ ᠤᠨ | ᠬᠥᠭᠵᠢᠯᠲᠡ ᠳᠤ ᠲᠥᠪᠯᠡᠷᠡᠭᠦᠯᠵᠦ᠂ ᠴᠡᠪᠡᠷ ᠡᠨᠧᠷᠭᠢ ᠶᠢᠨ ᠵᠢᠱᠢᠶ᠎ᠡ ᠦᠵᠡᠬᠦᠯᠬᠦ᠂ ᠠᠵᠤ ᠦᠢᠯᠡᠰᠵᠢᠯᠲᠡ ᠶᠢᠨ ᠬᠡᠷᠡᠭᠯᠡᠭᠡ ᠵᠡᠷᠭᠡ ᠲᠠᠪᠴᠠᠩ ᠤᠨ ᠰᠠᠭᠤᠷᠢᠨ ᠭᠠᠵᠠᠷ ᠢ | ᠴᠢᠩᠭ᠎ᠠ ᠠᠩᠬᠠᠷᠴᠤ᠂ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠵᠠᠬ᠎ᠠ ᠳᠡᠯᠭᠡᠭᠦᠷ ᠤᠨ | ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠷᠢᠭ᠎ᠠ ᠥᠬᠡᠶ ᠪᠣᠯ ᠳᠠᠷᠤᠶ | ᠤᠷᠤᠵᠤ ᠪᠤᠯᠬᠤ︾ ᠶᠢ ᠨᠡᠶᠢᠳᠡᠮ ᠬᠡᠷᠡᠭᠵᠢᠭᠦᠯᠬᠦ ᠶᠢ ᠠᠬᠢᠭᠤᠯᠵᠤ᠂ ᠭᠠᠶᠢᠯᠢ ᠰᠦᠢᠳᠭᠡᠯ ᠢ ᠬᠥᠩᠭᠡᠷᠡᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠮᠢ | ᠠᠬᠤᠶ ᠶᠢᠨ ᠪᠣᠯᠪᠠᠰᠤᠨ᠂ ᠮᠠᠯᠵᠢᠬᠤ ᠲᠠᠷᠢᠶᠠᠯᠠᠬᠤ ᠣᠷᠣᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠵᠦᠢᠯ ᠤᠨ ᠴᠢᠨᠠᠷ ᠰᠠᠶᠢᠲᠠᠶ | ᠬᠥᠭᠵᠢᠯᠲᠡ ᠶᠢ ᠲᠤᠯᠭᠠᠭᠤᠷᠢᠯᠠᠬᠤ ᠦᠢᠯᠡᠳᠦᠯ ᠪᠠ ᠴᠢᠳᠠᠪᠤᠷᠢ ᠶᠢ ᠨᠠᠩ ᠲᠣᠪᠤᠶᠢᠮ᠎ᠠ ᠪᠣᠯᠭᠠᠨ᠎ᠠ᠃ | ︵ᠲᠠᠪᠤ︶ ᠠᠷᠠᠳ ᠤᠨ ᠠᠮᠢᠳᠤᠷᠠᠯ ᠤᠨ ᠬᠠᠮᠲᠤ ᠪᠠᠷ ᠡᠳ᠋ᠯᠡᠬᠦ ᠶᠢ ᠪᠠᠷᠢᠮᠲᠠᠯᠠᠵᠤ᠂ ᠨᠡᠶᠢᠭᠡᠮ ᠤᠨ ᠠᠵᠢᠯ ᠦᠢᠯᠡᠰ ᠤᠨ ᠰᠢᠨ᠎ᠡ ᠬᠢᠷᠢ ᠲᠦᠪᠰᠢᠨ ᠳᠤ ᠬᠦᠷᠬᠦ ᠶᠢ | ᠠᠬᠢᠭᠤᠯᠤᠨ᠎ᠠ᠃ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠬᠦᠯᠵᠤ᠂ ᠠᠵᠢᠯ ᠣᠯᠭᠤᠯᠲᠠ ᠶᠢ | ᠲᠡᠷᠢᠬᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠪᠠᠶᠢᠳᠠᠯ ᠳᠤ ᠦᠵᠡᠭᠦᠯᠬᠦ | ᠳᠡᠮᠵᠢᠯᠭᠡ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ | ᠬᠦᠮᠦᠰ ᠤᠨ ᠠᠵᠢᠯ ᠤᠯᠭᠤᠯᠲᠠ ᠦᠢᠯᠡᠰ ᠪᠤᠰᠬᠠᠬᠤ ᠦᠢᠯᠡᠴᠢᠯᠡᠭᠡ ᠶᠢ ᠲᠣᠪᠤᠶᠢᠮ᠎ᠠ ᠰᠠᠶᠢᠲᠤᠷ ᠠᠳᠬᠤᠵᠤ᠂ ᠠᠵᠢᠯ ᠤᠯᠭᠤᠵᠤ ᠦᠢᠯᠡᠰ ᠪᠤᠰᠬᠠᠬᠤ ᠣᠯᠠᠨ | ᠨᠡᠶᠢᠲᠡ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ | ᠳᠤ ᠪᠠᠨ ᠲᠡᠩᠴᠡᠭᠦᠷᠢᠲᠡᠶ ᠪᠠᠶᠢᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠪᠠᠷᠢᠮᠵᠢᠶᠠᠵᠢᠭᠰᠠᠨ ᠪᠠᠶᠢᠭᠤᠯᠤᠯᠲᠠ ᠶᠢ ᠴᠢᠩᠭᠠᠳᠬᠠᠨ᠂ ︽ᠳᠥᠷᠪᠡᠨ ᠤᠯᠠᠮ︾ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠪᠦᠬᠦ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠳᠦ ᠬᠦᠭᠵᠢᠯᠲᠡ ᠶᠢᠨ ᠵᠢᠱᠢᠶᠡᠴᠢ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ ᠲᠦᠭᠡᠮᠡᠯ ᠬᠠᠷᠠᠭᠠᠯᠵᠠᠯ | ᠦᠵᠡᠭᠦᠯᠬᠦ ᠬᠡᠯᠪᠡᠷᠢ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ | ᠨᠡᠮᠡᠭᠳᠡᠭᠦᠯᠵᠦ᠂ ᠥᠨᠳᠥᠷ ᠬᠢᠷᠢ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠲᠦᠷᠭᠡᠳᠭᠡᠨ ᠬᠦᠮᠦᠵᠢᠬᠦᠯᠦᠨ᠎ᠡ᠃ ᠨᠠᠰᠤᠲᠠᠶᠢᠴᠤᠳ ᠤᠨ ᠰᠤᠷᠭᠠᠨ ᠬᠥᠮᠦᠵᠢᠯ ᠤᠨ | ᠰᠤᠷᠭᠠᠭᠤᠯᠢ ᠡᠷᠭᠢᠯᠡᠬᠦ ᠵᠠᠭᠪᠤᠷ ᠤᠨ ᠰᠢᠨ᠎ᠡ ᠶᠢ ᠡᠭᠦᠳᠴᠦ᠂ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠤᠨ᠎ᠠ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠬᠢᠨᠠᠨ ᠬᠡᠮᠵᠢᠯᠲᠡ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ | ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠡᠮᠴᠢᠯᠡᠭᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠲᠡᠩᠴᠡᠭᠦᠷᠢᠲᠡᠶ ᠪᠠᠶᠢᠷᠢᠯᠠᠭᠤᠯᠬᠤ ᠶᠢ ᠠᠬᠢᠭᠤᠯᠵᠤ᠂ ᠡᠮᠴᠢᠯᠡᠭᠡᠨ ᠤ ᠶᠠᠰᠤ | ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠦᠷᠭᠦᠯᠵᠢᠯᠡᠨ ᠥᠷᠨᠢᠭᠦᠯᠵᠦ᠂ | ︽ᠡᠷᠡᠭᠦᠯ ᠡᠩᠬᠡ ᠤᠷᠠᠳ ᠤᠨ ᠳᠤᠮᠳᠠᠳᠤ ᠬᠤᠰᠢᠭᠤ︾ ᠶᠢᠨ ᠠᠵᠢᠯᠯᠠᠭ᠎ᠠ ᠶᠢ ᠭᠦᠨᠵᠡᠭᠡᠶ ᠠᠬᠢᠭᠤᠯᠤᠨ᠂ ᠪᠥᠬᠦ ᠠᠷᠠᠳ ᠢᠶᠠᠷ ᠢᠶᠠᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠤ ᠶᠢ ᠬᠠᠷᠢᠯᠴᠠᠨ ᠠᠭᠤᠰᠤᠯᠴᠠᠭᠤᠯᠬᠤ ᠶᠢ ᠢᠳᠡᠪᠬᠢᠲᠡᠶ ᠠᠬᠢᠭᠤᠯᠵᠤ᠂ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ | ᠰᠠᠶᠢᠲᠤᠷ ᠠᠳᠬᠤᠵᠤ᠂ ᠶᠠᠰᠤ ᠴᠢᠨᠠᠷ ᠤᠨ ᠠᠵᠢᠯ ᠪᠣᠯᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠲᠠᠰᠤᠷᠠᠯᠳᠠ ᠥᠭᠡᠢ ᠴᠢᠩᠭᠠᠳᠬᠠᠨ᠎ᠠ᠃ ︽ᠬᠤᠨ ᠭᠠᠯᠠᠭᠤᠨ | ᠨᠤᠳᠤᠭ︾ ᠭᠡᠬᠦ ᠭᠤᠤᠯ ᠰᠡᠳᠦᠪᠲᠦ ᠨᠠᠷᠠᠲᠤ ᠲᠦᠷᠦᠯ ᠲᠡᠮᠳᠡᠭᠲᠦ ᠶᠢᠨ ᠤᠶᠢᠯᠠᠭᠠᠭᠳᠠᠬᠤᠨ ᠢ ᠪᠣᠶ ᠪᠣᠯᠭᠠᠵᠤ᠂ ᠨᠠᠷᠠᠲᠤ ᠲᠦᠷᠦᠯ ᠲᠡᠮᠳᠡᠭᠲᠦ ᠶᠢ ᠤᠬᠠᠭᠤᠯᠵᠤ | ᠡᠵᠡᠩᠨᠡᠨ ᠪᠣᠷᠣᠯᠠᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ︽ᠲᠠᠷᠢᠶᠠᠯᠠᠩ ᠮᠠᠯ ᠠᠵᠤ ᠠᠬᠤᠶ᠂ ᠦᠢᠯᠡᠳᠬᠦ ᠦᠢᠯᠡᠰ᠂ ᠰᠣᠶᠣᠯ ᠵᠢᠭᠤᠯᠴᠢᠯᠠᠯ᠂ | ᠦᠢᠯᠡᠴᠢᠯᠡᠭᠡ︾ ᠭᠡᠬᠦ ᠳᠥᠷᠪᠡᠨ ᠶᠡᠭᠡ ᠰᠢᠷᠢᠰ ᠨᠠᠷᠠᠲᠤ ᠲᠦᠷᠦᠯ ᠲᠡᠮᠳᠡᠭᠲᠦ ᠶᠢ ᠨᠡᠭᠡᠭᠡᠨ ᠬᠥᠭᠵᠢᠭᠦᠯᠵᠦ᠂ ᠨᠠᠷᠠᠲᠤ ᠲᠦᠷᠦᠯ ᠲᠡᠮᠳᠡᠭᠲᠦ ᠶᠢ ᠤᠷᠠᠳ ᠤᠨ ᠳᠤᠮᠳᠠᠳᠤ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠬᠦᠴᠦᠨ ᠪᠣᠯᠭᠠᠨ᠎ᠠ᠃ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ | ᠡᠮᠨᠡᠯᠭᠡ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠤᠶᠠᠷ ᠢ ᠬᠦᠷᠢᠶᠡᠯᠡᠬᠦ ᠬᠠᠷᠠᠭᠠᠯᠵᠠᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠬᠦᠯᠦᠨ᠎ᠡ᠃ ᠬᠤᠲᠠ | ᠪᠠᠯᠭᠠᠰᠤ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠨᠤᠭ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠳᠤ ᠳᠣᠭᠢᠷᠠᠬᠤ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠂ ᠣᠶᠤᠨᠳᠤ ᠨᠠᠰᠤᠵᠢᠯ ᠤᠨ | ᠠᠰᠠᠷᠠᠮᠵᠢ ᠶᠢᠨ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠰᠠᠷᠠᠨ ᠰᠤᠪᠢᠯᠠᠬᠤ ᠴᠢᠳᠠᠪᠤᠷᠢ ᠶᠢ | ᠲᠡᠭᠡᠭᠰᠢᠯᠡᠬᠦᠯᠦᠨ᠎ᠡ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ | ᠵᠠᠰᠠᠯᠲᠠ ᠶᠢᠨ ᠲᠥᠪ ᠤᠨ ᠦᠨᠳᠦᠰᠦᠨ ᠱᠠᠲᠤ ᠳᠠᠰᠢ ᠰᠢᠯᠵᠢᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠮᠢᠵᠢᠷᠠᠯ ᠤᠨ | ᠬᠦᠴᠦᠨ ᠢ ᠪᠦᠬᠦ ᠲᠠᠯ᠎ᠠ ᠪᠠᠷ ᠬᠦᠭᠵᠢᠭᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ | ᠡᠷᠬᠢᠮ ᠳᠡᠭᠡᠳᠦ ᠢᠷᠠᠭᠤ ᠠᠯᠳᠠᠷ ᠢᠶᠠᠨ ᠢᠮᠠᠭᠲᠠ ᠰᠠᠶᠢᠲᠤᠷ ᠬᠠᠮᠠᠭᠠᠯᠠᠨ᠎ᠠ᠃ | ᠲᠥᠯᠥᠭᠡᠯᠡᠭᠴᠢᠳ ᠡ᠂ ᠰᠢᠨ᠎ᠡ ᠠᠶᠠᠨ ᠵᠠᠮ ᠳᠤ ᠪᠠᠨ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠵᠦ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ | ᠪᠡᠶᠡᠯᠡᠬᠦᠯᠦᠶ᠎ᠡ᠂ ᠪᠢᠳᠡ ᠰᠠᠨᠠᠭᠠᠴᠢᠯᠠᠭᠠᠲᠤ ᠤᠬᠠᠮᠰᠠᠷ᠂ ᠥᠷᠢᠰᠥᠯᠳᠦᠭᠡᠨ ᠤ ᠤᠬᠠᠮᠰᠠᠷ ᠪᠠ ᠲᠡᠷᠢᠬᠦᠨ ᠡᠩᠨᠡᠭᠡᠨ ᠤ ᠤᠬᠠᠮᠰᠠᠷ ᠢᠶᠠᠨ ᠴᠢᠩᠭᠠᠳᠬᠠᠵᠤ᠂ ᠡᠷᠴᠢ ᠵᠣᠷᠢᠭ | ᠢᠶᠠᠨ ᠪᠥᠬᠦ ᠲᠠᠯ᠎ᠠ ᠪᠠᠷ ᠬᠥᠪᠴᠢᠯᠡᠨ᠂ ᠤᠷᠮ᠎ᠠ ᠵᠣᠷᠢᠭ ᠢᠶᠠᠨ ᠬᠥᠭᠵᠢᠭᠡᠵᠦ᠂ ᠵᠣᠷᠢᠭᠲᠠᠶ ᠪᠠᠷ ᠴᠢᠷᠮᠠᠶᠢᠨ ᠲᠡᠮᠡᠴᠡᠬᠦ ᠰᠥᠰᠥ ᠵᠣᠷᠢᠭ ᠪᠠ ᠬᠠᠲᠠᠨ ᠵᠣᠷᠢᠭ ᠢᠶᠠᠷ ᠵᠠᠮ | ᠨᠡᠭᠡᠭᠡᠨ ᠰᠢᠨ᠎ᠡ ᠶᠢ ᠡᠭᠦᠳᠴᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠤᠷᠠᠳ ᠤᠨ ᠳᠤᠮᠳᠠᠳᠤ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠦᠢᠯᠡᠰ ᠢ ᠲᠦᠯᠬᠢᠨ ᠤᠷᠤᠭᠰᠢᠯᠠᠭᠤᠯᠤᠶ᠎ᠠ᠃ | ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠷᠡᠮᠡᠬᠡᠶᠢᠯᠡᠨ ᠴᠢᠷᠮᠠᠶᠢᠵᠤ ᠪᠠᠳᠤ ᠰᠠᠭᠤᠷᠢ ᠲᠠᠯᠪᠢᠬᠤ᠂ ᠬᠦᠴᠦᠨ ᠵᠠᠯᠭᠠᠵᠤ | ᠤᠷᠤᠭᠰᠢᠯᠠᠨ ᠲᠡᠮᠡᠴᠡᠬᠦ ᠡᠬᠢᠯᠡᠯᠲᠡ ᠶᠢᠨ ᠨᠢᠭᠡ ᠵᠢᠯ ᠪᠤᠯᠤᠨ᠎ᠠ᠂ ᠪᠦᠬᠦ ᠵᠢᠯ ᠤᠨ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠪᠡᠶᠡᠯᠡᠬᠦᠯᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠪᠢᠳᠡ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ | ᠪᠦᠬᠦᠳᠡ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠥᠨᠳᠥᠷ ᠪᠠᠷᠢᠮᠵᠢᠶ᠎ᠠ ᠪᠠᠷ ᠮᠠᠩᠯᠠᠢ ᠳᠤ ᠭᠠᠷᠬᠤ ᠪᠠᠷ ᠴᠢᠷᠮᠠᠶᠢᠵᠤ᠂ ᠤᠳᠠᠭᠠᠨ ᠲᠠᠭᠠᠮᠠᠭᠠᠢ ᠪᠠᠷ | ᠨᠠᠶᠢᠳᠠᠪᠤᠷᠢᠵᠢᠭᠤᠯᠤᠯᠲᠠ ᠶᠢ ᠠᠳᠬᠤᠨ᠂ ᠦᠨᠡᠨ ᠪᠣᠳᠠᠲᠠᠶ ᠪᠠᠷ ᠠᠵᠢᠯᠯᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠢᠶᠠᠷ ᠨᠡᠮᠡᠭᠳᠡᠭᠦᠯᠵᠦ᠂ ᠬᠤᠳᠠ | ᠪᠠᠯᠭᠠᠰᠤᠨ ᠤ ᠰᠢᠨ᠎ᠡ ᠪᠠᠷ ᠠᠵᠢᠯ ᠣᠯᠭᠤᠬᠤ ᠬᠦᠮᠦᠨ ᠤ ᠲᠤᠭ᠎ᠠ ᠶᠢ 700 ᠠᠴᠠ ᠲᠡᠭᠡᠷ᠎ᠡ ᠪᠤᠯᠭᠠᠵᠤ᠂ ᠬᠤᠳᠠ ᠪᠠᠯᠭᠠᠰᠤᠨ ᠤ ᠠᠵᠢᠯ ᠠᠯᠳᠠᠭᠰᠠᠳ ᠤᠨ | ᠳᠠᠩᠰᠠᠯᠠᠭᠤᠯᠤᠭᠰᠠᠨ ᠨᠤᠷᠮ᠎ᠠ ᠶᠢ 5% ᠠᠴᠠ ᠲᠤᠤᠷ᠎ᠠ ᠪᠠᠶᠢᠯᠭᠠᠬᠤ ᠪᠠᠷ ᠬᠢᠵᠠᠭᠠᠷᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠪᠠᠶᠢᠯᠭᠠᠵᠤ᠂ ᠳᠡᠭᠡᠳᠦ ᠱᠠᠲᠤᠨ ᠤ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠢ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠳᠠᠳᠤ ᠡᠭᠦᠷᠭᠡ ᠶᠢ ᠪᠡᠶᠡᠯᠡᠭᠦᠯᠦᠨ᠎ᠡ᠃ | ᠪᠦᠬᠦ ᠵᠢᠯ ᠳᠤ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠵᠤ ᠦᠢᠯᠡᠰ ᠤᠨ ᠬᠥᠭᠵᠢᠯᠲᠡ ᠶᠢ ᠦᠨᠳᠦᠷ ᠴᠢᠨᠠᠷᠳᠠᠢ ᠪᠠᠷ ᠰᠠᠶᠢᠲᠤᠷ ᠠᠳᠬᠤᠨ᠎ᠠ᠃ ᠭᠤᠣᠯ ᠰᠡᠳᠦᠪ ᠭᠤᠣᠯ ᠰᠢᠵᠢᠮ ᠲᠠᠢ ᠨᠢᠭᠲᠠ | ᠤᠶᠠᠯᠳᠤᠭᠤᠯᠤᠨ᠂ ᠠᠵᠤ ᠦᠢᠯᠡᠰ ᠤᠨ ᠲᠥᠪᠯᠡᠷᠡᠯ ᠢ ᠲᠦᠷᠭᠡᠳᠬᠡᠬᠦ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠦᠴᠦᠯᠡᠬᠦ ᠴᠡᠭ ᠪᠣᠯᠭᠠᠵᠤ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠵᠡᠷᠭᠡᠪᠡᠷ ᠬᠥᠭᠵᠢᠭᠦᠯᠬᠦ ᠶᠢ ᠪᠠᠷᠢᠮᠲᠠᠯᠠᠨ᠂ ᠠᠵᠤ ᠦᠢᠯᠡᠰ ᠤᠨ ᠠᠭᠤᠰᠤᠯᠴᠠᠯ ᠤᠨ ᠠᠬᠢᠴᠠ ᠶᠢ | ᠲᠦᠷᠭᠡᠳᠬᠡᠨ᠂ ᠬᠤᠰᠢᠭᠤᠨ ᠤ ᠭᠡᠪᠴᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠳᠤᠮᠳᠠᠬᠢ ︽ᠲᠤᠯᠭᠠᠭᠤᠷᠢ ᠤᠨ ᠰᠠᠭᠤᠷᠢ ᠴᠢᠯᠠᠭᠤ︾ ᠶᠢᠨ | ᠦᠢᠯᠡᠳᠦᠯ ᠢ ᠯᠠᠪᠳᠠᠭᠤᠨ ᠢᠶᠠᠷ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ | ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠪᠣᠬᠢᠷᠲᠤᠯ ᠥᠬᠡᠶ ᠣᠷᠭᠠᠨᠢᠭ ᠦᠨᠳᠦᠷ ᠲᠠᠰ ᠤᠨ | ᠮᠠᠯ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠤ ᠦᠢᠯᠡᠴᠢᠯᠡᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ | ᠠᠮᠤ ᠪᠤᠳᠠᠭ᠎ᠠ ᠶᠢ ᠪᠠᠳᠤᠯᠠᠬᠤ ᠳᠤ ᠭᠠᠵᠠᠷ ᠰᠢᠷᠣᠶ ᠳᠤ ᠲᠦᠰᠢᠭᠯᠡᠵᠤ ᠠᠮᠤ ᠪᠤᠳᠠᠭ᠎ᠠ ᠶᠢ ᠪᠠᠳᠤᠯᠠᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠬᠦ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | 30 ᠲᠦᠮᠡᠨ ᠮᠥ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠢᠯ ᠢ ᠬᠡᠷᠡᠭᠵᠢᠭᠦᠯᠦᠨ᠂ ᠦᠵᠦᠬᠦᠷ ᠭᠤᠤᠯ ᠪᠠᠯᠭᠠᠰᠤᠨ ᠤ ᠯᠢᠶᠠᠨ ᠹᠧᠩ ᠲᠠᠷᠢᠶᠠᠯᠠᠩ | ᠬᠦᠷᠢᠶᠡᠯᠡᠩ ᠤᠨ ᠶᠡᠷᠦᠩᠭᠡᠶᠢᠯᠡᠭᠰᠡᠨ ᠴᠤᠭᠴᠠ᠂ ᠲᠠᠯ ᠠᠭᠤᠯᠠ ᠪᠠᠯᠭᠠᠰᠤ ᠶᠢᠨ ︽ᠰᠢᠶᠠᠩ ᠲᠢᠶᠠᠨ ᠮᠤ᠋ ᠭᠧ︾ ᠲᠠᠷᠢᠶᠠᠯᠠᠩ ᠬᠦᠷᠢᠶᠡᠯᠡᠩ ᠤᠨ ᠶᠡᠷᠦᠩᠭᠡᠶᠢᠯᠡᠭᠰᠡᠨ | ᠴᠤᠭᠴᠠ ᠶᠢᠨ ᠲᠦᠷᠦᠯ ᠵᠦᠢᠯ ᠢ ᠲᠦᠷᠭᠡᠳᠭᠡᠨ ᠬᠡᠷᠡᠭᠵᠢᠬᠦᠯᠵᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ | ᠪᠠ ᠣᠳᠣᠬᠢᠴᠢᠯᠠᠯᠲᠠ ᠶᠢᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠦᠷᠭᠦᠯᠵᠢᠯᠡᠨ ᠠᠬᠢᠭᠤᠯᠤᠨ᠎ᠠ᠃ ᠲᠠᠷᠢᠵᠤ ᠲᠡᠵᠢᠭᠡᠨ ᠦᠷᠡᠵᠢᠬᠦᠯᠬᠦ ᠪᠦᠲᠦᠴᠡ ᠶᠢ ᠬᠦᠴᠦᠯᠡᠨ | ᠰᠢᠯᠢᠳᠡᠭᠵᠢᠭᠦᠯᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠮᠠᠯᠵᠢᠬᠤ | ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠦᠬᠡᠷ | ᠬᠤᠨᠢ ᠠᠳᠤᠭᠤᠨ ᠤ ᠦᠢᠯᠡᠰ ᠢ ᠪᠤᠵᠠᠭᠠᠶᠢᠷᠠᠭᠤᠯᠵᠤ᠂ ᠬᠤᠶᠠᠷ ᠪᠤᠭᠲᠠ ᠶᠢᠨ ᠴᠠᠭᠠᠨ ᠨᠣᠯᠤᠤᠷ ᠤᠨ ᠢᠮᠠᠭ᠎ᠠ᠂ ᠮᠤᠩᠭᠤᠯ ᠠᠳᠤᠭᠤᠨ ᠤ ᠠᠵᠤ ᠦᠢᠯᠡᠰᠵᠢᠯᠲᠡ ᠶᠢᠨ | ᠵᠢᠱᠢᠶ᠎ᠡ ᠦᠵᠡᠬᠦᠯᠬᠦ ᠬᠦᠷᠢᠶᠡᠯᠡᠩ᠂ ᠶᠣᠣ ᠴᠧᠨ ᠴᠢ ᠰᠢᠨ ᠺᠤᠮᠫᠠᠨᠢ ᠶᠢᠨ ᠪᠠᠷᠢᠮᠵᠢᠶᠠᠵᠢᠭᠤᠯᠤᠭᠰᠠᠨ ᠢᠳᠡᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ | ᠵᠡᠷᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠤᠭᠤᠳᠠᠢ᠂ ᠨᠡᠷᠡᠨ ᠬᠤᠸᠠᠷ ᠂ ᠡᠷᠳᠡᠨᠢ ᠰᠢᠰᠢ ᠵᠡᠷᠭᠡ ᠭᠤᠤᠯᠳᠠᠯᠭ᠎ᠠ ᠲᠠᠢ | ᠠᠵᠤ ᠦᠢᠯᠡᠰ ᠢ ᠴᠢᠨᠠᠷᠯᠢᠭ ᠰᠠᠶᠢᠳᠤᠷ ᠬᠢᠵᠤ᠂ ᠯᠣᠬᠠᠱᠧᠩ᠂ ᠯᠠᠵᠤᠤ᠂ ᠡᠯᠳᠡᠪ ᠵᠦᠢᠯ ᠤᠨ ᠠᠮᠤ ᠪᠤᠳᠠᠭ᠎ᠠ᠂ ᠤᠢ ᠮᠤᠳᠤ ᠵᠢᠮᠢᠰ᠂ ᠲᠡᠵᠢᠭᠡᠯ ᠡᠪᠡᠰᠦ ᠵᠡᠷᠭᠡ | ᠳᠠᠪᠠᠭᠤᠯᠢᠭ ᠤᠨᠴᠠᠯᠢᠭᠳᠤ ᠠᠵᠤ ᠦᠢᠯᠡᠰ ᠢ ᠨᠠᠷᠢᠯᠢᠭ ᠰᠠᠶᠢᠨ ᠬᠢᠵᠤ᠂ ᠭᠤᠤ ᠲᠠ ᠯᠢᠶᠠᠩ ᠲᠦᠭᠦᠬᠡᠢ ᠠᠮᠤ ᠶᠢ ᠬᠥᠮᠥᠷᠭᠡᠯᠡᠨ ᠬᠠᠳᠠᠭᠠᠯᠠᠬᠤ᠂ ᠢ ᠹᠧᠩ | ᠲᠠᠷᠢᠶᠠᠴᠢᠳ ᠲᠤ ᠠᠰᠢᠭ ᠬᠦᠷᠳᠡᠭᠡᠬᠦ ᠢᠳᠡᠭᠡᠨ ᠳᠤ ᠬᠡᠷᠡᠭᠯᠡᠬᠦ ᠨᠠᠷᠠᠨ ᠬᠤᠸᠠᠷ ᠤᠨ ᠦᠷ᠎ᠡ ᠶᠢᠨ ᠨᠠᠷᠢᠯᠢᠭ ᠪᠤᠯᠪᠠᠰᠤᠷᠠᠭᠤᠯᠤᠯᠲᠠ ᠶᠢᠨ ᠲᠦᠷᠦᠯ ᠵᠦᠢᠯ ᠢ | ᠬᠡᠷᠡᠭᠵᠢᠭᠦᠯᠵᠦ᠂ ᠮᠧᠩ ᠼᠣᠣ ᠺᠣᠮᠫᠠᠨᠢ ᠶᠢᠨ ᠴᠢᠨᠠᠷ ᠰᠠᠶᠢᠲᠠᠶ ᠡᠪᠡᠰᠦ ᠪᠣᠷᠳᠤᠭ᠎ᠠ ᠶᠢ ᠲᠠᠷᠢᠵᠤ ᠤᠷᠭᠤᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠦᠯᠦᠯᠲᠡ ᠶᠢᠨ ᠲᠤᠯᠤᠭᠠᠶᠢᠯᠠᠭᠴᠢ ᠠᠵᠤ ᠠᠬᠤᠶᠢᠯᠠᠯ ᠢ ᠤᠷᠢᠨ ᠤᠷᠤᠭᠤᠯᠵᠤ ᠬᠥᠭᠵᠢᠭᠦᠯᠦᠨ | ᠪᠤᠵᠠᠭᠠᠶᠢᠷᠠᠭᠤᠯᠵᠤ᠂ ᠮᠠᠨ ᠤ ᠬᠤᠰᠢᠭᠤᠨ ᠤ ᠴᠠᠭᠠᠨ ᠢᠳᠡᠭᠡ ᠮᠢᠬ᠎ᠠ ᠲᠤᠰᠤ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠵᠡᠷᠭᠡ ᠡᠯ᠎ᠡ | ᠲᠥᠷᠥᠯ ᠤᠨ ᠪᠦᠲᠦᠭᠡᠭᠳᠡᠬᠦᠨ ᠤ ᠨᠠᠷᠢᠯᠢᠭ ᠪᠣᠯᠪᠠᠰᠤᠷᠠᠭᠤᠯᠤᠯᠳᠠ᠂ ᠶᠠᠰᠤ ᠴᠢᠨᠠᠷ ᠢ ᠳᠡᠭᠡᠭᠰᠢᠯᠡᠭᠦᠯᠬᠦ ᠦᠨ᠎ᠡ ᠦᠷᠳᠡᠭ ᠢ ᠥᠰᠬᠡᠬᠦ ᠶᠢ ᠠᠬᠢᠭᠤᠯᠤᠨ᠎ᠠ᠃ | ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠤ᠂ ᠰᠢᠨ᠎ᠡ ᠬᠡᠯᠪᠡᠷᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢ ᠬᠦᠴᠦᠯᠡᠨ ᠪᠤᠶᠢᠵᠢᠭᠤᠯᠵᠤ᠂ ᠮᠠᠯᠴᠢᠨ ᠲᠠᠷᠢᠶᠠᠴᠢᠨ ᠤ ᠲᠤᠰᠬᠠᠶᠢᠵᠢᠭᠰᠠᠨ ᠬᠤᠷᠰᠢᠶᠠᠵᠢᠯ ᠢ | ᠪᠤᠵᠠᠭᠠᠶᠢᠷᠠᠭᠤᠯᠬᠤ ᠶᠢ ᠲᠡᠳᠬᠦᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠤᠯᠪᠣᠭᠠᠲᠤ ᠴᠣᠭᠴᠠ ᠶᠢ ᠡᠬᠦᠳᠦᠨ ᠪᠠᠶᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠠ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ | ᠴᠢᠳᠠᠪᠤᠷᠢ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠠᠯᠵᠢᠬᠤ ᠲᠠᠷᠢᠶᠠᠯᠠᠬᠤ ᠣᠷᠣᠨ ᠤ ᠭᠤᠷᠪᠠᠨ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ 4᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠤᠷᠰᠢᠶᠠᠵᠢᠯ 10᠂ ᠬᠤᠲᠠ ᠶᠢᠨ ᠲᠠᠰ ᠤᠨ | ᠵᠢᠱᠢᠶ᠎ᠡ ᠦᠵᠡᠭᠦᠯᠬᠦ ᠬᠤᠷᠰᠢᠶᠠᠵᠢᠯ 32 ᠢ ᠪᠠᠶᠢᠭᠤᠯᠵᠤ᠂ ᠨᠢᠭᠲᠠᠷᠠᠯ ᠤᠨ ᠬᠡᠯᠪᠡᠷᠢ ᠶᠢᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠤᠨ᠎ᠠ᠃ | ᠴᠢᠨᠠᠷᠯᠢᠭ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷᠡᠳᠤ ᠲᠦᠷᠦᠯ ᠲᠡᠮᠳᠡᠭᠳᠤ ᠶᠢ ᠡᠵᠡᠩᠨᠡᠨ ᠪᠣᠷᠣᠯᠠᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠤᠤ ᠯᠢᠶᠠᠨ ᠹᠧᠩ ᠤᠨ ᠣᠷᠭᠠᠨᠢᠭ ᠪᠤᠭᠤᠳᠠᠶ | ᠂ ᠢ ᠲᠠᠩ ᠬᠤᠩ ᠯᠠᠵᠤᠤ ᠵᠡᠷᠭᠡ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ︽ᠲᠡᠭᠷᠢ ᠶᠢᠨ ᠬᠡᠰᠢᠭᠳᠦ ᠪᠣᠷᠣᠲᠣᠬᠤᠶ︾ ᠶᠢᠨ | ᠣᠷᠣᠨ ᠪᠦᠰᠡ ᠶᠢᠨ ᠨᠡᠶᠢᠳᠡ ᠶᠢᠨ ᠭᠡᠷᠡᠭᠯᠡᠭᠡᠨ ᠤ ᠨᠡᠷᠡᠳᠤ ᠲᠦᠷᠦᠯ ᠲᠡᠮᠳᠡᠭᠳᠤ ᠳᠤ ᠰᠤᠩᠭᠤᠨ ᠣᠷᠣᠭᠤᠯᠬᠤ ᠶᠢ ᠲᠦᠯᠬᠢᠨ ᠠᠬᠢᠭᠤᠯᠤᠨ᠎ᠠ᠃ | ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠳᠤᠮᠳᠠᠬᠢ ︽ᠲᠤᠯᠭᠠᠭᠤᠷᠢ︾ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠣᠳᠣ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠠᠭᠴᠠᠮᠤᠳᠤ ᠬᠢᠯᠢ ᠶᠢᠨ | ᠪᠣᠭᠤᠮᠲᠠ ᠯᠤᠭ᠎ᠠ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠤᠨ ᠪᠤᠯᠪᠠᠰᠤᠷᠠᠭᠤᠯᠤᠨ | ᠡᠳ᠋ᠰᠢᠭᠦᠯᠬᠦ ᠬᠠᠷᠢᠴᠠᠯ ᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠦᠬᠦᠭᠡᠢ ᠮᠠᠲ᠋ᠧᠷᠢᠶᠠᠯ ᠤᠨ | ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠂ ᠭᠥᠸᠧ ᠨᠧᠩ 120 ᠲᠦᠮᠡᠨ ᠲᠣᠨ ᠬᠠᠳᠠᠭᠤᠷᠠᠭᠤᠯᠤᠨ ᠬᠡᠦᠷᠰᠢᠭᠦᠯᠬᠦ ᠵᠢᠴᠢ ᠶᠡᠷᠦᠩᠬᠡᠶᠢᠯᠡᠨ ᠠᠰᠢᠭᠯᠠᠬᠤ | ᠲᠥᠷᠥᠯ ᠵᠦᠢᠯ ᠢ ᠭᠤᠤᠯᠳᠠᠯᠭ᠎ᠠ ᠲᠠᠢ ᠳᠡᠮᠵᠢᠵᠦ᠂ ᠳᠣᠤᠷᠠᠳᠤ ᠤᠷᠤᠰᠬᠠᠯ ᠤᠨ ᠨᠠᠷᠢᠯᠢᠭᠵᠢᠭᠤᠯᠤᠭᠰᠠᠨ ᠬᠢᠮᠢ ᠶᠢᠨ ᠠᠵᠤ ᠦᠢᠯᠡᠳᠪᠦᠷᠢ ᠵᠡᠷᠭᠡ ᠣᠷᠴᠢᠯ ᠠᠵᠤ | ᠦᠢᠯᠡᠰ ᠢ ᠤᠷᠲᠤᠳᠬᠠᠨ ᠬᠥᠭᠵᠢᠭᠦᠯᠦᠨ᠎ᠡ᠃ ᠱᠠᠨᠳᠦ᠋ᠩ ᠤᠨ ᠭᠠᠵᠠᠷ ᠰᠢᠷᠣᠶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠯᠦᠭᠯᠡᠯ ᠵᠡᠷᠭᠡ ᠲᠣᠮᠣ | ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠤᠷᠢᠨ ᠣᠷᠣᠭᠤᠯᠵᠤ᠂ ᠪᠠᠯ ᠴᠢᠯᠠᠭᠤᠨ ᠤ ᠡᠬᠢ ᠪᠠᠶᠠᠯᠢᠭ ᠢ ᠲᠦᠷᠭᠡᠳᠬᠡᠨ ᠨᠡᠶᠢᠳᠬᠡᠵᠦ᠂ ᠪᠠᠯ ᠴᠢᠯᠠᠭᠤᠨ ᠤ | ᠠᠵᠤ ᠦᠢᠯᠡᠰ ᠤᠨ ᠠᠵᠢᠯ ᠢᠶᠠᠨ ᠡᠬᠢᠯᠡᠭᠦᠯᠬᠦ ᠶᠢ ᠪᠡᠶᠡᠯᠡᠭᠦᠯᠦᠨ᠎ᠡ᠃ ᠬᠤᠸᠠ ᠷᠦᠨ ᠰᠢᠨ᠎ᠡ ᠡᠨᠧᠷᠬᠢ ᠶᠢᠨ ᠲᠦᠷᠦᠯ ᠵᠦᠢᠯ ᠢ ᠲᠦᠷᠭᠡᠳᠭᠡᠨ ᠭᠡᠷᠡᠭᠵᠢᠬᠦᠯᠵᠤ᠂ | ᠯᠢᠶᠠᠨ ᠾᠧ ᠳ᠋ᠦᠩ ᠯᠢ ᠵᠡᠷᠭᠡ ᠰᠢᠨ᠎ᠡ ᠡᠨᠧᠷᠭᠢ ᠶᠢᠨ ᠲᠣᠨᠤᠭᠯᠠᠯ ᠦᠢᠯᠡᠳᠬᠦ ᠦᠢᠯᠡᠰ ᠤᠨ ᠪᠤᠯᠪᠠᠰᠤᠷᠠᠭᠤᠯᠤᠯᠲᠠ ᠶᠢᠨ ᠲᠤᠭᠤᠷᠢᠭ ᠲᠤ ᠡᠷᠦᠭᠡ ᠪᠠᠨ ᠨᠡᠭᠡᠭᠡᠬᠦ ᠶᠢ | ᠭᠤᠤᠯᠳᠠᠯᠭ᠎ᠠ ᠲᠠᠢ ᠠᠬᠢᠭᠤᠯᠤᠨ᠎ᠠ᠃ ᠲᠠᠢ ᠫᠢᠩ᠂ ᠵᠥᠩ ᠳ᠋ᠢᠩ᠂ ᠬᠠᠶ ᠮᠢᠩ ᠵᠡᠷᠭᠡ ᠠᠭᠤᠷᠬᠠᠶ ᠶᠢᠨ ᠠᠵᠤ ᠠᠬᠤᠶᠢᠯᠠᠯ ᠢ ᠲᠡᠳᠬᠦᠬᠦ ᠬᠦᠴᠦᠨ ᠢᠶᠠᠨ ᠶᠡᠭᠡᠰᠭᠡᠵᠤ᠂ | ᠰᠢᠵᠢᠷ ᠠᠯᠲᠠ᠂ ᠲᠡᠮᠦᠷᠯᠢᠭ ᠤᠨ ᠨᠠᠷᠢᠯᠢᠭ ᠨᠤᠨᠲᠠᠭ ᠵᠡᠷᠭᠡ ᠠᠭᠤᠷᠬᠠᠶ ᠮᠠᠯᠲᠠᠵᠤ ᠰᠣᠩᠭᠤᠬᠤ ᠠᠵᠤ ᠠᠬᠤᠶᠢᠯᠠᠯ ᠤᠨ ᠭᠠᠷᠤᠯᠲᠠ ᠦᠷ᠎ᠡ ᠠᠰᠢᠭ ᠢᠶᠠᠨ ᠨᠡᠮᠡᠭᠳᠡᠬᠦᠯᠬᠦ | ᠶᠢ ᠳᠡᠮᠵᠢᠵᠦ᠂ ᠬᠤᠸᠠᠨ ᠴᠤᠸᠠᠩ ᠭᠤᠮ᠂ ᠰᠢᠶᠤᠤ ᠯᠦᠩ ᠤᠨ ᠥᠨᠳᠥᠷ ᠨᠡᠭᠦᠷᠡᠰᠦᠲᠥ᠋ᠷᠥᠭᠴᠢᠲᠦ ᠾᠷᠣᠮᠳᠤ ᠲᠡᠮᠦᠷ ᠤᠨ ᠭᠤᠷᠪᠠᠳᠤᠭᠠᠷ ᠬᠤᠭᠤᠴᠠᠭ᠎ᠠ᠂ ᠵᠦ ᠾᠧ | ᠮᠥᠩᠭᠦᠨ ᠠᠭᠤᠷᠬᠠᠶ ᠶᠢ ᠠᠯᠢ ᠪᠤᠯᠬᠤ ᠪᠠᠷ ᠠᠰᠢᠭᠯᠠᠯᠲᠠ ᠳᠤ ᠣᠷᠣᠭᠤᠯᠬᠤ ᠶᠢ ᠢᠳᠡᠪᠬᠢᠲᠡᠶ ᠪᠠᠷ ᠠᠬᠢᠭᠤᠯᠤᠨ᠎ᠠ᠃ ᠢ ᠲᠦᠩ ᡁᠢ ᠬᠤᠢ᠂ ᠢ ᡁᠢ ᠬᠦᠮᠦᠷᠭᠡᠯᠡᠨ | ᠬᠠᠳᠠᠭᠠᠯᠠᠯᠳᠠ ᠵᠡᠷᠭᠡ ᠪᠠᠷᠠᠭᠠᠨ ᠤ ᠭᠦᠢᠯᠭᠡᠭᠡᠨ ᠤ ᠳᠠᠮᠵᠢᠭᠤᠯᠤᠨ ᠲᠡᠭᠡᠭᠡᠪᠦᠷᠢᠯᠡᠬᠦ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠴᠢᠯᠠᠭᠤᠨ | ᠮᠠᠲ᠋ᠧᠷᠢᠶᠠᠯ ᠪᠤᠯᠪᠠᠰᠤᠷᠠᠭᠤᠯᠤᠨ ᠡᠳ᠋ᠰᠢᠭᠦᠯᠬᠦ ᠲᠣᠭᠤᠷᠢᠭ ᠤᠨ ᠵᠠᠮ ᠬᠠᠷᠢᠯᠴᠠᠭ᠎ᠠ ᠲᠤᠤᠷ ᠬᠤᠭᠤᠯᠠᠶ ᠶᠢᠨ ᠢᠨᠵᠧᠨᠧᠷᠢᠩ ᠢ ᠪᠡᠶᠡᠯᠡᠭᠦᠯᠬᠦ ᠶᠢ ᠠᠬᠢᠭᠤᠯᠵᠤ᠂ ᠭᠠᠭᠴᠠᠮᠤᠳᠤ | ᠬᠢᠯᠢ ᠶᠢᠨ ᠪᠤᠭᠤᠮᠳᠠ ᠶᠢᠨ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠤᠷᠳᠤ ᠬᠤᠭᠤᠴᠠᠭ᠎ᠠ ᠪᠠᠷ ᠦᠢᠯᠡᠳᠪᠦᠷᠢᠯᠡᠯ ᠢᠶᠠᠨ ᠵᠣᠭᠰᠣᠭᠠᠵᠤ ᠪᠠᠶᠢᠭᠤᠯᠬᠤ ᠪᠠᠨ | ᠵᠣᠭᠰᠣᠭᠰᠠᠨ ᠠᠵᠤ ᠠᠬᠤᠶᠢᠯᠠᠯ ᠢ ᠴᠡᠭᠴᠡᠯᠡᠨ ᠴᠡᠪᠡᠷᠯᠡᠵᠤ ᠦᠢᠯᠡᠳᠪᠦᠷᠢᠯᠡᠯ ᠢ ᠨᠢ ᠡᠬᠢᠯᠡᠬᠦᠯᠵᠤ᠂ ᠰᠢᠨ᠎ᠡ ᠪᠠᠷ ᠣᠷᠣᠭᠤᠯᠵᠤ ᠠᠪᠴᠢᠷᠠᠭᠰᠠᠨ ᠠᠵᠤ ᠠᠬᠤᠶᠢᠯᠠᠯ ᠳᠤ | ᠣᠷᠣᠨ ᠵᠠᠶ ᠰᠤᠯᠠᠯᠠᠨ ᠥᠭᠴᠦ᠂ ᠪᠤᠯᠪᠠᠰᠤᠷᠠᠭᠤᠯᠤᠯᠲᠠ ᠶᠢᠨ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠠᠴᠢᠶᠠᠯᠠᠪᠤᠷᠢ ᠪᠠ ᠦᠢᠯᠡᠴᠢᠯᠡᠭᠡᠨ ᠤ ᠪᠠᠲᠤᠯᠠᠭ᠎ᠠ | ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠳᠤᠮᠳᠠᠬᠢ ︽ᠢᠳᠡᠪᠬᠢᠵᠢᠭᠦᠯᠦᠭᠴᠢ︾ ᠶᠢᠨ ᠦᠢᠯᠡᠳᠦᠯ ᠢ | ᠪᠦᠲᠦᠮᠵᠢᠲᠡᠶ ᠬᠥᠭᠵᠢᠭᠡᠨ᠎ᠡ᠃ ᠲᠠᠷᠢᠶᠠᠯᠠᠩ ᠮᠠᠯ ᠠᠵᠤ ᠠᠬᠤᠢ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠤᠨ ᠠᠬᠢᠴᠠ ᠶᠢ ᠲᠦᠷᠭᠡᠳᠬᠡᠵᠦ᠂ ᠨᠡᠷᠡᠳᠤ | ᠲᠦᠷᠦᠯ ᠲᠡᠮᠳᠡᠭᠳᠤ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ︽ᠬᠤᠨ ᠭᠠᠯᠠᠭᠤᠨ ᠰᠣᠶᠣᠯ︾ ᠤᠨ ᠵᠣᠷᠢᠭ ᠰᠠᠨᠠᠭᠠᠨ ᠤ ᠬᠡᠪ | ᠴᠢᠨᠠᠷ ᠢ ᠤᠯᠠᠮ ᠨᠢᠭᠡ ᠠᠯᠬᠤᠮ ᠪᠣᠯᠪᠠᠰᠤᠷᠠᠭᠤᠯᠵᠤ᠂ ᠦᠪᠡᠷᠮᠢᠴᠡ ᠤᠨᠴᠠᠯᠢᠬᠳᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠴᠡᠭᠴᠡᠯᠡᠨ ᠨᠡᠶᠢᠯᠡᠭᠦᠯᠵᠦ᠂ | ᠪᠠᠶ᠋ᠬᠠᠤᠯᠠᠭᠠᠨ ᠤ ᠲᠦᠮᠡᠨ ᠠᠭᠲᠠ ᠶᠢᠨ ᠴᠤᠭᠯᠠᠭᠠᠨ᠂ ᠬᠤᠨ ᠭᠠᠯᠠᠭᠤᠨ ᠰᠣᠶᠣᠯ ᠤᠷᠠᠯᠢᠭ ᠤᠨ ᠨᠠᠶᠢᠷ ᠤᠨ ᠰᠢᠷᠢᠰ ᠠᠵᠢᠯᠯᠠᠭ᠎ᠠ ᠪᠠᠷ ᠭᠤᠤᠯᠳᠠᠯᠭ᠎ᠠ ᠪᠣᠯᠭᠠᠨ᠂ ᠪᠠᠶᠠᠷ | ᠳᠤᠷᠠᠰᠬᠠᠯ ᠤᠨ ᠡᠳᠦᠷ ᠤᠨ ᠤᠨᠴᠠᠯᠢᠬᠳᠤ ᠠᠵᠢᠯᠯᠠᠭ᠎ᠠ ᠶᠢᠨ ᠨᠡᠷᠡᠳᠤ ᠲᠦᠷᠦᠯ ᠲᠡᠮᠳᠡᠭᠳᠤ ᠶᠢ ᠪᠣᠶ ᠪᠣᠯᠭᠠᠨ᠎ᠠ︔ ᠮᠥᠩᠭᠦᠨ ᠡᠳ᠋ᠯᠡᠯ ᠭᠠᠤᠯᠢᠨ ᠡᠳ᠋ᠯᠡᠯ᠂ | ᠦᠨᠳᠦᠰᠦᠲᠡᠨ ᠤ ᠬᠤᠪᠴᠠᠰᠤ ᠵᠠᠰᠠᠯ ᠢᠶᠠᠷ ᠭᠤᠤᠯᠳᠠᠯᠭ᠎ᠠ ᠪᠣᠯᠭᠠᠵᠤ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ | ᠥᠷᠭᠡᠳᠬᠡᠨ᠂ ︽ᠤᠷᠠᠳ︾ ᠤᠨ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠶᠡᠬᠡᠪᠡᠷ ᠠᠯᠳᠠᠷᠰᠢᠭᠤᠯᠤᠨ᠎ᠠ᠃ ︽ | 1+5+9︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ + ᠰᠣᠶᠣᠯ ᠵᠢᠭᠤᠯᠴᠢᠯᠠᠯ ᠤᠨ ᠭᠤᠣᠯ ᠰᠡᠳᠦᠪᠲᠦ ᠵᠠᠮ ᠱᠤᠭᠤᠮ ᠲᠤ | ᠲᠦᠰᠢᠭᠯᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠣᠷᠳᠣᠨ᠂ ᠬᠤᠨ ᠭᠠᠯᠠᠭᠤᠨ ᠰᠣᠶᠣᠯ ᠤᠨ ᠮᠦᠽᠧᠶ | ᠵᠡᠷᠭᠡ ᠶᠢᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠷᠮᠠᠶᠢᠨ ᠬᠡᠷᠡᠭᠵᠢᠭᠦᠯᠦᠨ᠎ᠡ᠃ ᠲᠡᠳ᠋ ᠥᠨᠳᠦᠷᠯᠢᠭ ᠤᠨ ᠣᠷᠣᠨ ᠤ ᠳᠠᠪᠠᠭᠤᠯᠢᠭ ᠢᠶᠠᠨ ᠬᠦᠢᠴᠡᠳ | ᠪᠠᠳᠠᠷᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠯᠪᠠᠰᠤᠷᠠᠯ ᠰᠤᠷᠢᠯᠲᠠ ᠶᠢᠨ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠲᠡᠮᠡᠴᠡᠨ ᠤᠯᠤᠨ᠎ᠠ︔ ︽ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ | ᠳᠤ ᠤᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ︾ ᠶᠢᠨ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠵᠦ᠂ ᠬᠤᠰᠢᠭᠤᠨ ᠤ ᠲᠠᠰ ᠤᠨ | ᠲᠦᠷᠭᠡᠨ ᠬᠦᠷᠭᠡᠯᠲᠡ ᠶᠢᠨ ᠪᠠᠷᠠᠭᠠᠨ ᠤ ᠬᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠢᠳᠡᠪᠬᠢᠲᠡᠶ ᠪᠠᠷ ᠲᠦᠯᠦᠪᠵᠢᠭᠦᠯᠦᠨ ᠪᠠᠶᠢᠭᠤᠯᠵᠤ᠂ ᠡᠯᠧᠺᠲᠷᠣᠨ | ᠬᠤᠳᠠᠯᠳᠤᠭᠠᠨ ᠤ ᠴᠢᠳᠠᠪᠤᠷᠢᠲᠠᠨ ᠪᠠ ᠡᠯᠧᠺᠲᠷᠣᠨ ᠬᠤᠳᠠᠯᠳᠤᠭᠠᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠤᠶᠢᠵᠢᠭᠤᠯᠤᠨ ᠭᠦᠭᠵᠢᠬᠦᠯᠬᠦ ᠬᠦᠴᠦᠯᠡᠴᠡ ᠶᠢ | ᠶᠡᠭᠡᠰᠬᠡᠵᠤ᠂ ᠪᠥᠬᠦ ᠵᠢᠯ ᠤᠨ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠲᠤᠭ᠎ᠠ ᠶᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ | ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠬᠤ ᠶᠢᠨ ᠴᠢᠨᠠᠷ ᠰᠠᠶᠢᠲᠠᠶ ᠬᠥᠭᠵᠢᠯᠲᠡ ᠶᠢᠨ ᠳᠤᠮᠳᠠᠬᠢ ︽ᠬᠥᠳᠡᠯᠭᠡᠭᠦᠷ︾ ᠤᠨ ᠦᠢᠯᠡᠳᠦᠯ ᠢᠶᠠᠨ | ᠴᠢᠩᠭ᠎ᠠ ᠠᠳᠬᠤᠨ᠎ᠠ᠃ ᠭᠤᠤᠯᠳᠠᠯᠭ᠎ᠠ ᠲᠠᠢ ᠪᠠᠷ ᠬᠢᠯᠢ ᠶᠢᠨ ᠲᠤᠳᠤᠷ᠎ᠠ ᠭᠠᠳᠠᠨᠠᠬᠢ ᠡᠬᠢ ᠪᠠᠶᠠᠯᠢᠭ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠭᠠᠳᠠᠭᠠᠳᠤ ᠨᠡᠭᠡᠭᠡᠯᠲᠡ ᠵᠡᠷᠭᠡ 6 ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠠᠩ | ᠣᠯᠠᠨ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠤᠬᠠᠭᠠᠯᠠᠨ ᠨᠥᠭᠡᠴᠡᠯᠡᠵᠦ᠂ ᠤᠨᠢᠨ ᠲᠡᠭᠡᠷ᠎ᠡ ᠨᠢ ᠠᠷᠠᠯᠵᠢᠶᠠᠴᠢᠨ ᠤᠷᠢᠬᠤ᠂ ᠣᠯᠠᠨ ᠠᠷᠭ᠎ᠠ ᠵᠠᠮ ᠢᠶᠠᠷ | ᠠᠷᠠᠯᠵᠢᠶᠠᠴᠢᠨ ᠤᠷᠢᠬᠤ ᠪᠠ ᠠᠵᠤ ᠦᠢᠯᠡᠰ ᠤᠨ ᠬᠡᠯᠬᠢᠶᠡᠵᠢᠯ ᠢᠶᠠᠷ ᠠᠷᠠᠯᠵᠢᠶᠠᠴᠢᠨ ᠤᠷᠢᠬᠤ ᠶᠢ ᠢᠳᠡᠪᠬᠢᠲᠡᠶ ᠥᠷᠨᠢᠭᠦᠯᠵᠦ᠂ ᠪᠣᠳᠠᠲᠠᠶᠢᠵᠢᠭᠤᠯᠤᠭᠰᠠᠨ ᠪᠠᠯᠠ | ᠮᠥᠩᠭᠦ ᠶᠢ ᠣᠷᠣᠭᠤᠯᠤᠨ ᠠᠪᠴᠢᠷᠠᠬᠤ ᠶᠢ 30 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢᠨ ᠴᠤᠩᠬᠤᠪᠴᠢ ᠬᠤᠭᠤᠴᠠᠭ᠎ᠠ ᠶᠢ ᠪᠠᠲᠤ ᠡᠵᠡᠮᠳᠡᠵᠦ᠂ ᠵᠦᠩ ᠴᠤᠸᠠᠨ ᠰᠢᠨ᠎ᠡ ᠡᠨᠧᠷᠭᠢ ᠶᠢᠨ ︽ᠭᠡᠷᠡᠯ ᠢᠯᠴᠢ +︾ ᠲᠦᠷᠦᠯ ᠵᠦᠢᠯ ᠢ | ᠢᠳᠡᠪᠬᠢᠳᠠᠢ ᠲᠠᠮᠡᠴᠡᠨ ᠣᠯᠵᠤ᠂ ᠨᠡᠩ ᠤᠯᠠᠨ ᠰᠢᠯᠢᠳᠡᠭ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶᠡᠵᠢᠯ ᠤᠨ ᠲᠦᠷᠦᠯ ᠵᠦᠢᠯ ᠢ ᠤᠷᠢᠨ ᠣᠷᠣᠭᠤᠯᠵᠤ ᠭᠡᠷ᠎ᠡ | ᠲᠣᠭᠲᠠᠨ ᠨᠠᠶᠢᠳᠠᠪᠤᠷᠢᠵᠢᠭᠤᠯᠤᠨ᠎ᠠ︔ ᠭᠠᠳᠠᠨᠠᠬᠢ ᠡᠬᠢ ᠪᠠᠶᠠᠯᠢᠭ ᠢ ᠬᠦᠢᠴᠡᠳ ᠠᠰᠢᠭᠯᠠᠨ᠂ ᠪᠡᠭᠡᠵᠢᠩ ᠤᠨ ᠯᠠᠨ ᠵᠢᠶᠠᠩ᠂ ᠶᠢᠨ ᠱᠠ ᠾᠧ ᠭᠤᠯᠢᠷ ᠤᠨ ᠦᠢᠯᠡᠰ | ᠵᠡᠷᠭᠡ ᠠᠵᠤ ᠠᠬᠤᠶᠢᠯᠠᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠮᠠᠨ ᠤ ᠬᠤᠰᠢᠭᠤ ᠪᠠᠨ ᠪᠥᠬᠦ ᠬᠤᠲᠠ ᠶᠢᠨ ᠴᠢᠨᠠᠷ ᠰᠠᠶᠢᠲᠠᠶ | ᠬᠥᠭᠵᠢᠯᠲᠡ ᠶᠢᠨ ᠴᠢᠬᠤᠯᠠ ᠠᠵᠤ ᠠᠬᠤᠶ ᠶᠢᠨ ᠨᠡᠮᠡᠭᠳᠡᠯ ᠤᠨ ᠲᠦᠢᠯ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠮᠳᠠᠬᠢ ︽ᠲᠦᠷᠭᠡᠳᠭᠡᠬᠦᠷ︾ ᠤᠨ ᠦᠢᠯᠡᠳᠦᠯ ᠢ ᠪᠠᠲᠤ | ᠡᠵᠡᠮᠳᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠶᠡᠭᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠡᠬᠢᠯᠡᠭᠦᠯᠵᠦ᠂ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠬᠦᠴᠦᠯᠡᠴᠠ ᠶᠢ ᠦᠷᠭᠦᠯᠵᠢᠯᠡᠨ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ | ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠪᠥᠬᠦ ᠬᠦᠴᠦᠨ ᠢᠶᠠᠷ ᠢᠶᠠᠨ ᠪᠢᠴᠢᠭ ᠮᠠᠲ᠋ᠧᠷᠢᠶᠠᠯ ᠢ | ᠴᠦᠭᠡᠳᠭᠡᠵᠤ᠂ ᠵᠠᠩᠭᠢᠯᠠᠭ᠎ᠠ ᠭᠤᠭᠴᠤᠭ᠎ᠠ ᠶᠢ ᠲᠦᠬᠦᠮᠴᠢᠯᠡᠵᠤ᠂ ᠴᠠᠭ ᠤᠨ ᠬᠢᠵᠠᠭᠠᠷ ᠢ ᠪᠠᠭᠠᠰᠬᠠᠵᠤ᠂ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠨᠢᠭᠡ ᠡᠭᠦᠳᠡ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠰᠢᠭᠤ᠂ | ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠵᠠᠰᠠᠭ ᠵᠠᠬᠢᠷᠭᠠᠨ ᠤ ᠬᠢᠨᠠᠨᠵᠥ᠋ᠪᠰᠢᠶᠡᠷᠡᠯ ᠤᠨ ︽ᠳᠥᠷᠪᠡ ᠶᠢ ᠬᠦᠢᠴᠡᠳᠭᠡᠬᠦ︾ ᠦᠢᠯᠡᠴᠢᠯᠡᠭᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠬᠦᠯᠦᠨ᠂ ︽ | ᠵᠦᠪᠬᠡᠨ ᠨᠢᠭᠡ ᠯᠡ ᠡᠭᠦᠳᠡ ᠪᠠᠷ ᠣᠷᠣᠬᠤ︾᠂ ︽ᠭᠠᠭᠴᠠ ᠤᠳᠠᠭ᠎ᠠ ᠯᠠ ᠭᠦᠶᠦᠬᠦ︾᠂ ︽ᠤᠴᠠᠷᠠᠬᠤ ᠦᠭᠡᠢ ᠪᠠᠷ ᠬᠢᠨᠠᠨ ᠵᠦᠪᠰᠢᠶᠡᠷᠡᠯ ᠬᠢᠬᠦ︾ ᠶᠢ | ᠲᠦᠷᠭᠡᠳᠬᠡᠨ ᠪᠡᠶᠡᠯᠡᠭᠦᠯᠦᠨ᠎ᠡ᠃ ︽ᠮᠧᠩ ᠴᠢ ᠲᠥᠩ︾ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ | ᠶᠡᠬᠡᠪᠡᠷ ᠳᠡᠯᠭᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ | ᠬᠦᠴᠢᠷᠳᠡᠯ ᠢ ᠴᠠᠭ ᠲᠤᠬᠠᠶ ᠳᠤ ᠨᠢ ᠰᠢᠢᠳᠪᠦᠷᠢᠯᠡᠵᠤ᠂ ᠠᠵᠤ ᠠᠬᠤᠶᠢᠯᠠᠯ ᠬᠢᠭᠡᠳ ᠵᠠᠰᠠᠭ ᠤᠨ ᠣᠷᠳᠣᠨ ᠤ ᠬᠤᠭᠤᠷᠣᠨᠳᠣᠬᠢ ᠰᠤᠯᠢᠯᠴᠠᠭᠠᠨ ᠤ ᠠᠷᠭ᠎ᠠ ᠵᠠᠮ ᠢ | ᠪᠦᠲᠦᠮᠵᠢᠲᠡᠶ ᠨᠡᠪᠲᠡᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠴᠢᠨᠠᠷᠯᠢᠭ ᠰᠠᠶᠢᠲᠤᠷ ᠠᠳᠬᠤᠨ᠎ᠠ᠃ ︽ᠬᠥᠮᠦᠨ︾ ᠢᠶᠠᠷ ᠭᠤᠤᠯᠳᠠᠯᠭ᠎ᠠ ᠪᠣᠯᠭᠠᠬᠤ᠂ ︽ | ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠤᠯᠠᠮ ᠲᠤᠪᠤᠶᠢᠯᠭᠠᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ | ᠬᠥᠭᠵᠢᠯᠲᠡ ᠶᠢᠨ ᠪᠥᠬᠦ ᠶᠠᠪᠤᠴᠠ ᠳᠤ ᠲᠤᠭᠤᠰᠢᠯᠠᠭᠤᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ ᠲᠥᠪ ᠪᠤᠯᠬᠤ ᠬᠤᠳᠠ | ᠪᠠᠯᠭᠠᠰᠤ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ᠂ | ᠪᠦᠬᠦ ᠤᠯᠤᠰ ᠤᠨ ᠪᠣᠯᠪᠠᠰᠤᠨ ᠬᠤᠲᠠ ᠶᠢ ᠪᠦᠬᠦ ᠬᠦᠴᠦ ᠪᠠᠷ ᠢᠶᠠᠨ ᠡᠭᠦᠳᠦᠨ ᠪᠠᠶᠢᠭᠤᠯᠵᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ | ᠬᠤᠲᠠ ᠶᠢᠨ ᠶᠡᠷᠤᠩᠬᠡᠶᠢᠯᠡᠭᠰᠡᠨ ᠴᠢᠳᠠᠮᠵᠢ ᠶᠢ ᠶᠡᠬᠡᠪᠡᠷ ᠲᠡᠭᠡᠭᠰᠢᠯᠡᠬᠦᠯᠦᠨ᠎ᠡ᠃ ᠬᠠᠶ ᠰᠢᠩ ᠨᠢᠭᠡᠳᠦᠭᠡᠷ᠂ ᠬᠠᠶ ᠰᠢᠩ ᠬᠤᠶᠠᠳᠤᠭᠠᠷ ᠨᠣᠮᠧᠷᠲᠤ ᠵᠡᠭᠡᠯᠢ᠂ ᠲᠦ᠋ | ᠴᠠᠨ ᠨᠧᠩ ᠶᠤᠸᠠᠨ ᠵᠡᠭᠡᠯᠢ ᠵᠡᠷᠭᠡ ᠶᠢᠨ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ ᠢᠨᠵᠧᠨᠧᠷᠢᠩ ᠢ ᠡᠬᠢᠯᠡᠭᠦᠯᠵᠦ᠂ ᠬᠠᠯᠢᠭᠤᠳᠤ ᠪᠠᠯᠭᠠᠰᠤ ᠶᠢᠨ ᠬᠤᠲᠠ ᠶᠢᠨ | ᠲᠣᠭᠤᠷᠢᠭ ᠤᠨ ᠨᠣᠭᠤᠭᠠᠷᠠᠭᠤᠯᠤᠯᠲᠠ ᠭᠤᠸᠠᠯᠢᠭᠵᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠢᠵᠢ ᠪᠦᠷᠢᠨ ᠪᠤᠰᠤ ᠣᠷᠣᠨ ᠰᠠᠭᠤᠴᠠ ᠶᠢ | 2201᠂ ᠬᠠᠭᠤᠴᠢᠨ ᠰᠠᠭᠤᠭᠠᠯᠢ ᠲᠣᠭᠤᠷᠢᠭ 17 ᠶᠢ ᠶᠡᠷᠦᠩᠬᠡᠶᠢᠯᠡᠨ ᠥᠭᠡᠷᠡᠴᠢᠯᠡᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠬᠤᠲᠠ ᠶᠢᠨ ᠶᠠᠪᠤᠳᠠᠯ ᠤᠨ | ᠲᠣᠤᠷ ᠬᠤᠭᠤᠯᠠᠢ᠂ ᠳᠣᠭᠢᠷᠠᠭᠤᠯᠤᠨ ᠬᠦᠷᠭᠡᠨ ᠲᠠᠮᠵᠢᠭᠤᠯᠬᠤ ᠲᠤᠨᠤᠭ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ | ᠰᠢᠨ᠎ᠡ ᠪᠠᠷ ᠪᠠᠶᠢᠭᠤᠯᠤᠭᠰᠠᠨ ᠲᠦᠭᠡᠭᠡᠯ ᠤᠰᠤᠨ ᠤ ᠦᠢᠯᠡᠳᠪᠦᠷᠢ ᠶᠢᠨ ᠢᠨᠵᠧᠨᠧᠷᠢᠩ ᠤᠨ ᠠᠬᠢᠴᠠ ᠶᠢ ᠲᠦᠷᠭᠡᠳᠬᠡᠨ᠂ ᠬᠠᠯᠢᠭᠤᠳᠤ ᠪᠠᠯᠭᠠᠰᠤᠨ ᠤ ᠨᠡᠶᠢᠭᠡᠮ | ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠨᠤᠭ ᠲᠦᠬᠦᠭᠡᠷᠦᠮᠵᠢ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠠᠭᠠᠳ ᠥᠬᠡᠶ ᠨᠡᠪᠲᠡᠷᠡᠬᠦ ᠣᠷᠴᠢᠨ | ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠬᠡᠯᠪᠡᠷᠢ ᠶᠢᠨ ᠤᠶᠤᠨᠲᠤ ᠬᠤᠲᠠ ᠶᠢᠨ ᠵᠢᠯᠣᠭᠤᠳᠬᠤ ᠲᠥᠪ ᠢ ᠪᠠᠶᠢᠭᠤᠯᠤᠨ ᠠᠰᠢᠭᠯᠠᠯᠳᠠ | ᠳᠤ ᠤᠷᠤᠭᠤᠯᠵᠤ᠂ ᠤᠶᠤᠨᠲᠤ ᠨᠡᠶᠢᠭᠡᠮ ᠲᠣᠭᠤᠷᠢᠭ᠂ ᠪᠣᠬᠢᠷᠲᠤᠯ ᠥᠬᠡᠶ ᠨᠡᠶᠢᠭᠡᠮ ᠲᠣᠭᠤᠷᠢᠭ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠶᠡᠷᠦᠩᠬᠡᠶᠢᠯᠡᠭᠰᠡᠨ | ᠤᠶᠤᠨᠲᠤ ᠡᠨᠧᠷᠭᠢ ᠶᠢᠨ ᠦᠢᠯᠡᠴᠢᠯᠡᠭᠡ ᠶᠢ ᠳᠡᠯᠭᠡᠷᠡᠭᠦᠯᠦᠨ᠂ ᠴᠠᠬᠢᠯᠭᠠᠨ ᠴᠡᠨᠡᠭᠯᠡᠬᠦ ᠪᠠᠭᠠᠨ᠎ᠠ ᠶᠢ ᠰᠠᠭᠤᠭᠠᠯᠢ ᠲᠣᠭᠤᠷᠢᠭ ᠲᠤ ᠣᠷᠣᠭᠤᠯᠬᠤ ᠵᠢᠱᠢᠶ᠎ᠡ ᠦᠵᠡᠭᠦᠯᠬᠦ | ᠲᠥᠷᠥᠯ ᠵᠦᠢᠯ ᠢ ᠬᠡᠷᠡᠭᠵᠢᠭᠦᠯᠦᠨ᠎ᠡ᠃ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ ᠵᠢᠩᠬᠢᠨᠢ ᠪᠠᠷ ᠠᠰᠢᠭᠯᠠᠯᠲᠠ ᠳᠤ ᠤᠷᠤᠭᠤᠯᠬᠤ ᠶᠢ ᠠᠬᠢᠭᠤᠯᠵᠤ᠂ | ᠲᠥᠪᠯᠡᠷᠡᠩᠭᠦᠶ ᠮᠠᠶ᠋ᠢᠭ ᠤᠨ ᠴᠠᠬᠢᠯᠭᠠᠨ ᠴᠡᠨᠡᠭᠯᠡᠬᠦ ᠥᠷᠲᠡᠭᠡ᠂ ︽15 ᠮᠢᠨᠦ᠋ᠲ ᠤᠨ ᠨᠡᠶᠢᠭᠡᠮ ᠲᠣᠭᠤᠷᠢᠭ ᠤᠨ ᠠᠮᠢᠳᠤᠷᠠᠯ ᠤᠨ ᠲᠤᠭᠤᠷᠢᠭ︾ ᠢ ᠲᠦᠷᠭᠡᠳᠬᠡᠨ | ᠡᠬᠦᠳᠦᠨ ᠪᠠᠶᠢᠭᠤᠯᠤᠨ᠎ᠠ᠃ | ᠬᠤᠳᠠ ᠬᠥᠳᠡᠭᠡ ᠶᠢᠨ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠨ᠎ᠡ᠃ ᠬᠤᠶᠠᠷ ᠪᠤᠭᠲᠠ ᠶᠢᠨ ᠤᠰᠤᠨ ᠴᠥᠭᠦᠷᠥᠮ — ᠭᠠᠭᠴᠠᠮᠤᠳᠤ | ᠬᠢᠯᠢ ᠶᠢᠨ ᠪᠣᠭᠤᠮᠲᠠ ᠶᠢᠨ ᠤᠰᠤ ᠬᠠᠩᠭᠠᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠨ ᠪᠠᠶᠢᠭᠤᠯᠵᠤ᠂ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ | ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠣᠷᠣᠨ ᠤ ᠦᠨᠳᠦᠰᠦᠨ ᠤᠰᠤ ᠬᠠᠩᠭᠠᠬᠤ ᠤᠰᠤᠨ | ᠬᠤᠳᠳᠤᠭ ᠢ 187 ᠠᠮᠠ ᠰᠢᠨ᠎ᠡ ᠪᠠᠷ ᠪᠠᠶᠢᠭᠤᠯᠵᠤ᠂ ᠬᠠᠨ ᠠᠭᠤᠯᠠ ᠶᠢᠨ ᠵᠢᠯᠠᠭ᠎ᠠ ᠶᠢᠨ ᠠᠮᠢ ᠠᠬᠤᠶ ᠠᠷᠢᠭᠤᠨ ᠴᠡᠪᠡᠷ ᠵᠢᠵᠢᠭ ᠰᠠᠪᠠ ᠭᠠᠵᠠᠷ ᠤᠨ | ᠶᠡᠷᠦᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ᠂ ᠤᠰᠤᠨ ᠴᠥᠭᠦᠷᠥᠮ ᠤᠨ ᠤᠷᠤᠨ ᠤ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ | ᠲᠥᠷᠥᠯ ᠵᠦᠢᠯ᠂ ︽ᠤᠰᠤᠨ ᠤ ᠰᠢᠰᠲ᠋ᠧᠮ ᠢ ᠨᠡᠪᠲᠡᠷᠡᠬᠦᠯᠬᠦ ᠵᠢᠴᠢ ᠤᠰᠤᠨ ᠤ ᠦᠵᠡᠰᠬᠦᠯᠡᠩᠳᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠡᠭ ᠤᠨ ᠬᠤᠰᠢᠭᠤ ᠰᠢᠶᠠᠨ︾ ᠤ ᠲᠥᠷᠥᠯ ᠵᠦᠢᠯ ᠢ ᠲᠦᠷᠭᠡᠳᠬᠡᠨ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠥᠨᠳᠥᠷ ᠦᠷ᠎ᠡ ᠪᠦᠳᠦᠮᠵᠢᠳᠠᠢ | ᠪᠠᠷ ᠠᠰᠢᠭᠯᠠᠬᠤ ᠶᠢ ᠠᠬᠢᠭᠤᠯᠤᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠬᠥᠳᠡᠭᠡ ᠲᠣᠰᠬᠤᠨ ᠤ | ᠴᠠᠬᠢᠯᠭᠠᠨ ᠲᠣᠤᠷ ᠢ ᠪᠠᠬᠢᠵᠢᠭᠦᠯᠦᠨ ᠳᠡᠭᠡᠭᠰᠢᠯᠡᠭᠦᠯᠬᠦ ᠪᠠ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠴᠠᠬᠢᠯᠭᠠᠨ ᠬᠡᠷᠡᠭᠯᠡᠬᠦ ᠶᠢ ᠲᠠᠰ | ᠳᠡᠪᠰᠢᠭᠦᠯᠬᠦ ᠢᠨᠵᠧᠨᠧᠷᠢᠩ ᠢ ᠴᠢᠷᠮᠠᠶᠢᠨ ᠬᠡᠷᠡᠭᠵᠢᠭᠦᠯᠵᠦ᠂ ᠴᠠᠬᠢᠯᠭᠠᠨ ᠬᠦᠴᠦᠨ ᠤ ᠵᠠᠮ ᠱᠤᠭᠤᠮ ᠢ 279 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠵᠠᠰᠠᠵᠤ᠂ 137 ᠡᠷᠦᠬᠡ ᠶᠢᠨ ᠮᠠᠯᠴᠢᠨ ᠲᠠᠷᠢᠶᠠᠴᠢᠳ ᠤᠨ ᠴᠠᠬᠢᠯᠭᠠᠨ ᠭᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ᠃ ᠮᠤᠵᠢ ᠶᠢᠨ ᠵᠠᠮ S39 ᠲᠦᠷᠭᠡᠨ ᠤ ᠵᠠᠰᠠᠮᠠᠯ | ᠵᠠᠮ ᠤᠨ ᠭᠠᠭᠴᠠᠮᠤᠳᠤ ᠪᠣᠭᠤᠮᠲᠠ ᠠᠴᠠ ᠬᠠᠯᠢᠭᠤᠳᠤ ᠬᠥᠷᠬᠦ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ | ᠵᠠᠮ G335 ᠬᠦᠨᠬᠤᠳᠳᠤᠭ ᠠᠴᠠ ᠬᠠᠯᠢᠭᠤᠳᠤ ᠬᠥᠷᠬᠦ ᠬᠡᠰᠡᠭ᠂ ᠮᠤᠵᠢ ᠶᠢᠨ ᠵᠠᠮ S215 ᠤᠤᠪᠤᠯᠠᠭ ᠤᠨ ᠠᠮᠠ ᠠᠴᠠ ᠰᠢᠨ ᠠᠨ ᠬᠥᠷᠬᠦ ᠬᠡᠰᠡᠭ ᠤᠨ | ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠢᠶᠠᠨ ᠳᠠᠭᠤᠰᠬᠠᠬᠤ ᠶᠢ | ᠠᠬᠢᠭᠤᠯᠵᠤ᠂ 346 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠦᠭᠡᠷᠡᠴᠢᠯᠡᠨ ᠵᠠᠰᠠᠵᠤ᠂ ᠬᠤᠲᠠ ᠬᠥᠳᠡᠭᠡ ᠶᠢᠨ ᠴᠢᠨᠠᠷ ᠰᠠᠶᠢᠲᠠᠶ | ᠬᠥᠭᠵᠢᠯᠲᠡ ᠬᠢᠭᠡᠳ ᠴᠢᠨᠠᠷ ᠰᠠᠶᠢᠲᠠᠶ ᠠᠮᠢᠳᠤᠷᠠᠯ ᠢ ᠬᠠᠷᠢᠯᠴᠠᠨ ᠠᠭᠤᠰᠤᠯᠴᠠᠭᠤᠯᠬᠤ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠶᠢ ᠴᠢᠷᠮᠠᠶᠢᠨ | ᠪᠡᠶᠡᠯᠡᠭᠦᠯᠦᠨ᠎ᠡ᠃ | ︵ᠭᠤᠷᠪᠠ︶ ᠠᠮᠢ ᠠᠬᠤᠶ ᠶᠢᠨ ᠬᠠᠮᠠᠭᠠᠯᠠᠯᠲᠠ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ | ᠦᠵᠡᠯ ᠰᠠᠨᠠᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽ᠭᠤᠷᠪᠠᠨ ᠱᠤᠭᠤᠮ ᠨᠢᠭᠡ ᠲᠠᠩᠰᠠ︾ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠶᠢᠨ ᠱᠠᠯᠠᠪᠳᠠᠭᠤᠯᠤᠨ ᠪᠠᠶᠢᠴᠠᠭᠠᠯᠲᠠ ᠶᠢ ᠪᠦᠬᠦ ᠬᠦᠴᠦᠨ ᠢᠶᠠᠷ ᠢᠶᠠᠨ ᠬᠠᠮᠵᠢᠯᠴᠠᠨ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠭᠠᠷ | ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠯᠠᠪᠲᠠᠭᠤᠨ ᠦᠷᠨᠢᠬᠦᠯᠵᠤ᠂ ᠴᠠᠶᠢᠶ᠋ᠢᠦ ᠲᠣᠰᠣᠨ ᠤ ᠠᠴᠢᠶᠠᠨ ᠤ ᠮᠠᠰᠢᠨ ᠲᠡᠷᠭᠡ ᠶᠢᠨ ᠪᠣᠬᠢᠷᠲᠤᠯ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠪᠣᠬᠢᠷᠲᠤᠯ ᠢ ᠵᠠᠰᠠᠬᠤ ᠪᠠ ᠡᠰᠢ ᠰᠦᠷᠡᠯ᠂ ᠦᠯᠡᠳᠡᠭᠳᠡᠯ ᠰᠦᠯᠢᠶᠤᠤ ᠪᠦᠷᠬᠦᠪᠴᠢ ᠶᠢ ᠶᠡᠷᠦᠩᠬᠡᠶᠢᠯᠡᠨ ᠠᠰᠢᠭᠯᠠᠬᠤ ᠶᠢ | ᠦᠷᠭᠦᠯᠵᠢᠯᠡᠨ ᠠᠬᠢᠭᠤᠯᠤᠨ᠎ᠠ᠃ ᠬᠦᠨᠳᠦ ᠲᠡᠮᠦᠷᠯᠢᠭ ᠤᠨ ᠪᠤᠬᠢᠷᠳᠤᠯ ᠳᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠢ | ᠴᠢᠩᠭᠠᠷᠠᠭᠤᠯᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ᠂ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠪᠠ ᠠᠮᠢᠳᠤᠷᠠᠯ ᠤᠨ | ᠬᠤᠭ ᠨᠣᠪᠰᠢ ᠶᠢᠨ ᠪᠤᠬᠢᠷᠳᠤᠯ ᠤᠨ ᠵᠠᠰᠠᠯᠳᠠ ᠶᠢ ᠴᠢᠩᠭᠠᠳᠬᠠᠨ᠎ᠠ᠃ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠶᠤᠨᠲᠤ ᠣᠶ ᠮᠤᠳᠤ ᠤᠷᠭᠤᠮᠠᠯ ᠡᠪᠡᠰᠦᠨ ᠤ ᠠᠮᠢ ᠠᠬᠤᠶ ᠶᠢᠨ ᠬᠠᠮᠠᠭᠠᠯᠠᠯᠲᠠ ᠬᠢᠭᠡᠳ ᠬᠢᠨᠠᠯᠲᠠ ᠬᠠᠮᠢᠶᠠᠷᠤᠯᠲᠠ ᠶᠢᠨ ᠲᠣᠮᠣ ᠳ᠋ᠠᠶᠢᠲ᠋ᠠ ᠶᠢᠨ | ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠂ ᠨᠤᠲᠤᠭ ᠪᠡᠯᠴᠢᠭᠡᠷ ᠤᠨ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠡᠵᠡᠯᠡᠨ ᠬᠡᠷᠡᠭᠯᠡᠬᠦ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠭᠦᠨ᠎ᠡ᠃ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠪᠡᠯᠴᠢᠭᠡᠷ ᠮᠠᠯ ᠢ ᠲᠡᠩᠴᠡᠭᠦᠷᠢᠲᠠᠢ ᠪᠠᠶᠢᠯᠭᠠᠬᠤ ᠲᠦᠷᠢᠮ ᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠮᠠᠯᠴᠢᠳ ᠢ ᠲᠠᠭᠠᠭᠤᠯᠤᠨ ᠵᠢᠯᠣᠭᠤᠳᠴᠤ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠂ ᠣᠶ ᠰᠢᠭᠤᠶ ᠨᠤᠲᠤᠭ ᠪᠡᠯᠴᠢᠭᠡᠷ ᠢ | ᠬᠠᠮᠠᠭᠠᠯᠠᠨ ᠰᠡᠷᠭᠦᠭᠡᠬᠦ ᠪᠠ ᠴᠦᠯᠯᠡᠷᠭᠡᠭᠵᠢᠯ ᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ | ᠰᠡᠷᠭᠦᠭᠡᠬᠦ ᠲᠥᠷᠥᠯ ᠵᠦᠢᠯ ᠢ 10 ᠲᠦᠮᠡᠨ ᠮᠥ ᠬᠡᠷᠡᠭᠵᠢᠭᠦᠯᠬᠦ ᠪᠠᠷ ᠴᠢᠷᠮᠠᠶᠢᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠ ᠨᠤᠲᠤᠭ ᠪᠡᠯᠴᠢᠭᠡᠷ ᠤᠨ | ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠠᠬᠢᠭᠤᠯᠤᠨ᠂ ᠤᠷᠠᠳ ᠤᠨ ᠳᠤᠮᠳᠠᠳᠤ ᠬᠤᠰᠢᠭᠤᠨ ᠤ ᠬᠦᠬᠡ | ᠲᠩᠷᠢ ᠴᠠᠭᠠᠨ ᠡᠭᠦᠯᠡ᠂ ᠬᠥᠬᠡᠮᠳᠦᠭ ᠠᠭᠤᠯᠠ ᠲᠤᠩᠭᠠᠯᠠᠭ ᠤᠰᠤ ᠪᠣᠯᠤᠨ ᠦᠩ ᠰᠢᠮᠡᠯᠢᠭ ᠲᠠᠷᠢᠶᠠᠨ ᠭᠠᠵᠠᠷ ᠲᠠᠯ᠎ᠠ ᠨᠤᠲᠤᠭ ᠢᠶᠠᠨ ᠡᠷᠡᠰ ᠰᠠᠬᠢᠨ ᠬᠠᠮᠠᠭᠠᠯᠠᠨ᠎ᠠ᠃ | | ︵ᠳᠥᠷᠪᠡ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠥᠨᠳᠥᠷ ᠲᠦᠪᠰᠢᠨ ᠢᠶᠠᠷ ᠰᠠᠶᠢᠲᠤᠷ ᠠᠳᠬᠤᠨ᠎ᠠ᠃ ᠠᠷᠠᠳ ᠤᠯᠠᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠨᠠᠷᠢᠯᠢᠭᠵᠢᠭᠤᠯᠬᠤ᠂ ᠦᠨᠳᠦᠰᠦᠨ ᠤᠯᠠᠨ ᠨᠡᠶᠢᠲᠡ | ᠶᠢᠨ ᠦᠢᠯᠡᠴᠢᠯᠡᠭᠡ ᠶᠢ ᠲᠡᠩᠴᠡᠬᠦᠷᠢᠰᠢᠬᠦᠯᠬᠦ᠂ ᠨᠡᠶᠢᠭᠡᠮ ᠤᠨ ᠵᠠᠰᠠᠯᠲᠠ ᠶᠢ ᠤᠳᠤᠬᠢᠴᠢᠯᠠᠬᠤ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠠᠵᠢᠯ | ᠣᠯᠭᠤᠯᠲᠠ ᠬᠡᠭᠦ ᠡᠨᠡᠬᠦ ᠠᠷᠠᠳ ᠤᠨ ᠠᠮᠢᠳᠤᠷᠠᠯ ᠤᠨ ᠦᠨᠳᠦᠰᠦ ᠶᠢ ᠴᠢᠩᠭ᠎ᠠ ᠠᠳᠬᠤᠵᠤ᠂ ᠠᠵᠢᠯ ᠣᠯᠭᠤᠯᠲᠠ ᠶᠢ ᠲᠡᠷᠢᠬᠦᠨ ᠳᠤ ᠲᠠᠯᠪᠢᠬᠤ ᠪᠠᠶᠢᠯᠳᠤᠬᠤ | ᠪᠤᠳᠤᠯᠭ᠎ᠠ ᠪᠣᠯᠤᠨ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠠᠭᠠᠨ ᠢᠳᠡᠭᠡ ᠪᠤᠯᠪᠠᠰᠤᠷᠠᠭᠤᠯᠬᠤ | ᠂ ᠮᠥᠩᠭᠦᠨ ᠡᠳ᠋ᠯᠡᠯ ᠭᠠᠤᠯᠢᠨ ᠡᠳ᠋ᠯᠡᠯ᠂ ᠠᠷᠠᠰᠤᠨ ᠰᠡᠶᠢᠯᠦᠮᠡᠯ᠂ ᠬᠠᠰ ᠰᠡᠶᠢᠯᠦᠮᠡᠯ ᠵᠡᠷᠭᠡ ᠦᠨᠳᠦᠰᠦᠲᠡᠨ ᠤ ᠤᠨᠴᠠᠯᠢᠬᠳᠤ ᠭᠠᠷ ᠤᠷᠠᠯᠠᠯ ᠤᠨ ᠤᠷ᠎ᠠ ᠮᠡᠷᠭᠡᠵᠢᠯ ᠤᠨ | ᠪᠣᠯᠪᠠᠰᠤᠷᠠᠯ ᠢ ᠶᠡᠬᠡᠪᠡᠷ ᠥᠷᠨᠢᠭᠦᠯᠵᠦ᠂ ᠤᠯᠠᠨ ᠨᠡᠶᠢᠲᠡ ᠶᠢᠨ ᠰᠤᠷᠭᠠᠯᠲᠠ ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠴᠢᠷᠮᠠᠶᠢᠵᠤ᠂ ᠠᠵᠢᠯ ᠣᠯᠭᠤᠬᠤ | ᠦᠢᠯᠡᠰ ᠪᠤᠰᠬᠠᠬᠤ ᠠᠷᠭ᠎ᠠ ᠵᠠᠮ ᠢ ᠦᠷᠭᠦᠯᠵᠢᠯᠡᠨ ᠲᠣᠭᠲᠠᠭᠤᠨ ᠢᠶᠠᠷ ᠥᠷᠭᠡᠳᠬᠡᠵᠦ᠂ ᠵᠢᠯ ᠤᠨ ᠳᠣᠲᠣᠷ᠎ᠠ 700 ᠬᠥᠮᠦᠨ ᠳᠤ ᠰᠢᠨ᠎ᠡ ᠪᠠᠷ ᠠᠵᠢᠯ ᠣᠯᠭᠤᠨ᠎ᠠ᠃ | ᠰᠤᠷᠭᠠᠨ ᠬᠥᠮᠦᠵᠢᠯ ᠬᠡᠭᠦ ᠡᠨᠡᠬᠦ ᠠᠷᠠᠳ ᠤᠨ ᠠᠮᠢᠳᠤᠷᠠᠯ ᠤᠨ ᠰᠠᠭᠤᠷᠢ ᠶᠢ ᠪᠣᠳᠠᠲᠠᠢ ᠠᠳᠬᠤᠵᠤ᠂ ᠭᠤᠷᠪᠠᠳᠤᠭᠠᠷ ᠪᠠᠭ᠎ᠠ ᠰᠤᠷᠭᠠᠭᠤᠯᠢ᠂ ᠲᠠᠪᠤᠳᠤᠭᠠᠷ ᠭᠡᠤᠭᠡᠳ ᠤᠨ | ᠴᠡᠴᠡᠷᠯᠢᠭ ᠢ ᠡᠬᠢᠯᠡᠨ ᠪᠠᠶᠢᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠲᠡᠯ ᠠᠭᠤᠯᠠ ᠰᠤᠷᠭᠠᠭᠤᠯᠢ᠂ ᠦᠵᠦᠬᠦᠷ ᠭᠤᠤᠯ | ᠰᠤᠷᠭᠠᠭᠤᠯᠢ ᠵᠡᠷᠭᠡ ᠶᠢᠨ 4 ᠰᠠᠭᠤᠷᠢ ᠪᠡᠶ᠎ᠡ ᠶᠢᠨ ᠲᠠᠮᠢᠷ ᠤᠨ ᠣᠷᠳᠣᠨ ᠪᠠ 2 ᠭᠤᠮ ᠲᠠᠮᠢᠷ ᠤᠨ ᠲᠠᠯᠠᠪᠤᠷ ᠤᠨ ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠪᠠᠶᠢᠬᠤ ᠶᠢᠨ ᠳᠤᠲᠠᠭᠤᠳᠠᠯ ᠢ ᠨᠥᠬᠦᠪᠥᠷᠢᠯᠡᠬᠦ ᠶᠢ ᠲᠦᠷᠭᠡᠳᠭᠡᠵᠤ᠂ ᠪᠦᠬᠦ ᠤᠯᠤᠰ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠦᠭᠵᠢᠯᠳᠡ ᠶᠢᠨ ᠬᠤᠰᠢᠭᠤ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ︽ᠬᠤᠶᠠᠷ ᠢ | ᠬᠦᠩᠭᠡᠷᠡᠬᠦᠯᠬᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠭᠰᠢ ᠠᠵᠢᠯᠲᠠᠳ ᠤᠨ | ᠬᠦᠮᠦᠨ ᠤ ᠲᠤᠭ᠎ᠠ ᠶᠢᠨ ᠬᠠᠮᠢᠶᠠᠷᠤᠯᠲᠠ᠂ ᠰᠤᠷᠭᠠᠭᠤᠯᠢ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠲᠤᠰᠠᠭᠠᠷ ᠲᠤᠬᠢᠷᠠᠭᠤᠯᠬᠤ ᠪᠠ ᠳᠤᠮᠳᠠᠳᠤ ᠪᠠᠭ᠎ᠠ | ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶ ᠠᠬᠢᠭᠤᠯᠵᠤ᠂ ᠰᠢᠨ᠎ᠡ ᠴᠠᠭ | ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ | ᠬᠠᠷᠠᠭᠠᠯᠵᠠᠯ ᠦᠵᠡᠭᠦᠯᠬᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ | ᠨᠡᠶᠢᠭᠡᠮ ᠤᠨ ᠪᠠᠲᠤᠯᠠᠭ᠎ᠠ ᠬᠡᠭᠦ ᠡᠨᠡᠬᠦ ᠠᠷᠠᠳ ᠤᠨ ᠠᠮᠢᠳᠤᠷᠠᠯ ᠤᠨ ᠲᠦᠰᠢᠭ ᠲᠤᠯᠭᠠᠭᠤᠷᠢ ᠶᠢ ᠰᠠᠶᠢᠲᠤᠷ ᠠᠳᠬᠤᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠤᠷᠮ᠎ᠠ ᠶᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠲᠤᠮᠤ ᠳ᠋ᠠᠶᠢᠲ᠋ᠠ ᠵᠡᠷᠭᠡ ᠠᠷᠭ᠎ᠠ ᠪᠠᠷᠢᠯ ᠢ ᠬᠡᠷᠡᠭᠯᠡᠨ ᠰᠠᠭᠤᠷᠢ ᠮᠥᠩᠭᠦᠨ ᠤ ᠠᠮᠤᠷ ᠲᠦᠪᠰᠢᠨ ᠢ ᠰᠠᠶᠢᠲᠤᠷ ᠪᠠᠲᠤᠯᠠᠨ᠎ᠠ᠃ ᠱᠠᠲᠤ | ᠲᠥᠷᠥᠯ ᠬᠤᠪᠢᠶᠠᠨ ᠨᠡᠶᠢᠭᠡᠮ ᠤᠨ ᠠᠪᠤᠷᠠᠨ ᠲᠤᠰᠠᠯᠠᠯᠳᠠ ᠬᠢᠬᠦ ᠪᠤᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ | ︽ᠨᠠᠰᠤᠲᠠᠶᠢᠴᠤᠳ ᠪᠠ ᠬᠡᠦᠬᠡᠳ︾ ᠤᠨ ᠡᠷᠡᠭᠦᠯ ᠮᠡᠨᠳᠤ ᠶᠢᠨ ᠦᠢᠯᠡᠴᠢᠯᠡᠭᠡ ᠶᠢ ᠠᠬᠢᠭᠤᠯᠤᠨ᠂ ︽ᠣᠶᠤᠨᠴᠢ ᠪᠠᠷ ᠨᠠᠰᠤᠲᠠᠶᠢᠴᠤᠳ ᠢ ᠬᠠᠪᠰᠤᠷᠬᠤ︾ | ᠠᠵᠢᠯᠯᠠᠭ᠎ᠠ ᠶᠢ ᠡᠬᠢᠯᠡᠭᠦᠯᠵᠦ᠂ ᠹᠦ᠋ ᠯᠧ ᠺᠠᠩ ᠨᠠᠰᠤᠲᠠᠶᠢᠴᠤᠳ ᠤᠨ ᠰᠤᠪᠢᠯᠠᠯᠲᠠ ᠶᠢᠨ ᠬᠦᠷᠢᠶᠡᠯᠡᠩ ᠢ ᠰᠢᠨ᠎ᠡ ᠪᠠᠷ ᠪᠠᠶᠢᠭᠤᠯᠤᠨ᠂ ᠣᠷᠣᠰᠢᠭᠤᠯᠭ᠎ᠠ ᠶᠢᠨ | ᠦᠢᠯᠡᠴᠢᠯᠡᠭᠡᠨ ᠤ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠪᠠᠬᠢᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠤ ᠬᠡᠭᠦ ᠡᠨᠡᠬᠦ ᠠᠷᠠᠳ ᠤᠨ ᠠᠮᠢᠳᠤᠷᠠᠯ ᠤᠨ ᠬᠡᠷᠡᠭᠴᠡᠭᠡ ᠶᠢ | ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠰᠠᠶᠢᠲᠤᠷ ᠰᠠᠬᠢᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠤᠭᠲᠠᠯᠴᠠᠭ᠎ᠠ ᠶᠢ ᠲᠡᠭᠦᠯᠳᠡᠷᠵᠢᠬᠦᠯᠤᠨ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ | ᠲᠣᠭᠤᠷᠢᠭ ᠪᠠ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠵᠢᠴᠢ ᠳᠠᠭᠠᠯᠲᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠲᠣᠰᠬᠤᠨ | ᠪᠠᠯᠭᠠᠰᠤ 2᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠣᠰᠬᠤᠨ ᠪᠠᠯᠭᠠᠰᠤ 2᠂ ᠡᠷᠡᠭᠦᠯ ᠬᠠᠮᠠᠭᠠᠯᠠᠯ ᠤᠨ ᠭᠠᠴᠠᠭ᠎ᠠ ᠲᠣᠰᠬᠤᠨ 46 ᠶᠢ | ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠣᠯᠠᠨ ᠨᠡᠶᠢᠲᠡ ᠶᠢᠨ ᠰᠣᠶᠣᠯ ᠬᠡᠬᠦ ᠡᠨᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠨ ᠠᠳᠬᠤᠵᠤ᠂ ᠲᠡᠯ | ᠠᠭᠤᠯᠠ ᠶᠢᠨ ᠣᠩᠭᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ᠂ ᠬᠦᠷᠢᠶ᠎ᠡ ᠪᠤᠯᠤᠩ ᠤᠨ 1 ᠨᠣᠮᠧᠷᠲᠤ ᠬᠠᠯᠬᠠᠪᠴᠢ ᠬᠤᠲᠠ ᠶᠢ ᠬᠠᠮᠠᠭᠠᠯᠠᠵᠤ | ᠰᠡᠯᠪᠢᠨ ᠵᠠᠰᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ | ᠵᠢᠯ ᠪᠦᠷᠢ 60 ᠤᠳᠠᠭ᠎ᠠ ᠠᠴᠠ ᠲᠡᠭᠡᠭᠰᠢ ᠲᠣᠭᠯᠠᠯᠲᠠ ᠭᠠᠷᠭᠠᠵᠤ᠂ ᠴᠢᠨᠠᠷ ᠰᠠᠶᠢᠲᠠᠶ ᠬᠥᠭᠵᠢᠯᠲᠡ ᠳᠤ ᠣᠶᠤᠨ ᠰᠠᠨᠠᠭᠠᠨ ᠤ ᠬᠥᠳᠡᠯᠭᠡᠬᠦ ᠬᠦᠴᠦᠨ ᠪᠠ ᠰᠣᠶᠣᠯ ᠤᠨ | ᠲᠤᠯᠭᠠᠭᠤᠷᠢᠯᠠᠯ ᠬᠠᠩᠭᠠᠨ᠎ᠠ᠃ ᠨᠡᠶᠢᠭᠡᠮ ᠤᠨ ᠵᠠᠰᠠᠯᠲᠠ ᠭᠡᠬᠦ ᠡᠨᠡᠬᠦ ᠠᠷᠠᠳ ᠤᠨ ᠠᠮᠢᠳᠤᠷᠠᠯ ᠤᠨ ᠰᠠᠭᠤᠷᠢ ᠶᠢ ᠨᠠᠷᠢᠯᠢᠭ ᠠᠳᠬᠤᠵᠤ᠂ ᠣᠶᠤᠨᠳᠤ ᠬᠢᠨᠠᠯᠲᠠ | ᠬᠠᠮᠢᠶᠠᠷᠤᠯᠲᠠ ᠶᠢᠨ ᠬᠦᠴᠦᠯᠡᠴᠡ ᠪᠠᠨ ᠴᠢᠩᠭᠠᠤᠨᠬᠠᠨ᠂ 2 —3 ᠪᠠᠷᠢᠮᠵᠢᠶᠠᠵᠢᠭᠰᠠᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠢᠱᠢᠶ᠎ᠡ | ᠦᠵᠡᠭᠦᠯᠬᠦ ᠳᠡᠯᠭᠡᠭᠦᠷ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠤᠷᠤᠨ ᠲᠤᠭᠤᠷᠢᠭᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠡᠩᠨᠡᠭᠡ ᠶᠢ ᠲᠡᠭᠦᠯᠳᠡᠷᠵᠢᠭᠦᠯᠦᠨ | ᠪᠤᠵᠠᠭᠠᠶᠢᠷᠠᠭᠤᠯᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠵᠢᠴᠢ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ | ᠠᠬᠢᠭᠤᠯᠤᠨ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ | ᠮᠡᠳᠡᠭᠡ ᠵᠠᠩᠭᠢᠴᠢᠯᠠᠯᠲᠠ ᠶᠢᠨ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢᠨ ᠲᠠᠯ᠎ᠠ ᠪᠠᠷ ᠬᠢ ᠲᠤᠬᠠᠶᠢᠯᠠᠭᠰᠠᠨ ᠠᠵᠢᠯ ᠤᠨ ᠬᠡᠷᠡᠭᠯᠡᠭᠡ ᠶᠢ ᠴᠢᠩᠭᠠᠳᠬᠠᠨ᠂ ᠤᠷᠤᠨ | ᠲᠤᠭᠤᠷᠢᠭᠴᠢᠯᠠᠭᠰᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠬᠢ ᠶᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠵᠠᠰᠠᠯᠲᠠ ᠶᠢᠨ ︽ᠵᠢᠵᠢᠭ ᠤᠷᠤᠨ | ᠲᠤᠭᠤᠷᠢᠭ︾ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ︽ᠶᠡᠭᠡ ᠦᠢᠯᠡᠴᠢᠯᠡᠭᠡ︾ ᠶᠢ ᠲᠤᠯᠭᠠᠭᠤᠷᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠷᠠᠳ ᠤᠨ | ᠠᠮᠢᠳᠤᠷᠠᠯ ᠤᠨ ᠰᠠᠭᠤᠷᠢ ᠶᠢ ᠪᠠᠬᠢᠵᠢᠬᠦᠯᠦᠨ᠎ᠡ᠃ | ︵ᠲᠠᠪᠤ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠳᠦᠷ ᠪᠠᠷᠢᠮᠵᠢᠶ᠎ᠠ ᠪᠠᠷ ᠰᠠᠶᠢᠲᠤᠷ ᠠᠳᠬᠤᠨ᠎ᠠ᠃ ᠰᠢᠨ᠎ᠡ ᠬᠠᠷᠢᠭᠤᠴᠠᠯᠭ᠎ᠠ᠂ | ᠰᠢᠨ᠎ᠡ ᠡᠭᠦᠷᠭᠡ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠤ᠂ ᠪᠢᠳᠡ ᠢᠮᠠᠭᠲᠠ ᠠᠷᠠᠳ ᠤᠨ ᠰᠡᠳᠬᠢᠯ ᠢ ᠬᠠᠮᠤᠭ ᠤᠨ | ᠶᠡᠭᠡ ᠤᠯᠤᠰ ᠲᠦᠷᠦ ᠪᠣᠯᠭᠠᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠵᠠᠰᠠᠭ ᠤᠨ ᠣᠷᠳᠣᠨ ᠤ | ᠵᠠᠰᠠᠯᠲᠠ ᠶᠢᠨ ᠲᠤᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ | ᠵᠦᠢᠯ ᠤᠨ ᠬᠠᠷᠠᠯᠳᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | ᠤᠯᠤᠰ ᠲᠦᠷᠦ ᠶᠢᠨ ᠤᠬᠠᠮᠰᠠᠷ ᠢᠶᠠᠨ ᠦᠷᠬᠦᠯᠵᠢᠯᠡᠨ ᠴᠢᠩᠭᠠᠳᠬᠠᠵᠤ᠂ ᠲᠠᠭᠠᠭᠤᠯᠤᠨ ᠲᠠᠶᠢᠴᠢᠯᠠᠬᠤ ᠬᠦᠴᠦᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠢᠮᠠᠭᠲᠠ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠴᠢᠬᠤᠯᠠ ᠶᠡᠭᠡ ᠪᠠᠶᠢᠷᠢᠯᠠᠭᠤᠯᠤᠯᠲᠠ᠂ | ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠷᠤᠯᠴᠠᠵᠤ᠂ ᠲᠦᠷᠦ ᠶᠢᠨ ᠪᠤᠳᠤᠯᠭ᠎ᠠ ᠲᠦᠷᠢᠮ ᠢ ᠣᠶᠢᠯᠠᠭᠠᠬᠤ ᠴᠢᠳᠠᠪᠤᠷᠢ᠂ ᠬᠡᠷᠡᠭᠯᠡᠬᠦ ᠴᠢᠳᠠᠪᠤᠷᠢ ᠪᠠᠨ | ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠦᠨᠳᠦᠰᠦᠨ ᠱᠠᠳᠤᠨ ᠳᠤ ᠭᠦᠨᠵᠡᠭᠡᠶᠢᠷᠡᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ | ᠵᠠᠰᠠᠭ ᠶᠠᠪᠤᠭᠤᠯᠬᠤ ᠠᠷᠭ᠎ᠠ ᠬᠡᠮᠵᠢᠶ᠎ᠡ ᠪᠠᠨ ᠪᠣᠳᠠᠲᠠᠢ ᠲᠠᠢ ᠨᠡᠩ ᠰᠠᠶᠢᠬᠠᠨ ᠨᠡᠶᠢᠴᠡᠭᠦᠯᠵᠦ᠂ ᠠᠷᠠᠳ ᠤᠨ ᠬᠦᠰᠡᠯ ᠡᠷᠡᠮᠡᠯᠵᠡᠯ ᠲᠠᠢ ᠤᠶᠠᠯᠳᠤᠭᠤᠯᠤᠨ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠨ᠎ᠡ᠃ | ᠠᠷᠢᠭᠤᠨ ᠴᠢᠬᠡᠴᠢ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠰᠠᠬᠢᠯᠭ᠎ᠠ ᠪᠠᠲᠤ ᠪᠠ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠥᠬᠡᠶ ᠵᠠᠯᠠᠷᠠᠭᠤᠯᠤᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠠᠵᠢᠯᠯᠠᠭ᠎ᠠ ᠶᠢ ᠤᠯᠠᠮ ᠨᠢᠭᠡ | ᠠᠯᠬᠤᠮ ᠲᠦᠷᠢᠮᠵᠢᠬᠦᠯᠵᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠪᠤᠯᠤᠨ ᠬᠢᠨᠠᠨ ᠪᠤᠳᠤᠯᠲᠠ ᠶᠢᠨ ᠬᠢᠨᠠᠯᠲᠠ ᠲᠠᠯᠪᠢᠯᠳᠠ ᠪᠠᠨ ᠴᠢᠩᠭᠠᠳᠬᠠᠨ᠂ ᠡᠷᠬᠡ ᠶᠢᠨ | ᠠᠵᠢᠯᠯᠠᠭᠠᠨ ᠢ ᠲᠦᠷᠢᠮᠵᠢᠬᠦᠯᠦᠨ᠎ᠡ᠃ ᠠᠵᠢᠯᠴᠢ ᠬᠦᠳᠡᠯᠮᠦᠷᠢᠴᠢ ᠪᠠᠷ ᠠᠷᠪᠢᠯᠠᠨ ᠭᠠᠮᠨᠠᠬᠤ ᠶᠢ ᠪᠠᠷᠢᠮᠲᠠᠯᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠂ | ᠬᠢᠵᠠᠭᠠᠷ ᠲᠠᠢ ᠵᠣᠭᠤᠰ ᠮᠥᠩᠭᠦ ᠪᠠᠨ ᠬᠥᠭᠵᠢᠭᠦᠯᠦᠯᠲᠡ ᠶᠢᠨ ᠬᠡᠷᠡᠭᠴᠡᠭᠡ ᠪᠤᠯᠤᠨ ᠤᠯᠠᠨ ᠲᠦᠮᠡᠨ ᠳᠤ ᠠᠰᠢᠭ ᠲᠤᠰᠠ ᠬᠦᠷᠲᠡᠭᠡᠬᠦ ᠭᠠᠵᠠᠷ ᠲᠤ ᠬᠡᠷᠡᠭᠯᠡᠨ᠎ᠡ᠃ | ᠨᠠᠮ ᠤᠨ ᠰᠤᠷᠲᠠᠯ ᠤᠨ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭᠠᠳᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠪ ᠰᠤᠷᠲᠠᠯ ᠴᠢᠬᠡᠴᠢ | ᠶᠤᠰᠤ ᠶᠢ ᠦᠨᠢᠲᠡ ᠪᠠᠷᠢᠮᠲᠠᠯᠠᠨ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠤ᠂ ᠲᠦᠪ ᠰᠤᠷᠲᠠᠯ ᠴᠢᠬᠡᠴᠢ | ᠶᠤᠰᠤ ᠶᠢᠨ ᠤᠯᠤᠰ ᠲᠦᠷᠦ ᠶᠢᠨ ᠠᠮᠢ ᠠᠬᠤᠶ ᠶᠢ ᠪᠤᠢ ᠪᠣᠯᠭᠠᠨ᠎ᠠ᠃ | ᠬᠠᠤᠯᠢᠵᠢᠯ ᠤᠨ ᠤᠬᠠᠮᠰᠠᠷ ᠢᠶᠠᠨ ᠴᠢᠩᠭᠠᠳᠬᠠᠵᠤ᠂ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠢ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ | ᠲᠤᠭᠤᠰᠢᠯᠠᠭᠤᠯᠤᠨ᠂ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ ᠶᠢ ᠵᠢᠷᠤᠮᠵᠢᠭᠤᠯᠬᠤ᠂ ᠵᠠᠰᠠᠭ ᠵᠠᠬᠢᠷᠭᠠᠨ ᠤ ᠦᠢᠯᠡᠴᠢᠯᠡᠭᠡ ᠶᠢ ᠪᠠᠷᠢᠮᠵᠢᠶᠠᠵᠢᠭᠤᠯᠬᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠦᠯᠲᠡ | ᠶᠢᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠤᠯᠠᠨ ᠲᠦᠮᠡᠨ ᠤ ᠨᠡᠶᠢᠭᠡᠮ ᠤᠨ ᠬᠢᠨᠠᠯᠲᠠ ᠵᠢᠴᠢ ᠰᠠᠬᠢᠯᠭ᠎ᠠ ᠪᠠᠳᠤ ᠬᠢᠨᠠᠨ ᠪᠠᠶᠢᠴᠠᠭᠠᠬᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠭᠡᠰᠢᠬᠦᠳ ᠤᠨ ᠰᠠᠨᠠᠯ ᠲᠤᠷᠠᠳᠤᠯᠭ᠎ᠠ ᠶᠢ ᠬᠦᠢᠴᠡᠳᠭᠡᠨ ᠰᠢᠢᠳᠪᠦᠷᠢᠯᠡᠬᠦ ᠶᠠᠰᠤ ᠴᠢᠨᠠᠷ ᠪᠤᠯᠤᠨ ᠨᠠᠶᠢᠳᠠᠪᠤᠷᠢᠵᠢᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ︽ᠠᠯᠪᠠᠨ ᠤ ᠭᠤᠷᠪᠠᠨ ᠵᠠᠷᠤᠳᠠᠯ︾ ᠪᠠ ᠡ᠊ᠩ ᠤᠨ ᠴᠢᠨᠠᠷᠲᠠᠶ ᠡᠳ᠋ ᠤᠨ ᠵᠠᠰᠠᠭ ᠤᠨ ᠵᠠᠷᠤᠯᠭ᠎ᠠ ᠶᠢ ᠤᠯᠠᠮ ᠨᠢᠭᠡ ᠠᠯᠬᠤᠮ | ᠪᠠᠭᠠᠰᠬᠠᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠪᠠᠷ ᠬᠦᠴᠦᠯᠡᠨ ᠴᠢᠷᠮᠠᠶᠢᠵᠤ᠂ ᠢᠯᠡ ᠪᠠᠷ ᠵᠠᠰᠠᠭ ᠶᠠᠪᠤᠭᠤᠯᠬᠤ᠂ ᠠᠮᠠᠯᠠᠪᠠᠯ ᠵᠠᠪᠠᠯ | ᠦᠢᠯᠡᠳᠦᠯᠭᠡᠵᠢᠭᠦᠯᠬᠦ ᠠᠵᠢᠯᠯᠠᠭ᠎ᠠ ᠪᠠᠷ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ | ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠭᠦᠢᠴᠡᠳᠬᠡᠬᠦ ᠬᠦᠴᠦᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠪᠦᠯᠬᠦᠮᠳᠡᠨ ᠠᠵᠢᠯᠯᠠᠵᠤ | ᠦᠢᠯᠡᠰ ᠪᠤᠰᠬᠠᠵᠦ᠂ ᠰᠤᠳᠤᠯᠤᠨ ᠲᠣᠭᠲᠠᠭᠠᠭᠰᠠᠨ ᠤᠴᠢᠷ ᠶᠠᠪᠤᠳᠠᠯ ᠢ ᠮᠠᠷᠭᠤᠯᠳᠤᠬᠤ ᠦᠭᠡᠢ᠂ ᠲᠦᠢᠪᠡᠭᠡᠬᠦ ᠦᠭᠡᠢ ᠪᠠᠶᠢᠵᠤ᠂ ᠰᠢᠢᠳᠪᠦᠷᠢᠲᠦ ᠪᠤᠳᠤᠯᠭ᠎ᠠ | ᠨᠠᠶᠢᠳᠠᠪᠤᠷᠢᠵᠢᠭᠤᠯᠤᠯᠳᠠ ᠶᠢ ᠨᠢᠭᠡᠳᠦᠯᠳᠠᠢ ᠶᠠᠪᠤᠭᠳᠠᠭᠤᠯᠵᠤ᠂ ᠠᠵᠢᠯ ᠢᠶᠠᠨ ᠢᠵᠢᠯ ᠳᠠᠪᠲᠠᠮᠵᠢ ᠪᠠᠷ ᠠᠬᠢᠭᠤᠯᠤᠨ᠎ᠠ᠃ ᠠᠵᠢᠯᠯᠠᠬᠤ ᠤᠷᠮ᠎ᠠ ᠵᠣᠷᠢᠭ ᠢᠶᠠᠷ ᠬᠦᠷᠦᠯᠴᠡᠬᠦ | ᠦᠭᠡᠢ᠂ ᠠᠵᠢᠯ ᠤᠨ ᠰᠤᠷᠲᠠᠯ ᠦᠨᠡᠨ ᠪᠣᠳᠠᠲᠠᠶ ᠪᠢᠰᠢ᠂ ᠠᠵᠢᠯ ᠤᠨ ᠦᠷ᠎ᠡ ᠪᠦᠲᠦᠮᠵᠢ ᠥᠨᠳᠥᠷ ᠪᠤᠰᠤ᠂ ᠬᠦᠴᠢᠷ ᠵᠣᠪᠠᠭᠤᠷᠢ ᠶᠢ ᠰᠢᠢᠳᠪᠦᠷᠢᠯᠡᠬᠦ ᠳᠤ ᠲᠦᠷᠭᠡᠨ | ᠪᠢᠰᠢ ᠵᠡᠷᠭᠡ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠵᠤ᠂ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠤᠯᠤᠨ ᠬᠢᠷᠢ ᠲᠦᠪᠰᠢᠨ ᠢᠶᠠᠨ | ᠬᠦᠴᠦᠯᠡᠨ ᠳᠡᠭᠡᠭᠰᠢᠯᠡᠭᠦᠯᠦᠨ᠎ᠡ᠃ ᠨᠢᠭᠡᠨᠲᠡ ᠲᠣᠭᠲᠠᠭᠠᠭᠰᠠᠨ ᠬᠠᠷᠠᠯᠲᠠ ᠡᠭᠦᠷᠭᠡ ᠶᠢ ᠲᠦᠯᠬᠢᠯᠴᠡᠬᠦ ᠦᠭᠡᠢ᠂ ᠬᠠᠷᠢᠯᠴᠠᠨ ᠲᠠᠲᠠᠯᠴᠠᠬᠤ ᠦᠭᠡᠢ᠂ ᠭᠡᠯᠡᠭᠰᠡᠨ ᠦᠭᠡᠨ | ᠳᠤ ᠪᠠᠨ ᠬᠦᠷᠴᠤ᠂ ᠲᠤᠭᠳᠠᠭᠰᠠᠨ ᠠᠵᠢᠯ ᠢᠶᠠᠨ ᠪᠡᠶᠡᠯᠡᠬᠦᠯᠵᠤ᠂ ᠳᠠᠷᠤᠢ ᠲᠦᠷᠭᠡᠨ ᠭᠦᠢᠴᠡᠳᠬᠡᠨ᠂ ᠰᠠᠯᠠᠭ᠎ᠠ ᠮᠥᠴᠢᠷ ᠤᠨ ᠬᠤᠭᠤᠷᠣᠨᠳᠣ ᠪᠠᠨ | ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ᠂ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠪᠠᠨ ᠨᠥᠬᠦᠪᠥᠷᠢᠯᠡᠬᠦ᠂ ᠺᠠᠳ᠋ᠷᠴᠤᠳ ᠤᠨ ᠬᠤᠭᠤᠷᠣᠨᠳᠣ ᠪᠠᠨ ᠪᠦᠯᠬᠦᠮᠳᠡᠨ | ᠬᠠᠮᠵᠢᠯᠴᠠᠬᠤ᠂ ᠬᠠᠷᠢᠯᠴᠠᠨ ᠳᠡᠮᠵᠢᠬᠦ ᠠᠵᠢᠯ ᠤᠨ ᠪᠠᠶᠢᠳᠠᠯ ᠢ ᠪᠤᠢ ᠪᠣᠯᠭᠠᠵᠤ᠂ ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠤᠢᠢᠯᠠᠭᠠᠭᠳᠠᠬᠤᠨ ᠢ ᠡᠯ᠎ᠡ | ᠱᠠᠲᠤᠨ ᠤ ᠺᠠᠳ᠋ᠷᠴᠤᠳ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ | ᠲᠥᠯᠥᠭᠡᠯᠡᠭᠴᠢᠳ ᠡ᠂ ᠰᠢᠨ᠎ᠡ ᠴᠠᠭ ᠦᠶ᠎ᠡ ᠳᠤ ᠠᠯᠬᠤᠨ ᠣᠷᠣᠬᠤ ᠳᠤ᠂ ᠪᠢᠳᠠᠨ ᠤ ᠡᠭᠦᠷᠭᠡ ᠬᠦᠨᠳᠦ ᠵᠠᠮ ᠬᠤᠯᠠ ᠪᠠᠶᠢᠵᠤ᠂ ᠵᠤᠷᠢᠭ ᠢᠶᠠᠷ ᠬᠥᠪᠴᠢᠯᠡᠨ | ᠴᠢᠷᠮᠠᠶᠢᠨ ᠲᠡᠮᠡᠴᠡᠬᠦ ᠬᠡᠷᠡᠭᠲᠡᠶ᠂ ᠰᠢᠨ᠎ᠡ ᠠᠶᠠᠯᠠᠯ ᠢᠶᠠᠨ ᠡᠬᠢᠯᠡᠭᠦᠯᠬᠦ ᠳᠤ᠂ ᠪᠢᠳᠠᠨ ᠤ ᠠᠶᠠᠨ ᠵᠠᠮ ᠲᠠᠷᠳᠠᠩ ᠰᠠᠷᠠᠭᠤᠯ ᠪᠠᠶᠢᠵᠤ᠂ ᠠᠵᠠ ᠲᠤᠬᠢᠶᠠᠯ ᠢ ᠡᠵᠡᠮᠳᠡᠨ | ᠰᠠᠶᠢᠳᠤᠷ ᠠᠵᠢᠯᠯᠠᠬᠤ ᠴᠢᠬᠤᠯᠠᠳᠠᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ | ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠴᠢ ᠵᠣᠷᠢᠭ ᠢᠶᠠᠨ ᠬᠥᠪᠴᠢᠯᠡᠨ᠂ ᠡᠷᠡᠮᠡᠬᠡᠶᠢᠯᠡᠨ | ᠤᠷᠤᠭᠰᠢᠯᠠᠵᠤ᠂ ᠯᠠᠪᠳᠠᠭᠤᠨ ᠪᠠᠲᠤᠲᠠᠶ ᠠᠵᠢᠯᠯᠠᠨ᠂ ᠤᠷᠠᠳ ᠤᠨ ᠳᠤᠮᠳᠠᠳᠤ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠡᠷᠡᠯ | ᠰᠠᠴᠤᠷᠠᠩᠭᠤᠶ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠦ᠂ ᠰᠢᠯᠢᠳᠡᠭ ᠬᠢᠷᠢ ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠳᠤᠰᠤᠭᠠᠢ︕ | 2021 ᠤᠨ ᠤ ᠨᠡᠷ᠎ᠡ ᠦᠭᠡᠰ ᠤᠨ ᠲᠠᠶᠢᠯᠪᠤᠷᠢ | 1᠂ ︽ᠨᠢᠭᠡ ᠲᠣᠰᠬᠤᠨ ᠨᠢᠭᠡ ᠨᠡᠷᠡᠳᠤ ᠪᠦᠳᠦᠭᠡᠭᠳᠡᠬᠦᠨ︾᠄ ᠵᠣᠬᠢᠬᠤ ᠣᠷᠣᠨ ᠪᠦᠰᠡ ᠶᠢᠨ ᠬᠡᠪᠴᠢᠶᠡᠨ ᠳᠣᠲᠣᠷ᠎ᠠ᠂ ᠲᠣᠰᠬᠤᠨ ᠢᠶᠠᠷ ᠦᠨᠳᠦᠰᠦᠨ | ᠪᠠᠶᠢᠭᠤᠯᠭ᠎ᠠ ᠨᠢᠭᠡᠴᠢ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠣᠰᠣᠭᠠᠷ᠂ ᠲᠤᠰ ᠭᠠᠵᠠᠷ ᠤᠷᠤᠨ ᠤ ᠡᠬᠢ ᠪᠠᠶᠠᠯᠢᠭ | ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠬᠡᠪᠴᠢᠶᠡᠵᠢᠭᠦᠯᠦᠯᠲᠡ᠂ ᠪᠠᠷᠢᠮᠵᠢᠶᠠᠵᠢᠭᠤᠯᠤᠯᠲᠠ᠂ ᠨᠡᠷᠡᠳᠦ ᠲᠡᠮᠳᠡᠭᠵᠢᠭᠦᠯᠦᠯᠲᠡ ᠪᠠ ᠵᠠᠬ᠎ᠠ ᠳᠡᠯᠭᠡᠭᠦᠷᠴᠢᠯᠡᠯᠲᠡ | ᠶᠢᠨ ᠪᠥᠳᠥᠭᠡᠨ ᠪᠠᠶᠢᠭᠤᠯᠤᠯᠲᠠ ᠶᠢ ᠶᠡᠬᠡᠪᠡᠷ ᠲᠥᠯᠬᠢᠨ ᠠᠬᠢᠭᠤᠯᠬᠤ ᠪᠠᠷ ᠳᠠᠮᠵᠢᠨ᠂ ᠨᠢᠭᠡ ᠲᠣᠰᠬᠤᠨ ︵ᠪᠤᠶᠤ ᠬᠡᠳᠦᠨ ᠲᠣᠰᠬᠤᠨ︶ ᠳᠤ ᠵᠠᠬ᠎ᠠ ᠳᠡᠯᠭᠡᠭᠦᠷ ᠤᠨ | ᠲᠠᠯᠳᠠ ᠬᠦᠴᠦᠨ ᠢᠶᠠᠷ ᠶᠡᠭᠡ᠂ ᠣᠷᠣᠨ ᠪᠦᠰᠡ ᠶᠢᠨ ᠣᠨᠴᠠᠯᠢᠭ ᠢᠶᠠᠷ ᠢᠯᠡᠷᠬᠡᠶ᠂ ᠨᠡᠮᠡᠯᠲᠡ ᠥᠷᠳᠡᠭ ᠢᠶᠠᠷ ᠥᠨᠳᠥᠷ ᠭᠤᠣᠯᠯᠠᠬᠤ ᠨᠡᠷᠡᠳᠤ ᠪᠦᠳᠦᠭᠡᠭᠳᠡᠬᠦᠨ ᠪᠠ ᠠᠵᠤ | ᠦᠢᠯᠡᠰ ᠲᠠᠢ ᠪᠣᠯᠭᠠᠬᠤ ᠶᠢ ᠵᠢᠭᠠᠵᠤ ᠪᠤᠢ᠃ | 2᠂ ︽1+5+N︾ ᠲᠤᠷᠰᠢᠯᠲᠠ ᠶᠢᠨ ᠴᠡᠭ ᠤᠨ ᠵᠢᠱᠢᠶ᠎ᠡ ᠦᠵᠡᠬᠦᠯᠬᠦ ᠲᠤᠭᠤᠷᠢᠭ᠄ 1 ᠨᠢ ︽ᠲᠠᠪᠤ ᠶᠢ ᠨᠢᠭᠡ ᠴᠤᠭᠴᠠᠵᠢᠭᠤᠯᠬᠤ︾ ᠣᠳᠣᠬᠢᠴᠢᠯᠠᠭᠰᠠᠨ | ᠵᠠᠭᠤᠨ ᠲᠦᠮᠡᠨ ᠮᠥ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠴᠣᠭᠴᠠ ︵ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠲᠤᠭᠤᠷᠢᠭ᠂ ᠪᠣᠬᠢᠷᠲᠤᠯ | ᠥᠬᠡᠶ ᠠᠵᠤ ᠦᠶᠯᠡᠰ ᠤᠨ ᠲᠥᠪᠯᠡᠷᠡᠯ ᠤᠨ ᠣᠷᠣᠨ ᠲᠤᠭᠤᠷᠢᠭ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠣᠷᠣᠨ ᠲᠤᠭᠤᠷᠢᠭ᠂ ᠵᠢᠭᠤᠯᠴᠢᠯᠠᠯ | ᠰᠡᠯᠡᠭᠦᠴᠡᠯ ᠤᠨ ᠣᠷᠣᠨ ᠲᠤᠭᠤᠷᠢᠭ ᠵᠢᠴᠢ ᠲᠠᠯ᠎ᠠ ᠨᠤᠲᠤᠭ ᠤᠨ ᠰᠣᠶᠣᠯ ᠢ ᠣᠶᠢᠯᠠᠭᠠᠬᠤ ᠣᠷᠣᠨ ᠲᠤᠭᠤᠷᠢᠭ︶᠂ 5 ᠨᠢ ᠲᠠᠷᠤᠢ 5 ᠰᠠᠭᠤᠷᠢ ᠬᠦᠭᠵᠢᠯᠲᠡ ᠶᠢᠨ | ᠭᠡᠯᠪᠡᠷᠢ ᠶᠢᠨ ᠲᠤᠷᠰᠢᠯᠲᠠ ᠶᠢᠨ ᠴᠡᠭ ᠢ ᠲᠦᠯᠬᠢᠨ ᠠᠬᠢᠭᠤᠯᠵᠤ᠂ N ᠤᠯᠠᠨ ᠲᠤᠰᠬᠠᠢ ᠬᠤᠷᠰᠢᠶᠠᠵᠢᠯ ᠤᠨ ᠨᠠᠶᠢᠳᠡ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠢ ᠪᠤᠵᠠᠭᠠᠶᠢᠷᠠᠭᠤᠯᠬᠤ ᠶᠢ ᠵᠢᠭᠠᠵᠦ ᠪᠤᠢ᠃ | 3᠂ ︽ᠲᠠᠪᠤ ᠶᠢ ᠪᠦᠬᠦ ᠤᠷᠤᠨ ᠪᠦᠰᠡᠴᠢᠯᠡᠬᠦ︾᠄ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠣᠭᠠᠴᠢᠯᠠᠭᠰᠠᠨ ᠬᠢᠨᠠᠯᠲᠠ | ᠬᠠᠮᠢᠶᠠᠷᠤᠯᠲᠠ ᠶᠢ ᠪᠥᠬᠦ ᠣᠷᠣᠨ ᠪᠦᠰᠡᠴᠢᠯᠡᠬᠦ᠂ ᠴᠢᠨᠠᠷ ᠰᠠᠶᠢᠲᠠᠶ ᠦᠷ᠎ᠡ ᠬᠠᠩᠭᠠᠬᠤ ᠢᠨᠵᠧᠨᠧᠷᠢᠩ ᠢ ᠪᠦᠬᠦ ᠣᠷᠣᠨ ᠪᠦᠰᠡᠴᠢᠯᠡᠬᠦ᠂ ᠨᠡᠶᠢᠭᠡᠮᠴᠢᠯᠡᠭᠰᠡᠨ ᠦᠶᠯᠡᠴᠢᠯᠡᠭᠡ | ᠶᠢ ᠪᠥᠬᠦ ᠣᠷᠣᠨ ᠪᠦᠰᠡᠴᠢᠯᠡᠬᠦ᠂ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ ᠪᠥᠬᠦ ᠣᠷᠣᠨ ᠪᠦᠰᠡᠴᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠪᠦᠬᠦ ᠣᠷᠣᠨ ᠪᠦᠰᠡᠴᠢᠯᠡᠬᠦ ᠶᠢ ᠵᠢᠭᠠᠵᠦ ᠪᠤᠢ᠃ | 4᠂ ︽ᠬᠥᠳᠡᠭᠡ ᠲᠣᠰᠬᠤᠨ ᠤ ᠳᠥᠷᠪᠡᠨ ᠰᠠᠶᠢᠨ ᠵᠠᠮ︾᠄ ᠪᠠᠶᠢᠭᠤᠯᠤᠭᠰᠠᠨ ᠨᠢ ᠰᠠᠶᠢᠨ᠂ ᠬᠠᠮᠢᠶᠠᠷᠤᠯᠳᠠ ᠨᠢ ᠰᠠᠶᠢᠨ᠂ ᠬᠠᠮᠠᠭᠠᠯᠠᠯᠳᠠ ᠨᠢ ᠰᠠᠶᠢᠨ᠂ | ᠡᠵᠡᠩᠨᠡᠭᠰᠡᠨ ᠨᠢ ᠰᠠᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠵᠢᠭᠠᠨ᠎ᠠ᠃ | 5᠂ ︽ᠲᠠᠷᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ︾ ᠠᠵᠤ ᠠᠬᠤᠶᠢᠯᠠᠯ᠄ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ | ᠥᠬᠡᠶ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠳᠤ ᠨᠡᠶᠢᠴᠡᠬᠦ ᠥᠬᠡᠶ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠭᠠᠵᠠᠷ ᠰᠢᠷᠦᠢ᠂ ᠲᠦᠯᠦᠪᠵᠢᠬᠦᠯᠭᠡ᠂ ᠣᠷᠴᠢᠨ ᠲᠣᠭᠤᠷᠢᠨ ᠤ ᠬᠠᠮᠠᠭᠠᠯᠠᠯᠳᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠣᠯᠲᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ᠂ ᠠᠶᠤᠯᠬᠦᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ᠂ ᠴᠠᠬᠢᠯᠭᠠᠨ ᠬᠦᠴᠦᠨ | ᠵᠡᠷᠭᠡ ᠬᠤᠯᠪᠣᠭᠳᠠᠯ ᠪᠦᠬᠦᠢ ᠬᠢᠨᠠᠨ ᠵᠥᠪᠰᠢᠶᠡᠷᠡᠭᠦᠯᠬᠦ ᠭᠠᠷ ᠬᠦᠢᠴᠡᠳᠬᠡᠯ ᠢ ᠬᠦᠢᠴᠡᠳᠭᠡᠭᠰᠡᠨᠦᠭᠡᠢ︔ ᠲᠤᠭᠳᠠᠭᠤᠨ ᠢᠶᠠᠷ ᠪᠠᠷᠢᠮᠵᠢᠶ᠎ᠠ ᠳᠤ ᠬᠦᠷᠭᠡᠵᠣ | ᠭᠠᠳᠠᠭᠰᠢᠯᠠᠭᠤᠯᠬᠤ ᠴᠢᠳᠠᠪᠤᠷᠢ ᠦᠭᠡᠢ ᠠᠵᠤ ᠠᠬᠤᠶᠢᠯᠠᠯ ᠢ ᠵᠢᠭᠠᠨ᠎ᠠ᠃ | 6᠂ ︽ᠳᠥᠷᠪᠡ ᠶᠢ ᠬᠢᠵᠠᠭᠠᠷᠯᠠᠨ ᠬᠤᠶᠠᠷᠵᠢᠭᠤᠯᠣᠨ ᠠᠰᠢᠭᠯᠠᠵᠣ ᠨᠢᠭᠡ ᠶᠢ ᠴᠡᠭᠴᠡᠯᠡᠨ ᠵᠠᠰᠠᠬᠤ︾᠄ ᠲᠠᠷᠢᠶᠠᠨ ᠤ ᠤᠰᠤ ᠶᠢ ᠡᠵᠡᠮᠳᠡᠵᠤ ᠬᠤᠷᠣᠭᠳᠠᠯ ᠢ | ᠪᠠᠭᠠᠰᠬᠠᠬᠤ᠂ ᠲᠠᠷᠢᠶᠠᠨ ᠡᠮ ᠢ ᠬᠢᠵᠠᠭᠠᠷᠯᠠᠵᠤ ᠬᠥᠨᠥᠭᠡᠯ ᠢ ᠪᠠᠭᠤᠷᠠᠭᠤᠯᠬᠤ᠂ ᠪᠣᠷᠳᠣᠭᠤᠷ ᠢ ᠪᠠᠭᠠᠰᠬᠠᠵᠤ ᠠᠰᠢᠭ ᠤᠷᠤᠯᠭ᠎ᠠ ᠶᠢ ᠨᠡᠮᠡᠭᠳᠡᠭᠦᠯᠬᠦ᠂ ᠰᠦᠯᠢᠶᠤᠤ | ᠪᠦᠷᠭᠦᠪᠴᠢ ᠶᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ︔ ᠡᠰᠢ ᠰᠦᠷᠡᠯ ᠢ ᠡᠷᠬᠢᠯᠳᠦᠬᠦᠯᠦᠨ ᠠᠰᠢᠭᠯᠠᠬᠤ᠂ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ︔ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠵᠢᠭᠠᠵᠣ ᠪᠣᠢ᠃ | 7᠂ ︽ᠳᠥᠷᠪᠡᠨ ᠡᠷᠦᠢ ᠬᠤᠷᠤᠢ ᠦᠭᠡᠢ ᠶᠢ ᠴᠡᠪᠡᠷᠯᠡᠬᠦ︾᠄ ᠭᠤᠤᠯ ᠮᠦᠷᠡᠨ ᠨᠠᠭᠤᠷ ᠴᠦᠬᠦᠷᠦᠮ ᠤᠨ ᠭᠡᠪᠴᠢᠶᠡᠨ ᠳᠤ ᠳᠤᠷ᠎ᠠ ᠪᠠᠷ ᠢᠶᠠᠨ ᠡᠵᠡᠯᠡᠬᠦ᠂ | ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠵᠤ ᠪᠠᠷᠢᠬᠤ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠳᠠ ᠬᠠᠮᠠᠭᠠᠯᠠᠯᠳᠠ ᠶᠢᠨ ᠲᠤᠮᠳᠠ ᠳᠤᠪᠤᠶᠢᠮ᠎ᠠ ᠤᠷᠤᠰᠢᠵᠤ ᠪᠠᠶᠢᠭ᠎ᠠ ᠠᠰᠠᠭᠤᠳᠠᠯ ᠢ ᠲᠤᠰᠬᠠᠶ ᠲᠦᠷᠦᠯ ᠢᠶᠠᠷ ᠴᠡᠭᠴᠡᠯᠡᠨ ᠵᠠᠰᠠᠬᠤ ᠶᠢ ᠵᠢᠭᠠᠵᠤ ᠪᠤᠢ᠃ | 8᠂ ︽ᠲᠡᠯᠪᠢᠬᠤ ᠬᠠᠮᠢᠶᠠᠷᠬᠤ ᠦᠢᠯᠡᠴᠢᠯᠡᠬᠦ︾᠄ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠤᠨ᠂ | ᠦᠢᠯᠡᠴᠢᠯᠡᠭᠡ ᠶᠢ ᠰᠢᠯᠢᠳᠡᠭᠵᠢᠬᠦᠯᠬᠦ ᠶᠢ ᠵᠢᠭᠠᠨ᠎ᠠ᠃ | 9᠂ ︽ᠨᠢᠭᠡ ᠪᠦᠰᠡ ᠨᠢᠭᠡ ᠵᠠᠮ︾᠄ ᠲᠣᠷᠭᠠᠨ ᠵᠠᠮ ᠤᠨ ᠠᠵᠤ ᠠᠬᠤᠶ ᠶᠢᠨ ᠪᠦᠰᠡ ᠪᠤᠯᠤᠨ 21 ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ ᠤᠨ | ᠲᠣᠪᠴᠢ ᠨᠡᠷᠡᠶᠢᠳᠦᠯ ᠪᠣᠯᠤᠨ᠎ᠠ᠃ | 10᠂ ︽ᠠᠷᠪᠠᠨ ᠶᠡᠭᠡ ᠠᠵᠤ ᠦᠢᠯᠡᠰ ᠤᠨ ᠭᠡᠯᠭᠢᠶᠡᠵᠢᠯ︾᠄ ᠨᠠᠮ ᠤᠨ ᠪᠠᠶᠢᠭᠤᠯᠤᠯᠳᠠ ᠪᠠᠷ ᠠᠵᠤ ᠦᠢᠯᠡᠰ ᠢ ᠲᠠᠭᠠᠭᠤᠯᠤᠨ ᠶᠠᠳᠠᠭᠤ ᠶᠢ ᠲᠡᠳᠬᠦᠬᠦ᠂ | ᠡᠯᠧᠺᠲᠷᠤᠨ ᠬᠤᠳᠠᠯᠳᠤᠭᠠᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠭᠡᠷᠡᠯ ᠤᠨ ᠡᠨᠧᠷᠬᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠤ | ᠠᠬᠤᠶᠢᠯᠠᠯ ᠢᠶᠠᠷ ᠶᠠᠳᠠᠭᠤ ᠶᠢ ᠲᠡᠳᠬᠦᠬᠦ᠂ ᠲᠠᠷᠢᠮᠠᠯ ᠲᠡᠵᠢᠬᠡᠪᠦᠷᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠡᠳ᠋ ᠬᠦᠷᠦᠩᠭᠡ ᠶᠢᠨ ᠦᠷ᠎ᠡ ᠠᠰᠢᠭ ᠤᠨ | ᠭᠡᠯᠪᠡᠷᠢ ᠪᠠᠷ ᠶᠠᠳᠠᠭᠤ ᠶᠢ ᠲᠡᠳᠬᠦᠬᠦ᠂ ᠠᠮᠢ ᠠᠬᠤᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠦᠬᠦᠭᠡᠷᠤᠮᠵᠢᠳᠤ ᠠᠵᠤ ᠦᠢᠯᠡᠰ ᠢᠶᠠᠷ ᠶᠠᠳᠠᠭᠤ ᠶᠢ | ᠲᠡᠳᠬᠦᠬᠦ᠂ ᠦᠢᠯᠡᠰ ᠪᠤᠰᠬᠠᠨ ᠠᠵᠢᠯ ᠤᠯᠭᠤᠬᠤ ᠪᠠᠷ ᠶᠠᠳᠠᠭᠤ ᠶᠢ ᠲᠡᠳᠬᠦᠬᠦ᠂ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠵᠢᠭᠠᠨ᠎ᠠ᠃ | 11᠂ ︽ ᠵᠢᠷᠭᠤᠭ᠎ᠠ ᠶᠢ ᠦᠭᠡᠶᠢᠰᠭᠡᠨ ᠲᠦᠷᠪᠡ ᠶᠢ ᠪᠠᠷᠢᠮᠵᠢᠶ᠎ᠠ ᠳᠤ ᠬᠦᠷᠦᠭᠦᠯᠬᠦ︾᠄ ᠲᠤᠬᠠᠶᠢᠯᠠᠪᠠᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠲᠤᠯᠤᠯᠲᠠ ᠶᠢᠨ ᠠᠵᠢᠯ ᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠡᠷᠡᠭᠵᠢᠭᠦᠯᠬᠦ | ᠲᠠᠯ᠎ᠠ ᠪᠠᠷ ᠵᠥᠷᠢᠶ᠎ᠡ ᠲᠠᠢ ᠪᠠᠶᠢᠬᠤ ᠪᠠᠶᠢᠳᠠᠯ ᠢ ᠦᠭᠡᠶᠢᠰᠬᠡᠨ᠎ᠡ︔ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠥᠨ ᠠᠮᠠ ᠶᠢᠨ ᠶᠠᠳᠠᠭᠤ ᠶᠢ ᠲᠡᠳᠬᠦᠬᠦ | ᠠᠵᠤ ᠦᠢᠯᠡᠰ ᠤᠨ ᠲᠥᠷᠥᠯ ᠵᠦᠢᠯ ᠢ ᠪᠦᠷᠬᠦᠭᠦᠯᠦᠭᠰᠡᠨ ᠥᠬᠡᠶ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠥᠮᠥᠨ ᠠᠮᠠ ᠶᠢ ᠪᠦᠬᠦᠨ ᠢ | ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠷᠬᠦᠭᠦᠯᠦᠭᠰᠡᠨ ᠥᠬᠡᠶ ᠪᠠᠶᠢᠬᠤ ᠶᠢ ᠦᠭᠡᠶᠢᠰᠬᠡᠨ᠎ᠡ︔ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠵᠤ᠂ ᠬᠠᠮᠲᠤ ᠶᠢᠨ ᠠᠵᠤ ᠠᠬᠤᠢ ᠪᠠᠭᠤᠷᠠᠢ ᠪᠠᠶᠢᠬᠤ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠦᠭᠡᠶᠢᠰᠬᠡᠵᠤ | ᠤᠷᠤᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠦᠨ᠎ᠡ︔ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ | ᠦᠭᠡᠶᠢᠰᠬᠡᠨ᠎ᠡ︔ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠤᠨ ᠳᠤ ᠬᠥᠳᠡᠯᠭᠡᠬᠦ ᠬᠦᠴᠦᠨ ᠤ ᠴᠠᠬᠢᠯᠭᠠᠨ ᠨᠡᠪᠲᠡᠷᠡᠭᠡᠳᠦᠶ ᠪᠠᠶᠢᠬᠤ ᠪᠠ ᠶᠠᠳᠠᠭᠤ ᠬᠦᠴᠢᠷᠳᠡᠯᠲᠡᠶ | ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠬᠤ ᠶᠢ ᠦᠭᠡᠶᠢᠰᠬᠡᠬᠦ ᠶᠢ ᠪᠡᠶᠡᠯᠡᠭᠦᠯᠦᠨ᠎ᠡ︔ ᠲᠠᠩᠰᠠᠯᠠᠨ ᠺᠠᠷᠲᠯᠠᠭᠰᠠᠨ | ᠶᠠᠳᠠᠭᠤ ᠬᠦᠴᠢᠷᠳᠡᠯᠲᠡᠶ ᠡᠷᠦᠬᠡ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠪᠦᠬᠦᠨ ᠢ ᠪᠡᠶᠡᠯᠡᠬᠦᠯᠦᠨ᠎ᠡ᠃ ᠤᠨᠢᠨ ᠲᠡᠭᠡᠷ᠎ᠡ ᠨᠢ | ᠶᠠᠳᠠᠭᠤ ᠶᠢ ᠲᠡᠳᠬᠦᠬᠦ ᠺᠠᠷᠲᠯᠠᠨ ᠳᠠᠩᠰᠠᠯᠠᠬᠤ ᠲᠠᠪᠴᠠᠩ ᠤᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠦᠨ᠎ᠡ︔ ᠶᠠᠳᠠᠭᠤ | ᠬᠦᠴᠢᠷᠳᠡᠯᠲᠡᠶ ᠬᠥᠮᠥᠨ ᠠᠮᠠ ᠶᠢᠨ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠤᠮᠤ | ᠰᠢᠶᠠᠩ ᠪᠠᠯᠭᠠᠰᠤ ᠭᠠᠴᠠᠭ᠎ᠠ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶ ᠶᠢᠨ ᠪᠡᠯᠡᠳᠬᠡᠮᠵᠢ᠂ ᠠᠵᠢᠯᠲᠠᠨ᠂ ᠡᠮ ᠵᠡᠷᠭᠡ | ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠪᠠᠷᠢᠮᠵᠢᠶ᠎ᠠ ᠳᠤ ᠬᠦᠷᠦᠭᠦᠯᠦᠨ᠎ᠡ︔ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ | ᠤᠰᠤᠨ ᠤ ᠠᠮᠤᠷ ᠲᠦᠪᠰᠢᠨ ᠢ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠦᠨ᠎ᠡ︔ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠪᠠᠭᠤᠷᠠᠶ ᠪᠠᠶᠢᠬᠤ ᠰᠤᠷᠭᠠᠭᠤᠯᠢ ᠶᠢᠨ ᠥᠭᠡᠷᠡᠴᠢᠯᠡᠯᠲᠡ ᠪᠠ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ | ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠥᠭᠡᠷᠡᠴᠢᠯᠡᠯᠲᠡ ᠶᠢ ᠪᠡᠶᠡᠯᠡᠬᠦᠯᠦᠨ᠎ᠡ︔ ᠲᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠷ᠎ᠡ ᠬᠡᠦᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠭᠠᠭᠤᠯᠢ ᠳᠤ | ᠣᠷᠣᠬᠤ ᠶᠢ ᠪᠠᠷᠢᠮᠵᠢᠶ᠎ᠠ ᠳᠤ ᠬᠦᠷᠦᠬᠦᠯᠬᠦ ᠶᠢ ᠪᠡᠶᠡᠯᠡᠬᠦᠯᠦᠨ᠎ᠡ᠃ | 12᠂ ︽ᠭᠤᠷᠪᠠᠨ ᠬᠦᠴᠢᠷ︾ ᠠᠰᠠᠭᠤᠳᠠᠯ᠄ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠭᠠᠨ ᠳᠠᠬᠢ ︽ᠦᠨᠡᠮᠯᠡᠯ ᠤᠨ ᠲᠡᠪᠲᠡᠷ ᠠᠪᠬᠤ ᠳᠤ | ᠬᠦᠴᠢᠷ᠂ ᠪᠤᠴᠠᠵᠤ ᠨᠡᠭᠦᠬᠦ ᠳᠤ ᠬᠦᠴᠢᠷ᠂ ᠣᠷᠣᠵᠤ ᠰᠠᠭᠤᠬᠤ ᠳᠤ ᠬᠦᠴᠢᠷ︾ ᠠᠰᠠᠭᠤᠳᠠᠯ ᠢ ᠵᠢᠭᠠᠵᠤ ᠪᠣᠶ᠃ | 13᠂ ᠬᠤᠶᠠᠷ ᠢ ᠬᠦᠩᠭᠡᠷᠡᠬᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠬᠡᠳᠦ ᠬᠦᠨᠳᠦ ᠳᠠᠰᠬᠠᠯ | ᠲᠠᠭᠠᠭᠠᠯᠭᠠᠪᠤᠷᠢ ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠲᠠᠪᠲᠠᠯᠭ᠎ᠠ ᠪᠣᠯᠪᠠᠰᠤᠷᠠᠯ ᠤᠨ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠬᠦ ᠶᠢ ᠵᠢᠭᠠᠵᠤ | ᠪᠠᠶᠢᠨ᠎ᠠ᠃ | 14᠂ ︽ᠬᠤᠶᠠᠷ ᠢ ᠰᠤᠷᠤᠯᠴᠠᠵᠤ ᠨᠢᠭᠡᠨ ᠬᠢᠷᠢ ᠲᠠᠩᠴᠡᠭᠰᠡᠨ ᠨᠠᠮ ᠤᠨ ᠭᠡᠰᠢᠬᠦᠨ ᠪᠤᠯᠬᠤ︾᠄ ︽ᠨᠠᠮ ᠤᠨ ᠲᠦᠷᠢᠮ ᠲᠣᠭᠲᠠᠭᠠᠯ ᠢ ᠰᠤᠷᠤᠯᠴᠠᠵᠤ᠂ | ᠶᠡᠷᠤᠩᠬᠡᠢ ᠱᠦᠵᠢ ᠰᠢ ᠶᠢᠨ ᠫᠢᠩ ᠤᠨ ᠰᠢᠷᠢᠰ ᠶᠠᠷᠢᠶ᠎ᠠ ᠢᠯᠡᠳᠭᠡᠯ ᠢ ᠰᠤᠷᠤᠯᠴᠠᠨ᠂ ᠨᠢᠭᠡᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠶᠢ ᠵᠢᠭᠠᠵᠤ ᠪᠤᠢ᠃ | | 15᠂ ︽ᠭᠤᠷᠪᠠᠨ ᠴᠢᠬᠤᠯᠠ ᠨᠢᠭᠡ ᠶᠡᠭᠡ︾᠄ ᠴᠢᠬᠤᠯᠠ ᠶᠡᠭᠡ ᠬᠡᠷᠡᠭ ᠶᠠᠪᠣᠳᠠᠯ ᠤᠨ ᠰᠢᠢᠳᠪᠦᠷᠢᠳᠦ ᠪᠤᠳᠤᠯᠭ᠎ᠠ ᠲᠣᠭᠲᠠᠭᠠᠬᠤ ᠂ ᠴᠢᠬᠤᠯᠠ ᠺᠠᠳ᠋ᠷ ᠢ | ᠲᠣᠮᠢᠯᠠᠬᠤ ᠪᠠ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠢ ᠳᠣᠭᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠶᠠᠪᠤᠳᠠᠯ ᠪᠣᠯᠤᠨ᠎ᠠ᠃ | 16᠂ ︽ᠠᠯᠪᠠᠨ ᠤ ᠭᠤᠷᠪᠠᠨ ᠵᠠᠷᠤᠳᠠᠯ︾᠄ ᠤᠯᠤᠰ ᠤᠨ ᠵᠠᠰᠠᠭ ᠵᠠᠬᠢᠷᠭ᠎ᠠ ᠠᠵᠤ ᠦᠢᠯᠡᠰ ᠤᠨ ᠪᠠᠶᠢᠭᠤᠯᠭ᠎ᠠ ᠨᠢᠭᠡᠴᠢ ᠪᠠ ᠨᠡᠶᠢᠭᠡᠮ ᠤᠨ ᠪᠦᠯᠬᠦᠮ ᠤᠨ | ᠠᠯᠪᠠᠨ ᠤ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠵᠠᠷᠤᠳᠠᠯ᠂ ᠲᠡᠷᠭᠡ ᠬᠥᠰᠬᠡ ᠬᠤᠳᠠᠯᠳᠤᠨ ᠠᠪᠬᠤ ᠵᠢᠴᠢ ᠠᠵᠢᠯᠯᠠᠭᠠᠨ ᠤ ᠵᠠᠷᠤᠳᠠᠯ᠂ ᠠᠯᠪᠠᠨ ᠶᠠᠪᠤᠳᠠᠯ | ᠤᠨ ᠵᠣᠴᠢᠯᠠᠬᠤ ᠵᠠᠷᠤᠳᠠᠯ ᠵᠡᠷᠭᠡ ᠳᠤ ᠭᠡᠷᠡᠭᠯᠡᠬᠦ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠬᠦ ᠶᠢ ᠵᠢᠭᠠᠵᠤ ᠪᠤᠢ᠃ | 17᠂ ︽ᠬᠤᠶᠠᠷ ᠬᠠᠯᠬᠠᠪᠴᠢ︾᠄ ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠪᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠬᠤ ᠶᠢ ᠵᠢᠭᠠᠵᠤ ᠪᠣᠶ᠃ | 18᠂ ︽ᠬᠤᠶᠠᠷ ᠰᠠᠭᠤᠷᠢᠨ ᠭᠠᠵᠠᠷ︾᠄ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠵᠢᠭᠠᠵᠤ ᠪᠠᠶᠢᠨ᠎ᠠ᠃ | 19᠂ ︽ᠨᠢᠭᠡ ᠪᠠᠬᠢᠯᠡᠯᠲᠡ︾᠄ ᠥᠪᠥᠷ ᠮᠣᠩᠭᠤᠯ ᠢᠶᠠᠨ ᠴᠢᠷᠮᠠᠶᠢᠨ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠤᠨ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠢᠯᠢ ᠳᠠᠭᠠᠤ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠠᠵᠤ ᠠᠬᠤᠶ ᠶᠢᠨ ᠪᠦᠰᠡ ᠪᠣᠯᠭᠠᠨ ᠪᠥᠲᠥᠭᠡᠨ | ᠪᠠᠶᠢᠭᠤᠯᠬᠤ ᠶᠢ ᠵᠢᠭᠠᠵᠤ ᠪᠣᠶ᠃ | 20᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ᠄ ᠠᠵᠤ ᠠᠬᠤᠶ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ | ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠪᠤ ᠶᠢ ᠨᠢᠭᠡ | ᠴᠤᠭᠴᠠᠵᠢᠭᠤᠯᠵᠤ᠂ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢ ᠵᠢᠭᠠᠵᠤ ᠪᠠᠶᠢᠨ᠎ᠠ᠃ | 21᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ᠄ ᠲᠤᠬᠠᠶᠢᠯᠠᠪᠠᠯ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ | ᠤᠯᠤᠰ ᠢᠶᠠᠨ ᠵᠠᠰᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠠᠪᠤᠳᠠᠯ ᠪᠣᠯᠤᠨ᠎ᠠ᠃ | 22᠂ ︽ᠠᠷᠪᠠᠨ ᠵᠢᠷᠭᠤᠭᠠᠨ ᠠᠵᠤ ᠦᠢᠯᠡᠰ ᠤᠨ ᠪᠦᠯᠦᠭᠵᠢᠯ︾᠄ ᠨᠢᠭᠡᠳᠦᠭᠡᠷ ᠠᠵᠤ ᠦᠢᠯᠡᠰ ᠲᠤ᠂ ᠢᠳᠡᠰᠢᠨ ᠬᠤᠨᠢ᠂ ᠢᠳᠡᠰᠢᠨ ᠦᠬᠡᠷ᠂ ᠠᠳᠤᠭᠤ | ᠂ ᠰᠠᠭᠠᠯᠢ ᠶᠢᠨ ᠦᠢᠯᠡᠰ᠂ ᠢᠮᠠᠭᠠᠨ ᠨᠣᠯᠤᠤᠷ ᠪᠠ ᠨᠡᠷᠡᠨ ᠬᠤᠸᠠᠷ᠂ ᠪᠤᠭᠤᠳᠠᠶ᠂ ᠡᠷᠳᠡᠨᠢ ᠰᠢᠰᠢ᠂ ᠲᠡᠵᠢᠭᠡᠯ ᠡᠪᠡᠰᠦ ᠵᠡᠷᠭᠡ 9 ᠲᠣᠮᠣ ᠠᠵᠤ ᠦᠢᠯᠡᠰ ᠤᠨ | ᠪᠦᠯᠦᠭᠵᠢᠯ ᠢ ᠭᠤᠤᠯᠳᠠᠯᠭ᠎ᠠ ᠲᠠᠢ ᠪᠤᠶᠢᠵᠢᠭᠤᠯᠤᠨ᠎ᠠ︔ ᠬᠤᠶᠠᠳᠤᠭᠠᠷ ᠠᠵᠤ ᠦᠢᠯᠡᠰ ᠲᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠨᠠᠷᠢᠯᠢᠭ ᠪᠣᠯᠪᠠᠰᠤᠷᠠᠭᠤᠯᠬᠤ᠂ | ᠴᠡᠪᠡᠷ ᠡᠨᠧᠷᠭᠢ᠂ ᠣᠲᠣ ᠦᠶ᠎ᠡ ᠶᠢᠨ ᠲᠣᠨᠣᠭᠯᠠᠯ ᠦᠢᠯᠡᠳᠬᠦ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠵᠡᠷᠭᠡ 4 ᠲᠣᠮᠣ ᠠᠵᠤ ᠦᠢᠯᠡᠰ ᠤᠨ ᠪᠦᠯᠦᠭᠵᠢᠯ ᠢ | ᠭᠤᠤᠯᠳᠠᠯᠭ᠎ᠠ ᠲᠠᠢ ᠪᠤᠶᠢᠵᠢᠭᠤᠯᠤᠨ᠎ᠠ︔ ᠭᠤᠷᠪᠠᠳᠤᠭᠠᠷ ᠠᠵᠤ ᠦᠢᠯᠡᠰ ᠲᠤ᠂ ᠣᠲᠣ ᠦᠶ᠎ᠡ ᠶᠢᠨ ᠪᠠᠷᠠᠭᠠᠨ ᠤ ᠬᠦᠢᠯᠭᠡᠭᠡᠨ᠂ ᠡᠯᠧᠺᠲᠷᠣᠨ ᠬᠤᠳᠠᠯᠳᠤᠭᠠᠨ ᠤ | ᠶᠠᠪᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠠ ᠰᠣᠶᠣᠯ ᠵᠢᠭᠤᠯᠴᠢᠯᠠᠯ ᠵᠡᠷᠭᠡ 3 ᠲᠣᠮᠣ ᠠᠵᠤ ᠦᠢᠯᠡᠰ ᠤᠨ ᠪᠦᠯᠦᠭᠵᠢᠯ ᠢ | ᠭᠤᠤᠯᠳᠠᠯᠭ᠎ᠠ ᠲᠠᠢ ᠪᠤᠶᠢᠵᠢᠭᠤᠯᠤᠨ᠎ᠠ᠃ | 23᠂ ︽ᠨᠠᠢᠮᠠᠨ ᠶᠡᠭᠡ ᠰᠠᠭᠤᠷᠢᠨ ᠭᠠᠵᠠᠷ︾᠄ ᠨᠢᠭᠡᠳᠦᠭᠡᠷ ᠠᠵᠤ ᠦᠢᠯᠡᠰ ᠨᠢ ᠪᠣᠬᠢᠷᠲᠤᠯ ᠥᠬᠡᠶ ᠣᠷᠭᠠᠨᠢᠭ ᠦᠨᠳᠦᠷ ᠲᠠᠰ ᠤᠨ ᠮᠠᠯ ᠲᠠᠷᠢᠶᠠᠯᠠᠩ | ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠤ ᠦᠢᠯᠡᠴᠢᠯᠡᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ︔ ᠬᠤᠶᠠᠳᠤᠭᠠᠷ ᠠᠵᠤ ᠦᠢᠯᠡᠰ ᠨᠢ | ᠣᠲᠣ ᠦᠶ᠎ᠡ ᠶᠢᠨ ᠲᠣᠨᠣᠭᠯᠠᠯ ᠦᠢᠯᠡᠳᠬᠦ ᠰᠠᠭᠤᠷᠢᠨ ᠭᠠᠵᠠᠷ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠠᠯᠬᠢᠨ ᠴᠠᠬᠢᠯᠭᠠᠨ ᠭᠡᠷᠡᠯ ᠸᠤᠯᠲ ᠤᠨ | ᠤᠰᠤᠲᠥ᠋ᠷᠥᠭᠴᠢ ᠨᠥᠭᠡᠴᠡᠯᠡᠬᠦ ᠣᠲᠣ ᠦᠶ᠎ᠡ ᠶᠢᠨ ᠡᠨᠧᠷᠭᠢ ᠶᠢᠨ ᠰᠠᠭᠤᠷᠢᠨ ᠭᠠᠵᠠᠷ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠵᠦ ᠬᠡᠷᠡᠭᠯᠡᠬᠦ | ᠰᠠᠭᠤᠷᠢᠨ ᠭᠠᠵᠠᠷ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠪᠣᠳᠠᠲᠠᠶᠢᠵᠢᠭᠤᠯᠤᠨ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ︔ ᠭᠤᠷᠪᠠᠳᠤᠭᠠᠷ ᠠᠵᠤ | ᠦᠢᠯᠡᠰ ᠨᠢ ᠡᠭᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠠ | ᠵᠠᠯᠠᠭᠤᠴᠤᠳ ᠪᠠᠭᠠᠴᠤᠳ ᠤᠨ ᠨᠡᠶᠢᠭᠡᠮ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ | 24᠂ ᠡᠬᠢ ᠰᠤᠷᠪᠤᠯᠵᠢ᠂ ᠲᠣᠤᠷ ᠰᠦᠯᠵᠢᠶ᠎ᠡ᠂ ᠠᠴᠢᠶᠠᠯᠠᠪᠤᠷᠢ ᠲᠠᠭᠠᠭᠠᠴᠠ᠂ ᠨᠦᠬᠡᠴᠡ ᠬᠠᠳᠠᠭᠠᠯᠠᠮᠵᠢ ᠶᠢᠨ ᠨᠢᠭᠡ ᠴᠤᠭᠴᠠᠵᠢᠭᠤᠯᠤᠯᠲᠠ᠄ ᠡᠨᠡ ᠪᠣᠯ ᠨᠢᠭᠡ | ᠵᠦᠢᠯ ᠤᠨ ︽ᠴᠠᠬᠢᠯᠭᠠᠨ ᠤ ᠡᠬᠢ ᠰᠤᠷᠪᠤᠯᠵᠢ᠂ ᠴᠠᠬᠢᠯᠭᠠᠨ ᠲᠣᠤᠷ᠂ ᠠᠴᠢᠶᠠᠯᠠᠪᠤᠷᠢ ᠲᠠᠭᠠᠭᠠᠴᠠ᠂ ᠡᠨᠧᠷᠭᠢ ᠨᠦᠬᠡᠴᠡᠯᠡᠵᠤ ᠬᠠᠳᠠᠭᠠᠯᠠᠬᠤ︾ ᠶᠢ ᠪᠠᠭᠲᠠᠭᠠᠭᠰᠠᠨ | ᠪᠦᠬᠦᠯᠢ ᠴᠣᠭᠴᠠ ᠪᠠᠷ ᠰᠢᠢᠳᠪᠦᠷᠢᠯᠡᠬᠦ ᠲᠥᠰᠦᠯ ᠢ ᠪᠠᠭᠲᠠᠭᠠᠭᠰᠠᠨ ᠠᠵᠢᠯᠯᠠᠬᠤ ᠡᠵᠡᠩᠨᠡᠯᠲᠡ ᠶᠢᠨ ᠵᠠᠭᠪᠤᠷ ᠪᠣᠯᠤᠨ᠎ᠠ᠃ ᠨᠡᠶᠢᠭᠡᠮ ᠤᠨ ᠴᠠᠬᠢᠯᠭᠠᠨ ᠬᠡᠷᠡᠭᠯᠡᠬᠦ | ᠳᠠᠭᠠᠭᠠᠴᠠ ᠪᠠ ᠡᠨᠧᠷᠭᠢ ᠬᠠᠳᠠᠭᠠᠯᠠᠬᠤ ᠡᠬᠢ ᠪᠠᠶᠠᠯᠢᠭ ᠢ ᠨᠠᠷᠢᠯᠢᠭ ᠣᠨᠣᠪᠴᠢᠳᠠᠢ ᠪᠠᠷ ᠡᠵᠡᠮᠳᠡᠵᠦ᠂ ᠴᠠᠬᠢᠯᠭᠠᠨ ᠲᠣᠤᠷ ᠤᠨ ᠠᠶᠤᠯᠭᠦᠶ ᠠᠵᠢᠯᠯᠠᠭᠠᠨ ᠤ ᠬᠢᠷᠢ | ᠲᠦᠪᠰᠢᠨ ᠢ ᠳᠡᠭᠡᠭᠰᠢᠯᠡᠭᠦᠯᠵᠦ᠂ ᠴᠡᠪᠡᠷ ᠡᠨᠧᠷᠭᠢ ᠶᠢ ᠰᠢᠩᠭᠡᠭᠡᠬᠦ ᠶᠠᠪᠤᠴᠠ ᠳᠠᠬᠢ ᠴᠠᠬᠢᠯᠭᠠᠨ ᠲᠣᠤᠷ ᠤᠨ ᠳᠣᠯᠭᠢᠶᠠᠯᠠᠬᠤ ᠴᠢᠨᠠᠷ ᠵᠡᠷᠭᠡ ᠠᠰᠠᠭᠤᠳᠠᠯ ᠢ ᠰᠢᠢᠳᠪᠦᠷᠢᠯᠡᠵᠦ | ᠪᠣᠯᠤᠨ᠎ᠠ᠃ | 25᠂ ︽1+5+9︾ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ᠄ ︽ | 1+5+9︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠭᠤᠣᠯ ᠰᠡᠳᠦᠪᠲᠦ ᠱᠤᠭᠤᠮ ︵︽1︾ ᠨᠢ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢᠶᠠᠷ ᠭᠤᠣᠯ ᠰᠡᠳᠦᠪ ᠪᠣᠯᠭᠠᠨ᠎ᠠ︔ ︽5︾ ᠨᠢ ᠤᠮᠠᠷᠠᠰᠢ ᠨᠡᠬᠡᠬᠡᠯᠳᠡ | ᠬᠢᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠰᠠᠬᠢᠬᠤ᠂ ᠬᠤᠶᠠᠷ ᠢ ᠬᠦᠷᠢᠶᠡᠯᠡᠬᠦ ᠶᠢ ᠬᠠᠮᠲᠤᠪᠠᠷ ᠪᠠᠶᠢᠭᠤᠯᠬᠤ᠂ ᠬᠦᠰᠡᠯ ᠡᠷᠡᠮᠡᠯᠵᠡᠯ ᠢ ᠪᠡᠶᠡᠯᠡᠬᠦᠯᠬᠦ᠂ | ᠬᠤᠪᠢᠰᠬᠠᠯᠳᠤ ᠲᠡᠤᠭᠡ ᠶᠢᠨ ᠲᠤᠷᠠᠰᠤᠮᠵᠢ ᠵᠡᠷᠭᠡ ᠲᠠᠪᠤᠨ ᠣᠷᠣᠨ ᠲᠤᠭᠤᠷᠢᠭ ᠢ ᠪᠠᠶᠢᠭᠤᠯᠤᠨ᠎ᠠ︔ ︽9︾ ᠨᠢ ᠬᠢᠯᠢ ᠶᠢᠨ ᠪᠣᠭᠤᠮᠲᠠ ᠶᠢᠨ ᠭᠠᠳᠠᠭᠠᠳᠤ | ᠤᠬᠠᠭᠤᠯᠭ᠎ᠠ ᠶᠢᠨ ᠰᠣᠶᠣᠯ ᠤᠨ ᠲᠥᠪ᠂ ᠶᠡᠷᠦᠩᠬᠡᠶᠢᠯᠡᠭᠰᠡᠨ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠭᠦᠯᠦᠯᠭᠡ ᠶᠢᠨ ᠣᠷᠳᠣᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠤᠳᠤᠯᠭᠠᠨ ᠤ ᠪᠣᠯᠪᠠᠰᠤᠷᠠᠯ ᠤᠨ ᠲᠥᠪ᠂ ᠬᠤᠨ ᠭᠠᠯᠠᠭᠤᠨ ᠰᠣᠶᠣᠯ ᠤᠨ ᠮᠦᠽᠧᠢ᠂ ᠤᠷᠠᠳ ᠤᠨ | ᠳᠤᠮᠳᠠᠳᠤ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠥᠩᠭᠡᠷᠡᠯᠲᠡ ᠶᠢᠨ ᠦᠵᠡᠭᠦᠯᠦᠯᠭᠡ ᠶᠢᠨ ᠣᠷᠳᠣᠨ᠂ ᠥᠪᠥᠷ ᠮᠣᠩᠭᠤᠯ ᠤᠨ ᠮᠣᠷᠢᠲᠤ ᠴᠡᠷᠢᠭ ᠤᠨ | ᠲᠡᠦᠬᠡ ᠶᠢᠨ ᠦᠵᠡᠭᠦᠯᠦᠯᠭᠡ ᠶᠢᠨ ᠳᠡᠯᠭᠡᠨ ᠦᠵᠡᠭᠦᠯᠦᠯᠭᠡ ᠶᠢᠨ ᠣᠷᠳᠣᠨ᠂ ᠪᠢᠩᠲ᠋ᠤᠸᠠᠨ ᠤ ᠰᠣᠶᠣᠯ ᠤᠨ ᠬᠦᠷᠢᠶᠡᠯᠡᠩ᠂ ᠤᠤᠪᠤᠯᠠᠭ ᠤᠨ ᠠᠮᠠᠨ ᠳᠠᠬᠢ ᠶᠠᠫᠣᠨ ᠢ | ᠡᠰᠡᠷᠭᠦᠴᠡᠭᠰᠡᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠷᠢᠶᠡᠯᠡᠩ᠂ ᠤᠷᠳᠤ ᠴᠠᠭᠠᠨ ᠬᠡᠷᠡᠮ ᠤᠨ ᠪᠠᠭᠤᠷᠢ ᠵᠡᠷᠭᠡ ᠶᠢᠰᠦᠨ ᠲᠤᠬᠠᠢ ᠶᠢᠨ ᠲᠠᠯᠠᠪᠠᠢ ᠶᠢᠨ | ᠵᠢᠭᠠᠨ ᠰᠤᠷᠭᠠᠯᠲᠠ ᠶᠢᠨ ᠴᠡᠭ ᠢ ᠪᠠᠶᠢᠭᠤᠯᠤᠨ᠎ᠠ︶᠃ ︽ᠵᠢᠭᠤᠯᠴᠢᠯᠠᠯ +︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠢᠶᠠᠷ ᠭᠤᠤᠯ ᠰᠡᠳᠦᠪ ᠪᠣᠯᠭᠠᠭᠰᠠᠨ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠵᠤ ᠦᠢᠯᠡᠰ ᠤᠨ ᠦᠵᠡᠭᠦᠯᠦᠯᠭᠡ ᠪᠠᠷ | ᠲᠤᠯᠭᠠᠭᠤᠷᠢᠯᠠᠯ ᠪᠣᠯᠭᠠᠭᠰᠠᠨ᠂ ᠰᠤᠷᠭᠠᠨ ᠬᠥᠮᠦᠵᠢᠯ ᠤᠨ ᠪᠤᠯᠪᠠᠰᠤᠷᠠᠯ᠂ ᠰᠣᠶᠣᠯ ᠤᠨ ᠣᠶᠢᠯᠠᠭᠠᠯᠲᠠ᠂ ᠦᠵᠡᠮᠵᠢ ᠰᠤᠨᠢᠷᠬᠠᠬᠤ ᠵᠢᠭᠤᠯᠴᠢᠯᠠᠯ᠂ ᠰᠡᠯᠡᠭᠦᠴᠡᠯ | ᠵᠤᠭᠠᠴᠠᠯ ᠠᠮᠠᠷᠠᠯᠳᠠ ᠶᠢ ᠨᠢᠭᠡ ᠴᠣᠠᠠᠴᠠᠵᠢᠭᠤᠯᠥᠠᠠᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ + ᠰᠣᠶᠣᠯ ᠵᠢᠭᠤᠯᠴᠢᠯᠠᠯ ᠤᠨ ᠤᠨᠴᠠᠯᠢᠭᠳᠤ | ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠵᠤ᠂ ᠠᠷᠠᠳ ᠤᠨ ᠵᠠᠩ ᠦᠢᠯᠡ ᠪᠠ ᠭᠠᠵᠠᠷ ᠣᠷᠣᠨ ᠤ ᠥᠩᠭᠡ ᠦᠵᠡᠮᠵᠢ ᠵᠡᠷᠭᠡ ᠡᠬᠢ ᠪᠠᠶᠠᠯᠢᠭ ᠤᠨ ᠳᠠᠪᠠᠭᠤᠯᠢᠭ ᠢ | ᠠᠵᠤ ᠦᠢᠯᠡᠰ ᠯᠦᠭᠡ ᠣᠷᠭᠠᠨᠢᠭ ᠢᠶᠠᠷ ᠠᠭᠤᠰᠤᠯᠴᠠᠭᠤᠯᠤᠨ᠂ ᠪᠥᠬᠦ ᠴᠠᠷᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ | 26᠂ ︽ᠳᠥᠷᠪᠡᠨ ᠤᠯᠠᠮ︾ ᠤᠨ ᠬᠠᠷᠠᠯᠲᠠ᠄ ᠪᠥᠬᠦ ᠲᠠᠯ᠎ᠠ ᠪᠠᠷ ᠬᠥᠭᠵᠢᠭᠦᠯᠬᠦ ᠣᠨᠣᠯᠵᠢᠬᠤᠨ ᠤᠯᠠᠮ ᠢᠯᠡ ᠲᠣᠳᠣ᠂ ᠪᠠᠷᠢᠮᠵᠢᠶᠠᠵᠢᠭᠤᠯᠤᠭᠰᠠᠨ ᠪᠥᠲᠥᠭᠡᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠤᠯᠠᠮ ᠥᠨᠳᠥᠷ᠂ ᠪᠠᠭᠰᠢ ᠶᠢᠨ ᠡᠩᠨᠡᠭᠡ ᠤᠯᠠᠮ ᠬᠦᠴᠦᠷᠬᠡᠭ᠂ ᠠᠷᠠᠳ ᠣᠯᠠᠨ ᠤᠯᠠᠮ ᠬᠠᠨᠤᠮᠵᠢᠲᠠᠶ ᠪᠠᠶᠢᠬᠤ ᠶᠢ ᠵᠢᠭᠠᠵᠤ | ᠪᠣᠶ᠃ | 27᠂ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠦᠭᠡᠷᠡᠴᠢᠯᠡᠯᠳᠡ᠄ ︽ᠭᠤᠷᠪᠠ ᠶᠢ ᠲᠥᠪᠯᠡᠷᠡᠭᠦᠯᠬᠦ︾ ᠭᠡᠳᠡᠭ ᠪᠣᠯ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠲᠣᠰᠢᠶᠠᠯ ᠴᠢᠳᠠᠪᠬᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠰᠢᠶᠠᠯ | ᠴᠢᠳᠠᠪᠬᠢ ᠶᠢ ᠡᠭᠦᠷᠭᠡᠯᠡᠭᠰᠡᠨ ᠲᠠᠰᠤᠭ ᠰᠠᠯᠠᠭ᠎ᠠ ᠶᠢ ᠦᠢᠯᠡᠴᠢᠯᠡᠭᠡᠨ ᠤ ᠲᠥᠪ ᠲᠤ ᠲᠥᠪᠯᠡᠷᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ ᠳᠤ ᠲᠥᠪᠯᠡᠷᠡᠭᠦᠯᠬᠦ ᠶᠢ ᠵᠢᠭᠠᠵᠤ᠂ ︽ᠭᠤᠷᠪᠠ ᠶᠢ ᠪᠣᠳᠠᠲᠠᠶᠢᠵᠢᠭᠤᠯᠬᠤ︾ ᠬᠡᠳᠡᠭ ᠪᠣᠯ ᠣᠴᠢᠷ ᠶᠠᠪᠣᠳᠠᠯ ᠢ | ᠰᠢᠢᠳᠪᠦᠷᠢᠯᠡᠬᠦ ᠶᠢ ᠦᠢᠯᠡᠴᠢᠯᠡᠭᠡᠨ ᠤ ᠶᠡᠭᠡ ᠲᠢᠩᠬᠢᠮ ᠳᠤ ᠣᠷᠣᠭᠤᠯᠬᠤ ᠶᠢ ᠪᠣᠳᠠᠲᠠᠶᠢᠵᠢᠭᠤᠯᠬᠤ ᠂ ᠬᠢᠨᠠᠨ ᠵᠥᠪᠰᠢᠶᠡᠷᠡᠬᠦ ᠡᠷᠬᠡ ᠲᠠᠢ ᠦᠢᠯᠡᠴᠢᠯᠡᠭᠡᠨ ᠤ ᠠᠵᠢᠯ ᠤᠨ | ᠪᠠᠶᠢᠷᠢ ᠶᠢ ᠪᠣᠳᠠᠲᠠᠶᠢᠵᠢᠭᠤᠯᠬᠤ ᠂ ᠡᠯᠧᠺᠲᠷᠣᠨ ᠬᠢᠨᠠᠨ ᠪᠠᠶᠢᠴᠠᠭᠠᠯᠲᠠ ᠶᠢ ᠨᠠᠶᠢᠳᠠᠪᠣᠷᠢᠵᠢᠭᠤᠯᠬᠤ ᠶᠢ ᠦᠨᠡᠨᠬᠦ ᠪᠠᠲᠤᠯᠠᠬᠤ ᠶᠢ ᠪᠤᠳᠠᠲᠠᠶᠢᠵᠢᠭᠤᠯᠬᠤ ᠶᠢ ᠵᠢᠭᠠᠵᠣ ᠪᠣᠢ᠃ | 28᠂ ︽ᠨᠢᠭᠡ ᠰᠦᠯᠵᠢᠶ᠎ᠡ ᠨᠢᠭᠡ ᠡᠭᠦᠲᠡ ᠨᠢᠭᠡ ᠤᠳᠠᠭ᠎ᠠ︾ ᠶᠢᠨ ᠥᠭᠡᠷᠡᠴᠢᠯᠡᠯᠲᠡ᠄ ᠨᠢᠭᠡ ᠰᠦᠯᠵᠢᠶᠡᠨ ᠳᠤ ᠭᠠᠷᠪᠠᠯ ᠠᠯᠢᠪᠠ ᠶᠠᠪᠤᠳᠠᠯ ᠢ | ᠰᠢᠢᠳᠪᠦᠷᠢᠯᠡᠵᠤ᠂ ᠨᠢᠭᠡ ᠪᠠᠶᠢᠭᠤᠯᠭ᠎ᠠ ᠶᠢᠨ ᠡᠭᠦᠳᠡ ᠪᠠᠷ ᠣᠷᠣᠪᠠᠯ ᠪᠦᠬᠦ ᠶᠠᠪᠤᠳᠠᠯ ᠢ ᠪᠡᠶᠡᠯᠡᠬᠦᠯᠵᠤ᠂ ᠨᠢᠭᠡ ᠯᠡ ᠤᠳᠠᠭ᠎ᠠ ᠬᠦᠶᠦᠪᠡᠯ ᠤᠴᠢᠷ ᠶᠠᠪᠤᠳᠠᠯ ᠢᠶᠠᠨ | ᠬᠦᠢᠴᠡᠳᠭᠡᠵᠤ ᠲᠡᠶᠢᠯᠬᠦ ᠶᠢ ᠭᠡᠯᠡᠨ᠎ᠡ᠃ | 29᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ︽ᠲᠦᠷᠪᠡ ᠶᠢ ᠬᠦᠢᠴᠡᠳᠭᠡᠬᠦ︾᠄ ᠴᠠᠭ ᠲᠤᠬᠠᠢ ᠳᠤᠨᠢ ᠬᠦᠢᠴᠡᠳᠭᠡᠬᠦ᠂ ᠰᠦᠯᠵᠢᠶᠡᠨ ᠲᠡᠭᠡᠷ᠎ᠡ | ᠬᠦᠢᠴᠡᠳᠭᠡᠬᠦ᠂ ᠨᠢᠭᠡ ᠤᠳᠠᠭ᠎ᠠ ᠳᠤ ᠬᠦᠢᠴᠡᠳᠭᠡᠬᠦ᠂ ᠤᠶᠢᠷ᠎ᠠ ᠲᠦᠳᠡ ᠭᠠᠵᠠᠷ ᠲᠤᠨᠢ ᠬᠦᠢᠴᠡᠳᠭᠡᠬᠦ ᠶᠢ ᠵᠢᠭᠠᠨ᠎ᠠ᠃ | 30᠂ ᠭᠤᠷᠪᠠᠨ ᠱᠤᠭᠤᠮ ᠨᠢᠭᠡ ᠲᠠᠩᠰᠠ᠄ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠢᠵᠠᠭᠠᠷ | ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠲᠠᠩᠰᠠ ᠶᠢ ᠵᠢᠭᠠᠨ᠎ᠠ᠃ | 31᠂ ︽ᠨᠠᠰᠤᠳᠠᠶᠢᠴᠤᠳ ᠪᠠ ᠭᠡᠤᠭᠡᠳ︾ ᠄ ᠬᠤᠲᠠ ᠪᠠᠯᠭᠠᠰᠤ ᠶᠢᠨ ᠨᠠᠰᠤᠵᠢᠯ ᠤᠨ ᠪᠠᠲᠤᠯᠠᠭ᠎ᠠ ᠥᠬᠡᠶ ᠨᠠᠰᠤᠳᠠᠶᠢᠴᠤᠳ ᠪᠠ ᠰᠤᠷᠭᠠᠭᠤᠯᠢ ᠶᠢᠨ | ᠰᠤᠷᠤᠭᠴᠢᠳ ᠵᠢᠴᠢ ᠰᠤᠷᠭᠠᠭᠤᠯᠢ ᠳᠤ ᠤᠷᠤᠬᠤ ᠨᠠᠰᠤᠨ ᠠᠴᠠ ᠡᠮᠦᠨᠡᠬᠢ ᠨᠢᠯᠬ᠎ᠠ ᠬᠡᠤᠬᠡᠳ ᠤᠳ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠤᠮᠳᠠᠬᠢ ᠲᠤᠪᠤᠶᠢᠮ᠎ᠠ | ᠠᠰᠠᠭᠤᠳᠠᠯ᠃ | 32᠂ ︽ᠳᠥᠷᠪᠡᠨ ᠰᠤᠷᠲᠠᠯ︾᠄ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠵᠢᠭᠠᠵᠤ | ᠪᠤᠢ᠃ |