ᠠᠯᠳᠠᠷᠳᠤ ᠢᠷᠦᠭᠡᠯᠴᠢ ᠵᠠᠩ ᠦᠢᠯᠡᠴᠢ ᠶᠠᠩ ᠤᠳᠬᠠᠨ
ᠨᠡᠶᠢᠲᠡᠯᠡᠭᠰᠡᠨ ᠴᠠᠭ᠄
2022/8/17
      ᠤᠷᠠᠳ ᠰᠤᠶᠤᠯ ᠢᠶᠠᠨ ᠠᠪᠤᠷᠠᠨ ᠬᠦᠭᠵᠢᠬᠦᠯᠬᠦ ᠪᠠᠷ ᠤᠷᠠᠳᠴᠤᠤᠯ ᠠᠯᠢ ᠡᠷᠲᠡᠨ ᠠᠴᠠ ᠴᠢᠷᠮᠠᠶᠢᠭᠰᠠᠭᠠᠷ ᠢᠷᠡᠭᠰᠡᠨ ᠪᠢᠯᠡ᠃ ᠡᠨᠡ ᠤᠯᠠᠨ ᠵᠢᠳᠬᠦᠯᠲᠡᠨ ᠤ ᠲᠤᠮᠲᠠ ᠠᠴᠠ ᠶᠠᠩ ᠣᠳᠬᠠᠨ ᠭᠤᠸᠠᠢ ᠶᠢ ᠲᠤᠷᠠᠳᠬᠤ ᠴᠢᠬᠤᠯᠠ ᠲᠠᠢ᠃ ᠶᠠᠩ ᠤᠳᠬᠠᠨ 1959  ᠤᠨ ᠳᠤ ᠬᠤᠯᠤᠰᠤᠲᠠᠢ ᠰᠤᠮᠤᠨ ᠳᠤ ᠲᠦᠷᠦᠪᠡ᠃  ᠤᠷᠠᠳ ᠰᠤᠶᠤᠯ ᠤᠨ ᠦᠪ ᠤᠯᠠᠮᠵᠢᠯᠠᠭᠴᠢ ᠶᠢᠨ ᠨᠢᠭᠡ ᠪᠢᠯᠡ᠃ 30 ᠭᠠᠷᠤᠢ ᠵᠢᠯ ᠤᠨ ᠲᠤᠷᠰᠢ ᠤᠷᠠᠳ ᠠᠷᠠᠳ ᠤᠨ ᠲᠠᠭᠤᠨ ᠤ ᠲᠤᠬᠠᠢ ᠮᠠᠲ᠋ᠧᠷᠢᠶᠠᠯ ᠢ ᠴᠤᠭᠯᠠᠭᠤᠯᠤᠭᠰᠠᠨ ᠢᠶᠠᠷ ᠢᠷᠡᠭᠰᠡᠨ᠃ ᠲᠡᠷᠡ ᠮᠠᠨᠢ ᠵᠢᠯ ᠪᠦᠷᠢ ᠶᠢᠨ  8 ᠰᠠᠷ᠎ᠠ ᠶᠢᠨ 8 ᠤ ᠡᠲᠦᠷ ᠤᠷᠠᠳ ᠤᠨ ᠬᠤᠶᠢᠲᠤ ᠬᠤᠰᠢᠭᠤ᠂ ᠤᠷᠠᠳ ᠤᠨ ᠲᠤᠮᠲᠠᠲᠤ ᠬᠤᠰᠢᠭᠤᠨ ᠤ ᠠᠷᠠᠳ ᠤᠨ ᠲᠠᠭᠤᠴᠢᠳ ᠢ ᠴᠤᠭᠯᠠᠭᠤᠯᠤᠨ ᠦᠪᠡᠷ ᠤᠨ ᠭᠡᠷ ᠲᠡᠭᠡᠨ ᠮᠠᠯᠴᠢᠳ ᠤᠨ ᠲᠠᠭᠤᠨ ᠤ ᠤᠷᠤᠯᠲᠤᠭᠠᠨ ᠢ ᠵᠤᠬᠢᠶᠠᠨ ᠪᠠᠶᠢᠭᠤᠯᠤᠭᠠᠳ ᠤᠷᠠᠳ ᠠᠷᠠᠳ ᠤᠨ ᠲᠠᠭᠤᠨ ᠤ ᠬᠦᠭᠵᠢᠯᠲᠡ ᠳᠤ ᠬᠤᠪᠢ ᠨᠡᠮᠡᠷᠢ ᠪᠠᠨ ᠦᠵᠡᠬᠦᠯᠦᠭᠰᠡᠭᠡᠷ ᠢᠷᠡᠪᠡ᠃ ᠤᠲᠤᠬᠠᠨ ᠪᠤᠯᠲᠠᠯ᠎ᠠ ᠶᠠᠩ ᠤᠳᠬᠠᠨ ᠭᠤᠸᠠᠢ ᠤᠷᠠᠳ ᠠᠷᠠᠳ ᠤᠨ ᠲᠠᠭᠤᠨ ᠤ ᠰᠤᠶᠤᠯ ᠤᠨ ᠰᠤᠯᠢᠯᠴᠠᠭᠠᠨ ᠤ ᠬᠦᠲᠡᠯᠭᠡᠭᠡᠨ ᠢ ᠦᠷᠬᠦᠯᠵᠢ  ᠵᠤᠬᠢᠶᠠᠨ ᠪᠠᠶᠢᠭᠤᠯᠤᠨ ᠦᠷᠨᠢᠬᠦᠯᠳᠡᠭ᠃ 2008 ᠤᠨ ᠳᠤ《ᠬᠠᠨ ᠠᠭᠤᠯᠠ》ᠠᠷᠠᠳ  ᠤᠨ ᠬᠠᠮᠲᠤ ᠶᠢᠨ ᠲᠠᠭᠤᠨ ᠤ ᠪᠦᠯᠭᠦᠮ ᠢ ᠪᠠᠶᠢᠭᠤᠯᠵᠤ᠂ 8 ᠨᠡᠷᠡᠰ ᠲᠠᠭᠤᠤ ᠤᠷᠠᠯᠢᠭ ᠢᠶᠠᠷ  ᠠᠪᠢᠶᠠᠰ ᠲᠠᠢ ᠮᠠᠯᠴᠢᠨ ᠵᠠᠯᠠᠭᠤ ᠶᠢ ᠲᠠᠭᠠᠭᠤᠯᠤᠨ ︿︿ᠠᠶᠠᠨ﹀﹀ ᠬᠤᠷᠢᠮ ᠨᠠᠶᠢᠷ ᠤᠨ ᠦᠢᠯᠡᠴᠢᠯᠡᠭᠡᠨ ᠤ ᠭᠠᠵᠠᠷ ᠢ ᠪᠠᠶᠢᠭᠤᠯᠤᠨ᠂ ᠤᠯᠠᠮᠵᠢᠯᠠᠯᠲᠤ ᠮᠤᠩᠭᠤᠯ ᠬᠤᠷᠢᠮ ᠢ ᠳᠠᠭᠠᠭᠠᠴᠢᠯᠠᠨ ᠬᠢᠬᠦ ᠪᠠᠷ ᠭᠤᠤᠯᠲᠠᠵᠤ᠂ ᠤᠯᠠᠮᠵᠢᠯᠠᠯᠲᠤ ᠮᠤᠩᠭᠤᠯ ᠬᠤᠷᠢᠮ ᠳᠤ ᠦᠢᠯᠡᠴᠢᠯᠡᠭᠡ ᠬᠠᠩᠭᠠᠵᠤ᠂ ᠠᠰᠢᠭ ᠤᠷᠤᠯᠭ᠎ᠠ ᠡᠬᠦᠲᠦᠨ᠂ ᠤᠷᠠᠳ ᠤᠨ ᠤᠯᠠᠮᠵᠢᠯᠠᠯᠲᠤ ᠰᠤᠶᠤᠯ ᠢᠶᠠᠨ ᠬᠠᠮᠠᠭᠠᠯᠠᠨ ᠬᠦᠭᠵᠢᠬᠦᠯᠦᠭᠰᠡᠨ ᠪᠠᠶᠢᠨ᠎ᠠ᠃        ᠤᠷᠠᠳ ᠤᠨ ᠲᠤᠮᠲᠠᠲᠤ ᠬᠤᠰᠢᠭᠤ ᠨᠢ ᠬᠢᠯᠢ ᠬᠢᠵᠠᠭᠠᠷ ᠤᠷᠤᠨ ᠤ ᠴᠦᠭᠡᠨ ᠲᠤᠭᠠᠲᠤ ᠦᠨᠲᠦᠰᠦᠲᠡᠨ ᠤ ᠭᠠᠵᠠᠷ ᠤᠷᠤᠨ ᠪᠤᠯᠤᠭᠰᠠᠨ ᠤ ᠬᠤᠪᠢ ᠳᠤ ᠦᠨᠲᠦᠰᠦᠲᠡᠨ ᠤ ᠰᠤᠶᠤᠯ ᠢᠶᠠᠨ ᠬᠠᠮᠠᠭᠠᠯᠠᠨ ᠭᠦᠭᠵᠢᠬᠦᠯᠦᠭᠰᠡᠭᠡᠷ ᠢᠷᠡᠭᠰᠡᠨ ᠪᠢᠯᠡ᠃ ᠤᠶᠢᠷ᠎ᠠ ᠶᠢᠨ ᠭᠡᠲᠦᠨ ᠵᠢᠯ ᠲᠤᠰ ᠬᠤᠰᠢᠭᠤ ᠦᠨᠲᠦᠰᠦᠲᠡᠨ ᠤ ᠰᠤᠶᠤᠯ᠂ ᠦᠨᠲᠦᠰᠦᠲᠡᠨ ᠤ ᠵᠠᠩ ᠲᠠᠳᠬᠠᠯ ᠢ ᠤᠯᠠᠮᠵᠢᠯᠠᠨ ᠬᠦᠭᠵᠢᠬᠦᠯᠬᠦ ᠶᠢ ᠠᠩᠬᠠᠷᠤᠯ ᠳᠠᠭᠠᠨ ᠠᠪᠴᠦ᠂ ᠪᠦᠬᠦ ᠬᠤᠰᠢᠭᠤᠨ ᠤ ᠭᠡᠪᠴᠢᠶᠡᠨ ᠳᠠᠬᠢ ᠦᠨᠲᠦᠰᠦᠲᠡᠨ ᠤ ᠰᠤᠶᠤᠯ ᠳᠤ ᠨᠡᠶᠢᠲᠡᠮ ᠪᠠᠶᠢᠴᠠᠭᠠᠯᠲᠠ ᠬᠢᠵᠦ᠂ 470 ᠭᠠᠷᠤᠢ ᠦᠨᠲᠦᠰᠦᠲᠡᠨ ᠤ ᠢᠵᠠᠭᠤᠷ ᠠᠷᠠᠳ ᠤᠨ ᠲᠠᠭᠤᠤ ᠶᠢ ᠠᠪᠤᠷᠠᠨ ᠡᠮᠬᠢᠳᠭᠡᠭᠰᠡᠨ ᠪᠦᠭᠡᠳ ᠵᠢᠯ ᠪᠦᠷᠢ  ᠶᠢᠨ ᠭᠦᠭᠡᠭᠡ ᠰᠠᠷ᠎ᠠ ᠶᠢᠨ ᠬᠤᠷᠢᠨ ᠭᠤᠷᠪᠠᠨ ᠳᠤ ᠬᠠᠯᠢᠭᠤᠲᠤ ᠪᠠᠯᠭᠠᠰᠤᠨ ᠤ ᠠᠭᠤᠲᠠᠮ ᠲᠠᠯᠠᠪᠠᠢ ᠳᠤ ᠦᠪᠡᠲᠡᠭᠰᠢ ᠶᠡᠭᠡ ᠭᠠᠯ ᠲᠠᠬᠢᠬᠤ ᠬᠦᠲᠡᠯᠭᠡᠭᠡᠨ ᠦᠷᠨᠢᠬᠦᠯᠦᠨ ᠬᠤᠶᠢᠴᠢ ᠦᠶ᠎ᠡ ᠳᠡᠭᠡᠨ ᠰᠤᠷᠭᠠᠨ ᠤᠯᠠᠮᠵᠢᠯᠠᠬᠤ ᠪᠤᠯᠤᠭᠰᠠᠨ᠃ ᠡᠬᠦᠨ ᠤ ᠲᠠᠭᠠᠤ ︿︿ᠲᠠᠯ᠎ᠠ ᠨᠤᠲᠤᠭ ᠤᠨ ᠡᠷᠡᠯᠭᠡᠭ ᠪᠦᠷᠬᠦᠳ﹀﹀᠂ ︿︿ᠲᠠᠯ᠎ᠠ ᠨᠤᠲᠤᠭ ᠤᠨ ᠡᠷᠬᠢᠴᠡᠬᠦᠯᠦᠯ﹀﹀ ᠵᠡᠷᠭᠡ ᠵᠢᠷᠤᠭᠲᠤ ᠲᠡᠪᠲᠡᠷ ᠪᠤᠶᠤ ︿︿ᠤᠷᠠᠳ ᠠᠷᠠᠳ ᠤᠨ ᠲᠠᠭᠤᠨ ᠤ ᠡᠮᠬᠢᠳᠭᠡᠯ﹀﹀ ᠢ ᠭᠡᠪᠯᠡᠬᠦᠯᠦᠨ ᠲᠠᠷᠬᠠᠭᠰᠠᠨ ᠪᠠᠶᠢᠨ᠎ᠠ᠃ ᠬᠤᠰᠢᠭᠤᠨ ᠠᠴᠠ ᠪᠠᠰᠠ ᠦᠨᠲᠦᠰᠦᠲᠡᠨ ᠤ ᠲᠤᠬᠠᠶᠢᠯᠠᠭᠰᠠᠨ ᠠᠵᠢᠯ ᠤᠨ ᠲᠤᠰᠬᠠᠢ ᠮᠡᠷᠭᠡᠵᠢᠯ ᠤᠨ ᠰᠤᠷᠭᠠᠭᠤᠯᠢ ᠶᠢ ᠪᠠᠶᠢᠭᠤᠯᠵᠤ᠂ ᠦᠨᠲᠦᠰᠦᠲᠡᠨ ᠤ ᠵᠠᠩ ᠵᠠᠩᠰᠢᠯ᠂ ᠦᠨᠲᠦᠰᠦᠲᠡᠨ  ᠤ ᠭᠠᠷ ᠤᠷᠠᠯᠠᠯ᠂ ᠮᠤᠷᠢᠨ ᠬᠤᠭᠤᠷ ᠤᠨ ᠠᠩᠬᠢ ᠵᠡᠷᠭᠡ ᠦᠨᠲᠦᠰᠦᠲᠡᠨ ᠤ ᠤᠨᠴᠠᠯᠢᠭ ᠲᠠᠢ ᠬᠢᠴᠢᠶᠡᠯ ᠭᠠᠷᠭᠠᠨ᠂ ᠦᠨᠲᠦᠰᠦᠲᠡᠨ ᠤ ᠭᠡᠦᠭᠡᠳ ᠤᠨ ᠴᠡᠴᠡᠷᠯᠢᠭ᠂ ᠦᠨᠲᠦᠰᠦᠲᠡᠨ ᠤ ᠰᠤᠷᠭᠠᠭᠤᠯᠢ ᠳᠤ ᠦᠨᠲᠦᠰᠦᠲᠡᠨ ᠤ ᠬᠦᠭᠵᠢᠮ ᠪᠠ ᠤᠷᠠᠳ ᠠᠷᠠᠳ ᠤᠨ ᠲᠠᠭᠤᠤ ᠶᠢ ᠵᠢᠭᠠᠵᠤ᠂ ᠦᠪ ᠰᠤᠶᠤᠯ ᠢᠶᠠᠨ ᠤᠯᠠᠮᠵᠢᠯᠠᠨ ᠬᠦᠭᠵᠢᠬᠦᠯᠬᠦ ᠬᠤᠶᠢᠴᠢ ᠦᠶ᠎ᠡ ᠪᠠᠨ ᠬᠦᠮᠦᠵᠢᠬᠦᠯᠵᠦ ᠡᠬᠢᠯᠡᠯ᠎ᠡ᠃ ᠤᠷᠠᠳ ᠪᠦᠭᠡ ᠶᠢᠨ ᠨᠡᠶᠢᠭᠡᠮᠯᠢᠭ᠂ ᠤᠯᠭᠠᠨ ᠭᠡᠭᠡᠷ ᠮᠤᠷᠢᠨ ᠤ ᠨᠡᠶᠢᠭᠡᠮᠯᠢᠭ᠂ ᠦᠨᠲᠦᠰᠦᠲᠡᠨ ᠤ ᠬᠤᠪᠴᠠᠰᠤ ᠵᠠᠰᠠᠯ ᠤᠨ ᠨᠡᠶᠢᠭᠡᠮᠯᠢᠭ ᠵᠡᠷᠭᠡ  ᠨᠡᠶᠢᠭᠡᠮᠯᠢᠭ ᠢ ᠪᠠᠶᠢᠭᠤᠯᠵᠤ᠂ ᠦᠨᠲᠦᠰᠦᠲᠡᠨ ᠤ ᠰᠤᠶᠤᠯ ᠪᠦᠬᠦ ᠲᠠᠯ᠎ᠠ ᠪᠠᠷ ᠬᠦᠭᠵᠢᠬᠦ ᠳᠤ ᠰᠠᠭᠤᠷᠢ ᠲᠠᠯᠪᠢᠪᠠ᠃ 2 010 ᠤᠨ  ᠳᠤ ᠤᠷᠠᠳ ᠠᠷᠠᠳ ᠤᠨ ᠲᠠᠭᠤᠤ ᠤᠯᠤᠰ ᠤᠨ ᠲᠡᠰ ᠤᠨ ᠪᠤᠲᠠᠰ ᠤᠨ ᠪᠤᠰᠤ ᠰᠤᠶᠤᠯ ᠢ ᠦᠪ ᠬᠦᠷᠦᠩᠭᠡ ᠪᠠᠷ ᠮᠡᠲᠡᠬᠦᠯᠵᠦ᠂ 2011 ᠤᠨ ᠳᠤ ᠤᠯᠤᠰ ᠤᠨ ᠲᠡᠰ ᠤᠨ ᠪᠤᠲᠠᠰ ᠤᠨ ᠪᠤᠰᠤ ᠰᠤᠶᠤᠯ ᠢ ᠦᠪ ᠬᠦᠷᠦᠩᠭᠡ ᠪᠠᠷ ᠵᠦᠪᠰᠢᠶᠡᠷᠡᠭᠲᠡᠵᠤ᠂ ᠤᠷᠴᠢᠮ ᠲᠤᠰ ᠬᠤᠰᠢᠭᠤ ᠪᠠᠰᠠ ︿︿ᠲᠤᠮᠲᠠᠲᠤ ᠤᠯᠤᠰ ᠤᠨ ᠠᠷᠠᠳ ᠤᠨ ᠰᠤᠶᠤᠯ ᠤᠷᠠᠯᠢᠭ ᠤᠨ ᠦᠯᠦᠭᠡᠢ﹀﹀ ᠪᠠᠷ ᠨᠡᠷᠡᠶᠢᠲᠦᠭᠲᠡᠭᠰᠡᠨ ᠪᠠᠶᠢᠨ᠎ᠠ᠃       ᠨᠠᠮ ᠤᠨ ᠠᠷᠪᠠᠨ ᠲᠤᠯᠤᠲᠤᠭᠠᠷ ᠬᠤᠭᠤᠴᠠᠭᠠᠨ ᠤ ᠵᠢᠷᠭᠤᠲᠤᠭᠠᠷ ᠪᠦᠬᠦᠲᠡ ᠬᠤᠷᠠᠯ ᠨᠢ ᠦᠨᠲᠦᠰᠦᠲᠡᠨ ᠤ ᠰᠤᠶᠤᠯ ᠤᠨ ᠴᠡᠴᠡᠭᠯᠡᠨ ᠬᠦᠭᠵᠢᠬᠦ ᠳᠤ ᠲᠦᠯᠬᠢᠬᠦ ᠬᠦᠴᠦᠨ ᠪᠤᠯᠵᠤ᠂ ᠤᠷᠠᠳ ᠰᠤᠶᠤᠯ ᠴᠦ ᠲᠦᠷᠦ ᠶᠢᠨ ᠪᠤᠲᠤᠯᠭ᠎ᠠ ᠶᠢᠨ ᠲᠤᠶᠠᠭᠠᠯᠠᠯ ᠳᠤ ︿︿ᠬᠠᠭᠲᠠ ᠶᠢᠨ ᠴᠠᠭᠠᠨ᠎ᠠ ᠠᠴᠠ ᠴᠤᠬᠤᠶᠢᠲᠠᠭ᠂ ᠬᠠᠪᠤᠷ ᠤᠨ ᠴᠡᠩᠭᠡᠷ ᠢᠷᠭᠤᠢ﹀﹀ ᠰᠢᠬ ᠪᠤᠲᠠᠯᠠᠨ ᠴᠡᠴᠡᠭᠯᠡᠵᠦ ᠪᠤᠯᠪᠠᠰᠤᠷᠠᠨ ᠵᠢᠮᠢᠰᠯᠡᠭᠡᠳ ᠤᠷᠠᠳ ᠲᠦᠮᠡᠨ ᠢᠶᠠᠨ ᠤᠮᠲᠠᠯᠠᠬᠤ ᠪᠠᠷ ᠪᠠᠷᠠᠬᠤ ᠦᠭᠡᠢ ᠦᠨᠲᠦᠰᠦᠲᠡᠨ ᠤ ᠮᠠᠨᠢ ᠰᠤᠶᠤᠯ ᠤᠨ ᠬᠦᠷᠢᠶᠡᠯᠡᠩ ᠳᠤ ᠦᠩᠭᠡ ᠪᠤᠯᠢᠶᠠᠯᠲᠤᠭᠰᠠᠨ ᠰᠤᠷᠭᠤᠭ ᠴᠡᠴᠡᠭ ᠪᠤᠯᠤᠨ ᠲᠡᠯᠭᠡᠷᠡᠬᠦ ᠨᠢ ᠯᠠᠪᠲᠠᠢ᠃ ᠲᠡᠷᠡ ᠰᠤᠶᠤᠯ ᠤᠨ ᠦᠪ ᠤᠯᠠᠮᠵᠢᠯᠠᠬᠤ ᠶᠢ ᠴᠢᠩᠭᠠᠳᠬᠠᠨ ᠰᠤᠶᠤᠯ ᠤᠨ ᠬᠦᠭᠵᠢᠯᠲᠠ ᠶᠢ ᠠᠬᠢᠭᠤᠯᠪᠠ᠃            ᠪᠠ᠊ ᠪᠦᠬᠡ ᠶᠢᠨ ︽ᠬᠠᠶᠢᠷ᠎ᠠ ᠪᠠᠷ ᠢᠪᠢᠯᠬᠦ ᠬᠤᠷᠸ᠎ᠠ︾ ᠭᠡᠬᠦ ᠮᠡᠳᠡᠭᠡᠯᠡᠯ ᠤᠨ ᠤᠷᠠᠨ ᠵᠤᠬᠢᠶᠠᠯ ᠤᠨ ᠲᠡᠭᠦᠪᠦᠷᠢ ᠠᠴᠠ ᠪᠠᠭᠤᠯᠭᠠᠪᠠ
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ