【ᠬᠤᠲᠠ ᠶᠢᠨ ᠪᠣᠯᠪᠠᠰᠤᠨ ᠬᠡᠪ ᠰᠤᠷᠲᠠᠯ ᠨᠢ ᠵᠣᠯ ᠵᠢᠷᠭᠠᠯᠲᠤ ᠠᠮᠢᠳᠤᠷᠠᠯ ᠢ ᠤᠮᠳᠠᠯᠠᠨ᠎ᠠ 】 | | | ᠴᠡᠪᠡᠷ ᠴᠡᠮᠴᠡᠭᠡᠷ ᠵᠡᠭᠡᠯᠢ ᠭᠤᠳᠤᠮᠵᠢ᠂ ᠵᠢᠷᠤᠭ ᠮᠡᠲᠦ ᠴᠡᠴᠡᠷᠯᠢᠭ ᠬᠦᠷᠢᠶᠡᠯᠡᠩ ᠂ ᠦᠵᠡᠮᠵᠢᠳᠤ ᠰᠠᠶᠢᠬᠠᠨ ᠠᠰᠠᠷ ᠬᠤᠷᠢᠶᠠᠯᠠᠯ ᠵᠡᠭᠡᠯᠢ ᠭᠤᠳᠤᠮᠵᠢ ᠁ | ᠬᠠᠯᠢᠭᠤᠲᠤ ᠪᠠᠯᠭᠠᠰᠤ ᠪᠠᠷ ᠠᠯᠬᠤᠯᠠᠬᠤ ᠳᠤ ᠡᠨᠡᠬᠦ ᠰᠠᠶᠢᠬᠠᠨ ᠥᠩᠭᠡ ᠦᠵᠡᠮᠵᠢ ᠳᠤ ᠥᠪᠡᠷ ᠤᠨ ᠡᠷᠬᠡ ᠦᠭᠡᠢ ᠠᠩᠬᠠᠷᠤᠯ ᠮᠢᠨᠢ ᠲᠠᠲᠠᠭᠳᠠᠵᠤ ᠪᠠᠶᠢᠯ᠎ᠠ ᠂ ᠭᠡᠬᠦ ᠳᠤ | ᠪᠠᠨ ᠡᠨᠡᠬᠦ ᠭᠤᠶᠣ ᠰᠠᠶᠢᠬᠠᠨ ᠪᠠᠶᠢᠳᠠᠯ ᠤᠨ ᠠᠷᠤ ᠳᠤ ᠤᠷᠠᠳ ᠤᠨ ᠳᠤᠮᠳᠠᠳᠤ ᠬᠤᠰᠢᠭᠤᠨ ᠤ ᠪᠦᠬᠦ ᠤᠯᠤᠰ ᠤᠨ ᠰᠢᠶᠠᠨ ᠤ ᠳᠡᠰ ᠤᠨ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠢᠳᠡᠷᠡᠭᠦᠨ ᠠᠯᠬᠤᠭ᠎ᠠ ᠬᠠᠷᠠᠭᠳᠠᠵᠤ ᠪᠠᠶᠢᠭ᠎ᠠ ᠶᠤᠮ ᠃ | ᠣᠶᠢᠷ᠎ᠠ ᠶᠢᠨ ᠵᠢᠯ ᠳᠤ ᠂ ᠤᠷᠠᠳ ᠤᠨ ᠳᠤᠮᠳᠠᠳᠤ ᠬᠤᠰᠢᠭᠤ ᠪᠦᠬᠦ ᠤᠯᠤᠰ ᠤᠨ ᠰᠢᠶᠠᠨ ᠤ ᠳᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ | ᠬᠤᠲᠠ ᠶᠢᠨ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠪᠣᠯᠭᠠᠨ ᠪᠠᠷᠢᠮᠲᠠᠯᠠᠵᠤ᠂ ᠬᠥᠮᠥᠨ ᠢᠶᠠᠷ ᠦᠨᠳᠦᠰᠦ ᠪᠣᠯᠭᠠᠬᠤ ᠂ ᠠᠷᠠᠳ ᠤᠨ ᠲᠥᠯᠥᠭᠡ ᠪᠤᠯᠪᠠᠰᠤᠨ | ᠬᠤᠲᠠ ᠶᠢ ᠡᠭᠦᠳᠦᠨ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ ᠂ ᠪᠦᠬᠦ ᠲᠠᠯ᠎ᠠ ᠪᠠᠷ ᠡᠭᠦᠳᠦᠨ ᠪᠠᠶᠢᠭᠤᠯᠬᠤ ᠂ ᠪᠦᠬᠦ ᠣᠷᠣᠨ ᠪᠦᠰᠡ ᠪᠠᠷ ᠡᠭᠦᠳᠦᠨ | ᠪᠠᠶᠢᠭᠤᠯᠬᠤ ᠂ ᠪᠦᠬᠦ ᠠᠷᠠᠳ ᠢᠶᠠᠷ ᠡᠭᠦᠳᠦᠨ ᠪᠠᠶᠢᠭᠤᠯᠬᠤ ᠶᠢ ᠪᠠᠷᠢᠮᠲᠠᠯᠠᠵᠤ ᠂ ᠬᠤᠳᠠ ᠶᠢᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠬᠤ ᠂ ᠬᠤᠳᠠ ᠶᠢᠨ | ᠠᠷᠠᠳ ᠤᠨ ᠪᠣᠯᠪᠠᠰᠤᠨ ᠬᠡᠪ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠬᠦ ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠰᠡᠳᠬᠢᠯᠭᠡ᠂ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠂ ᠬᠤᠳᠠ ᠶᠢᠨ ᠪᠣᠯᠪᠠᠰᠤᠨ ᠤ ᠰᠠᠭᠤᠷᠢ ᠶᠢ ᠨᠡᠩ ᠭᠦᠢᠴᠡᠳ ᠨᠡᠩ ᠪᠠᠲᠤ ᠪᠣᠯᠭᠠᠬᠤ ᠶᠢ ᠪᠡᠶᠡᠯᠡᠭᠦᠯᠵᠦ | ᠪᠤᠢ᠃ | ᠳᠦᠷᠢᠮ ᠢᠶᠠᠷ ᠬᠥᠲᠥᠯᠥᠨ ᠳᠠᠭᠠᠭᠤᠯᠵᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠡᠷᠴᠢᠮ ᠢ ᠴᠢᠩᠭᠠᠷᠠᠭᠤᠯᠪᠠ | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠤᠯᠤᠨ᠎ᠠ᠂ ᠡᠭᠦᠨ ᠳᠤ ᠦᠨᠳᠦᠰᠦ ᠪᠠᠨ ᠭᠦᠨ | ᠵᠤᠵᠠᠭᠠᠨ ᠬᠠᠳᠬᠤᠵᠤ᠂ ᠰᠠᠭᠤᠷᠢ ᠪᠠᠨ ᠪᠠᠲᠤᠳᠬᠠᠬᠤ ᠴᠢᠬᠤᠯᠠᠲᠠᠢ ᠮᠥᠷᠲᠡᠭᠡᠨ ᠨᠡᠩ ᠴᠤ ᠪᠠᠶᠢᠩᠭᠤᠵᠢᠭᠤᠯᠬᠤ ᠶᠢ ᠪᠠᠲᠤᠯᠠᠵᠤ ᠂ ᠯᠠᠪᠳᠠᠭᠤᠨ ᠲᠣᠭᠲᠠᠭᠤᠨ ᠢᠶᠠᠷ | ᠬᠤᠯᠠ ᠠᠶᠠᠯᠠᠬᠤ ᠶᠢ ᠱᠠᠭᠠᠷᠳᠠᠬᠤ ᠬᠡᠷᠡᠭᠲᠡᠢ᠃ | ᠤᠷᠠᠳ ᠤᠨ ᠳᠤᠮᠳᠠᠳᠤ ᠬᠤᠰᠢᠭᠤ ᠪᠦᠬᠦ ᠤᠯᠤᠰ ᠤᠨ ᠰᠢᠶᠠᠨ ᠤ ᠳᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠤᠰᠢᠭᠤᠨ ᠤ | ︽ᠲᠠᠪᠤᠨ ᠶᠡᠭᠡ ᠡᠭᠦᠳᠦᠨ ᠪᠠᠶᠢᠭᠤᠯᠤᠯᠲᠠ︾ ᠶᠢᠨ ᠨᠢᠭᠡ ᠳᠤ ᠵᠢᠭᠰᠠᠭᠠᠨ ᠣᠷᠣᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ | ᠳᠠᠷᠤᠭ᠎ᠠ᠂ ᠶᠡᠷᠦᠩᠬᠡᠢ ᠵᠢᠯᠤᠭᠤᠳᠤᠭᠴᠢ ᠪᠣᠯᠭᠠᠵᠣ ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠪᠠᠷ ᠨᠢᠭᠡᠳᠦᠭᠡᠷ ᠳᠡᠳ᠋ ᠳᠤᠭᠤᠶᠢᠯᠠᠩ ᠤᠨ ᠳᠠᠷᠤᠭ᠎ᠠ᠂ ᠳᠡᠳ᠋ | ᠶᠡᠷᠦᠩᠬᠡᠢ ᠵᠢᠯᠤᠭᠤᠳᠤᠭᠴᠢ ᠪᠣᠯᠭᠠᠵᠣ ᠂ 11 ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠪᠠᠷ ᠲᠤᠰᠬᠠᠢ ᠠᠵᠢᠯ ᠤᠨ ᠳᠤᠭᠤᠶᠢᠯᠠᠩ ᠤᠨ ᠳᠠᠷᠤᠭ᠎ᠠ ᠪᠣᠯᠭᠠᠭᠰᠠᠨ | ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ 24 ᠨᠡᠷᠡᠰ ᠭᠤᠣᠯᠯᠠᠭᠴᠢ ᠬᠦᠴᠦᠨ ᠢᠶᠠᠷ | ᠪᠦᠷᠢᠯᠳᠦᠭᠰᠡᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠦᠨᠳᠦᠷ ᠪᠠᠶᠢᠷᠢᠨ ᠳᠤ ᠤᠬᠠᠭᠠᠯᠠᠨ | ᠲᠥᠯᠥᠪᠯᠡᠵᠦ᠂ ᠳᠡᠭᠡᠳᠦ ᠬᠡᠮᠵᠢᠶ᠎ᠡ ᠪᠠᠷ ᠲᠦᠯᠬᠢᠨ ᠠᠬᠢᠭᠤᠯᠵᠤ ᠪᠤᠢ᠃ ︽ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠤᠨ ᠠᠵᠢᠯ ᠤᠨ | ᠬᠡᠷᠡᠭᠵᠢᠭᠦᠯᠬᠦ ᠲᠥᠰᠥᠯ︾ ᠢ ᠰᠤᠳᠤᠯᠤᠨ ᠲᠣᠭᠲᠠᠭᠠᠵᠤ᠂ ᠭᠤᠣᠯ ᠬᠤᠲᠠ ᠶᠢᠨ ᠲᠣᠭᠤᠷᠢᠭ ᠪᠤᠯᠠᠬᠤ ᠬᠠᠯᠢᠭᠤᠲᠤ ᠪᠠᠯᠭᠠᠰᠤ ᠶᠢ 4 ᠬᠠᠷᠢᠭᠤᠴᠠᠯᠭᠠᠲᠤ ᠲᠣᠭᠤᠷᠢᠭ | ᠪᠣᠯᠭᠠᠨ ᠬᠤᠪᠢᠶᠠᠵᠤ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠭᠤᠣᠯ ᠤᠳᠤᠷᠢᠳᠤᠯᠭ᠎ᠠ ᠠᠴᠠ ᠨᠢᠭᠡᠳᠦᠭᠡᠷ ᠳᠡᠰ ᠤᠨ ᠲᠣᠭᠤᠷᠢᠭ ᠢ | ᠳᠠᠭᠠᠭᠭᠠᠴᠢᠯᠠᠨ ᠬᠤᠯᠪᠣᠭᠠᠯᠠᠵᠤ ᠂ 23 ᠨᠡᠷᠡᠰ ᠰᠢᠶᠠᠨ ᠤ ᠳᠡᠰ ᠤᠨ ᠤᠳᠤᠷᠢᠳᠤᠯᠭ᠎ᠠ ᠠᠴᠠ ᠬᠤᠶᠠᠳᠤᠭᠠᠷ ᠳᠡᠰ ᠤᠨ ᠲᠣᠭᠤᠷᠢᠭ ᠢ ᠳᠠᠭᠠᠭᠭᠠᠴᠢᠯᠠᠨ | ᠬᠤᠯᠪᠣᠭᠠᠯᠠᠵᠤ᠂ 105 ᠨᠡᠷᠡᠰ ᠬᠤᠰᠢᠭᠤᠨ ᠳᠤ ᠰᠠᠭᠤᠭ᠎ᠠ ᠪᠠᠶᠢᠭᠤᠯᠭ᠎ᠠ ᠨᠢᠭᠡᠴᠢ ᠤᠷᠤᠨ ᠲᠣᠭᠤᠷᠢᠭ ᠢ ᠳᠠᠭᠠᠭᠭᠠᠴᠢᠯᠠᠨ ᠬᠤᠯᠪᠣᠭᠠᠯᠠᠵᠤ ᠂ ᠺᠠᠳ᠋ᠷ ᠠᠵᠢᠯᠲᠠᠳ ᠡᠷᠦᠬᠡ | ᠳᠤ ᠭᠦᠨᠵᠡᠭᠡᠶᠢᠷᠡᠨ ᠳᠠᠭᠠᠭᠭᠠᠴᠢᠯᠠᠨ ᠬᠤᠯᠪᠣᠭᠠᠯᠠᠬᠤ ᠳᠥᠷᠪᠡᠨ ᠱᠠᠲᠤᠨ ᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠪᠡ᠃ ᠡᠯ᠎ᠡ ᠪᠠᠶᠢᠭᠤᠯᠭ᠎ᠠ | ᠨᠢᠭᠡᠴᠢ ᠬᠦᠴᠦ ᠪᠠᠨ ᠬᠠᠮᠲᠤᠳᠬᠠᠵᠤ᠂ ᠬᠠᠮᠲᠤᠪᠠᠷ ᠬᠥᠳᠡᠯᠦᠯᠴᠡᠵᠦ ᠂ ᠬᠠᠷᠢᠯᠴᠠᠨ ᠵᠣᠬᠢᠴᠠᠭᠤᠯᠵᠤ᠂ ᠳᠡᠭᠡᠲᠦ ᠬᠡᠮᠵᠢᠶ᠎ᠡ ᠪᠠᠷ ᠠᠬᠢᠭᠤᠯᠬᠤ ᠂ ᠵᠡᠷᠭᠡᠪᠡᠷ ᠠᠳᠬᠤᠨ | ᠬᠠᠮᠲᠤᠪᠠᠷ ᠬᠠᠮᠢᠶᠠᠷᠬᠤ ᠪᠤᠯᠪᠠᠰᠤᠨ ᠢ ᠡᠭᠦᠳᠬᠦ ᠰᠢᠨ᠎ᠡ ᠪᠠᠶᠢᠷᠢᠰᠢᠯ ᠢ ᠪᠦᠷᠢᠯᠳᠦᠭᠦᠯᠪᠡ ᠃ | ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠤᠮᠳᠠ᠂ ᠤᠷᠠᠳ ᠤᠨ ᠳᠤᠮᠳᠠᠳᠤ ᠬᠤᠰᠢᠭᠤ ᠡᠯ᠎ᠡ ᠵᠦᠢᠯ ᠤᠨ ᠪᠤᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠵᠢᠯ ᠤᠨ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢ ᠪᠠᠶᠢᠩᠭᠤ ᠶᠢᠨ ᠠᠵᠢᠯ ᠤᠨ ᠬᠠᠷᠠᠯᠲᠠ ᠪᠣᠯᠭᠠᠨ ᠬᠤᠪᠢᠷᠠᠭᠤᠯᠵᠤ᠂ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠡᠭᠦᠷᠭᠡ ᠶᠢ ᠪᠤᠲᠠᠲᠠᠢ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠳᠤ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ | ᠴᠠᠭ ᠤᠨ ᠬᠦᠰᠦᠨᠦᠭᠲᠦ ᠂ ᠵᠠᠮ ᠱᠤᠭᠤᠮ ᠤᠨ ᠵᠢᠷᠤᠭ᠂ ᠡᠭᠦᠷᠭᠡ ᠶᠢᠨ ᠪᠢᠴᠢᠭ ᠢ ᠲᠣᠳᠣᠷᠬᠠᠢ ᠲᠣᠭᠲᠠᠭᠠᠪᠠ᠃ ᠰᠢᠪᠠᠳᠠᠨ ᠪᠠᠶᠢᠴᠠᠭᠠᠵᠤ ᠰᠢᠯᠭᠠᠨ ᠬᠢᠨᠠᠬᠤ ᠪᠠ | ︽ᠤᠯᠠᠭᠠᠨ ᠬᠠᠷ᠎ᠠ ᠨᠡᠷᠡᠰ ᠤᠨ ᠵᠢᠭᠰᠠᠭᠠᠯᠲᠠ︾ ᠶᠢᠨ ᠮᠡᠳᠡᠭᠡᠯᠡᠬᠦ ᠲᠣᠭᠲᠠᠴᠠ ᠶᠢ ᠲᠡᠭᠦᠯᠳᠡᠷᠵᠢᠭᠦᠯᠦᠨ ᠪᠠᠶᠢᠭᠤᠯᠵᠤ᠂ ᠡᠯ᠎ᠡ ᠬᠠᠷᠢᠭᠤᠴᠠᠯᠭᠠᠲᠤ ᠪᠠᠶᠢᠭᠤᠯᠭ᠎ᠠ ᠨᠢᠭᠡᠴᠢ | ᠶᠢᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠪᠠ ᠠᠰᠠᠭᠤᠳᠠᠯ ᠢ ᠪᠥᠬᠦ ᠶᠠᠪᠤᠴᠠ ᠳᠤ ᠮᠥᠷᠳᠡᠨ ᠰᠢᠪᠠᠳᠠᠨ ᠪᠠᠶᠢᠴᠠᠭᠠᠵᠤ᠂ ᠪᠤᠯᠪᠠᠰᠤᠨ | ᠬᠤᠲᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠠ ᠃ ᠡᠭᠦᠨ ᠠᠴᠠ ᠭᠠᠳᠠᠨ᠎ᠠ᠂ ᠰᠣᠨᠢᠨ | ᠮᠡᠳᠡᠭᠡᠨ ᠤ ᠵᠠᠭᠤᠴᠢᠯᠠᠭᠤᠷ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠠᠳ ᠤᠨ ᠳᠤᠮᠳᠠᠳᠤ ᠬᠤᠰᠢᠭᠤᠨ ᠤ ᠠᠯᠪᠠᠨ | ᠨᠡᠶᠢᠲᠡᠯᠡᠯ ᠵᠡᠷᠭᠡ ᠣᠯᠠᠨ ᠨᠡᠶᠢᠲᠡ ᠶᠢᠨ ᠳ᠋ᠤᠭᠠᠷ ᠲᠤ ᠲᠤᠰᠬᠠᠢ ᠪᠤᠯᠤᠩ ᠭᠠᠷᠭᠠᠵᠤ᠂ ᠤᠷᠠᠳ ᠤᠨ ᠳᠤᠮᠳᠠᠳᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠵᠢᠯ ᠤᠨ ᠳᠤᠮᠳᠠ ᠠᠪᠤᠭᠰᠠᠨ ᠪᠦᠲᠦᠮᠵᠢᠲᠡᠶ ᠠᠷᠭ᠎ᠠ ᠬᠡᠮᠵᠢᠶ᠎ᠡ ᠪᠠ ᠣᠯᠣᠭᠰᠠᠨ ᠪᠠᠶᠠᠷᠯᠠᠭᠤᠰᠢᠲᠠᠢ ᠠᠮᠵᠢᠯᠲᠠ ᠪᠦᠲᠦᠭᠡᠯ ᠢ ᠪᠥᠬᠦ ᠲᠠᠯ᠎ᠠ ᠪᠠᠷ ᠳᠡᠯᠭᠡᠨ | ᠦᠵᠡᠭᠦᠯᠵᠦ᠂ ᠪᠥᠬᠦ ᠬᠤᠲᠠ ᠪᠠᠷ ᠢᠶᠠᠨ ᠬᠥᠳᠡᠯᠦᠯᠴᠡᠨ᠂ ᠬᠥᠮᠥᠨ ᠪᠦᠬᠦᠨ ᠣᠷᠣᠯᠴᠠᠭᠰᠠᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠬᠤᠷᠢᠶᠠᠯᠠᠯ ᠰᠢᠨ᠎ᠡ ᠳᠦᠷᠢ ᠲᠥᠷᠬᠦ ᠲᠠᠢ ᠪᠣᠯᠵᠤ᠂ ᠪᠤᠯᠪᠠᠰᠤᠨ ᠬᠤᠲᠠ ᠶᠢᠨ ᠦᠵᠡᠰᠬᠦᠯᠡᠩᠲᠦ ᠰᠠᠶᠢᠬᠠᠨ | ᠭᠡᠷ ᠣᠷᠣᠨ ᠢᠶᠠᠨ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠪᠡ | ᠪᠣᠯᠪᠠᠰᠤᠨ ᠠᠴᠠ ᠡᠬᠢᠯᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠪᠠ᠃ ᠤᠷᠠᠳ ᠤᠨ ᠳᠤᠮᠳᠠᠳᠤ ᠬᠤᠰᠢᠭᠤ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ | ᠠᠵᠢᠯ ᠪᠣᠯᠣᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠰᠢᠢᠳᠪᠦᠷᠢᠯᠡᠬᠦ ᠣᠨᠣᠪᠴᠢᠲᠠᠢ ᠴᠡᠭ ᠢ ᠡᠷᠢᠨ ᠣᠯᠵᠤ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ | ᠬᠤᠷᠢᠶᠠᠯᠠᠯ᠂ ᠵᠢᠵᠢᠭ ᠵᠡᠭᠡᠯᠢ ᠭᠤᠳᠤᠮᠵᠢ ᠂ ᠲᠠᠷᠢᠶᠠᠯᠠᠩ ᠮᠠᠯᠵᠢᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠥᠭᠡᠷᠡᠴᠢᠯᠡᠯᠲᠡ ᠵᠡᠷᠭᠡ ᠰᠠᠭᠤᠷᠢ ᠠᠵᠢᠯ ᠠᠴᠠ ᠡᠬᠢᠯᠡᠨ | ᠠᠳᠬᠤᠵᠤ ᠂ ᠵᠢᠵᠢᠭ ᠰᠠᠵᠢᠭ ᠶᠠᠪᠤᠳᠠᠯ ᠠᠴᠠ ᠭᠠᠷᠳᠠᠵᠤ ᠬᠢᠬᠦ ᠶᠢᠨ ᠲᠤᠮᠲᠠ ᠠᠷᠠᠳ ᠤᠨ ᠠᠮᠢᠳᠤᠷᠠᠯ ᠢ ᠰᠠᠶᠢᠵᠢᠷᠠᠭᠤᠯᠵᠤ ᠂ ᠤᠯᠠᠨ ᠲᠦᠮᠡᠨ ᠳᠤ ᠪᠣᠯᠪᠠᠰᠤᠨ | ᠬᠤᠳᠠ ᠶᠢ ᠡᠭᠦᠳᠦᠨ ᠪᠠᠶᠢᠭᠤᠯᠤᠭᠰᠠᠨ ᠠᠴᠠ ᠪᠣᠯᠤᠭᠰᠠᠨ ᠪᠣᠳᠠᠲᠤ ᠦᠷ᠎ᠡ ᠠᠰᠢᠭ ᠢ ᠦᠨᠡᠨᠬᠦ ᠮᠡᠳᠡᠷᠡᠭᠦᠯᠵᠦ ᠴᠢᠳᠠᠭᠰᠠᠨ ᠪᠠᠶᠢᠨ᠎ᠠ᠃ | ︽ᠬᠤᠪᠢᠷᠠᠯᠲᠠ ᠦᠨᠡᠬᠡᠷ ᠶᠡᠭᠡ ᠪᠣᠯᠵᠠᠢ᠂ ᠥᠩᠭᠡᠷᠡᠭᠰᠡᠨ ᠳᠤ ᠪᠣᠷᠣᠭᠠᠨ ᠣᠷᠣᠭᠰᠠᠭᠠᠷ ᠤᠰᠤ ᠬᠤᠷᠠᠵᠤ ᠰᠢᠪᠠᠷ ᠱᠠᠯᠴᠢᠭ ᠪᠣᠯᠵᠤ ᠪᠠᠶᠢᠭᠰᠠᠨ ᠢᠶᠠᠨ ᠣᠳᠣ ᠵᠠᠮ | ᠰᠢᠯᠤᠭᠤᠨ ᠴᠡᠪᠡᠷ ᠪᠣᠯᠵᠤ᠂ ᠮᠠᠰᠢ ᠬᠠᠯᠠᠭᠤᠨ ᠳᠤᠯᠠᠭᠠᠨ ᠰᠠᠨᠠᠭᠳᠠᠵᠤ ᠪᠠᠶᠢᠨ᠎ᠠ᠂ ᠪᠢᠳᠡ ᠴᠦ ᠲᠠᠭᠠᠯᠠᠮᠵᠢᠲᠠᠢ ᠰᠠᠶᠢᠬᠠᠨ ᠰᠠᠭᠤᠷᠢᠰᠢᠵᠤ ᠪᠠᠶᠢᠨ᠎ᠠ ︕ ︾ ᠭᠡᠵᠦ | ᠬᠠᠯᠢᠭᠤᠲᠤ ᠪᠠᠯᠭᠠᠰᠤᠨ ᠤ ᠰᠢᠨ ᠶᠤᠸᠠᠨ ᠮᠢᠩ ᠴᠧᠩ ᠬᠤᠷᠢᠶᠠᠯᠠᠯ ᠤᠨ ᠰᠠᠭᠤᠭᠠᠯᠢ ᠠᠷᠠᠳ ᠰᠠᠶᠢᠰᠢᠶᠠᠨ ᠶᠠᠷᠢᠨ᠎ᠠ᠃ ᠲᠣᠰ ᠬᠤᠷᠢᠶᠠᠯᠠᠯ ᠤᠨ ᠥᠭᠡᠷᠡᠴᠢᠯᠡᠨ | ᠰᠢᠨᠡᠳᠭᠡᠬᠦ ᠠᠵᠢᠯ ᠰᠢᠪᠳᠤᠷᠠᠭᠠᠨ ᠳᠤ ᠪᠠᠨ ᠣᠷᠣᠵᠤ᠂ ᠤᠤᠯ ᠤᠨ ᠡᠩᠬᠦᠯ ᠳᠤᠩᠬᠤᠯ᠂ ᠡᠪᠳᠡᠷᠡᠵᠦ ᠬᠠᠭᠠᠷᠠᠭᠰᠠᠨ ᠵᠠᠮ ᠬᠠᠷᠠᠭᠳᠠᠬᠤ ᠦᠭᠡᠢ | ᠪᠣᠯᠵᠤ᠂ ᠲᠡᠭᠰᠢ ᠰᠠᠶᠢᠬᠠᠨ ᠴᠠᠷᠳᠠᠮᠠᠯ ᠵᠠᠮ ᠲᠠᠢ ᠪᠣᠯᠣᠭᠰᠠᠨ ᠪᠠᠶᠢᠨ᠎ᠠ᠃ ᠲᠡᠷᠭᠡᠨ ᠵᠣᠭᠰᠣᠭᠠᠯ ᠤᠨ ᠭᠠᠵᠠᠷ ᠢ ᠬᠠᠲᠠᠭᠤᠷᠠᠭᠤᠯᠤᠨ ᠵᠠᠰᠠᠭᠰᠠᠨ ᠠᠴᠠ ᠴᠡᠪᠡᠷ ᠲᠡᠭᠰᠢ | ᠪᠣᠯᠵᠤ᠂ ᠲᠡᠷᠭᠡ ᠬᠦᠰᠭᠡ ᠡᠮᠬᠢ ᠳᠢᠭᠯᠢᠮ ᠲᠠᠢ ᠪᠠᠷ ᠵᠣᠭᠰᠣᠬᠤ ᠪᠣᠯᠪᠠ᠃ ᠬᠡᠷᠡᠮ ᠬᠠᠨᠠᠨ ᠳᠤ ᠪᠤᠳᠤᠭ ᠤᠷᠤᠭᠤᠯᠵᠤ᠂ ᠠᠰᠠᠷ ᠤᠨ ᠬᠤᠩᠭᠢᠯ ᠢ ᠴᠠᠭᠠᠨ ᠢᠶᠠᠷ | ᠱᠤᠸᠠᠰᠠᠲᠠᠵᠤ᠂ ᠬᠤᠷᠢᠶᠠᠯᠠᠯ ᠤᠨ ᠳᠦᠷᠰᠦ ᠪᠠᠶᠢᠳᠠᠯ ᠰᠢᠨᠡᠳᠴᠦ ᠰᠠᠶᠢᠵᠢᠷᠠᠵᠤ ᠤᠯᠠᠨ ᠤ ᠮᠠᠭᠲᠠᠭᠠᠯ ᠢ ᠣᠯᠪᠠ ᠃ | ᠤᠷᠠᠳ ᠤᠨ ᠳᠤᠮᠳᠠᠳᠤ ᠬᠤᠰᠢᠭᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠬᠤᠷᠢᠶᠠᠯᠠᠯ ᠤᠨ ᠦᠭᠡᠷᠡᠴᠢᠯᠡᠨ ᠰᠢᠨᠡᠳᠭᠡᠬᠦ ᠪᠣᠯᠣᠨ ᠢᠵᠢ ᠪᠦᠷᠢᠨ ᠪᠤᠰᠤ | ᠣᠷᠣᠨ ᠰᠠᠭᠤᠴᠠ ᠶᠢᠨ ᠦᠭᠡᠷᠡᠴᠢᠯᠡᠨ ᠰᠢᠨᠡᠳᠭᠡᠬᠦ ᠠᠵᠢᠯ ᠢ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠ ᠠᠷᠭ᠎ᠠ ᠪᠣᠯᠭᠠᠵᠤ ᠂ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠠᠭᠠᠭᠠᠴᠢᠯᠠᠨ ᠬᠤᠯᠪᠣᠭᠠᠯᠠᠬᠤ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ ᠂ | ᠦᠭᠡᠷᠡᠴᠢᠯᠡᠨ ᠰᠢᠨᠡᠳᠭᠡᠬᠦ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠣᠲᠣ ᠪᠣᠯᠲᠠᠯ᠎ᠠ᠂ ᠤᠷᠠᠳ ᠤᠨ ᠳᠤᠮᠳᠠᠳᠤ ᠬᠤᠰᠢᠭᠤᠨ ᠤ ᠬᠠᠯᠢᠭᠤᠲᠤ | ᠪᠠᠯᠭᠠᠰᠤᠨ ᠤ ᠢᠵᠢ ᠪᠦᠷᠢᠨ ᠪᠤᠰᠤ ᠣᠷᠣᠨ ᠰᠠᠭᠤᠴᠠ ᠶᠢᠨ 17 ᠵᠡᠭᠡᠯᠢ ᠭᠤᠳᠤᠮᠵᠢ᠂ 5177 ᠡᠷᠦᠬᠡ ᠶᠢᠨ ᠦᠭᠡᠷᠡᠴᠢᠯᠡᠨ ᠰᠢᠨᠡᠳᠭᠡᠬᠦ ᠠᠵᠢᠯ ᠢ ᠳᠠᠭᠤᠰᠬᠠᠵᠤ᠂ | ᠣᠳᠣ ᠶᠠᠭ 14 ᠵᠡᠭᠡᠯᠢ ᠭᠤᠳᠤᠮᠵᠢ ᠶᠢᠨ 3446 ᠡᠷᠦᠬᠡ ᠶᠢ ᠦᠭᠡᠷᠡᠴᠢᠯᠡᠨ ᠰᠢᠨᠡᠳᠭᠡᠵᠦ ᠪᠣᠶ︔ 17 ᠬᠠᠭᠤᠴᠢᠨ ᠰᠠᠭᠤᠭᠠᠯᠢ ᠠᠷᠠᠳ ᠤᠨ ᠲᠣᠭᠤᠷᠢᠭ | ᠬᠤᠷᠢᠶᠠᠯᠠᠯ ᠢ ᠦᠭᠡᠷᠡᠴᠢᠯᠡᠨ ᠰᠢᠨᠡᠳᠭᠡᠬᠦ ᠢᠨᠵᠧᠨᠧᠷᠢᠩ ᠢ ᠪᠡᠶᠡᠯᠡᠭᠦᠯᠵᠦ᠂ 1043 ᠡᠷᠦᠬᠡ ᠳᠤ ᠠᠰᠢᠭ ᠬᠦᠷᠲᠡᠭᠡᠵᠦ᠂ ᠣᠳᠣ ᠶᠠᠭ 19 ᠰᠠᠭᠤᠭᠠᠯᠢ ᠠᠷᠠᠳ ᠤᠨ | ᠲᠣᠭᠤᠷᠢᠭ ᠬᠤᠷᠢᠶᠠᠯᠠᠯ ᠢ ᠦᠭᠡᠷᠡᠴᠢᠯᠡᠨ ᠰᠢᠨᠡᠳᠭᠡᠬᠦ ᠲᠥᠷᠥᠯ ᠵᠦᠢᠯ ᠢ ᠬᠡᠷᠡᠭᠵᠢᠭᠦᠯᠵᠦ᠂ 7489 ᠡᠷᠦᠬᠡ ᠳᠤ ᠠᠰᠢᠭ ᠬᠦᠷᠲᠡᠭᠡᠪᠡ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠬᠤᠷᠢᠶᠠᠯᠠᠯ ᠤᠨ ᠲᠤᠨᠤᠭ ᠲᠥᠬᠦᠭᠡᠷᠦᠮᠵᠢ ᠶᠢ ᠠᠭᠠᠵᠢᠮ ᠢᠶᠠᠷ ᠲᠡᠭᠦᠯᠳᠡᠷᠵᠢᠭᠦᠯᠵᠦ᠂ ᠤᠶᠤᠨ ᠤ | ᠪᠠ ᠰᠣᠶᠣᠯ ᠤᠨ ᠠᠮᠢᠳᠤᠷᠠᠯ ᠤᠨ ᠬᠡᠷᠡᠭᠰᠡᠯ ᠲᠥᠬᠦᠭᠡᠷᠦᠮᠵᠢ ᠴᠦ ᠲᠡᠰ ᠳᠠᠪᠰᠢᠵᠤ ᠪᠠᠶᠢᠨ᠎ᠠ ᠃ ᠤᠷᠠᠳ ᠤᠨ ᠳᠤᠮᠳᠠᠳᠤ ᠬᠤᠰᠢᠭᠤ ᠬᠤᠷᠢᠶᠠᠯᠠᠯ᠂ ᠵᠡᠭᠡᠯᠢ | ᠭᠤᠳᠤᠮᠵᠢ ᠶᠢᠨ ᠲᠡᠦᠬᠡ ᠰᠣᠶᠣᠯ ᠢ ᠭᠦᠨᠵᠡᠭᠡᠢ ᠠᠭᠤᠳᠠᠯᠵᠤ᠂ ᠥᠩᠭᠡᠲᠦ ᠬᠡᠷᠡᠮ ᠤᠨ ᠵᠢᠷᠤᠭ᠂ ᠱᠤᠭᠤᠮᠠᠯ ᠤᠨ ᠵᠢᠵᠢᠭ ᠪᠦᠲᠦᠭᠡᠯ᠂ ᠬᠤᠷᠢᠶᠠᠯᠠᠯ ᠤᠨ ᠠᠭᠤᠳᠠᠮ | ᠲᠠᠯᠠᠪᠠᠶ ᠵᠡᠷᠭᠡ ᠠᠴᠢᠶᠠᠯᠠᠪᠤᠷᠢ ᠶᠢ ᠠᠰᠢᠭᠯᠠᠨ᠂ ︽ᠣᠨᠴᠠᠯᠢᠭᠲᠤ ᠵᠡᠭᠡᠯᠢ ᠭᠤᠳᠤᠮᠵᠢ︾ ︽ᠦᠪᠡᠷᠮᠢᠴᠡ ᠣᠨᠴᠠᠯᠢᠭᠲᠤ ᠬᠤᠷᠢᠶᠠᠯᠠᠯ︾ ᠢ ᠨᠠᠷᠢᠯᠢᠭ ᠴᠤᠭᠴᠠᠯᠠᠨ | ᠪᠠᠶᠢᠭᠤᠯᠪᠠ ︔ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠬᠤ ᠠᠭᠤᠳᠠᠮ ᠲᠠᠯᠠᠪᠠᠶ ᠶᠢ ᠪᠠᠶᠢᠭᠤᠯᠵᠤ᠂ ︽ᠠᠷᠪᠠᠨ ᠮᠢᠨᠦ᠋ᠲ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠲᠣᠭᠤᠷᠢᠭ︾ ᠢ ᠪᠠᠶᠢᠭᠤᠯᠪᠠ ︔ | ᠵᠡᠭᠡᠯᠢ ᠶᠢᠨ ᠥᠨᠴᠥᠭ ᠪᠤᠯᠤᠩ ᠂ ᠬᠤᠭᠤᠰᠤᠨ ᠭᠠᠵᠠᠷ ᠢ ᠠᠰᠢᠭᠯᠠᠨ ︽ᠬᠠᠷᠮᠠᠨ ᠴᠡᠴᠡᠷᠯᠢᠭ︾ ᠢ ᠪᠠᠶᠢᠭᠤᠯᠪᠠ ᠁ ᠨᠡᠩ ᠣᠯᠠᠨ ᠬᠠᠭᠤᠴᠢᠨ ᠬᠤᠲᠠ ᠶᠢᠨ | ᠲᠣᠭᠤᠷᠢᠭ ᠤᠨ ᠰᠠᠭᠤᠭᠠᠯᠢ ᠠᠷᠠᠳ ᠲᠤ ᠲᠠᠭᠠᠯᠠᠮᠵᠢᠲᠠᠢ ᠲᠤᠬᠢᠯᠢᠭ ᠠᠮᠢᠳᠤᠷᠠᠯ ᠤᠨ ᠣᠷᠴᠢᠨ ᠨᠦᠬᠦᠴᠡᠯ ᠢ ᠡᠳ᠋ᠯᠡᠭᠦᠯᠪᠡ᠃ | ︽ ᠳᠣᠲᠣᠭᠠᠳᠤ ᠭᠠᠳᠠᠭᠠᠳᠤ ︾ ᠶᠢ ᠠᠭᠤᠰᠤᠯᠴᠠᠭᠤᠯᠵᠤ ᠪᠣᠯᠪᠠᠰᠤᠨ ᠤ ᠰᠢᠨ᠎ᠡ ᠬᠠᠭᠤᠳᠠᠰᠤ ᠶᠢ ᠬᠠᠮᠲᠤ ᠳᠤ ᠨᠢ ᠵᠢᠷᠤᠭᠯᠠᠪᠠ | ︽ᠲᠠ ᠰᠠᠶᠢᠨ ᠤᠤ᠂ ᠲᠠᠨ ᠳᠤ ᠶᠠᠮᠠᠷ ᠬᠠᠪᠰᠤᠷᠤᠭᠤᠯᠬᠤ ᠶᠠᠪᠤᠳᠠᠯ ᠪᠠᠶᠢᠨ᠎ᠠ ᠤᠤ ︖︾ ︽ ᠵᠠᠮ ᠢᠶᠠᠷ ᠥᠩᠭᠡᠷᠡᠬᠦ ᠳᠤ ᠪᠠᠨ ᠡᠷᠢᠶᠡᠨ ᠵᠢᠷᠤᠭᠠᠰᠤ ᠪᠠᠷ | ᠶᠠᠪᠤᠭᠠᠷᠠᠢ ᠂ ᠠᠮᠤᠷ ᠲᠦᠪᠰᠢᠨ ᠪᠠᠶᠢᠬᠤ ᠨᠢ ᠴᠢᠬᠤᠯᠠ ᠰᠢᠤ︕︾ ᠁ ᠤᠷᠠᠳ ᠤᠨ ᠳᠤᠮᠳᠠᠳᠤ ᠬᠤᠰᠢᠭᠤᠨ ᠤ ᠵᠡᠭᠡᠯᠢ ᠭᠤᠳᠤᠮᠵᠢ ᠂ ᠨᠡᠶᠢᠭᠡᠮ ᠲᠣᠭᠤᠷᠢᠭ ᠤᠨ | ᠴᠡᠴᠡᠷᠯᠢᠭ ᠂ ᠰᠠᠭᠤᠭᠠᠯᠢ ᠠᠷᠠᠳ ᠤᠨ ᠲᠣᠭᠤᠷᠢᠭ ᠬᠤᠷᠢᠶᠠᠯᠠᠯ ᠢᠶᠠᠷ ︽ ᠤᠯᠠᠭᠠᠨ ᠬᠠᠨᠵᠢᠶᠠᠷᠢ︾ ᠡᠮᠦᠰᠦᠭᠰᠡᠨ ᠬᠦᠮᠦᠰ ᠭᠠᠵᠠᠷ ᠪᠣᠯᠭᠠᠨ ᠳᠤ ᠶᠠᠭᠠᠷᠠᠯᠲᠠᠢ ᠪᠠᠷ | ᠠᠵᠢᠯᠯᠠᠬᠤ ᠬᠠᠷᠠᠭᠳᠠᠨ᠎ᠠ ᠂ ᠲᠡᠳᠡᠨ ᠤ ᠨᠠᠰᠤ ᠵᠢᠯ ᠂ ᠲᠤᠬᠠᠶᠢᠯᠠᠭᠰᠠᠨ ᠠᠵᠢᠯ ᠲᠦᠷᠦᠯ ᠨᠢ ᠠᠳᠠᠯᠢ ᠦᠭᠡᠢ ᠪᠣᠯᠪᠠᠴᠤ ᠬᠠᠮᠲᠤ ᠶᠢᠨ ᠨᠡᠷ᠎ᠡ ᠨᠢ ︱ ᠰᠠᠶᠢᠨ | ᠲᠤᠷᠠᠴᠤᠤᠯ ᠭᠡᠳᠡᠭ ᠪᠢᠯᠡ᠃ | ᠣᠳᠣᠬᠠᠨ ᠪᠣᠯᠲᠠᠯ᠎ᠠ᠂ ᠤᠷᠠᠳ ᠤᠨ ᠳᠤᠮᠳᠠᠳᠤ ᠬᠤᠰᠢᠭᠤ ᠨᠢᠭᠡᠨᠲᠡ 136 ᠰᠠᠯᠠᠭ᠎ᠠ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ | ︽ᠪᠢ ᠲᠠᠨ ᠢ ᠬᠠᠪᠰᠤᠷᠤᠶ᠎ᠠ︾ ᠭᠡᠬᠦ ᠰᠠᠶᠢᠨ ᠲᠤᠷᠠᠴᠤᠤᠯ ᠤᠨ ᠦᠢᠯᠡᠴᠢᠯᠡᠭᠡᠨ ᠤ ᠥᠷᠲᠡᠭᠡ ᠶᠢ 160 ᠭᠠᠷᠤᠢ ᠪᠠᠶᠢᠭᠤᠯᠵᠤ᠂ ᠳᠠᠩᠰᠠᠯᠠᠭᠤᠯᠤᠭᠰᠠᠨ ᠰᠠᠶᠢᠨ | ᠲᠤᠷᠠᠴᠤᠤᠯ ᠤᠨ ᠲᠤᠭ᠎ᠠ 2.3 ᠲᠦᠮᠡ ᠳᠤ ᠬᠦᠷᠴᠡᠢ᠃ | ᠤᠷᠠᠳ ᠤᠨ ᠳᠤᠮᠳᠠᠳᠤ ᠬᠤᠰᠢᠭᠤ ᠪᠥᠬᠦ ᠤᠯᠤᠰ ᠤᠨ ᠰᠢᠶᠠᠨ ᠤ ᠳᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠭᠠᠵᠠᠷ ︵ᠥᠷᠲᠡᠭᠡ︶ ᠲᠤ ᠲᠦᠰᠢᠭᠯᠡᠨ ᠡᠯ᠎ᠡ ᠲᠥᠷᠥᠯ ᠤᠨ ᠰᠠᠶᠢᠨ ᠲᠤᠷᠠᠴᠤᠤᠯ ᠤᠨ | ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠵᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠥᠷᠨᠢᠭᠦᠯᠵᠦ᠂ ᠨᠢᠭᠡ ᠪᠦᠯᠦᠭ ᠨᠠᠷᠠᠲᠤ ᠲᠥᠷᠥᠯ ᠲᠡᠮᠳᠡᠭᠲᠦ ᠶᠢᠨ | ᠰᠠᠶᠢᠨ ᠲᠤᠷᠠᠴᠤᠤᠯ ᠤᠨ ᠦᠢᠯᠡᠴᠢᠯᠡᠭᠡᠨ ᠤ ᠲᠥᠷᠥᠯ ᠵᠦᠢᠯ ᠪᠠ ᠰᠢᠯᠢᠳᠡᠭ ᠰᠠᠶᠢᠨ ᠲᠤᠷᠠᠴᠤᠤᠯ ᠢ ᠬᠦᠮᠦᠵᠢᠭᠦᠯᠪᠡ᠃ ︽ ᠡᠶᠡᠯᠳᠡᠭ ᠬᠠᠯᠠᠭᠤᠮᠰᠤᠭ︾ ︽ ᠠᠪᠤᠨ | ᠲᠤᠤᠷ᠎ᠠ ᠨᠢ ᠠᠪᠤᠷᠠᠨ ᠲᠣᠰᠠᠯᠠᠬᠤ ︾ ︽ᠬᠠᠶᠢᠷ᠎ᠠ ᠢᠪᠡᠭᠡᠭᠰᠡᠨ ᠡᠬᠡᠴᠤᠤᠯ︾ ︽ᠥᠴᠥᠬᠡᠨ ᠬᠦᠰᠡᠯ ᠡᠷᠡᠮᠡᠯᠵᠡᠯ︾ ︽ᠲᠠᠮᠠᠬᠢ ᠲᠠᠲᠠᠬᠤ ᠶᠢ ᠲᠡᠪᠴᠢᠶ᠎ᠡ ︾ | ︽ ᠮᠣᠩᠭᠤᠯ︾ ᠵᠡᠷᠭᠡ ᠣᠨᠴᠠᠯᠢᠭᠲᠤ ᠰᠠᠶᠢᠨ ᠲᠤᠷᠠᠴᠤᠤᠯ ᠤᠨ ᠦᠢᠯᠡᠴᠢᠯᠡᠭᠡᠨ ᠤ ᠲᠦᠷᠦᠯ ᠵᠦᠢᠯ ᠨᠢ ᠣᠯᠠᠨ ᠲᠦᠮᠡᠨ ᠳᠤ ᠮᠡᠳᠡᠷᠡᠭᠳᠡᠵᠦ᠂ ᠨᠡᠷ᠎ᠡ ᠲᠡᠮᠳᠡᠭᠳᠦ ᠶᠢᠨ | ᠦᠢᠯᠡᠳᠦᠯ ᠨᠢ ᠢᠳᠡᠭ ᠢᠳᠡᠭ ᠢᠶᠠᠷ ᠢᠯᠡᠷᠡᠵᠦ ᠪᠠᠶᠢᠨ᠎ᠠ᠃ | ᠬᠤᠳᠠ ᠶᠢᠨ ᠠᠷᠠᠳ ᠪᠣᠯ ᠬᠤᠳᠠ ᠶᠢᠨ ᠢᠶᠠᠨ ᠡᠵᠡᠨ ᠨᠢ ᠪᠤᠯᠠᠬᠤ ᠶᠤᠮ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠰᠢᠭᠤᠳ | ᠣᠷᠣᠯᠴᠠᠭᠴᠢ ᠪᠠ ᠠᠰᠢᠭ ᠬᠦᠷᠳᠡᠭᠴᠢ ᠮᠥᠨ ᠃ ᠣᠶᠢᠷ᠎ᠠ ᠶᠢᠨ ᠵᠢᠯ ᠳᠤ᠂ ᠲᠣᠰ ᠬᠤᠰᠢᠭᠤ ᠨᠢ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ᠂ | ᠪᠣᠯᠪᠠᠰᠤᠨ ᠪᠠᠶᠢᠭᠤᠯᠭ᠎ᠠ ᠨᠢᠭᠡᠴᠢ ᠂ ᠪᠣᠯᠪᠠᠰᠤᠨ ᠨᠡᠶᠢᠭᠡᠮ ᠲᠣᠭᠤᠷᠢᠭ ︵ᠬᠤᠷᠢᠶᠠᠯᠠᠯ︶ ᠂ ᠪᠣᠯᠪᠠᠰᠤᠨ ᠭᠡᠷ ᠪᠦᠯᠢ᠂ ᠪᠣᠯᠪᠠᠰᠤᠨ ᠰᠤᠷᠭᠠᠭᠤᠯᠢ ᠶᠢ ᠡᠭᠦᠳᠦᠨ | ᠪᠠᠶᠢᠭᠤᠯᠬᠤ ᠪᠠᠷ ᠭᠤᠣᠯ ᠬᠡᠯᠪᠡᠷᠢ ᠪᠣᠯᠭᠠᠵᠤ᠂ ᠡᠯ᠎ᠡ ᠲᠥᠷᠥᠯ ᠤᠨ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠲᠠ ᠶᠢᠨ | ᠠᠷᠠᠳ ᠤᠨ ᠪᠣᠯᠪᠠᠰᠤᠨ ᠬᠡᠪ ᠰᠤᠷᠲᠠᠯ ᠪᠠ ᠬᠤᠲᠠ ᠶᠢᠨ ᠪᠣᠯᠪᠠᠰᠤᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ | ᠬᠤᠰᠢᠭᠤᠨ ᠤ ᠲᠠᠰ ᠵᠢᠴᠢ ᠬᠤᠰᠢᠭᠤᠨ ᠤ ᠳᠡᠰ ᠠᠴᠠ ᠳᠡᠭᠡᠭᠰᠢᠬᠢ ᠪᠣᠯᠪᠠᠰᠤᠨ ᠪᠠᠶᠢᠭᠤᠯᠭ᠎ᠠ ᠨᠢᠭᠡᠴᠢ 103 ᠂ ᠪᠣᠯᠪᠠᠰᠤᠨ ᠲᠣᠰᠬᠤᠨ ᠪᠠᠯᠭᠠᠰᠤ 63᠂ ᠨᠡᠶᠢᠭᠡᠮ | ᠲᠣᠭᠤᠷᠢᠭ 6᠂ ᠪᠣᠯᠪᠠᠰᠤᠨ ᠭᠡᠷ ᠪᠦᠯᠢ 41 ᠶᠢ ᠡᠭᠦᠳᠦᠨ ᠪᠠᠶᠢᠭᠤᠯᠪᠠ᠃ ᠡᠭᠦᠨ ᠤ ᠬᠠᠮᠲᠤ᠂ ᠶᠣᠰᠣ ᠰᠤᠷᠲᠠᠬᠤᠨ ᠤ ᠵᠢᠱᠢᠶᠡᠴᠢ ᠪᠠ ᠳᠡᠷᠭᠡᠳᠡᠬᠢ ᠰᠠᠶᠢᠨ ᠬᠦᠮᠦᠨ | ᠢ ᠬᠥᠮᠥᠵᠢᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠶᠣᠰᠣ ᠰᠤᠷᠲᠠᠬᠤᠨ ᠤ ᠵᠢᠱᠢᠶᠡᠴᠢ︾ ᠶᠢ ᠬᠥᠬᠢᠭᠦᠯᠦᠨ ᠰᠠᠶᠢᠰᠢᠶᠠᠵᠤ᠂ ︽ᠰᠠᠶᠢᠨ ᠪᠡᠷᠢ ᠰᠠᠶᠢᠨ | ᠬᠠᠳᠠᠮ ᠡᠵᠢ︾ ︽ᠪᠣᠯᠪᠠᠰᠤᠨ ᠭᠡᠷ ᠪᠦᠯᠢ︾ ᠵᠡᠷᠭᠡ ᠰᠢᠯᠭᠠᠷᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠪᠠᠷ | ᠪᠣᠯᠪᠠᠰᠤᠨ ᠰᠢᠨ᠎ᠡ ᠰᠤᠷᠲᠠᠯ ᠢ ᠬᠥᠲᠥᠯᠥᠨ ᠳᠠᠭᠠᠭᠤᠯᠵᠤ᠂ ᠵᠠᠩ ᠳᠠᠳᠬᠠᠯ ᠶᠣᠰᠣ ᠮᠣᠷᠠᠯ ᠤᠨ ᠠᠵᠢᠯ ᠤᠨ ᠥᠷᠨᠢᠯᠲᠡ ᠶᠢ ᠪᠦᠲᠦᠮᠵᠢᠲᠡᠶ ᠲᠦᠯᠬᠢᠨ ᠠᠬᠢᠭᠤᠯᠪᠠ᠃ | ᠪᠤᠯᠪᠠᠰᠤᠨ ᠤ ᠡᠬᠢ ᠡᠭᠦᠰᠦᠯ ᠨᠢ ᠰᠡᠳᠬᠢᠯ ᠠᠴᠠ᠂ ᠪᠤᠯᠪᠠᠰᠤᠨ ᠤ ᠦᠢᠯᠡᠳᠦᠯᠭᠡ ᠨᠢ ᠦᠢᠯᠡ ᠠᠵᠢᠯᠯᠠᠭ᠎ᠠ ᠠᠴᠠ ᠭᠡᠳᠡᠭ ᠶᠤᠮ᠃ ᠣᠳᠣᠬᠠᠨ ᠳᠤ᠂ | ᠤᠷᠠᠳ ᠤᠨ ᠳᠤᠮᠳᠠᠳᠤ ᠬᠤᠰᠢᠭᠤ ᠨᠢᠭᠡᠨᠲᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ 1 ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ 12᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ 101᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠴᠡᠭ ᠢ 20 ᠪᠠᠶᠢᠭᠤᠯᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠴᠡᠭ ᠳᠥᠷᠪᠡᠨ ᠱᠠᠲᠤ ᠪᠠᠷ | ᠪᠦᠬᠦᠨ ᠢ ᠪᠦᠷᠬᠦᠭᠦᠯᠪᠡ᠃ ᠪᠤᠯᠪᠠᠰᠤᠨ ᠤ ᠦᠢᠯᠡᠳᠦᠯᠭᠡ ᠶᠢᠨ ᠲᠥᠪ ᠨᠢ ᠰᠠᠷ᠎ᠠ ᠪᠦᠷᠢ ᠶᠢᠨ 9 ᠤ ᠡᠳᠦᠷ ᠢ ︽ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠡᠳᠦᠷ︾ ᠪᠣᠯᠭᠠᠵᠤ᠂ ᠭᠤᠣᠯ ᠰᠡᠳᠦᠪᠲᠦ ᠠᠵᠢᠯᠯᠠᠭ᠎ᠠ ᠶᠢ ᠨᠢᠭᠡᠳᠦᠯᠲᠡᠢ ᠨᠡᠶᠢᠲᠡᠯᠡᠵᠦ᠂ ᠡᠯ᠎ᠡ ᠭᠠᠵᠠᠷ ᠥᠷᠲᠡᠭᠡ ᠨᠢ ᠪᠣᠯᠪᠠᠰᠤᠨ ᠤ ᠦᠢᠯᠡᠳᠦᠯᠭᠡ | ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠡᠯ᠎ᠡ ᠲᠥᠷᠥᠯ ᠤᠨ ᠭᠤᠣᠯ ᠰᠡᠳᠦᠪᠲᠦ ᠠᠵᠢᠯᠯᠠᠭ᠎ᠠ ᠳᠤ ᠣᠷᠣᠯᠴᠠᠭᠰᠠᠨ ᠬᠤᠲᠠ ᠶᠢᠨ ᠠᠷᠠᠳ ᠲᠤ ᠪᠣᠯᠪᠠᠰᠤᠨ ᠤ | ᠰᠢᠮ᠎ᠡ ᠲᠡᠵᠢᠭᠡᠯ ᠢ ᠬᠦᠷᠲᠡᠭᠡᠪᠡ ᠃ | ᠬᠤᠲᠠ ᠶᠢᠨ ᠪᠣᠯᠪᠠᠰᠤᠨ ᠬᠡᠪ ᠰᠤᠷᠲᠠᠯ ᠨᠢ ᠭᠠᠵᠠᠷ ᠪᠣᠯᠭᠠᠨ ᠳᠤ ᠰᠢᠨ᠎ᠡ ᠳᠦᠷᠰᠦ ᠪᠠᠶᠢᠳᠠᠯ ᠢ ᠬᠠᠷᠠᠭᠳᠠᠭᠤᠯᠪᠠ᠃ | ᠥᠨᠥᠳᠥᠷ ᠤᠨ ᠤᠷᠠᠳ ᠤᠨ ᠳᠤᠮᠳᠠᠳᠤ ᠬᠤᠰᠢᠭᠤᠨ ᠤ ᠬᠤᠲᠠ ᠶᠢᠨ ᠴᠢᠳᠠᠮᠵᠢ ᠤᠯᠠᠮ ᠲᠡᠭᠦᠯᠳᠡᠷᠵᠢᠵᠦ᠂ ᠬᠤᠲᠠ ᠶᠢᠨ ᠣᠷᠴᠢᠨ ᠲᠣᠭᠤᠷᠢᠨ ᠤᠯᠠᠮ | ᠲᠣᠬᠢᠯᠢᠭ ᠲᠠᠭᠠᠯᠠᠮᠵᠢᠲᠠᠢ ᠪᠣᠯᠵᠤ᠂ ᠪᠣᠯᠪᠠᠰᠤᠨ ᠬᠡᠪ ᠰᠤᠷᠲᠠᠯ ᠬᠥᠮᠥᠰ ᠤᠨ ᠰᠡᠳᠬᠢᠯ ᠳᠤ ᠬᠠᠳᠠᠩᠰᠢᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ | ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠪᠣᠯᠪᠠᠰᠤᠨ ᠨᠢ ᠨᠢᠭᠡᠨᠲᠡ ᠬᠤᠲᠠ ᠶᠢᠨ ᠬᠥᠭᠵᠢᠯᠲᠡ ᠶᠢᠨ ᠦᠨᠳᠦᠰᠦ ᠰᠤᠷᠪᠤᠯᠵᠢ ᠪᠣᠯᠵᠤ᠂ ᠬᠤᠲᠠ ᠶᠢᠨ ᠠᠷᠠᠳ ᠤᠨ | ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠨ᠎ᠠ᠃ | | | | |