ᠤᠷᠠᠨᠰᠤᠶᠤᠯ ᠪᠠᠭᠰᠢ ᠶᠢᠨ ᠤᠬᠠᠭᠠᠨ ᠬᠠᠶᠢᠷ᠎ᠠ ᠪᠠᠨ ᠦᠰᠪᠦᠷᠢ ᠶᠢᠨ ᠭᠡᠤᠭᠡᠳ ᠲᠤ ᠪᠠᠨ ︵ᠬᠤᠶᠠᠷ︶  —  ᠰᠤᠷᠢᠭ᠎ᠠ ᠪᠤᠯᠪᠠᠰᠤᠷᠠᠯ ᠢᠶᠠᠷ ᠤᠷ᠎ᠠ ᠴᠢᠲᠠᠪᠤᠷᠢ  ᠪᠠᠨ ᠲᠡᠭᠡᠭᠰᠢᠯᠡᠬᠦᠯᠦᠨ᠎ᠠ
ᠨᠡᠶᠢᠲᠡᠯᠡᠭᠰᠡᠨ ᠴᠠᠭ᠄
2023/11/30
 ᠪᠠ᠊ ᠪᠦᠭᠡ                  ᠰᠤᠷᠢᠭ᠎ᠠ ᠪᠤᠯᠪᠠᠰᠤᠷᠠᠯ ᠢᠶᠠᠷ ᠤᠷ᠎ᠠ ᠴᠢᠲᠠᠪᠤᠷᠢ ᠪᠠᠨ ᠲᠡᠭᠡᠭᠰᠢᠯᠡᠬᠦᠯᠦᠨ᠎ᠠ     ︽ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠪᠣᠯ ᠨᠠᠰᠤᠨ ᠲᠤᠷᠰᠢᠳᠠ ᠶᠢᠨ ᠬᠠᠮᠤᠭ ᠤᠨ ᠵᠣᠯ ᠵᠢᠷᠭᠠᠯ ᠲᠠᠢ ᠶᠠᠪᠤᠲᠠᠯ ᠮᠥᠨ︾ ᠭᠡᠬᠦ ᠬᠢᠴᠢᠶᠠᠰᠤ ᠶᠢ ᠢᠮᠠᠭᠲᠠ ᠪᠠᠷᠢᠮᠲᠠᠯᠠᠵᠤ᠂ ᠭᠤᠴᠢᠨ ᠵᠢᠯ ᠤᠨ ᠲᠤᠷᠰᠢ ᠤᠷᠠᠨᠰᠤᠶᠤᠯ ᠪᠠᠭᠰᠢ ᠤᠷᠢᠳ ᠬᠤᠵᠢᠳ ᠤᠷᠠᠳ ᠤᠨ ᠲᠤᠮᠲᠠᠲᠤ ᠬᠤᠰᠢᠭᠤᠨ ᠤ ᠪᠠᠶᠠᠨᠬᠠᠲᠠᠢ ᠰᠤᠮᠤ ᠶᠢᠨ ᠶᠡᠷᠦᠩᠬᠡᠢ ᠰᠤᠷᠭᠠᠭᠤᠯᠢ᠂ ᠤᠷᠠᠳ ᠤᠨ ᠲᠤᠮᠲᠠᠲᠤ ᠬᠤᠰᠢᠭᠤᠨ ᠤ ᠮᠤᠩᠭᠤᠯ ᠦᠨᠲᠦᠰᠦᠲᠡᠨ ᠤ ᠭᠡᠤᠭᠡᠳ ᠤᠨ ᠴᠡᠴᠡᠷᠯᠢᠭ᠂ ᠤᠷᠠᠳ ᠤᠨ ᠳᠤᠮᠳᠠᠳᠤ ᠬᠤᠰᠢᠭᠤᠨ ᠤ ᠮᠣᠩᠭᠤᠯ ᠦᠨᠲᠦᠰᠦᠲᠡᠨ ᠤ ᠰᠤᠷᠭᠠᠭᠤᠯᠢ ᠳᠤ ᠵᠢᠯ ᠲᠠᠷᠠᠭᠠᠯᠠᠨ ᠠᠩᠬᠢ ᠶᠢᠨ ᠡᠷᠬᠢᠯᠡᠭᠴᠢ ᠶᠢᠨ ᠠᠵᠢᠯ ᠢ ᠬᠢᠭᠰᠡᠭᠡᠷ ᠢᠷᠡᠭᠰᠡᠨ ᠪᠢᠯᠡ᠃      ᠠᠵᠢᠯᠴᠢ ᠬᠢᠴᠢᠶᠡᠩᠭᠦᠶ ᠪᠠᠷ ᠰᠤᠷᠤᠯᠴᠠᠵᠤ᠂ ᠰᠢᠯᠭᠠᠷᠠᠭᠰᠠᠨ ᠴᠢᠳᠠᠪᠤᠷᠢ ᠶᠢ ᠪᠦᠷᠢᠯᠲᠦᠬᠦᠯᠬᠦ ᠭᠡᠵᠤ ᠪᠠᠭᠰᠢ ᠪᠤᠯᠤᠭᠰᠠᠳ ᠤᠨ ᠦᠪᠡᠷ ᠤᠨ ᠮᠡᠲᠡᠯᠭᠡ ᠴᠢᠲᠠᠪᠤᠷᠢ  ᠪᠠᠨ ᠲᠡᠭᠡᠭᠰᠢᠯᠡᠬᠦᠯᠦᠨ ᠰᠤᠷᠤᠭᠴᠢ ᠪᠠᠨ ᠰᠠᠶᠢᠨ ᠵᠢᠭᠠᠨ ᠬᠦᠮᠦᠵᠢᠬᠦᠯᠬᠦ ᠶᠢᠨ ᠰᠠᠭᠤᠷᠢ ᠪᠠᠶᠢᠭ᠎ᠠ ᠶᠤᠮ᠃ ᠭᠤᠴᠢ ᠰᠢᠬᠠᠮ ᠵᠢᠯ ᠤᠨ ᠬᠤᠭᠤᠴᠠᠭᠠᠨ‌‍ᠳᠤ᠂ ᠤᠷᠠᠨᠰᠤᠶᠤᠯ ᠪᠠᠭᠰᠢ ᠵᠢᠭᠠᠨ ᠰᠤᠷᠭᠠᠯᠲᠠ ᠶᠢᠨ ᠬᠥᠲᠥᠯᠪᠦᠷᠢ ᠶᠢᠨ ᠱᠠᠭᠠᠷᠳᠠᠯᠭ᠎ᠠ ᠶᠣᠰᠣᠭᠠᠷ ᠬᠢᠴᠢᠶᠠᠯ ᠢᠶᠠᠨ ᠨᠠᠷᠢᠨ ᠬᠢᠨᠠᠮᠠᠭᠠᠢ ᠪᠡᠯᠡᠳᠭᠡᠨ ᠵᠢᠭᠠᠵᠤ᠂ ᠥᠪᠡᠷ ᠤᠨ ᠰᠤᠷᠴᠤ ᠡᠵᠡᠮᠰᠢᠭᠰᠡᠨ ᠰᠤᠷᠭᠠᠨ ᠬᠥᠮᠦᠵᠢᠯ ᠤᠨ ᠦᠵᠡᠯ ᠰᠠᠨᠠᠭ᠎ᠠ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠵᠢᠭᠠᠬᠤ ᠠᠷᠭ᠎ᠠ ᠵᠡᠷᠭᠡ ᠪᠠᠨ ᠡᠲᠦᠷ ᠲᠤᠲᠤᠮ ᠤᠨ ᠵᠢᠭᠠᠨ ᠰᠤᠷᠭᠠᠯᠲᠠ ᠳᠤ ᠬᠡᠷᠡᠭᠯᠡᠬᠦ ᠪᠠᠷ ᠴᠢᠷᠮᠠᠶᠢᠪᠠ᠃ ᠲᠡᠷᠡ ᠳᠠᠷᠤᠤ ᠬᠢᠴᠢᠶᠡᠩᠭᠦᠶ ᠪᠠᠷ ᠠᠬᠠᠮᠠᠳ ᠪᠠᠭᠰᠢ᠂ ᠵᠢᠭᠠᠨ ᠰᠤᠷᠭᠠᠯᠲᠠ ᠶᠢᠨ ᠭᠤᠣᠯᠯᠠᠭᠴᠢ ᠬᠦᠴᠦᠨ᠂ ᠵᠢᠭᠠᠨ ᠰᠤᠷᠭᠠᠯᠲᠠ ᠶᠢᠨ ᠣᠷᠣᠶᠢᠯᠠᠭᠴᠢ᠂ ᠰᠢᠯᠢᠳᠡᠭ ᠪᠠᠭᠰᠢ ᠶᠢᠨ ︽ᠠᠵᠢᠯᠴᠢ᠂ ᠰᠢᠮᠲᠠᠯᠭ᠎ᠠ᠂ ᠪᠣᠳᠠᠲᠠᠶ᠂ ᠳᠠᠭᠠᠭᠠᠮᠠᠭᠠᠶ︾ ᠰᠤᠷᠤᠯᠴᠠᠬᠤ ᠰᠤᠷᠲᠠᠯ ᠪᠠ ︽ᠲᠦᠪ᠂ ᠴᠢᠩᠭ᠎ᠠ᠂ ᠨᠠᠷᠢᠯᠢᠭ᠂ ᠪᠣᠳᠠᠲᠠᠶ︾ ᠪᠠᠶᠢᠬᠤ ᠵᠢᠭᠠᠨ ᠰᠤᠷᠭᠠᠬᠤ ᠰᠤᠷᠲᠠᠯ ᠢ ᠰᠤᠷᠤᠯᠴᠠᠨ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠶᠢᠨ ᠬᠠᠮᠲᠤ ᠥᠪᠡᠷ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠡᠯ᠎ᠠ ᠵᠦᠢᠯ ᠤᠨ ᠤᠬᠤᠷ ᠬᠤᠭᠤᠴᠠᠭᠠᠨ ᠤ ᠪᠤᠯᠪᠠᠰᠤᠷᠠᠯ ᠳᠤ ᠤᠯᠠᠨᠲᠠ᠂ ᠦᠪᠡᠷ ᠤᠨ ᠲᠤᠰᠬᠠᠢ ᠮᠡᠷᠭᠡᠵᠢᠯ ᠤᠨ ᠬᠢᠷᠢ ᠭᠡᠮᠵᠢᠶ᠎ᠡ ᠪᠠ ᠤᠨᠤᠯ ᠤᠨ ᠮᠡᠳᠡᠯᠭᠡ ᠪᠠᠨ ᠲᠠᠰᠤᠷᠠᠯᠲᠠ ᠦᠭᠡᠢ ᠲᠡᠭᠡᠭᠰᠢᠯᠡᠬᠦᠯᠦᠭᠰᠡᠭᠡᠷ ᠢᠷᠡᠭᠰᠡᠨ ᠪᠠᠶᠢᠨ᠎ᠠ᠃ ᠢᠯᠠᠩᠭᠤᠶ᠎ᠠ 2014 ᠤᠨ ᠤ 10 ᠰᠠᠷ᠎ᠠ — 2015 ᠤᠨ ᠤ 1 ᠰᠠᠷ᠎ᠠ ᠳᠤ ᠪᠤᠯᠤᠭᠰᠠᠨ ︽ᠤᠯᠤᠰ ᠤᠨ ᠪᠣᠯᠪᠠᠰᠤᠷᠠᠯ ᠤᠨ ᠲᠥᠯᠥᠪᠯᠡᠭᠡ 2014︾ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠤᠯᠯᠠᠭᠴᠢ ᠪᠠᠭᠰᠢ ᠶᠢᠨ ᠪᠣᠯᠪᠠᠰᠤᠷᠠᠯ ᠤᠨ ᠠᠩᠭᠢ ᠳᠤ ᠰᠤᠷᠤᠯᠴᠠᠵᠤ ᠮᠡᠲᠡᠯᠭᠡ ᠴᠢᠲᠠᠪᠤᠷᠢ ᠪᠠᠨ ᠲᠡᠭᠡᠭᠰᠢᠯᠡᠬᠦᠯᠦᠨ ᠰᠢᠯᠢᠳᠡᠭ ᠬᠢᠷᠢ ᠪᠦᠲᠦᠮᠵᠢ ᠲᠠᠢ ᠲᠡᠬᠦᠰᠦᠭᠰᠡᠨ ᠪᠠᠶᠢᠨ᠎ᠠ᠃ ᠲᠡᠭᠦᠨ ᠤ ᠪᠢᠴᠢᠭᠰᠡᠨ ︽ᠨᠢᠭᠡᠨ ᠰᠠᠶᠢᠬᠠᠨ ᠠᠩᠬᠢ ᠨᠡᠶᠢᠲᠡ ᠶᠢ ᠬᠡᠷᠬᠢᠨ ᠪᠤᠢ ᠪᠤᠯᠭᠠᠬᠤ ᠲᠤᠬᠠᠢ ᠦᠬᠦᠯᠡᠬᠦ ᠨᠢ︾᠂ ︽ᠴᠡᠴᠡᠷᠯᠢᠭ ᠤᠨ ᠬᠡᠦᠬᠡᠳ ᠲᠤ ᠬᠡᠷᠬᠢᠨ ᠬᠢᠴᠢᠶᠡᠯ ᠣᠷᠣᠬᠤ ᠲᠤᠬᠠᠢ ᠲᠦᠬᠦᠮ ᠦᠵᠡᠯᠲᠡ︾᠂ ︽ᠪᠡᠶ᠎ᠡ ᠳᠤ  ᠪᠠᠨ ᠲᠤᠷ᠎ᠠ ᠭᠤᠲᠤᠷᠠᠬᠤ ᠪᠤᠲᠤᠯ ᠤᠨ ᠱᠠᠯᠪᠠᠭ ᠠᠴᠠ ᠮᠤᠯᠲᠤᠷᠠᠵᠤ ᠰᠤᠷᠦᠶ᠎ᠠ︾᠂ ︽ᠠᠩᠬᠢ ᠪᠤᠯ ᠭᠡᠤᠭᠡᠳ ᠤᠨ ᠴᠡᠩᠭᠡᠯ ᠤᠨ ᠦᠯᠦᠭᠡᠢ︾ ᠵᠡᠷᠭᠡ ᠥᠭᠦᠯᠡᠯ ᠨᠢ ᠬᠤᠰᠢᠭᠤ᠂ ᠬᠤᠳᠠ᠂ ᠤᠷᠤᠨ ᠤ ᠳᠡᠰ ᠤᠨ ᠢᠷᠠᠭᠤ ᠠᠯᠳᠠᠷ ᠢ ᠬᠦᠷᠳᠡᠭᠰᠡᠨ ᠪᠥᠭᠡᠳ ︽ᠥᠪᠥᠷ ᠮᠣᠩᠭᠤᠯ ᠤᠨ ᠰᠤᠷᠭᠠᠨ ᠬᠦᠮᠦᠵᠢᠯ︾ ᠪᠣᠯᠤᠨ ︽ᠲᠤᠷᠭᠠᠨ ᠵᠢᠯᠤᠭᠤ︾ ᠰᠡᠳᠬᠦᠯ ᠳᠤ ᠨᠡᠶᠢᠲᠡᠯᠡᠭᠳᠡᠵᠡᠢ᠃ 2014 ᠣᠨ ᠤ  4 ᠰᠠᠷ᠎ᠠ ᠳᠤ ᠲᠡᠷᠡ ᠪᠦᠬᠦ ᠣᠷᠣᠨ ᠤ ᠮᠣᠩᠭᠤᠯ ᠢᠶᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠪᠠᠭᠰᠢ ᠶᠢᠨ ᠪᠣᠯᠪᠠᠰᠤᠷᠠᠯ ᠤᠨ ᠬᠤᠭᠤᠴᠠᠭᠠᠨ ᠳᠤ ᠪᠣᠯᠪᠠᠰᠤᠷᠠᠯ ᠳᠤ ᠣᠷᠣᠯᠴᠠᠭᠰᠠᠨ ᠪᠦᠬᠦ ᠪᠠᠭᠰᠢ ᠨᠠᠷ ᠲᠤ ︽ᠠᠩᠬᠢ — ᠬᠡᠦᠬᠡᠳ ᠤᠨ ᠴᠡᠩᠭᠡᠯ ᠤᠨ ᠤᠷᠲᠤᠨ︾ ᠭᠡᠬᠦ ᠢᠯᠡᠳᠭᠡᠯ ᠬᠢᠵᠦ᠂ ᠠᠵᠢᠯ ᠤᠨ ᠲᠤᠷᠰᠢᠯᠭ᠎ᠠ ᠪᠠᠨ ᠰᠤᠯᠢᠯᠴᠠᠨ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠤᠨ ᠢᠷᠠᠭᠤ ᠠᠯᠲᠠᠷ ᠤᠨ ᠦᠨᠡᠮᠯᠡᠯ ᠢ ᠭᠥᠷᠳᠡᠪᠡ᠃ 2017 ᠣᠨ ᠤ 5 ᠰᠠᠷ᠎ᠠ ᠳᠤ ᠪᠠᠶᠠᠨᠨᠠᠭᠤᠷ ᠬᠤᠳᠠ ᠶᠢᠨ ᠠᠩᠬᠢ ᠶᠢᠨ ᠡᠷᠬᠢᠯᠡᠭᠴᠢ ᠶᠢᠨ ᠪᠣᠯᠪᠠᠰᠤᠷᠠᠯ  ᠳᠤ ᠳᠠᠬᠢᠨᠲᠠ ᠥᠷᠭᠡᠨ ᠤᠯᠠᠨ ᠪᠠᠭᠰᠢ ᠨᠠᠷ ᠲᠠᠢ ᠶᠠᠷᠢᠶᠠᠨ ᠤ ᠠᠭᠤᠯᠭ᠎ᠠ ᠪᠠᠨ ᠬᠤᠪᠢᠶᠠᠯᠴᠠᠭᠰᠠᠨ ᠪᠠᠶᠢᠨ᠎ᠠ᠃  
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ