ᠪᠠ᠊ ᠪᠦᠭᠡ | ᠬᠠᠶᠢᠷ᠎ᠠ ᠶᠢᠨ ᠰᠡᠳᠬᠢᠯ ᠢ ᠬᠠᠷᠠᠬᠠᠨ ᠪᠠᠭ᠎ᠠ ᠠᠴᠠ ᠨᠢ ᠬᠦᠮᠦᠵᠢᠬᠦᠯᠦᠨ᠎ᠠ | ᠪᠠᠭᠰᠢ ᠶᠢᠨ ᠠᠵᠢᠯ ᠭᠡᠵᠤ ᠰᠤᠷᠤᠭᠴᠢᠳ ᠲᠤ ᠭᠠᠭᠴᠠ ᠬᠢᠴᠢᠶᠠᠯ ᠤᠨ ᠨᠤᠮ ᠳᠠᠬᠢ ᠮᠡᠲᠡᠯᠭᠡ ᠶᠢ ᠤᠯᠠᠮᠵᠢᠯᠠᠨ ᠰᠤᠷᠭᠠᠬᠤ ᠠᠵᠢᠯ ᠲᠡᠲᠦᠢ ᠪᠢᠰᠢ᠃ ᠨᠢᠭᠡᠨ | ᠰᠠᠶᠢᠨ ᠪᠠᠭᠰᠢ ᠨᠢ ᠭᠡᠤᠭᠡᠳ ᠲᠤ ᠡᠷᠲᠡᠮ ᠨᠤᠮ ᠢ ᠰᠠᠶᠢᠨ ᠵᠢᠭᠠᠬᠤ ᠪᠠᠷ ᠪᠠᠷᠠᠬᠤ ᠦᠭᠡᠢ᠂ ᠬᠦᠮᠦᠨ ᠪᠤᠯᠬᠤ ᠶᠤᠰᠤ ᠶᠢ ᠮᠡᠲᠡᠬᠦᠯᠦᠨ ᠰᠤᠷᠭᠠᠵᠤ᠂ ᠭᠡᠤᠭᠡᠳ ᠤᠨ | ᠪᠦᠬᠦ ᠲᠠᠯ᠎ᠠ ᠶᠢᠨ ᠬᠦᠭᠵᠢᠯᠲᠡ ᠶᠢ ᠪᠤᠲᠤᠯᠬᠢᠯᠠᠭᠰᠠᠨ ᠪᠠᠶᠢᠲᠠᠭ᠃ ᠰᠤᠷᠤᠭᠴᠢᠳ ᠬᠢᠴᠢᠶᠠᠯ ᠰᠤᠷᠤᠯᠭ᠎ᠠ ᠳᠤ ᠪᠠᠨ ᠰᠢᠮᠲᠠᠬᠤ ᠶᠢᠨ ᠲᠠᠭᠠᠤ ᠬᠠᠷᠠᠬᠠᠨ ᠪᠠᠭ᠎ᠠ ᠠᠴᠠ ᠪᠠᠨ | ᠠᠵᠢᠯ ᠬᠦᠲᠡᠯᠮᠦᠷᠢ ᠳᠤ ᠲᠤᠷᠠᠲᠠᠢ᠂ ᠠᠬᠠᠰ ᠵᠠᠬᠠᠰ ᠢᠶᠠᠨ ᠬᠦᠨᠲᠦᠯᠡᠬᠦ᠂ ᠬᠠᠶᠢᠷ᠎ᠠ ᠶᠢᠨ ᠬᠠᠯᠠᠭᠤᠨ ᠰᠡᠳᠬᠢᠯ ᠲᠠᠢ ᠪᠤᠯᠭᠠᠨ ᠬᠦᠮᠦᠵᠢᠬᠦᠯᠬᠦ ᠨᠢ ᠴᠦ ᠴᠢᠬᠤᠯᠠ | ᠪᠠᠶᠢᠲᠠᠭ᠃ | ᠤᠷᠠᠨᠰᠤᠶᠤᠯ ᠪᠠᠭᠰᠢ ᠵᠢᠯ ᠪᠦᠷᠢ ᠠᠩᠬᠢ ᠳᠤ ᠪᠠᠨ ︽ᠪᠢᠴᠢᠬᠠᠨ ᠯᠧᠢ ᠹᠧᠩ ᠪᠤᠯᠤᠶ᠎ᠠ︾ ᠭᠡᠬᠦ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠯᠸᠢ ᠹᠧᠩ ᠤᠨ | ᠲᠠᠭᠤᠤ ᠶᠢ ᠲᠠᠭᠤᠯᠠᠬᠤ᠂ ᠯᠸᠢ ᠹᠧᠩ ᠤᠨ ᠦᠢᠯᠡ ᠠᠵᠢᠯᠯᠠᠭ᠎ᠠ ᠶᠢ ᠲᠠᠨᠢᠯᠴᠠᠭᠤᠯᠬᠤ᠂ ᠯᠧᠢ ᠹᠧᠩ ᠢ ᠲᠤᠭᠯᠠᠬᠤ᠂ ᠯᠧᠢ ᠹᠧᠩ ᠠᠴᠠ ᠰᠤᠷᠤᠯᠴᠠᠨ ᠬᠤᠰᠢᠭᠤᠨ ᠤ | ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ᠴᠡᠪᠡᠷᠯᠡᠭᠡ ᠬᠢᠬᠦ ᠵᠡᠷᠭᠡ ᠰᠢᠷᠢᠰ ᠠᠵᠢᠯᠯᠠᠭ᠎ᠠ ᠶᠢ ᠦᠷᠨᠢᠬᠦᠯᠦᠨ᠂ ᠰᠤᠷᠤᠭᠴᠢᠳ ᠤᠨ ᠬᠠᠶᠢᠷ᠎ᠠ ᠶᠢᠨ | ᠰᠡᠳᠬᠢᠯ ᠢ ᠬᠦᠮᠦᠵᠢᠬᠦᠯᠵᠦ᠂ ᠥᠪᠡᠷ ᠪᠡᠶᠡᠡᠴᠠ ᠪᠠᠨ ᠡᠬᠢᠯᠡᠨ ᠬᠢᠬᠦ᠂ ᠪᠠᠭ᠎ᠠ ᠶᠠᠪᠤᠳᠠᠯ ᠠᠴᠠ ᠡᠬᠢᠯᠡᠨ ᠬᠢᠬᠦ᠂ ᠣᠳᠣ ᠠᠴᠠ ᠡᠬᠢᠯᠡᠨ ᠬᠢᠬᠦ ᠶᠢ ᠳᠠᠶᠢᠴᠢᠯᠠᠭᠰᠠᠨ | ᠪᠠᠶᠢᠨ᠎ᠠ᠃ ︽ᠬᠠᠶᠢᠷ᠎ᠠ ᠶᠢᠨ ᠬᠤᠷ᠎ᠠ︾ ᠪᠣᠯ ᠤᠷᠠᠠᠰᠤᠶᠤᠯ ᠪᠠᠭᠰᠢ 2011 ᠣᠨ ᠳᠤ ᠰᠤᠷᠤᠭᠴᠢᠳ ᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠨᠡᠯᠢᠶᠡᠳ ᠶᠡᠭᠡ | ᠨᠥᠯᠥᠭᠡᠯᠡᠬᠦ ᠬᠦᠴᠦᠨ ᠲᠠᠢ ᠠᠵᠢᠯᠯᠠᠭ᠎ᠠ ᠶᠢᠨ ᠨᠢᠭᠡ ᠪᠤᠯᠤᠨ᠎ᠠ᠃ ᠲᠤᠰ ᠠᠵᠢᠯᠯᠠᠭ᠎ᠠ ᠨᠢ ᠳᠠᠭᠠᠭᠤᠯᠵᠤ ᠪᠠᠶᠢᠭ᠎ᠠ ᠠᠩᠬᠢ ᠶᠢᠨ ᠢᠶᠠᠨ ᠪᠦᠬᠦ ᠰᠤᠷᠤᠭᠴᠢᠳ ᠢᠶᠠᠨ | ᠲᠠᠶᠢᠴᠢᠯᠠᠨ᠂ ᠭᠠᠨᠰᠦ ᠮᠤᠵᠢ ᠶᠢᠨ ᠰᠦᠪᠸᠢ ᠰᠢᠶᠠᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ ᠠᠮᠢᠳᠤᠷᠠᠯ ᠨᠢ ᠬᠦᠴᠢᠷᠲᠡᠯᠲᠡᠢ | ᠬᠤᠶᠠᠷ ᠰᠤᠷᠤᠭᠴᠢ ᠶᠢ ᠬᠠᠪᠰᠤᠷᠤᠨ ᠲᠡᠳᠬᠦᠵᠦ᠂ ᠰᠤᠷᠤᠭᠴᠢ ᠪᠦᠷᠢ ᠶᠢ ᠵᠢᠯ ᠳᠤ 1000 ᠲᠦᠬᠦᠷᠢᠭ ᠢᠶᠠᠷ ᠪᠠᠭ᠎ᠠ ᠰᠤᠷᠭᠠᠭᠤᠯᠢ ᠠᠴᠠ ᠲᠡᠬᠦᠰᠲᠡᠯᠠ ᠲᠤᠰᠠᠯᠠᠪᠠ᠃ | ᠰᠤᠷᠤᠭᠴᠢᠳ ᠤᠨ ᠬᠠᠨᠲᠢᠪᠯᠠᠭᠰᠠᠨ ᠮᠦᠩᠬᠦ ᠨᠢ ᠬᠦᠷᠬᠦ ᠦᠭᠡᠢ ᠭᠡᠰᠡᠭ ᠢ ᠲᠡᠷᠡ ᠦᠪᠡᠷ ᠢᠶᠠᠨ ᠨᠦᠬᠦᠵᠦ ᠦᠭᠲᠡᠭ ᠪᠠᠶᠢᠨ᠎ᠠ᠃ ᠲᠡᠷᠡᠴᠢᠯᠡᠨ ᠡᠨᠡ ᠠᠩᠬᠢ ᠶᠢᠨ | ᠪᠦᠬᠦ ᠰᠤᠷᠤᠭᠴᠢᠳ ᠲᠠᠢ ︽ᠭᠠᠷ ᠭᠠᠷ ᠢᠶᠠᠨ ᠬᠤᠯᠪᠣᠨ ᠨᠠᠶᠢᠵᠠᠯᠠᠬᠤ︾ ᠠᠵᠢᠯᠯᠠᠭ᠎ᠠ ᠦᠷᠨᠢᠬᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠵᠣᠷᠢᠭᠵᠢᠭᠤᠯᠪᠠ᠃ | ᠡᠭᠦᠨ ᠤ ᠬᠠᠮᠲᠤ᠂ ᠲᠡᠷᠡ ᠥᠪᠡᠷ ᠢᠶᠠᠨ ᠪᠠᠰᠠ ᠲᠤᠰ ᠰᠤᠷᠠᠭᠠᠭᠤᠯᠢ ᠶᠢᠨ ᠨᠢᠭᠡᠳᠦᠭᠡᠷ ᠣᠨ ᠤ ᠠᠮᠢᠳᠤᠷᠠᠯ ᠨᠢ ᠬᠦᠴᠢᠷᠳᠡᠯ ᠲᠠᠢ ᠨᠢᠭᠡ ᠰᠤᠷᠤᠭᠴᠢ ᠶᠢ ᠪᠠᠭ᠎ᠠ | ᠰᠤᠷᠭᠠᠭᠤᠯᠢ ᠲᠡᠬᠦᠰᠲᠡᠯᠠ ᠵᠢᠯ ᠪᠦᠷᠢ 1000 ᠲᠥᠭᠦᠷᠢᠭ ᠢᠶᠠᠷ ᠲᠤᠰᠠᠯᠠᠭᠰᠠᠨ ᠪᠠᠶᠢᠨ᠎ᠠ᠃ ᠲᠤᠰ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ ᠰᠤᠷᠭᠠᠨ | ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠢ ᠲᠠᠲᠠᠵᠤ᠂ ᠪᠦᠬᠦ ᠬᠤᠰᠢᠭᠤᠨ ᠤ ᠡᠯ᠎ᠡ | ᠰᠤᠷᠭᠠᠭᠤᠯᠢ ᠶᠢᠨ ᠰᠤᠷᠤᠯᠴᠠᠯᠭ᠎ᠠ ᠶᠢᠨ ᠳᠠᠭᠤᠷᠢᠶᠠᠯ ᠪᠣᠯᠵᠠᠢ᠃ ᠡᠨᠡ ᠬᠦ ᠨᠥᠯᠥᠭᠡ ᠪᠠᠷ᠂ ᠤᠷᠠᠳ ᠤᠨ ᠲᠤᠮᠲᠠᠲᠤ ᠬᠤᠰᠢᠭᠤᠨ ᠤ ᠮᠤᠩᠭᠤᠯ ᠦᠨᠲᠦᠰᠦᠲᠡᠨ ᠤ | ᠰᠤᠷᠭᠠᠭᠤᠯᠢ ᠴᠦ ᠪᠦᠬᠦ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠨᠢᠭᠡ ᠤᠳᠠᠭᠠᠨ ᠤ ᠮᠥᠩᠭᠦ ᠬᠠᠨᠳᠢᠪᠯᠠᠬᠤ ᠠᠵᠢᠯᠯᠠᠭ᠎ᠠ ᠥᠷᠨᠢᠭᠦᠯᠵᠦ᠂ ᠶᠠᠳᠠᠭᠤ | ᠬᠦᠴᠢᠷᠳᠡᠯᠲᠡᠢ ᠰᠤᠷᠤᠭᠴᠢᠳ ᠲᠤ ᠴᠠᠭ ᠲᠤᠬᠠᠢ ᠳᠤᠨᠢ ᠠᠪᠤᠷᠠᠨ ᠲᠤᠰᠠᠯᠠᠵᠠᠢ᠃ | ᠤᠶᠢᠷ᠎ᠠ ᠶᠢᠨ ᠵᠢᠯ ᠳᠤ᠂ ᠤᠷᠠᠨᠰᠤᠶᠤᠯ ᠪᠠᠭᠰᠢ ᠳᠠᠭᠠᠭᠤᠯᠤᠭᠰᠠᠨ ᠠᠩᠭᠢ ᠶᠢᠨ ᠢᠶᠠᠨ ᠪᠦᠬᠦ ᠰᠤᠷᠤᠭᠴᠢᠳ ᠢ ᠵᠣᠬᠢᠶᠠᠨ ᠪᠠᠶᠢᠭᠤᠯᠵᠤ᠂ ᠤᠷᠢᠳ ᠬᠤᠵᠢᠳ | ᠲᠤᠰ ᠰᠤᠷᠭᠠᠭᠤᠯᠢ ᠶᠢᠨ ᠬᠦᠨᠳᠦ ᠡᠪᠡᠳᠴᠢᠲᠡᠨ ᠪᠦᠦ ᠪᠠᠭᠰᠢ᠂ ᠬᠠ᠊ ᠪᠠᠭᠰᠢ ᠶᠢᠨ ᠭᠡᠷ ᠪᠦᠯᠢ ᠶᠢᠨ ᠬᠢᠨ ᠳᠤ᠂ ᠴᠢᠰᠤ ᠴᠠᠶᠢᠬᠤ ᠡᠪᠡᠳᠴᠢᠨ ᠤᠷᠤᠭᠰᠠᠨ ᠪᠢᠴᠢᠬᠠᠨ | ᠨᠠᠶᠢᠵᠠ ᠵᠠᠩ ᠵᠢᠴᠢ ᠤᠷᠲᠤᠰ ᠬᠤᠲᠠ ᠶᠢᠨ ᠬᠠᠷᠠᠭ᠎ᠠ ᠪᠠᠨ ᠠᠯᠲᠠᠭᠰᠠᠨ ᠰᠠ᠊ ᠪᠠᠭᠰᠢ ᠵᠡᠷᠭᠡ ᠬᠥᠮᠦᠰ ᠢ ᠲᠤᠰᠠᠯᠠᠵᠤ᠂ ᠬᠠᠨᠲᠢᠪᠯᠠᠭᠰᠠᠨ ᠮᠥᠩᠭᠦ ᠨᠢ ᠨᠡᠶᠢᠲᠡ ᠳᠥᠷᠪᠡᠨ | ᠲᠦᠮᠡ ᠭᠠᠷᠤᠢ ᠲᠥᠭᠦᠷᠢᠭ ᠲᠤ ᠬᠦᠷᠴᠡᠢ᠃ ᠡᠨᠡ ᠨᠢ ᠵᠥᠪᠬᠡᠨ ᠵᠣᠭᠤᠰ ᠯᠠ ᠪᠢᠰᠢ᠂ ᠥᠷᠭᠡᠨ ᠣᠯᠠᠨ ᠪᠠᠭᠰᠢ ᠰᠤᠷᠤᠭᠴᠢᠳ ᠤᠨ ᠭᠦᠨ ᠵᠤᠵᠠᠭᠠᠨ ᠬᠠᠶᠢᠷ᠎ᠠ | ᠬᠠᠯᠠᠮᠵᠢ ᠶᠢ ᠪᠠᠭᠲᠠᠭᠠᠵᠤ ᠪᠠᠶᠢᠭ᠎ᠠ ᠶᠤᠮ᠃ ᠬᠡᠦᠬᠡᠳ ᠢ ᠬᠠᠷᠠᠬᠠᠨ ᠪᠠᠭ᠎ᠠ ᠠᠴᠠ ᠨᠢ ᠬᠠᠷᠢᠯᠴᠠᠨ ᠬᠠᠪᠰᠤᠷᠤᠯᠴᠠᠵᠤ᠂ ᠲᠤᠶᠢᠯᠲᠠᠭᠰᠠᠨ ᠨᠢᠭᠡᠨ ᠢᠶᠠᠨ ᠲᠦᠰᠢᠭᠡᠳ | ᠠᠪᠬᠤ ᠬᠠᠶᠢᠷ᠎ᠠ ᠰᠡᠳᠬᠢᠯᠭᠡ ᠶᠢ ᠬᠦᠮᠦᠵᠢᠬᠦᠯᠬᠦ ᠨᠢ ᠨᠡᠩ ᠴᠢᠬᠤᠯᠠ ᠪᠠᠶᠢᠭ᠎ᠠ ᠶᠤᠮ | |