ᠪᠠ᠊ ᠪᠦᠭᠡ | ᠨᠤᠮ ᠤᠩᠰᠢᠬᠤ ᠰᠠᠶᠢᠨ ᠰᠠᠶᠢᠬᠠᠨ ᠲᠠᠳᠬᠠᠯ ᠲᠠᠢ ᠪᠤᠯᠭᠠᠪᠠ | ᠡᠷᠲᠡᠮ ᠮᠡᠳᠡᠯᠭᠡ ᠪᠣᠯ ᠨᠡᠶᠢᠭᠡᠮ ᠤᠨ ᠡᠷᠬᠢᠮ ᠨᠠᠨᠳᠢᠨ ᠡᠳ᠋ ᠪᠠᠶᠠᠯᠢᠭ ᠮᠥᠨ᠂ ᠬᠥᠮᠦᠰ ᠤᠨ ᠤᠶᠤᠨ ᠤ ᠬᠦᠨᠡᠰᠦ ᠮᠥᠨ᠃ ᠨᠣᠮ ᠤᠯᠠᠨ ᠤᠩᠰᠢᠬᠤ ᠨᠢ | ᠮᠡᠳᠡᠯᠭᠡ ᠶᠢ ᠨᠢ ᠨᠡᠮᠡᠭᠲᠡᠬᠦᠯᠦᠨ ᠬᠠᠷᠠᠭ᠎ᠠ ᠶᠢ ᠦᠷᠭᠡᠳᠭᠡᠵᠦ᠂ ᠦᠪᠡᠷ ᠤᠨ ᠴᠢᠳᠠᠪᠤᠷᠢ ᠪᠠᠨ ᠲᠡᠭᠡᠭᠰᠢᠯᠡᠬᠦᠯᠬᠦ ᠮᠥᠷᠲᠡᠭᠡᠨ ᠪᠠᠰᠠ ᠤᠶᠢᠳᠬᠠᠷ ᠢ ᠠᠷᠢᠯᠭᠠᠨ ᠪᠡᠶ᠎ᠡ | ᠰᠡᠳᠬᠢᠯ ᠤᠨ ᠶᠠᠲᠠᠷᠠᠭ᠎ᠠ ᠶᠢ ᠲᠡᠶᠢᠯᠲᠠᠭ ᠪᠠᠶᠢᠨ᠎ᠠ᠃ ᠨᠡᠩ ᠴᠦ ᠰᠠᠶᠢᠨ ᠨᠤᠮ ᠤᠩᠰᠢᠬᠤ ᠪᠠᠷ ᠲᠡᠮᠵᠢᠨ ᠵᠣᠬᠢᠶᠠᠨ ᠪᠢᠴᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ | ᠪᠣᠯᠳᠠᠭ ᠪᠦᠭᠡᠳ ᠠᠮᠢᠳᠤᠷᠠᠬᠤ ᠠᠷᠭ᠎ᠠ ᠮᠠᠶ᠋ᠢᠭ ᠲᠤ ᠬᠤᠪᠢᠷᠠᠯᠲᠠ ᠭᠠᠷᠭᠠᠵᠤ᠂ ᠠᠭᠠᠵᠢᠮ ᠳᠤ ᠪᠠᠨ ᠬᠥᠮᠦᠨ ᠤ ᠵᠠᠩ ᠴᠢᠨᠠᠷ ᠢ ᠨᠦᠯᠦᠭᠡᠯᠡᠲᠡᠭ ᠪᠠᠶᠢᠨ᠎ᠠ᠃ | ᠤᠲᠤ ᠶᠢᠨ ᠭᠡᠤᠭᠡᠳ ᠨᠤᠮ ᠪᠢᠴᠢᠭ ᠤᠩᠰᠢᠬᠤ ᠰᠤᠨᠢᠷᠬᠠᠯ ᠦᠭᠡᠢ ᠪᠠᠶᠢᠭ᠎ᠠ ᠪᠠᠶᠢᠲᠠᠯ ᠳᠤ ᠴᠢᠭᠯᠡᠬᠦᠯᠦᠨ᠂ 2017 ᠣᠨ ᠤ 5 ᠰᠠᠷ᠎ᠠ ᠳᠤ᠂ ᠤᠷᠠᠨᠰᠤᠶᠤᠯ | ᠪᠠᠭᠰᠢ ᠶᠢᠨ ᠰᠠᠨᠠᠭᠠᠴᠢᠯᠠᠭ᠎ᠠ ᠳᠣᠣᠷ᠎ᠠ᠂ ᠲᠤᠰ ᠰᠤᠷᠭᠠᠭᠤᠯᠢ ᠶᠢᠨ ᠪᠠᠭᠰᠢ ᠶᠢᠨ ᠬᠤᠸᠠ᠂ ᠰᠠᠷᠠᠩᠭᠤᠸ᠎ᠠ᠂ ᠬᠤᠸᠠᠷ᠂ ᠤᠯᠠᠭᠠᠨ ᠵᠡᠷᠭᠡ ᠪᠠᠭᠰᠢ ᠵᠢᠯ ᠪᠦᠷᠢ ᠬᠦᠮᠦᠨ | ᠪᠦᠷᠢ 1000 ᠲᠦᠭᠦᠷᠢᠭ ᠭᠠᠷᠭᠠᠵᠤ᠂ ︽ᠨᠤᠮ ᠲᠠᠢ ᠮᠤᠩᠭᠤᠯ︾ ᠨᠡᠶᠢᠭᠡᠮᠯᠢᠭ ᠢ ᠪᠠᠶᠢᠭᠤᠯᠵᠤ᠂ ᠵᠢᠯ ᠪᠦᠷᠢ ᠶᠢᠨ 6 ᠰᠠᠷ᠎ᠠ ᠶᠢᠨ 1 ᠤ ᠡᠳᠦᠷ ᠨᠣᠮ ᠪᠢᠴᠢᠭ | ᠦᠵᠡᠬᠦ ᠳᠤᠷᠠᠲᠠᠶ ᠬᠡᠤᠬᠡᠳ ᠢ ᠰᠢᠯᠭᠠᠷᠠᠭᠤᠯᠵᠤ ᠬᠦᠬᠢᠬᠦᠯᠦᠭᠰᠡᠨ ᠪᠠᠶᠢᠨ᠎ᠠ᠃ ᠲᠤᠰ ᠠᠵᠢᠯᠯᠠᠭ᠎ᠠ ᠪᠠᠷ ᠲᠡᠮᠵᠢᠨ ᠡᠯ᠎ᠠ ᠠᠩᠬᠢ ᠶᠢᠨ ᠪᠠᠭᠰᠢ ᠨᠠᠷ ᠤᠨ ᠲᠡᠮᠵᠢᠯᠭᠡ ᠶᠢ | ᠤᠯᠵᠤ᠂ ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠢ ᠢᠯᠡᠭᠦᠬᠡᠨ ᠨᠣᠮ ᠪᠢᠴᠢᠭ ᠤᠩᠰᠢᠬᠤ ᠰᠠᠶᠢᠨ ᠨᠤᠮ | ᠤᠩᠰᠢᠬᠤ ᠶᠢ ᠵᠣᠷᠢᠭᠵᠢᠭᠤᠯᠤᠨ ᠤᠷᠢᠶᠠᠯᠠᠪᠠ᠃ ᠡᠬᠦᠨ ᠤ ᠬᠠᠮᠲᠤ ᠰᠤᠷᠤᠭᠴᠢᠳ ᠤᠨ ᠨᠤᠮ ᠤᠩᠰᠢᠭᠰᠠᠨ ᠲᠡᠮᠲᠡᠭᠯᠡᠯ ᠢ ᠲᠡᠯᠭᠡᠨ ᠦᠵᠡᠬᠦᠯᠬᠦ᠂ ᠨᠤᠮ ᠤᠩᠰᠢᠭᠰᠠᠨ | ᠭᠠᠷ ᠪᠢᠴᠢᠮᠠᠯ ᠰᠤᠨᠢᠨ ᠭᠠᠷᠭᠠᠬᠤ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠬᠤ ᠠᠷᠭ᠎ᠠ ᠪᠠᠷ ᠰᠤᠷᠤᠭᠴᠢᠳ ᠤᠨ ᠨᠤᠮ ᠤᠩᠰᠢᠬᠤ ᠢᠲᠡᠪᠬᠢᠵᠢᠯ ᠢ ᠲᠠᠶᠢᠴᠢᠯᠠᠭᠰᠠᠨ | ᠪᠠᠶᠢᠨ᠎ᠠ᠃ | ᠭᠤᠷᠪᠠᠨ ᠵᠢᠯ ᠤᠨ ᠬᠤᠭᠤᠴᠠᠭᠠᠨ ᠳᠤ ᠨᠡᠶᠢᠲᠡ 15000 ᠲᠦᠬᠦᠷᠢᠭ ᠬᠤᠷᠠᠮᠲᠤᠭᠤᠯᠤᠨ 114 ᠨᠣᠮ ᠤᠩᠰᠢᠬᠤ ᠳᠤᠷᠠᠲᠠᠶ ᠬᠡᠤᠬᠡᠳ ᠢ ᠱᠠᠩᠨᠠᠨ | ᠬᠥᠬᠢᠭᠦᠯᠵᠡᠶ᠃ ᠡᠭᠦᠨ ᠤ ᠬᠠᠮᠲᠤ᠂ ᠡᠨᠡᠬᠦ ᠠᠵᠢᠯᠯᠠᠭ᠎ᠠ ᠶᠢᠨ ᠳᠠᠭᠠᠭᠤᠯᠭ᠎ᠠ ᠳᠣᠤᠷ᠎ᠠ ᠤᠷᠠᠨᠰᠤᠶᠤᠯ ᠪᠠᠭᠰᠢ ᠶᠢᠨ ᠠᠩᠭᠢ ᠶᠢᠨ ᠬᠡᠤᠬᠡᠳ ᠤᠳ ︽ᠨᠤᠮ ᠲᠠᠢ | ᠮᠤᠩᠭᠤᠯ︾ ᠨᠣᠮ ᠤᠩᠰᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠬᠤᠶᠠᠷ ᠵᠢᠯ ᠳᠠᠷᠠᠭᠠᠯᠠᠨ ᠰᠤᠷᠭᠠᠭᠤᠯᠢ ᠶᠢᠨ ︽ᠨᠣᠮ ᠤᠨ ᠴᠠᠭᠠᠨ ᠪᠤᠶᠠᠨ ᠲᠠᠢ︾ | ᠠᠩᠭᠢ ᠨᠡᠶᠢᠲᠡ ᠶᠢᠨ ᠴᠣᠯᠠ ᠶᠢ ᠬᠦᠷᠲᠡᠵᠡᠶ᠃ ᠲᠡᠷᠡ ᠦᠪᠡᠷ ᠢᠶᠠᠨ ᠴᠦ ᠪᠦᠬᠦ ᠬᠤᠰᠢᠭᠤᠨ ᠤ ︽ᠬᠠᠮᠤᠭ ᠤᠨ ᠭᠤᠶᠣ ᠨᠣᠮ ᠤᠨ ᠴᠠᠭᠠᠨ ᠪᠤᠶᠠᠨ ᠲᠠᠢ ᠪᠠᠭᠰᠢ︾ | ᠶᠢᠨ ᠢᠷᠠᠭᠤ ᠠᠯᠳᠠᠷ ᠢ ᠬᠦᠷᠲᠡᠭᠰᠡᠨ ᠪᠠᠶᠢᠨ᠎ᠠ᠃ | | |