ᠪᠠ᠊ ᠪᠦᠭᠡ | ᠲᠤᠰᠤᠯᠠᠭᠰᠠᠨ ᠬᠦᠯᠦᠰᠤᠨ ᠳᠤ ᠨᠢ ᠲᠠᠨ᠎ᠠ ᠰᠤᠪᠤᠳ ᠬᠢᠯᠠᠯᠵᠠᠨ᠎ᠠ | ᠴᠢᠷᠮᠠᠶᠢᠯᠭ᠎ᠠ ᠶᠢᠨ ᠬᠠᠷᠢᠭᠤ ᠳᠤ ᠴᠠᠭ ᠤᠨ ᠬᠤᠷ᠎ᠠ ᠴᠦ ᠱᠠᠭᠠᠬᠢᠲᠠᠭ ᠤᠴᠢᠷ ᠲᠠᠢ᠃ ᠭᠤᠴᠢ ᠰᠢᠬᠠᠮ ᠵᠢᠯ ᠤᠨ ᠲᠤᠷᠰᠢ᠂ ᠰᠤᠷᠭᠠᠨ ᠬᠦᠮᠦᠵᠢᠯ ᠤᠨ ᠦᠢᠯᠡᠰ | ᠲᠤ ᠭᠤᠶᠢᠪᠢᠰᠢ ᠦᠭᠡᠢ ᠭᠠᠭᠴᠠ ᠰᠡᠳᠬᠢᠯ ᠢᠶᠠᠷ ᠵᠢᠳᠬᠦᠵᠦ ᠢᠷᠡᠭᠰᠡᠨ ᠤᠷᠠᠨᠰᠤᠶᠤᠯ ᠪᠠᠭᠰᠢ ᠦᠪᠦᠷ ᠮᠤᠩᠭᠤᠯ ᠤᠨ ᠦᠨᠲᠦᠰᠦᠲᠡᠨ ᠤ ᠪᠠᠭᠰᠢ ᠶᠢᠨ ᠰᠤᠷᠭᠠᠭᠤᠯᠢ | ᠶᠢᠨ ︽ᠦᠷᠭᠡᠨ ᠮᠡᠲᠡᠯᠭᠡ᠂ ᠡᠬᠦᠲᠦᠨ ᠪᠦᠲᠦᠭᠡᠯ᠂ ᠰᠢᠷᠭᠠᠭᠤ ᠴᠢᠷᠮᠠᠶᠢᠯᠭ᠎ᠠ᠂ ᠰᠢᠯᠢᠲᠡᠭ ᠠᠮᠵᠢᠯᠲᠠ︾ ᠭᠡᠬᠦ ᠰᠤᠷᠭᠠᠭᠤᠯᠢ ᠶᠢᠨ ᠰᠤᠷᠭᠠᠮᠵᠢ ᠶᠢ ᠪᠠᠲᠤ ᠴᠡᠭᠡᠵᠢᠯᠡᠨ | ᠴᠢᠷᠮᠠᠶᠢᠭᠰᠠᠨ ᠢᠶᠠᠷ ᠭᠠᠨᠵᠤᠭ᠎ᠠ ᠲᠦᠬᠦᠷᠡᠩ ᠠᠮᠵᠢᠯᠲᠠ ᠶᠢ ᠤᠯᠤᠭᠰᠠᠨ ᠪᠢᠯᠡ᠃ ᠲᠡᠷᠡ ᠪᠠᠷ ᠤᠯᠤᠰ᠂ ᠤᠷᠤᠨ᠂ ᠬᠤᠲᠠ᠂ ᠬᠤᠰᠢᠭᠤᠨ ᠤ ᠱᠠᠩᠨᠠᠯ ᠬᠦᠬᠢᠬᠦᠯᠦᠯ ᠢ | ᠤᠯᠠᠨᠲᠠ ᠲᠤᠰᠴᠤ᠂ ᠦᠪᠡᠷ ᠢ ᠪᠠᠨ ᠪᠠᠶᠠᠰᠬᠠᠨ ᠦᠷᠦᠭᠡᠯ ᠳᠤ ᠲᠠᠭᠤᠷᠢᠶᠠᠯ ᠪᠤᠯᠤᠭᠰᠠᠨ ᠶᠤᠮ᠃ | ᠬᠤᠰᠢᠭᠤᠨ ᠤ ᠳᠡᠰ ᠤᠨ ᠰᠢᠯᠢᠳᠡᠭ ᠪᠠᠭᠰᠢ᠂ ᠬᠤᠰᠢᠭᠤᠨ ᠤ ᠲᠡᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ | ᠬᠤᠰᠢᠭᠤᠨ ᠤ ᠲᠡᠰ ᠤᠨ ᠵᠢᠭᠠᠨ ᠰᠤᠷᠭᠠᠬᠤ ᠴᠢᠳᠠᠪᠤᠷᠢᠲᠠᠨ᠂ ᠬᠤᠰᠢᠭᠤᠨ ᠤ ᠲᠡᠰ ᠤᠨ ᠰᠢᠯᠢᠳᠡᠭ ᠠᠩᠭᠢ ᠶᠢᠨ ᠡᠷᠬᠢᠯᠡᠭᠴᠢ᠂ ᠪᠦᠬᠦ ᠬᠤᠰᠢᠭᠤᠨ ᠤ ︽ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠠᠩᠴᠢᠨ ᠪᠦᠷᠭᠦᠳ ᠤᠨ ᠠᠵᠢᠯᠯᠠᠭ᠎ᠠ︾ ᠶᠢᠨ ᠰᠢᠯᠢᠳᠡᠭ ᠬᠠᠪᠰᠤᠷᠤᠨ ᠵᠢᠯᠤᠭᠤᠳᠤᠭᠴᠢ᠂ ᠬᠤᠰᠢᠭᠤᠨ ᠤ ᠲᠡᠰ ᠤᠨ ᠪᠠᠭᠰᠢ ᠶᠢᠨ | ᠲᠠᠪᠤᠨ ᠵᠦᠢᠯ ᠤᠨ ᠪᠦᠷᠢᠨ ᠴᠢᠳᠠᠪᠤᠷᠢ ᠶᠢᠨ ᠤᠷᠤᠯᠳᠤᠭᠠᠨ ᠳᠤ ᠰᠢᠯᠢᠳᠡᠭ ᠵᠢᠭᠠᠨ ᠰᠤᠷᠭᠠᠬᠤ ᠴᠢᠳᠠᠪᠤᠷᠢᠲᠠᠨ᠂ ᠬᠤᠰᠢᠭᠤᠨ ᠤ ᠳᠡᠰ ᠤᠨ ︽ᠲᠡᠷᠢᠭᠦᠨ ᠤ ᠠᠩᠬᠢ | ᠨᠡᠶᠢᠲᠡ︾᠂ ︽ᠪᠦᠬᠦ ᠬᠤᠰᠢᠭᠤᠨ ᠤ ᠯᠧᠢ ᠹᠧᠩ ᠤᠨ ᠪᠠᠭᠠᠴᠤᠳ ᠤᠨ ᠬᠤᠰᠢᠭᠤᠴᠢ ᠠᠩᠭᠢ︾ ᠵᠡᠷᠭᠡ ᠬᠤᠰᠢᠭᠤᠨ ᠤ ᠲᠡᠰ ᠤᠨ ᠱᠠᠩᠨᠠᠯ ᠬᠦᠬᠢᠬᠦᠯᠦᠯ ᠢ 20 | ᠭᠠᠷᠤᠢ ᠤᠲᠠᠭ᠎ᠠ ᠬᠦᠷᠲᠡᠵᠦ᠂ ᠪᠦᠬᠦ ᠬᠤᠲᠠ ᠶᠢᠨ ᠲᠡᠷᠢᠬᠦᠨ ᠤ ᠠᠵᠢᠯᠲᠠᠨ᠂ ᠬᠤᠳᠠ ᠶᠢᠨ ᠲᠡᠰ ᠤᠨ ︽ᠪᠠᠭᠠᠴᠤᠳ ᠤᠨ ᠬᠤᠰᠢᠭᠤᠴᠢ ᠠᠩᠬᠢ ᠶᠢᠨ ᠬᠥᠳᠡᠯᠭᠡᠭᠡᠨ | ᠤ ᠬᠢᠴᠢᠶᠡᠯ ᠤᠨ ᠰᠢᠯᠢᠳᠡᠭ ᠬᠤᠪᠢ ᠬᠥᠮᠦᠨ︾᠂ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠬᠤᠲᠠ ᠶᠢᠨ ᠮᠣᠩᠭᠤᠯ ᠰᠣᠷᠣᠭᠴᠢ ᠶᠢᠨ ︽ᠰᠣᠨᠣᠰᠬᠤ᠂ ᠬᠡᠯᠡᠬᠦ᠂ | ᠤᠩᠰᠢᠬᠤ᠂ ᠪᠢᠴᠢᠬᠦ︾ ᠤᠷᠤᠯᠳᠤᠭᠠᠨ ᠳᠤ ᠰᠢᠯᠢᠳᠡᠭ ᠬᠠᠪᠰᠤᠷᠤᠨ ᠵᠢᠯᠣᠭᠤᠳᠣᠭᠴᠢ᠂ ᠪᠠᠶᠠᠨᠨᠠᠭᠤᠷ ᠬᠤᠲᠠ ᠶᠢᠨ ᠵᠠᠯᠠᠭᠤ ᠪᠠᠭᠰᠢ ᠶᠢᠨ ᠦᠨᠳᠦᠰᠦᠨ | ᠪᠣᠯᠪᠠᠰᠤᠷᠠᠯ ᠤᠨ ᠤᠷᠤᠯᠳᠤᠭᠠᠨ ᠳᠤ ᠨᠢᠭᠡᠲᠦᠭᠡᠷ ᠳᠡᠰ ᠤᠨ ᠱᠠᠩᠨᠠᠯ᠂ ︽ᠪᠦᠬᠦ ᠬᠤᠳᠠ ᠶᠢᠨ ᠤᠯᠠᠭᠠᠨ ᠲᠤᠭᠴᠢ ᠳᠤᠮᠳᠠ ᠠᠩᠬᠢ︾ ᠵᠡᠷᠭᠡ ᠬᠤᠲᠠ ᠶᠢᠨ ᠲᠠᠰ ᠤᠨ | ᠱᠠᠩᠨᠠᠯ ᠬᠦᠬᠢᠬᠦᠯᠦᠯ 10 ᠰᠢᠬᠠᠮ ᠭᠠᠷᠤᠢ ᠤᠲᠠᠭ᠎ᠠ ᠬᠦᠷᠲᠡᠨ᠂ ᠣᠷᠣᠨ ᠤ ᠲᠡᠰ ᠤᠨ ᠰᠢᠯᠢᠳᠡᠭ ᠪᠠᠭᠰᠢ᠂ ᠪᠥᠬᠦ ᠣᠷᠣᠨ ᠤ ᠪᠠᠭ᠎ᠠ ᠰᠤᠷᠭᠠᠭᠤᠯᠢ ᠶᠢᠨ ᠬᠡᠯᠡ | ᠪᠢᠴᠢᠭ ᠤᠨ ᠰᠢᠯᠢᠳᠡᠭ ᠬᠢᠴᠢᠶᠡᠯ ᠤᠨ ᠤᠷᠤᠯᠳᠤᠭᠠᠨ ᠳᠤ ᠨᠢᠭᠡᠳᠦᠭᠡᠷ ᠳᠡᠰ᠂ ︽6 · 5︾ ᠶᠢᠨ ᠳᠡᠯᠡᠬᠡᠶ ᠶᠢᠨ ᠣᠷᠴᠢᠨ ᠲᠤᠭᠤᠷᠢᠨ ᠢᠶᠠᠨ ᠬᠠᠶᠢᠷᠠᠯᠠᠬᠤ ᠡᠳᠦᠷ ᠢ | ᠲᠤᠷᠠᠰᠬᠠᠭᠰᠠᠨ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠩᠨᠠᠯ ᠲᠠᠢ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠳᠤ ᠰᠢᠯᠢᠳᠡᠭ ᠱᠠᠩᠨᠠᠯ ᠵᠡᠷᠭᠡ ᠶᠢ ᠬᠦᠷᠲᠡᠭᠰᠡᠨ | ᠪᠦᠭᠡᠳ ᠪᠥᠬᠦ ᠣᠷᠣᠨ ᠤ ᠮᠣᠩᠭᠤᠯ ᠢᠶᠠᠷ ᠬᠢᠴᠢᠶᠡᠯᠯᠡᠬᠦ ᠳᠤᠮᠳᠠᠳᠤ ᠪᠠᠭ᠎ᠠᠰᠤᠷᠭᠠᠭᠤᠯᠢ ᠶᠢᠨ ᠬᠢᠴᠢᠶᠡᠯ ᠲᠥᠷᠥᠯ ᠤᠨ ᠲᠤᠰᠬᠠᠶ ᠪᠠᠭᠰᠢ ᠶᠢᠨ ᠪᠣᠯᠪᠠᠰᠤᠷᠠᠯ ᠳᠤ | ︽ᠠᠩᠬᠢ — ᠬᠡᠦᠬᠡᠳ ᠤᠨ ᠴᠡᠩᠭᠡᠯ ᠤᠨ ᠤᠷᠲᠤᠨ︾ ᠤ ᠵᠢᠱᠢᠶ᠎ᠡ ᠦᠵᠡᠬᠦᠯᠬᠦ ᠬᠢᠴᠢᠶᠡᠯ ᠢ ᠠᠮᠵᠢᠯᠲᠠ ᠲᠠᠢ ᠪᠡᠶᠡᠯᠡᠬᠦᠯᠵᠦ᠂ ᠪᠥᠬᠦ ᠤᠯᠤᠰ ᠤᠨ ︽ᠮᠣᠩᠭᠤᠯ | ᠰᠣᠶᠣᠯ︾ ᠤᠨ ᠬᠢᠴᠢᠶᠡᠯ ᠤᠨ ᠲᠤᠷᠰᠢᠯᠲᠠ ᠶᠢᠨ ᠰᠤᠷᠭᠠᠭᠤᠯᠢ ᠶᠢᠨ ᠰᠢᠯᠢᠳᠡᠭ ᠬᠢᠴᠢᠶᠡᠯ ᠤᠨ ᠠᠵᠢᠯᠯᠠᠭ᠎ᠠ ᠳᠤ ᠬᠤᠶᠠᠳᠤᠭᠠᠷ ᠳᠡᠰ᠂ ᠤᠯᠤᠰ ᠤᠨ ᠰᠡᠳᠦᠪ ᠤᠨ | ︽ᠭᠤᠷᠪᠠᠨ ᠳᠤᠭᠤᠶᠢᠯᠠᠩ ᠤᠨ ᠰᠤᠷᠭᠠᠨ ᠬᠥᠮᠦᠵᠢᠯ ᠤᠨ ᠰᠤᠳᠤᠯᠤᠯ︾ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ | ᠨᠢᠭᠡᠳᠦᠭᠡᠷ ᠳᠡᠰ ᠤᠨ ᠱᠠᠩᠨᠠᠯ᠂ ᠤᠯᠤᠰ ᠤᠨ ᠰᠡᠳᠦᠪ ᠤᠨ ︽ᠭᠤᠷᠪᠠᠨ ᠳᠤᠭᠤᠶᠢᠯᠠᠩ ᠤᠨ ᠰᠤᠷᠭᠠᠨ ᠬᠥᠮᠦᠵᠢᠯ ᠤᠨ ᠰᠤᠳᠤᠯᠤᠯ︾ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ᠂ ︽ᠤᠯᠤᠰ ᠤᠨ ᠲᠠᠰ ᠤᠨ ᠪᠣᠯᠪᠠᠰᠤᠷᠠᠯ ᠤᠨ ᠲᠥᠯᠥᠪᠯᠡᠭᠡ 2016︾ ᠪᠠᠭᠰᠢ ᠶᠢᠨ ᠮᠡᠳᠡᠭᠡ ᠵᠠᠩᠭᠢ | ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠶᠯ ᠳᠤ ᠬᠢᠷᠢ ᠪᠦᠲᠦᠮᠵᠢ ᠲᠣᠪᠣᠶᠢᠮ᠎ᠠ ᠪᠠᠶᠢᠵᠤ᠂ ᠰᠢᠯᠢᠳᠡᠭ | ᠰᠤᠷᠤᠯᠭᠠᠲᠠᠨ ᠢᠶᠠᠷ ᠦᠨᠡᠯᠡᠭᠲᠡᠨ᠂ 2020 ᠤᠨ ᠤ 12 ᠰᠠᠷ᠎ᠠ ᠳᠤ ᠲᠡᠬᠦᠨ ᠤ ᠠᠪᠤᠭᠰᠠᠨ ᠠᠩᠬᠢ ᠨᠢ ᠪᠦᠬᠦ ᠤᠯᠤᠰ ᠤᠨ ᠰᠢᠯᠢᠲᠡᠭ ᠪᠠᠭᠠᠴᠤᠳ ᠤᠨ | ᠬᠤᠰᠢᠭᠤᠴᠢ ᠠᠩᠬᠢ ᠶᠢᠨ ᠬᠠᠮᠲᠤ ᠨᠡᠶᠢᠲᠡ ᠪᠠᠷ ᠴᠤᠯᠠᠯᠠᠭᠲᠠᠯᠠ᠃ | ᠡᠯ᠎ᠡ ᠵᠦᠶᠯ ᠤᠨ ᠢᠷᠠᠭᠤ ᠠᠯᠳᠠᠷ ᠢᠶᠠᠷ ᠡᠩᠭᠡᠷ ᠢᠶᠠᠨ ᠴᠢᠮᠡᠭᠰᠡᠨ ᠤᠷᠠᠨᠰᠤᠶᠤᠯ ᠪᠠᠭᠰᠢ ᠤᠮᠤᠷᠬᠠᠭᠯᠠᠵᠤ ᠪᠠᠷᠲᠠᠮᠨᠠᠭᠠ ᠥᠬᠡᠶ᠂ ︽ᠤᠯᠤᠰ ᠦᠨᠲᠦᠰᠦᠲᠡᠨ ᠤ | ᠪᠠᠨ ᠮᠠᠷᠭᠠᠰᠢ ᠶᠢᠨ ᠲᠦᠯᠦᠭᠡ︾ ᠭᠡᠲᠡᠭ ᠭᠠᠭᠴᠨ ᠰᠡᠳᠬᠢᠯ ᠢᠶᠠᠷ ᠰᠤᠷᠭᠠᠨ ᠬᠥᠮᠦᠵᠢᠯ ᠤᠨ ᠦᠶᠯᠡᠰ ᠢᠶᠠᠨ ᠡᠷᠬᠢᠮᠯᠡᠨ ᠬᠠᠶᠢᠷᠠᠯᠠᠭᠰᠠᠭᠠᠷ ᠢᠷᠡᠭᠰᠡᠨ ᠪᠠᠶᠢᠨ᠎ᠠ᠃ | ᠡᠳᠦᠭᠡ ᠲᠡᠷᠡ ᠮᠥᠨ ᠯᠠ ᠠᠩᠭᠢ ᠶᠢᠨ ᠡᠷᠬᠢᠯᠡᠭᠴᠢ ᠶᠢᠨ ᠠᠵᠢᠯ ᠢᠶᠠᠨ ᠦᠷᠭᠦᠯᠵᠢᠯᠡᠨ ᠬᠢᠵᠦ᠂ ᠪᠤᠰᠤᠳ ᠪᠠᠭᠰᠢ ᠨᠠᠷ ᠲᠠᠢ ᠬᠠᠮᠲᠤ ᠪᠠᠷ ︽ᠡᠷᠬᠢᠮ ᠳᠡᠭᠡᠳᠦ ᠶᠣᠰᠣ | ᠰᠤᠷᠲᠠᠬᠤᠨ᠂ ᠡᠯᠪᠡᠭ ᠪᠠᠶᠠᠯᠢᠭ ᠮᠡᠳᠡᠯᠭᠡ᠂ ᠰᠢᠨ᠎ᠡ ᠶᠢ ᠡᠭᠦᠳᠬᠦ ᠠᠷᠭ᠎ᠠ᠂ ᠪᠣᠳᠠᠲᠠᠢ ᠶᠢ ᠡᠷᠬᠢᠮᠯᠡᠬᠦ ᠰᠤᠷᠲᠠᠯ︾ ᠢᠶᠠᠷ᠂ ᠤᠷᠠᠳ ᠨᠤᠲᠤᠭ ᠤᠨ ᠦᠨᠳᠦᠰᠦᠲᠡᠨ ᠤ | ᠰᠤᠷᠭᠠᠨ ᠬᠥᠮᠦᠵᠢᠯ ᠤᠨ ᠬᠦᠭᠵᠢᠯᠲᠡ ᠳᠤ ᠨᠠᠰᠤ ᠪᠠᠷ ᠢᠶᠠᠨ ᠦᠢᠯᠡᠴᠢᠯᠡᠬᠦ ᠡᠷᠡᠰ ᠬᠠᠲᠠᠨ ᠵᠤᠷᠢᠭ ᠢᠶᠠᠷ᠂ ᠦᠰᠪᠦᠷᠢ ᠶᠢᠨ ᠭᠡᠤᠭᠡᠳ ᠲᠤ ᠦᠷᠦᠴᠡᠨ ᠤ ᠬᠠᠶᠢᠷ᠎ᠠ | ᠪᠠᠨ ᠶᠡᠭᠦᠯᠡᠵᠦ᠂ ᠥᠪᠡᠷ ᠤᠨ ᠬᠦᠴᠦᠨ ᠴᠢᠳᠠᠯ ᠢᠶᠠᠨ ᠡᠷᠬᠦᠵᠦ ᠶᠠᠪᠤᠨ᠎ᠠ︕ | | | | | |