ᠤᠷᠠᠳ ᠤᠨ ᠳᠤᠮᠳᠠᠳᠤ ᠬᠤᠰᠢᠭᠤ ᠶᠢᠨ ︽ᠨᠡᠭᠦᠳᠡᠯ ᠮᠠᠯ ᠰᠦᠷᠦᠭ︾ ᠨᠢ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2023/12/19
     ᠥᠷᠯᠥᠭᠡ ᠡᠷᠲᠡ ᠂ ᠦᠦᠷ ᠤᠨ ᠲᠣᠶᠠᠭᠠᠨ ᠳᠤ ᠥᠪᠥᠷ ᠮᠣᠩᠭᠤᠯ ᠤᠨ ᠤᠷᠠᠳ ᠤᠨ ᠲᠠᠯ᠎ᠠ ᠨᠤᠲᠤᠭ ᠠᠮᠢᠯᠠᠨ ᠰᠡᠷᠢᠨ᠎ᠠ᠃ ᠤᠷᠠᠳ ᠤᠨ ᠳᠤᠮᠳᠠᠳᠤ ᠬᠤᠰᠢᠭᠤᠨ ᠤ ᠣᠩᠭᠤᠨ ᠪᠠᠯᠭᠠᠰᠤᠨ ᠤ ᠪᠣᠭᠳᠠ ᠭᠠᠴᠠᠭ᠎ᠠ ᠶᠢᠨ ᠮᠠᠯᠴᠢᠨ ᠠᠯᠳᠠᠨᠨᠠᠷᠡᠰᠤ ᠬᠠᠷ᠎ᠠ ᠥᠷᠯᠥᠭᠡ ᠠᠴᠠ ᠡᠬᠢᠯᠡᠨ ᠡᠪᠡᠰᠦ ᠪᠣᠷᠳᠤᠭ᠎ᠠ ᠨᠡᠮᠡᠵᠦ ᠂ ᠬᠠᠰᠢᠶᠠᠨ ᠳᠠᠬᠢ ᠢᠳᠡᠰᠢᠨ ᠬᠤᠨᠢ ᠪᠠᠨ ᠠᠷᠠᠴᠢᠯᠠᠵᠤ ᠪᠠᠶᠢᠯ᠎ᠠ ᠃     ︽ᠪᠢ ᠥᠩᠭᠡᠷᠡᠭᠰᠡᠨ ᠳᠤ ᠶᠠᠭᠤ ᠴᠤ ᠪᠠᠶᠢᠭᠰᠠᠨ ᠦᠭᠡᠢ᠂ ᠰᠡᠭᠦᠯᠡᠷ ᠨᠢ ᠭᠠᠴᠠᠭ᠎ᠠ ᠶᠢᠨ︽ᠨᠡᠭᠦᠳᠡᠯ ᠮᠠᠯ ᠰᠦᠷᠦᠭ︾ ᠤᠨ ᠳᠠᠭᠠᠭᠠᠴᠢᠯᠠᠯᠲᠠ ᠳᠤ ᠲᠦᠰᠢᠭᠯᠡᠨ ᠢᠳᠡᠰᠢᠨ ᠬᠤᠨᠢ ᠲᠡᠵᠢᠭᠡᠵᠦ ᠪᠠᠶᠢᠭᠰᠠᠨ ᠠᠴᠠ ᠣᠲᠣ ᠮᠠᠯ ᠤᠨ ᠲᠤᠭ᠎ᠠ ᠲᠣᠯᠣᠭᠠᠢ ᠤᠯᠠᠮ ᠠᠴᠠ ᠤᠯᠠᠮ ᠠᠷᠪᠢᠳᠴᠣ ᠂ 5 ᠬᠤᠨᠢᠨ ᠤ ᠬᠠᠰᠢᠶ᠎ᠠ ᠪᠠᠷᠢᠭᠠᠳ ᠴᠤ ᠬᠦᠷᠦᠯᠴᠡᠬᠦ ᠦᠭᠡᠢ ᠪᠣᠯᠵᠠᠢ︾ ᠭᠡᠵᠦ ᠠᠯᠳᠠᠨᠨᠠᠷᠡᠰᠤ ᠪᠠᠶᠠᠷ ᠲᠠᠢ ᠪᠠᠷ ᠬᠡᠯᠡᠪᠡ ᠃     ᠠᠯᠲᠠᠨᠨᠠᠷᠠᠰᠤ ᠶᠢᠨ ᠳᠤᠷᠠᠳᠤᠭᠰᠠᠨ ︽ᠨᠡᠭᠦᠳᠡᠯ ᠮᠠᠯ ᠰᠦᠷᠦᠭ︾ ᠪᠣᠯ ᠤᠷᠠᠳ ᠤᠨ ᠳᠤᠮᠳᠠᠳᠤ ᠬᠤᠰᠢᠭᠤᠨ ᠤ 2019 ᠣᠨ ᠠᠴᠠ ᠡᠬᠢᠯᠡᠨ ᠬᠡᠷᠡᠭᠵᠢᠭᠦᠯᠦᠭᠰᠡᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠣᠯᠣᠨ᠎ᠠ᠃ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ ᠮᠠᠯ ᠠᠵᠤ ᠠᠬᠤᠢ ᠶᠢᠨ ᠳᠠᠪᠠᠭᠤᠯᠢᠭ ᠲᠠᠭᠠᠨ ᠲᠦᠰᠢᠭᠯᠡᠨ᠂ ᠡᠵᠡᠩᠨᠡᠯᠲᠡ ᠶᠢᠨ ᠴᠢᠳᠠᠪᠤᠷᠢ ᠲᠠᠢ᠂ ᠲᠡᠵᠢᠭᠡᠨ ᠦᠷᠡᠵᠢᠭᠦᠯᠵᠣ ᠪᠠᠶᠢᠭ᠎ᠠ ᠮᠠᠯ ᠤᠨ ᠲᠤᠭ᠎ᠠ ᠬᠡᠮᠵᠢᠶ᠎ᠡ ᠪᠠᠷ ᠴᠥᠭᠡᠨ ᠮᠠᠯᠵᠢᠬᠤ ᠡᠷᠦᠬᠡ ᠪᠤᠶᠤ ᠬᠤᠷᠰᠢᠶᠠᠵᠢᠯ ᠳᠤ ᠰᠠᠭᠤᠷᠢ ᠡᠬᠡ ᠮᠠᠯ ᠬᠠᠩᠭᠠᠪᠠ᠃ 3 ᠵᠢᠯ ᠤᠨ ᠳᠠᠷᠠᠭ᠎ᠠ ᠂ ᠲᠡᠵᠢᠭᠡᠨ ᠦᠷᠡᠵᠢᠭᠦᠯᠬᠦ ᠡᠷᠦᠬᠡ ᠨᠢ ᠡᠳᠡᠭᠡᠷ ᠰᠠᠭᠤᠷᠢ ᠡᠬᠡ ᠮᠠᠯ ᠢ ᠵᠠᠰᠠᠭ ᠤᠨ ᠣᠷᠳᠣᠨ ᠳᠤ ᠪᠤᠴᠠᠭᠠᠨ ᠥᠭᠴᠦ ᠂ ᠲᠡᠵᠢᠭᠡᠨ ᠦᠷᠡᠵᠢᠭᠦᠯᠦᠭᠰᠡᠨ ᠮᠠᠯ ᠢ ᠨᠢ ᠮᠠᠯᠵᠢᠬᠤ ᠡᠷᠦᠬᠡ ᠪᠤᠶᠤ ᠬᠤᠷᠰᠢᠶᠠᠵᠢᠯ ᠳᠤ ᠥᠮᠴᠢᠯᠡᠭᠦᠯᠦᠨ᠎ᠡ ᠂ ᠵᠠᠰᠠᠭ ᠤᠨ ᠣᠷᠳᠣᠨ ᠠᠴᠠ ᠬᠤᠷᠢᠶᠠᠨ ᠠᠪᠤᠭᠰᠠᠨ ᠰᠠᠭᠤᠷᠢ ᠡᠬᠡ ᠮᠠᠯ ᠢ ᠳᠠᠬᠢᠨ ᠪᠤᠰᠤᠳ ᠮᠠᠯᠵᠢᠬᠤ ᠡᠷᠦᠬᠡ ᠪᠤᠶᠤ ᠬᠤᠷᠰᠢᠶᠠᠵᠢᠯ ᠳᠤ ᠬᠤᠪᠢᠶᠠᠨ ᠥᠭᠴᠦ ᠂ ᠦᠷᠭᠦᠯᠵᠢᠯᠡᠨ ᠪᠤᠰᠤᠳ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ᠎ᠡ ᠃     ᠠᠯᠲᠠᠨᠨᠠᠷᠠᠰᠤ᠂ ᠣᠯᠠᠨ ᠵᠢᠯ ᠤᠨ ᠡᠮᠦᠨ᠎ᠡ ᠪᠡᠯᠴᠢᠭᠡᠷ ᠢᠶᠠᠨ ᠬᠥᠷᠰᠢ ᠵᠡᠷᠭᠡᠯᠡᠳᠡᠭᠡ ᠳᠡᠭᠡᠨ ᠰᠢᠯᠵᠢᠭᠦᠯᠦᠭᠰᠡᠨ ᠤ ᠳᠠᠷᠠᠭ᠎ᠠ ᠭᠠᠳᠠᠭᠰᠢ ᠭᠠᠷᠴᠤ ᠬᠥᠯᠥᠰᠦᠨ ᠠᠵᠢᠯ ᠬᠢᠵᠦ᠂ ᠣᠷᠣᠯᠭ᠎ᠠ ᠨᠢ ᠶᠡᠷᠦ ᠠᠴᠠ ᠨᠡᠯᠢᠶᠡᠳ ᠳᠣᠣᠷ᠎ᠠ ᠪᠠᠶᠢᠪᠠ᠃ 2019 ᠣᠨ ᠠᠴᠠ ᠡᠬᠢᠯᠡᠨ᠂ ᠠᠯᠲᠠᠨᠨᠠᠷᠠᠰᠤ ᠭᠡᠷ ᠲᠡᠭᠡᠨ ᠬᠠᠷᠢᠵᠤ ᠭᠠᠴᠠᠭ᠎ᠠ ᠶᠢᠨ ᠪᠡᠯᠴᠢᠭᠡᠷ ᠪᠠ ︽ᠨᠡᠭᠦᠳᠡᠯ ᠮᠠᠯ ᠰᠦᠷᠦᠭ︾ ᠤᠨ ᠳᠣᠲᠣᠷᠠᠬᠢ 50 ᠰᠠᠭᠤᠷᠢ ᠡᠮ᠎ᠡ ᠬᠤᠨᠢ ᠶᠢ ᠳᠠᠭᠠᠭᠠᠴᠢᠯᠠᠵᠣ ᠂ ᠳᠠᠭᠠᠭᠠᠴᠢᠯᠠᠭᠠᠳ 3 ᠵᠢᠯ ᠪᠣᠯᠤᠭᠰᠠᠨ ᠤ ᠳᠠᠷᠠᠭ᠎ᠠ᠂ ᠭᠠᠴᠠᠭ᠎ᠠ ᠳᠤ 2 ᠨᠠᠰᠤᠲᠠᠢ 55 ᠡᠮ᠎ᠡ ᠬᠤᠨᠢ ᠶᠢ ᠪᠤᠴᠠᠭᠠᠨ ᠥᠭᠴᠦ᠂ ᠪᠤᠰᠤᠳ ᠬᠤᠷᠠᠭ᠎ᠠ ᠪᠠ ᠨᠣᠣᠰᠣ ᠨᠣᠯᠤᠥᠷ ᠤᠨ ᠣᠷᠣᠯᠭ᠎ᠠ ᠶᠢ ᠨᠢ ᠴᠥᠮ ᠬᠤᠪᠢᠨ  ᠳᠤ ᠪᠠᠨ ᠡᠳ᠋ᠯᠡᠪᠡ ᠬᠡᠵᠣ ᠰᠣᠷᠪᠣᠯᠵᠢᠯᠠᠭᠴᠢ ᠳᠤ ᠬᠡᠯᠡᠪᠡ᠃     ︽ ︿ ᠨᠡᠭᠦᠳᠡᠯ ᠮᠠᠯ ᠰᠦᠷᠦᠭ ﹀ ᠪᠣᠯ ᠳᠠᠷᠤᠢ ᠮᠠᠨ ᠤ ᠭᠡᠷ ᠤᠨ ᠲᠡᠵᠢᠭᠡᠨ ᠦᠷᠡᠵᠢᠭᠦᠯᠬᠦ ᠦᠢᠯᠡᠰ ᠤᠨ ︿ ᠬᠥᠳᠡᠯᠭᠡᠬᠦ ᠪᠡᠯᠡ ᠮᠥᠩᠭᠦ ﹀ ᠪᠣᠯᠣᠨ᠎ᠠ ᠂ ᠮᠠᠨ ᠤ ᠭᠡᠷ ᠤᠨ ᠢᠳᠡᠰᠢᠨ ᠬᠤᠨᠢᠨ ᠤ ᠲᠤᠭ᠎ᠠ 360  ᠲᠣᠯᠣᠭᠠᠢ  ᠪᠣᠯᠣᠨ ᠨᠡᠮᠡᠭᠳᠡᠪᠡ ᠂ ᠮᠢᠨᠤ ᠵᠢᠯ ᠪᠦᠷᠢ ᠶᠢᠨ ᠬᠤᠨᠢ ᠬᠤᠳᠠᠯᠳᠤᠬᠤ ᠪᠠ ᠬᠥᠯᠥᠰᠦᠨ ᠠᠵᠢᠯ ᠬᠢᠬᠦ ᠶᠡᠷᠦᠩᠬᠡᠢ ᠣᠷᠣᠯᠭ᠎ᠠ 17 ᠲᠦᠮᠡᠨ ᠲᠥᠭᠦᠷᠢᠭ ᠲᠤ ᠬᠦᠷᠴᠦ ᠂ ᠠᠮᠢᠳᠤᠷᠠᠯ ᠤᠨ ᠴᠢᠨᠠᠷ ᠴᠢᠨᠰᠠᠭ᠎ᠠ ᠤᠯᠠᠮ ᠠᠴᠠ ᠤᠯᠠᠮ ᠰᠠᠶᠢᠨ ᠪᠣᠯᠵᠤ ᠂ ᠨᠢᠳᠤᠨᠤᠨ ᠪᠠᠰᠠ ᠬᠤᠰᠢᠭᠤᠨ ᠠᠴᠠ ᠭᠡᠷ ᠬᠤᠳᠠᠯᠳᠤᠨ ᠠᠪᠤᠭᠰᠠᠨ ᠪᠠᠶᠢᠨ᠎ᠠ ︾ ᠭᠡᠵᠦ ᠠᠯᠲᠠᠨᠨᠠᠷᠠᠰᠤ ᠣᠮᠤᠭ ᠪᠠᠷᠳᠠᠮ ᠢᠶᠠᠷ ᠬᠡᠯᠡᠪᠡ ᠃ ︽︿ᠨᠡᠭᠦᠳᠡᠯ ᠮᠠᠯ ᠰᠦᠷᠦᠭ﹀ ᠢ ᠠᠯᠢ ᠮᠠᠯᠴᠢᠨ ᠤ ᠭᠡᠷ ᠲᠤ ᠡᠵᠡᠩᠨᠡᠭᠦᠯᠬᠦ ᠶᠢ ᠭᠠᠴᠠᠭ᠎ᠠ  ᠠᠴᠠ ᠮᠠᠯᠴᠢᠳ ᠤᠨ ᠶᠡᠭᠡ ᠬᠤᠷᠠᠯ ᠬᠢᠵᠦ ᠰᠠᠨᠠᠯ ᠬᠤᠷᠢᠶᠠᠬᠤ ᠶᠢᠨ ᠬᠠᠮᠲᠤ ᠭᠠᠴᠠᠭ᠎ᠠ᠂ ᠰᠤᠮᠤ  ᠶᠢᠨ ᠠᠯᠢ ᠣᠯᠠᠨ ᠬᠢᠨᠠᠨ ᠪᠠᠶᠢᠴᠠᠭᠠᠯᠳᠠ ᠪᠠᠷ ᠳᠡᠮᠵᠢᠨ ᠲᠣᠭᠳᠠᠭᠠᠵᠣ ᠂ ᠮᠠᠯᠴᠢᠳ ᠲᠠᠢ ᠲᠡᠵᠢᠭᠡᠨ ᠦᠷᠡᠵᠢᠭᠦᠯᠵᠣ ᠬᠥᠭᠵᠢᠭᠦᠯᠬᠦ ᠬᠡᠯᠡᠯᠴᠡᠭᠡᠷ ᠤᠨ ᠪᠢᠴᠢᠭ ᠲᠣᠭᠳᠠᠳᠠᠭ᠃      ︽︿ᠨᠡᠭᠦᠳᠡᠯ ᠮᠠᠯ ᠰᠦᠷᠦᠭ﹀ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠮᠠᠯᠴᠢᠳ ᠪᠣᠳᠠᠲᠤ ᠠᠰᠢᠭ ᠭᠥᠷᠳᠡᠭᠰᠡᠨ ᠮᠥᠷᠲᠡᠭᠡᠨ ᠪᠠᠰᠠ ᠵᠣᠬᠢᠬᠤ ᠬᠢᠵᠠᠭᠠᠷᠯᠠᠯ‌‍ᠲ᠋ᠠᠢ ᠪᠠᠶᠢᠵᠣ ᠂ ᠪᠡᠶᠡᠴᠢ ᠪᠤᠰᠤᠳᠴᠢ ᠬᠤᠶᠠᠷ ᠲᠠᠯ᠎ᠠ ᠠᠴᠠ ᠲᠡᠳᠡᠨ ᠤ ᠦᠢᠯᠡᠳᠪᠦᠷᠢᠯᠡᠯ ᠤᠨ ᠢᠳᠡᠪᠬᠢᠵᠢᠯ ᠢ ᠳᠠᠶᠢᠴᠢᠯᠠᠵᠤ᠂ ︿ᠨᠡᠭᠦᠳᠡᠯ ᠮᠠᠯ ᠰᠦᠷᠦᠭ﹀  ᠨᠢ ᠮᠠᠯᠴᠢᠳ ᠤᠨ ᠬᠤᠭᠤᠷᠣᠨᠳᠤ ᠨᠡᠭᠦᠳᠡᠯᠯᠡᠬᠦ ᠨᠢ ᠪᠦᠭᠡᠳ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠪᠠᠰᠠ ᠪᠡᠶᠡᠯᠡᠭᠦᠯᠵᠦ ᠴᠢᠳᠠᠨ᠎ᠠ︾ ᠬᠡᠵᠣ ᠤᠷᠠᠳ ᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠶᠢᠨ ᠳᠠᠷᠤᠭ᠎ᠠ ᠳ᠋ᠦ᠋ ᠵᠢᠶᠦ᠋ᠨ ᠯᠦᠩ ᠲᠠᠨᠢᠯᠴᠠᠭᠤᠯᠪᠠ᠃         ᠤᠷᠠᠳ ᠤᠨ ᠳᠤᠮᠳᠠᠳᠤ ᠬᠤᠰᠢᠭᠤᠨ ᠤ ︽ᠨᠡᠭᠦᠳᠡᠯ ᠮᠠᠯ ᠰᠦᠷᠦᠭ︾  ᠲᠤ ᠬᠤᠨᠢᠨ ᠰᠦᠷᠦᠭ ᠪᠠᠶᠢᠬᠤ ᠪᠠᠷ ᠪᠠᠷᠠᠬᠤ ᠦᠭᠡᠢ ᠪᠠᠰᠠ ᠦᠬᠡᠷ ᠮᠠᠯ ᠤᠨ ᠰᠦᠷᠦᠭ ᠪᠠᠶᠢᠵᠣ᠂ ᠮᠠᠯᠴᠢᠳ ᠦᠬᠡᠷ ᠬᠤᠳᠠᠯᠳᠤᠨ ᠠᠪᠤᠭᠰᠠᠨ ᠪᠥᠬᠦ ᠵᠣᠭᠤᠰ ᠤᠨ ᠲᠣᠭᠠᠨ ᠤ 8% ᠪᠠᠷ ᠳᠠᠭᠠᠭᠠᠴᠢᠯᠠᠯᠲᠠ ᠶᠢᠨ ᠰᠦᠢᠳᠬᠡᠯ ᠲᠤᠰᠢᠶᠠᠨ᠎ᠠ᠂ ᠳᠠᠭᠠᠭᠠᠴᠢᠯᠠᠯᠲᠠ ᠶᠢᠨ ᠬᠤᠭᠤᠴᠠᠭ᠎ᠠ ᠨᠢ 3 ᠵᠢᠯ᠂ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠮᠠᠯᠴᠢᠳ ᠵᠥᠪᠬᠡᠨ ᠲᠤᠬᠠᠢ ᠶᠢᠨ ᠵᠢᠯ ᠤᠨ ᠳᠠᠭᠠᠭᠠᠴᠢᠯᠠᠭᠰᠠᠨ ᠦᠬᠡᠷ ᠤᠨ ᠰᠦᠷᠦᠭ ᠤᠨ ᠲᠤᠭ᠎ᠠ ᠬᠡᠮᠵᠢᠶ᠎ᠡ ᠪᠠᠷ ᠭᠠᠴᠠᠭ᠎ᠠ ᠳᠤ ᠪᠤᠴᠠᠭᠠᠨ ᠥᠭᠴᠦ᠂ ᠦᠷᠡᠵᠢᠭᠦᠯᠦᠨ ᠪᠣᠶᠢᠵᠢᠭᠤᠯᠤᠭᠰᠠᠨ ᠲᠤᠭᠤᠯ ᠨᠢ ᠮᠠᠯᠴᠢᠳ ᠲᠤ ᠥᠮᠴᠢᠯᠡᠭᠳᠡᠨ᠎ᠡ᠃ ᠣᠩᠭᠤᠨ ᠪᠠᠯᠭᠠᠰᠤᠨ ᠤ ᠠᠯᠳᠠᠨᠬᠤᠰᠢᠭᠤ ᠭᠠᠴᠠᠭ᠎ᠠ ᠶᠢᠨ ᠮᠠᠯᠴᠢᠨ ᠬᠡᠷᠡᠯ᠎ᠡ᠄ ︽ ᠪᠢ ᠭᠠᠴᠠᠭ᠎ᠠ ᠠᠴᠠ ᠳᠠᠭᠠᠭᠠᠴᠢᠯᠠᠭᠰᠠᠨ 20 ᠦᠨᠢᠶ᠎ᠡ ᠶᠢ ᠠᠰᠢᠭᠯᠠᠨ ᠴᠠᠭᠠᠨ ᠢᠳᠡᠭᠡᠨ ᠤ ᠦᠢᠯᠡᠳᠪᠦᠷᠢᠯᠡᠯ ᠪᠣᠯᠪᠠᠰᠣᠷᠠᠭᠤᠯᠣᠯᠳᠠ ᠶᠢ ᠥᠷᠨᠢᠭᠦᠯᠵᠦ ᠪᠠᠶᠢᠨ᠎ᠠ ᠂ ᠤᠳᠤ ᠂ ᠮᠠᠨ ᠤ ᠭᠡᠷ ᠤᠨ ᠰᠠᠭᠠᠯᠢ ᠶᠢᠨ ᠦᠨᠢᠶ᠎ᠡ 30 ᠭᠠᠷᠤᠢ ᠪᠣᠯᠣᠨ ᠨᠡᠮᠡᠭᠳᠡᠵᠦ ᠂ ᠵᠢᠯ ᠪᠦᠷᠢ 7 ᠲᠦᠮᠡᠨ ᠵᠢᠩ ᠰᠢᠨ᠎ᠡ ᠰᠦ ᠦᠢᠯᠡᠳᠪᠦᠷᠢᠯᠡᠵᠦ ᠪᠠᠶᠢᠨ᠎ᠠ ᠂ ᠰᠢᠨ᠎ᠡ ᠰᠦ ᠪᠠᠨ ᠴᠠᠭᠠᠨ ᠢᠳᠡᠭᠡᠨ ᠤ ᠵᠦᠢᠯ ᠪᠣᠯᠭᠠᠨ ᠬᠤᠳᠠᠯᠳᠤᠪᠠᠯ ᠵᠢᠯ ᠪᠦᠷᠢ ᠶᠢᠨ ᠪᠣᠷᠤᠯᠠᠭᠤᠯᠭ᠎ᠠ ᠶᠢᠨ ᠬᠡᠮᠵᠢᠶ᠎ᠡ 9 ᠲᠦᠮᠡᠨ ᠲᠥᠭᠦᠷᠢᠭ ᠲᠤ ᠬᠦᠷᠴᠦ ᠪᠣᠯᠣᠨ᠎ᠠ ︾ ᠭᠡᠵᠦ ᠬᠡᠯᠡᠪᠡ ᠃     ᠤᠷᠠᠳ ᠤᠨ ᠳᠤᠮᠳᠠᠳᠤ ᠬᠤᠰᠢᠭᠤ ᠪᠣᠯ ᠮᠠᠨ ᠤ ᠤᠯᠤᠰ ᠤᠨ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠰᠣᠯᠪᠢᠴᠠᠯ ᠪᠦᠰᠡ ᠳᠤ ᠪᠠᠶᠢᠷᠢᠯᠠᠵᠤ᠂ ᠪᠣᠷᠣᠳᠣᠬᠤᠢ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠴᠢᠬᠤᠯᠠ ᠰᠠᠭᠤᠷᠢᠨ ᠭᠠᠵᠠᠷ ᠪᠣᠯᠣᠨ᠎ᠠ᠃ ︽ᠨᠡᠭᠦᠳᠡᠯ ᠮᠠᠯ ᠰᠦᠷᠦᠭ︾ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠤᠷᠠᠳ ᠤᠨ ᠳᠤᠮᠳᠠᠳᠤ ᠬᠤᠰᠢᠭᠤ ᠤᠷᠢᠳ ᠬᠤᠵᠢᠳ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ᠂ ᠶᠠᠳᠠᠭᠤ ᠶᠢ ᠲᠡᠳᠬᠦᠬᠦ ᠪᠡᠯᠡ ᠮᠥᠩᠭᠦ ᠵᠡᠷᠭᠡ 1555 ᠲᠦᠮᠡᠨ ᠲᠥᠭᠦᠷᠢᠭ ᠢ ᠲᠡᠮᠡᠴᠡᠨ ᠣᠯᠵᠤ᠂ ᠣᠩᠭᠤᠨ ᠪᠠᠯᠭᠠᠰᠤ ᠵᠡᠷᠭᠡ ᠬᠥᠮᠥᠨ ᠳᠤᠮᠳᠠᠴᠢ ᠶᠢᠨ ᠨᠤᠲᠤᠭ ᠪᠡᠯᠴᠢᠭᠡᠷ ᠤᠨ ᠲᠠᠯᠠᠪᠠᠶ ᠪᠠᠷ ᠨᠡᠯᠢᠶᠡᠳ ᠪᠠᠭ᠎ᠠ ᠰᠢᠶᠠᠩ ᠪᠠᠯᠭᠠᠰᠤ ᠶᠢ ᠬᠠᠮᠤᠷᠴᠤ᠂ ᠮᠠᠯᠴᠢᠳ ᠢ ᠦᠷᠭᠦᠯᠵᠢᠯᠡᠨ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ ᠪᠠᠶᠢᠨ᠎ᠠ᠃    ᠣᠳᠣᠬᠠᠨ ᠳᠤ᠂ ᠤᠷᠠᠳ ᠤᠨ ᠳᠤᠮᠳᠠᠳᠤ ᠬᠤᠰᠢᠭᠤᠨ ᠤ ᠲᠠᠯ᠎ᠠ ᠨᠤᠲᠤᠭ ᠲᠤ᠂ ︽ᠨᠡᠭᠦᠳᠡᠯ ᠮᠠᠯ ᠰᠦᠷᠦᠭ︾ ᠤᠨ ᠲᠥᠷᠥ ᠶᠢᠨ ᠪᠣᠳᠣᠯᠭ᠎ᠠ ᠶᠢ ᠡᠳ᠋ᠯᠡᠵᠦ ᠪᠠᠶᠢᠭ᠎ᠠ ᠮᠠᠯᠴᠢᠳ ᠤᠨ ᠡᠷᠦᠬᠡ ᠪᠦᠷᠢ ᠶᠢᠨ ᠣᠷᠣᠯᠭ᠎ᠠ ᠵᠢᠯ ᠪᠦᠷᠢ ᠳᠤᠮᠳᠠᠴᠢ ᠪᠠᠷ 1.5 ᠲᠦᠮᠡᠨ ᠲᠥᠭᠦᠷᠢᠭ ᠣᠷᠴᠢᠮ ᠨᠡᠮᠡᠭᠳᠡᠵᠦ᠂ ᠮᠠᠯᠴᠢᠳ ᠤᠨ ᠣᠷᠣᠯᠭ᠎ᠠ ᠦᠷᠭᠦᠯᠵᠢᠯᠡᠨ ᠨᠡᠮᠡᠭᠳᠡᠬᠦ ᠰᠠᠶᠢᠨ ᠣᠷᠴᠢᠯ ᠢ ᠪᠡᠶᠡᠯᠡᠭᠦᠯᠵᠦ᠂ ︽ᠵᠠᠰᠠᠭ ᠤᠨ ᠣᠷᠳᠣᠨ + ᠲᠣᠰᠬᠤᠨ ︵ᠭᠠᠴᠠᠭ᠎ᠠ︶ ᠤ ᠬᠠᠮᠲᠤ ᠨᠡᠶᠢᠳᠡ + ᠲᠡᠵᠢᠭᠡᠨ ᠦᠷᠡᠵᠢᠭᠦᠯᠬᠦ ᠡᠷᠦᠬᠡ︾ ᠶᠢᠨ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ ᠪᠠᠶᠢᠨ᠎ᠠ᠃   
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ