ᠪᠠ᠊ ᠪᠦᠭᠡ | ᠤᠬᠠᠭᠠᠨ ᠬᠠᠶᠢᠷ᠎ᠠ ᠪᠠᠨ ᠦᠰᠪᠦᠷᠢ ᠶᠢᠨ ᠭᠡᠤᠭᠡᠳ ᠲᠤ ᠪᠠᠨ | | ᠠᠯᠠᠭ ᠴᠡᠴᠡᠭ ᠲᠡᠯᠭᠡᠷᠡᠭᠰᠡᠨ ᠠᠭᠠᠬᠢᠮ᠎ᠠ ᠵᠤᠨ ᠤ ᠵᠢᠷᠭᠤᠭᠠᠨ ᠰᠠᠷ᠎ᠠ ᠶᠢᠨ ᠰᠡᠬᠦᠯᠴᠢ ᠳᠤ᠂ ᠤᠷᠠᠳ ᠨᠤᠲᠤᠭ ᠢ ᠴᠢᠭᠯᠡᠭᠰᠡᠨ ᠠᠶᠠᠨᠴᠢᠨ ᠤ ᠮᠠᠰᠢᠨ ᠲᠡᠷᠭᠡ | ᠲᠤᠭᠲᠠᠭᠰᠠᠠ ᠴᠠᠭ ᠲᠤ ᠪᠠᠨ ᠬᠦᠭᠵᠢᠶᠡᠨᠲᠤ ᠬᠦᠭᠡᠬᠤᠲᠠ ᠶᠢᠨ ᠮᠠᠰᠢᠨ ᠲᠡᠷᠭᠡᠨ ᠦᠷᠲᠡᠭᠡ ᠠᠴᠠ ᠶᠠᠭᠠᠷᠠᠯ ᠦᠭᠡᠢ ᠬᠦᠲᠡᠯᠦᠯᠡ᠃ ︽ᠪᠠᠶᠠᠷᠲᠠᠢ ᠡᠭᠡ ᠰᠤᠷᠭᠠᠭᠤᠯᠢ | ᠮᠢᠨᠢ᠂ ᠪᠠᠶᠠᠷᠲᠠᠢ ᠬᠦᠨᠲᠦᠲᠦ ᠪᠠᠭᠰᠢ ᠬᠠᠶᠢᠷᠠᠲᠤ ᠨᠦᠬᠦᠳ ᠮᠢᠨᠢ︾᠂ ᠬᠤᠷᠢ ᠯᠠ ᠰᠠᠶ᠋ᠢ ᠦᠩᠭᠡᠷᠡᠭᠡ ᠵᠠᠯᠠᠭᠤᠴᠤᠳ ᠤᠨ ᠨᠢᠲᠤᠨ ᠳᠤᠨᠢ ᠵᠡᠶᠢᠷ ᠲᠠᠢ᠂ ᠭᠡᠤᠭᠡᠨᠴᠤᠳ | ᠤᠨ ᠨᠢᠭᠤᠷ ᠲᠤᠨᠢ ᠨᠢᠯᠪᠤᠰᠤ ᠲᠠᠢ᠃ ᠨᠢᠭᠡ ᠲᠤᠭᠤᠭᠠᠨ ᠳᠤ ᠲᠦᠷᠪᠡᠨ ᠵᠢᠯ ᠬᠠᠮᠲᠤ ᠬᠤᠭᠤᠯᠠᠯᠠᠵᠤ᠂ ᠨᠢᠭᠡ ᠠᠩᠬᠢ ᠳᠤ ᠲᠦᠷᠪᠡᠨ ᠵᠢᠯ ᠬᠠᠮᠲᠤ ᠰᠤᠷᠤᠯᠴᠠᠨ᠎ᠠ | ᠭᠡᠭᠴᠢ ᠨᠢᠭᠡ ᠨᠠᠰᠤᠨ ᠳᠤ ᠲᠠᠬᠢᠭᠠᠳ ᠤᠯᠲᠠᠬᠤ ᠦᠭᠡᠢ ᠬᠤᠪᠢ ᠢᠷᠦᠭᠡᠯ ᠃ | ᠠᠶᠠᠨᠴᠢᠨ ᠤ ᠮᠠᠰᠢᠨ ᠲᠡᠷᠭᠡ ᠤᠤᠯ ᠤᠨ ᠦᠪᠦᠷ ᠮᠤᠩᠭᠤᠯ ᠤᠨ ᠦᠨᠲᠦᠰᠦᠲᠡᠨ ᠤ ᠪᠠᠭᠰᠢ ᠶᠢᠨ ᠰᠤᠷᠭᠠᠭᠤᠯᠢ ᠶᠢᠨ ᠪᠠᠷᠠᠭᠤᠨ ᠡᠬᠦᠲᠡ ᠪᠠᠷ ᠦᠩᠭᠡᠷᠡᠬᠦ ᠳᠤ | ᠭᠡᠲᠦ ᠭᠡᠳᠤᠨ ᠵᠠᠯᠠᠭᠤᠴᠤᠳ ᠭᠡᠤᠭᠡᠨᠴᠣᠳ ᠦᠪᠡᠷ ᠤᠨ ᠡᠷᠭᠡ ᠦᠭᠡᠢ ᠡᠭᠡ ᠰᠤᠷᠭᠠᠭᠤᠯᠢ ᠪᠠᠨ ᠲᠠᠬᠢᠨᠲᠠ ᠬᠠᠷᠠᠯ᠎ᠠ᠃ ᠠᠲᠡ ᠲᠤᠭ᠎ᠠ ᠲᠠᠢ ᠭᠡᠲᠦᠭᠡᠨ ᠮᠦᠩᠬᠦ ᠪᠠᠨ | ᠬᠤᠪᠢᠶᠠᠯᠴᠠᠵᠤ ᠵᠠᠷᠤᠭᠰᠠᠨ ᠨᠦᠬᠦᠷᠯᠡᠯ ᠪᠤᠢ᠂ ᠠᠲᠡ ᠲᠤᠮᠤᠭ᠎ᠠ ᠦᠭᠡᠢ ᠠᠭᠠᠰᠢᠯᠠᠭᠰᠠᠨ ᠡᠲᠦᠷ ᠬᠤᠨᠤᠭ ᠤᠨ ᠲᠤᠷᠠᠰᠤᠮᠵᠢ ᠪᠤᠢ᠂ ᠠᠲᠡ ᠬᠤᠵᠢᠮ ᠤᠨ ᠠᠮᠢᠲᠤᠷᠠᠯ | ᠢᠶᠠᠨ ᠵᠢᠷᠤᠭᠯᠠᠬᠤ ᠡᠬᠢᠯᠡᠯᠲᠡ ᠶᠢᠨ ᠴᠡᠭ ᠴᠦ ᠪᠠᠶᠢᠭ᠎ᠠ ᠶᠤᠮ᠃ ᠲᠠᠨᠢᠯ ᠲᠠᠰᠤᠯ ᠡᠨᠡ ᠬᠤᠲᠠ ᠨᠢᠯᠪᠤᠰᠤ ᠪᠤᠲᠤᠯ ᠤᠨ ᠲᠤᠮᠲᠠ ᠨᠢᠲᠤ ᠢᠷᠮᠡᠬᠦ ᠶᠢᠨ ᠵᠠᠭᠤᠷ᠎ᠠ | ᠬᠠᠷᠠᠭᠲᠠᠬᠤ ᠪᠠᠨ ᠪᠤᠯᠢᠵᠤ᠂ ᠶᠠᠲᠠᠷᠠᠭ᠎ᠠ ᠶᠡᠭᠡ ᠲᠠᠢ ᠬᠤᠯᠠ ᠶᠢᠨ ᠠᠶᠠᠨ ᠡᠬᠢᠯᠡᠯ᠎ᠡ᠃ ᠤᠲᠤ ᠠᠴᠠ ᠭᠤᠴᠢ ᠰᠢᠬᠠᠮ ᠵᠢᠯ ᠤᠨ ᠡᠮᠦᠨᠡᠬᠢ 1992 ᠤᠨ ᠤ ᠵᠤᠨ | ᠪᠠᠶᠢᠭ᠎ᠠ ᠤᠴᠢᠷ᠂ ᠶᠠᠪᠤᠭ᠎ᠠ ᠵᠠᠮ ᠨᠢ ᠤᠯᠤᠰ ᠤᠨ ᠱᠤᠭᠤᠮ ᠭᠡᠮᠡᠭᠲᠡᠭᠰᠨᠨ ᠴᠦ ᠨᠠᠷᠢᠬᠠᠨ ᠮᠦᠷᠲᠡᠭᠡᠨ ᠡᠩᠬᠦᠯ ᠲᠤᠩᠬᠤᠯ ᠶᠡᠭᠡᠲᠡᠢ ᠪᠠᠶᠢᠵᠤ᠂ ᠲᠤᠩᠰᠤᠯᠭᠠᠵᠤ | ᠨᠦᠲᠦᠬᠦ ᠨᠢ ᠭᠡᠴᠡᠬᠦᠦ᠂ ᠤᠯᠤᠰ ᠤᠨ ᠱᠤᠭᠤᠮ ᠠᠴᠠ ᠰᠠᠯᠠᠪᠠᠯ ᠪᠤᠰᠤᠳ ᠵᠠᠮ ᠨᠢ ᠮᠥᠨ ᠯᠠ ᠰᠢᠷᠤᠢ ᠶᠢᠨ ᠵᠠᠮ ᠭᠡᠪ ᠢᠶᠠᠷ ᠢᠶᠠᠨ᠂ ᠰᠠᠭᠤᠭ᠎ᠠ ᠮᠠᠰᠢᠨ ᠨᠢ ᠠᠭᠠᠷ | ᠵᠤᠬᠢᠴᠠᠭᠤᠯᠤᠭᠴᠢ ᠪᠠᠶᠢᠲᠠᠭ ᠦᠭᠡᠢ᠂ ᠲᠡᠷᠭᠡᠨ ᠤ ᠴᠤᠩᠬᠤ ᠪᠠᠨ ᠨᠡᠭᠡᠭᠡᠵᠦ ᠰᠠᠯᠬᠢ ᠨᠡᠪᠲᠡᠷᠡᠬᠦᠯᠲᠡᠭ ᠠᠴᠠ ᠲᠤᠭᠤᠰᠤ ᠰᠢᠷᠤᠢ ᠳᠤ ᠪᠤᠯᠠᠭᠲᠠᠬᠤ ᠨᠢ ᠨᠡᠩ ᠭᠡᠴᠡᠬᠦᠦ᠃ | ᠤᠲᠤ ᠶᠢᠨ ᠲᠦᠷᠪᠡᠨ ᠴᠠᠭ ᠭᠠᠷᠤᠢ ᠶᠠᠪᠤᠬᠤ ᠴᠠᠭ ᠢ ᠲᠤᠬᠠᠢ ᠶᠢᠨ ᠦᠶ᠎ᠡ ᠳᠤ ᠪᠦᠬᠦᠯᠢ ᠠᠷᠪᠠᠨ ᠴᠠᠭ ᠶᠠᠪᠤᠵᠤ ᠪᠠᠶᠢᠮᠠᠨᠵᠢᠨ ᠰᠠᠶ᠋ᠢ ᠵᠤᠷᠢᠭᠰᠠᠨ ᠭᠠᠵᠠᠷ ᠲᠤ ᠪᠠᠨ | ᠬᠦᠷᠲᠡᠭ ᠪᠠᠶᠢᠯ᠎ᠠ᠃ ᠡᠨᠡ ᠮᠠᠰᠢᠨ ᠳᠤ ᠬᠠᠶᠢᠷ᠎ᠠ ᠲᠤᠷᠠᠯᠠᠯ ᠢᠶᠠᠨ᠂ ᠠᠮᠢᠲᠤᠷᠠᠯ ᠦᠢᠯᠡᠰ ᠢᠶᠠᠨ ᠭᠡᠵᠤ ᠰᠢᠯᠢ ᠶᠢᠨ ᠭᠤᠤᠯ ᠠᠶᠢᠮᠠᠭ ᠠᠴᠠ ᠤᠷᠠᠳ ᠨᠤᠲᠤᠭ ᠲᠤ | ᠠᠵᠢᠯ ᠤᠨ ᠬᠤᠪᠢᠶᠠᠷᠢ ᠠᠪᠤᠭᠰᠠᠨ ᠤᠷᠠᠨᠰᠤᠶᠤᠯ ᠴᠦ ᠰᠠᠭᠤᠵᠤ ᠪᠠᠶᠢᠭ᠎ᠠ ᠶᠤᠮ᠃ ᠲᠦᠷᠦᠯ ᠰᠠᠲᠤᠨ ᠦᠶ᠎ᠠ ᠶᠢᠨ ᠨᠦᠬᠦᠳ ᠠᠴᠠ ᠪᠠᠨ ᠰᠠᠯᠵᠤ ᠲᠡᠨᠢᠵᠦ ᠮᠡᠲᠡᠬᠦ | ᠦᠭᠡᠢ ᠬᠦᠮᠦᠨ ᠤ ᠨᠤᠲᠤᠭ ᠬᠦᠨᠲᠡᠯᠡᠨ ᠬᠤᠰᠢᠭᠤᠨ ᠳᠤ ᠤᠴᠢᠵᠤ ᠠᠵᠢᠯᠯᠠᠵᠤ ᠠᠮᠢᠲᠤᠷᠠᠨᠠ ᠭᠡᠵᠤ ᠶᠠᠪᠤᠨ᠎ᠠ ᠁ | ᠤᠷᠠᠠᠰᠤᠶᠤᠯ 1972 ᠣᠨ ᠳᠤ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠲᠤᠯᠢᠨᠪᠤᠯᠠᠭ ᠰᠤᠮᠤ ᠶᠢᠨ ᠲᠤᠯᠤᠭᠠᠨ | ᠬᠤᠳᠲᠤᠭ ᠭᠠᠴᠠᠭᠠᠨ ᠤ ᠮᠠᠯᠴᠢᠨ ᠭᠡᠯᠢᠭᠡᠨᠠᠮᠵᠢᠯ᠂ ᠲᠠᠷᠢᠮ᠎ᠠ ᠶᠢᠨ ᠤᠳᠬᠠᠨ ᠭᠡᠤᠭᠡᠨ ᠨᠢ ᠪᠤᠯᠵᠤ ᠵᠠᠶᠠᠭᠠᠵᠠᠢ᠃ ᠬᠠᠮᠤᠭ ᠤᠨ ᠪᠠᠭ᠎ᠠ ᠬᠠᠮᠠᠷ ᠤᠨ ᠦᠵᠦᠬᠦᠷ | ᠪᠤᠯᠤᠭᠰᠠᠨ ᠤᠷᠠᠠᠰᠤᠶᠤᠯ ᠭᠤᠷᠪᠠᠨ ᠠᠬ᠎ᠠ ᠨᠢᠭᠡ ᠡᠭᠡᠴᠢ ᠲᠠᠢ᠂ ᠮᠠᠯᠴᠢᠨ ᠲᠦᠮᠡᠨ ᠢᠶᠠᠨ ᠭᠡᠰᠡᠨ ᠠᠪᠤ ᠨᠢ ᠤᠲᠠᠭᠠᠨ ᠵᠢᠯ ᠭᠠᠴᠠᠭᠠᠨ ᠤ ᠠᠵᠢᠯ ᠢ ᠬᠢᠵᠦ᠂ ᠬᠤᠰᠢᠭᠤ | ᠠᠶᠢᠮᠠᠭ ᠤᠨ ᠱᠠᠩᠨᠠᠯ ᠬᠦᠬᠢᠬᠦᠯᠦᠯ ᠢ ᠤᠯᠨᠨᠲᠠ ᠬᠦᠷᠲᠡᠭᠰᠡᠨ ᠪᠠᠶᠢᠬᠤ ᠳᠤ᠂ ᠠᠶᠢᠯ ᠭᠡᠷ ᠦᠷ᠎ᠡ ᠭᠡᠤᠭᠡᠳ ᠢᠶᠠᠨ ᠭᠡᠰᠡᠨ ᠡᠵᠢ ᠨᠢ ᠬᠤᠰᠢᠭᠤ ᠠᠶᠢᠮᠠᠭ ᠤᠨ | ᠬᠦᠲᠡᠯᠮᠦᠷᠢ ᠶᠢᠨ ᠵᠢᠱᠢᠶᠡᠴᠢ ᠵᠡᠷᠭᠡ ᠢᠷᠠᠭᠤ ᠠᠯᠲᠠᠷ ᠢᠶᠠᠷ ᠦᠪᠡᠷ ᠢ ᠪᠠᠨ ᠪᠠᠶᠠᠰᠬᠠᠵᠤ ᠶᠠᠪᠤᠭᠰᠠᠨ ᠶᠤᠮ᠃ ᠠᠪᠤ ᠡᠵᠢ ᠶᠢᠨ ᠬᠠᠶᠢᠷ᠎ᠠ᠂ ᠠᠬ᠎ᠠ ᠡᠭᠡᠴᠢ ᠶᠢᠨ ᠢᠶᠠᠨ | ᠬᠠᠯᠠᠮᠵᠢᠯᠠᠯ ᠳᠤ ᠡᠷᠭᠡ ᠦᠰᠦᠭᠰᠡᠨ ᠤᠷᠠᠨᠰᠤᠶᠤᠯ 1992 ᠤᠨ ᠳᠤ ᠦᠪᠦᠷ ᠮᠤᠩᠭᠤᠯ ᠤᠨ ᠦᠨᠲᠦᠰᠦᠲᠡᠨ ᠤ ᠪᠠᠭᠰᠢ ᠶᠢᠨ ᠰᠤᠷᠭᠠᠭᠤᠯᠢ ᠪᠠᠨ ᠲᠡᠬᠦᠰᠭᠡᠭᠡᠳ | ᠲᠤᠬᠢᠷᠠᠭᠤᠯᠤᠯᠲᠠ ᠪᠠᠷ ᠤᠷᠠᠳ ᠤᠨ ᠲᠤᠮᠲᠠᠲᠤ ᠬᠤᠰᠢᠭᠤᠨ ᠤ ᠪᠠᠶᠠᠠᠬᠠᠲᠠᠢ ᠶᠡᠷᠦᠩᠭᠡᠢ ᠰᠤᠷᠭᠠᠭᠤᠯᠢ ᠳᠤ ᠬᠤᠪᠢᠶᠠᠭᠲᠠᠵᠤ᠂ ᠠᠵᠢᠯ ᠤᠨ ᠭᠠᠷᠤᠭ᠎ᠠ ᠪᠠᠨ ᠠᠪᠴᠤ | ᠪᠢᠯᠡ᠃ ᠬᠤᠶᠠᠷᠬᠠᠨ ᠰᠠᠷ᠎ᠠ ᠶᠢᠨ ᠬᠤᠭᠤᠷᠤᠨᠲᠤ ᠰᠤᠷᠤᠭᠴᠢ ᠠᠴᠠ ᠠᠭᠠᠰᠢ ᠵᠠᠩ ᠨᠢ ᠤᠨᠲᠤᠤ ᠠᠪᠤ ᠶᠢᠨ ᠤᠯᠠᠨ ᠭᠡᠤᠭᠡᠳ ᠤᠨ ᠪᠠᠭᠰᠢ ᠪᠤᠯᠤᠨ᠎ᠠ ᠭᠡᠭᠴᠢ ᠵᠡᠬᠦᠲᠦ | ᠴᠦ ᠭᠡᠮᠡᠷ᠂ ᠵᠡᠷᠭᠡᠯᠭᠡᠨ ᠴᠦ ᠭᠡᠮᠡᠷ᠂ ᠮᠥᠨ ᠴᠦ ᠠᠷᠠᠳ ᠤᠨ ᠪᠠᠭᠰᠢ ᠶᠢᠨ ᠲᠠᠷᠬᠠᠨ ᠠᠯᠲᠠᠷ ᠢ ᠡᠨᠡ ᠴᠠᠭ ᠠᠴᠠ ᠡᠬᠢᠯᠡᠨ ᠨᠠᠰᠤᠨ ᠤ ᠬᠠᠨᠢ ᠪᠠᠨ ᠪᠤᠯᠭᠠᠭᠰᠠᠨ ᠪᠢᠯᠡ᠃ | | | ᠠᠵᠢᠯ ᠦᠢᠯᠠᠰ ᠤᠨ ᠠᠩᠬᠠᠨ ᠤ ᠠᠮᠵᠢᠯᠲᠠ | ᠪᠠᠶᠠᠠᠬᠠᠲᠠᠢ ᠶᠡᠷᠦᠩᠭᠡᠢ ᠰᠤᠷᠭᠠᠭᠤᠯᠢ ᠠᠴᠠ ᠲᠠᠪᠢᠨ ᠭᠡᠲᠦᠨ ᠡᠲᠦᠷ ᠤᠨ ᠲᠠᠲᠤᠯᠭ᠎ᠠ ᠶᠢᠨ ᠪᠠᠭᠰᠢ ᠲᠤᠷᠰᠢᠯᠭ᠎ᠠ ᠲᠠᠢ ᠤᠷᠠᠨᠰᠤᠶᠤᠯ ᠳᠤ ᠭᠤᠷᠪᠠᠲᠤᠭᠠᠷ ᠤᠨ | ᠤ ᠠᠩᠬᠢ ᠶᠢᠨ ᠡᠷᠬᠢᠯᠡᠭᠴᠢ ᠶᠢᠨ ᠠᠵᠢᠯ ᠢ ᠲᠠᠭᠠᠭᠠᠯᠭᠠᠭᠰᠠᠨ ᠪᠢᠯᠡ᠃ ᠡᠨᠡᠬᠦ ᠠᠩᠬᠢ ᠨᠢ ᠰᠤᠷᠭᠠᠭᠤᠯᠢ ᠳᠤ ᠪᠠᠨ ᠨᠡᠷ᠎ᠡ ᠭᠠᠷᠤᠭᠰᠠᠨ ᠠᠯᠢᠶ᠎ᠠ ᠲᠡᠭᠵᠢᠨ ᠰᠤᠷᠤᠭᠴᠢ | ᠲᠠᠢ ᠪᠠᠶᠢᠵᠤ᠂ ᠲᠤᠩ ᠤᠯᠠᠨ ᠪᠠᠭᠰᠢ ᠡᠨᠡ ᠠᠩᠬᠢ ᠶᠢ ᠰᠤᠨᠤᠰᠤᠮᠠᠭᠴᠠ ᠲᠤᠯᠤᠭᠠᠢ ᠡᠪᠡᠳᠦᠳᠡᠭ ᠪᠠᠶᠢᠯ᠎ᠠ᠃ ᠪᠠᠶᠢᠲᠠᠯ ᠢ ᠪᠠᠭ᠎ᠠ ᠰᠠᠭ᠎ᠠ ᠤᠶᠢᠯᠠᠭᠠᠭᠰᠠᠨ ᠲᠡᠷᠡ | ᠭᠡᠲᠦᠶᠢᠪᠡᠷ ᠵᠢᠷᠤᠭᠡᠰᠢᠶᠡᠵᠦ ᠪᠠᠶᠢᠭᠰᠠᠨ ᠴᠦ ᠵᠠᠯᠠᠭᠤ ᠬᠦᠮᠦᠨ ᠤ ᠤᠮᠤᠭ ᠢᠶᠠᠷ ᠠᠩᠬᠢ ᠶᠢᠨ ᠡᠷᠬᠢᠯᠡᠭᠴᠢ ᠶᠢᠨ ᠠᠵᠢᠯ ᠢ ᠵᠤᠷᠢᠭᠲᠡᠢ ᠬᠦᠯᠢᠶᠡᠨ ᠠᠪᠬᠤ ᠶᠢᠨ ᠲᠠᠭᠠᠤ | ᠲᠤᠰ ᠠᠩᠬᠢ ᠶᠢᠨ ᠭᠡᠯᠡ ᠪᠢᠴᠢᠭ ᠢ ᠵᠢᠭᠠᠭᠰᠠᠨ ᠪᠠᠶᠢᠨ᠎ᠠ᠃ ︽ᠬᠦᠭᠡᠷᠦᠬᠦᠢ ᠰᠠᠶ᠋ᠢ ᠲᠡᠬᠦᠰᠦᠭᠰᠡᠨ ᠪᠠᠭᠰᠢ ᠳᠤ ᠬᠠᠲᠠᠭᠤ ᠪᠤᠤᠪᠤ ᠦᠭᠴᠦ ᠳ᠋ᠠ︾ ︽ᠵᠠᠯᠠᠭᠤ ᠪᠠᠭᠰᠢ | ᠶᠤᠮ ᠴᠢᠨᠢ᠂ ᠢᠩᠬᠢᠵᠦ ᠪᠠᠶᠢᠵᠤ ᠵᠠᠮ ᠳᠤ ᠪᠠᠨ ᠤᠷᠤᠵᠤ ᠲᠤᠷᠰᠢᠯᠭ᠎ᠠ ᠬᠤᠷᠠᠮᠲᠤᠭᠤᠯᠤᠨᠠ︾ ᠁ ᠭᠡᠵᠤ ᠬᠠᠭᠤᠴᠢᠨ ᠪᠠᠭᠰᠢ ᠨᠠᠷ ᠬᠤᠭᠤᠷᠤᠨᠲᠤ ᠪᠠᠨ | ᠶᠠᠷᠢᠯᠴᠠᠨ᠎ᠠ᠃ | ᠠᠯᠢᠶ᠎ᠠ ᠲᠡᠭᠵᠢᠨ ᠭᠡᠭᠴᠢ ᠲᠦᠬᠦᠭᠡ ᠦᠭᠡᠢ ᠭᠡᠤᠭᠡᠳ ᠤᠨ ᠲᠦᠷᠦᠯᠬᠢ ᠶᠢᠨ ᠠᠷᠠᠨᠰᠢᠨ ᠤ ᠨᠢᠭᠡ᠃ ᠠᠷᠪᠠᠨ ᠨᠢᠭᠡ ᠬᠤᠶᠠᠷ ᠲᠠᠢ ᠭᠡᠤᠭᠡᠳ ᠢ ᠶᠠᠭᠠᠬᠢᠭᠠᠳ | ᠭᠡᠳ ᠨᠣᠮᠣᠳᠬᠠᠵᠤ ᠲᠠᠶᠢᠯᠦᠨ᠎ᠠ ᠭᠡᠰᠡᠨ ᠪᠠᠷᠲᠠᠮ ᠪᠤᠲᠤᠯ ᠨᠢ ᠪᠤᠷᠤᠭᠤᠲᠠᠵᠠᠢ᠃ ᠵᠦᠭᠡᠯᠡᠨ ᠢᠶᠠᠷ ᠬᠠᠨᠲᠤᠭᠰᠠᠨ ᠰᠢᠨ᠎ᠠ ᠠᠩᠬᠢ ᠶᠢᠨ ᠡᠷᠬᠢᠯᠡᠭᠴᠢ ᠶᠢᠨ ᠭᠠᠷ ᠲᠤ | ᠰᠤᠷᠤᠭᠴᠢᠳ ᠨᠡᠯᠢᠶᠡᠳ ᠪᠦᠱᠦᠬᠦᠷᠭᠡᠨ ᠨᠤᠮᠤᠬᠠᠨ ᠰᠢᠭ᠋ ᠪᠠᠶᠢᠭᠰᠠᠨ ᠴᠦ ᠭᠡᠲᠦ ᠬᠤᠨᠤᠯ ᠦᠭᠡᠢ ᠠᠯᠢᠶ᠎ᠠ ᠲᠡᠭᠵᠢᠨ ᠵᠠᠩ ᠨᠢ ᠬᠦᠲᠡᠯᠦᠨ ᠤᠭ ᠲᠦᠷᠢ ᠨᠢ ᠢᠯᠡᠷᠡᠯᠠ᠃ | ᠡᠨᠡ ᠨᠢ ᠰᠠᠶ᠋ᠢᠬᠠᠨ ᠠᠵᠢᠯ ᠤᠨ ᠪᠠᠶᠢᠷᠢ ᠳᠤ ᠭᠠᠷᠤᠭᠰᠠᠨ ᠤᠷᠠᠨᠰᠤᠶᠤᠯ ᠪᠠᠭᠰᠢ ᠳᠤ ᠬᠠᠲᠠᠭᠤ ᠰᠢᠯᠭᠠᠯᠲᠠ ᠪᠤᠯᠵᠤ᠂ ᠠᠭᠤᠷᠯᠠᠵᠤ ᠴᠦ ᠦᠵᠡᠯ᠎ᠡ᠂ ᠤᠬᠢᠯᠠᠵᠤ ᠴᠦ | ᠶᠠᠪᠤᠯ᠎ᠠ᠃ ᠭᠡᠤᠭᠡᠳ ᠤᠨ ᠵᠠᠩ ᠴᠢᠨᠠᠷ ᠢ ᠦᠨᠲᠦᠰᠦᠯᠡᠨ ᠬᠠᠲᠠᠭᠤ ᠵᠦᠭᠡᠯᠡᠨ ᠠᠷᠭ᠎ᠠ ᠶᠢ ᠬᠠᠮᠲᠤ ᠳᠤᠨᠢ ᠠᠪᠤᠭᠰᠠᠨ ᠢᠶᠠᠷ ᠬᠤᠶᠠᠷ ᠰᠠᠷ᠎ᠠ ᠰᠢᠬᠠᠮ ᠤᠨ ᠬᠤᠭᠤᠴᠠᠭᠠᠨ | ᠳᠤ ᠡᠲᠡᠭᠡᠷ ᠭᠡᠤᠭᠡᠳ ᠤᠳ ᠲᠦᠷᠰᠦᠬᠦᠶᠢᠲᠡᠬᠦ ᠪᠠᠨ ᠪᠤᠯᠢᠵᠤ ᠬᠢᠴᠢᠶᠠᠯ ᠰᠤᠷᠤᠯᠭ᠎ᠠ ᠳᠤ ᠪᠠᠨ ᠰᠢᠮᠲᠠᠵᠤ ᠡᠬᠢᠯᠡᠭᠰᠡᠨ ᠪᠠᠶᠢᠨ᠎ᠠ᠃ ᠵᠠᠯᠠᠭᠤ ᠬᠦᠮᠦᠨ ᠭᠡᠵᠤ ᠴᠢᠷᠮᠠᠶᠢᠲᠠᠭ | ᠯᠠ ᠶᠤᠮ ᠪᠤᠯ ᠠᠮᠵᠢᠯᠲᠠ ᠶᠢᠨ ᠠᠮᠲᠠᠲᠤ ᠵᠢᠮᠢᠰ ᠡᠮᠦᠨ᠎ᠡ ᠴᠢᠨᠢ ᠲᠠᠯᠪᠢᠭᠲᠠᠵᠤ ᠪᠠᠶᠢᠭ᠎ᠠ ᠶᠤᠮ᠃ ᠲᠡᠬᠦᠨ ᠤ ᠠᠪᠤᠭᠰᠠᠨ ᠠᠩᠬᠢ ᠨᠢ ᠪᠠᠭ᠎ᠠ ᠰᠤᠷᠭᠠᠭᠤᠯᠢ ᠪᠠᠨ | ᠲᠡᠬᠦᠰᠬᠦ ᠦᠶ᠎ᠠ ᠳᠤ ᠪᠦᠬᠦ ᠬᠤᠰᠢᠭᠤᠨ ᠤ ᠭᠡᠯᠡ ᠪᠢᠴᠢᠭ ᠤᠨ ᠨᠢᠭᠡᠲᠦᠯᠲᠡᠢ ᠰᠢᠯᠭᠠᠯᠲᠠ ᠳᠤ ᠲᠡᠭᠰᠢᠳᠭᠡᠯ ᠬᠤᠪᠢ ᠪᠠᠷ ᠢᠶᠠᠨ ᠲᠡᠷᠢᠬᠦᠯᠡᠵᠦ᠂ ︽ᠰᠠᠶᠢᠨ ᠪᠠᠭᠰᠢ︾ | ᠭᠡᠰᠡᠨ ᠰᠠᠶᠢᠬᠠᠨ ᠠᠯᠲᠠᠷ ᠢ ᠠᠩᠬᠠᠯᠠᠨ ᠬᠦᠷᠲᠡᠭᠰᠡᠨ ᠪᠠᠶᠢᠨ᠎ᠠ᠃ | ᠰᠤᠷᠭᠠᠨ ᠬᠥᠮᠦᠵᠢᠯ ᠪᠣᠯ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠶᠠᠪᠤᠴᠠ ᠮᠥᠨ᠂ ᠲᠡᠷᠡ ᠨᠢ ᠨᠢᠭᠡ ᠵᠦᠢᠯ ᠤᠨ ᠬᠠᠮᠤᠭ ᠤᠨ ᠪᠤᠰᠤᠳᠴᠢ | ᠣᠶᠢᠯᠠᠭᠠᠯᠲᠠ ᠶᠢ ᠪᠤᠰᠤᠳ ᠲᠤ ᠰᠤᠷᠭᠠᠵᠤ᠂ ᠰᠡᠭᠦᠯᠡᠷ ᠨᠢ ᠥᠪᠡᠷ ᠤᠨ ᠠᠮᠢᠳᠤᠷᠠᠯ ᠤᠨ ᠲᠤᠷᠰᠢᠯᠭ᠎ᠠ ᠳᠤᠮᠳᠠ ᠪᠠᠨ ᠥᠪᠡᠷ ᠤᠨ ᠦᠷᠲᠡᠭ ᠤᠨ ᠦᠵᠡᠯᠲᠡ ᠪᠠᠨ | ᠣᠯᠳᠠᠭ᠃ ᠰᠤᠷᠭᠠᠨ ᠬᠥᠮᠦᠵᠢᠯ ᠪᠣᠯ ᠨᠢᠭᠡ ᠵᠦᠶᠯ ᠤᠨ ᠬᠥᠮᠦᠨ ᠤ ᠶᠡᠷᠦᠩᠬᠡᠶ ᠬᠡᠪ ᠴᠢᠨᠠᠷ ᠢ ᠳᠡᠭᠡᠭᠰᠢᠯᠡᠭᠦᠯᠬᠦ ᠦᠶᠯᠡᠳᠦᠯᠭᠡ ᠶᠢᠨ ᠠᠵᠢᠯᠯᠠᠭ᠎ᠠ ᠮᠥᠨ᠃ ᠭᠡᠷ ᠤᠨ | ᠠᠬᠠᠮᠠᠳ ᠭᠡᠤᠭᠡᠳ ᠢᠶᠠᠨ ᠰᠤᠷᠭᠠᠭᠤᠯᠢ ᠳᠤ ᠬᠦᠷᠭᠡᠬᠦ ᠦᠶ᠎ᠡ ᠰᠠᠶᠢᠨ ᠪᠠᠭᠰᠢ ᠲᠠᠭᠠᠷᠠᠬᠤ ᠶᠢ ᠬᠦᠰᠡᠲᠡᠭ᠂ ᠨᠢᠭᠡᠨ ᠰᠠᠶᠢᠨ ᠪᠠᠭᠰᠢ ᠭᠡᠤᠭᠡᠳ ᠤᠨ ᠬᠢᠴᠢᠶᠠᠯ | ᠰᠤᠷᠤᠯᠭ᠎ᠠ᠂ ᠵᠠᠩ ᠠᠷᠠᠨᠰᠢᠨ ᠴᠢᠨᠠᠭᠰᠢᠯᠠᠪᠠᠯ ᠲᠡᠲᠡᠨ ᠤ ᠨᠢᠭᠡ ᠨᠠᠰᠤ ᠶᠢ ᠨᠦᠯᠦᠭᠡᠯᠡᠲᠡᠭ ᠪᠠᠶᠢᠨ᠎ᠠ᠃ | | | ᠰᠤᠷᠢᠭ᠎ᠠ ᠪᠤᠯᠪᠠᠰᠤᠷᠠᠯ ᠢᠶᠠᠷ ᠤᠷ᠎ᠠ ᠴᠢᠲᠠᠪᠤᠷᠢ ᠪᠠᠨ ᠲᠡᠭᠡᠭᠰᠢᠯᠡᠬᠦᠯᠦᠨ᠎ᠠ | ︽ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠪᠣᠯ ᠨᠠᠰᠤᠨ ᠲᠤᠷᠰᠢᠳᠠ ᠶᠢᠨ ᠬᠠᠮᠤᠭ ᠤᠨ ᠵᠣᠯ ᠵᠢᠷᠭᠠᠯ ᠲᠠᠢ ᠶᠠᠪᠤᠲᠠᠯ ᠮᠥᠨ︾ ᠭᠡᠬᠦ ᠬᠢᠴᠢᠶᠠᠰᠤ ᠶᠢ | ᠢᠮᠠᠭᠲᠠ ᠪᠠᠷᠢᠮᠲᠠᠯᠠᠵᠤ᠂ ᠭᠤᠴᠢᠨ ᠵᠢᠯ ᠤᠨ ᠲᠤᠷᠰᠢ ᠤᠷᠠᠨᠰᠤᠶᠤᠯ ᠪᠠᠭᠰᠢ ᠤᠷᠢᠳ ᠬᠤᠵᠢᠳ ᠤᠷᠠᠳ ᠤᠨ ᠲᠤᠮᠲᠠᠲᠤ ᠬᠤᠰᠢᠭᠤᠨ ᠤ ᠪᠠᠶᠠᠨᠬᠠᠲᠠᠢ ᠰᠤᠮᠤ ᠶᠢᠨ | ᠶᠡᠷᠦᠩᠬᠡᠢ ᠰᠤᠷᠭᠠᠭᠤᠯᠢ᠂ ᠤᠷᠠᠳ ᠤᠨ ᠲᠤᠮᠲᠠᠲᠤ ᠬᠤᠰᠢᠭᠤᠨ ᠤ ᠮᠤᠩᠭᠤᠯ ᠦᠨᠲᠦᠰᠦᠲᠡᠨ ᠤ ᠭᠡᠤᠭᠡᠳ ᠤᠨ ᠴᠡᠴᠡᠷᠯᠢᠭ᠂ ᠤᠷᠠᠳ ᠤᠨ ᠳᠤᠮᠳᠠᠳᠤ ᠬᠤᠰᠢᠭᠤᠨ ᠤ | ᠮᠣᠩᠭᠤᠯ ᠦᠨᠲᠦᠰᠦᠲᠡᠨ ᠤ ᠰᠤᠷᠭᠠᠭᠤᠯᠢ ᠳᠤ ᠵᠢᠯ ᠲᠠᠷᠠᠭᠠᠯᠠᠨ ᠠᠩᠬᠢ ᠶᠢᠨ ᠡᠷᠬᠢᠯᠡᠭᠴᠢ ᠶᠢᠨ ᠠᠵᠢᠯ ᠢ ᠬᠢᠭᠰᠡᠭᠡᠷ ᠢᠷᠡᠭᠰᠡᠨ ᠪᠢᠯᠡ᠃ | ᠠᠵᠢᠯᠴᠢ ᠬᠢᠴᠢᠶᠡᠩᠭᠦᠶ ᠪᠠᠷ ᠰᠤᠷᠤᠯᠴᠠᠵᠤ᠂ ᠰᠢᠯᠭᠠᠷᠠᠭᠰᠠᠨ ᠴᠢᠳᠠᠪᠤᠷᠢ ᠶᠢ ᠪᠦᠷᠢᠯᠲᠦᠬᠦᠯᠬᠦ ᠭᠡᠵᠤ ᠪᠠᠭᠰᠢ ᠪᠤᠯᠤᠭᠰᠠᠳ ᠤᠨ ᠦᠪᠡᠷ ᠤᠨ ᠮᠡᠲᠡᠯᠭᠡ ᠴᠢᠲᠠᠪᠤᠷᠢ | ᠪᠠᠨ ᠲᠡᠭᠡᠭᠰᠢᠯᠡᠬᠦᠯᠦᠨ ᠰᠤᠷᠤᠭᠴᠢ ᠪᠠᠨ ᠰᠠᠶᠢᠨ ᠵᠢᠭᠠᠨ ᠬᠦᠮᠦᠵᠢᠬᠦᠯᠬᠦ ᠶᠢᠨ ᠰᠠᠭᠤᠷᠢ ᠪᠠᠶᠢᠭ᠎ᠠ ᠶᠤᠮ᠃ ᠭᠤᠴᠢ ᠰᠢᠬᠠᠮ ᠵᠢᠯ ᠤᠨ ᠬᠤᠭᠤᠴᠠᠭᠠᠨᠳᠤ᠂ ᠤᠷᠠᠨᠰᠤᠶᠤᠯ | ᠪᠠᠭᠰᠢ ᠵᠢᠭᠠᠨ ᠰᠤᠷᠭᠠᠯᠲᠠ ᠶᠢᠨ ᠬᠥᠲᠥᠯᠪᠦᠷᠢ ᠶᠢᠨ ᠱᠠᠭᠠᠷᠳᠠᠯᠭ᠎ᠠ ᠶᠣᠰᠣᠭᠠᠷ ᠬᠢᠴᠢᠶᠠᠯ ᠢᠶᠠᠨ ᠨᠠᠷᠢᠨ ᠬᠢᠨᠠᠮᠠᠭᠠᠢ ᠪᠡᠯᠡᠳᠭᠡᠨ ᠵᠢᠭᠠᠵᠤ᠂ ᠥᠪᠡᠷ ᠤᠨ ᠰᠤᠷᠴᠤ | ᠡᠵᠡᠮᠰᠢᠭᠰᠡᠨ ᠰᠤᠷᠭᠠᠨ ᠬᠥᠮᠦᠵᠢᠯ ᠤᠨ ᠦᠵᠡᠯ ᠰᠠᠨᠠᠭ᠎ᠠ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠵᠢᠭᠠᠬᠤ ᠠᠷᠭ᠎ᠠ ᠵᠡᠷᠭᠡ ᠪᠠᠨ ᠡᠲᠦᠷ ᠲᠤᠲᠤᠮ ᠤᠨ ᠵᠢᠭᠠᠨ | ᠰᠤᠷᠭᠠᠯᠲᠠ ᠳᠤ ᠬᠡᠷᠡᠭᠯᠡᠬᠦ ᠪᠠᠷ ᠴᠢᠷᠮᠠᠶᠢᠪᠠ᠃ ᠲᠡᠷᠡ ᠳᠠᠷᠤᠤ ᠬᠢᠴᠢᠶᠡᠩᠭᠦᠶ ᠪᠠᠷ ᠠᠬᠠᠮᠠᠳ ᠪᠠᠭᠰᠢ᠂ ᠵᠢᠭᠠᠨ ᠰᠤᠷᠭᠠᠯᠲᠠ ᠶᠢᠨ ᠭᠤᠣᠯᠯᠠᠭᠴᠢ ᠬᠦᠴᠦᠨ᠂ ᠵᠢᠭᠠᠨ | ᠰᠤᠷᠭᠠᠯᠲᠠ ᠶᠢᠨ ᠣᠷᠣᠶᠢᠯᠠᠭᠴᠢ᠂ ᠰᠢᠯᠢᠳᠡᠭ ᠪᠠᠭᠰᠢ ᠶᠢᠨ ︽ᠠᠵᠢᠯᠴᠢ᠂ ᠰᠢᠮᠲᠠᠯᠭᠠ᠂ ᠪᠣᠳᠠᠲᠠᠶ᠂ ᠳᠠᠭᠠᠭᠠᠮᠠᠭᠠᠶ︾ ᠰᠤᠷᠤᠯᠴᠠᠬᠤ ᠰᠤᠷᠲᠠᠯ ᠪᠠ ︽ᠲᠦᠪ᠂ | ᠴᠢᠩᠭ᠎ᠠ᠂ ᠨᠠᠷᠢᠯᠢᠭ᠂ ᠪᠣᠳᠠᠲᠠᠶ︾ ᠪᠠᠶᠢᠬᠤ ᠵᠢᠭᠠᠨ ᠰᠤᠷᠭᠠᠬᠤ ᠰᠤᠷᠲᠠᠯ ᠢ ᠰᠤᠷᠤᠯᠴᠠᠨ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠶᠢᠨ ᠬᠠᠮᠲᠤ ᠥᠪᠡᠷ ᠤᠨ | ᠰᠤᠷᠤᠯᠴᠠᠯᠭ᠎ᠠ ᠪᠠᠨ ᠴᠢᠩᠭᠠᠳᠬᠠᠵᠤ᠂ ᠡᠯ᠎ᠠ ᠵᠦᠢᠯ ᠤᠨ ᠤᠬᠤᠷ ᠬᠤᠭᠤᠴᠠᠭᠠᠨ ᠤ ᠪᠤᠯᠪᠠᠰᠤᠷᠠᠯ ᠳᠤ ᠤᠯᠠᠨᠲᠠ᠂ ᠦᠪᠡᠷ ᠤᠨ ᠲᠤᠰᠬᠠᠢ ᠮᠡᠷᠭᠡᠵᠢᠯ ᠤᠨ ᠬᠢᠷᠢ | ᠭᠡᠮᠵᠢᠶ᠎ᠡ ᠪᠠ ᠤᠨᠤᠯ ᠤᠨ ᠮᠡᠳᠡᠯᠭᠡ ᠪᠠᠨ ᠲᠠᠰᠤᠷᠠᠯᠲᠠ ᠦᠭᠡᠢ ᠲᠡᠭᠡᠭᠰᠢᠯᠡᠬᠦᠯᠦᠭᠰᠡᠭᠡᠷ ᠢᠷᠡᠭᠰᠡᠨ ᠪᠠᠶᠢᠨ᠎ᠠ᠃ ᠢᠯᠠᠩᠭᠤᠶ᠎ᠠ 2014 ᠤᠨ ᠤ 10 ᠰᠠᠷ᠎ᠠ — | 2015 ᠤᠨ ᠤ 1 ᠰᠠᠷ᠎ᠠ ᠳᠤ ᠪᠤᠯᠤᠭᠰᠠᠨ ︽ᠤᠯᠤᠰ ᠤᠨ ᠪᠣᠯᠪᠠᠰᠤᠷᠠᠯ ᠤᠨ ᠲᠥᠯᠥᠪᠯᠡᠭᠡ 2014︾ — ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠭᠤᠤᠯᠯᠠᠭᠴᠢ ᠪᠠᠭᠰᠢ ᠶᠢᠨ ᠪᠣᠯᠪᠠᠰᠤᠷᠠᠯ ᠤᠨ ᠠᠩᠭᠢ ᠳᠤ ᠰᠤᠷᠤᠯᠴᠠᠵᠤ ᠮᠡᠲᠡᠯᠭᠡ | ᠴᠢᠲᠠᠪᠤᠷᠢ ᠪᠠᠨ ᠲᠡᠭᠡᠭᠰᠢᠯᠡᠬᠦᠯᠦᠨ ᠰᠢᠯᠢᠳᠡᠭ ᠬᠢᠷᠢ ᠪᠦᠲᠦᠮᠵᠢ ᠲᠠᠢ ᠲᠡᠬᠦᠰᠦᠭᠰᠡᠨ ᠪᠠᠶᠢᠨ᠎ᠠ᠃ ᠲᠡᠭᠦᠨ ᠤ ᠪᠢᠴᠢᠭᠰᠡᠨ ︽ᠨᠢᠭᠡᠨ ᠰᠠᠶᠢᠬᠠᠨ ᠠᠩᠬᠢ ᠨᠡᠶᠢᠲᠡ ᠶᠢ | ᠬᠡᠷᠬᠢᠨ ᠪᠤᠢ ᠪᠤᠯᠭᠠᠬᠤ ᠲᠤᠬᠠᠢ ᠦᠬᠦᠯᠡᠬᠦ ᠨᠢ︾ ︽ᠴᠡᠴᠡᠷᠯᠢᠭ ᠤᠨ ᠬᠡᠦᠬᠡᠳ ᠲᠤ ᠬᠡᠷᠬᠢᠨ ᠬᠢᠴᠢᠶᠡᠯ ᠣᠷᠣᠬᠤ ᠲᠤᠬᠠᠢ ᠲᠦᠬᠦᠮ ᠦᠵᠡᠯᠲᠡ︾ ︽ᠪᠡᠶ᠎ᠡ ᠳᠤ ᠪᠠᠨ | ᠲᠤᠷ᠎ᠠ ᠭᠤᠲᠤᠷᠠᠬᠤ ᠪᠤᠲᠤᠯ ᠤᠨ ᠱᠠᠯᠪᠠᠭ ᠠᠴᠠ ᠮᠤᠯᠲᠤᠷᠠᠵᠤ ᠰᠤᠷᠦᠶᠠ︾ ︽ᠠᠩᠬᠢ ᠪᠤᠯ ᠭᠡᠤᠭᠡᠳ ᠤᠨ ᠴᠡᠩᠭᠡᠯ ᠤᠨ ᠦᠯᠦᠭᠡᠢ︾ ᠵᠡᠷᠭᠡ ᠥᠭᠦᠯᠡᠯ ᠨᠢ | ᠬᠤᠰᠢᠭᠤ᠂ ᠬᠤᠳᠠ᠂ ᠤᠷᠤᠨ ᠤ ᠳᠡᠰ ᠤᠨ ᠢᠷᠠᠭᠤ ᠠᠯᠳᠠᠷ ᠢ ᠬᠦᠷᠳᠡᠭᠰᠡᠨ ᠪᠥᠭᠡᠳ ︽ᠥᠪᠥᠷ ᠮᠣᠩᠭᠤᠯ ᠤᠨ ᠰᠤᠷᠭᠠᠨ ᠬᠦᠮᠦᠵᠢᠯ︾ ᠪᠣᠯᠤᠨ ︽ᠲᠤᠷᠭᠠᠨ | ᠵᠢᠯᠤᠭᠤ︾ ᠰᠡᠳᠬᠦᠯ ᠳᠤ ᠨᠡᠶᠢᠲᠡᠯᠡᠭᠳᠡᠵᠡᠢ᠃ 2014 ᠣᠨ ᠤ 4 ᠰᠠᠷ᠎ᠠ ᠳᠤ ᠲᠡᠷᠡ ᠪᠦᠬᠦ ᠣᠷᠣᠨ ᠤ ᠮᠣᠩᠭᠤᠯ ᠢᠶᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ | ᠶᠢᠨ ᠲᠤᠰᠬᠠᠢ ᠪᠠᠭᠰᠢ ᠶᠢᠨ ᠪᠣᠯᠪᠠᠰᠤᠷᠠᠯ ᠤᠨ ᠬᠤᠭᠤᠴᠠᠭᠠᠨ ᠳᠤ ᠪᠣᠯᠪᠠᠰᠤᠷᠠᠯ ᠳᠤ ᠣᠷᠣᠯᠴᠠᠭᠰᠠᠨ ᠪᠦᠬᠦ ᠪᠠᠭᠰᠢ ᠨᠠᠷ ᠲᠤ ︽ᠠᠩᠬᠢ — ᠬᠡᠦᠬᠡᠳ ᠤᠨ ᠴᠡᠩᠭᠡᠯ | ᠤᠨ ᠤᠷᠲᠤᠨ︾ ᠭᠡᠬᠦ ᠢᠯᠡᠳᠭᠡᠯ ᠬᠢᠵᠦ᠂ ᠠᠵᠢᠯ ᠤᠨ ᠲᠤᠷᠰᠢᠯᠭ᠎ᠠ ᠪᠠᠨ ᠰᠤᠯᠢᠯᠴᠠᠨ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠤᠨ ᠢᠷᠠᠭᠤ | ᠠᠯᠲᠠᠷ ᠤᠨ ᠦᠨᠡᠮᠯᠡᠯ ᠢ ᠭᠥᠷᠳᠡᠪᠡ᠃ 2017 ᠣᠨ ᠤ 5 ᠰᠠᠷ᠎ᠠ ᠳᠤ ᠪᠠᠶᠠᠨᠨᠠᠭᠤᠷ ᠬᠤᠳᠠ ᠶᠢᠨ ᠠᠩᠬᠢ ᠶᠢᠨ ᠡᠷᠬᠢᠯᠡᠭᠴᠢ ᠶᠢᠨ ᠪᠣᠯᠪᠠᠰᠤᠷᠠᠯ ᠳᠤ ᠳᠠᠬᠢᠨᠲᠠ | ᠥᠷᠭᠡᠨ ᠤᠯᠠᠨ ᠪᠠᠭᠰᠢ ᠨᠠᠷ ᠲᠠᠢ ᠶᠠᠷᠢᠶᠠᠨ ᠤ ᠠᠭᠤᠯᠭ᠎ᠠ ᠪᠠᠨ ᠬᠤᠪᠢᠶᠠᠯᠴᠠᠭᠰᠠᠨ ᠪᠠᠶᠢᠨ᠎ᠠ᠃ | | | ᠰᠢᠯᠢᠲᠡᠭ ᠰᠤᠶᠤᠯ ᠢᠶᠠᠨ ᠰᠤᠷᠤᠭᠴᠢᠳ ᠲᠤ ᠪᠠᠨ ᠤᠯᠠᠮᠵᠢᠯᠠᠨ᠎ᠠ | ᠨᠠᠶᠢᠭᠡᠮ ᠤᠨ ᠬᠦᠭᠵᠢᠯᠲᠡ᠂ ᠠᠮᠢ ᠠᠬᠤᠢ ᠶᠢᠨ ᠬᠤᠪᠢᠷᠠᠯᠲᠠ ᠶᠢ ᠲᠠᠭᠠᠯᠲᠤᠨ ᠬᠤᠲᠠ ᠤᠷᠤᠭᠰᠠᠨ ᠮᠠᠯᠴᠢᠳ ᠴᠦ ᠤᠯᠠᠰᠢᠷᠡᠵᠦ ᠡᠬᠢᠯᠡᠭᠰᠡᠨ ᠪᠠᠶᠢᠨ᠎ᠠ᠃ | ᠤᠯᠠᠩᠬᠢ ᠠᠶᠢᠯ ᠨᠢ ᠨᠢᠭᠡ ᠬᠤᠶᠠᠷ ᠭᠡᠤᠭᠡᠳ ᠲᠠᠢ ᠪᠠᠶᠢᠲᠠᠭ ᠪᠦᠭᠡᠳ ᠡᠷᠭᠡ ᠲᠤᠷ᠎ᠠ ᠪᠠᠷ ᠦᠰᠴᠤ᠂ ᠰᠠᠶ᠋ᠢ ᠯᠠ ᠤᠬᠠᠭ᠎ᠠ ᠤᠷᠤᠬᠤ ᠦᠶ᠎ᠠ ᠪᠢᠴᠢᠭ ᠨᠤᠮ ᠤᠨ ᠮᠦᠷ | ᠬᠠᠶᠢᠯᠭᠠᠨᠠ ᠭᠡᠵᠤ ᠬᠤᠲᠠ ᠤᠷᠤᠭᠰᠠᠨ ᠢᠶᠠᠷ ᠨᠡᠬᠦᠲᠡᠯ ᠰᠤᠶᠤᠯ᠂ ᠦᠨᠲᠦᠰᠦᠲᠡᠨ ᠤ ᠰᠤᠶᠤᠯ ᠢᠶᠠᠨ ᠰᠠᠶᠢᠨ ᠮᠡᠲᠡᠬᠦ ᠦᠭᠡᠢ᠂ ᠠᠴᠢᠯᠠᠯ ᠵᠢᠷᠤᠮ ᠢ ᠤᠶᠢᠯᠠᠭᠠᠬᠤ | ᠦᠭᠡᠢ᠂ ᠪᠠᠶ᠎ᠠ ᠪᠠᠨ ᠲᠠᠭᠠᠭᠠᠬᠤ ᠴᠢᠲᠠᠪᠤᠷᠢ ᠪᠠᠷ ᠴᠦ ᠠᠨᠠᠢ ᠪᠤᠯᠤᠭᠰᠠᠨ ᠪᠠᠶᠢᠨ᠎ᠠ᠃ ᠡᠨᠡᠬᠦ ᠪᠠᠶᠢᠲᠠᠯ ᠳᠤ ᠴᠢᠭᠯᠡᠬᠦᠯᠦᠨ ᠤᠷᠠᠨᠰᠤᠶᠤᠯ ᠪᠠᠭᠰᠢ ᠵᠢᠭᠠᠨ ᠰᠤᠷᠭᠠᠬᠤ | ᠠᠷᠭ᠎ᠠ ᠶᠢᠨ ᠰᠢᠨ᠎ᠡ ᠶᠢ ᠡᠬᠦᠲᠦᠨ᠂ ᠰᠤᠷᠤᠭᠴᠢᠳ ᠢᠶᠠᠨ ᠦᠢᠯᠡᠲᠦᠯᠭᠡ ᠳᠤ ᠤᠷᠤᠯᠴᠠᠭᠤᠯᠵᠤ᠂ ᠲᠤᠪᠤᠶᠢᠮ᠎ᠠ ᠠᠮᠵᠢᠯᠲᠠ ᠤᠯᠤᠭᠰᠠᠨ ᠪᠠᠶᠢᠨ᠎ᠠ᠃ | ᠠᠩᠭᠢ ᠶᠢᠨ ᠡᠷᠬᠢᠯᠡᠭᠴᠢ ᠪᠣᠯᠤᠭᠰᠠᠨ ᠤ ᠬᠤᠪᠢ ᠳᠤ ᠂ ᠤᠷᠠᠨᠰᠤᠶᠤᠯ ᠪᠠᠭᠰᠢ ᠰᠤᠷᠤᠭᠴᠢᠳ ᠤᠨ ᠪᠡᠶᠡᠴᠢᠯᠠᠨ ᠣᠷᠣᠯᠴᠠᠬᠤ ᠢᠳᠡᠪᠬᠢᠵᠢᠯ ᠢ ᠭᠦᠢᠴᠡᠳ | ᠲᠠᠶᠢᠴᠢᠯᠠᠨ᠂ ᠰᠤᠷᠤᠭᠴᠢᠳ ᠤᠨ ᠪᠡᠶ᠎ᠡ ᠪᠠᠨ ᠳᠠᠭᠠᠭᠠᠬᠤ ᠴᠢᠳᠠᠪᠤᠷᠢ ᠶᠢᠨ ᠬᠦᠮᠦᠵᠢᠯ ᠢ ᠴᠢᠩᠭᠠᠳᠬᠠᠵᠤ᠂ ᠨᠡᠭᠦᠳᠡᠯ ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ | ᠤᠨ ᠰᠣᠶᠣᠯ ᠢ ᠪᠠᠶᠠᠷ ᠬᠦᠷ ᠲᠠᠢ ᠪᠠᠷ ᠤᠷᠤᠯᠴᠠᠬᠤ ᠲᠤᠮᠲᠠ ᠰᠤᠷᠤᠯᠴᠠᠬᠤ᠂ ᠰᠤᠷᠤᠯᠴᠠᠬᠤ ᠲᠤᠮᠲᠠ ᠤᠶᠢᠯᠠᠭᠠᠬᠤ᠂ ᠤᠶᠢᠯᠠᠭᠠᠬᠤ ᠪᠠᠷ ᠲᠡᠮᠵᠢᠨ ᠡᠵᠡᠮᠰᠢᠬᠦ᠂ | ᠡᠵᠡᠮᠰᠢᠬᠦ ᠪᠠᠷ ᠲᠡᠮᠵᠢᠨ ᠵᠠᠯᠭᠠᠮᠵᠢᠯᠠᠨ ᠤᠯᠠᠮᠵᠢᠯᠠᠬᠤ ᠶᠢ ᠠᠩᠬᠠᠷᠤᠯ ᠳᠤ ᠪᠠᠨ ᠠᠪᠤᠭᠰᠠᠭᠠᠷ ᠢᠷᠡᠭᠰᠡᠨ ᠪᠠᠶᠢᠨ᠎ᠠ᠃ ᠲᠡᠷᠡ ᠦᠷᠬᠦᠯᠵᠢ ᠰᠤᠷᠤᠭᠴᠢ ᠪᠠᠨ ᠵᠣᠬᠢᠶᠠᠨ | ᠪᠠᠶᠢᠭᠤᠯᠤᠨ ᠬᠥᠳᠡᠭᠡ ᠪᠠᠭᠤᠵᠤ ᠠᠮᠢᠲᠤᠷᠠᠯ ᠳᠤ ᠬᠦᠨᠵᠡᠭᠡᠶᠢᠷᠡᠨ ᠪᠤᠲᠠᠲᠠᠢ ᠠᠵᠢᠯᠯᠠᠭ᠎ᠠ ᠳᠤ ᠪᠡᠶᠡᠴᠢᠯᠡᠨ ᠤᠷᠤᠯᠴᠠᠭᠤᠯᠬᠤ ᠶᠢᠨ ᠲᠠᠭᠠᠤ ᠵᠠᠩ ᠦᠢᠯᠡ ᠶᠢᠨ | ᠰᠤᠲᠤᠯᠭᠠᠲᠠᠨ ᠵᠡᠷᠭᠡ ᠨᠤᠲᠤᠭ ᠤᠨ ᠪᠤᠭᠤᠷᠤᠯᠴᠤᠳ ᠢ ᠤᠷᠢᠨ ᠵᠠᠯᠠᠵᠤ ︽ᠡᠷ᠎ᠡ ᠶᠢᠨ ᠭᠤᠷᠪᠠᠨ ᠨᠠᠭᠠᠳᠤᠮ︾ ︽ᠣᠪᠣᠭ᠎ᠠ ᠲᠠᠭᠢᠬᠤ︾ ︽ᠮᠤᠩᠭᠤᠯ ᠭᠡᠷ ᠢᠶᠠᠨ | ᠤᠶᠢᠯᠠᠭᠠᠶ᠎ᠠ︾ ︽ᠮᠣᠩᠭᠤᠯ ᠲᠡᠷᠯᠢᠭ ᠤᠨ ᠨᠢᠭᠤᠴᠠ︾ ︽ᠠᠷᠭᠠᠯ ᠲᠡᠭᠦᠬᠦ︾ ︽ᠱᠠᠭ᠎ᠠ᠂ ᠪᠤᠭᠤ ᠶᠢᠨ ᠰᠢᠳᠡᠷ᠎ᠠ︾ ᠲᠤᠭᠯᠠᠬᠤ ︽ᠪᠤᠤᠵᠠ ᠪᠠᠷᠢᠬᠤ︾ ︽ᠲᠡᠮᠡᠭᠡᠨ | ᠰᠤᠶᠤᠯ︾ ︽ᠬᠤᠷᠤᠳ ᠬᠢᠵᠦ ᠰᠤᠷᠤᠶ᠎ᠠ︾ ︽ᠢᠰᠡᠭᠡᠢ ᠤᠷᠠᠯᠠᠯ︾ ᠵᠡᠷᠭᠡ ᠦᠨᠲᠦᠰᠦᠲᠡᠨ ᠤ ᠤᠨᠴᠠᠯᠢᠭᠲᠤ ᠬᠢᠴᠢᠶᠠᠯ ᠢ ᠤᠷᠤᠭᠤᠯᠤᠭᠰᠠᠨ ᠢᠶᠠᠷ ᠬᠡᠦᠬᠡᠳ ᠲᠤ | ᠦᠨᠳᠦᠰᠦᠲᠡᠨ ᠤ ᠰᠣᠶᠣᠯ ᠢ ᠣᠶᠢᠯᠠᠭᠠᠭᠤᠯᠤᠭᠰᠠᠨ ᠮᠦᠷᠲᠡᠭᠡᠨ ᠰᠤᠷᠤᠯᠭ᠎ᠠ ᠶᠢᠨ ᠳᠠᠷᠤᠭᠠᠰᠤ ᠶᠢ ᠬᠥᠩᠭᠡᠷᠡᠭᠦᠯᠦᠭᠰᠡᠨ ᠪᠠᠶᠢᠨ᠎ᠠ᠃ ᠡᠬᠦᠨ ᠤ ᠲᠠᠭᠠᠤ ᠪᠠᠰᠠ ︽ᠨᠠᠮ | ᠳᠤ ᠪᠠᠨ ᠡᠷᠬᠦᠬᠦ ᠪᠡᠯᠡᠭ︾ ︽ᠲᠡᠯᠡᠭᠡᠢ ᠶᠢᠨ ᠪᠦᠮᠪᠦᠷᠴᠡᠭ ᠢᠶᠠᠨ ᠬᠠᠶᠢᠷᠠᠯᠠᠶ᠎ᠠ︾ ︽ᠪᠢ ᠪᠠᠭᠰᠢ ᠳᠤ ᠪᠠᠨ ᠬᠠᠶᠢᠷᠠᠲᠠᠢ︾ ︽ᠬᠦᠲᠡᠯᠮᠦᠷᠢ ᠢᠷᠠᠭᠤ ᠠᠯᠲᠠᠷᠲᠠᠢ︾ | ︽ᠪᠢᠴᠢᠬᠠᠨ ᠵᠤᠬᠢᠶᠠᠯᠴᠢ︾ ︽ᠨᠠᠷᠠᠨ ᠭᠡᠷᠡᠯᠲᠦ ᠲᠡᠮᠢᠷ ᠤᠨ ᠬᠦᠲᠡᠯᠭᠡᠭᠡᠨ︾ ︽ᠠᠮᠢᠨ ᠭᠡᠯᠡ ᠰᠢᠯᠦᠭ ᠤᠨ ᠤᠷᠤᠯᠲᠤᠭᠠᠨ︾ ︽ᠮᠤᠩᠭᠤᠯ ᠦᠨᠲᠦᠰᠦᠲᠡᠨ ᠤ | ᠤᠯᠠᠮᠵᠢᠯᠠᠯᠲᠤ ᠬᠦᠭᠵᠢᠮ — ᠮᠤᠷᠢᠨ ᠬᠤᠭᠤᠷ︾ ︽ᠦᠨᠲᠦᠰᠦᠲᠡᠨ ᠤ ᠰᠤᠶᠤᠯ ᠢᠶᠠᠨ ᠤᠯᠠᠮᠵᠢᠯᠠᠶ᠎ᠠ︾ ᠭᠡᠬᠦ ᠭᠤᠤᠯ ᠰᠡᠲᠦᠪᠲᠤ ᠠᠵᠢᠯᠯᠠᠭ᠎ᠠ ᠶᠢ ᠵᠤᠬᠢᠶᠠᠨ | ᠪᠠᠶᠢᠭᠤᠯᠤᠨ ︽ᠠᠪᠤ ᠡᠵᠢ ᠶᠢᠨ ᠮᠢᠨᠢ ᠰᠤᠷᠭᠠᠯ︾ ︽ᠬᠦᠭᠡ ᠪᠠᠩᠵᠠᠯ ᠤᠨ ᠦᠯᠢᠭᠡᠷ︾ ︽ᠠᠯᠤᠩᠭᠤᠸ᠎ᠠ ᠡᠭᠡ ᠲᠠᠪᠤᠨ ᠮᠦᠰᠤ ᠪᠠᠷ ᠭᠡᠤᠭᠡᠳ ᠢᠶᠠᠨ ᠰᠤᠷᠭᠠᠭᠰᠠᠨ | ᠨᠢ︾ ︽ᠬᠦᠷᠡᠭᠴᠢ ᠦᠨᠢᠶ᠎ᠠ︾ ︽ᠵᠢᠭᠤᠲᠠᠭᠰᠠᠨ ᠭᠤᠲᠤᠯ︾ ︽ᠠᠯᠢᠮ᠎ᠠ ᠶᠢᠨ ᠮᠤᠲᠤ︾ ᠵᠡᠷᠭᠡ ᠬᠢᠴᠢᠶᠠᠯ ᠤᠨ ᠠᠭᠤᠯᠭ᠎ᠠ ᠶᠢ ᠵᠦᠴᠦᠭᠡ ᠪᠤᠯᠭᠠᠨ ᠨᠠᠶᠢᠷᠠᠭᠤᠯᠵᠤ᠂ | ᠰᠤᠷᠤᠭᠴᠢᠳ ᠢᠶᠠᠷ ᠲᠤᠭᠯᠠᠭᠤᠯᠤᠭᠰᠠᠨ ᠢᠶᠠᠷ ᠬᠢᠴᠢᠶᠠᠯ ᠤᠨ ᠠᠭᠤᠯᠭ᠎ᠠ ᠶᠢ ᠤᠯᠠᠮ ᠠᠮᠢᠲᠤᠯᠢᠭ ᠪᠤᠯᠭᠠᠨ᠂ ᠰᠤᠷᠤᠭᠴᠢᠳ ᠤᠨ ᠢᠲᠠᠪᠬᠢᠵᠢᠯ ᠢ ᠲᠠᠶᠢᠴᠢᠯᠠᠵᠤ | ᠴᠢᠲᠠᠭᠰᠠᠨ ᠪᠠᠶᠢᠨ᠎ᠠ᠃ | ᠭᠤᠴᠢᠭᠠᠳ ᠵᠢᠯ ᠤᠨ ᠲᠤᠷᠰᠢ᠂ ᠤᠷᠠᠨᠰᠤᠶᠤᠯ ᠪᠠᠭᠰᠢ ᠴᠠᠭ ᠢᠮᠠᠭᠲᠠ ᠪᠠᠶ᠎ᠠ ᠪᠠᠨ ᠴᠢᠩᠭ᠎ᠠ ᠱᠠᠭᠠᠷᠲᠠᠵᠤ᠂ ᠢᠳᠡᠪᠬᠢᠲᠡᠢ ᠠᠵᠢᠯᠯᠠᠨ᠂ ᠦᠰᠪᠦᠷᠢ ᠶᠢᠨ | ᠵᠢᠭᠠᠬᠠᠨ ᠭᠡᠤᠭᠡᠳ ᠲᠤ ᠡᠷᠲᠡᠮ ᠨᠤᠮ ᠵᠢᠭᠠᠵᠤ ᠦᠨᠲᠦᠰᠦᠲᠡᠨ ᠤ ᠰᠢᠯᠢᠲᠡᠭ ᠰᠤᠶᠤᠯ ᠢᠶᠠᠨ ᠤᠯᠠᠮᠵᠢᠯᠠᠭᠰᠠᠨ ᠢᠶᠠᠷ ᠪᠠᠷᠠᠬᠤ ᠦᠭᠡᠢ ᠤᠷᠢᠳ ᠬᠤᠵᠢᠳ ᠬᠤᠳᠠ᠂ | ᠣᠷᠣᠨ ᠤ ᠲᠡᠰ ᠤᠨ ᠬᠢᠴᠢᠶᠠᠯ ᠬᠦᠮᠦᠵᠢᠯ ᠤᠨ ᠰᠤᠲᠤᠯᠭᠠᠨ ᠤ ᠰᠡᠳᠦᠪ ︽ᠠᠩᠬᠢ ᠪᠣᠯ ᠬᠡᠦᠬᠡᠳ ᠤᠨ ᠴᠡᠩᠭᠡᠯ ᠤᠨ ᠤᠷᠲᠤᠨ︾ ᠪᠤᠯᠤᠨ ᠤᠯᠤᠰ ᠤᠨ ᠲᠡᠰ ᠤᠨ | ᠬᠢᠴᠢᠶᠠᠯ ᠬᠦᠮᠦᠵᠢᠯ ᠤᠨ ᠰᠤᠲᠤᠯᠭᠠᠨ ᠤ ᠰᠡᠳᠦᠪ ︽ᠨᠤᠲᠤᠭ ᠤᠨ ᠮᠢᠨᠢ ᠰᠣᠶᠣᠯ — ᠮᠢᠨᠦ ᠣᠮᠣᠭᠰᠢᠯ︾ ᠢ ᠠᠮᠵᠢᠯᠲᠠ ᠪᠡᠶᠡᠯᠡᠬᠦᠯᠦᠭᠰᠡᠨ ᠪᠠᠶᠢᠨ᠎ᠠ᠃ | | | ᠬᠠᠶᠢᠷ᠎ᠠ ᠶᠢᠨ ᠰᠡᠳᠬᠢᠯ ᠢ ᠬᠠᠷᠠᠬᠠᠨ ᠪᠠᠭ᠎ᠠ ᠠᠴᠠ ᠨᠢ ᠬᠦᠮᠦᠵᠢᠬᠦᠯᠦᠨ᠎ᠠ | ᠪᠠᠭᠰᠢ ᠶᠢᠨ ᠠᠵᠢᠯ ᠭᠡᠵᠤ ᠰᠤᠷᠤᠭᠴᠢᠳ ᠲᠤ ᠭᠠᠭᠴᠠ ᠬᠢᠴᠢᠶᠠᠯ ᠤᠨ ᠨᠤᠮ ᠳᠠᠬᠢ ᠮᠡᠲᠡᠯᠭᠡ ᠶᠢ ᠤᠯᠠᠮᠵᠢᠯᠠᠨ ᠰᠤᠷᠭᠠᠬᠤ ᠠᠵᠢᠯ ᠲᠡᠲᠦᠢ ᠪᠢᠰᠢ᠃ ᠨᠢᠭᠡᠨ | ᠰᠠᠶᠢᠨ ᠪᠠᠭᠰᠢ ᠨᠢ ᠭᠡᠤᠭᠡᠳ ᠲᠤ ᠡᠷᠲᠡᠮ ᠨᠤᠮ ᠢ ᠰᠠᠶᠢᠨ ᠵᠢᠭᠠᠬᠤ ᠪᠠᠷ ᠪᠠᠷᠠᠬᠤ ᠦᠭᠡᠢ᠂ ᠬᠦᠮᠦᠨ ᠪᠤᠯᠬᠤ ᠶᠤᠰᠤ ᠶᠢ ᠮᠡᠲᠡᠬᠦᠯᠦᠨ ᠰᠤᠷᠭᠠᠵᠤ᠂ ᠭᠡᠤᠭᠡᠳ ᠤᠨ | ᠪᠦᠬᠦ ᠲᠠᠯ᠎ᠠ ᠶᠢᠨ ᠬᠦᠭᠵᠢᠯᠲᠡ ᠶᠢ ᠪᠤᠲᠤᠯᠬᠢᠯᠠᠭᠰᠠᠨ ᠪᠠᠶᠢᠲᠠᠭ᠃ ᠰᠤᠷᠤᠭᠴᠢᠳ ᠬᠢᠴᠢᠶᠠᠯ ᠰᠤᠷᠤᠯᠭ᠎ᠠ ᠳᠤ ᠪᠠᠨ ᠰᠢᠮᠲᠠᠬᠤ ᠶᠢᠨ ᠲᠠᠭᠠᠤ ᠬᠠᠷᠠᠬᠠᠨ ᠪᠠᠭ᠎ᠠ ᠠᠴᠠ ᠪᠠᠨ | ᠠᠵᠢᠯ ᠬᠦᠲᠡᠯᠮᠦᠷᠢ ᠳᠤ ᠲᠤᠷᠠᠲᠠᠢ᠂ ᠠᠬᠠᠰ ᠵᠠᠬᠠᠰ ᠢᠶᠠᠨ ᠬᠦᠨᠲᠦᠯᠡᠬᠦ᠂ ᠬᠠᠶᠢᠷ᠎ᠠ ᠶᠢᠨ ᠬᠠᠯᠠᠭᠤᠨ ᠰᠡᠳᠬᠢᠯ ᠲᠠᠢ ᠪᠤᠯᠭᠠᠨ ᠬᠦᠮᠦᠵᠢᠬᠦᠯᠬᠦ ᠨᠢ ᠴᠦ ᠴᠢᠬᠤᠯᠠ | ᠪᠠᠶᠢᠲᠠᠭ᠃ | ᠤᠷᠠᠨᠰᠤᠶᠤᠯ ᠪᠠᠭᠰᠢ ᠵᠢᠯ ᠪᠦᠷᠢ ᠠᠩᠬᠢ ᠳᠤ ᠪᠠᠨ ︽ᠪᠢᠴᠢᠬᠠᠨ ᠯᠧᠢ ᠹᠧᠩ ᠪᠤᠯᠤᠶ᠎ᠠ︾ ᠭᠡᠬᠦ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠯᠸᠢ ᠹᠧᠩ ᠤᠨ | ᠲᠠᠭᠤᠤ ᠶᠢ ᠲᠠᠭᠤᠯᠠᠬᠤ᠂ ᠯᠸᠢ ᠹᠧᠩ ᠤᠨ ᠦᠢᠯᠡ ᠠᠵᠢᠯᠯᠠᠭ᠎ᠠ ᠶᠢ ᠲᠠᠨᠢᠯᠴᠠᠭᠤᠯᠬᠤ᠂ ᠯᠧᠢ ᠹᠧᠩ ᠢ ᠲᠤᠭᠯᠠᠬᠤ᠂ ᠯᠧᠢ ᠹᠧᠩ ᠠᠴᠠ ᠰᠤᠷᠤᠯᠴᠠᠨ ᠬᠤᠰᠢᠭᠤᠨ ᠤ | ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ ᠴᠡᠪᠡᠷᠯᠡᠭᠡ ᠬᠢᠬᠦ ᠵᠡᠷᠭᠡ ᠰᠢᠷᠢᠰ ᠠᠵᠢᠯᠯᠠᠭ᠎ᠠ ᠶᠢ ᠦᠷᠨᠢᠬᠦᠯᠦᠨ᠂ ᠰᠤᠷᠤᠭᠴᠢᠳ ᠤᠨ ᠬᠠᠶᠢᠷ᠎ᠠ ᠶᠢᠨ | ᠰᠡᠳᠬᠢᠯ ᠢ ᠬᠦᠮᠦᠵᠢᠬᠦᠯᠵᠦ᠂ ᠥᠪᠡᠷ ᠪᠡᠶ᠎ᠡ ᠠᠴᠠ ᠪᠠᠨ ᠡᠬᠢᠯᠡᠨ ᠬᠢᠬᠦ᠂ ᠪᠠᠭ᠎ᠠ ᠶᠠᠪᠤᠳᠠᠯ ᠠᠴᠠ ᠡᠬᠢᠯᠡᠨ ᠬᠢᠬᠦ᠂ ᠣᠳᠣ ᠠᠴᠠ ᠡᠬᠢᠯᠡᠨ ᠬᠢᠬᠦ ᠶᠢ ᠳᠠᠶᠢᠴᠢᠯᠠᠭᠰᠠᠨ | ᠪᠠᠶᠢᠨ᠎ᠠ᠃ ︽ᠬᠠᠶᠢᠷ᠎ᠠ ᠶᠢᠨ ᠬᠤᠷ᠎ᠠ︾ ᠪᠣᠯ ᠤᠷᠠᠠᠰᠤᠶᠤᠯ ᠪᠠᠭᠰᠢ 2011 ᠣᠨ ᠳᠤ ᠰᠤᠷᠤᠭᠴᠢᠳ ᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠨᠡᠯᠢᠶᠡᠳ ᠶᠡᠭᠡ | ᠨᠥᠯᠥᠭᠡᠯᠡᠬᠦ ᠬᠦᠴᠦᠨ ᠲᠠᠢ ᠠᠵᠢᠯᠯᠠᠭ᠎ᠠ ᠶᠢᠨ ᠨᠢᠭᠡ ᠪᠤᠯᠤᠨ᠎ᠠ᠃ ᠲᠤᠰ ᠠᠵᠢᠯᠯᠠᠭ᠎ᠠ ᠨᠢ ᠳᠠᠭᠠᠭᠤᠯᠵᠤ ᠪᠠᠶᠢᠭ᠎ᠠ ᠠᠩᠬᠢ ᠶᠢᠨ ᠢᠶᠠᠨ ᠪᠦᠬᠦ ᠰᠤᠷᠤᠭᠴᠢᠳ ᠢᠶᠠᠨ | ᠲᠠᠶᠢᠴᠢᠯᠠᠨ᠂ ᠭᠠᠨᠰᠦ ᠮᠤᠵᠢ ᠶᠢᠨ ᠰᠦᠪᠸᠢ ᠰᠢᠶᠠᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ ᠠᠮᠢᠳᠤᠷᠠᠯ ᠨᠢ ᠬᠦᠴᠢᠷᠲᠡᠯᠲᠡᠢ | ᠬᠤᠶᠠᠷ ᠰᠤᠷᠤᠭᠴᠢ ᠶᠢ ᠬᠠᠪᠰᠤᠷᠤᠨ ᠲᠡᠳᠬᠦᠵᠦ᠂ ᠰᠤᠷᠤᠭᠴᠢ ᠪᠦᠷᠢ ᠶᠢ ᠵᠢᠯ ᠳᠤ 1000 ᠲᠦᠬᠦᠷᠢᠭ ᠢᠶᠠᠷ ᠪᠠᠭ᠎ᠠ ᠰᠤᠷᠭᠠᠭᠤᠯᠢ ᠠᠴᠠ ᠲᠡᠬᠦᠰᠲᠡᠯᠠ ᠲᠤᠰᠠᠯᠠᠪᠠ᠃ | ᠰᠤᠷᠤᠭᠴᠢᠳ ᠤᠨ ᠬᠠᠨᠲᠢᠪᠯᠠᠭᠰᠠᠨ ᠮᠦᠩᠬᠦ ᠨᠢ ᠬᠦᠷᠬᠦ ᠦᠭᠡᠢ ᠭᠡᠰᠡᠭ ᠢ ᠲᠡᠷᠡ ᠦᠪᠡᠷ ᠢᠶᠠᠨ ᠨᠦᠬᠦᠵᠦ ᠦᠭᠲᠡᠭ ᠪᠠᠶᠢᠨ᠎ᠠ᠃ ᠲᠡᠷᠡᠴᠢᠯᠡᠨ ᠡᠨᠡ ᠠᠩᠬᠢ ᠶᠢᠨ | ᠪᠦᠬᠦ ᠰᠤᠷᠤᠭᠴᠢᠳ ᠲᠠᠢ ︽ᠭᠠᠷ ᠭᠠᠷ ᠢᠶᠠᠨ ᠬᠤᠯᠪᠣᠨ ᠨᠠᠶᠢᠵᠠᠯᠠᠬᠤ︾ ᠠᠵᠢᠯᠯᠠᠭ᠎ᠠ ᠦᠷᠨᠢᠬᠦᠯᠵᠦ᠂ ᠬᠠᠷᠢᠯᠴᠠᠨ ᠰᠤᠷᠤᠯᠴᠠᠵᠤ ᠬᠠᠷᠢᠯᠴᠠᠨ ᠵᠣᠷᠢᠭᠵᠢᠭᠤᠯᠪᠠ᠃ | ᠡᠭᠦᠨ ᠤ ᠬᠠᠮᠲᠤ᠂ ᠲᠡᠷᠡ ᠥᠪᠡᠷ ᠢᠶᠠᠨ ᠪᠠᠰᠠ ᠲᠤᠰ ᠰᠤᠷᠭᠠᠭᠤᠯᠢ ᠶᠢᠨ ᠨᠢᠭᠡᠳᠦᠭᠡᠷ ᠣᠨ ᠤ ᠠᠮᠢᠳᠤᠷᠠᠯ ᠨᠢ ᠬᠦᠴᠢᠷᠳᠡᠯ ᠲᠠᠢ ᠨᠢᠭᠡ ᠰᠤᠷᠤᠭᠴᠢ ᠶᠢ ᠪᠠᠭ᠎ᠠ | ᠰᠤᠷᠭᠠᠭᠤᠯᠢ ᠲᠡᠬᠦᠰᠲᠡᠯᠠ ᠵᠢᠯ ᠪᠦᠷᠢ 1000 ᠲᠥᠭᠦᠷᠢᠭ ᠢᠶᠠᠷ ᠲᠤᠰᠠᠯᠠᠭᠰᠠᠨ ᠪᠠᠶᠢᠨ᠎ᠠ᠃ ᠲᠤᠰ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ ᠰᠤᠷᠭᠠᠨ | ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠢ ᠲᠠᠲᠠᠵᠤ᠂ ᠪᠦᠬᠦ ᠬᠤᠰᠢᠭᠤᠨ ᠤ ᠡᠯ᠎ᠡ | ᠰᠤᠷᠭᠠᠭᠤᠯᠢ ᠶᠢᠨ ᠰᠤᠷᠤᠯᠴᠠᠯᠭ᠎ᠠ ᠶᠢᠨ ᠳᠠᠭᠤᠷᠢᠶᠠᠯ ᠪᠣᠯᠵᠠᠢ᠃ ᠡᠨᠡ ᠬᠦ ᠨᠥᠯᠥᠭᠡ ᠪᠠᠷ᠂ ᠤᠷᠠᠳ ᠤᠨ ᠲᠤᠮᠲᠠᠲᠤ ᠬᠤᠰᠢᠭᠤᠨ ᠤ ᠮᠤᠩᠭᠤᠯ ᠦᠨᠲᠦᠰᠦᠲᠡᠨ ᠤ | ᠰᠤᠷᠭᠠᠭᠤᠯᠢ ᠴᠦ ᠪᠦᠬᠦ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠨᠢᠭᠡ ᠤᠳᠠᠭᠠᠨ ᠤ ᠮᠥᠩᠭᠦ ᠬᠠᠨᠳᠢᠪᠯᠠᠬᠤ ᠠᠵᠢᠯᠯᠠᠭ᠎ᠠ ᠥᠷᠨᠢᠭᠦᠯᠵᠦ᠂ ᠶᠠᠳᠠᠭᠤ | ᠬᠦᠴᠢᠷᠳᠡᠯᠲᠡᠢ ᠰᠤᠷᠤᠭᠴᠢᠳ ᠲᠤ ᠴᠠᠭ ᠲᠤᠬᠠᠢ ᠳᠤᠨᠢ ᠠᠪᠤᠷᠠᠨ ᠲᠤᠰᠠᠯᠠᠵᠠᠢ᠃ | ᠤᠶᠢᠷ᠎ᠠ ᠶᠢᠨ ᠵᠢᠯ ᠳᠤ᠂ ᠤᠷᠠᠨᠰᠤᠶᠤᠯ ᠪᠠᠭᠰᠢ ᠳᠠᠭᠠᠭᠤᠯᠤᠭᠰᠠᠨ ᠠᠩᠭᠢ ᠶᠢᠨ ᠢᠶᠠᠨ ᠪᠦᠬᠦ ᠰᠤᠷᠤᠭᠴᠢᠳ ᠢ ᠵᠣᠬᠢᠶᠠᠨ ᠪᠠᠶᠢᠭᠤᠯᠵᠤ᠂ ᠤᠷᠢᠳ ᠬᠤᠵᠢᠳ | ᠲᠤᠰ ᠰᠤᠷᠭᠠᠭᠤᠯᠢ ᠶᠢᠨ ᠬᠦᠨᠳᠦ ᠡᠪᠡᠳᠴᠢᠲᠡᠨ ᠪᠦᠦ ᠪᠠᠭᠰᠢ᠂ ᠬᠠ᠊ ᠪᠠᠭᠰᠢ ᠶᠢᠨ ᠭᠡᠷ ᠪᠦᠯᠢ ᠶᠢᠨ ᠬᠢᠨ ᠳᠤ᠂ ᠴᠢᠰᠤ ᠴᠠᠶᠢᠬᠤ ᠡᠪᠡᠳᠴᠢᠨ ᠤᠷᠤᠭᠰᠠᠨ ᠪᠢᠴᠢᠬᠠᠨ | ᠨᠠᠶᠢᠵᠠ ᠵᠠᠩ ᠵᠢᠴᠢ ᠤᠷᠲᠤᠰ ᠬᠤᠲᠠ ᠶᠢᠨ ᠬᠠᠷᠠᠭ᠎ᠠ ᠪᠠᠨ ᠠᠯᠲᠠᠭᠰᠠᠨ ᠰᠠ᠊ ᠪᠠᠭᠰᠢ ᠵᠡᠷᠭᠡ ᠬᠥᠮᠦᠰ ᠢ ᠲᠤᠰᠠᠯᠠᠵᠤ᠂ ᠬᠠᠨᠲᠢᠪᠯᠠᠭᠰᠠᠨ ᠮᠥᠩᠭᠦ ᠨᠢ ᠨᠡᠶᠢᠲᠡ ᠳᠥᠷᠪᠡᠨ | ᠲᠦᠮᠡ ᠭᠠᠷᠤᠢ ᠲᠥᠭᠦᠷᠢᠭ ᠲᠤ ᠬᠦᠷᠴᠡᠢ᠃ ᠡᠨᠡ ᠨᠢ ᠵᠥᠪᠬᠡᠨ ᠵᠣᠭᠤᠰ ᠯᠠ ᠪᠢᠰᠢ᠂ ᠥᠷᠭᠡᠨ ᠣᠯᠠᠨ ᠪᠠᠭᠰᠢ ᠰᠤᠷᠤᠭᠴᠢᠳ ᠤᠨ ᠭᠦᠨ ᠵᠤᠵᠠᠭᠠᠨ ᠬᠠᠶᠢᠷ᠎ᠠ | ᠬᠠᠯᠠᠮᠵᠢ ᠶᠢ ᠪᠠᠭᠲᠠᠭᠠᠵᠤ ᠪᠠᠶᠢᠭ᠎ᠠ ᠶᠤᠮ᠃ ᠬᠡᠦᠬᠡᠳ ᠢ ᠬᠠᠷᠠᠬᠠᠨ ᠪᠠᠭ᠎ᠠ ᠠᠴᠠ ᠨᠢ ᠬᠠᠷᠢᠯᠴᠠᠨ ᠬᠠᠪᠰᠤᠷᠤᠯᠴᠠᠵᠤ᠂ ᠲᠤᠶᠢᠯᠲᠠᠭᠰᠠᠨ ᠨᠢᠭᠡᠨ ᠢᠶᠠᠨ ᠲᠦᠰᠢᠭᠡᠳ | ᠠᠪᠬᠤ ᠬᠠᠶᠢᠷ᠎ᠠ ᠰᠡᠳᠬᠢᠯᠭᠡ ᠶᠢ ᠬᠦᠮᠦᠵᠢᠬᠦᠯᠬᠦ ᠨᠢ ᠨᠡᠩ ᠴᠢᠬᠤᠯᠠ ᠪᠠᠶᠢᠭ᠎ᠠ ᠶᠤᠮ᠃ | | ᠨᠤᠮ ᠤᠩᠰᠢᠬᠤ ᠰᠠᠶᠢᠨ ᠰᠠᠶᠢᠬᠠᠨ ᠲᠠᠳᠬᠠᠯ ᠲᠠᠢ ᠪᠤᠯᠭᠠᠪᠠ | ᠡᠷᠲᠡᠮ ᠮᠡᠳᠡᠯᠭᠡ ᠪᠣᠯ ᠨᠡᠶᠢᠭᠡᠮ ᠤᠨ ᠡᠷᠬᠢᠮ ᠨᠠᠨᠳᠢᠨ ᠡᠳ᠋ ᠪᠠᠶᠠᠯᠢᠭ ᠮᠥᠨ᠂ ᠬᠥᠮᠦᠰ ᠤᠨ ᠤᠶᠤᠨ ᠤ ᠬᠦᠨᠡᠰᠦ ᠮᠥᠨ᠃ ᠨᠣᠮ ᠤᠯᠠᠨ ᠤᠩᠰᠢᠬᠤ ᠨᠢ | ᠮᠡᠳᠡᠯᠭᠡ ᠶᠢ ᠨᠢ ᠨᠡᠮᠡᠭᠲᠡᠬᠦᠯᠦᠨ ᠬᠠᠷᠠᠭ᠎ᠠ ᠶᠢ ᠦᠷᠭᠡᠳᠭᠡᠵᠦ᠂ ᠦᠪᠡᠷ ᠤᠨ ᠴᠢᠳᠠᠪᠤᠷᠢ ᠪᠠᠨ ᠲᠡᠭᠡᠭᠰᠢᠯᠡᠬᠦᠯᠬᠦ ᠮᠥᠷᠲᠡᠭᠡᠨ ᠪᠠᠰᠠ ᠤᠶᠢᠳᠬᠠᠷ ᠢ ᠠᠷᠢᠯᠭᠠᠨ ᠪᠡᠶ᠎ᠡ | ᠰᠡᠳᠬᠢᠯ ᠤᠨ ᠶᠠᠲᠠᠷᠠᠭ᠎ᠠ ᠶᠢ ᠲᠡᠶᠢᠯᠲᠠᠭ ᠪᠠᠶᠢᠨ᠎ᠠ᠃ ᠨᠡᠩ ᠴᠦ ᠰᠠᠶᠢᠨ ᠨᠤᠮ ᠤᠩᠰᠢᠬᠤ ᠪᠠᠷ ᠲᠡᠮᠵᠢᠨ ᠵᠣᠬᠢᠶᠠᠨ ᠪᠢᠴᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ | ᠪᠣᠯᠳᠠᠭ ᠪᠦᠭᠡᠳ ᠠᠮᠢᠳᠤᠷᠠᠬᠤ ᠠᠷᠭ᠎ᠠ ᠮᠠᠶ᠋ᠢᠭ ᠲᠤ ᠬᠤᠪᠢᠷᠠᠯᠲᠠ ᠭᠠᠷᠭᠠᠵᠤ᠂ ᠠᠭᠠᠵᠢᠮ ᠳᠤ ᠪᠠᠨ ᠬᠥᠮᠦᠨ ᠤ ᠵᠠᠩ ᠴᠢᠨᠠᠷ ᠢ ᠨᠦᠯᠦᠭᠡᠯᠡᠲᠡᠭ ᠪᠠᠶᠢᠨ᠎ᠠ᠃ | ᠤᠲᠤ ᠶᠢᠨ ᠭᠡᠤᠭᠡᠳ ᠨᠤᠮ ᠪᠢᠴᠢᠭ ᠤᠩᠰᠢᠬᠤ ᠰᠤᠨᠢᠷᠬᠠᠯ ᠦᠭᠡᠢ ᠪᠠᠶᠢᠭ᠎ᠠ ᠪᠠᠶᠢᠲᠠᠯ ᠳᠤ ᠴᠢᠭᠯᠡᠬᠦᠯᠦᠨ᠂ 2017 ᠣᠨ ᠤ 5 ᠰᠠᠷ᠎ᠠ ᠳᠤ᠂ ᠤᠷᠠᠨᠰᠤᠶᠤᠯ ᠪᠠᠭᠰᠢ | ᠶᠢᠨ ᠰᠠᠨᠠᠭᠠᠴᠢᠯᠠᠭ᠎ᠠ ᠳᠣᠣᠷ᠎ᠠ᠂ ᠲᠤᠰ ᠰᠤᠷᠭᠠᠭᠤᠯᠢ ᠶᠢᠨ ᠪᠠᠭᠰᠢ ᠶᠢᠨ ᠬᠤᠸᠠ᠂ ᠰᠠᠷᠠᠩᠭᠤᠸ᠎ᠠ᠂ ᠬᠤᠸᠠᠷ᠂ ᠤᠯᠠᠭᠠᠨ ᠵᠡᠷᠭᠡ ᠪᠠᠭᠰᠢ ᠵᠢᠯ ᠪᠦᠷᠢ ᠬᠦᠮᠦᠨ ᠪᠦᠷᠢ | 1000 ᠲᠦᠭᠦᠷᠢᠭ ᠭᠠᠷᠭᠠᠵᠤ᠂ ︽ᠨᠤᠮ ᠲᠠᠢ ᠮᠤᠩᠭᠤᠯ︾ ᠨᠡᠶᠢᠭᠡᠮᠯᠢᠭ ᠢ ᠪᠠᠶᠢᠭᠤᠯᠵᠤ᠂ ᠵᠢᠯ ᠪᠦᠷᠢ ᠶᠢᠨ 6 ᠰᠠᠷ᠎ᠠ ᠶᠢᠨ 1 ᠤ ᠡᠳᠦᠷ ᠨᠣᠮ ᠪᠢᠴᠢᠭ ᠦᠵᠡᠬᠦ | ᠳᠤᠷᠠᠲᠠᠶ ᠬᠡᠤᠬᠡᠳ ᠢ ᠰᠢᠯᠭᠠᠷᠠᠭᠤᠯᠵᠤ ᠬᠦᠬᠢᠬᠦᠯᠦᠭᠰᠡᠨ ᠪᠠᠶᠢᠨ᠎ᠠ᠃ ᠲᠤᠰ ᠠᠵᠢᠯᠯᠠᠭ᠎ᠠ ᠪᠠᠷ ᠲᠡᠮᠵᠢᠨ ᠡᠯ᠎ᠠ ᠠᠩᠬᠢ ᠶᠢᠨ ᠪᠠᠭᠰᠢ ᠨᠠᠷ ᠤᠨ ᠲᠡᠮᠵᠢᠯᠭᠡ ᠶᠢ ᠤᠯᠵᠤ᠂ | ᠪᠦᠬᠦ ᠰᠤᠷᠭᠠᠭᠤᠯᠢ ᠶᠢᠨ ᠪᠠᠭᠰᠢ ᠰᠤᠷᠤᠭᠴᠢᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠢ ᠢᠯᠡᠭᠦᠬᠡᠨ ᠨᠣᠮ ᠪᠢᠴᠢᠭ ᠤᠩᠰᠢᠬᠤ ᠰᠠᠶᠢᠨ ᠨᠤᠮ ᠤᠩᠰᠢᠬᠤ ᠶᠢ | ᠵᠣᠷᠢᠭᠵᠢᠭᠤᠯᠤᠨ ᠤᠷᠢᠶᠠᠯᠠᠪᠠ᠃ ᠡᠬᠦᠨ ᠤ ᠬᠠᠮᠲᠤ ᠰᠤᠷᠤᠭᠴᠢᠳ ᠤᠨ ᠨᠤᠮ ᠤᠩᠰᠢᠭᠰᠠᠨ ᠲᠡᠮᠲᠡᠭᠯᠡᠯ ᠢ ᠲᠡᠯᠭᠡᠨ ᠦᠵᠡᠬᠦᠯᠬᠦ᠂ ᠨᠤᠮ ᠤᠩᠰᠢᠭᠰᠠᠨ ᠭᠠᠷ ᠪᠢᠴᠢᠮᠠᠯ | ᠰᠤᠨᠢᠨ ᠭᠠᠷᠭᠠᠬᠤ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠬᠤ ᠠᠷᠭ᠎ᠠ ᠪᠠᠷ ᠰᠤᠷᠤᠭᠴᠢᠳ ᠤᠨ ᠨᠤᠮ ᠤᠩᠰᠢᠬᠤ ᠢᠲᠡᠪᠬᠢᠵᠢᠯ ᠢ ᠲᠠᠶᠢᠴᠢᠯᠠᠭᠰᠠᠨ ᠪᠠᠶᠢᠨ᠎ᠠ᠃ | ᠭᠤᠷᠪᠠᠨ ᠵᠢᠯ ᠤᠨ ᠬᠤᠭᠤᠴᠠᠭᠠᠨ ᠳᠤ ᠨᠡᠶᠢᠲᠡ 15000 ᠲᠦᠬᠦᠷᠢᠭ ᠬᠤᠷᠠᠮᠲᠤᠭᠤᠯᠤᠨ 114 ᠨᠣᠮ ᠤᠩᠰᠢᠬᠤ ᠳᠤᠷᠠᠲᠠᠶ ᠬᠡᠤᠬᠡᠳ ᠢ ᠱᠠᠩᠨᠠᠨ ᠬᠥᠬᠢᠭᠦᠯᠵᠡᠶ᠃ | ᠡᠭᠦᠨ ᠤ ᠬᠠᠮᠲᠤ᠂ ᠡᠨᠡᠬᠦ ᠠᠵᠢᠯᠯᠠᠭ᠎ᠠ ᠶᠢᠨ ᠳᠠᠭᠠᠭᠤᠯᠭ᠎ᠠ ᠳᠣᠤᠷ᠎ᠠ ᠤᠷᠠᠨᠰᠤᠶᠤᠯ ᠪᠠᠭᠰᠢ ᠶᠢᠨ ᠠᠩᠭᠢ ᠶᠢᠨ ᠬᠡᠤᠬᠡᠳ ᠤᠳ ︽ᠨᠤᠮ ᠲᠠᠢ ᠮᠤᠩᠭᠤᠯ︾ ᠨᠣᠮ | ᠤᠩᠰᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠬᠤᠶᠠᠷ ᠵᠢᠯ ᠳᠠᠷᠠᠭᠠᠯᠠᠨ ᠰᠤᠷᠭᠠᠭᠤᠯᠢ ᠶᠢᠨ ︽ᠨᠣᠮ ᠤᠨ ᠴᠠᠭᠠᠨ ᠪᠤᠶᠠᠨ ᠲᠠᠢ︾ ᠠᠩᠭᠢ ᠨᠡᠶᠢᠲᠡ ᠶᠢᠨ | ᠴᠣᠯᠠ ᠶᠢ ᠬᠦᠷᠲᠡᠵᠡᠶ᠃ ᠲᠡᠷᠡ ᠦᠪᠡᠷ ᠢᠶᠠᠨ ᠴᠦ ᠪᠦᠬᠦ ᠬᠤᠰᠢᠭᠤᠨ ᠤ ︽ᠬᠠᠮᠤᠭ ᠤᠨ ᠭᠤᠶᠣ ᠨᠣᠮ ᠤᠨ ᠴᠠᠭᠠᠨ ᠪᠤᠶᠠᠨ ᠲᠠᠢ ᠪᠠᠭᠰᠢ︾ ᠶᠢᠨ ᠢᠷᠠᠭᠤ ᠠᠯᠳᠠᠷ ᠢ | ᠬᠦᠷᠲᠡᠭᠰᠡᠨ ᠪᠠᠶᠢᠨ᠎ᠠ᠃ | | ᠲᠤᠰᠤᠯᠠᠭᠰᠠᠨ ᠬᠦᠯᠦᠰᠤᠨ ᠳᠤ ᠨᠢ ᠲᠠᠨ᠎ᠠ ᠰᠤᠪᠤᠳ ᠬᠢᠯᠠᠯᠵᠠᠨ᠎ᠠ | ᠴᠢᠷᠮᠠᠶᠢᠯᠭ᠎ᠠ ᠶᠢᠨ ᠬᠠᠷᠢᠭᠤ ᠳᠤ ᠴᠠᠭ ᠤᠨ ᠬᠤᠷ᠎ᠠ ᠴᠦ ᠱᠠᠬᠢᠳᠠᠭ ᠤᠴᠢᠷ ᠲᠠᠢ᠃ ᠭᠤᠴᠢ ᠰᠢᠬᠠᠮ ᠵᠢᠯ ᠤᠨ ᠲᠤᠷᠰᠢ᠂ ᠰᠤᠷᠭᠠᠨ ᠬᠦᠮᠦᠵᠢᠯ ᠤᠨ ᠦᠢᠯᠡᠰ | ᠲᠤ ᠭᠤᠶᠢᠪᠢᠰᠢ ᠦᠭᠡᠢ ᠭᠠᠭᠴᠠ ᠰᠡᠳᠬᠢᠯ ᠢᠶᠠᠷ ᠵᠢᠳᠬᠦᠵᠦ ᠢᠷᠡᠭᠰᠡᠨ ᠤᠷᠠᠨᠰᠤᠶᠤᠯ ᠪᠠᠭᠰᠢ ᠦᠪᠦᠷ ᠮᠤᠩᠭᠤᠯ ᠤᠨ ᠦᠨᠲᠦᠰᠦᠲᠡᠨ ᠤ ᠪᠠᠭᠰᠢ ᠶᠢᠨ ᠰᠤᠷᠭᠠᠭᠤᠯᠢ | ᠶᠢᠨ ︽ᠦᠷᠭᠡᠨ ᠮᠡᠲᠡᠯᠭᠡ᠂ ᠡᠬᠦᠲᠦᠨ ᠪᠦᠲᠦᠭᠡᠯ᠂ ᠰᠢᠷᠭᠠᠭᠤ ᠴᠢᠷᠮᠠᠶᠢᠯᠭ᠎ᠠ᠂ ᠰᠢᠯᠢᠲᠡᠭ ᠠᠮᠵᠢᠯᠲᠠ︾ ᠭᠡᠬᠦ ᠰᠤᠷᠭᠠᠭᠤᠯᠢ ᠶᠢᠨ ᠰᠤᠷᠭᠠᠮᠵᠢ ᠶᠢ ᠪᠠᠲᠤ ᠴᠡᠭᠡᠵᠢᠯᠡᠨ | ᠴᠢᠷᠮᠠᠶᠢᠭᠰᠠᠨ ᠢᠶᠠᠷ ᠭᠠᠨᠵᠤᠭ᠎ᠠ ᠲᠦᠬᠦᠷᠡᠩ ᠠᠮᠵᠢᠯᠲᠠ ᠶᠢ ᠤᠯᠤᠭᠰᠠᠨ ᠪᠢᠯᠡ᠃ ᠲᠡᠷᠡ ᠪᠠᠷ ᠤᠯᠤᠰ᠂ ᠤᠷᠤᠨ᠂ ᠬᠤᠲᠠ᠂ ᠬᠤᠰᠢᠭᠤᠨ ᠤ ᠱᠠᠩᠨᠠᠯ ᠬᠦᠬᠢᠬᠦᠯᠦᠯ ᠢ | ᠤᠯᠠᠨᠲᠠ ᠲᠤᠰᠴᠤ᠂ ᠦᠪᠡᠷ ᠢ ᠪᠠᠨ ᠪᠠᠶᠠᠰᠬᠠᠨ ᠦᠷᠦᠭᠡᠯ ᠳᠤ ᠲᠠᠭᠤᠷᠢᠶᠠᠯ ᠪᠤᠯᠤᠭᠰᠠᠨ ᠶᠤᠮ᠃ | ᠬᠤᠰᠢᠭᠤᠨ ᠤ ᠳᠡᠰ ᠤᠨ ᠰᠢᠯᠢᠳᠡᠭ ᠪᠠᠭᠰᠢ᠂ ᠬᠤᠰᠢᠭᠤᠨ ᠤ ᠲᠡᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ᠂ | ᠬᠤᠰᠢᠭᠤᠨ ᠤ ᠲᠡᠰ ᠤᠨ ᠵᠢᠭᠠᠨ ᠰᠤᠷᠭᠠᠬᠤ ᠴᠢᠳᠠᠪᠤᠷᠢᠲᠠᠨ᠂ ᠬᠤᠰᠢᠭᠤᠨ ᠤ ᠲᠡᠰ ᠤᠨ ᠰᠢᠯᠢᠳᠡᠭ ᠠᠩᠭᠢ ᠶᠢᠨ ᠡᠷᠬᠢᠯᠡᠭᠴᠢ᠂ ᠪᠦᠬᠦ ᠬᠤᠰᠢᠭᠤᠨ ᠤ ︽ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠠᠩᠴᠢᠨ ᠪᠦᠷᠭᠦᠳ ᠤᠨ ᠠᠵᠢᠯᠯᠠᠭ᠎ᠠ︾ ᠶᠢᠨ ᠰᠢᠯᠢᠳᠡᠭ ᠬᠠᠪᠰᠤᠷᠤᠨ ᠵᠢᠯᠤᠭᠤᠳᠤᠭᠴᠢ᠂ ᠬᠤᠰᠢᠭᠤᠨ ᠤ ᠲᠡᠰ ᠤᠨ ᠪᠠᠭᠰᠢ ᠶᠢᠨ | ᠲᠠᠪᠤᠨ ᠵᠦᠢᠯ ᠤᠨ ᠪᠦᠷᠢᠨ ᠴᠢᠳᠠᠪᠤᠷᠢ ᠶᠢᠨ ᠤᠷᠤᠯᠳᠤᠭᠠᠨ ᠳᠤ ᠰᠢᠯᠢᠳᠡᠭ ᠵᠢᠭᠠᠨ ᠰᠤᠷᠭᠠᠬᠤ ᠴᠢᠳᠠᠪᠤᠷᠢᠲᠠᠨ᠂ ᠬᠤᠰᠢᠭᠤᠨ ᠤ ᠳᠡᠰ ᠤᠨ ︽ᠲᠡᠷᠢᠭᠦᠨ ᠤ ᠠᠩᠬᠢ | ᠨᠡᠶᠢᠲᠡ︾ ︽ᠪᠦᠬᠦ ᠬᠤᠰᠢᠭᠤᠨ ᠤ ᠯᠧᠢ ᠹᠧᠩ ᠤᠨ ᠪᠠᠭᠠᠴᠤᠳ ᠤᠨ ᠬᠤᠰᠢᠭᠤᠴᠢ ᠠᠩᠭᠢ︾ ᠵᠡᠷᠭᠡ ᠬᠤᠰᠢᠭᠤᠨ ᠤ ᠲᠡᠰ ᠤᠨ ᠱᠠᠩᠨᠠᠯ ᠬᠦᠬᠢᠬᠦᠯᠦᠯ ᠢ 20 | ᠭᠠᠷᠤᠢ ᠤᠲᠠᠭ᠎ᠠ ᠬᠦᠷᠲᠡᠵᠦ᠂ ᠪᠦᠬᠦ ᠬᠤᠲᠠ ᠶᠢᠨ ᠲᠡᠷᠢᠬᠦᠨ ᠤ ᠠᠵᠢᠯᠲᠠᠨ᠂ ᠬᠤᠳᠠ ᠶᠢᠨ ᠲᠡᠰ ᠤᠨ ︽ᠪᠠᠭᠠᠴᠤᠳ ᠤᠨ ᠬᠤᠰᠢᠭᠤᠴᠢ ᠠᠩᠬᠢ ᠶᠢᠨ ᠬᠥᠳᠡᠯᠭᠡᠭᠡᠨ | ᠤ ᠬᠢᠴᠢᠶᠡᠯ ᠤᠨ ᠰᠢᠯᠢᠳᠡᠭ ᠬᠤᠪᠢ ᠬᠥᠮᠦᠨ︾᠂ ᠠᠩᠬᠠᠳᠤᠭᠠᠷ ᠬᠤᠭᠤᠴᠠᠭᠠᠨ ᠤ ᠪᠠᠶᠠᠨᠨᠠᠭᠤᠷ ᠬᠤᠲᠠ ᠶᠢᠨ ᠮᠣᠩᠭᠤᠯ ᠰᠣᠷᠣᠭᠴᠢ ᠶᠢᠨ ︽ᠰᠣᠨᠣᠰᠬᠤ᠂ ᠬᠡᠯᠡᠬᠦ᠂ | ᠤᠩᠰᠢᠬᠤ᠂ ᠪᠢᠴᠢᠬᠦ︾ ᠤᠷᠤᠯᠳᠤᠭᠠᠨ ᠳᠤ ᠰᠢᠯᠢᠳᠡᠭ ᠬᠠᠪᠰᠤᠷᠤᠨ ᠵᠢᠯᠣᠭᠤᠳᠣᠭᠴᠢ᠂ ᠪᠠᠶᠠᠨᠨᠠᠭᠤᠷ ᠬᠤᠲᠠ ᠶᠢᠨ ᠵᠠᠯᠠᠭᠤ ᠪᠠᠭᠰᠢ ᠶᠢᠨ ᠦᠨᠳᠦᠰᠦᠨ | ᠪᠣᠯᠪᠠᠰᠤᠷᠠᠯ ᠤᠨ ᠤᠷᠤᠯᠳᠤᠭᠠᠨ ᠳᠤ ᠨᠢᠭᠡᠲᠦᠭᠡᠷ ᠳᠡᠰ ᠤᠨ ᠱᠠᠩᠨᠠᠯ᠂ ︽ᠪᠦᠬᠦ ᠬᠤᠳᠠ ᠶᠢᠨ ᠤᠯᠠᠭᠠᠨ ᠲᠤᠭᠴᠢ ᠳᠤᠮᠳᠠ ᠠᠩᠬᠢ︾ ᠵᠡᠷᠭᠡ ᠬᠤᠲᠠ ᠶᠢᠨ ᠲᠠᠰ ᠤᠨ | ᠱᠠᠩᠨᠠᠯ ᠬᠦᠬᠢᠬᠦᠯᠦᠯ 10 ᠰᠢᠬᠠᠮ ᠭᠠᠷᠤᠢ ᠤᠲᠠᠭ᠎ᠠ ᠬᠦᠷᠲᠡᠨ᠂ ᠣᠷᠣᠨ ᠤ ᠲᠡᠰ ᠤᠨ ᠰᠢᠯᠢᠳᠡᠭ ᠪᠠᠭᠰᠢ᠂ ᠪᠥᠬᠦ ᠣᠷᠣᠨ ᠤ ᠪᠠᠭ᠎ᠠ ᠰᠤᠷᠭᠠᠭᠤᠯᠢ ᠶᠢᠨ ᠬᠡᠯᠡ | ᠪᠢᠴᠢᠭ ᠤᠨ ᠰᠢᠯᠢᠳᠡᠭ ᠬᠢᠴᠢᠶᠡᠯ ᠤᠨ ᠤᠷᠤᠯᠳᠤᠭᠠᠨ ᠳᠤ ᠨᠢᠭᠡᠳᠦᠭᠡᠷ ᠳᠡᠰ᠂ ︽6 · 5︾ ᠶᠢᠨ ᠳᠡᠯᠡᠬᠡᠶ ᠶᠢᠨ ᠣᠷᠴᠢᠨ ᠲᠤᠭᠤᠷᠢᠨ ᠢᠶᠠᠨ ᠬᠠᠶᠢᠷᠠᠯᠠᠬᠤ ᠡᠳᠦᠷ ᠢ | ᠲᠤᠷᠠᠰᠬᠠᠭᠰᠠᠨ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠩᠨᠠᠯ ᠲᠠᠢ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠳᠤ ᠰᠢᠯᠢᠳᠡᠭ ᠱᠠᠩᠨᠠᠯ ᠵᠡᠷᠭᠡ ᠶᠢ ᠬᠦᠷᠲᠡᠭᠰᠡᠨ | ᠪᠦᠭᠡᠳ ᠪᠥᠬᠦ ᠣᠷᠣᠨ ᠤ ᠮᠣᠩᠭᠤᠯ ᠢᠶᠠᠷ ᠬᠢᠴᠢᠶᠡᠯᠯᠡᠬᠦ ᠳᠤᠮᠳᠠᠳᠤ ᠪᠠᠭ᠎ᠠᠰᠤᠷᠭᠠᠭᠤᠯᠢ ᠶᠢᠨ ᠬᠢᠴᠢᠶᠡᠯ ᠲᠥᠷᠥᠯ ᠤᠨ ᠲᠤᠰᠬᠠᠶ ᠪᠠᠭᠰᠢ ᠶᠢᠨ ᠪᠣᠯᠪᠠᠰᠤᠷᠠᠯ ᠳᠤ | ︽ᠠᠩᠬᠢ — ᠬᠡᠦᠬᠡᠳ ᠤᠨ ᠴᠡᠩᠭᠡᠯ ᠤᠨ ᠤᠷᠲᠤᠨ︾ ᠤ ᠵᠢᠱᠢᠶ᠎ᠡ ᠦᠵᠡᠬᠦᠯᠬᠦ ᠬᠢᠴᠢᠶᠡᠯ ᠢ ᠠᠮᠵᠢᠯᠲᠠ ᠲᠠᠢ ᠪᠡᠶᠡᠯᠡᠬᠦᠯᠵᠦ᠂ ᠪᠥᠬᠦ ᠤᠯᠤᠰ ᠤᠨ ︽ᠮᠣᠩᠭᠤᠯ | ᠰᠣᠶᠣᠯ︾ ᠤᠨ ᠬᠢᠴᠢᠶᠡᠯ ᠤᠨ ᠲᠤᠷᠰᠢᠯᠲᠠ ᠶᠢᠨ ᠰᠤᠷᠭᠠᠭᠤᠯᠢ ᠶᠢᠨ ᠰᠢᠯᠢᠳᠡᠭ ᠬᠢᠴᠢᠶᠡᠯ ᠤᠨ ᠠᠵᠢᠯᠯᠠᠭ᠎ᠠ ᠳᠤ ᠬᠤᠶᠠᠳᠤᠭᠠᠷ ᠳᠡᠰ᠂ ᠤᠯᠤᠰ ᠤᠨ ᠰᠡᠳᠦᠪ ᠤᠨ ︽ | ᠭᠤᠷᠪᠠᠨ ᠳᠤᠭᠤᠶᠢᠯᠠᠩ ᠤᠨ ᠰᠤᠷᠭᠠᠨ ᠬᠥᠮᠦᠵᠢᠯ ᠤᠨ ᠰᠤᠳᠤᠯᠤᠯ︾ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠨᠢᠭᠡᠳᠦᠭᠡᠷ | ᠳᠡᠰ ᠤᠨ ᠱᠠᠩᠨᠠᠯ᠂ ᠤᠯᠤᠰ ᠤᠨ ᠰᠡᠳᠦᠪ ᠤᠨ ︽ᠭᠤᠷᠪᠠᠨ ᠳᠤᠭᠤᠶᠢᠯᠠᠩ ᠤᠨ ᠰᠤᠷᠭᠠᠨ ᠬᠥᠮᠦᠵᠢᠯ ᠤᠨ ᠰᠤᠳᠤᠯᠤᠯ︾ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ᠂ ︽ᠤᠯᠤᠰ ᠤᠨ ᠲᠠᠰ ᠤᠨ ᠪᠣᠯᠪᠠᠰᠤᠷᠠᠯ ᠤᠨ ᠲᠥᠯᠥᠪᠯᠡᠭᠡ 2016︾ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ | ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠶᠯ ᠳᠤ ᠬᠢᠷᠢ ᠪᠦᠲᠦᠮᠵᠢ ᠲᠣᠪᠣᠶᠢᠮ᠎ᠠ ᠪᠠᠶᠢᠵᠤ᠂ ᠰᠢᠯᠢᠳᠡᠭ ᠰᠤᠷᠤᠯᠭᠠᠲᠠᠨ ᠢᠶᠠᠷ | ᠦᠨᠡᠯᠡᠭᠲᠡᠨ᠂ 2020 ᠤᠨ ᠤ 12 ᠰᠠᠷ᠎ᠠ ᠳᠤ ᠲᠡᠬᠦᠨ ᠤ ᠠᠪᠤᠭᠰᠠᠨ ᠠᠩᠬᠢ ᠨᠢ ᠪᠦᠬᠦ ᠤᠯᠤᠰ ᠤᠨ ᠰᠢᠯᠢᠲᠡᠭ ᠪᠠᠭᠠᠴᠤᠳ ᠤᠨ ᠬᠤᠰᠢᠭᠤᠴᠢ ᠠᠩᠬᠢ ᠶᠢᠨ | ᠬᠠᠮᠲᠤ ᠨᠡᠶᠢᠲᠡ ᠪᠠᠷ ᠴᠤᠯᠠᠯᠠᠭᠲᠠᠯᠠ᠃ ᠡᠯ᠎ᠡ ᠵᠦᠶᠯ ᠤᠨ ᠢᠷᠠᠭᠤ ᠠᠯᠳᠠᠷ ᠢᠶᠠᠷ ᠡᠩᠭᠡᠷ ᠢᠶᠠᠨ ᠴᠢᠮᠡᠭᠰᠡᠨ ᠤᠷᠠᠨᠰᠤᠶᠤᠯ ᠪᠠᠭᠰᠢ ᠤᠮᠤᠷᠬᠠᠭᠯᠠᠵᠤ ᠪᠠᠷᠲᠠᠮᠨᠠᠭᠠ | ᠥᠬᠡᠶ᠂ ︽ᠤᠯᠤᠰ ᠦᠨᠲᠦᠰᠦᠲᠡᠨ ᠤ ᠪᠠᠨ ᠮᠠᠷᠭᠠᠰᠢ ᠶᠢᠨ ᠲᠦᠯᠦᠭᠡ︾ ᠭᠡᠲᠡᠭ ᠭᠠᠭᠴᠨ ᠰᠡᠳᠬᠢᠯ ᠢᠶᠠᠷ ᠰᠤᠷᠭᠠᠨ ᠬᠥᠮᠦᠵᠢᠯ ᠤᠨ ᠦᠶᠯᠡᠰ ᠢᠶᠠᠨ ᠡᠷᠬᠢᠮᠯᠡᠨ | ᠬᠠᠶᠢᠷᠠᠯᠠᠭᠰᠠᠭᠠᠷ ᠢᠷᠡᠭᠰᠡᠨ ᠪᠠᠶᠢᠨ᠎ᠠ᠃ ᠡᠳᠦᠭᠡ ᠲᠡᠷᠡ ᠮᠥᠨ ᠯᠠ ᠠᠩᠭᠢ ᠶᠢᠨ ᠡᠷᠬᠢᠯᠡᠭᠴᠢ ᠶᠢᠨ ᠠᠵᠢᠯ ᠢᠶᠠᠨ ᠦᠷᠭᠦᠯᠵᠢᠯᠡᠨ ᠬᠢᠵᠦ᠂ ᠪᠤᠰᠤᠳ ᠪᠠᠭᠰᠢ ᠨᠠᠷ ᠲᠠᠢ | ᠬᠠᠮᠲᠤ ᠪᠠᠷ ︽ᠡᠷᠬᠢᠮ ᠳᠡᠭᠡᠳᠦ ᠶᠣᠰᠣ ᠰᠤᠷᠲᠠᠬᠤᠨ᠂ ᠡᠯᠪᠡᠭ ᠪᠠᠶᠠᠯᠢᠭ ᠮᠡᠳᠡᠯᠭᠡ᠂ ᠰᠢᠨ᠎ᠡ ᠶᠢ ᠡᠭᠦᠳᠬᠦ ᠠᠷᠭ᠎ᠠ᠂ ᠪᠣᠳᠠᠲᠠᠢ ᠶᠢ ᠡᠷᠬᠢᠮᠯᠡᠬᠦ ᠰᠤᠷᠲᠠᠯ︾ ᠢᠶᠠᠷ᠂ | ᠤᠷᠠᠳ ᠨᠤᠲᠤᠭ ᠤᠨ ᠦᠨᠳᠦᠰᠦᠲᠡᠨ ᠤ ᠰᠤᠷᠭᠠᠨ ᠬᠥᠮᠦᠵᠢᠯ ᠤᠨ ᠬᠦᠭᠵᠢᠯᠲᠡ ᠳᠤ ᠨᠠᠰᠤ ᠪᠠᠷ ᠢᠶᠠᠨ ᠦᠢᠯᠡᠴᠢᠯᠡᠬᠦ ᠡᠷᠡᠰ ᠬᠠᠲᠠᠨ ᠵᠤᠷᠢᠭ ᠢᠶᠠᠷ᠂ ᠦᠰᠪᠦᠷᠢ ᠶᠢᠨ | ᠭᠡᠤᠭᠡᠳ ᠲᠤ ᠦᠷᠦᠴᠡᠨ ᠤ ᠬᠠᠶᠢᠷ᠎ᠠ ᠪᠠᠨ ᠶᠡᠭᠦᠯᠡᠵᠦ᠂ ᠥᠪᠡᠷ ᠤᠨ ᠬᠦᠴᠦᠨ ᠴᠢᠳᠠᠯ ᠢᠶᠠᠨ ᠡᠷᠬᠦᠵᠦ ᠶᠠᠪᠤᠨ᠎ᠠ︕ | | | ᠪᠠᠶᠠᠠᠨᠠᠭᠤᠷ ᠬᠤᠲᠠ ᠶᠢᠨ ᠤᠷᠠᠳ ᠤᠨ ᠲᠤᠮᠲᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠪᠠ᠊ ᠪᠦᠭᠡ | | |