ᠰᠤᠶᠤᠯ ᠪᠤᠯ ᠦᠨᠲᠦᠰᠦᠲᠡᠨ ᠤ ᠨᠢᠨᠨᠲᠠᠷᠠᠯ ᠤᠨ ᠬᠦᠴᠦᠨ ᠪᠠ ᠡᠬᠦᠲᠦᠨ ᠪᠦᠲᠦᠭᠡᠬᠦ ᠬᠦᠴᠦᠨ ᠤ ᠡᠬᠢ ᠰᠤᠷᠪᠤᠯᠵᠢ ᠪᠠᠶᠢᠵᠤ᠂ ᠨᠢᠭᠡ ᠦᠨᠲᠦᠰᠦᠲᠡᠨ ᠤ | ᠮᠠᠨᠲᠤᠵᠤ ᠮᠦᠬᠦᠬᠦ ᠲᠠᠢ ᠰᠢᠭᠤᠳ ᠬᠤᠯᠪᠤᠭ᠎ᠠ ᠲᠠᠢ ᠪᠠᠶᠢᠲᠠᠭ᠃ ᠰᠢᠯᠢᠲᠡᠭ ᠰᠤᠶᠤᠯ ᠨᠢ ᠬᠦᠮᠦᠰ ᠤᠨ ᠤᠶᠤᠨ ᠰᠠᠨᠠᠭᠠᠨ ᠤ ᠬᠦᠴᠦᠨ ᠪᠤᠯᠵᠤ᠂ ᠨᠡᠶᠢᠭᠡᠮ ᠤᠨ | ᠬᠦᠭᠵᠢᠯᠲᠡ ᠪᠠ ᠬᠦᠮᠦᠰ ᠤᠨ ᠡᠷᠡᠬᠦᠯ ᠢᠶᠠᠷ ᠦᠰᠦᠨ ᠪᠤᠶᠢᠵᠢᠬᠤ ᠶᠢ ᠨᠦᠯᠦᠭᠡᠯᠡᠲᠡᠭ ᠪᠠᠶᠢᠨ᠎ᠠ᠃ ᠲᠡᠭᠡᠷ᠎ᠡ ᠵᠠᠭᠤᠨ ᠤ ᠠᠷᠪᠠᠨ ᠵᠢᠯ ᠤᠨ ᠬᠠᠷ᠎ᠠ ᠰᠠᠯᠬᠢ ᠪᠠ | ᠰᠡᠬᠦᠯᠴᠢ ᠶᠢᠨ ᠦᠶ᠎ᠡ ᠶᠢᠨ ᠠᠵᠤ ᠠᠬᠤᠢ ᠶᠢᠨ ᠶᠡᠭᠡ ᠤᠷᠤᠰᠬᠠᠯ ᠳᠤ ᠡᠯ᠎ᠠ ᠱᠠᠲᠤᠨ ᠤ ᠵᠠᠰᠠᠭ ᠤᠨ ᠤᠷᠲᠤᠨ ᠠᠵᠤ ᠠᠬᠤᠢ ᠪᠠᠨ ᠬᠦᠭᠵᠢᠬᠦᠯᠬᠦ ᠭᠤᠤᠯ ᠠᠩᠬᠠᠷᠤᠯ | ᠢᠶᠠᠨ ᠬᠠᠨᠲᠤᠭᠤᠯᠤᠭᠰᠠᠨ ᠪᠦᠭᠡᠳ ᠤᠯᠠᠨ ᠲᠦᠮᠡᠨ ᠴᠦ ᠡᠳ᠋ ᠮᠦᠩᠬᠦ ᠶᠢ ᠦᠷᠦᠭᠡᠰᠦᠯ ᠢᠶᠠᠷ ᠡᠷᠬᠢᠮᠯᠡᠨ ᠬᠦᠭᠡᠭᠡᠴᠡᠯᠲᠦᠭᠰᠡᠨ ᠢᠶᠠᠷ ᠡᠯ᠎ᠡ ᠰᠤᠮᠤ ᠪᠠᠯᠭᠠᠰᠤᠨ ᠳᠤ | ᠪᠠᠶᠢᠭᠤᠯᠤᠭᠲᠠᠭᠰᠠᠨ ᠰᠤᠶᠤᠯ ᠤᠨ ᠦᠷᠦᠭᠡ ᠬᠠᠮᠢᠶᠠᠷᠤᠯᠲᠠ ᠵᠠᠲᠠᠭᠠᠶᠢᠷᠠᠭᠰᠠᠨ ᠠᠴᠠ ᠭᠡᠷᠡᠭᠴᠡᠭᠡ ᠦᠢᠯᠡᠲᠦᠯ ᠨᠢ ᠠᠯᠲᠠᠭᠲᠠᠵᠤ᠂ ᠰᠤᠶᠤᠯ ᠤᠨ ᠬᠦᠲᠡᠯᠭᠡᠭᠡᠨ ᠭᠡᠵᠤ | ᠲᠤᠩ ᠴᠦᠭᠡᠨ ᠪᠤᠯᠵᠠᠢ᠃ ᠢᠯᠠᠩᠭᠤᠶ᠎ᠠ ᠦᠨᠲᠦᠰᠦᠲᠡᠨ ᠤ ᠰᠤᠶᠤᠯ ᠮᠠᠨᠢ ᠨᠡᠷ᠎ᠡ ᠶᠢᠨ ᠲᠡᠲᠦᠢ ᠪᠤᠯᠵᠤ᠂ ᠭᠡᠭᠡᠭᠲᠡᠬᠦ ᠭᠡᠮᠵᠢᠶᠠᠨ ᠳᠤ ᠬᠦᠷᠦᠭᠰᠡᠨ ᠪᠠᠶᠢᠨ᠎ᠠ᠃ | ᠤᠷᠠᠳ ᠠᠶᠢᠮᠠᠭ ᠨᠢ ᠲᠡᠶᠢᠨ ᠪᠠᠶᠢᠯᠲᠤᠭᠠᠨ ᠳᠤ ᠡᠷᠡᠯᠭᠡᠭ ᠪᠠᠭᠠᠲᠤᠷᠯᠢᠭ ᠪᠠᠶᠢᠲᠠᠭ ᠢᠶᠠᠷ ᠢᠶᠠᠨ ᠤᠯᠠᠨ ᠭᠠᠵᠠᠷ ᠢ ᠡᠯᠡᠭᠡᠨ ᠶᠠᠪᠤᠵᠤ ᠪᠠᠶᠢᠭᠰᠠᠨ ᠢᠶᠠᠨ 1648 | ᠤᠨ ᠳᠤ᠂ ᠤᠷᠠᠳ ᠠᠶᠢᠮᠠᠭ ᠤᠨ ᠤᠯᠠᠩᠬᠢ ᠬᠦᠮᠦᠰ ᠲᠤᠬᠠᠢ ᠶᠢᠨ ᠦᠶ᠎ᠡ ᠶᠢᠨ ᠴᠢᠩ ᠤᠨ ᠵᠠᠰᠠᠭ ᠤᠨ ᠵᠠᠷᠯᠢᠭ ᠢᠶᠠᠷ ᠬᠦᠯᠦᠨ ᠪᠤᠶᠢᠷ ᠠᠴᠠ ᠪᠠᠷᠠᠭᠤᠨᠰᠢ | ᠨᠡᠬᠦᠲᠡᠯᠯᠡᠨ᠂ ᠮᠤᠨᠢ ᠶᠢᠨ ᠦᠪᠦᠷ ᠭᠤᠷᠪᠠᠨ ᠰᠦᠪᠡ ᠶᠢ ᠰᠠᠬᠢᠨ ᠰᠠᠭᠤᠯᠭᠠᠵᠤ᠂ ᠪᠤᠷᠤ ᠲᠤᠬᠤᠢ ᠠᠴᠠ ᠬᠤᠶᠢᠰᠢ᠂ ᠮᠤᠨᠠ ᠶᠢᠨ ᠠᠭᠤᠯᠠ᠂ ᠬᠤᠶᠠᠷ ᠪᠤᠭᠳᠠ ᠶᠢᠨ | ᠤᠷᠴᠢᠨ ᠤ ᠨᠤᠳᠤᠭ ᠲᠤ ᠰᠠᠭᠤᠷᠢᠰᠢᠨ᠂ ᠤᠷᠠᠳ ᠤᠨ ᠪᠠᠷᠠᠭᠤᠨ᠂ ᠳᠤᠮᠳᠠᠳᠤ᠂ ᠵᠡᠬᠦᠨ ᠭᠤᠷᠪᠠᠨ ᠬᠦᠩ ᠤᠨ ᠬᠤᠰᠢᠭᠤ ᠶᠢ ᠪᠠᠶᠢᠭᠤᠯᠵᠠᠢ᠃ ᠲᠡᠤᠭᠡᠨ ᠠᠴᠠ | ᠠᠪᠤᠭᠠᠳ ᠠᠭᠤᠯᠠ ᠨᠢ ᠬᠦᠭᠡᠮᠲᠦᠭ᠂ ᠲᠠᠯ᠎ᠠ ᠨᠢ ᠨᠤᠭᠤᠭᠠᠨ᠂ ᠲᠡᠭᠷᠢ ᠨᠢ ᠴᠡᠯᠮᠡᠭ᠂ ᠤᠰᠤ ᠨᠢ ᠲᠤᠩᠭᠠᠯᠠᠭ ᠤᠷᠠᠳ ᠨᠤᠲᠤᠭ ᠦᠪᠦᠷ ᠮᠤᠩᠭᠤᠯ ᠤᠨ ᠶᠢᠰᠦᠨ ᠶᠡᠭᠡ | ᠲᠠᠯ᠎ᠠ ᠨᠤᠲᠤᠭ ᠤᠨ ᠨᠢᠭᠡ ᠪᠤᠯᠤᠭᠰᠠᠨ ᠪᠠᠶᠢᠨ᠎ᠠ᠃ ᠤᠷᠠᠳ ᠮᠤᠩᠭᠤᠯᠴᠤᠳ ᠡᠨᠡ ᠨᠤᠲᠤᠭ ᠲᠤ ᠢᠷᠡᠭᠰᠡᠨ ᠨᠠᠰᠢ 370 ᠰᠢᠬᠠᠮ ᠵᠢᠯ ᠤᠨ ᠤᠷᠲᠤ ᠤᠲᠠᠭᠠᠨ | ᠲᠡᠤᠭᠡ ᠶᠢᠨ ᠶᠠᠪᠤᠴᠠ ᠳᠤ᠂ ᠮᠤᠩᠭᠤᠯ ᠦᠨᠲᠦᠰᠦᠲᠡᠨ ᠤ ᠤᠯᠠᠮᠵᠢᠯᠠᠯᠲᠤ ᠰᠤᠶᠤᠯ ᠢᠶᠠᠨ ᠦᠪᠯᠡᠨ ᠵᠠᠯᠭᠠᠮᠵᠢᠯᠠᠭᠰᠠᠨ ᠰᠠᠭᠤᠷᠢᠨ ᠲᠡᠭᠡᠷ᠎ᠡ ᠭᠠᠵᠠᠷ ᠤᠲᠤᠨ ᠤ | ᠤᠨᠴᠠᠯᠢᠭ᠂ ᠠᠭᠤᠷ ᠠᠮᠢᠰᠬᠤᠯ ᠳᠤ ᠲᠤᠬᠢᠷᠠᠭᠰᠠᠨ ᠦᠪᠡᠷ ᠤᠨ ᠭᠡᠰᠡᠨ ᠰᠤᠶᠤᠯ ᠤᠨ ᠤᠨᠴᠠᠯᠢᠭ ᠢ ᠪᠦᠷᠢᠯᠲᠦᠬᠦᠯᠦᠭᠰᠡᠨ ᠪᠠᠶᠢᠲᠠᠭ᠃ | ᠰᠢᠨ᠎ᠡ ᠮᠢᠩᠭᠠᠨ ᠪᠤᠯᠬᠤ ᠳᠤ᠂ ᠤᠯᠤᠰ᠂ ᠦᠪᠡᠷᠲᠡᠭᠡᠨ ᠵᠠᠰᠠᠬᠤ ᠤᠷᠤᠨ ᠠᠴᠠ ᠰᠤᠶᠤᠯ ᠤᠨ ᠬᠦᠭᠵᠢᠯᠲᠡ ᠶᠢ ᠨᠡᠩ ᠢᠯᠡᠬᠦᠦ ᠴᠢᠩᠭᠠᠳᠬᠠᠨ ᠠᠳᠬᠤᠭᠰᠠᠨ | ᠪᠠᠶᠢᠨ᠎ᠠ᠃ 2000 ᠤᠨ ᠳᠤ ︽ᠲᠦᠷᠦ ᠶᠢᠨ ᠶᠠᠪᠤᠳᠠᠯ ᠤᠨ ᠬᠤᠷᠢᠶ᠎ᠠ ︿ᠰᠤᠶᠤᠯ ᠤᠨ ᠦᠢᠯᠡᠰ ᠢ ᠲᠡᠳᠬᠦᠨ ᠬᠦᠭᠵᠢᠬᠦᠯᠬᠦ ᠲᠤᠬᠠᠢ ᠠᠵᠤ ᠠᠬᠤᠢ ᠶᠢᠨ ᠲᠦᠷᠦ | ᠶᠢᠨ ᠪᠤᠲᠤᠯᠭ᠎ᠠ ᠤᠳ﹀ ᠤᠨ ᠮᠡᠲᠡᠭᠲᠡᠯ︾ ᠢ ᠨᠡᠶᠢᠲᠡᠯᠡᠵᠦ᠂ 2003 ᠤᠨ ᠳᠤ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ | ᠤᠨ ᠤᠷᠲᠤᠨ ︿ᠰᠤᠶᠤᠯ ᠤᠨ ᠦᠢᠯᠡᠰ ᠪᠠ ᠰᠤᠶᠤᠯ ᠠᠵᠤ ᠦᠢᠯᠡᠰ ᠢ ᠲᠡᠳᠬᠦᠨ ᠬᠦᠭᠵᠢᠬᠦᠯᠬᠦ ᠲᠤᠬᠠᠢ ᠲᠦᠷᠦ ᠶᠢᠨ ᠪᠤᠲᠤᠯᠭ᠎ᠠ ᠤᠳ﹀ ᠤᠨ ᠮᠡᠲᠡᠭᠲᠡᠯ︾ | ᠨᠡᠶᠢᠲᠡᠯᠡᠭᠰᠡᠨ ᠪᠠᠶᠢᠨ᠎ᠠ᠃ ᠢᠯᠠᠩᠭᠤᠶ᠎ᠠ ᠨᠠᠮ ᠤᠨ ᠠᠷᠪᠠᠨ ᠲᠤᠯᠤᠲᠤᠭᠠᠷ ᠬᠤᠭᠤᠴᠠᠭᠠᠨ ᠤ ᠵᠢᠷᠭᠤᠲᠤᠭᠠᠷ ᠪᠦᠬᠦᠲᠡ ᠬᠤᠷᠠᠯ ᠠᠴᠠ ᠰᠤᠶᠦᠯ ᠤᠨ ᠬᠦᠴᠦᠷᠭᠡᠭ ᠤᠯᠤᠰ | ᠪᠤᠯᠭᠠᠨ ᠪᠦᠲᠦᠭᠡᠨ ᠪᠠᠶᠢᠭᠤᠯᠬᠤ ᠪᠠᠶᠢᠯᠲᠤᠬᠤ ᠪᠤᠲᠤᠯᠭ᠎ᠠ ᠶᠢ ᠲᠤᠭᠲᠠᠭᠠᠭᠰᠠᠨ ᠪᠠ 2003 ᠤᠨ ᠤ 4 ᠰᠠᠷ᠎ᠠ ᠶᠢᠨ 17 ᠤ ᠡᠲᠦᠷ ︽ᠦᠪᠦᠷ ᠮᠤᠩᠭᠤᠯ | ᠤᠨ ᠦᠪᠡᠷᠲᠡᠭᠡᠨ ᠵᠠᠰᠠᠬᠤ ᠤᠷᠤᠨ ᠦᠨᠲᠦᠰᠦᠲᠡᠨ ᠤ ᠰᠤᠶᠤᠯ ᠤᠨ ᠲᠤᠮᠤ ᠤᠷᠤᠨ ᠢ ᠪᠦᠲᠦᠭᠡᠨ ᠪᠠᠶᠢᠭᠤᠯᠬᠤ ᠬᠦᠲᠦᠯᠪᠦᠷᠢ ︵ᠲᠤᠷᠰᠢᠨ ᠭᠡᠷᠡᠭᠵᠢᠬᠦᠯᠬᠦ︶︾᠂ | ︽ᠪᠠᠶᠠᠠᠨᠠᠭᠤᠷ ᠬᠤᠲᠠ ᠰᠤᠶᠤᠯ ᠤᠨ ᠠᠵᠤ ᠦᠢᠯᠡᠰ ᠤᠨ ᠵᠠᠬ᠎ᠠ ᠲᠡᠯᠭᠡᠬᠦᠷ ᠤᠨ ᠬᠦᠭᠵᠢᠯᠲᠡ ᠶᠢ ᠲᠦᠷᠭᠡᠳᠭᠡᠬᠦ ᠲᠦᠷᠦ ᠶᠢᠨ ᠪᠤᠲᠤᠯᠭ᠎ᠠ ᠤᠳ ᠰᠠᠨᠠᠯ︾ ᠵᠡᠷᠭᠡ | ᠰᠠᠶᠢᠨ ᠰᠠᠶᠢᠨ ᠲᠦᠷᠦ ᠶᠢᠨ ᠪᠤᠲᠤᠯᠭ᠎ᠠ ᠶᠢᠨ ᠭᠡᠷᠡᠭᠵᠢᠬᠦᠯᠦᠯᠲᠡ ᠨᠢ ᠰᠤᠶᠤᠯ ᠤᠨ ᠬᠦᠭᠵᠢᠯᠲᠡ ᠳᠤ ᠲᠦᠯᠬᠢᠬᠦ ᠦᠢᠯᠡᠲᠦᠯ ᠦᠵᠡᠬᠦᠯᠦᠭᠰᠡᠨ ᠪᠠᠶᠢᠨ᠎ᠠ᠃ ᠡᠲᠡᠭᠡᠷ | ᠲᠦᠷᠦ ᠶᠢᠨ ᠪᠤᠲᠤᠯᠭ᠎ᠠ ᠨᠢ ᠬᠦᠮᠦᠰ ᠤᠨ ᠦᠵᠡᠯ ᠤᠬᠠᠮᠰᠠᠷ ᠲᠤ ᠶᠡᠭᠡᠭᠡᠨ ᠬᠤᠪᠢᠷᠠᠯᠲᠠ ᠶᠢ ᠠᠪᠴᠢᠷᠠᠵᠤ᠂ ᠦᠨᠲᠦᠰᠦᠲᠡᠨ ᠤ ᠪᠠᠨ ᠰᠤᠶᠤᠯ ᠢᠶᠠᠨ ᠬᠦᠨᠲᠦᠳᠭᠡᠨ | ᠲᠡᠭᠡᠲᠦᠯᠡᠬᠦ ᠪᠤᠯᠤᠭᠰᠠᠨ ᠪᠠᠶᠢᠨ᠎ᠠ᠃ ᠢᠯᠡᠩᠭᠤᠶ᠎ᠠ ᠨᠢᠭᠡ ᠪᠦᠯᠦᠭ ᠮᠤᠩᠭᠤᠯ ᠰᠤᠶᠤᠯ ᠳᠤ ᠪᠠᠨ ᠬᠠᠶᠢᠷᠠᠲᠠᠢ ᠬᠦᠮᠦᠰ ᠤᠨ ᠴᠢᠷᠮᠠᠶᠢᠯᠭ᠎ᠠ ᠲᠤᠤᠷ᠎ᠡ ᠭᠡᠭᠡᠭᠲᠡᠮᠡᠷ | ᠪᠤᠯᠤᠭᠰᠠᠨ ᠤᠷᠠᠳ ᠰᠤᠶᠤᠯ ᠮᠠᠨᠢ ᠬᠦᠭᠵᠢᠯᠲᠡ ᠶᠢᠨ ᠱᠠᠲᠤᠨ ᠳᠤ ᠪᠠᠨ ᠤᠷᠤᠭᠰᠠᠨ ᠪᠢᠯᠡ᠃ | ᠭᠤᠷᠪᠠᠨ ᠤᠷᠠᠳ ᠤᠨ ᠮᠤᠨᠠ ᠶᠢᠨ ᠳᠠᠬᠢᠯᠭ᠎ᠠ᠂ ᠬᠠᠪᠤᠳᠤ ᠬᠠᠰᠠᠷ ᠤᠨ ᠳᠠᠬᠢᠯᠭ᠎ᠠ᠂ ᠤᠪᠤᠭᠠᠨ ᠳᠠᠬᠢᠯᠭ᠎ᠠ᠂ ᠭᠠᠯ ᠤᠨ ᠳᠠᠬᠢᠯᠭ᠎ᠠ᠂ ᠬᠠᠳᠤᠨ ᠭᠤᠤᠯ ᠤᠨ | ᠳᠠᠬᠢᠯᠭ᠎ᠠ ᠵᠡᠷᠭᠡ ᠳᠠᠪᠤᠨ ᠶᠡᠭᠡ ᠳᠠᠬᠢᠯᠭ᠎ᠠ ᠨᠢ ᠤᠷᠠᠳ ᠰᠤᠶᠤᠯ ᠤᠨ ᠪᠤᠳᠠᠰ ᠤᠨ ᠪᠤᠰᠤ ᠰᠤᠶᠤᠯ ᠤᠨ ᠦᠪ ᠢᠶᠠᠷ ᠳᠡᠮᠳᠡᠭᠯᠡᠬᠦᠯᠦᠭᠰᠡᠨ ᠪᠠᠶᠢᠨ᠎ᠠ᠃ 2014 ᠤᠨ | ᠠᠴᠠ ᠡᠬᠢᠯᠡᠨ ᠳᠠᠪᠤᠨ ᠶᠡᠭᠡ ᠳᠠᠬᠢᠯᠭ᠎ᠠ ᠶᠢ ᠵᠢᠯ ᠪᠦᠷᠢ ᠶᠠᠪᠤᠭᠲᠠᠭᠤᠯᠬᠤ ᠪᠤᠯᠤᠭᠰᠠᠨ ᠨᠢ ᠤᠷᠠᠳ ᠰᠤᠶᠤᠯ ᠤᠨ ᠰᠢᠨ᠎ᠡ ᠬᠠᠭᠤᠲᠠᠰᠤ ᠶᠢ ᠪᠢᠴᠢᠭᠯᠡᠭᠰᠡᠨ ᠪᠠᠶᠢᠨ᠎ᠠ ᠃ | ︽ᠢᠬᠡᠷ᠎ᠡ ᠪᠤᠳᠤᠭᠤ︾ ᠮᠦᠩᠬᠦᠨ ᠪᠤᠶᠢᠯᠠ ᠶᠢᠨ ᠱᠨᠩᠨᠠᠯᠳᠤ ᠳᠡᠮᠡᠬᠡᠨ ᠤᠷᠤᠯᠲᠤᠭᠠᠨ᠂ ︽ᠭᠤᠪᠢ ᠶᠢᠨ ᠰᠠᠬᠢᠭᠤᠰᠤ ᠳᠡᠮᠡᠭᠡ ᠪᠠᠨ ᠬᠠᠮᠠᠭᠠᠯᠠᠬᠤ︾ ᠳᠡᠮᠡᠬᠡᠨ | ᠰᠤᠶᠤᠯ ᠤᠨ ᠨᠠᠶᠢᠷ᠂ ᠤᠷᠠᠳ ᠨᠤᠲᠤᠭ ᠤᠨ ᠬᠠᠰᠢᠷ ᠠᠳᠤᠭᠤᠴᠢᠨ ᠵᠤᠷᠢᠭᠲᠤ ᠬᠡᠤᠬᠡᠨ ᠪᠠᠳᠮᠠᠬᠤᠸᠠᠷ ᠤᠨ ᠭᠡᠷ ᠪᠦᠯᠢ ᠶᠢᠨ ︽ᠦᠪ ᠬᠠᠩᠭᠠᠢ︾ ᠠᠳᠤᠭᠤᠨ | ᠰᠤᠶᠤᠯ ᠤᠨ ᠨᠠᠶᠢᠷ᠂ ︽ᠮᠦᠡᠭᠬᠦᠨ ᠬᠠᠨᠭ᠍ᠭᠠᠢ︾ ᠳᠡᠮᠡᠬᠡᠨ ᠰᠤᠶᠤᠯ ᠤᠨ ᠨᠠᠭᠠᠳᠣᠮ᠂ ︽ᠬᠤᠷᠲᠤ︾ ᠠᠲᠤᠭᠤᠨ ᠰᠤᠶᠤᠯ ᠤᠨ ᠨᠠᠶᠢᠷ᠂ ᠲᠠᠯ᠎ᠠ ᠨᠤᠲᠤᠭ ᠤᠨ ᠠᠮᠢ | ᠠᠬᠤᠢ ᠶᠢᠨ ᠵᠤᠭᠠᠴᠠᠯ ᠤᠨ ᠨᠠᠶᠢᠷ ᠵᠢᠴᠢ ︽ᠬᠤᠨ ᠭᠠᠯᠠᠭᠤ︾ ᠰᠤᠶᠤᠯ ᠤᠷᠠᠯᠢᠭ ᠤᠨ ᠨᠠᠶᠢᠷ᠂ ᠬᠠᠮᠲᠤ ᠶᠢᠨ ᠭᠠᠯ ᠲᠡᠬᠢᠯᠭ᠎ᠠ ᠵᠡᠷᠭᠡ ᠨᠢ ᠦᠨᠲᠦᠰᠦᠲᠡᠨ ᠤ ᠰᠤᠶᠤᠯ | ᠤᠨ ᠠᠭᠤᠷ ᠠᠮᠢᠰᠬᠤᠯ ᠢᠶᠠᠷ ᠪᠢᠯᠬᠠᠮ᠎ᠠ ᠪᠠᠶᠢᠵᠤ᠂ ᠦᠨᠲᠦᠰᠦᠲᠡᠨ ᠤ ᠰᠤᠶᠤᠯ ᠤᠨ ᠬᠦᠭᠵᠢᠯᠲᠡ ᠶᠢ ᠲᠦᠯᠬᠢᠨ ᠠᠬᠢᠭᠤᠯᠤᠭᠰᠠᠨ ᠪᠠᠶᠢᠨ᠎ᠠ᠃ ᠡᠬᠦᠨ ᠤ ᠲᠠᠭᠠᠤ | ︽ᠤᠷᠠᠳ ᠭᠠᠷ ᠤᠷᠠᠯᠠᠯ ᠤᠨ ᠨᠡᠶᠢᠭᠡᠮᠯᠢᠭ︾᠂ ︽ᠤᠷᠠᠳ ᠬᠤᠪᠴᠠᠰᠤ ᠵᠠᠰᠠᠯ ᠤᠨ ᠨᠡᠶᠢᠭᠡᠮᠯᠢᠭ︾ ᠪᠠ ᠠᠲᠤᠭᠤᠨ ᠰᠤᠶᠤᠯ ᠤᠨ ᠨᠡᠶᠢᠭᠡᠮᠯᠢᠭ᠂ ᠲᠡᠮᠡᠭᠡᠨ ᠰᠤᠶᠤᠯ | ᠤᠨ ᠨᠡᠶᠢᠭᠡᠮᠯᠢᠭ ᠵᠡᠷᠭᠡ ᠤᠷᠠᠳ ᠰᠤᠶᠤᠯ ᠤᠨ ᠡᠯ᠎ᠠ ᠵᠦᠢᠯ ᠠᠵᠢᠯ ᠲᠦᠷᠦᠯ ᠤᠨ ᠬᠦᠷᠢᠶᠡᠨ ᠳᠤ ᠬᠤᠶᠢᠨ᠎ᠠ ᠬᠤᠶᠢᠨ᠎ᠠ ᠠᠴᠠ ᠪᠠᠨ ᠪᠠᠶᠢᠭᠤᠯᠤᠭᠲᠠᠵᠤ᠂ ᠤᠷᠠᠳ | ᠰᠤᠶᠤᠯ ᠢ ᠠᠪᠤᠷᠠᠨ ᠬᠠᠮᠠᠭᠠᠯᠠᠵᠤ᠂ ᠤᠯᠠᠮᠵᠢᠯᠠᠨ ᠬᠦᠭᠵᠢᠬᠦᠯᠬᠦ ᠳᠤ ᠴᠢᠬᠤᠯᠠ ᠦᠢᠯᠡᠲᠦᠯ ᠢᠶᠠᠨ ᠦᠵᠡᠬᠦᠯᠵᠡᠢ᠃ ᠠᠭᠤᠯᠠ ᠬᠠᠶᠢᠷᠠᠬᠠᠨ ᠤᠪᠤᠭ᠎ᠠ ᠤᠰᠤ ᠭᠠᠯ ᠢᠶᠠᠨ | ᠲᠡᠬᠢᠬᠤ᠂ ᠭᠠᠷ ᠤᠷᠠᠯᠠᠯ ᠢᠶᠠᠨ ᠬᠦᠭᠵᠢᠬᠦᠯᠬᠦ᠂ ᠦᠨᠲᠦᠰᠦᠲᠡᠨ ᠤ ᠬᠤᠪᠴᠠᠰᠤ ᠵᠠᠰᠠᠯ ᠢᠶᠠᠨ ᠡᠳ᠋ᠯᠡᠬᠦ᠂ ᠲᠡᠮᠡᠭᠡ ᠠᠲᠤᠭᠤᠨ ᠰᠤᠶᠤᠯ ᠤᠨ ᠨᠠᠶᠢᠷ ᠡᠷᠬᠢᠯᠡᠬᠦ᠂ | ᠠᠬᠠᠮᠠᠳ ᠲᠤᠮᠤᠭᠠᠲᠠᠨ ᠢᠶᠠᠨ ᠬᠦᠨᠲᠦᠳᠭᠡᠨ ᠰᠢᠨ᠎ᠡ ᠶᠢᠨ ᠵᠤᠯᠭᠠᠯᠲᠠ ᠬᠢᠬᠦ᠂ ᠰᠤᠷᠤᠭᠴᠢᠳ ᠲᠤ ᠦᠨᠲᠦᠰᠦᠲᠡᠨ ᠤ ᠵᠠᠩ ᠦᠢᠯᠡ ᠶᠢᠨ ᠬᠢᠴᠢᠶᠡᠯ ᠤᠷᠤᠬᠤ ᠵᠡᠷᠭᠡ | ᠠᠯᠢ ᠤᠯᠠᠨ ᠤᠳᠬ᠎ᠠ ᠠᠭᠤᠯᠭ᠎ᠠ ᠲᠠᠢ ᠠᠵᠢᠯᠯᠠᠭ᠎ᠠ ᠦᠷᠨᠢᠬᠦᠯᠬᠦ᠂ ᠨᠠᠶᠢᠷ ᠨᠠᠭᠠᠲᠤᠮ ᠳᠤ ᠪᠠᠨ ᠡᠷ᠎ᠡ ᠶᠢᠨ ᠭᠤᠷᠪᠠᠨ ᠨᠠᠭᠠᠲᠤᠮ ᠠᠴᠠ ᠭᠠᠲᠠᠨ᠎ᠠ ᠮᠤᠩᠭᠤᠯ ᠰᠢᠲᠡᠷ᠎ᠡ᠂ | ᠮᠤᠷᠢᠨ ᠬᠤᠭᠤᠷ ᠤᠨ ᠬᠦᠭᠵᠢᠮ᠂ ᠪᠤᠭᠤᠨ ᠵᠢᠷᠬᠢᠭᠡ᠂ ᠱᠠᠭ᠎ᠠ ᠬᠠᠷᠪᠤᠬᠤ᠂ ᠱᠠᠭ᠎ᠠ ᠬᠠᠮᠤᠬᠤ᠂ ᠲᠡᠭᠡᠰᠤ ᠲᠠᠮᠤᠬᠤ᠂ ᠪᠤᠶᠢᠯᠡ ᠵᠤᠷᠭᠤᠬᠤ ᠵᠡᠷᠭᠡ ᠤᠯᠠᠨ ᠠᠭᠤᠯᠭ᠎ᠠ ᠶᠢ | ᠪᠠᠭᠲᠠᠭᠠᠭᠰᠠᠨ ᠪᠠ ︽ᠤᠷᠠᠳ ᠠᠷᠠᠳ ᠤᠨ ᠲᠠᠭᠤᠨ ᠤ ᠡᠮᠬᠢᠳᠭᠡᠯ︾᠂ ︽ᠤᠷᠠᠳ ᠠᠮᠠᠨ ᠦᠯᠢᠭᠡᠷ︾᠂ ︽ᠤᠷᠠᠳ ᠤᠨ ᠵᠠᠩ ᠦᠯᠡ︾᠂ ᠮᠠᠯ ᠤᠨ ᠠᠷᠠᠭ | ᠶᠠᠰᠤ᠂ ᠮᠠᠯ ᠤᠨ ᠵᠢᠰᠦᠮ ᠤᠨ ᠲᠤᠬᠠᠢ ᠵᠡᠷᠭᠡ ᠨᠤᠮ ᠭᠡᠪᠯᠡᠬᠦᠯᠦᠨ ᠲᠠᠷᠬᠠᠭᠠᠵᠤ᠂ ᠬᠤᠶᠢᠴᠢ ᠦᠶ᠎ᠡ ᠳᠤ ᠮᠤᠩᠭᠤᠯ ᠰᠤᠶᠤᠯ ᠢᠶᠠᠨ ᠦᠪᠯᠡᠨ ᠵᠠᠯᠭᠠᠮᠵᠢᠯᠠᠭᠤᠯᠤᠭᠰᠠᠨ | ᠪᠠᠶᠢᠨ᠎ᠠ᠃ ᠪᠦᠷᠢᠨ ᠪᠤᠰᠤ ᠪᠦᠷᠢᠳᠭᠡᠯ ᠢ ᠦᠨᠲᠦᠰᠦᠯᠡᠪᠡᠯ ᠪᠦᠬᠦ ᠬᠤᠲᠠ ᠪᠠᠷ ᠢᠶᠠᠨ ᠵᠢᠯ ᠪᠦᠷᠢ 120 ᠰᠢᠬᠠᠮ ᠤᠲᠠᠭᠠᠨ ᠤ ᠤᠷᠠᠳ ᠰᠤᠶᠤᠯ ᠢ ᠬᠠᠷᠠᠭᠤᠯᠤᠭᠰᠠᠨ | ᠶᠡᠭᠡ ᠪᠠᠭ᠎ᠠ ᠨᠠᠶᠢᠷ ᠨᠠᠭᠠᠲᠤᠮ᠂ ᠲᠤᠭᠯᠠᠯᠲᠠ ᠦᠵᠡᠬᠦᠯᠦᠯᠭᠡ ᠶᠢ ᠡᠷᠬᠢᠯᠡᠨ ᠶᠠᠪᠤᠭᠲᠠᠭᠤᠯᠲᠠᠭ ᠪᠠᠶᠢᠨ᠎ᠠ᠃ | ᠤᠶᠢᠷ᠎ᠠ ᠶᠢᠨ ᠵᠢᠯ ᠠᠴᠠ ᠡᠯ᠎ᠠ ᠬᠤᠰᠢᠭᠤ ᠨᠢ ᠰᠤᠶᠤᠯ ᠤᠨ ᠪᠡᠯᠡ ᠤᠷᠤᠭᠤᠯᠤᠯᠲᠠ ᠪᠠᠨ ᠲᠠᠰᠤᠷᠠᠯᠲᠠ ᠦᠭᠡᠢ ᠶᠡᠭᠡᠰᠭᠡᠵᠦ᠂ ᠰᠠᠭᠤᠷᠢ ᠪᠦᠲᠦᠭᠡᠨ | ᠪᠠᠶᠢᠭᠤᠯᠤᠯᠲᠠ ᠶᠢ ᠴᠢᠩᠭᠠᠳᠬᠠᠭᠰᠠᠨ ᠢᠶᠠᠷ ᠰᠤᠶᠤᠯ ᠤᠨ ᠬᠦᠭᠵᠢᠯᠲᠡ ᠶᠢ ᠠᠬᠢᠭᠤᠯᠤᠭᠰᠠᠨ ᠪᠠᠶᠢᠨ᠎ᠠ᠃ ᠤᠲᠤᠬᠠᠨ ᠪᠤᠯᠬᠤ ᠳᠤ ᠡᠯ᠎ᠠ ᠱᠠᠲᠤᠨ ᠤ ᠰᠤᠶᠤᠯ ᠤᠨ | ᠦᠷᠲᠡᠭᠡ᠂ ᠬᠦᠲᠡᠯᠭᠡᠭᠡᠨ ᠤ ᠲᠠᠯᠠᠪᠠᠢ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠦᠨᠲᠦᠰᠦᠨ ᠳᠤ ᠪᠠᠨ ᠲᠡᠬᠦᠯᠲᠡᠷᠵᠢᠭᠰᠡᠨ ᠪᠠᠶᠢᠨ᠎ᠠ᠃ ᠵᠢᠱᠢᠶᠡᠯᠠᠬᠦ ᠳᠤ ᠣᠷᠠᠳ | ᠲᠤᠮᠲᠠᠲᠤ ᠬᠤᠰᠢᠭᠤ ᠨᠢ ᠤᠲᠤ ᠪᠤᠯᠬᠤ ᠳᠤ ᠡᠯ᠎ᠡ ᠰᠤᠮᠤ ᠪᠠᠯᠭᠠᠰᠤ ᠮᠠᠯᠵᠢᠯ ᠤᠨ ᠲᠡᠯᠡᠪᠡᠢ ᠨᠢ ᠪᠦᠷ ᠰᠤᠶᠤᠯ ᠤᠨ ᠦᠷᠲᠡᠭᠡ᠂ ᠲᠠᠯ᠎ᠠ ᠨᠤᠲᠤᠭ ᠤᠨ ᠨᠤᠮ ᠤᠨ | ᠦᠷᠦᠭᠡ ᠂ ᠲᠤᠭᠠᠴᠢᠯᠠᠭᠰᠠᠨ ᠨᠤᠮ ᠤᠨ ᠦᠷᠦᠭᠡ᠂ ᠭᠠᠴᠠᠭ᠎ᠠ ᠲᠤᠰᠬᠤᠨ ᠤ ᠰᠤᠶᠤᠯ ᠤᠨ ᠦᠷᠦᠭᠡ᠂ 6 ᠨᠡᠶᠢᠭᠡᠮ ᠲᠤᠭᠤᠷᠢᠭ ᠤᠨ ᠰᠤᠶᠤᠯ ᠤᠨ ᠬᠦᠲᠡᠯᠭᠡᠭᠡᠨ ᠤ | ᠭᠡᠷ ᠲᠠᠢ ᠪᠤᠯᠤᠭᠰᠠᠨ ᠪᠠᠶᠢᠨ᠎ᠠ᠃ | ᠰᠤᠶᠤᠯ ᠤᠨ ᠠᠭᠤᠷ ᠠᠮᠢᠰᠬᠤᠯ ᠦᠳᠭᠡᠷᠡᠵᠦ ᠪᠦᠬᠦᠢ ᠡᠨᠡ ᠡᠷᠡᠨ ᠳᠤ ᠲᠠ ᠪᠢᠲᠡᠨ ᠳᠤ ᠭᠡᠮᠵᠢᠶᠡᠯᠡᠰᠢ ᠦᠭᠡᠢ ᠰᠠᠶᠢᠬᠠᠨ ᠠᠵᠠ ᠵᠠᠪᠰᠢᠶᠠᠨ ᠢ ᠤᠯᠭᠤᠵᠤ | ᠦᠭᠬᠦᠭᠰᠡᠨ ᠶᠤᠮ᠃ ᠦᠨᠲᠦᠰᠦᠲᠡᠨ ᠤ ᠲᠦᠷᠦ ᠶᠢᠨ ᠪᠤᠲᠤᠯᠭ᠎ᠠ ᠶᠢᠨ ᠲᠤᠶᠠᠭᠠᠯᠠᠯ ᠳᠤ ᠮᠤᠩᠭᠤᠯ ᠰᠤᠶᠤᠯ ᠮᠠᠨᠢ ᠨᠡᠩ ᠢᠯᠡᠬᠦᠦ ᠪᠠᠲᠠᠷᠠᠨ ᠬᠦᠭᠵᠢᠵᠦ᠂ ᠲᠡᠭᠡᠲᠦᠰ | ᠠᠴᠠ ᠤᠯᠠᠮᠵᠢᠯᠠᠭᠰᠠᠨ ᠦᠨᠡᠲᠦ ᠰᠤᠶᠤᠯ ᠦᠪᠡᠷ ᠤᠨ ᠭᠡᠰᠡᠨ ᠤᠨᠴᠠᠯᠢᠭ ᠢᠶᠠᠷ ᠢᠶᠠᠨ ᠲᠡᠯᠡᠭᠡᠢ ᠶᠢᠨ ᠬᠠᠷᠠᠭᠠᠨ ᠳᠤ ᠰᠤᠯᠤᠩᠭᠠᠷᠠᠬᠤ ᠨᠢ ᠯᠠᠪᠲᠠᠢ᠃ | | ᠪᠠ᠊ ᠪᠦᠬᠡ ᠶᠢᠨ ︽ᠬᠠᠶᠢᠷ᠎ᠠ ᠪᠠᠷ ᠢᠪᠢᠯᠬᠦ ᠬᠤᠷᠸ᠎ᠠ︾ ᠭᠡᠬᠦ ᠮᠡᠳᠡᠭᠡᠯᠡᠯ ᠤᠨ ᠤᠷᠠᠨ ᠵᠤᠬᠢᠶᠠᠯ ᠤᠨ ᠲᠡᠭᠦᠪᠦᠷᠢ ᠠᠴᠠ ᠪᠠᠭᠤᠯᠭᠠᠪᠠ | | | | | | | | | | | | |