ᠵᠢᠯ ᠤᠨ ᠠᠵᠢᠯ ᠬᠠᠪᠤᠷ ᠠᠴᠠ ᠡᠬᠢᠯᠡᠵᠤ᠂ ᠠᠯᠢᠪᠠ ᠶᠠᠪᠤᠳᠠᠯ ᠢ ᠠᠵᠢᠯᠴᠢ ᠪᠠᠷ ᠪᠦᠳᠦᠭᠡᠳᠡᠭ | 2023 ᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠬᠡᠷᠬᠢᠨ ᠬᠢᠬᠦ ᠲᠤᠬᠠᠢ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ ᠤᠨ ᠭᠡᠯᠳᠡᠰ ᠤᠨ ᠳᠠᠷᠤᠭ᠎ᠠ ᠨᠠᠷ ᠢᠩᠬᠢᠵᠤ ᠶᠠᠷᠢᠵᠤ ᠪᠤᠢ | | ᠦᠨᠳᠦᠰᠦ ᠰᠠᠭᠤᠷᠢ ᠪᠠᠨ ᠪᠠᠲᠤᠳᠬᠠᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠦᠨ ᠠᠮᠵᠢᠯᠳᠠ ᠪᠦᠳᠦᠮᠵᠢ ᠤᠯᠤᠨ᠎ᠠ | — — ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠴᠦᠨ ᠮᠧᠶ | | 2023 ᠣᠨ ᠳᠤ᠂ ᠤᠷᠠᠳ ᠤᠨ ᠳᠤᠮᠳᠠᠳᠤ ᠬᠤᠰᠢᠭᠤᠨ ᠤ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭᠠᠨ ᠤ ᠭᠤᠣᠯ ᠰᠡᠳᠦᠪ ᠭᠤᠣᠯ ᠰᠢᠵᠢᠮ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ | ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ︽ | ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠬᠤᠰᠢᠭᠤᠨ ᠤ ᠠᠵᠤ ᠠᠬᠤᠢ ᠶᠢᠨ ᠶᠡᠷᠦᠩᠬᠡᠢ ᠰᠡᠳᠬᠢᠴᠡ ᠪᠠ ︽ᠭᠤᠷᠪᠠ ᠳᠥᠷᠪᠡ ᠲᠠᠪᠤ︾ ᠶᠢᠨ ᠪᠦᠬᠦᠯᠢ | ᠴᠣᠭᠴᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠭᠤᠣᠯ ᠬᠥᠭ ᠠᠶᠠᠰ ᠢ ᠬᠠᠩᠭᠢᠨᠠᠭᠤᠯᠤᠨ᠂ ᠴᠤᠭ ᠰᠦᠯᠳᠡ ᠪᠠᠨ ᠪᠠᠳᠠᠷᠠᠭᠤᠯᠵᠤ᠂ ᠣᠳᠣᠬᠢᠴᠢᠯᠠᠭᠰᠠᠨ | ᠤᠷᠠᠳ ᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠰᠠᠶᠢᠨ ᠡᠬᠢᠯᠡᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ | ᠶᠡᠭᠡ ᠣᠶᠤᠨ ᠰᠠᠨᠠᠭᠠᠨ ᠤ ᠬᠦᠴᠦᠨ ᠢ ᠬᠠᠩᠭᠠᠨ᠎ᠠ᠃ | ᠨᠢᠭᠡ᠂ ᠲᠡᠷᠢᠭᠦᠨ ᠴᠢᠬᠤᠯᠠ ᠵᠦᠢᠯ ᠢ ᠠᠳᠬᠤᠵᠤ᠂ ᠦᠨᠳᠦᠰᠦ ᠶᠢ ᠪᠠᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠯᠳᠡ ᠶᠢ | ᠪᠤᠰᠬᠠᠬᠤ ᠶᠢ ᠴᠥᠬᠦᠷᠡᠰᠢ ᠦᠭᠡᠢ ᠪᠠᠷᠢᠮᠳᠠᠯᠠᠨ᠎ᠠ᠃ ︽ᠣᠯᠠᠨ ᠲᠠᠰ ᠳᠠᠪᠬᠤᠷᠭ᠎ᠠ ᠪᠠᠷ ᠰᠤᠷᠤᠯᠴᠠᠬᠤ᠂ ᠣᠯᠠᠨ ᠠᠷᠭ᠎ᠠ ᠮᠠᠶ᠋ᠢᠭ ᠢᠶᠠᠷ ᠬᠢᠴᠢᠶᠡᠯ ᠲᠠᠶᠢᠯᠦᠮᠵᠢ ᠬᠢᠬᠦ᠂ | ᠣᠯᠠᠨ ᠭᠡᠯᠪᠡᠷᠢ ᠪᠠᠷ ᠤᠬᠠᠭᠤᠯᠬᠤ᠂ ᠣᠯᠠᠨ ᠨᠠᠷᠠᠲᠤ ᠲᠥᠷᠥᠯ ᠲᠡᠮᠳᠡᠭᠲᠦ ᠶᠢ ᠥᠷᠭᠡᠳᠬᠡᠬᠦ︾ ᠠᠵᠢᠯ ᠤᠨ ᠲᠣᠭᠲᠠᠴᠠ ᠶᠢ ᠪᠠᠶᠢᠭᠤᠯᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠣᠷᠣᠭᠤᠯᠵᠤ᠂ ᠣᠯᠠᠨ ᠲᠦᠮᠡᠨ ᠲᠠᠢ ᠣᠶᠢᠷᠠᠲᠤᠭᠤᠯᠬᠤ ᠶᠢ ᠠᠬᠢᠭᠤᠯᠤᠨ᠎ᠠ᠃ ᠰᠤᠷᠤᠯᠴᠠᠬᠤ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠤᠳᠤᠯᠭᠠᠨ ᠤ ᠬᠡᠯᠪᠡᠷᠢ᠂ ᠶᠠᠷᠢᠯᠴᠠᠭᠠᠨ ᠤ ᠬᠡᠯᠪᠡᠷᠢ᠂ ᠪᠠᠶᠡᠴᠢᠯᠡᠨ ᠣᠶᠢᠯᠠᠭᠠᠬᠤ ᠬᠡᠯᠪᠡᠷᠢ ᠶᠢᠨ ᠰᠤᠷᠤᠯᠴᠠᠯᠭ᠎ᠠ ᠶᠢ | ᠥᠷᠭᠡᠨ ᠢᠶᠠᠷ ᠥᠷᠨᠢᠭᠦᠯᠵᠦ᠂ ᠨᠢᠭᠡ ᠪᠦᠯᠦᠭ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠤᠬᠠᠢ ᠶᠢᠨ ᠲᠠᠯᠠᠪᠠᠶ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠵᠡᠷᠭᠡ ᠶᠢ ᠪᠠᠭᠲᠠᠭᠠᠭᠰᠠᠨ ᠬᠤᠰᠢᠭᠤᠨ ᠤ ᠨᠠᠮ ᠤᠨ ᠬᠤᠷᠢᠶ᠎ᠠ ᠶᠢᠨ ᠭᠤᠣᠯ ᠳᠤᠭᠤᠶᠢᠯᠠᠩ ᠤᠨ | ᠰᠤᠷᠤᠯᠴᠠᠯᠭ᠎ᠠ ᠶᠢᠨ ︽ᠬᠤᠶᠠᠳᠤᠭᠠᠷ ᠬᠢᠴᠢᠶᠡᠯ ᠤᠨ ᠲᠠᠩᠬᠢᠮ︾ ᠢ ᠴᠤᠭᠴᠠᠯᠠᠵᠤ᠂ ︽ᠲᠣᠭᠤᠷᠢᠨ ᠦᠵᠡᠵᠦ ᠪᠠᠶᠢᠴᠠᠭᠠᠨ ᠰᠤᠳᠤᠯᠬᠤ + ᠰᠤᠷᠤᠯᠴᠠᠵᠤ ᠰᠤᠳᠤᠯᠤᠨ | ᠶᠠᠷᠢᠯᠴᠠᠬᠤ︾ ᠠᠷᠭ᠎ᠠ ᠬᠡᠯᠪᠡᠷᠢ ᠪᠠᠷ ᠣᠨᠣᠯ ᠪᠠ ᠦᠢᠯᠡᠳᠦᠯᠭᠡ ᠶᠢ ᠨᠠᠪᠲᠠᠷᠡᠭᠦᠯᠵᠦ᠂ ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠤᠶᠠᠷ᠂ ᠢᠲᠡᠭᠡᠯ ᠵᠣᠷᠢᠭ ᠢᠶᠠᠨ ᠪᠠᠲᠤᠳᠬᠠᠬᠤ᠂ ᠡᠷᠴᠢ ᠵᠣᠷᠢᠭ ᠢᠶᠠᠨ ᠬᠥᠪᠴᠢᠯᠡᠬᠦ ᠶᠢ ᠲᠤᠪᠤᠶᠢᠯᠭᠠᠨ᠂ ᠪᠦᠯᠬᠦᠮᠳᠡᠨ ᠲᠡᠮᠡᠴᠡᠬᠦ ᠭᠤᠣᠯ ᠦᠵᠡᠯ ᠰᠠᠨᠠᠭ᠎ᠠ | ᠶᠠᠷᠢᠶ᠎ᠠ ᠬᠡᠯᠡᠯᠴᠡᠭᠡ ᠶᠢ ᠦᠷᠭᠦᠯᠵᠢᠯᠡᠨ ᠪᠠᠬᠢᠵᠢᠭᠦᠯᠦᠨ ᠪᠤᠵᠠᠭᠠᠶᠢᠷᠠᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠣᠭᠤᠷᠢᠨ ᠳᠤ᠂ ᠬᠤᠰᠢᠭᠤᠨ ᠤ ᠠᠵᠤ ᠠᠬᠤᠢ ᠶᠢᠨ ᠶᠡᠷᠦᠩᠬᠡᠢ ᠰᠡᠳᠬᠢᠴᠡ ᠪᠠ ︽ | ᠭᠤᠷᠪᠠ ᠳᠥᠷᠪᠡ ᠲᠠᠪᠤ︾ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠡᠷᠢᠭᠦᠨ ᠢ ᠲᠡᠮᠡᠴᠡᠨ ᠤᠯᠵᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︾ ︽ᠰᠢᠨ᠎ᠡ ᠠᠶᠠᠨ ᠳᠤ ᠳᠠᠬᠢᠨ ᠮᠣᠷᠳᠠᠨ᠎ᠠ︾ ︽ᠮᠡᠷᠡᠶᠢᠨ ᠴᠢᠷᠮᠠᠶᠢᠭᠴᠢ︾ ᠵᠡᠷᠭᠡ ᠪᠤᠯᠤᠩ ᠢ ᠰᠠᠶᠢᠲᠤᠷ | ᠡᠷᠭᠢᠯᠡᠵᠦ᠂ ︽ᠪᠢ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠪᠠᠶᠢᠨ᠎ᠠ︾ ︽ᠲᠤᠷᠠᠨ ᠬᠠᠷᠠᠭᠠᠨ ᠳᠠᠬᠢ ᠤᠷᠠᠳ ᠤᠨ ᠲᠤᠮᠳᠠᠳᠤ ᠬᠤᠰᠢᠭᠤ︾ ᠵᠡᠷᠭᠡ | ᠰᠣᠷᠪᠤᠯᠵᠢᠯᠠᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠺᠠᠳ᠋ᠷ ᠣᠯᠠᠨ ᠲᠦᠮᠡᠨ ᠤ ᠤᠷᠠᠳ ᠤᠨ ᠳᠤᠮᠳᠠᠳᠤ ᠬᠤᠰᠢᠭᠤᠨ ᠤ ᠣᠳᠣᠬᠢᠴᠢᠯᠠᠯᠲᠠ ᠶᠢᠨ ᠬᠥᠭᠵᠢᠯᠲᠡ ᠳᠤ | ᠣᠷᠣᠯᠴᠠᠭᠰᠠᠨ ᠠᠮᠢᠳᠤᠯᠢᠭ ᠦᠢᠯᠡᠳᠦᠯᠭᠡ ᠶᠢ ᠬᠠᠷᠠᠭᠤᠯᠤᠨ᠎ᠠ᠃ ᠰᠣᠨᠢᠨ ᠮᠡᠳᠡᠭᠡᠨ ᠤ ᠰᠡᠳᠦᠪ ᠰᠣᠩᠭᠤᠬᠤ ᠲᠣᠬᠢᠷᠠᠭᠤᠯᠤᠯᠲᠠ ᠶᠢ ᠤᠯᠠᠷᠢᠯ ᠪᠦᠷᠢ ᠳᠤ ᠨᠢᠭᠡ | ᠤᠳᠠᠭ᠎ᠠ ᠥᠷᠨᠢᠭᠦᠯᠵᠦ᠂ ᠰᠣᠨᠢᠨ ᠮᠡᠳᠡᠭᠡᠨ ᠤ ᠤᠬᠠᠭᠠᠯᠠᠭ᠎ᠠ ᠶᠢᠨ ᠲᠣᠭᠲᠠᠮᠠᠯ ᠬᠤᠷᠠᠯ ᠪᠠ ᠰᠣᠨᠢᠨ ᠮᠡᠳᠡᠭᠡᠨ ᠤ ᠰᠢᠯᠭᠠᠨ ᠦᠨᠡᠯᠡᠯᠲᠡ ᠶᠢ ᠭᠠᠷᠠᠭ ᠪᠦᠷᠢ ᠳᠤ ᠨᠢᠭᠡ | ᠤᠳᠠᠭ᠎ᠠ ᠥᠷᠨᠢᠭᠦᠯᠦᠨ᠎ᠡ᠃ ᠳᠡᠭᠡᠳᠦ ᠱᠠᠲᠤᠨ ᠤ ᠵᠠᠭᠤᠴᠢᠯᠠᠭᠤᠷ ᠤᠨ ᠰᠤᠷᠪᠤᠯᠵᠢᠯᠠᠭᠴᠢ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠡᠶᠢᠭᠡᠮᠯᠢᠭ ᠤᠨ | ᠵᠣᠬᠢᠶᠠᠯᠴᠢ᠂ ᠭᠡᠷᠡᠯ ᠵᠢᠷᠤᠭᠴᠢᠳ ᠢ ᠤᠷᠢᠵᠤ ᠰᠤᠷᠪᠤᠯᠵᠢᠯᠠᠬᠤ ᠪᠦᠯᠬᠦᠮ ᠪᠠᠶᠢᠭᠤᠯᠤᠨ᠂ ᠴᠢᠮᠡᠭᠡᠯᠡᠭᠴᠢᠳ ᠤᠨ ᠡᠩᠨᠡᠭᠡ᠂ ᠤᠳᠬ᠎ᠠ ᠵᠣᠬᠢᠶᠠᠯ ᠤᠨ ᠵᠣᠬᠢᠶᠠᠨ ᠪᠦᠲᠦᠭᠡᠬᠦ | ᠪᠦᠯᠬᠦᠮ᠂ ᠰᠣᠨᠢᠨ ᠮᠡᠳᠡᠭᠡᠨ ᠤ ᠰᠦᠪᠡᠭᠴᠢ ᠶᠢᠨ ᠴᠤᠭᠯᠠᠷᠠᠯ ᠢ ᠵᠣᠬᠢᠶᠠᠨ ᠪᠠᠶᠢᠭᠤᠯᠵᠤ᠂ ᠲᠣᠮᠣ ᠬᠡᠯᠪᠡᠷᠢ ᠶᠢᠨ ᠭᠠᠳᠠᠭᠠᠳᠤ ᠤᠬᠠᠭᠤᠯᠭ᠎ᠠ ᠶᠢᠨ ᠠᠮᠢᠳᠤᠷᠠᠯ ᠳᠤ | ᠬᠦᠨᠵᠡᠭᠡᠶᠢᠷᠡᠬᠦ ᠠᠵᠢᠯᠯᠠᠭ᠎ᠠ ᠶᠢ ᠥᠷᠨᠢᠭᠦᠯᠦᠨ᠎ᠡ᠃ ︽ᠡᠮᠦᠨᠡᠲᠦ ᠭᠤᠪᠢ ᠠᠶᠢᠮᠠᠭ ᠲᠤ ᠣᠴᠢᠬᠤ︾ ︽ᠳᠤᠮᠳᠠᠳᠤ ᠮᠣᠩᠭᠤᠯ ᠤᠨ ᠰᠣᠯᠢᠯᠴᠠᠭᠠᠨ ᠤ ᠭᠠᠷᠠᠭ︾ ᠵᠡᠷᠭᠡ | ᠨᠠᠷᠠᠲᠤ ᠲᠥᠷᠥᠯ ᠲᠡᠮᠳᠡᠭᠲᠦ ᠶᠢᠨ ᠰᠣᠯᠢᠯᠴᠠᠭᠠᠨ ᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠮᠣᠩᠭᠤᠯ ᠤᠯᠤᠰ ᠳᠠᠬᠢ ᠤᠬᠠᠭᠤᠯᠭ᠎ᠠ ᠶᠢᠨ ᠰᠢᠨ᠎ᠡ | ᠪᠠᠶᠢᠷᠢᠰᠢᠯ ᠢ ᠪᠣᠶ ᠪᠣᠯᠭᠠᠨ᠎ᠠ᠃ | ᠭᠤᠷᠪᠠ᠂ ᠰᠢᠨ᠎ᠡ ᠬᠡᠪ ᠰᠤᠷᠲᠠᠯ ᠢ ᠪᠤᠢ ᠪᠣᠯᠭᠠᠬᠤ᠂ ᠰᠢᠨ᠎ᠡ ᠬᠥᠮᠥᠨ ᠢ ᠬᠥᠮᠥᠵᠢᠭᠦᠯᠬᠦ ᠪᠠᠷ ᠭᠤᠣᠯᠯᠠᠭᠤᠯᠤᠨ᠂ ᠪᠦᠬᠦ ᠤᠯᠤᠰ ᠤᠨ ᠪᠣᠯᠪᠠᠰᠤᠨ ᠬᠤᠳᠠ ᠶᠢ | ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ | ᠴᠢᠩᠭᠠᠷᠠᠭᠤᠯᠤᠨ᠂ ᠠᠷᠪᠠᠨ ᠲᠠᠯ᠎ᠠ ᠶᠢᠨ ︽ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ᠂ ᠶᠡᠬᠡᠪᠡᠷ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ | ᠥᠷᠨᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠪᠠᠶᠢᠭᠤᠯᠤᠯ ᠢ ᠬᠦᠴᠦᠯᠡᠨ ᠲᠡᠭᠦᠯᠳᠡᠷᠵᠢᠭᠦᠯᠦᠨ᠎ᠡ᠃ ᠵᠠᠮ ᠬᠠᠷᠢᠯᠴᠠᠭᠠᠨ ᠤ ᠡᠮᠬᠢ | ᠳᠢᠭᠯᠢᠮ᠂ ᠡᠵᠡᠩᠨᠡᠯᠲᠡ ᠶᠢᠨ ᠡᠮᠬᠢ ᠳᠢᠭᠯᠢᠮ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠲᠠ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ ᠶᠢ ᠲᠠᠰᠤᠷᠠᠯᠲᠠ ᠦᠭᠡᠢ ᠠᠬᠢᠭᠤᠯᠵᠤ᠂ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠭᠠᠷ ᠭᠠᠷ ᠢᠶᠠᠨ ᠬᠤᠯᠪᠣᠯᠴᠠᠬᠤ︾᠂ ︽ᠪᠣᠯᠪᠠᠰᠤᠨ ᠰᠤᠷᠭᠠᠭᠤᠯᠢ ᠶᠢᠨ | ᠬᠦᠷᠢᠶ᠎ᠡ︾᠂ ︽ᠪᠦᠬᠦ ᠠᠷᠠᠳ ᠢᠶᠠᠷ ᠢᠶᠠᠨ ᠨᠣᠮ ᠤᠩᠰᠢᠬᠤ︾ ᠵᠢᠴᠢ ︽ᠳᠡᠷᠭᠡᠳᠡᠬᠢ ᠰᠠᠶᠢᠨ ᠬᠥᠮᠥᠨ︾᠂ ︽ᠪᠣᠯᠪᠠᠰᠤᠨ ᠭᠡᠷ ᠪᠦᠯᠢ︾ ᠶᠢ ᠰᠢᠯᠭᠠᠷᠠᠭᠤᠯᠬᠤ | ᠵᠡᠷᠭᠡ ᠠᠵᠢᠯᠯᠠᠭ᠎ᠠ ᠶᠢ ᠰᠠᠶᠢᠲᠤᠷ ᠥᠷᠨᠢᠭᠦᠯᠦᠨ᠎ᠡ᠃ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠪᠠᠶᠢᠭᠤᠯᠭ᠎ᠠ ᠨᠢᠭᠡᠴᠢ᠂ ᠪᠣᠯᠪᠠᠰᠤᠨ ᠭᠡᠷ ᠪᠦᠯᠢ᠂ ᠪᠣᠯᠪᠠᠰᠤᠨ | ᠰᠤᠷᠭᠠᠭᠤᠯᠢ ᠶᠢᠨ ᠬᠦᠷᠢᠶ᠎ᠡ᠂ ᠪᠣᠯᠪᠠᠰᠤᠨ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠵᠡᠷᠭᠡ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ | ᠠᠬᠢᠭᠤᠯᠵᠤ᠂ ᠣᠯᠠᠨ ᠲᠦᠮᠡᠨ ᠤ ᠬᠠᠷᠢᠶᠠᠯᠠᠭᠳᠠᠬᠤ ᠰᠡᠳᠬᠢᠯᠭᠡ᠂ ᠬᠦᠷᠲᠡᠮᠵᠢ ᠶᠢᠨ ᠰᠡᠳᠬᠢᠯᠭᠡ᠂ ᠵᠣᠯ ᠵᠢᠷᠭᠠᠯᠲᠤ ᠰᠡᠳᠬᠢᠯᠭᠡ ᠪᠠ ᠠᠮᠤᠷ ᠲᠦᠪᠰᠢᠨ ᠤ | ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︵ᠭᠠᠵᠠᠷ᠂ ᠥᠷᠲᠡᠭᠡ︶ ᠤᠨ | ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠢᠭᠡ ᠪᠦᠯᠦᠭ ︽ᠵᠢᠭᠰᠠᠭᠠᠯ ᠤᠨ ᠭᠠᠵᠠᠷ ᠢ ᠬᠠᠮᠲᠤ ᠪᠠᠷ ᠪᠠᠶᠢᠭᠤᠯᠬᠤ᠂ ᠠᠵᠢᠯᠯᠠᠭ᠎ᠠ ᠶᠢ | ᠬᠠᠮᠲᠤ ᠪᠠᠷ ᠦᠷᠨᠢᠬᠦᠯᠬᠦ᠂ ᠡᠩᠨᠡᠭᠡ ᠶᠢ ᠬᠠᠮᠲᠤ ᠪᠠᠷ ᠪᠠᠶᠢᠭᠤᠯᠬᠤ︾ ᠪᠣᠯᠪᠠᠰᠤᠨ ᠤ ᠦᠢᠯᠡᠳᠦᠯᠭᠡ ᠶᠢᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠵᠤ᠂ ︽ᠨᠢᠭᠡ | ᠦᠷᠳᠡᠭᠡ ᠨᠢᠭᠡ ᠲᠥᠷᠥᠯ ᠲᠡᠮᠳᠡᠭᠳᠤ︾ ᠶᠢᠨ ᠨᠠᠷᠠᠲᠤ ᠲᠡᠮᠳᠡᠭ ᠤᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠨᠢᠭᠡ ᠪᠦᠯᠦᠭ ︽ᠳᠤᠮᠳᠠᠳᠤ ᠬᠤᠰᠢᠭᠤ︾ ᠶᠢᠨ | ᠨᠠᠷᠠᠲᠤ ᠲᠡᠮᠳᠡᠭ ᠤᠨ ᠲᠥᠷᠥᠯ ᠵᠦᠢᠯ ᠢ ᠪᠤᠶᠢᠵᠢᠭᠤᠯᠤᠨ ᠭᠦᠭᠵᠢᠬᠦᠯᠦᠨ᠎ᠡ᠃ | ᠳᠥᠷᠪᠡ᠂ ᠥᠭᠡᠷᠡᠴᠢᠯᠡᠯᠲᠡ ᠶᠢ ᠠᠬᠢᠭᠤᠯᠬᠤ᠂ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠣᠳᠣᠯᠬᠢᠯᠠᠨ᠂ ᠠᠷᠠᠳ ᠤᠯᠠᠨ ᠤ ᠤᠶᠤᠨ ᠤ ᠪᠠ ᠰᠣᠶᠣᠯ ᠤᠨ | ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ | ᠢ ᠭᠦᠨᠵᠡᠭᠡᠢ ᠬᠡᠷᠡᠭᠵᠢᠭᠦᠯᠵᠦ᠂ ︽ᠨᠢᠭᠡ ᠪᠦᠯᠦᠭ ᠢ ᠤᠬᠠᠭᠠᠯᠠᠨ ᠰᠡᠳᠦᠵᠦ᠂ ᠨᠢᠭᠡ ᠪᠦᠯᠦᠭ ᠢ ᠵᠣᠬᠢᠶᠠᠨ ᠪᠦᠲᠦᠭᠡᠵᠦ᠂ ᠨᠢᠭᠡ ᠪᠦᠯᠦᠭ ᠢ ᠨᠥᠭᠡᠴᠡᠯᠡᠬᠦ︾ ᠶᠢ | ᠪᠠᠷᠢᠮᠲᠠᠯᠠᠨ᠂ ᠬᠥᠲᠥᠯᠥᠨ ᠵᠢᠯᠤᠭᠤᠳᠴᠤ ᠲᠡᠳᠬᠦᠬᠦ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ | ᠵᠣᠬᠢᠶᠠᠨ ᠪᠦᠲᠦᠭᠡᠬᠦ ᠶᠢ ᠠᠬᠢᠭᠤᠯᠤᠨ᠎ᠠ᠃ ᠰᠣᠶᠣᠯ ᠤᠨ ᠠᠵᠤ ᠦᠢᠯᠡᠰ ᠤᠨ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠤᠯᠤᠰ ᠤᠨ | ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠤᠰᠢᠭᠤ ᠵᠢᠴᠢ ᠤᠮᠠᠷᠠᠲᠤ ᠬᠢᠯᠢ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠬᠢᠭᠡᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠤᠨ᠂ ᠳᠤᠮᠳᠠᠳᠤ ᠬᠤᠰᠢᠭᠤᠨ ᠤ ᠣᠨᠴᠠᠯᠢᠭᠲᠤ ᠰᠣᠶᠣᠯ ᠤᠨ ᠠᠵᠢᠯᠯᠠᠭ᠎ᠠ ᠶᠢᠨ ᠨᠠᠷᠠᠲᠤ ᠲᠡᠮᠳᠡᠭᠲᠦ ᠶᠢ ᠦᠷᠭᠦᠯᠵᠢᠯᠡᠨ | ᠪᠣᠶᠢᠵᠢᠭᠤᠯᠵᠤ᠂ ᠤᠯᠠᠭᠠᠨᠮᠥ᠋ᠴᠢᠷ ᠤᠨ ︽ᠰᠤᠷᠤᠯᠴᠠᠬᠤ · ᠡᠭᠦᠳᠬᠦ · ᠲᠣᠭᠯᠠᠬᠤ︾ ᠶᠢ ᠭᠦᠨᠵᠡᠭᠡᠶᠢᠷᠡᠭᠦᠯᠦᠨ᠂ ᠣᠯᠠᠨ ᠲᠦᠮᠡᠨ ᠤ ᠰᠣᠶᠣᠯ ᠤᠨ ᠬᠦᠷᠲᠡᠮᠵᠢ ᠶᠢᠨ | ᠲᠥᠷᠥᠭᠳᠡᠯ ᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ | ᠲᠠᠪᠤ᠂ ᠬᠠᠷᠢᠭᠤᠴᠠᠯᠭ᠎ᠠ ᠶᠢ ᠴᠢᠩᠭ᠎ᠠ ᠠᠳᠬᠤᠬᠤ᠂ ᠰᠡᠷᠭᠡᠶᠢᠯᠡᠯᠲᠡ ᠶᠢ ᠠᠳᠬᠤᠬᠤ ᠲᠠᠢ ᠨᠢᠭᠳᠠ ᠤᠶᠠᠯᠳᠤᠭᠤᠯᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ | ᠲᠦᠪᠰᠢᠨ ᠢ ᠦᠨᠡᠨᠬᠦ ᠬᠠᠮᠠᠭᠠᠯᠠᠨ᠎ᠠ᠃ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠬᠠᠢ ᠰᠡᠳᠦᠪ ᠢᠶᠠᠷ ᠬᠠᠷᠢᠭᠤ ᠮᠡᠳᠡᠭᠦᠯᠬᠦ᠂ | ᠲᠤᠰᠬᠠᠢ ᠰᠡᠳᠦᠪ ᠢᠶᠠᠷ ᠰᠤᠳᠤᠯᠬᠤ᠂ ᠲᠤᠰᠬᠠᠢ ᠲᠦᠷᠦᠯ ᠢᠶᠠᠷ ᠰᠢᠪᠠᠳᠠᠨ ᠪᠠᠶᠢᠴᠠᠭᠠᠬᠤ ᠵᠡᠷᠭᠡ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠨ᠎ᠠ᠃ ᠪᠥᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ᠂ | ᠦᠵᠡᠯ ᠤᠬᠠᠮᠰᠠᠷ ᠤᠨ ᠬᠡᠯᠪᠡᠷᠢ ᠵᠢᠨᠲ᠋ᠤᠤᠷᠵᠢᠭᠤᠯᠤᠭᠰᠠᠨ ᠬᠠᠮᠢᠶᠠᠷᠤᠯᠳᠠ ᠶᠢᠨ ᠠᠵᠢᠯᠲᠠᠨ ᠪᠠ ᠶᠠᠷᠢᠶ᠎ᠠ ᠬᠡᠯᠡᠯᠴᠡᠭᠡᠨ ᠤ ᠮᠡᠳᠡᠭᠡ ᠵᠠᠩᠭᠢ ᠶᠢᠨ ᠠᠵᠢᠯᠲᠠᠨ ᠤ | ᠪᠣᠯᠪᠠᠰᠤᠷᠠᠯ ᠤᠨ ᠠᠩᠭᠢ ᠶᠢ ᠰᠠᠶᠢᠲᠤᠷ ᠡᠷᠭᠢᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠢᠷᠢ ᠲᠦᠪᠰᠢᠨ ᠢ ᠦᠷᠬᠦᠯᠵᠢᠯᠡᠨ ᠲᠡᠭᠡᠭᠰᠢᠯᠡᠬᠦᠯᠦᠨ᠎ᠡ᠃ | ᠪᠥᠬᠦ ᠬᠦᠷᠢᠶ᠎ᠠ ᠴᠠᠷᠠᠭᠠᠨ ᠤ ᠬᠤᠯᠪᠤᠭᠠᠯᠠᠨ ᠬᠥᠳᠡᠯᠦᠯᠴᠡᠬᠦ᠂ ᠠᠵᠢᠯᠯᠠᠭᠠᠨ ᠨᠢ ᠥᠨᠳᠥᠷ ᠪᠦᠲᠦᠮᠵᠢᠲᠡᠶ ᠤᠷᠢᠳᠴᠢᠯᠠᠨ ᠰᠡᠷᠡᠮᠵᠢᠯᠡᠭᠦᠯᠵᠦ ᠰᠢᠢᠳᠪᠦᠷᠢᠯᠡᠬᠦ | ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠪᠥᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠎ᠠ᠃ | ᠵᠢᠷᠭᠤᠭ᠎ᠠ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯ ᠶᠠᠪᠤᠳᠠᠯ ᠪᠦᠲᠦᠭᠡᠬᠦ ᠳᠤ ᠰᠠᠭᠤᠷᠢᠯᠠᠨ᠂ ᠰᠤᠷᠲᠠᠯ ᠤᠬᠠᠭᠤᠯᠭ᠎ᠠ ᠦᠵᠡᠯ | ᠰᠠᠨᠠᠭᠠᠨ ᠤ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠨᠤᠯ ᠢ ᠪᠣᠳᠠᠲᠠᠢ ᠲᠠᠢ ᠤᠶᠠᠯᠳᠤᠭᠤᠯᠬᠤ᠂ ᠬᠤᠪᠢᠷᠠᠭᠤᠯᠤᠨ ᠬᠡᠷᠡᠭᠯᠡᠬᠦ | ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠦᠬᠦ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢ ᠠᠳᠬᠤᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ᠂ ᠰᠤᠷᠲᠠᠯ ᠢ ᠠᠳᠬᠤᠬᠤ ᠤᠳᠤᠷᠢᠳᠤᠮᠵᠢ ᠶᠢ ᠠᠬᠢᠭᠤᠯᠤᠨ᠎ᠠ᠃ ᠪᠥᠬᠦ ᠵᠢᠯ ᠤᠨ ᠠᠵᠢᠯ ᠤᠨ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ︽ᠲᠥᠷᠥᠯ ᠵᠦᠢᠯ︾ ᠤᠨ ᠪᠢᠲᠡᠭᠦᠦ ᠴᠠᠭᠠᠷᠢᠭ ᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ | ᠠᠵᠢᠯ ᠤᠨ ᠪᠠᠶᠢᠷᠢ ᠳᠤ ᠨᠠᠷᠢᠯᠢᠭᠵᠢᠭᠤᠯᠤᠨ ᠬᠤᠪᠢᠶᠠᠵᠤ᠂ ᠰᠢᠪᠠᠳᠠᠨ ᠪᠠᠶᠢᠴᠠᠭᠠᠵᠤ ᠰᠢᠪᠠᠳᠠᠨ ᠭᠦᠢᠴᠡᠳᠬᠡᠯᠭᠡᠬᠦ ᠶᠢ ᠴᠢᠩᠭᠠᠳᠬᠠᠨ᠂ ᠲᠥᠷᠥᠯ ᠵᠦᠢᠯ ᠤᠨ ᠠᠵᠢᠯ ᠢ | ᠨᠠᠶᠢᠳᠠᠪᠤᠷᠢᠵᠢᠭᠤᠯᠦᠨ᠎ᠡ᠃ ᠲᠠᠩᠰᠠ ᠮᠡᠳᠡᠭᠦᠯᠬᠦ ᠤᠬᠠᠮᠰᠠᠷ᠂ ᠰᠢᠯᠭᠠᠯᠳᠠ ᠶᠢᠨ ᠬᠠᠭᠤᠳᠠᠰᠤ ᠪᠠᠨ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ | ᠴᠢᠩᠭᠠᠳᠬᠠᠵᠤ᠂ ︽ᠳᠠᠷᠤᠶᠢᠬᠠᠨ ᠭᠦᠢᠴᠡᠳᠬᠡᠬᠦ᠂ ᠠᠩᠬᠠᠷᠴᠤ ᠪᠠᠶᠢᠭᠠᠳ ᠭᠦᠢᠴᠡᠳᠬᠡᠬᠦ᠂ ᠭᠦᠢᠴᠡᠳᠬᠡᠪᠡᠯ ᠳᠠᠷᠤᠢ ᠰᠠᠶᠢᠲᠤᠷ ᠭᠦᠢᠴᠡᠳᠬᠡᠬᠦ︾ ᠰᠢᠯᠢᠳᠡᠭ | ᠰᠤᠷᠲᠠᠯ ᠢᠶᠠᠷ ᠤᠬᠠᠭᠤᠯᠭ᠎ᠠ ᠶᠢᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠠᠵᠢᠯ ᠶᠠᠪᠤᠳᠠᠯ ᠪᠦᠳᠦᠭᠡᠬᠦ ᠳᠦᠷᠢ ᠲᠥᠷᠬᠦ ᠶᠢ ᠪᠣᠶ ᠪᠣᠯᠭᠠᠨ᠎ᠠ᠃ | | | |