ᠬᠠᠯᠢᠭᠤᠳᠤ ᠪᠠᠯᠭᠠᠰᠤᠨ ᠤ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠤᠨ ᠲᠣᠭᠤᠷᠢᠵᠤ ᠶᠠᠪᠤᠬᠤ ᠲᠤᠬᠠᠢ ᠮᠡᠳᠡᠭᠳᠡᠯ ᠤᠨ ᠠᠯᠪᠠᠨ ᠵᠠᠷ
ᠨᠡᠶᠢᠲᠡᠯᠡᠭᠰᠡᠨ ᠴᠠᠭ᠄
2023/4/24
     ᠴᠤᠩᠵᠢ ᠵᠠᠮ ᠤᠨ ᠪᠠᠷᠢᠯᠭ᠎ᠠ ᠶᠢᠨ ᠠᠵᠢᠯ ᠡᠬᠢᠯᠡᠭᠰᠡᠨ ᠠᠴᠠ ᠪᠣᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠬᠡᠷᠡᠭᠴᠡᠭᠡ ᠱᠠᠭᠠᠷᠲᠠᠯᠭ᠎ᠠ ᠶᠢ ᠪᠠᠲᠤᠯᠠᠬᠤ ᠶᠢᠨ ᠲᠥᠯᠥᠭᠡ᠂ ᠴᠧᠩ ᠲᠦᠩ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠶᠢᠨ ᠤᠷᠠᠳ ᠤᠨ ᠳᠤᠮᠳᠠᠳᠤ ᠬᠤᠰᠢᠭᠤᠨ ᠤ ᠬᠤᠪᠢᠶᠠᠷᠢ ᠺᠣᠮᠫᠠᠨᠢ 1 ᠳ᠋ᠤᠭᠡᠷ ᠲᠤᠭᠠᠳᠤ ᠨᠡᠶᠢᠲᠡ ᠶᠢᠨ ᠮᠠᠰᠢᠨ ᠲᠡᠷᠭᠡᠨ ᠤ ᠠᠶᠠᠯᠠᠯ ᠤᠨ ᠵᠠᠮ ᠱᠤᠭᠤᠮ ᠳᠤ ᠲᠣᠬᠢᠷᠠᠭᠤᠯᠤᠯᠲᠠ ᠬᠢᠪᠡ᠃ ᠪᠣᠳᠠᠲᠠᠢ ᠪᠠᠶᠢᠳᠠᠯ ᠨᠢ ᠳᠣᠣᠷᠠᠬᠢ ᠮᠡᠲᠦ᠄    1 ᠳ᠋ᠤᠭᠡᠷ ᠲᠤᠭᠠᠳᠤ ᠨᠡᠶᠢᠲᠡ ᠶᠢᠨ ᠮᠠᠰᠢᠨ ᠲᠡᠷᠭᠡᠨ ᠤ ᠠᠶᠠᠯᠠᠯ ᠤᠨ ᠵᠠᠮ ᠱᠤᠭᠤᠮ᠄ ᠭᠠᠨ ᠴᠢᠤᠸᠠᠨ ᠡᠮᠦᠨ᠎ᠡ ᠵᠠᠮ ︱ ᠬᠠᠰᠠᠷ ᠶᠡᠭᠡ ᠵᠡᠭᠡᠯᠢ ︱ ᠴᠤᠩᠵᠢ ᠵᠠᠮ     ᠮᠠᠯᠴᠢᠳ ᠤᠨ ᠬᠤᠷᠢᠶᠠᠯᠠᠯ᠂ ᠵᠢᠶᠠ ᠾᠧ ᠬᠤᠷᠢᠶᠠᠯᠠᠯ᠂ ᠮᠧᠩ ᠳ᠋ᠥᠸᠧ ᠯᠠᠨ ᠤ ᠬᠠᠵᠠᠭᠤ ᠬᠠᠪᠢ ᠶᠢᠨ ᠰᠠᠭᠤᠭᠠᠯᠢ ᠠᠷᠠᠳ᠂ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠱᠠᠭᠠᠷᠲᠠᠯᠭ᠎ᠠ ᠲᠠᠢ ᠠᠶᠠᠨᠴᠢᠳ ᠣᠶᠢᠷ᠎ᠠ ᠬᠠᠪᠢ ᠶᠢᠨ ᠥᠷᠲᠡᠭᠡᠨ ᠳᠤ ᠬᠦᠷᠴᠦ ᠪᠤᠰᠤᠳ ᠵᠠᠮ ᠱᠤᠭᠤᠮ ᠢ ᠰᠤᠩᠭᠤᠵᠤ ᠰᠠᠭᠤᠭᠠᠷᠠᠢ᠃     1 ᠳ᠋ᠤᠭᠡᠷ ᠲᠤᠭᠠᠳᠤ ᠨᠡᠶᠢᠲᠡ ᠶᠢᠨ ᠮᠠᠰᠢᠨ ᠲᠡᠷᠭᠡᠨ ᠤ ᠠᠶᠠᠯᠠᠯ ᠤᠨ ᠵᠠᠮ ᠱᠤᠭᠤᠮ ᠤᠨ ᠵᠢᠷᠤᠭ    ᠲᠠᠶᠢᠯᠪᠤᠷᠢ᠄ ᠬᠥᠬᠡ ᠥᠩᠭᠡ ᠨᠢ ᠠᠶᠠᠯᠠᠯ ᠤᠨ ᠵᠠᠮ ᠱᠤᠭᠤᠮ ᠢ ᠢᠯᠡᠷᠭᠡᠶᠢᠯᠡᠨ᠎ᠡ᠃ ᠪᠠᠷᠢᠯᠭ᠎ᠠ ᠶᠢᠨ ᠠᠬᠢᠴᠠ ᠶᠢ ᠦᠨᠳᠦᠰᠦᠯᠡᠨ᠂ ᠨᠡᠶᠢᠲᠡ  ᠶᠢᠨ ᠮᠠᠰᠢᠨ ᠲᠡᠷᠭᠡᠨ ᠤ ᠵᠠᠮ ᠱᠤᠭᠤᠮ ᠳᠤ ᠴᠠᠭ ᠲᠤᠬᠠᠢ ᠳᠤ ᠨᠢ ᠲᠣᠬᠢᠷᠠᠭᠤᠯᠤᠯᠲᠠ ᠬᠢᠨ᠎ᠡ᠂ ᠣᠯᠠᠨ ᠢᠶᠠᠷ ᠢᠶᠠᠨ ᠲᠤᠰ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠪᠤᠶᠤ ︽ᠤᠷᠠᠳ ᠤᠨ ᠳᠤᠮᠳᠠᠳᠤ ᠬᠤᠰᠢᠭᠤᠨ ᠤ ᠨᠡᠶᠢᠲᠡ ᠶᠢᠨ ᠵᠠᠮ ᠬᠠᠷᠢᠯᠴᠠᠭᠠᠨ︾ ᠤ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠢ ᠠᠩᠬᠠᠷᠴᠤ᠂ ᠨᠡᠶᠢᠲᠡ ᠶᠢᠨ ᠮᠠᠰᠢᠨ ᠲᠡᠷᠭᠡᠨ ᠤ ᠬᠠᠮᠤᠭ ᠤᠨ ᠰᠢᠨ᠎ᠡ ᠠᠶᠠᠯᠠᠯ ᠤᠨ ᠪᠠᠶᠢᠳᠠᠯ  ᠢ ᠴᠠᠭ ᠲᠤᠬᠠᠢ ᠳᠤ ᠨᠢ ᠣᠶᠢᠯᠠᠭᠠᠬᠤ  ᠶᠢ ᠬᠦᠰᠡᠵᠦ ᠪᠠᠶᠢᠨ᠎ᠠ᠃      ᠲᠠ ᠪᠦᠬᠦᠨ ᠤ ᠶᠠᠪᠤᠵᠤ ᠰᠠᠭᠤᠬᠤ ᠳᠤ ᠲᠦᠭᠦᠮ ᠦᠭᠡᠢ ᠪᠤᠯᠤᠭᠰᠠ ᠳᠤ  ᠠᠭᠤᠴᠢᠯᠠᠯ ᠬᠦᠰᠡᠶ᠎ᠡ︕
22.jpg
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ