︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ ᠤ 4 ᠰᠠᠷ᠎ᠠ ᠶᠢᠨ 18 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠳᠤ ᠲᠤᠰᠬᠠᠢ | ᠲᠦᠷᠦᠯ + ᠡᠩ ᠤᠨ ᠲᠣᠭᠤᠷᠢᠨ ᠪᠠᠶᠢᠴᠠᠭᠠᠯᠲᠠ ᠶᠢ ᠥᠷᠨᠢᠭᠦᠯᠦᠨ᠎ᠡ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠵᠢᠴᠢ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠠᠬᠢᠭᠤᠯᠬᠤ | ᠲᠤᠭᠤᠷᠢᠨ ᠳᠤ ᠬᠢᠨᠠᠯᠲᠠ ᠲᠠᠯᠪᠢᠬᠤ ᠶᠢ ᠥᠷᠨᠢᠭᠦᠯᠵᠦ᠂ ᠡᠩ ᠤᠨ ᠲᠣᠭᠤᠷᠢᠨ ᠪᠠᠶᠢᠴᠠᠭᠠᠯᠲᠠ ᠨᠢ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ | ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠨ᠎ᠡ ᠴᠠᠭ ᠦᠶ᠎ᠡ | ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ | ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠨ᠎ᠠ᠃ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠬᠢᠨ ᠭᠤᠣᠯᠳᠠᠭᠤ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠣᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ | ᠲᠤᠰᠬᠠᠭᠰᠠᠨ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠴᠤ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ | ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠣᠨ ᠠᠮᠢᠳᠤᠷᠠᠯ ᠤᠨ ᠰᠠᠬᠢᠯᠭ᠎ᠠ ᠪᠠᠲᠤ ᠠᠴᠠ | ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠣᠯᠣᠨ ᠲᠤᠰᠬᠠᠯ ᠢᠶᠠᠷ ᠭᠤᠣᠯᠳᠠᠯᠭ᠎ᠠ ᠪᠤᠯᠭᠠᠨ᠎ᠠ᠃ ᠲᠤᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ | ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ | ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ | ᠲᠣᠭᠤᠷᠢᠨ ᠪᠠᠶᠢᠴᠠᠭᠠᠯᠲᠠ ᠶᠢᠨ ᠬᠤᠭᠤᠴᠠᠭᠠᠨ ᠳᠤ᠂ ᠲᠤᠭᠤᠷᠢᠨ ᠪᠠᠶᠢᠴᠠᠭᠠᠬᠤ ᠲᠤᠭᠤᠶᠢᠯᠠᠩ ᠲᠤᠰᠬᠠᠢ ᠵᠢᠵᠢᠭᠦᠷᠯᠡᠬᠦ ᠤᠳᠠᠰᠤ | ᠲᠤᠬᠢᠷᠠᠭᠤᠯᠪᠠ᠄ 0478 — 8201915 | ᠡᠳᠦᠷ ᠪᠦᠷᠢ ᠶᠢᠨ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 8:00 — 18:00 ᠴᠠᠭ︔ | ᠰᠢᠤᠳᠠᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ A008 ᠳ᠋ᠤᠭᠠᠷ ᠨᠣᠮᠧᠷ︔ | ᠢᠮᠧᠯ᠄ zzqxsz1@sohu.com | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠲᠠᠯ ᠰᠣᠷᠪᠤᠯᠵᠢᠯᠠᠯ ᠢ ᠭᠥᠯᠢᠶᠡᠨ ᠠᠪᠬᠤ ᠭᠠᠵᠠᠷ᠄ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠺᠠᠢ | ᠶᠤᠸᠠᠨ ᠵᠠᠮ ᠤᠨ ᠪᠠᠶᠠᠨᠨᠠᠭᠤᠷ ᠤᠨ ᠴᠠᠬᠢᠯᠭᠠᠨ ᠬᠠᠩᠭᠠᠬᠤ ᠺᠣᠮᠫᠠᠨᠢ ᠶᠢᠨ ᠡᠮᠦᠨ᠎ᠡ ᠡᠭᠦᠳᠡᠨ ᠤ ᠪᠠᠷᠠᠭᠤᠨ ᠲᠠᠯ᠎ᠠ ᠶᠢᠨ ᠵᠠᠬᠢᠳᠠᠯ ᠰᠣᠷᠪᠤᠯᠵᠢᠯᠠᠯ ᠢ ᠭᠥᠯᠢᠶᠡᠨ ᠠᠪᠬᠤ | ᠭᠠᠵᠠᠷ᠃ ᠡᠭᠦᠨ ᠤ ᠬᠠᠮᠲᠤ᠂ ᠬᠤᠲᠠ ᠶᠢᠨ ᠨᠠᠮ ᠵᠠᠰᠠᠭ ᠤᠨ ᠠᠯᠪᠠᠨ ᠠᠰᠠᠷ ᠤᠨ ᠪᠠᠷᠠᠭᠤᠨ ᠡᠭᠦᠳᠡᠨ ᠳᠤ᠂ ᠬᠤᠲᠠ ᠶᠢᠨ ᠵᠠᠬᠢᠳᠠᠯ ᠰᠣᠷᠪᠤᠯᠵᠢᠯᠠᠯ ᠤᠨ | ᠲᠣᠪᠴᠢᠶ᠎ᠠ ᠶᠢᠨ ᠡᠮᠦᠨ᠎ᠡ ᠡᠭᠦᠳᠡᠨ ᠤ ᠪᠠᠷᠠᠭᠤᠨ ᠲᠠᠯ᠎ᠠ ᠳᠤ᠂ ᠲᠣᠭᠤᠷᠢᠨ ᠪᠠᠶᠢᠴᠠᠭᠠᠯᠲᠠ ᠶᠢᠨ ᠳᠤᠭᠤᠶᠢᠯᠠᠩ ᠤᠨ ᠵᠠᠬᠢᠲᠠᠯ ᠰᠣᠷᠪᠤᠯᠵᠢᠯᠠᠯ ᠢ ᠭᠥᠯᠢᠶᠡᠨ ᠠᠪᠬᠤ | ᠭᠠᠵᠠᠷ ᠲᠤ ᠵᠠᠬᠢᠳᠠᠯ ᠤᠨ ᠬᠠᠶᠢᠷᠴᠠᠭ ᠲᠣᠬᠢᠷᠠᠭᠤᠯᠪᠠ᠃ | ᠲᠣᠭᠤᠷᠢᠨ ᠪᠠᠶᠢᠴᠠᠭᠠᠯᠲᠠ ᠶᠢᠨ ᠳᠤᠭᠤᠶᠢᠯᠠᠩ ᠤᠨ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2023 ᠣᠨ ᠤ 6 ᠰᠠᠷ᠎ᠠ ᠶᠢᠨ | 25 ᠤ ᠡᠳᠦᠷ ᠪᠤᠯᠲᠠᠯ᠎ᠠ᠃ ᠥᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ ᠤᠲᠠᠰᠤ ᠢᠷᠡᠭᠦᠯᠬᠦ᠂ ᠰᠤᠷᠪᠤᠯᠵᠢᠯᠠᠯ ᠬᠢᠬᠦ ᠪᠠᠷ ᠢᠷᠡᠬᠦ ᠵᠡᠷᠭᠡ ᠬᠡᠯᠪᠡᠷᠢ ᠪᠠᠷ | ᠲᠣᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢᠶᠠᠨ ᠦᠨᠡᠨ ᠪᠤᠲᠠᠲᠠᠢ ᠪᠠᠷ ᠲᠤᠰᠬᠠᠬᠤ ᠶᠢ | ᠤᠭᠲᠤᠵᠤ ᠪᠠᠶᠢᠨ᠎ᠠ᠃ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ | 2023 ᠣᠨ ᠤ 4 ᠰᠠᠷ᠎ᠠ ᠶᠢᠨ 18 ᠤ ᠡᠳᠦᠷ | | | |