ᠤᠷᠠᠳ ᠤᠨ ᠲᠤᠮᠳᠠᠳᠤ ᠬᠤᠰᠢᠭᠤᠨ ᠤ ᠨᠡᠷᠡᠳᠤ ᠭᠦᠮᠤᠰ ᠤᠨ ᠨᠠᠮᠳᠠᠷ— ᠳ᠋ᠠᠮᠪᠠᠷᠢᠨᠴᠢᠨ
ᠨᠡᠶᠢᠲᠡᠯᠡᠭᠰᠡᠨ ᠴᠠᠭ᠄
2023/5/23
    ᠳ᠋ᠠᠮᠪᠠᠷᠢᠨᠴᠢᠨ  ︵1912—1980 ᠤᠨ︶      ᠡᠷᠡᠭᠳᠡᠢ᠂ ᠮᠤᠩᠭᠤᠯ ᠦᠨᠳᠤᠰᠤᠳᠡᠨ᠂ ᠤᠷᠠᠳ ᠤᠨ ᠲᠤᠮᠳᠠᠳᠤ ᠭᠦᠩ ᠤᠨ ᠬᠤᠰᠢᠭᠤᠨ ᠤ ᠭᠦᠮᠤᠨ᠃1912 ᠤᠨ ᠤ 5 ᠳ᠋ᠤᠭᠠᠷ ᠰᠠᠷ᠎ᠠ ᠶᠢᠨ 25 ᠤ ᠡᠳᠤᠷ ᠲᠤᠮᠳᠠᠳᠤ ᠭᠦᠩ ᠤᠨ ᠬᠤᠰᠢᠭᠤᠨ ︵ᠤᠳᠤ ᠶᠢᠨ ᠪᠠᠶᠠᠨᠬᠠᠳᠠᠢ ᠰᠤᠮᠤ ᠤᠷᠴᠢᠮ︶ ᠤ ᠨᠢᠭᠡᠨ ᠬᠠᠷᠠᠴᠦ ᠠᠷᠠᠳ ᠤᠨ ᠭᠡᠷ ᠲᠤ ᠲᠦᠷᠤᠵᠡᠢ᠃ ᠬᠠᠷ᠎ᠠ ᠪᠠᠭ᠎ᠠ ᠠᠴᠠ ᠪᠠᠨ ᠠᠵᠤ ᠠᠮᠢᠳᠤᠷᠠᠯ ᠨᠢ ᠶᠠᠳᠠᠭᠤ ᠵᠦᠳᠡᠭᠦᠦ ᠮᠦᠷᠳᠡᠭᠡᠨ ᠡᠴᠢᠭᠡ ᠡᠬᠡ ᠨᠢ ᠴᠦᠮ ᠡᠷᠳᠡ ᠨᠡᠰᠤ ᠪᠠᠷᠠᠭᠰᠠᠨ ᠪᠤᠯᠬᠤᠷ ᠰᠠᠶᠢᠨ ᠰᠠᠨᠠᠭ᠎ᠠ ᠲᠠᠢ ᠵᠡᠷᠭᠡᠯᠡᠳᠡᠭᠡ ᠠᠶᠢᠯ ᠤᠨ ᠬᠢᠨ ᠲᠡᠭᠦᠨ ᠢ ᠰᠦᠮ᠎ᠡ ᠲᠡᠭᠡᠷ᠎ᠡ ᠬᠦᠷᠭᠡᠵᠤ ᠦᠭᠪᠡ᠃ ᠲᠡᠷᠡ ᠪᠠᠭ᠎ᠠ ᠨᠠᠰᠤᠨ ᠳᠠᠭᠠᠨ ᠤᠷᠢᠳ ᠬᠤᠵᠢᠳ ᠪᠤᠷᠬᠠᠨᠳᠤ᠂ ᠬᠠᠳᠠᠢ ᠰᠦᠮ᠎ᠡ ᠶᠢᠨ ᠯᠠᠮᠠ ᠠᠴᠠ ᠠᠨᠠᠭᠠᠬᠤ ᠤᠬᠭᠠᠨ ᠰᠤᠷᠬᠤ ᠪᠠᠷ ᠱᠠᠪᠢ ᠪᠤᠯᠵᠤ᠂ ᠬᠤᠵᠢᠮ ᠨᠢ ᠰᠢᠷᠡᠭᠡ ᠰᠦᠮ᠎ᠡ᠂ ᠬᠦᠨᠳᠡᠯᠡᠨ ᠤ ᠰᠦᠮ᠎ᠡ ᠳᠤ ᠱᠠᠪᠢ ᠪᠤᠯᠵᠤ ᠡᠮᠨᠡᠯᠭᠡ ᠰᠤᠷᠴᠠᠢ᠃ ᠲᠡᠷᠡ ᠲᠦᠪᠡᠳ ᠪᠢᠴᠢᠭ ᠰᠤᠷᠴᠦ ᠲᠦᠪᠡᠳ ᠨᠤᠮ ᠢ ᠴᠦ ᠲᠤᠷᠤᠭ᠎ᠠ ᠦᠬᠡᠢ ᠤᠩᠰᠢᠵᠤ ᠴᠢᠳᠠᠬᠤ ᠪᠤᠯᠵᠠᠢ᠃ ᠲᠡᠷᠡ ᠤᠯᠠᠮ ᠴᠢᠨᠠᠭᠰᠢᠳᠠ ᠮᠤᠩᠭᠤᠯ ᠪᠢᠴᠢᠭ ᠰᠤᠷᠴᠦ᠂ ᠱᠠᠰᠢᠨ ᠰᠤᠷᠳᠠᠬᠤᠨ᠂ ᠭᠦᠨ ᠤᠬᠠᠭᠠᠨ᠂ ᠤᠳᠤᠨ ᠤᠷᠤᠨ᠂ ᠲᠤᠭᠠᠨ ᠤ ᠤᠬᠠᠭᠠᠨ᠂ ᠮᠤᠩᠭᠤᠯ ᠠᠨᠠᠭᠠᠬᠤ ᠤᠬᠠᠭᠠᠨ᠂ ᠡᠮ ᠤᠨ ᠦᠨᠳᠤᠰᠤ ᠵᠦᠢ ᠵᠡᠷᠭᠡ ᠲᠠᠯ᠎ᠠ ᠶᠢᠨ ᠡᠷᠳᠡᠮ ᠮᠡᠳᠡᠯᠭᠡ ᠶᠢ ᠰᠤᠷᠴᠦ ᠡᠵᠡᠮᠰᠢᠭᠰᠡᠨ ᠤ ᠬᠠᠮᠳᠤ᠂ ᠮᠤᠩᠭᠤᠯ ᠲᠦᠪᠡᠳ ᠦᠰᠦᠭ ᠢ ᠤᠷᠴᠢᠭᠤᠯᠤᠨ ᠲᠠᠶᠢᠯᠪᠤᠷᠢᠯᠠᠬᠤ ᠠᠵᠢᠯ ᠢ ᠡᠷᠬᠢᠯᠡᠭᠡᠳ ᠲᠡᠭᠦᠨ ᠤ ᠡᠮᠨᠡᠯᠭᠡ ᠶᠢᠨ ᠮᠡᠷᠭᠡᠵᠢᠯ  ᠴᠦ ᠨᠡᠯᠢᠶᠡᠳ ᠲᠡᠭᠡᠭᠰᠢᠯᠡᠵᠤ᠂ ᠤᠮᠵᠢᠳ ᠯᠠᠮᠠ ᠵᠡᠷᠭᠡ ᠪᠡ ᠠᠷᠠᠨᠵᠢᠮᠪᠡ ᠴᠤᠯᠠ ᠤᠯᠵᠤ᠂ ᠨᠡᠷ᠎ᠡ ᠠᠯᠳᠠᠷᠰᠢᠭᠰᠠᠨ ᠮᠡᠷᠡᠮᠪᠡ ︵ᠡᠮᠴᠢ︶ ᠪᠤᠯᠵᠠᠢ᠃ 1948 ᠤᠨ ᠳᠤ ᠬᠤᠰᠢᠭᠤᠨ ᠤ ᠵᠠᠰᠠᠭ ᠷᠢᠨᠴᠢᠨᠰᠡᠩᠬᠡ ᠶᠢᠨ ᠬᠤᠪᠢ ᠶᠢᠨ ᠡᠮᠴᠢ ᠪᠠᠷ ᠵᠠᠯᠠᠭᠳᠠᠪᠡ᠃    1950 ᠤᠨ ᠳᠤ᠂ ᠲᠡᠷᠡ ᠬᠤᠪᠢᠰᠬᠠᠯ ᠤᠨ ᠠᠵᠢᠯ ᠳᠤ ᠢᠳᠡᠪᠬᠢᠯᠡᠨ ᠤᠷᠤᠯᠴᠠᠵᠤ᠂ ᠨᠡᠮ ᠤᠨ ᠲᠦᠷᠦ ᠶᠢᠨ ᠪᠤᠳᠤᠯᠭ᠎ᠠ ᠶᠢ ᠶᠡᠬᠡᠪᠡᠷ ᠤᠬᠠᠭᠤᠯᠤᠨ᠂ ᠰᠢᠨ᠎ᠡ ᠲᠦᠷᠦ ᠶᠢ ᠬᠦᠷᠢᠶᠡᠯᠡᠭᠰᠡᠨ ᠶᠤᠮ᠃ ᠲᠡᠷᠡ ᠪᠡᠶ᠎ᠡ ᠪᠠᠷ  ᠢᠶᠠᠨ ᠦᠯᠵᠡᠶᠢᠳᠤ ᠶᠢᠨ ᠰᠦᠮ᠎ᠠ ᠳᠤ ᠬᠦᠷᠴᠦ ᠯᠠᠮᠠ ᠬᠤᠸᠠᠷᠠᠭ ᠪᠤᠯᠤᠨ ᠤᠯᠠᠨ ᠲᠦᠮᠠᠨ ᠢ ᠤᠬᠠᠭᠤᠯᠤᠨ ᠲᠠᠶᠢᠴᠢᠯᠠᠵᠤ᠂ ᠪᠠᠰᠠ《 ᠬᠤᠪᠢᠰᠬᠠᠯ ᠳᠤ ᠤᠷᠤᠯᠴᠠᠶ᠎ᠠ︕》ᠬᠡᠰᠡᠨ ᠬᠤᠯᠪᠤᠭ᠎ᠠ ᠵᠤᠬᠢᠶᠠᠪᠡ᠃ ᠬᠤᠯᠪᠤᠭᠠᠨ ᠤ ᠦᠬᠡ ᠨᠢ ᠲᠠᠷᠤᠢ᠄《 ᠠᠷᠠᠳ ᠤᠯᠠᠨ ᠲᠠ ᠨᠡᠷ  ᠲᠠᠭᠠᠨ ᠠᠶᠠᠯᠭᠤ ᠰᠢᠯᠦᠭ ᠢᠶᠠᠨ ᠬᠡᠯᠡᠵᠤ ᠦᠭᠭᠦᠶ᠎ᠡ᠂ ᠠᠬ᠎ᠠ ᠡᠭᠡᠴᠢ ᠲᠡᠭᠦᠦ ᠪᠦᠭᠦᠳᠡᠭᠡᠷ ᠢᠶᠠᠨ ᠠᠶᠠᠳᠠᠨ ᠪᠦᠯᠭᠦᠮᠳᠡᠵᠤ ᠪᠤᠰᠴᠠᠭᠠᠷᠠᠢ᠃ ᠭᠦᠨᠳᠡᠯᠡᠨ ᠤ ᠰᠦᠮ᠎ᠡ ᠶᠢᠨ ᠯᠠᠮᠠ ᠨᠡᠷ ᠴᠢᠨᠢ ᠭᠦᠴᠦᠳᠡᠨ ᠨᠡᠷ ᠤᠨ ᠬᠤᠯᠪᠤᠭ᠎ᠠ ᠲᠠᠢ ᠭᠦᠴᠦᠨ ᠴᠢᠳᠠᠯ ᠢᠶᠠᠨ ᠨᠢᠭᠡᠳᠭᠡᠵᠤ᠂ ᠭᠦᠳᠡᠯᠮᠤᠷᠢ ᠠᠵᠢᠯ ᠳᠠᠭᠠᠨ ᠢᠳᠡᠪᠬᠢᠯᠡᠶ᠎ᠡ︕ ᠬᠤᠪᠠᠭ᠋ᠠᠢ ᠹᠸᠤᠳᠠᠯ  ᠤᠨ ᠶᠤᠰᠤ ᠶᠢ ᠬᠤᠪᠬᠤ ᠲᠠᠳᠠᠨ ᠤᠨᠠᠭᠠᠶ᠎ᠡ᠂ ᠬᠤᠷᠳᠤᠨ ᠲᠦᠷᠭᠡᠨ ᠪᠤᠰᠤᠯᠴᠠᠭᠠᠳ᠂ ᠬᠤᠪᠢᠰᠬᠠᠯ ᠤᠨ ᠠᠵᠢᠯ ᠳᠤ ᠤᠷᠤᠯᠴᠠᠶ᠎ᠡ︕》ᠬᠡᠵᠤ ᠪᠢᠴᠢᠪᠡ᠃ ᠤᠳᠠᠯ ᠦᠬᠡᠢ ᠲᠡᠷᠡ ᠯᠠᠮᠠ ᠨᠡᠷ ᠤᠨ ᠠᠵᠢᠯᠯᠠᠬᠤ ᠲᠤᠭᠤᠶᠢᠯᠠᠩ ᠤᠨ ᠲᠠᠷᠤᠭ᠎ᠠ ᠶᠢᠨ ᠲᠤᠰᠢᠶᠠᠯ ᠢ ᠡᠭᠦᠷᠭᠡᠯᠡᠵᠤ᠂ ᠨᠡᠮ ᠤᠨ ᠦᠨᠳᠤᠰᠤᠳᠡᠨ ᠤ ᠲᠤᠬᠠᠢ ᠲᠦᠷᠦ ᠶᠢᠨ ᠪᠤᠳᠤᠯᠭ᠎ᠠ᠂ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠰᠤᠷᠳᠠᠯᠴᠢᠯᠠᠨ ᠤᠬᠠᠭᠤᠯᠬᠤ ᠶᠢᠨ ᠬᠠᠮᠳᠤ᠂ ᠮᠠᠯᠴᠢᠨ ᠲᠦᠮᠡᠨ ᠢ ᠲᠠᠶᠢᠴᠢᠯᠠᠨ ᠠᠮᠧᠷᠢᠺᠡ ᠶᠢ ᠡᠰᠡᠷᠭᠦᠴᠡᠨ ᠰᠤᠯᠤᠩᠭᠤᠰ ᠢ ᠲᠤᠰᠠᠯᠠᠬᠤ ᠬᠦᠳᠡᠯᠭᠡᠭᠡᠨ ᠳᠤ ᠤᠷᠤᠯᠴᠠᠭᠤᠯᠵᠤ᠂ ᠤᠯᠠᠨ ᠲᠦᠮᠡᠨ ᠤ ᠲᠤᠮᠳᠠ ᠴᠢᠬᠤᠯᠠ ᠶᠡᠭᠡ ᠨᠦᠯᠤᠭᠡ ᠦᠵᠡᠭᠦᠯᠦᠭᠰᠡᠨ ᠪᠢᠯᠡ᠃ 1953 ᠤᠨ ᠳᠤ ᠲᠡᠷᠡ ᠨᠤᠳᠤᠭ ᠲᠠᠭᠠᠨ ᠪᠤᠴᠠᠵᠤ ᠡᠮᠴᠢᠯᠡᠭᠡ ᠶᠢᠨ ᠠᠵᠢᠯ ᠢᠶᠠᠨ ᠬᠢᠪᠡ᠃ 1955 ᠤᠨ ᠳᠤ ᠪᠠᠶᠠᠨᠬᠠᠳᠠᠢ ᠰᠤᠮᠤᠨ ᠤ ᠨᠠᠮ ᠤᠨ ᠬᠤᠷᠢᠶ᠎ᠠ ᠠᠴᠠ ᠲᠡᠭᠦᠨ ᠢ ᠤᠷᠢᠵᠤ ᠡᠷᠡᠭᠦᠯ ᠬᠠᠮᠠᠭᠠᠯᠠᠯ ᠤᠨ ᠬᠤᠷᠢᠶᠠᠨ ᠤ ᠲᠠᠷᠤᠭ᠎ᠠ ᠪᠤᠯᠭᠠᠵᠤ᠂ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠬᠠᠷᠢᠭᠤᠴᠠᠨ ᠪᠠᠶᠢᠭᠤᠯᠵᠠᠢ᠃ 1959 ᠤᠨ ᠳᠤ ᠮᠤᠩᠭᠤᠯ ᠲᠦᠪᠡᠳ ᠦᠰᠦᠭ ᠢᠶᠠᠷ ᠬᠠᠷᠭᠤᠭᠤᠯᠤᠬᠰᠠᠨ ᠵᠢᠷᠤᠬᠠᠢ ︵1960——2030 ᠤᠨ ᠭᠦᠷᠳᠡᠯᠡᠬᠢ︶ ᠶᠢ ᠨᠡᠶᠢᠷᠠᠭᠤᠯᠤᠨ ᠵᠤᠬᠢᠶᠠᠪᠡ᠃ 1962 ᠤᠨ ᠳᠤ ᠲᠡᠷᠡ ᠬᠤᠰᠢᠭᠤᠨ ᠤ ᠡᠮᠨᠡᠯᠭᠡ ᠶᠢᠨ ᠬᠤᠷᠢᠶᠠᠨ ᠤ ᠮᠤᠩᠭᠤᠯ ᠡᠮᠨᠡᠯᠭᠡ ᠶᠢᠨ ᠰᠠᠯᠠᠭ᠎ᠠ ᠳᠤ ᠠᠵᠢᠯᠯᠠᠵᠤ᠂ 1963 ᠤᠨ ᠳᠤ ᠲᠤᠰ ᠬᠤᠰᠢᠭᠤᠨ ᠳᠤ ᠠᠩᠬ᠎ᠠ ᠤᠳᠠᠭ᠎ᠠ ᠮᠤᠩᠭᠤᠯ ᠡᠮᠳᠤ ᠤᠬᠢᠶᠠᠯᠭ᠎ᠠ ᠭᠠᠷᠭᠠᠵᠤ ᠮᠠᠯᠴᠢᠨ ᠲᠦᠮᠠᠨ ᠤ ᠴᠦᠬᠡᠨ ᠪᠤᠰᠤ ᠡᠪᠡᠳᠴᠢᠨ ᠭᠡᠮ ᠢ ᠵᠠᠰᠠᠵᠤ ᠡᠳᠡᠭᠡᠷᠡᠭᠦᠯᠦᠭᠰᠡᠨ ᠪᠠᠶᠢᠨ᠎ᠠ᠃《 ᠠᠷᠪᠠᠨ ᠵᠢᠯ ᠤᠨ ᠰᠠᠮᠠᠭᠤᠷᠠᠯ 》 ᠲᠤᠮᠳᠠ ᠲᠡᠭᠦᠨ ᠳᠤ ᠭᠤᠤᠯᠴᠢ ᠪᠤᠰᠤ ᠪᠠᠷ ᠬᠠᠨᠳᠤᠭᠰᠠᠨ ᠪᠤᠯᠪᠠᠴᠦ ᠲᠡᠷᠡ ᠶᠡᠷᠤᠨᠢ ᠡᠮ ᠤᠨ ᠰᠤᠳᠤᠯᠭ᠎ᠠ ᠪᠠᠨ ᠬᠠᠶᠠᠭᠰᠠᠨ ᠦᠬᠡᠢ᠂ ᠮᠤᠷᠢ ᠤᠨᠤᠵᠤ ᠮᠠᠯᠵᠢᠬᠤ ᠤᠷᠤᠨ ᠢᠶᠠᠷ ᠡᠪᠡᠰᠤᠨ ᠡᠮ ᠲᠡᠭᠦᠵᠤ᠂ ᠲᠤᠰ ᠭᠠᠵᠠᠷ ᠤᠨ 213 ᠵᠤᠶᠢᠯ ᠤᠨ ᠵᠡᠷᠯᠢᠭ ᠡᠪᠡᠰᠤᠨ ᠡᠮ ᠢ ᠬᠢᠨᠠᠨ ᠲᠤᠭᠳᠠᠭᠠᠵᠠᠢ᠃ 1973 ᠤᠨ ᠳᠤ ᠲᠡᠷᠡ ᠪᠦᠬᠦ ᠤᠷᠤᠨ ᠤ ᠮᠤᠩᠭᠤᠯ ᠡᠮ ᠤᠨ ᠨᠡᠷᠡᠰ ᠢ ᠬᠢᠨᠠᠨ ᠨᠢᠭᠡᠳᠭᠡᠭᠦ ᠬᠤᠷᠠᠯᠳᠤᠭᠠᠨ ᠳᠤ ᠤᠷᠤᠯᠴᠠᠵᠤ᠂ ᠲᠡᠭᠦᠨ ᠤ ᠪᠢᠴᠢᠭᠰᠡᠨ《 ᠤᠷᠠᠳ ᠤᠨ ᠡᠪᠡᠰᠤᠨ ᠡᠮ》 ᠵᠡᠷᠭᠡ ᠭᠤᠷᠪᠠᠨ ᠦᠬᠦᠯᠡᠯ ᠨᠢ ᠮᠠᠰᠢ ᠰᠠᠶᠢᠨ ᠦᠨᠡᠯᠡᠯᠳᠠ ᠤᠯᠪᠡ᠃1975 ᠤᠨ ᠳᠤ ᠪᠦᠬᠦ ᠤᠷᠤᠨ ᠤ《 ᠲᠦᠷᠪᠡᠨ ᠦᠨᠳᠤᠰᠤ》 ᠶᠢ ᠬᠢᠨᠠᠨ ᠲᠤᠭᠳᠠᠭᠠᠬᠤ ᠠᠵᠢᠯ ᠳᠤ ᠤᠷᠤᠯᠴᠡᠪᠡ᠃ 1977 ᠤᠨ ᠳᠤ ᠦᠪᠤᠷ ᠮᠤᠩᠭᠤᠯ ᠤᠨ ᠬᠢᠳᠠᠳ ᠮᠤᠩᠭᠤᠯ ᠡᠮᠨᠡᠯᠭᠡ ᠶᠢᠨ ᠰᠤᠳᠤᠯᠭᠠᠨ ᠤ ᠭᠠᠵᠠᠷ ᠲᠤ ᠤᠷᠢᠭᠳᠠᠵᠤ᠂ ᠲᠦᠪᠡᠳ ᠤᠨ ᠠᠨᠠᠭᠠᠬᠤ ᠤᠬᠠᠭᠠᠨ ᠤ《 ᠲᠦᠷᠪᠡᠨ ᠦᠨᠳᠤᠰᠤ》 ᠶᠢᠨ ᠡᠬᠢᠨ ᠤ ᠬᠤᠶᠠᠷ ᠪᠦᠯᠦᠭ ᠤᠨ《 ᠤᠪᠢᠳᠠᠰ  ᠤᠨ ᠦᠨᠳᠤᠰᠤᠨ 》《 ᠬᠦᠬᠡ  ᠪᠧᠳᠤᠷᠢᠶ᠎ᠡ》《 ᠬᠤᠶᠢᠳᠤ ᠦᠨᠳᠤᠰᠤᠨ ᠤ ᠬᠦᠬᠡ ᠪᠧᠳᠤᠷᠢᠶ᠎ᠡ》 ᠶᠢ ᠮᠤᠩᠭᠤᠯ ᠢᠶᠠᠷ ᠤᠷᠴᠢᠭᠤᠯᠤᠨ ᠨᠠᠶᠢᠷᠠᠭᠤᠯᠬᠤ ᠠᠵᠢᠯ  ᠳᠤ ᠤᠷᠤᠯᠴᠠᠪᠡ᠃ 1978 ᠤᠨ ᠳᠤ ᠲᠡᠷᠡ《 ᠮᠤᠩᠭᠤᠯ ᠲᠦᠪᠡᠳ ᠤᠨ ᠠᠨᠠᠭᠠᠬᠤ ᠤᠬᠠᠭᠠᠨ ᠤ ᠨᠡᠷ᠎ᠡ ᠲᠤᠮᠢᠶ᠎ᠠ》 ᠭᠡᠰᠡᠨ ᠨᠤᠮ ᠢ ᠨᠡᠶᠢᠷᠠᠭᠤᠯᠤᠨ ᠵᠤᠬᠢᠶᠠᠵᠤ᠂《 ᠪᠦᠷᠢᠶᠠᠳ ᠳ᠋ᠢᠶ᠋ᠢᠭ᠋》ᠭᠡᠰᠡᠨ ᠠᠨᠠᠭᠠᠬᠤ ᠤᠬᠠᠭᠠᠨ ᠤ ᠲᠤᠯᠢ ᠪᠢᠴᠢᠭ ᠢ ᠤᠷᠴᠢᠭᠤᠯᠤᠨ ᠨᠡᠶᠢᠷᠡᠭᠤᠯᠪᠡ᠃1979 ᠤᠨ ᠳᠤ ᠲᠡᠷᠡ ᠪᠠᠶᠠᠨᠨᠠᠭᠤᠷ ᠠᠶᠢᠮᠠᠭ ᠤᠨ ᠵᠢᠷᠭᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠦᠪᠤᠷ ᠮᠤᠩᠭᠤᠯ ᠤᠨ ᠠᠨᠠᠭᠠᠬᠤ ᠤᠬᠠᠭᠠᠨ ᠤ ᠰᠤᠳᠤᠯᠭᠠᠨ ᠤ ᠨᠡᠶᠢᠭᠡᠮᠯᠢᠭ ᠤᠨ ᠪᠠᠶᠠᠨᠨᠠᠭᠤᠷ ᠠᠶᠢᠮᠠᠭ ᠤᠨ ᠬᠤᠪᠢᠶᠠᠷᠢ ᠨᠡᠶᠢᠭᠡᠮᠯᠢᠭ ᠤᠨ ᠲᠡᠳ᠋ ᠬᠡᠷᠡᠭ ᠡᠷᠬᠢᠯᠡᠭᠴᠢ ᠪᠠᠷ ᠰᠤᠩᠭᠤᠭᠳᠠᠪᠡ᠃ 1980 ᠤᠨ ᠳᠤ ᠲᠡᠷᠡ ᠰᠤᠳᠨᠠᠮᠳᠠᠷᠵᠠ ᠲᠠᠢ ᠬᠠᠮᠳᠤ《 ᠲᠦᠷᠪᠡᠨ ᠦᠨᠳᠤᠰᠤ》 ᠶᠢᠨ ᠰᠡᠭᠦᠯᠴᠢ ᠶᠢᠨ ᠬᠤᠶᠠᠷ ᠪᠦᠯᠦᠭ ᠤᠨ《 ᠬᠦᠬᠡ ᠪᠧᠳᠤᠷᠢᠶ᠎ᠡ 》 ᠶᠢ ᠤᠷᠴᠢᠭᠤᠯᠤᠨ ᠨᠠᠶᠢᠷᠠᠭᠤᠯᠵᠤ ᠬᠢᠨᠠᠨ ᠲᠤᠭᠳᠠᠭᠠᠭᠰᠠᠨ ᠶᠤᠮ᠃ ᠲᠤᠰ ᠵᠢᠯ ᠳᠡᠭᠡᠨ ᠲᠡᠷᠡ ᠳᠡᠳ᠋ ᠡᠷᠬᠢᠯᠡᠭᠴᠢ ᠡᠮᠴᠢ ᠪᠠᠷ ᠲᠡᠪᠰᠢᠪᠡ᠃ ᠲᠡᠷᠡ ᠬᠡᠳᠤᠨ ᠠᠷᠪᠠᠨ ᠵᠢᠯ ᠡᠮᠴᠢᠯᠡᠭᠡᠳ ᠲᠤᠭ᠎ᠠ ᠲᠤᠮᠰᠢ ᠦᠬᠡᠢ ᠤᠯᠠᠨ ᠡᠪᠡᠳᠴᠢᠳᠡᠨ ᠢ ᠡᠮᠴᠢᠯᠡᠨ ᠵᠠᠰᠠᠭᠰᠠᠨ ᠢᠶᠠᠷ ᠦᠯᠤ ᠪᠠᠷᠠᠨ ᠮᠤᠩᠭᠤᠯ ᠡᠮᠨᠡᠯᠭᠡ ᠶᠢᠨ ᠴᠢᠳᠠᠪᠤᠷᠢᠳᠠᠨ ᠢ ᠭᠦᠮᠤᠵᠢᠭᠦᠯᠭᠦ ᠳᠤ ᠭᠦᠴᠦ ᠲᠠᠯᠪᠢᠵᠤ᠂ ᠮᠤᠩᠭᠤᠯ ᠡᠮ  ᠤᠨ ᠰᠤᠳᠤᠯᠤᠯ ᠠᠨᠠᠭᠠᠬᠤ ᠤᠬᠠᠭᠠᠨ ᠢ ᠵᠠᠯᠭᠠᠮᠵᠢᠯᠠᠨ ᠪᠠᠳᠠᠷᠠᠭᠤᠯᠬᠤ ᠲᠠᠯ᠎ᠠ ᠪᠠᠷ ᠢᠳᠡᠪᠬᠢᠳᠠᠢ ᠬᠤᠪᠢ ᠨᠡᠮᠡᠷᠢ ᠪᠠᠨ ᠦᠵᠡᠭᠦᠯᠦᠭᠰᠡᠨ ᠶᠤᠮ᠃    1980 ᠤᠨ ᠤ 5 ᠳ᠋ᠤᠭᠠᠷ ᠰᠠᠷ᠎ᠠ ᠶᠢᠨ 24 ᠤ ᠡᠳᠤᠷ᠂ ᠲᠡᠭᠦᠨ ᠤ ᠵᠢᠷᠤᠬᠡᠨ ᠤ ᠡᠪᠡᠳᠴᠢᠨ ᠨᠢ ᠬᠡᠨᠡᠳᠳᠡ ᠬᠦᠳᠡᠯᠵᠤ ᠬᠠᠯᠢᠭᠤᠳᠤ ᠳᠤ ᠡᠪᠡᠳᠴᠢᠨ ᠢᠶᠠᠷ ᠨᠠᠰᠤ ᠪᠠᠷᠠᠪᠡ᠂ 69 ᠨᠠᠰᠤᠳᠠᠢ᠃                          ︽ᠤᠷᠠᠳ ᠤᠨ ᠲᠤᠮᠳᠠᠳᠤ ᠬᠤᠰᠢᠭᠤᠨ ᠤ ᠤᠶᠢᠯᠠᠯᠭ᠎ᠠ︾ ᠠᠴᠠ ᠪᠠᠭᠤᠯᠭᠠᠪᠠ
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ