ᠴᠢ᠊᠂ ᠲᠠᠯᠠᠨᠳᠠᠢ ︵1935—1983︶ ᠡᠷᠡᠭᠳᠡᠢ᠂ ᠮᠤᠩᠭᠤᠯ ᠦᠨᠳᠤᠰᠤᠳᠡᠨ᠂ 1953 ᠤᠨ ᠤ 7 ᠳ᠋ᠤᠭᠠᠷ ᠰᠠᠷ᠎ᠠ ᠳᠤ ᠲᠦᠷᠦᠪᠡ᠂ ᠤᠷᠠᠳ | ᠤᠨ ᠲᠤᠮᠳᠠᠳᠤ ᠬᠤᠰᠢᠭᠤᠨ ᠤ ᠬᠤᠯᠤᠰᠤᠳᠠᠢ ᠰᠤᠮᠤᠨ ᠤ ᠭᠦᠮᠤᠨ᠃ ᠠᠯᠳᠠᠷᠳᠤ ᠰᠢᠯᠦᠭᠴᠢᠨ᠂ ᠲᠠᠭᠤᠤ ᠶᠢᠨ ᠦᠬᠡ ᠵᠤᠬᠢᠶᠠᠭᠴᠢ᠂ ᠬᠦᠭᠵᠢᠮᠴᠢᠨ ᠪᠦᠵᠢᠭᠴᠢᠨ᠃ | ᠲᠡᠷᠡ ᠲᠤᠮᠳᠠᠳᠤ ᠤᠯᠤᠰ ᠤᠨ ᠪᠦᠵᠢᠭᠴᠢᠨ ᠤ ᠨᠡᠶᠢᠭᠡᠮᠯᠢᠭ ᠤᠨ ᠪᠠᠶᠢᠩᠭᠤ ᠶᠢᠨ ᠬᠡᠰᠢᠭᠦᠨ᠂ ᠦᠪᠤᠷ ᠮᠤᠩᠭᠤᠯ ᠤᠨ ᠬᠤᠪᠢᠶᠠᠷᠢ ᠨᠡᠶᠢᠭᠡᠮᠯᠢᠭ ᠤᠨ ᠪᠠᠶᠢᠩᠭᠤ ᠶᠢᠨ | ᠬᠡᠰᠢᠭᠦᠨ᠂ ᠲᠤᠮᠳᠠᠳᠤ ᠤᠯᠤᠰ ᠤᠨ ᠬᠦᠭᠵᠢᠮᠴᠢᠨ ᠤ ᠨᠡᠶᠢᠭᠡᠮᠯᠢᠭ ᠤᠨ ᠭᠡᠰᠢᠭᠦᠨ᠂ ᠦᠪᠤᠷ ᠮᠤᠩᠭᠤᠯ ᠤᠨ ᠬᠤᠪᠢᠶᠠᠷᠢ ᠨᠡᠶᠢᠭᠡᠮᠯᠢᠭ ᠤᠨ ᠭᠡᠰᠢᠭᠦᠨ᠂ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠦᠪᠤᠷ ᠮᠤᠩᠭᠤᠯ ᠤᠨ ᠵᠠᠯᠠᠭᠤᠴᠤᠳ ᠤᠨ ᠬᠤᠯᠪᠤᠭᠠᠳᠤ ᠬᠤᠷᠠᠯ | ᠤᠨ ᠬᠡᠰᠢᠭᠦᠨ᠂ ᠦᠪᠤᠷ ᠮᠤᠩᠭᠤᠯ ᠤᠨ ᠤᠷᠠᠨ ᠵᠤᠬᠢᠶᠠᠯᠴᠢᠳ ᠤᠨ ᠬᠤᠯᠪᠤᠭᠠᠳᠤ ᠬᠤᠷᠠᠯ ᠤᠨ ᠬᠡᠰᠢᠭᠦᠨ ᠪᠠᠶᠢᠪᠡ᠃ | ᠲᠡᠷᠡ ᠲᠤᠯᠤᠭᠠᠨ ᠨᠠᠰᠤᠳᠠᠢ ᠳᠠᠭᠠᠨ ᠮᠠᠶᠢᠷᠡᠨ ᠰᠦᠮ᠎ᠡ ᠶᠢᠨ ᠬᠤᠪᠢᠯᠭᠠᠨ ︵ᠭᠡᠭᠡᠨ︶ ᠢᠶᠠᠷ ᠵᠠᠯᠠᠭᠳᠠᠪᠡ᠃1951 ᠤᠨ ᠤ 3 ᠳ᠋ᠤᠭᠠᠷ ᠰᠠᠷ᠎ᠠ ᠳᠤ ᠲᠡᠷᠡ | ᠭᠠᠭᠴᠠᠭᠠᠷ ᠰᠦᠮ᠎ᠡ ᠠᠴᠠ ᠲᠤᠳᠠᠭᠠᠨ ᠭᠠᠷᠴᠦ᠂ ᠰᠦᠢᠶᠦᠸᠠᠨ ᠮᠤᠵᠢ ᠶᠢᠨ ᠦᠨᠳᠤᠰᠤᠳᠡᠨ ᠤ ᠺᠠᠳ᠋ᠷ ᠤᠨ ᠪᠤᠯᠪᠠᠰᠤᠷᠠᠯ ᠤᠨ ᠠᠩᠭᠢ ᠳᠤ ᠰᠤᠷᠤᠯᠴᠠᠭᠠᠳ᠂ | ᠰᠤᠷᠤᠯᠭ᠎ᠠ ᠲᠡᠭᠦᠰᠦᠭᠰᠡᠨ ᠤ ᠬᠤᠶᠢᠨ᠎ᠠ ᠰᠤᠷᠭᠠᠭᠤᠯᠢ ᠳᠠᠭᠠᠨ ᠦᠯᠡᠳᠡᠵᠤ ᠠᠵᠢᠯᠯᠠᠪᠡ᠃1954 ᠤᠨ ᠳᠤ ᠪᠤᠭᠤᠳᠤ ᠬᠤᠳᠠ ᠶᠢᠨ ᠵᠠᠰᠠᠭ ᠤᠨ ᠤᠷᠳᠤᠨ ᠤ ᠠᠯᠪᠠᠨ | ᠭᠡᠷ ᠲᠤ ᠤᠷᠴᠢᠭᠤᠯᠤᠭᠴᠢ ᠪᠤᠯᠵᠤ᠂ ᠬᠤᠵᠢᠮ ᠨᠢ ᠦᠪᠤᠷ ᠮᠤᠩᠭᠤᠯ ᠤᠨ ᠮᠤᠩᠭᠤᠯ ᠬᠡᠯᠡ ᠪᠢᠴᠢᠭ ᠤᠨ ᠲᠤᠰᠬᠠᠢ ᠮᠡᠷᠭᠡᠵᠢᠯ ᠤᠨ ᠰᠤᠷᠭᠠᠭᠤᠯᠢ ᠪᠡ ᠲᠦᠪ ᠤᠨ | ᠦᠨᠳᠤᠰᠤᠳᠠᠨ ᠤ ᠲᠡᠭᠡᠳᠤ ᠰᠤᠷᠭᠠᠭᠤᠯᠢ ᠳᠤ ᠰᠤᠷᠤᠯᠴᠠᠵᠤ᠂ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠤᠷᠠᠨ ᠵᠤᠬᠢᠶᠠᠯ ᠤᠨ ᠪᠦᠳᠤᠭᠡᠯ ᠢᠶᠠᠨ ᠤᠷᠤᠯᠳᠤᠵᠤ | ᠡᠬᠢᠯᠡᠪᠡ᠃1957 ᠤᠨ ᠳᠤ ᠲᠦᠪ ᠤᠨ ᠦᠨᠳᠤᠰᠤᠳᠠᠨ ᠤ ᠲᠡᠭᠡᠳᠤ ᠰᠤᠷᠭᠠᠭᠤᠯᠢ ᠠᠴᠠ ᠲᠡᠭᠦᠰᠦᠭᠰᠡᠨ ᠤ ᠬᠤᠶᠢᠨ᠎ᠠ᠂ ᠦᠪᠤᠷ ᠮᠤᠩᠭᠤᠯ ᠤᠨ ᠲᠠᠭᠤᠤ ᠪᠦᠵᠢᠭ | ᠤᠨ ᠪᠦᠯᠬᠦᠮ ᠳᠤ ᠠᠵᠢᠯ ᠬᠤᠪᠢᠶᠠᠭᠳᠠᠵᠤ᠂ ᠪᠦᠵᠢᠭ ᠤᠨ ᠲᠤᠰᠬᠠᠢ ᠮᠡᠷᠭᠡᠵᠢᠯ ᠢ ᠡᠷᠬᠢᠯᠡᠬᠦ ᠶᠢᠨ ᠲᠠᠭᠠᠤ ᠰᠢᠯᠦᠭ ᠪᠢᠴᠢᠨ ᠦᠬᠡ ᠨᠠᠶᠢᠷᠠᠭᠤᠯᠵᠤ ᠨᠤᠲ ᠵᠤᠬᠢᠶᠠᠬᠤ | ᠪᠤᠯᠵᠤ᠂ ᠪᠦᠵᠢᠭ ᠲᠤ ᠠᠶ᠎ᠠ ᠭᠦᠭᠵᠢᠮ ᠲᠠᠭᠠᠷᠠᠭᠤᠯᠤᠨ᠂ ᠵᠤᠬᠢᠶᠠᠨ ᠪᠦᠳᠤᠭᠡᠭᠦ ᠲᠠᠯ᠎ᠠ ᠪᠠᠷ ᠲᠤᠪᠤᠶᠢᠮ᠎ᠠ ᠠᠮᠵᠢᠯᠳᠠ ᠤᠯᠵᠠᠢ᠃1964 ᠤᠨ ᠳᠤ ᠦᠪᠤᠷ ᠮᠤᠩᠭᠤᠯ | ᠤᠨ ᠰᠢᠭᠤᠳ ᠬᠠᠷᠢᠶ᠎ᠠ ᠤᠯᠠᠭᠠᠠᠮᠦ᠋ᠴᠢᠷ ᠲᠤ ᠰᠢᠯᠵᠢᠨ ᠤᠴᠢᠵᠤ ᠨᠠᠶᠢᠷᠠᠭᠤᠯᠤᠨ ᠤᠳᠤᠷᠢᠳᠤᠭᠠᠴᠢ ᠪᠤᠯᠤᠭᠰᠠᠨ ᠶᠤᠮ᠃ ᠲᠡᠷᠡ ᠮᠠᠰᠢ ᠡᠷᠳᠡᠮ ᠴᠢᠳᠠᠪᠤᠷᠢ ᠲᠠᠢ | ᠪᠤᠯᠬᠤᠷ᠂ ᠠᠷᠪᠠᠨ ᠵᠢᠯ ᠤᠨ ᠬᠤᠭᠤᠷᠤᠨᠳᠤ ᠵᠠᠭᠤ ᠢᠯᠡᠭᠦᠦ ᠰᠢᠯᠦᠭ ᠲᠠᠭᠤᠯᠠᠯ᠂ ᠠᠷᠪᠠᠨ ᠬᠡᠳᠤᠨ ᠪᠦᠵᠢᠭ ᠵᠤᠬᠢᠶᠠᠵᠤ᠂《 ᠬᠠᠯᠢᠭᠤᠳᠤ ᠭᠤᠤᠯ》᠂《 ᠭᠦᠯᠦᠭ | ᠮᠤᠷᠢ ᠮᠢᠨᠢ》 ᠵᠡᠷᠭᠡ ᠶᠢᠨ ᠲᠠᠭᠤᠤ ᠨᠤᠭᠤᠳ ᠢ ᠦᠪᠡᠷ ᠢᠶᠠᠨ ᠵᠤᠬᠢᠶᠠᠵᠤ ᠦᠪᠡᠷ ᠢᠶᠠᠨ ᠲᠠᠭᠤᠯᠠᠭᠰᠠᠨ ᠶᠤᠮ᠃ ᠲᠡᠭᠦᠨ ᠤ ᠵᠤᠬᠢᠶᠠᠭᠰᠠᠨ《 ᠵᠠᠭᠤᠨ ᠡᠬᠡ ᠠᠴᠠ | ᠵᠠᠭᠤᠨ ᠲᠦᠯ》 ᠭᠡᠰᠡᠨ ᠲᠠᠭᠤᠤ ᠨᠢ ᠪᠦᠬᠦ ᠤᠯᠤᠰ ᠤᠨ ᠤᠷᠠᠨ ᠰᠠᠶᠢᠬᠠᠨ ᠤ ᠲᠤᠭᠯᠠᠯᠳᠠ ᠶᠢᠨ ᠨᠢᠭᠡᠳᠤᠭᠡᠷ ᠲᠡᠰ ᠤᠨ ᠱᠠᠩᠨᠠᠯ ᠭᠦᠷᠳᠡᠵᠤ᠂ ᠵᠤᠬᠢᠶᠠᠭᠰᠠᠨ | ᠲᠠᠭᠤᠤ《 ᠮᠢᠨᠤ ᠨᠤᠳᠤᠭ》᠂《 ᠠ᠂ ᠠᠬ᠎ᠠ》 ᠪᠡ ᠵᠤᠬᠢᠶᠠᠭᠰᠠᠨ ᠪᠦᠵᠢᠭ《 ᠡᠷᠤᠬᠡ ᠶᠢᠨ ᠴᠡᠷᠢᠭ》᠂《 ᠠᠭᠤᠯᠵᠠᠯᠳᠠ》 ᠨᠢ ᠤᠯᠤᠰ ᠤᠨ ᠪᠡ | ᠦᠪᠡᠷᠳᠡᠭᠡᠨ ᠵᠠᠰᠠᠬᠤ ᠤᠷᠤᠨ ᠤ ᠰᠢᠯᠢᠳᠡᠭ ᠪᠦᠳᠤᠭᠡᠯ ᠤᠨ ᠱᠠᠩᠨᠠᠯ ᠭᠦᠷᠳᠡᠪᠡ᠃1966 ᠤᠨ ᠳᠤ ᠲᠡᠷᠡ ᠦᠪᠤᠷ ᠮᠤᠩᠭᠤᠯ ᠤᠨ ᠤᠯᠠᠨ ᠲᠦᠮᠡᠨ ᠤ ᠤᠷᠠᠯᠢᠭ | ᠤᠨ ᠤᠷᠳᠤᠨ ᠳᠤ ᠰᠢᠯᠵᠢᠨ ᠠᠵᠢᠯᠯᠠᠭᠠᠳ᠂《 ᠰᠤᠶᠤᠯ ᠤᠨ ᠶᠡᠭᠡ ᠬᠤᠪᠢᠰᠬᠠᠯ》 ᠤᠨ ᠲᠤᠮᠳᠠ ᠪᠡᠶ᠎ᠡ ᠰᠡᠳᠬᠢᠯ ᠨᠢ ᠲᠠᠯᠬᠢᠭᠳᠠᠯ ᠳᠤ ᠤᠴᠠᠷᠠᠵᠤ᠂ ᠬᠤᠵᠢᠮ ᠨᠢ | ᠴᠠᠭᠠᠳᠬᠠᠵᠤ ᠦᠭᠪᠡ᠃1981 ᠤᠨ ᠳᠤ ᠦᠪᠤᠷ ᠮᠤᠩᠭᠤᠯ ᠤᠨ ᠤᠷᠠᠯᠢᠭ ᠤᠨ ᠰᠤᠳᠤᠯᠭᠠᠨ ᠤ ᠭᠠᠵᠠᠷ ᠲᠤ ᠠᠵᠢᠯᠯᠠᠵᠤ᠂1983 ᠤᠨ ᠤ10 ᠳ᠋ᠤᠭᠠᠷ ᠰᠠᠷ᠎ᠠ | ᠶᠢᠨ16 ᠤ ᠡᠳᠤᠷ ᠡᠪᠡᠳᠴᠢᠨ ᠢᠶᠠᠷ ᠨᠠᠰᠤ ᠪᠠᠷᠠᠪᠡ᠂ 48 ᠨᠠᠰᠤᠳᠠᠢ᠃ | ︽ᠤᠷᠠᠳ ᠤᠨ ᠲᠤᠮᠳᠠᠳᠤ ᠬᠤᠰᠢᠭᠤᠨ ᠤ ᠤᠶᠢᠯᠠᠯᠭ᠎ᠠ︾ ᠠᠴᠠ ᠪᠠᠭᠤᠯᠭᠠᠪᠠ | |