| ᠲᠦᠮᠡᠨ ᠶᠠᠪᠤᠳᠠᠯ ᠤᠨ ᠲᠤᠮᠳᠠ ᠠᠴᠠ ᠠᠷᠠᠳ ᠤᠨ ᠠᠮᠢᠳᠤᠷᠠᠯ ᠬᠠᠮᠤᠭ ᠤᠨ ᠴᠢᠬᠤᠯᠠ ᠪᠠᠶᠢᠳᠠᠭ᠃ ᠣᠶᠢᠷ᠎ᠠ ᠶᠢᠨ ᠵᠢᠯ ᠳᠤ᠂ ᠤᠷᠠᠳ ᠤᠨ ᠳᠤᠮᠳᠠᠳᠤ | ᠬᠤᠰᠢᠭᠤ ᠪᠥᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢᠶᠠᠷ ᠠᠵᠠ ᠲᠣᠬᠢᠶᠠᠯ ᠢᠶᠠᠨ ᠪᠣᠯᠭᠠᠵᠤ᠂ ᠣᠯᠠᠨ | ᠲᠦᠮᠡᠨ ᠤ ︽ᠪᠠᠴᠢᠮ ᠪᠡᠷᠬᠡ᠂ ᠬᠦᠴᠢᠷ ᠵᠤᠪᠠᠭᠤᠷᠢ ᠲᠠᠢ᠂ ᠬᠦᠰᠡᠨ ᠨᠠᠶᠢᠳᠠᠵᠤ ᠪᠠᠶᠢᠬᠤ︾ ᠠᠰᠠᠭᠤᠳᠠᠯ ᠤᠳ ᠢ ᠨᠢᠭᠡᠳ ᠨᠢᠭᠡ ᠪᠠᠷ ᠰᠢᠢᠳᠪᠦᠷᠢᠯᠡᠵᠦ᠂ | ︽ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠲᠥᠯᠥᠭᠡ ᠵᠢᠳᠬᠦᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠨᠢ ᠬᠠᠮ ᠵᠠᠭᠤᠴᠢᠯᠠᠭᠤᠷ ᠤᠨ ᠲᠥᠪ ᠲᠠᠢ ᠬᠠᠮᠲᠤᠷᠠᠨ ᠰᠢᠷᠢᠰ ᠮᠡᠳᠡᠭᠡᠯᠡᠯ ᠨᠡᠶᠢᠲᠡᠯᠡᠵᠦ᠂ ᠤᠷᠠᠳ ᠤᠨ ᠳᠤᠮᠳᠠᠳᠤ ᠬᠤᠰᠢᠭᠤᠨ ᠤ ᠬᠥᠮᠥᠰ ᠤᠨ | ᠵᠣᠯ ᠵᠢᠷᠭᠠᠯᠳᠤ ᠰᠡᠳᠬᠢᠯᠭᠡ ᠪᠠ ᠬᠦᠷᠲᠡᠮᠵᠢ ᠶᠢᠨ ᠲᠦᠷᠦᠭᠳᠡᠯ ᠢ ᠢᠯᠡᠷᠡᠭᠦᠯᠪᠡ᠃ | ︽ᠰᠤᠶᠤᠯᠲᠦ ᠬᠡᠷᠡᠮ︾ ᠨᠢ ᠴᠡᠭ ᠢᠶᠠᠷ ᠪᠦᠬᠦ ᠲᠠᠯ᠎ᠠ ᠶᠢ ᠬᠠᠮᠤᠷᠴᠤ᠂ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ ᠶᠢ ᠭᠡᠷᠡᠯᠳᠦᠬᠦᠯᠦᠨ᠎ᠡ︔ ︽ᠰᠠᠶᠢᠨ | ᠰᠠᠶᠢᠬᠠᠨ ᠶᠣᠰᠣ ᠰᠤᠷᠲᠠᠬᠤᠨ︾ ᠢ ᠲᠦᠮᠡᠨ ᠡᠷᠦᠬᠡ ᠮᠢᠩᠭᠠᠨ ᠠᠶᠢᠯ ᠳᠤ ᠤᠯᠠᠮᠵᠢᠯᠠᠵᠤ᠂ ᠪᠣᠯᠪᠠᠰᠤᠨ ᠰᠠᠶᠢᠬᠠᠨ ᠰᠢᠨ᠎ᠡ ᠬᠡᠪ ᠰᠤᠷᠲᠠᠯ ᠢ ᠪᠤᠢ ᠪᠤᠯᠭᠠᠪᠠ᠃ | ᠬᠠᠯᠢᠭᠤᠳᠤ ᠪᠠᠯᠭᠠᠰᠤ ᠨᠢ ᠪᠦᠬᠦ ᠤᠯᠤᠰ ᠤᠨ ᠰᠢᠶᠠᠨ ᠤ ᠲᠡᠰ ᠤᠨ ᠪᠣᠯᠪᠠᠰᠤᠨ ᠬᠤᠳᠠ ᠶᠢᠨ ᠡᠭᠦᠳᠦᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠰᠣᠶᠣᠯ ᠢᠶᠠᠷ ᠳᠣᠲᠣᠭᠠᠳᠤ ᠶᠢᠨ ᠬᠦᠴᠦᠨ ᠢᠶᠠᠨ ᠬᠦᠭᠵᠢᠭᠡᠵᠦ᠂ ᠬᠠᠯᠢᠭᠤᠳᠤ ᠶᠢᠨ ᠰᠢᠨ᠎ᠡ ᠳᠦᠷᠰᠦ ᠪᠠᠶᠢᠳᠠᠯ᠂ ᠰᠢᠨ᠎ᠡ ᠦᠩᠭᠡ ᠦᠵᠡᠮᠵᠢ ᠶᠢ ᠪᠤᠢ ᠪᠣᠯᠭᠠᠪᠠ᠃ | ᠡᠮᠦᠨ᠎ᠡ ᠬᠡᠳᠦᠨ ᠡᠳᠦᠷ᠂ ᠤᠯᠠᠨ ᠢ ᠳᠠᠭᠠᠭᠤᠯᠤᠨ ︽ᠳᠡᠭᠦᠯᠢᠯᠲᠡ︾᠂ ︽ᠴᠠᠭᠠᠨ ᠮᠤᠷᠢ ᠲᠠᠢ ᠠᠰᠠᠷ︾᠂ ︽ᠵᠦᠩ ᠬᠠᠢ ᠬᠤᠳᠠᠯᠳᠤᠭᠠᠨ ᠤ ᠲᠡᠯᠭᠡᠬᠦᠷ︾ ᠢ | ᠰᠣᠨᠢᠷᠬᠠᠪᠠ ᠁ ᠤᠷᠠᠳ ᠤᠨ ᠳᠤᠮᠳᠠᠳᠤ ᠬᠤᠰᠢᠭᠤᠨ ᠤ ᠬᠠᠭᠤᠴᠢᠨ ᠪᠠᠷᠢᠯᠭ᠎ᠠ᠂ ᠬᠠᠭᠤᠴᠢᠨ ᠤᠯᠠᠮᠵᠢᠯᠠᠯ ᠪᠠ ᠬᠥᠮᠥᠰ ᠤᠨ ᠲᠠᠨᠢᠯ ᠳᠠᠰᠤᠯ ᠠᠮᠢᠳᠤᠷᠠᠯ ᠤᠨ | ᠦᠵᠡᠮᠵᠢ ᠪᠠᠷ ᠠᠭᠤᠯᠭ᠎ᠠ ᠪᠣᠯᠭᠠᠭᠰᠠᠨ ᠰᠤᠶᠤᠯᠲᠦ ᠬᠡᠷᠡᠮ ᠨᠢ ᠪᠠᠭ᠎ᠠ ᠨᠠᠰᠤᠨ ᠤ ᠡᠷᠭᠢᠴᠡᠭᠦᠯᠦᠯ ᠲᠤᠷᠠᠳᠬᠠᠯ ᠢ ᠲᠠᠬᠢᠨ ᠪᠤᠳᠤᠭᠳᠠᠭᠤᠯᠤᠨ᠎ᠠ᠃ | ᠨᠧᠩ ᠶᠤᠸᠠᠨ ᠵᠡᠭᠡᠯᠢ ᠭᠤᠳᠤᠮᠵᠢ ᠶᠢᠨ ᠦᠩᠭᠡᠳᠦ ᠬᠡᠷᠡᠮ ᠤᠨ ︽ᠪᠠᠭ᠎ᠠ ᠨᠠᠰᠤᠨ ᠤ ᠡᠷᠭᠢᠴᠡᠭᠦᠯᠦᠯ︾ ᠠᠴᠠ ᠭᠠᠳᠠᠨ᠎ᠠ᠂ ᠬᠠᠯᠢᠭᠤᠳᠤ ᠪᠠᠯᠭᠠᠰᠤᠨ ᠳᠤ ᠪᠠᠰᠠ | ᠬᠡᠳᠦᠨ ᠭᠠᠵᠠᠷ ᠤᠨ ᠰᠢᠨ᠎ᠡ ᠪᠠᠷ ᠪᠠᠶᠢᠭᠤᠯᠤᠭᠰᠠᠨ ᠰᠤᠶᠤᠯᠲᠦ ᠬᠡᠷᠡᠮ ᠪᠠᠶᠢᠵᠤ᠂ ᠲᠤᠰᠬᠠᠢ ᠮᠡᠷᠭᠡᠵᠢᠯ ᠤᠨ ᠬᠥᠮᠥᠰ ᠢ ᠤᠷᠢᠵᠤ ᠣᠯᠠᠨ ᠲᠦᠮᠡᠨ ᠤ ᠦᠵᠡᠵᠦ | ᠰᠣᠨᠢᠷᠬᠠᠬᠤ ᠳᠤᠷᠠᠲᠠᠢ᠂ ᠬᠡᠷᠡᠮ ᠤᠨ ᠵᠢᠷᠤᠭ ᠢ ᠵᠢᠷᠤᠵᠤ ᠤᠷᠠᠯᠠᠭᠰᠠᠨ ᠪᠠᠶᠢᠨ᠎ᠠ᠃ | ᠥᠨᠥᠳᠥᠷ᠂ ᠰᠤᠷᠪᠤᠯᠵᠢᠯᠠᠭᠴᠢ ᠠᠴᠠ ᠲᠠᠨ ᠢ ᠲᠠᠭᠠᠭᠤᠯᠵᠤ᠂ ᠨᠢᠭᠡᠨ ᠠᠳᠠᠯᠢ ᠪᠤᠰᠤ ᠥᠩᠭᠡᠲᠦ ᠬᠡᠷᠡᠮ ᠤᠨ ᠵᠢᠷᠤᠭ ᠢ ᠰᠤᠨᠢᠷᠬᠠᠭᠤᠯᠤᠶ᠎ᠠ᠃ ᠶᠤᠸᠠᠨ ᠳ᠋ᠢᠩ | ᠬᠤᠷᠢᠶᠠᠯᠠᠯ ᠤᠨ ᠰᠤᠶᠤᠯᠲᠦ ᠬᠡᠷᠡᠮ ᠨᠢ ᠳᠤᠮᠳᠠᠳᠤ ᠶᠢᠨ ᠤᠯᠠᠮᠵᠢᠯᠠᠯᠲᠤ ᠶᠣᠰᠣ ᠰᠤᠷᠲᠠᠬᠤᠨ ᠤ ᠰᠣᠶᠣᠯ ᠪᠣᠯᠣᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠠᠴᠠ ᠭᠠᠷᠳᠠᠵᠤ᠂ ᠳᠤᠮᠳᠠᠳᠤ ᠶᠢᠨ ᠠᠴᠢᠯᠠᠯ ᠵᠢᠷᠤᠮ ᠤᠨ ᠰᠣᠶᠣᠯ ᠪᠣᠯᠣᠨ ᠭᠡᠷ ᠤᠨ ᠰᠤᠷᠲᠠᠯ᠂ ᠭᠡᠷ ᠤᠨ ᠰᠤᠷᠭᠠᠯ ᠤᠨ ᠠᠭᠤᠯᠭ᠎ᠠ ᠲᠠᠢ | ᠤᠶᠠᠯᠳᠤᠭᠤᠯᠤᠨ᠂ ᠠᠷᠠᠳ ᠤᠯᠠᠨ ᠤ ᠳᠡᠷᠭᠡᠳᠡᠬᠢ ᠶᠠᠪᠤᠳᠠᠯ ᠢᠶᠠᠷ ᠦᠨᠳᠦᠰᠦᠯᠡᠯ ᠪᠤᠯᠭᠠᠵᠤ᠂ ᠤᠷᠠᠨ ᠰᠡᠳᠬᠢᠮᠵᠢ ᠲᠠᠢ ᠠᠮᠢᠳᠤᠷᠠᠯ ᠲᠠᠢ ᠤᠶᠢᠷᠠᠳᠤᠭᠰᠠᠨ ᠵᠢᠷᠤᠭ ᠢ | ᠨᠠᠷᠢᠨ ᠨᠢᠮᠪᠠᠢ ᠵᠢᠷᠤᠭᠯᠠᠨ ᠭᠠᠷᠭᠠᠵᠤ᠂ ︽ᠪᠡᠶ᠎ᠡ ᠪᠠᠨ ᠬᠦᠮᠦᠵᠢᠬᠦᠯᠬᠦ︾ ︽ᠭᠡᠷ ᠢᠶᠠᠨ ᠬᠠᠮᠢᠶᠠᠷᠬᠤ︾ ︽ᠤᠯᠤᠰ ᠢᠶᠠᠨ ᠵᠠᠰᠠᠬᠤ︾ ᠵᠡᠷᠭᠡ ᠳᠤᠮᠳᠠᠳᠤ ᠶᠢᠨ | ᠤᠯᠠᠮᠵᠢᠯᠠᠯᠲᠤ ᠰᠠᠶᠢᠬᠠᠨ ᠰᠤᠷᠲᠠᠯ ᠢ ᠬᠡᠷᠡᠮ ᠳᠡᠭᠡᠷ᠎ᠡ ᠳᠡᠯᠭᠡᠨ ᠦᠵᠡᠭᠦᠯᠦᠭᠰᠡᠨ ᠪᠠᠶᠢᠨ᠎ᠠ᠃ ᠨᠢᠭᠡ ᠬᠡᠷᠡᠮ ᠨᠢ ᠨᠢᠭᠡ ᠦᠵᠡᠮᠵᠢ ᠶᠢ ᠬᠠᠷᠠᠭᠤᠯᠵᠤ᠂ ᠨᠢᠭᠡ ᠬᠡᠷᠡᠮ ᠨᠢ | ᠨᠢᠭᠡ ᠤᠷᠠᠨ ᠪᠦᠳᠦᠭᠡᠯ ᠪᠤᠯᠵᠤ᠂ ᠨᠢᠭᠡ ᠬᠡᠷᠡᠮ ᠨᠢ ᠨᠢᠭᠡ ᠭᠤᠣᠯ ᠰᠡᠳᠦᠪ ᠢ ᠲᠤᠰᠬᠠᠵᠤ᠂ ᠰᠠᠭᠤᠭᠠᠯᠢ ᠠᠷᠠᠳ ᠤᠨ ᠬᠤᠷᠢᠶᠠᠯᠠᠯ ᠳᠤ ᠦᠵᠡᠰᠬᠦᠯᠡᠩᠲᠦ ᠰᠠᠶᠢᠬᠠᠨ | ᠦᠵᠡᠮᠵᠢ ᠨᠡᠮᠡᠷᠢᠯᠡᠭᠰᠡᠨ ᠪᠠᠶᠢᠨ᠎ᠠ᠃ | ︽ᠤᠤᠯ ᠤᠨ ᠲᠠᠩ ᠴᠤᠯᠭᠤᠢ ᠪᠠᠶᠢᠭᠰᠠᠨ ᠴᠠᠭᠠᠨ ᠬᠡᠷᠡᠮ ᠨᠢ ᠤᠳᠤ ᠪᠢᠴᠢᠯᠭᠡ ᠵᠢᠷᠤᠭ ᠢᠶᠠᠷ ᠴᠢᠮᠡᠭᠯᠡᠭᠳᠡᠵᠦ᠂ ᠣᠮᠪᠣᠯᠣ ᠪᠠᠨ ᠳᠠᠭᠠᠭᠤᠯᠤᠨ ᠲᠣᠭᠤᠷᠢᠬᠤ ᠳᠤ | ᠠᠶᠠᠲᠠᠢ ᠰᠠᠶᠢᠬᠠᠨ ᠰᠠᠨᠠᠭᠳᠠᠵᠤ᠂ ᠬᠡᠷᠡᠮ ᠳᠡᠭᠡᠷᠡᠬᠢ ᠡᠳᠡᠭᠡᠷ ᠤᠯᠠᠮᠵᠢᠯᠠᠯᠲᠤ ᠰᠣᠶᠣᠯ ᠨᠢ ᠰᠣᠨᠢᠷᠬᠠᠯᠲᠠᠢ ᠪᠥᠭᠡᠳ ᠮᠠᠰᠢ ᠰᠠᠶᠢᠨ ᠰᠤᠷᠭᠠᠨ ᠬᠥᠮᠥᠵᠢᠭᠦᠯᠬᠦ | ᠦᠢᠯᠡᠳᠦᠯ ᠲᠠᠢ᠂ ᠭᠤᠶᠤ ᠰᠠᠶᠢᠬᠠᠨ ᠤ ᠲᠥᠷᠥᠭᠳᠡᠯ ᠲᠠᠢ ᠮᠦᠷᠲᠡᠭᠡᠨ ᠬᠠᠯᠠᠭᠤᠨ ᠳᠤᠯᠠᠭᠠᠨ ᠰᠠᠨᠠᠭᠳᠠᠨ᠎ᠠ᠃︾ ᠭᠡᠵᠦ ᠲᠤᠰ ᠬᠤᠷᠢᠶᠠᠯᠠᠯ ᠳᠤ ᠰᠠᠭᠤᠭ᠎ᠠ ᠰᠠᠭᠤᠭᠠᠯᠢ | ᠠᠷᠠᠳ ᠼᠦᠢ ᠬᠠᠢ ᠯᠢᠩ ᠰᠡᠳᠬᠢᠯ ᠬᠥᠳᠡᠯᠦᠨ ᠶᠠᠷᠢᠵᠤ ᠪᠠᠶᠢᠪᠠ᠃ | ᠠᠵᠢᠯᠲᠠᠨ ᠠᠴᠠ᠄ ︽ᠡᠳᠡᠬᠡᠷ ᠦᠩᠭᠡᠳᠦ ᠬᠡᠷᠡᠮ ᠤᠨ ᠵᠢᠷᠤᠭ ᠨᠢ ︿ᠤᠬᠠᠭᠤᠯᠤᠨ ᠲᠠᠶᠢᠯᠪᠤᠷᠢᠯᠠᠭᠴᠢ﹀ ᠰᠢᠭ᠋ ᠢᠶᠠᠷ᠂ ᠨᠠᠮ ᠵᠢᠮ ᠤᠨ ᠳᠤᠮᠳᠠ ᠰᠠᠯᠬᠢᠨ | ᠪᠤᠷᠤᠭᠠᠨ ᠢ ᠬᠠᠶᠢᠬᠤᠷᠤᠯ ᠦᠭᠡᠢ ᠪᠠᠷ ᠠᠷᠠᠳ ᠤᠨ ᠵᠠᠩ ᠳᠠᠳᠬᠠᠯ᠂ ᠶᠣᠰᠣ ᠰᠤᠷᠲᠠᠬᠤᠨ ᠤ ᠪᠠᠷᠢᠮᠵᠢᠶ᠎ᠠ᠂ ᠪᠣᠯᠪᠠᠰᠤᠨ ᠰᠢᠨ᠎ᠡ ᠬᠡᠪ ᠰᠤᠷᠲᠠᠯ ᠢ ᠥᠨᠴᠥᠭ ᠪᠤᠯᠤᠩ | ᠪᠣᠯᠭᠠᠨ ᠳᠤ ᠤᠯᠠᠮᠵᠢᠯᠠᠵᠤ ᠪᠤᠢ︾ ᠭᠡᠪᠡ᠃ | ︽ᠰᠤᠶᠤᠯᠲᠦ ᠬᠡᠷᠡᠮ︾ ᠢ ᠵᠢᠷᠤᠭᠯᠠᠨ᠂ ︽ᠣᠷᠴᠢᠨ ᠠᠬᠤᠢ ᠶᠢᠨ ᠭᠤᠸᠠᠯᠢᠭ︾ ᠢ ᠳᠡᠯᠭᠡᠨ ᠦᠵᠡᠭᠦᠯᠦᠨ᠎ᠡ᠃ ᠤᠳᠤᠬᠠᠨ ᠳᠤ᠂ ᠬᠠᠯᠢᠭᠤᠳᠤ ᠪᠠᠯᠭᠠᠰᠤᠨ ᠤ | ᠵᠡᠭᠡᠯᠢ ᠭᠤᠳᠤᠮᠵᠢ ᠶᠢᠨ ᠦᠩᠭᠡᠳᠦ ᠵᠢᠷᠤᠭ ᠤᠨ ︽ᠰᠤᠶᠤᠯᠳᠦ ᠬᠡᠷᠡᠮ︾ ᠨᠢ ᠰᠢᠨ᠎ᠡ ᠬᠤᠲᠠ ᠪᠠᠯᠭᠠᠰᠤ ᠶᠢᠨ ᠴᠤᠭ ᠵᠤᠯᠪᠤᠭ᠎ᠠ ᠶᠢ ᠭᠠᠶᠢᠬᠠᠭᠤᠯᠤᠭᠰᠠᠨ ᠪᠠᠶᠢᠨ᠎ᠠ᠃ | ᠪᠣᠯᠪᠠᠰᠤᠨ ᠶᠣᠰᠣ ᠵᠢᠷᠤᠮ᠂ ᠤᠯᠠᠮᠵᠢᠯᠠᠯᠲᠤ ᠶᠣᠰᠣ ᠮᠤᠷᠠᠯ᠂ ᠰᠠᠶᠢᠨ ᠳᠤᠷ᠎ᠠ ᠶᠢᠨ ᠦᠢᠯᠡᠴᠢᠯᠡᠭᠡ᠂ ᠦᠯᠦᠭᠡᠢ ᠨᠤᠲᠤᠭ ᠤᠨ ᠮᠥᠷᠥᠭᠡᠳᠦᠯ ᠳᠤᠷᠠᠰᠤᠮᠵᠢ᠂ ᠬᠤᠭ | ᠨᠣᠪᠰᠢ ᠶᠢ ᠲᠦᠷᠦᠯ ᠬᠤᠪᠢᠶᠠᠬᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠵᠡᠷᠭᠡ ᠭᠦᠨ ᠵᠤᠵᠠᠭᠠᠨ ︽ᠰᠣᠶᠣᠯ ᠤᠨ ᠲᠡᠮᠳᠡᠭ︾ ᠢ ᠬᠡᠷᠡᠮ | ᠳᠡᠭᠡᠷ᠎ᠡ ᠠᠮᠢᠳᠤᠯᠢᠭ ᠢᠶᠠᠷ ᠲᠤᠰᠬᠠᠵᠤ᠂ ᠦᠵᠡᠰᠬᠦᠯᠡᠩᠲᠦ ᠰᠠᠶᠢᠬᠠᠨ ᠬᠠᠯᠢᠭᠤᠳᠤ ᠪᠠᠯᠭᠠᠰᠤ ᠶᠢ ᠪᠦᠲᠦᠭᠡᠨ ᠪᠠᠶᠢᠭᠤᠯᠬᠤ ᠦᠩᠭᠡᠳᠦ ᠦᠵᠡᠮᠵᠢ ᠪᠣᠯᠤᠭᠰᠠᠨ ᠪᠠᠶᠢᠨ᠎ᠠ᠃ |