ᠤᠷᠠᠳ ᠤᠨ ᠳᠤᠮᠳᠠᠳᠤ ᠬᠤᠰᠢᠭᠤᠨ ᠤ 2020 — 2022 ᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠬᠡᠪ ᠪᠣᠯᠪᠠᠰᠤᠷᠠᠯ ᠤᠨ ᠬᠢᠷᠢ ᠲᠦᠪᠰᠢᠨ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠵᠠᠷᠯᠠᠯ
ᠨᠡᠶᠢᠲᠡᠯᠡᠭᠰᠡᠨ ᠴᠠᠭ᠄
2023/7/13
      ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ᠂ ︽︿ᠡᠷᠡᠭᠦᠯ ᠡᠩᠬᠡ ᠳᠤᠮᠳᠠᠳᠤ ᠤᠯᠤᠰ 2030﹀ ᠤᠨ ᠤ ᠲᠥᠯᠦᠪᠵᠢᠭᠦᠯᠭᠡ ᠶᠢᠨ ᠬᠥᠲᠥᠯᠪᠦᠷᠢ︾ ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 ︱ 2030 ᠣᠨ︶︾ ᠵᠡᠷᠭᠡ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠳᠦᠭᠡ ᠤᠷᠠᠳ ᠤᠨ ᠳᠤᠮᠳᠠᠳᠤ ᠬᠤᠰᠢᠭᠤᠨ ᠤ ᠭᠤᠷᠪᠠᠨ ᠵᠢᠯ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ  ᠢ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠴᠠᠭ ᠤᠨ ᠬᠢᠵᠠᠭᠠᠷ ᠨᠢ 6 ᠰᠠᠷ᠎ᠠ ᠪᠣᠯᠣᠨ᠎ᠠ᠃      2020 ᠣᠨ ᠳᠤ ᠪᠥᠬᠦ ᠬᠤᠰᠢᠭᠤᠨ ᠤ ᠬᠢᠷᠢ ᠲᠡᠩᠴᠡᠭᠰᠡᠨ ᠬᠢᠨᠠᠨ ᠬᠡᠮᠵᠢᠯᠲᠡ ᠶᠢᠨ ᠠᠰᠠᠭᠤᠯᠲᠠ ᠶᠢᠨ ᠬᠠᠭᠤᠳᠠᠰᠤ ᠶᠢ ᠨᠡᠶᠢᠲᠡ 1020 ᠬᠤᠪᠢ ᠭᠥᠯᠢᠶᠡᠨ ᠠᠪᠴᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠪᠦᠬᠦᠢ ᠠᠰᠠᠭᠤᠯᠲᠠ ᠶᠢᠨ ᠬᠠᠭᠤᠳᠠᠰᠤ 207 ᠬᠤᠪᠢ ᠪᠠᠶᠢᠵᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠨᠢ 20.3% ᠳᠤ ᠭᠦᠷᠦᠭᠰᠡᠨ ᠪᠠᠶᠢᠨ᠎ᠠ᠃       2021 ᠣᠨ ᠳᠤ ᠪᠥᠬᠦ ᠬᠤᠰᠢᠭᠤᠨ ᠤ ᠬᠢᠷᠢ ᠲᠡᠩᠴᠡᠭᠰᠡᠨ ᠬᠢᠨᠠᠨ ᠬᠡᠮᠵᠢᠯᠲᠡ ᠶᠢᠨ ᠠᠰᠠᠭᠤᠯᠲᠠ ᠶᠢᠨ ᠬᠠᠭᠤᠳᠠᠰᠤ ᠶᠢ ᠨᠡᠶᠢᠲᠡ 450 ᠬᠤᠪᠢ ᠭᠥᠯᠢᠶᠡᠨ ᠠᠪᠴᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠪᠦᠬᠦᠢ ᠠᠰᠠᠭᠤᠯᠲᠠ ᠶᠢᠨ ᠬᠠᠭᠤᠳᠠᠰᠤ 94 ᠬᠤᠪᠢ ᠪᠠᠶᠢᠵᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠨᠢ  20.9%  ᠳᠤ ᠭᠦᠷᠦᠭᠰᠡᠨ ᠪᠠᠶᠢᠨ᠎ᠠ᠃      2022 ᠣᠨ ᠳᠤ ᠪᠥᠬᠦ ᠬᠤᠰᠢᠭᠤᠨ ᠤ ᠬᠢᠷᠢ ᠲᠡᠩᠴᠡᠭᠰᠡᠨ ᠬᠢᠨᠠᠨ ᠬᠡᠮᠵᠢᠯᠲᠡ ᠶᠢᠨ ᠠᠰᠠᠭᠤᠯᠲᠠ ᠶᠢᠨ ᠬᠠᠭᠤᠳᠠᠰᠤ ᠶᠢ ᠨᠡᠶᠢᠲᠡ 450 ᠬᠤᠪᠢ ᠭᠥᠯᠢᠶᠡᠨ ᠠᠪᠴᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠪᠦᠬᠦᠢ ᠠᠰᠠᠭᠤᠯᠲᠠ ᠶᠢᠨ ᠬᠠᠭᠤᠳᠠᠰᠤ 105 ᠬᠤᠪᠢ ᠪᠠᠶᠢᠵᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠨᠢ 23.3% ᠳᠤ ᠭᠦᠷᠦᠭᠰᠡᠨ ᠪᠠᠶᠢᠨ᠎ᠠ᠃
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ