ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠡ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠤᠷᠠᠳ ᠤᠨ ᠳᠤᠮᠳᠠᠳᠤ ᠬᠤᠰᠢᠭᠤᠨ ᠤ ᠳ᠋ᠠ ᠬᠥᠩ ᠢᠯᠴᠢ ᠶᠢᠨ ᠬᠦᠴᠦᠨ ᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ︽ᠤᠷᠠᠳ ᠤᠨ ᠳᠤᠮᠳᠠᠳᠤ ᠬᠤᠰᠢᠭᠤᠨ ᠤ ᠬᠠᠯᠢᠭᠤᠳᠤ ᠪᠠᠯᠭᠠᠰᠤᠨ ᠤ ᠲᠤᠯᠠᠭᠠᠯᠠᠯᠭ᠎ᠠ ᠬᠠᠩᠭᠠᠬᠤ ᠬᠤᠭᠤᠯᠠᠢ ᠲᠤᠤᠷ ᠤᠨ | ᠢᠨᠵᠧᠨᠧᠷᠢᠩ ᠤᠨ ᠪᠦᠲᠦᠭᠡᠨ ᠪᠠᠢᠭᠤᠯᠤᠯᠲᠠ ᠶᠢᠨ ᠲᠦᠷᠦᠯ ᠵᠦᠢᠯ︾ ᠢ ᠡᠬᠢᠯᠡᠨ ᠬᠡᠷᠡᠭᠵᠢᠭᠦᠯᠵᠦ᠂ ᠵᠠᠯᠭᠠᠭ᠎ᠠ ᠪᠠᠷ ᠬᠠᠯᠢᠭᠤᠳᠤ ᠵᠠᠮ ᠳᠤ ᠵᠠᠮ ᠪᠢᠲᠡᠭᠦᠮᠵᠢᠯᠡᠬᠦ | ᠠᠷᠭ᠎ᠠ ᠬᠡᠮᠵᠢᠶ᠎ᠡ ᠶᠢ ᠠᠪᠬᠤ ᠪᠠᠷ ᠪᠤᠯᠪᠠ᠂ ᠡᠳᠦᠭᠡ 2023 ᠣᠨ ᠤ 7 ᠰᠠᠷ᠎ᠠ ᠶᠢᠨ 8 ᠤ ᠡᠳᠦᠷ ᠠᠴᠠ 7 ᠰᠠᠷ᠎ᠠ ᠶᠢᠨ ᠰᠡᠭᠦᠯᠴᠢ ᠪᠣᠯᠲᠠᠯ᠎ᠠ ᠳᠣᠣᠷᠠᠬᠢ ᠵᠠᠮ ᠤᠨ | ᠬᠡᠰᠡᠭ ᠢ ᠪᠢᠲᠡᠭᠦᠮᠵᠢᠯᠡᠬᠦ ᠪᠠᠷ ᠲᠥᠯᠥᠪᠯᠡᠵᠦ ᠪᠠᠶᠢᠨ᠎ᠠ᠄ | 1᠂ ᠬᠠᠯᠢᠭᠤᠳᠤ ᠵᠠᠮ ︵ᠪᠠᠶᠠᠨ ᠵᠡᠭᠡᠯᠢ — ᠴᠡᠴᠡᠷᠯᠢᠭ ᠵᠠᠮ︶︔ | 2᠂ ᠬᠠᠯᠢᠭᠤᠳᠤ ᠵᠠᠮ ︵ᠶᠦᠨ ᠶᠢᠩ ᠵᠡᠭᠡᠯᠢ — ᠬᠤᠨ ᠭᠠᠯᠠᠭᠤ ᠶᠡᠭᠡ ᠵᠡᠭᠡᠯᠢ︶᠃ | ᠥᠷᠭᠡᠨ ᠤᠯᠠᠨ ᠬᠤᠳᠠ ᠶᠢᠨ ᠠᠷᠠᠳ ᠤᠨ ᠶᠠᠪᠤᠵᠤ ᠰᠠᠭᠤᠬᠤ ᠵᠠᠮ ᠱᠤᠭᠤᠮ ᠢᠶᠠᠨ ᠵᠣᠬᠢᠰᠲᠠᠢ ᠰᠣᠩᠭᠤᠵᠤ᠂ ᠲᠡᠷᠭᠡ ᠮᠠᠰᠢᠨ ᠵᠢᠯᠤᠭᠤᠳᠬᠤ ᠪᠠᠨ | ᠪᠠᠭᠠᠰᠬᠠᠵᠤ᠂ ᠪᠠᠷᠢᠯᠭ᠎ᠠ ᠶᠢᠨ ᠠᠵᠢᠯ ᠠᠴᠠ ᠠᠯᠢ ᠴᠢᠳᠠᠬᠤ ᠪᠠᠷ ᠵᠠᠶᠢᠯᠠᠰᠬᠢᠬᠦ ᠶᠢᠨ ᠬᠠᠮᠲᠤ ᠣᠶᠢᠯᠠᠭᠠᠨ ᠳᠡᠮᠵᠢᠬᠦ ᠶᠢ ᠬᠦᠰᠡᠵᠦ ᠪᠠᠶᠢᠨ᠎ᠠ᠃ ᠬᠤᠭᠤᠯᠠᠢ ᠲᠤᠤᠷ ᠢ | ᠵᠠᠰᠠᠵᠤ ᠰᠢᠨᠡᠳᠭᠡᠬᠦ ᠠᠴᠠ ᠪᠣᠯᠵᠤ ᠲᠠᠨ ᠳᠤ ᠳᠥᠭᠦᠮ ᠦᠭᠡᠢ ᠪᠣᠯᠤᠭᠰᠠᠨ ᠳᠤ ᠠᠭᠤᠴᠢᠯᠠᠭᠠᠷᠠᠢ᠃ ᠪᠠᠷᠢᠯᠭ᠎ᠠ ᠶᠢᠨ ᠠᠵᠢᠯ ᠡᠬᠢᠯᠡᠭᠰᠡᠨ ᠤ ᠳᠠᠷᠠᠭ᠎ᠠ ᠦᠷᠭᠦᠯᠵᠢᠯᠡᠨ | ᠪᠢᠲᠡᠭᠦᠮᠵᠢᠯᠡᠬᠦ ᠵᠠᠮ ᠤᠨ ᠬᠡᠰᠡᠭ ᠢ ᠤᠷᠢᠳᠴᠢᠯᠠᠨ ᠵᠠᠷᠯᠠᠨ ᠨᠡᠶᠢᠲᠡᠯᠡᠨ᠎ᠡ᠂ ᠬᠤᠲᠠ ᠶᠢᠨ ᠠᠷᠠᠳ ᠨᠠᠷ ᠠᠯᠪᠠᠨ ᠵᠠᠷ ᠲᠤ ᠠᠩᠬᠠᠷᠤᠯ ᠢᠶᠠᠨ ᠬᠠᠨᠳᠤᠭᠤᠯᠬᠤ ᠶᠢ ᠬᠦᠰᠡᠵᠦ | ᠪᠠᠶᠢᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | ᠤᠷᠠᠳ ᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | 2023 ᠣᠨ ᠤ 7 ᠰᠠᠷ᠎ᠠ ᠶᠢᠨ 5 ᠤ ᠡᠳᠦᠷ |