ᠣᠶᠢᠷ᠎ᠠ ᠳᠤ᠂ ᠤᠷᠠᠳ ᠤᠨ ᠳᠤᠮᠳᠠᠳᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠯᠴᠢᠳ ᠤᠨ ᠨᠡᠶᠢᠭᠡᠮᠯᠢᠭ᠂ ᠢᠷᠠᠭᠤ | ᠨᠠᠶᠢᠷᠠᠭ ᠤᠨ ᠨᠡᠶᠢᠭᠡᠮᠯᠢᠭ ᠠᠴᠠ 25 ᠳᠠᠬᠢ ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ ᠢ ᠨᠢᠵᠢᠭᠢᠷ ᠰᠠᠶᠢᠬᠠᠨ ᠲᠡᠮᠳᠡᠭᠯᠡᠯ᠎ᠡ᠃ ᠢᠷᠠᠭᠤ ᠨᠠᠶᠢᠷᠠᠭ ᠨᠢ ᠬᠥᠮᠦᠨ ᠤ | ᠰᠡᠳᠬᠢᠯ ᠤᠨ ᠬᠥᠳᠡᠯᠭᠡᠭᠡᠨ᠂ ᠬᠦᠰᠡᠯ ᠡᠷᠡᠮᠡᠯᠵᠡᠯ᠂ ᠢᠲᠡᠭᠡᠯ ᠦᠨᠡᠮᠰᠢᠯ ᠢ ᠬᠡᠯᠡᠨ ᠤ ᠤᠷᠠᠯᠢᠭ ᠢᠶᠠᠷ ᠢᠶᠠᠨ ᠢᠯᠡᠳᠬᠡᠵᠦ ᠪᠠᠶᠢᠳᠠᠭ ᠤᠨ ᠤᠴᠢᠷ ᠪᠦᠬᠦ ᠳᠡᠯᠡᠬᠡᠢ ᠶᠢᠨ | ᠢᠷᠠᠭᠤ ᠨᠠᠶᠢᠷᠠᠭᠴᠢᠳ᠂ ᠦᠨᠳᠦᠰᠦᠲᠡᠨ ᠠᠷᠠᠰᠤᠲᠠᠨ᠂ ᠭᠠᠵᠠᠷ ᠣᠷᠣᠨ᠂ ᠨᠠᠰᠤ ᠵᠢᠯ᠂ ᠬᠦᠢᠰᠦ ᠴᠢᠨᠠᠷ ᠭᠡᠵᠦ ᠢᠯᠭᠠᠯ ᠦᠭᠡᠢ᠂ ᠢᠷᠠᠭᠤ ᠨᠠᠶᠢᠷᠠᠭ ᠲᠤ ᠪᠠᠭ᠋ᠠᠲᠠᠢ | ᠬᠥᠮᠦᠰ ᠵᠢᠯ ᠪᠦᠷᠢ ᠶᠢᠨ ᠡᠨᠡ ᠡᠳᠦᠷ ᠢᠶᠠᠨ ᠪᠠᠶᠠᠷᠯᠠᠨ ᠲᠡᠮᠳᠡᠭᠯᠡᠳᠡᠭ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠳᠤ ︽ᠤᠷᠠᠳ ᠸᠢᠴᠠᠲ ᠪᠣᠭᠤᠨᠢ ᠥᠭᠦᠯᠡᠯᠭᠡ ᠶᠢᠨ ᠤᠷᠤᠯᠳᠤᠭᠠᠨ︾ ᠪᠠ ︽ᠤᠷᠠᠳ ᠸᠢᠴᠠᠲ ᠰᠢᠯᠦᠭ ᠤᠨ ᠨᠠᠭᠠᠳᠤᠮ 55︾ | ᠶᠢᠨ ᠱᠠᠩᠨᠠᠯ ᠣᠯᠭᠤᠬᠤ ᠶᠣᠰᠣᠯᠠᠯ ᠢ ᠶᠠᠪᠤᠭᠳᠠᠭᠤᠯᠤᠯ᠎ᠠ᠃ ᠪᠣᠭᠤᠨᠢ ᠥᠭᠦᠯᠡᠯᠭᠡ ᠶᠢᠨ ᠤᠷᠤᠯᠳᠤᠭᠠᠨ ᠳᠤ ᠪᠠᠶᠠᠨᠨᠠᠭᠤᠷ ᠬᠤᠲᠠ ᠶᠢᠨ ᠬᠡᠪᠴᠢᠶᠡᠨ ᠤ 16 ᠨᠡᠷᠡᠰ | ᠵᠣᠬᠢᠶᠠᠯᠴᠢ ᠣᠷᠣᠯᠴᠠᠵᠤ᠂ ᠤᠷᠠᠳ ᠤᠨ ᠳᠤᠮᠳᠠᠳᠤ ᠬᠤᠰᠢᠭᠤᠨ ᠤ ᠪᠠᠶᠠᠨᠪᠢᠯᠢᠭ᠌ ︽ᠰᠡᠭᠦᠯᠴᠢ ᠶᠢᠨ ᠵᠢᠷᠤᠭ︾ ᠭᠡᠬᠦ ᠵᠣᠬᠢᠶᠠᠯ ᠢᠶᠠᠷ ᠢᠶᠠᠨ ᠮᠠᠩᠯᠠᠶᠢᠯᠠᠨ᠂ ᠤᠷᠠᠳ ᠤᠨ | ᠬᠤᠶᠢᠲᠤ ᠬᠤᠰᠢᠭᠤᠨ ᠤ ᠪ᠊᠂ ᠠᠯᠲᠠᠨᠴᠡᠴᠡᠭ ︽ ᠨᠤᠲᠤᠭᠴᠢᠨ ᠪᠣᠯᠬᠤ ᠪᠠᠷ ᠳᠡᠷᠪᠡᠭᠰᠡᠨ ᠨᠢ︾᠂ ᠤᠷᠠᠳ ᠤᠨ ᠳᠤᠮᠳᠠᠳᠤ ᠬᠤᠰᠢᠭᠤᠨ ᠤ ᠲ᠊᠂ ᠤᠷᠠᠨ᠎ᠠ | ︽ᠨᠤᠲᠤᠭ ᠤᠨ ᠥᠩᠭᠡ︾ ᠭᠡᠬᠦ ᠵᠣᠬᠢᠶᠠᠯ ᠢᠶᠠᠷ ᠢᠶᠠᠨ ᠳᠡᠳ᠋ ᠪᠠᠶᠢᠷᠢᠨ ᠳᠤ ᠲᠣᠳᠣᠷᠠᠯ᠎ᠠ᠃ 55 ᠳ᠋ᠤᠭᠠᠷ ᠤᠳᠠᠭᠠᠨ ᠤ ︽ᠤᠷᠠᠳ ᠸᠢᠴᠠᠲ ᠰᠢᠯᠦᠭ ᠤᠨ ᠨᠠᠭᠠᠳᠤᠮ︾ | ᠤᠨ ︽ᠪᠢ ᠢᠷᠠᠭᠤ ᠨᠠᠶᠢᠷᠠᠭ ᠢᠶᠠᠷ ᠭᠤᠶᠣᠳᠠᠭ︾ ᠢᠵᠢᠯᠢ ᠭᠠᠷᠴᠠᠭᠲᠤ ᠰᠢᠯᠦᠭ ᠤᠨ ᠨᠠᠭᠠᠳᠤᠮ ᠤᠨ ᠰᠢᠯᠭᠠᠷᠠᠭᠤᠯᠤᠯᠲᠠ ᠳᠤ ᠪᠠᠭᠠᠷᠢᠨ ᠪᠠᠷᠠᠭᠤᠨ ᠬᠤᠰᠢᠭᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠢᠭᠡᠳ ᠤᠷᠠᠳ ᠤᠨ ᠭᠤᠷᠪᠠᠨ ᠬᠤᠰᠢᠭᠤ ᠵᠡᠷᠭᠡ ᠭᠠᠵᠠᠷ ᠤᠨ 32 ᠢᠷᠠᠭᠤ ᠨᠠᠶᠢᠷᠠᠭᠴᠢ ᠣᠷᠣᠯᠴᠠᠨ᠂ ᠪᠠᠭᠠᠷᠢᠨ | ᠪᠠᠷᠠᠭᠤᠨ ᠬᠤᠰᠢᠭᠤᠨ ᠤ ᠮ᠊᠂ ᠴᠢᠩᠪᠠᠲᠤ ᠲᠡᠷᠢᠭᠦᠨ ᠪᠠᠶᠢᠷᠢᠨ ᠳᠤ ᠰᠠᠭᠠᠲᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬ᠊᠂ ᠪᠢᠯᠢᠭᠪᠡᠭᠠᠲᠤᠷ᠂ | ᠤᠷᠠᠳ ᠤᠨ ᠳᠤᠮᠳᠠᠳᠤ ᠬᠤᠰᠢᠭᠤᠨ ᠤ ᠦ᠊᠂ ᠴᠡᠩᠭᠡᠯᠲᠦ ᠳᠡᠳ᠋ ᠪᠠᠶᠢᠷᠢᠨ ᠳᠤ ᠲᠣᠳᠣᠷᠠᠯ᠎ᠠ᠃ ᠡᠭᠦᠨ ᠤ ᠳᠠᠭᠠᠤ ᠤᠷᠠᠳ ᠤᠨ ᠳᠤᠮᠳᠠᠳᠤ ᠬᠤᠰᠢᠭᠤᠨ ᠤ ᠵᠣᠬᠢᠶᠠᠯᠴᠢ | ᠨᠣᠰᠣᠷᠠᠨ ᠥᠪᠡᠷ ᠤᠨ ᠵᠣᠬᠢᠶᠠᠯ ᠤᠨ ᠲᠡᠭᠦᠪᠦᠷᠢ ᠪᠠᠨ ᠪᠡᠯᠡᠭᠯᠡᠵᠦ᠂ ᠪᠡᠯᠡᠨ ᠰᠢᠯᠦᠭ ᠤᠨ ᠮᠦᠷᠦᠶᠢᠴᠡᠭᠡᠨ ᠬᠢᠭᠡᠳ ᠮᠡᠳᠡᠯᠭᠡ ᠶᠢᠨ ᠤᠷᠤᠯᠳᠤᠭᠠᠨ ᠢ ᠵᠣᠬᠢᠶᠠᠨ | ᠪᠠᠶᠢᠭᠤᠯᠤᠨ ᠶᠠᠪᠤᠭᠳᠠᠭᠤᠯᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠢᠭᠡᠳ ᠤᠷᠠᠳ ᠤᠨ ᠭᠤᠷᠪᠠᠨ ᠬᠤᠰᠢᠭᠤ ᠠᠴᠠ ᠬᠦᠷᠦᠯᠴᠡᠨ ᠢᠷᠡᠭᠰᠡᠨ ᠢᠷᠠᠭᠤ | ᠨᠠᠶᠢᠷᠠᠭᠴᠢᠳ ᠮᠠᠨᠢ ᠥᠪᠡᠷ ᠥᠪᠡᠷ ᠤᠨ ᠢᠶᠠᠨ ᠤᠷ᠎ᠠ ᠠᠪᠢᠶᠠᠰ ᠢᠶᠠᠨ ᠭᠠᠶᠢᠬᠠᠭᠤᠯᠤᠨ ᠰᠢᠯᠦᠭ ᠤᠶᠠᠩᠭᠠᠯᠠᠵᠤ᠂ ︽ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ︾ ᠢ | ᠪᠡᠯᠭᠡᠯᠡᠬᠦ ᠠᠵᠢᠯᠯᠠᠭ᠎ᠠ ᠳᠤ ᠬᠦᠷ ᠬᠥᠭᠵᠢᠶᠡᠨ ᠨᠡᠮᠡᠯ᠎ᠡ᠃ | |