2024 ᠣᠨ ᠤ ᠤᠷᠠᠳ ᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ | ᠲᠤᠰᠢᠶᠠᠬᠤ ᠠᠵᠢᠯ 9 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠨ᠎ᠡ᠃ | ᠥᠨᠥ ᠵᠢᠯ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠳᠤ ᠶᠠᠮᠠᠷ ᠶᠠᠮᠠᠷ ᠰᠢᠨ᠎ᠡ ᠬᠤᠪᠢᠷᠠᠯᠲᠠ ᠭᠠᠷᠤᠭᠰᠠᠨ ᠪᠣᠶ ᠂ ᠬᠡᠷᠬᠢᠨ | ᠰᠦᠢᠳᠬᠡᠯ ᠲᠤᠰᠢᠶᠠᠬᠤ ᠠᠵᠢᠯᠯᠠᠭᠠᠨ ᠤ ᠵᠦᠭᠯᠡᠭᠦᠷ ᠢ ᠠᠳᠡ ᠠᠴᠠ ᠦᠵᠡᠭᠡᠷᠡᠢ︕ | ᠨᠢᠭᠡ᠂ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ | 2024 ᠣᠨ ᠤ ᠤᠷᠠᠳ ᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠥᠨ ᠪᠦᠷᠢ 400 ᠲᠥᠭᠦᠷᠢᠭ ᠪᠣᠯᠣᠨ᠎ᠠ᠃ | ᠬᠤᠶᠠᠷ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠴᠠᠭ | 2023 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠵᠤ ᠡᠬᠢᠯᠡᠨ᠎ᠡ ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠬᠦ ᠴᠠᠭ ᠨᠢ 2024 ᠣᠨ ᠤ 1 | ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠪᠣᠯᠤᠨ᠎ᠠ᠃ | ᠭᠤᠷᠪᠠ᠂ ᠳᠠᠭᠠᠳᠬᠠᠯ ᠤᠨ ᠬᠠᠪᠰᠤᠷᠤᠯᠭ᠎ᠠ ᠲᠡᠮᠵᠢᠯᠭᠡ | ᠣᠨᠴᠠ ᠬᠦᠴᠢᠷᠳᠡᠯᠲᠡᠢ ᠬᠥᠮᠥᠰ᠂ ᠥᠨᠥᠴᠢᠨ ᠦᠷᠦᠭᠡᠰᠦᠨ ᠬᠡᠦᠬᠡᠳ ᠤᠳ ᠤᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠵᠠᠷᠤᠳᠠᠯ ᠰᠦᠢᠳᠭᠡᠯ ᠢ ᠪᠦᠬᠦᠨ | ᠢᠶᠠᠷ ᠨᠢ ᠭᠠᠷᠭᠠᠨ᠎ᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠦᠩᠭᠦ ᠠᠪᠴᠤ ᠪᠠᠶᠢᠭ᠎ᠠ ᠬᠦᠮᠦᠰ ᠂ ᠳᠠᠬᠢᠨ ᠶᠠᠳᠠᠭᠤᠷᠠᠵᠤ ᠪᠠᠶᠢᠭ᠎ᠠ ᠶᠠᠳᠠᠭᠤ | ᠬᠦᠴᠢᠷᠲᠡᠯᠲᠡᠢ ᠬᠥᠮᠥᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠳᠠᠬᠢᠨ | ᠶᠠᠳᠠᠭᠤᠷᠠᠵᠤ ᠪᠠᠶᠢᠭ᠎ᠠ ᠬᠥᠮᠥᠰ᠂ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭ᠎ᠠ ᠬᠥᠮᠥᠰ ︵ᠰᠢᠯᠵᠢᠯᠲᠡ ᠶᠢᠨ | ᠬᠤᠭᠤᠴᠠᠭᠠᠨ ᠲᠣᠲᠣᠷ᠎ᠠ︶ ᠤᠨ ᠳᠣᠲᠣᠷᠠᠬᠢ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ ᠲᠤ ᠡᠮᠴᠢᠯᠡᠭᠡᠨ ᠤ ᠠᠪᠤᠷᠠᠨ | ᠲᠤᠰᠠᠯᠠᠯᠲᠠ ᠶᠢᠨ ᠵᠠᠷᠤᠳᠠᠯ ᠰᠦᠢᠳᠭᠡᠯ ᠤᠨ 50% ᠪᠠᠷ ᠲᠤᠰᠠᠯᠠᠨ᠎ᠠ᠂ ᠲᠤᠬᠠᠶᠢᠯᠠᠪᠠᠯ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ 200 | ᠲᠥᠭᠦᠷᠢᠭ᠂ ᠦᠯᠡᠳᠡᠭᠰᠡᠨ 50% ᠶᠢᠨ ᠪᠡᠯᠡ ᠮᠦᠩᠭᠦ ︵200 ᠲᠥᠭᠦᠷᠢᠭ︶ ᠶᠢ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠵᠠᠷᠤᠳᠠᠯ ᠰᠦᠢᠳᠭᠡᠯ ᠠᠴᠠ | ᠭᠠᠷᠭᠠᠨ᠎ᠠ ᠃ | ᠳᠡᠭᠡᠷ᠎ᠡ ᠳᠤᠷᠠᠳᠤᠭᠰᠠᠨ ᠬᠥᠮᠥᠰ ᠵᠥᠪᠬᠡᠨ ᠬᠤᠪᠢ ᠬᠥᠮᠥᠨ ᠤ ᠲᠤᠰᠢᠶᠠᠬᠤ ᠶᠣᠰᠦᠲᠠᠢ ᠲᠠᠭᠠᠳᠬᠠᠯ ᠤᠨ ᠰᠦᠢᠳᠭᠡᠯ ᠢᠶᠠᠨ ᠲᠤᠰᠢᠶᠠᠪᠠᠯ ᠪᠣᠯᠴᠢᠬᠠᠨ᠎ᠠ᠃ | ᠳᠥᠷᠪᠡ᠂ ᠳᠠᠭᠠᠳᠬᠠᠯ ᠳᠤ ᠣᠷᠣᠯᠴᠠᠬᠤ ᠠᠷᠭ᠎ᠠ ᠬᠡᠯᠪᠡᠷᠢ | ᠠᠷᠭ᠎ᠠ ᠨᠢᠭᠡ᠄ ᠸᠢᠴᠠᠲ ᠪᠠᠷ ᠰᠦᠢᠳᠬᠡᠯ ᠲᠤᠰᠢᠶᠠᠬᠤ᠄ | 1 ᠂ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠫᠷᠦᠭᠷᠠᠮ ᠢ ᠬᠠᠶᠢᠵᠤ᠂ ︽ᠪᠢ | ᠰᠦᠢᠳᠬᠡᠯ ᠲᠤᠰᠢᠶᠠᠬᠤ ︾ ︱ ᠨᠡᠶᠢᠭᠡᠮ ᠤᠨ ᠳᠠᠭᠠᠳᠬᠠᠯ ︵ᠡᠮ ᠡᠮᠨᠡᠯᠭᠡ ᠶᠢᠨ ᠳᠠᠭᠠᠳᠬᠠᠯ︶ ᠤᠨ ᠰᠦᠢᠳᠬᠡᠯ ᠲᠤᠰᠢᠶᠠᠬᠤ ᠶᠢ ᠭᠦᠢᠴᠡᠳᠬᠡᠵᠦ᠂ ᠬᠤᠪᠢ ᠬᠦᠮᠦᠨ | ᠤ ᠮᠡᠳᠡᠭᠡ ᠵᠠᠩᠭᠢ ᠶᠢ ᠲᠠᠭᠯᠠᠭᠰᠠᠨ ᠤ ᠳᠠᠷᠠᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠰᠣᠩᠭᠤᠵᠤ | ᠲᠤᠰᠢᠶᠠᠨ᠎ᠠ᠃ | 2 ᠂ ︽ᠪᠢ ︱ ᠦᠢᠯᠡᠴᠢᠯᠡᠭᠡ ︱ ᠠᠮᠢᠳᠤᠷᠠᠯ ᠤᠨ ᠦᠢᠯᠡᠴᠢᠯᠡᠭᠡ ︱ ᠬᠤᠲᠠ ᠶᠢᠨ ᠦᠢᠯᠡᠴᠢᠯᠡᠭᠡ ︱ ᠨᠡᠶᠢᠭᠡᠮ ᠤᠨ ᠳᠠᠭᠠᠳᠬᠠᠯ ︱ ᠥᠪᠥᠷ | ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠠᠷᠭ᠎ᠠ ᠪᠠᠷ ᠳᠠᠮᠵᠢᠭᠤᠯᠤᠨ ︽ᠪᠢ ᠰᠦᠢᠳᠬᠡᠯ ᠲᠤᠰᠢᠶᠠᠬᠤ︾ ᠶᠢ ᠲᠣᠪᠴᠢᠳᠠᠵᠤ ᠂ | ᠬᠤᠪᠢ ᠬᠦᠮᠦᠨ ᠤ ᠮᠡᠳᠡᠭᠡ ᠵᠠᠩᠭᠢ ᠶᠢ ᠲᠠᠭᠯᠠᠭᠰᠠᠨ ᠤ ᠳᠠᠷᠠᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠰᠦᠢᠳᠬᠡᠯ ᠢ ᠰᠣᠩᠭᠤᠵᠤ ᠲᠤᠰᠢᠶᠠᠨ᠎ᠠ᠃ | ᠠᠷᠭ᠎ᠠ ᠬᠤᠶᠠᠷ᠄ ᠲᠣᠭᠠᠴᠠᠭ᠎ᠠ ᠬᠢᠬᠦ ᠲᠠᠪᠴᠠᠩ ᠢᠶᠠᠷ ᠰᠦᠢᠳᠬᠡᠯ ᠲᠤᠰᠢᠶᠠᠨ᠎ᠠ | 1 ᠂ ᠲᠡᠷᠢᠬᠦᠨ ᠨᠢᠭᠤᠷ ᠤᠨ ᠬᠤᠲᠠ ᠶᠢᠨ ᠠᠷᠠᠳ ᠤᠨ ᠲᠥᠪ ︱ ᠨᠡᠶᠢᠭᠡᠮ ᠤᠨ ᠳᠠᠭᠠᠳᠬᠠᠯ ︱ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ︱ | ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ︱ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠭᠦᠢᠴᠡᠳᠬᠡᠬᠦ ᠪᠠᠷ | ᠳᠠᠮᠵᠢᠭᠤᠯᠤᠨ᠂ ᠬᠤᠪᠢ ᠬᠦᠮᠦᠨ ᠤ ᠮᠡᠳᠡᠭᠡ ᠵᠠᠩᠭᠢ ᠶᠢ ᠲᠠᠭᠯᠠᠭᠰᠠᠨ ᠤ ᠳᠠᠷᠠᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠰᠦᠢᠳᠬᠡᠯ ᠢ ᠰᠣᠩᠭᠤᠵᠤ ᠲᠤᠰᠢᠶᠠᠨ᠎ᠠ᠃ | ᠠᠷᠭ᠎ᠠ ᠭᠤᠷᠪᠠ᠄ ᠮᠦᠩᠬᠡ ᠰᠤᠪᠠᠭ ᠢᠶᠠᠷ ᠰᠦᠢᠳᠬᠡᠯ ᠲᠤᠰᠢᠶᠠᠬᠤ | 1 ᠂ ᠮᠦᠩᠬᠡ ᠰᠤᠪᠠᠭ ᠤᠨ ᠲᠠᠷᠢᠬᠦᠨ ᠨᠢᠭᠤᠷ ᠲᠠᠬᠢ ᠨᠡᠶᠢᠭᠡᠮ ᠤᠨ ᠳᠠᠭᠠᠳᠬᠠᠯ ︵ᠡᠮ ᠡᠮᠨᠡᠯᠭᠡ ᠶᠢᠨ ᠳᠠᠭᠠᠳᠬᠠᠯ︶ ᠤᠨ ᠰᠦᠢᠳᠬᠡᠯ ᠲᠤᠰᠢᠶᠠᠬᠤ ᠪᠠᠷ | ᠳᠠᠮᠵᠢᠭᠤᠯᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠭᠦᠢᠴᠡᠳᠬᠡᠵᠦ᠂ ᠬᠤᠪᠢ ᠬᠦᠮᠦᠨ ᠤ ᠮᠡᠳᠡᠭᠡ ᠵᠠᠩᠭᠢ ᠶᠢ ᠲᠠᠭᠯᠠᠭᠰᠠᠨ ᠤ ᠳᠠᠷᠠᠭ᠎ᠠ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠰᠣᠩᠭᠤᠵᠤ ᠲᠤᠰᠢᠶᠠᠨ᠎ᠠ᠃ | 2᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ︵ᠡᠮᠴᠢᠯᠡᠭᠡᠨ ᠤ ᠳᠠᠭᠠᠳᠬᠠᠯ︶ ᠤᠨ ᠰᠦᠢᠳᠬᠡᠯ ᠲᠤᠰᠢᠶᠠᠬᠤ ᠶᠢ ᠬᠠᠶᠢᠵᠤ ᠂ | ᠨᠡᠶᠢᠭᠡᠮ ᠤᠨ ᠳᠠᠭᠠᠳᠬᠠᠯ ︵ᠡᠮᠴᠢᠯᠡᠭᠡᠨ ᠤ ᠳᠠᠭᠠᠳᠬᠠᠯ︶ ᠢ ᠲᠤᠰᠢᠶᠠᠵᠤ᠂ ᠬᠤᠪᠢ ᠬᠦᠮᠦᠨ ᠤ ᠮᠡᠳᠡᠭᠡ ᠵᠠᠩᠭᠢ ᠶᠢ ᠲᠠᠭᠯᠠᠭᠰᠠᠨ ᠤ ᠳᠠᠷᠠᠭ᠎ᠠ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠰᠣᠩᠭᠤᠵᠤ ᠲᠤᠰᠢᠶᠠᠨ᠎ᠠ᠃ | 3᠂ ᠦᠢᠯᠡᠴᠢᠯᠡᠭᠡ ︱ ᠲᠠᠪᠤᠨ ᠲᠦᠷᠦᠯ ᠤᠨ ᠳᠠᠭᠠᠳᠬᠠᠯ ᠨᠢᠭᠡ ᠰᠠᠭᠤᠷᠢ ᠮᠦᠩᠬᠦ ︱ ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ | ᠲᠤᠰᠢᠶᠠᠬᠤ ᠪᠠᠷ ᠳᠠᠮᠵᠢᠭᠤᠯᠤᠨ᠂ ᠬᠤᠪᠢ ᠬᠦᠮᠦᠨ ᠤ ᠮᠡᠳᠡᠭᠡ ᠵᠠᠩᠭᠢ ᠶᠢ ᠲᠠᠭᠯᠠᠭᠰᠠᠨ ᠤ ᠳᠠᠷᠠᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠢ ᠰᠣᠩᠭᠤᠵᠤ ᠲᠤᠰᠢᠶᠠᠨ᠎ᠠ᠃ | | |