ᠤᠷᠠᠳ ᠤᠨ ᠲᠤᠮᠳᠠᠳᠤ ᠬᠤᠰᠢᠭᠤᠨ ᠤ ᠣᠯᠣᠰ ᠤᠨ ᠪᠠᠳᠤᠯᠠᠨ ᠬᠠᠮᠠᠭᠠᠯᠠᠯᠲᠠ ᠶᠢᠨ ᠰᠤᠷᠭᠠᠨ ᠬᠦᠮᠦᠵᠢᠯ ᠤᠨ ᠰᠣᠷᠢᠯᠲᠠ ᠪᠤᠯᠪᠠᠰᠤᠷᠠᠯ ᠤᠨ ᠰᠠᠭᠤᠷᠢᠨ ᠭᠠᠵᠠᠷ 9 ᠰᠠᠷ᠎ᠠ ᠶᠢᠨ 22 ᠤᠨ ᠡᠳᠦᠷ ᠨᠡᠭᠡᠭᠡᠯᠲᠡ ᠬᠢᠨ᠎ᠡ
ᠨᠡᠶᠢᠲᠡᠯᠡᠭᠰᠡᠨ ᠴᠠᠭ᠄
2023/9/20
     ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ  ᠤᠨ ᠰᠠᠭᠤᠷᠢᠨ ᠭᠠᠵᠠᠷ 9 ᠰᠠᠷ᠎ᠠ  ᠶᠢᠨ 22 ᠤᠨ ᠡᠳᠦᠷ ᠦᠪᠡᠳᠡᠭᠰᠢ ᠶᠡᠭᠡ ᠪᠠᠷ ᠨᠡᠭᠡᠭᠡᠯᠲᠡ ᠬᠢᠨ᠎ᠡ     9 ᠰᠠᠷ᠎ᠠ ᠶᠢᠨ 22 ᠤᠨ ᠡᠳᠦᠷ᠂ ︽ᠦᠵᠡᠰᠬᠦᠯᠡᠩᠲᠦ ᠰᠠᠶᠢᠬᠠᠨ ᠮᠢᠨᠤ ᠨᠤᠲᠤᠭ ︾ ᠥᠪᠥᠷ ᠮᠣᠩᠭᠤᠯ ᠤᠨ ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠰᠤᠷᠭᠠᠨ ᠬᠥᠮᠦᠵᠢᠯ ᠤᠨ ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ  ᠤᠨ ᠨᠡᠭᠡᠭᠡᠯᠲᠡ ᠶᠢᠨ ᠶᠣᠰᠣᠯᠠᠯ ᠵᠢᠴᠢ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ︽ᠤᠯᠤᠰ ᠤᠨ ᠬᠢᠯᠢ ᠶᠢᠨ ᠱᠤᠭᠤᠮ ᠤᠨ ᠠᠶᠠᠯᠠᠯ︾  ᠤᠨ ᠠᠵᠢᠯᠯᠠᠭ᠎ᠠ  ᠶᠢᠨ ᠡᠬᠢᠯᠡᠯᠲᠡ ᠶᠢᠨ ᠶᠣᠰᠣᠯᠠᠯ ᠪᠠᠶᠠᠨᠨᠠᠭᠤᠷ ᠤᠨ ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠰᠤᠷᠭᠠᠨ ᠬᠥᠮᠦᠵᠢᠯ ‍ᠦᠨ‌‍ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ᠲᠤ ᠶᠠᠪᠤᠭᠳᠠᠬᠤ ᠪᠣᠯᠣᠨ᠎ᠠ᠃    ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠳᠤᠮᠳᠠᠳᠤ ᠬᠤᠰᠢᠭᠤᠨ ᠤ ᠬᠤᠷᠢᠶ᠎ᠠ᠂ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠳᠠᠭᠠᠭᠠᠴᠢᠯᠠᠨ ᠡᠷᠬᠢᠯᠡᠨ᠎ᠡ ᠃   ᠠᠵᠢᠯᠯᠠᠭ᠎ᠠ ᠶᠢᠨ ᠴᠠᠭ ᠄ 2023 ᠣᠨ ᠤ 9 ᠰᠠᠷ᠎ᠠ ᠶᠢᠨ 22 ᠤᠨ ᠡᠳᠦᠷ ᠤᠨ 15 ᠴᠠᠭ ᠮᠢᠨᠦ᠋ᠲ ᠃ᠠᠵᠢᠯᠯᠠᠭ᠎ᠠ ᠶᠢᠨ ᠭᠠᠵᠠᠷ ᠄ ᠥᠪᠥᠷ ᠮᠣᠩᠭᠤᠯ ᠤᠨ ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ‍ᠦᠨ‌‍ᠰᠣᠷᠢᠯᠲᠠ ᠪᠣᠯᠪᠠᠰᠤᠷᠠᠯ  ᠤᠨ ᠰᠠᠭᠤᠷᠢᠨ ᠭᠠᠵᠠᠷ᠃   ᠠᠵᠢᠯᠯᠠᠭ᠎ᠠ ᠶᠢᠨ ᠭᠤᠣᠯ ᠰᠡᠳᠦᠪ᠄ ︽ᠦᠵᠡᠰᠬᠦᠯᠡᠩᠲᠦ ᠰᠠᠶᠢᠬᠠᠨ ᠮᠢᠨᠤ ᠨᠤᠲᠤᠭ︾ · ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ  ᠤᠨ ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ᠤᠨ ᠨᠡᠭᠡᠭᠡᠯᠲᠡ ᠶᠢᠨ ᠶᠣᠰᠣᠯᠠᠯ ᠵᠢᠴᠢ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ︽ᠤᠯᠤᠰ ᠤᠨ ᠬᠢᠯᠢ ᠶᠢᠨ ᠱᠤᠭᠤᠮ  ᠤᠨ ᠠᠶᠠᠯᠠᠯ︾  ᠤᠨ ᠠᠵᠢᠯᠯᠠᠭ᠎ᠠ  ᠶᠢᠨ ᠡᠬᠢᠯᠡᠯᠲᠡ ᠶᠢᠨ ᠶᠣᠰᠣᠯᠠᠯ᠃   ᠠᠵᠢᠯᠯᠠᠭ᠎ᠠ ᠶᠢᠨ ᠠᠭᠤᠯᠭ᠎ᠠ ᠄   1᠂ ᠤᠷᠠᠨ ᠰᠠᠶᠢᠬᠠᠨ ᠤ ᠲᠣᠭᠯᠠᠯᠲᠠ —  ᠨᠠᠶᠢᠷᠠᠯ ᠳᠠᠭᠤᠤ ︽ ᠴᠡᠷᠢᠭ  ᠢᠶᠠᠨ ᠬᠦᠴᠦᠷᠭᠡᠭᠵᠢᠭᠦᠯᠬᠦ  ᠳᠤ ᠪᠢ ᠣᠷᠣᠯᠴᠠᠨ᠎ᠠ︾   2 ᠂ ᠤᠬᠠᠭᠤᠯᠭ᠎ᠠ ᠶᠢᠨ ᠹᠢᠯᠢᠮ ︵︽ᠦᠵᠡᠰᠬᠦᠯᠡᠩᠲᠦ ᠰᠠᠶᠢᠬᠠᠨ ᠮᠢᠨᠤ ᠨᠤᠲᠤᠭ ︾  ᠤᠨ ᠨᠢᠭᠡᠳᠦᠭᠡᠷ ᠪᠦᠯᠦᠭ ᠤᠨ ᠥᠪᠥᠷ ᠮᠣᠩᠭᠤᠯ ᠤᠨ ᠤᠷᠠᠳ ᠤᠨ ᠳᠤᠮᠳᠠᠳᠤ ᠬᠤᠰᠢᠭᠤᠨ  ᠤ ᠥᠷᠲᠡᠭᠡ ᠶᠢᠨ ᠶᠡᠷᠦᠩᠬᠡᠢ ᠤᠬᠠᠭᠤᠯᠭ᠎ᠠ ᠶᠢᠨ ᠹᠢᠯᠢᠮ︶᠃   3 ᠂ ᠤᠯᠤᠰ ᠤᠨ ᠲᠤᠬ ᠢ ᠮᠠᠨᠳᠤᠭᠤᠯᠵᠤ ᠂ ᠤᠯᠤᠰ ᠤᠨ ᠰᠦᠯᠳᠡ ᠳᠠᠭᠤᠤ ᠶᠢ ᠳᠠᠭᠤᠯᠠᠨ᠎ᠠ᠃   4 ᠂  ᠫᠠᠶᠢᠰᠠ ᠣᠯᠭᠤᠬᠤ  ᠶᠣᠰᠣᠯᠠᠯ   5 ᠂ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ︽ᠤᠯᠤᠰ ᠤᠨ ᠬᠢᠯᠢ ᠶᠢᠨ ᠱᠤᠭᠤᠮ  ᠤᠨ ᠠᠶᠠᠯᠠᠯ︾  ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ᠃  6 ᠂ ᠤᠷᠠᠨ ᠰᠠᠶᠢᠬᠠᠨ ᠤ ᠲᠣᠭᠯᠠᠯᠲᠠ ︵ᠪᠠᠭᠠᠴᠤᠳ ᠬᠡᠤᠬᠡᠳ  ᠤᠨ ᠬᠤᠰᠢᠭᠤᠴᠢ ᠠᠩᠭᠢ ᠶᠢᠨ ᠭᠡᠰᠢᠭᠦᠨ ︱ ︽ ᠴᠡᠷᠢᠭ  ᠢᠶᠠᠨ ᠬᠦᠴᠦᠷᠭᠡᠭᠵᠢᠭᠦᠯᠬᠦ  ᠳᠤ ᠪᠢ ᠣᠷᠣᠯᠴᠠᠨ᠎ᠠ︾ ᠵᠡᠷᠭᠡ ᠲᠣᠭᠯᠠᠯᠲᠠ︶᠃
1.jpg
            ︵ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ              ᠰᠤᠷᠭᠠᠨ ᠬᠥᠮᠦᠵᠢᠯ  ᠤᠨ ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ︶          ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ‍ᠦᠨ‌‍ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠬᠡᠷᠡᠭᠯᠡᠭᠰᠡᠨ ᠭᠠᠵᠠᠷ ᠤᠨ ᠲᠠᠯᠠᠪᠠᠶ ᠨᠢ 13.8 ᠲᠦᠮᠡᠨ ᠲᠡᠭᠰᠢ ᠳᠥᠷᠪᠡᠯᠵᠢᠨ ᠮᠧᠲᠷ︵206.7 ᠮᠦ︶ ᠪᠠᠶᠢᠵᠤ᠂ ᠪᠠᠷᠢᠯᠭ᠎ᠠ ᠶᠢᠨ ᠶᠡᠷᠦᠩᠬᠡᠢ ᠲᠠᠯᠠᠪᠠᠶ ᠨᠢ 9632 ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 7000 ᠲᠦᠮᠡᠨ ᠲᠥᠭᠦᠷᠢᠭ  ᠲᠤ ᠬᠦᠷᠪᠡ ᠃ ᠲᠥᠷᠥᠯ ᠵᠦᠢᠯ ᠨᠢ ᠬᠤᠶᠠᠷ ᠬᠤᠭᠤᠴᠠᠭ᠎ᠠ  ᠪᠠᠷ ᠭᠤᠷᠪᠠᠨ ᠣᠷᠣᠨ ᠲᠣᠭᠤᠷᠢᠭ ᠪᠣᠯᠭᠠᠨ ᠬᠤᠪᠢᠶᠠᠨ ᠪᠦᠲᠦᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ  ᠨᠢ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠭᠡᠷ ᠪᠠᠶᠢᠰᠢᠩ ᠵᠢᠴᠢ ᠢᠵᠢ ᠪᠦᠷᠢᠳᠦᠭᠰᠡᠨ ᠲᠣᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠲᠣᠭᠤᠷᠢᠭ ᠪᠠ ᠭᠡᠷ  ᠤᠨ ᠭᠠᠳᠠᠨᠠᠬᠢ ᠴᠡᠷᠢᠭ ᠤᠨ ᠶᠠᠪᠤᠳᠠᠯ ᠤᠨ ᠪᠣᠯᠪᠠᠰᠤᠷᠠᠯ ᠤᠨ ᠣᠷᠣᠨ ᠲᠣᠭᠤᠷᠢᠭ ᠭᠡᠵᠦ ᠬᠤᠪᠢᠶᠠᠵᠤ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ  ᠨᠢ ᠭᠤᠣᠯᠳᠠᠭᠤ ᠤᠷᠠᠳ ᠤᠨ ᠳᠤᠮᠳᠠᠳᠤ ᠬᠤᠰᠢᠭᠤᠨ ᠤ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ‍ᠦᠨ‌‍ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ᠤᠨ ᠣᠯᠠᠨ ᠴᠢᠳᠠᠮᠵᠢᠲᠤ ᠦᠢᠯᠡᠴᠢᠯᠡᠭᠡᠨ ᠤ ᠲᠥᠪ ᠢ ᠪᠦᠲᠦᠭᠡᠨ ᠪᠠᠶᠢᠭᠤᠯᠤᠨ᠎ᠠ᠃     ᠣᠷᠣᠨ ᠲᠣᠭᠤᠷᠢᠭ ᠤᠨ ᠪᠠᠶᠢᠷᠢᠯᠠᠭᠤᠯᠤᠯᠲᠠ᠄ ᠨᠢᠭᠡᠳᠦᠭᠡᠷ ᠬᠤᠭᠤᠴᠠᠭᠠᠨ ᠤ ᠭᠡᠷ ᠤᠨ ᠭᠠᠳᠠᠨᠠᠬᠢ ᠴᠡᠷᠢᠭ  ᠤᠨ ᠶᠠᠪᠤᠳᠠᠯ  ᠤᠨ ᠰᠣᠷᠢᠯᠲᠠ ᠪᠣᠯᠪᠠᠰᠤᠷᠠᠯ  ᠢ 5 ᠣᠷᠣᠨ ᠲᠣᠭᠤᠷᠢᠭ 16 ᠲᠥᠷᠥᠯ ᠵᠦᠢᠯ ᠪᠣᠯᠭᠠᠨ ᠬᠤᠪᠢᠶᠠᠨ᠎ᠠ᠃ ᠡᠭᠦᠨ ᠳᠤ ᠴᠡᠷᠢᠭ ᠤᠨ ᠶᠠᠪᠤᠳᠠᠯ ᠤᠨ ᠥᠷᠭᠡᠳᠬᠡᠭᠰᠡᠨ ᠪᠣᠯᠪᠠᠰᠤᠷᠠᠯ  ᠤᠨ ᠣᠷᠣᠨ ᠲᠣᠭᠤᠷᠢᠭ᠂ ᠴᠡᠷᠢᠭ ᠤᠨ ᠶᠠᠪᠤᠳᠠᠯ ᠤᠨ ᠳᠠᠭᠤᠷᠢᠶᠠᠮᠠᠯ ᠬᠡᠭᠡᠷᠡᠯᠡᠨ ᠪᠠᠶᠢᠯᠳᠤᠬᠤ ᠣᠷᠣᠨ ᠲᠣᠭᠤᠷᠢᠭ᠂ ᠴᠡᠷᠢᠭ ᠤᠨ ᠶᠠᠪᠤᠳᠠᠯ ᠤᠨ ᠵᠠᠭᠤᠨ ᠮᠧᠲᠷ ᠤᠨ ᠪᠠᠷᠲᠠᠭᠠᠲᠤ ᠣᠷᠣᠨ‌‍ᠲ᠋ᠣᠭᠤᠷᠢᠭ ᠂ ᠫᠤᠤ ᠵᠡᠪᠰᠡᠭ ᠬᠠᠷᠪᠤᠵᠤ ᠫᠤᠤᠳᠠᠬᠤ ᠣᠷᠣᠨ ᠲᠣᠭᠤᠷᠢᠭ᠂ ᠵᠠᠷ ᠵᠡᠪᠰᠡᠭ ᠵᠠᠷᠤᠵᠤ ᠵᠢᠯᠤᠭᠤᠳᠬᠤ ᠣᠷᠣᠨ ᠲᠣᠭᠤᠷᠢᠭ  ᠃    ᠲᠥᠷᠥᠯ ᠵᠦᠢᠯ ᠤᠨ ᠲᠣᠬᠢᠷᠠᠭᠤᠯᠤᠯᠲᠠ᠄ ᠣᠨᠴᠠ ᠴᠢᠳᠠᠪᠤᠷᠢᠳᠦ ᠪᠠᠭᠠᠲᠤᠷ ᠤᠨ ᠲᠦᠷᠦᠯ ᠵᠦᠢᠯ᠂ ᠡᠷᠡᠯᠬᠡᠭ ᠢᠶᠠᠷ ᠤᠷᠤᠭᠰᠢᠯᠠᠨ ᠲᠡᠮᠡᠴᠡᠬᠦ ᠲᠦᠷᠦᠯ ᠵᠦᠢᠯ ᠂ ᠪᠠᠭᠠᠲᠤᠷᠴᠤᠳ ᠤᠨ ᠥᠷᠢᠰᠦᠯᠳᠦᠭᠡᠨ ᠤ ᠲᠥᠷᠥᠯ ᠵᠦᠢᠯ᠂ ᠣᠭᠲᠠᠷᠭᠤᠢ  ᠳᠤ ᠳᠡᠭᠦᠯᠢᠨ ᠨᠢᠰᠬᠦ ᠲᠥᠷᠥᠯ ᠵᠦᠢᠯ᠂ ᠣᠷᠳᠣ ᠵᠠᠮ ᠤᠨ ᠠᠶᠠᠨ ᠲᠡᠶᠢᠨ ᠤ ᠵᠠᠮ ᠢᠶᠠᠷ ᠲᠠᠬᠢᠨ ᠠᠶᠠᠯᠠᠬᠤ ᠲᠥᠷᠥᠯ ᠵᠦᠢᠯ᠂ ᠭᠤᠣᠯ ᠭᠡᠲᠦᠯᠦᠨ ᠠᠭᠤᠯᠠ ᠠᠪᠠᠷᠢᠬᠤ ᠲᠥᠷᠥᠯ ᠵᠦᠢᠯ᠂ ᠠᠰᠬ᠎ᠠ ᠬᠠᠳᠠ ᠠᠪᠠᠷᠢᠬᠤ ᠲᠥᠷᠥᠯ ᠵᠦᠢᠯ᠂ ᠵᠠᠭᠤᠨ ᠮᠧᠲᠷ ᠤᠨ ᠪᠠᠷᠲᠠᠭᠠᠲᠤ ᠬᠦᠳᠡᠯᠭᠡᠭᠡᠨ ᠤ ᠲᠥᠷᠥᠯ ᠵᠦᠢᠯ᠂ ᠴᠡᠷᠢᠭ ᠤᠨ ᠲᠣᠨᠤᠭ ᠲᠥᠬᠦᠭᠡᠷᠦᠮᠵᠢ ᠶᠢ ᠵᠠᠷᠤᠵᠤ ᠵᠢᠯᠤᠭᠤᠳᠬᠤ ᠲᠥᠷᠥᠯ ᠵᠦᠢᠯ᠂ ᠫᠤᠤ ᠫᠤᠤᠳᠠᠯᠭ᠎ᠠ ᠶᠢᠨ ᠲᠥᠷᠥᠯ ᠵᠦᠢᠯ᠂ ᠲᠡᠶᠢᠷᠦᠯᠲᠦ ᠫᠤᠤ ᠰᠤᠮᠤ ᠶᠢᠨ ᠲᠥᠷᠥᠯ ᠵᠦᠢᠯ᠂ ᠫᠠᠶᠢᠵᠢᠫᠤᠤ ᠶᠢᠨ ᠲᠤᠷᠰᠢᠨ ᠬᠠᠷᠪᠤᠬᠤ ᠲᠥᠷᠥᠯ ᠵᠦᠢᠯ᠂ ᠬᠡᠭᠡᠷᠡᠯᠡᠨ ᠪᠠᠶᠢᠯᠳᠤᠬᠤ ᠴᠡᠷᠢᠭ ᠤᠨ ᠪᠣᠳᠠᠲᠤ ᠪᠠᠶᠢᠯᠳᠤᠭᠠᠨ ᠤ ᠳᠠᠭᠤᠷᠢᠶᠠᠮᠠᠯ ᠵᠠᠭᠪᠤᠷ  ᠤᠨ ᠲᠥᠷᠥᠯ ᠵᠦᠢᠯ ︵ᠦᠨᠡᠨ ᠬᠥᠮᠥᠨ CS︶ ᠤᠨ ᠲᠥᠷᠥᠯ ᠵᠦᠢᠯ᠂ ᠭᠠᠷᠨᠠᠲᠠ ᠰᠢᠳᠡᠬᠦ ᠲᠥᠷᠥᠯ ᠵᠦᠢᠯ᠂ ᠬᠠᠷᠪᠤᠭ᠎ᠠ ᠬᠠᠷᠪᠤᠬᠤ ᠲᠥᠷᠥᠯ ᠵᠦᠢᠯ᠂ ︽ᠵᠣᠪᠠᠯᠠᠩ ᠢᠶᠠᠨ ᠡᠷᠭᠢᠴᠡᠭᠦᠯᠵᠦ ᠵᠢᠷᠭᠠᠯ ᠢᠶᠠᠨ ᠰᠠᠨᠠᠭᠠᠯᠵᠠᠬᠤ︾ ᠪᠡᠶᠡᠴᠢᠯᠡᠨ ᠣᠶᠢᠯᠠᠭᠠᠬᠤ ᠲᠥᠷᠥᠯ ᠵᠦᠢᠯ ᠃
          ︵ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠭᠦᠨᠵᠡᠭᠡᠶᠢᠷᠡᠭᠦᠯᠵᠦ᠂           ᠣᠨᠴᠠᠯᠢᠭᠲᠤ ᠰᠣᠶᠣᠯ ᠵᠢᠭᠤᠯᠴᠢᠯᠠᠯ ᠤᠨ ᠠᠯᠳᠠᠷ ᠨᠡᠷ᠎ᠡ ᠶᠢ ᠳᠠᠭᠤᠷᠢᠰᠬᠠᠨ᠎ᠠ᠃︶         ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠣᠷᠢᠯᠲᠠ ᠪᠤᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠤᠷᠠᠳ ᠤᠨ ᠳᠤᠮᠳᠠᠳᠤ ᠬᠤᠰᠢᠭᠤᠨ ᠤ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠰᠠᠭᠤᠷᠢ ᠶᠢ ᠪᠠᠬᠢᠵᠢᠭᠦᠯᠬᠦ᠂ ᠦᠨᠳᠦᠰᠦᠲᠡᠨ ᠤ ᠨᠢᠭᠲᠠᠷᠠᠯ ᠤᠨ ᠬᠦᠴᠦᠨ  ᠢ ᠴᠢᠩᠭᠠᠷᠠᠭᠤᠯᠬᠤ᠂ ᠪᠥᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠮᠥᠨ᠂ ᠡᠭᠦᠨ ᠤ ᠬᠠᠮᠲᠤ ᠤᠷᠠᠳ ᠤᠨ ᠳᠤᠮᠳᠠᠳᠤ ᠬᠤᠰᠢᠭᠤᠨ ᠤ ᠭᠠᠵᠠᠷ ᠣᠷᠣᠨ ᠤ ᠰᠣᠶᠣᠯ ᠤᠨ ᠳᠦᠷᠢ ᠲᠥᠷᠬᠦ ᠶᠢ ᠰᠠᠶᠢᠵᠢᠷᠠᠭᠤᠯᠬᠤ᠂ ᠪᠡᠯᠡ ᠣᠷᠣᠭᠤᠯᠤᠯᠲᠠ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠭᠠᠵᠠᠷ ᠣᠷᠣᠨ ᠤ ᠠᠯᠳᠠᠷ ᠨᠡᠷ᠎ᠡ  ᠶᠢ ᠳᠠᠭᠤᠷᠢᠰᠬᠠᠬᠤ ᠂ ᠰᠣᠶᠣᠯ ᠤᠨ ᠠᠵᠤ ᠦᠢᠯᠡᠰ ᠤᠨ ᠥᠷᠢᠰᠦᠯᠳᠦᠭᠡᠨ ᠢ ᠳᠡᠭᠡᠭᠰᠢᠯᠡᠭᠦᠯᠬᠦ᠂ ᠪᠥᠬᠦ ᠬᠦᠷᠢᠶ᠎ᠡ ᠴᠠᠷᠠᠭᠠᠨ ᠤ ᠵᠢᠭᠤᠯᠴᠢᠯᠠᠯ ᠢ ᠬᠥᠭᠵᠢᠭᠦᠯᠬᠦ ᠳᠤ ᠯᠤᠲᠤ ᠶᠡᠭᠡ ᠠᠬᠢᠭᠤᠯᠬᠤ ᠦᠢᠯᠡᠳᠦᠯ ᠲᠠᠢ ᠶᠤᠮ᠃     2023 ᠣᠨ ᠤ 9 ᠰᠠᠷ᠎ᠠ ᠶᠢᠨ 22 ᠤᠨ ᠡᠳᠦᠷ ᠤᠨ 15 ᠴᠠᠭ 30 ᠮᠢᠨᠦ᠋ᠲ ᠲᠤ ᠥᠪᠥᠷ ᠮᠣᠩᠭᠤᠯ ᠤᠨ ᠤᠷᠠᠳ ᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ᠲᠤ ᠪᠠᠶᠠᠷᠲᠠᠢ ᠵᠤᠯᠭᠠᠶ᠎ᠠ︕    
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ