ᠨᠢᠭᠡ᠂ ᠰᠠᠭᠠᠯᠢ ᠶᠢᠨ ᠦᠨᠢᠶ᠎ᠡ ᠲᠡᠵᠢᠭᠡᠬᠦ ᠮᠡᠷᠭᠡᠵᠢᠯ ᠨᠠᠰᠤ ᠭᠦᠢᠴᠡᠭᠰᠡᠨ ᠰᠠᠭᠠᠯᠢ ᠶᠢᠨ ᠦᠨᠢᠶ᠎ᠡ ᠪᠦᠳᠦᠭᠦᠯᠢᠭ ᠪᠣᠷᠳᠤᠭ᠎ᠠ ᠪᠠᠷ ᠭᠤᠣᠯ ᠪᠣᠯᠭᠠᠵᠤ᠂ ᠨᠠᠷᠢᠯᠢᠭ | ᠪᠣᠷᠳᠤᠭ᠎ᠠ ᠪᠠᠷ ᠬᠠᠪᠰᠤᠷᠤᠮᠵᠢ ᠪᠣᠯᠭᠠᠬᠤ ᠵᠠᠷᠴᠢᠮ ᠢᠶᠠᠷ ᠲᠡᠵᠢᠭᠡᠨ᠎ᠡ᠃ | ᠨᠠᠰᠤ ᠭᠦᠢᠴᠡᠭᠰᠡᠨ ᠦᠨᠢᠶ᠎ᠡ ᠶᠢ ᠰᠦ ᠰᠢᠷᠭᠢᠬᠦ ᠬᠤᠭᠤᠴᠠᠭ᠎ᠠ᠂ ᠲᠤᠭᠤᠯᠯᠠᠬᠤ ᠬᠤᠭᠤᠴᠠᠭ᠎ᠠ᠂ ᠰᠦ ᠰᠢᠭᠦᠷᠡᠭᠦᠯᠬᠦ ᠬᠤᠭᠤᠴᠠᠭ᠎ᠠ ᠵᠡᠷᠭᠡ ᠭᠤᠷᠪᠠᠨ ᠠᠳᠠᠯᠢ ᠪᠤᠰᠤ | ᠠᠷᠠᠴᠢᠯᠠᠭ᠎ᠠ ᠶᠢᠨ ᠱᠠᠲᠤᠨ ᠳᠤ ᠬᠤᠪᠢᠶᠠᠨ ᠲᠡᠵᠢᠭᠡᠨ᠎ᠡ᠄ ︵1︶ ᠰᠦ ᠰᠢᠷᠭᠢᠬᠦ ᠬᠤᠭᠤᠴᠠᠭ᠎ᠠ᠃ ᠬᠡᠭᠡᠯᠢ ᠲᠠᠢ ᠦᠨᠢᠶ᠎ᠡ ᠲᠤᠭᠤᠯᠯᠠᠬᠤ ᠠᠴᠠ 60 ᠡᠳᠦᠷ ᠤᠨ | ᠡᠮᠦᠨ᠎ᠡ ᠰᠦ ᠪᠠᠨ ᠰᠠᠭᠠᠬᠤ ᠪᠠᠨ ᠵᠣᠭᠰᠣᠬᠤ ᠶᠢ ᠰᠦ ᠰᠢᠷᠭᠢᠬᠦ ᠬᠤᠭᠤᠴᠠᠭ᠎ᠠ ᠭᠡᠳᠡᠭ᠂ ᠰᠦ ᠰᠢᠷᠭᠢᠬᠦ ᠠᠴᠠ ᠬᠡᠳᠦᠨ ᠡᠳᠦᠷ ᠤᠨ ᠡᠮᠦᠨ᠎ᠡ ᠨᠣᠭᠤᠭᠠᠨ ᠰᠢᠩᠭᠡᠨ | ᠪᠣᠷᠳᠤᠭ᠎ᠠ ᠪᠠᠨ ᠪᠠᠭ᠎ᠠ ᠤᠤᠭᠤᠯᠭᠠᠬᠤ ᠪᠤᠶᠤ ᠤᠤᠭᠤᠯᠭᠠᠬᠤ ᠦᠭᠡᠢ ᠪᠠᠶᠢᠵᠤ᠂ ᠤᠰᠤ ᠤᠤᠭᠤᠬᠤ ᠶᠢ ᠨᠢ ᠬᠢᠵᠠᠭᠠᠷᠯᠠᠵᠤ᠂ ᠪᠦᠳᠦᠭᠦᠯᠢᠭ ᠪᠣᠷᠳᠤᠭ᠎ᠠ ᠨᠡᠮᠡᠵᠦ | ᠢᠳᠡᠭᠦᠯᠦᠨ᠎ᠡ᠃ ᠬᠠᠮᠤᠭ ᠰᠡᠭᠦᠯᠴᠢ ᠶᠢᠨ ᠤᠳᠠᠭ᠎ᠠ ᠳᠤ ᠬᠥᠬᠦ ᠶᠢ ᠨᠢ ᠰᠠᠭᠠᠵᠤ ᠴᠡᠪᠡᠷᠯᠡᠭᠰᠡᠨ ᠤ ᠳᠠᠷᠠᠭ᠎ᠠ 4 ᠬᠥᠬᠦᠨ ᠲᠣᠪᠴᠢ ᠳᠤ ᠰᠦ ᠬᠠᠲᠠᠭᠠᠬᠤ ᠲᠣᠰᠣ ᠶᠢᠨ | ᠡᠮ ᠬᠠᠤᠬᠤᠵᠤ᠂ ᠡᠮᠲᠦ ᠤᠬᠢᠶᠠᠯᠭ᠎ᠠ ᠬᠢᠭᠰᠡᠨ ᠤ ᠳᠠᠷᠠᠭ᠎ᠠ ᠰᠦ ᠰᠠᠭᠠᠬᠤ ᠪᠠᠨ ᠵᠣᠭᠰᠤᠨ᠎ᠠ᠂ ᠬᠡᠷᠪᠡ ᠬᠥᠬᠦ ᠨᠢ ᠤᠯᠠᠶᠢᠬᠤ᠂ ᠬᠠᠪᠤᠳᠬᠤ᠂ ᠬᠠᠯᠠᠭᠤᠷᠠᠬᠤ᠂ ᠡᠪᠡᠳᠬᠦ | ᠢᠯᠡᠷᠡᠯ ᠲᠠᠢ ᠪᠣᠯ ᠪᠠᠶᠢᠳᠠᠯ ᠢ ᠨᠢ ᠦᠵᠡᠵᠦ ᠪᠠᠶᠢᠭᠠᠳ ᠬᠤᠶᠠᠳᠠᠭᠢ ᠤᠳᠠᠭ᠎ᠠ ᠰᠦ ᠬᠠᠲᠠᠭᠠᠬᠤ ᠲᠣᠰᠣ ᠬᠠᠤᠬᠤᠬᠤ ᠪᠤᠶᠤ ᠡᠮᠨᠡᠨ ᠵᠠᠰᠠᠭᠰᠠᠨ ᠤ ᠳᠠᠷᠠᠭ᠎ᠠ ᠰᠠᠶ᠋ᠢ ᠰᠦ | ᠬᠠᠲᠠᠭᠠᠬᠤ ᠲᠣᠰᠣ ᠬᠠᠤᠬᠤᠨᠠ᠃ ︵2︶ ᠲᠤᠭᠤᠯᠯᠠᠬᠤ ᠬᠤᠭᠤᠴᠠᠭ᠎ᠠ᠂ ᠲᠤᠭᠤᠯᠯᠠᠬᠤ ᠠᠴᠠ ᠡᠮᠦᠨᠡᠬᠢ 15 ᠡᠳᠦᠷ ᠠᠴᠠ ᠡᠬᠢᠯᠡᠨ ᠨᠠᠷᠢᠯᠢᠭ ᠪᠣᠷᠳᠤᠭ᠎ᠠ ᠪᠠᠷ | ᠲᠡᠵᠢᠭᠡᠬᠦ ᠬᠡᠮᠵᠢᠶ᠎ᠡ ᠶᠢ ᠠᠭᠠᠵᠢᠮ ᠢᠶᠠᠷ ᠨᠡᠮᠡᠭᠳᠡᠭᠦᠯᠦᠨ᠎ᠡ᠂ ᠬᠤᠨᠤᠭ ᠤᠨ ᠲᠡᠵᠢᠭᠡᠯ ᠪᠣᠷᠳᠤᠭ᠎ᠠ ᠶᠢᠨ ᠨᠠᠷᠢᠯᠢᠭ ᠪᠦᠳᠦᠭᠦᠯᠢᠭ ᠪᠣᠷᠳᠤᠭ᠎ᠠ ᠶᠢᠨ ᠬᠠᠷᠢᠴᠠᠯ ᠨᠢ 40:60 | ᠪᠣᠯᠣᠨ᠎ᠠ᠂ ᠺᠠᠯᠼ ᠤᠨ ᠬᠡᠮᠵᠢᠶ᠎ᠡ ᠶᠢ ᠲᠤᠭᠤᠯᠯᠠᠬᠤ ᠠᠴᠠ ᠡᠮᠦᠨ᠎ᠡ ᠺᠠᠯᠼ ᠪᠠᠭ᠎ᠠ᠂ ᠲᠤᠭᠤᠯᠯᠠᠭᠰᠠᠨ ᠤ ᠳᠠᠷᠠᠭ᠎ᠠ ᠺᠠᠯᠼ ᠥᠨᠳᠥᠷ ᠪᠠᠶᠢᠬᠤ ᠶᠢ ᠠᠩᠬᠠᠷᠴᠤ᠂ | ᠲᠤᠭᠤᠯᠯᠠᠭᠰᠠᠨ ᠤ ᠳᠠᠷᠠᠭ᠎ᠠ ᠲᠠᠮᠪᠠᠷᠠᠬᠤ ᠶᠢ ᠤᠷᠢᠳᠴᠢᠯᠠᠨ ᠰᠡᠷᠭᠡᠶᠢᠯᠡᠨ᠎ᠡ᠃ ᠲᠤᠭᠤᠯᠯᠠᠭᠰᠠᠨ ᠤ ᠳᠠᠷᠠᠭ᠎ᠠ ᠰᠢᠩᠭᠡᠭᠡᠬᠦ ᠳᠤ ᠠᠮᠠᠷᠬᠠᠨ᠂ ᠢᠳᠡᠬᠦ ᠳᠤ ᠲᠣᠬᠢᠷᠠᠮᠵᠢᠲᠠᠢ | ᠲᠡᠵᠢᠭᠡᠯ ᠪᠣᠷᠳᠤᠭ᠎ᠠ ᠶᠢ ᠢᠳᠡᠭᠦᠯᠦᠨ᠎ᠡ᠂ ᠲᠤᠭᠤᠯᠯᠠᠭᠰᠠᠨ ᠤ ᠳᠠᠷᠠᠭ᠎ᠠ 1 — 2 ᠴᠠᠭ ᠤᠨ ᠳᠣᠲᠣᠷ᠎ᠠ ᠠᠩᠬ᠎ᠠ ᠤᠳᠠᠭ᠎ᠠ ᠰᠠᠭᠠᠬᠤ ᠳᠠᠭᠠᠨ ᠳᠡᠩᠳᠡᠭᠦᠦ ᠠᠷᠪᠢᠨ | ᠰᠠᠭᠠᠵᠤ ᠪᠣᠯᠬᠤ ᠦᠭᠡᠢ᠂ ᠵᠥᠪᠬᠡᠨ ᠲᠤᠭᠤᠯ ᠨᠢ ᠢᠳᠡᠵᠦ ᠭᠦᠢᠴᠡᠪᠡᠯ ᠪᠣᠯᠴᠢᠬᠠᠨ᠎ᠠ᠂ ᠰᠡᠭᠦᠯᠡᠷ ᠨᠢ ᠡᠳᠦᠷ ᠪᠦᠷᠢ ᠠᠭᠠᠵᠢᠮ ᠢᠶᠠᠷ ᠨᠡᠮᠡᠭᠳᠡᠭᠦᠯᠵᠦ᠂ ᠭᠤᠷᠪᠠᠳᠤᠭᠠᠷ | ᠡᠳᠦᠷ ᠤᠨ ᠳᠠᠷᠠᠭ᠎ᠠ ᠰᠠᠶ᠋ᠢ ᠬᠥᠬᠦ ᠢ ᠨᠢ ᠰᠠᠭᠠᠵᠤ ᠪᠠᠷᠠᠭᠠᠨ᠎ᠠ᠃ ︵3︶ ᠰᠦ ᠰᠢᠭᠦᠷᠡᠭᠦᠯᠬᠦ ᠬᠤᠭᠤᠴᠠᠭ᠎ᠠ᠃ ᠨᠢᠭᠡ ᠰᠦ ᠰᠢᠭᠦᠷᠡᠭᠦᠯᠬᠦ ᠣᠷᠭᠢᠯ ᠤᠨ | ᠬᠤᠭᠤᠴᠠᠭᠠᠨ ᠳᠤ ᠢᠯᠡᠭᠦᠴᠡ 1 — 20% ᠶᠢᠨ ᠨᠠᠷᠢᠯᠢᠭ ᠪᠣᠷᠳᠤᠭ᠎ᠠ ᠨᠡᠮᠡᠨ᠎ᠡ᠂ ᠢᠯᠠᠩᠭᠤᠶ᠎ᠠ ᠨᠢᠭᠡᠳᠦᠭᠡᠷ᠂ ᠬᠤᠶᠠᠳᠤᠭᠠᠷ ᠤᠳᠠᠭ᠎ᠠ ᠲᠤᠭᠤᠯᠯᠠᠭᠰᠠᠨ | ᠦᠨᠢᠶ᠎ᠡ ᠳᠤ ᠨᠡᠮᠡᠨ᠎ᠡ︔ ᠬᠤᠶᠠᠷ ᠰᠦ ᠰᠢᠭᠦᠷᠡᠭᠦᠯᠬᠦ ᠳᠤᠮᠳᠠ ᠬᠤᠭᠤᠴᠠᠭ᠎ᠠ ︵ᠲᠤᠭᠤᠯᠯᠠᠭᠰᠠᠨ ᠤ ᠳᠠᠷᠠᠭ᠎ᠠ 101 — 200 ᠡᠳᠦᠷ︶᠂ ᠬᠤᠨᠤᠭ ᠤᠨ ᠲᠡᠵᠢᠭᠡᠯ | ᠪᠣᠷᠳᠣᠭᠠᠨ ᠤ ᠨᠠᠷᠢᠯᠢᠭ ᠪᠦᠳᠦᠭᠦᠯᠢᠭ ᠪᠣᠷᠳᠤᠭ᠎ᠠ ᠶᠢᠨ ᠬᠠᠷᠢᠴᠠᠯ ᠨᠢ 50:50 ᠪᠣᠯᠣᠨ᠎ᠠ᠃ ᠭᠤᠷᠪᠠ ᠰᠦ ᠰᠢᠭᠦᠷᠡᠭᠦᠯᠬᠦ ᠰᠡᠭᠦᠯᠴᠢ ᠶᠢᠨ ᠬᠤᠭᠤᠴᠠᠭ᠎ᠠ ︵ | ᠲᠤᠭᠤᠯᠯᠠᠭᠰᠠᠨ ᠤ ᠳᠠᠷᠠᠭ᠎ᠠ 201 ᠡᠳᠦᠷ ᠠᠴᠠ ᠰᠦ ᠰᠢᠷᠭᠢᠬᠦ ᠬᠦᠷᠲᠡᠯ᠎ᠡ︶ ᠶᠢᠨ ᠬᠤᠨᠤᠭ ᠤᠨ ᠲᠡᠵᠢᠭᠡᠯ ᠪᠣᠷᠳᠣᠭᠠᠨ ᠤ ᠨᠠᠷᠢᠯᠢᠭ ᠪᠦᠳᠦᠭᠦᠯᠢᠭ ᠪᠣᠷᠳᠣᠭᠠᠨ ᠤ | ᠬᠠᠷᠢᠴᠠᠯ ᠨᠢ 40:60 ᠪᠣᠯᠣᠨ᠎ᠠ᠃ | ᠬᠤᠶᠠᠷ᠂ ᠰᠠᠭᠠᠯᠢ ᠶᠢᠨ ᠦᠨᠢᠶ᠎ᠡ ᠬᠠᠮᠢᠶᠠᠷᠬᠤ ᠠᠷᠭ᠎ᠠ ᠬᠡᠮᠵᠢᠶ᠎ᠡ | ᠠᠳᠠᠯᠢ ᠪᠤᠰᠤ ᠨᠠᠰᠤ᠂ ᠠᠳᠠᠯᠢ ᠪᠤᠰᠤ ᠲᠦᠷᠦᠯ ᠬᠡᠯᠪᠡᠷᠢ᠂ ᠠᠳᠠᠯᠢ ᠪᠤᠰᠤ ᠦᠢᠯᠡᠳᠪᠦᠷᠢᠯᠡᠯ ᠤᠨ ᠬᠢᠷᠢ ᠬᠡᠮᠵᠢᠶ᠎ᠡ ᠲᠠᠢ ᠦᠬᠡᠷ ᠢ ᠰᠦᠷᠦᠭ ᠬᠤᠪᠢᠶᠠᠨ ᠲᠡᠵᠢᠭᠡᠵᠦ᠂ | ᠠᠳᠠᠯᠢ ᠪᠤᠰᠤ ᠲᠡᠵᠢᠭᠡᠯ ᠪᠣᠷᠳᠣᠭᠠᠨ ᠤ ᠨᠠᠶᠢᠷᠠᠯᠭ᠎ᠠ ᠪᠠ ᠠᠳᠠᠯᠢ ᠪᠤᠰᠤ ᠶᠢᠨ ᠲᠡᠵᠢᠭᠡᠯᠲᠡ ᠶᠢᠨ ᠬᠡᠮᠵᠢᠶ᠎ᠡ ᠶᠢ ᠣᠯᠭᠤᠨ᠎ᠠ︔ ᠲᠡᠵᠢᠭᠡᠯ ᠪᠣᠷᠳᠤᠭ᠎ᠠ ᠶᠢ ᠤᠷᠢᠳ ᠢᠶᠠᠷ | ᠪᠦᠳᠦᠭᠦᠯᠢᠭ ᠳᠠᠷᠠᠭ᠎ᠠ ᠨᠢ ᠨᠠᠷᠢᠯᠢᠭ ᠪᠠᠷ ᠲᠡᠵᠢᠭᠡᠨ᠎ᠡ᠂ ᠡᠰᠡᠬᠦᠯ᠎ᠡ ᠪᠦᠬᠦᠯᠢ ᠬᠤᠯᠢᠮᠠᠭ ᠠᠮᠤ ᠪᠠᠷ ᠲᠡᠵᠢᠭᠡᠬᠦ ᠠᠷᠭ᠎ᠠ ᠪᠠᠷ ᠲᠡᠵᠢᠭᠡᠨ᠎ᠡ᠂ ᠳᠠᠷᠤᠢ ᠣᠬᠤᠷ ︵2 .5 | ᠰᠠᠨᠲ᠋ᠢᠮᠧᠳ᠋ᠷ ᠣᠷᠴᠢᠮ︶ ᠪᠦᠳᠦᠭᠦᠯᠢᠭ ᠪᠣᠷᠳᠤᠭ᠎ᠠ ᠶᠢ ᠨᠠᠷᠢᠯᠢᠭ ᠪᠣᠷᠳᠤᠭ᠎ᠠ᠂ ᠳᠠᠷᠤᠰᠢᠭᠤᠯᠤᠭᠰᠠᠨ ᠪᠣᠷᠳᠤᠭ᠎ᠠ ᠵᠢᠴᠢ ᠡᠯ᠎ᠡ ᠵᠦᠢᠯ ᠤᠨ ᠨᠡᠮᠡᠯᠲᠡ ᠡᠳ᠋ ᠵᠡᠷᠭᠡ ᠲᠠᠢ | ᠬᠤᠯᠢᠵᠤ ᠭᠦᠢᠴᠡᠳ ᠬᠤᠯᠢᠵᠤ ᠲᠡᠵᠢᠭᠡᠨ᠎ᠡ︔ ᠡᠳᠦᠷ ᠪᠦᠷᠢ ᠴᠡᠪᠡᠷ ᠤᠤᠭᠤᠬᠤ ᠤᠰᠤ ᠭᠦᠢᠴᠡᠳ ᠬᠠᠩᠭᠠᠬᠤ ᠶᠢᠨ ᠬᠠᠮᠲᠤ ᠦᠬᠡᠷ ᠢ ᠬᠠᠰᠢᠶᠠᠨ ᠤ ᠭᠠᠳᠠᠨ᠎ᠠ | ᠬᠥᠳᠡᠯᠭᠡᠭᠡᠨ ᠬᠢᠯᠭᠡᠬᠦ ᠶᠢ ᠪᠠᠲᠤᠯᠠᠨ᠎ᠠ︔ ᠦᠬᠡᠷ ᠤᠨ ᠬᠠᠰᠢᠶ᠎ᠠ ᠶᠢᠨ ᠳᠣᠲᠣᠷᠠᠬᠢ ᠥᠨᠳᠥᠷ ᠳᠤᠯᠠᠭᠠᠨ ᠤ ᠤᠯᠠᠷᠢᠯ ᠳᠤ ᠬᠠᠯᠠᠭᠤᠨ ᠢ ᠰᠡᠷᠭᠡᠶᠢᠯᠡᠵᠦ ᠲᠤᠯᠠᠭᠠᠨ ᠢ | ᠪᠠᠭᠤᠷᠠᠭᠤᠯᠬᠤ ᠶᠢ ᠠᠩᠬᠠᠷᠴᠤ᠂ ᠬᠠᠬᠢᠷ ᠬᠦᠢᠲᠡᠨ ᠤᠯᠠᠷᠢᠯ ᠳᠤ ᠳᠤᠯᠠᠭᠠᠨ ᠢ ᠬᠠᠮᠠᠭᠠᠠᠨᠠ᠃ ᠲᠠᠷᠭᠤ ᠬᠦᠴᠦᠨ ᠤ ᠪᠠᠶᠢᠳᠠᠯ ᠢ ᠦᠨᠳᠦᠰᠦᠯᠡᠨ ᠲᠡᠵᠢᠭᠡᠯ | ᠪᠣᠷᠳᠤᠭ᠎ᠠ ᠶᠢᠨ ᠬᠠᠩᠭᠠᠯᠭ᠎ᠠ ᠪᠠ ᠠᠷᠠᠴᠢᠯᠠᠬᠤ ᠬᠠᠮᠢᠶᠠᠷᠤᠯᠲᠠ ᠶᠢ ᠴᠠᠭ ᠲᠤᠬᠠᠢ ᠳᠤ ᠨᠢ ᠲᠤᠬᠢᠷᠠᠭᠤᠯᠤᠨ᠎ᠠ ︔ ᠡᠳᠦᠷ ᠪᠦᠷᠢ ᠣᠷᠤᠭ᠎ᠠ ᠣᠷᠣᠬᠤ ᠢᠯᠡᠷᠡᠯ ᠪᠠ | ᠣᠷᠤᠭ᠎ᠠ ᠣᠷᠣᠬᠤ ᠶᠢᠨ ᠪᠠᠶᠢᠳᠠᠯ ᠢ ᠠᠵᠢᠭᠯᠠᠵᠤ᠂ ᠲᠣᠬᠢᠷᠠᠮᠵᠢᠲᠠᠢ ᠦᠶ᠎ᠡ ᠳᠤ ᠬᠡᠭᠡᠯᠲᠦᠭᠦᠯᠦᠨ᠎ᠡ᠃ ᠰᠦ ᠰᠠᠭᠠᠬᠤ ᠵᠥᠪ ᠳᠠᠳᠬᠠᠯ ᠢ ᠪᠠᠷᠢᠮᠲᠠᠯᠠᠵᠤ᠂ ᠬᠥᠬᠦᠨ | ᠪᠤᠯᠴᠢᠷᠬᠠᠢ ᠶᠢᠨ ᠦᠷᠪᠢᠰᠦᠯ ᠡᠭᠦᠰᠬᠦ ᠠᠴᠠ ᠵᠠᠶᠢᠯᠠᠰᠬᠢᠵᠦ᠂ ᠲᠦᠭᠦᠬᠡᠢ ᠰᠦᠨ ᠤ ᠠᠷᠢᠭᠤᠨ ᠴᠡᠪᠡᠷ ᠢ ᠪᠠᠲᠤᠯᠠᠨ᠎ᠠ᠃ | ᠭᠤᠷᠪᠠ᠂ ᠰᠠᠭᠠᠯᠢ ᠶᠢᠨ ᠦᠨᠢᠶ᠎ᠡ ᠶᠢ ᠦᠷᠡᠵᠢᠭᠦᠯᠵᠦ ᠬᠡᠭᠡᠯᠲᠦᠭᠦᠯᠬᠦ | ᠰᠠᠭᠠᠯᠢ ᠶᠢᠨ ᠦᠨᠢᠶ᠎ᠡ ᠨᠢ ᠶᠡᠷᠦ ᠳᠡᠭᠡᠨ 8 — 12 ᠰᠠᠷ᠎ᠠ ᠶᠢᠨ ᠬᠤᠭᠤᠴᠠᠭᠠᠨ ᠳᠤ ᠪᠠᠶᠢᠵᠤ᠂ ᠦᠬᠡᠷ ᠤᠨ ᠪᠡᠶ᠎ᠡ ᠶᠢᠨ ᠬᠦᠨᠳᠦ ᠶᠢᠨ 45% ᠪᠣᠯᠬᠤ | ᠦᠶ᠎ᠡ ᠳᠤ ᠠᠩᠬ᠎ᠠ ᠤᠳᠠᠭ᠎ᠠ ᠣᠷᠤᠭ᠎ᠠ ᠣᠷᠣᠳᠠᠭ᠂ ᠡᠭᠦᠨ ᠢ ᠠᠩᠬᠠᠨ ᠤ ᠣᠷᠤᠭ᠎ᠠ ᠭᠡᠨ᠎ᠡ᠂ 12 — 14 ᠰᠠᠷ᠎ᠠ ᠶᠢᠨ ᠬᠤᠭᠤᠴᠠᠭ᠎ᠠ ᠨᠢ ᠪᠡᠯᠭᠡ ᠪᠣᠯᠪᠠᠰᠤᠷᠠᠵᠤ᠂ | ᠬᠡᠭᠡᠯᠲᠦᠭᠦᠯᠬᠦ ᠳᠤ ᠲᠣᠬᠢᠷᠠᠬᠤ ᠨᠠᠰᠤᠨ ᠤ ᠬᠤᠭᠤᠴᠠᠭ᠎ᠠ ᠨᠢ 16 — 18 ᠰᠠᠷ᠎ᠠ᠂ ᠪᠡᠶ᠎ᠡ ᠶᠢᠨ ᠬᠦᠨᠳᠦ ᠶᠢᠨ ᠲᠣᠭᠲᠠᠭᠰᠠᠨ ᠵᠢᠯ ᠤᠨ 70% ᠪᠤᠶᠤ 375 | ᠺᠢᠯᠣᠭ᠍ᠷᠠᠮ ᠤᠨ ᠪᠡᠶ᠎ᠡ ᠪᠣᠯᠪᠠᠰᠤᠷᠠᠭᠰᠠᠨ ᠦᠶ᠎ᠡ ᠳᠤ ᠰᠠᠶ᠋ᠢ ᠬᠡᠭᠡᠯᠲᠦᠭᠦᠯᠵᠦ ᠪᠣᠯᠣᠨ᠎ᠠ᠃ ᠦᠨᠢᠶ᠎ᠡ ᠣᠷᠤᠭ᠎ᠠ ᠣᠷᠣᠭᠰᠠᠨ ᠤ ᠳᠠᠷᠠᠭ᠎ᠠ 18 — 10 ᠴᠠᠭ ᠤᠨ | ᠳᠣᠲᠣᠷ᠎ᠠ ᠠᠩᠬ᠎ᠠ ᠤᠳᠠᠭ᠎ᠠ ᠬᠡᠭᠡᠯᠲᠦᠭᠦᠯᠵᠦ᠂ 8 — 12 ᠴᠠᠭ ᠠᠯᠤᠰᠯᠠᠭᠠᠳ ᠬᠤᠶᠠᠳᠠᠭᠢ ᠤᠳᠠᠭ᠎ᠠ ᠬᠡᠭᠡᠯᠲᠦᠭᠦᠯᠦᠨ᠎ᠡ᠃ | ᠰᠠᠭᠠᠯᠢ ᠶᠢᠨ ᠦᠨᠢᠶ᠎ᠡ ᠶᠢᠨ ᠣᠷᠤᠭ᠎ᠠ ᠣᠷᠣᠬᠤ ᠦᠶᠡᠯᠡᠯ ᠤᠨ ᠬᠤᠭᠤᠴᠠᠭ᠎ᠠ ᠨᠢ ᠳᠤᠮᠳᠠᠴᠢ ᠪᠠᠷ 21 ᠡᠳᠦᠷ᠂ ᠣᠷᠤᠭ᠎ᠠ ᠣᠷᠣᠭᠰᠠᠨ ᠪᠣᠯᠪᠠᠴᠤ ᠬᠡᠭᠡᠯᠲᠦᠭᠦᠯᠭᠡ | ᠬᠢᠭᠰᠡᠨ ᠦᠭᠡᠢ ᠪᠤᠶᠤ ᠬᠡᠭᠡᠯᠲᠦᠭᠦᠯᠭᠡ ᠬᠢᠭᠰᠡᠨ ᠪᠣᠯᠪᠠᠴᠤ ᠬᠡᠭᠡᠯ ᠲᠤᠭᠳᠠᠭᠰᠠᠨ ᠦᠭᠡᠢ ᠦᠨᠢᠶ᠎ᠡ ᠨᠢ ᠪᠠᠷᠤᠭ 21 ᠡᠳᠦᠷ ᠤᠨ ᠣᠷᠴᠢᠮ ᠢᠶᠠᠷ ᠪᠠᠰᠠ ᠨᠢᠭᠡ | ᠤᠷᠤᠭᠠᠰᠢᠬᠤ ᠬᠤᠭᠤᠴᠠᠭ᠎ᠠ ᠡᠬᠢᠯᠡᠨ᠎ᠡ᠂ ᠬᠡᠭᠡᠯᠲᠦᠭᠦᠯᠦᠭᠰᠡᠨ ᠤ ᠳᠠᠷᠠᠭ᠎ᠠ ᠦᠷᠭᠦᠯᠵᠢᠯᠡᠨ ᠲᠠᠬᠢᠨᠳᠠ ᠤᠷᠤᠭᠠᠰᠢᠭᠰᠠᠨ ᠦᠭᠡᠢ ᠪᠠᠶᠢᠪᠠᠯ ᠬᠡᠭᠡᠯ ᠲᠣᠭᠲᠠᠭᠰᠠᠨ ᠢᠶᠠᠷ | ᠦᠵᠡᠵᠦ᠂ ᠭᠤᠷᠪᠠᠨ ᠰᠠᠷ᠎ᠠ ᠶᠢᠨ ᠬᠤᠭᠤᠴᠠᠭᠠᠨ ᠳᠤ ᠰᠠᠶᠢᠵᠢᠷᠠᠭᠤᠯᠬᠤ ᠥᠷᠲᠡᠭᠡᠨ ᠳᠤ ᠬᠦᠷᠴᠦ ᠬᠡᠭᠡᠯ ᠶᠢᠨ ᠪᠠᠶᠢᠴᠠᠭᠠᠯᠲᠠ ᠬᠢᠵᠦ ᠪᠣᠯᠣᠨ᠎ᠠ᠂ ᠬᠡᠭᠡᠯᠲᠦᠬᠦ | ᠬᠤᠭᠤᠴᠠᠭ᠎ᠠ ᠨᠢ ᠳᠤᠮᠳᠠᠴᠢ ᠪᠠᠷ 280 ᠡᠳᠦᠷ ᠪᠣᠯᠣᠨ᠎ᠠ᠂ ᠡᠭᠦᠨ ᠢᠶᠠᠷ ᠵᠢᠱᠢᠭᠰᠡᠨ ᠲᠤᠭᠤᠯᠯᠠᠬᠤ ᠬᠤᠭᠤᠴᠠᠭ᠎ᠠ ᠶᠢ ᠲᠥᠰᠥᠭᠡᠯᠡᠨ ᠪᠣᠳᠣᠵᠦ ᠪᠣᠯᠣᠨ᠎ᠠ᠃ |