ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠄ ᠰᠤᠷᠭᠠᠨ ᠬᠥᠮᠦᠵᠢᠯ ᠨᠢ ᠡᠷᠬᠡᠪᠰᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ᠠᠷᠠᠳ ᠲᠦᠮᠡᠨ ᠳᠤ ᠦᠢᠯᠡᠴᠢᠯᠡᠵᠦ ᠂ ᠦᠢᠯᠡᠳᠪᠦᠷᠢᠯᠡᠯ ᠬᠥᠳᠡᠯᠮᠦᠷᠢ ᠪᠣᠯᠣᠨ ᠨᠡᠶᠢᠭᠡᠮ ᠤᠨ ᠦᠢᠯᠡᠳᠦᠯᠭᠡ ᠲᠠᠢ | ᠤᠶᠠᠯᠳᠤᠭᠤᠯᠵᠤ᠂ ᠶᠣᠰᠣ ᠮᠣᠷᠠᠯ ᠤᠶᠤᠨ ᠤᠬᠠᠭᠠᠨ ᠪᠡᠶ᠎ᠡ ᠲᠠᠮᠢᠷ ᠭᠤᠸ᠎ᠠ ᠰᠠᠶᠢᠬᠠᠨ ᠠᠵᠢᠯ ᠬᠦᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ ᠃ | ᠴᠢ᠊ ᠰᠠᠷᠠᠨ᠎ᠠ᠂ ᠡᠮᠡᠭᠲᠡᠢ᠂ ᠮᠣᠩᠭᠤᠯ ᠦᠨᠳᠦᠰᠦᠲᠡᠨ᠂ 1973 ᠣᠨ ᠤ 9 ᠰᠠᠷ᠎ᠠ ᠳᠤ ᠲᠦᠷᠦᠵᠠᠢ᠂ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ | ᠰᠤᠷᠤᠯᠭ᠎ᠠ ᠶᠢᠨ ᠨᠠᠮᠲᠠᠷ ᠲᠠᠢ᠃ 1993 ᠣᠨ ᠤ 9 ᠰᠠᠷ᠎ᠠ ᠠᠴᠠ ᠣᠳᠣ ᠪᠣᠯᠲᠠᠯ᠎ᠠ ᠠᠩᠭᠢ ᠶᠢᠨ ᠡᠷᠬᠢᠯᠡᠭᠴᠢ ᠶᠢᠨ ᠠᠵᠢᠯ ᠢ ᠡᠭᠦᠷᠭᠡᠯᠡᠭᠰᠡᠭᠡᠷ ᠢᠷᠡᠵᠡᠢ᠃ ᠭᠤᠴᠢᠨ | ᠵᠢᠯ ᠤᠨ ᠠᠩᠭᠢ ᠶᠢᠨ ᠡᠷᠬᠢᠯᠡᠭᠴᠢ ᠪᠣᠯᠣᠭᠰᠠᠨ ᠲᠤᠷᠰᠢᠯᠭ᠎ᠠ ᠲᠠᠢ ᠪᠠᠶᠢᠵᠤ᠂ ︽ᠪᠠᠭᠠᠴᠤᠳ ᠬᠡᠣᠬᠡᠳ ᠤᠨ ᠶᠠᠷᠢᠶᠠᠨ ᠤ ᠲᠠᠪᠴᠠᠩ︾ ᠤᠨ ︽ᠰᠢᠯᠢᠳᠡᠭ | ᠵᠢᠭᠠᠨ ᠵᠢᠯᠤᠭᠤᠳᠤᠭᠴᠢ ᠪᠠᠭᠰᠢ︾ ᠶᠢᠨ ᠴᠣᠯᠠ᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤᠮᠳᠠᠳᠤ ᠤᠯᠤᠰ︾ ᠤᠨ ᠭᠠᠷ ᠪᠢᠴᠢᠮᠡᠯ ᠰᠣᠨᠢᠨ ᠤ ᠤᠷᠤᠯᠳᠤᠭᠠᠨ | ᠤ ︽ᠰᠢᠯᠢᠳᠡᠭ ᠬᠠᠪᠰᠤᠷᠤᠨ ᠵᠢᠯᠣᠭᠤᠳᠤᠭᠴᠢ ᠪᠠᠭᠰᠢ︾ ᠶᠢᠨ ᠴᠣᠯᠠ ᠶᠢ ᠬᠦᠷᠲᠡᠵᠦ᠂ 2019 ᠣᠨ ᠳᠤ ᠬᠤᠲᠠ ᠶᠢᠨ ᠲᠠᠰ ᠤᠨ ︽ᠰᠢᠯᠢᠳᠡᠭ ᠰᠤᠷᠭᠠᠨ | ᠬᠥᠮᠦᠵᠢᠯ ᠤᠨ ᠠᠵᠢᠯᠲᠠᠨ︾ ᠤ ᠴᠣᠯᠠ ᠪᠠᠷ ᠡᠩᠭᠡᠷ ᠢᠶᠠᠨ ᠮᠢᠯᠢᠶᠠᠯᠭᠠᠵᠤ᠂ 2022 ᠣᠨ ᠳᠤ ᠬᠤᠲᠠ ᠶᠢᠨ ᠲᠠᠰ ᠤᠨ ︽ᠰᠢᠯᠢᠳᠡᠭ ᠰᠤᠷᠭᠠᠨ ᠬᠥᠮᠦᠵᠢᠯ ᠤᠨ | ᠠᠵᠢᠯᠲᠠᠨ︾ ᠢᠶᠠᠷ ᠦᠨᠡᠯᠡᠭᠳᠡᠪᠡ᠃ | ᠴᠢ᠊ ᠰᠠᠷᠠᠨ᠎ᠠ ᠪᠠᠭᠰᠢ ᠶᠢᠨ ᠳᠠᠭᠠᠭᠤᠯᠤᠭᠰᠠᠨ ᠠᠩᠭᠢ ᠨᠢ ᠬᠤᠰᠢᠭᠤᠨ ᠤ ᠳᠡᠰ ᠤᠨ ︽ᠲᠡᠷᠢᠭᠦᠨ ᠤ ᠠᠩᠭᠢ ᠨᠡᠶᠢᠲᠡ︾ ᠪᠠ ︽ᠤᠯᠠᠭᠠᠨ ᠪᠦᠴᠡᠲᠡᠨ ᠤ | ᠱᠠᠩᠨᠠᠯ ᠤᠨ ᠲᠡᠮᠳᠡᠭ︾ ᠤᠨ ᠬᠤᠶᠠᠷ ᠣᠳᠣᠨ ᠲᠡᠮᠳᠡᠭ ᠤᠨ ᠢᠷᠠᠭᠤ ᠠᠯᠳᠠᠷ ᠪᠠ ᠭᠤᠷᠪᠠᠨ ᠣᠳᠣᠨ ᠲᠡᠮᠳᠡᠭ ᠤᠨ ᠢᠷᠠᠭᠤ ᠠᠯᠳᠠᠷ ᠢ ᠬᠦᠷᠲᠡᠵᠡᠢ᠃ ᠲᠡᠭᠦᠨ ᠤ | ᠲᠦᠰᠦᠪᠯᠡᠨ ᠦᠯᠡᠳᠡᠭᠡᠭᠰᠡᠨ ᠲᠠᠰᠬᠠᠯ ᠤᠨ ᠪᠦᠲᠦᠭᠡᠯ ︽ᠢᠳᠡᠭᠡᠨ ᠤᠮᠳᠠᠭᠠᠨ ᠤ ᠳᠡᠭᠡᠵᠢ — ᠴᠠᠢ︾ ᠨᠢ ᠬᠤᠰᠢᠭᠤᠨ ᠤ ᠬᠤᠶᠠᠳᠤᠭᠠᠷ ᠳᠡᠰ ᠤᠨ | ᠱᠠᠩᠨᠠᠯ ᠢ ᠭᠥᠷᠳᠡᠪᠡ᠃ 2022 ᠣᠨ ᠳᠤ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ︽ᠵᠢᠱᠢᠶᠡᠴᠢ ᠠᠩᠭᠢ ᠨᠡᠶᠢᠲᠡ ︾ ᠪᠠᠷ ᠦᠨᠡᠯᠡᠭᠳᠡᠪᠡ᠃ ᠭᠤᠴᠢᠨ ᠵᠢᠯ ᠪᠠᠭᠰᠢᠯᠠᠭᠰᠠᠨ ᠬᠡᠯᠡ ᠪᠢᠴᠢᠭ ᠤᠨ ᠪᠠᠭᠰᠢ ᠪᠣᠯᠤᠭᠰᠠᠨ ᠤ ᠬᠤᠪᠢ ᠳᠤ᠂ ᠲᠡᠷᠡ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠬᠤ ᠶᠢ ᠢᠮᠠᠭᠲᠠ ᠪᠠᠷᠢᠮᠲᠠᠯᠠᠵᠤ᠂ ︽ ᠳᠥᠷᠪᠡ ᠶᠢ ᠪᠦᠷᠢᠳᠦᠭᠦᠯᠦᠭᠰᠡᠨ ᠰᠢᠯᠢᠳᠡᠭ ᠪᠠᠭᠰᠢ ︾ ᠶᠢᠨ | ᠱᠠᠭᠠᠷᠳᠠᠯᠭ᠎ᠠ ᠶᠣᠰᠣᠭᠠᠷ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠᠷ ᠭᠤᠣᠯ ᠵᠢᠭᠰᠠᠭᠠᠯ ᠤᠨ ᠭᠠᠵᠠᠷ ᠪᠣᠯᠭᠠᠵᠤ᠂ ᠨᠠᠷᠢᠨ ᠬᠢᠨᠠᠮᠠᠭᠠᠢ ᠪᠠᠷ ᠬᠢᠴᠢᠶᠡᠯ ᠢᠶᠠᠨ | ᠪᠡᠯᠡᠳᠬᠡᠵᠦ ᠂ ᠵᠢᠭᠠᠬᠤ ᠮᠠᠲ᠋ᠧᠷᠢᠶᠠᠯ ᠢ ᠰᠤᠳᠤᠯᠤᠨ ᠰᠤᠷᠤᠯᠴᠠᠵᠤ᠂ ᠢᠳᠡᠪᠬᠢᠲᠡᠢ ᠪᠠᠷ ᠰᠤᠷᠭᠠᠭᠤᠯᠢ ᠶᠢᠨ ᠳᠣᠲᠣᠨ᠎ᠠ ᠭᠠᠳᠠᠨᠠᠬᠢ ᠵᠢᠭᠠᠨ ᠰᠤᠷᠭᠠᠯᠲᠠ ᠶᠢᠨ ᠰᠤᠳᠤᠯᠤᠨ | ᠶᠠᠷᠢᠯᠴᠠᠬᠤ ᠠᠵᠢᠯᠯᠠᠭ᠎ᠠ ᠳᠤ ᠣᠷᠣᠯᠴᠠᠵᠤ᠂ ᠲᠠᠰᠤᠷᠠᠯᠳᠡ ᠦᠭᠡᠢ ᠪᠠᠷ ᠥᠪᠡᠷ ᠤᠨ ᠵᠢᠭᠠᠨ ᠰᠤᠷᠭᠠᠯᠲᠠ ᠶᠢᠨ ᠲᠠᠯ᠎ᠠ ᠪᠠᠷ ᠡᠷᠭᠢᠴᠡᠭᠦᠯᠦᠨ ᠰᠦᠪᠡᠭᠴᠢᠯᠡᠵᠦ᠂ | ᠳᠤᠲᠠᠭᠤ ᠪᠠᠨ ᠨᠥᠬᠦᠪᠦᠷᠢᠯᠡᠵᠦ᠂ ᠵᠢᠭᠠᠨ ᠰᠤᠷᠭᠠᠯᠲᠠ ᠶᠢᠨ ᠦᠨᠳᠦᠰᠦᠨ ᠴᠢᠳᠠᠪᠤᠷᠢ ᠪᠠᠨ ᠪᠠᠲᠤᠳᠬᠠᠵᠤ᠂ ᠥᠪᠡᠷ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ | ᠶᠢᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠪᠡ᠃ | ᠡᠭᠦᠨ ᠤ ᠬᠠᠮᠲᠤ ᠲᠡᠷᠡ ᠪᠠᠰᠠ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠨᠣᠮ ᠪᠢᠴᠢᠭ ᠢ ᠢᠳᠡᠪᠬᠢᠲᠡᠢ ᠲᠠᠢ ᠪᠠᠷ ᠤᠩᠰᠢᠵᠤ᠂ ᠲᠤᠬᠠᠶᠢᠯᠠᠭᠰᠠᠨ ᠠᠵᠢᠯ ᠤᠨ | ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠡᠭᠦᠨ ᠤ ᠲᠣᠭᠤᠷᠪᠢᠨ ᠪᠢᠴᠢᠭᠰᠡᠨ ︽ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠬᠡᠷᠬᠢᠨ ᠬᠡᠪ | ᠰᠤᠷᠲᠠᠯ ᠤᠨ ᠬᠥᠮᠦᠵᠢᠯ ᠢ ᠬᠡᠷᠡᠭᠵᠢᠭᠦᠯᠬᠦ ᠲᠣᠬᠠᠢ ᠳᠦᠭᠦᠮ ᠦᠭᠦᠯᠡᠬᠦ ᠨᠢ︾ ᠭᠡᠬᠦ ᠥᠭᠦᠯᠡᠯ ᠨᠢ ︽ ᠳᠤᠮᠳᠠᠳᠤ ᠤᠯᠤᠰ ᠤᠨ ᠪᠠᠭᠰᠢ ᠠᠵᠢᠯᠲᠠᠨ︾ ᠰᠡᠳᠬᠦᠯ ᠤᠨ | 2023 ᠣᠨ ᠤ 18 ᠳ᠋ᠤᠭᠠᠷ ᠬᠤᠭᠤᠴᠠᠭᠠᠨ ᠳᠤ ᠨᠡᠶᠢᠲᠡᠯᠡᠭᠳᠡᠭᠰᠡᠨ ᠪᠥᠭᠡᠳ ᠪᠦᠬᠦ ᠤᠯᠤᠰ ᠤᠨ ᠰᠢᠯᠢᠳᠡᠭ ᠵᠣᠬᠢᠶᠠᠯ ᠤᠨ ᠨᠢᠭᠡᠳᠦᠭᠡᠷ ᠳᠡᠰ ᠤᠨ ᠱᠠᠩᠨᠠᠯ ᠢ | ᠬᠦᠷᠲᠡᠵᠦ᠂ ︽ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠳᠠᠬᠢ ᠰᠡᠳᠬᠢᠬᠦᠢ ᠶᠢᠨ ᠵᠢᠯᠣᠭᠤᠳᠤᠮᠵᠢ ᠶᠢᠨ ᠵᠢᠷᠤᠭ ᠤᠨ ᠬᠡᠷᠡᠭᠯᠡᠭᠡᠨ ᠤ | ᠰᠤᠳᠤᠯᠭᠠᠨ ︾ ᠨᠢ ᠤᠯᠤᠰ ᠤᠨ ᠳᠡᠰ ᠤᠨ ︽ ᠵᠢᠭᠠᠨ ᠰᠤᠷᠭᠠᠯᠲᠠ ᠪᠠ ᠰᠤᠳᠤᠯᠭᠠᠨ︾ ᠰᠡᠳᠬᠦᠯ ᠳᠤ ᠨᠡᠶᠢᠲᠡᠯᠡᠭᠳᠡᠭᠰᠡᠨ ᠪᠥᠭᠡᠳ ᠨᠢᠭᠡᠳᠦᠭᠡᠷ ᠳᠡᠰ ᠤᠨ | ᠱᠠᠩᠨᠠᠯ ᠢᠶᠠᠷ ᠦᠨᠡᠯᠡᠭᠳᠡᠵᠡᠢ᠃ ᠴᠢ᠊ ᠰᠠᠷᠠᠨ᠎ᠠ ᠪᠠᠭᠰᠢ ᠶᠢᠨ ᠦᠢᠯᠡᠳᠴᠦ ᠵᠣᠬᠢᠶᠠᠭᠰᠠᠨ ᠬᠢᠴᠢᠶᠡᠯ ︽ ᠲᠡᠰᠢᠭᠡᠳ ᠪᠠᠢ ᠲᠡᠭᠦᠦ | ᠨᠠᠷ ᠮᠢᠨᠢ ︾ ᠬᠡᠭᠦ ᠪᠦᠳᠦᠭᠡᠯ ᠨᠢ ᠪᠥᠬᠦ ᠤᠯᠤᠰ ᠤᠨ ᠰᠤᠷᠭᠠᠨ ᠬᠥᠮᠦᠵᠢᠯ ᠤᠨ ᠤᠷᠠᠯᠢᠭ ᠤᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠤᠨ | ᠰᠢᠯᠢᠳᠡᠭ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠰᠢᠯᠭᠠᠷᠠᠭᠤᠯᠤᠯᠲᠠ ᠵᠢᠴᠢ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ | ᠰᠡᠳᠦᠪ ︽ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠬᠠᠷᠠᠯᠲᠠ ᠳᠤ ᠰᠠᠭᠤᠷᠢᠯᠠᠭᠰᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠬᠢᠭᠡᠳ | ᠰᠤᠳᠤᠯᠤᠨ ᠰᠤᠷᠤᠯᠴᠠᠬᠤ ᠦᠢᠯᠡᠳᠦᠯᠭᠡ ᠶᠢ ᠮᠡᠳᠡᠷᠡᠬᠦ ᠬᠢᠴᠢᠶᠡᠯ ᠤᠨ ᠪᠠᠶᠢᠭᠤᠯᠤᠯᠲᠠ ᠵᠢᠴᠢ ᠦᠢᠯᠡᠳᠦᠯᠭᠡ ᠶᠢᠨ ᠰᠤᠳᠤᠯᠤᠯ︾ ᠤᠨ ᠣᠨ ᠤ ᠰᠢᠯᠢᠳᠡᠭ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠤᠨ ᠰᠢᠯᠭᠠᠷᠠᠭᠤᠯᠤᠯᠲᠠ ᠳᠤ ᠵᠢᠭᠠᠨ ᠰᠤᠷᠭᠠᠯᠲᠠ ᠶᠢᠨ ᠬᠢᠴᠢᠶᠡᠯ ᠤᠨ ᠬᠤᠶᠠᠳᠤᠭᠠᠷ ᠳᠡᠰ ᠤᠨ ᠱᠠᠩᠨᠠᠯ ᠭᠥᠷᠳᠡᠪᠡ᠃ | 2018 ᠣᠨ ᠳᠤ ᠣᠷᠣᠨ ᠤ ᠲᠠᠰ ᠤᠨ ︽ᠠᠬᠤᠢ ᠪᠠᠶᠢᠳᠠᠯ ᠢ ᠪᠡᠶᠡᠴᠢᠯᠡᠨ ᠣᠶᠢᠯᠠᠭᠠᠬᠤ ᠮᠠᠶ᠋ᠢᠭ ᠤᠨ ᠳᠠᠰᠬᠠᠯ ᠤᠨ ᠵᠢᠭᠠᠨ ᠰᠤᠷᠭᠠᠯᠲᠠ ᠶᠢᠨ ᠦᠢᠯᠡᠳᠦᠯᠭᠡ ᠬᠢᠭᠡᠳ | ᠰᠤᠳᠤᠯᠭᠠᠨ ︾ ᠤ ᠰᠡᠳᠦᠪ ᠲᠤ ᠣᠷᠤᠯᠴᠠᠪᠠ᠃ 2022 ᠣᠨ ᠳᠤ ᠤᠯᠤᠰ ᠤᠨ ᠲᠠᠰ ᠤᠨ ᠰᠤᠳᠤᠯᠭᠠᠨ ᠤ ᠰᠡᠳᠦᠪ ︽ᠰᠡᠳᠬᠢᠬᠦᠢ ᠶᠢᠨ ᠵᠢᠯᠣᠭᠤᠳᠤᠮᠵᠢ ᠶᠢᠨ | ᠵᠢᠷᠤᠭ ᠲᠤ ᠰᠠᠭᠤᠷᠢᠯᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠬᠢᠭᠡᠳ ᠰᠤᠳᠤᠯᠭᠠᠨ ᠤ ᠦᠢᠯᠡᠳᠦᠯᠭᠡ ᠶᠢᠨ ᠪᠦᠲᠦᠮᠵᠢᠲᠡᠶ ᠠᠭᠤᠰᠤᠯᠴᠠᠯ ᠤᠨ | ᠰᠤᠳᠤᠯᠭᠠᠨ ︾ ᠳᠤ ᠣᠷᠣᠯᠴᠠᠪᠠ᠃ | ᠤᠭ ᠰᠠᠨᠠᠭ᠎ᠠ ᠪᠠᠨ ᠪᠠᠷᠢᠮᠲᠠᠯᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠭᠦᠢᠴᠡᠳᠭᠡᠪᠡ | ᠵᠢᠭᠠᠨ ᠰᠤᠷᠭᠠᠯᠲᠠ ᠶᠢᠨ ᠶᠠᠪᠤᠴᠠ ᠲᠣᠮᠲᠠ ᠲᠡᠷᠡ ᠶᠡᠷᠦ ᠠᠴᠠ ᠪᠠᠨ ᠨᠠᠷᠢᠨ ᠬᠢᠨᠠᠮᠠᠭᠠᠢ ᠬᠠᠨᠳᠤᠵᠤ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ ᠵᠠᠳᠠᠯᠤᠨ | ᠰᠢᠨᠵᠢᠯᠡᠵᠦ ᠂ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠵᠢᠭᠠᠨ ᠰᠤᠷᠭᠠᠯᠲᠠ ᠶᠢᠨ ᠲᠥᠰᠥᠯ ᠢᠶᠠᠨ ᠲᠣᠭᠲᠠᠭᠠᠵᠤ ᠂ ᠬᠢᠴᠢᠶᠡᠯ ᠪᠦᠷᠢ ᠶᠢᠨ ᠠᠭᠤᠯᠭ᠎ᠠ ᠳᠤ | ᠠᠩᠬᠠᠷᠤᠯ ᠢᠶᠠᠨ ᠲᠠᠯᠪᠢᠵᠤ ᠪᠠᠶᠢᠳᠠᠭ ᠶᠤᠮ᠃ ᠪᠣᠳᠠᠲᠠᠢ ᠠᠮᠢᠳᠤᠯᠢᠭ ᠵᠢᠭᠠᠨ ᠰᠤᠷᠭᠠᠯᠲᠠ ᠶᠢᠨ ᠦᠢᠯᠡᠳᠦᠯᠭᠡ ᠶᠢᠨ ᠳᠤᠮᠳᠠ ᠬᠡᠯᠡ ᠪᠢᠴᠢᠭ ᠤᠨ ᠵᠢᠭᠠᠨ | ᠰᠤᠷᠭᠠᠯᠲᠠ ᠶᠢᠨ ᠠᠭᠤᠯᠬᠤᠨ ᠢ ᠪᠠᠶᠠᠯᠢᠭᠵᠢᠭᠤᠯᠵᠤ ᠂ ᠰᠤᠷᠤᠭᠴᠢᠳ ᠤᠨ ᠠᠮᠢ ᠨᠠᠰᠤᠨ ᠤ ᠭᠤᠸ᠎ᠠ ᠰᠠᠶᠢᠬᠠᠨ ᠢ ᠪᠠᠳᠠᠷᠠᠭᠤᠯᠵᠤ ᠴᠢᠳᠠᠭᠰᠠᠨ ᠪᠠᠶᠢᠨ᠎ᠠ᠃ | ᠶᠣᠰᠣ ᠮᠣᠷᠠᠯ ᠢ ᠲᠡᠷᠢᠭᠦᠨ ᠪᠠᠶᠢᠷᠢᠨ ᠳᠤ ᠲᠠᠯᠪᠢᠵᠤ ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠲᠠᠭᠤᠷᠢᠶᠠᠯ ᠦᠵᠡᠭᠦᠯᠪᠡ | ᠪᠠᠭᠰᠢ ᠶᠢᠨ ᠰᠤᠷᠲᠠᠯ ᠪᠠᠭᠰᠢ ᠶᠢᠨ ᠶᠣᠰᠣ ᠮᠣᠷᠠᠯ ᠤᠨ ᠲᠠᠯ᠎ᠠ ᠪᠠᠷ᠂ ᠬᠤᠪᠢ ᠬᠥᠮᠥᠨ ᠤ ᠦᠵᠡᠯ ᠰᠠᠨᠠᠭ᠎ᠠ ᠶᠣᠰᠣ ᠮᠣᠷᠠᠯ᠂ ᠦᠭᠡ ᠶᠠᠷᠢᠶ᠎ᠠ ᠦᠶᠯᠡ ᠠᠵᠢᠯᠯᠠᠭ᠎ᠠ᠂ | ᠳᠦᠷᠢ ᠲᠥᠷᠬᠦ ᠪᠠᠶᠢᠳᠠᠯ ᠢᠶᠠᠷ ᠢᠶᠠᠨ ᠰᠤᠷᠤᠭᠴᠢᠳ ᠲᠤ ᠪᠠᠨ ᠳᠠᠭᠤᠷᠢᠶᠠᠯ ᠦᠵᠡᠭᠦᠯᠵᠦ ᠪᠠᠶᠢᠳᠠᠭ᠃ ᠲᠡᠷᠡ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠂ | ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ ᠂ ᠪᠠᠭᠰᠢ ᠬᠦᠮᠦᠨ ᠤ ᠡᠷᠬᠢᠮ ᠳᠡᠭᠡᠲᠦ ᠰᠣᠷᠲᠠᠬᠤᠨ ᠢᠶᠠᠷ ᠦᠪᠡᠷ ᠤᠨ ᠲᠤᠬᠠᠶᠢᠯᠠᠭᠰᠠᠨ | ᠠᠵᠢᠯ ᠤᠨ ᠢᠶᠠᠨ ᠪᠠᠷᠢᠮᠵᠢᠶ᠎ᠠ ᠪᠣᠯᠭᠠᠵᠤ ᠂ ᠪᠠᠭᠰᠢ ᠶᠢᠨ ᠬᠦᠮᠦᠨ ᠴᠢᠨᠠᠷ ᠤᠨ ᠲᠠᠲᠠᠬᠤ ᠬᠦᠴᠦᠨ ᠢᠶᠠᠷ ᠰᠤᠷᠤᠭᠴᠢᠳ ᠢᠶᠠᠨ ᠨᠥᠯᠥᠭᠡᠯᠡᠵᠦ ᠂ ᠰᠤᠷᠤᠭᠴᠢᠳ ᠢᠶᠠᠨ | ᠬᠥᠮᠥᠵᠢᠭᠦᠯᠵᠦ ᠂ ᠰᠤᠷᠤᠭᠴᠢᠳ ᠤᠨ ᠢᠶᠠᠨ ᠦᠰᠦᠨ ᠪᠤᠶᠢᠵᠢᠯᠲᠠ ᠶᠢ ᠠᠩᠬᠠᠷᠴᠤ ᠂ ᠰᠤᠷᠤᠭᠴᠢᠳᠤᠨ ᠢᠶᠠᠨ ᠬᠦᠷᠢᠶᠡᠯᠡᠯ ᠢ ᠣᠯᠵᠠᠢ᠃ ᠲᠡᠷᠡ ᠦᠵᠡᠯ ᠰᠠᠨᠠᠭ᠎ᠠ | ᠶᠣᠰᠣ ᠮᠣᠷᠠᠯ ᠤᠨ ᠬᠥᠮᠦᠵᠢᠯ ᠢ ᠰᠤᠷᠤᠭᠴᠢᠳ ᠤᠨ ᠡᠳᠦᠷ ᠲᠤᠳᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ ᠂ ᠡᠳᠦᠷ ᠪᠦᠷᠢ ᠶᠢᠨ ᠡᠷᠲᠡ ᠶᠢᠨ ᠲᠠᠮᠢᠷ᠂ | ᠥᠷᠯᠥᠭᠡ ᠶᠢᠨ ᠤᠩᠰᠢᠯᠭ᠎ᠠ ᠂ ᠬᠢᠴᠢᠶᠡᠯ ᠤᠨ ᠵᠠᠪᠰᠠᠷᠯᠠᠭ᠎ᠠ ᠂ ᠦᠳᠡ ᠶᠢᠨ ᠠᠮᠠᠷᠠᠯᠲᠠ ᠂ ᠨᠢᠭᠡ ᠡᠳᠦᠷ ᠤᠨ ᠳ᠋ᠦᠩᠨᠡᠯᠲᠡ ᠂ ᠣᠷᠣᠢ ᠶᠢᠨ ᠳᠠᠪᠲᠠᠯᠭ᠎ᠠ ᠵᠢᠴᠢ ᠡᠳᠦᠷ | ᠲᠤᠳᠤᠮ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢᠨ ᠳᠤᠮᠳᠠ ᠂ ᠴᠥᠮ ᠰᠤᠷᠤᠭᠴᠢᠳ ᠤᠨ ᠢᠶᠠᠨ ᠳᠡᠷᠭᠡᠳᠡ ᠪᠠᠶᠢᠵᠤ᠂ ᠦᠭᠡ ᠳᠠᠭᠤᠨ ᠦᠭᠡᠢ ᠪᠠᠷ ᠠᠵᠢᠯᠯᠠᠵᠤ | ᠪᠠᠶᠢᠳᠠᠭ᠃ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠰᠤᠷᠤᠭᠴᠢᠳ ᠢᠶᠠᠨ ᠬᠠᠯᠠᠮᠵᠢᠯᠠᠵᠤ᠂ ᠦᠵᠡᠯ ᠰᠠᠨᠠᠭᠠᠨ ᠤ ᠲᠠᠯ᠎ᠠ ᠪᠠᠷ ᠰᠤᠷᠤᠭᠴᠢᠳ ᠢᠶᠠᠨ ᠬᠥᠲᠥᠯᠥᠨ | ᠵᠢᠯᠤᠭᠤᠳᠴᠤ ᠂ ᠠᠮᠢᠳᠤᠷᠠᠯ ᠤᠨ ᠲᠠᠯ᠎ᠠ ᠪᠠᠷ ᠰᠤᠷᠤᠭᠴᠢᠳ ᠢᠶᠠᠨ ᠬᠠᠯᠠᠮᠵᠢᠯᠠᠨ ᠬᠠᠮᠠᠭᠠᠯᠠᠵᠤ ᠪᠠᠶᠢᠳᠠᠭ ᠶᠤᠮ ᠃ | ᠪᠠᠭᠰᠢᠯᠠᠭᠰᠠᠨ ᠭᠤᠴᠢ ᠭᠠᠷᠤᠢ ᠵᠢᠯ ᠤᠨ ᠲᠤᠷᠰᠢ᠂ ᠴᠢ᠊ ᠰᠠᠷᠠᠨ᠎ᠠ ᠪᠠᠭᠰᠢ ᠦᠷᠭᠦᠯᠵᠢ ᠰᠤᠷᠤᠭᠴᠢᠳ ᠲᠤ ᠪᠠᠨ ᠄ ︽ᠬᠦᠮᠦᠨ ᠪᠦᠬᠦᠨ ᠬᠠᠷᠢᠭᠤᠴᠠᠯᠭᠠᠲᠤ | ᠰᠡᠳᠬᠢᠯᠭᠡ ᠲᠠᠢ ᠪᠠᠶᠢᠬᠤ ᠮᠦᠷᠲᠡᠭᠡᠨ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ︾ ᠭᠡᠵᠦ ᠳᠠᠩᠳᠠ ᠪᠠᠨ ᠬᠡᠯᠡᠳᠡᠭ ᠶᠤᠮ᠃ ᠲᠡᠷᠡ ᠦᠪᠡᠷ | ᠤᠨ ᠪᠡᠶ᠎ᠡ ᠪᠠᠷ ᠢᠶᠠᠨ ᠬᠠᠮᠤᠭ ᠤᠨ ᠰᠠᠶᠢᠨ ᠳᠠᠭᠤᠷᠢᠶᠠᠯ ᠪᠣᠯᠵᠣ ᠪᠠᠶᠢᠭ᠎ᠠ ᠶᠤᠮ᠃ ᠲᠡᠭᠦᠨ ᠤ ᠴᠢᠷᠮᠠᠶᠢᠨ ᠠᠵᠢᠯᠯᠠᠬᠤ ᠪᠠ ᠭᠤᠶᠠᠴᠢ ᠦᠭᠡᠢ ᠵᠢᠳᠬᠦᠬᠦ ᠨᠢ | ᠰᠤᠷᠤᠭᠴᠢᠳ ᠲᠤ ᠥᠷᠭᠡᠨ ᠢᠶᠠᠷ ᠮᠡᠳᠡᠷᠡᠭᠳᠡᠨ ᠬᠦᠨᠳᠦᠳᠬᠡᠭᠳᠡᠵᠦ ᠂ ᠰᠤᠷᠤᠭᠴᠢᠳ ᠨᠢ ᠪᠠᠭᠰᠢ ᠶᠢᠨ ᠢᠶᠠᠨ ᠯᠠᠪᠳᠠᠭᠤᠨ ᠲᠣᠭᠲᠠᠭᠤᠨ ᠢᠲᠡᠭᠡᠯ ᠲᠡᠭᠦᠯᠲᠡᠷ᠂ ᠨᠠᠷᠢᠨ | ᠬᠢᠨᠠᠮᠠᠭᠠᠢ ᠠᠵᠢᠯᠯᠠᠬᠤ ᠣᠪᠣᠷ ᠲᠤ ᠨᠢ ᠪᠠᠭ᠋ᠠᠷᠬᠠᠵᠤ ᠪᠠᠶᠢᠳᠠᠭ᠃ | ᠰᠤᠷᠤᠭᠴᠢᠳ ᠢ ᠬᠦᠮᠦᠵᠢᠭᠦᠯᠬᠦ ᠳᠤ᠂ ᠬᠠᠶᠢᠷ᠎ᠠ ᠶᠢᠨ ᠰᠡᠳᠬᠢᠯᠭᠡ ᠪᠠᠷ ᠭᠦᠨ ᠵᠤᠵᠠᠭᠠᠨ ᠪᠠᠶᠢᠪᠠᠯ ᠰᠤᠷᠭᠠᠨ ᠬᠥᠮᠦᠵᠢᠯ ᠰᠠᠶ᠋ᠢ ᠡᠷᠴᠢ ᠬᠦᠴᠦ ᠲᠠᠢ ᠪᠠᠶᠢᠳᠠᠭ᠃ | ᠰᠤᠷᠭᠠᠨ ᠬᠥᠮᠦᠵᠢᠯ ᠭᠡᠬᠦ ᠡᠨᠡᠬᠦ ᠠᠷᠢᠭᠤᠨ ᠲᠠᠷᠬᠠᠨ ᠦᠢᠯᠡᠰ ᠲᠤ ᠲᠡᠷᠡ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠤᠶᠤᠨ | ᠤᠬᠠᠭᠠᠨ ᠬᠠᠶᠢᠷ᠎ᠠ ᠰᠡᠳᠬᠢᠯᠭᠡ ᠪᠠᠷ ᠢᠶᠠᠨ ᠠᠷᠠᠳ ᠤᠨ ᠪᠠᠭᠰᠢ ᠶᠢᠨ ᠢᠷᠠᠭᠤ ᠠᠯᠳᠠᠷ ᠢ ᠮᠠᠨᠳᠤᠭᠤᠯᠵᠤ᠂ ᠠᠷᠢᠭᠤᠨ ᠬᠦᠳᠡᠯᠮᠦᠷᠢ ᠪᠠᠷ ᠢᠶᠠᠨ ᠬᠡᠤᠬᠡᠳ ᠪᠠᠭᠠᠴᠤᠳ ᠢ | ᠬᠦᠮᠦᠵᠢᠭᠦᠯᠬᠦ ᠦᠢᠯᠡᠰ ᠤᠨ ᠬᠠᠷᠭᠤᠢ ᠪᠠᠨ ᠭᠡᠷᠡᠯᠳᠦᠭᠦᠯᠦᠨᠡᠮ᠃ | | | | | | | | | | | | | | |