2024 ᠣᠨ ᠤ 6 ᠰᠠᠷ᠎ᠠ ᠶᠢᠨ 27 ᠤ ᠡᠳᠦᠷ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠪᠠᠶᠠᠨᠨᠠᠭᠤᠷ ᠬᠤᠲᠠ ᠶᠢᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2024 ᠣᠨ ᠤ ᠬᠡᠪᠯᠡᠯ︶︾ ︵ᠳᠣᠷᠣᠭᠰᠢ ︽ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ | ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ | ᠨᠢᠭᠡ᠂ ᠶᠠᠭᠤᠨ ᠳᠤ ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠵᠠᠰᠠᠪᠤᠷᠢ ᠣᠷᠣᠭᠤᠯᠬᠤ ᠬᠡᠷᠡᠭᠲᠡᠶ ᠪᠤᠶ︖ 2024 ᠣᠨ ᠳᠤ᠂ ᠠᠮᠢ ᠠᠬᠤᠶ | ᠣᠷᠴᠢᠨ ᠲᠣᠭᠤᠷᠢᠨ ᠤ ᠶᠠᠮᠤᠨ ︽ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ | ᠵᠢᠯᠣᠭᠤᠳᠬᠤ ᠰᠠᠨᠠᠯ︾᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ ᠳᠠᠷᠤᠮᠠᠯᠯᠠᠨ | ᠲᠠᠷᠬᠠᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠦᠷᠢᠮ ᠢ ᠰᠢᠯᠢᠳᠡᠭᠵᠢᠭᠦᠯᠬᠦ᠂ ᠬᠦᠨᠳᠦ ᠪᠣᠬᠢᠷᠲᠤᠯ ᠲᠠᠢ ᠴᠠᠭ ᠠᠭᠤᠷ ᠢ | ᠠᠷᠭᠠᠴᠠᠭᠠᠬᠤ ᠠᠵᠢᠯ ᠢ ᠵᠢᠷᠤᠮᠵᠢᠭᠤᠯᠬᠤ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠭᠠᠬᠤ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠬᠤ ᠵᠡᠷᠭᠡ ᠱᠠᠭᠠᠷᠳᠠᠯᠭ᠎ᠠ ᠶᠢ ᠳᠤᠷᠠᠳᠪᠠ᠃ ᠬᠠᠮᠢᠶ᠎ᠠ ᠪᠥᠬᠦᠶ | ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠪᠠᠶᠠᠨᠨᠠᠭᠤᠷ ᠬᠤᠲᠠ ᠶᠢᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠣᠨ ᠤ ᠬᠡᠪᠯᠡᠯ︶︾ ᠳᠤ ᠳᠠᠬᠢᠨ ᠵᠠᠰᠠᠪᠤᠷᠢ | ᠣᠷᠣᠭᠤᠯᠪᠠ᠃ | ᠬᠤᠶᠠᠷ᠂ ︽ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠶᠠᠮᠠᠷ ᠶᠠᠮᠠᠷ ᠭᠤᠣᠯ ᠠᠭᠤᠯᠭ᠎ᠠ ᠪᠠᠶᠢᠬᠤ ᠪᠣᠢ︖ ︽ᠪᠠᠴᠢᠮ ᠪᠠᠶᠢᠳᠠᠯ ᠢ ᠠᠷᠭᠠᠴᠠᠬᠤ ᠲᠥᠰᠦᠯ︾ | ᠳᠤ ᠨᠠᠢᠮᠠᠨ ᠬᠡᠰᠡᠭ ᠪᠠᠭᠲᠠᠨ᠎ᠠ᠃ ᠨᠢᠭᠡᠳᠦᠭᠡᠷ ᠬᠡᠰᠡᠭ ᠨᠢ ᠶᠡᠷᠦᠩᠬᠡᠢ ᠳᠦᠷᠢᠮ ᠪᠣᠯᠣᠨ᠎ᠠ᠃ ᠨᠠᠶᠢᠷᠠᠭᠤᠯᠤᠨ ᠵᠣᠬᠢᠶᠠᠬᠤ ᠵᠣᠷᠢᠯᠭ᠎ᠠ᠂ ᠨᠠᠶᠢᠷᠠᠭᠤᠯᠤᠨ ᠵᠣᠬᠢᠶᠠᠬᠤ | ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠪᠡᠯᠡᠳᠬᠡᠯ ᠲᠥᠰᠦᠯ ᠤᠨ ᠰᠢᠰᠲ᠋ᠧᠮ ᠪᠠ ᠠᠵᠢᠯ ᠤᠨ ᠵᠠᠷᠴᠢᠮ ᠢ ᠲᠣᠳᠣᠷᠬᠠᠶᠢᠯᠠᠪᠠ᠃ ᠬᠤᠶᠠᠳᠤᠭᠠᠷ ᠬᠡᠰᠡᠭ ᠨᠢ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠦᠷᠢᠯᠳᠦᠯ᠃ ᠬᠤᠲᠠ ᠶᠢᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠲᠡᠭᠦᠨ ᠤ ᠠᠯᠪᠠᠨ ᠭᠡᠷ ᠤᠨ | ᠪᠦᠷᠢᠯᠳᠦᠭᠦᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠰᠢᠭᠤ ᠰᠢᠶᠠᠨ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠶᠢᠨ ᠪᠦᠷᠢᠯᠳᠦᠭᠦᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠭᠤᠷᠪᠠᠳᠤᠭᠠᠷ ᠬᠡᠰᠡᠭ ᠢ | ᠤᠷᠢᠳᠴᠢᠯᠠᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠭᠡᠵᠦ ᠬᠤᠪᠢᠶᠠᠨ᠎ᠠ᠃ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ ᠤᠷᠢᠳᠴᠢᠯᠠᠨ | ᠰᠡᠷᠡᠮᠵᠢᠯᠡᠭᠦᠯᠬᠦ ᠶᠢ ᠲᠠᠰ ᠬᠤᠪᠢᠶᠠᠬᠤ᠂ ᠣᠷᠣᠨ ᠬᠤᠪᠢᠶᠠᠨ ᠬᠠᠮᠢᠶᠠᠷᠬᠤ᠂ ᠤᠷᠢᠳᠴᠢᠯᠠᠨ ᠰᠡᠷᠡᠮᠵᠢᠯᠡᠭᠦᠯᠬᠦ ᠶᠢ ᠨᠡᠶᠢᠲᠡᠯᠡᠬᠦ᠂ ᠤᠷᠢᠳᠴᠢᠯᠠᠨ ᠰᠡᠷᠡᠮᠵᠢᠯᠡᠭᠦᠯᠬᠦ ᠲᠠᠰ ᠤᠨ | ᠲᠣᠬᠢᠷᠠᠭᠤᠯᠤᠯᠲᠠ ᠬᠢᠬᠦ ᠪᠠ ᠬᠦᠴᠦᠨ ᠥᠬᠡᠶ ᠪᠣᠯᠭᠠᠬᠤ᠂ ᠤᠷᠢᠳᠴᠢᠯᠠᠨ ᠰᠡᠷᠡᠮᠵᠢᠯᠡᠭᠦᠯᠬᠦ ᠶᠢ ᠬᠢᠨᠠᠨ ᠵᠥᠪᠰᠢᠶᠡᠷᠡᠬᠦ ᠳᠤ ᠬᠠᠮᠢᠶ᠎ᠠ ᠪᠥᠬᠦᠶ ᠲᠣᠭᠲᠠᠭᠠᠯ ᠭᠠᠷᠭᠠᠪᠠ᠃ | ᠳᠥᠷᠪᠡᠳᠦᠭᠡᠷ ᠬᠡᠰᠡᠭ ᠢ ᠪᠠᠴᠢᠮ ᠪᠠᠶᠢᠳᠠᠯ ᠢ ᠠᠷᠭᠠᠴᠠᠭᠠᠬᠤ ᠳᠠᠭᠠᠬᠤ ᠭᠡᠵᠦ ᠬᠤᠪᠢᠶᠠᠨ᠎ᠠ᠃ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠲᠠᠰ ᠬᠤᠪᠢᠶᠠᠬᠤ᠂ | ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠶᠢ ᠡᠬᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠶᠢ | ᠬᠤᠯᠪᠣᠭᠠᠯᠠᠨ ᠬᠥᠳᠡᠯᠦᠯᠴᠡᠬᠦ᠂ ᠮᠡᠳᠡᠭᠡ ᠵᠠᠩᠭᠢ ᠶᠢ ᠢᠯᠡ ᠪᠣᠯᠭᠠᠬᠤ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠶᠢ ᠵᠣᠭᠰᠣᠭᠠᠬᠤ ᠠᠵᠢᠯ ᠢ ᠲᠣᠳᠣᠷᠬᠠᠶ | ᠲᠣᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠷᠭ᠎ᠠ ᠬᠡᠮᠵᠢᠶ᠎ᠡ ᠶᠢᠨ ᠲᠤᠬᠠᠶ ᠶᠡᠷᠦᠩᠬᠡᠶ ᠱᠠᠭᠠᠷᠳᠠᠯᠭ᠎ᠠ ᠳᠤᠷᠠᠳᠤᠭᠰᠠᠨ | ᠪᠥᠭᠡᠳ ᠲᠠᠰ ᠬᠤᠪᠢᠶᠠᠨ ᠳᠠᠭᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠪᠠ᠃ ᠲᠠᠪᠤᠳᠤᠭᠠᠷ ᠬᠡᠰᠡᠭ ᠨᠢ ᠳ᠋ᠦᠩᠨᠡᠯᠲᠡ ᠦᠨᠡᠯᠡᠯᠲᠡ ᠪᠣᠯᠣᠨ᠎ᠠ᠃ ᠬᠦᠨᠳᠦ ᠪᠣᠬᠢᠷᠲᠤᠯ ᠲᠠᠢ | ᠴᠠᠭ ᠠᠭᠤᠷ ᠢ ᠡᠬᠢᠯᠡᠭᠦᠯᠵᠦ᠂ ᠬᠡᠷᠡᠭᠵᠢᠭᠦᠯᠵᠦ᠂ ᠵᠣᠭᠰᠣᠭᠠᠭᠠᠳ ᠣᠯᠤᠭᠰᠠᠨ ᠦᠷ᠎ᠡ ᠳ᠋ᠦᠩ ᠳᠤ ᠪᠦᠬᠦ ᠲᠠᠯ᠎ᠠ ᠶᠢᠨ ᠳ᠋ᠦᠩᠨᠡᠯᠲᠡ ᠬᠢᠵᠦ ᠦᠨᠡᠯᠡᠨ ᠵᠢᠱᠢᠯᠲᠡ ᠬᠢᠬᠦ | ᠬᠡᠷᠡᠭᠲᠡᠶ᠃ ᠵᠢᠷᠭᠤᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ | ᠳᠠᠭᠠᠵᠤ ᠬᠢᠬᠦ ᠵᠠᠷᠤᠳᠠᠯ᠂ ᠠᠶᠤᠯᠭᠦᠶ ᠦᠢᠯᠡᠳᠪᠦᠷᠢᠯᠡᠯ᠂ ᠴᠢᠳᠠᠪᠤᠷᠢ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠪᠠᠲᠤᠯᠠᠭ᠎ᠠ ᠶᠢᠨ | ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ ᠳᠣᠯᠣᠳᠤᠭᠠᠷ ᠬᠡᠰᠡᠭ ᠨᠢ ᠬᠢᠨᠠᠯᠲᠠ ᠬᠠᠮᠢᠶᠠᠷᠤᠯᠲᠠ ᠪᠣᠯᠤᠨ᠎ᠠ᠃ ᠣᠯᠠᠨ | ᠨᠡᠶᠢᠲᠡ ᠶᠢᠨ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠵᠡᠷᠭᠡ | ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠨᠠᠢᠮᠠᠳᠤᠭᠠᠷ ᠬᠡᠰᠡᠭ ᠨᠢ ᠳᠠᠭᠠᠯᠳᠤᠭᠤᠯᠤᠭᠰᠠᠨ ᠳᠦᠷᠢᠮ ᠪᠣᠯᠣᠨ᠎ᠠ᠃ ᠪᠡᠯᠡᠳᠬᠡᠯ ᠲᠥᠰᠦᠯ ᠳᠤ ᠵᠠᠰᠠᠪᠤᠷᠢ | ᠣᠷᠣᠭᠤᠯᠤᠭᠰᠠᠨ ᠪᠠᠶᠢᠳᠠᠯ ᠵᠢᠴᠢ ᠬᠡᠷᠡᠭᠵᠢᠭᠦᠯᠬᠦ ᠴᠠᠭ ᠤᠨ ᠲᠤᠬᠠᠶ ᠲᠣᠳᠣᠷᠬᠠᠶᠢᠯᠠᠯᠲᠠ ᠬᠢᠪᠠ᠃ | ᠭᠤᠷᠪᠠ᠂ ︽ᠪᠠᠴᠢᠮ ᠪᠠᠶᠢᠳᠠᠯ ᠢ ᠠᠷᠭᠠᠴᠠᠬᠤ ᠲᠥᠰᠦᠯ︾ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠳᠤ ᠨᠡᠮᠡᠯᠲᠡ᠂ ᠥᠭᠡᠷᠡᠴᠢᠯᠡᠯᠲᠡ ᠣᠷᠣᠭᠤᠯᠪᠠ | ︵ᠨᠢᠭᠡ︶ ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ ᠪᠠᠷᠢᠮᠵᠢᠶ᠎ᠠ ᠶᠢ ᠲᠣᠬᠢᠷᠠᠭᠤᠯᠪᠠ | ᠲᠣᠰ ᠤᠳᠠᠭ᠎ᠠ ᠨᠡᠮᠡᠯᠲᠡ᠂ ᠥᠭᠡᠷᠡᠴᠢᠯᠡᠯᠲᠡ ᠣᠷᠣᠭᠤᠯᠬᠤ ᠳᠤ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ᠨᠡᠮᠡᠵᠦ᠂ ᠰᠢᠷ᠎ᠠ ᠥᠩᠭᠡ ᠶᠢᠨ ᠤᠷᠢᠳᠴᠢᠯᠠᠨ | ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ︾ ᠤᠨ 200 ᠪᠠᠶᠢᠭᠰᠠᠨ ᠠᠴᠠ ᠨᠢ 2 | ᠡᠳᠦᠷ ︵ᠤᠷᠢᠳᠴᠢᠯᠠᠨ ᠲᠥᠰᠦᠭᠡᠯᠡᠭᠰᠡᠨ ᠡᠳᠦᠷ AQI︶ ᠤ 150 ᠴᠠᠭ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ᠎ᠡ᠂ ᠲᠡᠷᠡᠴᠢᠯᠡᠨ ᠳᠡᠭᠡᠳᠦ ᠲᠠᠰ ᠤᠨ | ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠥᠯᠥ ᠬᠥᠷᠬᠦ ᠴᠠᠭ︾ ᠭᠡᠵᠦ ᠲᠣᠬᠢᠷᠠᠭᠤᠯᠪᠠ︔ ᠤᠯᠠᠪᠤᠷ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ | ︽ᠤᠷᠢᠳᠴᠢᠯᠠᠨ ᠲᠥᠰᠦᠭᠡᠯᠡᠭᠰᠡᠨ ᠡᠳᠦᠷ ᠤᠨ AQI ᠡᠳᠦᠷ ᠤᠨ ᠳᠤᠮᠳᠠᠴᠢ ᠬᠡᠮᠵᠢᠭᠳᠡᠯ ᠳᠤ ᠬᠦᠷᠦᠭᠡᠳᠦᠢ ᠪᠠᠶᠢᠶ᠎ᠠ︾ ᠭᠡᠵᠦ ᠲᠣᠬᠢᠷᠠᠭᠤᠯᠪᠠ︔ ᠤᠯᠠᠭᠠᠨ | ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠶᠢ ︽ᠤᠷᠢᠳᠴᠢᠯᠠᠨ ᠲᠥᠰᠦᠭᠡᠯᠡᠭᠰᠡᠨ AQI ᠡᠳᠦᠷ ᠤᠨ ᠳᠤᠮᠳᠠᠴᠢ ᠬᠡᠮᠵᠢᠭᠳᠡᠯ ᠳᠤ ᠬᠦᠷᠬᠦ︶ 200 | ᠬᠡᠪᠴᠢᠶᠡᠨ ᠳᠤ 4 ᠡᠳᠦᠷ ︵96 ᠴᠠᠭ︶ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠨ᠎ᠡ᠂ ᠡᠰᠡᠬᠦᠯ᠎ᠡ ᠤᠷᠢᠳᠴᠢᠯᠠᠨ ᠲᠥᠰᠦᠭᠡᠯᠡᠭᠰᠡᠨ AQI ᠡᠳᠦᠷ ᠤᠨ | ᠳᠤᠮᠳᠠᠴᠢ ᠬᠡᠮᠵᠢᠭᠳᠡᠯ ᠨᠢ 500 ᠪᠣᠯᠪᠠ᠃ ᠡᠭᠦᠨ ᠤ ᠬᠠᠮᠲᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠠᠭ ᠢ 24 ᠴᠠᠭ ᠤᠨ ᠡᠮᠦᠨ᠎ᠡ ᠨᠡᠶᠢᠲᠡᠯᠡᠵᠦ᠂ 48 | ᠴᠠᠭ ᠪᠣᠯᠭᠠᠨ ᠲᠣᠬᠢᠷᠠᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠬᠦ ᠳᠤ ᠭᠦᠢᠴᠡᠳ ᠪᠡᠯᠡᠳᠬᠡᠯ ᠴᠠᠭ | ᠬᠠᠩᠭᠠᠵᠤ᠂ ᠬᠦᠨᠳᠦ ᠪᠣᠬᠢᠷᠲᠤᠯ ᠲᠠᠢ ᠶᠠᠪᠤᠴᠠ ᠬᠦᠷᠴᠦ ᠢᠷᠡᠬᠦ ᠠᠴᠠ ᠡᠮᠦᠨ᠎ᠡ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠬᠤ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠣᠷᠣᠨ ᠬᠤᠪᠢᠶᠠᠨ ᠬᠠᠮᠢᠶᠠᠷᠬᠤ ᠣᠷᠣᠨ ᠢ ᠰᠢᠯᠢᠳᠡᠭᠵᠢᠭᠦᠯᠦᠨ ᠲᠣᠬᠢᠷᠠᠭᠤᠯᠪᠠ | ᠬᠦᠨᠳᠦ ᠪᠣᠬᠢᠷᠲᠤᠯ ᠲᠠᠢ ᠴᠠᠭ ᠠᠭᠤᠷ ᠢ ᠣᠨᠣᠪᠴᠢᠲᠠᠶ ᠠᠷᠭᠠᠴᠠᠬᠤ ᠶᠢᠨ ᠲᠥᠯᠥᠭᠡ᠂ 2019 - 2023 ᠣᠨ ᠤ ᠳᠤᠮᠳᠠ ᠳᠡᠰ ᠵᠢᠴᠢ ᠲᠡᠭᠦᠨ ᠠᠴᠠ | ᠳᠡᠭᠡᠭᠰᠢᠬᠢ ᠪᠣᠬᠢᠷᠲᠤᠯ ᠲᠠᠢ ᠴᠠᠭ ᠠᠭᠤᠷ ᠢᠯᠡᠷᠡᠭᠰᠡᠨ ᠤᠳᠠᠭ᠎ᠠ ᠵᠢᠴᠢ ᠨᠡᠯᠢᠶᠡᠳ ᠶᠡᠭᠡ ᠬᠡᠪᠴᠢᠶᠡᠨ ᠤ ᠪᠣᠬᠢᠷᠲᠤᠯ ᠤᠨ ᠶᠠᠪᠤᠴᠠ ᠶᠢᠨ ᠬᠠᠮᠢᠶ᠎ᠠ ᠪᠦᠬᠦᠢ ᠬᠤᠰᠢᠭᠤ | ᠰᠢᠶᠠᠨ ᠳᠤ ᠦᠵᠡᠭᠦᠯᠬᠦ ᠨᠥᠯᠥᠭᠡ ᠶᠢᠨ ᠬᠡᠮᠵᠢᠶ᠎ᠡ ᠶᠢ ᠦᠨᠳᠦᠰᠦᠯᠡᠨ᠂ ᠲᠣᠰ ᠤᠳᠠᠭᠠᠨ ᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠭᠰᠠᠨ ᠲᠠᠯ᠎ᠠ ᠪᠠᠷ | ᠰᠢᠨ᠎ᠡ ᠪᠠᠷ ᠨᠡᠮᠡᠭᠳᠡᠭᠰᠡᠨ ᠣᠷᠣᠨ ᠪᠦᠰᠡ ᠶᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠣᠷᠣᠨ ᠪᠦᠰᠡ ᠶᠢᠨ ᠨᠢᠭᠡᠳᠦᠭᠡᠷ᠄ ᠯᠢᠨ ᠾᠧ ᠲᠣᠭᠤᠷᠢᠭ᠂ ᠦᠶᠤᠸᠠᠨ | ᠰᠢᠶᠠᠨ᠂ ᠤᠷᠠᠳ ᠤᠨ ᠡᠮᠦᠨᠡᠲᠦ ᠬᠤᠰᠢᠭᠤ᠂ ᠳ᠋ᠧᠩᠺᠸᠤ ᠰᠢᠶᠠᠨ᠃ ᠣᠷᠣᠨ ᠪᠦᠰᠡ ᠶᠢᠨ ᠬᠤᠶᠠᠷ᠄ ᠬᠠᠩᠭᠢᠨ ᠬᠤᠶᠢᠲᠤ ᠬᠤᠰᠢᠭᠤ᠂ ᠤᠷᠠᠳ ᠤᠨ ᠳᠤᠮᠳᠠᠳᠤ | ᠬᠤᠰᠢᠭᠤ᠂ ᠤᠷᠠᠳ ᠤᠨ ᠬᠤᠶᠢᠲᠤ ᠬᠤᠰᠢᠭᠤ᠃ | ︵ᠭᠤᠷᠪᠠ︶ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠴᠤᠪᠤᠷᠠᠯ ᠢ ᠲᠡᠭᠦᠯᠳᠡᠷᠵᠢᠭᠦᠯᠪᠡ | ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ︽ᠠᠮᠢ ᠠᠬᠤᠶ ᠣᠷᠴᠢᠨ ᠲᠣᠭᠤᠷᠢᠨ ᠤ ᠶᠠᠮᠤᠨ᠂ ᠳᠤᠮᠳᠠᠳᠤ ᠤᠯᠤᠰ ᠤᠨ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠶᠡᠷᠦᠩᠬᠡᠶ ᠥᠷᠲᠡᠭᠡ ᠶᠢᠨ ᠣᠷᠣᠨ ᠪᠦᠰᠡ ᠶᠢᠨ ᠠᠭᠠᠷ ᠤᠨ ᠶᠠᠰᠤ ᠴᠢᠨᠠᠷ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠲᠥᠪ ᠤᠨ ᠣᠷᠣᠨ ᠪᠦᠰᠡ | ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠥᠯᠢᠶᠡᠨ ᠠᠪᠬᠤ ᠦᠶ᠎ᠡ ᠳᠤ᠂ ᠬᠤᠲᠠ ᠶᠢᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠪᠤᠶᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ︶ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠰᠡᠷᠡᠮᠵᠢᠯᠡᠭᠦᠯᠬᠦ ᠰᠠᠨᠠᠭᠤᠯᠤᠮᠵᠢ ᠶᠢᠨ ᠮᠡᠳᠡᠭᠡ | ᠵᠠᠩᠭᠢ ᠶᠢ ᠦᠨᠳᠦᠰᠦᠯᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠰᠡᠷᠡᠮᠵᠢᠯᠡᠭᠦᠯᠬᠦ ᠲᠠᠰ ᠪᠠ ᠪᠠᠴᠢᠮ ᠪᠠᠶᠢᠳᠠᠯ ᠢ ᠠᠷᠭᠠᠴᠠᠬᠤ ᠳᠤ | ᠳᠠᠭᠠᠬᠤ ᠴᠠᠭ ᠢ ᠲᠤᠬᠠᠶ ᠶᠢᠨ ᠭᠠᠵᠠᠷ ᠤᠨ ᠲᠥᠰᠦᠭᠡᠯᠡᠵᠦ ᠤᠷᠢᠳᠴᠢᠯᠠᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠲᠣᠭᠲᠠᠭᠠᠬᠤ ᠥᠬᠡᠶ᠃ | ︵ᠲᠦᠷᠪᠡ︶ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠵᠢᠷᠤᠮᠵᠢᠭᠤᠯᠪᠠ | 1. ︽ᠣᠽᠣᠨ ︵O3︶ ᠤ ᠪᠣᠬᠢᠷᠲᠤᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ︾ ᠤᠨ ᠠᠷᠭ᠎ᠠ ᠬᠡᠮᠵᠢᠶ᠎ᠡ ᠠᠪᠬᠤ ᠴᠢᠬᠤᠯᠠᠲᠠᠶ ᠡᠷᠡᠭᠦᠯ | ᠮᠡᠨᠳᠦ ᠶᠢᠨ ᠬᠠᠮᠠᠭᠠᠯᠠᠯᠲᠠ᠂ ᠰᠠᠨᠠᠭᠠᠴᠢᠯᠠᠭ᠎ᠠ ᠶᠢᠨ ᠴᠢᠨᠠᠷᠲᠠᠶ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠴᠢ ᠠᠯᠪᠠᠳᠠᠯᠭ᠎ᠠ ᠶᠢᠨ ᠴᠢᠨᠠᠷᠲᠠᠶ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠥᠬᠦᠪᠥᠷᠢᠯᠡᠨ᠎ᠡ᠃ | 2. ᠵᠦᠷᠢᠶᠡᠴᠢᠯᠡᠭᠰᠡᠨ ᠲᠠᠰ ᠬᠤᠪᠢᠶᠠᠬᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠥᠬᠦᠪᠥᠷᠢᠯᠡᠵᠦ᠂ ︽ᠵᠦᠷᠢᠶᠡᠴᠢᠯᠡᠭᠰᠡᠨ ᠲᠠᠰ ᠬᠤᠪᠢᠶᠠᠨ ᠪᠠᠴᠢᠮ | ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠳᠡᠰ ᠤᠨ | ᠪᠠᠷᠢᠮᠵᠢᠶ᠎ᠠ ᠳᠤ ᠬᠦᠷᠦᠭᠰᠡᠨ ᠠᠵᠤ ᠠᠬᠤᠢᠯᠠᠯ ᠳᠤ ᠪᠣᠯ ᠵᠠᠷᠴᠢᠮ ᠳᠡᠭᠡᠷ᠎ᠡ ᠪᠠᠨ ᠦᠢᠯᠡᠳᠪᠦᠷᠢᠯᠡᠬᠦ ᠶᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ | ᠠᠷᠭ᠎ᠠ ᠬᠡᠮᠵᠢᠶ᠎ᠡ ᠠᠪᠬᠤ ᠥᠬᠡᠢ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ B ᠳᠡᠰ ᠤᠨ ᠪᠠᠷᠢᠮᠵᠢᠶ᠎ᠠ ᠳᠤ ᠬᠦᠷᠦᠭᠰᠡᠨ ᠠᠵᠤ | ᠠᠬᠤᠢᠯᠠᠯ ᠳᠤ ᠦᠢᠯᠡᠳᠪᠦᠷᠢᠯᠡᠯ ᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢ ᠨᠢ ᠪᠠᠭᠠᠰᠬᠠᠬᠤ ᠬᠡᠷᠡᠭᠲᠡᠢ᠄ | ᠪᠣᠬᠢᠷᠲᠤᠯ ᠢ ᠵᠠᠰᠠᠬᠤ ᠬᠢᠷᠢ ᠬᠡᠮᠵᠢᠶ᠎ᠡ ᠨᠢ ᠳᠣᠣᠷ᠎ᠠ ᠠᠵᠤ ᠦᠢᠯᠡᠳᠪᠦᠷᠢ ᠶᠢᠨ ᠠᠵᠤ ᠠᠬᠤᠢᠯᠠᠯ ᠳᠤ ᠦᠢᠯᠡᠳᠪᠦᠷᠢᠯᠡᠯ ᠢ ᠨᠢ ᠵᠣᠭᠰᠣᠭᠠᠬᠤ ᠪᠤᠶᠤ | ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢ ᠲᠠᠢ ᠠᠵᠤ ᠠᠬᠤᠢᠯᠠᠯ ᠤᠨ ᠬᠦᠨᠳᠦ ᠪᠣᠬᠢᠷᠲᠤᠯ ᠲᠠᠢ ᠴᠠᠭ | ᠠᠭᠤᠷ ᠭᠠᠷᠪᠠᠯ ᠪᠣᠬᠢᠷᠲᠤᠯ ᠭᠠᠳᠠᠭᠰᠢᠯᠠᠭᠤᠯᠬᠤ ᠠᠷᠭ᠎ᠠ ᠬᠡᠮᠵᠢᠶ᠎ᠡ ᠠᠪᠬᠤ ᠶᠢ ᠨᠢ ᠵᠣᠷᠢᠭᠵᠢᠭᠤᠯᠬᠤ ᠬᠡᠷᠡᠭᠲᠡᠢ᠃ | | | |