ᠰᠤᠷᠪᠤᠯᠵᠢᠯᠠᠭᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠶᠢᠯᠠᠭᠠᠵᠤ ᠮᠡᠳᠡᠭᠰᠡᠨ ᠨᠢ᠂ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ | 12123︾ APP ᠨᠢᠭᠡᠴᠢ ᠶᠢᠨ ᠬᠡᠷᠡᠭᠯᠡᠭᠴᠢ ᠶᠢᠨ ᠬᠡᠪᠯᠡᠯ ᠨᠢ ᠲᠤᠰ ᠰᠠᠷ᠎ᠠ ᠳᠤ ᠵᠢᠩᠬᠢᠨᠢ ᠪᠠᠷ ᠰᠦᠯᠵᠢᠶᠡᠨ ᠳᠤ ᠭᠠᠷᠴᠤ᠂ ᠠᠯᠪᠠᠨ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠢᠨᠲ᠋ᠧᠷ ᠰᠦᠯᠵᠢᠶ᠎ᠡ ᠪᠠᠷ ᠳᠠᠮᠵᠢᠨ ᠬᠡᠵᠢᠶ᠎ᠡ ᠬᠠᠮᠢᠭ᠎ᠠ ᠴᠤ ᠭᠡᠰᠡᠨ ᠰᠦᠯᠵᠢᠶᠡᠨ ᠳᠡᠭᠡᠷ᠎ᠡ ᠵᠢᠯᠣᠭᠤᠴᠢ ᠶᠢᠨ ᠮᠡᠳᠡᠭᠡ | ᠵᠠᠩᠭᠢ ᠶᠢ ᠳᠠᠩᠰᠠᠯᠠᠭᠤᠯᠬᠤ ᠳᠤ ᠤᠯᠠᠮ ᠨᠢᠭᠡ ᠠᠯᠬᠤᠮ ᠳᠥᠭᠦᠮ ᠦᠵᠡᠭᠦᠯᠪᠡ᠃ ᠰᠢᠨ᠎ᠡ ᠬᠡᠪᠯᠡᠯ ᠤᠨ ᠵᠥᠭᠡᠯᠡᠨ ᠬᠡᠷᠡᠭᠰᠡᠯ ᠨᠢ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠲᠡᠮᠳᠡᠭᠯᠡᠯ ᠢ ᠪᠠᠶᠢᠴᠠᠭᠠᠨ ᠯᠠᠪᠯᠠᠬᠤ ᠲᠠᠢ ᠪᠠᠶᠢᠵᠤ᠂ ᠫᠠᠶᠢᠰᠠ ᠦᠨᠡᠮᠯᠡᠯ ᠨᠥᠬᠦᠨ ᠠᠪᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ | ᠲᠡᠮᠳᠡᠭ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠠᠯᠠᠭᠠᠨ ᠳᠡᠭᠡᠷ᠎ᠡ ᠭᠡᠷᠡᠴᠢ ᠭᠠᠷᠭᠠᠨ ᠺᠣᠳ᠋ ᠢᠶᠠᠨ ᠭᠠᠷᠭᠠᠬᠤ ᠶᠢ ᠪᠡᠶᠡᠯᠡᠭᠦᠯᠵᠦ᠂ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠳᠡ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ ᠥᠭᠪᠡ᠃ ᠬᠡᠷᠡᠭᠯᠡᠭᠴᠢ ᠲᠡᠮᠳᠡᠭᠯᠡᠬᠦ ᠨᠢᠭᠡᠴᠢ ᠶᠢᠨ | ᠬᠡᠷᠡᠭᠯᠡᠭᠴᠢ ᠶᠢᠨ ᠲᠠᠩᠰᠠ ᠶᠢᠨ ᠨᠣᠮᠧᠷ ᠢ ᠬᠠᠤᠯᠢ ᠶᠢᠨ ᠡᠷᠬᠡᠲᠡᠨ᠂ ᠬᠠᠮᠢᠶᠠᠷᠤᠭᠴᠢ᠂ ᠡᠩ ᠤᠨ ᠬᠡᠷᠡᠭᠯᠡᠭᠴᠢ ᠭᠡᠵᠦ ᠭᠤᠷᠪᠠᠨ ᠲᠥᠷᠥᠯ ᠳᠤ ᠬᠤᠪᠢᠶᠠᠵᠤ᠂ ᠬᠠᠤᠯᠢ ᠶᠢᠨ | ᠡᠷᠬᠡᠲᠡᠨ ᠤ ᠬᠡᠷᠡᠭᠯᠡᠭᠴᠢ ᠬᠠᠷᠢᠶ᠎ᠠ ᠭᠠᠵᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠨᠢᠭᠡᠴᠢ ᠶᠢᠨ ᠮᠡᠳᠡᠭᠡ ᠵᠠᠩᠭᠢ ᠶᠢ | ᠳᠠᠩᠰᠠᠯᠠᠭᠤᠯᠬᠤ ᠦᠶ᠎ᠡ ᠳᠤ ᠠᠶᠠᠨᠳᠠᠭᠠᠨ ᠪᠣᠶ ᠪᠣᠯᠭᠠᠵᠤ᠂ ᠬᠠᠮᠢᠶᠠᠷᠤᠭᠴᠢ ᠬᠡᠷᠡᠭᠯᠡᠭᠴᠢ ᠪᠠ ᠫᠠᠶᠢᠰᠠ ᠦᠨᠡᠮᠯᠡᠯ ᠢᠶᠠᠨ ᠨᠥᠬᠦᠨ ᠰᠣᠯᠢᠵᠤ ᠠᠪᠬᠤ᠂ ᠲᠡᠷᠭᠡ ᠬᠥᠰᠬᠡ ᠶᠢᠨ | ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ ᠠᠪᠬᠤ᠂ ᠲᠡᠷᠭᠡ ᠬᠥᠰᠬᠡ ᠶᠢᠨ ᠡᠯᠧᠺᠲᠷᠤᠨ ᠲᠡᠷᠭᠡ ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ | ᠲᠤᠬᠠᠶᠢᠯᠠᠭᠰᠠᠨ ᠠᠵᠢᠯ ᠤᠨ ᠡᠩ ᠤᠨ ᠬᠡᠷᠡᠭᠯᠡᠭᠴᠢ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠴᠣᠩᠬᠤᠪᠴᠢ ᠳᠤ ᠳᠠᠩᠰᠠᠯᠠᠭᠤᠯᠬᠤ ᠬᠡᠷᠡᠭᠲᠡᠶ᠃ ᠨᠢᠭᠡᠴᠢ ᠶᠢᠨ ᠳᠠᠩᠰᠠᠨ ᠤ ᠨᠣᠮᠧᠷ ᠢ ᠬᠡᠷᠡᠭᠯᠡᠭᠴᠢ ᠲᠤᠰ ᠬᠥᠮᠦᠨ ᠤ ︽ᠵᠠᠮ ᠬᠠᠷᠢᠯᠴᠠᠭᠠᠨ ᠤ | ᠬᠠᠮᠢᠶᠠᠷᠤᠯᠲᠠ ᠶᠢᠨ 12123︾ APP ᠳᠤ ᠲᠡᠮᠳᠡᠭᠯᠡᠭᠦᠯᠦᠭᠰᠡᠨ ᠤ ᠳᠠᠷᠠᠭ᠎ᠠ᠂ ᠡᠬᠢᠨ ᠤ ᠨᠢᠭᠤᠷ ᠤᠨ ᠪᠠᠷᠠᠭᠤᠨ ᠳᠡᠭᠡᠷ᠎ᠡ ᠥᠨᠴᠥᠭ ᠢ ᠳᠠᠷᠤᠵᠤ ᠨᠢᠭᠡᠴᠢ ᠶᠢᠨ | ᠬᠡᠷᠡᠭᠯᠡᠭᠴᠢ ᠶᠢᠨ ᠬᠡᠪᠯᠡᠯ ᠳᠤ ᠰᠣᠯᠢᠨ᠎ᠠ᠂ ᠬᠡᠷᠪᠡ ᠬᠡᠷᠡᠭᠯᠡᠭᠴᠢ ᠨᠢ ᠣᠯᠠᠨ ᠨᠢᠭᠡᠴᠡ ᠳᠤ ᠬᠡᠷᠡᠭᠯᠡᠭᠴᠢ ᠪᠠᠶᠢᠪᠠᠯ᠂ ᠪᠣᠳᠠᠲᠠᠶ ᠨᠢᠭᠡᠴᠢ ᠶᠢ ᠰᠣᠩᠭᠤᠭᠰᠠᠨ ᠤ ᠳᠠᠷᠠᠭ᠎ᠠ | ᠨᠢᠭᠡᠴᠢ ᠶᠢᠨ ᠬᠡᠷᠡᠭᠯᠡᠭᠴᠢ ᠶᠢᠨ ᠬᠡᠪᠯᠡᠯ ᠤᠨ ᠡᠬᠢᠨ ᠤ ᠨᠢᠭᠤᠷ ᠲᠤ ᠣᠷᠣᠬᠤ ᠴᠢᠬᠤᠯᠠᠲᠠᠶ᠃ ᠳᠠᠩᠰᠠᠨ ᠤ ᠳ᠋ᠤᠭᠠᠷ ᠤᠨ ᠬᠠᠮᠢᠶᠠᠷᠤᠯᠲᠠ ᠬᠠᠮᠢᠶᠠᠷᠤᠭᠴᠢ ᠶᠢᠨ ᠬᠡᠷᠡᠭᠯᠡᠭᠴᠢ | ᠰᠦᠯᠵᠢᠶᠡᠨ ᠳᠡᠭᠡᠷ᠎ᠡ ᠡᠩ ᠤᠨ ᠬᠡᠷᠡᠭᠯᠡᠭᠴᠢ ᠪᠠ ᠬᠡᠷᠡᠭᠯᠡᠭᠴᠢ ᠶᠢ ᠰᠢᠯᠵᠢᠭᠦᠯᠦᠨ ᠭᠠᠷᠭᠠᠵᠤ ᠪᠣᠯᠤᠨ᠎ᠠ᠂ ᠨᠡᠪᠲᠡᠷᠡᠭᠦᠯᠦᠭᠰᠡᠨ ᠡᠩ ᠤᠨ ᠬᠡᠷᠡᠭᠯᠡᠭᠴᠢ ᠮᠠᠰᠢᠨ ᠲᠡᠷᠭᠡᠨ ᠤ | ᠪᠠᠶᠢᠳᠠᠯ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠶᠢ ᠪᠠᠶᠢᠴᠠᠭᠠᠨ ᠯᠠᠪᠯᠠᠵᠤ ᠪᠣᠯᠤᠨ᠎ᠠ᠃ ᠬᠡᠷᠡᠭᠯᠡᠬᠦ ᠶᠠᠪᠤᠴᠠ ᠳᠤ ᠳᠣᠤᠷᠠᠬᠢ ᠵᠦᠢᠯᠡᠰ ᠢ | ᠠᠩᠬᠠᠷᠬᠤ ᠬᠡᠷᠡᠭᠲᠡᠶ᠄ | ᠨᠢᠭᠡ ᠳᠤ᠂ ᠤᠤᠯ ᠤᠨ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠳᠤ | ᠳᠠᠩᠰᠠᠯᠠᠭᠤᠯᠤᠭᠰᠠᠨ ᠨᠢᠭᠡᠴᠢ ᠶᠢᠨ ᠬᠡᠷᠡᠭᠯᠡᠭᠴᠢ ᠠᠴᠠ ᠰᠢᠭᠤᠳ ᠬᠡᠷᠡᠭᠯᠡᠵᠦ ᠪᠣᠯᠬᠤ ᠪᠥᠭᠡᠳ ᠫᠠᠶᠢᠰᠠ ᠦᠨᠡᠮᠯᠡᠯ ᠢᠶᠠᠨ ᠨᠥᠬᠦᠨ ᠠᠪᠬᠤ᠂ ᠲᠡᠷᠭᠡ ᠬᠥᠰᠬᠡ ᠶᠢᠨ | ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ ᠠᠪᠬᠤ᠂ ᠲᠡᠷᠭᠡ ᠬᠥᠰᠬᠡ ᠶᠢᠨ ᠡᠯᠧᠺᠲᠷᠤᠨ ᠲᠡᠷᠭᠡ ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ | ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠵᠥᠪᠰᠢᠶᠡᠷᠡᠨ᠎ᠡ᠃ | ᠬᠤᠶᠠᠷ ᠲᠤ᠂ ᠠᠳᠠᠯᠢ ᠨᠢᠭᠡ ᠨᠢᠭᠡᠴᠢ ᠶᠢᠨ ᠳᠣᠤᠷ᠎ᠠ 1 ᠬᠠᠮᠢᠶᠠᠷᠤᠭᠴᠢ ᠶᠢᠨ ᠲᠠᠩᠰᠠᠨ ᠨᠣᠮᠧᠷ ᠢ ᠳᠡᠩᠰᠡᠯᠡᠵᠦ ᠪᠣᠯᠤᠨ᠎ᠠ᠂ ᠬᠠᠮᠤᠭ ᠠᠷᠪᠢᠨ ᠳᠠᠭᠠᠨ 10 | ᠬᠡᠷᠡᠭᠯᠡᠭᠴᠢ ᠶᠢᠨ ᠲᠠᠩᠰᠠᠨ ᠨᠣᠮᠧᠷ ᠢ ᠭᠤᠶᠤᠴᠢᠯᠠᠨ ᠳᠠᠩᠰᠠᠯᠠᠭᠤᠯᠤᠨ᠎ᠠ᠃ | ᠭᠤᠷᠪᠠ ᠳᠤ᠂ ᠠᠳᠠᠯᠢ ᠨᠢᠭᠡᠨ ᠬᠥᠮᠦᠨ ᠬᠠᠮᠤᠭ ᠣᠯᠠᠨ ᠳᠠᠭᠠᠨ 3 ᠠᠳᠠᠯᠢ ᠪᠤᠰᠤ ᠪᠠᠶᠢᠭᠤᠯᠤᠯᠭ᠎ᠠ ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠳᠠᠩᠰᠠᠨ ᠤ | ᠳ᠋ᠤᠭᠠᠷ ︵ᠬᠠᠤᠯᠢ ᠶᠢᠨ ᠡᠷᠬᠡᠲᠡᠨ ᠤ ᠬᠡᠷᠡᠭᠯᠡᠭᠴᠢ ᠶᠢᠨ ᠳᠠᠩᠰᠠᠨ ᠤ ᠳ᠋ᠤᠭᠠᠷ ᠢ ᠨᠢ ᠬᠢᠵᠠᠭᠠᠷᠯᠠᠬᠤ ᠦᠭᠡᠶ︶ ᠪᠣᠯᠤᠨ᠎ᠠ᠃ ᠮᠡᠳᠡᠭᠡ ᠵᠠᠩᠭᠢ ᠶᠢᠨ ᠰᠤᠷᠠᠭᠯᠠᠯ ︽ᠵᠠᠮ | ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ᠂ ᠬᠡᠷᠡᠭᠯᠡᠭᠴᠢᠳ ᠲᠣᠰ ᠨᠢᠭᠡᠴᠢ ᠶᠢᠨ ᠢᠶᠠᠨ | ᠲᠡᠷᠭᠡ ᠬᠥᠰᠬᠡ ᠶᠢᠨ ᠮᠡᠳᠡᠭᠡ ᠵᠠᠩᠭᠢ ᠵᠢᠴᠢ ᠲᠡᠷᠭᠡ ᠬᠥᠰᠬᠡ ᠶᠢᠨ ᠳᠠᠩᠰᠠᠯᠠᠭᠤᠯᠤᠭᠰᠠᠨ ᠵᠢᠯᠣᠭᠤᠴᠢ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ | ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ ᠪᠣᠯᠤᠨ᠎ᠠ᠃ ᠲᠤᠬᠠᠶᠢᠯᠠᠭᠰᠠᠨ ᠠᠵᠢᠯ ᠭᠦᠢᠴᠡᠳᠭᠡᠬᠦ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ | 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ᠂ ᠬᠡᠷᠡᠭᠯᠡᠭᠴᠢ ᠨᠢ ᠲᠣᠰ ᠨᠢᠭᠡᠴᠡ ᠶᠢᠨ ᠢᠶᠠᠨ ᠨᠡᠷ᠎ᠡ ᠪᠠᠷ ᠲᠡᠷᠭᠡ ᠬᠥᠰᠬᠡ ᠪᠠᠷ | ᠰᠢᠨ᠎ᠡ ᠲᠡᠷᠭᠡ ᠰᠣᠩᠭᠤᠬᠤ ᠨᠣᠮᠧᠷ᠂ ᠲᠡᠷᠭᠡ ᠰᠣᠩᠭᠤᠬᠤ ᠨᠣᠮᠧᠷ᠂ ᠪᠥᠭᠡᠮ ᠢᠶᠠᠷ ᠬᠠᠷᠢᠯᠴᠠᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠮᠠᠰᠢᠨᠲᠤ ᠲᠡᠷᠭᠡᠨ ᠤ ᠬᠦᠴᠦᠨ | ᠥᠬᠡᠶ ᠪᠣᠯᠭᠠᠭᠰᠠᠨ ᠭᠡᠷᠡᠴᠢ᠂ ᠫᠠᠶᠢᠰᠠ ᠦᠨᠡᠮᠯᠡᠯ ᠨᠥᠬᠦᠵᠦ ᠰᠣᠯᠢᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠭᠤᠶᠤᠴᠢᠯᠠᠨ ᠠᠪᠬᠤ | ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠢᠯᠡ ᠬᠡᠷᠡᠴᠢᠯᠡᠬᠦ ᠺᠤᠳ᠋ ᠨᠢᠭᠡᠴᠢ ᠶᠢᠨ ᠬᠡᠷᠡᠭᠯᠡᠭᠴᠢ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ | 12123︾ APP ᠶᠢᠨ ᠨᠢᠭᠡᠴᠢ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ ᠲᠣᠰ ᠨᠢᠭᠡᠴᠢ ᠶᠢᠨ ᠢᠶᠠᠨ ᠳᠣᠲᠣᠷᠠᠬᠢ ᠲᠡᠷᠭᠡ ᠬᠥᠰᠬᠡ ᠶᠢᠨ ᠡᠯᠧᠺᠲᠷᠤᠨ | ᠵᠠᠮ ᠳᠤ ᠭᠠᠷᠬᠤ ᠦᠨᠡᠮᠯᠡᠯ᠂ ᠰᠢᠯᠭᠠᠨ ᠪᠠᠶᠢᠴᠠᠭᠠᠬᠤ ᠲᠡᠮᠳᠡᠭ ᠤᠨ ᠡᠯᠧᠺᠲᠷᠤᠨᠭᠡᠷᠡᠴᠢ ᠪᠠᠷᠢᠮᠲᠠ᠂ ᠮᠠᠰᠢᠨᠲᠤ ᠲᠡᠷᠭᠡᠨ ᠤ ᠬᠤᠶᠠᠷ ᠬᠡᠮᠵᠢᠯᠳᠦ ᠺᠣᠳ᠋᠂ ᠬᠤᠲᠠ ᠶᠢᠨ | ᠪᠠᠷᠠᠭᠠᠨ ᠤ ᠲᠡᠷᠭᠡ ᠶᠢᠨ ᠨᠡᠪᠲᠡᠷᠡᠬᠦ ᠺᠣᠳ᠋ ᠵᠡᠷᠭᠡ ᠶᠢ ᠪᠠᠶᠢᠴᠠᠭᠠᠨ ᠯᠠᠪᠯᠠᠵᠤ᠂ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠨᠠᠩ ᠲᠥᠬᠦᠮ ᠪᠥᠭᠡᠳ ᠲᠦᠷᠭᠡᠨ ᠪᠠᠶᠢᠳᠠᠭ᠃ |