ᠲᠦᠭ ᠲᠦᠮᠡᠨ ᠬᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠭᠡᠯ ᠤᠨ ᠵᠠᠷᠤᠯᠭ᠎ᠠ ᠠᠴᠠ ᠪᠣᠯᠤᠭᠰᠠᠨ ᠠᠵᠤ ᠠᠬᠤᠶ ᠶᠢᠨ ᠠᠶᠤᠯ | ᠲᠦᠭᠰᠢᠭᠦᠷᠢ ᠶᠢ ᠠᠷᠭᠠᠴᠠᠬᠤ ᠶᠢᠨ ᠲᠥᠯᠥᠭᠡ᠂ ᠤᠯᠤᠰ ᠠᠴᠠ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ | ᠠᠪᠤᠷᠠᠨ ᠲᠤᠰᠠᠯᠠᠯᠳᠠ ᠭᠡᠬᠦ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ | ᠡᠮ ᠡᠮᠨᠡᠯᠭᠡ ᠶᠢᠨ ᠰᠦᠢᠳᠭᠡᠯ ᠤᠨ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ︵ᠳᠣᠷᠣᠭᠰᠢ ︽ᠬᠦᠨᠳᠦ ᠡᠪᠡᠳᠴᠢᠨ ᠤ ᠳᠠᠭᠠᠳᠬᠠᠯ︾ ᠭᠡᠵᠦ ᠲᠣᠪᠴᠢᠯᠠᠨ᠎ᠠ︶ ᠪᠣᠯ ᠰᠠᠭᠤᠭᠠᠯᠢ ᠠᠷᠠᠳ ᠤᠨ ᠡᠮ ᠡᠮᠨᠡᠯᠭᠡ ᠶᠢᠨ | ᠲᠠᠭᠠᠳᠬᠠᠯ ᠤᠨ ᠰᠠᠭᠤᠷᠢᠨ ᠳᠡᠭᠡᠷ᠎ᠡ᠂ ᠬᠦᠨᠳᠦ ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ ᠰᠦᠢᠳᠭᠡᠯ ᠤᠨ ᠲᠦᠷᠢᠮ ᠤᠨ ᠲᠣᠬᠢᠷᠠᠭᠤᠯᠤᠯᠲᠠ ᠶᠢ ᠤᠯᠠᠮ | ᠴᠢᠨᠠᠬᠰᠢᠳᠠ ᠪᠠᠲᠤᠯᠠᠬᠤ ᠪᠣᠯᠤᠨ᠎ᠠ᠃ | ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠦ ᠭᠤᠶᠤᠴᠢᠯᠠᠬᠤ ᠪᠣᠶ᠂ ᠪᠠᠰᠠ ᠶᠠᠭᠠᠬᠢᠵᠦ ᠰᠦᠢᠳᠭᠡᠯ ᠲᠤᠰᠢᠶᠠᠬᠤ ᠪᠣᠶ︖ ᠲᠦᠷᠢᠮ ᠢ ᠲᠤᠬᠳᠠᠭᠠᠬᠰᠠᠨ ᠠᠴᠠ | ᠡᠬᠢᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠰᠠᠭᠠᠷ ᠭᠤᠶᠤᠴᠢᠯᠠᠨ ᠳᠠᠭᠠᠳᠬᠠᠯ ᠳᠤ ᠣᠷᠣᠬᠤ ᠴᠢᠬᠤᠯᠠ ᠥᠬᠡᠶ ᠪᠣᠯᠵᠣ᠂ ᠪᠣᠶ ᠪᠥᠬᠦᠶ | ᠰᠦᠢᠳᠭᠡᠯ ᠢ ᠲᠤᠰᠢᠶᠠᠵᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠪᠤᠯ | ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠦᠮᠦᠰ ᠪᠣᠯᠬᠤᠷ ᠲᠤᠰᠠᠭᠠᠷ ᠰᠦᠢᠳᠭᠡᠯ ᠲᠤᠰᠢᠶᠠᠬᠤ ᠴᠢᠬᠤᠯᠠ ᠥᠬᠡᠶ ᠪᠣᠯᠵᠠᠶ᠃ ᠬᠦᠨᠳᠦ | ᠡᠪᠡᠳᠴᠢᠨ ᠤ ᠳᠠᠭᠠᠳᠬᠠᠯ ᠤᠨ ᠳᠦᠷᠢᠮ ᠢ 2012 ᠣᠨ ᠳᠤ ᠲᠤᠷᠰᠢᠯᠲᠠ ᠬᠢᠬᠦ ᠠᠵᠢᠯ ᠢ ᠡᠭᠢᠯᠡᠬᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ | ᠬᠡᠷᠡᠭᠵᠢᠭᠦᠯᠵᠡᠢ᠃ | ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ ᠶᠠᠮᠠᠷᠰᠢᠦ ᠪᠤᠢ︖ ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ | ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠰᠠᠭᠤᠭᠠᠯᠢ ᠠᠷᠠᠳ ᠤᠨ | ᠲᠦᠷᠦᠭᠦᠦ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ ᠥᠨᠳᠥᠷ ᠪᠠᠶᠢᠯᠭᠠᠵᠤ ᠪᠣᠯᠬᠤ ᠥᠬᠡᠶ᠂ ᠲᠤᠰᠢᠶᠠᠬᠤ ᠬᠠᠷᠢᠴᠠᠯ ᠢ | 60 % ᠠᠴᠠ ᠳᠤᠤᠷ᠎ᠠ ᠪᠠᠶᠢᠯᠭᠠᠵᠤ ᠪᠣᠯᠬᠤ ᠥᠬᠡᠶ︔ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ | ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠳᠠᠪᠬᠤᠴᠠᠭᠤᠯᠤᠨ ᠨᠡᠮᠡᠭᠳᠡᠭᠦᠯᠵᠦ᠂ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠬᠦᠷᠭᠡᠨ᠎ᠡ᠃ ᠬᠦᠴᠢᠷᠳᠡᠯᠲᠡᠶ ᠬᠥᠮᠦᠰ ᠲᠤ ᠴᠢᠭᠯᠡᠭᠦᠯᠦᠨ᠂ ᠤᠯᠤᠰ ᠠᠴᠠ ᠬᠦᠨᠳᠦ | ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠦᠢᠯ ᠤᠨ | ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠪᠠ ᠳᠠᠬᠢᠨ | ᠶᠠᠳᠠᠭᠤᠷᠠᠭᠰᠠᠨ ᠶᠠᠳᠠᠭᠤ ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50% ᠪᠠᠷ ᠪᠠᠭᠤᠷᠠᠭᠤᠯᠵᠤ᠂ | ᠲᠤᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠬᠦᠴᠦᠨ ᠥᠬᠡᠶ | ᠪᠣᠯᠭᠠᠨ᠎ᠠ᠃ | ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠲᠠᠰᠤᠯᠤᠨ ᠪᠣᠳᠣᠬᠤ ᠪᠤᠢ︖ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠳ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠦᠵᠡᠬᠦᠯᠦᠭᠰᠡᠨ ᠡᠮ ᠡᠮᠨᠡᠯᠭᠡ ᠶᠢᠨ ᠰᠦᠢᠳᠭᠡᠯ ᠨᠢ ᠬᠦᠨᠳᠦ ᠡᠪᠡᠳᠴᠢᠨ ᠤ | ᠳᠠᠭᠠᠳᠬᠠᠯ ᠤᠨ ᠰᠦᠢᠳᠭᠡᠯ ᠤᠨ ᠬᠡᠰᠡᠭ ᠲᠤ ᠣᠷᠣᠭᠰᠠᠨ ᠪᠠᠶᠢᠪᠠᠯ᠂ ︽ᠨᠢᠭᠡ ᠥᠷᠲᠡᠭᠡ ᠮᠠᠶ᠋ᠢᠭ︾ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ | ᠣᠷᠣᠨ ᠨᠢ ᠲᠡᠷᠡ ᠲᠠᠷᠤᠢ ᠳᠤᠨᠢ ᠲᠠᠰᠤᠯᠤᠨ ᠪᠤᠳᠤᠵᠦ ᠦᠭᠭᠦᠨ᠂ ᠬᠠᠮᠢᠶ᠎ᠠ ᠪᠥᠬᠦᠶ ᠣᠯᠭᠤᠮᠵᠢ ᠶᠢ ᠠᠶᠠᠨᠳᠠᠭᠠᠨ ᠬᠦᠷᠳᠡᠭᠦ ᠪᠤᠯᠤᠨ᠎ᠠ᠂ ᠲᠤᠰᠬᠠᠶᠢᠯᠠᠨ ᠭᠤᠶᠤᠴᠢᠯᠠᠨ | ᠮᠡᠳᠡᠭᠦᠯᠬᠦ ᠴᠢᠬᠤᠯᠠ ᠥᠬᠡᠶ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠤᠯ ᠪᠠᠰᠠ ᠲᠤᠰᠠᠭᠠᠷ ᠢᠶᠠᠨ | ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ︖ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠲᠤᠬᠳᠠᠭᠠᠬᠰᠠᠨ ᠡᠬᠢᠨ ᠤ ᠦᠶ᠎ᠡ ᠳᠤ᠂ ᠡᠮ | ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ | ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠶ ᠳᠡᠮᠵᠢᠵᠦ᠂ ᠡᠮ ᠡᠮᠨᠡᠯᠭᠡ ᠶᠢᠨ ᠳᠠᠭᠠᠳᠬᠠᠯ ᠤᠨ ᠬᠤᠷᠰᠢᠶ᠎ᠠ ᠶᠢᠨ ᠬᠤᠳᠠᠯᠳᠤᠭᠠᠴᠢᠨ ᠬᠠᠮᠳᠤᠷᠠᠨ ᠠᠵᠢᠯᠯᠠᠬᠤ | ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ ᠪᠦᠷᠢᠨᠰᠢᠭᠦᠯᠪᠡ᠃ ᠣᠳᠣᠬᠠᠨ ᠳᠤ᠂ 90 % ᠠᠴᠠ ᠳᠡᠭᠡᠭᠰᠢᠬᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ | ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ | ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ | ᠡᠪᠡᠳᠴᠢᠨ ᠤ ᠳᠠᠭᠠᠳᠬᠠᠯ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠰᠠᠳ ᠬᠤᠳᠠᠯᠳᠤᠭᠠᠨ ᠤ ᠳᠠᠭᠠᠳᠬᠠᠯ ᠨᠥᠬᠦᠪᠥᠷᠢᠯᠡᠬᠦ ᠴᠢᠬᠤᠯᠠᠲᠠᠶ ᠡᠰᠡᠬᠦ ᠶᠢ ᠬᠤᠪᠢ | ᠬᠥᠮᠦᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ ᠰᠢᠯᠳᠠᠭᠠᠯᠠᠬᠳᠠᠨ᠎ᠠ᠃ |