︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2024 ᠣᠨ ᠤ 10 ᠰᠠᠷ᠎ᠠ ᠶᠢᠨ 16 ᠤ ᠡᠳᠦᠷ ᠠᠴᠠ 12 ᠰᠠᠷ᠎ᠠ ᠶᠢᠨ 15 ᠤ ᠡᠳᠦᠷ ᠪᠣᠯᠲᠠᠯ᠎ᠠ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠷᠠᠳ ᠤᠨ ᠳᠤᠮᠳᠠᠳᠤ ᠬᠤᠰᠢᠭᠤᠨ ᠳᠤ ᠪᠠᠶᠢᠩᠭᠤ ᠶᠢᠨ ᠴᠢᠨᠠᠷᠲᠠᠢ | ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ᠂ ᠨᠠᠮ ᠤᠨ | ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠶᠢᠳᠠᠯ ᠤᠨ | ᠲᠣᠭᠤᠷᠢᠨ ᠳᠤ ᠬᠢᠨᠠᠯᠲᠠ ᠲᠠᠯᠪᠢᠵᠤ᠂ ᠭᠤᠣᠯᠳᠠᠭᠤ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠤᠨ ᠴᠢᠬᠤᠯᠠ ᠠᠵᠢᠯ ᠤᠨ ᠪᠠᠶᠢᠷᠢ ᠳᠠᠬᠢ ᠤᠳᠤᠷᠢᠳᠬᠤ ᠺᠠᠳ᠋ᠷᠴᠣᠳ ᠤᠨ ᠠᠰᠠᠭᠤᠳᠠᠯ ᠢ ᠲᠤᠰᠬᠠᠭᠰᠠᠨ ᠵᠠᠬᠢᠳᠠᠯ | ᠤᠲᠠᠰᠤ ᠰᠤᠷᠪᠤᠯᠵᠢᠯᠠᠯ᠂ ᠭᠤᠣᠯᠳᠠᠭᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠶᠢᠬᠤ | ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ | ᠢᠯᠡᠴᠢᠯᠡᠨ ᠮᠡᠳᠡᠭᠦᠯᠦᠯᠲᠡ ᠪᠠ ᠲᠤᠰᠬᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ | ᠳᠤ ᠦᠯᠦ ᠪᠠᠭᠲᠠᠬᠤ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠤᠭᠳᠠᠯ ᠪᠦᠬᠦᠢ ᠲᠠᠯ᠎ᠠ ᠶᠢᠨ ᠬᠢᠨ ᠳᠤ ᠲᠣᠰᠢᠶᠠᠵᠤ ᠨᠠᠷᠢᠨ | ᠬᠢᠨᠠᠮᠠᠭᠠᠢ ᠰᠢᠢᠳᠪᠦᠷᠢᠯᠡᠭᠦᠯᠦᠨ᠎ᠡ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ ᠤᠲᠠᠰᠤ ᠲᠣᠬᠢᠷᠠᠭᠤᠯᠪᠠ᠄ | 0478 — 2358051 ︵ᠡᠳᠦᠷ ᠪᠦᠷᠢ ᠶᠢᠨ ᠤᠳᠠᠰᠤ ᠭᠥᠯᠢᠶᠡᠨ ᠠᠪᠬᠤ ᠴᠠᠭ ᠨᠢ 8᠄ 00 ᠠᠴᠠ 18᠄ 00︔︶ | ᠰᠢᠤᠳᠠᠨ ᠤ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ A071 | ᠨᠣᠮᠧᠷ︔ | ᠢᠮᠧᠯ᠄ nmgdsxsz2@163.com︔ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠲᠠᠯ ᠰᠣᠷᠪᠤᠯᠵᠢᠯᠠᠯ ᠢ ᠭᠥᠯᠢᠶᠡᠨ ᠠᠪᠬᠤ ᠭᠠᠵᠠᠷ᠄ ᠤᠷᠠᠳ ᠤᠨ ᠳᠤᠮᠳᠠᠳᠤ ᠬᠤᠰᠢᠭᠤᠨ ᠤ ᠵᠧᠩ ᠰᠠᠨ ᠬᠤᠸᠠᠨ | ᠲᠣᠮᠣ ᠵᠤᠴᠢᠳ ᠤᠨ ᠪᠠᠭᠤᠳᠠᠯ ᠤᠨ ᠪᠠᠷᠠᠭᠤᠨ ᠲᠢᠩᠬᠢᠮ ᠤᠨ ᠨᠢᠭᠡᠳᠦᠭᠡᠷ ᠳᠠᠪᠬᠤᠷᠯᠢᠭ᠃ ᠡᠭᠦᠨ ᠤ ᠬᠠᠮᠲᠤ᠂ ᠤᠷᠠᠳ ᠤᠨ ᠳᠤᠮᠳᠠᠳᠤ ᠬᠤᠰᠢᠭᠤᠨ ᠤ ᠵᠧᠩ ᠰᠠᠨ | ᠬᠤᠸᠠᠨ ᠲᠣᠮᠣ ᠵᠤᠴᠢᠳ ᠤᠨ ᠪᠠᠭᠤᠳᠠᠯ ᠤᠨ ᠨᠢᠭᠡᠳᠦᠭᠡᠷ ᠳᠠᠪᠬᠤᠷᠯᠢᠭ ᠤᠨ ᠭᠤᠤᠯ ᠡᠭᠦᠳᠡᠨ ᠤ ᠤᠷᠤᠴᠠ᠂ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ | ᠨᠢᠭᠡᠳᠦᠭᠡᠷ ᠠᠰᠠᠷ ᠤᠨ ᠭᠤᠤᠯ ᠡᠭᠦᠳᠡᠨ ᠤ ᠵᠡᠭᠦᠨ ᠲᠠᠯ᠎ᠠ ᠶᠢᠨ ᠠᠯᠪᠠᠨ ᠵᠠᠷ ᠤᠨ ᠪᠣᠯᠣᠩ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠭᠤᠤᠯ ᠡᠭᠦᠳᠡᠨ ᠤ | ᠬᠤᠶᠢᠲᠤ ᠲᠠᠯ᠎ᠠ ᠶᠢᠨ 20 ᠮᠧᠲᠷ ᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ | ᠭᠤᠤᠯ ᠡᠭᠦᠳᠡᠨ ᠤ ᠪᠠᠷᠠᠭᠤᠨ ᠲᠠᠯ᠎ᠠ᠂ ᠬᠠᠩᠭᠠᠨ ᠪᠣᠷᠣᠯᠠᠭᠤᠯᠬᠤ ᠲᠣᠮᠣ ᠠᠰᠠᠷ ᠤᠨ ᠶᠢᠨ ᠵᠤᠸᠠᠨ ᠬᠤᠳᠠᠯᠳᠤᠭᠠᠨ ᠤ ᠠᠰᠠᠷ ᠤᠨ ᠭᠤᠤᠯ ᠡᠭᠦᠳᠡᠨ ᠤ ᠣᠷᠤᠴᠠ ᠳᠤ | ᠵᠠᠬᠢᠳᠠᠯ ᠤᠨ ᠬᠠᠶᠢᠷᠴᠠᠭ ᠭᠠᠷᠭᠠᠵᠤ᠂ ᠪᠠᠰᠠ ︽ᠲᠣᠭᠤᠷᠢᠨ ᠪᠠᠶᠢᠴᠠᠭᠠᠯᠲᠠ ᠶᠢᠨ ᠺᠣᠳ᠋︾ ᠤᠨ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ ᠨᠡᠭᠡᠭᠡᠵᠦ᠂ ᠳᠣᠤᠷ᠎ᠠ | ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠠᠰᠠᠭᠤᠳᠠᠯ ᠢᠶᠠᠨ ᠲᠤᠰᠬᠠᠵᠤ ᠪᠣᠯᠤᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ | ᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 12 ᠰᠠᠷ᠎ᠠ ᠶᠢᠨ 10 ᠤ ᠡᠳᠦᠷ ᠪᠣᠯᠲᠠᠯ᠎ᠠ ᠦᠷᠭᠦᠯᠵᠢᠯᠡᠨ᠎ᠡ᠃ ᠥᠷᠭᠡᠨ ᠤᠯᠠᠨ ᠺᠠᠳ᠋ᠷ ᠤᠯᠠᠨ | ᠲᠦᠮᠡᠨ ᠤ ᠵᠠᠬᠢᠳᠠᠯ ᠴᠢᠮᠡᠭᠡ ᠢᠷᠡᠭᠦᠯᠬᠦ ᠰᠤᠷᠪᠤᠯᠵᠢᠯᠠᠯ ᠢᠶᠠᠷ ᠢᠷᠡᠬᠦ ᠠᠷᠭ᠎ᠠ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠪᠤᠳᠠᠳᠠᠢ ᠪᠠᠷ ᠪᠠᠶᠢᠳᠠᠯ ᠢᠶᠠᠨ | ᠲᠤᠰᠬᠠᠬᠤ ᠶᠢ ᠪᠠᠶᠠᠷᠯᠠᠨ ᠤᠭᠲᠤᠨ᠎ᠠ᠃ | | | ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠳᠤᠭᠠᠷ ᠲᠣᠭᠤᠷᠢᠨ ᠪᠠᠶᠢᠴᠠᠭᠠᠬᠤ ᠲᠤᠭᠤᠶᠢᠯᠠᠩ | 2024 ᠣᠨ ᠤ 10 ᠰᠠᠷ᠎ᠠ ᠶᠢᠨ 16 ᠤ ᠡᠳᠦᠷ | | | | | | | | | | |