ᠰᠠᠷᠢᠮᠰᠠᠭ ᠤᠨ ᠤᠨᠴᠠᠭᠠᠢ ᠦᠢᠯᠡᠳᠦᠯ
ᠨᠡᠶᠢᠲᠡᠯᠡᠭᠰᠡᠨ ᠴᠠᠭ᠄
2024/10/22
    ᠰᠠᠷᠢᠮᠰᠠᠭ ᠲᠤ ᠬᠦᠮᠦᠨ ᠤ ᠪᠡᠶ᠎ᠡ ᠳᠤ ᠠᠰᠢᠭᠲᠠᠢ ᠤᠯᠠᠨ ᠵᠦᠢᠯ ᠤᠨ ᠪᠤᠳᠠᠰ ᠠᠭᠤᠯᠤᠭᠳᠠᠵᠤ᠂ ᠪᠠᠺᠲ᠋ᠧᠷᠢ ᠠᠯᠠᠬᠤ᠂ ᠦᠮᠡᠨ ᠢ ᠡᠰᠡᠷᠭᠦᠴᠡᠬᠦ ᠦᠢᠯᠡᠳᠦᠯ ᠲᠠᠢ᠃ ᠰᠠᠷᠢᠮᠰᠠᠭ ᠨᠢ ᠴᠢᠰᠤᠨ ᠤ ᠳᠠᠷᠤᠯᠲᠠ ᠶᠢ ᠳᠤᠭᠲᠠᠪᠤᠷᠢᠵᠢᠭᠤᠯᠵᠤ᠂ ᠴᠢᠰᠤᠨ ᠤ ᠡᠷᠭᠢᠯᠲᠡ ᠶᠢ ᠰᠠᠶᠢᠵᠢᠷᠠᠭᠤᠯᠤᠨ᠂ ᠴᠢᠰᠤᠨ ᠤ ᠰᠢᠬᠢᠷ ᠤᠨ ᠰᠢᠨ᠎ᠡ ᠬᠠᠭᠤᠴᠢᠨ ᠤ ᠰᠤᠯᠢᠯᠴᠠᠭ᠎ᠠ ᠶᠢ ᠳᠤᠬᠢᠷᠠᠭᠤᠯᠬᠤ ᠦᠢᠯᠡᠳᠦᠯ ᠲᠠᠢ᠃ ᠡᠭᠦᠨ ᠠᠴᠠ ᠭᠠᠳᠠᠨ᠎ᠠ ᠰᠠᠷᠢᠮᠰᠠᠭ ᠲᠤ ᠪᠠᠰᠠ ᠬᠤᠶᠠᠷ ᠤᠨᠴᠠᠭᠠᠢ ᠦᠢᠯᠡᠳᠦᠯ ᠲᠠᠢ ᠪᠠᠶᠢᠳᠠᠭ᠃    ⒈ ᠬᠤᠤᠷ ᠢ ᠭᠠᠳᠠᠭᠰᠢᠯᠠᠭᠤᠯᠵᠤ ᠪᠦᠳᠦᠭᠦᠨ ᠭᠡᠳᠡᠰᠦ ᠶᠢ ᠴᠡᠪᠡᠷᠰᠢᠭᠦᠯᠬᠦ ᠦᠢᠯᠡᠳᠦᠯ ᠲᠠᠢ᠃ ᠰᠠᠷᠢᠮᠰᠠᠭ ᠢᠳᠡᠪᠡᠯ ᠨᠤᠭᠤᠯᠤᠭᠤᠷ ᠱᠤᠷᠠᠭ ᠰᠠᠪᠬᠠᠨᠴᠢᠷ ᠪᠠᠺᠲ᠋ᠧᠷᠢ ᠶᠢ ᠠᠯᠠᠵᠤ᠂ ᠬᠤᠳᠤᠭᠤᠳᠤ ᠭᠡᠳᠡᠰᠦᠨ ᠳᠠᠬᠢ ᠬᠤᠤᠷᠳᠤ ᠪᠤᠳᠠᠰ ᠢ ᠴᠡᠪᠡᠷᠰᠢᠭᠦᠯᠦᠨ᠂ ᠬᠤᠳᠤᠭᠤᠳᠤᠨ ᠤ ᠰᠠᠯᠢᠰᠤᠳᠤ ᠪᠥᠷᠬᠦᠪᠴᠢ ᠳᠤ ᠰᠡᠲᠡᠯᠲᠡ ᠥᠭᠴᠦ᠂ ᠢᠳᠡᠭᠡᠨ ᠤ ᠳᠤᠷᠠᠰᠢᠯ ᠢ ᠨᠡᠮᠡᠭᠳᠡᠭᠦᠯᠦᠨ᠂ ᠰᠢᠩᠭᠡᠭᠡᠯᠲᠡ ᠶᠢ ᠲᠦᠷᠭᠡᠳᠬᠡᠨ᠎ᠡ᠃    ⒉ ᠥᠲᠡᠯᠬᠦ ᠶᠢ ᠰᠡᠷᠭᠡᠶᠢᠯᠡᠬᠦ ᠦᠢᠯᠡᠳᠦᠯ ᠲᠠᠢ᠃ ᠰᠠᠷᠢᠮᠰᠠᠭ ᠤᠨ ᠵᠠᠷᠢᠮ ᠪᠥᠷᠢᠯᠳᠦᠭᠦᠨ ᠨᠢ ᠢᠰᠦᠯᠳᠦᠬᠦ ᠶᠢ ᠡᠰᠡᠷᠭᠦᠴᠡᠬᠦ᠂ ᠴᠢᠰᠤᠨ ᠤ ᠡᠷᠭᠢᠯᠲᠡ ᠶᠢ ᠠᠬᠢᠭᠤᠯᠬᠤ ᠦᠢᠯᠡᠳᠦᠯ ᠲᠠᠢ᠂ ᠴᠢᠰᠤᠨ ᠰᠤᠳᠠᠯ ᠪᠤᠯᠤᠨ ᠠᠷᠠᠰᠤᠨ ᠤ ᠬᠥᠭᠰᠢᠷᠡᠬᠦ ᠶᠢ ᠤᠳᠠᠭᠠᠰᠢᠷᠠᠭᠤᠯᠳᠠᠭ᠃ ᠰᠤᠳᠤᠯᠭᠠᠨ ᠢᠶᠠᠷ ᠢᠯᠡᠷᠡᠭᠦᠯᠦᠭᠰᠡᠨ ᠢᠶᠠᠷ᠂ ᠰᠠᠷᠢᠮᠰᠠᠭ ᠨᠢ ᠮᠠᠷᠢᠶ᠎ᠠ ᠪᠠᠭᠤᠷᠠᠭᠤᠯᠵᠤ ᠵᠢᠰᠦ ᠭᠤᠶᠤᠯᠠᠬᠤ ᠦᠢᠯᠡᠳᠦᠯ ᠲᠠᠢ᠃ 
ᠢᠷᠡᠯᠲᠡ᠄ ᠤᠲᠤᠭ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ