ᠲᠣᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2024/10/24
    ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2024 ᠣᠨ ᠤ 10 ᠰᠠᠷ᠎ᠠ ᠶᠢᠨ 16 ᠤ ᠡᠳᠦᠷ ᠠᠴᠠ 12 ᠰᠠᠷ᠎ᠠ ᠶᠢᠨ 15 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠷᠠᠳ ᠤᠨ ᠳᠤᠮᠳᠠᠳᠤ ᠬᠤᠰᠢᠭᠤᠨ ᠳᠤ ᠪᠠᠶᠢᠩᠭᠤ ᠶᠢᠨ ᠴᠢᠨᠠᠷᠲᠠᠢ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠵᠤ᠂ ᠭᠤᠣᠯᠳᠠᠭᠤ ᠤᠷᠠᠳ ᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠤᠨ ᠴᠢᠬᠤᠯᠠ ᠠᠵᠢᠯ ᠤᠨ ᠪᠠᠶᠢᠷᠢ ᠳᠠᠬᠢ ᠤᠳᠤᠷᠢᠳᠬᠤ ᠺᠠᠳ᠋ᠷᠴᠣᠳ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠯ᠂ ᠭᠤᠣᠯᠳᠠᠭᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠶᠢᠬᠤ ᠰᠠᠬᠢᠯᠭ᠎ᠠ ᠪᠠᠲᠤ᠂ ᠤᠯᠠᠨ ᠲᠦᠮᠡᠨᠴᠢ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠤᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠥᠯᠥ ᠪᠠᠭᠲᠠᠬᠤ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠤᠭᠳᠠᠯ ᠪᠦᠬᠦᠢ ᠲᠠᠯ᠎ᠠ ᠶᠢᠨ ᠬᠢᠨ ᠳᠤ ᠲᠣᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃    ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ ᠤᠲᠠᠰᠤ ᠲᠣᠬᠢᠷᠠᠭᠤᠯᠪᠠ᠄    0478 — 2358051 ︵ᠡᠳᠦᠷ ᠪᠦᠷᠢ ᠶᠢᠨ ᠤᠳᠠᠰᠤ ᠭᠥᠯᠢᠶᠡᠨ ᠠᠪᠬᠤ ᠴᠠᠭ ᠨᠢ 8᠄ 00 ᠠᠴᠠ 18᠄ 00︔ ︶    ᠰᠢᠤᠳᠠᠨ ᠤ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ A071 ᠨᠣᠮᠧᠷ︔     ᠢᠮᠧᠯ᠄ nmgdsxsz2@163.com︔     ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠲᠠᠯ ᠰᠣᠷᠪᠤᠯᠵᠢᠯᠠᠯ ᠢ ᠭᠥᠯᠢᠶᠡᠨ ᠠᠪᠬᠤ ᠭᠠᠵᠠᠷ᠄ ᠤᠷᠠᠳ ᠤᠨ ᠳᠤᠮᠳᠠᠳᠤ ᠬᠤᠰᠢᠭᠤᠨ ᠤ ᠵᠧᠩ ᠰᠠᠨ ᠬᠤᠸᠠᠨ ᠲᠣᠮᠣ ᠵᠤᠴᠢᠳ ᠤᠨ ᠪᠠᠭᠤᠳᠠᠯ ᠤᠨ ᠪᠠᠷᠠᠭᠤᠨ ᠲᠢᠩᠬᠢᠮ ᠤᠨ ᠨᠢᠭᠡᠳᠦᠭᠡᠷ ᠳᠠᠪᠬᠤᠷᠯᠢᠭ᠃ ᠡᠭᠦᠨ ᠤ ᠬᠠᠮᠲᠤ᠂ ᠤᠷᠠᠳ ᠤᠨ ᠳᠤᠮᠳᠠᠳᠤ ᠬᠤᠰᠢᠭᠤᠨ ᠤ ᠵᠧᠩ ᠰᠠᠨ ᠬᠤᠸᠠᠨ ᠲᠣᠮᠣ ᠵᠤᠴᠢᠳ ᠤᠨ ᠪᠠᠭᠤᠳᠠᠯ ᠤᠨ ᠨᠢᠭᠡᠳᠦᠭᠡᠷ ᠳᠠᠪᠬᠤᠷᠯᠢᠭ ᠤᠨ ᠭᠤᠤᠯ ᠡᠭᠦᠳᠡᠨ ᠤ ᠤᠷᠤᠴᠠ᠂ ᠨᠠᠮ ᠵᠠᠰᠠᠭ ᠤᠨ ᠶᠡᠷᠦᠩᠬᠡᠶᠢᠯᠡᠭᠰᠡᠨ ᠲᠣᠮᠣ ᠠᠰᠠᠷ ᠤᠨ ᠨᠢᠭᠡᠳᠦᠭᠡᠷ ᠠᠰᠠᠷ ᠤᠨ ᠭᠤᠤᠯ ᠡᠭᠦᠳᠡᠨ ᠤ ᠵᠡᠭᠦᠨ ᠲᠠᠯ᠎ᠠ ᠶᠢᠨ ᠠᠯᠪᠠᠨ ᠵᠠᠷ ᠤᠨ ᠪᠣᠯᠣᠩ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠭᠤᠤᠯ ᠡᠭᠦᠳᠡᠨ ᠤ ᠬᠤᠶᠢᠲᠤ ᠲᠠᠯ᠎ᠠ ᠶᠢᠨ 20 ᠮᠧᠲᠷ ᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠡᠭᠦᠳᠡᠨ ᠤ ᠪᠠᠷᠠᠭᠤᠨ ᠲᠠᠯ᠎ᠠ᠂ ᠬᠠᠩᠭᠠᠨ ᠪᠣᠷᠣᠯᠠᠭᠤᠯᠬᠤ ᠲᠣᠮᠣ ᠠᠰᠠᠷ ᠤᠨ ᠶᠢᠨ ᠵᠤᠸᠠᠨ ᠬᠤᠳᠠᠯᠳᠤᠭᠠᠨ ᠤ ᠠᠰᠠᠷ ᠤᠨ ᠭᠤᠤᠯ ᠡᠭᠦᠳᠡᠨ ᠤ ᠣᠷᠤᠴᠠ ᠳᠤ ᠵᠠᠬᠢᠳᠠᠯ ᠤᠨ ᠬᠠᠶᠢᠷᠴᠠᠭ ᠭᠠᠷᠭᠠᠵᠤ᠂ ᠪᠠᠰᠠ ︽ᠲᠣᠭᠤᠷᠢᠨ  ᠪᠠᠶᠢᠴᠠᠭᠠᠯᠲᠠ ᠶᠢᠨ ᠺᠣᠳ᠋︾ ᠤᠨ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ ᠨᠡᠭᠡᠭᠡᠵᠦ᠂ ᠳᠣᠤᠷ᠎ᠠ ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠠᠰᠠᠭᠤᠳᠠᠯ ᠢᠶᠠᠨ ᠲᠤᠰᠬᠠᠵᠤ ᠪᠣᠯᠤᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 12 ᠰᠠᠷ᠎ᠠ ᠶᠢᠨ 10 ᠤ ᠡᠳᠦᠷ ᠪᠣᠯᠲᠠᠯ᠎ᠠ ᠦᠷᠭᠦᠯᠵᠢᠯᠡᠨ᠎ᠡ᠃ ᠥᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ  ᠴᠢᠮᠡᠭᠡ ᠢᠷᠡᠭᠦᠯᠬᠦ ᠰᠤᠷᠪᠤᠯᠵᠢᠯᠠᠯ ᠢᠶᠠᠷ ᠢᠷᠡᠬᠦ ᠠᠷᠭ᠎ᠠ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠪᠤᠳᠠᠳᠠᠢ ᠪᠠᠷ ᠪᠠᠶᠢᠳᠠᠯ ᠢᠶᠠᠨ ᠲᠤᠰᠬᠠᠬᠤ ᠶᠢ ᠪᠠᠶᠠᠷᠯᠠᠨ ᠤᠭᠲᠤᠨ᠎ᠠ᠃                                          ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ                                          ᠬᠤᠷᠢᠶ᠎ᠠ ᠶᠢᠨ ᠠᠷᠪᠠᠳᠤᠭᠠᠷ ᠲᠣᠭᠤᠷᠢᠨ ᠪᠠᠶᠢᠴᠠᠭᠠᠬᠤ ᠲᠤᠭᠤᠶᠢᠯᠠᠩ                                             2024 ᠣᠨ ᠤ 10 ᠰᠠᠷ᠎ᠠ ᠶᠢᠨ 16 ᠤ ᠡᠳᠦᠷ
1122.jpg
 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ