ᠬᠤᠰᠢᠭᠤ ᠰᠢᠶᠠᠨ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ | ᠲᠦᠷᠦᠭᠦᠤ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 92.7 ᠳ᠋ᠦᠩᠰᠢᠭᠤᠷ ᠲᠥᠭᠦᠷᠢᠭ ᠲᠤ | ᠬᠦᠷᠴᠦ᠂ ᠦᠯᠦ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠷᠢᠯᠠᠵᠤ ᠦᠵᠡᠪᠡᠯ᠂ | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 12.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ︔ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 40.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ | ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 39.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% | ᠢᠶᠠᠷ ᠨᠡᠮᠡᠭᠳᠡᠪᠡ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠃ ᠭᠤᠷᠪᠠᠨ ᠶᠡᠭᠡ ᠲᠥᠷᠥᠯ ᠢᠶᠠᠷ ᠬᠤᠪᠢᠶᠠᠷᠢᠯᠠᠵᠤ ᠦᠵᠡᠪᠡᠯ᠄ ᠠᠭᠤᠷᠬᠠᠶ ᠨᠡᠭᠡᠭᠡᠵᠦ | ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠪᠡ︔ ᠦᠢᠯᠡᠳᠬᠦ ᠦᠢᠯᠡᠰ ᠠᠳᠠᠯᠢ | ᠬᠤᠭᠤᠴᠠᠭᠠᠨ ᠤ ᠬᠢ ᠠᠴᠠ 8.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ 12.4 ᠵᠠᠭᠤᠨ ᠤ ᠴᠡᠭ ᠪᠠᠭᠠᠰᠪᠠ︔ | ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 4.4% ᠪᠠᠷ ᠪᠠᠭᠤᠷᠠᠪᠠ᠃ | ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠬᠦ ᠶᠢ ᠦᠷᠭᠦᠯᠵᠢᠯᠡᠨ ᠪᠠᠲᠤᠯᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ | ᠠᠴᠠ 95.7% ᠪᠠᠷ ᠨᠡᠮᠡᠭᠳᠡᠵᠡᠢ᠃ ᠠᠵᠤ ᠦᠢᠯᠡᠰ ᠢᠶᠠᠷ ᠬᠤᠪᠢᠶᠠᠷᠢᠯᠠᠵᠤ ᠦᠵᠡᠪᠡᠯ᠄ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ | ᠤ ᠬᠢ ᠠᠴᠠ 258.23% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 154.6% ᠪᠠᠷ | ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 59.1% ᠪᠠᠷ ᠨᠡᠮᠡᠭᠳᠡᠪᠡ᠃ | ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠤᠯᠠᠭᠤᠯᠤᠭᠰᠠᠨ ᠪᠥᠬᠦ ᠲᠤᠭ᠎ᠠ 10.23 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ᠃ ᠡᠭᠦᠨ ᠳᠤ᠂ ᠢᠳᠡᠭᠡᠨ ᠤᠮᠳᠠᠭᠠᠨ ᠤ ᠵᠦᠢᠯ ᠤᠨ ᠣᠷᠣᠯᠭ᠎ᠠ | 1.77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ | ᠡᠳ᠋ ᠤᠨ ᠵᠠᠰᠠᠭ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 9.67 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠪᠡ᠃ ᠡᠭᠦᠨ ᠳᠤ᠂ ᠣᠷᠣᠨ ᠨᠤᠲᠤᠭ ᠤᠨ ᠭᠠᠶᠢᠯᠢ ᠲᠠᠲᠠᠪᠤᠷᠢ 7.07 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.8 % ᠪᠠᠷ ᠪᠠᠭᠤᠷᠠᠪᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 33201 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ | ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 18207 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ᠃ |