ᠵᠠᠰᠠᠭ ᠤᠨ ᠤᠷᠳᠤᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/11/13
     9 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠪᠠᠶᠠᠨᠨᠠᠭᠤᠷ ᠬᠤᠲᠠ  ᠶᠢᠨ ᠨᠠᠮ  ᠤᠨ ᠬᠤᠷᠢᠶᠠᠨ  ᠤ ᠤᠬᠠᠭᠤᠯᠬᠤ ᠬᠡᠯᠲᠡᠰ  ᠠᠴᠠ ᠡᠷᠭᠢᠯᠡᠭᠰᠡᠨ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠬᠠᠤᠯᠢ ᠶᠣᠰᠣᠭᠠᠷ ᠥᠷᠨᠢᠭᠦᠯᠵᠦ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ  ᠢ ᠳᠡᠭᠡᠭᠰᠢᠯᠡᠭᠦᠯᠬᠦ︾ 24  ᠳᠠᠬᠢ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠬᠥᠮᠦᠵᠢᠯ ᠤᠨ ᠡᠳᠦᠷᠯᠢᠭ  ᠤᠨ ᠭᠤᠤᠯ ᠰᠡᠳᠦᠪᠲᠦ ᠠᠵᠢᠯᠯᠠᠭ᠎ᠠ ᠤᠷᠠᠳ  ᠤᠨ ᠳᠤᠮᠳᠠᠳᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠬᠥᠮᠦᠵᠢᠯ ᠤᠨ ᠦᠢᠯᠡᠳᠦᠯᠭᠡ ᠪᠣᠯᠪᠠᠰᠤᠷᠠᠯ  ᠤᠨ ᠰᠠᠭᠤᠷᠢᠨ ᠭᠠᠵᠠᠷ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ᠂ ᠰᠣᠶᠣᠯ ᠵᠢᠭᠤᠯᠴᠢᠯᠠᠯ ᠤᠨ ᠲᠢᠩᠬᠢᠮ᠂ ᠴᠡᠷᠢᠭ  ᠤᠨ ᠠᠯᠪᠠ ᠠᠴᠠ ᠬᠠᠯᠠᠭᠳᠠᠭᠰᠠᠳ  ᠤᠨ ᠶᠠᠪᠤᠳᠠᠯ  ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠪᠯᠡᠯ  ᠤᠨ ᠬᠤᠷᠢᠶ᠎ᠠ᠂ ᠡᠮᠡᠭᠲᠡᠶᠢᠴᠦᠳ  ᠤᠨ ᠬᠤᠯᠪᠣᠭᠠᠲᠤ ᠬᠤᠷᠠᠯ᠂ ᠥᠪᠥᠷ ᠮᠣᠩᠭᠤᠯ ᠤᠨ ᠴᠡᠷᠢᠭ ᠤᠨ ᠲᠣᠭᠤᠷᠢᠭ  ᠤᠨ ᠤᠯᠤᠰ ᠲᠥᠷᠥ ᠶᠢᠨ ᠠᠵᠢᠯ  ᠤᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠪᠠᠶᠠᠨᠨᠠᠭᠤᠷ ᠬᠤᠲᠠ᠂ ᠤᠷᠠᠳ ᠤᠨ ᠳᠤᠮᠳᠠᠳᠤ ᠬᠤᠰᠢᠭᠤ ᠪᠣᠯᠤᠨ ᠬᠤᠲᠠ ᠬᠤᠰᠢᠭᠤᠨ ᠳᠤ ᠰᠠᠭᠤᠭ᠎ᠠ ᠴᠡᠷᠢᠭ ᠠᠩᠭᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠤᠳᠤᠷᠢᠳᠤᠯᠭ᠎ᠠ ᠵᠢᠴᠢ ᠬᠤᠲᠠ ᠶᠢᠨ ᠰᠠᠭᠤᠭᠠᠯᠢ ᠠᠷᠠᠳ ᠨᠡᠶᠢᠲᠡ 500 ᠭᠠᠷᠤᠶ ᠬᠥᠮᠦᠨ ᠲᠣᠰ ᠠᠵᠢᠯᠯᠠᠭ᠎ᠠ  ᠳᠤ ᠣᠷᠣᠯᠴᠠᠵᠠᠶ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠨᠡᠶᠢᠲᠡᠯᠡᠯ