9 ᠰᠠᠷ᠎ᠠ ᠶᠢᠨ 25 ᠤ ᠡᠳᠦᠷ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ ᠰᠢᠨ᠎ᠡ ᠬᠠᠭᠤᠳᠠᠰᠤ ᠶᠢ ᠪᠢᠴᠢᠭᠯᠡᠨᠡᠮ ︾ ᠭᠡᠬᠦ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠶᠢᠨ ᠭᠠᠵᠠᠷ ᠤᠨ | ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠪᠠ᠃ ᠬᠤᠷᠠᠯ ᠳᠡᠭᠡᠷ᠎ᠡ ᠡᠯ᠎ᠡ ᠬᠤᠰᠢᠭᠤ ᠰᠢᠶᠠᠨ ᠲᠣᠭᠤᠷᠢᠭ᠂ ᠪᠠᠶᠠᠨᠨᠠᠭᠤᠷ ᠬᠤᠳᠠ ᠶᠢᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠪᠠᠶᠠᠨᠨᠠᠭᠤᠷ ᠬᠤᠲᠠ ᠶᠢᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ | ᠲᠣᠭᠤᠷᠢᠭ᠂ ᠭᠠᠭᠴᠠᠮᠣᠳᠣ ᠬᠢᠯᠢ ᠶᠢᠨ ᠪᠣᠭᠤᠮᠲᠠ ᠶᠢᠨ ᠭᠤᠤᠯ ᠬᠠᠷᠢᠭᠤᠴᠠᠯᠭᠠᠲᠠᠨ ᠨᠥᠬᠦᠳ ᠤᠷᠤᠯᠳᠤᠭᠠᠨ ᠳᠤ ᠣᠷᠣᠯᠴᠠᠪᠠ᠃ ᠲᠡᠳᠡ ᠠᠮᠵᠢᠯᠲᠠ ᠪᠦᠲᠦᠮᠵᠢ ᠪᠠᠨ | ᠳᠡᠯᠭᠡᠨ ᠦᠵᠡᠭᠦᠯᠵᠦ᠂ ᠲᠤᠷᠰᠢᠯᠭ᠎ᠠ ᠪᠠᠨ ᠰᠣᠯᠢᠯᠴᠠᠨ᠂ ᠬᠥᠭᠵᠢᠯᠲᠡ ᠪᠠᠨ ᠠᠳᠠᠯᠢᠳᠬᠠᠵᠤ᠂ ᠪᠣᠳᠠᠲᠠᠢ ᠠᠵᠢᠯᠯᠠᠭᠰᠠᠨ ᠥᠩᠭᠡᠷᠡᠯᠲᠡ ᠪᠣᠯᠤᠨ ᠠᠵᠢᠯ ᠤᠨ ᠦᠷ᠎ᠡ | ᠪᠦᠲᠦᠮᠵᠢ ᠪᠠᠨ ᠠᠮᠢᠳᠤᠯᠢᠭ ᠢᠶᠠᠷ ᠢᠯᠡᠷᠡᠭᠦᠯᠵᠦ᠂ ᠡᠷᠡᠯᠬᠡᠭᠯᠡᠨ ᠲᠡᠮᠡᠴᠡᠬᠦ᠂ ᠪᠠᠷᠢᠮᠵᠢᠶᠠᠨ ᠳᠤ ᠬᠠᠷᠭᠤᠭᠤᠯᠤᠨ ᠲᠡᠷᠢᠭᠦᠨ ᠳᠤ ᠣᠷᠣᠬᠤ ᠪᠠᠷ ᠴᠢᠷᠮᠠᠶᠢᠨ ᠣᠷᠤᠯᠳᠤᠨ | ᠲᠡᠮᠡᠴᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ | |