ᠵᠠᠰᠠᠭ ᠤᠨ ᠤᠷᠳᠤᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/11/13
    10 ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ  ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ  ᠶᠢᠨ ᠴᠡᠭ ᠤᠨ ᠠᠵᠢᠯ ᠤᠨ ᠪᠠᠷᠠᠭᠤᠨ ᠣᠷᠣᠨ  ᠤ ᠠᠬᠤᠢ ᠲᠠᠯᠠᠪᠠᠢ  ᠶᠢᠨ ᠬᠤᠷᠠᠯ ᠪᠠᠶᠠᠨᠨᠠᠭᠤᠷ ᠬᠤᠲᠠ ᠶᠢᠨ ᠤᠷᠠᠳ  ᠤᠨ ᠳᠤᠮᠳᠠᠳᠤ ᠬᠤᠰᠢᠭᠤᠨ ᠳᠤ ᠬᠤᠷᠠᠯᠳᠤᠪᠠ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ︽ᠤᠷᠢᠳᠠᠪᠠᠷ ᠲᠤᠷᠰᠢᠯᠲᠠ ᠬᠢᠵᠦ᠂ ᠳᠠᠷᠠᠭ᠎ᠠ ᠪᠠᠷ  ᠨᠢ ᠬᠡᠷᠡᠭᠵᠢᠭᠦᠯᠬᠦ︾ ᠰᠡᠳᠬᠢᠴᠡ ᠶᠣᠰᠣᠭᠠᠷ᠂ 11 ᠠᠶᠢᠮᠠᠭ ᠬᠤᠲᠠ ᠶᠢᠨ 17 ᠬᠤᠰᠢᠭᠤ ᠰᠢᠶᠠᠨ ᠢ ᠰᠣᠩᠭᠤᠨ ᠨᠤᠲᠤᠭ ᠪᠡᠯᠴᠢᠭᠡᠷ  ᠤᠨ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠠᠰᠠᠭᠤᠳᠠᠯ  ᠢ ᠰᠢᠢᠳᠪᠦᠷᠢᠯᠡᠬᠦ ᠲᠤᠷᠰᠢᠯᠲᠠ  ᠶᠢᠨ ᠴᠡᠭ ᠪᠣᠯᠭᠠᠵᠤ ᠂ ᠡᠯ᠎ᠡ ᠭᠠᠵᠠᠷ ᠣᠷᠣᠨ  ᠤ ᠲᠤᠬᠠᠶ ᠶᠢᠨ ᠭᠠᠵᠠᠷ ᠣᠷᠣᠨ  ᠤ ᠪᠠᠶᠢᠳᠠᠯ  ᠳᠤ ᠪᠠᠨ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ ᠠᠴᠠ ᠲᠠᠨᠢᠯᠴᠠᠭᠤᠯᠤᠨ ᠶᠠᠪᠤᠭᠳᠠᠭᠤᠯᠤᠭᠰᠠᠨ ᠨᠤᠲᠤᠭ ᠪᠡᠯᠴᠢᠭᠡᠷ  ᠤᠨ ᠳᠠᠭᠠᠭᠠᠴᠠ  ᠠᠴᠠ ᠬᠡᠲᠦᠷᠡᠭᠦᠯᠦᠨ ᠮᠠᠯᠵᠢᠬᠤ ᠠᠰᠠᠭᠤᠳᠠᠯ  ᠢ ᠰᠢᠢᠳᠪᠦᠷᠢᠯᠡᠬᠦ 10 ᠵᠦᠢᠯ ᠤᠨ ᠵᠠᠭᠪᠤᠷ  ᠢ ᠬᠥᠲᠥᠯᠥᠨ ᠵᠢᠯᠤᠭᠤᠳᠴᠣ ᠬᠡᠷᠡᠭᠵᠢᠭᠦᠯᠪᠡ᠃ ᠣᠳᠣᠬᠠᠨ ᠪᠣᠯᠲᠠᠯ᠎ᠠ᠂ ᠬᠥᠬᠡᠬᠤᠲᠠ  ᠶᠢᠨ ᠦᠴᠤᠸᠠᠨ ᠰᠢᠶᠠᠨ᠂ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠪᠠᠶᠠᠨᠨᠠᠭᠤᠷ ᠬᠤᠲᠠ ᠶᠢᠨ ᠤᠷᠠᠳ  ᠤᠨ ᠳᠤᠮᠳᠠᠳᠤ ᠬᠤᠰᠢᠭᠤ ᠵᠡᠷᠭᠡ ᠪᠠᠷᠠᠭᠤᠨ ᠣᠷᠣᠨ  ᠤ 8 ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠨᠣᠲᠤᠭ ᠪᠡᠯᠴᠢᠭᠡᠷ ᠢᠶᠠᠨ ᠠᠮᠤᠷᠵᠢᠭᠤᠯᠤᠨ ᠰᠡᠷᠭᠦᠭᠡᠬᠦ ᠬᠤᠭᠤᠴᠠᠭᠠᠨ ᠳᠠᠬᠢ ᠲᠣᠭᠲᠠᠭᠠᠯ  ᠠᠴᠠ ᠵᠥᠷᠢᠴᠡᠨ ᠪᠡᠯᠴᠢᠭᠡᠷᠯᠡᠭᠦᠯᠬᠦ ᠨᠣᠷᠮ᠎ᠠ ᠳᠤᠮᠳᠠᠴᠢ  ᠪᠠᠷ 11.92%  ᠢᠶᠠᠷ ᠪᠠᠭᠤᠷᠠᠵᠤ᠂ ᠠᠳᠠᠯᠢ ᠬᠤᠭᠤᠴᠠᠭᠠᠨ  ᠤ  ᠬᠢ  ᠠᠴᠠ 3.06 ᠵᠠᠭᠤᠨ ᠤ ᠴᠡᠭ ᠪᠠᠭᠤᠷᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ  ᠤ ᠲᠣᠭᠲᠠᠭᠠᠯ ᠢ ᠵᠥᠷᠢᠴᠡᠨ ᠪᠡᠯᠴᠢᠭᠡᠷᠯᠡᠭᠦᠯᠬᠦ ᠳᠤᠮᠳᠠᠴᠢ ᠨᠣᠷᠮ᠎ᠠ  ᠶᠢ 6.5% ᠪᠣᠯᠲᠠᠯ᠎ᠠ ᠪᠠᠭᠤᠷᠠᠭᠤᠯᠵᠤ᠂ ᠠᠳᠠᠯᠢ ᠬᠤᠭᠤᠴᠠᠭᠠᠨ  ᠤ  ᠬᠢ  ᠠᠴᠠ 2.13 ᠵᠠᠭᠤᠨ ᠤ ᠴᠡᠭ ᠪᠠᠭᠤᠷᠠᠭᠤᠯᠤᠨ᠂ ᠨᠤᠲᠤᠭ ᠪᠡᠯᠴᠢᠭᠡᠷ  ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠭᠦᠴᠡ ᠶᠢᠨ ᠬᠡᠮᠵᠢᠶ᠎ᠡ ᠲᠣᠰ ᠵᠠᠭᠤᠨ  ᠠᠴᠠ ᠨᠠᠭᠠᠰᠢᠬᠢ ᠬᠠᠮᠤᠭ ᠤᠨ ᠰᠠᠶᠢᠨ ᠲᠦᠪᠰᠢᠨ  ᠳᠤ ᠬᠦᠷᠴᠡᠶ᠃ 
ᠢᠷᠡᠯᠲᠡ᠄ ᠤᠷᠠᠳ ᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠨᠡᠶᠢᠲᠡᠯᠡᠯ